ᠲᠡᠷᠢᠭᠦᠨ ᠬᠠᠭᠤᠳᠠᠰᠤ
ᠠᠵᠢᠯ᠎ᠤᠨ ᠪᠠᠶ᠋ᠢᠳᠠᠯ
ᠢᠯᠡ ᠵᠠᠰᠠᠭ
ᠲᠤᠭ᠎ᠠ ᠪᠦᠷᠢᠳᠭᠡᠯ᠎ᠤᠨ ᠦᠢᠯᠡᠴᠢᠯᠡᠭᠡ
ᠠᠵᠢᠯ᠎ᠤᠨ ᠪᠠᠶ᠋ᠢᠳᠠᠯ   -   ᠰᠤᠷᠪᠤᠯᠵᠢᠯᠠᠭ᠎ᠠ
2023 ᠣᠨ᠎ᠤ ᠪᠥᠬᠥ ᠣᠷᠣᠨ᠎ᠤ ᠠᠵᠤ ᠠᠬᠤᠶ ᠵᠢᠨ ᠠᠵᠢᠯᠯᠠᠭ᠋ᠠᠨ᠎ᠤ ᠪᠠᠶ᠋ᠢᠳᠠᠯ᠎ᠤᠨ ᠲᠤᠬᠠᠶ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
ᠨᠡᠶ᠋ᠢᠲᠡᠯᠡᠭᠰᠡᠨ ᠴᠠᠭ᠄ 2024-01-20

1.jpg

 

    1 ᠳ᠋ᠤᠭᠡᠷ ᠰᠠᠷ᠎ᠠ ᠵᠢᠨ 19᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ 2023 ᠣᠨ᠎ᠤ ᠪᠥᠬᠥ ᠣᠷᠣᠨ᠎ᠤ ᠠᠵᠤ ᠠᠬᠤᠶ ᠵᠢᠨ ᠠᠵᠢᠯᠯᠠᠭ᠋ᠠᠨ᠎ᠤ ᠪᠠᠶ᠋ᠢᠳᠠᠯ᠎ᠤᠨ ᠲᠤᠬᠠᠶ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠢᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠱᠦᠵᠢ᠂ ᠲᠣᠪᠴᠢᠶᠠᠨ ᠳᠠᠷᠤᠭ᠎ᠠ ᠼᠤᠤ ᠰᠧ ᠶᠠᠩ᠂ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠥᠪᠥᠷ ᠮᠣᠩᠭᠣᠯ᠎ᠤᠨ ᠪᠠᠶ᠋ᠢᠴᠠᠭ᠋ᠠᠯᠲᠠ ᠵᠢᠨ ᠶᠡᠷᠦᠩᠬᠡᠶ ᠠᠩᠭᠢ ᠵᠢᠨ ᠨᠠᠮ᠎ᠤᠨ ᠤᠳᠤᠷᠢᠳᠬᠤ ᠳᠤᠭᠤᠶ᠋ᠢᠯᠠᠩ᠎ᠤᠨ ᠪᠦᠷᠢᠯᠳᠦᠬᠦᠨ᠂ ᠳᠡᠳ᠋ ᠶᠡᠷᠦᠩᠬᠡᠶ ᠠᠩᠭᠢ ᠵᠢᠨ ᠳᠠᠷᠤᠭ᠎ᠠ ᠸᠠᠩ ᠳ᠋ᠸ ᠪᠢᠨ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃

2.jpg

 

3.jpg 

 

    ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶᠠᠨ᠎ᠤ ᠰᠤᠷᠪᠤᠯᠵᠢᠯᠠᠭᠴᠢ
    ᠲᠠᠨ᠎ᠤ ᠰᠠᠶᠢ ᠵᠢᠨ ᠲᠠᠨᠢᠯᠴᠠᠭᠤᠯᠤᠭᠰᠠᠨ ᠪᠥᠬᠥ ᠣᠷᠣᠨ᠎ᠤ ᠭᠤᠤᠯ ᠪᠣᠯᠬᠤ ᠬᠣᠷᠸ᠎ᠠ ᠠᠵᠤ ᠠᠬᠤᠶ ᠵᠢᠨ ᠭᠦᠢ᠍ᠴᠡᠳᠭᠡᠯ ᠲᠣᠭ᠎ᠠ ᠵᠢᠨ ᠪᠠᠶ᠋ᠢᠳᠠᠯ᠎ᠠᠴᠠ ᠦᠵᠡᠪᠡᠯ᠂ ᠨᠢᠭᠡ ᠪᠦᠯᠦᠭ ᠠᠵᠤ ᠠᠬᠤᠶ ᠵᠢᠨ ᠲᠣᠭ᠎ᠠ ᠪᠠᠷᠢᠮᠲᠠ᠎ᠨᠢ ᠬᠥᠮᠦᠰ᠎ᠢ ᠵᠣᠷᠢᠭᠵᠢᠭᠤᠯᠵᠤ᠂ ᠦᠷ᠎ᠡ ᠪᠦᠲᠦᠭᠡᠯ᠎ᠨᠢ ᠬᠥᠮᠦᠰ᠎ᠢ ᠵᠣᠷᠢᠭᠵᠢᠭᠤᠯᠪᠠ᠃ ᠲᠠ ᠮᠠᠨ᠎ᠤ ᠣᠷᠣᠨ᠎ᠤ ᠡᠨᠡ ᠨᠢᠭᠡ ᠵᠢᠯ᠎ᠤᠨ ᠠᠵᠤ ᠠᠬᠤᠶ ᠵᠢᠨ ᠠᠵᠢᠯᠯᠠᠭ᠋ᠠᠨ᠎ᠢ ᠬᠡᠷᠬᠢᠨ ᠦᠨᠡᠯᠡᠵᠦ ᠪᠠᠶ᠋ᠢᠬᠤ ᠪᠣᠶ? 2024 ᠣᠨ᠎ᠤ ᠥᠪᠥᠷ ᠮᠣᠩᠭᠣᠯ᠎ᠤᠨ ᠠᠵᠤ ᠠᠬᠤᠢ ᠵᠢᠨ ᠬᠥᠭᠵᠢᠯᠲᠡ ᠵᠢᠨ ᠲᠤᠬᠠᠢ ᠲᠠ ᠶᠠᠮᠠᠷ ᠪᠠᠷᠠᠯᠠᠯ᠎ᠲᠠᠢ ᠪᠤᠢ? ᠪᠠᠶᠠᠷᠯᠠᠯ᠎ᠠ᠃

4.jpg  

 

    ᠼᠤᠤ ᠰᠧ ᠶᠠᠩ᠄
    ᠲᠠᠨ᠎ᠤ ᠠᠰᠠᠭᠤᠯᠲᠠ᠎ᠳᠤ ᠪᠠᠶᠠᠷᠯᠠᠯ᠎ᠠ᠃ 2023 ᠣᠨ ᠪᠣᠯ ᠥᠪᠥᠷ ᠮᠣᠩᠭᠣᠯ᠎ᠤᠨ ᠬᠥᠭᠵᠢᠯᠲᠡ ᠵᠢᠨ ᠲᠡᠦᠬᠡᠨ ᠳᠡᠭᠡᠷᠡᠬᠢ ᠬᠦᠰᠢᠶ᠎ᠡ ᠳᠤᠷᠠᠰᠬᠠᠯ᠎ᠤᠨ ᠠᠴᠢ ᠬᠣᠯᠪᠣᠭᠳᠠᠯ᠎ᠲᠠᠢ ᠨᠢᠭᠡ ᠵᠢᠯ ᠪᠣᠯᠤᠨ᠎ᠠ᠃ ᠡᠨᠡ ᠵᠢᠯ᠂ ᠶᠡᠷᠦᠩᠬᠡᠢ ᠱᠦᠵᠢ ᠰᠢ ᠵᠢᠨ ᠫᠢᠩ ᠳᠠᠬᠢᠨᠲᠠ ᠥᠪᠥᠷ ᠮᠣᠩᠭᠣᠯ᠎ᠳᠤ ᠰᠢᠨᠵᠢᠯᠡᠨ ᠪᠠᠶ᠋ᠢᠴᠠᠭ᠋ᠠᠵᠤ᠂ ᠥᠪᠥᠷ ᠮᠣᠩᠭᠣᠯ᠎ᠤᠨ ᠬᠥᠭᠵᠢᠯᠲᠡ᠎ᠳᠤ ᠰᠤᠳᠠᠯ ᠪᠠᠷᠢᠵᠤ ᠴᠢᠭᠯᠡᠯ ᠲᠣᠭᠲᠠᠭ᠋ᠠᠪᠠ; ᠲᠥᠷᠥ ᠵᠢᠨ ᠶᠠᠪᠤᠳᠠᠯ᠎ᠤᠨ ᠬᠣᠷᠢᠶ᠎ᠠ 《ᠥᠪᠥᠷ ᠮᠣᠩᠭᠣᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠲᠤᠬᠠᠶ ᠰᠠᠨᠠᠯ》᠎ᠢ ᠨᠡᠶ᠋ᠢᠲᠡᠯᠡᠵᠦ᠂ ᠥᠪᠥᠷ ᠮᠣᠩᠭᠣᠯ᠎ᠳᠤ ᠯᠤᠲᠤ ᠶᠡᠬᠡ ᠤᠯᠤᠰ ᠲᠥᠷᠥ ᠵᠢᠨ ᠬᠠᠯᠠᠮᠵᠢᠯᠠᠯ ᠪᠠ ᠡᠷᠬᠢᠮ ᠨᠠᠨᠳᠢᠨ ᠬᠥᠭᠵᠢᠯᠲᠡ ᠵᠢᠨ ᠠᠵᠠ ᠲᠣᠬᠢᠶᠠᠯ ᠣᠯᠭᠣᠪᠠ᠃ ᠡᠨᠡ ᠨᠢᠭᠡ ᠵᠢᠯ᠎ᠳᠤ᠂ ᠪᠦᠬᠦ ᠣᠷᠣᠨ ᠳᠠᠶᠠᠭ᠋ᠠᠷ ᠵᠶ᠋ᠠᠨ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠣᠣᠯ ᠰᠢᠵᠢᠮ ᠪᠣᠯᠭ᠋ᠠᠵᠤ᠂ 《ᠬᠣᠶᠠᠷ ᠶᠡᠬᠡ ᠶᠠᠪᠤᠳᠠᠯ》᠎ᠢ ᠰᠠᠶ᠋ᠢᠲᠤᠷ ᠬᠢᠬᠦ᠎ᠳᠤ ᠠᠩᠬᠠᠷᠤᠯ ᠵᠶ᠋ᠠᠨ ᠲᠥᠪᠯᠡᠷᠡᠭᠦᠯᠦᠨ ᠡᠷᠡᠮᠡᠬᠡᠶ᠋ᠢᠯᠡᠨ ᠲᠡᠮᠡᠴᠡᠵᠦ᠂ ᠴᠢᠨᠠᠷ ᠰᠠᠶ᠋ᠢᠲᠠᠢ ᠬᠥᠭᠵᠢᠯᠲᠡ ᠭᠡᠬᠦ ᠡᠨᠡ ᠬᠦ᠌ ᠲᠡᠷᠢᠭᠦᠨ ᠴᠢᠬᠤᠯᠠ ᠡᠭᠦᠷᠭᠡ ᠪᠣᠯᠤᠨ 《ᠰᠢᠨ᠎ᠡ ᠵᠠᠮ ᠵᠶ᠋ᠠᠷ ᠵᠠᠮᠨᠠᠨ᠂ ᠳᠤᠮᠳᠠ ᠲᠦᠪᠰᠢᠨ᠎ᠳᠤ ᠤᠷᠤᠭᠰᠢᠯᠠᠬᠤ》 ᠬᠠᠷᠠᠯᠲᠠ ᠵᠢᠨ ᠲᠣᠭᠣᠷᠢᠨ᠎ᠳᠤ ᠬᠦᠴᠦᠯᠡᠨ ᠴᠢᠷᠮᠠᠶ᠋ᠢᠵᠤ ᠥᠨᠳᠥᠷ ᠲᠦᠪᠰᠢᠨ᠎ᠳᠤ ᠭᠠᠷᠴᠤ᠂ ᠨᠡᠮᠡᠭᠳᠡᠯ᠎ᠤᠨ ᠬᠥᠳᠡᠯᠭᠡᠬᠦ ᠡᠨᠧᠷᠭᠢ ᠲᠠᠰᠤᠷᠠᠯᠲᠠ ᠦᠭᠡᠢ ᠴᠢᠩᠭ᠋ᠠᠷᠠᠵᠤ᠂ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠭᠦᠯᠬᠦ ᠵᠢ ᠦᠷᠭᠦᠯᠵᠢᠯᠡᠨ ᠠᠬᠢᠭᠤᠯᠵᠤ᠂ 《ᠥᠪᠥᠷ ᠮᠣᠩᠭᠣᠯ᠎ᠤᠨ ᠬᠠᠷᠢᠭᠤᠯᠲᠠ ᠵᠢᠨ ᠬᠠᠭᠤᠳᠠᠰᠤ》 ᠵᠢᠨ ᠶᠠᠰᠤ ᠴᠢᠨᠠᠷ ᠰᠠᠢ᠍ᠢ᠍ᠨ᠂ ᠬᠤᠪᠢ ᠵᠢᠨ ᠵᠢᠩ ᠭᠦᠢ᠍ᠴᠡᠳ᠂ ᠠᠵᠤ ᠠᠬᠤᠢ ᠵᠢᠨ 《ᠠᠮᠵᠢᠯᠲᠠ ᠵᠢᠨ ᠬᠠᠭᠤᠳᠠᠰᠤ》 ᠵᠢ ᠨᠤᠳᠠᠯᠠᠭᠤᠰᠢᠳᠠᠢ ᠪᠠᠢ᠌ᠨ᠎ᠠ᠃ ᠡᠨᠳᠡ ᠪᠢ 6 ᠦᠰᠦᠭ ᠵᠶ᠋ᠠᠷ 2023 ᠣᠨ᠎ᠤ ᠪᠦᠬᠦ ᠣᠷᠣᠨ᠎ᠤ ᠠᠵᠤ ᠠᠬᠤᠢ ᠵᠢᠨ ᠡᠷᠭᠢᠯᠲᠡ ᠵᠢᠨ ᠭᠣᠣᠯ ᠣᠨᠴᠠᠯᠢᠭ᠎ᠢ ᠬᠤᠷᠢᠶᠠᠩᠭᠤᠶ᠋ᠢᠯᠠᠶ᠎ᠠ᠃
    ᠨᠢᠭᠡᠳᠦᠭᠡᠷ ᠦᠰᠦᠭ᠎ᠨᠢ 《ᠣᠨᠣᠪᠴᠢᠲᠠᠶ》᠂ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ᠎ᠨᠢ ᠣᠨᠣᠪᠴᠢᠲᠠᠶ ᠪᠥᠭᠡᠳ ᠪᠦᠲᠦᠮᠵᠢᠲᠡᠶ᠃ ᠨᠠᠷᠢᠨ ᠪᠤᠳᠤᠯᠢᠶᠠᠨᠲᠠᠶ ᠭᠠᠳᠠᠭ᠋ᠠᠳᠤ ᠣᠷᠴᠢᠨ᠎ᠤ ᠬᠤᠪᠢᠷᠠᠯᠲᠠ ᠪᠣᠯᠤᠨ ᠥᠷᠢᠰᠥᠯᠳᠦᠭᠡᠨ᠎ᠢ ᠬᠦᠴᠦᠲᠡᠶ ᠠᠷᠭ᠋ᠠᠴᠠᠭ᠋ᠠᠵᠤ᠂ ᠪᠦᠬᠦ ᠣᠷᠣᠨ᠎ᠤ ᠠᠵᠤ ᠠᠬᠤᠢ ᠵᠢᠨ ᠯᠠᠪᠳᠠᠭᠤᠨ ᠵᠶ᠋ᠠᠷ ᠬᠤᠯᠠ ᠠᠶᠠᠯᠠᠬᠤ ᠵᠢ ᠠᠬᠢᠭᠤᠯᠬᠤ ᠵᠢᠨ ᠲᠦᠯᠦᠭᠡ᠂ 2023 ᠣᠨ᠎ᠳᠤ ᠣᠷᠣᠨ ᠳᠠᠶᠠᠭ᠋ᠠᠷ᠎ᠤᠨ᠎ᠬᠢᠨ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠳᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠬᠢᠨᠠᠮᠠᠭ᠋ᠠᠢ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠠᠵᠤ  ᠦᠢ᠍ᠯᠡᠰ᠎ᠤᠨ ᠬᠥᠭᠵᠢᠯᠲᠡ ᠵᠢ ᠠᠬᠢᠭᠤᠯᠬᠤ᠂ ᠪᠦᠲᠦᠮᠵᠢᠲᠡᠶ ᠪᠡᠯᠡ ᠣᠷᠣᠭᠤᠯᠤᠯᠲᠠ ᠵᠢ ᠥᠷᠭᠡᠳᠬᠡᠬᠦ᠂ ᠮᠥᠩᠭᠥᠨ ᠭᠦᠢ᠍ᠯᠭᠡᠭᠡᠨ᠎ᠤ ᠳᠡᠮᠵᠢᠯᠭᠡ ᠵᠢ ᠴᠢᠩᠭ᠋ᠠᠳᠬᠠᠬᠤ᠂ ᠠᠵᠤ ᠠᠬᠤᠶ᠋ᠢᠯᠠᠯ᠎ᠤᠨ ᠥᠪᠡᠷ᠎ᠤᠨ ᠥᠷᠲᠡᠭ᠎ᠢ ᠪᠠᠭᠤᠷᠠᠭᠤᠯᠬᠤ᠂ ᠬᠡᠷᠡᠭᠯᠡᠭᠡᠨ᠎ᠤ ᠢᠲᠡᠭᠡᠯ᠎ᠢ ᠨᠡᠮᠡᠭᠳᠡᠭᠦᠯᠬᠦ ᠵᠡᠷᠭᠡ ᠲᠤᠭᠤᠷᠢᠨ᠎ᠳᠤ᠂ ᠲᠥᠷᠥ ᠵᠢᠨ ᠪᠣᠳᠣᠯᠭ᠎ᠠ ᠵᠢᠨ ᠬᠠᠩᠭ᠋ᠠᠯᠭ᠎ᠠ ᠪᠠ ᠠᠵᠢᠯᠯᠠᠭ᠋ᠠᠨ᠎ᠤ ᠲᠣᠬᠢᠷᠠᠭᠤᠯᠤᠯᠲᠠ ᠵᠢ ᠲᠠᠰᠤᠷᠠᠯᠲᠠ ᠥᠬᠡᠶ ᠴᠢᠩᠭ᠋ᠠᠳᠬᠠᠨ᠂ ᠲᠥᠷᠥ ᠵᠢᠨ ᠪᠣᠳᠣᠯᠭ᠎ᠠ ᠵᠢᠨ ᠰᠢᠷᠢᠰ ᠠᠷᠭ᠎ᠠ ᠬᠡᠮᠵᠢᠶ᠎ᠡ᠂ ᠠᠵᠢᠯ᠎ᠤᠨ ᠬᠠᠮ ᠠᠷᠭ᠎ᠠ ᠪᠤᠳᠤᠯᠭ᠎ᠠ᠂ ᠥᠭᠡᠷᠡᠴᠢᠯᠡᠯᠲᠡ ᠵᠢᠨ ᠬᠠᠮ ᠠᠷᠭ᠎ᠠ ᠪᠤᠳᠤᠯᠭ᠎ᠠ ᠭᠠᠷᠭ᠋ᠠᠨ᠂ ᠵᠢᠯ᠎ᠤᠨ ᠡᠬᠢᠨ᠎ᠳᠤ ᠨᠡᠶ᠋ᠢᠲᠡᠯᠡᠭᠰᠡᠨ ᠠᠵᠤ ᠠᠬᠤᠶ ᠵᠢᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ 62 ᠵᠤᠷᠪᠤᠰ᠂ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢᠨ 120 ᠵᠤᠷᠪᠤᠰ ᠲᠥᠷᠥ ᠵᠢᠨ ᠪᠣᠳᠣᠯᠭ᠎ᠠ ᠵᠢᠨ ᠨᠠᠷᠢᠨ ᠲᠠᠩᠰᠠ᠎ᠠᠴᠠ 《ᠰᠦ ᠵᠢᠨ ᠦᠢ᠍ᠯᠡᠰ᠎ᠤᠨ ᠶᠢᠰᠦᠨ ᠵᠤᠷᠪᠤᠰ》᠎ᠤᠨ ᠲᠠᠰ ᠳᠡᠪᠰᠢᠭᠰᠡᠨ ᠬᠡᠪᠯᠡᠯ ᠪᠠ 《ᠬᠣᠶᠠᠷ ᠬᠣᠪᠣᠷ ᠰᠢᠷᠣᠶ ᠵᠢᠨ ᠰᠠᠭᠤᠷᠢᠨ ᠭᠠᠵᠠᠷ》᠎ᠢ ᠪᠥᠲᠥᠭᠡᠨ ᠪᠠᠶ᠋ᠢᠭᠤᠯᠬᠤ ᠲᠤᠬᠠᠶ ᠬᠡᠷᠡᠭᠵᠢᠭᠦᠯᠬᠦ ᠰᠠᠨᠠᠯ ᠬᠦᠷᠲᠡᠯ᠎ᠡ; ᠤᠯᠤᠰ᠎ᠤᠨ ᠪᠠᠶ᠋ᠢᠯᠳᠤᠬᠤ ᠪᠣᠳᠣᠯᠭ᠎ᠠ ᠵᠢᠨ ᠪᠣᠳᠠᠲᠠᠶ ᠠᠷᠭ᠎ᠠ ᠬᠡᠮᠵᠢᠶ᠎ᠡ ᠵᠢ ᠲᠣᠭᠲᠠᠭ᠋ᠠᠨ ᠨᠠᠶ᠋ᠢᠳᠠᠪᠤᠷᠢᠵᠢᠭᠤᠯᠬᠤ᠎ᠠᠴᠠ ᠡᠷᠬᠡ ᠲᠡᠭᠰᠢ᠎ᠪᠠᠷ ᠥᠷᠢᠰᠥᠯᠳᠦᠬᠦ ᠵᠠᠬ᠎ᠠ ᠳᠡᠯᠭᠡᠭᠦᠷ᠎ᠤᠨ ᠣᠷᠴᠢᠨ ᠲᠣᠭᠣᠷᠢᠨ᠎ᠢ ᠬᠦᠴᠦᠯᠡᠨ ᠪᠣᠶ ᠪᠣᠯᠭ᠋ᠠᠬᠤ᠂ ᠪᠥᠬᠥ ᠤᠯᠤᠰ᠎ᠤᠨ ᠨᠢᠭᠡᠳᠦᠯᠲᠡᠶ ᠲᠣᠮᠣ ᠵᠠᠬ᠎ᠠ ᠳᠡᠯᠭᠡᠭᠦᠷ᠎ᠢ ᠪᠥᠲᠥᠭᠡᠨ ᠪᠠᠶ᠋ᠢᠭᠤᠯᠬᠤ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠶᠡᠷᠦᠩᠬᠡᠶ ᠲᠥᠰᠦᠯ᠎ᠢ ᠲᠣᠭᠲᠠᠭ᠋ᠠᠬᠤ᠂ 44 ᠵᠦᠢ᠍ᠯ᠎ᠤᠨ ᠪᠣᠳᠠᠲᠠᠶ ᠡᠭᠦᠷᠭᠡ ᠵᠢ ᠲᠣᠳᠣᠷᠬᠠᠶ᠋ᠢᠯᠠᠬᠤ ᠵᠡᠷᠭᠡ ᠬᠦᠷᠲᠡᠯ᠎ᠡ᠂ ᠲᠥᠷᠥ ᠵᠢᠨ ᠪᠣᠳᠣᠯᠭ᠎ᠠ ᠵᠢᠨ ᠦᠷᠭᠦᠯᠵᠢᠯᠡᠯ᠎ᠢ ᠪᠠᠲᠤᠯᠠᠬᠤ᠂ ᠲᠥᠷᠥ ᠵᠢᠨ ᠪᠣᠳᠣᠯᠭ᠎ᠠ ᠵᠢᠨ ᠬᠠᠮᠵᠢᠯᠴᠠᠭ᠎ᠠ ᠵᠢ ᠴᠢᠩᠭ᠋ᠠᠳᠬᠠᠬᠤ᠂ ᠲᠥᠷᠥ ᠵᠢᠨ ᠪᠣᠳᠣᠯᠭ᠎ᠠ ᠵᠢᠨ ᠠᠰᠢᠭ᠎ᠢ ᠪᠠᠳᠠᠷᠠᠭᠤᠯᠬᠤ᠂ ᠲᠥᠷᠥ ᠵᠢᠨ ᠪᠣᠳᠣᠯᠭ᠎ᠠ ᠵᠢᠨ ᠨᠠᠶ᠋ᠢᠳᠠᠪᠤᠷᠢᠵᠢᠭᠤᠯᠤᠯᠲᠠ ᠵᠢ ᠰᠢᠯᠢᠳᠡᠭᠵᠢᠭᠦᠯᠬᠦ᠎ᠪᠠᠷ ᠳᠠᠮᠵᠢᠭᠤᠯᠤᠨ᠂ ᠪᠥᠬᠥ ᠣᠷᠣᠨ᠎ᠤ ᠠᠵᠤ ᠠᠬᠤᠶ ᠵᠢᠨ ᠠᠵᠢᠯᠯᠠᠭ᠋ᠠᠨ᠎ᠤ ᠥᠭᠡᠳᠡᠯᠡᠨ ᠰᠠᠶ᠋ᠢᠵᠢᠷᠠᠬᠤ ᠵᠢ ᠠᠬᠢᠭᠤᠯᠬᠤ᠎ᠳᠤ ᠴᠢᠬᠤᠯᠠ ᠦᠢ᠍ᠯᠡᠳᠦᠯ ᠦᠵᠡᠭᠦᠯᠪᠡ᠃ ᠢᠯᠠᠩᠭᠤᠶ᠎ᠠ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ ᠠᠵᠤ ᠠᠬᠤᠶ ᠵᠢᠨ ᠠᠵᠢᠯᠯᠠᠭ᠋ᠠᠨ᠎ᠢ ᠬᠢᠨᠠᠨ ᠬᠡᠮᠵᠢᠬᠦ ᠪᠠ ᠲᠣᠬᠢᠷᠠᠭᠤᠯᠬᠤ ᠵᠢ ᠣᠯᠠᠨ ᠤᠳᠠᠭ᠎ᠠ᠂ ᠪᠦᠬᠦ ᠲᠠᠯ᠎ᠠ᠎ᠪᠠᠷ᠂ ᠣᠯᠠᠨ ᠨᠢᠭᠲᠠᠴᠠ᠎ᠪᠠᠷ ᠴᠢᠩᠭ᠋ᠠᠳᠬᠠᠵᠤ᠂ ᠴᠠᠭ ᠲᠤᠬᠠᠶ᠎ᠳᠤᠨᠢ ᠤᠷᠢᠳᠴᠢᠯᠠᠨ ᠮᠠᠭ᠋ᠠᠳᠯᠠᠵᠤ ᠤᠷᠢᠳᠴᠢᠯᠠᠨ ᠰᠡᠷᠡᠮᠵᠢᠯᠡᠭᠦᠯᠵᠦ᠂ ᠲᠥᠷᠥ ᠵᠢᠨ ᠪᠣᠳᠣᠯᠭ᠎ᠠ ᠵᠢᠨ ᠬᠦᠴᠦᠯᠡᠬᠦ ᠴᠡᠭ᠎ᠢ ᠣᠨᠣᠪᠴᠢᠲᠠᠶ ᠲᠣᠬᠢᠷᠠᠭᠤᠯᠤᠨ ᠡᠵᠡᠮᠳᠡᠵᠦ᠂ ᠪᠦᠬᠦ ᠣᠷᠣᠨ᠎ᠤ ᠠᠵᠤ ᠠᠬᠤᠶ ᠵᠢᠨ ᠠᠵᠢᠯᠯᠠᠭ᠋ᠠᠨ᠎ᠤ ᠵᠦᠶ ᠵᠣᠬᠢᠰᠲᠠᠶ ᠬᠡᠪᠴᠢᠶᠡᠨ᠎ᠳᠤ ᠰᠠᠨᠠᠭ᠋ᠠᠴᠢᠯᠠᠭ᠋ᠠᠲᠤ ᠪᠠᠶ᠋ᠢᠷᠢ ᠵᠢ ᠣᠯᠵᠤ᠂ ᠳᠠᠪᠠᠭᠤᠯᠢᠭ ᠪᠠᠶ᠋ᠢᠷᠢ ᠵᠢ ᠲᠡᠮᠡᠴᠡᠨ ᠣᠯᠬᠤ ᠵᠢ ᠦᠨᠡᠨ ᠬᠦ᠌ ᠪᠠᠲᠤᠯᠠᠪᠠ᠃
    ᠬᠣᠶᠠᠳᠤᠭ᠋ᠠᠷ ᠦᠰᠦᠭ᠎ᠨᠢ 《ᠲᠦᠷᠭᠡᠨ》᠂ ᠠᠵᠤ ᠠᠬᠤᠶ ᠵᠢᠨ ᠨᠡᠮᠡᠭᠳᠡᠯ᠎ᠤᠨ ᠬᠠᠨᠳᠤᠰᠢ ᠲᠦᠷᠭᠡᠳᠪᠡ᠃

2023 ᠣᠨ᠎ᠤ ᠠᠵᠤ ᠠᠬᠤᠶ ᠵᠢᠨ ᠠᠵᠢᠯᠯᠠᠭ᠋ᠠᠨ᠎ᠤ ᠬᠠᠨᠳᠤᠰᠢ ᠵᠢ ᠡᠷᠭᠢᠴᠡᠭᠦᠯᠪᠡᠯ᠂ ᠨᠢᠭᠡᠳᠦᠭᠡᠷ ᠤᠯᠠᠷᠢᠯ᠎ᠳᠤ ᠪᠥᠬᠥ ᠣᠷᠣᠨ᠎ᠤ GDP 5.6%᠎ᠪᠠᠷ ᠨᠡᠮᠡᠭᠳᠡᠵᠦ᠂ ᠰᠠᠶ᠋ᠢᠨ ᠰᠠᠶ᠋ᠢᠬᠠᠨ ᠡᠬᠢᠯᠡᠯᠲᠡ ᠵᠢ ᠪᠡᠶᠡᠯᠡᠭᠦᠯᠦᠭᠰᠡᠨ᠎ᠤ ᠳᠠᠷᠠᠭ᠎ᠠ᠂ ᠰᠠᠶ᠋ᠢᠵᠢᠷᠠᠬᠤ ᠬᠠᠨᠳᠤᠰᠢ᠎ᠪᠠᠨ ᠪᠠᠲᠤᠯᠠᠵᠤ᠂ ᠪᠥᠬᠥ ᠵᠢᠯ᠎ᠳᠤ ᠳᠠᠬᠢᠨ ᠨᠢᠭᠡ ᠠᠯᠬᠤᠮ ᠤᠷᠤᠭᠰᠢᠯᠠᠵᠤ᠂ 7.3% ᠵᠢᠨ ᠨᠡᠯᠢᠶᠡᠳ ᠥᠨᠳᠥᠷ ᠨᠡᠮᠡᠭᠳᠡᠯ᠎ᠤᠨ ᠲᠦᠪᠰᠢᠨ᠎ᠢ ᠪᠡᠶᠡᠯᠡᠭᠦᠯᠵᠦ᠂ 2016 ᠣᠨ᠎ᠠᠴᠠ ᠨᠠᠰᠢᠬᠢ ᠬᠠᠮᠤᠭ᠎ᠤᠨ ᠥᠨᠳᠥᠷ ᠨᠡᠮᠡᠭᠳᠡᠯ᠎ᠤᠨ ᠬᠤᠷᠳᠤᠴᠠ᠎ᠳᠤ ᠬᠥᠷᠪᠡ᠃ ᠪᠥᠬᠥ ᠵᠢᠯ᠎ᠤᠨ ᠨᠡᠮᠡᠭᠳᠡᠯ᠎ᠤᠨ ᠬᠤᠷᠳᠤᠴᠠ᠎ᠳᠤ 《ᠱᠠᠲᠤᠯᠢᠭ ᠮᠠᠶᠢᠭ》᠎ᠤᠨ ᠳᠡᠭᠡᠭᠰᠢᠯᠡᠬᠦ ᠮᠤᠷᠤᠶ ᠱᠤᠭᠤᠮ ᠢᠯᠡᠷᠡᠵᠦ᠂ ᠮᠠᠨ᠎ᠤ ᠣᠷᠣᠨ᠎ᠤ ᠠᠵᠤ ᠠᠬᠤᠶ ᠵᠢᠨ ᠠᠵᠢᠯᠯᠠᠭ᠋ᠠᠨ ᠨᠢᠭᠡᠨᠲᠡ 《ᠰᠡᠷᠭᠦᠯᠲᠡ》 ᠪᠠ 《ᠲᠣᠭᠲᠠᠭᠤᠨ》᠎ᠤ ᠰᠠᠭᠤᠷᠢᠨ ᠳᠡᠭᠡᠷ᠎ᠡ 《ᠲᠦᠷᠭᠡᠨ》᠎ᠢ ᠪᠡᠶᠡᠯᠡᠭᠦᠯᠦᠭᠰᠡᠨ᠎ᠢ ᠬᠠᠷᠠᠭᠤᠯᠵᠤ ᠪᠠᠶ᠋ᠢᠨ᠎ᠠ᠃ ᠡᠭᠦᠨ᠎ᠤ ᠬᠠᠮᠲᠤ᠂ ᠭᠤᠯᠳᠤ ᠲᠠᠯ᠎ᠠ᠎ᠠᠴᠠ ᠦᠵᠡᠪᠡᠯ᠂ 2022 ᠣᠨ᠎ᠤ 4.4% ᠵᠢᠨ ᠨᠡᠮᠡᠭᠳᠡᠯ᠎ᠤᠨ ᠬᠤᠷᠳᠤᠴᠠ᠎ᠠᠴᠠ ᠢᠯᠡᠳᠲᠡ ᠲᠦᠷᠭᠡᠨ ᠪᠠᠶ᠋ᠢᠵᠤ᠂ ᠬᠢᠵᠢᠭ᠎ᠤᠨ ᠪᠠᠶ᠋ᠢᠳᠠᠯ᠎ᠤᠨ ᠭᠤᠷᠪᠠᠨ ᠵᠢᠯ (2020 - 2022 ᠣᠨ)᠎ᠤᠨ 3.7% ᠵᠢᠨ ᠵᠢᠯ ᠳᠤᠮᠳᠠᠴᠢ ᠵᠢᠨ ᠨᠡᠮᠡᠭᠳᠡᠯ᠎ᠤᠨ ᠬᠤᠷᠳᠤᠴᠠ᠎ᠠᠴᠠ ᠴᠤ᠌ ᠲᠦᠷᠭᠡᠨ ᠪᠠᠶ᠋ᠢᠨ᠎ᠠ᠃
    ᠭᠤᠷᠪᠠᠳᠤᠭ᠋ᠠᠷ ᠦᠰᠦᠭ᠎ᠨᠢ 《ᠲᠣᠭᠲᠠᠭᠤᠨ》᠂ ᠠᠵᠤ ᠦᠢ᠍ᠯᠡᠰ᠎ᠤᠨ ᠬᠥᠭᠵᠢᠯᠲᠡ ᠲᠣᠭᠲᠠᠭᠤᠨ᠎ᠤ ᠳᠤᠮᠳᠠ ᠪᠡᠬᠢᠵᠢᠪᠡ ᠃ ᠭᠤᠷᠪᠠᠨ ᠠᠵᠤ ᠦᠢ᠍ᠯᠡᠰ᠎ᠠᠴᠠ ᠦᠵᠡᠪᠡᠯ᠂ ᠬᠠᠮᠵᠢᠯᠴᠠᠨ ᠬᠥᠭᠵᠢᠬᠦ ᠵᠢ ᠪᠡᠶᠡᠯᠡᠭᠦᠯᠵᠦ᠂ ᠠᠵᠤ ᠠᠬᠤᠢ ᠵᠢᠨ ᠦᠨᠳᠦᠰᠦᠨ ᠪᠠᠶ᠋ᠢᠳᠠᠯ᠎ᠢ ᠪᠠᠲᠤᠳᠬᠠᠪᠠ᠃ ᠲᠠᠷᠢᠶᠠᠯᠠᠩ ᠮᠠᠯ ᠠᠵᠤ ᠠᠬᠤᠶ ᠵᠢᠨ ᠲᠠᠯ᠎ᠠ᠎ᠪᠠᠷ᠃ 2023 ᠣᠨ᠎ᠳᠤ᠂ ᠪᠥᠬᠥ ᠣᠷᠣᠨ᠎ᠤ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭ᠋ᠠᠰᠤᠨ ᠠᠵᠤ ᠠᠬᠤᠶ ᠵᠢᠨ ᠨᠡᠮᠡᠭᠳᠡᠯ ᠥᠷᠲᠡᠭ ᠳᠡᠭᠡᠷ᠎ᠡ ᠵᠢᠯ᠎ᠤᠨ᠎ᠬᠢ᠎ᠠᠴᠠ 5.5%᠎ᠪᠠᠷ ᠨᠡᠮᠡᠭᠳᠡᠵᠦ᠂ ᠨᠡᠮᠡᠭᠳᠡᠯ᠎ᠤᠨ ᠬᠤᠷᠳᠤᠴᠠ᠎ᠨᠢ ᠳᠡᠭᠡᠷ᠎ᠡ ᠵᠢᠯ᠎ᠤᠨ᠎ᠬᠢ᠎ᠠᠴᠠ 1.0 ᠵᠠᠭᠤᠨ᠎ᠤ ᠬᠤᠪᠢ ᠵᠢᠨ ᠴᠡᠭ ᠳᠡᠭᠡᠭᠰᠢᠯᠡᠵᠦ᠂ ᠠᠮᠤ ᠪᠤᠳᠠᠭ᠎ᠠ᠂ ᠭᠠᠬᠠᠶ ᠦᠬᠡᠷ ᠬᠣᠨᠢ ᠵᠢᠭᠦᠷᠲᠡᠨ᠎ᠤ ᠮᠢᠬᠠᠨ᠎ᠤ ᠭᠠᠷᠤᠯᠲᠠ ᠲᠣᠭᠲᠠᠭᠤᠨ ᠵᠶ᠋ᠠᠷ ᠨᠡᠮᠡᠭᠳᠡᠵᠦ᠂ 《ᠠᠮᠤ ᠵᠢᠨ ᠰᠠᠩ》᠂ 《ᠮᠢᠬᠠᠨ᠎ᠤ ᠬᠦᠮᠦᠷᠭᠡ》᠂ 《ᠰᠦ ᠵᠢᠨ ᠬᠦᠨᠦᠭ》 ᠎ᠢ ᠨᠠᠩ ᠳᠦᠭᠦᠷᠭᠡᠪᠡ᠃ ᠠᠵᠤ ᠦᠢ᠍ᠯᠡᠳᠪᠦᠷᠢ ᠵᠢᠨ ᠲᠠᠯ᠎ᠠ᠎ᠪᠠᠷ᠂ ᠪᠥᠬᠥ ᠣᠷᠣᠨ᠎ᠤ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ ᠳᠡᠭᠡᠷ᠎ᠡ ᠵᠢᠯ᠎ᠤᠨ᠎ᠬᠢ᠎ᠠᠴᠠ 7.2% ᠵᠶ᠋ᠠᠷ ᠨᠡᠮᠡᠭᠳᠡᠵᠦ᠂ ᠨᠡᠮᠡᠭᠳᠡᠯ᠎ᠤᠨ ᠬᠤᠷᠳᠤᠴᠠ᠎ᠨᠢ ᠳᠡᠭᠡᠷ᠎ᠡ ᠵᠢᠯ᠎ᠤᠨ᠎ᠬᠢ᠎ᠠᠴᠠ 0.6 ᠵᠠᠭᠤᠨ᠎ᠤ ᠬᠤᠪᠢ ᠵᠢᠨ ᠴᠡᠭ ᠳᠡᠭᠡᠭᠰᠢᠯᠡᠵᠦ᠂ ᠤᠷᠤᠨ ᠨᠤᠲᠤᠭ᠎ᠤᠨ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠎ᠤᠨ 40.2%᠎ᠢ ᠡᠵᠡᠯᠡᠪᠡ᠃ ᠡᠭᠦᠨ᠎ᠳᠤ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠨᠢ ᠳᠡᠭᠡᠷ᠎ᠡ ᠵᠢᠯ᠎ᠤᠨ᠎ᠬᠢ᠎ᠠᠴᠠ 7.4%᠎ᠪᠠᠷ ᠨᠡᠮᠡᠭᠳᠡᠵᠦ᠂ ᠨᠡᠮᠡᠭᠳᠡᠯ᠎ᠤᠨ ᠬᠤᠷᠳᠤᠴᠠ᠎ᠨᠢ 6 ᠰᠠᠷ᠎ᠠ ᠳᠠᠷᠠᠭ᠋ᠠᠯᠠᠨ 7%᠎ᠠᠴᠠ ᠳᠡᠭᠡᠭᠰᠢ ᠪᠠᠶ᠋ᠢᠬᠤ ᠵᠢ ᠪᠠᠲᠤᠯᠠᠪᠠ᠂ ᠢᠯᠠᠩᠭᠤᠶ᠎ᠠ 7.4% ᠵᠢᠨ ᠨᠡᠮᠡᠭᠳᠡᠯ᠎ᠤᠨ ᠬᠤᠷᠳᠤᠴᠠ᠎ᠨᠢ ᠬᠡᠷᠡᠭᠴᠡᠭᠡ ᠱᠠᠭ᠋ᠠᠷᠳᠠᠯᠭ᠎ᠠ ᠬᠦᠷᠦᠯᠴᠡᠬᠦ ᠥᠬᠡᠶ᠂ ᠵᠢᠱ᠌ᠢᠯᠲᠡ᠎ᠨᠢ ᠪᠠᠭᠤᠷᠠᠶ ᠳᠠᠪᠬᠤᠴᠠᠭᠰᠠᠨ ᠡᠨᠧᠷᠭᠢ ᠵᠡᠷᠭᠡ ᠶᠡᠬᠡ ᠬᠡᠮᠵᠢᠶᠡᠨ᠎ᠤ ᠲᠠᠸᠠᠷ᠎ᠤᠨ ᠦᠨ᠎ᠡ ᠬᠠᠩᠰᠢ ᠳᠤᠤᠷ᠎ᠠ ᠡᠷᠭᠢᠯᠲᠡ ᠳᠤᠤᠷ᠎ᠠ ᠪᠡᠶᠡᠯᠡᠭᠳᠡᠭᠰᠡᠨ ᠶᠤᠮ᠂ ᠬᠣᠷᠸ᠎ᠠ ᠠᠵᠤ ᠠᠬᠤᠶ ᠵᠢᠨ ᠠᠬᠤᠶ ᠪᠠᠶ᠋ᠢᠳᠠᠯ ᠳᠤᠤᠷ᠎ᠠ᠂ ᠮᠠᠨ᠎ᠤ ᠣᠷᠣᠨ᠎ᠤ ᠠᠵᠤ ᠦᠢ᠍ᠯᠡᠳᠪᠦᠷᠢ ᠵᠢᠨ ᠠᠵᠤ ᠠᠬᠤᠶ ᠳᠠᠷᠤᠯᠲᠠ ᠵᠢ ᠳᠠᠭ᠋ᠠᠭ᠋ᠠᠵᠤ᠂ ᠯᠠᠪᠳᠠᠭᠤᠨ ᠪᠠᠲᠤᠲᠠᠶ ᠠᠵᠢᠯᠯᠠᠵᠤ᠂ ᠡᠴᠦᠰ᠎ᠲᠡᠭᠡᠨ ᠶᠡᠷᠦ ᠪᠤᠰᠤ ᠵᠢᠨ ᠠᠮᠵᠢᠯᠲᠠ ᠪᠦᠲᠦᠮᠵᠢ ᠤᠯᠪᠠ᠂ ᠡᠨᠡ᠎ᠨᠢ ᠬᠢᠯᠪᠠᠷ ᠪᠤᠰᠤ ᠭᠡᠵᠦ ᠬᠡᠯᠡᠵᠦ ᠪᠣᠯᠬᠤ ᠪᠥᠭᠡᠳ ᠮᠠᠨ᠎ᠤ ᠣᠷᠣᠨ᠎ᠤ ᠠᠵᠤ ᠦᠢ᠍ᠯᠡᠳᠪᠦᠷᠢ ᠵᠢᠨ ᠠᠵᠤ ᠠᠬᠤᠶ ᠵᠢᠨ ᠬᠥᠭᠵᠢᠯᠲᠡ ᠵᠢᠨ ᠤᠶᠠᠨ ᠬᠠᠲᠠᠨ ᠴᠢᠨᠠᠷ ᠪᠣᠯᠤᠨ ᠬᠡᠯᠬᠢᠶ᠎ᠡ ᠵᠢ ᠤᠷᠲᠤᠳᠬᠠᠵᠤ ᠬᠡᠯᠬᠢᠶ᠎ᠡ ᠵᠢ ᠨᠥᠬᠥᠪᠥᠷᠢᠯᠡᠵᠦ ᠬᠡᠯᠬᠢᠶ᠎ᠡ ᠵᠢ ᠴᠢᠩᠭ᠋ᠠᠷᠠᠭᠤᠯᠤᠭᠰᠠᠨ ᠦᠷ᠎ᠡ ᠪᠦᠲᠦᠮᠵᠢ ᠵᠢ ᠢᠯᠡᠷᠡᠭᠦᠯᠦᠭᠰᠡᠨ ᠪᠠᠶ᠋ᠢᠨ᠎ᠠ᠃ ᠦᠢ᠍ᠯᠡᠴᠢᠯᠡᠭᠡᠨ᠎ᠤ ᠦᠢ᠍ᠯᠡᠰ᠎ᠤᠨ ᠲᠠᠯ᠎ᠠ᠎ᠪᠠᠷ᠂ 2023 ᠣᠨ᠎ᠳᠤ ᠪᠥᠬᠥ ᠣᠷᠣᠨ᠎ᠤ ᠦᠢ᠍ᠯᠡᠴᠢᠯᠡᠭᠡᠨ᠎ᠤ ᠦᠢ᠍ᠯᠡᠰ᠎ᠤᠨ ᠨᠡᠮᠡᠭᠳᠡᠯ ᠥᠷᠲᠡᠭ ᠲᠦᠮᠡᠨ ᠳ᠋ᠦᠩᠰᠢᠭᠤᠷ ᠲᠥᠭᠥᠷᠢᠭ᠎ᠤᠨ ᠶᠡᠬᠡ ᠪᠣᠭᠣᠮᠲᠠ᠎ᠳᠤ ᠣᠷᠣᠵᠤ᠂ ᠨᠡᠮᠡᠭᠳᠡᠯ᠎ᠤᠨ ᠬᠤᠷᠳᠤᠴᠠ᠎ᠨᠢ ᠳᠡᠭᠡᠷ᠎ᠡ ᠵᠢᠯ᠎ᠤᠨ᠎ᠬᠢ᠎ᠠᠴᠠ 4.3 ᠵᠠᠭᠤᠨ᠎ᠤ ᠬᠤᠪᠢ ᠵᠢᠨ ᠴᠡᠭ ᠳᠡᠭᠡᠭᠰᠢᠯᠡᠵᠦ᠂ ᠤᠷᠤᠨ ᠨᠤᠲᠤᠭ᠎ᠤᠨ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠎ᠲᠤ ᠦᠵᠡᠭᠦᠯᠦᠭᠰᠡᠨ ᠬᠤᠪᠢ ᠨᠡᠮᠡᠷᠢ ᠵᠢᠨ ᠨᠣᠷᠮ᠎ᠠ᠎ᠨᠢ 45.6%᠎ᠳᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 15.6 ᠵᠠᠭᠤᠨ᠎ᠤ ᠬᠤᠪᠢ ᠵᠢᠨ ᠴᠡᠭ ᠳᠡᠭᠡᠭᠰᠢᠯᠡᠵᠦ᠂ ᠪᠥᠬᠥ ᠣᠷᠣᠨ᠎ᠤ ᠠᠵᠤ ᠠᠬᠤᠶ ᠵᠢᠨ ᠬᠥᠭᠵᠢᠯᠲᠡ᠎ᠳᠤ ᠲᠠᠰᠤᠷᠠᠯᠲᠠ ᠥᠬᠡᠶ ᠬᠥᠳᠡᠯᠭᠡᠬᠦ ᠬᠦᠴᠦᠨ ᠨᠡᠮᠡᠷᠢᠯᠡᠪᠡ᠃
     ᠳᠥᠷᠪᠡᠳᠦᠭᠡᠷ ᠦᠰᠦᠭ᠎ᠨᠢ 《ᠰᠢᠯᠢᠳᠡᠭ》 ᠪᠠᠶ᠋ᠢᠵᠤ᠂ ᠪᠦᠲᠦᠴᠡ ᠵᠢᠨ ᠲᠤᠬᠢᠷᠠᠭᠤᠯᠤᠯᠳᠠ ᠵᠢ ᠨᠡᠩ ᠰᠢᠯᠢᠳᠡᠭᠵᠢᠭᠦᠯᠪᠡ᠃ ᠥᠩᠭᠡᠷᠡᠭᠰᠡᠨ ᠨᠢᠭᠡ ᠵᠢᠯ᠎ᠳᠤ᠂ ᠪᠦᠬᠦ ᠣᠷᠣᠨ ᠳᠠᠶᠠᠭ᠋ᠠᠷ 《ᠬᠡᠯᠬᠢᠶᠡᠲᠦ ᠰᠡᠳᠬᠢᠬᠦᠢ》᠎ᠪᠠᠷ ᠤᠯᠠᠮᠵᠢᠯᠠᠯᠲᠤ ᠠᠵᠤ ᠦᠢ᠍ᠯᠡᠰ᠎ᠢ ᠲᠤᠬᠢᠷᠠᠭᠤᠯᠤᠨ ᠰᠢᠯᠢᠳᠡᠭᠵᠢᠭᠦᠯᠵᠦ᠂ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠢ ᠪᠣᠶ᠋ᠢᠵᠢᠭᠤᠯᠤᠨ ᠬᠥᠭᠵᠢᠭᠦᠯᠵᠦ᠂ ᠴᠢᠬᠤᠯᠠ ᠶᠡᠬᠡ ᠲᠦᠷᠦᠯ ᠵᠦᠢ᠍ᠯ᠎ᠢ ᠭᠦᠨᠵᠡᠭᠡᠢ ᠰᠦᠪᠡᠭᠴᠢᠯᠡᠨ ᠪᠣᠳᠠᠲᠠᠶ᠋ᠢᠵᠢᠭᠤᠯᠵᠤ᠂ ᠠᠵᠤ ᠦᠢ᠍ᠯᠡᠰ᠎ᠤᠨ ᠬᠥᠭᠵᠢᠯᠲᠡ ᠵᠢᠨ 《ᠦᠨ᠎ᠡ ᠦᠷᠲᠡᠭ》᠎ᠢ ᠬᠦᠴᠦᠯᠡᠨ ᠳᠡᠭᠡᠭᠰᠢᠯᠡᠭᠦᠯᠪᠡ᠃ ᠪᠥᠬᠥ ᠣᠷᠣᠨ᠎ᠤ ᠨᠡᠭᠦᠷᠡᠰᠦᠨ᠎ᠤ ᠪᠤᠰᠤ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ ᠲᠦᠷᠦᠭᠦᠦ ᠵᠢᠯ᠎ᠤᠨ᠎ᠬᠢ᠎ᠠᠴᠠ᠎ᠪᠠᠨ 12.1%᠎ᠪᠠᠷ ᠨᠡᠮᠡᠭᠳᠡᠵᠦ᠂ ᠬᠡᠪᠴᠢᠶᠡᠵᠢᠯ᠎ᠠᠴᠠ ᠳᠡᠭᠡᠭᠰᠢᠬᠢ ᠠᠵᠤ  ᠦᠢ᠍ᠯᠡᠳᠪᠦᠷᠢ ᠵᠢᠨ ᠨᠡᠮᠡᠭᠳᠡᠯ᠎ᠤᠨ ᠬᠤᠷᠳᠤᠴᠠ᠎ᠠᠴᠠ 4.7 ᠵᠠᠭᠤᠨ᠎ᠤ ᠬᠤᠪᠢ ᠵᠢᠨ ᠴᠡᠭ ᠲᠦᠷᠭᠡᠨ ᠪᠣᠯᠵᠣ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ᠎ᠳᠤ ᠡᠵᠡᠯᠡᠬᠦ ᠬᠤᠪᠢ ᠵᠢᠨ ᠵᠢᠩ᠎ᠨᠢ 60.7%᠎ᠳᠤ ᠬᠦᠷᠴᠦ᠂ ᠲᠦᠷᠦᠭᠦᠦ ᠵᠢᠯ᠎ᠤᠨ᠎ᠬᠢ᠎ᠠᠴᠠ᠎ᠪᠠᠨ 1.8 ᠵᠠᠭᠤᠨ᠎ᠤ ᠬᠤᠪᠢ ᠵᠢᠨ ᠴᠡᠭ ᠳᠡᠭᠡᠭᠰᠢᠯᠡᠪᠡ᠃ ᠠᠵᠤ ᠦᠢ᠍ᠯᠡᠳᠪᠦᠷᠢ ᠵᠢᠨ ᠪᠠᠶ᠋ᠢᠯᠳᠤᠬᠤ ᠪᠤᠳᠤᠯᠭ᠎ᠠ ᠵᠢᠨ ᠴᠢᠨᠠᠷᠲᠠᠢ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠂ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ ᠨᠡᠯᠢᠶᠡᠳ ᠲᠦᠷᠭᠡᠨ ᠬᠥᠭᠵᠢᠵᠦ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ᠎ᠤᠨ ᠬᠤᠷᠳᠤᠴᠠ᠎ᠠᠴᠠ ᠦᠷᠭᠦᠯᠵᠢᠯᠡᠨ ᠲᠦᠷᠭᠡᠨ ᠪᠤᠯᠵᠤ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ᠎ᠳᠤ ᠡᠵᠡᠯᠡᠬᠦ ᠬᠤᠪᠢ ᠵᠢᠨ ᠵᠢᠩ᠎ᠨᠢ ᠴᠥᠮ ᠲᠦᠷᠦᠭᠦᠦ ᠵᠢᠯ᠎ᠤᠨ᠎ᠬᠢ᠎ᠠᠴᠠ ᠡᠳᠦᠢ ᠲᠡᠳᠦᠢ ᠳᠡᠭᠡᠭᠰᠢᠯᠡᠪᠡ᠃
    ᠲᠠᠪᠤᠳᠤᠭ᠋ᠠᠷ ᠦᠰᠦᠭ᠎ᠨᠢ 《ᠤᠷᠤᠭᠰᠢᠯᠠᠬᠤ》᠂ 《ᠲᠠᠪᠤᠨ ᠶᠡᠬᠡ ᠡᠭᠦᠷᠭᠡ》 ᠵᠢᠨ ᠪᠠᠶ᠋ᠢᠭᠤᠯᠤᠯᠲᠠ ᠵᠢ

ᠬᠦᠴᠦᠲᠡᠢ ᠠᠬᠢᠭᠤᠯᠪᠠ᠃ ᠪᠥᠬᠥ ᠣᠷᠣᠨ᠎ᠤ ᠳᠡᠭᠡᠳᠦ ᠳᠤᠤᠷᠠᠳᠤ ᠱᠠᠲᠤ᠎ᠪᠠᠷ ᠵᠶ᠋ᠠᠨ 《ᠲᠠᠪᠤᠨ ᠶᠡᠬᠡ ᠡᠭᠦᠷᠭᠡ》 ᠵᠢ ᠨᠠᠶ᠋ᠢᠳᠠᠪᠤᠷᠢᠵᠢᠭᠤᠯᠬᠤ ᠵᠢ ᠬᠦᠴᠦᠯᠡᠨ ᠠᠬᠢᠭᠤᠯᠵᠤ᠂ ᠠᠵᠤ ᠠᠬᠤᠶ ᠵᠢᠨ ᠲᠣᠭᠲᠠᠭᠤᠨ ᠪᠥᠭᠡᠳ ᠶᠠᠰᠤ ᠴᠢᠨᠠᠷ᠎ᠢ ᠳᠡᠭᠡᠭᠰᠢᠯᠡᠭᠦᠯᠬᠦ᠎ᠳᠤ 《ᠵᠢᠷᠦᠬᠡ ᠴᠢᠩᠭ᠋ᠠᠷᠠᠭᠤᠯᠬᠤ ᠡᠮ》᠎ᠢ ᠣᠷᠣᠭᠤᠯᠪᠠ᠃ ᠵᠢᠱ᠌ᠢᠶᠡᠯᠡᠪᠡᠯ᠂ 《ᠬᠣᠶᠠᠷ ᠰᠠᠭᠤᠷᠢᠨ》᠎ᠤ ᠪᠦᠳᠦᠭᠡᠨ ᠪᠠᠶ᠋ᠢᠭᠤᠯᠤᠯᠲᠠ ᠵᠢᠨ ᠲᠠᠯ᠎ᠠ᠎ᠪᠠᠷ᠂ ᠤᠯᠤᠰ᠎ᠤᠨ ᠴᠢᠬᠤᠯᠠ ᠡᠨᠧᠷᠭᠢ ᠪᠠ ᠪᠠᠶ᠋ᠢᠯᠳᠤᠬᠤ ᠪᠤᠳᠤᠯᠭ᠎ᠠ ᠵᠢᠨ ᠡᠬᠢ ᠪᠠᠶᠠᠯᠢᠭ᠎ᠤᠨ ᠰᠠᠭᠤᠷᠢᠨ᠎ᠤ ᠪᠦᠳᠦᠭᠡᠨ ᠪᠠᠶ᠋ᠢᠭᠤᠯᠤᠯᠲᠠ ᠢᠳᠡ ᠬᠦᠴᠦᠲᠡᠢ ᠶᠠᠪᠤᠭᠳᠠᠪᠠ᠃ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠡᠨᠧᠷᠭᠢ ᠵᠢᠨ ᠠᠵᠤ ᠦᠢ᠍ᠯᠡᠳᠪᠦᠷᠢ᠂ ᠣᠲᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠦᠢ᠍ᠯᠡᠰ ᠪᠣᠯᠤᠨ ᠬᠣᠪᠣᠷ ᠰᠢᠷᠣᠶ ᠵᠢᠨ ᠠᠵᠤ ᠦᠢ᠍ᠯᠡᠰ᠎ᠤᠨ ᠨᠡᠮᠡᠭᠳᠡᠯ ᠥᠷᠲᠡᠭ᠎ᠤᠨ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ᠎ᠳᠤ ᠡᠵᠡᠯᠡᠬᠦ ᠬᠤᠪᠢ ᠵᠢᠨ ᠵᠢᠩ᠎ᠨᠢ ᠨᠡᠶ᠋ᠢᠯᠡᠭᠡᠳ 60% ᠵᠢ ᠳᠠᠪᠠᠪᠠ᠃ ᠪᠥᠬᠥ ᠣᠷᠣᠨ᠎ᠤ ᠣᠯᠠᠨ ᠵᠦᠢ᠍ᠯ᠎ᠤᠨ ᠭᠤᠤᠯ ᠪᠣᠯᠬᠤ ᠡᠨᠧᠷᠭᠢ ᠵᠢᠨ ᠰᠤᠷᠪᠤᠯᠵᠢ ᠵᠢᠨ ᠦᠢ᠍ᠯᠡᠳᠬᠦᠨ᠎ᠤ ᠭᠠᠷᠤᠯᠲᠠ ᠪᠥᠬᠥ ᠤᠯᠤᠰ᠎ᠤᠨ ᠡᠮᠦᠨ᠎ᠡ ᠡᠩᠨᠡᠭᠡᠨ᠎ᠳᠤ ᠣᠷᠣᠵᠤ᠂ ᠬᠡᠪᠴᠢᠶᠡᠵᠢᠯ᠎ᠠᠴᠠ ᠳᠡᠭᠡᠭᠰᠢᠬᠢ ᠲᠦᠭᠦᠬᠡᠶ ᠨᠡᠭᠦᠷᠡᠰᠦᠨ᠎ᠤ ᠭᠠᠷᠤᠯᠲᠠ ᠪᠥᠬᠥ ᠤᠯᠤᠰ᠎ᠲᠤ 2 ᠳ᠋ᠤᠭ᠋ᠠᠷ᠎ᠲᠤ ᠣᠷᠣᠵᠤ᠂ ᠪᠥᠬᠥ ᠤᠯᠤᠰ᠎ᠤᠨ ᠲᠦᠭᠦᠬᠡᠶ ᠨᠡᠭᠦᠷᠡᠰᠦᠨ᠎ᠤ ᠭᠠᠷᠤᠯᠲᠠ ᠵᠢᠨ 26.0%᠎ᠢ ᠡᠵᠡᠯᠡᠵᠦ᠂ ᠡᠳᠦᠷ ᠪᠦᠷᠢ ᠵᠢᠨ ᠳᠤᠮᠳᠠᠴᠢ ᠭᠠᠷᠤᠯᠲᠠ 330 ᠲᠦᠮᠡᠨ ᠲᠣᠨ᠎ᠠᠴᠠ ᠳᠡᠭᠡᠭᠰᠢ ᠪᠠᠶ᠋ᠢᠨ᠎ᠠ; ᠬᠡᠪᠴᠢᠶᠡᠵᠢᠯ᠎ᠠᠴᠠ ᠳᠡᠭᠡᠭᠰᠢᠬᠢ ᠴᠠᠬᠢᠯᠭ᠋ᠠᠨ ᠭᠠᠷᠭ᠋ᠠᠬᠤ ᠬᠡᠮᠵᠢᠶ᠎ᠡ᠎ᠨᠢ ᠪᠥᠬᠥ ᠤᠯᠤᠰ᠎ᠤᠨ ᠲᠡᠷᠢᠭᠦᠨ᠎ᠳᠤ ᠣᠷᠣᠵᠤ᠂ ᠳᠡᠭᠡᠷ᠎ᠡ ᠵᠢᠯ᠎ᠤᠨ᠎ᠬᠢ᠎ᠠᠴᠠ 14.3%᠎ᠪᠠᠷ ᠨᠡᠮᠡᠭᠳᠡᠵᠦ᠂ ᠪᠥᠬᠥ ᠤᠯᠤᠰ᠎ᠤᠨ ᠴᠠᠬᠢᠯᠭ᠋ᠠᠨ ᠭᠠᠷᠭ᠋ᠠᠬᠤ ᠬᠡᠮᠵᠢᠶ᠎ᠡ ᠵᠢᠨ 8.4% ᠵᠢ ᠡᠵᠡᠯᠡᠪᠡ᠃ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ᠎ᠢ ᠲᠦᠷᠭᠡᠨ ᠪᠥᠭᠡᠳ ᠯᠠᠪᠳᠠᠭᠤᠨ ᠵᠶ᠋ᠠᠷ ᠪᠦᠳᠦᠭᠡᠨ ᠪᠠᠶ᠋ᠢᠭᠤᠯᠤᠨ᠎ᠠ᠃ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠢ ᠡᠳ᠋ᠰᠢᠭᠦᠯᠬᠦ ᠦᠢ᠍ᠯᠡᠰ᠎ᠤᠨ ᠨᠡᠮᠡᠭᠳᠡᠯ ᠥᠷᠲᠡᠭ ᠲᠦᠷᠦᠭᠦᠦ ᠵᠢᠯ᠎ᠤᠨ᠎ᠬᠢ᠎ᠠᠴᠠ᠎ᠪᠠᠨ 11.6%᠎ᠪᠠᠷ ᠨᠡᠮᠡᠭᠳᠡᠵᠦ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ᠎ᠤᠨ ᠬᠤᠷᠳᠤᠴᠠ᠎ᠠᠴᠠ 4.2 ᠵᠠᠭᠤᠨ᠎ᠤ ᠬᠤᠪᠢ ᠵᠢᠨ ᠴᠡᠭ ᠲᠦᠷᠭᠡᠨ ᠪᠣᠯᠪᠠ᠃ ᠪᠠᠰᠠ ᠵᠢᠱ᠌ᠢᠶᠡᠯᠡᠪᠡᠯ᠂ 《ᠬᠥᠭᠥᠷᠭᠡᠨ ᠪᠡᠬᠢᠯᠡᠯᠲᠡ》 ᠵᠢᠨ ᠪᠦᠲᠦᠭᠡᠨ ᠪᠠᠶ᠋ᠢᠭᠤᠯᠤᠯᠲᠠ ᠯᠠᠪᠳᠠᠭᠤᠨ ᠵᠶ᠋ᠠᠷ ᠠᠬᠢᠪᠠ᠃ 2023 ᠣᠨ᠎ᠳᠤ᠂ ᠪᠥᠬᠥ ᠣᠷᠣᠨ᠎ᠤ ᠭᠠᠳᠠᠭ᠋ᠠᠳᠤ ᠣᠷᠣᠭᠤᠯᠤᠯᠲᠠ ᠭᠠᠷᠭ᠋ᠠᠯᠲᠠ ᠵᠢᠨ ᠬᠡᠪᠴᠢᠶ᠎ᠡ 1800 ᠳ᠋ᠦᠩᠰᠢᠭᠤᠷ ᠲᠥᠭᠥᠷᠢᠭ᠎ᠢ ᠳᠠᠪᠠᠵᠤ᠂ ᠲᠡᠦᠬᠡ ᠵᠢᠨ ᠰᠢᠨ᠎ᠡ ᠲᠡᠮᠳᠡᠭᠯᠡᠯ᠎ᠢ ᠡᠭᠦᠳᠪᠡ; ᠪᠣᠭᠣᠮᠲᠠ ᠵᠢᠨ ᠪᠠᠷᠠᠭ᠋ᠠᠨ᠎ᠤ ᠲᠡᠭᠡᠭᠡᠪᠦᠷᠢ ᠵᠢᠨ ᠬᠡᠮᠵᠢᠶ᠎ᠡ ᠠᠩᠬ᠎ᠠ ᠤᠳᠠᠭ᠎ᠠ ᠳ᠋ᠦᠩᠰᠢᠭᠤᠷ ᠲᠣᠨ᠎ᠢ ᠳᠠᠪᠠᠵᠤ᠂ ᠳᠠᠬᠢᠨ ᠰᠢᠨ᠎ᠡ ᠳᠡᠭᠲᠡᠷ᠎ᠲᠤ ᠭᠠᠷᠪᠠ᠃
    ᠵᠢᠷᠭᠤᠳᠤᠭ᠋ᠠᠷ᠎ᠨᠢ 《ᠠᠮᠢᠳᠤᠯᠢᠭ》 ᠪᠠᠶ᠋ᠢᠵᠤ᠂ ᠬᠥᠭᠵᠢᠯᠲᠡ ᠵᠢᠨ ᠠᠮᠢᠵᠢᠷᠠᠯ᠎ᠤᠨ ᠬᠦᠴᠦᠨ ᠦᠷᠭᠦᠯᠵᠢᠯᠡᠨ

ᠴᠢᠩᠭ᠋ᠠᠷᠠᠪᠠ᠃ ᠣᠷᠣᠨ ᠳᠠᠶᠠᠭ᠋ᠠᠷ ᠵᠶ᠋ᠠᠨ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠵᠢ ᠦᠷᠭᠦᠯᠵᠢᠯᠡᠨ ᠠᠬᠢᠭᠤᠯᠬᠤ ᠵᠢ ᠳᠠᠭ᠋ᠠᠯᠳᠤᠨ᠂ ᠡᠵᠡᠩᠨᠡᠯᠲᠡ ᠵᠢᠨ ᠭᠤᠤᠯ ᠴᠣᠭᠴᠠ ᠵᠢᠨ ᠬᠡᠪᠴᠢᠶ᠎ᠡ ᠲᠠᠰᠤᠷᠠᠯᠲᠠ ᠥᠬᠡᠶ ᠪᠤᠵᠠᠭ᠋ᠠᠶ᠋ᠢᠷᠠᠪᠠ᠃ 2023 ᠣᠨ᠎ᠤ ᠡᠴᠦᠰ᠎ᠲᠤ᠂ ᠪᠥᠬᠥ ᠣᠷᠣᠨ᠎ᠤ ᠡᠵᠡᠩᠨᠡᠯᠲᠡ ᠵᠢᠨ ᠭᠤᠤᠯ ᠴᠣᠭᠴᠠ 270 ᠲᠦᠮᠡᠨ ᠡᠷᠦᠬᠡ ᠵᠢ ᠳᠠᠪᠠᠪᠠ᠃ ᠡᠭᠦᠨ᠎ᠳᠤ᠂ ᠪᠥᠬᠥ ᠵᠢᠯ᠎ᠳᠤ ᠡᠵᠡᠩᠨᠡᠯᠲᠡ ᠵᠢᠨ ᠪᠡᠶᠡᠴᠢ ᠴᠣᠭᠴᠠ ᠵᠢ ᠨᠡᠶ᠋ᠢᠲᠡ 45.9 ᠲᠦᠮᠡᠨ ᠡᠷᠦᠬᠡ ᠰᠢᠨ᠎ᠡ᠎ᠪᠠᠷ ᠪᠠᠶ᠋ᠢᠭᠤᠯᠪᠠ᠃ 《ᠳᠥᠷᠪᠡᠨ ᠬᠡᠪᠴᠢᠶᠡᠵᠢᠯ᠎ᠠᠴᠠ ᠳᠡᠭᠡᠭᠰᠢᠬᠢ》 ᠪᠦᠷᠢᠳᠬᠡᠯ᠎ᠳᠤ ᠣᠷᠣᠭᠤᠯᠤᠭᠰᠠᠨ ᠨᠢᠭᠡᠴᠡ᠎ᠠᠴᠠ ᠦᠵᠡᠪᠡᠯ᠂ 1.2 ᠲᠦᠮᠡᠨ ᠡᠷᠦᠬᠡ᠎ᠠᠴᠠ ᠳᠠᠪᠠᠵᠤ᠂ ᠲᠦᠷᠦᠭᠦᠦ ᠵᠢᠯ᠎ᠤᠨ ᠡᠴᠦᠰ᠎ᠤᠨ᠎ᠬᠢ᠎ᠠᠴᠠ 1135 ᠡᠷᠦᠬᠡ ᠨᠡᠮᠡᠭᠳᠡᠵᠦ᠂ ᠳᠠᠬᠢᠨᠲᠠ ᠰᠢᠨ᠎ᠡ ᠲᠡᠮᠳᠡᠭᠯᠡᠯ᠎ᠢ ᠡᠭᠦᠳᠪᠡ᠃ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ᠎ᠤᠨ ᠬᠡᠪᠴᠢᠶ᠎ᠡ ᠲᠣᠭᠲᠠᠭᠤᠨ ᠵᠶ᠋ᠠᠷ ᠥᠷᠭᠡᠳᠴᠦ᠂ 2023 ᠣᠨ᠎ᠤ ᠡᠴᠦᠰ ᠪᠣᠯᠲᠠᠯ᠎ᠠ᠂ ᠪᠥᠬᠥ ᠣᠷᠣᠨ᠎ᠤ ᠠᠷᠠᠳ᠎ᠤᠨ ᠡᠵᠡᠩᠨᠡᠯᠲᠡ ᠵᠢᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠨᠢᠭᠡᠴᠡ 43.4 ᠲᠦᠮᠡᠨ ᠡᠷᠦᠬᠡ ᠪᠣᠯᠵᠣ᠂ ᠳᠡᠭᠡᠷ᠎ᠡ ᠵᠢᠯ᠎ᠤᠨ ᠡᠴᠦᠰ᠎ᠤᠨ᠎ᠬᠢ᠎ᠠᠴᠠ 3.4 ᠲᠦᠮᠡᠨ ᠡᠷᠦᠬᠡ ᠨᠡᠮᠡᠭᠳᠡᠵᠦ᠂ ᠪᠥᠬᠥ ᠣᠷᠣᠨ᠎ᠤ ᠬᠠᠤᠯᠢ ᠵᠢᠨ ᠡᠷᠬᠡᠲᠡᠨ᠎ᠤ ᠨᠢᠭᠡᠴᠡ ᠵᠢᠨ ᠲᠣᠭ᠎ᠠ᠎ᠳᠤ ᠡᠵᠡᠯᠡᠬᠦ ᠬᠤᠪᠢ ᠵᠢᠨ ᠵᠢᠩ᠎ᠨᠢ ᠨᠠᠢ᠍ᠮᠠᠨ ᠬᠤᠪᠢ ᠰᠢᠬᠠᠮ ᠪᠣᠯᠵᠠᠶ᠃
    ᠶᠡᠷᠦᠩᠬᠡᠶ᠎ᠳᠤᠨᠢ ᠠᠪᠴᠤ ᠦᠵᠡᠪᠡᠯ᠂ ᠪᠥᠬᠥ ᠣᠷᠣᠨ᠎ᠤ ᠠᠵᠤ ᠠᠬᠤᠶ ᠵᠢᠨ ᠦᠷᠭᠦᠯᠵᠢᠯᠡᠨ ᠰᠠᠶ᠋ᠢᠵᠢᠷᠠᠬᠤ ᠳᠠᠯᠳᠠ ᠬᠦᠴᠦᠨ ᠶᠡᠬᠡ ᠬᠥᠳᠡᠯᠭᠡᠬᠦ ᠬᠦᠴᠦᠨ ᠭᠦᠢ᠍ᠴᠡᠳ ᠪᠠᠶ᠋ᠢᠵᠤ᠂ ᠠᠵᠤ ᠠᠬᠤᠶ ᠵᠢᠨ ᠬᠡᠮᠵᠢᠶ᠎ᠡ ᠵᠢᠨ ᠨᠡᠮᠡᠭᠳᠡᠯ᠂ ᠶᠠᠰᠤ ᠴᠢᠨᠠᠷ᠎ᠤᠨ ᠳᠡᠭᠡᠭᠰᠢᠯᠡᠯᠲᠡ ᠵᠢ ᠠᠬᠢᠭᠤᠯᠬᠤ᠎ᠳᠤ ᠰᠠᠶ᠋ᠢᠨ ᠰᠠᠶ᠋ᠢᠬᠠᠨ ᠰᠠᠭᠤᠷᠢ ᠪᠠ ᠥᠷᠭᠡᠨ ᠠᠭᠤᠳᠠᠮ ᠣᠷᠣᠨ ᠵᠠᠶ᠎ᠲᠠᠢ ᠶᠤᠮ᠂ ᠢᠯᠠᠩᠭᠤᠶ᠎ᠠ ᠶᠡᠬᠡ ᠴᠢᠭᠯᠡᠯ᠎ᠢ ᠶᠡᠷᠦᠩᠬᠡᠶ ᠱᠦᠵᠢ ᠰᠢ ᠵᠢᠨ ᠫᠢᠩ ᠠᠯᠢ ᠡᠷᠲᠡ ᠪᠢᠳᠡᠨ᠎ᠳᠤ ᠲᠣᠳᠣᠷᠬᠠᠶ ᠵᠢᠭ᠋ᠠᠵᠤ ᠥᠭᠴᠡᠶ᠂ ᠶᠡᠷᠦᠩᠬᠡᠶ ᠰᠡᠳᠬᠢᠮᠵᠢ ᠵᠢᠨ ᠲᠠᠯ᠎ᠠ᠎ᠪᠠᠷ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ ᠴᠤ᠌ ᠨᠢᠭᠡᠨᠲᠡ ᠲᠣᠳᠣᠷᠬᠠᠶ ᠪᠣᠯᠵᠠᠶ᠂ ᠲᠥᠷᠥ ᠵᠢᠨ ᠶᠠᠪᠤᠳᠠᠯ᠎ᠤᠨ ᠬᠣᠷᠢᠶᠠᠨ᠎ᠤ 《ᠰᠠᠨᠠᠯ》᠎ᠤᠨ ᠲᠦᠷᠭᠡᠨ ᠠᠭᠢᠵᠤ ᠨᠠᠶ᠋ᠢᠳᠠᠪᠤᠷᠢᠵᠢᠭᠤᠯᠬᠤ ᠵᠢ ᠳᠠᠭ᠋ᠠᠯᠳᠤᠨ᠂ ᠦᠯᠡᠳᠡᠭᠡᠯ ᠲᠥᠷᠥ ᠵᠢᠨ ᠪᠣᠳᠣᠯᠭ᠎ᠠ ᠪᠠ ᠨᠡᠮᠡᠭᠳᠡᠯ᠎ᠤᠨ ᠲᠥᠷᠥ ᠵᠢᠨ ᠪᠣᠳᠣᠯᠭ᠎ᠠ ᠳᠠᠪᠬᠤᠴᠠᠨ ᠬᠦᠴᠦᠯᠡᠬᠦ ᠵᠢ ᠳᠠᠭ᠋ᠠᠯᠳᠤᠨ᠂ ᠪᠥᠬᠥ ᠣᠷᠣᠨ᠎ᠤ ᠠᠵᠤ ᠠᠬᠤᠶ ᠵᠢᠨ ᠰᠠᠭᠤᠷᠢ ᠨᠠᠩ ᠪᠠᠲᠤ ᠪᠠᠬᠢ ᠪᠣᠯᠵᠣ᠂ ᠨᠠᠩ ᠪᠠᠲᠤ ᠪᠠᠬᠢ ᠪᠣᠯᠬᠤ ᠪᠣᠯᠤᠨ᠎ᠠ᠃ 2024 ᠣᠨ᠎ᠳᠤ᠂ ᠪᠢᠳᠡ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠰᠢᠢ᠍ᠳᠪᠦᠷᠢᠳᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠡᠷᠡᠰ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠲᠣᠭᠲᠠᠭᠤᠨ᠎ᠤ ᠳᠤᠮᠳᠠ ᠤᠷᠤᠭᠰᠢᠯᠠᠨ ᠳᠠᠪᠰᠢᠬᠤ ᠠᠵᠢᠯ᠎ᠤᠨ ᠶᠡᠷᠦᠩᠬᠡᠶ ᠬᠥᠭ ᠠᠶᠠᠰ᠎ᠢ ᠪᠠᠷᠢᠮᠲᠠᠯᠠᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠤᠤᠯ ᠰᠢᠵᠢᠮ ᠪᠣᠯᠭ᠋ᠠᠵᠤ᠂ ᠬᠣᠶᠠᠷ ᠶᠡᠬᠡ ᠶᠠᠪᠤᠳᠠᠯ᠎ᠢ ᠪᠥᠬᠥ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ᠂ ᠬᠠᠷᠠᠯᠲᠠ᠎ᠪᠠᠨ ᠭᠤᠶ᠋ᠢᠪᠢᠰᠢ ᠥᠬᠡᠶ ᠲᠣᠭᠲᠠᠭ᠋ᠠᠨ᠂ ᠡᠷᠴᠢ ᠵᠣᠷᠢᠭ ᠵᠶ᠋ᠠᠨ ᠬᠥᠪᠴᠢᠯᠡᠵᠦ᠂ ᠡᠷᠡᠯᠬᠡᠭᠯᠡᠨ ᠤᠷᠤᠭᠰᠢᠯᠠᠳᠠᠭ ᠯᠠ ᠶᠤᠮ ᠪᠣᠯ᠂ ᠪᠥᠬᠥ ᠣᠷᠣᠨ᠎ᠤ ᠠᠵᠤ ᠠᠬᠤᠶ ᠵᠢᠨ ᠥᠭᠡᠳᠡᠯᠡᠨ ᠳᠠᠪᠰᠢᠬᠤ ᠬᠠᠨᠳᠤᠰᠢ ᠯᠠᠪᠲᠠᠶ ᠲᠠᠰᠤᠷᠠᠯᠲᠠ ᠥᠬᠡᠶ ᠪᠡᠬᠢᠵᠢᠨ ᠴᠢᠩᠭ᠋ᠠᠷᠠᠵᠤ᠂ ᠯᠠᠪᠲᠠᠶ᠎ᠠ ᠥᠪᠥᠷ ᠮᠣᠩᠭᠣᠯ᠎ᠤᠨ 《ᠲᠣᠭᠲᠠᠭᠤᠨ ᠪᠠᠶ᠋ᠢᠯᠭ᠋ᠠᠬᠤ》 《ᠤᠷᠤᠭᠰᠢᠯᠠᠬᠤ》᠎ᠪᠠᠷ ᠪᠥᠬᠥ ᠤᠯᠤᠰ᠎ᠤᠨ ᠶᠡᠬᠡ ᠲᠠᠯ᠎ᠠ᠎ᠳᠤ ᠢᠯᠡᠭᠦᠬᠡᠨ ᠬᠤᠪᠢ ᠨᠡᠮᠡᠷᠢ ᠦᠵᠡᠭᠦᠯᠵᠦ ᠴᠢᠳᠠᠨ᠎ᠠ᠃

    《ᠥᠪᠥᠷ ᠮᠣᠩᠭᠣᠯ᠎ᠤᠨ ᠡᠳᠦᠷ᠎ᠤᠨ ᠰᠣᠨᠢᠨ》᠎ᠤ ᠰᠤᠷᠪᠤᠯᠵᠢᠯᠠᠭᠴᠢ
    ᠥᠭᠦᠯᠡᠭᠴᠢ ᠲᠠ ᠰᠠᠶ᠋ᠢᠨ ᠦᠦ! 2023 ᠣᠨ᠎ᠳᠤ ᠥᠪᠥᠷ ᠮᠣᠩᠭᠣᠯ᠎ᠤᠨ ᠠᠮᠤ ᠪᠤᠳᠠᠭ᠋ᠠᠨ᠎ᠤ ᠤᠨᠠᠯᠲᠠ ᠳᠠᠬᠢᠨᠲᠠ ᠰᠢᠨ᠎ᠡ ᠲᠡᠮᠳᠡᠭᠯᠡᠯ᠎ᠢ ᠡᠭᠦᠳᠦᠭᠰᠡᠨ ᠪᠠᠢ᠌ᠨ᠎ᠠ᠂ ᠮᠠᠨ᠎ᠤ ᠣᠷᠣᠨ᠎ᠤ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠳᠤ ᠭᠤᠤᠯᠳᠠᠭᠤ ᠶᠠᠮᠠᠷ ᠶᠠᠮᠠᠷ ᠣᠨᠴᠠᠯᠢᠭ ᠢᠯᠡᠷᠡᠭᠰᠡᠨ ᠪᠣᠶ? ᠶᠠᠮᠠᠷ ᠶᠠᠮᠠᠷ ᠬᠦᠴᠦᠨ ᠵᠦᠢ᠍ᠯ᠎ᠨᠢ ᠠᠮᠤ ᠪᠤᠳᠠᠭ᠋ᠠᠨ᠎ᠤ ᠡᠯᠪᠡᠭ ᠬᠤᠷᠢᠶᠠᠯᠲᠠ ᠤᠯᠬᠤ᠎ᠳᠤ ᠠᠬᠢᠭᠤᠯᠬᠤ ᠦᠢ᠍ᠯᠡᠳᠦᠯ ᠦᠵᠡᠭᠦᠯᠦᠭᠰᠡᠨ ᠪᠤᠢ? ᠪᠠᠶᠠᠷᠯᠠᠯ᠎ᠠ᠃

 

5.jpg


    ᠸᠠᠩ ᠳ᠋ᠧ ᠪᠢᠨ᠄
    ᠲᠠᠨ᠎ᠤ ᠠᠰᠠᠭᠤᠯᠲᠠ᠎ᠳᠤ ᠪᠠᠶᠠᠷᠯᠠᠯ᠎ᠠ᠃ ᠥᠪᠥᠷ ᠮᠣᠩᠭᠣᠯ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠲᠣᠮᠣ ᠣᠷᠣᠨ ᠪᠣᠯᠤᠭᠰᠠᠨ᠎ᠤ ᠬᠤᠪᠢ᠎ᠳᠤ᠂ ᠤᠯᠤᠰ᠎ᠤᠨ ᠠᠮᠤ ᠪᠤᠳᠠᠭ᠋ᠠᠨ᠎ᠤ ᠲᠣᠭᠲᠠᠭᠤᠨ ᠠᠮᠤᠷ ᠲᠦᠪᠰᠢᠨ᠎ᠤ ᠬᠠᠩᠭ᠋ᠠᠯᠭ᠎ᠠ ᠵᠢ ᠪᠠᠲᠤᠯᠠᠬᠤ ᠳᠤᠮᠳᠠ ᠴᠢᠬᠤᠯᠠ ᠪᠠᠶ᠋ᠢᠷᠢ ᠰᠠᠭᠤᠷᠢ᠎ᠲᠠᠢ ᠶᠤᠮ᠂ ᠰᠠᠶᠢᠬᠠᠨ ᠨᠡᠶ᠋ᠢᠲᠡᠯᠡᠭᠰᠡᠨ ᠲᠣᠭ᠎ᠠ ᠪᠠᠷᠢᠮᠲᠠ᠎ᠠᠴᠠ ᠦᠵᠡᠪᠡᠯ᠂ 2023 ᠣᠨ᠎ᠳᠤ ᠥᠪᠥᠷ ᠮᠣᠩᠭᠣᠯ᠎ᠤᠨ ᠠᠮᠤ ᠪᠤᠳᠠᠭ᠋ᠠᠨ᠎ᠤ ᠤᠨᠠᠯᠲᠠ ᠳᠠᠬᠢᠨᠲᠠ ᠰᠢᠨ᠎ᠡ ᠳᠡᠭᠲᠡᠷ᠎ᠲᠤ ᠭᠠᠷᠴᠤ᠂ ᠡᠯᠪᠡᠭ ᠬᠤᠷᠢᠶᠠᠯᠲᠠ ᠣᠯᠵᠤ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠳᠤ ᠥᠪᠥᠷ ᠮᠣᠩᠭᠣᠯ᠎ᠤᠨ ᠬᠤᠪᠢ ᠨᠡᠮᠡᠷᠢ ᠵᠢ ᠦᠵᠡᠭᠦᠯᠵᠡᠶ᠃ ᠶᠡᠷᠦᠩᠬᠡᠶ᠎ᠳᠤᠨᠢ ᠠᠪᠴᠤ ᠦᠵᠡᠪᠡᠯ᠂ ᠪᠦᠬᠦ ᠣᠷᠣᠨ᠎ᠤ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠪᠠᠶ᠋ᠢᠳᠠᠯ ᠳᠣᠣᠷᠠᠬᠢ ᠮᠡᠲᠦ ᠬᠡᠳᠦᠨ ᠣᠨᠴᠠᠯᠢᠭ᠎ᠲᠠᠢ᠄
    ᠨᠢᠭᠡ᠎ᠳᠤ᠂ ᠠᠮᠤ ᠪᠤᠳᠠᠭ᠎ᠠ ᠳᠠᠷᠢᠬᠤ ᠲᠠᠯᠠᠪᠠᠶ 《ᠵᠢᠷᠭᠤᠭ᠋ᠠᠨ ᠵᠢᠯ ᠳᠠᠷᠠᠭ᠋ᠠᠯᠠᠨ ᠨᠡᠮᠡᠭᠳᠡᠪᠡ》᠃

2023 ᠣᠨ᠎ᠳᠤ ᠪᠥᠬᠥ ᠣᠷᠣᠨ᠎ᠤ ᠠᠮᠤ ᠪᠤᠳᠠᠭ᠎ᠠ ᠳᠠᠷᠢᠬᠤ ᠲᠠᠯᠠᠪᠠᠶ 10477.1 ᠲᠦᠮᠡᠨ ᠮᠥ᠍᠎ᠳᠤ ᠬᠦᠷᠴᠦ᠂ ᠨᠢᠭᠡᠨᠲᠡ ᠨᠠᠢ᠍ᠮᠠᠨ ᠵᠢᠯ ᠳᠠᠷᠠᠭ᠋ᠠᠯᠠᠨ 1 ᠳ᠋ᠦᠩᠰᠢᠭᠤᠷ ᠮᠥ᠍᠎ᠠᠴᠠ ᠳᠡᠭᠡᠭᠰᠢ ᠪᠠᠶ᠋ᠢᠬᠤ ᠵᠢ ᠪᠠᠲᠤᠯᠠᠵᠤ᠂ ᠪᠥᠬᠥ ᠤᠯᠤᠰ᠎ᠲᠤ ᠲᠠᠪᠤᠳᠤᠭ᠋ᠠᠷ᠎ᠲᠤ ᠣᠷᠣᠵᠤ᠂ ᠪᠥᠬᠥ ᠤᠯᠤᠰ᠎ᠤᠨ ᠠᠮᠤ ᠪᠤᠳᠠᠭ᠎ᠠ ᠳᠠᠷᠢᠬᠤ ᠲᠠᠯᠠᠪᠠᠶ ᠵᠢᠨ 5.9% ᠵᠢ ᠡᠵᠡᠯᠡᠪᠡ᠃ ᠨᠡᠮᠡᠭᠳᠡᠯ᠎ᠤᠨ ᠬᠡᠮᠵᠢᠶ᠎ᠡ᠎ᠠᠴᠠ ᠦᠵᠡᠪᠡᠯ᠂ 2023 ᠣᠨ᠎ᠳᠤ ᠪᠥᠬᠥ ᠣᠷᠣᠨ᠎ᠤ ᠠᠮᠤ ᠪᠤᠳᠠᠭ᠎ᠠ ᠳᠠᠷᠢᠬᠤ ᠲᠠᠯᠠᠪᠠᠶ ᠳᠡᠭᠡᠷ᠎ᠡ ᠵᠢᠯ᠎ᠤᠨ᠎ᠬᠢ᠎ᠠᠴᠠ 49.3 ᠲᠦᠮᠡᠨ ᠮᠥ᠍ ᠨᠡᠮᠡᠭᠳᠡᠵᠦ᠂ ᠵᠢᠷᠭᠤᠭ᠋ᠠᠨ ᠵᠢᠯ ᠳᠠᠷᠠᠭ᠋ᠠᠯᠠᠨ ᠨᠡᠮᠡᠭᠳᠡᠯ᠎ᠢ ᠪᠡᠶᠡᠯᠡᠭᠦᠯᠵᠦ᠂ ᠨᠡᠮᠡᠭᠳᠡᠯ᠎ᠤᠨ ᠬᠡᠮᠵᠢᠶ᠎ᠡ᠎ᠨᠢ ᠪᠥᠬᠥ ᠤᠯᠤᠰ᠎ᠤᠨ ᠳᠥᠷᠪᠡᠳᠦᠭᠡᠷ᠎ᠲᠤ ᠣᠷᠣᠪᠠ᠃
    ᠬᠣᠶᠠᠷ᠎ᠲᠤ᠂ ᠭᠤᠤᠯ ᠪᠣᠯᠬᠤ ᠲᠠᠷᠢᠮᠠᠯ᠎ᠤᠨ ᠲᠠᠯᠠᠪᠠᠶ ᠨᠢᠭᠡᠴᠢ ᠵᠢᠨ ᠤᠨᠠᠯᠲᠠ ᠵᠢᠨ ᠬᠢᠷᠢ ᠬᠡᠮᠵᠢᠶ᠎ᠡ ᠤᠯᠠᠮ

ᠳᠡᠭᠡᠭᠰᠢᠯᠡᠪᠡ᠃ 2023 ᠣᠨ᠎ᠤ ᠪᠥᠬᠥ ᠣᠷᠣᠨ᠎ᠤ ᠠᠮᠤ ᠪᠤᠳᠠᠭ᠋ᠠᠨ᠎ᠤ ᠲᠠᠷᠢᠮᠠᠯ᠎ᠤᠨ ᠳᠤᠮᠳᠠᠴᠢ ᠲᠠᠯᠠᠪᠠᠶ ᠨᠢᠭᠡᠴᠢ ᠵᠢᠨ ᠤᠨᠠᠯᠲᠠ᠎ᠨᠢ ᠮᠥ᠍ ᠪᠦᠷᠢ᠎ᠳᠡᠭᠡᠨ 378 ᠺᠢᠯᠣᠭ᠌ᠷᠠᠮ ᠪᠠᠶ᠋ᠢᠵᠤ᠂ ᠳᠡᠭᠡᠷ᠎ᠡ ᠵᠢᠯ᠎ᠤᠨ᠎ᠬᠢ᠎ᠠᠴᠠ᠎ᠪᠠᠨ 4 ᠺᠢᠯᠣᠭ᠌ᠷᠠᠮ ᠰᠢᠬᠠᠮ ᠨᠡᠮᠡᠭᠳᠡᠵᠦ᠂ 1.0%᠎ᠪᠠᠷ ᠨᠡᠮᠡᠭᠳᠡᠪᠡ᠃ ᠡᠷᠳᠡᠨᠢ ᠰᠢᠰᠢ᠂ ᠪᠣᠭᠣᠳᠠᠶ᠂ ᠲᠥᠮᠥᠰᠥ᠂ ᠤᠰᠤᠨ ᠲᠤᠲᠤᠷᠭ᠎ᠠ ᠳᠥᠷᠪᠡᠨ ᠵᠦᠢ᠍ᠯ᠎ᠤᠨ ᠭᠤᠤᠯ ᠪᠣᠯᠬᠤ ᠲᠠᠷᠢᠮᠠᠯ᠎ᠤᠨ ᠲᠠᠯᠠᠪᠠᠶ ᠨᠢᠭᠡᠴᠢ ᠵᠢᠨ ᠤᠨᠠᠯᠲᠠ ᠵᠢᠨ ᠤᠰᠤ ᠳᠤᠮᠳᠠᠴᠢ᠎ᠪᠠᠷ ᠲᠦᠷᠦᠭᠦᠦ ᠵᠢᠯ᠎ᠤᠨ᠎ᠬᠢ᠎ᠠᠴᠠ ᠡᠳᠦᠶ ᠲᠡᠳᠦᠶ ᠨᠡᠮᠡᠭᠳᠡᠵᠦ᠂ ᠡᠷᠳᠡᠨᠢ ᠰᠢᠰᠢ᠂ ᠲᠥᠮᠥᠰᠥ ᠵᠢᠨ ᠲᠠᠯᠠᠪᠠᠶ ᠨᠢᠭᠡᠴᠢ ᠵᠢᠨ ᠤᠨᠠᠯᠲᠠ ᠵᠢᠨ ᠲᠦᠪᠰᠢᠨ ᠲᠡᠦᠬᠡ ᠵᠢᠨ ᠰᠢᠨ᠎ᠡ ᠲᠡᠮᠳᠡᠭᠯᠡᠯ᠎ᠢ ᠡᠭᠦᠳᠪᠡ᠃ ᠡᠭᠦᠨ᠎ᠳᠤ᠂ ᠡᠷᠳᠡᠨᠢ ᠰᠢᠰᠢ ᠵᠢᠨ ᠲᠠᠯᠠᠪᠠᠶ ᠨᠢᠭᠡᠴᠢ ᠵᠢᠨ ᠤᠨᠠᠯᠲᠠ ᠮᠥ᠍ ᠪᠦᠷᠢ 495 ᠺᠢᠯᠣᠭ᠌ᠷᠠᠮ ᠪᠠᠶ᠋ᠢᠵᠤ᠂ 0.6%᠎ᠪᠠᠷ ᠨᠡᠮᠡᠭᠳᠡᠪᠡ; ᠲᠥᠮᠥᠰᠥ ᠵᠢᠨ ᠲᠠᠯᠠᠪᠠᠶ ᠨᠢᠭᠡᠴᠢ ᠵᠢᠨ ᠤᠨᠠᠯᠲᠠ᠎ᠨᠢ ᠮᠥ᠍ ᠪᠦᠷᠢ 351 ᠺᠢᠯᠣᠭ᠌ᠷᠠᠮ ᠪᠠᠶ᠋ᠢᠵᠤ᠂ 7.1%᠎ᠪᠠᠷ ᠨᠡᠮᠡᠭᠳᠡᠪᠡ᠃
    ᠭᠤᠷᠪᠠ᠎ᠳᠤ᠂ ᠠᠮᠤ ᠪᠤᠳᠠᠭ᠋ᠠᠨ᠎ᠤ ᠭᠠᠷᠤᠯᠲᠠ ᠬᠣᠷᠢᠨ ᠵᠢᠯ ᠳᠠᠷᠠᠭ᠋ᠠᠯᠠᠨ ᠡᠯᠪᠡᠭ ᠬᠤᠷᠢᠶᠠᠯᠲᠠ ᠤᠯᠪᠠ᠃ ᠳᠠᠷᠢᠬᠤ ᠲᠠᠯᠠᠪᠠᠶ ᠪᠣᠯᠤᠨ ᠲᠠᠷᠢᠮᠠᠯ᠎ᠤᠨ ᠲᠠᠯᠠᠪᠠᠶ ᠨᠢᠭᠡᠴᠢ ᠵᠢᠨ ᠤᠨᠠᠯᠲᠠ ᠬᠤᠤᠰ ᠵᠶ᠋ᠠᠷ ᠳᠡᠭᠡᠭᠰᠢᠯᠡᠭᠰᠡᠨ ᠪᠠᠶ᠋ᠢᠳᠠᠯ ᠳᠤᠤᠷ᠎ᠠ᠂ 2023 ᠣᠨ᠎ᠳᠤ ᠪᠥᠬᠥ ᠣᠷᠣᠨ ᠬᠣᠷᠢᠳᠤᠭ᠋ᠠᠷ ᠤᠳᠠᠭ᠎ᠠ ᠵᠢᠨ ᠡᠯᠪᠡᠭ ᠬᠤᠷᠢᠶᠠᠯᠲᠠ ᠵᠢᠨ ᠵᠢᠯ᠎ᠢ ᠤᠭᠲᠤᠨ ᠠᠪᠴᠢᠷᠠᠵᠤ᠂ ᠠᠮᠤ ᠪᠤᠳᠠᠭ᠋ᠠᠨ᠎ᠤ ᠤᠨᠠᠯᠲᠠ ᠳᠠᠬᠢᠨᠲᠠ ᠲᠡᠦᠬᠡ ᠵᠢᠨ ᠰᠢᠨ᠎ᠡ ᠲᠡᠮᠳᠡᠭᠯᠡᠯ᠎ᠢ ᠡᠭᠦᠳᠴᠦ᠂ 791.6 ᠳ᠋ᠦᠩᠰᠢᠭᠤᠷ ᠵᠢᠩ᠎ᠳᠤ

ᠬᠦᠷᠴᠦ᠂ ᠵᠢᠷᠭᠤᠭ᠋ᠠᠨ ᠵᠢᠯ ᠳᠠᠷᠠᠭ᠋ᠠᠯᠠᠨ 700 ᠳ᠋ᠦᠩᠰᠢᠭᠤᠷ ᠵᠢᠩ᠎ᠠᠴᠠ ᠳᠡᠭᠡᠭᠰᠢ ᠪᠠᠶ᠋ᠢᠬᠤ ᠵᠢ ᠪᠠᠲᠤᠯᠠᠵᠤ᠂ ᠭᠤᠷᠪᠠᠨ ᠵᠢᠯ ᠳᠠᠷᠠᠭ᠋ᠠᠯᠠᠨ ᠪᠥᠬᠥ ᠤᠯᠤᠰ᠎ᠲᠤ ᠵᠢᠷᠭᠤᠳᠤᠭ᠋ᠠᠷ᠎ᠲᠤ ᠵᠢᠭᠰᠠᠭ᠋ᠠᠭᠳᠠᠵᠤ᠂ ᠪᠥᠬᠥ ᠤᠯᠤᠰ᠎ᠤᠨ ᠠᠮᠤ ᠪᠤᠳᠠᠭ᠋ᠠᠨ᠎ᠤ ᠶᠡᠷᠦᠩᠬᠡᠶ ᠤᠨᠠᠯᠲᠠ ᠵᠢᠨ 5.7% ᠵᠢ ᠡᠵᠡᠯᠡᠪᠡ᠃ ᠭᠠᠷᠤᠯᠲᠠ ᠨᠡᠮᠡᠭᠳᠡᠭᠰᠡᠨ ᠶᠡᠷᠦᠩᠬᠡᠶ ᠬᠡᠮᠵᠢᠶ᠎ᠡ᠎ᠠᠴᠠ ᠦᠵᠡᠪᠡᠯ᠂ 2023 ᠣᠨ᠎ᠳᠤ ᠪᠥᠬᠥ ᠣᠷᠣᠨ᠎ᠤ ᠠᠮᠤ ᠪᠤᠳᠠᠭ᠋ᠠᠨ᠎ᠤ ᠤᠨᠠᠯᠲᠠ 11.4 ᠳ᠋ᠦᠩᠰᠢᠭᠤᠷ ᠵᠢᠩ ᠨᠡᠮᠡᠭᠳᠡᠵᠦ᠂ ᠪᠥᠬᠥ ᠤᠯᠤᠰ᠎ᠤᠨ ᠨᠡᠮᠡᠭᠳᠡᠯ᠎ᠤᠨ ᠬᠡᠮᠵᠢᠶᠡᠨ᠎ᠤ 6.4% ᠵᠢ ᠡᠵᠡᠯᠡᠪᠡ᠃
    2023 ᠣᠨ᠎ᠤ ᠥᠪᠥᠷ ᠮᠣᠩᠭᠣᠯ᠎ᠤᠨ ᠠᠮᠤ ᠪᠤᠳᠠᠭ᠋ᠠᠨ᠎ᠤ ᠡᠯᠪᠡᠭ ᠬᠤᠷᠢᠶᠠᠯᠲᠠ ᠵᠢ ᠠᠬᠢᠭᠤᠯᠬᠤ ᠠᠰᠢᠭᠲᠠᠶ ᠡᠯᠧᠮᠧᠨ᠋ᠲ᠎ᠲᠤ ᠳᠤᠤᠷᠠᠬᠢ ᠬᠡᠳᠦᠨ ᠲᠠᠯ᠎ᠠ ᠪᠣᠶ᠄
    ᠨᠢᠭᠡ᠎ᠳᠤ᠂ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠨᠥᠬᠥᠴᠡᠯ ᠲᠣᠬᠢᠷᠠᠮᠵᠢᠲᠠᠢ᠃ 2023 ᠣᠨ᠎ᠳᠤ᠂ ᠥᠪᠥᠷ ᠮᠣᠩᠭᠣᠯ᠎ᠤᠨ ᠶᠡᠬᠡᠩᠬᠢ ᠲᠠᠷᠢᠶᠠᠯᠠᠬᠤ ᠣᠷᠣᠨ᠎ᠤ ᠠᠮᠤ ᠪᠤᠳᠠᠭ᠋ᠠᠨ᠎ᠤ ᠲᠠᠷᠢᠮᠠᠯ᠎ᠤᠨ ᠪᠥᠬᠥ ᠤᠷᠭᠤᠯᠲᠠ ᠵᠢᠨ ᠬᠤᠭᠤᠴᠠᠭ᠋ᠠᠨ

᠎ᠳᠤ᠂ ᠠᠭᠤᠷ ᠠᠮᠢᠰᠬᠤᠯ᠎ᠤᠨ ᠨᠥᠬᠥᠴᠡᠯ ᠲᠣᠬᠢᠷᠠᠮᠵᠢᠲᠠᠶ᠂ ᠢᠯᠠᠩᠭᠤᠶ᠎ᠠ ᠳᠤᠮᠳᠠ ᠪᠠᠷᠠᠭᠤᠨ ᠬᠡᠰᠡᠭ᠎ᠤᠨ ᠠᠶ᠋ᠢᠮᠠᠭ ᠬᠣᠲᠠ ᠵᠢᠨ ᠠᠮᠤ ᠪᠤᠳᠠᠭ᠋ᠠᠨ᠎ᠤ ᠭᠠᠷᠤᠯᠲᠠ ᠵᠢᠨ ᠣᠷᠣᠨ᠎ᠳᠤ᠂ ᠬᠠᠪᠤᠷ᠎ᠤᠨ ᠲᠠᠷᠢᠶᠠᠯᠠᠭ᠎ᠠ ᠵᠢᠨ ᠳᠠᠷᠠᠭ᠎ᠠ ᠬᠤᠷ᠎ᠠ ᠲᠤᠨᠳᠠᠰᠤ ᠢᠯᠡᠭᠦᠦ᠂ ᠬᠥᠷᠥᠰᠥ ᠰᠢᠷᠣᠶ ᠵᠢᠨ ᠴᠢᠭᠢᠭ᠎ᠤᠨ ᠪᠠᠶ᠋ᠢᠳᠠᠯ᠎ᠨᠢ ᠡᠩ᠎ᠤᠨ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ ᠰᠠᠶ᠋ᠢᠨ ᠪᠠᠶ᠋ᠢᠵᠤ᠂ ᠠᠮᠤ ᠪᠤᠳᠠᠭ᠋ᠠᠨ᠎ᠤ ᠲᠠᠷᠢᠮᠠᠯ᠎ᠤᠨ ᠤᠷᠭᠤᠯᠲᠠ ᠪᠠ ᠤᠨᠠᠯᠲᠠ ᠵᠢᠨ ᠪᠦᠷᠢᠯᠳᠦᠯ᠎ᠳᠤ ᠠᠰᠢᠭᠲᠠᠶ ᠪᠠᠶ᠋ᠢᠳᠠᠭ᠃
    ᠬᠣᠶᠠᠷ᠎ᠲᠤ᠂ ᠲᠠᠷᠢᠶᠠᠯᠠᠩ᠎ᠤᠨ ᠲᠥᠷᠥ ᠵᠢᠨ ᠪᠣᠳᠣᠯᠭ᠎ᠠ ᠵᠢ ᠪᠦᠲᠦᠮᠵᠢᠲᠡᠶ ᠨᠠᠶ᠋ᠢᠳᠠᠪᠤᠷᠢᠵᠢᠭᠤᠯᠪᠠ᠃ ᠥᠪᠥᠷ ᠮᠣᠩᠭᠣᠯ᠎ᠤᠨ ᠡᠯ᠎ᠡ ᠱᠠᠲᠤᠨ᠎ᠤ ᠵᠠᠰᠠᠭ᠎ᠤᠨ ᠣᠷᠳᠣᠨ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠡᠯ᠎ᠡ  ᠵᠦᠢ᠍ᠯ᠎ᠤᠨ ᠰᠢᠢ᠍ᠳᠪᠦᠷᠢᠳᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠡᠷᠡᠰ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠲᠠᠷᠢᠶᠠᠨ ᠭᠠᠵᠠᠷ᠎ᠢ ᠠᠲᠠᠷᠰᠢᠭᠤᠯᠬᠤ ᠵᠢ ᠪᠦᠲᠦᠮᠵᠢᠲᠡᠶ ᠬᠣᠷᠢᠭᠯᠠᠵᠤ᠂ 《ᠰᠠᠶ᠋ᠢᠨ ᠲᠠᠷᠢᠶᠠᠨ ᠭᠠᠵᠠᠷ᠎ᠢ ᠠᠮᠤ ᠪᠤᠳᠠᠭ᠎ᠠ ᠲᠠᠷᠢᠬᠤ᠎ᠳᠤ ᠬᠡᠷᠡᠭᠯᠡᠬᠦ》 ᠵᠢ ᠪᠠᠷᠢᠮᠲᠠᠯᠠᠨ᠂ ᠡᠭᠦᠷᠭᠡ ᠵᠢ ᠵᠠᠳᠠᠯᠬᠤ᠂ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠬᠤ᠂ ᠠᠮᠤ ᠪᠤᠳᠠᠭ᠋ᠠᠨ᠎ᠤ ᠤᠨᠠᠯᠲᠠ ᠶᠡᠬᠡᠲᠡᠶ ᠰᠢᠶᠠᠨ᠎ᠳᠤ ᠨᠥᠬᠥᠪᠥᠷᠢ ᠥᠭᠬᠦ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠣᠷᠣᠨ ᠨᠤᠲᠤᠭ᠎ᠤᠨ ᠲᠠᠷᠢᠶᠠᠯᠠᠩ᠎ᠢ ᠴᠢᠬᠤᠯᠠᠴᠢᠯᠠᠨ ᠠᠮᠤ ᠪᠤᠳᠠᠭ᠎ᠠ ᠵᠢ ᠠᠳᠬᠤᠬᠤ ᠢᠳᠡᠪᠬᠢᠵᠢᠯ᠎ᠢ ᠭᠦᠢ᠍ᠴᠡᠳ ᠳᠠᠶ᠋ᠢᠴᠢᠯᠠᠪᠠ᠃ ᠡᠭᠦᠨ᠎ᠤ ᠬᠠᠮᠲᠤ᠂ ᠨᠥᠬᠥᠪᠥᠷᠢ ᠥᠭᠬᠦ ᠲᠥᠷᠥ ᠵᠢᠨ ᠪᠣᠳᠣᠯᠭ᠎ᠠ ᠵᠢ ᠤᠯᠠᠮ ᠲᠡᠭᠦᠯᠳᠡᠷᠵᠢᠭᠦᠯᠵᠦ᠂ ᠲᠥᠷᠥ ᠵᠢᠨ ᠪᠣᠳᠣᠯᠭ᠎ᠠ ᠵᠢᠨ ᠳᠣᠬᠢᠶ᠎ᠠ ᠵᠢ ᠭᠦᠢ᠍ᠴᠡᠳ ᠪᠠᠳᠠᠷᠠᠭᠤᠯᠤᠨ᠂ ᠲᠠᠷᠢᠶᠠᠴᠢᠳ᠎ᠲᠤ ᠠᠰᠢᠭ ᠬᠦᠷᠲᠡᠭᠡᠬᠦ ᠣᠯᠠᠨ ᠲᠥᠷᠥ ᠵᠢᠨ ᠪᠣᠳᠣᠯᠭ᠎ᠠ ᠵᠢᠨ ᠠᠬᠢᠭᠤᠯᠤᠯ ᠳᠤᠤᠷ᠎ᠠ᠂ ᠲᠠᠷᠢᠶᠠᠴᠢᠳ᠎ᠤᠨ ᠠᠮᠤ ᠪᠤᠳᠠᠭ᠎ᠠ ᠲᠠᠷᠢᠬᠤ ᠢᠳᠡᠪᠬᠢᠵᠢᠯ᠎ᠢ ᠪᠦᠲᠦᠮᠵᠢᠲᠡᠶ ᠳᠠᠶ᠋ᠢᠴᠢᠯᠠᠵᠤ᠂ ᠠᠮᠤ ᠪᠤᠳᠠᠭ᠋ᠠᠨ᠎ᠤ ᠤᠨᠠᠯᠲᠠ ᠵᠢ ᠲᠣᠭᠲᠠᠭᠤᠨ ᠵᠶ᠋ᠠᠷ ᠨᠡᠮᠡᠭᠳᠡᠭᠦᠯᠬᠦ᠎ᠳᠤ ᠪᠠᠲᠤ ᠪᠡᠬᠢ ᠪᠠᠲᠤᠯᠠᠭ᠎ᠠ ᠬᠠᠩᠭ᠋ᠠᠭᠰᠠᠨ ᠪᠠᠶ᠋ᠢᠨ᠎ᠠ᠃
    ᠭᠤᠷᠪᠠ᠎ᠳᠤ᠂ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠮᠡᠷᠭᠡᠵᠢᠯ ᠲᠠᠰᠤᠷᠠᠯᠲᠠ ᠦᠭᠡᠢ ᠳᠠᠪᠰᠢᠪᠠ᠃

2023 ᠣᠨ᠎ᠳᠤ᠂ ᠥᠪᠥᠷ ᠮᠣᠩᠭᠣᠯ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠶ᠋ᠢᠭᠤᠯᠤᠯᠲᠠ ᠵᠢ ᠦᠷᠭᠦᠯᠵᠢᠯᠡᠨ ᠠᠬᠢᠭᠤᠯᠵᠤ᠂ 《ᠲᠠᠷᠢᠶᠠᠨ ᠦᠷ᠎ᠡ ᠵᠢ ᠦᠵᠡᠵᠦ ᠰᠣᠩᠭᠣᠬᠤ》 ᠲᠠᠪᠴᠠᠩ᠎ᠢ ᠪᠠᠶ᠋ᠢᠭᠤᠯᠤᠨ᠂ ᠥᠨᠳᠥᠷ ᠤᠨᠠᠯᠲᠠ᠎ᠲᠠᠢ ᠥᠨᠳᠥᠷ ᠦᠷ᠎ᠡ ᠠᠰᠢᠭ᠎ᠲᠠᠢ ᠵᠢᠱ᠌ᠢᠶ᠎ᠡ ᠦᠵᠡᠭᠦᠯᠬᠦ ᠣᠷᠣᠨ᠎ᠢ ᠪᠠᠶ᠋ᠢᠭᠤᠯᠵᠤ᠂ 《ᠨᠢᠭᠡ ᠰᠦᠷᠴᠢᠯᠲᠡ᠎ᠪᠠᠷ ᠢᠯᠡᠭᠦᠦ ᠠᠬᠢᠭᠤᠯᠬᠤ》 ᠠᠵᠢᠯᠯᠠᠭ᠎ᠠ ᠵᠢ ᠬᠡᠷᠡᠭᠵᠢᠭᠦᠯᠦᠨ᠂ ᠠᠮᠤ ᠪᠤᠳᠠᠭ᠋ᠠᠨ᠎ᠤ ᠲᠠᠷᠢᠮᠠᠯ᠎ᠤᠨ ᠲᠠᠯᠠᠪᠠᠶ ᠨᠢᠭᠡᠴᠢ ᠵᠢᠨ ᠤᠨᠠᠯᠲᠠ ᠵᠢ ᠳᠡᠭᠡᠭᠰᠢᠯᠡᠭᠦᠯᠬᠦ ᠵᠢ ᠳᠠᠶ᠋ᠢᠴᠢᠯᠠᠪᠠ᠃ ᠡᠯ᠎ᠡ ᠵᠦᠢ᠍ᠯ᠎ᠤᠨ ᠲᠠᠷᠢᠶᠠᠯᠠᠩ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠠᠰᠤᠷᠠᠯᠲᠠ ᠤᠢ᠍ᠭᠡᠢ ᠳᠠᠪᠰᠢᠯᠲᠠ ᠪᠣᠯᠤᠨ ᠳᠡᠯᠭᠡᠷᠡᠭᠦᠯᠦᠨ ᠬᠡᠷᠡᠭᠯᠡᠬᠦ᠎ᠨᠢ ᠪᠦᠬᠦ ᠣᠷᠣᠨ᠎ᠤ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠬᠢᠷᠢ ᠬᠡᠮᠵᠢᠶ᠎ᠡ ᠵᠢ ᠳᠡᠭᠡᠭᠰᠢᠯᠡᠭᠦᠯᠬᠦ᠎ᠳᠤ ᠴᠢᠬᠤᠯᠠ ᠠᠬᠢᠭᠤᠯᠬᠤ ᠦᠢ᠍ᠯᠡᠳᠦᠯ ᠦᠵᠡᠭᠦᠯᠦᠭᠰᠡᠨ

ᠪᠠᠶ᠋ᠢᠨ᠎ᠠ᠃
    ᠳᠡᠭᠡᠷᠡᠬᠢ ᠡᠯ᠎ᠡ ᠲᠠᠯ᠎ᠠ ᠵᠢᠨ ᠬᠦᠴᠦᠨ ᠵᠦᠢ᠍ᠯ᠎ᠨᠢ ᠪᠥᠬᠥ ᠣᠷᠣᠨ᠎ᠤ 2023 ᠣᠨ᠎ᠤ ᠠᠮᠤ ᠪᠤᠳᠠᠭ᠋ᠠᠨ᠎ᠤ ᠤᠨᠠᠯᠲᠠ ᠵᠢᠨ ᠰᠢᠨ᠎ᠡ ᠲᠡᠮᠳᠡᠭᠯᠡᠯ᠎ᠢ ᠡᠭᠦᠳᠬᠦ ᠵᠢ ᠬᠦᠴᠦᠲᠡᠶ ᠪᠠᠲᠤᠯᠠᠪᠠ᠃

    《ᠳᠤᠮᠳᠠᠳᠤ ᠤᠯᠤᠰ᠎ᠤᠨ ᠠᠵᠤ ᠠᠬᠤᠶ ᠵᠢᠨ ᠤᠳᠤᠷᠢᠳᠤᠮᠵᠢ》 ᠰᠣᠨᠢᠨ᠎ᠤ ᠰᠤᠷᠪᠤᠯᠵᠢᠯᠠᠭᠴᠢ
    ᠤᠯᠠᠮᠵᠢᠯᠠᠯᠲᠤ ᠡᠨᠧᠷᠭᠢ ᠵᠢᠨ ᠠᠵᠤ ᠦᠢ᠍ᠯᠡᠰ᠎ᠤᠨ ᠬᠡᠯᠪᠡᠷᠢ ᠵᠢ ᠬᠤᠪᠢᠷᠠᠭᠤᠯᠤᠨ ᠲᠡᠰ ᠳᠡᠪᠰᠢᠭᠦᠯᠬᠦ ᠵᠢ ᠠᠬᠢᠭᠤᠯᠵᠤ᠂ ᠪᠣᠬᠢᠷᠲᠤᠯ ᠦᠭᠡᠢ ᠡᠨᠧᠷᠭᠢ ᠵᠢ ᠶᠡᠬᠡ᠎ᠪᠠᠷ ᠬᠥᠭᠵᠢᠭᠦᠯᠵᠦ᠂ ᠤᠯᠤᠰ᠎ᠤᠨ ᠴᠢᠬᠤᠯᠠ ᠡᠨᠧᠷᠭᠢ ᠵᠢᠨ ᠰᠠᠭᠤᠷᠢᠨ᠎ᠢ ᠪᠤᠵᠠᠭ᠋ᠠᠶ᠋ᠢᠷᠠᠭᠤᠯᠤᠨ ᠬᠦᠴᠦᠷᠬᠡᠭᠵᠢᠭᠦᠯᠬᠦ ᠪᠣᠯ ᠥᠪᠥᠷ ᠮᠣᠩᠭᠣᠯ᠎ᠤᠨ ᠬᠥᠭᠵᠢᠯᠲᠡ ᠵᠢᠨ ᠭᠣᠣᠯᠳᠠᠯᠭ᠎ᠠ ᠵᠢᠨ ᠳᠣᠲᠣᠷᠠᠬᠢ ᠭᠣᠣᠯᠳᠠᠯᠭ᠎ᠠ ᠪᠣᠯᠤᠨ᠎ᠠ᠃ 2023 ᠣᠨ᠎ᠤ ᠮᠠᠨ᠎ᠤ ᠣᠷᠣᠨ᠎ᠤ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠬᠢᠯᠠᠰ ᠴᠡᠭ ᠶᠠᠭᠤ ᠶᠠᠭᠤ ᠪᠠᠶ᠋ᠢᠬᠤ ᠪᠣᠶ? ᠪᠠᠶᠠᠷᠯᠠᠯ᠎ᠠ᠃

 

6.jpg


    ᠼᠤᠤ ᠰᠧ ᠶᠠᠩ᠄
    ᠲᠠᠨ᠎ᠤ ᠠᠰᠠᠭᠤᠯᠲᠠ᠎ᠳᠤ ᠪᠠᠶᠠᠷᠯᠠᠯ᠎ᠠ᠃ ᠥᠪᠥᠷ ᠮᠣᠩᠭᠣᠯ ᠪᠣᠯ ᠤᠯᠤᠰ᠎ᠤᠨ ᠴᠢᠬᠤᠯᠠ ᠡᠨᠧᠷᠭᠢ ᠵᠢᠨ ᠰᠠᠭᠤᠷᠢᠨ

ᠮᠥᠨ᠂ ᠤᠯᠤᠰ᠎ᠤᠨ ᠡᠨᠧᠷᠭᠢ ᠵᠢᠨ ᠠᠮᠤᠷ ᠲᠦᠪᠰᠢᠨ᠎ᠢ ᠪᠠᠲᠤᠯᠠᠬᠤ ᠴᠢᠬᠤᠯᠠ ᠶᠡᠬᠡ ᠤᠯᠤᠰ ᠲᠦᠷᠦ ᠵᠢᠨ ᠬᠠᠷᠢᠭᠤᠴᠠᠯᠭ᠎ᠠ ᠵᠢ ᠡᠭᠦᠷᠭᠡᠯᠡᠵᠦ ᠪᠠᠶ᠋ᠢᠨ᠎ᠠ᠃ ᠥᠪᠡᠷᠲᠡᠭᠡᠨ ᠵᠠᠰᠠᠬᠤ ᠣᠷᠣᠨ᠎ᠠᠴᠠ ᠰᠢᠨ᠎ᠡ ᠡᠨᠧᠷᠭᠢ ᠵᠢᠨ ᠪᠥᠲᠥᠭᠡᠨ ᠪᠠᠶ᠋ᠢᠭᠤᠯᠤᠯᠲᠠ ᠵᠢ ᠶᠡᠬᠡᠪᠡᠷ ᠠᠬᠢᠭᠤᠯᠬᠤ᠎ᠪᠠᠷ ᠳᠤᠷᠠᠳᠴᠤ᠂ 《ᠥᠪᠥᠷ ᠮᠣᠩᠭᠣᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠲᠤᠬᠠᠶ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ》᠎ᠳᠤ᠂ ᠰᠢᠨ᠎ᠡ ᠬᠡᠯᠪᠡᠷᠢ ᠵᠢᠨ ᠡᠨᠧᠷᠭᠢ ᠵᠢᠨ ᠰᠢᠰᠲ᠋ᠧᠮ᠎ᠢ ᠪᠠᠶ᠋ᠢᠭᠤᠯᠵᠤ᠂ ᠤᠯᠤᠰ᠎ᠤᠨ ᠴᠢᠬᠤᠯᠠ ᠡᠨᠧᠷᠭᠢ ᠪᠠ ᠪᠠᠶ᠋ᠢᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ᠎ᠤ ᠬᠠᠩᠭ᠋ᠠᠯᠭ᠎ᠠ ᠵᠢ ᠪᠠᠲᠤᠯᠠᠬᠤ ᠴᠢᠳᠠᠪᠤᠷᠢ ᠵᠢ ᠴᠢᠩᠭ᠋ᠠᠳᠬᠠᠬᠤ ᠬᠡᠷᠡᠭᠲᠡᠶ ᠭᠡᠵᠡᠢ᠃ ᠰᠠᠶᠢᠬᠠᠨ ᠥᠩᠭᠡᠷᠡᠭᠰᠡᠨ ᠨᠢᠭᠡ ᠵᠢᠯ᠎ᠳᠤ᠂ ᠪᠥᠬᠥ ᠣᠷᠣᠨ ᠡᠨᠧᠷᠭᠢ ᠵᠢᠨ ᠡᠬᠢ ᠪᠠᠶᠠᠯᠢᠭ᠎ᠤᠨ ᠳᠠᠪᠠᠭᠤᠯᠢᠭ᠎ᠲᠤ ᠰᠠᠭᠤᠷᠢᠯᠠᠨ᠂ 《ᠬᠣᠶᠠᠷ᠎ᠢ ᠬᠤᠪᠢᠷᠠᠭᠤᠯᠬᠤ》᠂ 《ᠬᠣᠶᠠᠷ᠎ᠢ ᠤᠷᠢᠳ ᠵᠶ᠋ᠠᠷ ᠬᠢᠬᠦ》᠂ 《ᠬᠣᠶᠠᠷ᠎ᠢ ᠳᠠᠪᠠᠭᠤᠯᠬᠤ》 ᠬᠠᠷᠠᠯᠲᠠ ᠵᠢᠨ ᠲᠣᠭᠣᠷᠢᠨ᠎ᠳᠤ᠂ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠠᠵᠠ ᠲᠣᠬᠢᠶᠠᠯᠳᠤ ᠬᠤᠭᠤᠴᠠᠭ᠎ᠠ ᠵᠢ ᠵᠠᠪᠳᠤᠨ ᠠᠳᠬᠤᠵᠤ᠂ ᠡᠨᠧᠷᠭᠢ ᠵᠢᠨ ᠪᠣᠬᠢᠷᠲᠤᠯ ᠥᠬᠡᠶ ᠳᠤᠤᠷ᠎ᠠ ᠨᠡᠭᠦᠷᠡᠰᠦᠲᠥ᠋ᠷᠥᠭᠴᠢᠲᠦ ᠬᠡᠯᠪᠡᠷᠢ᠎ᠪᠠᠨ ᠬᠤᠪᠢᠷᠠᠭᠤᠯᠬᠤ ᠠᠯᠬᠤᠴᠠ ᠵᠢ ᠲᠦᠷᠭᠡᠳᠬᠡᠪᠡ᠃ ᠲᠤᠭ᠎ᠠ ᠪᠦᠷᠢᠳᠬᠡᠯ᠎ᠤᠨ ᠲᠣᠭ᠎ᠠ ᠪᠠᠷᠢᠮᠲᠠ᠎ᠠᠴᠠ ᠦᠵᠡᠪᠡᠯ᠂ 2023 ᠣᠨ᠎ᠤ ᠪᠥᠬᠥ ᠣᠷᠣᠨ᠎ᠤ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠭᠤᠤᠯᠳᠠᠯᠭ᠎ᠠ᠎ᠲᠠᠢ ᠬᠦᠷᠢᠶᠡᠨ᠎ᠤ ᠭᠦᠢ᠍ᠴᠡᠳᠭᠡᠯ ᠲᠣᠭ᠎ᠠ ᠵᠢᠨ ᠢᠯᠡᠷᠡᠯ᠎ᠨᠢ ᠢᠯᠡ ᠲᠣᠳᠣ ᠪᠠᠶ᠋ᠢᠵᠤ᠂ ᠭᠤᠤᠯᠳᠠᠭᠤ ᠭᠤᠷᠪᠠᠨ ᠲᠠᠯ᠎ᠠ᠎ᠪᠠᠷ ᠢᠯᠡᠷᠡᠵᠦ ᠪᠠᠶ᠋ᠢᠨ᠎ᠠ᠄
    ᠨᠢᠭᠡᠳᠦᠭᠡᠷ᠎ᠲᠤ᠂ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠲᠠᠪᠠᠯᠳᠠᠳᠤ ᠮᠠᠶᠢᠭ᠎ᠤᠨ ᠨᠡᠮᠡᠭᠳᠡᠯ᠎ᠢ ᠪᠡᠶᠡᠯᠡᠭᠦᠯᠪᠡ᠃ 2023 ᠣᠨ᠎ᠳᠤ᠂ ᠪᠦᠬᠦ ᠣᠷᠣᠨ ᠵᠶ᠋ᠠᠷ ᠵᠶ᠋ᠠᠨ ᠬᠠᠷᠠᠯᠲᠠ᠎ᠪᠠᠨ ᠲᠣᠭᠲᠠᠭ᠋ᠠᠵᠤ᠂ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠬᠥᠭᠵᠢᠯᠲᠡ ᠵᠢ ᠱᠠᠯᠠᠪᠳᠠᠨ ᠲᠦᠷᠭᠡᠨ ᠠᠬᠢᠭᠤᠯᠪᠠ᠂ ᠰᠠᠶᠢᠬᠠᠨ ᠳᠤᠷᠠᠳᠤᠭᠰᠠᠨ ᠵᠶ᠋ᠠᠷ᠂ 12 ᠰᠠᠷ᠎ᠠ ᠵᠢᠨ ᠰᠡᠭᠦᠯᠴᠢ

ᠪᠣᠯᠲᠠᠯ᠎ᠠ᠂ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢᠨ ᠪᠠᠭᠲᠠᠭ᠋ᠠᠮᠵᠢ ᠶᠢᠰᠦᠨ ᠮᠢᠩᠭ᠋ᠠᠨ ᠲᠦᠮᠡᠨ ᠺᠢᠯᠤᠸᠠᠲ᠎ᠢ ᠳᠠᠪᠠᠵᠤ᠂ ᠳᠡᠭᠡᠷ᠎ᠡ ᠵᠢᠯ᠎ᠤᠨ ᠡᠴᠦᠰ᠎ᠤᠨ᠎ᠬᠢ᠎ᠠᠴᠠ 50.8%᠎ᠪᠠᠷ ᠨᠡᠮᠡᠭᠳᠡᠵᠦ᠂ ᠳᠡᠭᠡᠷ᠎ᠡ ᠵᠢᠯ᠎ᠤᠨ᠎ᠬᠢ᠎ᠠᠴᠠ 37.3 ᠵᠠᠭᠤᠨ᠎ᠤ ᠬᠤᠪᠢ ᠵᠢᠨ ᠴᠡᠭ ᠳᠡᠭᠡᠭᠰᠢᠯᠡᠵᠦ᠂ ᠳᠡᠭᠡᠷ᠎ᠡ ᠵᠢᠯ᠎ᠤᠨ ᠨᠡᠮᠡᠭᠳᠡᠯ᠎ᠤᠨ ᠬᠤᠷᠳᠤᠴᠠ᠎ᠠᠴᠠ ᠶᠡᠬᠡ ᠬᠡᠮᠵᠢᠶ᠎ᠡ᠎ᠪᠠᠷ ᠳᠠᠪᠠᠵᠠᠢ᠃ ᠡᠭᠦᠨ᠎ᠳᠤ᠂ ᠰᠠᠯᠬᠢᠨ ᠬᠦᠴᠦᠨ᠎ᠤ ᠴᠠᠬᠢᠯᠭ᠋ᠠᠨ᠎ᠤ ᠮᠠᠰᠢᠨ ᠴᠣᠭᠴᠠᠯᠠᠪᠤᠷᠢ ᠵᠢᠨ ᠪᠠᠭᠲᠠᠭ᠋ᠠᠮᠵᠢ 6961.1 ᠲᠦᠮᠡᠨ ᠺᠢᠯᠤᠸᠠᠲ᠎ᠲᠤ ᠬᠦᠷᠴᠦ᠂ 52.4%᠎ᠪᠠᠷ ᠨᠡᠮᠡᠭᠳᠡᠪᠡ; ᠨᠡᠷᠡᠨ ᠡᠨᠧᠷᠭᠢ᠎ᠪᠠᠷ ᠴᠠᠬᠢᠯᠭ᠋ᠠᠨ ᠭᠠᠷᠭ᠋ᠠᠬᠤ ᠮᠠᠰᠢᠨ ᠴᠣᠭᠴᠠᠯᠠᠪᠤᠷᠢ ᠵᠢᠨ ᠪᠠᠭᠲᠠᠭ᠋ᠠᠮᠵᠢ 2306.4 ᠲᠦᠮᠡᠨ ᠺᠢᠯᠤᠸᠠᠲ᠎ᠲᠤ ᠬᠦᠷᠴᠦ᠂ 47.1%᠎ᠪᠠᠷ ᠨᠡᠮᠡᠭᠳᠡᠪᠡ᠃ ᠪᠦᠲᠦᠴᠡ᠎ᠠᠴᠠ ᠦᠵᠡᠪᠡᠯ᠂ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢᠨ ᠪᠠᠭᠲᠠᠭ᠋ᠠᠮᠵᠢ ᠵᠢᠨ ᠴᠠᠬᠢᠯᠭ᠋ᠠᠨ ᠬᠦᠴᠦᠨ᠎ᠤ ᠶᠡᠷᠦᠩᠬᠡᠢ ᠮᠠᠰᠢᠨ ᠴᠣᠭᠴᠠᠯᠠᠪᠤᠷᠢ ᠵᠢᠨ ᠪᠠᠭᠲᠠᠭ᠋ᠠᠮᠵᠢ᠎ᠳᠤ ᠡᠵᠡᠯᠡᠬᠦ ᠬᠤᠪᠢ ᠵᠢᠨ ᠵᠢᠩ 43.2%᠎ᠲᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 7.1 ᠵᠠᠭᠤᠨ᠎ᠤ ᠬᠤᠪᠢ ᠵᠢᠨ ᠴᠡᠭ ᠳᠡᠭᠡᠭᠰᠢᠯᠡᠵᠦ᠂ 《ᠰᠢᠨ᠎ᠡ ᠡᠨᠧᠷᠭᠢ᠎ᠪᠠᠷ ᠭᠣᠣᠯ ᠴᠣᠭᠴᠠ ᠪᠣᠯᠭ᠋ᠠᠭᠰᠠᠨ ᠰᠢᠨ᠎ᠡ ᠬᠡᠯᠪᠡᠷᠢ ᠵᠢᠨ ᠴᠠᠬᠢᠯᠭ᠋ᠠᠨ ᠬᠦᠴᠦᠨ᠎ᠤ ᠰᠢᠰᠲ᠋ᠧᠮ》᠎ᠤᠨ ᠬᠠᠷᠠᠯᠲᠠ ᠲᠡᠰᠢ ᠲᠣᠭᠲᠠᠭᠤᠨ ᠵᠶ᠋ᠠᠷ ᠤᠷᠤᠭᠰᠢᠯᠠᠪᠠ᠃
    ᠬᠣᠶᠠᠳᠤᠭ᠋ᠠᠷ᠎ᠲᠤ᠂ ᠰᠢᠨ᠎ᠡ ᠡᠨᠧᠷᠭᠢ ᠵᠢᠨ ᠪᠦᠬᠦ ᠠᠵᠤ ᠦᠢ᠍ᠯᠡᠰ᠎ᠤᠨ ᠬᠡᠯᠬᠢᠶ᠎ᠡ ᠵᠢᠨ ᠪᠠᠶ᠋ᠢᠭᠤᠯᠤᠯᠲᠠ ᠵᠢ ᠲᠦᠷᠭᠡᠯᠡᠨ ᠠᠬᠢᠭᠤᠯᠪᠠ᠃ ᠦᠢ᠍ᠯᠡᠳᠪᠦᠷᠢᠯᠡᠯ᠎ᠤᠨ ᠪᠠᠶ᠋ᠢᠳᠠᠯ᠎ᠠᠴᠠ ᠦᠵᠡᠪᠡᠯ᠂ ᠰᠢᠨ᠎ᠡ ᠡᠨᠧᠷᠭᠢ ᠵᠢᠨ ᠰᠤᠷᠪᠤᠯᠵᠢ ᠵᠢᠴᠢ ᠬᠣᠯᠪᠣᠭᠳᠠᠯ ᠪᠥᠬᠥᠶ ᠠᠵᠤ ᠦᠢ᠍ᠯᠡᠰ᠎ᠤᠨ ᠨᠡᠮᠡᠭᠳᠡᠯ ᠥᠷᠲᠡᠭ ᠲᠦᠷᠦᠭᠦᠦ ᠵᠢᠯ᠎ᠤᠨ᠎ᠬᠢ᠎ᠠᠴᠠ 16.1%᠎ᠪᠠᠷ ᠨᠡᠮᠡᠭᠳᠡᠵᠦ᠂ ᠲᠦᠷᠦᠭᠦᠦ ᠵᠢᠯ᠎ᠤᠨ ᠥᠨᠳᠥᠷ ᠨᠡᠮᠡᠭᠳᠡᠯ᠎ᠤᠨ ᠬᠤᠷᠳᠤᠴᠠ ᠵᠢᠨ ᠰᠠᠭᠤᠷᠢᠨ ᠳᠡᠭᠡᠷ᠎ᠡ ᠮᠥᠨ ᠯᠡ ᠨᠡᠯᠢᠶᠡᠳ ᠲᠦᠷᠭᠡᠨ ᠨᠡᠮᠡᠭᠳᠡᠯ᠎ᠤᠨ ᠬᠠᠨᠳᠤᠰᠢ᠎ᠪᠠᠨ ᠪᠠᠲᠤᠯᠠᠵᠤ ᠪᠠᠶ᠋ᠢᠨ᠎ᠠ᠃ ᠡᠭᠦᠨ᠎ᠳᠤ᠂ ᠰᠢᠨ᠎ᠡ ᠡᠨᠧᠷᠭᠢ ᠵᠢᠨ ᠲᠣᠨᠣᠭᠯᠠᠯ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ 11.4%᠎ᠪᠠᠷ ᠨᠡᠮᠡᠭᠳᠡᠵᠦ᠂ ᠬᠡᠪᠴᠢᠶᠡᠵᠢᠯ᠎ᠠᠴᠠ ᠳᠡᠭᠡᠭᠰᠢᠬᠢ ᠲᠣᠨᠣᠭᠯᠠᠯ ᠦᠢ᠍ᠯᠡᠳᠬᠦ ᠦᠢ᠍ᠯᠡᠰ᠎ᠤᠨ᠎ᠬᠢ᠎ᠠᠴᠠ 1.8 ᠵᠠᠭᠤᠨ᠎ᠤ ᠬᠤᠪᠢ ᠵᠢᠨ ᠴᠡᠭ ᠲᠦᠷᠭᠡᠨ ᠪᠣᠯᠵᠣ᠂ ᠪᠥᠬᠥ ᠠᠵᠤ ᠦᠢ᠍ᠯᠡᠰ᠎ᠤᠨ ᠬᠡᠯᠬᠢᠶ᠎ᠡ᠂ ᠪᠦᠯᠦᠭᠯᠡᠬᠦ ᠮᠠᠶᠢᠭ᠎ᠤᠨ ᠬᠥᠭᠵᠢᠯᠲᠡ᠎ᠳᠤ ᠪᠠᠲᠤ ᠪᠠᠬᠢ ᠰᠠᠭᠤᠷᠢ ᠵᠢ ᠲᠠᠯᠪᠢᠪᠠ᠃ ᠦᠢ᠍ᠯᠡᠳᠬᠦᠨ᠎ᠤ ᠬᠠᠩᠭ᠋ᠠᠯᠭ᠎ᠠ᠎ᠠᠴᠠ ᠦᠵᠡᠪᠡᠯ᠂ ᠰᠢᠨ᠎ᠡ ᠡᠨᠧᠷᠭᠢ ᠵᠢᠨ ᠬᠣᠯᠪᠣᠭᠳᠠᠯ ᠪᠥᠬᠥᠶ ᠦᠢ᠍ᠯᠡᠳᠬᠦᠨ᠎ᠤ ᠭᠠᠷᠤᠯᠲᠠ ᠲᠦᠷᠭᠡᠨ ᠨᠡᠮᠡᠭᠳᠡᠵᠦ᠂ ᠨᠡᠷᠡᠨ᠎ᠤ ᠡᠨᠧᠷᠭᠢ ᠵᠢᠨ

ᠳ᠋ᠢᠶᠠᠨ ᡂᠢ᠂ ᠯᠢᠲ᠋ᠢ ᠢᠶᠣᠨ ᠳ᠋ᠢᠶᠠᠨ ᡂᠢ ᠵᠢᠨ ᠭᠠᠷᠤᠯᠲᠠ ᠲᠦᠷᠦᠭᠦᠦ ᠵᠢᠯ᠎ᠤᠨ᠎ᠬᠢ᠎ᠠᠴᠠ᠎ᠪᠠᠨ ᠳᠠᠬᠢᠨ ᠵᠶ᠋ᠠᠷ ᠨᠡᠮᠡᠭᠳᠡᠵᠦ᠂ ᠰᠠᠯᠬᠢᠨ ᠬᠦᠴᠦᠨ ᠵᠶ᠋ᠠᠷ ᠴᠠᠬᠢᠯᠭ᠋ᠠᠨ ᠭᠠᠷᠭ᠋ᠠᠬᠤ ᠮᠠᠰᠢᠨ ᠴᠣᠭᠴᠠᠯᠠᠪᠤᠷᠢ ᠵᠢᠨ ᠭᠠᠷᠤᠯᠲᠠ 67.6%᠎ᠪᠠᠷ ᠨᠡᠮᠡᠭᠳᠡᠪᠡ᠃ ᠴᠠᠬᠢᠯᠭ᠋ᠠᠨ ᠭᠠᠷᠭ᠋ᠠᠭᠰᠠᠨ ᠪᠠᠶ᠋ᠢᠳᠠᠯ᠎ᠠᠴᠠ ᠦᠵᠡᠪᠡᠯ᠂ ᠬᠡᠪᠴᠢᠶᠡᠵᠢᠯ᠎ᠠᠴᠠ ᠳᠡᠭᠡᠭᠰᠢᠬᠢ ᠰᠢᠨ᠎ᠡ ᠡᠨᠧᠷᠭᠢ ᠵᠢᠨ ᠴᠠᠬᠢᠯᠭ᠋ᠠᠨ ᠭᠠᠷᠭ᠋ᠠᠭᠰᠠᠨ ᠬᠡᠮᠵᠢᠶ᠎ᠡ 21.1%᠎ᠪᠠᠷ ᠨᠡᠮᠡᠭᠳᠡᠵᠦ᠂ ᠲᠦᠷᠦᠭᠦᠦ ᠵᠢᠯ᠎ᠤᠨ᠎ᠬᠢ᠎ᠠᠴᠠ 12.3 ᠵᠠᠭᠤᠨ᠎ᠤ ᠬᠤᠪᠢ ᠵᠢᠨ ᠴᠡᠭ ᠳᠡᠭᠡᠭᠰᠢᠯᠡᠵᠦ᠂ ᠨᠡᠯᠢᠶᠡᠳ ᠲᠦᠷᠭᠡᠨ ᠨᠡᠮᠡᠭᠳᠡᠬᠦ ᠬᠠᠨᠳᠤᠰᠢ᠎ᠪᠠᠨ ᠪᠠᠲᠤᠯᠠᠵᠤ᠂ ᠪᠥᠬᠥ ᠴᠠᠬᠢᠯᠭ᠋ᠠᠨ ᠭᠠᠷᠭ᠋ᠠᠭᠰᠠᠨ ᠬᠡᠮᠵᠢᠶ᠎ᠡ ᠵᠢᠨ ᠳᠣᠲᠣᠷ᠎ᠠ ᠡᠵᠡᠯᠡᠬᠦ ᠬᠤᠪᠢ ᠵᠢᠨ ᠵᠢᠩ᠎ᠨᠢ 20.1%᠎ᠳᠤ ᠬᠦᠷᠴᠡᠶ᠃
    ᠭᠤᠷᠪᠠᠳᠤᠭ᠋ᠠᠷ᠎ᠲᠤ᠂ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠰᠡᠯᠭᠦᠬᠦ ᠬᠦᠴᠦᠨ ᠲᠡᠭᠦᠯᠳᠡᠷ ᠪᠠᠶ᠋ᠢᠨ᠎ᠠ᠃ 2023 ᠣᠨ᠎ᠳᠤ᠂ ᠪᠥᠬᠥ ᠣᠷᠣᠨ ᠤᠯᠤᠰ᠎ᠤᠨ ᠲᠣᠮᠣ ᠬᠡᠯᠪᠡᠷᠢ ᠵᠢᠨ ᠰᠠᠯᠬᠢᠨ ᠬᠦᠴᠦᠨ᠎ᠤ ᠴᠠᠬᠢᠯᠭ᠋ᠠᠨ᠎ᠤ ᠬᠡᠷᠡᠯ ᠴᠡᠨᠡᠭ᠎ᠤᠨ ᠰᠠᠭᠤᠷᠢᠨ ᠭᠠᠵᠠᠷ ᠪᠠ ᠥᠪᠥᠷ ᠮᠣᠩᠭᠣᠯ᠎ᠤᠨ ᠪᠠᠷᠠᠭᠤᠨ ᠬᠡᠰᠡᠭ᠎ᠤᠨ ᠳᠥᠷᠪᠡᠨ ᠶᠡᠬᠡ ᠡᠯᠡᠰᠦᠨ ᠴᠥᠯ᠎ᠤᠨ ᠰᠢᠨ᠎ᠡ ᠡᠨᠧᠷᠭᠢ ᠵᠢᠨ ᠰᠠᠭᠤᠷᠢᠨ ᠭᠠᠵᠠᠷ᠎ᠤᠨ ᠪᠠᠶ᠋ᠢᠭᠤᠯᠤᠯᠲᠠ ᠵᠢ ᠨᠢᠭᠡᠳᠦᠯᠲᠡᠶ ᠲᠥᠯᠥᠪᠯᠡᠨ ᠠᠬᠢᠭᠤᠯᠵᠤ᠂ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠪᠠᠯᠠ ᠣᠷᠣᠭᠤᠯᠤᠯᠲᠠ ᠳᠡᠭᠡᠷ᠎ᠡ ᠵᠢᠯ᠎ᠤᠨ᠎ᠬᠢ᠎ᠠᠴᠠ 70.1%᠎ᠪᠠᠷ ᠨᠡᠮᠡᠭᠳᠡᠵᠦ᠂ ᠪᠥᠬᠥ ᠣᠷᠣᠨ᠎ᠤ ᠪᠠᠯᠠ ᠣᠷᠣᠭᠤᠯᠤᠯᠲᠠ ᠵᠢᠨ ᠨᠡᠮᠡᠭᠳᠡᠯ᠎ᠳᠤ ᠦᠵᠡᠭᠦᠯᠦᠭᠰᠡᠨ ᠬᠤᠪᠢ ᠨᠡᠮᠡᠷᠢ ᠵᠢᠨ ᠨᠣᠷᠮ᠎ᠠ᠎ᠨᠢ 80.9% ᠪᠣᠯᠵᠠᠶ᠃ ᠢᠯᠠᠩᠭᠤᠶ᠎ᠠ ᠮᠠᠨ᠎ᠤ ᠣᠷᠣᠨ᠎ᠤ ᠰᠢᠨ᠎ᠡ ᠡᠨᠧᠷᠭᠢ ᠵᠢᠨ ᠠᠵᠤ ᠦᠢ᠍ᠯᠡᠰ᠎ᠨᠢ ᠴᠠᠬᠢᠯᠭ᠋ᠠᠨ ᠭᠠᠷᠭ᠋ᠠᠬᠤ᠎ᠪᠠᠷ ᠭᠤᠤᠯ ᠴᠣᠭᠴᠠ ᠪᠣᠯᠭ᠋ᠠᠭᠰᠠᠨ ᠪᠠᠯᠠ ᠣᠷᠣᠭᠤᠯᠤᠯᠲᠠ ᠵᠢᠨ ᠪᠦᠲᠦᠴᠡ᠎ᠠᠴᠠ ᠶᠠᠭ ᠰᠢᠨ᠎ᠡ ᠡᠨᠧᠷᠭᠢ ᠵᠢᠨ ᠪᠥᠬᠥ ᠠᠵᠤ ᠦᠢ᠍ᠯᠡᠰ᠎ᠤᠨ ᠬᠡᠯᠬᠢᠶ᠎ᠡ ᠳᠠᠰᠢ ᠤᠷᠲᠤᠳᠬᠠᠨ ᠥᠷᠭᠡᠳᠬᠡᠵᠦ᠂ ᠰᠢᠨ᠎ᠡ ᠡᠨᠧᠷᠭᠢ ᠵᠢᠨ ᠦᠢ᠍ᠯᠡᠳᠬᠦ ᠦᠢ᠍ᠯᠡᠰ᠎ᠤᠨ ᠪᠠᠯᠠ ᠣᠷᠣᠭᠤᠯᠤᠯᠲᠠ ᠳᠡᠭᠡᠷ᠎ᠡ ᠵᠢᠯ᠎ᠤᠨ᠎ᠬᠢ᠎ᠠᠴᠠ 1.5 ᠳᠠᠬᠢᠨ ᠨᠡᠮᠡᠭᠳᠡᠪᠡ᠃ ᠡᠭᠦᠨ᠎ᠳᠤ᠂ ᠰᠢᠨ᠎ᠡ ᠡᠨᠧᠷᠭᠢ ᠵᠢᠨ ᠲᠣᠨᠣᠭᠯᠠᠯ ᠦᠢ᠍ᠯᠡᠳᠬᠦ ᠦᠢ᠍ᠯᠡᠰ᠎ᠤᠨ ᠪᠠᠯᠠ ᠣᠷᠣᠭᠤᠯᠤᠯᠲᠠ 1.2 ᠳᠠᠬᠢᠨ ᠨᠡᠮᠡᠭᠳᠡᠪᠡ᠃
    ᠶᠡᠷᠦᠩᠬᠡᠶ᠎ᠳᠤᠨᠢ ᠠᠪᠴᠤ ᠦᠵᠡᠪᠡᠯ᠂ ᠥᠩᠭᠡᠷᠡᠭᠰᠡᠨ ᠨᠢᠭᠡ ᠵᠢᠯ᠎ᠳᠤ ᠪᠥᠬᠥ ᠣᠷᠣᠨ ᠳᠠᠶᠠᠭ᠋ᠠᠷ ᠣᠲᠣ ᠦᠶ᠎ᠡ ᠵᠢᠨ ᠡᠨᠧᠷᠭᠢ ᠵᠢᠨ ᠠᠵᠤ ᠠᠬᠤᠶ ᠵᠢ ᠰᠠᠶ᠋ᠢᠲᠤᠷ ᠬᠢᠬᠦ ᠡᠨᠡ ᠬᠦ᠌ ᠠᠵᠢᠯ᠎ᠤᠨ ᠲᠣᠭᠣᠷᠢᠨ᠎ᠳᠤ᠂ ᠱᠠᠯᠠᠪᠳᠠᠨ ᠲᠦᠷᠭᠡᠨ ᠡᠷᠭᠢᠯᠡᠵᠦ᠂ ᠶᠡᠬᠡᠪᠡᠷ ᠠᠵᠢᠯᠯᠠᠨ ᠲᠦᠷᠭᠡᠨ ᠬᠥᠭᠵᠢᠭᠦᠯᠵᠦ᠂ ᠮᠠᠨ᠎ᠤ ᠣᠷᠣᠨ᠎ᠤ ᠰᠢᠨ᠎ᠡ ᠡᠨᠧᠷᠭᠢ ᠵᠢᠨ ᠠᠵᠤ ᠦᠢ᠍ᠯᠡᠰ ᠲᠠᠪᠠᠯᠳᠠᠳᠤ ᠮᠠᠶᠢᠭ᠎ᠤᠨ ᠬᠥᠭᠵᠢᠯᠲᠡ ᠵᠢ ᠪᠡᠶᠡᠯᠡᠭᠦᠯᠪᠡ᠃ ᠲᠠᠷᠠᠭ᠋ᠠᠴᠢ ᠵᠢᠨ ᠠᠯᠬᠤᠮ᠎ᠳᠤ᠂ ᠪᠢᠳᠡ ᠶᠡᠷᠦᠩᠬᠡᠶ ᠱᠦᠵᠢ ᠰᠢ ᠵᠢᠨ ᠫᠢᠩ᠎ᠤᠨ ᠴᠢᠬᠤᠯᠠ ᠵᠢᠭ᠋ᠠᠪᠤᠷᠢ ᠵᠢᠨ ᠱᠠᠭ᠋ᠠᠷᠳᠠᠯᠭ᠎ᠠ ᠶᠣᠰᠣᠭ᠋ᠠᠷ᠂ ᠣᠲᠣ ᠵᠢᠨ ᠪᠠᠶ᠋ᠢᠭ᠎ᠠ ᠠᠵᠤ ᠦᠢ᠍ᠯᠡᠰ᠎ᠤᠨ ᠰᠠᠭᠤᠷᠢ᠎ᠳᠠᠭᠠᠨ

ᠰᠠᠭᠤᠷᠢᠯᠠᠨ᠂ ᠨᠡᠭᠦᠷᠡᠰᠦ ᠴᠠᠬᠢᠯᠭ᠋ᠠᠨ ᠲᠣᠰᠣ ᠬᠡᠶ ᠰᠠᠯᠬᠢ ᠬᠡᠷᠡᠯ᠎ᠢ ᠵᠡᠷᠭᠡ᠎ᠪᠠᠷ ᠬᠥᠭᠵᠢᠭᠦᠯᠬᠦ ᠵᠢ ᠪᠠᠷᠢᠮᠲᠠᠯᠠᠵᠤ᠂ ᠣᠯᠠᠨ ᠵᠦᠢ᠍ᠯ᠎ᠤᠨ ᠡᠨᠧᠷᠭᠢ ᠵᠢᠨ ᠰᠤᠷᠪᠤᠯᠵᠢ ᠵᠢᠨ ᠬᠠᠮᠵᠢᠯᠴᠠᠨ ᠨᠥᠬᠥᠪᠥᠷᠢᠯᠡᠬᠦ᠂ ᠶᠡᠷᠦᠩᠬᠡᠶ᠋ᠢᠯᠡᠨ ᠠᠰᠢᠭᠯᠠᠬᠤ᠂ ᠡᠷᠴᠢᠮᠯᠢᠭ ᠪᠥᠭᠡᠳ ᠥᠨᠳᠥᠷ ᠪᠦᠲᠦᠮᠵᠢᠲᠡᠶ ᠡᠨᠧᠷᠭᠢ ᠬᠠᠩᠭ᠋ᠠᠬᠤ ᠠᠷᠭ᠎ᠠ ᠮᠠᠶᠢᠭ᠎ᠢ ᠲᠦᠷᠭᠡᠪᠴᠢᠯᠡᠨ ᠪᠣᠶ ᠪᠣᠯᠭ᠋ᠠᠵᠤ᠂ ᠳᠤᠮᠳᠠᠳᠤ ᠤᠯᠤᠰ᠎ᠤᠨ 《ᠡᠨᠧᠷᠭᠢ ᠵᠢᠨ ᠰᠤᠷᠪᠤᠯᠵᠢ ᠪᠠ ᠪᠤᠳᠠᠭ᠋ᠠᠨ ᠠᠶᠠᠭ᠎ᠠ》 ᠵᠢ ᠲᠣᠭᠲᠠᠪᠤᠷᠢᠵᠢᠭᠤᠯᠬᠤ᠎ᠳᠤ ᠨᠠᠩ ᠶᠡᠬᠡ ᠬᠤᠪᠢ ᠨᠡᠮᠡᠷᠢ ᠦᠵᠡᠭᠦᠯᠦᠨ᠎ᠡ᠃

    ᠬᠥᠬᠡᠬᠣᠲᠠ ᠵᠢᠨ ᠴᠢᠩ ᠴᠧᠩ ᠬᠠᠮ ᠵᠠᠭᠤᠴᠢᠯᠠᠭᠤᠷ᠎ᠤᠨ ᠰᠤᠷᠪᠤᠯᠵᠢᠯᠠᠭᠴᠢ
    2023 ᠣᠨ᠎ᠳᠤ᠂ ᠪᠥᠬᠥ ᠣᠷᠣᠨ ᠳᠠᠶᠠᠭ᠋ᠠᠷ ᠴᠢᠨᠠᠷ ᠰᠠᠶ᠋ᠢᠲᠠᠶ ᠬᠥᠭᠵᠢᠯᠲᠡ ᠵᠢᠨ ᠬᠠᠷᠠᠯᠲᠠ ᠵᠢᠨ ᠲᠣᠭᠣᠷᠢᠨ᠎ᠳᠤ ᠦᠢ᠍ᠯᠡᠳᠬᠦ ᠦᠢ᠍ᠯᠡᠰ᠎ᠤᠨ ᠳᠡᠭᠡᠳᠦ ᠦᠵᠦᠭᠦᠷᠵᠢᠯᠲᠡ᠂ ᠤᠶᠤᠨᠵᠢᠯᠳᠡ᠂ ᠪᠣᠬᠢᠷᠲᠤᠯ ᠥᠬᠡᠶ ᠬᠥᠭᠵᠢᠯᠲᠡ ᠵᠢ ᠲᠦᠷᠭᠡᠳᠬᠡᠨ ᠠᠬᠢᠭᠤᠯᠪᠠ᠃ ᠨᠡᠶ᠋ᠢᠲᠡᠯᠡᠭᠰᠡᠨ ᠲᠣᠭ᠎ᠠ ᠪᠠᠷᠢᠮᠲᠠ᠎ᠠᠴᠠ ᠦᠵᠡᠪᠡᠯ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ ᠬᠣᠶᠠᠷ ᠣᠷᠣᠨᠲᠤ ᠲᠣᠭ᠎ᠠ ᠵᠢᠨ ᠨᠡᠮᠡᠭᠳᠡᠯ᠎ᠢ ᠪᠠᠲᠤᠯᠠᠪᠠ᠃ ᠲᠠ ᠡᠢ᠌ᠮᠦ ᠥᠰᠥᠯᠲᠡ ᠵᠢᠨ ᠪᠠᠢ᠍ᠳᠠᠯ᠎ᠢ ᠬᠡᠷᠬᠢᠨ ᠦᠨᠡᠯᠡᠬᠦ ᠪᠣᠢ? 2023 ᠣᠨ᠎ᠤ ᠦᠢ᠍ᠯᠡᠳᠬᠦ ᠦᠢ᠍ᠯᠡᠰ᠎ᠤᠨ ᠬᠥᠭᠵᠢᠯᠲᠡ᠎ᠨᠢ ᠶᠠᠮᠠᠷ ᠶᠠᠮᠠᠷ ᠣᠨᠴᠠᠯᠢᠭ᠎ᠲᠠᠢ ᠪᠣᠶ? ᠪᠠᠶᠠᠷᠯᠠᠯ᠎ᠠ᠃

 

7.jpg


    ᠼᠤᠤ ᠰᠧ ᠶᠠᠩ᠄
    ᠲᠠᠨ᠎ᠤ ᠠᠰᠠᠭᠤᠯᠲᠠ᠎ᠳᠤ ᠪᠠᠶᠠᠷᠯᠠᠯ᠎ᠠ᠃ ᠣᠯᠠᠨ᠎ᠤ ᠮᠡᠳᠡᠭᠡᠵᠢ᠎ᠪᠠᠷ᠂ ᠦᠢ᠍ᠯᠡᠳᠬᠦ ᠦᠢ᠍ᠯᠡᠰ ᠪᠣᠯ ᠠᠵᠤ ᠦᠢ᠍ᠯᠡᠳᠪᠦᠷᠢ ᠵᠢᠨ ᠭᠤᠤᠯ ᠴᠣᠭᠴᠠ ᠮᠥᠨ᠂ ᠠᠵᠤ ᠦᠢ᠍ᠯᠡᠳᠪᠦᠷᠢ ᠵᠢᠨ ᠪᠦᠲᠦᠴᠡ ᠵᠢᠨ ᠲᠣᠬᠢᠷᠠᠭᠤᠯᠤᠯᠲᠠ᠂ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠬᠦ ᠵᠢᠨ 《ᠭᠤᠤᠯ ᠲᠡᠶ᠋ᠢᠨ᠎ᠤ ᠲᠠᠯᠠᠪᠤᠷ》 ᠮᠥᠨ᠃ 2023 ᠣᠨ᠎ᠳᠤ᠂ ᠪᠥᠬᠥ ᠣᠷᠣᠨ ᠳᠠᠶᠠᠭ᠋ᠠᠷ 《ᠦᠢ᠍ᠯᠡᠳᠬᠦ ᠦᠢ᠍ᠯᠡᠰ᠎ᠤᠨ ᠳᠡᠭᠡᠳᠦ ᠦᠵᠦᠭᠦᠷᠴᠢᠯᠡᠬᠦ᠂ ᠤᠶᠤᠨᠴᠢᠯᠠᠬᠤ᠂ ᠪᠣᠬᠢᠷᠲᠤᠯ ᠥᠬᠡᠶ ᠬᠥᠭᠵᠢᠭᠦᠯᠬᠦ ᠵᠢ ᠠᠬᠢᠭᠤᠯᠬᠤ ᠲᠤᠬᠠᠶ ᠰᠠᠨᠠᠯ》 ᠵᠢᠴᠢ ᠲᠥᠬᠥᠷ ᠲᠥᠰᠦᠯ᠎ᠢ ᠨᠠᠶ᠋ᠢᠳᠠᠪᠤᠷᠢᠵᠢᠭᠤᠯᠬᠤ ᠵᠢᠨ ᠲᠣᠭᠣᠷᠢᠨ᠎ᠳᠤ᠂ ᠪᠣᠬᠢᠷᠲᠤᠯ ᠥᠬᠡᠶ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠢ ᠡᠳ᠋ᠰᠢᠭᠦᠯᠬᠦ᠂ ᠰᠢᠨ᠎ᠡ ᠡᠨᠧᠷᠭᠢ ᠵᠢᠨ ᠲᠣᠨᠣᠭ ᠲᠥᠬᠥᠭᠡᠷᠦᠮᠵᠢ ᠦᠢ᠍ᠯᠡᠳᠬᠦ᠂ ᠰᠢᠨ᠎ᠡ ᠬᠡᠯᠪᠡᠷᠢ ᠵᠢᠨ ᠬᠢᠮᠢ ᠵᠢᠨ ᠠᠵᠤ ᠦᠢ᠍ᠯᠡᠳᠪᠦᠷᠢ᠂ ᠰᠢᠨ᠎ᠡ ᠮᠠᠲ᠋ᠧᠷᠢᠶᠠᠯ᠂ ᠠᠮᠢᠳᠤ ᠪᠣᠳᠠᠰ᠎ᠤᠨ ᠡᠮ ᠡᠮᠨᠡᠯᠭᠡ ᠵᠡᠷᠭᠡ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠰᠦᠷᠦᠭᠵᠢᠯ᠎ᠢ ᠥᠨᠳᠥᠷ ᠪᠠᠷᠢᠮᠵᠢᠶ᠎ᠠ᠎ᠪᠠᠷ ᠪᠣᠶ᠋ᠢᠵᠢᠭᠤᠯᠵᠤ᠂ ᠠᠵᠤ ᠦᠢ᠍ᠯᠡᠰ᠎ᠤᠨ ᠬᠡᠯᠬᠢᠶ᠎ᠡ ᠵᠢ ᠳᠤᠤᠷᠠᠳᠤ ᠤᠷᠤᠰᠬᠠᠯ ᠳᠠᠰᠢ ᠤᠷᠲᠤᠳᠬᠠᠬᠤ᠂ ᠥᠷᠲᠡᠭ᠎ᠤᠨ ᠬᠡᠯᠬᠢᠶ᠎ᠡ ᠵᠢ ᠳᠤᠮᠳᠠ ᠳᠡᠭᠡᠳᠦ ᠲᠠᠰ ᠳᠠᠰᠢ ᠳᠡᠭᠡᠭᠰᠢᠯᠡᠭᠦᠯᠬᠦ ᠵᠢ ᠠᠬᠢᠭᠤᠯᠪᠠ᠃ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ ᠲᠦᠷᠦᠭᠦᠦ ᠵᠢᠯ᠎ᠤᠨ᠎ᠬᠢ᠎ᠠᠴᠠ᠎ᠪᠠᠨ 11.7%᠎ᠪᠠᠷ ᠨᠡᠮᠡᠭᠳᠡᠵᠦ᠂ 9 ᠰᠠᠷ᠎ᠠ ᠳᠠᠷᠠᠭ᠋ᠠᠯᠠᠨ ᠬᠣᠶᠠᠷ ᠣᠷᠣᠨᠲᠤ ᠲᠣᠭ᠎ᠠ ᠵᠢᠨ ᠨᠡᠮᠡᠭᠳᠡᠯ᠎ᠢ ᠪᠠᠲᠤᠯᠠᠵᠤ᠂ ᠪᠥᠬᠥ ᠣᠷᠣᠨ᠎ᠤ ᠠᠵᠤ ᠦᠢ᠍ᠯᠡᠳᠪᠦᠷᠢ ᠵᠢᠨ ᠠᠵᠤ ᠠᠬᠤᠶ᠎ᠳᠤ ᠲᠣᠪᠣᠶ᠋ᠢᠮ᠎ᠠ ᠬᠤᠪᠢ ᠨᠡᠮᠡᠷᠢ ᠦᠵᠡᠭᠦᠯᠪᠡ᠂ ᠪᠣᠳᠠᠲᠠᠶ᠎ᠪᠠᠷ ᠦᠵᠡᠪᠡᠯ ᠳᠤᠤᠷᠠᠬᠢ ᠳᠥᠷᠪᠡᠨ ᠣᠨᠴᠠᠯᠢᠭ᠎ᠲᠠᠢ᠄
    ᠨᠢᠭᠡ᠎ᠳᠤ᠂ ᠦᠢ᠍ᠯᠡᠳᠬᠦ ᠦᠢ᠍ᠯᠡᠰ᠎ᠤᠨ ᠬᠤᠪᠢ ᠨᠡᠮᠡᠷᠢ ᠵᠢᠨ ᠦᠢ᠍ᠯᠡᠳᠦᠯ ᠲᠠᠰᠤᠷᠠᠯᠲᠠ ᠦᠭᠡᠢ ᠳᠡᠭᠡᠭᠰᠢᠯᠡᠪᠡ᠃

2023 ᠣᠨ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ᠎ᠤᠨ ᠨᠡᠮᠡᠭᠳᠡᠯ᠎ᠤᠨ ᠬᠤᠷᠳᠤᠴᠠ᠎ᠨᠢ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠳᠤᠮᠳᠠᠴᠢ ᠬᠢᠷᠢ ᠲᠦᠪᠰᠢᠨ᠎ᠠᠴᠠ 4.3 ᠵᠠᠭᠤᠨ᠎ᠤ ᠬᠤᠪᠢ ᠵᠢᠨ ᠴᠡᠭ ᠥᠨᠳᠥᠷ ᠪᠣᠯᠵᠣ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠤᠨ ᠨᠡᠮᠡᠭᠳᠡᠯ᠎ᠳᠤ ᠦᠵᠡᠭᠦᠯᠦᠭᠰᠡᠨ ᠬᠤᠪᠢ ᠨᠡᠮᠡᠷᠢ ᠵᠢᠨ ᠨᠣᠷᠮ᠎ᠠ᠎ᠨᠢ 58.0%᠎ᠳᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 8.8 ᠵᠠᠭᠤᠨ᠎ᠤ ᠬᠤᠪᠢ ᠵᠢᠨ ᠴᠡᠭ ᠳᠡᠭᠡᠭᠰᠢᠯᠡᠪᠡ᠃ ᠪᠥᠬᠥ ᠣᠷᠣᠨ᠎ᠤ 29 ᠦᠢ᠍ᠯᠡᠳᠬᠦ ᠦᠢ᠍ᠯᠡᠰ᠎ᠤᠨ ᠠᠵᠢᠯ ᠲᠥᠷᠥᠯ᠎ᠤᠨ ᠲᠣᠮᠣ ᠲᠥᠷᠥᠯ᠎ᠤᠨ ᠳᠣᠲᠣᠷ᠎ᠠ᠂ 23 ᠠᠵᠢᠯ ᠲᠥᠷᠥᠯ᠎ᠤᠨ ᠨᠡᠮᠡᠭᠳᠡᠯ ᠥᠷᠲᠡᠭ᠎ᠨᠢ ᠲᠦᠷᠦᠭᠦᠦ ᠵᠢᠯ᠎ᠤᠨ᠎ᠬᠢ᠎ᠠᠴᠠ᠎ᠪᠠᠨ ᠨᠡᠮᠡᠭᠳᠡᠵᠦ᠂ ᠨᠡᠮᠡᠭᠳᠡᠯ᠎ᠤᠨ ᠬᠡᠪᠴᠢᠶ᠎ᠡ᠎ᠨᠢ 79.3% ᠪᠣᠯᠪᠠ᠃ ᠡᠭᠦᠨ᠎ᠳᠤ᠂ 16 ᠠᠵᠢᠯ ᠲᠥᠷᠥᠯ ᠬᠣᠶᠠᠷ ᠣᠷᠣᠨᠲᠤ ᠲᠣᠭ᠎ᠠ᠎ᠪᠠᠷ ᠨᠡᠮᠡᠭᠳᠡᠪᠡ᠃
    ᠬᠣᠶᠠᠷ᠎ᠲᠤ᠂ ᠦᠢ᠍ᠯᠡᠳᠬᠦ ᠦᠢ᠍ᠯᠡᠰ᠎ᠤᠨ ᠳᠡᠭᠡᠳᠦ ᠲᠡᠰᠵᠢᠯᠳᠡ ᠵᠢ ᠯᠠᠪᠳᠠᠭᠤᠨ ᠪᠠᠲᠤᠲᠠᠢ ᠠᠬᠢᠭᠤᠯᠪᠠ᠃ ᠪᠦᠬᠦ ᠣᠷᠣᠨ᠎ᠤ ᠠᠵᠤ ᠦᠢ᠍ᠯᠡᠰ᠎ᠤᠨ ᠳᠡᠰ ᠳᠡᠪᠰᠢᠨ ᠬᠥᠭᠵᠢᠬᠦ ᠵᠢ ᠳᠠᠭ᠋ᠠᠯᠳᠤᠨ᠂ ᠮᠡᠷᠭᠡᠵᠢᠯ᠎ᠤᠨ ᠠᠭᠤᠯᠤᠭᠳᠠᠴᠠ ᠪᠠ ᠨᠡᠮᠡᠯᠲᠡ ᠥᠷᠲᠡᠭ ᠵᠶ᠋ᠠᠷ ᠨᠡᠯᠢᠶᠡᠳ ᠥᠨᠳᠥᠷ ᠳᠡᠭᠡᠳᠦ ᠲᠠᠰ᠎ᠤᠨ ᠦᠢ᠍ᠯᠡᠳᠬᠦ ᠦᠢ᠍ᠯᠡᠰ ᠨᠡᠯᠢᠶᠡᠳ ᠲᠦᠷᠭᠡᠨ ᠨᠡᠮᠡᠭᠳᠡᠯ ᠵᠶ᠋ᠠᠨ ᠪᠠᠲᠤᠯᠠᠪᠠ᠃ 2023 ᠣᠨ᠎ᠳᠤ᠂ ᠪᠥᠬᠥ ᠣᠷᠣᠨ᠎ᠤ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ ᠲᠦᠷᠦᠭᠦᠦ ᠵᠢᠯ᠎ᠤᠨ᠎ᠬᠢ᠎ᠠᠴᠠ᠎ᠪᠠᠨ 11.4%᠎ᠪᠠᠷ ᠨᠡᠮᠡᠭᠳᠡᠵᠦ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠳᠤᠮᠳᠠᠴᠢ ᠬᠢᠷᠢ ᠲᠦᠪᠰᠢᠨ᠎ᠠᠴᠠ 4.0 ᠵᠠᠭᠤᠨ᠎ᠤ ᠬᠤᠪᠢ ᠵᠢᠨ ᠴᠡᠭ ᠲᠦᠷᠭᠡᠨ ᠪᠣᠯᠪᠠ᠃ ᠡᠭᠦᠨ᠎ᠳᠤ᠂ ᠡᠮ ᠡᠮᠨᠡᠯᠭᠡ ᠵᠢᠨ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ 24.6%᠎ᠪᠠᠷ ᠨᠡᠮᠡᠭᠳᠡᠪᠡ᠃
    ᠭᠤᠷᠪᠠ᠎ᠳᠤ᠂ ᠲᠣᠨᠣᠭᠯᠠᠯ ᠦᠢ᠍ᠯᠡᠳᠬᠦ ᠦᠢ᠍ᠯᠡᠰ᠎ᠤᠨ ᠲᠤᠯᠭ᠋ᠠᠭᠤᠷᠢᠯᠠᠬᠤ ᠦᠢ᠍ᠯᠡᠳᠦᠯ ᠴᠢᠩᠭ᠋ᠠᠷᠠᠪᠠ᠃

2023 ᠣᠨ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠲᠣᠨᠣᠭᠯᠠᠯ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ ᠲᠦᠷᠦᠭᠦᠦ ᠵᠢᠯ᠎ᠤᠨ᠎ᠬᠢ᠎ᠠᠴᠠ᠎ᠪᠠᠨ 9.6%᠎ᠪᠠᠷ ᠨᠡᠮᠡᠭᠳᠡᠵᠦ᠂ 2022 ᠣᠨ᠎ᠳᠤ 43.3%᠎ᠪᠠᠷ ᠨᠡᠮᠡᠭᠳᠡᠭᠰᠡᠨ ᠰᠠᠭᠤᠷᠢᠨ ᠳᠡᠭᠡᠷ᠎ᠡ ᠲᠦᠷᠭᠡᠨ ᠨᠡᠮᠡᠭᠳᠡᠭᠰᠡᠨ ᠪᠠᠶ᠋ᠢᠨ᠎ᠠ᠃ 8 ᠲᠣᠨᠣᠭᠯᠠᠯ᠎ᠤᠨ ᠶᠡᠬᠡ ᠲᠥᠷᠥᠯ᠎ᠤᠨ ᠠᠵᠢᠯ ᠲᠥᠷᠥᠯ᠎ᠤᠨ ᠳᠣᠲᠣᠷ᠎ᠠ᠂ 6 ᠠᠵᠢᠯ ᠲᠥᠷᠥᠯ᠎ᠤᠨ ᠨᠡᠮᠡᠭᠳᠡᠯ ᠥᠷᠲᠡᠭ᠎ᠤᠨ ᠨᠡᠮᠡᠭᠳᠡᠯ᠎ᠤᠨ ᠬᠤᠷᠳᠤᠴᠠ᠎ᠨᠢ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠳᠤᠮᠳᠠᠴᠢ ᠬᠢᠷᠢ ᠲᠦᠪᠰᠢᠨ᠎ᠠᠴᠠ ᠥᠨᠳᠥᠷ ᠪᠣᠯᠵᠠᠶ᠃ ᠡᠭᠦᠨ᠎ᠳᠤ᠂ ᠴᠠᠬᠢᠯᠭ᠋ᠠᠨ ᠮᠧᠬᠠᠨᠢᠭ᠂ ᠲᠡᠮᠦᠷᠯᠢᠭ ᠪᠦᠲᠦᠭᠡᠭᠳᠡᠬᠦᠨ ᠵᠡᠷᠭᠡ ᠠᠵᠢᠯ ᠲᠥᠷᠥᠯ᠎ᠤᠨ᠎ᠬᠢᠨ ᠳᠡᠭᠡᠳᠦ ᠬᠡᠮᠵᠢᠶ᠎ᠡ᠎ᠪᠠᠷ ᠠᠵᠢᠯᠯᠠᠵᠤ᠂ ᠨᠡᠮᠡᠭᠳᠡᠯ ᠥᠷᠲᠡᠭ᠎ᠨᠢ ᠲᠦᠷᠦᠭᠦᠦ ᠵᠢᠯ᠎ᠤᠨ᠎ᠬᠢ᠎ᠠᠴᠠ ᠲᠣᠰ ᠲᠣᠰ 89.2% ᠪᠠ 28.3%᠎ᠪᠠᠷ ᠨᠡᠮᠡᠭᠳᠡᠵᠦ᠂ ᠪᠥᠬᠥ ᠣᠷᠣᠨ᠎ᠤ ᠰᠢᠨ᠎ᠡ ᠡᠨᠧᠷᠭᠢ ᠵᠢᠨ ᠲᠣᠨᠣᠭᠯᠠᠯ ᠦᠢ᠍ᠯᠡᠳᠬᠦ ᠦᠢ᠍ᠯᠡᠰ᠎ᠢ ᠳᠠᠶ᠋ᠢᠴᠢᠯᠠᠨ 11.4%᠎ᠪᠠᠷ ᠨᠡᠮᠡᠭᠳᠡᠪᠡ᠃
    ᠳᠥᠷᠪᠡ᠎ᠳᠤ᠂ ᠲᠦᠭᠦᠬᠡᠶ ᠮᠠᠲ᠋ᠧᠷᠢᠶᠠᠯ ᠬᠠᠩᠭ᠋ᠠᠬᠤ ᠴᠢᠳᠠᠪᠤᠷᠢ ᠲᠠᠰᠤᠷᠠᠯᠲᠠ ᠥᠬᠡᠶ ᠳᠡᠭᠡᠭᠰᠢᠯᠡᠪᠡ᠃

2023 ᠣᠨ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠲᠦᠭᠦᠬᠡᠶ ᠮᠠᠲ᠋ᠧᠷᠢᠶᠠᠯ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ ᠲᠦᠷᠦᠭᠦᠦ ᠵᠢᠯ᠎ᠤᠨ᠎ᠬᠢ᠎ᠠᠴᠠ᠎ᠪᠠᠨ 11.7%᠎ᠪᠠᠷ ᠨᠡᠮᠡᠭᠳᠡᠵᠦ᠂ ᠳᠤᠤᠷ᠎ᠠ ᠬᠠᠭ᠋ᠠᠰ ᠵᠢᠯ᠎ᠠᠴᠠ ᠨᠠᠭ᠋ᠠᠰᠢ ᠬᠣᠶᠠᠷ ᠣᠷᠣᠨᠲᠤ ᠲᠣᠭ᠎ᠠ᠎ᠪᠠᠷ ᠨᠡᠮᠡᠭᠳᠡᠪᠡ᠃ ᠭᠤᠤᠯ ᠪᠣᠯᠬᠤ ᠦᠢ᠍ᠯᠡᠳᠬᠦᠨ᠎ᠤ ᠳᠣᠲᠣᠷ᠎ᠠ᠂ ᠬᠥᠩᠭᠡᠨ ᠴᠠᠭ᠋ᠠᠨ᠎ᠤ ᠮᠠᠲ᠋ᠧᠷᠢᠶᠠᠯ᠎ᠤᠨ ᠭᠠᠷᠤᠯᠲᠠ 34.1%᠎ᠪᠠᠷ ᠨᠡᠮᠡᠭᠳᠡᠵᠦ᠂ ᠪᠣᠯᠣᠳ ᠮᠠᠲ᠋ᠧᠷᠢᠶᠠᠯ᠎ᠤᠨ ᠭᠠᠷᠤᠯᠲᠠ 11.1%᠎ᠪᠠᠷ ᠨᠡᠮᠡᠭᠳᠡᠵᠦ᠂ ᠳᠤᠤᠷᠠᠳᠤ ᠤᠷᠤᠰᠬᠠᠯ᠎ᠤᠨ ᠦᠢ᠍ᠯᠡᠳᠪᠦᠷᠢᠯᠡᠯ᠎ᠳᠤ ᠪᠠᠲᠤ ᠪᠠᠬᠢ ᠪᠠᠲᠤᠯᠠᠭ᠎ᠠ ᠬᠠᠩᠭ᠋ᠠᠪᠠ᠃ ᠡᠭᠦᠨ᠎ᠤ ᠬᠠᠮᠲᠤ᠂ ᠪᠥᠬᠥ ᠣᠷᠣᠨ᠎ᠤ ᠰᠢᠨ᠎ᠡ ᠡᠨᠧᠷᠭᠢ ᠵᠢᠴᠢ ᠬᠠᠮᠢᠶ᠎ᠠ ᠪᠥᠬᠥᠶ ᠠᠵᠤ ᠦᠢ᠍ᠯᠡᠰ᠎ᠤᠨ ᠡᠯ᠎ᠡ ᠭᠣᠭᠴᠣᠭ᠋ᠠᠨ᠎ᠤ ᠦᠢ᠍ᠯᠡᠳᠪᠦᠷᠢᠯᠡᠯ᠎ᠤᠨ ᠴᠢᠳᠠᠪᠤᠷᠢ ᠵᠢᠨ ᠲᠠᠰᠤᠷᠠᠯᠲᠠ ᠥᠬᠡᠶ ᠢᠯᠡᠷᠡᠬᠦ ᠵᠢ ᠳᠠᠭ᠋ᠠᠯᠳᠤᠨ᠂ ᠲᠠᠩ ᠲᠠᠯᠠᠰᠲᠤ ᠴᠠᠬᠢᠭᠤᠷ᠎ᠤᠨ ᠭᠠᠷᠤᠯᠲᠠ ᠲᠦᠷᠦᠭᠦᠦ ᠵᠢᠯ᠎ᠤᠨ᠎ᠬᠢ᠎ᠠᠴᠠ 42.3%᠎ᠪᠠᠷ ᠨᠡᠮᠡᠭᠳᠡᠵᠦ᠂ ᠣᠯᠠᠨ ᠲᠠᠯᠠᠰᠲᠤ ᠴᠠᠬᠢᠭᠤᠷ 2.1 ᠳᠠᠬᠢᠨ ᠨᠡᠮᠡᠭᠳᠡᠵᠦ᠂ ᠬᠡᠷᠡᠯ ᠴᠡᠨᠡᠭ᠎ᠤᠨ ᠠᠵᠢᠯ ᠲᠥᠷᠥᠯ᠎ᠤᠨ ᠴᠢᠨᠠᠷ ᠰᠠᠶ᠋ᠢᠲᠠᠶ ᠬᠥᠭᠵᠢᠯᠲᠡ᠎ᠳᠤ ᠠᠰᠢᠭᠲᠠᠶ ᠨᠥᠬᠥᠴᠡᠯ᠎ᠢ ᠪᠦᠷᠢᠯᠳᠦᠭᠦᠯᠵᠦ ᠥᠭᠴᠡᠶ᠃
    ᠪᠦᠬᠦᠯᠢ ᠴᠣᠭᠴᠠ᠎ᠠᠴᠠ ᠠᠪᠴᠤ ᠦᠵᠡᠪᠡᠯ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠦᠢ᠍ᠯᠡᠳᠬᠦ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠬᠦ ᠵᠢ ᠦᠷᠭᠦᠯᠵᠢᠯᠡᠨ ᠰᠡᠷᠭᠦᠭᠡᠭᠰᠡᠨ ᠪᠠ ᠲᠦᠷᠭᠡᠳᠬᠡᠭᠰᠡᠨ ᠣᠨᠴᠠᠯᠢᠭ ᠨᠡᠯᠢᠶᠡᠳ ᠢᠯᠡᠷᠬᠡᠶ ᠪᠠᠶ᠋ᠢᠨ᠎ᠠ᠃ ᠡᠭᠦᠨ᠎ᠤ ᠬᠠᠮᠲᠤ᠂ ᠵᠠᠬ᠎ᠠ ᠳᠡᠯᠭᠡᠭᠦᠷ᠎ᠤᠨ ᠬᠡᠷᠡᠭᠴᠡᠭᠡ ᠬᠦᠷᠦᠯᠴᠡᠬᠦ ᠥᠬᠡᠶ ᠪᠠᠶ᠋ᠢᠬᠤ ᠪᠣᠯ ᠮᠥᠨ ᠬᠦ᠌ ᠣᠳᠣᠬᠠᠨ᠎ᠤ ᠦᠢ᠍ᠯᠡᠳᠬᠦ ᠦᠢ᠍ᠯᠡᠰ᠎ᠤᠨ ᠰᠡᠷᠭᠦᠨ ᠬᠥᠭᠵᠢᠬᠦ᠎ᠳᠤ ᠲᠤᠯᠭ᠋ᠠᠷᠠᠵᠤ ᠪᠠᠶ᠋ᠢᠭ᠎ᠠ ᠲᠡᠷᠢᠭᠦᠨ ᠴᠢᠬᠤᠯᠠ ᠬᠦᠴᠢᠷᠳᠡᠯ ᠪᠠᠶ᠋ᠢᠵᠤ᠂ ᠦᠢ᠍ᠯᠡᠳᠬᠦ ᠦᠢ᠍ᠯᠡᠰ᠎ᠤᠨ ᠰᠡᠷᠭᠦᠨ ᠰᠠᠶ᠋ᠢᠵᠢᠷᠠᠬᠤ ᠰᠠᠭᠤᠷᠢ ᠵᠢ ᠮᠥᠨ ᠬᠦ᠌ ᠪᠡᠬᠢᠵᠢᠭᠦᠯᠬᠦ ᠴᠢᠬᠤᠯᠠᠲᠠᠶ ᠪᠠᠶ᠋ᠢᠬᠤ ᠵᠢ ᠣᠯᠵᠤ ᠬᠠᠷᠠᠬᠤ ᠬᠡᠷᠡᠭᠲᠡᠶ᠃ ᠭᠡᠪᠡᠴᠦ ᠤᠯᠤᠰ᠎ᠤᠨ ᠰᠢᠨ᠎ᠡ ᠬᠡᠯᠪᠡᠷᠢ ᠵᠢᠨ ᠠᠵᠤ ᠦᠢ᠍ᠯᠡᠳᠪᠦᠷᠢᠵᠢᠯᠲᠡ ᠵᠢ ᠠᠬᠢᠭᠤᠯᠬᠤ ᠪᠠᠶ᠋ᠢᠷᠢᠯᠠᠭᠤᠯᠤᠯᠲᠠ ᠪᠦᠬᠦ ᠲᠠᠯ᠎ᠠ᠎ᠪᠠᠷ ᠥᠷᠨᠢᠬᠦ ᠵᠢ ᠳᠠᠭ᠋ᠠᠯᠳᠤᠨ᠂ ᠦᠢ᠍ᠯᠡᠳᠬᠦ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠠᠯᠢ ᠤᠯᠠᠨ ᠲᠦᠷᠦ ᠵᠢᠨ ᠪᠤᠳᠤᠯᠭ᠎ᠠ ᠠᠷᠭ᠎ᠠ ᠬᠡᠮᠵᠢᠶ᠎ᠡ ᠵᠢᠨ ᠢᠳᠡᠪᠬᠢ ᠦᠢ᠍ᠯᠡᠳᠦᠯ ᠠᠭ᠋ᠠᠵᠢᠮ ᠵᠶ᠋ᠠᠷ ᠢᠯᠡᠷᠡᠵᠦ᠂ ᠦᠢ᠍ᠯᠡᠳᠬᠦ ᠦᠢ᠍ᠯᠡᠰ᠎ᠤᠨ ᠳᠣᠲᠣᠭ᠋ᠠᠳᠤ ᠬᠥᠳᠡᠯᠭᠡᠬᠦ ᠬᠦᠴᠦᠨ ᠯᠠᠪᠲᠠᠢ ᠤᠯᠠᠮ ᠴᠢᠩᠭ᠋ᠠᠷᠠᠵᠤ᠂ ᠦᠢ᠍ᠯᠡᠳᠬᠦ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ ᠵᠢᠨ ᠢᠲᠡᠭᠡᠯ ᠵᠣᠷᠢᠭ ᠨᠡᠩ ᠭᠦᠢ᠍ᠴᠡᠳ᠂ ᠢᠷᠡᠭᠡᠳᠦᠢ ᠨᠡᠩ ᠰᠠᠢ᠍ᠢ᠍ᠨ ᠪᠣᠯᠬᠤ ᠵᠢ ᠪᠢᠳᠡ ᠪᠠᠲᠤ ᠢᠲᠡᠭᠡᠵᠦ ᠪᠠᠶ᠋ᠢᠨ᠎ᠠ᠃

    ᠤᠮᠠᠷᠠᠲᠤ ᠬᠢᠵᠠᠭ᠋ᠠᠷ ᠰᠣᠨᠢᠨ ᠮᠡᠳᠡᠭᠡᠨ᠎ᠤ ᠰᠤᠷᠪᠤᠯᠵᠢᠯᠠᠭᠴᠢ
    ᠣᠶ᠋ᠢᠷ᠎ᠠ ᠵᠢᠨ ᠵᠢᠯ᠎ᠤᠨ ᠲᠤᠷᠰᠢ᠂ ᠥᠪᠥᠷ ᠮᠣᠩᠭᠣᠯ᠎ᠤᠨ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ ᠥᠨᠳᠥᠷ ᠲᠦᠪᠰᠢᠨ ᠵᠶ᠋ᠠᠷ ᠨᠡᠮᠡᠭᠳᠡᠬᠦ ᠵᠢ ᠪᠠᠲᠤᠯᠠᠵᠤ᠂ ᠮᠠᠨ᠎ᠤ ᠣᠷᠣᠨ᠎ᠤ ᠴᠢᠨᠠᠷ ᠰᠠᠶ᠋ᠢᠲᠠᠶ ᠬᠥᠭᠵᠢᠯᠲᠡ᠎ᠳᠤ ᠲᠠᠰᠤᠷᠠᠯᠲᠠ ᠥᠬᠡᠶ ᠬᠥᠳᠡᠯᠭᠡᠬᠦ ᠡᠨᠧᠷᠭᠢ ᠬᠠᠩᠭ᠋ᠠᠪᠠ᠃ ᠢᠯᠠᠩᠭᠤᠶ᠎ᠠ 2023 ᠣᠨ᠎ᠠᠴᠠ ᠨᠠᠰᠢ ᠡᠶ᠋ᠢᠮᠦ ᠨᠢᠭᠡᠨ ᠳᠡᠭᠡᠳᠦ ᠬᠤᠷᠳᠤᠴᠠ᠎ᠪᠠᠷ ᠨᠡᠮᠡᠭᠳᠡᠬᠦ ᠬᠠᠨᠳᠤᠰᠢ ᠵᠢ ᠪᠠᠲᠤᠯᠠᠭᠰᠠᠭ᠋ᠠᠷ ᠢᠷᠡᠵᠡᠶ᠂ ᠮᠠᠨ᠎ᠤ ᠣᠷᠣᠨ᠎ᠤ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ ᠵᠢᠨ ᠬᠥᠭᠵᠢᠯᠲᠡ᠎ᠳᠤ ᠶᠠᠮᠠᠷ ᠶᠠᠮᠠᠷ ᠬᠢᠯᠠᠰ ᠴᠡᠭ ᠪᠠᠶ᠋ᠢᠬᠤ ᠪᠣᠶ? ᠪᠠᠶᠠᠷᠯᠠᠯ᠎ᠠ᠃

 

8.jpg


    ᠼᠤᠤ ᠰᠧ ᠶᠠᠩ᠄
    ᠲᠠᠨ᠎ᠤ ᠠᠰᠠᠭᠤᠯᠲᠠ᠎ᠳᠤ ᠪᠠᠶᠠᠷᠯᠠᠯ᠎ᠠ᠃ ᠰᠠᠶᠢᠬᠠᠨ ᠥᠩᠭᠡᠷᠡᠭᠰᠡᠨ ᠨᠢᠭᠡ ᠵᠢᠯ᠎ᠳᠤ᠂ ᠪᠥᠬᠥ ᠣᠷᠣᠨ᠎ᠤ ᠳᠡᠭᠡᠳᠦ ᠳᠤᠤᠷᠠᠳᠤ ᠱᠠᠲᠤ᠎ᠪᠠᠷ ᠵᠶ᠋ᠠᠨ ᠬᠤᠳᠠᠯᠳᠤᠭ᠋ᠠᠴᠢᠨ ᠤᠷᠢᠵᠤ ᠪᠠᠯᠠ ᠣᠷᠣᠭᠤᠯᠬᠤ ᠡᠷᠴᠢᠮ ᠵᠶ᠋ᠠᠨ ᠦᠷᠭᠦᠯᠵᠢᠯᠡᠨ

ᠴᠢᠩᠭ᠋ᠠᠷᠠᠭᠤᠯᠵᠤ᠂ ᠴᠢᠬᠤᠯᠠ ᠶᠡᠬᠡ ᠲᠥᠷᠥᠯ  ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠨ᠂ ᠪᠠᠯᠠ ᠣᠷᠣᠭᠤᠯᠤᠯᠲᠠ ᠵᠢᠨ ᠲᠣᠭ᠎ᠠ ᠬᠡᠮᠵᠢᠶ᠎ᠡ ᠪᠠ ᠶᠠᠰᠤ ᠴᠢᠨᠠᠷ᠎ᠢ ᠵᠡᠷᠭᠡᠪᠡᠷ ᠠᠬᠢᠭᠤᠯᠬᠤ ᠵᠢ ᠴᠢᠷᠮᠠᠶ᠋ᠢᠨ ᠪᠡᠶᠡᠯᠡᠭᠦᠯᠵᠦ᠂ ᠠᠵᠤ ᠠᠬᠤᠶ ᠨᠡᠶ᠋ᠢᠭᠡᠮ᠎ᠤᠨ ᠬᠥᠭᠵᠢᠯᠲᠡ᠎ᠳᠤ ᠦᠵᠡᠭᠦᠯᠬᠦ ᠪᠠᠯᠠ ᠣᠷᠣᠭᠤᠯᠤᠯᠲᠠ ᠵᠢᠨ ᠬᠥᠲᠥᠯᠦᠨ ᠳᠠᠭ᠋ᠠᠭᠤᠯᠬᠤ ᠦᠢ᠍ᠯᠡᠳᠦᠯ᠎ᠢ ᠭᠦᠢ᠍ᠴᠡᠳ ᠪᠠᠳᠠᠷᠠᠭᠤᠯᠪᠠ᠃ 2023 ᠣᠨ᠎ᠳᠤ᠂ ᠪᠥᠬᠥ ᠣᠷᠣᠨ᠎ᠤ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ (ᠲᠠᠷᠢᠶᠠᠴᠢᠨ ᠡᠷᠦᠬᠡ ᠵᠢ ᠪᠠᠭᠲᠠᠭ᠋ᠠᠬᠤ ᠥᠬᠡᠶ) ᠵᠢᠨ ᠪᠠᠷᠢᠯᠭ᠎ᠠ ᠵᠢᠨ ᠲᠥᠷᠥᠯ ᠵᠦᠢ᠍ᠯ᠎ᠤᠨ ᠲᠣᠭ᠎ᠠ ᠬᠡᠮᠵᠢᠶ᠎ᠡ ᠳᠡᠭᠡᠷ᠎ᠡ ᠵᠢᠯ᠎ᠤᠨ᠎ᠬᠢ᠎ᠠᠴᠠ 11.7%᠎ᠪᠠᠷ ᠨᠡᠮᠡᠭᠳᠡᠵᠦ᠂ ᠪᠠᠯᠠ ᠣᠷᠣᠭᠤᠯᠤᠯᠲᠠ ᠵᠢ ᠳᠡᠭᠡᠷ᠎ᠡ ᠵᠢᠯ᠎ᠤᠨ᠎ᠬᠢ᠎ᠠᠴᠠ 19.8%᠎ᠪᠠᠷ ᠨᠡᠮᠡᠭᠳᠡᠭᠦᠯᠵᠦ᠂ ᠨᠡᠮᠡᠭᠳᠡᠯ᠎ᠤᠨ ᠬᠤᠷᠳᠤᠴᠠ᠎ᠨᠢ ᠳᠡᠭᠡᠷ᠎ᠡ ᠵᠢᠯ᠎ᠤᠨ᠎ᠬᠢ᠎ᠠᠴᠠ 2.2 ᠵᠠᠭᠤᠨ᠎ᠤ ᠬᠤᠪᠢ ᠵᠢᠨ ᠴᠡᠭ ᠥᠨᠳᠥᠷ ᠪᠣᠯᠵᠣ᠂ ᠵᠢᠱ᠌ᠢᠭᠰᠡᠨ ᠬᠠᠷᠠᠯᠲᠠ᠎ᠠᠴᠠ 9.8 ᠵᠠᠭᠤᠨ᠎ᠤ ᠬᠤᠪᠢ ᠵᠢᠨ ᠴᠡᠭ ᠥᠨᠳᠥᠷ ᠪᠣᠯᠵᠣ᠂ ᠬᠢᠯᠠᠰ ᠴᠡᠭ᠎ᠨᠢ ᠭᠤᠤᠯᠳᠠᠭᠤ ᠳᠥᠷᠪᠡᠨ ᠲᠠᠯ᠎ᠠ᠎ᠳᠤ ᠲᠥᠪᠯᠡᠷᠡᠪᠡ᠄
    ᠨᠢᠭᠡᠳᠦᠭᠡᠷ᠎ᠲᠤ᠂ ᠠᠷᠠᠯᠵᠢᠶᠠᠴᠢᠨ ᠤᠷᠢᠵᠤ ᠣᠷᠣᠭᠤᠯᠤᠨ ᠠᠪᠴᠢᠷᠠᠬᠤ ᠬᠢᠷᠢ ᠪᠦᠲᠦᠮᠵᠢ ᠲᠠᠰᠤᠷᠠᠯᠲᠠ ᠥᠬᠡᠶ ᠳᠡᠭᠡᠭᠰᠢᠯᠡᠪᠡ᠃ ᠪᠥᠬᠥ ᠣᠷᠣᠨ ᠳᠠᠶᠠᠭ᠋ᠠᠷ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠳᠠᠯᠳᠤᠭ᠋ᠠᠴᠢᠨ ᠤᠷᠢᠵᠤ ᠪᠠᠯᠠ ᠣᠷᠣᠭᠤᠯᠬᠤ ᠭᠤᠷᠪᠠᠨ ᠵᠢᠯ᠎ᠤᠨ ᠠᠵᠢᠯᠯᠠᠭ᠋ᠠᠨ᠎ᠤ ᠲᠥᠰᠦᠯ》᠎ᠢ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠭᠤᠤᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠪᠠ ᠠᠵᠤ ᠦᠢ᠍ᠯᠡᠰ᠎ᠤᠨ ᠪᠦᠯᠦᠭᠵᠢᠯ᠎ᠳᠤ ᠠᠩᠬᠠᠷᠤᠯ ᠵᠶ᠋ᠠᠨ ᠲᠥᠪᠯᠡᠷᠡᠭᠦᠯᠦᠨ ᠲᠤᠶ᠋ᠢᠯ᠎ᠤᠨ ᠣᠨᠣᠪᠴᠢᠲᠠᠶ᠎ᠪᠠᠷ ᠬᠤᠳᠠᠯᠳᠤᠭ᠋ᠠᠴᠢᠨ ᠤᠷᠢᠵᠤ᠂ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ ᠵᠢᠨ ᠨᠡᠯᠢᠶᠡᠳ ᠲᠦᠷᠭᠡᠨ ᠨᠡᠮᠡᠭᠳᠡᠬᠦ ᠵᠢ ᠬᠦᠴᠦᠲᠡᠶ ᠠᠬᠢᠭᠤᠯᠪᠠ᠃ 2023 ᠣᠨ᠎ᠳᠤ᠂ ᠪᠥᠬᠥ ᠣᠷᠣᠨ᠎ᠤ ᠬᠥᠮᠥᠷᠭᠡ᠎ᠳᠤ ᠰᠢᠨ᠎ᠡ᠎ᠪᠠᠷ ᠣᠷᠣᠭᠤᠯᠤᠭᠰᠠᠨ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ ᠵᠢᠨ ᠲᠥᠷᠥᠯ ᠵᠦᠢ᠍ᠯ 5588 ᠪᠠᠶ᠋ᠢᠵᠤ᠂ ᠳᠡᠭᠡᠷ᠎ᠡ ᠵᠢᠯ᠎ᠤᠨ᠎ᠬᠢ᠎ᠠᠴᠠ 602 ᠨᠡᠮᠡᠭᠳᠡᠪᠡ; ᠪᠦᠬᠦ ᠪᠡᠯᠡ ᠣᠷᠣᠭᠤᠯᠤᠯᠲᠠ ᠵᠢ 10574 ᠳ᠋ᠦᠩᠰᠢᠭᠤᠷ ᠲᠥᠭᠥᠷᠢᠭ ᠵᠶ᠋ᠠᠷ ᠵᠢᠱ᠌ᠢᠵᠦ᠂ 40.6%᠎ᠪᠠᠷ ᠨᠡᠮᠡᠭᠳᠡᠪᠡ᠃ ᠪᠥᠬᠥ ᠣᠷᠣᠨ᠎ᠤ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ ᠵᠢᠨ ᠲᠥᠷᠥᠯ ᠵᠦᠢ᠍ᠯ᠎ᠢ ᠨᠠᠶ᠋ᠢᠳᠠᠪᠤᠷᠢᠵᠢᠭᠤᠯᠤᠭᠰᠠᠨ ᠪᠠᠯᠠ ᠮᠥᠩᠭᠥ ᠳᠡᠭᠡᠷ᠎ᠡ ᠵᠢᠯ᠎ᠤᠨ᠎ᠬᠢ᠎ᠠᠴᠠ 19.2% ᠵᠶ᠋ᠠᠷ ᠨᠡᠮᠡᠭᠳᠡᠪᠡ᠃
    ᠬᠣᠶᠠᠳᠤᠭ᠋ᠠᠷ᠎ᠲᠤ᠂ ᠲᠤᠮᠤ ᠲᠦᠷᠦᠯ ᠵᠦᠢ᠍ᠯ᠎ᠤᠨ ᠲᠤᠯᠭ᠋ᠠᠭᠤᠷᠢᠯᠠᠬᠤ ᠦᠢ᠍ᠯᠡᠳᠦᠯ ᠢᠯᠡᠳᠲᠡ ᠪᠣᠯᠪᠠ᠃ 2023 ᠣᠨ᠎ᠳᠤ᠂ ᠪᠥᠬᠥ ᠣᠷᠣᠨ᠎ᠤ ᠴᠢᠬᠤᠯᠠ ᠶᠡᠬᠡ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢ ᠴᠢᠨᠠᠷ ᠰᠠᠶ᠋ᠢᠲᠠᠶ᠂ ᠥᠨᠳᠥᠷ ᠦᠷ᠎ᠡ ᠪᠦᠲᠦᠮᠵᠢᠲᠡᠶ ᠠᠬᠢᠭᠤᠯᠵᠤ᠂ ᠳ᠋ᠦᠩᠰᠢᠭᠤᠷ ᠲᠥᠭᠥᠷᠢᠭ᠎ᠠᠴᠠ ᠳᠡᠭᠡᠭᠰᠢᠬᠢ ᠲᠥᠷᠥᠯ ᠵᠦᠢ᠍ᠯ ᠨᠡᠯᠢᠶᠡᠳ ᠥᠨᠳᠥᠷ ᠨᠡᠮᠡᠭᠳᠡᠯ᠎ᠤᠨ ᠪᠠᠶ᠋ᠢᠳᠠᠯ ᠵᠶ᠋ᠠᠨ ᠪᠠᠲᠤᠯᠠᠪᠠ᠃ ᠪᠥᠬᠥ ᠵᠢᠯ᠎ᠳᠤ ᠨᠡᠶ᠋ᠢᠲᠡ ᠳ᠋ᠦᠩᠰᠢᠭᠤᠷ ᠲᠥᠭᠥᠷᠢᠭ᠎ᠠᠴᠠ ᠳᠡᠭᠡᠭᠰᠢᠬᠢ ᠪᠠᠷᠢᠯᠭ᠎ᠠ ᠵᠢᠨ ᠲᠥᠷᠥᠯ ᠵᠦᠢ᠍ᠯ 2709 ᠪᠠᠶ᠋ᠢᠵᠤ᠂ ᠳᠡᠭᠡᠷ᠎ᠡ ᠵᠢᠯ᠎ᠤᠨ᠎ᠬᠢ᠎ᠠᠴᠠ 285 ᠨᠡᠮᠡᠭᠳᠡᠵᠦ᠂ ᠪᠥᠬᠥ ᠪᠠᠯᠠ ᠣᠷᠣᠭᠤᠯᠤᠯᠲᠠ ᠵᠢᠨ ᠲᠥᠷᠥᠯ ᠵᠦᠢ᠍ᠯ᠎ᠤᠨ 30.0%᠎ᠢ ᠡᠵᠡᠯᠡᠪᠡ; ᠪᠠᠯᠠ ᠣᠷᠣᠭᠤᠯᠤᠯᠲᠠ ᠵᠢ ᠲᠦᠷᠦᠭᠦᠦ ᠵᠢᠯ᠎ᠤᠨ᠎ᠬᠢ᠎ᠠᠴᠠ 25.9%᠎ᠪᠠᠷ ᠨᠡᠮᠡᠭᠳᠡᠭᠦᠯᠵᠦ᠂ ᠪᠥᠬᠥ ᠪᠠᠯᠠ ᠣᠷᠣᠭᠤᠯᠤᠯᠲᠠ ᠵᠢᠨ ᠨᠡᠮᠡᠭᠳᠡᠯ᠎ᠤᠨ ᠬᠤᠷᠳᠤᠴᠠ᠎ᠠᠴᠠ 6.1 ᠵᠠᠭᠤᠨ᠎ᠤ ᠬᠤᠪᠢ ᠵᠢᠨ ᠴᠡᠭ ᠥᠨᠳᠥᠷ ᠪᠣᠯᠵᠣ᠂ ᠪᠥᠬᠥ ᠪᠠᠯᠠ ᠣᠷᠣᠭᠤᠯᠤᠯᠲᠠ ᠵᠢᠨ 72.9% ᠵᠢ ᠡᠵᠡᠯᠡᠵᠦ᠂ ᠪᠥᠬᠥ ᠪᠠᠯᠠ ᠣᠷᠣᠭᠤᠯᠤᠯᠲᠠ᠎ᠳᠤ ᠦᠵᠡᠭᠦᠯᠦᠭᠰᠡᠨ ᠬᠤᠪᠢ ᠨᠡᠮᠡᠷᠢ ᠵᠢᠨ ᠨᠣᠷᠮ᠎ᠠ 90.6%᠎ᠳᠤ ᠬᠦᠷᠴᠦ᠂ ᠪᠥᠬᠥ ᠣᠷᠣᠨ᠎ᠤ ᠪᠠᠯᠠ ᠣᠷᠣᠭᠤᠯᠤᠯᠲᠠ ᠵᠢᠨ ᠪᠦᠲᠦᠴᠡ ᠵᠢ ᠰᠢᠯᠢᠳᠡᠭᠵᠢᠭᠦᠯᠬᠦ᠂ ᠪᠠᠯᠠ ᠣᠷᠣᠭᠤᠯᠤᠯᠲᠠ ᠵᠢᠨ ᠦᠨᠳᠦᠰᠦᠨ ᠪᠠᠶ᠋ᠢᠳᠠᠯ᠎ᠢ ᠲᠣᠭᠲᠠᠪᠤᠷᠢᠵᠢᠭᠤᠯᠬᠤ᠎ᠳᠤ ᠰᠠᠶ᠋ᠢᠨ ᠰᠠᠭᠤᠷᠢ ᠲᠠᠯᠪᠢᠵᠤ ᠥᠭᠪᠡ᠃
    ᠭᠤᠷᠪᠠ᠎ᠳᠤ᠂ ᠰᠢᠨ᠎ᠡ ᠡᠨᠧᠷᠭᠢ ᠵᠢᠨ ᠠᠵᠤ ᠦᠢ᠍ᠯᠡᠰ ᠵᠶ᠋ᠠᠷ ᠪᠠᠯᠠ ᠣᠷᠣᠭᠤᠯᠤᠯᠲᠠ ᠵᠢᠨ ᠨᠡᠮᠡᠭᠳᠡᠯ᠎ᠢ ᠬᠥᠲᠥᠯᠥᠨ ᠳᠠᠭ᠋ᠠᠭᠤᠯᠪᠠ᠃ ᠪᠥᠬᠥ ᠣᠷᠣᠨ ᠳᠠᠶᠠᠭ᠋ᠠᠷ ᠵᠶ᠋ᠠᠨ ᠰᠢᠨ᠎ᠡ ᠡᠨᠧᠷᠭᠢ ᠵᠢᠨ ᠬᠥᠭᠵᠢᠯᠲᠡ ᠵᠢᠨ 《ᠰᠠᠯᠬᠢᠨ᠎ᠤ ᠠᠮᠠ》 ᠵᠢ ᠴᠢᠩᠭ᠎ᠠ ᠠᠳᠬᠤᠵᠤ᠂ ᠡᠨᠧᠷᠭᠢ ᠵᠢᠨ ᠠᠵᠤ ᠠᠬᠤᠶ ᠵᠢᠨ ᠣᠯᠠᠨ ᠡᠰᠢᠵᠢᠯᠲᠡ᠂ ᠳᠤᠤᠷ᠎ᠠ ᠨᠡᠭᠦᠷᠡᠰᠦᠲᠥ᠋ᠷᠥᠭᠴᠢᠲᠦ᠂ ᠳᠡᠭᠡᠳᠦ ᠲᠠᠰᠵᠢᠯᠳᠡ ᠵᠢ ᠠᠬᠢᠭᠤᠯᠤᠨ᠂ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠪᠠᠯᠠ ᠣᠷᠣᠭᠤᠯᠤᠯᠲᠠ ᠵᠢ ᠨᠡᠯᠢᠶᠡᠳ ᠲᠦᠷᠭᠡᠨ ᠨᠡᠮᠡᠭᠳᠡᠭᠦᠯᠪᠡ᠃ ᠪᠥᠬᠥ ᠣᠷᠣᠨ᠎ᠤ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠪᠠᠯᠠ ᠣᠷᠣᠭᠤᠯᠤᠯᠲᠠ ᠳᠡᠭᠡᠷ᠎ᠡ ᠵᠢᠯ᠎ᠤᠨ᠎ᠬᠢ᠎ᠠᠴᠠ 70.1%᠎ᠪᠠᠷ ᠨᠡᠮᠡᠭᠳᠡᠵᠦ᠂ ᠪᠥᠬᠥ ᠪᠠᠯᠠ ᠣᠷᠣᠭᠤᠯᠤᠯᠲᠠ ᠵᠢᠨ ᠨᠡᠮᠡᠭᠳᠡᠯ᠎ᠢ 16.0 ᠵᠠᠭᠤᠨ᠎ᠤ ᠬᠤᠪᠢ ᠵᠢᠨ ᠴᠡᠭ ᠳᠠᠶ᠋ᠢᠴᠢᠯᠠᠪᠠ᠃ ᠡᠭᠦᠨ᠎ᠳᠤ᠂ ᠰᠠᠯᠬᠢᠨ ᠬᠦᠴᠦᠨ ᠵᠶ᠋ᠠᠷ ᠴᠠᠬᠢᠯᠭ᠋ᠠᠨ ᠭᠠᠷᠭ᠋ᠠᠬᠤ ᠪᠠᠯᠠ ᠣᠷᠣᠭᠤᠯᠤᠯᠲᠠ 22.4%᠎ᠪᠠᠷ ᠨᠡᠮᠡᠭᠳᠡᠵᠦ᠂ ᠨᠡᠷᠡᠨ ᠡᠨᠧᠷᠭᠢ᠎ᠪᠠᠷ ᠴᠠᠬᠢᠯᠭ᠋ᠠᠨ ᠭᠠᠷᠭ᠋ᠠᠬᠤ ᠪᠠᠯᠠ ᠣᠷᠣᠭᠤᠯᠤᠯᠲᠠ 54.8%᠎ᠪᠠᠷ ᠨᠡᠮᠡᠭᠳᠡᠪᠡ᠃
    ᠳᠥᠷᠪᠡᠳᠦᠭᠡᠷ᠎ᠲᠤ᠂ ᠳᠡᠭᠡᠳᠦ ᠮᠡᠷᠭᠡᠵᠢᠯ᠎ᠤᠨ ᠠᠵᠤ ᠦᠢ᠍ᠯᠡᠰ᠎ᠤᠨ ᠪᠡᠯᠡ ᠣᠷᠣᠭᠤᠯᠤᠯᠲᠠ ᠴᠢᠩᠭ᠋ᠠᠷᠠᠵᠤ ᠪᠠᠶ᠋ᠢᠨ᠎ᠠ᠃ 2023 ᠣᠨ᠎ᠳᠤ᠂ ᠮᠠᠨ᠎ᠤ ᠣᠷᠣᠨ ᠳᠠᠪᠠᠭᠤᠯᠢᠭ ᠤᠨᠴᠠᠯᠢᠬᠳᠤ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠲᠦᠷᠭᠡᠳᠬᠡᠨ ᠪᠠᠶ᠋ᠢᠭᠤᠯᠬᠤ᠎ᠪᠠᠷ ᠭᠤᠤᠯᠳᠠᠭᠤᠯᠵᠤ᠂ ᠪᠥᠬᠥ ᠣᠷᠣᠨ᠎ᠤ ᠠᠵᠤ ᠦᠢ᠍ᠯᠡᠰ᠎ᠤᠨ ᠪᠦᠲᠦᠴᠡ ᠵᠢᠨ ᠬᠡᠯᠪᠡᠷᠢ ᠵᠢ ᠬᠤᠪᠢᠷᠠᠭᠤᠯᠤᠨ ᠲᠠᠰ ᠳᠡᠪᠰᠢᠭᠦᠯᠬᠦ ᠵᠢ ᠢᠳᠡᠪᠬᠢᠲᠡᠶ ᠠᠬᠢᠭᠤᠯᠵᠤ᠂ ᠳᠡᠭᠡᠳᠦ ᠮᠡᠷᠭᠡᠵᠢᠯ᠎ᠤᠨ ᠠᠵᠤ ᠦᠢ᠍ᠯᠡᠰ᠎ᠤᠨ ᠪᠠᠯᠠ ᠣᠷᠣᠭᠤᠯᠤᠯᠲᠠ ᠡᠷᠴᠢᠮᠲᠡᠶ ᠨᠡᠮᠡᠭᠳᠡᠪᠡ᠃ ᠪᠥᠬᠥ ᠣᠷᠣᠨ᠎ᠤ ᠳᠡᠭᠡᠳᠦ ᠮᠡᠷᠭᠡᠵᠢᠯ᠎ᠤᠨ ᠠᠵᠤ ᠦᠢ᠍ᠯᠡᠰ᠎ᠤᠨ ᠪᠠᠯᠠ ᠣᠷᠣᠭᠤᠯᠤᠯᠲᠠ ᠳᠡᠭᠡᠷ᠎ᠡ ᠵᠢᠯ᠎ᠤᠨ 49.2%᠎ᠤᠨ ᠥᠨᠳᠥᠷ ᠨᠡᠮᠡᠭᠳᠡᠯ᠎ᠤᠨ ᠬᠤᠷᠳᠤᠴᠠ ᠵᠢᠨ ᠰᠠᠭᠤᠷᠢᠨ ᠳᠡᠭᠡᠷ᠎ᠡ 84.5% ᠵᠢᠨ ᠥᠨᠳᠥᠷ ᠨᠡᠮᠡᠭᠳᠡᠯ᠎ᠢ ᠪᠡᠶᠡᠯᠡᠭᠦᠯᠵᠦ᠂ ᠪᠥᠬᠥ ᠪᠠᠯᠠ ᠣᠷᠣᠭᠤᠯᠤᠯᠲᠠ ᠵᠢᠨ ᠨᠡᠮᠡᠭᠳᠡᠯ᠎ᠤᠨ ᠬᠤᠷᠳᠤᠴᠠ᠎ᠠᠴᠠ 64.7 ᠵᠠᠭᠤᠨ᠎ᠤ ᠬᠤᠪᠢ ᠵᠢᠨ ᠴᠡᠭ ᠥᠨᠳᠥᠷ ᠪᠣᠯᠪᠠ; ᠪᠥᠬᠥ ᠪᠠᠯᠠ ᠣᠷᠣᠭᠤᠯᠤᠯᠲᠠ ᠵᠢᠨ 11.0%᠎ᠢ ᠡᠵᠡᠯᠡᠵᠦ᠂ ᠲᠦᠷᠦᠭᠦᠦ ᠵᠢᠯ᠎ᠤᠨ᠎ᠬᠢ᠎ᠠᠴᠠ 3.8 ᠵᠠᠭᠤᠨ᠎ᠤ ᠬᠤᠪᠢ ᠵᠢᠨ ᠴᠡᠭ ᠳᠡᠭᠡᠭᠰᠢᠯᠡᠪᠡ; ᠪᠥᠬᠥ ᠪᠠᠯᠠ ᠣᠷᠣᠭᠤᠯᠤᠯᠲᠠ ᠵᠢᠨ ᠨᠡᠮᠡᠭᠳᠡᠯ᠎ᠢ 6.0 ᠵᠠᠭᠤᠨ᠎ᠤ ᠬᠤᠪᠢ ᠵᠢᠨ ᠴᠡᠭ ᠳᠠᠶ᠋ᠢᠴᠢᠯᠠᠪᠠ᠃
    ᠶᠡᠷᠦᠩᠬᠡᠶ᠎ᠳᠤᠨᠢ ᠠᠪᠴᠤ ᠦᠵᠡᠪᠡᠯ᠂ ᠪᠦᠬᠦ ᠣᠷᠣᠨ᠎ᠤ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠯ᠎ᠢ ᠪᠠᠲᠤᠯᠠᠬᠤ ᠵᠢᠨ ᠬᠠᠮᠲᠤ ᠪᠠᠰᠠ ᠶᠠᠰᠤ ᠴᠢᠨᠠᠷ᠎ᠤᠨ ᠪᠦᠲᠦᠮᠵᠢᠲᠡᠶ ᠳᠡᠭᠡᠭᠰᠢᠯᠡᠯᠲᠡ ᠵᠢ ᠪᠡᠶᠡᠯᠡᠭᠦᠯᠵᠦ᠂ ᠪᠡᠯᠡ ᠣᠷᠣᠭᠤᠯᠤᠯᠲᠠ᠎ᠪᠠᠷ ᠠᠵᠤ ᠠᠬᠤᠶ ᠵᠢᠨ ᠬᠥᠭᠵᠢᠯᠲᠡ ᠵᠢ ᠠᠬᠢᠭᠤᠯᠬᠤ ᠵᠠᠩᠭᠢᠯᠠᠭ᠎ᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠪᠠ᠃ ᠲᠠᠷᠠᠭ᠋ᠠᠴᠢ ᠵᠢᠨ ᠠᠯᠬᠤᠮ᠎ᠳᠤ᠂ 《ᠬᠣᠶᠠᠷ ᠶᠡᠬᠡ ᠶᠠᠪᠤᠳᠠᠯ》᠎ᠢ ᠰᠠᠶ᠋ᠢᠲᠤᠷ ᠬᠢᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠳᠡᠮᠵᠢᠬᠦ ᠰᠠᠨᠠᠯ ᠵᠢᠴᠢ ᠡᠯ᠎ᠡ ᠶᠠᠮᠤᠨ ᠵᠥᠪᠯᠡᠯ᠎ᠤᠨ ᠢᠵᠢ ᠪᠥᠷᠢᠳᠦᠭᠦᠯᠬᠦ ᠠᠷᠭ᠎ᠠ ᠬᠡᠮᠵᠢᠶ᠎ᠡ ᠵᠢ ᠭᠦᠢ᠍ᠴᠡᠳ ᠰᠠᠶ᠋ᠢᠲᠤᠷ ᠬᠡᠷᠡᠭᠯᠡᠵᠦ᠂ 《ᠠᠷᠠᠯᠵᠢᠶᠠᠴᠢᠨ ᠤᠷᠢᠬᠤ ᠵᠢ ᠠᠳᠬᠤᠵᠤ᠂ ᠲᠥᠷᠥᠯ ᠵᠦᠢ᠍ᠯ ᠭᠠᠷᠭ᠋ᠠᠬᠤ᠂ ᠪᠠᠯᠠ ᠣᠷᠣᠭᠤᠯᠤᠯᠲᠠ ᠵᠢ ᠥᠷᠭᠡᠳᠬᠡᠵᠦ᠂ ᠬᠥᠳᠡᠯᠭᠡᠬᠦ ᠡᠨᠧᠷᠭᠢ ᠵᠢ ᠨᠡᠮᠡᠭᠳᠡᠭᠦᠯᠬᠦ》 ᠰᠠᠨᠠᠭ᠋ᠠᠴᠢᠯᠠᠭ᠋ᠠᠲᠤ ᠳᠠᠶ᠋ᠢᠯᠠᠯᠳᠤᠭ᠋ᠠᠨ᠎ᠢ ᠰᠠᠶ᠋ᠢᠲᠤᠷ ᠬᠢᠵᠦ᠂ ᠪᠥᠬᠥ ᠣᠷᠣᠨ᠎ᠤ ᠠᠵᠤ ᠠᠬᠤᠶ ᠵᠢᠨ ᠴᠢᠨᠠᠷ ᠰᠠᠶ᠋ᠢᠲᠠᠶ ᠬᠥᠭᠵᠢᠯᠲᠡ᠎ᠳᠤ ᠦᠷᠭᠦᠯᠵᠢᠯᠡᠨ ᠬᠦᠴᠦᠨ ᠴᠢᠳᠠᠯ ᠬᠤᠷᠠᠮᠳᠤᠭᠤᠯᠵᠤ ᠥᠭᠬᠦ ᠬᠡᠷᠡᠭᠲᠡᠶ᠃

    《ᠬᠣᠲᠠ ᠵᠢᠨ ᠮᠥᠩᠭᠥᠨ ᠭᠦᠢ᠍ᠯᠭᠡᠭᠡ ᠰᠣᠨᠢᠨ》᠎ᠤ ᠰᠤᠷᠪᠤᠯᠵᠢᠯᠠᠭᠴᠢ
    ᠥᠭᠦᠯᠡᠭᠴᠢ ᠲᠠ ᠰᠠᠶ᠋ᠢᠨ ᠦᠦ! ᠪᠢᠳᠡ 2023 ᠣᠨ᠎ᠤ ᠪᠥᠬᠥ ᠣᠷᠣᠨ᠎ᠤ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠬᠠᠩᠰᠢ ᠵᠢᠨ ᠶᠡᠷᠦᠩᠬᠡᠶ ᠲᠦᠪᠰᠢᠨ ᠳᠡᠭᠡᠷ᠎ᠡ ᠵᠢᠯ᠎ᠤᠨ᠎ᠬᠢ᠎ᠠᠴᠠ 0.6%᠎ᠪᠠᠷ ᠳᠡᠭᠡᠭᠰᠢᠯᠡᠭᠰᠡᠨ᠎ᠢ ᠣᠯᠵᠤ ᠬᠠᠷᠠᠯ᠎ᠠ᠂ ᠣᠳᠣᠬᠠᠨ᠎ᠤ CPI ᠵᠢᠨ ᠠᠵᠢᠯᠯᠠᠭ᠋ᠠᠨ᠎ᠨᠢ ᠭᠤᠤᠯᠳᠠᠭᠤ ᠶᠠᠮᠠᠷ ᠶᠠᠮᠠᠷ ᠣᠨᠴᠠᠯᠢᠭ᠎ᠲᠠᠢ ᠪᠣᠶ? ᠲᠠ ᠣᠳᠣᠬᠠᠨ᠎ᠤ ᠪᠠᠷᠠᠭ᠎ᠠ ᠵᠢᠨ ᠦᠨ᠎ᠡ ᠵᠢᠨ ᠪᠠᠢ᠌ᠳᠠᠯ ᠪᠠ ᠢᠷᠡᠭᠡᠳᠦᠶ ᠵᠢ ᠬᠡᠷᠬᠢᠨ ᠦᠨᠡᠯᠡᠬᠦ ᠪᠣᠢ? ᠪᠠᠶᠠᠷᠯᠠᠯ᠎ᠠ᠃

 

9.jpg


    ᠸᠠᠩ ᠳ᠋ᠧ ᠪᠢᠨ᠄
    ᠲᠠᠨ᠎ᠤ ᠠᠰᠠᠭᠤᠯᠲᠠ᠎ᠳᠤ ᠪᠠᠶᠠᠷᠯᠠᠯ᠎ᠠ᠃ ᠪᠠᠷᠠᠭ᠋ᠠᠨ᠎ᠤ ᠦᠨ᠎ᠡ ᠵᠢᠨ ᠪᠠᠶ᠋ᠢᠳᠠᠯ ᠪᠣᠯ ᠣᠯᠠᠨ᠎ᠤ ᠨᠡᠶ᠋ᠢᠳᠡᠮ ᠠᠩᠬᠠᠷᠴᠤ ᠪᠠᠶ᠋ᠢᠭ᠎ᠠ ᠠᠰᠠᠭᠤᠳᠠᠯ ᠪᠣᠯᠤᠨ᠎ᠠ᠂ ᠶᠡᠷᠦᠩᠬᠡᠶ᠎ᠳᠤᠨᠢ ᠠᠪᠴᠤ ᠦᠵᠡᠪᠡᠯ᠂ 2023 ᠣᠨ᠎ᠳᠤ ᠥᠪᠥᠷ ᠮᠣᠩᠭᠣᠯ᠎ᠤᠨ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠲᠦᠷᠦᠭᠦᠦ ᠵᠢᠯ᠎ᠤᠨ᠎ᠬᠢ᠎ᠠᠴᠠ 0.6%᠎ᠪᠠᠷ ᠥᠰᠴᠦ᠂ ᠪᠥᠬᠥ ᠵᠢᠯ᠎ᠤᠨ ᠪᠠᠷᠠᠭ᠋ᠠᠨ᠎ᠤ ᠦᠨ᠎ᠡ ᠵᠢᠨ ᠲᠦᠪᠰᠢᠨ ᠲᠣᠭᠲᠠᠭᠤᠨ ᠵᠶ᠋ᠠᠷ ᠥᠰᠦᠭᠰᠡᠨ ᠪᠥᠭᠡᠳ ᠪᠥᠬᠥ ᠤᠯᠤᠰ᠎ᠤᠨ ᠪᠠᠷᠠᠭ᠋ᠠᠨ᠎ᠤ ᠦᠨ᠎ᠡ ᠵᠢᠨ ᠬᠠᠨᠳᠤᠰᠢ᠎ᠲᠠᠢ ᠦᠨᠳᠦᠰᠦᠨ᠎ᠳᠡᠭᠡᠨ ᠨᠢᠭᠡᠳᠦᠯᠲᠡᠶ ᠪᠠᠶ᠋ᠢᠨ᠎ᠠ᠃
    ᠪᠥᠬᠥ ᠵᠢᠯ᠎ᠠᠴᠠ ᠠᠪᠴᠤ ᠦᠵᠡᠪᠡᠯ᠂ CPI ᠵᠢ ᠪᠦᠷᠢᠯᠳᠦᠭᠦᠯᠦᠭᠰᠡᠨ ᠨᠠᠢ᠍ᠮᠠᠨ ᠶᠡᠬᠡ ᠲᠥᠷᠥᠯ᠎ᠤᠨ ᠲᠠᠸᠠᠷ ᠵᠢᠴᠢ ᠦᠢ᠍ᠯᠡᠴᠢᠯᠡᠭᠡᠨ᠎ᠤ ᠦᠨ᠎ᠡ᠎ᠳᠤ 《ᠳᠣᠯᠣᠭ᠎ᠠ᠎ᠨᠢ ᠥᠰᠴᠦ ᠨᠢᠭᠡ᠎ᠨᠢ ᠪᠠᠭᠤᠷᠠᠬᠤ》 ᠪᠠᠶ᠋ᠢᠳᠠᠯ ᠢᠯᠡᠷᠡᠪᠡ᠃ ᠪᠤᠰᠤᠳ ᠬᠡᠷᠡᠭᠰᠡᠯ ᠵᠢᠴᠢ ᠦᠢ᠍ᠯᠡᠴᠢᠯᠡᠭᠡ᠂ ᠡᠮᠴᠢᠯᠡᠭᠡ ᠡᠷᠡᠭᠦᠯᠵᠢᠯ ᠬᠣᠶᠠᠷ ᠶᠡᠬᠡ ᠲᠥᠷᠥᠯ᠎ᠤᠨ ᠦᠨ᠎ᠡ ᠬᠠᠩᠰᠢ ᠢᠯᠡᠳᠲᠡ ᠥᠰᠴᠦ᠂ ᠲᠣᠰ ᠲᠣᠰ 3.5% ᠪᠠ 3.3%᠎ᠪᠠᠷ ᠥᠰᠴᠦ᠂ ᠰᠤᠷᠭ᠋ᠠᠨ ᠬᠥᠮᠦᠵᠢᠯ ᠰᠣᠶᠣᠯ ᠵᠤᠭ᠎ᠠ ᠴᠡᠩᠭᠡᠯ᠂ ᠬᠤᠪᠴᠠᠰᠤ ᠬᠤᠨᠠᠷ ᠬᠣᠶᠠᠷ ᠶᠡᠬᠡ ᠲᠥᠷᠥᠯ᠎ᠤᠨ ᠦᠨ᠎ᠡ ᠬᠠᠩᠰᠢ ᠳᠠᠷᠠᠭ᠋ᠠᠯᠠᠪᠠᠯ᠂ ᠲᠣᠰ ᠲᠣᠰ 1.5% ᠪᠠ 1.2% ᠵᠶ᠋ᠠᠷ ᠥᠰᠴᠦ᠂ ᠢᠳᠡᠭᠡᠨ ᠠᠷᠢᠬᠢ ᠲᠠᠮᠠᠬᠢ᠂ ᠠᠮᠢᠳᠤᠷᠠᠯ᠎ᠤᠨ ᠬᠡᠷᠡᠭᠰᠡᠯ ᠵᠢᠴᠢ ᠦᠢ᠍ᠯᠡᠴᠢᠯᠡᠭᠡ ᠪᠠ ᠣᠷᠣᠨ ᠰᠠᠭᠤᠴᠠ ᠵᠡᠷᠭᠡ ᠭᠤᠷᠪᠠᠨ ᠶᠡᠬᠡ ᠲᠥᠷᠥᠯ᠎ᠤᠨ ᠦᠨ᠎ᠡ ᠬᠠᠩᠰᠢ ᠲᠣᠰ ᠲᠣᠰ 0.6%᠂ 0.5% ᠪᠠ 0.1%᠎ᠪᠠᠷ ᠥᠰᠴᠦ᠂ ᠵᠥᠪᠬᠡᠨ ᠵᠠᠮ ᠬᠠᠷᠢᠯᠴᠠᠭ᠎ᠠ ᠴᠢᠮᠡᠭᠡ ᠬᠣᠯᠪᠣᠭ᠋ᠠᠨ᠎ᠤ ᠲᠥᠷᠥᠯ᠎ᠤᠨ ᠦᠨ᠎ᠡ ᠬᠠᠩᠰᠢ 2.0% ᠵᠶ᠋ᠠᠷ ᠪᠠᠭᠤᠷᠠᠪᠠ᠃ ᠠᠩᠬᠠᠷᠤᠭᠤᠰᠢᠲᠠᠶ᠎ᠨᠢ᠂ ᠪᠥᠬᠥ ᠣᠷᠣᠨ᠎ᠤ ᠦᠢ᠍ᠯᠡᠴᠢᠯᠡᠭᠡᠨ᠎ᠤ ᠬᠡᠷᠡᠭᠴᠡᠭᠡ ᠦᠷᠭᠦᠯᠵᠢᠯᠡᠨ ᠰᠡᠷᠭᠦᠬᠦ ᠵᠢ ᠳᠠᠭ᠋ᠠᠯᠳᠤᠨ᠂ ᠦᠢ᠍ᠯᠡᠴᠢᠯᠡᠭᠡᠨ᠎ᠤ ᠦᠨ᠎ᠡ ᠲᠦᠷᠦᠭᠦᠦ ᠵᠢᠯ᠎ᠤᠨ᠎ᠬᠢ᠎ᠠᠴᠠ 1.3%᠎ᠪᠠᠷ ᠥᠰᠴᠦ᠂ CPI ᠵᠢᠨ ᠥᠰᠥᠯᠲᠡ ᠵᠢ ᠪᠠᠷᠤᠭ 0.46 ᠵᠠᠭᠤᠨ᠎ᠤ ᠬᠤᠪᠢ ᠵᠢᠨ ᠴᠡᠭ ᠨᠥᠯᠥᠭᠡᠯᠡᠵᠡᠶ᠃
    ᠣᠶ᠋ᠢᠷ᠎ᠠ ᠵᠢᠨ ᠬᠤᠭᠤᠴᠠᠭ᠋ᠠᠨ᠎ᠠᠴᠠ ᠦᠵᠡᠪᠡᠯ᠂ 2023 ᠣᠨ᠎ᠤ 12 ᠰᠠᠷ᠎ᠠ᠎ᠳᠤ᠂ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠠᠳᠠᠯᠢ ᠬᠤᠭᠤᠴᠠᠭ᠋ᠠᠨ᠎ᠠᠴᠠ 0.3% ᠥᠰᠴᠦ᠂ ᠥᠰᠥᠯᠲᠡ ᠵᠢᠨ ᠬᠡᠮᠵᠢᠶ᠎ᠡ᠎ᠨᠢ 11 ᠰᠠᠷ᠎ᠠ᠎ᠠᠴᠠ 0.3 ᠵᠠᠭᠤᠨ᠎ᠤ ᠬᠤᠪᠢ ᠵᠢᠨ ᠴᠡᠭ  ᠨᠡᠮᠡᠭᠳᠡᠵᠡᠶ᠃ ᠨᠠᠢ᠍ᠮᠠᠨ ᠶᠡᠬᠡ ᠲᠥᠷᠥᠯ᠎ᠤᠨ ᠲᠠᠸᠠᠷ ᠵᠢᠴᠢ ᠦᠢ᠍ᠯᠡᠴᠢᠯᠡᠭᠡᠨ᠎ᠤ ᠦᠨ᠎ᠡ ᠬᠠᠩᠰᠢ ᠠᠳᠠᠯᠢ ᠬᠤᠭᠤᠴᠠᠭ᠋ᠠᠨ᠎ᠤ᠎ᠬᠢ᠎ᠠᠴᠠ 《ᠵᠢᠷᠭᠤᠭ᠎ᠠ ᠥᠰᠴᠦ ᠬᠣᠶᠠᠷ ᠪᠠᠭᠤᠷᠠᠬᠤ》 ᠪᠠᠶ᠋ᠢᠳᠠᠯ ᠢᠯᠡᠷᠡᠪᠡ᠃ ᠡᠭᠦᠨ᠎ᠳᠤ᠂ ᠡᠮᠴᠢᠯᠡᠭᠡ ᠡᠷᠡᠭᠦᠯᠵᠢᠯ᠂ ᠪᠤᠰᠤᠳ ᠬᠡᠷᠡᠭᠰᠡᠯ ᠵᠢᠴᠢ ᠦᠢ᠍ᠯᠡᠴᠢᠯᠡᠭᠡ᠂ ᠬᠤᠪᠴᠠᠰᠤ ᠬᠤᠨᠠᠷ᠂ ᠰᠤᠷᠭ᠋ᠠᠨ ᠬᠥᠮᠦᠵᠢᠯ ᠰᠣᠶᠣᠯ ᠵᠤᠭ᠎ᠠ ᠴᠡᠩᠭᠡᠯ᠂ ᠠᠮᠢᠳᠤᠷᠠᠯ᠎ᠤᠨ ᠬᠡᠷᠡᠭᠰᠡᠯ ᠵᠢᠴᠢ ᠦᠢ᠍ᠯᠡᠴᠢᠯᠡᠭᠡ᠂ ᠣᠷᠣᠨ ᠰᠠᠭᠤᠴᠠ ᠵᠢᠨ ᠦᠨ᠎ᠡ ᠲᠣᠰ ᠲᠣᠰ 4.7%᠂ 4.0%᠂ 2.1%᠂ 1.7%᠂ 0.7% ᠪᠠ 0.5%᠎ᠪᠠᠷ ᠥᠰᠴᠡᠶ; ᠢᠳᠡᠭᠡᠨ ᠠᠷᠢᠬᠢ ᠲᠠᠮᠠᠬᠢ ᠪᠠ ᠵᠠᠮ ᠬᠠᠷᠢᠯᠴᠠᠭ᠎ᠠ ᠴᠢᠮᠡᠭᠡ ᠬᠣᠯᠪᠣᠭ᠋ᠠᠨ᠎ᠤ ᠦᠨ᠎ᠡ ᠲᠣᠰ ᠲᠣᠰ 1.5% ᠪᠠ 2.2% ᠪᠠᠭᠤᠷᠠᠪᠠ᠃ 2023 ᠣᠨ᠎ᠤ 12 ᠳ᠋ᠤᠭ᠋ᠠᠷ ᠰᠠᠷ᠎ᠠ᠎ᠳᠤ᠂ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠬᠠᠩᠰᠢ 11  ᠳ᠋ᠤᠭᠡᠷ ᠰᠠᠷ᠎ᠠ᠎ᠳᠤ 0.2% ᠵᠶ᠋ᠠᠷ ᠪᠠᠭᠤᠷᠠᠵᠤ ᠪᠠᠶ᠋ᠢᠭᠰᠠᠨ᠎ᠠᠴᠠ᠎ᠪᠠᠨ 0.3%᠎ᠪᠠᠷ ᠥᠰᠬᠦ ᠪᠣᠯᠵᠣ᠂ ᠠᠳᠠᠯᠢ ᠬᠤᠭᠤᠴᠠᠭ᠋ᠠᠨ᠎ᠤ᠎ᠬᠢ ᠪᠠ ᠬᠠᠷᠢᠴᠠᠭᠤᠯᠤᠭᠰᠠᠨ ᠥᠰᠥᠯᠲᠡ ᠵᠢᠨ ᠬᠡᠮᠵᠢᠶ᠎ᠡ᠎ᠨᠢ ᠴᠥᠮ ᠳᠡᠭᠡᠭᠰᠢᠯᠡᠬᠦ ᠬᠠᠨᠳᠤᠰᠢ ᠢᠯᠡᠷᠡᠭᠰᠡᠨ᠎ᠨᠢ ᠪᠥᠬᠥ ᠣᠷᠣᠨ᠎ᠤ ᠵᠠᠬ᠎ᠠ ᠳᠡᠯᠭᠡᠭᠦᠷ᠎ᠤᠨ ᠬᠡᠷᠡᠭᠴᠡᠭᠡ ᠱᠠᠭ᠋ᠠᠷᠳᠠᠯᠭ᠎ᠠ ᠲᠠᠰᠤᠷᠠᠯᠲᠠ ᠥᠬᠡᠶ ᠰᠡᠷᠭᠦᠵᠦ ᠰᠠᠶ᠋ᠢᠵᠢᠷᠠᠬᠤ ᠵᠢ ᠬᠠᠷᠠᠭᠤᠯᠵᠤ ᠪᠠᠶ᠋ᠢᠨ᠎ᠠ᠃
    ᠰᠠᠶᠢᠬᠠᠨ ᠲᠠᠨᠢᠯᠴᠠᠭᠤᠯᠤᠭᠰᠠᠨ ᠶᠡᠷᠦᠩᠬᠡᠶ ᠠᠵᠤ ᠠᠬᠤᠶ ᠵᠢᠨ ᠠᠵᠢᠯᠯᠠᠭ᠋ᠠᠨ᠎ᠤ ᠪᠠᠶ᠋ᠢᠳᠠᠯ ᠪᠣᠯᠤᠨ ᠭᠤᠤᠯ ᠭᠦᠢ᠍ᠴᠡᠳᠭᠡᠯ ᠲᠣᠭ᠎ᠠ ᠵᠢᠨ ᠬᠤᠪᠢᠷᠠᠯᠲᠠ᠎ᠠᠴᠠ ᠦᠵᠡᠪᠡᠯ᠂ ᠥᠪᠥᠷ ᠮᠣᠩᠭᠣᠯ᠎ᠤᠨ ᠠᠵᠤ ᠠᠬᠤᠶ ᠵᠢᠨ ᠠᠵᠢᠯᠯᠠᠭ᠋ᠠᠨ ᠪᠦᠬᠦᠯᠢ ᠴᠣᠭᠴᠠ ᠳᠡᠭᠡᠷ᠎ᠡ᠎ᠪᠠᠨ ᠦᠷᠭᠦᠯᠵᠢᠯᠡᠨ ᠰᠡᠷᠭᠦᠵᠦ ᠰᠠᠶ᠋ᠢᠵᠢᠷᠠᠬᠤ ᠬᠠᠨᠳᠤᠰᠢ᠎ᠲᠠᠢ ᠪᠠᠶ᠋ᠢᠨ᠎ᠠ᠃ ᠬᠣᠶ᠋ᠢᠰᠢᠳᠠ ᠵᠢᠨ ᠨᠢᠭᠡ ᠬᠤᠭᠤᠴᠠᠭ᠋ᠠᠨ᠎ᠤ ᠪᠠᠷᠠᠭ᠋ᠠᠨ᠎ᠤ ᠦᠨ᠎ᠡ ᠵᠢᠨ ᠬᠠᠨᠳᠤᠰᠢ ᠵᠢ ᠤᠯᠠᠨ ᠲᠠᠯ᠎ᠠ᠎ᠠᠴᠠ ᠶᠡᠷᠦᠩᠬᠡᠶ᠋ᠢᠯᠡᠨ ᠮᠠᠭ᠋ᠠᠳᠯᠠᠬᠤ ᠬᠡᠷᠡᠭᠲᠡᠢ᠃ ᠬᠡᠷᠡᠭᠴᠡᠭᠡ ᠵᠢᠨ ᠦᠵᠦᠭᠦᠷ᠎ᠤᠨ ᠲᠠᠯ᠎ᠠ᠎ᠪᠠᠷ᠂ ᠣᠳᠣᠬᠠᠨ᠎ᠳᠤ ᠪᠥᠬᠥ ᠣᠷᠣᠨ᠎ᠤ ᠠᠵᠤ ᠠᠬᠤᠶ ᠵᠢᠨ ᠠᠵᠢᠯᠯᠠᠭ᠋ᠠᠨ ᠦᠷᠭᠦᠯᠵᠢᠯᠡᠨ ᠰᠠᠶ᠋ᠢᠵᠢᠷᠠᠵᠤ᠂ ᠲᠠᠸᠠᠷ ᠪᠠ ᠦᠢ᠍ᠯᠡᠴᠢᠯᠡᠭᠡᠨ᠎ᠤ ᠬᠡᠷᠡᠭᠴᠡᠭᠡ ᠦᠷᠭᠦᠯᠵᠢᠯᠡᠨ ᠨᠡᠮᠡᠭᠳᠡᠵᠦ᠂ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠬᠠᠩᠰᠢ ᠵᠣᠬᠢᠬᠤ ᠥᠰᠬᠦ ᠣᠷᠣᠨ ᠵᠠᠶ᠎ᠲᠠᠢ ᠪᠠᠶ᠋ᠢᠨ᠎ᠠ᠃ ᠬᠠᠩᠭ᠋ᠠᠯᠭ᠎ᠠ ᠵᠢᠨ ᠦᠵᠦᠭᠦᠷ᠎ᠤᠨ ᠲᠠᠯ᠎ᠠ᠎ᠪᠠᠷ᠂ ᠪᠥᠬᠥ ᠣᠷᠣᠨ᠎ᠤ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠬᠠᠩᠭ᠋ᠠᠯᠭ᠎ᠠ ᠡᠯᠪᠡᠭ ᠪᠥᠭᠡᠳ ᠲᠣᠭᠲᠠᠭᠤᠨ ᠪᠠᠶ᠋ᠢᠵᠤ᠂ ᠢᠳᠡᠭᠡᠨ᠎ᠤ ᠦᠨ᠎ᠡ ᠬᠠᠩᠰᠢ ᠵᠢ ᠲᠣᠭᠲᠠᠪᠤᠷᠢᠵᠢᠭᠤᠯᠬᠤ᠎ᠳᠤ ᠴᠢᠬᠤᠯᠠ ᠪᠠᠲᠤᠯᠠᠭ᠎ᠠ ᠬᠠᠩᠭ᠋ᠠᠪᠠ᠃ ᠡᠭᠦᠨ᠎ᠤ ᠬᠠᠮᠲᠤ ᠪᠥᠬᠥ ᠣᠷᠣᠨ᠎ᠤ ᠬᠠᠩᠭ᠋ᠠᠯᠭ᠎ᠠ ᠵᠢ ᠪᠠᠲᠤᠯᠠᠵᠤ ᠦᠨ᠎ᠡ ᠬᠠᠩᠰᠢ ᠵᠢ ᠲᠣᠭᠲᠠᠭᠤᠨ ᠪᠠᠶ᠋ᠢᠯᠭ᠋ᠠᠬᠤ ᠲᠥᠷᠥ ᠵᠢᠨ ᠪᠣᠳᠣᠯᠭ᠎ᠠ ᠵᠢᠨ ᠠᠷᠭ᠎ᠠ ᠬᠡᠮᠵᠢᠶ᠎ᠡ ᠬᠦᠴᠦᠲᠡᠶ ᠪᠠᠶ᠋ᠢᠵᠤ᠂ ᠠᠷᠠᠳ ᠣᠯᠠᠨ᠎ᠤ ᠠᠮᠢᠳᠤᠷᠠᠯ᠎ᠤᠨ ᠬᠡᠷᠡᠭᠯᠡᠭᠡᠨ᠎ᠤ ᠬᠡᠷᠡᠭᠴᠡᠭᠡ ᠵᠢ ᠰᠠᠶ᠋ᠢᠲᠤᠷ ᠪᠠᠲᠤᠯᠠᠵᠤ ᠴᠢᠳᠠᠨ᠎ᠠ᠃ 2024 ᠣᠨ᠎ᠳᠤ᠂ ᠣᠷᠣᠭᠤᠯᠤᠯᠲᠠ ᠵᠢᠨ ᠴᠢᠨᠠᠷᠲᠠᠶ᠂ ᠦᠶᠡᠯᠡᠯ᠎ᠤᠨ ᠴᠢᠨᠠᠷᠲᠠᠶ᠂ ᠤᠯᠠᠷᠢᠯ᠎ᠤᠨ ᠴᠢᠨᠠᠷᠲᠠᠶ ᠬᠦᠴᠦᠨ ᠵᠦᠢ᠍ᠯ᠎ᠤᠨ ᠬᠤᠪᠢᠷᠠᠯᠲᠠ ᠵᠢ ᠳᠠᠭ᠋ᠠᠯᠳᠤᠨ᠂ CPI ᠵᠢᠨ ᠰᠠᠭᠤᠷᠢ ᠲᠣᠭ᠋ᠠᠨ᠎ᠤ ᠦᠢ᠍ᠯᠡᠳᠦᠯ ᠠᠯᠬᠤᠮ ᠠᠯᠬᠤᠮ ᠵᠶ᠋ᠠᠷ ᠪᠠᠭᠤᠷᠠᠵᠤ᠂ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠬᠡᠷᠡᠭᠴᠡᠭᠡ ᠦᠷᠭᠦᠯᠵᠢᠯᠡᠨ ᠰᠡᠷᠭᠦᠵᠦ᠂ ᠵᠢᠱ᠌ᠢᠯᠲᠡ᠎ᠪᠠᠷ ᠬᠣᠶ᠋ᠢᠰᠢᠳᠠ ᠪᠥᠬᠥ ᠣᠷᠣᠨ᠎ᠤ CPI ᠨᠠᠮᠵᠢᠭᠤᠬᠠᠨ ᠳᠡᠭᠡᠭᠰᠢᠯᠡᠬᠦ ᠪᠠᠶ᠋ᠢᠳᠠᠯ᠎ᠳᠤ ᠣᠷᠣᠰᠢᠬᠤ ᠪᠣᠯᠤᠨ᠎ᠠ᠃

    《ᠤᠮᠠᠷᠠᠲᠤ ᠵᠢᠨ ᠰᠢᠨ᠎ᠡ ᠰᠣᠨᠢᠨ》᠎ᠤ ᠰᠤᠷᠪᠤᠯᠵᠢᠯᠠᠭᠴᠢ
    ᠥᠭᠦᠯᠡᠭᠴᠢ ᠲᠠ ᠰᠠᠶ᠋ᠢᠨ ᠦᠦ! ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ 《ᠵᠣᠭᠣᠰᠣᠨ ᠴᠦᠩᠬᠦ》 ᠪᠣᠯ ᠪᠢᠳᠡᠨ᠎ᠤ ᠮᠠᠰᠢ ᠠᠩᠬᠠᠷᠴᠤ ᠪᠠᠶ᠋ᠢᠭ᠎ᠠ ᠰᠡᠳᠦᠪ ᠪᠣᠯᠤᠨ᠎ᠠ᠂ ᠰᠠᠶᠢᠬᠠᠨ ᠨᠡᠶ᠋ᠢᠲᠡᠯᠡᠭᠰᠡᠨ ᠲᠣᠭ᠎ᠠ ᠪᠠᠷᠢᠮᠲᠠ᠎ᠳᠤ᠂ 2023 ᠣᠨ᠎ᠳᠤ ᠮᠠᠨ᠎ᠤ ᠣᠷᠣᠨ᠎ᠤ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ ᠲᠣᠭᠲᠠᠭᠤᠨ ᠵᠶ᠋ᠠᠷ ᠨᠡᠮᠡᠭᠳᠡᠪᠡ᠂ ᠮᠠᠨ᠎ᠤ ᠣᠷᠣᠨ᠎ᠤ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠨᠡᠮᠡᠭᠳᠡᠯ᠎ᠳᠤ ᠶᠠᠮᠠᠷ ᠶᠠᠮᠠᠷ ᠬᠢᠯᠠᠰ ᠴᠡᠭ ᠪᠠᠶ᠋ᠢᠬᠤ ᠵᠢ ᠨᠠᠷᠢᠨ ᠲᠠᠨᠢᠯᠴᠠᠭᠤᠯᠤᠭ᠋ᠠᠳ ᠥᠭᠭᠦᠨ᠎ᠡ ᠦᠦ? ᠪᠠᠶᠠᠷᠯᠠᠯ᠎ᠠ᠃

 

10.jpg


    ᠸᠠᠩ ᠳ᠋ᠧ ᠪᠢᠨ᠄
    ᠲᠠᠨ᠎ᠤ ᠠᠰᠠᠭᠤᠯᠲᠠ᠎ᠳᠤ ᠪᠠᠶᠠᠷᠯᠠᠯ᠎ᠠ᠃ ᠣᠷᠣᠯᠭ᠎ᠠ ᠵᠢᠨ ᠬᠤᠪᠢᠶᠠᠷᠢᠯᠠᠯᠲᠠ ᠪᠣᠯ ᠠᠷᠠᠳ᠎ᠤᠨ ᠠᠮᠢᠳᠤᠷᠠᠯ᠎ᠤᠨ ᠡᠬᠢ ᠰᠤᠷᠪᠤᠯᠵᠢ ᠮᠥᠨ᠂ ᠠᠷᠠᠳ᠎ᠤᠨ ᠠᠮᠢᠳᠤᠷᠠᠯ᠎ᠢ ᠰᠠᠶ᠋ᠢᠵᠢᠷᠠᠭᠤᠯᠬᠤ ᠬᠠᠮᠤᠭ᠎ᠤᠨ ᠴᠢᠬᠤᠯᠠ᠂ ᠬᠠᠮᠤᠭ᠎ᠤᠨ ᠰᠢᠭᠤᠳ ᠠᠷᠭ᠎ᠠ ᠮᠠᠶᠢᠭ ᠮᠥᠨ᠃ ᠡᠨᠡ ᠵᠢᠯ᠎ᠠᠴᠠ ᠨᠠᠭ᠋ᠠᠰᠢ ᠥᠪᠡᠷᠲᠡᠭᠡᠨ ᠵᠠᠰᠠᠬᠤ ᠣᠷᠣᠨ᠎ᠤ ᠡᠯ᠎ᠡ ᠱᠠᠲᠤ ᠡᠯ᠎ᠡ ᠰᠠᠯᠠᠭ᠎ᠠ ᠮᠥᠴᠢᠷ᠎ᠤᠨ᠎ᠬᠢᠨ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ 《ᠲᠠᠪᠤᠨ ᠶᠡᠬᠡ ᠡᠭᠦᠷᠭᠡ》 ᠪᠣᠯᠤᠨ 《ᠵᠢᠱ᠌ᠢᠶᠡᠴᠢ ᠥᠪᠡᠷᠲᠡᠭᠡᠨ ᠵᠠᠰᠠᠬᠤ ᠣᠷᠣᠨ》᠎ᠢ ᠪᠥᠬᠥ ᠲᠠᠯ᠎ᠠ᠎ᠪᠠᠷ ᠪᠥᠲᠥᠭᠡᠨ ᠪᠠᠶ᠋ᠢᠭᠤᠯᠬᠤ ᠬᠣᠶᠠᠷ ᠶᠡᠬᠡ ᠶᠠᠪᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠠᠷᠠᠳ ᠲᠦᠮᠡᠨ ᠵᠶ᠋ᠠᠷ ᠭᠤᠤᠯ ᠪᠣᠯᠭ᠋ᠠᠬᠤ ᠬᠥᠭᠵᠢᠯᠲᠡ ᠵᠢᠨ ᠦᠵᠡᠯ ᠰᠠᠨᠠᠭ᠎ᠠ ᠵᠢ ᠪᠠᠷᠢᠮᠲᠠᠯᠠᠵᠤ᠂ ᠠᠵᠤ ᠠᠬᠤᠶ ᠵᠢᠨ ᠬᠥᠭᠵᠢᠯᠲᠡ ᠵᠢᠨ ᠦᠷ᠎ᠡ ᠪᠦᠲᠦᠭᠡᠯ᠎ᠢ ᠥᠷᠭᠡᠨ ᠣᠯᠠᠨ ᠠᠷᠠᠳ ᠲᠦᠮᠡᠨ᠎ᠳᠤ ᠬᠦᠷᠲᠡᠭᠡᠬᠦ ᠵᠢ ᠪᠥᠬᠥ ᠬᠦᠴᠦᠨ ᠵᠶ᠋ᠠᠷ ᠠᠬᠢᠭᠤᠯᠵᠤ᠂ ᠥᠪᠥᠷ ᠮᠣᠩᠭᠣᠯ᠎ᠤᠨ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠨᠡᠮᠡᠭᠳᠡᠯ ᠲᠣᠭᠲᠠᠭᠤᠨ᠎ᠤ ᠳᠤᠮᠳᠠ ᠰᠠᠶ᠋ᠢᠵᠢᠷᠠᠬᠤ ᠬᠠᠨᠳᠤᠰᠢ ᠢᠯᠡᠷᠡᠪᠡ᠃ ᠭᠣᠣᠯ ᠭᠢᠯᠠᠰ ᠴᠡᠭ᠎ᠨᠢ ᠳᠣᠣᠷᠠᠬᠢ ᠭᠤᠷᠪᠠᠨ ᠲᠠᠯ᠎ᠠ᠎ᠪᠠᠷ ᠢᠯᠡᠷᠡᠨ᠎ᠡ᠄
    ᠨᠢᠭᠡ᠎ᠳᠤ᠂ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠨᠡᠮᠡᠭᠳᠡᠯ᠎ᠤᠨ ᠠᠯᠬᠤᠴᠠ ᠲᠦᠷᠭᠡᠳᠪᠡ᠃ 2023 ᠣᠨ᠎ᠳᠤ᠂ ᠪᠥᠬᠥ ᠣᠷᠣᠨ᠎ᠤ ᠪᠥᠬᠥ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 38130 ᠲᠥᠭᠥᠷᠢᠭ᠎ᠲᠤ ᠬᠦᠷᠴᠦ᠂ ᠪᠥᠬᠥ ᠤᠯᠤᠰ᠎ᠤᠨ 31 ᠮᠤᠵᠢ ᠬᠣᠲᠠ ᠵᠢᠨ ᠳᠣᠲᠣᠷ᠎ᠠ ᠶᠢᠰᠦᠳᠦᠭᠡᠷ᠎ᠲᠤ ᠣᠷᠣᠵᠤ᠂ ᠳᠡᠭᠡᠷ᠎ᠡ ᠵᠢᠯ᠎ᠤᠨ ᠡᠮᠦᠨᠡᠬᠢ᠎ᠠᠴᠠ 1 ᠣᠷᠣᠨ ᠰᠢᠯᠵᠢᠪᠡ᠃ ᠬᠣᠲᠠ ᠬᠥᠳᠡᠭᠡ ᠵᠢ ᠬᠤᠪᠢᠶᠠᠵᠤ ᠦᠵᠡᠪᠡᠯ᠂ ᠬᠣᠲᠠ ᠪᠠᠯᠭ᠋ᠠᠰᠤᠨ᠎ᠤ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 48676 ᠲᠥᠭᠥᠷᠢᠭ᠎ᠲᠤ ᠬᠦᠷᠴᠦ᠂ ᠪᠥᠬᠥ ᠤᠯᠤᠰ᠎ᠤᠨ 31 ᠮᠤᠵᠢ ᠬᠣᠲᠠ ᠵᠢᠨ ᠳᠣᠲᠣᠷ᠎ᠠ 11 ᠳ᠋ᠦᠭᠡᠷ᠎ᠲᠤ ᠵᠢᠭᠰᠠᠭ᠋ᠠᠭᠳᠠᠵᠠᠶ; ᠮᠠᠯᠴᠢᠨ ᠲᠠᠷᠢᠶᠠᠴᠢᠨ᠎ᠤ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 21221 ᠲᠥᠭᠥᠷᠢᠭ᠎ᠲᠤ ᠬᠦᠷᠴᠦ᠂ ᠪᠥᠬᠥ ᠤᠯᠤᠰ᠎ᠤᠨ 31 ᠮᠤᠵᠢ ᠬᠣᠲᠠ ᠵᠢᠨ ᠳᠣᠲᠣᠷ᠎ᠠ 12 ᠳ᠋ᠤᠭ᠋ᠠᠷ᠎ᠲᠤ ᠵᠢᠭᠰᠠᠭ᠋ᠠᠭᠳᠠᠪᠠ᠃ ᠨᠡᠮᠡᠭᠳᠡᠯ᠎ᠤᠨ ᠬᠤᠷᠳᠤᠴᠠ᠎ᠠᠴᠠ ᠦᠵᠡᠪᠡᠯ᠂ 2023 ᠣᠨ᠎ᠤ ᠪᠥᠬᠥ ᠣᠷᠣᠨ᠎ᠤ ᠪᠥᠬᠥ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ ᠵᠢᠨ ᠨᠡᠮᠡᠭᠳᠡᠯ᠎ᠤᠨ ᠬᠤᠷᠳᠤᠴᠠ᠎ᠨᠢ ᠳᠡᠭᠡᠷ᠎ᠡ ᠬᠠᠭ᠋ᠠᠰ ᠵᠢᠯ᠎ᠤᠨ᠎ᠬᠢ᠎ᠠᠴᠠ 0.4 ᠵᠠᠭᠤᠨ᠎ᠤ ᠬᠤᠪᠢ ᠵᠢᠨ ᠴᠡᠭ ᠥᠨᠳᠥᠷ ᠪᠣᠯᠵᠣ᠂ ᠡᠭᠦᠨ᠎ᠳᠤ ᠬᠣᠲᠠ ᠪᠠᠯᠭ᠋ᠠᠰᠤᠨ᠎ᠤ ᠰᠠᠭᠤᠭ᠋ᠠᠯᠢ ᠠᠷᠠᠳ ᠪᠣᠯᠤᠨ ᠮᠠᠯᠴᠢᠨ ᠲᠠᠷᠢᠶᠠᠴᠢᠨ᠎ᠤ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ ᠵᠢᠨ ᠨᠡᠮᠡᠭᠳᠡᠯ᠎ᠤᠨ ᠬᠤᠷᠳᠤᠴᠠ᠎ᠨᠢ ᠳᠡᠭᠡᠷ᠎ᠡ ᠬᠠᠭ᠋ᠠᠰ ᠵᠢᠯ᠎ᠤᠨ᠎ᠬᠢ᠎ᠠᠴᠠ ᠲᠣᠰ ᠲᠣᠰ 0.4 ᠪᠠ 0.6 ᠵᠠᠭᠤᠨ᠎ᠤ ᠬᠤᠪᠢ ᠵᠢᠨ ᠴᠡᠭ ᠥᠨᠳᠥᠷ ᠪᠣᠯᠵᠠᠶ᠃ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠨᠡᠮᠡᠭᠳᠡᠯ᠎ᠤᠨ ᠪᠠᠶ᠋ᠢᠳᠠᠯ᠎ᠠᠴᠠ ᠦᠵᠡᠪᠡᠯ᠂ ᠪᠥᠬᠥ ᠣᠷᠣᠨ᠎ᠤ ᠮᠠᠯᠴᠢᠨ ᠲᠠᠷᠢᠶᠠᠴᠢᠨ᠎ᠤ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 8.0% ᠨᠡᠮᠡᠭᠳᠡᠵᠦ᠂ ᠪᠥᠬᠥ ᠤᠯᠤᠰ᠎ᠤᠨ ᠳᠤᠮᠳᠠᠴᠢ ᠨᠡᠮᠡᠭᠳᠡᠯ᠎ᠤᠨ ᠬᠤᠷᠳᠤᠴᠠ᠎ᠠᠴᠠ 0.3 ᠵᠠᠭᠤᠨ᠎ᠤ ᠬᠤᠪᠢ ᠵᠢᠨ ᠴᠡᠭ ᠥᠨᠳᠥᠷ ᠪᠣᠯᠵᠣ᠂ ᠪᠥᠬᠥ ᠣᠷᠣᠨ᠎ᠤ ᠬᠣᠲᠠ ᠪᠠᠯᠭ᠋ᠠᠰᠤᠨ᠎ᠤ ᠰᠠᠭᠤᠭ᠋ᠠᠯᠢ ᠠᠷᠠᠳ᠎ᠤᠨ ᠨᠡᠮᠡᠭᠳᠡᠯ᠎ᠤᠨ ᠬᠤᠷᠳᠤᠴᠠ᠎ᠠᠴᠠ 2.9 ᠵᠠᠭᠤᠨ᠎ᠤ ᠬᠤᠪᠢ ᠵᠢᠨ ᠴᠡᠭ ᠥᠨᠳᠥᠷ ᠪᠣᠯᠵᠣ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠵᠥᠷᠢᠶ᠎ᠡ ᠤᠯᠠᠮ ᠨᠢᠭᠡ ᠠᠯᠬᠤᠮ ᠪᠠᠭ᠋ᠠᠰᠪᠠ᠃
    ᠬᠣᠶᠠᠷ᠎ᠲᠤ᠂ ᠴᠠᠯᠢᠩ᠎ᠤᠨ ᠴᠢᠨᠠᠷᠲᠠᠢ ᠣᠷᠣᠯᠭ᠎ᠠ ᠪᠠ ᠡᠵᠡᠩᠨᠡᠯᠲᠡ ᠵᠢᠨ ᠴᠡᠪᠡᠷ ᠣᠷᠣᠯᠭ᠎ᠠ ᠨᠡᠯᠢᠶᠡᠳ ᠲᠦᠷᠭᠡᠨ ᠨᠡᠮᠡᠭᠳᠡᠪᠡ᠃ 2023 ᠣᠨ᠎ᠳᠤ᠂ ᠪᠥᠬᠥ ᠣᠷᠣᠨ᠎ᠤ ᠪᠥᠬᠥ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠴᠠᠯᠢᠩ᠎ᠤᠨ ᠴᠢᠨᠠᠷᠲᠠᠶ ᠣᠷᠣᠯᠭ᠎ᠠ 19896 ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 6.8%᠎ᠪᠠᠷ ᠨᠡᠮᠡᠭᠳᠡᠵᠦ᠂ ᠨᠡᠮᠡᠭᠳᠡᠯ᠎ᠤᠨ ᠬᠤᠷᠳᠤᠴᠠ᠎ᠨᠢ ᠪᠥᠬᠥ ᠰᠠᠭᠤᠭ᠋ᠠᠯᠢ ᠠᠷᠠᠳ᠎ᠤᠨ ᠣᠷᠣᠯᠭ᠎ᠠ᠎ᠠᠴᠠ 0.7 ᠵᠠᠭᠤᠨ᠎ᠤ ᠬᠤᠪᠢ ᠵᠢᠨ ᠴᠡᠭ ᠲᠦᠷᠭᠡᠨ ᠪᠣᠯᠪᠠ᠃ ᠬᠣᠲᠠ ᠬᠥᠳᠡᠭᠡ ᠵᠢ ᠬᠤᠪᠢᠶᠠᠵᠤ ᠦᠵᠡᠪᠡᠯ᠂ ᠬᠣᠲᠠ ᠪᠠᠯᠭ᠋ᠠᠰᠤᠨ᠎ᠤ ᠰᠠᠭᠤᠭ᠋ᠠᠯᠢ ᠠᠷᠠᠳ ᠪᠠ ᠮᠠᠯᠴᠢᠨ ᠲᠠᠷᠢᠶᠠᠴᠢᠨ᠎ᠤ ᠬᠥᠮᠦᠨ ᠳᠤᠮᠳᠠᠴᠢ ᠵᠢᠨ ᠴᠠᠯᠢᠩ᠎ᠤᠨ ᠴᠢᠨᠠᠷᠲᠠᠶ ᠣᠷᠣᠯᠭ᠎ᠠ ᠲᠣᠰ ᠲᠣᠰ 5.9% ᠪᠠ 7.7%

ᠨᠡᠮᠡᠭᠳᠡᠵᠡᠶ᠃
    2023 ᠣᠨ᠎ᠳᠤ᠂ ᠪᠥᠬᠥ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠩᠨᠡᠯᠲᠡ ᠵᠢᠨ ᠴᠡᠪᠡᠷ ᠣᠷᠣᠯᠭ᠎ᠠ 10171 ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 5.8%᠎ᠪᠠᠷ ᠨᠡᠮᠡᠭᠳᠡᠪᠡ᠃ ᠬᠣᠨᠣᠭ ᠪᠠᠭᠤᠳᠠᠯ ᠢᠳᠡᠭᠡᠨ ᠤᠮᠳᠠᠭ᠋ᠠᠨ᠂ ᠪᠥᠭᠡᠮ ᠵᠶ᠋ᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠵᠡᠷᠭᠡ ᠠᠵᠢᠯ ᠲᠥᠷᠥᠯ᠎ᠤᠨ ᠡᠵᠡᠩᠨᠡᠯᠲᠡ ᠵᠢᠨ ᠰᠠᠶ᠋ᠢᠵᠢᠷᠠᠬᠤ ᠬᠠᠨᠳᠤᠰᠢ ᠵᠢᠨ ᠳᠠᠶ᠋ᠢᠴᠢᠯᠠᠯᠲᠠ ᠳᠤᠤᠷ᠎ᠠ᠂ ᠬᠣᠲᠠ ᠪᠠᠯᠭ᠋ᠠᠰᠤᠨ᠎ᠤ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠩᠨᠡᠯᠲᠡ ᠵᠢᠨ ᠴᠡᠪᠡᠷ ᠣᠷᠣᠯᠭ᠎ᠠ 4.1%᠎ᠪᠠᠷ ᠨᠡᠮᠡᠭᠳᠡᠪᠡ᠃ ᠪᠥᠬᠥ ᠣᠷᠣᠨ᠎ᠤ ᠠᠮᠤ ᠪᠤᠳᠠᠭ᠋ᠠᠨ᠎ᠤ ᠦᠢ᠍ᠯᠡᠳᠪᠦᠷᠢᠯᠡᠯ 《ᠬᠣᠷᠢᠨ ᠵᠢᠯ ᠳᠠᠷᠠᠭ᠋ᠠᠯᠠᠨ ᠡᠯᠪᠡᠭ ᠬᠤᠷᠢᠶᠠᠯᠲᠠ ᠣᠯᠤᠭᠰᠠᠨ》᠂ ᠠᠮᠤ ᠪᠤᠳᠠᠭ᠋ᠠᠨ᠎ᠤ ᠦᠨ᠎ᠡ ᠬᠠᠩᠰᠢ ᠶᠡᠷᠦᠩᠬᠡᠶ᠎ᠳᠡᠭᠡᠨ ᠲᠣᠭᠲᠠᠭᠤᠨ ᠪᠥᠭᠡᠳ ᠰᠠᠶ᠋ᠢᠵᠢᠷᠠᠯᠲᠠ᠎ᠲᠠᠢ ᠪᠣᠯᠤᠭᠰᠠᠨ ᠵᠡᠷᠭᠡ ᠠᠰᠢᠭᠲᠠᠶ ᠬᠦᠴᠦᠨ ᠵᠦᠢ᠍ᠯ᠎ᠤᠨ ᠳᠠᠶ᠋ᠢᠴᠢᠯᠠᠯᠲᠠ ᠳᠤᠤᠷ᠎ᠠ᠂ ᠮᠠᠯᠴᠢᠨ ᠲᠠᠷᠢᠶᠠᠴᠢᠨ᠎ᠤ ᠬᠥᠮᠦᠨ ᠳᠤᠮᠳᠠᠴᠢ ᠵᠢᠨ ᠡᠵᠡᠩᠨᠡᠯᠲᠡ ᠵᠢᠨ ᠴᠡᠪᠡᠷ ᠣᠷᠣᠯᠭ᠎ᠠ 8.3%᠎ᠪᠠᠷ ᠨᠡᠮᠡᠭᠳᠡᠪᠡ᠃
    ᠭᠤᠷᠪᠠ᠎ᠳᠤ᠂ ᠡᠳ᠋ ᠬᠥᠷᠥᠩᠭᠡ ᠵᠢᠨ ᠴᠡᠪᠡᠷ ᠣᠷᠣᠯᠭ᠎ᠠ ᠪᠠ ᠰᠢᠯᠵᠢᠭᠦᠯᠦᠭᠰᠡᠨ ᠴᠡᠪᠡᠷ ᠣᠷᠣᠯᠭ᠎ᠠ ᠲᠣᠭᠲᠠᠭᠤᠨ ᠵᠶ᠋ᠠᠷ ᠨᠡᠮᠡᠭᠳᠡᠪᠡ᠃ 2023 ᠣᠨ᠎ᠳᠤ᠂ ᠪᠥᠬᠥ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠳ᠋ ᠬᠥᠷᠥᠩᠭᠡ ᠵᠢᠨ ᠴᠡᠪᠡᠷ ᠣᠷᠣᠯᠭ᠎ᠠ 1847 ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 3.4%᠎ᠪᠠᠷ ᠨᠡᠮᠡᠭᠳᠡᠪᠡ᠃ ᠬᠣᠲᠠ ᠬᠥᠳᠡᠭᠡ ᠵᠢ ᠬᠤᠪᠢᠶᠠᠵᠤ ᠦᠵᠡᠪᠡᠯ᠂ ᠬᠣᠲᠠ ᠪᠠᠯᠭ᠋ᠠᠰᠤᠨ᠎ᠤ ᠰᠠᠭᠤᠭ᠋ᠠᠯᠢ ᠠᠷᠠᠳ ᠪᠠ ᠮᠠᠯᠴᠢᠨ ᠲᠠᠷᠢᠶᠠᠴᠢᠨ᠎ᠤ ᠬᠥᠮᠦᠨ ᠳᠤᠮᠳᠠᠴᠢ ᠵᠢᠨ ᠡᠳ᠋ ᠬᠥᠷᠥᠩᠭᠡ ᠵᠢᠨ ᠴᠡᠪᠡᠷ ᠣᠷᠣᠯᠭ᠎ᠠ ᠲᠣᠰ ᠲᠣᠰ 1.2% ᠪᠠ 15.8% ᠨᠡᠮᠡᠭᠳᠡᠪᠡ᠃
    2023 ᠣᠨ᠎ᠳᠤ᠂ ᠪᠥᠬᠥ ᠣᠷᠣᠨ ᠰᠡᠳᠬᠢᠯ ᠵᠶ᠋ᠠᠨ ᠨᠢᠭᠡᠳᠬᠡᠨ ᠬᠦᠴᠦ᠎ᠪᠠᠨ ᠬᠠᠮᠲᠤᠳᠬᠠᠵᠤ ᠠᠵᠢᠯ ᠣᠯᠭᠣᠯᠲᠠ ᠵᠢ ᠲᠣᠭᠲᠠᠪᠤᠷᠢᠵᠢᠭᠤᠯᠵᠤ᠂ ᠠᠷᠠᠳ᠎ᠤᠨ ᠠᠮᠢᠳᠤᠷᠠᠯ᠎ᠢ ᠪᠠᠲᠤᠯᠠᠵᠤ᠂ ᠬᠥᠭᠵᠢᠯᠲᠡ ᠵᠢ ᠠᠬᠢᠭᠤᠯᠵᠤ᠂ ᠨᠡᠶ᠋ᠢᠭᠡᠮ᠎ᠤᠨ ᠪᠠᠲᠤᠯᠠᠭ᠎ᠠ ᠵᠢᠨ ᠰᠢᠰᠲ᠋ᠧᠮ ᠴᠢᠨᠠᠭᠰᠢᠳᠠ ᠲᠡᠭᠦᠯᠳᠡᠷᠵᠢᠵᠦ᠂ ᠪᠠᠲᠤᠯᠠᠭ᠎ᠠ ᠵᠢᠨ ᠴᠢᠳᠠᠪᠤᠷᠢ ᠲᠠᠰᠤᠷᠠᠯᠲᠠ ᠥᠬᠡᠶ ᠴᠢᠩᠭ᠋ᠠᠷᠠᠪᠠ᠃ 2023 ᠣᠨ᠎ᠳᠤ᠂ ᠪᠥᠬᠥ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠰᠢᠯᠵᠢᠭᠦᠯᠦᠭᠰᠡᠨ ᠴᠡᠪᠡᠷ ᠣᠷᠣᠯᠭ᠎ᠠ 6216 ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 5.6%᠎ᠪᠠᠷ ᠨᠡᠮᠡᠭᠳᠡᠪᠡ᠃ ᠬᠣᠲᠠ ᠬᠥᠳᠡᠭᠡ ᠵᠢ ᠬᠤᠪᠢᠶᠠᠵᠤ ᠦᠵᠡᠪᠡᠯ᠂ ᠬᠣᠲᠠ ᠪᠠᠯᠭ᠋ᠠᠰᠤᠨ᠎ᠤ ᠰᠠᠭᠤᠭ᠋ᠠᠯᠢ ᠠᠷᠠᠳ ᠪᠠ ᠮᠠᠯᠴᠢᠨ ᠲᠠᠷᠢᠶᠠᠴᠢᠨ᠎ᠤ ᠬᠥᠮᠦᠨ ᠳᠤᠮᠳᠠᠴᠢ ᠵᠢᠨ ᠰᠢᠯᠵᠢᠭᠦᠯᠦᠭᠰᠡᠨ ᠴᠡᠪᠡᠷ ᠣᠷᠣᠯᠭ᠎ᠠ ᠲᠣᠰ ᠲᠣᠰ 4.8% ᠪᠠ 6.9% ᠨᠡᠮᠡᠭᠳᠡᠪᠡ᠃
     ᠥᠪᠥᠷ ᠮᠣᠩᠭᠣᠯ᠎ᠤᠨ ᠡᠳᠦᠷ᠎ᠤᠨ ᠰᠣᠨᠢᠨ᠎ᠤ ᠬᠣᠷᠢᠶ᠎ᠠ ᠵᠢᠨ ᠲᠠᠯ᠎ᠠ ᠨᠤᠲᠤᠭ᠎ᠤᠨ ᠪᠦᠷᠢᠨ ᠵᠠᠭᠤᠴᠢᠯᠠᠭᠤᠷ᠎ᠤᠨ ᠰᠤᠷᠪᠤᠯᠵᠢᠯᠠᠭᠴᠢ
    ᠣᠳᠣᠬᠠᠨ᠎ᠳᠤ᠂ ᠲᠠᠪᠤᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠶᠠᠭ ᠶᠠᠭ᠋ᠠᠷᠠᠯᠲᠠᠶ ᠶᠠᠪᠤᠭᠳᠠᠵᠤ ᠪᠠᠶ᠋ᠢᠨ᠎ᠠ᠃ ᠣᠳᠣᠬᠠᠨ᠎ᠳᠤ ᠲᠠᠪᠤᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠤᠨ ᠠᠬᠢᠴᠠ ᠶᠠᠮᠠᠷ ᠵᠡᠷᠭᠡ ᠪᠣᠶ? ᠲᠠᠷᠠᠭ᠋ᠠᠴᠢ ᠵᠢᠨ ᠱᠠᠲᠤᠨ᠎ᠳᠤ ᠶᠠᠮᠠᠷ ᠶᠠᠮᠠᠷ ᠠᠵᠢᠯ᠎ᠤᠨ ᠲᠣᠬᠢᠷᠠᠭᠤᠯᠤᠯᠲᠠ ᠪᠠᠶ᠋ᠢᠬᠤ ᠪᠣᠶ? ᠪᠠᠶᠠᠷᠯᠠᠯ᠎ᠠ᠃

 

11.jpg


    ᠼᠤᠤ ᠰᠧ ᠶᠠᠩ᠄
    ᠲᠠᠪᠤᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠳᠤ ᠠᠩᠬᠠᠷᠤᠯ ᠲᠠᠯᠪᠢᠭᠰᠠᠨ᠎ᠳᠤ ᠴᠢᠨᠢ ᠲᠠᠯᠠᠷᠬᠠᠵᠤ ᠪᠠᠶ᠋ᠢᠨ᠎ᠠ᠃ ᠲᠤᠬᠠᠶ ᠵᠢᠨ ᠲᠠᠯᠠᠪᠠᠶ ᠵᠢᠨ ᠳᠡᠩᠰᠡᠯᠡᠯᠲᠡ ᠪᠣᠯ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠤᠨ ᠴᠢᠬᠤᠯᠠ ᠭᠣᠭᠴᠣᠭ᠎ᠠ ᠮᠥᠨ᠂ ᠪᠠᠶ᠋ᠢᠴᠠᠭ᠋ᠠᠭᠳᠠᠬᠤ ᠡᠲᠡᠭᠡᠳ ᠭᠠᠭᠴᠠ ᠬᠦ᠌ ᠨᠡᠶ᠋ᠢᠳᠡᠮ ᠪᠠᠶ᠋ᠢᠴᠠᠭ᠋ᠠᠯᠲᠠ ᠳᠤᠮᠳᠠ ᠦᠨᠡᠨ ᠪᠣᠳᠠᠲᠠᠶ᠂ ᠣᠨᠣᠪᠴᠢᠲᠠᠶ ᠲᠣᠭ᠎ᠠ ᠪᠠᠷᠢᠮᠲᠠ ᠬᠠᠩᠭ᠋ᠠᠪᠠᠯ ᠰᠠᠶᠢ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠤ ᠰᠢᠢ᠍ᠳᠪᠦᠷᠢᠳᠦ ᠪᠣᠳᠣᠯᠭ᠎ᠠ ᠲᠣᠭᠲᠠᠭ᠋ᠠᠬᠤ᠎ᠳᠤ ᠬᠦᠴᠦᠲᠡᠶ ᠲᠣᠭ᠎ᠠ ᠪᠠᠷᠢᠮᠲᠠ ᠵᠢᠨ ᠲᠤᠯᠭ᠋ᠠᠭᠤᠷᠢᠯᠠᠯ ᠬᠠᠩᠭ᠋ᠠᠵᠤ ᠴᠢᠳᠠᠨ᠎ᠠ᠃ ᠣᠳᠣᠬᠠᠨ᠎ᠳᠤ᠂ ᠨᠡᠶ᠋ᠢᠳᠡᠮ ᠪᠠᠶ᠋ᠢᠴᠠᠭ᠋ᠠᠯᠲᠠ ᠵᠢᠨ ᠪᠦᠷᠢᠳᠬᠡᠬᠦ ᠠᠵᠢᠯ ᠶᠠᠭ ᠡᠮᠬᠢ ᠴᠡᠭᠴᠡ᠎ᠲᠠᠢ ᠶᠠᠪᠤᠭᠳᠠᠵᠤ᠂ ᠪᠦᠬᠦ ᠣᠷᠣᠨ᠎ᠤ 3.7 ᠲᠦᠮᠡᠨ ᠨᠡᠶ᠋ᠢᠳᠡᠮ ᠪᠠᠶ᠋ᠢᠴᠠᠭ᠋ᠠᠭᠴᠢ ᠪᠣᠯᠤᠨ ᠨᠡᠶ᠋ᠢᠳᠡᠮ ᠪᠠᠶ᠋ᠢᠴᠠᠭ᠋ᠠᠯᠲᠠ ᠵᠢᠨ ᠵᠢᠭ᠋ᠠᠨ ᠵᠢᠯᠤᠭᠤᠳᠤᠭᠴᠢ ᠦᠨᠳᠦᠰᠦᠨ ᠱᠠᠲᠤᠨ᠎ᠤ ᠡᠮᠦᠨ᠎ᠡ ᠹᠷᠣᠨᠲ᠎ᠲᠤ ᠡᠷᠡᠮᠡᠬᠡᠶ᠋ᠢᠯᠡᠨ ᠲᠡᠮᠡᠴᠡᠵᠦ᠂ 4 ᠰᠠᠷ᠎ᠠ ᠰᠢᠬᠠᠮ᠎ᠤᠨ ᠬᠤᠭᠤᠴᠠᠭ᠋ᠠᠨ᠎ᠳᠤ᠂ ᠪᠦᠬᠦ ᠣᠷᠣᠨ᠎ᠤ 63 ᠲᠦᠮᠡ ᠰᠢᠬᠠᠮ ᠨᠢᠭᠡᠴᠡ᠂ 10.6 ᠲᠦᠮᠡᠨ ᠬᠤᠪᠢ ᠵᠢᠨ ᠡᠵᠡᠩᠨᠡᠯᠲᠡ ᠵᠢᠨ ᠡᠷᠦᠬᠡ᠎ᠳᠤ ᠲᠣᠭ᠎ᠠ ᠪᠠᠷᠢᠮᠲᠠ ᠴᠤᠭᠯᠠᠭᠤᠯᠤᠨ ᠳᠠᠩᠰᠠᠯᠠᠭᠤᠯᠵᠤ ᠪᠠᠶ᠋ᠢᠨ᠎ᠠ᠃ ᠲᠤᠬᠠᠶ ᠵᠢᠨ ᠲᠠᠯᠠᠪᠠᠶ ᠵᠢᠨ ᠳᠡᠩᠰᠡᠯᠡᠨ ᠲᠡᠮᠳᠡᠭᠯᠡᠬᠦ ᠠᠵᠢᠯ᠎ᠢ ᠥᠨᠳᠥᠷ ᠪᠠᠷᠢᠮᠵᠢᠶ᠎ᠠ᠂ ᠥᠨᠳᠥᠷ ᠶᠠᠰᠤ ᠴᠢᠨᠠᠷ᠂ ᠥᠨᠳᠥᠷ ᠦᠷ᠎ᠡ ᠪᠦᠲᠦᠮᠵᠢ᠎ᠲᠠᠢ᠎ᠪᠠᠷ ᠪᠡᠶᠡᠯᠡᠭᠦᠯᠬᠦ ᠵᠢᠨ ᠲᠤᠰᠠᠳᠠ᠂ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠤᠨ ᠲᠥᠰᠦᠯ᠎ᠤᠨ ᠱᠠᠭ᠋ᠠᠷᠳᠠᠯᠭ᠎ᠠ ᠶᠣᠰᠣᠭ᠋ᠠᠷ᠂ 2023 ᠣᠨ᠎ᠳᠤ ᠪᠢᠳᠡ ᠨᠢᠭᠡᠨᠲᠡ ᠡᠯ᠎ᠡ ᠱᠠᠲᠤᠨ᠎ᠤ ᠨᠡᠶ᠋ᠢᠳᠡᠮ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ ᠵᠢ ᠵᠣᠬᠢᠶᠠᠨ ᠪᠠᠶ᠋ᠢᠭᠤᠯᠵᠤ ᠪᠠᠶ᠋ᠢᠭ᠋ᠠᠳ ᠨᠡᠶ᠋ᠢᠳᠡᠮ ᠪᠠᠶ᠋ᠢᠴᠠᠭ᠋ᠠᠯᠲᠠ ᠵᠢᠨ ᠲᠣᠭᠣᠷᠢᠭ᠎ᠢ ᠬᠤᠪᠢᠶᠠᠷᠢᠯᠠᠬᠤ ᠪᠠ ᠵᠢᠷᠤᠭ ᠵᠢᠷᠤᠬᠤ᠂ 《ᠬᠡᠪᠢᠰ ᠬᠡᠯᠪᠡᠷᠢ》᠎ᠪᠠᠷ ᠡᠷᠦᠬᠡ᠎ᠳᠤ ᠣᠷᠣᠵᠤ ᠢᠯᠭ᠋ᠠᠷᠠᠭᠤᠯᠤᠨ ᠪᠠᠶ᠋ᠢᠴᠠᠭ᠋ᠠᠬᠤ᠂ ᠰᠡᠵᠢᠭ᠎ᠢ ᠪᠠᠶ᠋ᠢᠴᠠᠭ᠋ᠠᠨ ᠣᠷᠬᠢᠭᠳᠠᠭᠰᠠᠨ᠎ᠢ ᠨᠥᠬᠥᠪᠥᠷᠢᠯᠡᠬᠦ᠂ ᠲᠣᠭ᠎ᠠ ᠪᠠᠷᠢᠮᠲᠠ ᠵᠢ ᠬᠢᠨᠠᠨ ᠬᠠᠷᠭᠤᠭᠤᠯᠵᠤ ᠰᠢᠯᠭ᠋ᠠᠨ ᠠᠪᠬᠤ ᠵᠡᠷᠭᠡ ᠠᠵᠢᠯ᠎ᠢ ᠪᠡᠶᠡᠯᠡᠭᠦᠯᠵᠦ᠂ ᠣᠷᠣᠭᠤᠯᠤᠯᠲᠠ ᠭᠠᠷᠭ᠋ᠠᠯᠲᠠ ᠵᠢᠨ ᠪᠠᠶ᠋ᠢᠴᠠᠭ᠋ᠠᠯᠲᠠ ᠵᠢ ᠨᠢᠭᠡᠳᠦᠯᠲᠡᠶ ᠲᠥᠯᠥᠪᠯᠡᠨ ᠥᠷᠨᠢᠭᠦᠯᠵᠦ᠂ ᠨᠢᠭᠡᠴᠡ ᠵᠢᠨ ᠢᠯᠭ᠋ᠠᠷᠠᠭᠤᠯᠤᠨ ᠪᠠᠶ᠋ᠢᠴᠠᠭ᠋ᠠᠬᠤ ᠵᠢ ᠪᠥᠬᠥ ᠲᠠᠯ᠎ᠠ᠎ᠪᠠᠷ ᠪᠡᠶᠡᠯᠡᠭᠦᠯᠦᠨ᠂ ᠨᠡᠶ᠋ᠢᠳᠡᠮ ᠪᠠᠶ᠋ᠢᠴᠠᠭ᠋ᠠᠯᠲᠠ ᠵᠢᠨ ᠨᠢᠭᠡᠳᠦᠯᠲᠡᠶ ᠪᠥᠭᠡᠳ ᠪᠦᠷᠢᠨ ᠪᠦᠲᠦᠨ ᠡᠬᠡ ᠳᠡᠪᠲᠡᠷ᠎ᠢ ᠪᠦᠷᠢᠯᠳᠦᠭᠦᠯᠵᠦ᠂ ᠨᠡᠶ᠋ᠢᠳᠡᠮ ᠪᠠᠶ᠋ᠢᠴᠠᠭ᠋ᠠᠯᠲᠠ ᠵᠢᠨ ᠳᠡᠩᠰᠡᠯᠡᠨ ᠲᠡᠮᠳᠡᠭᠯᠡᠬᠦ ᠵᠢ ᠤᠷᠤᠭᠰᠢᠲᠠᠶ ᠥᠷᠨᠢᠭᠦᠯᠬᠦ᠎ᠳᠤ ᠪᠠᠲᠤ ᠪᠠᠬᠢ ᠰᠠᠭᠤᠷᠢ ᠵᠢ ᠲᠠᠯᠪᠢᠪᠠ᠃ ᠲᠠᠷᠠᠭ᠋ᠠᠴᠢ ᠵᠢᠨ ᠱᠠᠲᠤᠨ᠎ᠳᠤ᠂ ᠭᠤᠷᠪᠠᠨ ᠵᠦᠢ᠍ᠯ᠎ᠤᠨ ᠠᠵᠢᠯ᠎ᠢ ᠭᠣᠣᠯᠳᠠᠯᠭ᠎ᠠ᠎ᠲᠠᠢ ᠰᠠᠶ᠋ᠢᠲᠤᠷ ᠬᠢᠬᠦ ᠬᠡᠷᠡᠭᠲᠡᠢ᠄
    ᠨᠢᠭᠡᠳᠦᠭᠡᠷ᠎ᠲᠤ᠂ ᠨᠡᠶ᠋ᠢᠳᠡᠮ ᠪᠠᠶ᠋ᠢᠴᠠᠭ᠋ᠠᠯᠲᠠ ᠵᠢᠨ ᠲᠣᠭ᠎ᠠ ᠪᠠᠷᠢᠮᠲᠠ ᠵᠢᠨ ᠶᠠᠰᠤ ᠴᠢᠨᠠᠷ᠎ᠤᠨ ᠠᠮᠢᠨ ᠰᠤᠳᠠᠰᠤ ᠵᠢ ᠪᠠᠲᠤ ᠰᠠᠬᠢᠨ᠎ᠠ᠃ ᠨᠡᠶ᠋ᠢᠳᠡᠮ ᠪᠠᠶ᠋ᠢᠴᠠᠭ᠋ᠠᠯᠲᠠ ᠵᠢᠨ ᠲᠣᠭ᠎ᠠ ᠪᠠᠷᠢᠮᠲᠠ ᠵᠢᠨ ᠦᠨᠡᠨ ᠪᠣᠳᠠᠲᠤ ᠴᠢᠨᠠᠷ ᠪᠣᠯ ᠨᠡᠶ᠋ᠢᠳᠡᠮ ᠪᠠᠶ᠋ᠢᠴᠠᠭ᠋ᠠᠯᠲᠠ᠎ᠳᠤ ᠦᠢ᠍ᠯᠡᠴᠢᠯᠡᠬᠦ ᠬᠣᠷᠸ᠎ᠠ ᠲᠠᠯ᠎ᠠ ᠵᠢᠨ ᠰᠢᠢ᠍ᠳᠪᠦᠷᠢᠳᠦ ᠪᠣᠳᠣᠯᠭ᠎ᠠ ᠲᠣᠭᠲᠠᠭ᠋ᠠᠬᠤ ᠵᠢᠨ ᠦᠨᠳᠦᠰᠦᠨ ᠤᠷᠢᠲᠠᠯ ᠪᠣᠯᠬᠤ ᠪᠥᠭᠡᠳ ᠮᠥᠨ ᠴᠦ᠍ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠢ ᠰᠠᠶ᠋ᠢᠲᠤᠷ ᠬᠢᠬᠦ ᠵᠢᠨ ᠦᠨᠳᠦᠰᠦᠨ ᠱᠠᠭ᠋ᠠᠷᠳᠠᠯᠭ᠎ᠠ ᠪᠣᠯᠤᠨ᠎ᠠ᠃ ᠲᠠᠷᠠᠭ᠋ᠠᠴᠢ ᠵᠢᠨ ᠱᠠᠲᠤᠨ᠎ᠳᠤ᠂ ᠪᠢᠳᠡ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠤᠨ ᠲᠥᠰᠦᠯ᠎ᠢ ᠦᠷᠭᠦᠯᠵᠢᠯᠡᠨ ᠴᠢᠩᠭ᠎ᠠ ᠬᠡᠷᠡᠭᠵᠢᠭᠦᠯᠵᠦ᠂ ᠲᠣᠭ᠎ᠠ ᠪᠠᠷᠢᠮᠲᠠ ᠵᠢᠨ ᠶᠠᠰᠤ ᠴᠢᠨᠠᠷ᠎ᠢ ᠬᠠᠮᠢᠶᠠᠷᠤᠨ ᠡᠵᠡᠮᠳᠡᠬᠦ ᠬᠠᠷᠢᠭᠤᠴᠠᠯᠭ᠎ᠠ ᠵᠢᠨ ᠲᠦᠷᠢᠮ᠎ᠢ ᠪᠦᠷᠢᠨᠰᠢᠭᠦᠯᠵᠦ᠂ ᠪᠥᠬᠥ ᠴᠤᠪᠤᠷᠠᠯ᠎ᠤᠨ ᠲᠣᠭ᠎ᠠ ᠪᠠᠷᠢᠮᠲᠠ ᠵᠢᠨ ᠶᠠᠰᠤ ᠴᠢᠨᠠᠷ᠎ᠤᠨ ᠬᠠᠮᠢᠶᠠᠷᠤᠯᠲᠠ ᠵᠢ ᠴᠢᠩᠭ᠋ᠠᠳᠬᠠᠵᠤ᠂ ᠣᠯᠠᠨ ᠠᠷᠭ᠎ᠠ ᠪᠠᠷᠢᠯ᠎ᠢ ᠶᠡᠷᠦᠩᠬᠡᠶ᠋ᠢᠯᠡᠨ ᠬᠡᠷᠡᠭᠯᠡᠵᠦ ᠪᠠᠶ᠋ᠢᠭ᠋ᠠᠳ ᠨᠡᠶ᠋ᠢᠳᠡᠮ ᠪᠠᠶ᠋ᠢᠴᠠᠭ᠋ᠠᠯᠲᠠ ᠵᠢᠨ ᠲᠣᠭ᠎ᠠ ᠪᠠᠷᠢᠮᠲᠠ ᠵᠢ ᠴᠠᠭ ᠲᠤᠬᠠᠶ᠎ᠳᠤᠨᠢ ᠬᠢᠨᠠᠨ ᠬᠡᠮᠵᠢᠵᠦ ᠵᠠᠳᠠᠯᠤᠯᠲᠠ ᠬᠢᠵᠦ᠂ ᠭᠤᠤᠯᠳᠠᠯᠭ᠎ᠠ᠎ᠲᠠᠢ ᠬᠠᠷᠭᠤᠭᠤᠯᠤᠨ ᠪᠠᠶ᠋ᠢᠴᠠᠭ᠋ᠠᠬᠤ ᠪᠠ ᠪᠣᠳᠠᠲᠠᠶ ᠭᠠᠵᠠᠷ᠎ᠲᠤᠨᠢ ᠰᠤᠭᠤᠴᠢᠨ ᠪᠠᠶ᠋ᠢᠴᠠᠭ᠋ᠠᠬᠤ ᠵᠢ ᠬᠠᠨᠳᠤᠯᠭ᠋ᠠᠲᠤ ᠴᠢᠨᠠᠷᠲᠠᠶ᠎ᠪᠠᠷ ᠥᠷᠨᠢᠭᠦᠯᠬᠦ ᠵᠢᠨ ᠬᠠᠮᠲᠤ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ ᠵᠢ ᠴᠢᠩᠭ᠋ᠠᠳᠬᠠᠵᠤ᠂ ᠨᠡᠶ᠋ᠢᠳᠡᠮ ᠪᠠᠶ᠋ᠢᠴᠠᠭ᠋ᠠᠯᠲᠠ ᠵᠢᠨ ᠡᠬᠢ ᠰᠤᠷᠪᠤᠯᠵᠢ ᠵᠢᠨ ᠲᠣᠭ᠎ᠠ ᠪᠠᠷᠢᠮᠲᠠ ᠵᠢᠨ ᠦᠨᠡᠨ ᠪᠣᠳᠠᠲᠠᠶ ᠪᠥᠭᠡᠳ ᠣᠨᠣᠪᠴᠢᠲᠠᠶ᠂ ᠦᠨᠳᠦᠰᠦ ᠪᠠᠷᠢᠮᠲᠠ᠎ᠲᠠᠢ ᠪᠠᠶ᠋ᠢᠬᠤ ᠵᠢ ᠦᠨᠡᠨ ᠬᠦ᠌ ᠪᠠᠲᠤᠯᠠᠨ᠎ᠠ᠃
    ᠬᠣᠶᠠᠷ᠎ᠲᠤ᠂ ᠨᠡᠶ᠋ᠢᠳᠡᠮ ᠪᠠᠶ᠋ᠢᠴᠠᠭ᠋ᠠᠯᠲᠠ ᠵᠢᠨ ᠲᠤᠬᠠᠶ ᠵᠢᠨ ᠲᠠᠯᠠᠪᠠᠶ ᠵᠢᠨ ᠳᠡᠩᠰᠡᠯᠡᠯᠲᠡ ᠵᠢ ᠴᠢᠩᠭ᠎ᠠ ᠠᠳᠬᠤᠨ᠎ᠠ᠃ ᠨᠢᠭᠡ ᠲᠠᠯ᠎ᠠ᠎ᠪᠠᠷ᠂ ᠡᠯ᠎ᠡ ᠱᠠᠲᠤᠨ᠎ᠤ ᠨᠡᠶ᠋ᠢᠳᠡᠮ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ ᠵᠢ ᠵᠣᠬᠢᠶᠠᠨ ᠪᠠᠶ᠋ᠢᠭᠤᠯᠵᠤ ᠲᠤᠬᠠᠶ ᠵᠢᠨ ᠲᠠᠯᠠᠪᠠᠶ᠎ᠳᠤ ᠳᠡᠩᠰᠡᠯᠡᠨ ᠲᠡᠮᠳᠡᠭᠯᠡᠬᠦ ᠠᠵᠢᠯ᠎ᠢ ᠰᠠᠶ᠋ᠢᠲᠤᠷ ᠬᠢᠬᠦ ᠵᠢᠨ ᠬᠠᠮᠲᠤ᠂ ᠠᠵᠢᠯ᠎ᠤᠨ ᠲᠣᠬᠢᠷᠠᠭᠤᠯᠤᠯᠲᠠ ᠪᠠ ᠰᠢᠮᠳᠠᠭᠤᠯᠤᠨ ᠪᠠᠶ᠋ᠢᠴᠠᠭ᠋ᠠᠬᠤ ᠵᠢ ᠭᠤᠤᠯᠳᠠᠯᠭ᠎ᠠ᠎ᠲᠠᠢ ᠴᠢᠩᠭ᠋ᠠᠳᠬᠠᠵᠤ᠂ ᠡᠯ᠎ᠡ ᠭᠠᠵᠠᠷ ᠣᠷᠣᠨ᠎ᠤ ᠲᠤᠬᠠᠶ ᠵᠢᠨ ᠲᠠᠯᠠᠪᠠᠶ᠎ᠳᠤ ᠳᠡᠩᠰᠡᠯᠡᠨ ᠲᠡᠮᠳᠡᠭᠯᠡᠬᠦ ᠶᠠᠪᠤᠴᠠ᠎ᠳᠤ ᠲᠤᠯᠭ᠋ᠠᠷᠠᠭᠰᠠᠨ ᠬᠦᠴᠢᠷᠳᠡᠯ ᠪᠠ ᠠᠰᠠᠭᠤᠳᠠᠯ᠎ᠢ ᠴᠠᠭ ᠲᠤᠬᠠᠶ᠎ᠳᠤᠨᠢ ᠰᠢᠢ᠍ᠳᠪᠦᠷᠢᠯᠡᠬᠦ ᠵᠢ ᠠᠬᠢᠭᠤᠯᠤᠨ᠎ᠠ᠃ ᠨᠥᠭᠥᠭᠡ ᠲᠠᠯ᠎ᠠ᠎ᠪᠠᠷ᠂ ᠨᠡᠶ᠋ᠢᠳᠡᠮ ᠪᠠᠶ᠋ᠢᠴᠠᠭ᠋ᠠᠯᠲᠠ ᠵᠢᠨ ᠤᠬᠠᠭᠤᠯᠭ᠎ᠠ ᠵᠢᠨ ᠠᠵᠢᠯ᠎ᠤᠨ ᠡᠷᠴᠢᠮ᠎ᠢ ᠦᠷᠭᠦᠯᠵᠢᠯᠡᠨ ᠪᠠᠲᠤᠯᠠᠨ᠎ᠠ᠃ ᠨᠡᠶ᠋ᠢᠳᠡᠮ ᠪᠠᠶ᠋ᠢᠴᠠᠭ᠋ᠠᠯᠲᠠ ᠵᠢ ᠡᠬᠢᠯᠡᠭᠦᠯᠦᠭᠰᠡᠨ᠎ᠠᠴᠠ ᠨᠠᠰᠢ᠂ ᠪᠥᠬᠥ ᠣᠷᠣᠨ᠎ᠤ ᠡᠯ᠎ᠡ ᠱᠠᠲᠤᠨ᠎ᠤ ᠨᠡᠶ᠋ᠢᠳᠡᠮ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ ᠳᠡᠭᠡᠳᠦ ᠳᠤᠤᠷᠠᠳᠤ ᠱᠠᠲᠤ᠎ᠪᠠᠷ ᠵᠶ᠋ᠠᠨ ᠬᠣᠯᠪᠣᠭ᠋ᠠᠯᠠᠨ ᠬᠥᠳᠡᠯᠦᠯᠴᠡᠵᠦ᠂ ᠠᠯᠢ ᠣᠯᠠᠨ ᠡᠯᠪᠡᠭ ᠪᠠᠶᠠᠯᠢᠭ ᠣᠯᠠᠨ ᠶᠠᠩᠵᠤ ᠵᠢᠨ ᠤᠬᠠᠭᠤᠯᠭ᠎ᠠ ᠵᠢᠨ ᠠᠵᠢᠯᠯᠠᠭ᠎ᠠ ᠥᠷᠨᠢᠭᠦᠯᠵᠦ᠂ ᠨᠡᠯᠢᠶᠡᠳ ᠰᠠᠶ᠋ᠢᠨ ᠦᠷ᠎ᠡ ᠪᠦᠲᠦᠮᠵᠢ ᠣᠯᠵᠤ᠂ ᠰᠠᠶ᠋ᠢᠨ ᠰᠠᠶ᠋ᠢᠬᠠᠨ ᠠᠭᠤᠷ ᠠᠮᠢᠰᠬᠤᠯ᠎ᠢ ᠪᠣᠶ ᠪᠣᠯᠭ᠋ᠠᠪᠠ᠃ ᠲᠠᠷᠠᠭ᠋ᠠᠴᠢ ᠵᠢᠨ ᠠᠯᠬᠤᠮ᠎ᠳᠤ᠂ ᠪᠢᠳᠡ ᠤᠬᠠᠭᠤᠯᠭ᠎ᠠ ᠵᠢᠨ ᠡᠷᠴᠢᠮ ᠵᠶ᠋ᠠᠨ ᠰᠤᠯᠠᠷᠠᠭᠤᠯᠬᠤ ᠥᠬᠡᠶ᠂ 《ᠳᠤᠯᠠᠭ᠋ᠠᠨ᠎ᠤ ᠬᠡᠮᠵᠢᠶ᠎ᠡ》 ᠵᠢ ᠪᠠᠭᠤᠷᠠᠭᠤᠯᠬᠤ ᠥᠬᠡᠶ ᠪᠠᠶ᠋ᠢᠬᠤ ᠠᠵᠢᠯ᠎ᠤᠨ ᠱᠠᠭ᠋ᠠᠷᠳᠠᠯᠭ᠎ᠠ ᠵᠢ ᠦᠷᠭᠦᠯᠵᠢᠯᠡᠨ ᠪᠠᠷᠢᠮᠲᠠᠯᠠᠵᠤ᠂ ᠪᠣᠰᠣᠭ᠎ᠠ ᠴᠣᠭᠴᠠᠲᠤ᠂ ᠣᠯᠠᠨ ᠲᠠᠰ ᠳᠠᠪᠬᠤᠷᠭ᠎ᠠ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠤᠬᠠᠭᠤᠯᠭ᠎ᠠ ᠵᠢ ᠤᠯᠠᠮ ᠨᠢᠭᠡ ᠠᠯᠬᠤᠮ ᠥᠷᠨᠢᠭᠦᠯᠵᠦ᠂ ᠨᠡᠶ᠋ᠢᠳᠡᠮ ᠪᠠᠶ᠋ᠢᠴᠠᠭ᠋ᠠᠭᠳᠠᠬᠤ ᠡᠲᠡᠭᠡᠳ᠎ᠤᠨ ᠦᠵᠡᠯ ᠰᠠᠨᠠᠭ᠋ᠠᠨ᠎ᠤ ᠡᠷᠡᠭᠡᠯᠵᠡᠯ᠎ᠢ ᠠᠷᠢᠯᠭ᠋ᠠᠵᠤ᠂ ᠨᠡᠶ᠋ᠢᠳᠡᠮ ᠪᠠᠶ᠋ᠢᠴᠠᠭ᠋ᠠᠭᠳᠠᠬᠤ ᠡᠲᠡᠭᠡᠳ᠎ᠤᠨ ᠳᠡᠮᠵᠢᠯᠭᠡ ᠬᠠᠮᠵᠢᠯᠴᠠᠭ᠎ᠠ ᠵᠢ ᠴᠢᠷᠮᠠᠶ᠋ᠢᠨ ᠣᠯᠵᠤ᠂ ᠨᠡᠶ᠋ᠢᠳᠡᠮ ᠪᠠᠶ᠋ᠢᠴᠠᠭ᠋ᠠᠭᠳᠠᠬᠤ ᠡᠲᠡᠭᠡᠳ᠎ᠤᠨ ᠦᠨᠡᠨ ᠮᠥᠨ ᠵᠶ᠋ᠠᠷ ᠲᠠᠭᠯᠠᠨ ᠮᠡᠳᠡᠭᠦᠯᠬᠦ ᠵᠢ ᠪᠠᠲᠤᠯᠠᠨ᠎ᠠ᠃
    ᠭᠤᠷᠪᠠᠳᠤᠭ᠋ᠠᠷ᠎ᠲᠤ᠂ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠢ ᠭᠦᠢ᠍ᠴᠡᠳ ᠰᠠᠶ᠋ᠢᠲᠤᠷ ᠬᠢᠬᠦ 《ᠰᠡᠭᠦᠯᠴᠢ ᠵᠢᠨ ᠬᠠᠭ᠋ᠠᠰ ᠵᠣᠬᠢᠶᠠᠯ》 ᠪᠣᠯᠤᠨ᠎ᠠ᠃ 《ᠲᠠᠪᠤᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ》 ᠵᠢᠨ ᠣᠯᠤᠭᠰᠠᠨ ᠶᠡᠬᠡ ᠬᠡᠮᠵᠢᠶᠡᠨ᠎ᠤ ᠲᠣᠭ᠎ᠠ ᠪᠠᠷᠢᠮᠲᠠ᠎ᠨᠢ ᠲᠤᠶ᠋ᠢᠯ᠎ᠤᠨ ᠡᠷᠬᠢᠮ ᠨᠠᠨᠳᠢᠨ ᠪᠠᠶ᠋ᠢᠵᠤ᠂ ᠨᠡᠶ᠋ᠢᠳᠡᠮ ᠪᠠᠶ᠋ᠢᠴᠠᠭ᠋ᠠᠯᠲᠠ ᠵᠢᠨ ᠲᠣᠭ᠎ᠠ ᠪᠠᠷᠢᠮᠲᠠ ᠵᠢᠨ ᠦᠨ᠎ᠡ ᠦᠷᠳᠡᠭ᠎ᠢ ᠬᠠᠮᠤᠭ᠎ᠤᠨ ᠶᠡᠬᠡ ᠪᠣᠯᠭ᠋ᠠᠬᠤ᠎ᠨᠢ ᠮᠥᠨ ᠴᠦ᠍ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠤᠨ ᠴᠢᠬᠤᠯᠠ ᠭᠣᠭᠴᠣᠭ᠎ᠠ ᠪᠣᠯᠤᠨ᠎ᠠ᠃ ᠲᠠᠷᠠᠭ᠋ᠠᠴᠢ ᠵᠢᠨ ᠠᠯᠬᠤᠮ᠎ᠳᠤ᠂ ᠪᠢᠳᠡ ᠨᠡᠶ᠋ᠢᠳᠡᠮ ᠪᠠᠶ᠋ᠢᠴᠠᠭ᠋ᠠᠯᠲᠠ ᠵᠢᠨ ᠲᠣᠭ᠎ᠠ ᠪᠠᠷᠢᠮᠲᠠ ᠵᠢ ᠬᠠᠮᠲᠤ᠎ᠪᠠᠷ ᠡᠳ᠋ᠯᠡᠬᠦ ᠵᠢᠴᠢ ᠬᠡᠷᠡᠭᠯᠡᠬᠦ ᠵᠢ ᠭᠤᠤᠯᠳᠠᠯᠭ᠎ᠠ᠎ᠲᠠᠢ ᠰᠠᠶ᠋ᠢᠲᠤᠷ ᠬᠢᠨ᠎ᠠ᠃ ᠨᠢᠭᠡ ᠲᠠᠯ᠎ᠠ᠎ᠪᠠᠷ᠂ ᠨᠡᠶ᠋ᠢᠳᠡᠮ ᠪᠠᠶ᠋ᠢᠴᠠᠭ᠋ᠠᠯᠲᠠ ᠵᠢᠨ ᠠᠯᠪᠠᠨ ᠮᠡᠳᠡᠭᠡ ᠵᠢ ᠲᠡᠷᠡ ᠳᠠᠷᠤᠶ᠎ᠳᠤᠨᠢ ᠨᠡᠶ᠋ᠢᠲᠡᠯᠡᠵᠦ᠂ ᠨᠡᠶ᠋ᠢᠳᠡᠮ ᠪᠠᠶ᠋ᠢᠴᠠᠭ᠋ᠠᠯᠲᠠ ᠵᠢᠨ ᠲᠣᠭ᠎ᠠ ᠪᠠᠷᠢᠮᠲᠠ ᠵᠢ ᠴᠠᠭ ᠲᠤᠬᠠᠶ᠎ᠳᠤᠨᠢ ᠨᠡᠶ᠋ᠢᠭᠡᠮ ᠨᠡᠶ᠋ᠢᠲᠡ᠎ᠳᠤ ᠢᠯᠡ ᠪᠣᠯᠭ᠋ᠠᠵᠤ᠂ ᠨᠡᠶ᠋ᠢᠳᠡᠮ ᠪᠠᠶ᠋ᠢᠴᠠᠭ᠋ᠠᠯᠲᠠ ᠵᠢᠨ ᠣᠨ᠎ᠤ ᠣᠶ᠋ᠢᠯᠠᠪᠤᠷᠢ ᠵᠢ ᠨᠠᠶ᠋ᠢᠷᠠᠭᠤᠯᠤᠨ ᠬᠡᠪᠯᠡᠭᠦᠯᠬᠦ ᠠᠵᠢᠯ᠎ᠢ ᠰᠠᠶ᠋ᠢᠲᠤᠷ ᠬᠢᠬᠦ ᠵᠢᠨ ᠬᠠᠮᠲᠤ ᠨᠡᠶ᠋ᠢᠳᠡᠮ ᠪᠠᠶ᠋ᠢᠴᠠᠭ᠋ᠠᠯᠲᠠ ᠵᠢᠨ ᠲᠣᠭ᠎ᠠ ᠪᠠᠷᠢᠮᠲᠠ ᠵᠢ ᠴᠢᠯᠥᠭᠡᠲᠡᠶ ᠪᠣᠯᠭ᠋ᠠᠬᠤ ᠠᠷᠭ᠎ᠠ ᠵᠠᠮ ᠪᠣᠯᠤᠨ ᠬᠠᠮᠲᠤᠪᠠᠷ ᠡᠳ᠋ᠯᠡᠬᠦ ᠠᠷᠭ᠎ᠠ ᠮᠠᠶᠢᠭ᠎ᠢ ᠥᠷᠭᠡᠵᠢᠭᠦᠯᠵᠦ᠂ ᠨᠡᠶ᠋ᠢᠳᠡᠮ ᠪᠠᠶ᠋ᠢᠴᠠᠭ᠋ᠠᠯᠲᠠ ᠵᠢᠨ ᠦᠷ᠎ᠡ ᠪᠦᠲᠦᠭᠡᠯ᠎ᠢ ᠨᠡᠶ᠋ᠢᠭᠡᠮ ᠳᠡᠭᠡᠷ᠎ᠡ ᠬᠠᠮᠲᠤᠪᠠᠷ  ᠡᠳ᠋ᠯᠡᠵᠦ ᠬᠠᠮᠲᠤᠪᠠᠷ ᠬᠡᠷᠡᠭᠯᠡᠬᠦ ᠵᠢ ᠠᠬᠢᠭᠤᠯᠬᠤ ᠬᠡᠷᠡᠭᠲᠡᠶ; ᠨᠥᠭᠥᠭᠡ ᠲᠠᠯ᠎ᠠ᠎ᠪᠠᠷ᠂ ᠨᠡᠶ᠋ᠢᠳᠡᠮ ᠪᠠᠶ᠋ᠢᠴᠠᠭ᠋ᠠᠯᠲᠠ ᠵᠢᠨ ᠲᠣᠭ᠎ᠠ ᠪᠠᠷᠢᠮᠲᠠ ᠵᠢ ᠭᠦᠨᠵᠡᠭᠡᠶ ᠠᠭᠤᠳᠠᠯᠵᠤ᠂ ᠨᠡᠶ᠋ᠢᠳᠡᠮ ᠪᠠᠶ᠋ᠢᠴᠠᠭ᠋ᠠᠯᠲᠠ ᠵᠢᠨ ᠲᠣᠭ᠎ᠠ ᠪᠠᠷᠢᠮᠲᠠ ᠵᠢ ᠶᠡᠷᠦᠩᠬᠡᠶ᠋ᠢᠯᠡᠨ ᠵᠠᠳᠠᠯᠬᠤ ᠵᠢᠴᠢ ᠲᠠᠶ᠋ᠢᠯᠪᠤᠷᠢᠯᠠᠨ ᠰᠤᠳᠤᠯᠬᠤ᠎ᠪᠠᠨ ᠴᠢᠩᠭ᠋ᠠᠳᠬᠠᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠰᠢᠨᠵᠢᠯᠡᠬᠦ ᠤᠬᠠᠭ᠋ᠠᠨᠴᠢ᠎ᠪᠠᠷ ᠰᠢᠢ᠍ᠳᠪᠦᠷᠢᠳᠦ ᠪᠣᠳᠣᠯᠭ᠎ᠠ ᠲᠣᠭᠲᠠᠭ᠋ᠠᠬᠤ᠎ᠳᠤ ᠦᠢ᠍ᠯᠡᠴᠢᠯᠡᠵᠦ᠂ ᠠᠵᠤ ᠠᠬᠤᠶ᠋ᠢᠯᠠᠯ ᠪᠣᠯᠤᠨ ᠨᠡᠶ᠋ᠢᠭᠡᠮ᠎ᠤᠨ ᠡᠯ᠎ᠡ ᠡᠲᠡᠭᠡᠳ᠎ᠲᠤ ᠦᠢ᠍ᠯᠡᠴᠢᠯᠡᠬᠦ ᠬᠡᠷᠡᠭᠲᠡᠶ᠃

 

ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠤᠨ᠎ᠤ ᠲᠣᠭ᠎ᠠ ᠪᠦᠷᠢᠳᠭᠡᠯ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
2023 ᠣᠨ᠎ᠳᠤ ᠪᠥᠬᠥ ᠣᠷᠣᠨ᠎ᠤ ᠠᠵᠤ ᠠᠬᠤᠶ ᠰᠢᠨ᠎ᠡ ᠵᠠᠮ ᠵᠶ᠋ᠠᠷ ᠡᠷᠡᠯᠬᠡᠭᠯᠡᠨ ᠤᠷᠤᠭᠰᠢᠯᠠᠵᠤ ᠳᠤᠮᠳᠠᠳᠤ ᠤᠯᠤᠰ᠎ᠤᠨ ᠮᠠᠶᠢᠭ᠎ᠤᠨ ᠤᠳᠤᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠳᠠᠬᠢᠨ ᠪᠢᠴᠢᠭᠯᠡᠪᠡ
ᠨᠢᠭᠡᠳᠦᠭᠡᠷ ᠤᠯᠠᠷᠢᠯ᠎ᠳᠤ ᠪᠥᠬᠥ ᠣᠷᠣᠨ᠎ᠤ ᠠᠵᠤ ᠠᠬᠤᠶ ᠵᠢᠨ ᠠᠵᠢᠯᠯᠠᠭ᠋ᠠᠨ ᠲᠣᠭᠲᠠᠭᠤᠨ᠎ᠤ ᠳᠤᠮᠳᠠ ᠳᠡᠭᠡᠭᠰᠢᠯᠡᠵᠦ᠂ ᠰᠠᠶ᠋ᠢᠨ ᠡᠬᠢᠯᠡᠯᠲᠡ᠎ᠲᠠᠢ ᠪᠣᠯᠪᠠ
2024 ᠣᠨ᠎ᠤ ᠨᠢᠭᠡᠳᠦᠭᠡᠷ ᠤᠯᠠᠷᠢᠯ᠎ᠤᠨ ᠪᠥᠬᠥ ᠣᠷᠣᠨ᠎ᠤ ᠠᠵᠤ ᠠᠬᠤᠶ ᠵᠢᠨ ᠠᠵᠢᠯᠯᠠᠭ᠋ᠠᠨ᠎ᠤ ᠪᠠᠶ᠋ᠢᠳᠠᠯ᠎ᠤᠨ ᠲᠤᠬᠠᠶ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
 
            