ᠲᠡᠷᠢᠭᠦᠨ ᠬᠠᠭᠤᠳᠠᠰᠤ
ᠠᠵᠢᠯ᠎ᠤᠨ ᠪᠠᠶ᠋ᠢᠳᠠᠯ
ᠢᠯᠡ ᠵᠠᠰᠠᠭ
ᠲᠤᠭ᠎ᠠ ᠪᠦᠷᠢᠳᠭᠡᠯ᠎ᠤᠨ ᠦᠢᠯᠡᠴᠢᠯᠡᠭᠡ
ᠠᠵᠢᠯ᠎ᠤᠨ ᠪᠠᠶ᠋ᠢᠳᠠᠯ   -   ᠰᠤᠷᠪᠤᠯᠵᠢᠯᠠᠭ᠎ᠠ
2022 ᠣᠨ᠎ᠤ ᠪᠦᠬᠦ ᠣᠷᠣᠨ᠎ᠤ ᠠᠵᠤ ᠠᠬᠤᠢ ᠬᠦᠴᠢᠷ᠎ᠢ ᠲᠤᠭᠤᠯᠤᠨ ᠡᠷᠡᠮᠡᠬᠡᠶ᠋ᠢᠯᠡᠨ ᠤᠷᠤᠭᠰᠢᠯᠠᠵᠤ ᠰᠢᠨ᠎ᠡ ᠳᠡᠭᠲᠡᠷ᠎ᠲᠤ ᠭᠠᠷᠪᠠ
ᠨᠡᠶ᠋ᠢᠲᠡᠯᠡᠭᠰᠡᠨ ᠴᠠᠭ᠄ 2023-01-19

            ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ
          ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶᠠᠨ᠎ᠤ ᠥᠪᠥᠷ ᠮᠣᠩᠭᠣᠯ᠎ᠤᠨ ᠪᠠᠶ᠋ᠢᠴᠠᠭ᠋ᠠᠯᠲᠠ ᠵᠢᠨ

          ᠶᠡᠷᠦᠩᠬᠡᠶ ᠠᠩᠭᠢ
                    (2023 ᠣᠨ᠎ᠤ 1 ᠰᠠᠷ᠎ᠠ ᠵᠢᠨ 18᠎ᠤ ᠡᠳᠦᠷ)

       2022 ᠣᠨ᠎ᠳᠤ᠂ ᠨᠠᠷᠢᠨ ᠪᠤᠳᠤᠯᠢᠶᠠᠨᠲᠠᠢ ᠪᠥᠭᠡᠳ ᠬᠦᠨᠳᠦ ᠬᠡᠴᠡᠭᠦᠦ ᠭᠠᠳᠠᠭ᠋ᠠᠳᠤ ᠣᠷᠴᠢᠨ ᠪᠠ ᠪᠡᠷᠬᠡ ᠬᠠᠲᠠᠭᠤᠵᠢᠯᠲᠠᠢ ᠥᠭᠡᠷᠡᠴᠢᠯᠡᠯᠲᠡ ᠬᠥᠭᠵᠢᠯᠲᠡ ᠲᠣᠭᠲᠠᠭᠤᠨ᠎ᠤ ᠡᠭᠦᠷᠭᠡ ᠵᠢᠨ ᠡᠮᠦᠨ᠎ᠡ᠂ ᠪᠦᠬᠦ ᠣᠷᠣᠨ ᠳᠠᠶᠠᠭ᠋ᠠᠷ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠲᠠᠯᠠᠵᠤ᠂ ᠨᠠᠮ᠎ᠤᠨ ᠲᠥᠪ ᠬᠣᠷᠢᠶᠠᠨ᠎ᠤ 《ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ᠂ ᠠᠵᠤ ᠠᠬᠤᠢ ᠵᠢ ᠲᠣᠭᠲᠠᠪᠤᠷᠢᠵᠢᠭᠤᠯᠬᠤ᠂ ᠬᠥᠭᠵᠢᠯᠲᠡ ᠵᠢ ᠠᠮᠤᠷ ᠲᠦᠪᠰᠢᠨ ᠪᠠᠶ᠋ᠢᠯᠭ᠋ᠠᠬᠤ》 ᠴᠢᠬᠤᠯᠠ ᠱᠠᠭ᠋ᠠᠷᠳᠠᠯᠭ᠎ᠠ ᠵᠢ ᠡᠷᠡᠰ ᠨᠠᠶ᠋ᠢᠳᠠᠪᠤᠷᠢᠵᠢᠭᠤᠯᠵᠤ᠂ 《ᠲᠠᠪᠤᠨ ᠲᠤᠮᠤ ᠡᠭᠦᠷᠭᠡ》᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢ ᠥᠨᠳᠥᠷ ᠪᠦᠲᠦᠮᠵᠢᠲᠡᠢ ᠨᠢᠭᠡᠳᠦᠯᠲᠡᠢ ᠲᠥᠯᠥᠪᠵᠢᠭᠦᠯᠵᠦ᠂ ᠠᠵᠤ ᠠᠬᠤᠢ ᠤᠷᠤᠭᠤᠳᠠᠬᠤ ᠳᠠᠷᠤᠯᠲᠠ ᠵᠢ ᠢᠳᠡᠪᠬᠢᠲᠡᠢ ᠠᠷᠭ᠋ᠠᠴᠠᠭ᠋ᠠᠵᠤ᠂ ᠲᠦᠷᠦ ᠵᠢᠨ ᠪᠤᠳᠤᠯᠭ᠎ᠡ ᠵᠢ ᠨᠠᠶ᠋ᠢᠳᠠᠪᠤᠷᠢᠵᠢᠭᠤᠯᠬᠤ ᠡᠷᠴᠢᠮ ᠵᠶ᠋ᠠᠨ ᠦᠷᠭᠦᠯᠵᠢᠯᠡᠨ ᠴᠢᠩᠭ᠋ᠠᠷᠠᠭᠤᠯᠵᠤ᠂ ᠴᠢᠨᠠᠷ ᠰᠠᠶ᠋ᠢᠲᠠᠢ ᠬᠥᠭᠵᠢᠯᠲᠡ ᠵᠢ ᠲᠦᠷᠭᠡᠳᠬᠡᠨ ᠠᠬᠢᠭᠤᠯᠵᠤ᠂ ᠪᠦᠬᠦ ᠣᠷᠣᠨ᠎ᠤ ᠠᠵᠤ ᠠᠬᠤᠢ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ᠂ ᠬᠦᠴᠢᠷ᠎ᠤᠨ ᠳᠤᠮᠳᠠ ᠠᠮᠵᠢᠯᠲᠠ ᠤᠯᠬᠤ ᠵᠢ ᠲᠦᠷᠭᠡᠳᠬᠡᠪᠡ᠃ ᠲᠠᠷᠢᠶᠠᠯᠠᠩ ᠮᠠᠯ ᠠᠵᠤ ᠠᠬᠤᠶ ᠵᠢᠨ ᠦᠢ᠍ᠯᠡᠳᠪᠦᠷᠢᠯᠡᠯ ᠵᠠᠯᠭ᠋ᠠᠭ᠎ᠠ᠎ᠪᠠᠷ ᠲᠣᠭᠲᠠᠭᠤᠨ ᠪᠠᠶ᠋ᠢᠵᠤ᠂ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ ᠲᠣᠭᠲᠠᠭᠤᠨ᠎ᠤ ᠳᠤᠮᠳᠠ ᠶᠠᠰᠤ ᠴᠢᠨᠠᠷ ᠵᠶ᠋ᠠᠨ ᠳᠡᠭᠡᠭᠰᠢᠯᠡᠭᠦᠯᠵᠦ᠂ ᠪᠦᠲᠦᠮᠵᠢᠲᠡᠶ ᠪᠠᠯᠠ ᠣᠷᠣᠭᠤᠯᠤᠯᠲᠠ ᠵᠢ ᠦᠷᠭᠦᠯᠵᠢᠯᠡᠨ ᠥᠷᠭᠡᠳᠬᠡᠵᠦ᠂ ᠬᠥᠳᠡᠯᠭᠡᠬᠦ ᠡᠨᠧᠷᠭᠢ ᠵᠢᠨ ᠰᠣᠯᠢᠭᠳᠠᠯ ᠲᠦᠷᠭᠡᠨ ᠪᠥᠭᠡᠳ ᠲᠣᠭᠲᠠᠭᠤᠨ ᠪᠠᠶ᠋ᠢᠨ᠎ᠠ᠃
        ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠎ᠤᠨ ᠨᠢᠭᠡᠳᠦᠯᠲᠡᠶ ᠬᠠᠷᠭᠤᠭᠤᠯᠤᠨ ᠪᠤᠳᠤᠭᠰᠠᠨ ᠦᠷ᠎ᠡ ᠳ᠋ᠦᠩ᠎ᠢ ᠦᠨᠳᠦᠰᠦᠯᠡᠪᠡᠯ᠂ 2022 ᠣᠨ᠎ᠳᠤ ᠪᠥᠬᠥ ᠣᠷᠣᠨ᠎ᠤ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ 23159 ᠳ᠋ᠦᠩᠰᠢᠭᠤᠷ ᠲᠥᠭᠥᠷᠢᠭ᠎ᠲᠤ ᠬᠦᠷᠴᠦ᠂ ᠬᠠᠷᠢᠴᠠᠭᠤᠯᠵᠤ ᠪᠣᠯᠬᠤ ᠦᠨ᠎ᠡ᠎ᠪᠠᠷ ᠪᠤᠳᠤᠪᠠᠯ᠂ ᠳᠡᠭᠡᠷ᠎ᠡ ᠵᠢᠯ᠎ᠤᠨ᠎ᠬᠢ᠎ᠠᠴᠠ 4.2% ᠵᠶ᠋ᠠᠷ ᠨᠡᠮᠡᠭᠳᠡᠪᠡ᠃ ᠡᠭᠦᠨ᠎ᠳᠤ᠂ ᠨᠢᠭᠡᠳᠦᠭᠡᠷ ᠠᠵᠤ ᠦᠢ᠍ᠯᠡᠰ᠎ᠤᠨ ᠨᠡᠮᠡᠭᠳᠡᠯ ᠥᠷᠲᠡᠭ 2654 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 4.3%᠎ᠪᠠᠷ ᠨᠡᠮᠡᠭᠳᠡᠪᠡ; ᠬᠣᠶᠠᠳᠤᠭ᠋ᠠᠷ ᠠᠵᠤ ᠦᠢ᠍ᠯᠡᠰ᠎ᠤᠨ ᠨᠡᠮᠡᠭᠳᠡᠯ ᠥᠷᠲᠡᠭ 11242 ᠳ᠋ᠦᠩᠰᠢᠭᠤᠷ ᠲᠥᠭᠥᠷᠢᠭ᠎ᠲᠤ ᠬᠦᠷᠴᠦ᠂ 6.5 %᠎ᠪᠠᠷ ᠨᠡᠮᠡᠭᠳᠡᠪᠡ; ᠭᠤᠷᠪᠠᠳᠤᠭ᠋ᠠᠷ ᠠᠵᠤ ᠦᠢ᠍ᠯᠡᠰ᠎ᠤᠨ ᠨᠡᠮᠡᠭᠳᠡᠯ ᠥᠷᠲᠡᠭ 9263 ᠳ᠋ᠦᠩᠰᠢᠭᠤᠷ ᠲᠥᠭᠥᠷᠢᠭ᠎ᠲᠤ ᠬᠦᠷᠴᠦ᠂ 2.2%᠎ᠪᠠᠷ ᠨᠡᠮᠡᠭᠳᠡᠪᠡ᠃
        ᠨᠢᠭᠡ᠂ ᠠᠮᠤ ᠪᠤᠳᠠᠭ᠎ᠠ ᠡᠯᠪᠡᠭ ᠲᠠᠷᠢᠶᠠᠯᠠᠩ ᠲᠣᠭᠲᠠᠭᠤᠨ ᠪᠠᠶ᠋ᠢᠵᠤ᠂ ᠳᠠᠬᠢᠨᠲᠠ ᠰᠢᠨ᠎ᠡ ᠲᠡᠮᠳᠡᠭᠯᠡᠯ᠎ᠢ ᠡᠭᠦᠳᠴᠦ᠂ ᠲᠠᠷᠢᠶᠠᠯᠠᠩ ᠮᠠᠯ ᠠᠵᠤ ᠠᠬᠤᠶ ᠵᠢᠨ ᠰᠠᠭᠤᠷᠢ ᠴᠢᠯᠠᠭᠤ ᠵᠢᠨ ᠦᠢ᠍ᠯᠡᠳᠦᠯ᠎ᠢ ᠤᠯᠠᠮ ᠢᠯᠡᠷᠡᠭᠦᠯᠪᠡ᠃

        ᠠᠮᠤ ᠪᠤᠳᠠᠭ᠋ᠠᠨ᠎ᠤ ᠭᠠᠷᠤᠯᠲᠠ ᠠᠷᠪᠠ ᠶᠢᠰᠦᠨ ᠵᠢᠯ ᠳᠠᠷᠠᠭ᠋ᠠᠯᠠᠨ ᠡᠯᠪᠡᠭ ᠬᠤᠷᠢᠶᠠᠯᠲᠠ ᠤᠯᠪᠠ᠃ 2022 ᠣᠨ᠎ᠳᠤ᠂ ᠪᠥᠬᠥ ᠣᠷᠣᠨ᠎ᠤ ᠠᠮᠤ ᠪᠤᠳᠠᠭ᠋ᠠᠨ᠎ᠤ ᠶᠡᠷᠦᠩᠬᠡᠶ ᠤᠨᠠᠯᠲᠠ 780.1 ᠳ᠋ᠦᠩᠰᠢᠭᠤᠷ ᠵᠢᠩ᠎ᠳᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 1.6%᠎ᠪᠠᠷ ᠨᠡᠮᠡᠭᠳᠡᠵᠦ᠂ ᠠᠮᠤ ᠪᠤᠳᠠᠭ᠋ᠠᠨ᠎ᠤ ᠲᠠᠷᠢᠮᠠᠯ᠎ᠤᠨ ᠲᠠᠯᠠᠪᠠᠶ ᠨᠢᠭᠡᠴᠢ ᠵᠢᠨ ᠳᠤᠮᠳᠠᠴᠢ ᠤᠨᠠᠯᠲᠠ ᠮᠥ᠍ ᠪᠦᠷᠢ᠎ᠳᠤ 748.1 ᠵᠢᠩ᠎ᠳᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ ᠮᠥ᠍ ᠪᠦᠷᠢ᠎ᠳᠤ 4.3 ᠵᠢᠩ ᠳᠡᠭᠡᠭᠰᠢᠯᠡᠵᠦ᠂ ᠠᠮᠤ ᠪᠤᠳᠠᠭ᠋ᠠᠨ᠎ᠤ ᠶᠡᠷᠦᠩᠬᠡᠶ ᠤᠨᠠᠯᠲᠠ ᠪᠣᠯᠤᠨ ᠲᠠᠯᠠᠪᠠᠶ ᠨᠢᠭᠡᠴᠢ ᠵᠢᠨ ᠤᠨᠠᠯᠲᠠ ᠴᠥᠮ ᠲᠡᠦᠬᠡ ᠵᠢᠨ ᠰᠢᠨ᠎ᠡ ᠲᠡᠮᠳᠡᠭᠯᠡᠯ᠎ᠢ ᠡᠭᠦᠳᠪᠡ᠃ ᠮᠠᠯ ᠠᠵᠤ ᠠᠬᠤᠶ ᠵᠢᠨ ᠦᠢ᠍ᠯᠡᠳᠪᠦᠷᠢᠯᠡᠯ ᠠᠷᠪᠠᠨ ᠨᠠᠢ᠍ᠮᠠᠨ ᠵᠢᠯ ᠳᠠᠷᠠᠭ᠋ᠠᠯᠠᠨ ᠲᠣᠭᠲᠠᠪᠤᠷᠢᠵᠢᠪᠠ᠃ ᠪᠥᠬᠥ ᠣᠷᠣᠨ᠎ᠤ ᠭᠠᠬᠠᠶ ᠦᠬᠡᠷ ᠬᠣᠨᠢ ᠵᠢᠭᠦᠷᠲᠡᠨ᠎ᠤ ᠮᠢᠬᠠᠨ᠎ᠤ ᠭᠠᠷᠤᠯᠲᠠ 277.8 ᠲᠦᠮᠡᠨ ᠲᠣᠨ᠎ᠳᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 2 8%᠎ᠪᠠᠷ ᠨᠡᠮᠡᠭᠳᠡᠪᠡ᠃ ᠡᠭᠦᠨ᠎ᠳᠤ᠂ ᠭᠠᠬᠠᠢ ᠵᠢᠨ ᠮᠢᠬ᠎ᠠ 73.7 ᠲᠦᠮᠡᠨ ᠲᠣᠨ᠎ᠳᠤ ᠬᠦᠷᠴᠦ᠂ 9.3%᠎ᠪᠠᠷ ᠨᠡᠮᠡᠭᠳᠡᠪᠡ; ᠦᠬᠡᠷ᠎ᠤᠨ ᠮᠢᠬ᠎ᠠ 71.9 ᠲᠦᠮᠡᠨ ᠲᠣᠨ᠎ᠳᠤ ᠬᠦᠷᠴᠦ᠂ 4.6%᠎ᠪᠠᠷ ᠨᠡᠮᠡᠭᠳᠡᠪᠡ᠃   ᠰᠦ ᠰᠠᠭ᠋ᠠᠯᠢ ᠵᠢᠨ ᠦᠢ᠍ᠯᠡᠰ᠎ᠤᠨ ᠬᠥᠭᠵᠢᠯᠲᠡ ᠲᠣᠭᠲᠠᠭᠤᠨ ᠵᠶ᠋ᠠᠷ ᠠᠭᠢᠪᠠ᠃ ᠪᠥᠬᠥ ᠣᠷᠣᠨ᠎ᠤ ᠰᠠᠭ᠋ᠠᠯᠢ ᠵᠢᠨ ᠦᠨᠢᠶ᠎ᠡ 159.0 ᠲᠦᠮᠡ᠎ᠳᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 10.9%᠎ᠪᠠᠷ ᠨᠡᠮᠡᠭᠳᠡᠪᠡ; ᠦᠨᠢᠶᠡᠨ ᠰᠦ ᠵᠢᠨ ᠭᠠᠷᠤᠯᠲᠠ 733.8 ᠲᠦᠮᠡᠨ ᠲᠣᠨ᠎ᠳᠤ ᠬᠦᠷᠴᠦ᠂ 9.0% ᠵᠶ᠋ᠠᠷ ᠨᠡᠮᠡᠭᠳᠡᠪᠡ᠃ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠴᠠᠭ᠋ᠠᠨ ᠢᠳᠡᠭᠡᠨ᠎ᠤ ᠭᠠᠷᠤᠯᠲᠠ 415.2 ᠲᠦᠮᠡᠨ ᠲᠣᠨ᠎ᠳᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 12.6%᠎ᠪᠠᠷ ᠨᠡᠮᠡᠭᠳᠡᠪᠡ᠃
      ᠬᠣᠶᠠᠷ᠂ ᠲᠣᠭᠲᠠᠭᠤᠨ ᠪᠠᠶ᠋ᠢᠯᠭ᠋ᠠᠬᠤ ᠵᠢᠨ ᠳᠤᠮᠳᠠ ᠶᠠᠰᠤ ᠴᠢᠨᠠᠷ᠎ᠢ ᠳᠡᠭᠡᠭᠰᠢᠯᠡᠭᠦᠯᠦᠨ᠂ ᠲᠣᠪᠣᠶ᠋ᠢᠮ᠎ᠠ ᠬᠤᠪᠢ ᠨᠡᠮᠡᠷᠢ ᠦᠵᠡᠭᠦᠯᠵᠦ᠂ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ ᠲᠦᠷᠭᠡᠨ ᠨᠡᠮᠡᠭᠳᠡᠯ᠎ᠢ ᠪᠠᠲᠤᠯᠠᠪᠠ᠃

       2022 ᠣᠨ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ ᠳᠡᠭᠡᠷ᠎ᠡ ᠵᠢᠯ᠎ᠤᠨ᠎ᠬᠢ᠎ᠠᠴᠠ 8.1%᠎ᠪᠠᠷ ᠨᠡᠮᠡᠭᠳᠡᠪᠡ᠃ 38 ᠠᠵᠢᠯ ᠲᠥᠷᠥᠯ᠎ᠤᠨ ᠲᠣᠮᠣ ᠲᠥᠷᠥᠯ᠎ᠤᠨ ᠳᠣᠲᠣᠷ᠎ᠠ᠂ 25 ᠠᠵᠢᠯ ᠲᠥᠷᠥᠯ᠎ᠨᠢ ᠨᠡᠮᠡᠭᠳᠡᠯ᠎ᠢ ᠪᠡᠶᠡᠯᠡᠭᠦᠯᠵᠦ᠂ ᠨᠡᠮᠡᠭᠳᠡᠯ᠎ᠤᠨ ᠬᠡᠪᠴᠢᠶ᠎ᠡ᠎ᠨᠢ 65.8%᠎ᠳᠤ ᠬᠦᠷᠴᠦ᠂ ᠪᠥᠬᠥ ᠣᠷᠣᠨ᠎ᠤ ᠠᠵᠤ ᠠᠬᠤᠶ ᠵᠢᠨ ᠶᠡᠬᠡ ᠪᠠᠶ᠋ᠢᠳᠠᠯ᠎ᠢ ᠲᠣᠭᠲᠠᠪᠤᠷᠢᠵᠢᠭᠤᠯᠬᠤ᠎ᠳᠤ ᠪᠠᠲᠤ ᠪᠠᠬᠢ ᠰᠠᠭᠤᠷᠢ ᠵᠢ ᠲᠠᠯᠪᠢᠪᠠ᠃ ᠭᠤᠷᠪᠠᠨ ᠶᠡᠬᠡ ᠲᠥᠷᠥᠯ ᠬᠤᠪᠢᠶᠠᠵᠤ ᠦᠵᠡᠪᠡᠯ᠂ ᠠᠭᠤᠷᠬᠠᠶ ᠮᠠᠯᠲᠠᠬᠤ ᠦᠢ᠍ᠯᠡᠰ᠎ᠤᠨ ᠨᠡᠮᠡᠭᠳᠡᠯ ᠥᠷᠲᠡᠭ ᠲᠦᠷᠦᠭᠦᠦ ᠵᠢᠯ᠎ᠤᠨ᠎ᠬᠢ᠎ᠠᠴᠠ᠎ᠪᠠᠨ 6.8%᠎ᠪᠠᠷ ᠨᠡᠮᠡᠭᠳᠡᠵᠦ᠂ ᠦᠢ᠍ᠯᠡᠳᠬᠦ ᠦᠢ᠍ᠯᠡᠰ 10.9%᠎ᠪᠠᠷ ᠨᠡᠮᠡᠭᠳᠡᠵᠦ᠂ ᠴᠠᠬᠢᠯᠭ᠋ᠠᠨ

ᠬᠦᠴᠦᠨ᠂ ᠢᠯᠴᠢ ᠵᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ᠎ᠤ ᠦᠢ᠍ᠯᠡᠳᠪᠦᠷᠢᠯᠡᠯ ᠪᠠ ᠬᠠᠩᠭ᠋ᠠᠯᠭ᠎ᠠ ᠵᠢᠨ ᠦᠢ᠍ᠯᠡᠰ 5.5%᠎ᠪᠠᠷ ᠨᠡᠮᠡᠭᠳᠡᠪᠡ᠃ ᠭᠤᠤᠯᠳᠠᠯᠭ᠎ᠠ᠎ᠲᠠᠢ ᠠᠵᠤ ᠦᠢ᠍ᠯᠡᠰ᠎ᠤᠨ ᠲᠤᠯᠭ᠋ᠠᠭᠤᠷᠢᠯᠠᠯ ᠬᠦᠴᠦᠲᠡᠶ᠃ ᠡᠨᠧᠷᠭᠢ ᠵᠢᠨ ᠠᠵᠤ ᠦᠢ᠍ᠯᠡᠳᠪᠦᠷᠢ᠂ ᠲᠡᠮᠦᠷᠯᠢᠭ ᠪᠠᠷᠢᠯᠭ᠎ᠠ ᠵᠢᠨ ᠮᠠᠲ᠋ᠧᠷᠢᠶᠠᠯ᠎ᠤᠨ ᠠᠵᠤ ᠦᠢ᠍ᠯᠡᠳᠪᠦᠷᠢ᠂ ᠲᠣᠨᠣᠭᠯᠠᠯ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ ᠲᠦᠷᠦᠭᠦᠦ ᠵᠢᠯ᠎ᠤᠨ᠎ᠬᠢ᠎ᠠᠴᠠ᠎ᠪᠠᠨ ᠲᠣᠰ ᠲᠣᠰ 7.6%᠂ 10.3% ᠪᠠ 43.3%᠎ᠪᠠᠷ ᠨᠡᠮᠡᠭᠳᠡᠵᠦ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ᠎ᠢ ᠨᠡᠶ᠋ᠢᠲᠡ 6.9 ᠵᠠᠭᠤᠨ᠎ᠤ ᠬᠤᠪᠢ ᠵᠢᠨ ᠴᠡᠭ ᠳᠠᠶ᠋ᠢᠴᠢᠯᠠᠪᠠ᠃ ᠰᠢᠨ᠎ᠡ ᠬᠥᠳᠡᠯᠭᠡᠭᠴᠢ ᠡᠨᠧᠷᠭᠢ ᠲᠦᠷᠭᠡᠪᠴᠢᠯᠡᠨ ᠪᠣᠶ᠋ᠢᠵᠢᠪᠠ᠃ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠪᠠᠶ᠋ᠢᠯᠳᠤᠬᠤ ᠪᠤᠳᠤᠯᠭ᠎ᠠ ᠵᠢᠨ ᠴᠢᠨᠠᠷᠲᠠᠢ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠤᠨ ᠨᠡᠮᠡᠭᠳᠡᠯ ᠦᠷᠳᠡᠭ ᠲᠦᠷᠦᠭᠦᠦ ᠵᠢᠯ᠎ᠤᠨ᠎ᠬᠢ᠎ᠠᠴᠠ 19.9%᠎ᠪᠠᠷ ᠨᠡᠮᠡᠭᠳᠡᠵᠦ᠂ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ 33.6%᠎ᠪᠠᠷ ᠨᠡᠮᠡᠭᠳᠡᠪᠡ᠃ ᠠᠵᠤ ᠦᠢ᠍ᠯᠡᠳᠪᠦᠷᠢ ᠵᠢᠨ ᠰᠢᠨ᠎ᠡ ᠦᠢ᠍ᠯᠡᠳᠬᠦᠨ᠎ᠤ ᠳᠣᠲᠣᠷ᠎ᠠ᠂ ᠲᠠᠩ ᠲᠠᠯᠠᠰᠲᠤ ᠴᠠᠬᠢᠭᠤᠷ᠂ ᠣᠯᠠᠨ ᠲᠠᠯᠠᠰᠲᠤ ᠴᠠᠬᠢᠭᠤᠷ᠂ ᠬᠣᠪᠣᠷ ᠰᠢᠷᠣᠶ ᠵᠢᠨ ᠨᠢᠭᠡᠳᠪᠦᠷᠢ ᠵᠢᠨ ᠭᠠᠷᠤᠯᠲᠠ ᠲᠣᠰ ᠲᠣᠰ 41.2 ᠲᠦᠮᠡᠨ ᠲᠣᠨ᠂ 13.9 ᠲᠦᠮᠡᠨ ᠲᠣᠨ ᠪᠠ 10.7 ᠲᠦᠮᠡᠨ ᠲᠣᠨ᠎ᠳᠤ ᠬᠦᠷᠴᠦ᠂ ᠲᠦᠷᠦᠭᠦᠦ ᠵᠢᠯ᠎ᠤᠨ᠎ᠬᠢ᠎ᠠᠴᠠ ᠲᠣᠰ ᠲᠣᠰ 25.7%᠂ 108.7% ᠪᠠ 22.7%᠎ᠪᠠᠷ ᠨᠡᠮᠡᠭᠳᠡᠪᠡ᠃ ᠡᠨᠧᠷᠭᠢ ᠵᠢᠨ ᠰᠤᠷᠪᠤᠯᠵᠢ ᠵᠢᠨ ᠬᠠᠩᠭ᠋ᠠᠯᠭ᠎ᠠ ᠵᠢ ᠪᠠᠲᠤᠯᠠᠬᠤ ᠠᠵᠢᠯ ᠲᠣᠭᠲᠠᠭᠤᠨ ᠪᠥᠭᠡᠳ ᠡᠮᠬᠢ ᠵᠢᠷᠤᠮ᠎ᠲᠠᠢ ᠶᠠᠪᠤᠭᠳᠠᠵᠤ ᠪᠠᠶ᠋ᠢᠨ᠎ᠠ᠃ ᠬᠡᠪᠴᠢᠶᠡᠵᠢᠯ᠎ᠠᠴᠠ ᠳᠡᠭᠡᠭᠰᠢᠬᠢ ᠲᠦᠭᠦᠬᠡᠶ ᠨᠡᠭᠦᠷᠡᠰᠦᠨ᠎ᠤ ᠭᠠᠷᠤᠯᠲᠠ 11.7 ᠳ᠋ᠦᠩᠰᠢᠭᠤᠷ ᠲᠣᠨ᠎ᠳᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 10.1%᠎ᠪᠠᠷ ᠨᠡᠮᠡᠭᠳᠡᠪᠡ; ᠴᠠᠬᠢᠯᠭ᠋ᠠᠨ ᠭᠠᠷᠭ᠋ᠠᠭᠰᠠᠨ ᠬᠡᠮᠵᠢᠶ᠎ᠡ 6440.3 ᠳ᠋ᠦᠩᠰᠢᠭᠤᠷ ᠺᠢᠯᠤᠸᠠᠲ ᠴᠠᠭ᠎ᠲᠤ ᠬᠦᠷᠴᠦ᠂ 7.0% ᠵᠶ᠋ᠠᠷ ᠨᠡᠮᠡᠭᠳᠡᠪᠡ᠃ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠦᠷ᠎ᠡ ᠠᠰᠢᠭ ᠲᠣᠭᠲᠠᠭᠤᠨ ᠵᠶ᠋ᠠᠷ ᠳᠡᠭᠡᠭᠰᠢᠯᠡᠪᠡ᠃ 2022 ᠣᠨ᠎ᠤ 1 - 11 ᠳ᠋ᠦᠭᠡᠷ ᠰᠠᠷ᠎ᠠ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠪᠡᠶᠡᠯᠡᠭᠦᠯᠦᠭᠰᠡᠨ ᠠᠰᠢᠭ ᠤᠯᠵᠠᠪᠤᠷᠢ ᠵᠢᠨ ᠶᠡᠷᠦᠩᠬᠡᠶ ᠲᠣᠭ᠎ᠠ 3860.0 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 23.8%᠎ᠪᠠᠷ ᠨᠡᠮᠡᠭᠳᠡᠪᠡ᠃
        ᠭᠤᠷᠪᠠ᠂ ᠶᠡᠷᠦᠩᠬᠡᠶ ᠨᠡᠮᠡᠭᠳᠡᠯ᠎ᠲᠠᠢ᠂ ᠦᠨᠳᠦᠰᠦᠨ᠎ᠳᠡᠭᠡᠨ ᠲᠣᠭᠲᠠᠭᠤᠨ ᠪᠠᠶ᠋ᠢᠵᠤ᠂ ᠦᠢ᠍ᠯᠡᠴᠢᠯᠡᠭᠡᠨ᠎ᠤ ᠦᠢ᠍ᠯᠡᠰ᠎ᠤᠨ ᠠᠵᠢᠯᠯᠠᠭ᠋ᠠᠨ ᠵᠢᠱ᠌ᠢᠭᠰᠡᠨ᠎ᠠᠴᠠ ᠰᠠᠶ᠋ᠢᠨ ᠪᠣᠯᠪᠠ᠃

       2022 ᠣᠨ᠎ᠳᠤ᠂ ᠪᠥᠬᠥ ᠣᠷᠣᠨ᠎ᠤ ᠦᠢ᠍ᠯᠡᠴᠢᠯᠡᠭᠡᠨ᠎ᠤ ᠦᠢ᠍ᠯᠡᠰ᠎ᠤᠨ ᠨᠡᠮᠡᠭᠳᠡᠯ ᠥᠷᠲᠡᠭ᠎ᠤᠨ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠎ᠲᠤ ᠡᠵᠡᠯᠡᠬᠦ ᠬᠤᠪᠢ ᠵᠢᠨ ᠵᠢᠩ᠎ᠨᠢ 40.0% ᠪᠠᠶ᠋ᠢᠵᠤ᠂ ᠠᠵᠤ ᠠᠬᠤᠶ ᠵᠢᠨ ᠨᠡᠮᠡᠭᠳᠡᠯ᠎ᠳᠤ ᠦᠵᠡᠭᠦᠯᠬᠦ ᠬᠤᠪᠢ ᠨᠡᠮᠡᠷᠢ ᠵᠢᠨ ᠨᠣᠷᠮ᠎ᠠ᠎ᠨᠢ 25.8% ᠪᠣᠯᠤᠨ᠎ᠠ᠃ ᠠᠵᠢᠯ ᠲᠥᠷᠥᠯ ᠬᠤᠪᠢᠶᠠᠵᠤ ᠦᠵᠡᠪᠡᠯ᠂ ᠵᠠᠮ ᠲᠡᠭᠡᠭᠡᠪᠦᠷᠢ᠂ ᠬᠥᠮᠥᠷᠭᠡᠯᠡᠯᠲᠡ ᠪᠠ ᠰᠢᠤᠳᠠᠨ᠎ᠤ ᠦᠢ᠍ᠯᠡᠰ᠎ᠤᠨ ᠨᠡᠮᠡᠭᠳᠡᠯ ᠥᠷᠲᠡᠭ ᠲᠦᠷᠦᠭᠦᠦ ᠵᠢᠯ᠎ᠤᠨ᠎ᠬᠢ᠎ᠠᠴᠠ 3.5%᠎ᠪᠠᠷ ᠨᠡᠮᠡᠭᠳᠡᠵᠦ᠂ ᠮᠥᠩᠭᠥᠨ ᠭᠦᠢ᠍ᠯᠭᠡᠭᠡᠨ᠎ᠤ ᠦᠢ᠍ᠯᠡᠰ 5.3%᠎ᠪᠠᠷ ᠨᠡᠮᠡᠭᠳᠡᠵᠦ᠂ ᠮᠡᠳᠡᠭᠡ ᠵᠠᠩᠭᠢ ᠵᠢᠨ ᠳᠠᠮᠵᠢᠭᠤᠯᠭ᠎ᠠ᠂ ᠵᠥᠭᠡᠯᠡᠨ ᠲᠣᠨᠣᠭ ᠪᠠ ᠮᠡᠳᠡᠭᠡ ᠵᠠᠩᠭᠢ ᠵᠢᠨ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ 11.6%᠎ᠪᠠᠷ ᠨᠡᠮᠡᠭᠳᠡᠪᠡ᠃ ᠦᠢ᠍ᠯᠡᠴᠢᠯᠡᠭᠡᠨ᠎ᠤ ᠦᠢ᠍ᠯᠡᠰ᠎ᠤᠨ ᠠᠵᠤ ᠠᠬᠤᠶ᠋ᠢᠯᠠᠯ᠎ᠤᠨ ᠡᠵᠡᠩᠨᠡᠯᠲᠡ ᠵᠢᠨ ᠣᠷᠣᠯᠭ᠎ᠠ ᠦᠷᠭᠦᠯᠵᠢᠯᠡᠨ ᠨᠡᠮᠡᠭᠳᠡᠪᠡ᠃ 2022 ᠣᠨ᠎ᠤ 1 - 11   ᠰᠠᠷ᠎ᠠ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠦᠢ᠍ᠯᠡᠴᠢᠯᠡᠭᠡᠨ᠎ᠤ ᠦᠢ᠍ᠯᠡᠰ᠎ᠤᠨ ᠠᠵᠤ ᠠᠬᠤᠶ᠋ᠢᠯᠠᠯ᠎ᠤᠨ ᠡᠵᠡᠩᠨᠡᠯᠲᠡ ᠵᠢᠨ ᠣᠷᠣᠯᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 8.4%᠎ᠪᠠᠷ ᠨᠡᠮᠡᠭᠳᠡᠪᠡ᠃ ᠡᠭᠦᠨ᠎ᠳᠤ᠂ ᠵᠠᠮ ᠲᠡᠭᠡᠭᠡᠪᠦᠷᠢ᠂ ᠬᠥᠮᠥᠷᠭᠡᠯᠡᠯᠲᠡ ᠪᠠ ᠰᠢᠤᠳᠠᠨ᠎ᠤ ᠦᠢ᠍ᠯᠡᠰ 10.8%᠎ᠪᠠᠷ ᠨᠡᠮᠡᠭᠳᠡᠵᠦ᠂ ᠮᠡᠳᠡᠭᠡ ᠵᠠᠩᠭᠢ ᠵᠢᠨ ᠳᠠᠮᠵᠢᠭᠤᠯᠭ᠎ᠠ᠂ ᠵᠥᠭᠡᠯᠡᠨ ᠲᠣᠨᠣᠭ ᠪᠠ ᠮᠡᠳᠡᠭᠡ ᠵᠠᠩᠭᠢ ᠵᠢᠨ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ 7.3%᠎ᠪᠠᠷ ᠨᠡᠮᠡᠭᠳᠡᠵᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠪᠠ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ 10.1%᠎ᠪᠠᠷ ᠨᠡᠮᠡᠭᠳᠡᠪᠡ᠃
      ᠳᠥᠷᠪᠡ᠂ ᠠᠮᠢᠵᠢᠷᠠᠯ᠎ᠤᠨ ᠬᠦᠴᠦᠨ᠎ᠨᠢ ᠴᠢᠩᠭ᠋ᠠᠷᠠᠵᠤ᠂ ᠪᠦᠲᠦᠴᠡ᠎ᠨᠢ ᠰᠢᠯᠢᠳᠡᠭᠵᠢᠨ᠂ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠪᠡ᠃

       2022 ᠣᠨ᠎ᠳᠤ᠂ ᠠᠯᠢ ᠣᠯᠠᠨ ᠣᠨᠣᠪᠴᠢᠲᠠᠶ ᠪᠦᠲᠦᠮᠵᠢᠲᠡᠶ ᠪᠠᠯᠠ ᠣᠷᠣᠭᠤᠯᠤᠯᠲᠠ ᠵᠢ ᠲᠣᠭᠲᠠᠪᠤᠷᠢᠵᠢᠭᠤᠯᠬᠤ ᠲᠥᠷᠥ ᠵᠢᠨ ᠪᠣᠳᠣᠯᠭ᠎ᠠ ᠵᠢᠨ ᠠᠬᠢᠭᠤᠯᠤᠯ ᠳᠤᠤᠷ᠎ᠠ᠂ ᠪᠥᠬᠥ ᠣᠷᠣᠨ᠎ᠤ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ (ᠲᠠᠷᠢᠶᠠᠴᠢᠨ ᠡᠷᠦᠬᠡ ᠵᠢ ᠪᠠᠭᠲᠠᠭ᠋ᠠᠬᠤ ᠥᠬᠡᠶ) ᠲᠦᠷᠦᠭᠦᠦ ᠵᠢᠯ᠎ᠤᠨ᠎ᠬᠢ᠎ᠠᠴᠠ 17.6%᠎ᠪᠠᠷ ᠨᠡᠮᠡᠭᠳᠡᠪᠡ᠃ ᠡᠭᠦᠨ᠎ᠳᠤ᠂ ᠨᠢᠭᠡᠳᠦᠭᠡᠷ ᠠᠵᠤ ᠦᠢ᠍ᠯᠡᠰ᠎ᠤᠨ ᠪᠡᠯᠡ ᠣᠷᠣᠭᠤᠯᠤᠯᠲᠠ 13.6%᠎ᠪᠠᠷ ᠨᠡᠮᠡᠭᠳᠡᠵᠦ᠂ ᠬᠣᠶᠠᠳᠤᠭ᠋ᠠᠷ ᠠᠵᠤ ᠦᠢ᠍ᠯᠡᠰ᠎ᠤᠨ ᠪᠡᠯᠡ ᠣᠷᠣᠭᠤᠯᠤᠯᠲᠠ 44.8%᠎ᠪᠠᠷ ᠨᠡᠮᠡᠭᠳᠡᠵᠦ᠂ ᠪᠦᠬᠦ ᠪᠡᠯᠡ ᠣᠷᠣᠭᠤᠯᠤᠯᠲᠠ ᠵᠢᠨ ᠨᠡᠮᠡᠭᠳᠡᠯ᠎ᠢ ᠳᠠᠶ᠋ᠢᠴᠢᠯᠠᠬᠤ ᠵᠠᠩᠭᠢᠯᠠᠭ᠎ᠠ ᠵᠢᠨ ᠬᠦᠴᠦᠨ ᠪᠣᠯᠪᠠ᠃ ᠬᠦᠷᠢᠶ᠎ᠡ ᠴᠠᠷᠠᠭ᠎ᠠ ᠬᠤᠪᠢᠶᠠᠵᠤ ᠦᠵᠡᠪᠡᠯ᠂ ᠰᠠᠭᠤᠷᠢ ᠲᠥᠬᠥᠭᠡᠷᠦᠮᠵᠢ ᠪᠠ ᠦᠢ᠍ᠯᠡᠳᠬᠦ ᠦᠢ᠍ᠯᠡᠰ᠎ᠤᠨ ᠪᠠᠯᠠ ᠣᠷᠣᠭᠤᠯᠤᠯᠲᠠ ᠵᠢᠨ ᠲᠤᠯᠭ᠋ᠠᠭᠤᠷᠢᠯᠠᠯ ᠬᠦᠴᠦᠲᠡᠶ ᠪᠠᠶ᠋ᠢᠵᠤ᠂ ᠲᠦᠷᠦᠭᠦᠦ ᠵᠢᠯ᠎ᠤᠨ᠎ᠬᠢ᠎ᠠᠴᠠ ᠲᠣᠰ ᠲᠣᠰ 35.3% ᠪᠠ 42.6%᠎ᠪᠠᠷ ᠨᠡᠮᠡᠭᠳᠡᠵᠦ᠂ ᠴᠥᠮ ᠪᠥᠬᠥ ᠪᠠᠯᠠ ᠣᠷᠣᠭᠤᠯᠤᠯᠲᠠ ᠵᠢᠨ ᠨᠡᠮᠡᠭᠳᠡᠯ᠎ᠤᠨ ᠬᠤᠷᠳᠤᠴᠠ᠎ᠠᠴᠠ ᠲᠦᠷᠭᠡᠨ ᠪᠣᠯᠵᠠᠶ᠃ ᠡᠭᠦᠨ᠎ᠳᠤ᠂ ᠴᠠᠬᠢᠯᠭ᠋ᠠᠨ ᠬᠦᠴᠦᠨ᠂ ᠢᠯᠴᠢ ᠵᠢᠨ ᠬᠦᠴᠦᠨ᠎ᠤ ᠦᠢ᠍ᠯᠡᠳᠪᠦᠷᠢᠯᠡᠯ ᠪᠠ ᠬᠠᠩᠭ᠋ᠠᠯᠭ᠎ᠠ ᠵᠢᠨ ᠦᠢ᠍ᠯᠡᠰ᠎ᠤᠨ ᠪᠠᠯᠠ ᠣᠷᠣᠭᠤᠯᠤᠯᠲᠠ 59.1%᠎ᠪᠠᠷ ᠨᠡᠮᠡᠭᠳᠡᠵᠦ᠂ ᠲᠣᠨᠣᠭ ᠲᠥᠬᠥᠭᠡᠷᠦᠮᠵᠢ ᠦᠢ᠍ᠯᠡᠳᠬᠦ ᠦᠢ᠍ᠯᠡᠰ᠎ᠤᠨ ᠪᠠᠯᠠ ᠣᠷᠣᠭᠤᠯᠤᠯᠲᠠ 120.2% ᠵᠶ᠋ᠠᠷ ᠨᠡᠮᠡᠭᠳᠡᠪᠡ᠃ ᠳᠡᠭᠡᠳᠦ ᠮᠡᠷᠭᠡᠵᠢᠯ᠎ᠤᠨ ᠠᠵᠤ ᠦᠢ᠍ᠯᠡᠰ᠎ᠤᠨ ᠪᠡᠯᠡ ᠣᠷᠣᠭᠤᠯᠤᠯᠲᠠ ᠡᠷᠴᠢᠮ᠎ᠲᠠᠢ ᠨᠡᠮᠡᠭᠳᠡᠵᠦ᠂ ᠲᠦᠷᠦᠭᠦᠦ ᠵᠢᠯ᠎ᠤᠨ᠎ᠬᠢ᠎ᠠᠴᠠ 49.2% ᠵᠶ᠋ᠠᠷ ᠨᠡᠮᠡᠭᠳᠡᠪᠡ᠃ ᠡᠭᠦᠨ᠎ᠳᠤ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ᠎ᠤᠨ ᠪᠡᠯᠡ ᠣᠷᠣᠭᠤᠯᠤᠯᠲᠠ ᠵᠢ 91.6%᠎ᠪᠠᠷ ᠨᠡᠮᠡᠭᠳᠡᠭᠦᠯᠵᠦ᠂ ᠳᠡᠭᠡᠳᠦ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠪᠡᠯᠡ ᠣᠷᠣᠭᠤᠯᠤᠯᠲᠠ ᠵᠢ 17.5%᠎ᠪᠠᠷ ᠨᠡᠮᠡᠭᠳᠡᠭᠦᠯᠦᠨ᠎ᠡ᠃ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠪᠠᠶ᠋ᠢᠷᠢᠰᠢᠭᠤᠯᠤᠯᠲᠠ ᠲᠦᠷᠭᠡᠳᠴᠦ᠂ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠪᠠᠯᠠ ᠣᠷᠣᠭᠤᠯᠤᠯᠲᠠ ᠲᠦᠷᠦᠭᠦᠦ ᠵᠢᠯ᠎ᠤᠨ᠎ᠬᠢ᠎ᠠᠴᠠ 79.0% ᠵᠶ᠋ᠠᠷ ᠨᠡᠮᠡᠭᠳᠡᠵᠦ᠂ ᠪᠥᠬᠥ ᠪᠠᠯᠠ ᠣᠷᠣᠭᠤᠯᠤᠯᠲᠠ ᠵᠢᠨ ᠨᠡᠮᠡᠭᠳᠡᠯ᠎ᠤᠨ ᠬᠤᠷᠳᠤᠴᠠ᠎ᠠᠴᠠ 61.4 ᠵᠠᠭᠤᠨ᠎ᠤ ᠬᠤᠪᠢ ᠵᠢᠨ ᠴᠡᠭ ᠲᠦᠷᠭᠡᠨ ᠪᠣᠯᠪᠠ᠃
      ᠲᠠᠪᠤ᠂ ᠲᠥᠷᠥ ᠵᠢᠨ ᠪᠣᠳᠣᠯᠭ᠎ᠠ ᠤᠷᠢᠳᠴᠢᠯᠠᠭᠰᠠᠨ᠂ ᠪᠠᠲᠤᠯᠠᠭ᠎ᠠ ᠬᠦᠴᠦᠲᠡᠶ ᠪᠠᠶ᠋ᠢᠵᠤ᠂ ᠬᠡᠷᠡᠭᠯᠡᠭᠡᠨ᠎ᠤ ᠵᠠᠬ᠎ᠠ ᠳᠡᠯᠭᠡᠭᠦᠷ ᠳᠠᠷᠤᠯᠲᠠ ᠵᠢ ᠳᠠᠭ᠋ᠠᠭ᠋ᠠᠨ ᠳᠠᠭ᠋ᠠᠭ᠋ᠠᠵᠤ ᠤᠷᠤᠭᠰᠢᠯᠠᠵᠤ ᠪᠠᠶ᠋ᠢᠨ᠎ᠠ᠃

       2022 ᠣᠨ᠎ᠳᠤ᠂ ᠪᠥᠬᠥ ᠣᠷᠣᠨ᠎ᠤ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠣᠭ᠎ᠠ 4971.4 ᠳ᠋ᠦᠩᠰᠢᠭᠤᠷ ᠲᠥᠭᠥᠷᠢᠭ᠎ᠲᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 1.8%᠎ᠪᠠᠷ ᠪᠠᠭᠤᠷᠠᠪᠠ᠃ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠲᠥᠷᠥ ᠵᠢᠨ ᠪᠣᠳᠣᠯᠭ᠎ᠠ ᠵᠢ ᠰᠢᠯᠢᠳᠡᠭᠵᠢᠭᠦᠯᠦᠨ ᠲᠣᠬᠢᠷᠠᠭᠤᠯᠬᠤ ᠵᠢ ᠳᠠᠭ᠋ᠠᠯᠳᠤᠨ᠂ ᠰᠠᠭᠤᠭ᠋ᠠᠯᠢ ᠠᠷᠠᠳ᠎ᠤᠨ ᠭᠠᠳᠠᠭᠰᠢ ᠭᠠᠷᠬᠤ ᠬᠡᠷᠡᠭᠯᠡᠭᠡ ᠠᠯᠬᠤᠮ ᠠᠯᠬᠤᠮ ᠵᠶ᠋ᠠᠷ

ᠨᠡᠮᠡᠭᠳᠡᠵᠦ᠂ ᠢᠯᠠᠩᠭᠤᠶ᠎ᠠ ᠬᠡᠷᠡᠭᠯᠡᠭᠡ ᠵᠢ ᠠᠬᠢᠭᠤᠯᠬᠤ ᠠᠯᠢ ᠣᠯᠠᠨ ᠲᠥᠷᠥ ᠵᠢᠨ ᠪᠣᠳᠣᠯᠭ᠎ᠠ ᠵᠢᠨ ᠡᠮᠦᠨ᠎ᠡ᠎ᠨᠢ ᠬᠦᠴᠦᠯᠡᠵᠦ᠂ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠨᠢᠭᠡᠴᠢ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠪᠣᠷᠣᠯᠠᠭᠤᠯᠤᠭᠰᠠᠨ ᠲᠣᠭ᠎ᠠ ᠲᠦᠷᠦᠭᠦᠦ ᠵᠢᠯ᠎ᠤᠨ᠎ᠬᠢ᠎ᠠᠴᠠ 2.0% ᠵᠶ᠋ᠠᠷ ᠨᠡᠮᠡᠭᠳᠡᠪᠡ᠃ ᠠᠷᠠᠳ᠎ᠤᠨ ᠠᠮᠢᠳᠤᠷᠠᠯ᠎ᠤᠨ ᠪᠠᠲᠤᠯᠠᠭ᠎ᠠ ᠬᠦᠴᠦᠲᠡᠶ ᠪᠥᠭᠡᠳ ᠪᠦᠲᠦᠮᠵᠢᠲᠡᠶ᠃ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠨᠢᠭᠡᠴᠢ ᠠᠮᠤ ᠪᠤᠳᠠᠭ᠎ᠠ ᠲᠤᠰᠤ ᠢᠳᠡᠭᠡᠨ᠎ᠤ ᠵᠦᠢ᠍ᠯ᠎ᠤᠨ ᠲᠠᠸᠠᠷ᠎ᠤᠨ ᠵᠢᠵᠢᠭᠯᠡᠨ ᠬᠤᠳᠠᠯᠳᠤᠭᠰᠠᠨ ᠲᠣᠭ᠎ᠠ ᠲᠦᠷᠦᠭᠦᠦ ᠵᠢᠯ᠎ᠤᠨ᠎ᠬᠢ᠎ᠠᠴᠠ 24.2 % ᠵᠶ᠋ᠠᠷ ᠨᠡᠮᠡᠭᠳᠡᠵᠦ᠂ ᠡᠳᠦᠷ ᠲᠤᠳᠤᠮ᠎ᠤᠨ ᠬᠡᠷᠡᠭᠯᠡᠭᠡᠨ᠎ᠤ ᠵᠦᠢ᠍ᠯ᠎ᠤᠨ ᠲᠦᠷᠦᠯ 16.3%᠎ᠪᠠᠷ ᠨᠡᠮᠡᠭᠳᠡᠵᠦ᠂ ᠬᠢᠲᠠᠳ ᠧᠦ᠋ᠷᠣᠫᠠ ᠡᠮ᠎ᠤᠨ ᠵᠦᠢ᠍ᠯ᠎ᠤᠨ ᠲᠦᠷᠦᠯ 12.8%᠎ᠪᠠᠷ ᠨᠡᠮᠡᠭᠳᠡᠪᠡ᠃ ᠰᠦᠯᠵᠢᠶᠡᠨ᠎ᠤ ᠵᠢᠵᠢᠭᠯᠡᠨ ᠬᠤᠳᠠᠯᠳᠤᠬᠤ ᠬᠠᠷᠢᠴᠠᠯ ᠳᠡᠭᠡᠭᠰᠢᠯᠡᠪᠡ᠃ ᠪᠣᠳᠠᠲᠤ ᠲᠠᠸᠠᠷ᠎ᠤᠨ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠭᠰᠠᠨ ᠲᠣᠭ᠎ᠠ ᠵᠢᠨ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠣᠭ᠎ᠠ᠎ᠳᠤ ᠡᠵᠡᠯᠡᠬᠦ ᠬᠤᠪᠢ ᠵᠢᠨ ᠵᠢᠩ᠎ᠨᠢ 6.9% ᠪᠣᠯᠵᠣ᠂ ᠲᠦᠷᠦᠭᠦᠦ ᠵᠢᠯ᠎ᠤᠨ᠎ᠬᠢ᠎ᠠᠴᠠ 0.9 ᠵᠠᠭᠤᠨ᠎ᠤ ᠬᠤᠪᠢ ᠵᠢᠨ ᠴᠡᠭ ᠳᠡᠭᠡᠭᠰᠢᠯᠡᠪᠡ᠃ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠨᠢᠭᠡᠴᠡ ᠵᠢᠨ ᠣᠯᠠᠨ ᠨᠡᠶ᠋ᠢᠲᠡ ᠵᠢᠨ ᠰᠦᠯᠵᠢᠶ᠎ᠡ᠎ᠪᠠᠷ ᠳᠡᠮᠵᠢᠨ ᠪᠡᠶᠡᠯᠡᠭᠦᠯᠦᠭᠰᠡᠨ ᠲᠠᠸᠠᠷ᠎ᠤᠨ ᠵᠢᠵᠢᠭᠯᠡᠨ ᠬᠤᠳᠠᠯᠳᠤᠭᠰᠠᠨ ᠲᠣᠭ᠎ᠠ 75.8%᠎ᠪᠠᠷ ᠨᠡᠮᠡᠭᠳᠡᠪᠡ᠃ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠬᠡᠷᠡᠭᠯᠡᠭᠡ ᠴᠢᠩᠭ᠎ᠠ᠃ ᠰᠢᠨ᠎ᠡ ᠡᠨᠧᠷᠭᠢ ᠵᠢᠨ ᠰᠤᠷᠪᠤᠯᠵᠢ ᠬᠡᠷᠡᠭᠯᠡᠬᠦ ᠮᠠᠰᠢᠨ ᠲᠡᠷᠭᠡ ᠬᠤᠳᠠᠯᠳᠤᠨ ᠠᠪᠬᠤ᠎ᠳᠤ ᠨᠥᠬᠥᠪᠥᠷᠢ ᠥᠭᠬᠦ ᠵᠡᠷᠭᠡ ᠲᠥᠷᠥ ᠵᠢᠨ ᠪᠣᠳᠣᠯᠭ᠎ᠠ ᠵᠢᠨ ᠢᠯᠡᠳᠲᠡ ᠦᠢ᠍ᠯᠡᠳᠦᠯ ᠭᠠᠷᠭ᠋ᠠᠵᠤ ᠪᠠᠶ᠋ᠢᠭ᠎ᠠ ᠪᠠᠶ᠋ᠢᠳᠠᠯ ᠳᠤᠤᠷ᠎ᠠ᠂ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠨᠢᠭᠡᠴᠢ ᠰᠢᠨ᠎ᠡ ᠡᠨᠧᠷᠭᠢ ᠵᠢᠨ ᠰᠤᠷᠪᠤᠯᠵᠢ ᠬᠡᠷᠡᠭᠯᠡᠬᠦ ᠮᠠᠰᠢᠨ ᠲᠡᠷᠭᠡᠨ᠎ᠤ ᠲᠥᠷᠥᠯ᠎ᠤᠨ ᠲᠠᠸᠠᠷ᠎ᠤᠨ ᠵᠢᠵᠢᠭᠯᠡᠨ ᠬᠤᠳᠠᠯᠳᠤᠭᠰᠠᠨ ᠲᠣᠭ᠎ᠠ᠎ᠨᠢ ᠲᠦᠷᠦᠭᠦᠦ ᠵᠢᠯ᠎ᠤᠨ᠎ᠬᠢ᠎ᠠᠴᠠ 1.9 ᠳᠠᠬᠢᠨ ᠨᠡᠮᠡᠭᠳᠡᠵᠡᠶ᠃
        ᠵᠢᠷᠭᠤᠭ᠎ᠠ᠂ ᠠᠷᠭ᠎ᠠ ᠬᠡᠮᠵᠢᠶ᠎ᠡ ᠬᠦᠴᠦᠲᠡᠶ᠂ ᠵᠠᠬ᠎ᠠ ᠳᠡᠯᠭᠡᠭᠦᠷ ᠲᠣᠭᠲᠠᠭᠤᠨ᠂ ᠪᠠᠷᠠᠭ᠋ᠠᠨ᠎ᠤ ᠦᠨ᠎ᠡ ᠵᠢᠨ ᠥᠰᠥᠯᠲᠡ ᠵᠢᠨ ᠬᠡᠮᠵᠢᠶ᠎ᠡ ᠨᠠᠮᠵᠢᠭᠤᠬᠠᠨ ᠪᠠᠢ᠌ᠨ᠎ᠠ᠃

        ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠨᠠᠮᠵᠢᠭᠤᠨ ᠵᠶ᠋ᠠᠷ ᠥᠰᠪᠡ᠃ 2022 ᠣᠨ᠎ᠳᠤ᠂ ᠪᠥᠬᠥ ᠣᠷᠣᠨ᠎ᠤ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠬᠠᠩᠰᠢ ᠳᠡᠭᠡᠷ᠎ᠡ ᠵᠢᠯ᠎ᠤᠨ᠎ᠬᠢ᠎ᠠᠴᠠ 1.8%᠎ᠪᠠᠷ ᠥᠰᠴᠦ᠂ ᠣᠨ᠎ᠤ ᠪᠠᠷᠠᠭ᠋ᠠᠨ᠎ᠤ ᠦᠨ᠎ᠡ ᠵᠢ ᠲᠣᠬᠢᠷᠠᠭᠤᠯᠤᠨ ᠡᠵᠡᠮᠳᠡᠬᠦ ᠬᠠᠷᠠᠯᠲᠠ᠎ᠠᠴᠠ 1.2 ᠵᠠᠭᠤᠨ᠎ᠤ ᠬᠤᠪᠢ ᠵᠢᠨ ᠴᠡᠭ ᠳᠤᠤᠷ᠎ᠠ ᠪᠣᠯᠪᠠ᠃ ᠬᠣᠲᠠ ᠬᠥᠳᠡᠭᠡ ᠵᠢ ᠬᠤᠪᠢᠶᠠᠵᠤ ᠦᠵᠡᠪᠡᠯ᠂ ᠬᠣᠲᠠ ᠵᠢᠨ᠎ᠬᠢ 1.7% ᠥᠰᠴᠦ᠂ ᠬᠥᠳᠡᠭᠡ ᠲᠣᠰᠬᠣᠨ᠎ᠤ᠎ᠬᠢ 2.0% ᠥᠰᠴᠡᠶ᠃ ᠲᠥᠷᠥᠯ ᠬᠤᠪᠢᠶᠠᠵᠤ ᠦᠵᠡᠪᠡᠯ᠂ ᠨᠠᠢ᠍ᠮᠠᠨ ᠶᠡᠬᠡ ᠲᠥᠷᠥᠯ᠎ᠤᠨ ᠲᠠᠸᠠᠷ ᠵᠢᠴᠢ ᠦᠢ᠍ᠯᠡᠴᠢᠯᠡᠭᠡᠨ᠎ᠤ ᠦᠨ᠎ᠡ ᠴᠥᠮ ᠠᠳᠠᠯᠢ ᠪᠤᠰᠤ ᠬᠡᠮᠵᠢᠶ᠎ᠡ᠎ᠪᠠᠷ ᠥᠰᠬᠦ ᠬᠠᠨᠳᠤᠰᠢ᠎ᠲᠠᠢ ᠪᠠᠶ᠋ᠢᠨ᠎ᠠ᠃ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢᠳ᠎ᠤᠨ ᠦᠨ᠎ᠡ ᠵᠢᠨ ᠥᠰᠥᠯᠲᠡ ᠵᠢᠨ ᠬᠡᠮᠵᠢᠶ᠎ᠡ ᠦᠷᠭᠦᠯᠵᠢᠯᠡᠨ ᠪᠠᠭᠤᠷᠠᠪᠠ᠃ 2022 ᠣᠨ᠎ᠳᠤ᠂ ᠪᠥᠬᠥ ᠣᠷᠣᠨ᠎ᠤ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢᠳ᠎ᠤᠨ ᠦᠢ᠍ᠯᠡᠳᠪᠦᠷᠢ᠎ᠠᠴᠠ ᠭᠠᠷᠭ᠋ᠠᠬᠤ ᠦᠨ᠎ᠡ ᠲᠦᠷᠦᠭᠦᠦ ᠵᠢᠯ᠎ᠤᠨ᠎ᠬᠢ᠎ᠠᠴᠠ᠎ᠪᠠᠨ 8.6%᠎ᠪᠠᠷ ᠥᠰᠴᠦ᠂ ᠥᠰᠥᠯᠲᠡ ᠵᠢᠨ ᠬᠡᠮᠵᠢᠶ᠎ᠡ᠎ᠨᠢ ᠲᠦᠷᠦᠭᠦᠦ ᠵᠢᠯ᠎ᠤᠨ᠎ᠬᠢ᠎ᠠᠴᠠ᠎ᠪᠠᠨ 19.8 ᠵᠠᠭᠤᠨ᠎ᠤ ᠬᠤᠪᠢ ᠵᠢᠨ ᠴᠡᠭ ᠪᠠᠭᠤᠷᠠᠪᠠ᠃ ᠡᠭᠦᠨ᠎ᠳᠤ᠂ ᠦᠢ᠍ᠯᠡᠳᠪᠦᠷᠢᠯᠡᠯ᠎ᠤᠨ ᠬᠡᠷᠡᠭᠰᠡᠯ᠎ᠤᠨ ᠦᠢ᠍ᠯᠡᠳᠪᠦᠷᠢ᠎ᠠᠴᠠ ᠭᠠᠷᠭ᠋ᠠᠬᠤ ᠦᠨ᠎ᠡ 9.0%᠎ᠪᠠᠷ ᠥᠰᠴᠦ᠂ ᠠᠮᠢᠳᠤᠷᠠᠯ᠎ᠤᠨ ᠬᠡᠷᠡᠭᠰᠡᠯ᠎ᠤᠨ ᠦᠢ᠍ᠯᠡᠳᠪᠦᠷᠢ᠎ᠠᠴᠠ ᠭᠠᠷᠭ᠋ᠠᠬᠤ ᠦᠨ᠎ᠡ 4.4%᠎ᠪᠠᠷ ᠥᠰᠴᠦ᠂ ᠥᠰᠥᠯᠲᠡ ᠵᠢᠨ ᠬᠡᠮᠵᠢᠶ᠎ᠡ᠎ᠨᠢ ᠲᠦᠷᠦᠭᠦᠦ ᠵᠢᠯ᠎ᠤᠨ᠎ᠬᠢ᠎ᠠᠴᠠ ᠲᠣᠰ ᠲᠣᠰ 21.7 ᠪᠠ 2.3 ᠵᠠᠭᠤᠨ᠎ᠤ ᠬᠤᠪᠢ ᠵᠢᠨ ᠴᠡᠭ ᠪᠠᠭᠤᠷᠠᠪᠠ᠃ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢᠳ᠎ᠤᠨ ᠬᠤᠳᠠᠯᠳᠤᠨ ᠠᠪᠬᠤ ᠦᠨ᠎ᠡ ᠲᠦᠷᠦᠭᠦᠦ ᠵᠢᠯ᠎ᠤᠨ᠎ᠬᠢ᠎ᠠᠴᠠ 11.2% ᠵᠶ᠋ᠠᠷ ᠥᠰᠪᠡ᠃
      ᠳᠣᠯᠣᠭ᠎ᠠ᠂ ᠣᠷᠣᠯᠭ᠎ᠠ ᠨᠡᠮᠡᠭᠳᠡᠵᠦ᠂ ᠵᠥᠷᠢᠶ᠎ᠡ ᠪᠠᠭ᠋ᠠᠰᠴᠤ᠂ ᠰᠠᠭᠤᠭ᠋ᠠᠯᠢ ᠠᠷᠠᠳ᠎ᠤᠨ ᠠᠮᠢᠳᠤᠷᠠᠯ᠎ᠤᠨ ᠬᠢᠷᠢ ᠬᠡᠮᠵᠢᠶ᠎ᠡ ᠲᠠᠰᠤᠷᠠᠯᠲᠠ ᠤᠢ᠍ᠭᠡᠢ ᠳᠡᠭᠡᠭᠰᠢᠯᠡᠪᠡ᠃

        ᠡᠵᠡᠮᠳᠡᠵᠦ ᠪᠣᠯᠬᠤ ᠣᠷᠣᠯᠭ᠎ᠠ ᠲᠣᠭᠲᠠᠭᠤᠨ ᠵᠶ᠋ᠠᠷ ᠨᠡᠮᠡᠭᠳᠡᠪᠡ᠃ 2022 ᠣᠨ᠎ᠳᠤ᠂ ᠪᠥᠬᠥ ᠣᠷᠣᠨ᠎ᠤ ᠪᠥᠬᠥ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 35921 ᠲᠥᠭᠥᠷᠢᠭ᠎ᠲᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 5.3%᠎ᠪᠠᠷ ᠨᠡᠮᠡᠭᠳᠡᠪᠡ᠃ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠵᠥᠷᠢᠶ᠎ᠡ ᠤᠯᠠᠮ ᠨᠢᠭᠡ ᠠᠯᠬᠤᠮ ᠪᠠᠭ᠋ᠠᠰᠪᠠ᠃ ᠪᠥᠬᠥ ᠣᠷᠣᠨ᠎ᠤ ᠬᠣᠲᠠ ᠪᠠᠯᠭ᠋ᠠᠰᠤ ᠵᠢᠨ ᠪᠠᠶ᠋ᠢᠩᠭᠤ ᠰᠠᠭᠤᠭ᠎ᠠ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 46295 ᠲᠥᠭᠥᠷᠢᠭ᠎ᠲᠤ ᠬᠦᠷᠴᠦ᠂ 4.3%᠎ᠪᠠᠷ ᠨᠡᠮᠡᠭᠳᠡᠪᠡ; ᠮᠠᠯᠵᠢᠬᠤ ᠲᠠᠷᠢᠶᠠᠯᠠᠬᠤ ᠣᠷᠣᠨ᠎ᠤ ᠪᠠᠶ᠋ᠢᠩᠭᠤ ᠰᠠᠭᠤᠭ᠎ᠠ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 19641 ᠲᠥᠭᠥᠷᠢᠭ᠎ᠲᠤ ᠬᠦᠷᠴᠦ᠂ 7.1%᠎ᠪᠠᠷ ᠨᠡᠮᠡᠭᠳᠡᠪᠡ᠃ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠬᠠᠷᠢᠴᠠᠯ 2.36 ᠪᠣᠯᠵᠣ᠂ ᠲᠦᠷᠦᠭᠦᠦ ᠵᠢᠯ᠎ᠤᠨ᠎ᠬᠢ᠎ᠠᠴᠠ 0.06 ᠪᠠᠭ᠋ᠠᠰᠪᠠ᠃
        ᠶᠡᠷᠦᠩᠬᠡᠶ᠎ᠳᠤᠨᠢ ᠠᠪᠴᠤ ᠦᠵᠡᠪᠡᠯ᠂ ᠨᠢᠭᠡ ᠵᠢᠯ᠎ᠤᠨ ᠲᠤᠷᠰᠢ᠂ ᠰᠢ ᠵᠢᠨ ᠫᠢᠩ ᠨᠥᠬᠥᠷ ᠵᠶ᠋ᠠᠷ ᠭᠤᠤᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠤᠳᠤᠷᠢᠳᠤᠯᠭ᠎ᠠ ᠳᠤᠤᠷ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠳᠠᠭ᠋ᠠᠭᠤᠯᠭ᠎ᠠ ᠳᠤᠤᠷ᠎ᠠ᠂ ᠪᠥᠬᠥ ᠣᠷᠣᠨ᠎ᠤ ᠠᠵᠤ ᠠᠬᠤᠶ ᠳᠠᠷᠤᠯᠲᠠ ᠵᠢ ᠲᠤᠯᠵᠤ᠂ ᠪᠠᠶ᠋ᠢᠳᠠᠯ᠎ᠢ ᠰᠥᠷᠥᠨ ᠤᠷᠤᠭᠰᠢᠯᠠᠵᠤ᠂ ᠪᠥᠬᠥ ᠵᠢᠯ᠎ᠤᠨ ᠡᠯ᠎ᠡ ᠵᠦᠢ᠍ᠯ᠎ᠤᠨ ᠬᠠᠷᠠᠯᠲᠠ ᠡᠭᠦᠷᠭᠡ᠎ᠪᠠᠨ ᠨᠡᠯᠢᠶᠡᠳ ᠰᠠᠶ᠋ᠢᠨ ᠪᠡᠶᠡᠯᠡᠭᠦᠯᠵᠡᠶ᠃ ᠭᠡᠪᠡᠴᠦ ᠣᠳᠣᠬᠠᠨ᠎ᠤ ᠠᠵᠤ ᠠᠬᠤᠢ ᠵᠢᠨ ᠠᠵᠢᠯᠯᠠᠭ᠋ᠠᠨ ᠮᠥᠨ ᠯᠡ ᠮᠠᠰᠢ ᠤᠯᠠᠨ ᠬᠦᠴᠢᠷᠳᠡᠯ ᠪᠠ ᠥᠷᠢᠰᠥᠯᠳᠦᠭᠡᠨ᠎ᠳᠤ ᠲᠤᠯᠭ᠋ᠠᠷᠠᠵᠤ᠂ ᠠᠵᠤ ᠠᠬᠤᠢ ᠵᠢᠨ ᠪᠠᠭᠤᠷᠠᠬᠤ ᠳᠠᠷᠤᠯᠲᠠ ᠮᠥᠨ ᠯᠡ ᠨᠡᠯᠢᠶᠡᠳ ᠶᠡᠬᠡ ᠪᠠᠶ᠋ᠢᠬᠤ ᠵᠢ ᠰᠡᠷᠭᠡᠭ ᠵᠶ᠋ᠠᠷ ᠣᠯᠵᠤ ᠬᠠᠷᠠᠬᠤ ᠬᠡᠷᠡᠭᠲᠡᠢ᠂ ᠨᠡᠮᠡᠭᠳᠡᠯ᠎ᠢ ᠲᠣᠭᠲᠠᠪᠤᠷᠢᠵᠢᠭᠤᠯᠬᠤ ᠵᠢ ᠨᠡᠩ ᠲᠤᠪᠤᠢ᠍ᠢ᠍ᠮ᠎ᠠ ᠪᠠᠶ᠋ᠢᠷᠢᠨ᠎ᠳᠤ ᠲᠠᠯᠪᠢᠬᠤ ᠬᠡᠷᠡᠭᠲᠡᠢ᠃ ᠳᠠᠷᠠᠭ᠎ᠠ ᠠᠯᠬᠤᠮ᠎ᠳᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭ᠋ᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠪᠠ ᠲᠥᠪ᠎ᠤᠨ ᠠᠵᠤ ᠠᠬᠤᠢ ᠵᠢᠨ ᠠᠵᠢᠯ᠎ᠤᠨ ᠬᠤᠷᠠᠯᠳᠤᠭ᠋ᠠᠨ᠎ᠤ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠳᠠᠯᠠᠨ᠂ ᠪᠦᠲᠦᠨ᠂ ᠣᠨᠣᠪᠴᠢᠲᠠᠶ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠳᠤ ᠢᠳᠡᠪᠬᠢᠲᠡᠶ ᠦᠢ᠍ᠯᠡᠴᠢᠯᠡᠬᠦ ᠪᠠ ᠠᠭᠤᠰᠤᠯᠴᠠᠨ᠂ ᠴᠢᠨᠠᠷ ᠰᠠᠶ᠋ᠢᠲᠠᠶ ᠬᠥᠭᠵᠢᠯᠲᠡ᠎ᠪᠠᠷ ᠭᠤᠤᠯ ᠰᠡᠳᠦᠪ ᠪᠤᠯᠭ᠋ᠠᠵᠤ᠂ 《ᠲᠠᠪᠤᠨ ᠲᠤᠮᠤ ᠡᠭᠦᠷᠭᠡ》᠎ᠳᠤ ᠠᠩᠬᠠᠷᠤᠯ ᠵᠶ᠋ᠠᠨ

ᠲᠦᠪᠯᠡᠷᠡᠬᠦᠯᠵᠦ᠂ ᠡᠷᠴᠢ ᠬᠦᠴᠦ᠂ ᠶᠠᠰᠤ ᠴᠢᠨᠠᠷ᠂ ᠦᠷ᠎ᠡ ᠪᠦᠳᠦᠮᠵᠢ ᠵᠢ ᠳᠡᠭᠡᠭᠰᠢᠯᠡᠬᠦᠯᠬᠦ ᠪᠠᠢ᠌ᠳᠠᠯ ᠵᠶ᠋ᠠᠷ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠲᠠᠪᠤᠳᠤᠭ᠋ᠠᠷ ᠪᠥᠬᠥᠳᠡ ᠬᠤᠷᠠᠯ ᠵᠢᠴᠢ ᠪᠥᠬᠥ ᠣᠷᠣᠨ᠎ᠤ ᠠᠵᠤ ᠠᠬᠤᠶ ᠵᠢᠨ ᠠᠵᠢᠯ᠎ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ 《ᠬᠣᠶᠠᠷ ᠬᠤᠷᠠᠯ》᠎ᠤᠨ ᠡᠯ᠎ᠡ ᠵᠦᠢ᠍ᠯ᠎ᠤᠨ ᠠᠵᠢᠯ᠎ᠤᠨ ᠪᠠᠶ᠋ᠢᠷᠢᠯᠠᠭᠤᠯᠤᠯᠲᠠ ᠵᠢ ᠭᠦᠨᠵᠡᠭᠡᠶ᠋ᠢᠷᠡᠭᠦᠯᠦᠨ ᠪᠤᠳᠠᠳᠠᠢ᠌ᠵᠢᠭᠤᠯᠵᠤ᠂ ᠠᠵᠤ ᠠᠬᠤᠢ ᠵᠢᠨ ᠠᠵᠢᠯᠯᠠᠭ᠋ᠠᠨ᠎ᠢ ᠵᠦᠢ ᠵᠣᠬᠢᠰᠲᠠᠢ ᠣᠷᠣᠨ ᠪᠠᠶ᠋ᠢᠷᠢ᠎ᠳᠤ ᠪᠠᠶ᠋ᠢᠯᠭ᠋ᠠᠬᠤ ᠵᠢ ᠴᠢᠷᠮᠠᠶ᠋ᠢᠨ ᠪᠠᠳᠤᠯᠠᠬᠤ ᠬᠡᠷᠡᠭᠳᠡᠢ᠃
        ᠳᠠᠭ᠋ᠠᠯᠳᠤᠭᠤᠯᠤᠯ᠄
       (1) ᠮᠠᠨ᠎ᠤ ᠤᠯᠤᠰ᠎ᠤᠨ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠎ᠤᠨ ᠨᠢᠭᠡᠳᠦᠯᠲᠡᠶ   ᠬᠠᠷᠭᠤᠭᠤᠯᠤᠨ ᠪᠤᠳᠤᠬᠤ ᠪᠠ ᠲᠣᠭ᠎ᠠ ᠪᠠᠷᠢᠮᠲᠠ ᠨᠡᠶ᠋ᠢᠲᠡᠯᠡᠬᠦ ᠲᠦᠷᠢᠮ᠎ᠤᠨ ᠲᠣᠭᠲᠠᠭ᠋ᠠᠯ ᠶᠣᠰᠣᠭ᠋ᠠᠷ᠂ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠎ᠤᠨ ᠬᠠᠷᠭᠤᠭᠤᠯᠤᠨ ᠪᠤᠳᠤᠬᠤ᠎ᠳᠤ ᠠᠩᠬ᠎ᠠ ᠠᠯᠬᠤᠮ᠎ᠤᠨ ᠬᠠᠷᠭᠤᠭᠤᠯᠤᠨ ᠪᠤᠳᠤᠬᠤ ᠪᠠ ᠡᠴᠦᠰ᠎ᠤᠨ ᠬᠢᠨᠠᠨ ᠬᠠᠷᠭᠤᠭᠤᠯᠬᠤ ᠬᠣᠶᠠᠷ ᠠᠯᠬᠤᠮ ᠳᠠᠷᠠᠭ᠎ᠠ ᠪᠠᠭᠲᠠᠨ᠎ᠠ᠃ ᠡᠴᠦᠰ᠎ᠤᠨ ᠬᠠᠷᠭᠤᠭᠤᠯᠤᠨ ᠳᠣᠲᠣᠯᠠᠭᠰᠠᠨ ᠵᠶ᠋ᠠᠷ᠂ 2021 ᠣᠨ᠎ᠳᠤ᠂ ᠥᠪᠥᠷ ᠮᠣᠩᠭᠣᠯ᠎ᠤᠨ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠎ᠤᠨ ᠣᠲᠣ ᠵᠢᠨ ᠦᠨ᠎ᠡ ᠵᠢᠨ ᠶᠡᠷᠦᠩᠬᠡᠶ ᠬᠡᠮᠵᠢᠶ᠎ᠡ᠎ᠨᠢ 21166.0 ᠳ᠋ᠦᠩᠰᠢᠭᠤᠷ ᠲᠥᠭᠥᠷᠢᠭ ᠪᠠᠶ᠋ᠢᠵᠤ᠂ ᠥᠯᠥ ᠬᠤᠪᠢᠰᠬᠤ ᠦᠨ᠎ᠡ᠎ᠪᠠᠷ ᠪᠤᠳᠤᠪᠠᠯ᠂ ᠲᠦᠷᠦᠭᠦᠦ ᠵᠢᠯ᠎ᠤᠨ᠎ᠬᠢ᠎ᠠᠴᠠ 6.7%᠎ᠪᠠᠷ ᠨᠡᠮᠡᠭᠳᠡᠪᠡ᠃
       (2) ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ᠄ ᠪᠦᠷᠢᠳᠬᠡᠬᠦ ᠬᠦᠷᠢᠶ᠎ᠡ ᠬᠡᠪᠴᠢᠶ᠎ᠡ᠎ᠨᠢ ᠵᠢᠯ᠎ᠤᠨ ᠭᠣᠣᠯ ᠡᠵᠡᠩᠨᠡᠯᠲᠡ ᠵᠢᠨ ᠲᠤᠬᠠᠶ᠋ᠢᠯᠠᠭᠰᠠᠨ ᠠᠵᠢᠯ᠎ᠤᠨ ᠣᠷᠣᠯᠭ᠎ᠠ᠎ᠨᠢ 2000 ᠲᠦᠮᠡᠨ ᠲᠥᠭᠥᠷᠢᠭ ᠵᠢᠴᠢ ᠲᠡᠭᠦᠨ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠃
        ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠬᠡᠪᠴᠢᠶ᠎ᠡ᠎ᠳᠤ ᠵᠢᠯ ᠪᠦᠷᠢ ᠬᠤᠪᠢᠷᠠᠯᠲᠠ ᠭᠠᠷᠤᠭᠰᠠᠨ᠎ᠠᠴᠠ ᠪᠣᠯᠵᠣ᠂ ᠲᠣᠰ ᠵᠢᠯ᠎ᠤᠨ ᠲᠣᠭ᠎ᠠ ᠪᠠᠷᠢᠮᠲᠠ ᠵᠢ ᠳᠡᠭᠡᠷ᠎ᠡ ᠵᠢᠯ᠎ᠤᠨ᠎ᠬᠢ᠎ᠲᠠᠢ ᠬᠠᠷᠢᠴᠠᠭᠤᠯᠬᠤ᠂ ᠦᠢ᠍ᠯᠡᠳᠬᠦᠨ᠎ᠤ ᠭᠠᠷᠤᠯᠲᠠ ᠵᠢᠨ ᠬᠡᠮᠵᠢᠶ᠎ᠡ ᠵᠢ ᠪᠤᠳᠤᠬᠤ ᠵᠡᠷᠭᠡ ᠡᠯ᠎ᠡ ᠵᠦᠢ᠍ᠯ᠎ᠤᠨ ᠭᠦᠢ᠍ᠴᠡᠳᠭᠡᠯ ᠲᠣᠭ᠎ᠠ ᠵᠢᠨ ᠠᠳᠠᠯᠢ ᠬᠤᠭᠤᠴᠠᠭ᠋ᠠᠨ᠎ᠤ᠎ᠬᠢ᠎ᠠᠴᠠ ᠨᠡᠮᠡᠭᠳᠡᠬᠦ ᠬᠤᠷᠳᠤᠴᠠ ᠵᠢ ᠪᠠᠲᠤᠯᠠᠬᠤ ᠵᠢᠨ ᠲᠥᠯᠥᠭᠡ ᠬᠡᠷᠡᠭᠯᠡᠭᠰᠡᠨ ᠠᠳᠠᠯᠢ ᠬᠤᠭᠤᠴᠠᠭ᠋ᠠᠨ᠎ᠤ ᠲᠣᠭ᠎ᠠ ᠬᠢᠭᠡᠳ ᠲᠣᠰ ᠬᠤᠭᠤᠴᠠᠭ᠋ᠠᠨ᠎ᠤ ᠠᠵᠤ ᠠᠬᠤᠶ᠋ᠢᠯᠠᠯ᠎ᠤᠨ ᠲᠣᠭ᠎ᠠ ᠪᠦᠷᠢᠳᠬᠡᠯ᠎ᠤᠨ ᠬᠡᠪᠴᠢᠶ᠎ᠡ᠎ᠨᠢ ᠠᠯᠢ ᠴᠢᠳᠠᠬᠤ᠎ᠪᠠᠷ ᠨᠢᠭᠡᠳᠦᠯᠲᠡᠶ ᠪᠣᠯᠵᠣ᠂ ᠳᠡᠭᠡᠷ᠎ᠡ ᠵᠢᠯ᠎ᠤᠨ ᠨᠡᠶ᠋ᠢᠲᠡᠯᠡᠭᠰᠡᠨ ᠲᠣᠭ᠎ᠠ ᠪᠠᠷᠢᠮᠲᠠ᠎ᠯᠤᠭ᠎ᠠ ᠬᠡᠯᠡᠯᠭᠡ ᠵᠢᠨ ᠵᠥᠷᠢᠶ᠎ᠡ ᠣᠷᠣᠰᠢᠵᠤ ᠪᠠᠶ᠋ᠢᠨ᠎ᠠ᠃ ᠡᠭᠦᠨ᠎ᠤ ᠭᠣᠣᠯ ᠰᠢᠯᠲᠠᠭ᠋ᠠᠨ᠎ᠨᠢ᠄ ᠨᠢᠭᠡ᠎ᠳᠤ ᠲᠣᠭ᠎ᠠ ᠪᠦᠷᠢᠳᠬᠡᠯ᠎ᠤᠨ ᠨᠢᠭᠡᠴᠡ ᠵᠢᠨ ᠬᠡᠪᠴᠢᠶᠡᠨ᠎ᠳᠤ ᠬᠤᠪᠢᠷᠠᠯᠲᠠ ᠭᠠᠷᠤᠭᠰᠠᠨ᠃ ᠵᠢᠯ ᠪᠦᠷᠢ ᠵᠠᠷᠢᠮ ᠠᠵᠤ ᠠᠬᠤᠶ᠋ᠢᠯᠠᠯ᠎ᠨᠢ ᠬᠡᠪᠴᠢᠶ᠎ᠡ᠎ᠳᠤ ᠬᠦᠷᠴᠦ ᠪᠠᠶ᠋ᠢᠴᠠᠭ᠋ᠠᠯᠲᠠ ᠬᠢᠬᠦ ᠬᠡᠪᠴᠢᠶᠡᠨ᠎ᠳᠤ ᠣᠷᠣᠳᠠᠭ᠂ ᠪᠠᠰᠠ ᠵᠠᠷᠢᠮ ᠠᠵᠤ ᠠᠬᠤᠶ᠋ᠢᠯᠠᠯ᠎ᠨᠢ ᠬᠡᠪᠴᠢᠶ᠎ᠡ᠎ᠪᠠᠨ ᠪᠠᠭ᠎ᠠ ᠪᠣᠯᠭ᠋ᠠᠭᠰᠠᠨ᠎ᠠᠴᠠ ᠪᠣᠯᠵᠣ ᠪᠠᠶ᠋ᠢᠴᠠᠭ᠋ᠠᠯᠲᠠ ᠬᠢᠬᠦ ᠬᠡᠪᠴᠢᠶ᠎ᠡ᠎ᠠᠴᠠ ᠤᠬᠤᠷᠢᠨ ᠭᠠᠷᠳᠠᠭ᠂ ᠪᠠᠰᠠ ᠰᠢᠨ᠎ᠡ᠎ᠪᠠᠷ ᠪᠠᠶ᠋ᠢᠭᠤᠯᠵᠤ ᠠᠰᠢᠭᠯᠠᠯᠲᠠ᠎ᠳᠤ ᠣᠷᠣᠭᠤᠯᠤᠭᠰᠠᠨ ᠠᠵᠤ ᠠᠬᠤᠶ᠋ᠢᠯᠠᠯ᠂ ᠳᠠᠮᠫᠤᠷᠠᠬᠤ᠂ ᠬᠦᠴᠦᠨ ᠥᠬᠡᠶ ᠪᠣᠯᠭ᠋ᠠᠭᠰᠠᠨ ᠠᠵᠤ ᠠᠬᠤᠶ᠋ᠢᠯᠠᠯ ᠵᠡᠷᠭᠡ ᠨᠥᠯᠥᠭᠡ᠎ᠲᠠᠢ ᠪᠠᠶ᠋ᠢᠳᠠᠭ᠃ ᠬᠣᠶᠠᠷ᠎ᠲᠤ ᠬᠡᠰᠡᠭ ᠠᠵᠤ ᠠᠬᠤᠶ᠋ᠢᠯᠠᠯ᠎ᠤᠨ ᠪᠦᠯᠦᠭᠯᠡᠯ ᠺᠣᠮᠫᠠᠨᠢ ᠵᠢᠨ ᠦᠢ᠍ᠯᠡᠳᠬᠦᠨ᠎ᠤ ᠭᠠᠷᠤᠯᠲᠠ ᠵᠢᠨ ᠲᠣᠭ᠎ᠠ ᠪᠠᠷᠢᠮᠲᠠ᠎ᠳᠤ ᠭᠠᠵᠠᠷ ᠣᠷᠣᠨ ᠠᠯᠤᠰᠯᠠᠨ ᠳᠠᠪᠬᠤᠷᠳᠠᠭᠤᠯᠤᠨ ᠪᠦᠷᠢᠳᠬᠡᠬᠦ ᠦᠵᠡᠭᠳᠡᠯ ᠣᠷᠣᠰᠢᠵᠤ᠂ ᠲᠤᠰᠬᠠᠶ ᠵᠦᠢ᠍ᠯ᠎ᠤᠨ ᠪᠠᠶ᠋ᠢᠴᠠᠭ᠋ᠠᠯᠲᠠ ᠵᠢ ᠦᠨᠳᠦᠰᠦᠯᠡᠨ ᠠᠵᠤ ᠠᠬᠤᠶ᠋ᠢᠯᠠᠯ᠎ᠤᠨ ᠪᠦᠯᠦᠭᠯᠡᠯ ᠺᠣᠮᠫᠠᠨᠢ ᠵᠢᠨ ᠭᠠᠵᠠᠷ ᠣᠷᠣᠨ ᠠᠯᠤᠰᠯᠠᠨ ᠳᠠᠪᠬᠤᠷᠳᠠᠭᠤᠯᠤᠨ ᠦᠢ᠍ᠯᠡᠳᠪᠦᠷᠢᠯᠡᠬᠦ ᠬᠡᠮᠵᠢᠶ᠎ᠡ᠎ᠳᠤ ᠰᠢᠭᠰᠢᠯᠲᠡ ᠬᠢᠪᠡ᠃
       (3) ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ (ᠲᠠᠷᠢᠶᠠᠴᠢᠨ ᠡᠷᠦᠬᠡ ᠵᠢ ᠪᠠᠭᠲᠠᠭ᠋ᠠᠬᠤ ᠦᠭᠡᠶ)᠄ ᠬᠣᠲᠠ ᠪᠠᠯᠭ᠋ᠠᠰᠤ ᠪᠠ ᠬᠥᠳᠡᠭᠡ ᠲᠣᠰᠬᠣᠨ᠎ᠤ ᠡᠯ᠎ᠡ ᠵᠦᠢ᠍ᠯ᠎ᠤᠨ ᠳᠠᠩᠰᠠᠯᠠᠨ ᠲᠡᠮᠳᠡᠭᠯᠡᠬᠦ ᠲᠥᠷᠥᠯ ᠬᠡᠯᠪᠡᠷᠢ ᠵᠢᠨ ᠠᠵᠤ ᠠᠬᠤᠶ᠋ᠢᠯᠠᠯ᠂ ᠠᠵᠢᠯ ᠦᠢ᠍ᠯᠡᠰ᠂ ᠵᠠᠰᠠᠭ ᠵᠠᠬᠢᠷᠭ᠋ᠠᠨ᠎ᠤ ᠨᠢᠭᠡᠴᠡ ᠵᠢᠴᠢ ᠬᠣᠲᠠ ᠪᠠᠯᠭ᠋ᠠᠰᠤ ᠵᠢᠨ ᠬᠤᠪᠢ ᠵᠢᠨ ᠡᠷᠦᠬᠡ᠎ᠠᠴᠠ ᠶᠠᠪᠤᠭᠳᠠᠭᠤᠯᠬᠤ᠎ᠪᠠᠷ ᠲᠥᠯᠥᠪᠯᠡᠭᠰᠡᠨ ᠶᠡᠷᠦᠩᠬᠡᠶ ᠪᠡᠯᠡ ᠣᠷᠣᠭᠤᠯᠤᠯᠲᠠ᠎ᠨᠢ 500 ᠲᠦᠮᠡᠨ ᠲᠥᠭᠥᠷᠢᠭ ᠵᠢᠴᠢ 500 ᠲᠦᠮᠡᠨ ᠲᠥᠭᠥᠷᠢᠭ᠎ᠠᠴᠠ ᠳᠡᠭᠡᠭᠰᠢᠬᠢ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠪᠡᠯᠡ ᠣᠷᠣᠭᠤᠯᠤᠯᠲᠠ ᠪᠠ ᠭᠡᠷ ᠪᠠᠶ᠋ᠢᠰᠢᠩ ᠭᠠᠵᠠᠷ ᠬᠥᠷᠥᠩᠭᠡ ᠵᠢᠨ ᠨᠡᠭᠡᠭᠡᠯᠲᠡ ᠵᠢᠨ ᠪᠡᠯᠡ ᠣᠷᠣᠭᠤᠯᠤᠯᠲᠠ ᠵᠢ ᠵᠢᠭ᠋ᠠᠵᠤ ᠪᠤᠶ᠂ ᠡᠭᠦᠨ᠎ᠳᠤ ᠤᠤᠯ᠎ᠤᠨ ᠬᠡᠪᠰᠢᠭᠰᠡᠨ ᠬᠣᠲᠠ ᠪᠠᠯᠭ᠋ᠠᠰᠤ ᠵᠢᠨ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠳᠡᠭᠡᠷ᠎ᠡ ᠬᠥᠳᠡᠭᠡ ᠲᠣᠰᠬᠣᠨ᠎ᠤ ᠠᠵᠤ ᠠᠬᠤᠶ᠋ᠢᠯᠠᠯ ᠠᠵᠢᠯ ᠦᠢ᠍ᠯᠡᠰ᠎ᠤᠨ ᠵᠣᠬᠢᠶᠠᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠪᠡᠯᠡ ᠣᠷᠣᠭᠤᠯᠤᠯᠲᠠ ᠵᠢ ᠪᠠᠭᠲᠠᠭ᠋ᠠᠨ᠎ᠠ᠃
       (4) ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠶᠡᠷᠦᠩᠬᠡᠢ ᠲᠣᠭ᠎ᠠ ᠵᠢ ᠪᠦᠷᠢᠳᠬᠡᠬᠦ ᠬᠦᠷᠢᠶ᠎ᠡ ᠬᠡᠪᠴᠢᠶ᠎ᠡ ᠪᠣᠯ ᠲᠠᠸᠠᠷ᠎ᠤᠨ ᠵᠢᠵᠢᠭᠯᠡᠨ ᠬᠤᠳᠠᠯᠳᠤᠬᠤ ᠠᠵᠢᠯᠯᠠᠭ᠎ᠠ ᠪᠤᠶᠤ ᠢᠳᠡᠭᠡᠨ ᠤᠮᠳᠠᠭ᠋ᠠᠨ᠎ᠤ ᠦᠢ᠍ᠯᠡᠴᠢᠯᠡᠭᠡ ᠬᠠᠩᠭ᠋ᠠᠬᠤ ᠬᠠᠤᠯᠢ ᠵᠢᠨ ᠡᠷᠬᠡᠲᠡᠨ᠎ᠤ ᠠᠵᠤ ᠠᠬᠤᠶ᠋ᠢᠯᠠᠯ᠂ ᠠᠵᠤ ᠦᠢ᠍ᠯᠡᠰ᠎ᠤᠨ ᠠᠵᠢᠯᠯᠠᠭ᠋ᠠᠨ᠎ᠤ ᠨᠢᠭᠡᠴᠢ ᠪᠠ ᠬᠤᠪᠢ ᠵᠢᠨ ᠡᠷᠦᠬᠡ ᠪᠣᠯᠤᠨ᠎ᠠ᠃ ᠡᠭᠦᠨ᠎ᠳᠤ᠂ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠨᠢᠭᠡᠴᠡ ᠭᠡᠳᠡᠭ᠎ᠨᠢ ᠣᠨ᠎ᠤ ᠭᠣᠣᠯ ᠡᠵᠡᠩᠨᠡᠯᠲᠡ ᠵᠢᠨ ᠲᠤᠬᠠᠶ᠋ᠢᠯᠠᠭᠰᠠᠨ ᠠᠵᠢᠯ᠎ᠤᠨ ᠣᠷᠣᠯᠭ᠎ᠠ᠎ᠨᠢ 2000 ᠲᠦᠮᠡᠨ ᠲᠥᠭᠥᠷᠢᠭ ᠵᠢᠴᠢ ᠲᠡᠭᠦᠨ᠎ᠠᠴᠠ ᠳᠡᠭᠡᠭᠰᠢᠬᠢ ᠪᠥᠭᠡᠮ ᠵᠶ᠋ᠠᠷ ᠬᠤᠳᠠᠯᠳᠤᠬᠤ ᠠᠵᠤ ᠠᠬᠤᠶ᠋ᠢᠯᠠᠯ (ᠨᠢᠭᠡᠴᠡ᠂ ᠬᠤᠪᠢ ᠵᠢᠨ ᠡᠷᠦᠬᠡ)᠂ 500 ᠲᠦᠮᠡᠨ ᠲᠥᠭᠥᠷᠢᠭ ᠵᠢᠴᠢ ᠲᠡᠭᠦᠨ᠎ᠠᠴᠠ ᠳᠡᠭᠡᠭᠰᠢᠬᠢ ᠵᠢᠵᠢᠭᠯᠡᠨ ᠬᠤᠳᠠᠯᠳᠤᠬᠤ ᠠᠵᠤ ᠠᠬᠤᠶ᠋ᠢᠯᠠᠯ (ᠨᠢᠭᠡᠴᠡ᠂ ᠬᠤᠪᠢ ᠵᠢᠨ ᠡᠷᠦᠬᠡ)᠂ 200 ᠲᠦᠮᠡᠨ ᠲᠥᠭᠥᠷᠢᠭ ᠵᠢᠴᠢ ᠲᠡᠭᠦᠨ᠎ᠠᠴᠠ ᠳᠡᠭᠡᠭᠰᠢᠬᠢ ᠬᠣᠨᠣᠭ ᠪᠠ ᠬᠣᠭᠣᠯᠠ ᠤᠮᠳᠠᠭ᠋ᠠᠨ᠎ᠤ ᠠᠵᠤ ᠠᠬᠤᠶ᠋ᠢᠯᠠᠯ (ᠨᠢᠭᠡᠴᠡ᠂ ᠬᠤᠪᠢ ᠵᠢᠨ ᠡᠷᠦᠬᠡ)᠎ᠢ ᠵᠢᠭ᠋ᠠᠵᠤ ᠪᠤᠶ᠃
        ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠪᠥᠭᠡᠮ ᠵᠶ᠋ᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢ᠍ᠯᠡᠰ᠂ ᠬᠣᠨᠣᠭ ᠪᠠᠭᠤᠳᠠᠯ ᠪᠠ ᠢᠳᠡᠭᠡᠨ ᠤᠮᠳᠠᠭ᠋ᠠᠨ᠎ᠤ ᠦᠢ᠍ᠯᠡᠰ᠎ᠤᠨ ᠠᠵᠤ ᠠᠬᠤᠶ᠋ᠢᠯᠠᠯ (

ᠨᠢᠭᠡᠴᠡ᠂ ᠬᠤᠪᠢ ᠵᠢᠨ ᠡᠷᠦᠬᠡ)᠎ᠤᠨ ᠬᠡᠪᠴᠢᠶ᠎ᠡ᠎ᠳᠤ ᠵᠢᠯ ᠪᠦᠷᠢ ᠬᠤᠪᠢᠷᠠᠯᠲᠠ ᠭᠠᠷᠬᠤ ᠪᠣᠯᠬᠣᠷ᠂ ᠲᠤᠰ ᠵᠢᠯ᠎ᠤᠨ ᠲᠣᠭ᠎ᠠ ᠪᠠᠷᠢᠮᠲᠠ ᠵᠢ ᠳᠡᠭᠡᠷ᠎ᠡ ᠵᠢᠯ᠎ᠤᠨ᠎ᠬᠢ᠎ᠲᠠᠢ ᠠᠳᠠᠯᠢᠳᠬᠠᠵᠤ ᠪᠣᠯᠬᠤ᠂ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠨᠢᠭᠡᠴᠢ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠲᠣᠭ᠎ᠠ ᠵᠡᠷᠭᠡ ᠡᠯ᠎ᠡ ᠵᠦᠢ᠍ᠯ᠎ᠤᠨ ᠭᠦᠢ᠍ᠴᠡᠳᠬᠡᠬᠦ ᠲᠣᠭ᠎ᠠ ᠵᠢᠨ ᠠᠳᠠᠯᠢ ᠬᠤᠭᠤᠴᠠᠭ᠋ᠠᠨ᠎ᠤ᠎ᠬᠢ᠎ᠲᠠᠢ ᠠᠳᠠᠯᠢᠳᠬᠠᠬᠤ᠎ᠳᠤ ᠬᠡᠷᠡᠭᠯᠡᠭᠰᠡᠨ ᠠᠳᠠᠯᠢ ᠬᠤᠭᠤᠴᠠᠭ᠋ᠠᠨ᠎ᠤ ᠲᠣᠭ᠎ᠠ᠎ᠨᠢ ᠲᠤᠰ ᠬᠤᠭᠤᠴᠠᠭ᠋ᠠᠨ᠎ᠤ ᠠᠵᠤ ᠠᠬᠤᠶ᠋ᠢᠯᠠᠯ (ᠨᠢᠭᠡᠴᠡ᠂ ᠬᠤᠪᠢ ᠵᠢᠨ ᠡᠷᠦᠬᠡ)᠎ᠤᠨ ᠪᠦᠷᠢᠳᠬᠡᠬᠦ ᠬᠡᠪᠴᠢᠶ᠎ᠡ᠎ᠯᠦᠭᠡ ᠬᠠᠷᠢᠯᠴᠠᠨ ᠨᠢᠭᠡᠳᠦᠯᠲᠡᠶ ᠪᠠᠶ᠋ᠢᠬᠤ ᠵᠢ ᠪᠠᠲᠤᠯᠠᠬᠤ ᠵᠢᠨ ᠲᠤᠰᠠᠳᠠ᠂ ᠳᠡᠭᠡᠷ᠎ᠡ ᠵᠢᠯ᠎ᠤᠨ ᠨᠡᠶ᠋ᠢᠲᠡᠯᠡᠭᠰᠡᠨ ᠲᠣᠭ᠎ᠠ ᠪᠠᠷᠢᠮᠲᠠ᠎ᠲᠠᠢ ᠬᠡᠯᠡᠯᠭᠡ ᠵᠢᠨ ᠵᠥᠷᠢᠶ᠎ᠡ ᠣᠷᠣᠰᠢᠵᠤ ᠪᠠᠶ᠋ᠢᠨ᠎ᠠ᠃ ᠡᠭᠦᠨ᠎ᠤ ᠭᠣᠣᠯ ᠰᠢᠯᠲᠠᠭ᠋ᠠᠨ᠎ᠨᠢ ᠵᠢᠯ ᠪᠦᠷᠢ ᠴᠥᠮ ᠬᠡᠰᠡᠭ ᠠᠵᠤ ᠠᠬᠤᠶ᠋ᠢᠯᠠᠯ (ᠨᠢᠭᠡᠴᠢ᠂ ᠬᠤᠪᠢ ᠵᠢᠨ ᠡᠷᠦᠭᠡ) ᠬᠢᠵᠠᠭ᠋ᠠᠷ ᠲᠣᠭ᠋ᠠᠨ᠎ᠤ ᠪᠠᠷᠢᠮᠵᠢᠶ᠎ᠠ᠎ᠳᠤ ᠬᠦᠷᠴᠦ ᠪᠠᠶ᠋ᠢᠴᠠᠭ᠋ᠠᠬᠤ ᠬᠡᠪᠴᠢᠶᠡᠨ᠎ᠳᠤ ᠣᠷᠣᠬᠤ ᠵᠢᠨ ᠬᠠᠮᠲᠤ ᠪᠠᠰᠠ ᠬᠡᠰᠡᠭ ᠠᠵᠤ ᠠᠬᠤᠶ᠋ᠢᠯᠠᠯ (ᠨᠢᠭᠡᠴᠢ᠂ ᠬᠤᠪᠢ ᠵᠢᠨ ᠡᠷᠦᠭᠡ) ᠬᠡᠪᠴᠢᠶ᠎ᠡ᠎ᠨᠢ ᠪᠠᠭ᠎ᠠ ᠪᠣᠯᠤᠭᠰᠠᠨ᠎ᠠᠴᠠ ᠬᠢᠵᠠᠭ᠋ᠠᠷ ᠲᠣᠭ᠋ᠠᠨ᠎ᠤ ᠪᠠᠷᠢᠮᠵᠢᠶ᠎ᠠ᠎ᠳᠤ ᠬᠦᠷᠦᠭᠰᠡᠨ ᠦᠭᠡᠢ᠎ᠠᠴᠠ ᠪᠤᠯᠵᠤ ᠪᠠᠶ᠋ᠢᠴᠠᠭ᠋ᠠᠬᠤ ᠬᠡᠪᠴᠢᠶ᠎ᠡ᠎ᠠᠴᠠ ᠤᠬᠤᠷᠢᠨ ᠭᠠᠷᠴᠤ᠂ ᠪᠠᠰᠠ ᠰᠢᠨ᠎ᠡ᠎ᠪᠠᠷ ᠠᠵᠢᠯ ᠡᠬᠢᠯᠡᠭᠦᠯᠦᠭᠰᠡᠨ᠂ ᠳᠠᠮᠫᠤᠷᠠᠭᠰᠠᠨ᠂ ᠬᠦᠴᠦᠨ ᠦᠭᠡᠢ ᠪᠣᠯᠭ᠋ᠠᠭᠰᠠᠨ ᠠᠵᠤ ᠠᠬᠤᠶ᠋ᠢᠯᠠᠯ (ᠨᠢᠭᠡᠴᠢ᠂ ᠬᠤᠪᠢ ᠵᠢᠨ ᠡᠷᠦᠭᠡ)᠎ᠤᠨ ᠨᠥᠯᠥᠭᠡ᠎ᠠᠴᠠ ᠪᠣᠯᠤᠭᠰᠠᠨ ᠶᠤᠮ᠃
        ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠬᠤ ᠲᠣᠭ᠎ᠠ ᠭᠡᠳᠡᠭ᠎ᠨᠢ ᠣᠯᠠᠨ ᠨᠡᠶ᠋ᠢᠲᠡ ᠵᠢᠨ ᠲᠤᠤᠷ ᠰᠦᠯᠵᠢᠶ᠎ᠡ ᠵᠢᠨ ᠠᠷᠠᠯᠵᠢᠶᠠᠨ᠎ᠤ ᠲᠠᠪᠴᠠᠩ (ᠥᠪᠡᠰᠦᠪᠡᠨ ᠪᠠᠶ᠋ᠢᠭᠤᠯᠤᠭᠰᠠᠨ ᠰᠦᠯᠵᠢᠶᠡᠨ ᠥᠷᠲᠡᠭᠡ ᠪᠠ ᠭᠤᠷᠪᠠᠳᠠᠬᠢ ᠡᠲᠡᠭᠡᠳ᠎ᠤᠨ ᠲᠠᠪᠴᠠᠩ ᠪᠠᠭᠲᠠᠨ᠎ᠠ) ᠵᠶ᠋ᠠᠷ ᠳᠠᠮᠵᠢᠭᠤᠯᠤᠨ ᠪᠡᠶᠡᠯᠡᠭᠦᠯᠦᠭᠰᠡᠨ ᠲᠠᠸᠠᠷ ᠪᠠ ᠦᠢ᠍ᠯᠡᠴᠢᠯᠡᠭᠡᠨ᠎ᠤ ᠵᠢᠵᠢᠭᠯᠡᠨ ᠬᠤᠳᠠᠯᠳᠤᠬᠤ ᠲᠣᠭ᠎ᠠ ᠵᠢᠨ ᠨᠡᠶ᠋ᠢᠯᠡᠪᠦᠷᠢ ᠵᠢ ᠵᠢᠭ᠋ᠠᠵᠤ ᠪᠣᠶ᠃ ᠲᠠᠸᠠᠷ ᠪᠠ ᠦᠢ᠍ᠯᠡᠴᠢᠯᠡᠭᠡ᠎ᠳᠤ ᠪᠣᠳᠠᠲᠤ ᠶᠠᠭᠤᠮ᠎ᠠ ᠵᠢᠨ ᠲᠠᠸᠠᠷ ᠪᠠ ᠪᠣᠳᠠᠲᠤ ᠶᠠᠭᠤᠮ᠎ᠠ ᠵᠢᠨ ᠪᠤᠰᠤ ᠲᠠᠸᠠᠷ (ᠵᠢᠱ᠌ᠢᠶᠡᠯᠡᠪᠡᠯ ᠬᠡᠶ᠋ᠢᠰᠪᠦᠷᠢ ᠲᠠᠸᠠᠷ᠂ ᠦᠢ᠍ᠯᠡᠴᠢᠯᠡᠭᠡᠨ᠎ᠤ ᠲᠦᠷᠦᠯ᠎ᠤᠨ ᠲᠠᠸᠠᠷ ᠵᠡᠷᠭᠡ) ᠪᠠᠭᠲᠠᠨ᠎ᠠ᠃
        ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠬᠤ ᠪᠦᠬᠦ ᠲᠣᠭ᠎ᠠ᠎ᠳᠤ ᠪᠣᠳᠠᠲᠤ ᠶᠠᠭᠤᠮ᠎ᠠ ᠵᠢᠨ ᠲᠠᠸᠠᠷ᠎ᠢ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠬᠤ ᠲᠣᠭ᠎ᠠ ᠪᠠᠭᠲᠠᠨ᠎ᠠ᠂ ᠪᠣᠳᠠᠲᠤ ᠶᠠᠭᠤᠮ᠎ᠠ ᠵᠢᠨ ᠪᠤᠰᠤ ᠲᠠᠸᠠᠷ᠎ᠢ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠬᠤ ᠲᠣᠭ᠎ᠠ ᠪᠠᠭᠲᠠᠬᠤ ᠦᠭᠡᠶ᠃
       (5) ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠬᠠᠩᠰᠢ ᠵᠢᠨ ᠢᠯᠡᠳᠬᠡᠭᠴᠢ ᠲᠣᠭ᠎ᠠ (Consumerpriceindex᠂ ᠳᠥᠭᠥᠮᠴᠢᠯᠡᠭᠡᠳ CPI ᠭᠡᠳᠡᠭ)᠄ ᠰᠠᠭᠤᠭ᠋ᠠᠯᠢ ᠠᠷᠠᠳ᠎ᠤᠨ ᠠᠮᠢᠳᠤᠷᠠᠯ᠎ᠤᠨ ᠬᠡᠷᠡᠭᠯᠡᠭᠡᠨ᠎ᠤ ᠵᠦᠢ᠍ᠯ ᠪᠠ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠬᠢᠷᠢ ᠬᠡᠮᠵᠢᠶ᠎ᠡ ᠵᠢᠨ ᠴᠠᠭ᠎ᠤᠨ ᠬᠤᠪᠢᠷᠠᠯᠲᠠ ᠵᠢ ᠳᠠᠭ᠋ᠠᠯᠳᠤᠨ ᠬᠤᠪᠢᠷᠠᠬᠤ ᠬᠠᠷᠢᠴᠠᠩᠭᠤᠶ ᠲᠣᠭ᠎ᠠ ᠵᠢ ᠬᠡᠮᠵᠢᠵᠦ᠂ ᠰᠠᠭᠤᠭ᠋ᠠᠯᠢ ᠠᠷᠠᠳ᠎ᠤᠨ ᠬᠤᠳᠠᠯᠳᠤᠨ ᠠᠪᠬᠤ ᠠᠮᠢᠳᠤᠷᠠᠯ᠎ᠤᠨ ᠬᠡᠷᠡᠭᠯᠡᠭᠡᠨ᠎ᠤ ᠵᠦᠢ᠍ᠯ ᠪᠠ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠬᠤᠪᠢᠷᠠᠯᠲᠠ ᠵᠢᠨ ᠪᠠᠶ᠋ᠢᠳᠠᠯ᠎ᠢ ᠶᠡᠷᠦᠩᠬᠡᠶ᠋ᠢᠯᠡᠨ

ᠲᠤᠰᠬᠠᠨ᠎ᠠ᠃
       (6) ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢ ᠵᠢᠨ ᠦᠨ᠎ᠡ ᠵᠢᠨ ᠢᠯᠡᠳᠬᠡᠭᠴᠢ ᠲᠣᠭ᠎ᠠ᠄ ᠡᠭᠦᠨ᠎ᠳᠤ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢ ᠵᠢᠨ ᠦᠢ᠍ᠯᠡᠳᠪᠦᠷᠢ᠎ᠠᠴᠠ ᠭᠠᠷᠭ᠋ᠠᠬᠤ ᠦᠨ᠎ᠡ ᠵᠢᠨ ᠢᠯᠡᠳᠬᠡᠭᠴᠢ ᠲᠣᠭ᠎ᠠ (Producer Priceindexforlndustrial Products᠂ ᠳᠥᠭᠥᠮᠴᠢᠯᠡᠭᠡᠳ PPI ᠭᠡᠳᠡᠭ) ᠪᠣᠯᠤᠨ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢ ᠵᠢᠨ ᠬᠤᠳᠠᠯᠳᠤᠨ ᠠᠪᠬᠤ ᠦᠨ᠎ᠡ ᠵᠢᠨ ᠢᠯᠡᠳᠬᠡᠭᠴᠢ ᠲᠣᠭ᠎ᠠ ᠪᠠᠭᠲᠠᠨ᠎ᠠ᠃
        ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢᠳ᠎ᠤᠨ ᠦᠢ᠍ᠯᠡᠳᠪᠦᠷᠢ᠎ᠠᠴᠠ ᠭᠠᠷᠭ᠋ᠠᠬᠤ ᠦᠨ᠎ᠡ ᠵᠢᠨ ᠢᠯᠡᠳᠬᠡᠭᠴᠢ ᠲᠣᠭ᠎ᠠ᠎ᠨᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠦᠢ᠍ᠯᠡᠳᠬᠦᠨ᠎ᠢ ᠠᠩᠬ᠎ᠠ ᠤᠳᠠᠭ᠎ᠠ ᠬᠤᠳᠠᠯᠳᠤᠬᠤ ᠦᠶ᠎ᠡ ᠵᠢᠨ ᠦᠢ᠍ᠯᠡᠳᠪᠦᠷᠢ᠎ᠠᠴᠠ ᠭᠠᠷᠭ᠋ᠠᠬᠤ ᠦᠨ᠎ᠡ ᠵᠢᠨ ᠬᠤᠪᠢᠷᠠᠯᠲᠠ ᠵᠢᠨ ᠬᠠᠨᠳᠤᠰᠢ ᠪᠠ ᠬᠤᠪᠢᠷᠠᠯᠲᠠ ᠵᠢᠨ ᠬᠡᠮᠵᠢᠶ᠎ᠡ ᠵᠢ ᠲᠤᠰᠬᠠᠳᠠᠭ᠃ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢᠳ᠎ᠤᠨ ᠬᠤᠳᠠᠯᠳᠤᠨ ᠠᠪᠬᠤ ᠦᠨ᠎ᠡ ᠵᠢᠨ ᠢᠯᠡᠳᠬᠡᠭᠴᠢ ᠲᠣᠭ᠎ᠠ᠎ᠨᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠵᠠᠪᠰᠠᠷ᠎ᠤᠨ ᠣᠷᠣᠭᠤᠯᠤᠯᠲᠠ ᠪᠣᠯᠬᠤ ᠦᠢ᠍ᠯᠡᠳᠬᠦᠨ᠎ᠤ ᠬᠤᠳᠠᠯᠳᠤᠨ ᠠᠪᠬᠤ ᠦᠨ᠎ᠡ ᠵᠢᠨ ᠬᠤᠪᠢᠷᠠᠯᠲᠠ ᠵᠢᠨ ᠬᠠᠨᠳᠤᠰᠢ ᠪᠠ ᠬᠤᠪᠢᠷᠠᠯᠲᠠ ᠵᠢᠨ ᠬᠡᠮᠵᠢᠶ᠎ᠡ ᠵᠢ ᠲᠤᠰᠬᠠᠳᠠᠭ᠃
       (7) ᠰᠠᠭᠤᠭ᠋ᠠᠯᠢ ᠠᠷᠠᠳ᠎ᠤᠨ ᠡᠵᠡᠮᠳᠡᠵᠦ ᠪᠣᠯᠬᠤ ᠣᠷᠣᠯᠭ᠎ᠠ᠄ ᠰᠠᠭᠤᠭ᠋ᠠᠯᠢ ᠠᠷᠠᠳ᠎ᠤᠨ ᠡᠵᠡᠮᠳᠡᠵᠦ ᠪᠣᠯᠬᠤ ᠣᠷᠣᠯᠭ᠎ᠠ ᠭᠡᠳᠡᠭ᠎ᠨᠢ ᠰᠠᠭᠤᠭ᠋ᠠᠯᠢ ᠠᠷᠠᠳ᠎ᠤᠨ ᠬᠠᠮᠤᠭ ᠡᠴᠦᠰ᠎ᠤᠨ ᠬᠡᠷᠡᠭᠯᠡᠭᠡᠨ᠎ᠤ ᠵᠠᠷᠤᠯᠭ᠎ᠠ ᠪᠠ ᠬᠠᠳᠠᠭ᠋ᠠᠯᠠᠮᠵᠢ ᠵᠢᠨ ᠨᠡᠶ᠋ᠢᠯᠡᠪᠦᠷᠢ ᠵᠢ ᠵᠢᠭ᠋ᠠᠵᠤ ᠪᠠᠶ᠋ᠢᠨ᠎ᠠ᠂ ᠲᠤᠬᠠᠶ᠋ᠢᠯᠠᠪᠠᠯ ᠰᠠᠭᠤᠭ᠋ᠠᠯᠢ ᠠᠷᠠᠳ᠎ᠤᠨ ᠴᠢᠯᠥᠭᠡᠲᠡᠢ᠎ᠪᠠᠷ ᠡᠵᠡᠮᠳᠡᠵᠦ ᠪᠣᠯᠬᠤ ᠣᠷᠣᠯᠭ᠎ᠠ ᠪᠣᠯᠤᠨ᠎ᠠ᠂ ᠡᠭᠦᠨ᠎ᠳᠤ ᠪᠡᠯᠡᠨ ᠵᠣᠭᠣᠰ᠎ᠤᠨ ᠣᠷᠣᠯᠭ᠎ᠠ ᠪᠠᠭᠲᠠᠬᠤ ᠮᠥᠷᠲᠡᠭᠡᠨ ᠪᠣᠳᠠᠲᠤ ᠪᠣᠳᠠᠰ᠎ᠤᠨ ᠣᠷᠣᠯᠭ᠎ᠠ ᠴᠤ᠌ ᠪᠠᠭᠲᠠᠨ᠎ᠠ᠃ ᠣᠷᠣᠯᠭ᠎ᠠ ᠵᠢᠨ ᠢᠷᠡᠯᠲᠡ ᠶᠣᠰᠣᠭ᠋ᠠᠷ᠂ ᠡᠵᠡᠮᠳᠡᠵᠦ ᠪᠣᠯᠬᠤ ᠣᠷᠣᠯᠭ᠎ᠠ᠎ᠳᠤ ᠴᠠᠯᠢᠩ᠎ᠤᠨ ᠴᠢᠨᠠᠷᠲᠠᠶ ᠣᠷᠣᠯᠭ᠎ᠠ᠂ ᠡᠵᠡᠩᠨᠡᠯᠲᠡ ᠵᠢᠨ ᠴᠡᠪᠡᠷ ᠣᠷᠣᠯᠭ᠎ᠠ᠂ ᠡᠳ᠋ ᠬᠥᠷᠥᠩᠭᠡ ᠵᠢᠨ ᠴᠡᠪᠡᠷ ᠣᠷᠣᠯᠭ᠎ᠠ ᠪᠠ ᠰᠢᠯᠵᠢᠭᠦᠯᠦᠭᠰᠡᠨ ᠴᠡᠪᠡᠷ ᠣᠷᠣᠯᠭ᠎ᠠ ᠪᠠᠭᠲᠠᠨ᠎ᠠ᠃
       (8) ᠠᠮᠤ ᠪᠤᠳᠠᠭ᠋ᠠᠨ᠎ᠤ ᠭᠠᠷᠤᠯᠲᠠ᠂ ᠮᠠᠯ᠎ᠤᠨ ᠠᠰᠢᠭ ᠰᠢᠮ᠎ᠡ ᠵᠢᠨ ᠭᠠᠷᠤᠯᠲᠠ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠬᠥᠮᠦᠨ ᠪᠦᠷᠢ ᠵᠢᠨ ᠳᠤᠮᠳᠠᠴᠢ ᠡᠵᠡᠮᠳᠡᠵᠦ ᠪᠣᠯᠬᠤ ᠣᠷᠣᠯᠭ᠎ᠠ᠂ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠬᠠᠩᠰᠢ ᠵᠢᠨ ᠢᠯᠡᠳᠬᠡᠭᠴᠢ ᠲᠣᠭ᠎ᠠ᠂ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢᠳ᠎ᠤᠨ ᠦᠨ᠎ᠡ ᠬᠠᠩᠰᠢ ᠵᠢᠨ ᠢᠯᠡᠳᠬᠡᠭᠴᠢ ᠲᠣᠭ᠎ᠠ᠎ᠨᠢ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶᠠᠨ᠎ᠤ ᠥᠪᠥᠷ ᠮᠣᠩᠭᠣᠯ᠎ᠤᠨ ᠪᠠᠶ᠋ᠢᠴᠠᠭ᠋ᠠᠯᠲᠠ ᠵᠢᠨ ᠶᠡᠷᠦᠩᠬᠡᠶ ᠠᠩᠭᠢ᠎ᠠᠴᠠ ᠢᠷᠡᠯᠲᠡ᠎ᠲᠠᠢ ᠶᠤᠮ᠃
       (9) ᠬᠡᠰᠡᠭ ᠲᠣᠭ᠎ᠠ ᠪᠠᠷᠢᠮᠲᠠ᠎ᠨᠢ ᠳᠥᠷᠪᠡ ᠵᠢ ᠬᠠᠶᠠᠵᠤ ᠲᠠᠪᠤ ᠵᠢ ᠳᠡᠪᠰᠢᠭᠦᠯᠦᠭᠰᠡᠨ ᠰᠢᠯᠲᠠᠭ᠋ᠠᠨ᠎ᠠᠴᠠ ᠪᠣᠯᠵᠣ᠂ ᠶᠡᠷᠦᠩᠬᠡᠶ ᠲᠣᠭ᠎ᠠ᠎ᠨᠢ ᠬᠤᠪᠢᠶᠠᠷᠢ ᠵᠦᠢ᠍ᠯ᠎ᠲᠠᠢ ᠨᠡᠶ᠋ᠢᠯᠡᠭᠡᠳ ᠠᠳᠠᠯᠢ ᠥᠬᠡᠶ ᠪᠠᠶ᠋ᠢᠳᠠᠯ ᠣᠷᠣᠰᠢᠵᠤ ᠪᠠᠶ᠋ᠢᠨ᠎ᠠ᠃



ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠤᠨ᠎ᠤ ᠲᠣᠭ᠎ᠠ ᠪᠦᠷᠢᠳᠭᠡᠯ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
2023 ᠣᠨ᠎ᠤ ᠨᠢᠭᠡᠳᠦᠭᠡᠷ ᠤᠯᠠᠷᠢᠯ᠎ᠤᠨ ᠪᠥᠬᠥ ᠣᠷᠣᠨ᠎ᠤ ᠠᠵᠤ ᠠᠬᠤᠶ ᠵᠢᠨ ᠠᠵᠢᠯᠯᠠᠭ᠋ᠠᠨ᠎ᠤ ᠪᠠᠶ᠋ᠢᠳᠠᠯ᠎ᠤᠨ ᠰᠣᠨᠢᠨ ᠮᠡᠳᠡᠭᠡ ᠨᠡᠶ᠋ᠢᠲᠡᠯᠡᠬᠦ ᠬᠤᠷᠠᠯ ᠳᠡᠭᠡᠷ᠎ᠡ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
2023 ᠣᠨ᠎ᠤ ᠳᠡᠭᠡᠷ᠎ᠡ ᠬᠠᠭ᠋ᠠᠰ ᠵᠢᠯ᠎ᠳᠤ ᠪᠥᠬᠥ ᠣᠷᠣᠨ᠎ᠤ ᠠᠵᠤ ᠠᠬᠤᠶ ᠵᠢᠨ ᠠᠵᠢᠯᠯᠠᠭ᠋ᠠᠨ᠎ᠤ ᠪᠠᠶ᠋ᠢᠳᠠᠯ᠎ᠤᠨ ᠲᠤᠬᠠᠶ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
2023 ᠣᠨ᠎ᠤ ᠲᠦᠷᠦᠭᠦᠦ ᠭᠤᠷᠪᠠᠨ ᠤᠯᠠᠷᠢᠯ᠎ᠤᠨ ᠪᠥᠬᠥ ᠣᠷᠣᠨ᠎ᠤ ᠠᠵᠤ ᠠᠬᠤᠶ ᠵᠢᠨ ᠠᠵᠢᠯᠯᠠᠭ᠋ᠠᠨ᠎ᠤ ᠪᠠᠶ᠋ᠢᠳᠠᠯ᠎ᠤᠨ ᠲᠤᠬᠠᠶ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
2023 ᠣᠨ᠎ᠤ ᠪᠥᠬᠥ ᠣᠷᠣᠨ᠎ᠤ ᠠᠵᠤ ᠠᠬᠤᠶ ᠵᠢᠨ ᠠᠵᠢᠯᠯᠠᠭ᠋ᠠᠨ᠎ᠤ ᠪᠠᠶ᠋ᠢᠳᠠᠯ᠎ᠤᠨ ᠲᠤᠬᠠᠶ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
2023 ᠣᠨ᠎ᠳᠤ ᠪᠥᠬᠥ ᠣᠷᠣᠨ᠎ᠤ ᠠᠵᠤ ᠠᠬᠤᠶ ᠰᠢᠨ᠎ᠡ ᠵᠠᠮ ᠵᠶ᠋ᠠᠷ ᠡᠷᠡᠯᠬᠡᠭᠯᠡᠨ ᠤᠷᠤᠭᠰᠢᠯᠠᠵᠤ ᠳᠤᠮᠳᠠᠳᠤ ᠤᠯᠤᠰ᠎ᠤᠨ ᠮᠠᠶᠢᠭ᠎ᠤᠨ ᠤᠳᠤᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠳᠠᠬᠢᠨ ᠪᠢᠴᠢᠭᠯᠡᠪᠡ
 
            