ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ
ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶᠠᠨ᠎ᠤ ᠥᠪᠥᠷ ᠮᠣᠩᠭᠣᠯ᠎ᠤᠨ ᠪᠠᠶ᠋ᠢᠴᠠᠭ᠋ᠠᠯᠲᠠ ᠵᠢᠨ
ᠶᠡᠷᠦᠩᠬᠡᠶ ᠠᠩᠭᠢ
(2025 ᠣᠨ᠎ᠤ 1 ᠰᠠᠷ᠎ᠠ ᠵᠢᠨ 21᠎ᠤ ᠡᠳᠦᠷ)
2024 ᠣᠨ᠎ᠳᠤ᠂ ᠰᠢ ᠵᠢᠨ ᠫᠢᠩ ᠨᠥᠬᠥᠷ ᠵᠶ᠋ᠠᠷ ᠭᠤᠤᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠪᠦᠬᠦ ᠣᠷᠣᠨ ᠳᠠᠶᠠᠭ᠋ᠠᠷ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠤᠨ ᠬᠣᠷᠢᠳᠤᠭ᠋ᠠᠷ ᠬᠤᠭᠤᠴᠠᠭ᠋ᠠᠨ᠎ᠤ ᠬᠣᠶᠠᠳᠤᠭ᠋ᠠᠷ᠂ ᠭᠤᠷᠪᠠᠳᠤᠭ᠋ᠠᠷ ᠪᠦᠭᠦᠳᠡ ᠬᠤᠷᠠᠯ᠎ᠤᠨ ᠵᠤᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤᠳᠬᠠᠬᠤ ᠠᠵᠢᠯ᠎ᠤᠨ ᠭᠤᠤᠯ ᠰᠢᠵᠢᠮ᠎ᠢ ᠴᠢᠩᠭ᠎ᠠ ᠠᠳᠬᠤᠵᠤ᠂ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠳᠠᠯᠠᠨ᠂ ᠰᠡᠳᠬᠢᠯ ᠵᠶ᠋ᠠᠨ ᠨᠢᠭᠡᠳᠬᠡᠨ ᠬᠦᠴᠦ᠎ᠪᠠᠨ ᠬᠠᠮᠲᠤᠳᠬᠠᠵᠤ 《ᠬᠣᠶᠠᠷ ᠶᠡᠬᠡ ᠶᠠᠪᠤᠳᠠᠯ》᠎ᠢ ᠰᠠᠶ᠋ᠢᠲᠤᠷ ᠬᠢᠵᠦ᠂ 《ᠵᠢᠷᠭᠤᠭ᠋ᠠᠨ ᠢᠨᠵᠧᠨᠧᠷᠢᠩ》᠎ᠢ ᠰᠠᠶ᠋ᠢᠲᠤᠷ ᠠᠳᠬᠤᠨ᠂ ᠬᠠᠳᠠᠭ᠋ᠠᠯᠠᠯᠲᠠ ᠵᠢᠨ ᠬᠡᠮᠵᠢᠶ᠎ᠡ ᠪᠠ ᠨᠡᠮᠡᠭᠳᠡᠯ᠎ᠤᠨ ᠬᠡᠮᠵᠢᠶ᠎ᠡ ᠪᠥᠬᠥᠶ ᠲᠥᠷᠥ ᠵᠢᠨ ᠪᠣᠳᠣᠯᠭ᠎ᠠ ᠵᠢ ᠴᠠᠭ ᠲᠤᠬᠠᠶ᠎ᠳᠤᠨᠢ ᠨᠠᠶ᠋ᠢᠳᠠᠪᠤᠷᠢᠵᠢᠭᠤᠯᠤᠨ ᠬᠡᠷᠡᠭᠵᠢᠬᠦᠯᠵᠦ᠂ ᠪᠥᠬᠥ ᠣᠷᠣᠨ᠎ᠤ ᠠᠵᠤ ᠠᠬᠤᠶ ᠵᠢᠨ ᠠᠵᠢᠯᠯᠠᠭ᠋ᠠᠨ ᠲᠣᠭᠲᠠᠭᠤᠨ᠎ᠤ ᠳᠤᠮᠳᠠ ᠠᠬᠢᠯᠲᠠ᠎ᠲᠠᠢ ᠪᠤᠯᠵᠤ᠂ ᠰᠢᠨ᠎ᠡ ᠵᠡᠮ ᠨᠡᠭᠡᠭᠡᠵᠦ ᠳᠤᠮᠳᠠ ᠲᠦᠪᠰᠢᠨ᠎ᠳᠤ ᠤᠷᠤᠭᠰᠢᠯᠠᠬᠤ ᠪᠤᠲᠠᠲᠠᠢ ᠠᠯᠬᠤᠮ᠎ᠢ ᠠᠯᠬᠤᠪᠠ᠃
ᠤᠷᠤᠨ ᠨᠤᠲᠤᠭ᠎ᠤᠨ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠎ᠤᠨ ᠨᠢᠭᠡᠳᠦᠯᠲᠡᠶ ᠬᠠᠷᠭᠤᠭᠤᠯᠤᠨ ᠪᠤᠳᠤᠭᠰᠠᠨ ᠦᠷ᠎ᠡ ᠳ᠋ᠦᠩ᠎ᠢ ᠦᠨᠳᠦᠰᠦᠯᠡᠪᠡᠯ᠂ 2024 ᠣᠨ᠎ᠳᠤ ᠪᠥᠬᠥ ᠣᠷᠣᠨ᠎ᠤ ᠤᠷᠤᠨ ᠨᠤᠲᠤᠭ᠎ᠤᠨ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ 26314.6 ᠳ᠋ᠦᠩᠰᠢᠭᠤᠷ ᠲᠥᠭᠥᠷᠢᠭ [1]᠎ᠲᠤ ᠬᠦᠷᠴᠦ᠂ ᠥᠯᠥ ᠬᠤᠪᠢᠰᠬᠤ ᠦᠨ᠎ᠡ᠎ᠪᠠᠷ ᠪᠤᠳᠤᠪᠠᠯ᠂ ᠳᠡᠭᠡᠷ᠎ᠡ ᠵᠢᠯ᠎ᠤᠨ᠎ᠬᠢ᠎ᠠᠴᠠ 5.8%᠎ᠪᠠᠷ ᠨᠡᠮᠡᠭᠳᠡᠪᠡ᠃ ᠡᠭᠦᠨ᠎ᠳᠤ᠂ ᠨᠢᠭᠡᠳᠦᠭᠡᠷ ᠠᠵᠤ ᠦᠢ᠍ᠯᠡᠰ᠎ᠤᠨ ᠨᠡᠮᠡᠭᠳᠡᠯ ᠥᠷᠲᠡᠭ 2872.6 ᠳ᠋ᠦᠩᠰᠢᠭᠤᠷ ᠲᠥᠭᠥᠷᠢᠭ᠎ᠲᠤ ᠬᠦᠷᠴᠦ᠂ 5.6%᠎ᠪᠠᠷ ᠨᠡᠮᠡᠭᠳᠡᠪᠡ; ᠬᠣᠶᠠᠳᠤᠭ᠋ᠠᠷ ᠠᠵᠤ ᠦᠢ᠍ᠯᠡᠰ᠎ᠤᠨ ᠨᠡᠮᠡᠭᠳᠡᠯ ᠥᠷᠲᠡᠭ11604 . 4 ᠳ᠋ᠦᠩᠰᠢᠭᠤᠷ ᠲᠥᠭᠥᠷᠢᠭ᠎ᠲᠤ ᠬᠦᠷᠴᠦ᠂ 7.0%᠎ᠪᠠᠷ ᠨᠡᠮᠡᠭᠳᠡᠪᠡ ; ᠭᠤᠷᠪᠠᠳᠤᠭ᠋ᠠᠷ ᠠᠵᠤ ᠦᠢ᠍ᠯᠡᠰ᠎ᠤᠨ ᠨᠡᠮᠡᠭᠳᠡᠯ ᠥᠷᠲᠡᠭ 11837.6 ᠳ᠋ᠦᠩᠰᠢᠭᠤᠷ ᠲᠥᠭᠥᠷᠢᠭ᠎ᠲᠤ ᠬᠦᠷᠴᠦ᠂ 4.9%᠎ᠪᠠᠷ ᠨᠡᠮᠡᠭᠳᠡᠪᠡ᠃
ᠨᠢᠭᠡ᠂ ᠠᠮᠤ ᠪᠤᠳᠠᠭ᠋ᠠᠨ᠎ᠤ ᠤᠨᠠᠯᠲᠠ ᠳᠠᠬᠢᠨᠲᠠ ᠰᠢᠨ᠎ᠡ ᠲᠡᠮᠳᠡᠭᠯᠡᠯ᠎ᠢ ᠡᠭᠦᠳᠴᠦ᠂ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠬᠠᠩᠭ᠋ᠠᠯᠭ᠎ᠠ ᠵᠢ ᠬᠦᠴᠦᠲᠡᠶ ᠪᠠᠲᠤᠯᠠᠪᠠ᠃
ᠠᠮᠤ ᠪᠤᠳᠠᠭ᠋ᠠᠨ᠎ᠤ ᠦᠢ᠍ᠯᠡᠳᠪᠦᠷᠢᠯᠡᠯ ᠰᠢᠨ᠎ᠡ ᠳᠡᠭᠲᠡᠷ᠎ᠲᠤ ᠭᠠᠷᠪᠠ᠃ 2024 ᠣᠨ᠎ᠳᠤ᠂ ᠪᠥᠬᠥ ᠣᠷᠣᠨ᠎ᠤ ᠠᠮᠤ ᠪᠤᠳᠠᠭ᠋ᠠᠨ᠎ᠤ ᠶᠡᠷᠦᠩᠬᠡᠶ ᠤᠨᠠᠯᠲᠠ 820.1 ᠳ᠋ᠦᠩᠰᠢᠭᠤᠷ ᠵᠢᠩ᠎ᠳᠤ ᠬᠦᠷᠴᠦ᠂ ᠠᠩᠬ᠎ᠠ ᠤᠳᠠᠭ᠎ᠠ 800 ᠳ᠋ᠦᠩᠰᠢᠭᠤᠷ ᠵᠢᠩ᠎ᠤᠨ ᠶᠡᠬᠡ ᠪᠣᠭᠣᠮᠲᠠ ᠵᠢ ᠳᠠᠪᠠᠵᠤ᠂ ᠲᠦᠷᠦᠭᠦᠦ ᠵᠢᠯ᠎ᠤᠨ᠎ᠬᠢ᠎ᠠᠴᠠ 3.6%᠎ᠪᠠᠷ ᠨᠡᠮᠡᠭᠳᠡᠪᠡ᠃ ᠪᠥᠬᠥ ᠣᠷᠣᠨ᠎ᠤ ᠠᠮᠤ ᠪᠤᠳᠠᠭ᠎ᠠ ᠳᠠᠷᠢᠬᠤ ᠲᠠᠯᠠᠪᠠᠶ 10517.7 ᠲᠦᠮᠡᠨ ᠮᠥ᠍ ᠪᠠᠶ᠋ᠢᠵᠤ᠂ ᠳᠡᠭᠡᠷ᠎ᠡ ᠵᠢᠯ᠎ᠤᠨ᠎ᠬᠢ᠎ᠠᠴᠠ 40.6 ᠲᠦᠮᠡᠨ ᠮᠥ᠍ ᠨᠡᠮᠡᠭᠳᠡᠪᠡ; ᠠᠮᠤ ᠪᠤᠳᠠᠭ᠋ᠠᠨ᠎ᠤ ᠲᠠᠷᠢᠮᠠᠯ᠎ᠤᠨ ᠲᠠᠯᠠᠪᠠᠢ ᠨᠢᠭᠡᠴᠢ ᠵᠢᠨ ᠤᠨᠠᠯᠲᠠ ᠮᠦ᠍ ᠪᠦᠷᠢ᠎ᠳᠤ 390 ᠺᠢᠯᠣᠭ᠌ᠷᠠᠮ᠎ᠳᠤ ᠬᠦᠷᠴᠦ᠂ ᠲᠦᠷᠦᠭᠦᠦ ᠵᠢᠯ᠎ᠤᠨ᠎ᠬᠢ᠎ᠠᠴᠠ ᠪᠠᠷᠤᠭ 12 ᠺᠢᠯᠣᠭ᠌ᠷᠠᠮ ᠨᠡᠮᠡᠭᠳᠡᠵᠡᠢ᠃ ᠮᠠᠯ ᠠᠵᠤ ᠠᠬᠤᠢ ᠵᠢᠨ ᠦᠢ᠍ᠯᠡᠳᠪᠦᠷᠢᠯᠡᠯ ᠲᠣᠭᠲᠠᠭᠤᠨ ᠵᠶ᠋ᠠᠷ ᠨᠡᠮᠡᠭᠳᠡᠪᠡ᠃ ᠪᠥᠬᠥ ᠣᠷᠣᠨ᠎ᠤ ᠭᠠᠬᠠᠶ ᠦᠬᠡᠷ ᠬᠣᠨᠢ ᠵᠢᠭᠦᠷᠲᠡᠨ᠎ᠤ ᠮᠢᠬᠠᠨ᠎ᠤ ᠭᠠᠷᠤᠯᠲᠠ 300.8 ᠲᠦᠮᠡᠨ ᠲᠣᠨ᠎ᠳᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 5.4%᠎ᠪᠠᠷ ᠨᠡᠮᠡᠭᠳᠡᠪᠡ᠃ ᠡᠭᠦᠨ᠎ᠳᠤ᠂ ᠭᠠᠬᠠᠶ ᠵᠢᠨ ᠮᠢᠬ᠎ᠠ 80.6 ᠲᠦᠮᠡᠨ ᠲᠣᠨ᠂ ᠦᠬᠡᠷ᠎ᠤᠨ ᠮᠢᠬ᠎ᠠ 89.1 ᠲᠦᠮᠡᠨ ᠲᠣᠨ᠂ ᠬᠣᠨᠢᠨ ᠮᠢᠬ᠎ᠠ 105.9 ᠲᠦᠮᠡᠨ ᠲᠣᠨ᠂ ᠵᠢᠭᠦᠷᠲᠡᠨ᠎ᠤ ᠮᠢᠬ᠎ᠠ 25.3 ᠲᠦᠮᠡᠨ ᠲᠣᠨ᠃ ᠪᠥᠬᠥ ᠣᠷᠣᠨ᠎ᠤ ᠰᠠᠭ᠋ᠠᠯᠢ ᠵᠢᠨ ᠦᠨᠢᠶ᠎ᠡ 163.1 ᠲᠦᠮᠡᠨ ᠲᠣᠯᠣᠭ᠋ᠠᠶ ᠪᠠᠶ᠋ᠢᠵᠤ᠂ ᠦᠨᠢᠶᠡᠨ ᠰᠦ ᠵᠢᠨ ᠭᠠᠷᠤᠯᠲᠠ 776.7 ᠲᠦᠮᠡᠨ ᠲᠣᠨ ᠬᠦᠷᠴᠡᠶ᠃ ᠬᠡᠪᠴᠢᠶᠡᠵᠢᠯ᠎ᠠᠴᠠ ᠳᠡᠭᠡᠭᠰᠢᠬᠢ ᠴᠠᠭ᠋ᠠᠨ ᠢᠳᠡᠭᠡᠨ᠎ᠤ ᠭᠠᠷᠤᠯᠲᠠ 461.9 ᠲᠦᠮᠡᠨ ᠲᠣᠨ᠎ᠳᠤ ᠬᠥᠷᠪᠡ᠃
ᠬᠣᠶᠠᠷ᠂ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ ᠲᠣᠭᠲᠠᠭᠤᠨ᠎ᠤ ᠳᠤᠮᠳᠠ ᠶᠠᠰᠤ ᠴᠢᠨᠠᠷ᠎ᠢ ᠳᠡᠭᠡᠭᠰᠢᠯᠡᠭᠦᠯᠵᠦ᠂ ᠰᠢᠨ᠎ᠡ ᠬᠥᠳᠡᠯᠭᠡᠬᠦ ᠡᠨᠧᠷᠭᠢ ᠵᠢᠨ ᠪᠣᠶ᠋ᠢᠵᠢᠯᠲᠠ ᠵᠢ ᠲᠦᠷᠭᠡᠳᠬᠡᠪᠡ᠃
2024 ᠣᠨ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ ᠳᠡᠭᠡᠷ᠎ᠡ ᠵᠢᠯ᠎ᠤᠨ᠎ᠬᠢ᠎ᠠᠴᠠ 6.8%᠎ᠪᠠᠷ ᠨᠡᠮᠡᠭᠳᠡᠪᠡ᠃ ᠭᠤᠷᠪᠠᠨ ᠶᠡᠬᠡ ᠲᠥᠷᠥᠯ ᠵᠶ᠋ᠠᠷ ᠠᠪᠴᠤ ᠦᠵᠡᠪᠡᠯ᠂ ᠠᠭᠤᠷᠬᠠᠶ ᠮᠠᠯᠲᠠᠬᠤ ᠦᠢ᠍ᠯᠡᠰ᠎ᠤᠨ ᠨᠡᠮᠡᠭᠳᠡᠯ ᠥᠷᠲᠡᠭ 4.7%᠎ᠪᠠᠷ ᠨᠡᠮᠡᠭᠳᠡᠵᠦ᠂ ᠦᠢ᠍ᠯᠡᠳᠬᠦ ᠦᠢ᠍ᠯᠡᠰ 9.3%᠎ᠪᠠᠷ ᠨᠡᠮᠡᠭᠳᠡᠵᠦ᠂ ᠴᠠᠬᠢᠯᠭ᠋ᠠᠨ ᠬᠦᠴᠦᠨ᠂ ᠢᠯᠴᠢ᠂ ᠰᠢᠲᠠᠮᠠᠬᠠᠶ ᠬᠡᠶ ᠵᠢᠴᠢ ᠤᠰᠤᠨ᠎ᠤ ᠦᠢ᠍ᠯᠡᠳᠪᠦᠷᠢᠯᠡᠯ ᠪᠠ ᠬᠠᠩᠭ᠋ᠠᠯᠭ᠎ᠠ ᠵᠢᠨ ᠦᠢ᠍ᠯᠡᠰ 8.1%᠎ᠪᠠᠷ ᠨᠡᠮᠡᠭᠳᠡᠪᠡ᠃ ᠠᠵᠤ ᠠᠬᠤᠶ ᠵᠢᠨ ᠲᠥᠷᠥᠯ ᠬᠡᠯᠪᠡᠷᠢ᠎ᠠᠴᠠ᠎ᠨᠢ ᠦᠵᠡᠪᠡᠯ᠂ ᠤᠯᠤᠰ᠎ᠤᠨ ᠥᠮᠴᠢᠯᠡᠯ᠎ᠤᠨ ᠬᠤᠪᠢ ᠡᠵᠡᠮᠳᠡᠭᠰᠡᠨ ᠠᠵᠤ ᠠᠬᠤᠶ᠋ᠢᠯᠠᠯ᠎ᠤᠨ ᠨᠡᠮᠡᠭᠳᠡᠯ ᠥᠷᠲᠡᠭ᠎ᠨᠢ ᠲᠦᠷᠦᠭᠦᠦ ᠵᠢᠯ᠎ᠤᠨ᠎ᠬᠢ᠎ᠠᠴᠠ 5.8%᠎ᠪᠠᠷ ᠨᠡᠮᠡᠭᠳᠡᠵᠡᠶ; ᠬᠤᠪᠢ ᠣᠷᠣᠭᠤᠯᠬᠤ ᠳᠦᠷᠢᠮᠲᠦ ᠠᠵᠤ ᠠᠬᠤᠶ᠋ᠢᠯᠠᠯ 6.8%᠎ᠪᠠᠷ ᠨᠡᠮᠡᠭᠳᠡᠵᠦ᠂ ᠭᠠᠳᠠᠭ᠋ᠠᠳᠤ ᠵᠢᠨ ᠬᠤᠳᠠᠯᠳᠤᠭ᠋ᠠᠴᠢᠨ ᠵᠢᠴᠢ ᠰᠢᠶᠠᠩᠭ᠋ᠠᠩ ᠣᠣᠮᠧᠨ ᠲᠠᠶ᠋ᠢᠸᠠᠨ᠎ᠤ ᠪᠡᠯᠡ ᠣᠷᠣᠭᠤᠯᠤᠭᠰᠠᠨ ᠠᠵᠤ ᠠᠬᠤᠶ᠋ᠢᠯᠠᠯ 5.7%᠎ᠪᠠᠷ ᠨᠡᠮᠡᠭᠳᠡᠪᠡ᠃ ᠰᠢᠨ᠎ᠡ ᠬᠥᠳᠡᠯᠭᠡᠭᠴᠢ ᠡᠨᠧᠷᠭᠢ ᠵᠢᠨ ᠪᠣᠶ᠋ᠢᠵᠢᠭᠤᠯᠤᠯᠲᠠ ᠲᠦᠷᠭᠡᠳᠪᠡ᠃ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠪᠠᠶ᠋ᠢᠯᠳᠤᠬᠤ ᠪᠤᠳᠤᠯᠭ᠎ᠠ ᠵᠢᠨ ᠴᠢᠨᠠᠷᠲᠠᠢ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠤᠨ ᠨᠡᠮᠡᠭᠳᠡᠯ ᠦᠷᠳᠡᠭ ᠲᠦᠷᠦᠭᠦᠦ ᠵᠢᠯ᠎ᠤᠨ᠎ᠬᠢ᠎ᠠᠴᠠ 11.3%᠎ᠪᠠᠷ ᠨᠡᠮᠡᠭᠳᠡᠵᠦ᠂ ᠬᠣᠪᠣᠷ ᠰᠢᠷᠣᠢ ᠵᠢᠨ ᠠᠵᠤ ᠦᠢ᠍ᠯᠡᠰ 39.9%᠎ᠪᠠᠷ ᠨᠡᠮᠡᠭᠳᠡᠵᠦ᠂ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ 29.4%᠎ᠪᠠᠷ ᠨᠡᠮᠡᠭᠳᠡᠵᠦ᠂ ᠲᠣᠨᠣᠭᠯᠠᠯ ᠦᠢ᠍ᠯᠡᠳᠬᠦ ᠦᠢ᠍ᠯᠡᠰ 42.5%᠎ᠪᠠᠷ ᠨᠡᠮᠡᠭᠳᠡᠪᠡ᠃ ᠦᠢ᠍ᠯᠡᠳᠬᠦᠨ᠎ᠢ ᠬᠤᠪᠢᠶᠠᠵᠤ ᠦᠵᠡᠪᠡᠯ᠂ ᠲᠠᠩ ᠲᠠᠯᠠᠰᠲᠤ ᠴᠠᠬᠢᠭᠤᠷ 92.1 ᠲᠦᠮᠡᠨ ᠲᠣᠨ᠎ᠳᠤ ᠬᠦᠷᠴᠦ᠂ 55.2% ᠵᠶ᠋ᠠᠷ ᠨᠡᠮᠡᠭᠳᠡᠪᠡ; ᠤᠯᠠᠨ ᠲᠠᠯᠠᠰᠲᠤ ᠴᠠᠬᠢᠭᠤᠷ 87.8 ᠲᠦᠮᠡᠨ ᠲᠣᠨ᠎ᠳᠤ ᠬᠦᠷᠴᠦ᠂ 98.3%᠎ᠪᠠᠷ ᠨᠡᠮᠡᠭᠳᠡᠪᠡ; ᠬᠣᠪᠣᠷ ᠰᠢᠷᠣᠶ ᠵᠢᠨ ᠨᠢᠭᠡᠳᠪᠦᠷᠢ 41.4 ᠲᠦᠮᠡᠨ ᠲᠣᠨ᠎ᠳᠤ ᠬᠦᠷᠴᠦ᠂ 1.8 ᠳᠠᠬᠢᠨ ᠨᠡᠮᠡᠭᠳᠡᠪᠡ᠃ ᠡᠨᠧᠷᠭᠢ ᠵᠢᠨ ᠬᠠᠩᠭ᠋ᠠᠯᠭ᠎ᠠ ᠵᠢ ᠪᠠᠲᠤᠯᠠᠬᠤ ᠴᠢᠳᠠᠪᠤᠷᠢ ᠲᠠᠰᠤᠷᠠᠯᠲᠠ ᠥᠬᠡᠶ ᠳᠡᠭᠡᠭᠰᠢᠯᠡᠪᠡ᠃ ᠡᠨᠧᠷᠭᠢ ᠵᠢᠨ ᠰᠤᠷᠪᠤᠯᠵᠢ ᠵᠢᠨ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ ᠲᠦᠷᠦᠭᠦᠦ ᠵᠢᠯ᠎ᠤᠨ᠎ᠬᠢ᠎ᠠᠴᠠ 5.1%᠎ᠪᠠᠷ ᠨᠡᠮᠡᠭᠳᠡᠪᠡ᠃ ᠬᠡᠪᠴᠢᠶᠡᠵᠢᠯ᠎ᠠᠴᠠ ᠳᠡᠭᠡᠭᠰᠢᠬᠢ ᠲᠦᠭᠦᠬᠡᠶ ᠨᠡᠭᠦᠷᠡᠰᠦᠨ᠎ᠤ ᠭᠠᠷᠤᠯᠲᠠ 12.97 ᠳ᠋ᠦᠩᠰᠢᠭᠤᠷ ᠲᠣᠨ᠎ᠳᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 5.4%᠎ᠪᠠᠷ ᠨᠡᠮᠡᠭᠳᠡᠪᠡ᠃ ᠴᠠᠬᠢᠯᠭ᠋ᠠᠨ ᠭᠠᠷᠭ᠋ᠠᠭᠰᠠᠨ ᠬᠡᠮᠵᠢᠶ᠎ᠡ 8179.7 ᠳ᠋ᠦᠩᠰᠢᠭᠤᠷ ᠺᠢᠯᠤᠸᠠᠲ ᠴᠠᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 9.1%᠎ᠪᠠᠷ ᠨᠡᠮᠡᠭᠳᠡᠪᠡ᠃ ᠡᠭᠦᠨ᠎ᠳᠤ᠂ ᠰᠢᠨ᠎ᠡ ᠡᠨᠧᠷᠭᠢ ᠵᠢᠨ ᠴᠠᠬᠢᠯᠭ᠋ᠠᠨ ᠭᠠᠷᠭ᠋ᠠᠯᠲᠠ ᠵᠢᠨ ᠬᠡᠮᠵᠢᠶ᠎ᠡ 1969.0 ᠳ᠋ᠦᠩᠰᠢᠭᠤᠷ ᠺᠢᠯᠤᠸᠠᠲ ᠴᠠᠭ᠎ᠲᠤ ᠬᠦᠷᠴᠦ᠂ 27.9%᠎ᠪᠠᠷ ᠨᠡᠮᠡᠭᠳᠡᠪᠡ᠃ 1 - 11 ᠳ᠋ᠤᠭᠡᠷ ᠰᠠᠷ᠎ᠠ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠪᠡᠶᠡᠯᠡᠭᠦᠯᠦᠭᠰᠡᠨ ᠠᠰᠢᠭ ᠬᠣᠨᠵᠢᠪᠣᠷᠢ ᠵᠢᠨ ᠶᠡᠷᠦᠩᠬᠡᠶ ᠲᠣᠭ᠎ᠠ 2705.1 ᠳ᠋ᠦᠩᠰᠢᠭᠤᠷ ᠲᠥᠭᠥᠷᠢᠭ᠎ᠲᠤ ᠬᠥᠷᠪᠡ᠃
ᠭᠤᠷᠪᠠ᠂ ᠦᠢ᠍ᠯᠡᠴᠢᠯᠡᠭᠡᠨ᠎ᠤ ᠦᠢ᠍ᠯᠡᠰ ᠲᠣᠭᠲᠠᠭᠤᠨ ᠵᠶ᠋ᠠᠷ ᠨᠡᠮᠡᠭᠳᠡᠵᠦ᠂ ᠭᠤᠤᠯᠳᠠᠯᠭ᠎ᠠ᠎ᠲᠠᠢ ᠠᠵᠢᠯ ᠲᠥᠷᠥᠯ᠎ᠤᠨ ᠲᠤᠯᠭ᠋ᠠᠭᠤᠷᠢᠯᠠᠯ ᠬᠦᠴᠦᠲᠡᠶ ᠪᠣᠯᠪᠠ᠃
2024 ᠣᠨ᠎ᠳᠤ᠂ ᠪᠥᠬᠥ ᠣᠷᠣᠨ᠎ᠤ ᠦᠢ᠍ᠯᠡᠴᠢᠯᠡᠭᠡᠨ᠎ᠤ ᠦᠢ᠍ᠯᠡᠰ᠎ᠤᠨ ᠨᠡᠮᠡᠭᠳᠡᠯ ᠥᠷᠲᠡᠭ ᠲᠦᠷᠦᠭᠦᠦ ᠵᠢᠯ᠎ᠤᠨ᠎ᠬᠢ᠎ᠠᠴᠠ᠎ᠪᠠᠨ 4.9%᠎ᠪᠠᠷ ᠨᠡᠮᠡᠭᠳᠡᠪᠡ᠃ ᠡᠭᠦᠨ᠎ᠳᠤ᠂ ᠪᠥᠭᠡᠮ ᠵᠶ᠋ᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢ᠍ᠯᠡᠰ᠎ᠤᠨ ᠨᠡᠮᠡᠭᠳᠡᠯ ᠥᠷᠲᠡᠭ ᠲᠦᠷᠦᠭᠦᠦ ᠵᠢᠯ᠎ᠤᠨ᠎ᠬᠢ᠎ᠠᠴᠠ 7.1%᠎ᠪᠠᠷ ᠨᠡᠮᠡᠭᠳᠡᠵᠦ᠂ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠨ ᠬᠠᠳᠠᠭ᠋ᠠᠯᠠᠬᠤ ᠪᠠ ᠰᠢᠤᠳᠠᠨ᠎ᠤ ᠦᠢ᠍ᠯᠡᠰ᠎ᠤᠨ᠎ᠬᠢ 5.5%᠎ᠪᠠᠷ ᠨᠡᠮᠡᠭᠳᠡᠵᠦ᠂ ᠬᠣᠨᠣᠭ ᠪᠠᠭᠤᠳᠠᠯ ᠪᠠ ᠢᠳᠡᠭᠡᠨ ᠤᠮᠳᠠᠭ᠋ᠠᠨ᠎ᠤ ᠦᠢ᠍ᠯᠡᠰ᠎ᠤᠨ᠎ᠬᠢ 4.0%᠎ᠪᠠᠷ ᠨᠡᠮᠡᠭᠳᠡᠪᠡ᠃ 1-11 ᠳ᠋ᠤᠭᠡᠷ ᠰᠠᠷ᠎ᠠ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠦᠢ᠍ᠯᠡᠴᠢᠯᠡᠭᠡᠨ᠎ᠤ ᠦᠢ᠍ᠯᠡᠰ᠎ᠤᠨ ᠠᠵᠤ ᠠᠬᠤᠶ᠋ᠢᠯᠠᠯ᠎ᠤᠨ ᠡᠵᠡᠩᠨᠡᠯᠲᠡ ᠵᠢᠨ ᠣᠷᠣᠯᠭ᠎ᠠ ᠠᠳᠠᠯᠢ ᠬᠤᠭᠤᠴᠠᠭ᠋ᠠᠨ᠎ᠤ᠎ᠬᠢ᠎ᠠᠴᠠ 5.3%᠎ᠪᠠᠷ ᠨᠡᠮᠡᠭᠳᠡᠪᠡ᠃ ᠡᠭᠦᠨ᠎ᠳᠤ᠂ ᠮᠡᠳᠡᠭᠡ ᠵᠠᠩᠭᠢ ᠵᠢᠨ ᠳᠠᠮᠵᠢᠭᠤᠯᠭ᠎ᠠ᠂ ᠵᠥᠭᠡᠯᠡᠨ ᠲᠤᠨᠤᠭ ᠪᠠ ᠮᠡᠳᠡᠭᠡ ᠵᠠᠩᠭᠢ ᠵᠢᠨ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ 10.9%᠎ᠪᠠᠷ ᠨᠡᠮᠡᠭᠳᠡᠵᠦ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠪᠠ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ 71.9%᠎ᠪᠠᠷ ᠨᠡᠮᠡᠭᠳᠡᠵᠦ᠂ ᠲᠦᠷᠢᠶᠡᠰᠦᠯᠡᠯ ᠪᠠ ᠬᠤᠳᠠᠯᠳᠤᠭ᠋ᠠᠨ᠎ᠤ ᠶᠠᠪᠤᠳᠠᠯ᠎ᠤᠨ ᠦᠢ᠍ᠯᠡᠴᠢᠯᠡᠭᠡᠨ᠎ᠤ ᠦᠢ᠍ᠯᠡᠰ 4.4%᠎ᠪᠠᠷ ᠨᠡᠮᠡᠭᠳᠡᠪᠡ᠃
ᠳᠥᠷᠪᠡ᠂ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠵᠢᠨ ᠨᠡᠮᠡᠭᠳᠡᠯ ᠨᠡᠯᠢᠶᠡᠳ ᠲᠦᠷᠭᠡᠨ ᠪᠠᠶ᠋ᠢᠵᠤ᠂ ᠨᠢᠭᠡᠳᠦᠭᠡᠷ ᠠᠵᠤ ᠦᠢ᠍ᠯᠡᠰ᠎ᠤᠨ ᠪᠡᠯᠡ ᠣᠷᠣᠭᠤᠯᠤᠯᠲᠠ ᠵᠢᠨ ᠨᠡᠮᠡᠭᠳᠡᠯ ᠬᠦᠴᠦᠲᠡᠶ ᠪᠠᠶ᠋ᠢᠨ᠎ᠠ᠃
2024 ᠣᠨ᠎ᠳᠤ᠂ ᠪᠥᠬᠥ ᠣᠷᠣᠨ᠎ᠤ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ (ᠲᠠᠷᠢᠶᠠᠴᠢᠨ ᠡᠷᠦᠬᠡ ᠵᠢ ᠪᠠᠭᠲᠠᠭ᠋ᠠᠬᠤ ᠥᠬᠡᠶ) ᠲᠦᠷᠦᠭᠦᠦ ᠵᠢᠯ᠎ᠤᠨ᠎ᠬᠢ᠎ᠠᠴᠠ 13.6%᠎ᠪᠠᠷ ᠨᠡᠮᠡᠭᠳᠡᠪᠡ᠃ ᠠᠵᠤ ᠦᠢ᠍ᠯᠡᠰ ᠵᠶ᠋ᠠᠷ ᠬᠤᠪᠢᠶᠠᠵᠤ ᠦᠵᠡᠪᠡᠯ᠂ ᠨᠢᠭᠡᠳᠦᠭᠡᠷ ᠠᠵᠤ ᠦᠢ᠍ᠯᠡᠰ᠎ᠤᠨ ᠪᠠᠯᠠ ᠣᠷᠣᠭᠤᠯᠤᠯᠲᠠ 73.6%᠎ᠪᠠᠷ ᠨᠡᠮᠡᠭᠳᠡᠵᠦ᠂ ᠬᠣᠶᠠᠳᠤᠭ᠋ᠠᠷ ᠠᠵᠤ ᠦᠢ᠍ᠯᠡᠰ᠎ᠤᠨ ᠪᠠᠯᠠ ᠣᠷᠣᠭᠤᠯᠤᠯᠲᠠ 15.4%᠎ᠪᠠᠷ ᠨᠡᠮᠡᠭᠳᠡᠵᠦ᠂ ᠭᠤᠷᠪᠠᠳᠤᠭ᠋ᠠᠷ ᠠᠵᠤ ᠦᠢ᠍ᠯᠡᠰ᠎ᠤᠨ ᠪᠠᠯᠠ ᠣᠷᠣᠭᠤᠯᠤᠯᠲᠠ 5.1%᠎ᠪᠠᠷ ᠨᠡᠮᠡᠭᠳᠡᠪᠡ᠃ ᠬᠦᠷᠢᠶ᠎ᠡ ᠴᠠᠷᠠᠭ᠎ᠠ ᠬᠤᠪᠢᠶᠠᠵᠤ ᠦᠵᠡᠪᠡᠯ᠂ ᠰᠠᠭᠤᠷᠢ ᠲᠥᠬᠥᠭᠡᠷᠦᠮᠵᠢ ᠵᠢᠨ ᠪᠠᠯᠠ ᠣᠷᠣᠭᠤᠯᠤᠯᠲᠠ ᠳᠡᠭᠡᠷ᠎ᠡ ᠵᠢᠯ᠎ᠤᠨ᠎ᠬᠢ᠎ᠠᠴᠠ 23.8%᠎ᠪᠠᠷ ᠨᠡᠮᠡᠭᠳᠡᠪᠡ᠃ ᠡᠭᠦᠨ᠎ᠳᠤ᠂ ᠴᠠᠬᠢᠯᠭ᠋ᠠᠨ ᠬᠦᠴᠦᠨ᠂ ᠢᠯᠴᠢ ᠵᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ᠎ᠤ ᠦᠢ᠍ᠯᠡᠳᠪᠦᠷᠢᠯᠡᠯ ᠪᠠ ᠬᠠᠩᠭ᠋ᠠᠯᠭ᠎ᠠ ᠵᠢᠨ ᠦᠢ᠍ᠯᠡᠰ᠎ᠤᠨ ᠪᠠᠯᠠ ᠣᠷᠣᠭᠤᠯᠤᠯᠲᠠ 32.2% ᠵᠶ᠋ᠠᠷ ᠨᠡᠮᠡᠭᠳᠡᠪᠡ᠃ ᠦᠢ᠍ᠯᠡᠳᠬᠦ ᠦᠢ᠍ᠯᠡᠰ᠎ᠤᠨ ᠪᠠᠯᠠ ᠣᠷᠣᠭᠤᠯᠤᠯᠲᠠ 0.7% ᠪᠠᠭᠤᠷᠠᠵᠤ᠂ ᠬᠡᠷ ᠪᠠᠶ᠋ᠢᠰᠢᠩ ᠭᠠᠵᠠᠷ ᠬᠥᠷᠥᠩᠭᠡ ᠵᠢᠨ ᠨᠡᠭᠡᠭᠡᠯᠲᠡ ᠵᠢᠨ ᠪᠠᠯᠠ ᠣᠷᠣᠭᠤᠯᠤᠯᠲᠠ 7.2% ᠪᠠᠭᠤᠷᠠᠪᠠ᠃ ᠤᠯᠤᠰ᠎ᠤᠨ ᠥᠮᠴᠢᠯᠡᠯ᠎ᠤᠨ ᠬᠤᠪᠢ ᠡᠵᠡᠮᠳᠡᠭᠰᠡᠨ ᠪᠡᠯᠡ ᠣᠷᠣᠭᠤᠯᠤᠯᠲᠠ ᠦᠷᠭᠦᠯᠵᠢᠯᠡᠨ ᠬᠦᠴᠦᠯᠡᠵᠦ᠂ ᠲᠦᠷᠦᠭᠦᠦ ᠵᠢᠯ᠎ᠤᠨ᠎ᠬᠢ᠎ᠠᠴᠠ 30.1%᠎ᠪᠠᠷ ᠨᠡᠮᠡᠭᠳᠡᠵᠦ᠂ ᠪᠦᠬᠦ ᠪᠡᠯᠡ ᠣᠷᠣᠭᠤᠯᠤᠯᠲᠠ ᠵᠢᠨ 53.2%᠎ᠢ ᠡᠵᠡᠯᠡᠪᠡ᠃ ᠠᠷᠠᠳ᠎ᠤᠨ ᠪᠠᠯᠠ ᠣᠷᠣᠭᠤᠯᠤᠯᠲᠠ ᠳᠡᠭᠡᠷ᠎ᠡ ᠵᠢᠯ᠎ᠤᠨ᠎ᠬᠢ᠎ᠠᠴᠠ 1.6%᠎ᠪᠠᠷ ᠨᠡᠮᠡᠭᠳᠡᠵᠦ᠂ ᠬᠡᠷ ᠭᠠᠵᠠᠷ ᠬᠥᠷᠥᠩᠭᠡ ᠵᠢᠨ ᠨᠡᠭᠡᠭᠡᠯᠲᠡ ᠵᠢᠨ ᠪᠠᠯᠠ ᠣᠷᠣᠭᠤᠯᠤᠯᠲᠠ᠂ ᠠᠷᠠᠳ᠎ᠤᠨ ᠪᠠᠯᠠ ᠣᠷᠣᠭᠤᠯᠤᠯᠲᠠ 6.6%᠎ᠪᠠᠷ ᠨᠡᠮᠡᠭᠳᠡᠪᠡ᠃
ᠲᠠᠪᠤ᠂ ᠵᠠᠬ᠎ᠠ ᠳᠡᠯᠭᠡᠭᠦᠷ᠎ᠤᠨ ᠪᠣᠷᠣᠯᠠᠭᠤᠯᠭ᠎ᠠ ᠦᠷᠭᠦᠯᠵᠢᠯᠡᠨ ᠳᠡᠭᠡᠭᠰᠢᠯᠡᠵᠦ᠂ ᠲᠥᠷᠥ ᠵᠢᠨ ᠪᠣᠳᠣᠯᠭ᠎ᠠ ᠵᠢᠨ ᠦᠢ᠍ᠯᠡᠳᠦᠯ ᠲᠠᠰᠤᠷᠠᠯᠲᠠ ᠥᠬᠡᠶ ᠢᠯᠡᠷᠡᠵᠦ ᠪᠠᠶ᠋ᠢᠨ᠎ᠠ᠃
2024 ᠣᠨ᠎ᠳᠤ᠂ ᠪᠥᠬᠥ ᠣᠷᠣᠨ᠎ᠤ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠣᠭ᠎ᠠ 5615.3 ᠳ᠋ᠦᠩᠰᠢᠭᠤᠷ ᠲᠥᠭᠥᠷᠢᠭ᠎ᠲᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 4.5%᠎ᠪᠠᠷ ᠨᠡᠮᠡᠭᠳᠡᠪᠡ᠃ ᠡᠵᠡᠩᠨᠡᠯᠲᠡ ᠵᠢᠨ ᠨᠢᠭᠡᠴᠢ ᠵᠢᠨ ᠪᠠᠶ᠋ᠢᠭ᠎ᠠ ᠭᠠᠵᠠᠷ ᠵᠶ᠋ᠠᠷ ᠬᠤᠪᠢᠶᠠᠪᠠᠯ᠂ ᠬᠤᠳᠠ ᠪᠠᠯᠭ᠋ᠠᠰᠤᠨ᠎ᠤ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠲᠣᠭ᠎ᠠ 4949.9 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 4.4%᠎ᠪᠠᠷ ᠨᠡᠮᠡᠭᠳᠡᠵᠡᠢ; ᠬᠥᠳᠡᠭᠡ ᠲᠣᠰᠬᠣᠨ᠎ᠤ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠲᠣᠭ᠎ᠠ 665.4 ᠳ᠋ᠦᠩᠰᠢᠭᠤᠷ ᠲᠥᠭᠥᠷᠢᠭ᠎ᠲᠤ ᠬᠦᠷᠴᠦ᠂ 4.8%᠎ᠪᠠᠷ ᠨᠡᠮᠡᠭᠳᠡᠪᠡ᠃ ᠬᠡᠷᠡᠭᠯᠡᠭᠡᠨ᠎ᠤ ᠲᠥᠷᠥᠯ ᠵᠶ᠋ᠠᠷ ᠬᠤᠪᠢᠶᠠᠪᠠᠯ᠂ ᠲᠠᠸᠠᠷ᠎ᠤᠨ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ 4907.2 ᠳ᠋ᠦᠩᠰᠢᠭᠤᠷ ᠲᠥᠭᠥᠷᠢᠭ᠎ᠲᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 4.2% ᠵᠶ᠋ᠠᠷ ᠨᠡᠮᠡᠭᠳᠡᠪᠡ; ᠢᠳᠡᠭᠡᠨ ᠤᠮᠳᠠᠭ᠋ᠠᠨ᠎ᠤ ᠣᠷᠣᠯᠭ᠎ᠠ 708.1 ᠳ᠋ᠦᠩᠰᠢᠭᠤᠷ ᠲᠥᠭᠥᠷᠢᠭ᠎ᠲᠤ ᠬᠦᠷᠴᠦ᠂ 6.3%᠎ᠪᠠᠷ ᠨᠡᠮᠡᠭᠳᠡᠪᠡ᠃ ᠦᠨᠳᠦᠰᠦᠨ ᠠᠮᠢᠳᠤᠷᠠᠯ᠎ᠤᠨ ᠲᠥᠷᠥᠯ ᠪᠠ ᠬᠡᠰᠡᠭ ᠳᠡᠰ ᠳᠡᠪᠰᠢᠬᠦ ᠲᠥᠷᠥᠯ᠎ᠤᠨ ᠲᠠᠸᠠᠷ᠎ᠤᠨ ᠨᠡᠮᠡᠭᠳᠡᠯ᠎ᠤᠨ ᠬᠠᠨᠳᠤᠰᠢ ᠰᠠᠶ᠋ᠢᠨ ᠪᠠᠶ᠋ᠢᠨ᠎ᠠ᠃ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠨᠢᠭᠡᠴᠢ ᠠᠮᠤ ᠲᠣᠰᠣ᠂ ᠢᠳᠡᠭᠡᠨ᠎ᠤ ᠲᠥᠷᠥᠯ᠎ᠤᠨ ᠲᠠᠸᠠᠷ᠎ᠤᠨ ᠵᠢᠵᠢᠭᠯᠡᠨ ᠬᠤᠳᠠᠯᠳᠤᠭᠰᠠᠨ ᠲᠣᠭ᠎ᠠ ᠲᠦᠷᠦᠭᠦᠦ ᠵᠢᠯ᠎ᠤᠨ᠎ᠬᠢ᠎ᠠᠴᠠ 14.0 ᠵᠶ᠋ᠠᠷ ᠨᠡᠮᠡᠭᠳᠡᠵᠦ᠂ ᠡᠳᠦᠷ ᠲᠤᠲᠤᠮ᠎ᠤᠨ ᠬᠡᠷᠡᠭᠯᠡᠭᠡᠨ᠎ᠤ ᠲᠥᠷᠥᠯ 13.4%᠎ᠪᠠᠷ ᠨᠡᠮᠡᠭᠳᠡᠵᠦ᠂ ᠪᠡᠶ᠎ᠡ ᠵᠢᠨ ᠲᠠᠮᠢᠷ᠂ ᠵᠤᠭ᠎ᠠ ᠴᠡᠩᠭᠡᠯ᠎ᠤᠨ ᠬᠡᠷᠡᠭᠯᠡᠭᠡᠨ᠎ᠤ ᠲᠥᠷᠥᠯ 43.5%᠎ᠪᠠᠷ ᠨᠡᠮᠡᠭᠳᠡᠵᠦ᠂ ᠴᠢᠮᠡᠭᠡ ᠬᠣᠯᠪᠣᠭ᠋ᠠᠨ᠎ᠤ ᠪᠠᠭ᠋ᠠᠵᠢ ᠬᠡᠷᠡᠭᠰᠡᠯ᠎ᠤᠨ ᠲᠥᠷᠥᠯ 74.6%᠎ᠪᠠᠷ ᠨᠡᠮᠡᠭᠳᠡᠪᠡ᠃ ᠬᠡᠷᠡᠭᠯᠡᠭᠡᠨ᠎ᠤ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠵᠤ ᠪᠣᠬᠢᠷᠲᠤᠯ ᠦᠭᠡᠢ ᠬᠡᠷᠡᠭᠯᠡᠭᠡ ᠵᠢ ᠠᠬᠢᠭᠤᠯᠵᠤ᠂ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠲᠦᠷᠦᠯ 94.7%᠎ᠪᠠᠷ ᠨᠡᠮᠡᠭᠳᠡᠪᠡ᠃ ᠰᠦᠯᠵᠢᠶᠡᠨ᠎ᠤ ᠵᠢᠵᠢᠭᠯᠡᠨ ᠪᠣᠷᠣᠯᠠᠭᠤᠯᠭ᠎ᠠ ᠥᠷᠨᠢᠨ ᠬᠥᠭᠵᠢᠪᠡ᠃ ᠪᠣᠳᠠᠲᠤ ᠲᠠᠸᠠᠷ᠎ᠤᠨ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠭᠰᠠᠨ ᠲᠣᠭ᠎ᠠ 489.6 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 9.4%᠎ᠪᠠᠷ ᠨᠡᠮᠡᠭᠳᠡᠵᠦ᠂ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠣᠭ᠎ᠠ᠎ᠳᠤ ᠡᠵᠡᠯᠡᠬᠦ ᠬᠤᠪᠢ ᠵᠢᠨ ᠵᠢᠩ᠎ᠨᠢ 8.7%᠎ᠳᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 0.3 ᠵᠠᠭᠤᠨ᠎ᠤ ᠬᠤᠪᠢ ᠵᠢᠨ ᠴᠡᠭ ᠳᠡᠭᠡᠭᠰᠢᠯᠡᠪᠡ᠃
ᠵᠢᠷᠭᠤᠭ᠎ᠠ᠂ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠬᠠᠩᠰᠢ ᠲᠣᠭᠲᠠᠭᠤᠨ ᠵᠶ᠋ᠠᠷ ᠠᠵᠢᠯᠯᠠᠵᠤ᠂ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢᠳ᠎ᠤᠨ ᠦᠨ᠎ᠡ ᠬᠠᠩᠰᠢ ᠪᠠᠬᠠᠨ ᠪᠠᠭᠤᠷᠠᠪᠠ᠃
ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠬᠠᠩᠰᠢ ᠵᠢ ᠨᠠᠮᠤᠭ᠎ᠤᠨ ᠡᠵᠡᠮᠳᠡᠵᠦ ᠪᠣᠯᠤᠨ᠎ᠠ᠃ 2024 ᠣᠨ᠎ᠳᠤ᠂ ᠪᠥᠬᠥ ᠣᠷᠣᠨ᠎ᠤ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠬᠠᠩᠰᠢ ᠲᠦᠷᠦᠭᠦᠦ ᠵᠢᠯ᠎ᠤᠨ᠎ᠬᠢ᠎ᠠᠴᠠ᠎ᠪᠠᠨ 0.2% ᠵᠶ᠋ᠠᠷ ᠥᠰᠪᠡ᠃ ᠬᠣᠲᠠ ᠬᠥᠳᠡᠭᠡ ᠵᠢ ᠬᠤᠪᠢᠶᠠᠵᠤ ᠦᠵᠡᠪᠡᠯ᠂ ᠬᠣᠲᠠ ᠵᠢᠨ᠎ᠬᠢ 0.1%᠎ᠪᠠᠷ ᠥᠰᠴᠦ᠂ ᠬᠥᠳᠡᠭᠡ ᠲᠣᠰᠬᠣᠨ᠎ᠤ᠎ᠬᠢ 0.2% ᠵᠶ᠋ᠠᠷ ᠥᠰᠴᠡᠶ᠃ ᠲᠥᠷᠥᠯ ᠬᠤᠪᠢᠶᠠᠵᠤ ᠦᠵᠡᠪᠡᠯ᠂ ᠨᠠᠢ᠍ᠮᠠᠨ ᠶᠡᠬᠡ ᠲᠥᠷᠥᠯ᠎ᠤᠨ ᠲᠠᠸᠠᠷ ᠵᠢᠴᠢ ᠦᠢ᠍ᠯᠡᠴᠢᠯᠡᠭᠡᠨ᠎ᠤ ᠦᠨ᠎ᠡ ᠬᠠᠩᠰᠢ 《ᠵᠢᠷᠭᠤᠭ᠎ᠠ ᠨᠡᠮᠡᠭᠳᠡᠵᠦ ᠬᠣᠶᠠᠷ ᠪᠠᠭᠤᠷᠠᠬᠤ》 ᠪᠠᠶ᠋ᠢᠳᠠᠯ᠎ᠲᠠᠢ ᠪᠠᠶ᠋ᠢᠨ᠎ᠠ᠃ ᠡᠭᠦᠨ᠎ᠳᠤ᠂ ᠢᠳᠡᠭᠡᠨ ᠤᠮᠳᠠᠭ᠋ᠠᠨ ᠠᠷᠢᠬᠢ ᠲᠠᠮᠠᠬᠢᠨ᠎ᠤ ᠦᠨ᠎ᠡ ᠬᠠᠩᠰᠢ 0.9% ᠪᠠᠭᠤᠷᠠᠵᠤ᠂ ᠬᠤᠪᠴᠠᠰᠤ ᠬᠤᠨᠠᠷ᠎ᠤᠨ ᠦᠨ᠎ᠡ ᠬᠠᠩᠰᠢ 1.7% ᠥᠰᠴᠦ᠂ ᠣᠷᠣᠨ ᠰᠠᠭᠤᠴᠠ ᠵᠢᠨ ᠦᠨ᠎ᠡ ᠬᠠᠩᠰᠢ 0.1% ᠥᠰᠴᠦ᠂ ᠠᠮᠢᠳᠤᠷᠠᠯ᠎ᠤᠨ ᠬᠡᠷᠡᠭᠰᠡᠯ ᠵᠢᠴᠢ ᠦᠢ᠍ᠯᠡᠴᠢᠯᠡᠭᠡᠨ᠎ᠤ ᠦᠨ᠎ᠡ ᠬᠠᠩᠰᠢ 2.1% ᠥᠰᠴᠦ᠂ ᠵᠠᠮ ᠬᠠᠷᠢᠯᠴᠠᠭ᠎ᠠ ᠴᠢᠮᠡᠭᠡ ᠬᠣᠯᠪᠣᠭ᠋ᠠᠨ᠎ᠤ ᠦᠨ᠎ᠡ ᠬᠠᠩᠰᠢ 1.9% ᠪᠠᠭᠤᠷᠠᠵᠤ᠂ ᠰᠤᠷᠭ᠋ᠠᠨ ᠬᠥᠮᠦᠵᠢᠯ ᠰᠣᠶᠣᠯ ᠵᠤᠭ᠎ᠠ ᠴᠡᠩᠭᠡᠯ᠂ ᠡᠮ ᠡᠮᠨᠡᠯᠭᠡ ᠡᠷᠡᠭᠦᠯᠵᠢᠯ᠎ᠤᠨ ᠦᠨ᠎ᠡ ᠬᠠᠩᠰᠢ ᠴᠥᠮ 1.4% ᠥᠰᠴᠦ᠂ ᠪᠤᠰᠤᠳ ᠬᠡᠷᠡᠭᠰᠡᠯ ᠵᠢᠴᠢ ᠦᠢ᠍ᠯᠡᠴᠢᠯᠡᠭᠡᠨ᠎ᠤ ᠦᠨ᠎ᠡ ᠬᠠᠩᠰᠢ 5.5% ᠥᠰᠴᠡᠶ᠃ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢᠳ᠎ᠤᠨ ᠦᠨ᠎ᠡ ᠪᠠᠭᠤᠷᠠᠪᠠ᠃ 2024 ᠣᠨ᠎ᠳᠤ᠂ ᠪᠥᠬᠥ ᠣᠷᠣᠨ᠎ᠤ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢᠳ᠎ᠤᠨ ᠦᠢ᠍ᠯᠡᠳᠪᠦᠷᠢ᠎ᠠᠴᠠ ᠭᠠᠷᠭ᠋ᠠᠬᠤ ᠦᠨ᠎ᠡ ᠲᠦᠷᠦᠭᠦᠦ ᠵᠢᠯ᠎ᠤᠨ᠎ᠬᠢ᠎ᠠᠴᠠ 3.4%᠎ᠪᠠᠷ ᠪᠠᠭᠤᠷᠠᠪᠠ᠃ ᠡᠭᠦᠨ᠎ᠳᠤ᠂ ᠦᠢ᠍ᠯᠡᠳᠪᠦᠷᠢᠯᠡᠯ᠎ᠤᠨ ᠬᠡᠷᠡᠭᠰᠡᠯ᠎ᠤᠨ ᠦᠢ᠍ᠯᠡᠳᠪᠦᠷᠢ᠎ᠠᠴᠠ ᠭᠠᠷᠭ᠋ᠠᠬᠤ ᠦᠨ᠎ᠡ 3.5%᠎ᠪᠠᠷ ᠪᠠᠭᠤᠷᠠᠵᠤ᠂ ᠠᠮᠢᠳᠤᠷᠠᠯ᠎ᠤᠨ ᠬᠡᠷᠡᠭᠰᠡᠯ᠎ᠤᠨ ᠦᠢ᠍ᠯᠡᠳᠪᠦᠷᠢ᠎ᠠᠴᠠ ᠭᠠᠷᠭ᠋ᠠᠬᠤ ᠦᠨ᠎ᠡ 2.9%᠎ᠪᠠᠷ ᠪᠠᠭᠤᠷᠠᠪᠠ᠃ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢᠳ᠎ᠤᠨ ᠬᠤᠳᠠᠯᠳᠤᠨ ᠠᠪᠬᠤ ᠦᠨ᠎ᠡ ᠲᠦᠷᠦᠭᠦᠦ ᠵᠢᠯ᠎ᠤᠨ᠎ᠬᠢ᠎ᠠᠴᠠ 2.9%᠎ᠪᠠᠷ ᠪᠠᠭᠤᠷᠠᠪᠠ᠃
ᠳᠣᠯᠣᠭ᠎ᠠ᠂ ᠰᠠᠭᠤᠭ᠋ᠠᠯᠢ ᠠᠷᠠᠳ᠎ᠤᠨ ᠣᠷᠣᠯᠭ᠎ᠠ ᠦᠷᠭᠦᠯᠵᠢᠯᠡᠨ ᠨᠡᠮᠡᠭᠳᠡᠵᠦ᠂ ᠬᠣᠲᠠ ᠬᠥᠳᠡᠭᠡ ᠵᠢᠨ ᠵᠥᠷᠢᠶ᠎ᠡ ᠤᠯᠠᠮ ᠨᠢᠭᠡ ᠠᠯᠬᠤᠮ ᠪᠠᠭ᠋ᠠᠰᠪᠠ᠃
2024 ᠣᠨ᠎ᠳᠤ᠂ ᠪᠥᠬᠥ ᠣᠷᠣᠨ᠎ᠤ ᠪᠥᠬᠥ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 40077 ᠲᠥᠭᠥᠷᠢᠭ᠎ᠲᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 5.1%᠎ᠪᠠᠷ ᠨᠡᠮᠡᠭᠳᠡᠪᠡ᠃ ᠬᠣᠲᠠ ᠬᠥᠳᠡᠭᠡ ᠵᠢ ᠬᠤᠪᠢᠶᠠᠵᠤ ᠦᠵᠡᠪᠡᠯ᠂ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠵᠥᠷᠢᠶ᠎ᠡ ᠤᠯᠠᠮ ᠨᠢᠭᠡ ᠠᠯᠬᠤᠮ ᠪᠠᠭ᠋ᠠᠰᠴᠠᠶ᠃ ᠪᠥᠬᠥ ᠣᠷᠣᠨ᠎ᠤ ᠬᠣᠲᠠ ᠪᠠᠯᠭ᠋ᠠᠰᠤᠨ᠎ᠤ ᠪᠠᠶ᠋ᠢᠩᠭᠤ ᠰᠠᠭᠤᠭ᠎ᠠ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 50888 ᠲᠥᠭᠥᠷᠢᠭ᠎ᠲᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 4.5%᠎ᠪᠠᠷ ᠨᠡᠮᠡᠭᠳᠡᠪᠡ; ᠮᠠᠯᠵᠢᠬᠤ ᠲᠠᠷᠢᠶᠠᠯᠠᠬᠤ ᠣᠷᠣᠨ᠎ᠤ ᠪᠠᠶ᠋ᠢᠩᠭᠤ ᠰᠠᠭᠤᠭ᠎ᠠ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 22543 ᠲᠥᠭᠥᠷᠢᠭ᠎ᠲᠤ ᠬᠦᠷᠴᠦ᠂ 6.2% ᠵᠶ᠋ᠠᠷ ᠨᠡᠮᠡᠭᠳᠡᠪᠡ᠃ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠬᠠᠷᠢᠴᠠᠯ 2.26 ᠪᠣᠯᠵᠣ᠂ ᠳᠡᠭᠡᠷ᠎ᠡ ᠵᠢᠯ᠎ᠤᠨ᠎ᠬᠢ᠎ᠠᠴᠠ 0.03 ᠪᠠᠭ᠋ᠠᠰᠪᠠ᠃
ᠶᠡᠷᠦᠩᠬᠡᠶ᠎ᠳᠤᠨᠢ ᠠᠪᠴᠤ ᠦᠵᠡᠪᠡᠯ᠂ ᠨᠢᠭᠡ ᠵᠢᠯ᠎ᠤᠨ ᠲᠤᠷᠰᠢ᠂ ᠰᠢ ᠵᠢᠨ ᠫᠢᠩ ᠨᠥᠬᠥᠷ ᠵᠶ᠋ᠠᠷ ᠭᠤᠤᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠳᠠᠭ᠋ᠠᠭᠤᠯᠭ᠎ᠠ ᠳᠤᠤᠷ᠎ᠠ᠂ ᠪᠥᠬᠥ ᠣᠷᠣᠨ ᠳᠠᠶᠠᠭ᠋ᠠᠷ ᠵᠶ᠋ᠠᠨ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠦᠨ ᠬᠦᠴᠢᠷ ᠠᠰᠠᠭᠤᠳᠠᠯ᠎ᠢ ᠰᠢᠢ᠍ᠳᠪᠦᠷᠢᠯᠡᠵᠦ᠂ ᠬᠦᠴᠢᠷ᠎ᠢ ᠳᠤᠭᠤᠯᠤᠨ ᠪᠡᠷᠬᠡ ᠵᠢ ᠳᠠᠪᠠᠵᠤ ᠬᠥᠭᠵᠢᠯᠲᠡ ᠵᠢ ᠰᠦᠪᠡᠭᠴᠢᠯᠡᠵᠦ᠂ ᠪᠥᠬᠥ ᠣᠷᠣᠨ᠎ᠤ ᠠᠵᠤ ᠠᠬᠤᠶ ᠵᠢᠨ ᠡᠷᠭᠢᠯᠲᠡ ᠲᠣᠭᠲᠠᠭᠤᠨ᠎ᠤ ᠳᠤᠮᠳᠠ ᠤᠷᠤᠭᠰᠢᠯᠠᠨ ᠳᠡᠪᠰᠢᠵᠦ ᠥᠭᠡᠳᠡᠯᠡᠨ ᠳᠡᠪᠰᠢᠵᠦ᠂ ᠴᠢᠨᠠᠷ ᠰᠠᠶ᠋ᠢᠲᠠᠶ ᠬᠥᠭᠵᠢᠯᠲᠡ ᠰᠢᠨ᠎ᠡ ᠦᠷ᠎ᠡ ᠪᠦᠲᠦᠮᠵᠢ ᠤᠯᠪᠠ᠃ ᠡᠭᠦᠨ᠎ᠤ ᠬᠠᠮᠲᠤ᠂ ᠣᠳᠣᠬᠠᠨ᠎ᠳᠤ ᠳᠣᠲᠣᠭ᠋ᠠᠳᠤ ᠭᠠᠳᠠᠭ᠋ᠠᠳᠤ ᠣᠷᠴᠢᠨ ᠨᠠᠷᠢᠨ ᠪᠤᠳᠤᠯᠢᠶᠠᠨᠲᠠᠢ᠂ ᠲᠣᠭᠲᠠᠭᠤᠨ ᠪᠤᠰᠤ ᠲᠣᠭᠲᠠᠭ᠋ᠠᠯᠲᠤ ᠪᠤᠰᠤ ᠡᠯᠧᠮᠧᠨ᠋ᠲ ᠮᠥᠨ ᠨᠡᠯᠢᠶᠡᠳ ᠤᠯᠠᠨ ᠪᠠᠶ᠋ᠢᠵᠤ᠂ ᠠᠵᠤ ᠠᠬᠤᠢ ᠦᠷᠭᠦᠯᠵᠢᠯᠡᠨ ᠳᠡᠭᠡᠭᠰᠢᠯᠡᠵᠦ ᠰᠠᠶ᠋ᠢᠵᠢᠷᠠᠬᠤ ᠰᠠᠭᠤᠷᠢ ᠵᠢ ᠪᠠᠰᠠ ᠤᠯᠠᠮ ᠴᠢᠨᠠᠭᠰᠢᠳᠠ ᠪᠡᠬᠢᠵᠢᠭᠦᠯᠬᠦ ᠴᠢᠬᠤᠯᠠᠲᠠᠢ ᠪᠠᠶ᠋ᠢᠬᠤ ᠵᠢ ᠴᠤ᠌ ᠣᠯᠵᠤ ᠬᠠᠷᠠᠬᠤ ᠬᠡᠷᠡᠭᠲᠡᠢ᠃ ᠳᠠᠷᠠᠭ᠋ᠠᠴᠢ ᠵᠢᠨ ᠠᠯᠬᠤᠮ
ᠳᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭ᠋ᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠠ ᠬᠣᠷᠢᠳᠤᠭ᠋ᠠᠷ ᠬᠤᠭᠤᠴᠠᠭ᠋ᠠᠨ᠎ᠤ ᠬᠣᠶᠠᠳᠤᠭ᠋ᠠᠷ᠂ ᠭᠤᠷᠪᠠᠳᠤᠭ᠋ᠠᠷ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠵᠤ᠂ ᠶᠡᠷᠦᠩᠬᠡᠢ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠤᠨ ᠨᠠᠢ᠌ᠳᠠᠪᠤᠷᠢᠵᠢᠭᠤᠯᠵᠤ᠂ ᠲᠥᠪ᠎ᠤᠨ ᠠᠵᠤ ᠠᠬᠤᠶ ᠵᠢᠨ ᠠᠵᠢᠯ᠎ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠶᠢᠰᠦᠳᠦᠭᠡᠷ ᠤᠳᠠᠭ᠎ᠠ ᠵᠢᠨ ᠪᠥᠬᠥᠳᠡ ᠬᠤᠷᠠᠯ ᠵᠢᠴᠢ ᠪᠦᠬᠦ ᠣᠷᠣᠨ᠎ᠤ ᠠᠵᠤ ᠠᠬᠤᠶ ᠵᠢᠨ ᠠᠵᠢᠯ᠎ᠤᠨ ᠬᠤᠷᠠᠯ ᠵᠢᠴᠢ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠤᠨ ᠪᠠᠶ᠋ᠢᠷᠢᠯᠠᠭᠤᠯᠤᠯᠲᠠ ᠶᠣᠰᠣᠭ᠋ᠠᠷ᠂ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠳᠠᠯᠠᠨ᠂ ᠤᠷᠢᠳᠴᠢᠯᠠᠨ ᠬᠦᠴᠦᠯᠡᠵᠦ ᠡᠯ᠎ᠡ ᠵᠦᠢ᠍ᠯ᠎ᠤᠨ ᠬᠣᠷᠸ᠎ᠠ ᠲᠦᠷᠦ ᠵᠢᠨ ᠪᠤᠳᠤᠯᠭ᠎ᠠ ᠵᠢ ᠪᠦᠲᠦᠮᠵᠢᠲᠡᠢ ᠨᠠᠢ᠌ᠳᠠᠪᠤᠷᠢᠵᠢᠭᠤᠯᠵᠤ᠂ 《ᠲᠠᠪᠤᠨ ᠶᠡᠬᠡ ᠡᠭᠦᠷᠭᠡ》 ᠵᠢ ᠦᠷᠭᠦᠯᠵᠢᠯᠡᠨ ᠠᠬᠢᠭᠤᠯᠤᠨ᠂ 《ᠵᠢᠷᠭᠤᠭ᠋ᠠᠨ ᠢᠨᠵᠧᠨᠧᠷᠢᠩ》᠎ᠢ ᠦᠷᠭᠦᠯᠵᠢᠯᠡᠨ ᠬᠡᠷᠡᠭᠵᠢᠬᠦᠯᠵᠦ᠂ 《ᠵᠢᠷᠭᠤᠭ᠋ᠠᠨ ᠠᠵᠢᠯᠯᠠᠭ᠎ᠠ》 ᠵᠢ ᠵᠣᠬᠢᠶᠠᠨ ᠪᠠᠶ᠋ᠢᠭᠤᠯᠤᠨ
ᠦᠷᠨᠢᠬᠦᠯᠵᠦ᠂ 《ᠨᠢᠭᠡ ᠭᠤᠤᠯ ᠱᠤᠭᠤᠮ᠎ᠢ ᠲᠤᠭᠤᠰᠢᠯᠠᠭᠤᠯᠬᠤ᠂ ᠬᠣᠶᠠᠷ ᠶᠡᠬᠡ ᠶᠠᠪᠤᠳᠠᠯ᠎ᠢ ᠰᠠᠢ᠌ᠲᠤᠷ ᠬᠢᠬᠦ᠂ ᠮᠣᠩᠭᠣᠯ ᠮᠣᠷᠢᠨ᠎ᠤ ᠵᠣᠷᠢᠭ ᠰᠠᠨᠠᠭ᠎ᠠ ᠵᠢ ᠪᠠᠳᠠᠷᠠᠭᠤᠯᠬᠤ᠂ ᠰᠢᠨ᠎ᠡ ᠵᠠᠮ ᠨᠡᠬᠡᠬᠡᠵᠦ ᠳᠤᠮᠳᠠ ᠲᠦᠪᠰᠢᠨ᠎ᠳᠤ ᠤᠷᠤᠭᠰᠢᠯᠠᠬᠤ》 ᠲᠠᠯ᠎ᠠ᠎ᠪᠠᠷ ᠨᠡᠩ ᠶᠡᠬᠡ ᠠᠬᠢᠴᠠ᠎ᠲᠠᠢ ᠪᠤᠯᠵᠤ᠂ ᠳᠤᠮᠳᠠᠳᠤ ᠤᠯᠤᠰ᠎ᠤᠨ ᠮᠠᠶᠢᠭ᠎ᠤᠨ ᠤᠳᠤᠬᠢᠴᠢᠯᠠᠯᠳᠠ ᠵᠢᠨ ᠥᠪᠥᠷ ᠮᠣᠩᠭᠣᠯ᠎ᠤᠨ ᠰᠢᠨ᠎ᠡ ᠬᠠᠭᠤᠳᠠᠰᠤ ᠵᠢ ᠲᠠᠰᠤᠷᠠᠯᠳᠠ ᠦᠭᠡᠢ ᠪᠢᠴᠢᠭᠯᠡᠰᠦᠭᠡᠢ᠃
[1] ᠮᠠᠨ᠎ᠤ ᠤᠯᠤᠰ᠎ᠤᠨ ᠤᠯᠤᠰ ᠠᠷᠠᠳ᠎ᠤᠨ ᠠᠵᠤ ᠠᠬᠤᠶ ᠵᠢᠨ ᠬᠠᠷᠭᠤᠭᠤᠯᠤᠨ ᠪᠤᠳᠤᠬᠤ ᠲᠦᠷᠢᠮ ᠪᠠ ᠲᠠᠪᠤᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠦᠷ᠎ᠡ ᠳ᠋ᠦᠩ᠎ᠢ ᠦᠨᠳᠦᠰᠦᠯᠡᠨ᠂ 2023 ᠣᠨ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠷᠤᠨ ᠨᠤᠲᠤᠭ᠎ᠤᠨ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠎ᠢ 25020.5 ᠳ᠋ᠦᠩᠰᠢᠭᠤᠷ ᠲᠥᠭᠥᠷᠢᠭ ᠪᠣᠯᠭ᠋ᠠᠨ ᠵᠠᠰᠠᠪᠤᠷᠢ ᠣᠷᠣᠭᠤᠯᠪᠠ᠃
ᠳᠠᠭ᠋ᠠᠯᠲᠠ ᠲᠠᠶ᠋ᠢᠯᠪᠤᠷᠢ
(1) ᠮᠠᠨ᠎ᠤ ᠤᠯᠤᠰ᠎ᠤᠨ ᠤᠯᠤᠰ ᠠᠷᠠᠳ᠎ᠤᠨ ᠠᠵᠤ ᠠᠬᠤᠶ ᠵᠢᠨ ᠬᠠᠷᠭᠤᠭᠤᠯᠤᠨ ᠪᠤᠳᠤᠬᠤ ᠲᠦᠷᠢᠮ ᠪᠠ ᠲᠠᠪᠤᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠦᠷ᠎ᠡ ᠳ᠋ᠦᠩ᠎ᠢ ᠦᠨᠳᠦᠰᠦᠯᠡᠨ᠂ 2023 ᠣᠨ᠎ᠳᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠤᠷᠤᠨ ᠨᠤᠲᠤᠭ᠎ᠤᠨ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠎ᠢ 25020.5 ᠳ᠋ᠦᠩᠰᠢᠭᠤᠷ ᠲᠥᠭᠥᠷᠢᠭ ᠪᠣᠯᠭ᠋ᠠᠨ ᠵᠠᠰᠠᠪᠤᠷᠢ ᠣᠷᠣᠭᠤᠯᠪᠠ᠃
(2) ᠤᠷᠤᠨ ᠨᠤᠲᠤᠭ᠎ᠤᠨ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ ᠵᠢᠴᠢ ᠲᠥᠷᠥᠯ ᠬᠤᠪᠢᠶᠠᠭᠰᠠᠨ ᠲᠥᠷᠥᠯ ᠵᠦᠢ᠍ᠯ᠎ᠤᠨ ᠨᠡᠮᠡᠭᠳᠡᠯ᠎ᠤᠨ ᠬᠤᠷᠳᠤᠴᠠ ᠵᠢ ᠥᠯᠥ ᠬᠤᠪᠢᠰᠬᠤ ᠦᠨ᠎ᠡ᠎ᠪᠠᠷ ᠪᠤᠳᠤᠵᠤ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ ᠵᠢᠴᠢ ᠲᠥᠷᠥᠯ ᠬᠤᠪᠢᠶᠠᠭᠰᠠᠨ ᠲᠥᠷᠥᠯ ᠵᠦᠢ᠍ᠯ᠎ᠤᠨ ᠨᠡᠮᠡᠭᠳᠡᠯ᠎ᠤᠨ ᠬᠤᠷᠳᠤᠴᠠ ᠵᠢ ᠠᠳᠠᠯᠢᠳᠬᠠᠵᠤ ᠪᠣᠯᠬᠤ ᠦᠨ᠎ᠡ᠎ᠪᠠᠷ ᠪᠤᠳᠤᠪᠠᠯ᠂ ᠴᠥᠮ ᠪᠣᠳᠠᠲᠠᠶ ᠨᠡᠮᠡᠭᠳᠡᠯ᠎ᠤᠨ ᠬᠤᠷᠳᠤᠴᠠ ᠪᠣᠯᠤᠨ᠎ᠠ; ᠪᠤᠰᠤᠳ ᠭᠦᠢ᠍ᠴᠡᠳᠬᠡᠬᠦ ᠲᠣᠭ᠎ᠠ ᠵᠢᠨ ᠣᠨᠴᠠᠭ᠋ᠠᠢ ᠲᠣᠳᠣᠷᠬᠠᠶ᠋ᠢᠯᠠᠯᠲᠠ᠎ᠠᠴᠠ ᠪᠤᠰᠤᠳ᠎ᠢ᠎ᠨᠢ ᠤᠳᠤ ᠵᠢᠨ ᠦᠨ᠎ᠡ᠎ᠪᠠᠷ ᠪᠤᠳᠤᠵᠤ᠂ ᠨᠡᠷᠡᠯᠡᠭᠰᠡᠨ ᠨᠡᠮᠡᠭᠳᠡᠯ᠎ᠤᠨ ᠬᠤᠷᠳᠤᠴᠠ ᠪᠣᠯᠭ᠋ᠠᠨ᠎ᠠ᠃
(3) ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ᠄ ᠪᠦᠷᠢᠳᠬᠡᠯ᠎ᠤᠨ ᠬᠦᠷᠢᠶ᠎ᠡ ᠬᠡᠪᠴᠢᠶ᠎ᠡ᠎ᠨᠢ ᠵᠢᠯ᠎ᠤᠨ ᠭᠣᠣᠯ ᠡᠵᠡᠩᠨᠡᠯᠲᠡ ᠵᠢᠨ ᠲᠤᠬᠠᠶ᠋ᠢᠯᠠᠭᠰᠠᠨ ᠠᠵᠢᠯ᠎ᠤᠨ ᠣᠷᠣᠯᠭ᠎ᠠ᠎ᠨᠢ 2000 ᠲᠦᠮᠡᠨ ᠲᠥᠭᠥᠷᠢᠭ ᠵᠢᠴᠢ ᠲᠡᠭᠦᠨ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠃
ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠬᠡᠪᠴᠢᠶ᠎ᠡ᠎ᠳᠤ ᠵᠢᠯ ᠪᠦᠷᠢ ᠬᠤᠪᠢᠷᠠᠯᠲᠠ ᠭᠠᠷᠤᠭᠰᠠᠨ᠎ᠠᠴᠠ ᠪᠣᠯᠵᠣ᠂ ᠲᠣᠰ ᠵᠢᠯ᠎ᠤᠨ ᠲᠣᠭ᠎ᠠ ᠪᠠᠷᠢᠮᠲᠠ ᠵᠢ ᠳᠡᠭᠡᠷ᠎ᠡ ᠵᠢᠯ᠎ᠤᠨ᠎ᠬᠢ᠎ᠲᠠᠢ ᠬᠠᠷᠢᠴᠠᠭᠤᠯᠬᠤ᠂ ᠦᠢ᠍ᠯᠡᠳᠬᠦᠨ᠎ᠤ ᠭᠠᠷᠤᠯᠲᠠ ᠵᠢᠨ ᠬᠡᠮᠵᠢᠶ᠎ᠡ ᠵᠢ ᠪᠤᠳᠤᠬᠤ ᠵᠡᠷᠭᠡ ᠡᠯ᠎ᠡ ᠵᠦᠢ᠍ᠯ᠎ᠤᠨ ᠭᠦᠢ᠍ᠴᠡᠳᠭᠡᠯ ᠲᠣᠭ᠎ᠠ ᠵᠢᠨ ᠠᠳᠠᠯᠢ ᠬᠤᠭᠤᠴᠠᠭ᠋ᠠᠨ᠎ᠤ᠎ᠬᠢ᠎ᠠᠴᠠ ᠨᠡᠮᠡᠭᠳᠡᠬᠦ ᠬᠤᠷᠳᠤᠴᠠ ᠵᠢ ᠪᠠᠲᠤᠯᠠᠬᠤ ᠵᠢᠨ ᠲᠥᠯᠥᠭᠡ ᠬᠡᠷᠡᠭᠯᠡᠭᠰᠡᠨ ᠠᠳᠠᠯᠢ ᠬᠤᠭᠤᠴᠠᠭ᠋ᠠᠨ᠎ᠤ ᠲᠣᠭ᠎ᠠ ᠬᠢᠭᠡᠳ ᠲᠣᠰ ᠬᠤᠭᠤᠴᠠᠭ᠋ᠠᠨ᠎ᠤ ᠠᠵᠤ ᠠᠬᠤᠶ᠋ᠢᠯᠠᠯ᠎ᠤᠨ ᠲᠣᠭ᠎ᠠ ᠪᠦᠷᠢᠳᠬᠡᠯ᠎ᠤᠨ ᠬᠡᠪᠴᠢᠶ᠎ᠡ᠎ᠨᠢ ᠠᠯᠢ ᠴᠢᠳᠠᠬᠤ᠎ᠪᠠᠷ ᠨᠢᠭᠡᠳᠦᠯᠲᠡᠶ ᠪᠣᠯᠵᠣ᠂ ᠳᠡᠭᠡᠷ᠎ᠡ ᠵᠢᠯ᠎ᠤᠨ ᠨᠡᠶ᠋ᠢᠲᠡᠯᠡᠭᠰᠡᠨ ᠲᠣᠭ᠎ᠠ ᠪᠠᠷᠢᠮᠲᠠ᠎ᠯᠤᠭ᠎ᠠ ᠬᠡᠯᠡᠯᠭᠡ ᠵᠢᠨ ᠵᠥᠷᠢᠶ᠎ᠡ ᠣᠷᠣᠰᠢᠵᠤ ᠪᠠᠶ᠋ᠢᠨ᠎ᠠ᠃ ᠡᠭᠦᠨ᠎ᠤ ᠭᠣᠣᠯ ᠰᠢᠯᠲᠠᠭ᠋ᠠᠨ᠎ᠨᠢ᠄ ᠨᠢᠭᠡ᠎ᠳᠤ ᠲᠣᠭ᠎ᠠ ᠪᠦᠷᠢᠳᠬᠡᠯ᠎ᠤᠨ ᠨᠢᠭᠡᠴᠡ ᠵᠢᠨ ᠬᠡᠪᠴᠢᠶᠡᠨ᠎ᠳᠤ ᠬᠤᠪᠢᠷᠠᠯᠲᠠ ᠭᠠᠷᠤᠭᠰᠠᠨ᠃ ᠵᠢᠯ ᠪᠦᠷᠢ ᠵᠠᠷᠢᠮ ᠠᠵᠤ ᠠᠬᠤᠶ᠋ᠢᠯᠠᠯ᠎ᠨᠢ ᠬᠡᠪᠴᠢᠶ᠎ᠡ᠎ᠳᠤ ᠬᠦᠷᠴᠦ ᠪᠠᠶ᠋ᠢᠴᠠᠭ᠋ᠠᠯᠲᠠ ᠬᠢᠬᠦ ᠬᠡᠪᠴᠢᠶᠡᠨ᠎ᠳᠤ ᠣᠷᠣᠳᠠᠭ᠂ ᠪᠠᠰᠠ ᠵᠠᠷᠢᠮ ᠠᠵᠤ ᠠᠬᠤᠶ᠋ᠢᠯᠠᠯ᠎ᠨᠢ ᠬᠡᠪᠴᠢᠶ᠎ᠡ᠎ᠪᠠᠨ ᠪᠠᠭ᠎ᠠ ᠪᠣᠯᠭ᠋ᠠᠭᠰᠠᠨ᠎ᠠᠴᠠ ᠪᠣᠯᠵᠣ ᠪᠠᠶ᠋ᠢᠴᠠᠭ᠋ᠠᠯᠲᠠ ᠬᠢᠬᠦ ᠬᠡᠪᠴᠢᠶ᠎ᠡ᠎ᠠᠴᠠ ᠤᠬᠤᠷᠢᠨ ᠭᠠᠷᠳᠠᠭ᠂ ᠪᠠᠰᠠ ᠰᠢᠨ᠎ᠡ᠎ᠪᠠᠷ ᠪᠠᠶ᠋ᠢᠭᠤᠯᠵᠤ ᠠᠰᠢᠭᠯᠠᠯᠲᠠ᠎ᠳᠤ ᠣᠷᠣᠭᠤᠯᠤᠭᠰᠠᠨ ᠠᠵᠤ ᠠᠬᠤᠶ᠋ᠢᠯᠠᠯ᠂ ᠳᠠᠮᠫᠤᠷᠠᠬᠤ᠂ ᠬᠦᠴᠦᠨ ᠥᠬᠡᠶ ᠪᠣᠯᠭ᠋ᠠᠭᠰᠠᠨ ᠠᠵᠤ ᠠᠬᠤᠶ᠋ᠢᠯᠠᠯ ᠵᠡᠷᠭᠡ ᠨᠥᠯᠥᠭᠡ᠎ᠲᠠᠢ ᠪᠠᠶ᠋ᠢᠳᠠᠭ᠃ ᠬᠣᠶᠠᠷ᠎ᠲᠤ ᠬᠡᠰᠡᠭ ᠠᠵᠤ ᠠᠬᠤᠶ᠋ᠢᠯᠠᠯ᠎ᠤᠨ ᠪᠦᠯᠦᠭᠯᠡᠯ ᠺᠣᠮᠫᠠᠨᠢ ᠵᠢᠨ ᠦᠢ᠍ᠯᠡᠳᠬᠦᠨ᠎ᠤ ᠭᠠᠷᠤᠯᠲᠠ ᠵᠢᠨ ᠲᠣᠭ᠎ᠠ ᠪᠠᠷᠢᠮᠲᠠ᠎ᠳᠤ ᠭᠠᠵᠠᠷ ᠣᠷᠣᠨ ᠠᠯᠤᠰᠯᠠᠨ ᠳᠠᠪᠬᠤᠷᠳᠠᠭᠤᠯᠤᠨ ᠪᠦᠷᠢᠳᠬᠡᠬᠦ ᠦᠵᠡᠭᠳᠡᠯ ᠣᠷᠣᠰᠢᠵᠤ᠂ ᠲᠤᠰᠬᠠᠶ ᠵᠦᠢ᠍ᠯ᠎ᠤᠨ ᠪᠠᠶ᠋ᠢᠴᠠᠭ᠋ᠠᠯᠲᠠ ᠵᠢ ᠦᠨᠳᠦᠰᠦᠯᠡᠨ ᠠᠵᠤ ᠠᠬᠤᠶ᠋ᠢᠯᠠᠯ᠎ᠤᠨ ᠪᠦᠯᠦᠭᠯᠡᠯ ᠺᠣᠮᠫᠠᠨᠢ ᠵᠢᠨ ᠭᠠᠵᠠᠷ ᠣᠷᠣᠨ ᠠᠯᠤᠰᠯᠠᠨ ᠳᠠᠪᠬᠤᠷᠳᠠᠭᠤᠯᠤᠨ ᠦᠢ᠍ᠯᠡᠳᠪᠦᠷᠢᠯᠡᠬᠦ ᠬᠡᠮᠵᠢᠶ᠎ᠡ᠎ᠳᠤ ᠰᠢᠭᠰᠢᠯᠲᠡ ᠬᠢᠪᠡ᠃
(4) ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ (ᠲᠠᠷᠢᠶᠠᠴᠢᠨ ᠡᠷᠦᠬᠡ ᠵᠢ ᠪᠠᠭᠲᠠᠭ᠋ᠠᠬᠤ ᠦᠭᠡᠶ)᠄ ᠡᠨᠡ᠎ᠨᠢ ᠬᠣᠲᠠ ᠪᠠᠯᠭ᠋ᠠᠰᠤ ᠪᠠ ᠬᠥᠳᠡᠭᠡ ᠲᠣᠰᠬᠣᠨ᠎ᠤ ᠡᠯ᠎ᠡ ᠵᠦᠢ᠍ᠯ᠎ᠤᠨ ᠳᠠᠩᠰᠠᠯᠠᠨ ᠲᠡᠮᠳᠡᠭᠯᠡᠬᠦ ᠲᠥᠷᠥᠯ ᠬᠡᠯᠪᠡᠷᠢ ᠵᠢᠨ ᠠᠵᠤ ᠠᠬᠤᠶ᠋ᠢᠯᠠᠯ᠂ ᠠᠵᠢᠯ ᠦᠢ᠍ᠯᠡᠰ᠂ ᠵᠠᠰᠠᠭ ᠵᠠᠬᠢᠷᠭ᠋ᠠᠨ᠎ᠤ ᠨᠢᠭᠡᠴᠡ ᠵᠢᠴᠢ ᠬᠣᠲᠠ ᠪᠠᠯᠭ᠋ᠠᠰᠤ ᠵᠢᠨ ᠬᠤᠪᠢ ᠵᠢᠨ ᠡᠷᠦᠬᠡ᠎ᠠᠴᠠ ᠶᠠᠪᠤᠭᠳᠠᠭᠤᠯᠬᠤ᠎ᠪᠠᠷ ᠲᠥᠯᠥᠪᠯᠡᠭᠰᠡᠨ ᠶᠡᠷᠦᠩᠬᠡᠶ ᠪᠡᠯᠡ ᠣᠷᠣᠭᠤᠯᠤᠯᠲᠠ᠎ᠨᠢ 500 ᠲᠦᠮᠡᠨ ᠲᠥᠭᠥᠷᠢᠭ ᠵᠢᠴᠢ 500 ᠲᠦᠮᠡᠨ ᠲᠥᠭᠥᠷᠢᠭ᠎ᠠᠴᠠ ᠳᠡᠭᠡᠭᠰᠢᠬᠢ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠪᠡᠯᠡ ᠣᠷᠣᠭᠤᠯᠤᠯᠲᠠ ᠪᠠ ᠭᠡᠷ ᠪᠠᠶ᠋ᠢᠰᠢᠩ ᠭᠠᠵᠠᠷ ᠬᠥᠷᠥᠩᠭᠡ ᠵᠢᠨ ᠨᠡᠭᠡᠭᠡᠯᠲᠡ ᠵᠢᠨ ᠪᠡᠯᠡ ᠣᠷᠣᠭᠤᠯᠤᠯᠲᠠ ᠵᠢ ᠵᠢᠭ᠋ᠠᠵᠤ ᠪᠤᠶ᠂ ᠡᠭᠦᠨ᠎ᠳᠤ ᠤᠤᠯ᠎ᠤᠨ ᠬᠡᠪᠰᠢᠭᠰᠡᠨ ᠬᠣᠲᠠ ᠪᠠᠯᠭ᠋ᠠᠰᠤ ᠵᠢᠨ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠳᠡᠭᠡᠷ᠎ᠡ ᠬᠥᠳᠡᠭᠡ ᠲᠣᠰᠬᠣᠨ᠎ᠤ ᠠᠵᠤ ᠠᠬᠤᠶ᠋ᠢᠯᠠᠯ ᠠᠵᠢᠯ ᠦᠢ᠍ᠯᠡᠰ᠎ᠤᠨ ᠵᠣᠬᠢᠶᠠᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠪᠡᠯᠡ ᠣᠷᠣᠭᠤᠯᠤᠯᠲᠠ ᠵᠢ ᠪᠠᠭᠲᠠᠭ᠋ᠠᠨ᠎ᠠ᠃
(5) ᠲᠠᠸᠠᠷ᠎ᠤᠨ ᠭᠡᠷ ᠪᠠᠶ᠋ᠢᠰᠢᠩ᠎ᠢ ᠪᠣᠷᠣᠯᠠᠭᠤᠯᠤᠭᠰᠠᠨ ᠲᠠᠯᠠᠪᠠᠢ᠄ ᠮᠡᠳᠡᠭᠦᠯᠦᠯᠲᠡ ᠵᠢᠨ ᠬᠤᠭᠤᠴᠠᠭ᠋ᠠᠨ᠎ᠳᠤ ᠰᠢᠨ᠎ᠡ᠎ᠪᠠᠷ ᠪᠠᠶ᠋ᠢᠭᠤᠯᠤᠭᠰᠠᠨ ᠲᠠᠸᠠᠷ᠎ᠤᠨ ᠭᠡᠷ ᠪᠠᠶ᠋ᠢᠰᠢᠩ᠎ᠢ ᠬᠤᠳᠠᠯᠳᠤᠭᠰᠠᠨ ᠭᠡᠷ᠎ᠡ ᠵᠢᠨ ᠶᠡᠷᠦᠩᠬᠡᠢ ᠲᠠᠯᠠᠪᠠᠢ (ᠲᠤᠬᠠᠶ᠋ᠢᠯᠠᠪᠠᠯ ᠬᠣᠶᠠᠷ ᠡᠲᠡᠭᠡᠳ᠎ᠤᠨ ᠭᠠᠷᠤᠨ ᠦᠰᠦᠭ ᠵᠢᠷᠤᠭᠰᠠᠨ ᠵᠢᠩᠬᠢᠨᠢ ᠬᠤᠳᠠᠯᠳᠤᠭ᠋ᠠᠯᠠᠬᠤ ᠭᠡᠷ᠎ᠡ᠎ᠳᠤ ᠨᠤᠲᠠᠯᠠᠨ ᠲᠣᠭᠲᠠᠭ᠋ᠠᠭᠰᠠᠨ ᠪᠠᠷᠢᠯᠭ᠎ᠠ ᠵᠢᠨ ᠲᠠᠯᠠᠪᠠᠢ) ᠵᠢ ᠵᠢᠭ᠋ᠠᠵᠤ ᠪᠠᠶ᠋ᠢᠨ᠎ᠠ᠃ ᠲᠣᠰ ᠭᠦᠢ᠍ᠴᠡᠳᠭᠡᠯ ᠲᠣᠭ᠎ᠠ᠎ᠨᠢ ᠬᠤᠷᠠᠮᠳᠤᠯ ᠲᠣᠭ᠎ᠠ ᠪᠠᠷᠢᠮᠲᠠ᠃
ᠪᠦᠷᠢᠳᠬᠡᠬᠦ ᠬᠡᠪᠴᠢᠶ᠎ᠡ᠄ ᠨᠡᠭᠡᠭᠡᠨ ᠡᠵᠡᠩᠨᠡᠬᠦ ᠠᠵᠢᠯᠯᠠᠭ᠎ᠠ᠎ᠲᠠᠢ ᠬᠡᠷ ᠪᠠᠶ᠋ᠢᠰᠢᠩ ᠭᠠᠵᠠᠷ ᠬᠥᠷᠥᠩᠭᠡ ᠵᠢᠨ ᠨᠡᠭᠡᠭᠡᠨ ᠡᠵᠡᠩᠨᠡᠬᠦ ᠪᠥᠬᠥ ᠬᠠᠤᠯᠢ ᠵᠢᠨ ᠡᠷᠬᠡᠲᠡᠨ᠎ᠤ ᠨᠢᠭᠡᠴᠡ᠃
ᠪᠠᠶ᠋ᠢᠴᠠᠭ᠋ᠠᠬᠤ ᠠᠷᠭ᠎ᠠ ᠮᠠᠶᠢᠭ᠄ ᠰᠠᠷ᠎ᠠ ᠰᠠᠷ᠎ᠠ (1 ᠳ᠋ᠤᠭᠡᠷ ᠰᠠᠷ᠎ᠠ᠎ᠠᠴᠠ ᠭᠠᠳᠠᠨ᠎ᠠ)᠎ᠪᠠᠷ ᠪᠦᠬᠦ ᠲᠠᠯ᠎ᠠ ᠵᠢᠨ ᠪᠠᠶ᠋ᠢᠴᠠᠭ᠋ᠠᠯᠲᠠ ᠬᠢᠨ᠎ᠡ᠃
(6) ᠲᠠᠸᠠᠷ᠎ᠤᠨ ᠭᠡᠷ ᠪᠠᠶ᠋ᠢᠰᠢᠩ᠎ᠢ ᠪᠣᠷᠣᠯᠠᠭᠤᠯᠤᠭᠰᠠᠨ ᠲᠣᠭ᠎ᠠ᠄ ᠭᠡᠷ ᠪᠠᠶ᠋ᠢᠰᠢᠩ ᠭᠠᠵᠠᠷ ᠰᠢᠷᠣᠢ ᠵᠢᠨ ᠭᠦᠷᠦᠨᠭᠭᠡ ᠵᠢ ᠨᠡᠭᠡᠭᠡᠨ ᠠᠰᠢᠭᠯᠠᠬᠤ ᠠᠵᠤ ᠠᠬᠤᠶ᠋ᠢᠯᠠᠯ᠎ᠤᠨ ᠲᠣᠰ ᠵᠢᠯ᠎ᠳᠤ ᠲᠠᠸᠠᠷ᠎ᠤᠨ ᠭᠡᠷ ᠪᠠᠶ᠋ᠢᠰᠢᠩ᠎ᠢ ᠬᠤᠳᠠᠯᠳᠤᠬᠤ ᠭᠡᠷ᠎ᠡ ᠵᠢᠨ ᠪᠦᠭᠦ ᠦᠨ᠎ᠡ ᠵᠢᠨ ᠵᠣᠭᠣᠰ (ᠲᠤᠬᠠᠶ᠋ᠢᠯᠠᠪᠠᠯ ᠬᠣᠶᠠᠷ ᠲᠠᠯ᠎ᠠ᠎ᠪᠠᠷ ᠵᠶ᠋ᠠᠨ ᠭᠠᠷᠤᠨ ᠦᠰᠦᠭ ᠵᠢᠷᠤᠭᠰᠠᠨ ᠵᠢᠩᠬᠢᠨᠢ ᠬᠤᠳᠠᠯᠳᠤᠭ᠋ᠠᠯᠠᠬᠤ ᠭᠡᠷ᠎ᠡ᠎ᠳᠤ ᠲᠣᠭᠲᠠᠭ᠋ᠠᠭᠰᠠᠨ ᠭᠡᠷ᠎ᠡ ᠵᠢᠨ ᠪᠦᠭᠦ ᠦᠨ᠎ᠡ ᠵᠢ ᠵᠢᠭ᠋ᠠᠵᠤ ᠪᠠᠶ᠋ᠢᠨ᠎ᠠ)᠃ ᠲᠣᠰ ᠭᠦᠢ᠍ᠴᠡᠳᠭᠡᠯ ᠲᠣᠭ᠎ᠠ᠎ᠨᠢ ᠲᠠᠸᠠᠷ᠎ᠤᠨ ᠭᠡᠷ ᠪᠠᠶ᠋ᠢᠰᠢᠩ᠎ᠤᠨ ᠪᠣᠷᠣᠯᠠᠭᠤᠯᠬᠤ ᠲᠠᠯᠠᠪᠠᠢ᠎ᠲᠠᠢ ᠠᠳᠠᠯᠢ᠃
(7) ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠬᠤ ᠶᠡᠷᠦᠩᠬᠡᠶ ᠲᠣᠭ᠎ᠠ᠄ ᠠᠵᠤ ᠠᠬᠤᠶ᠋ᠢᠯᠠᠯ (ᠨᠢᠭᠡᠴᠡ᠂ ᠬᠤᠪᠢ ᠵᠢᠨ ᠡᠷᠦᠬᠡ)᠎ᠨᠢ ᠠᠷᠠᠯᠵᠢᠶᠠᠯᠠᠬᠤ᠎ᠪᠠᠷ ᠳᠠᠮᠵᠢᠭᠤᠯᠤᠨ ᠬᠤᠪᠢ ᠬᠥᠮᠦᠨ᠂ ᠨᠡᠶ᠋ᠢᠭᠡᠮ᠎ᠤᠨ ᠪᠦᠯᠦᠭᠯᠡᠯ᠎ᠤᠨ ᠦᠢ᠍ᠯᠡᠳᠪᠦᠷᠢᠯᠡᠯ᠎ᠤᠨ ᠪᠤᠰᠤ᠂ ᠡᠵᠡᠩᠨᠡᠯᠲᠡ ᠵᠢᠨ ᠪᠤᠰᠤ ᠬᠡᠷᠡᠭᠯᠡᠭᠡᠨ᠎ᠤ ᠪᠣᠳᠠᠲᠤ ᠲᠠᠸᠠᠷ᠎ᠤᠨ ᠵᠣᠭᠣᠰ᠎ᠤᠨ ᠲᠣᠭ᠎ᠠ ᠵᠢᠴᠢ ᠢᠳᠡᠭᠡᠨ ᠤᠮᠳᠠᠭ᠋ᠠᠨ᠎ᠤ ᠦᠢ᠍ᠯᠡᠴᠢᠯᠡᠭᠡ ᠬᠠᠩᠭ᠋ᠠᠭ᠋ᠠᠳ ᠣᠯᠤᠭᠰᠠᠨ ᠣᠷᠣᠯᠭ᠎ᠠ ᠵᠢᠨ ᠵᠣᠭᠣᠰ᠎ᠤᠨ ᠲᠣᠭ᠎ᠠ ᠵᠢ ᠵᠢᠭ᠋ᠠᠵᠤ ᠪᠣᠶ᠃ ᠬᠤᠪᠢ ᠬᠥᠮᠦᠨ᠎ᠳᠤ ᠬᠤᠳᠠ ᠬᠥᠳᠡᠭᠡ ᠵᠢᠨ ᠰᠠᠭᠤᠭ᠋ᠠᠯᠢ ᠠᠷᠠᠳ ᠪᠠ ᠬᠢᠯᠢ᠎ᠳᠤ ᠣᠷᠣᠵᠤ ᠢᠷᠡᠭᠰᠡᠨ ᠬᠥᠮᠦᠰ ᠪᠠᠭᠲᠠᠨ᠎ᠠ᠂ ᠨᠡᠶ᠋ᠢᠭᠡᠮ᠎ᠤᠨ ᠪᠦᠯᠦᠭᠯᠡᠯ᠎ᠳᠤ ᠪᠠᠶ᠋ᠢᠭᠤᠯᠭ᠎ᠠ᠂ ᠨᠡᠶ᠋ᠢᠭᠡᠮ᠎ᠤᠨ ᠪᠦᠯᠬᠦᠮ᠂ ᠴᠡᠷᠢᠭ ᠠᠩᠭᠢ᠂ ᠰᠤᠷᠭ᠋ᠠᠭᠤᠯᠢ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ᠂ ᠰᠠᠭᠤᠭ᠋ᠠᠯᠢ ᠠᠷᠠᠳ᠎ᠤᠨ ᠵᠥᠪᠯᠡᠯ ᠪᠤᠶᠤ ᠭᠠᠴᠠᠭ᠋ᠠᠨ᠎ᠤ ᠠᠷᠠᠳ᠎ᠤᠨ ᠵᠥᠪᠯᠡᠯ ᠵᠡᠷᠭᠡ
ᠪᠠᠭᠲᠠᠨ᠎ᠠ᠃
ᠨᠡᠶ᠋ᠢᠭᠡᠮ᠎ᠤᠨ ᠬᠡᠷᠡᠭᠯᠡᠭᠡᠨ᠎ᠤ ᠬᠡᠷᠡᠭᠰᠡᠯ᠎ᠤᠨ ᠵᠢᠵᠢᠭᠯᠡᠨ ᠬᠤᠳᠠᠯᠳᠤᠬᠤ ᠶᠡᠷᠦᠩᠬᠡᠶ ᠲᠣᠭ᠎ᠠ ᠵᠢ ᠪᠦᠷᠢᠳᠬᠡᠬᠦ ᠬᠡᠪᠴᠢᠶ᠎ᠡ ᠪᠣᠯ᠄ ᠲᠠᠸᠠᠷ᠎ᠤᠨ ᠵᠢᠵᠢᠭᠯᠡᠨ ᠬᠤᠳᠠᠯᠳᠤᠬᠤ ᠠᠵᠢᠯᠯᠠᠭ᠎ᠠ ᠬᠢᠵᠦ ᠪᠠᠶ᠋ᠢᠭ᠎ᠠ ᠪᠤᠶᠤ ᠬᠣᠭᠣᠯᠠ ᠤᠮᠳᠠᠭ᠋ᠠᠨ᠎ᠤ ᠦᠢ᠍ᠯᠡᠴᠢᠯᠡᠭᠡᠨ ᠬᠠᠩᠭ᠋ᠠᠵᠤ ᠪᠠᠶ᠋ᠢᠭ᠎ᠠ ᠬᠠᠤᠯᠢ ᠵᠢᠨ ᠡᠷᠬᠡᠲᠡᠨ᠎ᠤ ᠠᠵᠤ ᠠᠬᠤᠶ᠋ᠢᠯᠠᠯ᠂ ᠠᠵᠤ ᠦᠢ᠍ᠯᠡᠰ᠎ᠤᠨ ᠠᠵᠢᠯᠯᠠᠭ᠎ᠠ ᠵᠢᠨ ᠨᠢᠭᠡᠴᠡ ᠪᠣᠯᠤᠨ ᠬᠤᠪᠢ ᠵᠢᠨ ᠡᠷᠦᠬᠡ᠃ ᠡᠭᠦᠨ᠎ᠳᠤ᠂ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠨᠢᠭᠡᠴᠡ ᠭᠡᠳᠡᠭ᠎ᠨᠢ ᠣᠨ᠎ᠤ ᠭᠣᠣᠯ ᠡᠵᠡᠩᠨᠡᠯᠲᠡ ᠵᠢᠨ ᠲᠤᠬᠠᠶ᠋ᠢᠯᠠᠭᠰᠠᠨ ᠠᠵᠢᠯ᠎ᠤᠨ ᠣᠷᠣᠯᠭ᠎ᠠ᠎ᠨᠢ 2000 ᠲᠦᠮᠡᠨ ᠲᠥᠭᠥᠷᠢᠭ ᠵᠢᠴᠢ ᠲᠡᠭᠦᠨ᠎ᠠᠴᠠ ᠳᠡᠭᠡᠭᠰᠢᠬᠢ ᠪᠥᠭᠡᠮ ᠵᠶ᠋ᠠᠷ ᠬᠤᠳᠠᠯᠳᠤᠬᠤ ᠠᠵᠤ ᠠᠬᠤᠶ᠋ᠢᠯᠠᠯ (ᠨᠢᠭᠡᠴᠡ᠂ ᠬᠤᠪᠢ ᠵᠢᠨ ᠡᠷᠦᠬᠡ)᠂ 500 ᠲᠦᠮᠡᠨ ᠲᠥᠭᠥᠷᠢᠭ ᠵᠢᠴᠢ ᠲᠡᠭᠦᠨ᠎ᠠᠴᠠ ᠳᠡᠭᠡᠭᠰᠢᠬᠢ ᠵᠢᠵᠢᠭᠯᠡᠨ ᠬᠤᠳᠠᠯᠳᠤᠬᠤ ᠠᠵᠤ ᠠᠬᠤᠶ᠋ᠢᠯᠠᠯ (ᠨᠢᠭᠡᠴᠡ᠂ ᠬᠤᠪᠢ ᠵᠢᠨ ᠡᠷᠦᠬᠡ)᠂ 200 ᠲᠦᠮᠡᠨ ᠲᠥᠭᠥᠷᠢᠭ ᠵᠢᠴᠢ ᠲᠡᠭᠦᠨ᠎ᠠᠴᠠ ᠳᠡᠭᠡᠭᠰᠢᠬᠢ ᠬᠣᠨᠣᠭ ᠪᠠ ᠬᠣᠭᠣᠯᠠ ᠤᠮᠳᠠᠭ᠋ᠠᠨ᠎ᠤ ᠠᠵᠤ ᠠᠬᠤᠶ᠋ᠢᠯᠠᠯ (ᠨᠢᠭᠡᠴᠡ᠂ ᠬᠤᠪᠢ ᠵᠢᠨ
ᠡᠷᠦᠬᠡ)᠎ᠢ ᠵᠢᠭ᠋ᠠᠵᠤ ᠪᠤᠶ᠃
(8) ᠰᠠᠭᠤᠭ᠋ᠠᠯᠢ ᠠᠷᠠᠳ᠎ᠤᠨ ᠡᠵᠡᠮᠳᠡᠵᠦ ᠪᠣᠯᠬᠤ ᠣᠷᠣᠯᠭ᠎ᠠ᠄ ᠰᠠᠭᠤᠭ᠋ᠠᠯᠢ ᠠᠷᠠᠳ᠎ᠤᠨ ᠡᠵᠡᠮᠳᠡᠵᠦ ᠪᠣᠯᠬᠤ ᠣᠷᠣᠯᠭ᠎ᠠ ᠭᠡᠳᠡᠭ᠎ᠨᠢ ᠰᠠᠭᠤᠭ᠋ᠠᠯᠢ ᠠᠷᠠᠳ᠎ᠤᠨ ᠬᠠᠮᠤᠭ ᠡᠴᠦᠰ᠎ᠤᠨ ᠬᠡᠷᠡᠭᠯᠡᠭᠡᠨ᠎ᠤ ᠵᠠᠷᠤᠯᠭ᠎ᠠ ᠪᠠ ᠬᠠᠳᠠᠭ᠋ᠠᠯᠠᠮᠵᠢ ᠵᠢᠨ ᠨᠡᠶ᠋ᠢᠯᠡᠪᠦᠷᠢ ᠵᠢ ᠵᠢᠭ᠋ᠠᠵᠤ ᠪᠠᠶ᠋ᠢᠨ᠎ᠠ᠂ ᠲᠤᠬᠠᠶ᠋ᠢᠯᠠᠪᠠᠯ ᠰᠠᠭᠤᠭ᠋ᠠᠯᠢ ᠠᠷᠠᠳ᠎ᠤᠨ ᠴᠢᠯᠥᠭᠡᠲᠡᠢ ᠬᠡᠷᠡᠭᠯᠡᠵᠦ ᠪᠣᠯᠬᠤ ᠣᠷᠣᠯᠭ᠎ᠠ ᠪᠣᠯᠤᠨ᠎ᠠ᠂ ᠡᠭᠦᠨ᠎ᠳᠤ ᠪᠡᠯᠡᠨ ᠵᠣᠭᠣᠰ᠎ᠤᠨ ᠣᠷᠣᠯᠭ᠎ᠠ ᠪᠠᠭᠲᠠᠬᠤ ᠮᠥᠷᠲᠡᠭᠡᠨ ᠪᠣᠳᠠᠲᠤ ᠪᠣᠳᠠᠰ᠎ᠤᠨ ᠣᠷᠣᠯᠭ᠎ᠠ ᠴᠤ᠌ ᠪᠠᠭᠲᠠᠨ᠎ᠠ᠃ ᠣᠷᠣᠯᠭ᠎ᠠ ᠵᠢᠨ ᠢᠷᠡᠯᠲᠡ ᠶᠣᠰᠣᠭ᠋ᠠᠷ᠂ ᠡᠵᠡᠮᠳᠡᠵᠦ ᠪᠣᠯᠬᠤ ᠣᠷᠣᠯᠭ᠎ᠠ᠎ᠳᠤ ᠴᠠᠯᠢᠩ᠎ᠤᠨ ᠴᠢᠨᠠᠷᠲᠠᠶ ᠣᠷᠣᠯᠭ᠎ᠠ᠂ ᠡᠵᠡᠩᠨᠡᠯᠲᠡ ᠵᠢᠨ ᠴᠡᠪᠡᠷ ᠣᠷᠣᠯᠭ᠎ᠠ᠂ ᠡᠳ᠋ ᠬᠥᠷᠥᠩᠭᠡ ᠵᠢᠨ ᠴᠡᠪᠡᠷ ᠣᠷᠣᠯᠭ᠎ᠠ ᠪᠠ ᠰᠢᠯᠵᠢᠭᠦᠯᠦᠭᠰᠡᠨ ᠴᠡᠪᠡᠷ ᠣᠷᠣᠯᠭ᠎ᠠ ᠪᠠᠭᠲᠠᠨ᠎ᠠ᠃
(9) ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠬᠠᠩᠰᠢ ᠵᠢᠨ ᠢᠯᠡᠳᠬᠡᠭᠴᠢ ᠲᠣᠭ᠎ᠠ (Consumerpriceindex᠂ ᠳᠥᠭᠥᠮᠴᠢᠯᠡᠭᠡᠳ CPI ᠭᠡᠳᠡᠭ)᠄ ᠰᠠᠭᠤᠭ᠋ᠠᠯᠢ ᠠᠷᠠᠳ᠎ᠤᠨ ᠠᠮᠢᠳᠤᠷᠠᠯ᠎ᠤᠨ ᠬᠡᠷᠡᠭᠯᠡᠭᠡᠨ᠎ᠤ ᠵᠦᠢ᠍ᠯ ᠪᠠ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠬᠢᠷᠢ ᠬᠡᠮᠵᠢᠶ᠎ᠡ ᠵᠢᠨ ᠴᠠᠭ᠎ᠤᠨ ᠬᠤᠪᠢᠷᠠᠯᠲᠠ ᠵᠢ ᠳᠠᠭ᠋ᠠᠯᠳᠤᠨ ᠬᠤᠪᠢᠷᠠᠬᠤ ᠬᠠᠷᠢᠴᠠᠩᠭᠤᠶ ᠲᠣᠭ᠎ᠠ ᠵᠢ ᠬᠡᠮᠵᠢᠵᠦ᠂ ᠰᠠᠭᠤᠭ᠋ᠠᠯᠢ ᠠᠷᠠᠳ᠎ᠤᠨ ᠬᠤᠳᠠᠯᠳᠤᠨ ᠠᠪᠤᠭᠰᠠᠨ ᠠᠮᠢᠳᠤᠷᠠᠯ᠎ᠤᠨ ᠬᠡᠷᠡᠭᠯᠡᠭᠡᠨ᠎ᠤ ᠵᠦᠢ᠍ᠯ ᠪᠠ ᠦᠢ᠍ᠯᠡᠴᠢᠯᠡᠭᠡᠨ᠎ᠤ ᠦᠨ᠎ᠡ ᠬᠠᠩᠰᠢ ᠵᠢᠨ ᠬᠤᠪᠢᠷᠠᠯᠲᠠ ᠵᠢᠨ ᠪᠠᠶ᠋ᠢᠳᠠᠯ᠎ᠢ ᠶᠡᠷᠦᠩᠬᠡᠶ᠋ᠢᠯᠡᠨ ᠲᠤᠰᠬᠠᠨ᠎ᠠ᠃
(10) ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢ ᠵᠢᠨ ᠦᠨ᠎ᠡ ᠵᠢᠨ ᠢᠯᠡᠳᠬᠡᠭᠴᠢ ᠲᠣᠭ᠎ᠠ᠄ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢ ᠵᠢᠨ ᠦᠢ᠍ᠯᠡᠳᠪᠦᠷᠢ᠎ᠠᠴᠠ ᠭᠠᠷᠭ᠋ᠠᠬᠤ ᠦᠨ᠎ᠡ ᠵᠢᠨ ᠢᠯᠡᠳᠬᠡᠭᠴᠢ ᠲᠣᠭ᠎ᠠ (Producerpriceindexforlndustrial Products᠂ ᠳᠥᠭᠥᠮᠴᠢᠯᠡᠭᠡᠳ PPI ᠭᠡᠳᠡᠭ) ᠪᠣᠯᠤᠨ
ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢ ᠵᠢᠨ ᠬᠤᠳᠠᠯᠳᠤᠨ ᠠᠪᠬᠤ ᠦᠨ᠎ᠡ ᠵᠢᠨ ᠢᠯᠡᠳᠬᠡᠭᠴᠢ ᠲᠣᠭ᠎ᠠ ᠵᠢ
ᠪᠠᠭᠲᠠᠭ᠋ᠠᠨ᠎ᠠ᠃
ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢᠳ᠎ᠤᠨ ᠦᠢ᠍ᠯᠡᠳᠪᠦᠷᠢ᠎ᠠᠴᠠ ᠭᠠᠷᠭ᠋ᠠᠬᠤ ᠦᠨ᠎ᠡ ᠵᠢᠨ ᠢᠯᠡᠳᠬᠡᠭᠴᠢ ᠲᠣᠭ᠎ᠠ᠎ᠨᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠦᠢ᠍ᠯᠡᠳᠬᠦᠨ᠎ᠢ ᠠᠩᠬ᠎ᠠ ᠤᠳᠠᠭ᠎ᠠ ᠬᠤᠳᠠᠯᠳᠤᠬᠤ ᠦᠶ᠎ᠡ ᠵᠢᠨ ᠦᠢ᠍ᠯᠡᠳᠪᠦᠷᠢ᠎ᠠᠴᠠ ᠭᠠᠷᠭ᠋ᠠᠬᠤ ᠦᠨ᠎ᠡ ᠵᠢᠨ ᠬᠤᠪᠢᠷᠠᠯᠲᠠ ᠵᠢᠨ ᠬᠠᠨᠳᠤᠰᠢ ᠪᠠ ᠬᠤᠪᠢᠷᠠᠯᠲᠠ ᠵᠢᠨ ᠬᠡᠮᠵᠢᠶ᠎ᠡ ᠵᠢ ᠲᠤᠰᠬᠠᠳᠠᠭ᠃ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢᠳ᠎ᠤᠨ ᠬᠤᠳᠠᠯᠳᠤᠨ ᠠᠪᠬᠤ ᠦᠨ᠎ᠡ ᠵᠢᠨ ᠢᠯᠡᠳᠬᠡᠭᠴᠢ ᠲᠣᠭ᠎ᠠ᠎ᠨᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠵᠠᠪᠰᠠᠷ᠎ᠤᠨ ᠣᠷᠣᠭᠤᠯᠤᠯᠲᠠ ᠪᠣᠯᠬᠤ ᠦᠢ᠍ᠯᠡᠳᠬᠦᠨ᠎ᠤ ᠬᠤᠳᠠᠯᠳᠤᠨ ᠠᠪᠬᠤ ᠦᠨ᠎ᠡ ᠵᠢᠨ ᠬᠤᠪᠢᠷᠠᠯᠲᠠ ᠵᠢᠨ ᠬᠠᠨᠳᠤᠰᠢ ᠪᠠ ᠬᠤᠪᠢᠷᠠᠯᠲᠠ ᠵᠢᠨ ᠬᠡᠮᠵᠢᠶ᠎ᠡ ᠵᠢ ᠲᠤᠰᠬᠠᠳᠠᠭ᠃
(11) ᠠᠮᠤ ᠪᠤᠳᠠᠭ᠋ᠠᠨ᠎ᠤ ᠭᠠᠷᠤᠯᠲᠠ᠂ ᠭᠠᠬᠠᠶ ᠦᠬᠡᠷ ᠬᠣᠨᠢ ᠵᠢᠭᠦᠷᠲᠡᠨ᠎ᠤ ᠮᠢᠬᠠᠨ᠎ᠤ ᠭᠠᠷᠤᠯᠲᠠ᠂ ᠦᠨᠢᠶᠡᠨ ᠰᠦ ᠵᠢᠨ ᠭᠠᠷᠤᠯᠲᠠ᠂ ᠭᠠᠬᠠᠶ ᠦᠬᠡᠷ ᠬᠣᠨᠢ ᠵᠢᠭᠦᠷᠲᠡᠨ᠎ᠤ ᠲᠣᠭ᠎ᠠ ᠲᠣᠯᠣᠭ᠋ᠠᠶ᠂ ᠦᠨ᠎ᠡ ᠬᠠᠩᠰᠢ ᠵᠢᠨ ᠵᠢᠭ᠋ᠠᠯᠲᠠ ᠲᠣᠭ᠎ᠠ᠂ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠲᠣᠭ᠎ᠠ ᠪᠠᠷᠢᠮᠲᠠ ᠵᠢ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠥᠪᠥᠷ ᠮᠣᠩᠭᠣᠯ᠎ᠤᠨ ᠪᠠᠶ᠋ᠢᠴᠠᠭ᠋ᠠᠯᠲᠠ ᠵᠢᠨ ᠶᠡᠷᠦᠩᠬᠡᠶ ᠠᠩᠭᠢ᠎ᠠᠴᠠ ᠢᠷᠡᠯᠲᠡ᠎ᠲᠠᠢ᠃
(12) ᠬᠡᠰᠡᠭ ᠲᠣᠭ᠎ᠠ ᠪᠠᠷᠢᠮᠲᠠ᠎ᠨᠢ ᠳᠥᠷᠪᠡ ᠵᠢ ᠬᠠᠶᠠᠵᠤ ᠲᠠᠪᠤ ᠵᠢ ᠳᠡᠪᠰᠢᠬᠦᠯᠬᠦ ᠰᠢᠯᠲᠠᠭ᠋ᠠᠨ᠎ᠠᠴᠠ ᠪᠣᠯᠵᠤ᠂ ᠶᠡᠷᠦᠩᠬᠡᠢ ᠲᠣᠭ᠎ᠠ᠎ᠨᠢ ᠬᠤᠪᠢᠶᠠᠷᠢ ᠵᠦᠢ᠍ᠯ᠎ᠲᠠᠢ᠎ᠪᠠᠨ ᠨᠡᠶ᠋ᠢᠯᠡᠭᠡᠳ ᠠᠳᠠᠯᠢ ᠦᠭᠡᠢ ᠪᠠᠶ᠋ᠢᠳᠠᠯ ᠣᠷᠣᠰᠢᠵᠤ ᠪᠠᠶ᠋ᠢᠳᠠᠭ᠃