《ᠥᠪᠥᠷ ᠮᠣᠩᠭᠣᠯ᠎ᠤᠨ ᠡᠳᠦᠷ᠎ᠤᠨ ᠰᠣᠨᠢᠨ》᠎ᠤ ᠰᠤᠷᠪᠤᠯᠵᠢᠯᠠᠭᠴᠢ᠄ ᠸᠠᠩ ᠲᠣᠪᠴᠢᠶᠠᠨ ᠳᠠᠷᠤᠭ᠎ᠠ ᠰᠠᠢ᠍ᠢ᠍ᠨ ᠪᠠᠶ᠋ᠢᠨ᠎ᠠ ᠦᠦ᠃ ᠲᠠ ᠰᠠᠶᠢᠬᠠᠨ ᠡᠨᠡ ᠵᠢᠯ᠎ᠤᠨ ᠨᠢᠭᠡᠳᠦᠭᠡᠷ ᠤᠯᠠᠷᠢᠯ᠎ᠤᠨ ᠥᠪᠥᠷ ᠮᠣᠩᠭᠣᠯ᠎ᠤᠨ ᠭᠤᠤᠯ ᠪᠣᠯᠬᠤ ᠠᠵᠤ ᠠᠬᠤᠶ ᠵᠢᠨ ᠲᠣᠭ᠎ᠠ ᠪᠠᠷᠢᠮᠲᠠ ᠵᠢ ᠵᠠᠷᠯᠠᠨ ᠮᠡᠳᠡᠭᠳᠡᠪᠡ᠂ ᠲᠠ ᠨᠢᠭᠡᠳᠦᠭᠡᠷ ᠤᠯᠠᠷᠢᠯ᠎ᠤᠨ ᠪᠥᠬᠥ ᠣᠷᠣᠨ᠎ᠤ ᠠᠵᠤ ᠠᠬᠤᠶ ᠵᠢᠨ ᠠᠵᠢᠯᠯᠠᠭ᠋ᠠᠨ᠎ᠤ ᠪᠠᠶ᠋ᠢᠳᠠᠯ᠎ᠢ ᠬᠡᠷᠬᠢᠨ ᠦᠨᠡᠯᠡᠬᠦ ᠪᠣᠶ? ᠶᠠᠮᠠᠷ ᠶᠠᠮᠠᠷ ᠬᠢᠯᠠᠰ ᠴᠡᠭ ᠪᠠᠶ᠋ᠢᠬᠤ ᠪᠣᠶ?
ᠬᠠᠷᠢᠭᠤᠯᠲᠠ᠄ ᠲᠠᠨ᠎ᠤ ᠠᠰᠠᠭᠤᠭᠰᠠᠨ᠎ᠳᠤ ᠲᠠᠯᠠᠷᠬᠠᠵᠤ ᠪᠠᠶ᠋ᠢᠨ᠎ᠠ᠃ ᠡᠨᠡ ᠵᠢᠯ ᠪᠣᠯ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠡᠬᠢᠯᠡᠯᠲᠡ ᠵᠢᠨ ᠵᠢᠯ ᠪᠣᠯᠬᠣᠷ᠂ ᠰᠠᠶ᠋ᠢᠨ ᠡᠬᠢᠯᠡᠯᠲᠡ᠎ᠲᠠᠢ ᠪᠣᠯᠭ᠋ᠠᠵᠤ᠂ ᠪᠦᠬᠦ ᠣᠷᠣᠨ᠎ᠤ ᠠᠵᠤ ᠠᠬᠤᠶ ᠵᠢᠨ ᠯᠠᠪᠳᠠᠭᠤᠨ ᠵᠶ᠋ᠠᠷ ᠤᠷᠤᠭᠰᠢ ᠬᠥᠭᠵᠢᠬᠦ ᠵᠢ ᠦᠨᠡᠨᠬᠦ ᠪᠠᠲᠤᠯᠠᠬᠤ᠎ᠨᠢ ᠳᠠᠷᠠᠭ᠋ᠠᠴᠢ ᠵᠢᠨ ᠱᠠᠲᠤ ᠦᠶ᠎ᠡ ᠴᠢᠨᠠᠭᠰᠢᠯᠠᠪᠠᠯ ᠪᠦᠬᠦ ᠵᠢᠯ᠎ᠤᠨ ᠠᠵᠤ ᠠᠬᠤᠶ ᠵᠢᠨ ᠠᠵᠢᠯ᠎ᠢ ᠰᠠᠶ᠋ᠢᠲᠤᠷ ᠬᠢᠬᠦ᠎ᠳᠤ ᠲᠤᠶ᠋ᠢᠯ᠎ᠤᠨ ᠴᠢᠬᠤᠯᠠ ᠠᠴᠢ ᠬᠣᠯᠪᠣᠭᠳᠠᠯ᠎ᠲᠠᠢ ᠶᠤᠮ᠃ ᠡᠶ᠋ᠢᠮᠦ᠎ᠠᠴᠠ᠂ ᠣᠯᠠᠨ ᠵᠶ᠋ᠠᠷ ᠵᠶ᠋ᠠᠨ ᠨᠢᠭᠡᠳᠦᠭᠡᠷ ᠤᠯᠠᠷᠢᠯ᠎ᠤᠨ ᠪᠥᠬᠥ ᠣᠷᠣᠨ᠎ᠤ ᠠᠵᠤ ᠠᠬᠤᠶ ᠵᠢᠨ ᠠᠵᠢᠯᠯᠠᠭ᠋ᠠᠨ᠎ᠤ ᠬᠠᠨᠳᠤᠰᠢ᠎ᠳᠤ ᠣᠨᠴᠠᠭ᠋ᠠᠶ ᠠᠩᠬᠠᠷᠤᠯ ᠲᠠᠯᠪᠢᠵᠤ ᠪᠠᠶ᠋ᠢᠨ᠎ᠠ᠃ ᠡᠨᠡ ᠵᠢᠯ᠎ᠠᠴᠠ ᠨᠠᠰᠢ᠂ ᠪᠥᠬᠥ ᠣᠷᠣᠨ᠎ᠤ ᠳᠡᠭᠡᠳᠦ ᠳᠤᠤᠷᠠᠳᠤ ᠱᠠᠲᠤ᠎ᠪᠠᠷ ᠵᠶ᠋ᠠᠨ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠳᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠪᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ᠎ᠤ ᠠᠵᠢᠯ᠎ᠤᠨ ᠲᠣᠬᠢᠷᠠᠭᠤᠯᠤᠯᠲᠠ ᠵᠢ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠰᠢᠨ᠎ᠡ ᠵᠢᠯ ᠡᠬᠢᠯᠡᠮᠡᠭᠴᠡ᠎ᠪᠠᠨ ᠶᠡᠬᠡ᠎ᠪᠠᠷ ᠬᠢᠬᠦ᠂ ᠲᠦᠷᠭᠡᠨ ᠬᠢᠬᠦ᠂ ᠰᠢᠪᠳᠤᠯᠤᠯᠳᠠ ᠭᠠᠷᠭ᠋ᠠᠬᠤ ᠵᠢ ᠪᠠᠷᠢᠮᠳᠠᠯᠠᠵᠤ᠂ ᠪᠥᠬᠥ ᠣᠷᠣᠨ᠎ᠤ ᠠᠵᠤ ᠠᠬᠤᠶ ᠵᠢᠨ ᠠᠵᠢᠯᠯᠠᠭ᠋ᠠᠨ᠎ᠤ ᠲᠣᠭᠲᠠᠭᠤᠨ᠎ᠤ ᠳᠤᠮᠳᠠ ᠤᠷᠤᠭᠰᠢᠯᠠᠨ ᠳᠠᠪᠰᠢᠬᠤ᠂ ᠲᠣᠭᠲᠠᠭᠤᠨ᠎ᠤ ᠳᠤᠮᠳᠠ ᠰᠠᠶ᠋ᠢᠵᠢᠷᠠᠬᠤ ᠵᠢ ᠪᠥᠬᠥ ᠬᠦᠴᠦᠨ ᠵᠶ᠋ᠠᠷ ᠵᠶ᠋ᠠᠨ ᠠᠬᠢᠭᠤᠯᠪᠠ᠃ ᠨᠢᠭᠡᠳᠦᠭᠡᠷ ᠤᠯᠠᠷᠢᠯ᠎ᠳᠤ ᠪᠥᠬᠥ ᠣᠷᠣᠨ᠎ᠤ ᠠᠵᠤ ᠠᠬᠤᠶ 5.6 %᠎ᠪᠠᠷ ᠨᠡᠮᠡᠭᠳᠡᠪᠡ᠂ ᠡᠨᠡ ᠬᠦ᠌ 5.6 % ᠵᠢ ᠣᠯᠤᠭᠰᠠᠨ᠎ᠨᠢ ᠬᠢᠯᠪᠠᠷ ᠪᠤᠰᠤ ᠶᠤᠮ᠂ 《ᠲᠣᠭᠲᠠᠭᠤᠨ ᠪᠠᠶ᠋ᠢᠯᠭ᠋ᠠᠬᠤ》 ᠪᠠ 《ᠤᠷᠤᠭᠰᠢᠯᠠᠬᠤ》 ᠬᠠᠨᠳᠤᠰᠢ ᠵᠢ ᠪᠠᠲᠤᠯᠠᠭᠰᠠᠨ ᠵᠶ᠋ᠠᠷ ᠪᠠᠷᠠᠬᠤ ᠥᠬᠡᠶ᠂ ᠪᠠᠰᠠ ᠪᠥᠬᠥ ᠣᠷᠣᠨ᠎ᠤ ᠠᠵᠤ ᠠᠬᠤᠶ ᠵᠢᠨ 《ᠰᠠᠶ᠋ᠢᠨ ᠡᠬᠢᠯᠡᠯᠲᠡ》 ᠵᠢ ᠪᠡᠶᠡᠯᠡᠭᠦᠯᠪᠡ᠂ ᠨᠠᠩ ᠴᠤ᠌ ᠪᠥᠬᠥ ᠣᠷᠣᠨ᠎ᠤ ᠳᠡᠭᠡᠳᠦ ᠳᠤᠤᠷᠠᠳᠤ ᠱᠠᠲᠤ᠎ᠪᠠᠷ ᠵᠶ᠋ᠠᠨ ᠴᠠᠭ᠎ᠢ ᠵᠠᠪᠳᠤᠨ᠂ ᠦᠷ᠎ᠡ ᠪᠦᠲᠦᠮᠵᠢ ᠤᠯᠬᠤ᠎ᠪᠠᠷ ᠴᠢᠷᠮᠠᠶ᠋ᠢᠵᠤ᠂ ᠡᠷᠴᠢ ᠵᠣᠷᠢᠭ ᠵᠶ᠋ᠠᠨ ᠬᠥᠪᠴᠢᠯᠡᠨ ᠴᠢᠷᠮᠠᠶ᠋ᠢᠵᠤ ᠪᠠᠶ᠋ᠢᠭ᠋ᠠᠳ ᠣᠯᠤᠭᠰᠠᠨ ᠶᠤᠮ᠂ ᠡᠶ᠋ᠢᠮᠦ᠎ᠠᠴᠠ ᠬᠢᠯᠪᠠᠷ ᠪᠤᠰᠤ᠎ᠪᠠᠷ ᠢᠷᠡᠭᠰᠡᠨ ᠶᠤᠮ᠃ ᠬᠤᠷᠢᠶᠠᠩᠭᠤᠶ᠋ᠢᠯᠠᠪᠠᠯ ᠪᠦᠬᠦ ᠣᠷᠣᠨ᠎ᠤ ᠠᠵᠤ ᠠᠬᠤᠶ ᠵᠢᠨ ᠠᠵᠢᠯᠯᠠᠭ᠋ᠠᠨ᠎ᠨᠢ ᠭᠣᠣᠯᠳᠠᠭᠤ ᠳᠣᠣᠷᠠᠬᠢ ᠮᠡᠲᠦ ᠬᠡᠳᠦᠨ ᠣᠨᠴᠠᠯᠢᠭ᠎ᠲᠠᠢ᠄
ᠨᠢᠭᠡᠳᠦᠭᠡᠷ ᠣᠨᠴᠠᠯᠢᠭ᠎ᠨᠢ᠂ ᠲᠥᠯᠥᠪᠵᠢᠭᠦᠯᠭᠡ ᠪᠠᠶ᠋ᠢᠷᠢᠯᠠᠭᠤᠯᠤᠯᠲᠠ ᠡᠷᠲᠡ᠃ ᠡᠨᠡ᠎ᠨᠢ ᠭᠣᠣᠯᠳᠠᠭᠤ ᠲᠦᠷᠦ ᠵᠢᠨ ᠪᠤᠳᠤᠯᠭ᠎ᠠ ᠵᠢ ᠦᠷᠭᠦᠯᠵᠢᠯᠡᠨ ᠤᠷᠤᠭᠰᠢᠯᠠᠭᠤᠯᠬᠤ ᠳᠡᠭᠡᠷ᠎ᠡ ᠢᠯᠡᠷᠡᠵᠦ ᠪᠠᠶ᠋ᠢᠨ᠎ᠠ᠃ ᠡᠨᠡ ᠵᠢᠯ᠎ᠤᠨ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠵᠢᠨ ᠠᠵᠢᠯ᠎ᠤᠨ ᠬᠤᠷᠠᠯ ᠪᠣᠯᠤᠨ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠳᠤ ᠮᠠᠨ᠎ᠤ ᠣᠷᠣᠨ᠎ᠤ ᠪᠥᠬᠥ ᠵᠢᠯ᠎ᠤᠨ ᠬᠥᠭᠵᠢᠯᠲᠡ ᠵᠢᠨ ᠶᠡᠷᠦᠩᠬᠡᠶ ᠪᠠᠶ᠋ᠢᠳᠠᠯ᠎ᠢ ᠲᠣᠭᠲᠠᠭ᠋ᠠᠭᠰᠠᠨ᠎ᠤ ᠳᠠᠷᠠᠭ᠎ᠠ᠂ ᠪᠥᠬᠥ ᠣᠷᠣᠨ᠎ᠤ ᠳᠡᠭᠡᠳᠦ ᠳᠤᠤᠷᠠᠳᠤ ᠱᠠᠲᠤᠨ᠎ᠤ᠎ᠬᠢᠨ ᠬᠠᠷᠠᠯᠲᠠ᠎ᠪᠠᠨ ᠲᠣᠭᠲᠠᠭ᠋ᠠᠵᠤ᠂ ᠶᠡᠬᠡ᠎ᠪᠠᠷ ᠠᠵᠢᠯᠯᠠᠵᠤ ᠲᠦᠷᠭᠡᠨ ᠠᠬᠢᠭᠤᠯᠵᠤ᠂ ᠥᠪᠡᠷᠲᠡᠭᠡᠨ ᠵᠠᠰᠠᠬᠤ ᠣᠷᠣᠨ᠎ᠠᠴᠠ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ 120 ᠵᠤᠷᠪᠤᠰ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠵᠠᠯᠭ᠋ᠠᠭ᠎ᠠ᠎ᠪᠠᠷ ᠨᠡᠶ᠋ᠢᠲᠡᠯᠡᠵᠦ᠂ ᠨᠢᠭᠡᠳᠦᠭᠡᠷ ᠤᠯᠠᠷᠢᠯ᠎ᠤᠨ ᠠᠵᠤ ᠠᠬᠤᠶ ᠵᠢᠨ 《ᠲᠣᠭᠲᠠᠭᠤᠨ》 ᠪᠠ 《ᠤᠷᠤᠭᠰᠢᠯᠠᠯᠲᠠ》᠎ᠳᠤ ᠲᠥᠷᠥ ᠵᠢᠨ ᠪᠣᠳᠣᠯᠭ᠎ᠠ ᠵᠢᠨ ᠪᠠᠲᠤᠯᠠᠭ᠎ᠠ ᠬᠠᠩᠭ᠋ᠠᠪᠠ᠃
ᠬᠣᠶᠠᠳᠤᠭ᠋ᠠᠷ ᠣᠨᠴᠠᠯᠢᠭ᠎ᠨᠢ᠂ ᠦᠢ᠍ᠯᠡᠳᠪᠦᠷᠢᠯᠡᠯ᠎ᠤᠨ ᠪᠠᠶ᠋ᠢᠳᠠᠯ ᠰᠠᠢ᠍ᠢ᠍ᠨ ᠪᠠᠶ᠋ᠢᠨ᠎ᠠ᠃ ᠰᠠᠶᠢ ᠵᠢᠨ ᠮᠡᠳᠡᠭᠳᠡᠯ᠎ᠳᠤ ᠳᠤᠷᠠᠳᠤᠭᠰᠠᠨ᠎ᠨᠢ᠂ ᠨᠢᠭᠡᠳᠦᠭᠡᠷ ᠤᠯᠠᠷᠢᠯ᠎ᠳᠤ ᠪᠥᠬᠥ ᠣᠷᠣᠨ᠎ᠤ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 5.6 %᠎ᠪᠠᠷ ᠨᠡᠮᠡᠭᠳᠡᠵᠦ᠂ ᠨᠢᠳᠤᠨᠤᠨ᠎ᠤ ᠪᠥᠬᠥ ᠵᠢᠯ᠎ᠤᠨ᠎ᠬᠢ᠎ᠠᠴᠠ 1.4 ᠵᠠᠭᠤᠨ᠎ᠤ ᠬᠤᠪᠢ ᠵᠢᠨ ᠴᠡᠭ ᠳᠡᠭᠡᠭᠰᠢᠯᠡᠪᠡ᠃ ᠭᠤᠷᠪᠠᠳᠤᠭ᠋ᠠᠷ ᠠᠵᠤ ᠦᠢ᠍ᠯᠡᠰ᠎ᠠᠴᠠ ᠦᠵᠡᠪᠡᠯ᠂ ᠨᠢᠭᠡᠳᠦᠭᠡᠷ᠂ ᠬᠣᠶᠠᠳᠤᠭ᠋ᠠᠷ᠂ ᠭᠤᠷᠪᠠᠳᠤᠭ᠋ᠠᠷ ᠠᠵᠤ ᠦᠢ᠍ᠯᠡᠰ᠎ᠤᠨ ᠨᠡᠮᠡᠭᠳᠡᠯ ᠦᠷᠲᠡᠭ᠎ᠤᠨ ᠨᠡᠮᠡᠭᠳᠡᠯ᠎ᠤᠨ ᠬᠤᠷᠳᠤᠴᠠ ᠴᠥᠮ ᠨᠢᠳᠤᠨᠤᠨ᠎ᠤ ᠪᠦᠬᠦ ᠵᠢᠯ᠎ᠤᠨ᠎ᠬᠢ᠎ᠠᠴᠠ ᠵᠢᠭ᠋ᠠᠬᠠᠨ ᠲᠦᠷᠭᠡᠨ ᠪᠣᠯᠪᠠ᠃ ᠲᠠᠷᠢᠶᠠᠯᠠᠩ ᠮᠠᠯ ᠠᠵᠤ ᠠᠬᠤᠶ᠎ᠠᠴᠠ ᠦᠵᠡᠪᠡᠯ᠂ ᠦᠢ᠍ᠯᠡᠳᠪᠦᠷᠢᠯᠡᠯ ᠶᠡᠷᠦᠩᠬᠡᠶ᠎ᠳᠡᠭᠡᠨ ᠲᠣᠭᠲᠠᠭᠤᠨ ᠪᠠᠶ᠋ᠢᠵᠤ᠂ ᠬᠠᠪᠤᠷ᠎ᠤᠨ ᠲᠠᠷᠢᠶᠠᠯᠠᠭ᠎ᠠ ᠵᠢᠨ ᠪᠡᠯᠡᠳᠬᠡᠯ ᠠᠵᠢᠯ ᠡᠮᠬᠢ ᠵᠢᠷᠤᠮ᠎ᠲᠠᠢ ᠠᠭᠢᠵᠤ᠂ ᠮᠠᠯ ᠠᠵᠤ ᠠᠬᠤᠶ ᠵᠢᠨ ᠦᠢ᠍ᠯᠡᠳᠪᠦᠷᠢᠯᠡᠯ ᠲᠣᠭᠲᠠᠭᠤᠨ᠎ᠤ ᠳᠤᠮᠳᠠ ᠨᠡᠮᠡᠭᠳᠡᠵᠦ᠂ ᠮᠠᠯ᠎ᠤᠨ ᠲᠣᠭ᠎ᠠ ᠲᠣᠯᠣᠭ᠋ᠠᠶ ᠪᠠ ᠮᠢᠬᠠᠨ᠎ᠤ ᠲᠥᠷᠥᠯ᠎ᠤᠨ ᠭᠠᠷᠤᠯᠲᠠ ᠴᠥᠮ ᠲᠣᠭᠲᠠᠭᠤᠨ ᠵᠶ᠋ᠠᠷ ᠨᠡᠮᠡᠭᠳᠡᠪᠡ᠃ ᠠᠵᠤ ᠦᠢ᠍ᠯᠡᠳᠪᠦᠷᠢ ᠵᠢᠨ ᠲᠠᠯ᠎ᠠ᠎ᠠᠴᠠ ᠦᠵᠡᠪᠡᠯ᠂ ᠠᠵᠤ ᠦᠢ᠍ᠯᠡᠰ᠎ᠤᠨ ᠡᠷᠭᠢᠯᠲᠡ ᠲᠣᠭᠲᠠᠭᠤᠨ᠎ᠤ ᠳᠤᠮᠳᠠ ᠠᠬᠢᠯᠲᠠ᠎ᠲᠠᠢ ᠪᠣᠯᠪᠠ᠃ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ 38 ᠠᠵᠢᠯ ᠲᠥᠷᠥᠯ᠎ᠤᠨ ᠲᠣᠮᠣ ᠲᠥᠷᠥᠯ ᠪᠠ 295 ᠵᠦᠢ᠍ᠯ᠎ᠤᠨ ᠦᠢ᠍ᠯᠡᠳᠬᠦᠨ᠎ᠤ ᠭᠠᠷᠤᠯᠲᠠ ᠴᠥᠮ ᠨᠢᠳᠤᠨᠤᠨ᠎ᠠᠴᠠ ᠨᠠᠰᠢᠬᠢ 60 % ᠵᠢ ᠳᠠᠪᠠᠭᠰᠠᠨ ᠨᠡᠮᠡᠭᠳᠡᠯ᠎ᠤᠨ ᠬᠡᠪᠴᠢᠶ᠎ᠡ᠎ᠪᠠᠨ ᠪᠠᠲᠤᠯᠠᠪᠠ᠃ ᠦᠢ᠍ᠯᠡᠴᠢᠯᠡᠭᠡᠨ᠎ᠤ ᠦᠢ᠍ᠯᠡᠰ᠎ᠠᠴᠠ ᠦᠵᠡᠪᠡᠯ᠂ ᠰᠡᠷᠭᠦᠯᠲᠡ ᠵᠢᠨ ᠪᠠᠶ᠋ᠢᠳᠠᠯ ᠰᠠᠶ᠋ᠢᠨ ᠪᠠᠶ᠋ᠢᠵᠤ᠂ ᠬᠡᠷᠡᠭᠯᠡᠭᠡᠨ᠎ᠤ ᠵᠠᠬ᠎ᠠ ᠳᠡᠯᠭᠡᠭᠦᠷ ᠠᠯᠬᠤᠮ ᠠᠯᠬᠤᠮ ᠵᠶ᠋ᠠᠷ ᠰᠡᠷᠭᠦᠬᠦ ᠵᠢ ᠳᠠᠭ᠋ᠠᠯᠳᠤᠨ᠂ ᠬᠡᠷᠡᠭᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠠᠯᠬᠤᠮ ᠠᠯᠬᠤᠮ ᠵᠶ᠋ᠠᠷ ᠢᠯᠡᠷᠡᠵᠦ᠂ ᠨᠢᠭᠡᠳᠦᠭᠡᠷ ᠤᠯᠠᠷᠢᠯ᠎ᠳᠤ ᠪᠥᠬᠥ ᠣᠷᠣᠨ᠎ᠤ ᠦᠢ᠍ᠯᠡᠴᠢᠯᠡᠭᠡᠨ᠎ᠤ ᠦᠢ᠍ᠯᠡᠰ᠎ᠤᠨ ᠨᠡᠮᠡᠭᠳᠡᠯ ᠥᠷᠲᠡᠭ᠎ᠤᠨ ᠨᠡᠮᠡᠭᠳᠡᠯ᠎ᠤᠨ ᠬᠤᠷᠳᠤᠴᠠ ᠨᠢᠳᠤᠨᠤᠨ᠎ᠤ ᠪᠥᠬᠥ ᠵᠢᠯ᠎ᠤᠨ᠎ᠬᠢ᠎ᠠᠴᠠ 2.1 ᠵᠠᠭᠤᠨ᠎ᠤ ᠬᠤᠪᠢ ᠵᠢᠨ ᠴᠡᠭ ᠳᠡᠭᠡᠭᠰᠢᠯᠡᠪᠡ᠃
ᠭᠤᠷᠪᠠᠳᠤᠭ᠋ᠠᠷ ᠣᠨᠴᠠᠯᠢᠭ ᠨ᠊᠂ᠢ ᠬᠤᠪᠢ ᠨᠡᠮᠡᠷᠢ ᠵᠢᠨ ᠦᠢ᠍ᠯᠡᠳᠦᠯ ᠳᠤᠪᠤᠢ᠌ᠮ᠎ᠠ᠃ ᠠᠵᠤ ᠦᠢ᠍ᠯᠡᠳᠪᠦᠷᠢ ᠪᠣᠯ ᠮᠠᠨ᠎ᠤ ᠣᠷᠣᠨ᠎ᠤ ᠠᠵᠤ ᠠᠬᠤᠢ ᠵᠢᠨ ᠬᠥᠭᠵᠢᠯᠲᠡ ᠵᠢᠨ 《ᠨᠢᠷᠤᠭᠤ ᠲᠤᠯᠭ᠋ᠠᠭᠤᠷᠢ》 ᠮᠥᠨ᠂ ᠪᠦᠬᠦ ᠣᠷᠣᠨ᠎ᠤ ᠠᠵᠤ ᠠᠬᠤᠢ ᠵᠢᠨ ᠡᠷᠭᠢᠯᠲᠡ ᠵᠢ ᠲᠣᠭᠲᠠᠪᠤᠷᠢᠵᠢᠭᠤᠯᠬᠤ 《ᠲᠤᠭᠳᠠᠮᠠᠯ ᠤᠳᠤ》 ᠪᠣᠯᠬᠤ ᠪᠥᠭᠡᠳ ᠪᠠᠰᠠ ᠠᠵᠤ ᠦᠢ᠍ᠯᠡᠰ᠎ᠤᠨ ᠪᠦᠲᠦᠴᠡ ᠵᠢᠨ ᠬᠡᠯᠪᠡᠷᠢ ᠵᠢ ᠬᠤᠪᠢᠷᠠᠭᠤᠯᠵᠤ ᠲᠡᠰ ᠳᠡᠪᠰᠢᠭᠦᠯᠬᠦ ᠵᠢᠨ 《ᠭᠣᠣᠯ ᠲᠠᠢ᠍ᠢ᠍ᠨ᠎ᠤ ᠲᠠᠯᠠᠪᠤᠷ》 ᠪᠣᠯᠤᠨ᠎ᠠ᠃ ᠨᠢᠭᠡᠳᠦᠭᠡᠷ ᠤᠯᠠᠷᠢᠯ᠎ᠳᠤ᠂ ᠪᠦᠬᠦ ᠣᠷᠣᠨ᠎ᠤ ᠠᠵᠤ ᠦᠢ᠍ᠯᠡᠳᠪᠦᠷᠢ᠎ᠨᠢ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠢ ᠦᠷᠳᠡᠭ᠎ᠢ 2.6 ᠵᠠᠭᠤᠨ᠎ᠤ ᠬᠤᠪᠢ ᠵᠢᠨ ᠴᠡᠭ ᠨᠡᠮᠡᠭᠳᠡᠬᠦᠯᠪᠡ᠃ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ᠎ᠳᠤ᠂ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 9.6%᠎ᠪᠠᠷ ᠨᠡᠮᠡᠭᠳᠡᠵᠦ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ᠎ᠢ 3.4 ᠵᠠᠭᠤᠨ᠎ᠤ ᠬᠤᠪᠢ ᠵᠢᠨ ᠴᠡᠭ ᠵᠶ᠋ᠠᠷ ᠳᠠᠶ᠋ᠢᠴᠢᠯᠠᠵᠤ᠂ ᠦᠢ᠍ᠯᠡᠳᠦᠯ᠎ᠨᠢ ᠳᠣᠪᠣᠶ᠋ᠢᠪᠠ᠃ ᠪᠦᠲᠦᠴᠡ ᠵᠢᠨ ᠲᠣᠬᠢᠷᠠᠭᠤᠯᠤᠯᠲᠠ᠎ᠠᠴᠠ ᠦᠵᠡᠪᠡᠯ᠂ ᠨᠡᠭᠦᠷᠡᠰᠦᠨ᠎ᠤ ᠪᠤᠰᠤ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 8.2 % ᠵᠶ᠋ᠠᠷ ᠨᠡᠮᠡᠭᠳᠡᠵᠦ᠂ ᠨᠡᠭᠦᠷᠡᠰᠦᠨ᠎ᠤ ᠠᠵᠤ ᠦᠢ᠍ᠯᠡᠳᠪᠦᠷᠢ ᠵᠢᠨ ᠨᠡᠮᠡᠭᠳᠡᠯ᠎ᠤᠨ ᠬᠤᠷᠳᠤᠴᠠ᠎ᠠᠴᠠ 1.1 ᠵᠠᠭᠤᠨ᠎ᠤ ᠬᠤᠪᠢ ᠵᠢᠨ ᠴᠡᠭ ᠲᠦᠷᠭᠡᠨ ᠪᠣᠯᠵᠣ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ᠎ᠢ 4.5 ᠵᠠᠭᠤᠨ᠎ᠤ ᠬᠤᠪᠢ ᠵᠢᠨ ᠴᠡᠭ ᠳᠠᠶ᠋ᠢᠴᠢᠯᠠᠪᠠ᠃
ᠳᠥᠷᠪᠡᠳᠦᠭᠡᠷ ᠣᠨᠴᠠᠯᠢᠭ᠎ᠨᠢ᠂ ᠬᠡᠷᠡᠭᠴᠡᠭᠡ ᠵᠢ ᠲᠣᠭᠲᠠᠭᠤᠨ ᠵᠶ᠋ᠠᠷ ᠥᠷᠭᠡᠳᠬᠡᠬᠦ ᠶᠠᠪᠤᠳᠠᠯ ᠪᠣᠯᠤᠨ᠎ᠠ᠃ ᠪᠠᠯᠠ ᠣᠷᠣᠭᠤᠯᠤᠯᠲᠠ ᠵᠢᠨ ᠲᠠᠯ᠎ᠠ᠎ᠪᠠᠷ᠂ ᠪᠠᠯᠠ ᠣᠷᠣᠭᠤᠯᠤᠯᠲᠠ ᠵᠢ ᠲᠣᠭᠲᠠᠪᠤᠷᠢᠵᠢᠭᠤᠯᠬᠤ ᠠᠯᠢ ᠣᠯᠠᠨ ᠲᠥᠷᠥ ᠵᠢᠨ ᠪᠣᠳᠣᠯᠭ᠎ᠠ ᠵᠢᠨ ᠬᠥᠳᠡᠯᠭᠡᠭᠦᠷ᠂ ᠲᠥᠷᠥᠯ ᠵᠦᠢ᠍ᠯ᠎ᠤᠨ ᠳᠠᠶ᠋ᠢᠴᠢᠯᠠᠯᠲᠠ ᠳᠤᠤᠷ᠎ᠠ᠂ ᠨᠢᠭᠡᠳᠦᠭᠡᠷ ᠤᠯᠠᠷᠢᠯ᠎ᠳᠤ᠂ ᠪᠥᠬᠥ ᠣᠷᠣᠨ᠎ᠤ ᠪᠠᠯᠠ ᠣᠷᠣᠭᠤᠯᠤᠯᠲᠠ 1 - 2 ᠳ᠋ᠤᠭ᠋ᠠᠷ ᠰᠠᠷ᠎ᠠ ᠵᠢᠨ ᠳᠡᠭᠡᠳᠦ ᠪᠠᠶ᠋ᠢᠷᠢ ᠵᠢᠨ ᠠᠵᠢᠯᠯᠠᠭ᠋ᠠᠨ᠎ᠤ ᠪᠠᠶ᠋ᠢᠳᠠᠯ ᠵᠶ᠋ᠠᠨ ᠦᠷᠭᠦᠯᠵᠢᠯᠡᠭᠦᠯᠵᠦ᠂ ᠢᠯᠠᠩᠭᠤᠶ᠎ᠠ ᠭᠤᠤᠯᠳᠠᠯᠭ᠎ᠠ᠎ᠲᠠᠢ ᠬᠦᠷᠢᠶᠡᠨ᠎ᠳᠤ ᠦᠷᠭᠦᠯᠵᠢᠯᠡᠨ ᠬᠦᠴᠦᠯᠡᠵᠦ᠂ ᠰᠠᠭᠤᠷᠢ ᠲᠥᠬᠥᠭᠡᠷᠦᠮᠵᠢ ᠪᠠ ᠦᠢ᠍ᠯᠡᠳᠬᠦ ᠦᠢ᠍ᠯᠡᠰ᠎ᠤᠨ ᠪᠠᠯᠠ ᠣᠷᠣᠭᠤᠯᠤᠯᠲᠠ ᠵᠢᠨ ᠲᠤᠯᠭ᠋ᠠᠭᠤᠷᠢᠯᠠᠬᠤ ᠦᠢ᠍ᠯᠡᠳᠦᠯ ᠢᠯᠡᠳᠲᠡ ᠪᠣᠯᠵᠣ᠂ ᠠᠳᠠᠯᠢ ᠬᠤᠭᠤᠴᠠᠭ᠋ᠠᠨ᠎ᠤ᠎ᠬᠢ᠎ᠠᠴᠠ ᠲᠣᠰ ᠲᠣᠰ 50.3% ᠪᠠ 62.6%᠎ᠪᠠᠷ ᠨᠡᠮᠡᠭᠳᠡᠵᠦ᠂ ᠪᠥᠬᠥ ᠪᠠᠯᠠ ᠣᠷᠣᠭᠤᠯᠤᠯᠲᠠ ᠵᠢᠨ ᠨᠡᠮᠡᠭᠳᠡᠯ᠎ᠳᠤ ᠦᠵᠡᠭᠦᠯᠦᠭᠰᠡᠨ ᠬᠤᠪᠢ ᠨᠡᠮᠡᠷᠢ ᠵᠢᠨ ᠨᠣᠷᠮ᠎ᠠ ᠶᠢᠰᠦᠨ ᠬᠤᠪᠢ ᠵᠢ ᠳᠠᠪᠠᠪᠠ᠃ ᠬᠡᠷᠡᠭᠯᠡᠭᠡᠨ᠎ᠤ ᠲᠠᠯ᠎ᠠ᠎ᠪᠠᠷ᠂ ᠬᠡᠷᠡᠭᠯᠡᠭᠡᠨ᠎ᠤ ᠵᠢᠱ᠌ᠢᠯᠲᠡ ᠲᠠᠰᠤᠷᠠᠯᠲᠠ ᠦᠭᠡᠢ ᠰᠠᠶ᠋ᠢᠵᠢᠷᠠᠬᠤ ᠵᠢ ᠳᠠᠭ᠋ᠠᠯᠳᠤᠨ᠂ ᠬᠡᠷᠡᠭᠴᠡᠭᠡ ᠨᠡᠮᠡᠭᠳᠡᠵᠦ᠂ ᠬᠡᠷᠡᠭᠯᠡᠭᠡᠨ᠎ᠤ ᠵᠠᠬ᠎ᠠ ᠳᠡᠯᠭᠡᠭᠦᠷ ᠲᠦᠷᠭᠡᠨ ᠰᠡᠷᠭᠦᠪᠡ᠃ 3 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠣᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 17.2 % ᠵᠶ᠋ᠠᠷ ᠨᠡᠮᠡᠭᠳᠡᠪᠡ᠃
ᠲᠠᠪᠤᠳᠤᠭ᠋ᠠᠷ ᠣᠨᠴᠠᠯᠢᠭ᠎ᠨᠢ᠂ ᠰᠢᠨ᠎ᠡ ᠠᠵᠤ ᠦᠢ᠍ᠯᠡᠰ ᠲᠦᠷᠭᠡᠪᠴᠢᠯᠡᠨ ᠪᠣᠶ᠋ᠢᠵᠢᠪᠠ᠃ ᠨᠢᠭᠡᠳᠦᠭᠡᠷ ᠤᠯᠠᠷᠢᠯ᠎ᠳᠤ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 9.5%᠎ᠪᠠᠷ ᠨᠡᠮᠡᠭᠳᠡᠵᠦ᠂ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ 20.5%᠎ᠪᠠᠷ ᠨᠡᠮᠡᠭᠳᠡᠵᠦ᠂ ᠴᠥᠮ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ᠎ᠤᠨ ᠬᠤᠷᠳᠤᠴᠠ᠎ᠠᠴᠠ ᠲᠦᠷᠭᠡᠨ ᠪᠣᠯᠵᠠᠶ᠃ ᠬᠡᠷᠡᠭᠯᠡᠭᠡᠨ᠎ᠤ ᠰᠢᠨ᠎ᠡ ᠵᠠᠭᠪᠤᠷ ᠡᠷᠴᠢᠮᠲᠡᠶ ᠨᠡᠮᠡᠭᠳᠡᠵᠦ᠂ ᠪᠥᠬᠥ ᠣᠷᠣᠨ᠎ᠤ ᠪᠣᠳᠠᠲᠤ ᠲᠠᠸᠠᠷ᠎ᠤᠨ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠭᠰᠠᠨ ᠲᠣᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 12.4%᠎ᠪᠠᠷ ᠨᠡᠮᠡᠭᠳᠡᠵᠦ᠂ ᠪᠥᠬᠥ ᠣᠷᠣᠨ᠎ᠤ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠣᠭ᠎ᠠ᠎ᠳᠠᠬᠢ ᠡᠵᠡᠯᠡᠬᠦ ᠬᠤᠪᠢ ᠵᠢᠨ ᠵᠢᠩ᠎ᠨᠢ ᠨᠢᠳᠤᠨᠤᠨ᠎ᠤ ᠪᠥᠬᠥ ᠵᠢᠯ᠎ᠤᠨ᠎ᠬᠢ᠎ᠠᠴᠠ 0.4 ᠵᠠᠭᠤᠨ᠎ᠤ ᠬᠤᠪᠢ ᠵᠢᠨ ᠴᠡᠭ ᠳᠡᠭᠡᠭᠰᠢᠯᠡᠪᠡ᠃ ᠰᠢᠨ᠎ᠡ᠎ᠪᠠᠷ ᠬᠥᠭᠵᠢᠭᠰᠡᠨ ᠠᠵᠢᠯ ᠲᠥᠷᠥᠯ᠎ᠤᠨ ᠡᠵᠡᠩᠨᠡᠯᠲᠡ ᠰᠠᠶ᠋ᠢᠵᠢᠷᠠᠵᠤ᠂ 1 —2 ᠰᠠᠷ᠎ᠠ᠎ᠳᠤ ᠬᠡᠪᠴᠢᠶᠡᠵᠢᠯ᠎ᠠᠴᠠ ᠳᠡᠭᠡᠭᠰᠢᠬᠢ ᠮᠡᠳᠡᠭᠡ ᠵᠠᠩᠭᠢ ᠵᠢᠨ ᠳᠠᠮᠵᠢᠭᠤᠯᠭ᠎ᠠ᠂ ᠵᠥᠭᠡᠯᠡᠨ ᠲᠣᠨᠣᠭ ᠪᠠ ᠮᠡᠳᠡᠭᠡ ᠵᠠᠩᠭᠢ ᠵᠢᠨ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠡᠵᠡᠩᠨᠡᠯᠲᠡ ᠵᠢᠨ ᠣᠷᠣᠯᠭ᠎ᠠ 5.0 % ᠵᠶ᠋ᠠᠷ ᠨᠡᠮᠡᠭᠳᠡᠵᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠪᠠ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠡᠵᠡᠩᠨᠡᠯᠲᠡ ᠵᠢᠨ ᠣᠷᠣᠯᠭ᠎ᠠ 18.8 %᠎ᠪᠠᠷ ᠨᠡᠮᠡᠭᠳᠡᠪᠡ᠃
ᠶᠡᠷᠦᠩᠬᠡᠢ᠎ᠳᠤ᠎ᠨᠢ ᠠᠪᠴᠤ ᠦᠵᠡᠪᠡᠯ᠂ ᠣᠳᠣᠬᠠᠨ᠎ᠤ ᠠᠵᠤ ᠠᠬᠤᠢ ᠵᠢᠨ ᠠᠵᠢᠯᠯᠠᠭ᠋ᠠᠨ᠎ᠳᠠᠬᠢ ᠢᠳᠡᠪᠬᠢᠲᠡᠢ ᠬᠦᠴᠦᠨ ᠵᠦᠢ᠍ᠯ ᠲᠠᠰᠤᠷᠠᠯᠳᠠ ᠦᠭᠡᠢ ᠬᠤᠷᠠᠮᠳᠤᠵᠤ ᠪᠠᠶ᠋ᠢᠭ᠎ᠠ ᠪᠣᠯᠪᠠᠴᠤ ᠮᠥᠨ ᠯᠡ ᠮᠠᠰᠢ ᠤᠯᠠᠨ ᠲᠣᠭᠲᠠᠪᠤᠷᠢ ᠦᠭᠡᠢ᠂ ᠲᠣᠭᠲᠠᠭᠤᠨ ᠪᠤᠰᠤ ᠬᠦᠴᠦᠨ ᠵᠦᠢ᠍ᠯ᠎ᠳᠤ ᠲᠤᠯᠭ᠋ᠠᠷᠠᠵᠤ ᠪᠠᠶ᠋ᠢᠨ᠎ᠠ᠃ ᠲᠠᠷᠠᠭ᠋ᠠᠴᠢ ᠵᠢᠨ ᠱᠠᠲᠤᠨ᠎ᠳᠤ᠂ ᠲᠠᠪᠤᠨ ᠶᠡᠬᠡ ᠡᠭᠦᠷᠭᠡ ᠵᠢ ᠨᠠᠶ᠋ᠢᠳᠠᠪᠤᠷᠢᠵᠢᠭᠤᠯᠬᠤ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠥᠬᠥ ᠵᠢᠯ᠎ᠤᠨ ᠠᠵᠢᠯ᠎ᠤᠨ ᠬᠠᠷᠠᠯᠲᠠ᠎ᠪᠠᠨ ᠲᠣᠭᠲᠠᠭ᠋ᠠᠵᠤ᠂ ᠠᠵᠤ ᠦᠢ᠍ᠯᠡᠰ᠎ᠢ ᠲᠥᠯᠥᠪᠵᠢᠭᠦᠯᠬᠦ᠂ ᠲᠥᠷᠥᠯ ᠵᠦᠢ᠍ᠯ᠎ᠢ ᠪᠥᠲᠥᠭᠡᠨ ᠪᠠᠶ᠋ᠢᠭᠤᠯᠬᠤ᠂ ᠬᠡᠷᠡᠭᠯᠡᠭᠡ ᠵᠢ ᠥᠷᠭᠡᠳᠬᠡᠬᠦ᠂ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ ᠵᠡᠷᠭᠡ ᠭᠤᠤᠯᠳᠠᠯᠭ᠎ᠠ᠎ᠲᠠᠢ ᠬᠦᠷᠢᠶᠡᠨ᠎ᠳᠤ ᠦᠷᠭᠦᠯᠵᠢᠯᠡᠨ ᠬᠥᠭᠵᠢᠯᠲᠡ ᠵᠢ ᠠᠳᠬᠤᠵᠤ᠂ ᠨᠠᠶ᠋ᠢᠳᠠᠪᠤᠷᠢᠵᠢᠭᠤᠯᠤᠯᠲᠠ ᠵᠢ ᠠᠳᠬᠤᠵᠤ᠂ ᠪᠥᠬᠥ ᠣᠷᠣᠨ᠎ᠤ ᠠᠵᠤ ᠠᠬᠤᠶ ᠵᠢᠨ ᠠᠵᠢᠯᠯᠠᠭ᠋ᠠᠨ᠎ᠤ ᠰᠠᠶ᠋ᠢᠵᠢᠷᠠᠬᠤ ᠵᠢ ᠦᠷᠭᠦᠯᠵᠢᠯᠡᠨ ᠠᠬᠢᠭᠤᠯᠬᠤ ᠬᠡᠷᠡᠭᠲᠡᠶ᠃ ᠪᠠᠶᠠᠷᠯᠠᠯ᠎ᠠ!
ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶᠠᠨ᠎ᠤ ᠰᠤᠷᠪᠤᠯᠵᠢᠯᠠᠭᠴᠢ᠄ ᠨᠢᠭᠡᠳᠦᠭᠡᠷ ᠤᠯᠠᠷᠢᠯ᠎ᠳᠤ ᠮᠠᠨ᠎ᠤ ᠣᠷᠣᠨ᠎ᠤ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ᠎ᠤᠨ ᠪᠠᠶ᠋ᠢᠳᠠᠯ ᠨᠡᠯᠢᠶᠡᠳ ᠰᠠᠶ᠋ᠢᠨ ᠪᠠᠶ᠋ᠢᠵᠤ᠂ ᠢᠯᠠᠩᠭᠤᠶ᠎ᠠ ᠦᠢ᠍ᠯᠡᠳᠬᠦ ᠦᠢ᠍ᠯᠡᠰ᠎ᠤᠨ ᠨᠡᠮᠡᠭᠳᠡᠯ᠎ᠤᠨ ᠬᠤᠷᠳᠤᠴᠠ ᠨᠡᠯᠢᠶᠡᠳ ᠥᠨᠳᠥᠷ ᠪᠠᠶ᠋ᠢᠪᠠ᠃ ᠲᠠ ᠦᠢ᠍ᠯᠡᠳᠬᠦ ᠦᠢ᠍ᠯᠡᠰ᠎ᠤᠨ ᠠᠵᠤ ᠦᠢ᠍ᠯᠡᠳᠪᠦᠷᠢ ᠵᠢᠨ ᠨᠡᠮᠡᠭᠳᠡᠯ᠎ᠳᠠᠬᠢ ᠭᠤᠤᠯ ᠲᠤᠯᠭ᠋ᠠᠭᠤᠷᠢᠯᠠᠬᠤ ᠴᠡᠭ ᠶᠠᠭᠤ ᠶᠠᠭᠤ ᠪᠠᠢ᠍ᠬᠤ ᠵᠢ ᠲᠠᠨᠢᠯᠴᠠᠭᠤᠯᠤᠭ᠋ᠠᠷᠠᠶ᠂ ᠪᠠᠶᠠᠷᠯᠠᠯ᠎ᠠ!
ᠬᠠᠷᠢᠭᠤᠯᠲᠠ᠄ ᠲᠠᠨ᠎ᠤ ᠠᠰᠠᠭᠤᠭᠰᠠᠨ᠎ᠳᠤ ᠲᠠᠯᠠᠷᠬᠠᠵᠤ ᠪᠠᠶ᠋ᠢᠨ᠎ᠠ᠃ ᠥᠪᠥᠷ ᠮᠣᠩᠭᠣᠯ ᠦᠢ᠍ᠯᠡᠳᠬᠦ ᠦᠢ᠍ᠯᠡᠰ᠎ᠤᠨ ᠳᠡᠭᠡᠳᠦ ᠲᠠᠰᠵᠢᠯᠳᠠ᠂ ᠤᠶᠤᠨᠴᠢᠯᠠᠯᠳᠠ᠂ ᠪᠣᠬᠢᠷᠲᠤᠯ ᠥᠬᠡᠶ ᠬᠥᠭᠵᠢᠯᠲᠡ ᠵᠢ ᠠᠬᠢᠭᠤᠯᠬᠤ᠎ᠪᠠᠷ ᠭᠤᠤᠯ ᠰᠢᠪᠲᠤᠯᠤᠯᠲᠠ ᠵᠢᠨ ᠴᠢᠭᠯᠡᠯ ᠪᠣᠯᠭ᠋ᠠᠵᠤ᠂ ᠦᠢ᠍ᠯᠡᠳᠬᠦ ᠦᠢ᠍ᠯᠡᠰ᠎ᠤᠨ ᠳᠡᠭᠡᠳᠦ ᠲᠠᠰ ᠲᠡᠶ᠋ᠢᠰᠢ ᠤᠷᠤᠭᠰᠢᠯᠠᠬᠤ᠂ ᠣᠶᠤᠨᠴᠢ ᠲᠠᠰ ᠳᠡᠪᠰᠢᠬᠦ᠂ ᠪᠣᠬᠢᠷᠲᠤᠯ ᠥᠬᠡᠶ ᠲᠡᠶ᠋ᠢᠰᠢ ᠬᠡᠯᠪᠡᠷᠢ᠎ᠪᠠᠨ ᠬᠤᠪᠢᠷᠠᠭᠤᠯᠬᠤ ᠵᠢ ᠲᠦᠷᠭᠡᠳᠬᠡᠨ ᠠᠬᠢᠭᠤᠯᠵᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ᠎ᠤᠨ ᠨᠡᠮᠡᠭᠳᠡᠯ᠎ᠤᠨ ᠬᠤᠷᠳᠤᠴᠠ ᠦᠷᠭᠦᠯᠵᠢᠯᠡᠨ ᠬᠡᠪᠴᠢᠶᠡᠵᠢᠯ᠎ᠠᠴᠠ ᠳᠡᠭᠡᠭᠰᠢᠬᠢ ᠪᠥᠬᠥ ᠠᠵᠤ ᠦᠢ᠍ᠯᠡᠳᠪᠦᠷᠢ ᠵᠢᠨ ᠨᠡᠮᠡᠭᠳᠡᠯ᠎ᠤᠨ ᠬᠤᠷᠳᠤᠴᠠ᠎ᠠᠴᠠ ᠲᠦᠷᠭᠡᠨ ᠪᠣᠯᠤᠭᠰᠠᠨ ᠵᠶ᠋ᠠᠷ ᠪᠠᠷᠠᠬᠤ ᠥᠬᠡᠶ᠂ ᠬᠤᠪᠢ ᠨᠡᠮᠡᠷᠢ᠎ᠨᠢ ᠶᠠᠪᠤᠬᠤ ᠲᠤᠲᠤᠮ ᠲᠣᠪᠣᠶ᠋ᠢᠮ᠎ᠠ ᠪᠣᠯᠵᠠᠶ᠃ 3 ᠳ᠋ᠤᠭ᠋ᠠᠷ ᠰᠠᠷ᠎ᠠ᠎ᠳᠤ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 11.1%᠎ᠪᠠᠷ ᠨᠡᠮᠡᠭᠳᠡᠵᠦ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠤᠨ ᠨᠡᠮᠡᠭᠳᠡᠯ᠎ᠤᠨ ᠬᠤᠷᠳᠤᠴᠠ᠎ᠠᠴᠠ 3.0 ᠵᠠᠭᠤᠨ᠎ᠤ ᠬᠤᠪᠢ ᠵᠢᠨ ᠴᠡᠭ ᠥᠨᠳᠥᠷ ᠪᠣᠯᠪᠠ᠃ ᠪᠥᠬᠥ ᠣᠷᠣᠨ᠎ᠤ 29 ᠦᠢ᠍ᠯᠡᠳᠬᠦ ᠦᠢ᠍ᠯᠡᠰ᠎ᠤᠨ ᠠᠵᠢᠯ ᠲᠥᠷᠥᠯ᠎ᠤᠨ ᠲᠣᠮᠣ ᠲᠥᠷᠥᠯ᠎ᠤᠨ ᠳᠣᠲᠣᠷ᠎ᠠ᠂ 20 ᠠᠵᠢᠯ ᠲᠥᠷᠥᠯ ᠠᠳᠠᠯᠢ ᠬᠤᠭᠤᠴᠠᠭ᠋ᠠᠨ᠎ᠤ᠎ᠬᠢ᠎ᠠᠴᠠ ᠨᠡᠮᠡᠭᠳᠡᠵᠦ᠂ ᠨᠡᠮᠡᠭᠳᠡᠯ᠎ᠤᠨ ᠬᠡᠪᠴᠢᠶ᠎ᠡ᠎ᠨᠢ 69.0 %᠎ᠳᠤ ᠬᠦᠷᠴᠡᠶ᠂ ᠡᠭᠦᠨ᠎ᠳᠤ 12 ᠠᠵᠢᠯ ᠲᠥᠷᠥᠯ᠎ᠨᠢ ᠬᠣᠶᠠᠷ ᠣᠷᠣᠨᠲᠤ ᠲᠣᠭ᠎ᠠ᠎ᠪᠠᠷ ᠨᠡᠮᠡᠭᠳᠡᠪᠡ᠃ ᠦᠢ᠍ᠯᠡᠳᠬᠦ ᠦᠢ᠍ᠯᠡᠰ᠎ᠤᠨ ᠳᠣᠲᠣᠭ᠋ᠠᠳᠤ ᠪᠦᠲᠦᠴᠡ᠎ᠠᠴᠠ ᠦᠵᠡᠪᠡᠯ᠂ ᠭᠤᠷᠪᠠᠨ ᠣᠨᠴᠠᠯᠢᠭ ᠢᠯᠡᠷᠡᠪᠡ᠃
ᠨᠢᠭᠡ᠎ᠳᠤ᠂ ᠲᠦᠭᠦᠬᠡᠶ ᠮᠠᠲ᠋ᠧᠷᠢᠶᠠᠯ ᠦᠢ᠍ᠯᠡᠳᠬᠦ ᠦᠢ᠍ᠯᠡᠰ ᠲᠣᠭᠲᠠᠭᠤᠨ ᠪᠠᠶ᠋ᠢᠬᠤ ᠵᠢᠨ ᠵᠡᠷᠭᠡ᠎ᠳᠤ ᠳᠡᠭᠡᠭᠰᠢᠯᠡᠪᠡ᠃ ᠨᠢᠭᠡᠳᠦᠭᠡᠷ ᠤᠯᠠᠷᠢᠯ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠲᠦᠭᠦᠬᠡᠶ ᠮᠠᠲ᠋ᠧᠷᠢᠶᠠᠯ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 9.1%᠎ᠪᠠᠷ ᠨᠡᠮᠡᠭᠳᠡᠵᠦ᠂ 1 - 2 ᠳ᠋ᠤᠭ᠋ᠠᠷ ᠰᠠᠷ᠎ᠠ ᠵᠢᠨ᠎ᠬᠢ᠎ᠠᠴᠠ 1.3 ᠵᠠᠭᠤᠨ᠎ᠤ ᠬᠤᠪᠢ ᠵᠢᠨ ᠴᠡᠭ ᠲᠦᠷᠭᠡᠳᠴᠦ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ᠎ᠤᠨ ᠬᠤᠷᠳᠤᠴᠠ᠎ᠠᠴᠠ 1.4 ᠵᠠᠭᠤᠨ᠎ᠤ ᠬᠤᠪᠢ ᠵᠢᠨ ᠴᠡᠭ ᠥᠨᠳᠥᠷ ᠪᠣᠯᠵᠠᠶ᠃ ᠠᠵᠢᠯ ᠲᠥᠷᠥᠯ᠎ᠠᠴᠠ ᠦᠵᠡᠪᠡᠯ᠂ ᠲᠡᠮᠦᠷᠯᠢᠭ ᠪᠤᠰᠤ ᠡᠷᠦᠳᠡᠰᠦ ᠵᠢᠨ ᠪᠦᠲᠦᠭᠡᠭᠳᠡᠬᠦᠨ᠎ᠤ ᠦᠢ᠍ᠯᠡᠰ᠎ᠤᠨ ᠨᠡᠮᠡᠭᠳᠡᠯ ᠥᠷᠲᠡᠭ ᠬᠠᠮᠤᠭ᠎ᠤᠨ ᠲᠦᠷᠭᠡᠨ ᠨᠡᠮᠡᠭᠳᠡᠵᠦ᠂ ᠨᠡᠮᠡᠭᠳᠡᠯ᠎ᠤᠨ ᠬᠤᠷᠳᠤᠴᠠ᠎ᠨᠢ 30.4 %᠎ᠳᠤ ᠬᠦᠷᠴᠡᠶ; ᠬᠠᠷ᠎ᠠ ᠲᠡᠮᠦᠷᠯᠢᠭ ᠪᠣᠯᠪᠠᠰᠤᠷᠠᠭᠤᠯᠬᠤ ᠪᠠ ᠬᠠᠪᠲᠠᠭ᠋ᠠᠶ᠋ᠢᠷᠠᠭᠤᠯᠤᠨ ᠪᠣᠯᠪᠠᠰᠤᠷᠠᠭᠤᠯᠬᠤ ᠦᠢ᠍ᠯᠡᠰ 10.0 % ᠨᠡᠮᠡᠭᠳᠡᠪᠡ ᠦᠢ᠍ᠯᠡᠳᠬᠦᠨ᠎ᠠᠴᠠ ᠦᠵᠡᠪᠡᠯ᠂ ᠱᠦᠢ᠍ᠨᠢ ᠵᠢᠨ ᠭᠠᠷᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 40.0 %᠎ᠪᠠᠷ ᠨᠡᠮᠡᠭᠳᠡᠵᠦ᠂ ᠬᠥᠩᠭᠡᠨ ᠴᠠᠭ᠋ᠠᠨ᠎ᠤ ᠮᠠᠲ᠋ᠧᠷᠢᠶᠠᠯ 24.5%᠎ᠪᠠᠷ ᠨᠡᠮᠡᠭᠳᠡᠵᠦ᠂ ᠲᠡᠮᠦᠷ᠎ᠤᠨ ᠬᠠᠶ᠋ᠢᠯᠤᠰᠢ 13.6%᠎ᠪᠠᠷ ᠨᠡᠮᠡᠭᠳᠡᠵᠦ᠂ ᠪᠣᠯᠣᠳ ᠮᠠᠲ᠋ᠧᠷᠢᠶᠠᠯ 9.4%᠎ᠪᠠᠷ ᠨᠡᠮᠡᠭᠳᠡᠪᠡ᠃
ᠬᠣᠶᠠᠷ᠎ᠲᠤ᠂ ᠬᠡᠷᠡᠭᠯᠡᠭᠡᠨ᠎ᠤ ᠵᠦᠢ᠍ᠯ᠎ᠤᠨ ᠦᠢ᠍ᠯᠡᠳᠬᠦ ᠦᠢ᠍ᠯᠡᠰ᠎ᠤᠨ ᠨᠡᠮᠡᠭᠳᠡᠯ ᠲᠦᠷᠭᠡᠳᠪᠡ᠃ ᠬᠡᠷᠡᠭᠯᠡᠭᠡᠨ᠎ᠤ ᠬᠡᠷᠡᠭᠴᠡᠭᠡ ᠲᠦᠷᠭᠡᠨ ᠰᠡᠷᠭᠦᠬᠦ ᠵᠢ ᠳᠠᠭ᠋ᠠᠯᠳᠤᠨ᠂ ᠨᠢᠭᠡᠳᠦᠭᠡᠷ ᠤᠯᠠᠷᠢᠯ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠬᠡᠷᠡᠭᠯᠡᠭᠡᠨ᠎ᠤ ᠵᠦᠢ᠍ᠯ᠎ᠤᠨ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 12.8%᠎ᠪᠠᠷ ᠨᠡᠮᠡᠭᠳᠡᠪᠡ᠃ ᠠᠵᠢᠯ ᠲᠥᠷᠥᠯ᠎ᠠᠴᠠ ᠦᠵᠡᠪᠡᠯ᠂ ᠡᠮ ᠡᠮᠨᠡᠯᠭᠡ ᠵᠢᠨ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 49.1% ᠨᠡᠮᠡᠭᠳᠡᠵᠦ᠂ ᠢᠳᠡᠭᠡᠨ᠎ᠤ ᠵᠦᠢ᠍ᠯ᠎ᠤᠨ ᠦᠢ᠍ᠯᠡᠳᠬᠦ ᠦᠢ᠍ᠯᠡᠰ 14.7% ᠨᠡᠮᠡᠭᠳᠡᠵᠦ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ᠎ᠢ ᠨᠡᠶ᠋ᠢᠲᠡ 0.8 ᠵᠠᠭᠤᠨ᠎ᠤ ᠬᠤᠪᠢ ᠵᠢᠨ ᠴᠡᠭ ᠳᠠᠶ᠋ᠢᠴᠢᠯᠠᠪᠠ᠃ ᠪᠦᠲᠦᠭᠡᠭᠳᠡᠬᠦᠨ᠎ᠠᠴᠠ ᠦᠵᠡᠪᠡᠯ᠂ ᠬᠢᠲᠠᠳ ᠪᠡᠯᠡᠨ ᠡᠮ᠎ᠤᠨ ᠭᠠᠷᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 30.3%᠎ᠪᠠᠷ ᠨᠡᠮᠡᠭᠳᠡᠵᠦ᠂ ᠰᠢᠨ᠎ᠡ ᠰᠣᠷᠭᠣᠭ᠂ ᠬᠦᠢ᠍ᠲᠡᠨ ᠵᠶ᠋ᠠᠷ ᠬᠠᠳᠠᠭ᠋ᠠᠯᠠᠭᠰᠠᠨ ᠮᠢᠬ᠎ᠠ 24.9%᠎ᠪᠠᠷ ᠨᠡᠮᠡᠭᠳᠡᠵᠦ᠂ ᠴᠠᠭ᠋ᠠᠨ ᠢᠳᠡᠭᠡᠨ 17.5%᠎ᠪᠠᠷ ᠨᠡᠮᠡᠭᠳᠡᠪᠡ᠃
ᠭᠤᠷᠪᠠ᠎ᠳᠤ᠂ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ ᠲᠦᠷᠭᠡᠨ ᠬᠥᠭᠵᠢᠪᠡ᠃ ᠨᠢᠭᠡᠳᠦᠭᠡᠷ ᠤᠯᠠᠷᠢᠯ᠎ᠳᠤ᠂ ᠪᠥᠬᠥ ᠣᠷᠣᠨ᠎ᠤ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 20.5%᠎ᠪᠠᠷ ᠨᠡᠮᠡᠭᠳᠡᠵᠦ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ᠎ᠤᠨ ᠬᠤᠷᠳᠤᠴᠠ᠎ᠠᠴᠠ 12.8 ᠵᠠᠭᠤᠨ᠎ᠤ ᠴᠡᠭ ᠲᠦᠷᠭᠡᠨ ᠪᠣᠯᠵᠣ᠂ ᠲᠦᠷᠦᠭᠦᠦ ᠵᠢᠯ᠎ᠤᠨ 4 ᠰᠠᠷ᠎ᠠ᠎ᠠᠴᠠ ᠨᠠᠰᠢ ᠬᠣᠶᠠᠷ ᠣᠷᠣᠨᠲᠤ ᠲᠣᠭ᠎ᠠ᠎ᠪᠠᠷ ᠨᠡᠮᠡᠭᠳᠡᠪᠡ᠃ ᠰᠢᠨ᠎ᠡ᠎ᠪᠠᠷ ᠬᠥᠭᠵᠢᠭᠰᠡᠨ ᠦᠢ᠍ᠯᠡᠳᠬᠦᠨ᠎ᠤ ᠳᠣᠲᠣᠷ᠎ᠠ᠂ ᠰᠠᠯᠬᠢᠨ ᠬᠦᠴᠦᠨ ᠵᠶ᠋ᠠᠷ ᠴᠠᠬᠢᠯᠭ᠋ᠠᠨ ᠭᠠᠷᠭ᠋ᠠᠬᠤ ᠮᠠᠰᠢᠨ ᠴᠣᠭᠴᠠᠯᠠᠪᠤᠷᠢ ᠵᠢᠨ ᠭᠠᠷᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 4.5 ᠳᠠᠬᠢᠨ ᠨᠡᠮᠡᠭᠳᠡᠵᠦ᠂ ᠡᠯᠧᠺᠲᠷᠣᠨ ᠲᠣᠨᠣᠭ 18.1% ᠨᠡᠮᠡᠭᠳᠡᠵᠦ᠂ ᠲᠠᠩ ᠲᠠᠯᠠᠰᠲᠤ ᠴᠠᠬᠢᠭᠤᠷ 16.0% ᠨᠡᠮᠡᠭᠳᠡᠪᠡ᠃ ᠪᠠᠶᠠᠷᠯᠠᠯ᠎ᠠ᠃
ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶᠠᠨ᠎ᠤ ᠰᠤᠷᠪᠤᠯᠵᠢᠯᠠᠭᠴᠢ᠄ ᠸᠠᠩ ᠲᠣᠪᠴᠢᠶᠠᠨ ᠳᠠᠷᠤᠭ᠎ᠠ ᠲᠠ ᠰᠠᠶ᠋ᠢᠨ ᠦᠦ᠂ ᠡᠨᠡ ᠵᠢᠯ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠬᠡᠷᠡᠭᠯᠡᠭᠡ ᠵᠢ ᠰᠡᠷᠭᠦᠭᠡᠬᠦ ᠪᠠ ᠥᠷᠭᠡᠳᠬᠡᠬᠦ ᠵᠢ ᠲᠡᠷᠢᠭᠦᠨ ᠪᠠᠶ᠋ᠢᠷᠢᠨ᠎ᠳᠤ ᠲᠠᠯᠪᠢᠪᠠ᠂ ᠲᠠ ᠨᠢᠭᠡᠳᠦᠭᠡᠷ ᠤᠯᠠᠷᠢᠯ᠎ᠤᠨ ᠬᠡᠷᠡᠭᠯᠡᠭᠡᠨ᠎ᠤ ᠲᠣᠭ᠎ᠠ ᠪᠠᠷᠢᠮᠲᠠ ᠵᠢ ᠬᠡᠷᠬᠢᠨ ᠦᠨᠡᠯᠡᠬᠦ ᠪᠣᠶ? ᠳᠠᠷᠠᠭ᠎ᠠ ᠠᠯᠬᠤᠮ᠎ᠤᠨ ᠬᠡᠷᠡᠭᠯᠡᠭᠡᠨ᠎ᠤ ᠬᠠᠨᠳᠤᠰᠢ ᠶᠠᠮᠠᠷ ᠪᠣᠶ?
ᠬᠠᠷᠢᠭᠤᠯᠲᠠ᠄ ᠲᠠᠨ᠎ᠤ ᠠᠰᠠᠭᠤᠭᠰᠠᠨ᠎ᠳᠤ ᠲᠠᠯᠠᠷᠬᠠᠵᠤ ᠪᠠᠶ᠋ᠢᠨ᠎ᠠ᠃ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠵᠢᠯ᠎ᠤᠨ ᠲᠣᠭᠲᠠᠭᠤᠨ ᠵᠶ᠋ᠠᠷ ᠰᠢᠯᠵᠢᠬᠦ ᠵᠢ ᠳᠠᠭ᠋ᠠᠯᠳᠤᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠬᠡᠷᠡᠭᠯᠡᠭᠡ ᠵᠢ ᠰᠡᠷᠭᠦᠭᠡᠬᠦ ᠪᠠ ᠥᠷᠭᠡᠳᠬᠡᠬᠦ ᠵᠢ ᠲᠡᠷᠢᠭᠦᠨ ᠪᠠᠶ᠋ᠢᠷᠢᠨ᠎ᠳᠤ ᠲᠠᠯᠪᠢᠵᠤ᠂ ᠬᠡᠷᠡᠭᠯᠡᠭᠡᠨ᠎ᠤ ᠲᠡᠮᠳᠡᠭᠲᠦ ᠲᠠᠷᠬᠠᠭ᠋ᠠᠬᠤ᠂ 《ᠠᠮᠢᠵᠢᠷᠠᠯ᠎ᠤᠨ ᠬᠦᠴᠦᠨ᠎ᠲᠠᠢ ᠥᠪᠥᠷ ᠮᠣᠩᠭᠣᠯ ᠵᠣᠯ ᠵᠢᠷᠭ᠋ᠠᠯᠲᠤ ᠬᠡᠷᠡᠭᠯᠡᠭᠡ ᠵᠢ ᠡᠳ᠋ᠯᠡᠬᠦ》 ᠠᠵᠢᠯᠯᠠᠭ᠎ᠠ ᠥᠷᠨᠢᠭᠦᠯᠬᠦ᠂ ᠮᠠᠰᠢᠨ ᠲᠡᠷᠭᠡ ᠬᠤᠳᠠᠯᠳᠤᠨ ᠠᠪᠬᠤ᠎ᠳᠤ ᠨᠥᠬᠥᠪᠥᠷᠢ ᠥᠭᠬᠦ᠂ ᠭᠡᠷ᠎ᠤᠨ ᠴᠠᠬᠢᠯᠭ᠋ᠠᠨ ᠬᠡᠷᠡᠭᠰᠡᠯ᠎ᠢ ᠬᠥᠳᠡᠭᠡ ᠪᠠᠭᠤᠯᠭ᠋ᠠᠬᠤ ᠵᠡᠷᠭᠡ ᠲᠥᠷᠥ ᠵᠢᠨ ᠪᠣᠳᠣᠯᠭ᠎ᠠ ᠵᠢ ᠬᠡᠷᠡᠭᠵᠢᠭᠦᠯᠬᠦ᠎ᠪᠠᠷ ᠳᠠᠮᠵᠢᠭᠤᠯᠤᠨ᠂ ᠬᠡᠷᠡᠭᠯᠡᠭᠡᠨ᠎ᠤ ᠵᠠᠬ᠎ᠠ ᠳᠡᠯᠭᠡᠭᠦᠷ᠎ᠤᠨ ᠰᠡᠷᠭᠦᠯᠲᠡ ᠵᠢ ᠬᠦᠴᠦᠲᠡᠶ ᠠᠬᠢᠭᠤᠯᠵᠤ᠂ ᠰᠡᠷᠭᠦᠯᠲᠡ ᠵᠢᠨ ᠪᠠᠶ᠋ᠢᠳᠠᠯ᠎ᠢ ᠤᠯᠠᠮ ᠴᠢᠨᠠᠭᠰᠢᠳᠠ ᠪᠡᠬᠢᠵᠢᠭᠦᠯᠪᠡ᠃
ᠨᠢᠭᠡ᠎ᠳᠤ᠂ ᠬᠡᠷᠡᠭᠯᠡᠭᠡᠨ᠎ᠤ ᠵᠠᠬ᠎ᠠ ᠳᠡᠯᠭᠡᠭᠦᠷ ᠲᠦᠷᠭᠡᠨ ᠰᠡᠷᠭᠦᠵᠦ᠂ ᠬᠢᠵᠢᠭ᠎ᠤᠨ ᠪᠠᠶ᠋ᠢᠳᠠᠯ᠎ᠤᠨ ᠡᠮᠦᠨᠡᠬᠢ ᠠᠳᠠᠯᠢ ᠬᠤᠭᠤᠴᠠᠭ᠋ᠠᠨ᠎ᠤ ᠲᠦᠪᠰᠢᠨ᠎ᠠᠴᠠ ᠰᠠᠢ᠍ᠢ᠍ᠨ ᠪᠣᠯᠪᠠ᠃ ᠨᠢᠭᠡᠳᠦᠭᠡᠷ ᠤᠯᠠᠷᠢᠯ᠎ᠳᠤ᠂ ᠪᠥᠬᠥ ᠣᠷᠣᠨ᠎ᠤ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠣᠭ᠎ᠠ 1286.0 ᠳ᠋ᠦᠩᠰᠢᠭᠤᠷ ᠲᠥᠭᠥᠷᠢᠭ᠎ᠲᠤ
ᠬᠦᠷᠴᠦ᠂ 2019 ᠣᠨ᠎ᠠᠴᠠ ᠨᠠᠭ᠋ᠠᠰᠢᠬᠢ ᠨᠢᠭᠡᠳᠦᠭᠡᠷ ᠤᠯᠠᠷᠢᠯ᠎ᠤᠨ ᠲᠣᠭ᠎ᠠ ᠬᠡᠮᠵᠢᠶ᠎ᠡ ᠠᠩᠬ᠎ᠠ ᠤᠳᠠᠭ᠎ᠠ 1200 ᠳ᠋ᠦᠩᠰᠢᠭᠤᠷ ᠲᠥᠭᠥᠷᠢᠭ᠎ᠤᠨ ᠶᠡᠬᠡ ᠪᠣᠭᠣᠮᠲᠠ ᠵᠢ ᠳᠠᠪᠠᠵᠤ᠂ ᠬᠡᠪᠴᠢᠶ᠎ᠡ᠎ᠨᠢ 2019 ᠣᠨ᠎ᠤ ᠨᠢᠭᠡᠳᠦᠭᠡᠷ ᠤᠯᠠᠷᠢᠯ᠎ᠤᠨ᠎ᠬᠢ᠎ᠠᠴᠠ 110 ᠳ᠋ᠦᠩᠰᠢᠭᠤᠷ ᠲᠥᠭᠥᠷᠢᠭ ᠨᠡᠮᠡᠭᠳᠡᠪᠡ᠃
ᠬᠣᠶᠠᠷ᠎ᠲᠤ᠂ ᠠᠷᠠᠳ᠎ᠤᠨ ᠠᠮᠢᠳᠤᠷᠠᠯ᠎ᠤᠨ ᠲᠠᠸᠠᠷ᠎ᠤᠨ ᠲᠤᠯᠭ᠋ᠠᠭᠤᠷᠢᠯᠠᠬᠤ ᠦᠢ᠍ᠯᠡᠳᠦᠯ ᠲᠣᠭᠲᠠᠪᠤᠷᠢᠵᠢᠵᠤ᠂ ᠲᠠᠰ ᠳᠡᠪᠰᠢᠭᠰᠡᠨ ᠲᠥᠷᠥᠯ᠎ᠤᠨ ᠲᠠᠸᠠᠷ᠎ᠤᠨ ᠬᠡᠷᠡᠭᠯᠡᠭᠡ ᠲᠦᠷᠭᠡᠨ ᠰᠡᠷᠭᠦᠪᠡ᠃ ᠨᠢᠭᠡᠳᠦᠭᠡᠷ ᠤᠯᠠᠷᠢᠯ᠎ᠳᠤ᠂ ᠪᠥᠬᠥ ᠣᠷᠣᠨ᠎ᠤ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠠᠮᠤ ᠲᠣᠰᠣ ᠢᠳᠡᠭᠡᠨ ᠤᠮᠳᠠᠭ᠋ᠠᠨ᠂ ᠠᠷᠢᠬᠢ ᠲᠠᠮᠠᠬᠢᠨ᠎ᠤ ᠲᠥᠷᠥᠯ᠎ᠤᠨ ᠲᠠᠸᠠᠷ᠎ᠤᠨ ᠵᠢᠵᠢᠭᠯᠡᠨ ᠬᠤᠳᠠᠯᠳᠤᠭᠰᠠᠨ ᠲᠣᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 19.6%᠎ᠪᠠᠷ ᠨᠡᠮᠡᠭᠳᠡᠵᠦ᠂ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠲᠣᠭ᠎ᠠ᠎ᠳᠤ ᠦᠵᠡᠭᠦᠯᠦᠭᠰᠡᠨ ᠬᠤᠪᠢ ᠨᠡᠮᠡᠷᠢ ᠵᠢᠨ ᠨᠣᠷᠮ᠎ᠠ᠎ᠨᠢ 20.8%᠎ᠳᠤ ᠬᠦᠷᠴᠡᠶ; ᠬᠢᠲᠠᠳ ᠧᠦ᠋ᠷᠣᠫᠠ ᠡᠮ᠎ᠤᠨ ᠲᠥᠷᠥᠯ 25.5%᠎ᠪᠠᠷ ᠨᠡᠮᠡᠭᠳᠡᠵᠦ᠂ ᠬᠤᠪᠢ ᠨᠡᠮᠡᠷᠢ ᠦᠵᠡᠭᠦᠯᠦᠭᠰᠡᠨ ᠨᠣᠷᠮ᠎ᠠ᠎ᠨᠢ 10.5%᠎ᠳᠤ ᠬᠦᠷᠴᠡᠶ᠃ ᠲᠠᠰ ᠳᠡᠪᠰᠢᠭᠦᠯᠬᠦ ᠲᠥᠷᠥᠯ᠎ᠤᠨ ᠬᠡᠷᠡᠭᠯᠡᠭᠡᠨ᠎ᠤ ᠬᠡᠷᠡᠭᠴᠡᠭᠡ ᠲᠠᠰᠤᠷᠠᠯᠲᠠ ᠥᠬᠡᠶ ᠢᠯᠡᠷᠡᠵᠦ᠂ ᠭᠣᠶᠣᠯᠠᠯ᠎ᠤᠨ ᠡᠳ᠋᠎ᠤᠨ ᠲᠥᠷᠥᠯ᠂ ᠮᠡᠳᠡᠭᠡ ᠬᠣᠯᠪᠣᠭ᠋ᠠᠨ᠎ᠤ ᠪᠠᠭ᠋ᠠᠵᠢ ᠬᠡᠷᠡᠭᠰᠡᠯ᠎ᠤᠨ ᠲᠥᠷᠥᠯ ᠠᠳᠠᠯᠢ ᠬᠤᠭᠤᠴᠠᠭ᠋ᠠᠨ᠎ᠤ᠎ᠬᠢ᠎ᠠᠴᠠ ᠲᠣᠰ ᠲᠣᠰ 4.9% ᠪᠠ 4.1%᠎ᠪᠠᠷ ᠨᠡᠮᠡᠭᠳᠡᠵᠦ᠂ ᠲᠦᠷᠦᠭᠦᠦ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ ᠲᠣᠰ ᠲᠣᠰ 25.0 ᠪᠠ 5.5 ᠵᠠᠭᠤᠨ᠎ᠤ ᠬᠤᠪᠢ ᠵᠢᠨ ᠴᠡᠭ ᠥᠨᠳᠥᠷ ᠪᠣᠯᠪᠠ᠃
ᠭᠤᠷᠪᠠ᠎ᠳᠤ᠂ ᠣᠷᠣᠨ ᠰᠠᠭᠤᠴᠠ ᠵᠢᠨ ᠲᠦᠷᠦᠯ᠎ᠤᠨ ᠲᠠᠸᠠᠷ᠎ᠤᠨ ᠨᠡᠮᠡᠭᠳᠡᠯ ᠲᠦᠷᠭᠡᠳᠴᠦ᠂ ᠮᠠᠰᠢᠨ ᠲᠡᠷᠭᠡᠨ᠎ᠤ ᠲᠦᠷᠦᠯ᠎ᠤᠨ ᠲᠠᠸᠠᠷ᠎ᠤᠨ ᠨᠡᠮᠡᠭᠳᠡᠯ ᠰᠡᠷᠭᠦᠪᠡ᠃ ᠨᠢᠭᠡᠳᠦᠭᠡᠷ ᠤᠯᠠᠷᠢᠯ᠎ᠳᠤ᠂ ᠪᠥᠬᠥ ᠣᠷᠣᠨ᠎ᠤ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠣᠷᠣᠰᠢᠨ ᠰᠠᠭᠤᠬᠤ ᠲᠥᠷᠥᠯ᠎ᠤᠨ ᠲᠠᠸᠠᠷ᠎ᠤᠨ ᠵᠢᠵᠢᠭᠯᠡᠨ ᠬᠤᠳᠠᠯᠳᠤᠭᠰᠠᠨ ᠲᠣᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 19.9%᠎ᠪᠠᠷ ᠨᠡᠮᠡᠭᠳᠡᠵᠦ᠂ ᠨᠢᠳᠤᠨᠤᠨ᠎ᠤ ᠪᠥᠬᠥ ᠵᠢᠯ᠎ᠤᠨ᠎ᠬᠢ᠎ᠠᠴᠠ 36.1 ᠵᠠᠭᠤᠨ᠎ᠤ ᠬᠤᠪᠢ ᠵᠢᠨ ᠴᠡᠭ ᠳᠡᠭᠡᠭᠰᠢᠯᠡᠪᠡ᠃ ᠮᠠᠰᠢᠨ ᠲᠡᠷᠭᠡᠨ᠎ᠤ ᠲᠥᠷᠥᠯ᠎ᠤᠨ ᠲᠠᠸᠠᠷ᠎ᠤᠨ ᠵᠢᠵᠢᠭᠯᠡᠨ ᠬᠤᠳᠠᠯᠳᠤᠭᠰᠠᠨ ᠲᠣᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 3.1%᠎ᠪᠠᠷ ᠨᠡᠮᠡᠭᠳᠡᠵᠦ᠂ ᠳᠡᠭᠡᠷ᠎ᠡ ᠵᠢᠯ᠎ᠤᠨ ᠳᠥᠷᠪᠡᠳᠦᠭᠡᠷ ᠤᠯᠠᠷᠢᠯ᠎ᠲᠠᠢ ᠬᠠᠷᠢᠴᠠᠭᠤᠯᠪᠠᠯ᠂ ᠨᠡᠮᠡᠭᠳᠡᠯ᠎ᠤᠨ ᠬᠤᠷᠳᠤᠴᠠ᠎ᠨᠢ ᠰᠥᠭᠡᠷᠭᠦ ᠪᠠᠶ᠋ᠢᠭᠰᠠᠨ᠎ᠠᠴᠠ᠎ᠪᠠᠨ ᠡᠶᠡᠷᠭᠦ ᠪᠣᠯᠵᠣ ᠬᠤᠪᠢᠷᠠᠪᠠ᠃
ᠡᠭᠦᠨ᠎ᠳᠤ᠂ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠬᠡᠷᠡᠭᠯᠡᠭᠡ ᠳᠡᠭᠡᠳᠦ ᠬᠤᠷᠳᠤᠴᠠ᠎ᠪᠠᠷ ᠨᠡᠮᠡᠭᠳᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 1.9 ᠳᠠᠬᠢᠨ ᠨᠡᠮᠡᠭᠳᠡᠪᠡ᠃
ᠳᠥᠷᠪᠡ᠎ᠳᠤ᠂ ᠬᠠᠷᠢᠯᠴᠠᠬᠤ ᠮᠠᠶᠢᠭ᠎ᠤᠨ ᠬᠡᠷᠡᠭᠯᠡᠭᠡ ᠢᠯᠡᠳᠲᠡ ᠰᠡᠷᠭᠦᠵᠦ᠂ ᠬᠡᠷᠡᠭᠯᠡᠭᠡᠨ᠎ᠤ ᠰᠢᠨ᠎ᠡ ᠡᠵᠡᠩᠨᠡᠯᠲᠡ ᠵᠢᠨ ᠬᠡᠯᠪᠡᠷᠢ ᠪᠠᠶ᠋ᠢᠳᠠᠯ ᠥᠷᠨᠢᠨ ᠬᠥᠭᠵᠢᠪᠡ᠃ ᠨᠢᠭᠡᠳᠦᠭᠡᠷ ᠤᠯᠠᠷᠢᠯ᠎ᠳᠤ᠂ ᠪᠥᠬᠥ ᠣᠷᠣᠨ᠎ᠤ ᠲᠠᠸᠠᠷ᠎ᠤᠨ ᠵᠢᠵᠢᠭᠯᠡᠨ ᠬᠤᠳᠠᠯᠳᠤᠭᠰᠠᠨ ᠲᠣᠭ᠎ᠠ ᠪᠠ ᠢᠳᠡᠭᠡᠨ ᠤᠮᠳᠠᠭ᠋ᠠᠨ᠎ᠤ ᠣᠷᠣᠯᠭ᠎ᠠ ᠵᠢᠨ ᠨᠡᠮᠡᠭᠳᠡᠯ᠎ᠤᠨ ᠬᠤᠷᠳᠤᠴᠠ᠎ᠨᠢ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ ᠲᠣᠰ ᠲᠣᠰ 4.5 ᠪᠠ 24.3 ᠵᠠᠭᠤᠨ᠎ᠤ ᠬᠤᠪᠢ ᠵᠢᠨ ᠴᠡᠭ ᠥᠨᠳᠥᠷ ᠪᠣᠯᠪᠠ᠃ ᠬᠡᠷᠡᠭᠯᠡᠭᠡᠨ᠎ᠤ ᠰᠢᠨ᠎ᠡ ᠡᠵᠡᠩᠨᠡᠯᠲᠡ ᠵᠢᠨ ᠬᠡᠯᠪᠡᠷᠢ ᠪᠠᠶ᠋ᠢᠳᠠᠯ ᠥᠷᠨᠢᠨ ᠬᠥᠭᠵᠢᠵᠦ᠂ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠨᠢᠭᠡᠴᠢ ᠰᠦᠯᠵᠢᠶ᠎ᠡ᠎ᠪᠠᠷ ᠵᠢᠵᠢᠭᠯᠡᠨ ᠬᠤᠳᠠᠯᠳᠤᠭᠰᠠᠨ ᠲᠣᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 70.3%᠎ᠪᠠᠷ ᠨᠡᠮᠡᠭᠳᠡᠵᠦ᠂ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠲᠣᠭ᠎ᠠ᠎ᠳᠤ ᠦᠵᠡᠭᠦᠯᠦᠭᠰᠡᠨ ᠬᠤᠪᠢ ᠨᠡᠮᠡᠷᠢ ᠵᠢᠨ ᠨᠣᠷᠮ᠎ᠠ᠎ᠨᠢ 16.6%᠎ᠳᠤ ᠬᠥᠷᠪᠡ᠃ ᠪᠠᠶᠠᠷᠯᠠᠯ᠎ᠠ᠃
ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠶ ᠬᠣᠷᠢᠶ᠎ᠠ ᠵᠢᠨ ᠰᠤᠷᠪᠤᠯᠵᠢᠯᠠᠭᠴᠢ᠄ ᠥᠭᠦᠯᠡᠭᠴᠢ᠎ᠠᠴᠠ ᠠᠰᠠᠭᠤᠬᠤ᠎ᠨᠢ᠂ ᠰᠠᠶᠢᠬᠠᠨ ᠵᠠᠷᠯᠠᠨ ᠮᠡᠳᠡᠭᠳᠡᠭᠰᠡᠨ ᠲᠣᠭ᠎ᠠ ᠪᠠᠷᠢᠮᠲᠠ ᠵᠢᠨ ᠪᠠᠶ᠋ᠢᠳᠠᠯ᠎ᠠᠴᠠ ᠦᠵᠡᠪᠡᠯ᠂ ᠨᠢᠭᠡᠳᠦᠭᠡᠷ ᠤᠯᠠᠷᠢᠯ᠎ᠳᠤ ᠪᠥᠬᠥ ᠣᠷᠣᠨ᠎ᠤ ᠪᠠᠯᠠ ᠣᠷᠣᠭᠤᠯᠤᠯᠲᠠ ᠳᠡᠭᠡᠷ᠎ᠡ ᠵᠢᠯ᠎ᠤᠨ ᠥᠨᠳᠥᠷ ᠨᠡᠮᠡᠭᠳᠡᠯ᠎ᠤᠨ ᠬᠤᠷᠳᠤᠴᠠ ᠵᠢᠨ ᠰᠠᠭᠤᠷᠢᠨ ᠳᠡᠭᠡᠷ᠎ᠡ ᠨᠡᠯᠢᠶᠡᠳ ᠲᠦᠷᠭᠡᠨ ᠨᠡᠮᠡᠭᠳᠡᠯ᠎ᠤᠨ ᠪᠠᠶ᠋ᠢᠳᠠᠯ ᠵᠶ᠋ᠠᠨ ᠦᠷᠭᠦᠯᠵᠢᠯᠡᠭᠦᠯᠵᠦ᠂ ᠭᠤᠤᠯᠳᠠᠭᠤ ᠶᠠᠮᠠᠷ ᠶᠠᠮᠠᠷ ᠬᠦᠴᠦᠨ ᠵᠦᠢ᠍ᠯ᠎ᠠᠴᠠ ᠳᠠᠶ᠋ᠢᠴᠢᠯᠠᠭᠰᠠᠨ ᠪᠣᠶ?
ᠬᠠᠷᠢᠭᠤᠯᠤᠭᠰᠠᠨ᠎ᠨᠢ᠄ ᠲᠠᠨ᠎ᠤ ᠠᠰᠠᠭᠤᠭᠰᠠᠨ᠎ᠳᠤ ᠲᠠᠯᠠᠷᠬᠠᠵᠤ ᠪᠠᠶ᠋ᠢᠨ᠎ᠠ᠃ ᠣᠶ᠋ᠢᠷ᠎ᠠ ᠵᠢᠨ ᠵᠢᠯ᠎ᠤᠨ ᠲᠤᠷᠰᠢ᠂ ᠪᠦᠬᠦ ᠣᠷᠣᠨ ᠵᠶ᠋ᠠᠷ ᠵᠶ᠋ᠠᠨ ᠬᠥᠭᠵᠢᠯᠲᠡ᠎ᠪᠠᠨ ᠲᠦᠷᠭᠡᠳᠬᠡᠬᠦ᠂ ᠬᠥᠭᠵᠢᠯᠲᠡ ᠵᠢ ᠶᠡᠬᠡᠪᠡᠷ ᠠᠳᠬᠤᠬᠤ ᠣᠨᠣᠯᠵᠢᠬᠤᠨ᠎ᠢ ᠪᠣᠶ ᠪᠣᠯᠭ᠋ᠠᠵᠤ᠂ ᠪᠦᠬᠦ ᠬᠦᠴᠦᠨ ᠵᠶ᠋ᠠᠷ ᠵᠶ᠋ᠠᠨ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠤᠨ᠂ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠬᠦᠴᠦᠲᠡᠶ ᠠᠳᠬᠤᠵᠤ᠂ ᠪᠦᠬᠦ ᠣᠷᠣᠨ᠎ᠤ ᠪᠡᠯᠡ ᠣᠷᠣᠭᠤᠯᠤᠯᠲᠠ ᠵᠢᠨ ᠨᠡᠯᠢᠶᠡᠳ ᠲᠦᠷᠭᠡᠨ ᠨᠡᠮᠡᠭᠳᠡᠬᠦ ᠪᠠᠶ᠋ᠢᠳᠠᠯ᠎ᠢ ᠪᠠᠲᠤᠯᠠᠬᠤ ᠵᠢ ᠲᠦᠯᠬᠢᠨ ᠠᠬᠢᠭᠤᠯᠪᠠ᠃ ᠨᠢᠭᠡᠳᠦᠭᠡᠷ ᠤᠯᠠᠷᠢᠯ᠎ᠳᠤ᠂ ᠪᠥᠬᠥ ᠣᠷᠣᠨ᠎ᠤ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ (ᠲᠠᠷᠢᠶᠠᠴᠢᠨ ᠡᠷᠦᠬᠡ ᠵᠢ ᠪᠠᠭᠲᠠᠭ᠋ᠠᠬᠤ ᠥᠬᠡᠶ) ᠠᠳᠠᠯᠢ ᠬᠤᠭᠤᠴᠠᠭ᠋ᠠᠨ᠎ᠤ᠎ᠬᠢ᠎ᠠᠴᠠ 39.2% ᠵᠶ᠋ᠠᠷ ᠨᠡᠮᠡᠭᠳᠡᠵᠦ᠂ ᠨᠡᠮᠡᠭᠳᠡᠯ᠎ᠤᠨ ᠬᠤᠷᠳᠤᠴᠠ᠎ᠨᠢ 2022 ᠣᠨ᠎ᠤ ᠪᠥᠬᠥ ᠵᠢᠯ᠎ᠤᠨ᠎ᠬᠢ᠎ᠠᠴᠠ 21.6 ᠵᠠᠭᠤᠨ᠎ᠤ ᠬᠤᠪᠢ ᠵᠢᠨ ᠴᠡᠭ ᠳᠡᠭᠡᠭᠰᠢᠯᠡᠪᠡ᠃ ᠳᠠᠶ᠋ᠢᠴᠢᠯᠠᠬᠤ ᠡᠯᠧᠮᠧᠨ᠋ᠲ᠎ᠲᠤ ᠭᠣᠣᠯᠳᠠᠭᠤ ᠲᠦᠷᠪᠡᠨ ᠲᠠᠯ᠎ᠠ ᠪᠤᠢ᠄
ᠨᠢᠭᠡ᠎ᠳᠤ᠂ ᠬᠤᠳᠠᠯᠳᠤᠭ᠋ᠠᠴᠢᠨ ᠤᠷᠢᠵᠤ ᠪᠠᠯᠠ ᠣᠷᠣᠭᠤᠯᠬᠤ ᠠᠵᠢᠯ ᠢᠯᠡᠳᠲᠡ ᠦᠷ᠎ᠡ ᠪᠦᠲᠦᠮᠵᠢ ᠣᠯᠵᠤ᠂ ᠬᠥᠮᠥᠷᠭᠡ᠎ᠳᠤ ᠰᠢᠨ᠎ᠡ᠎ᠪᠠᠷ ᠣᠷᠣᠭᠤᠯᠬᠤ ᠵᠦᠢ᠍ᠯᠡᠰ᠎ᠤᠨ ᠲᠣᠭ᠎ᠠ ᠨᠡᠮᠡᠭᠳᠡᠪᠡ᠃ ᠣᠶ᠋ᠢᠷ᠎ᠠ ᠵᠢᠨ ᠵᠢᠯ᠎ᠤᠨ ᠲᠤᠷᠰᠢ᠂ ᠮᠠᠨ᠎ᠤ ᠣᠷᠣᠨ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠦᠷᠭᠦᠯᠵᠢᠯᠡᠨ ᠰᠢᠯᠢᠳᠡᠭᠵᠢᠭᠦᠯᠵᠦ᠂ ᠬᠤᠳᠠᠯᠳᠤᠭ᠋ᠠᠴᠢᠨ ᠤᠷᠢᠵᠤ ᠪᠠᠯᠠ ᠣᠷᠣᠭᠤᠯᠬᠤ ᠵᠢ ᠶᠡᠬᠡ᠎ᠪᠠᠷ ᠠᠬᠢᠭᠤᠯᠵᠤ᠂ ᠪᠥᠬᠥ ᠣᠷᠣᠨ᠎ᠤ ᠰᠢᠨ᠎ᠡ᠎ᠪᠠᠷ ᠬᠥᠮᠥᠷᠭᠡ᠎ᠳᠤ ᠣᠷᠣᠭᠤᠯᠤᠭᠰᠠᠨ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ ᠵᠢᠨ ᠲᠥᠷᠥᠯ ᠵᠦᠢ᠍ᠯ᠎ᠤᠨ ᠲᠣᠭ᠎ᠠ ᠶᠡᠬᠡ᠎ᠪᠠᠷ ᠨᠡᠮᠡᠭᠳᠡᠪᠡ᠃ ᠨᠢᠭᠡᠳᠦᠭᠡᠷ
ᠤᠯᠠᠷᠢᠯ᠎ᠳᠤ᠂ ᠪᠥᠬᠥ ᠣᠷᠣᠨ᠎ᠤ ᠬᠥᠮᠥᠷᠭᠡ᠎ᠳᠤ ᠰᠢᠨ᠎ᠡ᠎ᠪᠠᠷ ᠣᠷᠣᠭᠤᠯᠤᠭᠰᠠᠨ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ ᠵᠢᠨ ᠲᠥᠷᠥᠯ ᠵᠦᠢ᠍ᠯ 344 ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 117 ᠨᠡᠮᠡᠭᠳᠡᠵᠡᠶ᠃ ᠡᠭᠦᠨ᠎ᠳᠤ᠂ 5000 ᠲᠦᠮᠡᠨ ᠲᠥᠭᠥᠷᠢᠭ ᠵᠢᠴᠢ ᠲᠡᠭᠦᠨ᠎ᠠᠴᠠ ᠳᠡᠭᠡᠭᠰᠢᠬᠢ ᠬᠥᠮᠥᠷᠭᠡ᠎ᠳᠤ ᠰᠢᠨ᠎ᠡ᠎ᠪᠠᠷ ᠣᠷᠣᠭᠤᠯᠬᠤ ᠪᠠᠯᠠ ᠣᠷᠣᠭᠤᠯᠤᠯᠲᠠ ᠵᠢᠨ ᠲᠥᠷᠥᠯ ᠵᠦᠢ᠍ᠯ 169 ᠪᠠᠶ᠋ᠢᠵᠤ᠂ 58 ᠨᠡᠮᠡᠭᠳᠡᠪᠡ᠃
ᠬᠣᠶᠠᠷ᠎ᠲᠤ᠂ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠪᠠᠶ᠋ᠢᠷᠢᠯᠠᠭᠤᠯᠤᠯᠲᠠ ᠲᠦᠷᠭᠡᠳᠴᠦ᠂ ᠪᠡᠯᠡ ᠣᠷᠣᠭᠤᠯᠤᠯᠲᠠ ᠵᠢᠨ ᠶᠡᠬᠡ ᠬᠡᠮᠵᠢᠶ᠎ᠡ᠎ᠪᠠᠷ ᠨᠡᠮᠡᠭᠳᠡᠬᠦ ᠵᠢ ᠠᠬᠢᠭᠤᠯᠪᠠ᠃ ᠣᠶ᠋ᠢᠷ᠎ᠠ ᠵᠢᠨ ᠵᠢᠯ᠎ᠤᠨ ᠲᠤᠷᠰᠢ᠂ ᠪᠦᠬᠦ ᠣᠷᠣᠨ ᠵᠶ᠋ᠠᠷ ᠵᠶ᠋ᠠᠨ ᠤᠯᠤᠰ᠎ᠤᠨ ᠰᠢᠨ᠎ᠡ ᠡᠨᠧᠷᠭᠢ ᠵᠢ ᠶᠡᠬᠡᠪᠡᠷ ᠬᠥᠭᠵᠢᠭᠦᠯᠬᠦ ᠠᠵᠠ ᠲᠣᠬᠢᠶᠠᠯ᠎ᠢ ᠴᠢᠩᠭ᠎ᠠ ᠠᠳᠬᠤᠵᠤ᠂ ᠰᠢᠨ᠎ᠡ ᠡᠨᠧᠷᠭᠢ ᠵᠢᠨ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ᠂ ᠲᠣᠮᠣ ᠬᠡᠯᠪᠡᠷᠢ ᠵᠢᠨ ᠰᠠᠯᠬᠢ ᠭᠡᠷᠡᠯ᠎ᠤᠨ ᠰᠠᠭᠤᠷᠢᠨ ᠭᠠᠵᠠᠷ ᠪᠣᠯᠤᠨ ᠰᠠᠯᠬᠢ ᠭᠡᠷᠡᠯ ᠵᠶ᠋ᠠᠷ ᠤᠰᠤᠲᠥ᠋ᠷᠥᠭᠴᠢ ᠦᠢ᠍ᠯᠡᠳᠬᠦ᠂ ᠴᠠᠬᠢᠯᠭ᠋ᠠᠨ᠎ᠤ ᠰᠤᠷᠪᠤᠯᠵᠢ ᠲᠣᠣᠷ ᠳᠠᠭ᠋ᠠᠭ᠋ᠠᠴᠠ ᠨᠥᠭᠡᠴᠡᠯᠡᠬᠦ ᠵᠡᠷᠭᠡ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠦᠷᠭᠦᠯᠵᠢᠯᠡᠨ ᠲᠦᠷᠭᠡᠳᠴᠦ᠂ ᠪᠦᠬᠦ ᠣᠷᠣᠨ᠎ᠤ ᠪᠡᠯᠡ ᠣᠷᠣᠭᠤᠯᠤᠯᠲᠠ ᠵᠢᠨ ᠶᠡᠬᠡ ᠬᠡᠮᠵᠢᠶ᠎ᠡ᠎ᠪᠠᠷ ᠨᠡᠮᠡᠭᠳᠡᠬᠦ ᠵᠢ ᠳᠠᠶ᠋ᠢᠴᠢᠯᠠᠪᠠ᠃ ᠨᠢᠭᠡᠳᠦᠭᠡᠷ ᠤᠯᠠᠷᠢᠯ᠎ᠳᠤ᠂ ᠪᠥᠬᠥ ᠣᠷᠣᠨ᠎ᠤ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠪᠠᠯᠠ ᠣᠷᠣᠭᠤᠯᠤᠯᠲᠠ᠎ᠨᠢ ᠪᠥᠬᠥ ᠪᠠᠯᠠ ᠣᠷᠣᠭᠤᠯᠤᠯᠲᠠ ᠵᠢᠨ ᠨᠡᠮᠡᠭᠳᠡᠯ᠎ᠤᠨ ᠬᠤᠷᠳᠤᠴᠠ᠎ᠠᠴᠠ 128.8 ᠵᠠᠭᠤᠨ᠎ᠤ ᠴᠡᠭ ᠥᠨᠳᠥᠷ ᠪᠣᠯᠪᠠ᠃ ᠡᠭᠦᠨ᠎ᠳᠤ᠂ ᠬᠡᠷᠡᠯ ᠴᠡᠨᠡᠭ᠂ ᠰᠠᠯᠬᠢᠨ ᠬᠦᠴᠦᠨ ᠵᠶ᠋ᠠᠷ ᠴᠠᠬᠢᠯᠭ᠋ᠠᠨ ᠭᠠᠷᠭ᠋ᠠᠬᠤ ᠪᠠᠷᠢᠯᠭ᠎ᠠ ᠵᠢᠨ ᠲᠥᠷᠥᠯ ᠵᠦᠢ᠍ᠯ 115 ᠪᠠᠶ᠋ᠢᠵᠤ᠂ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 50 ᠨᠡᠮᠡᠭᠳᠡᠵᠦ᠂ ᠪᠠᠯᠠ ᠣᠷᠣᠭᠤᠯᠤᠯᠲᠠ ᠵᠢᠨ ᠨᠡᠮᠡᠭᠳᠡᠯ᠎ᠢ 1.4 ᠳᠠᠬᠢᠨ ᠵᠶ᠋ᠠᠷ ᠪᠡᠶᠡᠯᠡᠭᠦᠯᠵᠦ᠂ ᠪᠥᠬᠥ ᠪᠠᠯᠠ ᠣᠷᠣᠭᠤᠯᠤᠯᠲᠠ ᠵᠢᠨ ᠨᠡᠮᠡᠭᠳᠡᠯ᠎ᠢ 14.7 ᠵᠠᠭᠤᠨ᠎ᠤ ᠬᠤᠪᠢ ᠵᠢᠨ ᠴᠡᠭ ᠵᠶ᠋ᠠᠷ ᠳᠠᠶ᠋ᠢᠴᠢᠯᠠᠪᠠ᠃ ᠰᠢᠨ᠎ᠡ ᠡᠨᠧᠷᠭᠢ ᠵᠢᠨ ᠦᠢ᠍ᠯᠡᠳᠬᠦ ᠦᠢ᠍ᠯᠡᠰ᠎ᠤᠨ ᠪᠠᠯᠠ ᠣᠷᠣᠭᠤᠯᠤᠯᠲᠠ 3.0 ᠳᠠᠬᠢᠨ ᠵᠶ᠋ᠠᠷ ᠨᠡᠮᠡᠭᠳᠡᠵᠦ᠂ ᠪᠥᠬᠥ ᠣᠷᠣᠨ᠎ᠤ ᠪᠠᠯᠠ ᠣᠷᠣᠭᠤᠯᠤᠯᠲᠠ ᠵᠢᠨ ᠨᠡᠮᠡᠭᠳᠡᠯ᠎ᠢ 15.6 ᠵᠠᠭᠤᠨ᠎ᠤ ᠬᠤᠪᠢ ᠵᠢᠨ ᠴᠡᠭ ᠳᠠᠶ᠋ᠢᠴᠢᠯᠠᠪᠠ᠃
ᠭᠤᠷᠪᠠ᠎ᠳᠤ᠂ ᠦᠢ᠍ᠯᠡᠳᠬᠦ ᠦᠢ᠍ᠯᠡᠰ᠎ᠤᠨ ᠪᠡᠯᠡ ᠣᠷᠣᠭᠤᠯᠤᠯᠲᠠ ᠵᠢᠨ ᠨᠡᠮᠡᠭᠳᠡᠯ᠎ᠤᠨ ᠬᠠᠨᠳᠤᠰᠢ ᠰᠠᠢ᠍ᠢ᠍ᠨ ᠪᠠᠶ᠋ᠢᠵᠤ᠂ ᠬᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠬᠦ ᠠᠯᠬᠤᠴᠠ ᠲᠦᠷᠭᠡᠳᠪᠡ᠃ ᠮᠠᠨ᠎ᠤ ᠣᠷᠣᠨ ᠦᠢ᠍ᠯᠡᠳᠬᠦ ᠦᠢ᠍ᠯᠡᠰ᠎ᠤᠨ ᠬᠥᠭᠵᠢᠯᠲᠡ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠦᠢ᠍ᠯᠡᠳᠬᠦ ᠦᠢ᠍ᠯᠡᠰ᠎ᠤᠨ ᠰᠢᠨ᠎ᠡ ᠵᠢ ᠡᠭᠦᠳᠬᠦ ᠣᠷᠣᠭᠤᠯᠤᠯᠲᠠ ᠵᠢ ᠢᠳᠡᠪᠬᠢᠲᠡᠶ ᠳᠡᠮᠵᠢᠵᠦ ᠪᠣᠶ᠃ ᠡᠨᠡ ᠵᠢᠯ᠎ᠠᠴᠠ ᠨᠠᠰᠢ᠂ ᠦᠢ᠍ᠯᠡᠳᠬᠦ ᠦᠢ᠍ᠯᠡᠰ᠎ᠤᠨ ᠪᠠᠯᠠ ᠣᠷᠣᠭᠤᠯᠤᠯᠲᠠ ᠦᠷᠭᠦᠯᠵᠢᠯᠡᠨ ᠨᠡᠯᠢᠶᠡᠳ ᠲᠦᠷᠭᠡᠨ ᠨᠡᠮᠡᠭᠳᠡᠵᠦ᠂ ᠨᠢᠭᠡᠳᠦᠭᠡᠷ ᠤᠯᠠᠷᠢᠯ᠎ᠳᠤ ᠠᠳᠠᠯᠢ ᠬᠤᠭᠤᠴᠠᠭ᠋ᠠᠨ᠎ᠤ᠎ᠬᠢ᠎ᠠᠴᠠ 62.6%᠎ᠪᠠᠷ ᠨᠡᠮᠡᠭᠳᠡᠵᠦ᠂ ᠪᠥᠬᠥ ᠪᠠᠯᠠ ᠣᠷᠣᠭᠤᠯᠤᠯᠲᠠ ᠵᠢᠨ ᠨᠡᠮᠡᠭᠳᠡᠯ᠎ᠤᠨ ᠬᠤᠷᠳᠤᠴᠠ᠎ᠠᠴᠠ 23.4 ᠵᠠᠭᠤᠨ᠎ᠤ ᠬᠤᠪᠢ ᠵᠢᠨ ᠴᠡᠭ ᠥᠨᠳᠥᠷ
ᠪᠣᠯᠵᠣ᠂ ᠪᠥᠬᠥ ᠣᠷᠣᠨ᠎ᠤ ᠪᠠᠯᠠ ᠣᠷᠣᠭᠤᠯᠤᠯᠲᠠ ᠵᠢᠨ ᠨᠡᠮᠡᠭᠳᠡᠯ᠎ᠤᠨ ᠬᠤᠷᠳᠤᠴᠠ᠎ᠠᠴᠠ ᠢᠯᠡᠳᠲᠡ ᠲᠦᠷᠭᠡᠨ ᠪᠣᠯᠵᠠᠶ; ᠪᠥᠬᠥ ᠪᠠᠯᠠ ᠣᠷᠣᠭᠤᠯᠤᠯᠲᠠ᠎ᠳᠤ ᠡᠵᠡᠯᠡᠬᠦ ᠬᠤᠪᠢ ᠵᠢᠨ ᠵᠢᠩ᠎ᠨᠢ 36.1%᠎ᠳᠤ ᠬᠦᠷᠴᠦ᠂ ᠲᠦᠷᠦᠭᠦᠦ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 5.2 ᠵᠠᠭᠤᠨ᠎ᠤ ᠬᠤᠪᠢ ᠵᠢᠨ ᠴᠡᠭ ᠳᠡᠭᠡᠭᠰᠢᠯᠡᠵᠦ᠂ ᠪᠥᠬᠥ ᠪᠠᠯᠠ ᠣᠷᠣᠭᠤᠯᠤᠯᠲᠠ ᠵᠢᠨ ᠨᠡᠮᠡᠭᠳᠡᠯ᠎ᠢ 19.4 ᠵᠠᠭᠤᠨ᠎ᠤ ᠬᠤᠪᠢ ᠵᠢᠨ ᠴᠡᠭ ᠳᠠᠶ᠋ᠢᠴᠢᠯᠠᠪᠠ᠃ ᠡᠭᠦᠨ᠎ᠳᠤ᠂ ᠲᠣᠨᠣᠭᠯᠠᠯ ᠦᠢ᠍ᠯᠡᠳᠬᠦ ᠦᠢ᠍ᠯᠡᠰ᠎ᠤᠨ ᠪᠠᠯᠠ ᠣᠷᠣᠭᠤᠯᠤᠯᠲᠠ 3.1 ᠳᠠᠬᠢᠨ ᠨᠡᠮᠡᠭᠳᠡᠵᠦ᠂ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ 2.6 ᠳᠠᠬᠢᠨ ᠨᠡᠮᠡᠭᠳᠡᠪᠡ᠃
ᠳᠥᠷᠪᠡ᠎ᠳᠤ᠂ ᠲᠤᠰᠬᠠᠶ ᠵᠦᠢ᠍ᠯ᠎ᠤᠨ ᠵᠢᠭᠡᠯᠡᠯᠭᠡ ᠲᠠᠯᠪᠢᠬᠤ ᠠᠬᠢᠴᠠ ᠲᠦᠷᠭᠡᠳᠴᠦ᠂ ᠰᠠᠭᠤᠷᠢ ᠪᠡᠯᠡᠳᠬᠡᠮᠵᠢ ᠵᠢᠨ ᠪᠠᠯᠠ ᠣᠷᠣᠭᠤᠯᠤᠯᠲᠠ ᠵᠢᠨ ᠨᠡᠮᠡᠭᠳᠡᠯ᠎ᠳᠤ ᠬᠦᠴᠦᠨ ᠨᠡᠮᠡᠷᠢᠯᠡᠪᠡ᠃ ᠣᠷᠣᠨ ᠨᠤᠲᠤᠭ᠎ᠤᠨ ᠲᠤᠰᠬᠠᠶ ᠵᠦᠢ᠍ᠯ᠎ᠤᠨ ᠵᠢᠭᠡᠯᠡᠯᠭᠡ ᠵᠢᠨ ᠬᠡᠪᠴᠢᠶ᠎ᠡ ᠨᠡᠮᠡᠭᠳᠡᠭᠰᠡᠨ ᠪᠠ ᠲᠠᠷᠬᠠᠭ᠋ᠠᠬᠤ ᠠᠬᠢᠴᠠ ᠲᠦᠷᠭᠡᠳᠦᠭᠰᠡᠨ ᠵᠡᠷᠭᠡ ᠬᠦᠴᠦᠨ ᠵᠦᠢ᠍ᠯ᠎ᠤᠨ ᠠᠬᠢᠭᠤᠯᠤᠯ ᠳᠤᠤᠷ᠎ᠠ᠂ ᠨᠢᠭᠡᠳᠦᠭᠡᠷ ᠤᠯᠠᠷᠢᠯ᠎ᠳᠤ᠂ ᠪᠥᠬᠥ ᠣᠷᠣᠨ᠎ᠤ ᠰᠠᠭᠤᠷᠢ ᠪᠡᠯᠡᠳᠬᠡᠮᠵᠢ ᠵᠢᠨ ᠪᠠᠯᠠ ᠣᠷᠣᠭᠤᠯᠤᠯᠲᠠ ᠵᠢᠨ ᠪᠥᠬᠥ ᠪᠠᠯᠠ ᠣᠷᠣᠭᠤᠯᠤᠯᠲᠠ᠎ᠳᠠᠬᠢ ᠡᠵᠡᠯᠡᠬᠦ ᠬᠤᠪᠢ ᠵᠢᠨ ᠵᠢᠩ 36.3%᠎ᠳᠤ ᠬᠦᠷᠴᠦ᠂ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 2.7 ᠵᠠᠭᠤᠨ᠎ᠤ ᠬᠤᠪᠢ ᠵᠢᠨ ᠴᠡᠭ ᠳᠡᠭᠡᠭᠰᠢᠯᠡᠵᠦ᠂ ᠪᠥᠬᠥ ᠪᠠᠯᠠ ᠣᠷᠣᠭᠤᠯᠤᠯᠲᠠ ᠵᠢᠨ ᠨᠡᠮᠡᠭᠳᠡᠯ᠎ᠢ 16.9 ᠵᠠᠭᠤᠨ᠎ᠤ ᠬᠤᠪᠢ ᠵᠢᠨ ᠴᠡᠭ ᠳᠠᠶ᠋ᠢᠴᠢᠯᠠᠪᠠ᠃ ᠡᠭᠦᠨ᠎ᠳᠤ᠂ ᠵᠠᠮ ᠲᠡᠭᠡᠭᠡᠪᠦᠷᠢ ᠵᠢᠨ ᠦᠢ᠍ᠯᠡᠰ᠎ᠤᠨ ᠪᠠᠯᠠ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 52.5%᠎ᠪᠠᠷ ᠨᠡᠮᠡᠭᠳᠡᠵᠦ᠂ ᠪᠥᠬᠥ ᠰᠠᠭᠤᠷᠢ ᠪᠡᠯᠡᠳᠬᠡᠮᠵᠢ ᠵᠢᠨ ᠪᠠᠯᠠ ᠣᠷᠣᠭᠤᠯᠤᠯᠲᠠ ᠵᠢᠨ ᠨᠡᠮᠡᠭᠳᠡᠯ᠎ᠢ 3.4 ᠵᠠᠭᠤᠨ᠎ᠤ ᠬᠤᠪᠢ ᠵᠢᠨ ᠴᠡᠭ ᠳᠠᠶ᠋ᠢᠴᠢᠯᠠᠪᠠ᠃ ᠪᠠᠶᠠᠷᠯᠠᠯ᠎ᠠ᠃