ᠣᠶ᠋ᠢᠷ᠎ᠠ᠎ᠳᠤ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠠᠯᠪᠠᠨ ᠲᠢᠩᠬᠢᠮ᠂ ᠵᠠᠰᠠᠭ᠎ᠤᠨ ᠣᠷᠳᠣᠨ᠎ᠤ ᠠᠯᠪᠠᠨ ᠲᠢᠩᠬᠢᠮ 《ᠲᠣᠭ᠎ᠠ ᠪᠦᠷᠢᠳᠬᠡᠯ᠎ᠤᠨ ᠬᠢᠨᠠᠯᠲᠠ ᠲᠠᠯᠪᠢᠬᠤ ᠡᠭᠦᠷᠭᠡ ᠴᠢᠳᠠᠪᠤᠷᠢ ᠵᠢᠨ ᠦᠢ᠍ᠯᠡᠳᠦᠯ᠎ᠢ ᠨᠠᠩ ᠪᠦᠲᠦᠮᠵᠢᠲᠡᠶ ᠪᠠᠳᠠᠷᠠᠭᠤᠯᠬᠤ ᠲᠤᠬᠠᠶ ᠠᠷᠭ᠎ᠠ ᠬᠡᠮᠵᠢᠶ᠎ᠡ᠎ᠨᠦᠭᠦᠳ》᠎ᠢ ᠳᠠᠷᠤᠮᠠᠯᠯᠠᠨ ᠲᠠᠷᠬᠠᠭ᠋ᠠᠪᠠ᠂ ᠪᠥᠬᠥ ᠠᠭᠤᠯᠭ᠎ᠠ᠎ᠨᠢ ᠳᠤᠤᠷᠠᠬᠢ ᠮᠡᠲᠦ᠃
ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ᠎ᠤᠨ ᠳᠠᠷᠤᠮᠠᠯᠯᠠᠨ ᠲᠠᠷᠬᠠᠭ᠋ᠠᠭᠰᠠᠨ 《ᠲᠣᠭ᠎ᠠ ᠪᠦᠷᠢᠳᠬᠡᠯ᠎ᠤᠨ ᠬᠢᠨᠠᠯᠲᠠ ᠲᠠᠯᠪᠢᠬᠤ ᠡᠭᠦᠷᠭᠡ ᠴᠢᠳᠠᠪᠬᠢ ᠵᠢᠨ ᠦᠢ᠍ᠯᠡᠳᠦᠯ᠎ᠢ ᠨᠠᠩ ᠪᠦᠲᠦᠮᠵᠢᠲᠡᠶ ᠪᠠᠳᠠᠷᠠᠭᠤᠯᠬᠤ ᠲᠤᠬᠠᠶ ᠰᠠᠨᠠᠯ》᠎ᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠲᠣᠭ᠎ᠠ ᠪᠦᠷᠢᠳᠬᠡᠯ᠎ᠤᠨ ᠬᠢᠨᠠᠯᠲᠠ ᠲᠠᠯᠪᠢᠬᠤ ᠲᠣᠭᠲᠠᠴᠠ ᠵᠢ ᠲᠡᠭᠦᠯᠳᠡᠷᠵᠢᠭᠦᠯᠦᠨ᠂ ᠲᠣᠭ᠎ᠠ ᠪᠦᠷᠢᠳᠬᠡᠯ᠎ᠤᠨ ᠬᠢᠨᠠᠯᠲᠠ ᠲᠠᠯᠪᠢᠬᠤ ᠦᠷ᠎ᠡ ᠪᠦᠲᠦᠮᠵᠢ ᠵᠢ ᠳᠡᠭᠡᠭᠰᠢᠯᠡᠭᠦᠯᠵᠦ᠂ ᠪᠥᠬᠥ ᠣᠷᠣᠨ᠎ᠤ ᠠᠵᠤ ᠠᠬᠤᠶ ᠨᠡᠶ᠋ᠢᠭᠡᠮ᠎ᠤᠨ ᠴᠢᠨᠠᠷ ᠰᠠᠶ᠋ᠢᠲᠠᠶ ᠬᠥᠭᠵᠢᠯᠲᠡ᠎ᠳᠤ ᠦᠢ᠍ᠯᠡᠴᠢᠯᠡᠬᠦ ᠵᠢᠨ ᠲᠥᠯᠥᠭᠡ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠢ ᠤᠶᠠᠯᠳᠤᠭᠤᠯᠤᠨ᠂ ᠳᠤᠤᠷᠠᠬᠢ ᠠᠷᠭ᠎ᠠ ᠬᠡᠮᠵᠢᠶ᠎ᠡ ᠵᠢ ᠳᠤᠷᠠᠳᠪᠠ᠃
ᠨᠢᠭᠡ᠂ ᠲᠣᠭ᠎ᠠ ᠪᠦᠷᠢᠳᠬᠡᠯ᠎ᠤᠨ ᠱᠠᠯᠠᠪᠳᠠᠭᠤᠯᠤᠨ ᠪᠠᠶ᠋ᠢᠴᠠᠭ᠋ᠠᠬᠤ ᠱᠠᠭ᠋ᠠᠷᠳᠠᠯᠭ᠎ᠠ ᠵᠢ ᠨᠠᠢ᠌ᠳᠠᠪᠤᠷᠢᠵᠢᠭᠤᠯᠤᠨ᠎ᠠ
(ᠨᠢᠭᠡ) ᠤᠯᠤᠰ᠎ᠤᠨ ᠲᠣᠭ᠎ᠠ ᠪᠦᠷᠢᠳᠬᠡᠯ᠎ᠤᠨ ᠱᠠᠯᠠᠪᠳᠠᠭᠤᠯᠤᠨ ᠪᠠᠶ᠋ᠢᠴᠠᠭ᠋ᠠᠯᠲᠠ ᠵᠢ ᠬᠠᠮᠵᠢᠯᠴᠠᠨ ᠰᠠᠶ᠋ᠢᠲᠤᠷ ᠬᠢᠨ᠎ᠡ᠃ ᠤᠯᠤᠰ᠎ᠤᠨ ᠲᠣᠭ᠎ᠠ ᠪᠦᠷᠢᠳᠬᠡᠯ᠎ᠤᠨ ᠱᠠᠯᠠᠪᠳᠠᠭᠤᠯᠤᠨ ᠪᠠᠶ᠋ᠢᠴᠠᠭ᠋ᠠᠯᠲᠠ᠎ᠳᠤ ᠰᠠᠨᠠᠭ᠋ᠠᠴᠢᠯᠠᠭ᠎ᠠ᠎ᠠᠴᠠ᠎ᠪᠠᠨ ᠬᠠᠮᠵᠢᠯᠴᠠᠵᠤ᠂ ᠡᠯ᠎ᠡ ᠭᠠᠵᠠᠷ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠨᠠᠮ᠎ᠤᠨ ᠲᠥᠪ ᠬᠤᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠲᠣᠭ᠎ᠠ ᠪᠦᠷᠢᠳᠬᠡᠯ᠎ᠤᠨ ᠠᠵᠢᠯ᠎ᠤᠨ ᠲᠤᠬᠠᠢ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠵᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠪᠠ ᠲᠣᠭ᠎ᠠ ᠪᠦᠷᠢᠳᠬᠡᠯ᠎ᠤᠨ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ᠂ ᠤᠯᠤᠰ᠎ᠤᠨ ᠲᠣᠭ᠎ᠠ ᠪᠦᠷᠢᠳᠬᠡᠯ᠎ᠤᠨ ᠵᠠᠰᠠᠭ᠎ᠤᠨ ᠵᠠᠷᠯᠢᠭ᠎ᠢ ᠬᠡᠷᠡᠭᠵᠢᠭᠦᠯᠬᠦ ᠵᠢᠴᠢ ᠲᠣᠭ᠎ᠠ ᠪᠦᠷᠢᠳᠬᠡᠯ᠎ᠢ ᠬᠠᠭᠤᠷᠮᠠᠭᠯᠠᠨ ᠵᠣᠬᠢᠶᠠᠬᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠵᠢ ᠰᠡᠷᠭᠡᠶ᠋ᠢᠯᠡᠬᠦ ᠪᠠ ᠵᠠᠯᠬᠠᠭ᠋ᠠᠨ ᠰᠢᠢ᠍ᠳᠭᠡᠬᠦ ᠵᠡᠷᠭᠡ ᠲᠠᠯ᠎ᠠ ᠵᠢᠨ ᠤᠯᠤᠰ ᠲᠦᠷᠦ ᠵᠢᠨ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠤᠨ᠎ᠠ᠃ ᠱᠠᠯᠠᠪᠳᠠᠭᠤᠯᠤᠨ ᠪᠠᠶ᠋ᠢᠴᠠᠭ᠋ᠠᠬᠤ ᠭᠣᠣᠯᠳᠠᠯᠭ᠎ᠠ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠤᠯᠤᠰ᠎ᠤᠨ ᠲᠣᠭ᠎ᠠ ᠪᠦᠷᠢᠳᠬᠡᠯ᠎ᠤᠨ ᠱᠠᠯᠠᠪᠳᠠᠭᠤᠯᠤᠨ ᠪᠠᠶ᠋ᠢᠴᠠᠭ᠋ᠠᠬᠤ ᠠᠭᠤᠯᠭ᠎ᠠ ᠵᠢᠨ ᠲᠣᠭᠣᠷᠢᠨ᠎ᠳᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠥᠪᠡᠰᠦᠪᠡᠨ ᠪᠠᠶ᠋ᠢᠴᠠᠭ᠋ᠠᠵᠤ ᠥᠪᠡᠰᠦᠪᠡᠨ ᠵᠠᠯᠠᠷᠠᠭᠤᠯᠤᠨ᠎ᠠ᠃ ᠤᠯᠤᠰ᠎ᠤᠨ ᠬᠣᠯᠪᠣᠭᠳᠠᠯ ᠪᠦᠬᠦᠢ ᠱᠠᠭ᠋ᠠᠷᠳᠠᠯᠭ᠎ᠠ ᠶᠣᠰᠣᠭ᠋ᠠᠷ᠂ ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠲᠣᠭ᠎ᠠ ᠪᠦᠷᠢᠳᠬᠡᠯ᠎ᠤᠨ ᠰᠢᠮᠳᠠᠭᠤᠯᠤᠨ ᠪᠠᠶ᠋ᠢᠴᠠᠭ᠋ᠠᠬᠤ ᠲᠤᠷᠰᠢᠯᠲᠠ ᠵᠢᠨ ᠴᠡᠭ᠎ᠤᠨ ᠠᠵᠢᠯ᠎ᠢ ᠦᠷᠨᠢᠬᠦᠯᠦᠨ᠎ᠡ᠃
(ᠬᠣᠶᠠᠷ) ᠱᠠᠯᠠᠪᠳᠠᠭᠤᠯᠤᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠵᠤ ᠦᠷ᠎ᠡ ᠪᠦᠲᠦᠮᠵᠢ ᠵᠢ ᠮᠥᠷᠳᠡᠨ ᠠᠰᠠᠭᠤᠬᠤ ᠵᠢ ᠴᠢᠩᠭ᠋ᠠᠷᠠᠭᠤᠯᠤᠨ᠎ᠠ᠃ ᠲᠣᠭ᠎ᠠ ᠪᠦᠷᠢᠳᠬᠡᠯ᠎ᠤᠨ ᠱᠠᠯᠠᠪᠳᠠᠭᠤᠯᠤᠨ ᠪᠠᠶ᠋ᠢᠴᠠᠭ᠋ᠠᠵᠤ ᠴᠡᠭᠴᠡᠯᠡᠨ ᠰᠠᠶ᠋ᠢᠵᠢᠷᠠᠭᠤᠯᠬᠤ ᠵᠢ ᠨᠠᠶ᠋ᠢᠳᠠᠪᠤᠷᠢᠵᠢᠭᠤᠯᠬᠤ᠂ ᠭᠤᠤᠯᠳᠠᠯᠭ᠎ᠠ᠎ᠲᠠᠢ ᠡᠭᠦᠷᠭᠡ ᠵᠢ ᠠᠬᠢᠭᠤᠯᠬᠤ᠂ ᠣᠷᠳᠣ ᠬᠤᠭᠤᠴᠠᠭ᠋ᠠᠨ᠎ᠤ ᠪᠦᠲᠦᠮᠵᠢᠲᠡᠶ ᠲᠣᠭᠲᠠᠴᠠ ᠵᠢ ᠪᠠᠶ᠋ᠢᠭᠤᠯᠬᠤ᠂ ᠲᠣᠭ᠎ᠠ ᠪᠦᠷᠢᠳᠬᠡᠯ᠎ᠤᠨ ᠣᠷᠴᠢᠨ ᠲᠣᠭᠣᠷᠢᠨ᠎ᠢ ᠰᠠᠶ᠋ᠢᠵᠢᠷᠠᠭᠤᠯᠬᠤ ᠵᠡᠷᠭᠡ ᠪᠠᠶ᠋ᠢᠳᠠᠯ᠎ᠳᠤ ᠬᠢᠨᠠᠯᠲᠠ ᠲᠠᠯᠪᠢᠬᠤ ᠵᠢ ᠴᠢᠩᠭ᠋ᠠᠳᠬᠠᠵᠤ᠂ ᠮᠡᠳᠡᠭᠡᠯᠡᠬᠦ᠂ ᠪᠣᠯᠵᠣᠨ ᠶᠠᠷᠢᠯᠴᠠᠬᠤ᠂ ᠲᠤᠰᠬᠠᠶ ᠱᠠᠯᠠᠪᠳᠠᠭᠤᠯᠤᠨ ᠪᠠᠶ᠋ᠢᠴᠠᠭ᠋ᠠᠬᠤ ᠵᠡᠷᠭᠡ ᠠᠷᠭ᠎ᠠ ᠬᠡᠮᠵᠢᠶ᠎ᠡ᠎ᠪᠠᠷ ᠳᠠᠮᠵᠢᠭᠤᠯᠤᠨ᠂ ᠴᠡᠭᠴᠡᠯᠡᠨ ᠰᠠᠶ᠋ᠢᠵᠢᠷᠠᠭᠤᠯᠬᠤ ᠬᠠᠷᠢᠭᠤᠴᠠᠯᠭ᠎ᠠ ᠵᠢ ᠪᠣᠳᠠᠲᠠᠶ᠋ᠢᠵᠢᠭᠤᠯᠵᠤ᠂ ᠡᠭᠦᠷᠭᠡ ᠵᠢ ᠨᠠᠶ᠋ᠢᠳᠠᠪᠤᠷᠢᠵᠢᠭᠤᠯᠬᠤ ᠵᠢ ᠰᠢᠮᠳᠠᠭᠤᠯᠤᠨ᠎ᠠ᠃ ᠲᠣᠭ᠎ᠠ ᠪᠦᠷᠢᠳᠬᠡᠯ᠎ᠤᠨ ᠱᠠᠯᠠᠪᠳᠠᠭᠤᠯᠤᠨ ᠪᠠᠶ᠋ᠢᠴᠠᠭ᠋ᠠᠯᠲᠠ ᠪᠠ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ᠎ᠳᠤ ᠢᠯᠡᠷᠡᠭᠦᠯᠦᠭᠰᠡᠨ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠤᠭᠰᠠᠨ ᠪᠠᠶ᠋ᠢᠳᠠᠯ᠎ᠢ ᠦᠨᠳᠦᠰᠦᠯᠡᠨ᠂ ᠬᠡᠰᠡᠭ ᠭᠠᠵᠠᠷ ᠣᠷᠣᠨ ᠪᠠ ᠰᠠᠯᠠᠭ᠎ᠠ ᠮᠥᠴᠢᠷ᠎ᠲᠤ ᠱᠠᠯᠠᠪᠳᠠᠭᠤᠯᠤᠨ ᠪᠠᠶ᠋ᠢᠴᠠᠭ᠋ᠠᠵᠤ 《ᠡᠷᠬᠢᠨ ᠬᠠᠷᠠᠬᠤ》 ᠠᠵᠢᠯ ᠥᠷᠨᠢᠭᠦᠯᠬᠦ ᠵᠢ ᠵᠣᠬᠢᠶᠠᠨ ᠪᠠᠶ᠋ᠢᠭᠤᠯᠤᠨ᠎ᠠ᠃ ᠣᠨ᠎ᠤ ᠲᠣᠭ᠎ᠠ ᠪᠦᠷᠢᠳᠬᠡᠯ᠎ᠢ ᠬᠤᠳᠠᠯ ᠬᠠᠭᠤᠷᠮᠠᠭ ᠵᠶ᠋ᠠᠷ ᠵᠣᠬᠢᠶᠠᠬᠤ᠂ ᠬᠤᠳᠠᠯ ᠬᠠᠭᠤᠷᠮᠠᠭ ᠵᠶ᠋ᠠᠷ ᠵᠣᠬᠢᠶᠠᠬᠤ ᠵᠢ ᠰᠡᠷᠭᠡᠶ᠋ᠢᠯᠡᠬᠦ ᠪᠠ ᠵᠠᠯᠬᠠᠭ᠋ᠠᠨ ᠰᠢᠢ᠍ᠳᠭᠡᠬᠦ ᠠᠵᠢᠯ᠎ᠤᠨ ᠳᠤᠤᠷᠠᠳᠤ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠠᠴᠠ ᠵᠢᠯ ᠪᠦᠷᠢ ᠵᠢᠨ 2 ᠰᠠᠷ᠎ᠠ ᠵᠢᠨ ᠰᠡᠭᠦᠯᠴᠢ᠎ᠠᠴᠠ ᠡᠮᠦᠨ᠎ᠡ ᠳᠡᠭᠡᠳᠦ ᠱᠠᠲᠤᠨ᠎ᠤ ᠨᠠᠮ᠎ᠤᠨ ᠬᠣᠷᠢᠶ᠎ᠠ ᠪᠠ ᠵᠠᠰᠠᠭ᠎ᠤᠨ ᠣᠷᠳᠣᠨ᠎ᠳᠤ ᠲᠣᠰ ᠭᠠᠵᠠᠷ ᠣᠷᠣᠨ᠎ᠤ ᠲᠦᠷᠦᠭᠦᠦ ᠨᠢᠭᠡ ᠵᠢᠯ᠎ᠤᠨ ᠲᠣᠭ᠎ᠠ ᠪᠦᠷᠢᠳᠬᠡᠯ᠎ᠢ ᠬᠤᠳᠠᠯ ᠬᠠᠭᠤᠷᠮᠠᠭ ᠵᠶ᠋ᠠᠷ ᠵᠣᠬᠢᠶᠠᠬᠤ ᠵᠢ ᠰᠡᠷᠭᠡᠶ᠋ᠢᠯᠡᠬᠦ ᠪᠠ ᠵᠠᠯᠬᠠᠭ᠋ᠠᠨ ᠰᠢᠢ᠍ᠳᠭᠡᠬᠦ ᠬᠠᠷᠢᠭᠤᠴᠠᠯᠭ᠎ᠠ ᠵᠢᠨ ᠲᠦᠷᠢᠮ᠎ᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ ᠵᠶ᠋ᠠᠨ ᠮᠡᠳᠡᠭᠦᠯᠬᠦ ᠬᠡᠷᠡᠭᠲᠡᠶ᠃
ᠬᠣᠶᠠᠷ᠂ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠡᠷᠴᠢᠮ᠎ᠢ ᠨᠡᠮᠡᠭᠳᠡᠬᠦᠯᠦᠨ᠎ᠡ
(ᠭᠤᠷᠪᠠ) ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠲᠣᠭᠲᠠᠴᠠ ᠵᠢ ᠲᠡᠭᠦᠯᠳᠡᠷᠵᠢᠭᠦᠯᠦᠨ᠎ᠡ᠃ ᠲᠤᠰᠬᠠᠶ᠋ᠢᠵᠢᠭᠰᠠᠨ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠴᠢᠳᠠᠪᠤᠷᠢ ᠵᠢᠨ ᠪᠠᠶ᠋ᠢᠭᠤᠯᠤᠯᠲᠠ ᠵᠢ
ᠴᠢᠩᠭ᠋ᠠᠳᠬᠠᠨ᠂ ᠲᠣᠭ᠎ᠠ ᠪᠦᠷᠢᠳᠬᠡᠯ᠎ᠤᠨ ᠬᠠᠤᠯᠢ᠎ᠠᠴᠠ ᠵᠥᠷᠢᠴᠡᠭᠰᠡᠨ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠬᠦ ᠳᠦᠷᠢᠮ᠎ᠢ ᠴᠢᠩᠭ᠎ᠠ ᠬᠡᠷᠡᠭᠵᠢᠭᠦᠯᠵᠦ᠂ ᠲᠣᠭ᠎ᠠ ᠪᠦᠷᠢᠳᠬᠡᠯ᠎ᠤᠨ ᠬᠠᠤᠯᠢ᠎ᠠᠴᠠ ᠵᠥᠷᠢᠴᠡᠭᠰᠡᠨ ᠬᠡᠷᠡᠭ᠎ᠢ ᠬᠦᠯᠢᠶᠡᠨ ᠠᠪᠴᠤ ᠰᠢᠢ᠍ᠳᠪᠦᠷᠢᠯᠡᠬᠦ᠂ ᠬᠡᠷᠡᠭ ᠪᠣᠯᠭ᠋ᠠᠨ ᠳᠠᠩᠰᠠᠯᠠᠬᠤ᠂ ᠪᠠᠶ᠋ᠢᠴᠠᠭ᠋ᠠᠬᠤ᠂ ᠰᠢᠢ᠍ᠳᠪᠦᠷᠢᠯᠡᠬᠦ ᠡᠯ᠎ᠡ ᠵᠠᠩᠭᠢᠯᠠᠭ᠎ᠠ ᠵᠢ ᠬᠠᠤᠯᠢ ᠲᠣᠭᠲᠠᠭ᠋ᠠᠯ ᠶᠣᠰᠣᠭ᠋ᠠᠷ ᠥᠷᠨᠢᠭᠦᠯᠬᠦ ᠵᠢ ᠦᠨᠡᠨᠬᠦ ᠪᠠᠲᠤᠯᠠᠬᠤ ᠬᠡᠷᠡᠭᠲᠡᠶ᠃ ᠲᠣᠭ᠎ᠠ ᠪᠦᠷᠢᠳᠬᠡᠯ᠎ᠤᠨ ᠬᠠᠤᠯᠢ ᠰᠠᠬᠢᠯᠭ᠎ᠠ᠎ᠠᠴᠠ ᠵᠥᠷᠢᠴᠡᠭᠰᠡᠨ ᠠᠰᠠᠭᠤᠳᠠᠯ᠎ᠤᠨ ᠰᠦᠪᠡᠭᠴᠢ ᠵᠢᠨ ᠢᠷᠡᠯᠲᠡ ᠵᠢ ᠥᠷᠭᠡᠳᠬᠡᠵᠦ᠂ ᠲᠣᠭ᠎ᠠ ᠪᠦᠷᠢᠳᠬᠡᠯ᠎ᠤᠨ ᠱᠠᠯᠠᠪᠳᠠᠭᠤᠯᠤᠨ ᠪᠠᠶ᠋ᠢᠴᠠᠭ᠋ᠠᠯᠲᠠ᠂ ᠲᠣᠭᠣᠷᠢᠨ ᠪᠠᠶ᠋ᠢᠴᠠᠭ᠋ᠠᠬᠤ ᠴᠠᠭᠳᠠᠨ ᠪᠠᠶ᠋ᠢᠴᠠᠭ᠋ᠠᠬᠤ᠂ ᠲᠣᠭ᠎ᠠ ᠪᠠᠷᠢᠮᠲᠠ ᠵᠢ ᠬᠠᠷᠭᠤᠭᠤᠯᠤᠨ ᠪᠠᠶ᠋ᠢᠴᠠᠭ᠋ᠠᠬᠤ ᠵᠡᠷᠭᠡ ᠠᠵᠢᠯ᠎ᠤᠨ ᠦᠷ᠎ᠡ ᠪᠦᠲᠦᠭᠡᠯ᠎ᠢ ᠨᠢᠭᠡᠳᠦᠯᠲᠡᠶ ᠲᠥᠯᠥᠪᠵᠢᠭᠦᠯᠦᠨ ᠬᠡᠷᠡᠭᠯᠡᠵᠦ᠂ ᠠᠰᠠᠭᠤᠳᠠᠯ᠎ᠤᠨ ᠰᠦᠪᠡᠭᠴᠢ ᠵᠢ ᠢᠯᠡᠷᠡᠭᠦᠯᠬᠦ ᠴᠢᠳᠠᠪᠤᠷᠢ ᠵᠢ ᠳᠡᠭᠡᠭᠰᠢᠯᠡᠭᠦᠯᠦᠨ᠎ᠡ᠃ ᠲᠣᠭ᠎ᠠ ᠪᠦᠷᠢᠳᠬᠡᠯ᠎ᠤᠨ ᠬᠠᠤᠯᠢ ᠰᠠᠬᠢᠯᠭ᠎ᠠ᠎ᠠᠴᠠ ᠵᠥᠷᠢᠴᠡᠭᠰᠡᠨ ᠠᠰᠠᠭᠤᠳᠠᠯ᠎ᠢ ᠢᠯᠡᠴᠢᠯᠡᠨ ᠮᠡᠳᠡᠭᠦᠯᠬᠦ ᠳᠦᠷᠢᠮ᠎ᠢ ᠲᠡᠭᠦᠯᠳᠡᠷᠵᠢᠭᠦᠯᠵᠦ᠂ ᠢᠯᠡᠴᠢᠯᠡᠨ ᠮᠡᠳᠡᠭᠦᠯᠦᠭᠰᠡᠨ ᠠᠰᠠᠭᠤᠳᠠᠯ᠎ᠢ ᠴᠠᠭ ᠲᠤᠬᠠᠶ᠎ᠳᠤᠨᠢ ᠰᠢᠢ᠍ᠳᠪᠦᠷᠢᠯᠡᠬᠦ ᠬᠡᠷᠡᠭᠲᠡᠶ᠃ ᠲᠣᠭ᠎ᠠ ᠪᠦᠷᠢᠳᠬᠡᠯ᠎ᠤᠨ ᠬᠠᠤᠯᠢ ᠰᠠᠬᠢᠯᠭ᠎ᠠ᠎ᠠᠴᠠ ᠵᠥᠷᠢᠴᠡᠭᠰᠡᠨ ᠠᠰᠠᠭᠤᠳᠠᠯ᠎ᠤᠨ ᠰᠦᠪᠡᠭᠴᠢ ᠵᠢ ᠰᠢᠯᠵᠢᠭᠦᠯᠦᠨ ᠬᠦᠷᠭᠡᠬᠦ ᠲᠣᠭᠲᠠᠴᠠ ᠵᠢ ᠲᠡᠭᠦᠯᠳᠡᠷᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠴᠢᠯᠥᠭᠡᠲᠦ ᠲᠠᠰᠤᠯᠤᠯᠲᠠ ᠵᠢᠨ ᠰᠠᠭᠤᠷᠢ ᠪᠠᠷᠢᠮᠵᠢᠶ᠎ᠠ᠎ᠳᠤ ᠵᠠᠰᠠᠪᠤᠷᠢ ᠣᠷᠣᠭᠤᠯᠤᠨ᠎ᠠ᠃ ᠠᠶ᠋ᠢᠮᠠᠭ ᠬᠣᠲᠠ᠂ ᠬᠣᠰᠢᠭᠤ ᠰᠢᠶᠠᠨ (ᠬᠣᠲᠠ᠂ ᠲᠣᠭᠣᠷᠢᠭ)᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠨᠤᠭᠤᠳ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ ᠵᠢᠨ ᠡᠭᠦᠷᠭᠡ ᠴᠢᠳᠠᠪᠤᠷᠢ ᠡᠭᠦᠷᠭᠡ ᠬᠠᠷᠢᠭᠤᠴᠠᠯᠭ᠎ᠠ᠎ᠪᠠᠨ ᠦᠨᠡᠨᠬᠦ ᠡᠭᠦᠷᠭᠡᠯᠡᠵᠦ᠂ ᠡᠭᠦᠷᠭᠡᠯᠡᠭᠰᠡᠨ ᠬᠠᠤᠯᠢ ᠬᠡᠷᠡᠭᠵᠢᠭᠦᠯᠬᠦ ᠡᠭᠦᠷᠭᠡ᠎ᠪᠠᠨ ᠴᠢᠨᠠᠷ ᠰᠠᠶ᠋ᠢᠲᠠᠶ᠂ ᠴᠢᠩᠭ᠎ᠠ ᠪᠠᠷᠢᠮᠵᠢᠶ᠎ᠠ᠎ᠪᠠᠷ ᠪᠡᠶᠡᠯᠡᠭᠦᠯᠬᠦ ᠬᠡᠷᠡᠭᠲᠡᠶ᠃ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ᠎ᠪᠠᠷ ᠢᠯᠡᠷᠡᠭᠦᠯᠦᠭᠰᠡᠨ ᠠᠰᠠᠭᠤᠳᠠᠯ᠎ᠢ ᠬᠠᠷᠢᠭᠤ ᠲᠤᠰᠬᠠᠬᠤ᠎ᠪᠠᠨ
ᠴᠢᠩᠭ᠋ᠠᠳᠬᠠᠵᠤ᠂ ᠥᠪᠡᠷᠲᠡᠭᠡᠨ ᠵᠠᠰᠠᠬᠤ ᠣᠷᠣᠨ᠂ ᠠᠶ᠋ᠢᠮᠠᠭ ᠬᠣᠲᠠ ᠬᠣᠶᠠᠷ ᠱᠠᠲᠤᠨ᠎ᠤ ᠲᠣᠭ᠎ᠠ ᠪᠦᠷᠢᠳᠬᠡᠯ᠎ᠤᠨ ᠰᠠᠯᠠᠭ᠎ᠠ ᠮᠥᠴᠢᠷ᠎ᠨᠢ ᠪᠠᠶ᠋ᠢᠴᠠᠭ᠋ᠠᠭᠳᠠᠬᠤ ᠠᠶ᠋ᠢᠮᠠᠭ ᠬᠣᠲᠠ ᠪᠣᠯᠤᠨ ᠬᠣᠰᠢᠭᠤ ᠰᠢᠶᠠᠨ (ᠬᠣᠲᠠ᠂ ᠲᠣᠭᠣᠷᠢᠭ)᠎ᠤ ᠵᠠᠰᠠᠭ᠎ᠤᠨ ᠣᠷᠳᠣᠨ᠎ᠳᠤ ᠣᠨ᠎ᠤ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ ᠵᠢᠨ ᠪᠠᠶ᠋ᠢᠳᠠᠯ ᠵᠶ᠋ᠠᠨ ᠴᠠᠭ ᠲᠤᠬᠠᠶ᠎ᠳᠤᠨᠢ ᠬᠠᠷᠢᠭᠤ ᠲᠤᠰᠬᠠᠵᠤ᠂ ᠴᠡᠭᠴᠡᠯᠡᠨ ᠰᠠᠶ᠋ᠢᠵᠢᠷᠠᠭᠤᠯᠬᠤ ᠰᠠᠨᠠᠯ ᠵᠶ᠋ᠠᠨ ᠳᠤᠷᠠᠳᠬᠤ ᠬᠡᠷᠡᠭᠲᠡᠶ᠃ ᠲᠣᠭ᠎ᠠ ᠪᠦᠷᠢᠳᠬᠡᠯ᠎ᠤᠨ ᠬᠠᠤᠯᠢ ᠰᠠᠬᠢᠯᠭ᠎ᠠ᠎ᠠᠴᠠ ᠵᠥᠷᠢᠴᠡᠭᠰᠡᠨ ᠬᠠᠷᠢᠭᠤᠴᠠᠯᠭ᠎ᠠ ᠵᠢ ᠭᠡᠳᠡᠷᠭᠦ ᠪᠠᠶ᠋ᠢᠴᠠᠭ᠋ᠠᠬᠤ ᠲᠣᠭᠲᠠᠴᠠ ᠵᠢ ᠪᠠᠶ᠋ᠢᠭᠤᠯᠤᠨ᠂ ᠲᠣᠭ᠎ᠠ ᠪᠦᠷᠢᠳᠬᠡᠯ᠎ᠤᠨ ᠬᠠᠤᠯᠢ ᠰᠠᠬᠢᠯᠭ᠎ᠠ᠎ᠠᠴᠠ ᠵᠥᠷᠢᠴᠡᠭᠰᠡᠨ ᠬᠠᠷᠢᠭᠤᠴᠠᠯᠭ᠎ᠠ ᠡᠭᠦᠷᠭᠡᠯᠡᠭᠴᠢ ᠵᠢ ᠰᠢᠢ᠍ᠳᠭᠡᠨ ᠰᠢᠢ᠍ᠳᠪᠦᠷᠢᠯᠡᠬᠦ ᠰᠠᠨᠠᠭᠤᠯᠭ᠎ᠠ ᠵᠢᠨ ᠳᠦᠷᠢᠮ᠎ᠢ ᠪᠦᠷᠢᠨᠰᠢᠭᠦᠯᠵᠦ᠂ ᠲᠣᠭ᠎ᠠ ᠪᠦᠷᠢᠳᠬᠡᠯ᠎ᠤᠨ ᠬᠠᠤᠯᠢ ᠰᠠᠬᠢᠯᠭ᠎ᠠ᠎ᠠᠴᠠ ᠵᠥᠷᠢᠴᠡᠭᠰᠡᠨ ᠬᠦᠨᠳᠦ ᠶᠡᠬᠡ ᠬᠡᠷᠡᠭ᠎ᠢ ᠨᠡᠪᠲᠡᠷᠡᠭᠦᠯᠦᠨ ᠢᠯᠡᠴᠢᠯᠡᠬᠦ ᠳᠦᠷᠢᠮ᠎ᠢ ᠲᠡᠭᠦᠯᠳᠡᠷᠵᠢᠭᠦᠯᠦᠨ᠂ ᠡᠷᠬᠡ ᠲᠤᠰᠢᠶᠠᠯ ᠵᠶ᠋ᠠᠨ ᠠᠰᠢᠭᠯᠠᠨ ᠲᠣᠭ᠎ᠠ ᠪᠦᠷᠢᠳᠬᠡᠯ᠎ᠢ ᠬᠤᠳᠠᠯ ᠬᠠᠭᠤᠷᠮᠠᠭ ᠵᠣᠬᠢᠶᠠᠭᠰᠠᠨ ᠬᠠᠷᠢᠭᠤᠴᠠᠯᠭ᠎ᠠ ᠡᠭᠦᠷᠭᠡᠯᠡᠭᠴᠢ ᠵᠢ ᠴᠢᠩᠭ᠎ᠠ ᠪᠠᠶ᠋ᠢᠴᠠᠭ᠋ᠠᠨ ᠰᠢᠢ᠍ᠳᠪᠦᠷᠢᠯᠡᠬᠦ ᠬᠡᠷᠡᠭᠲᠡᠶ᠃
(ᠳᠥᠷᠪᠡ) ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠵᠦ ᠪᠠᠶ᠋ᠢᠴᠠᠭ᠋ᠠᠬᠤ ᠬᠦᠴᠦᠨ ᠴᠢᠳᠠᠪᠤᠷᠢ ᠵᠢ ᠳᠡᠭᠡᠭᠰᠢᠯᠡᠭᠦᠯᠦᠨ᠎ᠡ᠃ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠦᠯᠲᠡ ᠵᠢᠨ 《ᠬᠣᠶᠠᠷ᠎ᠢ ᠰᠤᠭᠤᠴᠢᠨ ᠪᠠᠶ᠋ᠢᠴᠠᠭ᠋ᠠᠬᠤ》 ᠲᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠬᠡᠪ᠎ᠤᠨ ᠬᠠᠤᠯᠢ ᠬᠡᠷᠡᠭᠵᠢᠭᠦᠯᠦᠯᠲᠡ ᠵᠢ ᠲᠤᠰᠬᠠᠶ ᠬᠠᠤᠯᠢ ᠬᠡᠷᠡᠭᠵᠢᠭᠦᠯᠦᠯᠲᠡ᠎ᠯᠦᠭᠡ ᠬᠠᠷᠢᠯᠴᠠᠨ ᠤᠶᠠᠯᠳᠤᠭᠤᠯᠵᠤ᠂ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ ᠬᠢᠭᠡᠳ ᠠᠰᠠᠭᠤᠳᠠᠯ᠎ᠢ ᠴᠡᠭᠴᠡᠯᠡᠨ ᠰᠠᠶ᠋ᠢᠵᠢᠷᠠᠭᠤᠯᠬᠤ 《ᠡᠷᠬᠢᠨ ᠬᠠᠷᠠᠬᠤ》 ᠵᠢ ᠨᠢᠭᠡ ᠴᠤᠭᠴᠠᠵᠢᠭᠤᠯᠤᠨ ᠠᠬᠢᠭᠤᠯᠤᠨ᠎ᠠ᠃ ᠬᠣᠰᠢᠭᠤ ᠰᠢᠶᠠᠨ (ᠬᠣᠲᠠ᠂ ᠲᠣᠭᠣᠷᠢᠭ)᠎ᠤ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠬᠣᠭᠣᠰᠣᠨ᠎ᠢ ᠲᠦᠷᠭᠡᠳᠬᠡᠨ ᠨᠥᠬᠥᠪᠥᠷᠢᠯᠡᠵᠦ᠂ ᠣᠨ᠎ᠤ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ ᠵᠢᠨ ᠭᠠᠵᠠᠷ ᠣᠷᠣᠨ᠎ᠢ ᠪᠦᠷᠢᠨ ᠪᠥᠷᠬᠥᠭᠦᠯᠬᠦ᠂ ᠭᠦᠢ᠍ᠴᠡᠳᠭᠡᠯ ᠲᠣᠭ᠎ᠠ ᠵᠢ ᠪᠦᠷᠢᠨ ᠪᠥᠷᠬᠥᠭᠦᠯᠬᠦ ᠵᠢ ᠪᠡᠶᠡᠯᠡᠭᠦᠯᠬᠦ ᠵᠢ ᠠᠬᠢᠭᠤᠯᠤᠨ᠎ᠠ᠃ ᠲᠣᠭ᠎ᠠ ᠪᠦᠷᠢᠳᠬᠡᠯ᠎ᠤᠨ ᠰᠠᠯᠠᠭ᠎ᠠ ᠮᠥᠴᠢᠷ ᠬᠢᠭᠡᠳ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠬᠦᠷᠢᠶ᠎ᠡ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠬᠠᠮᠲᠤᠷᠠᠨ ᠬᠠᠤᠯᠢ ᠬᠡᠷᠡᠭᠵᠢᠭᠦᠯᠬᠦ ᠵᠢ ᠯᠠᠪᠳᠠᠭᠤᠨ ᠪᠠᠲᠤᠲᠠᠶ ᠥᠷᠨᠢᠭᠦᠯᠵᠦ᠂ ᠰᠠᠯᠠᠭ᠎ᠠ ᠮᠥᠴᠢᠷ᠎ᠤᠨ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ ᠵᠢᠨ ᠪᠦᠲᠦᠮᠵᠢᠲᠡᠶ ᠠᠷᠭ᠎ᠠ ᠮᠠᠶᠢᠭ᠎ᠢ ᠢᠳᠡᠪᠬᠢᠲᠡᠶ᠎ᠪᠠᠷ ᠰᠦᠪᠡᠭᠴᠢᠯᠡᠨ᠎ᠡ᠃ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠮᠡᠳᠡᠭᠡ ᠵᠠᠩᠭᠢᠵᠢᠯᠲᠠ ᠵᠢᠨ ᠪᠠᠶ᠋ᠢᠭᠤᠯᠤᠯᠲᠠ ᠵᠢ ᠲᠦᠷᠭᠡᠳᠬᠡᠵᠦ᠂ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ᠎ᠳᠤ ᠶᠡᠬᠡ ᠲᠤᠭ᠎ᠠ ᠪᠠᠷᠢᠮᠳᠠ ᠵᠢᠨ ᠬᠡᠷᠡᠭᠯᠡᠯᠲᠡ ᠵᠢ ᠢᠳᠡᠪᠬᠢᠲᠡᠶ ᠠᠬᠢᠭᠤᠯᠤᠨ᠂ ᠰᠠᠯᠠᠭ᠎ᠠ ᠮᠥᠴᠢᠷ᠎ᠤᠨ ᠬᠠᠮᠵᠢᠯᠴᠠᠬᠤ ᠪᠠ ᠡᠬᠢ ᠪᠠᠶᠠᠯᠢᠭ᠎ᠢ ᠬᠠᠮᠲᠤ᠎ᠪᠠᠷ ᠭᠥᠷᠳᠡᠬᠦ ᠵᠢ ᠴᠢᠩᠭ᠋ᠠᠷᠠᠭᠤᠯᠵᠤ᠂ ᠬᠠᠤᠯᠢ ᠬᠡᠷᠡᠭᠵᠢᠭᠦᠯᠦᠯᠲᠡ ᠵᠢᠨ ᠶᠡᠷᠦᠩᠬᠡᠶ᠋ᠢᠯᠡᠭᠰᠡᠨ ᠬᠦᠴᠦᠨ ᠴᠢᠳᠠᠪᠤᠷᠢ ᠵᠢ ᠳᠡᠭᠡᠭᠰᠢᠯᠡᠭᠦᠯᠦᠨ᠎ᠡ᠃
(ᠲᠠᠪᠤ) ᠲᠣᠭ᠎ᠠ ᠪᠦᠷᠢᠳᠬᠡᠯ᠎ᠤᠨ ᠲᠣᠭ᠎ᠠ ᠪᠠᠷᠢᠮᠲᠠ ᠵᠢᠨ ᠶᠠᠰᠤ ᠴᠢᠨᠠᠷ᠎ᠢ ᠬᠠᠷᠭᠤᠭᠤᠯᠤᠨ ᠪᠠᠶ᠋ᠢᠴᠠᠭ᠋ᠠᠬᠤ ᠵᠢ ᠴᠢᠩᠭ᠋ᠠᠷᠠᠭᠤᠯᠤᠨ᠎ᠠ᠃ ᠲᠣᠭ᠎ᠠ ᠪᠦᠷᠢᠳᠬᠡᠯ᠎ᠤᠨ ᠰᠠᠯᠠᠭ᠎ᠠ ᠮᠥᠴᠢᠷ ᠪᠣᠯᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠲᠣᠭ᠎ᠠ ᠪᠦᠷᠢᠳᠬᠡᠯ᠎ᠤᠨ ᠲᠣᠭ᠎ᠠ ᠪᠠᠷᠢᠮᠲᠠ ᠵᠢᠨ ᠶᠠᠰᠤ ᠴᠢᠨᠠᠷ᠎ᠢ ᠬᠢᠨᠠᠨ ᠬᠠᠷᠭᠤᠭᠤᠯᠬᠤ ᠬᠠᠷᠢᠭᠤᠴᠠᠯᠭ᠎ᠠ ᠵᠢ ᠱᠠᠲᠤ ᠳᠠᠷᠠᠭ᠋ᠠᠯᠠᠨ ᠨᠠᠶ᠋ᠢᠳᠠᠪᠤᠷᠢᠵᠢᠭᠤᠯᠵᠤ᠂ ᠲᠣᠭ᠎ᠠ ᠪᠠᠷᠢᠮᠲᠠ ᠵᠢᠨ ᠶᠠᠰᠤ ᠴᠢᠨᠠᠷ᠎ᠢ ᠬᠢᠨᠠᠨ ᠪᠠᠶ᠋ᠢᠴᠠᠭ᠋ᠠᠬᠤ ᠪᠠ ᠦᠨᠡᠯᠡᠨ ᠵᠢᠱ᠌ᠢᠬᠦ ᠳᠦᠷᠢᠮ᠎ᠢ ᠪᠠᠶ᠋ᠢᠭᠤᠯᠤᠨ ᠪᠦᠷᠢᠨᠰᠢᠭᠦᠯᠵᠦ᠂ ᠲᠣᠭ᠎ᠠ ᠪᠦᠷᠢᠳᠬᠡᠯ᠎ᠤᠨ ᠲᠣᠭ᠎ᠠ ᠪᠠᠷᠢᠮᠲᠠ ᠵᠢ ᠬᠢᠨᠠᠨ ᠪᠠᠶ᠋ᠢᠴᠠᠭ᠋ᠠᠬᠤ ᠵᠢ ᠵᠢᠷᠤᠮᠵᠢᠯ᠎ᠲᠠᠢ ᠡᠮᠬᠢ ᠵᠢᠷᠤᠮ᠎ᠲᠠᠢ ᠥᠷᠨᠢᠭᠦᠯᠬᠦ ᠵᠢ ᠠᠬᠢᠭᠤᠯᠤᠨ᠎ᠠ᠃ ᠡᠬᠢ ᠡᠭᠦᠰᠦᠯ ᠲᠣᠭ᠎ᠠ ᠪᠠᠷᠢᠮᠲᠠ ᠵᠢ ᠬᠠᠷᠭᠤᠭᠤᠯᠤᠨ ᠪᠠᠶ᠋ᠢᠴᠠᠭ᠋ᠠᠬᠤ ᠵᠢ ᠴᠢᠩᠭ᠋ᠠᠳᠬᠠᠵᠤ᠂ ᠲᠣᠭ᠎ᠠ ᠪᠠᠷᠢᠮᠲᠠ ᠵᠢᠨ ᠶᠠᠰᠤ ᠴᠢᠨᠠᠷ᠎ᠤᠨ ᠬᠡᠮ ᠰᠣᠭᠣᠭ᠎ᠢ ᠴᠠᠭ ᠲᠤᠬᠠᠶ᠎ᠳᠤᠨᠢ ᠠᠷᠢᠯᠭ᠋ᠠᠵᠤ᠂ ᠲᠣᠭ᠎ᠠ ᠪᠠᠷᠢᠮᠲᠠ ᠵᠢ ᠬᠠᠷᠭᠤᠭᠤᠯᠤᠨ ᠪᠠᠶ᠋ᠢᠴᠠᠭ᠋ᠠᠬᠤ ᠳᠤᠮᠳᠠ ᠢᠯᠡᠷᠡᠭᠦᠯᠦᠭᠰᠡᠨ ᠰᠠᠬᠢᠯᠭ᠎ᠠ ᠪᠠᠲᠤ ᠬᠠᠤᠯᠢ ᠴᠠᠭ᠋ᠠᠵᠠ ᠵᠢ ᠵᠥᠷᠢᠴᠡᠭᠰᠡᠨ ᠠᠰᠠᠭᠤᠳᠠᠯ᠎ᠤᠨ ᠰᠦᠪᠡᠭᠴᠢ ᠵᠢ ᠬᠠᠤᠯᠢ ᠶᠣᠰᠣᠭ᠋ᠠᠷ ᠰᠢᠯᠵᠢᠭᠦᠯᠦᠨ ᠬᠦᠷᠭᠡᠨ᠎ᠡ᠃ ᠰᠠᠯᠠᠭ᠎ᠠ ᠮᠥᠴᠢᠷ᠂ ᠬᠣᠰᠢᠭᠤ ᠰᠢᠶᠠᠨ᠎ᠤ ᠱᠠᠲᠤᠨ᠎ᠤ ᠲᠣᠭ᠎ᠠ ᠪᠦᠷᠢᠳᠬᠡᠯ᠎ᠤᠨ ᠰᠠᠯᠠᠭ᠎ᠠ ᠮᠥᠴᠢᠷ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠂ ᠰᠤᠮᠤ ᠰᠢᠶᠠᠩ ᠪᠠᠯᠭ᠋ᠠᠰᠤ᠂ ᠠᠵᠤ ᠠᠬᠤᠶ᠋ᠢᠯᠠᠯ᠎ᠤᠨ ᠲᠣᠭ᠎ᠠ ᠪᠦᠷᠢᠳᠬᠡᠯ᠎ᠤᠨ ᠠᠵᠢᠯ᠎ᠤᠨ ᠵᠢᠷᠤᠮᠵᠢᠭᠰᠠᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠦᠨᠳᠦᠰᠦᠨ ᠱᠠᠲᠤᠨ᠎ᠤ ᠲᠣᠭ᠎ᠠ ᠪᠦᠷᠢᠳᠬᠡᠯ᠎ᠤᠨ ᠲᠣᠭ᠎ᠠ ᠪᠠᠷᠢᠮᠲᠠ ᠵᠢᠨ ᠦᠨᠡᠨ ᠪᠣᠳᠠᠲᠠᠶ ᠪᠥᠭᠡᠳ ᠣᠨᠣᠪᠴᠢᠲᠠᠶ ᠪᠠᠶ᠋ᠢᠬᠤ ᠵᠢ ᠦᠨᠡᠨᠬᠦ ᠪᠠᠳᠤᠯᠠᠨ᠎ᠠ᠃ ᠲᠣᠭ᠎ᠠ ᠪᠦᠷᠢᠳᠬᠡᠯ᠎ᠤᠨ ᠰᠠᠯᠠᠭ᠎ᠠ ᠮᠥᠴᠢᠷ᠎ᠤᠳ ᠲᠣᠭ᠎ᠠ ᠪᠦᠷᠢᠳᠬᠡᠯ᠎ᠤᠨ ᠠᠵᠢᠯ᠎ᠳᠤ ᠬᠣᠯᠪᠣᠭᠳᠠᠬᠤ ᠪᠢᠴᠢᠭ ᠮᠠᠲ᠋ᠧᠷᠢᠶᠠᠯ ᠪᠣᠯᠤᠨ ᠬᠢᠳᠡᠯ᠎ᠳᠤ ᠲᠣᠭᠲᠠᠮᠠᠯ ᠬᠤᠭᠤᠴᠠᠭ᠎ᠠ᠎ᠲᠠᠢ᠎ᠪᠠᠷ ᠪᠠᠶ᠋ᠢᠴᠠᠭ᠋ᠠᠯᠲᠠ ᠬᠢᠵᠦ᠂ ᠲᠣᠭ᠎ᠠ ᠪᠦᠷᠢᠳᠬᠡᠯ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠠᠴᠠ ᠵᠥᠷᠢᠴᠡᠭᠰᠡᠨ᠎ᠢ ᠣᠯᠵᠤ ᠮᠡᠳᠡᠪᠡᠯ ᠴᠠᠭ ᠲᠤᠬᠠᠶ᠎ᠳᠤᠨᠢ ᠢᠯᠭ᠋ᠠᠷᠠᠭᠤᠯᠤᠨ ᠵᠠᠯᠠᠷᠠᠭᠤᠯᠬᠤ ᠬᠡᠷᠡᠭᠲᠡᠶ᠃
(ᠵᠢᠷᠭᠤᠭ᠎ᠠ) ᠲᠣᠭ᠎ᠠ ᠪᠦᠷᠢᠳᠬᠡᠯ᠎ᠤᠨ ᠬᠦᠷᠢᠶᠡᠨ᠎ᠤ ᠢᠲᠡᠭᠡᠮᠵᠢ ᠵᠢᠨ ᠪᠠᠶ᠋ᠢᠭᠤᠯᠤᠯᠲᠠ ᠵᠢ ᠴᠢᠩᠭ᠋ᠠᠷᠠᠭᠤᠯᠤᠨ᠎ᠠ᠃ ᠲᠣᠭ᠎ᠠ ᠪᠦᠷᠢᠳᠬᠡᠯ᠎ᠤᠨ ᠢᠲᠡᠭᠡᠮᠵᠢ ᠵᠢᠨ ᠰᠢᠰᠲ᠋ᠧᠮᠵᠢ ᠵᠢᠨ ᠪᠠᠶ᠋ᠢᠭᠤᠯᠤᠯᠲᠠ ᠵᠢ ᠲᠡᠭᠦᠯᠳᠡᠷᠵᠢᠭᠦᠯᠵᠦ᠂ ᠦᠨᠡᠨᠴᠢ ᠢᠲᠡᠭᠡᠮᠵᠢᠲᠡᠶ ᠲᠣᠭ᠎ᠠ ᠪᠦᠷᠢᠳᠬᠡᠯ᠎ᠤᠨ ᠵᠥᠪ ᠴᠢᠭᠯᠡᠯ ᠵᠶ᠋ᠠᠷ ᠤᠷᠮᠠᠰᠢᠭᠤᠯᠬᠤ ᠪᠠ ᠲᠣᠭ᠎ᠠ ᠪᠦᠷᠢᠳᠬᠡᠯ᠎ᠤᠨ ᠬᠠᠤᠯᠢ᠎ᠠᠴᠠ ᠵᠥᠷᠢᠴᠡᠭᠰᠡᠨ᠎ᠢ ᠰᠡᠷᠡᠮᠵᠢᠯᠡᠭᠦᠯᠬᠦ ᠬᠥᠮᠦᠵᠢᠯ᠎ᠢ ᠵᠡᠷᠭᠡ᠎ᠪᠡᠷ ᠴᠢᠬᠤᠯᠠᠴᠢᠯᠠᠬᠤ ᠵᠢ ᠪᠡᠶᠡᠯᠡᠭᠦᠯᠬᠦ ᠵᠢ ᠠᠬᠢᠭᠤᠯᠤᠨ᠎ᠠ᠃ ᠲᠣᠭ᠎ᠠ ᠪᠦᠷᠢᠳᠬᠡᠯ᠎ᠤᠨ ᠦᠨᠡᠨᠴᠢ ᠢᠲᠡᠭᠡᠮᠵᠢ ᠵᠢᠨ ᠠᠵᠤ ᠠᠬᠤᠶ᠋ᠢᠯᠠᠯ᠎ᠢ ᠰᠣᠩᠭᠣᠨ ᠪᠣᠶ ᠪᠣᠯᠭ᠋ᠠᠬᠤ ᠠᠵᠢᠯ᠎ᠢ ᠢᠳᠡᠪᠬᠢᠲᠡᠶ ᠥᠷᠨᠢᠭᠦᠯᠵᠦ᠂ ᠲᠣᠭ᠎ᠠ ᠪᠦᠷᠢᠳᠬᠡᠯ᠎ᠤᠨ ᠦᠨᠡᠨᠴᠢ ᠢᠲᠡᠭᠡᠮᠵᠢ ᠵᠢᠨ ᠪᠠᠷᠢᠮᠵᠢᠶ᠎ᠠ᠎ᠳᠤ ᠬᠦᠷᠦᠭᠰᠡᠨ ᠠᠵᠤ ᠠᠬᠤᠶ᠋ᠢᠯᠠᠯ᠎ᠳᠤ ᠵᠥᠪ ᠴᠢᠭᠯᠡᠯ ᠵᠶ᠋ᠠᠷ ᠤᠷᠮᠠᠰᠢᠭᠤᠯᠬᠤ ᠬᠡᠷᠡᠭᠲᠡᠶ᠃ ᠲᠣᠭ᠎ᠠ ᠪᠦᠷᠢᠳᠬᠡᠯ᠎ᠳᠤ ᠬᠦᠨᠳᠦ ᠨᠣᠴᠢᠲᠠᠶ ᠢᠲᠡᠭᠡᠮᠵᠢ ᠠᠯᠳᠠᠭᠰᠠᠨ ᠠᠵᠤ ᠠᠬᠤᠶ᠋ᠢᠯᠠᠯ᠎ᠢ ᠮᠠᠭ᠋ᠠᠳᠯᠠᠨ ᠲᠣᠭᠲᠠᠭ᠋ᠠᠬᠤ ᠪᠠᠷᠢᠮᠵᠢᠶ᠎ᠠ ᠪᠠ ᠲᠠᠰ ᠳᠠᠷᠠᠭ᠋ᠠᠯᠠᠯ᠎ᠢ ᠴᠢᠩᠭ᠎ᠠ ᠬᠡᠷᠡᠭᠵᠢᠭᠦᠯᠵᠦ᠂ ᠤᠯᠤᠰ᠎ᠤᠨ ᠱᠠᠭ᠋ᠠᠷᠳᠠᠯᠭ᠎ᠠ ᠶᠣᠰᠣᠭ᠋ᠠᠷ ᠢᠲᠡᠭᠡᠮᠵᠢᠲᠦ ᠳᠤᠮᠳᠠᠳᠤ ᠤᠯᠤᠰ (ᠥᠪᠥᠷ ᠮᠣᠩᠭᠣᠯ)᠎ᠤᠨ ᠰᠦᠯᠵᠢᠶ᠎ᠡ ᠪᠠ ᠤᠯᠤᠰ᠎ᠤᠨ ᠠᠵᠤ ᠠᠬᠤᠶ᠋ᠢᠯᠠᠯ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠢᠯᠡ ᠨᠡᠶ᠋ᠢᠲᠡᠯᠡᠬᠦ ᠰᠢᠰᠲ᠋ᠧᠮ᠎ᠳᠤ ᠢᠯᠡ ᠨᠡᠶ᠋ᠢᠲᠡᠯᠡᠬᠦ ᠵᠢᠨ ᠬᠠᠮᠲᠤ ᠬᠣᠯᠪᠣᠭ᠋ᠠᠯᠠᠨ ᠵᠠᠯᠬᠠᠭ᠋ᠠᠨ ᠴᠡᠭᠡᠷᠯᠡᠭᠦᠯᠬᠦ ᠵᠢ ᠬᠡᠷᠡᠭᠵᠢᠭᠦᠯᠦᠨ᠎ᠡ᠃
ᠭᠤᠷᠪᠠ᠂ ᠬᠢᠨᠠᠨ ᠰᠢᠨᠵᠢᠵᠦ ᠦᠨᠡᠯᠡᠬᠦ ᠡᠭᠦᠷᠭᠡ ᠴᠢᠳᠠᠪᠤᠷᠢ ᠵᠢ ᠬᠠᠤᠯᠢ ᠶᠣᠰᠣᠭ᠋ᠠᠷ ᠪᠡᠶ᠎ᠡ᠎ᠪᠠᠨ ᠳᠠᠭ᠋ᠠᠭ᠋ᠠᠨ ᠭᠦᠢ᠍ᠴᠡᠳᠭᠡᠨ᠎ᠡ
(ᠳᠣᠯᠣᠭ᠎ᠠ) ᠴᠢᠬᠤᠯᠠ ᠶᠡᠬᠡ ᠰᠢᠢ᠍ᠳᠪᠦᠷᠢᠳᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠨᠠᠶ᠋ᠢᠳᠠᠪᠤᠷᠢᠵᠢᠭᠤᠯᠬᠤ ᠪᠠ ᠴᠢᠬᠤᠯᠠ ᠬᠦᠷᠢᠶ᠎ᠡ ᠴᠠᠷᠠᠭ᠎ᠠ ᠵᠢᠨ ᠬᠥᠭᠵᠢᠯᠲᠡ ᠵᠢ ᠬᠢᠨᠠᠨ ᠰᠢᠨᠵᠢᠵᠦ ᠦᠨᠡᠯᠡᠬᠦ ᠵᠢ ᠴᠢᠩᠭ᠋ᠠᠷᠠᠭᠤᠯᠤᠨ᠎ᠠ᠃ ᠥᠪᠡᠷᠲᠡᠭᠡᠨ ᠵᠠᠰᠠᠬᠤ ᠣᠷᠣᠨ᠎ᠤ ᠴᠢᠬᠤᠯᠠ ᠶᠡᠬᠡ ᠬᠥᠭᠵᠢᠯᠲᠡ ᠵᠢᠨ ᠪᠠᠶ᠋ᠢᠯᠳᠤᠬᠤ ᠪᠣᠳᠣᠯᠭ᠎ᠠ ᠵᠢ ᠬᠡᠷᠡᠭᠵᠢᠭᠦᠯᠦᠭᠰᠡᠨ ᠪᠠᠶ᠋ᠢᠳᠠᠯ ᠵᠢᠴᠢ ᠤᠷᠲᠤᠪᠲᠤᠷ ᠪᠠ ᠣᠷᠳᠣ ᠬᠤᠭᠤᠴᠠᠭ᠋ᠠᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠲᠥᠯᠥᠪᠵᠢᠭᠦᠯᠭᠡ ᠵᠢ ᠬᠡᠷᠡᠭᠵᠢᠭᠦᠯᠦᠭᠰᠡᠨ ᠪᠠᠶ᠋ᠢᠳᠠᠯ ᠵᠡᠷᠭᠡ ᠵᠢ ᠭᠤᠤᠯᠳᠠᠯᠭ᠎ᠠ᠎ᠲᠠᠢ ᠬᠢᠨᠠᠨ ᠰᠢᠨᠵᠢᠵᠦ᠂ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠂ ᠳᠣᠲᠣᠭ᠋ᠠᠳᠤ ᠬᠡᠷᠡᠭᠴᠡᠭᠡ ᠵᠢ ᠥᠷᠭᠡᠳᠬᠡᠬᠦ᠂ ᠰᠢᠨ᠎ᠡ ᠬᠡᠯᠪᠡᠷᠢ ᠵᠢᠨ ᠬᠣᠲᠠ ᠪᠠᠯᠭ᠋ᠠᠰᠤᠵᠢᠯᠲᠠ᠂ ᠨᠡᠭᠦᠷᠡᠰᠦᠲᠥ᠋ᠷᠥᠭᠴᠢ ᠵᠢᠨ ᠳᠠᠪᠬᠤᠷ ᠢᠰᠦᠯ᠎ᠤᠨ ᠭᠠᠳᠠᠭᠰᠢᠯᠠᠭᠤᠯᠤᠯᠳᠠ ᠵᠢ ᠲᠤᠢ᠌ᠯ ᠵᠶ᠋ᠠᠷ ᠪᠠᠭ᠋ᠠᠰᠬᠠᠬᠤ ᠨᠡᠭᠦᠷᠡᠰᠦᠲᠥ᠋ᠷᠥᠭᠴᠢ ᠵᠢ ᠰᠠᠭ᠋ᠠᠷᠮᠠᠭᠵᠢᠭᠤᠯᠬᠤ ᠪᠠ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ ᠲᠠᠪᠤᠨ ᠶᠡᠬᠡ ᠡᠭᠦᠷᠭᠡ ᠵᠡᠷᠭᠡ ᠴᠢᠬᠤᠯᠠ ᠶᠡᠬᠡ ᠰᠢᠢ᠍ᠳᠪᠦᠷᠢᠳᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢᠴᠢ ᠬᠠᠲᠤᠨ ᠭᠤᠤᠯ᠎ᠤᠨ ᠰᠠᠪᠠ ᠭᠠᠵᠠᠷ᠂ ᠬᠥᠬᠡᠬᠣᠲᠠ ᠪᠤᠭᠤᠲᠤ ᠣᠷᠳᠣᠰ ᠲᠡᠮᠡᠭᠡᠲᠦ ᠤᠯᠠᠭ᠋ᠠᠨᠴᠠᠪ᠎ᠢ ᠨᠢᠭᠡ ᠴᠣᠭᠴᠠᠵᠢᠭᠤᠯᠬᠤ᠂ ᠵᠡᠭᠦᠨ ᠣᠷᠣᠨ᠎ᠢ ᠬᠥᠭᠵᠢᠭᠦᠯᠦᠨ ᠮᠠᠨᠳᠤᠭᠤᠯᠬᠤ ᠵᠡᠷᠭᠡ ᠣᠷᠣᠨ ᠪᠦᠰᠡ ᠵᠢᠨ ᠵᠣᠬᠢᠴᠠᠩᠭᠤᠶ ᠬᠥᠭᠵᠢᠯᠲᠡ ᠵᠢᠨ ᠲᠣᠬᠢᠷᠠᠭᠤᠯᠤᠯᠲᠠ ᠪᠠᠶ᠋ᠢᠷᠢᠯᠠᠭᠤᠯᠤᠯᠲᠠ ᠵᠢ ᠨᠠᠶ᠋ᠢᠳᠠᠪᠤᠷᠢᠵᠢᠭᠤᠯᠤᠭᠰᠠᠨ ᠪᠠᠶ᠋ᠢᠳᠠᠯ᠎ᠢ ᠳᠣᠪᠣᠶ᠋ᠢᠯᠭ᠋ᠠᠨ᠎ᠠ᠃ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠳᠤ ᠦᠢ᠍ᠯᠡᠴᠢᠯᠡᠬᠦ ᠪᠠ ᠠᠭᠤᠰᠤᠯᠴᠠᠬᠤ ᠲᠣᠭ᠎ᠠ ᠪᠦᠷᠢᠳᠬᠡᠯ᠎ᠤᠨ ᠬᠢᠨᠠᠨ ᠰᠢᠨᠵᠢᠬᠦ ᠭᠦᠢ᠍ᠴᠡᠳᠭᠡᠯ ᠲᠣᠭ᠎ᠠ ᠵᠢᠨ ᠰᠢᠰᠲ᠋ᠧᠮᠵᠢ ᠵᠢ ᠰᠦᠪᠡᠭᠴᠢᠯᠡᠨ ᠪᠠᠶ᠋ᠢᠭᠤᠯᠤᠨ᠎ᠠ᠃
(ᠨᠠᠢ᠍ᠮᠠ) ᠠᠵᠤ ᠠᠬᠤᠶ ᠵᠢᠨ ᠠᠵᠢᠯᠯᠠᠭ᠋ᠠᠨ᠎ᠤ ᠪᠠᠶ᠋ᠢᠳᠠᠯ᠎ᠢ ᠬᠢᠨᠠᠨ ᠬᠡᠮᠵᠢᠵᠦ ᠵᠠᠳᠠᠯᠤᠯᠲᠠ ᠬᠢᠬᠦ ᠵᠢ ᠭᠦᠨᠵᠡᠭᠡᠶ᠋ᠢᠷᠡᠭᠦᠯᠦᠨ᠎ᠡ᠃ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠂ ᠠᠷᠠᠳ᠎ᠠᠴᠠ ᠡᠵᠡᠩᠨᠡᠭᠰᠡᠨ ᠠᠵᠤ ᠠᠬᠤᠶ᠂ ᠲᠣᠭ᠋ᠠᠴᠢᠯᠠᠭᠰᠠᠨ ᠠᠵᠤ ᠠᠬᠤᠶ᠂ ᠦᠢ᠍ᠯᠡᠴᠢᠯᠡᠭᠡᠨ᠎ᠤ ᠬᠡᠷᠡᠭᠯᠡᠭᠡ᠂ ᠰᠣᠶᠣᠯ᠎ᠤᠨ ᠠᠵᠤ ᠦᠢ᠍ᠯᠡᠰ᠂ ᠡᠷᠡᠭᠦᠯ ᠮᠡᠨᠳᠦ ᠨᠠᠰᠤᠵᠢᠯ᠎ᠤᠨ ᠠᠰᠠᠷᠠᠮᠵᠢ ᠵᠡᠷᠭᠡ ᠵᠢᠨ ᠪᠦᠷᠢᠳᠬᠡᠬᠦ ᠠᠷᠭ᠎ᠠ ᠪᠠ ᠬᠢᠨᠠᠨ ᠰᠢᠨᠵᠢᠬᠦ ᠰᠢᠰᠲ᠋ᠧᠮᠵᠢ ᠵᠢ ᠲᠠᠰᠤᠷᠠᠯᠲᠠ ᠥᠬᠡᠶ ᠰᠢᠯᠢᠳᠡᠭᠵᠢᠭᠦᠯᠦᠨ᠎ᠡ᠃ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠣᠨ᠎ᠤ ᠵᠢᠱ᠌ᠢᠭᠰᠡᠨ ᠬᠠᠷᠠᠯᠲᠠ ᠵᠢᠨ ᠲᠣᠭᠣᠷᠢᠨ᠎ᠳᠤ᠂ ᠭᠣᠣᠯᠳᠠᠯᠭ᠎ᠠ᠎ᠲᠠᠢ ᠠᠵᠢᠯ ᠲᠥᠷᠥᠯ᠂ ᠭᠣᠣᠯᠳᠠᠯᠭ᠎ᠠ᠎ᠲᠠᠢ ᠬᠦᠷᠢᠶ᠎ᠡ᠂ ᠭᠣᠣᠯᠳᠠᠯᠭ᠎ᠠ᠎ᠲᠠᠢ ᠣᠷᠣᠨ ᠪᠦᠰᠡ ᠵᠢᠨ ᠠᠵᠢᠯᠯᠠᠭ᠋ᠠᠨ᠎ᠤ ᠪᠠᠶ᠋ᠢᠳᠠᠯ᠎ᠢ ᠬᠢᠨᠠᠨ ᠰᠢᠨᠵᠢᠵᠦ ᠵᠠᠳᠠᠯᠤᠯᠲᠠ ᠬᠢᠵᠦ᠂ ᠠᠵᠢᠯ ᠣᠯᠭᠣᠯᠲᠠ᠂ ᠰᠠᠭᠤᠭ᠋ᠠᠯᠢ ᠠᠷᠠᠳ᠎ᠤᠨ ᠣᠷᠣᠯᠭ᠎ᠠ᠂ ᠠᠵᠤ ᠦᠢ᠍ᠯᠡᠳᠪᠦᠷᠢ᠂ ᠪᠡᠯᠡ ᠣᠷᠣᠭᠤᠯᠤᠯᠲᠠ᠂ ᠬᠡᠷᠡᠭᠯᠡᠭᠡ᠂ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠬᠤ᠂ ᠦᠢ᠍ᠯᠡᠴᠢᠯᠡᠭᠡᠨ᠎ᠤ ᠦᠢ᠍ᠯᠡᠰ ᠵᠡᠷᠭᠡ ᠵᠢᠨ ᠰᠠᠷ᠎ᠠ (ᠤᠯᠠᠷᠢᠯ) ᠵᠢᠨ ᠠᠵᠢᠯᠯᠠᠭ᠋ᠠᠨ᠎ᠤ ᠬᠠᠨᠳᠤᠰᠢ ᠪᠠ ᠣᠨᠴᠠᠯᠢᠭ᠎ᠢ ᠴᠠᠭ ᠲᠤᠬᠠᠢᠳᠤᠨᠢ ᠰᠤᠳᠤᠯᠤᠨ ᠮᠠᠭ᠋ᠠᠳᠯᠠᠵᠤ᠂ ᠠᠵᠤ ᠠᠬᠤᠢ ᠵᠢᠨ ᠬᠥᠭᠵᠢᠯᠲᠡ ᠳᠤᠮᠳᠠᠬᠢ ᠪᠦᠲᠦᠴᠡ ᠵᠢᠨ ᠴᠢᠨᠠᠷᠲᠠᠢ᠂ ᠴᠤᠬᠤᠶ᠋ᠢᠯᠲᠠ ᠵᠢᠨ ᠴᠢᠨᠠᠷᠲᠠᠢ᠂ ᠬᠡᠯᠪᠡᠷᠢᠯ᠎ᠤᠨ ᠴᠢᠨᠠᠷᠲᠠᠢ ᠠᠰᠠᠭᠤᠳᠠᠯ᠎ᠢ ᠪᠦᠲᠦᠮᠵᠢᠲᠡᠢ᠎ᠪᠠᠷ ᠢᠯᠡᠷᠡᠭᠦᠯᠵᠦ᠂ ᠬᠥᠳᠡᠯᠦᠩᠭᠦᠢ᠎ᠪᠠᠷ ᠬᠢᠨᠠᠨ ᠰᠢᠨᠵᠢᠬᠦ ᠵᠢ ᠲᠦᠷᠭᠡᠨ ᠪᠠᠶ᠋ᠢᠯᠭ᠋ᠠᠵᠤ᠂ ᠵᠠᠳᠠᠯᠤᠨ ᠰᠤᠳᠤᠯᠵᠤ ᠮᠠᠭ᠋ᠠᠳᠯᠠᠬᠤ ᠵᠢ ᠣᠨᠣᠪᠴᠢᠲᠠᠢ ᠪᠠᠶ᠋ᠢᠯᠭ᠋ᠠᠵᠤ᠂ ᠠᠷᠭ᠋ᠠᠴᠠᠬᠤ ᠪᠣᠳᠣᠯᠭ᠎ᠠ ᠵᠢᠨ ᠰᠠᠨᠠᠭᠤᠯᠭ᠎ᠠ ᠵᠢ ᠪᠣᠳᠠᠲᠠᠢ ᠪᠠᠢ᠌ᠯᠭ᠋ᠠᠨ᠎ᠠ᠃
(ᠶᠢᠰᠦ) ᠬᠦᠨᠳᠦ ᠶᠡᠬᠡ ᠲᠦᠭᠰᠢᠭᠦᠷᠢ ᠵᠢ ᠬᠢᠨᠠᠨ ᠰᠢᠨᠵᠢᠬᠦ ᠵᠢ ᠴᠢᠩᠭ᠋ᠠᠳᠬᠠᠨ᠎ᠠ᠃ ᠪᠤᠰᠤᠳᠴᠢ ᠲᠣᠭ᠎ᠠ ᠪᠠᠷᠢᠮᠲᠠ ᠵᠢᠨ ᠵᠠᠳᠠᠯᠤᠯᠲᠠ ᠪᠠ ᠪᠢᠴᠢᠯ ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠡᠵᠡᠩᠨᠡᠯᠲᠡ ᠵᠢᠨ ᠪᠠᠶ᠋ᠢᠳᠠᠯ᠎ᠤᠨ ᠪᠠᠶ᠋ᠢᠴᠠᠭ᠋ᠠᠯᠲᠠ ᠵᠢ ᠶᠡᠷᠦᠩᠬᠡᠶ᠋ᠢᠯᠡᠨ ᠬᠡᠷᠡᠭᠯᠡᠵᠦ᠂ ᠠᠵᠤ ᠠᠬᠤᠶ ᠨᠡᠶ᠋ᠢᠭᠡᠮ᠎ᠤᠨ ᠬᠥᠭᠵᠢᠯᠲᠡ ᠳᠤᠮᠳᠠᠬᠢ ᠳᠠᠯᠳᠠ ᠲᠦᠭᠰᠢᠭᠦᠷᠢ ᠵᠢ ᠤᠷᠢᠳᠴᠢᠯᠠᠨ ᠰᠡᠷᠡᠮᠵᠢᠯᠡᠭᠦᠯᠵᠦ ᠤᠷᠢᠳᠴᠢᠯᠠᠨ ᠮᠠᠭ᠋ᠠᠳᠯᠠᠬᠤ ᠵᠢ ᠴᠢᠩᠭ᠋ᠠᠳᠬᠠᠨ᠂ ᠴᠢᠭᠯᠡᠯ᠎ᠳᠦ ᠴᠢᠨᠠᠷᠲᠠᠶ᠎ᠪᠠᠷ ᠠᠷᠭ᠋ᠠᠴᠠᠭ᠋ᠠᠬᠤ ᠪᠣᠳᠣᠯᠭ᠎ᠠ ᠵᠢᠨ ᠰᠠᠨᠠᠭᠤᠯᠭ᠎ᠠ ᠳᠤᠷᠠᠳᠤᠨ᠎ᠠ᠃ ᠬᠦᠨᠳᠦ ᠶᠡᠬᠡ ᠬᠢᠵᠢᠭ᠎ᠤᠨ ᠪᠠᠶ᠋ᠢᠳᠠᠯ᠂ ᠪᠠᠶ᠋ᠢᠭ᠋ᠠᠯᠢ ᠵᠢᠨ ᠭᠠᠮᠰᠢᠭ᠂ ᠠᠮᠤᠷ ᠲᠦᠪᠰᠢᠨ᠎ᠤ ᠡᠨᠳᠡᠯ ᠵᠡᠷᠭᠡ ᠵᠢᠨ ᠠᠵᠤ ᠠᠬᠤᠶ ᠨᠡᠶ᠋ᠢᠭᠡᠮ᠎ᠳᠤ ᠦᠵᠡᠭᠦᠯᠦᠭᠰᠡᠨ ᠮᠠᠭᠤ ᠨᠥᠯᠥᠭᠡ ᠪᠠ ᠳᠠᠭ᠋ᠠᠷᠢᠯᠲᠠ ᠵᠢ ᠴᠠᠭ ᠲᠤᠬᠠᠶ᠎ᠳᠤᠨᠢ ᠵᠠᠳᠠᠯᠵᠤ᠂ ᠠᠶᠤᠯ ᠲᠦᠭᠰᠢᠭᠦᠷᠢ ᠵᠢ ᠰᠡᠷᠭᠡᠶ᠋ᠢᠯᠡᠨ ᠠᠷᠭ᠋ᠠᠴᠠᠭ᠋ᠠᠬᠤ᠎ᠪᠠᠨ ᠴᠢᠩᠭ᠋ᠠᠳᠬᠠᠵᠤ᠂ ᠠᠵᠤ ᠠᠬᠤᠶ ᠨᠡᠶ᠋ᠢᠭᠡᠮ᠎ᠤᠨ ᠲᠣᠭᠲᠠᠭᠤᠨ ᠪᠥᠭᠡᠳ ᠡᠷᠡᠭᠦᠯ ᠵᠶ᠋ᠠᠷ ᠬᠥᠭᠵᠢᠬᠦ ᠵᠢ ᠠᠬᠢᠭᠤᠯᠬᠤ ᠬᠡᠷᠡᠭᠲᠡᠶ᠃
(ᠠᠷᠪᠠ) ᠠᠷᠠᠳ ᠣᠯᠠᠨ᠎ᠤ ᠲᠤᠰᠬᠠᠭᠰᠠᠨ ᠳᠣᠪᠣᠶ᠋ᠢᠮ᠎ᠠ ᠠᠰᠠᠭᠤᠳᠠᠯ᠎ᠤᠨ ᠪᠠᠶ᠋ᠢᠴᠠᠭ᠋ᠠᠯᠲᠠ ᠵᠢ ᠴᠢᠩᠭ᠋ᠠᠳᠬᠠᠨ᠎ᠠ᠃ ᠲᠦᠷᠭᠡᠨ ᠴᠤᠤᠷᠢᠶᠠᠲᠤᠨ ᠳᠠᠭ᠋ᠠᠬᠤ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠲᠣᠭᠲᠠᠴᠠ ᠵᠢ ᠪᠠᠶ᠋ᠢᠭᠤᠯᠵᠤ᠂ 《ᠠᠮᠤ ᠪᠤᠳᠠᠭ᠎ᠠ》᠂ 《ᠬᠣᠯᠢᠰᠢᠨ ᠢᠳᠡᠭᠡᠨ》 ᠵᠡᠷᠭᠡ ᠠᠷᠠᠳ᠎ᠤᠨ ᠠᠮᠢᠳᠤᠷᠠᠯ᠎ᠤᠨ ᠴᠢᠬᠤᠯᠠ ᠲᠠᠸᠠᠷ᠂ ᠨᠡᠭᠦᠷᠡᠰᠦ ᠴᠠᠬᠢᠯᠭ᠋ᠠᠨ ᠬᠦᠴᠦᠨ ᠵᠡᠷᠭᠡ ᠴᠢᠬᠤᠯᠠ ᠡᠨᠧᠷᠭᠢ ᠵᠢᠨ ᠰᠤᠷᠪᠤᠯᠵᠢ ᠵᠢᠨ ᠦᠢ᠍ᠯᠡᠳᠬᠦᠨ᠎ᠤ ᠬᠠᠩᠭ᠋ᠠᠯᠭ᠎ᠠ ᠪᠠ ᠦᠨ᠎ᠡ ᠬᠠᠩᠰᠢ ᠵᠢᠨ ᠬᠤᠪᠢᠷᠠᠯᠲᠠ ᠵᠡᠷᠭᠡ ᠵᠢ ᠨᠢᠭᠲᠠ ᠬᠢᠨᠠᠨ ᠬᠡᠮᠵᠢᠨ᠎ᠡ᠃ ᠵᠢᠭᠤᠯᠴᠢᠯᠠᠯ᠂ ᠰᠣᠶᠣᠯ᠂ ᠪᠡᠶ᠎ᠡ ᠵᠢᠨ ᠲᠠᠮᠢᠷ᠂ ᠡᠷᠡᠭᠦᠯ ᠮᠡᠨᠳᠦ᠂ ᠨᠠᠰᠤᠵᠢᠯ ᠵᠡᠷᠭᠡ ᠠᠵᠤ ᠦᠢ᠍ᠯᠡᠰ᠎ᠤᠨ ᠬᠥᠭᠵᠢᠯᠲᠡ ᠵᠢᠨ ᠪᠠᠶ᠋ᠢᠳᠠᠯ᠎ᠢ ᠪᠦᠷᠢᠳᠬᠡᠨ ᠬᠢᠨᠠᠨ ᠰᠢᠨᠵᠢᠬᠦ᠎ᠪᠠᠨ ᠴᠢᠩᠭ᠋ᠠᠳᠬᠠᠵᠤ᠂ ᠠᠷᠠᠳ᠎ᠤᠨ ᠠᠮᠢᠳᠤᠷᠠᠯ᠎ᠤᠨ ᠠᠵᠠ ᠵᠢᠷᠭ᠋ᠠᠯ᠎ᠤᠨ ᠬᠢᠷᠢ ᠬᠡᠮᠵᠢᠶ᠎ᠡ ᠵᠢ ᠦᠨᠡᠨ ᠪᠣᠳᠠᠲᠠᠶ ᠪᠤᠰᠤᠳᠴᠢ᠎ᠪᠠᠷ ᠲᠤᠰᠬᠠᠨ᠎ᠠ᠃ ᠠᠷᠠᠳ᠎ᠤᠨ ᠠᠮᠢᠳᠤᠷᠠᠯ᠎ᠤᠨ ᠪᠣᠳᠠᠲᠤ ᠶᠠᠪᠤᠳᠠᠯ᠎ᠤᠨ ᠲᠥᠷᠥᠯ ᠵᠦᠢ᠍ᠯ᠎ᠤᠨ ᠬᠡᠷᠡᠭᠵᠢᠭᠦᠯᠦᠯᠲᠡ ᠵᠢᠨ ᠠᠬᠢᠴᠠ ᠵᠢ ᠮᠥᠷᠳᠡᠨ ᠬᠢᠨᠠᠨ ᠬᠡᠮᠵᠢᠵᠦ᠂ ᠲᠥᠷᠥᠯ ᠵᠦᠢ᠍ᠯ᠎ᠢ ᠠᠬᠢᠭᠤᠯᠬᠤ ᠶᠠᠪᠤᠴᠠ᠎ᠳᠤ ᠣᠷᠣᠰᠢᠵᠤ ᠪᠠᠶ᠋ᠢᠭ᠎ᠠ ᠳᠤᠲᠠᠭᠤᠳᠠᠯ ᠪᠠᠭᠤᠷᠠᠶ ᠲᠠᠯ᠎ᠠ ᠪᠠ ᠬᠦᠴᠢᠷ ᠠᠰᠠᠭᠤᠳᠠᠯ᠎ᠢ ᠴᠠᠭ ᠲᠤᠬᠠᠶ᠎ᠳᠤᠨᠢ ᠲᠤᠰᠬᠠᠨ᠎ᠠ᠃ ᠨᠡᠶ᠋ᠢᠭᠡᠮ᠎ᠤᠨ ᠪᠠᠶ᠋ᠢᠳᠠᠯ ᠠᠷᠠᠳ᠎ᠤᠨ ᠰᠠᠨᠠᠭ᠎ᠠ ᠵᠢ ᠪᠠᠶ᠋ᠢᠴᠠᠭ᠋ᠠᠬᠤ ᠠᠵᠢᠯ᠎ᠢ
ᠴᠢᠩᠭ᠋ᠠᠳᠬᠠᠨ᠎ᠠ᠃
(ᠠᠷᠪᠠᠨ ᠨᠢᠭᠡ) ᠤᠳᠤᠷᠢᠳᠬᠤ ᠺᠠᠳ᠋ᠷ᠎ᠤᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠬᠤ ᠲᠠᠯ᠎ᠠ᠎ᠪᠠᠷ᠎ᠬᠢ ᠲᠣᠭ᠎ᠠ ᠪᠦᠷᠢᠳᠬᠡᠯ᠎ᠤᠨ ᠬᠢᠨᠠᠯᠲᠠ ᠵᠢ ᠴᠢᠩᠭ᠋ᠠᠳᠬᠠᠨ᠎ᠠ᠃ ᠤᠳᠤᠷᠢᠳᠬᠤ ᠺᠠᠳ᠋ᠷ᠎ᠤᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢ ᠠᠬᠢᠭᠤᠯᠬᠤ ᠲᠠᠯ᠎ᠠ᠎ᠪᠠᠷ ᠨᠠᠮ᠎ᠤᠨ ᠲᠥᠪ ᠬᠤᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠲᠦ ᠪᠤᠳᠤᠯᠭ᠎ᠠ ᠪᠠᠶ᠋ᠢᠷᠢᠯᠠᠭᠤᠯᠤᠯᠲᠠ ᠪᠣᠯᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ᠂ ᠵᠠᠰᠠᠭ᠎ᠤᠨ ᠣᠷᠳᠣᠨ᠎ᠤ ᠠᠵᠢᠯ᠎ᠤᠨ ᠲᠤᠬᠢᠷᠠᠭᠤᠯᠤᠯᠳᠠ ᠵᠢ ᠨᠠᠷᠢᠨ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠤᠭᠰᠠᠨ ᠡᠰᠡᠬᠦ᠂ ᠲᠤᠰᠢᠶᠠᠯ ᠬᠠᠷᠢᠭᠤᠴᠠᠯᠭ᠎ᠠ᠎ᠪᠠᠨ ᠰᠠᠶ᠋ᠢᠲᠤᠷ ᠭᠦᠢ᠍ᠴᠡᠳᠬᠡᠭᠰᠡᠨ ᠦᠭᠡᠢ᠂ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠭᠰᠠᠨ ᠵᠶ᠋ᠠᠷ ᠬᠦᠷᠦᠯᠴᠡᠬᠦ ᠦᠭᠡᠢ ᠴᠢᠨᠠᠭᠰᠢᠯᠠᠪᠠᠯ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ᠂ ᠳᠡᠭᠡᠷᠡᠬᠢ᠎ᠪᠠᠨ ᠮᠡᠬᠡᠯᠡᠵᠦ ᠳᠣᠣᠷᠠᠬᠢ᠎ᠪᠠᠨ ᠮᠡᠬᠡᠯᠡᠭᠰᠡᠨ ᠵᠡᠷᠭᠡ ᠠᠰᠠᠭᠤᠳᠠᠯ ᠣᠷᠣᠰᠢᠵᠤ ᠪᠠᠶ᠋ᠢᠬᠤ ᠡᠰᠡᠬᠦ᠎ᠳᠤ ᠭᠤᠤᠯᠳᠠᠯᠭ᠎ᠠ᠎ᠲᠠᠢ ᠬᠢᠨᠠᠯᠳᠠ ᠲᠠᠯᠪᠢᠵᠤ᠂ ᠲᠣᠭ᠎ᠠ ᠪᠦᠷᠢᠳᠬᠡᠯ᠎ᠤᠨ ᠲᠣᠭ᠎ᠠ ᠪᠠᠷᠢᠮᠲᠠ ᠵᠢᠨ ᠶᠡᠷᠦᠩᠬᠡᠶ᠋ᠢᠯᠡᠭᠰᠡᠨ ᠴᠢᠨᠠᠷ᠂ ᠰᠠᠭᠤᠷᠢ ᠴᠢᠨᠠᠷ᠂ ᠪᠤᠰᠤᠳᠴᠢ ᠴᠢᠨᠠᠷ᠎ᠤᠨ ᠣᠨᠴᠠᠯᠢᠭ᠎ᠢ ᠭᠦᠢ᠍ᠴᠡᠳ ᠠᠰᠢᠭᠯᠠᠵᠤ᠂ 《ᠲᠣᠭ᠋ᠠᠨ᠎ᠤ ᠲᠠᠯ᠎ᠠ᠎ᠪᠠᠷ᠎ᠬᠢ ᠢᠯᠵᠠᠷᠠᠯ》᠎ᠢ ᠰᠡᠷᠭᠡᠢ᠌ᠯᠡᠨ᠎ᠡ᠃
ᠳᠥᠷᠪᠡ᠂ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠤᠭᠰᠠᠨ ᠪᠠᠶ᠋ᠢᠳᠠᠯ᠎ᠳᠤ ᠲᠤᠭ᠎ᠠ ᠪᠦᠷᠢᠳᠭᠡᠯ᠎ᠤᠨ ᠬᠢᠨᠠᠯᠲᠠ ᠲᠠᠯᠪᠢᠬᠤ᠎ᠪᠠᠨ ᠴᠢᠩᠭ᠋ᠠᠳᠬᠠᠨ᠎ᠠ
(ᠠᠷᠪᠠᠨ ᠬᠣᠶᠠᠷ) ᠴᠢᠨᠠᠷ ᠰᠠᠶ᠋ᠢᠲᠠᠶ ᠬᠥᠭᠵᠢᠯᠲᠡ ᠵᠢᠨ ᠶᠡᠷᠦᠩᠬᠡᠶ᠋ᠢᠯᠡᠭᠰᠡᠨ ᠠᠮᠵᠢᠯᠲᠠ ᠪᠦᠲᠦᠮᠵᠢ ᠵᠢᠨ ᠦᠨᠡᠯᠡᠯᠲᠡ ᠵᠢ ᠠᠬᠢᠭᠤᠯᠤᠨ᠎ᠠ᠃ ᠲᠣᠭ᠎ᠠ ᠪᠦᠷᠢᠳᠬᠡᠯ᠎ᠤᠨ ᠰᠠᠯᠠᠭ᠎ᠠ ᠮᠥᠴᠢᠷ᠎ᠤᠨ᠎ᠬᠢᠨ ᠬᠣᠯᠪᠣᠭᠳᠠᠯ ᠪᠥᠬᠥᠶ ᠰᠠᠯᠠᠭ᠎ᠠ ᠮᠥᠴᠢᠷ᠎ᠲᠠᠢ ᠬᠠᠮᠲᠤᠷᠠᠨ ᠡᠯ᠎ᠡ ᠭᠠᠵᠠᠷ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠠᠵᠢᠯ᠎ᠤᠨ ᠶᠡᠷᠦᠩᠬᠡᠶ ᠪᠠᠶ᠋ᠢᠳᠠᠯ᠎ᠢ ᠬᠢᠨᠠᠨ ᠬᠡᠮᠵᠢᠵᠦ ᠦᠨᠡᠯᠡᠯᠲᠡ ᠬᠢᠵᠦ᠂ ᠴᠢᠨᠠᠷ᠎ᠢ ᠲᠣᠭᠲᠠᠭ᠋ᠠᠬᠤ ᠪᠠ ᠬᠡᠮᠵᠢᠶ᠎ᠡ ᠵᠢ ᠲᠣᠭᠲᠠᠭ᠋ᠠᠬᠤ ᠵᠢ ᠤᠶᠠᠯᠳᠤᠭᠤᠯᠬᠤ ᠵᠢ ᠪᠠᠷᠢᠮᠲᠠᠯᠠᠨ᠂ ᠴᠢᠨᠠᠷ ᠰᠠᠶ᠋ᠢᠲᠠᠶ ᠬᠥᠭᠵᠢᠯᠲᠡ ᠵᠢᠨ ᠠᠬᠢᠴᠠ ᠳᠤᠮᠳᠠᠬᠢ ᠳᠠᠪᠠᠭᠤᠯᠢᠭ ᠦᠷ᠎ᠡ ᠪᠦᠲᠦᠮᠵᠢ ᠪᠠ ᠳᠤᠲᠠᠭᠤᠳᠠᠯ ᠪᠠᠭᠤᠷᠠᠶ ᠲᠠᠯ᠎ᠠ ᠵᠢ ᠪᠤᠰᠤᠳᠴᠢ᠎ᠪᠠᠷ ᠲᠤᠰᠬᠠᠵᠤ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ ᠰᠢᠨ᠎ᠡ ᠬᠥᠭᠵᠢᠯᠲᠡ ᠵᠢᠨ ᠣᠶ᠋ᠢᠯᠠᠭ᠋ᠠᠭᠳᠠᠬᠤᠨ᠎ᠢ ᠲᠤᠭᠤᠰᠢᠯᠠᠭᠤᠯᠬᠤ᠂ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ᠎ᠨᠢ ᠬᠦᠴᠦᠨ ᠥᠬᠡᠶ ᠪᠠᠶ᠋ᠢᠬᠤ ᠡᠰᠡᠬᠦ᠂ ᠵᠥᠪᠬᠡᠨ ᠬᠤᠷᠳᠤᠴᠠ ᠬᠡᠪᠴᠢᠶ᠎ᠡ ᠵᠢ ᠬᠥᠭᠡᠭᠡᠴᠡᠯᠳᠦᠬᠦ᠂ ᠶᠠᠰᠤ ᠴᠢᠨᠠᠷ ᠦᠷ᠎ᠡ ᠠᠰᠢᠭ᠎ᠢ ᠴᠢᠬᠤᠯᠠᠴᠢᠯᠠᠬᠤ ᠥᠬᠡᠶ᠂ ᠵᠥᠪᠬᠡᠨ ᠣᠬᠣᠷ ᠬᠤᠭᠤᠴᠠᠭ᠋ᠠᠨ᠎ᠤ ᠠᠰᠢᠭ ᠲᠤᠰᠠ ᠵᠢ ᠬᠥᠭᠡᠭᠡᠴᠡᠯᠳᠦᠬᠦ᠂ ᠠᠯᠤᠰ ᠬᠡᠲᠦ ᠵᠢᠨ ᠬᠥᠭᠵᠢᠯᠲᠡ ᠵᠢ ᠬᠠᠶ᠋ᠢᠬᠤᠷᠬᠤ ᠥᠬᠡᠶ ᠪᠠᠶ᠋ᠢᠬᠤ ᠵᠡᠷᠭᠡ ᠠᠰᠠᠭᠤᠳᠠᠯ᠎ᠳᠤ ᠭᠤᠤᠯᠳᠠᠯᠭ᠎ᠠ᠎ᠲᠠᠢ ᠬᠢᠨᠠᠯᠲᠠ ᠲᠠᠯᠪᠢᠬᠤ ᠬᠡᠷᠡᠭᠲᠡᠶ᠃
(ᠠᠷᠪᠠᠨ ᠭᠤᠷᠪᠠ) ᠴᠢᠨᠠᠷ ᠰᠠᠶ᠋ᠢᠲᠠᠶ ᠬᠥᠭᠵᠢᠯᠲᠡ ᠵᠢᠨ ᠠᠮᠵᠢᠯᠲᠠ ᠪᠦᠲᠦᠮᠵᠢ ᠵᠢ ᠦᠨᠡᠯᠡᠬᠦ ᠠᠵᠢᠯ᠎ᠤᠨ ᠰᠠᠭᠤᠷᠢ ᠵᠢ ᠪᠡᠬᠢᠵᠢᠭᠦᠯᠦᠨ᠎ᠡ᠃ ᠲᠣᠭ᠎ᠠ ᠪᠦᠷᠢᠳᠬᠡᠯ᠎ᠤᠨ ᠰᠠᠯᠠᠭ᠎ᠠ ᠮᠥᠴᠢᠷ᠎ᠨᠢ ᠠᠵᠢᠯ᠎ᠤᠨ ᠠᠮᠵᠢᠯᠲᠠ ᠪᠦᠲᠦᠮᠵᠢ ᠵᠢ ᠦᠨᠡᠯᠡᠬᠦ᠎ᠳᠤ ᠣᠷᠣᠯᠴᠠᠭᠰᠠᠨ ᠰᠠᠯᠠᠭ᠎ᠠ ᠮᠥᠴᠢᠷ᠎ᠲᠤ ᠲᠤᠬᠠᠶ᠋ᠢᠯᠠᠭᠰᠠᠨ ᠠᠵᠢᠯ᠎ᠤᠨ ᠵᠢᠯᠣᠭᠣᠳᠣᠯᠭ᠎ᠠ᠎ᠪᠠᠨ ᠴᠢᠩᠭ᠋ᠠᠳᠬᠠᠵᠤ᠂ ᠴᠢᠨᠠᠷ ᠰᠠᠶ᠋ᠢᠲᠠᠶ ᠬᠥᠭᠵᠢᠯᠲᠡ ᠵᠢᠨ ᠶᠡᠷᠦᠩᠬᠡᠶ᠋ᠢᠯᠡᠭᠰᠡᠨ ᠠᠵᠢᠯ᠎ᠤᠨ ᠠᠮᠵᠢᠯᠲᠠ ᠪᠦᠲᠦᠮᠵᠢ ᠵᠢ ᠦᠨᠡᠯᠡᠵᠦ ᠰᠢᠯᠭ᠋ᠠᠨ ᠬᠢᠨᠠᠵᠤ ᠪᠦᠷᠢᠳᠬᠡᠭᠰᠡᠨ ᠪᠠᠶ᠋ᠢᠳᠠᠯ᠎ᠢ ᠮᠡᠳᠡᠭᠡᠯᠡᠬᠦ ᠲᠦᠷᠢᠮ᠎ᠢ ᠪᠠᠶ᠋ᠢᠭᠤᠯᠵᠤ᠂ ᠦᠨᠡᠯᠡᠵᠦ ᠰᠢᠯᠭ᠋ᠠᠨ ᠬᠢᠨᠠᠬᠤ ᠭᠦᠢ᠍ᠴᠡᠳᠭᠡᠯ ᠲᠣᠭ᠎ᠠ ᠵᠢᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠨ᠎ᠠ᠃ ᠬᠣᠯᠪᠣᠭᠳᠠᠯ ᠪᠥᠬᠥᠶ ᠰᠠᠯᠠᠭ᠎ᠠ ᠮᠥᠴᠢᠷ᠎ᠤᠨ᠎ᠬᠢᠨ ᠦᠨᠡᠯᠡᠬᠦ ᠠᠷᠭ᠎ᠠ ᠪᠠ ᠲᠣᠭ᠎ᠠ ᠪᠦᠷᠢᠳᠬᠡᠯ᠎ᠤᠨ ᠲᠦᠷᠢᠮ᠎ᠢ ᠴᠢᠩᠭ᠎ᠠ ᠨᠠᠶ᠋ᠢᠳᠠᠪᠤᠷᠢᠵᠢᠭᠤᠯᠵᠤ᠂ ᠴᠢᠨᠠᠷ ᠰᠠᠶ᠋ᠢᠲᠠᠶ ᠬᠥᠭᠵᠢᠯᠲᠡ ᠵᠢᠨ ᠶᠡᠷᠦᠩᠬᠡᠶ᠋ᠢᠯᠡᠭᠰᠡᠨ ᠠᠮᠵᠢᠯᠲᠠ ᠪᠦᠲᠦᠮᠵᠢ ᠵᠢ ᠦᠨᠡᠯᠡᠬᠦ ᠠᠵᠢᠯ᠎ᠤᠨ ᠠᠵᠢᠯᠯᠠᠭ᠋ᠠᠨ᠎ᠤ ᠲᠦᠷᠢᠮ᠎ᠢ ᠲᠣᠭᠲᠠᠭ᠋ᠠᠵᠤ᠂ ᠦᠨᠡᠯᠡᠬᠦ ᠭᠦᠢ᠍ᠴᠡᠳᠭᠡᠯ ᠲᠣᠭ᠎ᠠ ᠵᠢᠨ ᠲᠣᠭ᠎ᠠ ᠪᠠᠷᠢᠮᠲᠠ ᠵᠢᠨ ᠦᠨᠡᠨ ᠪᠣᠳᠠᠲᠠᠶ ᠪᠥᠭᠡᠳ ᠨᠠᠶ᠋ᠢᠳᠠᠪᠤᠷᠢᠲᠠᠶ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠶ᠃ ᠠᠮᠵᠢᠯᠲᠠ ᠪᠦᠲᠦᠮᠵᠢ ᠵᠢ ᠦᠨᠡᠯᠡᠵᠦ ᠬᠢᠨᠠᠨ ᠰᠢᠯᠭ᠋ᠠᠬᠤ ᠴᠢᠳᠠᠪᠤᠷᠢᠲᠠᠨ᠎ᠤ ᠡᠩᠨᠡᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠨ᠎ᠠ᠃
ᠲᠠᠪᠤ᠂ ᠬᠠᠮᠳᠤᠷᠠᠯᠴᠠᠨ ᠬᠠᠮᠵᠢᠯᠴᠠᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠦᠨ᠎ᠡ
(ᠠᠷᠪᠠᠨ ᠳᠥᠷᠪᠡ) ᠲᠣᠭ᠎ᠠ ᠪᠦᠷᠢᠳᠬᠡᠯ᠎ᠤᠨ ᠬᠢᠨᠠᠯᠲᠠ ᠲᠠᠯᠪᠢᠬᠤ ᠬᠢᠭᠡᠳ ᠲᠣᠭᠣᠷᠢᠨ ᠪᠠᠶ᠋ᠢᠴᠠᠭ᠋ᠠᠵᠤ ᠬᠢᠨᠠᠯᠲᠠ ᠲᠠᠯᠪᠢᠬᠤ ᠵᠢᠨ ᠵᠣᠬᠢᠴᠠᠯᠳᠤᠨ ᠬᠠᠮᠵᠢᠯᠴᠠᠬᠤ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠦᠨ᠎ᠡ᠃ ᠲᠣᠭ᠎ᠠ ᠪᠦᠷᠢᠳᠬᠡᠯ᠎ᠤᠨ ᠬᠢᠨᠠᠯᠲᠠ ᠲᠠᠯᠪᠢᠬᠤ ᠬᠢᠭᠡᠳ ᠲᠣᠭᠣᠷᠢᠨ ᠪᠠᠶ᠋ᠢᠴᠠᠭ᠋ᠠᠵᠤ ᠬᠢᠨᠠᠯᠲᠠ ᠲᠠᠯᠪᠢᠬᠤ ᠮᠡᠳᠡᠭᠡ ᠵᠠᠩᠭᠢ ᠵᠢᠨ ᠡᠳᠦᠷ ᠲᠤᠲᠤᠮ᠎ᠤᠨ ᠨᠡᠪᠲᠡᠷᠡᠯᠴᠡᠭᠡ᠂ ᠬᠢᠨᠠᠯᠲᠠ ᠲᠠᠯᠪᠢᠬᠤ᠎ᠠᠴᠠ ᠡᠮᠦᠨᠡᠬᠢ ᠪᠠᠶ᠋ᠢᠳᠠᠯ᠎ᠢ ᠮᠡᠳᠡᠭᠡᠯᠡᠬᠦ᠂ ᠬᠢᠨᠠᠯᠲᠠ ᠲᠠᠯᠪᠢᠬᠤ ᠬᠤᠭᠤᠴᠠᠭ᠋ᠠᠨ᠎ᠳᠤ ᠬᠠᠮᠵᠢᠯᠴᠠᠬᠤ᠂ ᠬᠢᠨᠠᠯᠲᠠ ᠲᠠᠯᠪᠢᠭᠰᠠᠨ ᠦᠷ᠎ᠡ ᠪᠦᠲᠦᠭᠡᠯ᠎ᠢ ᠬᠠᠮᠲᠤ᠎ᠳᠤ᠎ᠪᠠᠨ ᠭᠥᠷᠳᠡᠵᠦ ᠬᠡᠷᠡᠭᠯᠡᠬᠦ ᠵᠡᠷᠭᠡ ᠠᠵᠢᠯ᠎ᠤᠨ ᠲᠣᠭᠲᠠᠴᠠ ᠵᠢ ᠪᠠᠶ᠋ᠢᠭᠤᠯᠵᠤ᠂ ᠲᠣᠭᠣᠷᠢᠨ ᠪᠠᠶ᠋ᠢᠴᠠᠭ᠋ᠠᠵᠤ ᠲᠣᠭᠣᠷᠢᠨ ᠪᠠᠶ᠋ᠢᠴᠠᠭ᠋ᠠᠬᠤ ᠪᠠᠶ᠋ᠢᠭᠤᠯᠤᠮᠵᠢ᠎ᠳᠤ ᠲᠣᠭᠣᠷᠢᠨ ᠪᠠᠶ᠋ᠢᠴᠠᠭ᠋ᠠᠯᠲᠠ ᠵᠢ ᠬᠦᠯᠢᠶᠡᠭᠰᠡᠨ ᠭᠠᠵᠠᠷ ᠣᠷᠣᠨ (ᠨᠢᠭᠡᠴᠡ)᠎ᠳᠤ ᠲᠣᠭ᠎ᠠ ᠪᠦᠷᠢᠳᠬᠡᠯ ᠬᠢᠵᠦ ᠬᠢᠨᠠᠨ ᠰᠢᠨᠵᠢᠵᠦ ᠦᠨᠡᠯᠡᠬᠦ᠂ ᠲᠣᠭ᠎ᠠ ᠪᠦᠷᠢᠳᠬᠡᠯ ᠬᠢᠵᠦ ᠰᠢᠮᠳᠠᠭᠤᠯᠤᠨ ᠪᠠᠶ᠋ᠢᠴᠠᠭ᠋ᠠᠬᠤ᠂ ᠲᠣᠭ᠎ᠠ ᠪᠦᠷᠢᠳᠬᠡᠯ ᠬᠢᠵᠦ ᠬᠠᠤᠯᠢ ᠬᠡᠷᠡᠭᠵᠢᠭᠦᠯᠦᠯᠲᠡ ᠵᠢ ᠪᠠᠶ᠋ᠢᠴᠠᠭ᠋ᠠᠬᠤ ᠠᠵᠢᠯ᠎ᠢ ᠥᠷᠨᠢᠭᠦᠯᠦᠭᠰᠡᠨ ᠪᠠᠶ᠋ᠢᠳᠠᠯ ᠪᠣᠯᠤᠨ ᠢᠯᠡᠷᠡᠭᠦᠯᠦᠭᠰᠡᠨ ᠲᠣᠭ᠎ᠠ ᠪᠦᠷᠢᠳᠬᠡᠯ ᠵᠶ᠋ᠠᠨ ᠬᠠᠭᠤᠷᠮᠠᠭᠯᠠᠨ ᠵᠣᠬᠢᠶᠠᠭᠰᠠᠨ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠭᠰᠠᠨ ᠰᠡᠵᠢᠭᠯᠡᠯᠲᠡᠶ ᠵᠡᠷᠭᠡ ᠴᠢᠬᠤᠯᠠ ᠠᠰᠠᠭᠤᠳᠠᠯ᠎ᠤᠨ ᠰᠦᠪᠡᠭᠴᠢ ᠵᠢ ᠴᠠᠭ ᠲᠤᠬᠠᠶ᠎ᠳᠤᠨᠢ ᠬᠠᠩᠭ᠋ᠠᠨ᠎ᠠ᠃
(ᠠᠷᠪᠠᠨ ᠲᠠᠪᠤ) ᠲᠣᠭ᠎ᠠ ᠪᠦᠷᠢᠳᠬᠡᠯ᠎ᠤᠨ ᠬᠢᠨᠠᠯᠲᠠ ᠲᠠᠯᠪᠢᠯᠲᠠ ᠬᠢᠭᠡᠳ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠬᠢᠨᠠᠯᠲᠠ ᠲᠠᠯᠪᠢᠯᠲᠠ᠂ ᠬᠢᠨᠠᠨ ᠪᠣᠳᠣᠯᠲᠠ ᠵᠢᠨ ᠬᠢᠨᠠᠯᠲᠠ ᠲᠠᠯᠪᠢᠯᠲᠠ ᠵᠢ ᠨᠡᠪᠲᠡᠷᠡᠯᠴᠡᠭᠦᠯᠦᠨ ᠬᠠᠮᠵᠢᠯᠴᠠᠭᠤᠯᠬᠤ ᠵᠢ ᠠᠬᠢᠭᠤᠯᠤᠨ᠎ᠠ᠃ ᠮᠡᠳᠡᠭᠡ ᠵᠠᠩᠭᠢ ᠨᠡᠪᠲᠡᠷᠡᠯᠴᠡᠬᠦ᠂ ᠰᠦᠪᠡᠭᠴᠢ ᠵᠢ ᠰᠢᠯᠵᠢᠭᠦᠯᠦᠨ ᠬᠦᠷᠭᠡᠬᠦ᠂ ᠦᠷ᠎ᠡ ᠳ᠋ᠦᠩ᠎ᠢ ᠬᠠᠮᠲᠤ᠎ᠪᠠᠷ ᠡᠳ᠋ᠯᠡᠬᠦ ᠵᠡᠷᠭᠡ ᠲᠠᠯ᠎ᠠ ᠵᠢᠨ ᠠᠵᠢᠯ᠎ᠤᠨ ᠲᠣᠭᠲᠠᠴᠠ ᠵᠢ ᠪᠠᠶ᠋ᠢᠭᠤᠯᠤᠨ ᠪᠦᠷᠢᠨᠰᠢᠭᠦᠯᠦᠨ᠎ᠡ᠃ ᠲᠣᠭ᠎ᠠ ᠪᠦᠷᠢᠳᠬᠡᠯ᠎ᠤᠨ ᠰᠠᠯᠠᠭ᠎ᠠ ᠮᠥᠴᠢᠷ ᠪᠣᠯᠤᠨ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ
ᠪᠠᠶ᠋ᠢᠭᠤᠯᠭ᠎ᠠ᠂ ᠬᠢᠨᠠᠨ ᠪᠤᠳᠤᠬᠤ ᠰᠠᠯᠠᠭ᠎ᠠ ᠮᠥᠴᠢᠷ᠎ᠤᠨ ᠲᠣᠭ᠎ᠠ ᠪᠦᠷᠢᠳᠬᠡᠯ᠎ᠢ ᠬᠠᠭᠤᠷᠮᠠᠭᠯᠠᠨ ᠵᠣᠬᠢᠶᠠᠬᠤ᠂ ᠬᠤᠳᠠᠯ ᠬᠠᠭᠤᠷᠮᠠᠭ ᠵᠶ᠋ᠠᠷ ᠵᠣᠬᠢᠶᠠᠬᠤ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠬᠦ ᠳᠤᠮᠳᠠᠬᠢ ᠬᠠᠮᠵᠢᠯᠴᠠᠭ᠎ᠠ ᠵᠢ ᠴᠢᠩᠭ᠋ᠠᠳᠬᠠᠵᠤ᠂ ᠣᠨᠢᠨ ᠳᠡᠭᠡᠷ᠎ᠡ᠎ᠨᠢ ᠵᠣᠯᠭ᠋ᠠᠭᠤᠯᠬᠤ ᠵᠢ ᠪᠡᠶᠡᠯᠡᠭᠦᠯᠵᠦ᠂ ᠲᠣᠭ᠎ᠠ ᠪᠦᠷᠢᠳᠬᠡᠯ᠎ᠢ ᠬᠠᠭᠤᠷᠮᠠᠭᠯᠠᠨ ᠵᠣᠬᠢᠶᠠᠬᠤ ᠠᠰᠠᠭᠤᠳᠠᠯ᠎ᠢ ᠲᠦᠷᠢᠮ ᠲᠣᠭᠲᠠᠭ᠋ᠠᠯ ᠰᠠᠬᠢᠯᠭ᠎ᠠ ᠪᠠᠲᠤ ᠬᠠᠤᠯᠢ ᠴᠠᠭ᠋ᠠᠵᠠ ᠶᠣᠰᠣᠭ᠋ᠠᠷ ᠪᠣᠳᠠᠲᠠᠶ ᠰᠢᠢ᠍ᠳᠪᠦᠷᠢᠯᠡᠬᠦ ᠵᠢ ᠠᠬᠢᠭᠤᠯᠤᠨ᠎ᠠ᠃
(ᠠᠷᠪᠠᠨ ᠵᠢᠷᠭᠤᠭ᠎ᠠ) ᠲᠣᠭ᠎ᠠ ᠪᠦᠷᠢᠳᠬᠡᠯ᠎ᠤᠨ ᠰᠠᠯᠠᠭ᠎ᠠ ᠮᠥᠴᠢᠷ ᠬᠢᠭᠡᠳ ᠵᠣᠬᠢᠶᠠᠨ ᠪᠠᠶ᠋ᠢᠭᠤᠯᠬᠤ ᠠᠵᠢᠯᠲᠠᠨ᠎ᠤ ᠶᠠᠪᠤᠳᠠᠯ᠎ᠤᠨ ᠰᠠᠯᠠᠭ᠎ᠠ ᠮᠥᠴᠢᠷ᠎ᠤᠨ ᠠᠵᠢᠯ᠎ᠤᠨ ᠵᠣᠬᠢᠴᠠᠭᠤᠯᠭ᠎ᠠ᠎ᠪᠠᠨ ᠴᠢᠩᠭ᠋ᠠᠳᠬᠠᠨ᠎ᠠ᠃ ᠴᠢᠨᠠᠷ ᠰᠠᠶ᠋ᠢᠲᠠᠶ ᠬᠥᠭᠵᠢᠯᠲᠡ ᠵᠢᠨ ᠠᠮᠵᠢᠯᠲᠠ ᠪᠦᠲᠦᠮᠵᠢ ᠵᠢ ᠦᠨᠡᠯᠡᠨ ᠰᠢᠯᠭ᠋ᠠᠨ ᠬᠢᠨᠠᠬᠤ᠂ ᠲᠣᠭ᠎ᠠ ᠪᠦᠷᠢᠳᠬᠡᠯ᠎ᠢ ᠬᠤᠳᠠᠯ ᠬᠠᠭᠤᠷᠮᠠᠭ ᠵᠣᠬᠢᠶᠠᠬᠤ ᠵᠢ ᠰᠡᠷᠭᠡᠶ᠋ᠢᠯᠡᠬᠦ ᠪᠠ ᠵᠠᠯᠬᠠᠭ᠋ᠠᠨ ᠰᠢᠢ᠍ᠳᠭᠡᠬᠦ ᠵᠡᠷᠭᠡ ᠲᠤᠭ᠎ᠠ ᠪᠦᠷᠢᠳᠭᠡᠯ᠎ᠤᠨ ᠬᠢᠨᠠᠯᠲᠠ ᠲᠠᠯᠪᠢᠭᠰᠠᠨ ᠪᠠᠶ᠋ᠢᠳᠠᠯ᠎ᠢ ᠵᠣᠬᠢᠶᠠᠨ ᠪᠠᠶ᠋ᠢᠭᠤᠯᠬᠤ ᠪᠠ ᠠᠵᠢᠯᠲᠠᠨ᠎ᠤ ᠶᠠᠪᠤᠳᠠᠯ᠎ᠤᠨ ᠰᠠᠯᠠᠭ᠎ᠠ ᠮᠥᠴᠢᠷ᠎ᠤᠨ ᠤᠳᠤᠷᠢᠳᠬᠤ ᠺᠠᠳ᠋ᠷ᠎ᠢ ᠰᠢᠯᠭ᠋ᠠᠨ ᠬᠢᠨᠠᠬᠤ᠂ ᠦᠨᠡᠯᠡᠬᠦ᠂ ᠲᠣᠮᠢᠯᠠᠬᠤ ᠪᠠ ᠪᠠᠭᠤᠯᠭ᠋ᠠᠬᠤ᠂ ᠱᠠᠩᠨᠠᠵᠤ ᠵᠠᠯᠬᠠᠭ᠋ᠠᠬᠤ ᠵᠢᠨ ᠴᠢᠬᠤᠯᠠ ᠯᠠᠪᠯᠠᠯᠲᠠ ᠪᠣᠯᠭ᠋ᠠᠨ᠎ᠠ᠃
(ᠠᠷᠪᠠᠨ ᠳᠣᠯᠣᠭ᠎ᠠ) ᠲᠣᠭ᠎ᠠ ᠪᠦᠷᠢᠳᠬᠡᠯ᠎ᠤᠨ ᠰᠠᠯᠠᠭ᠎ᠠ ᠮᠥᠴᠢᠷ ᠬᠢᠭᠡᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠵᠣᠬᠢᠴᠠᠯᠳᠤᠨ ᠬᠠᠮᠲᠤᠷᠠᠨ ᠬᠥᠳᠡᠯᠦᠯᠴᠡᠬᠦ ᠲᠣᠭᠲᠠᠴᠠ ᠵᠢ ᠪᠠᠢ᠌ᠭᠤᠯᠤᠨ᠎ᠠ᠃ ᠰᠠᠯᠠᠭ᠎ᠠ ᠮᠥᠴᠢᠷ᠎ᠤᠨ ᠮᠡᠳᠡᠭᠡ ᠵᠠᠩᠭᠢ ᠵᠢ ᠬᠠᠮᠲᠤ᠎ᠳᠤ᠎ᠪᠠᠨ ᠭᠥᠷᠳᠡᠵᠦ ᠬᠠᠮᠵᠢᠯᠴᠠᠬᠤ ᠲᠣᠭᠲᠠᠴᠠ ᠵᠢ ᠪᠦᠷᠢᠨᠰᠢᠬᠦᠯᠵᠦ᠂ ᠲᠣᠭ᠎ᠠ ᠪᠦᠷᠢᠳᠬᠡᠯ᠎ᠤᠨ ᠰᠠᠯᠠᠭ᠎ᠠ ᠮᠥᠴᠢᠷ ᠬᠢᠭᠡᠳ ᠪᠠᠶ᠋ᠢᠭᠤᠯᠤᠮᠵᠢ ᠣᠷᠣᠨ ᠲᠣᠭ᠎ᠠ᠂ ᠬᠥᠭᠵᠢᠭᠦᠯᠦᠯᠲᠡ ᠥᠭᠡᠷᠡᠴᠢᠯᠡᠯᠲᠡ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ᠂ ᠬᠤᠳᠠᠯᠳᠤᠭ᠋ᠠᠨ᠎ᠤ ᠶᠠᠪᠤᠳᠠᠯ᠂ ᠠᠷᠠᠳ᠎ᠤᠨ ᠶᠠᠪᠤᠳᠠᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠭᠠᠶ᠋ᠢᠯᠢ ᠵᠢᠨ ᠶᠠᠪᠤᠳᠠᠯ᠂ ᠮᠥᠩᠭᠥᠨ ᠭᠦᠢ᠍ᠯᠭᠡᠭᠡᠨ᠂ ᠪᠣᠭᠣᠮᠲᠠ ᠵᠡᠷᠭᠡ ᠰᠠᠯᠠᠭ᠎ᠠ ᠮᠥᠴᠢᠷ᠎ᠤᠨ ᠬᠣᠭᠣᠷᠣᠨᠳᠣᠬᠢ ᠲᠣᠭ᠎ᠠ ᠪᠠᠷᠢᠮᠲᠠ ᠵᠢ ᠬᠠᠮᠲᠤ᠎ᠳᠤ᠎ᠪᠠᠨ ᠭᠥᠷᠳᠡᠬᠦ ᠲᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠮᠡᠳᠡᠭᠡ ᠵᠠᠩᠭᠢ ᠵᠢ ᠬᠠᠮᠲᠤ᠎ᠳᠤ᠎ᠪᠠᠨ ᠭᠥᠷᠳᠡᠬᠦ ᠬᠡᠪᠴᠢᠶ᠎ᠡ ᠪᠠ ᠭᠦᠨᠴᠡ ᠵᠢ ᠥᠷᠭᠡᠳᠬᠡᠨ᠎ᠡ᠃ ᠵᠣᠬᠢᠴᠠᠭᠤᠯᠵᠤ ᠬᠠᠮᠲᠤᠷᠠᠨ ᠬᠥᠳᠡᠯᠦᠯᠴᠡᠬᠦ ᠵᠢ ᠴᠢᠩᠭ᠋ᠠᠷᠠᠭᠤᠯᠤᠨ᠂ ᠮᠡᠳᠡᠭᠡ ᠵᠠᠩᠭᠢ ᠵᠢ ᠬᠠᠮᠲᠤ᠎ᠪᠠᠷ ᠬᠦᠷᠲᠡᠬᠦ ᠵᠢ ᠠᠬᠢᠭᠤᠯᠵᠤ᠂ ᠶᠡᠷᠦᠩᠬᠡᠶ᠋ᠢᠯᠡᠨ ᠦᠨᠡᠯᠡᠬᠦ ᠵᠢ ᠬᠡᠷᠡᠭᠵᠢᠭᠦᠯᠦᠨ᠂ ᠦᠷ᠎ᠡ ᠪᠦᠲᠦᠭᠡᠯ᠎ᠤᠨ ᠬᠡᠷᠡᠭᠯᠡᠯᠲᠡ ᠵᠢ ᠴᠢᠩᠭ᠋ᠠᠳᠬᠠᠵᠤ᠂ ᠲᠣᠭ᠎ᠠ ᠪᠦᠷᠢᠳᠬᠡᠯ᠎ᠤᠨ ᠬᠢᠨᠠᠯᠲᠠ ᠲᠠᠯᠪᠢᠯᠲᠠ᠎ᠳᠤ ᠳᠤᠷᠠᠳᠤᠭᠰᠠᠨ ᠠᠷᠭ᠎ᠠ ᠬᠡᠮᠵᠢᠶ᠎ᠡ ᠰᠠᠨᠠᠭᠤᠯᠭ᠎ᠠ ᠵᠢ ᠪᠣᠳᠠᠲᠠᠶ᠋ᠢᠵᠢᠭᠤᠯᠤᠨ ᠦᠷ᠎ᠡ ᠪᠦᠲᠦᠮᠵᠢ ᠣᠯᠬᠤ ᠵᠢ ᠦᠨᠡᠨᠬᠦ ᠪᠠᠲᠤᠯᠠᠨ᠎ᠠ᠃
ᠵᠢᠷᠭᠤᠭ᠎ᠠ᠂ ᠵᠣᠬᠢᠶᠠᠨ ᠪᠠᠶ᠋ᠢᠭᠤᠯᠤᠯᠲᠠ ᠵᠢᠨ ᠪᠠᠲᠤᠯᠠᠭ᠎ᠠ ᠵᠢ ᠴᠢᠩᠭ᠋ᠠᠳᠬᠠᠨ᠎ᠠ
ᠡᠯ᠎ᠡ ᠱᠠᠲᠤᠨ᠎ᠤ ᠨᠠᠮ᠎ᠤᠨ ᠬᠤᠷᠢᠶ᠎ᠠ ᠪᠣᠯᠤᠨ ᠵᠠᠰᠠᠭ᠎ᠤᠨ ᠣᠷᠳᠣᠨ ᠲᠣᠭ᠎ᠠ ᠪᠦᠷᠢᠳᠬᠡᠯ᠎ᠳᠤ ᠬᠢᠨᠠᠯᠲᠠ ᠲᠠᠯᠪᠢᠬᠤ ᠠᠵᠢᠯ᠎ᠢ ᠴᠢᠬᠤᠯᠠᠴᠢᠯᠠᠨ ᠳᠡᠮᠵᠢᠵᠦ᠂ ᠲᠣᠭ᠎ᠠ ᠪᠦᠷᠢᠳᠬᠡᠯ᠎ᠳᠤ ᠬᠢᠨᠠᠯᠲᠠ ᠲᠠᠯᠪᠢᠬᠤ ᠠᠵᠢᠯ᠎ᠤᠨ ᠪᠠᠶ᠋ᠢᠳᠠᠯ᠎ᠤᠨ ᠬᠠᠷᠢᠭᠤ ᠮᠡᠳᠡᠭᠦᠯᠦᠯᠲᠡ ᠵᠢ ᠰᠣᠨᠣᠰᠴᠤ᠂ ᠠᠵᠢᠯ᠎ᠤᠨ ᠳᠤᠮᠳᠠᠬᠢ ᠴᠢᠬᠤᠯᠠ ᠠᠰᠠᠭᠤᠳᠠᠯ᠎ᠢ ᠰᠤᠳᠤᠯᠤᠨ ᠰᠢᠢ᠍ᠳᠪᠦᠷᠢᠯᠡᠨ᠎ᠡ᠃ ᠴᠢᠳᠠᠪᠤᠷᠢᠲᠠᠨ᠎ᠢ ᠬᠥᠮᠦᠵᠢᠭᠦᠯᠦᠨ ᠬᠡᠷᠡᠭᠯᠡᠬᠦ ᠵᠢ ᠲᠦᠷᠭᠡᠳᠬᠡᠵᠦ᠂ ᠦᠨᠡᠯᠡᠵᠦ ᠤᠷᠮᠠᠰᠢᠭᠤᠯᠬᠤ ᠲᠣᠭᠲᠠᠴᠠ ᠵᠢ ᠲᠡᠭᠦᠯᠳᠡᠷᠵᠢᠭᠦᠯᠵᠦ᠂ ᠦᠨᠡᠨᠴᠢ ᠰᠢᠳᠤᠷᠭᠤ ᠠᠷᠢᠭᠤᠨ ᠴᠢᠬᠡᠴᠢ ᠬᠠᠷᠢᠭᠤᠴᠠᠯᠭ᠎ᠠ ᠡᠭᠦᠷᠭᠡᠯᠡᠬᠦ ᠲᠣᠭ᠎ᠠ ᠪᠦᠷᠢᠳᠬᠡᠯ᠎ᠤᠨ ᠺᠠᠳ᠋ᠷ᠎ᠤᠨ ᠡᠩᠨᠡᠭᠡ ᠵᠢ ᠪᠠᠶ᠋ᠢᠭᠤᠯᠬᠤ ᠬᠡᠷᠡᠭᠲᠡᠢ᠃ ᠲᠣᠭ᠎ᠠ ᠪᠦᠷᠢᠳᠬᠡᠯ᠎ᠤᠨ ᠣᠳᠣᠬᠢᠴᠢᠯᠠᠯᠲᠠ ᠵᠢᠨ ᠥᠭᠡᠷᠡᠴᠢᠯᠡᠯᠲᠡ ᠵᠢ ᠲᠦᠷᠭᠡᠳᠬᠡᠵᠦ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠠᠷ ᠡᠨᠧᠷᠭᠢ ᠣᠯᠭᠣᠬᠤ᠂ ᠪᠦᠳᠦᠭᠡᠨ ᠪᠠᠶ᠋ᠢᠭᠤᠯᠤᠯᠲᠠ ᠵᠢᠨ ᠣᠶᠤᠨᠴᠢ ᠲᠣᠭ᠎ᠠ ᠪᠦᠷᠢᠳᠬᠡᠯ᠎ᠢ ᠠᠬᠢᠭᠤᠯᠬᠤ ᠬᠡᠷᠡᠭᠲᠡᠢ᠃ ᠲᠣᠭ᠎ᠠ ᠪᠠᠷᠢᠮᠲᠠ ᠵᠢᠨ ᠠᠮᠤᠷ ᠲᠦᠪᠰᠢᠨ᠎ᠤ ᠬᠠᠷᠢᠭᠤᠴᠠᠯᠭ᠎ᠠ ᠵᠢ ᠨᠠᠶ᠋ᠢᠳᠠᠪᠤᠷᠢᠵᠢᠭᠤᠯᠵᠤ᠂ ᠲᠣᠭ᠎ᠠ ᠪᠦᠷᠢᠳᠬᠡᠯ᠎ᠤᠨ ᠲᠣᠭ᠎ᠠ ᠪᠠᠷᠢᠮᠲᠠ ᠵᠢᠨ ᠠᠮᠤᠷ ᠲᠦᠪᠰᠢᠨ᠎ᠢ ᠦᠨᠡᠨ ᠬᠦ᠌ ᠪᠠᠲᠤᠯᠠᠨ ᠬᠠᠮᠠᠭ᠋ᠠᠯᠠᠬᠤ ᠬᠡᠷᠡᠭᠲᠡᠢ᠃ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠲᠣᠭ᠎ᠠ ᠪᠦᠷᠢᠳᠬᠡᠯ᠎ᠤᠨ ᠬᠢᠨᠠᠯᠲᠠ ᠲᠠᠯᠪᠢᠬᠤ ᠠᠵᠢᠯ᠎ᠤᠨ ᠱᠠᠭ᠋ᠠᠷᠳᠠᠯᠭ᠎ᠠ ᠵᠢ ᠴᠢᠩᠭ᠎ᠠ ᠨᠠᠶ᠋ᠢᠳᠠᠪᠤᠷᠢᠵᠢᠭᠤᠯᠵᠤ᠂ ᠲᠣᠭ᠎ᠠ ᠪᠦᠷᠢᠳᠬᠡᠯ᠎ᠤᠨ ᠵᠢᠷᠤᠮᠵᠢᠭᠰᠠᠨ ᠪᠠᠶ᠋ᠢᠭᠤᠯᠤᠯᠲᠠ ᠵᠢ ᠴᠢᠩᠭ᠋ᠠᠷᠠᠭᠤᠯᠤᠨ᠂ ᠰᠠᠯᠠᠭ᠎ᠠ ᠮᠥᠴᠢᠷ᠎ᠤᠨ ᠲᠣᠭ᠎ᠠ ᠪᠦᠷᠢᠳᠬᠡᠯ᠎ᠤᠨ ᠡᠭᠦᠷᠭᠡ ᠬᠠᠷᠢᠭᠤᠴᠠᠯᠭ᠎ᠠ᠎ᠪᠠᠨ ᠬᠢᠨᠠᠮᠠᠭ᠋ᠠᠶ ᠭᠦᠢ᠍ᠴᠡᠳᠬᠡᠵᠦ᠂ ᠭᠣᠣᠯ ᠬᠠᠷᠢᠭᠤᠴᠠᠯᠭ᠋ᠠᠲᠠᠨ᠎ᠨᠢ ᠲᠣᠭ᠎ᠠ ᠪᠦᠷᠢᠳᠬᠡᠯ᠎ᠤᠨ ᠬᠢᠨᠠᠯᠲᠠ ᠲᠠᠯᠪᠢᠬᠤ ᠵᠢ ᠤᠬᠠᠮᠰᠠᠷ᠎ᠠᠴᠠ᠎ᠪᠠᠨ ᠬᠦᠯᠢᠶᠡᠬᠦ ᠬᠡᠷᠡᠭᠲᠡᠶ᠃ ᠲᠣᠭ᠎ᠠ ᠪᠦᠷᠢᠳᠬᠡᠯ᠎ᠤᠨ ᠰᠠᠯᠠᠭ᠎ᠠ ᠮᠥᠴᠢᠷ᠎ᠤᠳ ᠲᠣᠭ᠎ᠠ ᠪᠦᠷᠢᠳᠬᠡᠯ᠎ᠳᠤ ᠬᠢᠨᠠᠯᠲᠠ ᠲᠠᠯᠪᠢᠬᠤ ᠭᠣᠣᠯ ᠴᠣᠭᠴᠠ ᠵᠢᠨ ᠬᠠᠷᠢᠭᠤᠴᠠᠯᠭ᠎ᠠ ᠵᠢ ᠦᠨᠡᠨᠬᠦ ᠡᠭᠦᠷᠭᠡᠯᠡᠵᠦ᠂ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠪᠠ ᠶᠡᠷᠦᠩᠬᠡᠶ᠋ᠢᠯᠡᠨ ᠵᠣᠬᠢᠴᠠᠭᠤᠯᠬᠤ᠎ᠪᠠᠨ ᠴᠢᠩᠭ᠋ᠠᠳᠬᠠᠵᠤ᠂ ᠬᠣᠯᠪᠣᠭᠳᠠᠯ ᠪᠦᠬᠦᠢ ᠠᠰᠠᠭᠤᠳᠠᠯ᠎ᠢ ᠴᠠᠭ ᠲᠤᠬᠠᠶ᠎ᠳᠤᠨᠢ ᠰᠤᠳᠤᠯᠤᠨ ᠰᠢᠢ᠍ᠳᠪᠦᠷᠢᠯᠡᠵᠦ᠂ ᠲᠣᠭ᠎ᠠ ᠪᠦᠷᠢᠳᠬᠡᠯ᠎ᠳᠤ ᠬᠢᠨᠠᠯᠲᠠ ᠲᠠᠯᠪᠢᠬᠤ ᠠᠵᠢᠯ᠎ᠤᠨ ᠨᠡᠶ᠋ᠢᠯᠡᠮᠡᠯ ᠬᠦᠴᠦᠨ᠎ᠢ ᠨᠢᠭᠲᠠᠷᠠᠭᠤᠯᠬᠤ ᠬᠡᠷᠡᠭᠲᠡᠶ᠃ ᠡᠳ᠋᠎ᠤᠨ ᠵᠠᠰᠠᠭ᠎ᠤᠨ ᠰᠠᠯᠠᠭ᠎ᠠ ᠮᠥᠴᠢᠷ᠎ᠤᠳ ᠲᠣᠭ᠎ᠠ ᠪᠦᠷᠢᠳᠬᠡᠯ᠎ᠳᠤ ᠬᠢᠨᠠᠯᠲᠠ ᠲᠠᠯᠪᠢᠬᠤ ᠬᠣᠯᠪᠣᠭᠳᠠᠯ ᠪᠦᠬᠦᠢ ᠠᠵᠢᠯ᠎ᠢ ᠨᠠᠶ᠋ᠢᠳᠠᠪᠤᠷᠢᠵᠢᠭᠤᠯᠬᠤ᠎ᠳᠤ ᠬᠡᠷᠡᠭᠰᠡᠬᠦ ᠵᠠᠷᠤᠳᠠᠯ᠎ᠢ ᠡᠳ᠋᠎ᠤᠨ ᠵᠠᠰᠠᠭ᠎ᠤᠨ ᠲᠥᠰᠦᠪ᠎ᠲᠡᠭᠡᠨ ᠣᠷᠣᠭᠤᠯᠵᠤ᠂ ᠴᠢᠬᠤᠯᠠ ᠪᠦᠬᠦᠢ ᠪᠠᠲᠤᠯᠠᠭ᠎ᠠ ᠵᠢ ᠰᠠᠶ᠋ᠢᠲᠤᠷ ᠬᠢᠬᠦ ᠬᠡᠷᠡᠭᠲᠡᠶ᠃