ᠲᠡᠷᠢᠭᠦᠨ ᠬᠠᠭᠤᠳᠠᠰᠤ
ᠠᠵᠢᠯ᠎ᠤᠨ ᠪᠠᠶ᠋ᠢᠳᠠᠯ
ᠢᠯᠡ ᠵᠠᠰᠠᠭ
ᠲᠤᠭ᠎ᠠ ᠪᠦᠷᠢᠳᠭᠡᠯ᠎ᠤᠨ ᠦᠢᠯᠡᠴᠢᠯᠡᠭᠡ
ᠠᠵᠢᠯ᠎ᠤᠨ ᠪᠠᠶ᠋ᠢᠳᠠᠯ   -   ᠰᠤᠷᠪᠤᠯᠵᠢᠯᠠᠭ᠎ᠠ
ᠨᠢᠭᠡᠳᠦᠭᠡᠷ ᠤᠯᠠᠷᠢᠯ᠎ᠳᠤ ᠪᠥᠬᠥ ᠣᠷᠣᠨ᠎ᠤ ᠠᠵᠤ ᠠᠬᠤᠶ ᠵᠢᠨ ᠠᠵᠢᠯᠯᠠᠭ᠋ᠠᠨ ᠲᠣᠭᠲᠠᠭᠤᠨ᠎ᠤ ᠳᠤᠮᠳᠠ ᠳᠡᠭᠡᠭᠰᠢᠯᠡᠵᠦ᠂ ᠰᠠᠶ᠋ᠢᠨ ᠡᠬᠢᠯᠡᠯᠲᠡ᠎ᠲᠠᠢ ᠪᠣᠯᠪᠠ
ᠨᠡᠶ᠋ᠢᠲᠡᠯᠡᠭᠰᠡᠨ ᠴᠠᠭ᠄ 2024-04-20


          ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ

         ᠪᠦᠷᠢᠳᠬᠡᠯ᠎ᠤᠨ ᠲᠣᠪᠴᠢᠶ᠎ᠠ
         ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶᠠᠨ᠎ᠤ ᠥᠪᠥᠷ ᠮᠣᠩᠭᠣᠯ᠎ᠤᠨ

          ᠪᠠᠶ᠋ᠢᠴᠠᠭ᠋ᠠᠯᠲᠠ ᠵᠢᠨ ᠶᠡᠷᠦᠩᠬᠡᠶ ᠠᠩᠭᠢ
                 (2024 ᠣᠨ᠎ᠤ 4 ᠰᠠᠷ᠎ᠠ ᠵᠢᠨ 19᠎ᠤ ᠡᠳᠦᠷ)


    ᠨᠢᠭᠡᠳᠦᠭᠡᠷ ᠤᠯᠠᠷᠢᠯ᠂ ᠰᠢ ᠵᠢᠨ ᠫᠢᠩ ᠨᠥᠬᠥᠷ ᠵᠶ᠋ᠠᠷ ᠭᠤᠤᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠪᠦᠬᠦ ᠣᠷᠣᠨ ᠳᠠᠶᠠᠭ᠋ᠠᠷ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠳᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠡᠷᠡᠰ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠳᠣᠯᠣᠳᠤᠭ᠋ᠠᠷ ᠪᠦᠭᠦᠳᠡ ᠬᠤᠷᠠᠯ ᠵᠢᠴᠢ ᠪᠦᠬᠦ ᠣᠷᠣᠨ᠎ᠤ ᠠᠵᠤ ᠠᠬᠤᠶ ᠵᠢᠨ ᠠᠵᠢᠯ᠎ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠬᠣᠶᠠᠷ ᠬᠤᠷᠠᠯ᠎ᠤᠨ ᠵᠣᠷᠢᠭ ᠰᠠᠨᠠᠭ᠎ᠠ ᠵᠢ ᠬᠢᠨᠠᠮᠠᠭ᠋ᠠᠶ ᠨᠠᠢ᠌ᠳᠠᠪᠤᠷᠢᠵᠢᠭᠤᠯᠤᠨ᠂ ᠲᠣᠭᠲᠠᠭᠤᠨ᠎ᠤ ᠳᠤᠮᠳᠠ ᠤᠷᠤᠭᠰᠢᠯᠠᠬᠤ᠂ ᠤᠷᠤᠭᠰᠢᠯᠠᠬᠤ᠎ᠪᠠᠷ ᠲᠣᠭᠲᠠᠭᠤᠨ᠎ᠢ ᠠᠬᠢᠭᠤᠯᠬᠤ ᠵᠢ ᠪᠠᠷᠢᠮᠳᠠᠯᠠᠨ᠂ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠪᠦᠷᠢᠨ᠂ ᠤᠨᠤᠪᠴᠢᠳᠠᠢ᠂ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠡᠯ᠎ᠡ ᠵᠦᠢ᠍ᠯ᠎ᠤᠨ ᠠᠵᠢᠯ᠎ᠤᠨ ᠭᠤᠤᠯ ᠰᠢᠵᠢᠮ ᠪᠤᠯᠭ᠋ᠠᠵᠤ᠂ ᠬᠣᠶᠠᠷ ᠶᠡᠬᠡ ᠶᠠᠪᠤᠳᠠᠯ᠎ᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ᠂ ᠰᠡᠳᠬᠢᠯ ᠵᠶ᠋ᠠᠨ ᠨᠢᠭᠡᠳᠬᠡᠨ ᠬᠦᠴᠦ᠎ᠪᠠᠨ ᠬᠠᠮᠲᠤᠳᠬᠠᠵᠤ ᠰᠢᠨ᠎ᠡ ᠵᠠᠮ ᠨᠡᠬᠡᠬᠡᠨ᠂ ᠳᠤᠮᠳᠠ ᠲᠦᠪᠰᠢᠨ ᠵᠦᠭ ᠤᠷᠤᠭᠰᠢᠯᠠᠨ᠂ ᠪᠥᠬᠥ ᠣᠷᠣᠨ᠎ᠤ ᠠᠵᠤ ᠠᠬᠤᠶ ᠵᠢᠨ ᠠᠵᠢᠯᠯᠠᠭ᠋ᠠᠨ ᠲᠣᠭᠲᠠᠭᠤᠨ᠎ᠤ ᠳᠤᠮᠳᠠ ᠳᠡᠭᠡᠭᠰᠢᠯᠡᠵᠦ᠂ ᠡᠬᠢᠯᠡᠯᠲᠡ ᠰᠠᠢ᠍ᠢ᠍ᠨ ᠪᠠᠢ᠌ᠨ᠎ᠠ᠃
    ᠤᠷᠤᠨ ᠨᠤᠲᠤᠭ᠎ᠤᠨ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠎ᠤᠨ ᠨᠢᠭᠡᠳᠦᠯᠲᠡᠶ ᠬᠠᠷᠭᠤᠭᠤᠯᠤᠨ ᠪᠤᠳᠤᠭᠰᠠᠨ ᠦᠷ᠎ᠡ ᠳ᠋ᠦᠩ᠎ᠢ ᠦᠨᠳᠦᠰᠦᠯᠡᠪᠡᠯ᠂ ᠨᠢᠭᠡᠳᠦᠭᠡᠷ ᠤᠯᠠᠷᠢᠯ᠎ᠳᠤ ᠪᠥᠬᠥ ᠣᠷᠣᠨ᠎ᠤ ᠤᠷᠤᠨ ᠨᠤᠲᠤᠭ᠎ᠤᠨ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ 5604 ᠳ᠋ᠦᠩᠰᠢᠭᠤᠷ ᠲᠥᠭᠥᠷᠢᠭ᠎ᠲᠤ ᠬᠦᠷᠴᠦ᠂ ᠥᠯᠥ ᠬᠤᠪᠢᠰᠬᠤ ᠦᠨ᠎ᠡ᠎ᠪᠠᠷ ᠪᠤᠳᠤᠪᠠᠯ᠂ ᠠᠳᠠᠯᠢ ᠬᠤᠭᠤᠴᠠᠭ᠋ᠠᠨ᠎ᠤ᠎ᠬᠢ᠎ᠠᠴᠠ 5.9%᠎ᠪᠠᠷ ᠨᠡᠮᠡᠭᠳᠡᠪᠡ᠃ ᠠᠵᠤ ᠦᠢ᠍ᠯᠡᠰ ᠵᠶ᠋ᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢ᠍ᠯᠡᠰ᠎ᠤᠨ ᠨᠡᠮᠡᠭᠳᠡᠯ ᠥᠷᠲᠡᠭ 177 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 7.2% ᠵᠶ᠋ᠠᠷ ᠨᠡᠮᠡᠭᠳᠡᠪᠡ; ᠬᠣᠶᠠᠳᠤᠭ᠋ᠠᠷ ᠠᠵᠤ ᠦᠢ᠍ᠯᠡᠰ᠎ᠤᠨ ᠨᠡᠮᠡᠭᠳᠡᠯ ᠥᠷᠲᠡᠭ 2730 ᠳ᠋ᠦᠩᠰᠢᠭᠤᠷ ᠲᠥᠭᠥᠷᠢᠭ᠎ᠲᠤ ᠬᠦᠷᠴᠦ᠂ 8.1%᠎ᠪᠠᠷ ᠨᠡᠮᠡᠭᠳᠡᠭᠦᠯᠦᠨ᠎ᠡ; ᠭᠤᠷᠪᠠᠳᠤᠭ᠋ᠠᠷ ᠠᠵᠤ ᠦᠢ᠍ᠯᠡᠰ᠎ᠤᠨ ᠨᠡᠮᠡᠭᠳᠡᠯ ᠥᠷᠲᠡᠭ 2697 ᠳ᠋ᠦᠩᠰᠢᠭᠤᠷ ᠲᠥᠭᠥᠷᠢᠭ᠎ᠲᠤ ᠬᠦᠷᠴᠦ᠂ 4.1%᠎ᠪᠠᠷ ᠨᠡᠮᠡᠭᠳᠡᠪᠡ᠃
    ᠨᠢᠭᠡ᠂ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠪᠠᠶ᠋ᠢᠳᠠᠯ ᠰᠠᠶ᠋ᠢᠨ ᠪᠠᠶ᠋ᠢᠵᠤ᠂ ᠮᠠᠯ ᠠᠵᠤ ᠠᠬᠤᠶ ᠲᠣᠭᠲᠠᠭᠤᠨ ᠵᠶ᠋ᠠᠷ ᠨᠡᠮᠡᠭᠳᠡᠪᠡ᠃

    ᠨᠢᠭᠡᠳᠦᠭᠡᠷ ᠤᠯᠠᠷᠢᠯ᠎ᠳᠤ᠂ ᠪᠥᠬᠥ ᠣᠷᠣᠨ᠎ᠤ ᠲᠠᠷᠢᠶᠠᠯᠠᠩ ᠣᠶ ᠰᠢᠭᠤᠶ ᠮᠠᠯ ᠠᠵᠤ ᠠᠬᠤᠶ ᠵᠢᠭ᠋ᠠᠰᠤᠨ ᠠᠵᠤ ᠠᠬᠤᠶ ᠵᠢᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 7.1%᠎ᠪᠠᠷ ᠨᠡᠮᠡᠭᠳᠡᠪᠡ᠃ ᠬᠠᠪᠤᠷ᠎ᠤᠨ ᠲᠠᠷᠢᠶᠠᠯᠠᠭ᠎ᠠ ᠵᠢᠨ ᠪᠡᠯᠡᠳᠬᠡᠯ ᠠᠵᠢᠯ᠎ᠢ ᠡᠮᠬᠢ ᠵᠢᠷᠤᠮ᠎ᠲᠠᠢ ᠠᠬᠢᠭᠤᠯᠵᠤ᠂ ᠲᠠᠷᠢᠶᠠᠯᠠᠩ᠎ᠤᠨ ᠦᠢ᠍ᠯᠡᠳᠪᠦᠷᠢᠯᠡᠯ᠎ᠤᠨ ᠡᠯᠧᠮᠧᠨ᠋ᠲ᠎ᠤᠨ ᠪᠠᠲᠤᠯᠠᠭ᠎ᠠ ᠭᠦᠢ᠍ᠴᠡᠳ ᠪᠣᠯᠪᠠ᠃ ᠮᠠᠯ ᠠᠵᠤ ᠠᠬᠤᠢ ᠵᠢᠨ ᠦᠢ᠍ᠯᠡᠳᠪᠦᠷᠢᠯᠡᠯ᠎ᠤᠨ ᠪᠠᠢ᠌ᠳᠠᠯ ᠰᠠᠶ᠋ᠢᠨ ᠪᠠᠶ᠋ᠢᠨ᠎ᠠ᠃ ᠨᠢᠭᠡᠳᠦᠭᠡᠷ ᠤᠯᠠᠷᠢᠯ᠎ᠳᠤ᠂ ᠪᠥᠬᠥ ᠣᠷᠣᠨ᠎ᠤ ᠭᠠᠬᠠᠶ ᠦᠬᠡᠷ ᠬᠣᠨᠢ ᠵᠢᠭᠦᠷᠲᠡᠨ᠎ᠤ ᠮᠢᠬᠠᠨ᠎ᠤ ᠭᠠᠷᠤᠯᠲᠠ 44.0 ᠲᠦᠮᠡᠨ ᠲᠣᠨ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 8.0% ᠨᠡᠮᠡᠭᠳᠡᠪᠡ᠃ ᠡᠭᠦᠨ᠎ᠳᠤ᠂ ᠦᠬᠡᠷ᠎ᠤᠨ ᠮᠢᠬ᠎ᠠ᠂ ᠬᠣᠨᠢᠨ ᠮᠢᠬᠠᠨ᠎ᠤ ᠭᠠᠷᠤᠯᠲᠠ ᠲᠣᠰ ᠲᠣᠰ 9.8% ᠪᠠ 4.9%᠎ᠪᠠᠷ ᠨᠡᠮᠡᠭᠳᠡᠪᠡ᠃ ᠦᠨᠢᠶᠡᠨ ᠰᠦ ᠵᠢᠨ ᠭᠠᠷᠤᠯᠲᠠ 4.6%᠎ᠪᠠᠷ ᠨᠡᠮᠡᠭᠳᠡᠪᠡ᠃ ᠨᠢᠭᠡᠳᠦᠭᠡᠷ ᠤᠯᠠᠷᠢᠯ᠎ᠤᠨ ᠡᠴᠦᠰ᠎ᠲᠤ᠂ ᠪᠥᠬᠥ ᠣᠷᠣᠨ᠎ᠳᠤ 592.5 ᠲᠦᠮᠡᠨ ᠭᠠᠬᠠᠶ ᠲᠡᠵᠢᠭᠡᠵᠦ᠂ 2.6%᠎ᠪᠠᠷ ᠨᠡᠮᠡᠭᠳᠡᠪᠡ; 950.1 ᠲᠦᠮᠡᠨ ᠦᠬᠡᠷ ᠲᠡᠵᠢᠭᠡᠵᠦ᠂ 7.9% ᠨᠡᠮᠡᠭᠳᠡᠪᠡ; ᠮᠠᠯ᠎ᠤᠨ ᠲᠣᠭ᠎ᠠ 6947.7 ᠲᠦᠮᠡ᠎ᠳᠤ ᠬᠦᠷᠴᠦ᠂ 0.9%᠎ᠪᠠᠷ ᠨᠡᠮᠡᠭᠳᠡᠪᠡ᠃
    ᠬᠣᠶᠠᠷ᠂ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ ᠲᠣᠭᠲᠠᠭᠤᠨ᠎ᠤ ᠳᠤᠮᠳᠠ ᠳᠡᠭᠡᠭᠰᠢᠯᠡᠵᠦ᠂ ᠲᠣᠨᠣᠭ ᠲᠥᠬᠥᠭᠡᠷᠦᠮᠵᠢ ᠦᠢ᠍ᠯᠡᠳᠬᠦ ᠦᠢ᠍ᠯᠡᠰ ᠪᠠ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ᠎ᠤᠨ ᠨᠡᠮᠡᠭᠳᠡᠯ᠎ᠤᠨ ᠬᠠᠨᠳᠤᠰᠢ ᠨᠡᠯᠢᠶᠡᠳ ᠰᠠᠶ᠋ᠢᠨ ᠪᠠᠶ᠋ᠢᠨ᠎ᠠ᠃

    ᠨᠢᠭᠡᠳᠦᠭᠡᠷ ᠤᠯᠠᠷᠢᠯ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 7.1%᠎ᠪᠠᠷ ᠨᠡᠮᠡᠭᠳᠡᠵᠦ᠂ 1-2 ᠳ᠋ᠤᠭ᠋ᠠᠷ ᠰᠠᠷ᠎ᠠ ᠵᠢᠨ᠎ᠬᠢ᠎ᠠᠴᠠ 0.1 ᠵᠠᠭᠤᠨ᠎ᠤ ᠬᠤᠪᠢ ᠵᠢᠨ ᠴᠡᠭ ᠲᠦᠷᠭᠡᠳᠪᠡ᠃ ᠭᠤᠷᠪᠠᠨ ᠶᠡᠬᠡ ᠲᠥᠷᠥᠯ ᠬᠤᠪᠢᠶᠠᠵᠤ ᠦᠵᠡᠪᠡᠯ᠂ ᠠᠭᠤᠷᠬᠠᠶ ᠮᠠᠯᠲᠠᠬᠤ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 2.5%᠎ᠪᠠᠷ ᠨᠡᠮᠡᠭᠳᠡᠵᠦ᠂  ᠦᠢ᠍ᠯᠡᠳᠬᠦ ᠦᠢ᠍ᠯᠡᠰ 12.1%᠎ᠪᠠᠷ ᠨᠡᠮᠡᠭᠳᠡᠵᠦ᠂ ᠴᠠᠬᠢᠯᠭ᠋ᠠᠨ ᠬᠦᠴᠦᠨ᠂ ᠢᠯᠴᠢ᠂ ᠰᠢᠲᠠᠮᠠᠬᠠᠶ ᠬᠡᠶ ᠵᠢᠴᠢ ᠤᠰᠤᠨ᠎ᠤ ᠦᠢ᠍ᠯᠡᠳᠪᠦᠷᠢᠯᠡᠯ ᠪᠠ ᠬᠠᠩᠭ᠋ᠠᠯᠭ᠎ᠠ ᠵᠢᠨ ᠦᠢ᠍ᠯᠡᠰ 13.1%᠎ᠪᠠᠷ ᠨᠡᠮᠡᠭᠳᠡᠪᠡ᠃ ᠲᠣᠨᠣᠭᠯᠠᠯ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 55.8%᠎ᠪᠠᠷ ᠨᠡᠮᠡᠭᠳᠡᠵᠦ᠂ 1 - 2 ᠳ᠋ᠤᠭ᠋ᠠᠷ ᠰᠠᠷ᠎ᠠ ᠵᠢᠨ᠎ᠬᠢ᠎ᠠᠴᠠ 2.2 ᠵᠠᠭᠤᠨ᠎ᠤ ᠬᠤᠪᠢ ᠵᠢᠨ ᠴᠡᠭ ᠲᠦᠷᠭᠡᠳᠪᠡ; ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ᠎ᠤᠨ ᠨᠡᠮᠡᠭᠳᠡᠯ ᠦᠷᠳᠡᠭ 38.3%᠎ᠪᠠᠷ ᠨᠡᠮᠡᠭᠳᠡᠵᠦ᠂ 2.2 ᠵᠠᠭᠤᠨ᠎ᠤ ᠨᠢᠭᠡᠴᠢ ᠲᠦᠷᠭᠡᠳᠪᠡ᠃ ᠠᠵᠤ ᠠᠬᠤᠶ ᠵᠢᠨ ᠲᠥᠷᠥᠯ ᠬᠡᠯᠪᠡᠷᠢ᠎ᠠᠴᠠ ᠦᠵᠡᠪᠡᠯ᠂ ᠤᠯᠤᠰ᠎ᠤᠨ ᠥᠮᠴᠢᠯᠡᠯ᠎ᠤᠨ ᠬᠤᠪᠢ ᠡᠵᠡᠮᠳᠡᠭᠰᠡᠨ ᠠᠵᠤ ᠠᠬᠤᠶ᠋ᠢᠯᠠᠯ᠎ᠤᠨ ᠨᠡᠮᠡᠭᠳᠡᠯ ᠥᠷᠲᠡᠭ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ 6.1%᠎ᠪᠠᠷ ᠨᠡᠮᠡᠭᠳᠡᠪᠡ; ᠬᠤᠪᠢ ᠣᠷᠣᠭᠤᠯᠬᠤ ᠳᠦᠷᠢᠮᠲᠦ ᠠᠵᠤ ᠠᠬᠤᠶ᠋ᠢᠯᠠᠯ 7.1%᠎ᠪᠠᠷ ᠨᠡᠮᠡᠭᠳᠡᠵᠦ᠂ ᠭᠠᠳᠠᠭ᠋ᠠᠳᠤ ᠵᠢᠨ ᠬᠤᠳᠠᠯᠳᠤᠭ᠋ᠠᠴᠢᠨ ᠵᠢᠴᠢ ᠰᠢᠶᠠᠩᠭ᠋ᠠᠩ ᠣᠣᠮᠧᠨ ᠲᠠᠶ᠋ᠢᠸᠠᠨ᠎ᠤ ᠪᠡᠯᠡ ᠣᠷᠣᠭᠤᠯᠤᠭᠰᠠᠨ ᠠᠵᠤ ᠠᠬᠤᠶ᠋ᠢᠯᠠᠯ 10.5%᠎ᠪᠠᠷ ᠨᠡᠮᠡᠭᠳᠡᠪᠡ᠃ ᠠᠵᠢᠯ ᠲᠥᠷᠥᠯ ᠬᠤᠪᠢᠶᠠᠵᠤ ᠦᠵᠡᠪᠡᠯ᠂ ᠲᠤᠯᠤᠭ᠋ᠠᠨ ᠬᠤᠪᠢ ᠵᠢᠨ ᠠᠵᠢᠯ ᠲᠥᠷᠥᠯ᠎ᠤᠨ ᠨᠡᠮᠡᠭᠳᠡᠯ ᠥᠷᠲᠡᠭ ᠨᠡᠮᠡᠭᠳᠡᠵᠦ᠂ ᠲᠠᠪᠤᠨ ᠬᠤᠪᠢ ᠵᠢ ᠳᠠᠪᠠᠭᠰᠠᠨ ᠠᠵᠢᠯ ᠲᠥᠷᠥᠯ᠎ᠤᠨ ᠨᠡᠮᠡᠭᠳᠡᠯ᠎ᠤᠨ ᠬᠤᠷᠳᠤᠴᠠ ᠲᠦᠷᠦᠭᠦᠦ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ ᠲᠦᠷᠭᠡᠳᠪᠡ᠃ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠭᠣᠣᠯ ᠦᠢ᠍ᠯᠡᠳᠬᠦᠨ᠎ᠤ ᠭᠠᠷᠤᠯᠲᠠ᠎ᠠᠴᠠ ᠦᠵᠡᠪᠡᠯ᠂ ᠨᠡᠭᠦᠷᠡᠰᠦᠨ᠎ᠤ ᠭᠠᠷᠤᠯᠲᠠ 3.2 ᠳ᠋ᠦᠩᠰᠢᠭᠤᠷ ᠲᠣᠨ᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 2.9% ᠨᠡᠮᠡᠭᠳᠡᠪᠡ; ᠴᠠᠬᠢᠯᠭ᠋ᠠᠨ ᠭᠠᠷᠭ᠋ᠠᠭᠰᠠᠨ ᠬᠡᠮᠵᠢᠶ᠎ᠡ 1950.4 ᠳ᠋ᠦᠩᠰᠢᠭᠤᠷ ᠺᠢᠯᠤᠸᠠᠲ ᠴᠠᠭ᠎ᠲᠤ ᠬᠦᠷᠴᠦ᠂ 12.3%᠎ᠪᠠᠷ ᠨᠡᠮᠡᠭᠳᠡᠪᠡ᠂ ᠡᠭᠦᠨ᠎ᠳᠤ ᠰᠠᠯᠬᠢᠨ ᠬᠦᠴᠦᠨ ᠵᠶ᠋ᠠᠷ ᠴᠠᠬᠢᠯᠭ᠋ᠠᠨ ᠭᠠᠷᠭ᠋ᠠᠭᠰᠠᠨ ᠬᠡᠮᠵᠢᠶ᠎ᠡ 372.1 ᠳ᠋ᠦᠩᠰᠢᠭᠤᠷ ᠺᠢᠯᠤᠸᠠᠲ ᠴᠠᠭ᠎ᠲᠤ ᠬᠦᠷᠴᠦ᠂ 12.9%᠎ᠪᠠᠷ ᠨᠡᠮᠡᠭᠳᠡᠪᠡ; ᠴᠠᠭ᠋ᠠᠨ ᠢᠳᠡᠭᠡᠨ᠎ᠤ ᠭᠠᠷᠤᠯᠲᠠ 114.2 ᠲᠦᠮᠡᠨ ᠲᠣᠨ᠎ᠳᠤ ᠬᠦᠷᠴᠦ᠂ 2.1%᠎ᠪᠠᠷ ᠨᠡᠮᠡᠭᠳᠡᠪᠡ; ᠪᠤᠯᠤᠳ ᠮᠠᠲ᠋ᠧᠷᠢᠶᠠᠯ᠎ᠤᠨ ᠭᠠᠷᠤᠯᠲᠠ 853.3 ᠲᠦᠮᠡᠨ ᠲᠣᠨ᠎ᠳᠤ ᠬᠦᠷᠴᠦ᠂ 12.1%᠎ᠪᠠᠷ ᠨᠡᠮᠡᠭᠳᠡᠪᠡ᠃ 1-2 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠡᠵᠡᠩᠨᠡᠯᠲᠡ ᠵᠢᠨ ᠣᠷᠣᠯᠭ᠎ᠠ 4391.6 ᠳ᠋ᠦᠩᠰᠢᠭᠤᠷ ᠲᠥᠭᠥᠷᠢᠭ᠎ᠲᠤ ᠬᠦᠷᠴᠦ᠂ ᠪᠡᠶᠡᠯᠡᠭᠦᠯᠦᠭᠰᠡᠨ ᠠᠰᠢᠭ ᠬᠣᠨᠵᠢᠪᠣᠷᠢ ᠵᠢᠨ ᠶᠡᠷᠦᠩᠬᠡᠶ ᠲᠣᠭ᠎ᠠ 444.3 ᠳ᠋ᠦᠩᠰᠢᠭᠤᠷ ᠲᠥᠭᠥᠷᠢᠭ᠎ᠲᠤ ᠬᠥᠷᠪᠡ᠃
    ᠭᠤᠷᠪᠠ᠂ ᠦᠢ᠍ᠯᠡᠴᠢᠯᠡᠭᠡᠨ᠎ᠤ ᠦᠢ᠍ᠯᠡᠰ ᠲᠣᠭᠲᠠᠭᠤᠨ ᠵᠶ᠋ᠠᠷ ᠨᠡᠮᠡᠭᠳᠡᠵᠦ᠂ ᠣᠳᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ ᠨᠡᠯᠢᠶᠡᠳ ᠲᠦᠷᠭᠡᠨ ᠨᠡᠮᠡᠭᠳᠡᠪᠡ᠃

    ᠨᠢᠭᠡᠳᠦᠭᠡᠷ ᠤᠯᠠᠷᠢᠯ᠎ᠳᠤ᠂ ᠪᠥᠬᠥ ᠣᠷᠣᠨ᠎ᠤ  ᠦᠢ᠍ᠯᠡᠴᠢᠯᠡᠭᠡᠨ᠎ᠤ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 4.1%᠎ᠪᠠᠷ ᠨᠡᠮᠡᠭᠳᠡᠪᠡ᠃ ᠡᠭᠦᠨ᠎ᠳᠤ᠂ ᠪᠥᠭᠡᠮ ᠵᠶ᠋ᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 4.2% ᠵᠶ᠋ᠠᠷ ᠨᠡᠮᠡᠭᠳᠡᠵᠦ᠂ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠨ ᠬᠠᠳᠠᠭ᠋ᠠᠯᠠᠬᠤ ᠪᠠ ᠰᠢᠤᠳᠠᠨ᠎ᠤ ᠦᠢ᠍ᠯᠡᠰ᠎ᠤᠨ᠎ᠬᠢ 9.0% ᠵᠶ᠋ᠠᠷ ᠨᠡᠮᠡᠭᠳᠡᠵᠦ᠂ ᠬᠣᠨᠣᠭ ᠪᠠᠭᠤᠳᠠᠯ ᠪᠠ ᠢᠳᠡᠭᠡᠨ ᠤᠮᠳᠠᠭ᠋ᠠᠨ᠎ᠤ ᠦᠢ᠍ᠯᠡᠰ᠎ᠤᠨ᠎ᠬᠢ 4.7%᠎ᠪᠠᠷ ᠨᠡᠮᠡᠭᠳᠡᠪᠡ᠃ 1-2 ᠳ᠋ᠤᠭ᠋ᠠᠷ ᠰᠠᠷ᠎ᠠ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠦᠢ᠍ᠯᠡᠴᠢᠯᠡᠭᠡᠨ᠎ᠤ ᠦᠢ᠍ᠯᠡᠰ᠎ᠤᠨ ᠡᠵᠡᠩᠨᠡᠯᠲᠡ ᠵᠢᠨ ᠣᠷᠣᠯᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 3.4%᠎ᠪᠠᠷ ᠨᠡᠮᠡᠭᠳᠡᠪᠡ᠃ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠦᠢ᠍ᠯᠡᠴᠢᠯᠡᠭᠡᠨ᠎ᠤ ᠦᠢ᠍ᠯᠡᠰ᠎ᠤᠨ 10 ᠠᠵᠢᠯ ᠲᠥᠷᠥᠯ᠎ᠤᠨ ᠳᠣᠲᠣᠷᠠᠬᠢ 8 ᠠᠵᠢᠯ ᠲᠥᠷᠥᠯ᠎ᠤᠨ ᠡᠵᠡᠩᠨᠡᠯᠲᠡ ᠵᠢᠨ ᠣᠷᠣᠯᠭ᠎ᠠ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ ᠨᠡᠮᠡᠭᠳᠡᠪᠡ᠃ ᠤᠳᠤ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ ᠨᠡᠯᠢᠶᠡᠳ ᠲᠦᠷᠭᠡᠨ ᠨᠡᠮᠡᠭᠳᠡᠵᠦ᠂ ᠮᠡᠳᠡᠭᠡ ᠵᠠᠩᠭᠢ ᠵᠢᠨ ᠳᠠᠮᠵᠢᠭᠤᠯᠭ᠎ᠠ᠂ ᠵᠥᠭᠡᠯᠡᠨ ᠲᠤᠨᠤᠭ ᠪᠠ ᠮᠡᠳᠡᠭᠡ ᠵᠠᠩᠭᠢ ᠵᠢᠨ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠡᠵᠡᠩᠨᠡᠯᠲᠡ ᠵᠢᠨ ᠣᠷᠣᠯᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 11.3%᠎ᠪᠠᠷ ᠨᠡᠮᠡᠭᠳᠡᠵᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠪᠠ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ 12.7%᠎ᠪᠠᠷ ᠨᠡᠮᠡᠭᠳᠡᠪᠡ᠃
    ᠳᠥᠷᠪᠡ᠂ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ ᠲᠦᠷᠭᠡᠨ ᠨᠡᠮᠡᠭᠳᠡᠵᠦ᠂ ᠦᠢ᠍ᠯᠡᠳᠬᠦ ᠦᠢ᠍ᠯᠡᠰ᠎ᠤᠨ ᠪᠠᠯᠠ ᠣᠷᠣᠭᠤᠯᠤᠯᠲᠠ ᠡᠷᠴᠢᠮᠲᠡᠶ ᠪᠣᠯᠪᠠ᠃

    ᠨᠢᠭᠡᠳᠦᠭᠡᠷ ᠤᠯᠠᠷᠢᠯ᠎ᠳᠤ᠂ ᠪᠥᠬᠥ ᠣᠷᠣᠨ᠎ᠤ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ (ᠲᠠᠷᠢᠶᠠᠴᠢᠨ ᠡᠷᠦᠬᠡ ᠵᠢ ᠪᠠᠭᠲᠠᠭ᠋ᠠᠬᠤ ᠥᠬᠡᠶ) ᠠᠳᠠᠯᠢ ᠬᠤᠭᠤᠴᠠᠭ᠋ᠠᠨ᠎ᠤ᠎ᠬᠢ᠎ᠠᠴᠠ 31.5%᠎ᠪᠠᠷ ᠨᠡᠮᠡᠭᠳᠡᠪᠡ᠃ ᠬᠦᠷᠢᠶ᠎ᠡ ᠴᠠᠷᠠᠭ᠎ᠠ ᠬᠤᠪᠢᠶᠠᠵᠤ ᠦᠵᠡᠪᠡᠯ᠂ ᠰᠠᠭᠤᠷᠢ ᠲᠥᠬᠥᠭᠡᠷᠦᠮᠵᠢ ᠵᠢᠨ ᠪᠠᠯᠠ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 28.0%᠎ᠪᠠᠷ ᠨᠡᠮᠡᠭᠳᠡᠵᠦ᠂ ᠦᠢ᠍ᠯᠡᠳᠬᠦ ᠦᠢ᠍ᠯᠡᠰ᠎ᠤᠨ ᠪᠠᠯᠠ ᠣᠷᠣᠭᠤᠯᠤᠯᠲᠠ 37.3%᠎ᠪᠠᠷ ᠨᠡᠮᠡᠭᠳᠡᠵᠦ᠂ ᠬᠡᠷ ᠭᠠᠵᠠᠷ ᠬᠥᠷᠥᠩᠭᠡ ᠵᠢᠨ ᠨᠡᠭᠡᠭᠡᠯᠲᠡ ᠵᠢᠨ ᠪᠠᠯᠠ ᠣᠷᠣᠭᠤᠯᠤᠯᠲᠠ 2.3%᠎ᠪᠠᠷ ᠪᠠᠭᠤᠷᠠᠪᠠ᠃ ᠠᠵᠤ ᠦᠢ᠍ᠯᠡᠰ ᠵᠶ᠋ᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢ᠍ᠯᠡᠰ᠎ᠤᠨ ᠪᠠᠯᠠ ᠣᠷᠣᠭᠤᠯᠤᠯᠲᠠ 76.4%᠎ᠪᠠᠷ ᠨᠡᠮᠡᠭᠳᠡᠵᠦ᠂ ᠬᠣᠶᠠᠳᠤᠭ᠋ᠠᠷ ᠠᠵᠤ ᠦᠢ᠍ᠯᠡᠰ᠎ᠤᠨ ᠪᠠᠯᠠ ᠣᠷᠣᠭᠤᠯᠤᠯᠲᠠ 35.4%᠎ᠪᠠᠷ ᠨᠡᠮᠡᠭᠳᠡᠵᠦ᠂ ᠭᠤᠷᠪᠠᠳᠤᠭ᠋ᠠᠷ ᠠᠵᠤ  ᠦᠢ᠍ᠯᠡᠰ᠎ᠤᠨ ᠪᠠᠯᠠ ᠣᠷᠣᠭᠤᠯᠤᠯᠲᠠ 18.9%᠎ᠪᠠᠷ ᠨᠡᠮᠡᠭᠳᠡᠪᠡ᠃ ᠬᠣᠶᠠᠳᠤᠭ᠋ᠠᠷ ᠠᠵᠤ ᠦᠢ᠍ᠯᠡᠰ᠎ᠤᠨ ᠳᠣᠲᠣᠷ᠎ᠠ᠂ ᠠᠵᠤ ᠦᠢ᠍ᠯᠡᠳᠪᠦᠷᠢ ᠵᠢᠨ ᠪᠠᠯᠠ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 35.3%᠎ᠪᠠᠷ ᠨᠡᠮᠡᠭᠳᠡᠪᠡ᠃
    ᠲᠠᠪᠤ᠂ ᠬᠡᠷᠡᠭᠯᠡᠭᠡᠨ᠎ᠤ ᠵᠠᠬ᠎ᠠ ᠳᠡᠯᠭᠡᠭᠦᠷ ᠲᠣᠭᠲᠠᠭᠤᠨ ᠵᠶ᠋ᠠᠷ ᠨᠡᠮᠡᠭᠳᠡᠵᠦ᠂ ᠳᠡᠰ ᠳᠡᠪᠰᠢᠭᠰᠡᠨ ᠲᠥᠷᠥᠯ᠎ᠤᠨ ᠬᠡᠷᠡᠭᠯᠡᠭᠡᠨ᠎ᠤ ᠨᠡᠮᠡᠭᠳᠡᠯ᠎ᠤᠨ ᠬᠠᠨᠳᠤᠰᠢ ᠰᠠᠶ᠋ᠢᠨ ᠪᠠᠶ᠋ᠢᠨ᠎ᠠ᠃

    ᠨᠢᠭᠡᠳᠦᠭᠡᠷ ᠤᠯᠠᠷᠢᠯ᠎ᠳᠤ᠂ ᠪᠥᠬᠥ ᠣᠷᠣᠨ᠎ᠤ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠣᠭ᠎ᠠ 1322.2 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 2.8%᠎ᠪᠠᠷ ᠨᠡᠮᠡᠭᠳᠡᠪᠡ᠃ ᠡᠵᠡᠩᠨᠡᠯᠲᠡ ᠵᠢᠨ ᠨᠢᠭᠡᠴᠡ ᠵᠢᠨ ᠪᠠᠶ᠋ᠢᠭ᠎ᠠ ᠭᠠᠵᠠᠷ ᠵᠶ᠋ᠠᠷ ᠬᠤᠪᠢᠶᠠᠪᠠᠯ᠂ ᠬᠣᠲᠠ ᠪᠠᠯᠭ᠋ᠠᠰᠤᠨ᠎ᠤ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠲᠣᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 2.5% ᠨᠡᠮᠡᠭᠳᠡᠵᠦ᠂ ᠬᠥᠳᠡᠭᠡ ᠲᠣᠰᠬᠣᠨ᠎ᠤ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠲᠣᠭ᠎ᠠ 4.8% ᠨᠡᠮᠡᠭᠳᠡᠪᠡ᠃ ᠬᠡᠷᠡᠭᠯᠡᠭᠡᠨ᠎ᠤ ᠲᠥᠷᠥᠯ ᠵᠶ᠋ᠠᠷ ᠬᠤᠪᠢᠶᠠᠪᠠᠯ᠂ ᠢᠳᠡᠭᠡᠨ ᠤᠮᠳᠠᠭ᠋ᠠᠨ᠎ᠤ ᠣᠷᠣᠯᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 12.1%᠎ᠪᠠᠷ ᠨᠡᠮᠡᠭᠳᠡᠵᠦ᠂ ᠲᠠᠸᠠᠷ᠎ᠤᠨ ᠵᠢᠵᠢᠭᠯᠡᠨ ᠪᠣᠷᠣᠯᠠᠭᠤᠯᠤᠯᠲᠠ 1.6%᠎ᠪᠠᠷ ᠨᠡᠮᠡᠭᠳᠡᠪᠡ᠃ ᠦᠨᠳᠦᠰᠦᠨ ᠠᠮᠢᠳᠤᠷᠠᠯ᠎ᠤᠨ ᠲᠥᠷᠥᠯ᠎ᠤᠨ ᠲᠠᠸᠠᠷ᠎ᠤᠨ ᠪᠣᠷᠣᠯᠠᠭᠤᠯᠭ᠎ᠠ ᠨᠡᠯᠢᠶᠡᠳ ᠰᠠᠶ᠋ᠢᠨ ᠪᠠᠶ᠋ᠢᠵᠤ᠂ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠨᠢᠭᠡᠴᠢ ᠠᠮᠤ ᠲᠣᠰᠣ᠂ ᠢᠳᠡᠭᠡᠨ᠎ᠤ ᠲᠥᠷᠥᠯ᠎ᠤᠨ ᠲᠠᠸᠠᠷ᠎ᠤᠨ ᠵᠢᠵᠢᠭᠯᠡᠨ ᠬᠤᠳᠠᠯᠳᠤᠭᠰᠠᠨ ᠲᠣᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 23.2% ᠵᠶ᠋ᠠᠷ ᠨᠡᠮᠡᠭᠳᠡᠵᠦ᠂ ᠡᠳᠦᠷ ᠲᠤᠲᠤᠮ᠎ᠤᠨ ᠬᠡᠷᠡᠭᠯᠡᠭᠡᠨ᠎ᠤ ᠵᠦᠢ᠍ᠯ᠎ᠤᠨ ᠲᠥᠷᠥᠯ 18.4%᠎ᠪᠠᠷ ᠨᠡᠮᠡᠭᠳᠡᠪᠡ᠃ ᠲᠡᠰ ᠳᠡᠪᠰᠢᠭᠦᠯᠬᠦ ᠲᠦᠷᠦᠯ᠎ᠤᠨ ᠲᠠᠸᠠᠷ᠎ᠤᠨ ᠪᠣᠷᠣᠯᠠᠭᠤᠯᠭ᠎ᠠ ᠲᠦᠷᠭᠡᠨ ᠨᠡᠮᠡᠭᠳᠡᠵᠦ᠂ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠨᠢᠭᠡᠴᠢ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠲᠦᠷᠦᠯ᠂ ᠤᠶᠤᠨᠲᠤ ᠭᠡᠷ᠎ᠤᠨ ᠴᠠᠬᠢᠯᠭ᠋ᠠᠨ ᠬᠡᠷᠡᠭᠰᠡᠯ ᠪᠣᠯᠤᠨ ᠲᠠᠭᠤ ᠳᠦᠷᠰᠦ ᠰᠢᠩᠭᠡᠭᠡᠯᠲᠡ ᠵᠢᠨ ᠪᠠᠭ᠋ᠠᠵᠢ ᠬᠡᠷᠡᠭᠰᠡᠯ᠎ᠤᠨ ᠲᠦᠷᠦᠯ᠂ ᠠᠯᠳᠠ ᠮᠥᠩᠭᠥ ᠰᠤᠪᠤᠳ ᠡᠷᠳᠡᠨᠢ ᠵᠢᠨ ᠲᠦᠷᠦᠯ᠎ᠤᠨ ᠲᠠᠸᠠᠷ᠎ᠤᠨ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ ᠲᠤᠰ ᠲᠤᠰ 58.3%᠂ 15.7% ᠪᠠ 9.1%᠎ᠪᠠᠷ ᠨᠡᠮᠡᠭᠳᠡᠪᠡ᠃
    ᠵᠢᠷᠭᠤᠭ᠎ᠠ᠂ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠨᠠᠮᠵᠢᠭᠤᠨ ᠥᠰᠴᠦ᠂ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢᠳ᠎ᠤᠨ ᠦᠨ᠎ᠡ ᠪᠠᠭᠤᠷᠠᠪᠠ᠃

    ᠨᠢᠭᠡᠳᠦᠭᠡᠷ ᠤᠯᠠᠷᠢᠯ᠎ᠳᠤ᠂ ᠪᠥᠬᠥ ᠣᠷᠣᠨ᠎ᠤ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠬᠠᠩᠰᠢ (CPI) ᠠᠳᠠᠯᠢ ᠬᠤᠭᠤᠴᠠᠭ᠋ᠠᠨ᠎ᠤ᠎ᠬᠢ᠎ᠠᠴᠠ 0.6%᠎ᠪᠠᠷ ᠥᠰᠪᠡ᠃ ᠲᠥᠷᠥᠯ ᠬᠤᠪᠢᠶᠠᠵᠤ ᠦᠵᠡᠪᠡᠯ᠂ ᠢᠳᠡᠭᠡᠨ ᠤᠮᠳᠠᠭ᠋ᠠᠨ ᠠᠷᠢᠬᠢ ᠲᠠᠮᠠᠬᠢᠨ᠎ᠤ ᠦᠨ᠎ᠡ ᠠᠳᠠᠯᠢ ᠬᠤᠭᠤᠴᠠᠭ᠋ᠠᠨ᠎ᠤ᠎ᠬᠢ᠎ᠠᠴᠠ 1.5%᠎ᠪᠠᠷ ᠪᠠᠭᠤᠷᠠᠵᠤ᠂ ᠬᠤᠪᠴᠠᠰᠤ ᠬᠤᠨᠠᠷ᠎ᠤᠨ ᠦᠨ᠎ᠡ ᠬᠠᠩᠰᠢ 2.6%᠎ᠪᠠᠷ ᠥᠰᠴᠦ᠂ ᠣᠷᠣᠨ ᠰᠠᠭᠤᠴᠠ ᠵᠢᠨ ᠦᠨ᠎ᠡ ᠬᠠᠩᠰᠢ 0.4%᠎ᠪᠠᠷ ᠥᠰᠴᠦ᠂ ᠠᠮᠢᠳᠤᠷᠠᠯ᠎ᠤᠨ ᠬᠡᠷᠡᠭᠰᠡᠯ ᠵᠢᠴᠢ ᠦᠢ᠍ᠯᠡᠴᠢᠯᠡᠭᠡᠨ᠎ᠤ ᠦᠨ᠎ᠡ ᠬᠠᠩᠰᠢ 2.1%᠎ᠪᠠᠷ ᠥᠰᠴᠦ᠂ ᠵᠠᠮ ᠬᠠᠷᠢᠯᠴᠠᠭ᠎ᠠ ᠴᠢᠮᠡᠭᠡ ᠬᠣᠯᠪᠣᠭ᠋ᠠᠨ᠎ᠤ ᠦᠨ᠎ᠡ ᠬᠠᠩᠰᠢ 1.0%᠎ᠪᠠᠷ ᠪᠠᠭᠤᠷᠠᠵᠤ᠂ ᠰᠤᠷᠭ᠋ᠠᠨ ᠬᠥᠮᠦᠵᠢᠯ ᠰᠣᠶᠣᠯ ᠵᠤᠭ᠎ᠠ ᠴᠡᠩᠭᠡᠯ᠎ᠤᠨ ᠦᠨ᠎ᠡ ᠬᠠᠩᠰᠢ 2.2% ᠵᠶ᠋ᠠᠷ ᠥᠰᠴᠦ᠂ ᠡᠮ ᠡᠮᠨᠡᠯᠭᠡ ᠡᠷᠡᠭᠦᠯᠵᠢᠯ᠎ᠤᠨ ᠦᠨ᠎ᠡ ᠬᠠᠩᠰᠢ 4.4%᠎ᠪᠠᠷ ᠥᠰᠴᠦ᠂ ᠪᠤᠰᠤᠳ ᠬᠡᠷᠡᠭᠰᠡᠯ ᠵᠢᠴᠢ ᠦᠢ᠍ᠯᠡᠴᠢᠯᠡᠭᠡᠨ᠎ᠤ ᠦᠨ᠎ᠡ ᠬᠠᠩᠰᠢ 4.4%᠎ᠪᠠᠷ ᠥᠰᠴᠡᠶ᠃ ᠨᠢᠭᠡᠳᠦᠭᠡᠷ ᠤᠯᠠᠷᠢᠯ᠎ᠳᠤ᠂ ᠪᠥᠬᠥ ᠣᠷᠣᠨ᠎ᠤ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢᠳ᠎ᠤᠨ ᠦᠢ᠍ᠯᠡᠳᠪᠦᠷᠢ᠎ᠠᠴᠠ ᠭᠠᠷᠭ᠋ᠠᠬᠤ ᠦᠨ᠎ᠡ ᠠᠳᠠᠯᠢ ᠬᠤᠭᠤᠴᠠᠭ᠋ᠠᠨ᠎ᠤ᠎ᠬᠢ᠎ᠠᠴᠠ 7 . 0 % ᠵᠶ᠋ᠠᠷ ᠪᠠᠭᠤᠷᠠᠵᠤ᠂ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢᠳ᠎ᠤᠨ ᠬᠤᠳᠠᠯᠳᠤᠨ ᠠᠪᠬᠤ ᠦᠨ᠎ᠡ ᠠᠳᠠᠯᠢ ᠬᠤᠭᠤᠴᠠᠭ᠋ᠠᠨ᠎ᠤ᠎ᠬᠢ᠎ᠠᠴᠠ 5 . 7 %᠎ᠪᠠᠷ ᠪᠠᠭᠤᠷᠠᠪᠠ᠃
    ᠳᠣᠯᠣᠭ᠎ᠠ᠂ ᠰᠠᠭᠤᠭ᠋ᠠᠯᠢ ᠠᠷᠠᠳ᠎ᠤᠨ ᠣᠷᠣᠯᠭ᠎ᠠ ᠲᠣᠭᠲᠠᠭᠤᠨ ᠵᠶ᠋ᠠᠷ ᠨᠡᠮᠡᠭᠳᠡᠵᠦ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠬᠠᠷᠢᠴᠠᠯ ᠪᠠᠭ᠋ᠠᠰᠪᠠ᠃

    ᠨᠢᠭᠡᠳᠦᠭᠡᠷ ᠤᠯᠠᠷᠢᠯ᠎ᠳᠤ᠂ ᠪᠥᠬᠥ ᠣᠷᠣᠨ᠎ᠤ ᠪᠥᠬᠥ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 10736 ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ ᠨᠡᠷ᠎ᠡ ᠳᠡᠭᠡᠷ᠎ᠡ᠎ᠪᠠᠨ 6.6%᠎ᠪᠠᠷ ᠨᠡᠮᠡᠭᠳᠡᠪᠡ᠃ ᠪᠠᠶ᠋ᠢᠩᠭᠤ ᠰᠠᠭᠤᠭ᠎ᠠ ᠭᠠᠵᠠᠷ ᠵᠶ᠋ᠠᠷ ᠬᠤᠪᠢᠶᠠᠪᠠᠯ᠂ ᠬᠣᠲᠠ ᠪᠠᠯᠭ᠋ᠠᠰᠤᠨ᠎ᠤ ᠪᠠᠶ᠋ᠢᠩᠭᠤ ᠰᠠᠭᠤᠭ᠎ᠠ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 13352 ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ ᠨᠡᠷ᠎ᠡ ᠳᠡᠭᠡᠷ᠎ᠡ᠎ᠪᠠᠨ 6.1%᠎ᠪᠠᠷ ᠨᠡᠮᠡᠭᠳᠡᠪᠡ; ᠮᠠᠯᠵᠢᠬᠤ ᠲᠠᠷᠢᠶᠠᠯᠠᠬᠤ ᠣᠷᠣᠨ᠎ᠤ ᠪᠠᠶ᠋ᠢᠩᠭᠤ ᠰᠠᠭᠤᠭ᠎ᠠ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 6576 ᠲᠥᠭᠥᠷᠢᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ ᠨᠡᠷ᠎ᠡ ᠳᠡᠭᠡᠷ᠎ᠡ᠎ᠪᠠᠨ 7.6%᠎ᠪᠠᠷ ᠨᠡᠮᠡᠭᠳᠡᠪᠡ᠃ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠬᠠᠷᠢᠴᠠᠯ᠎ᠨᠢ 2.03 ᠪᠣᠯᠵᠣ᠂ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 0.03 ᠪᠠᠭ᠋ᠠᠰᠪᠠ᠃
    ᠶᠡᠷᠦᠩᠬᠡᠶ᠎ᠳᠤᠨᠢ ᠠᠪᠴᠤ ᠦᠵᠡᠪᠡᠯ᠂ ᠨᠢᠭᠡᠳᠦᠭᠡᠷ ᠤᠯᠠᠷᠢᠯ᠎ᠳᠤ ᠪᠥᠬᠥ ᠣᠷᠣᠨ᠎ᠤ ᠠᠵᠤ ᠠᠬᠤᠶ ᠦᠷᠭᠦᠯᠵᠢᠯᠡᠨ ᠳᠡᠭᠡᠭᠰᠢᠯᠡᠵᠦ ᠰᠠᠶ᠋ᠢᠵᠢᠷᠠᠬᠤ ᠬᠠᠨᠳᠤᠰᠢ᠎ᠲᠠᠢ ᠪᠣᠯᠵᠣ᠂ ᠰᠠᠶ᠋ᠢᠨ ᠰᠠᠶ᠋ᠢᠬᠠᠨ ᠡᠬᠢᠯᠡᠯᠲᠡ ᠵᠢ ᠪᠡᠶᠡᠯᠡᠭᠦᠯᠵᠦ᠂ ᠪᠥᠬᠥ ᠵᠢᠯ᠎ᠤᠨ ᠬᠠᠷᠠᠯᠲᠠ ᠡᠭᠦᠷᠭᠡ ᠵᠢ ᠪᠡᠶᠡᠯᠡᠭᠦᠯᠬᠦ᠎ᠳᠤ ᠨᠡᠯᠢᠶᠡᠳ ᠰᠠᠶ᠋ᠢᠨ ᠰᠠᠭᠤᠷᠢ ᠵᠢ ᠲᠠᠯᠪᠢᠪᠠ᠃ ᠡᠭᠦᠨ᠎ᠤ ᠬᠠᠮᠲᠤ᠂ ᠲᠣᠭᠲᠠᠭᠤᠨ ᠪᠤᠰᠤ ᠲᠣᠭᠲᠠᠭ᠋ᠠᠯᠲᠤ ᠪᠤᠰᠤ ᠬᠦᠴᠦᠨ ᠵᠦᠢ᠍ᠯ ᠮᠥᠨ ᠬᠦ᠌ ᠨᠡᠯᠢᠶᠡᠳ ᠣᠯᠠᠨ ᠪᠠᠶ᠋ᠢᠵᠤ᠂ ᠵᠠᠬ᠎ᠠ ᠳᠡᠯᠭᠡᠭᠦᠷ᠎ᠤᠨ ᠬᠡᠷᠡᠭᠴᠡᠭᠡ ᠮᠥᠨ ᠬᠦ᠌ ᠢᠯᠡᠳᠲᠡ ᠬᠦᠷᠦᠯᠴᠡᠬᠦ ᠥᠬᠡᠶ ᠪᠠᠶ᠋ᠢᠵᠤ᠂ ᠠᠵᠤ ᠠᠬᠤᠶ ᠦᠷᠭᠦᠯᠵᠢᠯᠡᠨ ᠳᠡᠭᠡᠭᠰᠢᠯᠡᠵᠦ ᠰᠠᠶ᠋ᠢᠵᠢᠷᠠᠬᠤ ᠰᠠᠭᠤᠷᠢ ᠵᠢ ᠪᠠᠰᠠ ᠪᠡᠬᠢᠵᠢᠭᠦᠯᠬᠦ ᠴᠢᠬᠤᠯᠠᠲᠠᠶ ᠪᠠᠶ᠋ᠢᠬᠤ ᠵᠢ ᠣᠯᠵᠤ ᠬᠠᠷᠠᠬᠤ ᠬᠡᠷᠡᠭᠲᠡᠶ᠃ ᠲᠠᠷᠠᠭ᠋ᠠᠴᠢ ᠵᠢᠨ ᠱᠠᠲᠤᠨ᠎ᠳᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠬᠤ ᠵᠢ ᠪᠠᠷᠢᠮᠲᠠᠯᠠᠵᠤ᠂ ᠴᠢᠨᠠᠷ ᠰᠠᠶ᠋ᠢᠲᠠᠶ ᠬᠥᠭᠵᠢᠯᠲᠡ ᠵᠢ ᠬᠦᠴᠦᠯᠡᠨ ᠠᠬᠢᠭᠤᠯᠵᠤ᠂ ᠬᠣᠶᠠᠷ ᠶᠡᠬᠡ ᠶᠠᠪᠤᠳᠠᠯ᠎ᠢ ᠪᠥᠬᠥ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ᠂ 《ᠵᠢᠷᠭᠤᠭ᠋ᠠᠨ ᠢᠨᠵᠧᠨᠧᠷᠢᠩ》᠎ᠢ ᠰᠠᠶ᠋ᠢᠲᠤᠷ ᠬᠡᠷᠡᠭᠵᠢᠭᠦᠯᠵᠦ᠂ ᠠᠵᠤ ᠠᠬᠤᠶ ᠵᠢᠨ ᠰᠡᠷᠭᠦᠨ ᠰᠠᠶ᠋ᠢᠵᠢᠷᠠᠬᠤ ᠬᠠᠨᠳᠤᠰᠢ ᠵᠢ ᠲᠠᠰᠤᠷᠠᠯᠲᠠ ᠥᠬᠡᠶ ᠪᠡᠬᠢᠵᠢᠭᠦᠯᠦᠨ ᠴᠢᠩᠭ᠋ᠠᠳᠬᠠᠵᠤ᠂ ᠠᠵᠤ ᠠᠬᠤᠶ ᠵᠢᠨ ᠶᠠᠰᠤ ᠴᠢᠨᠠᠷ᠎ᠤᠨ ᠪᠦᠲᠦᠮᠵᠢᠲᠡᠶ ᠳᠡᠭᠡᠭᠰᠢᠯᠡᠯᠲᠡ ᠪᠠ ᠬᠡᠮᠵᠢᠶᠡᠨ᠎ᠤ ᠵᠣᠬᠢᠰᠲᠠᠶ ᠨᠡᠮᠡᠭᠳᠡᠯ᠎ᠢ ᠦᠷᠭᠦᠯᠵᠢᠯᠡᠨ ᠠᠬᠢᠭᠤᠯᠬᠤ ᠬᠡᠷᠡᠭᠲᠡᠶ᠃
    ᠳᠠᠭ᠋ᠠᠯᠲᠠ ᠲᠠᠶ᠋ᠢᠯᠪᠤᠷᠢ
    (1) ᠤᠷᠤᠨ ᠨᠤᠲᠤᠭ᠎ᠤᠨ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ ᠵᠢᠴᠢ ᠲᠥᠷᠥᠯ ᠬᠤᠪᠢᠶᠠᠭᠰᠠᠨ ᠲᠥᠷᠥᠯ ᠵᠦᠢ᠍ᠯ᠎ᠤᠨ ᠨᠡᠮᠡᠭᠳᠡᠯ᠎ᠤᠨ ᠬᠤᠷᠳᠤᠴᠠ ᠵᠢ ᠥᠯᠥ ᠬᠤᠪᠢᠰᠬᠤ ᠦᠨ᠎ᠡ᠎ᠪᠠᠷ ᠪᠤᠳᠤᠵᠤ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ ᠵᠢᠴᠢ ᠲᠥᠷᠥᠯ ᠬᠤᠪᠢᠶᠠᠭᠰᠠᠨ ᠲᠥᠷᠥᠯ ᠵᠦᠢ᠍ᠯ᠎ᠤᠨ ᠨᠡᠮᠡᠭᠳᠡᠯ᠎ᠤᠨ ᠬᠤᠷᠳᠤᠴᠠ ᠵᠢ ᠠᠳᠠᠯᠢᠳᠬᠠᠵᠤ ᠪᠣᠯᠬᠤ ᠦᠨ᠎ᠡ᠎ᠪᠠᠷ ᠪᠤᠳᠤᠪᠠᠯ᠂ ᠴᠥᠮ ᠪᠣᠳᠠᠲᠠᠶ ᠨᠡᠮᠡᠭᠳᠡᠯ᠎ᠤᠨ ᠬᠤᠷᠳᠤᠴᠠ ᠪᠣᠯᠤᠨ᠎ᠠ; ᠪᠤᠰᠤᠳ ᠭᠦᠢ᠍ᠴᠡᠳᠬᠡᠬᠦ ᠲᠣᠭ᠎ᠠ ᠵᠢᠨ ᠣᠨᠴᠠᠭ᠋ᠠᠢ ᠲᠣᠳᠣᠷᠬᠠᠶ᠋ᠢᠯᠠᠯᠲᠠ᠎ᠠᠴᠠ ᠪᠤᠰᠤᠳ᠎ᠢ᠎ᠨᠢ ᠤᠳᠤ ᠵᠢᠨ ᠦᠨ᠎ᠡ᠎ᠪᠠᠷ ᠪᠤᠳᠤᠵᠤ᠂ ᠨᠡᠷᠡᠯᠡᠭᠰᠡᠨ ᠨᠡᠮᠡᠭᠳᠡᠯ᠎ᠤᠨ ᠬᠤᠷᠳᠤᠴᠠ ᠪᠣᠯᠭ᠋ᠠᠨ᠎ᠠ᠃
    (2) ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ᠄ ᠪᠦᠷᠢᠳᠬᠡᠬᠦ ᠬᠦᠷᠢᠶ᠎ᠡ ᠬᠡᠪᠴᠢᠶ᠎ᠡ᠎ᠨᠢ ᠵᠢᠯ᠎ᠤᠨ ᠭᠣᠣᠯ ᠡᠵᠡᠩᠨᠡᠯᠲᠡ ᠵᠢᠨ ᠲᠤᠬᠠᠶ᠋ᠢᠯᠠᠭᠰᠠᠨ ᠠᠵᠢᠯ᠎ᠤᠨ ᠣᠷᠣᠯᠭ᠎ᠠ᠎ᠨᠢ 2000 ᠲᠦᠮᠡᠨ ᠲᠥᠭᠥᠷᠢᠭ ᠵᠢᠴᠢ ᠲᠡᠭᠦᠨ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠃
    ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠬᠡᠪᠴᠢᠶ᠎ᠡ᠎ᠳᠤ ᠵᠢᠯ ᠪᠦᠷᠢ ᠬᠤᠪᠢᠷᠠᠯᠲᠠ ᠭᠠᠷᠤᠭᠰᠠᠨ᠎ᠠᠴᠠ ᠪᠣᠯᠵᠣ᠂ ᠲᠣᠰ ᠵᠢᠯ᠎ᠤᠨ ᠲᠣᠭ᠎ᠠ ᠪᠠᠷᠢᠮᠲᠠ ᠵᠢ ᠳᠡᠭᠡᠷ᠎ᠡ ᠵᠢᠯ᠎ᠤᠨ᠎ᠬᠢ᠎ᠲᠠᠢ ᠬᠠᠷᠢᠴᠠᠭᠤᠯᠬᠤ᠂ ᠦᠢ᠍ᠯᠡᠳᠬᠦᠨ᠎ᠤ ᠭᠠᠷᠤᠯᠲᠠ ᠵᠢᠨ ᠬᠡᠮᠵᠢᠶ᠎ᠡ ᠵᠢ ᠪᠤᠳᠤᠬᠤ ᠵᠡᠷᠭᠡ ᠡᠯ᠎ᠡ  ᠵᠦᠢ᠍ᠯ᠎ᠤᠨ ᠭᠦᠢ᠍ᠴᠡᠳᠭᠡᠯ ᠲᠣᠭ᠎ᠠ ᠵᠢᠨ ᠠᠳᠠᠯᠢ ᠬᠤᠭᠤᠴᠠᠭ᠋ᠠᠨ᠎ᠤ᠎ᠬᠢ᠎ᠠᠴᠠ ᠨᠡᠮᠡᠭᠳᠡᠬᠦ ᠬᠤᠷᠳᠤᠴᠠ ᠵᠢ ᠪᠠᠲᠤᠯᠠᠬᠤ ᠵᠢᠨ ᠲᠥᠯᠥᠭᠡ ᠬᠡᠷᠡᠭᠯᠡᠭᠰᠡᠨ ᠠᠳᠠᠯᠢ ᠬᠤᠭᠤᠴᠠᠭ᠋ᠠᠨ᠎ᠤ ᠲᠣᠭ᠎ᠠ ᠬᠢᠭᠡᠳ ᠲᠣᠰ ᠬᠤᠭᠤᠴᠠᠭ᠋ᠠᠨ᠎ᠤ ᠠᠵᠤ ᠠᠬᠤᠶ᠋ᠢᠯᠠᠯ᠎ᠤᠨ ᠲᠣᠭ᠎ᠠ ᠪᠦᠷᠢᠳᠬᠡᠯ᠎ᠤᠨ ᠬᠡᠪᠴᠢᠶ᠎ᠡ᠎ᠨᠢ ᠠᠯᠢ ᠴᠢᠳᠠᠬᠤ᠎ᠪᠠᠷ ᠨᠢᠭᠡᠳᠦᠯᠲᠡᠶ ᠪᠣᠯᠵᠣ᠂ ᠳᠡᠭᠡᠷ᠎ᠡ ᠵᠢᠯ᠎ᠤᠨ ᠨᠡᠶ᠋ᠢᠲᠡᠯᠡᠭᠰᠡᠨ ᠲᠣᠭ᠎ᠠ ᠪᠠᠷᠢᠮᠲᠠ᠎ᠯᠤᠭ᠎ᠠ ᠬᠡᠯᠡᠯᠭᠡ ᠵᠢᠨ ᠵᠥᠷᠢᠶ᠎ᠡ ᠣᠷᠣᠰᠢᠵᠤ ᠪᠠᠶ᠋ᠢᠨ᠎ᠠ᠃ ᠡᠭᠦᠨ᠎ᠤ ᠭᠣᠣᠯ ᠰᠢᠯᠲᠠᠭ᠋ᠠᠨ᠎ᠨᠢ᠄ ᠨᠢᠭᠡ᠎ᠳᠤ ᠲᠣᠭ᠎ᠠ ᠪᠦᠷᠢᠳᠬᠡᠯ᠎ᠤᠨ ᠨᠢᠭᠡᠴᠡ ᠵᠢᠨ ᠬᠡᠪᠴᠢᠶᠡᠨ᠎ᠳᠤ ᠬᠤᠪᠢᠷᠠᠯᠲᠠ ᠭᠠᠷᠤᠭᠰᠠᠨ᠃ ᠵᠢᠯ ᠪᠦᠷᠢ ᠵᠠᠷᠢᠮ ᠠᠵᠤ ᠠᠬᠤᠶ᠋ᠢᠯᠠᠯ᠎ᠨᠢ ᠬᠡᠪᠴᠢᠶ᠎ᠡ᠎ᠳᠤ ᠬᠦᠷᠴᠦ ᠪᠠᠶ᠋ᠢᠴᠠᠭ᠋ᠠᠯᠲᠠ ᠬᠢᠬᠦ ᠬᠡᠪᠴᠢᠶᠡᠨ᠎ᠳᠤ ᠣᠷᠣᠳᠠᠭ᠂ ᠪᠠᠰᠠ ᠵᠠᠷᠢᠮ ᠠᠵᠤ ᠠᠬᠤᠶ᠋ᠢᠯᠠᠯ᠎ᠨᠢ ᠬᠡᠪᠴᠢᠶ᠎ᠡ᠎ᠪᠠᠨ ᠪᠠᠭ᠎ᠠ ᠪᠣᠯᠭ᠋ᠠᠭᠰᠠᠨ᠎ᠠᠴᠠ ᠪᠣᠯᠵᠣ ᠪᠠᠶ᠋ᠢᠴᠠᠭ᠋ᠠᠯᠲᠠ ᠬᠢᠬᠦ ᠬᠡᠪᠴᠢᠶ᠎ᠡ᠎ᠠᠴᠠ ᠤᠬᠤᠷᠢᠨ ᠭᠠᠷᠳᠠᠭ᠂ ᠪᠠᠰᠠ ᠰᠢᠨ᠎ᠡ᠎ᠪᠠᠷ ᠪᠠᠶ᠋ᠢᠭᠤᠯᠵᠤ ᠠᠰᠢᠭᠯᠠᠯᠲᠠ᠎ᠳᠤ ᠣᠷᠣᠭᠤᠯᠤᠭᠰᠠᠨ ᠠᠵᠤ ᠠᠬᠤᠶ᠋ᠢᠯᠠᠯ᠂ ᠳᠠᠮᠫᠤᠷᠠᠬᠤ᠂ ᠬᠦᠴᠦᠨ ᠥᠬᠡᠶ ᠪᠣᠯᠭ᠋ᠠᠭᠰᠠᠨ ᠠᠵᠤ ᠠᠬᠤᠶ᠋ᠢᠯᠠᠯ ᠵᠡᠷᠭᠡ ᠨᠥᠯᠥᠭᠡ᠎ᠲᠠᠢ ᠪᠠᠶ᠋ᠢᠳᠠᠭ᠃ ᠬᠣᠶᠠᠷ᠎ᠲᠤ ᠬᠡᠰᠡᠭ ᠠᠵᠤ ᠠᠬᠤᠶ᠋ᠢᠯᠠᠯ᠎ᠤᠨ ᠪᠦᠯᠦᠭᠯᠡᠯ ᠺᠣᠮᠫᠠᠨᠢ ᠵᠢᠨ ᠦᠢ᠍ᠯᠡᠳᠬᠦᠨ᠎ᠤ ᠭᠠᠷᠤᠯᠲᠠ ᠵᠢᠨ ᠲᠣᠭ᠎ᠠ ᠪᠠᠷᠢᠮᠲᠠ᠎ᠳᠤ ᠭᠠᠵᠠᠷ ᠣᠷᠣᠨ ᠠᠯᠤᠰᠯᠠᠨ ᠳᠠᠪᠬᠤᠷᠳᠠᠭᠤᠯᠤᠨ ᠪᠦᠷᠢᠳᠬᠡᠬᠦ ᠦᠵᠡᠭᠳᠡᠯ ᠣᠷᠣᠰᠢᠵᠤ᠂ ᠲᠤᠰᠬᠠᠶ ᠵᠦᠢ᠍ᠯ᠎ᠤᠨ ᠪᠠᠶ᠋ᠢᠴᠠᠭ᠋ᠠᠯᠲᠠ ᠵᠢ ᠦᠨᠳᠦᠰᠦᠯᠡᠨ ᠠᠵᠤ ᠠᠬᠤᠶ᠋ᠢᠯᠠᠯ᠎ᠤᠨ ᠪᠦᠯᠦᠭᠯᠡᠯ ᠺᠣᠮᠫᠠᠨᠢ ᠵᠢᠨ ᠭᠠᠵᠠᠷ ᠣᠷᠣᠨ ᠠᠯᠤᠰᠯᠠᠨ ᠳᠠᠪᠬᠤᠷᠳᠠᠭᠤᠯᠤᠨ ᠦᠢ᠍ᠯᠡᠳᠪᠦᠷᠢᠯᠡᠬᠦ ᠬᠡᠮᠵᠢᠶ᠎ᠡ᠎ᠳᠤ ᠰᠢᠭᠰᠢᠯᠲᠡ ᠬᠢᠪᠡ᠃
    (3) ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ (ᠲᠠᠷᠢᠶᠠᠴᠢᠨ ᠡᠷᠦᠬᠡ ᠵᠢ ᠪᠠᠭᠲᠠᠭ᠋ᠠᠬᠤ ᠦᠭᠡᠶ)᠄ ᠬᠣᠲᠠ ᠪᠠᠯᠭ᠋ᠠᠰᠤ ᠪᠠ ᠬᠥᠳᠡᠭᠡ ᠲᠣᠰᠬᠣᠨ᠎ᠤ ᠡᠯ᠎ᠡ ᠵᠦᠢ᠍ᠯ᠎ᠤᠨ ᠳᠠᠩᠰᠠᠯᠠᠨ ᠲᠡᠮᠳᠡᠭᠯᠡᠬᠦ ᠲᠥᠷᠥᠯ ᠬᠡᠯᠪᠡᠷᠢ ᠵᠢᠨ ᠠᠵᠤ ᠠᠬᠤᠶ᠋ᠢᠯᠠᠯ᠂ ᠠᠵᠢᠯ ᠦᠢ᠍ᠯᠡᠰ᠂ ᠵᠠᠰᠠᠭ ᠵᠠᠬᠢᠷᠭ᠋ᠠᠨ᠎ᠤ ᠨᠢᠭᠡᠴᠡ ᠵᠢᠴᠢ ᠬᠣᠲᠠ ᠪᠠᠯᠭ᠋ᠠᠰᠤ ᠵᠢᠨ ᠬᠤᠪᠢ ᠵᠢᠨ ᠡᠷᠦᠬᠡ᠎ᠠᠴᠠ ᠶᠠᠪᠤᠭᠳᠠᠭᠤᠯᠬᠤ᠎ᠪᠠᠷ ᠲᠥᠯᠥᠪᠯᠡᠭᠰᠡᠨ ᠶᠡᠷᠦᠩᠬᠡᠶ ᠪᠡᠯᠡ ᠣᠷᠣᠭᠤᠯᠤᠯᠲᠠ᠎ᠨᠢ 500 ᠲᠦᠮᠡᠨ ᠲᠥᠭᠥᠷᠢᠭ ᠵᠢᠴᠢ 500 ᠲᠦᠮᠡᠨ ᠲᠥᠭᠥᠷᠢᠭ᠎ᠠᠴᠠ ᠳᠡᠭᠡᠭᠰᠢᠬᠢ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠪᠡᠯᠡ ᠣᠷᠣᠭᠤᠯᠤᠯᠲᠠ ᠪᠠ ᠭᠡᠷ ᠪᠠᠶ᠋ᠢᠰᠢᠩ ᠭᠠᠵᠠᠷ ᠬᠥᠷᠥᠩᠭᠡ ᠵᠢᠨ ᠨᠡᠭᠡᠭᠡᠯᠲᠡ ᠵᠢᠨ ᠪᠡᠯᠡ ᠣᠷᠣᠭᠤᠯᠤᠯᠲᠠ ᠵᠢ ᠵᠢᠭ᠋ᠠᠵᠤ ᠪᠤᠶ᠂ ᠡᠭᠦᠨ᠎ᠳᠤ ᠤᠤᠯ᠎ᠤᠨ ᠬᠡᠪᠰᠢᠭᠰᠡᠨ ᠬᠣᠲᠠ ᠪᠠᠯᠭ᠋ᠠᠰᠤ ᠵᠢᠨ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠳᠡᠭᠡᠷ᠎ᠡ ᠬᠥᠳᠡᠭᠡ ᠲᠣᠰᠬᠣᠨ᠎ᠤ ᠠᠵᠤ ᠠᠬᠤᠶ᠋ᠢᠯᠠᠯ ᠠᠵᠢᠯ ᠦᠢ᠍ᠯᠡᠰ᠎ᠤᠨ ᠵᠣᠬᠢᠶᠠᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠪᠡᠯᠡ ᠣᠷᠣᠭᠤᠯᠤᠯᠲᠠ ᠵᠢ ᠪᠠᠭᠲᠠᠭ᠋ᠠᠨ᠎ᠠ᠃
    (4) ᠲᠠᠸᠠᠷ᠎ᠤᠨ ᠭᠡᠷ ᠪᠠᠶ᠋ᠢᠰᠢᠩ᠎ᠢ ᠪᠣᠷᠣᠯᠠᠭᠤᠯᠤᠭᠰᠠᠨ ᠲᠠᠯᠠᠪᠠᠢ᠄ ᠮᠡᠳᠡᠭᠦᠯᠦᠯᠲᠡ ᠵᠢᠨ ᠬᠤᠭᠤᠴᠠᠭ᠋ᠠᠨ᠎ᠳᠤ ᠰᠢᠨ᠎ᠡ᠎ᠪᠠᠷ ᠪᠠᠶ᠋ᠢᠭᠤᠯᠤᠭᠰᠠᠨ ᠲᠠᠸᠠᠷ᠎ᠤᠨ ᠭᠡᠷ ᠪᠠᠶ᠋ᠢᠰᠢᠩ᠎ᠢ ᠬᠤᠳᠠᠯᠳᠤᠭᠰᠠᠨ ᠭᠡᠷ᠎ᠡ ᠵᠢᠨ ᠶᠡᠷᠦᠩᠬᠡᠢ ᠲᠠᠯᠠᠪᠠᠢ (ᠲᠤᠬᠠᠶ᠋ᠢᠯᠠᠪᠠᠯ ᠬᠣᠶᠠᠷ ᠡᠲᠡᠭᠡᠳ᠎ᠤᠨ ᠭᠠᠷ᠎ᠤᠨ ᠦᠰᠦᠭ ᠵᠢᠷᠤᠭᠰᠠᠨ ᠵᠢᠩᠬᠢᠨᠢ ᠬᠤᠳᠠᠯᠳᠤᠭ᠋ᠠᠯᠠᠬᠤ ᠭᠡᠷ᠎ᠡ᠎ᠳᠤ ᠨᠤᠲᠠᠯᠠᠨ ᠲᠣᠭᠲᠠᠭ᠋ᠠᠭᠰᠠᠨ ᠪᠠᠷᠢᠯᠭ᠎ᠠ ᠵᠢᠨ ᠲᠠᠯᠠᠪᠠᠢ) ᠵᠢ ᠵᠢᠭ᠋ᠠᠵᠤ ᠪᠠᠶ᠋ᠢᠨ᠎ᠠ᠃ ᠲᠣᠰ ᠭᠦᠢ᠍ᠴᠡᠳᠭᠡᠯ ᠲᠣᠭ᠎ᠠ᠎ᠨᠢ ᠬᠤᠷᠠᠮᠳᠤᠯ ᠲᠣᠭ᠎ᠠ ᠪᠠᠷᠢᠮᠲᠠ᠃
    ᠪᠦᠷᠢᠳᠬᠡᠬᠦ ᠬᠡᠪᠴᠢᠶ᠎ᠡ᠄ ᠨᠡᠭᠡᠭᠡᠨ ᠡᠵᠡᠩᠨᠡᠬᠦ ᠠᠵᠢᠯᠯᠠᠭ᠎ᠠ᠎ᠲᠠᠢ ᠬᠡᠷ ᠪᠠᠶ᠋ᠢᠰᠢᠩ ᠭᠠᠵᠠᠷ ᠬᠥᠷᠥᠩᠭᠡ ᠵᠢᠨ ᠨᠡᠭᠡᠭᠡᠨ ᠡᠵᠡᠩᠨᠡᠬᠦ ᠪᠥᠬᠥ ᠬᠠᠤᠯᠢ ᠵᠢᠨ ᠡᠷᠬᠡᠲᠡᠨ᠎ᠤ ᠨᠢᠭᠡᠴᠡ᠃
    ᠪᠠᠶ᠋ᠢᠴᠠᠭ᠋ᠠᠬᠤ ᠠᠷᠭ᠎ᠠ ᠮᠠᠶᠢᠭ᠄ ᠰᠠᠷ᠎ᠠ ᠰᠠᠷ᠎ᠠ (1 ᠳ᠋ᠤᠭᠡᠷ ᠰᠠᠷ᠎ᠠ᠎ᠠᠴᠠ ᠭᠠᠳᠠᠨ᠎ᠠ)᠎ᠪᠠᠷ ᠪᠦᠬᠦ ᠲᠠᠯ᠎ᠠ ᠵᠢᠨ ᠪᠠᠶ᠋ᠢᠴᠠᠭ᠋ᠠᠯᠲᠠ ᠬᠢᠨ᠎ᠡ᠃
    (5) ᠲᠠᠸᠠᠷ᠎ᠤᠨ ᠭᠡᠷ ᠪᠠᠶ᠋ᠢᠰᠢᠩ᠎ᠢ ᠪᠣᠷᠣᠯᠠᠭᠤᠯᠤᠭᠰᠠᠨ ᠲᠣᠭ᠎ᠠ᠄ ᠭᠡᠷ ᠪᠠᠶ᠋ᠢᠰᠢᠩ ᠭᠠᠵᠠᠷ ᠰᠢᠷᠣᠢ ᠵᠢᠨ ᠭᠦᠷᠦᠨᠭᠭᠡ ᠵᠢ ᠨᠡᠭᠡᠭᠡᠨ ᠠᠰᠢᠭᠯᠠᠬᠤ ᠠᠵᠤ ᠠᠬᠤᠶ᠋ᠢᠯᠠᠯ᠎ᠤᠨ ᠲᠣᠰ ᠵᠢᠯ᠎ᠳᠤ ᠲᠠᠸᠠᠷ᠎ᠤᠨ ᠭᠡᠷ ᠪᠠᠶ᠋ᠢᠰᠢᠩ᠎ᠢ ᠬᠤᠳᠠᠯᠳᠤᠬᠤ ᠭᠡᠷ᠎ᠡ ᠵᠢᠨ ᠪᠦᠭᠦ ᠦᠨ᠎ᠡ ᠵᠢᠨ ᠵᠣᠭᠣᠰ (ᠲᠤᠬᠠᠶ᠋ᠢᠯᠠᠪᠠᠯ ᠬᠣᠶᠠᠷ ᠲᠠᠯ᠎ᠠ᠎ᠪᠠᠷ ᠵᠶ᠋ᠠᠨ ᠭᠠᠷ᠎ᠤᠨ ᠦᠰᠦᠭ ᠵᠢᠷᠤᠭᠰᠠᠨ ᠵᠢᠩᠬᠢᠨᠢ ᠬᠤᠳᠠᠯᠳᠤᠭ᠋ᠠᠯᠠᠬᠤ ᠭᠡᠷ᠎ᠡ᠎ᠳᠤ ᠲᠣᠭᠲᠠᠭ᠋ᠠᠭᠰᠠᠨ ᠭᠡᠷ᠎ᠡ ᠵᠢᠨ ᠪᠦᠭᠦ ᠦᠨ᠎ᠡ ᠵᠢ ᠵᠢᠭ᠋ᠠᠵᠤ ᠪᠠᠶ᠋ᠢᠨ᠎ᠠ)᠃ ᠲᠣᠰ ᠭᠦᠢ᠍ᠴᠡᠳᠭᠡᠯ ᠲᠣᠭ᠎ᠠ᠎ᠨᠢ ᠲᠠᠸᠠᠷ᠎ᠤᠨ ᠭᠡᠷ ᠪᠠᠶ᠋ᠢᠰᠢᠩ᠎ᠤᠨ ᠪᠣᠷᠣᠯᠠᠭᠤᠯᠬᠤ ᠲᠠᠯᠠᠪᠠᠢ᠎ᠲᠠᠢ ᠠᠳᠠᠯᠢ᠃
    (6) ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠬᠤ ᠶᠡᠷᠦᠩᠬᠡᠶ ᠲᠣᠭ᠎ᠠ᠄ ᠠᠵᠤ ᠠᠬᠤᠶ᠋ᠢᠯᠠᠯ (ᠨᠢᠭᠡᠴᠡ᠂ ᠬᠤᠪᠢ ᠵᠢᠨ ᠡᠷᠦᠬᠡ)᠎ᠨᠢ ᠠᠷᠠᠯᠵᠢᠶᠠᠯᠠᠬᠤ᠎ᠪᠠᠷ ᠳᠠᠮᠵᠢᠭᠤᠯᠤᠨ ᠬᠤᠪᠢ ᠬᠥᠮᠦᠨ᠂ ᠨᠡᠶ᠋ᠢᠭᠡᠮ᠎ᠤᠨ ᠪᠦᠯᠦᠭᠯᠡᠯ᠎ᠤᠨ ᠦᠢ᠍ᠯᠡᠳᠪᠦᠷᠢᠯᠡᠯ᠎ᠤᠨ ᠪᠤᠰᠤ᠂ ᠡᠵᠡᠩᠨᠡᠯᠲᠡ ᠵᠢᠨ ᠪᠤᠰᠤ ᠬᠡᠷᠡᠭᠯᠡᠭᠡᠨ᠎ᠤ ᠪᠣᠳᠠᠲᠤ ᠲᠠᠸᠠᠷ᠎ᠤᠨ ᠵᠣᠭᠣᠰ᠎ᠤᠨ ᠲᠣᠭ᠎ᠠ ᠵᠢᠴᠢ ᠢᠳᠡᠭᠡᠨ ᠤᠮᠳᠠᠭ᠋ᠠᠨ᠎ᠤ ᠦᠢ᠍ᠯᠡᠴᠢᠯᠡᠭᠡ ᠬᠠᠩᠭ᠋ᠠᠭ᠋ᠠᠳ ᠣᠯᠤᠭᠰᠠᠨ ᠣᠷᠣᠯᠭ᠎ᠠ ᠵᠢᠨ ᠵᠣᠭᠣᠰ᠎ᠤᠨ ᠲᠣᠭ᠎ᠠ ᠵᠢ ᠵᠢᠭ᠋ᠠᠵᠤ ᠪᠣᠶ᠃ ᠬᠤᠪᠢ ᠬᠥᠮᠦᠨ᠎ᠳᠤ ᠬᠤᠳᠠ ᠬᠥᠳᠡᠭᠡ ᠵᠢᠨ ᠰᠠᠭᠤᠭ᠋ᠠᠯᠢ ᠠᠷᠠᠳ ᠪᠠ ᠬᠢᠯᠢ᠎ᠳᠤ ᠣᠷᠣᠵᠤ ᠢᠷᠡᠭᠰᠡᠨ ᠬᠥᠮᠦᠰ ᠪᠠᠭᠲᠠᠨ᠎ᠠ᠂ ᠨᠡᠶ᠋ᠢᠭᠡᠮ᠎ᠤᠨ ᠪᠦᠯᠦᠭᠯᠡᠯ᠎ᠳᠤ ᠪᠠᠶ᠋ᠢᠭᠤᠯᠭ᠎ᠠ᠂ ᠨᠡᠶ᠋ᠢᠭᠡᠮ᠎ᠤᠨ ᠪᠦᠯᠬᠦᠮ᠂ ᠴᠡᠷᠢᠭ ᠠᠩᠭᠢ᠂ ᠰᠤᠷᠭ᠋ᠠᠭᠤᠯᠢ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ᠂ ᠰᠠᠭᠤᠭ᠋ᠠᠯᠢ ᠠᠷᠠᠳ᠎ᠤᠨ ᠵᠥᠪᠯᠡᠯ ᠪᠤᠶᠤ ᠭᠠᠴᠠᠭ᠋ᠠᠨ᠎ᠤ ᠠᠷᠠᠳ᠎ᠤᠨ ᠵᠥᠪᠯᠡᠯ ᠵᠡᠷᠭᠡ

ᠪᠠᠭᠲᠠᠨ᠎ᠠ᠃
    ᠨᠡᠶ᠋ᠢᠭᠡᠮ᠎ᠤᠨ ᠬᠡᠷᠡᠭᠯᠡᠭᠡᠨ᠎ᠤ ᠬᠡᠷᠡᠭᠰᠡᠯ᠎ᠤᠨ ᠵᠢᠵᠢᠭᠯᠡᠨ ᠬᠤᠳᠠᠯᠳᠤᠬᠤ ᠶᠡᠷᠦᠩᠬᠡᠶ ᠲᠣᠭ᠎ᠠ ᠵᠢ ᠪᠦᠷᠢᠳᠬᠡᠬᠦ ᠬᠡᠪᠴᠢᠶ᠎ᠡ ᠪᠣᠯ᠄ ᠲᠠᠸᠠᠷ᠎ᠤᠨ ᠵᠢᠵᠢᠭᠯᠡᠨ ᠬᠤᠳᠠᠯᠳᠤᠬᠤ ᠠᠵᠢᠯᠯᠠᠭ᠎ᠠ ᠬᠢᠵᠦ ᠪᠠᠶ᠋ᠢᠭ᠎ᠠ ᠪᠤᠶᠤ ᠬᠣᠭᠣᠯᠠ ᠤᠮᠳᠠᠭ᠋ᠠᠨ᠎ᠤ ᠦᠢ᠍ᠯᠡᠴᠢᠯᠡᠭᠡᠨ ᠬᠠᠩᠭ᠋ᠠᠵᠤ ᠪᠠᠶ᠋ᠢᠭ᠎ᠠ ᠬᠠᠤᠯᠢ ᠵᠢᠨ ᠡᠷᠬᠡᠲᠡᠨ᠎ᠤ ᠠᠵᠤ ᠠᠬᠤᠶ᠋ᠢᠯᠠᠯ᠂ ᠠᠵᠤ ᠦᠢ᠍ᠯᠡᠰ᠎ᠤᠨ ᠠᠵᠢᠯᠯᠠᠭ᠎ᠠ ᠵᠢᠨ ᠨᠢᠭᠡᠴᠡ ᠪᠣᠯᠤᠨ ᠬᠤᠪᠢ ᠵᠢᠨ ᠡᠷᠦᠬᠡ᠃ ᠡᠭᠦᠨ᠎ᠳᠤ᠂ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠨᠢᠭᠡᠴᠡ ᠭᠡᠳᠡᠭ᠎ᠨᠢ ᠣᠨ᠎ᠤ ᠭᠣᠣᠯ ᠡᠵᠡᠩᠨᠡᠯᠲᠡ ᠵᠢᠨ ᠲᠤᠬᠠᠶ᠋ᠢᠯᠠᠭᠰᠠᠨ ᠠᠵᠢᠯ᠎ᠤᠨ ᠣᠷᠣᠯᠭ᠎ᠠ᠎ᠨᠢ 2000 ᠲᠦᠮᠡᠨ ᠲᠥᠭᠥᠷᠢᠭ ᠵᠢᠴᠢ ᠲᠡᠭᠦᠨ᠎ᠠᠴᠠ ᠳᠡᠭᠡᠭᠰᠢᠬᠢ ᠪᠥᠭᠡᠮ ᠵᠶ᠋ᠠᠷ ᠬᠤᠳᠠᠯᠳᠤᠬᠤ ᠠᠵᠤ ᠠᠬᠤᠶ᠋ᠢᠯᠠᠯ (ᠨᠢᠭᠡᠴᠡ᠂ ᠬᠤᠪᠢ ᠵᠢᠨ ᠡᠷᠦᠬᠡ)᠂ 500 ᠲᠦᠮᠡᠨ ᠲᠥᠭᠥᠷᠢᠭ ᠵᠢᠴᠢ ᠲᠡᠭᠦᠨ᠎ᠠᠴᠠ ᠳᠡᠭᠡᠭᠰᠢᠬᠢ ᠵᠢᠵᠢᠭᠯᠡᠨ ᠬᠤᠳᠠᠯᠳᠤᠬᠤ ᠠᠵᠤ ᠠᠬᠤᠶ᠋ᠢᠯᠠᠯ (ᠨᠢᠭᠡᠴᠡ᠂ ᠬᠤᠪᠢ ᠵᠢᠨ ᠡᠷᠦᠬᠡ)᠂ 200 ᠲᠦᠮᠡᠨ ᠲᠥᠭᠥᠷᠢᠭ ᠵᠢᠴᠢ ᠲᠡᠭᠦᠨ᠎ᠠᠴᠠ ᠳᠡᠭᠡᠭᠰᠢᠬᠢ ᠬᠣᠨᠣᠭ ᠪᠠ ᠬᠣᠭᠣᠯᠠ ᠤᠮᠳᠠᠭ᠋ᠠᠨ᠎ᠤ ᠠᠵᠤ ᠠᠬᠤᠶ᠋ᠢᠯᠠᠯ (ᠨᠢᠭᠡᠴᠡ᠂ ᠬᠤᠪᠢ ᠵᠢᠨ

ᠡᠷᠦᠬᠡ)᠎ᠢ ᠵᠢᠭ᠋ᠠᠵᠤ ᠪᠤᠶ᠃
    (7) ᠰᠠᠭᠤᠭ᠋ᠠᠯᠢ ᠠᠷᠠᠳ᠎ᠤᠨ ᠡᠵᠡᠮᠳᠡᠵᠦ ᠪᠣᠯᠬᠤ ᠣᠷᠣᠯᠭ᠎ᠠ᠄ ᠰᠠᠭᠤᠭ᠋ᠠᠯᠢ ᠠᠷᠠᠳ᠎ᠤᠨ ᠡᠵᠡᠮᠳᠡᠵᠦ ᠪᠣᠯᠬᠤ ᠣᠷᠣᠯᠭ᠎ᠠ ᠭᠡᠳᠡᠭ᠎ᠨᠢ ᠰᠠᠭᠤᠭ᠋ᠠᠯᠢ ᠠᠷᠠᠳ᠎ᠤᠨ ᠬᠠᠮᠤᠭ ᠡᠴᠦᠰ᠎ᠤᠨ ᠬᠡᠷᠡᠭᠯᠡᠭᠡᠨ᠎ᠤ ᠵᠠᠷᠤᠯᠭ᠎ᠠ ᠪᠠ ᠬᠠᠳᠠᠭ᠋ᠠᠯᠠᠮᠵᠢ ᠵᠢᠨ ᠨᠡᠶ᠋ᠢᠯᠡᠪᠦᠷᠢ ᠵᠢ ᠵᠢᠭ᠋ᠠᠵᠤ ᠪᠠᠶ᠋ᠢᠨ᠎ᠠ᠂ ᠲᠤᠬᠠᠶ᠋ᠢᠯᠠᠪᠠᠯ ᠰᠠᠭᠤᠭ᠋ᠠᠯᠢ ᠠᠷᠠᠳ᠎ᠤᠨ ᠴᠢᠯᠥᠭᠡᠲᠡᠢ᠎ᠪᠠᠷ ᠡᠵᠡᠮᠳᠡᠵᠦ ᠪᠣᠯᠬᠤ ᠣᠷᠣᠯᠭ᠎ᠠ ᠪᠣᠯᠤᠨ᠎ᠠ᠂ ᠡᠭᠦᠨ᠎ᠳᠤ ᠪᠡᠯᠡᠨ ᠵᠣᠭᠣᠰ᠎ᠤᠨ ᠣᠷᠣᠯᠭ᠎ᠠ ᠪᠠᠭᠲᠠᠬᠤ ᠮᠥᠷᠲᠡᠭᠡᠨ ᠪᠣᠳᠠᠲᠤ ᠪᠣᠳᠠᠰ᠎ᠤᠨ ᠣᠷᠣᠯᠭ᠎ᠠ ᠴᠤ᠌ ᠪᠠᠭᠲᠠᠨ᠎ᠠ᠃ ᠣᠷᠣᠯᠭ᠎ᠠ ᠵᠢᠨ ᠢᠷᠡᠯᠲᠡ ᠶᠣᠰᠣᠭ᠋ᠠᠷ᠂ ᠡᠵᠡᠮᠳᠡᠵᠦ ᠪᠣᠯᠬᠤ ᠣᠷᠣᠯᠭ᠎ᠠ᠎ᠳᠤ ᠴᠠᠯᠢᠩ᠎ᠤᠨ ᠴᠢᠨᠠᠷᠲᠠᠶ ᠣᠷᠣᠯᠭ᠎ᠠ᠂ ᠡᠵᠡᠩᠨᠡᠯᠲᠡ ᠵᠢᠨ ᠴᠡᠪᠡᠷ ᠣᠷᠣᠯᠭ᠎ᠠ᠂ ᠡᠳ᠋ ᠬᠥᠷᠥᠩᠭᠡ ᠵᠢᠨ ᠴᠡᠪᠡᠷ ᠣᠷᠣᠯᠭ᠎ᠠ ᠪᠠ ᠰᠢᠯᠵᠢᠭᠦᠯᠦᠭᠰᠡᠨ ᠴᠡᠪᠡᠷ ᠣᠷᠣᠯᠭ᠎ᠠ ᠪᠠᠭᠲᠠᠨ᠎ᠠ᠃
    (8) ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠬᠠᠩᠰᠢ ᠵᠢᠨ ᠢᠯᠡᠳᠬᠡᠭᠴᠢ ᠲᠣᠭ᠎ᠠ (Consumerpriceindex᠂ ᠳᠥᠭᠥᠮᠴᠢᠯᠡᠭᠡᠳ CPI ᠭᠡᠳᠡᠭ)᠄ ᠰᠠᠭᠤᠭ᠋ᠠᠯᠢ ᠠᠷᠠᠳ᠎ᠤᠨ ᠠᠮᠢᠳᠤᠷᠠᠯ᠎ᠤᠨ ᠬᠡᠷᠡᠭᠯᠡᠭᠡᠨ᠎ᠤ ᠵᠦᠢ᠍ᠯ ᠪᠠ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠬᠢᠷᠢ ᠬᠡᠮᠵᠢᠶ᠎ᠡ ᠵᠢᠨ ᠴᠠᠭ᠎ᠤᠨ ᠬᠤᠪᠢᠷᠠᠯᠲᠠ ᠵᠢ ᠳᠠᠭ᠋ᠠᠯᠳᠤᠨ ᠬᠤᠪᠢᠷᠠᠬᠤ ᠬᠠᠷᠢᠴᠠᠩᠭᠤᠶ ᠲᠣᠭ᠎ᠠ ᠵᠢ ᠬᠡᠮᠵᠢᠵᠦ᠂ ᠰᠠᠭᠤᠭ᠋ᠠᠯᠢ ᠠᠷᠠᠳ᠎ᠤᠨ ᠬᠤᠳᠠᠯᠳᠤᠨ ᠠᠪᠤᠭᠰᠠᠨ ᠠᠮᠢᠳᠤᠷᠠᠯ᠎ᠤᠨ ᠬᠡᠷᠡᠭᠯᠡᠭᠡᠨ᠎ᠤ ᠵᠦᠢ᠍ᠯ ᠪᠠ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠬᠤᠪᠢᠷᠠᠯᠲᠠ ᠵᠢᠨ ᠪᠠᠶ᠋ᠢᠳᠠᠯ᠎ᠢ ᠶᠡᠷᠦᠩᠬᠡᠶ᠋ᠢᠯᠡᠨ ᠲᠤᠰᠬᠠᠨ᠎ᠠ᠃
    (9) ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢ ᠵᠢᠨ ᠦᠨ᠎ᠡ ᠵᠢᠨ ᠢᠯᠡᠳᠬᠡᠭᠴᠢ ᠲᠣᠭ᠎ᠠ᠄ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢ ᠵᠢᠨ ᠦᠢ᠍ᠯᠡᠳᠪᠦᠷᠢ᠎ᠠᠴᠠ ᠭᠠᠷᠭ᠋ᠠᠬᠤ ᠦᠨ᠎ᠡ ᠵᠢᠨ ᠢᠯᠡᠳᠬᠡᠭᠴᠢ ᠲᠣᠭ᠎ᠠ (Producerpriceindexforlndustrial Products᠂ ᠳᠥᠭᠥᠮᠴᠢᠯᠡᠭᠡᠳ PPI ᠭᠡᠳᠡᠭ) ᠪᠣᠯᠤᠨ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢ ᠵᠢᠨ ᠬᠤᠳᠠᠯᠳᠤᠨ ᠠᠪᠬᠤ ᠦᠨ᠎ᠡ ᠵᠢᠨ ᠢᠯᠡᠳᠬᠡᠭᠴᠢ ᠲᠣᠭ᠎ᠠ ᠵᠢ ᠪᠠᠭᠲᠠᠭ᠋ᠠᠨ᠎ᠠ᠃
    ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢᠳ᠎ᠤᠨ ᠦᠢ᠍ᠯᠡᠳᠪᠦᠷᠢ᠎ᠠᠴᠠ ᠭᠠᠷᠭ᠋ᠠᠬᠤ ᠦᠨ᠎ᠡ ᠵᠢᠨ ᠢᠯᠡᠳᠬᠡᠭᠴᠢ ᠲᠣᠭ᠎ᠠ᠎ᠨᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠦᠢ᠍ᠯᠡᠳᠬᠦᠨ᠎ᠢ ᠠᠩᠬ᠎ᠠ ᠤᠳᠠᠭ᠎ᠠ ᠬᠤᠳᠠᠯᠳᠤᠬᠤ ᠦᠶ᠎ᠡ ᠵᠢᠨ ᠦᠢ᠍ᠯᠡᠳᠪᠦᠷᠢ᠎ᠠᠴᠠ ᠭᠠᠷᠭ᠋ᠠᠬᠤ ᠦᠨ᠎ᠡ ᠵᠢᠨ ᠬᠤᠪᠢᠷᠠᠯᠲᠠ ᠵᠢᠨ ᠬᠠᠨᠳᠤᠰᠢ ᠪᠠ ᠬᠤᠪᠢᠷᠠᠯᠲᠠ ᠵᠢᠨ ᠬᠡᠮᠵᠢᠶ᠎ᠡ ᠵᠢ ᠲᠤᠰᠬᠠᠳᠠᠭ᠃ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢᠳ᠎ᠤᠨ ᠬᠤᠳᠠᠯᠳᠤᠨ ᠠᠪᠬᠤ ᠦᠨ᠎ᠡ ᠵᠢᠨ ᠢᠯᠡᠳᠬᠡᠭᠴᠢ ᠲᠣᠭ᠎ᠠ᠎ᠨᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠵᠠᠪᠰᠠᠷ᠎ᠤᠨ ᠣᠷᠣᠭᠤᠯᠤᠯᠲᠠ ᠪᠣᠯᠬᠤ ᠦᠢ᠍ᠯᠡᠳᠬᠦᠨ᠎ᠤ ᠬᠤᠳᠠᠯᠳᠤᠨ ᠠᠪᠬᠤ ᠦᠨ᠎ᠡ ᠵᠢᠨ ᠬᠤᠪᠢᠷᠠᠯᠲᠠ ᠵᠢᠨ ᠬᠠᠨᠳᠤᠰᠢ ᠪᠠ ᠬᠤᠪᠢᠷᠠᠯᠲᠠ ᠵᠢᠨ ᠬᠡᠮᠵᠢᠶ᠎ᠡ ᠵᠢ ᠲᠤᠰᠬᠠᠳᠠᠭ᠃
    (10) ᠭᠠᠬᠠᠶ ᠦᠬᠡᠷ ᠬᠣᠨᠢ ᠵᠢᠭᠦᠷᠲᠡᠨ᠎ᠤ ᠮᠢᠬᠠᠨ᠎ᠤ ᠭᠠᠷᠤᠯᠲᠠ᠂ ᠦᠨᠢᠶᠡᠨ ᠰᠦ ᠵᠢᠨ ᠭᠠᠷᠤᠯᠲᠠ᠂ ᠭᠠᠬᠠᠶ ᠦᠬᠡᠷ ᠬᠣᠨᠢ ᠵᠢᠭᠦᠷᠲᠡᠨ᠎ᠤ ᠪᠠᠶ᠋ᠢᠭ᠎ᠠ ᠲᠣᠭ᠎ᠠ᠂ ᠦᠨ᠎ᠡ ᠬᠠᠩᠰᠢ ᠵᠢᠨ ᠵᠢᠭ᠋ᠠᠯᠲᠠ ᠲᠣᠭ᠎ᠠ᠂ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠲᠣᠭ᠎ᠠ ᠪᠠᠷᠢᠮᠲᠠ᠎ᠨᠢ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠥᠪᠥᠷ ᠮᠣᠩᠭᠣᠯ᠎ᠤᠨ ᠪᠠᠶ᠋ᠢᠴᠠᠭ᠋ᠠᠯᠲᠠ ᠵᠢᠨ ᠶᠡᠷᠦᠩᠬᠡᠶ ᠠᠩᠭᠢ᠎ᠠᠴᠠ ᠢᠷᠡᠯᠲᠡ᠎ᠲᠠᠢ᠃
    (11) ᠬᠡᠰᠡᠭ ᠲᠣᠭ᠎ᠠ ᠪᠠᠷᠢᠮᠲᠠ᠎ᠨᠢ ᠳᠥᠷᠪᠡ ᠵᠢ ᠬᠠᠶᠠᠵᠤ ᠲᠠᠪᠤ ᠵᠢ ᠳᠡᠪᠰᠢᠭᠦᠯᠦᠭᠰᠡᠨ ᠰᠢᠯᠲᠠᠭ᠋ᠠᠨ᠎ᠠᠴᠠ ᠪᠣᠯᠵᠣ᠂ ᠶᠡᠷᠦᠩᠬᠡᠶ ᠲᠣᠭ᠎ᠠ᠎ᠨᠢ ᠬᠤᠪᠢᠶᠠᠷᠢ ᠵᠦᠢ᠍ᠯ᠎ᠲᠠᠢ ᠨᠡᠶ᠋ᠢᠯᠡᠭᠡᠳ ᠠᠳᠠᠯᠢ ᠥᠬᠡᠶ ᠪᠠᠶ᠋ᠢᠳᠠᠯ ᠣᠷᠣᠰᠢᠵᠤ ᠪᠠᠶ᠋ᠢᠨ᠎ᠠ᠃

ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠤᠨ᠎ᠤ ᠲᠣᠭ᠎ᠠ ᠪᠦᠷᠢᠳᠭᠡᠯ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
2024 ᠣᠨ᠎ᠤ ᠨᠢᠭᠡᠳᠦᠭᠡᠷ ᠤᠯᠠᠷᠢᠯ᠎ᠤᠨ ᠪᠥᠬᠥ ᠣᠷᠣᠨ᠎ᠤ ᠠᠵᠤ ᠠᠬᠤᠶ ᠵᠢᠨ ᠠᠵᠢᠯᠯᠠᠭ᠋ᠠᠨ᠎ᠤ ᠪᠠᠶ᠋ᠢᠳᠠᠯ᠎ᠤᠨ ᠲᠤᠬᠠᠶ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ
 
            