ᠲᠡᠷᠢᠭᠦᠨ ᠬᠠᠭᠤᠳᠠᠰᠤ
ᠠᠵᠢᠯ᠎ᠤᠨ ᠪᠠᠶ᠋ᠢᠳᠠᠯ
ᠢᠯᠡ ᠵᠠᠰᠠᠭ
ᠲᠤᠭ᠎ᠠ ᠪᠦᠷᠢᠳᠭᠡᠯ᠎ᠤᠨ ᠦᠢᠯᠡᠴᠢᠯᠡᠭᠡ
ᠠᠵᠢᠯ᠎ᠤᠨ ᠪᠠᠶ᠋ᠢᠳᠠᠯ   -   ᠠᠯᠪᠠᠨ ᠨᠡᠶ᠋ᠢᠲᠡᠯᠡᠯ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠦᠨᠡᠨᠴᠢ ᠢᠲᠡᠭᠡᠮᠵᠢ ᠵᠢᠨ ᠠᠵᠤ ᠠᠬᠤᠶ᠋ᠢᠯᠠᠯ᠎ᠢ ᠮᠠᠭ᠋ᠠᠳᠯᠠᠨ ᠲᠣᠭᠲᠠᠭ᠋ᠠᠬᠤ ᠲᠥᠰᠥᠪ》᠎ᠢ ᠳᠠᠷᠤᠮᠠᠯᠯᠠᠨ ᠲᠠᠷᠬᠠᠭ᠋ᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠮᠡᠳᠡᠭᠳᠡᠯ
ᠨᠡᠶ᠋ᠢᠲᠡᠯᠡᠭᠰᠡᠨ ᠴᠠᠭ᠄ 2025-05-29

ᠡᠯ᠎ᠡ ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠲᠣᠭ᠎ᠠ ᠪᠦᠷᠢᠳᠬᠡᠯ᠎ᠤᠨ ᠲᠣᠪᠴᠢᠶ᠎ᠠ᠂ ᠪᠠᠶ᠋ᠢᠭᠤᠯᠭ᠎ᠠ ᠵᠢᠨ ᠡᠯ᠎ᠡ ᠭᠠᠵᠠᠷ ᠲᠠᠰᠤᠭ ᠲᠣᠪᠴᠢᠶ᠎ᠠ᠂ ᠠᠵᠢᠯ ᠦᠢ᠍ᠯᠡᠰ᠎ᠤᠨ ᠨᠢᠭᠡᠴᠡ᠎ᠳᠤ᠄
    ᠶᠡᠷᠦᠩᠬᠡᠢ ᠱᠦᠵᠢ ᠰᠢ ᠵᠢᠨ ᠫᠢᠩ᠎ᠤᠨ ᠲᠣᠭ᠎ᠠ ᠪᠦᠷᠢᠳᠬᠡᠯ ᠪᠣᠯ ᠦᠨᠡᠨᠴᠢ ᠢᠲᠡᠭᠡᠮᠵᠢᠲᠡᠢ ᠲᠤᠬᠠᠶ᠋ᠢᠯᠠᠭᠰᠠᠨ ᠠᠵᠢᠯ ᠮᠥᠨ ᠭᠡᠬᠦ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠥᠯᠥᠭᠡ᠂ ᠦᠨᠡᠨᠴᠢ ᠢᠲᠡᠭᠡᠮᠵᠢᠲᠡᠶ ᠪᠠᠶ᠋ᠢᠬᠤ᠂ ᠬᠠᠤᠯᠢ ᠶᠣᠰᠣᠭ᠋ᠠᠷ ᠪᠦᠷᠢᠳᠬᠡᠬᠦ᠎ᠪᠠᠷ ᠭᠤᠤᠯ ᠠᠭᠤᠯᠭ᠎ᠠ ᠪᠣᠯᠭ᠋ᠠᠭᠰᠠᠨ ᠲᠣᠭ᠎ᠠ ᠪᠦᠷᠢᠳᠬᠡᠯ᠎ᠤᠨ ᠠᠵᠢᠯ ᠮᠡᠷᠭᠡᠵᠢᠯ᠎ᠤᠨ ᠶᠣᠰᠣ ᠮᠣᠷᠠᠯ᠎ᠤᠨ ᠪᠠᠶ᠋ᠢᠭᠤᠯᠤᠯᠲᠠ ᠵᠢ ᠦᠢ᠍ᠯᠡᠳᠦᠯᠭᠡᠵᠢᠭᠦᠯᠦᠨ ᠠᠬᠢᠭᠤᠯᠵᠤ᠂ 《ᠲᠣᠭ᠎ᠠ ᠪᠦᠷᠢᠳᠬᠡᠯ᠎ᠤᠨ ᠬᠦᠷᠢᠶ᠎ᠡ ᠵᠢᠨ ᠢᠲᠡᠭᠡᠮᠵᠢ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠲᠤᠬᠠᠶ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠰᠠᠨᠠᠯ᠎ᠤᠳ》 ᠪᠠ 《〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠡᠨᠴᠢ ᠢᠲᠡᠭᠡᠮᠵᠢᠲᠡᠶ ᠨᠡᠶ᠋ᠢᠲᠡᠯᠢᠭ ᠠᠵᠤ ᠠᠬᠤᠶ᠋ᠢᠯᠠᠯ᠎ᠢ ᠰᠣᠩᠭᠣᠨ ᠪᠣᠶ ᠪᠣᠯᠭ᠋ᠠᠬᠤ ᠬᠠᠮᠢᠶᠠᠷᠤᠯᠲᠠ ᠵᠢᠨ ᠠᠷᠭ᠎ᠠ〉 ᠵᠢ ᠳᠠᠷᠤᠮᠠᠯᠯᠠᠨ ᠲᠠᠷᠬᠠᠭ᠋ᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠎ᠤᠨ ᠮᠡᠳᠡᠭᠳᠡᠯ》 (ᠥᠪᠥᠷ ᠬᠥᠭᠵᠢᠭᠦᠯᠦᠯᠲᠡ ᠥᠭᠡᠷᠡᠴᠢᠯᠡᠯᠲᠡ ᠡᠳ᠋ ᠮᠥᠩᠭᠥᠨ ᠥᠰᠥᠭ  [2023] 1032 ᠳ᠋ᠤᠭ᠋ᠠᠷ ᠲᠣᠭ᠋ᠠᠲᠤ) ᠵᠡᠷᠭᠡ ᠪᠢᠴᠢᠭ ᠮᠠᠲ᠋ᠧᠷᠢᠶᠠᠯ᠎ᠤᠨ ᠵᠣᠷᠢᠭ ᠰᠠᠨᠠᠭ᠎ᠠ ᠵᠢ ᠦᠨᠳᠦᠰᠦᠯᠡᠨ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠦᠨᠡᠨᠴᠢ ᠢᠲᠡᠭᠡᠮᠵᠢ ᠵᠢᠨ ᠠᠵᠤ ᠠᠬᠤᠶ᠋ᠢᠯᠠᠯ᠎ᠢ ᠮᠠᠭ᠋ᠠᠳᠯᠠᠨ ᠲᠣᠭᠲᠠᠭ᠋ᠠᠬᠤ ᠲᠥᠰᠥᠪ》᠎ᠢ ᠲᠣᠭᠲᠠᠭ᠋ᠠᠪᠠ᠂ ᠡᠳᠦᠭᠡ ᠲᠠᠨᠠᠷ᠎ᠲᠤ ᠳᠠᠷᠤᠮᠠᠯᠯᠠᠨ ᠲᠠᠷᠬᠠᠭ᠋ᠠᠶ᠎ᠠ᠃ ᠡᠯ᠎ᠡ ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠲᠣᠭ᠎ᠠ ᠪᠦᠷᠢᠳᠬᠡᠯ᠎ᠤᠨ ᠲᠣᠪᠴᠢᠶ᠎ᠠ᠎ᠨᠤᠭᠤᠳ ᠱᠠᠭ᠋ᠠᠷᠳᠠᠯᠭ᠎ᠠ ᠶᠣᠰᠣᠭ᠋ᠠᠷ ᠲᠤᠰ ᠬᠠᠷᠢᠶ᠎ᠠ ᠣᠷᠣᠨ᠎ᠤ᠎ᠪᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠦᠨᠡᠨᠴᠢ ᠢᠲᠡᠭᠡᠮᠵᠢ ᠵᠢᠨ ᠠᠵᠤ ᠠᠬᠤᠶ᠋ᠢᠯᠠᠯ》᠎ᠢ ᠮᠠᠭ᠋ᠠᠳᠯᠠᠨ ᠲᠣᠭᠲᠠᠭ᠋ᠠᠬᠤ ᠠᠵᠢᠯ᠎ᠢ ᠬᠢᠨᠠᠮᠠᠭ᠋ᠠᠶ ᠵᠣᠬᠢᠶᠠᠨ ᠪᠠᠶ᠋ᠢᠭᠤᠯᠤᠨ ᠥᠷᠨᠢᠭᠦᠯᠵᠦ᠂ ᠭᠤᠶᠤᠴᠢᠯᠠᠨ ᠮᠡᠳᠡᠭᠦᠯᠦᠭᠰᠡᠨ ᠠᠵᠤ ᠠᠬᠤᠶ᠋ᠢᠯᠠᠯ᠎ᠤᠨ ᠲᠣᠭ᠎ᠠ ᠪᠠᠷᠢᠮᠲᠠ ᠵᠢᠨ ᠶᠠᠰᠤ ᠴᠢᠨᠠᠷ ᠪᠣᠯᠤᠨ ᠬᠠᠤᠯᠢ᠎ᠳᠤ ᠬᠣᠯᠪᠣᠭᠳᠠᠬᠤ ᠵᠦᠢ᠍ᠯ᠎ᠢ ᠴᠢᠩᠭ᠎ᠠ ᠬᠢᠨᠠᠨ ᠬᠠᠷᠭᠤᠭᠤᠯᠬᠤ ᠵᠢᠨ ᠬᠠᠮᠲᠤ ᠵᠢᠯ ᠪᠦᠷᠢ ᠵᠢᠨ 6 ᠳ᠋ᠤᠭ᠋ᠠᠷ ᠰᠠᠷ᠎ᠠ ᠵᠢᠨ ᠰᠡᠭᠦᠯᠴᠢ᠎ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ᠎ᠳᠤ ᠬᠣᠯᠪᠣᠭᠳᠠᠯ ᠪᠦᠬᠦᠢ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ ᠵᠶ᠋ᠠᠨ ᠮᠡᠳᠡᠭᠦᠯᠦᠨ ᠬᠦᠷᠭᠡᠵᠦ᠂ ᠳᠦᠷᠢᠮᠵᠢᠭᠰᠡᠨ᠂ ᠪᠠᠢ᠍ᠢ᠍ᠩᠭᠤᠵᠢᠭᠰᠠᠨ ᠠᠵᠢᠯ᠎ᠤᠨ ᠲᠣᠭᠲᠠᠴᠠ ᠵᠢ ᠪᠣᠶ ᠪᠣᠯᠭ᠋ᠠᠬᠤ ᠬᠡᠷᠡᠭᠲᠡᠶ᠃ ᠳᠡᠭᠡᠭᠰᠢ ᠮᠡᠳᠡᠭᠦᠯᠬᠦ ᠮᠠᠲ᠋ᠧᠷᠢᠶᠠᠯ᠎ᠳᠤ ᠬᠣᠰᠢᠭᠤ ᠰᠢᠶᠠᠨ (ᠬᠣᠲᠠ᠂ ᠲᠣᠭᠣᠷᠢᠭ)᠎ᠤ ᠲᠣᠭ᠎ᠠ ᠪᠦᠷᠢᠳᠬᠡᠯ᠎ᠤᠨ ᠲᠣᠪᠴᠢᠶ᠎ᠠ᠂ ᠠᠶ᠋ᠢᠮᠠᠭ ᠬᠣᠲᠠ ᠵᠢᠨ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠠᠯᠪᠠᠨ ᠲᠠᠮᠠᠭ᠎ᠠ ᠵᠢ ᠳᠠᠷᠤᠵᠤ᠂ PDF ᠪᠣᠯᠤᠨ WPS ᠵᠠᠭᠪᠤᠷ ᠵᠶ᠋ᠠᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ FTP 39 / ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠲᠣᠪᠴᠢᠶ᠎ᠠ / ᠣᠯᠠᠨ ᠨᠡᠶ᠋ᠢᠲᠡ / ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠦᠨᠡᠨᠴᠢ ᠢᠲᠡᠭᠡᠮᠵᠢ ᠵᠢᠨ ᠠᠵᠤ ᠠᠬᠤᠶ᠋ᠢᠯᠠᠯ᠎ᠢ ᠮᠠᠭ᠋ᠠᠳᠯᠠᠨ ᠲᠣᠭᠲᠠᠭ᠋ᠠᠬᠤ ᠪᠢᠴᠢᠭ ᠮᠠᠲ᠋ᠧᠷᠢᠶᠠᠯ᠎ᠤᠨ ᠬᠠᠪᠴᠢᠭᠤᠷ᠎ᠲᠤ ᠮᠡᠳᠡᠭᠦᠯᠬᠦ ᠬᠡᠷᠡᠭᠲᠡᠶ᠃
    ᠬᠠᠷᠢᠯᠴᠠᠬᠤ ᠬᠥᠮᠦᠨ᠄  ᠢᠷᠠᠭᠤ᠂ ᠬᠠᠷᠢᠯᠴᠠᠬᠤ ᠤᠲᠠᠰᠤ᠄ 0471 - 6610779
       ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ
              2025 ᠣᠨ᠎ᠤ 5 ᠰᠠᠷ᠎ᠠ ᠵᠢᠨ 23᠎ᠤ ᠡᠳᠦᠷ



       ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ

       ᠦᠨᠡᠨᠴᠢ ᠢᠲᠡᠭᠡᠮᠵᠢ ᠵᠢᠨ ᠠᠵᠤ ᠠᠬᠤᠶ᠋ᠢᠯᠠᠯ᠎ᠢ ᠮᠠᠭ᠋ᠠᠳᠯᠠᠨ ᠲᠣᠭᠲᠠᠭ᠋ᠠᠬᠤ ᠲᠥᠰᠥᠪ
    ᠶᠡᠷᠦᠩᠬᠡᠶ ᠱᠦᠵᠢ ᠰᠢ ᠵᠢᠨ ᠫᠢᠩ᠎ᠤᠨ ᠲᠣᠭ᠎ᠠ ᠪᠦᠷᠢᠳᠬᠡᠯ ᠪᠣᠯ ᠦᠨᠡᠨᠴᠢ ᠢᠲᠡᠭᠡᠮᠵᠢᠲᠡᠶ ᠠᠵᠢᠯ ᠮᠡᠷᠭᠡᠵᠢᠯ ᠪᠣᠯᠬᠤ ᠲᠤᠬᠠᠶ ᠴᠢᠬᠤᠯᠠ ᠵᠢᠭ᠋ᠠᠪᠤᠷᠢ ᠴᠣᠬᠣᠯᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠤᠰᠠᠳᠠ᠂ ᠨᠡᠶ᠋ᠢᠭᠡᠮ᠎ᠤᠨ ᠢᠲᠡᠭᠡᠮᠵᠢ ᠵᠢᠨ ᠰᠢᠰᠲ᠋ᠧᠮᠵᠢ ᠵᠢᠨ ᠪᠠᠶ᠋ᠢᠭᠤᠯᠤᠯᠲᠠ ᠪᠠ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ 《ᠵᠢᠷᠭᠤᠭ᠋ᠠᠨ ᠢᠨᠵᠧᠨᠧᠷᠢᠩ》᠎ᠤᠨ ᠦᠨᠡᠨᠴᠢ ᠢᠲᠡᠭᠡᠮᠵᠢ ᠵᠢᠨ ᠪᠠᠶ᠋ᠢᠭᠤᠯᠤᠯᠲᠠ ᠵᠢᠨ ᠢᠨᠵᠧᠨᠧᠷᠢᠩ᠎ᠤᠨ ᠲᠤᠬᠠᠶ ᠲᠥᠪ ᠬᠣᠷᠢᠶ᠎ᠠ ᠵᠢᠨ ᠱᠠᠭ᠋ᠠᠷᠳᠠᠯᠭ᠎ᠠ ᠵᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠠᠵᠢᠯ᠎ᠤᠨ ᠪᠣᠳᠠᠲᠠᠶ᠎ᠲᠠᠢ ᠤᠶᠠᠯᠳᠤᠭᠤᠯᠵᠤ᠂ ᠲᠣᠰ ᠲᠥᠰᠥᠪ᠎ᠢ ᠲᠣᠭᠲᠠᠭ᠋ᠠᠪᠠ᠃
    ᠨᠢᠭᠡ᠂ ᠠᠵᠢᠯ᠎ᠤᠨ ᠬᠠᠷᠠᠯᠲᠠ
    ᠲᠣᠭ᠎ᠠ ᠪᠦᠷᠢᠳᠬᠡᠯ᠎ᠤᠨ ᠬᠦᠷᠢᠶᠡᠨ᠎ᠳᠠᠬᠢ ᠦᠨᠡᠨᠴᠢ ᠢᠲᠡᠭᠡᠮᠵᠢ᠎ᠲᠠᠢ ᠪᠠᠶ᠋ᠢᠬᠤ ᠵᠢ ᠤᠷᠮᠠᠰᠢᠭᠤᠯᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠵᠦ᠂ ᠲᠣᠭ᠎ᠠ ᠪᠦᠷᠢᠳᠬᠡᠯ᠎ᠤᠨ ᠢᠲᠡᠭᠡᠮᠵᠢ ᠵᠢᠨ ᠬᠥᠲᠥᠯᠥᠨ ᠵᠢᠯᠣᠭᠣᠳᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠵᠥᠪ ᠲᠠᠯ᠎ᠠ ᠵᠢᠨ ᠨᠡᠶ᠋ᠢᠲᠡᠯᠢᠭ ᠵᠢᠱ᠌ᠢᠶ᠎ᠡ ᠵᠢ ᠤᠬᠠᠭᠤᠯᠬᠤ᠎ᠪᠠᠨ ᠴᠢᠩᠭ᠋ᠠᠳᠬᠠᠵᠤ᠂ ᠦᠨᠡᠨᠴᠢ ᠢᠲᠡᠭᠡᠮᠵᠢᠲᠡᠶ᠎ᠪᠠᠷ ᠲᠣᠭ᠎ᠠ ᠪᠦᠷᠢᠳᠬᠡᠬᠦ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠢᠳᠡᠪᠬᠢᠲᠡᠶ᠎ᠪᠠᠷ ᠪᠣᠶ ᠪᠣᠯᠭ᠋ᠠᠨ᠂ ᠬᠠᠤᠯᠢ ᠶᠣᠰᠣᠭ᠋ᠠᠷ ᠲᠣᠭ᠎ᠠ ᠪᠦᠷᠢᠳᠬᠡᠬᠦ ᠦᠵᠡᠯ ᠤᠬᠠᠮᠰᠠᠷ᠎ᠢ ᠴᠢᠩᠭ᠋ᠠᠷᠠᠭᠤᠯᠵᠤ᠂ ᠲᠣᠭ᠎ᠠ ᠪᠦᠷᠢᠳᠬᠡᠯ᠎ᠤᠨ ᠲᠣᠭ᠎ᠠ ᠪᠠᠷᠢᠮᠲᠠ ᠵᠢᠨ ᠶᠠᠰᠤ ᠴᠢᠨᠠᠷ᠎ᠢ ᠳᠡᠭᠡᠭᠰᠢᠯᠡᠭᠦᠯᠦᠨ᠎ᠡ᠃
    ᠬᠣᠶᠠᠷ᠂ ᠦᠨᠳᠦᠰᠦᠨ ᠵᠠᠷᠴᠢᠮ
    ᠰᠠᠶ᠋ᠢᠨ ᠳᠤᠷ᠎ᠠ ᠵᠢᠨ ᠪᠠ ᠡᠷᠬᠡ ᠲᠡᠭᠰᠢ ᠲᠥᠪ ᠭᠤᠤᠯᠴᠢ ᠪᠠᠶ᠋ᠢᠬᠤ ᠵᠢ ᠬᠠᠷᠢᠯᠴᠠᠨ ᠤᠶᠠᠯᠳᠤᠭᠤᠯᠬᠤ ᠵᠢ ᠪᠠᠷᠢᠮᠲᠠᠯᠠᠵᠤ᠂ ᠠᠵᠤ ᠠᠬᠤᠶ᠋ᠢᠯᠠᠯ ᠰᠠᠶ᠋ᠢᠨ ᠳᠤᠷ᠎ᠠ᠎ᠠᠴᠠ᠎ᠪᠠᠨ ᠠᠮᠠᠯᠠᠬᠤ᠂ ᠲᠣᠭ᠎ᠠ ᠪᠦᠷᠢᠳᠬᠡᠯ᠎ᠤᠨ ᠰᠠᠯᠠᠭ᠎ᠠ ᠮᠥᠴᠢᠷ ᠬᠥᠲᠥᠯᠥᠨ ᠵᠢᠯᠣᠭᠣᠳᠴᠤ ᠠᠬᠢᠭᠤᠯᠬᠤ᠂ ᠢᠲᠡᠭᠡᠮᠵᠢ ᠵᠢᠨ ᠵᠠᠮ ᠮᠥᠷ᠎ᠲᠤ ᠣᠷᠣᠭᠤᠯᠬᠤ ᠪᠠ ᠪᠤᠴᠠᠭ᠋ᠠᠨ ᠭᠠᠷᠭ᠋ᠠᠬᠤ ᠲᠣᠭᠲᠠᠴᠠ ᠵᠢ ᠬᠥᠳᠡᠯᠦᠩᠭᠦᠶ᠎ᠪᠠᠷ ᠵᠣᠯᠭ᠋ᠠᠭᠤᠯᠬᠤ ᠵᠢ ᠪᠡᠶᠡᠯᠡᠭᠦᠯᠦᠨ᠎ᠡ᠃
    ᠭᠤᠷᠪᠠ᠂ ᠭᠤᠶᠤᠴᠢᠯᠠᠬᠤ ᠨᠥᠬᠥᠴᠡᠯ ᠪᠠ ᠮᠠᠭ᠋ᠠᠳᠯᠠᠨ ᠲᠣᠭᠲᠠᠭ᠋ᠠᠬᠤ ᠶᠠᠪᠤᠴᠠ
    (ᠨᠢᠭᠡ) ᠮᠡᠳᠡᠭᠦᠯᠬᠦ ᠨᠥᠬᠥᠴᠡᠯ
    1 . ᠮᠡᠳᠡᠭᠦᠯᠬᠦ ᠠᠵᠤ ᠠᠬᠤᠶ᠋ᠢᠯᠠᠯ᠎ᠨᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠠᠷᠢᠶ᠎ᠠ ᠣᠷᠣᠨ᠎ᠤ ᠳᠣᠲᠣᠷ᠎ᠠ ᠳᠠᠩᠰᠠᠯᠠᠭᠤᠯᠤᠭᠰᠠᠨ ᠲᠤᠰᠠᠭ᠋ᠠᠷ ᠬᠠᠤᠯᠢ ᠵᠢᠨ ᠡᠷᠬᠡᠲᠡᠨ᠎ᠤ ᠨᠢᠭᠡᠴᠡ ᠪᠠᠶ᠋ᠢᠵᠤ᠂ ᠢᠲᠡᠭᠡᠮᠵᠢᠲᠡᠶ ᠳᠤᠮᠳᠠᠳᠤ ᠤᠯᠤᠰ (ᠥᠪᠥᠷ ᠮᠣᠩᠭᠣᠯ)᠎ᠤᠨ ᠮᠠᠭ᠋ᠠᠳᠯᠠᠨ ᠲᠣᠭᠲᠠᠭ᠋ᠠᠭᠰᠠᠨ ᠢᠲᠡᠭᠡᠮᠵᠢᠲᠡᠶ ᠪᠠᠷᠢᠮᠵᠢᠶ᠎ᠠ᠎ᠳᠤ ᠬᠦᠷᠦᠭᠰᠡᠨ ᠠᠵᠤ ᠠᠬᠤᠶ᠋ᠢᠯᠠᠯ ᠵᠢᠴᠢ ᠲᠡᠭᠦᠨ᠎ᠠᠴᠠ ᠳᠡᠭᠡᠭᠰᠢᠬᠢ᠂ ᠬᠠᠤᠯᠢ᠎ᠪᠠᠷ ᠲᠣᠭᠲᠠᠭ᠋ᠠᠭᠰᠠᠨ ᠲᠣᠭ᠎ᠠ ᠪᠦᠷᠢᠳᠬᠡᠯ᠎ᠤᠨ ᠮᠠᠲ᠋ᠧᠷᠢᠶᠠᠯ᠎ᠢ ᠮᠡᠳᠡᠭᠦᠯᠦᠨ ᠬᠦᠷᠭᠡᠬᠦ ᠡᠭᠦᠷᠭᠡ ᠵᠢ ᠡᠭᠦᠷᠭᠡᠯᠡᠭᠰᠡᠨ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠂ ᠬᠢᠷᠢ ᠬᠡᠮ᠎ᠤᠨ ᠵᠡᠷᠭᠡ ᠳᠡᠰ᠎ᠲᠠᠢ ᠪᠠᠷᠢᠯᠭ᠎ᠠ ᠵᠢᠨ ᠦᠢ᠍ᠯᠡᠰ ᠵᠢᠴᠢ ᠭᠡᠷ ᠪᠠᠶ᠋ᠢᠰᠢᠩ ᠭᠠᠵᠠᠷ ᠬᠥᠷᠥᠩᠭᠡ ᠵᠢᠨ ᠨᠡᠭᠡᠭᠡᠨ ᠡᠵᠡᠩᠨᠡᠬᠦ ᠠᠵᠤ ᠠᠬᠤᠶ᠋ᠢᠯᠠᠯ᠂ ᠬᠢᠵᠠᠭ᠋ᠠᠷᠯᠠᠭᠰᠠᠨ ᠲᠣᠭ᠋ᠠᠨ᠎ᠠᠴᠠ ᠳᠡᠭᠡᠭᠰᠢᠬᠢ ᠪᠥᠭᠡᠮ ᠵᠶ᠋ᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠪᠠ ᠬᠣᠨᠣᠭ ᠢᠳᠡᠭᠡᠨ ᠤᠮᠳᠠᠭ᠋ᠠᠨ᠎ᠤ ᠠᠵᠤ ᠠᠬᠤᠶ᠋ᠢᠯᠠᠯ᠂ ᠬᠡᠪᠴᠢᠶᠡᠵᠢᠯ᠎ᠠᠴᠠ ᠳᠡᠭᠡᠭᠰᠢᠬᠢ ᠦᠢ᠍ᠯᠡᠴᠢᠯᠡᠭᠡᠨ᠎ᠤ ᠠᠵᠤ ᠠᠬᠤᠶ᠋ᠢᠯᠠᠯ (《ᠳᠥᠷᠪᠡᠨ ᠬᠡᠪᠴᠢᠶᠡᠵᠢᠯ᠎ᠠᠴᠠ ᠳᠡᠭᠡᠭᠰᠢᠬᠢ》 ᠠᠵᠤ ᠠᠬᠤᠶ᠋ᠢᠯᠠᠯ ᠭᠡᠵᠦ ᠲᠣᠪᠴᠢᠯᠠᠨ᠎ᠠ᠂ ᠳᠣᠷᠣᠭᠰᠢ ᠠᠳᠠᠯᠢ) ᠪᠣᠯᠤᠨ᠎ᠠ᠃
    2. ᠠᠵᠤ ᠠᠬᠤᠶ᠋ᠢᠯᠠᠯ᠎ᠤᠨ ᠭᠤᠶᠤᠴᠢᠯᠠᠨ ᠮᠡᠳᠡᠭᠦᠯᠬᠦ ᠡᠳᠦᠷ ᠬᠤᠭᠤᠴᠠᠭ᠎ᠠ ᠪᠣᠯᠲᠠᠯᠠᠬᠢ ᠨᠢᠭᠡ ᠵᠢᠯ᠎ᠤᠨ ᠳᠣᠲᠣᠷ᠎ᠠ (ᠲᠤᠬᠠᠶ᠋ᠢᠯᠠᠪᠠᠯ᠄ ᠳᠡᠭᠡᠷ᠎ᠡ ᠵᠢᠯ᠎ᠤᠨ 6 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠲᠣᠰ ᠵᠢᠯ᠎ᠤᠨ 5 ᠳ᠋ᠤᠭ᠋ᠠᠷ ᠰᠠᠷ᠎ᠠ ᠵᠢᠨ 31᠎ᠤ ᠡᠳᠦᠷ ᠪᠣᠯᠲᠠᠯ᠎ᠠ) ᠮᠡᠳᠡᠭᠦᠯᠦᠭᠰᠡᠨ ᠲᠣᠭ᠎ᠠ ᠪᠦᠷᠢᠳᠬᠡᠯ᠎ᠤᠨ ᠮᠠᠲ᠋ᠧᠷᠢᠶᠠᠯ᠎ᠤᠨ ᠪᠦᠷᠢᠨ ᠬᠦᠰᠦᠨᠦᠭᠲᠦ ᠵᠢᠨ ᠪᠥᠬᠥ ᠭᠦᠢ᠍ᠴᠡᠳᠭᠡᠯ ᠲᠣᠭ᠎ᠠ᠎ᠨᠢ ᠠᠯᠳᠠᠰᠢ ᠥᠬᠡᠶ ᠪᠠᠶ᠋ᠢᠵᠤ᠂ ᠱᠠᠭ᠋ᠠᠷᠳᠠᠯᠭ᠎ᠠ ᠶᠣᠰᠣᠭ᠋ᠠᠷ ᠠᠵᠤ ᠠᠬᠤᠶ᠋ᠢᠯᠠᠯ᠎ᠤᠨ ᠡᠯᠧᠺᠲᠷᠣᠨ ᠲᠣᠭ᠎ᠠ ᠪᠦᠷᠢᠳᠬᠡᠯ᠎ᠤᠨ ᠡᠬᠡ ᠲᠠᠩᠰᠠ ᠵᠢ ᠴᠠᠭ ᠲᠤᠬᠠᠶ᠎ᠳᠤᠨᠢ ᠪᠠᠶ᠋ᠢᠭᠤᠯᠬᠤ ᠵᠢᠨ ᠬᠠᠮᠲᠤ ᠲᠡᠭᠦᠯᠳᠡᠷᠵᠢᠭᠦᠯᠵᠦ᠂ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠵᠢᠨ ᠲᠣᠭ᠎ᠠ ᠪᠦᠷᠢᠳᠬᠡᠯ᠎ᠤᠨ ᠠᠵᠢᠯ᠎ᠤᠨ ᠮᠡᠷᠭᠡᠵᠢᠯ᠎ᠢ ᠬᠡᠷᠡᠭᠯᠡᠵᠦ ᠬᠥᠲᠥᠯᠦᠨ ᠳᠠᠭ᠋ᠠᠭᠤᠯᠬᠤ ᠰᠢᠨ᠎ᠡ ᠠᠷᠭ᠎ᠠ ᠬᠡᠮᠵᠢᠶ᠎ᠡ ᠵᠢ ᠬᠠᠶ᠋ᠢᠨ ᠰᠦᠪᠡᠭᠴᠢᠯᠡᠬᠦ᠎ᠳᠤ ᠢᠳᠡᠪᠬᠢᠲᠡᠶ ᠬᠠᠮᠵᠢᠯᠴᠠᠬᠤ ᠪᠣᠯᠤᠨ᠎ᠠ᠃
    3. ᠠᠵᠤ ᠠᠬᠤᠶ᠋ᠢᠯᠠᠯ ᠭᠤᠶᠤᠴᠢᠯᠠᠯ ᠲᠤᠰᠢᠶᠠᠭᠰᠠᠨ ᠡᠳᠦᠷ᠎ᠠᠴᠠ ᠡᠬᠢᠯᠡᠨ 3 ᠵᠢᠯ᠎ᠤᠨ ᠳᠣᠲᠣᠷ᠎ᠠ ᠲᠣᠭ᠎ᠠ ᠪᠦᠷᠢᠳᠬᠡᠯ᠎ᠤᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠠᠴᠠ ᠪᠣᠯᠵᠤ ᠵᠠᠰᠠᠭ ᠵᠠᠬᠢᠷᠭ᠋ᠠᠨ᠎ᠤ ᠰᠢᠢ᠍ᠳᠭᠡᠯ ᠣᠯᠤᠭᠰᠠᠨ ᠦᠭᠡᠶ ᠮᠥᠷᠲᠡᠭᠡᠨ ᠬᠠᠤᠯᠢ᠎ᠠᠴᠠ ᠵᠥᠷᠢᠴᠡᠭᠰᠡᠨ ᠪᠤᠰᠤᠳ ᠦᠢ᠍ᠯᠡ ᠠᠵᠢᠯᠯᠠᠭ᠎ᠠ ᠵᠢ ᠣᠯᠵᠤ ᠮᠡᠳᠡᠭᠰᠡᠨ ᠦᠭᠡᠶ; ᠲᠣᠭ᠎ᠠ ᠪᠦᠷᠢᠳᠬᠡᠯ᠎ᠤᠨ ᠰᠠᠯᠠᠭ᠎ᠠ ᠮᠥᠴᠢᠷ᠎ᠤᠨ ᠬᠠᠤᠯᠢ ᠬᠡᠷᠡᠭᠵᠢᠭᠦᠯᠦᠯᠲᠡ ᠵᠢ ᠪᠠᠶ᠋ᠢᠴᠠᠭ᠋ᠠᠬᠤ᠂ ᠲᠣᠭ᠎ᠠ ᠪᠠᠷᠢᠮᠲᠠ ᠵᠢ ᠬᠢᠨᠠᠨ ᠪᠠᠶ᠋ᠢᠴᠠᠭ᠋ᠠᠬᠤ᠂ ᠡᠷᠦᠬᠡ᠎ᠳᠤ ᠬᠦᠷᠲᠡᠯ᠎ᠡ ᠪᠠᠶ᠋ᠢᠴᠠᠭ᠋ᠠᠨ ᠰᠤᠳᠤᠯᠬᠤ ᠵᠡᠷᠭᠡ ᠠᠵᠢᠯ᠎ᠳᠤ ᠢᠳᠡᠪᠬᠢᠲᠡᠶ ᠬᠠᠮᠵᠢᠯᠴᠠᠬᠤ ᠬᠡᠷᠡᠭᠲᠡᠶ᠃
    (ᠬᠣᠶᠠᠷ) ᠮᠠᠭ᠋ᠠᠳᠯᠠᠨ ᠲᠤᠭᠳᠠᠭ᠋ᠠᠬᠤ ᠶᠠᠪᠤᠴᠠ
    1 . ᠪᠡᠶ᠎ᠡ᠎ᠪᠠᠨ ᠳᠠᠭ᠋ᠠᠭ᠋ᠠᠵᠤ ᠮᠡᠳᠡᠭᠦᠯᠬᠦ᠃ ᠭᠤᠶᠤᠴᠢᠯᠠᠬᠤ ᠨᠥᠬᠥᠴᠡᠯ᠎ᠳᠤ ᠨᠡᠶ᠋ᠢᠴᠡᠭᠰᠡᠨ ᠠᠵᠤ ᠠᠬᠤᠶ᠋ᠢᠯᠠᠯ᠎ᠨᠢ 《xx ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠦᠨᠡᠨᠴᠢ ᠢᠲᠡᠭᠡᠮᠵᠢ ᠵᠢᠨ ᠠᠵᠤ ᠠᠬᠤᠶ᠋ᠢᠯᠠᠯ᠎ᠤᠨ ᠮᠡᠳᠡᠭᠦᠯᠬᠦ ᠬᠦᠰᠦᠨᠦᠭᠲᠦ》 (ᠳᠠᠭ᠋ᠠᠯᠳᠤᠭᠤᠯᠤᠯ 1) ᠵᠢ ᠲᠠᠭᠯᠠᠨ ᠪᠢᠴᠢᠬᠦ ᠵᠢᠨ ᠬᠠᠮᠲᠤ 10 ᠡᠳᠦᠷ᠎ᠤᠨ ᠳᠣᠲᠣᠷᠠᠬᠢ 《ᠣᠯᠠᠨ ᠨᠡᠶ᠋ᠢᠲᠡ ᠵᠢᠨ ᠢᠲᠡᠭᠡᠮᠵᠢ ᠵᠢᠨ ᠮᠡᠳᠡᠭᠡ ᠵᠠᠩᠭᠢ ᠵᠢᠨ ᠮᠡᠳᠡᠭᠦᠯᠦᠯᠲᠡ》 ᠵᠡᠷᠭᠡ ᠬᠠᠮᠢᠶ᠎ᠠ ᠪᠥᠬᠥᠶ ᠮᠠᠲ᠋ᠧᠷᠢᠶᠠᠯ᠎ᠢ ᠳᠠᠷᠤᠮᠠᠯᠯᠠᠵᠤ᠂ ᠠᠵᠤ ᠠᠬᠤᠶ᠋ᠢᠯᠠᠯ᠎ᠤᠨ ᠪᠠᠶ᠋ᠢᠭ᠎ᠠ ᠬᠣᠰᠢᠭᠤ ᠰᠢᠶᠠᠨ (ᠬᠣᠲᠠ᠂ ᠲᠣᠭᠣᠷᠢᠭ)᠎ᠤ ᠲᠣᠭ᠎ᠠ ᠪᠦᠷᠢᠳᠬᠡᠯ᠎ᠤᠨ ᠲᠣᠪᠴᠢᠶ᠎ᠠ᠎ᠳᠤ ᠮᠡᠳᠡᠭᠦᠯᠦᠨ ᠬᠦᠷᠭᠡᠵᠦ ᠬᠠᠷᠭᠤᠭᠤᠯᠤᠨ ᠰᠢᠯᠭ᠋ᠠᠨ ᠪᠠᠶ᠋ᠢᠴᠠᠭ᠋ᠠᠯᠭ᠋ᠠᠨ᠎ᠠ᠃
    2 . ᠬᠢᠨᠠᠨ ᠬᠠᠷᠭᠤᠭᠤᠯᠵᠤ ᠮᠠᠭ᠋ᠠᠳᠯᠠᠨ ᠲᠣᠭᠲᠠᠭ᠋ᠠᠬᠤ᠃ ᠬᠣᠰᠢᠭᠤ ᠰᠢᠶᠠᠨ (ᠬᠣᠲᠠ᠂ ᠲᠣᠭᠣᠷᠢᠭ)᠎ᠤ ᠲᠣᠭ᠎ᠠ ᠪᠦᠷᠢᠳᠬᠡᠯ᠎ᠤᠨ ᠲᠣᠪᠴᠢᠶ᠎ᠠ᠎ᠨᠢ ᠠᠵᠤ ᠠᠬᠤᠶ᠋ᠢᠯᠠᠯ᠎ᠤᠨ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ᠎ᠢ ᠠᠩᠬ᠎ᠠ ᠠᠯᠬᠤᠮ ᠬᠢᠨᠠᠨ ᠬᠠᠷᠭᠤᠭᠤᠯᠬᠤ ᠵᠢᠨ ᠬᠠᠮᠲᠤ ᠠᠵᠤ ᠠᠬᠤᠶ᠋ᠢᠯᠠᠯ᠎ᠤᠨ ᠮᠡᠳᠡᠭᠦᠯᠬᠦ ᠬᠦᠰᠦᠨᠦᠭᠲᠦ ᠵᠢᠨ ᠲᠣᠭ᠎ᠠ ᠪᠠᠷᠢᠮᠲᠠ ᠵᠢᠨ ᠶᠠᠰᠤ ᠴᠢᠨᠠᠷ᠎ᠢ ᠬᠢᠨᠠᠮᠠᠭ᠋ᠠᠶ ᠬᠢᠨᠠᠨ ᠪᠠᠶ᠋ᠢᠴᠠᠭ᠋ᠠᠵᠤ᠂ ᠠᠵᠤ ᠠᠬᠤᠶ᠋ᠢᠯᠠᠯ᠎ᠤᠨ ᠢᠲᠡᠭᠡᠮᠵᠢᠲᠦ ᠳᠤᠮᠳᠠᠳᠤ ᠤᠯᠤᠰ (ᠥᠪᠥᠷ ᠮᠣᠩᠭᠣᠯ)᠎ᠤᠨ 《ᠢᠲᠡᠭᠡᠮᠵᠢᠲᠦ ᠪᠠᠷᠢᠮᠵᠢᠶ᠎ᠠ᠎ᠳᠤ ᠬᠦᠷᠦᠭᠰᠡᠨ ᠠᠵᠤ ᠠᠬᠤᠶ᠋ᠢᠯᠠᠯ》 ᠵᠢᠴᠢ ᠲᠡᠭᠦᠨ᠎ᠠᠴᠠ ᠳᠡᠭᠡᠭᠰᠢᠬᠢ᠎ᠳᠤ ᠬᠠᠷᠢᠶᠠᠯᠠᠭᠳᠠᠵᠤ ᠪᠠᠶ᠋ᠢᠬᠤ ᠵᠢ ᠬᠢᠨᠠᠨ ᠬᠠᠷᠭᠤᠭᠤᠯᠵᠤ᠂ ᠭᠤᠶᠤᠴᠢᠯᠠᠨ ᠮᠡᠳᠡᠭᠦᠯᠬᠦ ᠨᠥᠬᠥᠴᠡᠯ᠎ᠢ ᠬᠠᠩᠭ᠋ᠠᠭᠰᠠᠨ᠎ᠤ ᠳᠠᠷᠠᠭ᠎ᠠ᠂ ᠠᠶ᠋ᠢᠮᠠᠭ ᠬᠣᠲᠠ ᠵᠢᠨ ᠲᠣᠭ᠎ᠠ ᠪᠦᠷᠢᠳᠬᠡᠯ᠎ᠤᠨ ᠲᠣᠪᠴᠢᠶ᠎ᠠ᠎ᠳᠤ ᠭᠤᠶᠤᠴᠢᠯᠠᠨ ᠮᠡᠳᠡᠭᠦᠯᠦᠭᠰᠡᠨ ᠮᠠᠲ᠋ᠧᠷᠢᠶᠠᠯ ᠵᠶ᠋ᠠᠨ ᠮᠡᠳᠡᠭᠦᠯᠦᠨ ᠬᠦᠷᠭᠡᠬᠦ ᠬᠡᠷᠡᠭᠲᠡᠶ᠃ ᠲᠣᠭ᠎ᠠ ᠪᠠᠷᠢᠮᠲᠠ ᠵᠢᠨ ᠶᠠᠰᠤ ᠴᠢᠨᠠᠷ᠎ᠢ ᠬᠠᠷᠭᠤᠭᠤᠯᠤᠨ ᠪᠠᠶ᠋ᠢᠴᠠᠭ᠋ᠠᠵᠤ ᠪᠠᠶ᠋ᠢᠴᠠᠭ᠋ᠠᠬᠤ ᠵᠢᠴᠢ ᠬᠠᠮᠢᠶ᠎ᠠ ᠪᠥᠬᠥᠶ ᠭᠡᠷᠡᠴᠢᠯᠡᠬᠦ ᠮᠠᠲ᠋ᠧᠷᠢᠶᠠᠯ᠎ᠢ ᠠᠵᠤ ᠠᠬᠤᠶ᠋ᠢᠯᠠᠯ᠎ᠤᠨ ᠪᠠᠶ᠋ᠢᠭ᠎ᠠ ᠬᠣᠰᠢᠭᠤ ᠰᠢᠶᠠᠨ (ᠬᠣᠲᠠ᠂ ᠲᠣᠭᠣᠷᠢᠭ)᠎ᠤ ᠲᠣᠭ᠎ᠠ ᠪᠦᠷᠢᠳᠬᠡᠯ᠎ᠤᠨ ᠲᠣᠪᠴᠢᠶ᠎ᠠ᠎ᠠᠴᠠ ᠬᠢᠨᠠᠨ ᠬᠠᠷᠭᠤᠭᠤᠯᠵᠤ ᠲᠠᠩᠰᠠ ᠡᠪᠬᠡᠮᠡᠯ ᠪᠠᠶ᠋ᠢᠭᠤᠯᠤᠨ ᠦᠯᠡᠳᠡᠭᠡᠨ ᠬᠠᠳᠠᠭ᠋ᠠᠯᠠᠬᠤ ᠬᠡᠷᠡᠭᠲᠡᠶ᠃ ᠠᠶ᠋ᠢᠮᠠᠭ ᠬᠣᠲᠠ ᠵᠢᠨ ᠲᠣᠭ᠎ᠠ ᠪᠦᠷᠢᠳᠬᠡᠯ᠎ᠤᠨ ᠲᠣᠪᠴᠢᠶ᠎ᠠ᠎ᠨᠢ ᠳᠡᠭᠡᠭᠰᠢ ᠮᠡᠳᠡᠭᠦᠯᠦᠭᠰᠡᠨ ᠠᠵᠤ ᠠᠬᠤᠶ᠋ᠢᠯᠠᠯ᠎ᠳᠤ ᠳᠠᠬᠢᠨ ᠬᠢᠨᠠᠯᠲᠠ ᠬᠢᠵᠦ᠂ ᠲᠤᠰ ᠣᠨ᠎ᠤ ᠬᠠᠷᠢᠶ᠎ᠠ ᠣᠷᠣᠨ᠎ᠤ 《  ᠳᠥᠷᠪᠡᠨ ᠬᠡᠪᠴᠢᠶᠡᠵᠢᠯ᠎ᠠᠴᠠ ᠳᠡᠭᠡᠭᠰᠢᠬᠢ》 ᠠᠵᠤ ᠠᠬᠤᠶ᠋ᠢᠯᠠᠯ᠎ᠤᠨ 1 %᠎ᠠᠴᠠ ᠬᠡᠲᠦᠷᠡᠭᠦᠯᠬᠦ ᠦᠭᠡᠶ ᠪᠠᠶ᠋ᠢᠬᠤ ᠲᠣᠭ᠎ᠠ ᠬᠡᠮᠵᠢᠶ᠎ᠡ᠎ᠪᠠᠷ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ (ᠳᠠᠭ᠋ᠠᠯᠳᠤᠭᠤᠯᠤᠯ 2᠂ 3)᠎ᠳᠤ ᠮᠡᠳᠡᠭᠦᠯᠬᠦ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ᠎ᠨᠢ ᠠᠶ᠋ᠢᠮᠠᠭ ᠬᠣᠲᠠ ᠵᠢᠨ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠳᠡᠭᠡᠭᠰᠢ ᠮᠡᠳᠡᠭᠦᠯᠦᠭᠰᠡᠨ ᠮᠡᠳᠡᠭᠦᠯᠬᠦ ᠮᠠᠲᠸᠷᠢᠶᠠᠯ᠎ᠳᠤ ᠡᠯ᠎ᠡ ᠲᠤᠰᠬᠠᠶ ᠠᠵᠢᠯ᠎ᠤᠨ ᠭᠠᠵᠠᠷ ᠲᠠᠰᠤᠭ᠎ᠢ ᠵᠣᠬᠢᠶᠠᠨ ᠪᠠᠶ᠋ᠢᠭᠤᠯᠤᠨ ᠡᠭᠦᠷᠭᠡ ᠬᠠᠷᠢᠭᠤᠴᠠᠯᠭ᠎ᠠ ᠵᠢᠨ ᠬᠤᠪᠢᠶᠠᠷᠢᠯᠠᠯ᠎ᠢ᠎ᠨᠢ ᠦᠨᠳᠦᠰᠦᠯᠡᠨ ᠬᠢᠨᠠᠨ ᠲᠣᠭᠲᠠᠭ᠋ᠠᠯᠲᠠ ᠬᠢᠵᠦ᠂ ᠬᠢᠨᠠᠨ ᠬᠠᠷᠭᠤᠭᠤᠯᠤᠭ᠋ᠠᠳ ᠪᠠᠲᠤᠯᠠᠭᠰᠠᠨ᠎ᠤ ᠳᠠᠷᠠᠭ᠎ᠠ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠢᠲᠡᠭᠡᠮᠵᠢ ᠵᠢᠨ ᠠᠵᠤ ᠠᠬᠤᠶ᠋ᠢᠯᠠᠯ》᠎ᠤᠨ ᠨᠡᠷᠡᠰ᠎ᠢ ᠲᠣᠭᠲᠠᠭ᠋ᠠᠬᠤ ᠬᠡᠷᠡᠭᠲᠡᠶ᠃
    ᠳᠥᠷᠪᠡ᠂ ᠮᠡᠳᠡᠭᠡ ᠵᠠᠩᠭᠢ ᠨᠡᠶ᠋ᠢᠲᠡᠯᠡᠬᠦ ᠪᠠ ᠤᠷᠮᠠᠰᠢᠭᠤᠯᠬᠤ
    (ᠨᠢᠭᠡ) ᠮᠡᠳᠡᠭᠡ ᠵᠠᠩᠭᠢ ᠵᠢ ᠢᠯᠡ ᠨᠡᠶ᠋ᠢᠲᠡᠯᠡᠬᠦ
    ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ᠎ᠨᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠦᠨᠡᠨᠴᠢ ᠢᠲᠡᠭᠡᠮᠵᠢ ᠵᠢᠨ ᠠᠵᠤ ᠠᠬᠤᠶ᠋ᠢᠯᠠᠯ》᠎ᠢ ᠲᠣᠭᠲᠠᠭ᠋ᠠᠭᠰᠠᠨ 20 ᠠᠵᠢᠯᠯᠠᠬᠤ ᠡᠳᠦᠷ᠎ᠤᠨ ᠳᠣᠲᠣᠷ᠎ᠠ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠫᠤᠷᠲ᠋ᠧᠯ ᠰᠦᠯᠵᠢᠶ᠎ᠡ᠂ 《ᠥᠪᠥᠷ ᠮᠣᠩᠭᠣᠯ᠎ᠤᠨ ᠲᠣᠭ᠎ᠠ ᠪᠦᠷᠢᠳᠬᠡᠯ᠎ᠤᠨ  ᠸᠢᠴᠠᠲ ᠮᠡᠳᠡᠭᠡ》 ᠵᠢᠨ ᠣᠯᠠᠨ ᠨᠡᠶ᠋ᠢᠲᠡ ᠵᠢᠨ ᠨᠣᠮᠧᠷ ᠵᠶ᠋ᠠᠷ ᠳᠠᠮᠵᠢᠭᠤᠯᠤᠨ ᠢᠯᠡ ᠨᠡᠶ᠋ᠢᠲᠡᠯᠡᠨ᠎ᠡ᠃ ᠢᠯᠡ ᠨᠡᠶ᠋ᠢᠲᠡᠯᠡᠬᠦ ᠬᠤᠭᠤᠴᠠᠭ᠎ᠠ᠎ᠨᠢ 7 ᠡᠳᠦᠷ᠂ ᠬᠤᠭᠤᠴᠠᠭ᠎ᠠ ᠳᠠᠭᠤᠰᠲᠠᠯ᠎ᠠ ᠤᠨᠳᠤᠤ ᠰᠠᠨᠠᠯ ᠥᠬᠡᠶ ᠠᠵᠤ ᠠᠬᠤᠶ᠋ᠢᠯᠠᠯ᠎ᠢ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠦᠨᠡᠨᠴᠢ ᠢᠲᠡᠭᠡᠮᠵᠢ ᠵᠢᠨ ᠠᠵᠤ ᠠᠬᠤᠶ᠋ᠢᠯᠠᠯ》 ᠵᠶ᠋ᠠᠷ ᠮᠠᠭ᠋ᠠᠳᠯᠠᠨ ᠲᠣᠭᠲᠠᠭ᠋ᠠᠨ᠎ᠠ᠃
    (ᠬᠣᠶᠠᠷ) ᠬᠠᠮᠲᠤᠷᠠᠨ ᠤᠷᠮᠠᠰᠢᠭᠤᠯᠬᠤ
    1 . ᠨᠡᠶ᠋ᠢᠲᠡ᠎ᠳᠤ ᠵᠠᠷᠯᠠᠬᠤ ᠬᠤᠭᠤᠴᠠᠭ᠎ᠠ᠎ᠨᠢ ᠲᠤᠯᠤᠭᠰᠠᠨ᠎ᠤ ᠳᠠᠷᠠᠭ᠎ᠠ᠂ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ 20 ᠠᠵᠢᠯᠯᠠᠬᠤ ᠡᠳᠦᠷ᠎ᠤᠨ ᠳᠣᠲᠣᠷ᠎ᠠ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠦᠨᠡᠨᠴᠢ ᠢᠲᠡᠭᠡᠮᠵᠢ ᠵᠢᠨ ᠠᠵᠤ ᠠᠬᠤᠶ᠋ᠢᠯᠠᠯ》᠎ᠢ ᠮᠠᠭ᠋ᠠᠳᠯᠠᠨ ᠲᠣᠭᠲᠠᠭ᠋ᠠᠬᠤ ᠨᠡᠷᠡᠰ᠎ᠢ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠳᠤ ᠲᠠᠨᠢᠯᠴᠠᠭᠤᠯᠤᠨ ᠬᠦᠷᠭᠡᠵᠦ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠡᠨᠴᠢ ᠢᠲᠡᠭᠡᠮᠵᠢ ᠵᠢᠨ ᠵᠢᠱ᠌ᠢᠶ᠎ᠡ ᠦᠵᠡᠭᠦᠯᠬᠦ ᠠᠵᠤ ᠠᠬᠤᠶ᠋ᠢᠯᠠᠯ》᠎ᠢ ᠪᠠᠲᠤᠯᠠᠨ ᠲᠠᠨᠢᠯᠴᠠᠭᠤᠯᠬᠤ ᠨᠡᠷᠡᠰ ᠪᠣᠯᠭ᠋ᠠᠵᠤ᠂ ᠡᠯ᠎ᠡ ᠠᠶ᠋ᠢᠮᠠᠭ ᠬᠣᠲᠠ ᠵᠢᠨ ᠲᠣᠭ᠎ᠠ ᠪᠦᠷᠢᠳᠬᠡᠯ᠎ᠤᠨ ᠲᠣᠪᠴᠢᠶ᠎ᠠ᠎ᠨᠢ ᠲᠠᠨᠢᠯᠴᠠᠭᠤᠯᠤᠭᠰᠠᠨ ᠠᠵᠤ ᠠᠬᠤᠶ᠋ᠢᠯᠠᠯ᠎ᠤᠨ ᠰᠣᠩᠭᠣᠭᠳᠠᠭᠰᠠᠨ ᠮᠡᠳᠡᠭᠡ ᠵᠠᠩᠭᠢ ᠵᠢ ᠮᠡᠳᠡᠭᠳᠡᠬᠦ ᠬᠡᠷᠡᠭᠲᠡᠶ᠃
    2 . 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠦᠨᠡᠨᠴᠢ ᠢᠲᠡᠭᠡᠮᠵᠢ ᠵᠢᠨ ᠠᠵᠤ ᠠᠬᠤᠶ᠋ᠢᠯᠠᠯ》 ᠵᠶ᠋ᠠᠷ ᠮᠠᠭ᠋ᠠᠳᠯᠠᠨ ᠲᠤᠭᠳᠠᠭ᠋ᠠᠭᠳᠠᠭᠰᠠᠨ ᠪᠣᠯ ᠥᠪᠡᠷᠲᠡᠭᠡᠨ 《ᠢᠲᠡᠭᠡᠮᠵᠢᠲᠦ ᠳᠤᠮᠳᠠᠳᠤ ᠤᠯᠤᠰ (ᠥᠪᠥᠷ ᠮᠣᠩᠭᠣᠯ)》 ᠰᠦᠯᠵᠢᠶᠡᠨ ᠥᠷᠲᠡᠭᠡ ᠵᠢᠨ 《ᠦᠨᠡᠨᠴᠢ ᠢᠲᠡᠭᠡᠮᠵᠢ ᠵᠢᠨ ᠨᠡᠶ᠋ᠢᠲᠡᠯᠢᠭ ᠵᠢᠱ᠌ᠢᠶ᠎ᠡ ᠵᠢ ᠰᠣᠩᠭᠣᠨ ᠪᠣᠶ ᠪᠣᠯᠭ᠋ᠠᠬᠤ》 ᠲᠤᠰᠬᠠᠶ ᠪᠤᠯᠤᠩ᠎ᠳᠤ ᠭᠠᠷᠴᠤ ᠭᠤᠶᠤᠴᠢᠯᠠᠨ ᠮᠡᠳᠡᠭᠦᠯᠬᠦ ᠵᠢᠨ ᠬᠠᠮᠲᠤ ᠬᠠᠮᠢᠶ᠎ᠠ ᠪᠥᠬᠥᠶ ᠮᠠᠲ᠋ᠧᠷᠢᠶᠠᠯ ᠵᠶ᠋ᠠᠨ ᠳᠡᠪᠰᠢᠭᠦᠯᠦᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠡᠨᠴᠢ ᠢᠲᠡᠭᠡᠮᠵᠢ ᠵᠢᠨ ᠵᠢᠱ᠌ᠢᠶ᠎ᠡ ᠦᠵᠡᠭᠦᠯᠬᠦ ᠠᠵᠤ ᠠᠬᠤᠶ᠋ᠢᠯᠠᠯ》 ᠵᠶ᠋ᠠᠷ ᠮᠡᠳᠡᠭᠦᠯᠵᠦ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠠᠴᠠ ᠮᠠᠲ᠋ᠧᠷᠢᠶᠠᠯ᠎ᠢ ᠬᠢᠨᠠᠨ ᠬᠠᠷᠭᠤᠭᠤᠯᠤᠭᠰᠠᠨ᠎ᠤ ᠳᠠᠷᠠᠭ᠎ᠠ᠂ 《〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠡᠨᠴᠢ ᠢᠲᠡᠭᠡᠮᠵᠢ ᠵᠢᠨ ᠨᠡᠶ᠋ᠢᠲᠡᠯᠢᠭ ᠠᠵᠤ ᠠᠬᠤᠶ᠋ᠢᠯᠠᠯ᠎ᠤᠨ ᠰᠣᠩᠭᠣᠨ ᠪᠣᠶ ᠪᠣᠯᠭ᠋ᠠᠬᠤ ᠬᠠᠮᠢᠶᠠᠷᠤᠯᠲᠠ ᠵᠢᠨ ᠠᠷᠭ᠎ᠠ〉 ᠵᠢ ᠳᠠᠷᠤᠮᠠᠯᠯᠠᠨ ᠲᠠᠷᠬᠠᠭ᠋ᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠤᠨ ᠮᠡᠳᠡᠭᠳᠡᠯ》 (ᠥᠪᠥᠷ ᠬᠥᠭᠵᠢᠭᠦᠯᠦᠯᠲᠡ ᠥᠭᠡᠷᠡᠴᠢᠯᠡᠯᠲᠡ ᠡᠳ᠋ ᠮᠥᠩᠭᠥᠨ ᠥᠰᠥᠭ  [2023]1032)᠎ᠤᠨ ᠠᠯᠬᠤᠮ ᠳᠠᠷᠠᠭ᠋ᠠᠯᠠᠯ ᠶᠣᠰᠣᠭ᠋ᠠᠷ ᠮᠠᠭ᠋ᠠᠳᠯᠠᠨ ᠲᠤᠭᠳᠠᠭ᠋ᠠᠵᠤ ᠨᠡᠢ᠌ᠳᠡᠯᠡᠬᠦ ᠬᠡᠷᠡᠭᠳᠡᠢ᠃
    (ᠭᠤᠷᠪᠠ) ᠬᠥᠳᠡᠯᠦᠩᠭᠦᠶ ᠬᠠᠮᠢᠶᠠᠷᠤᠯᠲᠠ
    ᠠᠵᠤ ᠠᠬᠤᠶ᠋ᠢᠯᠠᠯ᠎ᠤᠳ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠦᠨᠡᠨᠴᠢ ᠢᠲᠡᠭᠡᠮᠵᠢ ᠵᠢᠨ ᠠᠵᠤ ᠠᠬᠤᠶ᠋ᠢᠯᠠᠯ》 ᠵᠶ᠋ᠠᠷ ᠭᠤᠶᠤᠴᠢᠯᠠᠨ ᠮᠡᠳᠡᠭᠦᠯᠬᠦ ᠶᠠᠪᠤᠴᠠ᠎ᠳᠤ ᠪᠤᠰᠤᠳ ᠬᠦᠷᠢᠶ᠎ᠡ᠎ᠳᠠᠬᠢ ᠢᠲᠡᠭᠡᠯ ᠵᠶ᠋ᠠᠨ ᠠᠯᠳᠠᠭᠰᠠᠨ ᠦᠢ᠍ᠯᠡ ᠠᠵᠢᠯᠯᠠᠭ᠎ᠠ ᠭᠠᠷᠪᠠᠯ᠂ ᠮᠠᠭ᠋ᠠᠳᠯᠠᠨ ᠲᠣᠭᠲᠠᠭ᠋ᠠᠬᠤ ᠬᠢᠷᠢ ᠬᠡᠮ᠎ᠢ᠎ᠨᠢ ᠬᠦᠴᠦᠨ ᠥᠬᠡᠶ ᠪᠣᠯᠭ᠋ᠠᠨ᠎ᠠ᠃ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠦᠨᠡᠨᠴᠢ ᠢᠲᠡᠭᠡᠮᠵᠢ ᠵᠢᠨ ᠠᠵᠤ ᠠᠬᠤᠶ᠋ᠢᠯᠠᠯ》 ᠵᠶ᠋ᠠᠷ ᠨᠢᠭᠡᠨᠲᠡ ᠲᠣᠭᠲᠠᠭ᠋ᠠᠭᠳᠠᠭᠰᠠᠨ᠂ ᠬᠤᠳᠠᠯ ᠬᠠᠭᠤᠷᠮᠠᠭ ᠲᠣᠭ᠎ᠠ ᠪᠦᠷᠢᠳᠬᠡᠯ ᠬᠢᠭᠰᠡᠨ ᠪᠤᠶᠤ ᠲᠣᠭ᠎ᠠ ᠪᠠᠷᠢᠮᠲᠠ ᠵᠢᠨ ᠶᠠᠰᠤ ᠴᠢᠨᠠᠷ᠎ᠤᠨ ᠵᠥᠷᠢᠶ᠎ᠡ ᠵᠢᠴᠢ ᠪᠤᠰᠤᠳ ᠬᠦᠷᠢᠶ᠎ᠡ᠎ᠳᠠᠬᠢ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠭᠠᠷᠤᠭᠰᠠᠨ ᠵᠡᠷᠭᠡ᠎ᠨᠢ ᠲᠣᠭ᠎ᠠ ᠪᠦᠷᠢᠳᠬᠡᠯ᠎ᠤᠨ ᠦᠨᠡᠨᠴᠢ ᠢᠲᠡᠭᠡᠮᠵᠢ ᠵᠢᠨ ᠠᠵᠤ ᠠᠬᠤᠶ᠋ᠢᠯᠠᠯ᠎ᠤᠨ ᠪᠠᠷᠢᠮᠵᠢᠶ᠎ᠠ᠎ᠳᠤ ᠨᠡᠶ᠋ᠢᠴᠡᠬᠦ ᠥᠬᠡᠶ ᠪᠣᠯᠤᠭᠰᠠᠨ ᠪᠠᠶ᠋ᠢᠪᠠᠯ᠂ ᠲᠡᠭᠦᠨ᠎ᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠦᠨᠡᠨᠴᠢ ᠢᠲᠡᠭᠡᠮᠵᠢ ᠵᠢᠨ ᠠᠵᠤ ᠠᠬᠤᠶ᠋ᠢᠯᠠᠯ》 ᠵᠶ᠋ᠠᠷ ᠮᠠᠭ᠋ᠠᠳᠯᠠᠨ ᠲᠣᠭᠲᠠᠭ᠋ᠠᠬᠤ ᠵᠢᠴᠢ ᠬᠠᠮᠢᠶ᠎ᠠ ᠪᠥᠬᠥᠶ ᠤᠷᠮᠠᠰᠢᠭᠤᠯᠬᠤ ᠠᠷᠭ᠎ᠠ ᠬᠡᠮᠵᠢᠶ᠎ᠡ ᠵᠢ᠎ᠨᠢ ᠬᠦᠴᠦᠨ ᠥᠬᠡᠶ ᠪᠣᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ ᠵᠢᠨ ᠵᠥᠪᠯᠡᠯ᠎ᠳᠤ ᠴᠠᠭ ᠲᠤᠬᠠᠶ᠎ᠳᠤᠨᠢ ᠮᠡᠳᠡᠭᠳᠡᠵᠦ᠂ 《ᠢᠲᠡᠭᠡᠮᠵᠢᠲᠦ ᠳᠤᠮᠳᠠᠳᠤ ᠤᠯᠤᠰ (ᠥᠪᠥᠷ ᠮᠣᠩᠭᠣᠯ)》᠎ᠤᠨ ᠲᠠᠪᠴᠠᠩ ᠪᠣᠯᠬᠤ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠡᠨᠴᠢ ᠢᠲᠡᠭᠡᠮᠵᠢ ᠵᠢᠨ ᠵᠢᠱ᠌ᠢᠶ᠎ᠡ ᠦᠵᠡᠭᠦᠯᠬᠦ ᠠᠵᠤ ᠠᠬᠤᠶ᠋ᠢᠯᠠᠯ》᠎ᠤᠨ ᠨᠡᠷᠡᠰ᠎ᠠᠴᠠ ᠭᠠᠷᠭ᠋ᠠᠬᠤ ᠬᠡᠷᠡᠭᠲᠡᠶ᠃
    ᠲᠠᠪᠤ᠂ ᠪᠠᠲᠤᠯᠠᠭ᠎ᠠ ᠵᠢᠨ ᠠᠷᠭ᠎ᠠ ᠬᠡᠮᠵᠢᠶ᠎ᠡ
    (ᠨᠢᠭᠡ) ᠵᠣᠬᠢᠶᠠᠨ ᠪᠠᠶ᠋ᠢᠭᠤᠯᠤᠯᠲᠠ ᠵᠢᠨ ᠬᠠᠮᠢᠶᠠᠷᠤᠯᠲᠠ
    ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠦᠨᠡᠨᠴᠢ ᠢᠲᠡᠭᠡᠮᠵᠢ ᠵᠢᠨ ᠠᠵᠤ ᠠᠬᠤᠶ᠋ᠢᠯᠠᠯ᠎ᠢ ᠮᠠᠭ᠋ᠠᠳᠯᠠᠨ ᠲᠣᠭᠲᠠᠭ᠋ᠠᠬᠤ ᠠᠵᠢᠯ᠎ᠢ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠲᠣᠪᠴᠢᠶ᠎ᠠ᠎ᠠᠴᠠ ᠲᠦᠷᠦᠭᠦᠯᠡᠨ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠬᠠᠮᠢᠶ᠎ᠠ ᠪᠥᠬᠥᠶ ᠭᠠᠵᠠᠷ ᠲᠠᠰᠤᠭ᠂ ᠨᠢᠭᠡᠴᠡ

ᠬᠠᠮᠵᠢᠯᠴᠠᠨ᠎ᠠ᠃

    (ᠬᠣᠶᠠᠷ) ᠠᠵᠢᠯ᠎ᠤᠨ ᠬᠢᠨᠠᠯᠲᠠ ᠲᠠᠯᠪᠢᠬᠤ᠎ᠪᠠᠨ ᠴᠢᠩᠭ᠋ᠠᠷᠠᠭᠤᠯᠤᠨ᠎ᠠ᠃ ᠡᠯ᠎ᠡ ᠠᠶ᠋ᠢᠮᠠᠭ ᠬᠣᠲᠠ ᠵᠢᠨ ᠲᠣᠭ᠎ᠠ ᠪᠦᠷᠢᠳᠬᠡᠯ᠎ᠤᠨ ᠲᠣᠪᠴᠢᠶ᠎ᠠ᠎ᠨᠤᠭᠤᠳ ᠪᠠᠲᠤᠯᠠᠨ ᠲᠠᠨᠢᠯᠴᠠᠭᠤᠯᠬᠤ ᠨᠥᠬᠥᠴᠡᠯ ᠪᠣᠯᠤᠨ ᠦᠨᠡᠮᠰᠢᠬᠦ ᠪᠠᠷᠢᠮᠵᠢᠶ᠎ᠠ ᠶᠣᠰᠣᠭ᠋ᠠᠷ ᠡᠨᠡᠬᠦ ᠠᠵᠢᠯ᠎ᠢ ᠬᠢᠨᠠᠮᠠᠭ᠋ᠠᠶ ᠵᠣᠬᠢᠶᠠᠨ ᠪᠠᠶ᠋ᠢᠭᠤᠯᠤᠨ ᠥᠷᠨᠢᠭᠦᠯᠵᠦ᠂ ᠮᠠᠭ᠋ᠠᠳᠯᠠᠨ ᠲᠤᠭᠳᠠᠭ᠋ᠠᠭᠰᠠᠨ ᠠᠵᠤ ᠠᠬᠤᠶ᠋ᠢᠯᠠᠯ᠎ᠨᠢ ᠬᠠᠮᠢᠶ᠎ᠠ ᠪᠦᠬᠦᠢ ᠱᠠᠭ᠋ᠠᠷᠳᠠᠯᠭ᠎ᠠ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠲᠣᠪᠴᠢᠶ᠎ᠠ᠎ᠨᠢ ᠲᠣᠭ᠎ᠠ ᠪᠦᠷᠢᠳᠬᠡᠯ᠎ᠤᠨ ᠰᠢᠮᠳᠠᠭᠤᠯᠤᠨ ᠪᠠᠶ᠋ᠢᠴᠠᠭ᠋ᠠᠯᠲᠠ ᠪᠠ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ ᠵᠡᠷᠭᠡ ᠠᠵᠢᠯ᠎ᠤᠨ ᠳᠤᠮᠳᠠ ᠮᠠᠭ᠋ᠠᠳᠯᠠᠨ ᠲᠣᠭᠲᠠᠭ᠋ᠠᠭᠰᠠᠨ ᠠᠵᠤ ᠠᠬᠤᠶ᠋ᠢᠯᠠᠯ᠎ᠢ ᠬᠡᠷᠡᠭ᠎ᠤᠨ ᠳᠠᠷᠠᠭ᠎ᠠ ᠬᠢᠨᠠᠨ ᠬᠠᠮᠢᠶᠠᠷᠬᠤ ᠪᠠ ᠪᠣᠳᠠᠲᠠᠶ ᠭᠠᠵᠠᠷ᠎ᠲᠤᠨᠢ ᠳᠠᠬᠢᠨ ᠬᠢᠨᠠᠵᠤ᠂ ᠵᠣᠬᠢᠶᠠᠨ ᠪᠠᠶ᠋ᠢᠭᠤᠯᠤᠭᠰᠠᠨ᠎ᠨᠢ ᠬᠦᠴᠦᠨ ᠥᠬᠡᠶ᠂ ᠠᠵᠢᠯ᠎ᠤᠨ ᠱᠠᠭ᠋ᠠᠷᠳᠠᠯᠭ᠎ᠠ ᠶᠣᠰᠣᠭ᠋ᠠᠷ ᠠᠵᠢᠯ ᠵᠶ᠋ᠠᠨ ᠥᠷᠨᠢᠭᠦᠯᠦᠭᠰᠡᠨ ᠥᠬᠡᠶ ᠪᠤᠶᠤ ᠮᠠᠭᠤ ᠨᠥᠯᠥᠭᠡ ᠭᠠᠷᠭ᠋ᠠᠭᠰᠠᠨ ᠪᠠᠶ᠋ᠢᠪᠠᠯ᠂ ᠪᠥᠬᠥ ᠣᠷᠣᠨ᠎ᠳᠤ ᠢᠯᠡᠴᠢᠯᠡᠨ ᠮᠡᠳᠡᠭᠳᠡᠨ᠎ᠡ᠃
    (ᠭᠤᠷᠪᠠ) ᠨᠡᠶ᠋ᠢᠲᠡᠯᠢᠭ ᠵᠢᠱ᠌ᠢᠶ᠎ᠡ᠎ᠪᠠᠷ ᠬᠥᠲᠥᠯᠥᠨ ᠳᠠᠭ᠋ᠠᠭᠤᠯᠬᠤ ᠵᠢ ᠪᠠᠳᠠᠷᠠᠭᠤᠯᠤᠨ᠎ᠠ᠃ ᠡᠯ᠎ᠡ ᠱᠠᠲᠤᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠨᠢ ᠲᠣᠭ᠎ᠠ ᠪᠦᠷᠢᠳᠬᠡᠯ᠎ᠤᠨ ᠦᠨᠡᠨᠴᠢ ᠢᠲᠡᠭᠡᠮᠵᠢ ᠵᠢᠨ ᠠᠵᠤ ᠠᠬᠤᠶ᠋ᠢᠯᠠᠯ᠎ᠢ ᠮᠠᠭ᠋ᠠᠳᠯᠠᠨ ᠲᠣᠭᠲᠠᠭ᠋ᠠᠬᠤ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠦᠨᠡᠨᠴᠢ ᠢᠲᠡᠭᠡᠮᠵᠢ ᠵᠢᠨ ᠠᠵᠤ ᠠᠬᠤᠶ᠋ᠢᠯᠠᠯ》 ᠵᠶ᠋ᠠᠷ ᠮᠠᠭ᠋ᠠᠳᠯᠠᠨ ᠲᠣᠭᠲᠠᠭ᠋ᠠᠬᠤ ᠵᠢᠨ ᠬᠠᠮᠲᠤ 《ᠢᠲᠡᠭᠡᠮᠵᠢᠲᠦ ᠳᠤᠮᠳᠠᠳᠤ ᠤᠯᠤᠰ (ᠥᠪᠥᠷ ᠮᠣᠩᠭᠣᠯ)》᠎ᠤᠨ ᠲᠠᠪᠴᠠᠩ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠦᠨᠡᠨᠴᠢ ᠢᠲᠡᠭᠡᠮᠵᠢ ᠵᠢᠨ ᠵᠢᠱ᠌ᠢᠶ᠎ᠡ ᠦᠵᠡᠭᠦᠯᠬᠦ ᠠᠵᠤ ᠠᠬᠤᠶ᠋ᠢᠯᠠᠯ》 ᠪᠣᠯᠤᠭᠰᠠᠨ ᠪᠠᠶ᠋ᠢᠪᠠᠯ᠂ ᠥᠷᠭᠡᠨ ᠵᠶ᠋ᠠᠷ ᠤᠬᠠᠭᠤᠯᠵᠤ᠂ ᠦᠨᠡᠨᠴᠢ ᠢᠲᠡᠭᠡᠮᠵᠢᠲᠡᠶ᠂ ᠬᠠᠤᠯᠢ ᠶᠣᠰᠣᠭ᠋ᠠᠷ ᠪᠦᠷᠢᠳᠬᠡᠭᠰᠡᠨ ᠲᠣᠭ᠎ᠠ ᠪᠦᠷᠢᠳᠬᠡᠯ᠎ᠤᠨ ᠠᠵᠢᠯ ᠮᠡᠷᠭᠡᠵᠢᠯ᠎ᠤᠨ ᠶᠣᠰᠣ ᠮᠣᠷᠠᠯ᠎ᠢ ᠢᠳᠡᠪᠬᠢᠲᠡᠶ ᠪᠠᠳᠠᠷᠠᠭᠤᠯᠵᠤ᠂ ᠨᠡᠶ᠋ᠢᠭᠡᠮ᠎ᠤᠨ ᠨᠥᠯᠥᠭᠡᠯᠡᠬᠦ ᠬᠦᠴᠦᠨ᠎ᠢ ᠣᠯᠠᠨ ᠠᠷᠭ᠎ᠠ ᠵᠠᠮ ᠵᠶ᠋ᠠᠷ ᠥᠷᠭᠡᠳᠬᠡᠬᠦ ᠬᠡᠷᠡᠭᠲᠡᠶ᠃
   

ᠳᠠᠭ᠋ᠠᠯᠳᠤᠭᠤᠯᠤᠯ

 

ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠤᠨ᠎ᠤ ᠲᠣᠭ᠎ᠠ ᠪᠦᠷᠢᠳᠭᠡᠯ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠲᠥᠪ᠎ᠤᠨ ᠨᠠᠢ᠍ᠮᠠᠨ ᠲᠣᠭᠲᠠᠭ᠋ᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠬᠤ ᠰᠤᠷᠤᠯᠴᠠᠯᠭ᠎ᠠ ᠬᠥᠮᠦᠵᠢᠯ᠎ᠤᠨ ᠰᠠᠨᠠᠯ ᠬᠤᠷᠢᠶᠠᠬᠤ ᠲᠤᠬᠠᠶ ᠠᠯᠪᠠᠨ ᠵᠠᠷ
《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠮᠡᠷᠭᠡᠵᠢᠯ᠎ᠤᠨ ᠴᠣᠯᠠ ᠵᠢ ᠬᠢᠨᠠᠨ ᠲᠣᠭᠲᠠᠭ᠋ᠠᠬᠤ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠲᠦᠷᠢᠮ》᠎ᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠮᠡᠳᠡᠭᠳᠡᠯ᠎ᠢ ᠳᠠᠮᠵᠢᠭᠤᠯᠬᠤ᠎ᠨᠢ
《ᠲᠣᠭ᠎ᠠ ᠪᠦᠷᠢᠳᠬᠡᠯ᠎ᠤᠨ ᠲᠤᠰᠬᠠᠶ ᠮᠡᠷᠭᠡᠵᠢᠯ᠎ᠤᠨ ᠬᠢᠷᠢ ᠬᠡᠮ᠎ᠤᠨ ᠲᠣᠭᠲᠠᠭ᠋ᠠᠯ》 ᠪᠣᠯᠤᠨ 《ᠲᠣᠭ᠎ᠠ ᠪᠦᠷᠢᠳᠬᠡᠯ᠎ᠤᠨ ᠲᠤᠰᠬᠠᠶ ᠮᠡᠷᠭᠡᠵᠢᠯ᠎ᠤᠨ ᠬᠢᠷᠢ ᠬᠡᠮ᠎ᠤᠨ ᠰᠢᠯᠭ᠋ᠠᠯᠲᠠ ᠵᠢᠨ ᠬᠡᠷᠡᠭᠵᠢᠭᠦᠯᠬᠦ ᠠᠷᠭ᠎ᠠ》 ᠵᠢ ᠳᠠᠷᠤᠮᠠᠯᠯᠠᠨ ᠶᠠᠪᠤᠭᠤᠯᠬᠤ ᠲᠤᠬᠠᠶ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ ᠬᠥᠮᠦᠨ᠎ᠤ ᠬᠦᠴᠦᠨ᠎ᠤ ᠡᠬᠢ ᠪᠠᠶᠠᠯᠢᠭ ᠨᠡᠶ᠋ᠢᠭᠡᠮ᠎ᠤᠨ ᠪᠠᠲᠤᠯᠠᠭ᠎ᠠ ᠵᠢᠨ ᠶᠠᠮᠤᠨ᠎ᠤ ᠮᠡᠳᠡᠭᠳᠡᠯ᠎ᠢ ᠳᠠᠮᠵᠢᠭᠤᠯᠬᠤ᠎ᠨᠢ
2025 ᠣᠨ᠎ᠤ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠰᠢᠷᠢᠰ ᠳᠡᠭᠡᠳᠦ ᠵᠡᠷᠭᠡ ᠵᠢᠨ ᠲᠤᠰᠬᠠᠶ ᠮᠡᠷᠭᠡᠵᠢᠯ᠎ᠤᠨ ᠬᠢᠷᠢ ᠬᠡᠮ᠎ᠢ ᠬᠢᠨᠠᠨ ᠲᠣᠭᠲᠠᠭ᠋ᠠᠬᠤ᠎ᠪᠠᠷ ᠭᠤᠶᠤᠴᠢᠯᠠᠨ ᠮᠡᠳᠡᠭᠦᠯᠬᠦ ᠠᠵᠢᠯ ᠥᠷᠨᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠮᠡᠳᠡᠭᠳᠡᠯ
2024 ᠣᠨ᠎ᠤ ᠳᠡᠭᠡᠳᠦ ᠵᠡᠷᠭᠡ ᠵᠢᠨ ᠪᠦᠷᠢᠳᠬᠡᠭᠴᠢ ᠵᠢᠨ ᠬᠢᠷᠢ ᠬᠡᠮ᠎ᠤᠨ ᠰᠢᠯᠭ᠋ᠠᠯᠲᠠ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠢᠷᠢ ᠲᠡᠩᠴᠡᠭᠦ ᠪᠠᠷᠢᠮᠵᠢᠶ᠎ᠠ ᠵᠢ ᠲᠣᠭᠲᠠᠭ᠋ᠠᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠮᠡᠳᠡᠭᠳᠡᠯ
 
            