4 ᠳ᠋ᠤᠭᠡᠷ ᠰᠠᠷ᠎ᠠ ᠵᠢᠨ 19᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ ᠨᠢᠭᠡᠳᠦᠭᠡᠷ ᠤᠯᠠᠷᠢᠯ᠎ᠤᠨ ᠪᠥᠬᠥ ᠣᠷᠣᠨ᠎ᠤ ᠠᠵᠤ ᠠᠬᠤᠶ ᠵᠢᠨ ᠠᠵᠢᠯᠯᠠᠭ᠋ᠠᠨ᠎ᠤ ᠪᠠᠶ᠋ᠢᠳᠠᠯ᠎ᠤᠨ ᠲᠤᠬᠠᠶ ᠰᠣᠨᠢᠨ ᠮᠡᠳᠡᠭᠡ ᠨᠡᠶ᠋ᠢᠲᠡᠯᠡᠬᠦ ᠬᠤᠷᠠᠯ ᠬᠢᠪᠠ᠃ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠳᠡᠳ᠋ ᠳᠠᠷᠤᠭ᠎ᠠ᠂ ᠰᠣᠨᠢᠨ ᠮᠡᠳᠡᠭᠡᠨ᠎ᠤ ᠥᠭᠦᠯᠡᠭᠴᠢ ᠸᠠᠩ ᠴᠤᠸᠠᠨ ᠵᠢᠩ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃

ᠲᠥᠪ᠎ᠤᠨ ᠷᠠᠳᠢᠣ᠋ ᠲᠧᠯᠸᠢᠰ ᠬᠣᠷᠢᠶᠠᠨ᠎ᠤ ᠰᠤᠷᠪᠤᠯᠵᠢᠯᠠᠭᠴᠢ᠄ ᠥᠭᠦᠯᠡᠭᠴᠢ ᠲᠠ ᠰᠠᠶ᠋ᠢᠨ ᠦᠦ᠃ ᠡᠨᠡ ᠵᠢᠯ᠎ᠤᠨ ᠪᠦᠬᠦ ᠣᠷᠣᠨ᠎ᠤ ᠠᠵᠤ ᠠᠬᠤᠶ ᠵᠢᠨ ᠡᠬᠢᠯᠡᠯᠲᠡ ᠵᠢ ᠲᠠ ᠬᠡᠷᠬᠢᠨ ᠦᠨᠡᠯᠡᠬᠦ ᠪᠤᠶ? ᠨᠢᠭᠡᠳᠦᠭᠡᠷ ᠤᠯᠠᠷᠢᠯ᠎ᠤᠨ ᠲᠣᠭ᠎ᠠ ᠪᠠᠷᠢᠮᠲᠠ᠎ᠠᠴᠠ ᠦᠵᠡᠪᠡᠯ ᠠᠵᠤ ᠠᠬᠤᠶ ᠵᠢᠨ ᠠᠵᠢᠯᠯᠠᠭ᠋ᠠᠨ᠎ᠳᠤ ᠶᠠᠮᠠᠷ ᠶᠠᠮᠠᠷ ᠬᠢᠯᠠᠰ ᠴᠡᠭ ᠪᠠ ᠢᠳᠡᠪᠬᠢᠲᠡᠶ ᠬᠤᠪᠢᠷᠠᠯᠲᠠ ᠭᠠᠷᠤᠭᠰᠠᠨ ᠪᠣᠶ? ᠪᠠᠶᠠᠷᠯᠠᠯ᠎ᠠ᠃

ᠸᠠᠩ ᠴᠤᠸᠠᠨ ᠵᠢᠩ᠄ ᠲᠠᠨ᠎ᠤ ᠠᠰᠠᠭᠤᠭᠰᠠᠨ᠎ᠳᠤ ᠪᠠᠶᠠᠷᠯᠠᠯ᠎ᠠ᠃ ᠡᠨᠡ ᠵᠢᠯ᠎ᠠᠴᠠ ᠨᠠᠭ᠋ᠠᠰᠢ᠂ ᠣᠷᠣᠨ ᠳᠠᠶᠠᠭ᠋ᠠᠷ ᠵᠶ᠋ᠠᠨ ᠬᠥᠭᠵᠢᠯᠲᠡ ᠵᠢᠨ ᠬᠠᠷᠠᠯᠲᠠ᠎ᠪᠠᠨ ᠲᠣᠭᠲᠠᠭ᠋ᠠᠵᠤ᠂ ᠬᠥᠭᠵᠢᠯᠲᠡ ᠵᠢᠨ ᠢᠲᠡᠭᠡᠯ ᠵᠶ᠋ᠠᠨ ᠪᠠᠲᠤᠳᠬᠠᠵᠤ᠂ ᠨᠡᠮᠡᠭᠳᠡᠯ᠎ᠢ ᠲᠣᠭᠲᠠᠪᠤᠷᠢᠵᠢᠭᠤᠯᠬᠤ᠂ ᠵᠢᠱ᠌ᠢᠯᠲᠡ ᠵᠢ ᠲᠣᠭᠲᠠᠪᠤᠷᠢᠵᠢᠭᠤᠯᠬᠤ᠎ᠪᠠᠷ ᠬᠦᠴᠦᠯᠡᠨ ᠴᠢᠷᠮᠠᠶ᠋ᠢᠵᠤ᠂ ᠦᠢ᠍ᠯᠡᠳᠪᠦᠷᠢᠯᠡᠯ᠎ᠢ ᠪᠦᠬᠦ ᠬᠦᠴᠦᠨ ᠵᠶ᠋ᠠᠷ ᠵᠶ᠋ᠠᠨ ᠠᠬᠢᠭᠤᠯᠵᠤ᠂ ᠳᠣᠲᠣᠭ᠋ᠠᠳᠤ ᠬᠡᠷᠡᠭᠴᠡᠭᠡ ᠵᠢ ᠥᠷᠭᠡᠳᠬᠡᠵᠦ᠂ ᠡᠯ᠎ᠡ ᠵᠦᠢ᠍ᠯ᠎ᠤᠨ ᠲᠦᠷᠦ ᠵᠢᠨ ᠪᠤᠳᠤᠯᠭ᠎ᠠ ᠵᠢ ᠪᠣᠳᠠᠲᠠᠢ ᠨᠠᠷᠢᠯᠢᠭ ᠨᠠᠶ᠋ᠢᠳᠠᠪᠤᠷᠢᠵᠢᠭᠤᠯᠬᠤ ᠵᠢ ᠪᠦᠬᠦ ᠲᠠᠯ᠎ᠠ᠎ᠪᠠᠷ ᠠᠬᠢᠭᠤᠯᠵᠤ᠂ ᠲᠦᠷᠦ ᠵᠢᠨ ᠪᠤᠳᠤᠯᠭ᠎ᠠ ᠵᠢᠨ ᠠᠰᠢᠭ᠎ᠢ ᠦᠨᠡᠨ ᠬᠦ᠌ ᠪᠣᠳᠠᠲᠤ ᠦᠢ᠍ᠯᠡᠳᠪᠦᠷᠢᠯᠡᠯ᠎ᠤᠨ ᠬᠦᠴᠦᠨ ᠪᠣᠯᠭ᠋ᠠᠨ ᠬᠤᠪᠢᠷᠠᠭᠤᠯᠪᠠ᠃ ᠰᠠᠶᠢᠬᠠᠨ ᠨᠡᠶ᠋ᠢᠲᠡᠯᠡᠭᠰᠡᠨ ᠨᠢᠭᠡᠳᠦᠭᠡᠷ ᠤᠯᠠᠷᠢᠯ᠎ᠤᠨ ᠭᠤᠤᠯ ᠪᠣᠯᠬᠤ ᠠᠵᠤ ᠠᠬᠤᠶ ᠵᠢᠨ ᠭᠦᠢ᠍ᠴᠡᠳᠭᠡᠯ ᠲᠣᠭ᠎ᠠ᠎ᠠᠴᠠ ᠦᠵᠡᠪᠡᠯ᠂ ᠪᠥᠬᠥ ᠣᠷᠣᠨ᠎ᠤ ᠠᠵᠤ ᠠᠬᠤᠶ ᠵᠢᠨ ᠠᠵᠢᠯᠯᠠᠭ᠋ᠠᠨ ᠲᠣᠭᠲᠠᠭᠤᠨ᠎ᠤ ᠳᠤᠮᠳᠠ ᠳᠡᠭᠡᠭᠰᠢᠯᠡᠵᠦ᠂ ᠰᠠᠶ᠋ᠢᠨ ᠡᠬᠢᠯᠡᠯᠲᠡ᠎ᠲᠠᠢ ᠪᠠᠶ᠋ᠢᠨ᠎ᠠ᠃ ᠪᠣᠳᠠᠲᠠᠢ᠎ᠪᠠᠷ ᠳᠣᠣᠷᠠᠬᠢ ᠬᠡᠳᠦᠨ ᠲᠠᠯ᠎ᠠ᠎ᠠᠴᠠ ᠬᠤᠷᠢᠶᠠᠩᠭᠤᠶ᠋ᠢᠯᠠᠵᠤ ᠪᠣᠯᠤᠨ᠎ᠠ᠄
ᠨᠢᠭᠡ᠎ᠳᠤ᠂ ᠠᠵᠤ ᠦᠢ᠍ᠯᠡᠰ᠎ᠤᠨ ᠲᠣᠭᠲᠠᠭᠤᠨ ᠨᠡᠮᠡᠭᠳᠡᠯ᠎ᠨᠢ ᠠᠵᠤ ᠠᠬᠤᠢ ᠵᠢᠨ ᠬᠥᠭᠵᠢᠯᠲᠡ ᠵᠢᠨ ᠰᠠᠭᠤᠷᠢ ᠵᠢ ᠪᠡᠬᠢᠵᠢᠭᠦᠯᠪᠡ᠃ ᠭᠤᠷᠪᠠᠨ ᠠᠵᠤ ᠦᠢ᠍ᠯᠡᠰ᠎ᠢ ᠵᠣᠬᠢᠴᠠᠭᠤᠯᠤᠨ ᠬᠥᠭᠵᠢᠭᠦᠯᠬᠦ ᠪᠣᠯ ᠠᠵᠤ ᠠᠬᠤᠢ ᠵᠢᠨ ᠶᠡᠬᠡ ᠲᠠᠯ᠎ᠠ ᠵᠢ ᠪᠡᠬᠢᠵᠢᠭᠦᠯᠬᠦ᠂ ᠴᠢᠨᠠᠷ ᠰᠠᠶ᠋ᠢᠲᠠᠢ ᠬᠥᠭᠵᠢᠯᠲᠡ ᠵᠢ ᠪᠡᠶᠡᠯᠡᠭᠦᠯᠬᠦ ᠵᠢᠨ ᠪᠠᠲᠤ ᠪᠡᠬᠢ ᠰᠠᠭᠤᠷᠢ ᠮᠥᠨ᠃ ᠨᠢᠭᠡᠳᠦᠭᠡᠷ ᠤᠯᠠᠷᠢᠯ
ᠳᠤ᠂ ᠪᠥᠬᠥ ᠣᠷᠣᠨ᠎ᠤ ᠤᠷᠤᠨ ᠨᠤᠲᠤᠭ᠎ᠤᠨ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ 5.9%᠎ᠪᠠᠷ ᠨᠡᠯᠢᠶᠡᠳ ᠲᠦᠷᠭᠡᠨ ᠨᠡᠮᠡᠭᠳᠡᠪᠡ᠃ ᠭᠤᠷᠪᠠᠨ ᠠᠵᠤ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ ᠲᠣᠰ ᠲᠣᠰ 7.2%᠂ 8.1% ᠪᠠ 4.1%᠎ᠪᠠᠷ ᠨᠡᠮᠡᠭᠳᠡᠪᠡ᠃ ᠡᠯ᠎ᠡ ᠬᠦᠷᠢᠶ᠎ᠡ ᠴᠠᠷᠠᠭ᠎ᠠ᠎ᠠᠴᠠ ᠦᠵᠡᠪᠡᠯ᠂ ᠲᠠᠷᠢᠶᠠᠯᠠᠩ ᠮᠠᠯ ᠠᠵᠤ ᠠᠬᠤᠶ ᠵᠢᠨ ᠲᠠᠯ᠎ᠠ᠎ᠪᠠᠷ᠂ ᠭᠠᠬᠠᠶ ᠦᠬᠡᠷ ᠬᠣᠨᠢ ᠵᠢᠭᠦᠷᠲᠡᠨ᠎ᠤ ᠮᠢᠬᠠᠨ᠎ᠤ ᠭᠠᠷᠤᠯᠲᠠ 8.0%᠎ᠤᠨ ᠨᠡᠯᠢᠶᠡᠳ ᠲᠦᠷᠭᠡᠨ ᠨᠡᠮᠡᠭᠳᠡᠯ᠎ᠤᠨ ᠬᠤᠷᠳᠤᠴᠠ ᠵᠢ ᠪᠡᠶᠡᠯᠡᠭᠦᠯᠵᠦ᠂ ᠦᠨᠢᠶᠡᠨ ᠰᠦ ᠵᠢᠨ ᠭᠠᠷᠤᠯᠲᠠ 154.7 ᠲᠦᠮᠡᠨ ᠲᠣᠨ᠎ᠳᠤ ᠬᠥᠷᠪᠡ᠃ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠪᠥᠲᠥᠭᠡᠨ ᠪᠠᠶ᠋ᠢᠭᠤᠯᠤᠯᠲᠠ᠂ ᠲᠠᠷᠢᠶᠠᠯᠠᠩ᠎ᠤᠨ ᠠᠵᠤ ᠦᠢ᠍ᠯᠡᠰ᠎ᠤᠨ ᠬᠦᠷᠢᠶᠡᠯᠡᠩ ᠵᠡᠷᠭᠡ ᠲᠥᠷᠥᠯ ᠵᠦᠢ᠍ᠯ᠎ᠤᠨ ᠪᠠᠯᠠ ᠣᠷᠣᠭᠤᠯᠤᠯᠲᠠ ᠵᠢᠨ ᠳᠠᠶ᠋ᠢᠴᠢᠯᠠᠯᠲᠠ ᠳᠤᠤᠷ᠎ᠠ᠂ ᠪᠥᠬᠥ ᠣᠷᠣᠨ᠎ᠤ ᠨᠢᠭᠡᠳᠦᠭᠡᠷ ᠠᠵᠤ ᠦᠢ᠍ᠯᠡᠰ᠎ᠤᠨ ᠪᠠᠯᠠ ᠣᠷᠣᠭᠤᠯᠤᠯᠲᠠ ᠲᠦᠷᠭᠡᠨ ᠨᠡᠮᠡᠭᠳᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 76.4%᠎ᠪᠠᠷ
ᠨᠡᠮᠡᠭᠳᠡᠪᠡ᠃ ᠠᠵᠤ ᠦᠢ᠍ᠯᠡᠳᠪᠦᠷᠢ ᠵᠢᠨ ᠲᠠᠯ᠎ᠠ᠎ᠪᠠᠷ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ 2023 ᠣᠨ᠎ᠤ ᠡᠬᠢᠨ᠎ᠠᠴᠠ ᠨᠠᠭ᠋ᠠᠰᠢ ᠢᠮᠠᠭᠲᠠ 6.8% 7.7% ᠵᠢᠨ ᠨᠡᠯᠢᠶᠡᠳ ᠲᠦᠷᠭᠡᠨ ᠨᠡᠮᠡᠭᠳᠡᠯ᠎ᠤᠨ ᠣᠷᠣᠨ ᠵᠠᠶ᠎ᠳᠤ ᠪᠠᠶ᠋ᠢᠵᠤ᠂ ᠢᠯᠠᠩᠭᠤᠶ᠎ᠠ ᠦᠢ᠍ᠯᠡᠳᠬᠦ ᠦᠢ᠍ᠯᠡᠰ ᠨᠢᠳᠤᠨᠤᠨ᠎ᠤ 4 ᠰᠠᠷ᠎ᠠ᠎ᠠᠴᠠ ᠨᠠᠭ᠋ᠠᠰᠢᠬᠢ ᠬᠣᠶᠠᠷ ᠣᠷᠣᠨᠲᠤ ᠲᠣᠭ᠎ᠠ ᠵᠢᠨ ᠨᠡᠮᠡᠭᠳᠡᠯ᠎ᠤᠨ ᠪᠠᠶ᠋ᠢᠳᠠᠯ ᠵᠶ᠋ᠠᠨ ᠦᠷᠭᠦᠯᠵᠢᠯᠡᠭᠦᠯᠵᠦ᠂ ᠬᠥᠭᠵᠢᠯᠲᠡ ᠵᠢᠨ ᠬᠥᠳᠡᠯᠭᠡᠬᠦ ᠬᠦᠴᠦᠨ ᠭᠦᠢ᠍ᠴᠡᠳ ᠪᠣᠯᠪᠠ; ᠦᠢ᠍ᠯᠡᠴᠢᠯᠡᠭᠡᠨ᠎ᠤ ᠦᠢ᠍ᠯᠡᠰ᠎ᠤᠨ ᠲᠠᠯ᠎ᠠ᠎ᠪᠠᠷ᠂ 2 ᠳ᠋ᠤᠭ᠋ᠠᠷ ᠰᠠᠷ᠎ᠠ ᠵᠢᠨ ᠰᠡᠭᠦᠯᠴᠢ ᠪᠣᠯᠲᠠᠯ᠎ᠠ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠦᠢ᠍ᠯᠡᠴᠢᠯᠡᠭᠡᠨ᠎ᠤ ᠦᠢ᠍ᠯᠡᠰ᠎ᠤᠨ ᠨᠢᠭᠡᠴᠡ 1847 ᠪᠠᠶ᠋ᠢᠵᠤ᠂ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 166 ᠨᠡᠮᠡᠭᠳᠡᠪᠡ᠃ ᠡᠳᠡᠭᠡᠷ ᠲᠣᠭ᠎ᠠ ᠪᠠᠷᠢᠮᠲᠠ᠎ᠨᠢ ᠪᠦᠬᠦ ᠣᠷᠣᠨ᠎ᠤ ᠠᠩᠬᠠᠷᠤᠯ ᠵᠶ᠋ᠠᠨ ᠲᠥᠪᠯᠡᠷᠡᠭᠦᠯᠦᠨ ᠬᠦᠴᠦᠨ ᠵᠶ᠋ᠠᠨ ᠲᠥᠪᠯᠡᠷᠡᠭᠦᠯᠵᠦ ᠬᠣᠶᠠᠷ ᠶᠡᠬᠡ ᠶᠠᠪᠤᠳᠠᠯ᠎ᠢ ᠰᠠᠶ᠋ᠢᠲᠤᠷ ᠬᠢᠬᠦ᠂ ᠰᠢᠨ᠎ᠡ ᠵᠠᠮ ᠨᠡᠬᠡᠬᠡᠨ᠂ ᠳᠤᠮᠳᠠ ᠲᠦᠪᠰᠢᠨ᠎ᠳᠤ ᠤᠷᠤᠭᠰᠢᠯᠠᠬᠤ ᠬᠠᠷᠠᠯᠲᠠ ᠵᠢ ᠴᠢᠷᠮᠠᠶ᠋ᠢᠨ ᠪᠡᠶᠡᠯᠡᠭᠦᠯᠬᠦ᠎ᠳᠤ ᠣᠯᠤᠭᠰᠠᠨ ᠦᠷ᠎ᠡ ᠪᠦᠲᠦᠮᠵᠢ ᠵᠢ ᠭᠦᠢ᠍ᠴᠡᠳ ᠬᠠᠷᠠᠭᠤᠯᠵᠠᠢ᠃
ᠬᠣᠶᠠᠷ᠎ᠲᠤ᠂ ᠴᠢᠬᠤᠯᠠ ᠶᠡᠬᠡ ᠲᠦᠷᠦᠯ ᠵᠦᠢ᠍ᠯ᠎ᠤᠨ ᠪᠦᠲᠦᠭᠡᠡ ᠪᠠᠶ᠋ᠢᠭᠤᠯᠤᠯᠲᠠ ᠠᠵᠤ ᠠᠬᠤᠢ ᠵᠢᠨ ᠬᠥᠭᠵᠢᠯᠲᠡ ᠵᠢᠨ ᠬᠥᠳᠡᠯᠭᠡᠬᠦ ᠬᠦᠴᠦᠨ᠎ᠢ ᠴᠢᠩᠭ᠋ᠠᠳᠬᠠᠪᠠ᠃ ᠴᠢᠬᠤᠯᠠ ᠶᠡᠬᠡ ᠲᠦᠷᠦᠯ ᠵᠦᠢ᠍ᠯ᠎ᠤᠨ ᠪᠦᠳᠦᠭᠡᠨ ᠪᠠᠶ᠋ᠢᠭᠤᠯᠤᠯᠲᠠ ᠪᠣᠯ ᠠᠵᠤ ᠠᠬᠤᠢ ᠵᠢᠨ ᠡᠷᠭᠢᠯᠲᠡ ᠵᠢ ᠲᠣᠭᠲᠠᠪᠤᠷᠢᠵᠢᠭᠤᠯᠬᠤ ᠵᠢᠨ ᠵᠠᠩᠭᠢᠯᠠᠭ᠎ᠠ ᠮᠥᠨ᠂ ᠠᠵᠤ ᠠᠬᠤᠢ ᠵᠢᠨ ᠴᠢᠨᠠᠷ ᠰᠠᠶ᠋ᠢᠲᠠᠢ ᠬᠥᠭᠵᠢᠯᠲᠡ ᠵᠢ ᠠᠬᠢᠭᠤᠯᠬᠤ ᠴᠢᠬᠤᠯᠠ ᠬᠥᠳᠡᠯᠭᠡᠬᠦ ᠬᠦᠴᠦᠨ ᠮᠥᠨ᠃ ᠨᠢᠭᠡᠳᠦᠭᠡᠷ ᠤᠯᠠᠷᠢᠯ᠎ᠳᠤ᠂ ᠪᠥᠬᠥ ᠣᠷᠣᠨ᠎ᠤ ᠴᠢᠬᠤᠯᠠ ᠶᠡᠬᠡ ᠲᠦᠷᠦᠯ ᠵᠦᠢ᠍ᠯ᠎ᠤᠨ ᠪᠡᠶᠡᠯᠡᠭᠦᠯᠦᠭᠰᠡᠨ ᠪᠠᠯᠠ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 32.7%᠎ᠪᠠᠷ ᠨᠡᠮᠡᠭᠳᠡᠵᠦ᠂ ᠪᠥᠬᠥ ᠪᠠᠯᠠ ᠣᠷᠣᠭᠤᠯᠤᠯᠲᠠ᠎ᠳᠤ ᠡᠵᠡᠯᠡᠬᠦ ᠬᠤᠪᠢ ᠵᠢᠨ ᠵᠢᠩ᠎ᠨᠢ 94.3% ᠪᠣᠯᠵᠣ᠂ ᠪᠥᠬᠥ ᠪᠠᠯᠠ ᠣᠷᠣᠭᠤᠯᠤᠯᠲᠠ ᠵᠢᠨ ᠨᠡᠮᠡᠭᠳᠡᠯ᠎ᠳᠤ ᠦᠵᠡᠭᠦᠯᠦᠭᠰᠡᠨ ᠬᠤᠪᠢ ᠨᠡᠮᠡᠷᠢ ᠵᠢᠨ ᠨᠣᠷᠮ᠎ᠠ᠎ᠨᠢ 97.1%᠎ᠳᠤ ᠬᠦᠷᠴᠡᠶ᠃ ᠥᠨᠥᠳᠦᠷ᠎ᠤᠨ ᠲᠥᠰᠦᠯ ᠪᠣᠯ ᠮᠠᠷᠭ᠋ᠠᠰᠢ ᠵᠢᠨ ᠭᠠᠷᠭ᠋ᠠᠯᠲᠠ᠂ ᠥᠨᠥᠳᠦᠷ᠎ᠤᠨ ᠪᠡᠯᠡ ᠣᠷᠣᠭᠤᠯᠤᠯᠲᠠ ᠵᠢᠨ ᠪᠦᠲᠦᠴᠡ ᠪᠣᠯ ᠮᠠᠷᠭ᠋ᠠᠰᠢ ᠵᠢᠨ ᠠᠵᠤ ᠦᠢ᠍ᠯᠡᠰ᠎ᠤᠨ ᠪᠦᠲᠦᠴᠡ᠃ ᠣᠶ᠋ᠢᠷ᠎ᠠ ᠵᠢᠨ ᠬᠡᠳᠦᠨ ᠵᠢᠯ᠎ᠳᠤ᠂ ᠪᠥᠬᠥ ᠣᠷᠣᠨ᠎ᠤ ᠴᠢᠬᠤᠯᠠ ᠶᠡᠬᠡ ᠲᠥᠷᠥᠯ ᠵᠦᠢ᠍ᠯ᠎ᠨᠢ ᠭᠤᠤᠯᠳᠠᠭᠤ ᠦᠢ᠍ᠯᠡᠳᠬᠦ ᠦᠢ᠍ᠯᠡᠰ᠎ᠤᠨ ᠬᠦᠷᠢᠶᠡᠨ᠎ᠳᠤ ᠲᠥᠪᠯᠡᠷᠡᠵᠦ᠂ ᠦᠢ᠍ᠯᠡᠳᠬᠦ ᠦᠢ᠍ᠯᠡᠰ᠎ᠤᠨ ᠪᠠᠯᠠ ᠣᠷᠣᠭᠤᠯᠤᠯᠲᠠ᠎ᠨᠢ ᠪᠥᠬᠥ ᠣᠷᠣᠨ᠎ᠤ ᠪᠠᠯᠠ ᠣᠷᠣᠭᠤᠯᠤᠯᠲᠠ ᠵᠢᠨ ᠨᠡᠮᠡᠭᠳᠡᠯ᠎ᠳᠤ ᠬᠦᠴᠦᠲᠡᠶ ᠲᠤᠯᠭ᠋ᠠᠭᠤᠷᠢᠯᠠᠯ ᠬᠠᠩᠭ᠋ᠠᠭᠰᠠᠨ ᠪᠥᠭᠡᠳ ᠪᠠᠰᠠ ᠪᠥᠬᠥ ᠣᠷᠣᠨ᠎ᠤ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠭᠦᠯᠬᠦ᠎ᠳᠤ 《ᠡᠬᠢ
ᠪᠤᠯᠠᠭ》᠎ᠢ ᠨᠡᠮᠡᠷᠢᠯᠡᠭᠰᠡᠨ ᠪᠠᠶ᠋ᠢᠨ᠎ᠠ᠃ ᠨᠢᠭᠡᠳᠦᠭᠡᠷ ᠤᠯᠠᠷᠢᠯ᠎ᠳᠤ᠂ ᠪᠥᠬᠥ ᠣᠷᠣᠨ᠎ᠤ ᠦᠢ᠍ᠯᠡᠳᠬᠦ ᠦᠢ᠍ᠯᠡᠰ᠎ᠤᠨ ᠴᠢᠬᠤᠯᠠ ᠶᠡᠬᠡ ᠲᠥᠷᠥᠯ ᠵᠦᠢ᠍ᠯ᠎ᠤᠨ ᠪᠠᠯᠠ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 36.4%᠎ᠪᠠᠷ ᠨᠡᠮᠡᠭᠳᠡᠵᠦ᠂ ᠪᠥᠬᠥ ᠪᠠᠯᠠ ᠣᠷᠣᠭᠤᠯᠤᠯᠲᠠ ᠵᠢᠨ ᠨᠡᠮᠡᠭᠳᠡᠯ᠎ᠳᠤ ᠦᠵᠡᠭᠦᠯᠦᠭᠰᠡᠨ ᠬᠤᠪᠢ ᠨᠡᠮᠡᠷᠢ ᠵᠢᠨ ᠨᠣᠷᠮ᠎ᠠ᠎ᠨᠢ 40% ᠵᠢ ᠳᠠᠪᠠᠪᠠ᠃
ᠭᠤᠷᠪᠠ᠎ᠳᠤ᠂ ᠠᠵᠤ ᠦᠢ᠍ᠯᠡᠰ᠎ᠤᠨ 《ᠪᠣᠬᠢᠷᠲᠤᠯ ᠦᠬᠡᠢ ᠬᠡᠮᠵᠢᠶ᠎ᠡ》᠎ᠪᠠᠷ ᠠᠵᠤ ᠠᠬᠤᠢ ᠵᠢᠨ ᠬᠥᠭᠵᠢᠯᠲᠡ ᠵᠢᠨ 《ᠦᠨ᠎ᠡ ᠦᠷᠳᠡᠭ》᠎ᠢ ᠳᠡᠭᠡᠭᠰᠢᠯᠡᠬᠦᠯᠪᠡ᠃ ᠪᠣᠬᠢᠷᠲᠤᠯ ᠦᠭᠡᠢ ᠪᠣᠯ ᠥᠪᠥᠷ ᠮᠣᠩᠭᠣᠯ᠎ᠤᠨ ᠴᠢᠨᠠᠷ ᠰᠠᠶ᠋ᠢᠲᠠᠢ ᠬᠥᠭᠵᠢᠯᠲᠡ ᠵᠢᠨ ᠰᠠᠭᠤᠷᠢ ᠦᠩᠭᠡ ᠪᠣᠯᠤᠨ᠎ᠠ᠃ ᠤᠯᠤᠰ᠎ᠤᠨ ᠴᠢᠬᠤᠯᠠ ᠡᠨᠧᠷᠭᠢ ᠪᠠ ᠪᠠᠶ᠋ᠢᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ ᠪᠣᠯᠤᠭᠰᠠᠨ᠎ᠤ ᠬᠤᠪᠢ᠎ᠳᠤ᠂ ᠥᠪᠡᠷᠲᠡᠭᠡᠨ ᠵᠠᠰᠠᠬᠤ ᠣᠷᠣᠨ ᠤᠯᠤᠰ᠎ᠤᠨ ᠡᠨᠧᠷᠭᠢ ᠵᠢᠨ ᠠᠮᠤᠷ ᠲᠦᠪᠰᠢᠨ᠎ᠢ ᠪᠠᠲᠤᠯᠠᠬᠤ ᠬᠦᠨᠳᠦ ᠡᠭᠦᠷᠭᠡ ᠵᠢ ᠡᠭᠦᠷᠭᠡᠯᠡᠬᠦ ᠵᠢᠨ ᠬᠠᠮᠲᠤ᠂ ᠬᠥᠭᠵᠢᠯᠲᠡ ᠵᠢᠨ ᠬᠦᠴᠢᠷ ᠠᠰᠠᠭᠤᠳᠠᠯ᠎ᠢ ᠲᠠᠰᠤᠷᠠᠯᠲᠠ ᠥᠬᠡᠶ ᠰᠢᠢ᠍ᠳᠪᠦᠷᠢᠯᠡᠵᠦ᠂ ᠨᠣᠭᠣᠭ᠋ᠠᠨ ᠡᠨᠧᠷᠭᠢ᠎ᠪᠠᠷ ᠣᠷᠣᠨ ᠵᠶ᠋ᠠᠨ ᠮᠠᠨᠳᠤᠭᠤᠯᠬᠤ ᠵᠢ ᠴᠢᠷᠮᠠᠶ᠋ᠢᠨ ᠪᠡᠶᠡᠯᠡᠭᠦᠯᠵᠦ᠂ ᠪᠣᠬᠢᠷᠲᠤᠯ ᠥᠬᠡᠶ ᠬᠥᠭᠵᠢᠯᠲᠡ ᠵᠢ ᠪᠥᠬᠥ ᠬᠦᠴᠦᠨ ᠵᠶ᠋ᠠᠷ ᠵᠶ᠋ᠠᠨ ᠰᠠᠶ᠋ᠢᠲᠤᠷ ᠬᠢᠪᠠ᠃ ᠨᠢᠭᠡᠳᠦᠭᠡᠷ ᠤᠯᠠᠷᠢᠯ᠎ᠤᠨ ᠲᠣᠭ᠎ᠠ ᠪᠠᠷᠢᠮᠲᠠ᠎ᠠᠴᠠ ᠦᠵᠡᠪᠡᠯ᠂ 3 ᠳ᠋ᠤᠭ᠋ᠠᠷ ᠰᠠᠷ᠎ᠠ ᠵᠢᠨ ᠰᠡᠭᠦᠯᠴᠢ ᠪᠣᠯᠲᠠᠯ᠎ᠠ᠂ ᠪᠥᠬᠥ ᠣᠷᠣᠨ᠎ᠤ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢᠨ ᠪᠠᠭᠲᠠᠭ᠋ᠠᠮᠵᠢ 1 ᠳ᠋ᠦᠩᠰᠢᠭᠤᠷ ᠺᠢᠯᠤᠸᠠᠲ᠎ᠢ ᠳᠠᠪᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 51.5%᠎ᠪᠠᠷ ᠨᠡᠮᠡᠭᠳᠡᠵᠦ᠂ ᠶᠡᠷᠦᠩᠬᠡᠶ ᠮᠠᠰᠢᠨ ᠴᠣᠭᠴᠠᠯᠠᠪᠤᠷᠢ ᠵᠢᠨ ᠡᠵᠡᠯᠡᠬᠦ ᠬᠤᠪᠢ ᠵᠢᠨ ᠵᠢᠩ᠎ᠨᠢ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 7.4 ᠵᠠᠭᠤᠨ᠎ᠤ ᠬᠤᠪᠢ ᠵᠢᠨ ᠴᠡᠭ ᠳᠡᠭᠡᠭᠰᠢᠯᠡᠪᠡ᠃ ᠰᠢᠨ᠎ᠡ ᠡᠨᠧᠷᠭᠢ ᠵᠢᠨ ᠮᠠᠰᠢᠨ ᠴᠣᠭᠴᠠᠯᠠᠪᠤᠷᠢ ᠵᠢᠨ ᠪᠠᠭᠲᠠᠭ᠋ᠠᠮᠵᠢ ᠵᠢᠨ ᠲᠦᠷᠭᠡᠨ ᠨᠡᠮᠡᠭᠳᠡᠯ᠎ᠤᠨ ᠳᠠᠶ᠋ᠢᠴᠢᠯᠠᠯᠲᠠ ᠳᠤᠤᠷ᠎ᠠ᠂ ᠨᠣᠭᠣᠭ᠋ᠠᠨ ᠴᠠᠬᠢᠯᠭ᠋ᠠᠨ᠎ᠤ ᠡᠵᠡᠯᠡᠬᠦ ᠬᠠᠷᠢᠴᠠᠯ ᠲᠣᠭᠲᠠᠭᠤᠨ ᠵᠶ᠋ᠠᠷ ᠳᠡᠭᠡᠭᠰᠢᠯᠡᠵᠦ᠂ ᠴᠠᠬᠢᠯᠭ᠋ᠠᠨ ᠬᠦᠴᠦᠨ᠎ᠤ ᠪᠦᠲᠦᠴᠡ ᠦᠷᠭᠦᠯᠵᠢᠯᠡᠨ ᠰᠢᠯᠢᠳᠡᠭᠵᠢᠪᠡ᠃ ᠨᠢᠭᠡᠳᠦᠭᠡᠷ ᠤᠯᠠᠷᠢᠯ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠰᠢᠨ᠎ᠡ ᠡᠨᠧᠷᠭᠢ ᠵᠢᠨ ᠴᠠᠬᠢᠯᠭ᠋ᠠᠨ ᠭᠠᠷᠭ᠋ᠠᠭᠰᠠᠨ ᠬᠡᠮᠵᠢᠶ᠎ᠡ 426.5 ᠳ᠋ᠦᠩᠰᠢᠭᠤᠷ ᠺᠢᠯᠤᠸᠠᠲ ᠴᠠᠭ᠎ᠲᠤ ᠬᠦᠷᠴᠦ᠂ ᠪᠥᠬᠥ ᠴᠠᠬᠢᠯᠭ᠋ᠠᠨ ᠭᠠᠷᠭ᠋ᠠᠭᠰᠠᠨ ᠬᠡᠮᠵᠢᠶ᠎ᠡ ᠵᠢᠨ 21.9% ᠵᠢ ᠡᠵᠡᠯᠡᠪᠡ᠃ ᠡᠭᠦᠨ᠎ᠳᠤ᠂ ᠰᠠᠯᠬᠢᠨ ᠬᠦᠴᠦᠨ ᠵᠶ᠋ᠠᠷ ᠴᠠᠬᠢᠯᠭ᠋ᠠᠨ ᠭᠠᠷᠭ᠋ᠠᠭᠰᠠᠨ ᠬᠡᠮᠵᠢᠶ᠎ᠡ 372.1 ᠳ᠋ᠦᠩᠰᠢᠭᠤᠷ ᠺᠢᠯᠤᠸᠠᠲ ᠴᠠᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 12.9% ᠨᠡᠮᠡᠭᠳᠡᠪᠡ; ᠨᠡᠷᠡᠨ᠎ᠤ ᠡᠨᠧᠷᠭᠢ ᠵᠢᠨ ᠴᠠᠬᠢᠯᠭ᠋ᠠᠨ ᠭᠠᠷᠭ᠋ᠠᠯᠲᠠ ᠵᠢᠨ ᠬᠡᠮᠵᠢᠶ᠎ᠡ 49.9 ᠳ᠋ᠦᠩᠰᠢᠭᠤᠷ ᠺᠢᠯᠤᠸᠠᠲ ᠴᠠᠭ᠎ᠲᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 12.6% ᠨᠡᠮᠡᠭᠳᠡᠪᠡ᠃
ᠳᠥᠷᠪᠡ᠎ᠳᠤ᠂ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠪᠣᠶ᠋ᠢᠵᠢᠭᠤᠯᠵᠤ ᠠᠵᠤ ᠠᠬᠤᠶ ᠵᠢᠨ ᠬᠥᠭᠵᠢᠯᠲᠡ᠎ᠳᠤ ᠠᠮᠢᠵᠢᠷᠠᠯ᠎ᠤᠨ ᠬᠦᠴᠦᠨ ᠨᠡᠮᠡᠷᠢᠯᠡᠪᠡ ᠃ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ ᠪᠣᠯ ᠶᠡᠷᠦᠩᠬᠡᠢ ᠱᠦᠵᠢ ᠰᠢ ᠵᠢᠨ ᠫᠢᠩ᠎ᠤᠨ ᠪᠡᠶ᠎ᠡ᠎ᠪᠠᠷ ᠵᠶ᠋ᠠᠨ ᠪᠠᠶ᠋ᠢᠷᠢᠯᠠᠭᠤᠯᠤᠭᠰᠠᠨ ᠶᠡᠬᠡ ᠪᠠᠶ᠋ᠢᠯᠳᠤᠬᠤ ᠪᠤᠳᠤᠯᠭ᠎ᠠ ᠮᠥᠨ᠂ ᠮᠠᠨ᠎ᠤ ᠤᠯᠤᠰ᠎ᠤᠨ ᠠᠵᠤ ᠠᠬᠤᠢ ᠵᠢᠨ ᠬᠥᠭᠵᠢᠯᠲᠡ ᠵᠢᠨ ᠦᠷᠢᠰᠦᠯᠳᠦᠬᠦ ᠬᠦᠴᠦᠨ᠎ᠢ ᠳᠡᠭᠡᠭᠰᠢᠯᠡᠭᠦᠯᠬᠦ ᠠᠩᠬᠠᠨ᠎ᠤ ᠰᠢᠳᠠᠷ᠎ᠠ ᠮᠥᠨ᠃ ᠣᠳᠣᠬᠠᠨ᠎ᠳᠤ᠂ ᠪᠥᠬᠥ ᠣᠷᠣᠨ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠪᠣᠶ᠋ᠢᠵᠢᠭᠤᠯᠬᠤ ᠵᠢ ᠳᠡᠭᠡᠳᠦ ᠬᠡᠮᠵᠢᠶ᠎ᠡ᠎ᠪᠠᠷ ᠴᠢᠬᠤᠯᠠᠴᠢᠯᠠᠵᠤ᠂ ᠶᠠᠭ ᠲᠣᠰ ᠪᠡᠶ᠎ᠡ ᠵᠢᠨ ᠣᠯᠠᠨ ᠳᠠᠪᠬᠤᠷ ᠳᠠᠪᠠᠭᠤᠯᠢᠭ᠎ᠲᠠᠭᠠᠨ ᠲᠦᠰᠢᠭᠯᠡᠨ᠂ ᠲᠡᠮᠦᠷᠯᠢᠭ᠂ ᠬᠢᠮᠢ ᠵᠢᠨ ᠠᠵᠤ ᠦᠢ᠍ᠯᠡᠳᠪᠦᠷᠢ ᠵᠡᠷᠭᠡ ᠤᠯᠠᠮᠵᠢᠯᠠᠯᠲᠤ ᠠᠵᠤ ᠦᠢ᠍ᠯᠡᠰ᠎ᠢ ᠥᠭᠡᠷᠡᠴᠢᠯᠡᠨ ᠲᠠᠰ ᠳᠡᠪᠰᠢᠭᠦᠯᠬᠦ ᠵᠢ
ᠲᠦᠷᠭᠡᠳᠬᠡᠵᠦ᠂ ᠰᠢᠨ᠎ᠡ ᠡᠨᠧᠷᠭᠢ᠂ ᠰᠢᠨ᠎ᠡ ᠮᠠᠲ᠋ᠧᠷᠢᠶᠠᠯ ᠵᠡᠷᠭᠡ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠢ ᠪᠣᠶ᠋ᠢᠵᠢᠭᠤᠯᠤᠨ ᠪᠤᠵᠠᠭ᠋ᠠᠶ᠋ᠢᠷᠠᠭᠤᠯᠵᠤ᠂ ᠵᠣᠬᠢᠶᠠᠮᠠᠯ ᠣᠶᠤᠨ ᠴᠢᠳᠠᠪᠤᠷᠢ᠂ ᠰᠢᠨ᠎ᠡ ᠬᠡᠯᠪᠡᠷᠢ ᠵᠢᠨ ᠨᠥᠭᠡᠴᠡ ᠡᠨᠧᠷᠭᠢ ᠵᠡᠷᠭᠡ ᠢᠷᠡᠭᠡᠳᠦᠶ ᠵᠢᠨ ᠠᠵᠤ ᠦᠢ᠍ᠯᠡᠰ᠎ᠢ ᠲᠥᠯᠥᠪᠵᠢᠭᠦᠯᠦᠨ ᠪᠠᠶ᠋ᠢᠷᠢᠰᠢᠭᠤᠯᠵᠤ ᠪᠠᠶ᠋ᠢᠨ᠎ᠠ᠃ ᠨᠢᠭᠡ ᠲᠠᠯ᠎ᠠ᠎ᠪᠠᠷ᠂ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠪᠡᠯᠡ ᠣᠷᠣᠭᠤᠯᠤᠯᠲᠠ᠎ᠨᠢ ᠬᠥᠭᠵᠢᠯᠲᠡ ᠵᠢᠨ 《ᠰᠢᠨ᠎ᠡ ᠬᠥᠳᠡᠯᠭᠡᠬᠦ ᠡᠨᠧᠷᠭᠢ》 ᠵᠢ ᠪᠤᠢ ᠪᠣᠯᠭ᠋ᠠᠪᠠ᠃ ᠣᠶ᠋ᠢᠷ᠎ᠠ ᠵᠢᠨ ᠵᠢᠯ᠎ᠤᠨ ᠲᠤᠷᠰᠢ᠂ ᠪᠥᠬᠥ ᠣᠷᠣᠨ᠎ᠤ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠪᠠᠯᠠ ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠯ᠎ᠤᠨ ᠪᠠᠶ᠋ᠢᠳᠠᠯ ᠵᠶ᠋ᠠᠨ ᠪᠠᠲᠤᠯᠠᠭᠰᠠᠭ᠋ᠠᠷ ᠢᠷᠡᠵᠡᠶ᠃ ᠨᠢᠭᠡᠳᠦᠭᠡᠷ ᠤᠯᠠᠷᠢᠯ᠎ᠳᠤ᠂ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠪᠠᠯᠠ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 22.7%᠎ᠪᠠᠷ ᠨᠡᠮᠡᠭᠳᠡᠵᠦ᠂ ᠪᠥᠬᠥ ᠪᠠᠯᠠ ᠣᠷᠣᠭᠤᠯᠤᠯᠲᠠ ᠵᠢᠨ 27.1% ᠵᠢ ᠡᠵᠡᠯᠡᠵᠦ᠂ ᠪᠥᠬᠥ ᠪᠠᠯᠠ ᠣᠷᠣᠭᠤᠯᠤᠯᠲᠠ ᠵᠢᠨ ᠨᠡᠮᠡᠭᠳᠡᠯ᠎ᠳᠤ ᠦᠵᠡᠭᠦᠯᠦᠭᠰᠡᠨ ᠬᠤᠪᠢ ᠨᠡᠮᠡᠷᠢ ᠵᠢᠨ ᠨᠣᠷᠮ᠎ᠠ᠎ᠨᠢ 20.9% ᠪᠣᠯᠵᠠᠶ᠃ ᠡᠭᠦᠨ᠎ᠳᠤ᠂ ᠰᠢᠨ᠎ᠡ ᠡᠨᠧᠷᠭᠢ ᠵᠢᠨ ᠴᠠᠬᠢᠯᠭ᠋ᠠᠨ ᠬᠦᠴᠦᠨ᠎ᠤ ᠪᠠᠯᠠ ᠣᠷᠣᠭᠤᠯᠤᠯᠲᠠ 27.0% ᠵᠶ᠋ᠠᠷ ᠨᠡᠮᠡᠭᠳᠡᠵᠦ᠂ ᠰᠢᠨ᠎ᠡ ᠡᠨᠧᠷᠭᠢ ᠵᠢᠨ ᠲᠣᠨᠣᠭᠯᠠᠯ ᠦᠢ᠍ᠯᠡᠳᠬᠦ ᠦᠢ᠍ᠯᠡᠰ᠎ᠤᠨ ᠪᠠᠯᠠ ᠣᠷᠣᠭᠤᠯᠤᠯᠲᠠ 17.3%᠎ᠪᠠᠷ ᠨᠡᠮᠡᠭᠳᠡᠪᠡ᠃ ᠨᠥᠭᠥᠭᠡ ᠲᠠᠯ᠎ᠠ᠎ᠪᠠᠷ᠂ ᠠᠵᠤ ᠦᠢ᠍ᠯᠡᠳᠪᠦᠷᠢ ᠵᠢᠨ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ ᠬᠥᠭᠵᠢᠯᠲᠡ ᠵᠢᠨ 《ᠰᠢᠨ᠎ᠡ ᠳᠠᠪᠠᠭᠤᠯᠢᠭ》᠎ᠢ ᠪᠣᠶ ᠪᠣᠯᠭ᠋ᠠᠪᠠ᠃ ᠨᠢᠭᠡᠳᠦᠭᠡᠷ ᠤᠯᠠᠷᠢᠯ᠎ᠳᠤ᠂ ᠪᠦᠬᠦ ᠣᠷᠣᠨ᠎ᠤ ᠪᠠᠶ᠋ᠢᠯᠳᠤᠬᠤ ᠪᠤᠳᠤᠯᠭ᠎ᠠ ᠵᠢᠨ ᠴᠢᠨᠠᠷᠲᠠᠢ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠂ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ ᠵᠡᠷᠭᠡ ᠥᠨᠳᠥᠷ ᠨᠡᠮᠡᠯᠲᠡ ᠦᠷᠳᠡᠭ᠎ᠲᠠᠢ ᠠᠵᠤ ᠦᠢ᠍ᠯᠡᠰ᠎ᠤᠨ ᠬᠥᠭᠵᠢᠯᠲᠡ ᠵᠢᠨ ᠪᠠᠶ᠋ᠢᠳᠠᠯ ᠨᠡᠯᠢᠶᠡᠳ ᠰᠠᠢ᠍ᠢ᠍ᠨ ᠪᠠᠶ᠋ᠢᠨ᠎ᠠ᠃ ᠢᠯᠠᠩᠭᠤᠶ᠎ᠠ ᠲᠣᠨᠣᠭᠯᠠᠯ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ᠎ᠤᠨ ᠨᠡᠮᠡᠭᠳᠡᠯ᠎ᠤᠨ ᠬᠤᠷᠳᠤᠴᠠ 55.8%᠎ᠳᠤ ᠬᠦᠷᠴᠦ᠂ ᠬᠣᠪᠣᠷ ᠰᠢᠷᠣᠶ ᠵᠢᠨ ᠠᠵᠤ ᠦᠢ᠍ᠯᠡᠰ᠎ᠤᠨ ᠨᠡᠮᠡᠭᠳᠡᠯ ᠥᠷᠲᠡᠭ 52.0% ᠵᠶ᠋ᠠᠷ ᠨᠡᠮᠡᠭᠳᠡᠪᠡ᠃ ᠡᠭᠦᠨ᠎ᠤ ᠬᠠᠮᠲᠤ᠂ ᠬᠡᠷᠡᠭᠯᠡᠭᠡᠨ᠎ᠤ ᠰᠢᠨ᠎ᠡ ᠡᠵᠡᠩᠨᠡᠯᠲᠡ ᠵᠢᠨ ᠬᠡᠯᠪᠡᠷᠢ ᠪᠠᠶ᠋ᠢᠳᠠᠯ᠎ᠨᠢ ᠬᠥᠭᠵᠢᠯᠲᠡ ᠵᠢᠨ 《ᠰᠢᠨ᠎ᠡ ᠳᠠᠯᠳᠠ ᠬᠦᠴᠦᠨ》᠎ᠢ ᠤᠯᠠᠮ ᠨᠢᠭᠡ ᠠᠯᠬᠤᠮ ᠪᠠᠳᠠᠷᠠᠭᠤᠯᠪᠠ᠃ ᠣᠶ᠋ᠢᠷ᠎ᠠ ᠵᠢᠨ ᠵᠢᠯ᠎ᠤᠨ ᠲᠤᠷᠰᠢ᠂ ᠪᠥᠬᠥ ᠣᠷᠣᠨ᠎ᠤ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠭᠰᠠᠨ ᠲᠣᠭ᠎ᠠ ᠨᠡᠯᠢᠶᠡᠳ ᠥᠨᠳᠥᠷ ᠨᠡᠮᠡᠭᠳᠡᠯ᠎ᠤᠨ ᠬᠤᠷᠳᠤᠴᠠ᠎ᠪᠠᠨ ᠪᠠᠲᠤᠯᠠᠵᠤ᠂ ᠡᠨᠡ ᠵᠢᠯ᠎ᠤᠨ ᠨᠢᠭᠡᠳᠦᠭᠡᠷ ᠤᠯᠠᠷᠢᠯ᠎ᠳᠤ ᠠᠳᠠᠯᠢ ᠬᠤᠭᠤᠴᠠᠭ᠋ᠠᠨ᠎ᠤ᠎ᠬᠢ᠎ᠠᠴᠠ 24.1%᠎ᠪᠠᠷ ᠨᠡᠮᠡᠭᠳᠡᠪᠡ᠃ ᠡᠭᠦᠨ᠎ᠳᠤ᠂ ᠪᠣᠳᠠᠲᠤ ᠲᠠᠸᠠᠷ᠎ᠤᠨ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠭᠰᠠᠨ ᠲᠣᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 23.6%᠎ᠪᠠᠷ ᠨᠡᠮᠡᠭᠳᠡᠵᠦ᠂ ᠪᠥᠬᠥ ᠬᠣᠷᠰᠢᠶ᠎ᠠ ᠵᠢᠨ ᠵᠢᠵᠢᠭᠯᠡᠨ ᠬᠤᠳᠠᠯᠳᠤᠭᠰᠠᠨ ᠲᠣᠭ᠎ᠠ ᠵᠢᠨ ᠳᠣᠲᠣᠷ᠎ᠠ ᠡᠵᠡᠯᠡᠬᠦ ᠬᠤᠪᠢ ᠵᠢᠨ ᠵᠢᠩ᠎ᠨᠢ ᠨᠢᠳᠤᠨᠤᠨ᠎ᠤ ᠠᠳᠠᠯᠢ ᠬᠤᠭᠤᠴᠠᠭ᠋ᠠᠨ᠎ᠤ 7.3% ᠪᠠᠶ᠋ᠢᠭᠰᠠᠨ᠎ᠠᠴᠠ᠎ᠪᠠᠨ 8.4% ᠪᠣᠯᠵᠣ ᠳᠡᠭᠡᠭᠰᠢᠯᠡᠪᠡ᠃ ᠬᠡᠷᠡᠭᠯᠡᠭᠡᠨ᠎ᠤ ᠰᠢᠨ᠎ᠡ ᠡᠵᠡᠩᠨᠡᠯᠲᠡ ᠵᠢᠨ ᠬᠡᠯᠪᠡᠷᠢ ᠪᠠᠶ᠋ᠢᠳᠠᠯ᠎ᠤᠨ ᠦᠷᠭᠦᠯᠵᠢᠯᠡᠨ ᠰᠠᠶ᠋ᠢᠵᠢᠷᠠᠬᠤ᠎ᠨᠢ ᠪᠥᠬᠥ ᠣᠷᠣᠨ᠎ᠤ ᠬᠡᠷᠡᠭᠯᠡᠭᠡᠨ᠎ᠤ ᠵᠠᠬ᠎ᠠ ᠳᠡᠯᠭᠡᠭᠦᠷ᠎ᠤᠨ ᠤᠯᠠᠮ ᠨᠢᠭᠡ ᠠᠯᠬᠤᠮ ᠬᠥᠭᠵᠢᠶᠡᠨᠲᠡᠶ ᠪᠣᠯᠬᠤ᠎ᠳᠤ ᠬᠥᠳᠡᠯᠭᠡᠬᠦ ᠬᠦᠴᠦᠨ ᠨᠡᠮᠡᠷᠢᠯᠡᠪᠡ᠃
ᠶᠡᠷᠦᠩᠬᠡᠶ᠎ᠳᠤᠨᠢ ᠠᠪᠴᠤ ᠦᠵᠡᠪᠡᠯ᠂ ᠨᠢᠭᠡᠳᠦᠭᠡᠷ ᠤᠯᠠᠷᠢᠯ᠎ᠳᠤ ᠪᠥᠬᠥ ᠣᠷᠣᠨ᠎ᠤ ᠠᠵᠤ ᠠᠬᠤᠶ ᠰᠠᠶ᠋ᠢᠨ ᠰᠠᠶ᠋ᠢᠬᠠᠨ ᠡᠬᠢᠯᠡᠯᠲᠡ᠎ᠲᠠᠢ ᠪᠣᠯᠵᠣ᠂ ᠪᠥᠬᠥ ᠵᠢᠯ᠎ᠤᠨ ᠬᠠᠷᠠᠯᠲᠠ ᠡᠭᠦᠷᠭᠡ ᠵᠢ ᠪᠡᠶᠡᠯᠡᠭᠦᠯᠬᠦ᠎ᠳᠤ ᠪᠠᠲᠤ ᠪᠠᠬᠢ ᠰᠠᠭᠤᠷᠢ ᠵᠢ ᠲᠠᠯᠪᠢᠪᠠ᠃ ᠡᠭᠦᠨ᠎ᠤ ᠬᠠᠮᠲᠤ᠂ ᠭᠠᠳᠠᠭ᠋ᠠᠳᠤ ᠣᠷᠴᠢᠨ ᠮᠥᠨ ᠬᠦ᠌ ᠬᠦᠨᠳᠦ ᠬᠡᠴᠡᠭᠦᠦ ᠨᠠᠷᠢᠨ ᠪᠤᠳᠤᠯᠢᠶᠠᠨᠲᠠᠶ ᠪᠠᠶ᠋ᠢᠵᠤ᠂ ᠤᠯᠤᠰ᠎ᠤᠨ ᠳᠣᠲᠣᠭ᠋ᠠᠳᠤ ᠵᠢᠨ ᠬᠡᠷᠡᠭᠴᠡᠭᠡ ᠬᠦᠷᠦᠯᠴᠡᠬᠦ ᠥᠬᠡᠶ ᠪᠠᠶ᠋ᠢᠬᠤ ᠵᠡᠷᠭᠡ ᠠᠰᠠᠭᠤᠳᠠᠯ᠎ᠢ ᠬᠠᠷᠠᠬᠠᠨ ᠪᠦᠷᠢᠮᠦᠰᠦᠨ ᠰᠢᠢ᠍ᠳᠪᠦᠷᠢᠯᠡᠭᠡᠳᠦᠢ ᠪᠠᠶ᠋ᠢᠵᠤ᠂ ᠪᠥᠬᠥ ᠣᠷᠣᠨ᠎ᠤ ᠠᠵᠤ ᠠᠬᠤᠶ ᠵᠢᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ᠎ᠳᠤ ᠮᠥᠨ ᠬᠦ᠌ ᠴᠥᠭᠡᠨ ᠪᠤᠰᠤ ᠬᠦᠴᠢᠷ ᠠᠰᠠᠭᠤᠳᠠᠯ᠎ᠢ ᠰᠢᠢ᠍ᠳᠪᠦᠷᠢᠯᠡᠬᠦ ᠴᠢᠬᠤᠯᠠᠲᠠᠶ ᠪᠠᠶ᠋ᠢᠵᠤ᠂ ᠶᠡᠬᠡ ᠬᠡᠮᠵᠢᠶᠡᠨ᠎ᠤ ᠬᠠᠲᠠᠭᠤᠵᠢᠯᠲᠠᠶ ᠨᠠᠷᠢᠯᠢᠭ ᠠᠵᠢᠯ ᠬᠢᠬᠦ ᠴᠢᠬᠤᠯᠠᠲᠠᠶ ᠪᠠᠶ᠋ᠢᠬᠤ ᠵᠢ ᠰᠡᠷᠭᠡᠭ ᠵᠶ᠋ᠠᠷ ᠣᠯᠵᠤ ᠬᠠᠷᠠᠬᠤ ᠬᠡᠷᠡᠭᠲᠡᠶ᠃ ᠲᠠᠷᠠᠭ᠋ᠠᠴᠢ ᠵᠢᠨ ᠠᠯᠬᠤᠮ᠎ᠳᠤ᠂ ᠰᠢ ᠵᠢᠨ ᠫᠢᠩ ᠨᠥᠬᠥᠷ ᠵᠶ᠋ᠠᠷ ᠭᠤᠤᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠳᠠᠭ᠋ᠠᠭᠤᠯᠭ᠎ᠠ ᠳᠤᠤᠷ᠎ᠠ᠂ ᠪᠥᠬᠥ ᠣᠷᠣᠨ ᠳᠠᠶᠠᠭ᠋ᠠᠷ ᠵᠶ᠋ᠠᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠡᠯ᠎ᠡ ᠵᠦᠢ᠍ᠯ᠎ᠤᠨ ᠠᠵᠢᠯ᠎ᠤᠨ ᠭᠤᠤᠯ ᠰᠢᠵᠢᠮ ᠪᠣᠯᠭ᠋ᠠᠬᠤ ᠵᠢ ᠪᠠᠷᠢᠮᠲᠠᠯᠠᠵᠤ᠂ ᠠᠵᠤ ᠠᠬᠤᠶ ᠵᠢᠨ ᠪᠥᠲᠥᠭᠡᠨ ᠪᠠᠶ᠋ᠢᠭᠤᠯᠤᠯᠲᠠ ᠭᠡᠬᠦ ᠡᠨᠡ ᠬᠦ᠌ ᠭᠤᠤᠯ ᠠᠵᠢᠯ ᠪᠣᠯᠤᠨ ᠴᠢᠨᠠᠷ ᠰᠠᠶ᠋ᠢᠲᠠᠶ ᠬᠥᠭᠵᠢᠯᠲᠡ ᠭᠡᠬᠦ ᠡᠨᠡ ᠬᠦ᠌ ᠲᠡᠷᠢᠭᠦᠨ ᠴᠢᠬᠤᠯᠠ ᠡᠭᠦᠷᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠬᠣᠶᠠᠷ ᠶᠡᠬᠡ ᠶᠠᠪᠤᠳᠠᠯ᠎ᠢ ᠪᠥᠬᠥ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ᠂ ᠰᠡᠳᠬᠢᠯ ᠵᠶ᠋ᠠᠨ ᠨᠢᠭᠡᠳᠬᠡᠨ ᠬᠦᠴᠦ᠎ᠪᠠᠨ ᠬᠠᠮᠲᠤᠳᠬᠠᠵᠤ ᠰᠢᠨ᠎ᠡ ᠵᠠᠮ ᠨᠡᠭᠡᠭᠡᠵᠦ᠂ ᠳᠤᠮᠳᠠ ᠲᠦᠪᠰᠢᠨ᠎ᠳᠤ ᠤᠷᠤᠭᠰᠢᠯᠠᠨ᠂ ᠠᠵᠤ ᠠᠬᠤᠶ ᠵᠢᠨ ᠶᠠᠰᠤ ᠴᠢᠨᠠᠷ᠎ᠤᠨ ᠪᠦᠲᠦᠮᠵᠢᠲᠡᠶ ᠳᠡᠭᠡᠭᠰᠢᠯᠡᠯᠲᠡ ᠪᠣᠯᠤᠨ ᠬᠡᠮᠵᠢᠶᠡᠨ᠎ᠤ ᠵᠣᠬᠢᠰᠲᠠᠶ ᠨᠡᠮᠡᠭᠳᠡᠯ᠎ᠢ ᠴᠢᠷᠮᠠᠶ᠋ᠢᠨ ᠠᠬᠢᠭᠤᠯᠵᠤ᠂ ᠨᠠᠩ ᠭᠣᠶ᠋ᠢᠳᠠ ᠰᠠᠶ᠋ᠢᠬᠠᠨ ᠳᠤᠮᠳᠠᠳᠤ ᠤᠯᠤᠰ᠎ᠤᠨ ᠣᠨᠴᠠᠯᠢᠭ᠎ᠲᠠᠢ ᠣᠳᠣᠬᠢᠴᠢᠯᠠᠭᠰᠠᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠲᠠᠰᠤᠷᠠᠯᠲᠠ ᠥᠬᠡᠶ ᠪᠢᠴᠢᠭᠯᠡᠬᠦ ᠬᠡᠷᠡᠭᠲᠡᠶ᠃ ᠪᠠᠶᠠᠷᠯᠠᠯ᠎ᠠ᠃
ᠠᠷᠠᠳ᠎ᠤᠨ ᠰᠦᠯᠵᠢᠶᠡᠨ᠎ᠤ ᠰᠤᠷᠪᠤᠯᠵᠢᠯᠠᠭᠴᠢ᠄ ᠥᠭᠦᠯᠡᠭᠴᠢ ᠲᠠ ᠰᠠᠶ᠋ᠢᠨ ᠦᠦ᠃ ᠲᠠᠨ᠎ᠤ ᠰᠠᠶᠢ ᠵᠢᠨ ᠨᠡᠶ᠋ᠢᠲᠡᠯᠡᠭᠰᠡᠨ ᠲᠣᠭ᠎ᠠ ᠪᠠᠷᠢᠮᠲᠠ᠎ᠠᠴᠠ ᠪᠢᠳᠡ᠂ ᠡᠨᠡ ᠵᠢᠯ᠎ᠤᠨ ᠨᠢᠭᠡᠳᠦᠭᠡᠷ ᠤᠯᠠᠷᠢᠯ᠎ᠳᠤ ᠮᠠᠨ᠎ᠤ ᠣᠷᠣᠨ᠎ᠤ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ 30%᠎ᠠᠴᠠ ᠳᠡᠭᠡᠭᠰᠢᠬᠢ ᠲᠦᠷᠭᠡᠨ ᠨᠡᠮᠡᠭᠳᠡᠯ᠎ᠢ ᠪᠡᠶᠡᠯᠡᠭᠦᠯᠵᠦ᠂ 2022 ᠣᠨ᠎ᠤ ᠡᠬᠢᠨ᠎ᠠᠴᠠ ᠨᠠᠭ᠋ᠠᠰᠢᠬᠢ ᠬᠣᠶᠠᠷ ᠣᠷᠣᠨᠲᠤ ᠲᠣᠭ᠋ᠠᠨ᠎ᠤ ᠲᠦᠷᠭᠡᠨ ᠨᠡᠮᠡᠭᠳᠡᠯ᠎ᠤᠨ ᠪᠠᠶ᠋ᠢᠳᠠᠯ᠎ᠢ ᠪᠠᠲᠤᠯᠠᠪᠠ᠃ ᠮᠠᠨ᠎ᠤ ᠣᠷᠣᠨ᠎ᠤ ᠪᠡᠯᠡ ᠣᠷᠣᠭᠤᠯᠤᠯᠲᠠ ᠵᠢᠨ ᠥᠨᠳᠥᠷ ᠨᠡᠮᠡᠭᠳᠡᠯ᠎ᠢ ᠲᠤᠯᠭ᠋ᠠᠭᠤᠷᠢᠯᠠᠬᠤ ᠭᠣᠣᠯ ᠡᠯᠧᠮᠧᠨ᠋ᠲ ᠶᠠᠭᠤ ᠶᠠᠭᠤ ᠪᠠᠶ᠋ᠢᠬᠤ ᠪᠤᠢ?
ᠪᠠᠶᠠᠷᠯᠠᠯ᠎ᠠ᠃

ᠸᠠᠩ ᠴᠤᠸᠠᠨ ᠵᠢᠩ᠄ ᠲᠠᠨ᠎ᠤ ᠠᠰᠠᠭᠤᠭᠰᠠᠨ᠎ᠳᠤ ᠪᠠᠶᠠᠷᠯᠠᠯ᠎ᠠ᠃ ᠨᠢᠭᠡᠳᠦᠭᠡᠷ ᠤᠯᠠᠷᠢᠯ᠎ᠳᠤ᠂ ᠪᠥᠬᠥ ᠣᠷᠣᠨ᠎ᠤ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ ᠵᠢᠨ ᠨᠡᠮᠡᠭᠳᠡᠯ᠎ᠤᠨ ᠬᠤᠷᠳᠤᠴᠠ 31.5% ᠪᠠᠶ᠋ᠢᠵᠤ᠂ ᠬᠣᠶᠠᠷ ᠣᠷᠣᠨᠲᠤ ᠲᠣᠭ᠎ᠠ ᠵᠢᠨ ᠨᠡᠮᠡᠭᠳᠡᠯ᠎ᠤᠨ ᠪᠠᠶ᠋ᠢᠳᠠᠯ ᠵᠶ᠋ᠠᠨ ᠦᠷᠭᠦᠯᠵᠢᠯᠡᠭᠦᠯᠪᠡ᠃ ᠮᠠᠨ᠎ᠤ ᠣᠷᠣᠨ᠎ᠤ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ ᠵᠢᠨ ᠨᠡᠮᠡᠭᠳᠡᠯ᠎ᠤᠨ ᠬᠤᠷᠳᠤᠴᠠ ᠭᠤᠷᠪᠠᠨ ᠵᠢᠯ ᠳᠠᠷᠠᠭ᠋ᠠᠯᠠᠨ ᠥᠨᠳᠥᠷ ᠨᠡᠮᠡᠭᠳᠡᠯ᠎ᠤᠨ ᠬᠠᠨᠳᠤᠰᠢ᠎ᠪᠠᠨ ᠪᠠᠲᠤᠯᠠᠭᠰᠠᠨ ᠭᠤᠤᠯ ᠬᠦᠴᠦᠨ ᠵᠦᠢ᠍ᠯ᠎ᠤᠨ ᠲᠤᠬᠠᠶ ᠪᠢ 《ᠳᠥᠷᠪᠡᠨ ᠬᠦᠴᠦᠳᠡᠢ》᠎ᠪᠠᠷ ᠬᠤᠷᠢᠶᠠᠩᠭᠤᠶ᠋ᠢᠯᠠᠶᠠ᠃
ᠨᠢᠭᠡ᠎ᠳᠤ᠂ ᠬᠣᠯᠪᠣᠭᠳᠠᠯ ᠪᠥᠬᠥᠶ ᠲᠥᠷᠥ ᠵᠢᠨ ᠪᠣᠳᠣᠯᠭ᠎ᠠ ᠵᠢᠨ ᠳᠡᠮᠵᠢᠯᠭᠡ 《ᠬᠦᠴᠦᠲᠡᠶ》 ᠪᠠᠶ᠋ᠢᠨ᠎ᠠ᠃ 《ᠥᠪᠥᠷ ᠮᠣᠩᠭᠣᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠲᠤᠬᠠᠶ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠠᠨᠠᠯ》᠎ᠢ ᠳᠠᠷᠤᠮᠠᠯᠯᠠᠨ ᠲᠠᠷᠬᠠᠭ᠋ᠠᠭᠰᠠᠨ᠎ᠠᠴᠠ ᠨᠠᠭ᠋ᠠᠰᠢ᠂ ᠣᠷᠣᠨ ᠳᠠᠶᠠᠭ᠋ᠠᠷ ᠵᠶ᠋ᠠᠨ ᠴᠢᠬᠤᠯᠠ ᠶᠡᠬᠡ ᠲᠥᠷᠥ ᠵᠢᠨ ᠪᠣᠳᠣᠯᠭ᠎ᠠ ᠵᠢᠨ ᠠᠵᠠ ᠲᠣᠬᠢᠶᠠᠯ᠎ᠢ ᠠᠮᠵᠢᠨ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢ ᠠᠬᠢᠭᠤᠯᠵᠤ᠂ ᠥᠪᠥᠷ ᠮᠣᠩᠭᠣᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠪᠠ᠃ ᠤᠯᠤᠰ᠎ᠤᠨ ᠬᠠᠮᠢᠶ᠎ᠠ ᠪᠥᠬᠥᠶ ᠶᠠᠮᠤᠨ ᠵᠥᠪᠯᠡᠯ 《ᠰᠠᠨᠠᠯ》᠎ᠤᠨ ᠢᠵᠢ ᠪᠥᠷᠢᠳᠦᠭᠦᠯᠬᠦ ᠲᠥᠷᠥ ᠵᠢᠨ ᠪᠣᠳᠣᠯᠭ᠎ᠠ ᠵᠢ ᠨᠡᠶ᠋ᠢᠲᠡᠯᠡᠵᠦ᠂ ᠥᠪᠥᠷ ᠮᠣᠩᠭᠣᠯ᠎ᠤᠨ ᠪᠠᠯᠠ ᠣᠷᠣᠭᠤᠯᠤᠯᠲᠠ ᠪᠥᠲᠥᠭᠡᠨ ᠪᠠᠶ᠋ᠢᠭᠤᠯᠤᠯᠲᠠ᠎ᠳᠤ ᠲᠥᠷᠥ ᠵᠢᠨ ᠪᠣᠳᠣᠯᠭ᠎ᠠ᠂ ᠪᠠᠯᠠ ᠮᠥᠩᠭᠥ᠂ ᠲᠥᠷᠥᠯ ᠵᠦᠢ᠍ᠯ᠂ ᠮᠡᠷᠭᠡᠵᠢᠯ᠎ᠤᠨ ᠳᠡᠮᠵᠢᠯᠭᠡ ᠦᠵᠡᠭᠦᠯᠪᠡ᠃ ᠡᠭᠦᠨ᠎ᠤ ᠬᠠᠮᠲᠤ᠂ ᠮᠠᠨ᠎ᠤ ᠣᠷᠣᠨ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠦᠷᠭᠦᠯᠵᠢᠯᠡᠨ ᠰᠢᠯᠢᠳᠡᠭᠵᠢᠭᠦᠯᠵᠦ᠂ ᠵᠠᠰᠠᠭ᠎ᠤᠨ ᠣᠷᠳᠣᠨ᠎ᠤ ᠦᠢ᠍ᠯᠡᠴᠢᠯᠡᠭᠡᠨ᠎ᠤ ᠦᠷ᠎ᠡ ᠪᠦᠲᠦᠮᠵᠢ ᠵᠢ ᠬᠦᠴᠦᠯᠡᠨ ᠳᠡᠭᠡᠭᠰᠢᠯᠡᠭᠦᠯᠵᠦ᠂ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠰᠢᠯᠢᠳᠡᠭᠵᠢᠭᠦᠯᠬᠦ 4.0 ᠬᠡᠪᠯᠡᠯ᠎ᠤᠨ ᠲᠥᠰᠦᠯ᠎ᠢ ᠨᠡᠶ᠋ᠢᠲᠡᠯᠡᠵᠦ᠂ ᠬᠤᠳᠠᠯᠳᠤᠭ᠋ᠠᠴᠢᠨ᠎ᠢ ᠠᠮᠤᠷᠵᠢᠭᠤᠯᠤᠨ ᠬᠤᠳᠠᠯᠳᠤᠭ᠋ᠠᠴᠢᠨ᠎ᠢ ᠳᠣᠲᠣᠨᠣᠴᠢᠯᠠᠵᠤ ᠬᠤᠳᠠᠯᠳᠤᠭ᠋ᠠᠴᠢᠨ᠎ᠢ ᠪᠠᠶᠠᠵᠢᠭᠤᠯᠬᠤ ᠲᠥᠷᠥᠯ ᠵᠦᠢ᠍ᠯ᠎ᠢ ᠮᠠᠨ᠎ᠤ ᠣᠷᠣᠨ᠎ᠳᠤ ᠲᠦᠷᠭᠡᠳᠬᠡᠨ ᠨᠠᠶ᠋ᠢᠳᠠᠪᠤᠷᠢᠵᠢᠭᠤᠯᠵᠤ ᠠᠰᠢᠭᠯᠠᠯᠲᠠ᠎ᠳᠤ ᠣᠷᠣᠭᠤᠯᠬᠤ ᠵᠢ ᠠᠬᠢᠭᠤᠯᠪᠠ᠃ ᠨᠢᠭᠡᠳᠦᠭᠡᠷ ᠤᠯᠠᠷᠢᠯ᠎ᠳᠤ᠂ ᠪᠥᠬᠥ ᠣᠷᠣᠨ᠎ᠤ ᠬᠤᠳᠠᠯᠳᠤᠭ᠋ᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢ᠍ᠯ᠎ᠤᠨ ᠪᠠᠯᠠ ᠣᠷᠣᠭᠤᠯᠤᠯᠲᠠ ᠵᠢᠨ ᠪᠥᠬᠥ ᠣᠷᠣᠨ᠎ᠤ ᠪᠠᠯᠠ ᠣᠷᠣᠭᠤᠯᠤᠯᠲᠠ᠎ᠳᠠᠬᠢ ᠡᠵᠡᠯᠡᠬᠦ ᠬᠤᠪᠢ ᠵᠢᠨ ᠵᠢᠩ 57.1%᠎ᠳᠤ ᠬᠦᠷᠴᠦ᠂ ᠪᠠᠯᠠ ᠣᠷᠣᠭᠤᠯᠤᠯᠲᠠ ᠵᠢᠨ ᠲᠦᠷᠭᠡᠨ ᠨᠡᠮᠡᠭᠳᠡᠯ᠎ᠢ ᠪᠠᠲᠤᠯᠠᠬᠤ᠎ᠳᠤ ᠴᠢᠬᠤᠯᠠ ᠬᠥᠳᠡᠯᠭᠡᠬᠦ ᠬᠦᠴᠦᠨ ᠬᠠᠩᠭ᠋ᠠᠪᠠ᠃
ᠬᠣᠶᠠᠷ᠎ᠲᠤ᠂ ᠴᠢᠬᠤᠯᠠ ᠶᠡᠬᠡ ᠲᠦᠷᠦᠯ ᠵᠦᠢ᠍ᠯ᠎ᠤᠨ ᠲᠤᠯᠭ᠋ᠠᠭᠤᠷᠢᠯᠠᠯ 《ᠬᠦᠴᠦᠲᠡᠢ》 ᠪᠠᠢ᠌ᠨ᠎ᠠ᠃ ᠣᠶ᠋ᠢᠷ᠎ᠠ ᠵᠢᠨ ᠵᠢᠯ᠎ᠤᠳ᠎ᠲᠤ᠂ ᠪᠥᠬᠥ ᠣᠷᠣᠨ ᠳᠠᠶᠠᠭ᠋ᠠᠷ ᠪᠥᠬᠥ ᠬᠦᠴᠦᠨ ᠵᠶ᠋ᠠᠷ ᠵᠶ᠋ᠠᠨ ᠲᠥᠷᠥᠯ ᠵᠦᠢ᠍ᠯ᠎ᠢ ᠠᠳᠬᠤᠵᠤ᠂ ᠬᠤᠳᠠᠯᠳᠤᠭ᠋ᠠᠴᠢᠨ ᠤᠷᠢᠵᠤ ᠪᠠᠯᠠ ᠣᠷᠣᠭᠤᠯᠬᠤ 《ᠬᠦᠴᠦᠷᠬᠡᠭ ᠬᠥᠳᠡᠯᠭᠡᠭᠦᠷ》᠎ᠢ ᠪᠣᠶ ᠪᠣᠯᠭ᠋ᠠᠵᠤ᠂ ᠰᠢᠨ᠎ᠡ ᠡᠨᠧᠷᠭᠢ᠂ ᠣᠲᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ᠂ ᠲᠣᠨᠣᠭ ᠲᠥᠬᠥᠭᠡᠷᠦᠮᠵᠢ ᠦᠢ᠍ᠯᠡᠳᠬᠦ ᠵᠡᠷᠭᠡ ᠬᠦᠷᠢᠶᠡᠨ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠪᠠᠯᠠ ᠣᠷᠣᠭᠤᠯᠤᠯᠲᠠ ᠵᠢ ᠣᠨᠣᠪᠴᠢᠲᠠᠶ ᠪᠥᠭᠡᠳ ᠪᠦᠲᠦᠮᠵᠢᠲᠡᠶ ᠥᠷᠭᠡᠳᠬᠡᠵᠦ᠂ ᠴᠢᠨᠠᠷ ᠰᠠᠶ᠋ᠢᠲᠠᠶ ᠬᠥᠭᠵᠢᠯᠲᠡ᠎ᠳᠤ ᠬᠦᠴᠦᠲᠡᠶ ᠲᠤᠯᠭ᠋ᠠᠭᠤᠷᠢᠯᠠᠯ ᠬᠠᠩᠭ᠋ᠠᠪᠠ᠃ ᠨᠢᠭᠡᠳᠦᠭᠡᠷ ᠤᠯᠠᠷᠢᠯ᠎ᠳᠤ᠂ ᠪᠥᠬᠥ ᠣᠷᠣᠨ᠎ᠤ ᠳ᠋ᠦᠩᠰᠢᠭᠤᠷ ᠲᠥᠭᠥᠷᠢᠭ᠎ᠠᠴᠠ ᠳᠡᠭᠡᠭᠰᠢᠬᠢ ᠪᠠᠷᠢᠯᠭ᠎ᠠ ᠵᠢᠨ ᠲᠥᠷᠥᠯ ᠵᠦᠢ᠍ᠯ 1250 ᠪᠠᠶ᠋ᠢᠵᠤ᠂ 2022 ᠣᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ ᠲᠣᠰ ᠲᠣᠰ 188 ᠪᠠ 318 ᠨᠡᠮᠡᠭᠳᠡᠵᠡᠶ; ᠪᠠᠯᠠ ᠣᠷᠣᠭᠤᠯᠤᠯᠲᠠ ᠵᠢ ᠠᠳᠠᠯᠢ ᠬᠤᠭᠤᠴᠠᠭ᠋ᠠᠨ᠎ᠤ᠎ᠬᠢ᠎ᠠᠴᠠ 37.7%᠎ᠪᠠᠷ ᠪᠡᠶᠡᠯᠡᠭᠦᠯᠵᠦ᠂ ᠪᠥᠬᠥ ᠪᠠᠯᠠ ᠣᠷᠣᠭᠤᠯᠤᠯᠲᠠ ᠵᠢᠨ ᠨᠡᠮᠡᠭᠳᠡᠯ᠎ᠤᠨ ᠬᠤᠷᠳᠤᠴᠠ᠎ᠠᠴᠠ 6.2 ᠵᠠᠭᠤᠨ᠎ᠤ ᠬᠤᠪᠢ ᠵᠢᠨ ᠴᠡᠭ ᠥᠨᠳᠥᠷ ᠪᠣᠯᠵᠣ᠂ ᠪᠥᠬᠥ ᠪᠠᠯᠠ ᠣᠷᠣᠭᠤᠯᠤᠯᠲᠠ ᠵᠢ ᠳᠠᠶ᠋ᠢᠴᠢᠯᠠᠨ 29.5 ᠵᠠᠭᠤᠨ᠎ᠤ ᠬᠤᠪᠢ ᠵᠢᠨ ᠴᠡᠭ ᠨᠡᠮᠡᠭᠳᠡᠭᠦᠯᠵᠦ᠂ ᠬᠤᠪᠢ ᠨᠡᠮᠡᠷᠢ ᠦᠵᠡᠭᠦᠯᠦᠭᠰᠡᠨ ᠨᠣᠷᠮ᠎ᠠ᠎ᠨᠢ 93.8%᠎ᠳᠤ
ᠬᠥᠷᠪᠡ᠃
ᠭᠤᠷᠪᠠ᠎ᠳᠤ᠂ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠪᠠᠯᠠ ᠣᠷᠣᠭᠤᠯᠤᠯᠲᠠ 《ᠬᠦᠴᠦᠲᠡᠶ》 ᠨᠡᠮᠡᠭᠳᠡᠪᠡ᠃ ᠣᠶ᠋ᠢᠷ᠎ᠠ ᠵᠢᠨ ᠵᠢᠯ᠎ᠤᠨ ᠲᠤᠷᠰᠢ᠂ ᠮᠠᠨ᠎ᠤ ᠣᠷᠣᠨ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠳᠠᠪᠠᠭᠤᠯᠢᠭ᠎ᠲᠤ ᠲᠦᠰᠢᠭᠯᠡᠨ᠂ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠬᠡᠯᠬᠢᠶ᠎ᠡ ᠵᠢ ᠴᠣᠭᠴᠠᠯᠠᠵᠤ᠂ ᠡᠯᠡᠰᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠬᠡᠷᠡᠯ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢ ᠶᠡᠬᠡ᠎ᠪᠠᠷ ᠠᠬᠢᠭᠤᠯᠵᠤ᠂ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠪᠠᠯᠠ ᠣᠷᠣᠭᠤᠯᠤᠯᠲᠠ ᠲᠦᠷᠭᠡᠨ ᠨᠡᠮᠡᠭᠳᠡᠪᠡ᠃ ᠨᠢᠭᠡᠳᠦᠭᠡᠷ ᠤᠯᠠᠷᠢᠯ᠎ᠳᠤ᠂ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠪᠠᠯᠠ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 22.7%᠎ᠪᠠᠷ ᠨᠡᠮᠡᠭᠳᠡᠵᠦ᠂ ᠪᠥᠬᠥ ᠪᠠᠯᠠ ᠣᠷᠣᠭᠤᠯᠤᠯᠲᠠ᠎ᠳᠤ ᠡᠵᠡᠯᠡᠬᠦ ᠬᠤᠪᠢ ᠵᠢᠨ ᠵᠢᠩ᠎ᠨᠢ 27.1% ᠪᠣᠯᠵᠣ᠂ ᠪᠥᠬᠥ ᠪᠠᠯᠠ ᠣᠷᠣᠭᠤᠯᠤᠯᠲᠠ ᠵᠢᠨ ᠨᠡᠮᠡᠭᠳᠡᠯ᠎ᠢ 6.6 ᠵᠠᠭᠤᠨ᠎ᠤ ᠬᠤᠪᠢ ᠵᠢᠨ ᠴᠡᠭ ᠳᠠᠶ᠋ᠢᠴᠢᠯᠠᠪᠠ᠃ ᠰᠠᠯᠬᠢᠨ ᠬᠦᠴᠦᠨ ᠵᠶ᠋ᠠᠷ ᠴᠠᠬᠢᠯᠭ᠋ᠠᠨ ᠭᠠᠷᠭ᠋ᠠᠬᠤ ᠲᠥᠷᠥᠯ ᠵᠦᠢ᠍ᠯ᠎ᠨᠢ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠪᠠᠶ᠋ᠢᠷᠢᠰᠢᠭᠤᠯᠤᠯᠲᠠ ᠵᠢᠨ ᠭᠤᠤᠯ ᠴᠣᠭᠴᠠ ᠪᠣᠯᠵᠣ᠂ ᠰᠠᠯᠬᠢᠨ ᠬᠦᠴᠦᠨ ᠵᠶ᠋ᠠᠷ ᠴᠠᠬᠢᠯᠭ᠋ᠠᠨ ᠭᠠᠷᠭ᠋ᠠᠬᠤ᠂ ᠨᠡᠷᠡᠨ ᠡᠨᠧᠷᠭᠢ᠎ᠪᠠᠷ ᠴᠠᠬᠢᠯᠭ᠋ᠠᠨ ᠭᠠᠷᠭ᠋ᠠᠬᠤ ᠲᠥᠷᠥᠯ ᠵᠦᠢ᠍ᠯ᠎ᠤᠨ ᠪᠠᠯᠠ ᠣᠷᠣᠭᠤᠯᠤᠯᠲᠠ ᠵᠢᠨ ᠪᠥᠬᠥ ᠣᠷᠣᠨ᠎ᠤ ᠰᠢᠨ᠎ᠡ ᠡᠨᠧᠷᠭᠢ ᠵᠢᠨ ᠪᠠᠯᠠ ᠣᠷᠣᠭᠤᠯᠤᠯᠲᠠ᠎ᠳᠤ ᠡᠵᠡᠯᠡᠬᠦ ᠬᠤᠪᠢ ᠵᠢᠨ ᠵᠢᠩ᠎ᠨᠢ ᠶᠢᠰᠦᠨ ᠬᠤᠪᠢ ᠵᠢ ᠳᠠᠪᠠᠵᠤ᠂ ᠠᠳᠠᠯᠢ ᠬᠤᠭᠤᠴᠠᠭ᠋ᠠᠨ᠎ᠤ᠎ᠬᠢ᠎ᠠᠴᠠ 15.9%᠎ᠪᠠᠷ ᠨᠡᠮᠡᠭᠳᠡᠪᠡ᠃
ᠳᠥᠷᠪᠡ᠎ᠳᠤ᠂ ᠠᠵᠤ ᠦᠢ᠍ᠯᠡᠳᠪᠦᠷᠢ ᠵᠢᠨ ᠪᠡᠯᠡ ᠣᠷᠣᠭᠤᠯᠤᠯᠲᠠ ᠵᠢᠨ ᠳᠠᠢ᠌ᠴᠢᠯᠠᠯ 《ᠬᠦᠴᠦᠳᠡᠢ》 ᠪᠠᠢ᠌ᠨ᠎ᠠ᠃ ᠪᠥᠬᠥ ᠣᠷᠣᠨ᠎ᠤ ᠭᠤᠤᠯᠳᠠᠯᠭ᠎ᠠ᠎ᠲᠠᠢ ᠠᠵᠤ ᠦᠢ᠍ᠯᠡᠰ᠎ᠤᠨ ᠬᠡᠯᠬᠢᠶ᠎ᠡ ᠵᠢᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ᠂ ᠦᠢ᠍ᠯᠡᠳᠬᠦ ᠦᠢ᠍ᠯᠡᠰ᠎ᠤᠨ ᠮᠡᠷᠭᠡᠵᠢᠯ᠎ᠤᠨ ᠥᠭᠡᠷᠡᠴᠢᠯᠡᠯᠲᠡ ᠲᠠᠰ ᠳᠡᠪᠰᠢᠬᠦ ᠵᠢ ᠲᠦᠷᠭᠡᠳᠬᠡᠨ ᠬᠡᠷᠡᠭᠵᠢᠭᠦᠯᠵᠦ᠂ ᠪᠠᠯᠠ ᠣᠷᠣᠭᠤᠯᠤᠯᠲᠠ ᠵᠢᠨ ᠪᠦᠲᠦᠴᠡ ᠵᠢ ᠤᠯᠠᠮ ᠨᠢᠭᠡ ᠠᠯᠬᠤᠮ ᠰᠢᠯᠢᠳᠡᠭᠵᠢᠭᠦᠯᠪᠡ᠃ ᠨᠢᠭᠡᠳᠦᠭᠡᠷ ᠤᠯᠠᠷᠢᠯ᠎ᠳᠤ᠂ ᠪᠥᠬᠥ ᠣᠷᠣᠨ᠎ᠤ ᠠᠵᠤ ᠦᠢ᠍ᠯᠡᠳᠪᠦᠷᠢ ᠵᠢᠨ ᠪᠠᠯᠠ ᠣᠷᠣᠭᠤᠯᠤᠯᠲᠠ ᠠᠳᠠᠯᠢ ᠬᠤᠭᠤᠴᠠᠭ᠋ᠠᠨ᠎ᠤ᠎ᠬᠢ᠎ᠠᠴᠠ 35.3%᠎ᠪᠠᠷ
ᠨᠡᠮᠡᠭᠳᠡᠵᠦ᠂ ᠪᠥᠬᠥ ᠪᠠᠯᠠ ᠣᠷᠣᠭᠤᠯᠤᠯᠲᠠ ᠵᠢᠨ ᠨᠡᠮᠡᠭᠳᠡᠯ᠎ᠤᠨ ᠬᠤᠷᠳᠤᠴᠠ᠎ᠠᠴᠠ 3.8 ᠵᠠᠭᠤᠨ᠎ᠤ ᠬᠤᠪᠢ ᠵᠢᠨ ᠴᠡᠭ ᠥᠨᠳᠥᠷ ᠪᠣᠯᠵᠣ᠂ ᠪᠥᠬᠥ ᠪᠠᠯᠠ ᠣᠷᠣᠭᠤᠯᠤᠯᠲᠠ᠎ᠳᠤ ᠡᠵᠡᠯᠡᠬᠦ ᠬᠤᠪᠢ ᠵᠢᠨ ᠵᠢᠩ᠎ᠨᠢ 68.7% ᠪᠣᠯᠵᠣ᠂ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 1.9 ᠵᠠᠭᠤᠨ᠎ᠤ ᠬᠤᠪᠢ ᠵᠢᠨ ᠴᠡᠭ ᠳᠡᠭᠡᠭᠰᠢᠯᠡᠵᠦ᠂ ᠪᠥᠬᠥ ᠪᠠᠯᠠ ᠣᠷᠣᠭᠤᠯᠤᠯᠲᠠ ᠵᠢᠨ ᠨᠡᠮᠡᠭᠳᠡᠯ᠎ᠢ 23.6 ᠵᠠᠭᠤᠨ᠎ᠤ ᠬᠤᠪᠢ ᠵᠢᠨ ᠴᠡᠭ ᠳᠠᠶ᠋ᠢᠴᠢᠯᠠᠪᠠ᠃ ᠢᠯᠠᠩᠭᠤᠶ᠎ᠠ ᠦᠢ᠍ᠯᠡᠳᠬᠦ ᠦᠢ᠍ᠯᠡᠰ᠎ᠤᠨ ᠪᠡᠯᠡ ᠣᠷᠣᠭᠤᠯᠤᠯᠲᠠ ᠵᠢᠨ ᠡᠵᠡᠯᠡᠬᠦ ᠬᠠᠷᠢᠴᠠᠯ ᠦᠷᠭᠦᠯᠵᠢᠯᠡᠨ ᠨᠡᠮᠡᠭᠳᠡᠪᠡ᠃ ᠨᠢᠭᠡᠳᠦᠭᠡᠷ ᠤᠯᠠᠷᠢᠯ᠎ᠳᠤ᠂ ᠦᠢ᠍ᠯᠡᠳᠬᠦ ᠦᠢ᠍ᠯᠡᠰ᠎ᠤᠨ ᠪᠠᠯᠠ ᠣᠷᠣᠭᠤᠯᠤᠯᠲᠠ ᠵᠢᠨ ᠪᠥᠬᠥ ᠣᠷᠣᠨ᠎ᠤ ᠠᠵᠤ ᠦᠢ᠍ᠯᠡᠳᠪᠦᠷᠢ ᠵᠢᠨ ᠪᠠᠯᠠ ᠣᠷᠣᠭᠤᠯᠤᠯᠲᠠ᠎ᠳᠤ ᠡᠵᠡᠯᠡᠬᠦ ᠬᠤᠪᠢ ᠵᠢᠨ ᠵᠢᠩ᠎ᠨᠢ 54.9% ᠪᠠᠶ᠋ᠢᠵᠤ᠂ ᠲᠣᠰ ᠲᠣᠰ 2022 ᠣᠨ ᠪᠠ 2022 ᠣᠨ᠎ᠤ ᠠᠳᠠᠯᠢ ᠬᠤᠭᠤᠴᠠᠭ᠋ᠠᠨ᠎ᠤ᠎ᠬᠢ᠎ᠠᠴᠠ 0.8 ᠪᠠ 2.2 ᠵᠠᠭᠤᠨ᠎ᠤ ᠬᠤᠪᠢ ᠵᠢᠨ ᠴᠡᠭ ᠥᠨᠳᠥᠷ ᠪᠣᠯᠵᠣ᠂ ᠪᠥᠬᠥ ᠪᠠᠯᠠ ᠣᠷᠣᠭᠤᠯᠤᠯᠲᠠ ᠵᠢᠨ ᠨᠡᠮᠡᠭᠳᠡᠯ᠎ᠢ 13.5 ᠵᠠᠭᠤᠨ᠎ᠤ ᠬᠤᠪᠢ ᠵᠢᠨ ᠴᠡᠭ ᠳᠠᠶ᠋ᠢᠴᠢᠯᠠᠪᠠ᠃
ᠶᠡᠷᠦᠩᠬᠡᠶ᠎ᠳᠤᠨᠢ ᠠᠪᠴᠤ ᠦᠵᠡᠪᠡᠯ᠂ ᠡᠨᠡ ᠵᠢᠯ᠎ᠤᠨ ᠨᠢᠭᠡᠳᠦᠭᠡᠷ ᠤᠯᠠᠷᠢᠯ᠎ᠳᠤ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ ᠥᠨᠳᠥᠷ ᠰᠠᠭᠤᠷᠢ ᠲᠣᠭ᠋ᠠᠨ ᠳᠡᠭᠡᠷᠡᠬᠢ ᠥᠨᠳᠥᠷ ᠨᠡᠮᠡᠭᠳᠡᠯ᠎ᠢ ᠪᠡᠶᠡᠯᠡᠭᠦᠯᠦᠭᠰᠡᠨ᠎ᠨᠢ ᠬᠢᠯᠪᠠᠷ ᠪᠤᠰᠤ ᠶᠤᠮ᠃ ᠲᠠᠷᠠᠭ᠋ᠠᠴᠢ ᠵᠢᠨ ᠱᠠᠲᠤᠨ᠎ᠳᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ ᠵᠢ ᠥᠷᠭᠡᠳᠬᠡᠬᠦ᠂ ᠠᠷᠠᠳ᠎ᠤᠨ ᠪᠡᠯᠡ ᠣᠷᠣᠭᠤᠯᠤᠯᠲᠠ ᠵᠢᠨ ᠠᠮᠢᠵᠢᠷᠠᠯ᠎ᠤᠨ ᠬᠦᠴᠦᠨ᠎ᠢ ᠬᠥᠭᠵᠢᠭᠡᠬᠦ᠂ ᠲᠦᠷᠦ ᠵᠢᠨ ᠪᠤᠳᠤᠯᠭ᠎ᠠ ᠵᠢ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠠᠬᠢᠭᠤᠯᠬᠤ᠂ ᠴᠢᠬᠤᠯᠠ ᠶᠡᠬᠡ ᠪᠡᠯᠡ ᠣᠷᠣᠭᠤᠯᠤᠯᠲᠠ ᠵᠢᠨ ᠲᠦᠷᠦᠯ ᠵᠦᠢ᠍ᠯ᠎ᠤᠨ ᠪᠦᠳᠦᠭᠡᠨ ᠪᠠᠶ᠋ᠢᠭᠤᠯᠤᠯᠲᠠ ᠵᠢᠨ ᠠᠬᠢᠴᠠ ᠵᠢ ᠲᠦᠷᠭᠡᠳᠬᠡᠬᠦ ᠵᠡᠷᠭᠡ ᠠᠵᠢᠯ᠎ᠢ ᠦᠷᠭᠦᠯᠵᠢᠯᠡᠨ ᠰᠠᠶ᠋ᠢᠲᠤᠷ ᠬᠢᠵᠦ᠂ ᠬᠣᠶᠠᠷ ᠶᠡᠬᠡ ᠶᠠᠪᠤᠳᠠᠯ᠎ᠢ ᠰᠠᠶ᠋ᠢᠲᠤᠷ ᠬᠢᠬᠦ᠂ ᠰᠢᠨ᠎ᠡ ᠵᠠᠮ ᠨᠡᠬᠡᠬᠡᠨ᠂ ᠳᠤᠮᠳᠠ ᠲᠦᠪᠰᠢᠨ᠎ᠳᠤ ᠤᠷᠤᠭᠰᠢᠯᠠᠬᠤ᠎ᠳᠤ ᠴᠢᠬᠤᠯᠠ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠢ᠃ ᠪᠠᠶᠠᠷᠯᠠᠯ᠎ᠠ᠃
ᠰᠢᠨᠬᠤᠸᠠ ᠬᠣᠷᠢᠶᠠᠨ᠎ᠤ ᠰᠤᠷᠪᠤᠯᠵᠢᠯᠠᠭᠴᠢ᠄ ᠥᠭᠦᠯᠡᠭᠴᠢ ᠲᠠ ᠰᠠᠢ᠍ᠢ᠍ᠨ ᠪᠠᠶ᠋ᠢᠨ᠎ᠠ ᠦᠦ᠃ ᠪᠢ ᠥᠭᠦᠯᠡᠭᠴᠢ᠎ᠠᠴᠠ᠂ ᠮᠠᠨ᠎ᠤ ᠣᠷᠣᠨ᠎ᠤ ᠠᠵᠤ ᠠᠬᠤᠶ ᠵᠢᠨ ᠬᠥᠭᠵᠢᠯᠲᠡ ᠵᠢᠨ ᠴᠢᠬᠤᠯᠠ ᠰᠠᠭᠤᠷᠢ ᠪᠣᠯᠬᠤ ᠠᠵᠤ ᠦᠢ᠍ᠯᠡᠳᠪᠦᠷᠢ ᠵᠢᠨ ᠬᠦᠷᠢᠶᠡᠨ᠎ᠳᠤ᠂ ᠨᠢᠭᠡᠳᠦᠭᠡᠷ ᠤᠯᠠᠷᠢᠯ᠎ᠳᠤ ᠶᠠᠮᠠᠷ ᠶᠠᠮᠠᠷ ᠲᠣᠪᠣᠶ᠋ᠢᠮ᠎ᠠ ᠢᠯᠡᠷᠡᠯ᠎ᠲᠠᠢ ᠪᠣᠶ? ᠪᠠᠶᠠᠷᠯᠠᠯ᠎ᠠ᠃

ᠸᠠᠩ ᠴᠤᠸᠠᠨ ᠵᠢᠩ᠄ ᠲᠠᠨ᠎ᠤ ᠠᠰᠠᠭᠤᠭᠰᠠᠨ᠎ᠳᠤ ᠪᠠᠶᠠᠷᠯᠠᠯ᠎ᠠ᠃ ᠨᠢᠭᠡᠳᠦᠭᠡᠷ ᠤᠯᠠᠷᠢᠯ᠎ᠳᠤ᠂ ᠪᠥᠬᠥ ᠣᠷᠣᠨ ᠠᠵᠤ ᠦᠢ᠍ᠯᠡᠰ᠎ᠢ ᠲᠣᠭᠲᠠᠪᠤᠷᠢᠵᠢᠭᠤᠯᠬᠤ᠂ ᠬᠡᠯᠬᠢᠶ᠎ᠡ ᠵᠢ ᠴᠢᠩᠭ᠋ᠠᠳᠬᠠᠬᠤ᠂ ᠬᠥᠳᠡᠯᠭᠡᠬᠦ ᠡᠨᠧᠷᠭᠢ ᠵᠢ ᠪᠣᠶ᠋ᠢᠵᠢᠭᠤᠯᠬᠤ᠎ᠪᠠᠷ ᠬᠦᠴᠦᠯᠡᠵᠦ᠂ ᠠᠵᠤ ᠦᠢ᠍ᠯᠡᠳᠪᠦᠷᠢ ᠵᠢᠨ ᠠᠵᠤ ᠠᠬᠤᠶ ᠵᠢᠨ ᠴᠢᠨᠠᠷ ᠰᠠᠶ᠋ᠢᠲᠠᠶ ᠬᠥᠭᠵᠢᠯᠲᠡ ᠵᠢᠨ ᠰᠠᠭᠤᠷᠢ ᠵᠢ ᠲᠠᠰᠤᠷᠠᠯᠲᠠ ᠥᠬᠡᠶ ᠪᠡᠬᠢᠵᠢᠭᠦᠯᠵᠦ᠂ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠵᠤ᠂ ᠠᠵᠤ ᠦᠢ᠍ᠯᠡᠳᠪᠦᠷᠢ ᠵᠢᠨ ᠠᠵᠤ ᠠᠬᠤᠶ ᠵᠢᠨ ᠲᠣᠭᠲᠠᠭᠤᠨ ᠨᠡᠮᠡᠭᠳᠡᠯ᠎ᠢ ᠪᠡᠶᠡᠯᠡᠭᠦᠯᠪᠡ᠃ ᠠᠵᠤ ᠦᠢ᠍ᠯᠡᠳᠪᠦᠷᠢ ᠵᠢᠨ ᠨᠡᠮᠡᠭᠳᠡᠯ᠎ᠢ ᠲᠤᠯᠭ᠋ᠠᠭᠤᠷᠢᠯᠠᠬᠤ ᠢᠳᠡᠪᠬᠢ ᠬᠦᠴᠦᠨ ᠵᠦᠢ᠍ᠯ ᠭᠣᠣᠯᠳᠠᠭᠤ ᠭᠤᠷᠪᠠᠨ ᠲᠠᠯ᠎ᠠ᠎ᠪᠠᠷ ᠢᠯᠡᠷᠡᠵᠦ ᠪᠠᠶ᠋ᠢᠨ᠎ᠠ᠄
ᠨᠢᠭᠡ᠎ᠳᠤ᠂ ᠦᠢ᠍ᠯᠡᠳᠬᠦ ᠦᠢ᠍ᠯᠡᠰ᠎ᠤᠨ ᠬᠤᠪᠢ ᠨᠡᠮᠡᠷᠢ ᠵᠢᠨ ᠦᠢ᠍ᠯᠡᠳᠦᠯ ᠲᠣᠪᠣᠶ᠋ᠢᠮ᠎ᠠ ᠪᠠᠶ᠋ᠢᠨ᠎ᠠ᠃ ᠨᠢᠭᠡᠳᠦᠭᠡᠷ ᠤᠯᠠᠷᠢᠯ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 12.1%᠎ᠪᠠᠷ ᠨᠡᠮᠡᠭᠳᠡᠵᠦ᠂ 12 ᠰᠠᠷ᠎ᠠ ᠳᠠᠷᠠᠭ᠋ᠠᠯᠠᠨ ᠬᠣᠶᠠᠷ ᠣᠷᠣᠨᠲᠤ ᠲᠣᠭ᠎ᠠ ᠵᠢᠨ ᠨᠡᠮᠡᠭᠳᠡᠯ᠎ᠢ ᠪᠠᠲᠤᠯᠠᠵᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠲᠤ ᠦᠵᠡᠭᠦᠯᠦᠭᠰᠡᠨ ᠬᠤᠪᠢ ᠨᠡᠮᠡᠷᠢ᠎ᠨᠢ 56.9%᠎ᠳᠤ ᠬᠦᠷᠴᠦ᠂ ᠬᠤᠪᠢ ᠨᠡᠮᠡᠷᠢ ᠦᠵᠡᠭᠦᠯᠦᠭᠰᠡᠨ ᠨᠣᠷᠮ᠎ᠠ᠎ᠨᠢ 2023 ᠣᠨ᠎ᠤ 4 ᠰᠠᠷ᠎ᠠ᠎ᠠᠴᠠ ᠨᠠᠰᠢ ᠲᠠᠪᠤᠨ ᠬᠤᠪᠢ᠎ᠠᠴᠠ ᠳᠡᠭᠡᠭᠰᠢ ᠪᠠᠶ᠋ᠢᠬᠤ ᠵᠢ ᠪᠠᠲᠤᠯᠠᠪᠠ᠃ ᠢᠯᠠᠩᠭᠤᠶ᠎ᠠ ᠦᠢ᠍ᠯᠡᠳᠬᠦ ᠦᠢ᠍ᠯᠡᠰ᠎ᠤᠨ 《ᠳᠡᠭᠡᠳᠦ ᠲᠡᠰᠵᠢᠯᠳᠡ》 ᠵᠢ ᠯᠠᠪᠳᠠᠭᠤᠨ ᠵᠶ᠋ᠠᠷ ᠠᠬᠢᠭᠤᠯᠪᠠ᠃ ᠨᠢᠭᠡᠳᠦᠭᠡᠷ ᠤᠯᠠᠷᠢᠯ᠎ᠳᠤ᠂ ᠪᠥᠬᠥ ᠣᠷᠣᠨ᠎ᠤ ᠲᠣᠨᠣᠭᠯᠠᠯ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 55.8%᠎ᠪᠠᠷ ᠨᠡᠮᠡᠭᠳᠡᠵᠦ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ᠎ᠢ 0.9 ᠵᠠᠭᠤᠨ᠎ᠤ ᠬᠤᠪᠢ ᠵᠢᠨ ᠴᠡᠭ ᠳᠠᠶ᠋ᠢᠴᠢᠯᠠᠪᠠ᠃
ᠬᠣᠶᠠᠷ᠎ᠲᠤ᠂ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠤᠨ ᠬᠥᠭᠵᠢᠯᠲᠡ ᠵᠢᠨ ᠬᠠᠨᠳᠤᠰᠢ ᠨᠡᠯᠢᠶᠡᠳ ᠰᠠᠶ᠋ᠢᠨ ᠪᠠᠶ᠋ᠢᠨ᠎ᠠ᠃ ᠪᠦᠬᠦ ᠣᠷᠣᠨ ᠪᠣᠳᠠᠲᠠᠢ᠎ᠠᠴᠠ ᠡᠭᠦᠰᠬᠦ ᠵᠢ ᠪᠠᠷᠢᠮᠲᠠᠯᠠᠵᠤ᠂ ᠠᠵᠠ ᠲᠣᠬᠢᠶᠠᠯ᠎ᠢ ᠠᠮᠵᠢᠵᠤ᠂ ᠡᠬᠢ ᠪᠠᠶᠠᠯᠢᠭ᠎ᠤᠨ ᠤᠤᠭ᠋ᠠᠯ ᠳᠠᠪᠠᠭᠤᠯᠢᠭ ᠵᠶ᠋ᠠᠨ ᠦᠨᠳᠦᠰᠦᠯᠡᠨ ᠭᠠᠵᠠᠷ ᠣᠷᠣᠨ᠎ᠤ ᠪᠠᠶ᠋ᠢᠳᠠᠯ᠎ᠳᠠᠭᠠᠨ ᠲᠤᠬᠢᠷᠠᠭᠤᠯᠵᠤ᠂ ᠰᠢᠨ᠎ᠡ ᠮᠡᠷᠭᠡᠵᠢᠯ ᠵᠶ᠋ᠠᠷ ᠤᠯᠠᠮᠵᠢᠯᠠᠯᠲᠤ ᠠᠵᠤ ᠦᠢ᠍ᠯᠡᠰ᠎ᠢ ᠥᠭᠡᠷᠡᠴᠢᠯᠡᠨ ᠳᠡᠭᠡᠭᠰᠢᠯᠡᠭᠦᠯᠵᠦ᠂ ᠰᠢᠨ᠎ᠡ ᠵᠢ ᠡᠭᠦᠳᠬᠦ ᠡᠷᠴᠢᠮ ᠵᠶ᠋ᠠᠨ ᠴᠢᠩᠭ᠋ᠠᠷᠠᠭᠤᠯᠵᠤ᠂ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ᠎ᠢ ᠪᠣᠶ᠋ᠢᠵᠢᠭᠤᠯᠤᠨ ᠪᠤᠵᠠᠭ᠋ᠠᠢ᠌ᠷᠠᠭᠤᠯᠪᠠ᠃ ᠨᠢᠭᠡᠳᠦᠭᠡᠷ ᠤᠯᠠᠷᠢᠯ᠎ᠳᠤ᠂ ᠪᠥᠬᠥ ᠣᠷᠣᠨ᠎ᠤ ᠣᠲᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠦᠢ᠍ᠯᠡᠰ᠎ᠤᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 7.7% ᠨᠡᠮᠡᠭᠳᠡᠵᠦ᠂ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠰᠢᠨ᠎ᠡ᠎ᠪᠠᠷ ᠮᠠᠨᠳᠤᠭᠰᠠᠨ ᠠᠵᠤ ᠦᠢ᠍ᠯᠡᠰ 9.4% ᠨᠡᠮᠡᠭᠳᠡᠵᠦ᠂ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ 38.3% ᠨᠡᠮᠡᠭᠳᠡᠵᠦ᠂ ᠬᠣᠪᠣᠷ ᠰᠢᠷᠣᠶ ᠵᠢᠨ ᠠᠵᠤ ᠦᠢ᠍ᠯᠡᠰ 52.0% ᠨᠡᠮᠡᠭᠳᠡᠵᠦ᠂ ᠰᠢᠨ᠎ᠡ ᠡᠨᠧᠷᠭᠢ ᠵᠢᠨ ᠲᠣᠨᠣᠭᠯᠠᠯ ᠦᠢ᠍ᠯᠡᠳᠬᠦ ᠦᠢ᠍ᠯᠡᠰ 62.8% ᠨᠡᠮᠡᠭᠳᠡᠵᠦ᠂ ᠴᠥᠮ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠤᠨ ᠳᠤᠮᠳᠠᠴᠢ ᠨᠡᠮᠡᠭᠳᠡᠯ᠎ᠤᠨ ᠬᠤᠷᠳᠤᠴᠠ᠎ᠠᠴᠠ ᠲᠦᠷᠭᠡᠨ ᠪᠣᠯᠵᠠᠶ᠃
ᠭᠤᠷᠪᠠ᠎ᠳᠤ᠂ ᠪᠦᠲᠦᠴᠡ ᠵᠢᠨ ᠲᠣᠬᠢᠷᠠᠭᠤᠯᠤᠯᠲᠠ᠎ᠪᠠᠷ 《ᠪᠣᠬᠢᠷᠲᠤᠯ ᠥᠬᠡᠶ》 ᠬᠥᠭᠵᠢᠯᠲᠡ ᠵᠢ ᠬᠥᠲᠥᠯᠦᠨ ᠲᠠᠭ᠋ᠠᠭᠤᠯᠪᠠ᠃ ᠪᠥᠬᠥ ᠣᠷᠣᠨ ᠪᠣᠬᠢᠷᠲᠤᠯ ᠥᠬᠡᠶ ᠪᠠᠶ᠋ᠢᠬᠤ ᠵᠢ ᠴᠢᠨᠠᠷ ᠰᠠᠶ᠋ᠢᠲᠠᠶ ᠬᠥᠭᠵᠢᠯᠲᠡ ᠵᠢᠨ ᠰᠠᠭᠤᠷᠢ ᠥᠩᠭᠡ ᠪᠣᠯᠭ᠋ᠠᠵᠤ᠂ 《ᠬᠡᠯᠬᠢᠶᠡᠲᠦ ᠰᠡᠳᠬᠢᠬᠦᠶ》᠎ᠪᠠᠷ ᠤᠯᠠᠮᠵᠢᠯᠠᠯᠲᠤ ᠠᠵᠤ ᠦᠢ᠍ᠯᠡᠰ᠎ᠢ ᠲᠣᠬᠢᠷᠠᠭᠤᠯᠤᠨ ᠰᠢᠯᠢᠳᠡᠭᠵᠢᠭᠦᠯᠵᠦ᠂ ᠪᠣᠬᠢᠷᠲᠤᠯ ᠥᠬᠡᠶ ᠪᠣᠯᠭ᠋ᠠᠪᠠ᠃ ᠨᠢᠭᠡᠳᠦᠭᠡᠷ ᠤᠯᠠᠷᠢᠯ᠎ᠳᠤ᠂ ᠪᠥᠬᠥ ᠣᠷᠣᠨ᠎ᠤ ᠨᠡᠭᠦᠷᠡᠰᠦᠨ᠎ᠤ ᠪᠤᠰᠤ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ ᠠᠳᠠᠯᠢ ᠬᠤᠭᠤᠴᠠᠭ᠋ᠠᠨ᠎ᠤ᠎ᠬᠢ᠎ᠠᠴᠠ 11.3%᠎ᠪᠠᠷ ᠨᠡᠮᠡᠭᠳᠡᠵᠦ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ᠎ᠤᠨ ᠬᠤᠷᠳᠤᠴᠠ᠎ᠠᠴᠠ 4.2 ᠵᠠᠭᠤᠨ᠎ᠤ ᠬᠤᠪᠢ ᠵᠢᠨ ᠴᠡᠭ ᠲᠦᠷᠭᠡᠨ ᠪᠣᠯᠪᠠ; ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ᠎ᠳᠤ ᠡᠵᠡᠯᠡᠬᠦ ᠬᠤᠪᠢ ᠵᠢᠨ ᠵᠢᠩ᠎ᠨᠢ 60% ᠵᠢ ᠳᠠᠪᠠᠵᠤ᠂ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 1.8 ᠵᠠᠭᠤᠨ᠎ᠤ ᠬᠤᠪᠢ ᠵᠢᠨ ᠴᠡᠭ ᠳᠡᠭᠡᠭᠰᠢᠯᠡᠪᠡ᠃ ᠬᠡᠪᠴᠢᠶᠡᠵᠢᠯ᠎ᠠᠴᠠ ᠳᠡᠭᠡᠭᠰᠢᠬᠢ ᠰᠢᠨ᠎ᠡ ᠡᠨᠧᠷᠭᠢ ᠵᠢᠨ ᠴᠠᠬᠢᠯᠭ᠋ᠠᠨ ᠭᠠᠷᠭ᠋ᠠᠬᠤ ᠬᠡᠮᠵᠢᠶ᠎ᠡ ᠠᠳᠠᠯᠢ ᠬᠤᠭᠤᠴᠠᠭ᠋ᠠᠨ᠎ᠤ᠎ᠬᠢ᠎ᠠᠴᠠ 12.8%᠎ᠪᠠᠷ ᠨᠡᠮᠡᠭᠳᠡᠵᠦ᠂ ᠬᠡᠪᠴᠢᠶᠡᠵᠢᠯ᠎ᠠᠴᠠ ᠳᠡᠭᠡᠭᠰᠢᠬᠢ ᠴᠠᠬᠢᠯᠭ᠋ᠠᠨ ᠭᠠᠷᠭ᠋ᠠᠬᠤ ᠬᠡᠮᠵᠢᠶ᠎ᠡ ᠵᠢᠨ ᠨᠡᠮᠡᠭᠳᠡᠯ᠎ᠤᠨ ᠬᠤᠷᠳᠤᠴᠠ᠎ᠠᠴᠠ 0.5 ᠵᠠᠭᠤᠨ᠎ᠤ ᠬᠤᠪᠢ ᠵᠢᠨ ᠴᠡᠭ ᠥᠨᠳᠥᠷ ᠪᠣᠯᠵᠣ᠂ ᠪᠥᠬᠥ ᠴᠠᠬᠢᠯᠭ᠋ᠠᠨ ᠭᠠᠷᠭ᠋ᠠᠬᠤ ᠬᠡᠮᠵᠢᠶ᠎ᠡ ᠵᠢᠨ 21.9% ᠵᠢ ᠡᠵᠡᠯᠡᠪᠡ᠃
ᠶᠡᠷᠦᠩᠬᠡᠶ᠎ᠳᠤᠨᠢ ᠠᠪᠴᠤ ᠦᠵᠡᠪᠡᠯ᠂ ᠪᠥᠬᠥ ᠣᠷᠣᠨ᠎ᠤ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ ᠶᠡᠷᠦᠩᠬᠡᠶ᠎ᠳᠡᠭᠡᠨ ᠲᠣᠭᠲᠠᠭᠤᠨ ᠵᠶ᠋ᠠᠷ ᠠᠵᠢᠯᠯᠠᠵᠤ᠂ ᠴᠢᠨᠠᠷ ᠰᠠᠶ᠋ᠢᠲᠠᠶ ᠬᠥᠭᠵᠢᠯᠲᠡ ᠵᠢᠨ ᠬᠠᠨᠳᠤᠰᠢ ᠰᠠᠶ᠋ᠢᠨ ᠪᠠᠶ᠋ᠢᠨ᠎ᠠ᠃ ᠭᠡᠪᠡᠴᠦ᠂ ᠪᠦᠲᠦᠮᠵᠢᠲᠡᠢ ᠬᠡᠷᠡᠭᠴᠡᠭᠡ ᠬᠦᠷᠦᠯᠴᠡᠬᠦ ᠦᠭᠡᠢ᠂ ᠠᠵᠤ ᠠᠬᠤᠶ᠋ᠢᠯᠠᠯ᠎ᠤᠨ ᠡᠵᠡᠩᠨᠡᠯᠲᠡ ᠵᠢᠨ ᠳᠠᠷᠤᠯᠲᠠ ᠵᠡᠷᠭᠡ ᠠᠵᠤ ᠦᠢ᠍ᠯᠡᠳᠪᠦᠷᠢ ᠵᠢᠨ ᠠᠵᠤ ᠠᠬᠤᠢ ᠵᠢᠨ ᠲᠣᠭᠲᠠᠭᠤᠨ ᠨᠡᠮᠡᠭᠳᠡᠯ᠂ ᠲᠦᠷᠭᠡᠨ ᠨᠡᠮᠡᠭᠳᠡᠯ᠎ᠢ ᠬᠢᠵᠠᠭ᠋ᠠᠷᠯᠠᠵᠤ ᠪᠠᠶ᠋ᠢᠭ᠎ᠠ ᠡᠯᠧᠮᠧᠨ᠋ᠲ ᠮᠥᠨ ᠯᠡ ᠣᠷᠣᠰᠢᠵᠤ ᠪᠠᠶ᠋ᠢᠬᠤ ᠵᠢ ᠴᠤ᠌ ᠣᠯᠵᠤ ᠬᠠᠷᠠᠬᠤ ᠬᠡᠷᠡᠭᠲᠡᠢ᠃ ᠲᠠᠷᠠᠭ᠋ᠠᠴᠢ ᠵᠢᠨ ᠱᠠᠲᠤᠨ᠎ᠳᠤ᠂ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠲᠦᠷᠭᠡᠨ ᠪᠣᠶ᠋ᠢᠵᠢᠭᠤᠯᠵᠤ᠂ ᠴᠢᠨᠠᠷ ᠰᠠᠶ᠋ᠢᠲᠠᠢ ᠬᠥᠭᠵᠢᠯᠲᠡ ᠵᠢᠨ ᠱᠠᠭ᠋ᠠᠷᠳᠠᠯᠭ᠎ᠠ ᠵᠢ ᠰᠢᠨ᠎ᠡ ᠬᠡᠯᠪᠡᠷᠢ ᠵᠢᠨ ᠠᠵᠤ ᠦᠢ᠍ᠯᠡᠳᠪᠦᠷᠢᠵᠢᠯᠲᠡ ᠵᠢᠨ ᠪᠦᠬᠦ ᠶᠠᠪᠤᠴᠠ᠎ᠳᠤ ᠲᠤᠭᠤᠰᠢᠯᠠᠭᠤᠯᠵᠤ᠂ ᠠᠵᠤ ᠦᠢ᠍ᠯᠡᠳᠪᠦᠷᠢ ᠵᠢᠨ ᠠᠵᠤ ᠠᠬᠤᠢ ᠵᠢᠨ ᠦᠷᠭᠦᠯᠵᠢᠯᠡᠨ ᠳᠡᠭᠡᠭᠰᠢᠯᠡᠵᠦ ᠰᠠᠶ᠋ᠢᠵᠢᠷᠠᠬᠤ ᠵᠢ ᠠᠬᠢᠭᠤᠯᠬᠤ ᠴᠢᠬᠤᠯᠠᠲᠠᠢ᠃ ᠪᠠᠶᠠᠷᠯᠠᠯ᠎ᠠ᠃
《ᠥᠪᠥᠷ ᠮᠣᠩᠭᠣᠯ᠎ᠤᠨ ᠡᠳᠦᠷ᠎ᠤᠨ ᠰᠣᠨᠢᠨ》᠎ᠤ ᠰᠤᠷᠪᠤᠯᠵᠢᠯᠠᠭᠴᠢ᠄ ᠥᠭᠦᠯᠡᠭᠴᠢ ᠲᠠ ᠰᠠᠢ᠍ᠢ᠍ᠨ ᠦᠦ᠃ ᠡᠨᠡ ᠵᠢᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ᠎ᠳᠤ᠂ ᠠᠷᠭ᠎ᠠ ᠪᠦᠬᠦᠨ᠎ᠢ ᠰᠦᠪᠡᠭᠴᠢᠯᠡᠨ ᠬᠡᠷᠡᠭᠯᠡᠭᠡᠨ᠎ᠤ ᠳᠠᠯᠳᠠ ᠬᠦᠴᠦᠨ᠎ᠢ ᠬᠥᠭᠵᠢᠭᠡᠵᠦ᠂ ᠨᠢᠭᠡᠳᠦᠭᠡᠷ ᠤᠯᠠᠷᠢᠯ᠎ᠤᠨ ᠬᠡᠷᠡᠭᠯᠡᠭᠡᠨ᠎ᠤ ᠪᠠᠶ᠋ᠢᠳᠠᠯ᠎ᠠᠴᠠ ᠦᠵᠡᠪᠡᠯ ᠶᠠᠮᠠᠷ ᠣᠨᠴᠠᠯᠢᠭ᠎ᠲᠠᠢ ᠪᠣᠶ? ᠪᠠᠶᠠᠷᠯᠠᠯ᠎ᠠ᠃

ᠸᠠᠩ ᠴᠤᠸᠠᠨ ᠵᠢᠩ᠄ ᠲᠠᠨ᠎ᠤ ᠠᠰᠠᠭᠤᠭᠰᠠᠨ᠎ᠳᠤ ᠪᠠᠶᠠᠷᠯᠠᠯ᠎ᠠ᠃ ᠡᠨᠡ ᠵᠢᠯ᠎ᠠᠴᠠ ᠨᠠᠰᠢ᠂ ᠪᠥᠬᠥ ᠣᠷᠣᠨ ᠣᠯᠠᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠬᠡᠷᠡᠭᠯᠡᠭᠡ ᠵᠢ ᠦᠷᠭᠦᠯᠵᠢᠯᠡᠨ ᠰᠡᠷᠭᠦᠭᠡᠨ ᠥᠷᠭᠡᠳᠬᠡᠵᠦ᠂ ᠪᠥᠬᠥ ᠣᠷᠣᠨ᠎ᠤ ᠬᠡᠷᠡᠭᠯᠡᠭᠡᠨ᠎ᠤ ᠵᠠᠬ᠎ᠠ ᠳᠡᠯᠭᠡᠭᠦᠷ ᠲᠣᠭᠲᠠᠭᠤᠨ ᠵᠶ᠋ᠠᠷ ᠨᠡᠮᠡᠭᠳᠡᠪᠡ᠃ ᠭᠣᠣᠯᠳᠠᠭᠤ ᠳᠣᠣᠷᠠᠬᠢ ᠮᠡᠲᠦ ᠣᠨᠴᠠᠯᠢᠭ᠎ᠲᠠᠢ᠄
ᠨᠢᠭᠡᠳᠦᠭᠡᠷ᠎ᠲᠤ᠂ ᠬᠡᠷᠡᠭᠯᠡᠭᠡᠨ᠎ᠤ ᠬᠡᠪᠴᠢᠶ᠎ᠡ ᠦᠷᠭᠦᠯᠵᠢᠯᠡᠨ ᠥᠷᠭᠡᠵᠢᠪᠡ ᠃ ᠨᠢᠭᠡᠳᠦᠭᠡᠷ ᠤᠯᠠᠷᠢᠯ᠎ᠳᠤ᠂ ᠪᠥᠬᠥ ᠣᠷᠣᠨ᠎ᠤ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠣᠭ᠎ᠠ 1322.2 ᠳ᠋ᠦᠩᠰᠢᠭᠤᠷ ᠲᠥᠭᠥᠷᠢᠭ᠎ᠲᠤ ᠬᠦᠷᠴᠦ᠂ ᠳᠡᠭᠡᠷ᠎ᠡ ᠵᠢᠯ᠎ᠤᠨ ᠠᠳᠠᠯᠢ ᠬᠤᠭᠤᠴᠠᠭ᠋ᠠᠨ᠎ᠤ᠎ᠬᠢ᠎ᠠᠴᠠ 36.2 ᠳ᠋ᠦᠩᠰᠢᠭᠤᠷ ᠲᠥᠭᠥᠷᠢᠭ ᠨᠡᠮᠡᠭᠳᠡᠪᠡ᠂ ᠡᠨᠡ ᠪᠣᠯ ᠣᠶ᠋ᠢᠷ᠎ᠠ ᠵᠢᠨ ᠲᠠᠪᠤᠨ ᠵᠢᠯ᠎ᠤᠨ ᠨᠢᠭᠡᠳᠦᠭᠡᠷ ᠤᠯᠠᠷᠢᠯ᠎ᠤᠨ ᠬᠠᠮᠤᠭ᠎ᠤᠨ ᠥᠨᠳᠥᠷ ᠲᠦᠪᠰᠢᠨ
ᠪᠣᠯᠤᠨ᠎ᠠ᠃
ᠬᠣᠶᠠᠳᠤᠭ᠋ᠠᠷ᠎ᠲᠤ᠂ ᠦᠨᠳᠦᠰᠦᠨ ᠠᠮᠢᠳᠤᠷᠠᠯ᠎ᠤᠨ ᠲᠦᠷᠦᠯ᠎ᠤᠨ ᠬᠡᠷᠡᠭᠯᠡᠭᠡᠨ᠎ᠤ ᠲᠤᠯᠭ᠋ᠠᠭᠤᠷᠢᠯᠠᠯ ᠬᠦᠴᠦᠲᠡᠢ ᠪᠠᠶ᠋ᠢᠨ᠎ᠠ᠃ ᠨᠢᠭᠡᠳᠦᠭᠡᠷ ᠤᠯᠠᠷᠢᠯ᠎ᠳᠤ᠂ ᠪᠥᠬᠥ ᠣᠷᠣᠨ᠎ᠤ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠠᠮᠤ ᠲᠣᠰᠣ ᠢᠳᠡᠭᠡᠨ ᠤᠮᠳᠠᠭ᠋ᠠᠨ᠂ ᠠᠷᠢᠬᠢ ᠲᠠᠮᠠᠬᠢ ᠵᠢᠨ ᠲᠥᠷᠥᠯ᠎ᠤᠨ ᠵᠢᠵᠢᠭᠯᠡᠨ ᠬᠤᠳᠠᠯᠳᠤᠭᠰᠠᠨ ᠲᠣᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 18.8%᠎ᠪᠠᠷ ᠨᠡᠮᠡᠭᠳᠡᠵᠦ᠂ ᠨᠡᠮᠡᠭᠳᠡᠯ᠎ᠤᠨ ᠬᠤᠷᠳᠤᠴᠠ᠎ᠨᠢ 12 ᠳ᠋ᠤᠭ᠋ᠠᠷ ᠰᠠᠷ᠎ᠠ ᠵᠢᠨ᠎ᠬᠢ᠎ᠠᠴᠠ 0.9 ᠵᠠᠭᠤᠨ᠎ᠤ ᠬᠤᠪᠢ ᠵᠢᠨ ᠴᠡᠭ ᠳᠡᠭᠡᠭᠰᠢᠯᠡᠪᠡ᠃ ᠡᠭᠦᠨ᠎ᠳᠤ᠂ ᠠᠮᠤ ᠲᠣᠰᠣ᠂ ᠢᠳᠡᠭᠡᠨ᠎ᠤ ᠲᠥᠷᠥᠯ 23.2% ᠵᠶ᠋ᠠᠷ ᠨᠡᠮᠡᠭᠳᠡᠵᠦ᠂ ᠤᠮᠳᠠᠭ᠋ᠠᠨ᠎ᠤ ᠲᠥᠷᠥᠯ 21.8%᠎ᠪᠠᠷ ᠨᠡᠮᠡᠭᠳᠡᠪᠡ᠃ ᠦᠨᠳᠦᠰᠦᠨ ᠠᠮᠢᠳᠤᠷᠠᠯ᠎ᠤᠨ ᠲᠥᠷᠥᠯ᠎ᠤᠨ ᠬᠡᠷᠡᠭᠯᠡᠭᠡᠨ᠎ᠢ ᠪᠥᠬᠥ ᠣᠷᠣᠨ᠎ᠤ ᠬᠡᠷᠡᠭᠯᠡᠭᠡᠨ᠎ᠤ ᠵᠦᠢ᠍ᠯ᠎ᠤᠨ ᠵᠠᠬ᠎ᠠ ᠳᠡᠯᠭᠡᠭᠦᠷ᠎ᠤᠨ ᠴᠢᠬᠤᠯᠠ ᠲᠤᠯᠭ᠋ᠠᠭᠤᠷᠢᠯᠠᠯ ᠪᠣᠯᠵᠣ᠂ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠨᠢᠭᠡᠴᠡ ᠵᠢᠨ ᠵᠢᠵᠢᠭᠯᠡᠨ ᠬᠤᠳᠠᠯᠳᠤᠬᠤ ᠲᠣᠭ᠎ᠠ ᠵᠢ ᠳᠠᠶ᠋ᠢᠴᠢᠯᠠᠨ 2.7 ᠵᠠᠭᠤᠨ᠎ᠤ ᠬᠤᠪᠢ ᠵᠢᠨ ᠴᠡᠭ ᠨᠡᠮᠡᠭᠳᠡᠭᠦᠯᠪᠡ᠃
ᠭᠤᠷᠪᠠᠳᠤᠭ᠋ᠠᠷ᠎ᠲᠤ᠂ ᠢᠳᠡᠭᠡᠨ ᠤᠮᠳᠠᠭ᠋ᠠᠨ᠎ᠤ ᠬᠡᠷᠡᠭᠯᠡᠭᠡ ᠵᠢᠨ ᠬᠠᠯᠠᠮᠰᠢᠯ ᠬᠡᠮᠵᠢᠶ᠎ᠡ ᠪᠠᠭᠤᠷᠠᠬᠤ ᠥᠬᠡᠶ᠃ ᠴᠠᠭ᠋ᠠᠨ ᠰᠠᠷ᠎ᠠ᠂ ᠬᠠᠩᠰᠢ ᠵᠢᠨ ᠡᠳᠦᠷ ᠵᠡᠷᠭᠡ ᠠᠮᠠᠷᠠᠯᠲᠠ ᠵᠢᠨ ᠬᠤᠭᠤᠴᠠᠭ᠋ᠠᠨ᠎ᠤ ᠦᠢ᠍ᠯᠡᠳᠦᠯ ᠢᠯᠡᠷᠬᠡᠶ ᠪᠣᠯᠵᠣ᠂ ᠰᠠᠭᠤᠭ᠋ᠠᠯᠢ ᠠᠷᠠᠳ᠎ᠤᠨ ᠭᠠᠳᠠᠭᠰᠢ ᠭᠠᠷᠴᠤ ᠬᠣᠭᠣᠯᠠ ᠢᠳᠡᠬᠦ᠂ ᠵᠤᠭ᠋ᠠᠴᠠᠨ ᠲᠣᠭᠣᠷᠢᠬᠤ ᠶᠠᠪᠤᠳᠠᠯ ᠣᠯᠠᠰᠢᠷᠠᠵᠤ᠂ ᠢᠳᠡᠭᠡᠨ ᠤᠮᠳᠠᠭ᠋ᠠᠨ᠎ᠤ ᠬᠡᠷᠡᠭᠯᠡᠭᠡᠨ᠎ᠤ ᠬᠠᠯᠠᠮᠰᠢᠯ ᠪᠠᠭᠤᠷᠠᠭᠰᠠᠨ ᠥᠬᠡᠶ᠃ ᠨᠢᠭᠡᠳᠦᠭᠡᠷ ᠤᠯᠠᠷᠢᠯ᠎ᠳᠤ᠂ ᠪᠥᠬᠥ ᠣᠷᠣᠨ᠎ᠤ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠢᠳᠡᠭᠡᠨ ᠤᠮᠳᠠᠭ᠋ᠠᠨ᠎ᠤ ᠣᠷᠣᠯᠭ᠎ᠠ 1 - 2 ᠳ᠋ᠤᠭ᠋ᠠᠷ ᠰᠠᠷ᠎ᠠ ᠵᠢᠨ ᠬᠣᠶᠠᠷ ᠣᠷᠣᠨᠲᠤ ᠲᠣᠭ᠎ᠠ ᠵᠢᠨ ᠨᠡᠮᠡᠭᠳᠡᠯ᠎ᠤᠨ ᠪᠠᠶ᠋ᠢᠳᠠᠯ ᠵᠶ᠋ᠠᠨ ᠦᠷᠭᠦᠯᠵᠢᠯᠡᠭᠦᠯᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 16.8%᠎ᠪᠠᠷ ᠨᠡᠮᠡᠭᠳᠡᠪᠡ᠃
ᠳᠥᠷᠪᠡᠳᠦᠭᠡᠷ᠎ᠲᠤ᠂ ᠪᠣᠬᠢᠷᠲᠤᠯ ᠦᠭᠡᠢ ᠬᠡᠷᠡᠭᠯᠡᠭᠡ ᠬᠥᠮᠦᠰ᠎ᠤᠨ ᠰᠡᠳᠬᠢᠯ᠎ᠳᠤ ᠭᠦᠨ ᠬᠠᠳᠠᠩᠰᠢᠪᠠ᠃ ᠨᠢᠭᠡᠳᠦᠭᠡᠷ ᠤᠯᠠᠷᠢᠯ᠎ᠳᠤ᠂ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠵᠢᠵᠢᠭᠯᠡᠨ ᠬᠤᠳᠠᠯᠳᠤᠭᠰᠠᠨ ᠲᠣᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 58.3%᠎ᠪᠠᠷ ᠨᠡᠮᠡᠭᠳᠡᠵᠦ᠂ ᠤᠶᠤᠨᠲᠤ ᠬᠡᠷ᠎ᠤᠨ ᠴᠠᠬᠢᠯᠭ᠋ᠠᠨ ᠬᠡᠷᠡᠭᠰᠡᠯ ᠪᠣᠯᠤᠨ ᠲᠠᠭᠤ ᠳᠦᠷᠰᠦ ᠰᠢᠩᠭᠡᠭᠡᠯᠲᠡ ᠵᠢᠨ ᠪᠠᠭ᠋ᠠᠵᠢ ᠬᠡᠷᠡᠭᠰᠡᠯ ᠠᠳᠠᠯᠢ ᠬᠤᠭᠤᠴᠠᠭ᠋ᠠᠨ᠎ᠤ᠎ᠬᠢ᠎ᠠᠴᠠ 15.7%᠎ᠪᠠᠷ ᠨᠡᠮᠡᠭᠳᠡᠪᠡ᠃ ᠪᠣᠬᠢᠷᠲᠤᠯ ᠦᠭᠡᠢ ᠬᠡᠷᠡᠭᠯᠡᠭᠡᠨ᠎ᠤ ᠰᠢᠨ᠎ᠡ ᠬᠠᠨᠳᠤᠰᠢ᠎ᠨᠢ ᠬᠡᠷᠡᠭᠯᠡᠭᠡᠨ᠎ᠤ ᠵᠠᠬ᠎ᠠ ᠳᠡᠯᠭᠡᠭᠦᠷ᠎ᠲᠤ ᠦᠷᠭᠦᠯᠵᠢᠯᠡᠨ ᠰᠢᠨ᠎ᠡ ᠠᠮᠢᠵᠢᠷᠠᠯ᠎ᠤᠨ ᠬᠦᠴᠦᠨ ᠨᠡᠮᠡᠷᠢᠯᠡᠪᠡ᠃
ᠶᠡᠷᠦᠩᠬᠡᠶ᠎ᠳᠤᠨᠢ ᠠᠪᠴᠤ ᠦᠵᠡᠪᠡᠯ᠂ ᠬᠡᠷᠡᠭᠯᠡᠭᠡ ᠵᠢ ᠠᠬᠢᠭᠤᠯᠬᠤ ᠡᠯ᠎ᠡ ᠲᠥᠷᠥᠯ᠎ᠤᠨ ᠲᠥᠷᠥ ᠵᠢᠨ ᠪᠣᠳᠣᠯᠭ᠎ᠠ ᠵᠢᠨ ᠳᠠᠶ᠋ᠢᠴᠢᠯᠠᠯᠲᠠ ᠳᠤᠤᠷ᠎ᠠ᠂ ᠨᠢᠭᠡᠳᠦᠭᠡᠷ ᠤᠯᠠᠷᠢᠯ᠎ᠳᠤ ᠪᠥᠬᠥ ᠣᠷᠣᠨ᠎ᠤ ᠬᠡᠷᠡᠭᠯᠡᠭᠡᠨ᠎ᠤ ᠵᠠᠬ᠎ᠠ ᠳᠡᠯᠭᠡᠭᠦᠷ ᠲᠣᠭᠲᠠᠭᠤᠨ ᠵᠶ᠋ᠠᠷ ᠰᠡᠷᠭᠦᠵᠦ᠂ ᠬᠡᠷᠡᠭᠯᠡᠭᠡᠨ᠎ᠤ ᠳᠠᠯᠳᠠ ᠬᠦᠴᠦᠨ ᠠᠯᠬᠤᠮ ᠠᠯᠬᠤᠮ ᠵᠶ᠋ᠠᠷ ᠢᠯᠡᠷᠡᠪᠡ᠃ ᠶᠠᠷᠢᠶᠠᠨ ᠦᠭᠡᠢ ᠪᠢᠳᠡ ᠪᠠᠰᠠ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠴᠢᠳᠠᠪᠤᠷᠢ ᠪᠣᠯᠤᠨ ᠢᠲᠡᠭᠡᠯ᠎ᠢ ᠴᠢᠨᠠᠭᠰᠢᠳᠠ ᠳᠡᠭᠡᠭᠰᠢᠯᠡᠭᠦᠯᠬᠦ ᠴᠢᠬᠤᠯᠠᠲᠠᠢ᠂ ᠠᠷᠠᠯᠵᠢᠶ᠎ᠠ ᠬᠤᠳᠠᠯᠳᠤᠭ᠋ᠠᠨ᠎ᠤ ᠠᠵᠤ ᠠᠬᠤᠶ᠋ᠢᠯᠠᠯ᠎ᠤᠨ ᠡᠵᠡᠩᠨᠡᠯᠲᠡ ᠵᠢᠨ ᠪᠠᠶ᠋ᠢᠳᠠᠯ᠎ᠢ ᠰᠠᠶ᠋ᠢᠵᠢᠷᠠᠭᠤᠯᠬᠤ ᠴᠢᠬᠤᠯᠠᠲᠠᠢ ᠪᠠᠶ᠋ᠢᠬᠤ ᠵᠢ ᠠᠩᠬᠠᠷᠬᠤ ᠬᠡᠷᠡᠭᠲᠡᠢ᠃ ᠲᠠᠷᠠᠭ᠋ᠠᠴᠢ ᠵᠢᠨ ᠠᠯᠬᠤᠮ᠎ᠳᠤ᠂ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠴᠢᠳᠠᠪᠤᠷᠢ ᠵᠢ ᠬᠦᠴᠦᠯᠡᠨ ᠳᠡᠭᠡᠭᠰᠢᠯᠡᠭᠦᠯᠵᠦ᠂ ᠬᠡᠷᠡᠭᠯᠡᠭᠡ ᠵᠢ ᠠᠬᠢᠭᠤᠯᠬᠤ ᠲᠥᠷᠥ ᠵᠢᠨ ᠪᠣᠳᠣᠯᠭ᠎ᠠ ᠵᠢᠨ ᠦᠢ᠍ᠯᠡᠳᠦᠯ᠎ᠢ ᠭᠦᠢ᠍ᠴᠡᠳ ᠪᠠᠳᠠᠷᠠᠭᠤᠯᠵᠤ᠂ ᠬᠡᠷᠡᠭᠯᠡᠭᠡᠨ᠎ᠤ ᠨᠡᠮᠡᠭᠳᠡᠯ᠎ᠤᠨ ᠰᠠᠭᠤᠷᠢ ᠵᠢ ᠲᠠᠰᠤᠷᠠᠯᠲᠠ ᠥᠬᠡᠶ ᠪᠡᠬᠢᠵᠢᠭᠦᠯᠵᠦ᠂ ᠬᠡᠷᠡᠭᠯᠡᠭᠡᠨ᠎ᠤ ᠵᠠᠬ᠎ᠠ ᠳᠡᠯᠭᠡᠭᠦᠷ᠎ᠤᠨ ᠦᠷᠭᠦᠯᠵᠢᠯᠡᠨ ᠳᠡᠭᠡᠭᠰᠢᠯᠡᠵᠦ ᠰᠠᠶ᠋ᠢᠵᠢᠷᠠᠬᠤ ᠵᠢ ᠠᠬᠢᠭᠤᠯᠬᠤ ᠬᠡᠷᠡᠭᠲᠡᠶ᠃ ᠪᠠᠶᠠᠷᠯᠠᠯ᠎ᠠ᠃