ᠲᠡᠷᠢᠭᠦᠨ ᠬᠠᠭᠤᠳᠠᠰᠤ
ᠠᠵᠢᠯ᠎ᠤᠨ ᠪᠠᠶ᠋ᠢᠳᠠᠯ
ᠢᠯᠡ ᠵᠠᠰᠠᠭ
ᠲᠤᠭ᠎ᠠ ᠪᠦᠷᠢᠳᠭᠡᠯ᠎ᠤᠨ ᠦᠢᠯᠡᠴᠢᠯᠡᠭᠡ
ᠠᠵᠢᠯ᠎ᠤᠨ ᠪᠠᠶ᠋ᠢᠳᠠᠯ   -   ᠰᠤᠷᠪᠤᠯᠵᠢᠯᠠᠭ᠎ᠠ
ᠲᠦᠷᠦᠭᠦᠦ ᠭᠤᠷᠪᠠᠨ ᠤᠯᠠᠷᠢᠯ᠎ᠳᠤ ᠪᠥᠬᠥ ᠣᠷᠣᠨ᠎ᠤ ᠠᠵᠤ ᠠᠬᠤᠶ ᠲᠣᠭᠲᠠᠭᠤᠨ ᠨᠡᠮᠡᠭᠳᠡᠵᠦ ᠴᠢᠨᠠᠷ ᠰᠠᠶ᠋ᠢᠲᠠᠶ ᠬᠥᠭᠵᠢᠯᠲᠡ ᠵᠢ ᠯᠠᠪᠳᠠᠭᠤᠨ ᠪᠠᠲᠤᠲᠠᠶ ᠠᠬᠢᠭᠤᠯᠪᠠ
ᠨᠡᠶ᠋ᠢᠲᠡᠯᠡᠭᠰᠡᠨ ᠴᠠᠭ᠄ 2024-10-22

      ᠦᠪᠦᠷ ᠮᠤᠩᠭᠤᠯ᠎ᠤᠨ ᠦᠪᠡᠷᠲᠡᠭᠡᠨ ᠵᠠᠰᠠᠬᠤ ᠤᠷᠤᠨ᠎ᠤ ᠲᠤᠭ᠎ᠠ ᠪᠦᠷᠢᠳᠭᠡᠯ᠎ᠤᠨ ᠲᠤᠪᠴᠢᠶ᠎ᠠ
      ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶᠠᠨ᠎ᠤ ᠥᠪᠥᠷ ᠮᠣᠩᠭᠣᠯ᠎ᠤᠨ ᠪᠠᠶ᠋ᠢᠴᠠᠭ᠋ᠠᠯᠲᠠ ᠵᠢᠨ ᠶᠡᠷᠦᠩᠬᠡᠶ ᠠᠩᠭᠢ
              (2024 ᠣᠨ᠎ᠤ 10 ᠰᠠᠷ᠎ᠠ ᠵᠢᠨ 21᠎ᠤ ᠡᠳᠦᠷ)


     ᠡᠨᠡ ᠵᠢᠯ᠎ᠠᠴᠠ ᠨᠠᠰᠢ᠂ ᠰᠢ ᠵᠢᠨ ᠫᠢᠩ ᠨᠥᠬᠥᠷ ᠵᠶ᠋ᠠᠷ ᠭᠤᠤᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠪᠦᠬᠦ ᠣᠷᠣᠨ ᠳᠠᠶᠠᠭ᠋ᠠᠷ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠤᠨ ᠬᠣᠷᠢᠳᠤᠭ᠋ᠠᠷ ᠬᠤᠭᠤᠴᠠᠭ᠋ᠠᠨ᠎ᠤ ᠬᠣᠶᠠᠳᠤᠭ᠋ᠠᠷ᠂ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠨᠠᠢ᠍ᠮᠠᠳᠤᠭ᠋ᠠᠷ ᠪᠦᠭᠦᠳᠡ ᠬᠤᠷᠠᠯ ᠪᠠ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》 ᠵᠢᠴᠢ ᠪᠥᠬᠥ ᠣᠷᠣᠨ᠎ᠤ ᠭᠤᠤᠯᠳᠠᠯᠭ᠎ᠠ᠎ᠲᠠᠢ ᠠᠵᠢᠯ᠎ᠢ ᠠᠬᠢᠭᠤᠯᠬᠤ ᠬᠤᠷᠠᠯ᠎ᠤᠨ ᠪᠠᠶ᠋ᠢᠷᠢᠯᠠᠭᠤᠯᠤᠯᠲᠠ ᠵᠢ ᠬᠢᠨᠠᠮᠠᠭ᠋ᠠᠶ ᠨᠠᠢ᠌ᠳᠠᠪᠤᠷᠢᠵᠢᠭᠤᠯᠵᠤ᠂ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠳᠠᠯᠠᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠡᠯ᠎ᠡ ᠵᠦᠢ᠍ᠯ᠎ᠤᠨ ᠠᠵᠢᠯ᠎ᠤᠨ ᠭᠤᠤᠯ ᠰᠢᠵᠢᠮ ᠪᠤᠯᠭ᠋ᠠᠵᠤ᠂ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠬᠦ᠎ᠪᠠᠷ ᠬᠥᠳᠡᠯᠭᠡᠭᠴᠢ ᠬᠦᠴᠦᠨ ᠪᠤᠯᠭ᠋ᠠᠨ᠂ ᠬᠦᠴᠢᠷ᠎ᠢ ᠰᠦᠷᠦᠨ ᠤᠷᠤᠭᠰᠢᠯᠠᠵᠤ᠂ ᠢᠳᠡᠪᠬᠢᠳᠡᠢ ᠠᠵᠢᠯᠯᠠᠵᠤ᠂ ᠬᠣᠶᠠᠷ ᠶᠡᠬᠡ ᠶᠠᠪᠤᠳᠠᠯ᠎ᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ᠂ 《ᠵᠢᠷᠭᠤᠭ᠋ᠠᠨ ᠢᠨᠵᠧᠨᠧᠷᠢᠩ》᠎ᠢ ᠲᠦᠷᠭᠡᠳᠬᠡᠨ ᠬᠡᠷᠡᠭᠵᠢᠬᠦᠯᠦᠨ᠂ 《ᠬᠣᠶᠠᠷ ᠴᠢᠬᠤᠯᠠ》 《ᠬᠣᠶᠠᠷ ᠰᠢᠨ᠎ᠡ》 ᠵᠡᠷᠭᠡ ᠴᠢᠬᠤᠯᠠ ᠶᠡᠬᠡ ᠲᠦᠷᠦ ᠵᠢᠨ ᠪᠤᠳᠤᠯᠭ᠎ᠠ ᠵᠢ ᠪᠣᠳᠠᠲᠠᠢ ᠨᠠᠷᠢᠯᠢᠭ ᠨᠠᠢ᠌ᠳᠠᠪᠤᠷᠢᠵᠢᠭᠤᠯᠵᠤ᠂ ᠲᠦᠷᠦᠭᠦᠦ ᠭᠤᠷᠪᠠᠨ ᠤᠯᠠᠷᠢᠯ᠎ᠳᠤ᠂ ᠪᠦᠬᠦ ᠣᠷᠣᠨ᠎ᠤ ᠠᠵᠤ ᠠᠬᠤᠶ ᠲᠣᠭᠲᠠᠭᠤᠨ ᠵᠶ᠋ᠠᠷ ᠨᠡᠮᠡᠭᠳᠡᠨ᠂ ᠰᠢᠨ᠎ᠡ ᠬᠥᠳᠡᠯᠭᠡᠭᠴᠢ ᠡᠨᠧᠷᠭᠢ ᠰᠢᠨ᠎ᠡ ᠳᠠᠪᠠᠭᠤᠯᠢᠭ᠎ᠢ ᠲᠦᠷᠭᠡᠯᠡᠨ ᠪᠤᠢ᠌ᠵᠢᠭᠤᠯᠵᠤ᠂ ᠴᠢᠨᠠᠷ ᠰᠠᠶ᠋ᠢᠲᠠᠢ ᠬᠥᠭᠵᠢᠯᠲᠡ ᠯᠠᠪᠳᠠᠭᠤᠨ ᠪᠠᠲᠤᠲᠠᠢ ᠠᠬᠢᠪᠠ᠃
   ᠤᠷᠤᠨ ᠨᠤᠲᠤᠭ᠎ᠤᠨ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠎ᠤᠨ ᠨᠢᠭᠡᠳᠦᠯᠲᠡᠶ ᠬᠠᠷᠭᠤᠭᠤᠯᠤᠨ ᠪᠤᠳᠤᠭᠰᠠᠨ ᠦᠷ᠎ᠡ ᠳ᠋ᠦᠩ᠎ᠢ ᠦᠨᠳᠦᠰᠦᠯᠡᠪᠡᠯ᠂ ᠲᠦᠷᠦᠭᠦᠦ ᠭᠤᠷᠪᠠᠨ ᠤᠯᠠᠷᠢᠯ᠎ᠳᠤ ᠪᠥᠬᠥ ᠣᠷᠣᠨ᠎ᠤ ᠤᠷᠤᠨ ᠨᠤᠲᠤᠭ᠎ᠤᠨ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ 17875.5 ᠳ᠋ᠦᠩᠰᠢᠭᠤᠷ ᠲᠥᠭᠥᠷᠢᠭ᠎ᠲᠤ ᠬᠦᠷᠴᠦ᠂ ᠥᠯᠥ ᠬᠤᠪᠢᠰᠬᠤ ᠦᠨ᠎ᠡ᠎ᠪᠠᠷ ᠪᠤᠳᠤᠪᠠᠯ᠂ ᠠᠳᠠᠯᠢ ᠬᠤᠭᠤᠴᠠᠭ᠋ᠠᠨ᠎ᠤ᠎ᠬᠢ᠎ᠠᠴᠠ 5.8%᠎ᠪᠠᠷ ᠨᠡᠮᠡᠭᠳᠡᠪᠡ᠃ ᠠᠵᠤ ᠦᠢ᠍ᠯᠡᠰ ᠵᠶ᠋ᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢ᠍ᠯᠡᠰ᠎ᠤᠨ ᠨᠡᠮᠡᠭᠳᠡᠯ ᠥᠷᠲᠡᠭ 846.0 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 5.3%᠎ᠪᠠᠷ ᠨᠡᠮᠡᠭᠳᠡᠪᠡ; ᠬᠣᠶᠠᠳᠤᠭ᠋ᠠᠷ ᠠᠵᠤ ᠦᠢ᠍ᠯᠡᠰ᠎ᠤᠨ ᠨᠡᠮᠡᠭᠳᠡᠯ ᠥᠷᠲᠡᠭ 9012.5 ᠳ᠋ᠦᠩᠰᠢᠭᠤᠷ ᠲᠥᠭᠥᠷᠢᠭ᠎ᠲᠤ ᠬᠦᠷᠴᠦ᠂ 7.5%᠎ᠪᠠᠷ ᠨᠡᠮᠡᠭᠳᠡᠪᠡ; ᠭᠤᠷᠪᠠᠳᠤᠭ᠋ᠠᠷ ᠠᠵᠤ ᠦᠢ᠍ᠯᠡᠰ᠎ᠤᠨ ᠨᠡᠮᠡᠭᠳᠡᠯ ᠥᠷᠲᠡᠭ 8017.0 ᠳ᠋ᠦᠩᠰᠢᠭᠤᠷ ᠲᠥᠭᠥᠷᠢᠭ᠎ᠲᠤ ᠬᠦᠷᠴᠦ᠂ 4.4%᠎ᠪᠠᠷ ᠨᠡᠮᠡᠭᠳᠡᠪᠡ᠃
    ᠨᠢᠭᠡ᠂ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠪᠠᠶ᠋ᠢᠳᠠᠯ ᠰᠠᠶ᠋ᠢᠨ ᠪᠠᠶ᠋ᠢᠵᠤ᠂ ᠮᠠᠯ ᠠᠵᠤ ᠠᠬᠤᠶ ᠵᠢᠨ ᠦᠢ᠍ᠯᠡᠳᠪᠦᠷᠢᠯᠡᠯ ᠶᠡᠷᠦᠩᠬᠡᠶ᠎ᠳᠡᠭᠡᠨ ᠲᠣᠭᠲᠠᠭᠤᠨ ᠪᠠᠶ᠋ᠢᠨ᠎ᠠ᠃

     ᠲᠦᠷᠦᠭᠦᠦ ᠭᠤᠷᠪᠠᠨ ᠤᠯᠠᠷᠢᠯ᠎ᠳᠤ᠂ ᠪᠥᠬᠥ ᠣᠷᠣᠨ᠎ᠤ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭ᠋ᠠᠰᠤᠨ ᠠᠵᠤ ᠠᠬᠤᠶ ᠵᠢᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 5.4%᠎ᠪᠠᠷ ᠨᠡᠮᠡᠭᠳᠡᠪᠡ᠃ ᠠᠮᠤ ᠪᠤᠳᠠᠭ᠋ᠠᠨ᠎ᠤ  ᠦᠢ᠍ᠯᠡᠳᠪᠦᠷᠢᠯᠡᠯ᠎ᠤᠨ ᠪᠠᠶ᠋ᠢᠳᠠᠯ ᠨᠡᠯᠢᠶᠡᠳ ᠰᠠᠶ᠋ᠢᠨ ᠪᠠᠶ᠋ᠢᠵᠤ᠂ ᠨᠠᠮᠤᠷ᠎ᠤᠨ ᠬᠤᠷᠢᠶᠠᠯᠲᠠ ᠵᠢᠨ ᠠᠵᠢᠯ ᠡᠮᠬᠢ ᠵᠢᠷᠤᠮ᠎ᠲᠠᠢ ᠠᠭᠢᠵᠤ᠂ ᠪᠥᠬᠥ ᠵᠢᠯ᠎ᠤᠨ ᠡᠯᠪᠡᠭ ᠬᠤᠷᠢᠶᠠᠯᠲᠠ ᠤᠯᠬᠤ ᠪᠣᠯᠤᠮᠵᠢ᠎ᠲᠠᠢ ᠪᠠᠶ᠋ᠢᠨ᠎ᠠ᠃ ᠮᠠᠯ ᠠᠵᠤ ᠠᠬᠤᠶ ᠵᠢᠨ ᠦᠢ᠍ᠯᠡᠳᠪᠦᠷᠢᠯᠡᠯ ᠶᠡᠷᠦᠩᠬᠡᠶ᠎ᠳᠡᠭᠡᠨ ᠲᠣᠭᠲᠠᠭᠤᠨ ᠪᠠᠶ᠋ᠢᠨ᠎ᠠ᠃ ᠭᠤᠷᠪᠠᠳᠤᠭ᠋ᠠᠷ ᠤᠯᠠᠷᠢᠯ᠎ᠤᠨ ᠡᠴᠦᠰ᠎ᠲᠤ᠂ ᠪᠥᠬᠥ ᠣᠷᠣᠨ᠎ᠤ ᠠᠮᠢᠳᠤ ᠭᠠᠬᠠᠶ ᠵᠢᠨ ᠲᠣᠭ᠎ᠠ 634.6 ᠲᠦᠮᠡ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 6.0% ᠵᠶ᠋ᠠᠷ ᠨᠡᠮᠡᠭᠳᠡᠪᠡ; 948.4 ᠲᠦᠮᠡᠨ ᠦᠬᠡᠷ ᠲᠡᠵᠢᠭᠡᠵᠦ᠂ 3.0% ᠵᠶ᠋ᠠᠷ ᠨᠡᠮᠡᠭᠳᠡᠪᠡ; ᠮᠠᠯ᠎ᠤᠨ ᠲᠣᠭ᠎ᠠ ᠲᠣᠯᠣᠭ᠋ᠠᠢ 6353.9 ᠲᠦᠮᠡ᠎ᠳᠤ ᠬᠦᠷᠴᠦ᠂ 1.6%᠎ᠪᠠᠷ ᠨᠡᠮᠡᠭᠳᠡᠪᠡ᠃ ᠲᠦᠷᠦᠭᠦᠦ ᠭᠤᠷᠪᠠᠨ ᠤᠯᠠᠷᠢᠯ᠎ᠳᠤ᠂ ᠪᠥᠬᠥ ᠣᠷᠣᠨ᠎ᠤ ᠭᠠᠬᠠᠶ ᠦᠬᠡᠷ ᠬᠣᠨᠢ ᠵᠢᠭᠦᠷᠲᠡᠨ᠎ᠤ ᠮᠢᠬᠠᠨ᠎ᠤ ᠭᠠᠷᠤᠯᠲᠠ 199.4 ᠲᠦᠮᠡᠨ ᠲᠣᠨ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 5.0%᠎ᠪᠠᠷ ᠨᠡᠮᠡᠭᠳᠡᠪᠡ᠃ ᠡᠭᠦᠨ᠎ᠳᠤ᠂ ᠭᠠᠬᠠᠶ ᠵᠢᠨ ᠮᠢᠬ᠎ᠠ᠂ ᠦᠬᠡᠷ᠎ᠤᠨ ᠮᠢᠬ᠎ᠠ᠂ ᠵᠢᠭᠦᠷᠲᠡᠨ᠎ᠤ ᠮᠢᠬᠠᠨ᠎ᠤ ᠭᠠᠷᠤᠯᠲᠠ ᠲᠣᠰ ᠲᠣᠰ 6.1%᠂ 12.7% ᠪᠠ 17.3% ᠨᠡᠮᠡᠭᠳᠡᠵᠦ᠂ ᠬᠣᠨᠢᠨ ᠮᠢᠬᠠᠨ᠎ᠤ ᠭᠠᠷᠤᠯᠲᠠ 2.8% ᠪᠠᠭᠤᠷᠠᠪᠠ᠃
    ᠬᠣᠶᠠᠷ᠂ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ ᠲᠣᠭᠲᠠᠭᠤᠨ ᠵᠶ᠋ᠠᠷ ᠨᠡᠮᠡᠭᠳᠡᠵᠦ᠂ ᠰᠢᠨ᠎ᠡ ᠬᠥᠳᠡᠯᠭᠡᠭᠴᠢ ᠡᠨᠧᠷᠭᠢ ᠵᠢᠨ ᠨᠡᠮᠡᠭᠳᠡᠯ ᠬᠦᠴᠦᠲᠡᠢ ᠪᠣᠯᠪᠠ᠃

    ᠲᠦᠷᠦᠭᠦᠦ ᠭᠤᠷᠪᠠᠨ ᠤᠯᠠᠷᠢᠯ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 7.2% ᠵᠶ᠋ᠠᠷ ᠨᠡᠮᠡᠭᠳᠡᠪᠡ᠃ ᠭᠤᠷᠪᠠᠨ ᠶᠡᠬᠡ ᠲᠥᠷᠥᠯ ᠬᠤᠪᠢᠶᠠᠵᠤ ᠦᠵᠡᠪᠡᠯ᠂ ᠠᠭᠤᠷᠬᠠᠶ ᠮᠠᠯᠲᠠᠬᠤ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 5.2% ᠨᠡᠮᠡᠭᠳᠡᠵᠦ᠂ ᠦᠢ᠍ᠯᠡᠳᠬᠦ ᠦᠢ᠍ᠯᠡᠰ 9.0% ᠨᠡᠮᠡᠭᠳᠡᠵᠦ᠂ ᠴᠠᠬᠢᠯᠭ᠋ᠠᠨ ᠬᠦᠴᠦᠨ᠂ ᠢᠯᠴᠢ ᠵᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ᠎ᠤ ᠦᠢ᠍ᠯᠡᠳᠪᠦᠷᠢᠯᠡᠯ ᠪᠠ ᠬᠠᠩᠭ᠋ᠠᠯᠭ᠎ᠠ ᠵᠢᠨ ᠦᠢ᠍ᠯᠡᠰ 9.9% ᠨᠡᠮᠡᠭᠳᠡᠪᠡ᠃ ᠲᠣᠨᠣᠭᠯᠠᠯ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 41.8%᠎ᠪᠠᠷ ᠨᠡᠮᠡᠭᠳᠡᠵᠦ᠂ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ 31.6%᠎ᠪᠠᠷ ᠨᠡᠮᠡᠭᠳᠡᠵᠦ᠂ ᠨᠡᠮᠡᠭᠳᠡᠯ᠎ᠤᠨ ᠬᠤᠷᠳᠤᠴᠠ᠎ᠨᠢ ᠲᠣᠰ ᠲᠣᠰ ᠪᠥᠬᠥ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ 34.6 ᠪᠠ 24.4 ᠵᠠᠭᠤᠨ᠎ᠤ ᠬᠤᠪᠢ ᠵᠢᠨ ᠴᠡᠭ᠎ᠠᠴᠠ ᠲᠦᠷᠭᠡᠨ ᠪᠣᠯᠪᠠ᠃ ᠠᠵᠤ ᠠᠬᠤᠶ ᠵᠢᠨ ᠲᠥᠷᠥᠯ ᠬᠡᠯᠪᠡᠷᠢ᠎ᠠᠴᠠ ᠦᠵᠡᠪᠡᠯ᠂ ᠤᠯᠤᠰ᠎ᠤᠨ ᠥᠮᠴᠢᠯᠡᠯ᠎ᠤᠨ ᠬᠤᠪᠢ ᠡᠵᠡᠮᠳᠡᠭᠰᠡᠨ ᠠᠵᠤ ᠠᠬᠤᠶ᠋ᠢᠯᠠᠯ᠎ᠤᠨ ᠨᠡᠮᠡᠭᠳᠡᠯ ᠥᠷᠲᠡᠭ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ 5.8%᠎ᠪᠠᠷ ᠨᠡᠮᠡᠭᠳᠡᠪᠡ; ᠬᠤᠪᠢ ᠣᠷᠣᠭᠤᠯᠬᠤ ᠳᠦᠷᠢᠮᠲᠦ ᠠᠵᠤ ᠠᠬᠤᠶ᠋ᠢᠯᠠᠯ 7.4%᠎ᠪᠠᠷ ᠨᠡᠮᠡᠭᠳᠡᠵᠦ᠂ ᠭᠠᠳᠠᠭ᠋ᠠᠳᠤ ᠵᠢᠨ ᠬᠤᠳᠠᠯᠳᠤᠭ᠋ᠠᠴᠢᠨ ᠵᠢᠴᠢ ᠰᠢᠶᠠᠩᠭ᠋ᠠᠩ ᠣᠣᠮᠧᠨ ᠲᠠᠶ᠋ᠢᠸᠠᠨ᠎ᠤ ᠪᠡᠯᠡ ᠣᠷᠣᠭᠤᠯᠤᠭᠰᠠᠨ ᠠᠵᠤ ᠠᠬᠤᠶ᠋ᠢᠯᠠᠯ 3.7%᠎ᠪᠠᠷ ᠨᠡᠮᠡᠭᠳᠡᠪᠡ᠃ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠭᠣᠣᠯ ᠦᠢ᠍ᠯᠡᠳᠬᠦᠨ᠎ᠤ ᠭᠠᠷᠤᠯᠲᠠ᠎ᠠᠴᠠ ᠦᠵᠡᠪᠡᠯ᠂ ᠨᠡᠭᠦᠷᠡᠰᠦᠨ᠎ᠤ ᠭᠠᠷᠤᠯᠲᠠ 9.5 ᠳ᠋ᠦᠩᠰᠢᠭᠤᠷ ᠲᠣᠨ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 4.6% ᠨᠡᠮᠡᠭᠳᠡᠪᠡ; ᠴᠠᠬᠢᠯᠭ᠋ᠠᠨ ᠭᠠᠷᠭ᠋ᠠᠭᠰᠠᠨ ᠬᠡᠮᠵᠢᠶ᠎ᠡ 5990.7 ᠳ᠋ᠦᠩᠰᠢᠭᠤᠷ ᠺᠢᠯᠤᠸᠠᠲ ᠴᠠᠭ᠎ᠲᠤ ᠬᠦᠷᠴᠦ᠂ 9.6%᠎ᠪᠠᠷ ᠨᠡᠮᠡᠭᠳᠡᠪᠡ᠂ ᠡᠭᠦᠨ᠎ᠳᠤ ᠰᠠᠯᠬᠢᠨ᠎ᠤ ᠬᠦᠴᠦ᠎ᠪᠠᠷ ᠴᠠᠬᠢᠯᠭ᠋ᠠᠨ ᠭᠠᠷᠭ᠋ᠠᠭᠰᠠᠨ ᠬᠡᠮᠵᠢᠶ᠎ᠡ 1105.1 ᠳ᠋ᠦᠩᠰᠢᠭᠤᠷ ᠺᠢᠯᠤᠸᠠᠲ ᠴᠠᠭ᠎ᠲᠤ ᠬᠦᠷᠴᠦ᠂ 20.9%᠎ᠪᠠᠷ ᠨᠡᠮᠡᠭᠳᠡᠪᠡ; ᠪᠤᠯᠤᠳ ᠮᠠᠲ᠋ᠧᠷᠢᠶᠠᠯ᠎ᠤᠨ ᠭᠠᠷᠤᠯᠲᠠ 2550.6 ᠲᠦᠮᠡᠨ ᠲᠣᠨ᠎ᠳᠤ ᠬᠦᠷᠴᠦ᠂ 1.5%᠎ᠪᠠᠷ ᠨᠡᠮᠡᠭᠳᠡᠪᠡ; ᠬᠣᠪᠣᠷ ᠰᠢᠷᠣᠶ ᠵᠢᠨ ᠨᠢᠭᠡᠳᠪᠦᠷᠢ ᠪᠠ ᠣᠯᠠᠨ ᠲᠠᠯᠠᠰᠲᠤ ᠴᠠᠬᠢᠭᠤᠷ᠎ᠤᠨ ᠭᠠᠷᠤᠯᠲᠠ ᠲᠣᠰ ᠲᠣᠰ 2.4 ᠳᠠᠬᠢᠨ ᠪᠠ 1.2 ᠳᠠᠬᠢᠨ ᠨᠡᠮᠡᠭᠳᠡᠪᠡ᠃ 1-8 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠡᠵᠡᠩᠨᠡᠯᠲᠡ ᠵᠢᠨ ᠣᠷᠣᠯᠭ᠎ᠠ 18856.4 ᠳ᠋ᠦᠩᠰᠢᠭᠤᠷ ᠲᠥᠭᠥᠷᠢᠭ᠎ᠲᠤ ᠬᠦᠷᠴᠦ᠂ ᠪᠡᠶᠡᠯᠡᠭᠦᠯᠦᠭᠰᠡᠨ ᠠᠰᠢᠭ ᠬᠣᠨᠵᠢᠪᠣᠷᠢ ᠵᠢᠨ ᠶᠡᠷᠦᠩᠬᠡᠶ ᠲᠣᠭ᠎ᠠ 2014.5 ᠳ᠋ᠦᠩᠰᠢᠭᠤᠷ ᠲᠥᠭᠥᠷᠢᠭ᠎ᠲᠤ ᠬᠥᠷᠪᠡ᠃
    ᠭᠤᠷᠪᠠ᠂ ᠦᠢ᠍ᠯᠡᠴᠢᠯᠡᠭᠡᠨ᠎ᠤ ᠦᠢ᠍ᠯᠡᠰ ᠦᠷᠭᠦᠯᠵᠢᠯᠡᠨ ᠰᠡᠷᠭᠦᠵᠦ᠂ ᠣᠳᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢᠨ ᠬᠠᠨᠳᠤᠰᠢ ᠨᠡᠯᠢᠶᠡᠳ ᠰᠠᠶ᠋ᠢᠨ ᠪᠠᠶ᠋ᠢᠨ᠎ᠠ᠃

    ᠲᠦᠷᠦᠭᠦᠦ ᠭᠤᠷᠪᠠᠨ ᠤᠯᠠᠷᠢᠯ᠎ᠳᠤ᠂ ᠪᠥᠬᠥ ᠣᠷᠣᠨ᠎ᠤ ᠦᠢ᠍ᠯᠡᠴᠢᠯᠡᠭᠡᠨ᠎ᠤ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 4.4%᠎ᠪᠠᠷ ᠨᠡᠮᠡᠭᠳᠡᠪᠡ᠃ ᠡᠭᠦᠨ᠎ᠳᠤ᠂ ᠪᠥᠭᠡᠮ ᠵᠶ᠋ᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 5.6%᠎ᠪᠠᠷ ᠨᠡᠮᠡᠭᠳᠡᠵᠦ᠂ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠨ ᠬᠠᠳᠠᠭ᠋ᠠᠯᠠᠬᠤ ᠪᠠ ᠰᠢᠤᠳᠠᠨ᠎ᠤ ᠦᠢ᠍ᠯᠡᠰ᠎ᠤᠨ᠎ᠬᠢ 2.5%᠎ᠪᠠᠷ ᠨᠡᠮᠡᠭᠳᠡᠵᠦ᠂ ᠮᠥᠩᠭᠥᠨ ᠭᠦᠢ᠍ᠯᠭᠡᠭᠡᠨ᠎ᠤ ᠦᠢ᠍ᠯᠡᠰ᠎ᠤᠨ᠎ᠬᠢ 5.6%᠎ᠪᠠᠷ ᠨᠡᠮᠡᠭᠳᠡᠪᠡ᠃ 1-8 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠦᠢ᠍ᠯᠡᠴᠢᠯᠡᠭᠡᠨ᠎ᠤ ᠦᠢ᠍ᠯᠡᠰ᠎ᠤᠨ 10 ᠠᠵᠢᠯ ᠲᠥᠷᠥᠯ᠎ᠤᠨ ᠳᠣᠲᠣᠷᠠᠬᠢ 7 ᠠᠵᠢᠯ ᠲᠥᠷᠥᠯ᠎ᠤᠨ ᠡᠵᠡᠩᠨᠡᠯᠲᠡ ᠵᠢᠨ ᠣᠷᠣᠯᠭ᠎ᠠ ᠨᠡᠮᠡᠭᠳᠡᠪᠡ᠃ ᠤᠳᠤ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ ᠲᠦᠷᠭᠡᠨ ᠬᠥᠭᠵᠢᠵᠦ᠂ ᠮᠡᠳᠡᠭᠡ ᠵᠠᠩᠭᠢ ᠵᠢᠨ ᠳᠠᠮᠵᠢᠭᠤᠯᠭ᠎ᠠ᠂ ᠵᠥᠭᠡᠯᠡᠨ ᠲᠤᠨᠤᠭ ᠪᠠ ᠮᠡᠳᠡᠭᠡ ᠵᠠᠩᠭᠢ ᠵᠢᠨ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠡᠵᠡᠩᠨᠡᠯᠲᠡ ᠵᠢᠨ ᠣᠷᠣᠯᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 12.2% ᠵᠶ᠋ᠠᠷ ᠨᠡᠮᠡᠭᠳᠡᠵᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠪᠠ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ 43.2% ᠵᠶ᠋ᠠᠷ ᠨᠡᠮᠡᠭᠳᠡᠪᠡ᠃
    ᠳᠥᠷᠪᠡ᠂ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ ᠲᠣᠭᠲᠠᠭᠤᠨ᠎ᠤ ᠳᠤᠮᠳᠠ ᠲᠦᠷᠭᠡᠳᠴᠦ᠂ ᠠᠵᠤ ᠦᠢ᠍ᠯᠡᠳᠪᠦᠷᠢ ᠵᠢᠨ ᠪᠠᠯᠠ ᠣᠷᠣᠭᠤᠯᠤᠯᠲᠠ ᠬᠦᠴᠦᠲᠡᠶ ᠳᠠᠶ᠋ᠢᠴᠢᠯᠠᠭᠳᠠᠪᠠ᠃

    ᠲᠦᠷᠦᠭᠦᠦ ᠭᠤᠷᠪᠠᠨ ᠤᠯᠠᠷᠢᠯ᠎ᠳᠤ᠂ ᠪᠥᠬᠥ ᠣᠷᠣᠨ᠎ᠤ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ (ᠲᠠᠷᠢᠶᠠᠴᠢᠨ ᠡᠷᠦᠬᠡ ᠵᠢ ᠪᠠᠭᠲᠠᠭ᠋ᠠᠬᠤ ᠥᠬᠡᠶ) ᠠᠳᠠᠯᠢ ᠬᠤᠭᠤᠴᠠᠭ᠋ᠠᠨ᠎ᠤ᠎ᠬᠢ᠎ᠠᠴᠠ 11.0%᠎ᠪᠠᠷ ᠨᠡᠮᠡᠭᠳᠡᠵᠦ᠂ 1-8 ᠳ᠋ᠤᠭ᠋ᠠᠷ ᠰᠠᠷ᠎ᠠ ᠵᠢᠨ᠎ᠬᠢ᠎ᠠᠴᠠ 0.6 ᠵᠠᠭᠤᠨ᠎ᠤ ᠬᠤᠪᠢ ᠵᠢᠨ ᠴᠡᠭ ᠳᠡᠭᠡᠭᠰᠢᠯᠡᠪᠡ᠃ ᠬᠦᠷᠢᠶ᠎ᠡ ᠴᠠᠷᠠᠭ᠎ᠠ ᠬᠤᠪᠢᠶᠠᠵᠤ ᠦᠵᠡᠪᠡᠯ᠂ ᠰᠠᠭᠤᠷᠢ ᠲᠥᠬᠥᠭᠡᠷᠦᠮᠵᠢ ᠵᠢᠨ ᠪᠠᠯᠠ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 12.3%᠎ᠪᠠᠷ ᠨᠡᠮᠡᠭᠳᠡᠵᠦ᠂ ᠦᠢ᠍ᠯᠡᠳᠬᠦ ᠦᠢ᠍ᠯᠡᠰ᠎ᠤᠨ ᠪᠠᠯᠠ ᠣᠷᠣᠭᠤᠯᠤᠯᠲᠠ 3.2% ᠵᠶ᠋ᠠᠷ ᠨᠡᠮᠡᠭᠳᠡᠵᠦ᠂ ᠬᠡᠷ ᠭᠠᠵᠠᠷ ᠬᠥᠷᠥᠩᠭᠡ ᠵᠢᠨ ᠨᠡᠭᠡᠭᠡᠯᠲᠡ ᠵᠢᠨ ᠪᠠᠯᠠ ᠣᠷᠣᠭᠤᠯᠤᠯᠲᠠ 3.4%᠎ᠪᠠᠷ ᠪᠠᠭᠤᠷᠠᠪᠠ᠃ ᠠᠵᠤ ᠦᠢ᠍ᠯᠡᠰ ᠵᠶ᠋ᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢ᠍ᠯᠡᠰ᠎ᠤᠨ ᠪᠠᠯᠠ ᠣᠷᠣᠭᠤᠯᠤᠯᠲᠠ 59.8%᠎ᠪᠠᠷ ᠨᠡᠮᠡᠭᠳᠡᠵᠦ᠂ ᠬᠣᠶᠠᠳᠤᠭ᠋ᠠᠷ ᠠᠵᠤ ᠦᠢ᠍ᠯᠡᠰ᠎ᠤᠨ ᠪᠠᠯᠠ ᠣᠷᠣᠭᠤᠯᠤᠯᠲᠠ 12.3%᠎ᠪᠠᠷ ᠨᠡᠮᠡᠭᠳᠡᠵᠦ᠂ ᠭᠤᠷᠪᠠᠳᠤᠭ᠋ᠠᠷ ᠠᠵᠤ ᠦᠢ᠍ᠯᠡᠰ᠎ᠤᠨ ᠪᠠᠯᠠ ᠣᠷᠣᠭᠤᠯᠤᠯᠲᠠ 4.6%᠎ᠪᠠᠷ ᠨᠡᠮᠡᠭᠳᠡᠪᠡ᠃ ᠬᠣᠶᠠᠳᠤᠭ᠋ᠠᠷ ᠠᠵᠤ ᠦᠢ᠍ᠯᠡᠰ᠎ᠤᠨ ᠳᠣᠲᠣᠷ᠎ᠠ᠂ ᠠᠵᠤ ᠦᠢ᠍ᠯᠡᠳᠪᠦᠷᠢ ᠵᠢᠨ ᠪᠠᠯᠠ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 12.2% ᠵᠶ᠋ᠠᠷ ᠨᠡᠮᠡᠭᠳᠡᠵᠦ᠂ ᠪᠥᠬᠥ ᠪᠠᠯᠠ ᠣᠷᠣᠭᠤᠯᠤᠯᠲᠠ ᠵᠢᠨ ᠨᠡᠮᠡᠭᠳᠡᠯ᠎ᠳᠤ ᠦᠵᠡᠭᠦᠯᠦᠭᠰᠡᠨ ᠬᠤᠪᠢ ᠨᠡᠮᠡᠷᠢ ᠵᠢᠨ ᠨᠣᠷᠮ᠎ᠠ᠎ᠨᠢ 65.4% ᠪᠣᠯᠪᠠ᠃
    ᠲᠠᠪᠤ᠂ ᠵᠠᠬ᠎ᠠ ᠳᠡᠯᠭᠡᠭᠦᠷ᠎ᠤᠨ ᠪᠣᠷᠣᠯᠠᠭᠤᠯᠭ᠎ᠠ ᠲᠣᠭᠲᠠᠭᠤᠨ ᠵᠶ᠋ᠠᠷ ᠳᠡᠭᠡᠭᠰᠢᠯᠡᠵᠦ᠂ ᠳᠡᠰ ᠳᠡᠪᠰᠢᠭᠰᠡᠨ ᠲᠥᠷᠥᠯ᠎ᠤᠨ ᠬᠡᠰᠡᠭ ᠲᠠᠸᠠᠷ᠎ᠤᠨ ᠪᠣᠷᠣᠯᠠᠭᠤᠯᠭ᠎ᠠ ᠲᠦᠷᠭᠡᠨ ᠨᠡᠮᠡᠭᠳᠡᠪᠡ᠃

   ᠲᠦᠷᠦᠭᠦᠦ ᠭᠤᠷᠪᠠᠨ ᠤᠯᠠᠷᠢᠯ᠎ᠳᠤ᠂ ᠪᠥᠬᠥ ᠣᠷᠣᠨ᠎ᠤ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠣᠭ᠎ᠠ 3909.1 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 3.4%᠎ᠪᠠᠷ ᠨᠡᠮᠡᠭᠳᠡᠵᠦ᠂ 1-8 ᠳ᠋ᠤᠭ᠋ᠠᠷ ᠰᠠᠷ᠎ᠠ ᠵᠢᠨ᠎ᠬᠢ᠎ᠠᠴᠠ 0.2 ᠵᠠᠭᠤᠨ᠎ᠤ ᠬᠤᠪᠢ ᠵᠢᠨ ᠴᠡᠭ ᠲᠦᠷᠭᠡᠳᠪᠡ᠃ ᠡᠵᠡᠩᠨᠡᠯᠲᠡ ᠵᠢᠨ ᠨᠢᠭᠡᠴᠡ ᠵᠢᠨ ᠪᠠᠶ᠋ᠢᠭ᠎ᠠ ᠭᠠᠵᠠᠷ ᠵᠶ᠋ᠠᠷ ᠬᠤᠪᠢᠶᠠᠪᠠᠯ᠂ ᠬᠣᠲᠠ ᠪᠠᠯᠭ᠋ᠠᠰᠤᠨ᠎ᠤ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠲᠣᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 3.3% ᠨᠡᠮᠡᠭᠳᠡᠵᠦ᠂ ᠬᠥᠳᠡᠭᠡ ᠲᠣᠰᠬᠣᠨ᠎ᠤ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠲᠣᠭ᠎ᠠ 4.3% ᠨᠡᠮᠡᠭᠳᠡᠪᠡ᠃ ᠬᠡᠷᠡᠭᠯᠡᠭᠡᠨ᠎ᠤ ᠲᠥᠷᠥᠯ ᠵᠶ᠋ᠠᠷ ᠬᠤᠪᠢᠶᠠᠪᠠᠯ᠂ ᠢᠳᠡᠭᠡᠨ ᠤᠮᠳᠠᠭ᠋ᠠᠨ᠎ᠤ ᠣᠷᠣᠯᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 8.5%᠎ᠪᠠᠷ ᠨᠡᠮᠡᠭᠳᠡᠵᠦ᠂ ᠲᠠᠸᠠᠷ᠎ᠤᠨ ᠵᠢᠵᠢᠭᠯᠡᠨ ᠪᠣᠷᠣᠯᠠᠭᠤᠯᠤᠯᠲᠠ 2.8%᠎ᠪᠠᠷ ᠨᠡᠮᠡᠭᠳᠡᠪᠡ᠃ ᠦᠨᠳᠦᠰᠦᠨ ᠠᠮᠢᠳᠤᠷᠠᠯ᠎ᠤᠨ ᠲᠥᠷᠥᠯ᠎ᠤᠨ ᠲᠠᠸᠠᠷ᠎ᠤᠨ ᠪᠣᠷᠣᠯᠠᠭᠤᠯᠭ᠎ᠠ ᠨᠡᠯᠢᠶᠡᠳ ᠰᠠᠶ᠋ᠢᠨ ᠪᠠᠶ᠋ᠢᠵᠤ᠂ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠨᠢᠭᠡᠴᠢ ᠠᠮᠤ ᠲᠣᠰᠣ᠂ ᠢᠳᠡᠭᠡᠨ᠎ᠤ ᠲᠥᠷᠥᠯ᠎ᠤᠨ ᠲᠠᠸᠠᠷ᠎ᠤᠨ ᠵᠢᠵᠢᠭᠯᠡᠨ ᠬᠤᠳᠠᠯᠳᠤᠭᠰᠠᠨ ᠲᠣᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 19.1%᠎ᠪᠠᠷ ᠨᠡᠮᠡᠭᠳᠡᠵᠦ᠂ ᠡᠳᠦᠷ ᠲᠤᠲᠤᠮ᠎ᠤᠨ ᠬᠡᠷᠡᠭᠯᠡᠭᠡᠨ᠎ᠤ ᠵᠦᠢ᠍ᠯ᠎ᠤᠨ ᠲᠥᠷᠥᠯ 14.4%᠎ᠪᠠᠷ ᠨᠡᠮᠡᠭᠳᠡᠪᠡ᠃ ᠬᠡᠰᠡᠭ ᠲᠠᠰ ᠳᠡᠪᠰᠢᠭᠦᠯᠬᠦ ᠲᠥᠷᠥᠯ᠎ᠤᠨ ᠲᠠᠸᠠᠷ᠎ᠤᠨ ᠪᠣᠷᠣᠯᠠᠭᠤᠯᠭ᠎ᠠ ᠲᠦᠷᠭᠡᠨ ᠵᠶ᠋ᠠᠷ ᠨᠡᠮᠡᠭᠳᠡᠵᠦ᠂ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠨᠢᠭᠡᠴᠢ ᠵᠢᠨ ᠪᠡᠶ᠎ᠡ ᠵᠢᠨ ᠲᠠᠮᠢᠷ ᠵᠤᠭ᠎ᠠ ᠴᠡᠩᠭᠡᠯ᠎ᠤᠨ ᠬᠡᠷᠡᠭᠰᠡᠯ᠎ᠤᠨ ᠲᠥᠷᠥᠯ᠂ ᠰᠢᠨ᠎ᠡ ᠡᠨᠧᠷᠭᠢ ᠵᠢᠨ ᠰᠤᠷᠪᠤᠯᠵᠢ ᠬᠡᠷᠡᠭᠯᠡᠬᠦ ᠮᠠᠰᠢᠨ ᠲᠡᠷᠭᠡᠨ᠎ᠤ ᠲᠥᠷᠥᠯ᠂ ᠮᠡᠳᠡᠭᠡ ᠬᠣᠯᠪᠣᠭ᠋ᠠᠨ᠎ᠤ ᠪᠠᠭ᠋ᠠᠵᠢ ᠬᠡᠷᠡᠭᠰᠡᠯ᠎ᠤᠨ ᠲᠥᠷᠥᠯ᠎ᠤᠨ ᠲᠠᠸᠠᠷ᠎ᠤᠨ ᠵᠢᠵᠢᠭᠯᠡᠨ ᠬᠤᠳᠠᠯᠳᠤᠭᠰᠠᠨ ᠲᠣᠭ᠎ᠠ ᠲᠣᠰ ᠲᠣᠰ 63.5%᠂ 79.3% ᠪᠠ 89.3% ᠨᠡᠮᠡᠭᠳᠡᠵᠡᠶ᠃
    ᠵᠢᠷᠭᠤᠭ᠎ᠠ᠂ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠬᠠᠩᠰᠢ ᠵᠢ ᠲᠣᠭᠲᠠᠭᠤᠨ ᠵᠶ᠋ᠠᠷ ᠠᠵᠢᠯᠯᠠᠭᠤᠯᠵᠤ᠂ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢᠳ᠎ᠤᠨ ᠦᠨ᠎ᠡ ᠬᠠᠩᠰᠢ ᠵᠢᠨ ᠪᠠᠭᠤᠷᠠᠯᠲᠠ ᠵᠢᠨ ᠬᠡᠮᠵᠢᠶ᠎ᠡ ᠵᠢ ᠪᠠᠭ᠋ᠠᠰᠬᠠᠪᠠ᠃

    ᠲᠦᠷᠦᠭᠦᠦ ᠭᠤᠷᠪᠠᠨ ᠤᠯᠠᠷᠢᠯ᠎ᠳᠤ᠂ ᠪᠥᠬᠥ ᠣᠷᠣᠨ᠎ᠤ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠬᠠᠩᠰᠢ (CPI) ᠠᠳᠠᠯᠢ ᠬᠤᠭᠤᠴᠠᠭ᠋ᠠᠨ᠎ᠤ᠎ᠬᠢ᠎ᠠᠴᠠ 0.4%᠎ᠪᠠᠷ ᠥᠰᠪᠡ᠃ ᠲᠥᠷᠥᠯ ᠬᠤᠪᠢᠶᠠᠵᠤ ᠦᠵᠡᠪᠡᠯ᠂ ᠢᠳᠡᠭᠡᠨ ᠤᠮᠳᠠᠭ᠋ᠠᠨ ᠠᠷᠢᠬᠢ ᠲᠠᠮᠠᠬᠢᠨ᠎ᠤ ᠦᠨ᠎ᠡ ᠬᠠᠩᠰᠢ 1.2% ᠪᠠᠭᠤᠷᠠᠵᠤ᠂ ᠬᠤᠪᠴᠠᠰᠤ ᠬᠤᠨᠠᠷ᠎ᠤᠨ ᠦᠨ᠎ᠡ ᠬᠠᠩᠰᠢ 2.0% ᠥᠰᠴᠦ᠂ ᠣᠷᠣᠨ ᠰᠠᠭᠤᠴᠠ ᠵᠢᠨ ᠦᠨ᠎ᠡ ᠬᠠᠩᠰᠢ 0.2% ᠥᠰᠴᠦ᠂ ᠠᠮᠢᠳᠤᠷᠠᠯ᠎ᠤᠨ ᠬᠡᠷᠡᠭᠰᠡᠯ ᠵᠢᠴᠢ ᠦᠢ᠍ᠯᠡᠴᠢᠯᠡᠭᠡᠨ᠎ᠤ ᠦᠨ᠎ᠡ ᠬᠠᠩᠰᠢ 2.3% ᠥᠰᠴᠦ᠂ ᠵᠠᠮ ᠬᠠᠷᠢᠯᠴᠠᠭ᠎ᠠ ᠮᠡᠳᠡᠭᠡ ᠬᠣᠯᠪᠣᠭ᠋ᠠᠨ᠎ᠤ ᠦᠨ᠎ᠡ ᠬᠠᠩᠰᠢ 1.1% ᠪᠠᠭᠤᠷᠠᠵᠤ᠂ ᠰᠤᠷᠭ᠋ᠠᠨ ᠬᠥᠮᠦᠵᠢᠯ ᠰᠣᠶᠣᠯ ᠵᠤᠭ᠎ᠠ ᠴᠡᠩᠭᠡᠯ᠎ᠤᠨ ᠦᠨ᠎ᠡ ᠬᠠᠩᠰᠢ 1.7% ᠥᠰᠴᠦ᠂ ᠡᠮ ᠡᠮᠨᠡᠯᠭᠡ ᠡᠷᠡᠭᠦᠯᠵᠢᠯ᠎ᠤᠨ ᠦᠨ᠎ᠡ ᠬᠠᠩᠰᠢ 1.9% ᠥᠰᠴᠦ᠂ ᠪᠤᠰᠤᠳ ᠬᠡᠷᠡᠭᠰᠡᠯ ᠵᠢᠴᠢ ᠦᠢ᠍ᠯᠡᠴᠢᠯᠡᠭᠡᠨ᠎ᠤ ᠦᠨ᠎ᠡ ᠬᠠᠩᠰᠢ 5.2% ᠥᠰᠴᠡᠶ᠃ ᠲᠦᠷᠦᠭᠦᠦ ᠭᠤᠷᠪᠠᠨ ᠤᠯᠠᠷᠢᠯ᠎ᠳᠤ᠂ ᠪᠥᠬᠥ ᠣᠷᠣᠨ᠎ᠤ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢᠳ᠎ᠤᠨ ᠦᠢ᠍ᠯᠡᠳᠪᠦᠷᠢ᠎ᠠᠴᠠ ᠭᠠᠷᠭ᠋ᠠᠬᠤ ᠦᠨ᠎ᠡ ᠠᠳᠠᠯᠢ ᠬᠤᠭᠤᠴᠠᠭ᠋ᠠᠨ᠎ᠤ᠎ᠬᠢ᠎ᠠᠴᠠ 3.7%᠎ᠪᠠᠷ ᠪᠠᠭᠤᠷᠠᠵᠤ᠂ ᠪᠠᠭᠤᠷᠠᠯᠲᠠ ᠵᠢᠨ ᠬᠡᠮᠵᠢᠶ᠎ᠡ᠎ᠨᠢ ᠳᠡᠭᠡᠷ᠎ᠡ ᠬᠠᠭ᠋ᠠᠰ ᠵᠢᠯ᠎ᠤᠨ᠎ᠬᠢ᠎ᠠᠴᠠ 1.4 ᠵᠠᠭᠤᠨ᠎ᠤ ᠬᠤᠪᠢ ᠵᠢᠨ ᠴᠡᠭ ᠪᠠᠭ᠋ᠠᠰᠴᠠᠶ; ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢᠳ᠎ᠤᠨ ᠬᠤᠳᠠᠯᠳᠤᠨ ᠠᠪᠬᠤ ᠦᠨ᠎ᠡ ᠠᠳᠠᠯᠢ ᠬᠤᠭᠤᠴᠠᠭ᠋ᠠᠨ᠎ᠤ᠎ᠬᠢ᠎ᠠᠴᠠ 2.8%᠎ᠪᠠᠷ ᠪᠠᠭᠤᠷᠠᠵᠤ᠂ ᠪᠠᠭᠤᠷᠠᠯᠲᠠ ᠵᠢᠨ ᠬᠡᠮᠵᠢᠶ᠎ᠡ᠎ᠨᠢ ᠳᠡᠭᠡᠷ᠎ᠡ ᠬᠠᠭ᠋ᠠᠰ ᠵᠢᠯ᠎ᠤᠨ᠎ᠬᠢ᠎ᠠᠴᠠ 0.8 ᠵᠠᠭᠤᠨ᠎ᠤ ᠬᠤᠪᠢ ᠵᠢᠨ ᠴᠡᠭ ᠪᠠᠭ᠋ᠠᠰᠪᠠ᠃
    ᠳᠣᠯᠣᠭ᠎ᠠ᠂ ᠰᠠᠭᠤᠭ᠋ᠠᠯᠢ ᠠᠷᠠᠳ᠎ᠤᠨ ᠣᠷᠣᠯᠭ᠎ᠠ ᠲᠣᠭᠲᠠᠭᠤᠨ ᠵᠶ᠋ᠠᠷ ᠨᠡᠮᠡᠭᠳᠡᠵᠦ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠬᠠᠷᠢᠴᠠᠯ ᠪᠠᠭ᠋ᠠᠰᠪᠠ᠃

    ᠲᠦᠷᠦᠭᠦᠦ ᠭᠤᠷᠪᠠᠨ ᠤᠯᠠᠷᠢᠯ᠎ᠳᠤ᠂ ᠪᠥᠬᠥ ᠣᠷᠣᠨ᠎ᠤ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 29724 ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ ᠨᠡᠷ᠎ᠡ ᠳᠡᠭᠡᠷ᠎ᠡ᠎ᠪᠠᠨ 5.0%᠎ᠪᠠᠷ ᠨᠡᠮᠡᠭᠳᠡᠪᠡ᠃ ᠪᠠᠶ᠋ᠢᠩᠭᠤ ᠰᠠᠭᠤᠭ᠎ᠠ ᠭᠠᠵᠠᠷ ᠵᠶ᠋ᠠᠷ ᠬᠤᠪᠢᠶᠠᠪᠠᠯ᠂ ᠬᠣᠲᠠ ᠪᠠᠯᠭ᠋ᠠᠰᠤᠨ᠎ᠤ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 39070 ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ ᠨᠡᠷ᠎ᠡ ᠳᠡᠭᠡᠷ᠎ᠡ᠎ᠪᠠᠨ 4.3%᠎ᠪᠠᠷ ᠨᠡᠮᠡᠭᠳᠡᠪᠡ; ᠮᠠᠯᠵᠢᠬᠤ ᠲᠠᠷᠢᠶᠠᠯᠠᠬᠤ ᠣᠷᠣᠨ᠎ᠤ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 14753 ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ ᠨᠡᠷ᠎ᠡ ᠳᠡᠭᠡᠷ᠎ᠡ᠎ᠪᠠᠨ 6.4%᠎ᠪᠠᠷ ᠨᠡᠮᠡᠭᠳᠡᠪᠡ᠃ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠬᠠᠷᠢᠴᠠᠯ 2.65 ᠪᠣᠯᠵᠣ᠂ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 0.05 ᠪᠠᠭ᠋ᠠᠰᠪᠠ᠃
    ᠶᠡᠷᠦᠩᠬᠡᠶ᠎ᠳᠤᠨᠢ ᠠᠪᠴᠤ ᠦᠵᠡᠪᠡᠯ᠂ ᠲᠦᠷᠦᠭᠦᠦ ᠭᠤᠷᠪᠠᠨ ᠤᠯᠠᠷᠢᠯ᠎ᠳᠤ ᠪᠥᠬᠥ ᠣᠷᠣᠨ᠎ᠤ ᠠᠵᠤ ᠠᠬᠤᠶ ᠵᠢᠨ ᠠᠵᠢᠯᠯᠠᠭ᠋ᠠᠨ ᠶᠡᠷᠦᠩᠬᠡᠶ᠎ᠳᠡᠭᠡᠨ ᠲᠣᠭᠲᠠᠭᠤᠨ ᠪᠠᠶ᠋ᠢᠵᠤ᠂ ᠴᠢᠨᠠᠷ ᠰᠠᠶ᠋ᠢᠲᠠᠶ ᠬᠥᠭᠵᠢᠯᠲᠡ ᠵᠢᠨ ᠬᠠᠨᠳᠤᠰᠢ ᠨᠡᠯᠢᠶᠡᠳ ᠰᠠᠶ᠋ᠢᠨ ᠪᠠᠶ᠋ᠢᠨ᠎ᠠ᠃ ᠡᠭᠦᠨ᠎ᠤ ᠬᠠᠮᠲᠤ᠂ ᠳᠣᠲᠣᠭ᠋ᠠᠳᠤ ᠭᠠᠳᠠᠭ᠋ᠠᠳᠤ ᠵᠢᠨ ᠣᠷᠴᠢᠨ ᠲᠣᠭᠣᠷᠢᠨ ᠡᠭᠡᠳᠡᠷᠡᠭᠡᠨ ᠪᠤᠳᠤᠯᠢᠶᠠᠨᠲᠠᠶ᠂ ᠠᠶᠤᠯ ᠲᠦᠭᠰᠢᠭᠦᠷᠢ ᠥᠷᠢᠰᠥᠯᠳᠦᠭᠡᠨ ᠣᠯᠠᠰᠢᠷᠠᠵᠤ᠂ ᠠᠵᠤ ᠠᠬᠤᠶ ᠵᠢᠨ ᠦᠷᠭᠦᠯᠵᠢᠯᠡᠨ ᠳᠡᠭᠡᠭᠰᠢᠯᠡᠵᠦ ᠰᠠᠶ᠋ᠢᠵᠢᠷᠠᠬᠤ ᠵᠢ ᠠᠬᠢᠭᠤᠯᠬᠤ᠎ᠳᠤ ᠮᠥᠨ ᠬᠦ᠌ ᠨᠠᠩ ᠶᠡᠬᠡ ᠴᠢᠷᠮᠠᠶ᠋ᠢᠯᠭ᠎ᠠ ᠭᠠᠷᠭ᠋ᠠᠬᠤ ᠴᠢᠬᠤᠯᠠᠲᠠᠶ ᠪᠠᠶ᠋ᠢᠬᠤ ᠵᠢ ᠣᠯᠵᠤ ᠬᠠᠷᠠᠬᠤ ᠬᠡᠷᠡᠭᠲᠡᠶ᠃ ᠲᠠᠷᠠᠭ᠋ᠠᠴᠢ ᠵᠢᠨ ᠱᠠᠲᠤᠨ᠎ᠳᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠬᠤ ᠵᠢ ᠪᠠᠷᠢᠮᠲᠠᠯᠠᠵᠤ᠂ ᠡᠯ᠎ᠡ ᠵᠦᠢ᠍ᠯ᠎ᠤᠨ ᠥᠭᠡᠷᠡᠴᠢᠯᠡᠯᠲᠡ ᠵᠢᠨ ᠡᠭᠦᠷᠭᠡ ᠪᠣᠯᠤᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠲᠦᠷᠭᠡᠳᠬᠡᠨ ᠨᠠᠶ᠋ᠢᠳᠠᠪᠤᠷᠢᠵᠢᠭᠤᠯᠵᠤ᠂ ᠳᠣᠲᠣᠭ᠋ᠠᠳᠤ ᠬᠡᠷᠡᠭᠴᠡᠭᠡ ᠵᠢᠨ ᠳᠠᠯᠳᠠ ᠬᠦᠴᠦᠨ᠎ᠢ ᠭᠦᠨᠵᠡᠭᠡᠶ ᠠᠭᠤᠳᠠᠯᠵᠤ᠂ ᠰᠢᠨ᠎ᠡ ᠬᠥᠳᠡᠯᠭᠡᠬᠦ ᠡᠨᠧᠷᠭᠢ ᠰᠢᠨ᠎ᠡ ᠳᠠᠪᠠᠭᠤᠯᠢᠭ᠎ᠢ ᠲᠠᠰᠤᠷᠠᠯᠲᠠ ᠥᠬᠡᠶ ᠪᠣᠶ᠋ᠢᠵᠢᠭᠤᠯᠤᠨ ᠪᠤᠵᠠᠭ᠋ᠠᠶ᠋ᠢᠷᠠᠭᠤᠯᠵᠤ᠂ ᠴᠠᠭ ᠮᠥᠴᠡ᠎ᠲᠠᠢ ᠤᠷᠤᠯᠳᠤᠨ ᠴᠢᠬᠤᠯᠠ ᠶᠡᠬᠡ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠵᠤ᠂ ᠪᠥᠬᠥ ᠵᠢᠯ᠎ᠤᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠬᠠᠷᠠᠯᠲᠠ ᠡᠭᠦᠷᠭᠡ ᠵᠢ ᠴᠢᠷᠮᠠᠶ᠋ᠢᠨ ᠪᠡᠶᠡᠯᠡᠭᠦᠯᠬᠦ ᠬᠡᠷᠡᠭᠲᠡᠶ᠃
    ᠳᠠᠭ᠋ᠠᠯᠲᠠ ᠲᠠᠶ᠋ᠢᠯᠪᠤᠷᠢ
    (1) ᠤᠷᠤᠨ ᠨᠤᠲᠤᠭ᠎ᠤᠨ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ ᠵᠢᠴᠢ ᠲᠥᠷᠥᠯ ᠬᠤᠪᠢᠶᠠᠭᠰᠠᠨ ᠲᠥᠷᠥᠯ ᠵᠦᠢ᠍ᠯ᠎ᠤᠨ ᠨᠡᠮᠡᠭᠳᠡᠯ᠎ᠤᠨ ᠬᠤᠷᠳᠤᠴᠠ ᠵᠢ ᠥᠯᠥ ᠬᠤᠪᠢᠰᠬᠤ ᠦᠨ᠎ᠡ᠎ᠪᠠᠷ ᠪᠤᠳᠤᠵᠤ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ ᠵᠢᠴᠢ ᠲᠥᠷᠥᠯ ᠬᠤᠪᠢᠶᠠᠭᠰᠠᠨ ᠲᠥᠷᠥᠯ ᠵᠦᠢ᠍ᠯ᠎ᠤᠨ ᠨᠡᠮᠡᠭᠳᠡᠯ᠎ᠤᠨ ᠬᠤᠷᠳᠤᠴᠠ ᠵᠢ ᠠᠳᠠᠯᠢᠳᠬᠠᠵᠤ ᠪᠣᠯᠬᠤ ᠦᠨ᠎ᠡ᠎ᠪᠠᠷ ᠪᠤᠳᠤᠪᠠᠯ᠂ ᠴᠥᠮ ᠪᠣᠳᠠᠲᠠᠶ ᠨᠡᠮᠡᠭᠳᠡᠯ᠎ᠤᠨ ᠬᠤᠷᠳᠤᠴᠠ ᠪᠣᠯᠤᠨ᠎ᠠ; ᠪᠤᠰᠤᠳ ᠭᠦᠢ᠍ᠴᠡᠳᠬᠡᠬᠦ ᠲᠣᠭ᠎ᠠ ᠵᠢᠨ ᠣᠨᠴᠠᠭ᠋ᠠᠢ ᠲᠣᠳᠣᠷᠬᠠᠶ᠋ᠢᠯᠠᠯᠲᠠ᠎ᠠᠴᠠ ᠪᠤᠰᠤᠳ᠎ᠢ᠎ᠨᠢ ᠤᠳᠤ ᠵᠢᠨ ᠦᠨ᠎ᠡ᠎ᠪᠠᠷ ᠪᠤᠳᠤᠵᠤ᠂ ᠨᠡᠷᠡᠯᠡᠭᠰᠡᠨ ᠨᠡᠮᠡᠭᠳᠡᠯ᠎ᠤᠨ ᠬᠤᠷᠳᠤᠴᠠ ᠪᠣᠯᠭ᠋ᠠᠨ᠎ᠠ᠃
    (2) ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ᠄ ᠪᠦᠷᠢᠳᠬᠡᠬᠦ ᠬᠦᠷᠢᠶ᠎ᠡ ᠬᠡᠪᠴᠢᠶ᠎ᠡ᠎ᠨᠢ ᠵᠢᠯ᠎ᠤᠨ ᠭᠣᠣᠯ ᠡᠵᠡᠩᠨᠡᠯᠲᠡ ᠵᠢᠨ ᠲᠤᠬᠠᠶ᠋ᠢᠯᠠᠭᠰᠠᠨ ᠠᠵᠢᠯ᠎ᠤᠨ ᠣᠷᠣᠯᠭ᠎ᠠ᠎ᠨᠢ 2000 ᠲᠦᠮᠡᠨ ᠲᠥᠭᠥᠷᠢᠭ ᠵᠢᠴᠢ ᠲᠡᠭᠦᠨ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠃
    ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠬᠡᠪᠴᠢᠶ᠎ᠡ᠎ᠳᠤ ᠵᠢᠯ ᠪᠦᠷᠢ ᠬᠤᠪᠢᠷᠠᠯᠲᠠ ᠭᠠᠷᠤᠭᠰᠠᠨ᠎ᠠᠴᠠ ᠪᠣᠯᠵᠣ᠂ ᠲᠣᠰ ᠵᠢᠯ᠎ᠤᠨ ᠲᠣᠭ᠎ᠠ ᠪᠠᠷᠢᠮᠲᠠ ᠵᠢ ᠳᠡᠭᠡᠷ᠎ᠡ ᠵᠢᠯ᠎ᠤᠨ᠎ᠬᠢ᠎ᠲᠠᠢ ᠬᠠᠷᠢᠴᠠᠭᠤᠯᠬᠤ᠂ ᠦᠢ᠍ᠯᠡᠳᠬᠦᠨ᠎ᠤ ᠭᠠᠷᠤᠯᠲᠠ ᠵᠢᠨ ᠬᠡᠮᠵᠢᠶ᠎ᠡ ᠵᠢ ᠪᠤᠳᠤᠬᠤ ᠵᠡᠷᠭᠡ ᠡᠯ᠎ᠡ ᠵᠦᠢ᠍ᠯ᠎ᠤᠨ ᠭᠦᠢ᠍ᠴᠡᠳᠭᠡᠯ ᠲᠣᠭ᠎ᠠ ᠵᠢᠨ ᠠᠳᠠᠯᠢ ᠬᠤᠭᠤᠴᠠᠭ᠋ᠠᠨ᠎ᠤ᠎ᠬᠢ᠎ᠠᠴᠠ ᠨᠡᠮᠡᠭᠳᠡᠬᠦ ᠬᠤᠷᠳᠤᠴᠠ ᠵᠢ ᠪᠠᠲᠤᠯᠠᠬᠤ ᠵᠢᠨ ᠲᠥᠯᠥᠭᠡ ᠬᠡᠷᠡᠭᠯᠡᠭᠰᠡᠨ ᠠᠳᠠᠯᠢ ᠬᠤᠭᠤᠴᠠᠭ᠋ᠠᠨ᠎ᠤ ᠲᠣᠭ᠎ᠠ ᠬᠢᠭᠡᠳ ᠲᠣᠰ ᠬᠤᠭᠤᠴᠠᠭ᠋ᠠᠨ᠎ᠤ ᠠᠵᠤ ᠠᠬᠤᠶ᠋ᠢᠯᠠᠯ᠎ᠤᠨ ᠲᠣᠭ᠎ᠠ ᠪᠦᠷᠢᠳᠬᠡᠯ᠎ᠤᠨ ᠬᠡᠪᠴᠢᠶ᠎ᠡ᠎ᠨᠢ ᠠᠯᠢ ᠴᠢᠳᠠᠬᠤ᠎ᠪᠠᠷ ᠨᠢᠭᠡᠳᠦᠯᠲᠡᠶ ᠪᠣᠯᠵᠣ᠂ ᠳᠡᠭᠡᠷ᠎ᠡ ᠵᠢᠯ᠎ᠤᠨ ᠨᠡᠶ᠋ᠢᠲᠡᠯᠡᠭᠰᠡᠨ ᠲᠣᠭ᠎ᠠ ᠪᠠᠷᠢᠮᠲᠠ᠎ᠯᠤᠭ᠎ᠠ ᠬᠡᠯᠡᠯᠭᠡ ᠵᠢᠨ ᠵᠥᠷᠢᠶ᠎ᠡ ᠣᠷᠣᠰᠢᠵᠤ ᠪᠠᠶ᠋ᠢᠨ᠎ᠠ᠃ ᠡᠭᠦᠨ᠎ᠤ ᠭᠣᠣᠯ ᠰᠢᠯᠲᠠᠭ᠋ᠠᠨ᠎ᠨᠢ᠄ ᠨᠢᠭᠡ᠎ᠳᠤ ᠲᠣᠭ᠎ᠠ ᠪᠦᠷᠢᠳᠬᠡᠯ᠎ᠤᠨ ᠨᠢᠭᠡᠴᠡ ᠵᠢᠨ ᠬᠡᠪᠴᠢᠶᠡᠨ᠎ᠳᠤ ᠬᠤᠪᠢᠷᠠᠯᠲᠠ ᠭᠠᠷᠤᠭᠰᠠᠨ᠃ ᠵᠢᠯ ᠪᠦᠷᠢ ᠵᠠᠷᠢᠮ ᠠᠵᠤ ᠠᠬᠤᠶ᠋ᠢᠯᠠᠯ᠎ᠨᠢ ᠬᠡᠪᠴᠢᠶ᠎ᠡ᠎ᠳᠤ ᠬᠦᠷᠴᠦ ᠪᠠᠶ᠋ᠢᠴᠠᠭ᠋ᠠᠯᠲᠠ ᠬᠢᠬᠦ ᠬᠡᠪᠴᠢᠶᠡᠨ᠎ᠳᠤ ᠣᠷᠣᠳᠠᠭ᠂ ᠪᠠᠰᠠ ᠵᠠᠷᠢᠮ ᠠᠵᠤ ᠠᠬᠤᠶ᠋ᠢᠯᠠᠯ᠎ᠨᠢ ᠬᠡᠪᠴᠢᠶ᠎ᠡ᠎ᠪᠠᠨ ᠪᠠᠭ᠎ᠠ ᠪᠣᠯᠭ᠋ᠠᠭᠰᠠᠨ᠎ᠠᠴᠠ ᠪᠣᠯᠵᠣ ᠪᠠᠶ᠋ᠢᠴᠠᠭ᠋ᠠᠯᠲᠠ ᠬᠢᠬᠦ ᠬᠡᠪᠴᠢᠶ᠎ᠡ᠎ᠠᠴᠠ ᠤᠬᠤᠷᠢᠨ ᠭᠠᠷᠳᠠᠭ᠂ ᠪᠠᠰᠠ ᠰᠢᠨ᠎ᠡ᠎ᠪᠠᠷ ᠪᠠᠶ᠋ᠢᠭᠤᠯᠵᠤ ᠠᠰᠢᠭᠯᠠᠯᠲᠠ᠎ᠳᠤ ᠣᠷᠣᠭᠤᠯᠤᠭᠰᠠᠨ ᠠᠵᠤ ᠠᠬᠤᠶ᠋ᠢᠯᠠᠯ᠂ ᠳᠠᠮᠫᠤᠷᠠᠬᠤ᠂ ᠬᠦᠴᠦᠨ ᠥᠬᠡᠶ ᠪᠣᠯᠭ᠋ᠠᠭᠰᠠᠨ ᠠᠵᠤ ᠠᠬᠤᠶ᠋ᠢᠯᠠᠯ ᠵᠡᠷᠭᠡ ᠨᠥᠯᠥᠭᠡ᠎ᠲᠠᠢ ᠪᠠᠶ᠋ᠢᠳᠠᠭ᠃ ᠬᠣᠶᠠᠷ᠎ᠲᠤ ᠬᠡᠰᠡᠭ ᠠᠵᠤ ᠠᠬᠤᠶ᠋ᠢᠯᠠᠯ᠎ᠤᠨ ᠪᠦᠯᠦᠭᠯᠡᠯ ᠺᠣᠮᠫᠠᠨᠢ ᠵᠢᠨ ᠦᠢ᠍ᠯᠡᠳᠬᠦᠨ᠎ᠤ ᠭᠠᠷᠤᠯᠲᠠ ᠵᠢᠨ ᠲᠣᠭ᠎ᠠ ᠪᠠᠷᠢᠮᠲᠠ᠎ᠳᠤ ᠭᠠᠵᠠᠷ ᠣᠷᠣᠨ ᠠᠯᠤᠰᠯᠠᠨ ᠳᠠᠪᠬᠤᠷᠳᠠᠭᠤᠯᠤᠨ ᠪᠦᠷᠢᠳᠬᠡᠬᠦ ᠦᠵᠡᠭᠳᠡᠯ ᠣᠷᠣᠰᠢᠵᠤ᠂ ᠲᠤᠰᠬᠠᠶ ᠵᠦᠢ᠍ᠯ᠎ᠤᠨ ᠪᠠᠶ᠋ᠢᠴᠠᠭ᠋ᠠᠯᠲᠠ ᠵᠢ ᠦᠨᠳᠦᠰᠦᠯᠡᠨ ᠠᠵᠤ ᠠᠬᠤᠶ᠋ᠢᠯᠠᠯ᠎ᠤᠨ ᠪᠦᠯᠦᠭᠯᠡᠯ ᠺᠣᠮᠫᠠᠨᠢ ᠵᠢᠨ ᠭᠠᠵᠠᠷ ᠣᠷᠣᠨ ᠠᠯᠤᠰᠯᠠᠨ ᠳᠠᠪᠬᠤᠷᠳᠠᠭᠤᠯᠤᠨ ᠦᠢ᠍ᠯᠡᠳᠪᠦᠷᠢᠯᠡᠬᠦ ᠬᠡᠮᠵᠢᠶ᠎ᠡ᠎ᠳᠤ ᠰᠢᠭᠰᠢᠯᠲᠡ ᠬᠢᠪᠡ᠃
    (3) ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ (ᠲᠠᠷᠢᠶᠠᠴᠢᠨ ᠡᠷᠦᠬᠡ ᠵᠢ ᠪᠠᠭᠲᠠᠭ᠋ᠠᠬᠤ ᠦᠭᠡᠶ)᠄ ᠬᠣᠲᠠ ᠪᠠᠯᠭ᠋ᠠᠰᠤ ᠪᠠ ᠬᠥᠳᠡᠭᠡ ᠲᠣᠰᠬᠣᠨ᠎ᠤ ᠡᠯ᠎ᠡ ᠵᠦᠢ᠍ᠯ᠎ᠤᠨ ᠳᠠᠩᠰᠠᠯᠠᠨ ᠲᠡᠮᠳᠡᠭᠯᠡᠬᠦ ᠲᠥᠷᠥᠯ ᠬᠡᠯᠪᠡᠷᠢ ᠵᠢᠨ ᠠᠵᠤ ᠠᠬᠤᠶ᠋ᠢᠯᠠᠯ᠂ ᠠᠵᠢᠯ ᠦᠢ᠍ᠯᠡᠰ᠂ ᠵᠠᠰᠠᠭ ᠵᠠᠬᠢᠷᠭ᠋ᠠᠨ᠎ᠤ ᠨᠢᠭᠡᠴᠡ ᠵᠢᠴᠢ ᠬᠣᠲᠠ ᠪᠠᠯᠭ᠋ᠠᠰᠤ ᠵᠢᠨ ᠬᠤᠪᠢ ᠵᠢᠨ ᠡᠷᠦᠬᠡ᠎ᠠᠴᠠ ᠶᠠᠪᠤᠭᠳᠠᠭᠤᠯᠬᠤ᠎ᠪᠠᠷ ᠲᠥᠯᠥᠪᠯᠡᠭᠰᠡᠨ ᠶᠡᠷᠦᠩᠬᠡᠶ ᠪᠡᠯᠡ ᠣᠷᠣᠭᠤᠯᠤᠯᠲᠠ᠎ᠨᠢ 500 ᠲᠦᠮᠡᠨ ᠲᠥᠭᠥᠷᠢᠭ ᠵᠢᠴᠢ 500 ᠲᠦᠮᠡᠨ ᠲᠥᠭᠥᠷᠢᠭ᠎ᠠᠴᠠ ᠳᠡᠭᠡᠭᠰᠢᠬᠢ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠪᠡᠯᠡ ᠣᠷᠣᠭᠤᠯᠤᠯᠲᠠ ᠪᠠ ᠭᠡᠷ ᠪᠠᠶ᠋ᠢᠰᠢᠩ ᠭᠠᠵᠠᠷ ᠬᠥᠷᠥᠩᠭᠡ ᠵᠢᠨ ᠨᠡᠭᠡᠭᠡᠯᠲᠡ ᠵᠢᠨ ᠪᠡᠯᠡ ᠣᠷᠣᠭᠤᠯᠤᠯᠲᠠ ᠵᠢ ᠵᠢᠭ᠋ᠠᠵᠤ ᠪᠤᠶ᠂ ᠡᠭᠦᠨ᠎ᠳᠤ ᠤᠤᠯ᠎ᠤᠨ ᠬᠡᠪᠰᠢᠭᠰᠡᠨ ᠬᠣᠲᠠ ᠪᠠᠯᠭ᠋ᠠᠰᠤ ᠵᠢᠨ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠳᠡᠭᠡᠷ᠎ᠡ ᠬᠥᠳᠡᠭᠡ ᠲᠣᠰᠬᠣᠨ᠎ᠤ ᠠᠵᠤ ᠠᠬᠤᠶ᠋ᠢᠯᠠᠯ ᠠᠵᠢᠯ ᠦᠢ᠍ᠯᠡᠰ᠎ᠤᠨ ᠵᠣᠬᠢᠶᠠᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠪᠡᠯᠡ ᠣᠷᠣᠭᠤᠯᠤᠯᠲᠠ ᠵᠢ ᠪᠠᠭᠲᠠᠭ᠋ᠠᠨ᠎ᠠ᠃
    (4) ᠲᠠᠸᠠᠷ᠎ᠤᠨ ᠭᠡᠷ ᠪᠠᠶ᠋ᠢᠰᠢᠩ᠎ᠢ ᠪᠣᠷᠣᠯᠠᠭᠤᠯᠤᠭᠰᠠᠨ ᠲᠠᠯᠠᠪᠠᠢ᠄ ᠮᠡᠳᠡᠭᠦᠯᠦᠯᠲᠡ ᠵᠢᠨ ᠬᠤᠭᠤᠴᠠᠭ᠋ᠠᠨ᠎ᠳᠤ ᠰᠢᠨ᠎ᠡ᠎ᠪᠠᠷ ᠪᠠᠶ᠋ᠢᠭᠤᠯᠤᠭᠰᠠᠨ ᠲᠠᠸᠠᠷ᠎ᠤᠨ ᠭᠡᠷ ᠪᠠᠶ᠋ᠢᠰᠢᠩ᠎ᠢ ᠬᠤᠳᠠᠯᠳᠤᠭᠰᠠᠨ ᠭᠡᠷ᠎ᠡ ᠵᠢᠨ ᠶᠡᠷᠦᠩᠬᠡᠢ ᠲᠠᠯᠠᠪᠠᠢ (ᠲᠤᠬᠠᠶ᠋ᠢᠯᠠᠪᠠᠯ ᠬᠣᠶᠠᠷ ᠡᠲᠡᠭᠡᠳ᠎ᠤᠨ ᠭᠠᠷ᠎ᠤᠨ ᠦᠰᠦᠭ ᠵᠢᠷᠤᠭᠰᠠᠨ ᠵᠢᠩᠬᠢᠨᠢ ᠬᠤᠳᠠᠯᠳᠤᠭ᠋ᠠᠯᠠᠬᠤ ᠭᠡᠷ᠎ᠡ᠎ᠳᠤ ᠨᠤᠲᠠᠯᠠᠨ ᠲᠣᠭᠲᠠᠭ᠋ᠠᠭᠰᠠᠨ ᠪᠠᠷᠢᠯᠭ᠎ᠠ ᠵᠢᠨ ᠲᠠᠯᠠᠪᠠᠢ) ᠵᠢ ᠵᠢᠭ᠋ᠠᠵᠤ ᠪᠠᠶ᠋ᠢᠨ᠎ᠠ᠃ ᠲᠣᠰ ᠭᠦᠢ᠍ᠴᠡᠳᠭᠡᠯ ᠲᠣᠭ᠎ᠠ᠎ᠨᠢ ᠬᠤᠷᠠᠮᠳᠤᠯ ᠲᠣᠭ᠎ᠠ ᠪᠠᠷᠢᠮᠲᠠ᠃
    ᠪᠦᠷᠢᠳᠬᠡᠬᠦ ᠬᠡᠪᠴᠢᠶ᠎ᠡ᠄ ᠨᠡᠭᠡᠭᠡᠨ ᠡᠵᠡᠩᠨᠡᠬᠦ ᠠᠵᠢᠯᠯᠠᠭ᠎ᠠ᠎ᠲᠠᠢ ᠬᠡᠷ ᠪᠠᠶ᠋ᠢᠰᠢᠩ ᠭᠠᠵᠠᠷ ᠬᠥᠷᠥᠩᠭᠡ ᠵᠢᠨ ᠨᠡᠭᠡᠭᠡᠨ ᠡᠵᠡᠩᠨᠡᠬᠦ ᠪᠥᠬᠥ ᠬᠠᠤᠯᠢ ᠵᠢᠨ ᠡᠷᠬᠡᠲᠡᠨ᠎ᠤ ᠨᠢᠭᠡᠴᠡ᠃
    ᠪᠠᠶ᠋ᠢᠴᠠᠭ᠋ᠠᠬᠤ ᠠᠷᠭ᠎ᠠ ᠮᠠᠶᠢᠭ᠄ ᠰᠠᠷ᠎ᠠ ᠰᠠᠷ᠎ᠠ (1 ᠳ᠋ᠤᠭᠡᠷ ᠰᠠᠷ᠎ᠠ᠎ᠠᠴᠠ ᠭᠠᠳᠠᠨ᠎ᠠ)᠎ᠪᠠᠷ ᠪᠦᠬᠦ ᠲᠠᠯ᠎ᠠ ᠵᠢᠨ ᠪᠠᠶ᠋ᠢᠴᠠᠭ᠋ᠠᠯᠲᠠ ᠬᠢᠨ᠎ᠡ᠃
    (5) ᠲᠠᠸᠠᠷ᠎ᠤᠨ ᠭᠡᠷ ᠪᠠᠶ᠋ᠢᠰᠢᠩ᠎ᠢ ᠪᠣᠷᠣᠯᠠᠭᠤᠯᠤᠭᠰᠠᠨ ᠲᠣᠭ᠎ᠠ᠄ ᠭᠡᠷ ᠪᠠᠶ᠋ᠢᠰᠢᠩ ᠭᠠᠵᠠᠷ ᠰᠢᠷᠣᠢ ᠵᠢᠨ ᠭᠦᠷᠦᠨᠭᠭᠡ ᠵᠢ ᠨᠡᠭᠡᠭᠡᠨ ᠠᠰᠢᠭᠯᠠᠬᠤ ᠠᠵᠤ ᠠᠬᠤᠶ᠋ᠢᠯᠠᠯ᠎ᠤᠨ ᠲᠣᠰ ᠵᠢᠯ᠎ᠳᠤ ᠲᠠᠸᠠᠷ᠎ᠤᠨ ᠭᠡᠷ ᠪᠠᠶ᠋ᠢᠰᠢᠩ᠎ᠢ ᠬᠤᠳᠠᠯᠳᠤᠬᠤ ᠭᠡᠷ᠎ᠡ ᠵᠢᠨ ᠪᠦᠭᠦ ᠦᠨ᠎ᠡ ᠵᠢᠨ ᠵᠣᠭᠣᠰ (ᠲᠤᠬᠠᠶ᠋ᠢᠯᠠᠪᠠᠯ ᠬᠣᠶᠠᠷ ᠲᠠᠯ᠎ᠠ᠎ᠪᠠᠷ ᠵᠶ᠋ᠠᠨ ᠭᠠᠷ᠎ᠤᠨ ᠦᠰᠦᠭ ᠵᠢᠷᠤᠭᠰᠠᠨ ᠵᠢᠩᠬᠢᠨᠢ ᠬᠤᠳᠠᠯᠳᠤᠭ᠋ᠠᠯᠠᠬᠤ ᠭᠡᠷ᠎ᠡ᠎ᠳᠤ ᠲᠣᠭᠲᠠᠭ᠋ᠠᠭᠰᠠᠨ ᠭᠡᠷ᠎ᠡ ᠵᠢᠨ ᠪᠦᠭᠦ ᠦᠨ᠎ᠡ ᠵᠢ ᠵᠢᠭ᠋ᠠᠵᠤ ᠪᠠᠶ᠋ᠢᠨ᠎ᠠ)᠃ ᠲᠣᠰ ᠭᠦᠢ᠍ᠴᠡᠳᠭᠡᠯ ᠲᠣᠭ᠎ᠠ᠎ᠨᠢ ᠲᠠᠸᠠᠷ᠎ᠤᠨ ᠭᠡᠷ ᠪᠠᠶ᠋ᠢᠰᠢᠩ᠎ᠤᠨ ᠪᠣᠷᠣᠯᠠᠭᠤᠯᠬᠤ ᠲᠠᠯᠠᠪᠠᠢ᠎ᠲᠠᠢ ᠠᠳᠠᠯᠢ᠃
    (6) ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠬᠤ ᠶᠡᠷᠦᠩᠬᠡᠶ ᠲᠣᠭ᠎ᠠ᠄ ᠠᠵᠤ ᠠᠬᠤᠶ᠋ᠢᠯᠠᠯ (ᠨᠢᠭᠡᠴᠡ᠂ ᠬᠤᠪᠢ ᠵᠢᠨ ᠡᠷᠦᠬᠡ)᠎ᠨᠢ ᠠᠷᠠᠯᠵᠢᠶᠠᠯᠠᠬᠤ᠎ᠪᠠᠷ ᠳᠠᠮᠵᠢᠭᠤᠯᠤᠨ ᠬᠤᠪᠢ ᠬᠥᠮᠦᠨ᠂ ᠨᠡᠶ᠋ᠢᠭᠡᠮ᠎ᠤᠨ ᠪᠦᠯᠦᠭᠯᠡᠯ᠎ᠤᠨ ᠦᠢ᠍ᠯᠡᠳᠪᠦᠷᠢᠯᠡᠯ᠎ᠤᠨ ᠪᠤᠰᠤ᠂ ᠡᠵᠡᠩᠨᠡᠯᠲᠡ ᠵᠢᠨ ᠪᠤᠰᠤ ᠬᠡᠷᠡᠭᠯᠡᠭᠡᠨ᠎ᠤ ᠪᠣᠳᠠᠲᠤ ᠲᠠᠸᠠᠷ᠎ᠤᠨ ᠵᠣᠭᠣᠰ᠎ᠤᠨ ᠲᠣᠭ᠎ᠠ ᠵᠢᠴᠢ ᠢᠳᠡᠭᠡᠨ ᠤᠮᠳᠠᠭ᠋ᠠᠨ᠎ᠤ ᠦᠢ᠍ᠯᠡᠴᠢᠯᠡᠭᠡ ᠬᠠᠩᠭ᠋ᠠᠭ᠋ᠠᠳ ᠣᠯᠤᠭᠰᠠᠨ ᠣᠷᠣᠯᠭ᠎ᠠ ᠵᠢᠨ ᠵᠣᠭᠣᠰ᠎ᠤᠨ ᠲᠣᠭ᠎ᠠ ᠵᠢ ᠵᠢᠭ᠋ᠠᠵᠤ ᠪᠣᠶ᠃ ᠬᠤᠪᠢ ᠬᠥᠮᠦᠨ᠎ᠳᠤ ᠬᠤᠳᠠ ᠬᠥᠳᠡᠭᠡ ᠵᠢᠨ ᠰᠠᠭᠤᠭ᠋ᠠᠯᠢ ᠠᠷᠠᠳ ᠪᠠ ᠬᠢᠯᠢ᠎ᠳᠤ ᠣᠷᠣᠵᠤ ᠢᠷᠡᠭᠰᠡᠨ ᠬᠥᠮᠦᠰ ᠪᠠᠭᠲᠠᠨ᠎ᠠ᠂ ᠨᠡᠶ᠋ᠢᠭᠡᠮ᠎ᠤᠨ ᠪᠦᠯᠦᠭᠯᠡᠯ᠎ᠳᠤ ᠪᠠᠶ᠋ᠢᠭᠤᠯᠭ᠎ᠠ᠂ ᠨᠡᠶ᠋ᠢᠭᠡᠮ᠎ᠤᠨ ᠪᠦᠯᠬᠦᠮ᠂ ᠴᠡᠷᠢᠭ ᠠᠩᠭᠢ᠂ ᠰᠤᠷᠭ᠋ᠠᠭᠤᠯᠢ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ᠂ ᠰᠠᠭᠤᠭ᠋ᠠᠯᠢ ᠠᠷᠠᠳ᠎ᠤᠨ ᠵᠥᠪᠯᠡᠯ ᠪᠤᠶᠤ ᠭᠠᠴᠠᠭ᠋ᠠᠨ᠎ᠤ ᠠᠷᠠᠳ᠎ᠤᠨ ᠵᠥᠪᠯᠡᠯ ᠵᠡᠷᠭᠡ

ᠪᠠᠭᠲᠠᠨ᠎ᠠ᠃
    ᠨᠡᠶ᠋ᠢᠭᠡᠮ᠎ᠤᠨ ᠬᠡᠷᠡᠭᠯᠡᠭᠡᠨ᠎ᠤ ᠬᠡᠷᠡᠭᠰᠡᠯ᠎ᠤᠨ ᠵᠢᠵᠢᠭᠯᠡᠨ ᠬᠤᠳᠠᠯᠳᠤᠬᠤ ᠶᠡᠷᠦᠩᠬᠡᠶ ᠲᠣᠭ᠎ᠠ ᠵᠢ ᠪᠦᠷᠢᠳᠬᠡᠬᠦ ᠬᠡᠪᠴᠢᠶ᠎ᠡ ᠪᠣᠯ᠄ ᠲᠠᠸᠠᠷ᠎ᠤᠨ ᠵᠢᠵᠢᠭᠯᠡᠨ ᠬᠤᠳᠠᠯᠳᠤᠬᠤ ᠠᠵᠢᠯᠯᠠᠭ᠎ᠠ ᠬᠢᠵᠦ ᠪᠠᠶ᠋ᠢᠭ᠎ᠠ ᠪᠤᠶᠤ ᠬᠣᠭᠣᠯᠠ ᠤᠮᠳᠠᠭ᠋ᠠᠨ᠎ᠤ ᠦᠢ᠍ᠯᠡᠴᠢᠯᠡᠭᠡᠨ ᠬᠠᠩᠭ᠋ᠠᠵᠤ ᠪᠠᠶ᠋ᠢᠭ᠎ᠠ ᠬᠠᠤᠯᠢ ᠵᠢᠨ ᠡᠷᠬᠡᠲᠡᠨ᠎ᠤ ᠠᠵᠤ ᠠᠬᠤᠶ᠋ᠢᠯᠠᠯ᠂ ᠠᠵᠤ ᠦᠢ᠍ᠯᠡᠰ᠎ᠤᠨ ᠠᠵᠢᠯᠯᠠᠭ᠎ᠠ ᠵᠢᠨ ᠨᠢᠭᠡᠴᠡ ᠪᠣᠯᠤᠨ ᠬᠤᠪᠢ ᠵᠢᠨ ᠡᠷᠦᠬᠡ᠃ ᠡᠭᠦᠨ᠎ᠳᠤ᠂ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠨᠢᠭᠡᠴᠡ ᠭᠡᠳᠡᠭ᠎ᠨᠢ ᠣᠨ᠎ᠤ ᠭᠣᠣᠯ ᠡᠵᠡᠩᠨᠡᠯᠲᠡ ᠵᠢᠨ ᠲᠤᠬᠠᠶ᠋ᠢᠯᠠᠭᠰᠠᠨ ᠠᠵᠢᠯ᠎ᠤᠨ ᠣᠷᠣᠯᠭ᠎ᠠ᠎ᠨᠢ 2000 ᠲᠦᠮᠡᠨ ᠲᠥᠭᠥᠷᠢᠭ ᠵᠢᠴᠢ ᠲᠡᠭᠦᠨ᠎ᠠᠴᠠ ᠳᠡᠭᠡᠭᠰᠢᠬᠢ ᠪᠥᠭᠡᠮ ᠵᠶ᠋ᠠᠷ ᠬᠤᠳᠠᠯᠳᠤᠬᠤ ᠠᠵᠤ ᠠᠬᠤᠶ᠋ᠢᠯᠠᠯ (ᠨᠢᠭᠡᠴᠡ᠂ ᠬᠤᠪᠢ ᠵᠢᠨ ᠡᠷᠦᠬᠡ)᠂ 500 ᠲᠦᠮᠡᠨ ᠲᠥᠭᠥᠷᠢᠭ ᠵᠢᠴᠢ ᠲᠡᠭᠦᠨ᠎ᠠᠴᠠ ᠳᠡᠭᠡᠭᠰᠢᠬᠢ ᠵᠢᠵᠢᠭᠯᠡᠨ ᠬᠤᠳᠠᠯᠳᠤᠬᠤ ᠠᠵᠤ ᠠᠬᠤᠶ᠋ᠢᠯᠠᠯ (ᠨᠢᠭᠡᠴᠡ᠂ ᠬᠤᠪᠢ ᠵᠢᠨ ᠡᠷᠦᠬᠡ)᠂ 200 ᠲᠦᠮᠡᠨ ᠲᠥᠭᠥᠷᠢᠭ ᠵᠢᠴᠢ ᠲᠡᠭᠦᠨ᠎ᠠᠴᠠ ᠳᠡᠭᠡᠭᠰᠢᠬᠢ ᠬᠣᠨᠣᠭ ᠪᠠ ᠬᠣᠭᠣᠯᠠ ᠤᠮᠳᠠᠭ᠋ᠠᠨ᠎ᠤ ᠠᠵᠤ ᠠᠬᠤᠶ᠋ᠢᠯᠠᠯ (ᠨᠢᠭᠡᠴᠡ᠂ ᠬᠤᠪᠢ ᠵᠢᠨ

ᠡᠷᠦᠬᠡ)᠎ᠢ ᠵᠢᠭ᠋ᠠᠵᠤ ᠪᠤᠶ᠃
   (7) ᠰᠠᠭᠤᠭ᠋ᠠᠯᠢ ᠠᠷᠠᠳ᠎ᠤᠨ ᠡᠵᠡᠮᠳᠡᠵᠦ ᠪᠣᠯᠬᠤ ᠣᠷᠣᠯᠭ᠎ᠠ᠄ ᠰᠠᠭᠤᠭ᠋ᠠᠯᠢ ᠠᠷᠠᠳ᠎ᠤᠨ ᠡᠵᠡᠮᠳᠡᠵᠦ ᠪᠣᠯᠬᠤ ᠣᠷᠣᠯᠭ᠎ᠠ ᠭᠡᠳᠡᠭ᠎ᠨᠢ ᠰᠠᠭᠤᠭ᠋ᠠᠯᠢ ᠠᠷᠠᠳ᠎ᠤᠨ ᠬᠠᠮᠤᠭ ᠡᠴᠦᠰ᠎ᠤᠨ ᠬᠡᠷᠡᠭᠯᠡᠭᠡᠨ᠎ᠤ ᠵᠠᠷᠤᠯᠭ᠎ᠠ ᠪᠠ ᠬᠠᠳᠠᠭ᠋ᠠᠯᠠᠮᠵᠢ ᠵᠢᠨ ᠨᠡᠶ᠋ᠢᠯᠡᠪᠦᠷᠢ ᠵᠢ ᠵᠢᠭ᠋ᠠᠵᠤ ᠪᠠᠶ᠋ᠢᠨ᠎ᠠ᠂ ᠲᠤᠬᠠᠶ᠋ᠢᠯᠠᠪᠠᠯ ᠰᠠᠭᠤᠭ᠋ᠠᠯᠢ ᠠᠷᠠᠳ᠎ᠤᠨ ᠴᠢᠯᠥᠭᠡᠲᠡᠢ᠎ᠪᠠᠷ ᠡᠵᠡᠮᠳᠡᠵᠦ ᠪᠣᠯᠬᠤ ᠣᠷᠣᠯᠭ᠎ᠠ ᠪᠣᠯᠤᠨ᠎ᠠ᠂ ᠡᠭᠦᠨ᠎ᠳᠤ ᠪᠡᠯᠡᠨ ᠵᠣᠭᠣᠰ᠎ᠤᠨ ᠣᠷᠣᠯᠭ᠎ᠠ ᠪᠠᠭᠲᠠᠬᠤ ᠮᠥᠷᠲᠡᠭᠡᠨ ᠪᠣᠳᠠᠲᠤ ᠪᠣᠳᠠᠰ᠎ᠤᠨ ᠣᠷᠣᠯᠭ᠎ᠠ ᠴᠤ᠌ ᠪᠠᠭᠲᠠᠨ᠎ᠠ᠃ ᠣᠷᠣᠯᠭ᠎ᠠ ᠵᠢᠨ ᠢᠷᠡᠯᠲᠡ ᠶᠣᠰᠣᠭ᠋ᠠᠷ᠂ ᠡᠵᠡᠮᠳᠡᠵᠦ ᠪᠣᠯᠬᠤ ᠣᠷᠣᠯᠭ᠎ᠠ᠎ᠳᠤ ᠴᠠᠯᠢᠩ᠎ᠤᠨ ᠴᠢᠨᠠᠷᠲᠠᠶ ᠣᠷᠣᠯᠭ᠎ᠠ᠂ ᠡᠵᠡᠩᠨᠡᠯᠲᠡ ᠵᠢᠨ ᠴᠡᠪᠡᠷ ᠣᠷᠣᠯᠭ᠎ᠠ᠂ ᠡᠳ᠋ ᠬᠥᠷᠥᠩᠭᠡ ᠵᠢᠨ ᠴᠡᠪᠡᠷ ᠣᠷᠣᠯᠭ᠎ᠠ ᠪᠠ ᠰᠢᠯᠵᠢᠭᠦᠯᠦᠭᠰᠡᠨ ᠴᠡᠪᠡᠷ ᠣᠷᠣᠯᠭ᠎ᠠ ᠪᠠᠭᠲᠠᠨ᠎ᠠ᠃
   (8) ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠬᠠᠩᠰᠢ ᠵᠢᠨ ᠢᠯᠡᠳᠬᠡᠭᠴᠢ ᠲᠣᠭ᠎ᠠ (Consumerpriceindex᠂ ᠳᠥᠭᠥᠮᠴᠢᠯᠡᠭᠡᠳ CPI ᠭᠡᠳᠡᠭ)᠄ ᠰᠠᠭᠤᠭ᠋ᠠᠯᠢ ᠠᠷᠠᠳ᠎ᠤᠨ ᠠᠮᠢᠳᠤᠷᠠᠯ᠎ᠤᠨ ᠬᠡᠷᠡᠭᠯᠡᠭᠡᠨ᠎ᠤ ᠵᠦᠢ᠍ᠯ ᠪᠠ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠬᠢᠷᠢ ᠬᠡᠮᠵᠢᠶ᠎ᠡ ᠵᠢᠨ ᠴᠠᠭ᠎ᠤᠨ ᠬᠤᠪᠢᠷᠠᠯᠲᠠ ᠵᠢ ᠳᠠᠭ᠋ᠠᠯᠳᠤᠨ ᠬᠤᠪᠢᠷᠠᠬᠤ ᠬᠠᠷᠢᠴᠠᠩᠭᠤᠶ ᠲᠣᠭ᠎ᠠ ᠵᠢ ᠬᠡᠮᠵᠢᠵᠦ᠂ ᠰᠠᠭᠤᠭ᠋ᠠᠯᠢ ᠠᠷᠠᠳ᠎ᠤᠨ ᠬᠤᠳᠠᠯᠳᠤᠨ ᠠᠪᠤᠭᠰᠠᠨ ᠠᠮᠢᠳᠤᠷᠠᠯ᠎ᠤᠨ ᠬᠡᠷᠡᠭᠯᠡᠭᠡᠨ᠎ᠤ ᠵᠦᠢ᠍ᠯ ᠪᠠ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠬᠤᠪᠢᠷᠠᠯᠲᠠ ᠵᠢᠨ ᠪᠠᠶ᠋ᠢᠳᠠᠯ᠎ᠢ ᠶᠡᠷᠦᠩᠬᠡᠶ᠋ᠢᠯᠡᠨ ᠲᠤᠰᠬᠠᠨ᠎ᠠ᠃
   (9) ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢ ᠵᠢᠨ ᠦᠨ᠎ᠡ ᠵᠢᠨ ᠢᠯᠡᠳᠬᠡᠭᠴᠢ ᠲᠣᠭ᠎ᠠ᠄ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢ ᠵᠢᠨ ᠦᠢ᠍ᠯᠡᠳᠪᠦᠷᠢ᠎ᠠᠴᠠ ᠭᠠᠷᠭ᠋ᠠᠬᠤ ᠦᠨ᠎ᠡ ᠵᠢᠨ ᠢᠯᠡᠳᠬᠡᠭᠴᠢ ᠲᠣᠭ᠎ᠠ (Producerpriceindexforlndustrial Products᠂ ᠳᠥᠭᠥᠮᠴᠢᠯᠡᠭᠡᠳ PPI ᠭᠡᠳᠡᠭ) ᠪᠣᠯᠤᠨ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢ ᠵᠢᠨ ᠬᠤᠳᠠᠯᠳᠤᠨ ᠠᠪᠬᠤ ᠦᠨ᠎ᠡ ᠵᠢᠨ ᠢᠯᠡᠳᠬᠡᠭᠴᠢ ᠲᠣᠭ᠎ᠠ ᠵᠢ ᠪᠠᠭᠲᠠᠭ᠋ᠠᠨ᠎ᠠ᠃
    ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢᠳ᠎ᠤᠨ ᠦᠢ᠍ᠯᠡᠳᠪᠦᠷᠢ᠎ᠠᠴᠠ ᠭᠠᠷᠭ᠋ᠠᠬᠤ ᠦᠨ᠎ᠡ ᠵᠢᠨ ᠢᠯᠡᠳᠬᠡᠭᠴᠢ ᠲᠣᠭ᠎ᠠ᠎ᠨᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠦᠢ᠍ᠯᠡᠳᠬᠦᠨ᠎ᠢ ᠠᠩᠬ᠎ᠠ ᠤᠳᠠᠭ᠎ᠠ ᠬᠤᠳᠠᠯᠳᠤᠬᠤ ᠦᠶ᠎ᠡ ᠵᠢᠨ ᠦᠢ᠍ᠯᠡᠳᠪᠦᠷᠢ᠎ᠠᠴᠠ ᠭᠠᠷᠭ᠋ᠠᠬᠤ ᠦᠨ᠎ᠡ ᠵᠢᠨ ᠬᠤᠪᠢᠷᠠᠯᠲᠠ ᠵᠢᠨ ᠬᠠᠨᠳᠤᠰᠢ ᠪᠠ ᠬᠤᠪᠢᠷᠠᠯᠲᠠ ᠵᠢᠨ ᠬᠡᠮᠵᠢᠶ᠎ᠡ ᠵᠢ ᠲᠤᠰᠬᠠᠳᠠᠭ᠃ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢᠳ᠎ᠤᠨ ᠬᠤᠳᠠᠯᠳᠤᠨ ᠠᠪᠬᠤ ᠦᠨ᠎ᠡ ᠵᠢᠨ ᠢᠯᠡᠳᠬᠡᠭᠴᠢ ᠲᠣᠭ᠎ᠠ᠎ᠨᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠵᠠᠪᠰᠠᠷ᠎ᠤᠨ ᠣᠷᠣᠭᠤᠯᠤᠯᠲᠠ ᠪᠣᠯᠬᠤ ᠦᠢ᠍ᠯᠡᠳᠬᠦᠨ᠎ᠤ ᠬᠤᠳᠠᠯᠳᠤᠨ ᠠᠪᠬᠤ ᠦᠨ᠎ᠡ ᠵᠢᠨ ᠬᠤᠪᠢᠷᠠᠯᠲᠠ ᠵᠢᠨ ᠬᠠᠨᠳᠤᠰᠢ ᠪᠠ ᠬᠤᠪᠢᠷᠠᠯᠲᠠ ᠵᠢᠨ ᠬᠡᠮᠵᠢᠶ᠎ᠡ ᠵᠢ ᠲᠤᠰᠬᠠᠳᠠᠭ᠃
    (10) ᠭᠠᠬᠠᠶ ᠦᠬᠡᠷ ᠬᠣᠨᠢ ᠵᠢᠭᠦᠷᠲᠡᠨ᠎ᠤ ᠮᠢᠬᠠᠨ᠎ᠤ ᠭᠠᠷᠤᠯᠲᠠ᠂ ᠦᠨᠢᠶᠡᠨ ᠰᠦ ᠵᠢᠨ ᠭᠠᠷᠤᠯᠲᠠ᠂ ᠭᠠᠬᠠᠶ ᠦᠬᠡᠷ ᠬᠣᠨᠢ ᠵᠢᠭᠦᠷᠲᠡᠨ᠎ᠤ ᠪᠠᠶ᠋ᠢᠭ᠎ᠠ ᠲᠣᠭ᠎ᠠ᠂ ᠦᠨ᠎ᠡ ᠬᠠᠩᠰᠢ ᠵᠢᠨ ᠵᠢᠭ᠋ᠠᠯᠲᠠ ᠲᠣᠭ᠎ᠠ᠂ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠲᠣᠭ᠎ᠠ ᠪᠠᠷᠢᠮᠲᠠ᠎ᠨᠢ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠥᠪᠥᠷ ᠮᠣᠩᠭᠣᠯ᠎ᠤᠨ ᠪᠠᠶ᠋ᠢᠴᠠᠭ᠋ᠠᠯᠲᠠ ᠵᠢᠨ ᠶᠡᠷᠦᠩᠬᠡᠶ ᠠᠩᠭᠢ᠎ᠠᠴᠠ ᠢᠷᠡᠯᠲᠡ᠎ᠲᠠᠢ᠃
    (11) ᠬᠡᠰᠡᠭ ᠲᠣᠭ᠎ᠠ ᠪᠠᠷᠢᠮᠲᠠ᠎ᠨᠢ ᠳᠥᠷᠪᠡ ᠵᠢ ᠬᠠᠶᠠᠵᠤ ᠲᠠᠪᠤ ᠵᠢ ᠳᠡᠪᠰᠢᠭᠦᠯᠦᠭᠰᠡᠨ ᠰᠢᠯᠲᠠᠭ᠋ᠠᠨ᠎ᠠᠴᠠ ᠪᠣᠯᠵᠣ᠂ ᠶᠡᠷᠦᠩᠬᠡᠶ ᠲᠣᠭ᠎ᠠ᠎ᠨᠢ ᠬᠤᠪᠢᠶᠠᠷᠢ ᠵᠦᠢ᠍ᠯ᠎ᠲᠠᠢ ᠨᠡᠶ᠋ᠢᠯᠡᠭᠡᠳ ᠠᠳᠠᠯᠢ ᠥᠬᠡᠶ ᠪᠠᠶ᠋ᠢᠳᠠᠯ ᠣᠷᠣᠰᠢᠵᠤ ᠪᠠᠶ᠋ᠢᠨ᠎ᠠ᠃

 

ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠤᠨ᠎ᠤ ᠲᠣᠭ᠎ᠠ ᠪᠦᠷᠢᠳᠭᠡᠯ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
2024 ᠣᠨ᠎ᠳᠤ ᠪᠦᠬᠦ ᠣᠷᠣᠨ᠎ᠤ ᠠᠵᠤ ᠠᠬᠤᠢ ᠵᠢᠨ ᠡᠷᠭᠢᠯᠲᠡ ᠲᠣᠭᠲᠠᠭᠤᠨ᠎ᠤ ᠳᠤᠮᠳᠠ ᠠᠬᠢᠵᠤ ᠰᠢᠨ᠎ᠡ ᠵᠠᠮ ᠨᠡᠭᠡᠭᠡᠵᠦ ᠳᠤᠮᠳᠠ ᠲᠦᠪᠰᠢᠨ᠎ᠳᠤ ᠤᠷᠤᠭᠰᠢᠯᠠᠬᠤ ᠲᠠᠯ᠎ᠠ᠎ᠪᠠᠷ ᠪᠣᠳᠠᠲᠠᠢ ᠠᠯᠬᠤᠮ᠎ᠢ ᠠᠯᠬᠤᠪᠠ
2024 ᠣᠨ᠎ᠤ ᠪᠥᠬᠥ ᠣᠷᠣᠨ᠎ᠤ ᠠᠵᠤ ᠠᠬᠤᠶ ᠵᠢᠨ ᠠᠵᠢᠯᠯᠠᠭ᠋ᠠᠨ᠎ᠤ ᠮᠡᠳᠡᠭᠡ ᠨᠡᠶ᠋ᠢᠲᠡᠯᠡᠬᠦ ᠬᠤᠷᠠᠯ᠎ᠠᠴᠠ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠣᠯᠣᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠬᠥᠮᠦᠨ ᠠᠮᠠ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠰᠣᠨᠢᠨ ᠮᠡᠳᠡᠭᠡ ᠨᠡᠶ᠋ᠢᠲᠡᠯᠡᠬᠦ ᠬᠤᠷᠠᠯ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠲᠤᠯᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠬᠦᠮᠦᠨ ᠠᠮᠠ ᠵᠢᠨ ᠨᠡᠢ᠌ᠳᠡᠮ ᠪᠠᠢ᠌ᠴᠠᠭ᠋ᠠᠯᠲᠠ ᠵᠢᠨ ᠰᠤᠨᠢᠨ ᠮᠡᠳᠡᠭᠡ ᠨᠡᠢ᠌ᠳᠡᠯᠡᠬᠦ ᠬᠤᠷᠠᠯ᠎ᠤᠨ ᠨᠡᠢ᠌ᠳᠡᠯᠡᠬᠦ ᠦᠭᠡ
ᠡᠷᠬᠡ ᠰᠦᠷᠲᠦ ᠲᠠᠶ᠋ᠢᠯᠤᠮᠵᠢ᠄ ᠬᠡᠷᠡᠭᠯᠡᠭᠡᠨ᠎ᠤ ᠵᠦᠢ᠍ᠯ᠎ᠤᠨ ᠵᠠᠬ᠎ᠠ ᠳᠡᠯᠭᠡᠭᠦᠷ ᠦᠷᠭᠦᠯᠵᠢᠯᠡᠨ ᠰᠠᠶ᠋ᠢᠵᠢᠷᠠᠪᠠ
 
            