ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠮᠣᠩᠭᠣᠯ ᠬᠡᠯᠡᠨ᠎ᠤ ᠵᠠᠰᠠᠭ᠎ᠤᠨ ᠶᠠᠪᠤᠳᠠᠯ᠎ᠤᠨ ᠰᠦᠯᠵᠢᠶ᠎ᠡ ᠵᠢᠨ ᠮᠡᠳᠡᠭᠡ ᠵᠠᠩᠭᠢ ᠨᠡᠶ᠋ᠢᠲᠡᠯᠡᠬᠦ ᠠᠯᠬᠤᠮ ᠳᠠᠷᠠᠭ᠋ᠠᠯᠠᠯ᠎ᠢ ᠤᠯᠠᠮ ᠵᠢᠷᠤᠮᠵᠢᠭᠤᠯᠵᠤ᠂ ᠰᠦᠯᠵᠢᠶᠡᠨ ᠳᠡᠭᠡᠷᠡᠬᠢ ᠮᠡᠳᠡᠭᠡ ᠵᠠᠩᠭᠢ ᠨᠡᠶ᠋ᠢᠲᠡᠯᠡᠬᠦ ᠵᠢᠨ ᠬᠢᠨᠠᠨ ᠬᠠᠷᠭᠤᠭᠤᠯᠬᠤ ᠠᠵᠢᠯ᠎ᠤᠨ ᠳᠦᠷᠢᠮᠵᠢᠭᠰᠡᠨ ᠪᠠ ᠵᠢᠷᠤᠮᠵᠢᠭᠰᠠᠨ ᠬᠠᠮᠢᠶᠠᠷᠤᠯᠲᠠ ᠵᠢ ᠠᠬᠢᠭᠤᠯᠤᠨ᠂ ᠵᠠᠰᠠᠭ᠎ᠤᠨ ᠶᠠᠪᠤᠳᠠᠯ᠎ᠤᠨ ᠮᠡᠳᠡᠭᠡ ᠵᠠᠩᠭᠢ ᠵᠢᠨ ᠲᠥᠪ ᠴᠢᠩᠭ᠎ᠠ ᠴᠢᠨᠠᠷ᠂ ᠴᠠᠭ ᠲᠤᠬᠠᠶ᠋ᠢᠴᠢ ᠴᠢᠨᠠᠷ᠂ ᠣᠨᠣᠪᠴᠢᠲᠤ ᠴᠢᠨᠠᠷ ᠪᠠ ᠡᠷᠬᠡ ᠰᠦᠷᠲᠦ ᠴᠢᠨᠠᠷ᠎ᠢ ᠦᠨᠡᠨᠬᠦ ᠪᠠᠲᠤᠯᠠᠬᠤ ᠵᠢᠨ ᠲᠤᠰᠠᠳᠠ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠯᠤᠰ᠎ᠤᠨ ᠨᠢᠭᠤᠴᠠ ᠵᠢ ᠬᠠᠮᠠᠭ᠋ᠠᠯᠠᠬᠤ ᠬᠠᠤᠯᠢ》 (ᠳᠣᠷᠣᠭᠰᠢ 《ᠨᠢᠭᠤᠴᠠ ᠵᠢ ᠬᠠᠮᠠᠭ᠋ᠠᠯᠠᠬᠤ ᠬᠠᠤᠯᠢ》 ᠭᠡᠵᠦ ᠲᠣᠪᠴᠢᠯᠠᠨ᠎ᠠ) ᠪᠠ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠲᠦᠷᠢᠮ》᠎ᠢ ᠦᠨᠳᠦᠰᠦᠯᠡᠨ ᠲᠣᠰ ᠲᠦᠷᠢᠮ᠎ᠢ ᠲᠣᠭᠲᠠᠭ᠋ᠠᠪᠠ᠃
ᠨᠢᠭᠡᠳᠦᠭᠡᠷ ᠵᠦᠢ᠍ᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠮᠣᠩᠭᠣᠯ ᠬᠡᠯᠡᠨ᠎ᠤ ᠵᠠᠰᠠᠭ᠎ᠤᠨ ᠶᠠᠪᠤᠳᠠᠯ᠎ᠤᠨ ᠰᠦᠯᠵᠢᠶ᠎ᠡ ᠵᠢᠨ ᠮᠡᠳᠡᠭᠡ ᠵᠠᠩᠭᠢ ᠵᠢ ᠳᠡᠭᠡᠭᠰᠢ ᠳᠠᠮᠵᠢᠭᠤᠯᠬᠤ ᠪᠠ ᠨᠡᠶ᠋ᠢᠲᠡᠯᠡᠬᠦ ᠠᠵᠢᠯ᠎ᠳᠤ᠂ 《ᠨᠢᠭᠤᠴᠠ᠎ᠳᠤ ᠬᠣᠯᠪᠣᠭᠳᠠᠬᠤ ᠮᠡᠳᠡᠭᠡ ᠵᠠᠩᠭᠢ ᠵᠢ ᠰᠦᠯᠵᠢᠶᠡᠨ᠎ᠳᠤ ᠭᠠᠷᠭ᠋ᠠᠬᠤ ᠦᠭᠡᠶ᠂ ᠰᠦᠯᠵᠢᠶᠡᠨ᠎ᠳᠤ ᠭᠠᠷᠬᠤ ᠮᠡᠳᠡᠭᠡ ᠵᠠᠩᠭᠢ ᠨᠢᠭᠤᠴᠠ᠎ᠳᠤ ᠬᠣᠯᠪᠣᠭᠳᠠᠬᠤ ᠦᠭᠡᠶ》 ᠪᠠᠶ᠋ᠢᠬᠤ ᠵᠠᠷᠴᠢᠮ ᠶᠣᠰᠣᠭ᠋ᠠᠷ᠂ ᠲᠣᠪᠴᠢᠶ᠎ᠠ ᠵᠢᠨ ᠪᠠᠶ᠋ᠢᠭᠤᠯᠭ᠎ᠠ ᠵᠢᠨ ᠡᠯ᠎ᠡ ᠭᠠᠵᠠᠷ ᠲᠠᠰᠤᠭ ᠲᠣᠪᠴᠢᠶ᠎ᠠ᠂ ᠠᠵᠢᠯ ᠦᠢ᠍ᠯᠡᠰ᠎ᠤᠨ ᠨᠢᠭᠡᠴᠢ ᠵᠢᠨ ᠮᠡᠳᠡᠭᠡ ᠵᠠᠩᠭᠢ ᠵᠢ 《ᠤᠷᠢᠳᠠᠪᠠᠷ ᠬᠢᠨᠠᠵᠤ ᠳᠠᠷᠠᠭ᠎ᠠ᠎ᠨᠢ ᠨᠡᠶ᠋ᠢᠲᠡᠯᠡᠬᠦ》᠂ 《ᠬᠡᠨ ᠡᠬᠡ ᠪᠢᠴᠢᠭ ᠬᠠᠩᠭ᠋ᠠᠪᠠᠯ ᠬᠡᠨ ᠬᠠᠷᠢᠭᠤᠴᠠᠬᠤ》 ᠱᠠᠭ᠋ᠠᠷᠳᠠᠯᠭ᠎ᠠ ᠶᠣᠰᠣᠭ᠋ᠠᠷ᠂ ᠮᠡᠳᠡᠭᠡ ᠵᠠᠩᠭᠢ ᠵᠢᠨ ᠠᠮᠤᠷ ᠲᠦᠪᠰᠢᠨ ᠴᠢᠨᠠᠷ᠂ ᠦᠨᠡᠨ ᠪᠣᠳᠠᠲᠤ ᠴᠢᠨᠠᠷ ᠪᠠ ᠣᠨᠣᠪᠴᠢᠲᠤ ᠴᠢᠨᠠᠷ᠎ᠢ ᠦᠨᠡᠨᠬᠦ ᠪᠠᠲᠤᠯᠠᠬᠤ ᠬᠡᠷᠡᠭᠲᠡᠶ᠃
ᠬᠣᠶᠠᠳᠤᠭ᠋ᠠᠷ ᠵᠦᠢ᠍ᠯ ᠮᠡᠳᠡᠭᠡ ᠵᠠᠩᠭᠢ ᠵᠢᠨ ᠠᠮᠤᠷ ᠲᠦᠪᠰᠢᠨ᠎ᠤ ᠬᠢᠨᠠᠨ ᠪᠠᠶ᠋ᠢᠴᠠᠭ᠋ᠠᠯᠲᠠ ᠵᠢ 《ᠨᠢᠭᠤᠴᠠ ᠵᠢ ᠬᠠᠮᠠᠭ᠋ᠠᠯᠠᠬᠤ ᠬᠠᠤᠯᠢ》 ᠪᠠ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ᠎ᠤᠨ ᠣᠷᠳᠣᠨ᠎ᠤ ᠮᠡᠳᠡᠭᠡ ᠵᠠᠩᠭᠢ ᠵᠢ ᠢᠯᠡ ᠪᠣᠯᠭ᠋ᠠᠬᠤ ᠳᠦᠷᠢᠮ》᠎ᠤᠨ ᠬᠠᠮᠢᠶ᠎ᠠ ᠪᠦᠬᠦᠢ ᠵᠢᠷᠤᠮᠵᠢᠯ ᠶᠣᠰᠣᠭ᠋ᠠᠷ ᠬᠢᠬᠦ ᠬᠡᠷᠡᠭᠲᠡᠶ᠂ ᠮᠡᠳᠡᠭᠡ ᠵᠠᠩᠭᠢ ᠵᠢᠨ ᠢᠯᠡ ᠪᠣᠯᠭ᠋ᠠᠬᠤ ᠬᠡᠪᠴᠢᠶ᠎ᠡ ᠵᠢ ᠳᠤᠷ᠎ᠠ᠎ᠪᠠᠷ ᠵᠶ᠋ᠠᠨ ᠬᠤᠪᠢᠷᠠᠭᠤᠯᠵᠤ ᠪᠣᠯᠬᠤ ᠦᠭᠡᠶ᠂ ᠪᠠᠰᠠ ᠮᠡᠳᠡᠭᠡ ᠵᠠᠩᠭᠢ ᠵᠢᠨ ᠠᠮᠤᠷ ᠲᠦᠪᠰᠢᠨ᠎ᠤ ᠪᠠᠷᠢᠮᠵᠢᠶ᠎ᠠ ᠵᠢ ᠳᠤᠷ᠎ᠠ᠎ᠪᠠᠷ ᠵᠶ᠋ᠠᠨ ᠪᠠᠭᠤᠷᠠᠭᠤᠯᠵᠤ ᠪᠣᠯᠬᠤ
ᠦᠭᠡᠶ᠃
ᠭᠤᠷᠪᠠᠳᠤᠭ᠋ᠠᠷ ᠵᠦᠢ᠍ᠯ ᠲᠣᠪᠴᠢᠶ᠎ᠠ ᠵᠢᠨ ᠪᠠᠶ᠋ᠢᠭᠤᠯᠭ᠎ᠠ ᠵᠢᠨ ᠡᠯ᠎ᠡ ᠭᠠᠵᠠᠷ ᠲᠠᠰᠤᠭ ᠲᠣᠪᠴᠢᠶ᠎ᠠ᠂ ᠠᠵᠢᠯ ᠦᠢ᠍ᠯᠡᠰ᠎ᠤᠨ ᠨᠢᠭᠡᠴᠢ᠎ᠨᠦᠭᠦᠳ ᠰᠦᠯᠵᠢᠶᠡᠨ᠎ᠤ ᠤᠬᠠᠭᠤᠯᠭ᠎ᠠ ᠵᠢᠨ ᠨᠢᠭᠤᠴᠠ ᠵᠢ ᠬᠠᠮᠠᠭ᠋ᠠᠯᠠᠬᠤ ᠠᠵᠢᠯ᠎ᠤᠨ ᠴᠢᠬᠤᠯᠠ ᠴᠢᠨᠠᠷ ᠪᠠ ᠵᠠᠶ᠋ᠢᠯᠠᠰᠢ ᠦᠭᠡᠢ ᠴᠢᠨᠠᠷ᠎ᠢ ᠭᠦᠢ᠍ᠴᠡᠳ ᠲᠠᠨᠢᠵᠤ᠂ ᠵᠥᠪ ᠶᠠᠷᠢᠶ᠎ᠠ ᠬᠡᠯᠡᠯᠴᠡᠭᠡᠨ᠎ᠤ ᠤᠳᠤᠷᠢᠳᠤᠮᠵᠢ ᠵᠢ ᠮᠡᠳᠡᠭᠡ ᠵᠠᠩᠭᠢ ᠰᠤᠷᠪᠤᠯᠵᠢᠯᠠᠨ ᠨᠠᠶ᠋ᠢᠷᠠᠭᠤᠯᠬᠤ ᠡᠯ᠎ᠡ ᠭᠣᠭᠴᠣᠭ᠎ᠠ᠎ᠳᠤ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢ ᠪᠠᠷᠢᠮᠲᠠᠯᠠᠵᠤ᠂ ᠭᠤᠤᠯ ᠬᠥᠭ ᠠᠶᠠᠰ᠎ᠢ ᠴᠤᠤᠷᠢᠶᠠᠲᠤᠭᠤᠯᠤᠨ᠂ ᠢᠳᠡᠪᠬᠢ ᠬᠦᠴᠦᠨ᠎ᠢ ᠤᠯᠠᠮᠵᠢᠯᠠᠵᠤ᠂ ᠠᠷᠭ᠎ᠠ ᠪᠠᠷᠢᠯ᠎ᠤᠨ ᠰᠢᠨ᠎ᠡ ᠵᠢ ᠡᠭᠦᠳᠴᠦ᠂ ᠨᠡᠶ᠋ᠢᠭᠡᠮ᠎ᠤᠨ ᠶᠠᠷᠢᠶ᠎ᠠ ᠬᠡᠯᠡᠯᠴᠡᠭᠡ ᠵᠢ ᠪᠦᠲᠦᠮᠵᠢᠲᠡᠶ ᠬᠥᠲᠥᠯᠥᠨ ᠵᠢᠯᠣᠭᠣᠳᠬᠤ ᠬᠡᠷᠡᠭᠲᠡᠶ᠃
ᠳᠥᠷᠪᠡᠳᠦᠭᠡᠷ ᠵᠦᠢ᠍ᠯ ᠲᠣᠪᠴᠢᠶ᠎ᠠ ᠪᠠᠶ᠋ᠢᠭᠤᠯᠭ᠎ᠠ ᠵᠢᠨ ᠡᠯ᠎ᠡ ᠭᠠᠵᠠᠷ ᠲᠠᠰᠤᠭ᠂ ᠲᠣᠪᠴᠢᠶ᠎ᠠ᠂ ᠠᠵᠢᠯ ᠦᠢ᠍ᠯᠡᠰ᠎ᠤᠨ ᠨᠢᠭᠡᠴᠢ᠎ᠨᠦᠭᠦᠳ ᠮᠣᠩᠭᠣᠯ ᠬᠡᠯᠡᠨ᠎ᠤ ᠵᠠᠰᠠᠭ᠎ᠤᠨ ᠶᠠᠪᠤᠳᠠᠯ᠎ᠤᠨ ᠰᠦᠯᠵᠢᠶᠡᠨ᠎ᠤ ᠥᠷᠲᠡᠭᠡ ᠵᠢᠨ ᠮᠡᠳᠡᠭᠡ ᠵᠠᠩᠭᠢ ᠨᠡᠶ᠋ᠢᠲᠡᠯᠡᠬᠦ ᠬᠢᠨᠠᠨ ᠬᠠᠷᠭᠤᠭᠤᠯᠬᠤ ᠪᠣᠭᠣᠮᠲᠠ ᠵᠢ ᠴᠢᠩᠭ᠎ᠠ ᠠᠳᠬᠤᠬᠤ ᠬᠡᠷᠡᠭᠲᠡᠶ᠂ ᠬᠤᠪᠢᠳᠠᠨ ᠬᠠᠮᠢᠶᠠᠷᠴᠤ ᠪᠦᠬᠦᠢ ᠤᠳᠤᠷᠢᠳᠤᠯᠭ᠎ᠠ ᠪᠣᠯ ᠮᠡᠳᠡᠭᠡ ᠵᠠᠩᠭᠢ ᠨᠡᠶ᠋ᠢᠲᠡᠯᠡᠬᠦ ᠨᠢᠭᠡᠳᠦᠭᠡᠷ ᠬᠠᠷᠢᠭᠤᠴᠠᠯᠭ᠎ᠠ ᠡᠭᠦᠷᠭᠡᠯᠡᠭᠴᠢ᠂ ᠭᠠᠵᠠᠷ ᠲᠠᠰᠤᠭ᠎ᠤᠨ ᠬᠠᠷᠢᠭᠤᠴᠠᠯᠭ᠋ᠠᠲᠠᠨ ᠪᠣᠯ ᠭᠤᠤᠯ ᠬᠠᠷᠢᠭᠤᠴᠠᠯᠭ᠎ᠠ ᠡᠭᠦᠷᠭᠡᠯᠡᠭᠴᠢ᠂ ᠮᠡᠳᠡᠭᠡ ᠵᠠᠩᠭᠢ ᠵᠢᠨ ᠡᠬᠡ ᠪᠢᠴᠢᠭ ᠪᠢᠴᠢᠬᠦ ᠠᠵᠢᠯᠲᠠᠨ ᠪᠣᠯ ᠰᠢᠭᠤᠳ ᠬᠠᠷᠢᠭᠤᠴᠠᠯᠭ᠎ᠠ ᠡᠭᠦᠷᠭᠡᠯᠡᠭᠴᠢ ᠪᠣᠯᠤᠨ᠎ᠠ᠃
ᠲᠠᠪᠤᠳᠤᠭ᠋ᠠᠷ ᠵᠦᠢ᠍ᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠮᠣᠩᠭᠣᠯ ᠬᠡᠯᠡᠨ᠎ᠤ ᠵᠠᠰᠠᠭ᠎ᠤᠨ ᠶᠠᠪᠤᠳᠠᠯ᠎ᠤᠨ ᠰᠦᠯᠵᠢᠶᠡᠨ᠎ᠤ ᠮᠡᠳᠡᠭᠡ ᠵᠠᠩᠭᠢ ᠵᠢ ᠳᠡᠭᠡᠭᠰᠢ ᠳᠠᠮᠵᠢᠭᠤᠯᠬᠤ᠎ᠳᠤ 《ᠭᠤᠷᠪᠠ ᠬᠢᠨᠠᠬᠤ ᠭᠤᠷᠪᠠ ᠬᠠᠷᠭᠤᠭᠤᠯᠬᠤ》 ᠳᠦᠷᠢᠮ᠎ᠢ ᠬᠡᠷᠡᠭᠵᠢᠭᠦᠯᠦᠨ᠎ᠡ᠃ ᠰᠦᠯᠵᠢᠶᠡᠨ᠎ᠤ ᠦᠵᠡᠯ ᠤᠬᠠᠮᠰᠠᠷ᠎ᠤᠨ ᠬᠡᠯᠪᠡᠷᠢ ᠵᠢᠨ ᠬᠠᠷᠢᠭᠤᠴᠠᠯᠭ᠎ᠠ ᠵᠢᠨ ᠲᠥᠷᠢᠮ᠎ᠢ ᠬᠢᠨᠠᠮᠠᠭ᠋ᠠᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ 《ᠱᠠᠳᠤ ᠬᠤᠪᠢᠶᠠᠨ ᠬᠢᠨᠠᠨ ᠬᠠᠷᠭᠤᠭᠤᠯᠬᠤ᠂ ᠤᠷᠢᠳᠠᠪᠠᠷ ᠬᠢᠨᠠᠵᠤ ᠲᠠᠷᠠᠭ᠎ᠠ᠎ᠨᠢ ᠨᠡᠢ᠌ᠳᠡᠯᠡᠬᠦ》 ᠲᠡᠰ ᠳᠠᠷᠠᠭ᠋ᠠᠯᠠᠯ᠎ᠢ ᠴᠢᠩᠭ᠎ᠠ ᠬᠡᠷᠡᠭᠵᠢᠭᠦᠯᠵᠦ᠂ 《ᠭᠤᠷᠪᠠ ᠬᠢᠨᠠᠬᠤ ᠭᠤᠷᠪᠠ ᠬᠠᠷᠭᠤᠭᠤᠯᠬᠤ》 ᠲᠥᠷᠢᠮ᠎ᠢ ᠨᠠᠶ᠋ᠢᠳᠠᠪᠤᠷᠢᠵᠢᠭᠤᠯᠤᠨ᠂ ᠰᠦᠯᠵᠢᠶᠡᠨ ᠳᠡᠭᠡᠷᠡᠬᠢ ᠮᠡᠳᠡᠭᠡ ᠵᠠᠩᠭᠢ ᠵᠢᠨ ᠦᠢ᠍ᠯᠡᠳᠪᠦᠷᠢᠯᠡᠯ᠎ᠤᠨ ᠰᠤᠷᠪᠤᠯᠵᠢᠯᠠᠬᠤ᠂ ᠨᠠᠶ᠋ᠢᠷᠠᠭᠤᠯᠬᠤ᠂ ᠬᠢᠨᠠᠬᠤ᠂ ᠭᠠᠷᠤᠨ ᠥᠰᠥᠭ ᠵᠢᠷᠤᠬᠤ᠂ ᠨᠡᠢ᠌ᠳᠡᠯᠡᠬᠦ ᠪᠥᠬᠥ ᠶᠠᠪᠤᠴᠠ ᠪᠣᠯᠤᠨ ᠡᠯ᠎ᠡ ᠭᠣᠭᠴᠣᠭ᠎ᠠ ᠵᠢᠨ ᠬᠠᠮᠢᠶᠠᠷᠤᠯᠲᠠ ᠵᠢ ᠤᠯᠠᠮ ᠨᠢᠭᠡ ᠠᠯᠬᠤᠮ ᠵᠢᠷᠤᠮᠵᠢᠭᠤᠯᠵᠤ᠂ ᠲᠤᠰᠬᠠᠢ ᠬᠥᠮᠦᠨ ᠲᠤᠬᠢᠷᠠᠭᠤᠯᠤᠨ ᠵᠢᠵᠢᠭᠦᠷᠯᠡᠨ ᠰᠠᠬᠢᠵᠤ᠂ ᠱᠠᠳᠤ ᠱᠠᠳᠤ᠎ᠪᠠᠷ ᠬᠠᠷᠢᠭᠤᠴᠠᠵᠤ᠂ ᠲᠠᠯᠳᠠ ᠭᠡᠮ᠎ᠢ ᠠᠷᠢᠯᠭ᠋ᠠᠨ᠂ ᠥ ᠰᠡᠪ᠎ᠢ ᠪᠥᠭᠯᠡᠬᠦ ᠬᠡᠷᠡᠭᠲᠡᠢ᠃ ᠲᠥᠷᠥ ᠵᠢᠨ ᠪᠣᠳᠣᠯᠭ᠎ᠠ ᠵᠢᠨ ᠪᠣᠭᠣᠮᠲᠠ ᠵᠢ ᠰᠠᠶ᠋ᠢᠲᠤᠷ ᠠᠳᠬᠤᠬᠤ ᠵᠢᠨ ᠬᠠᠮᠲᠤ᠂ ᠠᠭᠤᠯᠭ᠎ᠠ ᠵᠢᠨ ᠨᠠᠷᠢᠨ ᠵᠦᠢ᠍ᠯᠡᠰ᠎ᠤᠨ ᠠᠯᠳᠠᠭ᠎ᠠ ᠪᠤᠷᠤᠭᠤ ᠵᠢ ᠴᠢᠩᠭ᠎ᠠ ᠰᠡᠷᠭᠡᠢ᠌ᠯᠡᠵᠦ᠂ ᠴᠢᠬᠤᠯᠠ ᠡᠬᠡ ᠪᠢᠴᠢᠭ ᠮᠡᠳᠡᠭᠡ ᠵᠠᠩᠭᠢ ᠵᠢ ᠲᠣᠭᠲᠠᠭᠰᠠᠨ ᠲᠠᠰ ᠳᠠᠷᠠᠭ᠋ᠠᠯᠠᠯ ᠵᠶ᠋ᠠᠷ ᠬᠢᠨᠠᠨ ᠪᠠᠢ᠌ᠴᠠᠭ᠋ᠠᠯᠭ᠋ᠠᠵᠤ᠂ ᠣᠨᠣᠪᠴᠢᠲᠠᠶ ᠲᠣᠭᠲᠠᠭ᠋ᠠᠵᠤ ᠳᠡᠶ᠋ᠢᠯᠬᠦ ᠥᠬᠡᠶ ᠠᠰᠠᠭᠤᠳᠠᠯ᠎ᠢ ᠴᠠᠭ ᠲᠤᠬᠠᠶ᠎ᠳᠤᠨᠢ ᠵᠢᠭ᠋ᠠᠪᠤᠷᠢ ᠠᠪᠬᠤ ᠬᠡᠷᠡᠭᠲᠡᠶ᠃
(ᠨᠢᠭᠡ) ᠠᠩᠬᠠᠨ᠎ᠤ ᠬᠢᠨᠠᠯᠲᠠ᠃ ᠲᠣᠪᠴᠢᠶᠠᠨ᠎ᠤ ᠪᠠᠶ᠋ᠢᠭᠤᠯᠭ᠎ᠠ ᠵᠢᠨ ᠡᠯ᠎ᠡ ᠭᠠᠵᠠᠷ ᠲᠠᠰᠤᠭ ᠲᠣᠪᠴᠢᠶ᠎ᠠ᠂ ᠠᠵᠢᠯ ᠦᠢ᠍ᠯᠡᠰ᠎ᠤᠨ ᠨᠢᠭᠡᠴᠢ ᠵᠢᠨ ᠮᠡᠳᠡᠭᠡ ᠵᠠᠩᠭᠢ ᠲᠤᠭᠤᠷᠪᠢᠭᠴᠢ ᠨᠢᠭᠡᠳᠦᠭᠡᠷ ᠳᠡᠰ᠎ᠤᠨ ᠥᠪᠡᠰᠦᠪᠡᠨ ᠪᠠᠶ᠋ᠢᠴᠠᠭ᠋ᠠᠵᠤ ᠥᠪᠡᠰᠦᠪᠡᠨ ᠬᠢᠨᠠᠬᠤ ᠵᠢ ᠬᠠᠷᠢᠭᠤᠴᠠᠨ᠎ᠠ᠃ ᠭᠣᠣᠯᠳᠠᠭᠤ ᠡᠬᠡ ᠪᠢᠴᠢᠭ᠎ᠤᠨ ᠦᠭᠡ ᠬᠡᠯᠡ ᠦᠰᠦᠭ ᠪᠢᠴᠢᠭ᠎ᠤᠨ ᠪᠣᠭᠣᠮᠲᠠ ᠵᠢ ᠰᠠᠶ᠋ᠢᠲᠤᠷ ᠠᠳᠬᠤᠵᠤ᠂ ᠪᠤᠷᠤᠭᠤ ᠦᠰᠦᠭ᠂ ᠡᠮᠵᠡᠭ ᠥᠭᠦᠯᠡᠪᠦᠷᠢ ᠵᠡᠷᠭᠡ ᠳᠣᠣᠷ᠎ᠠ ᠳᠡᠰ᠎ᠤᠨ ᠠᠯᠳᠠᠭ᠎ᠠ ᠭᠠᠷᠬᠤ᠎ᠠᠴᠠ ᠵᠠᠶ᠋ᠢᠯᠠᠰᠬᠢᠵᠦ᠂ ᠮᠡᠳᠡᠭᠡ ᠵᠠᠩᠭᠢ ᠵᠢ ᠡᠮᠬᠢᠯᠡᠬᠦ᠂ ᠨᠠᠶ᠋ᠢᠷᠠᠭᠤᠯᠬᠤ ᠵᠡᠷᠭᠡ ᠭᠣᠭᠴᠣᠭ᠋ᠠᠨᠠᠴᠠ ᠮᠡᠳᠡᠭᠡ ᠵᠠᠩᠭᠢ᠎ᠳᠤ ᠰᠡᠷᠭᠡᠭ ᠮᠡᠳᠡᠭᠡ ᠵᠠᠩᠭᠢ ᠪᠠᠶ᠋ᠢᠬᠤ ᠡᠰᠡᠬᠦ᠂ ᠪᠤᠷᠤᠭᠤ ᠦᠰᠦᠭ᠂ ᠭᠣᠭᠣᠵᠢᠭᠳᠠᠭᠰᠠᠨ ᠦᠰᠦᠭ ᠪᠠ ᠬᠥᠮᠦᠨ᠎ᠤ ᠨᠡᠷ᠎ᠡ᠂ ᠭᠠᠵᠠᠷ᠎ᠤᠨ ᠨᠡᠷ᠎ᠡ ᠵᠢᠨ ᠢᠯᠡᠳᠬᠡᠯᠲᠡ ᠪᠤᠷᠤᠭᠤ ᠪᠠᠶ᠋ᠢᠬᠤ ᠡᠰᠡᠬᠦ ᠵᠢ ᠡᠷᠢᠨ᠎ᠡ᠃
(ᠬᠣᠶᠠᠷ) ᠲᠡᠬᠢᠠ ᠬᠢᠨᠠᠯᠲᠠ᠃ ᠲᠣᠪᠴᠢᠶᠠᠨ᠎ᠤ ᠪᠠᠶ᠋ᠢᠭᠤᠯᠭ᠎ᠠ ᠵᠢᠨ ᠡᠯ᠎ᠡ ᠭᠠᠵᠠᠷ ᠲᠠᠰᠤᠭ ᠲᠣᠪᠴᠢᠶ᠎ᠠ᠂ ᠠᠵᠢᠯ ᠦᠢ᠍ᠯᠡᠰ᠎ᠤᠨ ᠨᠢᠭᠡᠴᠢ ᠵᠢᠨ ᠭᠣᠣᠯ ᠬᠠᠷᠢᠭᠤᠴᠠᠯᠭ᠋ᠠᠲᠠᠨ ᠬᠣᠶᠠᠳᠤᠭ᠋ᠠᠷ ᠳᠡᠰ᠎ᠤᠨ ᠳᠠᠬᠢᠨ ᠬᠢᠨᠠᠬᠤ ᠪᠠ ᠬᠠᠷᠭᠤᠭᠤᠯᠬᠤ ᠠᠵᠢᠯ᠎ᠢ ᠬᠠᠷᠢᠭᠤᠴᠠᠨ᠎ᠠ᠃ ᠭᠣᠣᠯᠳᠠᠭᠤ ᠰᠣᠨᠢᠨ ᠮᠡᠳᠡᠭᠡᠨ᠎ᠤ ᠪᠣᠳᠠᠲᠤ ᠬᠡᠷᠡᠭ᠎ᠤᠨ ᠪᠣᠭᠣᠮᠲᠠ ᠵᠢ ᠰᠠᠶ᠋ᠢᠲᠤᠷ ᠠᠳᠬᠤᠵᠤ᠂ ᠮᠡᠳᠡᠭᠡ ᠵᠠᠩᠭᠢ ᠨᠡᠶ᠋ᠢᠲᠡᠯᠡᠬᠦ ᠦᠨᠳᠦᠰᠦᠯᠡᠯ᠂ ᠠᠯᠪᠠᠨ ᠪᠢᠴᠢᠭ᠎ᠤᠨ ᠵᠢᠷᠤᠮᠵᠢᠯ᠂ ᠨᠡᠶ᠋ᠢᠲᠡᠯᠡᠬᠦ ᠦᠨ᠎ᠡ ᠥᠷᠲᠡᠭ᠎ᠢ ᠬᠢᠨᠠᠨ ᠬᠠᠷᠭᠤᠭᠤᠯᠵᠤ᠂ ᠨᠠᠶ᠋ᠢᠷᠠᠭᠤᠯᠤᠭᠰᠠᠨ ᠮᠡᠳᠡᠭᠡ ᠵᠠᠩᠭᠢ ᠵᠢᠨ ᠨᠢᠭᠤᠴᠠ ᠵᠢ ᠬᠠᠮᠠᠭ᠋ᠠᠯᠠᠬᠤ ᠴᠢᠨᠠᠷ᠂ ᠵᠢᠷᠤᠮᠵᠢᠯᠳᠤ ᠴᠢᠨᠠᠷ᠂ ᠲᠥᠪ ᠴᠢᠩᠭ᠎ᠠ ᠴᠢᠨᠠᠷ᠂ ᠣᠨᠣᠪᠴᠢᠲᠤ ᠴᠢᠨᠠᠷ᠎ᠲᠤ ᠪᠦᠬᠦ ᠲᠠᠯ᠎ᠠ ᠵᠢᠨ ᠬᠢᠨᠠᠯᠲᠠ ᠬᠢᠬᠦ ᠬᠡᠷᠡᠭᠲᠡᠶ᠃
(ᠭᠤᠷᠪᠠ) ᠡᠴᠦᠰ᠎ᠤᠨ ᠰᠢᠭᠦᠯᠲᠡ᠃ ᠲᠣᠪᠴᠢᠶᠠᠨ᠎ᠤ ᠪᠠᠶ᠋ᠢᠭᠤᠯᠭ᠎ᠠ ᠵᠢᠨ ᠡᠯ᠎ᠡ ᠭᠠᠵᠠᠷ ᠭᠡᠷ ᠲᠣᠪᠴᠢᠶ᠎ᠠ᠂ ᠠᠵᠢᠯ ᠦᠢ᠍ᠯᠡᠰ᠎ᠤᠨ ᠨᠢᠭᠡᠴᠢ ᠵᠢᠨ ᠬᠤᠪᠢᠳᠠᠨ ᠬᠠᠮᠢᠶᠠᠷᠬᠤ ᠤᠳᠤᠷᠢᠳᠤᠯᠭ᠎ᠠ ᠭᠤᠷᠪᠠᠨ ᠱᠠᠲᠤᠨ᠎ᠤ ᠬᠢᠨᠠᠨ ᠬᠠᠷᠭᠤᠭᠤᠯᠬᠤ ᠪᠠ ᠬᠠᠷᠭᠤᠭᠤᠯᠬᠤ ᠠᠵᠢᠯ᠎ᠢ ᠬᠠᠷᠢᠭᠤᠴᠠᠨ᠎ᠠ᠃ ᠭᠣᠣᠯᠳᠠᠭᠤ ᠤᠯᠤᠰ ᠲᠥᠷᠥ ᠵᠢᠨ ᠪᠣᠭᠣᠮᠲᠠ ᠵᠢ ᠰᠠᠶ᠋ᠢᠲᠤᠷ ᠠᠳᠬᠤᠵᠤ᠂ ᠮᠡᠳᠡᠭᠡ ᠵᠠᠩᠭᠢ ᠵᠢᠨ ᠤᠯᠤᠰ ᠲᠥᠷᠥ ᠵᠢᠨ ᠵᠣᠭᠰᠣᠴᠠ᠂ ᠨᠡᠶ᠋ᠢᠭᠡᠮ᠎ᠤᠨ ᠨᠥᠯᠥᠭᠡᠯᠡᠯ ᠵᠢᠴᠢ ᠬᠠᠮᠢᠶ᠎ᠠ ᠪᠦᠬᠦᠢ ᠲᠥᠷᠥ ᠵᠢᠨ ᠪᠣᠳᠣᠯᠭ᠎ᠠ ᠬᠠᠤᠯᠢ ᠲᠣᠭᠲᠠᠭ᠋ᠠᠯ᠎ᠳᠤ ᠨᠡᠶ᠋ᠢᠴᠡᠬᠦ ᠡᠰᠡᠬᠦ᠎ᠳᠤ ᠮᠠᠭ᠋ᠠᠳᠯᠠᠯᠲᠠ ᠬᠢᠬᠦ ᠵᠢᠨ ᠬᠠᠮᠲᠤ ᠰᠦᠯᠵᠢᠶᠡᠨ ᠳᠡᠭᠡᠷ᠎ᠡ ᠨᠡᠶ᠋ᠢᠲᠡᠯᠡᠬᠦ ᠡᠰᠡᠬᠦ ᠵᠢ ᠲᠣᠭᠲᠠᠭ᠋ᠠᠨ᠎ᠠ᠃ ᠴᠢᠬᠤᠯᠠ ᠮᠡᠳᠡᠭᠡ ᠵᠠᠩᠭᠢ ᠪᠤᠶᠤ ᠰᠡᠷᠭᠡᠭ ᠮᠡᠳᠡᠭᠡ ᠵᠠᠩᠭᠢ᠎ᠳᠤ ᠲᠣᠬᠢᠶᠠᠯᠳᠤᠭ᠋ᠠᠳ ᠣᠨᠣᠪᠴᠢᠲᠠᠢ ᠮᠠᠭ᠋ᠠᠳᠯᠠᠯᠲᠠ ᠬᠢᠵᠦ ᠳᠡᠶ᠋ᠢᠯᠬᠦ ᠦᠭᠡᠢ ᠦᠶ᠎ᠡ᠎ᠳᠤ᠂ ᠡᠷᠬᠡᠪᠰᠢ ᠬᠣᠯᠪᠣᠭᠳᠠᠯ ᠪᠦᠬᠦᠢ ᠨᠢᠭᠤᠴᠠ ᠵᠢ ᠬᠠᠮᠠᠭ᠋ᠠᠯᠠᠬᠤ ᠰᠠᠯᠠᠭ᠎ᠠ ᠮᠥᠴᠢᠷ ᠪᠤᠶᠤ ᠢᠨᠲᠸᠷ ᠰᠦᠯᠵᠢᠶᠡᠨ᠎ᠤ ᠮᠡᠳᠡᠭᠡ ᠵᠠᠩᠭᠢ ᠵᠢᠨ ᠰᠠᠯᠠᠭ᠎ᠠ ᠮᠥᠴᠢᠷ᠎ᠲᠤ ᠮᠡᠳᠡᠭᠦᠯᠬᠦ ᠪᠠ ᠵᠢᠭ᠋ᠠᠪᠤᠷᠢ ᠠᠪᠤᠭᠰᠠᠨ᠎ᠤ ᠳᠠᠷᠠᠭ᠎ᠠ ᠰᠠᠶᠢ ᠭᠠᠷᠤᠨ ᠦᠰᠦᠭ ᠵᠢᠷᠤᠵᠤ ᠶᠠᠪᠤᠭᠤᠯᠵᠤ ᠪᠣᠯᠤᠨ᠎ᠠ᠃
ᠵᠢᠷᠭᠤᠳᠤᠭ᠋ᠠᠷ ᠵᠦᠢ᠍ᠯ ᠲᠤᠤᠷ ᠰᠦᠯᠵᠢᠶᠡᠨ᠎ᠤ ᠠᠭᠤᠯᠭ᠎ᠠ ᠵᠢᠨ ᠬᠠᠮᠢᠶᠠᠷᠤᠯᠲᠠ ᠵᠢᠨ ᠬᠣᠯᠪᠣᠭᠳᠠᠯ ᠪᠦᠬᠦᠢ ᠡᠭᠦᠷᠭᠡ ᠬᠠᠷᠢᠭᠤᠴᠠᠯᠭ᠎ᠠ᠎ᠪᠠᠨ ᠦᠨᠡᠨ ᠬᠦ᠌ ᠭᠦᠢ᠍ᠴᠡᠳᠭᠡᠵᠦ᠂ 《ᠭᠤᠷᠪᠠ ᠬᠢᠨᠠᠬᠤ ᠭᠤᠷᠪᠠ ᠬᠠᠷᠭᠤᠭᠤᠯᠬᠤ》 ᠳᠦᠷᠢᠮ᠎ᠢ ᠴᠢᠩᠭ᠎ᠠ ᠬᠡᠷᠡᠭᠵᠢᠭᠦᠯᠵᠦ᠂ ᠡᠬᠡ ᠪᠢᠴᠢᠭ᠎ᠤᠨ ᠮᠡᠳᠡᠭᠡ ᠵᠠᠩᠭᠢ ᠵᠢᠨ ᠤᠳᠤᠷᠢᠳᠤᠮᠵᠢ ᠵᠢᠨ ᠪᠣᠭᠣᠮᠲᠠ᠂ ᠶᠠᠰᠤ ᠴᠢᠨᠠᠷ᠎ᠤᠨ ᠪᠣᠭᠣᠮᠲᠠ ᠵᠢ ᠰᠠᠶ᠋ᠢᠲᠤᠷ ᠠᠳᠬᠤᠵᠤ᠂ ᠬᠠᠮᠢᠶᠠᠷᠤᠯᠲᠠ ᠵᠢᠨ ᠳᠤᠮᠳᠠ ᠣᠯᠵᠤ ᠮᠡᠳᠡᠭᠰᠡᠨ ᠠᠰᠠᠭᠤᠳᠠᠯ᠎ᠢ ᠰᠢᠮᠳᠠᠭᠤᠯᠵᠤ ᠪᠠᠶ᠋ᠢᠭ᠋ᠠᠳ ᠴᠡᠭᠴᠡᠯᠡᠨ ᠰᠠᠶ᠋ᠢᠵᠢᠷᠠᠭᠤᠯᠬᠤ ᠬᠡᠷᠡᠭᠲᠡᠶ᠃
ᠳᠣᠯᠣᠳᠤᠭ᠋ᠠᠷ ᠵᠦᠢ᠍ᠯ ᠨᠢᠭᠤᠴᠠ᠎ᠳᠤ ᠬᠣᠯᠪᠣᠭᠳᠠᠬᠤ ᠮᠡᠳᠡᠭᠡ ᠵᠠᠩᠭᠢ ᠵᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠮᠣᠩᠭᠣᠯ ᠬᠡᠯᠡᠨ᠎ᠤ ᠰᠦᠯᠵᠢᠶᠡᠨ ᠥᠷᠲᠡᠭᠡ᠎ᠳᠤ ᠳᠠᠮᠵᠢᠭᠤᠯᠵᠤ ᠪᠣᠯᠬᠤ ᠦᠭᠡᠶ᠃
ᠨᠠᠢ᠍ᠮᠠᠳᠤᠭ᠋ᠠᠷ ᠵᠦᠢ᠍ᠯ ᠨᠢᠭᠤᠴᠠ ᠵᠢ ᠬᠠᠮᠠᠭ᠋ᠠᠯᠠᠬᠤ ᠲᠣᠭᠲᠠᠭ᠋ᠠᠯ᠎ᠢ ᠦᠯᠦ ᠵᠢᠷᠤᠮᠯᠠᠨ ᠬᠢᠨᠠᠨ ᠬᠠᠷᠭᠤᠭᠤᠯᠤᠭᠰᠠᠨ ᠪᠤᠶᠤ ᠨᠢᠭᠤᠴᠠ ᠵᠢ ᠬᠠᠮᠠᠭ᠋ᠠᠯᠠᠬᠤ ᠬᠢᠨᠠᠨ ᠬᠠᠷᠭᠤᠭᠤᠯᠤᠯᠲᠠ᠎ᠨᠢ ᠴᠢᠩᠭ᠎ᠠ ᠪᠤᠰᠤ᠎ᠠᠴᠠ ᠪᠣᠯᠵᠤ ᠨᠢᠭᠤᠴᠠ ᠵᠢ ᠵᠠᠳᠠᠷᠠᠭᠤᠯᠤᠭᠰᠠᠨ ᠪᠣᠯ᠂ ᠬᠠᠮᠢᠶ᠎ᠠ ᠪᠦᠬᠦᠢ ᠬᠥᠮᠦᠰ᠎ᠤᠨ ᠬᠠᠷᠢᠭᠤᠴᠠᠯᠭ᠎ᠠ ᠵᠢ ᠬᠠᠤᠯᠢ ᠶᠣᠰᠣᠭ᠋ᠠᠷ ᠨᠡᠬᠡᠮᠵᠢᠯᠡᠬᠦ ᠬᠡᠷᠡᠭᠲᠡᠶ᠃
ᠶᠢᠰᠦᠳᠦᠭᠡᠷ ᠵᠦᠢ᠍ᠯ ᠲᠤᠰ ᠳᠦᠷᠢᠮ᠎ᠢ ᠳᠠᠷᠤᠮᠠᠯᠯᠠᠨ ᠶᠠᠪᠤᠭᠤᠯᠤᠭᠰᠠᠨ ᠡᠳᠦᠷ᠎ᠠᠴᠠ ᠡᠬᠢᠯᠡᠨ
ᠬᠡᠷᠡᠭᠵᠢᠭᠦᠯᠵᠦ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ᠎ᠠᠴᠠ ᠬᠠᠷᠢᠭᠤᠴᠠᠨ ᠲᠠᠶ᠋ᠢᠯᠪᠤᠷᠢᠯᠠᠨ᠎ᠠ᠃