ᠲᠡᠷᠢᠭᠦᠨ ᠬᠠᠭᠤᠳᠠᠰᠤ
ᠠᠵᠢᠯ᠎ᠤᠨ ᠪᠠᠶ᠋ᠢᠳᠠᠯ
ᠢᠯᠡ ᠵᠠᠰᠠᠭ
ᠲᠤᠭ᠎ᠠ ᠪᠦᠷᠢᠳᠭᠡᠯ᠎ᠤᠨ ᠦᠢᠯᠡᠴᠢᠯᠡᠭᠡ
ᠠᠵᠢᠯ᠎ᠤᠨ ᠪᠠᠶ᠋ᠢᠳᠠᠯ   -   ᠰᠤᠷᠪᠤᠯᠵᠢᠯᠠᠭ᠎ᠠ
2024 ᠣᠨ᠎ᠤ ᠲᠦᠷᠦᠭᠦᠦ ᠭᠤᠷᠪᠠᠨ ᠤᠯᠠᠷᠢᠯ᠎ᠤᠨ ᠪᠥᠬᠥ ᠣᠷᠣᠨ᠎ᠤ ᠠᠵᠤ ᠠᠬᠤᠶ ᠵᠢᠨ ᠠᠵᠢᠯᠯᠠᠭ᠋ᠠᠨ᠎ᠤ ᠰᠣᠨᠢᠨ ᠮᠡᠳᠡᠭᠡ ᠨᠡᠶ᠋ᠢᠲᠡᠯᠡᠬᠦ ᠬᠤᠷᠠᠯ ᠳᠡᠭᠡᠷ᠎ᠡ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
ᠨᠡᠶ᠋ᠢᠲᠡᠯᠡᠭᠰᠡᠨ ᠴᠠᠭ᠄ 2024-10-22

2024年前三季度全区经济运行新闻发布会答记者问1.jpg

 

   10 ᠳ᠋ᠤᠭ᠋ᠠᠷ ᠰᠠᠷ᠎ᠠ ᠵᠢᠨ 21᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ ᠲᠦᠷᠦᠭᠦᠦ ᠭᠤᠷᠪᠠᠨ ᠤᠯᠠᠷᠢᠯ᠎ᠤᠨ ᠪᠥᠬᠥ ᠣᠷᠣᠨ᠎ᠤ ᠠᠵᠤ ᠠᠬᠤᠶ ᠵᠢᠨ ᠠᠵᠢᠯᠯᠠᠭ᠋ᠠᠨ᠎ᠤ ᠪᠠᠶ᠋ᠢᠳᠠᠯ᠎ᠤᠨ ᠲᠤᠬᠠᠶ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠢᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠳᠡᠳ᠋ ᠳᠠᠷᠤᠭ᠎ᠠ᠂ ᠰᠣᠨᠢᠨ ᠮᠡᠳᠡᠭᠡᠨ᠎ᠤ ᠥᠭᠦᠯᠡᠭᠴᠢ ᠸᠠᠩ ᠴᠤᠸᠠᠨ ᠵᠢᠩ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃

 

2024年前三季度全区经济运行新闻发布会答记者问2.jpg 

 

    ᠥᠪᠥᠷ ᠮᠣᠩᠭᠣᠯ᠎ᠤᠨ ᠷᠠᠳᠢᠣ᠋ ᠲᠧᠯᠸᠢᠰ ᠬᠣᠷᠢᠶᠠᠨ᠎ᠤ ᠰᠤᠷᠪᠤᠯᠵᠢᠯᠠᠭᠴᠢ᠄
    ᠰᠠᠶᠢᠬᠠᠨ ᠨᠡᠶ᠋ᠢᠲᠡᠯᠡᠭᠰᠡᠨ ᠲᠣᠭ᠎ᠠ ᠪᠠᠷᠢᠮᠲᠠ᠎ᠠᠴᠠ ᠦᠵᠡᠪᠡᠯ᠂ ᠡᠨᠡ ᠵᠢᠯ᠎ᠠᠴᠠ ᠨᠠᠰᠢ᠂ ᠮᠠᠨ᠎ᠤ ᠣᠷᠣᠨ᠎ᠤ ᠠᠵᠤ ᠠᠬᠤᠶ ᠵᠢᠨ ᠠᠵᠢᠯᠯᠠᠭ᠋ᠠᠨ ᠶᠡᠷᠦᠩᠬᠡᠶ᠎ᠳᠡᠭᠡᠨ ᠲᠣᠭᠲᠠᠭᠤᠨ ᠪᠠᠶ᠋ᠢᠵᠤ᠂ ᠬᠥᠭᠵᠢᠯᠲᠡ ᠵᠢᠨ ᠬᠠᠨᠳᠤᠰᠢ ᠨᠡᠯᠢᠶᠡᠳ ᠰᠠᠶ᠋ᠢᠨ

ᠪᠠᠶ᠋ᠢᠨ᠎ᠠ᠂ ᠲᠠ ᠲᠦᠷᠦᠭᠦᠦ ᠭᠤᠷᠪᠠᠨ ᠤᠯᠠᠷᠢᠯ᠎ᠤᠨ ᠠᠵᠤ ᠠᠬᠤᠶ ᠵᠢᠨ ᠠᠵᠢᠯᠯᠠᠭ᠋ᠠᠨ᠎ᠤ ᠣᠨᠴᠠᠯᠢᠭ᠎ᠢ ᠳᠠᠬᠢᠨ ᠨᠠᠷᠢᠨ ᠲᠠᠶ᠋ᠢᠯᠪᠤᠷᠢᠯᠠᠵᠤ ᠥᠭᠭᠦᠨ᠎ᠡ ᠦᠦ? ᠪᠠᠶᠠᠷᠯᠠᠯ᠎ᠠ᠃

 
2024年前三季度全区经济运行新闻发布会答记者问3.jpg 

 

   ᠸᠠᠩ ᠴᠤᠸᠠᠨ ᠵᠢᠩ᠄ ᠲᠠᠨ᠎ᠤ ᠠᠰᠠᠭᠤᠭᠰᠠᠨ᠎ᠳᠤ ᠪᠠᠶᠠᠷᠯᠠᠯ᠎ᠠ᠃ ᠡᠨᠡ ᠵᠢᠯ᠎ᠠᠴᠠ ᠨᠠᠭ᠋ᠠᠰᠢ᠂ ᠨᠠᠷᠢᠨ ᠪᠤᠳᠤᠯᠢᠶᠠᠨᠲᠠᠢ ᠬᠤᠪᠢᠷᠠᠯᠲᠠ ᠶᠡᠬᠡᠲᠡᠢ ᠳᠣᠲᠣᠭ᠋ᠠᠳᠤ ᠭᠠᠳᠠᠭ᠋ᠠᠳᠤ ᠵᠢᠨ ᠣᠷᠴᠢᠨ᠎ᠳᠤ ᠬᠠᠨᠳᠤᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠪᠣᠯᠤᠨ ᠵᠠᠰᠠᠭ᠎ᠤᠨ ᠣᠷᠳᠣᠨ ᠨᠠᠮ᠎ᠤᠨ ᠲᠥᠪ ᠬᠣᠷᠢᠶᠠᠨ᠎ᠤ ᠡᠯ᠎ᠡ ᠵᠦᠢ᠍ᠯ᠎ᠤᠨ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠭᠦᠨᠵᠡᠭᠡᠢ ᠲᠤᠭᠤᠰᠢᠯᠠᠭᠤᠯᠵᠤ᠂ ᠨᠡᠮᠡᠭᠳᠡᠯ᠎ᠢ ᠲᠣᠭᠲᠠᠪᠤᠷᠢᠵᠢᠭᠤᠯᠬᠤ᠂ ᠨᠥᠭᠡᠴᠡ ᠬᠦᠴᠦᠨ᠎ᠢ ᠨᠡᠮᠡᠭᠳᠡᠭᠦᠯᠬᠦ ᠵᠢ ᠪᠦᠬᠦ ᠲᠠᠯ᠎ᠠ᠎ᠪᠠᠷ ᠨᠢᠭᠡᠳᠦᠯᠲᠡᠢ ᠲᠥᠯᠥᠪᠵᠢᠭᠦᠯᠵᠦ᠂ ᠠᠷᠭ᠎ᠠ ᠪᠦᠬᠦᠨ᠎ᠢ ᠰᠦᠪᠡᠭᠴᠢᠯᠡᠨ ᠳᠣᠲᠣᠭ᠋ᠠᠳᠤ ᠬᠡᠷᠡᠭᠴᠡᠭᠡ᠎ᠪᠠᠨ ᠥᠷᠭᠡᠳᠬᠡᠵᠦ᠂ ᠢᠲᠡᠭᠡᠯ ᠵᠣᠷᠢᠭ ᠵᠶ᠋ᠠᠨ ᠬᠥᠪᠴᠢᠯᠡᠵᠦ᠂ ᠬᠥᠳᠡᠯᠭᠡᠬᠦ ᠡᠨᠧᠷᠭᠢ ᠵᠢ ᠪᠣᠶ᠋ᠢᠵᠢᠭᠤᠯᠵᠤ᠂ ᠬᠣᠰᠢᠭᠤᠴᠢᠯᠠᠨ ᠬᠦᠴᠦᠯᠡᠵᠦ᠂ ᠬᠣᠷᠸ᠎ᠠ ᠲᠦᠷᠦ ᠵᠢᠨ ᠪᠤᠳᠤᠯᠭ᠎ᠠ ᠵᠢ ᠣᠨᠣᠴᠠᠲᠠᠢ ᠬᠡᠷᠡᠭᠵᠢᠭᠦᠯᠪᠡ᠃ ᠪᠦᠬᠦ ᠣᠷᠣᠨ ᠳᠠᠶᠠᠭ᠋ᠠᠷ ᠬᠣᠶᠠᠷ ᠶᠡᠬᠡ ᠶᠠᠪᠤᠳᠠᠯ᠎ᠢ ᠰᠠᠶ᠋ᠢᠲᠤᠷ ᠬᠢᠬᠦ ᠵᠢᠨ ᠲᠣᠭᠣᠷᠢᠨ᠎ᠳᠤ᠂ 《ᠵᠢᠷᠭᠤᠭ᠋ᠠᠨ ᠢᠨᠵᠧᠨᠧᠷᠢᠩ》᠎ᠢ ᠰᠠᠶ᠋ᠢᠲᠤᠷ ᠬᠡᠷᠡᠭᠵᠢᠭᠦᠯᠵᠦ᠂ ᠪᠦᠯᠬᠦᠮᠳᠡᠨ ᠲᠡᠮᠡᠴᠡᠵᠦ᠂ ᠦᠨᠡᠨ ᠬᠦ᠌ ᠠᠳᠬᠤᠨ ᠪᠣᠳᠠᠲᠠᠢ ᠠᠵᠢᠯᠯᠠᠵᠤ᠂ ᠠᠵᠤ ᠠᠬᠤᠢ ᠵᠢᠨ ᠡᠷᠭᠢᠯᠲᠡ ᠳᠤᠮᠳᠠᠬᠢ ᠡᠯ᠎ᠡ ᠵᠦᠢ᠍ᠯ᠎ᠤᠨ ᠬᠦᠴᠢᠷᠳᠡᠯ ᠪᠣᠯᠤᠨ ᠥᠷᠢᠰᠥᠯᠳᠦᠭᠡᠨ᠎ᠢ ᠪᠦᠲᠦᠮᠵᠢᠲᠡᠢ ᠠᠷᠭ᠋ᠠᠴᠠᠭ᠋ᠠᠵᠤ᠂ ᠪᠦᠬᠦ ᠣᠷᠣᠨ᠎ᠤ ᠠᠵᠤ ᠠᠬᠤᠢ ᠵᠢᠨ ᠲᠣᠭᠲᠠᠭᠤᠨ ᠡᠷᠭᠢᠯᠲᠡ ᠵᠢ ᠪᠠᠲᠤᠯᠠᠵᠤ᠂ ᠴᠢᠨᠠᠷ ᠰᠠᠶ᠋ᠢᠲᠠᠢ ᠬᠥᠭᠵᠢᠯᠲᠡ ᠵᠢ ᠲᠦᠷᠭᠡᠳᠬᠡᠨ ᠠᠬᠢᠭᠤᠯᠪᠠ᠃ ᠭᠤᠷᠪᠠᠨ ᠠᠵᠤ ᠦᠢ᠍ᠯᠡᠰ᠎ᠠᠴᠠ ᠠᠪᠴᠤ ᠦᠵᠡᠪᠡᠯ᠂ ᠭᠤᠷᠪᠠᠨ ᠠᠵᠤ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ ᠲᠣᠰ ᠲᠣᠰ 5.3%᠂ 7.5% ᠪᠠ 4.4%᠎ᠪᠠᠷ ᠨᠡᠮᠡᠭᠳᠡᠪᠡ᠃ ᠡᠭᠦᠨ᠎ᠳᠤ᠂ ᠨᠢᠭᠡᠳᠦᠭᠡᠷ ᠠᠵᠤ ᠦᠢ᠍ᠯᠡᠰ᠂ ᠬᠣᠶᠠᠳᠤᠭ᠋ᠠᠷ ᠠᠵᠤ ᠦᠢ᠍ᠯᠡᠰ᠎ᠤᠨ ᠨᠡᠮᠡᠭᠳᠡᠯ ᠥᠷᠲᠡᠭ᠎ᠤᠨ ᠨᠡᠮᠡᠭᠳᠡᠯ᠎ᠤᠨ ᠬᠤᠷᠳᠤᠴᠠ᠎ᠨᠢ ᠪᠥᠬᠥ ᠤᠯᠤᠰ᠎ᠤᠨ ᠳᠤᠮᠳᠠᠴᠢ ᠬᠢᠷᠢ ᠲᠦᠪᠰᠢᠨ᠎ᠠᠴᠠ ᠥᠨᠳᠥᠷ ᠪᠠᠶ᠋ᠢᠵᠤ᠂ ᠪᠥᠬᠥ ᠤᠯᠤᠰ᠎ᠤᠨ ᠡᠮᠦᠨ᠎ᠡ ᠡᠩᠨᠡᠭᠡᠨ᠎ᠳᠤ ᠣᠷᠣᠪᠠ᠃ ᠨᠢᠭᠡᠳᠦᠭᠡᠷ ᠬᠣᠶᠠᠳᠤᠭ᠋ᠠᠷ ᠭᠤᠷᠪᠠᠳᠤᠭ᠋ᠠᠷ ᠠᠵᠤ ᠦᠢ᠍ᠯᠡᠰ ᠬᠠᠮᠵᠢᠯᠴᠠᠨ ᠬᠦᠴᠦᠯᠡᠵᠦ᠂ ᠬᠠᠩᠭ᠋ᠠᠯᠭ᠎ᠠ ᠵᠢᠨ ᠲᠠᠯ᠎ᠠ᠎ᠠᠴᠠ ᠠᠵᠤ ᠠᠬᠤᠢ ᠵᠢᠨ ᠦᠨᠳᠦᠰᠦᠨ ᠪᠠᠶ᠋ᠢᠳᠠᠯ᠎ᠢ ᠲᠣᠭᠲᠠᠪᠤᠷᠢᠵᠢᠭᠤᠯᠬᠤ᠎ᠨᠢ ᠥᠪᠥᠷ ᠮᠣᠩᠭᠣᠯ᠎ᠤᠨ ᠣᠳᠣᠬᠠᠨ᠎ᠤ ᠠᠵᠤ ᠠᠬᠤᠢ ᠵᠢᠨ ᠡᠷᠭᠢᠯᠲᠡ ᠵᠢᠨ ᠣᠨᠴᠠᠯᠢᠭ ᠪᠣᠯᠬᠤ᠎ᠪᠠᠷ ᠪᠠᠷᠠᠬᠤ ᠦᠭᠡᠢ ᠪᠠᠰᠠ ᠠᠵᠤ ᠠᠬᠤᠢ ᠵᠢᠨ ᠨᠡᠮᠡᠭᠳᠡᠯ᠎ᠢ ᠲᠣᠭᠲᠠᠪᠤᠷᠢᠵᠢᠭᠤᠯᠬᠤ ᠴᠢᠬᠤᠯᠠ ᠲᠤᠯᠭ᠋ᠠᠭᠤᠷᠢᠯᠠᠯ ᠪᠣᠯᠤᠨ᠎ᠠ᠃ ᠪᠣᠳᠠᠲᠠᠢ᠎ᠪᠠᠷ ᠠᠪᠴᠤ ᠦᠵᠡᠪᠡᠯ᠂ ᠭᠤᠷᠪᠠᠨ ᠲᠠᠯ᠎ᠠ᠎ᠪᠠᠷ ᠢᠯᠡᠷᠡᠵᠦ ᠪᠠᠶ᠋ᠢᠨ᠎ᠠ᠄
    ᠨᠢᠭᠡ᠎ᠳᠤ᠂ ᠲᠠᠷᠢᠶᠠᠯᠠᠩ ᠮᠠᠯ ᠠᠵᠤ ᠠᠬᠤᠢ ᠵᠢᠨ ᠦᠢ᠍ᠯᠡᠳᠪᠦᠷᠢᠯᠡᠯ ᠲᠣᠭᠲᠠᠭᠤᠨ᠎ᠤ ᠳᠤᠮᠳᠠ ᠠᠬᠢᠯᠲᠠ᠎ᠲᠠᠢ ᠪᠣᠯᠪᠠ᠃ ᠡᠨᠡ ᠵᠢᠯ᠎ᠤᠨ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠳᠤ᠂ ᠮᠠᠯ ᠠᠵᠤ ᠠᠬᠤᠶ ᠲᠠᠷᠢᠶᠠᠯᠠᠩ᠎ᠨᠢ ᠣᠳᠣᠬᠢᠴᠢᠯᠠᠭᠰᠠᠨ ᠲᠣᠮᠣ ᠠᠵᠤ ᠦᠢ᠍ᠯᠡᠰ᠎ᠢ ᠴᠣᠭᠴᠠᠯᠠᠬᠤ᠂ ᠠᠵᠤ ᠦᠢ᠍ᠯᠡᠰ ᠵᠶ᠋ᠠᠷ ᠣᠷᠣᠨ ᠵᠶ᠋ᠠᠨ ᠬᠦᠴᠦᠷᠬᠡᠭᠵᠢᠭᠦᠯᠬᠦ ᠬᠠᠷᠠᠯᠲᠠ ᠵᠢ ᠪᠥᠲᠥᠭᠡᠨ ᠪᠠᠶ᠋ᠢᠭᠤᠯᠬᠤ᠎ᠳᠤ ᠬᠦᠴᠦᠯᠡᠬᠦ ᠬᠡᠷᠡᠭᠲᠡᠶ ᠭᠡᠵᠦ ᠳᠤᠷᠠᠳᠴᠠᠶ᠃ ᠪᠥᠬᠥ ᠣᠷᠣᠨ᠎ᠤ ᠳᠡᠭᠡᠳᠦ ᠳᠤᠤᠷᠠᠳᠤ ᠱᠠᠲᠤ᠎ᠪᠠᠷ ᠵᠶ᠋ᠠᠨ ᠭᠠᠵᠠᠷ᠎ᠤᠨ ᠤᠰᠤᠨ᠎ᠤ ᠲᠥᠷᠥᠯ ᠵᠦᠢ᠍ᠯ᠎ᠳᠤ ᠠᠩᠬᠠᠷᠤᠯ ᠵᠶ᠋ᠠᠨ ᠲᠥᠪᠯᠡᠷᠡᠭᠦᠯᠦᠨ ᠪᠣᠭᠣᠮᠢ ᠵᠢ ᠡᠪᠳᠡᠵᠦ᠂ ᠠᠮᠤ ᠪᠤᠳᠠᠭ᠎ᠠ ᠮᠢᠬ᠎ᠠ ᠰᠦ ᠵᠢᠨ ᠦᠷ᠎ᠡ ᠠᠰᠢᠭ᠎ᠢ ᠳᠡᠭᠡᠭᠰᠢᠯᠡᠭᠦᠯᠦᠨ᠂ ᠠᠵᠤ ᠦᠶ᠋ᠢᠯᠡᠰᠵᠢᠯᠲᠡ ᠵᠢ ᠤᠷᠲᠤᠳᠬᠠᠵᠤ᠂ ᠠᠷᠭ᠎ᠠ ᠪᠦᠬᠦᠨ᠎ᠢ ᠰᠦᠪᠡᠭᠴᠢᠯᠡᠨ ᠲᠣᠭ᠎ᠠ ᠬᠡᠮᠵᠢᠶ᠎ᠡ ᠵᠢ ᠥᠷᠭᠡᠳᠬᠡᠨ᠂ ᠶᠠᠰᠤ ᠴᠢᠨᠠᠷ᠎ᠢ ᠳᠡᠭᠡᠭᠰᠢᠯᠡᠭᠦᠯᠵᠦ᠂ ᠤᠨᠠᠯᠲᠠ ᠵᠢ ᠨᠡᠮᠡᠭᠳᠡᠭᠦᠯᠦᠨ᠂ ᠲᠠᠷᠢᠶᠠᠯᠠᠩ ᠮᠠᠯ ᠠᠵᠤ ᠠᠬᠤᠶ ᠵᠢᠨ ᠬᠢᠷᠢ ᠲᠦᠪᠰᠢᠨ᠎ᠢ ᠪᠥᠬᠥ ᠬᠦᠴᠦᠨ ᠵᠶ᠋ᠠᠷ ᠠᠬᠢᠭᠤᠯᠪᠠ᠃ ᠲᠦᠷᠦᠭᠦᠦ ᠭᠤᠷᠪᠠᠨ ᠤᠯᠠᠷᠢᠯ᠎ᠳᠤ᠂ ᠪᠥᠬᠥ ᠣᠷᠣᠨ᠎ᠤ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭ᠋ᠠᠰᠤᠨ ᠠᠵᠤ ᠠᠬᠤᠶ ᠵᠢᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 5.4%᠎ᠪᠠᠷ ᠨᠡᠮᠡᠭᠳᠡᠵᠦ᠂ ᠳᠡᠭᠡᠷ᠎ᠡ ᠬᠠᠭ᠋ᠠᠰ ᠵᠢᠯ᠎ᠤᠨ᠎ᠬᠢ᠎ᠠᠴᠠ 0.2 ᠵᠠᠭᠤᠨ᠎ᠤ ᠬᠤᠪᠢ ᠵᠢᠨ ᠴᠡᠭ ᠲᠦᠷᠭᠡᠳᠪᠡ᠃ ᠡᠭᠦᠨ᠎ᠤ ᠬᠠᠮᠲᠤ᠂ ᠢᠳᠡᠭᠡᠨ᠎ᠤ ᠲᠣᠮᠣ ᠦᠵᠡᠯᠲᠡ ᠵᠢ ᠢᠳᠡᠪᠬᠢᠲᠡᠶ ᠦᠢ᠍ᠯᠡᠳᠦᠯᠭᠡᠵᠢᠬᠦᠯᠵᠦ᠂ 《ᠬᠣᠯᠢᠰᠢᠨ ᠢᠳᠡᠭᠡᠨ》᠎ᠢ ᠰᠠᠶ᠋ᠢᠲᠤᠷ ᠠᠳᠬᠤᠵᠤ᠂ 《ᠮᠢᠬᠠᠨ ᠫᠢᠯᠠ》 ᠵᠢ ᠲᠣᠭᠲᠠᠪᠤᠷᠢᠵᠢᠭᠤᠯᠵᠤ᠂ ᠪᠥᠬᠥ ᠣᠷᠣᠨ᠎ᠤ ᠢᠳᠡᠰᠢᠨ ᠨᠣᠭᠣᠭ᠎ᠠ ᠵᠢᠴᠢ ᠢᠳᠡᠰᠢᠨ ᠮᠥᠭᠥ ᠵᠢᠨ ᠭᠠᠷᠤᠯᠲᠠ ᠪᠠ ᠭᠠᠬᠠᠶ ᠦᠬᠡᠷ ᠬᠣᠨᠢ ᠵᠢᠭᠦᠷᠲᠡᠨ᠎ᠤ ᠮᠢᠬᠠᠨ᠎ᠤ ᠭᠠᠷᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ ᠲᠣᠰ ᠲᠣᠰ 9.8% ᠪᠠ 5.0%᠎ᠪᠠᠷ ᠨᠡᠮᠡᠭᠳᠡᠵᠦ᠂ ᠳᠡᠭᠡᠷ᠎ᠡ ᠬᠠᠭ᠋ᠠᠰ ᠵᠢᠯ᠎ᠤᠨ᠎ᠬᠢ᠎ᠠᠴᠠ ᠲᠣᠰ ᠲᠣᠰ 1.1 ᠪᠠ 0.7 ᠵᠠᠭᠤᠨ᠎ᠤ ᠬᠤᠪᠢ ᠵᠢᠨ ᠴᠡᠭ

ᠲᠦᠷᠭᠡᠳᠴᠦ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ᠎ᠳᠤ ᠥᠪᠥᠷ ᠮᠣᠩᠭᠣᠯ᠎ᠤᠨ ᠬᠦᠴᠦᠨ ᠴᠢᠳᠠᠯ ᠵᠶ᠋ᠠᠨ ᠡᠷᠭᠦᠪᠡ᠃
    ᠬᠣᠶᠠᠷ᠎ᠲᠤ᠂ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ ᠲᠣᠭᠲᠠᠭᠤᠨ ᠵᠶ᠋ᠠᠷ ᠠᠵᠢᠯᠯᠠᠪᠠ᠃ ᠲᠦᠷᠦᠭᠦᠦ ᠭᠤᠷᠪᠠᠨ ᠤᠯᠠᠷᠢᠯ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 7.2% ᠵᠶ᠋ᠠᠷ ᠨᠡᠮᠡᠭᠳᠡᠪᠡ᠃ ᠬᠡᠳᠦᠶ᠋ᠢᠪᠡᠷ 1-8 ᠰᠠᠷ᠎ᠠ ᠵᠢᠨ᠎ᠬᠢ᠎ᠠᠴᠠ ᠡᠳᠦᠶ ᠲᠡᠳᠦᠶ ᠠᠯᠭᠤᠷ ᠪᠣᠯᠤᠭᠰᠠᠨ ᠪᠣᠯᠪᠠᠴᠤ ᠪᠠᠶ᠋ᠢᠳᠠᠯ᠎ᠢ ᠵᠠᠳᠠᠯᠬᠤ᠎ᠳᠤ ᠣᠳᠣᠬᠠᠨ᠎ᠤ ᠪᠠᠶ᠋ᠢᠳᠠᠯ᠎ᠢ ᠦᠵᠡᠬᠦ ᠬᠡᠷᠡᠭᠲᠡᠶ ᠮᠥᠷᠲᠡᠭᠡᠨ ᠨᠡᠩ ᠴᠤ᠌ ᠬᠥᠭᠵᠢᠯᠲᠡ ᠵᠢᠨ ᠬᠠᠨᠳᠤᠰᠢ ᠵᠢ ᠦᠵᠡᠬᠦ ᠬᠡᠷᠡᠭᠲᠡᠶ᠃ ᠡᠨᠡ ᠵᠢᠯ᠎ᠠᠴᠠ ᠨᠠᠰᠢ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠢᠮᠠᠭᠲᠠ 7%᠎ᠠᠴᠠ ᠳᠡᠭᠡᠭᠰᠢᠬᠢ ᠨᠡᠮᠡᠭᠳᠡᠯ᠎ᠤᠨ ᠬᠤᠷᠳᠤᠴᠠ᠎ᠪᠠᠨ ᠪᠠᠲᠤᠯᠠᠪᠠ᠃ ᠪᠦᠲᠦᠮᠵᠢᠲᠡᠶ ᠬᠡᠷᠡᠭᠴᠡᠭᠡ ᠱᠠᠭ᠋ᠠᠷᠳᠠᠯᠭ᠎ᠠ ᠮᠥᠨ ᠬᠦ᠌ ᠬᠦᠷᠦᠯᠴᠡᠬᠦ ᠥᠬᠡᠶ᠂ ᠪᠥᠭᠡᠮ ᠲᠠᠸᠠᠷ᠎ᠤᠨ ᠦᠨ᠎ᠡ ᠬᠠᠩᠰᠢ ᠵᠢᠨ ᠬᠡᠯᠪᠡᠯᠵᠡᠯᠲᠡ᠎ᠲᠠᠢ ᠪᠠᠶ᠋ᠢᠬᠤ ᠬᠣᠷᠸ᠎ᠠ ᠣᠷᠴᠢᠨ ᠨᠥᠬᠥᠴᠡᠯ ᠳᠤᠤᠷ᠎ᠠ᠂ ᠮᠠᠨ᠎ᠤ ᠣᠷᠣᠨ᠎ᠤ ᠠᠵᠤ ᠦᠢ᠍ᠯᠡᠳᠪᠦᠷᠢ ᠵᠢᠨ ᠠᠵᠤ ᠠᠬᠤᠶ ᠡᠶ᠋ᠢᠮᠦ ᠨᠢᠭᠡᠨ ᠪᠠᠶ᠋ᠢᠳᠠᠯ᠎ᠢ ᠲᠡᠮᠡᠴᠡᠨ ᠣᠯᠵᠤ ᠴᠢᠳᠠᠭᠰᠠᠨ᠎ᠨᠢ ᠲᠤᠶ᠋ᠢᠯ᠎ᠤᠨ ᠬᠢᠯᠪᠠᠷ ᠪᠤᠰᠤ ᠪᠥᠭᠡᠳ ᠮᠠᠨ᠎ᠤ ᠣᠷᠣᠨ᠎ᠤ ᠠᠵᠤ ᠦᠢ᠍ᠯᠡᠳᠪᠦᠷᠢ ᠵᠢᠨ ᠠᠵᠤ ᠠᠬᠤᠶ ᠵᠢᠨ ᠬᠥᠭᠵᠢᠯᠲᠡ ᠵᠢᠨ ᠤᠶᠠᠨ ᠬᠠᠲᠠᠨ ᠴᠢᠨᠠᠷ᠎ᠢ ᠴᠤ᠌ ᠳᠣᠪᠣᠶ᠋ᠢᠯᠭ᠋ᠠᠭᠰᠠᠨ ᠪᠠᠶ᠋ᠢᠨ᠎ᠠ᠃
    ᠠᠵᠤ ᠦᠢ᠍ᠯᠡᠳᠪᠦᠷᠢ ᠵᠢᠨ ᠲᠤᠬᠠᠢ ᠶᠠᠷᠢᠬᠤ᠎ᠳᠤ᠂ ᠣᠳᠣᠬᠠᠨ᠎ᠳᠤ ᠮᠠᠨ᠎ᠤ ᠣᠷᠣᠨ ᠦᠳᠲᠡᠷ ᠲᠦᠷᠭᠡᠨ ᠬᠥᠭᠵᠢᠵᠦ ᠪᠠᠶ᠋ᠢᠭ᠎ᠠ ᠰᠢᠨ᠎ᠡ ᠡᠨᠧᠷᠭᠢ ᠵᠢᠨ ᠠᠵᠤ ᠦᠢ᠍ᠯᠡᠰ᠎ᠢ ᠡᠨᠳᠡ ᠳᠤᠷᠠᠳᠬᠤ ᠦᠭᠡᠢ ᠪᠠᠶ᠋ᠢᠬᠤ ᠵᠢᠨ ᠠᠷᠭ᠎ᠠ ᠦᠭᠡᠢ᠃ ᠤᠯᠠᠨ᠎ᠤ ᠮᠡᠳᠡᠭᠡᠵᠢ᠎ᠪᠠᠷ᠂ ᠮᠠᠨ᠎ᠤ ᠣᠷᠣᠨ ᠰᠢᠨ᠎ᠡ ᠡᠨᠧᠷᠭᠢ ᠵᠢᠨ ᠠᠵᠤ ᠦᠢ᠍ᠯᠡᠰ᠎ᠢ ᠬᠥᠭᠵᠢᠭᠦᠯᠬᠦ ᠲᠠᠯ᠎ᠠ᠎ᠪᠠᠷ ᠥᠪᠡᠷᠮᠢᠴᠡ ᠳᠠᠪᠠᠭᠤᠯᠢᠭ᠎ᠲᠠᠢ ᠶᠤᠮ᠃ ᠡᠨᠡ ᠵᠢᠯ᠎ᠠᠴᠠ ᠨᠠᠰᠢ᠂ ᠪᠥᠬᠥ ᠣᠷᠣᠨ ᠳᠠᠶᠠᠭ᠋ᠠᠷ 《ᠴᠠᠬᠢᠯᠭ᠋ᠠᠨ᠎ᠤ ᠰᠤᠷᠪᠤᠯᠵᠢ ᠵᠢ ᠨᠡᠮᠡᠭᠳᠡᠭᠦᠯᠬᠦ᠂ ᠴᠠᠬᠢᠯᠭ᠋ᠠᠨ᠎ᠤ ᠲᠤᠤᠷ᠎ᠢ ᠰᠢᠯᠢᠳᠡᠭᠵᠢᠭᠦᠯᠬᠦ᠂ ᠰᠢᠩᠭᠡᠭᠡᠨ ᠠᠪᠬᠤ ᠵᠢ ᠥᠷᠭᠡᠳᠬᠡᠬᠦ᠂ ᠨᠥᠭᠡᠴᠡ ᠡᠨᠧᠷᠭᠢ ᠵᠢ ᠴᠢᠩᠭ᠋ᠠᠳᠬᠠᠬᠤ》 ᠵᠢ ᠪᠠᠷᠢᠮᠲᠠᠯᠠᠵᠤ᠂ ᠰᠢᠨ᠎ᠡ ᠡᠨᠧᠷᠭᠢ ᠵᠢᠨ ᠲᠥᠯᠥᠪᠵᠢᠭᠦᠯᠭᠡ ᠪᠠᠶ᠋ᠢᠷᠢᠰᠢᠭᠤᠯᠤᠯᠲᠠ ᠪᠠ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢ ᠨᠢᠭᠡᠳᠦᠯᠲᠡᠶ ᠲᠥᠯᠥᠪᠵᠢᠭᠦᠯᠦᠨ ᠰᠢᠯᠢᠳᠡᠭᠵᠢᠭᠦᠯᠵᠦ᠂ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠬᠥᠭᠵᠢᠯᠲᠡ ᠢᠳᠡᠪᠬᠢᠲᠡᠶ ᠠᠬᠢᠴᠠ᠎ᠲᠠᠢ ᠪᠣᠯᠪᠠ᠃ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ᠎ᠠᠴᠠ ᠦᠵᠡᠪᠡᠯ᠂ ᠲᠦᠷᠦᠭᠦᠦ ᠭᠤᠷᠪᠠᠨ ᠤᠯᠠᠷᠢᠯ᠎ᠳᠤ᠂ ᠪᠥᠬᠥ ᠣᠷᠣᠨ᠎ᠤ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢᠨ ᠰᠢᠨ᠎ᠡ᠎ᠪᠠᠷ ᠨᠡᠮᠡᠭᠳᠡᠭᠰᠡᠨ ᠬᠡᠮᠵᠢᠶ᠎ᠡ ᠠᠳᠠᠯᠢ ᠬᠤᠭᠤᠴᠠᠭ᠋ᠠᠨ᠎ᠤ᠎ᠬᠢ᠎ᠠᠴᠠ 33.6%᠎ᠪᠠᠷ ᠨᠡᠮᠡᠭᠳᠡᠵᠦ᠂ ᠪᠥᠬᠥ ᠣᠷᠣᠨ᠎ᠤ ᠴᠠᠬᠢᠯᠭ᠋ᠠᠨ ᠬᠦᠴᠦᠨ᠎ᠤ ᠮᠠᠰᠢᠨ ᠴᠣᠭᠴᠠᠯᠠᠪᠤᠷᠢ ᠵᠢᠨ ᠬᠡᠪᠴᠢᠶ᠎ᠡ ᠵᠢᠨ ᠨᠡᠮᠡᠭᠳᠡᠯ᠎ᠳᠤ ᠬᠤᠪᠢ ᠨᠡᠮᠡᠷᠢ ᠦᠵᠡᠭᠦᠯᠪᠡ᠃ ᠰᠢᠨ᠎ᠡ ᠡᠨᠧᠷᠭᠢ᠎ᠪᠠᠷ ᠴᠠᠬᠢᠯᠭ᠋ᠠᠨ ᠭᠠᠷᠭ᠋ᠠᠭᠰᠠᠨ ᠪᠠᠶ᠋ᠢᠳᠠᠯ᠎ᠠᠴᠠ ᠦᠵᠡᠪᠡᠯ᠂ ᠲᠦᠷᠦᠭᠦᠦ ᠭᠤᠷᠪᠠᠨ ᠤᠯᠠᠷᠢᠯ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠰᠢᠨ᠎ᠡ ᠡᠨᠧᠷᠭᠢ᠎ᠪᠠᠷ ᠴᠠᠬᠢᠯᠭ᠋ᠠᠨ ᠭᠠᠷᠭ᠋ᠠᠭᠰᠠᠨ ᠬᠡᠮᠵᠢᠶ᠎ᠡ 1347 ᠳ᠋ᠦᠩᠰᠢᠭᠤᠷ ᠺᠢᠯᠤᠸᠠᠲ ᠴᠠᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 23.5%᠎ᠪᠠᠷ ᠨᠡᠮᠡᠭᠳᠡᠵᠦ᠂ ᠪᠥᠬᠥ ᠴᠠᠬᠢᠯᠭ᠋ᠠᠨ ᠭᠠᠷᠭ᠋ᠠᠬᠤ ᠬᠡᠮᠵᠢᠶ᠎ᠡ ᠵᠢᠨ ᠨᠡᠮᠡᠭᠳᠡᠯ᠎ᠤᠨ ᠬᠤᠷᠳᠤᠴᠠ᠎ᠠᠴᠠ 13.9 ᠵᠠᠭᠤᠨ᠎ᠤ ᠬᠤᠪᠢ ᠵᠢᠨ ᠴᠡᠭ ᠥᠨᠳᠥᠷ ᠪᠣᠯᠪᠠ᠃ ᠰᠢᠨ᠎ᠡ ᠡᠨᠧᠷᠭᠢ ᠵᠢᠨ ᠬᠠᠮᠢᠶ᠎ᠠ ᠪᠥᠬᠥᠶ ᠠᠵᠤ ᠦᠢ᠍ᠯᠡᠰ᠎ᠠᠴᠠ ᠦᠵᠡᠪᠡᠯ᠂ ᠲᠦᠷᠦᠭᠦᠦ ᠭᠤᠷᠪᠠᠨ ᠤᠯᠠᠷᠢᠯ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠰᠢᠨ᠎ᠡ ᠡᠨᠧᠷᠭᠢ ᠵᠢᠴᠢ ᠬᠠᠮᠢᠶ᠎ᠠ ᠪᠥᠬᠥᠶ ᠠᠵᠤ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 16.5%᠎ᠪᠠᠷ ᠨᠡᠮᠡᠭᠳᠡᠪᠡ᠃ ᠡᠭᠦᠨ᠎ᠳᠤ᠂ ᠰᠢᠨ᠎ᠡ ᠡᠨᠧᠷᠭᠢ ᠵᠢᠨ ᠲᠣᠨᠣᠭᠯᠠᠯ ᠦᠢ᠍ᠯᠡᠳᠬᠦ ᠦᠢ᠍ᠯᠡᠰ 42.2% ᠵᠶ᠋ᠠᠷ ᠨᠡᠮᠡᠭᠳᠡᠪᠡ᠃
    ᠭᠤᠷᠪᠠ᠎ᠳᠤ᠂ ᠦᠢ᠍ᠯᠡᠴᠢᠯᠡᠭᠡᠨ᠎ᠤ ᠦᠢ᠍ᠯᠡᠰ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠬᠦᠯᠪᠡ᠃ ᠡᠨᠡ ᠵᠢᠯ᠎ᠠᠴᠠ ᠨᠠᠰᠢ᠂ ᠪᠦᠬᠦ ᠣᠷᠣᠨ ᠵᠶ᠋ᠠᠷ ᠵᠶ᠋ᠠᠨ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠤᠨ ᠪᠠᠶ᠋ᠢᠷᠢᠯᠠᠭᠤᠯᠤᠯᠲᠠ ᠶᠣᠰᠣᠭ᠋ᠠᠷ᠂ ᠦᠢ᠍ᠯᠡᠴᠢᠯᠡᠭᠡᠨ᠎ᠤ ᠦᠢ᠍ᠯᠡᠰ ᠢᠯᠠᠩᠭᠤᠶ᠎ᠠ ᠣᠳᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠬᠤᠷᠳᠤᠴᠠ᠎ᠪᠠᠨ ᠲᠦᠷᠭᠡᠳᠬᠡᠬᠦ᠂ ᠶᠠᠰᠤ ᠴᠢᠨᠠᠷ ᠵᠶ᠋ᠠᠨ ᠳᠡᠭᠡᠭᠰᠢᠯᠡᠭᠦᠯᠬᠦ ᠵᠢ ᠪᠦᠬᠦ ᠬᠦᠴᠦᠨ ᠵᠶ᠋ᠠᠷ ᠵᠶ᠋ᠠᠨ ᠲᠦᠯᠬᠢᠨ

ᠠᠬᠢᠭᠤᠯᠪᠠ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠮᠡᠳᠡᠭᠡ ᠵᠠᠩᠭᠢ ᠵᠢᠨ ᠮᠡᠷᠭᠡᠵᠢᠯ ᠵᠶ᠋ᠠᠷ ᠲᠥᠯᠥᠭᠡᠯᠡᠭᠦᠯᠦᠭᠰᠡᠨ ᠣᠳᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠨᠡᠮᠡᠭᠳᠡᠯ᠎ᠤᠨ ᠬᠠᠨᠳᠤᠰᠢ ᠨᠡᠯᠢᠶᠡᠳ ᠰᠠᠶ᠋ᠢᠨ ᠪᠠᠶ᠋ᠢᠨ᠎ᠠ᠃ 1-8 ᠰᠠᠷ᠎ᠠ᠎ᠳᠤ᠂ ᠬᠡᠪᠴᠢᠶᠡᠵᠢᠯ᠎ᠠᠴᠠ ᠳᠡᠭᠡᠭᠰᠢᠬᠢ ᠮᠡᠳᠡᠭᠡ ᠵᠠᠩᠭᠢ ᠵᠢᠨ ᠳᠠᠮᠵᠢᠭᠤᠯᠭ᠎ᠠ᠂ ᠵᠥᠭᠡᠯᠡᠨ ᠲᠣᠨᠣᠭ ᠪᠠ ᠮᠡᠳᠡᠭᠡ ᠵᠠᠩᠭᠢ ᠵᠢᠨ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠡᠵᠡᠩᠨᠡᠯᠲᠡ ᠵᠢᠨ ᠣᠷᠣᠯᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 12.2% ᠵᠶ᠋ᠠᠷ ᠨᠡᠮᠡᠭᠳᠡᠪᠡ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ 《ᠪᠦᠰᠡᠯᠡᠯᠲᠡ ᠵᠢ ᠰᠢᠪᠲᠤᠯᠬᠤ》 ᠢᠨᠵᠧᠨᠧᠷᠢᠩ᠎ᠤᠨ ᠲᠠᠭ᠋ᠠᠭᠤᠯᠭ᠎ᠠ ᠳᠣᠣᠷ᠎ᠠ᠂ ᠬᠡᠪᠴᠢᠶᠡᠵᠢᠯ᠎ᠠᠴᠠ ᠳᠡᠭᠡᠭᠰᠢᠬᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠪᠠ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠡᠵᠡᠩᠨᠡᠯᠲᠡ ᠵᠢᠨ ᠣᠷᠣᠯᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 43.2% ᠵᠶ᠋ᠠᠷ ᠨᠡᠮᠡᠭᠳᠡᠵᠦ᠂ 1-7 ᠰᠠᠷ᠎ᠠ ᠵᠢᠨ᠎ᠬᠢ᠎ᠠᠴᠠ 8.4 ᠵᠠᠭᠤᠨ᠎ᠤ ᠬᠤᠪᠢ ᠵᠢᠨ ᠴᠡᠭ ᠲᠦᠷᠭᠡᠳᠪᠡ; ᠡᠭᠦᠨ᠎ᠤ ᠬᠠᠮᠲᠤ᠂ ᠪᠥᠬᠥ ᠣᠷᠣᠨ᠎ᠳᠤ ᠰᠢᠨ᠎ᠡ ᠨᠢᠭᠡᠨ ᠡᠭᠡᠯᠵᠢ ᠵᠢᠨ ᠠᠭᠤᠷᠬᠠᠶ ᠡᠷᠢᠬᠦ ᠰᠢᠪᠲᠤᠯᠤᠯᠲᠠ ᠵᠢᠨ ᠠᠵᠢᠯᠯᠠᠭ᠎ᠠ ᠵᠢ ᠭᠦᠨᠵᠡᠭᠡᠶ ᠬᠡᠷᠡᠭᠵᠢᠭᠦᠯᠵᠦ᠂ ᠬᠠᠶ᠋ᠢᠨ ᠪᠠᠶ᠋ᠢᠴᠠᠭ᠋ᠠᠵᠤ ᠬᠡᠮᠵᠢᠨ ᠵᠢᠷᠤᠬᠤ᠂ ᠣᠷᠴᠢᠨ ᠲᠣᠭᠣᠷᠢᠨ᠎ᠤ ᠬᠠᠮᠠᠭ᠋ᠠᠯᠠᠯᠲᠠ ᠵᠢᠨ ᠬᠢᠨᠠᠨ ᠬᠡᠮᠵᠢᠯᠲᠡ᠂ ᠪᠠᠷᠢᠯᠭ᠎ᠠ ᠵᠢᠨ ᠵᠢᠷᠤᠭ ᠲᠥᠯᠥᠪᠯᠡᠭᠡ ᠵᠡᠷᠭᠡ ᠲᠤᠬᠠᠶ᠋ᠢᠯᠠᠭᠰᠠᠨ ᠠᠵᠢᠯ᠎ᠤᠨ ᠬᠡᠮᠵᠢᠶ᠎ᠡ ᠶᠡᠬᠡ ᠬᠡᠮᠵᠢᠶ᠎ᠡ᠎ᠪᠠᠷ ᠨᠡᠮᠡᠭᠳᠡᠭᠰᠡᠨ ᠳᠠᠶ᠋ᠢᠴᠢᠯᠠᠯᠲᠠ ᠳᠤᠤᠷ᠎ᠠ᠂ ᠲᠤᠰᠬᠠᠶ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠡᠵᠡᠩᠨᠡᠯᠲᠡ ᠵᠢᠨ ᠣᠷᠣᠯᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 45.7%᠎ᠪᠠᠷ ᠨᠡᠮᠡᠭᠳᠡᠪᠡ᠃
    ᠶᠡᠷᠦᠩᠬᠡᠶ᠎ᠳᠤᠨᠢ ᠠᠪᠴᠤ ᠦᠵᠡᠪᠡᠯ᠂ ᠲᠦᠷᠦᠭᠦᠦ ᠭᠤᠷᠪᠠᠨ ᠤᠯᠠᠷᠢᠯ᠎ᠳᠤ ᠪᠥᠬᠥ ᠣᠷᠣᠨ᠎ᠤ ᠠᠵᠤ ᠠᠬᠤᠶ ᠵᠢᠨ ᠠᠵᠢᠯᠯᠠᠭ᠋ᠠᠨ᠎ᠨᠢ ᠲᠣᠭ᠎ᠠ ᠬᠡᠮᠵᠢᠶᠡᠨ᠎ᠤ ᠵᠦᠶ ᠵᠣᠬᠢᠰᠲᠠᠶ ᠨᠡᠮᠡᠭᠳᠡᠯ ᠪᠠ ᠶᠠᠰᠤ ᠴᠢᠨᠠᠷ᠎ᠤᠨ ᠪᠦᠲᠦᠮᠵᠢᠲᠡᠶ ᠳᠡᠭᠡᠭᠰᠢᠯᠡᠯᠲᠡ ᠵᠢ ᠪᠡᠶᠡᠯᠡᠭᠦᠯᠪᠡ᠃ ᠡᠭᠦᠨ᠎ᠤ ᠵᠡᠷᠭᠡᠴᠡᠭᠡᠪᠡᠷ᠂ ᠬᠣᠷᠸ᠎ᠠ ᠠᠵᠤ ᠠᠬᠤᠢ ᠵᠢᠨ ᠠᠵᠢᠯᠯᠠᠭ᠋ᠠᠨ᠎ᠤ ᠳᠤᠮᠳᠠ ᠵᠠᠷᠢᠮ ᠰᠢᠨ᠎ᠡ ᠪᠠᠶ᠋ᠢᠳᠠᠯ᠂ ᠰᠢᠨ᠎ᠡ ᠬᠤᠪᠢᠷᠠᠯᠲᠠ᠂ ᠪᠦᠲᠦᠮᠵᠢᠲᠡᠢ ᠬᠡᠷᠡᠭᠴᠡᠭᠡ ᠮᠥᠨ ᠯᠡ ᠢᠯᠡᠳᠲᠡ ᠬᠦᠷᠦᠯᠴᠡᠬᠦ ᠦᠭᠡᠢ ᠪᠠᠶ᠋ᠢᠵᠤ᠂ ᠬᠡᠰᠡᠭ ᠠᠵᠢᠯ ᠲᠦᠷᠦᠯ᠎ᠤᠨ ᠠᠵᠤ ᠠᠬᠤᠶ᠋ᠢᠯᠠᠯ᠎ᠤᠨ ᠡᠵᠡᠩᠨᠡᠯᠲᠡ ᠮᠥᠨ ᠯᠡ ᠳᠠᠷᠤᠯᠲᠠ ᠵᠢ ᠳᠠᠭ᠋ᠠᠭ᠋ᠠᠵᠤ ᠪᠠᠶ᠋ᠢᠬᠤ ᠵᠢ ᠴᠤ᠌ ᠲᠣᠳᠣᠷᠬᠠᠢ ᠣᠯᠵᠤ ᠬᠠᠷᠠᠬᠤ ᠬᠡᠷᠡᠭᠲᠡᠢ᠃ ᠭᠡᠪᠡᠴᠦ ᠮᠠᠨ᠎ᠤ ᠣᠷᠣᠨ᠎ᠤ ᠠᠵᠤ ᠠᠬᠤᠶ ᠵᠢᠨ ᠰᠠᠭᠤᠷᠢ ᠪᠠᠶ᠋ᠢᠳᠠᠯ ᠲᠣᠭᠲᠠᠭᠤᠨ᠂ ᠤᠶᠠᠨ ᠬᠠᠲᠠᠨ ᠴᠢᠨᠠᠷ ᠭᠦᠢ᠍ᠴᠡᠳ ᠪᠠᠶ᠋ᠢᠵᠤ᠂ ᠢᠯᠠᠩᠭᠤᠶ᠎ᠠ ᠲᠥᠷᠥ ᠵᠢᠨ ᠪᠣᠳᠣᠯᠭ᠎ᠠ ᠵᠢᠨ ᠦᠷ᠎ᠡ ᠨᠥᠯᠥᠭᠡ ᠲᠠᠰᠤᠷᠠᠯᠲᠠ ᠥᠬᠡᠶ ᠢᠯᠡᠷᠡᠬᠦ ᠵᠢ ᠳᠠᠭ᠋ᠠᠯᠳᠤᠨ᠂ ᠨᠢᠭᠡ ᠪᠦᠯᠦᠭ ᠭᠤᠤᠯᠳᠠᠯᠭ᠎ᠠ᠎ᠲᠠᠢ ᠬᠦᠷᠢᠶ᠎ᠡ ᠵᠠᠩᠭᠢᠯᠠᠭ᠎ᠠ ᠵᠢᠨ ᠭᠣᠭᠴᠣᠭ᠎ᠠ ᠵᠢᠨ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠵᠢ ᠵᠠᠯᠭ᠋ᠠᠭ᠎ᠠ᠎ᠪᠠᠷ ᠨᠡᠶ᠋ᠢᠲᠡᠯᠡᠵᠦ᠂ ᠥᠪᠡᠷᠲᠡᠭᠡᠨ ᠵᠠᠰᠠᠬᠤ ᠣᠷᠣᠨ᠎ᠤ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠬᠤ ᠢᠨᠵᠧᠨᠧᠷᠢᠩ᠎ᠢ ᠭᠦᠨᠵᠡᠭᠡᠶ ᠬᠡᠷᠡᠭᠵᠢᠭᠦᠯᠪᠡ᠂ ᠰᠢ ᠵᠢᠨ ᠫᠢᠩ ᠨᠥᠬᠥᠷ ᠵᠶ᠋ᠠᠷ ᠭᠤᠤᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠳᠠᠭ᠋ᠠᠭᠤᠯᠭ᠎ᠠ ᠳᠤᠤᠷ᠎ᠠ᠂ ᠪᠥᠬᠥ ᠣᠷᠣᠨ ᠳᠠᠶᠠᠭ᠋ᠠᠷ ᠯᠠᠪᠲᠠᠶ 《ᠪᠠᠷᠠᠭ᠋ᠠᠨ ᠡᠭᠦᠯᠡ ᠬᠠᠷᠠᠭ᠎ᠠ ᠬᠠᠯᠬᠠᠯᠠᠬᠤ᠎ᠠᠴᠠ ᠠᠶᠤᠬᠤ ᠥᠬᠡᠶ》 ᠪᠠᠶ᠋ᠢᠯᠳᠤᠬᠤ ᠪᠣᠳᠣᠯᠭ᠎ᠠ ᠵᠢᠨ ᠲᠣᠭᠲᠠᠯ ᠬᠦᠴᠦᠨ ᠵᠶ᠋ᠠᠨ ᠪᠠᠲᠤᠯᠠᠵᠤ᠂ ᠠᠵᠤ ᠠᠬᠤᠶ ᠵᠢᠨ ᠥᠭᠡᠳᠡᠯᠡᠬᠦ᠂ ᠪᠦᠲᠦᠴᠡ ᠵᠢᠨ ᠰᠢᠯᠢᠳᠡᠭᠵᠢᠬᠦ᠂ ᠬᠥᠭᠵᠢᠯᠲᠡ ᠵᠢᠨ ᠰᠠᠶ᠋ᠢᠵᠢᠷᠠᠬᠤ ᠵᠢ ᠪᠥᠬᠥ ᠬᠦᠴᠦᠨ ᠵᠶ᠋ᠠᠷ ᠠᠬᠢᠭᠤᠯᠵᠤ᠂ ᠪᠥᠬᠥ ᠵᠢᠯ᠎ᠤᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠬᠠᠷᠠᠯᠲᠠ ᠡᠭᠦᠷᠭᠡ ᠵᠢ ᠴᠢᠷᠮᠠᠶ᠋ᠢᠨ ᠪᠡᠶᠡᠯᠡᠭᠦᠯᠦᠨ᠎ᠡ ᠭᠡᠳᠡᠭ᠎ᠢ ᠪᠢᠳᠡ ᠪᠠᠲᠤ ᠢᠲᠡᠭᠡᠵᠦ ᠪᠠᠶ᠋ᠢᠨ᠎ᠠ᠃ ᠪᠠᠶᠠᠷᠯᠠᠯ᠎ᠠ!
    《ᠥᠪᠥᠷ ᠮᠣᠩᠭᠣᠯ᠎ᠤᠨ ᠡᠳᠦᠷ᠎ᠤᠨ ᠰᠣᠨᠢᠨ》᠎ᠤ ᠰᠤᠷᠪᠤᠯᠵᠢᠯᠠᠭᠴᠢ᠄
    ᠥᠭᠦᠯᠡᠭᠴᠢ ᠲᠠ ᠰᠠᠶ᠋ᠢᠨ ᠦᠦ᠂ ᠲᠠᠨ᠎ᠤ ᠰᠠᠶᠢ ᠵᠢᠨ ᠨᠡᠶ᠋ᠢᠲᠡᠯᠡᠭᠰᠡᠨ ᠲᠣᠭ᠎ᠠ ᠪᠠᠷᠢᠮᠲᠠ᠎ᠠᠴᠠ ᠦᠵᠡᠪᠡᠯ᠂ ᠪᠥᠬᠥ ᠣᠷᠣᠨ᠎ᠤ ᠲᠦᠷᠦᠭᠦᠦ ᠭᠤᠷᠪᠠᠨ ᠤᠯᠠᠷᠢᠯ᠎ᠳᠤ ᠠᠵᠤ ᠦᠢ᠍ᠯᠡᠳᠪᠦᠷᠢ ᠵᠢᠨ ᠠᠵᠤ ᠠᠬᠤᠶ ᠲᠣᠭᠲᠠᠭᠤᠨ ᠵᠶ᠋ᠠᠷ ᠬᠥᠭᠵᠢᠪᠡ᠃ ᠲᠡᠭᠡᠪᠡᠯ᠂ ᠠᠵᠤ ᠦᠢ᠍ᠯᠡᠳᠪᠦᠷᠢ ᠵᠢᠨ ᠠᠵᠤ ᠠᠬᠤᠶ ᠵᠢᠨ ᠲᠣᠭᠲᠠᠭᠤᠨ ᠠᠵᠢᠯᠯᠠᠭ᠋ᠠᠨ᠎ᠢ ᠲᠤᠯᠭ᠋ᠠᠭᠤᠷᠢᠯᠠᠬᠤ ᠬᠦᠴᠦᠨ ᠵᠦᠢ᠍ᠯ᠎ᠨᠢ ᠶᠠᠭᠤ ᠪᠣᠶ? ᠪᠠᠶᠠᠷᠯᠠᠯ᠎ᠠ᠃

 

2024年前三季度全区经济运行新闻发布会答记者问4.jpg


    ᠸᠠᠩ ᠴᠤᠸᠠᠨ ᠵᠢᠩ᠄ ᠲᠠᠨ᠎ᠤ ᠠᠰᠠᠭᠤᠭᠰᠠᠨ᠎ᠳᠤ ᠪᠠᠶᠠᠷᠯᠠᠯ᠎ᠠ᠃ ᠬᠣᠷᠸ᠎ᠠ ᠲᠥᠷᠥ ᠵᠢᠨ ᠪᠣᠳᠣᠯᠭ᠎ᠠ ᠵᠢᠨ ᠬᠦᠴᠦᠯᠡᠬᠦ ᠪᠠ ᠦᠷ᠎ᠡ ᠪᠦᠲᠦᠮᠵᠢ ᠭᠠᠷᠭ᠋ᠠᠬᠤ᠂ ᠵᠠᠬ᠎ᠠ ᠳᠡᠯᠭᠡᠭᠦᠷ᠎ᠤᠨ ᠭᠤᠤᠯ ᠴᠣᠭᠴᠠ ᠵᠢ ᠲᠦᠷᠭᠡᠳᠬᠡᠨ ᠪᠣᠶ᠋ᠢᠵᠢᠭᠤᠯᠬᠤ ᠵᠢᠴᠢ ᠰᠢᠨ᠎ᠡ ᠬᠥᠳᠡᠯᠭᠡᠭᠴᠢ ᠡᠨᠧᠷᠭᠢ ᠵᠢ ᠲᠦᠷᠭᠡᠳᠬᠡᠨ ᠪᠣᠶ᠋ᠢᠵᠢᠭᠤᠯᠬᠤ ᠵᠡᠷᠭᠡ ᠬᠦᠴᠦᠨ ᠵᠦᠢ᠍ᠯ᠎ᠤᠨ ᠶᠡᠷᠦᠩᠬᠡᠶ᠋ᠢᠯᠡᠭᠰᠡᠨ ᠦᠢ᠍ᠯᠡᠳᠦᠯ ᠳᠤᠤᠷ᠎ᠠ᠂ ᠪᠥᠬᠥ ᠣᠷᠣᠨ᠎ᠤ ᠠᠵᠤ ᠦᠢ᠍ᠯᠡᠳᠪᠦᠷᠢ ᠵᠢᠨ  ᠦᠢ᠍ᠯᠡᠳᠪᠦᠷᠢᠯᠡᠯ ᠶᠡᠷᠦᠩᠬᠡᠶ᠎ᠳᠡᠭᠡᠨ ᠲᠣᠭᠲᠠᠭᠤᠨ ᠪᠠᠶ᠋ᠢᠵᠤ᠂ ᠠᠵᠤ ᠦᠢ᠍ᠯᠡᠰ᠎ᠤᠨ ᠪᠦᠲᠦᠴᠡ ᠦᠷᠭᠦᠯᠵᠢᠯᠡᠨ ᠰᠢᠯᠢᠳᠡᠭᠵᠢᠪᠡ᠃ ᠪᠣᠳᠠᠲᠠᠶ᠎ᠪᠠᠷ ᠦᠵᠡᠪᠡᠯ᠂ ᠠᠵᠤ ᠦᠢ᠍ᠯᠡᠳᠪᠦᠷᠢ ᠵᠢᠨ ᠲᠣᠭᠲᠠᠭᠤᠨ ᠨᠡᠮᠡᠭᠳᠡᠯ᠎ᠢ ᠲᠤᠯᠭ᠋ᠠᠭᠤᠷᠢᠯᠠᠬᠤ ᠢᠳᠡᠪᠬᠢ ᠬᠦᠴᠦᠨ ᠵᠦᠢ᠍ᠯ᠎ᠨᠢ ᠭᠤᠤᠯᠳᠠᠭᠤ ᠭᠤᠷᠪᠠᠨ ᠲᠠᠯ᠎ᠠ᠎ᠪᠠᠷ ᠢᠯᠡᠷᠡᠵᠦ ᠪᠠᠶ᠋ᠢᠨ᠎ᠠ᠃
    ᠨᠢᠭᠡ᠎ᠳᠤ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠲᠣᠭ᠎ᠠ 4000 ᠵᠢ ᠳᠠᠪᠠᠪᠠ᠃ ᠡᠨᠡ ᠵᠢᠯ᠎ᠤᠨ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠳᠤ 《ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠢ 4000᠎ᠠᠴᠠ ᠳᠡᠭᠡᠭᠰᠢ ᠪᠣᠯᠭ᠋ᠠᠬᠤ᠎ᠪᠠᠷ ᠴᠢᠷᠮᠠᠶ᠋ᠢᠨ᠎ᠠ》 ᠭᠡᠵᠦ ᠳᠤᠷᠠᠳᠴᠠᠶ᠃ 9 ᠳ᠋ᠤᠭᠡᠷ ᠰᠠᠷ᠎ᠠ ᠵᠢᠨ ᠡᠴᠦᠰ ᠪᠣᠯᠲᠠᠯ᠎ᠠ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ 4004 ᠪᠠᠶ᠋ᠢᠵᠤ᠂ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 266 ᠡᠷᠦᠬᠡ ᠴᠡᠪᠡᠷ ᠨᠡᠮᠡᠭᠳᠡᠵᠦ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠤᠨ 2.7 ᠵᠠᠭᠤᠨ᠎ᠤ ᠬᠤᠪᠢ ᠵᠢᠨ ᠴᠡᠭ ᠨᠡᠮᠡᠭᠳᠡᠬᠦ ᠵᠢ ᠳᠠᠶ᠋ᠢᠴᠢᠯᠠᠵᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠲᠤ ᠦᠵᠡᠭᠦᠯᠦᠭᠰᠡᠨ ᠬᠤᠪᠢ ᠨᠡᠮᠡᠷᠢ ᠵᠢᠨ ᠨᠣᠷᠮ᠎ᠠ᠎ᠨᠢ 37.5% ᠪᠣᠯᠪᠠ᠃ 《ᠠᠷᠪᠠᠨ ᠳᠥᠷᠪᠡᠳᠦᠭᠡᠷ ᠲᠠᠪᠤᠨ ᠵᠢᠯ》᠎ᠠᠴᠠ ᠨᠠᠭ᠋ᠠᠰᠢ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠲᠣᠭ᠎ᠠ 2021 ᠣᠨ᠎ᠤ ᠡᠬᠢᠨ᠎ᠤ 3011 ᠡᠷᠦᠬᠡ ᠪᠠᠶ᠋ᠢᠭᠰᠠᠨ᠎ᠠᠴᠠ᠎ᠪᠠᠨ ᠣᠲᠣ 4004 ᠡᠷᠦᠬᠡ ᠪᠣᠯᠵᠣ ᠨᠡᠮᠡᠭᠳᠡᠨ᠂ 993 ᠡᠷᠦᠬᠡ ᠴᠡᠪᠡᠷ ᠨᠡᠮᠡᠭᠳᠡᠵᠦ᠂ 1000 ᠰᠢᠬᠠᠮ ᠰᠢᠨ᠎ᠡ᠎ᠪᠠᠷ ᠨᠡᠮᠡᠭᠳᠡᠭᠰᠡᠨ ᠠᠵᠤ ᠠᠬᠤᠶ᠋ᠢᠯᠠᠯ ᠪᠥᠬᠥ ᠣᠷᠣᠨ᠎ᠤ ᠠᠵᠤ ᠦᠢ᠍ᠯᠡᠳᠪᠦᠷᠢ ᠵᠢᠨ ᠠᠵᠤ ᠠᠬᠤᠶ᠎ᠳᠤ ᠰᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠪᠡ᠃
    ᠬᠣᠶᠠᠷ᠎ᠲᠤ᠂ ᠡᠨᠧᠷᠭᠢ ᠵᠢᠨ ᠠᠵᠤ ᠦᠢ᠍ᠯᠡᠳᠪᠦᠷᠢ ᠠᠵᠤ ᠦᠢ᠍ᠯᠡᠳᠪᠦᠷᠢ ᠵᠢᠨ ᠨᠡᠮᠡᠭᠳᠡᠯ᠎ᠢ ᠬᠦᠴᠦᠲᠡᠶ ᠲᠤᠯᠭ᠋ᠠᠭᠤᠷᠢᠯᠠᠪᠠ᠃ ᠡᠨᠡ ᠵᠢᠯ᠎ᠠᠴᠠ ᠨᠠᠭ᠋ᠠᠰᠢ᠂ ᠪᠥᠬᠥ ᠣᠷᠣᠨ ᠳᠠᠶᠠᠭ᠋ᠠᠷ ᠡᠨᠧᠷᠭᠢ ᠵᠢᠨ ᠬᠠᠩᠭ᠋ᠠᠯᠭ᠎ᠠ ᠵᠢ ᠪᠠᠲᠤᠯᠠᠬᠤ ᠴᠢᠳᠠᠪᠤᠷᠢ᠎ᠪᠠᠨ ᠶᠡᠬᠡ᠎ᠪᠠᠷ ᠳᠡᠭᠡᠭᠰᠢᠯᠡᠭᠦᠯᠵᠦ᠂ ᠣᠨᠴᠠᠭ᠋ᠠᠶ ᠴᠠᠭ ᠠᠭᠤᠷ ᠣᠯᠠᠨ᠂ ᠴᠠᠬᠢᠯᠭ᠋ᠠᠨ ᠬᠡᠷᠡᠭᠯᠡᠬᠦ ᠳᠠᠭ᠋ᠠᠭ᠋ᠠᠴᠠ ᠥᠨᠳᠥᠷ᠂ ᠠᠵᠢᠯᠯᠠᠭ᠋ᠠᠨ᠎ᠤ ᠠᠶᠤᠯ ᠲᠦᠭᠰᠢᠭᠦᠷᠢ ᠶᠡᠬᠡ ᠵᠡᠷᠭᠡ ᠣᠯᠠᠨ ᠳᠠᠪᠬᠤᠷ ᠰᠢᠯᠭ᠋ᠠᠯᠲᠠ ᠵᠢ ᠪᠦᠲᠦᠮᠵᠢᠲᠡᠶ ᠠᠷᠭ᠋ᠠᠴᠠᠵᠤ᠂ ᠤᠯᠤᠰ᠎ᠤᠨ ᠡᠨᠧᠷᠭᠢ ᠵᠢᠨ ᠠᠮᠤᠷ ᠲᠦᠪᠰᠢᠨ᠎ᠢ ᠪᠠᠲᠤᠯᠠᠬᠤ᠎ᠳᠤ ᠥᠪᠥᠷ ᠮᠣᠩᠭᠣᠯ᠎ᠤᠨ ᠬᠦᠴᠦᠨ ᠴᠢᠳᠠᠯ ᠵᠶ᠋ᠠᠨ ᠡᠷᠭᠦᠪᠡ᠃ ᠲᠦᠷᠦᠭᠦᠦ ᠭᠤᠷᠪᠠᠨ ᠤᠯᠠᠷᠢᠯ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠲᠦᠭᠦᠬᠡᠶ ᠨᠡᠭᠦᠷᠡᠰᠦᠨ᠎ᠤ ᠭᠠᠷᠤᠯᠲᠠ ᠪᠠ ᠴᠠᠬᠢᠯᠭ᠋ᠠᠨ ᠭᠠᠷᠭ᠋ᠠᠬᠤ ᠬᠡᠮᠵᠢᠶ᠎ᠡ ᠪᠥᠬᠥ ᠤᠯᠤᠰ᠎ᠤᠨ ᠲᠡᠷᠢᠭᠦᠨ᠎ᠳᠤ ᠣᠷᠣᠵᠤ᠂ ᠨᠡᠮᠡᠭᠳᠡᠯ᠎ᠤᠨ ᠪᠠᠶ᠋ᠢᠳᠠᠯ ᠵᠶ᠋ᠠᠨ ᠪᠠᠲᠤᠯᠠᠪᠠ᠃ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠡᠨᠧᠷᠭᠢ ᠵᠢᠨ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 5.8%᠎ᠪᠠᠷ ᠨᠡᠮᠡᠭᠳᠡᠵᠦ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ᠎ᠢ 3.9 ᠵᠠᠭᠤᠨ᠎ᠤ ᠬᠤᠪᠢ ᠵᠢᠨ ᠴᠡᠭ ᠳᠠᠶ᠋ᠢᠴᠢᠯᠠᠪᠠ᠃
    ᠭᠤᠷᠪᠠ᠎ᠳᠤ᠂ ᠬᠥᠭᠵᠢᠯᠲᠡ ᠵᠢᠨ ᠰᠢᠨ᠎ᠡ ᠬᠥᠳᠡᠯᠭᠡᠭᠴᠢ ᠡᠨᠧᠷᠭᠢ ᠦᠷᠭᠦᠯᠵᠢᠯᠡᠨ ᠴᠢᠩᠭ᠋ᠠᠷᠠᠪᠠ᠃ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠪᠣᠯᠤᠨ ᠵᠠᠰᠠᠭ᠎ᠤᠨ ᠣᠷᠳᠣᠨ ᠬᠥᠭᠵᠢᠯᠲᠡ ᠵᠢᠨ ᠰᠢᠨ᠎ᠡ ᠬᠥᠳᠡᠯᠭᠡᠬᠦ ᠡᠨᠧᠷᠭᠢ ᠵᠢ ᠪᠣᠶ᠋ᠢᠵᠢᠭᠤᠯᠤᠨ ᠪᠤᠵᠠᠭ᠋ᠠᠶ᠋ᠢᠷᠠᠭᠤᠯᠬᠤ ᠵᠢ ᠢᠮᠠᠭᠲᠠ ᠪᠠᠷᠢᠮᠲᠠᠯᠠᠵᠤ᠂ ᠨᠡᠩ ᠤᠯᠠᠨ ᠰᠢᠨ᠎ᠡ ᠠᠵᠤ ᠠᠬᠤᠢ ᠵᠢᠨ ᠨᠡᠮᠡᠭᠳᠡᠯ᠎ᠤᠨ ᠴᠡᠭ᠎ᠢ ᠪᠦᠷᠢᠯᠳᠦᠭᠦᠯᠬᠦ ᠵᠢ ᠠᠬᠢᠭᠤᠯᠪᠠ᠃  ᠰᠠᠯᠬᠢ ᠬᠡᠷᠡᠯ ᠴᠠᠬᠢᠯᠭ᠋ᠠᠨ ᠵᠡᠷᠭᠡ ᠴᠡᠪᠡᠷ ᠡᠨᠧᠷᠭᠢ ᠵᠢ ᠶᠡᠬᠡᠪᠡᠷ ᠬᠥᠭᠵᠢᠭᠦᠯᠬᠦ ᠵᠢᠨ ᠬᠠᠮᠲᠤ᠂ ᠠᠷᠭ᠎ᠠ ᠪᠦᠬᠦᠨ᠎ᠢ ᠰᠦᠪᠡᠭᠴᠢᠯᠡᠵᠦ ᠪᠠᠶ᠋ᠢᠭ᠋ᠠᠳ ᠤᠯᠠᠮᠵᠢᠯᠠᠯᠲᠤ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠵᠢ ᠠᠬᠢᠭᠤᠯᠵᠤ᠂ ᠦᠢ᠍ᠯᠡᠳᠬᠦ ᠦᠢ᠍ᠯᠡᠰ᠎ᠤᠨ ᠳᠡᠭᠡᠳᠦ ᠦᠵᠦᠭᠦᠷᠵᠢᠬᠦ᠂ ᠤᠶᠤᠨᠵᠢᠬᠤ᠂ ᠪᠣᠬᠢᠷᠲᠤᠯ ᠥᠬᠡᠶ ᠬᠥᠭᠵᠢᠬᠦ ᠵᠢ ᠲᠦᠷᠭᠡᠳᠬᠡᠨ ᠠᠬᠢᠭᠤᠯᠪᠠ᠃ ᠪᠢᠳᠡᠨ᠎ᠤ ᠪᠦᠷᠢᠳᠬᠡᠯ᠎ᠤᠨ ᠲᠣᠭ᠎ᠠ ᠪᠠᠷᠢᠮᠲᠠ᠎ᠠᠴᠠ ᠦᠵᠡᠪᠡᠯ᠂ ᠡᠨᠡ ᠲᠠᠯ᠎ᠠ ᠵᠢᠨ ᠦᠷ᠎ᠡ ᠳ᠋ᠦᠩ ᠪᠠᠰᠠ ᠨᠡᠯᠢᠶᠡᠳ ᠢᠯᠡᠷᠬᠡᠶ᠃ ᠲᠦᠷᠦᠭᠦᠦ ᠭᠤᠷᠪᠠᠨ ᠤᠯᠠᠷᠢᠯ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠲᠣᠨᠣᠭ ᠲᠥᠬᠥᠭᠡᠷᠦᠮᠵᠢ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 41.8%᠎ᠪᠠᠷ ᠨᠡᠮᠡᠭᠳᠡᠵᠦ᠂ ᠬᠣᠪᠣᠷ ᠰᠢᠷᠣᠶ ᠵᠢᠨ ᠠᠵᠤ ᠦᠢ᠍ᠯᠡᠰ᠎ᠤᠨ ᠨᠡᠮᠡᠭᠳᠡᠯ ᠥᠷᠲᠡᠭ 43.4%᠎ᠪᠠᠷ ᠨᠡᠮᠡᠭᠳᠡᠵᠦ᠂ ᠲᠣᠰ ᠲᠣᠰ 9 ᠰᠠᠷ᠎ᠠ ᠪᠠ 15 ᠰᠠᠷ᠎ᠠ ᠳᠠᠷᠠᠭ᠋ᠠᠯᠠᠨ ᠬᠣᠶᠠᠷ ᠣᠷᠣᠨᠲᠤ ᠲᠣᠭ᠎ᠠ᠎ᠪᠠᠷ ᠨᠡᠮᠡᠭᠳᠡᠵᠦ᠂ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ᠎ᠨᠢ ᠨᠢᠳᠤᠨᠤᠨ᠎ᠤ ᠠᠳᠠᠯᠢ ᠬᠤᠭᠤᠴᠠᠭ᠋ᠠᠨ᠎ᠳᠤ 20.0%᠎ᠪᠠᠷ ᠨᠡᠮᠡᠭᠳᠡᠭᠰᠡᠨ ᠥᠨᠳᠥᠷ ᠰᠠᠭᠤᠷᠢ ᠵᠢᠨ ᠬᠤᠭᠤᠴᠠᠭ᠋ᠠᠨ᠎ᠳᠤ 31.6%᠎ᠪᠠᠷ ᠦᠷᠭᠦᠯᠵᠢᠯᠡᠨ ᠨᠡᠮᠡᠭᠳᠡᠵᠦ᠂ ᠠᠵᠤ ᠦᠢ᠍ᠯᠡᠳᠪᠦᠷᠢ ᠵᠢᠨ ᠠᠵᠤ ᠠᠬᠤᠶ ᠵᠢᠨ ᠰᠢᠨ᠎ᠡ ᠨᠡᠮᠡᠭᠳᠡᠯ᠎ᠤᠨ ᠴᠡᠭ᠎ᠢ ᠲᠦᠷᠭᠡᠳᠬᠡᠨ ᠪᠣᠶ᠋ᠢᠵᠢᠭᠤᠯᠵᠤ ᠭᠠᠷᠭ᠋ᠠᠪᠠ᠃
    ᠶᠡᠷᠦᠩᠬᠡᠶ᠋ᠢᠯᠡᠪᠡᠯ᠂ ᠲᠦᠷᠦᠭᠦᠦ ᠭᠤᠷᠪᠠᠨ ᠤᠯᠠᠷᠢᠯ᠎ᠳᠤ᠂ ᠮᠠᠨ᠎ᠤ ᠣᠷᠣᠨ᠎ᠤ ᠠᠵᠤ ᠦᠢ᠍ᠯᠡᠳᠪᠦᠷᠢ ᠵᠢᠨ ᠠᠵᠤ ᠠᠬᠤᠶ ᠲᠣᠭᠲᠠᠭᠤᠨ ᠨᠡᠮᠡᠭᠳᠡᠯ᠎ᠤᠨ ᠪᠠᠶ᠋ᠢᠳᠠᠯ ᠵᠶ᠋ᠠᠨ ᠪᠠᠲᠤᠯᠠᠵᠤ᠂ ᠪᠥᠬᠥ ᠣᠷᠣᠨ᠎ᠤ ᠠᠵᠤ ᠠᠬᠤᠶ ᠵᠢᠨ ᠲᠣᠭᠲᠠᠭᠤᠨ ᠨᠡᠮᠡᠭᠳᠡᠯ᠂ ᠲᠣᠭᠲᠠᠭᠤᠨ ᠠᠵᠢᠯᠯᠠᠭ᠋ᠠᠨ᠎ᠳᠤ ᠪᠠᠲᠤ ᠪᠠᠬᠢ ᠰᠠᠭᠤᠷᠢ ᠵᠢ ᠲᠠᠯᠪᠢᠵᠤ ᠥᠭᠴᠡᠶ᠃ ᠡᠭᠦᠨ᠎ᠤ ᠬᠠᠮᠲᠤ᠂ ᠣᠳᠣᠬᠠᠨ᠎ᠤ ᠵᠠᠬ᠎ᠠ ᠳᠡᠯᠭᠡᠭᠦᠷ᠎ᠤᠨ ᠬᠡᠷᠡᠭᠴᠡᠭᠡ ᠱᠠᠭ᠋ᠠᠷᠳᠠᠯᠭ᠎ᠠ ᠬᠦᠷᠦᠯᠴᠡᠬᠦ ᠥᠬᠡᠶ᠂ ᠠᠵᠤ ᠦᠢ᠍ᠯᠡᠳᠪᠦᠷᠢ ᠵᠢᠨ ᠦᠢ᠍ᠯᠡᠳᠬᠦᠨ᠎ᠤ ᠦᠨ᠎ᠡ ᠬᠠᠩᠰᠢ ᠳᠤᠤᠷ᠎ᠠ᠂ ᠠᠵᠤ ᠠᠬᠤᠶ᠋ᠢᠯᠠᠯ᠎ᠤᠨ ᠠᠰᠢᠭ ᠣᠯᠵᠠᠪᠤᠷᠢ ᠵᠢᠨ ᠬᠢᠷᠢ ᠬᠡᠮᠵᠢᠶ᠎ᠡ ᠨᠡᠯᠢᠶᠡᠳ ᠳᠤᠤᠷ᠎ᠠ ᠪᠠᠶ᠋ᠢᠬᠤ ᠵᠡᠷᠭᠡ ᠬᠦᠴᠢᠷᠳᠡᠯ ᠮᠥᠨ ᠬᠦ᠌ ᠣᠷᠣᠰᠢᠵᠤ ᠪᠠᠶ᠋ᠢᠬᠤ ᠵᠢ ᠣᠯᠵᠤ ᠬᠠᠷᠠᠬᠤ ᠬᠡᠷᠡᠭᠲᠡᠶ᠂ ᠭᠡᠪᠡᠴᠦ ᠦᠯᠡᠳᠡᠭᠡᠯ ᠲᠥᠷᠥ ᠵᠢᠨ ᠪᠣᠳᠣᠯᠭ᠎ᠠ ᠪᠠ ᠨᠡᠮᠡᠭᠳᠡᠯ᠎ᠤᠨ ᠲᠥᠷᠥ ᠵᠢᠨ ᠪᠣᠳᠣᠯᠭ᠎ᠠ ᠵᠢ ᠠᠯᠬᠤᠮ ᠠᠯᠬᠤᠮ ᠵᠶ᠋ᠠᠷ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠵᠢ ᠳᠠᠭ᠋ᠠᠯᠳᠤᠨ᠂ ᠰᠢᠨ᠎ᠡ᠎ᠪᠠᠷ ᠪᠣᠶ ᠪᠣᠯᠤᠭᠰᠠᠨ ᠠᠵᠤ ᠦᠢ᠍ᠯᠡᠰ᠎ᠤᠨ ᠬᠥᠭᠵᠢᠨ ᠪᠤᠵᠠᠭ᠋ᠠᠶ᠋ᠢᠷᠬᠠᠤ᠎ᠨᠢ ᠴᠦ᠍ ᠪᠥᠬᠥ ᠣᠷᠣᠨ᠎ᠤ ᠠᠵᠤ ᠦᠢ᠍ᠯᠡᠳᠪᠦᠷᠢ ᠵᠢᠨ ᠠᠵᠤ ᠠᠬᠤᠶ ᠵᠢᠨ ᠬᠥᠭᠵᠢᠯᠲᠡ᠎ᠳᠤ ᠨᠠᠩ ᠣᠯᠠᠨ ᠬᠥᠳᠡᠯᠭᠡᠬᠦ ᠬᠦᠴᠦᠨ ᠬᠠᠩᠭ᠋ᠠᠵᠤ᠂ ᠠᠵᠤ ᠦᠢ᠍ᠯᠡᠳᠪᠦᠷᠢ ᠵᠢᠨ ᠲᠣᠭ᠎ᠠ ᠬᠡᠮᠵᠢᠶ᠎ᠡ ᠵᠢ ᠨᠡᠮᠡᠭᠳᠡᠭᠦᠯᠦᠨ ᠴᠢᠨᠠᠷ ᠴᠢᠨᠰᠠᠭ᠎ᠠ ᠵᠢ ᠨᠡᠮᠡᠭᠳᠡᠭᠦᠯᠵᠦ᠂ ᠯᠠᠪᠳᠠᠭᠤᠨ ᠵᠶ᠋ᠠᠷ ᠬᠣᠯᠠ ᠠᠶᠠᠯᠠᠬᠤ ᠵᠢ ᠠᠬᠢᠭᠤᠯᠬᠤ ᠪᠣᠯᠤᠨ᠎ᠠ᠃ ᠪᠠᠶᠠᠷᠯᠠᠯ᠎ᠠ᠃
    ᠲᠥᠪ ᠷᠠᠳᠢᠤ᠋ ᠨᠡᠪᠲᠡᠷᠡᠬᠦᠯᠪᠡ ᠵᠢᠨ ᠰᠦᠯᠵᠢᠶᠡᠨ᠎ᠤ ᠰᠤᠷᠪᠤᠯᠵᠢᠯᠠᠭᠴᠢ᠄

    ᠡᠨᠡ ᠵᠢᠯ᠎ᠠᠴᠠ ᠨᠠᠰᠢ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠠᠴᠠ ᠪᠠᠯᠠ ᠣᠷᠣᠭᠤᠯᠤᠯᠲᠠ ᠵᠢ ᠲᠣᠭᠲᠠᠪᠤᠷᠢᠵᠢᠭᠤᠯᠬᠤ ᠠᠯᠢ ᠣᠯᠠᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠵᠠᠯᠭ᠋ᠠᠭ᠎ᠠ᠎ᠪᠠᠷ ᠨᠡᠶ᠋ᠢᠲᠡᠯᠡᠪᠡ᠂ ᠲᠥᠷᠥ ᠵᠢᠨ ᠪᠣᠳᠣᠯᠭ᠎ᠠ ᠵᠢᠨ ᠦᠷ᠎ᠡ ᠪᠦᠲᠦᠮᠵᠢ ᠶᠠᠮᠠᠷ ᠵᠡᠷᠭᠡ ᠪᠣᠶ? ᠪᠠᠶᠠᠷᠯᠠᠯ᠎ᠠ᠃

 

2024年前三季度全区经济运行新闻发布会答记者问5.jpg


    ᠸᠠᠩ ᠴᠤᠸᠠᠨ ᠵᠢᠩ᠄ ᠲᠠᠨ᠎ᠤ ᠠᠰᠠᠭᠤᠭᠰᠠᠨ᠎ᠳᠤ ᠪᠠᠶᠠᠷᠯᠠᠯ᠎ᠠ᠃ ᠡᠨᠡ ᠵᠢᠯ᠎ᠠᠴᠠ ᠨᠠᠭ᠋ᠠᠰᠢ᠂ ᠮᠠᠨ᠎ᠤ ᠣᠷᠣᠨ 《ᠥᠪᠥᠷ ᠮᠣᠩᠭᠣᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠲᠤᠬᠠᠶ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ》᠎ᠢ ᠪᠣᠳᠠᠲᠠᠶ᠎ᠳᠤ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠣᠯᠵᠤ᠂ 43 ᠤᠯᠤᠰ᠎ᠤᠨ ᠶᠠᠮᠤᠨ ᠵᠥᠪᠯᠡᠯ᠂ ᠨᠢᠭᠡᠴᠢ ᠢᠵᠢ ᠪᠦᠷᠢᠳᠦᠭᠦᠯᠬᠦ ᠲᠥᠷᠥ ᠵᠢᠨ ᠪᠣᠳᠣᠯᠭ᠎ᠠ ᠵᠢ 47 ᠵᠦᠢ᠍ᠯ ᠨᠡᠶ᠋ᠢᠲᠡᠯᠡᠵᠦ᠂ 800᠎ᠠᠴᠠ ᠳᠡᠭᠡᠭᠰᠢᠬᠢ ᠨᠠᠷᠢᠯᠢᠬ᠍ᠵᠢᠭᠤᠯᠤᠭᠰᠠᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠤᠷᠲᠤᠳᠬᠠᠨ ᠥᠷᠭᠡᠳᠬᠡᠵᠦ᠂ ᠥᠪᠥᠷ ᠮᠣᠩᠭᠣᠯ᠎ᠳᠤ 《ᠦᠨ᠎ᠡ ᠥᠷᠲᠡᠭ》 ᠭᠦᠢ᠍ᠴᠡᠳ ᠲᠥᠷᠥ ᠵᠢᠨ ᠪᠣᠳᠣᠯᠭ᠎ᠠ ᠵᠢᠨ ᠳᠡᠮᠵᠢᠯᠭᠡ ᠦᠵᠡᠭᠦᠯᠵᠡᠶ᠃ ᠡᠭᠦᠨ᠎ᠤ ᠬᠠᠮᠲᠤ᠂ ᠮᠠᠨ᠎ᠤ ᠣᠷᠣᠨ ᠠᠩᠬᠠᠷᠤᠯ ᠵᠶ᠋ᠠᠨ ᠲᠥᠪᠯᠡᠷᠡᠭᠦᠯᠦᠨ ᠬᠦᠴᠦᠨ ᠵᠶ᠋ᠠᠨ ᠲᠥᠪᠯᠡᠷᠡᠭᠦᠯᠵᠦ ᠬᠣᠶᠠᠷ ᠶᠡᠬᠡ ᠶᠠᠪᠤᠳᠠᠯ᠎ᠢ ᠰᠠᠶ᠋ᠢᠲᠤᠷ ᠬᠢᠵᠦ᠂ 《ᠵᠢᠷᠭᠤᠭ᠋ᠠᠨ

ᠢᠨᠵᠧᠨᠧᠷᠢᠩ》᠎ᠢ ᠲᠦᠷᠭᠡᠳᠬᠡᠨ ᠠᠬᠢᠭᠤᠯᠵᠤ᠂ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠦᠷᠭᠦᠯᠵᠢᠯᠡᠨ ᠰᠢᠯᠢᠳᠡᠭᠵᠢᠭᠦᠯᠵᠦ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠵᠢ ᠣᠨᠣᠴᠠᠲᠠᠶ ᠥᠷᠨᠢᠭᠦᠯᠵᠦ᠂ ᠪᠠᠯᠠ ᠣᠷᠣᠭᠤᠯᠤᠯᠲᠠ ᠵᠢ ᠲᠣᠭᠲᠠᠪᠤᠷᠢᠵᠢᠭᠤᠯᠬᠤ ᠲᠠᠯ᠎ᠠ᠎ᠪᠠᠷ ᠢᠯᠡᠳᠲᠡ ᠦᠷ᠎ᠡ ᠪᠦᠲᠦᠮᠵᠢ ᠤᠯᠪᠠ᠃ ᠲᠦᠷᠦᠭᠦᠦ ᠭᠤᠷᠪᠠᠨ ᠤᠯᠠᠷᠢᠯ᠎ᠳᠤ᠂ ᠪᠥᠬᠥ ᠣᠷᠣᠨ᠎ᠤ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 11.0%᠎ᠪᠠᠷ ᠨᠡᠮᠡᠭᠳᠡᠵᠦ᠂ ᠪᠥᠬᠥ ᠤᠯᠤᠰ᠎ᠤᠨ ᠬᠣᠶᠠᠷ ᠣᠷᠣᠨᠲᠤ ᠲᠣᠭ᠎ᠠ ᠵᠢᠨ ᠨᠡᠮᠡᠭᠳᠡᠯ᠎ᠢ ᠪᠡᠶᠡᠯᠡᠭᠦᠯᠦᠭᠰᠡᠨ ᠮᠤᠵᠢ ᠵᠢᠨ ᠨᠢᠭᠡ ᠪᠣᠯᠵᠠᠶ᠃ ᠭᠣᠣᠯᠳᠠᠭᠤ ᠳᠣᠣᠷᠠᠬᠢ ᠮᠡᠲᠦ ᠣᠨᠴᠠᠯᠢᠭ᠎ᠲᠠᠢ᠄
    ᠨᠢᠭᠡᠳᠦᠭᠡᠷ᠎ᠲᠤ᠂ ᠴᠢᠬᠤᠯᠠ ᠶᠡᠬᠡ ᠲᠦᠷᠦᠯ ᠵᠦᠢ᠍ᠯ᠎ᠤᠨ ᠲᠣᠭ᠎ᠠ ᠬᠡᠮᠵᠢᠶ᠎ᠡ ᠨᠡᠮᠡᠭᠳᠡᠵᠦ᠂ ᠬᠤᠪᠢ ᠨᠡᠮᠡᠷᠢ ᠲᠤᠪᠤᠢ᠍ᠢ᠍ᠮ᠎ᠠ ᠪᠣᠯᠪᠠ᠃ ᠣᠷᠣᠨ ᠳᠠᠶᠠᠭ᠋ᠠᠷ ᠵᠶ᠋ᠠᠨ ᠴᠢᠬᠤᠯᠠ ᠶᠡᠬᠡ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢ ᠢᠮᠠᠭᠲᠠ ᠠᠵᠤ ᠠᠬᠤᠶ ᠵᠢᠨ ᠨᠡᠮᠡᠭᠳᠡᠯ᠎ᠢ ᠠᠬᠢᠭᠤᠯᠬᠤ ᠬᠦᠴᠦᠲᠡᠶ ᠭᠠᠷᠳᠠᠴᠠ ᠪᠣᠯᠭ᠋ᠠᠵᠤ᠂ ᠡᠨᠡ ᠵᠢᠯ ᠦᠷᠭᠦᠯᠵᠢᠯᠡᠨ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ ᠳᠡᠭᠡᠷ᠎ᠡ ᠶᠡᠬᠡ ᠬᠦᠴᠦ ᠣᠷᠣᠭᠤᠯᠵᠤ᠂ ᠠᠵᠤ ᠦᠢ᠍ᠯᠡᠰ᠎ᠤᠨ ᠪᠦᠯᠦᠭᠵᠢᠯ ᠪᠠ ᠠᠵᠤ ᠦᠢ᠍ᠯᠡᠰ᠎ᠤᠨ ᠬᠡᠯᠬᠢᠶ᠎ᠡ ᠵᠢᠨ ᠲᠣᠭᠣᠷᠢᠨ᠎ᠳᠤ ᠠᠷᠠᠯᠵᠢᠶᠠᠴᠢᠨ ᠤᠷᠢᠵᠤ ᠪᠠᠯᠠ ᠮᠥᠩᠭᠥ ᠣᠷᠣᠭᠤᠯᠵᠤ᠂ ᠴᠢᠬᠤᠯᠠ ᠶᠡᠬᠡ ᠲᠥᠷᠥᠯ ᠵᠦᠢ᠍ᠯ᠎ᠢ ᠡᠷᠲᠡᠬᠡᠨ ᠨᠠᠶ᠋ᠢᠳᠠᠪᠤᠷᠢᠵᠢᠭᠤᠯᠵᠤ᠂ ᠡᠷᠲᠡᠬᠡᠨ ᠡᠬᠢᠯᠡᠭᠦᠯᠵᠦ᠂ ᠡᠷᠲᠡᠬᠡᠨ ᠪᠥᠲᠥᠭᠡᠨ ᠪᠠᠶ᠋ᠢᠭᠤᠯᠬᠤ ᠵᠢ ᠠᠬᠢᠭᠤᠯᠪᠠ᠃ 9  ᠳ᠋ᠤᠭᠡᠷ ᠰᠠᠷ᠎ᠠ ᠵᠢᠨ ᠰᠡᠭᠦᠯᠴᠢ ᠪᠣᠯᠲᠠᠯ᠎ᠠ᠂ ᠪᠥᠬᠥ ᠣᠷᠣᠨ᠎ᠤ ᠳ᠋ᠦᠩᠰᠢᠭᠤᠷ ᠲᠥᠭᠥᠷᠢᠭ᠎ᠠᠴᠠ ᠳᠡᠭᠡᠭᠰᠢᠬᠢ ᠪᠠᠷᠢᠯᠭ᠎ᠠ ᠵᠢᠨ ᠲᠥᠷᠥᠯ ᠵᠦᠢ᠍ᠯ 2812 ᠪᠠᠶ᠋ᠢᠵᠤ᠂ ᠨᠢᠳᠤᠨᠤᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 175 ᠨᠡᠮᠡᠭᠳᠡᠵᠦ᠂ ᠪᠠᠯᠠ ᠣᠷᠣᠭᠤᠯᠤᠯᠲᠠ ᠵᠢᠨ ᠨᠡᠮᠡᠭᠳᠡᠯ᠎ᠢ 13.4%᠎ᠪᠠᠷ ᠪᠡᠶᠡᠯᠡᠭᠦᠯᠵᠦ᠂ ᠪᠥᠬᠥ ᠪᠠᠯᠠ ᠣᠷᠣᠭᠤᠯᠤᠯᠲᠠ ᠵᠢᠨ ᠨᠡᠮᠡᠭᠳᠡᠯ᠎ᠢ 9.9 ᠵᠠᠭᠤᠨ᠎ᠤ ᠬᠤᠪᠢ ᠵᠢᠨ ᠴᠡᠭ ᠵᠶ᠋ᠠᠷ ᠳᠠᠶ᠋ᠢᠴᠢᠯᠠᠵᠤ᠂ ᠬᠤᠪᠢ ᠨᠡᠮᠡᠷᠢ ᠦᠵᠡᠭᠦᠯᠦᠭᠰᠡᠨ ᠨᠣᠷᠮ᠎ᠠ᠎ᠨᠢ ᠶᠢᠰᠦᠨ ᠬᠤᠪᠢ ᠰᠢᠬᠠᠮ ᠪᠣᠯᠪᠠ᠃ ᠡᠭᠦᠨ᠎ᠳᠤ᠂ 10 ᠳ᠋ᠦᠩᠰᠢᠭᠤᠷ ᠲᠥᠭᠥᠷᠢᠭ᠎ᠠᠴᠠ ᠳᠡᠭᠡᠭᠰᠢᠬᠢ ᠪᠠᠯᠠ ᠣᠷᠣᠭᠤᠯᠤᠯᠲᠠ ᠵᠢᠨ ᠲᠥᠷᠥᠯ ᠵᠦᠢ᠍ᠯ 567 ᠪᠠᠶ᠋ᠢᠵᠤ᠂ ᠪᠥᠬᠥ ᠪᠠᠯᠠ ᠣᠷᠣᠭᠤᠯᠤᠯᠲᠠ ᠵᠢᠨ ᠨᠡᠮᠡᠭᠳᠡᠯ᠎ᠳᠤ ᠦᠵᠡᠭᠦᠯᠦᠭᠰᠡᠨ ᠬᠤᠪᠢ ᠨᠡᠮᠡᠷᠢ ᠵᠢᠨ ᠨᠣᠷᠮ᠎ᠠ 23.7%᠎ᠳᠤ ᠬᠦᠷᠴᠡᠶ᠃
    ᠬᠣᠶᠠᠳᠤᠭ᠋ᠠᠷ᠎ᠲᠤ᠂ ᠠᠷᠠᠳ᠎ᠤᠨ ᠪᠡᠯᠡ ᠣᠷᠣᠭᠤᠯᠤᠯᠲᠠ ᠲᠣᠭᠲᠠᠭᠤᠨ ᠵᠶ᠋ᠠᠷ ᠨᠡᠮᠡᠭᠳᠡᠪᠡ᠃ ᠠᠷᠠᠳ᠎ᠤᠨ ᠪᠠᠯᠠ ᠣᠷᠣᠭᠤᠯᠤᠯᠲᠠ ᠵᠢ ᠵᠣᠷᠢᠭᠵᠢᠭᠤᠯᠬᠤ ᠠᠯᠢ ᠣᠯᠠᠨ ᠲᠥᠷᠥ ᠵᠢᠨ ᠪᠣᠳᠣᠯᠭ᠎ᠠ ᠵᠢ ᠦᠷᠭᠦᠯᠵᠢᠯᠡᠨ ᠨᠠᠶ᠋ᠢᠳᠠᠪᠤᠷᠢᠵᠢᠭᠤᠯᠵᠤ ᠦᠷ᠎ᠡ ᠪᠦᠲᠦᠮᠵᠢ ᠤᠯᠬᠤ ᠵᠢ ᠳᠠᠭ᠋ᠠᠯᠳᠤᠨ᠂ ᠠᠷᠠᠳ᠎ᠤᠨ ᠪᠠᠯᠠ ᠣᠷᠣᠭᠤᠯᠤᠯᠲᠠ ᠵᠢᠨ ᠬᠦᠰᠡᠯ ᠡᠷᠡᠮᠡᠯᠵᠡᠯ ᠪᠠ ᠴᠢᠳᠠᠪᠤᠷᠢ ᠲᠠᠰᠤᠷᠠᠯᠲᠠ ᠥᠬᠡᠶ ᠴᠢᠩᠭ᠋ᠠᠷᠠᠪᠠ᠃ ᠲᠦᠷᠦᠭᠦᠦ ᠭᠤᠷᠪᠠᠨ ᠤᠯᠠᠷᠢᠯ᠎ᠳᠤ᠂ ᠪᠥᠬᠥ ᠣᠷᠣᠨ᠎ᠤ ᠠᠷᠠᠳ᠎ᠤᠨ ᠪᠠᠯᠠ ᠣᠷᠣᠭᠤᠯᠤᠯᠲᠠ 7.3%᠎ᠪᠠᠷ ᠨᠡᠮᠡᠭᠳᠡᠵᠦ᠂ 1-8 ᠳ᠋ᠤᠭ᠋ᠠᠷ ᠰᠠᠷ᠎ᠠ ᠵᠢᠨ᠎ᠬᠢ᠎ᠠᠴᠠ 2.3 ᠵᠠᠭᠤᠨ᠎ᠤ ᠬᠤᠪᠢ ᠵᠢᠨ ᠴᠡᠭ ᠳᠡᠭᠡᠭᠰᠢᠯᠡᠵᠦ᠂ ᠪᠥᠬᠥ ᠪᠠᠯᠠ ᠣᠷᠣᠭᠤᠯᠤᠯᠲᠠ ᠵᠢᠨ ᠨᠡᠮᠡᠭᠳᠡᠯ᠎ᠢ 3.7 ᠵᠠᠭᠤᠨ᠎ᠤ ᠬᠤᠪᠢ ᠵᠢᠨ ᠴᠡᠭ ᠳᠠᠶ᠋ᠢᠴᠢᠯᠠᠪᠠ᠃ ᠬᠡᠷ ᠪᠠᠶ᠋ᠢᠰᠢᠩ ᠭᠠᠵᠠᠷ ᠰᠢᠷᠣᠶ ᠵᠢᠨ ᠬᠥᠷᠥᠩᠭᠡ ᠵᠢᠨ ᠨᠡᠭᠡᠭᠡᠨ ᠬᠥᠭᠵᠢᠭᠦᠯᠦᠯᠲᠡ ᠵᠢ ᠬᠠᠰᠤᠪᠠᠯ᠂ ᠠᠷᠠᠳ᠎ᠤᠨ ᠪᠠᠯᠠ ᠣᠷᠣᠭᠤᠯᠤᠯᠲᠠ 12.7%᠎ᠪᠠᠷ ᠨᠡᠮᠡᠭᠳᠡᠵᠦ᠂ 1-8 ᠰᠠᠷ᠎ᠠ ᠵᠢᠨ᠎ᠬᠢ᠎ᠠᠴᠠ 3.1 ᠵᠠᠭᠤᠨ᠎ᠤ ᠬᠤᠪᠢ ᠵᠢᠨ ᠴᠡᠭ ᠳᠡᠭᠡᠭᠰᠢᠯᠡᠵᠡᠶ᠃ ᠡᠭᠦᠨ᠎ᠳᠤ᠂ ᠮᠡᠳᠡᠭᠡ ᠵᠠᠩᠭᠢ ᠵᠢᠨ ᠳᠠᠮᠵᠢᠭᠤᠯᠭ᠎ᠠ᠂ ᠵᠥᠭᠡᠯᠡᠨ ᠲᠣᠨᠣᠭ ᠪᠣᠯᠤᠨ ᠮᠡᠳᠡᠭᠡ ᠵᠠᠩᠭᠢ ᠵᠢᠨ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠪᠠᠯᠠ ᠣᠷᠣᠭᠤᠯᠤᠯᠲᠠ ᠵᠢᠨ ᠲᠤᠯᠭ᠋ᠠᠭᠤᠷᠢᠯᠠᠯ ᠴᠢᠩᠭ᠎ᠠ ᠪᠠᠶ᠋ᠢᠵᠤ᠂ 3.3 ᠳᠠᠬᠢᠨ ᠨᠡᠮᠡᠭᠳᠡᠵᠦ᠂ ᠪᠥᠬᠥ ᠣᠷᠣᠨ᠎ᠤ ᠠᠷᠠᠳ᠎ᠤᠨ ᠪᠠᠯᠠ ᠣᠷᠣᠭᠤᠯᠤᠯᠲᠠ ᠵᠢ 2.8 ᠵᠠᠭᠤᠨ᠎ᠤ ᠬᠤᠪᠢ ᠵᠢᠨ ᠴᠡᠭ ᠵᠶ᠋ᠠᠷ ᠨᠡᠮᠡᠭᠳᠡᠭᠦᠯᠵᠦ᠂ ᠬᠤᠪᠢ ᠨᠡᠮᠡᠷᠢ ᠦᠵᠡᠭᠦᠯᠦᠭᠰᠡᠨ ᠨᠣᠷᠮ᠎ᠠ᠎ᠨᠢ 40% ᠰᠢᠬᠠᠮ ᠪᠣᠯᠵᠠᠶ᠃
    ᠭᠤᠷᠪᠠᠳᠤᠭ᠋ᠠᠷ᠎ᠲᠤ᠂ ᠰᠠᠭᠤᠷᠢ ᠲᠥᠬᠥᠭᠡᠷᠦᠮᠵᠢ ᠵᠢᠨ ᠪᠡᠯᠡ ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠪᠡ᠃ ᠡᠨᠡ ᠵᠢᠯ᠎ᠠᠴᠠ ᠨᠠᠰᠢ᠂ 《ᠵᠢᠷᠭᠤᠭ᠋ᠠᠨ ᠢᠨᠵᠧᠨᠧᠷᠢᠩ》᠎ᠢ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠤᠯᠬᠤ ᠵᠢ ᠳᠠᠭ᠋ᠠᠯᠳᠤᠨ᠂ ᠪᠥᠬᠥ ᠣᠷᠣᠨ᠎ᠤ ᠰᠠᠭᠤᠷᠢ ᠪᠡᠯᠡᠳᠬᠡᠮᠵᠢ ᠵᠢᠨ ᠪᠠᠯᠠ ᠣᠷᠣᠭᠤᠯᠤᠯᠲᠠ ᠵᠢᠨ ᠨᠡᠯᠢᠶᠡᠳ ᠲᠦᠷᠭᠡᠨ ᠨᠡᠮᠡᠭᠳᠡᠬᠦ ᠵᠢ ᠳᠠᠶ᠋ᠢᠴᠢᠯᠠᠪᠠ᠃ ᠲᠦᠷᠦᠭᠦᠦ ᠭᠤᠷᠪᠠᠨ ᠤᠯᠠᠷᠢᠯ᠎ᠳᠤ᠂ ᠪᠥᠬᠥ ᠣᠷᠣᠨ᠎ᠤ ᠰᠠᠭᠤᠷᠢ ᠪᠡᠯᠡᠳᠬᠡᠮᠵᠢ ᠵᠢᠨ ᠪᠠᠯᠠ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 12.3%᠎ᠪᠠᠷ ᠨᠡᠮᠡᠭᠳᠡᠵᠦ᠂ 1-8 ᠳ᠋ᠤᠭ᠋ᠠᠷ ᠰᠠᠷ᠎ᠠ ᠵᠢᠨ᠎ᠬᠢ᠎ᠠᠴᠠ 2.9 ᠵᠠᠭᠤᠨ᠎ᠤ ᠬᠤᠪᠢ ᠵᠢᠨ ᠴᠡᠭ ᠳᠡᠭᠡᠭᠰᠢᠯᠡᠵᠦ᠂ ᠪᠥᠬᠥ ᠪᠠᠯᠠ ᠣᠷᠣᠭᠤᠯᠤᠯᠲᠠ ᠵᠢᠨ ᠨᠡᠮᠡᠭᠳᠡᠯ᠎ᠢ 4.7 ᠵᠠᠭᠤᠨ᠎ᠤ ᠬᠤᠪᠢ ᠵᠢᠨ ᠴᠡᠭ ᠳᠠᠶ᠋ᠢᠴᠢᠯᠠᠪᠠ᠃ ᠡᠭᠦᠨ᠎ᠳᠤ᠂ ᠴᠠᠬᠢᠯᠭ᠋ᠠᠨ ᠬᠦᠴᠦᠨ᠂ ᠢᠯᠴᠢ ᠵᠢᠨ ᠬᠦᠴᠦᠨ᠎ᠤ  ᠦᠢ᠍ᠯᠡᠳᠪᠦᠷᠢᠯᠡᠯ ᠪᠠ ᠬᠠᠩᠭ᠋ᠠᠯᠭ᠎ᠠ ᠵᠢᠨ ᠦᠢ᠍ᠯᠡᠰ᠎ᠤᠨ ᠪᠠᠯᠠ ᠣᠷᠣᠭᠤᠯᠤᠯᠲᠠ ᠦᠷᠭᠦᠯᠵᠢᠯᠡᠨ ᠥᠷᠭᠡᠳᠴᠦ᠂ 21.1% ᠨᠡᠮᠡᠭᠳᠡᠨ᠂ ᠪᠥᠬᠥ ᠣᠷᠣᠨ᠎ᠤ ᠰᠠᠭᠤᠷᠢ ᠪᠡᠯᠡᠳᠬᠡᠮᠵᠢ ᠵᠢᠨ ᠪᠠᠯᠠ ᠣᠷᠣᠭᠤᠯᠤᠯᠲᠠ᠎ᠳᠤ ᠦᠵᠡᠭᠦᠯᠦᠭᠰᠡᠨ ᠬᠤᠪᠢ ᠨᠡᠮᠡᠷᠢ ᠵᠢᠨ ᠨᠣᠷᠮ᠎ᠠ᠎ᠨᠢ 90% ᠵᠢ ᠳᠠᠪᠠᠪᠠ; ᠴᠠᠬᠢᠯᠭ᠋ᠠᠨ ᠬᠣᠯᠪᠣᠭ᠎ᠠ ᠷᠠᠳᠢᠣ᠋ ᠲᠧᠯᠸᠢᠰ ᠪᠠ ᠳᠠᠭ᠋ᠠᠭᠤᠯᠢ ᠣᠳᠣᠨ᠎ᠤ ᠳᠠᠮᠵᠢᠭᠤᠯᠭ᠎ᠠ ᠵᠢᠨ ᠦᠢ᠍ᠯᠡᠴᠢᠯᠡᠭᠡ᠂ ᠢᠨᠲᠸᠷ ᠰᠦᠯᠵᠢᠶ᠎ᠡ ᠪᠠ ᠬᠠᠮᠢᠶ᠎ᠠ ᠪᠥᠬᠥᠶ ᠦᠢ᠍ᠯᠡᠴᠢᠯᠡᠭᠡᠨ᠎ᠤ ᠪᠠᠯᠠ ᠣᠷᠣᠭᠤᠯᠤᠯᠲᠠ ᠢᠯᠡᠳᠲᠡ ᠲᠦᠷᠭᠡᠳᠴᠦ᠂ ᠨᠡᠶ᠋ᠢᠲᠡ 1.4 ᠳᠠᠬᠢᠨ ᠨᠡᠮᠡᠭᠳᠡᠪᠡ᠃
    ᠳᠥᠷᠪᠡᠳᠦᠭᠡᠷ᠎ᠲᠤ᠂ ᠲᠤᠨᠤᠭ ᠲᠥᠬᠥᠭᠡᠷᠦᠮᠵᠢ ᠵᠢ ᠰᠢᠨᠡᠳᠬᠡᠬᠦ ᠪᠡᠯᠡ ᠣᠷᠣᠭᠤᠯᠤᠯᠲᠠ ᠵᠢ ᠲᠦᠷᠭᠡᠪᠴᠢᠯᠡᠨ ᠠᠬᠢᠭᠤᠯᠪᠠ᠃ ᠶᠡᠬᠡ ᠬᠡᠪᠴᠢᠶᠡᠨ᠎ᠤ ᠲᠥᠬᠥᠭᠡᠷᠦᠮᠵᠢ ᠵᠢ ᠰᠢᠨᠡᠳᠬᠡᠬᠦ ᠲᠥᠷᠥ ᠵᠢᠨ ᠪᠣᠳᠣᠯᠭ᠎ᠠ ᠵᠢ ᠬᠦᠴᠦᠯᠡᠨ ᠬᠡᠷᠡᠭᠵᠢᠭᠦᠯᠵᠦ᠂ ᠡᠯ᠎ᠡ ᠲᠥᠷᠥᠯ᠎ᠤᠨ ᠡᠵᠡᠩᠨᠡᠯᠲᠡ ᠵᠢᠨ ᠭᠤᠤᠯ ᠴᠣᠭᠴᠠ ᠵᠢᠨ ᠲᠥᠬᠥᠭᠡᠷᠦᠮᠵᠢ ᠰᠢᠨᠡᠳᠬᠡᠬᠦ ᠢᠳᠡᠪᠬᠢᠵᠢᠯ᠎ᠢ ᠪᠦᠲᠦᠮᠵᠢᠲᠡᠶ ᠳᠠᠶ᠋ᠢᠴᠢᠯᠠᠪᠠ᠃ 9 ᠳ᠋ᠤᠭᠡᠷ ᠰᠠᠷ᠎ᠠ ᠵᠢᠨ ᠡᠴᠦᠰ ᠪᠣᠯᠲᠠᠯ᠎ᠠ᠂ ᠪᠥᠬᠥ ᠣᠷᠣᠨ᠎ᠳᠤ 500 ᠲᠦᠮᠡ ᠵᠢᠴᠢ ᠲᠡᠭᠦᠨ᠎ᠠᠴᠠ ᠳᠡᠭᠡᠭᠰᠢᠬᠢ ᠲᠥᠬᠥᠭᠡᠷᠦᠮᠵᠢ ᠬᠤᠳᠠᠯᠳᠤᠨ ᠠᠪᠬᠤ ᠲᠥᠷᠥᠯ ᠵᠦᠢ᠍ᠯ 119 ᠰᠢᠨ᠎ᠡ᠎ᠪᠠᠷ ᠨᠡᠮᠡᠭᠳᠡᠵᠦ᠂ ᠲᠣᠭ᠎ᠠ ᠬᠡᠮᠵᠢᠶ᠎ᠡ ᠵᠢᠨ ᠪᠥᠬᠥ ᠲᠥᠬᠥᠭᠡᠷᠦᠮᠵᠢ ᠬᠤᠳᠠᠯᠳᠤᠨ ᠠᠪᠬᠤ ᠲᠥᠷᠥᠯ ᠵᠦᠢ᠍ᠯ᠎ᠳᠠᠬᠢ ᠡᠵᠡᠯᠡᠬᠦ ᠬᠤᠪᠢ ᠵᠢᠨ ᠵᠢᠩ᠎ᠨᠢ 60% ᠵᠢ ᠳᠠᠪᠠᠵᠤ᠂ ᠪᠥᠬᠥ ᠪᠠᠯᠠ ᠣᠷᠣᠭᠤᠯᠤᠯᠲᠠ ᠵᠢ ᠳᠠᠶ᠋ᠢᠴᠢᠯᠠᠨ 1.0 ᠵᠠᠭᠤᠨ᠎ᠤ ᠬᠤᠪᠢ ᠵᠢᠨ ᠴᠡᠭ ᠨᠡᠮᠡᠭᠳᠡᠭᠦᠯᠪᠡ᠃ ᠡᠭᠦᠨ᠎ᠳᠤ᠂ ᠦᠢ᠍ᠯᠡᠳᠬᠦ ᠦᠢ᠍ᠯᠡᠰ ᠪᠠ ᠠᠭᠤᠷᠬᠠᠶ ᠮᠠᠯᠲᠠᠬᠤ ᠦᠢ᠍ᠯᠡᠰ᠎ᠤᠨ ᠲᠥᠬᠥᠭᠡᠷᠦᠮᠵᠢ ᠵᠢᠨ ᠰᠢᠨᠡᠴᠢᠯᠡᠯᠲᠡ ᠯᠠᠪᠳᠠᠭᠤᠨ ᠵᠶ᠋ᠠᠷ ᠠᠭᠢᠵᠤ᠂ ᠲᠥᠷᠥᠯ ᠵᠦᠢ᠍ᠯ᠎ᠤᠨ ᠲᠣᠭ᠎ᠠ ᠬᠡᠮᠵᠢᠶ᠎ᠡ ᠵᠢᠨ ᠪᠥᠬᠥ ᠲᠥᠬᠥᠭᠡᠷᠦᠮᠵᠢ ᠬᠤᠳᠠᠯᠳᠤᠨ ᠠᠪᠬᠤ ᠲᠥᠷᠥᠯ ᠵᠦᠢ᠍ᠯ᠎ᠳᠠᠬᠢ ᠡᠵᠡᠯᠡᠬᠦ ᠬᠤᠪᠢ ᠵᠢᠨ ᠵᠢᠩ᠎ᠨᠢ ᠬᠠᠭ᠋ᠠᠰ᠎ᠠᠴᠠ ᠳᠠᠪᠠᠵᠤ᠂ ᠪᠥᠬᠥ ᠪᠠᠯᠠ ᠣᠷᠣᠭᠤᠯᠤᠯᠲᠠ ᠵᠢᠨ ᠨᠡᠮᠡᠭᠳᠡᠯ᠎ᠢ ᠨᠡᠶ᠋ᠢᠲᠡ 0.4 ᠵᠠᠭᠤᠨ᠎ᠤ ᠬᠤᠪᠢ ᠵᠢᠨ ᠴᠡᠭ ᠳᠠᠶ᠋ᠢᠴᠢᠯᠠᠪᠠ᠃
    ᠲᠠᠷᠠᠭ᠋ᠠᠴᠢ ᠵᠢᠨ ᠱᠠᠲᠤᠨ᠎ᠳᠤ᠂ ᠪᠦᠲᠦᠮᠵᠢᠲᠡᠢ ᠪᠡᠯᠡ ᠣᠷᠣᠭᠤᠯᠤᠯᠲᠠ ᠵᠢ ᠦᠷᠭᠦᠯᠵᠢᠯᠡᠨ ᠬᠦᠴᠦᠯᠡᠨ ᠥᠷᠭᠡᠳᠬᠡᠵᠦ᠂ ᠴᠢᠬᠤᠯᠠ ᠶᠡᠬᠡ ᠲᠦᠷᠦᠯ ᠵᠦᠢ᠍ᠯ᠎ᠤᠨ ᠪᠦᠳᠦᠭᠡᠨ ᠪᠠᠶ᠋ᠢᠭᠤᠯᠤᠯᠲᠠ ᠵᠢ ᠦᠷᠭᠦᠯᠵᠢᠯᠡᠨ ᠠᠬᠢᠭᠤᠯᠵᠤ᠂ ᠤᠯᠠᠮᠵᠢᠯᠠᠯᠲᠤ ᠠᠵᠤ ᠦᠢ᠍ᠯᠡᠰ᠎ᠢ ᠥᠭᠡᠷᠡᠴᠢᠯᠡᠨ ᠲᠡᠰ ᠳᠡᠪᠰᠢᠭᠦᠯᠬᠦ ᠵᠢ ᠲᠦᠷᠭᠡᠳᠬᠡᠨ ᠠᠬᠢᠭᠤᠯᠵᠤ᠂ ᠶᠡᠬᠡ ᠬᠡᠪᠴᠢᠶᠡᠨ᠎ᠤ ᠲᠤᠨᠤᠭ ᠲᠥᠬᠥᠭᠡᠷᠦᠮᠵᠢ ᠵᠢ ᠰᠢᠨᠡᠴᠢᠯᠡᠬᠦ ᠵᠢ ᠯᠠᠪᠳᠠᠭᠤᠨ ᠪᠠᠲᠤᠲᠠᠢ ᠠᠬᠢᠭᠤᠯᠵᠤ᠂ ᠠᠷᠠᠳ᠎ᠤᠨ ᠪᠡᠯᠡ ᠣᠷᠣᠭᠤᠯᠤᠯᠲᠠ ᠵᠢᠨ ᠠᠮᠢᠵᠢᠷᠠᠯ᠎ᠤᠨ ᠬᠦᠴᠦᠨ᠎ᠢ ᠲᠠᠰᠤᠷᠠᠯᠳᠠ ᠦᠭᠡᠢ ᠬᠥᠭᠵᠢᠭᠡᠵᠦ᠂ ᠨᠡᠮᠡᠭᠳᠡᠯ᠎ᠢ ᠲᠣᠭᠲᠠᠪᠤᠷᠢᠵᠢᠭᠤᠯᠬᠤ ᠪᠠ ᠨᠥᠭᠡᠴᠡ ᠬᠦᠴᠦᠨ᠎ᠢ ᠨᠡᠮᠡᠭᠳᠡᠭᠦᠯᠬᠦ ᠵᠢ ᠨᠡᠩ ᠰᠠᠶ᠋ᠢᠲᠤᠷ ᠨᠢᠭᠡᠳᠦᠯᠲᠡᠢ ᠲᠥᠯᠥᠪᠵᠢᠭᠦᠯᠵᠦ᠂ ᠬᠣᠶᠠᠷ ᠶᠡᠬᠡ ᠶᠠᠪᠤᠳᠠᠯ᠎ᠢ ᠰᠠᠶ᠋ᠢᠲᠤᠷ ᠬᠢᠬᠦ᠂ ᠰᠢᠨ᠎ᠡ ᠵᠠᠮ᠎ᠢ ᠨᠡᠭᠡᠭᠡᠬᠦ᠂ ᠳᠤᠮᠳᠠ ᠤᠷᠤᠰᠬᠠᠯ᠎ᠳᠤ ᠣᠷᠣᠬᠤ ᠬᠠᠷᠠᠯᠲᠠ ᠵᠢ ᠪᠡᠶᠡᠯᠡᠭᠦᠯᠬᠦ᠎ᠳᠤ ᠪᠠᠲᠤ ᠴᠢᠩᠭ᠎ᠠ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠢ᠃ ᠪᠠᠶᠠᠷᠯᠠᠯ᠎ᠠ!
     ᠳᠡᠭᠦᠯᠢᠯᠳᠡ ᠬᠠᠮ ᠵᠠᠭᠤᠴᠢᠯᠠᠭᠤᠷ᠎ᠤᠨ ᠰᠤᠷᠪᠤᠯᠵᠢᠯᠠᠭᠴᠢ᠄
    ᠪᠢ ᠪᠥᠬᠥ ᠣᠷᠣᠨ᠎ᠤ ᠬᠡᠷᠡᠭᠯᠡᠭᠡᠨ᠎ᠤ ᠵᠦᠢ᠍ᠯ᠎ᠤᠨ ᠵᠠᠬ᠎ᠠ ᠳᠡᠯᠭᠡᠭᠦᠷ ᠲᠣᠭᠲᠠᠭᠤᠨ ᠵᠶ᠋ᠠᠷ ᠰᠡᠷᠭᠦᠵᠦ᠂ ᠢᠯᠠᠩᠭᠤᠶ᠎ᠠ ᠪᠥᠬᠥ ᠣᠷᠣᠨ᠎ᠤ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠣᠭ᠎ᠠ ᠵᠢᠨ ᠨᠡᠮᠡᠭᠳᠡᠯ᠎ᠤᠨ ᠬᠤᠷᠳᠤᠴᠠ ᠰᠠᠷ᠎ᠠ ᠳᠠᠷᠠᠭ᠋ᠠᠯᠠᠨ ᠳᠡᠭᠡᠭᠰᠢᠯᠡᠵᠦ ᠪᠠᠶ᠋ᠢᠬᠤ ᠵᠢ ᠣᠯᠵᠤ ᠬᠠᠷᠠᠯ᠎ᠠ᠃ ᠲᠠ ᠪᠦᠬᠦ ᠣᠷᠣᠨ᠎ᠤ ᠬᠡᠷᠡᠭᠯᠡᠭᠡᠨ᠎ᠤ ᠵᠠᠬ᠎ᠠ ᠳᠡᠯᠭᠡᠭᠦᠷ᠎ᠤᠨ ᠬᠥᠭᠵᠢᠯᠲᠡ ᠵᠢᠨ ᠪᠠᠢ᠍ᠳᠠᠯ ᠪᠠ ᠭᠤᠤᠯ ᠣᠨᠴᠠᠯᠢᠭ᠎ᠢ ᠲᠠᠨᠢᠯᠴᠠᠭᠤᠯᠤᠭ᠋ᠠᠳ ᠥᠭᠭᠦᠨ᠎ᠡ ᠦᠦ?

 

2024年前三季度全区经济运行新闻发布会答记者问6.jpg


    ᠸᠠᠩ ᠴᠤᠸᠠᠨ ᠵᠢᠩ᠄ ᠲᠠᠨ᠎ᠤ ᠠᠰᠠᠭᠤᠭᠰᠠᠨ᠎ᠳᠤ ᠪᠠᠶᠠᠷᠯᠠᠯ᠎ᠠ᠃ ᠡᠨᠡ ᠵᠢᠯ᠎ᠠᠴᠠ ᠨᠠᠭ᠋ᠠᠰᠢ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠬᠡᠷᠡᠭᠯᠡᠭᠡ ᠵᠢ ᠢᠳᠡᠪᠬᠢᠲᠡᠶ ᠰᠡᠷᠭᠦᠭᠡᠨ ᠥᠷᠭᠡᠳᠬᠡᠵᠦ᠂ ᠭᠠᠵᠠᠷ ᠣᠷᠣᠨ᠎ᠤ ᠪᠠᠶ᠋ᠢᠳᠠᠯ᠎ᠳᠠᠭᠠᠨ ᠲᠣᠬᠢᠷᠠᠭᠤᠯᠤᠨ ᠬᠡᠷᠡᠭᠯᠡᠭᠡ ᠵᠢ ᠠᠬᠢᠭᠤᠯᠬᠤ ᠠᠯᠢ ᠣᠯᠠᠨ ᠠᠷᠭ᠎ᠠ ᠬᠡᠮᠵᠢᠶ᠎ᠡ ᠲᠣᠭᠲᠠᠭ᠋ᠠᠵᠤ᠂ ᠬᠡᠷᠡᠭᠯᠡᠭᠡᠨ᠎ᠤ ᠳᠠᠯᠳᠠ ᠬᠦᠴᠦᠨ᠎ᠢ ᠠᠯᠬᠤᠮ ᠠᠯᠬᠤᠮ ᠵᠶ᠋ᠠᠷ ᠬᠥᠭᠵᠢᠭᠡᠵᠦ᠂ ᠬᠡᠷᠡᠭᠯᠡᠭᠡᠨ᠎ᠤ ᠵᠠᠬ᠎ᠠ ᠳᠡᠯᠭᠡᠭᠦᠷ᠎ᠤᠨ ᠰᠡᠷᠭᠦᠯᠲᠡ᠎ᠳᠤ ᠬᠦᠴᠦᠲᠡᠶ ᠲᠤᠯᠭ᠋ᠠᠭᠤᠷᠢᠯᠠᠯ ᠬᠠᠩᠭ᠋ᠠᠪᠠ᠃ ᠣᠳᠣᠬᠠᠨ᠎ᠳᠤ᠂ ᠮᠠᠨ᠎ᠤ ᠣᠷᠣᠨ᠎ᠤ ᠬᠡᠷᠡᠭᠯᠡᠭᠡᠨ᠎ᠤ ᠵᠠᠬ᠎ᠠ ᠳᠡᠯᠭᠡᠭᠦᠷ᠎ᠲᠤ ᠲᠠᠸᠠᠷ᠎ᠤᠨ ᠪᠣᠷᠣᠯᠠᠭᠤᠯᠭ᠎ᠠ ᠲᠣᠭᠲᠠᠭᠤᠨ ᠵᠶ᠋ᠠᠷ ᠨᠡᠮᠡᠭᠳᠡᠵᠦ᠂ ᠢᠳᠡᠭᠡᠨ ᠤᠮᠳᠠᠭ᠋ᠠᠨ᠎ᠤ ᠬᠡᠷᠡᠭᠯᠡᠭᠡᠨ᠎ᠤ ᠨᠡᠮᠡᠭᠳᠡᠯ᠎ᠤᠨ ᠬᠠᠨᠳᠤᠰᠢ ᠨᠡᠯᠢᠶᠡᠳ ᠰᠠᠶ᠋ᠢᠨ᠂ ᠰᠦᠯᠵᠢᠶᠡᠨ᠎ᠤ ᠬᠡᠷᠡᠭᠯᠡᠭᠡ ᠦᠷᠭᠦᠯᠵᠢᠯᠡᠨ ᠬᠥᠭᠵᠢᠶᠡᠨ᠎ᠲᠠᠢ ᠪᠠᠶ᠋ᠢᠬᠤ ᠣᠨᠴᠠᠯᠢᠭ ᠢᠯᠡᠷᠡᠪᠡ᠃ ᠲᠦᠷᠦᠭᠦᠦ ᠭᠤᠷᠪᠠᠨ ᠤᠯᠠᠷᠢᠯ᠎ᠳᠤ᠂ ᠪᠥᠬᠥ ᠣᠷᠣᠨ᠎ᠤ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠣᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 3.4%᠎ᠪᠠᠷ ᠨᠡᠮᠡᠭᠳᠡᠵᠦ᠂ 5 ᠰᠠᠷ᠎ᠠ ᠳᠠᠷᠠᠭ᠋ᠠᠯᠠᠨ ᠳᠡᠭᠡᠭᠰᠢᠯᠡᠬᠦ ᠬᠠᠨᠳᠤᠰᠢ᠎ᠪᠠᠨ ᠪᠠᠲᠤᠯᠠᠪᠠ᠃
    ᠨᠢᠭᠡ᠎ᠳᠤ᠂ ᠲᠠᠸᠠᠷ᠎ᠤᠨ ᠪᠣᠷᠣᠯᠠᠭᠤᠯᠭ᠎ᠠ ᠲᠣᠭᠲᠠᠭᠤᠨ ᠵᠶ᠋ᠠᠷ ᠨᠡᠮᠡᠭᠳᠡᠪᠡ᠃ ᠲᠦᠷᠦᠭᠦᠦ ᠭᠤᠷᠪᠠᠨ ᠤᠯᠠᠷᠢᠯ᠎ᠳᠤ᠂ ᠪᠥᠬᠥ ᠣᠷᠣᠨ᠎ᠤ ᠲᠠᠸᠠᠷ᠎ᠤᠨ ᠵᠢᠵᠢᠭᠯᠡᠨ ᠬᠤᠳᠠᠯᠳᠤᠭᠰᠠᠨ ᠲᠣᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 2.8%᠎ᠪᠠᠷ ᠨᠡᠮᠡᠭᠳᠡᠵᠦ᠂ ᠳᠡᠭᠡᠷ᠎ᠡ ᠬᠠᠭ᠋ᠠᠰ ᠵᠢᠯ᠎ᠤᠨ᠎ᠬᠢ᠎ᠠᠴᠠ 0.8 ᠵᠠᠭᠤᠨ᠎ᠤ ᠬᠤᠪᠢ ᠵᠢᠨ ᠴᠡᠭ ᠲᠦᠷᠭᠡᠳᠪᠡ᠃ ᠦᠨᠳᠦᠰᠦᠨ ᠠᠮᠢᠳᠤᠷᠠᠯ᠎ᠤᠨ ᠲᠥᠷᠥᠯ᠎ᠤᠨ ᠲᠠᠸᠠᠷ᠎ᠤᠨ ᠵᠢᠵᠢᠭᠯᠡᠨ ᠪᠣᠷᠣᠯᠠᠭᠤᠯᠤᠯᠲᠠ ᠦᠷᠭᠦᠯᠵᠢᠯᠡᠨ ᠨᠡᠯᠢᠶᠡᠳ ᠲᠦᠷᠭᠡᠨ ᠨᠡᠮᠡᠭᠳᠡᠵᠦ᠂ ᠪᠥᠬᠥ ᠣᠷᠣᠨ᠎ᠤ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠠᠮᠤ ᠲᠣᠰᠣ ᠢᠳᠡᠭᠡᠨ᠎ᠤ ᠲᠥᠷᠥᠯ᠂ ᠤᠮᠳᠠᠭ᠋ᠠᠨ᠎ᠤ ᠲᠥᠷᠥᠯ᠂ ᠠᠷᠢᠬᠢ ᠲᠠᠮᠠᠬᠢ ᠵᠢᠨ ᠲᠥᠷᠥᠯ᠎ᠤᠨ ᠲᠠᠸᠠᠷ ᠲᠣᠰ ᠲᠣᠰ 19.1%᠂ 23.5% ᠪᠠ 5.1% ᠨᠡᠮᠡᠭᠳᠡᠪᠡ᠃ ᠬᠡᠰᠡᠭ ᠲᠠᠰ ᠳᠡᠪᠰᠢᠭᠰᠡᠨ ᠲᠥᠷᠥᠯ᠎ᠤᠨ ᠲᠠᠸᠠᠷ᠎ᠤᠨ ᠪᠣᠷᠣᠯᠠᠭᠤᠯᠭ᠎ᠠ ᠲᠦᠷᠭᠡᠨ ᠵᠶ᠋ᠠᠷ ᠨᠡᠮᠡᠭᠳᠡᠵᠦ᠂ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠪᠡᠶ᠎ᠡ ᠵᠢᠨ ᠲᠠᠮᠢᠷ ᠵᠤᠭ᠎ᠠ ᠴᠡᠩᠭᠡᠯ᠎ᠤᠨ ᠬᠡᠷᠡᠭᠰᠡᠯ᠎ᠤᠨ ᠲᠥᠷᠥᠯ᠂ ᠮᠡᠳᠡᠭᠡ ᠬᠣᠯᠪᠣᠭ᠋ᠠᠨ᠎ᠤ ᠪᠠᠭ᠋ᠠᠵᠢ ᠬᠡᠷᠡᠭᠰᠡᠯ᠎ᠤᠨ ᠲᠥᠷᠥᠯ᠎ᠤᠨ ᠲᠠᠸᠠᠷ᠎ᠤᠨ ᠵᠢᠵᠢᠭᠯᠡᠨ ᠬᠤᠳᠠᠯᠳᠤᠭᠰᠠᠨ ᠲᠣᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ ᠲᠣᠰ ᠲᠣᠰ 63.5% ᠪᠠ 89.3%᠎ᠪᠠᠷ ᠨᠡᠮᠡᠭᠳᠡᠪᠡ᠃ ᠮᠠᠰᠢᠨ ᠲᠡᠷᠭᠡᠨ᠎ᠤ ᠬᠠᠭᠤᠴᠢᠨ ᠵᠶ᠋ᠠᠷ ᠰᠢᠨ᠎ᠡ ᠵᠢ ᠰᠣᠯᠢᠬᠤ ᠲᠥᠷᠥ ᠵᠢᠨ ᠪᠣᠳᠣᠯᠭ᠎ᠠ ᠦᠷᠭᠦᠯᠵᠢᠯᠡᠨ ᠦᠷ᠎ᠡ ᠪᠦᠲᠦᠮᠵᠢ ᠤᠯᠬᠤ ᠵᠢ ᠳᠠᠭ᠋ᠠᠯᠳᠤᠨ᠂ ᠮᠠᠰᠢᠨ ᠲᠡᠷᠭᠡᠨ᠎ᠤ ᠪᠣᠷᠣᠯᠠᠭᠤᠯᠭ᠎ᠠ ᠵᠢᠨ ᠨᠡᠮᠡᠭᠳᠡᠯ᠎ᠤᠨ ᠬᠤᠷᠳᠤᠴᠠ ᠲᠦᠷᠭᠡᠳᠪᠡ᠃ ᠪᠥᠬᠥ ᠣᠷᠣᠨ᠎ᠤ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠨᠢᠭᠡᠴᠢ ᠮᠠᠰᠢᠨ ᠲᠡᠷᠭᠡᠨ᠎ᠤ ᠲᠥᠷᠥᠯ᠎ᠤᠨ ᠲᠠᠸᠠᠷ᠎ᠤᠨ ᠵᠢᠵᠢᠭᠯᠡᠨ ᠬᠤᠳᠠᠯᠳᠤᠭᠰᠠᠨ ᠲᠣᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 5.0% ᠵᠶ᠋ᠠᠷ

ᠨᠡᠮᠡᠭᠳᠡᠵᠦ᠂ ᠨᠡᠮᠡᠭᠳᠡᠯ᠎ᠤᠨ ᠬᠤᠷᠳᠤᠴᠠ᠎ᠨᠢ ᠳᠡᠭᠡᠷ᠎ᠡ ᠬᠠᠭ᠋ᠠᠰ ᠵᠢᠯ᠎ᠤᠨ᠎ᠬᠢ᠎ᠠᠴᠠ 3.9 ᠵᠠᠭᠤᠨ᠎ᠤ ᠬᠤᠪᠢ ᠵᠢᠨ ᠴᠡᠭ ᠲᠦᠷᠭᠡᠳᠪᠡ᠃ ᠡᠭᠦᠨ᠎ᠳᠤ᠂ ᠰᠢᠨ᠎ᠡ ᠡᠨᠧᠷᠭᠢ ᠵᠢᠨ ᠮᠠᠰᠢᠨ ᠲᠡᠷᠭᠡ 79.3%᠎ᠪᠠᠷ ᠨᠡᠮᠡᠭᠳᠡᠵᠦ᠂ ᠨᠡᠮᠡᠭᠳᠡᠯ᠎ᠤᠨ ᠬᠤᠷᠳᠤᠴᠠ᠎ᠨᠢ ᠳᠡᠭᠡᠷ᠎ᠡ ᠬᠠᠭ᠋ᠠᠰ ᠵᠢᠯ᠎ᠤᠨ᠎ᠬᠢ᠎ᠠᠴᠠ 14.2 ᠵᠠᠭᠤᠨ᠎ᠤ ᠬᠤᠪᠢ ᠵᠢᠨ ᠴᠡᠭ ᠲᠦᠷᠭᠡᠳᠴᠦ᠂ 4 ᠰᠠᠷ᠎ᠠ ᠳᠠᠷᠠᠭ᠋ᠠᠯᠠᠨ ᠰᠠᠷ᠎ᠠ ᠳᠠᠷᠠᠭ᠋ᠠᠯᠠᠨ ᠲᠦᠷᠭᠡᠨ ᠪᠣᠯᠪᠠ᠃
    ᠬᠣᠶᠠᠷ᠎ᠲᠤ᠂ ᠢᠳᠡᠭᠡᠨ ᠤᠮᠳᠠᠭ᠋ᠠᠨ᠎ᠤ ᠬᠡᠷᠡᠭᠯᠡᠭᠡᠨ᠎ᠤ ᠨᠡᠮᠡᠭᠳᠡᠯ᠎ᠤᠨ ᠬᠠᠨᠳᠤᠰᠢ ᠨᠡᠯᠢᠶᠡᠳ ᠰᠠᠶ᠋ᠢᠨ ᠪᠠᠶ᠋ᠢᠨ᠎ᠠ᠃ ᠰᠠᠭᠤᠭ᠋ᠠᠯᠢ ᠠᠷᠠᠳ᠎ᠤᠨ ᠭᠠᠳᠠᠭᠰᠢ ᠭᠠᠷᠴᠤ ᠵᠢᠭᠤᠯᠴᠢᠯᠠᠬᠤ ᠬᠦᠰᠡᠯ᠎ᠤᠨ ᠴᠢᠩᠭ᠋ᠠᠷᠠᠬᠤ ᠵᠢ ᠳᠠᠭ᠋ᠠᠯᠳᠤᠨ᠂ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ ᠦᠷᠭᠦᠯᠵᠢᠯᠡᠨ ᠬᠥᠭᠵᠢᠶᠡᠨᠲᠡᠶ ᠪᠣᠯᠵᠣ᠂ ᠢᠳᠡᠭᠡᠨ ᠤᠮᠳᠠᠭ᠋ᠠᠨ᠎ᠤ ᠬᠡᠷᠡᠭᠯᠡᠭᠡ ᠵᠢᠨ ᠲᠣᠭᠲᠠᠭᠤᠨ ᠵᠶ᠋ᠠᠷ ᠨᠡᠮᠡᠭᠳᠡᠬᠦ ᠵᠢ ᠳᠠᠶ᠋ᠢᠴᠢᠯᠠᠪᠠ᠃ ᠲᠦᠷᠦᠭᠦᠦ ᠭᠤᠷᠪᠠᠨ ᠤᠯᠠᠷᠢᠯ᠎ᠳᠤ᠂ ᠪᠥᠬᠥ ᠣᠷᠣᠨ᠎ᠤ ᠢᠳᠡᠭᠡᠨ ᠤᠮᠳᠠᠭ᠋ᠠᠨ᠎ᠤ ᠣᠷᠣᠯᠭ᠎ᠠ 433.3 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 8.5%᠎ᠪᠠᠷ ᠨᠡᠮᠡᠭᠳᠡᠵᠦ᠂ ᠲᠠᠸᠠᠷ᠎ᠤᠨ ᠵᠢᠵᠢᠭᠯᠡᠨ ᠬᠤᠳᠠᠯᠳᠤᠭᠰᠠᠨ ᠲᠣᠭ᠎ᠠ ᠵᠢᠨ ᠨᠡᠮᠡᠭᠳᠡᠯ᠎ᠤᠨ ᠬᠤᠷᠳᠤᠴᠠ᠎ᠠᠴᠠ 5.7 ᠵᠠᠭᠤᠨ᠎ᠤ ᠬᠤᠪᠢ ᠵᠢᠨ ᠴᠡᠭ ᠥᠨᠳᠥᠷ ᠪᠣᠯᠪᠠ᠃
    ᠭᠤᠷᠪᠠ᠎ᠳᠤ᠂ ᠰᠦᠯᠵᠢᠶᠡᠨ᠎ᠤ ᠬᠡᠷᠡᠭᠯᠡᠭᠡ ᠦᠷᠭᠦᠯᠵᠢᠯᠡᠨ ᠬᠥᠭᠵᠢᠶᠡᠨ᠎ᠲᠠᠢ ᠪᠠᠶ᠋ᠢᠨ᠎ᠠ᠃ ᠰᠢᠨ᠎ᠡ ᠡᠵᠡᠩᠨᠡᠯᠲᠡ ᠵᠢᠨ ᠬᠡᠯᠪᠡᠷᠢ ᠪᠠᠶ᠋ᠢᠳᠠᠯ᠎ᠤᠨ ᠲᠦᠷᠭᠡᠨ ᠬᠥᠭᠵᠢᠬᠦ ᠵᠢ ᠳᠠᠭ᠋ᠠᠯᠳᠤᠨ᠂ ᠳᠠᠪᠬᠤᠴᠠᠭᠰᠠᠨ ᠰᠦᠯᠵᠢᠶ᠎ᠡ᠎ᠪᠠᠷ ᠪᠠᠷᠠᠭ᠎ᠠ ᠬᠤᠳᠠᠯᠳᠤᠨ ᠠᠪᠬᠤ ᠪᠠ ᠪᠣᠷᠣᠯᠠᠭᠤᠯᠭ᠎ᠠ ᠵᠢ ᠠᠬᠢᠭᠤᠯᠬᠤ ᠡᠷᠴᠢᠮ ᠴᠢᠩᠭ᠋ᠠᠷᠠᠵᠤ᠂ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠬᠤ ᠶᠠᠪᠤᠳᠠᠯ ᠦᠷᠭᠦᠯᠵᠢᠯᠡᠨ ᠨᠡᠯᠢᠶᠡᠳ ᠲᠦᠷᠭᠡᠨ ᠨᠡᠮᠡᠭᠳᠡᠪᠡ᠃ ᠲᠦᠷᠦᠭᠦᠦ ᠭᠤᠷᠪᠠᠨ ᠤᠯᠠᠷᠢᠯ᠎ᠳᠤ᠂ ᠪᠥᠬᠥ ᠣᠷᠣᠨ᠎ᠤ ᠪᠣᠳᠠᠲᠤ ᠲᠠᠸᠠᠷ᠎ᠤᠨ ᠰᠦᠯᠵᠢᠶᠡᠨ ᠳᠡᠭᠡᠷ᠎ᠡ ᠵᠢᠵᠢᠭᠯᠡᠨ ᠪᠣᠷᠣᠯᠠᠭᠤᠯᠤᠭᠰᠠᠨ ᠲᠣᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 9.3%᠎ᠪᠠᠷ ᠨᠡᠮᠡᠭᠳᠡᠵᠦ᠂ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠶ ᠲᠣᠭ᠎ᠠ ᠵᠢᠨ ᠨᠡᠮᠡᠭᠳᠡᠯ᠎ᠤᠨ ᠬᠤᠷᠳᠤᠴᠠ᠎ᠠᠴᠠ 5.9 ᠵᠠᠭᠤᠨ᠎ᠤ ᠬᠤᠪᠢ ᠵᠢᠨ ᠴᠡᠭ ᠥᠨᠳᠥᠷ ᠪᠣᠯᠵᠠᠶ᠃ ᠡᠭᠦᠨ᠎ᠳᠤ᠂ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠨᠢᠭᠡᠴᠢ ᠵᠢᠨ ᠰᠦᠯᠵᠢᠶᠡᠨ ᠳᠡᠭᠡᠷ᠎ᠡ ᠵᠢᠵᠢᠭᠯᠡᠨ ᠪᠣᠷᠣᠯᠠᠭᠤᠯᠤᠭᠰᠠᠨ ᠲᠣᠭ᠎ᠠ᠎ᠨᠢ ᠡᠨᠡ ᠵᠢᠯ᠎ᠠᠴᠠ ᠨᠠᠭ᠋ᠠᠰᠢᠬᠢ ᠬᠣᠶᠠᠷ ᠣᠷᠣᠨᠲᠤ ᠲᠣᠭ᠎ᠠ ᠵᠢᠨ ᠨᠡᠮᠡᠭᠳᠡᠯ᠎ᠤᠨ ᠬᠠᠨᠳᠤᠰᠢ᠎ᠪᠠᠨ ᠦᠷᠭᠦᠯᠵᠢᠯᠡᠭᠦᠯᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 30.6%᠎ᠪᠠᠷ ᠨᠡᠮᠡᠭᠳᠡᠪᠡ᠃
    ᠬᠡᠯᠡᠯᠭᠡᠨ ᠥᠬᠡᠶ᠂ ᠬᠡᠷᠡᠭᠯᠡᠭᠡᠨ᠎ᠤ ᠬᠦᠰᠡᠯ ᠡᠷᠡᠮᠡᠯᠵᠡᠯ ᠬᠦᠷᠦᠯᠴᠡᠬᠦ ᠥᠬᠡᠶ᠂ ᠬᠡᠷᠡᠭᠯᠡᠭᠡᠨ᠎ᠤ ᠲᠠᠯᠠᠪᠤᠷ ᠲᠠᠩ ᠴᠤᠯᠭᠤᠶ ᠵᠡᠷᠭᠡ ᠣᠯᠠᠨ ᠬᠦᠴᠦᠨ ᠵᠦᠢ᠍ᠯ᠎ᠤᠨ ᠨᠥᠯᠥᠭᠡ᠎ᠠᠴᠠ ᠪᠣᠯᠵᠣ᠂ ᠮᠠᠨ᠎ᠤ ᠣᠷᠣᠨ᠎ᠤ ᠬᠡᠷᠡᠭᠯᠡᠭᠡᠨ᠎ᠤ ᠵᠠᠬ᠎ᠠ ᠳᠡᠯᠭᠡᠭᠦᠷ᠎ᠤᠨ ᠰᠡᠷᠭᠦᠯᠲᠡ ᠵᠢᠨ ᠰᠠᠭᠤᠷᠢ ᠮᠥᠨ ᠬᠦ᠌ ᠪᠠᠲᠤ ᠪᠠᠬᠢ ᠪᠢᠰᠢ ᠪᠠᠶ᠋ᠢᠨ᠎ᠠ᠃ ᠲᠠᠷᠠᠭ᠋ᠠᠴᠢ ᠵᠢᠨ ᠱᠠᠲᠤᠨ᠎ᠳᠤ᠂ ᠬᠡᠷᠡᠭᠯᠡᠭᠡᠨ᠎ᠤ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠲᠥᠷᠥ ᠵᠢᠨ ᠪᠣᠳᠣᠯᠭ᠎ᠠ ᠵᠢᠨ ᠠᠵᠠ ᠲᠣᠬᠢᠶᠠᠯ᠎ᠢ ᠦᠷᠭᠦᠯᠵᠢᠯᠡᠨ

ᠠᠮᠵᠢᠵᠤ᠂ ᠬᠡᠷᠡᠭᠯᠡᠭᠡᠨ᠎ᠤ ᠳᠠᠯᠳᠠ ᠴᠢᠳᠠᠪᠤᠷᠢ ᠵᠢ ᠲᠠᠰᠤᠷᠠᠯᠲᠠ ᠥᠬᠡᠶ ᠬᠥᠭᠵᠢᠭᠡᠵᠦ᠂ ᠬᠠᠩᠭ᠋ᠠᠯᠭ᠎ᠠ ᠵᠢᠨ ᠪᠦᠲᠦᠴᠡ ᠵᠢ ᠦᠷᠭᠦᠯᠵᠢᠯᠡᠨ ᠰᠢᠯᠢᠳᠡᠭᠵᠢᠭᠦᠯᠵᠦ᠂ ᠴᠢᠨᠠᠷ ᠰᠠᠶ᠋ᠢᠲᠠᠶ ᠬᠠᠩᠭ᠋ᠠᠯᠭ᠎ᠠ᠎ᠪᠠᠷ ᠬᠡᠷᠡᠭᠯᠡᠭᠡᠨ᠎ᠤ ᠰᠢᠨ᠎ᠡ ᠬᠡᠷᠡᠭᠴᠡᠭᠡ ᠵᠢ ᠬᠥᠲᠥᠯᠥᠨ ᠳᠠᠭ᠋ᠠᠭᠤᠯᠬᠤ ᠬᠡᠷᠡᠭᠲᠡᠶ᠃ ᠪᠠᠶᠠᠷᠯᠠᠯ᠎ᠠ᠃

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠲᠦᠷᠦᠭᠦᠦ ᠭᠤᠷᠪᠠᠨ ᠤᠯᠠᠷᠢᠯ᠎ᠳᠤ ᠪᠥᠬᠥ ᠣᠷᠣᠨ᠎ᠤ ᠠᠵᠤ ᠠᠬᠤᠶ ᠲᠣᠭᠲᠠᠭᠤᠨ ᠨᠡᠮᠡᠭᠳᠡᠵᠦ ᠴᠢᠨᠠᠷ ᠰᠠᠶ᠋ᠢᠲᠠᠶ ᠬᠥᠭᠵᠢᠯᠲᠡ ᠵᠢ ᠯᠠᠪᠳᠠᠭᠤᠨ ᠪᠠᠲᠤᠲᠠᠶ ᠠᠬᠢᠭᠤᠯᠪᠠ
2024 ᠣᠨ᠎ᠳᠤ ᠪᠦᠬᠦ ᠣᠷᠣᠨ᠎ᠤ ᠠᠵᠤ ᠠᠬᠤᠢ ᠵᠢᠨ ᠡᠷᠭᠢᠯᠲᠡ ᠲᠣᠭᠲᠠᠭᠤᠨ᠎ᠤ ᠳᠤᠮᠳᠠ ᠠᠬᠢᠵᠤ ᠰᠢᠨ᠎ᠡ ᠵᠠᠮ ᠨᠡᠭᠡᠭᠡᠵᠦ ᠳᠤᠮᠳᠠ ᠲᠦᠪᠰᠢᠨ᠎ᠳᠤ ᠤᠷᠤᠭᠰᠢᠯᠠᠬᠤ ᠲᠠᠯ᠎ᠠ᠎ᠪᠠᠷ ᠪᠣᠳᠠᠲᠠᠢ ᠠᠯᠬᠤᠮ᠎ᠢ ᠠᠯᠬᠤᠪᠠ
2024 ᠣᠨ᠎ᠤ ᠪᠥᠬᠥ ᠣᠷᠣᠨ᠎ᠤ ᠠᠵᠤ ᠠᠬᠤᠶ ᠵᠢᠨ ᠠᠵᠢᠯᠯᠠᠭ᠋ᠠᠨ᠎ᠤ ᠮᠡᠳᠡᠭᠡ ᠨᠡᠶ᠋ᠢᠲᠡᠯᠡᠬᠦ ᠬᠤᠷᠠᠯ᠎ᠠᠴᠠ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠯᠣᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠬᠥᠮᠦᠨ ᠠᠮᠠ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠰᠣᠨᠢᠨ ᠮᠡᠳᠡᠭᠡ ᠨᠡᠶ᠋ᠢᠲᠡᠯᠡᠬᠦ ᠬᠤᠷᠠᠯ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠲᠤᠯᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠬᠦᠮᠦᠨ ᠠᠮᠠ ᠵᠢᠨ ᠨᠡᠢ᠌ᠳᠡᠮ ᠪᠠᠢ᠌ᠴᠠᠭ᠋ᠠᠯᠲᠠ ᠵᠢᠨ ᠰᠤᠨᠢᠨ ᠮᠡᠳᠡᠭᠡ ᠨᠡᠢ᠌ᠳᠡᠯᠡᠬᠦ ᠬᠤᠷᠠᠯ᠎ᠤᠨ ᠨᠡᠢ᠌ᠳᠡᠯᠡᠬᠦ ᠦᠭᠡ
 
            