ᠨᠢᠭᠡᠳᠦᠭᠡᠷ ᠵᠦᠢ᠍ᠯ ᠮᠣᠩᠭᠣᠯ ᠰᠦᠯᠵᠢᠶᠡᠨ ᠥᠷᠲᠡᠭᠡ ᠵᠢᠨ ᠬᠠᠮᠢᠶᠠᠷᠤᠯᠲᠠ ᠪᠠ ᠬᠠᠮᠠᠭ᠋ᠠᠯᠠᠯᠲᠠ ᠵᠢ ᠴᠢᠩᠭ᠋ᠠᠳᠭ᠋ᠠᠵᠤ᠂ ᠰᠦᠯᠵᠢᠶᠡᠨ ᠥᠷᠲᠡᠭᠡ ᠵᠢᠨ ᠮᠡᠳᠡᠭᠡ ᠵᠠᠩᠭᠢ ᠵᠢ ᠰᠤᠷᠪᠤᠯᠵᠢᠯᠠᠨ ᠨᠠᠶ᠋ᠢᠷᠠᠭᠤᠯᠬᠤ᠂ ᠬᠢᠨᠠᠬᠤ᠂ ᠨᠡᠶ᠋ᠢᠲᠡᠯᠡᠬᠦ ᠵᠡᠷᠭᠡ ᠠᠵᠢᠯ᠎ᠢ ᠵᠢᠷᠤᠮᠵᠢᠭᠤᠯᠵᠤ᠂ ᠰᠦᠯᠵᠢᠶᠡᠨ ᠳᠡᠭᠡᠷ᠎ᠡ ᠨᠡᠶ᠋ᠢᠲᠡᠯᠡᠬᠦ ᠮᠡᠳᠡᠭᠡ ᠵᠠᠩᠭᠢ ᠵᠢᠨ ᠠᠶᠤᠯᠬᠦᠢ᠂ ᠣᠨᠣᠪᠴᠢᠲᠠᠶ᠂ ᠴᠠᠭ ᠲᠤᠬᠠᠶ᠎ᠳᠤᠨᠢ ᠪᠠᠶ᠋ᠢᠬᠤ ᠵᠢ ᠦᠨᠡᠨᠬᠦ ᠪᠠᠲᠤᠯᠠᠵᠤ᠂ ᠰᠦᠯᠵᠢᠶᠡᠨ ᠥᠷᠲᠡᠭᠡ ᠵᠢᠨ ᠭᠠᠳᠠᠭ᠋ᠠᠳᠤ ᠤᠬᠠᠭᠤᠯᠭ᠎ᠠ ᠵᠢᠨ ᠢᠳᠡᠪᠬᠢ ᠦᠢ᠍ᠯᠡᠳᠦᠯ᠎ᠢ ᠭᠦᠢ᠍ᠴᠡᠳ ᠪᠠᠳᠠᠷᠠᠭᠤᠯᠬᠤ ᠵᠢᠨ ᠲᠤᠰᠠᠳᠠ᠂ ᠤᠯᠤᠰ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠠ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ᠂ ᠮᠠᠨ᠎ᠤ ᠲᠣᠪᠴᠢᠶᠠᠨ᠎ᠤ ᠠᠵᠢᠯ᠎ᠤᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠵᠤ᠂ ᠤᠨᠴᠠᠭ᠋ᠠᠢ᠌ᠯᠠᠨ ᠲᠤᠰ ᠳᠦᠷᠢᠮ᠎ᠢ ᠲᠣᠭᠲᠠᠭ᠋ᠠᠪᠠ᠃
ᠬᠣᠶᠠᠳᠤᠭ᠋ᠠᠷ ᠵᠦᠢ᠍ᠯ ᠲᠤᠰ ᠰᠦᠯᠵᠢᠶᠡᠨ ᠥᠷᠲᠡᠭᠡ ᠳᠡᠭᠡᠷ᠎ᠡ ᠨᠡᠶ᠋ᠢᠲᠡᠯᠡᠭᠰᠡᠨ ᠮᠡᠳᠡᠭᠡ ᠵᠠᠩᠭᠢ ᠪᠦᠬᠦᠨ ᠡᠷᠬᠡᠪᠰᠢ ᠲᠤᠰ ᠳᠦᠷᠢᠮ᠎ᠢ ᠵᠢᠷᠤᠮᠯᠠᠬᠤ ᠬᠡᠷᠡᠭᠲᠡᠶ᠃
ᠭᠤᠷᠪᠠᠳᠤᠭ᠋ᠠᠷ ᠵᠦᠢ᠍ᠯ ᠰᠦᠯᠵᠢᠶᠡᠨ ᠥᠷᠲᠡᠭᠡ ᠵᠢᠨ ᠬᠠᠮᠢᠶᠠᠷᠤᠯᠲᠠ᠂ ᠠᠭᠤᠯᠭ᠎ᠠ ᠵᠢᠨ ᠰᠢᠨᠡᠳᠬᠡᠯ᠂ ᠡᠳᠦᠷ ᠲᠤᠲᠤᠮ᠎ᠤᠨ ᠠᠵᠢᠯᠯᠠᠭ᠋ᠠᠨ᠎ᠤ ᠬᠠᠮᠠᠭ᠋ᠠᠯᠠᠯᠲᠠ ᠵᠢᠨ ᠠᠵᠢᠯ᠎ᠢ ᠲᠤᠰᠬᠠᠶ ᠬᠥᠮᠦᠨ ᠬᠠᠷᠢᠭᠤᠴᠠᠨ᠎ᠠ᠄ ᠰᠦᠯᠵᠢᠶᠡᠨ ᠥᠷᠲᠡᠭᠡ ᠵᠢᠨ ᠮᠡᠳᠡᠭᠡ ᠵᠠᠩᠭᠢ ᠵᠢ ᠬᠢᠨᠠᠨ ᠬᠠᠷᠭᠤᠭᠤᠯᠬᠤ ᠪᠠ ᠨᠡᠶ᠋ᠢᠲᠡᠯᠡᠬᠦ᠂ ᠡᠯ᠎ᠡ ᠰᠠᠯᠠᠭ᠎ᠠ ᠮᠥᠴᠢᠷ᠎ᠤᠨ ᠮᠡᠳᠡᠭᠡ ᠵᠠᠩᠭᠢ ᠨᠡᠶ᠋ᠢᠲᠡᠯᠡᠬᠦ ᠪᠠ ᠰᠢᠨᠡᠳᠬᠡᠬᠦ ᠵᠢ ᠰᠢᠮᠳᠠᠭᠤᠯᠤᠨ ᠪᠠᠶ᠋ᠢᠴᠠᠭ᠋ᠠᠬᠤ ᠠᠵᠢᠯ᠂ ᠰᠦᠯᠵᠢᠶᠡᠨ ᠥᠷᠲᠡᠭᠡ᠎ᠳᠤ ᠵᠠᠰᠠᠪᠤᠷᠢ ᠣᠷᠣᠭᠤᠯᠬᠤ ᠰᠠᠨᠠᠯ ᠳᠤᠷᠠᠳᠬᠤ ᠵᠡᠷᠭᠡ ᠵᠢ ᠪᠠᠭᠲᠠᠭ᠋ᠠᠨ᠎ᠠ᠃
ᠳᠥᠷᠪᠡᠳᠦᠭᠡᠷ ᠵᠦᠢ᠍ᠯ ᠰᠦᠯᠵᠢᠶᠡᠨ ᠥᠷᠲᠡᠭᠡ ᠵᠢᠨ ᠮᠡᠳᠡᠭᠡ ᠵᠠᠩᠭᠢ ᠵᠢ ᠨᠡᠶ᠋ᠢᠲᠡᠯᠡᠬᠦ᠎ᠳᠤ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠴᠢᠩᠭ᠎ᠠ ᠵᠢᠷᠤᠮᠯᠠᠨ ᠶᠠᠪᠤᠭᠳᠠᠭᠤᠯᠵᠤ᠂ ᠣᠯᠠᠨ ᠲᠦᠮᠡᠨ᠎ᠳᠤ ᠦᠢ᠍ᠯᠡᠴᠢᠯᠡᠬᠦ᠎ᠪᠠᠷ ᠵᠠᠷᠴᠢᠮ ᠪᠣᠯᠭ᠋ᠠᠵᠤ᠂ ᠵᠠᠰᠠᠭ᠎ᠤᠨ ᠶᠠᠪᠤᠳᠠᠯ ᠪᠣᠯᠤᠨ ᠣᠯᠠᠨ ᠨᠡᠶ᠋ᠢᠲᠡ᠎ᠳᠤ ᠬᠣᠯᠪᠣᠭᠳᠠᠬᠤ ᠦᠭᠡᠶ ᠬᠤᠳᠠᠯ ᠬᠠᠭᠤᠷᠮᠠᠭ᠂ ᠬᠦᠴᠦᠨ ᠦᠭᠡᠶ᠂ ᠴᠠᠭ᠎ᠠᠴᠠ ᠬᠣᠴᠣᠷᠤᠭᠰᠠᠨ ᠮᠡᠳᠡᠭᠡ ᠵᠠᠩᠭᠢ ᠨᠡᠶ᠋ᠢᠲᠡᠯᠡᠬᠦ ᠵᠢ ᠴᠢᠩᠭ᠎ᠠ ᠴᠠᠭ᠋ᠠᠵᠠᠯᠠᠬᠤ ᠬᠡᠷᠡᠭᠲᠡᠶ᠃ ᠰᠦᠯᠵᠢᠶᠡᠨ ᠥᠷᠲᠡᠭᠡ ᠵᠢᠨ ᠮᠡᠳᠡᠭᠡ ᠵᠠᠩᠭᠢ ᠵᠢᠨ ᠠᠯᠪᠠᠨ ᠵᠠᠷ ᠵᠡᠷᠭᠡ ᠢᠯᠡ ᠨᠡᠶ᠋ᠢᠲᠡᠯᠡᠬᠦ ᠪᠤᠯᠤᠩ᠎ᠳᠤ ᠶᠠᠮᠠᠷᠪᠠ ᠠᠵᠤ ᠠᠬᠤᠶ᠋ᠢᠯᠠᠯ ᠵᠣᠬᠢᠶᠠᠨ ᠪᠠᠶ᠋ᠢᠭᠤᠯᠤᠯᠲᠠ ᠪᠣᠯᠤᠨ ᠬᠤᠪᠢ ᠬᠥᠮᠦᠨ᠎ᠤ ᠵᠠᠷ ᠮᠡᠳᠡᠭᠡ ᠵᠢᠨ ᠤᠬᠠᠭᠤᠯᠭ᠎ᠠ ᠵᠡᠷᠭᠡ ᠣᠯᠠᠨ ᠨᠡᠶ᠋ᠢᠲᠡ ᠵᠢᠨ ᠪᠤᠰᠤ ᠴᠢᠨᠠᠷᠲᠠᠶ ᠮᠡᠳᠡᠭᠡ ᠵᠠᠩᠭᠢ ᠵᠢ ᠨᠡᠶ᠋ᠢᠲᠡᠯᠡᠵᠦ ᠪᠣᠯᠬᠤ ᠦᠭᠡᠶ᠃
ᠲᠠᠪᠤᠳᠤᠭ᠋ᠠᠷ ᠵᠦᠢ᠍ᠯ 《ᠬᠡᠨ ᠰᠦᠯᠵᠢᠶᠡᠨ᠎ᠳᠤ ᠭᠠᠷᠪᠠᠯ᠂ ᠲᠡᠷᠡ ᠬᠠᠷᠢᠭᠤᠴᠠᠬᠤ》 ᠵᠠᠷᠴᠢᠮ᠎ᠢ ᠪᠠᠷᠢᠮᠲᠠᠯᠠᠨ᠂ ᠮᠡᠳᠡᠭᠡ ᠵᠠᠩᠭᠢ ᠨᠡᠶ᠋ᠢᠲᠡᠯᠡᠬᠦ ᠬᠠᠷᠢᠭᠤᠴᠠᠯᠭ᠋ᠠᠲᠠᠨ᠎ᠨᠢ ᠰᠦᠯᠵᠢᠶᠡᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠪᠠ ᠨᠢᠭᠤᠴᠠ ᠵᠢ ᠬᠠᠮᠠᠭ᠋ᠠᠯᠠᠬᠤ ᠲᠤᠬᠠᠶ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ᠎ᠢ ᠴᠢᠩᠭ᠎ᠠ ᠵᠢᠷᠤᠮᠯᠠᠵᠤ ᠰᠦᠯᠵᠢᠶᠡᠨ᠎ᠳᠤ ᠭᠠᠷᠬᠤ ᠮᠡᠳᠡᠭᠡ ᠵᠠᠩᠭᠢ ᠵᠢ ᠬᠢᠨᠠᠨ ᠵᠦᠪᠰᠢᠶᠡᠷᠡᠵᠦ᠂ ᠬᠢᠨᠠᠨ ᠵᠥᠪᠰᠢᠶᠡᠷᠡᠭᠰᠡᠨ ᠤᠭ ᠮᠠᠲ᠋ᠧᠷᠢᠶᠠᠯ᠎ᠢ ᠳᠠᠩᠰᠠ ᠡᠪᠬᠡᠮᠡᠯ᠎ᠳᠤ ᠣᠷᠣᠭᠤᠯᠤᠨ ᠬᠠᠳᠠᠭ᠋ᠠᠯᠠᠬᠤ ᠬᠡᠷᠡᠭᠲᠡᠶ᠂ ᠬᠢᠨᠠᠨ ᠵᠥᠪᠰᠢᠶᠡᠷᠡᠭᠦᠯᠦᠭᠰᠡᠨ ᠦᠭᠡᠶ ᠮᠡᠳᠡᠭᠡ ᠵᠠᠩᠭᠢ᠂ ᠮᠠᠲ᠋ᠧᠷᠢᠶᠠᠯ ᠵᠡᠷᠭᠡ ᠵᠢ ᠴᠥᠮ ᠨᠡᠶ᠋ᠢᠲᠡᠯᠡᠵᠦ ᠰᠦᠯᠵᠢᠶᠡᠨ᠎ᠳᠤ ᠭᠠᠷᠭ᠋ᠠᠵᠤ ᠪᠣᠯᠬᠤ ᠦᠭᠡᠶ᠃
ᠵᠢᠷᠭᠤᠳᠤᠭ᠋ᠠᠷ ᠵᠦᠢ᠍ᠯ ᠮᠡᠳᠡᠭᠡ ᠵᠠᠩᠬᠢ ᠵᠢᠨ ᠠᠵᠢᠯᠳᠠᠨ ᠨᠢᠭᠤᠴᠠ ᠵᠢ ᠬᠠᠮᠠᠭ᠋ᠠᠯᠠᠬᠤ ᠠᠵᠢᠯ᠎ᠤᠨ ᠬᠣᠯᠪᠣᠭᠳᠠᠯ ᠪᠦᠬᠦᠢ ᠲᠣᠭᠲᠠᠭ᠋ᠠᠯ᠎ᠢ ᠴᠢᠩᠭ᠎ᠠ ᠵᠢᠷᠤᠮᠯᠠᠨ᠂ ᠰᠦᠯᠵᠢᠶᠡᠨ ᠦᠷᠲᠡᠭᠡ ᠵᠢᠨ ᠳᠠᠩᠰᠠᠯᠠᠭᠰᠠᠨ ᠳᠠᠩᠰᠠᠨ ᠡᠷᠦᠬᠡ ᠪᠣᠯᠤᠨ ᠨᠢᠭᠤᠴᠠ ᠨᠣᠮᠧᠷ ᠵᠶ᠋ᠡᠨ ᠴᠢᠩᠭ᠎ᠠ ᠬᠠᠳᠠᠭ᠋ᠠᠯᠠᠬᠤ ᠬᠡᠷᠡᠭᠲᠡᠶ᠃ ᠠᠩᠬ᠎ᠠ ᠤᠳᠠᠭ᠎ᠠ ᠰᠢᠰᠲ᠋ᠧᠮ᠎ᠳᠤ ᠲᠡᠮᠳᠡᠭᠯᠡᠭᠦᠯᠦᠭᠰᠡᠨᠤ ᠳᠠᠷᠠᠭ᠎ᠠ ᠳᠠᠷᠤᠶ ᠲᠦᠷᠭᠡᠨ ᠠᠩᠬᠠᠨ᠎ᠤ ᠨᠢᠭᠤᠴᠠ ᠨᠣᠮᠧᠷ ᠵᠶ᠋ᠡᠨ ᠬᠤᠪᠢᠷᠠᠭᠤᠯᠵᠤ᠂ ᠡᠩ᠎ᠤᠨ ᠦᠶ᠎ᠡ᠎ᠳᠤ ᠠᠩᠬᠠᠨ᠎ᠤ ᠨᠢᠭᠤᠴᠠ ᠨᠣᠮᠧᠷ᠎ᠢ ᠬᠡᠷᠡᠭᠯᠡᠵᠦ ᠰᠢᠰᠲ᠋ᠧᠮ᠎ᠳᠤ ᠭᠠᠷᠴᠦ ᠪᠣᠯᠬᠤ ᠥᠬᠡᠶ᠂ ᠪᠤᠰᠤᠳ ᠬᠥᠮᠦᠰ᠎ᠲᠤ ᠨᠢᠭᠤᠴᠠ ᠨᠣᠮᠧᠷ᠎ᠤᠨ ᠮᠡᠳᠡᠭᠡ ᠵᠠᠩᠭᠢ ᠵᠢ ᠵᠠᠳᠠᠷᠠᠭᠤᠯᠵᠤ ᠪᠣᠯᠬᠤ ᠥᠬᠡᠶ᠃ ᠡᠷᠬᠡ ᠣᠯᠤᠭᠰᠠᠨ ᠦᠭᠡᠶ ᠬᠥᠮᠦᠰ ᠶᠠᠮᠠᠷᠪᠠ ᠠᠷᠭ᠎ᠠ ᠮᠠᠶᠢᠭ ᠵᠶ᠋ᠠᠷ ᠵᠠᠰᠠᠭ᠎ᠤᠨ ᠣᠷᠳᠣᠨ᠎ᠤ ᠫᠤᠷᠲ᠋ᠧᠯ ᠰᠦᠯᠵᠢᠶ᠎ᠡ ᠵᠢᠨ ᠨᠡᠶ᠋ᠢᠲᠡᠯᠡᠬᠦ ᠰᠢᠰᠲ᠋ᠧᠮ᠎ᠳᠤ ᠣᠷᠣᠬᠤ ᠵᠢ ᠴᠠᠭ᠋ᠠᠵᠠᠯᠠᠵᠤ᠂ ᠵᠠᠰᠠᠭ᠎ᠤᠨ ᠣᠷᠳᠣᠨ᠎ᠤ ᠪᠤᠰᠤ ᠫᠤᠷᠲ᠋ᠧᠯ ᠰᠦᠯᠵᠢᠶ᠎ᠡ ᠵᠢᠨ ᠮᠡᠳᠡᠭᠡ ᠵᠠᠩᠭᠢ ᠵᠢᠨ ᠠᠵᠢᠯᠲᠠᠨ᠎ᠤ ᠰᠦᠯᠵᠢᠶ᠎ᠡ ᠵᠢᠨ ᠮᠡᠳᠡᠭᠡ ᠵᠠᠩᠭᠢ ᠨᠡᠶ᠋ᠢᠲᠡᠯᠡᠬᠦ ᠠᠵᠢᠯ᠎ᠳᠤ ᠣᠷᠣᠯᠴᠠᠬᠤ ᠵᠢ ᠴᠢᠩᠭ᠎ᠠ ᠴᠠᠭ᠋ᠠᠵᠠᠯᠠᠬᠤ ᠬᠡᠷᠡᠭᠲᠡᠶ᠂ ᠡᠰᠡ ᠲᠡᠶ᠋ᠢᠮᠦ ᠪᠣᠯ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠠᠮᠢᠶ᠎ᠠ ᠪᠦᠬᠦᠢ ᠬᠥᠮᠦᠰ᠎ᠤᠨ ᠬᠠᠷᠢᠭᠤᠴᠠᠯᠭ᠎ᠠ ᠵᠢ ᠨᠡᠬᠡᠮᠵᠢᠯᠡᠬᠦ ᠬᠡᠷᠡᠭᠲᠡᠶ᠃
ᠳᠣᠯᠣᠳᠤᠭ᠋ᠠᠷ ᠵᠦᠢ᠍ᠯ ᠮᠡᠳᠡᠭᠡ ᠵᠠᠩᠭᠢ ᠵᠢ ᠰᠦᠯᠵᠢᠶᠡᠨ ᠳᠡᠭᠡᠷ᠎ᠡ ᠨᠡᠶ᠋ᠢᠲᠡᠯᠡᠵᠦ ᠱᠠᠲᠤ ᠬᠤᠪᠢᠶᠠᠨ ᠬᠠᠮᠢᠶᠠᠷᠬᠤ ᠪᠠ ᠬᠢᠨᠠᠨ ᠬᠠᠷᠭᠤᠭᠤᠯᠬᠤ ᠳᠦᠷᠢᠮ᠎ᠢ ᠬᠡᠷᠡᠭᠵᠢᠭᠦᠯᠦᠨ᠎ᠡ᠄ 1. ᠰᠦᠯᠵᠢᠶᠡᠨ ᠳᠡᠭᠡᠷ᠎ᠡ ᠮᠡᠳᠡᠭᠡ ᠵᠠᠩᠭᠢ ᠨᠡᠶ᠋ᠢᠲᠡᠯᠡᠬᠦ ᠴᠢᠬᠤᠯᠠᠲᠠᠶ ᠪᠠᠶ᠋ᠢᠪᠠᠯ᠂ ᠲᠣᠪᠴᠢᠶ᠎ᠠ ᠵᠢᠨ ᠪᠠᠶ᠋ᠢᠭᠤᠯᠭ᠎ᠠ ᠵᠢᠨ ᠡᠯ᠎ᠡ ᠭᠠᠵᠠᠷ ᠲᠠᠰᠤᠭ ᠲᠣᠪᠴᠢᠶ᠎ᠠ᠂ ᠠᠵᠢᠯ ᠦᠢ᠍ᠯᠡᠰ᠎ᠤᠨ ᠨᠢᠭᠡᠴᠢ ᠵᠢᠨ ᠠᠵᠢᠯᠲᠠᠨ ᠡᠬᠡ ᠪᠢᠴᠢᠭ ᠪᠢᠴᠢᠵᠦ᠂ ᠬᠤᠪᠢᠳᠠᠨ ᠬᠠᠮᠢᠶᠠᠷᠬᠤ ᠤᠳᠤᠷᠢᠳᠤᠯᠭ᠎ᠠ ᠬᠢᠨᠠᠨ ᠬᠠᠷᠭᠤᠭᠤᠯᠵᠤ᠂ ᠭᠠᠷᠤᠨ ᠦᠰᠦᠭ ᠵᠢᠷᠤᠵᠤ ᠵᠥᠪᠰᠢᠶᠡᠷᠡᠭᠰᠡᠨ᠎ᠤ ᠳᠠᠷᠠᠭ᠎ᠠ᠂ ᠰᠦᠯᠵᠢᠶᠡᠨ ᠥᠷᠲᠡᠭᠡ ᠵᠢᠨ ᠮᠡᠳᠡᠭᠡ ᠵᠠᠩᠭᠢ ᠵᠢᠨ ᠬᠠᠮᠢᠶᠠᠷᠤᠭᠴᠢ ᠰᠠᠶᠢ ᠰᠦᠯᠵᠢᠶᠡᠨ᠎ᠳᠤ ᠭᠠᠷᠴᠤ ᠨᠡᠶ᠋ᠢᠲᠡᠯᠡᠵᠦ ᠪᠣᠯᠤᠨ᠎ᠠ᠂ ᠴᠢᠬᠤᠯᠠ ᠮᠡᠳᠡᠭᠡ ᠵᠠᠩᠭᠢ ᠵᠢ ᠨᠡᠶ᠋ᠢᠲᠡᠯᠡᠬᠦ᠎ᠳᠤ ᠡᠷᠬᠡᠪᠰᠢ ᠭᠤᠤᠯ ᠤᠳᠤᠷᠢᠳᠤᠯᠭ᠎ᠠ᠎ᠪᠠᠷ ᠵᠥᠪᠰᠢᠶᠡᠷᠡᠭᠦᠯᠬᠦ ᠬᠡᠷᠡᠭᠲᠡᠶ᠃ 2. ᠮᠡᠳᠡᠭᠡ ᠵᠠᠩᠬᠢ ᠵᠢᠨ ᠠᠵᠢᠯᠳᠠᠨ ᠪᠤᠶ ᠪᠦᠬᠦᠢ ᠨᠡᠶ᠋ᠢᠲᠡᠯᠡᠭᠰᠡᠨ ᠮᠡᠳᠡᠭᠡ ᠵᠠᠩᠭᠢ᠎ᠪᠠᠨ ᠡᠯᠸᠺᠲᠷᠤᠨ ᠪᠢᠴᠢᠭ ᠮᠠᠲᠸᠷᠢᠶᠠᠯ᠎ᠤᠨ ᠬᠡᠯᠪᠡᠷᠢ᠎ᠪᠠᠷ ᠨᠥᠭᠡᠴᠡᠯᠡᠨ ᠬᠠᠳᠠᠭ᠋ᠠᠯᠠᠬᠤ ᠵᠢᠨ ᠬᠠᠮᠲᠤ ᠳᠠᠩᠰᠠᠯᠠᠨ ᠪᠠᠶ᠋ᠢᠴᠠᠭ᠋ᠠᠬᠤ᠎ᠳᠤ ᠪᠡᠯᠡᠳᠬᠡᠬᠦ ᠬᠡᠷᠡᠭᠲᠡᠶ᠃
ᠨᠠᠢ᠍ᠮᠠᠳᠤᠭ᠋ᠠᠷ ᠵᠦᠢ᠍ᠯ ᠰᠦᠯᠵᠢᠶᠡᠨ ᠥᠷᠲᠡᠭᠡ ᠵᠢᠨ ᠨᠡᠶ᠋ᠢᠲᠡᠯᠡᠬᠦ᠂ ᠰᠢᠯᠵᠢᠭᠦᠯᠦᠨ ᠨᠡᠶ᠋ᠢᠲᠡᠯᠡᠬᠦ ᠵᠡᠷᠭᠡ ᠬᠣᠯᠪᠣᠭᠳᠠᠯ ᠪᠦᠬᠦᠢ ᠮᠡᠳᠡᠭᠡ ᠵᠠᠩᠭᠢ ᠵᠢ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ᠎ᠢ ᠴᠢᠩᠭ᠎ᠠ ᠵᠢᠷᠤᠮᠯᠠᠨ ᠬᠡᠷᠡᠭᠵᠢᠭᠦᠯᠵᠦ᠂ ᠰᠦᠯᠵᠢᠶᠡᠨ᠎ᠤ ᠥᠷᠲᠡᠭᠡ ᠵᠢᠨ ᠠᠭᠤᠯᠭ᠎ᠠ ᠵᠢ ᠠᠵᠢᠯ᠎ᠤᠨ ᠮᠡᠳᠡᠭᠡ ᠵᠠᠩᠭᠢ᠎ᠪᠠᠷ ᠭᠤᠤᠯ ᠪᠣᠯᠭ᠋ᠠᠬᠤ ᠬᠡᠷᠡᠭᠲᠡᠶ᠃ ᠰᠦᠯᠵᠢᠶᠡᠨ ᠥᠷᠲᠡᠭᠡᠨ᠎ᠤ ᠮᠡᠳᠡᠭᠡ ᠵᠠᠩᠭᠢ᠎ᠨᠢ ᠤᠯᠤᠰ᠎ᠤᠨ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ᠎ᠢ ᠵᠥᠷᠢᠴᠡᠵᠦ ᠪᠣᠯᠬᠤ ᠦᠭᠡᠢ᠃ ᠤᠯᠤᠰ᠎ᠤᠨ ᠨᠢᠭᠤᠴᠠ ᠵᠢ ᠬᠠᠮᠠᠭ᠋ᠠᠯᠠᠬᠤ ᠬᠠᠤᠯᠢ ᠲᠣᠭᠲᠠᠭ᠋ᠠᠯ᠎ᠤᠨ ᠱᠠᠭ᠋ᠠᠷᠳᠠᠯᠭ᠎ᠠ ᠵᠢ ᠴᠢᠩᠭ᠎ᠠ ᠬᠡᠷᠡᠭᠵᠢᠭᠦᠯᠵᠦ᠂ ᠠᠯᠢᠪᠠ ᠤᠯᠤᠰ᠎ᠤᠨ ᠨᠢᠭᠤᠴᠠ᠂ ᠪᠠᠢ᠌ᠭᠤᠯᠭ᠎ᠠ ᠨᠢᠭᠡᠴᠢ ᠵᠢᠨ ᠨᠢᠭᠤᠴᠠ᠂ ᠬᠤᠪᠢ ᠬᠥᠮᠦᠨ᠎ᠤ ᠪᠡᠶ᠎ᠡ ᠵᠢᠨ ᠦᠨᠡᠮᠯᠡᠯ᠂ ᠪᠠᠩᠬᠢ ᠵᠢᠨ ᠺᠠᠷᠲ᠎ᠤᠨ ᠨᠣᠮᠧᠷ ᠪᠤᠶᠤ ᠠᠮᠠᠷᠬᠠᠨ ᠪᠤᠷᠤᠭᠤᠳᠠᠬᠤ ᠦᠭᠡ᠂ ᠰᠡᠷᠭᠡᠭ ᠦᠭᠡ ᠵᠡᠷᠭᠡ ᠮᠡᠳᠡᠭᠡ ᠵᠠᠩᠭᠢ ᠵᠢᠨ ᠠᠭᠤᠯᠭ᠎ᠠ᠎ᠳᠤ ᠬᠣᠯᠪᠣᠭᠳᠠᠬᠤ ᠬᠠᠮᠢᠶ᠎ᠠ ᠪᠥᠬᠥᠶ ᠮᠠᠲ᠋ᠧᠷᠢᠶᠠᠯ ᠵᠢᠴᠢ ᠪᠢᠴᠢᠭ ᠮᠠᠲ᠋ᠧᠷᠢᠶᠠᠯ᠂ ᠳᠣᠲᠣᠭ᠋ᠠᠳᠤ ᠵᠢᠨ ᠠᠵᠢᠯᠯᠠᠬᠤ ᠮᠡᠳᠡᠭᠡ ᠵᠠᠩᠭᠢ᠂ ᠲᠦᠷ ᠢᠯᠡ ᠪᠣᠯᠭ᠋ᠠᠬᠤ᠎ᠳᠤ ᠵᠤᠬᠢᠰ ᠦᠭᠡᠢ ᠪᠤᠶᠤ ᠶᠠᠭ ᠲᠥᠯᠥᠪᠯᠡᠨ ᠰᠢᠢ᠍ᠳᠪᠦᠷᠢᠯᠡᠵᠦ ᠪᠠᠶ᠋ᠢᠭ᠎ᠠ ᠳᠣᠲᠣᠭ᠋ᠠᠳᠤ ᠵᠢᠨ ᠵᠦᠢ᠍ᠯᠡᠰ᠎ᠢ ᠰᠦᠯᠵᠢᠶᠡᠨ ᠳᠡᠭᠡᠷ᠎ᠡ ᠨᠡᠶ᠋ᠢᠲᠡᠯᠡᠵᠦ ᠪᠣᠯᠬᠤ ᠥᠬᠡᠶ᠃
ᠶᠢᠰᠦᠳᠦᠭᠡᠷ ᠵᠦᠢ᠍ᠯ ᠠᠮᠤᠷ ᠲᠦᠪᠰᠢᠨ᠎ᠤ ᠨᠢᠭᠤᠴᠠ ᠵᠢ ᠬᠠᠮᠠᠭ᠋ᠠᠯᠠᠬᠤ ᠦᠵᠡᠯ ᠤᠬᠠᠮᠰᠠᠷ ᠵᠶ᠋ᠠᠨ ᠳᠡᠭᠡᠭᠰᠢᠯᠡᠭᠦᠯᠵᠦ᠂ ᠰᠦᠯᠵᠢᠶᠡᠨ ᠥᠷᠲᠡᠭᠡ ᠵᠢᠨ ᠰᠢᠰᠲ᠋ᠧᠮ᠎ᠤᠨ ᠰᠦᠯᠵᠢᠶᠡᠨ᠎ᠳᠤ ᠭᠠᠷᠬᠤ ᠮᠡᠳᠡᠭᠡ ᠵᠠᠩᠭᠢ ᠵᠢ ᠴᠠᠭ ᠲᠤᠬᠠᠶ᠎ᠳᠤᠨᠢ ᠬᠢᠨᠠᠨ ᠡᠵᠡᠮᠳᠡᠬᠦ᠎ᠪᠠᠨ ᠴᠢᠩᠭ᠋ᠠᠳᠬᠠᠵᠤ᠂ ᠰᠦᠯᠵᠢᠶᠡᠨ ᠥᠷᠲᠡᠭᠡ ᠵᠢᠨ ᠠᠭᠤᠯᠭ᠎ᠠ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠨᠦᠬᠡᠴᠡᠯᠡᠬᠦ ᠬᠡᠷᠡᠭᠲᠡᠶ᠃ ᠰᠦᠯᠵᠢᠶᠡᠨ᠎ᠤ ᠮᠡᠳᠡᠭᠡ ᠵᠠᠩᠭᠢ ᠵᠢᠨ ᠬᠠᠮᠢᠶᠠᠷᠤᠭᠴᠢ ᠡᠳᠦᠷ ᠪᠦᠷᠢ ᠰᠦᠯᠵᠢᠶᠡᠨ᠎ᠳᠤ ᠭᠠᠷᠬᠤ ᠮᠡᠳᠡᠭᠡ ᠵᠠᠩᠭᠢ ᠵᠢ ᠬᠢᠨᠠᠨ ᠬᠠᠮᠢᠶᠠᠷᠴᠤ᠂ ᠴᠢᠬᠤᠯᠠ ᠶᠡᠬᠡ ᠠᠰᠠᠭᠤᠳᠠᠯ᠎ᠢ ᠣᠯᠵᠤ ᠮᠡᠳᠡᠪᠡᠯ ᠨᠡᠶ᠋ᠢᠲᠡᠯᠡᠬᠦ᠎ᠪᠠᠨ ᠲᠡᠷᠡ ᠳᠠᠷᠤᠢ᠎ᠳᠤ᠎ᠨᠢ ᠵᠣᠭᠰᠣᠭ᠋ᠠᠵᠤ᠂ ᠴᠠᠭ ᠲᠤᠬᠠᠢᠳᠤᠨᠢ ᠪᠡᠯᠡᠳᠬᠡᠯ ᠬᠤᠪᠢ᠎ᠪᠠᠨ ᠰᠠᠶ᠋ᠢᠲᠤᠷ ᠬᠢᠬᠦ ᠵᠢᠨ ᠬᠠᠮᠲᠤ ᠲᠤᠰ ᠨᠢᠭᠡᠴᠢ ᠵᠢᠨ ᠵᠶ᠋ᠡᠨ ᠭᠣᠤᠯᠯᠠᠨ ᠬᠠᠮᠢᠶᠠᠷᠬᠤ ᠤᠳᠤᠷᠢᠳᠤᠯᠭ᠎ᠠ᠎ᠳᠤ ᠬᠠᠷᠢᠭᠤ ᠮᠡᠳᠡᠬᠦᠯᠬᠦ ᠬᠡᠷᠡᠭᠳᠡᠢ᠃
ᠠᠷᠪᠠᠳᠤᠭ᠋ᠠᠷ ᠵᠦᠢ᠍ᠯ ᠮᠡᠳᠡᠭᠡ ᠵᠠᠩᠬᠢ ᠵᠢᠨ ᠠᠵᠢᠯᠳᠠᠨ ᠢᠳᠡᠪᠬᠢᠲᠡᠶ᠎ᠪᠠᠷ ᠮᠡᠳᠡᠭᠡ ᠵᠠᠩᠭᠢ ᠢᠯᠡᠷᠡᠭᠦᠯᠵᠦ᠂ ᠪᠢᠴᠢᠵᠦ᠂ ᠴᠤᠭᠯᠠᠭᠤᠯᠵᠤ ᠪᠠᠶ᠋ᠢᠭ᠋ᠠᠳ ᠰᠦᠯᠵᠢᠶᠡᠨ᠎ᠳᠤ ᠭᠠᠷᠭ᠋ᠠᠬᠤ ᠵᠢ ᠵᠣᠷᠢᠭᠵᠢᠭᠤᠯᠬᠤ ᠵᠢᠨ ᠬᠠᠮᠲᠤ ᠮᠡᠳᠡᠭᠡ ᠵᠠᠩᠭᠢ ᠵᠢ ᠰᠦᠯᠵᠢᠶᠡᠨ᠎ᠳᠤ ᠭᠠᠷᠭ᠋ᠠᠬᠤ ᠵᠢ ᠬᠢᠨᠠᠨ ᠬᠠᠷᠭᠤᠭᠤᠯᠬᠤ ᠠᠵᠢᠯ᠎ᠢ ᠴᠠᠭ ᠲᠤᠬᠠᠶ᠎ᠳᠤᠨᠢ ᠰᠠᠶ᠋ᠢᠲᠤᠷ ᠬᠢᠵᠦ᠂ ᠪᠤᠯᠤᠩ᠎ᠤᠨ ᠮᠡᠳᠡᠭᠡ ᠵᠠᠩᠭᠢ ᠵᠢᠨ ᠡᠯᠪᠡᠭ ᠪᠠᠶᠠᠯᠢᠭ᠂ ᠴᠠᠭ᠎ᠲᠤ ᠴᠢᠨᠠᠷ᠎ᠢ ᠪᠠᠲᠤᠯᠠᠬᠤ ᠬᠡᠷᠡᠭᠲᠡᠶ᠃
ᠠᠷᠪᠠᠨ ᠨᠢᠭᠡᠳᠦᠭᠡᠷ ᠵᠦᠢ᠍ᠯ ᠰᠢᠢ᠍ᠳᠭᠡᠯ
ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ ᠲᠣᠭᠲᠠᠮᠠᠯ ᠬᠤᠭᠤᠴᠠᠭ᠎ᠠ᠎ᠲᠠᠢ᠎ᠪᠠᠷ ᠨᠢᠭᠡᠨᠲᠡ ᠨᠡᠶ᠋ᠢᠲᠡᠯᠡᠭᠰᠡᠨ ᠮᠡᠳᠡᠭᠡ ᠵᠠᠩᠭᠢ᠎ᠳᠤ ᠲᠠᠰᠢᠶ᠎ᠠ ᠦᠰᠦᠭ᠎ᠲᠠᠢ ᠪᠠᠶ᠋ᠢᠬᠤ ᠡᠰᠡᠬᠦ᠂ ᠰᠡᠷᠭᠡᠭ ᠦᠭᠡ ᠵᠢᠨ ᠢᠯᠡᠳᠬᠡᠯᠲᠡ᠎ᠨᠢ ᠵᠥᠪ ᠪᠠᠶ᠋ᠢᠬᠤ ᠡᠰᠡᠬᠦ᠂ ᠪᠠᠷᠯᠠᠭᠰᠠᠨ᠎ᠨᠢ ᠵᠥᠪ ᠪᠠᠶ᠋ᠢᠬᠤ ᠡᠰᠡᠬᠦ᠂ ᠰᠢᠨᠡᠳᠬᠡᠭᠰᠡᠨ᠎ᠨᠢ ᠴᠠᠭ ᠲᠤᠬᠠᠶ᠎ᠳᠤᠨᠢ ᠪᠠᠶ᠋ᠢᠬᠤ ᠡᠰᠡᠬᠦ᠂ ᠬᠤᠯᠪᠤᠭ᠋ᠠᠰᠤ᠎ᠨᠢ ᠪᠦᠲᠦᠮᠵᠢᠲᠡᠶ ᠪᠠᠶ᠋ᠢᠬᠤ ᠡᠰᠡᠬᠦ᠎ᠳᠤ ᠰᠤᠭᠤᠴᠢᠨ ᠪᠠᠶ᠋ᠢᠴᠠᠭ᠋ᠠᠯᠲᠠ ᠬᠢᠨ᠎ᠡ᠂ ᠬᠡᠷᠪᠡ ᠠᠰᠠᠭᠤᠳᠠᠯ᠎ᠢ ᠣᠯᠵᠤ ᠮᠡᠳᠡᠪᠡᠯ᠂ ᠮᠡᠳᠡᠭᠡ ᠵᠠᠩᠭᠢ ᠵᠢ ᠳᠠᠷᠤᠶ᠋ᠢᠬᠠᠨ ᠬᠠᠰᠤᠬᠤ ᠵᠢᠨ ᠬᠠᠮᠲᠤ ᠬᠠᠮᠢᠶ᠎ᠠ ᠪᠦᠬᠦᠢ ᠨᠢᠭᠡᠴᠢ ᠵᠢ ᠵᠠᠷᠯᠢᠭᠳᠠᠵᠤ ᠪᠠᠶ᠋ᠢᠭ᠋ᠠᠳ ᠵᠠᠯᠠᠷᠠᠭᠤᠯᠤᠨ᠎ᠠ᠃
(ᠨᠢᠭᠡ) ᠳᠣᠣᠷᠠᠬᠢ ᠪᠠᠶ᠋ᠢᠳᠠᠯ᠎ᠲᠠᠢ ᠪᠣᠯ ᠨᠡᠢ᠌ᠳᠡᠯᠡᠨ ᠰᠢᠭᠦᠮᠵᠢᠯᠡᠬᠦ ᠪᠤᠶᠤ ᠠᠵᠤ ᠠᠬᠤᠶ ᠵᠢᠨ ᠰᠢᠢ᠍ᠳᠭᠡᠯ ᠣᠯᠭᠣᠨ᠎ᠠ᠄ 1. ᠰᠦᠯᠵᠢᠶᠡᠨ ᠥᠷᠲᠡᠭᠡᠨ᠎ᠤ ᠠᠵᠢᠯ᠎ᠢ ᠴᠢᠬᠤᠯᠠᠴᠢᠯᠠᠭᠰᠠᠨ ᠦᠭᠡᠶ᠂ ᠬᠣᠯᠪᠣᠭᠳᠠᠯ ᠪᠦᠬᠦᠢ ᠬᠥᠮᠦᠰ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠦᠭᠡᠶ᠃ 2. ᠰᠦᠯᠵᠢᠶᠡᠨ᠎ᠳᠤ ᠭᠠᠷᠤᠭᠰᠠᠨ ᠠᠭᠤᠯᠭ᠎ᠠ᠎ᠨᠢ ᠬᠤᠳᠠᠯ ᠬᠠᠭᠤᠷᠮᠠᠭ ᠪᠤᠶᠤ ᠨᠡᠯᠢᠶᠡᠳ ᠣᠯᠠᠨ ᠪᠤᠷᠤᠭᠤ ᠪᠠᠶ᠋ᠢᠵᠤ᠂ ᠪᠤᠯᠤᠩ᠎ᠤᠨ ᠠᠭᠤᠯᠭ᠎ᠠ᠎ᠪᠠᠨ ᠤᠷᠲᠤ ᠬᠤᠭᠤᠴᠠᠭ᠎ᠠ᠎ᠪᠠᠷ ᠰᠢᠨᠡᠳᠬᠡᠬᠦ ᠦᠭᠡᠶ᠂ ᠣᠯᠠᠨ ᠤᠳᠠᠭ᠎ᠠ ᠰᠢᠮᠳᠠᠭᠤᠯᠤᠨ ᠭᠦᠢ᠍ᠴᠡᠳᠬᠡᠯᠭᠡᠭᠰᠡᠨ ᠪᠣᠯᠪᠠᠴᠤ ᠮᠥᠨ ᠬᠦ᠌ ᠴᠠᠭ ᠲᠤᠬᠠᠶ᠎ᠳᠤᠨᠢ ᠵᠠᠯᠠᠷᠠᠭᠤᠯᠤᠭᠰᠠᠨ ᠦᠭᠡᠶ᠃ 3. ᠮᠡᠳᠡᠭᠡ ᠵᠠᠩᠭᠢ ᠵᠢ ᠱᠠᠭ᠋ᠠᠷᠳᠠᠯᠭ᠎ᠠ ᠶᠣᠰᠣᠭ᠋ᠠᠷ ᠴᠠᠭ ᠲᠤᠬᠠᠢᠳᠤᠨᠢ ᠢᠯᠡ ᠪᠣᠯᠭ᠋ᠠᠭᠰᠠᠨ ᠦᠭᠡᠢ᠎ᠠᠴᠠ ᠪᠣᠯᠵᠤ ᠮᠠᠭᠤ ᠨᠥᠯᠥᠭᠡ ᠭᠠᠷᠭ᠋ᠠᠭᠰᠠᠨ᠃ 4. ᠰᠦᠯᠵᠢᠶᠡᠨ ᠥᠷᠲᠡᠭᠡᠨ᠎ᠤ ᠰᠦᠯᠵᠢᠶᠡᠨ᠎ᠳᠤ ᠭᠠᠷᠬᠤ ᠮᠡᠳᠡᠭᠡ ᠵᠠᠩᠭᠢ᠎ᠨᠢ ᠪᠤᠰᠤᠳ ᠠᠷᠭ᠎ᠠ ᠵᠠᠮ ᠵᠶ᠋ᠠᠷ ᠭᠠᠳᠠᠭᠰᠢ ᠨᠡᠶ᠋ᠢᠲᠡᠯᠡᠭᠰᠡᠨ ᠮᠡᠳᠡᠭᠡ ᠵᠠᠩᠭᠢ᠎ᠲᠠᠢ ᠴᠢᠬᠤᠯᠠ ᠶᠡᠬᠡ ᠵᠥᠷᠢᠶ᠎ᠡ ᠭᠠᠷᠤᠭᠰᠠᠨ ᠪᠤᠶᠤ ᠢᠵᠢᠯᠢ ᠪᠤᠰᠤ ᠠᠯᠬᠤᠮ ᠪᠤᠯᠤᠭᠰᠠᠨ᠃
(ᠬᠣᠶᠠᠷ) ᠳᠣᠣᠷᠠᠬᠢ ᠪᠠᠶ᠋ᠢᠳᠠᠯ᠎ᠲᠠᠢ ᠰᠠᠯᠠᠭ᠎ᠠ ᠮᠥᠴᠢᠷ ᠪᠠ ᠬᠤᠪᠢ ᠬᠥᠮᠦᠨ ᠪᠦᠬᠦᠨ᠎ᠳᠤ ᠵᠠᠷᠯᠠᠨ ᠰᠢᠭᠦᠮᠵᠢᠯᠡᠬᠦ ᠪᠤᠶᠤ ᠠᠵᠤ ᠠᠬᠤᠢ ᠵᠢᠨ ᠰᠢᠢ᠍ᠳᠭᠡᠯ ᠥᠭᠬᠦ᠎ᠠᠴᠠ ᠭᠠᠳᠠᠨ᠎ᠠ᠂ ᠪᠠᠰᠠ ᠬᠣᠯᠪᠣᠭᠳᠠᠯ ᠪᠦᠬᠦᠢ ᠬᠠᠤᠯᠢ ᠴᠠᠭ᠋ᠠᠵᠠ᠂ ᠬᠠᠤᠯᠢ ᠲᠣᠭᠲᠠᠭ᠋ᠠᠯ ᠶᠣᠰᠣᠭ᠋ᠠᠷ ᠬᠠᠷᠢᠭᠤᠴᠠᠯᠭ᠎ᠠ ᠨᠡᠬᠡᠮᠵᠢᠯᠡᠨ᠎ᠡ᠄ 1. ᠲᠣᠭᠲᠠᠭ᠋ᠠᠯ᠎ᠢ ᠵᠥᠷᠢᠴᠡᠵᠦ ᠨᠢᠭᠤᠴᠠ ᠵᠢ ᠠᠯᠳᠠᠭᠰᠠᠨ᠂ ᠨᠢᠭᠤᠴᠠ ᠵᠢ ᠵᠠᠳᠠᠷᠠᠭᠤᠯᠤᠭᠰᠠᠨ᠃ 2. ᠰᠦᠯᠵᠢᠶᠡᠨ ᠥᠷᠲᠡᠭᠡ ᠵᠢᠨ ᠮᠡᠳᠡᠭᠡ ᠵᠠᠩᠭᠢ ᠵᠢᠨ ᠬᠠᠮᠢᠶᠠᠷᠤᠯᠲᠠ ᠵᠢᠨ ᠬᠣᠯᠪᠣᠭᠳᠠᠯ ᠪᠥᠬᠥᠶ ᠲᠣᠭᠲᠠᠭ᠋ᠠᠯ᠎ᠠᠴᠠ ᠵᠥᠷᠢᠴᠡᠵᠦ᠂ ᠵᠠᠰᠠᠭ᠎ᠤᠨ ᠣᠷᠳᠣᠨ᠎ᠤ ᠳᠦᠷᠢ ᠲᠥᠷᠬᠦ ᠵᠢ ᠨᠥᠯᠥᠭᠡᠯᠡᠭᠰᠡᠨ᠃ 3. ᠬᠠᠤᠯᠢ ᠰᠠᠬᠢᠯᠭ᠎ᠠ᠎ᠠᠴᠠ ᠵᠥᠷᠢᠴᠡᠭᠰᠡᠨ ᠮᠡᠳᠡᠭᠡ ᠵᠠᠩᠭᠢ ᠵᠢ ᠨᠡᠶ᠋ᠢᠲᠡᠯᠡᠵᠦ᠂ ᠴᠤᠤᠷᠬᠠᠯ ᠲᠠᠷᠬᠠᠭ᠋ᠠᠵᠤ ᠮᠠᠭᠤ ᠨᠥᠯᠥᠭᠡ ᠭᠠᠷᠭ᠋ᠠᠭᠰᠠᠨ᠃ 4. ᠰᠦᠯᠵᠢᠶᠡᠨ ᠥᠷᠲᠡᠭᠡᠨ᠎ᠤ ᠬᠡᠪ᠎ᠤᠨ ᠠᠵᠢᠯ᠎ᠢ ᠮᠠᠭᠤ ᠰᠠᠨᠠᠭ᠎ᠠ᠎ᠪᠠᠷ ᠡᠪᠳᠡᠭᠰᠡᠨ᠃
ᠠᠷᠪᠠᠨ ᠬᠣᠶᠠᠳᠤᠭ᠋ᠠᠷ ᠵᠦᠢ᠍ᠯ ᠲᠤᠰ ᠳᠦᠷᠢᠮ᠎ᠢ ᠨᠡᠶ᠋ᠢᠲᠡᠯᠡᠭᠰᠡᠨ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃