ᠡᠯ᠎ᠡ ᠠᠶ᠋ᠢᠮᠠᠭ ᠬᠣᠲᠠ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠮᠠᠨᠵᠤᠤᠷ ᠬᠣᠲᠠ᠂ ᠡᠷᠢᠶᠡᠨ ᠬᠣᠲᠠ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠡᠯ᠎ᠡ ᠶᠠᠮᠤᠨ᠂ ᠵᠥᠪᠯᠡᠯ᠂ ᠠᠯᠪᠠᠨ ᠬᠡᠷ᠂ ᠲᠢᠩᠬᠢᠮ ᠲᠣᠪᠴᠢᠶ᠎ᠠ ᠵᠢᠨ ᠠᠵᠢᠯᠲᠠᠨ᠎ᠤ ᠶᠠᠪᠤᠳᠠᠯ (ᠺᠠᠳ᠋ᠷ)᠎ᠤᠨ ᠭᠠᠵᠠᠷ᠂ ᠡᠯ᠎ᠡ ᠰᠢᠭᠤᠳ ᠬᠠᠷᠢᠶ᠎ᠠ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠡ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ (ᠠᠵᠢᠯᠲᠠᠨ᠎ᠤ ᠶᠠᠪᠤᠳᠠᠯ)᠎ᠤᠨ ᠰᠠᠯᠠᠭ᠎ᠠ ᠮᠥᠴᠢᠷ᠄
ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ 《2025 ᠣᠨ᠎ᠤ ᠪᠥᠬᠥ ᠣᠷᠣᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》 ᠪᠠ 《〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠲᠦᠷᠢᠮ〉᠎ᠢ ᠳᠠᠷᠤᠮᠠᠯᠯᠠᠨ ᠶᠠᠪᠤᠭᠤᠯᠬᠤ ᠲᠤᠬᠠᠶ ᠮᠡᠳᠡᠭᠳᠡᠯ》᠎ᠤᠨ ᠵᠣᠷᠢᠭ ᠰᠠᠨᠠᠭ᠎ᠠ ᠵᠢ ᠦᠨᠳᠦᠰᠦᠯᠡᠨ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠰᠢᠷᠢᠰ ᠲᠤᠰᠬᠠᠶ ᠮᠡᠷᠭᠡᠵᠢᠯ᠎ᠤᠨ ᠠᠵᠢᠯᠲᠠᠨ᠎ᠤ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠨᠥᠬᠥᠴᠡᠯ》᠎ᠤᠨ ᠱᠠᠭ᠋ᠠᠷᠳᠠᠯᠭ᠎ᠠ ᠶᠣᠰᠣᠭ᠋ᠠᠷ᠂ 2025 ᠣᠨ᠎ᠤ ᠥᠪᠡᠷᠲᠡᠭᠡᠨ ᠵᠠᠰᠠᠬᠤ ᠣᠷᠣᠨ᠎ᠤ ᠳᠡᠭᠡᠳᠦ ᠵᠡᠷᠭᠡ ᠵᠢᠨ ᠪᠦᠷᠢᠳᠬᠡᠭᠴᠢ ᠪᠠ ᠵᠢᠩᠬᠢᠨᠢ ᠳᠡᠭᠡᠳᠦ ᠵᠡᠷᠭᠡ ᠵᠢᠨ ᠪᠦᠷᠢᠳᠬᠡᠭᠴᠢ ᠵᠢᠨ ᠬᠢᠷᠢ ᠬᠡᠮ᠎ᠢ ᠬᠢᠨᠠᠨ ᠲᠣᠭᠲᠠᠭ᠋ᠠᠬᠤ ᠠᠵᠢᠯ᠎ᠢ ᠰᠠᠶ᠋ᠢᠲᠤᠷ ᠬᠢᠬᠦ ᠵᠢᠨ ᠲᠤᠰᠠᠳᠠ᠂ ᠡᠳᠦᠭᠡ ᠬᠣᠯᠪᠣᠭᠳᠠᠯ ᠪᠥᠬᠥᠶ ᠵᠦᠢ᠍ᠯᠡᠰ᠎ᠢ ᠳᠤᠤᠷᠠᠬᠢ ᠮᠡᠲᠦ ᠮᠡᠳᠡᠭᠳᠡᠪᠡ᠃
ᠨᠢᠭᠡ᠂ ᠰᠢᠯᠭ᠋ᠠᠷᠠᠭᠤᠯᠬᠤ ᠬᠦᠷᠢᠶ᠎ᠡ ᠬᠡᠪᠴᠢᠶ᠎ᠡ
ᠪᠥᠬᠥ ᠣᠷᠣᠨ᠎ᠤ ᠡᠯ᠎ᠡ ᠲᠥᠷᠥᠯ᠎ᠤᠨ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠡ᠂ ᠨᠡᠶ᠋ᠢᠭᠡᠮ᠎ᠤᠨ ᠪᠦᠯᠬᠦᠮ ᠵᠢᠴᠢ ᠪᠤᠰᠤᠳ ᠨᠡᠶ᠋ᠢᠲᠡ ᠵᠢᠨ ᠥᠮᠴᠢᠯᠡᠯ᠎ᠤᠨ ᠪᠤᠰᠤ ᠠᠵᠤ ᠠᠬᠤᠶ ᠵᠢᠨ ᠵᠣᠬᠢᠶᠠᠨ ᠪᠠᠶ᠋ᠢᠭᠤᠯᠤᠯᠲᠠ᠎ᠳᠠᠬᠢ ᠲᠣᠭ᠎ᠠ ᠪᠦᠷᠢᠳᠬᠡᠯ᠎ᠤᠨ ᠬᠠᠮᠢᠶ᠎ᠠ ᠪᠥᠬᠥᠶ ᠠᠵᠢᠯ᠎ᠤᠨ ᠪᠠᠶ᠋ᠢᠷᠢᠨ᠎ᠳᠤ ᠪᠠᠶ᠋ᠢᠭ᠎ᠠ ᠲᠤᠰᠬᠠᠶ ᠮᠡᠷᠭᠡᠵᠢᠯ᠎ᠤᠨ ᠠᠵᠢᠯᠲᠠᠨ ᠵᠢᠴᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠲᠦᠷᠢᠮ》 (ᠥᠪᠥᠷ ᠬᠥᠮᠦᠨ ᠨᠡᠶ᠋ᠢᠭᠡᠮ ᠲᠠᠷᠬᠠᠭ᠋ᠠᠭᠰᠠᠨ [2025]16 ᠳ᠋ᠤᠭ᠋ᠠᠷ ᠲᠣᠭ᠋ᠠᠲᠤ)᠎ᠤᠨ ᠭᠤᠷᠪᠠᠳᠤᠭ᠋ᠠᠷ ᠪᠦᠯᠦᠭ ᠪᠣᠯᠤᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠰᠢᠷᠢᠰ ᠲᠤᠰᠬᠠᠶ ᠮᠡᠷᠭᠡᠵᠢᠯ᠎ᠤᠨ ᠠᠵᠢᠯᠲᠠᠨ᠎ᠤ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠨᠥᠬᠥᠴᠡᠯ》᠎ᠤᠨ ᠬᠣᠯᠪᠣᠭᠳᠠᠯ ᠪᠥᠬᠥᠶ ᠲᠣᠭᠲᠠᠭ᠋ᠠᠯ᠎ᠳᠤ ᠨᠡᠶ᠋ᠢᠴᠡᠬᠦ ᠪᠤᠰᠤᠳ ᠬᠥᠮᠦᠰ᠃
ᠬᠣᠶᠠᠷ᠂ ᠮᠡᠳᠡᠭᠦᠯᠬᠦ ᠨᠥᠬᠥᠴᠡᠯ
(ᠨᠢᠭᠡ) ᠦᠨᠳᠦᠰᠦᠨ ᠨᠥᠬᠥᠴᠡᠯ ᠪᠠ ᠴᠢᠳᠠᠪᠤᠷᠢ ᠠᠵᠢᠯ᠎ᠤᠨ ᠠᠮᠵᠢᠯᠲᠠ ᠪᠦᠲᠦᠮᠵᠢ ᠵᠢᠨ ᠨᠥᠬᠥᠴᠡᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠰᠢᠷᠢᠰ ᠲᠤᠰᠬᠠᠶ ᠮᠡᠷᠭᠡᠵᠢᠯ᠎ᠤᠨ ᠠᠵᠢᠯᠲᠠᠨ᠎ᠤ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠨᠥᠬᠥᠴᠡᠯ》᠎ᠳᠤ ᠱᠠᠭ᠋ᠠᠷᠳᠠᠭᠰᠠᠨ ᠭᠤᠶᠤᠴᠢᠯᠠᠨ ᠮᠡᠳᠡᠭᠦᠯᠬᠦ ᠦᠨᠳᠦᠰᠦᠨ ᠨᠥᠬᠥᠴᠡᠯ ᠪᠠ ᠴᠢᠳᠠᠪᠤᠷᠢ ᠠᠵᠢᠯ᠎ᠤᠨ ᠠᠮᠵᠢᠯᠲᠠ ᠪᠦᠲᠦᠮᠵᠢ ᠵᠢᠨ ᠨᠥᠬᠥᠴᠡᠯ᠎ᠢ ᠪᠦᠷᠢᠯᠳᠦᠭᠦᠯᠵᠦ᠂ ᠦᠨᠳᠦᠰᠦᠨ ᠨᠥᠬᠥᠴᠡᠯ᠎ᠳᠠᠬᠢ ᠬᠢᠷᠢ ᠬᠡᠮ᠎ᠨᠢ ᠡᠷᠬᠡᠪᠰᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠪᠠᠷᠢᠮᠵᠢᠶ᠎ᠠ ᠵᠢᠨ ᠱᠠᠭ᠋ᠠᠷᠳᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ 《ᠳᠡᠭᠡᠳᠦ ᠵᠡᠷᠭᠡ ᠵᠢᠨ ᠲᠣᠭ᠎ᠠ ᠪᠦᠷᠢᠳᠬᠡᠭᠴᠢ ᠪᠤᠶᠤ ᠲᠣᠭ᠎ᠠ ᠪᠦᠷᠢᠳᠬᠡᠭᠴᠢ ᠵᠢᠨ ᠡᠭᠦᠷᠭᠡ ᠬᠠᠷᠢᠭᠤᠴᠠᠯᠭ᠎ᠠ᠎ᠯᠤᠭ᠎ᠠ ᠬᠣᠯᠪᠣᠭᠳᠠᠬᠤ ᠠᠵᠢᠯ᠎ᠢ ᠡᠷᠭᠢᠯᠡᠨ ᠬᠢᠬᠦ ᠴᠠᠭ》᠎ᠢ ᠵᠣᠬᠢᠬᠤ ᠠᠵᠢᠯ᠎ᠤᠨ ᠪᠠᠶ᠋ᠢᠷᠢ ᠵᠢᠨ ᠤᠷᠢᠨ ᠲᠣᠮᠢᠯᠠᠬᠤ ᠴᠠᠭ ᠪᠣᠯᠭ᠋ᠠᠨ᠎ᠠ᠃ ᠰᠢᠯᠵᠢᠭᠦᠯᠦᠨ ᠰᠢᠯᠭ᠋ᠠᠷᠠᠭᠤᠯᠤᠭ᠋ᠠᠳ ᠲᠣᠭ᠎ᠠ ᠪᠦᠷᠢᠳᠬᠡᠭᠴᠢ ᠪᠤᠶᠤ ᠳᠡᠭᠡᠳᠦ ᠵᠡᠷᠭᠡ ᠵᠢᠨ ᠲᠣᠭ᠎ᠠ ᠪᠦᠷᠢᠳᠬᠡᠭᠴᠢ ᠵᠢ ᠣᠯᠤᠭᠰᠠᠨ᠎ᠤ ᠳᠠᠷᠠᠭ᠎ᠠ᠂ ᠡᠷᠬᠡᠪᠰᠢ ᠵᠣᠬᠢᠴᠠᠩᠭᠤᠶ ᠲᠤᠰᠬᠠᠶ ᠮᠡᠷᠭᠡᠵᠢᠯ᠎ᠤᠨ ᠠᠵᠢᠯ᠎ᠤᠨ ᠪᠠᠶ᠋ᠢᠷᠢ᠎ᠳᠤ ᠤᠷᠢᠵᠤ ᠠᠵᠢᠯᠯᠠᠭ᠋ᠠᠳ ᠪᠦᠬᠦᠯᠢ 1 ᠵᠢᠯ ᠪᠣᠯᠤᠭᠰᠠᠨ ᠪᠠᠶ᠋ᠢᠬᠤ ᠬᠡᠷᠡᠭᠲᠡᠶ᠂ ᠰᠢᠷᠢᠰ᠎ᠤᠨ ᠡᠮᠦᠨ᠎ᠡ ᠬᠣᠶ᠋ᠢᠨᠠᠬᠢ ᠤᠷᠢᠵᠤ ᠲᠣᠮᠢᠯᠠᠬᠤ ᠴᠠᠭ᠎ᠢ ᠦᠷᠭᠦᠯᠵᠢᠯᠡᠨ ᠪᠤᠳᠤᠵᠤ ᠪᠣᠯᠤᠨ᠎ᠠ᠃
(ᠬᠣᠶᠠᠷ) ᠦᠷᠭᠦᠯᠵᠢᠯᠡᠭᠰᠡᠨ ᠰᠤᠷᠭ᠋ᠠᠨ ᠬᠥᠮᠥᠵᠢᠯ᠎ᠤᠨ ᠱᠠᠭ᠋ᠠᠷᠳᠠᠯᠭ᠎ᠠ
《2025 ᠣᠨ᠎ᠤ ᠪᠥᠬᠥ ᠣᠷᠣᠨ᠎ᠤ ᠲᠤᠰᠬᠠᠶ ᠮᠡᠷᠭᠡᠵᠢᠯ᠎ᠤᠨ ᠠᠵᠢᠯᠲᠠᠨ᠎ᠤ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠤᠨ ᠠᠵᠢᠯ᠎ᠢ ᠰᠠᠶ᠋ᠢᠲᠤᠷ ᠬᠢᠬᠦ ᠲᠤᠬᠠᠶ ᠮᠡᠳᠡᠭᠳᠡᠯ》 ᠶᠣᠰᠣᠭ᠋ᠠᠷ ᠬᠡᠷᠡᠭᠵᠢᠭᠦᠯᠦᠨ᠎ᠡ᠃
(ᠭᠤᠷᠪᠠ) ᠭᠤᠶᠤᠴᠢᠯᠠᠨ ᠮᠡᠳᠡᠭᠦᠯᠬᠦ ᠬᠥᠮᠦᠰ᠎ᠨᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠰᠢᠷᠢᠰ ᠲᠤᠰᠬᠠᠶ ᠮᠡᠷᠭᠡᠵᠢᠯ᠎ᠤᠨ ᠠᠵᠢᠯᠲᠠᠨ᠎ᠤ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠨᠥᠬᠥᠴᠡᠯ》᠎ᠳᠤ ᠲᠣᠳᠣᠷᠬᠠᠶ᠋ᠢᠯᠠᠭᠰᠠᠨ ᠱᠠᠭ᠋ᠠᠷᠳᠠᠯᠭ᠎ᠠ᠎ᠳᠤ ᠨᠡᠶ᠋ᠢᠴᠡᠬᠦ᠎ᠠᠴᠠ
ᠭᠠᠳᠠᠨ᠎ᠠ᠂ ᠪᠠᠰᠠ ᠡᠷᠬᠡᠪᠰᠢ ᠣᠨ᠎ᠤ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠴᠣᠯᠠ ᠵᠢᠨ ᠠᠵᠢᠯ᠎ᠤᠨ ᠮᠡᠳᠡᠭᠳᠡᠯ᠎ᠤᠨ ᠬᠣᠯᠪᠣᠭᠳᠠᠯ ᠪᠥᠬᠥᠶ ᠲᠣᠭᠲᠠᠭ᠋ᠠᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠃ 《〈ᠲᠣᠭ᠎ᠠ ᠪᠦᠷᠢᠳᠬᠡᠯ᠎ᠤᠨ ᠲᠤᠰᠬᠠᠶ ᠮᠡᠷᠭᠡᠵᠢᠯ᠎ᠤᠨ ᠬᠢᠷᠢ ᠬᠡᠮ᠎ᠤᠨ ᠲᠣᠭᠲᠠᠭ᠋ᠠᠯ〉 ᠪᠠ 〈ᠲᠣᠭ᠎ᠠ ᠪᠦᠷᠢᠳᠬᠡᠯ᠎ᠤᠨ ᠲᠤᠰᠬᠠᠶ ᠮᠡᠷᠭᠡᠵᠢᠯ᠎ᠤᠨ ᠬᠢᠷᠢ ᠬᠡᠮ᠎ᠤᠨ ᠰᠢᠯᠭ᠋ᠠᠯᠲᠠ ᠵᠢᠨ ᠬᠡᠷᠡᠭᠵᠢᠭᠦᠯᠬᠦ ᠠᠷᠭ᠎ᠠ〉 ᠵᠢ ᠳᠠᠷᠤᠮᠠᠯᠯᠠᠨ ᠶᠠᠪᠤᠭᠤᠯᠬᠤ ᠲᠤᠬᠠᠶ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠎ᠤ ᠮᠡᠳᠡᠭᠳᠡᠯ》᠎ᠳᠤ ᠠᠰᠲᠠᠭ᠋ᠠᠨ ᠲᠣᠭᠲᠠᠭ᠋ᠠᠯ᠎ᠲᠠᠢ ᠪᠣᠯ ᠲᠡᠷᠡ ᠲᠣᠭᠲᠠᠭ᠋ᠠᠯ ᠵᠶ᠋ᠠᠷ ᠬᠡᠷᠡᠭᠵᠢᠭᠦᠯᠦᠨ᠎ᠡ᠃
ᠭᠤᠷᠪᠠ᠂ ᠮᠡᠳᠡᠭᠦᠯᠬᠦ ᠮᠠᠲ᠋ᠧᠷᠢᠶᠠᠯ᠎ᠤᠨ ᠳᠠᠭᠤᠰᠬᠤ ᠴᠠᠭ ᠬᠤᠭᠤᠴᠠᠭ᠎ᠠ
ᠮᠡᠷᠭᠡᠵᠢᠯ᠎ᠤᠨ ᠴᠣᠯᠠ ᠭᠤᠶᠤᠴᠢᠯᠠᠨ ᠮᠡᠳᠡᠭᠦᠯᠬᠦ ᠰᠤᠷᠤᠯᠭ᠎ᠠ ᠵᠢᠨ ᠨᠠᠮᠲᠠᠷ᠂ ᠬᠢᠷᠢ ᠬᠡᠮ᠂ ᠲᠤᠰᠢᠶᠠᠯ ᠡᠭᠦᠷᠭᠡᠯᠡᠭᠰᠡᠨ ᠣᠨ ᠵᠢᠯ᠂ ᠠᠵᠢᠯ᠎ᠤᠨ ᠠᠮᠵᠢᠯᠲᠠ ᠪᠦᠲᠦᠭᠡᠯ (ᠥᠭᠦᠯᠡᠯ᠂ ᠱᠠᠩᠨᠠᠯ᠂ ᠢᠷᠠᠭᠤ ᠠᠯᠳᠠᠷ ᠵᠡᠷᠭᠡ)᠂ ᠦᠷᠭᠦᠯᠵᠢᠯᠡᠭᠰᠡᠨ ᠰᠤᠷᠭ᠋ᠠᠨ ᠬᠥᠮᠦᠵᠢᠯ᠎ᠤᠨ ᠬᠢᠨᠠᠨ ᠰᠢᠯᠭ᠋ᠠᠬᠤ ᠺᠠᠷᠲ᠎ᠢ ᠮᠡᠷᠭᠡᠵᠢᠯ᠎ᠤᠨ ᠴᠣᠯᠠ ᠭᠤᠶᠤᠴᠢᠯᠠᠨ ᠮᠡᠳᠡᠭᠦᠯᠬᠦ ᠬᠤᠭᠤᠴᠠᠭ᠎ᠠ (2025 ᠣᠨ᠎ᠤ 7 ᠳ᠋ᠤᠭ᠋ᠠᠷ ᠰᠠᠷ᠎ᠠ ᠵᠢᠨ 31᠎ᠤ ᠡᠳᠦᠷ)᠎ᠪᠠᠷ ᠬᠢᠵᠠᠭ᠋ᠠᠷᠯᠠᠨ᠎ᠠ᠃
ᠳᠥᠷᠪᠡ᠂ ᠮᠡᠳᠡᠭᠦᠯᠬᠦ ᠳᠡᠰ ᠳᠠᠷᠠᠭ᠋ᠠᠯᠠᠯ ᠪᠠ ᠱᠠᠭ᠋ᠠᠷᠳᠠᠯᠭ᠎ᠠ
(ᠨᠢᠭᠡ) ᠰᠦᠯᠵᠢᠶᠡᠨ ᠳᠡᠭᠡᠷ᠎ᠡ ᠳᠠᠩᠰᠠᠯᠠᠭᠤᠯᠤᠨ ᠮᠡᠳᠡᠭᠦᠯᠬᠦ
1 . ᠭᠤᠶᠤᠴᠢᠯᠠᠨ ᠮᠡᠳᠡᠭᠦᠯᠬᠦ ᠬᠥᠮᠦᠰ ᠡᠷᠬᠡᠪᠰᠢ ᠥᠪᠥᠷ ᠮᠣᠩᠭᠣᠯ᠎ᠤᠨ ᠴᠢᠳᠠᠪᠤᠷᠢᠲᠠᠨ᠎ᠤ ᠮᠡᠳᠡᠭᠡ ᠵᠠᠩᠭᠢ ᠵᠢᠨ ᠬᠥᠮᠥᠷᠭᠡ (ᠰᠦᠯᠵᠢᠶᠡᠨ ᠬᠠᠶᠢᠭ᠄ wwwwngrckcn) ᠵᠢ ᠰᠤᠷᠪᠤᠯᠵᠢᠯᠠᠵᠤ᠂ ᠰᠦᠯᠵᠢᠶᠡᠨ ᠳᠡᠭᠡᠷ᠎ᠡ ᠳᠠᠩᠰᠠᠯᠠᠭᠤᠯᠬᠤ ᠵᠢᠨ ᠬᠠᠮᠲᠤ ᠲᠡᠮᠳᠡᠭᠯᠡᠭᠦᠯᠵᠦ᠂ ᠬᠤᠪᠢ ᠬᠥᠮᠦᠨ᠎ᠤ ᠦᠨᠳᠦᠰᠦᠨ ᠮᠡᠳᠡᠭᠡ ᠵᠠᠩᠭᠢ ᠵᠢ ᠲᠡᠭᠦᠯᠳᠡᠷᠵᠢᠭᠦᠯᠦᠨ᠂ ᠠᠵᠢᠯ᠎ᠤᠨ ᠠᠮᠵᠢᠯᠲᠠ ᠵᠢᠨ ᠲᠠᠩᠰᠠ ᠡᠪᠬᠡᠮᠡᠯ᠎ᠳᠤ ᠰᠤᠷᠤᠯᠴᠠᠭᠰᠠᠨ ᠨᠠᠮᠲᠠᠷ᠂ ᠠᠵᠢᠯ᠎ᠤᠨ ᠥᠩᠭᠡᠷᠡᠯᠲᠡ ᠵᠡᠷᠭᠡ ᠮᠡᠳᠡᠭᠡ ᠵᠠᠩᠭᠢ ᠵᠢ ᠲᠠᠭᠯᠠᠨ ᠪᠢᠴᠢᠬᠦ ᠵᠢᠨ ᠬᠠᠮᠲᠤ᠂ ᠠᠵᠢᠯᠯᠠᠵᠤ ᠪᠠᠶ᠋ᠢᠭ᠎ᠠ ᠨᠢᠭᠡᠴᠡ᠎ᠠᠴᠠ ᠬᠢᠨᠠᠨ ᠬᠠᠷᠭᠤᠭᠤᠯᠵᠤ ᠪᠠᠲᠤᠯᠠᠨ᠎ᠠ᠃ ᠨᠢᠭᠡᠨᠲᠡ ᠳᠠᠩᠰᠠᠯᠠᠭᠤᠯᠤᠭᠰᠠᠨ ᠪᠥᠭᠡᠳ ᠬᠠᠮᠢᠶ᠎ᠠ ᠪᠥᠬᠥᠶ ᠮᠡᠳᠡᠭᠡ ᠵᠠᠩᠭᠢ ᠵᠢ ᠲᠠᠭᠯᠠᠨ ᠪᠢᠴᠢᠭᠰᠡᠨ ᠭᠤᠶᠤᠴᠢᠯᠠᠨ ᠮᠡᠳᠡᠭᠦᠯᠦᠭᠴᠢ᠎ᠨᠢ᠂ ᠲᠠᠭᠯᠠᠨ ᠪᠢᠴᠢᠭᠰᠡᠨ ᠮᠡᠳᠡᠭᠡ ᠵᠠᠩᠭᠢ ᠵᠢᠨ ᠣᠨᠣᠪᠴᠢᠲᠠᠶ ᠡᠰᠡᠬᠦ ᠵᠢ ᠬᠢᠨᠠᠨ ᠬᠠᠷᠭᠤᠭᠤᠯᠬᠤ ᠴᠢᠬᠤᠯᠠᠲᠠᠶ᠃
2 . ᠲᠤᠬᠠᠶ᠋ᠢᠯᠠᠭᠰᠠᠨ ᠠᠵᠢᠯ᠎ᠤᠨ ᠭᠦᠢ᠍ᠴᠡᠳᠭᠡᠯ ᠬᠢᠬᠦ — 2025 ᠣᠨ᠎ᠤ ᠮᠡᠷᠭᠡᠵᠢᠯ᠎ᠤᠨ ᠴᠣᠯᠠ ᠭᠤᠶᠤᠴᠢᠯᠠᠨ ᠮᠡᠳᠡᠭᠦᠯᠬᠦ ᠪᠤᠯᠤᠩ᠎ᠳᠤ᠂ 2025 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠡᠶ᠋ᠢᠭᠡᠮᠴᠢᠯᠡᠭᠰᠡᠨ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ᠂ ᠳᠡᠳ᠋ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠭᠤᠶᠤᠴᠢᠯᠠᠨ ᠮᠡᠳᠡᠭᠦᠯᠬᠦ ᠲᠥᠯᠥᠪᠯᠡᠭᠡ᠎ᠳᠤ ᠣᠷᠣᠵᠤ᠂ ᠮᠡᠷᠭᠡᠵᠢᠯ᠎ᠤᠨ ᠴᠣᠯᠠ ᠵᠢᠨ ᠮᠡᠳᠡᠭᠡ ᠵᠠᠩᠭᠢ ᠵᠢ ᠲᠠᠭᠯᠠᠨ ᠮᠡᠳᠡᠭᠦᠯᠬᠦ ᠵᠢ ᠪᠡᠶᠡᠯᠡᠭᠦᠯᠬᠦ ᠵᠢᠨ ᠬᠠᠮᠲᠤ᠂ ᠬᠣᠯᠪᠣᠭᠳᠠᠯ ᠪᠥᠬᠥᠶ ᠱᠠᠭ᠋ᠠᠷᠳᠠᠯᠭ᠎ᠠ ᠶᠣᠰᠣᠭ᠋ᠠᠷ ᠬᠠᠮᠢᠶ᠎ᠠ ᠪᠥᠬᠥᠶ ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠢ ᠳᠡᠭᠡᠭᠰᠢ ᠳᠠᠮᠵᠢᠭᠤᠯᠵᠤ᠂ ᠲᠤᠰᠢᠶᠠᠭᠰᠠᠨ᠎ᠤ ᠳᠠᠷᠠᠭ᠎ᠠ 《ᠲᠤᠰᠬᠠᠶ ᠮᠡᠷᠭᠡᠵᠢᠯ᠎ᠤᠨ ᠮᠡᠷᠭᠡᠵᠢᠯ᠎ᠤᠨ ᠴᠣᠯᠠ ᠬᠢᠨᠠᠨ ᠲᠣᠭᠲᠠᠭ᠋ᠠᠬᠤ ᠬᠦᠰᠦᠨᠦᠭᠲᠦ》 ᠪᠠ 《ᠲᠤᠰᠬᠠᠶ ᠮᠡᠷᠭᠡᠵᠢᠯ᠎ᠤᠨ ᠮᠡᠷᠭᠡᠵᠢᠯ᠎ᠤᠨ ᠴᠣᠯᠠ ᠬᠦᠷᠭᠡᠨ ᠬᠢᠨᠠᠭᠤᠯᠬᠤ ᠬᠦᠰᠦᠨᠦᠭᠲᠦ》 ᠵᠢ ᠪᠠᠭᠤᠯᠭ᠋ᠠᠨ ᠠᠪᠤᠨ᠎ᠠ᠃ (ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ ᠠᠯᠬᠤᠮ ᠳᠠᠷᠠᠭ᠎ᠠ᠂ ᠬᠡᠯᠪᠡᠷᠢᠵᠢᠭᠰᠡᠨ ᠲᠣᠳᠣᠷᠬᠠᠶ᠋ᠢᠯᠠᠯᠲᠠ ᠵᠢᠴᠢ ᠮᠠᠲ᠋ᠧᠷᠢᠶᠠᠯ᠎ᠤᠨ ᠱᠠᠭ᠋ᠠᠷᠳᠠᠯᠭ᠎ᠠ ᠵᠡᠷᠭᠡ ᠵᠢ ᠲᠠᠭᠯᠠᠬᠤ᠎ᠳᠤ ᠰᠢᠰᠲ᠋ᠧᠮ᠎ᠤᠨ ᠳᠣᠲᠣᠷᠠᠬᠢ ᠭᠤᠶᠤᠴᠢᠯᠠᠨ ᠮᠡᠳᠡᠭᠦᠯᠬᠦ ᠠᠵᠢᠯᠯᠠᠭ᠋ᠠᠨ᠎ᠤ ᠵᠦᠭᠯᠡᠭᠦᠷ ᠪᠤᠶᠤ ᠬᠠᠷᠢᠯᠴᠠᠬᠤ ᠮᠡᠷᠭᠡᠵᠢᠯ᠎ᠤᠨ ᠯᠠᠪᠯᠠᠭ᠎ᠠ ᠵᠢᠨ ᠤᠲᠠᠰᠤ᠄ 0471 - 6928486)
(ᠬᠣᠶᠠᠷ) ᠰᠦᠯᠵᠢᠶᠡᠨ᠎ᠠᠴᠠ ᠭᠠᠳᠠᠭᠤᠷᠬᠢ ᠲᠤᠰᠢᠶᠠᠬᠤ ᠮᠠᠲ᠋ᠧᠷᠢᠶᠠᠯ
1 . ᠭᠤᠶᠤᠴᠢᠯᠠᠨ ᠮᠡᠳᠡᠭᠦᠯᠦᠭᠴᠢ ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠵᠦ ᠳᠠᠭᠤᠰᠤᠭᠰᠠᠨ᠎ᠤ ᠳᠠᠷᠠᠭ᠎ᠠ᠂ ᠲᠣᠭᠲᠠᠭ᠋ᠠᠯ ᠶᠣᠰᠣᠭ᠋ᠠᠷ ᠰᠦᠯᠵᠢᠶᠡᠨ ᠭᠠᠳᠠᠨ᠎ᠠ ᠭᠤᠶᠤᠴᠢᠯᠠᠨ ᠮᠡᠳᠡᠭᠦᠯᠬᠦ ᠪᠦᠷᠢᠨ ᠪᠦᠲᠦᠨ ᠮᠠᠲ᠋ᠧᠷᠢᠶᠠᠯ᠎ᠢ ᠲᠤᠰᠢᠶᠠᠬᠤ ᠬᠡᠷᠡᠭᠲᠡᠶ᠃ ᠭᠤᠶᠤᠴᠢᠯᠠᠨ ᠮᠡᠳᠡᠭᠦᠯᠬᠦ ᠬᠥᠮᠦᠰ 《ᠮᠡᠷᠭᠡᠵᠢᠯ᠎ᠤᠨ ᠴᠣᠯᠠ ᠵᠢᠨ ᠬᠢᠨᠠᠨ ᠲᠣᠭᠲᠠᠭ᠋ᠠᠬᠤ ᠮᠠᠲ᠋ᠧᠷᠢᠶᠠᠯ᠎ᠤᠨ ᠭᠠᠷᠴᠠᠭ᠎ᠤᠨ ᠬᠠᠭᠤᠳᠠᠰᠤ》 (ᠳᠠᠭ᠋ᠠᠯᠳᠤᠭᠤᠯᠤᠯ 1) ᠵᠢᠨ ᠶᠣᠰᠣᠭ᠋ᠠᠷ ᠪᠢᠴᠢᠭ᠎ᠤᠨ ᠮᠠᠲ᠋ᠧᠷᠢᠶᠠᠯ᠎ᠢ ᠬᠢᠨᠠᠮᠠᠭ᠋ᠠᠶ ᠪᠡᠯᠡᠳᠬᠡᠵᠦ᠂ ᠭᠠᠷᠴᠠᠭ᠎ᠤᠨ ᠬᠠᠭᠤᠳᠠᠰᠤᠨ᠎ᠳᠤ ᠵᠢᠶᠣᠣᠫᠢ ᠪᠣᠭᠣᠳᠠᠯᠲᠠᠢ ᠮᠠᠲ᠋ᠧᠷᠢᠶᠠᠯ᠎ᠢ A4 ᠴᠠᠭ᠋ᠠᠰᠤᠨ ᠴᠠᠪᠠᠤ᠎ᠪᠠᠷ ᠳᠡᠪᠲᠡᠷᠯᠡᠬᠦ ᠵᠢ ᠰᠠᠨᠠᠭᠤᠯᠤᠨ᠎ᠠ᠃ ᠪᠢᠴᠢᠭ᠎ᠤᠨ ᠮᠠᠲ᠋ᠧᠷᠢᠶᠠᠯ᠎ᠳᠤ ᠥᠭᠦᠯᠡᠯ᠂ ᠵᠣᠬᠢᠶᠠᠯ ᠪᠦᠲᠦᠭᠡᠯ ᠵᠢᠴᠢ ᠪᠤᠰᠤᠳ ᠦᠨᠡᠮᠯᠡᠯ᠎ᠢ ᠨᠡᠶ᠋ᠢᠲᠡᠯᠡᠭᠰᠡᠨ ᠤᠭ ᠮᠠᠲ᠋ᠧᠷᠢᠶᠠᠯ᠎ᠢ ᠡᠷᠬᠢᠯᠡᠨ ᠬᠠᠮᠢᠶᠠᠷᠬᠤ ᠨᠢᠭᠡᠴᠢ ᠬᠢᠨᠠᠨ ᠬᠠᠷᠭᠤᠭᠤᠯᠤᠭ᠋ᠠᠳ ᠪᠤᠷᠤᠭᠤ ᠦᠭᠡᠢ ᠪᠣᠯᠤᠭᠰᠠᠨ᠎ᠤ ᠳᠠᠷᠠᠭ᠎ᠠ ᠪᠤᠴᠠᠭ᠋ᠠᠵᠤ᠂ ᠪᠠᠭᠤᠯᠭ᠋ᠠᠪᠤᠷᠢ (ᠵᠣᠬᠢᠶᠠᠯ ᠪᠤᠶᠤ ᠬᠤᠭᠤᠴᠠᠭ᠋ᠠᠲᠤ ᠰᠡᠳᠬᠦᠯ᠎ᠤᠨ ᠬᠠᠪᠢᠰᠤ᠂ ᠪᠦᠬᠦ ᠭᠠᠷᠴᠠᠭ᠂ ᠰᠠᠭᠤᠷᠢ ᠲᠣᠭ᠎ᠠ ᠵᠢ ᠪᠠᠭᠲᠠᠭ᠋ᠠᠨ᠎ᠠ)᠂ ᠪᠠᠭᠤᠯᠭ᠋ᠠᠪᠤᠷᠢ ᠵᠢ᠎ᠨᠢ ᠡᠷᠬᠡᠪᠰᠢ ᠨᠢᠭᠡᠴᠡ ᠪᠠ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠤᠨ ᠠᠵᠢᠯᠲᠠᠨ᠎ᠤ ᠶᠠᠪᠤᠳᠠᠯ᠎ᠤᠨ ᠪᠠᠶ᠋ᠢᠭᠤᠯᠤᠮᠵᠢ᠎ᠠᠴᠠ ᠬᠢᠨᠠᠨ ᠬᠠᠷᠭᠤᠭᠤᠯᠵᠤ ᠭᠠᠷᠤᠨ ᠦᠰᠦᠭ ᠵᠢᠷᠤᠵᠤ ᠲᠠᠮᠠᠭ᠎ᠠ᠎ᠪᠠᠨ ᠳᠠᠷᠤᠬᠤ ᠬᠡᠷᠡᠭᠲᠡᠢ᠃ ᠬᠠᠷᠢᠶᠠᠯᠠᠭᠳᠠᠬᠤ ᠬᠠᠷᠢᠴᠠᠭ᠎ᠠ ᠪᠠ ᠲᠣᠭᠲᠠᠭ᠋ᠠᠭᠰᠠᠨ ᠲᠠᠰ ᠳᠠᠷᠠᠭ᠋ᠠᠯᠠᠯ ᠶᠣᠰᠣᠭ᠋ᠠᠷ ᠮᠠᠲ᠋ᠧᠷᠢᠶᠠᠯ ᠵᠶ᠋ᠠᠨ ᠱᠠᠲᠤ ᠳᠠᠷᠠᠭ᠋ᠠᠯᠠᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠰᠢᠷᠢᠰ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠵᠢᠨ ᠬᠢᠷᠢ ᠬᠡᠮ᠎ᠢ ᠬᠢᠨᠠᠨ ᠲᠣᠭᠲᠠᠭ᠋ᠠᠬᠤ ᠵᠥᠪᠯᠡᠯ᠎ᠤᠨ ᠬᠡᠷᠡᠭ ᠡᠷᠭᠢᠯᠡᠬᠦ ᠪᠠᠶ᠋ᠢᠭᠤᠯᠤᠮᠵᠢ᠎ᠳᠤ ᠮᠡᠳᠡᠭᠦᠯᠦᠨ ᠬᠦᠷᠭᠡᠨ᠎ᠡ᠃ ᠬᠣᠯᠪᠣᠭᠳᠠᠯ ᠪᠥᠬᠥᠶ ᠲᠠᠰ ᠳᠠᠷᠠᠭ᠋ᠠᠯᠠᠯ᠂ ᠠᠷᠭ᠎ᠠ ᠵᠠᠮ ᠪᠠ ᠱᠠᠭ᠋ᠠᠷᠳᠠᠯᠭ᠎ᠠ ᠵᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠲᠦᠷᠢᠮ》᠎ᠤᠨ ᠲᠣᠭᠲᠠᠭ᠋ᠠᠯ ᠵᠶ᠋ᠠᠷ ᠪᠠᠷᠢᠮᠵᠢᠶ᠎ᠠ ᠪᠣᠯᠭ᠋ᠠᠨ᠎ᠠ᠃
2 . ᠬᠥᠮᠦᠨ ᠬᠡᠷᠡᠭᠯᠡᠬᠦ ᠨᠢᠭᠡᠴᠡ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠮᠠᠲ᠋ᠧᠷᠢᠶᠠᠯ ᠵᠶ᠋ᠠᠨ ᠮᠡᠳᠡᠭᠦᠯᠦᠨ ᠬᠦᠷᠭᠡᠬᠦ ᠦᠶᠡᠰ᠂ ᠭᠤᠶᠤᠴᠢᠯᠠᠨ ᠮᠡᠳᠡᠭᠦᠯᠬᠦ ᠲᠠᠰ ᠵᠡᠷᠭᠡ᠎ᠯᠦᠭᠡ ᠵᠣᠬᠢᠴᠠᠯᠳᠤᠭᠰᠠᠨ 《2025 ᠣᠨ᠎ᠤ ᠵᠢᠩᠬᠢᠨᠢ ᠳᠡᠭᠡᠳᠦ ᠵᠡᠷᠭᠡ ᠵᠢᠨ ᠲᠣᠭ᠎ᠠ ᠪᠦᠷᠢᠳᠬᠡᠭᠴᠢ ᠵᠢᠨ ᠭᠤᠶᠤᠴᠢᠯᠠᠨ ᠮᠡᠳᠡᠭᠦᠯᠦᠭᠰᠡᠨ ᠬᠥᠮᠦᠰ᠎ᠤᠨ ᠪᠠᠶ᠋ᠢᠳᠠᠯ᠎ᠢ ᠬᠢᠨᠠᠨ ᠬᠠᠷᠭᠤᠭᠤᠯᠬᠤ ᠬᠦᠰᠦᠨᠦᠭᠲᠦ》 (ᠳᠠᠭ᠋ᠠᠯᠳᠤᠭᠤᠯᠤᠯ 2) ᠪᠤᠶᠤ 《2025 ᠣᠨ᠎ᠤ ᠳᠡᠭᠡᠳᠦ ᠵᠡᠷᠭᠡ ᠵᠢᠨ ᠲᠣᠭ᠎ᠠ ᠪᠦᠷᠢᠳᠬᠡᠭᠴᠢ ᠵᠢᠨ ᠪᠠᠶ᠋ᠢᠳᠠᠯ᠎ᠢ ᠬᠢᠨᠠᠨ ᠬᠠᠷᠭᠤᠭᠤᠯᠬᠤ ᠬᠦᠰᠦᠨᠦᠭᠲᠦ》 (ᠳᠠᠭ᠋ᠠᠯᠳᠤᠭᠤᠯᠤᠯ 3)᠎ᠠᠴᠠ ᠨᠢᠭᠡ ᠬᠤᠪᠢ ᠬᠠᠩᠭ᠋ᠠᠵᠤ᠂ ᠭᠠᠷᠤᠨ ᠥᠰᠥᠭ ᠵᠢᠷᠤᠬᠤ ᠵᠢᠨ ᠬᠠᠮᠲᠤ ᠠᠯᠪᠠᠨ ᠲᠠᠮᠠᠭ᠎ᠠ᠎ᠪᠠᠨ ᠳᠠᠷᠤᠬᠤ ᠬᠡᠷᠡᠭᠲᠡᠶ (ᠵᠡᠷᠭᠡ᠎ᠳᠤ᠎ᠨᠢ ᠡᠯᠧᠺᠲᠷᠣᠨ ᠬᠡᠪᠯᠡᠯ ᠵᠶ᠋ᠠᠨ ᠮᠡᠳᠡᠭᠦᠯᠦᠨ ᠬᠦᠷᠭᠡᠬᠦ ᠬᠡᠷᠡᠭᠲᠡᠶ)᠃
ᠲᠠᠪᠤ᠂ ᠬᠢᠷᠢ ᠬᠡᠮ᠎ᠢ ᠬᠢᠨᠠᠨ ᠬᠠᠷᠭᠤᠭᠤᠯᠬᠤ ᠪᠠ ᠢᠯᠡ ᠨᠡᠶ᠋ᠢᠲᠡᠯᠡᠬᠦ ᠱᠠᠭ᠋ᠠᠷᠳᠠᠯᠭ᠎ᠠ
(ᠨᠢᠭᠡ) ᠭᠤᠶᠤᠴᠢᠯᠠᠨ ᠮᠡᠳᠡᠭᠦᠯᠦᠭᠰᠡᠨ ᠬᠥᠮᠦᠰ᠎ᠤᠨ ᠪᠠᠶ᠋ᠢᠭ᠎ᠠ ᠨᠢᠭᠡᠴᠡ᠂ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠭᠤᠶᠤᠴᠢᠯᠠᠨ ᠮᠡᠳᠡᠭᠦᠯᠦᠭᠰᠡᠨ ᠮᠠᠲᠸᠷᠢᠶᠠᠯ᠎ᠤᠨ ᠦᠨᠡᠨ ᠪᠣᠳᠠᠲᠤ ᠴᠢᠨᠠᠷ᠂ ᠣᠨᠣᠪᠴᠢᠲᠤ ᠴᠢᠨᠠᠷ᠂ ᠪᠦᠲᠦᠮᠵᠢᠲᠦ ᠴᠢᠨᠠᠷ᠎ᠢ ᠬᠢᠨᠠᠮᠠᠭ᠋ᠠᠶ ᠬᠢᠨᠠᠨ ᠬᠠᠷᠭᠤᠭᠤᠯᠵᠤ᠂ ᠰᠢᠰᠲᠸᠮ᠎ᠤᠨ ᠬᠢᠨᠠᠨ ᠬᠠᠷᠭᠤᠭᠤᠯᠤᠭ᠋ᠠᠳ ᠪᠠᠲᠤᠯᠠᠭᠰᠠᠨ᠎ᠤ ᠳᠠᠷᠠᠭ᠎ᠠ᠂ ᠪᠢᠴᠢᠭᠯᠡᠭᠰᠡᠨ ᠮᠠᠲᠸᠷᠢᠶᠠᠯ᠎ᠢ ᠵᠡᠷᠭᠡ᠎ᠳᠤ᠎ᠨᠢ ᠬᠢᠨᠠᠨ ᠬᠠᠷᠭᠤᠭᠤᠯᠵᠤ᠂ ᠬᠠᠷᠢᠭᠤᠴᠠᠯᠭ᠋ᠠᠲᠠᠨ ᠭᠠᠷᠤᠨ ᠦᠰᠦᠭ ᠵᠢᠷᠤᠵᠤ ᠲᠠᠮᠠᠭ᠎ᠠ ᠳᠠᠷᠤᠨ᠂ ᠬᠢᠨᠠᠨ ᠬᠠᠷᠭᠤᠭᠤᠯᠬᠤ ᠶᠠᠪᠤᠴᠠ᠎ᠳᠤ᠂ ᠭᠤᠶᠤᠴᠢᠯᠠᠨ ᠮᠡᠳᠡᠭᠦᠯᠦᠭᠰᠡᠨ ᠮᠠᠲᠸᠷᠢᠶᠠᠯ᠎ᠨᠢ ᠱᠠᠭ᠋ᠠᠷᠳᠠᠯᠭ᠎ᠠ᠎ᠳᠤ ᠨᠡᠶ᠋ᠢᠴᠡᠬᠦ ᠦᠭᠡᠶ ᠪᠤᠶᠤ ᠰᠦᠯᠵᠢᠶᠡᠨ ᠳᠡᠭᠡᠷ᠎ᠡ᠂ ᠰᠦᠯᠵᠢᠶᠡᠨ ᠭᠠᠳᠠᠨ᠎ᠠ ᠳᠡᠪᠰᠢᠭᠦᠯᠦᠨ ᠲᠤᠰᠢᠶᠠᠭᠰᠠᠨ ᠮᠠᠲᠸᠷᠢᠶᠠᠯ (ᠲᠠᠭᠯᠠᠨ ᠪᠢᠴᠢᠭᠰᠡᠨ ᠮᠡᠳᠡᠭᠡ ᠵᠠᠩᠭᠢ᠂ ᠠᠵᠢᠯ᠎ᠤᠨ ᠠᠮᠵᠢᠯᠲᠠ ᠵᠡᠷᠭᠡ)᠎ᠨᠢ ᠨᠢᠭᠡᠳᠦᠯ ᠦᠭᠡᠶ ᠪᠠᠶ᠋ᠢᠬᠤ ᠵᠡᠷᠭᠡ ᠠᠰᠠᠭᠤᠳᠠᠯ᠎ᠢ ᠣᠯᠵᠤ ᠮᠡᠳᠡᠪᠡᠯ᠂ ᠭᠤᠶᠤᠴᠢᠯᠠᠨ ᠮᠡᠳᠡᠭᠦᠯᠦᠭᠰᠡᠨ ᠮᠡᠳᠡᠭᠡ ᠵᠠᠩᠭᠢ ᠵᠢ ᠴᠥᠮ ᠲᠤᠰ ᠬᠥᠮᠦᠨ᠎ᠤ ᠳᠠᠩᠰᠠᠨ ᠨᠣᠮᠧᠷᠲᠤ ᠪᠤᠴᠠᠭ᠋ᠠᠵᠤ᠂ ᠤᠯᠠᠮ ᠨᠢᠭᠡ ᠠᠯᠬᠤᠮ ᠵᠠᠰᠠᠵᠤ ᠲᠡᠭᠦᠯᠳᠡᠷᠵᠢᠭᠦᠯᠦᠭᠰᠡᠨ᠎ᠤ ᠳᠠᠷᠠᠭ᠎ᠠ᠂ ᠳᠠᠬᠢᠨᠲᠠ ᠳᠡᠪᠰᠢᠭᠦᠯᠦᠨ ᠮᠡᠳᠡᠭᠦᠯᠬᠦ ᠬᠡᠷᠡᠭᠲᠡᠶ᠃
(ᠬᠣᠶᠠᠷ) ᠮᠡᠳᠡᠭᠦᠯᠦᠭᠴᠢ ᠵᠢᠨ ᠪᠠᠶ᠋ᠢᠭ᠎ᠠ ᠨᠢᠭᠡᠴᠡ᠎ᠨᠢ ᠡᠷᠬᠡᠪᠰᠢ 《ᠲᠤᠰᠬᠠᠶ ᠮᠡᠷᠭᠡᠵᠢᠯ᠎ᠤᠨ ᠬᠢᠷᠢ ᠬᠡᠮ᠎ᠢ ᠬᠢᠨᠠᠨ ᠲᠣᠭᠲᠠᠭ᠋ᠠᠬᠤ ᠬᠦᠰᠦᠨᠦᠭᠲᠦ》 ᠵᠢᠨ ᠨᠢᠭᠡᠴᠡ ᠵᠢᠨ ᠪᠠᠲᠤᠯᠠᠨ ᠲᠠᠨᠢᠯᠴᠠᠭᠤᠯᠤᠭᠰᠠᠨ ᠰᠠᠨᠠᠯ᠎ᠤᠨ ᠪᠤᠯᠤᠩ᠎ᠳᠤ᠂ ᠮᠡᠳᠡᠭᠦᠯᠦᠭᠴᠢ ᠵᠢᠨ ᠮᠣᠷᠠᠯ᠂ ᠴᠢᠳᠠᠪᠤᠷᠢ᠂ ᠠᠵᠢᠯ᠂ ᠠᠮᠵᠢᠯᠲᠠ᠂ ᠠᠷᠢᠭᠤᠨ ᠴᠢᠬᠡᠴᠢ ᠡᠯ᠎ᠡ ᠲᠠᠯ᠎ᠠ ᠵᠢᠨ ᠢᠯᠡᠷᠡᠯ᠎ᠢ ᠬᠢᠨᠠᠮᠠᠭ᠋ᠠᠶ ᠲᠠᠭᠯᠠᠨ ᠪᠢᠴᠢᠬᠦ ᠵᠢᠨ ᠬᠠᠮᠲᠤ ᠨᠢᠭᠡᠴᠡ ᠵᠢᠨ ᠳᠣᠲᠣᠭ᠋ᠠᠳᠤ᠎ᠳᠠᠭᠠᠨ ᠵᠠᠷᠯᠠᠨ ᠨᠡᠶ᠋ᠢᠲᠡᠯᠡᠵᠦ᠂ ᠵᠠᠷᠯᠠᠨ ᠨᠡᠶ᠋ᠢᠲᠡᠯᠡᠬᠦ ᠬᠤᠭᠤᠴᠠᠭ᠎ᠠ ᠵᠢ 5 ᠠᠵᠢᠯᠯᠠᠬᠤ ᠡᠳᠦᠷ᠎ᠠᠴᠠ ᠳᠤᠲᠠᠭᠤ ᠪᠠᠶ᠋ᠢᠯᠭ᠋ᠠᠵᠤ ᠪᠣᠯᠬᠤ ᠦᠭᠡᠶ᠃ ᠢᠯᠡ ᠨᠡᠶ᠋ᠢᠲᠡᠯᠡᠯ᠎ᠳᠤ ᠣᠨᠳᠣᠣ ᠰᠠᠨᠠᠯ ᠦᠭᠡᠶ ᠪᠣᠯ ᠳᠡᠭᠡᠭᠰᠢ ᠮᠡᠳᠡᠭᠦᠯᠵᠦ᠂ ᠮᠠᠲᠸᠷᠢᠶᠠᠯ ᠵᠶ᠋ᠠᠨ ᠳᠡᠭᠡᠭᠰᠢ ᠮᠡᠳᠡᠭᠦᠯᠬᠦ᠎ᠳᠡᠭᠡᠨ ᠨᠡᠶ᠋ᠢᠲᠡᠯᠡᠭᠰᠡᠨ ᠴᠠᠭ ᠬᠤᠭᠤᠴᠠᠭ᠎ᠠ᠂ ᠭᠠᠵᠠᠷ ᠵᠢᠴᠢ ᠨᠡᠶ᠋ᠢᠲᠡᠯᠡᠭᠰᠡᠨ ᠦᠷ᠎ᠡ ᠳ᠋ᠦᠩ᠎ᠤᠨ ᠪᠦᠷᠢᠯᠳᠦᠭᠰᠡᠨ ᠪᠢᠴᠢᠭᠯᠡᠭᠰᠡᠨ ᠮᠡᠳᠡᠭᠦᠯᠦᠯᠲᠡ ᠵᠢ ᠬᠠᠮᠲᠤᠳᠤᠨᠢ ᠳᠡᠭᠡᠭᠰᠢ ᠮᠡᠳᠡᠭᠦᠯᠬᠦ ᠬᠡᠷᠡᠭᠲᠡᠶ᠃
(ᠭᠤᠷᠪᠠ) ᠡᠯ᠎ᠡ ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶ᠎ᠠ ᠪᠣᠯᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠳ ᠲᠤᠰ ᠭᠠᠵᠠᠷ ᠣᠷᠣᠨ (ᠲᠤᠰ ᠰᠠᠯᠠᠭ᠎ᠠ ᠮᠥᠴᠢᠷ)᠎ᠤ᠎ᠪᠠᠨ ᠭᠤᠶᠤᠴᠢᠯᠠᠨ ᠮᠡᠳᠡᠭᠦᠯᠬᠦ ᠨᠢᠭᠡᠴᠡ ᠵᠢᠨ ᠠᠵᠢᠯ᠎ᠤᠨ ᠪᠠᠶ᠋ᠢᠷᠢ ᠵᠢᠨ ᠪᠦᠲᠦᠴᠡ ᠵᠢᠨ ᠬᠠᠷᠢᠴᠠᠯ ᠪᠣᠯᠤᠨ ᠭᠤᠶᠤᠴᠢᠯᠠᠨ ᠮᠡᠳᠡᠭᠦᠯᠦᠭᠰᠡᠨ ᠬᠥᠮᠦᠰ᠎ᠢ ᠤᠷᠢᠨ ᠬᠡᠷᠡᠭᠯᠡᠭᠰᠡᠨ ᠪᠠᠶ᠋ᠢᠳᠠᠯ᠎ᠳᠤ ᠬᠠᠷᠢᠭᠤᠴᠠᠬᠤ ᠵᠢᠨ ᠬᠠᠮᠲᠤ ᠭᠤᠶᠤᠴᠢᠯᠠᠨ ᠮᠡᠳᠡᠭᠦᠯᠦᠭᠰᠡᠨ ᠮᠠᠲᠸᠷᠢᠶᠠᠯ᠎ᠤᠨ ᠪᠦᠬᠦᠯᠢ ᠴᠣᠭᠴᠠ ᠵᠢᠨ ᠶᠠᠰᠤ ᠴᠢᠨᠠᠷ᠂ ᠬᠢᠨᠠᠨ ᠲᠣᠭᠲᠠᠭ᠋ᠠᠬᠤ ᠬᠡᠪᠴᠢᠶ᠎ᠡ᠂ ᠭᠤᠶᠤᠴᠢᠯᠠᠨ ᠮᠡᠳᠡᠭᠦᠯᠬᠦ ᠬᠢᠷᠢ ᠬᠡᠮ ᠵᠡᠷᠭᠡ ᠵᠢ ᠬᠢᠨᠠᠬᠤ ᠬᠡᠷᠡᠭᠲᠡᠶ᠃ ᠠᠵᠢᠯ ᠦᠢ᠍ᠯᠡᠰ᠎ᠤᠨ ᠨᠢᠭᠡᠴᠡ ᠵᠢᠨ ᠲᠤᠰᠬᠠᠶ ᠮᠡᠷᠭᠡᠵᠢᠯ᠎ᠤᠨ ᠠᠵᠢᠯᠲᠠᠨ ᠳᠡᠭᠡᠳᠦ ᠵᠡᠷᠭᠡ ᠵᠢᠨ ᠲᠣᠭ᠎ᠠ ᠪᠦᠷᠢᠳᠬᠡᠭᠴᠢ᠎ᠪᠠᠷ ᠭᠤᠶᠤᠴᠢᠯᠠᠨ ᠮᠡᠳᠡᠭᠦᠯᠵᠦ᠂ ᠵᠢᠩᠬᠢᠨᠢ ᠳᠡᠭᠡᠳᠦ ᠵᠡᠷᠭᠡ ᠵᠢᠨ ᠲᠣᠭ᠎ᠠ ᠪᠦᠷᠢᠳᠬᠡᠭᠴᠢ ᠵᠢᠨ ᠮᠡᠷᠭᠡᠵᠢᠯ᠎ᠤᠨ ᠴᠣᠯᠠ ᠵᠢ ᠠᠵᠢᠯ᠎ᠤᠨ ᠪᠠᠶ᠋ᠢᠷᠢ ᠵᠢᠨ ᠪᠦᠲᠦᠴᠡ ᠵᠢᠨ ᠬᠠᠷᠢᠴᠠᠯ ᠳᠣᠲᠣᠷ᠎ᠠ ᠪᠠᠲᠤᠯᠠᠨ ᠲᠠᠨᠢᠯᠴᠠᠭᠤᠯᠵᠤ ᠭᠤᠶᠤᠴᠢᠯᠠᠨ ᠮᠡᠳᠡᠭᠦᠯᠬᠦ ᠬᠡᠷᠡᠭᠲᠡᠶ᠃
(ᠳᠥᠷᠪᠡ) ᠡᠯ᠎ᠡ ᠠᠶ᠋ᠢᠮᠠᠭ ᠬᠣᠲᠠ ᠵᠢᠨ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠣᠪᠴᠢᠶ᠎ᠠ᠂ ᠥᠪᠡᠷᠲᠡᠭᠡᠨ ᠵᠠᠰᠠᠬᠤ ᠣᠷᠣᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠮᠠᠲ᠋ᠧᠷᠢᠶᠠᠯ᠎ᠢ ᠳᠡᠭᠡᠭᠰᠢ ᠮᠡᠳᠡᠭᠦᠯᠬᠦ᠎ᠠᠴᠠ ᠡᠮᠦᠨ᠎ᠡ᠂ ᠲᠣᠰ ᠭᠠᠵᠠᠷ ᠣᠷᠣᠨ᠂ ᠲᠣᠰ ᠰᠠᠯᠠᠭ᠎ᠠ ᠮᠥᠴᠢᠷ᠎ᠤᠨ ᠭᠤᠶᠤᠴᠢᠯᠠᠨ ᠮᠡᠳᠡᠭᠦᠯᠬᠦ ᠠᠵᠢᠯᠲᠠᠨ᠎ᠤ ᠨᠡᠷ᠎ᠡ ᠵᠢᠨ ᠪᠦᠷᠢᠳᠬᠡᠯ᠎ᠢ ᠲᠣᠰ ᠲᠣᠰ᠎ᠤᠨ ᠫᠤᠷᠲ᠋ᠧᠯ ᠰᠦᠯᠵᠢᠶᠡᠨ ᠳᠡᠭᠡᠷ᠎ᠡ᠎ᠪᠠᠨ ᠢᠯᠡ ᠨᠡᠶ᠋ᠢᠲᠡᠯᠡᠵᠦ᠂ ᠢᠯᠡ ᠨᠡᠶ᠋ᠢᠲᠡᠯᠡᠬᠦ ᠴᠠᠭ ᠬᠤᠭᠤᠴᠠᠭ᠎ᠠ ᠵᠢ 5 ᠠᠵᠢᠯᠯᠠᠬᠤ ᠡᠳᠦᠷ᠎ᠠᠴᠠ ᠳᠤᠲᠠᠭᠤ ᠪᠠᠶ᠋ᠢᠯᠭ᠋ᠠᠵᠤ ᠪᠣᠯᠬᠤ ᠥᠬᠡᠶ᠂ ᠢᠯᠡ ᠨᠡᠶ᠋ᠢᠲᠡᠯᠡᠭᠡᠳ ᠤᠨᠳᠤᠤ ᠰᠠᠨᠠᠯ ᠥᠬᠡᠶ ᠪᠣᠯ ᠰᠠᠶᠢ ᠳᠡᠭᠡᠭᠰᠢ ᠮᠡᠳᠡᠭᠦᠯᠵᠦ
ᠪᠣᠯᠤᠨ᠎ᠠ᠂ ᠳᠡᠭᠡᠭᠰᠢ ᠮᠡᠳᠡᠭᠦᠯᠬᠦ ᠮᠠᠲ᠋ᠧᠷᠢᠶᠠᠯ᠎ᠳᠤ ᠢᠯᠡ ᠨᠡᠶ᠋ᠢᠲᠡᠯᠡᠬᠦ ᠪᠠᠶ᠋ᠢᠳᠠᠯ᠎ᠢ ᠪᠠᠭᠲᠠᠭ᠋ᠠᠬᠤ ᠬᠡᠷᠡᠭᠲᠡᠶ᠃
(ᠲᠠᠪᠤ) ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠨᠢᠭᠡᠴᠡ ᠵᠢᠨ ᠭᠤᠶᠤᠴᠢᠯᠠᠨ ᠮᠡᠳᠡᠭᠦᠯᠬᠦ ᠬᠥᠮᠦᠰ᠎ᠢ ᠪᠠᠶ᠋ᠢᠭ᠎ᠠ ᠨᠢᠭᠡᠴᠡ᠎ᠠᠴᠠ᠎ᠨᠢ ᠭᠤᠶᠤᠴᠢᠯᠠᠨ ᠮᠡᠳᠡᠭᠦᠯᠬᠦ ᠮᠠᠲ᠋ᠧᠷᠢᠶᠠᠯ᠎ᠢ ᠬᠢᠨᠠᠨ ᠬᠠᠷᠭᠤᠭᠤᠯᠤᠭᠰᠠᠨ᠎ᠤ ᠳᠠᠷᠠᠭ᠎ᠠ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠦᠨ ᠬᠦᠷᠭᠡᠵᠦ᠂ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠮᠠᠲ᠋ᠧᠷᠢᠶᠠᠯ᠎ᠢ᠎ᠨᠢ ᠬᠢᠨᠠᠨ ᠬᠠᠷᠭᠤᠭᠤᠯᠵᠤ ᠬᠤᠷᠢᠶᠠᠩᠭᠤᠶ᠋ᠢᠯᠠᠭᠰᠠᠨ᠎ᠤ ᠳᠠᠷᠠᠭ᠎ᠠ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠰᠢᠷᠢᠰ ᠳᠡᠭᠡᠳᠦ ᠵᠡᠷᠭᠡ ᠵᠢᠨ ᠮᠡᠷᠭᠡᠵᠢᠯ᠎ᠤᠨ ᠴᠣᠯᠠ ᠵᠢᠨ ᠬᠢᠷᠢ ᠬᠡᠮ᠎ᠢ ᠬᠢᠨᠠᠨ ᠲᠣᠭᠲᠠᠭ᠋ᠠᠬᠤ ᠵᠥᠪᠯᠡᠯ᠎ᠤᠨ ᠬᠡᠷᠡᠭ ᠡᠷᠭᠢᠯᠡᠬᠦ ᠪᠠᠶ᠋ᠢᠭᠤᠯᠤᠮᠵᠢ᠎ᠳᠤ ᠰᠢᠭᠤᠳ ᠮᠡᠳᠡᠭᠦᠯᠦᠨ ᠬᠦᠷᠭᠡᠨ᠎ᠡ᠃
ᠵᠢᠷᠭᠤᠭ᠎ᠠ᠂ ᠪᠤᠰᠤᠳ ᠵᠦᠢ᠍ᠯ
(ᠨᠢᠭᠡ) 《ᠲᠤᠰᠬᠠᠶ ᠮᠡᠷᠭᠡᠵᠢᠯ᠎ᠤᠨ ᠬᠢᠷᠢ ᠬᠡᠮ᠎ᠢ ᠬᠢᠨᠠᠨ ᠲᠣᠭᠲᠠᠭ᠋ᠠᠬᠤ ᠵᠠᠷᠤᠳᠠᠯ ᠬᠢᠭᠡᠳ ᠦᠨᠡᠮᠯᠡᠯ᠎ᠤᠨ ᠬᠥᠯᠥᠰᠥ ᠥᠷᠲᠡᠭ᠎ᠤᠨ ᠵᠠᠷᠤᠳᠠᠯ᠎ᠤᠨ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠬᠦ ᠲᠤᠬᠠᠶ ᠥᠪᠡᠷᠲᠡᠭᠡᠨ ᠵᠠᠰᠠᠬᠤ ᠣᠷᠣᠨ᠎ᠤ ᠠᠵᠢᠯᠲᠠᠨ᠎ᠤ ᠲᠢᠩᠬᠢᠮ᠎ᠤᠨ ᠴᠣᠬᠣᠯᠠᠪᠤᠷᠢ》 ᠶᠣᠰᠣᠭ᠋ᠠᠷ᠂ ᠵᠢᠩᠬᠢᠨᠢ ᠳᠡᠭᠡᠳᠦ ᠵᠡᠷᠭᠡ ᠵᠢᠨ ᠲᠣᠭ᠎ᠠ ᠪᠦᠷᠢᠳᠬᠡᠭᠴᠢ ᠵᠢᠨ ᠬᠢᠨᠠᠨ ᠲᠣᠭᠲᠠᠭ᠋ᠠᠬᠤ ᠵᠠᠷᠤᠳᠠᠯ᠎ᠤᠨ ᠰᠦᠢ᠍ᠳᠭᠡᠯ ᠬᠤᠷᠢᠶᠠᠬᠤ ᠪᠠᠷᠢᠮᠵᠢᠶ᠎ᠠ᠎ᠨᠢ ᠬᠥᠮᠦᠨ ᠪᠦᠷᠢ 320 ᠲᠥᠭᠥᠷᠢᠭ᠂ ᠳᠡᠭᠡᠳᠦ ᠵᠡᠷᠭᠡ ᠵᠢᠨ ᠲᠣᠭ᠎ᠠ ᠪᠦᠷᠢᠳᠬᠡᠭᠴᠢ ᠵᠢᠨ ᠬᠢᠨᠠᠨ ᠲᠣᠭᠲᠠᠭ᠋ᠠᠬᠤ ᠵᠠᠷᠤᠳᠠᠯ᠎ᠤᠨ ᠰᠦᠢ᠍ᠳᠭᠡᠯ ᠬᠤᠷᠢᠶᠠᠬᠤ ᠪᠠᠷᠢᠮᠵᠢᠶ᠎ᠠ᠎ᠨᠢ ᠬᠥᠮᠦᠨ ᠪᠦᠷᠢ 280 ᠲᠥᠭᠥᠷᠢᠭ ᠪᠣᠯᠤᠨ᠎ᠠ᠃
(ᠬᠣᠶᠠᠷ) ᠳᠡᠭᠡᠳᠦ ᠵᠡᠷᠭᠡ ᠵᠢᠨ ᠪᠦᠷᠢᠳᠬᠡᠭᠴᠢ᠎ᠠᠴᠠ ᠮᠠᠲᠸᠷᠢᠶᠠᠯ᠎ᠤᠨ ᠬᠢᠨᠠᠨ ᠲᠣᠭᠲᠠᠭ᠋ᠠᠯᠲᠠ ᠬᠢᠨ᠎ᠡ᠃ ᠵᠢᠩᠬᠢᠨᠢ ᠳᠡᠭᠡᠳᠦ ᠵᠡᠷᠭᠡ ᠵᠢᠨ ᠪᠦᠷᠢᠳᠬᠡᠭᠴᠢ ᠮᠠᠲ᠋ᠧᠷᠢᠶᠠᠯ᠎ᠢ ᠬᠢᠨᠠᠨ ᠲᠣᠭᠲᠠᠭ᠋ᠠᠬᠤ ᠪᠠ ᠨᠣᠮ ᠬᠠᠶᠠᠯᠴᠠᠭ᠎ᠠ ᠵᠢ ᠬᠢᠨᠠᠨ ᠲᠣᠭᠲᠠᠭ᠋ᠠᠬᠤ ᠵᠢ ᠤᠶᠠᠯᠳᠤᠭᠤᠯᠤᠭᠰᠠᠨ ᠬᠢᠨᠠᠨ ᠲᠣᠭᠲᠠᠭ᠋ᠠᠬᠤ ᠠᠷᠭ᠎ᠠ ᠮᠠᠶᠢᠭ ᠨᠣᠮ ᠬᠠᠶᠠᠯᠴᠠᠬᠤ ᠴᠠᠭ᠂ ᠭᠠᠵᠠᠷ ᠣᠷᠣᠨ ᠪᠠ ᠬᠣᠯᠪᠣᠭᠳᠠᠯ ᠪᠦᠬᠦᠢ ᠱᠠᠭ᠋ᠠᠷᠳᠠᠯᠭ᠎ᠠ ᠵᠢ ᠠᠰᠲᠤᠨᠢ ᠮᠡᠳᠡᠭᠳᠡᠨ᠎ᠡ᠃
ᠮᠡᠳᠡᠭᠦᠯᠬᠦ ᠴᠠᠭ ᠪᠠ ᠬᠠᠷᠢᠯᠴᠠᠬᠤ ᠠᠷᠭ᠎ᠠ
ᠰᠦᠯᠵᠢᠶᠡᠨ ᠳᠡᠭᠡᠷ᠎ᠡ ᠭᠤᠶᠤᠴᠢᠯᠠᠨ ᠮᠡᠳᠡᠭᠦᠯᠬᠦ ᠴᠠᠭ᠎ᠨᠢ 2025 ᠣᠨ᠎ᠤ 6 ᠳ᠋ᠤᠭ᠋ᠠᠷ ᠰᠠᠷ᠎ᠠ ᠵᠢᠨ 20᠎ᠤ ᠡᠳᠦᠷ᠎ᠠᠴᠠ 7 ᠳ᠋ᠤᠭ᠋ᠠᠷ ᠰᠠᠷ᠎ᠠ ᠵᠢᠨ 31᠎ᠤ ᠡᠳᠦᠷ ᠪᠣᠯᠲᠠᠯ᠎ᠠ ᠶᠠᠪᠤᠭᠳᠠᠨ᠎ᠠ᠃ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠨᠢᠭᠡᠴᠡ 2025 ᠣᠨ᠎ᠤ 7 ᠳ᠋ᠤᠭ᠋ᠠᠷ ᠰᠠᠷ᠎ᠠ ᠵᠢᠨ 20᠎ᠤ ᠡᠳᠦᠷ᠎ᠠᠴᠠ ᠡᠮᠦᠨ᠎ᠡ ᠴᠠᠭ᠋ᠠᠰᠤᠨ ᠪᠢᠴᠢᠭ᠎ᠤᠨ ᠮᠠᠲ᠋ᠧᠷᠢᠶᠠᠯ ᠵᠶ᠋ᠠᠨ ᠲᠣᠭ᠎ᠠ ᠪᠦᠷᠢᠳᠬᠡᠯ᠎ᠤᠨ ᠰᠢᠷᠢᠰ ᠳᠡᠭᠡᠳᠦ ᠵᠡᠷᠭᠡ ᠵᠢᠨ ᠰᠢᠯᠭ᠋ᠠᠷᠠᠭᠤᠯᠬᠤ ᠺᠣᠮᠢᠰ᠎ᠤᠨ ᠬᠡᠷᠡᠭ ᠡᠷᠭᠢᠯᠡᠬᠦ ᠪᠠᠶ᠋ᠢᠭᠤᠯᠤᠮᠵᠢ᠎ᠳᠤ ᠮᠡᠳᠡᠭᠦᠯᠦᠨ ᠬᠦᠷᠭᠡᠨ᠎ᠡ᠃
ᠬᠠᠷᠢᠯᠴᠠᠬᠤ ᠬᠥᠮᠦᠨ᠄ ᠼᠦᠢ ᠵᠢᠩ ᠶᠢᠩ᠂ ᠯᠦᠸᠸ ᠳ᠋ᠠᠨ
ᠬᠠᠷᠢᠯᠴᠠᠬᠤ ᠤᠲᠠᠰᠤ᠄ 04716611803᠂ 6944594
ᠬᠠᠶᠢᠭ᠄ ᠬᠥᠬᠡᠬᠣᠲᠠ ᠵᠢᠨ ᠰᠢᠨᠬᠤᠸᠠ ᠶᠡᠬᠡ ᠵᠡᠭᠡᠯᠢ ᠵᠢᠨ 63 ᠳ᠋ᠤᠭ᠋ᠠᠷ ᠨᠣᠮᠧᠷᠲᠤ 1 ᠳ᠋ᠤᠭᠡᠷ ᠠᠰᠠᠷ᠎ᠤᠨ 329 ᠳ᠋ᠤᠭᠡᠷ ᠲᠠᠰᠤᠭ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ
2025 ᠣᠨ᠎ᠤ 6 ᠳ᠋ᠤᠭ᠋ᠠᠷ ᠰᠠᠷ᠎ᠠ ᠵᠢᠨ 18᠎ᠤ ᠡᠳᠦᠷ