1 ᠳ᠋ᠤᠭᠡᠷ ᠰᠠᠷ᠎ᠠ ᠵᠢᠨ 21᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠰᠣᠨᠢᠨ ᠮᠡᠳᠡᠭᠡᠨ᠎ᠤ ᠠᠯᠪᠠᠨ ᠬᠡᠷ 2024 ᠣᠨ᠎ᠤ ᠪᠥᠬᠥ ᠣᠷᠣᠨ᠎ᠤ ᠠᠵᠤ ᠠᠬᠤᠶ ᠵᠢᠨ ᠠᠵᠢᠯᠯᠠᠭ᠋ᠠᠨ᠎ᠤ ᠪᠠᠶ᠋ᠢᠳᠠᠯ᠎ᠤᠨ ᠲᠤᠬᠠᠶ ᠮᠡᠳᠡᠭᠡ ᠨᠡᠶ᠋ᠢᠲᠡᠯᠡᠬᠦ ᠬᠤᠷᠠᠯ ᠬᠢᠪᠠ᠃ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ᠂ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠥᠪᠥᠷ ᠮᠣᠩᠭᠣᠯ᠎ᠤᠨ ᠪᠠᠶ᠋ᠢᠴᠠᠭ᠋ᠠᠯᠲᠠ ᠵᠢᠨ ᠶᠡᠷᠦᠩᠬᠡᠶ ᠠᠩᠭᠢ ᠵᠢᠨ ᠬᠠᠮᠢᠶ᠎ᠠ ᠪᠥᠬᠥᠶ ᠬᠠᠷᠢᠭᠤᠴᠠᠯᠭ᠋ᠠᠲᠠᠨ ᠰᠤᠷᠪᠤᠯᠵᠢᠯᠠᠭᠴᠢ ᠵᠢᠨ ᠠᠰᠠᠭᠤᠯᠲᠠ ᠵᠢ ᠬᠠᠷᠢᠭᠤᠯᠪᠠ᠃



ᠠᠷᠠᠳ᠎ᠤᠨ ᠡᠳᠦᠷ᠎ᠤᠨ ᠰᠣᠨᠢᠨ᠎ᠤ ᠥᠪᠥᠷ ᠮᠣᠩᠭᠣᠯ᠎ᠤᠨ ᠬᠤᠪᠢᠶᠠᠷᠢ ᠬᠣᠷᠢᠶᠠᠨ᠎ᠤ ᠰᠤᠷᠪᠤᠯᠵᠢᠯᠠᠭᠴᠢ᠄
ᠥᠭᠦᠯᠡᠭᠴᠢ ᠲᠠ ᠰᠠᠶ᠋ᠢᠨ ᠦᠦ? 2024 ᠣᠨ᠎ᠳᠤ᠂ ᠭᠠᠳᠠᠭ᠋ᠠᠳᠤ ᠣᠷᠴᠢᠨ ᠨᠠᠷᠢᠨ ᠪᠤᠳᠤᠯᠢᠶᠠᠨᠲᠠᠢ ᠬᠦᠨᠳᠦ ᠨᠣᠴᠢᠲᠠᠢ᠂ ᠤᠯᠤᠰ᠎ᠤᠨ ᠳᠣᠲᠣᠭ᠋ᠠᠳᠤ ᠵᠢᠨ ᠬᠡᠷᠡᠭᠴᠡᠭᠡ ᠬᠦᠷᠦᠯᠴᠡᠬᠦ ᠦᠭᠡᠢ᠂ ᠬᠡᠰᠡᠭ ᠠᠵᠤ ᠠᠬᠤᠶ᠋ᠢᠯᠠᠯ᠎ᠤᠨ ᠦᠢ᠍ᠯᠡᠳᠪᠦᠷᠢᠯᠡᠯ ᠡᠵᠡᠩᠨᠡᠯᠲᠡ ᠵᠢᠨ ᠬᠦᠴᠢᠷᠳᠡᠯ ᠵᠡᠷᠭᠡ ᠤᠯᠠᠨ ᠳᠠᠪᠬᠤᠷ ᠥᠷᠢᠰᠥᠯᠳᠦᠭᠡᠨ᠎ᠤ ᠡᠮᠦᠨ᠎ᠡ᠂ ᠮᠠᠨ᠎ᠤ ᠣᠷᠣᠨ ᠵᠤᠷᠰᠢᠯ᠎ᠠᠴᠠ ᠳᠠᠪᠠᠭᠰᠠᠨ ᠠᠷᠭ᠎ᠠ ᠬᠡᠮᠵᠢᠶ᠎ᠡ᠎ᠪᠠᠷ ᠳᠤᠲᠠᠭᠤᠳᠠᠯ ᠵᠶ᠋ᠠᠨ ᠨᠥᠬᠥᠪᠥᠷᠢᠯᠡᠵᠦ᠂ ᠳᠠᠪᠠᠭᠤᠯᠢᠭ ᠲᠠᠯ᠎ᠠ᠎ᠪᠠᠨ ᠳᠠᠪᠲᠠᠨ ᠪᠣᠯᠪᠠᠰᠤᠷᠠᠭᠤᠯᠵᠤ᠂ ᠴᠢᠨᠠᠷ ᠰᠠᠶ᠋ᠢᠲᠠᠢ ᠬᠥᠭᠵᠢᠯᠲᠡ᠎ᠳᠤ ᠵᠠᠮ ᠨᠡᠭᠡᠭᠡᠵᠦ ᠥᠭᠪᠡ᠃ ᠪᠦᠬᠦ ᠣᠷᠣᠨ᠎ᠤ ᠠᠵᠤ ᠠᠬᠤᠶ ᠵᠢᠨ ᠠᠵᠢᠯᠯᠠᠭ᠋ᠠᠨ᠎ᠤ ᠶᠡᠷᠦᠩᠬᠡᠶ ᠢᠯᠡᠷᠡᠯ᠎ᠨᠢ ᠶᠠᠮᠠᠷ ᠪᠤᠶ? ᠶᠠᠮᠠᠷ ᠶᠠᠮᠠᠷ ᠬᠢᠯᠠᠰ ᠴᠡᠭ ᠪᠠ ᠢᠳᠡᠪᠬᠢᠲᠡᠶ ᠬᠤᠪᠢᠷᠠᠯᠲᠠ ᠪᠠᠶ᠋ᠢᠬᠤ
ᠪᠣᠶ? ᠪᠠᠶᠠᠷᠯᠠᠯ᠎ᠠ᠃

ᠸᠠᠩ ᠴᠤᠸᠠᠨ ᠵᠢᠩ᠄ ᠲᠠᠨ᠎ᠤ ᠠᠰᠠᠭᠤᠭᠰᠠᠨ᠎ᠳᠤ ᠪᠠᠶᠠᠷᠯᠠᠯ᠎ᠠ᠃ 2024 ᠣᠨ ᠪᠣᠯ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠬᠠᠷᠠᠯᠲᠠ ᠡᠭᠦᠷᠭᠡ ᠵᠢ ᠪᠡᠶᠡᠯᠡᠭᠦᠯᠬᠦ ᠵᠠᠩᠭᠢᠯᠠᠭ᠎ᠠ ᠵᠢᠨ ᠨᠢᠭᠡ ᠵᠢᠯ ᠪᠣᠯᠤᠨ᠎ᠠ᠂ ᠡᠨᠡ ᠨᠢᠭᠡ ᠵᠢᠯ᠎ᠤᠨ ᠠᠵᠤ ᠠᠬᠤᠶ ᠵᠢᠨ ᠡᠷᠭᠢᠯᠲᠡ ᠵᠢᠨ ᠪᠠᠶ᠋ᠢᠳᠠᠯ᠎ᠢ ᠣᠯᠠᠨ ᠵᠶ᠋ᠠᠷ ᠵᠶ᠋ᠠᠨ ᠮᠠᠰᠢ ᠠᠩᠬᠠᠷᠴᠤ ᠪᠠᠶ᠋ᠢᠨ᠎ᠠ᠃ 2024 ᠣᠨ
ᠳᠤ᠂ ᠥᠪᠥᠷ ᠮᠣᠩᠭᠣᠯ᠎ᠤᠨ ᠠᠵᠤ ᠠᠬᠤᠢ ᠬᠦᠴᠢᠷ᠎ᠢ ᠲᠤᠭᠤᠯᠤᠨ ᠪᠡᠷᠬᠡ ᠵᠢ ᠳᠠᠪᠠᠵᠤ᠂ ᠬᠦᠴᠢᠷ᠎ᠤᠨ ᠳᠤᠮᠳᠠ ᠠᠮᠵᠢᠯᠲᠠ ᠣᠯᠤᠭᠰᠠᠨ ᠨᠢᠭᠡ ᠵᠢᠯ ᠭᠡᠵᠦ ᠬᠡᠯᠡᠵᠦ ᠪᠣᠯᠤᠨ᠎ᠠ᠃ ᠡᠨᠡ ᠨᠢᠭᠡ ᠵᠢᠯ᠎ᠳᠤ᠂ ᠠᠵᠤ ᠠᠬᠤᠢ ᠵᠢᠨ ᠨᠡᠮᠡᠭᠳᠡᠯ᠎ᠢ ᠨᠥᠯᠥᠭᠡᠯᠡᠬᠦ ᠳᠣᠲᠣᠭ᠋ᠠᠳᠤ ᠭᠠᠳᠠᠭ᠋ᠠᠳᠤ ᠵᠢᠨ ᠬᠦᠴᠦᠨ ᠵᠦᠢ᠍ᠯ ᠥᠩᠭᠡᠷᠡᠭᠰᠡᠨ᠎ᠤ᠎ᠬᠢ᠎ᠠᠴᠠ ᠨᠡᠩ ᠬᠦᠨᠳᠦ ᠬᠡᠴᠡᠭᠦᠦ ᠲᠦᠪᠡᠭ ᠪᠤᠳᠤᠯᠢᠶᠠᠨᠲᠠᠢ ᠪᠤᠯᠵᠤ᠂ ᠪᠥᠭᠡᠮ ᠲᠠᠸᠠᠷ᠎ᠤᠨ ᠦᠨ᠎ᠡ ᠬᠠᠩᠰᠢ ᠬᠡᠯᠪᠡᠯᠵᠡᠵᠦ᠂ ᠤᠯᠤᠰ᠎ᠤᠨ ᠳᠣᠲᠣᠭ᠋ᠠᠳᠤ ᠵᠢᠨ ᠪᠦᠲᠦᠮᠵᠢᠲᠡᠢ ᠬᠡᠷᠡᠭᠴᠡᠭᠡ ᠬᠦᠷᠦᠯᠴᠡᠬᠦ ᠦᠭᠡᠢ ᠪᠤᠯᠵᠤ᠂ ᠰᠢᠨ᠎ᠡ ᠬᠠᠭᠤᠴᠢᠨ ᠬᠥᠳᠡᠯᠭᠡᠭᠴᠢ ᠡᠨᠧᠷᠭᠢ ᠵᠢᠨ ᠰᠣᠯᠢᠭᠳᠠᠯ᠎ᠳᠤ ᠡᠪᠡᠷᠰᠢᠶᠡᠯ ᠲᠤᠯᠭ᠋ᠠᠷᠠᠵᠤ᠂ ᠬᠡᠰᠡᠭ ᠠᠵᠤ ᠠᠬᠤᠶ᠋ᠢᠯᠠᠯ᠎ᠤᠨ ᠦᠢ᠍ᠯᠡᠳᠪᠦᠷᠢᠯᠡᠯ ᠡᠵᠡᠩᠨᠡᠯᠲᠡ᠎ᠳᠤ ᠨᠡᠯᠢᠶᠡᠳ ᠤᠯᠠᠨ ᠬᠦᠴᠢᠷᠳᠡᠯ ᠲᠤᠯᠭ᠋ᠠᠷᠠᠵᠠᠢ᠃ ᠡᠶ᠋ᠢᠮᠦᠷᠬᠦᠦ ᠠᠬᠤᠢ ᠪᠠᠶ᠋ᠢᠳᠠᠯ ᠳᠣᠣᠷ᠎ᠠ᠂ ᠮᠠᠨ᠎ᠤ ᠣᠷᠣᠨ᠎ᠤ ᠠᠵᠤ ᠠᠬᠤᠢ᠎ᠳᠤ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ᠂ ᠥᠭᠡᠳᠡᠯᠡᠨ ᠰᠠᠶ᠋ᠢᠵᠢᠷᠠᠬᠤ ᠪᠠᠶ᠋ᠢᠳᠠᠯ ᠢᠯᠡᠷᠡᠵᠦ᠂ ᠴᠢᠨᠠᠷ ᠰᠠᠶ᠋ᠢᠲᠠᠢ ᠬᠥᠭᠵᠢᠯᠲᠡ ᠢᠳᠡᠷᠡᠭᠦᠨ ᠠᠯᠬᠤᠭ᠎ᠠ ᠵᠢ ᠠᠯᠬᠤᠵᠠᠢ᠃ ᠪᠥᠬᠥ ᠣᠷᠣᠨ᠎ᠤ ᠠᠵᠤ ᠠᠬᠤᠶ ᠵᠢᠨ ᠶᠡᠷᠦᠩᠬᠡᠶ ᠬᠡᠮᠵᠢᠶ᠎ᠡ 2.6 ᠲᠦᠮᠡᠨ ᠳ᠋ᠦᠩᠰᠢᠭᠤᠷ ᠲᠥᠭᠥᠷᠢᠭ᠎ᠢ ᠳᠠᠪᠠᠵᠤ᠂ ᠪᠥᠬᠥ ᠤᠯᠤᠰ᠎ᠤᠨ ᠨᠡᠷᠡᠰ᠎ᠤᠨ ᠵᠢᠭᠰᠠᠭ᠋ᠠᠯᠲᠠ᠎ᠳᠤ 20 ᠳ᠋ᠤᠭ᠋ᠠᠷ᠎ᠲᠤ ᠵᠢᠭᠰᠠᠭ᠋ᠠᠭᠳᠠᠵᠤ᠂ 5 ᠵᠢᠯ ᠠᠯᠤᠰᠯᠠᠭ᠋ᠠᠳ ᠪᠥᠬᠥ ᠤᠯᠤᠰ᠎ᠤᠨ ᠳᠤᠮᠳᠠ ᠲᠦᠪᠰᠢᠨ᠎ᠳᠤ ᠳᠠᠬᠢᠨ ᠪᠤᠴᠠᠵᠤ᠂ ᠭᠤᠤᠯ ᠪᠣᠯᠬᠤ ᠠᠵᠤ ᠠᠬᠤᠶ ᠵᠢᠨ ᠭᠦᠢ᠍ᠴᠡᠳᠭᠡᠯ ᠲᠣᠭ᠎ᠠ ᠵᠢᠨ ᠨᠡᠮᠡᠭᠳᠡᠯ᠎ᠤᠨ ᠬᠤᠷᠳᠤᠴᠠ᠎ᠨᠢ ᠦᠷᠭᠦᠯᠵᠢᠯᠡᠨ ᠪᠥᠬᠥ ᠤᠯᠤᠰ᠎ᠤᠨ ᠳᠤᠮᠳᠠᠴᠢ ᠬᠤᠷᠳᠤᠴᠠ᠎ᠠᠴᠠ ᠲᠦᠷᠭᠡᠨ ᠪᠠᠶ᠋ᠢᠵᠤ᠂ ᠪᠥᠬᠥ ᠤᠯᠤᠰ᠎ᠤᠨ ᠡᠮᠦᠨ᠎ᠡ ᠡᠩᠨᠡᠭᠡᠨ᠎ᠳᠤ ᠣᠷᠣᠪᠠ᠂ ᠢᠯᠠᠩᠭᠤᠶ᠎ᠠ ᠡᠨᠧᠷᠭᠢ ᠵᠢᠨ ᠡᠬᠢ ᠪᠠᠶᠠᠯᠢᠭ ᠵᠶ᠋ᠠᠷ ᠭᠤᠤᠯ ᠪᠣᠯᠭ᠋ᠠᠵᠤ᠂ ᠠᠵᠤ ᠦᠢ᠍ᠯᠡᠰ᠎ᠤᠨ ᠬᠡᠯᠬᠢᠶ᠎ᠡ᠎ᠨᠢ ᠳᠤᠮᠳᠠ ᠳᠡᠭᠡᠳᠦ ᠲᠦᠪᠰᠢᠨ ᠵᠦᠭ ᠬᠡᠯᠪᠡᠶ᠋ᠢᠭᠰᠡᠨ ᠮᠠᠨ᠎ᠤ ᠣᠷᠣᠨ᠎ᠳᠤ ᠠᠪᠴᠤ ᠬᠡᠯᠡᠪᠡᠯ᠂ ᠡᠢ᠌ᠮᠦᠷᠬᠦ ᠠᠮᠵᠢᠯᠲᠠ ᠵᠢ ᠣᠯᠤᠭᠰᠠᠨ᠎ᠨᠢ ᠦᠨᠡᠬᠡᠷ ᠬᠢᠯᠪᠠᠷ ᠪᠤᠰᠤ ᠶᠤᠮ᠃ ᠡᠨᠡ ᠪᠣᠯ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠋ᠠᠨ᠎ᠤ ᠰᠢᠨᠵᠢᠯᠡᠬᠦ ᠤᠬᠠᠭ᠋ᠠᠨᠴᠢ ᠵᠢᠯᠤᠭᠤᠳᠤᠯᠭ᠎ᠠ ᠵᠢᠨ ᠦᠷ᠎ᠡ ᠪᠦᠳᠦᠮᠵᠢ ᠮᠥᠨ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠪᠠ ᠵᠠᠰᠠᠭ᠎ᠤᠨ ᠣᠷᠳᠣᠨ ᠪᠦᠬᠦ ᠣᠷᠣᠨ ᠳᠠᠶᠠᠭ᠋ᠠᠷ᠎ᠢ ᠪᠦᠯᠬᠦᠮᠳᠡᠭᠦᠯᠦᠨ ᠳᠠᠭ᠋ᠠᠭᠤᠯᠵᠤ ᠲᠠᠯᠠᠷᠬᠠᠯ ᠡᠪᠦᠷᠯᠡᠨ ᠡᠷᠡᠮᠡᠬᠡᠶ᠋ᠢᠯᠡᠨ ᠤᠷᠤᠭᠰᠢᠯᠠᠵᠤ᠂ ᠴᠠᠭ᠎ᠢ ᠠᠮᠵᠢᠨ ᠲᠦᠷᠭᠡᠨ ᠠᠵᠢᠯᠯᠠᠵᠤ᠂ ᠰᠢᠨ᠎ᠡ ᠵᠠᠮ᠎ᠢ ᠵᠣᠷᠢᠭᠲᠠᠢ᠎ᠪᠠᠷ ᠨᠡᠭᠡᠭᠡᠭᠰᠡᠨ᠎ᠤ ᠦᠷ᠎ᠡ ᠪᠦᠳᠦᠮᠵᠢ ᠮᠥᠨ᠃ ᠥᠩᠭᠡᠷᠡᠭᠰᠡᠨ ᠨᠢᠭᠡ ᠵᠢᠯ᠎ᠤᠨ ᠪᠥᠬᠥ ᠣᠷᠣᠨ᠎ᠤ ᠠᠵᠤ ᠠᠬᠤᠶ ᠵᠢᠨ ᠬᠥᠭᠵᠢᠯᠲᠡ ᠵᠢᠨ ᠢᠳᠡᠪᠬᠢᠲᠡᠶ ᠬᠤᠪᠢᠷᠠᠯᠲᠠ ᠵᠢ 《ᠰᠠᠭᠤᠷᠢᠨ᠎ᠢ ᠲᠣᠭᠲᠠᠭᠤᠨ᠂ ᠬᠠᠨᠳᠤᠰᠢ᠎ᠨᠢ ᠰᠠᠶ᠋ᠢᠨ᠂ ᠶᠠᠰᠤ ᠴᠢᠨᠠᠷ᠎ᠨᠢ ᠰᠠᠢ᠌ᠨ᠂ ᠳᠠᠯᠳᠠ ᠬᠦᠴᠦᠨ᠎ᠨᠢ ᠶᠡᠬᠡ》 ᠭᠡᠬᠦ ᠳᠥᠷᠪᠡᠨ ᠵᠠᠩᠭᠢᠯᠠᠭ᠎ᠠ ᠵᠢᠨ ᠦᠭᠡ᠎ᠪᠠᠷ ᠬᠤᠷᠢᠶᠠᠩᠭᠤᠶ᠋ᠢᠯᠠᠵᠤ ᠪᠣᠯᠤᠨ᠎ᠠ᠃
ᠨᠢᠭᠡᠳᠦᠭᠡᠷ᠎ᠲᠤ᠂ ᠰᠠᠭᠤᠷᠢᠨ᠎ᠢ ᠲᠤᠭᠲᠠᠭᠤᠨ᠃ ᠭᠣᠣᠯᠳᠠᠭᠤ ᠭᠤᠷᠪᠠᠨ ᠠᠵᠤ ᠦᠢ᠍ᠯᠡᠰ ᠬᠠᠮᠵᠢᠯᠴᠠᠨ ᠬᠦᠴᠦᠯᠡᠵᠦ᠂ ᠬᠠᠩᠭ᠋ᠠᠯᠭ᠎ᠠ ᠵᠢᠨ ᠲᠠᠯ᠎ᠠ ᠵᠢᠨ ᠲᠤᠯᠭ᠋ᠠᠭᠤᠷᠢᠯᠠᠯ ᠬᠦᠴᠦᠲᠡᠢ ᠪᠠᠶ᠋ᠢᠵᠤ᠂ ᠰᠠᠢ᠍ᠢ᠍ᠨ ᠰᠠᠶ᠋ᠢᠬᠠᠨ ᠪᠠᠲᠤ ᠪᠡᠬᠢ ᠦᠨᠳᠦᠰᠦᠨ ᠪᠠᠶ᠋ᠢᠳᠠᠯ᠎ᠢ ᠪᠦᠷᠢᠯᠳᠦᠭᠦᠯᠵᠦ᠂ ᠠᠵᠤ ᠠᠬᠤᠢ ᠵᠢᠨ ᠦᠨᠳᠦᠰᠦᠨ ᠪᠠᠶ᠋ᠢᠳᠠᠯ᠎ᠢ ᠲᠣᠭᠲᠠᠪᠤᠷᠢᠵᠢᠭᠤᠯᠬᠤ ᠰᠠᠭᠤᠷᠢ ᠵᠢ ᠪᠡᠬᠢᠵᠢᠭᠦᠯᠪᠡ᠃ ᠥᠩᠭᠡᠷᠡᠭᠰᠡᠨ ᠨᠢᠭᠡ ᠵᠢᠯ᠎ᠳᠤ᠂ ᠪᠥᠬᠥ ᠣᠷᠣᠨ ᠳᠠᠶᠠᠭ᠋ᠠᠷ ᠲᠠᠷᠢᠶᠠᠯᠠᠩ ᠮᠠᠯ ᠠᠵᠤ ᠠᠬᠤᠶ ᠵᠢᠨ ᠲᠦᠪᠰᠢᠨ᠎ᠢ ᠳᠡᠭᠡᠭᠰᠢᠯᠡᠭᠦᠯᠬᠦ᠂ ᠠᠵᠤ ᠦᠢ᠍ᠯᠡᠳᠪᠦᠷᠢ ᠵᠢᠨ ᠴᠢᠬᠤᠯᠠ ᠡᠭᠦᠷᠭᠡ ᠵᠢ ᠡᠭᠦᠷᠭᠡᠯᠡᠬᠦ᠂ ᠣᠲᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠲᠠᠰ ᠳᠡᠪᠰᠢᠬᠦ ᠵᠢ ᠠᠬᠢᠭᠤᠯᠬᠤ ᠵᠢ ᠦᠷᠭᠦᠯᠵᠢᠯᠡᠨ ᠠᠬᠢᠭᠤᠯᠵᠤ᠂ ᠨᠢᠭᠡᠳᠦᠭᠡᠷ ᠠᠵᠤ ᠦᠢ᠍ᠯᠡᠰ᠎ᠤᠨ ᠲᠣᠭᠲᠠᠭᠤᠨ ᠠᠵᠢᠯᠯᠠᠭ᠋ᠠᠨ᠂ ᠬᠣᠶᠠᠳᠤᠭ᠋ᠠᠷ ᠠᠵᠤ ᠦᠢ᠍ᠯᠡᠰ᠎ᠤᠨ ᠬᠡᠯᠬᠢᠶ᠎ᠡ ᠵᠢ ᠤᠷᠲᠤᠳᠬᠠᠬᠤ ᠨᠥᠬᠥᠪᠥᠷᠢᠯᠡᠬᠦ᠂ ᠭᠤᠷᠪᠠᠳᠤᠭ᠋ᠠᠷ ᠠᠵᠤ ᠦᠢ᠍ᠯᠡᠰ᠎ᠤᠨ ᠶᠠᠰᠤ ᠴᠢᠨᠠᠷ᠎ᠢ ᠳᠡᠭᠡᠭᠰᠢᠯᠡᠭᠦᠯᠦᠨ ᠦᠷ᠎ᠡ ᠠᠰᠢᠭ᠎ᠢ ᠨᠡᠮᠡᠭᠳᠡᠭᠦᠯᠬᠦ ᠵᠢ ᠬᠦᠴᠦᠲᠡᠶ ᠠᠬᠢᠭᠤᠯᠵᠤ᠂ ᠭᠤᠷᠪᠠᠨ ᠠᠵᠤ ᠦᠢ᠍ᠯᠡᠰ᠎ᠤᠨ GDP ᠵᠢᠨ ᠨᠡᠮᠡᠭᠳᠡᠯ᠎ᠳᠤ ᠦᠵᠡᠭᠦᠯᠦᠭᠰᠡᠨ ᠬᠤᠪᠢ ᠨᠡᠮᠡᠷᠢ ᠵᠢᠨ ᠨᠣᠷᠮ᠎ᠠ᠎ᠨᠢ ᠲᠣᠰ ᠲᠣᠰ 10.7%᠂ 47.4% ᠪᠠ 41.9% ᠪᠣᠯᠵᠠᠶ᠃ ᠳᠤᠷᠠᠳᠤᠭᠤᠰᠢᠲᠠᠶ ᠵᠦᠢ᠍ᠯ ᠭᠡᠪᠡᠯ᠂ ᠪᠦᠲᠦᠮᠵᠢᠲᠡᠶ ᠬᠡᠷᠡᠭᠴᠡᠭᠡ ᠱᠠᠭ᠋ᠠᠷᠳᠠᠯᠭ᠎ᠠ ᠬᠦᠷᠦᠯᠴᠡᠬᠦ ᠥᠬᠡᠶ᠂ ᠪᠥᠭᠡᠮ ᠲᠠᠸᠠᠷ ᠪᠠ ᠲᠠᠷᠢᠶᠠᠯᠠᠩ ᠮᠠᠯ᠎ᠤᠨ ᠠᠰᠢᠭ ᠰᠢᠮ᠎ᠡ ᠵᠢᠨ ᠪᠦᠲᠦᠭᠡᠭᠳᠡᠬᠦᠨ᠎ᠤ ᠦᠨ᠎ᠡ ᠬᠠᠩᠰᠢ ᠬᠡᠯᠪᠡᠯᠵᠡᠵᠦ ᠪᠠᠶ᠋ᠢᠭ᠎ᠠ ᠬᠣᠷᠸ᠎ᠠ ᠣᠷᠴᠢᠨ ᠨᠥᠬᠥᠴᠡᠯ ᠳᠤᠤᠷ᠎ᠠ᠂ ᠮᠠᠨ᠎ᠤ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠦᠢ᠍ᠯᠡᠳᠪᠦᠷᠢᠯᠡᠯ ᠪᠠ ᠡᠨᠧᠷᠭᠢ ᠵᠢᠨ ᠦᠢ᠍ᠯᠡᠳᠪᠦᠷᠢᠯᠡᠯ ᠲᠣᠭᠲᠠᠭᠤᠨ ᠪᠠᠶ᠋ᠢᠬᠤ ᠵᠢᠨ ᠵᠡᠷᠭᠡ᠎ᠳᠤ ᠤᠷᠤᠭᠰᠢᠯᠠᠬᠤ ᠬᠠᠨᠳᠤᠰᠢ᠎ᠪᠠᠨ ᠪᠠᠲᠤᠯᠠᠪᠠ᠃ ᠪᠥᠬᠥ ᠣᠷᠣᠨ᠎ᠤ ᠠᠮᠤ ᠪᠤᠳᠠᠭ᠋ᠠᠨ᠎ᠤ ᠶᠡᠷᠦᠩᠬᠡᠶ ᠤᠨᠠᠯᠲᠠ ᠠᠩᠬ᠎ᠠ ᠤᠳᠠᠭ᠎ᠠ 800 ᠳ᠋ᠦᠩᠰᠢᠭᠤᠷ ᠵᠢᠩ᠎ᠤᠨ ᠳᠡᠭᠲᠡᠷ᠎ᠲᠤ ᠭᠠᠷᠴᠤ᠂ ᠭᠠᠬᠠᠶ ᠦᠬᠡᠷ ᠬᠣᠨᠢ ᠵᠢᠭᠦᠷᠲᠡᠨ᠎ᠤ ᠮᠢᠬᠠᠨ᠎ᠤ ᠭᠠᠷᠤᠯᠲᠠ 300 ᠲᠦᠮᠡᠨ ᠲᠣᠨ᠎ᠢ ᠳᠠᠪᠠᠵᠤ᠂ ᠦᠬᠡᠷ ᠬᠣᠨᠢᠨ ᠮᠢᠬ᠎ᠠ᠂ ᠦᠨᠢᠶᠡᠨ ᠰᠦ ᠵᠢᠨ ᠭᠠᠷᠤᠯᠲᠠ ᠴᠥᠮ ᠪᠥᠬᠥ ᠤᠯᠤᠰ᠎ᠲᠤ ᠲᠡᠷᠢᠭᠦᠯᠡᠵᠦ᠂ ᠢᠳᠡᠰᠢᠨ ᠨᠣᠭᠣᠭ᠎ᠠ ᠵᠢᠴᠢ ᠢᠳᠡᠭᠡᠨ᠎ᠤ ᠮᠥᠭᠥ ᠵᠢᠨ ᠭᠠᠷᠤᠯᠲᠠ ᠲᠦᠷᠦᠭᠦᠦ ᠵᠢᠯ᠎ᠤᠨ᠎ᠬᠢ᠎ᠠᠴᠠ 9.5%᠎ᠪᠠᠷ ᠨᠡᠮᠡᠭᠳᠡᠵᠦ᠂ 《ᠳᠤᠮᠳᠠᠳᠤ ᠤᠯᠤᠰ᠎ᠤᠨ ᠠᠶᠠᠭ᠎ᠠ》 ᠳᠣᠲᠣᠷᠠᠬᠢ 《ᠥᠪᠥᠷ ᠮᠣᠩᠭᠣᠯ᠎ᠤᠨ ᠠᠮᠤ ᠪᠤᠳᠠᠭ᠎ᠠ》 ᠵᠢᠨ ᠬᠤᠪᠢ ᠵᠢᠨ ᠵᠢᠩ ᠨᠠᠩ ᠬᠦᠨᠳᠦ᠂ ᠶᠠᠰᠤ ᠴᠢᠨᠠᠷ ᠨᠠᠩ ᠭᠦᠢ᠍ᠴᠡᠳ ᠪᠣᠯᠵᠠᠶ᠃ ᠡᠨᠧᠷᠭᠢ ᠵᠢᠨ ᠬᠠᠩᠭ᠋ᠠᠯᠭ᠎ᠠ ᠵᠢ ᠪᠠᠲᠤᠯᠠᠬᠤ ᠬᠠᠷᠢᠭᠤᠴᠠᠯᠭ᠎ᠠ ᠵᠢ ᠡᠷᠡᠰ ᠡᠭᠦᠷᠭᠡᠯᠡᠨ᠎ᠡ᠃ ᠪᠦᠬᠦ ᠣᠷᠣᠨ᠎ᠤ ᠨᠡᠭᠦᠷᠡᠰᠦᠨ᠎ᠤ ᠦᠢ᠍ᠯᠡᠳᠪᠦᠷᠢᠯᠡᠬᠦ ᠴᠢᠳᠠᠪᠤᠷᠢ ᠵᠢ ᠦᠷᠭᠦᠯᠵᠢᠯᠡᠨ ᠰᠤᠯᠠᠯᠠᠵᠤ᠂ ᠨᠡᠭᠦᠷᠡᠰᠦᠨ᠎ᠤ ᠭᠠᠷᠤᠯᠲᠠ ᠪᠦᠬᠦ ᠤᠯᠤᠰ᠎ᠤᠨ ᠲᠡᠷᠢᠭᠦᠨ᠎ᠳᠤ ᠣᠷᠣᠵᠤ᠂ ᠪᠦᠬᠦ ᠤᠯᠤᠰ᠎ᠤᠨ 27.3% ᠵᠢ ᠡᠵᠡᠯᠡᠵᠦ᠂ ᠰᠠᠷ᠎ᠠ ᠵᠢᠨ ᠳᠤᠮᠳᠠᠴᠢ ᠭᠠᠷᠤᠯᠲᠠ 1 ᠳ᠋ᠦᠩᠰᠢᠭᠤᠷ ᠲᠣᠨ᠎ᠠᠴᠠ ᠳᠡᠭᠡᠭᠰᠢ ᠪᠠᠶ᠋ᠢᠬᠤ ᠵᠢ ᠪᠠᠲᠤᠯᠠᠵᠤ᠂ ᠨᠡᠭᠦᠷᠡᠰᠦᠨ᠎ᠤ ᠬᠠᠩᠭ᠋ᠠᠯᠭ᠎ᠠ ᠵᠢ ᠪᠠᠲᠤᠯᠠᠬᠤ ᠬᠡᠮᠵᠢᠶ᠎ᠡ ᠵᠢᠴᠢ ᠭᠠᠳᠠᠭᠰᠢ ᠬᠦᠷᠭᠡᠬᠦ ᠬᠡᠮᠵᠢᠶ᠎ᠡ ᠴᠥᠮ ᠪᠦᠬᠦ ᠤᠯᠤᠰ᠎ᠤᠨ ᠲᠡᠷᠢᠭᠦᠨ᠎ᠳᠤ ᠣᠷᠣᠪᠠ᠃ ᠴᠠᠬᠢᠯᠭ᠋ᠠᠨ ᠬᠦᠴᠦᠨ᠎ᠤ ᠶᠡᠷᠦᠩᠬᠡᠶ ᠮᠠᠰᠢᠨ ᠴᠣᠭᠴᠠᠯᠠᠪᠤᠷᠢ ᠵᠢᠨ ᠬᠡᠪᠴᠢᠶ᠎ᠡ 2.6 ᠳ᠋ᠦᠩᠰᠢᠭᠤᠷ ᠺᠢᠯᠤᠸᠠᠲ᠎ᠢ ᠳᠠᠪᠠᠵᠤ᠂ ᠴᠠᠬᠢᠯᠭ᠋ᠠᠨ ᠭᠠᠷᠭ᠋ᠠᠭᠰᠠᠨ ᠬᠡᠮᠵᠢᠶ᠎ᠡ 8000 ᠳ᠋ᠦᠩᠰᠢᠭᠤᠷ ᠺᠢᠯᠤᠸᠠᠲ ᠴᠠᠭ᠎ᠢ ᠳᠠᠪᠠᠵᠤ᠂ ᠭᠠᠳᠠᠭᠰᠢ ᠬᠦᠷᠭᠡᠭᠰᠡᠨ ᠴᠠᠬᠢᠯᠭ᠋ᠠᠨ᠎ᠤ ᠬᠡᠮᠵᠢᠶ᠎ᠡ 3000 ᠳ᠋ᠦᠩᠰᠢᠭᠤᠷ ᠺᠢᠯᠤᠸᠠᠲ ᠴᠠᠭ᠎ᠢ ᠳᠠᠪᠠᠵᠤ᠂ ᠴᠥᠮ ᠪᠥᠬᠥ ᠤᠯᠤᠰ᠎ᠲᠤ ᠲᠡᠷᠢᠭᠦᠯᠡᠪᠡ᠃ ᠡᠨᠧᠷᠭᠢ ᠵᠢᠨ ᠠᠵᠤ ᠦᠢ᠍ᠯᠡᠳᠪᠦᠷᠢ ᠵᠢᠨ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠲᠤ ᠦᠵᠡᠭᠦᠯᠬᠦ ᠬᠤᠪᠢ ᠨᠡᠮᠡᠷᠢ ᠵᠢᠨ ᠨᠣᠷᠮ᠎ᠠ 51.8%᠎ᠳᠤ ᠬᠦᠷᠴᠦ᠂ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠤᠨ ᠲᠦᠮᠡᠨ ᠳ᠋ᠦᠩᠰᠢᠭᠤᠷ ᠲᠥᠭᠥᠷᠢᠭ᠎ᠤᠨ ᠶᠡᠬᠡ ᠪᠣᠭᠣᠮᠲᠠ ᠵᠢ ᠳᠠᠪᠠᠬᠤ ᠵᠢ ᠠᠬᠢᠭᠤᠯᠤᠭᠰᠠᠨ 《ᠭᠤᠤᠯ ᠬᠦᠴᠦᠨ》 ᠪᠣᠯᠤᠨ᠎ᠠ᠃
ᠬᠣᠶᠠᠳᠤᠭ᠋ᠠᠷ᠎ᠲᠤ᠂ ᠬᠠᠨᠲᠤᠰᠢ᠎ᠨᠢ ᠰᠠᠢ᠍ᠢ᠍ᠨ᠃ ᠨᠢᠭᠡ ᠵᠢᠯ᠎ᠤᠨ ᠲᠤᠷᠰᠢ᠂ ᠪᠥᠬᠥ ᠣᠷᠣᠨ᠎ᠤ ᠳᠡᠭᠡᠳᠦ ᠳᠤᠤᠷᠠᠳᠤ ᠱᠠᠲᠤ᠎ᠪᠠᠷ ᠵᠶ᠋ᠠᠨ ᠵᠤᠷᠰᠢᠯ᠎ᠠᠴᠠ ᠳᠠᠪᠠᠭᠰᠠᠨ ᠠᠷᠭ᠎ᠠ ᠬᠡᠮᠵᠢᠶ᠎ᠡ᠎ᠪᠠᠷ ᠵᠢᠱ᠌ᠢᠯᠲᠡ ᠵᠢ ᠲᠣᠭᠲᠠᠪᠤᠷᠢᠵᠢᠭᠤᠯᠵᠤ᠂ ᠠᠵᠤ ᠦᠢ᠍ᠯᠡᠰ ᠵᠶ᠋ᠠᠷ ᠲᠥᠷᠥᠯ ᠵᠦᠢ᠍ᠯ᠎ᠢ ᠠᠳᠬᠤᠬᠤ ᠵᠢ ᠴᠥᠬᠥᠷᠡᠰᠢ ᠥᠬᠡᠶ ᠠᠳᠬᠤᠵᠤ᠂ ᠠᠷᠭ᠎ᠠ ᠪᠦᠬᠦᠨ᠎ᠢ ᠰᠦᠪᠡᠭᠴᠢᠯᠡᠨ ᠳᠠᠯᠳᠠ ᠬᠦᠴᠦᠨ᠎ᠢ ᠠᠭᠤᠳᠠᠯᠤᠨ ᠬᠡᠷᠡᠭᠯᠡᠭᠡ ᠵᠢ ᠠᠬᠢᠭᠤᠯᠵᠤ᠂ ᠢᠯᠠᠩᠭᠤᠶ᠎ᠠ 《ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠬᠤ ᠢᠨᠵᠧᠨᠧᠷᠢᠩ》 ᠵᠶ᠋ᠠᠷ ᠭᠠᠷᠳᠠᠴᠠ ᠪᠣᠯᠭ᠋ᠠᠵᠤ᠂ 《ᠰᠠᠨᠠᠯ》᠎ᠢ ᠨᠡᠶ᠋ᠢᠲᠡᠯᠡᠭᠰᠡᠨ 《ᠴᠤᠩᠬᠤᠪᠴᠢ ᠬᠤᠭᠤᠴᠠᠭ᠎ᠠ》 ᠵᠢ ᠱᠠᠯᠠᠪᠳᠠᠨ ᠠᠳᠬᠤᠵᠤ᠂ ᠤᠯᠤᠰ᠎ᠤᠨ 44 ᠶᠠᠮᠤᠨ ᠵᠥᠪᠯᠡᠯ᠂ ᠨᠢᠭᠡᠴᠡ᠂ ᠠᠵᠤ ᠠᠬᠤᠶ᠋ᠢᠯᠠᠯ᠎ᠤᠨ ᠢᠵᠢ ᠪᠥᠷᠢᠳᠦᠭᠦᠯᠬᠦ ᠲᠥᠷᠥ ᠵᠢᠨ ᠪᠣᠳᠣᠯᠭ᠎ᠠ 49 ᠵᠢ ᠨᠡᠶ᠋ᠢᠲᠡᠯᠡᠬᠦ ᠵᠢ ᠠᠬᠢᠭᠤᠯᠵᠤ᠂ ᠪᠥᠬᠥ ᠣᠷᠣᠨ᠎ᠤ ᠠᠵᠤ ᠠᠬᠤᠶ ᠵᠢᠨ ᠲᠣᠭᠲᠠᠭᠤᠨ ᠨᠡᠮᠡᠭᠳᠡᠯ᠎ᠢ ᠠᠬᠢᠭᠤᠯᠬᠤ᠎ᠳᠤ ᠨᠠᠩ ᠣᠯᠠᠨ ᠪᠣᠳᠠᠲᠠᠶ ᠳᠡᠮᠵᠢᠯᠭᠡ ᠬᠠᠩᠭ᠋ᠠᠪᠠ᠃ ᠪᠠᠯᠠ ᠣᠷᠣᠭᠤᠯᠤᠯᠲᠠ᠎ᠠᠴᠠ ᠦᠵᠡᠪᠡᠯ᠂ ᠴᠢᠬᠤᠯᠠ ᠶᠡᠬᠡ ᠲᠥᠷᠥᠯ ᠵᠦᠢ᠍ᠯ᠎ᠢ ᠲᠦᠷᠭᠡᠳᠬᠡᠨ ᠪᠥᠲᠥᠭᠡᠨ ᠪᠠᠶ᠋ᠢᠭᠤᠯᠵᠤ᠂ ᠪᠠᠯᠠ ᠣᠷᠣᠭᠤᠯᠤᠯᠲᠠ ᠵᠢᠨ ᠠᠵᠤ ᠠᠬᠤᠶ ᠵᠢᠨ ᠨᠡᠮᠡᠭᠳᠡᠯ᠎ᠢ ᠲᠤᠯᠭ᠋ᠠᠭᠤᠷᠢᠯᠠᠬᠤ ᠵᠠᠩᠭᠢᠯᠠᠭ᠎ᠠ ᠵᠢᠨ ᠴᠢᠨᠠᠷᠲᠠᠶ ᠦᠢ᠍ᠯᠡᠳᠦᠯ᠎ᠢ ᠪᠦᠲᠦᠮᠵᠢᠲᠡᠶ ᠪᠠᠳᠠᠷᠠᠭᠤᠯᠪᠠ᠃ ᠪᠥᠬᠥ ᠣᠷᠣᠨ᠎ᠤ ᠪᠠᠯᠠ ᠣᠷᠣᠭᠤᠯᠤᠯᠲᠠ ᠳᠡᠭᠡᠷ᠎ᠡ ᠵᠢᠯ᠎ᠤᠨ 19.8%᠎ᠪᠠᠷ ᠨᠡᠮᠡᠭᠳᠡᠭᠰᠡᠨ ᠥᠨᠳᠥᠷ ᠰᠠᠭᠤᠷᠢ ᠵᠢᠨ ᠬᠤᠭᠤᠴᠠᠭ᠋ᠠᠨ᠎ᠤ ᠰᠠᠭᠤᠷᠢᠨ ᠳᠡᠭᠡᠷ᠎ᠡ ᠦᠷᠭᠦᠯᠵᠢᠯᠡᠨ 13.6%᠎ᠪᠠᠷ ᠨᠡᠮᠡᠭᠳᠡᠵᠦ᠂ 3 ᠵᠢᠯ ᠳᠠᠷᠠᠭ᠋ᠠᠯᠠᠨ ᠬᠣᠶᠠᠷ ᠣᠷᠣᠨᠲᠤ ᠲᠣᠭ᠎ᠠ ᠵᠢᠨ ᠨᠡᠮᠡᠭᠳᠡᠯ᠎ᠢ ᠪᠠᠲᠤᠯᠠᠵᠤ᠂ ᠪᠥᠬᠥ ᠤᠯᠤᠰ᠎ᠲᠤ ᠬᠣᠶᠠᠳᠤᠭ᠋ᠠᠷ᠎ᠲᠤ ᠣᠷᠣᠪᠠ᠃ ᠠᠯᠤᠰ ᠬᠡᠲᠦ᠎ᠳᠤ ᠠᠰᠢᠭ ᠬᠦᠷᠲᠡᠭᠡᠬᠦ ᠨᠢᠭᠡ ᠪᠦᠯᠦᠭ ᠲᠣᠮᠣ ᠲᠥᠷᠥᠯ ᠵᠦᠢ᠍ᠯ᠂ ᠰᠠᠶ᠋ᠢᠨ ᠲᠥᠷᠥᠯ ᠵᠦᠢ᠍ᠯ ᠬᠣᠶ᠋ᠢᠨ᠎ᠠ ᠬᠣᠶ᠋ᠢᠨ᠎ᠠ᠎ᠠᠴᠠ᠎ᠪᠠᠨ ᠨᠠᠶ᠋ᠢᠳᠠᠪᠤᠷᠢᠵᠢᠭᠤᠯᠤᠭᠳᠠᠵᠤ᠂ ᠳ᠋ᠦᠩᠰᠢᠭᠤᠷ ᠲᠥᠭᠥᠷᠢᠭ᠎ᠠᠴᠠ ᠳᠡᠭᠡᠭᠰᠢᠬᠢ ᠪᠠᠯᠠ ᠣᠷᠣᠭᠤᠯᠵᠤ ᠪᠠᠶ᠋ᠢᠭᠤᠯᠤᠭᠰᠠᠨ ᠲᠥᠷᠥᠯ ᠵᠦᠢ᠍ᠯ 3066 ᠪᠠᠶ᠋ᠢᠵᠤ᠂ ᠪᠠᠯᠠ ᠣᠷᠣᠭᠤᠯᠤᠯᠲᠠ ᠵᠢ ᠲᠦᠷᠦᠭᠦᠦ ᠵᠢᠯ᠎ᠤᠨ᠎ᠬᠢ᠎ᠠᠴᠠ 16.6%᠎ᠪᠠᠷ ᠨᠡᠮᠡᠭᠳᠡᠭᠦᠯᠵᠦ᠂ ᠪᠥᠬᠥ ᠪᠠᠯᠠ ᠣᠷᠣᠭᠤᠯᠤᠯᠲᠠ᠎ᠳᠤ ᠦᠵᠡᠭᠦᠯᠦᠭᠰᠡᠨ ᠬᠤᠪᠢ ᠨᠡᠮᠡᠷᠢ ᠵᠢᠨ ᠨᠣᠷᠮ᠎ᠠ 88.5%᠎ᠳᠤ ᠬᠦᠷᠴᠡᠶ᠃ ᠬᠡᠷᠡᠭᠯᠡᠭᠡ᠎ᠠᠴᠠ ᠦᠵᠡᠪᠡᠯ᠂ ᠬᠡᠷᠡᠭᠯᠡᠭᠡᠨ᠎ᠤ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ ᠲᠥᠷᠥ ᠵᠢᠨ ᠪᠣᠳᠣᠯᠭ᠎ᠠ ᠵᠢᠨ ᠦᠷ᠎ᠡ ᠪᠦᠲᠦᠮᠵᠢ ᠦᠷᠭᠦᠯᠵᠢᠯᠡᠨ
ᠢᠯᠡᠷᠡᠵᠦ᠂ ᠪᠥᠬᠥ ᠣᠷᠣᠨ᠎ᠤ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠣᠭ᠎ᠠ ᠵᠢᠨ ᠨᠡᠮᠡᠭᠳᠡᠯ᠎ᠤᠨ ᠬᠤᠷᠳᠤᠴᠠᠳᠤ 《ᠳᠡᠭᠡᠭᠰᠢᠯᠡᠬᠦ》 ᠮᠤᠷᠤᠶ ᠱᠤᠭᠤᠮ ᠢᠯᠡᠷᠡᠵᠦ᠂ 8 ᠰᠠᠷ᠎ᠠ ᠳᠠᠷᠠᠭ᠋ᠠᠯᠠᠨ ᠲᠦᠷᠭᠡᠳᠬᠦ ᠬᠠᠨᠳᠤᠰᠢ᠎ᠪᠠᠨ ᠪᠠᠲᠤᠯᠠᠵᠤ᠂ 4 ᠰᠠᠷ᠎ᠠ ᠳᠠᠷᠠᠭ᠋ᠠᠯᠠᠨ ᠪᠥᠬᠥ ᠤᠯᠤᠰ᠎ᠤᠨ ᠳᠤᠮᠳᠠᠴᠢ ᠨᠡᠮᠡᠭᠳᠡᠯ᠎ᠤᠨ ᠬᠤᠷᠳᠤᠴᠠ᠎ᠠᠴᠠ ᠲᠦᠷᠭᠡᠨ ᠪᠣᠯᠪᠠ᠃ ᠬᠡᠷᠡᠭᠯᠡᠭᠡᠨ᠎ᠤ ᠵᠦᠢ᠍ᠯ᠎ᠤᠨ ᠬᠠᠭᠤᠴᠢᠨ ᠵᠶ᠋ᠠᠷ ᠰᠢᠨ᠎ᠡ ᠵᠢ ᠰᠣᠯᠢᠬᠤ᠎ᠪᠠᠷ ᠬᠡᠷᠡᠭᠯᠡᠭᠡ ᠵᠢ ᠳᠠᠶ᠋ᠢᠴᠢᠯᠠᠭᠰᠠᠨ ᠬᠡᠮᠵᠢᠶ᠎ᠡ 300 ᠳ᠋ᠦᠩᠰᠢᠭᠤᠷ ᠲᠥᠭᠥᠷᠢᠭ᠎ᠢ ᠳᠠᠪᠠᠵᠤ᠂ ᠨᠥᠬᠥᠪᠥᠷᠢ ᠪᠡᠯᠡ ᠮᠥᠩᠭᠥ᠎ᠨᠢ ᠵᠠᠭᠤᠨ ᠲᠦᠮᠡᠨ ᠬᠥᠮᠦᠨ ᠤᠳᠠᠭ᠎ᠠ᠎ᠳᠤ ᠠᠰᠢᠭ ᠬᠦᠷᠲᠡᠭᠡᠵᠦ᠂ ᠤᠢ᠍ᠢ᠍ᠷ᠎ᠠ ᠵᠢᠨ ᠬᠡᠳᠦᠨ ᠰᠠᠷ᠎ᠠ᠎ᠳᠤ ᠮᠠᠰᠢᠨ ᠲᠡᠷᠭᠡ᠂ ᠭᠡᠷ᠎ᠤᠨ ᠴᠠᠬᠢᠯᠭ᠋ᠠᠨ ᠬᠡᠷᠡᠭᠰᠡᠯ᠎ᠤᠨ ᠲᠠᠸᠠᠷ᠎ᠤᠨ ᠵᠢᠵᠢᠭᠯᠡᠨ ᠪᠣᠷᠣᠯᠠᠭᠤᠯᠤᠯᠲᠠ ᠨᠡᠯᠢᠶᠡᠳ ᠰᠠᠢ᠍ᠢ᠍ᠨ ᠨᠡᠮᠡᠭᠳᠡᠯ᠎ᠲᠠᠢ ᠪᠤᠯᠵᠤ᠂ ᠨᠥᠬᠥᠪᠥᠷᠢ ᠥᠭᠬᠦ ᠡᠷᠴᠢᠮ ᠨᠡᠯᠢᠶᠡᠳ ᠴᠢᠩᠭ᠎ᠠ ᠰᠢᠨ᠎ᠡ ᠡᠨᠧᠷᠭᠢ ᠵᠢᠨ ᠮᠠᠰᠢᠨ ᠲᠡᠷᠭᠡ᠂ ᠤᠶᠤᠨᠲᠤ ᠭᠡᠷ᠎ᠤᠨ ᠴᠠᠬᠢᠯᠭ᠋ᠠᠨ ᠬᠡᠷᠡᠭᠰᠡᠯ᠂ ᠥᠨᠳᠥᠷ ᠡᠨᠧᠷᠭᠢᠲᠦ ᠦᠷ᠎ᠡ ᠪᠦᠲᠦᠮᠵᠢᠲᠡᠢ ᠲᠡᠰ ᠪᠦᠬᠦᠢ ᠭᠡᠷ᠎ᠤᠨ ᠴᠠᠬᠢᠯᠭ᠋ᠠᠨ ᠬᠡᠷᠡᠭᠰᠡᠯ᠎ᠤᠨ ᠵᠢᠵᠢᠭᠯᠡᠨ ᠪᠣᠷᠣᠯᠠᠭᠤᠯᠤᠯᠲᠠ ᠵᠢᠨ ᠬᠡᠮᠵᠢᠶ᠎ᠡ ᠲᠦᠷᠭᠡᠨ ᠨᠡᠮᠡᠭᠳᠡᠵᠦ᠂ ᠪᠦᠬᠦᠯᠢ ᠴᠣᠭᠴᠠ ᠵᠢᠨ ᠬᠡᠷᠡᠭᠯᠡᠭᠡ ᠲᠠᠬᠢᠨ ᠳᠡᠭᠡᠭᠰᠢᠯᠡᠬᠦ᠎ᠳᠤ ᠢᠯᠡᠳᠲᠡ ᠳᠠᠶ᠋ᠢᠴᠢᠯᠠᠬᠤ ᠦᠢ᠍ᠯᠡᠳᠦᠯ ᠦᠵᠡᠭᠦᠯᠪᠡ᠃ ᠢᠯᠠᠩᠭᠤᠶ᠎ᠠ 《ᠬᠠᠭᠤᠴᠢᠨ ᠵᠶ᠋ᠠᠷ ᠰᠢᠨ᠎ᠡ ᠵᠢ ᠰᠣᠯᠢᠬᠤ》 ᠡᠷᠴᠢᠮ᠎ᠢ ᠨᠡᠮᠡᠭᠳᠡᠬᠦᠯᠦᠨ ᠬᠡᠪᠴᠢᠶ᠎ᠡ ᠵᠢ ᠥᠷᠭᠡᠳᠬᠡᠵᠦ᠂ 《2025 ᠣᠨ᠎ᠤ ᠠᠮᠢᠵᠢᠷᠠᠯ ᠪᠢᠯᠬᠠᠭᠰᠠᠨ ᠥᠪᠥᠷ ᠮᠣᠩᠭᠣᠯ ᠬᠠᠪᠤᠷ᠎ᠤᠨ ᠬᠡᠷᠡᠭᠯᠡᠭᠡ ᠵᠢᠨ ᠤᠯᠠᠷᠢᠯ》᠎ᠤᠨ ᠠᠵᠢᠯᠯᠠᠭ᠎ᠠ ᠡᠯ᠎ᠡ ᠭᠠᠵᠠᠷ᠎ᠲᠤ ᠵᠠᠯᠭ᠋ᠠᠭ᠎ᠠ᠎ᠪᠠᠷ ᠡᠬᠢᠯᠡᠵᠦ᠂ ᠡᠨᠡ ᠵᠢᠯ᠎ᠤᠨ ᠪᠥᠬᠥ ᠣᠷᠣᠨ᠎ᠤ ᠬᠡᠷᠡᠭᠯᠡᠭᠡ ᠵᠢᠨ ᠵᠠᠬ᠎ᠠ ᠳᠡᠯᠭᠡᠭᠦᠷ᠎ᠲᠤ ᠠᠮᠢᠵᠢᠷᠠᠯ᠎ᠤᠨ ᠬᠦᠴᠦᠨ ᠨᠡᠮᠡᠷᠢᠯᠡᠪᠡ᠃
ᠭᠤᠷᠪᠠᠳᠤᠭ᠋ᠠᠷ᠎ᠲᠤ᠂ ᠶᠠᠰᠤ ᠴᠢᠨᠠᠷ᠎ᠨᠢ ᠰᠠᠶ᠋ᠢᠨ᠃ ᠥᠩᠭᠡᠷᠡᠭᠰᠡᠨ ᠨᠢᠭᠡ ᠵᠢᠯ᠎ᠳᠤ᠂ ᠪᠥᠬᠥ ᠣᠷᠣᠨ ᠳᠠᠶᠠᠭ᠋ᠠᠷ ᠴᠢᠨᠠᠷ ᠰᠠᠶ᠋ᠢᠲᠠᠶ ᠬᠥᠭᠵᠢᠯᠲᠡ ᠭᠡᠬᠦ ᠡᠨᠡ ᠬᠦ᠌ ᠲᠡᠷᠢᠭᠦᠨ ᠴᠢᠬᠤᠯᠠ ᠡᠭᠦᠷᠭᠡ ᠵᠢᠨ ᠲᠣᠭᠣᠷᠢᠨ᠎ᠳᠤ᠂ ᠠᠵᠤ ᠠᠬᠤᠶ ᠵᠢᠨ ᠪᠦᠲᠦᠴᠡ ᠵᠢᠨ ᠲᠣᠬᠢᠷᠠᠭᠤᠯᠤᠯᠲᠠ ᠪᠠ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠳᠤᠮᠳᠠ ᠲᠠᠰᠤᠷᠠᠯᠲᠠ ᠥᠬᠡᠶ ᠳᠠᠪᠠᠭᠤᠯᠢᠭ᠎ᠲᠠᠢ ᠪᠣᠯᠬᠤ ᠵᠢ ᠠᠬᠢᠭᠤᠯᠵᠤ᠂ ᠴᠢᠨᠠᠷ ᠰᠠᠶ᠋ᠢᠲᠠᠶ ᠬᠥᠭᠵᠢᠯᠲᠡ ᠵᠢᠨ ᠶᠠᠰᠤ ᠴᠢᠨᠠᠷ ᠨᠠᠩ ᠭᠦᠢ᠍ᠴᠡᠳ ᠪᠣᠯᠪᠠ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ 《ᠰᠢᠪᠲᠤᠯᠤᠯᠳᠠ》 ᠵᠢᠨ ᠢᠨᠵᠧᠨᠧᠷᠢᠩ᠎ᠤᠨ ᠦᠷᠭᠦᠯᠵᠢᠯᠡᠨ ᠠᠬᠢᠭᠤᠯᠤᠯ ᠳᠤᠤᠷ᠎ᠠ᠂ ᠮᠠᠨ᠎ᠤ ᠣᠷᠣᠨ ᠰᠦ ᠵᠢᠨ ᠦᠢ᠍ᠯᠡᠰ᠂ ᠬᠣᠪᠣᠷ ᠰᠢᠷᠣᠶ᠂ ᠤᠰᠤᠲᠥ᠋ᠷᠥᠭᠴᠢ᠂ ᠨᠥᠭᠡᠴᠡᠯᠡᠬᠦ ᠵᠡᠷᠭᠡ ᠣᠯᠠᠨ ᠬᠦᠷᠢᠶᠡᠨ᠎ᠳᠤ ᠨᠢᠭᠡ ᠪᠦᠯᠦᠭ ᠠᠵᠢᠯ ᠲᠥᠷᠥᠯ᠎ᠤᠨ ᠬᠣᠭᠣᠰᠣᠨ᠎ᠢ ᠨᠥᠬᠥᠪᠥᠷᠢᠯᠡᠬᠦ ᠮᠡᠷᠭᠡᠵᠢᠯ᠎ᠤᠨ ᠰᠢᠪᠲᠤᠯᠤᠯᠲᠠ ᠵᠢ ᠣᠯᠵᠤ᠂ ᠣᠷᠣᠨ ᠪᠦᠰᠡ ᠵᠢᠨ ᠰᠢᠨ᠎ᠡ ᠵᠢ ᠡᠭᠦᠳᠬᠦ ᠴᠢᠳᠠᠪᠤᠷᠢ ᠵᠢᠨ ᠪᠥᠬᠥ ᠤᠯᠤᠰ᠎ᠲᠠᠬᠢ ᠨᠡᠷᠡᠰ᠎ᠤᠨ ᠵᠢᠭᠰᠠᠭ᠋ᠠᠯᠲᠠ 4 ᠪᠠᠶ᠋ᠢᠷᠢ ᠳᠡᠭᠡᠭᠰᠢᠯᠡᠪᠡ᠃ ᠠᠵᠤ ᠦᠢ᠍ᠯᠡᠰ᠎ᠤᠨ ᠪᠦᠲᠦᠴᠡ ᠲᠠᠰᠤᠷᠠᠯᠲᠠ ᠦᠭᠡᠢ ᠰᠢᠯᠢᠳᠡᠭᠵᠢᠪᠡ᠃ ᠪᠥᠬᠥ ᠣᠷᠣᠨ᠎ᠤ ᠨᠡᠭᠦᠷᠡᠰᠦᠨ᠎ᠤ ᠪᠤᠰᠤ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ ᠲᠦᠷᠦᠭᠦᠦ ᠵᠢᠯ᠎ᠤᠨ᠎ᠬᠢ᠎ᠠᠴᠠ᠎ᠪᠠᠨ 8.2% ᠵᠶ᠋ᠠᠷ ᠨᠡᠮᠡᠭᠳᠡᠵᠦ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ᠎ᠤᠨ ᠬᠤᠷᠳᠤᠴᠠ᠎ᠠᠴᠠ 1.4 ᠵᠠᠭᠤᠨ᠎ᠤ ᠬᠤᠪᠢ ᠵᠢᠨ ᠴᠡᠭ ᠲᠦᠷᠭᠡᠨ ᠪᠣᠯᠪᠠ᠃ ᠦᠢ᠍ᠯᠡᠳᠬᠦ ᠦᠢ᠍ᠯᠡᠰ᠎ᠢ ᠳᠡᠭᠡᠳᠦ ᠲᠡᠰᠵᠢᠬᠦᠯᠬᠦ᠂ ᠤᠶᠤᠨᠴᠢᠯᠠᠬᠤ᠂ ᠪᠣᠬᠢᠷᠲᠤᠯ ᠦᠭᠡᠢ ᠬᠥᠭᠵᠢᠭᠦᠯᠬᠦ ᠵᠢ ᠯᠠᠪᠳᠠᠭᠤᠨ ᠪᠠᠲᠤᠲᠠᠢ ᠠᠬᠢᠭᠤᠯᠵᠤ᠂ ᠬᠡᠪᠴᠢᠶᠡᠵᠢᠯ᠎ᠠᠴᠠ ᠳᠡᠭᠡᠭᠰᠢᠬᠢ ᠲᠣᠨᠣᠭᠯᠠᠯ ᠦᠢ᠍ᠯᠡᠳᠬᠦ ᠦᠢ᠍ᠯᠡᠰ᠂ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ᠎ᠤᠨ ᠨᠡᠮᠡᠭᠳᠡᠯ ᠦᠷᠲᠡᠭ ᠡᠨᠡ ᠵᠢᠯ᠎ᠠᠴᠠ ᠨᠠᠭ᠋ᠠᠰᠢ ᠢᠮᠠᠭᠲᠠ ᠬᠣᠶᠠᠷ ᠣᠷᠣᠨᠲᠤ ᠲᠣᠭ᠎ᠠ ᠵᠢᠨ ᠨᠡᠯᠢᠶᠡᠳ ᠲᠦᠷᠭᠡᠨ ᠨᠡᠮᠡᠭᠳᠡᠯ᠎ᠢ ᠪᠠᠲᠤᠯᠠᠵᠤ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ᠎ᠳᠤ ᠡᠵᠡᠯᠡᠬᠦ ᠬᠤᠪᠢ ᠵᠢᠨ ᠵᠢᠩ᠎ᠨᠢ ᠴᠥᠮ ᠳᠡᠭᠡᠷ᠎ᠡ ᠵᠢᠯ᠎ᠤᠨ᠎ᠬᠢ᠎ᠠᠴᠠ ᠡᠳᠦᠢ ᠲᠡᠳᠦᠢ ᠳᠡᠭᠡᠭᠰᠢᠯᠡᠪᠡ᠃ ᠤᠳᠤ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠤᠨ ᠬᠥᠭᠵᠢᠯᠲᠡ ᠵᠢᠨ ᠠᠯᠬᠤᠴᠠ ᠲᠦᠷᠭᠡᠳᠴᠦ᠂ ᠮᠡᠳᠡᠭᠡ ᠵᠠᠩᠭᠢ ᠵᠢᠨ ᠳᠠᠮᠵᠢᠭᠤᠯᠭ᠎ᠠ᠂ ᠵᠥᠭᠡᠯᠡᠨ ᠲᠤᠨᠤᠭ ᠪᠠ ᠮᠡᠳᠡᠭᠡ ᠵᠠᠩᠭᠢ ᠵᠢᠨ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠪᠠ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠨᠡᠮᠡᠭᠳᠡᠯ ᠦᠷᠳᠡᠭ ᠴᠥᠮ ᠬᠣᠶᠠᠷ ᠣᠷᠣᠨᠲᠤ ᠲᠣᠭ᠎ᠠ᠎ᠪᠠᠷ ᠨᠡᠮᠡᠭᠳᠡᠪᠡ᠃
ᠳᠥᠷᠪᠡᠳᠦᠭᠡᠷ᠎ᠲᠤ᠂ ᠳᠠᠯᠳᠠ ᠬᠦᠴᠦᠨ᠎ᠨᠢ ᠶᠡᠬᠡ᠃ ᠭᠤᠤᠯ᠎ᠨᠢ ᠨᠢᠭᠡ ᠪᠦᠯᠦᠭ ᠦᠰᠦᠨ ᠪᠣᠶ᠋ᠢᠵᠢᠬᠤ ᠳᠠᠯᠳᠠ ᠬᠦᠴᠦᠨ᠎ᠲᠠᠢ᠂ ᠬᠥᠭᠵᠢᠯᠲᠡ ᠵᠢᠨ ᠨᠥᠭᠡᠴᠡ ᠬᠦᠴᠦᠨ᠎ᠲᠠᠢ ᠠᠵᠤ ᠦᠢ᠍ᠯᠡᠰ ᠲᠠᠰᠤᠷᠠᠯᠲᠠ ᠦᠭᠡᠢ ᠪᠤᠵᠠᠭ᠋ᠠᠶ᠋ᠢᠷᠠᠭᠰᠠᠨ ᠳᠡᠭᠡᠷ᠎ᠡ ᠢᠯᠡᠷᠡᠵᠦ ᠪᠠᠢ᠍ᠨ᠎ᠠ᠃ 2024 ᠣᠨ᠎ᠳᠤ᠂ ᠮᠠᠨ᠎ᠤ ᠣᠷᠣᠨ᠎ᠤ ᠬᠣᠪᠣᠷ ᠰᠢᠷᠣᠶ ᠵᠢᠨ ᠰᠢᠨ᠎ᠡ ᠮᠠᠲ᠋ᠧᠷᠢᠶᠠᠯ᠂ ᠣᠲᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠤᠯᠤᠰ᠎ᠤᠨ ᠲᠠᠰ᠎ᠤᠨ ᠲᠡᠷᠢᠭᠦᠨ᠎ᠤ ᠦᠢ᠍ᠯᠡᠳᠬᠦ ᠦᠢ᠍ᠯᠡᠰ᠎ᠤᠨ ᠪᠦᠯᠦᠭᠵᠢᠯ᠎ᠳᠤ ᠰᠣᠩᠭᠣᠭᠳᠠᠵᠤ᠂ ᠬᠡᠪᠴᠢᠶᠡᠵᠢᠯ᠎ᠠᠴᠠ ᠳᠡᠭᠡᠭᠰᠢᠬᠢ ᠬᠣᠪᠣᠷ ᠰᠢᠷᠣᠶ ᠵᠢᠨ ᠠᠵᠤ ᠦᠢ᠍ᠯᠡᠰ᠎ᠤᠨ ᠨᠡᠮᠡᠭᠳᠡᠯ ᠥᠷᠲᠡᠭ ᠲᠦᠷᠦᠭᠦᠦ ᠵᠢᠯ᠎ᠤᠨ᠎ᠬᠢ᠎ᠠᠴᠠ 39.9%᠎ᠪᠠᠷ ᠨᠡᠮᠡᠭᠳᠡᠵᠦ᠂ ᠣᠲᠣ ᠦᠶ᠎ᠡ ᠵᠢᠨ ᠨᠡᠭᠦᠷᠡᠰᠦ ᠬᠢᠮᠢ ᠵᠢᠨ ᠠᠵᠤ ᠦᠢ᠍ᠯᠡᠳᠪᠦᠷᠢ ᠵᠢᠨ ᠠᠵᠤ ᠦᠢ᠍ᠯᠡᠰ 7.8%᠎ᠪᠠᠷ ᠨᠡᠮᠡᠭᠳᠡᠪᠡ᠃ ᠣᠨᠴᠠᠭ᠋ᠠᠶ᠋ᠢᠯᠠᠨ ᠠᠩᠬᠠᠷᠤᠭᠤᠰᠢᠲᠠᠶ᠎ᠨᠢ ᠮᠠᠨ᠎ᠤ ᠣᠷᠣᠨ᠎ᠤ ᠬᠥᠭᠵᠢᠯᠲᠡ ᠲᠦᠷᠭᠡᠨ ᠪᠠᠶ᠋ᠢᠭ᠎ᠠ ᠰᠢᠨ᠎ᠡ ᠡᠨᠧᠷᠭᠢ ᠵᠢᠨ ᠠᠵᠤ ᠦᠢ᠍ᠯᠡᠰ ᠪᠣᠯᠤᠨ᠎ᠠ᠃ ᠪᠥᠬᠥ ᠣᠷᠣᠨ ᠳᠠᠶᠠᠭ᠋ᠠᠷ 《ᠬᠣᠶᠠᠷ᠎ᠢ ᠤᠷᠢᠳ ᠵᠶ᠋ᠠᠷ ᠬᠢᠵᠦ᠂ ᠬᠣᠶᠠᠷ᠎ᠢ ᠳᠠᠪᠠᠭᠤᠯᠬᠤ》 ᠵᠢᠨ ᠲᠣᠭᠣᠷᠢᠨ᠎ᠳᠤ᠂ ᠰᠢᠨ᠎ᠡ ᠡᠨᠧᠷᠭᠢ ᠵᠢᠨ ᠬᠦᠷᠢᠶ᠎ᠡ ᠴᠠᠷᠠᠭ᠎ᠠ᠎ᠳᠤ 《ᠠᠵᠤ ᠦᠢ᠍ᠯᠡᠳᠪᠦᠷᠢ ᠵᠢᠨ ᠥᠪᠥᠷ ᠮᠣᠩᠭᠣᠯ᠎ᠢ ᠳᠠᠬᠢᠨ ᠪᠠᠶ᠋ᠢᠭᠤᠯᠬᠤ》 ᠬᠠᠷᠠᠯᠲᠠ᠎ᠪᠠᠷ᠂ ᠶᠡᠬᠡᠪᠡᠷ ᠠᠵᠢᠯᠯᠠᠵᠤ ᠲᠦᠷᠭᠡᠨ ᠬᠤᠷᠳᠤᠴᠠ᠎ᠪᠠᠷ ᠰᠢᠨ᠎ᠡ ᠡᠨᠧᠷᠭᠢ ᠵᠢᠨ ᠪᠥᠬᠥ ᠠᠵᠤ ᠦᠢ᠍ᠯᠡᠰ᠎ᠤᠨ ᠬᠡᠯᠬᠢᠶ᠎ᠡ ᠵᠢ ᠪᠠᠶ᠋ᠢᠭᠤᠯᠵᠤ᠂ ᠬᠡᠪᠴᠢᠶᠡᠵᠢᠯ᠎ᠠᠴᠠ ᠳᠡᠭᠡᠭᠰᠢᠬᠢ ᠰᠢᠨ᠎ᠡ ᠡᠨᠧᠷᠭᠢ ᠵᠢᠴᠢ ᠬᠠᠮᠢᠶ᠎ᠠ ᠪᠥᠬᠥᠶ ᠠᠵᠤ ᠦᠢ᠍ᠯᠡᠰ᠎ᠤᠨ ᠨᠡᠮᠡᠭᠳᠡᠯ ᠥᠷᠲᠡᠭ ᠲᠦᠷᠦᠭᠦᠦ ᠵᠢᠯ᠎ᠤᠨ᠎ᠬᠢ᠎ᠠᠴᠠ 20.1%᠎ᠪᠠᠷ ᠨᠡᠮᠡᠭᠳᠡᠪᠡ᠃ ᠡᠭᠦᠨ᠎ᠳᠤ᠂ ᠰᠢᠨ᠎ᠡ ᠡᠨᠧᠷᠭᠢ ᠵᠢᠨ ᠲᠣᠨᠣᠭᠯᠠᠯ ᠦᠢ᠍ᠯᠡᠳᠬᠦ ᠦᠢ᠍ᠯᠡᠰ 42.4%᠎ᠪᠠᠷ ᠨᠡᠮᠡᠭᠳᠡᠪᠡ᠃ ᠰᠢᠨ᠎ᠡ ᠡᠨᠧᠷᠭᠢ ᠴᠠᠬᠢᠯᠭ᠋ᠠᠨ ᠬᠦᠴᠦᠨ᠎ᠤ ᠬᠦᠷᠢᠶᠡᠨ᠎ᠤ ᠣᠯᠠᠨ ᠵᠦᠢ᠍ᠯ᠎ᠤᠨ ᠭᠦᠢ᠍ᠴᠡᠳᠭᠡᠯ ᠲᠣᠭ᠎ᠠ ᠪᠥᠬᠥ ᠤᠯᠤᠰ᠎ᠲᠤ ᠲᠡᠷᠢᠭᠦᠯᠡᠵᠦ᠂ ᠰᠢᠨ᠎ᠡ ᠰᠢᠪᠲᠤᠯᠤᠯᠲᠠ ᠵᠢ ᠪᠡᠶᠡᠯᠡᠭᠦᠯᠪᠡ᠃ ᠪᠥᠬᠥ ᠣᠷᠣᠨ᠎ᠤ ᠰᠢᠨ᠎ᠡ ᠡᠨᠧᠷᠭᠢ ᠵᠢᠨ ᠶᠡᠷᠦᠩᠬᠡᠶ ᠮᠠᠰᠢᠨ ᠴᠣᠭᠴᠠᠯᠠᠪᠤᠷᠢ ᠵᠢᠴᠢ ᠵᠢᠯ᠎ᠤᠨ ᠳᠣᠲᠣᠷ᠎ᠠ ᠰᠢᠨ᠎ᠡ᠎ᠪᠠᠷ ᠨᠡᠮᠡᠭᠳᠡᠭᠰᠡᠨ ᠮᠠᠰᠢᠨ ᠴᠣᠭᠴᠠᠯᠠᠪᠤᠷᠢ᠂ ᠰᠢᠨ᠎ᠡ ᠡᠨᠧᠷᠭᠢ ᠵᠢᠨ ᠴᠠᠬᠢᠯᠭ᠋ᠠᠨ ᠭᠠᠷᠭ᠋ᠠᠯᠲᠠ ᠵᠢᠨ ᠬᠡᠮᠵᠢᠶ᠎ᠡ ᠴᠥᠮ ᠪᠥᠬᠥ ᠤᠯᠤᠰ᠎ᠤᠨ ᠲᠡᠷᠢᠭᠦᠨ᠎ᠳᠤ ᠣᠷᠣᠵᠤ᠂ ᠪᠥᠬᠥ ᠤᠯᠤᠰ᠎ᠤᠨ ᠠᠩᠬᠠᠳᠠᠭᠴᠢ ᠰᠢᠨ᠎ᠡ ᠡᠨᠧᠷᠭᠢ ᠵᠢᠨ ᠴᠠᠬᠢᠯᠭ᠋ᠠᠨ ᠭᠠᠷᠭ᠋ᠠᠯᠲᠠ ᠵᠢᠨ ᠮᠠᠰᠢᠨ ᠴᠣᠭᠴᠠᠯᠠᠪᠤᠷᠢ ᠵᠢᠨ ᠬᠡᠪᠴᠢᠶ᠎ᠡ 1 ᠳ᠋ᠦᠩᠰᠢᠭᠤᠷ ᠺᠢᠯᠤᠸᠠᠲ᠎ᠢ ᠳᠠᠪᠠᠭᠰᠠᠨ ᠮᠤᠵᠢ ᠣᠷᠣᠨ ᠪᠣᠯᠵᠣ᠂ ᠨᠢᠭᠡ ᠵᠢᠯ ᠤᠷᠢᠳᠴᠢᠯᠠᠨ ᠢᠯᠴᠢ ᠵᠢᠨ ᠴᠠᠬᠢᠯᠭ᠋ᠠᠨ᠎ᠤ ᠮᠠᠰᠢᠨ ᠴᠣᠭᠴᠠᠯᠠᠪᠤᠷᠢ ᠵᠢᠨ ᠬᠡᠪᠴᠢᠶ᠎ᠡ᠎ᠠᠴᠠ ᠳᠠᠪᠠᠵᠤ᠂ ᠨᠣᠭᠣᠭ᠋ᠠᠨ ᠴᠠᠬᠢᠯᠭ᠋ᠠᠨ᠎ᠤ ᠠᠷᠠᠯᠵᠢᠶᠠᠨ᠎ᠤ ᠬᠡᠪᠴᠢᠶ᠎ᠡ ᠪᠥᠬᠥ ᠤᠯᠤᠰ᠎ᠤᠨ ᠲᠡᠷᠢᠭᠦᠨ᠎ᠳᠤ ᠣᠷᠣᠵᠤ᠂ ᠰᠢᠨ᠎ᠡ ᠡᠨᠧᠷᠭᠢ ᠵᠢᠨ ᠤᠷᠤᠯᠳᠤᠭ᠋ᠠᠨ᠎ᠤ ᠵᠠᠮ ᠳᠡᠭᠡᠷ᠎ᠡ 《ᠠᠭᠲᠠ ᠵᠢᠨ ᠲᠡᠷᠢᠬᠦᠨ᠎ᠳᠤ ᠳᠠᠪᠬᠢᠭᠰᠠᠨ》 ᠭᠡᠵᠦ ᠬᠡᠯᠡᠵᠦ ᠪᠣᠯᠤᠨ᠎ᠠ᠃
2025 ᠣᠨ᠂ ᠪᠢᠳᠡ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠣᠯᠭᠣᠭᠰᠠᠨ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢ ᠲᠣᠭᠲᠠᠭ᠋ᠠᠯᠲᠠ᠎ᠳᠤ ᠠᠩᠬᠠᠷᠤᠯ ᠵᠶ᠋ᠠᠨ ᠲᠦᠪᠯᠡᠷᠡᠬᠦᠯᠵᠦ᠂ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ᠂ ᠲᠥᠪ᠎ᠤᠨ ᠠᠵᠤ ᠠᠬᠤᠶ ᠵᠢᠨ ᠠᠵᠢᠯ᠎ᠤᠨ ᠬᠤᠷᠠᠯ᠎ᠤᠨ ᠰᠢᠢ᠍ᠳᠪᠦᠷᠢᠳᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠶᠤᠰᠤᠭ᠋ᠠᠷ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠠᠷᠪᠠᠨ ᠨᠢᠭᠡᠳᠦᠭᠡᠷ ᠬᠤᠭᠤᠴᠠᠭ᠋ᠠᠨ᠎ᠤ ᠶᠢᠰᠦᠳᠦᠭᠡᠷ ᠪᠥᠬᠥᠳᠡ ᠬᠤᠷᠠᠯ ᠵᠢᠴᠢ ᠪᠥᠬᠥ ᠣᠷᠣᠨ᠎ᠤ ᠠᠵᠤ ᠠᠬᠤᠶ ᠵᠢᠨ ᠠᠵᠢᠯ᠎ᠤᠨ ᠬᠤᠷᠠᠯ ᠵᠢᠴᠢ ᠥᠪᠡᠷᠲᠡᠭᠡᠨ ᠵᠠᠰᠠᠬᠤ ᠣᠷᠣᠨ᠎ᠤ 《ᠬᠣᠶᠠᠷ ᠬᠤᠷᠠᠯ》᠎ᠤᠨ ᠡᠯ᠎ᠡ ᠵᠦᠢ᠍ᠯ᠎ᠤᠨ ᠲᠣᠬᠢᠷᠠᠭᠤᠯᠤᠯᠲᠠ ᠵᠢ ᠰᠠᠶ᠋ᠢᠲᠤᠷ ᠨᠠᠢ᠌ᠳᠠᠪᠤᠷᠢᠵᠢᠭᠤᠯᠵᠤ᠂ 《ᠨᠢᠭᠡ ᠭᠤᠤᠯ ᠱᠤᠭᠤᠮ᠎ᠢ ᠲᠤᠭᠤᠰᠢᠯᠠᠭᠤᠯᠵᠤ᠂ ᠬᠣᠶᠠᠷ ᠶᠡᠬᠡ ᠶᠠᠪᠤᠳᠠᠯ᠎ᠢ ᠰᠠᠢ᠍ᠢ᠍ᠨ ᠬᠢᠵᠦ᠂ 〈ᠲᠠᠪᠤᠨ ᠶᠡᠬᠡ ᠡᠭᠦᠷᠭᠡ〉 ᠵᠢ ᠦᠷᠭᠦᠯᠵᠢᠯᠡᠨ ᠠᠬᠢᠭᠤᠯᠤᠨ᠂ 〈ᠵᠢᠷᠭᠤᠭ᠋ᠠᠨ ᠢᠨᠵᠧᠨᠧᠷᠢᠩ〉᠎ᠢ ᠦᠷᠭᠦᠯᠵᠢᠯᠡᠨ ᠬᠡᠷᠡᠭᠵᠢᠬᠦᠯᠵᠦ᠂ 〈ᠵᠢᠷᠭᠤᠭ᠋ᠠᠨ ᠠᠵᠢᠯᠯᠠᠭ᠎ᠠ〉 ᠵᠢ ᠵᠣᠬᠢᠶᠠᠨ ᠪᠠᠶ᠋ᠢᠭᠤᠯᠤᠨ ᠥᠷᠨᠢᠭᠦᠯᠬᠦ》 ᠲᠠᠯ᠎ᠠ᠎ᠪᠠᠷ ᠨᠠᠩ ᠶᠡᠬᠡ ᠠᠬᠢᠯᠲᠠ᠎ᠲᠠᠢ ᠪᠤᠯᠵᠤ᠂ ᠬᠢᠯᠪᠠᠷ ᠪᠤᠰᠤ᠎ᠪᠠᠷ ᠢᠷᠡᠭᠰᠡᠨ ᠰᠠᠶ᠋ᠢᠨ ᠰᠠᠶ᠋ᠢᠬᠠᠨ ᠬᠥᠭᠵᠢᠯᠲᠡ ᠵᠢᠨ ᠬᠠᠨᠳᠤᠰᠢ ᠵᠢ ᠪᠠᠲᠤᠯᠠᠨ᠂ ᠨᠠᠩ ᠪᠣᠳᠠᠲᠠᠶ ᠠᠷᠭ᠎ᠠ ᠬᠡᠮᠵᠢᠶ᠎ᠡ᠎ᠪᠠᠷ᠂ ᠨᠠᠩ ᠶᠡᠬᠡ ᠡᠷᠴᠢᠮ ᠵᠶ᠋ᠠᠷ ᠠᠵᠤ ᠠᠬᠤᠶ ᠵᠢᠨ ᠬᠦᠭᠵᠢᠨ ᠳᠠᠪᠰᠢᠬᠤ᠂ ᠰᠢᠨ᠎ᠡ ᠵᠢ ᠵᠣᠷᠢᠬᠤ᠂ ᠰᠢᠯᠢᠳᠡᠭ ᠵᠦᠭ ᠤᠷᠤᠭᠰᠢᠯᠠᠬᠤ ᠵᠢ ᠠᠬᠢᠭᠤᠯᠵᠤ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠲᠥᠯᠥᠪᠵᠢᠭᠦᠯᠭᠡ ᠵᠢᠨ ᠰᠡᠭᠦᠯ ᠬᠤᠷᠢᠶᠠᠬᠤ ᠵᠢᠯ᠎ᠳᠤ ᠰᠢᠯᠢᠳᠡᠭ ᠬᠠᠷᠢᠭᠤᠯᠲᠠ ᠵᠢᠨ ᠬᠠᠭᠤᠳᠠᠰᠤ ᠲᠤᠰᠢᠶᠠᠬᠤ ᠵᠢᠨ ᠬᠠᠮᠲᠤ᠂ 《ᠠᠷᠪᠠᠨ ᠲᠠᠪᠤᠳᠤᠭ᠋ᠠᠷ ᠲᠠᠪᠤᠨ ᠵᠢᠯ》 ᠵᠢᠨ ᠲᠥᠯᠥᠪᠵᠢᠭᠦᠯᠭᠡ ᠵᠢᠨ ᠰᠠᠶ᠋ᠢᠨ ᠰᠠᠶ᠋ᠢᠬᠠᠨ ᠡᠬᠢᠯᠡᠯᠲᠡ ᠵᠢ ᠪᠡᠶᠡᠯᠡᠭᠦᠯᠬᠦ᠎ᠳᠤ ᠪᠠᠲᠤ ᠪᠡᠬᠢ ᠰᠠᠭᠤᠷᠢ ᠵᠢ ᠲᠠᠯᠪᠢᠨ᠎ᠠ᠃
ᠪᠠᠶᠠᠷᠯᠠᠯ᠎ᠠ᠃
ᠦᠢ᠍ᠯᠡᠳᠦᠯᠭᠡ ᠰᠡᠳᠬᠦᠯ᠎ᠤᠨ ᠬᠣᠷᠢᠶᠠᠨ᠎ᠤ ᠰᠤᠷᠪᠤᠯᠵᠢᠯᠠᠭᠴᠢ᠄
ᠲᠠ ᠰᠠᠶ᠋ᠢᠨ ᠦᠦ᠂ ᠪᠢᠳᠡ 2024 ᠣᠨ᠎ᠤ ᠥᠪᠥᠷ ᠮᠣᠩᠭᠣᠯ᠎ᠤᠨ ᠠᠮᠤ ᠪᠤᠳᠠᠭ᠋ᠠᠨ᠎ᠤ ᠭᠠᠷᠤᠯᠲᠠ ᠳᠠᠬᠢᠨᠲᠠ ᠡᠯᠪᠡᠭ ᠬᠤᠷᠢᠶᠠᠯᠲᠠ ᠣᠯᠵᠤ᠂ 800 ᠳ᠋ᠦᠩᠰᠢᠭᠤᠷ ᠵᠢᠩ᠎ᠤᠨ ᠶᠡᠬᠡ ᠪᠣᠭᠣᠮᠲᠠ ᠵᠢ ᠳᠠᠪᠠᠭᠰᠠᠨᠢ ᠤᠢ᠌ᠯᠠᠭ᠋ᠠᠯᠠ᠂ ᠲᠠ ᠡᠨᠡ ᠬᠦ᠌ ᠢᠳᠡᠪᠬᠢᠲᠡᠶ ᠬᠤᠪᠢᠷᠠᠯᠲᠠ ᠵᠢ ᠬᠡᠷᠬᠢᠨ ᠦᠨᠡᠯᠡᠬᠦ ᠪᠣᠶ? 2024 ᠣᠨ᠎ᠤ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠳᠤ ᠶᠠᠮᠠᠷ ᠶᠠᠮᠠᠷ ᠬᠢᠯᠠᠰ ᠴᠡᠭ ᠪᠠᠶ᠋ᠢᠬᠤ ᠪᠣᠶ?

ᠮᠠ ᠬᠣᠩ ᠵᠢᠶᠦ᠋ᠨ᠄ ᠲᠠᠨ᠎ᠤ ᠠᠰᠠᠭᠤᠭᠰᠠᠨ᠎ᠳᠤ ᠪᠠᠶᠠᠷᠯᠠᠯ᠎ᠠ᠃ 2024 ᠣᠨ᠎ᠳᠤ᠂ ᠥᠪᠥᠷ ᠮᠣᠩᠭᠣᠯ᠎ᠤᠨ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠨᠠᠮ᠎ᠤᠨ ᠲᠥᠪ ᠬᠤᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ 《ᠬᠥᠳᠡᠭᠡ ᠠᠵᠤ ᠠᠬᠤᠢ ᠬᠥᠳᠡᠭᠡ ᠲᠣᠰᠬᠣᠨ ᠲᠠᠷᠢᠶᠠᠴᠢᠨ》᠎ᠤ ᠠᠵᠢᠯ᠎ᠤᠨ ᠲᠤᠬᠠᠢ ᠴᠢᠬᠤᠯᠠ ᠶᠡᠬᠡ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠤᠯᠤᠰ᠎ᠤᠨ ᠠᠮᠤ ᠪᠤᠳᠠᠭ᠎ᠠ ᠵᠢ ᠪᠠᠲᠤᠯᠠᠬᠤ ᠤᠯᠤᠰ ᠲᠦᠷᠦ ᠵᠢᠨ ᠬᠠᠷᠢᠭᠤᠴᠠᠯᠭ᠎ᠠ ᠵᠢ ᠡᠷᠡᠰ ᠡᠭᠦᠷᠭᠡᠯᠡᠵᠦ᠂ 《ᠲᠠᠷᠢᠶᠠᠨ ᠭᠠᠵᠠᠷ᠎ᠤᠨ ᠠᠮᠤ ᠪᠤᠳᠠᠭ᠋ᠠᠨ᠎ᠤ ᠤᠨᠠᠯᠲᠠ ᠵᠢ ᠪᠠᠲᠤᠯᠠᠵᠤ ᠮᠡᠷᠭᠡᠵᠢᠯ ᠵᠶ᠋ᠠᠷ ᠠᠮᠤ ᠪᠤᠳᠠᠭ᠋ᠠᠨ᠎ᠤ ᠤᠨᠠᠯᠲᠠ ᠵᠢ ᠨᠡᠮᠡᠭᠳᠡᠭᠦᠯᠬᠦ》 ᠪᠠᠶ᠋ᠢᠯᠳᠤᠬᠤ ᠪᠤᠳᠤᠯᠭ᠎ᠠ ᠵᠢ ᠢᠮᠠᠭᠲᠠ ᠪᠠᠷᠢᠮᠲᠠᠯᠠᠵᠤ᠂ ᠦᠨᠡᠨ ᠬᠦ᠌ ᠬᠡᠷᠡᠭᠵᠢᠭᠦᠯᠵᠦ ᠪᠣᠯᠬᠤᠶ᠋ᠢᠴᠠ ᠠᠷᠭ᠎ᠠ ᠬᠡᠮᠵᠢᠶ᠎ᠡ ᠠᠪᠴᠤ᠂ ᠪᠦᠬᠦ ᠵᠢᠯ᠎ᠤᠨ ᠠᠮᠤ ᠪᠤᠳᠠᠭ᠋ᠠᠨ᠎ᠤ ᠤᠨᠠᠯᠲᠠ 820.1 ᠳ᠋ᠦᠩᠰᠢᠭᠤᠷ ᠵᠢᠩ᠎ᠳᠤ ᠬᠦᠷᠴᠡᠢ᠂ ᠡᠨᠡ ᠪᠣᠯ ᠶᠡᠷᠦ ᠪᠤᠰᠤ ᠵᠢᠨ ᠠᠮᠵᠢᠯᠲᠠ ᠪᠣᠯᠤᠨ᠎ᠠ᠃
ᠪᠢ ᠪᠤᠳᠤᠪᠠᠯ 《ᠭᠤᠷᠪᠠᠨ ᠢᠯᠡᠷᠬᠡᠶ》 ᠭᠡᠳᠡᠭ ᠵᠶ᠋ᠠᠷ ᠡᠨᠡ ᠲᠣᠭ᠎ᠠ ᠪᠠᠷᠢᠮᠲᠠ ᠵᠢ ᠦᠨᠡᠯᠡᠵᠦ ᠪᠣᠯᠤᠨ᠎ᠠ᠃ ᠨᠢᠭᠡ᠎ᠳᠤ᠂ ᠮᠠᠨ᠎ᠤ ᠣᠷᠣᠨ᠎ᠤ ᠠᠮᠤ ᠪᠤᠳᠠᠭ᠋ᠠᠨ᠎ᠤ ᠶᠡᠷᠦᠩᠬᠡᠶ᠋ᠢᠯᠡᠭᠰᠡᠨ ᠦᠢ᠍ᠯᠡᠳᠪᠦᠷᠢᠯᠡᠯ᠎ᠤᠨ ᠴᠢᠳᠠᠪᠤᠷᠢ ᠢᠯᠡᠳᠲᠡ ᠳᠡᠭᠡᠭᠰᠢᠯᠡᠪᠡ; ᠬᠣᠶᠠᠷ᠎ᠲᠤ ᠠᠮᠤ ᠪᠤᠳᠠᠭ᠋ᠠᠨ᠎ᠤ ᠠᠮᠤᠷ ᠲᠦᠪᠰᠢᠨ᠎ᠢ ᠪᠠᠲᠤᠯᠠᠬᠤ ᠬᠠᠩᠭ᠋ᠠᠯᠭ᠎ᠠ ᠵᠢᠨ ᠴᠢᠳᠠᠪᠤᠷᠢ ᠢᠯᠡᠳᠲᠡ ᠴᠢᠩᠭ᠋ᠠᠷᠠᠪᠠ; ᠭᠤᠷᠪᠠ᠎ᠳᠤ ᠲᠠᠷᠢᠶᠠᠯᠠᠩ᠎ᠤᠨ ᠬᠥᠭᠵᠢᠯᠲᠡ ᠵᠢᠨ ᠬᠠᠨᠳᠤᠰᠢ ᠢᠯᠡᠳᠲᠡ ᠰᠠᠶ᠋ᠢᠵᠢᠷᠠᠵᠤ ᠪᠠᠶ᠋ᠢᠨ᠎ᠠ᠃ ᠪᠣᠳᠠᠲᠠᠶ᠎ᠪᠠᠷ ᠦᠵᠡᠪᠡᠯ᠂ ᠳᠤᠤᠷᠠᠬᠢ ᠭᠤᠷᠪᠠᠨ ᠬᠢᠯᠠᠰ ᠴᠡᠭ ᠢᠯᠡᠷᠡᠵᠦ ᠪᠠᠢ᠍ᠨ᠎ᠠ᠃
ᠨᠢᠭᠡᠳᠦᠭᠡᠷ ᠬᠢᠯᠠᠰ ᠴᠡᠭ ᠪᠣᠯ ᠠᠮᠤ ᠪᠤᠳᠠᠭ᠎ᠠ ᠳᠠᠷᠢᠬᠤ ᠲᠠᠯᠠᠪᠠᠶ ᠲᠡᠦᠬᠡ ᠵᠢᠨ ᠰᠢᠨ᠎ᠡ ᠲᠡᠮᠳᠡᠭᠯᠡᠯ᠎ᠢ ᠡᠭᠦᠳᠪᠡ᠃
2024 ᠣᠨ᠎ᠳᠤ ᠪᠥᠬᠥ ᠣᠷᠣᠨ᠎ᠤ ᠠᠮᠤ ᠪᠤᠳᠠᠭ᠎ᠠ ᠳᠠᠷᠢᠬᠤ ᠲᠠᠯᠠᠪᠠᠶ 1.05 ᠳ᠋ᠦᠩᠰᠢᠭᠤᠷ ᠮᠥ᠍ ᠪᠠᠶ᠋ᠢᠵᠤ᠂ ᠨᠢᠭᠡᠨᠲᠡ ᠶᠢᠰᠦᠨ ᠵᠢᠯ ᠳᠠᠷᠠᠭ᠋ᠠᠯᠠᠨ 1 ᠳ᠋ᠦᠩᠰᠢᠭᠤᠷ ᠮᠥ᠍᠎ᠠᠴᠠ ᠳᠡᠭᠡᠭᠰᠢ ᠪᠠᠶ᠋ᠢᠬᠤ ᠵᠢ ᠪᠠᠲᠤᠯᠠᠵᠤ᠂ ᠪᠥᠬᠥ ᠤᠯᠤᠰ᠎ᠲᠤ ᠲᠠᠪᠤᠳᠤᠭ᠋ᠠᠷ᠎ᠲᠤ ᠵᠢᠭᠰᠠᠭ᠋ᠠᠭᠳᠠᠪᠠ; ᠨᠡᠮᠡᠭᠳᠡᠯ᠎ᠤᠨ ᠬᠡᠮᠵᠢᠶ᠎ᠡ᠎ᠠᠴᠠ ᠦᠵᠡᠪᠡᠯ᠂ 2024 ᠣᠨ᠎ᠳᠤ ᠪᠥᠬᠥ ᠣᠷᠣᠨ᠎ᠤ ᠠᠮᠤ ᠪᠤᠳᠠᠭ᠎ᠠ ᠳᠠᠷᠢᠬᠤ ᠲᠠᠯᠠᠪᠠᠶ ᠳᠡᠭᠡᠷ᠎ᠡ ᠵᠢᠯ᠎ᠤᠨ᠎ᠬᠢ᠎ᠠᠴᠠ 40.6 ᠲᠦᠮᠡᠨ ᠮᠥ᠍ ᠨᠡᠮᠡᠭᠳᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 0.4%᠎ᠪᠠᠷ ᠨᠡᠮᠡᠭᠳᠡᠵᠦ᠂ ᠨᠢᠭᠡᠨᠲᠡ ᠲᠤᠯᠤᠭ᠋ᠠᠨ ᠵᠢᠯ ᠳᠠᠷᠠᠭ᠋ᠠᠯᠠᠨ ᠡᠶᠡᠷᠭᠦ ᠨᠡᠮᠡᠭᠳᠡᠯ᠎ᠢ ᠪᠡᠶᠡᠯᠡᠭᠦᠯᠵᠦ᠂ ᠨᠡᠮᠡᠭᠳᠡᠯ᠎ᠤᠨ ᠬᠡᠮᠵᠢᠶ᠎ᠡ᠎ᠨᠢ ᠪᠥᠬᠥ ᠤᠯᠤᠰ᠎ᠤᠨ ᠭᠤᠷᠪᠠᠳᠤᠭ᠋ᠠᠷ᠎ᠲᠤ ᠣᠷᠣᠪᠠ᠃
ᠬᠣᠶᠠᠳᠤᠭ᠋ᠠᠷ ᠬᠢᠯᠠᠰ ᠴᠡᠭ ᠪᠣᠯ ᠠᠮᠤ ᠪᠤᠳᠠᠭ᠋ᠠᠨ᠎ᠤ ᠲᠠᠷᠢᠮᠠᠯ᠎ᠤᠨ ᠲᠠᠯᠠᠪᠠᠶ ᠨᠢᠭᠡᠴᠢ ᠵᠢᠨ ᠤᠨᠠᠯᠲᠠ ᠲᠡᠦᠬᠡᠨ ᠰᠢᠨ᠎ᠡ ᠲᠡᠮᠳᠡᠭᠯᠡᠯ᠎ᠢ ᠡᠭᠦᠳᠪᠡ᠃
2024 ᠣᠨ᠎ᠤ ᠥᠪᠥᠷ ᠮᠣᠩᠭᠣᠯ᠎ᠤᠨ ᠠᠮᠤ ᠪᠤᠳᠠᠭ᠋ᠠᠨ᠎ᠤ ᠲᠠᠷᠢᠮᠠᠯ᠎ᠤᠨ ᠳᠤᠮᠳᠠᠴᠢ ᠲᠠᠯᠠᠪᠠᠶ ᠨᠢᠭᠡᠴᠢ ᠵᠢᠨ ᠤᠨᠠᠯᠲᠠ᠎ᠨᠢ ᠮᠥ᠍ ᠪᠦᠷᠢ᠎ᠳᠡᠭᠡᠨ 390 ᠺᠢᠯᠣᠭ᠌ᠷᠠᠮ ᠪᠠᠶ᠋ᠢᠵᠤ᠂ ᠳᠡᠭᠡᠷ᠎ᠡ ᠵᠢᠯ᠎ᠤᠨ᠎ᠬᠢ᠎ᠠᠴᠠ᠎ᠪᠠᠨ ᠪᠠᠷᠤᠭ 12 ᠺᠢᠯᠣᠭ᠌ᠷᠠᠮ ᠨᠡᠮᠡᠭᠳᠡᠵᠦ᠂ ᠠᠳᠠᠯᠢ ᠬᠤᠭᠤᠴᠠᠭ᠋ᠠᠨ᠎ᠤ᠎ᠬᠢ᠎ᠠᠴᠠ 3.2% ᠵᠶ᠋ᠠᠷ ᠨᠡᠮᠡᠭᠳᠡᠨ᠂ ᠪᠥᠬᠥ ᠤᠯᠤᠰ᠎ᠲᠤ 16 ᠳ᠋ᠤᠭ᠋ᠠᠷ᠎ᠲᠤ ᠣᠷᠣᠪᠠ᠃ ᠡᠭᠦᠨ᠎ᠳᠤ᠂ ᠠᠮᠤ ᠪᠤᠳᠠᠭ᠋ᠠᠨ᠎ᠤ ᠲᠠᠯᠠᠪᠠᠶ ᠨᠢᠭᠡᠴᠢ ᠵᠢᠨ ᠤᠨᠠᠯᠲᠠ᠎ᠨᠢ ᠮᠥ᠍ ᠪᠦᠷᠢ 453 ᠺᠢᠯᠣᠭ᠌ᠷᠠᠮ ᠪᠠᠶ᠋ᠢᠵᠤ᠂ 3.1%᠎ᠪᠠᠷ ᠨᠡᠮᠡᠭᠳᠡᠪᠡ; ᠪᠤᠷᠴᠠᠭ᠎ᠤᠨ ᠲᠥᠷᠥᠯ᠎ᠤᠨ ᠲᠠᠯᠠᠪᠠᠶ ᠨᠢᠭᠡᠴᠢ ᠵᠢᠨ ᠤᠨᠠᠯᠲᠠ᠎ᠨᠢ ᠮᠥ᠍ ᠪᠦᠷᠢ 132 ᠺᠢᠯᠣᠭ᠌ᠷᠠᠮ ᠪᠠᠶ᠋ᠢᠵᠤ᠂ 1.8%᠎ᠪᠠᠷ ᠨᠡᠮᠡᠭᠳᠡᠪᠡ᠃ ᠣᠨᠴᠠᠭ᠋ᠠᠶ᠋ᠢᠯᠠᠨ ᠠᠩᠬᠠᠷᠤᠭᠤᠰᠢᠲᠠᠶ᠎ᠨᠢ᠂ ᠮᠠᠨ᠎ᠤ ᠣᠷᠣᠨ᠎ᠤ ᠭᠤᠤᠯ ᠪᠣᠯᠬᠤ ᠠᠮᠤ ᠪᠤᠳᠠᠭ᠋ᠠᠨ᠎ᠤ ᠲᠠᠷᠢᠮᠠᠯ᠎ᠤᠨ ᠡᠷᠳᠡᠨᠢ ᠰᠢᠰᠢ ᠵᠢᠨ ᠲᠠᠯᠠᠪᠠᠶ ᠨᠢᠭᠡᠴᠢ ᠵᠢᠨ ᠤᠨᠠᠯᠲᠠ 500 ᠺᠢᠯᠣᠭ᠌ᠷᠠᠮ᠎ᠢ ᠳᠠᠪᠠᠵᠤ᠂ 506 ᠺᠢᠯᠣᠭ᠌ᠷᠠᠮ ᠮᠥ᠍᠎ᠳᠤ ᠬᠦᠷᠴᠦ᠂ ᠠᠳᠠᠯᠢ ᠬᠤᠭᠤᠴᠠᠭ᠋ᠠᠨ᠎ᠤ᠎ᠬᠢ᠎ᠠᠴᠠ 2.2% ᠵᠶ᠋ᠠᠷ ᠨᠡᠮᠡᠭᠳᠡᠪᠡ᠃
ᠭᠤᠷᠪᠠᠳᠤᠭ᠋ᠠᠷ ᠬᠢᠯᠠᠰ ᠴᠡᠭ ᠪᠣᠯ ᠠᠮᠤ ᠪᠤᠳᠠᠭ᠋ᠠᠨ᠎ᠤ ᠤᠨᠠᠯᠲᠠ ᠲᠡᠦᠬᠡ ᠵᠢᠨ ᠰᠢᠨ᠎ᠡ ᠲᠡᠮᠳᠡᠭᠯᠡᠯ᠎ᠢ ᠡᠭᠦᠳᠦᠭᠰᠡᠨ ᠶᠠᠪᠤᠳᠠᠯ ᠪᠣᠯᠤᠨ᠎ᠠ᠃
ᠳᠠᠷᠢᠬᠤ ᠲᠠᠯᠠᠪᠠᠶ ᠪᠠ ᠮᠥ᠍ ᠪᠦᠷᠢ ᠵᠢᠨ ᠳᠤᠮᠳᠠᠴᠢ ᠲᠠᠯᠠᠪᠠᠶ ᠨᠢᠭᠡᠴᠢ ᠵᠢᠨ ᠤᠨᠠᠯᠲᠠ ᠵᠡᠷᠭᠡ᠎ᠪᠠᠷ ᠳᠡᠭᠡᠭᠰᠢᠯᠡᠭᠰᠡᠨ ᠪᠠᠶ᠋ᠢᠳᠠᠯ ᠳᠤᠤᠷ᠎ᠠ᠂ 2024 ᠣᠨ᠎ᠳᠤ ᠮᠠᠨ᠎ᠤ ᠣᠷᠣᠨ ᠬᠣᠷᠢᠨ ᠨᠢᠭᠡᠳᠦᠭᠡᠷ ᠡᠯᠪᠡᠭ ᠬᠤᠷᠢᠶᠠᠯᠲᠠ ᠵᠢᠨ ᠵᠢᠯ ᠵᠶ᠋ᠠᠨ ᠤᠭᠲᠤᠵᠤ᠂ ᠠᠮᠤ ᠪᠤᠳᠠᠭ᠋ᠠᠨ᠎ᠤ ᠤᠨᠠᠯᠲᠠ 820.1 ᠳ᠋ᠦᠩᠰᠢᠭᠤᠷ ᠵᠢᠩ᠎ᠳᠤ ᠬᠦᠷᠴᠦ᠂ ᠳᠥᠷᠪᠡᠨ ᠵᠢᠯ ᠳᠠᠷᠠᠭ᠋ᠠᠯᠠᠨ ᠪᠥᠬᠥ ᠤᠯᠤᠰ᠎ᠤᠨ ᠵᠢᠷᠭᠤᠳᠤᠭ᠋ᠠᠷ᠎ᠲᠤ ᠵᠢᠭᠰᠠᠭ᠋ᠠᠭᠳᠠᠪᠠ; 28.5 ᠳ᠋ᠦᠩᠰᠢᠭᠤᠷ ᠵᠢᠩ ᠨᠡᠮᠡᠭᠳᠡᠵᠦ᠂ ᠪᠥᠬᠥ ᠤᠯᠤᠰ᠎ᠤᠨ ᠨᠡᠮᠡᠭᠳᠡᠯ᠎ᠤᠨ ᠬᠡᠮᠵᠢᠶ᠎ᠡ ᠵᠢᠨ 12.9% ᠵᠢ ᠡᠵᠡᠯᠡᠵᠦ᠂ ᠨᠡᠮᠡᠭᠳᠡᠯ᠎ᠤᠨ ᠬᠡᠮᠵᠢᠶ᠎ᠡ᠎ᠪᠠᠷ ᠪᠥᠬᠥ ᠤᠯᠤᠰ᠎ᠤᠨ ᠭᠤᠷᠪᠠᠳᠤᠭ᠋ᠠᠷ᠎ᠲᠤ ᠣᠷᠣᠵᠤ᠂ 《ᠳᠤᠮᠳᠠᠳᠤᠴᠤᠳ᠎ᠤᠨ ᠪᠤᠳᠠᠭ᠋ᠠᠨ ᠠᠶᠠᠭ᠎ᠠ》᠎ᠳᠤ ᠨᠠᠩ ᠣᠯᠠᠨ 《ᠪᠣᠭᠣᠮᠲᠠ ᠵᠢᠨ ᠭᠠᠳᠠᠨᠠᠬᠢ ᠠᠮᠤ》 ᠵᠢ ᠰᠠᠪᠠᠯᠠᠵᠤ᠂ ᠤᠯᠤᠰ᠎ᠤᠨ ᠠᠮᠤ ᠪᠤᠳᠠᠭ᠋ᠠᠨ᠎ᠤ ᠠᠮᠤᠷ ᠲᠦᠪᠰᠢᠨ᠎ᠳᠤ ᠥᠪᠥᠷ ᠮᠣᠩᠭᠣᠯ᠎ᠤᠨ ᠬᠤᠪᠢ ᠨᠡᠮᠡᠷᠢ ᠵᠢ ᠦᠵᠡᠭᠦᠯᠪᠡ᠃
ᠶᠡᠷᠦᠩᠬᠡᠶ᠎ᠳᠤᠨᠢ ᠠᠪᠴᠤ ᠦᠵᠡᠪᠡᠯ᠂ ᠥᠪᠥᠷ ᠮᠣᠩᠭᠣᠯ᠎ᠤᠨ ᠠᠮᠤ ᠪᠤᠳᠠᠭ᠋ᠠᠨ᠎ᠤ ᠦᠢ᠍ᠯᠡᠳᠪᠦᠷᠢᠯᠡᠯ᠎ᠤᠨ ᠰᠠᠭᠤᠷᠢ ᠨᠠᠩ ᠪᠠᠲᠤ ᠪᠠᠬᠢ᠂ ᠨᠥᠬᠥᠴᠡᠯ ᠨᠠᠩ ᠰᠢᠯᠢᠳᠡᠭ᠂ ᠬᠥᠳᠡᠯᠭᠡᠬᠦ ᠬᠦᠴᠦᠨ ᠨᠠᠩ ᠭᠦᠢ᠍ᠴᠡᠳ᠂ ᠠᠶᠤᠯ ᠲᠦᠭᠰᠢᠭᠦᠷᠢ ᠵᠢ ᠡᠰᠡᠷᠭᠦᠴᠡᠬᠦ ᠴᠢᠳᠠᠪᠤᠷᠢ ᠨᠠᠩ ᠴᠢᠩᠭ᠎ᠠ ᠪᠠᠶ᠋ᠢᠵᠤ᠂ ᠮᠠᠨ᠎ᠤ ᠣᠷᠣᠨ ᠪᠥᠬᠥ ᠤᠯᠤᠰ᠎ᠤᠨ ᠴᠢᠬᠤᠯᠠ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ᠎ᠤᠨ ᠰᠠᠭᠤᠷᠢᠨ᠎ᠢ ᠪᠥᠲᠥᠭᠡᠨ ᠪᠠᠶ᠋ᠢᠭᠤᠯᠬᠤ ᠲᠡᠶ᠋ᠢᠰᠢ ᠯᠠᠪᠳᠠᠭᠤᠨ ᠪᠠᠲᠤᠲᠠᠶ ᠠᠯᠬᠤᠪᠠ᠃
ᠳᠡᠭᠦᠯᠢᠯᠳᠡ ᠬᠠᠮ ᠵᠠᠭᠤᠴᠢᠯᠠᠭᠤᠷ᠎ᠤᠨ ᠰᠤᠷᠪᠤᠯᠵᠢᠯᠠᠭᠴᠢ᠄
ᠥᠭᠦᠯᠡᠭᠴᠢ᠎ᠠᠴᠠ 2024 ᠣᠨ᠎ᠤ ᠮᠠᠨ᠎ᠤ ᠣᠷᠣᠨ᠎ᠤ ᠠᠵᠤ ᠦᠢ᠍ᠯᠡᠳᠪᠦᠷᠢ ᠵᠢᠨ ᠠᠵᠤ ᠠᠬᠤᠶ ᠵᠢᠨ ᠬᠥᠭᠵᠢᠯᠲᠡ ᠵᠢᠨ ᠪᠠᠶ᠋ᠢᠳᠠᠯ ᠶᠠᠮᠠᠷ ᠪᠠᠶ᠋ᠢᠬᠤ ᠵᠢ ᠲᠠᠨᠢᠯᠴᠠᠭᠤᠯᠬᠤ ᠵᠢ ᠬᠦᠰᠡᠵᠦ ᠪᠠᠶ᠋ᠢᠨ᠎ᠠ? ᠭᠤᠤᠯ ᠲᠤᠯᠭ᠋ᠠᠭᠤᠷᠢᠯᠠᠬᠤ ᠡᠯᠧᠮᠧᠨ᠋ᠲ ᠶᠠᠭᠤ ᠶᠠᠭᠤ ᠪᠠᠢ᠌ᠬᠤ ᠪᠣᠶ? ᠪᠠᠶᠠᠷᠯᠠᠯ᠎ᠠ᠃

ᠸᠠᠩ ᠴᠤᠸᠠᠨ ᠵᠢᠩ᠄ ᠲᠠᠨ᠎ᠤ ᠠᠰᠠᠭᠤᠭᠰᠠᠨ᠎ᠳᠤ ᠪᠠᠶᠠᠷᠯᠠᠯ᠎ᠠ᠃ 2024 ᠣᠨ᠎ᠳᠤ᠂ ᠪᠦᠬᠦ ᠣᠷᠣᠨ ᠳᠠᠶᠠᠭ᠋ᠠᠷ ᠥᠪᠥᠷ ᠮᠣᠩᠭᠣᠯ᠎ᠤᠨ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠪᠠᠶ᠋ᠢᠭᠤᠯᠬᠤ ᠵᠢ ᠭᠣᠣᠯᠳᠠᠯᠭ᠎ᠠ ᠵᠢᠨ ᠳᠣᠲᠣᠷᠠᠬᠢ ᠭᠣᠣᠯᠳᠠᠯᠭ᠎ᠠ ᠪᠣᠯᠭ᠋ᠠᠵᠤ᠂ ᠭᠣᠣᠯᠳᠠᠯᠭ᠎ᠠ᠎ᠲᠠᠢ ᠠᠵᠤ ᠦᠢ᠍ᠯᠡᠰ᠎ᠤᠨ ᠪᠦᠯᠦᠭᠵᠢᠯ᠂ ᠠᠵᠤ ᠦᠢ᠍ᠯᠡᠰ᠎ᠤᠨ ᠬᠡᠯᠬᠢᠶ᠎ᠡ ᠵᠢ ᠴᠣᠭᠴᠠᠯᠠᠬᠤ᠎ᠪᠠᠷ ᠭᠠᠷᠳᠠᠴᠠ ᠪᠣᠯᠭ᠋ᠠᠵᠤ᠂ ᠠᠵᠤ ᠦᠢ᠍ᠯᠡᠰ᠎ᠤᠨ ᠬᠡᠯᠪᠡᠷᠢ ᠵᠢ ᠬᠤᠪᠢᠷᠠᠭᠤᠯᠤᠨ ᠲᠡᠰ ᠳᠡᠪᠰᠢᠭᠦᠯᠬᠦ ᠵᠢ ᠲᠦᠷᠭᠡᠳᠬᠡᠨ ᠠᠬᠢᠭᠤᠯᠵᠤ᠂ ᠪᠣᠬᠢᠷᠲᠤᠯ ᠦᠭᠡᠢ᠂ ᠨᠡᠭᠦᠷᠡᠰᠦᠲᠥ᠋ᠷᠥᠭᠴᠢ ᠪᠠᠭ᠎ᠠ᠂ ᠦᠷᠭᠦᠯᠵᠢᠯᠡᠬᠦ ᠬᠥᠭᠵᠢᠯᠲᠡ ᠵᠢᠨ ᠣᠳᠣᠬᠢᠴᠢᠯᠠᠭᠰᠠᠨ ᠠᠵᠤ ᠦᠢ᠍ᠯᠡᠰ᠎ᠤᠨ ᠰᠢᠰᠲ᠋ᠧᠮ᠎ᠢ ᠬᠦᠴᠦᠯᠡᠨ ᠪᠠᠶ᠋ᠢᠭᠤᠯᠵᠤ᠂ ᠠᠵᠤ ᠦᠢ᠍ᠯᠡᠳᠪᠦᠷᠢ ᠵᠢᠨ ᠠᠵᠤ ᠠᠬᠤᠢ ᠵᠢᠨ ᠲᠣᠭᠲᠠᠭᠤᠨ ᠨᠡᠮᠡᠭᠳᠡᠯ᠎ᠢ ᠪᠠᠲᠤᠯᠠᠵᠤ᠂ ᠪᠦᠬᠦ ᠣᠷᠣᠨ᠎ᠤ ᠠᠵᠤ ᠦᠢ᠍ᠯᠡᠳᠪᠦᠷᠢ ᠵᠢᠨ ᠨᠡᠮᠡᠭᠳᠡᠯ ᠦᠷᠳᠡᠭ ᠠᠩᠬ᠎ᠠ ᠤᠳᠠᠭ᠎ᠠ ᠲᠦᠮᠡᠨ ᠳ᠋ᠦᠩᠰᠢᠭᠤᠷ ᠲᠥᠭᠥᠷᠢᠭ᠎ᠤᠨ ᠶᠡᠬᠡ ᠪᠣᠭᠣᠮᠲᠠ ᠵᠢ ᠳᠠᠪᠠᠪᠠ᠂ ᠡᠨᠡ ᠪᠣᠯ ᠵᠠᠬ᠎ᠠ ᠳᠡᠯᠭᠡᠭᠦᠷ᠎ᠤᠨ ᠪᠦᠲᠦᠮᠵᠢᠲᠡᠢ ᠬᠡᠷᠡᠭᠴᠡᠭᠡ ᠬᠦᠷᠦᠯᠴᠡᠬᠦ ᠦᠭᠡᠢ᠂ ᠶᠡᠬᠡ ᠬᠡᠮᠵᠢᠶᠡᠨ᠎ᠤ ᠲᠠᠸᠠᠷ᠎ᠤᠨ ᠦᠨ᠎ᠡ ᠬᠠᠩᠰᠢ ᠲᠣᠭᠲᠠᠪᠤᠷᠢ ᠦᠭᠡᠢ᠂ ᠠᠵᠤ ᠠᠬᠤᠶ᠋ᠢᠯᠠᠯ᠎ᠤᠨ ᠦᠷ᠎ᠡ ᠠᠰᠢᠭ᠎ᠤᠨ ᠰᠡᠷᠭᠦᠯᠲᠡ᠎ᠳᠤ ᠲᠤᠯᠭ᠋ᠠᠷᠠᠵᠤ ᠪᠠᠶ᠋ᠢᠭ᠎ᠠ ᠪᠠᠶ᠋ᠢᠳᠠᠯ ᠳᠣᠣᠷ᠎ᠠ ᠪᠡᠶᠡᠯᠡᠭᠦᠯᠦᠭᠰᠡᠨ ᠶᠤᠮ᠃ ᠪᠣᠳᠠᠲᠠᠢ᠎ᠪᠠᠷ ᠦᠵᠡᠪᠡᠯ᠂ ᠪᠦᠬᠦ ᠣᠷᠣᠨ᠎ᠤ ᠠᠵᠤ ᠦᠢ᠍ᠯᠡᠳᠪᠦᠷᠢ ᠵᠢᠨ ᠠᠵᠤ ᠠᠬᠤᠢ ᠵᠢᠨ ᠬᠥᠭᠵᠢᠯᠲᠡ ᠵᠢ ᠲᠤᠯᠭ᠋ᠠᠭᠤᠷᠢᠯᠠᠬᠤ ᠬᠥᠳᠡᠯᠭᠡᠬᠦ ᠡᠨᠧᠷᠭᠢ᠎ᠨᠢ ᠳᠣᠣᠷᠠᠬᠢ ᠮᠡᠲᠦ ᠬᠡᠳᠦᠨ ᠲᠠᠯ᠎ᠠ ᠪᠤᠢ᠃
ᠨᠢᠭᠡ᠎ᠳᠤ᠂ ᠡᠨᠧᠷᠭᠢ ᠵᠢᠨ ᠠᠵᠤ ᠦᠢ᠍ᠯᠡᠳᠪᠦᠷᠢ ᠵᠢᠨ 《ᠰᠠᠭᠤᠷᠢ ᠴᠢᠯᠠᠭᠤ》 ᠵᠢᠨ ᠦᠢ᠍ᠯᠡᠳᠦᠯ ᠲᠣᠪᠣᠶ᠋ᠢᠮ᠎ᠠ ᠪᠠᠶ᠋ᠢᠨ᠎ᠠ᠃ 2024 ᠣᠨ᠎ᠳᠤ᠂ ᠪᠥᠬᠥ ᠣᠷᠣᠨ ᠳᠠᠶᠠᠭ᠋ᠠᠷ ᠤᠯᠤᠰ᠎ᠤᠨ ᠴᠢᠬᠤᠯᠠ ᠡᠨᠧᠷᠭᠢ ᠪᠠ ᠪᠠᠶ᠋ᠢᠯᠳᠤᠬᠤ ᠪᠣᠳᠣᠯᠭ᠎ᠠ ᠵᠢᠨ ᠡᠬᠢ ᠪᠠᠶᠠᠯᠢᠭ᠎ᠤᠨ ᠰᠠᠭᠤᠷᠢᠨ᠎ᠢ ᠪᠥᠲᠥᠭᠡᠨ ᠪᠠᠶ᠋ᠢᠭᠤᠯᠬᠤ ᠪᠠᠶ᠋ᠢᠯᠳᠤᠬᠤ ᠪᠣᠳᠣᠯᠭ᠎ᠠ ᠵᠢᠨ ᠪᠠᠶ᠋ᠢᠷᠢ ᠲᠣᠭᠲᠠᠭ᠋ᠠᠯᠲᠠ᠎ᠲᠠᠢ ᠨᠢᠭᠲᠠ ᠤᠶᠠᠯᠳᠤᠭᠤᠯᠤᠨ᠂ ᠨᠡᠭᠦᠷᠡᠰᠦ ᠴᠠᠬᠢᠯᠭ᠋ᠠᠨ ᠲᠣᠰᠣ ᠬᠡᠶ ᠰᠠᠯᠬᠢ ᠬᠡᠷᠡᠯ᠎ᠢ ᠵᠡᠷᠭᠡ᠎ᠪᠠᠷ ᠬᠥᠭᠵᠢᠭᠦᠯᠬᠦ᠂ ᠰᠢᠨ᠎ᠡ ᠬᠠᠭᠤᠴᠢᠨ ᠡᠨᠧᠷᠭᠢ ᠬᠠᠮᠵᠢᠯᠴᠠᠨ ᠬᠠᠷᠢᠯᠴᠠᠨ ᠨᠥᠬᠥᠪᠥᠷᠢᠯᠡᠬᠦ ᠵᠢ ᠪᠠᠷᠢᠮᠲᠠᠯᠠᠵᠤ᠂ ᠣᠯᠠᠨ ᠡᠨᠧᠷᠭᠢ ᠵᠢ ᠬᠠᠷᠢᠯᠴᠠᠨ ᠨᠥᠬᠥᠪᠥᠷᠢᠯᠡᠬᠦ᠂ ᠣᠯᠠᠨ ᠦᠢ᠍ᠯᠡᠰ᠎ᠢ ᠵᠡᠷᠭᠡ᠎ᠪᠠᠷ ᠬᠥᠭᠵᠢᠭᠦᠯᠬᠦ᠂ ᠣᠯᠠᠨ ᠡᠰᠢᠵᠢᠵᠦ ᠬᠥᠭᠵᠢᠬᠦ ᠡᠨᠧᠷᠭᠢ ᠵᠢᠨ ᠠᠵᠤ ᠦᠢ᠍ᠯᠡᠰ᠎ᠤᠨ ᠪᠠᠶ᠋ᠢᠷᠢᠰᠢᠯ᠎ᠢ ᠬᠦᠴᠦᠯᠡᠨ ᠪᠠᠶ᠋ᠢᠭᠤᠯᠪᠠ᠃ 2024 ᠣᠨ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠡᠨᠧᠷᠭᠢ ᠵᠢᠨ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ ᠲᠦᠷᠦᠭᠦᠦ ᠵᠢᠯ᠎ᠤᠨ᠎ᠬᠢ᠎ᠠᠴᠠ᠎ᠪᠠᠨ 5.1%᠎ᠪᠠᠷ ᠨᠡᠮᠡᠭᠳᠡᠵᠦ᠂ ᠬᠡᠪᠴᠢᠶᠡᠵᠢᠯ᠎ᠠᠴᠠ ᠳᠡᠭᠡᠭᠰᠢᠬᠢ ᠪᠥᠬᠥ ᠠᠵᠤ ᠦᠢ᠍ᠯᠡᠳᠪᠦᠷᠢ ᠵᠢᠨ 56.7% ᠵᠢ ᠡᠵᠡᠯᠡᠵᠦ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠲᠤ ᠦᠵᠡᠭᠦᠯᠦᠭᠰᠡᠨ ᠬᠤᠪᠢ ᠨᠡᠮᠡᠷᠢ ᠵᠢᠨ ᠨᠣᠷᠮ᠎ᠠ᠎ᠨᠢ 51.8%᠎ᠳᠤ ᠬᠦᠷᠴᠡᠶ᠃ ᠡᠭᠦᠨ᠎ᠤ ᠬᠠᠮᠲᠤ᠂ ᠡᠨᠧᠷᠭᠢ ᠵᠢᠨ ᠬᠠᠩᠭ᠋ᠠᠯᠭ᠎ᠠ ᠵᠢ ᠪᠠᠲᠤᠯᠠᠬᠤ ᠬᠠᠷᠢᠭᠤᠴᠠᠯᠭ᠎ᠠ ᠵᠢ ᠡᠷᠡᠰ ᠡᠭᠦᠷᠭᠡᠯᠡᠵᠦ᠂ ᠨᠡᠭᠦᠷᠡᠰᠦ ᠮᠠᠯᠲᠠᠬᠤ ᠪᠠ ᠤᠬᠢᠶᠠᠵᠤ ᠰᠣᠩᠭᠣᠬᠤ ᠦᠢ᠍ᠯᠡᠰ 2024 ᠣᠨ᠎ᠤ 7 ᠰᠠᠷ᠎ᠠ᠎ᠠᠴᠠ ᠨᠠᠭ᠋ᠠᠰᠢ ᠵᠠᠯᠭ᠋ᠠᠭ᠎ᠠ᠎ᠪᠠᠷ 6 ᠰᠠᠷ᠎ᠠ 5%᠎ᠠᠴᠠ ᠳᠡᠭᠡᠭᠰᠢᠬᠢ ᠨᠡᠮᠡᠭᠳᠡᠯ᠎ᠤᠨ ᠬᠤᠷᠳᠤᠴᠠ ᠵᠢ ᠪᠠᠲᠤᠯᠠᠵᠤ᠂ ᠪᠥᠬᠥ ᠵᠢᠯ᠎ᠳᠤ 5.1%᠎ᠪᠠᠷ ᠨᠡᠮᠡᠭᠳᠡᠵᠦ᠂ ᠬᠡᠪᠴᠢᠶᠡᠵᠢᠯ᠎ᠠᠴᠠ ᠳᠡᠭᠡᠭᠰᠢᠬᠢ ᠲᠦᠭᠦᠬᠡᠶ ᠨᠡᠭᠦᠷᠡᠰᠦᠨ᠎ᠤ ᠭᠠᠷᠤᠯᠲᠠ ᠨᠢᠳᠤᠨᠤᠨ᠎ᠤ ᠥᠨᠳᠥᠷ ᠰᠠᠭᠤᠷᠢ ᠲᠣᠭ᠎ᠠ ᠵᠢᠨ ᠲᠠᠯ᠎ᠠ᠎ᠪᠠᠷ 5.4%᠎ᠪᠠᠷ ᠨᠡᠮᠡᠭᠳᠡᠪᠡ᠃ ᠴᠠᠬᠢᠯᠭ᠋ᠠᠨ ᠬᠦᠴᠦᠨ᠂ ᠢᠯᠴᠢ ᠵᠢᠨ ᠬᠦᠴᠦᠨ᠎ᠤ ᠦᠢ᠍ᠯᠡᠳᠪᠦᠷᠢᠯᠡᠯ ᠪᠠ ᠬᠠᠩᠭ᠋ᠠᠯᠭ᠎ᠠ ᠵᠢᠨ ᠦᠢ᠍ᠯᠡᠰ᠎ᠤᠨ ᠨᠡᠮᠡᠭᠳᠡᠯ ᠥᠷᠲᠡᠭ ᠲᠦᠷᠦᠭᠦᠦ ᠵᠢᠯ᠎ᠤᠨ᠎ᠬᠢ᠎ᠠᠴᠠ᠎ᠪᠠᠨ 8.2% ᠵᠶ᠋ᠠᠷ ᠨᠡᠮᠡᠭᠳᠡᠵᠦ᠂ ᠭᠤᠤᠯᠳᠠᠭᠤ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠴᠠᠬᠢᠯᠭ᠋ᠠᠨ ᠭᠠᠷᠭ᠋ᠠᠬᠤ ᠬᠡᠮᠵᠢᠶ᠎ᠡ 9%᠎ᠠᠴᠠ ᠳᠡᠭᠡᠭᠰᠢ ᠨᠡᠯᠢᠶᠡᠳ ᠲᠦᠷᠭᠡᠨ ᠨᠡᠮᠡᠭᠳᠡᠵᠦ᠂ ᠢᠯᠠᠩᠭᠤᠶ᠎ᠠ ᠰᠢᠨ᠎ᠡ ᠡᠨᠧᠷᠭᠢ ᠵᠢᠨ ᠴᠠᠬᠢᠯᠭ᠋ᠠᠨ ᠭᠠᠷᠭ᠋ᠠᠬᠤ ᠬᠡᠮᠵᠢᠶ᠎ᠡ ᠬᠣᠶᠠᠷ ᠣᠷᠣᠨᠲᠤ ᠲᠣᠭ᠎ᠠ᠎ᠠᠴᠠ ᠳᠡᠭᠡᠭᠰᠢᠬᠢ ᠨᠡᠮᠡᠭᠳᠡᠯ᠎ᠢ ᠪᠠᠲᠤᠯᠠᠭᠰᠠᠨ᠎ᠠᠴᠠ ᠪᠣᠯᠵᠠᠶ᠃
ᠬᠣᠶᠠᠷ᠎ᠲᠤ᠂ ᠦᠢ᠍ᠯᠡᠳᠬᠦ ᠦᠢ᠍ᠯᠡᠰ᠎ᠤᠨ ᠲᠤᠯᠭ᠋ᠠᠭᠤᠷᠢᠯᠠᠬᠤ ᠦᠢ᠍ᠯᠡᠳᠦᠯ ᠲᠣᠪᠣᠶ᠋ᠢᠮ᠎ᠠ ᠪᠠᠶ᠋ᠢᠨ᠎ᠠ᠃ ᠦᠢ᠍ᠯᠡᠳᠬᠦ ᠦᠢ᠍ᠯᠡᠰ ᠪᠣᠯ ᠬᠡᠯᠪᠡᠷᠢ᠎ᠪᠠᠨ ᠬᠤᠪᠢᠷᠠᠭᠤᠯᠤᠨ ᠲᠡᠰ ᠳᠡᠪᠰᠢᠬᠦ ᠭᠣᠣᠯ ᠲᠠᠢ᠍ᠢ᠍ᠨ᠎ᠤ ᠲᠠᠯᠠᠪᠤᠷ ᠪᠣᠯᠬᠤ ᠪᠥᠭᠡᠳ ᠪᠠᠰᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢᠨ ᠬᠠᠮᠤᠭ᠎ᠤᠨ ᠡᠮᠦᠨ᠎ᠡ ᠹᠷᠣᠨᠲ ᠪᠣᠯᠤᠨ᠎ᠠ᠃ 2024 ᠣᠨ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ 6.8% ᠵᠢᠨ ᠨᠡᠮᠡᠭᠳᠡᠯ᠎ᠤᠨ ᠬᠤᠷᠳᠤᠴᠠ ᠵᠢ ᠪᠠᠲᠤᠯᠠᠵᠤ ᠴᠢᠳᠠᠭᠰᠠᠨ᠎ᠨᠢ ᠦᠢ᠍ᠯᠡᠳᠬᠦ ᠦᠢ᠍ᠯᠡᠰ᠎ᠤᠨ ᠭᠠᠪᠢᠶ᠎ᠠ ᠵᠢᠳᠬᠦᠯ᠎ᠠᠴᠠ ᠰᠠᠯᠵᠤ ᠪᠣᠯᠤᠰᠢ ᠥᠬᠡᠶ ᠶᠤᠮ᠃ 2024 ᠣᠨ᠎ᠳᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ ᠲᠦᠷᠦᠭᠦᠦ ᠵᠢᠯ᠎ᠤᠨ᠎ᠬᠢ᠎ᠠᠴᠠ᠎ᠪᠠᠨ 9.3%᠎ᠪᠠᠷ ᠨᠡᠮᠡᠭᠳᠡᠵᠦ᠂ ᠡᠨᠡ ᠵᠢᠯ᠎ᠠᠴᠠ ᠨᠠᠭ᠋ᠠᠰᠢ ᠪᠦᠬᠦᠶ᠋ᠢᠯᠡ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ᠎ᠤᠨ ᠬᠤᠷᠳᠤᠴᠠ᠎ᠠᠴᠠ ᠦᠷᠭᠦᠯᠵᠢᠯᠡᠨ ᠲᠦᠷᠭᠡᠨ ᠪᠣᠯᠵᠣ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ᠎ᠢ 3.3 ᠵᠠᠭᠤᠨ᠎ᠤ ᠬᠤᠪᠢ ᠵᠢᠨ ᠴᠡᠭ ᠳᠠᠶ᠋ᠢᠴᠢᠯᠠᠪᠠ᠃ ᠡᠭᠦᠨ᠎ᠳᠤ᠂ ᠲᠦᠭᠦᠬᠡᠶ ᠮᠠᠲ᠋ᠧᠷᠢᠶᠠᠯ ᠦᠢ᠍ᠯᠡᠳᠬᠦ ᠦᠢ᠍ᠯᠡᠰ ᠲᠦᠷᠦᠭᠦᠦ ᠵᠢᠯ᠎ᠤᠨ᠎ᠬᠢ᠎ᠠᠴᠠ 8.4%᠎ᠪᠠᠷ ᠨᠡᠮᠡᠭᠳᠡᠵᠦ᠂ ᠦᠢ᠍ᠯᠡᠳᠬᠦ ᠦᠢ᠍ᠯᠡᠰ᠎ᠲᠠᠬᠢ ᠡᠵᠡᠯᠡᠬᠦ ᠬᠤᠪᠢ ᠵᠢᠨ ᠵᠢᠩ 70.3%᠎ᠳᠤ ᠬᠦᠷᠴᠦ᠂ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ᠎ᠤᠨ ᠨᠡᠮᠡᠭᠳᠡᠯ᠎ᠳᠤ ᠦᠵᠡᠭᠦᠯᠦᠭᠰᠡᠨ ᠬᠤᠪᠢ ᠨᠡᠮᠡᠷᠢ ᠵᠢᠨ ᠨᠣᠷᠮ᠎ᠠ᠎ᠨᠢ 67.9%᠎ᠳᠤ ᠬᠦᠷᠴᠡᠶ᠃
ᠭᠤᠷᠪᠠ᠎ᠳᠤ 《ᠰᠢᠯᠢᠳᠡᠭ》 ᠣᠷᠴᠢᠨ ᠨᠥᠬᠥᠴᠡᠯ᠎ᠢ ᠤᠯᠠᠮ ᠨᠢᠭᠡ ᠠᠯᠬᠤᠮ ᠲᠠᠰ ᠳᠡᠪᠰᠢᠭᠦᠯᠪᠡ᠃ 2024 ᠣᠨ
ᠳᠤ᠂ ᠪᠥᠬᠥ ᠣᠷᠣᠨ ᠳᠠᠶᠠᠭ᠋ᠠᠷ ᠵᠠᠬ᠎ᠠ ᠳᠡᠯᠭᠡᠭᠦᠷᠴᠢᠯᠡᠭᠰᠡᠨ᠂ ᠬᠠᠤᠯᠢᠵᠢᠭᠰᠠᠨ᠂ ᠳᠡᠯᠡᠬᠡᠶ᠋ᠢᠵᠢᠭᠰᠡᠨ ᠲᠡᠷᠢᠭᠦᠨ ᠵᠡᠷᠭᠡ ᠵᠢᠨ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠪᠣᠶ ᠪᠣᠯᠭ᠋ᠠᠬᠤ ᠶᠡᠷᠦᠩᠬᠡᠶ ᠬᠠᠷᠠᠯᠲᠠ ᠵᠢᠨ ᠲᠣᠭᠣᠷᠢᠨ᠎ᠳᠤ᠂ ᠠᠵᠤ ᠠᠬᠤᠶ᠋ᠢᠯᠠᠯ ᠣᠯᠠᠨ ᠲᠦᠮᠡᠨ᠎ᠤ ᠰᠡᠳᠬᠢᠯ ᠬᠠᠨᠤᠮᠵᠢᠲᠠᠶ ᠪᠠᠶ᠋ᠢᠬᠤ ᠬᠡᠮᠵᠢᠶ᠎ᠡ ᠪᠠ ᠬᠦᠷᠲᠡᠮᠵᠢ ᠵᠢᠨ ᠲᠥᠷᠥᠭᠳᠡᠯ ᠵᠶ᠋ᠠᠷ ᠤᠳᠤᠷᠢᠳᠤᠮᠵᠢ ᠪᠣᠯᠭ᠋ᠠᠵᠤ᠂ ᠣᠯᠠᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠦᠷᠭᠦᠯᠵᠢᠯᠡᠨ ᠰᠢᠯᠢᠳᠡᠭᠵᠢᠭᠦᠯᠬᠦ ᠵᠢ ᠠᠬᠢᠭᠤᠯᠵᠤ᠂ ᠡᠯ᠎ᠡ ᠲᠥᠷᠥᠯ᠎ᠤᠨ ᠡᠵᠡᠩᠨᠡᠯᠲᠡ ᠵᠢᠨ ᠪᠡᠶᠡᠴᠢ ᠴᠣᠭᠴᠠ ᠵᠢᠨ ᠠᠮᠢᠵᠢᠷᠠᠯ᠎ᠤᠨ ᠬᠦᠴᠦᠨ᠎ᠢ ᠬᠥᠭᠵᠢᠭᠡᠪᠡ᠃ 2024 ᠣᠨ᠎ᠤ 12 ᠳ᠋ᠤᠭ᠋ᠠᠷ ᠰᠠᠷ᠎ᠠ ᠵᠢᠨ ᠰᠡᠭᠦᠯᠴᠢ ᠪᠣᠯᠲᠠᠯ᠎ᠠ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠲᠣᠭ᠎ᠠ 4 ᠮᠢᠩᠭ᠋ᠠᠨ ᠡᠷᠦᠬᠡ ᠵᠢ ᠳᠠᠪᠠᠵᠤ᠂ 4098 ᠡᠷᠦᠬᠡ᠎ᠳᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 529 ᠡᠷᠦᠬᠡ ᠰᠢᠨ᠎ᠡ᠎ᠪᠠᠷ ᠨᠡᠮᠡᠭᠳᠡᠪᠡ᠃ ᠢᠯᠠᠩᠭᠤᠶ᠎ᠠ ᠠᠵᠤ ᠠᠬᠤᠶ᠋ᠢᠯᠠᠯ᠎ᠳᠤ ᠠᠰᠢᠭ ᠬᠦᠷᠲᠡᠭᠡᠬᠦ ᠠᠯᠢ ᠣᠯᠠᠨ ᠲᠥᠷᠥ ᠵᠢᠨ ᠪᠣᠳᠣᠯᠭ᠎ᠠ ᠵᠢᠨ ᠳᠡᠮᠵᠢᠯᠭᠡ ᠳᠤᠤᠷ᠎ᠠ᠂ ᠠᠷᠠᠳ᠎ᠠᠴᠠ ᠡᠵᠡᠩᠨᠡᠭᠰᠡᠨ ᠠᠵᠤ ᠠᠬᠤᠶ᠋ᠢᠯᠠᠯ᠎ᠤᠨ ᠠᠮᠢᠵᠢᠷᠠᠯ᠎ᠤᠨ ᠬᠦᠴᠦᠨ ᠦᠷᠭᠦᠯᠵᠢᠯᠡᠨ ᠪᠠᠳᠠᠷᠠᠵᠤ᠂ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠷᠠᠳ᠎ᠠᠴᠠ ᠡᠵᠡᠩᠨᠡᠭᠰᠡᠨ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ ᠲᠦᠷᠦᠭᠦᠦ ᠵᠢᠯ᠎ᠤᠨ᠎ᠬᠢ᠎ᠠᠴᠠ 7.7%᠎ᠪᠠᠷ ᠨᠡᠮᠡᠭᠳᠡᠵᠦ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠪᠦᠬᠦᠯᠢ ᠴᠣᠭᠴᠠ ᠵᠢᠨ ᠬᠢᠷᠢ ᠲᠦᠪᠰᠢᠨ᠎ᠠᠴᠠ 0.9 ᠵᠠᠭᠤᠨ᠎ᠤ ᠬᠤᠪᠢ ᠵᠢᠨ ᠴᠡᠭ ᠲᠦᠷᠭᠡᠨ ᠪᠣᠯᠵᠣ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠤᠨ ᠨᠡᠮᠡᠭᠳᠡᠯ᠎ᠢ 3.7 ᠵᠠᠭᠤᠨ᠎ᠤ ᠬᠤᠪᠢ ᠵᠢᠨ ᠴᠡᠭ
ᠳᠠᠶ᠋ᠢᠴᠢᠯᠠᠪᠠ᠃
ᠶᠡᠷᠦᠩᠬᠡᠶ᠎ᠳᠤᠨᠢ ᠠᠪᠴᠤ ᠦᠵᠡᠪᠡᠯ᠂ 2024 ᠣᠨ᠎ᠳᠤ᠂ ᠪᠥᠬᠥ ᠣᠷᠣᠨ᠎ᠤ ᠠᠵᠤ ᠦᠢ᠍ᠯᠡᠳᠪᠦᠷᠢ ᠵᠢᠨ ᠠᠵᠤ ᠠᠬᠤᠶ ᠲᠣᠭᠲᠠᠭᠤᠨ ᠵᠶ᠋ᠠᠷ ᠨᠡᠮᠡᠭᠳᠡᠬᠦ ᠪᠠᠶ᠋ᠢᠳᠠᠯ ᠵᠶ᠋ᠠᠨ ᠪᠠᠲᠤᠯᠠᠪᠠ᠃ ᠭᠡᠪᠡᠴᠦ ᠪᠦᠬᠦ ᠣᠷᠣᠨ᠎ᠤ ᠠᠵᠤ ᠦᠢ᠍ᠯᠡᠳᠪᠦᠷᠢ ᠵᠢᠨ ᠠᠵᠤ ᠠᠬᠤᠶ ᠵᠢᠨ ᠤᠯᠠᠮ ᠨᠢᠭᠡ ᠠᠯᠬᠤᠮ ᠳᠡᠭᠡᠭᠰᠢᠯᠡᠬᠦ ᠵᠢ ᠠᠬᠢᠭᠤᠯᠬᠤ᠎ᠳᠤ ᠪᠠᠰᠠ ᠣᠯᠠᠨ ᠳᠠᠪᠬᠤᠷ ᠬᠦᠴᠢᠷᠳᠡᠯ ᠪᠣᠯᠤᠨ ᠥᠷᠢᠰᠥᠯᠳᠦᠭᠡᠨ᠎ᠢ ᠢᠯᠠᠨ ᠳᠠᠪᠠᠬᠤ ᠬᠡᠷᠡᠭᠲᠡᠶ᠃ ᠲᠠᠷᠠᠭ᠋ᠠᠴᠢ ᠵᠢᠨ ᠱᠠᠲᠤᠨ᠎ᠳᠤ᠂ ᠠᠵᠤ ᠦᠢ᠍ᠯᠡᠳᠪᠦᠷᠢ ᠵᠢᠨ ᠬᠥᠭᠵᠢᠯᠲᠡ ᠵᠢ ᠳᠡᠮᠵᠢᠬᠦ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠵᠢ ᠰᠠᠶ᠋ᠢᠲᠤᠷ ᠨᠠᠶ᠋ᠢᠳᠠᠪᠤᠷᠢᠵᠢᠭᠤᠯᠵᠤ᠂ ᠠᠵᠤ ᠦᠢ᠍ᠯᠡᠰ᠎ᠤᠨ ᠪᠦᠲᠦᠴᠡ ᠵᠢ ᠰᠢᠯᠢᠳᠡᠭᠵᠢᠭᠦᠯᠦᠨ ᠲᠣᠬᠢᠷᠠᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠠᠵᠤ ᠦᠢ᠍ᠯᠡᠰ᠎ᠤᠨ ᠰᠢᠨ᠎ᠡ ᠵᠢ ᠡᠭᠦᠳᠬᠦ ᠵᠢ ᠴᠢᠩᠭ᠋ᠠᠳᠬᠠᠵᠤ᠂ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠲᠡᠷᠢᠭᠦᠨ᠎ᠤ ᠪᠠᠶ᠋ᠢᠷᠢ ᠰᠠᠭᠤᠷᠢ ᠵᠢ ᠰᠠᠶ᠋ᠢᠲᠤᠷ ᠪᠡᠬᠢᠵᠢᠭᠦᠯᠵᠦ᠂ ᠪᠥᠬᠥ ᠣᠷᠣᠨ᠎ᠤ ᠠᠵᠤ ᠦᠢ᠍ᠯᠡᠳᠪᠦᠷᠢ ᠵᠢᠨ ᠠᠵᠤ ᠠᠬᠤᠶ ᠵᠢᠨ ᠲᠣᠭᠲᠠᠭᠤᠨ ᠵᠶ᠋ᠠᠷ ᠬᠥᠭᠵᠢᠬᠦ ᠵᠢ ᠲᠠᠰᠤᠷᠠᠯᠲᠠ ᠥᠬᠡᠶ ᠠᠬᠢᠭᠤᠯᠬᠤ ᠬᠡᠷᠡᠭᠲᠡᠶ᠃
ᠪᠠᠶᠠᠷᠯᠠᠯ᠎ᠠ᠃
《ᠥᠪᠥᠷ ᠮᠣᠩᠭᠣᠯ᠎ᠤᠨ ᠡᠳᠦᠷ᠎ᠤᠨ ᠰᠣᠨᠢᠨ》᠎ᠤ ᠰᠤᠷᠪᠤᠯᠵᠢᠯᠠᠭᠴᠢ᠄
ᠥᠭᠦᠯᠡᠭᠴᠢ ᠲᠠ ᠰᠠᠶ᠋ᠢᠨ ᠦᠦ᠃ ᠲᠠᠨ᠎ᠤ ᠰᠠᠶᠢ ᠵᠢᠨ ᠨᠡᠶ᠋ᠢᠲᠡᠯᠡᠭᠰᠡᠨ ᠲᠣᠭ᠎ᠠ ᠪᠠᠷᠢᠮᠲᠠ᠎ᠠᠴᠠ ᠪᠢᠳᠡ 2024 ᠣᠨ᠎ᠳᠤ ᠮᠠᠨ᠎ᠤ ᠣᠷᠣᠨ᠎ᠤ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ ᠮᠥᠨ ᠬᠦ᠌ ᠨᠡᠯᠢᠶᠡᠳ ᠥᠨᠳᠥᠷ ᠬᠤᠷᠳᠤᠴᠠ᠎ᠪᠠᠷ ᠨᠡᠮᠡᠭᠳᠡᠭᠰᠡᠨᠢ ᠣᠯᠵᠤ ᠬᠠᠷᠠᠯ᠎ᠠ᠃ ᠮᠠᠨ᠎ᠤ ᠣᠷᠣᠨ᠎ᠤ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠵᠢᠨ ᠣᠨᠴᠠᠯᠢᠭ ᠶᠠᠭᠤ ᠶᠠᠭᠤ ᠪᠠᠢ᠌ᠬᠤ ᠪᠣᠶ? ᠪᠠᠶᠠᠷᠯᠠᠯ᠎ᠠ᠃

ᠸᠠᠩ ᠴᠤᠸᠠᠨ ᠵᠢᠩ᠄ ᠲᠠᠨ᠎ᠤ ᠠᠰᠠᠭᠤᠭᠰᠠᠨ᠎ᠳᠤ ᠪᠠᠶᠠᠷᠯᠠᠯ᠎ᠠ᠃ 2024 ᠣᠨ᠎ᠳᠤ᠂ ᠪᠥᠬᠥ ᠣᠷᠣᠨ᠎ᠤ ᠳᠡᠭᠡᠳᠦ ᠳᠤᠤᠷᠠᠳᠤ ᠱᠠᠲᠤ᠎ᠪᠠᠷ ᠵᠶ᠋ᠠᠨ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠭᠡᠬᠦ ᠡᠨᠡᠬᠦ ᠵᠠᠩᠭᠢᠯᠠᠭ᠎ᠠ ᠵᠢ ᠴᠢᠩᠭ᠎ᠠ ᠠᠳᠬᠤᠵᠤ᠂ ᠲᠥᠷᠥᠯ ᠵᠦᠢ᠍ᠯ᠎ᠢ ᠨᠥᠭᠡᠴᠡᠯᠡᠬᠦ ᠪᠠ ᠪᠥᠲᠥᠭᠡᠨ ᠪᠠᠶ᠋ᠢᠭᠤᠯᠤᠯᠲᠠ ᠵᠢ ᠠᠬᠢᠭᠤᠯᠬᠤ 《ᠬᠣᠶᠠᠷ ᠲᠠᠯ᠎ᠠ᠎ᠪᠠᠷ ᠠᠳᠬᠤᠬᠤ》 ᠵᠢ ᠪᠠᠷᠢᠮᠲᠠᠯᠠᠵᠤ᠂ 《ᠨᠢᠭᠡ ᠪᠦᠯᠦᠭ᠎ᠢ ᠨᠥᠭᠡᠴᠡᠯᠡᠬᠦ᠂ ᠨᠢᠭᠡ ᠪᠦᠯᠦᠭ᠎ᠢ ᠠᠵᠢᠯ ᠡᠬᠢᠯᠡᠭᠦᠯᠬᠦ᠂ ᠨᠢᠭᠡ ᠪᠦᠯᠦᠭ᠎ᠢ ᠪᠥᠲᠥᠭᠡᠨ ᠪᠠᠶ᠋ᠢᠭᠤᠯᠬᠤ᠂ ᠨᠢᠭᠡ ᠪᠦᠯᠦᠭ᠎ᠢ ᠠᠵᠢᠯ ᠳᠠᠭᠤᠰᠬᠠᠬᠤ》 ᠰᠠᠶ᠋ᠢᠨ ᠣᠷᠴᠢᠯ᠎ᠢ ᠪᠡᠶᠡᠯᠡᠭᠦᠯᠵᠦ᠂ ᠪᠥᠬᠥ ᠣᠷᠣᠨ᠎ᠤ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ ᠰᠠᠭᠤᠷᠢ ᠲᠣᠭ᠎ᠠ ᠨᠡᠯᠢᠶᠡᠳ ᠥᠨᠳᠥᠷ ᠪᠠᠶ᠋ᠢᠳᠠᠯ ᠳᠤᠤᠷ᠎ᠠ ᠮᠥᠨ ᠬᠦ᠌ ᠨᠡᠯᠢᠶᠡᠳ ᠲᠦᠷᠭᠡᠨ ᠨᠡᠮᠡᠭᠳᠡᠯ᠎ᠢ ᠪᠡᠶᠡᠯᠡᠭᠦᠯᠵᠦ᠂ ᠭᠤᠷᠪᠠᠨ ᠵᠢᠯ ᠳᠠᠷᠠᠭ᠋ᠠᠯᠠᠨ ᠪᠥᠬᠥ ᠤᠯᠤᠰ᠎ᠤᠨ ᠡᠮᠦᠨ᠎ᠡ ᠬᠣᠶᠠᠷ᠎ᠲᠤ ᠵᠢᠭᠰᠠᠭ᠋ᠠᠭᠳᠠᠪᠠ᠃ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠵᠢᠨ ᠨᠡᠮᠡᠭᠳᠡᠯ᠎ᠢ ᠲᠤᠯᠭ᠋ᠠᠭᠤᠷᠢᠯᠠᠬᠤ ᠢᠳᠡᠪᠬᠢ ᠬᠦᠴᠦᠨ ᠵᠦᠢ᠍ᠯ᠎ᠨᠢ ᠭᠣᠣᠯᠳᠠᠭᠤ ᠳᠣᠣᠷᠠᠬᠢ ᠲᠠᠪᠤᠨ ᠲᠠᠯ᠎ᠠ᠎ᠪᠠᠷ ᠢᠯᠡᠷᠡᠵᠦ ᠪᠤᠢ᠄
ᠨᠢᠭᠡ᠎ᠳᠤ᠂ ᠰᠠᠭᠤᠷᠢ ᠲᠥᠬᠥᠭᠡᠷᠦᠮᠵᠢ ᠵᠢᠨ ᠪᠡᠯᠡ ᠣᠷᠣᠭᠤᠯᠤᠯᠲᠠ ᠥᠨᠳᠥᠷ ᠲᠦᠪᠰᠢᠨ ᠵᠶ᠋ᠠᠷ ᠨᠡᠮᠡᠭᠳᠡᠪᠡ᠃ 2024 ᠣᠨ᠎ᠳᠤ᠂ ᠪᠥᠬᠥ ᠣᠷᠣᠨ᠎ᠤ ᠳᠡᠭᠡᠳᠦ ᠳᠤᠤᠷᠠᠳᠤ ᠱᠠᠲᠤ᠎ᠪᠠᠷ ᠵᠶ᠋ᠠᠨ 《ᠵᠢᠷᠭᠤᠭ᠋ᠠᠨ ᠢᠨᠵᠧᠨᠧᠷᠢᠩ》᠎ᠤᠨ ᠪᠥᠲᠥᠭᠡᠨ ᠪᠠᠶ᠋ᠢᠭᠤᠯᠤᠯᠲᠠ᠎ᠪᠠᠷ ᠭᠠᠷᠳᠠᠴᠠ ᠪᠣᠯᠭ᠋ᠠᠨ᠂ ᠴᠢᠬᠤᠯᠠ ᠶᠡᠬᠡ ᠲᠥᠷᠥᠯ ᠵᠦᠢ᠍ᠯ ᠵᠶ᠋ᠠᠷ ᠬᠥᠲᠥᠯᠦᠮᠵᠢ ᠪᠣᠯᠭ᠋ᠠᠵᠤ᠂ ᠪᠦᠲᠦᠮᠵᠢᠲᠡᠶ ᠪᠠᠯᠠ ᠣᠷᠣᠭᠤᠯᠤᠯᠲᠠ ᠵᠢ ᠦᠷᠭᠦᠯᠵᠢᠯᠡᠨ ᠥᠷᠭᠡᠳᠬᠡᠵᠦ᠂ ᠢᠯᠠᠩᠭᠤᠶ᠎ᠠ ᠣᠷᠳᠣ ᠬᠤᠭᠤᠴᠠᠭ᠋ᠠᠨ᠎ᠤ ᠤᠯᠤᠰ᠎ᠤᠨ ᠣᠨᠴᠠᠭ᠋ᠠᠶ ᠵᠢᠭᠡᠯᠡᠯᠭᠡ ᠪᠠ ᠣᠷᠣᠨ ᠨᠤᠲᠤᠭ᠎ᠤᠨ ᠵᠠᠰᠠᠭ᠎ᠤᠨ ᠣᠷᠳᠣᠨ᠎ᠤ ᠲᠤᠰᠬᠠᠶ ᠵᠢᠭᠡᠯᠡᠯᠭᠡ ᠵᠢ ᠲᠠᠷᠬᠠᠭ᠋ᠠᠨ ᠬᠡᠷᠡᠭᠯᠡᠬᠦ ᠵᠢ ᠳᠠᠭ᠋ᠠᠯᠳᠤᠨ᠂ 《ᠬᠣᠶᠠᠷ ᠴᠢᠬᠤᠯᠠ》 ᠵᠢᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠵᠤ᠂ ᠰᠠᠭᠤᠷᠢ ᠪᠡᠯᠡᠳᠬᠡᠮᠵᠢ ᠵᠢᠨ ᠪᠥᠲᠥᠭᠡᠨ ᠪᠠᠶ᠋ᠢᠭᠤᠯᠤᠯᠲᠠ ᠵᠢᠨ ᠣᠷᠣᠭᠤᠯᠤᠯᠲᠠ ᠵᠢᠨ ᠡᠷᠴᠢᠮ ᠦᠷᠭᠦᠯᠵᠢᠯᠡᠨ ᠴᠢᠩᠭ᠋ᠠᠷᠠᠵᠤ᠂ ᠴᠠᠬᠢᠯᠭ᠋ᠠᠨ ᠬᠦᠴᠦᠨ᠂ ᠰᠢᠲᠠᠮᠠᠬᠠᠶ ᠬᠡᠶ ᠵᠡᠷᠭᠡ ᠦᠨᠳᠦᠰᠦᠨ ᠪᠥᠲᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠳᠠᠭ᠋ᠠᠭᠤᠯᠭ᠎ᠠ ᠳᠤᠤᠷ᠎ᠠ᠂ ᠪᠥᠬᠥ ᠣᠷᠣᠨ᠎ᠤ ᠰᠠᠭᠤᠷᠢ ᠪᠡᠯᠡᠳᠬᠡᠮᠵᠢ ᠵᠢᠨ ᠪᠠᠯᠠ ᠣᠷᠣᠭᠤᠯᠤᠯᠲᠠ ᠲᠦᠷᠦᠭᠦᠦ ᠵᠢᠯ᠎ᠤᠨ᠎ᠬᠢ᠎ᠠᠴᠠ 23.8%᠎ᠪᠠᠷ ᠨᠡᠮᠡᠭᠳᠡᠵᠦ᠂ ᠪᠥᠬᠥ ᠪᠠᠯᠠ ᠣᠷᠣᠭᠤᠯᠤᠯᠲᠠ ᠵᠢᠨ ᠨᠡᠮᠡᠭᠳᠡᠯ᠎ᠤᠨ ᠬᠤᠷᠳᠤᠴᠠ᠎ᠠᠴᠠ 10.2 ᠵᠠᠭᠤᠨ᠎ᠤ ᠬᠤᠪᠢ ᠵᠢᠨ ᠴᠡᠭ ᠲᠦᠷᠭᠡᠨ ᠪᠣᠯᠪᠠ; ᠪᠦᠬᠦ ᠪᠡᠯᠡ ᠣᠷᠣᠭᠤᠯᠤᠯᠲᠠ᠎ᠳᠤ ᠡᠵᠡᠯᠡᠬᠦ ᠬᠤᠪᠢ ᠵᠢᠨ ᠵᠢᠩ᠎ᠨᠢ 40.5%᠎ᠳᠤ ᠬᠦᠷᠴᠦ᠂ ᠪᠦᠬᠦ ᠪᠡᠯᠡ ᠣᠷᠣᠭᠤᠯᠤᠯᠲᠠ ᠵᠢᠨ ᠨᠡᠮᠡᠭᠳᠡᠯ᠎ᠳᠤ ᠦᠵᠡᠭᠦᠯᠦᠭᠰᠡᠨ ᠬᠤᠪᠢ ᠨᠡᠮᠡᠷᠢ ᠵᠢᠨ ᠨᠤᠷᠮ᠎ᠠ᠎ᠨᠢ 65% ᠵᠢ ᠳᠠᠪᠠᠪᠠ᠃
ᠬᠣᠶᠠᠷ᠎ᠲᠤ᠂ ᠠᠵᠤ ᠦᠢ᠍ᠯᠡᠳᠪᠦᠷᠢ ᠵᠢᠨ ᠪᠡᠯᠡ ᠣᠷᠣᠭᠤᠯᠤᠯᠲᠠ ᠢᠯᠡᠳᠲᠡ ᠳᠠᠶ᠋ᠢᠴᠢᠯᠠᠭᠳᠠᠪᠠ᠃ ᠣᠶ᠋ᠢᠷ᠎ᠠ ᠵᠢᠨ ᠵᠢᠯ᠎ᠤᠨ ᠲᠤᠷᠰᠢ᠂ ᠪᠥᠬᠥ ᠣᠷᠣᠨ᠎ᠤ ᠳᠡᠭᠡᠳᠦ ᠳᠤᠤᠷᠠᠳᠤ ᠱᠠᠲᠤ᠎ᠪᠠᠷ ᠵᠶ᠋ᠠᠨ ᠠᠮᠢ ᠠᠬᠤᠶ ᠵᠢ ᠤᠷᠢᠳ ᠵᠶ᠋ᠠᠷ ᠪᠣᠳᠣᠯᠬᠢᠯᠠᠬᠤ᠂ ᠪᠣᠬᠢᠷᠲᠤᠯ ᠥᠬᠡᠶ ᠬᠥᠭᠵᠢᠭᠦᠯᠬᠦ᠎ᠪᠠᠷ ᠤᠳᠤᠷᠢᠳᠤᠮᠵᠢ ᠪᠣᠯᠭ᠋ᠠᠬᠤ ᠵᠢ ᠪᠠᠷᠢᠮᠲᠠᠯᠠᠵᠤ᠂ ᠠᠵᠤ ᠦᠢ᠍ᠯᠡᠰ᠎ᠤᠨ ᠪᠠᠶ᠋ᠢᠷᠢᠰᠢᠭᠤᠯᠤᠯᠲᠠ ᠵᠢ ᠲᠠᠰᠤᠷᠠᠯᠲᠠ ᠥᠬᠡᠶ ᠰᠢᠯᠢᠳᠡᠭᠵᠢᠭᠦᠯᠦᠨ᠂ ᠭᠤᠤᠯᠳᠠᠯᠭ᠎ᠠ᠎ᠲᠠᠢ ᠠᠵᠤ ᠦᠢ᠍ᠯᠡᠰ᠎ᠤᠨ ᠰᠦᠷᠦᠭᠵᠢᠯ᠂ ᠠᠵᠤ ᠦᠢ᠍ᠯᠡᠰ᠎ᠤᠨ ᠬᠡᠯᠬᠢᠶ᠎ᠡ᠎ᠳᠤ ᠠᠩᠬᠠᠷᠤᠯ ᠵᠶ᠋ᠠᠨ ᠲᠥᠪᠯᠡᠷᠡᠭᠦᠯᠵᠦ ᠲᠥᠷᠥᠯ ᠵᠦᠢ᠍ᠯ᠎ᠢ ᠣᠷᠣᠭᠤᠯᠤᠨ ᠠᠪᠴᠢᠷᠠᠵᠤ᠂ ᠠᠵᠤ ᠠᠬᠤᠶ ᠵᠢᠨ ᠲᠣᠭᠲᠠᠭᠤᠨ ᠵᠶ᠋ᠠᠷ ᠠᠵᠢᠯᠯᠠᠬᠤ᠂ ᠰᠠᠶ᠋ᠢᠵᠢᠷᠠᠬᠤ ᠬᠥᠭᠵᠢᠯᠲᠡ᠎ᠳᠤ ᠬᠦᠴᠦᠲᠡᠶ ᠬᠥᠳᠡᠯᠭᠡᠬᠦ ᠬᠦᠴᠦᠨ ᠬᠠᠩᠭ᠋ᠠᠪᠠ᠃ 2024 ᠣᠨ᠎ᠳᠤ᠂ ᠪᠥᠬᠥ ᠣᠷᠣᠨ᠎ᠤ ᠠᠵᠤ ᠦᠢ᠍ᠯᠡᠳᠪᠦᠷᠢ ᠵᠢᠨ ᠪᠠᠯᠠ ᠣᠷᠣᠭᠤᠯᠤᠯᠲᠠ ᠳᠡᠭᠡᠷ᠎ᠡ ᠵᠢᠯ᠎ᠤᠨ᠎ᠬᠢ᠎ᠠᠴᠠ 15.4%᠎ᠪᠠᠷ ᠨᠡᠮᠡᠭᠳᠡᠵᠦ᠂ ᠪᠥᠬᠥ ᠪᠠᠯᠠ ᠣᠷᠣᠭᠤᠯᠤᠯᠲᠠ᠎ᠠᠴᠠ 1.8 ᠵᠠᠭᠤᠨ᠎ᠤ ᠬᠤᠪᠢ ᠵᠢᠨ ᠴᠡᠭ ᠥᠨᠳᠥᠷ ᠪᠣᠯᠵᠣ᠂ ᠪᠥᠬᠥ ᠪᠠᠯᠠ ᠣᠷᠣᠭᠤᠯᠤᠯᠲᠠ ᠵᠢᠨ ᠨᠡᠮᠡᠭᠳᠡᠯ᠎ᠳᠤ ᠦᠵᠡᠭᠦᠯᠦᠭᠰᠡᠨ ᠬᠤᠪᠢ ᠨᠡᠮᠡᠷᠢ ᠵᠢᠨ ᠨᠣᠷᠮ᠎ᠠ᠎ᠨᠢ 66.7% ᠪᠣᠯᠵᠠᠶ᠃ ᠡᠭᠦᠨ᠎ᠤ ᠬᠠᠮᠲᠤ᠂ ᠶᠡᠬᠡ ᠬᠡᠪᠴᠢᠶᠡᠨ᠎ᠤ ᠲᠥᠬᠥᠭᠡᠷᠦᠮᠵᠢ ᠵᠢ ᠰᠢᠨᠡᠳᠬᠡᠬᠦ ᠲᠥᠷᠥ ᠵᠢᠨ ᠪᠣᠳᠣᠯᠭ᠎ᠠ ᠵᠢᠨ ᠳᠠᠶ᠋ᠢᠴᠢᠯᠠᠯᠲᠠ ᠳᠤᠤᠷ᠎ᠠ᠂ ᠪᠥᠬᠥ ᠣᠷᠣᠨ᠎ᠤ ᠠᠵᠤ ᠦᠢ᠍ᠯᠡᠳᠪᠦᠷᠢ ᠵᠢᠨ ᠮᠡᠷᠭᠡᠵᠢᠯ᠎ᠤᠨ ᠥᠭᠡᠷᠡᠴᠢᠯᠡᠯᠲᠡ ᠵᠢᠨ ᠪᠠᠯᠠ ᠣᠷᠣᠭᠤᠯᠤᠯᠲᠠ ᠲᠦᠷᠭᠡᠳᠴᠦ᠂ ᠲᠦᠷᠦᠭᠦᠦ ᠵᠢᠯ᠎ᠤᠨ᠎ᠬᠢ᠎ᠠᠴᠠ 14.8%᠎ᠪᠠᠷ ᠨᠡᠮᠡᠭᠳᠡᠵᠦ᠂ ᠪᠥᠬᠥ ᠪᠠᠯᠠ ᠣᠷᠣᠭᠤᠯᠤᠯᠲᠠ ᠵᠢᠨ 4.5% ᠵᠢ ᠡᠵᠡᠯᠡᠪᠡ᠃
ᠭᠤᠷᠪᠠ᠎ᠳᠤ᠂ ᠨᠢᠭᠡᠳᠦᠭᠡᠷ ᠠᠵᠤ ᠦᠢ᠍ᠯᠡᠰ᠎ᠤᠨ ᠪᠡᠯᠡ ᠣᠷᠣᠭᠤᠯᠤᠯᠲᠠ ᠴᠢᠩᠭ᠋ᠠᠷᠠᠪᠠ᠃ 2024 ᠣᠨ᠎ᠳᠤ᠂ ᠪᠥᠬᠥ ᠣᠷᠣᠨ᠎ᠤ ᠳᠡᠭᠡᠳᠦ ᠳᠤᠤᠷᠠᠳᠤ ᠱᠠᠲᠤ᠎ᠪᠠᠷ ᠵᠶ᠋ᠠᠨ ᠲᠠᠷᠢᠶᠠᠯᠠᠩ ᠮᠠᠯ ᠠᠵᠤ ᠠᠬᠤᠶ ᠣᠶ ᠰᠢᠭᠤᠶ ᠪᠡᠯᠴᠢᠭᠡᠷ ᠤᠰᠤᠨ᠎ᠤ ᠲᠥᠷᠥᠯ ᠵᠦᠢ᠍ᠯ᠎ᠳᠤ ᠪᠠᠯᠠ ᠣᠷᠣᠭᠤᠯᠵᠤ ᠪᠥᠲᠥᠭᠡᠨ ᠪᠠᠶ᠋ᠢᠭᠤᠯᠬᠤ ᠵᠢ ᠲᠦᠷᠭᠡᠳᠬᠡᠨ ᠠᠬᠢᠭᠤᠯᠵᠤ᠂ ᠲᠥᠷᠥᠯ ᠵᠦᠢ᠍ᠯ᠎ᠤᠨ ᠪᠠᠷᠢᠯᠭ᠎ᠠ ᠵᠢᠨ ᠠᠬᠢᠴᠠ ᠪᠠ ᠪᠠᠯᠠ ᠮᠥᠩᠭᠥ ᠰᠠᠯᠭ᠋ᠠᠨ ᠥᠭᠬᠦ ᠡᠷᠴᠢᠮ ᠵᠶ᠋ᠠᠨ ᠴᠢᠩᠭ᠋ᠠᠷᠠᠭᠤᠯᠪᠠ᠃ ᠪᠥᠬᠥ ᠣᠷᠣᠨ᠎ᠤ ᠨᠢᠭᠡᠳᠦᠭᠡᠷ ᠠᠵᠤ ᠦᠢ᠍ᠯᠡᠰ᠎ᠤᠨ ᠪᠠᠯᠠ ᠣᠷᠣᠭᠤᠯᠤᠯᠲᠠ ᠳᠡᠭᠡᠷ᠎ᠡ ᠵᠢᠯ᠎ᠤᠨ᠎ᠬᠢ᠎ᠠᠴᠠ 73.6%᠎ᠪᠠᠷ ᠨᠡᠮᠡᠭᠳᠡᠵᠦ᠂ ᠪᠥᠬᠥ ᠪᠠᠯᠠ ᠣᠷᠣᠭᠤᠯᠤᠯᠲᠠ᠎ᠠᠴᠠ 60 ᠵᠠᠭᠤᠨ᠎ᠤ ᠬᠤᠪᠢ ᠵᠢᠨ ᠴᠡᠭ ᠥᠨᠳᠥᠷ ᠪᠣᠯᠪᠠ; ᠪᠦᠬᠦ ᠪᠡᠯᠡ ᠣᠷᠣᠭᠤᠯᠤᠯᠲᠠ ᠵᠢᠨ ᠳᠣᠲᠣᠷ᠎ᠠ ᠡᠵᠡᠯᠡᠬᠦ ᠬᠤᠪᠢ ᠵᠢᠨ ᠵᠢᠩ᠎ᠨᠢ 5.4% ᠪᠣᠯᠵᠤ᠂ ᠲᠦᠷᠦᠭᠦᠦ ᠵᠢᠯ᠎ᠤᠨ᠎ᠬᠢ᠎ᠠᠴᠠ 1.9 ᠵᠠᠭᠤᠨ᠎ᠤ ᠬᠤᠪᠢ ᠵᠢᠨ ᠴᠡᠭ ᠳᠡᠭᠡᠭᠰᠢᠯᠡᠵᠡᠶ᠃ ᠡᠭᠦᠨ᠎ᠳᠤ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ᠎ᠤᠨ ᠲᠥᠷᠥᠯ ᠵᠦᠢ᠍ᠯ᠎ᠤᠨ ᠪᠠᠯᠠ ᠣᠷᠣᠭᠤᠯᠤᠯᠲᠠ 2.9 ᠳᠠᠬᠢᠨ ᠨᠡᠮᠡᠭᠳᠡᠪᠡ᠃
ᠳᠥᠷᠪᠡ᠎ᠳᠤ᠂ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠪᠠᠯᠠ ᠣᠷᠣᠭᠤᠯᠤᠯᠲᠠ ᠵᠢᠨ ᠬᠥᠭᠵᠢᠯᠲᠡ ᠵᠢᠨ ᠬᠠᠨᠳᠤᠰᠢ ᠨᠡᠯᠢᠶᠡᠳ ᠰᠠᠶ᠋ᠢᠨ ᠪᠠᠶ᠋ᠢᠨ᠎ᠠ᠃ ᠡᠯᠡᠰᠦ ᠵᠢ ᠰᠡᠷᠭᠡᠶ᠋ᠢᠯᠡᠵᠦ ᠡᠯᠡᠰᠦ ᠵᠢ ᠵᠠᠰᠠᠬᠤ ᠪᠠ ᠰᠠᠯᠬᠢᠨ ᠬᠦᠴᠦᠨ᠎ᠤ ᠴᠠᠬᠢᠯᠭ᠋ᠠᠨ ᠬᠡᠷᠡᠯ ᠴᠡᠨᠡᠭ᠎ᠢ ᠨᠢᠭᠡ ᠴᠣᠭᠴᠠᠵᠢᠭᠤᠯᠬᠤ ᠢᠨᠵᠧᠨᠧᠷᠢᠩ᠎ᠤᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠨ ᠠᠬᠢᠭᠤᠯᠬᠤ ᠵᠢ ᠳᠠᠭ᠋ᠠᠯᠳᠤᠨ᠂ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠪᠠᠯᠠ ᠣᠷᠣᠭᠤᠯᠤᠯᠲᠠ ᠨᠡᠯᠢᠶᠡᠳ ᠰᠠᠶ᠋ᠢᠨ ᠨᠡᠮᠡᠭᠳᠡᠯ᠎ᠤᠨ ᠬᠠᠨᠳᠤᠰᠢ᠎ᠪᠠᠨ ᠪᠠᠲᠤᠯᠠᠪᠠ᠃ 2024 ᠣᠨ᠎ᠳᠤ᠂ ᠪᠥᠬᠥ ᠣᠷᠣᠨ᠎ᠤ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠪᠠᠯᠠ ᠣᠷᠣᠭᠤᠯᠤᠯᠲᠠ ᠳᠡᠭᠡᠷ᠎ᠡ ᠵᠢᠯ᠎ᠤᠨ᠎ᠬᠢ᠎ᠠᠴᠠ 9.0% ᠵᠶ᠋ᠠᠷ ᠨᠡᠮᠡᠭᠳᠡᠵᠦ᠂ ᠪᠥᠬᠥ ᠪᠠᠯᠠ ᠣᠷᠣᠭᠤᠯᠤᠯᠲᠠ᠎ᠳᠤ ᠡᠵᠡᠯᠡᠬᠦ ᠬᠤᠪᠢ ᠵᠢᠨ ᠵᠢᠩ᠎ᠨᠢ 23.1% ᠪᠣᠯᠵᠠᠶ᠃ ᠡᠭᠦᠨ᠎ᠳᠤ ᠨᠡᠷᠡᠨ ᠡᠨᠧᠷᠭᠢ᠎ᠪᠠᠷ ᠴᠠᠬᠢᠯᠭ᠋ᠠᠨ ᠭᠠᠷᠭ᠋ᠠᠬᠤ ᠪᠠᠯᠠ ᠣᠷᠣᠭᠤᠯᠤᠯᠲᠠ 92.2% ᠵᠶ᠋ᠠᠷ ᠨᠡᠮᠡᠭᠳᠡᠵᠦ᠂ ᠰᠠᠯᠬᠢᠨ ᠬᠦᠴᠦᠨ ᠵᠶ᠋ᠠᠷ ᠴᠠᠬᠢᠯᠭ᠋ᠠᠨ ᠭᠠᠷᠭ᠋ᠠᠬᠤ ᠪᠠᠯᠠ ᠣᠷᠣᠭᠤᠯᠤᠯᠲᠠ 6.9%᠎ᠪᠠᠷ ᠨᠡᠮᠡᠭᠳᠡᠪᠡ᠃
ᠲᠠᠪᠤ᠎ᠳᠤ᠂ ᠲᠣᠮᠣ ᠲᠥᠷᠥᠯ ᠵᠦᠢ᠍ᠯ᠎ᠤᠨ ᠪᠠᠯᠠ ᠣᠷᠣᠭᠤᠯᠤᠯᠲᠠ ᠦᠷᠭᠦᠯᠵᠢᠯᠡᠨ ᠬᠦᠴᠦᠲᠡᠶ ᠲᠤᠯᠭ᠋ᠠᠭᠤᠷᠢᠯᠠᠯ᠎ᠢ ᠪᠠᠳᠠᠷᠠᠭᠤᠯᠪᠠ᠃ ᠪᠦᠬᠦ ᠣᠷᠣᠨ᠎ᠤ ᠲᠥᠯᠥᠪᠯᠡᠭᠰᠡᠨ ᠶᠡᠷᠦᠩᠬᠡᠶ ᠪᠡᠯᠡ ᠣᠷᠣᠭᠤᠯᠤᠯᠲᠠ᠎ᠨᠢ ᠳ᠋ᠦᠩᠰᠢᠭᠤᠷ ᠲᠥᠭᠥᠷᠢᠭ ᠵᠢᠴᠢ ᠲᠡᠭᠦᠨ᠎ᠠᠴᠠ ᠳᠡᠭᠡᠭᠰᠢᠬᠢ ᠲᠥᠷᠥᠯ ᠵᠦᠢ᠍ᠯ ᠨᠡᠯᠢᠶᠡᠳ ᠲᠦᠷᠭᠡᠨ ᠨᠡᠮᠡᠭᠳᠡᠯ᠎ᠤᠨ ᠪᠠᠶ᠋ᠢᠳᠠᠯ ᠵᠶ᠋ᠠᠨ ᠪᠠᠲᠤᠯᠠᠵᠤ᠂ ᠪᠡᠯᠡ ᠣᠷᠣᠭᠤᠯᠤᠯᠲᠠ ᠵᠢᠨ ᠨᠡᠮᠡᠭᠳᠡᠯ᠎ᠢ ᠠᠬᠢᠭᠤᠯᠬᠤ᠎ᠳᠤ ᠪᠠᠲᠤ ᠪᠡᠬᠢ ᠰᠠᠭᠤᠷᠢ ᠵᠢ ᠲᠠᠯᠪᠢᠭᠰᠠᠨ ᠪᠠᠶ᠋ᠢᠨ᠎ᠠ᠃ 2024 ᠣᠨ᠎ᠳᠤ᠂ ᠪᠥᠬᠥ ᠣᠷᠣᠨ᠎ᠤ ᠳ᠋ᠦᠩᠰᠢᠭᠤᠷ ᠲᠥᠭᠥᠷᠢᠭ᠎ᠠᠴᠠ ᠳᠡᠭᠡᠭᠰᠢᠬᠢ ᠲᠥᠷᠥᠯ ᠵᠦᠢ᠍ᠯ᠎ᠤᠨ ᠪᠡᠶᠡᠯᠡᠭᠦᠯᠦᠭᠰᠡᠨ ᠪᠠᠯᠠ ᠣᠷᠣᠭᠤᠯᠤᠯᠲᠠ ᠳᠡᠭᠡᠷ᠎ᠡ ᠵᠢᠯ᠎ᠤᠨ᠎ᠬᠢ᠎ᠠᠴᠠ 16.6%᠎ᠪᠠᠷ ᠨᠡᠮᠡᠭᠳᠡᠵᠦ᠂ ᠪᠥᠬᠥ ᠪᠠᠯᠠ ᠣᠷᠣᠭᠤᠯᠤᠯᠲᠠ᠎ᠠᠴᠠ 3.0 ᠵᠠᠭᠤᠨ᠎ᠤ ᠬᠤᠪᠢ ᠵᠢᠨ ᠴᠡᠭ ᠥᠨᠳᠥᠷ ᠪᠣᠯᠵᠣ᠂ ᠪᠥᠬᠥ ᠪᠠᠯᠠ ᠣᠷᠣᠭᠤᠯᠤᠯᠲᠠ ᠵᠢᠨ ᠨᠡᠮᠡᠭᠳᠡᠯ᠎ᠳᠤ ᠦᠵᠡᠭᠦᠯᠦᠭᠰᠡᠨ ᠬᠤᠪᠢ ᠨᠡᠮᠡᠷᠢ ᠵᠢᠨ ᠨᠣᠷᠮ᠎ᠠ᠎ᠨᠢ 90% ᠰᠢᠬᠠᠮ ᠪᠣᠯᠵᠠᠶ᠃
ᠶᠡᠷᠦᠩᠬᠡᠶ᠎ᠳᠤᠨᠢ ᠠᠪᠴᠤ ᠦᠵᠡᠪᠡᠯ᠂ 2024 ᠣᠨ᠎ᠳᠤ᠂ ᠮᠠᠨ᠎ᠤ ᠣᠷᠣᠨ᠎ᠤ ᠪᠠᠯᠠ ᠣᠷᠣᠭᠤᠯᠤᠯᠲᠠ ᠨᠡᠯᠢᠶᠡᠳ ᠰᠠᠶ᠋ᠢᠨ ᠨᠡᠮᠡᠭᠳᠡᠯ᠎ᠤᠨ ᠬᠠᠨᠳᠤᠰᠢ᠎ᠪᠠᠨ ᠪᠠᠲᠤᠯᠠᠪᠠ᠃ 2025 ᠣᠨ᠎ᠳᠤ᠂ ᠤᠯᠤᠰ᠎ᠤᠨ 《ᠬᠣᠶᠠᠷ ᠰᠢᠨ᠎ᠡ》 《ᠬᠣᠶᠠᠷ ᠴᠢᠬᠤᠯᠠ》 ᠲᠥᠷᠥ ᠵᠢᠨ ᠪᠣᠳᠣᠯᠭ᠎ᠠ ᠵᠢᠨ ᠡᠷᠴᠢᠮ᠎ᠢ ᠠᠳᠬᠤᠨ 《ᠴᠤᠩᠬᠤᠪᠴᠢ ᠬᠤᠭᠤᠴᠠᠭ᠎ᠠ》 ᠵᠢ ᠴᠢᠩᠭ᠋ᠠᠷᠠᠭᠤᠯᠵᠤ᠂ ᠴᠢᠬᠤᠯᠠ ᠶᠡᠬᠡ ᠲᠥᠷᠥᠯ ᠵᠦᠢ᠍ᠯ᠎ᠢ ᠲᠥᠯᠥᠪᠵᠢᠭᠦᠯᠬᠦ ᠠᠵᠢᠯᠯᠠᠭ᠎ᠠ ᠵᠢ ᠰᠠᠶ᠋ᠢᠲᠤᠷ ᠬᠡᠷᠡᠭᠵᠢᠭᠦᠯᠦᠨ᠂ ᠠᠷᠠᠯᠵᠢᠶᠠᠴᠢᠨ ᠤᠷᠢᠵᠤ ᠪᠠᠯᠠ ᠣᠷᠣᠭᠤᠯᠬᠤ ᠡᠷᠴᠢᠮ ᠵᠶ᠋ᠠᠨ ᠦᠷᠭᠦᠯᠵᠢᠯᠡᠨ ᠴᠢᠩᠭ᠋ᠠᠷᠠᠭᠤᠯᠵᠤ᠂ ᠴᠢᠬᠤᠯᠠ ᠶᠡᠬᠡ ᠲᠥᠷᠥᠯ ᠵᠦᠢ᠍ᠯ᠎ᠤᠨ ᠪᠥᠲᠥᠭᠡᠨ ᠪᠠᠶ᠋ᠢᠭᠤᠯᠤᠯᠲᠠ ᠵᠢ ᠲᠦᠷᠭᠡᠳᠬᠡᠨ᠂ ᠪᠠᠯᠠ ᠣᠷᠣᠭᠤᠯᠤᠯᠲᠠ ᠵᠢᠨ ᠲᠣᠭ᠎ᠠ ᠬᠡᠮᠵᠢᠶ᠎ᠡ ᠪᠠ ᠶᠠᠰᠤ ᠴᠢᠨᠠᠷ᠎ᠢ ᠵᠡᠷᠭᠡ᠎ᠪᠠᠷ ᠠᠬᠢᠭᠤᠯᠬᠤ ᠵᠢ ᠴᠢᠷᠮᠠᠶ᠋ᠢᠨ ᠪᠡᠶᠡᠯᠡᠭᠦᠯᠵᠦ᠂ ᠪᠥᠬᠥ ᠣᠷᠣᠨ᠎ᠤ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ ᠵᠢᠨ ᠰᠠᠶ᠋ᠢᠨ ᠰᠠᠶ᠋ᠢᠬᠠᠨ ᠬᠥᠭᠵᠢᠯᠲᠡ ᠵᠢᠨ ᠬᠠᠨᠳᠤᠰᠢ ᠵᠢ ᠪᠠᠲᠤᠯᠠᠵᠤ᠂ ᠥᠪᠥᠷ ᠮᠣᠩᠭᠣᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ᠎ᠳᠤ ᠬᠦᠴᠦᠷᠬᠡᠭ ᠶᠡᠬᠡ ᠬᠥᠳᠡᠯᠭᠡᠬᠦ ᠡᠨᠧᠷᠭᠢ ᠨᠡᠮᠡᠷᠢᠯᠡᠬᠦ ᠬᠡᠷᠡᠭᠲᠡᠶ᠃
ᠪᠠᠶᠠᠷᠯᠠᠯ᠎ᠠ᠃
ᠳᠤᠮᠳᠠᠳᠤ ᠤᠯᠤᠰ᠎ᠤᠨ ᠠᠵᠤ ᠠᠬᠤᠶ ᠵᠢᠨ ᠰᠦᠯᠵᠢᠶᠡᠨ᠎ᠤ ᠰᠤᠷᠪᠤᠯᠵᠢᠯᠠᠭᠴᠢ᠄
ᠥᠭᠦᠯᠡᠭᠴᠢ ᠲᠠ ᠰᠠᠶ᠋ᠢᠨ ᠦᠦ! ᠰᠠᠶᠢᠬᠠᠨ ᠨᠡᠶ᠋ᠢᠲᠡᠯᠡᠭᠰᠡᠨ ᠲᠣᠭ᠎ᠠ ᠪᠠᠷᠢᠮᠲᠠ᠎ᠳᠤ᠂ 2024 ᠣᠨ᠎ᠳᠤ ᠮᠠᠨ᠎ᠤ ᠣᠷᠣᠨ᠎ᠤ ᠰᠠᠭᠤᠭ᠋ᠠᠯᠢ ᠠᠷᠠᠳ᠎ᠤᠨ ᠣᠷᠣᠯᠭ᠎ᠠ ᠲᠣᠭᠲᠠᠭᠤᠨ ᠵᠶ᠋ᠠᠷ ᠨᠡᠮᠡᠭᠳᠡᠬᠦ ᠵᠢ ᠪᠡᠶᠡᠯᠡᠭᠦᠯᠪᠡ᠂ ᠮᠠᠨ᠎ᠤ ᠣᠷᠣᠨ᠎ᠤ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠨᠡᠮᠡᠭᠳᠡᠯ᠎ᠳᠤ ᠶᠠᠮᠠᠷ ᠶᠠᠮᠠᠷ ᠣᠨᠴᠠᠯᠢᠭ ᠪᠠ ᠲᠤᠯᠭ᠋ᠠᠭᠤᠷᠢᠯᠠᠬᠤ ᠬᠦᠴᠦᠨ ᠵᠦᠢ᠍ᠯ ᠪᠠᠶ᠋ᠢᠬᠤ ᠵᠢ ᠨᠠᠷᠢᠨ ᠲᠠᠶ᠋ᠢᠯᠪᠤᠷᠢᠯᠠᠵᠤ ᠪᠣᠯᠤᠨ᠎ᠠ ᠦᠦ? ᠪᠠᠶᠠᠷᠯᠠᠯ᠎ᠠ᠃

ᠮᠠ ᠬᠣᠩ ᠵᠢᠶᠦ᠋ᠨ᠄ ᠲᠠᠨ᠎ᠤ ᠠᠰᠠᠭᠤᠭᠰᠠᠨ᠎ᠳᠤ ᠪᠠᠶᠠᠷᠯᠠᠯ᠎ᠠ᠃ ᠡᠨᠡ ᠵᠢᠯ᠎ᠠᠴᠠ ᠨᠠᠭ᠋ᠠᠰᠢ᠂ ᠥᠪᠥᠷ ᠮᠣᠩᠭᠣᠯ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠰᠡᠳᠬᠢᠯ ᠨᠢᠭᠡᠳᠦᠨ ᠬᠦᠴᠦ᠎ᠪᠠᠨ ᠬᠠᠮᠲᠤᠳᠬᠠᠵᠤ 《ᠬᠣᠶᠠᠷ ᠶᠡᠬᠡ ᠶᠠᠪᠤᠳᠠᠯ》᠎ᠢ ᠰᠠᠶ᠋ᠢᠲᠤᠷ ᠬᠢᠵᠦ᠂ 《ᠵᠢᠷᠭᠤᠭ᠋ᠠᠨ ᠢᠨᠵᠧᠨᠧᠷᠢᠩ》᠎ᠢ ᠰᠠᠶ᠋ᠢᠲᠤᠷ ᠠᠳᠬᠤᠵᠤ᠂ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠡᠯ᠎ᠡ ᠵᠦᠢ᠍ᠯ᠎ᠤᠨ ᠠᠵᠢᠯ᠎ᠢ ᠨᠢᠭᠡᠳᠦᠯᠲᠡᠶ ᠲᠥᠯᠥᠪᠵᠢᠭᠦᠯᠦᠨ ᠰᠠᠶ᠋ᠢᠲᠤᠷ ᠬᠢᠵᠦ᠂ ᠰᠠᠭᠤᠭ᠋ᠠᠯᠢ ᠠᠷᠠᠳ᠎ᠤᠨ ᠠᠵᠢᠯ ᠣᠯᠭᠣᠯᠲᠠ ᠵᠢᠨ ᠪᠠᠶ᠋ᠢᠳᠠᠯ ᠰᠠᠶ᠋ᠢᠵᠢᠷᠠᠵᠤ᠂ ᠠᠵᠤ ᠠᠬᠤᠶ ᠵᠢᠨ ᠬᠥᠭᠵᠢᠯᠲᠡ ᠵᠢᠨ ᠦᠷ᠎ᠡ ᠪᠦᠲᠦᠭᠡᠯ ᠵᠶ᠋ᠠᠷ ᠥᠷᠭᠡᠨ ᠣᠯᠠᠨ ᠠᠷᠠᠳ ᠲᠦᠮᠡᠨ᠎ᠳᠤ ᠠᠰᠢᠭ ᠬᠦᠷᠲᠡᠭᠡᠵᠦ᠂ ᠠᠷᠠᠳ᠎ᠤᠨ ᠠᠮᠢᠳᠤᠷᠠᠯ᠎ᠤᠨ ᠪᠤᠶᠠᠨ ᠬᠡᠰᠢᠭ ᠲᠠᠰᠤᠷᠠᠯᠲᠠ ᠥᠬᠡᠶ ᠨᠡᠮᠡᠭᠳᠡᠵᠦ᠂ ᠥᠪᠥᠷ ᠮᠣᠩᠭᠣᠯ᠎ᠤᠨ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠨᠡᠮᠡᠭᠳᠡᠯ ᠭᠤᠤᠯᠳᠠᠭᠤ ᠳᠤᠤᠷᠠᠬᠢ ᠮᠡᠲᠦ ᠣᠨᠴᠠᠯᠢᠭ᠎ᠲᠠᠢ ᠪᠣᠯᠪᠠ᠃
ᠨᠢᠭᠡ᠎ᠳᠤ᠂ ᠥᠪᠥᠷ ᠮᠣᠩᠭᠣᠯ᠎ᠤᠨ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠨᠡᠮᠡᠭᠳᠡᠯ᠎ᠤᠨ ᠪᠠᠶ᠋ᠢᠳᠠᠯ ᠲᠣᠭᠲᠠᠭᠤᠨ ᠵᠶ᠋ᠠᠷ ᠰᠠᠶ᠋ᠢᠵᠢᠷᠠᠵᠤ ᠪᠠᠶ᠋ᠢᠨ᠎ᠠ᠃
2024 ᠣᠨ᠎ᠳᠤ ᠪᠥᠬᠥ ᠣᠷᠣᠨ᠎ᠤ ᠪᠥᠬᠥ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 40077 ᠲᠥᠭᠥᠷᠢᠭ᠎ᠲᠤ ᠬᠦᠷᠴᠦ᠂ ᠪᠥᠬᠥ ᠤᠯᠤᠰ᠎ᠤᠨ 31 ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠳᠣᠲᠣᠷ᠎ᠠ 9 ᠳ᠋ᠦᠭᠡᠷ᠎ᠲᠤ ᠵᠢᠭᠰᠠᠭ᠋ᠠᠭᠳᠠᠪᠠ᠃ ᠪᠠᠶ᠋ᠢᠩᠭᠤ ᠰᠠᠭᠤᠭ᠎ᠠ ᠭᠠᠵᠠᠷ ᠵᠶ᠋ᠠᠷ᠎ᠨᠢ ᠬᠤᠪᠢᠶᠠᠪᠠᠯ᠂ ᠪᠥᠬᠥ ᠣᠷᠣᠨ᠎ᠤ ᠬᠣᠲᠠ ᠪᠠᠯᠭ᠋ᠠᠰᠤ ᠵᠢᠨ ᠪᠠᠶ᠋ᠢᠩᠭᠤ ᠰᠠᠭᠤᠭ᠎ᠠ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 50888 ᠲᠥᠭᠥᠷᠢᠭ᠎ᠲᠤ ᠬᠦᠷᠴᠦ᠂ ᠪᠥᠬᠥ ᠤᠯᠤᠰ᠎ᠤᠨ 11 ᠳ᠋ᠤᠭᠡᠷ᠎ᠲᠤ ᠵᠢᠭᠰᠠᠭ᠋ᠠᠭᠳᠠᠪᠠ; ᠪᠥᠬᠥ ᠣᠷᠣᠨ᠎ᠤ ᠮᠠᠯᠵᠢᠬᠤ ᠲᠠᠷᠢᠶᠠᠯᠠᠬᠤ ᠣᠷᠣᠨ᠎ᠤ ᠪᠠᠶ᠋ᠢᠩᠭᠤ ᠰᠠᠭᠤᠭ᠎ᠠ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 22543 ᠲᠥᠭᠥᠷᠢᠭ᠎ᠲᠤ ᠬᠦᠷᠴᠦ᠂ ᠪᠥᠬᠥ ᠤᠯᠤᠰ᠎ᠲᠤ 12 ᠳ᠋ᠤᠭ᠋ᠠᠷ᠎ᠲᠤ ᠣᠷᠣᠪᠠ᠃ ᠮᠠᠯᠴᠢᠨ ᠲᠠᠷᠢᠶᠠᠴᠢᠨ᠎ᠤ ᠡᠵᠡᠮᠳᠡᠵᠦ ᠪᠣᠯᠬᠤ ᠣᠷᠣᠯᠭ᠎ᠠ ᠵᠢᠨ ᠨᠡᠮᠡᠭᠳᠡᠯ᠎ᠤᠨ ᠬᠤᠷᠳᠤᠴᠠ ᠬᠣᠲᠠ ᠪᠠᠯᠭ᠋ᠠᠰᠤᠨ᠎ᠤ ᠰᠠᠭᠤᠭ᠋ᠠᠯᠢ ᠠᠷᠠᠳᠤᠨᠬᠢᠠᠴᠠ 1.7 ᠵᠠᠭᠤᠨ᠎ᠤ ᠬᠤᠪᠢ ᠵᠢᠨ ᠴᠡᠭ ᠲᠦᠷᠭᠡᠨ ᠪᠣᠯᠵᠣ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠬᠠᠷᠢᠴᠠᠯ 2023 ᠣᠨ᠎ᠤ 2.29᠎ᠠᠴᠠ 2024 ᠣᠨ᠎ᠤ 2.26 ᠪᠣᠯᠲᠠᠯ᠎ᠠ ᠪᠠᠭ᠋ᠠᠰᠪᠠ᠃
ᠬᠣᠶᠠᠷ᠎ᠲᠤ᠂ ᠳᠥᠷᠪᠡᠨ ᠵᠦᠢ᠍ᠯ᠎ᠤᠨ ᠣᠷᠣᠯᠭ᠎ᠠ᠎ᠳᠤ 《ᠬᠣᠶᠠᠷ ᠲᠦᠷᠭᠡᠨ ᠬᠣᠶᠠᠷ ᠲᠣᠭᠲᠠᠭᠤᠨ》 ᠣᠨᠴᠠᠯᠢᠭ ᠢᠯᠡᠷᠡᠪᠡ᠃
2024 ᠣᠨ᠎ᠤ ᠪᠥᠬᠥ ᠣᠷᠣᠨ᠎ᠤ ᠪᠥᠬᠥ ᠰᠠᠭᠤᠭ᠋ᠠᠯᠢ ᠠᠷᠠᠳ᠎ᠤᠨ ᠳᠥᠷᠪᠡᠨ ᠵᠦᠢ᠍ᠯ᠎ᠤᠨ ᠣᠷᠣᠯᠭ᠎ᠠ ᠵᠢᠨ ᠳᠣᠲᠣᠷ᠎ᠠ᠂ ᠬᠥᠮᠦᠨ ᠳᠤᠮᠳᠠᠴᠢ ᠵᠢᠨ ᠴᠠᠯᠢᠩ᠎ᠤᠨ ᠴᠢᠨᠠᠷᠲᠠᠶ ᠣᠷᠣᠯᠭ᠎ᠠ ᠪᠠ ᠰᠢᠯᠵᠢᠭᠦᠯᠦᠭᠰᠡᠨ ᠴᠡᠪᠡᠷ ᠣᠷᠣᠯᠭ᠎ᠠ ᠵᠢᠨ ᠨᠡᠮᠡᠭᠳᠡᠯ ᠨᠡᠯᠢᠶᠡᠳ ᠲᠦᠷᠭᠡᠨ ᠪᠠᠶ᠋ᠢᠵᠤ᠂ ᠲᠣᠰ ᠲᠣᠰ 21095 ᠲᠥᠭᠥᠷᠢᠭ ᠪᠠ 6591 ᠲᠥᠭᠥᠷᠢᠭ ᠪᠠᠶ᠋ᠢᠵᠤ᠂ ᠨᠡᠮᠡᠭᠳᠡᠯ᠎ᠤᠨ ᠬᠤᠷᠳᠤᠴᠠ᠎ᠨᠢ ᠴᠥᠮ 6.0% ᠪᠣᠯᠵᠠᠶ᠃ ᠬᠥᠮᠦᠨ ᠳᠤᠮᠳᠠᠴᠢ ᠵᠢᠨ ᠡᠵᠡᠩᠨᠡᠯᠲᠡ ᠵᠢᠨ ᠴᠡᠪᠡᠷ ᠣᠷᠣᠯᠭ᠎ᠠ ᠪᠠ ᠡᠳ᠋ ᠬᠥᠷᠥᠩᠭᠡ ᠵᠢᠨ ᠴᠡᠪᠡᠷ ᠣᠷᠣᠯᠭ᠎ᠠ ᠵᠢᠨ ᠨᠡᠮᠡᠭᠳᠡᠯ ᠲᠣᠭᠲᠠᠭᠤᠨ ᠪᠠᠶ᠋ᠢᠵᠤ᠂ ᠲᠣᠰ ᠲᠣᠰ 10541 ᠲᠥᠭᠥᠷᠢᠭ ᠪᠠ 1851 ᠲᠥᠭᠥᠷᠢᠭ ᠪᠠᠶ᠋ᠢᠵᠤ᠂ ᠨᠡᠮᠡᠭᠳᠡᠯ᠎ᠤᠨ ᠬᠤᠷᠳᠤᠴᠠ᠎ᠨᠢ ᠲᠣᠰ ᠲᠣᠰ 3.6% ᠪᠠ 0.2% ᠪᠣᠯᠪᠠ᠃
ᠲᠤᠯᠭ᠋ᠠᠭᠤᠷᠢᠯᠠᠬᠤ ᠬᠦᠴᠦᠨ ᠵᠦᠢ᠍ᠯ᠎ᠠᠴᠠ ᠦᠵᠡᠪᠡᠯ᠂ ᠭᠣᠣᠯᠳᠠᠭᠤ ᠳᠣᠣᠷᠠᠬᠢ ᠭᠤᠷᠪᠠᠨ ᠲᠠᠯ᠎ᠠ ᠪᠤᠢ᠃
ᠨᠢᠭᠡ᠎ᠳᠤ᠂ ᠥᠪᠥᠷ ᠮᠣᠩᠭᠣᠯ᠎ᠤᠨ ᠠᠵᠤ ᠠᠬᠤᠶ ᠲᠣᠭᠲᠠᠭᠤᠨ᠎ᠤ ᠳᠤᠮᠳᠠ ᠤᠷᠤᠭᠰᠢᠯᠠᠨ ᠳᠠᠪᠰᠢᠬᠤ ᠪᠣᠯ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠨᠡᠮᠡᠭᠳᠡᠯ᠎ᠤᠨ ᠴᠢᠬᠤᠯᠠ ᠰᠠᠭᠤᠷᠢ ᠪᠣᠯᠤᠨ᠎ᠠ᠃ 2024 ᠣᠨ᠎ᠳᠤ ᠥᠪᠥᠷ ᠮᠣᠩᠭᠣᠯ᠎ᠤᠨ ᠠᠵᠤ ᠠᠬᠤᠶ ᠦᠷᠭᠦᠯᠵᠢᠯᠡᠨ ᠰᠠᠶ᠋ᠢᠵᠢᠷᠠᠵᠤ᠂ ᠪᠦᠲᠦᠴᠡ᠎ᠨᠢ ᠰᠢᠯᠢᠳᠡᠭᠵᠢᠨ ᠲᠠᠰ ᠳᠡᠪᠰᠢᠵᠦ᠂ ᠡᠯ᠎ᠡ ᠲᠥᠷᠥᠯ᠎ᠤᠨ ᠵᠠᠬ᠎ᠠ ᠳᠡᠯᠭᠡᠭᠦᠷ᠎ᠤᠨ ᠡᠵᠡᠩᠨᠡᠯᠲᠡ ᠵᠢᠨ ᠭᠤᠤᠯ ᠴᠣᠭᠴᠠ ᠵᠢᠨ ᠠᠵᠢᠯ᠎ᠤᠨ ᠪᠠᠶ᠋ᠢᠷᠢ ᠵᠢ ᠲᠣᠭᠲᠠᠪᠤᠷᠢᠵᠢᠭᠤᠯᠤᠨ ᠥᠷᠭᠡᠳᠬᠡᠬᠦ᠎ᠳᠤ ᠨᠥᠬᠥᠴᠡᠯ ᠪᠦᠷᠢᠯᠳᠦᠭᠦᠯᠦᠨ ᠥᠭᠴᠦ᠂ ᠬᠣᠲᠠ ᠪᠠᠯᠭ᠋ᠠᠰᠤ ᠵᠢᠨ 20.1 ᠲᠦᠮᠡᠨ ᠬᠥᠮᠦᠨ᠎ᠳᠤ ᠰᠢᠨ᠎ᠡ᠎ᠪᠠᠷ ᠠᠵᠢᠯ
ᠣᠯᠭᠣᠪᠠ᠃
ᠬᠣᠶᠠᠷ᠎ᠲᠤ᠂ ᠬᠦᠴᠦᠲᠡᠶ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠪᠣᠯ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠨᠡᠮᠡᠭᠳᠡᠯ᠎ᠤᠨ ᠴᠢᠬᠤᠯᠠ ᠲᠤᠯᠭ᠋ᠠᠭᠤᠷᠢᠯᠠᠯ ᠮᠥᠨ᠃ 2024 ᠣᠨ᠎ᠳᠤ ᠠᠯᠢ ᠣᠯᠠᠨ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ᠂ ᠠᠷᠠᠳ᠎ᠤᠨ ᠰᠡᠳᠬᠢᠯ᠎ᠢ ᠳᠤᠯᠠᠭ᠋ᠠᠴᠠᠭᠤᠯᠬᠤ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠨᠠᠷᠢᠯᠢᠭ ᠣᠨᠣᠪᠴᠢᠲᠠᠶ ᠬᠡᠷᠡᠭᠵᠢᠭᠦᠯᠵᠦ᠂ ᠵᠢᠯ᠎ᠤᠨ ᠡᠬᠢᠨ᠎ᠳᠤ ᠠᠮᠠᠯᠠᠭᠰᠠᠨ ᠠᠷᠠᠳ᠎ᠤᠨ ᠠᠮᠢᠳᠤᠷᠠᠯ᠎ᠤᠨ 33 ᠵᠦᠢ᠍ᠯ᠎ᠤᠨ ᠪᠣᠳᠠᠲᠤ ᠶᠠᠪᠤᠳᠠᠯ᠎ᠢ ᠪᠦᠬᠦᠨ᠎ᠢ ᠪᠡᠶᠡᠯᠡᠭᠦᠯᠵᠦ᠂ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠨᠠᠰᠤᠵᠢᠯ᠎ᠤᠨ ᠠᠰᠠᠷᠠᠮᠵᠢ ᠵᠢᠨ ᠮᠥᠩᠭᠥ ᠵᠡᠷᠭᠡ 5 ᠵᠦᠢ᠍ᠯ᠎ᠤᠨ ᠪᠠᠷᠢᠮᠵᠢᠶ᠎ᠠ ᠵᠢ ᠳᠡᠭᠡᠭᠰᠢᠯᠡᠭᠦᠯᠵᠦ᠂ ᠠᠷᠠᠳ᠎ᠤᠨ ᠦᠨᠳᠦᠰᠦᠨ ᠠᠮᠢᠳᠤᠷᠠᠯ᠎ᠤᠨ ᠪᠠᠲᠤᠯᠠᠭ᠎ᠠ ᠵᠢ ᠴᠥᠮ ᠪᠥᠬᠥ ᠤᠯᠤᠰ᠎ᠤᠨ ᠳᠤᠮᠳᠠᠴᠢ ᠬᠢᠷᠢ ᠲᠦᠪᠰᠢᠨ᠎ᠳᠤ ᠬᠦᠷᠭᠡᠭᠰᠡᠨ ᠪᠤᠶᠤ ᠲᠡᠭᠦᠨ᠎ᠠᠴᠠ ᠳᠠᠪᠠᠵᠠᠶ᠃
ᠭᠤᠷᠪᠠ᠎ᠳᠤ᠂ ᠲᠠᠷᠢᠶᠠᠯᠠᠩ᠎ᠢ ᠲᠤᠰᠠᠯᠠᠵᠤ ᠲᠠᠷᠢᠶᠠᠴᠢᠳ᠎ᠲᠤ ᠠᠰᠢᠭ ᠬᠦᠷᠲᠡᠭᠡᠬᠦ ᠲᠥᠷᠥ ᠵᠢᠨ ᠪᠣᠳᠣᠯᠭ᠎ᠠ᠎ᠨᠢ ᠰᠠᠭᠤᠭ᠋ᠠᠯᠢ ᠠᠷᠠᠳ᠎ᠤᠨ ᠣᠷᠣᠯᠭ᠎ᠠ ᠵᠢ ᠨᠡᠮᠡᠭᠳᠡᠭᠦᠯᠬᠦ᠎ᠳᠤ ᠪᠠᠲᠤ ᠴᠢᠩᠭ᠎ᠠ ᠪᠠᠲᠤᠯᠠᠭ᠎ᠠ ᠬᠠᠩᠭ᠋ᠠᠪᠠ᠃ 2024 ᠣᠨ᠎ᠳᠤ ᠥᠪᠥᠷ ᠮᠣᠩᠭᠣᠯ 《ᠠᠵᠢᠯ ᠣᠯᠭᠣᠬᠤ᠎ᠪᠠᠷ ᠲᠡᠳᠬᠦᠮᠵᠢ ᠵᠢ ᠣᠷᠣᠯᠠᠭᠤᠯᠬᠤ》 ᠵᠢ ᠶᠡᠬᠡ᠎ᠪᠠᠷ ᠬᠡᠷᠡᠭᠵᠢᠭᠦᠯᠵᠦ᠂ ᠮᠠᠯᠴᠢᠨ ᠲᠠᠷᠢᠶᠠᠴᠢᠨ ᠬᠦᠴᠦ ᠶᠠᠪᠤᠭᠰᠠᠳ᠎ᠤᠨ ᠣᠶ᠋ᠢᠷ᠎ᠠ ᠬᠠᠪᠢ᠎ᠳᠠᠭᠠᠨ ᠠᠵᠢᠯ ᠤᠯᠬᠤ ᠵᠢ ᠳᠡᠮᠵᠢᠵᠦ᠂ ᠬᠥᠳᠡᠭᠡ ᠲᠣᠰᠬᠣᠨ᠎ᠢ ᠪᠥᠬᠥ ᠲᠠᠯ᠎ᠠ᠎ᠪᠠᠷ ᠬᠥᠭᠵᠢᠭᠦᠯᠦᠨ ᠮᠠᠨᠳᠤᠭᠤᠯᠬᠤ ᠵᠢ ᠯᠠᠪᠳᠠᠭᠤᠨ ᠪᠠᠲᠤᠲᠠᠶ ᠠᠬᠢᠭᠤᠯᠵᠤ᠂ ᠬᠥᠯᠥᠰᠥᠨ ᠲᠠᠷᠢᠶᠠᠴᠢᠨ᠎ᠤ ᠴᠠᠯᠢᠩ᠎ᠢ ᠥᠭᠬᠦ ᠵᠢ ᠪᠠᠲᠤᠯᠠᠵᠤ᠂ ᠡᠯ᠎ᠡ ᠲᠥᠷᠥᠯ᠎ᠤᠨ ᠮᠠᠯᠴᠢᠨ ᠲᠠᠷᠢᠶᠠᠴᠢᠨ᠎ᠳᠤ ᠠᠰᠢᠭ ᠬᠦᠷᠲᠡᠭᠡᠬᠦ ᠨᠥᠬᠥᠪᠥᠷᠢ ᠵᠢ ᠲᠣᠭ᠎ᠠ ᠶᠣᠰᠣᠭ᠋ᠠᠷ ᠲᠠᠷᠬᠠᠭ᠋ᠠᠵᠤ᠂ ᠬᠡᠰᠡᠭ ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠤ ᠦᠨ᠎ᠡ ᠬᠠᠩᠰᠢ ᠪᠠᠭᠤᠷᠠᠭᠰᠠᠨ᠎ᠠᠴᠠ ᠪᠣᠯᠤᠭᠰᠠᠨ ᠮᠠᠯᠴᠢᠨ ᠲᠠᠷᠢᠶᠠᠴᠢᠨ᠎ᠤ ᠣᠷᠣᠯᠭ᠎ᠠ ᠵᠢᠨ ᠨᠡᠮᠡᠭᠳᠡᠯ᠎ᠳᠤ ᠠᠰᠢᠭ ᠥᠬᠡᠶ ᠨᠥᠯᠥᠭᠡ ᠵᠢ ᠠᠷᠢᠯᠭ᠋ᠠᠵᠤ᠂ ᠮᠠᠯᠴᠢᠨ ᠲᠠᠷᠢᠶᠠᠴᠢᠨ᠎ᠤ ᠣᠷᠣᠯᠭ᠎ᠠ ᠵᠢᠨ ᠲᠣᠭᠲᠠᠭᠤᠨ ᠵᠶ᠋ᠠᠷ ᠨᠡᠮᠡᠭᠳᠡᠬᠦ ᠵᠢ ᠦᠨᠡᠨ ᠬᠦ᠌ ᠪᠠᠲᠤᠯᠠᠪᠠ᠃
《ᠥᠪᠥᠷ ᠮᠣᠩᠭᠣᠯ᠎ᠤᠨ ᠬᠠᠤᠯᠢ᠎ᠪᠠᠷ ᠵᠠᠰᠠᠬᠤ ᠰᠣᠨᠢᠨ》᠎ᠤ ᠰᠤᠷᠪᠤᠯᠵᠢᠯᠠᠭᠴᠢ᠄
ᠥᠭᠦᠯᠡᠭᠴᠢ ᠲᠠ ᠰᠠᠶ᠋ᠢᠨ ᠦᠦ! ᠪᠢᠳᠡ 2024 ᠣᠨ᠎ᠤ ᠪᠥᠬᠥ ᠣᠷᠣᠨ᠎ᠤ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠬᠠᠩᠰᠢ ᠵᠢᠨ ᠶᠡᠷᠦᠩᠬᠡᠶ ᠬᠢᠷᠢ ᠲᠦᠪᠰᠢᠨ ᠳᠡᠭᠡᠷ᠎ᠡ ᠵᠢᠯ᠎ᠤᠨ᠎ᠬᠢ᠎ᠠᠴᠠ 0.2% ᠵᠶ᠋ᠠᠷ ᠳᠡᠭᠡᠭᠰᠢᠯᠡᠭᠰᠡᠨ᠎ᠢ ᠣᠯᠵᠤ ᠬᠠᠷᠠᠯ᠎ᠠ᠂ ᠣᠳᠣᠬᠠᠨ᠎ᠤ CPI ᠵᠢᠨ ᠠᠵᠢᠯᠯᠠᠭ᠋ᠠᠨ᠎ᠨᠢ ᠭᠤᠤᠯᠳᠠᠭᠤ ᠶᠠᠮᠠᠷ ᠶᠠᠮᠠᠷ ᠣᠨᠴᠠᠯᠢᠭ᠎ᠲᠠᠢ ᠪᠣᠶ? 2025 ᠣᠨ᠎ᠤ ᠪᠠᠷᠠᠭ᠋ᠠᠨ᠎ᠤ ᠦᠨ᠎ᠡ ᠵᠢᠨ ᠲᠤᠬᠠᠶ ᠶᠠᠮᠠᠷ ᠶᠠᠮᠠᠷ ᠤᠷᠢᠳᠴᠢᠯᠠᠭᠰᠠᠨ ᠮᠠᠭ᠋ᠠᠳᠯᠠᠯᠲᠠ ᠪᠠᠶ᠋ᠢᠬᠤ ᠪᠣᠶ? ᠪᠠᠶᠠᠷᠯᠠᠯ᠎ᠠ᠃

ᠮᠠ ᠬᠣᠩ ᠵᠢᠶᠦ᠋ᠨ᠄ ᠲᠠᠨ᠎ᠤ ᠠᠰᠠᠭᠤᠭᠰᠠᠨ᠎ᠳᠤ ᠪᠠᠶᠠᠷᠯᠠᠯ᠎ᠠ᠃ ᠪᠠᠷᠠᠭ᠋ᠠᠨ᠎ᠤ ᠦᠨ᠎ᠡ ᠵᠢᠨ ᠪᠠᠶ᠋ᠢᠳᠠᠯ ᠪᠣᠯ ᠣᠯᠠᠨ᠎ᠤ ᠨᠡᠶ᠋ᠢᠳᠡᠮ ᠠᠩᠬᠠᠷᠴᠤ ᠪᠠᠶ᠋ᠢᠭ᠎ᠠ ᠠᠰᠠᠭᠤᠳᠠᠯ ᠪᠣᠯᠤᠨ᠎ᠠ᠂ ᠶᠡᠷᠦᠩᠬᠡᠶ᠎ᠳᠤᠨᠢ ᠠᠪᠴᠤ ᠦᠵᠡᠪᠡᠯ᠂ 2024 ᠣᠨ᠎ᠳᠤ ᠥᠪᠥᠷ ᠮᠣᠩᠭᠣᠯ᠎ᠤᠨ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠪᠠᠭ᠎ᠠ ᠬᠡᠮᠵᠢᠶ᠎ᠡ᠎ᠪᠠᠷ ᠥᠰᠴᠦ᠂ ᠪᠥᠬᠥ ᠵᠢᠯ᠎ᠳᠤ 0.2% ᠵᠶ᠋ᠠᠷ ᠥᠰᠴᠦ᠂ ᠪᠥᠬᠥ ᠤᠯᠤᠰ᠎ᠤᠨ ᠳᠤᠮᠳᠠᠴᠢ ᠬᠢᠷᠢ ᠲᠦᠪᠰᠢᠨ᠎ᠲᠠᠢ ᠠᠳᠠᠯᠢ ᠪᠣᠯᠵᠠᠶ᠃
ᠪᠥᠬᠥ ᠵᠢᠯ᠎ᠠᠴᠠ ᠠᠪᠴᠤ ᠦᠵᠡᠪᠡᠯ᠂ CPI ᠵᠢ ᠪᠦᠷᠢᠯᠳᠦᠭᠦᠯᠦᠭᠰᠡᠨ ᠨᠠᠢ᠍ᠮᠠᠨ ᠶᠡᠬᠡ ᠲᠥᠷᠥᠯ᠎ᠤᠨ ᠲᠠᠸᠠᠷ ᠵᠢᠴᠢ ᠦᠢ᠍ᠯᠡᠴᠢᠯᠡᠭᠡᠨ᠎ᠤ ᠦᠨ᠎ᠡ ᠬᠠᠩᠰᠢ᠎ᠨᠢ ᠠᠳᠠᠯᠢ ᠬᠤᠭᠤᠴᠠᠭ᠋ᠠᠨ᠎ᠤ᠎ᠬᠢ᠎ᠠᠴᠠ 《ᠵᠢᠷᠭᠤᠭ᠎ᠠ ᠳᠡᠭᠡᠭᠰᠢᠯᠡᠵᠦ ᠬᠣᠶᠠᠷ ᠪᠠᠭᠤᠷᠠᠬᠤ》 ᠪᠠᠶ᠋ᠢᠳᠠᠯ᠎ᠲᠠᠢ ᠪᠣᠯᠵᠠᠶ᠃ ᠪᠤᠰᠤᠳ ᠬᠡᠷᠡᠭᠰᠡᠯ ᠵᠢᠴᠢ ᠦᠢ᠍ᠯᠡᠴᠢᠯᠡᠭᠡ᠂ ᠠᠮᠢᠳᠤᠷᠠᠯ᠎ᠤᠨ ᠬᠡᠷᠡᠭᠰᠡᠯ ᠵᠢᠴᠢ ᠦᠢ᠍ᠯᠡᠴᠢᠯᠡᠭᠡ ᠬᠣᠶᠠᠷ ᠶᠡᠬᠡ ᠲᠥᠷᠥᠯ᠎ᠤᠨ ᠦᠨ᠎ᠡ ᠬᠠᠩᠰᠢ ᠢᠯᠡᠳᠲᠡ ᠥᠰᠴᠦ᠂ ᠲᠣᠰ ᠲᠣᠰ 5.5% ᠪᠠ 2.1%᠎ᠪᠠᠷ ᠥᠰᠴᠦ᠂ ᠬᠤᠪᠴᠠᠰᠤ ᠬᠤᠨᠠᠷ᠂ ᠰᠤᠷᠭ᠋ᠠᠨ ᠬᠥᠮᠦᠵᠢᠯ ᠰᠣᠶᠣᠯ ᠵᠤᠭ᠎ᠠ ᠴᠡᠩᠭᠡᠯ᠂ ᠡᠮ ᠡᠮᠨᠡᠯᠭᠡ ᠡᠷᠡᠭᠦᠯᠵᠢᠯ᠎ᠤᠨ ᠭᠤᠷᠪᠠᠨ ᠶᠡᠬᠡ ᠲᠥᠷᠥᠯ᠎ᠤᠨ ᠦᠨ᠎ᠡ ᠬᠠᠩᠰᠢ ᠳᠠᠷᠠᠭ᠋ᠠᠯᠠᠪᠠᠯ᠂ ᠲᠣᠰ ᠲᠣᠰ 1.7%᠂ 1.4% ᠪᠠ 1.4%᠎ᠪᠠᠷ ᠥᠰᠴᠦ᠂ ᠣᠷᠣᠨ ᠰᠠᠭᠤᠴᠠ ᠵᠢᠨ ᠲᠥᠷᠥᠯ᠎ᠤᠨ ᠦᠨ᠎ᠡ ᠬᠠᠩᠰᠢ 0.1%᠎ᠪᠠᠷ ᠥᠰᠴᠡᠶ᠃ ᠣᠷᠣᠭᠤᠯᠤᠯᠲᠠ ᠵᠢᠨ ᠴᠢᠨᠠᠷᠲᠠᠶ ᠬᠦᠴᠦᠨ ᠵᠦᠢ᠍ᠯ᠎ᠤᠨ ᠨᠥᠯᠥᠭᠡ᠎ᠠᠴᠠ ᠪᠣᠯᠵᠣ᠂ ᠲᠦᠭᠦᠬᠡᠶ ᠴᠢᠯᠠᠭᠤᠨ ᠲᠣᠰᠣ ᠵᠡᠷᠭᠡ ᠣᠯᠠᠨ ᠤᠯᠤᠰ᠎ᠤᠨ ᠪᠥᠭᠡᠮ ᠲᠠᠸᠠᠷ᠎ᠤᠨ ᠦᠨ᠎ᠡ ᠬᠠᠩᠰᠢ ᠶᠡᠷᠦᠩᠬᠡᠶ᠎ᠳᠡᠭᠡᠨ ᠬᠡᠯᠪᠡᠯᠵᠡᠨ ᠪᠠᠭᠤᠷᠠᠵᠤ᠂ ᠤᠯᠤᠰ᠎ᠤᠨ ᠳᠣᠲᠣᠭ᠋ᠠᠳᠤ ᠵᠢᠨ ᠡᠨᠧᠷᠭᠢ ᠵᠢᠨ ᠰᠤᠷᠪᠤᠯᠵᠢ ᠵᠢᠨ ᠦᠨ᠎ᠡ ᠬᠠᠩᠰᠢ ᠪᠠᠭᠤᠷᠠᠬᠤ ᠵᠢ ᠳᠠᠶ᠋ᠢᠴᠢᠯᠠᠨ᠂ ᠵᠠᠮ ᠬᠠᠷᠢᠯᠴᠠᠭ᠎ᠠ ᠮᠡᠳᠡᠭᠡ ᠬᠣᠯᠪᠣᠭ᠋ᠠᠨ᠎ᠤ ᠲᠥᠷᠥᠯ᠎ᠤᠨ ᠦᠨ᠎ᠡ ᠬᠠᠩᠰᠢ 1.9% ᠪᠠᠭᠤᠷᠠᠪᠠ᠃ ᠢᠳᠡᠭᠡᠨ᠎ᠤ ᠦᠨ᠎ᠡ ᠬᠠᠩᠰᠢ ᠵᠢᠨ ᠲᠠᠯ᠎ᠠ᠎ᠪᠠᠷ᠂ ᠮᠠᠨ᠎ᠤ ᠣᠷᠣᠨ᠎ᠤ ᠢᠳᠡᠭᠡᠨ᠎ᠤ ᠬᠠᠩᠭ᠋ᠠᠯᠭ᠎ᠠ ᠪᠠ ᠪᠠᠲᠤᠯᠠᠭ᠎ᠠ ᠨᠡᠯᠢᠶᠡᠳ ᠭᠦᠢ᠍ᠴᠡᠳ ᠪᠠᠶ᠋ᠢᠵᠤ᠂ ᠭᠠᠳᠠᠭ᠋ᠠᠳᠤ᠎ᠠᠴᠠ ᠣᠷᠣᠭᠤᠯᠤᠭᠰᠠᠨ ᠦᠬᠡᠷ᠎ᠤᠨ ᠮᠢᠬᠠᠨ᠎ᠤ ᠲᠠᠭ᠋ᠠᠷᠢᠯᠲᠠ ᠵᠡᠷᠭᠡ ᠬᠦᠴᠦᠨ ᠵᠦᠢ᠍ᠯ᠎ᠤᠨ ᠨᠥᠯᠥᠭᠡ᠎ᠠᠴᠠ ᠪᠣᠯᠵᠣ᠂ ᠪᠥᠬᠥ ᠵᠢᠯ᠎ᠤᠨ ᠢᠳᠡᠭᠡᠨ᠎ᠤ ᠦᠨ᠎ᠡ ᠬᠠᠩᠰᠢ ᠲᠣᠭᠲᠠᠭᠤᠨ ᠪᠠᠶ᠋ᠢᠬᠤ ᠵᠢᠨ ᠵᠡᠷᠭᠡ᠎ᠳᠤ ᠪᠠᠭᠤᠷᠠᠵᠤ᠂ 0.9%᠎ᠪᠠᠷ ᠪᠠᠭᠤᠷᠠᠪᠠ᠃
ᠶᠡᠷᠦᠩᠬᠡᠶ᠎ᠳᠤᠨᠢ ᠠᠪᠴᠤ ᠦᠵᠡᠪᠡᠯ᠂ ᠪᠥᠬᠥ ᠣᠷᠣᠨ᠎ᠤ CPI ᠵᠢᠨ ᠥᠰᠥᠯᠲᠡ ᠵᠢᠨ ᠬᠡᠮᠵᠢᠶ᠎ᠡ᠎ᠨᠢ ᠢᠳᠡᠭᠡᠨ ᠪᠠ ᠡᠨᠧᠷᠭᠢ ᠵᠢᠨ ᠦᠨ᠎ᠡ ᠬᠠᠩᠰᠢ ᠵᠢᠨ ᠪᠠᠭᠤᠷᠠᠯᠲᠠ ᠵᠢᠨ ᠨᠥᠯᠥᠭᠡ ᠵᠢ ᠨᠡᠯᠢᠶᠡᠳ ᠶᠡᠬᠡ ᠭᠥᠷᠳᠡᠵᠦ᠂ ᠢᠳᠡᠭᠡᠨ ᠪᠠ ᠡᠨᠧᠷᠭᠢ ᠵᠢᠨ ᠦᠨ᠎ᠡ ᠬᠠᠩᠰᠢ ᠵᠢ ᠬᠠᠰᠤᠭᠰᠠᠨ᠎ᠤ ᠳᠠᠷᠠᠭ᠋ᠠᠬᠢ ᠭᠤᠤᠯᠯᠠᠬᠤ CPI ᠲᠣᠭᠲᠠᠭᠤᠨ ᠪᠠᠶ᠋ᠢᠵᠤ᠂ 0.7%᠎ᠪᠠᠷ ᠥᠰᠴᠦ᠂ ᠪᠥᠬᠥ ᠤᠯᠤᠰ᠎ᠤᠨ ᠳᠤᠮᠳᠠᠴᠢ ᠲᠦᠪᠰᠢᠨ᠎ᠠᠴᠠ 0.2 ᠵᠠᠭᠤᠨ᠎ᠤ ᠬᠤᠪᠢ ᠵᠢᠨ ᠴᠡᠭ ᠥᠨᠳᠥᠷ ᠪᠣᠯᠪᠠ᠃ ᠦᠢ᠍ᠯᠡᠴᠢᠯᠡᠭᠡᠨ᠎ᠤ ᠲᠥᠷᠥᠯ᠎ᠤᠨ ᠬᠡᠷᠡᠭᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠰᠠᠶ᠋ᠢᠵᠢᠷᠠᠬᠤ ᠵᠢ ᠳᠠᠭ᠋ᠠᠯᠳᠤᠨ᠂ ᠪᠥᠬᠥ ᠣᠷᠣᠨ᠎ᠤ ᠦᠢ᠍ᠯᠡᠴᠢᠯᠡᠭᠡᠨ᠎ᠤ ᠦᠨ᠎ᠡ ᠬᠠᠩᠰᠢ 0.7%᠎ᠪᠠᠷ ᠥᠰᠴᠦ᠂ CPI ᠵᠢ ᠳᠠᠶ᠋ᠢᠴᠢᠯᠠᠨ 0.24 ᠵᠠᠭᠤᠨ᠎ᠤ ᠬᠤᠪᠢ ᠵᠢᠨ ᠴᠡᠭ ᠥᠰᠴᠡᠶ᠃
ᠣᠶ᠋ᠢᠷ᠎ᠠ ᠵᠢᠨ ᠬᠤᠭᠤᠴᠠᠭ᠋ᠠᠨ᠎ᠤ ᠪᠠᠶ᠋ᠢᠳᠠᠯ᠎ᠠᠴᠠ ᠦᠵᠡᠪᠡᠯ᠂ 2024 ᠣᠨ᠎ᠤ 12 ᠰᠠᠷ᠎ᠠ᠎ᠳᠤ᠂ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠠᠳᠠᠯᠢ ᠬᠤᠭᠤᠴᠠᠭ᠋ᠠᠨ᠎ᠤ᠎ᠬᠢ᠎ᠠᠴᠠ 0.6%᠎ᠪᠠᠷ ᠪᠠᠭᠤᠷᠠᠪᠠ᠃ ᠨᠠᠢ᠍ᠮᠠᠨ ᠶᠡᠬᠡ ᠲᠥᠷᠥᠯ᠎ᠤᠨ ᠲᠠᠸᠠᠷ ᠵᠢᠴᠢ ᠦᠢ᠍ᠯᠡᠴᠢᠯᠡᠭᠡᠨ᠎ᠤ ᠦᠨ᠎ᠡ ᠠᠳᠠᠯᠢ ᠬᠤᠭᠤᠴᠠᠭ᠋ᠠᠨ᠎ᠤ᠎ᠬᠢ᠎ᠠᠴᠠ 《ᠳᠥᠷᠪᠡ ᠳᠡᠭᠡᠭᠰᠢᠯᠡᠵᠦ ᠳᠥᠷᠪᠡ ᠪᠠᠭᠤᠷᠠᠬᠤ》 ᠪᠠᠶ᠋ᠢᠳᠠᠯ ᠢᠯᠡᠷᠡᠪᠡ᠃ ᠡᠭᠦᠨ᠎ᠳᠤ᠂ ᠬᠤᠪᠴᠠᠰᠤ ᠬᠤᠨᠠᠷ᠂ ᠠᠮᠢᠳᠤᠷᠠᠯ᠎ᠤᠨ ᠬᠡᠷᠡᠭᠰᠡᠯ ᠵᠢᠴᠢ ᠦᠢ᠍ᠯᠡᠴᠢᠯᠡᠭᠡ᠂ ᠰᠤᠷᠭ᠋ᠠᠨ ᠬᠥᠮᠦᠵᠢᠯ ᠰᠣᠶᠣᠯ ᠵᠤᠭ᠎ᠠ ᠴᠡᠩᠭᠡᠯ᠂ ᠪᠤᠰᠤᠳ ᠬᠡᠷᠡᠭᠰᠡᠯ ᠵᠢᠴᠢ ᠦᠢ᠍ᠯᠡᠴᠢᠯᠡᠭᠡ ᠲᠣᠰ ᠲᠣᠰ 0.9%᠂ 0.8%᠂ 0.2% ᠪᠠ 6.3%᠎ᠪᠠᠷ ᠥᠰᠪᠡ; ᠢᠳᠡᠭᠡᠨ ᠠᠷᠢᠬᠢ ᠲᠠᠮᠠᠬᠢ᠂ ᠣᠷᠣᠨ ᠰᠠᠭᠤᠴᠠ᠂ ᠵᠠᠮ ᠬᠠᠷᠢᠯᠴᠠᠭ᠎ᠠ ᠴᠢᠮᠡᠭᠡ ᠬᠣᠯᠪᠣᠭ᠎ᠠ᠂ ᠡᠮ ᠡᠮᠨᠡᠯᠭᠡ ᠡᠷᠡᠭᠦᠯᠵᠢᠯ᠎ᠤᠨ ᠦᠨ᠎ᠡ ᠲᠣᠰ ᠲᠣᠰ 1.6%᠂ 0.2%᠂ 2.7% ᠪᠠ 0.3% ᠪᠠᠭᠤᠷᠠᠪᠠ᠃
ᠬᠣᠶ᠋ᠢᠰᠢᠳᠠ ᠵᠢᠨ ᠬᠡᠰᠡᠭ ᠬᠤᠭᠤᠴᠠᠭ᠋ᠠᠨ᠎ᠤ ᠪᠠᠷᠠᠭ᠋ᠠᠨ᠎ᠤ ᠦᠨ᠎ᠡ ᠵᠢᠨ ᠬᠠᠨᠳᠤᠰᠢ ᠵᠢᠨ ᠲᠤᠬᠠᠶ᠂ ᠪᠢᠳᠡ ᠥᠪᠥᠷ ᠮᠣᠩᠭᠣᠯ᠎ᠤᠨ ᠠᠵᠤ ᠠᠬᠤᠶ ᠵᠢᠨ ᠠᠵᠢᠯᠯᠠᠭ᠋ᠠᠨ ᠲᠣᠭᠲᠠᠭᠤᠨ᠎ᠤ ᠳᠤᠮᠳᠠ ᠰᠠᠶ᠋ᠢᠵᠢᠷᠠᠵᠤ᠂ 2025 ᠣᠨ᠎ᠳᠤ CPI ᠵᠢᠨ ᠲᠣᠭᠲᠠᠭᠤᠨ᠎ᠤ ᠳᠤᠮᠳᠠ ᠳᠡᠭᠡᠭᠰᠢᠯᠡᠬᠦ᠎ᠳᠤ ᠠᠰᠢᠭᠲᠠᠶ ᠢᠳᠡᠪᠬᠢᠲᠡᠶ ᠬᠦᠴᠦᠨ ᠵᠦᠢ᠍ᠯ ᠨᠡᠮᠡᠭᠳᠡᠵᠦ ᠪᠠᠶ᠋ᠢᠬᠤ ᠵᠢ ᠣᠯᠵᠤ ᠬᠠᠷᠠᠬᠤ ᠬᠡᠷᠡᠭᠲᠡᠶ᠃ ᠤᠯᠤᠰ᠎ᠤᠨ ᠳᠠᠪᠬᠤᠷᠭ᠎ᠠ᠎ᠳᠤ᠂ ᠬᠠᠳᠠᠭ᠋ᠠᠯᠠᠯᠲᠠ ᠵᠢᠨ ᠲᠥᠷᠥ ᠵᠢᠨ ᠪᠣᠳᠣᠯᠭ᠎ᠠ ᠪᠠ ᠨᠡᠮᠡᠭᠳᠡᠯ᠎ᠤᠨ ᠲᠥᠷᠥ ᠵᠢᠨ ᠪᠣᠳᠣᠯᠭ᠎ᠠ᠎ᠨᠤᠭᠤᠳ ᠬᠠᠮᠵᠢᠯᠴᠠᠨ ᠬᠦᠴᠦᠯᠡᠪᠡ᠃ ᠥᠪᠡᠷᠲᠡᠭᠡᠨ ᠵᠠᠰᠠᠬᠤ ᠣᠷᠣᠨ᠎ᠤ ᠲᠠᠯ᠎ᠠ᠎ᠠᠴᠠ᠂ ᠰᠠᠶᠢᠬᠠᠨ ᠲᠡᠭᠦᠰᠦᠭᠰᠡᠨ ᠬᠣᠶᠠᠷ ᠬᠤᠷᠠᠯ᠎ᠠᠴᠠ 2025 ᠣᠨ᠎ᠤ ᠠᠵᠢᠯ᠎ᠳᠤ 11 ᠲᠠᠯ᠎ᠠ ᠵᠢᠨ ᠲᠣᠳᠣᠷᠬᠠᠢ ᠪᠠᠶ᠋ᠢᠷᠢᠯᠠᠭᠤᠯᠤᠯᠲᠠ ᠬᠢᠵᠡᠢ᠃ ᠣᠬᠣᠷ ᠬᠤᠭᠤᠴᠠᠭ᠋ᠠᠨ᠎ᠠᠴᠠ ᠦᠵᠡᠪᠡᠯ᠂ ᠴᠠᠭ᠋ᠠᠨ ᠰᠠᠷ᠎ᠠ ᠵᠢᠨ ᠠᠮᠠᠷᠠᠯᠲᠠ ᠵᠢᠨ ᠬᠤᠭᠤᠴᠠᠭ᠎ᠠ ᠣᠶ᠋ᠢᠷᠠᠳᠬᠤ ᠵᠢ ᠳᠠᠭ᠋ᠠᠯᠳᠤᠨ᠂ ᠢᠳᠡᠭᠡᠨ᠎ᠤ ᠬᠡᠷᠡᠭᠯᠡᠭᠡᠨ᠎ᠤ ᠬᠡᠷᠡᠭᠴᠡᠭᠡ ᠨᠡᠮᠡᠭᠳᠡᠵᠦ᠂ ᠭᠠᠳᠠᠭᠰᠢ ᠭᠠᠷᠴᠤ ᠦᠢ᠍ᠯᠡᠴᠢᠯᠡᠬᠦ ᠬᠡᠷᠡᠭᠯᠡᠭᠡ ᠴᠦ᠍ ᠨᠠᠩ ᠬᠥᠭᠵᠢᠶᠡᠨᠲᠡᠶ ᠪᠣᠯᠵᠣ᠂ CPI ᠵᠢᠨ ᠤᠯᠠᠷᠢᠯ᠎ᠤᠨ ᠴᠢᠨᠠᠷᠲᠠᠶ ᠳᠡᠭᠡᠭᠰᠢᠯᠡᠯᠲᠡ ᠵᠢ ᠠᠬᠢᠭᠤᠯᠬᠤ᠎ᠳᠤ ᠠᠰᠢᠭᠲᠠᠶ ᠪᠣᠯᠤᠨ᠎ᠠ᠃ ᠣᠷᠳᠣ ᠬᠤᠭᠤᠴᠠᠭ᠋ᠠᠨ᠎ᠠᠴᠠ ᠠᠪᠴᠤ ᠦᠵᠡᠪᠡᠯ᠂ ᠠᠵᠤ ᠠᠬᠤᠶ᠋ᠢᠯᠠᠯ ᠪᠠ ᠰᠠᠭᠤᠭ᠋ᠠᠯᠢ ᠠᠷᠠᠳ᠎ᠤᠨ ᠪᠦᠬᠦᠯᠢ ᠴᠣᠭᠴᠠ ᠵᠢᠨ ᠵᠢᠱ᠌ᠢᠯᠲᠡ ᠰᠠᠶ᠋ᠢᠵᠢᠷᠠᠵᠤ ᠪᠠᠶ᠋ᠢᠨ᠎ᠠ᠂ ᠬᠣᠷᠸ᠎ᠠ ᠲᠥᠷᠥ ᠵᠢᠨ ᠪᠣᠳᠣᠯᠭ᠎ᠠ ᠵᠢ ᠬᠦᠴᠦᠯᠡᠨ ᠬᠡᠷᠡᠭᠵᠢᠭᠦᠯᠬᠦ ᠵᠢ ᠳᠠᠭ᠋ᠠᠯᠳᠤᠨ᠂ ᠠᠵᠤ ᠠᠬᠤᠶ ᠵᠢᠨ ᠨᠡᠮᠡᠭᠳᠡᠯ ᠪᠠ ᠪᠠᠷᠠᠭ᠋ᠠᠨ᠎ᠤ ᠦᠨ᠎ᠡ ᠵᠢᠨ ᠵᠦᠶ ᠵᠣᠬᠢᠰᠲᠠᠶ ᠰᠡᠷᠭᠦᠨ ᠳᠡᠭᠡᠭᠰᠢᠯᠡᠬᠦ᠎ᠳᠤ ᠨᠠᠩ ᠰᠠᠶ᠋ᠢᠨ ᠲᠥᠷᠥ ᠵᠢᠨ ᠪᠣᠳᠣᠯᠭ᠎ᠠ ᠵᠢᠨ ᠣᠷᠴᠢᠨ ᠨᠥᠬᠥᠴᠡᠯ ᠬᠠᠩᠭ᠋ᠠᠬᠤ ᠪᠣᠯᠤᠨ᠎ᠠ᠂ ᠡᠶ᠋ᠢᠮᠦ᠎ᠠᠴᠠ ᠵᠢᠱ᠌ᠢᠯᠲᠡ᠎ᠪᠠᠷ 2025 ᠣᠨ᠎ᠤ CPI ᠲᠣᠭᠲᠠᠭᠤᠨ ᠵᠶ᠋ᠠᠷ ᠨᠡᠮᠡᠭᠳᠡᠬᠦ ᠪᠣᠯᠤᠨ᠎ᠠ᠃ ᠪᠠᠶᠠᠷᠯᠠᠯ᠎ᠠ᠃
ᠤᠮᠠᠷᠠᠲᠤ ᠬᠢᠯᠢ ᠵᠢᠨ ᠰᠣᠨᠢᠨ ᠮᠡᠳᠡᠭᠡᠨ᠎ᠤ ᠰᠤᠷᠪᠤᠯᠵᠢᠯᠠᠭᠴᠢ᠄
ᠥᠭᠦᠯᠡᠭᠴᠢ ᠲᠠ ᠰᠠᠶ᠋ᠢᠨ ᠦᠦ᠃ 2024 ᠣᠨ᠎ᠳᠤ᠂ ᠮᠠᠨ᠎ᠤ ᠣᠷᠣᠨ᠎ᠤ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠬᠤ ᠶᠡᠷᠦᠩᠬᠡᠶ ᠲᠣᠭ᠎ᠠ ᠠᠯᠬᠤᠮ ᠠᠯᠬᠤᠮ ᠵᠶ᠋ᠠᠷ ᠳᠡᠭᠡᠭᠰᠢᠯᠡᠬᠦ ᠬᠠᠨᠳᠤᠰᠢ᠎ᠲᠠᠢ ᠪᠣᠯᠪᠠ᠃ ᠲᠡᠭᠡᠪᠡᠯ᠂ 2024 ᠣᠨ᠎ᠳᠤ ᠮᠠᠨ᠎ᠤ ᠣᠷᠣᠨ᠎ᠤ ᠬᠡᠷᠡᠭᠯᠡᠭᠡᠨ᠎ᠤ ᠵᠠᠬ᠎ᠠ ᠳᠡᠯᠭᠡᠭᠦᠷ᠎ᠲᠤ ᠶᠠᠮᠠᠷ ᠶᠠᠮᠠᠷ ᠲᠣᠪᠣᠶ᠋ᠢᠮ᠎ᠠ ᠬᠢᠯᠠᠰ ᠴᠡᠭ ᠪᠠᠶ᠋ᠢᠬᠤ ᠪᠣᠶ? ᠪᠠᠶᠠᠷᠯᠠᠯ᠎ᠠ᠃

ᠸᠠᠩ ᠴᠤᠸᠠᠨ ᠵᠢᠩ᠄ ᠲᠠᠨ᠎ᠤ ᠠᠰᠠᠭᠤᠭᠰᠠᠨ᠎ᠳᠤ ᠪᠠᠶᠠᠷᠯᠠᠯ᠎ᠠ᠃ ᠰᠠᠶᠢᠬᠠᠨ ᠪᠠᠰᠠ ᠳᠤᠷᠠᠳᠤᠭᠰᠠᠨ᠎ᠨᠢ᠂ 2024 ᠣᠨ᠎ᠤ ᠠᠵᠤ ᠠᠬᠤᠶ ᠵᠢᠨ ᠠᠵᠢᠯᠯᠠᠭ᠋ᠠᠨ᠎ᠤ ᠳᠤᠮᠳᠠᠬᠢ ᠨᠢᠭᠡᠨ ᠶᠡᠬᠡ ᠬᠢᠯᠠᠰ ᠴᠡᠭ ᠪᠣᠯᠤᠭᠰᠠᠨ᠎ᠤ ᠬᠤᠪᠢ᠎ᠳᠤ᠂ ᠬᠡᠷᠡᠭᠯᠡᠭᠡ ᠵᠢ ᠠᠬᠢᠭᠤᠯᠬᠤ ᠡᠯ᠎ᠡ ᠲᠥᠷᠥᠯ᠎ᠤᠨ ᠲᠥᠷᠥ ᠵᠢᠨ ᠪᠣᠳᠣᠯᠭ᠎ᠠ ᠵᠢᠨ ᠦᠷᠭᠦᠯᠵᠢᠯᠡᠨ ᠬᠦᠴᠦᠯᠡᠵᠦ ᠢᠯᠡᠳᠲᠡ ᠦᠷ᠎ᠡ ᠪᠦᠲᠦᠮᠵᠢ ᠣᠯᠤᠭᠰᠠᠨ ᠪᠠᠶ᠋ᠢᠳᠠᠯ ᠳᠤᠤᠷ᠎ᠠ᠂ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠣᠭ᠎ᠠ ᠵᠢᠨ ᠨᠡᠮᠡᠭᠳᠡᠯ᠎ᠤᠨ ᠬᠤᠷᠳᠤᠴᠠ᠎ᠨᠢ 《ᠳᠡᠭᠡᠭᠰᠢᠯᠡᠬᠦ》 ᠮᠤᠷᠤᠶ ᠱᠤᠭᠤᠮ᠎ᠲᠠᠢ ᠪᠣᠯᠵᠠᠶ᠃ ᠬᠡᠷᠡᠭᠯᠡᠭᠡᠨ᠎ᠤ ᠵᠠᠬ᠎ᠠ ᠳᠡᠯᠭᠡᠭᠦᠷ ᠦᠷᠭᠦᠯᠵᠢᠯᠡᠨ ᠳᠡᠭᠡᠭᠰᠢᠯᠡᠵᠦ ᠪᠠᠶ᠋ᠢᠬᠤ᠎ᠨᠢ ᠭᠡᠨᠡᠳᠲᠡ ᠵᠢᠨ ᠶᠠᠪᠤᠳᠠᠯ ᠪᠢᠰᠢ ᠶᠤᠮ᠂ ᠪᠥᠬᠥ ᠤᠯᠤᠰ᠎ᠤᠨ ᠪᠠᠶ᠋ᠢᠳᠠᠯ᠎ᠠᠴᠠ ᠦᠵᠡᠪᠡᠯ᠂ ᠮᠠᠰᠢᠨ ᠲᠡᠷᠭᠡ 《ᠡᠨᠧᠷᠭᠢ》 ᠰᠣᠯᠢᠬᠤ᠂ ᠬᠡᠷ᠎ᠤᠨ ᠴᠠᠬᠢᠯᠭ᠋ᠠᠨ ᠬᠡᠷᠡᠭᠰᠡᠯ 《ᠤᠶᠤᠨᠯᠢᠭ》᠎ᠢ ᠰᠣᠯᠢᠬᠤ᠂ ᠬᠡᠷ᠎ᠤᠨ ᠵᠠᠰᠠᠯ ᠴᠢᠮᠡᠭᠯᠡᠯ ᠲᠣᠭᠣᠭ᠋ᠠᠨ ᠬᠡᠷ᠎ᠢ 《ᠰᠢᠨᠡᠳᠬᠡᠬᠦ》 ᠵᠢᠴᠢ 《ᠬᠠᠭᠤᠴᠢᠨ᠎ᠢ ᠲᠠᠶᠠᠭᠳᠠᠬᠤ᠎ᠳᠤ ᠨᠠᠩ ᠠᠮᠠᠷᠬᠠᠨ᠂ ᠰᠢᠨ᠎ᠡ ᠵᠢ ᠰᠣᠯᠢᠵᠤ ᠰᠢᠨᠡᠳᠬᠡᠬᠦ ᠳᠤᠷᠠᠲᠠᠶ》 ᠪᠦᠲᠦᠮᠵᠢᠲᠡᠶ ᠲᠣᠭᠲᠠᠴᠠ ᠵᠢ ᠠᠯᠬᠤᠮ ᠠᠯᠬᠤᠮ ᠵᠶ᠋ᠠᠷ ᠪᠠᠶ᠋ᠢᠭᠤᠯᠬᠤ ᠵᠢ ᠳᠠᠭ᠋ᠠᠯᠳᠤᠨ᠂ ᠠᠳᠠᠯᠢ ᠪᠤᠰᠤ ᠬᠦᠷᠢᠶ᠎ᠡ ᠠᠳᠠᠯᠢ ᠪᠤᠰᠤ ᠲᠠᠰ ᠳᠠᠪᠬᠤᠷᠭ᠎ᠠ᠎ᠠᠴᠠ ᠬᠡᠷᠡᠭᠯᠡᠭᠡ ᠵᠢ ᠠᠬᠢᠭᠤᠯᠬᠤ᠎ᠳᠤ ᠪᠦᠲᠦᠮᠵᠢᠲᠡᠶ ᠲᠤᠯᠭ᠋ᠠᠭᠤᠷᠢᠯᠠᠬᠤ ᠦᠢ᠍ᠯᠡᠳᠦᠯ ᠦᠵᠡᠭᠦᠯᠪᠡ᠃ 2024 ᠣᠨ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ᠂ ᠵᠠᠰᠠᠭ᠎ᠤᠨ ᠣᠷᠳᠣᠨ ᠳᠣᠲᠣᠭ᠋ᠠᠳᠤ ᠬᠡᠷᠡᠭᠴᠡᠭᠡ᠎ᠪᠠᠨ ᠥᠷᠭᠡᠳᠬᠡᠬᠦ ᠪᠠᠶ᠋ᠢᠯᠳᠤᠬᠤ ᠪᠣᠳᠣᠯᠭ᠎ᠠ ᠵᠢ ᠶᠡᠬᠡ᠎ᠪᠠᠷ ᠬᠡᠷᠡᠭᠵᠢᠭᠦᠯᠵᠦ᠂ ᠤᠯᠤᠰ᠎ᠠᠴᠠ ᠨᠡᠶ᠋ᠢᠲᠡᠯᠡᠭᠰᠡᠨ ᠠᠰᠢᠭᠲᠠᠶ ᠲᠥᠷᠥ ᠵᠢᠨ ᠪᠣᠳᠣᠯᠭ᠎ᠠ᠎ᠲᠠᠢ ᠵᠡᠷᠭᠡ᠎ᠪᠠᠷ ᠶᠠᠪᠤᠭᠳᠠᠭᠤᠯᠬᠤ ᠵᠢ ᠪᠠᠷᠢᠮᠲᠠᠯᠠᠵᠤ᠂ ᠬᠠᠮᠢᠶ᠎ᠠ ᠪᠥᠬᠥᠶ ᠠᠵᠢᠯ᠎ᠢ ᠢᠳᠡᠪᠬᠢᠲᠡᠶ ᠪᠠᠶ᠋ᠢᠷᠢᠯᠠᠭᠤᠯᠤᠨ ᠨᠠᠶ᠋ᠢᠳᠠᠪᠤᠷᠢᠵᠢᠭᠤᠯᠵᠤ᠂ 《ᠳᠥᠷᠪᠡᠨ ᠶᠡᠬᠡ ᠠᠵᠢᠯᠯᠠᠭ᠎ᠠ》 ᠵᠢᠨ ᠲᠣᠭᠣᠷᠢᠨ᠎ᠳᠤ ᠬᠦᠷᠢᠶ᠎ᠡ ᠴᠠᠷᠠᠭ᠎ᠠ ᠬᠤᠪᠢᠶᠠᠨ ᠪᠣᠳᠠᠲᠠᠶ ᠬᠡᠷᠡᠭᠵᠢᠭᠦᠯᠬᠦ ᠲᠥᠰᠦᠯ ᠲᠣᠭᠲᠠᠭ᠋ᠠᠵᠤ᠂ 8 ᠭᠤᠤᠯᠳᠠᠯᠭ᠎ᠠ᠎ᠲᠠᠢ ᠬᠦᠷᠢᠶᠡᠨ᠎ᠳᠤ ᠬᠠᠭᠤᠴᠢᠨ ᠵᠶ᠋ᠠᠷ ᠰᠢᠨ᠎ᠡ ᠵᠢ ᠰᠣᠯᠢᠬᠤ ᠨᠥᠬᠥᠪᠥᠷᠢ ᠵᠢᠨ ᠬᠡᠷᠡᠭᠵᠢᠭᠦᠯᠬᠦ ᠨᠠᠷᠢᠨ ᠲᠦᠷᠢᠮ᠎ᠢ ᠨᠡᠶ᠋ᠢᠲᠡᠯᠡᠬᠦ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠲᠠᠷᠠᠭ᠋ᠠᠴᠢ ᠵᠢᠨ ᠠᠵᠢᠯ᠎ᠢ ᠠᠬᠢᠭᠤᠯᠬᠤ᠎ᠳᠤ ᠪᠠᠲᠤ ᠪᠠᠬᠢ ᠰᠠᠭᠤᠷᠢ ᠵᠢ ᠲᠠᠯᠪᠢᠵᠤ
ᠥᠭᠴᠡᠶ᠃ ᠲᠤᠭ᠎ᠠ ᠪᠦᠷᠢᠳᠬᠡᠯ᠎ᠤᠨ ᠲᠣᠭ᠎ᠠ ᠪᠠᠷᠢᠮᠲᠠ ᠳᠡᠭᠡᠷ᠎ᠡ ᠲᠤᠰᠬᠠᠭᠳᠠᠭ᠋ᠠᠳ ᠳᠣᠣᠷᠠᠬᠢ ᠮᠡᠲᠦ ᠢᠳᠡᠪᠬᠢᠲᠡᠶ ᠣᠨᠴᠠᠯᠢᠭ ᠢᠯᠡᠷᠡᠪᠡ᠄
ᠨᠢᠭᠡ᠎ᠳᠤ 《ᠬᠠᠭᠤᠴᠢᠨ ᠵᠶ᠋ᠠᠷ ᠰᠢᠨ᠎ᠡ ᠵᠢ ᠰᠣᠯᠢᠬᠤ》 ᠲᠥᠷᠥ ᠵᠢᠨ ᠪᠣᠳᠣᠯᠭ᠎ᠠ ᠵᠢᠨ ᠲᠠᠸᠠᠷ᠎ᠤᠨ ᠬᠡᠷᠡᠭᠯᠡᠭᠡᠨ᠎ᠳᠤ ᠦᠵᠡᠭᠦᠯᠬᠦ ᠳᠠᠶ᠋ᠢᠴᠢᠯᠠᠬᠤ ᠦᠢ᠍ᠯᠡᠳᠦᠯ᠎ᠨᠢ ᠮᠠᠰᠢ ᠢᠯᠡᠷᠬᠡᠶ ᠪᠠᠶ᠋ᠢᠨ᠎ᠠ᠃ 2024 ᠣᠨ᠎ᠳᠤ᠂ ᠪᠥᠬᠥ ᠣᠷᠣᠨ᠎ᠤ ᠲᠠᠸᠠᠷ᠎ᠤᠨ ᠵᠢᠵᠢᠭᠯᠡᠨ ᠬᠤᠳᠠᠯᠳᠤᠭᠰᠠᠨ ᠲᠣᠭ᠎ᠠ ᠲᠦᠷᠦᠭᠦᠦ ᠵᠢᠯ᠎ᠤᠨ᠎ᠬᠢ᠎ᠠᠴᠠ᠎ᠪᠠᠨ 4.2% ᠵᠶ᠋ᠠᠷ ᠨᠡᠮᠡᠭᠳᠡᠵᠦ᠂ ᠲᠦᠷᠦᠭᠦᠦ ᠭᠤᠷᠪᠠᠨ ᠤᠯᠠᠷᠢᠯ᠎ᠤᠨ᠎ᠬᠢ᠎ᠠᠴᠠ᠎ᠪᠠᠨ 1.4 ᠵᠠᠭᠤᠨ᠎ᠤ ᠬᠤᠪᠢ ᠵᠢᠨ ᠴᠡᠭ ᠲᠦᠷᠭᠡᠳᠪᠡ᠃ ᠡᠭᠦᠨ᠎ᠳᠤ᠂ ᠪᠥᠬᠥ ᠣᠷᠣᠨ᠎ᠤ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠨᠢᠭᠡᠴᠢ ᠮᠠᠰᠢᠨ ᠲᠡᠷᠭᠡᠨ᠎ᠤ ᠲᠥᠷᠥᠯ᠎ᠤᠨ ᠲᠠᠸᠠᠷ᠎ᠤᠨ ᠵᠢᠵᠢᠭᠯᠡᠨ ᠬᠤᠳᠠᠯᠳᠤᠭᠰᠠᠨ ᠲᠣᠭ᠎ᠠ ᠲᠦᠷᠦᠭᠦᠦ ᠵᠢᠯ᠎ᠤᠨ᠎ᠬᠢ᠎ᠠᠴᠠ 14.8%᠎ᠪᠠᠷ ᠨᠡᠮᠡᠭᠳᠡᠵᠦ᠂ ᠲᠦᠷᠦᠭᠦᠦ ᠭᠤᠷᠪᠠᠨ ᠤᠯᠠᠷᠢᠯ᠎ᠤᠨ᠎ᠬᠢ᠎ᠠᠴᠠ 9.8 ᠵᠠᠭᠤᠨ᠎ᠤ ᠬᠤᠪᠢ ᠵᠢᠨ ᠴᠡᠭ ᠲᠦᠷᠭᠡᠳᠪᠡ; ᠰᠢᠨ᠎ᠡ ᠡᠨᠧᠷᠭᠢ ᠵᠢᠨ ᠮᠠᠰᠢᠨ ᠲᠡᠷᠭᠡ ᠳᠡᠭᠡᠷ᠎ᠡ ᠵᠢᠯ᠎ᠤᠨ᠎ᠬᠢ᠎ᠠᠴᠠ 94.7%᠎ᠪᠠᠷ ᠨᠡᠮᠡᠭᠳᠡᠵᠦ᠂ ᠲᠦᠷᠦᠭᠦᠦ ᠭᠤᠷᠪᠠᠨ ᠤᠯᠠᠷᠢᠯ᠎ᠤᠨ᠎ᠬᠢ᠎ᠠᠴᠠ 15.4 ᠵᠠᠭᠤᠨ᠎ᠤ ᠬᠤᠪᠢ ᠵᠢᠨ ᠴᠡᠭ ᠲᠦᠷᠭᠡᠳᠪᠡ᠃ ᠪᠥᠬᠥ ᠣᠷᠣᠨ᠎ᠤ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠨᠢᠭᠡᠴᠡ ᠵᠢᠨ ᠬᠡᠷ᠎ᠤᠨ ᠴᠠᠬᠢᠯᠭ᠋ᠠᠨ ᠬᠡᠷᠡᠭᠰᠡᠯ ᠪᠠ ᠲᠠᠭᠤ ᠳᠦᠷᠰᠦ ᠰᠢᠩᠭᠡᠭᠡᠯᠲᠡ ᠵᠢᠨ ᠪᠠᠭ᠋ᠠᠵᠢ ᠬᠡᠷᠡᠭᠰᠡᠯ᠎ᠤᠨ ᠲᠥᠷᠥᠯ᠂ ᠬᠡᠷ᠎ᠤᠨ ᠬᠡᠷᠡᠭᠰᠡᠯ᠎ᠤᠨ ᠲᠥᠷᠥᠯ ᠪᠠ ᠪᠠᠷᠢᠯᠭ᠎ᠠ ᠵᠢᠴᠢ ᠴᠢᠮᠡᠭᠯᠡᠯ᠎ᠤᠨ ᠮᠠᠲ᠋ᠧᠷᠢᠶᠠᠯ᠎ᠤᠨ ᠲᠥᠷᠥᠯ᠎ᠤᠨ ᠲᠠᠸᠠᠷ᠎ᠤᠨ ᠵᠢᠵᠢᠭᠯᠡᠨ ᠬᠤᠳᠠᠯᠳᠤᠭᠰᠠᠨ ᠲᠣᠭ᠎ᠠ ᠵᠢᠨ ᠨᠡᠮᠡᠭᠳᠡᠯ᠎ᠤᠨ ᠬᠤᠷᠳᠤᠴᠠ᠎ᠨᠢ ᠲᠦᠷᠦᠭᠦᠦ ᠭᠤᠷᠪᠠᠨ ᠤᠯᠠᠷᠢᠯ᠎ᠤᠨ᠎ᠬᠢ᠎ᠠᠴᠠ ᠲᠣᠰ ᠲᠣᠰ 13.8᠂ 9.7 ᠪᠠ 25.7 ᠵᠠᠭᠤᠨ᠎ᠤ ᠬᠤᠪᠢ ᠵᠢᠨ ᠴᠡᠭ ᠲᠦᠷᠭᠡᠳᠪᠡ᠃
ᠬᠣᠶᠠᠷ᠎ᠲᠤ᠂ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ᠎ᠤᠨ ᠬᠡᠷᠡᠭᠯᠡᠭᠡᠨ᠎ᠤ ᠳᠠᠯᠳᠠ ᠬᠦᠴᠦᠨ᠎ᠢ ᠭᠦᠢ᠍ᠴᠡᠳ ᠪᠠᠳᠠᠷᠠᠭᠤᠯᠪᠠ᠃ 2024 ᠣᠨ᠎ᠳᠤ᠂ ᠮᠠᠨ᠎ᠤ ᠣᠷᠣᠨ᠎ᠤ ᠰᠣᠶᠣᠯ ᠵᠢᠭᠤᠯᠴᠢᠯᠠᠯ᠎ᠤᠨ ᠵᠠᠬ᠎ᠠ ᠳᠡᠯᠭᠡᠭᠦᠷ ᠴᠡᠴᠡᠭᠯᠡᠨ ᠬᠥᠭᠵᠢᠵᠦ᠂ ᠬᠥᠷ ᠬᠥᠭᠵᠢᠶᠡᠨ ᠵᠶ᠋ᠠᠷ ᠦᠷᠭᠦᠯᠵᠢᠯᠡᠨ ᠳᠡᠭᠡᠭᠰᠢᠯᠡᠵᠦ᠂ ᠵᠠᠬ᠎ᠠ ᠳᠡᠯᠭᠡᠭᠦᠷ ᠥᠪᠡᠷᠮᠢᠴᠡ ᠣᠨᠴᠠᠯᠢᠭ᠎ᠲᠠᠢ᠂ ᠴᠢᠨᠠᠷ ᠰᠠᠶ᠋ᠢᠲᠠᠶ ᠪᠦᠳᠦᠭᠡᠭᠳᠡᠭᠦᠨ᠎ᠤ ᠬᠠᠩᠭ᠋ᠠᠯᠭ᠎ᠠ ᠲᠠᠰᠤᠷᠠᠯᠲᠠ ᠥᠬᠡᠶ ᠨᠡᠮᠡᠭᠳᠡᠵᠦ᠂ ᠬᠥᠳᠡᠭᠡ ᠲᠣᠰᠬᠣᠨ᠎ᠤ ᠵᠢᠭᠤᠯᠴᠢᠯᠠᠯ᠎ᠤᠨ 30 ᠭᠠᠷᠤᠶ ᠰᠣᠳᠣᠨ ᠱᠤᠭᠤᠮ᠎ᠢ ᠭᠠᠷᠭ᠋ᠠᠵᠤ᠂ 《ᠥᠪᠥᠷ ᠮᠣᠩᠭᠣᠯ᠎ᠳᠤ ᠳᠠᠭᠤᠯᠠᠨ ᠠᠶᠠᠯᠠᠶ᠎ᠠ》᠂ 《ᠲᠣᠭᠯᠠᠯᠲᠠ᠎ᠪᠠᠨ ᠳᠠᠭ᠋ᠠᠵᠤ ᠵᠢᠭᠤᠯᠴᠢᠯᠠᠬᠤ》 ᠵᠡᠷᠭᠡ ᠨᠠᠷᠠᠲᠤ ᠲᠥᠷᠥᠯ ᠲᠡᠮᠳᠡᠭᠲᠦ ᠵᠢ ᠬᠦᠴᠦᠯᠡᠨ ᠪᠣᠶ ᠪᠣᠯᠭ᠋ᠠᠵᠤ᠂ ᠲᠣᠮᠣ ᠬᠡᠯᠪᠡᠷᠢ ᠵᠢᠨ ᠳᠠᠭᠤᠤ ᠵᠢᠨ ᠨᠠᠶ᠋ᠢᠷ᠂ ᠳᠠᠭᠤᠤ ᠬᠥᠭᠵᠢᠮ᠎ᠤᠨ ᠨᠠᠶ᠋ᠢᠷ᠂ ᠠᠮᠲᠠᠲᠤ ᠢᠳᠡᠭᠡᠨ᠎ᠤ ᠨᠠᠶ᠋ᠢᠷ᠂ ᠪᠡᠶ᠎ᠡ ᠵᠢᠨ ᠲᠠᠮᠢᠷ᠎ᠤᠨ ᠤᠷᠤᠯᠳᠤᠭ᠋ᠠᠨ᠎ᠤ ᠵᠦᠢ᠍ᠯᠡᠰ ᠡᠯᠪᠡᠭ ᠪᠠᠶᠠᠯᠢᠭ ᠪᠠᠶ᠋ᠢᠵᠤ᠂ ᠬᠡᠷᠡᠭᠯᠡᠭᠴᠢᠳ᠎ᠤᠨ ᠥᠪᠡᠷᠮᠢᠴᠡ᠂ ᠣᠯᠠᠨ ᠶᠠᠩᠵᠤ ᠵᠢᠨ ᠬᠡᠷᠡᠭᠴᠡᠭᠡ ᠵᠢ ᠬᠠᠩᠭ᠋ᠠᠬᠤ ᠵᠢᠨ ᠬᠠᠮᠲᠤ᠂ ᠦᠢ᠍ᠯᠡᠴᠢᠯᠡᠭᠡᠨ᠎ᠤ ᠬᠡᠷᠡᠭᠯᠡᠭᠡ᠂ ᠰᠣᠶᠣᠯ ᠵᠢᠭᠤᠯᠴᠢᠯᠠᠯ᠎ᠤᠨ ᠬᠡᠷᠡᠭᠯᠡᠭᠡ ᠵᠢ ᠬᠦᠴᠦᠲᠡᠶ ᠳᠠᠶ᠋ᠢᠴᠢᠯᠠᠪᠠ᠃ 2024 ᠣᠨ᠎ᠳᠤ᠂ ᠪᠥᠬᠥ ᠣᠷᠣᠨ᠎ᠤ ᠢᠳᠡᠭᠡᠨ ᠤᠮᠳᠠᠭ᠋ᠠᠨ᠎ᠤ ᠣᠷᠣᠯᠭ᠎ᠠ ᠳᠡᠭᠡᠷ᠎ᠡ ᠵᠢᠯ᠎ᠤᠨ᠎ᠬᠢ᠎ᠠᠴᠠ 6.3%᠎ᠪᠠᠷ ᠨᠡᠮᠡᠭᠳᠡᠵᠦ᠂ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠣᠭ᠎ᠠ ᠵᠢᠨ 1.8 ᠵᠠᠭᠤᠨ᠎ᠤ ᠬᠤᠪᠢ ᠵᠢᠨ ᠴᠡᠭ᠎ᠠᠴᠠ ᠥᠨᠳᠥᠷ ᠪᠠᠶ᠋ᠢᠵᠤ᠂ ᠲᠠᠸᠠᠷ᠎ᠤᠨ ᠵᠢᠵᠢᠭᠯᠡᠨ ᠬᠤᠳᠠᠯᠳᠤᠭᠰᠠᠨ ᠲᠣᠭ᠎ᠠ᠎ᠠᠴᠠ 2.1 ᠵᠠᠭᠤᠨ᠎ᠤ ᠬᠤᠪᠢ ᠵᠢᠨ ᠴᠡᠭ ᠥᠨᠳᠥᠷ ᠪᠣᠯᠪᠠ᠃ ᠪᠥᠬᠥ ᠵᠢᠯ᠎ᠤᠨ ᠲᠡᠮᠦᠷ ᠵᠠᠮ᠎ᠤᠨ ᠠᠶᠠᠨᠴᠢᠳ᠎ᠤᠨ ᠲᠡᠭᠡᠭᠡᠪᠦᠷᠢ ᠵᠢᠨ ᠬᠡᠮᠵᠢᠶ᠎ᠡ 5681 ᠲᠦᠮᠡᠨ ᠬᠥᠮᠦᠨ ᠪᠠᠶ᠋ᠢᠵᠤ᠂ ᠲᠦᠷᠦᠭᠦᠦ ᠵᠢᠯ᠎ᠤᠨ᠎ᠬᠢ᠎ᠠᠴᠠ 12.3%᠎ᠪᠠᠷ ᠨᠡᠮᠡᠭᠳᠡᠪᠡ᠃ ᠡᠭᠦᠨ᠎ᠳᠤ᠂ ᠲᠦᠷᠭᠡᠨ᠎ᠤ ᠲᠡᠮᠦᠷ ᠵᠠᠮ᠎ᠤᠨ ᠠᠶᠠᠨᠴᠢᠳ᠎ᠤᠨ ᠵᠥᠭᠡᠭᠡᠪᠦᠷᠢ ᠵᠢᠨ ᠬᠡᠮᠵᠢᠶ᠎ᠡ 2707 ᠲᠦᠮᠡᠨ ᠬᠥᠮᠦᠨ ᠪᠠᠶ᠋ᠢᠵᠤ᠂ 20.4%᠎ᠪᠠᠷ ᠨᠡᠮᠡᠭᠳᠡᠪᠡ᠃ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠠᠶᠠᠨᠴᠢᠳ᠎ᠤᠨ ᠲᠡᠭᠡᠭᠡᠪᠦᠷᠢ ᠵᠢᠨ ᠬᠡᠮᠵᠢᠶ᠎ᠡ 1558 ᠲᠦᠮᠡᠨ ᠬᠥᠮᠦᠨ ᠪᠠᠶ᠋ᠢᠵᠤ᠂ 14.1%᠎ᠪᠠᠷ ᠨᠡᠮᠡᠭᠳᠡᠪᠡ᠃
ᠭᠤᠷᠪᠠ᠎ᠳᠤ᠂ ᠰᠢᠨ᠎ᠡ ᠬᠡᠷᠡᠭᠯᠡᠭᠡᠨ᠎ᠤ ᠵᠠᠭᠪᠤᠷ ᠵᠶ᠋ᠠᠷ ᠰᠦᠯᠵᠢᠶᠡᠨ᠎ᠤ ᠬᠡᠷᠡᠭᠯᠡᠭᠡ ᠵᠢᠨ ᠠᠮᠢᠳᠤᠯᠢᠭ ᠬᠦᠴᠦᠨ᠎ᠢ ᠳᠠᠶ᠋ᠢᠴᠢᠯᠠᠪᠠ᠃ ᠲᠡᠷᠡ ᠳᠠᠷᠤᠢ᠎ᠳᠤ᠎ᠨᠢ ᠵᠢᠵᠢᠭᠯᠡᠨ ᠬᠤᠳᠠᠯᠳᠤᠬᠤ᠂ ᠰᠢᠭᠤᠳ ᠨᠡᠪᠲᠡᠷᠡᠭᠦᠯᠭᠡ᠎ᠪᠠᠷ ᠪᠠᠷᠠᠭ᠎ᠠ ᠳᠠᠭ᠋ᠠᠭᠤᠯᠬᠤ ᠵᠡᠷᠭᠡ ᠰᠢᠨ᠎ᠡ ᠡᠵᠡᠩᠨᠡᠯᠲᠡ ᠵᠢᠨ ᠬᠡᠯᠪᠡᠷᠢ ᠪᠠᠶ᠋ᠢᠳᠠᠯ ᠰᠢᠨ᠎ᠡ ᠬᠡᠪ ᠵᠠᠭᠪᠤᠷ ᠲᠦᠷᠭᠡᠨ ᠬᠥᠭᠵᠢᠵᠦ᠂ ᠰᠦᠯᠵᠢᠶᠡᠨ ᠳᠡᠭᠡᠷᠡᠬᠢ ᠬᠡᠷᠡᠭᠯᠡᠭᠡ ᠦᠷᠭᠦᠯᠵᠢᠯᠡᠨ ᠬᠥᠭᠵᠢᠶᠡᠨ᠎ᠲᠠᠢ ᠪᠠᠶ᠋ᠢᠬᠤ ᠵᠢ ᠲᠠᠢ᠍ᠢ᠍ᠴᠢᠯᠠᠪᠠ᠃ 2024 ᠣᠨ᠎ᠳᠤ᠂ ᠪᠥᠬᠥ ᠣᠷᠣᠨ᠎ᠤ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠭᠰᠠᠨ ᠲᠣᠭ᠎ᠠ ᠳᠡᠭᠡᠷ᠎ᠡ ᠵᠢᠯ᠎ᠤᠨ᠎ᠬᠢ᠎ᠠᠴᠠ 12.9%᠎ᠪᠠᠷ ᠨᠡᠮᠡᠭᠳᠡᠪᠡ᠃ ᠡᠭᠦᠨ᠎ᠳᠤ᠂ ᠪᠣᠳᠠᠲᠤ ᠲᠠᠸᠠᠷ᠎ᠤᠨ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠭᠰᠠᠨ ᠲᠣᠭ᠎ᠠ ᠳᠡᠭᠡᠷ᠎ᠡ ᠵᠢᠯ᠎ᠤᠨ᠎ᠬᠢ᠎ᠠᠴᠠ 9.4%᠎ᠪᠠᠷ
ᠨᠡᠮᠡᠭᠳᠡᠵᠦ᠂ ᠲᠦᠷᠦᠭᠦᠦ ᠭᠤᠷᠪᠠᠨ ᠤᠯᠠᠷᠢᠯ᠎ᠤᠨ᠎ᠬᠢ᠎ᠠᠴᠠ 0.1 ᠵᠠᠭᠤᠨ᠎ᠤ ᠬᠤᠪᠢ ᠵᠢᠨ ᠴᠡᠭ ᠲᠦᠷᠭᠡᠳᠴᠦ᠂ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠪᠣᠷᠣᠯᠠᠭᠤᠯᠤᠭᠰᠠᠨ ᠶᠡᠷᠦᠩᠬᠡᠢ ᠲᠣᠭ᠎ᠠ᠎ᠠᠴᠠ 4.9 ᠵᠠᠭᠤᠨ᠎ᠤ ᠬᠤᠪᠢ ᠵᠢᠨ ᠴᠡᠭ ᠥᠨᠳᠥᠷ ᠪᠣᠯᠵᠠᠢ᠃
ᠶᠡᠷᠦᠩᠬᠡᠶ᠎ᠳᠤᠨᠢ ᠠᠪᠴᠤ ᠦᠵᠡᠪᠡᠯ᠂ 2024 ᠣᠨ᠎ᠳᠤ ᠮᠠᠨ᠎ᠤ ᠣᠷᠣᠨ᠎ᠤ ᠬᠡᠷᠡᠭᠯᠡᠭᠡᠨ᠎ᠤ ᠵᠠᠬ᠎ᠠ ᠳᠡᠯᠭᠡᠭᠦᠷ᠎ᠤᠨ ᠢᠯᠡᠷᠡᠯ ᠶᠡᠷᠦᠩᠬᠡᠶ᠎ᠳᠡᠭᠡᠨ ᠶᠡᠷᠦ ᠪᠤᠰᠤ ᠵᠢᠨ ᠪᠠᠶ᠋ᠢᠵᠤ᠂ ᠰᠠᠶ᠋ᠢᠵᠢᠷᠠᠬᠤ ᠬᠠᠨᠳᠤᠰᠢ ᠢᠯᠡᠷᠡᠪᠡ᠂ ᠭᠡᠪᠡᠴᠦ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠴᠢᠳᠠᠪᠤᠷᠢ ᠪᠠ ᠬᠡᠷᠡᠭᠯᠡᠭᠡᠨ᠎ᠤ ᠬᠦᠰᠡᠯ ᠡᠷᠡᠮᠡᠯᠵᠡᠯ ᠮᠥᠨ ᠬᠦ᠌ ᠬᠦᠷᠦᠯᠴᠡᠬᠦ ᠥᠬᠡᠶ ᠪᠠᠶ᠋ᠢᠵᠤ᠂ ᠬᠡᠷᠡᠭᠯᠡᠭᠡᠨ᠎ᠤ ᠵᠠᠬ᠎ᠠ ᠳᠡᠯᠭᠡᠭᠦᠷ᠎ᠲᠤ ᠮᠥᠨ ᠬᠦ᠌ ᠨᠡᠯᠢᠶᠡᠳ ᠶᠡᠬᠡ ᠳᠠᠯᠳᠠ ᠬᠦᠴᠦᠨ ᠪᠠ ᠪᠠᠳᠠᠷᠠᠭᠤᠯᠬᠤ ᠣᠷᠣᠨ ᠵᠠᠶ ᠣᠷᠣᠰᠢᠵᠤ ᠪᠠᠶ᠋ᠢᠬᠤ ᠵᠢ ᠣᠯᠵᠤ ᠬᠠᠷᠠᠬᠤ ᠬᠡᠷᠡᠭᠲᠡᠶ᠃ 2025 ᠣᠨ᠎ᠳᠤ᠂ ᠤᠯᠤᠰ᠎ᠤᠨ 《ᠬᠣᠶᠠᠷ ᠰᠢᠨ᠎ᠡ》 ᠲᠥᠷᠥ ᠵᠢᠨ ᠪᠣᠳᠣᠯᠭ᠎ᠠ ᠵᠢ ᠬᠦᠴᠦᠯᠡᠨ ᠥᠷᠭᠡᠳᠬᠡᠵᠦ ᠬᠡᠷᠡᠭᠵᠢᠭᠦᠯᠬᠦ ᠠᠵᠠ ᠲᠣᠬᠢᠶᠠᠯ᠎ᠢ ᠠᠮᠵᠢᠵᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠷᠪᠠᠨ ᠨᠢᠭᠡᠳᠦᠭᠡᠷ ᠬᠤᠭᠤᠴᠠᠭ᠋ᠠᠨ᠎ᠤ ᠶᠢᠰᠦᠳᠦᠭᠡᠷ ᠪᠥᠬᠥᠳᠡ ᠬᠤᠷᠠᠯ ᠵᠢᠴᠢ ᠪᠥᠬᠥ ᠣᠷᠣᠨ᠎ᠤ ᠠᠵᠤ ᠠᠬᠤᠶ ᠵᠢᠨ ᠠᠵᠢᠯ᠎ᠤᠨ ᠬᠤᠷᠠᠯ ᠪᠣᠯᠤᠨ ᠥᠪᠡᠷᠲᠡᠭᠡᠨ ᠵᠠᠰᠠᠬᠤ ᠣᠷᠣᠨ᠎ᠤ 《ᠬᠣᠶᠠᠷ ᠬᠤᠷᠠᠯ》᠎ᠤᠨ ᠪᠠᠶ᠋ᠢᠷᠢᠯᠠᠭᠤᠯᠤᠯᠲᠠ ᠶᠣᠰᠣᠭ᠋ᠠᠷ᠂ 《ᠵᠢᠷᠭᠤᠭ᠋ᠠᠨ ᠠᠵᠢᠯᠯᠠᠭ᠎ᠠ》᠎ᠪᠠᠷ ᠭᠠᠷᠳᠠᠴᠠ ᠪᠣᠯᠭ᠋ᠠᠵᠤ᠂ ᠬᠠᠩᠭ᠋ᠠᠯᠭ᠎ᠠ ᠬᠡᠷᠡᠭᠴᠡᠭᠡ ᠵᠢᠨ ᠬᠣᠶᠠᠷ ᠲᠠᠯ᠎ᠠ ᠵᠢ ᠵᠡᠷᠭᠡ᠎ᠪᠠᠷ ᠬᠦᠴᠦᠯᠡᠬᠦ ᠵᠢ ᠪᠠᠷᠢᠮᠲᠠᠯᠠᠵᠤ᠂ ᠲᠠᠸᠠᠷ ᠪᠣᠯᠤᠨ ᠦᠢ᠍ᠯᠡᠴᠢᠯᠡᠭᠡᠨ᠎ᠤ ᠬᠠᠩᠭ᠋ᠠᠯᠭ᠎ᠠ ᠵᠢᠨ ᠶᠠᠰᠤ ᠴᠢᠨᠠᠷ᠎ᠢ ᠶᠡᠬᠡ᠎ᠪᠠᠷ ᠳᠡᠭᠡᠭᠰᠢᠯᠡᠭᠦᠯᠵᠦ᠂ ᠴᠢᠨᠠᠷ ᠰᠠᠶ᠋ᠢᠲᠠᠶ ᠭᠦᠢ᠍ᠴᠡᠳ ᠠᠵᠢᠯ ᠣᠯᠭᠣᠯᠲᠠ ᠵᠢ ᠢᠳᠡᠪᠬᠢᠲᠡᠶ ᠠᠬᠢᠭᠤᠯᠵᠤ᠂ ᠰᠠᠭᠤᠭ᠋ᠠᠯᠢ ᠠᠷᠠᠳ᠎ᠤᠨ ᠣᠷᠣᠯᠭ᠎ᠠ ᠵᠢ ᠦᠷᠭᠦᠯᠵᠢᠯᠡᠨ ᠨᠡᠮᠡᠭᠳᠡᠭᠦᠯᠵᠦ᠂ ᠠᠳᠠᠯᠢ ᠪᠤᠰᠤ ᠬᠥᠮᠦᠰ᠂ ᠠᠳᠠᠯᠢ ᠪᠤᠰᠤ ᠬᠡᠷᠡᠭᠯᠡᠭᠡᠨ᠎ᠤ ᠬᠦᠷᠢᠶ᠎ᠡ᠂ ᠠᠳᠠᠯᠢ ᠪᠤᠰᠤ ᠣᠷᠣᠨ ᠪᠦᠰᠡ᠎ᠳᠤ ᠴᠢᠭᠯᠡᠭᠦᠯᠦᠨ ᠬᠡᠷᠡᠭᠯᠡᠭᠡ ᠵᠢ ᠣᠨᠣᠴᠠᠲᠠᠶ᠎ᠪᠠᠷ ᠬᠦᠴᠦᠯᠡᠨ ᠠᠬᠢᠭᠤᠯᠵᠤ᠂ ᠬᠡᠷᠡᠭᠯᠡᠭᠡᠨ᠎ᠤ ᠳᠠᠯᠳᠠ ᠬᠦᠴᠦᠨ᠎ᠢ ᠦᠷᠭᠦᠯᠵᠢᠯᠡᠨ ᠪᠠᠳᠠᠷᠠᠭᠤᠯᠵᠤ᠂ ᠬᠡᠷᠡᠭᠯᠡᠭᠡᠨ᠎ᠤ ᠵᠠᠬ᠎ᠠ ᠳᠡᠯᠭᠡᠭᠦᠷ᠎ᠤᠨ ᠰᠡᠷᠭᠦᠨ ᠰᠠᠶ᠋ᠢᠵᠢᠷᠠᠬᠤ ᠬᠠᠨᠳᠤᠰᠢ ᠵᠢ ᠪᠡᠬᠢᠵᠢᠭᠦᠯᠬᠦ ᠬᠡᠷᠡᠭᠲᠡᠶ᠃