
7 ᠳ᠋ᠤᠭ᠋ᠠᠷ ᠰᠠᠷ᠎ᠠ ᠵᠢᠨ 20᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ ᠳᠡᠭᠡᠷ᠎ᠡ ᠬᠠᠭ᠋ᠠᠰ ᠵᠢᠯ᠎ᠤᠨ ᠪᠥᠬᠥ ᠣᠷᠣᠨ᠎ᠤ ᠠᠵᠤ ᠠᠬᠤᠶ ᠵᠢᠨ ᠠᠵᠢᠯᠯᠠᠭ᠋ᠠᠨ᠎ᠤ ᠪᠠᠶ᠋ᠢᠳᠠᠯ᠎ᠤᠨ ᠲᠤᠬᠠᠶ ᠮᠡᠳᠡᠭᠡ ᠨᠡᠶ᠋ᠢᠲᠡᠯᠡᠬᠦ ᠬᠤᠷᠠᠯ ᠬᠢᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠳᠡᠳ᠋ ᠳᠠᠷᠤᠭ᠎ᠠ᠂ ᠰᠣᠨᠢᠨ ᠮᠡᠳᠡᠭᠡᠨ᠎ᠤ ᠥᠭᠦᠯᠡᠭᠴᠢ ᠸᠠᠩ ᠴᠤᠸᠠᠨ ᠵᠢᠩ᠂ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠥᠪᠥᠷ ᠮᠣᠩᠭᠣᠯ᠎ᠤᠨ ᠪᠠᠶ᠋ᠢᠴᠠᠭ᠋ᠠᠯᠲᠠ ᠵᠢᠨ ᠶᠡᠷᠦᠩᠬᠡᠶ ᠠᠩᠭᠢ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠶᠡᠷᠦᠩᠬᠡᠶ ᠠᠩᠭᠢ ᠵᠢᠨ ᠳᠠᠷᠤᠭ᠎ᠠ ᠸᠠᠩ ᠳ᠋ᠸ ᠪᠢᠨ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃

《ᠥᠪᠥᠷ ᠮᠣᠩᠭᠣᠯ᠎ᠤᠨ ᠡᠳᠦᠷ᠎ᠤᠨ ᠰᠣᠨᠢᠨ》᠎ᠤ ᠰᠤᠷᠪᠤᠯᠵᠢᠯᠠᠭᠴᠢ᠄ ᠥᠭᠦᠯᠡᠭᠴᠢ ᠲᠠ ᠰᠠᠶ᠋ᠢᠨ ᠦᠦ᠂ ᠲᠠ ᠮᠠᠨ᠎ᠤ ᠣᠷᠣᠨ᠎ᠤ ᠳᠡᠭᠡᠷ᠎ᠡ ᠬᠠᠭ᠋ᠠᠰ ᠵᠢᠯ᠎ᠤᠨ ᠠᠵᠤ ᠠᠬᠤᠶ ᠵᠢᠨ ᠠᠵᠢᠯᠯᠠᠭ᠋ᠠᠨ᠎ᠤ ᠪᠠᠶ᠋ᠢᠳᠠᠯ᠎ᠢ ᠬᠡᠷᠬᠢᠨ ᠦᠨᠡᠯᠡᠬᠦ ᠪᠣᠶ? ᠲᠠ ᠮᠠᠨ᠎ᠤ ᠣᠷᠣᠨ᠎ᠤ ᠳᠡᠭᠡᠷ᠎ᠡ ᠬᠠᠭ᠋ᠠᠰ ᠵᠢᠯ᠎ᠤᠨ ᠠᠵᠤ ᠠᠬᠤᠶ ᠵᠢᠨ ᠬᠥᠭᠵᠢᠯᠲᠡ ᠵᠢᠨ 《ᠬᠢᠷᠢ ᠪᠦᠲᠦᠮᠵᠢ ᠵᠢᠨ ᠬᠠᠭᠤᠳᠠᠰᠤ》 ᠵᠢᠨ ᠪᠣᠳᠠᠲᠠᠶ ᠢᠯᠡᠷᠡᠯ᠎ᠢ ᠨᠠᠷᠢᠨ ᠲᠠᠨᠢᠯᠴᠠᠭᠤᠯᠤᠭ᠋ᠠᠳ ᠥᠭᠭᠦᠨ᠎ᠡ ᠦᠦ? ᠪᠠᠶᠠᠷᠯᠠᠯ᠎ᠠ᠃

ᠸᠠᠩ ᠴᠤᠸᠠᠨ ᠵᠢᠩ᠄ ᠲᠠᠨ᠎ᠤ ᠠᠰᠠᠭᠤᠯᠲᠠ᠎ᠳᠤ ᠲᠠᠯᠠᠷᠬᠠᠵᠤ ᠪᠠᠶ᠋ᠢᠨ᠎ᠠ᠃ ᠰᠠᠶᠢᠬᠠᠨ ᠨᠡᠶ᠋ᠢᠲᠡᠯᠡᠭᠰᠡᠨ ᠪᠠᠶ᠋ᠢᠳᠠᠯ᠎ᠠᠴᠠ ᠦᠵᠡᠪᠡᠯ᠂ ᠮᠠᠨ᠎ᠤ ᠣᠷᠣᠨ᠎ᠤ ᠠᠵᠤ ᠠᠬᠤᠶ ᠳᠡᠭᠡᠷ᠎ᠡ ᠬᠠᠭ᠋ᠠᠰ ᠵᠢᠯ᠎ᠳᠤ ᠦᠨᠡᠬᠡᠷ ᠶᠡᠷᠦ ᠪᠤᠰᠤ ᠵᠢᠨ ᠢᠯᠡᠷᠡᠯ᠎ᠲᠠᠢ ᠪᠣᠯᠵᠠᠶ᠃ ᠡᠨᠡ ᠬᠦ᠌ ᠠᠮᠵᠢᠯᠲᠠ ᠵᠢᠨ ᠠᠷᠤ᠎ᠳᠤ᠂ ᠪᠦᠬᠦ ᠣᠷᠣᠨ᠎ᠤ ᠬᠥᠭᠵᠢᠯᠲᠡ ᠵᠢ ᠶᠡᠬᠡ᠎ᠪᠠᠷ ᠠᠳᠬᠤᠵᠤ᠂ ᠬᠥᠭᠵᠢᠯᠲᠡ ᠵᠢ ᠲᠦᠷᠭᠡᠳᠬᠡᠭᠰᠡᠨ ᠦᠷ᠎ᠡ ᠪᠦᠲᠦᠮᠵᠢ ᠵᠢᠨ ᠢᠯᠡᠷᠡᠯ ᠪᠠᠶ᠋ᠢᠵᠤ᠂ ᠥᠪᠥᠷ ᠮᠣᠩᠭᠣᠯ᠎ᠤᠨ ᠦᠨᠳᠦᠰᠦᠲᠡᠨ᠎ᠨᠦᠭᠦᠳ᠎ᠤᠨ ᠺᠠᠳ᠋ᠷ ᠤᠯᠠᠨ ᠲᠦᠮᠡᠨ᠎ᠤ ᠬᠦᠴᠢᠷ᠎ᠢ ᠲᠤᠭᠤᠯᠤᠨ ᠤᠷᠤᠭᠰᠢᠯᠠᠨ ᠲᠠᠪᠰᠢᠬᠤ ᠡᠷᠴᠢ ᠵᠣᠷᠢᠭ᠂ ᠬᠦᠴᠢᠷ᠎ᠢ ᠰᠦᠷᠦᠨ ᠤᠷᠤᠭᠰᠢᠯᠠᠬᠤ ᠡᠷᠴᠢ ᠵᠣᠷᠢᠭ᠎ᠢ ᠭᠡᠷᠡᠴᠢᠯᠡᠭᠰᠡᠨ ᠪᠥᠭᠡᠳ ᠪᠢᠳᠡᠨ᠎ᠤ ᠰᠢᠨ᠎ᠡ ᠵᠠᠮ ᠨᠡᠭᠡᠭᠡᠬᠦ᠂ ᠳᠤᠮᠳᠠ ᠲᠦᠪᠰᠢᠨ᠎ᠳᠤ ᠤᠷᠤᠭᠰᠢᠯᠠᠬᠤ ᠢᠲᠡᠭᠡᠯ ᠵᠣᠷᠢᠭ᠎ᠢ ᠨᠡᠩ ᠪᠠᠲᠤᠳᠬᠠᠭᠰᠠᠨ ᠪᠠᠶ᠋ᠢᠨ᠎ᠠ᠃ ᠬᠡᠷᠪᠡ ᠳᠡᠭᠡᠷ᠎ᠡ ᠬᠠᠭ᠋ᠠᠰ ᠵᠢᠯ᠎ᠤᠨ ᠠᠵᠤ ᠠᠬᠤᠢ ᠵᠢᠨ ᠬᠠᠨᠳᠤᠰᠢ ᠵᠢ ᠨᠢᠳᠤᠨᠤᠨ᠎ᠲᠠᠢ ᠵᠣᠯᠭ᠋ᠠᠭᠤᠯᠪᠠᠯ᠂ 《ᠳᠣᠣᠷ᠎ᠠ ᠪᠠᠶ᠋ᠢᠷᠢ᠎ᠠᠴᠠ ᠰᠡᠷᠭᠦᠬᠦ ᠪᠦᠬᠦ ᠲᠠᠯ᠎ᠠ᠎ᠪᠠᠷ ᠳᠡᠭᠡᠭᠰᠢᠯᠡᠬᠦ ᠦᠷᠭᠦᠯᠵᠢᠯᠡᠨ ᠰᠠᠶ᠋ᠢᠵᠢᠷᠠᠬᠤ》 ᠡᠶ᠋ᠢᠮᠦᠷᠬᠦ ᠰᠡᠷᠭᠦᠯᠲᠡ ᠵᠢᠨ ᠶᠠᠪᠤᠴᠠ ᠢᠯᠡᠷᠡᠬᠦ ᠪᠣᠯᠤᠨ᠎ᠠ᠃ ᠲᠤᠬᠠᠶ᠋ᠢᠯᠠᠪᠠᠯ᠂ ᠨᠢᠳᠤᠨᠤᠨ ᠵᠢᠯ᠎ᠤᠨ ᠪᠥᠬᠥ ᠵᠢᠯ᠎ᠤᠨ ᠬᠢᠵᠢᠭ᠎ᠤᠨ ᠪᠠᠶ᠋ᠢᠳᠠᠯ᠎ᠤᠨ ᠨᠥᠯᠥᠭᠡ ᠳᠤᠤᠷ᠎ᠠ ᠪᠥᠬᠥ ᠣᠷᠣᠨ᠎ᠤ GDP 4.2% ᠵᠶ᠋ᠠᠷ ᠨᠡᠮᠡᠭᠳᠡᠵᠦ᠂ ᠬᠠᠮᠤᠭ᠎ᠤᠨ ᠳᠤᠤᠷ᠎ᠠ ᠴᠡᠭ ᠪᠣᠯᠵᠠᠶ᠂ ᠡᠨᠡ ᠵᠢᠯ᠎ᠤᠨ ᠨᠢᠭᠡᠳᠦᠭᠡᠷ ᠤᠯᠠᠷᠢᠯ᠎ᠳᠤ 5.6%᠎ᠪᠠᠷ ᠨᠡᠮᠡᠭᠳᠡᠵᠦ᠂ ᠰᠠᠶ᠋ᠢᠨ ᠰᠠᠶ᠋ᠢᠬᠠᠨ ᠡᠬᠢᠯᠡᠯᠲᠡ ᠵᠢ ᠪᠡᠶᠡᠯᠡᠭᠦᠯᠪᠡ᠂ ᠡᠨᠡ ᠬᠦ᠌ ᠰᠠᠭᠤᠷᠢᠨ ᠳᠡᠭᠡᠷ᠎ᠡ ᠦᠷᠭᠦᠯᠵᠢᠯᠡᠨ ᠳᠡᠭᠡᠭᠰᠢᠯᠡᠵᠦ᠂ ᠳᠡᠭᠡᠷ᠎ᠡ ᠬᠠᠭ᠋ᠠᠰ ᠵᠢᠯ᠎ᠳᠤ 7.3% ᠵᠢᠨ ᠨᠡᠯᠢᠶᠡᠳ ᠥᠨᠳᠥᠷ ᠨᠡᠮᠡᠭᠳᠡᠯ᠎ᠤᠨ ᠲᠦᠪᠰᠢᠨ᠎ᠳᠤ ᠬᠦᠷᠴᠦ᠂ ᠢᠯᠠᠩᠭᠤᠶ᠎ᠠ ᠭᠤᠷᠪᠠᠨ ᠠᠵᠤ ᠦᠢ᠍ᠯᠡᠰ᠎ᠤᠨ ᠨᠡᠮᠡᠭᠳᠡᠯ ᠥᠷᠲᠡᠭ ᠬᠠᠮᠵᠢᠯᠴᠠᠨ ᠬᠦᠴᠦᠯᠡᠵᠦ᠂ ᠨᠡᠮᠡᠭᠳᠡᠯ᠎ᠤᠨ ᠬᠤᠷᠳᠤᠴᠠ᠎ᠨᠢ ᠴᠥᠮ ᠨᠢᠭᠡᠳᠦᠭᠡᠷ ᠤᠯᠠᠷᠢᠯ᠎ᠤᠨ᠎ᠬᠢ᠎ᠠᠴᠠ ᠢᠯᠡᠳᠲᠡ ᠲᠦᠷᠭᠡᠳᠴᠦ᠂ ᠥᠪᠥᠷ ᠮᠣᠩᠭᠣᠯ᠎ᠤᠨ ᠠᠵᠤ ᠠᠬᠤᠶ ᠵᠢᠨ ᠳᠠᠯᠳᠠ ᠬᠦᠴᠦᠨ ᠶᠡᠬᠡ᠂ ᠤᠶᠠᠨ ᠬᠠᠲᠠᠨ ᠴᠢᠨᠠᠷ ᠭᠦᠢ᠍ᠴᠡᠳ ᠪᠠᠶ᠋ᠢᠬᠤ ᠣᠨᠴᠠᠯᠢᠭ᠎ᠢ ᠢᠯᠡᠷᠡᠭᠦᠯᠪᠡ᠃ ᠰᠠᠶᠢ ᠵᠢᠨ ᠮᠡᠳᠡᠭᠳᠡᠯ᠎ᠳᠤ ᠳᠤᠷᠠᠳᠤᠭᠰᠠᠨ ᠵᠠᠷᠢᠮ ᠢᠯᠡ ᠲᠣᠳᠣ ᠭᠦᠢ᠍ᠴᠡᠳᠭᠡᠯ ᠲᠣᠭ᠎ᠠ᠎ᠠᠴᠠ ᠭᠠᠳᠠᠨ᠎ᠠ᠂ ᠳᠡᠭᠡᠷ᠎ᠡ ᠬᠠᠭ᠋ᠠᠰ ᠵᠢᠯ᠎ᠤᠨ ᠮᠠᠨ᠎ᠤ ᠣᠷᠣᠨ᠎ᠤ ᠠᠵᠤ ᠠᠬᠤᠶ ᠵᠢᠨ ᠬᠥᠭᠵᠢᠯᠲᠡ ᠵᠢᠨ ᠬᠢᠷᠢ ᠪᠦᠲᠦᠮᠵᠢ ᠵᠢᠨ ᠬᠠᠭᠤᠳᠠᠰᠤ᠎ᠨᠢ ᠳᠤᠤᠷᠠᠬᠢ ᠮᠡᠲᠦ 《ᠲᠠᠪᠤᠨ ᠬᠦᠴᠦᠲᠡᠶ》 ᠳᠡᠭᠡᠷ᠎ᠡ ᠢᠯᠡᠷᠡᠵᠦ ᠪᠠᠶ᠋ᠢᠨ᠎ᠠ᠃
ᠨᠢᠭᠡᠳᠦᠭᠡᠷ᠎ᠲᠤ᠂ ᠭᠣᠣᠯᠯᠠᠬᠤ ᠠᠵᠤ ᠦᠢ᠍ᠯᠡᠰ ᠲᠣᠭᠲᠠᠭᠤᠨ ᠪᠠᠶ᠋ᠢᠬᠤ ᠵᠢᠨ ᠵᠡᠷᠭᠡ᠎ᠳᠤ ᠨᠡᠮᠡᠭᠳᠡᠵᠦ᠂ ᠠᠵᠤ ᠠᠬᠤᠢ ᠵᠢᠨ ᠦᠷᠭᠦᠯᠵᠢᠯᠡᠨ ᠰᠡᠷᠭᠦᠬᠦ᠎ᠳᠤ ᠪᠠᠲᠤ ᠪᠡᠬᠢ ᠰᠠᠭᠤᠷᠢ ᠲᠠᠯᠪᠢᠪᠡ᠃ 《ᠬᠣᠶᠠᠷ ᠰᠠᠭᠤᠷᠢᠨ ᠭᠠᠵᠠᠷ》᠎ᠤᠨ ᠪᠦᠲᠦᠭᠡᠨ ᠪᠠᠶ᠋ᠢᠭᠤᠯᠤᠯᠲᠠ ᠵᠢᠨ ᠠᠯᠬᠤᠴᠠ ᠦᠷᠭᠦᠯᠵᠢᠯᠡᠨ ᠲᠦᠷᠭᠡᠳᠴᠦ᠂ ᠲᠠᠷᠢᠶᠠᠯᠠᠩ ᠮᠠᠯ ᠠᠵᠤ ᠠᠬᠤᠶ᠂ ᠡᠨᠧᠷᠭᠢ ᠵᠢᠨ ᠠᠵᠤ ᠦᠢ᠍ᠯᠡᠳᠪᠦᠷᠢ ᠵᠡᠷᠭᠡ ᠣᠷᠣᠨ᠎ᠤ ᠳᠣᠲᠣᠷᠠᠬᠢ ᠭᠣᠣᠯᠯᠠᠬᠤ ᠠᠵᠤ ᠦᠢ᠍ᠯᠡᠰ᠎ᠲᠤ ᠬᠣᠶᠠᠷ 《ᠲᠣᠭᠲᠠᠭᠤᠨ᠎ᠤ ᠳᠤᠮᠳᠠ ᠨᠡᠮᠡᠭᠳᠡᠯ᠎ᠲᠠᠢ ᠪᠠᠶ᠋ᠢᠬᠤ》 ᠪᠠᠶ᠋ᠢᠳᠠᠯ ᠢᠯᠡᠷᠡᠪᠡ᠃ ᠲᠠᠷᠢᠶᠠᠯᠠᠩ ᠮᠠᠯ ᠠᠵᠤ ᠠᠬᠤᠶ ᠵᠢᠨ ᠦᠢ᠍ᠯᠡᠳᠪᠦᠷᠢᠯᠡᠯ ᠲᠣᠭᠲᠠᠭᠤᠨ᠎ᠤ ᠳᠤᠮᠳᠠ ᠨᠡᠮᠡᠭᠳᠡᠪᠡ᠃ ᠲᠠᠷᠢᠶᠠᠯᠠᠩ᠎ᠤᠨ ᠪᠠᠶ᠋ᠢᠳᠠᠯ᠎ᠤᠨ ᠲᠣᠬᠢᠷᠠᠭᠤᠯᠤᠯᠲᠠ᠎ᠠᠴᠠ ᠦᠵᠡᠪᠡᠯ᠂ ᠲᠦᠷᠦᠭᠦᠦ ᠬᠠᠭ᠋ᠠᠰ ᠵᠢᠯ᠎ᠳᠤ᠂ ᠪᠥᠬᠥ ᠣᠷᠣᠨ᠎ᠤ ᠠᠮᠤ ᠪᠤᠳᠠᠭ᠋ᠠᠨ᠎ᠤ ᠲᠠᠷᠢᠮᠠᠯ᠂ ᠰᠢᠷ᠎ᠠ ᠪᠤᠷᠴᠠᠭ᠂ ᠲᠣᠰᠣᠯᠢᠭ ᠲᠠᠷᠢᠮᠠᠯ᠎ᠤᠨ ᠳᠠᠷᠢᠬᠤ ᠲᠠᠯᠠᠪᠠᠶ ᠴᠥᠮ ᠤᠯᠤᠰ᠎ᠤᠨ ᠡᠭᠦᠷᠭᠡ ᠵᠢ ᠳᠠᠪᠠᠭᠤᠯᠤᠨ ᠪᠡᠶᠡᠯᠡᠭᠦᠯᠪᠡ᠃ ᠦᠬᠡᠷ᠎ᠤᠨ ᠮᠢᠬ᠎ᠠ᠂ ᠬᠣᠨᠢᠨ ᠮᠢᠬ᠎ᠠ᠂ ᠦᠨᠢᠶᠡᠨ ᠰᠥ᠍ ᠵᠡᠷᠭᠡ ᠭᠤᠤᠯ ᠪᠣᠯᠬᠤ ᠮᠠᠯ᠎ᠤᠨ ᠠᠰᠢᠭ ᠰᠢᠮ᠎ᠡ ᠵᠢᠨ ᠭᠠᠷᠤᠯᠲᠠ ᠴᠥᠮ ᠬᠣᠶᠠᠷ ᠣᠷᠣᠨᠲᠤ ᠲᠣᠭ᠎ᠠ᠎ᠪᠠᠷ ᠨᠡᠮᠡᠭᠳᠡᠵᠦ᠂ ᠨᠢᠭᠡᠳᠦᠭᠡᠷ ᠤᠯᠠᠷᠢᠯ᠎ᠤᠨ᠎ᠬᠢ᠎ᠠᠴᠠ ᠲᠣᠰ ᠲᠣᠰ 2.8᠂ 0.5 ᠪᠠ 3.4 ᠵᠠᠭᠤᠨ᠎ᠤ ᠬᠤᠪᠢ ᠵᠢᠨ ᠴᠡᠭ ᠲᠦᠷᠭᠡᠨ ᠪᠣᠯᠪᠠ᠃ ᠬᠡᠪᠴᠢᠶᠡᠵᠢᠯ᠎ᠠᠴᠠ ᠳᠡᠭᠡᠭᠰᠢᠬᠢ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠢ ᠡᠳ᠋ᠰᠢᠭᠦᠯᠬᠦ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 13.3%᠎ᠪᠠᠷ ᠨᠡᠮᠡᠭᠳᠡᠵᠦ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ᠎ᠤᠨ ᠬᠤᠷᠳᠤᠴᠠ᠎ᠠᠴᠠ 6.4 ᠵᠠᠭᠤᠨ᠎ᠤ ᠬᠤᠪᠢ ᠵᠢᠨ ᠴᠡᠭ ᠥᠨᠳᠥᠷ ᠪᠣᠯᠪᠠ᠃ ᠡᠨᠧᠷᠭᠢ ᠵᠢᠨ ᠰᠤᠷᠪᠤᠯᠵᠢ ᠵᠢᠨ ᠦᠢ᠍ᠯᠡᠳᠪᠦᠷᠢᠯᠡᠯ ᠲᠣᠭᠲᠠᠭᠤᠨ ᠪᠠᠶ᠋ᠢᠬᠤ ᠵᠢᠨ ᠵᠡᠷᠭᠡ᠎ᠳᠤ ᠨᠡᠮᠡᠭᠳᠡᠪᠡ᠃ ᠨᠡᠭᠦᠷᠡᠰᠦᠨ᠎ᠤ ᠦᠢ᠍ᠯᠡᠳᠪᠦᠷᠢᠯᠡᠯ᠎ᠤᠨ ᠴᠢᠳᠠᠪᠤᠷᠢ ᠵᠢ ᠦᠷᠭᠦᠯᠵᠢᠯᠡᠨ ᠪᠠᠳᠠᠷᠠᠭᠤᠯᠵᠤ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠲᠦᠭᠦᠬᠡᠶ ᠨᠡᠭᠦᠷᠡᠰᠦᠨ᠎ᠤ ᠭᠠᠷᠤᠯᠲᠠ ᠪᠥᠬᠥ ᠤᠯᠤᠰ᠎ᠲᠤ 2 ᠳ᠋ᠤᠭ᠋ᠠᠷ᠎ᠲᠤ ᠵᠢᠭᠰᠠᠭ᠋ᠠᠭᠳᠠᠵᠤ᠂ ᠡᠳᠦᠷ ᠳᠤᠮᠳᠠᠴᠢ ᠵᠢᠨ ᠭᠠᠷᠤᠯᠲᠠ 300 ᠲᠦᠮᠡᠨ ᠲᠣᠨ᠎ᠠᠴᠠ ᠳᠡᠭᠡᠭᠰᠢ᠎ᠳᠤ ᠲᠣᠭᠲᠠᠪᠤᠷᠢᠵᠢᠪᠠ; ᠴᠠᠬᠢᠯᠭ᠋ᠠᠨ ᠬᠦᠴᠦᠨ᠎ᠤ ᠦᠢ᠍ᠯᠡᠳᠪᠦᠷᠢᠯᠡᠯ ᠦᠷᠭᠦᠯᠵᠢᠯᠡᠨ ᠲᠦᠷᠭᠡᠳᠴᠦ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠴᠠᠬᠢᠯᠭ᠋ᠠᠨ ᠭᠠᠷᠭ᠋ᠠᠬᠤ ᠬᠡᠮᠵᠢᠶ᠎ᠡ ᠪᠥᠬᠥ ᠤᠯᠤᠰ᠎ᠲᠤ ᠲᠡᠷᠢᠭᠦᠯᠡᠵᠦ᠂ ᠳᠡᠭᠡᠷ᠎ᠡ ᠬᠠᠭ᠋ᠠᠰ ᠵᠢᠯ᠎ᠳᠤ ᠭᠠᠳᠠᠭᠰᠢ ᠬᠦᠷᠭᠡᠭᠰᠡᠨ ᠴᠠᠬᠢᠯᠭ᠋ᠠᠨ᠎ᠤ ᠬᠡᠮᠵᠢᠶ᠎ᠡ ᠨᠡᠶ᠋ᠢᠲᠡ 1388.1 ᠳ᠋ᠦᠩᠰᠢᠭᠤᠷ ᠺᠢᠯᠤᠸᠠᠲ ᠴᠠᠭ᠎ᠲᠤ ᠬᠦᠷᠴᠦ᠂ ᠡᠳᠦᠷ ᠳᠤᠮᠳᠠᠴᠢ ᠵᠢᠨ ᠭᠠᠳᠠᠭᠰᠢ ᠬᠦᠷᠭᠡᠭᠰᠡᠨ ᠴᠠᠬᠢᠯᠭ᠋ᠠᠨ᠎ᠤ ᠬᠡᠮᠵᠢᠶ᠎ᠡ ᠳᠠᠬᠢᠨᠲᠠ ᠰᠢᠨ᠎ᠡ ᠲᠡᠮᠳᠡᠭᠯᠡᠯ᠎ᠢ ᠡᠭᠦᠳᠪᠡ᠃
ᠬᠣᠶᠠᠳᠤᠭ᠋ᠠᠷ᠎ᠲᠤ᠂ ᠭᠣᠣᠯᠳᠠᠯᠭ᠎ᠠ᠎ᠲᠠᠢ ᠵᠦᠢ᠍ᠯᠡᠰ᠎ᠢ ᠲᠦᠷᠭᠡᠪᠴᠢᠯᠡᠨ ᠪᠠᠶ᠋ᠢᠭᠤᠯᠵᠤ᠂ ᠠᠵᠤ ᠠᠬᠤᠢ ᠵᠢᠨ ᠨᠡᠮᠡᠭᠳᠡᠯ᠎ᠳᠤ ᠰᠢᠨ᠎ᠡ ᠬᠥᠳᠡᠯᠭᠡᠭᠴᠢ ᠬᠦᠴᠦᠨ᠎ᠢ ᠬᠦᠴᠦᠲᠡᠢ ᠬᠠᠩᠭ᠋ᠠᠪᠠ᠃ ᠡᠨᠡ ᠵᠢᠯ᠎ᠠᠴᠠ ᠨᠠᠰᠢ᠂ ᠪᠥᠬᠥ ᠣᠷᠣᠨ ᠳᠠᠶᠠᠭ᠋ᠠᠷ ᠵᠶ᠋ᠠᠨ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠪᠠ ᠲᠥᠷᠥᠯ ᠵᠦᠢ᠍ᠯ᠎ᠤᠨ ᠪᠠᠶ᠋ᠢᠭᠤᠯᠤᠯᠲᠠ ᠵᠢ ᠬᠦᠴᠦ᠎ᠪᠠᠨ ᠲᠥᠪᠯᠡᠷᠡᠭᠦᠯᠦᠨ ᠠᠳᠬᠤᠵᠤ᠂ ᠪᠡᠭᠡᠵᠢᠩ ᠲᠢᠶᠠᠨᠵᠢᠨ ᠾᠧᠪᠧᠶ᠂ ᠬᠥᠬᠡᠮᠥ᠋ᠷᠡᠨ᠎ᠤ ᠭᠤᠷᠪᠠᠯᠵᠢᠨ ᠬᠣᠶ᠋ᠢᠭ᠎ᠤᠨ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠲᠠᠨᠢᠯᠴᠠᠭᠤᠯᠭ᠎ᠠ ᠵᠢᠨ ᠬᠤᠷᠠᠯ ᠪᠠ ᠳᠡᠯᠡᠬᠡᠶ ᠵᠢᠨ ᠰᠢᠨ᠎ᠡ ᠡᠨᠧᠷᠭᠢ ᠵᠢᠨ ᠰᠢᠨ᠎ᠡ ᠮᠠᠲ᠋ᠧᠷᠢᠶᠠᠯ᠎ᠤᠨ ᠶᠡᠬᠡ ᠬᠤᠷᠠᠯ᠂ ᠤᠯᠤᠰ ᠠᠯᠤᠰᠯᠠᠭᠰᠠᠨ ᠺᠣᠮᠫᠠᠨᠢ ᠵᠢᠨ 《ᠥᠪᠥᠷ ᠮᠣᠩᠭᠣᠯ᠎ᠤᠨ ᠠᠶᠠᠯᠠᠯ》 ᠵᠡᠷᠭᠡ ᠲᠣᠮᠣ ᠬᠡᠯᠪᠡᠷᠢ ᠵᠢᠨ ᠲᠤᠰᠬᠠᠶ ᠠᠵᠢᠯᠯᠠᠭ᠎ᠠ ᠵᠢ ᠠᠮᠵᠢᠯᠲᠠ᠎ᠲᠠᠢ ᠡᠷᠭᠢᠯᠡᠪᠡ᠃ ᠳᠡᠭᠡᠷ᠎ᠡ ᠬᠠᠭ᠋ᠠᠰ ᠵᠢᠯ᠎ᠳᠤ᠂ 500 ᠲᠦᠮᠡᠨ ᠲᠥᠭᠥᠷᠢᠭ᠎ᠠᠴᠠ ᠳᠡᠭᠡᠭᠰᠢᠬᠢ ᠲᠦᠷᠦᠯ ᠵᠦᠢ᠍ᠯ᠎ᠢ ᠨᠠᠶ᠋ᠢᠳᠠᠪᠤᠷᠢᠵᠢᠭᠤᠯᠬᠤ ᠪᠡᠯᠡ ᠮᠥᠩᠭᠥ ᠬᠣᠶᠠᠷ ᠣᠷᠣᠨᠲᠤ ᠲᠣᠭ᠎ᠠ ᠵᠢᠨ ᠨᠡᠮᠡᠭᠳᠡᠯ᠎ᠤᠨ ᠬᠤᠷᠳᠤᠴᠠ ᠵᠢ ᠪᠠᠲᠤᠯᠠᠵᠤ᠂ ᠲᠤᠮᠤ ᠲᠦᠷᠦᠯ ᠵᠦᠢ᠍ᠯ ᠰᠠᠢ᠍ᠢ᠍ᠨ ᠲᠦᠷᠦᠯ ᠵᠦᠢ᠍ᠯ᠎ᠢ ᠦᠷᠭᠦᠯᠵᠢᠯᠡᠨ ᠨᠠᠶ᠋ᠢᠳᠠᠪᠤᠷᠢᠵᠢᠭᠤᠯᠵᠤ᠂ ᠪᠡᠯᠡ ᠣᠷᠣᠭᠤᠯᠤᠯᠲᠠ ᠵᠢᠨ ᠶᠡᠷᠦᠩᠬᠡᠢ ᠪᠡᠯᠡ ᠣᠷᠣᠭᠤᠯᠤᠯᠲᠠ ᠳ᠋ᠦᠩᠰᠢᠭᠤᠷ ᠲᠥᠭᠥᠷᠢᠭ ᠵᠢᠴᠢ ᠲᠡᠭᠦᠨ᠎ᠠᠴᠠ ᠳᠡᠭᠡᠭᠰᠢᠬᠢ ᠠᠵᠢᠯ ᠵᠶ᠋ᠠᠨ ᠡᠬᠢᠯᠡᠭᠦᠯᠵᠦ ᠰᠡᠷᠭᠦᠭᠡᠭᠰᠡᠨ ᠲᠦᠷᠦᠯ ᠵᠦᠢ᠍ᠯ ᠬᠣᠶᠠᠷ ᠮᠢᠩᠭ᠎ᠠ ᠭᠠᠷᠤᠢ᠎ᠳᠤ ᠬᠦᠷᠴᠦ᠂ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 340 ᠨᠡᠮᠡᠭᠳᠡᠵᠦ᠂ ᠪᠡᠯᠡ ᠣᠷᠣᠭᠤᠯᠤᠯᠲᠠ ᠵᠢᠨ ᠲᠣᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 37.3%᠎ᠪᠠᠷ ᠨᠡᠮᠡᠭᠳᠡᠵᠦ᠂ ᠲᠣᠭᠲᠠᠮᠠᠯ ᠬᠦᠷᠦᠩᠭᠡ ᠵᠢᠨ ᠪᠡᠯᠡ ᠣᠷᠣᠭᠤᠯᠤᠯᠲᠠ ᠵᠢᠨ ᠨᠡᠮᠡᠭᠳᠡᠯ᠎ᠳᠤ ᠦᠵᠡᠭᠦᠯᠦᠭᠰᠡᠨ ᠬᠤᠪᠢ ᠨᠡᠮᠡᠷᠢ ᠵᠢᠨ ᠨᠤᠷᠮ᠎ᠠ 95.8%᠎ᠳᠤ ᠬᠦᠷᠴᠡᠢ᠃ ᠢᠯᠠᠩᠭᠤᠶ᠎ᠠ 900 ᠰᠢᠬᠠᠮ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠪᠡᠯᠡ ᠣᠷᠣᠭᠤᠯᠤᠯᠲᠠ ᠵᠢᠨ ᠲᠦᠷᠦᠯ ᠵᠦᠢ᠍ᠯ ᠲᠦᠷᠭᠡᠨ ᠨᠠᠶ᠋ᠢᠳᠠᠪᠤᠷᠢᠵᠢᠭᠤᠯᠤᠭᠳᠠᠬᠤ ᠵᠢ ᠳᠠᠭ᠋ᠠᠯᠳᠤᠨ᠂ ᠰᠢᠨ᠎ᠡ ᠡᠨᠧᠷᠭᠢ ᠵᠢᠨ ᠦᠢ᠍ᠯᠡᠳᠬᠦ ᠦᠢ᠍ᠯᠡᠰ᠎ᠤᠨ ᠪᠡᠯᠡ ᠣᠷᠣᠭᠤᠯᠤᠯᠲᠠ᠂ ᠰᠢᠨ᠎ᠡ ᠡᠨᠧᠷᠭᠢ ᠵᠢᠨ ᠴᠠᠬᠢᠯᠭ᠋ᠠᠨ ᠬᠦᠴᠦᠨ᠎ᠤ ᠪᠡᠯᠡ ᠣᠷᠣᠭᠤᠯᠤᠯᠲᠠ ᠲᠤᠰ ᠲᠤᠰ 147.4% ᠪᠠ 95.0% ᠨᠡᠮᠡᠭᠳᠡᠵᠦ᠂ ᠪᠦᠬᠦ ᠪᠡᠯᠡ ᠣᠷᠣᠭᠤᠯᠤᠯᠲᠠ ᠵᠢᠨ ᠨᠡᠮᠡᠭᠳᠡᠯ᠎ᠤᠨ ᠵᠠᠭᠤᠨ᠎ᠤ ᠬᠠᠷᠢᠴᠠᠯ ᠵᠶ᠋ᠠᠷ 24.8 ᠬᠤᠪᠢ ᠨᠡᠮᠡᠭᠳᠡᠵᠦ᠂ ᠪᠦᠬᠦ ᠪᠡᠯᠡ ᠣᠷᠣᠭᠤᠯᠤᠯᠲᠠ᠎ᠳᠤ ᠦᠵᠡᠭᠦᠯᠬᠦ ᠬᠤᠪᠢ ᠨᠡᠮᠡᠷᠢ ᠵᠢᠨ ᠨᠤᠷᠮ᠎ᠠ᠎ᠨᠢ 70%᠎ᠠᠴᠠ ᠳᠡᠭᠡᠭᠰᠢ ᠪᠣᠯᠪᠠ᠃
ᠭᠤᠷᠪᠠᠳᠤᠭ᠋ᠠᠷ᠎ᠲᠤ᠂ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ ᠥᠷᠨᠢᠨ ᠬᠥᠭᠵᠢᠵᠦ᠂ ᠠᠵᠤ ᠦᠢ᠍ᠯᠡᠰ᠎ᠤᠨ ᠪᠦᠲᠦᠴᠡ ᠵᠢ ᠰᠢᠯᠢᠳᠡᠭᠵᠢᠭᠦᠯᠦᠨ ᠲᠡᠰ ᠳᠡᠪᠰᠢᠭᠦᠯᠬᠦ ᠵᠢ ᠬᠦᠴᠦᠲᠡᠢ ᠠᠬᠢᠭᠤᠯᠪᠠ᠃ ᠦᠢ᠍ᠯᠡᠳᠪᠦᠷᠢᠯᠡᠯ᠎ᠤᠨ ᠲᠠᠯ᠎ᠠ᠎ᠠᠴᠠ ᠠᠪᠴᠤ ᠦᠵᠡᠪᠡᠯ᠂ ᠠᠵᠤ ᠦᠢ᠍ᠯᠡᠳᠪᠦᠷᠢ᠎ᠳᠠᠬᠢ ᠬᠡᠪᠴᠢᠶᠡᠵᠢᠯ᠎ᠠᠴᠠ ᠳᠡᠭᠡᠭᠰᠢᠬᠢ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠂ ᠲᠣᠨᠣᠭ ᠲᠥᠬᠥᠭᠡᠷᠦᠮᠵᠢ ᠦᠢ᠍ᠯᠡᠳᠬᠦ ᠦᠢ᠍ᠯᠡᠰ᠂ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ ᠴᠥᠮ ᠬᠣᠶᠠᠷ ᠣᠷᠣᠨᠲᠤ ᠲᠣᠭ᠎ᠠ ᠵᠢᠨ ᠨᠡᠮᠡᠭᠳᠡᠯ᠎ᠢ ᠪᠡᠶᠡᠯᠡᠭᠦᠯᠵᠦ᠂ ᠨᠢᠭᠡᠳᠦᠭᠡᠷ ᠤᠯᠠᠷᠢᠯ᠎ᠲᠠᠢ ᠬᠠᠷᠢᠴᠠᠭᠤᠯᠪᠠᠯ ᠲᠣᠰ ᠲᠣᠰ 11.5᠂ 13.7 ᠪᠠ 0.1 ᠵᠠᠭᠤᠨ᠎ᠤ ᠨᠢᠭᠡᠴᠢ ᠲᠦᠷᠭᠡᠨ ᠪᠣᠯᠵᠠᠶ᠃ ᠦᠢ᠍ᠯᠡᠴᠢᠯᠡᠭᠡᠨ᠎ᠤ ᠦᠢ᠍ᠯᠡᠰ᠎ᠤᠨ ᠳᠤᠮᠳᠠ᠂ ᠮᠡᠳᠡᠭᠡ ᠵᠠᠩᠭᠢ ᠵᠢᠨ ᠳᠠᠮᠵᠢᠭᠤᠯᠭ᠎ᠠ᠂ ᠵᠥᠭᠡᠯᠡᠨ ᠲᠤᠨᠤᠭ ᠪᠠ ᠮᠡᠳᠡᠭᠡ ᠵᠠᠩᠭᠢ ᠵᠢᠨ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠪᠠ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠨᠡᠮᠡᠭᠳᠡᠯ ᠦᠷᠳᠡᠭ ᠴᠥᠮ 10%᠎ᠠᠴᠠ ᠳᠡᠭᠡᠭᠰᠢᠬᠢ ᠨᠡᠮᠡᠭᠳᠡᠯ᠎ᠤᠨ ᠲᠦᠪᠰᠢᠨ᠎ᠢ
ᠪᠠᠲᠤᠯᠠᠵᠤ᠂ ᠨᠢᠭᠡᠳᠦᠭᠡᠷ ᠤᠯᠠᠷᠢᠯ᠎ᠤᠨ᠎ᠬᠢ᠎ᠠᠴᠠ ᠲᠤᠰ ᠲᠤᠰ 3.5 ᠪᠠ 5.1 ᠵᠠᠭᠤᠨ᠎ᠤ ᠬᠤᠪᠢ ᠵᠢᠨ ᠴᠡᠭ ᠲᠦᠷᠭᠡᠨ ᠪᠣᠯᠪᠠ᠃ ᠬᠡᠷᠡᠭᠴᠡᠭᠡ ᠵᠢᠨ ᠲᠠᠯ᠎ᠠ᠎ᠠᠴᠠ ᠦᠵᠡᠪᠡᠯ᠂ ᠰᠢᠨ᠎ᠡ ᠬᠡᠷᠡᠭᠯᠡᠭᠡᠨ᠎ᠤ ᠵᠠᠭᠪᠤᠷ ᠡᠷᠴᠢᠮᠲᠡᠶ ᠨᠡᠮᠡᠭᠳᠡᠵᠦ᠂ ᠪᠣᠳᠠᠲᠤ ᠲᠠᠸᠠᠷ᠎ᠤᠨ ᠰᠦᠯᠵᠢᠶᠡᠨ ᠳᠡᠭᠡᠷ᠎ᠡ ᠵᠢᠵᠢᠭᠯᠡᠨ ᠪᠣᠷᠣᠯᠠᠭᠤᠯᠤᠭᠰᠠᠨ ᠲᠣᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 12.2% ᠵᠶ᠋ᠠᠷ ᠨᠡᠮᠡᠭᠳᠡᠵᠦ᠂ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠶ ᠲᠣᠭ᠎ᠠ ᠵᠢᠨ ᠨᠡᠮᠡᠭᠳᠡᠯ᠎ᠤᠨ ᠬᠤᠷᠳᠤᠴᠠ᠎ᠠᠴᠠ 4.4 ᠵᠠᠭᠤᠨ᠎ᠤ ᠬᠤᠪᠢ ᠵᠢᠨ ᠴᠡᠭ ᠲᠦᠷᠭᠡᠨ ᠪᠣᠯᠪᠠ; ᠬᠣᠷᠰᠢᠶᠠᠨ᠎ᠤ ᠵᠢᠵᠢᠭ ᠰᠠᠵᠢᠭ ᠵᠦᠢ᠍ᠯ᠎ᠳᠤ ᠡᠵᠡᠯᠡᠬᠦ ᠬᠤᠪᠢ ᠵᠢᠨ ᠵᠢᠩ᠎ᠨᠢ ᠨᠢᠳᠤᠨᠤᠨ᠎ᠤ ᠪᠦᠬᠦ ᠵᠢᠯ᠎ᠤᠨ᠎ᠬᠢ᠎ᠠᠴᠠ 1.3 ᠵᠠᠭᠤᠨ᠎ᠤ ᠬᠤᠪᠢ ᠵᠢᠨ ᠴᠡᠭ ᠳᠡᠭᠡᠭᠰᠢᠯᠡᠵᠡᠶ᠃ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ᠎ᠳᠤ᠂ ᠳᠡᠭᠡᠳᠦ ᠮᠡᠷᠭᠡᠵᠢᠯ᠎ᠤᠨ ᠠᠵᠤ ᠦᠢ᠍ᠯᠡᠰ᠎ᠤᠨ ᠪᠠᠯᠠ ᠣᠷᠣᠭᠤᠯᠤᠯᠲᠠ ᠲᠦᠷᠭᠡᠨ ᠵᠶ᠋ᠠᠷ ᠨᠡᠮᠡᠭᠳᠡᠵᠦ᠂ ᠪᠥᠬᠥ ᠪᠠᠯᠠ ᠣᠷᠣᠭᠤᠯᠤᠯᠲᠠ ᠵᠢᠨ ᠨᠡᠮᠡᠭᠳᠡᠯ᠎ᠤᠨ ᠬᠤᠷᠳᠤᠴᠠ᠎ᠠᠴᠠ 38.4 ᠵᠠᠭᠤᠨ᠎ᠤ ᠬᠤᠪᠢ ᠵᠢᠨ ᠴᠡᠭ ᠲᠦᠷᠭᠡᠨ ᠪᠣᠯᠵᠣ᠂ ᠢᠯᠠᠩᠭᠤᠶ᠎ᠠ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ᠎ᠤᠨ ᠪᠠᠯᠠ ᠣᠷᠣᠭᠤᠯᠤᠯᠲᠠ ᠳᠠᠬᠢᠨ ᠵᠶ᠋ᠠᠷ ᠨᠡᠮᠡᠭᠳᠡᠵᠦ᠂ ᠦᠢ᠍ᠯᠡᠳᠬᠦ ᠦᠢ᠍ᠯᠡᠰ᠎ᠤᠨ ᠬᠥᠭᠵᠢᠯᠲᠡ ᠵᠢᠨ ᠰᠡᠯᠭᠦᠬᠦ ᠬᠦᠴᠦᠨ᠎ᠢ ᠴᠢᠩᠭ᠋ᠠᠷᠠᠭᠤᠯᠪᠠ᠃
ᠳᠥᠷᠪᠡᠳᠦᠭᠡᠷ᠎ᠲᠤ᠂ ᠬᠡᠷᠡᠭᠯᠡᠭᠡᠨ᠎ᠤ ᠵᠠᠬ᠎ᠠ ᠳᠡᠯᠭᠡᠭᠦᠷ ᠦᠷᠭᠦᠯᠵᠢᠯᠡᠨ ᠰᠡᠷᠭᠦᠵᠦ᠂ ᠵᠠᠬ᠎ᠠ ᠳᠡᠯᠭᠡᠭᠦᠷ᠎ᠤᠨ ᠭᠣᠣᠯ ᠴᠣᠭᠴᠠ ᠵᠢᠨ ᠢᠲᠡᠭᠡᠯ᠎ᠢ ᠬᠦᠴᠦᠲᠡᠢ ᠨᠡᠮᠡᠭᠳᠡᠭᠦᠯᠪᠡ ᠃ ᠨᠢᠭᠡ ᠲᠠᠯ᠎ᠠ᠎ᠪᠠᠷ᠂ ᠬᠡᠷᠡᠭᠯᠡᠭᠡ ᠦᠷᠭᠦᠯᠵᠢᠯᠡᠨ ᠰᠡᠷᠭᠦᠵᠦ᠂ ᠳᠡᠭᠡᠷ᠎ᠡ ᠬᠠᠭ᠋ᠠᠰ ᠵᠢᠯ᠎ᠳᠤ ᠪᠥᠬᠥ ᠣᠷᠣᠨ᠎ᠤ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠣᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 7.8%᠎ᠪᠠᠷ ᠨᠡᠮᠡᠭᠳᠡᠪᠡ᠃ ᠬᠦᠷᠦᠯᠴᠡᠬᠦ ᠬᠡᠯᠪᠡᠷᠢ ᠵᠢᠨ ᠬᠡᠷᠡᠭᠯᠡᠭᠡ ᠨᠡᠯᠢᠶᠡᠳ ᠲᠦᠷᠭᠡᠨ ᠰᠡᠷᠭᠦᠵᠦ᠂ ᠪᠥᠬᠥ ᠣᠷᠣᠨ᠎ᠤ ᠢᠳᠡᠭᠡᠨ ᠤᠮᠳᠠᠭ᠋ᠠᠨ᠎ᠤ ᠣᠷᠣᠯᠭ᠎ᠠ ᠬᠣᠶᠠᠷ ᠰᠠᠷ᠎ᠠ ᠳᠠᠷᠠᠭ᠋ᠠᠯᠠᠨ ᠨᠡᠶ᠋ᠢᠲᠡ 20%᠎ᠠᠴᠠ ᠳᠡᠭᠡᠭᠰᠢ ᠨᠡᠮᠡᠭᠳᠡᠪᠡ᠃ ᠨᠥᠭᠥᠭᠡ ᠲᠠᠯ᠎ᠠ᠎ᠪᠠᠷ᠂ ᠬᠡᠷᠡᠭᠯᠡᠭᠡᠨ᠎ᠤ ᠳᠣᠲᠣᠭ᠋ᠠᠳᠤ ᠪᠦᠲᠦᠴᠡ᠎ᠠᠴᠠ ᠦᠵᠡᠪᠡᠯ᠂ ᠬᠡᠷᠡᠭᠯᠡᠭᠡᠨ᠎ᠤ ᠲᠠᠰ ᠳᠠᠪᠰᠢᠯᠲᠠ ᠲᠠᠰᠤᠷᠠᠯᠲᠠ ᠥᠬᠡᠶ ᠲᠦᠷᠭᠡᠳᠴᠦ᠂ ᠰᠢᠨ᠎ᠡ ᠡᠨᠧᠷᠭᠢ ᠵᠢᠨ ᠮᠠᠰᠢᠨ ᠲᠡᠷᠭᠡ᠂ ᠠᠯᠲᠠ ᠮᠥᠩᠭᠥ ᠰᠤᠪᠤᠳ ᠡᠷᠳᠡᠨᠢ᠂ ᠡᠮᠦᠰᠴᠦ ᠵᠡᠭᠦᠵᠦ ᠪᠣᠯᠬᠤ ᠣᠶᠤᠨᠴᠢ ᠲᠥᠬᠥᠭᠡᠷᠦᠮᠵᠢ ᠵᠡᠷᠭᠡ ᠲᠠᠰ ᠳᠡᠪᠰᠢᠬᠦ ᠲᠥᠷᠥᠯ᠎ᠤᠨ ᠬᠡᠷᠡᠭᠯᠡᠭᠡᠨ᠎ᠤ ᠲᠠᠸᠠᠷ᠎ᠤᠨ ᠵᠢᠵᠢᠭᠯᠡᠨ ᠬᠤᠳᠠᠯᠳᠤᠭᠰᠠᠨ ᠲᠣᠭ᠎ᠠ ᠴᠥᠮ ᠨᠡᠯᠢᠶᠡᠳ ᠲᠦᠷᠭᠡᠨ ᠨᠡᠮᠡᠭᠳᠡᠯ᠎ᠤᠨ ᠬᠤᠷᠳᠤᠴᠠ᠎ᠪᠠᠨ ᠪᠠᠲᠤᠯᠠᠵᠤ ᠪᠠᠶ᠋ᠢᠨ᠎ᠠ᠃
ᠲᠠᠪᠤᠳᠤᠭ᠋ᠠᠷ᠎ᠲᠤ᠂ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ ᠢᠳᠡᠷᠡᠭᠦᠨ ᠵᠶ᠋ᠠᠷ ᠦᠰᠦᠨ ᠪᠣᠶ᠋ᠢᠵᠢᠵᠤ᠂ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠰᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠪᠡ᠃ 6 ᠳ᠋ᠤᠭ᠋ᠠᠷ ᠰᠠᠷ᠎ᠠ ᠵᠢᠨ ᠰᠡᠭᠦᠯᠴᠢ ᠪᠣᠯᠲᠠᠯ᠎ᠠ᠂ ᠪᠥᠬᠥ ᠣᠷᠣᠨ᠎ᠤ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠲᠣᠭ᠎ᠠ ᠬᠡᠮᠵᠢᠶ᠎ᠡ᠎ᠨᠢ ᠪᠥᠬᠥ ᠬᠠᠤᠯᠢ ᠵᠢᠨ ᠡᠷᠬᠡᠲᠡᠨ᠎ᠤ ᠨᠢᠭᠡᠴᠡ ᠵᠢᠨ ᠲᠣᠭ᠋ᠠᠨ᠎ᠤ 77.7% ᠵᠢ ᠡᠵᠡᠯᠡᠵᠦ᠂ ᠳᠡᠭᠡᠷ᠎ᠡ ᠵᠢᠯ᠎ᠤᠨ ᠡᠴᠦᠰ᠎ᠤᠨ᠎ᠬᠢ᠎ᠠᠴᠠ 4.0 ᠵᠠᠭᠤᠨ᠎ᠤ ᠬᠤᠪᠢ ᠵᠢᠨ ᠴᠡᠭ ᠳᠡᠭᠡᠭᠰᠢᠯᠡᠵᠦ᠂ ᠠᠷᠠᠳ᠎ᠤᠨ ᠡᠵᠡᠩᠨᠡᠯᠲᠡ ᠵᠢᠨ ᠵᠠᠬ᠎ᠠ ᠳᠡᠯᠭᠡᠭᠦᠷ᠎ᠤᠨ ᠭᠤᠤᠯ ᠴᠣᠭᠴᠠ ᠲᠠᠰᠤᠷᠠᠯᠲᠠ ᠥᠬᠡᠶ ᠪᠤᠵᠠᠭ᠋ᠠᠶ᠋ᠢᠷᠠᠵᠤ᠂ ᠠᠵᠤ ᠠᠬᠤᠶ᠎ᠳᠤ ᠦᠵᠡᠭᠦᠯᠬᠦ ᠬᠤᠪᠢ ᠨᠡᠮᠡᠷᠢ᠎ᠨᠢ ᠲᠠᠰᠤᠷᠠᠯᠲᠠ ᠥᠬᠡᠶ ᠳᠡᠭᠡᠭᠰᠢᠯᠡᠪᠡ᠃ ᠳᠡᠭᠡᠷ᠎ᠡ ᠬᠠᠭ᠋ᠠᠰ ᠵᠢᠯ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠷᠠᠳ᠎ᠤᠨ ᠡᠵᠡᠩᠨᠡᠯᠲᠡ ᠵᠢᠨ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 6.7%᠎ᠪᠠᠷ ᠨᠡᠮᠡᠭᠳᠡᠵᠦ᠂ ᠬᠡᠪᠴᠢᠶᠡᠵᠢᠯ᠎ᠠᠴᠠ ᠳᠡᠭᠡᠭᠰᠢᠬᠢ ᠪᠥᠬᠥ ᠠᠵᠤ ᠦᠢ᠍ᠯᠡᠳᠪᠦᠷᠢ᠎ᠳᠤ ᠦᠵᠡᠭᠦᠯᠦᠭᠰᠡᠨ ᠬᠤᠪᠢ ᠨᠡᠮᠡᠷᠢ ᠵᠢᠨ ᠨᠣᠷᠮ᠎ᠠ᠎ᠨᠢ 46.1%᠎ᠳᠤ ᠬᠦᠷᠴᠡᠶ᠃ ᠪᠠᠯᠠ ᠣᠷᠣᠭᠤᠯᠤᠯᠲᠠ ᠵᠢᠨ ᠭᠤᠤᠯ ᠴᠣᠭᠴᠠ ᠵᠢ ᠰᠢᠯᠢᠳᠡᠭᠵᠢᠭᠦᠯᠦᠨ ᠣᠯᠠᠨ ᠡᠰᠢᠵᠢᠭᠦᠯᠦᠨ ᠬᠥᠭᠵᠢᠭᠦᠯᠬᠦ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢᠨ ᠠᠬᠢᠭᠤᠯᠤᠯ ᠳᠤᠤᠷ᠎ᠠ᠂ ᠠᠷᠠᠳ᠎ᠤᠨ ᠪᠠᠯᠠ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 20%᠎ᠪᠠᠷ ᠨᠡᠮᠡᠭᠳᠡᠵᠦ᠂ ᠬᠤᠪᠢ ᠨᠡᠮᠡᠷᠢ ᠦᠵᠡᠭᠦᠯᠦᠭᠰᠡᠨ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ ᠵᠢᠨ ᠬᠠᠭ᠋ᠠᠰ ᠲᠣᠭ᠎ᠠ ᠵᠢ ᠡᠵᠡᠯᠡᠪᠡ᠂ ᠢᠯᠠᠩᠭᠤᠶ᠎ᠠ ᠦᠢ᠍ᠯᠡᠳᠬᠦ ᠦᠢ᠍ᠯᠡᠰ᠎ᠤᠨ ᠪᠠᠯᠠ ᠣᠷᠣᠭᠤᠯᠤᠯᠲᠠ᠎ᠠᠴᠠ ᠦᠵᠡᠪᠡᠯ᠂ ᠠᠷᠠᠳ᠎ᠤᠨ ᠪᠠᠯᠠ ᠣᠷᠣᠭᠤᠯᠤᠯᠲᠠ ᠪᠣᠯ ᠦᠢ᠍ᠯᠡᠳᠬᠦ ᠦᠢ᠍ᠯᠡᠰ᠎ᠤᠨ ᠪᠠᠯᠠ ᠣᠷᠣᠭᠤᠯᠤᠯᠲᠠ ᠵᠢᠨ 《ᠭᠤᠤᠯ ᠬᠦᠴᠦᠨ》 ᠪᠠᠶ᠋ᠢᠵᠤ᠂ ᠪᠥᠬᠥ ᠦᠢ᠍ᠯᠡᠳᠬᠦ ᠦᠢ᠍ᠯᠡᠰ᠎ᠤᠨ ᠪᠠᠯᠠ ᠣᠷᠣᠭᠤᠯᠤᠯᠲᠠ᠎ᠳᠤ ᠡᠵᠡᠯᠡᠬᠦ ᠬᠤᠪᠢ ᠵᠢᠨ ᠵᠢᠩ᠎ᠨᠢ 78.1%᠎ᠳᠤ ᠬᠦᠷᠴᠡᠶ᠃
ᠶᠡᠷᠦᠩᠬᠡᠶ᠎ᠳᠤᠨᠢ ᠠᠪᠴᠤ ᠦᠵᠡᠪᠡᠯ᠂ ᠪᠢᠳᠡ ᠨᠠᠷᠢᠨ ᠪᠤᠳᠤᠯᠢᠶᠠᠨᠲᠠᠶ ᠪᠥᠭᠡᠳ ᠬᠤᠪᠢᠷᠠᠯᠲᠠ ᠶᠡᠬᠡᠲᠡᠶ ᠬᠣᠷᠸ᠎ᠠ ᠠᠵᠤ ᠠᠬᠤᠶ ᠵᠢᠨ ᠣᠷᠴᠢᠨ ᠨᠥᠬᠥᠴᠡᠯ ᠵᠢᠴᠢ ᠬᠡᠷᠡᠭᠴᠡᠭᠡ ᠬᠦᠷᠦᠯᠴᠡᠬᠦ ᠥᠬᠡᠶ ᠳᠠᠪᠬᠤᠴᠠᠭᠰᠠᠨ ᠡᠨᠧᠷᠭᠢ ᠵᠡᠷᠭᠡ ᠶᠡᠬᠡ ᠬᠡᠮᠵᠢᠶᠡᠨ᠎ᠤ ᠲᠠᠸᠠᠷ᠎ᠤᠨ ᠦᠨ᠎ᠡ ᠬᠠᠩᠰᠢ ᠦᠷᠭᠦᠯᠵᠢᠯᠡᠨ ᠪᠠᠭᠤᠷᠠᠵᠤ ᠪᠠᠶ᠋ᠢᠭ᠎ᠠ ᠪᠠᠶ᠋ᠢᠳᠠᠯ ᠳᠤᠤᠷ᠎ᠠ᠂ ᠠᠵᠤ ᠠᠬᠤᠶ ᠵᠢᠨ 《ᠲᠣᠭᠲᠠᠭᠤᠨ ᠪᠠᠶ᠋ᠢᠯᠭ᠋ᠠᠬᠤ》 ᠪᠠ 《ᠤᠷᠤᠭᠰᠢᠯᠠᠨ ᠳᠠᠪᠰᠢᠬᠤ》 ᠵᠢ ᠪᠡᠶᠡᠯᠡᠭᠦᠯᠦᠭᠰᠡᠨ ᠵᠶ᠋ᠠᠷ ᠪᠠᠷᠠᠬᠤ ᠥᠬᠡᠶ ᠪᠠᠰᠠ ᠰᠡᠭᠦᠯᠴᠢ ᠵᠢᠨ ᠬᠤᠭᠤᠴᠠᠭ᠋ᠠᠨ᠎ᠤ ᠬᠥᠭᠵᠢᠯᠲᠡ᠎ᠳᠤ ᠬᠥᠳᠡᠯᠭᠡᠬᠦ ᠡᠨᠧᠷᠭᠢ ᠬᠤᠷᠠᠮᠳᠤᠭᠤᠯᠵᠤ᠂ ᠠᠮᠵᠢᠯᠲᠠ ᠪᠦᠲᠦᠮᠵᠢ ᠣᠯᠤᠭᠰᠠᠨ᠎ᠨᠢ ᠦᠨᠡᠬᠡᠷ ᠬᠢᠯᠪᠠᠷ ᠪᠤᠰᠤ ᠶᠤᠮ᠂ ᠢᠯᠠᠩᠭᠤᠶ᠎ᠠ ᠶᠡᠷᠦᠩᠬᠡᠶ ᠱᠦᠵᠢ ᠰᠢ ᠵᠢᠨ ᠫᠢᠩ ᠡᠨᠡ ᠵᠢᠯ ᠮᠠᠨ᠎ᠤ ᠣᠷᠣᠨ᠎ᠳᠤ ᠰᠢᠨᠵᠢᠯᠡᠨ ᠪᠠᠶ᠋ᠢᠴᠠᠭ᠋ᠠᠬᠤ᠎ᠳᠠᠭᠠᠨ ᠪᠢᠳᠡᠨ᠎ᠳᠤ ᠰᠢᠨ᠎ᠡ ᠱᠠᠭ᠋ᠠᠷᠳᠠᠯᠭ᠎ᠠ ᠳᠤᠷᠠᠳᠴᠤ᠂ ᠰᠢᠨ᠎ᠡ ᠬᠠᠷᠠᠯᠲᠠ ᠵᠢ ᠲᠣᠳᠣᠷᠬᠠᠶ᠋ᠢᠯᠠᠭᠰᠠᠨ ᠵᠶ᠋ᠠᠷ ᠪᠠᠷᠠᠬᠤ ᠥᠬᠡᠶ᠂ ᠨᠠᠩ ᠴᠤ᠌ ᠪᠢᠳᠡᠨ᠎ᠤ ᠮᠠᠭᠲᠠᠨ ᠰᠠᠶ᠋ᠢᠰᠢᠶᠠᠵᠤ᠂ ᠬᠦᠴᠦ ᠨᠡᠮᠡᠵᠦ᠂ ᠡᠷᠴᠢ ᠵᠣᠷᠢᠭ᠎ᠢ ᠬᠥᠪᠴᠢᠯᠡᠵᠦ᠂ ᠪᠢᠳᠡᠨ᠎ᠳᠤ ᠴᠢᠬᠤᠯᠠ ᠶᠡᠬᠡ ᠲᠥᠷᠥ ᠵᠢᠨ ᠪᠣᠳᠣᠯᠭ᠎ᠠ ᠵᠢᠨ ᠰᠠᠶ᠋ᠢᠨ ᠲᠠᠯ᠎ᠠ ᠪᠠ ᠡᠷᠬᠢᠮ ᠨᠠᠨᠳᠢᠨ ᠬᠥᠭᠵᠢᠯᠲᠡ ᠵᠢᠨ ᠠᠵᠠ ᠲᠣᠬᠢᠶᠠᠯ᠎ᠢ ᠣᠯᠭᠣᠭᠰᠠᠨ ᠪᠠᠶ᠋ᠢᠨ᠎ᠠ᠃ ᠣᠷᠣᠨ ᠳᠠᠶᠠᠭ᠋ᠠᠷ ᠵᠶ᠋ᠠᠨ ᠶᠡᠷᠦᠩᠬᠡᠢ ᠱᠦᠵᠢ ᠰᠢ ᠵᠢᠨ ᠫᠢᠩ᠎ᠤᠨ ᠵᠢᠭ᠋ᠠᠭᠰᠠᠨ ᠴᠢᠭᠯᠡᠯ ᠵᠶ᠋ᠠᠷ ᠡᠷᠡᠯᠬᠡᠭᠯᠡᠨ ᠤᠷᠤᠭᠰᠢᠯᠠᠵᠤ᠂ ᠠᠩᠬᠠᠷᠤᠯ ᠵᠶ᠋ᠠᠨ ᠲᠥᠪᠯᠡᠷᠡᠭᠦᠯᠦᠨ ᠬᠦᠴᠦᠨ ᠵᠶ᠋ᠠᠨ ᠲᠥᠪᠯᠡᠷᠡᠭᠦᠯᠵᠦ ᠬᠣᠶᠠᠷ ᠶᠡᠬᠡ ᠶᠠᠪᠤᠳᠠᠯ᠎ᠢ ᠰᠠᠶ᠋ᠢᠲᠤᠷ ᠬᠢᠵᠦ᠂ ᠨᠡᠩ ᠶᠡᠬᠡ ᠡᠷᠴᠢᠮ᠂ ᠨᠡᠩ ᠪᠣᠳᠠᠲᠠᠢ ᠠᠷᠭ᠎ᠠ ᠬᠡᠮᠵᠢᠶ᠎ᠡ᠂ ᠨᠡᠩ ᠴᠢᠩᠭ᠎ᠠ ᠰᠤᠷᠲᠠᠯ ᠵᠶ᠋ᠠᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠵᠢᠷᠭᠤᠳᠤᠭ᠋ᠠᠷ ᠪᠦᠬᠦᠳᠡ ᠬᠤᠷᠠᠯ᠎ᠤᠨ ᠡᠯ᠎ᠡ ᠵᠦᠢ᠍ᠯ᠎ᠤᠨ ᠪᠠᠶ᠋ᠢᠷᠢᠯᠠᠭᠤᠯᠤᠯᠲᠠ ᠵᠢ ᠨᠠᠶ᠋ᠢᠳᠠᠪᠤᠷᠢᠵᠢᠭᠤᠯᠳᠠᠭ ᠯᠠ ᠶᠤᠮ ᠪᠣᠯ᠂ ᠳᠡᠭᠡᠷ᠎ᠡ ᠬᠠᠭ᠋ᠠᠰ ᠵᠢᠯ᠎ᠤᠨ ᠰᠠᠢ᠍ᠢ᠍ᠨ ᠰᠠᠶ᠋ᠢᠬᠠᠨ ᠬᠥᠭᠵᠢᠯᠲᠡ ᠵᠢᠨ ᠬᠠᠨᠳᠤᠰᠢ ᠵᠢᠨ ᠰᠠᠭᠤᠷᠢᠨ ᠳᠡᠭᠡᠷ᠎ᠡ᠂ ᠪᠦᠬᠦ ᠣᠷᠣᠨ᠎ᠤ ᠠᠵᠤ ᠠᠬᠤᠢ ᠵᠢᠨ 《ᠲᠣᠭᠲᠠᠭᠤᠨ》᠎ᠤ ᠰᠠᠭᠤᠷᠢ ᠵᠢ ᠦᠷᠭᠦᠯᠵᠢᠯᠡᠨ ᠪᠡᠬᠢᠵᠢᠭᠦᠯᠵᠦ᠂ 《ᠤᠷᠤᠭᠰᠢᠯᠠᠬᠤ》 ᠬᠠᠨᠳᠤᠰᠢ ᠵᠢ ᠪᠠᠲᠤᠯᠠᠵᠤ᠂ ᠥᠪᠥᠷ ᠮᠣᠩᠭᠣᠯ᠎ᠤᠨ ᠴᠢᠨᠠᠷ ᠰᠠᠶ᠋ᠢᠲᠠᠢ ᠬᠥᠭᠵᠢᠯᠲᠡ ᠵᠢᠨ ᠬᠤᠷᠳᠤᠴᠠ ᠵᠢ ᠲᠦᠷᠭᠡᠳᠬᠡᠬᠦ᠎ᠪᠠᠷ ᠬᠦᠴᠦᠯᠡᠨ ᠴᠢᠷᠮᠠᠶ᠋ᠢᠵᠤ ᠴᠢᠳᠠᠨ᠎ᠠ ᠭᠡᠳᠡᠭ᠎ᠢ ᠪᠢ ᠪᠠᠲᠤ ᠢᠲᠡᠭᠡᠵᠦ ᠪᠠᠶ᠋ᠢᠨ᠎ᠠ᠃
ᠪᠠᠶᠠᠷᠯᠠᠯ᠎ᠠ᠃
ᠠᠷᠠᠳ᠎ᠤᠨ ᠰᠦᠯᠵᠢᠶ᠎ᠡ ᠵᠢᠨ ᠥᠪᠥᠷ ᠮᠣᠩᠭᠣᠯ᠎ᠤᠨ ᠰᠤᠪᠠᠭ᠎ᠤᠨ ᠰᠤᠷᠪᠤᠯᠵᠢᠯᠠᠭᠴᠢ᠄ ᠥᠭᠦᠯᠡᠭᠴᠢ
ᠲᠠ ᠰᠠᠶ᠋ᠢᠨ ᠦᠦ! 2023 ᠣᠨ᠎ᠤ ᠳᠡᠭᠡᠷ᠎ᠡ ᠬᠠᠭ᠋ᠠᠰ ᠵᠢᠯ᠎ᠳᠤ ᠪᠥᠬᠥ ᠣᠷᠣᠨ᠎ᠤ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠬᠠᠩᠰᠢ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 0.7%᠎ᠪᠠᠷ ᠥᠰᠴᠦ᠂ ᠨᠢᠭᠡᠳᠦᠭᠡᠷ ᠤᠯᠠᠷᠢᠯ᠎ᠤᠨ 1.0%᠎ᠠᠴᠠ 0.3 ᠵᠠᠭᠤᠨ᠎ᠤ ᠬᠤᠪᠢ ᠵᠢᠨ ᠴᠡᠭ ᠪᠠᠭ᠋ᠠᠰᠴᠠᠶ᠃ ᠲᠡᠭᠡᠪᠡᠯ᠂ ᠣᠳᠣᠬᠢ ᠱᠠᠲᠤᠨ᠎ᠤ CPI ᠵᠢᠨ ᠶᠡᠷᠦᠩᠬᠡᠶ ᠠᠵᠢᠯᠯᠠᠭ᠋ᠠᠨ᠎ᠤ ᠪᠠᠶ᠋ᠢᠳᠠᠯ᠎ᠢ ᠲᠠ ᠬᠡᠷᠬᠢᠨ ᠦᠵᠡᠬᠦ ᠪᠤᠶ? CPI ᠵᠢᠨ ᠥᠰᠥᠯᠲᠡ ᠵᠢ ᠨᠥᠯᠥᠭᠡᠯᠡᠬᠦ ᠭᠤᠤᠯ ᠡᠯᠧᠮᠧᠨ᠋ᠲ ᠶᠠᠭᠤ ᠶᠠᠭᠤ ᠪᠠᠢ᠍ᠬᠤ ᠪᠣᠶ?

ᠸᠠᠩ ᠳ᠋ᠸ ᠪᠢᠨ᠄ ᠲᠠᠨ᠎ᠤ ᠠᠰᠠᠭᠤᠭᠰᠠᠨ᠎ᠳᠤ ᠪᠠᠶᠠᠷᠯᠠᠯ᠎ᠠ᠃ ᠲᠠᠨ᠎ᠤ ᠰᠠᠶᠢ ᠵᠢᠨ ᠳᠤᠷᠠᠳᠤᠭᠰᠠᠨ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠵᠢᠨ ᠥᠰᠥᠯᠲᠡ ᠵᠢᠨ ᠬᠡᠮᠵᠢᠶ᠎ᠡ ᠪᠠᠭ᠋ᠠᠰᠬᠤ ᠬᠠᠨᠳᠤᠰᠢ ᠵᠢᠨ ᠲᠤᠬᠠᠶ ᠥᠪᠥᠷ ᠮᠣᠩᠭᠣᠯ ᠬᠢᠭᠡᠳ ᠪᠥᠬᠥ ᠤᠯᠤᠰ᠎ᠤᠨ ᠬᠠᠨᠳᠤᠰᠢ ᠦᠨᠳᠦᠰᠦᠨ᠎ᠳᠡᠭᠡᠨ ᠨᠢᠭᠡᠳᠦᠯᠲᠡᠶ ᠪᠠᠶ᠋ᠢᠨ᠎ᠠ᠃ ᠳᠡᠭᠡᠷ᠎ᠡ ᠬᠠᠭ᠋ᠠᠰ ᠵᠢᠯ᠎ᠳᠤ ᠪᠥᠬᠥ ᠣᠷᠣᠨ᠎ᠤ CPI ᠵᠢᠨ ᠥᠰᠥᠯᠲᠡ ᠵᠢᠨ ᠬᠡᠮᠵᠢᠶ᠎ᠡ 1 ᠳ᠋ᠤᠭᠡᠷ ᠰᠠᠷ᠎ᠠ ᠵᠢᠨ 1.7% ᠪᠠᠶ᠋ᠢᠭᠰᠠᠨ᠎ᠠᠴᠠ᠎ᠪᠠᠨ 0.7% ᠪᠣᠯᠤᠨ ᠪᠠᠭ᠋ᠠᠰᠪᠠ; ᠪᠥᠬᠥ ᠤᠯᠤᠰ᠎ᠤᠨ CPI ᠵᠢᠨ ᠥᠰᠥᠯᠲᠡ ᠵᠢᠨ ᠬᠡᠮᠵᠢᠶ᠎ᠡ᠎ᠨᠢ 1 ᠰᠠᠷ᠎ᠠ᠎ᠳᠤ 2.1% ᠪᠠᠶ᠋ᠢᠭᠰᠠᠨ᠎ᠠᠴᠠ᠎ᠪᠠᠨ 0.7% ᠪᠣᠯᠵᠣ ᠪᠠᠭ᠋ᠠᠰᠪᠠ᠃ ᠣᠳᠣᠬᠠᠨ᠎ᠳᠤ ᠪᠠᠷᠠᠭ᠋ᠠᠨ᠎ᠤ ᠦᠨ᠎ᠡ ᠵᠢᠨ ᠬᠢᠷᠢ ᠲᠦᠪᠰᠢᠨ ᠱᠠᠲᠤ ᠦᠶ᠎ᠡ ᠵᠢᠨ ᠴᠢᠨᠠᠷᠲᠠᠶ ᠳᠤᠤᠷ᠎ᠠ ᠪᠠᠶ᠋ᠢᠷᠢᠨ᠎ᠳᠤ ᠪᠠᠶ᠋ᠢᠨ᠎ᠠ᠂ ᠵᠢᠱ᠌ᠢᠯᠲᠡ᠎ᠪᠠᠷ ᠲᠠᠷᠠᠭ᠋ᠠᠴᠢ ᠵᠢᠨ ᠱᠠᠲᠤᠨ᠎ᠳᠤ ᠠᠵᠤ ᠠᠬᠤᠶ ᠵᠢᠨ ᠰᠡᠷᠭᠦᠯᠲᠡ ᠰᠠᠶ᠋ᠢᠵᠢᠷᠠᠬᠤ ᠵᠢ ᠳᠠᠭ᠋ᠠᠯᠳᠤᠨ᠂ ᠵᠠᠬ᠎ᠠ ᠳᠡᠯᠭᠡᠭᠦᠷ᠎ᠤᠨ ᠬᠡᠷᠡᠭᠴᠡᠭᠡ ᠠᠯᠬᠤᠮ ᠠᠯᠬᠤᠮ ᠵᠶ᠋ᠠᠷ ᠥᠷᠭᠡᠳᠴᠦ ᠪᠠᠶ᠋ᠢᠬᠤ ᠵᠢᠨ ᠳᠡᠭᠡᠷ᠎ᠡ ᠨᠢᠳᠤᠨᠤᠨ᠎ᠤ ᠠᠳᠠᠯᠢ ᠬᠤᠭᠤᠴᠠᠭ᠋ᠠᠨ᠎ᠤ ᠥᠨᠳᠥᠷ ᠰᠠᠭᠤᠷᠢ ᠲᠣᠭ᠋ᠠᠨ᠎ᠤ ᠬᠦᠴᠦᠨ ᠵᠦᠢ᠍ᠯ ᠠᠯᠬᠤᠮ ᠠᠯᠬᠤᠮ ᠵᠶ᠋ᠠᠷ ᠠᠷᠢᠯᠤᠭᠰᠠᠨ ᠪᠣᠯᠬᠣᠷ ᠦᠨ᠎ᠡ ᠬᠠᠩᠰᠢ ᠵᠢᠨ ᠥᠰᠥᠯᠲᠡ ᠵᠢᠨ ᠬᠡᠮᠵᠢᠶ᠎ᠡ ᠠᠯᠬᠤᠮ ᠠᠯᠬᠤᠮ ᠵᠶ᠋ᠠᠷ ᠵᠦᠶ ᠵᠣᠬᠢᠰᠲᠠᠶ ᠬᠢᠷᠢ ᠬᠡᠮᠵᠢᠶᠡᠨ᠎ᠳᠤ ᠬᠥᠷᠬᠥ ᠪᠣᠯᠤᠨ᠎ᠠ᠃
ᠲᠦᠷᠦᠭᠦᠦ ᠬᠠᠭ᠋ᠠᠰ ᠵᠢᠯ᠎ᠳᠤ᠂ CPI ᠵᠢᠨ ᠥᠰᠥᠯᠲᠡ ᠵᠢ ᠨᠥᠯᠥᠭᠡᠯᠡᠬᠦ ᠬᠦᠴᠦᠨ ᠵᠦᠢ᠍ᠯ ᠬᠣᠶᠠᠷ ᠲᠠᠯ᠎ᠠ ᠪᠣᠶ᠄
ᠨᠢᠭᠡ᠎ᠳᠤ ᠢᠳᠡᠭᠡᠨ᠎ᠤ ᠵᠦᠢ᠍ᠯ᠎ᠤᠨ ᠦᠨ᠎ᠡ ᠬᠠᠩᠰᠢ ᠵᠢᠨ ᠥᠰᠥᠯᠲᠡ᠎ᠨᠢ CPI ᠵᠢᠨ ᠥᠰᠥᠯᠲᠡ ᠵᠢ ᠳᠠᠶ᠋ᠢᠴᠢᠯᠠᠪᠠ᠃ ᠲᠦᠷᠦᠭᠦᠦ ᠬᠠᠭ᠋ᠠᠰ ᠵᠢᠯ᠎ᠳᠤ᠂ ᠢᠳᠡᠭᠡᠨ᠎ᠤ ᠵᠦᠢ᠍ᠯ᠎ᠤᠨ ᠦᠨ᠎ᠡ ᠬᠠᠩᠰᠢ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 2.4%᠎ᠪᠠᠷ ᠥᠰᠴᠦ᠂ CPI ᠵᠢᠨ ᠥᠰᠥᠯᠲᠡ᠎ᠳᠤ ᠦᠵᠡᠭᠦᠯᠦᠭᠰᠡᠨ ᠨᠥᠯᠥᠭᠡ ᠵᠢᠨ ᠬᠡᠮᠵᠢᠶ᠎ᠡ᠎ᠨᠢ 67.8% ᠬᠦᠷᠴᠡᠶ᠃ 14 ᠲᠥᠷᠥᠯ᠎ᠤᠨ ᠢᠳᠡᠭᠡᠨ᠎ᠤ ᠦᠨ᠎ᠡ ᠬᠠᠩᠰᠢ᠎ᠳᠤ 《12 ᠨᠡᠮᠡᠭᠳᠡᠵᠦ 2 ᠪᠠᠭᠤᠷᠠᠬᠤ》 ᠪᠠᠶ᠋ᠢᠳᠠᠯ ᠢᠯᠡᠷᠡᠪᠡ᠃
ᠬᠣᠶᠠᠷ᠎ᠲᠤ ᠢᠳᠡᠭᠡᠨ᠎ᠤ ᠪᠤᠰᠤ ᠵᠦᠢ᠍ᠯ᠎ᠤᠨ ᠦᠨ᠎ᠡ ᠬᠠᠩᠰᠢ ᠵᠢᠨ ᠥᠰᠥᠯᠲᠡ᠎ᠨᠢ CPI ᠵᠢᠨ ᠥᠰᠥᠯᠲᠡ ᠵᠢ ᠳᠠᠶ᠋ᠢᠴᠢᠯᠠᠪᠠ᠃ ᠲᠦᠷᠦᠭᠦᠦ ᠬᠠᠭ᠋ᠠᠰ ᠵᠢᠯ᠎ᠳᠤ ᠢᠳᠡᠭᠡᠨ᠎ᠤ ᠪᠤᠰᠤ ᠵᠦᠢ᠍ᠯ᠎ᠤᠨ ᠦᠨ᠎ᠡ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 0.3%᠎ᠪᠠᠷ ᠥᠰᠴᠦ᠂ CPI ᠵᠢᠨ ᠥᠰᠥᠯᠲᠡ ᠵᠢ 32.2% ᠵᠶ᠋ᠠᠷ ᠨᠥᠯᠥᠭᠡᠯᠡᠭᠰᠡᠨ
ᠪᠠᠶ᠋ᠢᠨ᠎ᠠ᠃ ᠡᠭᠦᠨ᠎ᠳᠤ᠂ ᠡᠮᠴᠢᠯᠡᠭᠡᠨ᠎ᠤ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠲᠣᠬᠢᠷᠠᠭᠤᠯᠤᠯᠲᠠ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠠᠷᠭ᠎ᠠ ᠬᠡᠮᠵᠢᠶ᠎ᠡ ᠵᠢᠨ ᠰᠢᠯᠢᠳᠡᠭᠵᠢᠭᠦᠯᠦᠯᠲᠡ ᠵᠢᠴᠢ ᠣᠯᠠᠨ ᠪᠠᠶᠠᠷ᠎ᠤᠨ ᠡᠳᠦᠷ᠎ᠤᠨ ᠨᠥᠯᠥᠭᠡᠯᠡᠯ ᠵᠶ᠋ᠠᠷ᠂ ᠦᠢ᠍ᠯᠡᠴᠢᠯᠡᠭᠡᠨ᠎ᠤ ᠦᠨ᠎ᠡ ᠬᠠᠩᠰᠢ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 0.8%᠎ᠪᠠᠷ ᠥᠰᠴᠦ᠂ CPI ᠵᠢᠨ ᠥᠰᠥᠯᠲᠡ ᠵᠢ 0.27 ᠵᠠᠭᠤᠨ᠎ᠤ ᠬᠤᠪᠢ ᠵᠢᠨ ᠴᠡᠭ ᠨᠥᠯᠥᠭᠡᠯᠡᠪᠡ᠃
ᠶᠡᠷᠦᠩᠬᠡᠶ᠎ᠳᠤᠨᠢ ᠠᠪᠴᠤ ᠦᠵᠡᠪᠡᠯ᠂ ᠪᠥᠬᠥ ᠣᠷᠣᠨ᠎ᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠬᠠᠩᠭ᠋ᠠᠯᠭ᠎ᠠ ᠡᠯᠪᠡᠭ ᠲᠣᠭᠲᠠᠭᠤᠨ ᠪᠠᠶ᠋ᠢᠵᠤ᠂ ᠬᠠᠩᠭ᠋ᠠᠯᠭ᠎ᠠ ᠵᠢ ᠪᠠᠲᠤᠯᠠᠵᠤ ᠦᠨ᠎ᠡ ᠬᠠᠩᠰᠢ ᠵᠢ ᠲᠣᠭᠲᠠᠪᠤᠷᠢᠵᠢᠭᠤᠯᠬᠤ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠬᠦᠴᠦᠲᠡᠶ ᠪᠠᠶ᠋ᠢᠵᠤ᠂ ᠵᠠᠬ᠎ᠠ ᠳᠡᠯᠭᠡᠭᠦᠷ᠎ᠤᠨ ᠬᠠᠩᠭ᠋ᠠᠯᠭ᠎ᠠ ᠬᠡᠷᠡᠭᠴᠡᠭᠡ ᠵᠢᠨ ᠬᠠᠷᠢᠴᠠᠭ᠎ᠠ ᠲᠣᠭᠲᠠᠭᠤᠨ ᠵᠶ᠋ᠠᠷ ᠠᠵᠢᠯᠯᠠᠵᠤ᠂ ᠳᠤᠤᠷ᠎ᠠ ᠬᠠᠭ᠋ᠠᠰ ᠵᠢᠯ᠎ᠤᠨ ᠪᠠᠷᠠᠭ᠋ᠠᠨ᠎ᠤ ᠦᠨ᠎ᠡ ᠵᠢᠨ ᠲᠦᠪᠰᠢᠨ ᠲᠣᠭᠲᠠᠭᠤᠨ ᠪᠠᠶ᠋ᠢᠳᠠᠯ ᠵᠶ᠋ᠠᠨ ᠪᠠᠲᠤᠯᠠᠬᠤ᠎ᠳᠤ ᠮᠥᠨ ᠬᠦ᠌ ᠪᠠᠲᠤ ᠪᠠᠬᠢ ᠰᠠᠭᠤᠷᠢ᠎ᠲᠠᠢ ᠪᠠᠶ᠋ᠢᠨ᠎ᠠ᠃
ᠪᠠᠶᠠᠷᠯᠠᠯ᠎ᠠ᠃
ᠲᠥᠪ᠎ᠤᠨ ᠷᠠᠳᠢᠣ᠋ ᠲᠧᠯᠸᠢᠰ᠎ᠤᠨ ᠶᠡᠷᠦᠩᠬᠡᠶ ᠬᠣᠷᠢᠶ᠎ᠠ ᠵᠢᠨ ᠰᠤᠷᠪᠤᠯᠵᠢᠯᠠᠭᠴᠢ᠄ ᠥᠭᠦᠯᠡᠭᠴᠢ ᠲᠠ ᠰᠠᠶ᠋ᠢᠨ ᠦᠦ᠂ ᠰᠠᠶᠢᠬᠠᠨ ᠨᠡᠶ᠋ᠢᠲᠡᠯᠡᠭᠰᠡᠨ ᠲᠣᠭ᠎ᠠ ᠪᠠᠷᠢᠮᠲᠠ᠎ᠠᠴᠠ ᠦᠵᠡᠪᠡᠯ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ 6.9%᠎ᠪᠠᠷ ᠨᠡᠮᠡᠭᠳᠡᠪᠡ᠂ ᠲᠠ ᠡᠨᠡ ᠬᠦ᠌ ᠨᠡᠮᠡᠭᠳᠡᠯ᠎ᠤᠨ ᠬᠤᠷᠳᠤᠴᠠ ᠵᠢ ᠬᠡᠷᠬᠢᠨ ᠦᠵᠡᠵᠦ ᠪᠠᠶ᠋ᠢᠬᠤ ᠪᠣᠶ? ᠪᠠᠶᠠᠷᠯᠠᠯ᠎ᠠ᠃

ᠸᠠᠩ ᠴᠤᠸᠠᠨ ᠵᠢᠩ᠄ ᠲᠠᠨ᠎ᠤ ᠠᠰᠠᠭᠤᠭᠰᠠᠨ᠎ᠳᠤ ᠪᠠᠶᠠᠷᠯᠠᠯ᠎ᠠ᠃ ᠣᠯᠠᠨ᠎ᠤ ᠮᠡᠳᠡᠭᠡᠵᠢ᠎ᠪᠠᠷ᠂ ᠮᠠᠨ᠎ᠤ ᠣᠷᠣᠨ ᠪᠣᠯ ᠡᠨᠧᠷᠭᠢ ᠵᠢᠨ ᠲᠣᠮᠣ ᠣᠷᠣᠨ ᠪᠠᠶ᠋ᠢᠵᠤ᠂ ᠡᠨᠧᠷᠭᠢ ᠵᠢᠨ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ 60% ᠰᠢᠬᠠᠮ᠎ᠢ ᠡᠵᠡᠯᠡᠵᠦ ᠪᠠᠶ᠋ᠢᠨ᠎ᠠ᠃ ᠡᠨᠡ ᠵᠢᠯ᠎ᠠᠴᠠ ᠨᠠᠰᠢ᠂ ᠬᠡᠷᠡᠭᠴᠡᠭᠡ ᠬᠦᠷᠦᠯᠴᠡᠬᠦ ᠥᠬᠡᠶ ᠳᠠᠪᠬᠤᠴᠠᠭᠰᠠᠨ ᠡᠨᠧᠷᠭᠢ ᠵᠡᠷᠭᠡ ᠶᠡᠬᠡ ᠬᠡᠮᠵᠢᠶᠡᠨ᠎ᠤ ᠲᠠᠸᠠᠷ᠎ᠤᠨ ᠦᠨ᠎ᠡ ᠦᠷᠭᠦᠯᠵᠢᠯᠡᠨ ᠪᠠᠭᠤᠷᠠᠵᠤ᠂ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ᠎ᠳᠤ ᠵᠣᠬᠢᠬᠤ ᠳᠠᠷᠤᠯᠲᠠ ᠪᠣᠯᠪᠠ᠂ ᠡᠶ᠋ᠢᠮᠦ ᠨᠢᠭᠡᠨ ᠪᠠᠶ᠋ᠢᠳᠠᠯ
ᠳᠤᠤᠷ᠎ᠠ᠂ ᠮᠠᠨ᠎ᠤ ᠣᠷᠣᠨ᠎ᠤ ᠠᠵᠤ ᠦᠢ᠍ᠯᠡᠳᠪᠦᠷᠢ ᠵᠢᠨ ᠠᠵᠤ ᠠᠬᠤᠶ ᠳᠠᠷᠤᠯᠲᠠ ᠵᠢ ᠲᠤᠯᠵᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 6.9%᠎ᠪᠠᠷ ᠨᠡᠮᠡᠭᠳᠡᠭᠰᠡᠨ᠎ᠨᠢ ᠮᠠᠰᠢ ᠬᠢᠯᠪᠠᠷ ᠪᠤᠰᠤ ᠶᠤᠮ᠃ ᠭᠤᠤᠯ᠎ᠨᠢ ᠳᠤᠤᠷᠠᠬᠢ ᠭᠤᠷᠪᠠᠨ ᠡᠯᠧᠮᠧᠨ᠋ᠲ᠎ᠠᠴᠠ ᠪᠣᠯᠵᠠᠶ᠃
ᠨᠢᠭᠡ᠎ᠳᠤ᠂ ᠦᠢ᠍ᠯᠡᠳᠬᠦ ᠦᠢ᠍ᠯᠡᠰ ᠨᠡᠯᠢᠶᠡᠳ ᠲᠦᠷᠭᠡᠨ ᠨᠡᠮᠡᠭᠳᠡᠪᠡ ᠃ ᠡᠨᠡ ᠵᠢᠯ᠎ᠠᠴᠠ ᠨᠠᠭ᠋ᠠᠰᠢ᠂ ᠪᠥᠬᠥ ᠣᠷᠣᠨ ᠳᠠᠶᠠᠭ᠋ᠠᠷ ᠴᠢᠨᠠᠷ ᠰᠠᠶ᠋ᠢᠲᠠᠶ ᠬᠥᠭᠵᠢᠯᠲᠡ ᠭᠡᠬᠦ ᠡᠨᠡ ᠬᠦ᠌ ᠲᠡᠷᠢᠭᠦᠨ ᠴᠢᠬᠤᠯᠠ ᠡᠭᠦᠷᠭᠡ ᠵᠢ ᠪᠠᠲᠤ ᠡᠵᠡᠮᠳᠡᠵᠦ᠂ ᠠᠵᠤ ᠠᠬᠤᠶ ᠵᠢ ᠬᠥᠭᠵᠢᠭᠦᠯᠬᠦ ᠬᠦᠴᠦᠯᠡᠬᠦ ᠴᠡᠭ᠎ᠢ ᠪᠣᠳᠠᠲᠤ ᠴᠣᠭᠴᠠ ᠵᠢᠨ ᠠᠵᠤ ᠠᠬᠤᠶ ᠳᠡᠭᠡᠷ᠎ᠡ ᠲᠠᠯᠪᠢᠬᠤ ᠵᠢ ᠪᠠᠷᠢᠮᠲᠠᠯᠠᠵᠤ᠂ ᠦᠢ᠍ᠯᠡᠳᠬᠦ ᠦᠢ᠍ᠯᠡᠰ᠎ᠨᠢ ᠨᠢᠭᠡᠨᠲᠡ ᠣᠳᠣᠬᠠᠨ᠎ᠤ ᠪᠥᠬᠥ ᠣᠷᠣᠨ᠎ᠤ ᠠᠵᠤ ᠦᠢ᠍ᠯᠡᠳᠪᠦᠷᠢ ᠵᠢᠨ ᠠᠵᠤ ᠠᠬᠤᠶ ᠵᠢᠨ ᠨᠡᠮᠡᠭᠳᠡᠯ᠎ᠤᠨ ᠰᠠᠨᠠᠭ᠋ᠠᠴᠢᠯᠠᠭ᠋ᠠᠲᠤ ᠬᠦᠴᠦᠨ ᠪᠣᠯᠵᠠᠶ᠃ ᠳᠡᠭᠡᠷ᠎ᠡ ᠬᠠᠭ᠋ᠠᠰ ᠵᠢᠯ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 10.8%᠎ᠪᠠᠷ ᠨᠡᠮᠡᠭᠳᠡᠵᠦ᠂ ᠨᠢᠭᠡᠳᠦᠭᠡᠷ ᠤᠯᠠᠷᠢᠯ᠎ᠤᠨ᠎ᠬᠢ᠎ᠠᠴᠠ 1.2 ᠵᠠᠭᠤᠨ᠎ᠤ ᠬᠤᠪᠢ ᠵᠢᠨ ᠴᠡᠭ ᠲᠦᠷᠭᠡᠳᠴᠦ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠳᠤᠮᠳᠠᠴᠢ ᠬᠢᠷᠢ ᠲᠦᠪᠰᠢᠨ᠎ᠠᠴᠠ 3.9 ᠵᠠᠭᠤᠨ᠎ᠤ ᠬᠤᠪᠢ ᠵᠢᠨ ᠴᠡᠭ ᠲᠦᠷᠭᠡᠨ ᠪᠣᠯᠵᠣ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠲᠤ ᠦᠵᠡᠭᠦᠯᠬᠦ ᠬᠤᠪᠢ ᠨᠡᠮᠡᠷᠢ ᠵᠢᠨ ᠨᠣᠷᠮ᠎ᠠ ᠭᠤᠷᠪᠠᠨ ᠰᠠᠷ᠎ᠠ ᠳᠠᠷᠠᠭ᠋ᠠᠯᠠᠨ ᠲᠠᠪᠤᠨ ᠬᠤᠪᠢ ᠵᠢ ᠳᠠᠪᠠᠪᠠ᠃
ᠬᠣᠶᠠᠷ᠎ᠲᠤ᠂ ᠬᠥᠮᠥᠷᠭᠡ᠎ᠳᠤ ᠰᠢᠨ᠎ᠡ᠎ᠪᠠᠷ ᠣᠷᠣᠭᠤᠯᠤᠭᠰᠠᠨ ᠠᠵᠤ ᠠᠬᠤᠶ᠋ᠢᠯᠠᠯ᠎ᠤᠨ ᠳᠠᠶ᠋ᠢᠴᠢᠯᠠᠯᠲᠠ ᠢᠯᠡᠷᠬᠡᠶ ᠪᠠᠶ᠋ᠢᠨ᠎ᠠ᠃ ᠣᠶ᠋ᠢᠷ᠎ᠠ ᠵᠢᠨ ᠵᠢᠯ᠎ᠤᠨ ᠲᠤᠷᠰᠢ᠂ ᠪᠦᠬᠦ ᠣᠷᠣᠨ ᠳᠠᠶᠠᠭ᠋ᠠᠷ ᠬᠤᠳᠠᠯᠳᠤᠭ᠋ᠠᠴᠢᠨ ᠤᠷᠢᠵᠤ ᠪᠡᠯᠡ ᠣᠷᠣᠭᠤᠯᠬᠤ ᠵᠢ ᠪᠦᠬᠦ ᠬᠦᠴᠦᠨ ᠵᠶ᠋ᠠᠷ ᠵᠶ᠋ᠠᠨ ᠠᠳᠬᠤᠵᠤ᠂ ᠲᠥᠷᠥᠯ ᠵᠦᠢ᠍ᠯ᠎ᠤᠨ ᠪᠠᠶ᠋ᠢᠭᠤᠯᠤᠯᠲᠠ ᠵᠢ ᠬᠦᠴᠦᠲᠡᠶ ᠠᠳᠬᠤᠵᠤ᠂ ᠬᠥᠮᠥᠷᠭᠡ᠎ᠳᠤ ᠰᠢᠨ᠎ᠡ᠎ᠪᠠᠷ ᠣᠷᠣᠭᠤᠯᠤᠭᠰᠠᠨ ᠠᠵᠤ ᠠᠬᠤᠶ᠋ᠢᠯᠠᠯ᠎ᠨᠢ ᠪᠦᠬᠦ ᠣᠷᠣᠨ᠎ᠤ ᠠᠵᠤ ᠦᠢ᠍ᠯᠡᠳᠪᠦᠷᠢ ᠵᠢᠨ ᠠᠵᠤ ᠠᠬᠤᠶ ᠵᠢᠨ ᠲᠣᠭᠲᠠᠭᠤᠨ ᠵᠶ᠋ᠠᠷ ᠨᠡᠮᠡᠭᠳᠡᠬᠦ᠎ᠳᠤ ᠲᠠᠰᠤᠷᠠᠯᠲᠠ ᠤᠢ᠍ᠭᠡᠢ ᠬᠥᠳᠡᠯᠭᠡᠬᠦ ᠬᠦᠴᠦᠨ᠎ᠢ ᠬᠠᠩᠭ᠋ᠠᠭᠰᠠᠨ ᠪᠠᠶ᠋ᠢᠨ᠎ᠠ᠃ ᠳᠡᠭᠡᠷ᠎ᠡ ᠬᠠᠭ᠋ᠠᠰ ᠵᠢᠯ᠎ᠳᠤ᠂ ᠪᠥᠬᠥ ᠣᠷᠣᠨ᠎ᠤ ᠰᠢᠨ᠎ᠡ᠎ᠪᠠᠷ ᠬᠥᠮᠥᠷᠭᠡ᠎ᠳᠤ ᠣᠷᠣᠭᠤᠯᠤᠭᠰᠠᠨ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ 125 ᠪᠠᠶ᠋ᠢᠵᠤ᠂ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 52 ᠡᠷᠦᠬᠡ ᠨᠡᠮᠡᠭᠳᠡᠵᠦ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠤᠨ 2.6 ᠵᠠᠭᠤᠨ᠎ᠤ ᠬᠤᠪᠢ ᠵᠢᠨ ᠴᠡᠭ ᠨᠡᠮᠡᠭᠳᠡᠬᠦ ᠵᠢ ᠳᠠᠶ᠋ᠢᠴᠢᠯᠠᠪᠠ᠃
ᠭᠤᠷᠪᠠ᠎ᠳᠤ᠂ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠪᠠᠶ᠋ᠢᠳᠠᠯ ᠦᠷᠭᠦᠯᠵᠢᠯᠡᠵᠦ ᠪᠠᠶ᠋ᠢᠨ᠎ᠠ᠃ ᠲᠦᠷᠦᠭᠦᠦ ᠬᠠᠭ᠋ᠠᠰ ᠵᠢᠯ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ᠂ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠂ ᠲᠣᠨᠣᠭ ᠲᠥᠬᠥᠭᠡᠷᠦᠮᠵᠢ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ ᠲᠣᠰ ᠲᠣᠰ 20.6%᠂ 21.0% ᠪᠠ 18.7%᠎ᠪᠠᠷ ᠨᠡᠮᠡᠭᠳᠡᠵᠦ᠂ ᠴᠥᠮ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ᠎ᠤᠨ ᠬᠤᠷᠳᠤᠴᠠ᠎ᠠᠴᠠ ᠲᠦᠷᠭᠡᠨ ᠪᠣᠯᠪᠠ᠃ ᠠᠵᠤ ᠦᠢ᠍ᠯᠡᠳᠪᠦᠷᠢ ᠵᠢᠨ ᠰᠢᠨ᠎ᠡ ᠦᠢ᠍ᠯᠡᠳᠬᠦᠨ᠎ᠤ ᠳᠣᠲᠣᠷ᠎ᠠ᠂ ᠲᠠᠩ ᠲᠠᠯᠠᠰᠲᠤ ᠴᠠᠬᠢᠭᠤᠷ᠎ᠤᠨ ᠭᠠᠷᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 27.6%᠎ᠪᠠᠷ ᠨᠡᠮᠡᠭᠳᠡᠵᠦ᠂ ᠣᠯᠠᠨ ᠲᠠᠯᠠᠰᠲᠤ ᠴᠠᠬᠢᠭᠤᠷ 3.1 ᠳᠠᠬᠢᠨ ᠨᠡᠮᠡᠭᠳᠡᠵᠦ᠂ ᠰᠠᠯᠬᠢᠨ ᠬᠦᠴᠦᠨ ᠵᠶ᠋ᠠᠷ ᠴᠠᠬᠢᠯᠭ᠋ᠠᠨ ᠭᠠᠷᠭ᠋ᠠᠬᠤ ᠮᠠᠰᠢᠨ ᠴᠣᠭᠴᠠᠯᠠᠪᠤᠷᠢ 1.0 ᠳᠠᠬᠢᠨ ᠨᠡᠮᠡᠭᠳᠡᠵᠦ᠂ ᠡᠯᠧᠺᠲᠷᠣᠨ ᠲᠣᠨᠣᠭ 26.3%᠎ᠪᠠᠷ ᠨᠡᠮᠡᠭᠳᠡᠵᠦ᠂ ᠴᠥᠮ ᠨᠡᠯᠢᠶᠡᠳ ᠲᠦᠷᠭᠡᠨ ᠨᠡᠮᠡᠭᠳᠡᠯ ᠵᠶ᠋ᠠᠨ ᠪᠠᠲᠤᠯᠠᠪᠠ᠃
ᠪᠠᠶᠠᠷᠯᠠᠯ᠎ᠠ᠃
《ᠬᠠᠤᠯᠢᠵᠢᠯ᠎ᠤᠨ ᠡᠳᠦᠷ᠎ᠤᠨ ᠰᠣᠨᠢᠨ》᠎ᠤ ᠰᠤᠷᠪᠤᠯᠵᠢᠯᠠᠭᠴᠢ᠄ ᠥᠭᠦᠯᠡᠭᠴᠢ ᠲᠠ ᠰᠠᠢ᠍ᠢ᠍ᠨ ᠦᠦ! ᠰᠠᠶᠢᠬᠠᠨ ᠨᠡᠶ᠋ᠢᠲᠡᠯᠡᠭᠰᠡᠨ ᠲᠣᠭ᠎ᠠ ᠪᠠᠷᠢᠮᠲᠠ᠎ᠠᠴᠠ ᠦᠵᠡᠪᠡᠯ᠂ ᠳᠡᠭᠡᠷ᠎ᠡ ᠬᠠᠭ᠋ᠠᠰ ᠵᠢᠯ᠎ᠳᠤ ᠪᠥᠬᠥ ᠣᠷᠣᠨ᠎ᠤ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠰᠡᠷᠭᠦᠯᠲᠡ ᠵᠢᠨ ᠪᠠᠶ᠋ᠢᠳᠠᠯ ᠰᠠᠶ᠋ᠢᠨ ᠪᠠᠶ᠋ᠢᠨ᠎ᠠ᠂ ᠲᠡᠭᠡᠪᠡᠯ ᠰᠠᠭᠤᠭ᠋ᠠᠯᠢ ᠠᠷᠠᠳ᠎ᠤᠨ ᠣᠷᠣᠯᠭ᠎ᠠ ᠪᠠ ᠬᠡᠷᠡᠭᠯᠡᠭᠡ᠎ᠳᠤ ᠶᠠᠮᠠᠷ ᠶᠠᠮᠠᠷ ᠭᠤᠤᠯ ᠬᠤᠪᠢᠷᠠᠯᠲᠠ ᠪᠠᠶ᠋ᠢᠬᠤ ᠪᠣᠶ? ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠳᠠᠯᠳᠠ ᠬᠦᠴᠦᠨ᠎ᠢ ᠪᠠᠳᠠᠷᠠᠭᠤᠯᠬᠤ ᠢᠷᠡᠭᠡᠳᠦᠶ ᠵᠢ ᠬᠡᠷᠬᠢᠨ ᠵᠢᠱ᠌ᠢᠵᠦ ᠮᠡᠳᠡᠬᠦ ᠪᠣᠶ? ᠪᠠᠶᠠᠷᠯᠠᠯ᠎ᠠ᠃

ᠸᠠᠩ ᠳ᠋ᠸ ᠪᠢᠨ᠄ ᠲᠠᠨ᠎ᠤ ᠠᠰᠠᠭᠤᠭᠰᠠᠨ᠎ᠳᠤ ᠪᠠᠶᠠᠷᠯᠠᠯ᠎ᠠ᠃ 2023 ᠣᠨ ᠪᠣᠯ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠬᠤ ᠡᠬᠢᠯᠡᠯᠲᠡ ᠵᠢᠨ ᠵᠢᠯ ᠪᠣᠯᠤᠨ᠎ᠠ᠂ ᠥᠪᠥᠷ ᠮᠣᠩᠭᠣᠯ ᠠᠷᠠᠳ᠎ᠤᠨ ᠠᠮᠢᠳᠤᠷᠠᠯ᠎ᠢ ᠪᠠᠲᠤᠯᠠᠬᠤ᠂ ᠬᠡᠷᠡᠭᠯᠡᠭᠡ ᠵᠢ ᠠᠬᠢᠭᠤᠯᠬᠤ ᠠᠷᠠᠳ᠎ᠢ ᠪᠠᠶᠠᠵᠢᠭᠤᠯᠵᠤ ᠠᠷᠠᠳ᠎ᠲᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ ᠵᠢ ᠢᠳᠡᠪᠬᠢᠲᠡᠶ ᠬᠡᠷᠡᠭᠵᠢᠭᠦᠯᠵᠦ᠂ ᠰᠠᠭᠤᠭ᠋ᠠᠯᠢ ᠠᠷᠠᠳ᠎ᠤᠨ ᠣᠷᠣᠯᠭ᠎ᠠ ᠪᠠ ᠬᠡᠷᠡᠭᠯᠡᠭᠡ ᠵᠢᠨ ᠲᠣᠭᠲᠠᠭᠤᠨ ᠪᠥᠭᠡᠳ ᠨᠡᠯᠢᠶᠡᠳ ᠲᠦᠷᠭᠡᠨ ᠨᠡᠮᠡᠭᠳᠡᠯ᠎ᠢ ᠬᠦᠴᠦᠲᠡᠶ ᠠᠬᠢᠭᠤᠯᠵᠤ᠂ ᠭᠤᠤᠯᠳᠠᠭᠤ ᠳᠤᠤᠷᠠᠬᠢ ᠮᠡᠲᠦ ᠬᠤᠪᠢᠷᠠᠯᠲᠠ ᠵᠢᠨ ᠣᠨᠴᠠᠯᠢᠭ᠎ᠢ ᠢᠯᠡᠷᠡᠭᠦᠯᠪᠡ᠄
ᠨᠢᠭᠡ᠎ᠳᠤ᠂ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠨᠡᠮᠡᠭᠳᠡᠯ᠎ᠤᠨ ᠬᠤᠷᠳᠤᠴᠠ ᠦᠷᠭᠦᠯᠵᠢᠯᠡᠨ ᠲᠦᠷᠭᠡᠳᠴᠦ᠂ ᠲᠠᠷᠢᠶᠠᠯᠠᠬᠤ ᠮᠠᠯᠵᠢᠬᠤ ᠣᠷᠣᠨ᠎ᠤ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠨᠡᠮᠡᠭᠳᠡᠯ᠎ᠤᠨ ᠬᠤᠷᠳᠤᠴᠠ ᠬᠣᠲᠠ ᠪᠠᠯᠭ᠋ᠠᠰᠤ ᠵᠢᠨ ᠰᠠᠭᠤᠭ᠋ᠠᠯᠢ ᠠᠷᠠᠳᠤᠨᠬᠢᠠᠴᠠ ᠳᠡᠭᠡᠭᠦᠷ ᠪᠣᠯᠪᠠ᠃
ᠳᠡᠭᠡᠷ᠎ᠡ ᠬᠠᠭ᠋ᠠᠰ ᠵᠢᠯ᠎ᠳᠤ᠂ ᠪᠥᠬᠥ ᠣᠷᠣᠨ᠎ᠤ ᠪᠥᠬᠥ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 5.7%᠎ᠪᠠᠷ ᠨᠡᠮᠡᠭᠳᠡᠵᠦ᠂ ᠨᠡᠮᠡᠭᠳᠡᠯ᠎ᠤᠨ ᠬᠤᠷᠳᠤᠴᠠ᠎ᠨᠢ ᠨᠢᠭᠡᠳᠦᠭᠡᠷ ᠤᠯᠠᠷᠢᠯ᠎ᠤᠨ᠎ᠬᠢ᠎ᠠᠴᠠ 1.1 ᠵᠠᠭᠤᠨ᠎ᠤ ᠬᠤᠪᠢ ᠵᠢᠨ ᠴᠡᠭ ᠲᠦᠷᠭᠡᠨ ᠪᠣᠯᠵᠣ᠂ 2022 ᠣᠨ᠎ᠤ᠎ᠬᠢ᠎ᠠᠴᠠ 0.4 ᠵᠠᠭᠤᠨ᠎ᠤ ᠬᠤᠪᠢ ᠵᠢᠨ ᠴᠡᠭ ᠲᠦᠷᠭᠡᠨ ᠪᠣᠯᠵᠣ᠂ ᠨᠡᠮᠡᠭᠳᠡᠯ᠎ᠤᠨ ᠬᠤᠷᠳᠤᠴᠠ᠎ᠨᠢ ᠤᠯᠠᠷᠢᠯ ᠳᠠᠷᠠᠭ᠋ᠠᠯᠠᠨ ᠲᠦᠷᠭᠡᠳᠪᠡ᠃ ᠪᠠᠶ᠋ᠢᠩᠭᠤ ᠰᠠᠭᠤᠭ᠎ᠠ ᠭᠠᠵᠠᠷ ᠵᠶ᠋ᠠᠷ᠎ᠨᠢ ᠬᠤᠪᠢᠶᠠᠪᠠᠯ᠂ ᠬᠣᠲᠠ ᠪᠠᠯᠭ᠋ᠠᠰᠤᠨ᠎ᠤ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 4.7%᠎ᠪᠠᠷ ᠨᠡᠮᠡᠭᠳᠡᠪᠡ; ᠮᠠᠯᠵᠢᠬᠤ ᠲᠠᠷᠢᠶᠠᠯᠠᠬᠤ ᠣᠷᠣᠨ᠎ᠤ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 7.4%᠎ᠪᠠᠷ ᠨᠡᠮᠡᠭᠳᠡᠪᠡ᠃ ᠮᠠᠯᠵᠢᠬᠤ ᠲᠠᠷᠢᠶᠠᠯᠠᠬᠤ ᠣᠷᠣᠨ᠎ᠤ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ ᠵᠢᠨ ᠨᠡᠮᠡᠭᠳᠡᠯ᠎ᠤᠨ ᠬᠤᠷᠳᠤᠴᠠ ᠬᠣᠲᠠ ᠪᠠᠯᠭ᠋ᠠᠰᠤ ᠵᠢᠨ ᠰᠠᠭᠤᠭ᠋ᠠᠯᠢ ᠠᠷᠠᠳᠤᠨᠬᠢᠠᠴᠠ 2.7 ᠵᠠᠭᠤᠨ᠎ᠤ ᠬᠤᠪᠢ ᠵᠢᠨ ᠴᠡᠭ ᠥᠨᠳᠥᠷ ᠪᠣᠯᠪᠠ᠃ ᠲᠦᠷᠦᠭᠦᠦ ᠬᠠᠭ᠋ᠠᠰ ᠵᠢᠯ᠎ᠳᠤ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ ᠵᠢᠨ ᠬᠠᠷᠢᠴᠠᠯ 2.91 ᠪᠣᠯᠵᠣ᠂ ᠲᠦᠷᠦᠭᠦᠦ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 0.08 ᠪᠠᠭ᠋ᠠᠰᠴᠤ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠵᠥᠷᠢᠶ᠎ᠡ ᠦᠷᠭᠦᠯᠵᠢᠯᠡᠨ ᠪᠠᠭ᠋ᠠᠰᠪᠠ᠃
ᠬᠣᠶᠠᠷ᠎ᠲᠤ᠂ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠵᠠᠷᠤᠯᠭ᠎ᠠ ᠲᠦᠷᠭᠡᠨ ᠵᠶ᠋ᠠᠷ ᠨᠡᠮᠡᠭᠳᠡᠵᠦ᠂ ᠦᠢ᠍ᠯᠡᠴᠢᠯᠡᠭᠡᠨ᠎ᠤ ᠴᠢᠨᠠᠷᠲᠠᠢ ᠬᠡᠷᠡᠭᠯᠡᠭᠡᠨ᠎ᠤ ᠵᠠᠷᠤᠯᠭ᠎ᠠ ᠨᠡᠯᠢᠶᠡᠳ ᠲᠦᠷᠭᠡᠨ ᠨᠡᠮᠡᠭᠳᠡᠪᠡ᠃
ᠳᠡᠭᠡᠷ᠎ᠡ ᠬᠠᠭ᠋ᠠᠰ ᠵᠢᠯ᠎ᠳᠤ᠂ ᠪᠥᠬᠥ ᠣᠷᠣᠨ᠎ᠤ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠳᠠᠯᠳᠠ ᠬᠦᠴᠦᠨ
ᠰᠤᠯᠠᠯᠠᠭᠳᠠᠵᠤ᠂ ᠬᠡᠷᠡᠭᠯᠡᠭᠡᠨ᠎ᠤ ᠵᠠᠷᠤᠯᠭ᠎ᠠ ᠲᠦᠷᠭᠡᠨ ᠨᠡᠮᠡᠭᠳᠡᠪᠡ᠃ ᠪᠥᠬᠥ ᠣᠷᠣᠨ᠎ᠤ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠬᠡᠷᠡᠭᠯᠡᠭᠡᠨ᠎ᠤ ᠵᠠᠷᠤᠯᠭ᠎ᠠ 12667 ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 17.3%᠎ᠪᠠᠷ ᠨᠡᠮᠡᠭᠳᠡᠵᠦ᠂ ᠨᠡᠮᠡᠭᠳᠡᠯ᠎ᠤᠨ ᠬᠤᠷᠳᠤᠴᠠ᠎ᠨᠢ ᠨᠢᠭᠡᠳᠦᠭᠡᠷ ᠤᠯᠠᠷᠢᠯ᠎ᠤᠨ᠎ᠬᠢ᠎ᠠᠴᠠ 5.3 ᠵᠠᠭᠤᠨ᠎ᠤ ᠬᠤᠪᠢ ᠵᠢᠨ ᠴᠡᠭ ᠲᠦᠷᠭᠡᠨ ᠪᠣᠯᠵᠠᠶ᠃ ᠬᠣᠲᠠ ᠬᠥᠳᠡᠭᠡ ᠵᠢ ᠬᠤᠪᠢᠶᠠᠵᠤ ᠦᠵᠡᠪᠡᠯ᠂ ᠬᠣᠲᠠ ᠪᠠᠯᠭ᠋ᠠᠰᠤᠨ᠎ᠤ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠬᠡᠷᠡᠭᠯᠡᠭᠡᠨ᠎ᠤ ᠵᠠᠷᠤᠯᠭ᠎ᠠ 15162 ᠲᠥᠭᠥᠷᠢᠭ ᠪᠠᠶ᠋ᠢᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 15.9%᠎ᠪᠠᠷ ᠨᠡᠮᠡᠭᠳᠡᠪᠡ; ᠮᠠᠯᠵᠢᠬᠤ ᠲᠠᠷᠢᠶᠠᠯᠠᠬᠤ ᠣᠷᠣᠨ᠎ᠤ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠬᠡᠷᠡᠭᠯᠡᠭᠡᠨ᠎ᠤ ᠵᠠᠷᠤᠯᠭ᠎ᠠ 8718 ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 19.9%᠎ᠪᠠᠷ ᠨᠡᠮᠡᠭᠳᠡᠪᠡ᠃ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠵᠠᠷᠤᠯᠭ᠎ᠠ ᠵᠢᠨ ᠨᠡᠮᠡᠭᠳᠡᠯ᠎ᠤᠨ ᠬᠤᠷᠳᠤᠴᠠ ᠲᠣᠰ ᠲᠣᠰ ᠨᠢᠭᠡᠳᠦᠭᠡᠷ ᠤᠯᠠᠷᠢᠯ᠎ᠤᠨ 5.0 ᠪᠠ 6.1 ᠵᠠᠭᠤᠨ᠎ᠤ ᠬᠤᠪᠢ ᠵᠢᠨ ᠴᠡᠭ᠎ᠠᠴᠠ ᠲᠦᠷᠭᠡᠨ ᠪᠣᠯᠪᠠ᠃
ᠳᠡᠭᠡᠷ᠎ᠡ ᠬᠠᠭ᠋ᠠᠰ ᠵᠢᠯ᠎ᠳᠤ᠂ ᠪᠥᠬᠥ ᠣᠷᠣᠨ᠎ᠤ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠦᠢ᠍ᠯᠡᠴᠢᠯᠡᠭᠡᠨ᠎ᠤ ᠴᠢᠨᠠᠷᠲᠠᠶ ᠬᠡᠷᠡᠭᠯᠡᠭᠡᠨ᠎ᠤ ᠵᠠᠷᠤᠯᠭ᠎ᠠ 3673 ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 24.4%᠎ᠪᠠᠷ ᠨᠡᠮᠡᠭᠳᠡᠵᠦ᠂ ᠨᠡᠮᠡᠭᠳᠡᠯ᠎ᠤᠨ ᠬᠤᠷᠳᠤᠴᠠ᠎ᠨᠢ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠬᠡᠷᠡᠭᠯᠡᠭᠡᠨ᠎ᠤ ᠵᠠᠷᠤᠯᠭ᠎ᠠ᠎ᠠᠴᠠ 7.1 ᠵᠠᠭᠤᠨ᠎ᠤ ᠬᠤᠪᠢ ᠵᠢᠨ ᠴᠡᠭ ᠥᠨᠳᠥᠷ ᠪᠣᠯᠵᠠᠶ᠃ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠵᠠᠷᠤᠯᠭ᠎ᠠ᠎ᠳᠤ ᠡᠵᠡᠯᠡᠬᠦ ᠦᠢ᠍ᠯᠡᠴᠢᠯᠡᠭᠡᠨ᠎ᠤ ᠴᠢᠨᠠᠷᠲᠠᠶ ᠬᠡᠷᠡᠭᠯᠡᠭᠡᠨ᠎ᠤ ᠵᠠᠷᠤᠯᠭ᠎ᠠ ᠵᠢᠨ ᠬᠤᠪᠢ ᠵᠢᠨ ᠵᠢᠩ 29.0% ᠪᠣᠯᠵᠣ᠂ ᠲᠦᠷᠦᠭᠦᠦ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 1.7 ᠵᠠᠭᠤᠨ᠎ᠤ ᠬᠤᠪᠢ ᠵᠢᠨ ᠴᠡᠭ ᠳᠡᠭᠡᠭᠰᠢᠯᠡᠵᠡᠶ᠃
ᠲᠠᠷᠠᠭ᠋ᠠᠴᠢ ᠵᠢᠨ ᠱᠠᠲᠤᠨ᠎ᠳᠤ᠂ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ᠎ᠤ ᠪᠥᠬᠥ ᠲᠠᠯ᠎ᠠ᠎ᠪᠠᠷ ᠰᠡᠷᠭᠦᠬᠦ ᠪᠠ ᠰᠦᠯᠵᠢᠶᠡᠨ ᠭᠠᠳᠠᠨᠠᠬᠢ ᠬᠡᠷᠡᠭᠯᠡᠭᠡᠨ᠎ᠤ ᠪᠠᠶ᠋ᠢᠳᠠᠯ᠎ᠤᠨ ᠲᠦᠷᠭᠡᠨ ᠥᠷᠭᠡᠳᠬᠦ ᠵᠢ ᠳᠠᠭ᠋ᠠᠯᠳᠤᠨ᠂ ᠵᠢᠱ᠌ᠢᠯᠲᠡ᠎ᠪᠠᠷ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠬᠦᠰᠡᠯ ᠡᠷᠡᠮᠡᠯᠵᠡᠯ ᠠᠯᠬᠤᠮ ᠠᠯᠬᠤᠮ ᠵᠶ᠋ᠠᠷ ᠴᠢᠩᠭ᠋ᠠᠷᠠᠵᠤ᠂ ᠬᠡᠷᠡᠭᠯᠡᠭᠡᠨ᠎ᠤ ᠬᠡᠪᠴᠢᠶ᠎ᠡ ᠤᠯᠠᠮ ᠨᠢᠭᠡ ᠠᠯᠬᠤᠮ ᠥᠷᠭᠡᠳᠴᠦ᠂ ᠪᠦᠬᠦᠯᠢ ᠴᠣᠭᠴᠠ ᠵᠢᠨ ᠠᠵᠤ ᠠᠬᠤᠶ ᠵᠢᠨ ᠠᠵᠢᠯᠯᠠᠭ᠋ᠠᠨ᠎ᠤ ᠦᠷᠭᠦᠯᠵᠢᠯᠡᠨ ᠰᠠᠶ᠋ᠢᠵᠢᠷᠠᠬᠤ ᠵᠢ ᠳᠠᠶ᠋ᠢᠴᠢᠯᠠᠬᠤ ᠪᠣᠯᠤᠨ᠎ᠠ᠃
ᠪᠠᠶᠠᠷᠯᠠᠯ᠎ᠠ᠃
ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶᠠᠨ᠎ᠤ ᠰᠤᠷᠪᠤᠯᠵᠢᠯᠠᠭᠴᠢ ᠄ ᠥᠭᠦᠯᠡᠭᠴᠢ ᠲᠠ ᠰᠠᠶ᠋ᠢᠨ ᠦᠦ᠂ ᠲᠠᠨ᠎ᠤ ᠰᠠᠶᠢ ᠵᠢᠨ ᠲᠠᠨᠢᠯᠴᠠᠭᠤᠯᠭ᠎ᠠ᠎ᠠᠴᠠ ᠪᠢᠳᠡ ᠪᠥᠬᠥ ᠣᠷᠣᠨ᠎ᠤ ᠬᠡᠷᠡᠭᠯᠡᠭᠡᠨ᠎ᠤ ᠵᠠᠬ᠎ᠠ ᠳᠡᠯᠭᠡᠭᠦᠷ᠎ᠤᠨ ᠦᠷᠭᠦᠯᠵᠢᠯᠡᠨ ᠰᠡᠷᠭᠦᠬᠦ ᠪᠠᠶ᠋ᠢᠳᠠᠯ᠎ᠢ ᠣᠯᠵᠤ ᠬᠠᠷᠠᠵᠠᠶ᠂ ᠬᠣᠲᠠ ᠵᠢᠨ ᠠᠭᠤᠷ ᠠᠮᠢᠰᠬᠤᠯ ᠲᠠᠰᠤᠷᠠᠯᠲᠠ ᠥᠬᠡᠶ ᠰᠡᠷᠭᠦᠵᠦ ᠪᠠᠶ᠋ᠢᠨ᠎ᠠ᠃ ᠲᠠ ᠳᠠᠬᠢᠨ ᠬᠡᠷᠡᠭᠯᠡᠭᠡᠨ᠎ᠤ ᠵᠠᠬ᠎ᠠ ᠳᠡᠯᠭᠡᠭᠦᠷ᠎ᠤᠨ ᠥᠰᠥᠯᠲᠡ ᠵᠢᠨ ᠭᠢᠯᠠᠰ ᠴᠡᠭ ᠵᠢᠴᠢ ᠳᠠᠷᠠᠭ᠋ᠠᠴᠢ ᠵᠢᠨ ᠱᠠᠲᠤᠨ᠎ᠤ ᠬᠠᠨᠳᠤᠰᠢ ᠵᠢ ᠨᠠᠷᠢᠯᠢᠭ ᠲᠠᠨᠢᠯᠴᠠᠭᠤᠯᠵᠤ ᠪᠣᠯᠬᠤ ᠦᠦ?

ᠸᠠᠩ ᠴᠤᠸᠠᠨ ᠵᠢᠩ᠄ ᠰᠤᠷᠪᠤᠯᠵᠢᠯᠠᠭᠴᠢ ᠵᠢᠨ ᠠᠰᠠᠭᠤᠭᠰᠠᠨ᠎ᠳᠤ ᠪᠠᠶᠠᠷᠯᠠᠯ᠎ᠠ᠃ ᠰᠠᠶᠢᠬᠠᠨ ᠳᠡᠳ᠋ ᠶᠡᠷᠦᠩᠬᠡᠶ ᠠᠩᠭᠢ ᠵᠢᠨ ᠳᠠᠷᠤᠭ᠎ᠠ ᠵᠢᠨ ᠲᠠᠨᠢᠯᠴᠠᠭᠤᠯᠤᠭᠰᠠᠨ ᠪᠠᠶ᠋ᠢᠳᠠᠯ᠎ᠠᠴᠠ ᠦᠵᠡᠪᠡᠯ᠂ ᠳᠡᠭᠡᠷ᠎ᠡ ᠬᠠᠭ᠋ᠠᠰ ᠵᠢᠯ᠎ᠳᠤ᠂ ᠮᠠᠨ᠎ᠤ ᠣᠷᠣᠨ᠎ᠤ ᠰᠠᠭᠤᠭ᠋ᠠᠯᠢ ᠠᠷᠠᠳ᠎ᠤᠨ ᠣᠷᠣᠯᠭ᠎ᠠ ᠪᠠ ᠵᠠᠷᠤᠯᠭ᠎ᠠ ᠴᠥᠮ ᠨᠡᠯᠢᠶᠡᠳ ᠲᠦᠷᠭᠡᠨ ᠨᠡᠮᠡᠭᠳᠡᠯ᠎ᠢ ᠪᠠᠲᠤᠯᠠᠪᠠ᠂ ᠡᠨᠡ ᠪᠣᠯ ᠪᠥᠬᠥ ᠣᠷᠣᠨ᠎ᠤ ᠬᠡᠷᠡᠭᠯᠡᠭᠡᠨ᠎ᠤ ᠵᠠᠬ᠎ᠠ ᠳᠡᠯᠭᠡᠭᠦᠷ᠎ᠤᠨ ᠦᠷᠭᠦᠯᠵᠢᠯᠡᠨ ᠰᠡᠷᠭᠦᠬᠦ ᠵᠢᠨ ᠤᠷᠢᠲᠠᠯ ᠪᠠ ᠰᠠᠭᠤᠷᠢ ᠪᠣᠯᠤᠨ᠎ᠠ᠃ ᠡᠨᠡ ᠵᠢᠯ᠎ᠠᠴᠠ ᠨᠠᠭ᠋ᠠᠰᠢ᠂ ᠪᠥᠬᠥ ᠣᠷᠣᠨ ᠳᠠᠶᠠᠭ᠋ᠠᠷ ᠬᠡᠷᠡᠭᠯᠡᠭᠡ ᠵᠢ ᠰᠡᠷᠭᠦᠭᠡᠬᠦ ᠪᠠ ᠥᠷᠭᠡᠳᠬᠡᠬᠦ ᠵᠢ ᠲᠡᠷᠢᠭᠦᠨ ᠪᠠᠶ᠋ᠢᠷᠢᠨ᠎ᠳᠤ ᠲᠠᠯᠪᠢᠬᠤ ᠵᠢ ᠪᠠᠷᠢᠮᠲᠠᠯᠠᠵᠤ᠂ ᠡᠯ᠎ᠡ ᠭᠠᠵᠠᠷ᠎ᠤᠨ᠎ᠬᠢᠨ ᠬᠡᠷᠡᠭᠯᠡᠭᠡᠨ᠎ᠤ ᠲᠡᠮᠳᠡᠭᠲᠦ ᠲᠠᠷᠬᠠᠭ᠋ᠠᠬᠤ᠂ ᠪᠣᠷᠣᠯᠠᠭᠤᠯᠭ᠎ᠠ ᠵᠢ ᠠᠬᠢᠭᠤᠯᠬᠤ ᠪᠠᠶ᠋ᠢᠩᠭᠤ ᠵᠢᠨ ᠠᠵᠢᠯᠯᠠᠭ᠎ᠠ ᠥᠷᠨᠢᠭᠦᠯᠬᠦ᠂ ᠲᠦᠷᠦᠭᠦᠦ ᠳᠡᠯᠭᠡᠭᠦᠷ᠎ᠤᠨ ᠠᠵᠤ ᠠᠬᠤᠶ᠂ ᠰᠥᠨᠢ ᠵᠢᠨ ᠠᠵᠤ ᠠᠬᠤᠶ ᠵᠢ ᠬᠥᠭᠵᠢᠭᠦᠯᠬᠦ ᠵᠡᠷᠭᠡ ᠠᠷᠭ᠎ᠠ ᠬᠡᠯᠪᠡᠷᠢ᠎ᠪᠠᠷ ᠳᠠᠮᠵᠢᠭᠤᠯᠤᠨ᠂ ᠳᠣᠲᠣᠭ᠋ᠠᠳᠤ ᠬᠡᠷᠡᠭᠴᠡᠭᠡ ᠵᠢ ᠥᠷᠭᠡᠳᠬᠡᠨ ᠬᠡᠷᠡᠭᠯᠡᠭᠡ ᠵᠢ ᠠᠬᠢᠭᠤᠯᠬᠤ ᠲᠥᠷᠥ ᠵᠢᠨ ᠪᠣᠳᠣᠯᠭ᠎ᠠ ᠵᠢ ᠪᠣᠳᠠᠲᠠᠶ ᠨᠠᠷᠢᠯᠢᠭ ᠨᠠᠶ᠋ᠢᠳᠠᠪᠤᠷᠢᠵᠢᠭᠤᠯᠬᠤ ᠵᠢ ᠦᠨᠡᠨ ᠬᠦ᠌ ᠠᠬᠢᠭᠤᠯᠪᠠ᠃ ᠳᠡᠭᠡᠷ᠎ᠡ ᠬᠠᠭ᠋ᠠᠰ ᠵᠢᠯ᠎ᠳᠤ᠂ ᠪᠥᠬᠥ ᠣᠷᠣᠨ᠎ᠤ ᠬᠡᠷᠡᠭᠯᠡᠭᠡᠨ᠎ᠤ ᠵᠠᠬ᠎ᠠ ᠳᠡᠯᠭᠡᠭᠦᠷ᠎ᠲᠤ ᠭᠤᠤᠯᠳᠠᠭᠤ ᠳᠤᠤᠷᠠᠬᠢ ᠮᠡᠲᠦ ᠬᠢᠯᠠᠰ ᠴᠡᠭ ᠢᠯᠡᠷᠡᠪᠡ᠄
ᠨᠢᠭᠡ᠂ ᠬᠡᠷᠡᠭᠯᠡᠭᠡᠨ᠎ᠤ ᠵᠠᠬ᠎ᠠ ᠳᠡᠯᠭᠡᠭᠦᠷ᠎ᠤᠨ ᠬᠡᠪᠴᠢᠶ᠎ᠡ ᠲᠠᠰᠤᠷᠠᠯᠲᠠ ᠦᠭᠡᠢ ᠥᠷᠭᠡᠳᠴᠦ᠂ ᠬᠣᠲᠠ ᠬᠥᠳᠡᠭᠡ ᠵᠢᠨ ᠬᠡᠷᠡᠭᠯᠡᠭᠡᠨ᠎ᠤ ᠵᠠᠬ᠎ᠠ ᠳᠡᠯᠭᠡᠭᠦᠷ᠎ᠤᠨ ᠨᠡᠮᠡᠭᠳᠡᠯ ᠠᠳᠠᠯᠢ ᠠᠯᠬᠤᠮ᠎ᠲᠠᠢ ᠪᠣᠯᠪᠠ᠃ ᠳᠡᠭᠡᠷ᠎ᠡ ᠬᠠᠭ᠋ᠠᠰ ᠵᠢᠯ᠎ᠳᠤ᠂ ᠪᠥᠬᠥ ᠣᠷᠣᠨ᠎ᠤ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠣᠭ᠎ᠠ 2463.8 ᠳ᠋ᠦᠩᠰᠢᠭᠤᠷ ᠲᠥᠭᠥᠷᠢᠭ᠎ᠲᠤ ᠬᠦᠷᠴᠦ᠂ 2019 ᠣᠨ᠎ᠠᠴᠠ ᠨᠠᠭ᠋ᠠᠰᠢ᠂ ᠳᠡᠭᠡᠷ᠎ᠡ ᠬᠠᠭ᠋ᠠᠰ ᠵᠢᠯ᠎ᠳᠤ ᠠᠩᠬ᠎ᠠ ᠤᠳᠠᠭ᠎ᠠ 2400 ᠳ᠋ᠦᠩᠰᠢᠭᠤᠷ ᠲᠥᠭᠥᠷᠢᠭ᠎ᠤᠨ ᠶᠡᠬᠡ ᠪᠣᠭᠣᠮᠲᠠ ᠵᠢ ᠳᠠᠪᠠᠵᠤ᠂ ᠬᠡᠪᠴᠢᠶ᠎ᠡ᠎ᠨᠢ 2019 ᠣᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 141 ᠳ᠋ᠦᠩᠰᠢᠭᠤᠷ ᠲᠥᠭᠥᠷᠢᠭ ᠨᠡᠮᠡᠭᠳᠡᠪᠡ᠃ ᠬᠥᠳᠡᠭᠡ ᠲᠣᠰᠬᠣᠨ᠎ᠤ ᠵᠠᠬ᠎ᠠ ᠳᠡᠯᠭᠡᠭᠦᠷ᠎ᠤᠨ ᠪᠣᠷᠣᠯᠠᠭᠤᠯᠭ᠎ᠠ ᠵᠢᠨ ᠨᠡᠮᠡᠭᠳᠡᠯ ᠬᠣᠲᠠ ᠪᠠᠯᠭ᠋ᠠᠰᠤ᠎ᠠᠴᠠ ᠵᠢᠭ᠋ᠠᠬᠠᠨ ᠲᠦᠷᠭᠡᠨ ᠪᠠᠢ᠍ᠨ᠎ᠠ᠃ ᠲᠦᠷᠦᠭᠦᠦ ᠬᠠᠭ᠋ᠠᠰ ᠵᠢᠯ᠎ᠳᠤ᠂ ᠬᠣᠲᠠ ᠪᠠᠯᠭ᠋ᠠᠰᠤ ᠪᠠ ᠬᠥᠳᠡᠭᠡ ᠲᠣᠰᠬᠣᠨ᠎ᠤ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠲᠣᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ ᠲᠣᠰ ᠲᠣᠰ 7.8% ᠪᠠ 8.1%᠎ᠪᠠᠷ ᠨᠡᠮᠡᠭᠳᠡᠪᠡ᠃
ᠬᠣᠶᠠᠷ᠂ ᠠᠷᠠᠳ᠎ᠤᠨ ᠠᠮᠢᠳᠤᠷᠠᠯ᠎ᠤᠨ ᠦᠨᠳᠦᠰᠦᠨ ᠲᠦᠷᠦᠯ᠎ᠤᠨ ᠲᠠᠸᠠᠷ᠎ᠤᠨ ᠲᠤᠯᠭ᠋ᠠᠭᠤᠷᠢᠯᠠᠯ ᠬᠦᠴᠦᠲᠡᠢ ᠪᠠᠶ᠋ᠢᠵᠤ᠂ ᠲᠡᠰ ᠳᠡᠪᠰᠢᠭᠦᠯᠬᠦ ᠲᠦᠷᠦᠯ᠎ᠤᠨ ᠬᠡᠷᠡᠭᠯᠡᠭᠡᠨ᠎ᠤ ᠬᠡᠷᠡᠭᠴᠡᠭᠡ ᠦᠷᠭᠦᠯᠵᠢᠯᠡᠨ ᠢᠯᠡᠷᠡᠪᠡ᠃ ᠳᠡᠭᠡᠷ᠎ᠡ ᠬᠠᠭ᠋ᠠᠰ ᠵᠢᠯ᠎ᠳᠤ᠂ ᠪᠥᠬᠥ ᠣᠷᠣᠨ᠎ᠤ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠠᠮᠤ ᠲᠣᠰᠣ ᠢᠳᠡᠭᠡᠨ ᠤᠮᠳᠠᠭ᠋ᠠᠨ᠂ ᠠᠷᠢᠬᠢ ᠲᠠᠮᠠᠬᠢ ᠵᠢᠨ ᠲᠥᠷᠥᠯ᠎ᠤᠨ ᠲᠠᠸᠠᠷ᠎ᠤᠨ ᠵᠢᠵᠢᠭᠯᠡᠨ ᠬᠤᠳᠠᠯᠳᠤᠭᠰᠠᠨ ᠲᠣᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 21.4%᠎ᠪᠠᠷ ᠨᠡᠮᠡᠭᠳᠡᠵᠦ᠂ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠲᠣᠭ᠎ᠠ᠎ᠳᠤ ᠦᠵᠡᠭᠦᠯᠦᠭᠰᠡᠨ ᠬᠤᠪᠢ ᠨᠡᠮᠡᠷᠢ ᠵᠢᠨ ᠨᠣᠷᠮ᠎ᠠ᠎ᠨᠢ 32.4%᠎ᠳᠤ ᠬᠥᠷᠪᠡ; ᠡᠳᠦᠷ ᠲᠤᠳᠤᠮ᠎ᠤᠨ ᠬᠡᠷᠡᠭᠯᠡᠭᠡᠨ᠎ᠤ ᠵᠦᠢ᠍ᠯ᠎ᠢ 45.8%᠎ᠪᠠᠷ ᠨᠡᠮᠡᠭᠳᠡᠵᠦ᠂ ᠬᠢᠲᠠᠳ ᠧᠦ᠋ᠷᠣᠫᠠ ᠡᠮ᠎ᠤᠨ ᠵᠦᠢ᠍ᠯ᠎ᠢ 19.2% ᠵᠶ᠋ᠠᠷ ᠨᠡᠮᠡᠭᠳᠡᠪᠡ᠃ ᠲᠠᠰ ᠳᠡᠪᠰᠢᠭᠦᠯᠬᠦ ᠲᠥᠷᠥᠯ᠎ᠤᠨ ᠬᠡᠷᠡᠭᠯᠡᠭᠡᠨ᠎ᠤ ᠬᠡᠷᠡᠭᠴᠡᠭᠡ ᠲᠠᠰᠤᠷᠠᠯᠲᠠ ᠥᠬᠡᠶ ᠢᠯᠡᠷᠡᠵᠦ᠂ ᠠᠯᠲᠠ ᠮᠥᠩᠭᠥ ᠰᠤᠪᠤᠳ ᠡᠷᠳᠡᠨᠢ ᠵᠢᠨ ᠲᠥᠷᠥᠯ᠂ ᠡᠯᠧᠺᠲᠷᠣᠨ ᠬᠡᠪᠯᠡᠭᠳᠡᠬᠦᠨ ᠪᠠ ᠲᠠᠭᠤ ᠳᠦᠷᠰᠦ ᠰᠢᠩᠭᠡᠭᠡᠯᠲᠡ ᠵᠢᠨ ᠦᠢ᠍ᠯᠡᠳᠬᠦᠨ᠎ᠤ ᠲᠥᠷᠥᠯ᠂ ᠨᠣᠮ ᠰᠣᠨᠢᠨ ᠰᠡᠳᠬᠦᠯ᠎ᠤᠨ ᠲᠥᠷᠥᠯ ᠠᠳᠠᠯᠢ ᠬᠤᠭᠤᠴᠠᠭ᠋ᠠᠨ᠎ᠤ᠎ᠬᠢ᠎ᠠᠴᠠ ᠲᠣᠰ ᠲᠣᠰ 23.9%᠂ 37.9% ᠪᠠ 7.3%᠎ᠪᠠᠷ ᠨᠡᠮᠡᠭᠳᠡᠪᠡ᠃
ᠭᠤᠷᠪᠠ᠂ ᠢᠳᠡᠭᠡᠨ ᠤᠮᠳᠠᠭ᠋ᠠᠨ ᠵᠡᠷᠭᠡ ᠬᠦᠷᠦᠯᠴᠡᠬᠦ ᠬᠡᠯᠪᠡᠷᠢ ᠵᠢᠨ ᠬᠡᠷᠡᠭᠯᠡᠭᠡ ᠦᠷᠭᠦᠯᠵᠢᠯᠡᠨ ᠰᠠᠶ᠋ᠢᠵᠢᠷᠠᠵᠤ᠂ ᠰᠦᠯᠵᠢᠶᠡᠨ᠎ᠤ ᠬᠡᠷᠡᠭᠯᠡᠭᠡ ᠵᠢᠨ ᠡᠵᠡᠯᠡᠬᠦ ᠬᠠᠷᠢᠴᠠᠯ ᠲᠣᠭᠲᠠᠭᠤᠨ ᠵᠶ᠋ᠠᠷ ᠳᠡᠭᠡᠭᠰᠢᠯᠡᠪᠡ᠃ ᠡᠨᠡ ᠵᠢᠯ᠎ᠠᠴᠠ ᠨᠠᠰᠢ᠂ ᠰᠦᠯᠵᠢᠶᠡᠨ ᠭᠠᠳᠠᠨᠠᠬᠢ ᠬᠡᠷᠡᠭᠯᠡᠭᠡ ᠲᠠᠰᠤᠷᠠᠯᠲᠠ ᠥᠬᠡᠶ ᠥᠷᠭᠡᠵᠢᠵᠦ᠂ ᠣᠯᠠᠨ ᠶᠠᠩᠵᠤ ᠵᠢᠨ᠂ ᠥᠪᠡᠷᠮᠢᠴᠡ ᠣᠨᠴᠠᠯᠢᠭ᠎ᠲᠠᠢ ᠢᠳᠡᠭᠡᠨ ᠤᠮᠳᠠᠭ᠋ᠠᠨ᠎ᠤ ᠬᠡᠷᠡᠭᠯᠡᠭᠡᠨ᠎ᠤ ᠬᠠᠩᠭ᠋ᠠᠯᠭ᠎ᠠ ᠲᠠᠰᠤᠷᠠᠯᠲᠠ ᠥᠬᠡᠶ ᠡᠯᠪᠡᠭᠵᠢᠭᠰᠡᠨ ᠠᠬᠤᠶ ᠪᠠᠶ᠋ᠢᠳᠠᠯ ᠳᠤᠤᠷ᠎ᠠ᠂ ᠰᠠᠭᠤᠭ᠋ᠠᠯᠢ ᠠᠷᠠᠳ᠎ᠤᠨ ᠢᠳᠡᠭᠡᠨ ᠤᠮᠳᠠᠭ᠋ᠠᠨ᠎ᠤ ᠬᠡᠷᠡᠭᠯᠡᠭᠡᠨ᠎ᠤ ᠬᠡᠷᠡᠭᠴᠡᠭᠡ ᠦᠷᠭᠦᠯᠵᠢᠯᠡᠨ ᠥᠷᠭᠡᠵᠢᠪᠡ᠃ ᠳᠡᠭᠡᠷ᠎ᠡ ᠬᠠᠭ᠋ᠠᠰ ᠵᠢᠯ᠎ᠳᠤ᠂ ᠪᠥᠬᠥ ᠣᠷᠣᠨ᠎ᠤ ᠢᠳᠡᠭᠡᠨ ᠤᠮᠳᠠᠭ᠋ᠠᠨ᠎ᠤ ᠣᠷᠣᠯᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 20.9%᠎ᠪᠠᠷ ᠨᠡᠮᠡᠭᠳᠡᠵᠦ᠂ ᠨᠡᠮᠡᠭᠳᠡᠯ᠎ᠤᠨ ᠬᠤᠷᠳᠤᠴᠠ᠎ᠨᠢ ᠨᠢᠭᠡᠳᠦᠭᠡᠷ ᠤᠯᠠᠷᠢᠯ᠎ᠤᠨ᠎ᠬᠢ᠎ᠠᠴᠠ 4.6 ᠵᠠᠭᠤᠨ᠎ᠤ ᠬᠤᠪᠢ ᠵᠢᠨ ᠴᠡᠭ ᠳᠡᠭᠡᠭᠰᠢᠯᠡᠪᠡ᠃ ᠬᠡᠷᠡᠭᠯᠡᠭᠡᠨ᠎ᠤ ᠰᠢᠨ᠎ᠡ ᠡᠵᠡᠩᠨᠡᠯᠲᠡ ᠵᠢᠨ ᠬᠡᠯᠪᠡᠷᠢ ᠪᠠᠶ᠋ᠢᠳᠠᠯ ᠥᠷᠨᠢᠨ ᠬᠥᠭᠵᠢᠵᠦ᠂ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠨᠢᠭᠡᠴᠢ ᠰᠦᠯᠵᠢᠶ᠎ᠡ᠎ᠪᠠᠷ ᠵᠢᠵᠢᠭᠯᠡᠨ ᠬᠤᠳᠠᠯᠳᠤᠭᠰᠠᠨ ᠲᠣᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 102.0%᠎ᠪᠠᠷ ᠨᠡᠮᠡᠭᠳᠡᠵᠦ᠂ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠲᠣᠭ᠎ᠠ᠎ᠳᠤ ᠡᠵᠡᠯᠡᠬᠦ ᠬᠤᠪᠢ ᠵᠢᠨ ᠵᠢᠩ᠎ᠨᠢ 6.6% ᠪᠣᠯᠵᠣ᠂ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 3.8 ᠵᠠᠭᠤᠨ᠎ᠤ ᠬᠤᠪᠢ ᠵᠢᠨ ᠴᠡᠭ ᠳᠡᠭᠡᠭᠰᠢᠯᠡᠪᠡ᠃
ᠳᠤᠤᠷ᠎ᠠ ᠬᠠᠭ᠋ᠠᠰ ᠵᠢᠯ᠎ᠤᠨ ᠬᠡᠷᠡᠭᠯᠡᠭᠡ ᠵᠢᠨ ᠵᠠᠬ᠎ᠠ ᠳᠡᠯᠭᠡᠭᠦᠷ᠎ᠤᠨ ᠬᠠᠨᠳᠤᠰᠢ ᠵᠢᠨ ᠲᠤᠬᠠᠶ᠂ ᠮᠢᠨᠦ ᠦᠵᠡᠬᠦ᠎ᠪᠠᠷ ᠪᠥᠬᠥ ᠣᠷᠣᠨ᠎ᠤ ᠬᠡᠷᠡᠭᠯᠡᠭᠡ ᠵᠢᠨ ᠬᠡᠪᠴᠢᠶ᠎ᠡ ᠦᠷᠭᠦᠯᠵᠢᠯᠡᠨ ᠥᠷᠭᠡᠳᠴᠦ᠂ ᠬᠡᠷᠡᠭᠯᠡᠭᠡ ᠵᠢᠨ ᠪᠦᠲᠦᠴᠡ ᠲᠦᠷᠭᠡᠨ ᠲᠠᠰ ᠳᠡᠪᠰᠢᠵᠦ᠂ ᠬᠡᠷᠡᠭᠯᠡᠭᠡ ᠵᠢᠨ ᠵᠠᠭᠪᠤᠷ ᠲᠠᠰᠤᠷᠠᠯᠲᠠ ᠥᠬᠡᠶ ᠰᠢᠨ᠎ᠡ ᠵᠢ ᠡᠭᠦᠳᠦᠭᠰᠡᠨ ᠨᠥᠬᠥᠴᠡᠯ ᠳᠤᠤᠷ᠎ᠠ᠂ ᠪᠥᠬᠥ ᠣᠷᠣᠨ᠎ᠤ ᠬᠡᠷᠡᠭᠯᠡᠭᠡ ᠲᠣᠭᠲᠠᠭᠤᠨ ᠠᠵᠢᠯᠯᠠᠭ᠋ᠠᠨ᠎ᠤ ᠪᠠᠶ᠋ᠢᠳᠠᠯ ᠵᠶ᠋ᠠᠨ ᠪᠠᠲᠤᠯᠠᠬᠤ ᠪᠣᠯᠤᠨ᠎ᠠ᠃ ᠭᠤᠤᠯᠳᠠᠭᠤ ᠳᠤᠤᠷᠠᠬᠢ ᠮᠡᠲᠦ ᠠᠰᠢᠭᠲᠠᠶ ᠬᠦᠴᠦᠨ ᠵᠦᠢ᠍ᠯ ᠪᠣᠶ᠂ ᠨᠢᠭᠡ᠎ᠳᠤ᠂ ᠮᠠᠯᠵᠢᠬᠤ ᠲᠠᠷᠢᠶᠠᠯᠠᠬᠤ ᠣᠷᠣᠨ᠎ᠤ ᠵᠠᠬ᠎ᠠ ᠳᠡᠯᠭᠡᠭᠦᠷ᠎ᠲᠤ ᠨᠡᠯᠢᠶᠡᠳ ᠶᠡᠬᠡ ᠳᠠᠯᠳᠠ ᠬᠦᠴᠦᠨ ᠬᠠᠳᠠᠭ᠋ᠠᠯᠠᠭᠳᠠᠵᠤ᠂ ᠬᠡᠷᠡᠭᠯᠡᠭᠡ ᠵᠢᠨ ᠨᠡᠮᠡᠭᠳᠡᠯ᠎ᠤᠨ ᠣᠷᠣᠨ ᠵᠠᠶ ᠥᠷᠭᠡᠨ ᠠᠭᠤᠳᠠᠮ ᠪᠠᠶ᠋ᠢᠨ᠎ᠠ᠃ ᠬᠣᠶᠠᠷ᠎ᠲᠤ᠂ ᠬᠡᠷᠡᠭᠯᠡᠭᠡᠨ᠎ᠤ ᠲᠤᠯᠭ᠋ᠠᠭᠤᠷᠢᠯᠠᠬᠤ ᠬᠦᠴᠦᠨ ᠵᠦᠢ᠍ᠯ ᠨᠡᠯᠢᠶᠡᠳ ᠠᠷᠪᠢᠨ ᠪᠠᠶ᠋ᠢᠨ᠎ᠠ᠃ ᠨᠢᠭᠡ ᠲᠠᠯ᠎ᠠ᠎ᠪᠠᠷ᠂ ᠠᠵᠢᠯ ᠣᠯᠭᠣᠯᠲᠠ ᠵᠢᠨ ᠪᠠᠶ᠋ᠢᠳᠠᠯ ᠶᠡᠷᠦᠩᠬᠡᠢ᠎ᠳᠡᠭᠡᠨ ᠰᠠᠶ᠋ᠢᠵᠢᠷᠠᠵᠤ᠂ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠨᠡᠮᠡᠭᠳᠡᠯ᠎ᠳᠤ ᠠᠰᠢᠭᠲᠠᠢ ᠪᠣᠯᠪᠠ; ᠨᠥᠭᠥᠭᠡ ᠲᠠᠯ᠎ᠠ᠎ᠪᠠᠷ᠂ ᠬᠡᠷᠡᠭᠯᠡᠭᠡ ᠵᠢ ᠠᠬᠢᠭᠤᠯᠬᠤ ᠲᠥᠷᠥ ᠵᠢᠨ ᠪᠣᠳᠣᠯᠭ᠎ᠠ ᠵᠢ ᠦᠷᠭᠦᠯᠵᠢᠯᠡᠨ ᠬᠡᠷᠡᠭᠵᠢᠭᠦᠯᠬᠦ᠎ᠨᠢ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠬᠦᠰᠡᠯ ᠡᠷᠡᠮᠡᠯᠵᠡᠯ᠎ᠢ ᠳᠡᠭᠡᠭᠰᠢᠯᠡᠭᠦᠯᠬᠦ᠎ᠳᠤ ᠠᠰᠢᠭᠲᠠᠶ ᠶᠤᠮ᠃ ᠭᠤᠷᠪᠠ᠎ᠳᠤ᠂ ᠬᠡᠷᠡᠭᠯᠡᠭᠡᠨ᠎ᠤ ᠰᠢᠨ᠎ᠡ ᠬᠥᠳᠡᠯᠭᠡᠭᠴᠢ ᠡᠨᠧᠷᠭᠢ ᠨᠡᠯᠢᠶᠡᠳ ᠲᠦᠷᠭᠡᠨ ᠪᠣᠶ᠋ᠢᠵᠢᠵᠤ᠂ ᠬᠡᠷᠡᠭᠯᠡᠭᠡᠨ᠎ᠤ ᠰᠢᠨ᠎ᠡ ᠡᠵᠡᠩᠨᠡᠯᠲᠡ ᠵᠢᠨ ᠬᠡᠯᠪᠡᠷᠢ ᠪᠠᠶ᠋ᠢᠳᠠᠯ ᠰᠢᠨ᠎ᠡ ᠵᠠᠭᠪᠤᠷ ᠲᠠᠰᠤᠷᠠᠯᠳᠠ ᠦᠭᠡᠢ ᠢᠯᠡᠷᠡᠨ ᠭᠠᠷᠴᠤ᠂ ᠰᠣᠶᠣᠯ ᠵᠢᠭᠤᠯᠴᠢᠯᠠᠯ᠎ᠤᠨ ᠬᠡᠷᠡᠭᠯᠡᠭᠡ᠂ ᠰᠦᠯᠵᠢᠶᠡᠨ ᠳᠡᠭᠡᠷᠡᠬᠢ ᠬᠡᠷᠡᠭᠯᠡᠭᠡ ᠵᠡᠷᠭᠡ ᠵᠢᠨ ᠳᠠᠶ᠋ᠢᠴᠢᠯᠠᠬᠤ ᠦᠢ᠍ᠯᠡᠳᠦᠯ ᠦᠷᠭᠦᠯᠵᠢᠯᠡᠨ ᠴᠢᠩᠭ᠋ᠠᠷᠠᠵᠤ᠂ ᠬᠡᠷᠡᠭᠯᠡᠭᠡᠨ᠎ᠤ ᠨᠡᠮᠡᠭᠳᠡᠯ᠎ᠳᠤ ᠰᠢᠨ᠎ᠡ ᠬᠥᠳᠡᠯᠭᠡᠭᠴᠢ ᠬᠦᠴᠦᠨ ᠨᠡᠮᠡᠷᠢᠯᠡᠪᠡ᠃ ᠳᠡᠭᠡᠷ᠎ᠡ ᠳᠤᠷᠠᠳᠤᠭᠰᠠᠨ ᠬᠦᠴᠦᠨ ᠵᠦᠢ᠍ᠯ᠎ᠠᠴᠠ ᠭᠠᠳᠠᠨ᠎ᠠ᠂ ᠪᠢᠳᠡ ᠪᠠᠰᠠ ᠬᠡᠷᠡᠭᠯᠡᠭᠡ ᠵᠢ ᠰᠡᠷᠭᠦᠭᠡᠬᠦ ᠪᠠ ᠥᠷᠭᠡᠳᠬᠡᠬᠦ ᠵᠢ ᠦᠷᠭᠦᠯᠵᠢᠯᠡᠨ ᠲᠡᠷᠢᠭᠦᠨ ᠪᠠᠶ᠋ᠢᠷᠢᠨ᠎ᠳᠤ ᠲᠠᠯᠪᠢᠵᠤ᠂ ᠬᠡᠷᠡᠭᠯᠡᠭᠡ ᠵᠢ ᠠᠬᠢᠭᠤᠯᠬᠤ ᠡᠯ᠎ᠡ ᠵᠦᠢ᠍ᠯ᠎ᠤᠨ ᠲᠦᠷᠦ ᠵᠢᠨ ᠪᠤᠳᠤᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠤᠯᠠᠮᠵᠢᠯᠠᠯᠲᠤ ᠬᠡᠷᠡᠭᠯᠡᠭᠡ ᠵᠢ ᠦᠷᠭᠦᠯᠵᠢᠯᠡᠨ ᠳᠡᠭᠡᠭᠰᠢᠯᠡᠭᠦᠯᠵᠦ᠂ ᠰᠢᠨ᠎ᠡ ᠮᠠᠶᠢᠭ᠎ᠤᠨ ᠬᠡᠷᠡᠭᠯᠡᠭᠡ ᠵᠢ ᠲᠦᠷᠭᠡᠯᠡᠨ ᠪᠣᠶ᠋ᠢᠵᠢᠭᠤᠯᠵᠤ᠂ ᠬᠡᠷᠡᠭᠯᠡᠭᠡᠨ᠎ᠤ ᠵᠠᠬ᠎ᠠ ᠳᠡᠯᠭᠡᠭᠦᠷ᠎ᠤᠨ ᠲᠠᠰᠤᠷᠠᠯᠳᠠ ᠦᠭᠡᠢ ᠰᠠᠶ᠋ᠢᠵᠢᠷᠠᠬᠤ ᠵᠢ ᠠᠬᠢᠭᠤᠯᠬᠤ ᠬᠡᠷᠡᠭᠲᠡᠢ᠃
ᠪᠠᠶᠠᠷᠯᠠᠯ᠎ᠠ᠃
ᠥᠪᠥᠷ ᠮᠣᠩᠭᠣᠯ᠎ᠤᠨ ᠥᠷᠯᠥᠭᠡ ᠵᠢᠨ ᠰᠣᠨᠢᠨ᠎ᠤ ᠰᠤᠷᠪᠤᠯᠵᠢᠯᠠᠭᠴᠢ᠄ ᠡᠨᠡ ᠵᠢᠯ᠎ᠠᠴᠠ ᠨᠠᠰᠢ᠂ ᠮᠠᠨ᠎ᠤ ᠣᠷᠣᠨ᠎ᠤ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ ᠢᠮᠠᠭᠲᠠ ᠥᠨᠳᠥᠷ ᠪᠠᠶ᠋ᠢᠷᠢ ᠵᠢᠨ ᠠᠵᠢᠯᠯᠠᠭ᠋ᠠᠨ᠎ᠤ ᠪᠠᠶ᠋ᠢᠳᠠᠯ ᠵᠶ᠋ᠠᠨ ᠪᠠᠲᠤᠯᠠᠭᠰᠠᠭ᠋ᠠᠷ ᠢᠷᠡᠵᠡᠶ᠂ ᠲᠠᠨ᠎ᠤ ᠰᠠᠶᠢ ᠵᠢᠨ ᠨᠡᠶ᠋ᠢᠲᠡᠯᠡᠭᠰᠡᠨ ᠪᠠᠶ᠋ᠢᠳᠠᠯ᠎ᠠᠴᠠ ᠭᠠᠳᠠᠨ᠎ᠠ᠂ ᠪᠠᠯᠠ ᠣᠷᠣᠭᠤᠯᠤᠯᠲᠠ ᠵᠢᠨ ᠠᠵᠢᠯᠯᠠᠭ᠋ᠠᠨ᠎ᠨᠢ ᠪᠠᠰᠠ ᠶᠠᠮᠠᠷ ᠶᠠᠮᠠᠷ ᠪᠣᠳᠠᠲᠠᠶ ᠣᠨᠴᠠᠯᠢᠭ᠎ᠲᠠᠢ ᠪᠣᠶ?

ᠸᠠᠩ ᠴᠤᠸᠠᠨ ᠵᠢᠩ᠄ ᠡᠨᠡ ᠵᠢᠯ᠎ᠠᠴᠠ ᠨᠠᠭ᠋ᠠᠰᠢ᠂ ᠪᠥᠬᠥ ᠣᠷᠣᠨ ᠳᠠᠶᠠᠭ᠋ᠠᠷ ᠪᠠᠯᠠ ᠣᠷᠣᠭᠤᠯᠤᠯᠲᠠ ᠵᠢᠨ ᠵᠠᠩᠭᠢᠯᠠᠭ᠎ᠠ ᠵᠢᠨ ᠴᠢᠨᠠᠷᠲᠠᠶ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠡᠯ᠎ᠡ ᠵᠦᠢ᠍ᠯ᠎ᠤᠨ 《ᠪᠠᠯᠠ ᠣᠷᠣᠭᠤᠯᠤᠯᠲᠠ ᠵᠢ ᠲᠣᠭᠲᠠᠪᠤᠷᠢᠵᠢᠭᠤᠯᠬᠤ》 ᠲᠥᠷᠥ ᠵᠢᠨ ᠪᠣᠳᠣᠯᠭ᠎ᠠ ᠡᠮᠦᠨ᠎ᠡ᠎ᠨᠢ ᠬᠦᠴᠦᠯᠡᠵᠦ᠂ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢᠨ ᠠᠬᠢᠴᠠ ᠤᠷᠤᠭᠰᠢᠲᠠᠶ ᠪᠠᠶ᠋ᠢᠵᠤ᠂ ᠪᠦᠲᠦᠮᠵᠢᠲᠡᠶ ᠪᠠᠯᠠ ᠣᠷᠣᠭᠤᠯᠤᠯᠲᠠ ᠵᠢᠨ ᠬᠡᠪᠴᠢᠶ᠎ᠡ ᠵᠢ ᠥᠷᠭᠡᠳᠬᠡᠵᠦ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠪᠡ᠃ ᠳᠡᠭᠡᠷ᠎ᠡ ᠬᠠᠭ᠋ᠠᠰ ᠵᠢᠯ᠎ᠳᠤ᠂ ᠪᠥᠬᠥ ᠣᠷᠣᠨ᠎ᠤ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ (ᠲᠠᠷᠢᠶᠠᠴᠢᠨ ᠡᠷᠦᠬᠡ ᠵᠢ ᠪᠠᠭᠲᠠᠭ᠋ᠠᠬᠤ ᠥᠬᠡᠶ) ᠠᠳᠠᠯᠢ ᠬᠤᠭᠤᠴᠠᠭ᠋ᠠᠨ᠎ᠤ᠎ᠬᠢ᠎ᠠᠴᠠ 34.5%᠎ᠪᠠᠷ ᠨᠡᠮᠡᠭᠳᠡᠵᠦ᠂ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 0.6 ᠵᠠᠭᠤᠨ᠎ᠤ ᠬᠤᠪᠢ ᠵᠢᠨ ᠴᠡᠭ ᠥᠨᠳᠥᠷ ᠪᠣᠯᠪᠠ᠃ ᠰᠠᠭᠤᠷᠢ ᠲᠣᠭ᠎ᠠ ᠨᠡᠯᠢᠶᠡᠳ ᠶᠡᠬᠡ ᠪᠠᠶ᠋ᠢᠳᠠᠯ ᠳᠤᠤᠷ᠎ᠠ᠂ ᠨᠡᠯᠢᠶᠡᠳ ᠲᠦᠷᠭᠡᠨ ᠨᠡᠮᠡᠭᠳᠡᠯ᠎ᠢ ᠪᠠᠲᠤᠯᠠᠬᠤ᠎ᠨᠢ ᠪᠥᠬᠥ ᠣᠷᠣᠨ᠎ᠤ ᠳᠡᠭᠡᠳᠦ ᠳᠤᠤᠷᠠᠳᠤ ᠱᠠᠲᠤ᠎ᠪᠠᠷ ᠵᠶ᠋ᠠᠨ ᠲᠥᠷᠥᠯ ᠵᠦᠢ᠍ᠯ᠎ᠢ ᠰᠡᠳᠬᠢᠯ ᠨᠢᠭᠡᠳᠦᠨ ᠠᠳᠬᠤᠵᠤ᠂ ᠲᠥᠷᠥᠯ ᠵᠦᠢ᠍ᠯ᠎ᠢ ᠨᠡᠬᠡᠨ ᠭᠦᠢ᠍ᠴᠡᠵᠦ᠂ ᠲᠥᠷᠥᠯ ᠵᠦᠢ᠍ᠯ᠎ᠢ ᠱᠠᠯᠠᠪᠳᠠᠨ ᠬᠢᠬᠦ ᠥᠳᠬᠡᠨ ᠵᠤᠵᠠᠭ᠋ᠠᠨ ᠠᠭᠤᠷ ᠠᠮᠢᠰᠬᠤᠯ᠎ᠢ ᠭᠦᠢ᠍ᠴᠡᠳ ᠢᠯᠡᠷᠡᠭᠦᠯᠪᠡ᠃ ᠭᠤᠤᠯᠳᠠᠭᠤ ᠳᠤᠤᠷᠠᠬᠢ ᠳᠥᠷᠪᠡᠨ ᠣᠨᠴᠠᠯᠢᠭ ᠢᠯᠡᠷᠡᠪᠡ᠃
ᠨᠢᠭᠡ᠎ᠳᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠢ ᠴᠢᠩᠭ᠋ᠠᠳᠬᠠᠵᠤ᠂ ᠰᠢᠨ᠎ᠡ᠎ᠪᠠᠷ ᠬᠥᠮᠥᠷᠭᠡ᠎ᠳᠤ ᠣᠷᠣᠭᠤᠯᠬᠤ ᠲᠥᠷᠥᠯ ᠵᠦᠢ᠍ᠯ᠎ᠤᠨ ᠲᠣᠭ᠎ᠠ ᠬᠡᠮᠵᠢᠶ᠎ᠡ ᠵᠢ ᠶᠡᠬᠡᠪᠡᠷ ᠨᠡᠮᠡᠭᠳᠡᠭᠦᠯᠪᠡ᠃ ᠳᠡᠭᠡᠷ᠎ᠡ ᠬᠠᠭ᠋ᠠᠰ ᠵᠢᠯ᠎ᠳᠤ᠂ ᠪᠥᠬᠥ ᠣᠷᠣᠨ᠎ᠤ ᠬᠥᠮᠥᠷᠭᠡ᠎ᠳᠤ ᠰᠢᠨ᠎ᠡ᠎ᠪᠠᠷ ᠣᠷᠣᠭᠤᠯᠤᠭᠰᠠᠨ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ ᠵᠢᠨ ᠲᠥᠷᠥᠯ ᠵᠦᠢ᠍ᠯ 2104 ᠪᠠᠶ᠋ᠢᠵᠤ᠂ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 175 ᠨᠡᠮᠡᠭᠳᠡᠪᠡ᠃ ᠡᠭᠦᠨ᠎ᠳᠤ᠂ 5000 ᠲᠦᠮᠡᠨ ᠲᠥᠭᠥᠷᠢᠭ ᠵᠢᠴᠢ ᠲᠡᠭᠦᠨ᠎ᠠᠴᠠ ᠳᠡᠭᠡᠭᠰᠢᠬᠢ ᠰᠢᠨ᠎ᠡ᠎ᠪᠠᠷ ᠬᠥᠮᠥᠷᠭᠡ᠎ᠳᠤ ᠣᠷᠣᠭᠤᠯᠬᠤ ᠪᠠᠯᠠ ᠣᠷᠣᠭᠤᠯᠤᠯᠲᠠ ᠵᠢᠨ ᠲᠥᠷᠥᠯ ᠵᠦᠢ᠍ᠯ 855 ᠪᠠᠶ᠋ᠢᠵᠤ᠂ 170 ᠨᠡᠮᠡᠭᠳᠡᠵᠦ᠂ ᠪᠥᠬᠥ ᠰᠢᠨ᠎ᠡ᠎ᠪᠠᠷ ᠬᠥᠮᠥᠷᠭᠡ᠎ᠳᠤ ᠣᠷᠣᠭᠤᠯᠬᠤ ᠪᠠᠯᠠ ᠣᠷᠣᠭᠤᠯᠤᠯᠲᠠ ᠵᠢᠨ ᠲᠥᠷᠥᠯ ᠵᠦᠢ᠍ᠯ᠎ᠤᠨ 40.6% ᠵᠢ ᠡᠵᠡᠯᠡᠵᠦ᠂ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 5.1 ᠵᠠᠭᠤᠨ᠎ᠤ ᠬᠤᠪᠢ ᠵᠢᠨ ᠴᠡᠭ ᠳᠡᠭᠡᠭᠰᠢᠯᠡᠪᠡ᠃
ᠬᠣᠶᠠᠷ᠎ᠲᠤ᠂ ᠲᠡᠷᠢᠭᠦᠨ᠎ᠤ ᠦᠢ᠍ᠯᠡᠳᠬᠦ ᠦᠢ᠍ᠯᠡᠰ᠎ᠢ ᠪᠣᠶ᠋ᠢᠵᠢᠭᠤᠯᠬᠤ ᠵᠢ ᠴᠢᠩᠭ᠋ᠠᠳᠬᠠᠵᠤ᠂ ᠦᠢ᠍ᠯᠡᠳᠬᠦ ᠦᠢ᠍ᠯᠡᠰ᠎ᠤᠨ ᠪᠡᠯᠡ ᠣᠷᠣᠭᠤᠯᠤᠯᠲᠠ ᠵᠢᠨ ᠲᠤᠯᠭ᠋ᠠᠭᠤᠷᠢᠯᠠᠯ᠎ᠢ ᠬᠦᠴᠦᠲᠡᠢ ᠪᠣᠯᠭ᠋ᠠᠪᠠ᠃ ᠡᠨᠡ ᠵᠢᠯ᠎ᠠᠴᠠ ᠨᠠᠭ᠋ᠠᠰᠢ᠂ ᠮᠠᠨ᠎ᠤ ᠣᠷᠣᠨ ᠦᠢ᠍ᠯᠡᠳᠬᠦ ᠦᠢ᠍ᠯᠡᠰ ᠵᠡᠷᠭᠡ ᠭᠣᠣᠯᠳᠠᠯᠭ᠎ᠠ᠎ᠲᠠᠢ ᠬᠦᠷᠢᠶᠡᠨ᠎ᠤ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠦᠢ᠍ᠯᠡᠳᠬᠦ ᠦᠢ᠍ᠯᠡᠰ᠎ᠢ ᠳᠡᠭᠡᠳᠦ ᠲᠡᠰᠵᠢᠬᠦᠯᠬᠦ᠂ ᠤᠶᠤᠨᠴᠢᠯᠠᠬᠤ᠂ ᠪᠣᠬᠢᠷᠲᠤᠯ ᠦᠭᠡᠢ ᠬᠥᠭᠵᠢᠭᠦᠯᠬᠦ ᠵᠢ ᠪᠦᠬᠦ ᠬᠦᠴᠦᠨ ᠵᠶ᠋ᠠᠷ
ᠠᠬᠢᠭᠤᠯᠪᠠ᠃ ᠳᠡᠭᠡᠷ᠎ᠡ ᠬᠠᠭ᠋ᠠᠰ ᠵᠢᠯ᠎ᠳᠤ᠂ ᠪᠥᠬᠥ ᠣᠷᠣᠨ᠎ᠤ ᠦᠢ᠍ᠯᠡᠳᠬᠦ ᠦᠢ᠍ᠯᠡᠰ᠎ᠤᠨ ᠪᠠᠯᠠ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 58.1%᠎ᠪᠠᠷ ᠨᠡᠮᠡᠭᠳᠡᠵᠦ᠂ ᠪᠥᠬᠥ ᠪᠠᠯᠠ ᠣᠷᠣᠭᠤᠯᠤᠯᠲᠠ ᠵᠢᠨ ᠨᠡᠮᠡᠭᠳᠡᠯ᠎ᠤᠨ ᠬᠤᠷᠳᠤᠴᠠ᠎ᠠᠴᠠ 23.6 ᠵᠠᠭᠤᠨ᠎ᠤ ᠬᠤᠪᠢ ᠵᠢᠨ ᠴᠡᠭ ᠥᠨᠳᠥᠷ ᠪᠣᠯᠵᠣ᠂ ᠪᠥᠬᠥ ᠪᠠᠯᠠ ᠣᠷᠣᠭᠤᠯᠤᠯᠲᠠ ᠵᠢᠨ ᠨᠡᠮᠡᠭᠳᠡᠯ᠎ᠢ 15.8 ᠵᠠᠭᠤᠨ᠎ᠤ ᠬᠤᠪᠢ ᠵᠢᠨ ᠴᠡᠭ ᠳᠠᠶ᠋ᠢᠴᠢᠯᠠᠪᠠ᠃ ᠠᠵᠢᠯ ᠲᠥᠷᠥᠯ ᠬᠤᠪᠢᠶᠠᠵᠤ ᠦᠵᠡᠪᠡᠯ᠂ ᠴᠠᠬᠢᠯᠭ᠋ᠠᠨ ᠮᠧᠬᠠᠨᠢᠭ ᠪᠠ ᠪᠠᠭ᠋ᠠᠵᠢ ᠬᠡᠷᠡᠭᠰᠡᠯ ᠦᠢ᠍ᠯᠡᠳᠬᠦ ᠦᠢ᠍ᠯᠡᠰ᠎ᠤᠨ ᠪᠠᠯᠠ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 3.1 ᠳᠠᠬᠢᠨ ᠨᠡᠮᠡᠭᠳᠡᠵᠦ᠂ ᠪᠥᠬᠥ ᠣᠷᠣᠨ᠎ᠤ ᠦᠢ᠍ᠯᠡᠳᠬᠦ ᠦᠢ᠍ᠯᠡᠰ᠎ᠤᠨ ᠪᠠᠯᠠ ᠣᠷᠣᠭᠤᠯᠤᠯᠲᠠ ᠵᠢᠨ 19.8 ᠵᠠᠭᠤᠨ᠎ᠤ ᠬᠤᠪᠢ ᠵᠢᠨ ᠴᠡᠭ ᠨᠡᠮᠡᠭᠳᠡᠬᠦ ᠵᠢ ᠳᠠᠶ᠋ᠢᠴᠢᠯᠠᠪᠠ; ᠺᠣᠮᠫᠢᠦ᠋ᠲ᠋ᠧᠷ᠂ ᠴᠢᠮᠡᠭᠡ ᠬᠣᠯᠪᠣᠭ᠎ᠠ ᠪᠣᠯᠤᠨ ᠪᠤᠰᠤᠳ ᠡᠯᠧᠺᠲᠷᠣᠨ ᠲᠥᠬᠥᠭᠡᠷᠦᠮᠵᠢ ᠦᠢ᠍ᠯᠡᠳᠬᠦ ᠦᠢ᠍ᠯᠡᠰ᠎ᠤᠨ ᠪᠠᠯᠠ ᠣᠷᠣᠭᠤᠯᠤᠯᠲᠠ ᠵᠢ 1.0 ᠳᠠᠬᠢᠨ ᠵᠶ᠋ᠠᠷ ᠨᠡᠮᠡᠭᠳᠡᠭᠦᠯᠵᠦ᠂ ᠦᠢ᠍ᠯᠡᠳᠬᠦ ᠦᠢ᠍ᠯᠡᠰ᠎ᠤᠨ ᠪᠠᠯᠠ ᠣᠷᠣᠭᠤᠯᠤᠯᠲᠠ ᠵᠢ ᠳᠠᠶ᠋ᠢᠴᠢᠯᠠᠨ 15.5 ᠵᠠᠭᠤᠨ᠎ᠤ ᠬᠤᠪᠢ ᠵᠢᠨ ᠴᠡᠭ ᠨᠡᠮᠡᠭᠳᠡᠭᠦᠯᠦᠨ᠎ᠡ; ᠬᠢᠮᠢ ᠵᠢᠨ ᠲᠦᠭᠦᠬᠡᠶ ᠮᠠᠲ᠋ᠧᠷᠢᠶᠠᠯ ᠪᠠ ᠬᠢᠮᠢ ᠵᠢᠨ ᠪᠦᠲᠦᠭᠡᠭᠳᠡᠬᠦᠨ ᠦᠢ᠍ᠯᠡᠳᠬᠦ ᠦᠢ᠍ᠯᠡᠰ᠎ᠤᠨ ᠪᠠᠯᠠ ᠣᠷᠣᠭᠤᠯᠤᠯᠲᠠ 96.4%᠎ᠪᠠᠷ ᠨᠡᠮᠡᠭᠳᠡᠵᠦ᠂ ᠦᠢ᠍ᠯᠡᠳᠬᠦ ᠦᠢ᠍ᠯᠡᠰ᠎ᠤᠨ ᠪᠠᠯᠠ ᠣᠷᠣᠭᠤᠯᠤᠯᠲᠠ 13.3 ᠵᠠᠭᠤᠨ᠎ᠤ ᠬᠤᠪᠢ ᠵᠢᠨ ᠴᠡᠭ ᠨᠡᠮᠡᠭᠳᠡᠪᠡ᠃
ᠭᠤᠷᠪᠠ᠎ᠳᠤ᠂ ᠭᠣᠣᠯᠳᠠᠯᠭ᠎ᠠ᠎ᠲᠠᠢ ᠬᠦᠷᠢᠶ᠎ᠡ᠎ᠪᠠᠷ ᠳᠠᠶ᠋ᠢᠴᠢᠯᠠᠬᠤ ᠵᠢ ᠴᠢᠩᠭ᠋ᠠᠳᠬᠠᠵᠤ᠂ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠪᠠᠶ᠋ᠢᠷᠢᠯᠠᠭᠤᠯᠤᠯᠲᠠ ᠲᠦᠷᠭᠡᠳᠪᠡ᠃ ᠪᠥᠬᠥ ᠣᠷᠣᠨ ᠳᠠᠶᠠᠭ᠋ᠠᠷ ᠣᠲᠣ ᠦᠶ᠎ᠡ ᠵᠢᠨ ᠡᠨᠧᠷᠭᠢ ᠵᠢᠨ ᠠᠵᠤ ᠠᠬᠤᠶ ᠵᠢ ᠰᠠᠶ᠋ᠢᠲᠤᠷ ᠬᠢᠬᠦ ᠡᠨᠡ ᠬᠦ᠌ ᠠᠵᠢᠯ᠎ᠤᠨ ᠲᠣᠭᠣᠷᠢᠨ᠎ᠳᠤ᠂ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠲᠥᠷᠥᠯ ᠵᠦᠢ᠍ᠯ᠎ᠤᠨ ᠪᠠᠶ᠋ᠢᠭᠤᠯᠤᠯᠲᠠ ᠵᠢ ᠴᠢᠩᠭ᠎ᠠ ᠠᠳᠬᠤᠵᠤ᠂ ᠠᠵᠤ ᠦᠢ᠍ᠯᠡᠰ᠎ᠤᠨ ᠬᠡᠯᠬᠢᠶ᠎ᠡ ᠵᠢᠨ ᠳᠡᠭᠡᠳᠦ ᠳᠤᠤᠷᠠᠳᠤ ᠤᠷᠤᠰᠬᠠᠯ᠎ᠤᠨ ᠪᠠᠶ᠋ᠢᠷᠢᠰᠢᠭᠤᠯᠤᠯᠲᠠ ᠵᠢ ᠲᠦᠷᠭᠡᠳᠬᠡᠵᠦ᠂ ᠬᠡᠯᠬᠢᠶ᠎ᠡ ᠵᠢ ᠬᠦᠴᠦᠷᠬᠡᠭᠵᠢᠭᠦᠯᠦᠨ ᠬᠡᠯᠬᠢᠶ᠎ᠡ ᠵᠢ ᠤᠷᠲᠤᠳᠬᠠᠵᠤ ᠬᠡᠯᠬᠢᠶ᠎ᠡ ᠵᠢ ᠨᠥᠬᠥᠪᠥᠷᠢᠯᠡᠬᠦ ᠨᠢᠭᠡ ᠪᠦᠯᠦᠭ ᠭᠤᠤᠯᠳᠠᠯᠭ᠎ᠠ᠎ᠲᠠᠢ ᠲᠥᠷᠥᠯ ᠵᠦᠢ᠍ᠯ᠎ᠢ ᠵᠠᠯᠭ᠋ᠠᠭ᠎ᠠ᠎ᠪᠠᠷ ᠪᠠᠷᠢᠯᠭ᠎ᠠ ᠡᠬᠢᠯᠡᠭᠦᠯᠦᠨ ᠪᠠᠶ᠋ᠢᠭᠤᠯᠵᠤ᠂ ᠪᠥᠬᠥ ᠣᠷᠣᠨ᠎ᠤ ᠪᠠᠯᠠ ᠣᠷᠣᠭᠤᠯᠤᠯᠲᠠ ᠵᠢᠨ ᠨᠡᠯᠢᠶᠡᠳ ᠲᠦᠷᠭᠡᠨ ᠨᠡᠮᠡᠭᠳᠡᠬᠦ᠎ᠳᠤ ᠬᠦᠴᠦᠲᠡᠶ ᠲᠤᠯᠭ᠋ᠠᠭᠤᠷᠢᠯᠠᠯ ᠬᠠᠩᠭ᠋ᠠᠪᠠ᠃ ᠳᠡᠭᠡᠷ᠎ᠡ ᠬᠠᠭ᠋ᠠᠰ ᠵᠢᠯ᠎ᠳᠤ᠂ ᠪᠥᠬᠥ ᠣᠷᠣᠨ᠎ᠤ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠪᠠᠯᠠ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 1.1 ᠳᠠᠬᠢᠨ ᠨᠡᠮᠡᠭᠳᠡᠵᠦ᠂ ᠪᠥᠬᠥ ᠪᠠᠯᠠ ᠣᠷᠣᠭᠤᠯᠤᠯᠲᠠ ᠵᠢᠨ ᠨᠡᠮᠡᠭᠳᠡᠯ᠎ᠤᠨ ᠬᠤᠷᠳᠤᠴᠠ᠎ᠠᠴᠠ 79.5 ᠵᠠᠭᠤᠨ᠎ᠤ ᠬᠤᠪᠢ ᠵᠢᠨ ᠴᠡᠭ ᠥᠨᠳᠥᠷ ᠪᠣᠯᠵᠣ᠂ ᠪᠥᠬᠥ ᠪᠠᠯᠠ ᠣᠷᠣᠭᠤᠯᠤᠯᠲᠠ᠎ᠳᠤ ᠦᠵᠡᠭᠦᠯᠦᠭᠰᠡᠨ ᠬᠤᠪᠢ ᠨᠡᠮᠡᠷᠢ ᠵᠢᠨ ᠨᠣᠷᠮ᠎ᠠ᠎ᠨᠢ 71.9%᠎ᠳᠤ ᠬᠦᠷᠴᠡᠶ᠃ ᠰᠠᠯᠬᠢᠨ ᠬᠦᠴᠦᠨ᠎ᠤ ᠴᠠᠬᠢᠯᠭ᠋ᠠᠨ ᠭᠠᠷᠭ᠋ᠠᠬᠤ ᠲᠥᠷᠥᠯ ᠵᠦᠢ᠍ᠯ᠎ᠤᠨ ᠪᠠᠶ᠋ᠢᠭᠤᠯᠤᠯᠲᠠ ᠵᠢᠨ ᠠᠬᠢᠴᠠ ᠲᠦᠷᠭᠡᠳᠴᠦ᠂ ᠪᠥᠬᠥ ᠣᠷᠣᠨ᠎ᠤ ᠰᠠᠯᠬᠢᠨ ᠬᠦᠴᠦᠨ᠎ᠤ ᠴᠠᠬᠢᠯᠭ᠋ᠠᠨ ᠭᠠᠷᠭ᠋ᠠᠬᠤ ᠪᠠᠯᠠ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 60.1% ᠨᠡᠮᠡᠭᠳᠡᠵᠦ᠂ ᠨᠡᠷᠡᠨ ᠡᠨᠧᠷᠭᠢ ᠵᠢᠨ ᠴᠠᠬᠢᠯᠭ᠋ᠠᠨ ᠭᠠᠷᠭ᠋ᠠᠬᠤ ᠪᠠᠯᠠ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 3.6 ᠳᠠᠬᠢᠨ ᠨᠡᠮᠡᠭᠳᠡᠪᠡ᠃
ᠳᠥᠷᠪᠡ᠎ᠳᠤ᠂ ᠪᠠᠯᠠ ᠮᠥᠩᠭᠥ ᠵᠢᠨ ᠪᠠᠲᠤᠯᠠᠭ᠎ᠠ ᠵᠢ ᠴᠢᠩᠭ᠋ᠠᠳᠬᠠᠵᠤ᠂ ᠪᠠᠯᠠ ᠮᠥᠩᠭᠥ ᠵᠢ ᠭᠦᠢ᠍ᠴᠡᠳ ᠨᠠᠢ᠌ᠳᠠᠪᠤᠷᠢᠵᠢᠭᠤᠯᠪᠠ᠃ ᠳᠡᠭᠡᠷ᠎ᠡ ᠬᠠᠭ᠋ᠠᠰ ᠵᠢᠯ᠎ᠳᠤ᠂ ᠪᠥᠬᠥ ᠣᠷᠣᠨ᠎ᠤ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ ᠵᠢᠨ ᠲᠥᠷᠥᠯ ᠵᠦᠢ᠍ᠯ᠎ᠢ ᠨᠠᠶ᠋ᠢᠳᠠᠪᠤᠷᠢᠵᠢᠭᠤᠯᠤᠭᠰᠠᠨ ᠪᠠᠯᠠ ᠮᠥᠩᠭᠥ ᠠᠳᠠᠯᠢ ᠬᠤᠭᠤᠴᠠᠭ᠋ᠠᠨ᠎ᠤ᠎ᠬᠢ᠎ᠠᠴᠠ 35.0%᠎ᠪᠠᠷ ᠨᠡᠮᠡᠭᠳᠡᠵᠦ᠂ ᠪᠥᠬᠥ ᠪᠠᠯᠠ ᠣᠷᠣᠭᠤᠯᠤᠯᠲᠠ ᠵᠢᠨ ᠨᠡᠮᠡᠭᠳᠡᠯ᠎ᠤᠨ ᠬᠤᠷᠳᠤᠴᠠ᠎ᠠᠴᠠ 0.5 ᠵᠠᠭᠤᠨ᠎ᠤ ᠬᠤᠪᠢ ᠵᠢᠨ ᠴᠡᠭ ᠥᠨᠳᠥᠷ ᠪᠣᠯᠪᠠ᠃ ᠡᠭᠦᠨ᠎ᠳᠤ ᠤᠯᠤᠰ᠎ᠤᠨ ᠲᠥᠰᠦᠪ᠎ᠤᠨ ᠪᠡᠯᠡ ᠮᠥᠩᠭᠥ ᠵᠢ 35.5%᠎ᠪᠠᠷ ᠨᠡᠮᠡᠭᠳᠡᠭᠦᠯᠵᠦ᠂ ᠥᠪᠡᠰᠦᠪᠡᠨ ᠴᠤᠭᠯᠠᠭᠤᠯᠤᠭᠰᠠᠨ ᠪᠡᠯᠡ ᠮᠥᠩᠭᠥ ᠵᠢ 28.7%᠎ᠪᠠᠷ ᠨᠡᠮᠡᠭᠳᠡᠭᠦᠯᠵᠦ᠂ ᠤᠯᠤᠰ᠎ᠤᠨ ᠳᠣᠲᠣᠭ᠋ᠠᠳᠤ ᠵᠢᠨ ᠵᠢᠭᠡᠯᠡᠯᠭᠡ ᠵᠢ 1.1 ᠲᠠᠬᠢᠨ ᠨᠡᠮᠡᠭᠳᠡᠭᠦᠯᠦᠨ᠎ᠡ᠃
ᠶᠡᠷᠦᠩᠬᠡᠶ᠋ᠢᠯᠡᠪᠡᠯ᠂ ᠳᠡᠭᠡᠷ᠎ᠡ ᠬᠠᠭ᠋ᠠᠰ ᠵᠢᠯ᠎ᠳᠤ ᠮᠠᠨ᠎ᠤ ᠣᠷᠣᠨ᠎ᠤ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ ᠡᠷᠴᠢᠮᠲᠡᠶ ᠨᠡᠮᠡᠭᠳᠡᠵᠦ᠂ ᠦᠢ᠍ᠯᠡᠳᠬᠦ ᠦᠢ᠍ᠯᠡᠰ᠂ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠳᠠᠶ᠋ᠢᠴᠢᠯᠠᠬᠤ ᠦᠢ᠍ᠯᠡᠳᠦᠯ ᠢᠯᠡᠳᠲᠡ ᠪᠣᠯᠪᠠ᠃ ᠲᠠᠷᠠᠭ᠋ᠠᠴᠢ ᠵᠢᠨ ᠠᠯᠬᠤᠮ᠎ᠳᠤ᠂ ᠰᠢᠨ᠎ᠡ ᠬᠡᠯᠪᠡᠷᠢ ᠵᠢᠨ ᠡᠨᠧᠷᠭᠢ ᠵᠢᠨ ᠰᠢᠰᠲ᠋ᠧᠮ᠎ᠤᠨ ᠪᠠᠶ᠋ᠢᠭᠤᠯᠤᠯᠲᠠ ᠵᠢᠨ ᠠᠵᠠ ᠲᠣᠬᠢᠶᠠᠯ᠎ᠢ ᠴᠢᠩᠭ᠎ᠠ ᠠᠳᠬᠤᠬᠤ ᠵᠢᠨ ᠬᠠᠮᠲᠤ ᠦᠨᠡᠨ ᠬᠦ᠌ ᠰᠠᠶ᠋ᠢᠲᠤᠷ ᠠᠰᠢᠭᠯᠠᠵᠤ᠂ ᠳᠠᠪᠠᠭᠤᠯᠢᠭ ᠤᠨᠴᠠᠯᠢᠬᠳᠤ ᠠᠵᠤ ᠦᠢ᠍ᠯᠡᠰ᠎ᠢ ᠢᠳᠡᠪᠬᠢᠲᠡᠶ ᠬᠥᠭᠵᠢᠭᠦᠯᠵᠦ᠂ ᠠᠵᠤ ᠦᠢ᠍ᠯᠡᠰ᠎ᠤᠨ ᠪᠦᠲᠦᠴᠡ ᠵᠢ ᠦᠷᠭᠦᠯᠵᠢᠯᠡᠨ ᠰᠢᠯᠢᠳᠡᠭᠵᠢᠭᠦᠯᠵᠦ᠂ ᠴᠢᠨᠠᠷ ᠰᠠᠶ᠋ᠢᠲᠠᠶ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ᠎ᠪᠠᠷ ᠠᠵᠤ ᠠᠬᠤᠶ ᠵᠢᠨ ᠴᠢᠨᠠᠷ ᠰᠠᠶ᠋ᠢᠲᠠᠶ ᠬᠥᠭᠵᠢᠯᠲᠡ ᠵᠢ ᠬᠥᠲᠥᠯᠥᠨ ᠳᠠᠭ᠋ᠠᠭᠤᠯᠵᠤ᠂ 《ᠲᠠᠪᠤᠨ ᠶᠡᠬᠡ ᠡᠭᠦᠷᠭᠡ》 ᠵᠢ ᠪᠥᠬᠥ ᠬᠦᠴᠦᠨ ᠵᠶ᠋ᠠᠷ ᠵᠶ᠋ᠠᠨ ᠠᠬᠢᠭᠤᠯᠵᠤ ᠦᠷ᠎ᠡ ᠪᠦᠲᠦᠮᠵᠢ ᠭᠠᠷᠭ᠋ᠠᠪᠠ᠃
ᠪᠠᠶᠠᠷᠯᠠᠯ᠎ᠠ᠃
ᠬᠥᠬᠡᠬᠣᠲᠠ ᠵᠢᠨ ᠷᠠᠳᠢᠣ᠋ ᠲᠧᠯᠸᠢᠰ ᠬᠣᠷᠢᠶᠠᠨ᠎ᠤ ᠰᠤᠷᠪᠤᠯᠵᠢᠯᠠᠭᠴᠢ᠄ ᠥᠭᠦᠯᠡᠭᠴᠢ ᠲᠠ ᠰᠠᠶ᠋ᠢᠨ ᠦᠦ᠂ ᠪᠢᠳᠡ ᠡᠨᠡ ᠵᠢᠯ᠎ᠤᠨ ᠳᠡᠭᠡᠷ᠎ᠡ ᠬᠠᠭ᠋ᠠᠰ ᠵᠢᠯ᠎ᠳᠤ ᠮᠠᠨ᠎ᠤ ᠣᠷᠣᠨ᠎ᠤ ᠮᠠᠯ ᠠᠵᠤ ᠠᠬᠤᠶ ᠵᠢᠨ ᠬᠥᠭᠵᠢᠯᠲᠡ ᠲᠣᠭᠲᠠᠭᠤᠨ ᠵᠶ᠋ᠠᠷ ᠰᠠᠢ᠌ᠵᠢᠷᠠᠭᠰᠠᠨᠢ ᠠᠩᠬᠠᠷᠴᠤ ᠣᠯᠵᠠᠶ᠂ ᠣᠳᠣᠬᠠᠨ᠎ᠤ ᠮᠠᠯ ᠠᠵᠤ ᠠᠬᠤᠶ ᠵᠢᠨ ᠦᠢ᠍ᠯᠡᠳᠪᠦᠷᠢᠯᠡᠯ᠎ᠳᠤ ᠶᠠᠮᠠᠷ ᠶᠠᠮᠠᠷ ᠣᠨᠴᠠᠯᠢᠭ᠎ᠲᠠᠢ ᠪᠣᠶ? ᠪᠠᠶᠠᠷᠯᠠᠯ᠎ᠠ᠃

ᠸᠠᠩ ᠳ᠋ᠸ ᠪᠢᠨ᠄ ᠲᠠᠨ᠎ᠤ ᠠᠰᠠᠭᠤᠭᠰᠠᠨ᠎ᠳᠤ ᠪᠠᠶᠠᠷᠯᠠᠯ᠎ᠠ᠃ ᠣᠯᠠᠨ᠎ᠤ ᠮᠡᠳᠡᠭᠡᠵᠢ᠎ᠪᠠᠷ᠂ ᠣᠳᠣᠬᠠᠨ᠎ᠳᠤ ᠥᠪᠥᠷ ᠮᠣᠩᠭᠣᠯ ᠶᠠᠭ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ᠎ᠤ ᠪᠠᠶ᠋ᠢᠭᠤᠯᠤᠯᠲᠠ ᠵᠢ ᠪᠥᠬᠥ ᠲᠠᠯ᠎ᠠ᠎ᠪᠠᠷ ᠠᠬᠢᠭᠤᠯᠵᠤ ᠪᠣᠶ᠂ ᠡᠨᠡ ᠵᠢᠯ᠎ᠠᠴᠠ ᠨᠠᠭ᠋ᠠᠰᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠭᠤᠤᠯᠳᠠᠯᠭ᠎ᠠ᠎ᠲᠠᠢ ᠡᠭᠦᠷᠭᠡ ᠵᠢᠨ ᠲᠣᠭᠣᠷᠢᠨ᠎ᠳᠤ ᠦᠷᠭᠦᠯᠵᠢᠯᠡᠨ ᠬᠦᠴᠦᠯᠡᠵᠦ᠂ ᠮᠠᠯ ᠠᠵᠤ ᠠᠬᠤᠶ ᠵᠢᠨ ᠬᠥᠭᠵᠢᠯᠲᠡ ᠲᠣᠭᠲᠠᠭᠤᠨ᠎ᠤ ᠳᠤᠮᠳᠠ ᠲᠦᠷᠭᠡᠨ ᠬᠥᠭᠵᠢᠵᠦ᠂ ᠲᠣᠭᠲᠠᠭᠤᠨ᠎ᠤ ᠳᠤᠮᠳᠠ ᠰᠢᠯᠢᠳᠡᠭ ᠵᠶ᠋ᠠᠷ ᠤᠷᠤᠭᠰᠢᠯᠠᠪᠠ᠃ ᠳᠡᠭᠡᠷ᠎ᠡ ᠬᠠᠭ᠋ᠠᠰ ᠵᠢᠯ᠎ᠳᠤ᠂ ᠪᠥᠬᠥ ᠣᠷᠣᠨ᠎ᠤ ᠮᠢᠬ᠎ᠠ ᠥᠨᠳᠡᠭᠡ ᠰᠥ᠍ ᠵᠢᠨ ᠭᠠᠷᠤᠯᠲᠠ 403 . 4 ᠲᠦᠮᠡᠨ ᠲᠣᠨ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 9.1%᠎ᠪᠠᠷ ᠨᠡᠮᠡᠭᠳᠡᠵᠦ᠂ ᠮᠠᠯ ᠠᠵᠤ ᠠᠬᠤᠶ ᠵᠢᠨ ᠦᠢ᠍ᠯᠡᠳᠪᠦᠷᠢᠯᠡᠯ ᠲᠣᠭᠲᠠᠭᠤᠨ ᠵᠶ᠋ᠠᠷ ᠰᠠᠶ᠋ᠢᠵᠢᠷᠠᠪᠠ᠃
ᠨᠢᠭᠡ᠎ᠳᠤ᠂ ᠦᠬᠡᠷ ᠬᠣᠨᠢᠨ᠎ᠤ ᠦᠢ᠍ᠯᠡᠳᠪᠦᠷᠢᠯᠡᠯ᠎ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ
ᠨᠡᠮᠡᠭᠳᠡᠪᠡ᠃
ᠳᠡᠭᠡᠷ᠎ᠡ ᠬᠠᠭ᠋ᠠᠰ ᠵᠢᠯ᠎ᠳᠤ᠂ ᠪᠥᠬᠥ ᠣᠷᠣᠨ᠎ᠳᠤ 94.5 ᠲᠦᠮᠡᠨ ᠦᠬᠡᠷ ᠬᠤᠳᠠᠯᠳᠤᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 11.1%᠎ᠪᠠᠷ ᠨᠡᠮᠡᠭᠳᠡᠪᠡ; ᠦᠬᠡᠷ᠎ᠤᠨ ᠮᠢᠬᠠᠨ᠎ᠤ ᠭᠠᠷᠤᠯᠲᠠ 16.9 ᠲᠦᠮᠡᠨ ᠲᠣᠨ᠎ᠳᠤ ᠬᠦᠷᠴᠦ᠂ 11.4%᠎ᠪᠠᠷ ᠨᠡᠮᠡᠭᠳᠡᠨ᠂ ᠦᠬᠡᠷ᠎ᠤᠨ ᠮᠢᠬᠠᠨ᠎ᠤ ᠭᠠᠷᠤᠯᠲᠠ ᠵᠢᠨ ᠨᠡᠮᠡᠭᠳᠡᠯ᠎ᠤᠨ ᠬᠤᠷᠳᠤᠴᠠ ᠪᠦᠬᠦ ᠤᠯᠤᠰ᠎ᠤᠨ ᠳᠤᠮᠳᠠᠴᠢ ᠨᠡᠮᠡᠭᠳᠡᠯ᠎ᠤᠨ ᠬᠤᠷᠳᠤᠴᠠ᠎ᠠᠴᠠ 6.9 ᠵᠠᠭᠤᠨ᠎ᠤ ᠬᠤᠪᠢ ᠵᠢᠨ ᠴᠡᠭ ᠥᠨᠳᠥᠷ ᠪᠣᠯᠪᠠ᠃
ᠮᠠᠯ᠎ᠤᠨ ᠭᠠᠷᠭ᠋ᠠᠯᠲᠠ 2438.7 ᠲᠦᠮᠡ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 12.8%᠎ᠪᠠᠷ ᠨᠡᠮᠡᠭᠳᠡᠪᠡ; ᠬᠣᠨᠢᠨ ᠮᠢᠬᠠᠨ᠎ᠤ ᠭᠠᠷᠤᠯᠲᠠ 37.8 ᠲᠦᠮᠡᠨ ᠲᠣᠨ᠎ᠳᠤ ᠬᠦᠷᠴᠦ᠂ 12.9%᠎ᠪᠠᠷ ᠨᠡᠮᠡᠭᠳᠡᠵᠦ᠂ ᠬᠣᠨᠢᠨ ᠮᠢᠬᠠᠨ᠎ᠤ ᠭᠠᠷᠤᠯᠲᠠ ᠵᠢᠨ ᠨᠡᠮᠡᠭᠳᠡᠯ᠎ᠤᠨ ᠬᠤᠷᠳᠤᠴᠠ ᠪᠥᠬᠥ ᠤᠯᠤᠰ᠎ᠤᠨ ᠳᠤᠮᠳᠠᠴᠢ ᠨᠡᠮᠡᠭᠳᠡᠯ᠎ᠤᠨ ᠬᠤᠷᠳᠤᠴᠠ᠎ᠠᠴᠠ 7.8 ᠵᠠᠭᠤᠨ᠎ᠤ ᠬᠤᠪᠢ ᠵᠢᠨ ᠴᠡᠭ ᠥᠨᠳᠥᠷ ᠪᠣᠯᠵᠣ᠂ ᠦᠬᠡᠷ ᠬᠣᠨᠢ ᠲᠡᠵᠢᠭᠡᠨ ᠦᠷᠡᠵᠢᠭᠦᠯᠬᠦ ᠲᠣᠮᠣ ᠣᠷᠣᠨ᠎ᠤ ᠳᠠᠪᠠᠭᠤᠯᠢᠭ ᠨᠠᠩ ᠪᠠᠲᠤᠵᠢᠪᠠ᠃
ᠬᠣᠶᠠᠷ᠎ᠲᠤ᠂ ᠭᠠᠬᠠᠢ ᠲᠡᠵᠢᠭᠡᠬᠦ ᠦᠢ᠍ᠯᠡᠳᠪᠦᠷᠢᠯᠡᠯ᠎ᠤᠨ ᠰᠠᠭᠤᠷᠢ ᠪᠠᠲᠤᠵᠢᠪᠠ᠃
ᠲᠡᠵᠢᠭᠡᠵᠦ ᠪᠠᠶ᠋ᠢᠭ᠎ᠠ ᠲᠣᠭ᠎ᠠ ᠬᠡᠮᠵᠢᠶ᠎ᠡ᠎ᠠᠴᠠ ᠦᠵᠡᠪᠡᠯ᠂ ᠬᠣᠶᠠᠳᠤᠭ᠋ᠠᠷ ᠤᠯᠠᠷᠢᠯ᠎ᠤᠨ ᠡᠴᠦᠰ᠎ᠲᠤ᠂ ᠪᠥᠬᠥ ᠣᠷᠣᠨ᠎ᠤ ᠠᠮᠢᠳᠤ ᠭᠠᠬᠠᠶ ᠵᠢᠨ ᠲᠣᠭ᠎ᠠ 631.9 ᠲᠦᠮᠡ ᠬᠦᠷᠴᠦ᠂ 5.6%᠎ᠪᠠᠷ ᠨᠡᠮᠡᠭᠳᠡᠵᠡᠶ᠂ ᠡᠨᠡ᠎ᠨᠢ ᠠᠮᠢᠳᠤ ᠭᠠᠬᠠᠶ ᠵᠢᠨ ᠲᠣᠭ᠎ᠠ ᠲᠣᠭᠲᠠᠭᠤᠨ ᠵᠶ᠋ᠠᠷ ᠥᠷᠭᠡᠳᠴᠦ᠂ ᠦᠢ᠍ᠯᠡᠳᠪᠦᠷᠢᠯᠡᠬᠦ ᠴᠢᠳᠠᠪᠤᠷᠢ ᠵᠦᠶ ᠵᠣᠬᠢᠰᠲᠠᠶ ᠪᠥᠭᠡᠳ ᠭᠦᠢ᠍ᠴᠡᠳ ᠪᠠᠶ᠋ᠢᠬᠤ ᠵᠢ ᠬᠠᠷᠠᠭᠤᠯᠵᠤ ᠪᠠᠶ᠋ᠢᠨ᠎ᠠ᠃ ᠭᠠᠬᠠᠶ ᠵᠢᠨ ᠮᠢᠬᠠᠨ᠎ᠤ ᠭᠠᠷᠤᠯᠲᠠ᠎ᠠᠴᠠ ᠦᠵᠡᠪᠡᠯ᠂ ᠭᠠᠬᠠᠶ ᠵᠢᠨ ᠮᠢᠬᠠᠨ᠎ᠤ ᠦᠨ᠎ᠡ ᠪᠠᠭᠤᠷᠠᠭᠰᠠᠨ ᠨᠥᠯᠥᠭᠡ᠎ᠠᠴᠠ ᠪᠣᠯᠵᠣ᠂ ᠳᠡᠭᠡᠷ᠎ᠡ ᠬᠠᠭ᠋ᠠᠰ ᠵᠢᠯ᠎ᠳᠤ ᠪᠥᠬᠥ ᠣᠷᠣᠨ᠎ᠤ ᠭᠠᠬᠠᠶ ᠵᠢᠨ ᠮᠢᠬᠠᠨ᠎ᠤ ᠭᠠᠷᠤᠯᠲᠠ 35.9 ᠲᠦᠮᠡᠨ ᠲᠣᠨ᠎ᠳᠤ ᠬᠦᠷᠴᠦ᠂ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ ᠵᠢᠭ᠋ᠠᠬᠠᠨ ᠪᠠᠭᠤᠷᠠᠵᠤ᠂ ᠪᠠᠭᠤᠷᠠᠯᠲᠠ ᠵᠢᠨ ᠬᠡᠮᠵᠢᠶ᠎ᠡ᠎ᠨᠢ 0.4% ᠪᠣᠯᠵᠠᠶ᠃
ᠭᠤᠷᠪᠠ᠎ᠳᠤ᠂ ᠰᠥ᠍ ᠰᠠᠭ᠋ᠠᠯᠢ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠠᠵᠢᠯ ᠯᠠᠪᠳᠠᠭᠤᠨ ᠪᠠᠲᠤᠲᠠᠶ
ᠶᠠᠪᠤᠭᠳᠠᠪᠠ᠃
ᠡᠨᠡ ᠵᠢᠯ᠎ᠠᠴᠠ ᠨᠠᠰᠢ᠂ ᠪᠥᠬᠥ ᠣᠷᠣᠨ 《ᠡᠪᠡᠰᠦᠨ᠎ᠤ ᠢᠷᠡᠯᠲᠡ》᠂ 《ᠦᠷ᠎ᠡ ᠵᠢᠨ ᠢᠷᠡᠯᠲᠡ》᠂ 《ᠰᠥ᠍ ᠵᠢᠨ ᠢᠷᠡᠯᠲᠡ》᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠤᠯᠤᠰ᠎ᠲᠠᠭᠠᠨ ᠦᠢ᠍ᠯᠡᠳᠪᠦᠷᠢᠯᠡᠭᠰᠡᠨ ᠴᠠᠷᠭ᠋ᠠᠰᠤ ᠵᠢᠨ ᠭᠠᠷᠤᠯᠲᠠ ᠵᠢ ᠨᠡᠮᠡᠭᠳᠡᠭᠦᠯᠬᠦ ᠠᠵᠢᠯᠯᠠᠭ᠎ᠠ ᠵᠢ ᠬᠡᠷᠡᠭᠵᠢᠭᠦᠯᠵᠦ᠂ ᠴᠢᠨᠠᠷ ᠰᠠᠶ᠋ᠢᠲᠠᠶ ᠡᠪᠡᠰᠦ ᠪᠣᠷᠳᠣᠭ᠋ᠠᠨ᠎ᠤ ᠬᠠᠩᠭ᠋ᠠᠯᠭ᠎ᠠ ᠵᠢ ᠳᠡᠭᠡᠭᠰᠢᠯᠡᠭᠦᠯᠵᠦ᠂ ᠰᠠᠭ᠋ᠠᠯᠢ ᠵᠢᠨ ᠦᠨᠢᠶᠡᠨ᠎ᠤ ᠴᠢᠨᠠᠷ ᠰᠠᠶ᠋ᠢᠲᠠᠶ ᠦᠷ᠎ᠡ ᠵᠢᠨ ᠢᠷᠡᠯᠲᠡ ᠵᠢ ᠳᠡᠭᠡᠭᠰᠢᠯᠡᠭᠦᠯᠵᠦ᠂ ᠴᠢᠨᠠᠷ ᠰᠠᠶ᠋ᠢᠲᠠᠶ ᠰᠥ᠍ ᠵᠢᠨ ᠢᠷᠡᠯᠲᠡ ᠵᠢᠨ ᠰᠠᠭᠤᠷᠢᠨ᠎ᠢ ᠪᠥᠲᠥᠭᠡᠨ ᠪᠠᠶ᠋ᠢᠭᠤᠯᠵᠤ᠂ ᠦᠢ᠍ᠯᠡᠳᠪᠦᠷᠢᠯᠡᠬᠦ ᠴᠢᠳᠠᠪᠤᠷᠢ ᠵᠢ ᠦᠷᠭᠦᠯᠵᠢᠯᠡᠨ ᠪᠠᠳᠠᠷᠠᠭᠤᠯᠪᠠ᠃ ᠳᠡᠭᠡᠷ᠎ᠡ ᠬᠠᠭ᠋ᠠᠰ ᠵᠢᠯ᠎ᠳᠤ᠂ ᠪᠥᠬᠥ ᠣᠷᠣᠨ᠎ᠤ ᠦᠨᠢᠶᠡᠨ ᠰᠥ᠍ ᠵᠢᠨ ᠭᠠᠷᠤᠯᠲᠠ 275.3 ᠲᠦᠮᠡᠨ ᠲᠣᠨ᠎ᠳᠤ ᠬᠦᠷᠴᠦ᠂ 11.0% ᠵᠶ᠋ᠠᠷ ᠨᠡᠮᠡᠭᠳᠡᠵᠦ᠂ ᠨᠡᠮᠡᠭᠳᠡᠯ᠎ᠤᠨ ᠬᠤᠷᠳᠤᠴᠠ᠎ᠨᠢ ᠪᠥᠬᠥ ᠤᠯᠤᠰ᠎ᠤᠨ ᠳᠤᠮᠳᠠᠴᠢ ᠨᠡᠮᠡᠭᠳᠡᠯ᠎ᠤᠨ ᠬᠤᠷᠳᠤᠴᠠ᠎ᠠᠴᠠ 3.5 ᠵᠠᠭᠤᠨ᠎ᠤ ᠬᠤᠪᠢ ᠵᠢᠨ ᠴᠡᠭ ᠥᠨᠳᠥᠷ ᠪᠣᠯᠵᠠᠶ᠃
ᠳᠥᠷᠪᠡ᠎ᠳᠤ᠂ ᠬᠡᠷ᠎ᠤᠨ ᠵᠢᠭᠦᠷᠲᠡᠨ᠎ᠤ ᠦᠢ᠍ᠯᠡᠳᠪᠦᠷᠢᠯᠡᠯ ᠦᠨᠳᠦᠰᠦᠨ᠎ᠳᠡᠭᠡᠨ ᠲᠣᠭᠲᠠᠭᠤᠨ ᠪᠠᠶ᠋ᠢᠨ᠎ᠠ᠃
ᠳᠡᠭᠡᠷ᠎ᠡ ᠬᠠᠭ᠋ᠠᠰ ᠵᠢᠯ᠎ᠳᠤ᠂ ᠪᠥᠬᠥ ᠣᠷᠣᠨ᠎ᠤ ᠵᠢᠭᠦᠷᠲᠡᠨ᠎ᠤ ᠥᠨᠳᠡᠭᠡ ᠵᠢᠨ ᠭᠠᠷᠤᠯᠲᠠ 30.1 ᠲᠦᠮᠡᠨ ᠲᠣᠨ᠎ᠳᠤ ᠬᠦᠷᠴᠦ᠂ 1.7%᠎ᠪᠠᠷ ᠨᠡᠮᠡᠭᠳᠡᠪᠡ; ᠵᠢᠭᠦᠷᠲᠡᠨ᠎ᠤ ᠮᠢᠬᠠᠨ᠎ᠤ ᠭᠠᠷᠤᠯᠲᠠ 7.4 ᠲᠦᠮᠡᠨ ᠲᠣᠨ᠎ᠳᠤ ᠬᠦᠷᠴᠦ᠂ 1.1%᠎ᠪᠠᠷ ᠪᠠᠭᠤᠷᠠᠪᠠ᠃ ᠶᠡᠷᠦᠩᠬᠡᠶ᠎ᠳᠤᠨᠢ ᠠᠪᠴᠤ ᠦᠵᠡᠪᠡᠯ᠂ ᠳᠡᠭᠡᠷ᠎ᠡ ᠬᠠᠭ᠋ᠠᠰ ᠵᠢᠯ᠎ᠳᠤ ᠪᠥᠬᠥ ᠣᠷᠣᠨ᠎ᠤ ᠮᠠᠯ ᠠᠵᠤ ᠠᠬᠤᠶ ᠵᠢᠨ ᠶᠡᠷᠦᠩᠬᠡᠶ᠋ᠢᠯᠡᠭᠰᠡᠨ ᠦᠢ᠍ᠯᠡᠳᠪᠦᠷᠢᠯᠡᠯ᠎ᠤᠨ ᠴᠢᠳᠠᠪᠤᠷᠢ ᠦᠷᠭᠦᠯᠵᠢᠯᠡᠨ ᠴᠢᠩᠭ᠋ᠠᠷᠠᠵᠤ᠂ ᠪᠥᠬᠥ ᠤᠯᠤᠰ᠎ᠤᠨ ᠮᠠᠯ᠎ᠤᠨ ᠠᠰᠢᠭ ᠰᠢᠮ᠎ᠡ ᠵᠢᠨ ᠭᠠᠷᠤᠯᠲᠠ ᠵᠢ ᠲᠣᠭᠲᠠᠪᠤᠷᠢᠵᠢᠭᠤᠯᠤᠨ ᠬᠠᠩᠭ᠋ᠠᠯᠭ᠎ᠠ ᠵᠢ ᠪᠠᠲᠤᠯᠠᠬᠤ᠎ᠳᠤ ᠢᠳᠡᠪᠬᠢᠲᠡᠶ ᠬᠤᠪᠢ ᠨᠡᠮᠡᠷᠢ ᠦᠵᠡᠭᠦᠯᠪᠡ᠃
ᠪᠠᠶᠠᠷᠯᠠᠯ᠎ᠠ᠃
ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠬᠣᠷᠢᠶ᠎ᠠ ᠵᠢᠨ ᠲᠠᠯ᠎ᠠ ᠨᠤᠲᠤᠭ᠎ᠤᠨ ᠬᠠᠮ ᠵᠠᠭᠤᠴᠢᠯᠠᠭᠤᠷ᠎ᠤᠨ ᠰᠤᠷᠪᠤᠯᠵᠢᠯᠠᠭᠴᠢ᠄ ᠥᠭᠦᠯᠡᠭᠴᠢ ᠲᠠ ᠰᠠᠶ᠋ᠢᠨ ᠦᠦ! ᠣᠳᠣᠬᠠᠨ᠎ᠳᠤ ᠤᠯᠤᠰ ᠳᠠᠶᠠᠭ᠋ᠠᠷ ᠲᠠᠪᠤᠳᠤᠭ᠋ᠠᠷ ᠤᠳᠠᠭ᠋ᠠᠨ᠎ᠤ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢ ᠥᠷᠨᠢᠭᠦᠯᠵᠦ ᠪᠠᠶ᠋ᠢᠨ᠎ᠠ᠂ ᠲᠠ ᠮᠠᠨ᠎ᠤ ᠣᠷᠣᠨ᠎ᠤ 《ᠲᠠᠪᠤᠳᠤᠭ᠋ᠠᠷ ᠤᠳᠠᠭ᠋ᠠᠨ᠎ᠤ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ》 ᠵᠢᠨ ᠠᠵᠢᠯ᠎ᠤᠨ ᠠᠬᠢᠴᠠ ᠵᠢᠨ ᠪᠠᠶ᠋ᠢᠳᠠᠯ᠎ᠢ ᠲᠣᠪᠴᠢ ᠲᠠᠨᠢᠯᠴᠠᠭᠤᠯᠵᠤ ᠪᠣᠯᠤᠨ᠎ᠠ ᠦᠦ᠃ ᠪᠠᠶᠠᠷᠯᠠᠯ᠎ᠠ᠃

ᠸᠠᠩ ᠴᠤᠸᠠᠨ ᠵᠢᠩ᠄ ᠲᠠᠨ᠎ᠤ ᠠᠰᠠᠭᠤᠭᠰᠠᠨ᠎ᠳᠤ ᠪᠠᠶᠠᠷᠯᠠᠯ᠎ᠠ᠃ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠢ ᠬᠠᠯᠠᠮᠵᠢᠯᠠᠭᠰᠠᠨ᠎ᠳᠤ ᠴᠢᠨᠢ ᠲᠠᠯᠠᠷᠬᠠᠵᠤ ᠪᠠᠶ᠋ᠢᠨ᠎ᠠ᠃ ᠲᠠᠪᠤᠳᠤᠭ᠋ᠠᠷ ᠤᠳᠠᠭ᠎ᠠ ᠵᠢᠨ ᠪᠦᠬᠦ ᠤᠯᠤᠰ᠎ᠤᠨ ᠠᠵᠤ ᠠᠬᠤᠢ ᠵᠢᠨ ᠨᠡᠶ᠋ᠢᠳᠡᠮ ᠪᠠᠶ᠋ᠢᠴᠠᠭ᠋ᠠᠯᠲᠠ ᠪᠣᠯ ᠨᠠᠮ᠎ᠤᠨ ᠬᠣᠷᠢᠳᠤᠭ᠋ᠠᠷ ᠶᠡᠬᠡ ᠬᠤᠷᠠᠯ ᠠᠮᠵᠢᠯᠲᠠ᠎ᠲᠠᠢ ᠬᠤᠷᠠᠯᠳᠤᠭᠰᠠᠨ᠎ᠤ ᠳᠠᠷᠠᠭ᠋ᠠᠬᠢ ᠠᠩᠬᠠᠳᠠᠭᠴᠢ ᠴᠢᠬᠤᠯᠠ ᠶᠡᠬᠡ ᠤᠯᠤᠰ᠎ᠤᠨ ᠪᠠᠶ᠋ᠢᠳᠠᠯ ᠤᠯᠤᠰ᠎ᠤᠨ ᠬᠦᠴᠦᠨ᠎ᠤ ᠪᠠᠶ᠋ᠢᠴᠠᠭ᠋ᠠᠯᠲᠠ ᠪᠣᠯᠤᠨ᠎ᠠ᠂ ᠪᠠᠰᠠ ᠴᠤ᠌ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠳᠦᠭᠡᠨ ᠪᠠᠶ᠋ᠢᠭᠤᠯᠬᠤ ᠰᠢᠨ᠎ᠡ ᠠᠶᠠᠨ᠎ᠢ ᠡᠬᠢᠯᠡᠭᠦᠯᠬᠦ ᠶᠠᠪᠤᠴᠠ᠎ᠳᠠᠬᠢ ᠴᠢᠬᠤᠯᠠ ᠶᠡᠬᠡ ᠤᠯᠤᠰ᠎ᠤᠨ ᠪᠠᠶ᠋ᠢᠳᠠᠯ ᠤᠯᠤᠰ᠎ᠤᠨ ᠬᠦᠴᠦᠨ᠎ᠤ ᠪᠠᠶ᠋ᠢᠴᠠᠭ᠋ᠠᠯᠲᠠ ᠪᠣᠯᠤᠨ᠎ᠠ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢ ᠬᠡᠷᠡᠭᠵᠢᠭᠦᠯᠦᠭᠰᠡᠨ᠎ᠤ ᠳᠠᠷᠠᠭ᠋ᠠᠬᠢ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠪᠠᠶ᠋ᠢᠳᠠᠯ᠎ᠤᠨ ᠲᠤᠬᠠᠢ ᠠᠩᠬᠠᠳᠠᠭᠴᠢ ᠪᠦᠬᠦ ᠲᠠᠯ᠎ᠠ ᠵᠢᠨ 《ᠪᠡᠶ᠎ᠡ ᠵᠢᠨ ᠪᠠᠶ᠋ᠢᠴᠠᠭ᠋ᠠᠯᠲᠠ》 ᠪᠣᠯᠤᠨ᠎ᠠ᠃ ᠠᠵᠤ ᠠᠬᠤᠶ ᠵᠢᠨ ᠲᠦᠷᠭᠡᠨ ᠬᠥᠭᠵᠢᠯᠲᠡ ᠵᠢ ᠳᠠᠭ᠋ᠠᠯᠳᠤᠨ᠂ ᠡᠵᠡᠩᠨᠡᠯᠲᠡ ᠵᠢᠨ ᠪᠡᠶᠡᠴᠢ ᠴᠣᠭᠴᠠ ᠵᠢᠨ ᠲᠣᠭ᠎ᠠ ᠬᠡᠮᠵᠢᠶ᠎ᠡ ᠦᠰᠦᠷᠦᠯᠲᠡ ᠵᠢᠨ ᠮᠠᠶᠢᠭ ᠵᠶ᠋ᠠᠷ ᠨᠡᠮᠡᠭᠳᠡᠵᠦ᠂ ᠡᠵᠡᠩᠨᠡᠯᠲᠡ ᠵᠢᠨ ᠠᠷᠭ᠎ᠠ ᠮᠠᠶᠢᠭ᠎ᠨᠢ ᠤᠯᠠᠮ᠎ᠠᠴᠠ ᠤᠯᠠᠮ ᠠᠮᠢᠳᠤᠯᠢᠭ ᠣᠯᠠᠨ ᠶᠠᠩᠵᠤ ᠵᠢᠨ ᠪᠣᠯᠵᠣ᠂ ᠰᠢᠨ᠎ᠡ ᠠᠵᠤ ᠦᠢ᠍ᠯᠡᠰ᠂ ᠰᠢᠨ᠎ᠡ ᠡᠵᠡᠩᠨᠡᠯᠲᠡ ᠵᠢᠨ ᠬᠡᠯᠪᠡᠷᠢ ᠪᠠᠶ᠋ᠢᠳᠠᠯ᠂ ᠰᠢᠨ᠎ᠡ ᠡᠵᠡᠩᠨᠡᠯᠲᠡ ᠵᠢᠨ ᠵᠠᠭᠪᠤᠷ ᠲᠠᠰᠤᠷᠠᠯᠲᠠ ᠥᠬᠡᠶ ᠢᠯᠡᠷᠡᠨ ᠭᠠᠷᠴᠤ᠂ ᠠᠵᠢᠯ ᠲᠥᠷᠥᠯ ᠠᠯᠤᠰᠯᠠᠭᠰᠠᠨ᠂ ᠭᠠᠵᠠᠷ ᠣᠷᠣᠨ ᠠᠯᠤᠰᠯᠠᠭᠰᠠᠨ ᠡᠵᠡᠩᠨᠡᠯᠲᠡ ᠨᠠᠩ ᠲᠦᠭᠡᠮᠡᠯ ᠪᠣᠯᠪᠠ᠃ ᠡᠶ᠋ᠢᠮᠦ᠎ᠠᠴᠠ᠂ ᠲᠠᠪᠤᠳᠤᠭ᠋ᠠᠷ ᠤᠳᠠᠭ᠎ᠠ ᠵᠢᠨ ᠠᠵᠤ ᠠᠬᠤᠢ ᠵᠢᠨ ᠨᠡᠶ᠋ᠢᠳᠡᠮ ᠪᠠᠶ᠋ᠢᠴᠠᠭ᠋ᠠᠯᠲᠠ ᠵᠢ ᠰᠠᠶ᠋ᠢᠲᠤᠷ ᠥᠷᠨᠢᠭᠦᠯᠬᠦ᠎ᠨᠢ 《ᠬᠦᠷᠦᠨᠭᠭᠡ ᠬᠣᠭᠰᠢᠯ》᠎ᠢ ᠪᠦᠬᠦ ᠲᠠᠯ᠎ᠠ᠎ᠪᠠᠷ ᠲᠣᠳᠣᠷᠬᠠᠢ
ᠣᠶ᠋ᠢᠯᠠᠭ᠋ᠠᠵᠤ᠂ ᠰᠢᠨ᠎ᠡ ᠴᠠᠭ ᠦᠶ᠎ᠡ ᠵᠢᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠰᠢᠨ᠎ᠡ ᠣᠨᠴᠠᠯᠢᠭ᠎ᠢ ᠣᠨᠣᠪᠴᠢᠲᠠᠢ ᠡᠵᠡᠮᠳᠡᠵᠦ᠂ ᠬᠣᠷᠸ᠎ᠠ ᠡᠵᠡᠮᠰᠢᠯ ᠲᠤᠬᠢᠷᠠᠭᠤᠯᠭ᠎ᠠ ᠵᠢ ᠴᠢᠩᠭ᠋ᠠᠳᠬᠠᠨ ᠰᠠᠶ᠋ᠢᠵᠢᠷᠠᠭᠤᠯᠵᠤ᠂ ᠴᠢᠨᠠᠷ ᠰᠠᠶ᠋ᠢᠲᠠᠢ ᠬᠥᠭᠵᠢᠯᠲᠡ᠎ᠳᠤ ᠦᠢ᠍ᠯᠡᠴᠢᠯᠡᠬᠦ᠎ᠳᠤ ᠴᠢᠬᠤᠯᠠ ᠶᠡᠬᠡ ᠪᠥᠭᠡᠳ ᠠᠯᠤᠰ ᠬᠡᠳᠤ ᠵᠢᠨ ᠠᠴᠢ ᠬᠣᠯᠪᠣᠭᠳᠠᠯ᠎ᠲᠠᠢ ᠶᠤᠮ᠃ ᠲᠦᠷᠦᠭᠦᠦ ᠳᠥᠷᠪᠡᠨ ᠤᠳᠠᠭ᠋ᠠᠨ᠎ᠤ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ᠎ᠲᠠᠢ ᠬᠠᠷᠢᠴᠠᠭᠤᠯᠪᠠᠯ᠂ ᠲᠠᠪᠤᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ᠎ᠨᠢ ᠬᠣᠶᠠᠷ ᠰᠢᠨ᠎ᠡ ᠣᠨᠴᠠᠯᠢᠭ᠎ᠲᠠᠢ᠄ ᠨᠢᠭᠡ᠎ᠳᠤ᠂ ᠨᠡᠶ᠋ᠢᠳᠡᠮ ᠪᠠᠶ᠋ᠢᠴᠠᠭ᠋ᠠᠯᠲᠠ ᠵᠢᠨ ᠠᠭᠤᠯᠭ᠎ᠠ᠎ᠨᠢ ᠨᠠᠩ ᠪᠠᠶᠠᠯᠢᠭ ᠪᠣᠯᠪᠠ᠃ 《ᠲᠠᠪᠤᠳᠤᠭ᠋ᠠᠷ ᠤᠳᠠᠭ᠋ᠠᠨ᠎ᠤ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ》 ᠵᠢᠨ ᠠᠵᠢᠯ ᠠᠩᠬ᠎ᠠ ᠤᠳᠠᠭ᠎ᠠ ᠨᠢᠭᠡᠳᠦᠯᠲᠡᠶ ᠲᠥᠯᠥᠪᠯᠡᠨ ᠣᠷᠣᠭᠤᠯᠤᠯᠲᠠ ᠭᠠᠷᠭ᠋ᠠᠯᠲᠠ ᠵᠢᠨ ᠪᠠᠶ᠋ᠢᠴᠠᠭ᠋ᠠᠯᠲᠠ ᠬᠢᠵᠦ᠂ ᠠᠵᠤ ᠠᠬᠤᠶ ᠵᠢᠨ ᠶᠡᠷᠦᠩᠬᠡᠶ ᠬᠡᠮᠵᠢᠶ᠎ᠡ ᠬᠢᠭᠡᠳ ᠪᠦᠲᠦᠴᠡ ᠵᠢᠨ ᠲᠣᠭ᠎ᠠ ᠪᠠᠷᠢᠮᠲᠠ ᠵᠢ ᠵᠡᠷᠭᠡ᠎ᠪᠡᠷ ᠪᠠᠶ᠋ᠢᠴᠠᠭ᠋ᠠᠬᠤ ᠵᠢ ᠪᠡᠶᠡᠯᠡᠭᠦᠯᠪᠡ᠃ ᠡᠨᠡ ᠪᠣᠯ ᠠᠵᠤ ᠠᠬᠤᠶ ᠵᠢᠨ ᠬᠥᠭᠵᠢᠯᠲᠡ ᠵᠢᠨ ᠰᠢᠨ᠎ᠡ ᠪᠠᠶ᠋ᠢᠳᠠᠯ᠂ ᠰᠢᠨ᠎ᠡ ᠣᠨᠴᠠᠯᠢᠭ᠎ᠢ ᠦᠨᠳᠦᠰᠦᠯᠡᠨ ᠬᠡᠷᠡᠭᠵᠢᠭᠦᠯᠦᠭᠰᠡᠨ ᠨᠢᠭᠡ ᠤᠳᠠᠭ᠋ᠠᠨ᠎ᠤ ᠴᠢᠬᠤᠯᠠ ᠶᠡᠬᠡ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠳᠦᠷᠢᠮ᠎ᠤᠨ ᠥᠭᠡᠷᠡᠴᠢᠯᠡᠯᠲᠡ ᠪᠣᠯᠤᠨ᠎ᠠ᠃ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠪᠠ ᠣᠷᠣᠭᠤᠯᠤᠯᠲᠠ ᠭᠠᠷᠭ᠋ᠠᠯᠲᠠ ᠵᠢᠨ ᠪᠠᠶ᠋ᠢᠴᠠᠭ᠋ᠠᠯᠲᠠ ᠵᠢ ᠨᠢᠭᠡᠳᠦᠯᠲᠡᠶ ᠲᠥᠯᠥᠪᠯᠡᠨ ᠥᠷᠨᠢᠭᠦᠯᠬᠦ᠎ᠪᠠᠷ ᠳᠠᠮᠵᠢᠭᠤᠯᠤᠨ᠂ ᠤᠯᠤᠰ ᠠᠷᠠᠳ᠎ᠤᠨ ᠠᠵᠤ ᠠᠬᠤᠶ ᠵᠢᠨ ᠡᠯ᠎ᠡ ᠠᠵᠢᠯ ᠲᠥᠷᠥᠯ᠎ᠤᠨ ᠬᠣᠭᠣᠷᠣᠨᠳᠣᠬᠢ ᠣᠷᠣᠭᠤᠯᠤᠯᠲᠠ ᠬᠢᠭᠡᠳ ᠭᠠᠷᠭ᠋ᠠᠯᠲᠠ ᠵᠢᠨ ᠬᠠᠷᠢᠴᠠᠭ᠎ᠠ ᠵᠢ ᠨᠡᠩ ᠰᠠᠶ᠋ᠢᠲᠤᠷ ᠣᠶ᠋ᠢᠯᠠᠭ᠋ᠠᠵᠤ᠂ ᠠᠳᠠᠯᠢ ᠪᠤᠰᠤ ᠠᠵᠢᠯ ᠲᠥᠷᠥᠯ᠎ᠤᠨ ᠬᠣᠭᠣᠷᠣᠨᠳᠣᠬᠢ ᠠᠵᠤ ᠠᠬᠤᠶ ᠵᠢᠨ ᠬᠠᠷᠢᠯᠴᠠᠭ᠎ᠠ ᠵᠢᠴᠢ ᠠᠵᠤ ᠦᠢ᠍ᠯᠡᠰ᠎ᠤᠨ ᠬᠡᠯᠬᠢᠶ᠎ᠡ ᠬᠠᠩᠭ᠋ᠠᠯᠭ᠎ᠠ ᠵᠢᠨ ᠬᠡᠯᠬᠢᠶ᠎ᠡ ᠵᠢ ᠰᠢᠯᠢᠳᠡᠭᠵᠢᠭᠦᠯᠦᠨ ᠳᠡᠰ ᠳᠡᠪᠰᠢᠭᠦᠯᠬᠦ ᠬᠢᠷᠢ ᠬᠡᠮᠵᠢᠶ᠎ᠡ ᠵᠢ ᠲᠤᠰᠬᠠᠵᠤ᠂ ᠣᠳᠣᠬᠠᠨ᠎ᠤ ᠠᠵᠤ ᠠᠬᠤᠶ ᠵᠢᠨ ᠬᠥᠭᠵᠢᠯᠲᠡ ᠵᠢᠨ ᠬᠡᠪᠴᠢᠶ᠎ᠡ ᠪᠠ ᠪᠦᠲᠦᠴᠡ ᠵᠢ ᠪᠦᠬᠦ ᠲᠠᠯ᠎ᠠ᠎ᠪᠠᠷ ᠲᠣᠳᠣᠷᠬᠠᠶ
ᠣᠶ᠋ᠢᠯᠠᠭ᠋ᠠᠵᠤ᠂ ᠠᠵᠤ ᠦᠢ᠍ᠯᠡᠰ᠎ᠤᠨ ᠪᠦᠲᠦᠴᠡ ᠵᠢ ᠲᠣᠬᠢᠷᠠᠭᠤᠯᠤᠨ ᠰᠢᠯᠢᠳᠡᠭᠵᠢᠭᠦᠯᠬᠦ᠎ᠳᠤ ᠴᠢᠬᠤᠯᠠ ᠲᠣᠭ᠎ᠠ ᠪᠠᠷᠢᠮᠲᠠ ᠵᠢᠨ ᠲᠤᠯᠭ᠋ᠠᠭᠤᠷᠢᠯᠠᠯ ᠬᠠᠩᠭ᠋ᠠᠵᠤ ᠪᠣᠯᠤᠨ᠎ᠠ᠃ ᠬᠣᠶᠠᠷ᠎ᠲᠤ᠂ ᠨᠡᠶ᠋ᠢᠳᠡᠮ ᠪᠠᠶ᠋ᠢᠴᠠᠭ᠋ᠠᠯᠲᠠ ᠵᠢᠨ ᠮᠡᠷᠭᠡᠵᠢᠯ᠎ᠤᠨ ᠠᠷᠭ᠎ᠠ ᠪᠠᠷᠢᠯ᠎ᠨᠢ ᠨᠡᠩ ᠲᠡᠷᠢᠭᠦᠨ᠎ᠤ ᠪᠣᠯᠪᠠ᠃ ᠳᠥᠷᠪᠡᠳᠦᠭᠡᠷ ᠤᠳᠠᠭ᠋ᠠᠨ᠎ᠤ ᠪᠥᠬᠥ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ᠎ᠳᠤ PAD ᠵᠢ ᠬᠡᠷᠡᠭᠯᠡᠨ ᠨᠡᠶ᠋ᠢᠳᠡᠮ ᠪᠠᠶ᠋ᠢᠴᠠᠭ᠋ᠠᠯᠲᠠ ᠬᠢᠬᠦ ᠵᠢ ᠠᠩᠬ᠎ᠠ ᠤᠳᠠᠭ᠎ᠠ ᠲᠤᠷᠰᠢᠭᠰᠠᠨ ᠰᠠᠭᠤᠷᠢᠨ ᠳᠡᠭᠡᠷ᠎ᠡ᠂ ᠲᠠᠪᠤᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ᠎ᠳᠤ ᠡᠯᠧᠺᠲᠷᠣᠨ ᠦᠵᠦᠭᠦᠷ᠎ᠢ ᠪᠥᠬᠥ ᠲᠠᠯ᠎ᠠ᠎ᠪᠠᠷ ᠬᠡᠷᠡᠭᠯᠡᠨ ᠨᠡᠶ᠋ᠢᠳᠡᠮ ᠪᠠᠶ᠋ᠢᠴᠠᠭ᠋ᠠᠯᠲᠠ ᠬᠢᠵᠦ᠂ ᠪᠠᠶ᠋ᠢᠴᠠᠭ᠋ᠠᠭᠳᠠᠬᠤ ᠡᠲᠡᠭᠡᠳ᠎ᠤᠨ ᠪᠡᠶ᠎ᠡ᠎ᠪᠠᠨ ᠳᠠᠭ᠋ᠠᠭ᠋ᠠᠵᠤ ᠲᠠᠭᠯᠠᠨ ᠮᠡᠳᠡᠭᠦᠯᠬᠦ ᠵᠢ ᠳᠥᠯᠭᠢᠨ ᠠᠬᠢᠭᠤᠯᠵᠤ᠂ 《ᠬᠣᠶᠠᠷ ᠠᠵᠢᠯᠲᠠᠨ》᠎ᠤ ᠬᠠᠮᠢᠶᠠᠷᠤᠯᠲᠠ ᠵᠢᠨ ᠲᠠᠪᠴᠠᠩ᠎ᠢ ᠪᠠᠶ᠋ᠢᠭᠤᠯᠤᠭᠰᠠᠨ ᠪᠥᠭᠡᠳ AI ᠤᠶᠤᠨᠲᠤ ᠠᠪᠢᠶᠠᠨ᠎ᠤ ᠳᠠᠭᠤᠳᠠᠯᠲᠠ ᠵᠢᠨ ᠰᠢᠰᠲ᠋ᠧᠮ᠎ᠢ ᠬᠡᠷᠡᠭᠯᠡᠨ ᠪᠠᠶ᠋ᠢᠴᠠᠭ᠋ᠠᠬᠤ ᠨᠢᠭᠡᠴᠡ ᠵᠢᠨ ᠰᠡᠵᠢᠭᠯᠡᠯ᠎ᠢ ᠪᠠᠶ᠋ᠢᠴᠠᠭ᠋ᠠᠨ ᠨᠥᠬᠥᠪᠥᠷᠢᠯᠡᠬᠦ᠎ᠪᠠᠷ ᠲᠤᠷᠰᠢᠪᠠ᠃
ᠣᠳᠣᠬᠠᠨ᠎ᠳᠤ᠂ ᠪᠥᠬᠥ ᠣᠷᠣᠨ ᠳᠠᠶᠠᠭ᠋ᠠᠷ 《ᠲᠠᠪᠤᠳᠤᠭ᠋ᠠᠷ ᠤᠳᠠᠭ᠋ᠠᠨ᠎ᠤ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ》 ᠵᠢᠨ ᠡᠯ᠎ᠡ ᠵᠦᠢ᠍ᠯ᠎ᠤᠨ ᠠᠵᠢᠯ᠎ᠢ ᠶᠠᠭ ᠶᠠᠭ᠋ᠠᠷᠠᠯᠲᠠᠶ ᠠᠬᠢᠭᠤᠯᠵᠤ ᠪᠠᠶ᠋ᠢᠨ᠎ᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ 《ᠲᠠᠪᠤᠳᠤᠭ᠋ᠠᠷ ᠤᠳᠠᠭ᠋ᠠᠨ᠎ᠤ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ》 ᠵᠢᠨ ᠠᠵᠢᠯ᠎ᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠵᠢᠯ᠎ᠤᠨ ᠡᠬᠢᠨ᠎ᠳᠤ 《ᠲᠠᠪᠤᠳᠤᠭ᠋ᠠᠷ ᠤᠳᠠᠭ᠋ᠠᠨ᠎ᠤ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ》 ᠵᠢᠨ ᠠᠵᠢᠯ᠎ᠢ ᠰᠠᠶ᠋ᠢᠲᠤᠷ ᠬᠢᠬᠦ ᠲᠤᠬᠠᠶ ᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ ᠪᠢᠴᠢᠨ ᠣᠷᠣᠭᠤᠯᠵᠤ᠂ ᠤᠷᠢᠳ ᠬᠣᠵᠢᠳ ᠪᠥᠬᠥ ᠣᠷᠣᠨ᠎ᠤ 《ᠲᠠᠪᠤᠳᠤᠭ᠋ᠠᠷ ᠤᠳᠠᠭ᠋ᠠᠨ᠎ᠤ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ》 ᠵᠢᠨ ᠠᠵᠢᠯ᠎ᠢ ᠥᠷᠨᠢᠭᠦᠯᠬᠦ ᠮᠡᠳᠡᠭᠳᠡᠯ᠎ᠢ ᠳᠠᠷᠤᠮᠠᠯᠯᠠᠨ ᠲᠠᠷᠬᠠᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠲᠠᠪᠤᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠤᠳᠤᠷᠢᠳᠬᠤ ᠳᠤᠭᠤᠶ᠋ᠢᠯᠠᠩ ᠵᠢᠴᠢ ᠠᠯᠪᠠᠨ ᠬᠡᠷ᠎ᠢ ᠵᠣᠬᠢᠶᠠᠨ ᠪᠠᠶ᠋ᠢᠭᠤᠯᠵᠤ᠂ ᠪᠥᠬᠥ ᠣᠷᠣᠨ᠎ᠤ ᠨᠡᠶ᠋ᠢᠳᠡᠮ ᠪᠠᠶ᠋ᠢᠴᠠᠭ᠋ᠠᠯᠲᠠ ᠵᠢᠨ ᠳᠠᠶ᠋ᠢᠴᠢᠯᠠᠯᠲᠠ ᠵᠢᠨ ᠲᠧᠯᠸᠢᠰ ᠳ᠋ᠢᠶᠠᠩᠬᠤᠸᠠ ᠬᠤᠷᠠᠯ᠎ᠢ ᠬᠤᠷᠠᠯᠳᠤᠭᠤᠯᠵᠤ᠂ ᠪᠥᠬᠥ ᠣᠷᠣᠨ᠎ᠤ 《ᠲᠠᠪᠤᠳᠤᠭ᠋ᠠᠷ ᠤᠳᠠᠭ᠋ᠠᠨ᠎ᠤ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ》 ᠵᠢᠨ ᠠᠵᠢᠯ᠎ᠢ ᠡᠮᠬᠢ ᠵᠢᠷᠤᠮ᠎ᠲᠠᠢ ᠥᠷᠨᠢᠭᠦᠯᠬᠦ᠎ᠳᠤ ᠬᠦᠴᠦᠲᠡᠶ ᠪᠠᠲᠤᠯᠠᠭ᠎ᠠ ᠬᠠᠩᠭ᠋ᠠᠪᠠ᠃ ᠣᠳᠣᠬᠠᠨ ᠪᠣᠯᠲᠠᠯ᠎ᠠ᠂ ᠪᠦᠬᠦ ᠣᠷᠣᠨ᠎ᠤ ᠡᠯ᠎ᠡ ᠱᠠᠲᠤᠨ᠎ᠤ ᠨᠡᠶ᠋ᠢᠳᠡᠮ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ᠎ᠨᠤᠭᠤᠳ ᠴᠥᠮ ᠲᠠᠪᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠤᠳᠤᠷᠢᠳᠬᠤ ᠪᠠᠶ᠋ᠢᠭᠤᠯᠤᠮᠵᠢ ᠵᠢ ᠵᠣᠬᠢᠶᠠᠨ ᠪᠠᠶ᠋ᠢᠭᠤᠯᠬᠤ ᠠᠵᠢᠯ᠎ᠢ ᠪᠡᠶᠡᠯᠡᠭᠦᠯᠵᠦ᠂ ᠡᠯ᠎ᠡ ᠱᠠᠲᠤᠨ᠎ᠤ ᠨᠡᠶ᠋ᠢᠳᠡᠮ ᠪᠠᠶ᠋ᠢᠴᠠᠭ᠋ᠠᠯᠲᠠ ᠵᠢᠨ ᠵᠠᠷᠤᠳᠠᠯ᠎ᠢ ᠨᠠᠶ᠋ᠢᠳᠠᠪᠤᠷᠢᠵᠢᠭᠤᠯᠤᠨ ᠪᠣᠳᠠᠲᠠᠶ᠋ᠢᠵᠢᠭᠤᠯᠵᠤ᠂ ᠤᠬᠠᠭᠤᠯᠤᠨ ᠳᠠᠶ᠋ᠢᠴᠢᠯᠠᠬᠤ ᠠᠵᠢᠯ᠎ᠢ ᠯᠠᠪᠳᠠᠭᠤᠨ ᠵᠶ᠋ᠠᠷ ᠠᠬᠢᠭᠤᠯᠪᠠ᠃ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠯᠪᠠᠨ ᠭᠡᠷ᠎ᠤᠨ ᠨᠢᠭᠡᠳᠦᠯᠲᠡᠶ ᠪᠠᠶ᠋ᠢᠷᠢᠯᠠᠭᠤᠯᠤᠯᠲᠠ ᠶᠣᠰᠣᠭ᠋ᠠᠷ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠯᠪᠠᠨ ᠭᠡᠷ᠎ᠨᠢ ᠨᠡᠶ᠋ᠢᠳᠡᠮ ᠪᠠᠶ᠋ᠢᠴᠠᠭ᠋ᠠᠯᠲᠠ ᠵᠢᠨ ᠤᠯᠤᠰ᠎ᠤᠨ ᠶᠡᠷᠦᠩᠬᠡᠶ᠋ᠢᠯᠡᠭᠰᠡᠨ ᠲᠤᠷᠰᠢᠯᠲᠠ ᠵᠢᠨ ᠴᠡᠭ᠂ ᠨᠡᠶ᠋ᠢᠳᠡᠮ ᠪᠠᠶ᠋ᠢᠴᠠᠭ᠋ᠠᠭᠴᠢ ᠪᠣᠯᠤᠨ ᠨᠡᠶ᠋ᠢᠳᠡᠮ ᠪᠠᠶ᠋ᠢᠴᠠᠭ᠋ᠠᠯᠲᠠ ᠵᠢᠨ ᠵᠢᠯᠣᠭᠣᠳᠣᠭᠴᠢ ᠵᠢ ᠰᠣᠩᠭᠣᠨ ᠤᠷᠢᠬᠤ᠂ ᠨᠡᠶ᠋ᠢᠳᠡᠮ ᠪᠠᠶ᠋ᠢᠴᠠᠭ᠋ᠠᠯᠲᠠ ᠵᠢᠨ ᠣᠷᠣᠨ᠎ᠢ ᠬᠤᠪᠢᠶᠠᠷᠢᠯᠠᠬᠤ ᠵᠢᠴᠢ ᠪᠠᠷᠢᠯᠭ᠎ᠠ ᠵᠢᠨ ᠵᠦᠢ᠍ᠯ᠎ᠳᠤ ᠵᠡᠭᠦᠯᠲᠡ ᠬᠠᠳᠠᠬᠤ᠂ ᠨᠢᠭᠡᠴᠡ ᠵᠢᠨ ᠢᠯᠭ᠋ᠠᠷᠠᠭᠤᠯᠤᠨ ᠪᠠᠶ᠋ᠢᠴᠠᠭ᠋ᠠᠵᠤ ᠪᠣᠯᠪᠠᠰᠤᠷᠠᠭᠤᠯᠬᠤ᠂ ᠨᠡᠶ᠋ᠢᠳᠡᠮ ᠪᠠᠶ᠋ᠢᠴᠠᠭ᠋ᠠᠯᠲᠠ ᠵᠢᠨ ᠡᠳ ᠪᠠᠷᠠᠭ᠎ᠠ ᠬᠤᠳᠠᠯᠳᠤᠨ ᠠᠪᠬᠤ ᠵᠡᠷᠭᠡ ᠭᠣᠣᠯᠳᠠᠯᠭ᠎ᠠ᠎ᠲᠠᠢ ᠠᠵᠢᠯ᠎ᠢ ᠲᠦᠷᠦᠭᠦᠯᠡᠨ ᠪᠡᠶᠡᠯᠡᠭᠦᠯᠵᠦ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ ᠢᠳᠡᠪᠬᠢᠲᠡᠶ ᠬᠠᠮᠵᠢᠯᠴᠠᠭᠰᠠᠨ᠂ ᠬᠠᠮᠵᠢᠯᠴᠠᠨ ᠬᠠᠮᠲᠤᠷᠠᠨ ᠬᠥᠳᠡᠯᠦᠯᠴᠡᠭᠰᠡᠨ᠂ ᠯᠠᠪᠳᠠᠭᠤᠨ ᠪᠠᠲᠤᠲᠠᠶ ᠡᠮᠬᠢ ᠵᠢᠷᠤᠮ᠎ᠲᠠᠢ ᠥᠷᠨᠢᠭᠦᠯᠦᠭᠰᠡᠨ ᠰᠠᠶ᠋ᠢᠨ ᠰᠠᠶ᠋ᠢᠬᠠᠨ ᠪᠠᠶ᠋ᠢᠳᠠᠯ᠎ᠢ ᠪᠣᠶ ᠪᠣᠯᠭ᠋ᠠᠭᠰᠠᠨ ᠪᠠᠶ᠋ᠢᠨ᠎ᠠ᠃
ᠳᠠᠷᠠᠭ᠋ᠠᠴᠢ ᠵᠢᠨ ᠱᠠᠲᠤᠨ᠎ᠳᠤ᠂ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠤᠨ ᠭᠣᠣᠯᠳᠠᠯᠭ᠎ᠠ ᠪᠣᠯ ᠨᠢᠭᠡᠴᠡ ᠵᠢᠨ ᠢᠯᠭ᠋ᠠᠷᠠᠭᠤᠯᠤᠨ ᠪᠠᠶ᠋ᠢᠴᠠᠭ᠋ᠠᠬᠤ ᠶᠠᠪᠤᠳᠠᠯ ᠪᠣᠯᠤᠨ᠎ᠠ᠃ ᠨᠢᠭᠡᠴᠡ ᠵᠢ ᠢᠯᠭ᠋ᠠᠷᠠᠭᠤᠯᠤᠨ ᠪᠠᠶ᠋ᠢᠴᠠᠭ᠋ᠠᠬᠤ ᠪᠣᠯ ᠰᠢᠶᠠᠨ᠎ᠤ ᠱᠠᠲᠤᠨ᠎ᠤ ᠨᠡᠶ᠋ᠢᠳᠡᠮ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ᠎ᠠᠴᠠ ᠨᠡᠶ᠋ᠢᠳᠡᠮ ᠪᠠᠶ᠋ᠢᠴᠠᠭ᠋ᠠᠭᠴᠢ ᠵᠢ ᠵᠣᠬᠢᠶᠠᠨ
ᠪᠠᠶ᠋ᠢᠭᠤᠯᠵᠤ᠂ ᠭᠠᠷ᠎ᠲᠠᠭᠠᠨ ᠡᠯᠸᠺᠲᠷᠤᠨ ᠦᠵᠦᠭᠦᠷ᠎ᠤᠨ ᠲᠥᠬᠥᠭᠡᠷᠦᠮᠵᠢ ᠵᠢ ᠬᠡᠷᠡᠭᠯᠡᠨ ᠭᠡᠷ᠎ᠲᠤ᠎ᠨᠢ ᠬᠦᠷᠴᠦ ᠨᠢᠭᠡᠳ ᠨᠢᠭᠡ᠎ᠪᠠᠷ ᠢᠯᠭ᠋ᠠᠷᠠᠭᠤᠯᠤᠨ ᠪᠠᠶ᠋ᠢᠴᠠᠭ᠋ᠠᠵᠤ ᠪᠠᠶ᠋ᠢᠭ᠎ᠠ ᠶᠠᠪᠤᠳᠠᠯ ᠪᠣᠯᠤᠨ᠎ᠠ᠂ ᠵᠣᠷᠢᠯᠭ᠎ᠠ᠎ᠨᠢ ᠮᠠᠨ᠎ᠤ ᠣᠷᠣᠨ᠎ᠳᠤ ᠠᠵᠤ ᠠᠬᠤᠶ ᠨᠡᠶ᠋ᠢᠭᠡᠮ᠎ᠤᠨ ᠠᠵᠢᠯᠯᠠᠭ᠎ᠠ ᠬᠢᠵᠦ ᠪᠠᠶ᠋ᠢᠭ᠎ᠠ ᠡᠯ᠎ᠡ ᠲᠥᠷᠥᠯ᠎ᠤᠨ ᠬᠠᠤᠯᠢ ᠵᠢᠨ ᠡᠷᠬᠡᠲᠡᠨ᠎ᠤ ᠨᠢᠭᠡᠴᠡ᠂ ᠠᠵᠤ ᠦᠢ᠍ᠯᠡᠰ᠎ᠤᠨ ᠠᠵᠢᠯᠯᠠᠭ᠎ᠠ ᠵᠢᠨ ᠨᠢᠭᠡᠴᠡ ᠵᠢᠴᠢ ᠬᠣᠶᠠᠳᠤᠭ᠋ᠠᠷ ᠠᠵᠤ ᠦᠢ᠍ᠯᠡᠰ ᠪᠣᠯᠤᠨ ᠭᠤᠷᠪᠠᠳᠤᠭ᠋ᠠᠷ ᠠᠵᠤ ᠦᠢ᠍ᠯᠡᠰ᠎ᠤᠨ ᠠᠵᠢᠯᠯᠠᠭ᠎ᠠ ᠬᠢᠵᠦ ᠪᠠᠶ᠋ᠢᠭ᠎ᠠ ᠬᠤᠪᠢ ᠵᠢᠨ ᠡᠵᠡᠩᠨᠡᠯᠲᠡ ᠵᠢᠨ ᠡᠷᠦᠬᠡ ᠵᠢᠨ ᠦᠨᠳᠦᠰᠦᠨ ᠪᠠᠶ᠋ᠢᠳᠠᠯ ᠪᠣᠯᠤᠨ ᠲᠠᠷᠬᠠᠯᠲᠠ ᠵᠢᠨ ᠪᠠᠶ᠋ᠢᠳᠠᠯ᠎ᠢ ᠲᠣᠳᠣᠷᠬᠠᠶ ᠣᠶ᠋ᠢᠯᠠᠭ᠋ᠠᠬᠤ ᠵᠢᠨ ᠲᠥᠯᠥᠭᠡ ᠶᠤᠮ᠃ ᠡᠨᠡ ᠬᠦ᠌ ᠲᠣᠬᠢᠶᠠᠯ᠎ᠢ ᠠᠰᠢᠭᠯᠠᠨ᠂ ᠥᠷᠭᠡᠨ ᠣᠯᠠᠨ ᠪᠠᠶ᠋ᠢᠴᠠᠭ᠋ᠠᠬᠤ ᠡᠲᠡᠭᠡᠳ᠎ᠠᠴᠠ ᠡᠷᠦᠬᠡ᠎ᠳᠤ ᠣᠷᠣᠵᠤ ᠪᠠᠶ᠋ᠢᠴᠠᠭ᠋ᠠᠬᠤ ᠠᠵᠢᠯ᠎ᠳᠤ ᠳᠡᠮᠵᠢᠯᠭᠡ ᠦᠵᠡᠭᠦᠯᠦᠨ ᠬᠠᠮᠵᠢᠯᠴᠠᠵᠤ᠂ ᠬᠠᠮᠢᠶ᠎ᠠ ᠪᠥᠬᠥᠶ ᠭᠡᠷᠡᠴᠢ ᠦᠨᠡᠮᠯᠡᠯ᠎ᠢ ᠤᠷᠢᠳᠴᠢᠯᠠᠨ ᠪᠡᠯᠡᠳᠬᠡᠵᠦ᠂ ᠦᠨᠡᠨ ᠪᠣᠳᠠᠲᠠᠶ ᠪᠥᠭᠡᠳ ᠣᠨᠣᠪᠴᠢᠲᠠᠶ ᠮᠡᠳᠡᠭᠡ ᠵᠠᠩᠭᠢ ᠵᠢ ᠴᠠᠭ ᠲᠤᠬᠠᠶ᠎ᠳᠤᠨᠢ ᠬᠠᠩᠭ᠋ᠠᠬᠤ ᠵᠢ ᠴᠢᠩ ᠰᠡᠳᠬᠢᠯ᠎ᠠᠴᠠ᠎ᠪᠠᠨ ᠬᠦᠰᠡᠵᠦ ᠪᠠᠶ᠋ᠢᠨ᠎ᠠ᠂ ᠡᠲᠡᠭᠡᠷ ᠮᠡᠳᠡᠭᠡ ᠵᠠᠩᠭᠢ ᠵᠢ ᠵᠥᠪᠬᠡᠨ ᠨᠡᠶ᠋ᠢᠳᠡᠮ ᠪᠠᠶ᠋ᠢᠴᠠᠭ᠋ᠠᠯᠲᠠ ᠵᠢᠨ ᠵᠣᠷᠢᠯᠭ᠎ᠠ᠎ᠳᠤ ᠬᠡᠷᠡᠭᠯᠡᠨ᠎ᠡ᠃ ᠡᠯ᠎ᠡ ᠱᠠᠲᠤᠨ᠎ᠤ ᠨᠡᠶ᠋ᠢᠳᠡᠮ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ ᠪᠣᠯᠤᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯᠲᠠᠨ ᠬᠠᠩᠭ᠋ᠠᠭᠰᠠᠨ ᠮᠡᠳᠡᠭᠡ ᠵᠠᠩᠭᠢ ᠵᠢᠨ ᠨᠢᠭᠤᠴᠠ ᠵᠢ ᠴᠢᠩᠭ᠎ᠠ ᠬᠠᠮᠠᠭ᠋ᠠᠯᠠᠬᠤ ᠪᠣᠯᠤᠨ᠎ᠠ᠃ ᠪᠢᠳᠡ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ᠂ ᠪᠠᠶ᠋ᠢᠭᠤᠯᠭ᠎ᠠ ᠨᠢᠭᠡᠴᠢ ᠵᠢᠨ ᠴᠡᠪᠡᠷᠯᠡᠨ ᠪᠠᠶ᠋ᠢᠴᠠᠭ᠋ᠠᠬᠤ ᠠᠵᠢᠯ᠎ᠢ ᠬᠠᠮᠲᠤ᠎ᠪᠠᠷ ᠰᠠᠶ᠋ᠢᠲᠤᠷ ᠬᠢᠵᠦ᠂ ᠤᠯᠠᠨ᠎ᠤ ᠠᠵᠤ ᠠᠬᠤᠢ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠢ ᠳᠡᠮᠵᠢᠵᠦ ᠪᠠᠢ᠌ᠭ᠎ᠠ᠎ᠳᠤ ᠲᠠᠯᠠᠷᠬᠠᠵᠤ ᠪᠠᠢ᠌ᠨ᠎ᠠ᠃
ᠪᠠᠶᠠᠷᠯᠠᠯ᠎ᠠ᠃