(2024 ᠤᠨ᠎ᠤ1 ᠰᠠᠷ᠎ᠠ ᠵᠢᠨ 19᠎ᠤ ᠡᠳᠦᠷ)
ᠦᠪᠡᠷᠳᠡᠭᠡᠨ ᠵᠠᠰᠠᠬᠤ ᠤᠷᠤᠨ᠎ᠤ ᠲᠤᠭ᠎ᠠ ᠪᠦᠷᠢᠳᠭᠡᠯ᠎ᠤᠨ ᠲᠤᠪᠴᠢᠶ᠎ᠠ
ᠤᠯᠤᠰ᠎ᠤᠨ ᠲᠤᠭ᠎ᠠ ᠪᠦᠷᠢᠳᠭᠡᠯ᠎ᠤᠨ ᠲᠤᠪᠴᠢᠶᠠᠨ᠎ᠤ ᠦᠪᠦᠷ ᠮᠤᠩᠭᠤᠯ᠎ᠳᠠᠬᠢ
ᠪᠠᠢ᠌ᠴᠠᠭ᠋ᠠᠯᠲᠠ ᠵᠢᠨ ᠶᠡᠷᠦᠩᠬᠡᠢ ᠠᠩᠬᠢ
2023 ᠣᠨ᠎ᠳᠤ ᠪᠥᠬᠥ ᠣᠷᠣᠨ᠎ᠤ ᠠᠵᠤ ᠠᠬᠤᠶ ᠰᠢᠨ᠎ᠡ ᠵᠠᠮ ᠵᠶ᠋ᠠᠷ ᠡᠷᠡᠯᠬᠡᠭᠯᠡᠨ ᠤᠷᠤᠭᠰᠢᠯᠠᠵᠤ ᠳᠤᠮᠳᠠᠳᠤ ᠤᠯᠤᠰ᠎ᠤᠨ ᠮᠠᠶᠢᠭ᠎ᠤᠨ ᠤᠳᠤᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠳᠠᠬᠢᠨ ᠪᠢᠴᠢᠭᠯᠡᠪᠡ
2023 ᠣᠨ᠂ ᠪᠤᠳᠤᠯᠢᠶᠠᠨᠲᠠᠶ ᠪᠥᠭᠡᠳ ᠬᠤᠪᠢᠷᠠᠯᠲᠠ ᠶᠡᠬᠡᠲᠡᠶ ᠭᠠᠳᠠᠭ᠋ᠠᠳᠤ ᠣᠷᠴᠢᠨ ᠨᠥᠬᠥᠴᠡᠯ ᠪᠠ ᠠᠵᠤ ᠠᠬᠤᠶ ᠵᠢᠨ ᠰᠡᠷᠭᠦᠯᠲᠡ ᠵᠢᠨ ᠶᠠᠪᠤᠴᠠ᠎ᠳᠠᠬᠢ ᠬᠦᠴᠢᠷ ᠪᠡᠷᠬᠡᠰᠢᠶᠡᠯ ᠬᠠᠷᠰᠢ ᠰᠠᠭ᠋ᠠᠳ᠎ᠤᠨ ᠡᠮᠦᠨ᠎ᠡ᠂ ᠰᠢ ᠵᠢᠨ ᠫᠢᠩ ᠨᠥᠬᠥᠷ ᠵᠶ᠋ᠠᠷ ᠭᠤᠤᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠪᠦᠬᠦ ᠣᠷᠣᠨ ᠳᠠᠶᠠᠭ᠋ᠠᠷ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠪᠣᠯᠤᠨ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠪᠣᠯᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ᠎ᠪᠠᠷ ᠭᠤᠤᠯ ᠰᠡᠳᠦᠪ ᠪᠤᠯᠭ᠋ᠠᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠤᠤᠯ ᠰᠢᠵᠢᠮ ᠪᠤᠯᠭ᠋ᠠᠵᠤ᠂ ᠲᠥᠷᠥ ᠵᠢᠨ ᠶᠠᠪᠤᠳᠠᠯ᠎ᠤᠨ ᠬᠣᠷᠢᠶᠠᠨ᠎ᠤ 《ᠥᠪᠥᠷ ᠮᠣᠩᠭᠣᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠲᠤᠬᠠᠶ ᠰᠠᠨᠠᠯ》᠎ᠢ ᠨᠠᠶ᠋ᠢᠳᠠᠪᠤᠷᠢᠵᠢᠭᠤᠯᠬᠤ᠎ᠪᠠᠷ ᠶᠡᠷᠦᠩᠬᠡᠶ ᠭᠠᠷᠳᠠᠴᠠ ᠪᠤᠯᠭ᠋ᠠᠨ᠂ 《ᠰᠢᠨ᠎ᠡ ᠵᠠᠮ ᠨᠡᠬᠡᠬᠡᠨ᠂ ᠳᠤᠮᠳᠠ ᠲᠦᠪᠰᠢᠨ᠎ᠳᠤ ᠤᠷᠤᠭᠰᠢᠯᠠᠬᠤ》 ᠬᠠᠷᠠᠯᠲᠠ ᠵᠢᠨ ᠲᠤᠭᠤᠷᠢᠨ᠎ᠳᠤ᠂ ᠰᠡᠳᠬᠢᠯ ᠵᠶ᠋ᠠᠨ ᠨᠢᠭᠡᠳᠬᠡᠨ ᠬᠦᠴᠦ᠎ᠪᠠᠨ ᠬᠠᠮᠲᠤᠳᠬᠠᠵᠤ 《ᠬᠣᠶᠠᠷ ᠶᠡᠬᠡ ᠶᠠᠪᠤᠳᠠᠯ》᠎ᠢ ᠰᠠᠶ᠋ᠢᠲᠤᠷ ᠬᠢᠵᠦ᠂ ᠠᠷᠭ᠎ᠠ ᠪᠦᠬᠦᠨ᠎ᠢ ᠰᠦᠪᠡᠭᠴᠢᠯᠡᠨ ᠥᠭᠡᠷᠡᠴᠢᠯᠡᠯᠲᠡ ᠬᠢᠵᠦ᠂ ᠬᠥᠭᠵᠢᠯᠲᠡ ᠵᠢ ᠠᠬᠢᠭᠤᠯᠤᠨ᠂ ᠢᠲᠡᠭᠡᠯ ᠵᠣᠷᠢᠭ ᠵᠶ᠋ᠠᠨ ᠬᠦᠪᠴᠢᠯᠡᠵᠦ᠂ ᠣᠷᠴᠢᠨ ᠲᠣᠭᠣᠷᠢᠨ᠎ᠢ ᠰᠢᠯᠢᠳᠡᠭᠵᠢᠬᠦᠯᠦᠨ᠂ ᠪᠦᠬᠦ ᠣᠷᠣᠨ᠎ᠤ ᠠᠵᠤ ᠠᠬᠤᠢ ᠵᠣᠷᠢᠭᠲᠠᠢ᠎ᠪᠠᠷ ᠰᠢᠨ᠎ᠡ ᠵᠠᠮ ᠨᠡᠬᠡᠬᠡᠨ᠂ ᠡᠷᠡᠯᠬᠡᠭᠯᠡᠨ ᠲᠡᠮᠡᠴᠡᠵᠦ᠂ ᠪᠦᠬᠦ ᠵᠢᠯ᠎ᠤᠨ ᠬᠥᠭᠵᠢᠯᠲᠡ ᠵᠢᠨ ᠬᠠᠷᠠᠯᠲᠠ ᠡᠭᠦᠷᠭᠡ᠎ᠪᠠᠨ ᠲᠡᠭᠦᠰ ᠠᠮᠵᠢᠯᠲᠠ᠎ᠲᠠᠢ ᠪᠡᠶᠡᠯᠡᠭᠦᠯᠪᠡ᠃
ᠤᠷᠤᠨ ᠨᠤᠲᠤᠭ᠎ᠤᠨ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠎ᠤᠨ ᠨᠢᠭᠡᠳᠦᠯᠲᠡᠶ ᠬᠠᠷᠭᠤᠭᠤᠯᠤᠨ ᠪᠤᠳᠤᠭᠰᠠᠨ ᠦᠷ᠎ᠡ ᠳ᠋ᠦᠩ᠎ᠢ ᠦᠨᠳᠦᠰᠦᠯᠡᠪᠡᠯ᠂ 2023 ᠣᠨ᠎ᠤ ᠪᠥᠬᠥ ᠣᠷᠣᠨ᠎ᠤ ᠤᠷᠤᠨ ᠨᠤᠲᠤᠭ᠎ᠤᠨ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ 24627 ᠳ᠋ᠦᠩᠰᠢᠭᠤᠷ ᠲᠥᠭᠥᠷᠢᠭ᠎ᠲᠤ ᠬᠦᠷᠴᠦ᠂ ᠬᠠᠷᠢᠴᠠᠭᠤᠯᠵᠤ ᠪᠣᠯᠬᠤ ᠦᠨ᠎ᠡ᠎ᠪᠠᠷ ᠪᠤᠳᠤᠪᠠᠯ᠂ ᠲᠦᠷᠦᠭᠦᠦ ᠵᠢᠯ᠎ᠤᠨ᠎ᠬᠢ᠎ᠠᠴᠠ 7.3%᠎ᠪᠠᠷ ᠨᠡᠮᠡᠭᠳᠡᠪᠡ᠃ ᠡᠭᠦᠨ᠎ᠳᠤ᠂ ᠨᠢᠭᠡᠳᠦᠭᠡᠷ ᠠᠵᠤ ᠦᠢ᠍ᠯᠡᠰ᠎ᠤᠨ ᠨᠡᠮᠡᠭᠳᠡᠯ ᠥᠷᠲᠡᠭ 2737 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 5.5%᠎ᠪᠠᠷ ᠨᠡᠮᠡᠭᠳᠡᠪᠡ; ᠬᠣᠶᠠᠳᠤᠭ᠋ᠠᠷ ᠠᠵᠤ ᠦᠢ᠍ᠯᠡᠰ᠎ᠤᠨ ᠨᠡᠮᠡᠭᠳᠡᠯ ᠥᠷᠲᠡᠭ 11704 ᠳ᠋ᠦᠩᠰᠢᠭᠤᠷ ᠲᠥᠭᠥᠷᠢᠭ᠎ᠲᠤ ᠬᠦᠷᠴᠦ᠂ 8.1% ᠪᠠᠷ ᠨᠡᠮᠡᠭᠳᠡᠪᠡ; ᠭᠤᠷᠪᠠᠳᠤᠭ᠋ᠠᠷ ᠠᠵᠤ ᠦᠢ᠍ᠯᠡᠰ᠎ᠤᠨ ᠨᠡᠮᠡᠭᠳᠡᠯ ᠥᠷᠲᠡᠭ 10186 ᠳ᠋ᠦᠩᠰᠢᠭᠤᠷ ᠲᠥᠭᠥᠷᠢᠭ᠎ᠲᠤ ᠬᠦᠷᠴᠦ᠂ 7.0%᠎ᠪᠠᠷ ᠨᠡᠮᠡᠭᠳᠡᠪᠡ᠃
ᠠᠮᠤ ᠪᠤᠳᠠᠭ᠎ᠠ ᠲᠣᠭᠲᠠᠭᠤᠨ ᠵᠶ᠋ᠠᠷ ᠡᠯᠪᠡᠭ ᠬᠤᠷᠢᠶᠠᠯᠲᠠ ᠣᠯᠵᠤ᠂ ᠮᠠᠯ ᠠᠵᠤ ᠠᠬᠤᠶ ᠦᠷᠭᠦᠯᠵᠢᠯᠡᠨ ᠨᠡᠮᠡᠭᠳᠡᠵᠦ᠂ ᠤᠮᠠᠷᠠᠲᠤ ᠬᠢᠯᠢ ᠵᠢᠨ ᠠᠮᠤ ᠪᠤᠳᠠᠭ᠋ᠠᠨ᠎ᠤ ᠬᠥᠮᠥᠷᠭᠡ ᠵᠢᠨ ᠨᠥᠭᠡᠴᠡ ᠬᠦᠴᠦ ᠨᠠᠩ ᠭᠦᠢ᠍ᠴᠡᠳ ᠪᠣᠯᠪᠠ᠃
ᠠᠮᠤ ᠪᠤᠳᠠᠭ᠎ᠠ ᠲᠠᠷᠢᠬᠤ ᠲᠠᠯᠠᠪᠠᠢ ᠨᠡᠮᠡᠭᠳᠡᠯ ᠵᠶ᠋ᠠᠨ ᠪᠠᠲᠤᠯᠠᠪᠠ᠃ 2023 ᠣᠨ᠎ᠳᠤ᠂ ᠪᠥᠬᠥ ᠣᠷᠣᠨ᠎ᠤ ᠠᠮᠤ ᠪᠤᠳᠠᠭ᠎ᠠ ᠳᠠᠷᠢᠬᠤ ᠲᠠᠯᠠᠪᠠᠶ 10477.1 ᠲᠦᠮᠡᠨ ᠮᠥ᠍᠎ᠳᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 49.3 ᠲᠦᠮᠡᠨ ᠮᠥ᠍ ᠨᠡᠮᠡᠭᠳᠡᠪᠡ᠃ ᠠᠮᠤ ᠪᠤᠳᠠᠭ᠋ᠠᠨ᠎ᠤ ᠶᠡᠷᠦᠩᠬᠡᠶ ᠤᠨᠠᠯᠲᠠ ᠪᠠ ᠲᠠᠯᠠᠪᠠᠶ ᠨᠢᠭᠡᠴᠢ ᠵᠢᠨ ᠤᠨᠠᠯᠲᠠ ᠳᠠᠬᠢᠨᠲᠠ ᠰᠢᠨ᠎ᠡ ᠲᠡᠮᠳᠡᠭᠯᠡᠯ᠎ᠢ ᠡᠭᠦᠳᠪᠡ᠃ ᠪᠦᠬᠦ ᠣᠷᠣᠨ᠎ᠤ ᠠᠮᠤ ᠪᠤᠳᠠᠭ᠋ᠠᠨ᠎ᠤ ᠶᠡᠷᠦᠩᠬᠡᠶ ᠤᠨᠠᠯᠲᠠ 791.6 ᠳ᠋ᠦᠩᠰᠢᠭᠤᠷ ᠵᠢᠩ ᠪᠠᠶ᠋ᠢᠵᠤ᠂ ᠳᠡᠭᠡᠷ᠎ᠡ ᠵᠢᠯ᠎ᠤᠨ᠎ᠬᠢ᠎ᠠᠴᠠ 11.4 ᠳ᠋ᠦᠩᠰᠢᠭᠤᠷ ᠵᠢᠩ ᠨᠡᠮᠡᠭᠳᠡᠵᠦ᠂ 《ᠬᠣᠷᠢᠨ ᠵᠢᠯ ᠳᠠᠷᠠᠭ᠋ᠠᠯᠠᠨ ᠡᠯᠪᠡᠭ ᠬᠤᠷᠢᠶᠠᠯᠲᠠ ᠣᠯᠬᠤ》 ᠵᠢ ᠪᠡᠶᠡᠯᠡᠭᠦᠯᠪᠡ; ᠠᠮᠤ ᠪᠤᠳᠠᠭ᠋ᠠᠨ᠎ᠤ ᠲᠠᠷᠢᠮᠠᠯ᠎ᠤᠨ ᠳᠤᠮᠳᠠᠴᠢ ᠲᠠᠯᠠᠪᠠᠶ ᠨᠢᠭᠡᠴᠢ ᠵᠢᠨ ᠤᠨᠠᠯᠲᠠ ᠮᠥ᠍ ᠪᠦᠷᠢ᠎ᠳᠤ 378 ᠺᠢᠯᠣᠭ᠌ᠷᠠᠮ ᠬᠦᠷᠴᠦ᠂ ᠳᠡᠭᠡᠷ᠎ᠡ ᠵᠢᠯ᠎ᠤᠨ᠎ᠬᠢ᠎ᠠᠴᠠ ᠪᠠᠷᠤᠭ ᠮᠥ᠍ ᠪᠦᠷᠢ᠎ᠳᠤ 4 ᠺᠢᠯᠣᠭ᠌ᠷᠠᠮ ᠳᠡᠭᠡᠭᠰᠢᠯᠡᠵᠡᠶ᠃ ᠮᠠᠯ ᠠᠵᠤ ᠠᠬᠤᠶ ᠵᠢᠨ ᠦᠢ᠍ᠯᠡᠳᠪᠦᠷᠢᠯᠡᠯ ᠠᠷᠪᠠ ᠶᠢᠰᠦᠨ ᠵᠢᠯ ᠳᠠᠷᠠᠭ᠋ᠠᠯᠠᠨ ᠲᠣᠭᠲᠠᠪᠤᠷᠢᠵᠢᠪᠠ᠃ ᠪᠥᠬᠥ ᠣᠷᠣᠨ᠎ᠤ ᠭᠠᠬᠠᠶ ᠦᠬᠡᠷ ᠬᠣᠨᠢ ᠵᠢᠭᠦᠷᠲᠡᠨ᠎ᠤ ᠮᠢᠬᠠᠨ᠎ᠤ ᠭᠠᠷᠤᠯᠲᠠ 285.4 ᠲᠦᠮᠡᠨ ᠲᠣᠨ᠎ᠳᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 2.7%᠎ᠪᠠᠷ ᠨᠡᠮᠡᠭᠳᠡᠪᠡ᠃ ᠡᠭᠦᠨ᠎ᠳᠤ᠂ ᠭᠠᠬᠠᠶ ᠵᠢᠨ ᠮᠢᠬ᠎ᠠ 75.7 ᠲᠦᠮᠡᠨ ᠲᠣᠨ᠂ ᠦᠬᠡᠷ᠎ᠤᠨ ᠮᠢᠬ᠎ᠠ 77.8 ᠲᠦᠮᠡᠨ ᠲᠣᠨ᠂ ᠬᠣᠨᠢᠨ ᠮᠢᠬ᠎ᠠ 108.8 ᠲᠦᠮᠡᠨ ᠲᠣᠨ᠂ ᠵᠢᠭᠦᠷᠲᠡᠨ᠎ᠤ ᠮᠢᠬ᠎ᠠ 23.0 ᠲᠦᠮᠡᠨ ᠲᠣᠨ᠃ ᠰᠦ ᠵᠢᠨ ᠦᠢ᠍ᠯᠡᠰ᠎ᠢ ᠬᠥᠭᠵᠢᠭᠦᠯᠦᠨ ᠮᠠᠨᠳᠤᠭᠤᠯᠬᠤ ᠠᠵᠢᠯ ᠰᠢᠨ᠎ᠡ ᠠᠬᠢᠴᠠ᠎ᠲᠠᠢ ᠪᠣᠯᠪᠠ᠃ ᠪᠥᠬᠥ ᠣᠷᠣᠨ᠎ᠤ ᠰᠠᠭ᠋ᠠᠯᠢ ᠵᠢᠨ ᠦᠨᠢᠶ᠎ᠡ 168.7 ᠲᠦᠮᠡᠨ ᠲᠣᠯᠣᠭ᠋ᠠᠶ ᠪᠠᠶ᠋ᠢᠵᠤ᠂ ᠳᠡᠭᠡᠷ᠎ᠡ ᠵᠢᠯ᠎ᠤᠨ᠎ᠬᠢ᠎ᠠᠴᠠ 6.1%᠎ᠪᠠᠷ ᠨᠡᠮᠡᠭᠳᠡᠪᠡ; ᠦᠨᠢᠶᠡᠨ ᠰᠦ ᠵᠢᠨ ᠭᠠᠷᠤᠯᠲᠠ 792.6 ᠲᠦᠮᠡᠨ ᠲᠣᠨ᠎ᠳᠤ ᠬᠦᠷᠴᠦ᠂ 8.0% ᠵᠶ᠋ᠠᠷ ᠨᠡᠮᠡᠭᠳᠡᠪᠡ᠃ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠴᠠᠭ᠋ᠠᠨ ᠢᠳᠡᠭᠡᠨ᠎ᠤ ᠭᠠᠷᠤᠯᠲᠠ 473.0 ᠲᠦᠮᠡᠨ ᠲᠣᠨ᠎ᠳᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 13.2% ᠵᠶ᠋ᠠᠷ ᠨᠡᠮᠡᠭᠳᠡᠪᠡ᠃
ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ ᠲᠣᠭᠲᠠᠭᠤᠨ ᠵᠶ᠋ᠠᠷ ᠠᠭᠢᠵᠤ ᠶᠠᠰᠤ ᠴᠢᠨᠠᠷ᠎ᠢ ᠳᠡᠭᠡᠭᠰᠢᠯᠡᠭᠦᠯᠦᠨ᠂ ᠬᠥᠳᠡᠯᠭᠡᠭᠴᠢ ᠡᠨᠧᠷᠭᠢ ᠵᠢᠨ ᠰᠣᠯᠢᠭᠳᠠᠯ ᠲᠦᠷᠭᠡᠳᠴᠦ᠂ ᠰᠠᠭᠤᠷᠢ ᠴᠢᠯᠠᠭᠤ ᠵᠢᠨ ᠦᠢ᠍ᠯᠡᠳᠦᠯ ᠲᠣᠪᠣᠶ᠋ᠢᠮ᠎ᠠ ᠢᠯᠡᠷᠡᠪᠡ᠃
2023 ᠣᠨ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ ᠲᠦᠷᠦᠭᠦᠦ ᠵᠢᠯ᠎ᠤᠨ᠎ᠬᠢ᠎ᠠᠴᠠ 7.4%᠎ᠪᠠᠷ ᠨᠡᠮᠡᠭᠳᠡᠪᠡ᠃ 38 ᠠᠵᠢᠯ ᠲᠥᠷᠥᠯ᠎ᠤᠨ ᠶᠡᠬᠡ ᠲᠥᠷᠥᠯ ᠳᠣᠲᠣᠷ᠎ᠠ 30 ᠠᠵᠢᠯ ᠲᠥᠷᠥᠯ᠎ᠤᠨ ᠬᠢᠨᠢ ᠨᠡᠮᠡᠭᠳᠡᠯ᠎ᠲᠠᠢ ᠪᠣᠯᠪᠠ᠃ ᠭᠤᠷᠪᠠᠨ ᠶᠡᠬᠡ ᠲᠥᠷᠥᠯ ᠬᠤᠪᠢᠶᠠᠵᠤ ᠦᠵᠡᠪᠡᠯ᠂ ᠠᠭᠤᠷᠬᠠᠶ ᠮᠠᠯᠲᠠᠬᠤ ᠦᠢ᠍ᠯᠡᠰ᠎ᠤᠨ ᠨᠡᠮᠡᠭᠳᠡᠯ ᠥᠷᠲᠡᠭ ᠲᠦᠷᠦᠭᠦᠦ ᠵᠢᠯ᠎ᠤᠨ᠎ᠬᠢ᠎ᠠᠴᠠ᠎ᠪᠠᠨ 2.1%᠎ᠪᠠᠷ ᠨᠡᠮᠡᠭᠳᠡᠵᠦ᠂ ᠦᠢ᠍ᠯᠡᠳᠬᠦ ᠦᠢ᠍ᠯᠡᠰ 11.7%᠎ᠪᠠᠷ ᠨᠡᠮᠡᠭᠳᠡᠵᠦ᠂ ᠴᠠᠬᠢᠯᠭ᠋ᠠᠨ ᠬᠦᠴᠦᠨ᠂ ᠢᠯᠴᠢ᠂ ᠰᠢᠲᠠᠮᠠᠬᠠᠶ ᠬᠡᠶ ᠵᠢᠴᠢ ᠤᠰᠤᠨ᠎ᠤ ᠦᠢ᠍ᠯᠡᠳᠪᠦᠷᠢᠯᠡᠯ ᠪᠠ ᠬᠠᠩᠭ᠋ᠠᠯᠭ᠎ᠠ ᠵᠢᠨ ᠦᠢ᠍ᠯᠡᠰ 16.3%᠎ᠪᠠᠷ ᠨᠡᠮᠡᠭᠳᠡᠪᠡ᠃ ᠠᠵᠤ ᠠᠬᠤᠶ ᠵᠢᠨ ᠲᠥᠷᠥᠯ ᠬᠡᠯᠪᠡᠷᠢ᠎ᠠᠴᠠ ᠦᠵᠡᠪᠡᠯ᠂ ᠤᠯᠤᠰ᠎ᠤᠨ ᠥᠮᠴᠢᠯᠡᠯ᠎ᠤᠨ ᠬᠤᠪᠢ ᠡᠵᠡᠮᠳᠡᠭᠰᠡᠨ ᠠᠵᠤ ᠠᠬᠤᠶ᠋ᠢᠯᠠᠯ᠎ᠤᠨ ᠨᠡᠮᠡᠭᠳᠡᠯ ᠥᠷᠲᠡᠭ᠎ᠨᠢ ᠲᠦᠷᠦᠭᠦᠦ ᠵᠢᠯ᠎ᠤᠨ᠎ᠬᠢ᠎ᠠᠴᠠ 8.0% ᠨᠡᠮᠡᠭᠳᠡᠵᠡᠶ; ᠬᠤᠪᠢ ᠣᠷᠣᠭᠤᠯᠤᠯᠲᠠ ᠵᠢᠨ ᠳᠦᠷᠢᠮᠲᠦ ᠠᠵᠤ ᠠᠬᠤᠶ᠋ᠢᠯᠠᠯ 7.2% ᠵᠶ᠋ᠠᠷ ᠨᠡᠮᠡᠭᠳᠡᠪᠡ; ᠭᠠᠳᠠᠭ᠋ᠠᠳᠤ ᠵᠢᠨ ᠬᠤᠳᠠᠯᠳᠤᠭ᠋ᠠᠴᠢᠨ ᠵᠢᠴᠢ ᠰᠢᠶᠠᠩᠭ᠋ᠠᠩ ᠣᠣᠮᠧᠨ ᠲᠠᠶ᠋ᠢᠸᠠᠨ᠎ᠤ ᠬᠤᠳᠠᠯᠳᠤᠭ᠋ᠠᠴᠢᠨ᠎ᠤ ᠪᠠᠯᠠ ᠣᠷᠣᠭᠤᠯᠤᠭᠰᠠᠨ ᠠᠵᠤ ᠠᠬᠤᠶ᠋ᠢᠯᠠᠯ 17.7%᠎ᠪᠠᠷ ᠨᠡᠮᠡᠭᠳᠡᠪᠡ᠃ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠵᠢᠨ ᠰᠣᠯᠢᠭᠳᠠᠯ ᠲᠦᠷᠭᠡᠳᠪᠡ᠃ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠤᠨ ᠨᠡᠮᠡᠭᠳᠡᠯ ᠥᠷᠲᠡᠭ ᠲᠦᠷᠦᠭᠦᠦ ᠵᠢᠯ᠎ᠤᠨ᠎ᠬᠢ᠎ᠠᠴᠠ᠎ᠪᠠᠨ 13.5%᠎ᠪᠠᠷ ᠨᠡᠮᠡᠭᠳᠡᠵᠦ᠂ ᠲᠣᠨᠣᠭ ᠲᠥᠬᠥᠭᠡᠷᠦᠮᠵᠢ ᠦᠢ᠍ᠯᠡᠳᠬᠦ ᠦᠢ᠍ᠯᠡᠰ 9.6%᠎ᠪᠠᠷ ᠨᠡᠮᠡᠭᠳᠡᠵᠦ᠂ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ 11.4%᠎ᠪᠠᠷ ᠨᠡᠮᠡᠭᠳᠡᠵᠦ᠂ ᠬᠣᠪᠣᠷ ᠰᠢᠷᠣᠶ ᠵᠢᠨ ᠠᠵᠤ ᠦᠢ᠍ᠯᠡᠰ 21.0%᠎ᠪᠠᠷ ᠨᠡᠮᠡᠭᠳᠡᠪᠡ᠃ ᠠᠵᠤ ᠦᠢ᠍ᠯᠡᠳᠪᠦᠷᠢ ᠵᠢᠨ ᠰᠢᠨ᠎ᠡ ᠦᠢ᠍ᠯᠡᠳᠬᠦᠨ᠎ᠤ ᠭᠠᠷᠤᠯᠲᠠ ᠵᠢᠨ ᠳᠣᠲᠣᠷ᠎ᠠ᠂ ᠲᠠᠩ ᠲᠠᠯᠠᠰᠲᠤ ᠴᠠᠬᠢᠭᠤᠷ 58.9 ᠲᠦᠮᠡᠨ ᠲᠣᠨ᠎ᠳᠤ ᠬᠦᠷᠴᠦ᠂ 42.3%᠎ᠪᠠᠷ ᠨᠡᠮᠡᠭᠳᠡᠪᠡ; ᠬᠣᠪᠣᠷ ᠰᠢᠷᠣᠶ ᠵᠢᠨ ᠨᠢᠭᠡᠳᠪᠦᠷᠢ 11.0 ᠲᠦᠮᠡᠨ ᠲᠣᠨ ᠪᠠᠶ᠋ᠢᠵᠤ᠂ ᠳᠡᠭᠡᠷ᠎ᠡ ᠵᠢᠯ᠎ᠤᠨ᠎ᠬᠢ᠎ᠲᠠᠢ ᠲᠡᠩᠴᠡᠪᠡ; ᠨᠡᠭᠦᠷᠡᠰᠦ᠎ᠪᠠᠷ ᠠᠯᠺᠧᠨ ᠬᠢᠵᠦ᠂ 11.5%᠎ᠪᠠᠷ ᠨᠡᠮᠡᠭᠳᠡᠪᠡ᠃ ᠡᠨᠧᠷᠭᠢ ᠵᠢᠨ ᠰᠤᠷᠪᠤᠯᠵᠢ ᠵᠢᠨ ᠬᠠᠩᠭ᠋ᠠᠯᠭ᠎ᠠ ᠵᠢ ᠪᠠᠲᠤᠯᠠᠬᠤ᠃ ᠡᠨᠧᠷᠭᠢ ᠵᠢᠨ ᠰᠤᠷᠪᠤᠯᠵᠢ ᠵᠢᠨ ᠠᠵᠤ ᠦᠢ᠍ᠯᠡᠳᠪᠦᠷᠢ ᠵᠢᠨ ᠨᠡᠮᠡᠭᠳᠡᠯ ᠦᠷᠳᠡᠭ ᠲᠦᠷᠦᠭᠦᠦ ᠵᠢᠯ᠎ᠤᠨ᠎ᠬᠢ᠎ᠠᠴᠠ 4.4%᠎ᠪᠠᠷ ᠨᠡᠮᠡᠭᠳᠡᠪᠡ᠃ ᠬᠡᠪᠴᠢᠶᠡᠵᠢᠯ᠎ᠠᠴᠠ ᠳᠡᠭᠡᠭᠰᠢᠬᠢ ᠨᠡᠭᠦᠷᠡᠰᠦᠨ᠎ᠤ ᠭᠠᠷᠤᠯᠲᠠ 12.1 ᠳ᠋ᠦᠩᠰᠢᠭᠤᠷ ᠲᠣᠨ᠎ᠳᠤ ᠬᠦᠷᠴᠦ᠂ ᠴᠠᠬᠢᠯᠭ᠋ᠠᠨ ᠭᠠᠷᠭ᠋ᠠᠭᠰᠠᠨ ᠬᠡᠮᠵᠢᠶ᠎ᠡ 7450.5 ᠳ᠋ᠦᠩᠰᠢᠭᠤᠷ ᠺᠢᠯᠤᠸᠠᠲ ᠴᠠᠭ ᠪᠣᠯᠪᠠ᠃ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢᠨ ᠪᠠᠭᠲᠠᠭ᠋ᠠᠮᠵᠢ ᠶᠢᠰᠦᠨ ᠮᠢᠩᠭ᠋ᠠᠨ ᠲᠦᠮᠡᠨ ᠺᠢᠯᠤᠸᠠᠲ᠎ᠢ
ᠳᠠᠪᠠᠵᠤ᠂ 9322.6 ᠲᠦᠮᠡᠨ ᠺᠢᠯᠤᠸᠠᠲ᠎ᠲᠤ ᠬᠦᠷᠴᠦ᠂ ᠲᠦᠷᠦᠭᠦᠦ ᠵᠢᠯ᠎ᠤᠨ ᠡᠴᠦᠰ᠎ᠤᠨ᠎ᠬᠢ᠎ᠠᠴᠠ 50.8%᠎ᠪᠠᠷ ᠨᠡᠮᠡᠭᠳᠡᠪᠡ᠃ ᠠᠵᠤ ᠠᠬᠤᠶ᠋ᠢᠯᠠᠯ᠎ᠤᠨ ᠦᠷ᠎ᠡ ᠠᠰᠢᠭ᠎ᠠᠴᠠ ᠦᠵᠡᠪᠡᠯ᠂ 1-11 ᠳ᠋ᠤᠭᠡᠷ ᠰᠠᠷ᠎ᠠ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠪᠡᠶᠡᠯᠡᠭᠦᠯᠦᠭᠰᠡᠨ ᠠᠰᠢᠭ ᠬᠣᠨᠵᠢᠪᠣᠷᠢ ᠵᠢᠨ ᠪᠥᠬᠥ ᠲᠣᠭ᠎ᠠ 2936.7 ᠳ᠋ᠦᠩᠰᠢᠭᠤᠷ ᠲᠥᠭᠥᠷᠢᠭ᠎ᠲᠤ ᠬᠥᠷᠪᠡ᠃
ᠭᠤᠤᠯᠳᠠᠯᠭ᠎ᠠ᠎ᠲᠠᠢ ᠠᠵᠢᠯ ᠲᠥᠷᠥᠯ᠎ᠤᠨ ᠲᠤᠯᠭ᠋ᠠᠭᠤᠷᠢᠯᠠᠯ ᠬᠦᠴᠦᠲᠡᠶ᠂ ᠡᠵᠡᠩᠨᠡᠯᠲᠡ ᠵᠢᠨ ᠦᠷ᠎ᠡ ᠠᠰᠢᠭ ᠢᠯᠡᠳᠲᠡ ᠰᠠᠶ᠋ᠢᠵᠢᠷᠠᠵᠤ᠂ ᠦᠢ᠍ᠯᠡᠴᠢᠯᠡᠭᠡᠨ᠎ᠤ ᠦᠢ᠍ᠯᠡᠰ ᠲᠦᠷᠭᠡᠨ ᠰᠡᠷᠭᠦᠪᠡ᠃
2023 ᠣᠨ᠎ᠳᠤ᠂ ᠪᠥᠬᠥ ᠣᠷᠣᠨ᠎ᠤ ᠦᠢ᠍ᠯᠡᠴᠢᠯᠡᠭᠡᠨ᠎ᠤ ᠦᠢ᠍ᠯᠡᠰ᠎ᠤᠨ ᠨᠡᠮᠡᠭᠳᠡᠯ ᠥᠷᠲᠡᠭ ᠳᠡᠭᠡᠷ᠎ᠡ ᠵᠢᠯ᠎ᠤᠨ᠎ᠬᠢ᠎ᠠᠴᠠ 7.0% ᠵᠶ᠋ᠠᠷ ᠨᠡᠮᠡᠭᠳᠡᠵᠦ᠂ ᠤᠷᠤᠨ ᠨᠤᠲᠤᠭ᠎ᠤᠨ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠎ᠲᠤ ᠡᠵᠡᠯᠡᠬᠦ ᠬᠤᠪᠢ ᠵᠢᠨ ᠵᠢᠩ᠎ᠨᠢ 41.4% ᠪᠣᠯᠵᠠᠶ᠃ ᠭᠤᠤᠯᠳᠠᠯᠭ᠎ᠠ᠎ᠲᠠᠢ ᠠᠵᠢᠯ ᠲᠥᠷᠥᠯ᠎ᠤᠨ ᠲᠤᠯᠭ᠋ᠠᠭᠤᠷᠢᠯᠠᠯ ᠬᠦᠴᠦᠲᠡᠶ᠃ ᠪᠥᠭᠡᠮ ᠵᠶ᠋ᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢ᠍ᠯᠡᠰ᠎ᠤᠨ ᠨᠡᠮᠡᠭᠳᠡᠯ ᠥᠷᠲᠡᠭ ᠲᠦᠷᠦᠭᠦᠦ ᠵᠢᠯ᠎ᠤᠨ᠎ᠬᠢ᠎ᠠᠴᠠ 4.8%᠎ᠪᠠᠷ ᠨᠡᠮᠡᠭᠳᠡᠵᠦ᠂ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠨ ᠬᠠᠳᠠᠭ᠋ᠠᠯᠠᠬᠤ ᠪᠠ ᠰᠢᠤᠳᠠᠨ᠎ᠤ ᠦᠢ᠍ᠯᠡᠰ᠎ᠤᠨ᠎ᠬᠢ 10.0%᠎ᠪᠠᠷ ᠨᠡᠮᠡᠭᠳᠡᠵᠦ᠂ ᠬᠣᠨᠣᠭ ᠪᠠᠭᠤᠳᠠᠯ ᠪᠠ ᠢᠳᠡᠭᠡᠨ ᠤᠮᠳᠠᠭ᠋ᠠᠨ᠎ᠤ ᠦᠢ᠍ᠯᠡᠰ᠎ᠤᠨ᠎ᠬᠢ 20.8%᠎ᠪᠠᠷ ᠨᠡᠮᠡᠭᠳᠡᠵᠦ᠂ ᠮᠥᠩᠭᠥᠨ ᠭᠦᠢ᠍ᠯᠭᠡᠭᠡᠨ᠎ᠤ ᠦᠢ᠍ᠯᠡᠰ᠎ᠤᠨ᠎ᠬᠢ 9.0%᠎ᠪᠠᠷ ᠨᠡᠮᠡᠭᠳᠡᠵᠦ᠂ ᠪᠤᠰᠤᠳ ᠦᠢ᠍ᠯᠡᠴᠢᠯᠡᠭᠡᠨ᠎ᠤ ᠦᠢ᠍ᠯᠡᠰ᠎ᠤᠨ᠎ᠬᠢ 6.1%᠎ᠪᠠᠷ ᠨᠡᠮᠡᠭᠳᠡᠪᠡ᠃ ᠠᠵᠤ ᠠᠬᠤᠶ᠋ᠢᠯᠠᠯ᠎ᠤᠨ ᠦᠷ᠎ᠡ ᠠᠰᠢᠭ ᠲᠦᠷᠭᠡᠨ ᠨᠡᠮᠡᠭᠳᠡᠪᠡ᠃ 1-11 ᠳ᠋ᠤᠭᠡᠷ ᠰᠠᠷ᠎ᠠ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠦᠢ᠍ᠯᠡᠴᠢᠯᠡᠭᠡᠨ᠎ᠤ ᠦᠢ᠍ᠯᠡᠰ᠎ᠤᠨ ᠠᠵᠤ ᠠᠬᠤᠶ᠋ᠢᠯᠠᠯ᠎ᠤᠨ ᠡᠵᠡᠩᠨᠡᠯᠲᠡ ᠵᠢᠨ ᠣᠷᠣᠯᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 10.0% ᠨᠡᠮᠡᠭᠳᠡᠪᠡ᠃ 10 ᠠᠵᠢᠯ ᠲᠥᠷᠥᠯ᠎ᠤᠨ ᠡᠵᠡᠩᠨᠡᠯᠲᠡ ᠵᠢᠨ ᠣᠷᠣᠯᠭ᠎ᠠ ᠴᠥᠮ ᠨᠡᠮᠡᠭᠳᠡᠪᠡ᠃ ᠡᠭᠦᠨ᠎ᠳᠤ᠂ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠯᠲᠡ ᠪᠠ ᠰᠢᠤᠳᠠᠨ᠎ᠤ ᠦᠢ᠍ᠯᠡᠰ ᠠᠳᠠᠯᠢ ᠬᠤᠭᠤᠴᠠᠭ᠋ᠠᠨ᠎ᠤ᠎ᠬᠢ᠎ᠠᠴᠠ 8.5%᠎ᠪᠠᠷ ᠨᠡᠮᠡᠭᠳᠡᠵᠦ᠂ ᠮᠡᠳᠡᠭᠡ ᠵᠠᠩᠭᠢ ᠵᠢᠨ ᠳᠠᠮᠵᠢᠭᠤᠯᠭ᠎ᠠ᠂ ᠵᠥᠭᠡᠯᠡᠨ ᠲᠣᠨᠣᠭ ᠪᠠ ᠮᠡᠳᠡᠭᠡ ᠵᠠᠩᠭᠢ ᠵᠢᠨ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ 6.8%᠎ᠪᠠᠷ ᠨᠡᠮᠡᠭᠳᠡᠵᠦ᠂ ᠲᠦᠷᠢᠶᠡᠰᠦᠯᠡᠯ ᠪᠠ ᠬᠤᠳᠠᠯᠳᠤᠭ᠋ᠠᠨ᠎ᠤ ᠶᠠᠪᠤᠳᠠᠯ᠎ᠤᠨ ᠦᠢ᠍ᠯᠡᠴᠢᠯᠡᠭᠡᠨ᠎ᠤ ᠦᠢ᠍ᠯᠡᠰ 13.8 %᠎ᠪᠠᠷ ᠨᠡᠮᠡᠭᠳᠡᠵᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠪᠠ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ 17.5%᠎ᠪᠠᠷ ᠨᠡᠮᠡᠭᠳᠡᠵᠦ᠂ ᠰᠠᠭᠤᠭ᠋ᠠᠯᠢ ᠠᠷᠠᠳ᠎ᠤᠨ ᠦᠢ᠍ᠯᠡᠴᠢᠯᠡᠭᠡ᠂ ᠰᠡᠯᠪᠢᠨ ᠵᠠᠰᠠᠯᠲᠠ ᠪᠠ ᠪᠤᠰᠤᠳ ᠦᠢ᠍ᠯᠡᠴᠢᠯᠡᠭᠡᠨ᠎ᠤ ᠦᠢ᠍ᠯᠡᠰ 17.2% ᠵᠶ᠋ᠠᠷ ᠨᠡᠮᠡᠭᠳᠡᠪᠡ᠃
ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ ᠵᠢᠨ ᠡᠷᠴᠢᠮ ᠴᠢᠩᠭ᠋ᠠᠷᠠᠵᠤ᠂ ᠪᠦᠲᠦᠮᠵᠢᠲᠡᠶ ᠪᠠᠯᠠ ᠣᠷᠣᠭᠤᠯᠤᠯᠲᠠ ᠦᠷᠭᠦᠯᠵᠢᠯᠡᠨ ᠥᠷᠭᠡᠳᠴᠦ᠂ ᠴᠢᠨᠠᠷ ᠰᠠᠶ᠋ᠢᠲᠠᠶ ᠬᠥᠭᠵᠢᠯᠲᠡ ᠵᠢᠨ ᠨᠥᠭᠡᠴᠡ ᠬᠦᠴᠦᠨ ᠨᠠᠩ ᠭᠦᠢ᠍ᠴᠡᠳ ᠪᠣᠯᠪᠠ᠃
2023 ᠣᠨ᠎ᠳᠤ᠂ ᠪᠥᠬᠥ ᠣᠷᠣᠨ᠎ᠤ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ (ᠲᠠᠷᠢᠶᠠᠴᠢᠨ ᠡᠷᠦᠬᠡ ᠵᠢ ᠪᠠᠭᠲᠠᠭ᠋ᠠᠬᠤ ᠥᠬᠡᠶ) ᠲᠦᠷᠦᠭᠦᠦ ᠵᠢᠯ᠎ᠤᠨ᠎ᠬᠢ᠎ᠠᠴᠠ 19.8%᠎ᠪᠠᠷ ᠨᠡᠮᠡᠭᠳᠡᠪᠡ᠃ ᠠᠵᠤ ᠦᠢ᠍ᠯᠡᠰ ᠵᠶ᠋ᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢ᠍ᠯᠡᠰ᠎ᠤᠨ ᠪᠠᠯᠠ ᠣᠷᠣᠭᠤᠯᠤᠯᠲᠠ 8.6%᠎ᠪᠠᠷ ᠨᠡᠮᠡᠭᠳᠡᠵᠦ᠂ ᠬᠣᠶᠠᠳᠤᠭ᠋ᠠᠷ ᠠᠵᠤ ᠦᠢ᠍ᠯᠡᠰ᠎ᠤᠨ ᠪᠠᠯᠠ ᠣᠷᠣᠭᠤᠯᠤᠯᠲᠠ 33.1%᠎ᠪᠠᠷ ᠨᠡᠮᠡᠭᠳᠡᠵᠦ᠂ ᠭᠤᠷᠪᠠᠳᠤᠭ᠋ᠠᠷ ᠠᠵᠤ ᠦᠢ᠍ᠯᠡᠰ᠎ᠤᠨ ᠪᠠᠯᠠ ᠣᠷᠣᠭᠤᠯᠤᠯᠲᠠ 4.4%᠎ᠪᠠᠷ ᠨᠡᠮᠡᠭᠳᠡᠪᠡ᠃ ᠬᠦᠷᠢᠶ᠎ᠡ ᠴᠠᠷᠠᠭ᠎ᠠ ᠬᠤᠪᠢᠶᠠᠵᠤ ᠦᠵᠡᠪᠡᠯ᠂ ᠦᠢ᠍ᠯᠡᠳᠬᠦ ᠦᠢ᠍ᠯᠡᠰ᠎ᠤᠨ ᠪᠠᠯᠠ ᠣᠷᠣᠭᠤᠯᠤᠯᠲᠠ ᠵᠢᠨ ᠲᠤᠯᠭ᠋ᠠᠭᠤᠷᠢᠯᠠᠯ ᠬᠦᠴᠦᠲᠡᠶ ᠪᠠᠶ᠋ᠢᠵᠤ᠂ ᠲᠦᠷᠦᠭᠦᠦ ᠵᠢᠯ᠎ᠤᠨ᠎ᠬᠢ᠎ᠠᠴᠠ 46.4%᠎ᠪᠠᠷ ᠨᠡᠮᠡᠭᠳᠡᠪᠡ᠃ ᠡᠭᠦᠨ᠎ᠳᠤ᠂ ᠴᠠᠬᠢᠯᠭ᠋ᠠᠨ ᠮᠧᠬᠠᠨᠢᠭ ᠵᠢᠴᠢ ᠪᠠᠭ᠋ᠠᠵᠢ ᠬᠡᠷᠡᠭᠰᠡᠯ ᠦᠢ᠍ᠯᠡᠳᠬᠦ ᠦᠢ᠍ᠯᠡᠰ᠂ ᠮᠡᠳᠡᠭᠡ ᠬᠣᠯᠪᠣᠭ᠋ᠠᠨ᠎ᠤ ᠲᠥᠬᠥᠭᠡᠷᠦᠮᠵᠢ᠂ ᠺᠣᠮᠫᠢᠦ᠋ᠲ᠋ᠧᠷ ᠵᠢᠴᠢ ᠪᠤᠰᠤᠳ ᠡᠯᠧᠺᠲᠷᠣᠨ ᠲᠥᠬᠥᠭᠡᠷᠦᠮᠵᠢ ᠦᠢ᠍ᠯᠡᠳᠬᠦ ᠦᠢ᠍ᠯᠡᠰ ᠲᠣᠰ ᠲᠣᠰ 157.2% ᠪᠠ 109.8%᠎ᠪᠠᠷ ᠨᠡᠮᠡᠭᠳᠡᠪᠡ᠃ ᠰᠠᠭᠤᠷᠢ ᠲᠥᠬᠥᠭᠡᠷᠦᠮᠵᠢ ᠵᠢᠨ ᠪᠠᠯᠠ ᠣᠷᠣᠭᠤᠯᠤᠯᠲᠠ ᠲᠦᠷᠦᠭᠦᠦ ᠵᠢᠯ᠎ᠤᠨ᠎ᠬᠢ᠎ᠠᠴᠠ 12.0% ᠵᠶ᠋ᠠᠷ ᠨᠡᠮᠡᠭᠳᠡᠵᠦ᠂ ᠬᠡᠷ ᠪᠠᠶ᠋ᠢᠰᠢᠩ ᠭᠠᠵᠠᠷ ᠰᠢᠷᠣᠶ ᠵᠢᠨ ᠬᠥᠷᠥᠩᠭᠡ ᠵᠢᠨ ᠨᠡᠭᠡᠭᠡᠯᠲᠡ ᠵᠢᠨ ᠪᠠᠯᠠ ᠣᠷᠣᠭᠤᠯᠤᠯᠲᠠ 1.5%᠎ᠪᠠᠷ ᠪᠠᠭᠤᠷᠠᠪᠠ᠃ ᠪᠡᠯᠡ ᠣᠷᠣᠭᠤᠯᠤᠯᠲᠠ ᠵᠢᠨ ᠪᠦᠲᠦᠴᠡ ᠦᠷᠭᠦᠯᠵᠢᠯᠡᠨ ᠰᠢᠯᠢᠳᠡᠭᠵᠢᠪᠡ᠃ ᠳᠡᠭᠡᠳᠦ ᠮᠡᠷᠭᠡᠵᠢᠯ᠎ᠤᠨ ᠠᠵᠤ ᠦᠢ᠍ᠯᠡᠰ᠎ᠤᠨ ᠪᠡᠯᠡ ᠣᠷᠣᠭᠤᠯᠤᠯᠲᠠ ᠲᠦᠷᠦᠭᠦᠦ ᠵᠢᠯ᠎ᠤᠨ᠎ᠬᠢ᠎ᠠᠴᠠ 84.5%᠎ᠪᠠᠷ ᠨᠡᠮᠡᠭᠳᠡᠪᠡ᠃ ᠡᠭᠦᠨ᠎ᠳᠤ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ᠎ᠤᠨ ᠪᠡᠯᠡ ᠣᠷᠣᠭᠤᠯᠤᠯᠲᠠ 123.7%᠎ᠪᠠᠷ ᠨᠡᠮᠡᠭᠳᠡᠵᠦ᠂ ᠳᠡᠭᠡᠳᠦ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠪᠡᠯᠡ ᠣᠷᠣᠭᠤᠯᠤᠯᠲᠠ 36.6%᠎ᠪᠠᠷ ᠨᠡᠮᠡᠭᠳᠡᠪᠡ᠃ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠪᠠᠯᠠ ᠣᠷᠣᠭᠤᠯᠤᠯᠲᠠ ᠳᠡᠭᠡᠷ᠎ᠡ ᠵᠢᠯ᠎ᠤᠨ᠎ᠬᠢ᠎ᠠᠴᠠ 70.1%᠎ᠪᠠᠷ ᠨᠡᠮᠡᠭᠳᠡᠵᠦ᠂ ᠪᠥᠬᠥ ᠪᠠᠯᠠ ᠣᠷᠣᠭᠤᠯᠤᠯᠲᠠ ᠵᠢᠨ ᠨᠡᠮᠡᠭᠳᠡᠯ᠎ᠤᠨ ᠬᠤᠷᠳᠤᠴᠠ᠎ᠠᠴᠠ 50.3 ᠵᠠᠭᠤᠨ᠎ᠤ ᠬᠤᠪᠢ ᠵᠢᠨ ᠴᠡᠭ ᠲᠦᠷᠭᠡᠨ ᠪᠣᠯᠪᠠ᠃
ᠲᠥᠷᠥ ᠵᠢᠨ ᠪᠣᠳᠣᠯᠭ᠎ᠠ ᠵᠢᠨ ᠦᠢ᠍ᠯᠡᠳᠦᠯ ᠦᠷᠭᠦᠯᠵᠢᠯᠡᠨ ᠢᠯᠡᠷᠡᠵᠦ᠂ ᠵᠠᠬ᠎ᠠ ᠳᠡᠯᠭᠡᠭᠦᠷ᠎ᠤᠨ ᠠᠮᠢᠵᠢᠷᠠᠯ᠎ᠤᠨ ᠬᠦᠴᠦᠨ ᠲᠠᠰᠤᠷᠠᠯᠲᠠ ᠥᠬᠡᠶ ᠴᠢᠩᠭ᠋ᠠᠷᠠᠵᠤ᠂ ᠬᠡᠷᠡᠭᠯᠡᠭᠡᠨ᠎ᠤ ᠵᠠᠬ᠎ᠠ ᠳᠡᠯᠭᠡᠭᠦᠷ ᠲᠦᠷᠭᠡᠨ ᠰᠠᠶ᠋ᠢᠵᠢᠷᠠᠪᠠ᠃
2023 ᠣᠨ᠎ᠳᠤ᠂ ᠪᠥᠬᠥ ᠣᠷᠣᠨ᠎ᠤ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠣᠭ᠎ᠠ 5374.3 ᠳ᠋ᠦᠩᠰᠢᠭᠤᠷ ᠲᠥᠭᠥᠷᠢᠭ᠎ᠲᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 8.1%᠎ᠪᠠᠷ ᠨᠡᠮᠡᠭᠳᠡᠪᠡ᠃ ᠡᠵᠡᠩᠨᠡᠯᠲᠡ ᠵᠢᠨ ᠨᠢᠭᠡᠴᠡ ᠵᠢᠨ ᠪᠠᠶ᠋ᠢᠭ᠎ᠠ ᠭᠠᠵᠠᠷ ᠵᠶ᠋ᠠᠷ ᠬᠤᠪᠢᠶᠠᠪᠠᠯ᠂ ᠬᠤᠳᠠ ᠪᠠᠯᠭ᠋ᠠᠰᠤᠨ᠎ᠤ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠲᠣᠭ᠎ᠠ 4739.6 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 8.0% ᠵᠶ᠋ᠠᠷ ᠨᠡᠮᠡᠭᠳᠡᠵᠡᠢ; ᠬᠥᠳᠡᠭᠡ ᠲᠣᠰᠬᠣᠨ᠎ᠤ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠲᠣᠭ᠎ᠠ 634.7 ᠳ᠋ᠦᠩᠰᠢᠭᠤᠷ ᠲᠥᠭᠥᠷᠢᠭ᠎ᠲᠤ ᠬᠦᠷᠴᠦ᠂ 9.2% ᠵᠶ᠋ᠠᠷ ᠨᠡᠮᠡᠭᠳᠡᠪᠡ᠃ ᠬᠡᠷᠡᠭᠯᠡᠭᠡᠨ᠎ᠤ ᠲᠥᠷᠥᠯ ᠵᠶ᠋ᠠᠷ ᠬᠤᠪᠢᠶᠠᠪᠠᠯ᠂ ᠲᠠᠸᠠᠷ᠎ᠤᠨ ᠵᠢᠵᠢᠭᠯᠡᠨ ᠪᠣᠷᠣᠯᠠᠭᠤᠯᠤᠯᠲᠠ 4707.9 ᠳ᠋ᠦᠩᠰᠢᠭᠤᠷ ᠲᠥᠭᠥᠷᠢᠭ᠎ᠲᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 6.8%᠎ᠪᠠᠷ ᠨᠡᠮᠡᠭᠳᠡᠪᠡ; ᠢᠳᠡᠭᠡᠨ ᠤᠮᠳᠠᠭ᠋ᠠᠨ᠎ᠤ ᠣᠷᠣᠯᠭ᠎ᠠ 666.4 ᠳ᠋ᠦᠩᠰᠢᠭᠤᠷ ᠲᠥᠭᠥᠷᠢᠭ᠎ᠲᠤ ᠬᠦᠷᠴᠦ᠂ 18.4%᠎ᠪᠠᠷ ᠨᠡᠮᠡᠭᠳᠡᠪᠡ᠃ ᠰᠢᠨ᠎ᠡ ᠡᠵᠡᠩᠨᠡᠯᠲᠡ ᠵᠢᠨ ᠬᠡᠯᠪᠡᠷᠢ ᠪᠠᠶ᠋ᠢᠳᠠᠯ᠎ᠤᠨ ᠬᠡᠷᠡᠭᠯᠡᠭᠡᠨ᠎ᠤ ᠬᠡᠷᠡᠭᠴᠡᠭᠡ ᠶᠡᠬᠡ᠎ᠪᠠᠷ ᠨᠡᠮᠡᠭᠳᠡᠪᠡ᠃ ᠪᠣᠳᠠᠲᠤ ᠲᠠᠸᠠᠷ᠎ᠤᠨ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠭᠰᠠᠨ ᠲᠣᠭ᠎ᠠ 449.0 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 22.1%᠎ᠪᠠᠷ ᠨᠡᠮᠡᠭᠳᠡᠵᠦ᠂ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠣᠭ᠎ᠠ᠎ᠳᠤ ᠡᠵᠡᠯᠡᠬᠦ ᠬᠤᠪᠢ ᠵᠢᠨ ᠵᠢᠩ᠎ᠨᠢ 8.4%᠎ᠳᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 1.5 ᠵᠠᠭᠤᠨ᠎ᠤ ᠬᠤᠪᠢ ᠵᠢᠨ ᠴᠡᠭ ᠳᠡᠭᠡᠭᠰᠢᠯᠡᠪᠡ᠃ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠨᠢᠭᠡᠴᠢ ᠰᠦᠯᠵᠢᠶᠡᠨ ᠳᠡᠭᠡᠷ᠎ᠡ ᠵᠢᠵᠢᠭᠯᠡᠨ ᠪᠣᠷᠣᠯᠠᠭᠤᠯᠤᠭᠰᠠᠨ ᠲᠠᠸᠠᠷ᠎ᠤᠨ ᠲᠣᠭ᠎ᠠ ᠳᠡᠭᠡᠷ᠎ᠡ ᠵᠢᠯ᠎ᠤᠨ᠎ᠬᠢ᠎ᠠᠴᠠ 87.5%᠎ᠪᠠᠷ ᠨᠡᠮᠡᠭᠳᠡᠪᠡ᠃ ᠦᠨᠳᠦᠰᠦᠨ ᠠᠮᠢᠳᠤᠷᠠᠯ᠎ᠤᠨ ᠲᠥᠷᠥᠯ ᠪᠠ ᠳᠡᠰ ᠳᠡᠪᠰᠢᠬᠦ ᠲᠥᠷᠥᠯ᠎ᠤᠨ ᠲᠠᠸᠠᠷ᠎ᠤᠨ ᠪᠣᠷᠣᠯᠠᠭᠤᠯᠭ᠎ᠠ ᠨᠡᠯᠢᠶᠡᠳ ᠲᠦᠷᠭᠡᠨ ᠨᠡᠮᠡᠭᠳᠡᠪᠡ᠃ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠨᠢᠭᠡᠴᠢ ᠠᠮᠤ ᠲᠣᠰᠣ᠂ ᠢᠳᠡᠭᠡᠨ᠎ᠤ ᠲᠥᠷᠥᠯ᠎ᠤᠨ ᠲᠠᠸᠠᠷ᠎ᠤᠨ ᠵᠢᠵᠢᠭᠯᠡᠨ ᠬᠤᠳᠠᠯᠳᠤᠭᠰᠠᠨ ᠲᠣᠭ᠎ᠠ ᠲᠦᠷᠦᠭᠦᠦ ᠵᠢᠯ᠎ᠤᠨ᠎ᠬᠢ᠎ᠠᠴᠠ 27.4%᠎ᠪᠠᠷ ᠨᠡᠮᠡᠭᠳᠡᠵᠦ᠂ ᠡᠳᠦᠷ ᠲᠤᠲᠤᠮ᠎ᠤᠨ ᠬᠡᠷᠡᠭᠯᠡᠭᠡᠨ᠎ᠤ ᠵᠦᠢ᠍ᠯ᠎ᠤᠨ ᠲᠥᠷᠥᠯ 34.1%᠎ᠪᠠᠷ ᠨᠡᠮᠡᠭᠳᠡᠵᠦ᠂ ᠠᠯᠲᠠ ᠮᠥᠩᠭᠥ ᠰᠤᠪᠤᠳ ᠡᠷᠳᠡᠨᠢ ᠵᠢᠨ ᠲᠥᠷᠥᠯ 28.5%᠎ᠪᠠᠷ ᠨᠡᠮᠡᠭᠳᠡᠵᠦ᠂ ᠮᠠᠰᠢᠨ ᠲᠡᠷᠭᠡᠨ᠎ᠤ ᠲᠥᠷᠥᠯ 17.2% ᠵᠶ᠋ᠠᠷ ᠨᠡᠮᠡᠭᠳᠡᠪᠡ᠃
ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠨᠠᠮᠵᠢᠭᠤᠨ ᠥᠰᠴᠦ᠂ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢᠳ᠎ᠤᠨ ᠦᠨ᠎ᠡ ᠪᠠᠭᠤᠷᠠᠵᠤ᠂ ᠵᠠᠬ᠎ᠠ ᠳᠡᠯᠭᠡᠭᠦᠷ᠎ᠤᠨ ᠪᠠᠷᠠᠭ᠋ᠠᠨ᠎ᠤ ᠦᠨ᠎ᠡ ᠶᠡᠷᠦᠩᠬᠡᠢ᠎ᠳᠡᠭᠡᠨ ᠲᠣᠭᠲᠠᠪᠤᠷᠢᠵᠢᠪᠠ᠃
ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠨᠠᠮᠵᠢᠭᠤᠨ ᠵᠶ᠋ᠠᠷ ᠥᠰᠪᠡ᠃ 2023 ᠣᠨ᠎ᠳᠤ᠂ ᠪᠥᠬᠥ ᠣᠷᠣᠨ᠎ᠤ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠲᠦᠷᠦᠭᠦᠦ ᠵᠢᠯ᠎ᠤᠨ᠎ᠬᠢ᠎ᠠᠴᠠ᠎ᠪᠠᠨ 0.6%᠎ᠪᠠᠷ ᠥᠰᠪᠡ᠃ ᠬᠣᠲᠠ ᠬᠥᠳᠡᠭᠡ ᠵᠢ ᠬᠤᠪᠢᠶᠠᠵᠤ ᠦᠵᠡᠪᠡᠯ᠂ ᠬᠣᠲᠠ ᠬᠥᠳᠡᠭᠡ ᠴᠥᠮ 0.6%᠎ᠪᠠᠷ ᠥᠰᠴᠡᠶ᠃ ᠲᠥᠷᠥᠯ ᠬᠤᠪᠢᠶᠠᠵᠤ ᠦᠵᠡᠪᠡᠯ᠂ ᠨᠠᠢ᠍ᠮᠠᠨ ᠶᠡᠬᠡ ᠲᠥᠷᠥᠯ᠎ᠤᠨ ᠲᠠᠸᠠᠷ ᠵᠢᠴᠢ ᠦᠢ᠍ᠯᠡᠴᠢᠯᠡᠭᠡᠨ᠎ᠤ ᠦᠨ᠎ᠡ ᠬᠠᠩᠰᠢ 《ᠳᠣᠯᠣᠭ᠎ᠠ ᠨᠡᠮᠡᠭᠳᠡᠵᠦ ᠨᠢᠭᠡ ᠪᠠᠭᠤᠷᠠᠬᠤ》 ᠪᠠᠶ᠋ᠢᠳᠠᠯ᠎ᠲᠠᠢ ᠪᠠᠶ᠋ᠢᠨ᠎ᠠ᠃ ᠡᠭᠦᠨ᠎ᠳᠤ᠂ ᠢᠳᠡᠭᠡᠨ ᠪᠠ ᠠᠷᠢᠬᠢ ᠲᠠᠮᠠᠬᠢ ᠵᠢᠨ ᠦᠨ᠎ᠡ 0.6%᠎ᠪᠠᠷ ᠥᠰᠴᠦ᠂ ᠬᠤᠪᠴᠠᠰᠤ ᠬᠤᠨᠠᠷ᠎ᠤᠨ ᠦᠨ᠎ᠡ 1.2% ᠵᠶ᠋ᠠᠷ ᠥᠰᠴᠦ᠂ ᠣᠷᠣᠨ ᠰᠠᠭᠤᠴᠠ ᠵᠢᠨ ᠦᠨ᠎ᠡ 0.1%᠎ᠪᠠᠷ ᠥᠰᠴᠦ᠂ ᠠᠮᠢᠳᠤᠷᠠᠯ᠎ᠤᠨ ᠬᠡᠷᠡᠭᠰᠡᠯ ᠵᠢᠴᠢ ᠦᠢ᠍ᠯᠡᠴᠢᠯᠡᠭᠡᠨ᠎ᠤ ᠦᠨ᠎ᠡ 0.5%᠎ᠪᠠᠷ ᠥᠰᠴᠦ᠂ ᠵᠠᠮ ᠬᠠᠷᠢᠯᠴᠠᠭ᠎ᠠ ᠴᠢᠮᠡᠭᠡ ᠬᠣᠯᠪᠣᠭ᠋ᠠᠨ᠎ᠤ ᠦᠨ᠎ᠡ 2.0%᠎ᠪᠠᠷ ᠪᠠᠭᠤᠷᠠᠵᠤ᠂ ᠰᠤᠷᠭ᠋ᠠᠨ ᠬᠥᠮᠦᠵᠢᠯ ᠰᠣᠶᠣᠯ ᠵᠤᠭ᠎ᠠ ᠴᠡᠩᠭᠡᠯ᠎ᠤᠨ ᠦᠨ᠎ᠡ 1.5%᠎ᠪᠠᠷ ᠥᠰᠴᠦ᠂ ᠡᠮ ᠡᠮᠨᠡᠯᠭᠡ ᠡᠷᠡᠭᠦᠯᠵᠢᠯ᠎ᠤᠨ ᠦᠨ᠎ᠡ 3.3%᠎ᠪᠠᠷ ᠥᠰᠴᠦ᠂ ᠪᠤᠰᠤᠳ ᠬᠡᠷᠡᠭᠰᠡᠯ ᠵᠢᠴᠢ ᠦᠢ᠍ᠯᠡᠴᠢᠯᠡᠭᠡᠨ᠎ᠤ ᠦᠨ᠎ᠡ 3.5%᠎ᠪᠠᠷ ᠥᠰᠴᠡᠶ᠃ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢᠳ᠎ᠤᠨ ᠦᠨ᠎ᠡ ᠪᠠᠭᠤᠷᠠᠪᠠ᠃ 2023 ᠣᠨ᠎ᠳᠤ᠂ ᠪᠥᠬᠥ ᠣᠷᠣᠨ᠎ᠤ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢᠳ᠎ᠤᠨ ᠦᠢ᠍ᠯᠡᠳᠪᠦᠷᠢ᠎ᠠᠴᠠ ᠭᠠᠷᠭ᠋ᠠᠬᠤ ᠦᠨ᠎ᠡ ᠲᠦᠷᠦᠭᠦᠦ ᠵᠢᠯ᠎ᠤᠨ᠎ᠬᠢ᠎ᠠᠴᠠ᠎ᠪᠠᠨ 7.9%᠎ᠪᠠᠷ ᠪᠠᠭᠤᠷᠠᠪᠠ᠃ ᠡᠭᠦᠨ᠎ᠳᠤ᠂ ᠦᠢ᠍ᠯᠡᠳᠪᠦᠷᠢᠯᠡᠯ᠎ᠤᠨ ᠬᠡᠷᠡᠭᠰᠡᠯ᠎ᠤᠨ ᠦᠢ᠍ᠯᠡᠳᠪᠦᠷᠢ᠎ᠠᠴᠠ ᠭᠠᠷᠭ᠋ᠠᠬᠤ ᠦᠨ᠎ᠡ 8.5%᠎ᠪᠠᠷ ᠪᠠᠭᠤᠷᠠᠵᠤ᠂ ᠠᠮᠢᠳᠤᠷᠠᠯ᠎ᠤᠨ ᠬᠡᠷᠡᠭᠰᠡᠯ᠎ᠤᠨ ᠦᠢ᠍ᠯᠡᠳᠪᠦᠷᠢ᠎ᠠᠴᠠ ᠭᠠᠷᠭ᠋ᠠᠬᠤ ᠦᠨ᠎ᠡ 1.4%᠎ᠪᠠᠷ ᠪᠠᠭᠤᠷᠠᠪᠠ᠃ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢᠳ᠎ᠤᠨ ᠬᠤᠳᠠᠯᠳᠤᠨ ᠠᠪᠬᠤ ᠦᠨ᠎ᠡ ᠲᠦᠷᠦᠭᠦᠦ ᠵᠢᠯ᠎ᠤᠨ᠎ᠬᠢ᠎ᠠᠴᠠ 7.0% ᠪᠠᠭᠤᠷᠠᠵᠠᠢ᠃
ᠰᠠᠭᠤᠭ᠋ᠠᠯᠢ ᠠᠷᠠᠳ᠎ᠤᠨ ᠣᠷᠣᠯᠭ᠎ᠠ ᠲᠣᠭᠲᠠᠭᠤᠨ ᠵᠶ᠋ᠠᠷ ᠨᠡᠮᠡᠭᠳᠡᠵᠦ᠂ ᠬᠣᠲᠠ ᠬᠥᠳᠡᠭᠡ ᠵᠢᠨ ᠵᠥᠷᠢᠶ᠎ᠡ ᠤᠯᠠᠮ ᠨᠢᠭᠡ ᠠᠯᠬᠤᠮ ᠪᠠᠭ᠋ᠠᠰᠴᠤ᠂ ᠠᠷᠠᠳ᠎ᠤᠨ ᠠᠮᠢᠳᠤᠷᠠᠯ᠎ᠤᠨ ᠬᠢᠷᠢ ᠬᠡᠮᠵᠢᠶ᠎ᠡ ᠲᠠᠰᠤᠷᠠᠯᠲᠠ ᠤᠢ᠍ᠭᠡᠢ ᠳᠡᠭᠡᠭᠰᠢᠯᠡᠪᠡ᠃
2023 ᠣᠨ᠎ᠳᠤ᠂ ᠪᠥᠬᠥ ᠣᠷᠣᠨ᠎ᠤ ᠪᠥᠬᠥ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 38130 ᠲᠥᠭᠥᠷᠢᠭ᠎ᠲᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 6.1%᠎ᠪᠠᠷ ᠨᠡᠮᠡᠭᠳᠡᠪᠡ᠃ ᠬᠣᠲᠠ ᠬᠥᠳᠡᠭᠡ ᠵᠢ ᠬᠤᠪᠢᠶᠠᠵᠤ ᠦᠵᠡᠪᠡᠯ᠂ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠵᠥᠷᠢᠶ᠎ᠡ ᠤᠯᠠᠮ ᠨᠢᠭᠡ ᠠᠯᠬᠤᠮ ᠪᠠᠭ᠋ᠠᠰᠴᠠᠶ᠃ ᠪᠥᠬᠥ ᠣᠷᠣᠨ᠎ᠤ ᠬᠣᠲᠠ ᠪᠠᠯᠭ᠋ᠠᠰᠤᠨ᠎ᠤ ᠪᠠᠶ᠋ᠢᠩᠭᠤ ᠰᠠᠭᠤᠭ᠎ᠠ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 48676 ᠲᠥᠭᠥᠷᠢᠭ᠎ᠲᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 5.1%᠎ᠪᠠᠷ ᠨᠡᠮᠡᠭᠳᠡᠪᠡ; ᠮᠠᠯᠵᠢᠬᠤ ᠲᠠᠷᠢᠶᠠᠯᠠᠬᠤ ᠣᠷᠣᠨ᠎ᠤ ᠪᠠᠶ᠋ᠢᠩᠭᠤ ᠰᠠᠭᠤᠭ᠎ᠠ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 21221 ᠲᠥᠭᠥᠷᠢᠭ᠎ᠲᠤ ᠬᠦᠷᠴᠦ᠂ 8.0% ᠵᠶ᠋ᠠᠷ ᠨᠡᠮᠡᠭᠳᠡᠪᠡ᠃ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠬᠠᠷᠢᠴᠠᠯ 2.29 ᠪᠣᠯᠵᠣ᠂ ᠳᠡᠭᠡᠷ᠎ᠡ ᠵᠢᠯ᠎ᠤᠨ᠎ᠬᠢ᠎ᠠᠴᠠ 0.07 ᠪᠠᠭ᠋ᠠᠰᠪᠠ᠃
ᠶᠡᠷᠦᠩᠬᠡᠶ᠎ᠳᠤᠨᠢ ᠠᠪᠴᠤ ᠦᠵᠡᠪᠡᠯ᠂ ᠨᠢᠭᠡ ᠵᠢᠯ᠎ᠤᠨ ᠲᠤᠷᠰᠢ᠂ ᠰᠢ ᠵᠢᠨ ᠫᠢᠩ ᠨᠥᠬᠥᠷ ᠵᠶ᠋ᠠᠷ ᠭᠤᠤᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠳᠠᠭ᠋ᠠᠭᠤᠯᠭ᠎ᠠ ᠳᠤᠤᠷ᠎ᠠ᠂ ᠪᠥᠬᠥ ᠣᠷᠣᠨ ᠳᠠᠶᠠᠭ᠋ᠠᠷ ᠢᠮᠠᠭᠲᠠ ᠬᠦᠰᠡᠯ ᠨᠠᠶ᠋ᠢᠳᠠᠯᠭ᠎ᠠ ᠵᠢ ᠪᠠᠲᠤ ᠴᠡᠭᠡᠵᠢᠯᠡᠵᠦ᠂ ᠰᠡᠳᠬᠢᠯ ᠨᠢᠭᠡᠳᠦᠨ ᠬᠥᠭᠵᠢᠯᠲᠡ ᠵᠢ ᠰᠦᠪᠡᠭᠴᠢᠯᠡᠵᠦ᠂ ᠡᠷᠡᠮᠡᠬᠡᠶ᠋ᠢᠯᠡᠨ ᠤᠷᠤᠭᠰᠢᠯᠠᠵᠤ ᠦᠷᠭᠦᠯᠵᠢᠯᠡᠨ ᠰᠢᠨ᠎ᠡ ᠬᠠᠭᠤᠳᠠᠰᠤ ᠵᠢ ᠪᠢᠴᠢᠭᠯᠡᠵᠦ᠂ ᠠᠵᠤ ᠠᠬᠤᠶ ᠵᠢᠨ ᠴᠢᠨᠠᠷ ᠰᠠᠶ᠋ᠢᠲᠠᠶ ᠬᠥᠭᠵᠢᠯᠲᠡ ᠵᠢᠨ 《ᠬᠤᠷᠳᠤᠳᠬᠠᠯ》᠎ᠢ ᠪᠡᠶᠡᠯᠡᠭᠦᠯᠵᠦ᠂ ᠬᠥᠭᠵᠢᠯᠲᠡ ᠵᠢ ᠲᠦᠷᠭᠡᠳᠬᠡᠬᠦ᠂ ᠬᠥᠭᠵᠢᠯᠲᠡ ᠵᠢ ᠶᠡᠬᠡ᠎ᠪᠠᠷ ᠠᠳᠬᠤᠬᠤ ᠬᠦᠴᠦᠷᠬᠡᠭ ᠶᠡᠬᠡ ᠬᠠᠮᠲᠤᠷᠠᠯ ᠬᠦᠴᠦᠨ᠎ᠢ ᠨᠢᠭᠲᠠᠷᠠᠭᠤᠯᠪᠠ᠃ ᠳᠠᠷᠠᠭ᠎ᠠ ᠠᠯᠬᠤᠮ ᠳᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭ᠋ᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠪᠠ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ ᠪᠦᠬᠦᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠶ ᠴᠢᠬᠤᠯᠠ ᠵᠢᠭ᠋ᠠᠪᠤᠷᠢ ᠪᠣᠯᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ᠂ ᠲᠥᠪ᠎ᠤᠨ ᠠᠵᠤ ᠠᠬᠤᠶ ᠵᠢᠨ ᠠᠵᠢᠯ᠎ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠳᠣᠯᠣᠳᠤᠭ᠋ᠠᠷ ᠪᠦᠭᠦᠳᠡ ᠬᠤᠷᠠᠯ ᠵᠢᠴᠢ ᠪᠦᠬᠦ ᠣᠷᠣᠨ᠎ᠤ ᠠᠵᠤ ᠠᠬᠤᠶ ᠵᠢᠨ ᠠᠵᠢᠯ᠎ᠤᠨ ᠬᠤᠷᠠᠯ᠎ᠤᠨ ᠪᠠᠶ᠋ᠢᠷᠢᠯᠠᠭᠤᠯᠤᠯᠲᠠ ᠲᠣᠬᠢᠷᠠᠭᠤᠯᠤᠯᠲᠠ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠤᠨ᠂ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠳᠠᠯᠠᠵᠤ᠂ 《ᠳᠠᠪᠠᠭᠤᠯᠢᠭ ᠵᠶ᠋ᠠᠨ ᠪᠠᠳᠠᠷᠠᠭᠤᠯᠬᠤ᠂ ᠳᠤᠲᠠᠭᠤᠳᠠᠯ᠎ᠢ ᠨᠥᠬᠥᠪᠥᠷᠢᠯᠡᠬᠦ᠂ ᠢᠲᠡᠭᠡᠯ ᠵᠣᠷᠢᠭ ᠵᠶ᠋ᠠᠨ
ᠬᠥᠪᠴᠢᠯᠡᠬᠦ᠂ ᠭᠣᠣᠯᠳᠠᠯᠭ᠎ᠠ ᠵᠢ ᠠᠳᠬᠤᠬᠤ ᠳᠡᠭᠡᠷ᠎ᠡ ᠬᠦᠴᠦ ᠲᠠᠯᠪᠢᠵᠤ᠂ ᠬᠣᠶᠠᠷ ᠶᠡᠬᠡ ᠶᠠᠪᠤᠳᠠᠯ᠎ᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ᠂ ᠰᠡᠳᠬᠢᠯ ᠵᠶ᠋ᠠᠨ ᠨᠢᠭᠡᠳᠬᠡᠨ ᠬᠦᠴᠦ᠎ᠪᠠᠨ ᠬᠠᠮᠲᠤᠳᠬᠠᠵᠤ ᠰᠢᠨ᠎ᠡ ᠵᠠᠮ ᠨᠡᠬᠡᠬᠡᠨ᠂ ᠳᠤᠮᠳᠠ ᠲᠦᠪᠰᠢᠨ᠎ᠳᠤ ᠤᠷᠤᠭᠰᠢᠯᠠᠵᠤ᠂ ᠳᠤᠮᠳᠠᠳᠤ ᠤᠯᠤᠰ᠎ᠤᠨ ᠮᠠᠶᠢᠭ᠎ᠤᠨ ᠤᠳᠤᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠲᠠᠰᠤᠷᠠᠯᠳᠠ ᠦᠭᠡᠢ ᠪᠢᠴᠢᠭᠯᠡᠰᠦᠭᠡᠢ᠃