ᠦᠨᠳᠦᠰᠦᠨ ᠱᠠᠲᠤᠨ᠎ᠤ ᠲᠣᠭ᠎ᠠ ᠪᠦᠷᠢᠳᠬᠡᠯ᠎ᠤᠨ ᠠᠵᠢᠯ᠎ᠢ ᠴᠢᠩᠭ᠋ᠠᠳᠬᠠᠨ ᠠᠬᠢᠭᠤᠯᠬᠤ ᠲᠤᠬᠠᠶ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠤᠷᠳᠤᠨ᠎ᠤ
ᠠᠯᠪᠠᠨ ᠲᠢᠩᠬᠢᠮ᠎ᠤᠨ ᠮᠡᠳᠡᠭᠳᠡᠯ
ᠥᠪᠥᠷ ᠵᠠᠰᠠᠭ ᠠᠯᠪᠠᠨ ᠦᠰᠦᠭ[2022]17 ᠳ᠋ᠤᠭ᠋ᠠᠷ ᠲᠣᠭ᠋ᠠᠲᠤ
ᠡᠯ᠎ᠡ ᠠᠶ᠋ᠢᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠬᠣᠯᠪᠣᠭᠳᠠᠯ ᠪᠥᠬᠥᠶ ᠵᠥᠪᠯᠡᠯ᠂ ᠠᠯᠪᠠᠨ ᠬᠡᠷ᠂ ᠲᠢᠩᠬᠢᠮ᠂ ᠲᠣᠪᠴᠢᠶ᠎ᠠ᠎ᠳᠤ᠄
《ᠰᠤᠮᠤ ᠰᠢᠶᠠᠩ ᠪᠠᠯᠭ᠋ᠠᠰᠤ ᠵᠢᠨ ᠲᠣᠭ᠎ᠠ ᠪᠦᠷᠢᠳᠬᠡᠯ᠎ᠤᠨ ᠠᠵᠢᠯ᠎ᠢ ᠤᠯᠠᠮ ᠨᠢᠭᠡ ᠠᠯᠬᠤᠮ ᠴᠢᠩᠭ᠋ᠠᠳᠬᠠᠨ ᠵᠢᠷᠤᠮᠵᠢᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠰᠠᠨᠠᠯ (ᠥᠪᠥᠷ ᠵᠠᠰᠠᠭ ᠠᠯᠪᠠᠨ ᠲᠠᠷᠬᠠᠭ᠋ᠠᠭᠰᠠᠨ
[2020]11 ᠳ᠋ᠤᠭᠡᠷ ᠲᠣᠭ᠋ᠠᠲᠤ) ᠪᠠ 《〈ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠰᠢᠭᠤ ᠰᠢᠶᠠᠨ᠎ᠤ ᠱᠠᠲᠤ᠂ ᠰᠠᠯᠠᠭ᠎ᠠ ᠮᠥᠴᠢᠷ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠂ ᠠᠵᠤ ᠠᠬᠤᠶ᠋ᠢᠯᠠᠯ᠎ᠤᠨ ᠲᠣᠭ᠎ᠠ ᠪᠦᠷᠢᠳᠬᠡᠯ᠎ᠤᠨ ᠠᠵᠢᠯ᠎ᠢ ᠵᠢᠷᠤᠮᠵᠢᠭᠤᠯᠤᠨ ᠬᠠᠮᠢᠶᠠᠷᠬᠤ ᠠᠷᠭ᠎ᠠ〉 ᠵᠢ ᠳᠠᠷᠤᠮᠠᠯᠯᠠᠨ ᠶᠠᠪᠤᠭᠤᠯᠬᠤ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠠᠯᠪᠠᠨ ᠲᠢᠩᠬᠢᠮ᠎ᠤᠨ ᠮᠡᠳᠡᠭᠳᠡᠯ》 (ᠥᠪᠥᠷ ᠵᠠᠰᠠᠭ ᠠᠯᠪᠠᠨ ᠲᠠᠷᠬᠠᠭ᠋ᠠᠭᠰᠠᠨ[2021]33 ᠳ᠋ᠤᠭ᠋ᠠᠷ ᠲᠣᠭ᠋ᠠᠲᠤ)᠎ᠤᠨ ᠬᠣᠯᠪᠣᠭᠳᠠᠯ ᠪᠥᠬᠥᠶ ᠱᠠᠭ᠋ᠠᠷᠳᠠᠯᠭ᠎ᠠ ᠵᠢ ᠬᠢᠨᠠᠮᠠᠭ᠋ᠠᠢ ᠨᠠᠢ᠌ᠳᠠᠪᠤᠷᠢᠵᠢᠭᠤᠯᠵᠤ᠂ ᠦᠨᠳᠦᠰᠦᠨ ᠨᠢᠭᠡᠴᠢ ᠪᠣᠯᠤᠨ ᠪᠠᠶ᠋ᠢᠴᠠᠭ᠋ᠠᠬᠤ ᠨᠢᠭᠡᠴᠢ ᠵᠢᠨ ᠨᠡᠷᠡᠰ᠎ᠤᠨ ᠬᠥᠮᠥᠷᠭᠡ ᠵᠢᠨ ᠪᠠᠶ᠋ᠢᠳᠠᠯ᠎ᠢ ᠴᠠᠭ ᠲᠤᠬᠠᠶ᠎ᠳᠤᠨᠢ᠂ ᠣᠨᠣᠪᠴᠢᠲᠠᠶ᠂ ᠪᠥᠬᠥ ᠲᠠᠯ᠎ᠠ᠎ᠪᠠᠷ᠂ ᠦᠨᠡᠨ ᠪᠣᠳᠠᠲᠠᠶ᠎ᠪᠠᠷ ᠡᠵᠡᠮᠰᠢᠬᠦ ᠵᠢᠨ ᠲᠦᠯᠦᠭᠡ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ ᠵᠶ᠋ᠠᠷ ᠵᠥᠪᠰᠢᠶᠡᠷᠡᠭᠦᠯᠦᠭᠡᠳ᠂ ᠣᠳᠤ ᠦᠨᠳᠦᠰᠦᠨ ᠱᠠᠲᠤᠨ᠎ᠤ ᠲᠣᠭ᠎ᠠ ᠪᠦᠷᠢᠳᠬᠡᠯ᠎ᠤᠨ ᠠᠵᠢᠯ᠎ᠢ ᠴᠢᠩᠭ᠋ᠠᠳᠬᠠᠨ ᠠᠬᠢᠭᠤᠯᠬᠤ ᠬᠣᠯᠪᠣᠭᠳᠠᠯ ᠪᠥᠬᠥᠶ ᠵᠦᠢ᠍ᠯᠡᠰ᠎ᠢ ᠳᠤᠤᠷᠠᠬᠢ ᠮᠡᠲᠦ ᠮᠡᠳᠡᠭᠳᠡᠶ᠎ᠡ᠃
ᠨᠢᠭᠡ᠂ ᠠᠵᠢᠯ᠎ᠤᠨ ᠬᠠᠷᠠᠯᠲᠠ
《ᠳᠦᠷᠪᠡᠨ ᠬᠡᠪᠴᠢᠶᠡᠵᠢᠯ᠎ᠠᠴᠠ ᠳᠡᠭᠡᠭᠰᠢᠬᠢ》(ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ᠂ ᠬᠢᠷᠢ ᠬᠡᠮ᠎ᠲᠠᠢ ᠪᠠᠷᠢᠯᠭ᠎ᠠ ᠵᠢᠨ ᠦᠢ᠍ᠯᠡᠰ ᠪᠣᠯᠤᠨ ᠨᠡᠭᠡᠭᠡᠨ ᠬᠥᠭᠵᠢᠭᠦᠯᠬᠦ ᠡᠵᠡᠩᠨᠡᠯᠲᠡ ᠵᠢᠨ ᠠᠵᠢᠯᠯᠠᠭ᠎ᠠ᠎ᠲᠠᠢ ᠪᠦᠬᠦ ᠭᠡᠷ ᠪᠠᠶ᠋ᠢᠰᠢᠩ ᠭᠠᠵᠠᠷ ᠬᠥᠷᠥᠩᠭᠡ ᠵᠢᠨ ᠨᠡᠭᠡᠭᠡᠨ ᠬᠥᠭᠵᠢᠭᠦᠯᠬᠦ ᠡᠵᠡᠩᠨᠡᠯᠲᠡ ᠵᠢᠨ ᠦᠢ᠍ᠯᠡᠰ᠂ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠪᠥᠭᠡᠮ ᠵᠶ᠋ᠡᠷ ᠬᠤᠳᠠᠯᠳᠤᠬᠤ᠂ ᠵᠢᠵᠢᠭᠯᠡᠨ ᠬᠤᠳᠠᠯᠳᠤᠬᠤ᠂ ᠬᠣᠨᠣᠭ ᠪᠠᠭᠤᠳᠠᠯ ᠪᠣᠯᠤᠨ ᠢᠳᠡᠭᠡᠨ ᠤᠮᠳᠠᠭ᠋ᠠᠨ᠎ᠤ ᠦᠢ᠍ᠯᠡᠰ᠂ ᠬᠡᠪᠴᠢᠶᠡᠵᠢᠯ᠎ᠠᠴᠠ ᠳᠡᠭᠡᠭᠰᠢᠬᠢ ᠦᠢ᠍ᠯᠡᠴᠢᠯᠡᠭᠡᠨ᠎ᠤ ᠦᠢ᠍ᠯᠡᠰ)ᠪᠣᠯᠤᠨ ᠪᠤᠰᠤᠳ 5000 ᠲᠦᠮᠡᠨ ᠲᠥᠭᠥᠷᠢᠭ᠎ᠠᠴᠠ ᠳᠡᠭᠡᠭᠰᠢᠬᠢ ᠪᠠᠶ᠋ᠢᠭᠤᠯᠵᠤ ᠪᠠᠶ᠋ᠢᠭ᠎ᠠ ᠲᠥᠷᠥᠯ ᠵᠦᠢ᠍ᠯ᠎ᠤᠨ ᠬᠠᠤᠯᠢ ᠵᠢᠨ ᠡᠷᠬᠡᠲᠡᠨ᠎ᠤ ᠨᠢᠭᠡᠴᠢ ᠵᠢᠨ ᠬᠥᠮᠥᠷᠭᠡ᠎ᠳᠤ ᠣᠷᠣᠭᠤᠯᠬᠤ ᠪᠠ ᠪᠤᠴᠠᠭ᠋ᠠᠬᠤ ᠠᠵᠢᠯ᠎ᠢ ᠰᠤᠮᠤ ᠰᠢᠶᠠᠩ ᠪᠠᠯᠭ᠋ᠠᠰᠤ(ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠲᠤ ᠬᠦᠷᠲᠡᠯ᠎ᠡ ᠦᠷᠭᠦᠯᠵᠢᠯᠡᠭᠦᠯᠵᠦ᠂ ᠦᠨᠳᠦᠰᠦᠨ ᠨᠢᠭᠡᠴᠢ ᠵᠢᠨ ᠨᠡᠷᠡᠰ᠎ᠤᠨ ᠬᠥᠮᠥᠷᠭᠡ ᠵᠢ ᠬᠠᠮᠠᠭ᠋ᠠᠯᠠᠨ ᠰᠢᠨᠡᠳᠬᠡᠬᠦ ᠠᠵᠢᠯ᠎ᠢ ᠭᠠᠴᠠᠭ᠎ᠠ ᠲᠣᠰᠬᠣᠨ (ᠨᠡᠶ᠋ᠢᠭᠡᠮ ᠲᠣᠭᠣᠷᠢᠭ)᠎ᠳᠤ ᠬᠦᠷᠲᠡᠯ᠎ᠡ ᠤᠷᠲᠤᠳᠬᠠᠵᠤ᠂ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ) ᠵᠢᠨ ᠲᠣᠭ᠎ᠠ ᠪᠦᠷᠢᠳᠬᠡᠯ᠎ᠤᠨ 《ᠨᠠᠢ᠍ᠮᠠ ᠵᠢ ᠪᠦᠷᠢᠳᠦᠬᠦᠯᠵᠦ ᠨᠠᠢ᠍ᠮᠠ ᠵᠢ ᠪᠡᠶᠡᠯᠡᠬᠦᠯᠬᠦ》 ᠠᠵᠢᠯ᠎ᠤᠨ ᠡᠭᠦᠷᠭᠡ ᠵᠢᠨ ᠤᠷᠲᠤᠳᠬᠠᠯ ᠪᠣᠯᠭ᠋ᠠᠨ᠎ᠠ᠃ ᠨᠡᠷᠡᠰ᠎ᠤᠨ ᠬᠥᠮᠥᠷᠭᠡ ᠵᠢ ᠬᠠᠮᠠᠭ᠋ᠠᠯᠠᠨ ᠰᠢᠨᠡᠳᠬᠡᠬᠦ ᠪᠠ ᠬᠥᠮᠥᠷᠭᠡ᠎ᠳᠤ ᠣᠷᠣᠭᠤᠯᠵᠤ ᠭᠠᠷᠭ᠋ᠠᠬᠤ ᠠᠵᠢᠯ᠎ᠢ ᠳᠣᠷᠣᠭᠰᠢ ᠤᠷᠲᠤᠳᠬᠠᠬᠤ᠎ᠪᠠᠷ ᠳᠠᠮᠵᠢᠭᠤᠯᠤᠨ᠂ ᠲᠣᠭ᠎ᠠ ᠪᠦᠷᠢᠳᠬᠡᠯ᠎ᠤᠨ ᠡᠬᠢ ᠡᠭᠦᠰᠦᠯ᠎ᠤᠨ ᠲᠣᠭ᠎ᠠ ᠪᠠᠷᠢᠮᠲᠠ ᠵᠢᠨ ᠶᠠᠰᠤ ᠴᠢᠨᠠᠷ᠎ᠢ ᠤᠯᠠᠮ ᠨᠢᠭᠡ ᠠᠯᠬᠤᠮ ᠳᠡᠭᠡᠭᠰᠢᠯᠡᠭᠦᠯᠵᠦ᠂ ᠪᠦᠷᠢᠳᠭᠡᠪᠡᠰᠦ ᠵᠣᠬᠢᠬᠤ ᠵᠢ᠎ᠨᠢ ᠪᠦᠬᠦᠨ᠎ᠢ ᠨᠢᠭᠡᠳᠬᠡᠵᠦ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠬᠢᠷᠢ ᠬᠡᠮᠵᠢᠶ᠎ᠡ ᠵᠢ ᠦᠨᠡᠨ ᠪᠣᠳᠠᠲᠠᠶ᠎ᠪᠠᠷ ᠳᠤᠰᠬᠠᠨ᠎ᠠ᠃
ᠬᠣᠶᠠᠷ᠂ ᠠᠵᠢᠯ᠎ᠤᠨ ᠪᠠᠷᠢᠮᠵᠢᠶ᠎ᠠ
ᠡᠯ᠎ᠡ ᠭᠠᠵᠠᠷ ᠣᠷᠣᠨ᠂ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠎ᠨᠢ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠨᠢᠭᠡᠳᠦᠯᠲᠡᠶ ᠵᠣᠬᠢᠶᠠᠨ ᠪᠠᠶ᠋ᠢᠭᠤᠯᠤᠯᠲᠠ ᠵᠢᠨ ᠵᠢᠯᠣᠭᠣᠳᠣᠯᠭ᠎ᠠ ᠳᠣᠣᠷ᠎ᠠ᠂ 《ᠪᠥᠬᠥ ᠤᠯᠤᠰ᠎ᠤᠨ ᠲᠣᠭ᠎ᠠ ᠪᠦᠷᠢᠳᠬᠡᠯ᠎ᠤᠨ ᠰᠢᠰᠲ᠋ᠧᠮ᠎ᠤᠨ ᠦᠨᠳᠦᠰᠦᠨ ᠨᠢᠭᠡᠴᠢ ᠵᠢᠨ ᠨᠡᠷᠡᠰ᠎ᠤᠨ ᠬᠥᠮᠥᠷᠭᠡ ᠵᠢᠨ ᠪᠥᠲᠥᠭᠡᠨ ᠪᠠᠶ᠋ᠢᠭᠤᠯᠤᠯᠲᠠ ᠬᠠᠮᠠᠭ᠋ᠠᠯᠠᠯᠲᠠ ᠬᠢᠭᠡᠳ ᠬᠡᠷᠡᠭᠯᠡᠯᠲᠡ ᠵᠢᠨ ᠬᠠᠮᠢᠶᠠᠷᠤᠯᠲᠠ ᠵᠢᠨ ᠠᠷᠭ᠎ᠠ》
(ᠤᠯᠤᠰ ᠪᠦᠷᠢᠳᠭᠡᠯ ᠥᠰᠥᠭ[2021]134 ᠳ᠋ᠤᠭᠡᠷ ᠲᠣᠭ᠋ᠠᠲᠤ) ᠵᠢᠨ ᠬᠠᠮᠢᠶ᠎ᠠ ᠪᠥᠬᠥᠶ ᠲᠣᠭᠲᠠᠭ᠋ᠠᠯ᠎ᠢ ᠴᠢᠩᠭ᠎ᠠ ᠵᠢᠷᠤᠮᠯᠠᠨ ᠠᠵᠢᠯ ᠵᠶ᠋ᠠᠨ ᠥᠷᠨᠢᠭᠦᠯᠵᠦ᠂ ᠪᠣᠳᠠᠲᠠᠶ ᠲᠥᠰᠦᠯ᠎ᠢ ᠨᠠᠷᠢᠯᠢᠭᠵᠢᠭᠤᠯᠤᠨ᠂ ᠠᠵᠢᠯ᠎ᠤᠨ ᠠᠯᠬᠤᠮ ᠳᠠᠷᠠᠭ᠋ᠠᠯᠠᠯ᠎ᠢ ᠵᠢᠷᠤᠮᠵᠢᠭᠤᠯᠵᠤ᠂ ᠶᠠᠰᠤ ᠴᠢᠨᠠᠷ᠎ᠢ ᠡᠵᠡᠮᠳᠡᠬᠦ ᠠᠷᠭ᠎ᠠ ᠵᠢ ᠲᠣᠭᠲᠠᠭ᠋ᠠᠵᠤ᠂ ᠲᠣᠭ᠎ᠠ ᠪᠠᠷᠢᠮᠲᠠ ᠴᠤᠭᠯᠠᠭᠤᠯᠬᠤ ᠪᠠ ᠲᠣᠭ᠎ᠠ ᠪᠠᠷᠢᠮᠲᠠ ᠰᠢᠢ᠍ᠳᠪᠦᠷᠢᠯᠡᠬᠦ ᠵᠢᠨ ᠡᠯᠸᠺᠲᠷᠤᠨᠴᠢᠯᠠᠭᠰᠠᠨ ᠬᠡᠮᠵᠢᠶ᠎ᠡ ᠵᠢ ᠳᠡᠭᠡᠭᠰᠢᠯᠡᠭᠦᠯᠦᠨ᠎ᠡ᠃
ᠭᠤᠷᠪᠠ᠂ ᠶᠡᠷᠦᠩᠬᠡᠶ ᠱᠠᠭ᠋ᠠᠷᠳᠠᠯᠭ᠎ᠠ
(ᠨᠢᠭᠡ) ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠬᠤ ᠬᠡᠷᠡᠭᠳᠡᠢ᠃ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠂ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠂ ᠭᠠᠴᠠᠭ᠎ᠠ ᠲᠣᠰᠬᠣᠨ(ᠨᠡᠶ᠋ᠢᠭᠡᠮ ᠲᠣᠭᠣᠷᠢᠭ)᠎ᠤ ᠲᠣᠭ᠎ᠠ ᠪᠦᠷᠢᠳᠬᠡᠯ᠎ᠤᠨ ᠦᠨᠳᠦᠰᠦᠨ ᠱᠠᠲᠤᠨ᠎ᠤ ᠠᠵᠢᠯ᠎ᠤᠨ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠨ᠂《ᠬᠡᠨ ᠬᠢᠬᠦ᠂ ᠬᠡᠷᠬᠢᠨ ᠬᠢᠬᠦ᠂ ᠬᠡᠷᠬᠢᠨ ᠰᠠᠶ᠋ᠢᠲᠤᠷ ᠬᠢᠬᠦ》ᠵᠢᠨ ᠲᠣᠭᠣᠷᠢᠨ᠎ᠳᠤ ᠬᠠᠷᠢᠭᠤᠴᠠᠯᠭ᠎ᠠ ᠵᠢᠨ ᠬᠤᠪᠢᠶᠠᠷᠢᠯᠠᠯ᠎ᠢ ᠤᠯᠠᠮ ᠨᠢᠭᠡ ᠠᠯᠬᠤᠮ ᠲᠣᠳᠣᠷᠬᠠᠶ᠋ᠢᠯᠠᠵᠤ᠂ ᠲᠤᠰᠬᠠᠶ ᠠᠵᠢᠯ᠎ᠤᠨ ᠪᠠᠶ᠋ᠢᠷᠢ ᠲᠤᠰᠬᠠᠶ ᠬᠥᠮᠦᠨ ᠵᠶ᠋ᠡᠷ ᠬᠠᠷᠢᠭᠤᠴᠠᠭᠤᠯᠬᠤ ᠲᠣᠭᠲᠠᠴᠠ ᠵᠢ ᠪᠠᠶ᠋ᠢᠭᠤᠯᠤᠨ᠂ ᠬᠠᠮᠢᠶ᠎ᠠ ᠪᠥᠬᠥᠢ ᠠᠵᠢᠯ᠎ᠤᠨ ᠨᠠᠶ᠋ᠢᠳᠠᠪᠤᠷᠢᠵᠢᠭᠤᠯᠤᠯᠲᠠ ᠵᠢ ᠪᠦᠲᠦᠮᠵᠢᠲᠡᠶ ᠲᠥᠯᠬᠢᠨ ᠠᠬᠢᠭᠤᠯᠬᠤ ᠬᠡᠷᠡᠭᠲᠡᠶ᠃
(ᠬᠣᠶᠠᠷ) ᠵᠠᠷᠤᠳᠠᠯ᠎ᠤᠨ ᠳᠡᠮᠵᠢᠯᠭᠡ ᠵᠢ ᠨᠡᠮᠡᠭᠳᠡᠬᠦᠯᠬᠦ ᠬᠡᠷᠡᠭᠳᠡᠢ᠃ ᠡᠯ᠎ᠡ ᠭᠠᠵᠠᠷ ᠣᠷᠣᠨ᠎ᠨᠤᠭᠤᠳ ᠠᠵᠤ ᠦᠢ᠍ᠯᠡᠳᠪᠦᠷᠢ ᠵᠢᠨ ᠬᠦᠷᠢᠶᠡᠯᠡᠩ ᠲᠣᠭᠣᠷᠢᠭ᠂ ᠰᠤᠮᠤ ᠰᠢᠶᠠᠩ ᠪᠠᠯᠭ᠋ᠠᠰᠤ (ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ)᠂ ᠭᠠᠴᠠᠭ᠎ᠠ ᠲᠣᠰᠬᠣᠨ (ᠨᠡᠶ᠋ᠢᠭᠡᠮ ᠲᠣᠭᠣᠷᠢᠭ)᠎ᠤ ᠲᠣᠭ᠎ᠠ ᠪᠦᠷᠢᠳᠬᠡᠯ᠎ᠤᠨ ᠠᠵᠢᠯ᠎ᠤᠨ ᠵᠠᠷᠤᠳᠠᠯ᠎ᠢ ᠣᠷᠣᠨ ᠨᠤᠲᠤᠭ᠎ᠤᠨ ᠡᠳ᠋᠎ᠤᠨ ᠵᠠᠰᠠᠭ᠎ᠤᠨ ᠵᠠᠷᠤᠳᠠᠯ᠎ᠳᠤ ᠣᠷᠣᠭᠤᠯᠤᠨ ᠪᠠᠲᠤᠯᠠᠵᠤ᠂ ᠲᠣᠭ᠎ᠠ ᠪᠦᠷᠢᠳᠬᠡᠯ᠎ᠤᠨ ᠠᠵᠢᠯ᠎ᠤᠨ ᠡᠮᠬᠢ ᠵᠢᠷᠤᠮ᠎ᠲᠠᠢ ᠥᠷᠨᠢᠬᠦ ᠵᠢ ᠦᠨᠡᠨᠬᠦ ᠪᠠᠲᠤᠯᠠᠬᠤ
ᠬᠡᠷᠡᠭᠲᠡᠶ᠃
(ᠭᠤᠷᠪᠠ) ᠲᠣᠭ᠎ᠠ ᠪᠠᠷᠢᠮᠲᠠ ᠵᠢᠨ ᠠᠮᠤᠷ ᠲᠦᠪᠰᠢᠨ᠎ᠢ ᠪᠠᠳᠤᠯᠠᠬᠤ ᠬᠡᠷᠡᠭᠳᠡᠢ᠃
ᠡᠯ᠎ᠡ ᠱᠠᠲᠤᠨ᠎ᠤ ᠲᠣᠭ᠎ᠠ ᠪᠦᠷᠢᠳᠬᠡᠯ᠎ᠤᠨ ᠠᠵᠢᠯᠲᠠᠳ ᠡᠷᠬᠡᠪᠰᠢ《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠣᠭ᠎ᠠ ᠪᠦᠷᠢᠳᠬᠡᠯ᠎ᠤᠨ ᠬᠠᠤᠯᠢ》᠂《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠣᠭ᠎ᠠ ᠪᠦᠷᠢᠳᠬᠡᠯ᠎ᠤᠨ ᠬᠠᠤᠯᠢ ᠵᠢ ᠬᠡᠷᠡᠭᠵᠢᠭᠦᠯᠬᠦ ᠲᠥᠷᠢᠮ》᠂《ᠪᠥᠬᠥ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠲᠥᠷᠢᠮ》ᠪᠣᠯᠤᠨ ᠠᠶᠤᠯ ᠥᠭᠡᠢ ᠵᠢᠨ ᠨᠢᠭᠤᠴᠠ ᠵᠢ ᠬᠠᠮᠠᠭ᠋ᠠᠯᠠᠬᠤ ᠬᠣᠯᠪᠣᠭᠳᠠᠯ ᠪᠥᠬᠥᠢ ᠲᠣᠭᠲᠠᠭ᠋ᠠᠯ᠎ᠢ ᠴᠢᠩᠭ᠎ᠠ ᠵᠢᠷᠤᠮᠯᠠᠨ᠂ ᠮᠡᠳᠡᠭᠡ ᠵᠠᠩᠭᠢ ᠵᠢᠨ ᠠᠶᠤᠯ ᠥᠭᠡᠢ ᠵᠢᠨ ᠬᠠᠷᠢᠭᠤᠴᠠᠯᠭ᠎ᠠ ᠵᠢ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠨᠡᠷᠡᠰ᠎ᠤᠨ ᠬᠥᠮᠥᠷᠭᠡ ᠵᠢᠨ ᠮᠡᠳᠡᠭᠡ ᠵᠠᠩᠭᠢ ᠵᠢ ᠬᠠᠳᠠᠭ᠋ᠠᠯᠠᠬᠤ᠂ ᠳᠠᠮᠵᠢᠭᠤᠯᠬᠤ᠂ ᠰᠢᠢ᠍ᠳᠪᠦᠷᠢᠯᠡᠬᠦ᠂ ᠨᠡᠶ᠋ᠢᠲᠡᠯᠡᠬᠦ ᠪᠠ ᠬᠡᠷᠡᠭᠯᠡᠬᠦ ᠵᠡᠷᠭᠡ ᠡᠯ᠎ᠡ ᠭᠣᠭᠴᠣᠭ᠎ᠠ ᠵᠢᠨ ᠠᠶᠤᠯ ᠥᠭᠡᠢ ᠵᠢ ᠦᠨᠡᠨᠬᠦ ᠪᠠᠲᠤᠯᠠᠬᠤ ᠬᠡᠷᠡᠭᠲᠡᠶ᠃
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠠᠷᠠᠳ᠎ᠤᠨ ᠵᠠᠰᠠᠭ᠎ᠤᠨ ᠤᠷᠳᠤᠨ᠎ᠤ ᠠᠯᠪᠠᠨ ᠲᠢᠩᠬᠢᠮ
2022 ᠣᠨ᠎ᠤ 3 ᠰᠠᠷ᠎ᠠ ᠵᠢᠨ 8᠎ᠤ ᠡᠳᠦᠷ