ᠲᠡᠷᠢᠭᠦᠨ ᠬᠠᠭᠤᠳᠠᠰᠤ
ᠠᠵᠢᠯ᠎ᠤᠨ ᠪᠠᠶ᠋ᠢᠳᠠᠯ
ᠢᠯᠡ ᠵᠠᠰᠠᠭ
ᠲᠤᠭ᠎ᠠ ᠪᠦᠷᠢᠳᠭᠡᠯ᠎ᠤᠨ ᠦᠢᠯᠡᠴᠢᠯᠡᠭᠡ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠤᠨ ᠣᠨ᠎ᠤ ᠮᠡᠳᠡᠭᠦᠯᠦᠯᠲᠡ ᠵᠢᠨ ᠳᠦᠷᠢᠮ
ᠨᠡᠶ᠋ᠢᠲᠡᠯᠡᠭᠰᠡᠨ ᠴᠠᠭ᠄ 2020-12-02

    ᠨᠢᠭᠡᠳᠦᠭᠡᠷ ᠵᠣᠷᠪᠤᠰ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠤᠨ ᠪᠠᠶ᠋ᠢᠳᠠᠯ᠎ᠢ ᠬᠠᠤᠯᠢ ᠶᠣᠰᠣᠭ᠋ᠠᠷ ᠪᠦᠬᠦ ᠲᠠᠯ᠎ᠠ᠎ᠪᠠᠷ᠂ ᠵᠥᠪ ᠣᠨᠣᠪᠴᠢᠲᠠᠶ᠂ ᠴᠠᠭ ᠲᠤᠬᠠᠶ᠎ᠳᠤᠨᠢ ᠨᠡᠶ᠋ᠢᠭᠡᠮ᠎ᠳᠤ ᠨᠡᠶ᠋ᠢᠲᠡᠯᠡᠬᠦ ᠵᠢᠨ ᠲᠥᠯᠥᠭᠡ᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠳᠦᠷᠢᠮ》᠎ᠤᠨ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ᠂ ᠮᠠᠨ᠎ᠤ ᠣᠷᠣᠨ᠎ᠤ ᠪᠣᠳᠠᠲᠤ ᠪᠠᠢ᠌ᠳᠠᠯ᠎ᠲᠠᠢ ᠤᠶᠠᠯᠳᠤᠭᠤᠯᠤᠨ᠂ ᠲᠣᠰ ᠳᠦᠷᠢᠮ᠎ᠢ ᠲᠣᠭᠲᠠᠭ᠋ᠠᠪᠠ᠃
    ᠬᠣᠶᠠᠳᠤᠭ᠋ᠠᠷ ᠵᠣᠷᠪᠤᠰ ᠪᠦᠬᠦ ᠣᠷᠣᠨ᠎ᠤ ᠡᠯ᠎ᠡ ᠱᠠᠲᠤᠨ᠎ᠤ ᠵᠠᠰᠠᠭ ᠵᠠᠬᠢᠷᠭ᠋ᠠᠨ᠎ᠤ  ᠪᠠᠢ᠌ᠭᠤᠯᠭ᠎ᠠ (ᠬᠠᠤᠯᠢ

ᠴᠠᠭ᠋ᠠᠵᠠ᠂ ᠬᠠᠤᠯᠢ ᠲᠣᠭᠲᠠᠭ᠋ᠠᠯ᠎ᠠᠴᠠ ᠡᠷᠬᠡ ᠣᠯᠭᠣᠭᠰᠠᠨ ᠣᠯᠠᠨ ᠨᠡᠢ᠍ᠢ᠍ᠲᠡ ᠵᠢᠨ ᠬᠡᠷᠡᠭ ᠶᠠᠪᠤᠳᠠᠯ᠎ᠢ ᠬᠠᠮᠢᠶᠠᠷᠬᠤ ᠡᠭᠦᠷᠭᠡ ᠴᠢᠳᠠᠪᠤᠷᠢ ᠪᠦᠬᠦᠢ ᠵᠣᠬᠢᠶᠠᠨ ᠪᠠᠶ᠋ᠢᠭᠤᠯᠤᠯᠲᠠ ᠪᠠᠭᠲᠠᠨ᠎ᠠ)᠎ᠨᠤᠭᠤᠳ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠤᠨ ᠣᠨ᠎ᠤ ᠮᠡᠳᠡᠭᠦᠯᠦᠯᠲᠡ ᠵᠢ ᠨᠠᠶ᠋ᠢᠷᠠᠭᠤᠯᠤᠨ ᠵᠣᠬᠢᠶᠠᠬᠤ᠂ ᠨᠡᠶ᠋ᠢᠲᠡᠯᠡᠬᠦ ᠳᠦᠷᠢᠮ᠎ᠢ ᠪᠠᠶ᠋ᠢᠭᠤᠯᠬᠤ ᠬᠡᠷᠡᠭᠲᠡᠶ᠃
    ᠭᠤᠷᠪᠠᠳᠤᠭ᠋ᠠᠷ ᠵᠣᠷᠪᠤᠰ ᠡᠯ᠎ᠡ ᠱᠠᠲᠤᠨ᠎ᠤ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠤᠨ ᠣᠨ᠎ᠤ ᠮᠡᠳᠡᠭᠦᠯᠦᠯᠲᠡ ᠵᠢ ᠵᠢᠯ ᠪᠦᠷᠢ ᠵᠢᠨ 3 ᠳ᠋ᠤᠭ᠋ᠠᠷ ᠰᠠᠷ᠎ᠠ ᠵᠢᠨ 31᠎ᠤ ᠡᠳᠦᠷ᠎ᠠᠴᠠ ᠡᠮᠦᠨ᠎ᠡ ᠨᠡᠶ᠋ᠢᠭᠡᠮ᠎ᠳᠤ ᠨᠡᠶ᠋ᠢᠲᠡᠯᠡᠬᠦ ᠬᠡᠷᠡᠭᠲᠡᠶ᠃
    ᠳᠥᠷᠪᠡᠳᠦᠭᠡᠷ ᠵᠣᠷᠪᠤᠰ ᠣᠨ᠎ᠤ ᠮᠡᠳᠡᠭᠦᠯᠦᠯᠲᠡ᠎ᠳᠤ ᠤᠷᠢᠳᠠᠪᠠᠷ ᠳᠠᠩᠰᠠᠯᠠᠭᠤᠯᠵᠤ ᠳᠠᠷᠠᠭ᠎ᠠ᠎ᠨᠢ ᠨᠡᠶ᠋ᠢᠲᠡᠯᠡᠬᠦ ᠳᠦᠷᠢᠮ᠎ᠢ ᠬᠡᠷᠡᠭᠵᠢᠭᠦᠯᠦᠨ᠎ᠡ᠃
    ᠡᠯ᠎ᠡ ᠠᠶ᠋ᠢᠮᠠᠭ ᠬᠣᠲᠠ ᠵᠢᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ ᠬᠣᠰᠢᠭᠤ ᠰᠢᠶᠠᠨ (ᠬᠣᠲᠠ᠂ ᠲᠣᠭᠣᠷᠢᠭ) ᠵᠢᠴᠢ ᠠᠶ᠋ᠢᠮᠠᠭ ᠬᠣᠲᠠ ᠵᠢᠨ ᠡᠯ᠎ᠡ ᠰᠠᠯᠠᠭ᠎ᠠ ᠮᠥᠴᠢᠷ᠎ᠤᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠤᠨ ᠣᠨ᠎ᠤ ᠮᠡᠳᠡᠭᠦᠯᠦᠯᠲᠡ ᠵᠢ ᠦᠨᠳᠦᠰᠦᠯᠡᠨ᠂ ᠠᠶ᠋ᠢᠮᠠᠭ ᠬᠣᠲᠠ ᠵᠢᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠤᠨ ᠣᠨ᠎ᠤ ᠮᠡᠳᠡᠭᠦᠯᠦᠯᠲᠡ ᠵᠢ ᠨᠠᠶ᠋ᠢᠷᠠᠭᠤᠯᠤᠨ ᠪᠢᠴᠢᠨ᠎ᠡ᠃ ᠡᠯ᠎ᠡ ᠠᠶ᠋ᠢᠮᠠᠭ ᠬᠣᠲᠠ᠂ ᠥᠪᠡᠷᠲᠡᠭᠡᠨ ᠵᠠᠰᠠᠬᠤ ᠣᠷᠣᠨ᠎ᠤ ᠡᠯ᠎ᠡ ᠰᠠᠯᠠᠭ᠎ᠠ ᠮᠥᠴᠢᠷ ᠪᠣᠯᠤᠨ ᠬᠣᠯᠪᠣᠭᠳᠠᠯ ᠪᠦᠬᠦᠢ ᠨᠢᠭᠡᠴᠡ ᠵᠢᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠤᠨ ᠣᠨ᠎ᠤ ᠮᠡᠳᠡᠭᠦᠯᠦᠯᠲᠡ ᠪᠣᠯᠤᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠤᠨ ᠲᠣᠭ᠎ᠠ ᠪᠦᠷᠢᠳᠬᠡᠯ᠎ᠤᠨ ᠬᠦᠰᠦᠨᠦᠭᠲᠦ ᠵᠢ ᠲᠤᠰ ᠱᠠᠲᠤᠨ᠎ᠤ ᠵᠠᠰᠠᠭ ᠵᠠᠬᠢᠷᠭ᠋ᠠᠨ᠎ᠤ ᠪᠠᠢ᠌ᠭᠤᠯᠭ᠎ᠠ ᠵᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ᠎ᠠᠴᠠ ᠬᠢᠨᠠᠨ ᠬᠠᠷᠭᠤᠭᠤᠯᠵᠤ ᠭᠠᠷ᠎ᠤᠨ ᠦᠰᠦᠭ ᠵᠢᠷᠤᠬᠤ ᠪᠦᠭᠡᠳ ᠠᠯᠪᠠᠨ ᠲᠠᠮᠠᠭ᠎ᠠ ᠳᠠᠷᠤᠵᠤ᠂ ᠵᠢᠯ ᠪᠦᠷᠢ ᠵᠢᠨ 2 ᠳ᠋ᠤᠭ᠋ᠠᠷ ᠰᠠᠷ᠎ᠠ ᠵᠢᠨ 25᠎ᠤ ᠡᠳᠦᠷ᠎ᠠᠴᠠ ᠡᠮᠦᠨ᠎ᠡ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠠᠵᠢᠯ᠎ᠤᠨ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ (ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ)᠎ᠳᠤ ᠬᠦᠷᠭᠡᠵᠦ ᠳᠠᠩᠰᠠᠯᠠᠭᠤᠯᠬᠤ ᠬᠡᠷᠡᠭᠲᠡᠶ᠃
    ᠡᠯ᠎ᠡ ᠬᠣᠰᠢᠭᠤ ᠰᠢᠶᠠᠨ (ᠬᠣᠲᠠ᠂ ᠲᠣᠭᠣᠷᠢᠭ)᠎ᠤ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠤᠨ ᠣᠨ᠎ᠤ ᠮᠡᠳᠡᠭᠦᠯᠦᠯᠲᠡ ᠵᠢ ᠠᠶ᠋ᠢᠮᠠᠭ ᠬᠣᠲᠠ ᠵᠢᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠤᠨ ᠭᠣᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠤᠨ ᠱᠠᠭ᠋ᠠᠷᠳᠠᠯᠭ᠎ᠠ ᠶᠣᠰᠣᠭ᠋ᠠᠷ ᠮᠡᠳᠡᠭᠦᠯᠦᠨ ᠬᠦᠷᠭᠡᠵᠦ ᠳᠠᠩᠰᠠᠯᠠᠭᠤᠯᠬᠤ ᠬᠡᠷᠡᠭᠲᠡᠶ᠃
    ᠲᠠᠪᠤᠳᠤᠭ᠋ᠠᠷ ᠵᠣᠷᠪᠤᠰ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠤᠨ ᠣᠨ᠎ᠤ ᠮᠡᠳᠡᠭᠦᠯᠦᠯᠲᠡ᠎ᠳᠤ ᠳᠣᠤᠷᠠᠬᠢ ᠠᠭᠤᠯᠭ᠎ᠠ ᠵᠢ ᠪᠠᠭᠲᠠᠭ᠋ᠠᠬᠤ ᠬᠡᠷᠡᠭᠲᠡᠶ᠄
   (ᠨᠢᠭᠡ) ᠵᠢᠯ᠎ᠤᠨ ᠲᠤᠲᠤᠷᠠᠬᠢ ᠲᠣᠰ ᠭᠠᠵᠠᠷ ᠣᠷᠣᠨ ᠪᠤᠶᠤ ᠲᠣᠰ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠭᠰᠠᠨ ᠠᠵᠢᠯ᠎ᠤᠨ ᠪᠠᠢ᠌ᠳᠠᠯ
   1. ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠪᠠᠶ᠋ᠢᠭᠤᠯᠤᠮᠵᠢ ᠵᠢᠨ ᠪᠠᠶ᠋ᠢᠭᠤᠯᠤᠯᠲᠠ ᠪᠠ ᠵᠠᠷᠤᠳᠠᠯ᠎ᠤᠨ ᠪᠠᠲᠤᠯᠠᠭ᠎ᠠ ᠵᠢᠨ ᠪᠠᠶ᠋ᠢᠳᠠᠯ᠃
   2. 《ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠵᠦᠭᠯᠡᠭᠦᠷ》 ᠪᠠ 《ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠭᠠᠷᠴᠠᠭ》᠎ᠢ ᠰᠢᠨᠡᠳᠬᠡᠨ ᠲᠡᠭᠦᠯᠳᠡᠷᠵᠢᠭᠦᠯᠦᠭᠰᠡᠨ ᠪᠠᠶ᠋ᠢᠳᠠᠯ᠃
   3. ᠠᠵᠢᠯ᠎ᠤᠨ ᠲᠣᠭᠲᠠᠴᠠ ᠪᠠ ᠳᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠦᠭᠰᠡᠨ ᠪᠠᠶ᠋ᠢᠳᠠᠯ᠃
   4. ᠬᠠᠮᠢᠶ᠎ᠠ ᠪᠥᠬᠥᠶ ᠠᠷᠭ᠎ᠠ ᠬᠡᠮᠵᠢᠶ᠎ᠡ ᠵᠢ ᠲᠣᠭᠲᠠᠭ᠋ᠠᠨ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠃
   5. ᠤᠬᠠᠭᠤᠯᠭ᠎ᠠ ᠪᠠ ᠪᠣᠯᠪᠠᠰᠤᠷᠠᠭᠤᠯᠤᠯ᠎ᠤᠨ ᠪᠠᠢ᠌ᠳᠠᠯ᠃
   (ᠬᠣᠶᠠᠷ) ᠵᠢᠯ᠎ᠤᠨ ᠲᠤᠲᠤᠷᠠᠬᠢ ᠲᠣᠰ ᠭᠠᠵᠠᠷ ᠣᠷᠣᠨ ᠪᠤᠶᠤ ᠲᠣᠰ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ᠎ᠨᠢ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠭᠰᠠᠨ ᠪᠠᠢ᠌ᠳᠠᠯ
   1. ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠭᠤᠯᠭ᠎ᠠ᠎ᠳᠤ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠰᠠᠨᠠᠭ᠋ᠠᠴᠢᠯᠠᠭ᠎ᠠ᠎ᠠᠴᠠ᠎ᠪᠠᠨ ᠢᠯᠡ ᠪᠣᠯᠭ᠋ᠠᠭᠰᠠᠨ ᠶᠡᠷᠦᠩᠬᠡᠶ ᠲᠣᠭ᠎ᠠ ᠬᠡᠮᠵᠢᠶ᠎ᠡ᠂ ᠡᠯ᠎ᠡ ᠲᠥᠷᠥᠯ᠎ᠤᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢᠨ ᠲᠣᠭ᠎ᠠ ᠬᠡᠮᠵᠢᠶ᠎ᠡ ᠪᠠ ᠭᠣᠤᠯᠳᠠᠯᠭ᠎ᠠ᠎ᠲᠠᠢ ᠠᠭᠤᠯᠭ᠎ᠠ ᠵᠢᠨ ᠲᠠᠨᠢᠯᠴᠠᠭᠤᠯᠭ᠎ᠠ ᠵᠡᠷᠭᠡ ᠪᠠᠭᠲᠠᠨ᠎ᠠ᠃
   2. ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠷᠭ᠎ᠠ ᠮᠠᠶᠢᠭ᠎ᠲᠤ ᠵᠠᠰᠠᠭ᠎ᠤᠨ ᠣᠷᠳᠣᠨ᠎ᠤ ᠰᠦᠯᠵᠢᠶ᠎ᠡ᠂ ᠵᠠᠰᠠᠭ᠎ᠤᠨ ᠣᠷᠳᠣᠨ᠎ᠤ ᠠᠯᠪᠠᠨ ᠮᠡᠳᠡᠭᠡ᠂ ᠨᠡᠢ᠍ᠢ᠍ᠲᠡ ᠵᠢᠨ ᠬᠢᠨᠠᠨ ᠦᠵᠡᠬᠦ ᠲᠠᠯᠠᠪᠤᠷ᠂ ᠰᠣᠨᠢᠨ ᠮᠡᠳᠡᠭᠡ ᠨᠡᠶ᠋ᠢᠲᠡᠯᠡᠬᠦ ᠬᠤᠷᠠᠯ ᠪᠠ ᠪᠤᠰᠤᠳ ᠠᠷᠭ᠎ᠠ ᠵᠠᠮ ᠵᠶ᠋ᠠᠷ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠨᠡᠶ᠋ᠢᠲᠡᠯᠡᠭᠰᠡᠨ ᠵᠡᠷᠭᠡ ᠪᠠᠢ᠌ᠳᠠᠯ ᠪᠠᠭᠲᠠᠨ᠎ᠠ᠃
   3. ᠢᠯᠡ ᠬᠢᠨᠠᠨ ᠦᠵᠡᠬᠦ ᠲᠠᠯᠠᠪᠤᠷ᠎ᠤᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠪᠠᠶ᠋ᠢᠴᠠᠭ᠋ᠠᠨ ᠦᠵᠡᠬᠦ ᠬᠥᠮᠦᠨ᠎ᠤ ᠲᠣᠭ᠎ᠠ ᠪᠣᠯᠤᠨ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠤᠶᠤ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠠᠯᠪᠠᠨ ᠰᠦᠯᠵᠢᠶ᠎ᠡ᠎ᠳᠠᠬᠢ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠲᠤᠰᠬᠠᠶ ᠰᠦᠯᠵᠢᠶᠠᠨ ᠨᠢᠭᠤᠷ᠎ᠤᠨ ᠰᠤᠷᠪᠤᠯᠵᠢᠯᠠᠭᠰᠠᠨ ᠲᠣᠭ᠎ᠠ ᠬᠡᠮᠵᠢᠶ᠎ᠡ ᠵᠢ ᠢᠯᠡ ᠪᠠᠶ᠋ᠢᠯᠭ᠋ᠠᠬᠤ ᠬᠡᠷᠡᠭᠲᠡᠶ᠃
   (ᠭᠤᠷᠪᠠ) ᠵᠢᠯ᠎ᠤᠨ ᠲᠤᠲᠤᠷ᠎ᠠ ᠭᠤᠶᠤᠴᠢᠯᠠᠯ᠎ᠢ ᠦᠨᠳᠦᠰᠦᠯᠡᠨ ᠢᠯᠡ ᠪᠣᠯᠭ᠋ᠠᠭᠰᠠᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠥᠷᠨᠢᠭᠦᠯᠦᠭᠰᠡᠨ ᠪᠠᠢ᠌ᠳᠠᠯ
   1. ᠢᠯᠡ ᠪᠣᠯᠭ᠋ᠠᠬᠤ᠎ᠪᠠᠷ ᠭᠤᠶᠤᠴᠢᠯᠠᠭᠰᠠᠨ ᠪᠠᠶ᠋ᠢᠳᠠᠯ᠂ ᠨᠢᠭᠤᠷᠲᠠᠨ ᠭᠤᠶᠤᠴᠢᠯᠠᠬᠤ᠂ ᠠᠯᠪᠠᠨ ᠰᠦᠯᠵᠢᠶᠡᠨ᠎ᠠᠴᠠ ᠲᠤᠰᠤᠭᠰᠠᠨ᠂ ᠹᠠᠺᠰ᠂ ᠵᠠᠬᠢᠳᠠᠯ ᠪᠠ ᠪᠤᠰᠤᠳ ᠬᠡᠯᠪᠡᠷᠢ᠎ᠪᠠᠷ ᠢᠯᠡ ᠪᠣᠯᠭ᠋ᠠᠬᠤ᠎ᠪᠠᠷ ᠭᠤᠶᠤᠴᠢᠯᠠᠭᠰᠠᠨ ᠲᠣᠭ᠎ᠠ ᠬᠡᠮᠵᠢᠶ᠎ᠡ ᠵᠢᠴᠢ ᠬᠣᠯᠪᠣᠭᠳᠠᠬᠤ ᠭᠣᠤᠯᠳᠠᠯᠭ᠎ᠠ᠎ᠲᠠᠢ ᠬᠦᠷᠢᠶ᠎ᠡ ᠵᠢᠨ   ᠪᠠᠢ᠌ᠳᠠᠯ᠃
   2. ᠢᠯᠡ ᠪᠣᠯᠭ᠋ᠠᠬᠤ ᠭᠤᠶᠤᠴᠢᠯᠠᠯ᠎ᠢ ᠰᠢᠢ᠍ᠳᠪᠦᠷᠢᠯᠡᠭᠰᠡᠨ ᠪᠠᠶ᠋ᠢᠳᠠᠯ᠂ ᠢᠯᠡ ᠪᠣᠯᠭ᠋ᠠᠬᠤ᠂ ᠬᠡᠰᠡᠭ ᠢᠯᠡ ᠪᠣᠯᠭ᠋ᠠᠬᠤ ᠪᠠ ᠥᠯᠥ ᠨᠡᠶ᠋ᠢᠲᠡᠯᠡᠬᠦ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢᠨ ᠲᠣᠭ᠎ᠠ ᠬᠡᠮᠵᠢᠶ᠎ᠡ ᠵᠢᠴᠢ ᠵᠠᠳᠠᠯᠤᠯᠲᠠ ᠵᠢᠨ ᠪᠠᠢ᠍ᠳᠠᠯ᠃
   3. ᠠᠷᠠᠳ ᠢᠷᠭᠡᠨ᠂ ᠬᠠᠤᠯᠢ ᠵᠢᠨ ᠡᠷᠬᠡᠲᠡᠨ ᠪᠠ ᠪᠤᠰᠤᠳ ᠵᠣᠬᠢᠶᠠᠨ ᠪᠠᠶ᠋ᠢᠭᠤᠯᠤᠯᠲᠠ ᠵᠢᠨ  ᠰᠦᠢ᠍ᠳᠭᠡᠯ ᠬᠤᠷᠢᠶᠠᠬᠤ ᠵᠢᠴᠢ ᠬᠠᠰᠤᠵᠤ ᠬᠡᠯᠲᠦᠷᠢᠭᠦᠯᠦᠭᠰᠡᠨ᠂ ᠵᠢᠯ᠎ᠤᠨ ᠳᠣᠲᠣᠷ᠎ᠠ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ᠎ᠪᠠᠷ ᠭᠤᠶᠤᠴᠢᠯᠠᠭᠰᠠᠨ ᠵᠠᠷᠤᠳᠠᠯ᠎ᠤᠨ ᠲᠣᠭ᠎ᠠ ᠪᠠ ᠵᠢᠯ᠎ᠤᠨ ᠳᠣᠲᠣᠷ᠎ᠠ ᠲᠣᠭᠲᠠᠭ᠋ᠠᠯ᠎ᠠᠴᠠ ᠵᠥᠷᠢᠴᠡᠨ ᠰᠦᠢ᠍ᠳᠭᠡᠯ ᠬᠤᠷᠢᠶᠠᠬᠤ ᠪᠠᠢ᠌ᠳᠠᠯ ᠣᠷᠣᠰᠢᠵᠤ ᠪᠠᠢ᠌ᠬᠤ ᠡᠰᠡᠬᠦ ᠪᠠᠢ᠌ᠳᠠᠯ᠃
   (ᠲᠦᠷᠪᠠ) ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠲᠤᠬᠠᠶ ᠯᠠᠪᠯᠠᠯᠲᠠ᠂ ᠵᠠᠭ᠋ᠠᠯᠳᠤᠭᠰᠠᠨ ᠪᠠᠢ᠌ᠳᠠᠯ ᠵᠢᠴᠢ ᠰᠢᠢ᠍ᠳᠪᠦᠷᠢᠯᠡᠭᠰᠡᠨ ᠦᠷ᠎ᠡ ᠳ᠋ᠦᠩ
   (ᠲᠠᠪᠤ) ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠭᠰᠠᠨ᠎ᠠᠴᠠ ᠵᠠᠰᠠᠭ ᠵᠠᠬᠢᠷᠭ᠋ᠠᠨ ᠵᠶ᠋ᠠᠷ ᠳᠠᠬᠢᠨ ᠵᠥᠪᠯᠡᠭᠦᠯᠬᠦ᠎ᠪᠠᠷ ᠭᠤᠶᠤᠴᠢᠯᠠᠭᠰᠠᠨ᠂ ᠵᠠᠰᠠᠭ ᠵᠠᠬᠢᠷᠭ᠋ᠠᠨ᠎ᠤ ᠵᠠᠷᠭᠤ ᠬᠢᠭᠰᠡᠨ ᠪᠠᠢ᠌ᠳᠠᠯ᠃
   (ᠵᠢᠷᠭᠤᠭ᠎ᠠ) ᠣᠷᠣᠰᠢᠵᠤ ᠪᠠᠢ᠌ᠭ᠎ᠠ ᠭᠣᠤᠯ ᠠᠰᠠᠭᠤᠳᠠᠯ ᠪᠣᠯᠤᠨ ᠬᠠᠯᠠᠨ ᠰᠠᠶ᠋ᠢᠵᠢᠷᠠᠭᠤᠯᠤᠭᠰᠠᠨ ᠪᠠᠢ᠌ᠳᠠᠯ᠃
   1. ᠲᠣᠰ ᠭᠠᠵᠠᠷ ᠣᠷᠣᠨ ᠪᠤᠶᠤ ᠲᠣᠰ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠲᠣᠰ ᠪᠡᠶ᠎ᠡ ᠵᠢᠨ ᠢᠯᠡᠷᠡᠭᠦᠯᠦᠭᠰᠡᠨ ᠠᠵᠢᠯ᠎ᠤᠨ ᠳᠤᠮᠳᠠ ᠣᠷᠣᠰᠢᠵᠤ ᠪᠠᠶ᠋ᠢᠭ᠎ᠠ ᠠᠰᠠᠭᠤᠳᠠᠯ ᠵᠢᠴᠢ ᠠᠪᠤᠭᠰᠠᠨ ᠪᠣᠳᠠᠲᠠᠶ ᠰᠠᠶ᠋ᠢᠵᠢᠷᠠᠭᠤᠯᠬᠤ ᠠᠷᠭ᠎ᠠ ᠬᠡᠮᠵᠢᠶ᠎ᠡ᠂ ᠦᠷ᠎ᠡ ᠳ᠋ᠦᠩ᠎ᠢ ᠲᠣᠳᠣᠷᠬᠠᠶ᠋ᠢᠯᠠᠬᠤ ᠬᠡᠷᠡᠭᠲᠡᠶ᠃
   2. ᠳᠡᠭᠡᠳᠦ ᠱᠠᠲᠤᠨ᠎ᠤ ᠵᠠᠰᠠᠭ ᠵᠠᠬᠢᠷᠭ᠋ᠠᠨ᠎ᠤ ᠪᠠᠶ᠋ᠢᠭᠤᠯᠭ᠎ᠠ ᠵᠢᠨ ᠡᠳᠦᠷ ᠲᠤᠲᠤᠮ᠎ᠤᠨ ᠬᠢᠨᠠᠯᠲᠠ ᠲᠠᠯᠪᠢᠬᠤ ᠬᠢᠨᠠᠨ ᠰᠢᠯᠭ᠋ᠠᠬᠤ ᠳᠤᠮᠳᠠ ᠠᠰᠠᠭᠤᠳᠠᠯ᠎ᠢ ᠬᠠᠯᠠᠨ ᠰᠠᠢ᠌ᠵᠢᠷᠠᠭᠤᠯᠤᠭᠰᠠᠨ ᠠᠷᠭ᠎ᠠ ᠬᠡᠮᠵᠢᠶ᠎ᠡ᠂ ᠦᠷ᠎ᠡ ᠳ᠋ᠦᠩ᠎ᠢ ᠲᠣᠳᠣᠷᠬᠠᠶ᠋ᠢᠯᠠᠬᠤ ᠬᠡᠷᠡᠭᠲᠡᠶ᠃
   3. ᠠᠷᠠᠳ᠎ᠤᠨ ᠲᠥᠯᠥᠭᠡᠯᠡᠭᠴᠢᠳ᠎ᠤᠨ ᠶᠡᠬᠡ ᠬᠤᠷᠠᠯ᠎ᠤᠨ ᠲᠥᠯᠥᠭᠡᠯᠡᠭᠴᠢ ᠪᠠ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠨ᠎ᠤ ᠠᠷᠠᠳᠴᠢᠯᠠᠯ ᠵᠶ᠋ᠠᠷ ᠬᠢᠨᠠᠯᠲᠠ ᠲᠠᠯᠪᠢᠬᠤ ᠪᠠ ᠨᠡᠶ᠋ᠢᠭᠡᠮ᠎ᠤᠨ ᠦᠨᠡᠯᠡᠨ ᠶᠠᠷᠢᠯᠴᠠᠬᠤ ᠳᠤᠮᠳᠠ ᠠᠰᠠᠭᠤᠳᠠᠯ᠎ᠢ ᠰᠠᠢ᠌ᠵᠢᠷᠠᠭᠤᠯᠤᠭᠰᠠᠨ ᠠᠷᠭ᠎ᠠ ᠬᠡᠮᠵᠢᠶ᠎ᠡ ᠪᠠ ᠦᠷ᠎ᠡ ᠳ᠋ᠦᠩ᠎ᠢ ᠲᠣᠳᠣᠷᠬᠠᠶ᠋ᠢᠯᠠᠬᠤ ᠬᠡᠷᠡᠭᠲᠡᠶ᠃
   4. ᠵᠢᠯ᠎ᠤᠨ ᠲᠣᠲᠣᠷᠠᠬᠢ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠠᠴᠠ ᠪᠣᠯᠵᠤ ᠡᠭᠦᠰᠦᠭᠰᠡᠨ ᠵᠠᠰᠠᠭ ᠵᠠᠬᠢᠷᠭ᠋ᠠᠨ᠎ᠤ ᠳᠠᠬᠢᠨ ᠵᠥᠪᠯᠡᠬᠦ᠂ ᠵᠠᠷᠭᠤᠯᠳᠤᠬᠤ (ᠪᠠᠷᠢᠮᠲᠠᠯᠠᠬᠤ ᠰᠢᠢ᠍ᠳ ᠪᠠ ᠭᠠᠷᠭ᠋ᠠᠭᠰᠠᠨ ᠲᠠᠰᠤᠯᠤᠯᠲᠠ᠎ᠨᠢ ᠡᠭᠦᠨ᠎ᠳᠤ ᠪᠠᠭᠲᠠᠬᠤ ᠦᠭᠡᠢ)᠂ ᠤᠴᠢᠷ ᠰᠢᠯᠲᠠᠭ᠋ᠠᠨ ᠵᠢᠴᠢ ᠴᠡᠭᠴᠡᠯᠡᠨ ᠰᠠᠶ᠋ᠢᠵᠢᠷᠠᠭᠤᠯᠬᠤ ᠠᠷᠭ᠎ᠠ ᠬᠡᠮᠵᠢᠶ᠎ᠡ᠂ ᠦᠷ᠎ᠡ ᠳ᠋ᠦᠩ᠎ᠢ ᠲᠣᠳᠣᠷᠬᠠᠶ᠋ᠢᠯᠠᠬᠤ ᠬᠡᠷᠡᠭᠲᠡᠶ᠃
   5. ᠵᠢᠯ᠎ᠤᠨ ᠲᠤᠲᠤᠷᠠᠬᠢ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠨᠢ ᠵᠠᠷᠭᠤ ᠪᠤᠯᠤᠭᠰᠠᠨ ᠪᠠᠢ᠌ᠳᠠᠯ᠂ ᠰᠢᠯᠲᠠᠭ᠋ᠠᠨ ᠵᠢᠴᠢ ᠴᠡᠭᠴᠡᠯᠡᠨ ᠰᠠᠶ᠋ᠢᠵᠢᠷᠠᠭᠤᠯᠬᠤ ᠠᠷᠭ᠎ᠠ ᠬᠡᠮᠵᠢᠶ᠎ᠡ᠂ ᠦᠷ᠎ᠡ ᠳ᠋ᠦᠩ᠎ᠢ ᠲᠣᠳᠣᠷᠬᠠᠶ᠋ᠢᠯᠠᠬᠤ ᠬᠡᠷᠡᠭᠲᠡᠶ᠃
   (ᠲᠤᠯᠤᠭ᠎ᠠ) ᠮᠡᠳᠡᠭᠦᠯᠬᠦ ᠴᠢᠬᠤᠯᠠᠲᠠᠶ ᠪᠤᠰᠤᠳ ᠵᠦᠢ᠍ᠯ᠎ᠤᠳ᠃
    ᠵᠢᠷᠭᠤᠳᠤᠭ᠋ᠠᠷ ᠵᠣᠷᠪᠤᠰ ᠰᠤᠷᠭ᠋ᠠᠨ ᠬᠥᠮᠦᠵᠢᠯ᠂ ᠡᠮᠴᠢᠯᠡᠭᠡ᠂ ᠲᠥᠯᠥᠪᠯᠡᠭᠡᠲᠦ ᠦᠷᠡᠵᠢᠯ᠂ ᠤᠰᠤ ᠬᠠᠩᠭ᠋ᠠᠬᠤ᠂ ᠴᠠᠬᠢᠯᠭ᠋ᠠᠨ ᠬᠠᠩᠭ᠋ᠠᠬᠤ᠂ ᠬᠡᠢ ᠬᠠᠩᠭ᠋ᠠᠬᠤ᠂ ᠢᠯᠴᠢ ᠬᠠᠩᠭ᠋ᠠᠬᠤ᠂ ᠣᠷᠴᠢᠨ ᠲᠣᠭᠣᠷᠢᠨ᠎ᠤ ᠬᠠᠮᠠᠭ᠋ᠠᠯᠠᠯᠲᠠ᠂ ᠣᠯᠠᠨ ᠨᠡᠶ᠋ᠢᠲᠡ ᠵᠢᠨ ᠵᠠᠮ ᠬᠠᠷᠢᠯᠴᠠᠭ᠎ᠠ ᠵᠡᠷᠭᠡ ᠠᠷᠠᠳ ᠣᠯᠠᠨ᠎ᠤ ᠲᠣᠰ ᠪᠡᠶ᠎ᠡ ᠵᠢᠨ ᠠᠰᠢᠭ ᠲᠤᠰᠠ᠎ᠲᠠᠢ ᠨᠢᠭᠲᠠ ᠬᠣᠯᠪᠣᠭ᠎ᠠ᠎ᠲᠠᠢ ᠣᠯᠠᠨ ᠨᠡᠶ᠋ᠢᠲᠡ ᠵᠢᠨ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠡ ᠵᠢᠨ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠤᠨ ᠣᠨ᠎ᠤ ᠮᠡᠳᠡᠭᠦᠯᠦᠯᠲᠡ᠎ᠨᠢ ᠲᠣᠰ ᠲᠦᠷᠢᠮ ᠵᠶ᠋ᠠᠷ ᠯᠠᠪᠯᠠᠯᠲᠠ ᠪᠣᠯᠭ᠋ᠠᠬᠤ ᠬᠡᠷᠡᠭᠲᠡᠢ᠃
    ᠳᠣᠯᠣᠳᠤᠭ᠋ᠠᠷ ᠵᠣᠷᠪᠤᠰ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ

ᠲᠢᠩᠬᠢᠮ᠂ ᠬᠢᠨᠠᠨ ᠪᠠᠶ᠋ᠢᠴᠠᠭ᠋ᠠᠬᠤ ᠲᠢᠩᠬᠢᠮ᠎ᠨᠢ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠎ᠤᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠠᠵᠢᠯ᠎ᠤᠨ ᠣᠨ᠎ᠤ ᠮᠡᠳᠡᠭᠦᠯᠦᠯᠲᠡ ᠵᠢᠨ ᠳᠦᠷᠢᠮ᠎ᠢ ᠬᠡᠷᠡᠭᠵᠢᠭᠦᠯᠵᠦ  ᠪᠠᠢ᠌ᠭ᠎ᠠ ᠪᠠᠶ᠋ᠢᠳᠠᠯ᠎ᠢ ᠱᠠᠯᠠᠪᠳᠠᠭᠤᠯᠤᠨ ᠪᠠᠶ᠋ᠢᠴᠠᠭ᠋ᠠᠬᠤ ᠵᠢ ᠬᠠᠷᠢᠭᠤᠴᠠᠨ᠎ᠠ᠃
    ᠨᠠᠢ᠍ᠮᠠᠳᠤᠭ᠋ᠠᠷ ᠵᠣᠷᠪᠤᠰ ᠲᠤᠰ ᠳᠦᠷᠢᠮ᠎ᠤᠨ ᠬᠡᠷᠡᠭᠵᠢᠭᠦᠯᠦᠭᠰᠡᠨ ᠪᠠᠶ᠋ᠢᠳᠠᠯ᠎ᠳᠤ ᠡᠯ᠎ᠡ ᠠᠶ᠋ᠢᠮᠠᠭ ᠬᠣᠲᠠ᠂ ᠥᠪᠡᠷᠲᠡᠭᠡᠨ ᠵᠠᠰᠠᠬᠤ ᠣᠷᠣᠨ᠎ᠤ ᠡᠯ᠎ᠡ ᠰᠠᠯᠠᠭ᠎ᠠ ᠮᠥᠴᠢᠷ᠎ᠤᠨ ᠵᠠᠰᠠᠭ᠎ᠤᠨ ᠶᠠᠪᠤᠳᠠᠯ᠎ᠢ ᠢᠯᠡ ᠪᠣᠯᠭ᠋ᠠᠬᠤ ᠣᠨ᠎ᠤ ᠠᠵᠢᠯ᠎ᠤᠨ ᠬᠠᠷᠠᠯᠲᠠ ᠵᠢᠨ ᠬᠢᠨᠠᠨ ᠰᠢᠯᠭ᠋ᠠᠯᠲᠠ᠎ᠳᠤ ᠬᠠᠮᠲᠤ᠎ᠳᠤᠨᠢ ᠣᠷᠣᠭᠤᠯᠤᠨ᠎ᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠭᠤᠶᠤᠴᠢᠯᠠᠯ ᠵᠶ᠋ᠠᠷ ᠢᠯᠡ ᠪᠣᠯᠭ᠋ᠠᠬᠤ ᠳᠦᠷᠢᠮ
ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠲᠦᠷᠢᠮ
《ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠤᠷᠳᠤᠨ᠎ᠤ ᠮᠡᠳᠡᠭᠡ ᠵᠠᠩᠬᠢ ᠵᠢ ᠭᠤᠶᠤᠴᠢᠯᠠᠯ ᠵᠶ᠋ᠠᠷ ᠢᠯᠡ ᠪᠤᠯᠭ᠋ᠠᠬᠤ ᠠᠷᠭ᠎ᠠ》 ᠵᠢ ᠲᠠᠷᠤᠮᠠᠯᠯᠠᠨ ᠶᠠᠪᠤᠭᠤᠯᠬᠤ ᠲᠤᠬᠠᠢ ᠦᠪᠤᠷ ᠮᠤᠩᠭᠤᠯ᠎ᠤᠨ ᠦᠪᠡᠷᠳᠡᠬᠡᠨ ᠵᠠᠰᠠᠬᠤ ᠤᠷᠤᠨ᠎ᠤ ᠵᠠᠰᠠᠭ᠎ᠤᠨ ᠤᠷᠳᠤᠨ᠎ᠤ ᠠᠯᠪᠠᠨ ᠲᠢᠩᠭᠢᠮ᠎ᠤᠨ ᠮᠡᠳᠡᠭᠳᠡᠯ
ᠦᠨᠳᠦᠰᠦᠨ ᠱᠠᠲᠤᠨ᠎ᠤ ᠲᠣᠭ᠎ᠠ ᠪᠦᠷᠢᠳᠬᠡᠯ᠎ᠤᠨ ᠠᠵᠢᠯ᠎ᠢ ᠴᠢᠩᠭ᠋ᠠᠳᠬᠠᠨ ᠠᠬᠢᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠤᠷᠳᠤᠨ᠎ᠤ ᠠᠯᠪᠠᠨ ᠲᠢᠩᠬᠢᠮ᠎ᠤᠨ ᠮᠡᠳᠡᠭᠳᠡᠯ
ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠲᠤᠭ᠎ᠠ ᠪᠦᠷᠢᠳᠭᠡᠯ᠎ᠤᠨ ᠲᠤᠪᠴᠢᠶ᠎ᠠ ᠵᠢᠨ ᠮᠤᠩᠭᠤᠯ ᠬᠡᠯᠡᠨ᠎ᠤ ᠰᠦᠯᠵᠢᠶᠡᠨ ᠦᠷᠲᠡᠭᠡ ᠵᠢᠨ ᠮᠡᠳᠡᠭᠡ ᠵᠠᠩᠬᠢ ᠨᠡᠢ᠌ᠲᠡᠯᠡᠬᠦ ᠬᠠᠮᠢᠶᠠᠷᠤᠯᠳᠠ ᠵᠢᠨ ᠳᠦᠷᠢᠮ
 
            