ᠡᠯ᠎ᠡ ᠠᠶ᠋ᠢᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠣᠰᠢᠭᠤ ᠰᠢᠶᠠᠨ᠎ᠤ ᠠᠷᠠᠳ᠎ᠤᠨ ᠵᠠᠰᠠᠭ᠎ᠤᠨ ᠣᠷᠳᠣᠨ᠂ ᠥᠪᠡᠷᠲᠡᠭᠡᠨ ᠵᠠᠰᠠᠬᠤ ᠣᠷᠣᠨ᠎ᠤ ᠡᠯ᠎ᠡ ᠵᠥᠪᠯᠡᠯ᠂ ᠠᠯᠪᠠᠨ ᠭᠡᠷ᠂ ᠲᠢᠩᠬᠢᠮ᠂ ᠲᠣᠪᠴᠢᠶ᠎ᠠ᠂ ᠡᠯ᠎ᠡ ᠲᠤᠮᠦ ᠠᠵᠤ ᠠᠬᠤᠶ᠋ᠢᠯᠠᠯ᠂ ᠠᠵᠢᠯ ᠦᠢ᠍ᠯᠡᠰ᠎ᠤᠨ ᠨᠢᠭᠡᠴᠡ᠎ᠳᠤ᠄
《ᠪᠥᠬᠥ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠲᠦᠷᠢᠮ》᠎ᠤᠨ ᠬᠣᠯᠪᠣᠭᠳᠠᠯ ᠪᠥᠬᠥᠶ ᠲᠣᠭᠲᠠᠭ᠋ᠠᠯ᠎ᠢ ᠦᠨᠳᠦᠰᠦᠯᠡᠨ᠂ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ 2023 ᠣᠨ᠎ᠳᠤ ᠲᠠᠪᠤᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢ ᠥᠷᠨᠢᠭᠦᠯᠬᠦ᠎ᠪᠠᠷ ᠲᠣᠭᠲᠠᠪᠠ᠃ 《ᠲᠠᠪᠤᠳᠤᠭ᠋ᠠᠷ ᠤᠳᠠᠭ᠋ᠠᠨ᠎ᠤ ᠪᠥᠬᠥ ᠤᠯᠤᠰ᠎ᠠᠴᠠ ᠠᠵᠤ ᠠᠬᠤᠢ ᠵᠢᠨ ᠨᠡᠶ᠋ᠢᠳᠡᠮ ᠪᠠᠶ᠋ᠢᠴᠠᠭ᠋ᠠᠯᠲᠠ ᠵᠢ ᠥᠷᠨᠢᠭᠦᠯᠬᠦ ᠲᠤᠬᠠᠶ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠮᠡᠳᠡᠭᠳᠡᠯ》 (ᠲᠥᠷᠥ ᠲᠠᠷᠬᠠᠭ᠋ᠠᠭᠰᠠᠨ [2022] 22 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠶᠣᠰᠣᠭ᠋ᠠᠷ᠂ ᠮᠠᠨ᠎ᠤ ᠣᠷᠣᠨ᠎ᠤ ᠲᠠᠪᠤᠳᠤᠭ᠋ᠠᠷ ᠤᠳᠠᠭ᠋ᠠᠨ᠎ᠤ ᠪᠥᠬᠥ ᠤᠯᠤᠰ᠎ᠠᠴᠠ ᠠᠵᠤ ᠠᠬᠤᠢ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠢ ᠦᠨᠡᠨᠬᠦ ᠰᠠᠶ᠋ᠢᠲᠤᠷ ᠬᠢᠬᠦ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠶ᠎ᠲᠠᠢ ᠤᠶᠠᠯᠳᠤᠭᠤᠯᠤᠨ᠂ ᠡᠳᠦᠭᠡ ᠬᠣᠯᠪᠣᠭᠳᠠᠯ ᠪᠦᠬᠦᠢ ᠵᠦᠢ᠍ᠯᠡᠰ᠎ᠢ ᠳᠤᠤᠷᠠᠬᠢ ᠮᠡᠲᠦ
ᠮᠡᠳᠡᠭᠳᠡᠶ᠎ᠡ᠃
ᠨᠢᠭᠡ᠂ ᠶᠡᠷᠦᠩᠬᠡᠢ ᠱᠠᠭ᠋ᠠᠷᠳᠠᠯᠭ᠎ᠠ
(ᠨᠢᠭᠡ) ᠵᠢᠯᠣᠭᠣᠳᠬᠤ ᠦᠵᠡᠯ ᠰᠠᠨᠠᠭ᠎ᠠ᠃ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠵᠤ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠳᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠪᠣᠯᠤᠨ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠳᠤ ᠲᠤᠰᠢᠶᠠᠭᠰᠠᠨ 《ᠲᠠᠪᠤᠨ ᠶᠡᠬᠡ ᠡᠭᠦᠷᠭᠡ》 ᠵᠢ ᠨᠠᠷᠢᠨ ᠬᠢᠨᠠᠮᠠᠭ᠋ᠠᠶ ᠨᠠᠶ᠋ᠢᠳᠠᠪᠤᠷᠢᠵᠢᠭᠤᠯᠵᠤ᠂ ᠰᠢᠨ᠎ᠡ ᠬᠥᠭᠵᠢᠯᠲᠡ ᠵᠢᠨ ᠣᠨᠣᠯᠵᠢᠬᠤᠨ᠎ᠢ ᠪᠦᠷᠢᠨ ᠪᠦᠲᠦᠨ᠂ ᠣᠨᠣᠪᠴᠢᠲᠠᠶ᠂ ᠪᠥᠬᠥ ᠲᠠᠯ᠎ᠠ᠎ᠪᠠᠷ ᠲᠤᠭᠤᠰᠢᠯᠠᠭᠤᠯᠵᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠳᠤ ᠦᠢ᠍ᠯᠡᠴᠢᠯᠡᠬᠦ ᠪᠠ ᠠᠭᠤᠰᠤᠯᠴᠠᠵᠤ᠂ ᠴᠢᠨᠠᠷ ᠰᠠᠶ᠋ᠢᠲᠠᠶ ᠬᠥᠭᠵᠢᠯᠲᠡ ᠵᠢ ᠬᠦᠴᠦᠯᠡᠨ ᠠᠬᠢᠭᠤᠯᠵᠤ᠂ ᠬᠠᠤᠯᠢ ᠶᠣᠰᠣᠭ᠋ᠠᠷ ᠨᠡᠶ᠋ᠢᠳᠡᠮ ᠪᠠᠶ᠋ᠢᠴᠠᠭ᠋ᠠᠬᠤ᠂ ᠰᠢᠨᠵᠢᠯᠡᠬᠦ ᠤᠬᠠᠭ᠋ᠠᠨᠴᠢ᠎ᠪᠠᠷ ᠨᠡᠶ᠋ᠢᠳᠡᠮ ᠪᠠᠶ᠋ᠢᠴᠠᠭ᠋ᠠᠬᠤ᠂ ᠠᠷᠠᠳ᠎ᠤᠨ ᠲᠥᠯᠥᠭᠡ ᠨᠡᠶ᠋ᠢᠳᠡᠮ ᠪᠠᠶ᠋ᠢᠴᠠᠭ᠋ᠠᠬᠤ ᠵᠢ ᠪᠠᠷᠢᠮᠲᠠᠯᠠᠵᠤ᠂ ᠦᠨᠡᠨ᠎ᠠᠴᠠ ᠵᠥᠪ᠎ᠢ ᠡᠷᠢᠬᠦ᠂ ᠥᠭᠡᠷᠡᠴᠢᠯᠡᠯᠲᠡ ᠬᠢᠵᠦ ᠰᠢᠨ᠎ᠡ ᠵᠢ ᠡᠭᠦᠳᠬᠦ ᠵᠢ ᠪᠠᠷᠢᠮᠲᠠᠯᠠᠵᠤ᠂ ᠨᠡᠶ᠋ᠢᠳᠡᠮ ᠪᠠᠶ᠋ᠢᠴᠠᠭ᠋ᠠᠯᠲᠠ ᠵᠢᠨ ᠲᠣᠭ᠎ᠠ ᠪᠠᠷᠢᠮᠲᠠ ᠵᠢᠨ ᠦᠨᠡᠨ ᠪᠣᠳᠠᠲᠠᠶ ᠪᠥᠭᠡᠳ ᠣᠨᠣᠪᠴᠢᠲᠠᠶ᠂ ᠥᠪᠡᠷᠲᠡᠭᠡᠨ ᠵᠠᠰᠠᠬᠤ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠪᠠᠶ᠋ᠢᠳᠠᠯ᠎ᠢ ᠪᠥᠬᠥ ᠲᠠᠯ᠎ᠠ᠎ᠪᠠᠷ ᠪᠤᠰᠤᠳᠴᠢ᠎ᠪᠠᠷ
ᠳᠤᠰᠬᠠᠨ᠎ᠠ᠃
(ᠬᠣᠶᠠᠷ) ᠨᠡᠶ᠋ᠢᠳᠡᠮ ᠪᠠᠶ᠋ᠢᠴᠠᠭ᠋ᠠᠯᠲᠠ ᠵᠢᠨ ᠵᠣᠷᠢᠯᠭ᠎ᠠ᠃ ᠲᠠᠪᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠪᠣᠯ ᠤᠯᠤᠰ᠎ᠤᠨ ᠪᠠᠶ᠋ᠢᠳᠠᠯ ᠤᠯᠤᠰ᠎ᠤᠨ ᠬᠦᠴᠦᠨ᠎ᠤ ᠨᠢᠭᠡ ᠵᠦᠢ᠍ᠯ᠎ᠤᠨ ᠴᠢᠬᠤᠯᠠ ᠶᠡᠬᠡ ᠪᠠᠶ᠋ᠢᠴᠠᠭ᠋ᠠᠯᠲᠠ ᠪᠣᠯᠤᠨ᠎ᠠ᠂ ᠣᠷᠣᠭᠤᠯᠤᠯᠲᠠ ᠭᠠᠷᠭ᠋ᠠᠯᠲᠠ ᠵᠢᠨ ᠪᠠᠶ᠋ᠢᠴᠠᠭ᠋ᠠᠯᠲᠠ ᠵᠢ ᠠᠩᠬ᠎ᠠ ᠤᠳᠠᠭ᠎ᠠ ᠨᠢᠭᠡᠳᠦᠯᠲᠡᠶ ᠲᠥᠯᠥᠪᠯᠡᠨ ᠦᠷᠨᠢᠬᠦᠯᠵᠦ᠂ ᠥᠪᠡᠷᠲᠡᠭᠡᠨ ᠵᠠᠰᠠᠬᠤ ᠣᠷᠣᠨ᠎ᠤ ᠬᠣᠶᠠᠳᠤᠭ᠋ᠠᠷ ᠠᠵᠤ ᠦᠢ᠍ᠯᠡᠰ ᠪᠣᠯᠤᠨ ᠭᠤᠷᠪᠠᠳᠤᠭ᠋ᠠᠷ ᠠᠵᠤ ᠦᠢ᠍ᠯᠡᠰ᠎ᠤᠨ ᠬᠥᠭᠵᠢᠯᠲᠡ ᠵᠢᠨ ᠬᠡᠪᠴᠢᠶ᠎ᠡ᠂ ᠪᠠᠶ᠋ᠢᠷᠢᠯᠠᠭᠤᠯᠤᠯᠲᠠ ᠪᠠ ᠦᠷ᠎ᠡ ᠠᠰᠢᠭ᠎ᠢ ᠪᠦᠬᠦ ᠲᠠᠯ᠎ᠠ᠎ᠪᠠᠷ ᠪᠠᠢ᠌ᠴᠠᠭ᠋ᠠᠨ᠂ ᠡᠯ᠎ᠡ ᠲᠥᠷᠥᠯ᠎ᠤᠨ ᠨᠢᠭᠡᠴᠡ ᠵᠢᠨ ᠦᠨᠳᠦᠰᠦᠨ ᠪᠠᠶ᠋ᠢᠳᠠᠯ᠎ᠢ ᠲᠣᠳᠣᠷᠬᠠᠶ ᠤᠢ᠌ᠯᠠᠭ᠋ᠠᠵᠤ᠂ ᠤᠯᠤᠰ ᠠᠷᠠᠳ᠎ᠤᠨ ᠠᠵᠤ ᠠᠬᠤᠶ ᠵᠢᠨ ᠠᠵᠢᠯ ᠲᠥᠷᠥᠯ᠎ᠤᠨ ᠬᠣᠭᠣᠷᠣᠨᠳᠣᠬᠢ ᠠᠵᠤ ᠠᠬᠤᠶ ᠵᠢᠨ ᠬᠠᠷᠢᠯᠴᠠᠭ᠎ᠠ ᠵᠢ ᠡᠵᠡᠮᠰᠢᠨ᠂ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠳᠤ ᠦᠢ᠍ᠯᠡᠴᠢᠯᠡᠬᠦ ᠪᠠ ᠠᠭᠤᠰᠤᠯᠴᠠᠬᠤ᠂ ᠣᠳᠣᠬᠢᠴᠢᠯᠠᠭᠰᠠᠨ ᠠᠵᠤ ᠠᠬᠤᠢ ᠵᠢᠨ ᠰᠢᠰᠲ᠋ᠧᠮ᠎ᠢ ᠪᠠᠢ᠌ᠭᠤᠯᠬᠤ᠂ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠢ ᠥᠭᠡᠷᠡᠴᠢᠯᠡᠯᠲᠡ ᠵᠢᠴᠢ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠬᠥᠭᠵᠢᠯᠲᠡ ᠵᠢ ᠭᠦᠨᠵᠡᠭᠡᠢ᠌ᠷᠡᠬᠦᠯᠬᠦ᠂ ᠣᠷᠣᠨ ᠪᠦᠰᠡ ᠵᠢᠨ ᠵᠣᠬᠢᠴᠠᠩᠭᠤᠶ ᠬᠥᠭᠵᠢᠯᠲᠡ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ᠂ ᠥᠨᠳᠥᠷ ᠲᠦᠪᠰᠢᠨ ᠪᠦᠬᠦᠢ ᠭᠠᠳᠠᠭ᠋ᠠᠳᠤ ᠨᠡᠭᠡᠭᠡᠯᠲᠡ᠂ ᠤᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲ᠋ᠧᠮ᠎ᠤᠨ ᠪᠠᠶ᠋ᠢᠭᠤᠯᠤᠯᠲᠠ ᠵᠡᠷᠭᠡ ᠲᠠᠯ᠎ᠠ᠎ᠪᠠᠷ᠎ᠬᠢ ᠰᠢᠨ᠎ᠡ ᠠᠬᠢᠴᠠ ᠵᠢ ᠪᠤᠰᠤᠳᠴᠢ᠎ᠪᠠᠷ ᠲᠤᠰᠬᠠᠨ᠎ᠠ᠃ ᠨᠡᠶ᠋ᠢᠳᠡᠮ ᠪᠠᠶ᠋ᠢᠴᠠᠭ᠋ᠠᠯᠲᠠ᠎ᠪᠠᠷ ᠳᠠᠮᠵᠢᠨ᠂ ᠲᠣᠭ᠎ᠠ ᠪᠦᠷᠢᠳᠬᠡᠯ᠎ᠤᠨ ᠰᠠᠭᠤᠷᠢ ᠵᠢ ᠤᠯᠠᠮ ᠪᠡᠬᠢᠵᠢᠭᠦᠯᠵᠦ᠂ ᠲᠣᠭ᠎ᠠ ᠪᠦᠷᠢᠳᠬᠡᠯ᠎ᠤᠨ ᠣᠳᠣᠬᠢᠴᠢᠯᠠᠯᠲᠠ ᠵᠢᠨ ᠥᠭᠡᠷᠡᠴᠢᠯᠡᠯᠲᠡ ᠵᠢ ᠠᠬᠢᠭᠤᠯᠵᠤ᠂ ᠬᠣᠷᠸ᠎ᠠ ᠠᠵᠤ ᠠᠬᠤᠶ ᠵᠢᠨ ᠵᠠᠰᠠᠯᠲᠠ ᠵᠢ ᠴᠢᠩᠭ᠋ᠠᠳᠬᠠᠨ ᠰᠠᠶ᠋ᠢᠵᠢᠷᠠᠭᠤᠯᠬᠤ᠂ ᠤᠷᠲᠤᠪᠲᠤᠷ ᠪᠠ ᠤᠷᠲᠤ ᠬᠤᠭᠤᠴᠠᠭ᠋ᠠᠨ᠎ᠤ ᠬᠥᠭᠵᠢᠯᠲᠡ ᠵᠢᠨ ᠲᠥᠯᠥᠪᠵᠢᠭᠦᠯᠭᠡ ᠵᠢ ᠰᠢᠨᠵᠢᠯᠡᠬᠦ ᠤᠬᠠᠭ᠋ᠠᠨᠴᠢ᠎ᠪᠠᠷ ᠲᠣᠭᠲᠠᠭ᠋ᠠᠬᠤ᠂ ᠨᠡᠶ᠋ᠢᠭᠡᠮ ᠵᠢᠷᠤᠮ᠎ᠤᠨ ᠣᠳᠣᠬᠢᠴᠢᠯᠠᠭᠰᠠᠨ ᠤᠯᠤᠰ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠬᠤ᠎ᠳᠤ ᠰᠢᠨᠵᠢᠯᠡᠬᠦ ᠤᠬᠠᠭ᠋ᠠᠨᠴᠢ ᠪᠥᠭᠡᠳ ᠣᠨᠣᠪᠴᠢᠲᠠᠶ ᠲᠣᠭ᠎ᠠ ᠪᠦᠷᠢᠳᠬᠡᠯ᠎ᠤᠨ ᠮᠡᠳᠡᠭᠡ ᠵᠠᠩᠭᠢ ᠵᠢᠨ ᠳᠡᠮᠵᠢᠯᠭᠡ ᠬᠠᠩᠭ᠋ᠠᠬᠤ ᠬᠡᠷᠡᠭᠲᠡᠶ᠃
ᠬᠣᠶᠠᠷ᠂ ᠨᠡᠶ᠋ᠢᠳᠡᠮ ᠪᠠᠶ᠋ᠢᠴᠠᠭ᠋ᠠᠯᠲᠠ ᠵᠢᠨ ᠡᠲᠡᠭᠡᠳ ᠪᠣᠯᠤᠨ ᠬᠡᠪᠴᠢᠶ᠎ᠡ
ᠨᠡᠶ᠋ᠢᠳᠡᠮ ᠪᠠᠶ᠋ᠢᠴᠠᠭ᠋ᠠᠯᠲᠠ ᠵᠢᠨ ᠡᠲᠡᠭᠡᠳ ᠪᠣᠯ ᠥᠪᠡᠷᠲᠡᠭᠡᠨ ᠵᠠᠰᠠᠬᠤ ᠣᠷᠣᠨ᠎ᠤ ᠬᠡᠪᠴᠢᠶᠡᠨ ᠳᠣᠲᠣᠷᠠᠬᠢ ᠬᠣᠶᠠᠳᠤᠭ᠋ᠠᠷ ᠠᠵᠤ ᠦᠢ᠍ᠯᠡᠰ ᠪᠣᠯᠤᠨ ᠭᠤᠷᠪᠠᠳᠤᠭ᠋ᠠᠷ ᠠᠵᠤ ᠦᠢ᠍ᠯᠡᠰ᠎ᠤᠨ ᠠᠵᠢᠯᠯᠠᠭ᠎ᠠ ᠬᠢᠬᠦ ᠪᠦᠬᠦ ᠬᠠᠤᠯᠢ ᠵᠢᠨ ᠡᠷᠬᠡᠲᠡᠨ᠎ᠤ ᠨᠢᠭᠡᠴᠡ᠂ ᠠᠵᠤ ᠦᠢ᠍ᠯᠡᠰ᠎ᠤᠨ ᠠᠵᠢᠯᠯᠠᠭ᠎ᠠ ᠵᠢᠨ ᠨᠢᠭᠡᠴᠡ ᠪᠣᠯᠤᠨ ᠬᠤᠪᠢ ᠵᠢᠨ ᠡᠵᠡᠩᠨᠡᠯᠲᠡ ᠵᠢᠨ ᠡᠷᠦᠬᠡ ᠪᠣᠯᠤᠨ᠎ᠠ᠃ ᠪᠣᠳᠠᠲᠠᠢ ᠬᠡᠪᠴᠢᠶᠡᠨ᠎ᠳᠤ ᠠᠭᠤᠷᠬᠠᠢ ᠮᠠᠯᠲᠠᠬᠤ ᠦᠢ᠍ᠯᠡᠰ᠂ ᠦᠢ᠍ᠯᠡᠳᠬᠦ ᠦᠢ᠍ᠯᠡᠰ᠂ ᠴᠠᠬᠢᠯᠭ᠋ᠠᠨ ᠬᠦᠴᠦ᠂ ᠢᠯᠴᠢ ᠵᠢᠨ ᠬᠦᠴᠦ᠂ ᠰᠢᠲᠠᠮᠠᠬᠠᠶ ᠬᠡᠢ ᠵᠢᠴᠢ ᠤᠰᠤᠨ᠎ᠤ ᠦᠢ᠍ᠯᠡᠳᠪᠦᠷᠢᠯᠡᠯ ᠪᠠ ᠬᠠᠩᠭ᠋ᠠᠯᠭ᠎ᠠ ᠵᠢᠨ ᠦᠢ᠍ᠯᠡᠰ᠂ ᠪᠠᠷᠢᠯᠭ᠎ᠠ ᠵᠢᠨ ᠦᠢ᠍ᠯᠡᠰ᠂ ᠪᠥᠭᠡᠮ ᠵᠶ᠋ᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢ᠍ᠯᠡᠰ᠂ ᠵᠠᠮ ᠲᠡᠭᠡᠭᠡᠪᠦᠷᠢ᠂ ᠬᠥᠮᠥᠷᠭᠡᠯᠡᠯᠲᠡ ᠪᠠ ᠰᠢᠦᠳᠠᠨ᠎ᠤ ᠦᠢ᠍ᠯᠡᠰ᠂ ᠬᠣᠨᠣᠭ ᠪᠠ ᠢᠳᠡᠭᠡᠨ ᠤᠮᠳᠠᠭ᠋ᠠᠨ᠎ᠤ ᠦᠢ᠍ᠯᠡᠰ᠂ ᠵᠠᠩᠭᠢ ᠳᠠᠮᠵᠢᠯᠭ᠋ᠠᠨ᠂ ᠵᠥᠭᠡᠯᠡᠨ ᠲᠣᠨᠣᠭ ᠪᠠ ᠮᠡᠳᠡᠭᠡ ᠵᠠᠩᠭᠢ ᠵᠢᠨ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠂ ᠮᠥᠩᠭᠥᠨ ᠭᠦᠢ᠍ᠯᠭᠡᠭᠡᠨ᠎ᠤ ᠦᠢ᠍ᠯᠡᠰ᠂ ᠭᠡᠷ ᠪᠠᠶ᠋ᠢᠰᠢᠩ ᠭᠠᠵᠠᠷ ᠬᠦ᠍ᠷᠦᠩᠭᠡ ᠵᠢᠨ ᠦᠢ᠍ᠯᠡᠰ᠂ ᠲᠦᠷᠢᠶᠡᠰᠦᠯᠡᠬᠦ ᠪᠠ ᠬᠤᠳᠠᠯᠳᠤᠭ᠋ᠠᠨ᠎ᠤ ᠶᠠᠪᠤᠳᠠᠯ᠎ᠤᠨ ᠦᠢ᠍ᠯᠡᠴᠢᠯᠡᠭᠡᠨ᠎ᠤ ᠦᠢ᠍ᠯᠡᠰ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠪᠠ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠂ ᠤᠰᠤᠨ ᠠᠰᠢᠭᠯᠠᠯᠲᠠ᠂ ᠣᠷᠴᠢᠨ ᠲᠣᠭᠣᠷᠢᠨ ᠪᠠ ᠣᠯᠠᠨ ᠨᠡᠶ᠋ᠢᠲᠡ ᠵᠢᠨ ᠲᠥᠬᠥᠭᠡᠷᠦᠮᠵᠢ ᠵᠢᠨ ᠬᠠᠮᠢᠶᠠᠷᠤᠯᠲᠠ ᠵᠢᠨ ᠦᠢ᠍ᠯᠡᠰ᠂ ᠰᠠᠭᠤᠭ᠋ᠠᠯᠢ ᠠᠷᠠᠳ᠎ᠤᠨ ᠦᠢ᠍ᠯᠡᠴᠢᠯᠡᠭᠡ᠂ ᠰᠡᠯᠪᠢᠨ ᠵᠠᠰᠠᠬᠤ ᠪᠠ ᠪᠤᠰᠤᠳ ᠦᠢ᠍ᠯᠡᠴᠢᠯᠡᠭᠡᠨ᠎ᠤ ᠦᠢ᠍ᠯᠡᠰ᠂ ᠰᠤᠷᠭ᠋ᠠᠬᠤ᠂ ᠡᠷᠡᠭᠦᠯ ᠬᠠᠮᠠᠭ᠋ᠠᠯᠠᠯ ᠪᠠ ᠨᠡᠶ᠋ᠢᠭᠡᠮ᠎ᠤᠨ ᠠᠵᠢᠯ᠂ ᠰᠣᠶᠣᠯ᠂ ᠪᠡᠶ᠎ᠡ ᠵᠢᠨ ᠲᠠᠮᠢᠷ ᠪᠠ ᠵᠤᠭ᠎ᠠ ᠴᠡᠩᠭᠡᠯ᠎ᠤᠨ ᠦᠢ᠍ᠯᠡᠰ᠂ ᠨᠡᠶ᠋ᠢᠲᠡ ᠵᠢᠨ ᠬᠠᠮᠢᠶᠠᠷᠤᠯᠲᠠ᠂ ᠨᠡᠶ᠋ᠢᠭᠡᠮ᠎ᠤᠨ ᠪᠠᠲᠤᠯᠠᠭ᠎ᠠ ᠪᠠ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠡᠷᠭᠡ ᠪᠠᠭᠳᠠᠨ᠎ᠠ᠃
ᠭᠤᠷᠪᠠ᠂ ᠨᠡᠶ᠋ᠢᠳᠡᠮ ᠪᠠᠶ᠋ᠢᠴᠠᠭ᠋ᠠᠯᠲᠠ ᠵᠢᠨ ᠠᠭᠤᠯᠭ᠎ᠠ ᠪᠠ ᠴᠠᠭ
ᠨᠡᠶ᠋ᠢᠳᠡᠮ ᠪᠠᠶ᠋ᠢᠴᠠᠭ᠋ᠠᠯᠲᠠ ᠵᠢᠨ ᠭᠤᠤᠯ ᠠᠭᠤᠯᠭ᠎ᠠ᠎ᠳᠤ ᠨᠡᠶ᠋ᠢᠳᠡᠮ ᠪᠠᠶ᠋ᠢᠴᠠᠭ᠋ᠠᠭᠳᠠᠬᠤ ᠡᠲᠡᠭᠡᠳ᠎ᠤᠨ ᠦᠨᠳᠦᠰᠦᠨ ᠪᠠᠶ᠋ᠢᠳᠠᠯ᠂ ᠵᠣᠬᠢᠶᠠᠨ ᠪᠠᠶ᠋ᠢᠭᠤᠯᠤᠯᠲᠠ ᠵᠢᠨ ᠪᠦᠲᠦᠴᠡ᠂ ᠠᠵᠢᠯᠲᠠᠨ᠎ᠤ ᠴᠠᠯᠢᠩ᠂ ᠦᠢ᠍ᠯᠡᠳᠪᠦᠷᠢᠯᠡᠯ᠎ᠤᠨ ᠴᠢᠳᠠᠪᠤᠷᠢ᠂ ᠡᠳ᠋᠎ᠤᠨ ᠶᠠᠪᠤᠳᠠᠯ᠎ᠤᠨ ᠪᠠᠶ᠋ᠢᠳᠠᠯ᠂ ᠦᠢ᠍ᠯᠡᠳᠪᠦᠷᠢᠯᠡᠯ ᠡᠵᠡᠩᠨᠡᠯᠲᠡ᠂ ᠡᠨᠧᠷᠭᠢ ᠵᠢᠨ ᠦᠢ᠍ᠯᠡᠳᠪᠦᠷᠢᠯᠡᠯ ᠪᠠ ᠬᠡᠷᠡᠭᠯᠡᠭᠡ᠂ ᠰᠤᠳᠤᠯᠤᠨ ᠨᠡᠭᠡᠭᠡᠬᠦ ᠠᠵᠢᠯᠯᠠᠭ᠎ᠠ᠂ ᠮᠡᠳᠡᠭᠡ ᠵᠠᠩᠭᠢᠵᠢᠯᠲᠠ ᠵᠢᠨ ᠪᠠᠶ᠋ᠢᠭᠤᠯᠤᠯᠲᠠ ᠪᠠ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠠᠷᠠᠯᠵᠢᠶᠠᠨ᠎ᠤ ᠪᠠᠶ᠋ᠢᠳᠠᠯ ᠵᠢᠴᠢ ᠣᠷᠣᠭᠤᠯᠤᠯᠲᠠ ᠵᠢᠨ ᠪᠦᠲᠦᠴᠡ᠂ ᠦᠢ᠍ᠯᠡᠳᠬᠦᠨ᠎ᠤ ᠬᠡᠷᠡᠭᠯᠡᠯᠲᠡ ᠵᠢᠨ ᠬᠠᠨᠳᠤᠰᠢ ᠪᠠ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ ᠵᠢᠨ ᠪᠦᠷᠢᠯᠳᠦᠴᠡ ᠵᠢᠨ ᠪᠠᠶ᠋ᠢᠳᠠᠯ ᠵᠡᠷᠭᠡ ᠵᠢ ᠪᠠᠭᠲᠠᠭ᠋ᠠᠨ᠎ᠠ᠃
ᠨᠡᠶ᠋ᠢᠳᠡᠮ ᠪᠠᠶ᠋ᠢᠴᠠᠭ᠋ᠠᠯᠲᠠ ᠵᠢᠨ ᠪᠠᠷᠢᠮᠵᠢᠶᠠᠲᠤ ᠴᠠᠭ᠎ᠨᠢ 2023 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ᠂ ᠨᠡᠶ᠋ᠢᠳᠡᠮ ᠪᠠᠶ᠋ᠢᠴᠠᠭ᠋ᠠᠯᠲᠠ ᠵᠢᠨ ᠬᠤᠭᠤᠴᠠᠭ᠋ᠠᠨ᠎ᠤ ᠮᠠᠲ᠋ᠧᠷᠢᠶᠠᠯ᠎ᠨᠢ 2023 ᠣᠨ᠎ᠤ ᠣᠨ᠎ᠤ ᠮᠠᠲ᠋ᠧᠷᠢᠶᠠᠯ ᠪᠣᠯᠤᠨ᠎ᠠ᠃
ᠳᠥᠷᠪᠡ᠂ ᠨᠡᠶ᠋ᠢᠳᠡᠮ ᠪᠠᠶ᠋ᠢᠴᠠᠭ᠋ᠠᠯᠲᠠ ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ
ᠲᠠᠪᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠭᠤᠯᠭ᠎ᠠ ᠣᠯᠠᠰᠢᠷᠠᠵᠤ᠂ ᠮᠡᠷᠭᠡᠵᠢᠯ᠎ᠤᠨ ᠱᠠᠭ᠋ᠠᠷᠳᠠᠯᠭ᠎ᠠ ᠳᠡᠭᠡᠭᠰᠢᠯᠡᠨ᠂ ᠠᠵᠢᠯ᠎ᠤᠨ ᠬᠦᠴᠢᠷᠳᠡᠯ ᠶᠡᠬᠡᠰᠴᠦ ᠪᠠᠶ᠋ᠢᠭ᠎ᠠ ᠪᠣᠯᠬᠣᠷ᠂ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠳ ᠨᠢᠭᠡᠳᠦᠯᠲᠡᠶ ᠲᠥᠯᠥᠪᠯᠡᠨ ᠵᠣᠬᠢᠴᠠᠭᠤᠯᠬᠤ᠎ᠪᠠᠨ ᠴᠢᠩᠭ᠋ᠠᠳᠬᠠᠨ᠂ ᠠᠷᠭ᠎ᠠ ᠮᠠᠶᠢᠭ ᠵᠶ᠋ᠠᠨ ᠰᠢᠯᠢᠳᠡᠭᠵᠢᠭᠦᠯᠵᠦ᠂ ᠭᠣᠣᠯᠳᠠᠯᠭ᠎ᠠ᠎ᠪᠠᠨ ᠲᠣᠪᠣᠶ᠋ᠢᠯᠭ᠋ᠠᠨ᠂ ᠠᠷᠭ᠎ᠠ ᠪᠠᠷᠢᠯ᠎ᠤᠨ ᠰᠢᠨ᠎ᠡ ᠵᠢ ᠡᠭᠦᠳᠴᠦ᠂ ᠨᠡᠶ᠋ᠢᠳᠡᠮ ᠪᠠᠶ᠋ᠢᠴᠠᠭ᠋ᠠᠯᠲᠠ ᠵᠢᠨ ᠤᠬᠠᠭᠤᠯᠤᠨ ᠳᠠᠶ᠋ᠢᠴᠢᠯᠠᠬᠤ ᠪᠠ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠠᠵᠢᠯ᠎ᠢ ᠬᠢᠨᠠᠮᠠᠭ᠋ᠠᠶ ᠰᠠᠶ᠋ᠢᠲᠤᠷ ᠬᠢᠬᠦ ᠬᠡᠷᠡᠭᠲᠡᠶ᠃
ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠤᠨ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ ᠵᠢ ᠴᠢᠩᠭ᠋ᠠᠳᠬᠠᠬᠤ ᠵᠢᠨ ᠲᠤᠰᠠᠳᠠ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠥᠪᠡᠷᠲᠡᠭᠡᠨ ᠵᠠᠰᠠᠬᠤ ᠣᠷᠣᠨ᠎ᠤ ᠲᠠᠪᠤᠳᠤᠭ᠋ᠠᠷ ᠤᠳᠠᠭ᠋ᠠᠨ᠎ᠤ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠤᠳᠤᠷᠢᠳᠬᠤ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠮᠵᠢ (ᠪᠣᠳᠠᠲᠠᠶ ᠪᠠᠶ᠋ᠢᠳᠠᠯ᠎ᠢ ᠠᠰᠲᠤᠨᠢ ᠮᠡᠳᠡᠭᠳᠡᠨ᠎ᠡ) ᠵᠢ ᠪᠠᠶ᠋ᠢᠭᠤᠯᠵᠤ᠂ ᠨᠡᠶ᠋ᠢᠳᠡᠮ ᠪᠠᠶ᠋ᠢᠴᠠᠭ᠋ᠠᠯᠲᠠ ᠵᠢ ᠵᠣᠬᠢᠶᠠᠨ ᠪᠠᠶ᠋ᠢᠭᠤᠯᠤᠨ ᠶᠠᠪᠤᠭᠳᠠᠭᠤᠯᠬᠤ ᠳᠤᠮᠳᠠᠬᠢ ᠴᠢᠬᠤᠯᠠ ᠶᠡᠬᠡ ᠠᠰᠠᠭᠤᠳᠠᠯ᠎ᠢ ᠰᠤᠳᠤᠯᠬᠤ ᠪᠠ ᠰᠢᠢ᠍ᠳᠪᠦᠷᠢᠳᠦ ᠪᠣᠳᠣᠯᠭ᠎ᠠ ᠲᠣᠭᠲᠠᠭ᠋ᠠᠬᠤ ᠵᠢ ᠬᠠᠷᠢᠭᠤᠴᠠᠨ᠎ᠠ᠃ ᠥᠪᠡᠷᠲᠡᠭᠡᠨ ᠵᠠᠰᠠᠬᠤ ᠣᠷᠣᠨ᠎ᠤ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠨᠢᠭᠡᠴᠡ᠎ᠨᠦᠭᠦᠳ ᠲᠤᠰ ᠲᠤᠰ᠎ᠤᠨ ᠡᠭᠦᠷᠭᠡ ᠲᠤᠰᠢᠶᠠᠯ ᠵᠶ᠋ᠠᠨ ᠭᠦᠢ᠍ᠴᠡᠳᠬᠡᠨ᠂ ᠲᠤᠰ ᠲᠤᠰ᠎ᠤᠨ ᠬᠠᠷᠢᠭᠤᠴᠠᠯᠭ᠎ᠠ᠎ᠪᠠᠨ ᠬᠠᠷᠢᠭᠤᠴᠠᠵᠤ᠂ ᠨᠢᠭᠲᠠ ᠬᠠᠮᠵᠢᠯᠴᠠᠨ᠂ ᠨᠡᠶ᠋ᠢᠳᠡᠮ ᠪᠠᠶ᠋ᠢᠴᠠᠭ᠋ᠠᠯᠲᠠ ᠵᠢᠨ ᠡᠯ᠎ᠡ ᠵᠦᠢ᠍ᠯ᠎ᠤᠨ ᠠᠵᠢᠯ᠎ᠤᠨ ᠤᠷᠤᠭᠰᠢᠲᠠᠶ ᠥᠷᠨᠢᠬᠦ ᠵᠢ ᠬᠦᠴᠦ᠎ᠪᠠᠨ ᠬᠠᠮᠲᠤᠳᠬᠠᠨ ᠠᠬᠢᠭᠤᠯᠬᠤ ᠬᠡᠷᠡᠭᠲᠡᠶ᠃ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ᠎ᠨᠢ ᠪᠦᠬᠦ ᠣᠷᠣᠨ᠎ᠤ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠪᠣᠳᠠᠲᠠᠶ ᠬᠡᠷᠡᠭᠵᠢᠭᠦᠯᠬᠦ ᠪᠠ ᠶᠡᠷᠦᠩᠬᠡᠶ᠋ᠢᠯᠡᠨ ᠵᠣᠬᠢᠴᠠᠭᠤᠯᠬᠤ ᠠᠵᠢᠯ᠎ᠢ ᠬᠠᠷᠢᠭᠤᠴᠠᠨ᠎ᠠ; ᠨᠡᠶ᠋ᠢᠳᠡᠮ ᠪᠠᠶ᠋ᠢᠴᠠᠭ᠋ᠠᠯᠲᠠ ᠵᠢᠨ ᠵᠠᠷᠤᠳᠠᠯ᠎ᠤᠨ ᠲᠠᠯ᠎ᠠ᠎ᠳᠤ ᠬᠣᠯᠪᠣᠭᠳᠠᠬᠤ ᠤᠴᠢᠷ᠎ᠤᠳ᠎ᠢ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠠᠴᠠ ᠬᠠᠷᠢᠭᠤᠴᠠᠨ ᠵᠣᠬᠢᠴᠠᠭᠤᠯᠤᠨ᠎ᠠ; ᠲᠣᠭ᠎ᠠ ᠪᠠᠷᠢᠮᠲᠠ ᠰᠢᠢ᠍ᠳᠪᠦᠷᠢᠯᠡᠬᠦ ᠴᠢᠳᠠᠪᠤᠷᠢ ᠵᠢᠨ ᠪᠠᠶ᠋ᠢᠭᠤᠯᠤᠯᠲᠠ᠎ᠳᠤ ᠬᠣᠯᠪᠣᠭᠳᠠᠬᠤ ᠲᠠᠯ᠎ᠠ ᠵᠢᠨ ᠵᠦᠢ᠍ᠯᠡᠰ᠎ᠢ ᠥᠪᠡᠷᠲᠡᠭᠡᠨ ᠵᠠᠰᠠᠬᠤ ᠣᠷᠣᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠵᠥᠪᠯᠡᠯ᠂ ᠲᠣᠮᠣ ᠲᠣᠭ᠎ᠠ ᠪᠠᠷᠢᠮᠲᠠ ᠵᠢᠨ ᠲᠥᠪ᠎ᠠᠴᠠ ᠬᠠᠷᠢᠭᠤᠴᠠᠨ ᠵᠣᠬᠢᠴᠠᠭᠤᠯᠤᠨ᠎ᠠ; ᠨᠡᠶ᠋ᠢᠳᠡᠮ ᠪᠠᠶ᠋ᠢᠴᠠᠭ᠋ᠠᠯᠲᠠ ᠵᠢᠨ ᠤᠬᠠᠭᠤᠯᠤᠨ ᠳᠠᠶ᠋ᠢᠴᠢᠯᠠᠬᠤ ᠲᠠᠯ᠎ᠠ᠎ᠳᠤ ᠬᠣᠯᠪᠣᠭᠳᠠᠬᠤ ᠤᠴᠢᠷ᠎ᠤᠳ᠎ᠢ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ᠂ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠠᠴᠠ ᠬᠠᠷᠢᠭᠤᠴᠠᠨ ᠵᠣᠬᠢᠴᠠᠭᠤᠯᠤᠨ᠎ᠠ; ᠠᠵᠤ ᠠᠬᠤᠶ᠋ᠢᠯᠠᠯ ᠪᠣᠯᠤᠨ ᠬᠤᠪᠢ ᠵᠢᠨ ᠠᠵᠤ ᠦᠢ᠍ᠯᠡᠳᠪᠦᠷᠢ ᠬᠤᠳᠠᠯᠳᠤᠭ᠎ᠠ ᠵᠢᠨ ᠡᠷᠦᠬᠡ ᠵᠢᠨ ᠨᠡᠷᠡᠰ᠎ᠤᠨ ᠲᠡᠭᠦᠪᠦᠷᠢ᠎ᠳᠤ ᠬᠣᠯᠪᠣᠭᠳᠠᠬᠤ ᠲᠠᠯ᠎ᠠ ᠵᠢᠨ ᠤᠴᠢᠷ᠎ᠤᠳ᠎ᠢ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠂ ᠥᠪᠥᠷ ᠮᠣᠩᠭᠣᠯ᠎ᠤᠨ ᠭᠠᠶ᠋ᠢᠯᠢ ᠵᠢᠨ ᠶᠠᠪᠤᠳᠠᠯ᠎ᠤᠨ ᠲᠣᠪᠴᠢᠶ᠎ᠠ᠎ᠠᠴᠠ ᠬᠠᠷᠢᠭᠤᠴᠠᠨ ᠵᠣᠬᠢᠴᠠᠭᠤᠯᠤᠨ᠎ᠠ; ᠪᠠᠶ᠋ᠢᠭᠤᠯᠭ᠎ᠠ ᠪᠣᠯᠤᠨ ᠠᠵᠢᠯ ᠦᠢ᠍ᠯᠡᠰ᠎ᠤᠨ ᠨᠢᠭᠡᠴᠡ ᠵᠢᠨ ᠨᠡᠷᠡᠰ᠎ᠤᠨ ᠲᠡᠭᠦᠪᠦᠷᠢ᠎ᠳᠤ ᠬᠣᠯᠪᠣᠭᠳᠠᠬᠤ ᠲᠠᠯ᠎ᠠ ᠵᠢᠨ ᠤᠴᠢᠷ᠎ᠤᠳ᠎ᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠣᠷᠣᠨ ᠲᠣᠭ᠋ᠠᠨ᠎ᠤ ᠵᠥᠪᠯᠡᠯ᠎ᠤᠨ ᠠᠯᠪᠠᠨ ᠭᠡᠷ᠎ᠠᠴᠠ ᠬᠠᠷᠢᠭᠤᠴᠠᠬᠤ ᠪᠠ ᠵᠣᠬᠢᠴᠠᠭᠤᠯᠤᠨ᠎ᠠ; ᠨᠡᠶ᠋ᠢᠭᠡᠮ᠎ᠤᠨ ᠪᠦᠯᠬᠦᠮ᠂ ᠰᠠᠭᠤᠷᠢ ᠮᠥᠩᠭᠥᠨ᠎ᠤ ᠨᠡᠶ᠋ᠢᠭᠡᠮᠯᠢᠭ᠂ ᠠᠷᠠᠳ᠎ᠠᠴᠠ ᠡᠷᠬᠢᠯᠡᠭᠰᠡᠨ ᠠᠵᠤ ᠠᠬᠤᠶ᠋ᠢᠯᠠᠯ᠎ᠤᠨ ᠪᠤᠰᠤ ᠨᠢᠭᠡᠴᠡ ᠵᠢᠴᠢ ᠦᠨᠳᠦᠰᠦᠨ ᠱᠠᠲᠤᠨ᠎ᠤ ᠥᠪᠡᠷᠲᠡᠭᠡᠨ ᠵᠠᠰᠠᠬᠤ ᠵᠣᠬᠢᠶᠠᠨ ᠪᠠᠶ᠋ᠢᠭᠤᠯᠤᠯᠲᠠ ᠵᠢᠨ ᠨᠡᠷᠡᠰ᠎ᠤᠨ ᠲᠡᠭᠦᠪᠦᠷᠢ᠎ᠳᠤ ᠬᠣᠯᠪᠣᠭᠳᠠᠬᠤ ᠲᠠᠯ᠎ᠠ ᠵᠢᠨ ᠤᠴᠢᠷ᠎ᠤᠳ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠶᠠᠪᠤᠳᠠᠯ᠎ᠤᠨ ᠲᠢᠩᠬᠢᠮ᠎ᠠᠴᠠ ᠬᠠᠷᠢᠭᠤᠴᠠᠬᠤ ᠪᠠ ᠵᠣᠬᠢᠴᠠᠭᠤᠯᠤᠨ᠎ᠠ; ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠶ ᠣᠷᠣᠯᠠᠬᠤ ᠲᠡᠮᠳᠡᠭ᠎ᠤᠨ ᠮᠡᠳᠡᠭᠡ ᠵᠠᠩᠭᠢ ᠵᠢ ᠬᠠᠮᠲᠤ᠎ᠳᠠᠭᠠᠨ ᠡᠳ᠋ᠯᠡᠬᠦ ᠲᠠᠯ᠎ᠠ᠎ᠳᠤ ᠬᠣᠯᠪᠣᠭᠳᠠᠬᠤ ᠤᠴᠢᠷ᠎ᠤᠳ᠎ᠢ ᠥᠪᠡᠷᠲᠡᠭᠡᠨ ᠵᠠᠰᠠᠬᠤ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠠᠴᠠ ᠬᠠᠷᠢᠭᠤᠴᠠᠨ ᠵᠣᠬᠢᠴᠠᠭᠤᠯᠤᠨ᠎ᠠ; ᠬᠣᠲᠠ ᠬᠥᠳᠡᠭᠡ ᠵᠢᠨ ᠨᠡᠶ᠋ᠢᠭᠡᠮ ᠲᠣᠭᠣᠷᠢᠭ᠎ᠤᠨ ᠬᠤᠪᠢᠳᠠᠨ ᠬᠠᠮᠢᠶᠠᠷᠬᠤ ᠦᠢ᠍ᠯᠡᠴᠢᠯᠡᠭᠡ ᠬᠠᠮᠢᠶᠠᠷᠤᠯᠲᠠ ᠵᠢᠨ ᠠᠵᠢᠯ᠎ᠳᠤ ᠬᠣᠯᠪᠣᠭᠳᠠᠬᠤ ᠵᠦᠢ᠍ᠯᠡᠰ᠎ᠢ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠵᠢᠨ ᠤᠯᠤᠰ ᠲᠥᠷᠥ ᠬᠠᠤᠯᠢ ᠴᠠᠭ᠋ᠠᠵᠠ ᠵᠢᠨ ᠵᠥᠪᠯᠡᠯ᠎ᠠᠴᠠ ᠵᠣᠬᠢᠴᠠᠭᠤᠯᠤᠨ᠎ᠠ; ᠪᠠᠩᠬᠢ᠂ ᠲᠡᠮᠳᠡᠭᠲᠦ᠂ ᠳᠠᠭ᠋ᠠᠳᠬᠠᠯ᠂ ᠲᠡᠮᠦᠷ ᠵᠠᠮ ᠵᠡᠷᠭᠡ ᠰᠠᠯᠠᠭ᠎ᠠ ᠮᠥᠴᠢᠷ ᠪᠣᠯᠤᠨ ᠨᠢᠭᠡᠴᠡ ᠵᠢᠴᠢ ᠬᠣᠯᠪᠣᠭᠳᠠᠯ ᠪᠦᠬᠦᠢ ᠲᠠᠯ᠎ᠠ ᠵᠢᠨ᠎ᠬᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠤᠨ ᠱᠠᠭ᠋ᠠᠷᠳᠠᠯᠭ᠎ᠠ ᠶᠣᠰᠣᠭ᠋ᠠᠷ᠂ ᠲᠤᠰ ᠰᠢᠰᠲ᠋ᠧᠮ᠎ᠤᠨ ᠵᠶ᠋ᠠᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠢ ᠵᠣᠬᠢᠶᠠᠨ ᠪᠠᠶ᠋ᠢᠭᠤᠯᠤᠨ ᠥᠷᠨᠢᠭᠦᠯᠬᠦ ᠵᠢ ᠬᠠᠷᠢᠭᠤᠴᠠᠬᠤ ᠬᠡᠷᠡᠭᠲᠡᠶ; ᠬᠥᠬᠡᠬᠣᠲᠠ ᠪᠣᠭᠣᠮᠲᠠ᠂ ᠮᠠᠨᠵᠤᠤᠷ ᠪᠣᠭᠣᠮᠲᠠ᠎ᠨᠢ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠤᠨ ᠳᠤᠮᠳᠠᠬᠢ ᠭᠠᠳᠠᠭ᠋ᠠᠳᠤ᠎ᠠᠴᠠ ᠣᠷᠣᠭᠤᠯᠤᠭᠰᠠᠨ ᠪᠠᠷᠠᠭ᠎ᠠ ᠵᠢᠨ ᠬᠡᠷᠡᠭᠯᠡᠬᠦ ᠬᠠᠨᠳᠤᠰᠢ ᠵᠢ ᠪᠠᠶ᠋ᠢᠴᠠᠭ᠋ᠠᠬᠤ ᠡᠭᠦᠷᠭᠡ ᠵᠢ ᠵᠣᠬᠢᠶᠠᠨ ᠪᠠᠶ᠋ᠢᠭᠤᠯᠤᠨ ᠥᠷᠨᠢᠭᠦᠯᠬᠦ ᠵᠢ ᠬᠠᠷᠢᠭᠤᠴᠠᠨ᠎ᠠ᠃ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠨᠢᠭᠡᠴᠡ᠎ᠨᠦᠭᠦᠳ ᠮᠡᠳᠡᠭᠡ ᠵᠠᠩᠭᠢ ᠵᠢ ᠬᠠᠮᠲᠤ᠎ᠪᠠᠷ ᠬᠦᠷᠲᠡᠬᠦ᠎ᠪᠠᠨ ᠴᠢᠩᠭ᠋ᠠᠷᠠᠭᠤᠯᠵᠤ᠂ ᠨᠡᠶ᠋ᠢᠳᠡᠮ ᠪᠠᠶ᠋ᠢᠴᠠᠭ᠋ᠠᠯᠲᠠ ᠵᠢᠨ ᠬᠣᠯᠪᠣᠭᠳᠠᠯ ᠪᠦᠬᠦᠢ ᠰᠠᠭᠤᠷᠢ ᠮᠠᠲ᠋ᠧᠷᠢᠶᠠᠯ᠎ᠢ ᠡᠵᠡᠮᠰᠢᠭᠰᠡᠨ ᠡᠯ᠎ᠡ ᠱᠠᠲᠤᠨ᠎ᠤ ᠰᠠᠯᠠᠭ᠎ᠠ ᠮᠥᠴᠢᠷ᠎ᠤᠳ ᠰᠠᠯᠠᠭ᠎ᠠ ᠮᠥᠴᠢᠷ᠎ᠤᠨ ᠵᠠᠰᠠᠭ ᠵᠠᠬᠢᠷᠭ᠋ᠠᠨ᠎ᠤ ᠲᠡᠮᠳᠡᠭᠯᠡᠯ ᠪᠣᠯᠤᠨ ᠲᠣᠭ᠎ᠠ ᠪᠠᠷᠢᠮᠲᠠ ᠵᠢᠨ ᠮᠡᠳᠡᠭᠡ ᠵᠠᠩᠭᠢ ᠵᠢ ᠴᠠᠭ ᠲᠤᠬᠠᠶ᠎ᠳᠤᠨᠢ ᠣᠨᠣᠪᠴᠢᠲᠠᠶ ᠬᠠᠩᠭ᠋ᠠᠬᠤ ᠬᠡᠷᠡᠭᠲᠡᠶ᠃
ᠡᠯ᠎ᠡ ᠠᠶ᠋ᠢᠮᠠᠭ᠎ᠤᠨ ᠵᠠᠬᠢᠷᠭ᠎ᠠ᠂ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠂ ᠡᠯ᠎ᠡ ᠬᠣᠰᠢᠭᠤ ᠰᠢᠶᠠᠨ (ᠬᠣᠲᠠ᠂ ᠲᠣᠭᠣᠷᠢᠭ)᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠴᠤ᠌ ᠵᠣᠬᠢᠴᠠᠩᠭᠤᠶ ᠪᠦᠬᠦᠢ ᠨᠡᠶ᠋ᠢᠳᠡᠮ ᠪᠠᠶ᠋ᠢᠴᠠᠭ᠋ᠠᠯᠲᠠ ᠵᠢᠨ ᠤᠳᠤᠷᠢᠳᠬᠤ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠮᠵᠢ ᠪᠠᠶ᠋ᠢᠭᠤᠯᠵᠤ᠂ ᠲᠤᠰ ᠭᠠᠵᠠᠷ ᠣᠷᠣᠨ᠎ᠤ᠎ᠪᠠᠨ ᠨᠡᠶ᠋ᠢᠳᠡᠮ ᠪᠠᠶ᠋ᠢᠴᠠᠭ᠋ᠠᠯᠲᠠ ᠵᠢ ᠬᠡᠷᠡᠭᠵᠢᠭᠦᠯᠬᠦ ᠠᠵᠢᠯ᠎ᠢ ᠬᠢᠨᠠᠮᠠᠭ᠋ᠠᠶ ᠰᠠᠶ᠋ᠢᠲᠤᠷ ᠵᠣᠬᠢᠶᠠᠨ ᠪᠠᠶ᠋ᠢᠭᠤᠯᠵᠤ᠂ ᠴᠠᠭ ᠲᠤᠬᠠᠶ᠎ᠳᠤᠨᠢ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠤᠨ ᠳᠤᠮᠳᠠ ᠲᠤᠯᠭ᠋ᠠᠷᠠᠭᠰᠠᠨ ᠬᠦᠴᠢᠷᠳᠡᠯ ᠪᠣᠯᠤᠨ ᠠᠰᠠᠭᠤᠳᠠᠯ᠎ᠢ ᠰᠢᠢ᠍ᠳᠪᠦᠷᠢᠯᠡᠬᠦ ᠬᠡᠷᠡᠭᠲᠡᠶ᠃ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ ᠪᠣᠯᠤᠨ ᠰᠠᠭᠤᠭ᠋ᠠᠯᠢ ᠠᠷᠠᠳ᠎ᠤᠨ ᠵᠥᠪᠯᠡᠯ᠂ ᠰᠤᠮᠤ ᠰᠢᠶᠠᠩ ᠪᠠᠯᠭ᠋ᠠᠰᠤ ᠵᠢᠨ ᠠᠷᠠᠳ᠎ᠤᠨ ᠵᠠᠰᠠᠭ᠎ᠤᠨ ᠣᠷᠳᠣᠨ ᠪᠣᠯᠤᠨ ᠭᠠᠴᠠᠭ᠎ᠠ ᠲᠣᠰᠬᠣᠨ᠎ᠤ ᠠᠷᠠᠳ᠎ᠤᠨ ᠵᠥᠪᠯᠡᠯ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠠᠰᠠᠷ᠎ᠤᠨ ᠠᠳᠠᠯ ᠠᠬᠤᠶ ᠪᠣᠯᠤᠨ ᠬᠦᠷᠢᠶᠡᠯᠡᠩ ᠲᠣᠭᠣᠷᠢᠭ᠎ᠤᠨ ᠬᠠᠮᠢᠶᠠᠷᠤᠯᠲᠠ ᠵᠢᠨ ᠵᠠᠭᠪᠤᠷ᠎ᠢ ᠭᠦᠢ᠍ᠴᠡᠳ
ᠠᠰᠢᠭᠯᠠᠨ᠂ ᠨᠡᠶ᠋ᠢᠭᠡᠮ᠎ᠤᠨ ᠬᠦᠴᠦᠨ᠎ᠢ ᠥᠷᠭᠡᠨ ᠵᠶ᠋ᠠᠷ ᠳᠠᠶ᠋ᠢᠴᠢᠯᠠᠬᠤ ᠪᠠ ᠵᠣᠬᠢᠶᠠᠨ ᠪᠠᠶ᠋ᠢᠭᠤᠯᠵᠤ ᠪᠠᠶ᠋ᠢᠭ᠋ᠠᠳ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠢ ᠬᠢᠨᠠᠮᠠᠭ᠋ᠠᠶ ᠬᠠᠮᠵᠢᠯᠴᠠᠨ ᠰᠠᠶ᠋ᠢᠲᠤᠷ ᠬᠢᠬᠦ ᠬᠡᠷᠡᠭᠲᠡᠶ᠃ ᠣᠷᠣᠨ ᠨᠤᠲᠤᠭ᠎ᠤᠨ ᠨᠡᠶ᠋ᠢᠳᠡᠮ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ᠎ᠨᠢ ᠠᠵᠢᠯ᠎ᠤᠨ ᠬᠡᠷᠡᠭᠴᠡᠭᠡ᠎ᠪᠠᠨ ᠦᠨᠳᠦᠰᠦᠯᠡᠨ᠂ ᠨᠥᠬᠥᠴᠡᠯ᠎ᠳᠤ ᠨᠡᠶ᠋ᠢᠴᠡᠬᠦ ᠨᠡᠶ᠋ᠢᠳᠡᠮ ᠪᠠᠶ᠋ᠢᠴᠠᠭ᠋ᠠᠯᠲᠠ ᠵᠢᠨ ᠵᠢᠯᠣᠭᠣᠳᠣᠭᠴᠢ ᠪᠣᠯᠤᠨ ᠨᠡᠶ᠋ᠢᠳᠡᠮ ᠪᠠᠶ᠋ᠢᠴᠠᠭ᠋ᠠᠭᠴᠢ ᠵᠢ ᠤᠷᠢᠨ ᠬᠡᠷᠡᠭᠯᠡᠬᠦ ᠪᠤᠶᠤ ᠬᠣᠯᠪᠣᠭᠳᠠᠯ ᠪᠦᠬᠦᠢ ᠨᠢᠭᠡᠴᠡ᠎ᠠᠴᠠ ᠵᠥᠪᠳᠡᠯᠴᠡᠨ ᠰᠢᠯᠵᠢᠭᠦᠯᠵᠦ᠂ ᠤᠷᠢᠨ ᠬᠡᠷᠡᠭᠯᠡᠭᠰᠡᠨ ᠠᠵᠢᠯᠲᠠᠨ᠎ᠤ ᠬᠥᠳᠡᠯᠮᠦᠷᠢ ᠵᠢᠨ ᠬᠥᠯᠥᠰᠥ ᠣᠯᠭᠣᠮᠵᠢ ᠵᠢ ᠴᠠᠭ ᠲᠤᠬᠠᠶ᠎ᠳᠤᠨᠢ ᠥᠭᠴᠦ᠂ ᠵᠥᠪᠳᠡᠯᠴᠡᠨ ᠰᠢᠯᠵᠢᠭᠦᠯᠦᠭᠰᠡᠨ ᠠᠵᠢᠯᠲᠠᠨ᠎ᠤ ᠤᠤᠯ᠎ᠤᠨ ᠨᠢᠭᠡᠴᠡ᠎ᠳᠠᠬᠢ ᠴᠠᠯᠢᠩ᠂ ᠠᠰᠠᠷᠠᠮᠵᠢ ᠵᠢᠴᠢ ᠪᠤᠰᠤᠳ ᠣᠯᠭᠣᠮᠵᠢ ᠵᠢ ᠬᠤᠪᠢᠷᠠᠭᠤᠯᠬᠤ ᠦᠭᠡᠶ ᠪᠠᠶ᠋ᠢᠬᠤ ᠵᠢ ᠪᠠᠲᠤᠯᠠᠵᠤ ᠪᠣᠯᠤᠨ᠎ᠠ᠂ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ᠎ᠢ ᠢᠳᠡᠪᠬᠢᠲᠡᠶ᠎ᠪᠠᠷ ᠵᠣᠬᠢᠶᠠᠨ ᠪᠠᠶ᠋ᠢᠭᠤᠯᠤᠨ ᠥᠷᠨᠢᠭᠦᠯᠵᠦ᠂ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯᠲᠠᠨ᠎ᠤ ᠬᠡᠪ ᠴᠢᠨᠠᠷ᠎ᠢ ᠳᠡᠭᠡᠭᠰᠢᠯᠡᠭᠦᠯᠬᠦ ᠵᠢᠨ ᠬᠠᠮᠲᠤ ᠰᠢᠮᠳᠠᠭᠤᠯᠤᠨ ᠵᠢᠯᠣᠭᠣᠳᠬᠤ᠎ᠪᠠᠨ ᠴᠢᠩᠭ᠋ᠠᠳᠬᠠᠵᠤ᠂ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠤᠨ ᠡᠩᠨᠡᠭᠡ ᠵᠢ ᠲᠣᠭᠲᠠᠪᠤᠷᠢᠵᠢᠭᠤᠯᠤᠨ᠂ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠤᠨ ᠤᠷᠤᠭᠰᠢᠲᠠᠶ ᠶᠠᠪᠤᠭᠳᠠᠬᠤ ᠵᠢ ᠦᠨᠡᠨᠬᠦ ᠪᠠᠲᠤᠯᠠᠬᠤ ᠬᠡᠷᠡᠭᠲᠡᠶ᠃
ᠲᠠᠪᠤ᠂ ᠨᠡᠶ᠋ᠢᠳᠡᠮ ᠪᠠᠶ᠋ᠢᠴᠠᠭ᠋ᠠᠯᠲᠠ ᠵᠢᠨ ᠵᠠᠷᠤᠳᠠᠯ᠎ᠤᠨ ᠪᠠᠲᠤᠯᠠᠭ᠎ᠠ
ᠲᠠᠪᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ᠎ᠳᠤ ᠬᠡᠷᠡᠭᠰᠡᠬᠦ ᠵᠠᠷᠤᠳᠠᠯ᠎ᠢ ᠣᠳᠣ ᠵᠢᠨ ᠬᠡᠷᠡᠭᠵᠢᠭᠦᠯᠵᠦ ᠪᠠᠶ᠋ᠢᠭ᠎ᠠ ᠵᠠᠷᠤᠳᠠᠯ᠎ᠤᠨ ᠠᠷᠭ᠎ᠠ ᠵᠠᠮ ᠵᠶ᠋ᠠᠷ ᠲᠥᠪ᠎ᠤᠨ ᠪᠠ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠬᠠᠮᠲᠤ᠎ᠪᠠᠷ ᠡᠭᠦᠷᠭᠡᠯᠡᠵᠦ᠂ ᠵᠣᠬᠢᠴᠠᠩᠭᠤᠶ ᠣᠨ᠎ᠤ ᠡᠳ᠋᠎ᠤᠨ ᠵᠠᠰᠠᠭ᠎ᠤᠨ ᠲᠥᠰᠦᠪ᠎ᠲᠤ ᠣᠷᠣᠭᠤᠯᠤᠨ᠂ ᠴᠠᠭ ᠬᠤᠭᠤᠴᠠᠭ᠎ᠠ ᠶᠣᠰᠣᠭ᠋ᠠᠷ ᠰᠠᠯᠭ᠋ᠠᠨ ᠥᠭᠴᠦ᠂ ᠪᠣᠳᠠᠲᠠᠶ᠋ᠢᠵᠢᠭᠤᠯᠬᠤ ᠵᠢ ᠦᠨᠡᠨᠬᠦ ᠪᠠᠲᠤᠯᠠᠨ᠂ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠤᠨ ᠤᠷᠤᠭᠰᠢᠲᠠᠶ ᠥᠷᠨᠢᠬᠦ ᠵᠢ ᠪᠠᠲᠤᠯᠠᠬᠤ ᠬᠡᠷᠡᠭᠲᠡᠶ᠃ ᠡᠯ᠎ᠡ ᠠᠶ᠋ᠢᠮᠠᠭ ᠬᠣᠲᠠ᠎ᠨᠤᠭᠤᠳ ᠬᠠᠷᠢᠶ᠎ᠠ ᠪᠦᠬᠦᠢ ᠬᠣᠰᠢᠭᠤ ᠰᠢᠶᠠᠨ (ᠬᠣᠲᠠ᠂ ᠲᠣᠭᠣᠷᠢᠭ) ᠢᠯᠠᠩᠭᠤᠶ᠎ᠠ ᠡᠳ᠋᠎ᠤᠨ ᠵᠠᠰᠠᠭ᠎ᠤᠨ ᠲᠠᠯ᠎ᠠ᠎ᠪᠠᠷ ᠬᠦᠴᠢᠷᠳᠡᠯᠲᠡᠶ ᠬᠣᠰᠢᠭᠤ ᠰᠢᠶᠠᠨ (ᠬᠣᠲᠠ᠂ ᠲᠣᠭᠣᠷᠢᠭ)᠎ᠤ ᠨᠡᠶ᠋ᠢᠳᠡᠮ ᠪᠠᠶ᠋ᠢᠴᠠᠭ᠋ᠠᠯᠲᠠ ᠵᠢᠨ ᠵᠠᠷᠤᠳᠠᠯ᠎ᠢ ᠰᠢᠮᠳᠠᠭᠤᠯᠤᠨ ᠨᠠᠶ᠋ᠢᠳᠠᠪᠤᠷᠢᠵᠢᠭᠤᠯᠬᠤ ᠠᠵᠢᠯ᠎ᠢ ᠰᠠᠶ᠋ᠢᠲᠤᠷ ᠬᠢᠬᠦ ᠬᠡᠷᠡᠭᠲᠡᠶ᠃ ᠡᠯ᠎ᠡ ᠱᠠᠲᠤᠨ᠎ᠤ ᠨᠡᠶ᠋ᠢᠳᠡᠮ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ᠎ᠨᠤᠭᠤᠳ ᠬᠠᠮᠢᠶᠠᠷᠤᠯᠲᠠ᠎ᠪᠠᠨ ᠴᠢᠩᠭ᠋ᠠᠳᠬᠠᠨ᠂ ᠰᠠᠶ᠋ᠢᠲᠤᠷ ᠭᠠᠮᠨᠠᠨ ᠠᠷᠪᠢᠯᠠᠵᠤ᠂ ᠲᠤᠰᠬᠠᠶ ᠵᠣᠭᠣᠰ᠎ᠢ ᠲᠤᠰᠬᠠᠶ ᠵᠦᠢ᠍ᠯ᠎ᠳᠤ᠎ᠨᠢ ᠬᠡᠷᠡᠭᠯᠡᠨ᠂ ᠨᠡᠶ᠋ᠢᠳᠡᠮ ᠪᠠᠶ᠋ᠢᠴᠠᠭ᠋ᠠᠯᠲᠠ ᠵᠢᠨ ᠵᠠᠷᠤᠳᠠᠯ᠎ᠤᠨ ᠬᠡᠷᠡᠭᠯᠡᠯᠲᠡ ᠵᠢᠨ ᠦᠷ᠎ᠡ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠶ᠃
ᠵᠢᠷᠭᠤᠭ᠎ᠠ᠂ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠤᠨ ᠱᠠᠭ᠋ᠠᠷᠳᠠᠯᠭ᠎ᠠ
(ᠨᠢᠭᠡ) ᠬᠠᠤᠯᠢ ᠶᠣᠰᠣᠭ᠋ᠠᠷ ᠨᠡᠶ᠋ᠢᠳᠡᠮ ᠪᠠᠶ᠋ᠢᠴᠠᠭ᠋ᠠᠬᠤ ᠵᠢ ᠪᠠᠷᠢᠮᠲᠠᠯᠠᠨ᠎ᠠ᠃ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯᠲᠠᠨ ᠪᠣᠯᠤᠨ ᠨᠡᠶ᠋ᠢᠳᠡᠮ ᠪᠠᠶ᠋ᠢᠴᠠᠭ᠋ᠠᠯᠲᠠ ᠵᠢᠨ ᠡᠲᠡᠭᠡᠳ ᠪᠦᠬᠦᠨ ᠡᠷᠬᠡᠪᠰᠢ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠣᠭ᠎ᠠ ᠪᠦᠷᠢᠳᠬᠡᠯ᠎ᠤᠨ ᠬᠠᠤᠯᠢ》 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠣᠭ᠎ᠠ ᠪᠦᠷᠢᠳᠬᠡᠯ᠎ᠤᠨ ᠬᠠᠤᠯᠢ ᠵᠢ ᠬᠡᠷᠡᠭᠵᠢᠭᠦᠯᠬᠦ ᠳᠦᠷᠢᠮ》 《ᠪᠦᠬᠦ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠳᠦᠷᠢᠮ》᠎ᠤᠨ ᠲᠣᠭᠲᠠᠭ᠋ᠠᠯ᠎ᠢ ᠴᠢᠩᠭ᠎ᠠ ᠵᠢᠷᠤᠮᠯᠠᠨ᠂ ᠨᠡᠶ᠋ᠢᠳᠡᠮ ᠪᠠᠶ᠋ᠢᠴᠠᠭ᠋ᠠᠯᠲᠠ ᠵᠢᠨ ᠬᠦᠰᠦᠨᠦᠭᠲᠦ ᠵᠢ ᠴᠠᠭ ᠬᠤᠭᠤᠴᠠᠭ᠎ᠠ ᠶᠣᠰᠣᠭ᠋ᠠᠷ᠂ ᠦᠨᠡᠨ ᠪᠣᠳᠠᠲᠠᠶ᠎ᠪᠠᠷ ᠲᠠᠭᠯᠠᠨ ᠮᠡᠳᠡᠭᠦᠯᠬᠦ ᠬᠡᠷᠡᠭᠲᠡᠶ᠃ ᠶᠠᠮᠠᠷᠪᠠ ᠨᠢᠭᠡᠴᠡ ᠪᠣᠯᠤᠨ ᠬᠤᠪᠢ ᠬᠥᠮᠦᠨ ᠭᠡᠳ ᠬᠤᠳᠠᠯ ᠵᠶ᠋ᠠᠷ ᠮᠡᠳᠡᠭᠦᠯᠵᠦ᠂ ᠳᠠᠷᠤᠭ᠋ᠠᠳ ᠮᠡᠳᠡᠭᠦᠯᠬᠦ ᠦᠭᠡᠶ᠂ ᠮᠡᠳᠡᠭᠦᠯᠬᠦ ᠵᠢ ᠲᠡᠪᠴᠢᠵᠦ᠂ ᠤᠳᠠᠭ᠋ᠠᠰᠢᠷᠠᠭᠤᠯᠤᠨ ᠮᠡᠳᠡᠭᠦᠯᠵᠦ ᠪᠣᠯᠬᠤ ᠦᠭᠡᠶ᠂ ᠨᠡᠶ᠋ᠢᠳᠡᠮ ᠪᠠᠶ᠋ᠢᠴᠠᠭ᠋ᠠᠯᠲᠠ ᠵᠢᠨ ᠲᠣᠭ᠎ᠠ ᠪᠠᠷᠢᠮᠲᠠ ᠵᠢ ᠬᠠᠭᠤᠷᠮᠠᠭ ᠵᠶ᠋ᠠᠷ ᠵᠣᠬᠢᠶᠠᠵᠤ᠂ ᠥᠭᠡᠷᠡᠲᠦᠭᠦᠯᠵᠦ ᠪᠣᠯᠬᠤ ᠦᠭᠡᠶ᠃ ᠨᠡᠶ᠋ᠢᠳᠡᠮ ᠪᠠᠶ᠋ᠢᠴᠠᠭ᠋ᠠᠯᠲᠠ᠎ᠳᠤ ᠣᠯᠤᠭᠰᠠᠨ ᠨᠢᠭᠡᠴᠡ ᠪᠠ ᠬᠤᠪᠢ ᠬᠥᠮᠦᠨ᠎ᠤ ᠮᠠᠲ᠋ᠧᠷᠢᠶᠠᠯ᠎ᠢ ᠨᠡᠶ᠋ᠢᠳᠡᠮ ᠪᠠᠶ᠋ᠢᠴᠠᠭ᠋ᠠᠯᠲᠠ᠎ᠳᠤ ᠬᠡᠷᠡᠭᠯᠡᠬᠦ ᠵᠣᠷᠢᠯᠭ᠎ᠠ᠎ᠪᠠᠷ ᠴᠢᠩᠭ᠎ᠠ ᠬᠢᠵᠠᠭ᠋ᠠᠷᠯᠠᠨ ᠲᠣᠭᠲᠠᠭ᠋ᠠᠵᠤ᠂ ᠶᠠᠮᠠᠷᠪᠠ ᠨᠢᠭᠡᠴᠡ᠎ᠠᠴᠠ ᠨᠡᠶ᠋ᠢᠳᠡᠮ ᠪᠠᠶ᠋ᠢᠴᠠᠭ᠋ᠠᠯᠲᠠ ᠵᠢᠨ ᠡᠲᠡᠭᠡᠳ᠎ᠢ ᠱᠠᠩᠨᠠᠵᠤ ᠲᠣᠷᠭ᠋ᠠᠬᠤ ᠵᠢᠨ ᠦᠨᠳᠦᠰᠦᠯᠡᠯ ᠪᠣᠯᠭ᠋ᠠᠵᠤ ᠪᠣᠯᠬᠤ ᠦᠭᠡᠶ᠃ ᠡᠯ᠎ᠡ ᠱᠠᠲᠤᠨ᠎ᠤ ᠨᠡᠶ᠋ᠢᠳᠡᠮ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ ᠵᠢᠴᠢ ᠠᠵᠢᠯᠲᠠᠳ ᠨᠡᠶ᠋ᠢᠳᠡᠮ ᠪᠠᠶ᠋ᠢᠴᠠᠭ᠋ᠠᠯᠲᠠ ᠳᠤᠮᠳᠠ ᠣᠯᠵᠤ ᠮᠡᠳᠡᠭᠰᠡᠨ ᠤᠯᠤᠰ᠎ᠤᠨ ᠨᠢᠭᠤᠴᠠ ᠪᠣᠯᠤᠨ ᠨᠡᠶ᠋ᠢᠳᠡᠮ ᠪᠠᠶ᠋ᠢᠴᠠᠭ᠋ᠠᠯᠲᠠ ᠵᠢᠨ ᠡᠲᠡᠭᠡᠳ᠎ᠤᠨ ᠬᠤᠳᠠᠯᠳᠤᠭ᠋ᠠᠨ᠎ᠤ ᠨᠢᠭᠤᠴᠠ᠂ ᠬᠤᠪᠢ ᠬᠥᠮᠦᠨ᠎ᠤ ᠮᠡᠳᠡᠭᠡ ᠵᠠᠩᠭᠢ ᠵᠢᠨ ᠨᠢᠭᠤᠴᠠ ᠵᠢ ᠬᠠᠮᠠᠭ᠋ᠠᠯᠠᠬᠤ ᠡᠭᠦᠷᠭᠡ᠎ᠪᠠᠨ ᠡᠷᠬᠡᠪᠰᠢ ᠴᠢᠩᠭ᠎ᠠ ᠭᠦᠢ᠍ᠴᠡᠳᠬᠡᠬᠦ ᠬᠡᠷᠡᠭᠲᠡᠶ; ᠵᠥᠪᠰᠢᠶᠡᠷᠡᠭᠦᠯᠦᠭᠡᠳᠦᠶ ᠪᠣᠯ ᠶᠠᠮᠠᠷᠪᠠ ᠨᠢᠭᠡᠴᠡ ᠪᠣᠯᠤᠨ ᠬᠤᠪᠢ ᠬᠥᠮᠦᠨ ᠭᠡᠳ ᠨᠡᠶ᠋ᠢᠳᠡᠮ ᠪᠠᠶ᠋ᠢᠴᠠᠭ᠋ᠠᠯᠲᠠ ᠵᠢᠨ ᠲᠣᠭ᠎ᠠ ᠪᠠᠷᠢᠮᠲᠠ ᠵᠢ ᠭᠠᠳᠠᠭᠰᠢ ᠨᠡᠶ᠋ᠢᠲᠡᠯᠡᠵᠦ ᠪᠣᠯᠬᠤ ᠦᠭᠡᠶ᠃ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠳᠠᠬᠢ ᠰᠠᠬᠢᠯᠭ᠎ᠠ ᠪᠠᠲᠤ ᠬᠠᠤᠯᠢ ᠴᠠᠭ᠋ᠠᠵᠠ᠎ᠠᠴᠠ ᠵᠥᠷᠢᠴᠡᠭᠰᠡᠨ ᠵᠡᠷᠭᠡ ᠦᠢ᠍ᠯᠡ ᠠᠵᠢᠯᠯᠠᠭ᠎ᠠ ᠵᠢ ᠰᠠᠬᠢᠯᠭ᠎ᠠ ᠪᠠᠲᠤ ᠬᠠᠤᠯᠢ ᠶᠣᠰᠣᠭ᠋ᠠᠷ ᠰᠢᠢ᠍ᠳᠪᠦᠷᠢᠯᠡᠬᠦ ᠵᠢᠨ ᠬᠠᠮᠲᠤ ᠨᠡᠪᠲᠡᠷᠡᠭᠦᠯᠦᠨ ᠢᠯᠡᠴᠢᠯᠡᠬᠦ ᠡᠷᠴᠢᠮ ᠵᠶ᠋ᠠᠨ ᠨᠡᠮᠡᠭᠳᠡᠭᠦᠯᠬᠦ ᠬᠡᠷᠡᠭᠲᠡᠶ᠃
(ᠬᠣᠶᠠᠷ) ᠲᠣᠭ᠎ᠠ ᠪᠠᠷᠢᠮᠲᠠ ᠵᠢᠨ ᠶᠠᠰᠤ ᠴᠢᠨᠠᠷ᠎ᠢ ᠦᠨᠡᠨᠬᠦ ᠪᠠᠲᠤᠯᠠᠬᠤ ᠬᠡᠷᠡᠭᠲᠡᠶ᠃ ᠲᠣᠭ᠎ᠠ ᠪᠠᠷᠢᠮᠲᠠ ᠵᠢᠨ ᠶᠠᠰᠤ ᠴᠢᠨᠠᠷ᠎ᠢ ᠲᠡᠷᠢᠭᠦᠨ᠎ᠳᠤ ᠲᠠᠯᠪᠢᠬᠤ ᠵᠠᠷᠴᠢᠮ᠎ᠢ ᠢᠮᠠᠭᠲᠠ ᠪᠠᠲᠤ ᠰᠠᠬᠢᠵᠤ᠂ ᠨᠡᠶ᠋ᠢᠳᠡᠮ ᠪᠠᠶ᠋ᠢᠴᠠᠭ᠋ᠠᠯᠲᠠ ᠵᠢᠨ ᠲᠥᠰᠦᠯ᠎ᠢ ᠴᠢᠩᠭ᠎ᠠ ᠬᠡᠷᠡᠭᠵᠢᠭᠦᠯᠵᠦ᠂ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠤᠨ ᠶᠠᠪᠤᠴᠠ ᠵᠢ ᠵᠢᠷᠤᠮᠵᠢᠭᠤᠯᠵᠤ᠂ ᠤᠴᠢᠷ ᠶᠠᠪᠤᠳᠠᠯ᠎ᠤᠨ ᠡᠮᠦᠨ᠎ᠡ ᠬᠣᠶ᠋ᠢᠨᠠᠬᠢ ᠲᠣᠭ᠎ᠠ ᠪᠠᠷᠢᠮᠲᠠ ᠵᠢᠨ ᠶᠠᠰᠤ ᠴᠢᠨᠠᠷ᠎ᠢ ᠪᠠᠶ᠋ᠢᠴᠠᠭ᠋ᠠᠵᠤ ᠬᠠᠷᠭᠤᠭᠤᠯᠤᠨ ᠪᠠᠶ᠋ᠢᠴᠠᠭ᠋ᠠᠬᠤ ᠵᠢ ᠴᠢᠩᠭ᠋ᠠᠳᠬᠠᠵᠤ᠂ ᠲᠣᠭ᠎ᠠ ᠪᠦᠷᠢᠳᠬᠡᠯ᠎ᠢ ᠬᠠᠭᠤᠷᠮᠠᠭᠯᠠᠨ ᠵᠣᠬᠢᠶᠠᠬᠤ᠂ ᠬᠤᠳᠠᠯ ᠬᠠᠭᠤᠷᠮᠠᠭ ᠵᠶ᠋ᠠᠷ ᠵᠣᠬᠢᠶᠠᠬᠤ ᠵᠢ ᠦᠨᠡᠨ ᠬᠦ᠌ ᠰᠡᠷᠭᠡᠶ᠋ᠢᠯᠡᠬᠦ ᠪᠠ ᠵᠠᠯᠬᠠᠭ᠋ᠠᠨ ᠰᠢᠢ᠍ᠳᠬᠡᠵᠦ᠂ ᠨᠡᠶ᠋ᠢᠳᠡᠮ ᠪᠠᠶ᠋ᠢᠴᠠᠭ᠋ᠠᠯᠲᠠ ᠵᠢᠨ ᠲᠣᠭ᠎ᠠ ᠪᠠᠷᠢᠮᠲᠠ ᠵᠢᠨ ᠦᠨᠡᠨ ᠪᠣᠳᠠᠲᠠᠢ ᠵᠥᠪ ᠣᠨᠣᠪᠴᠢᠲᠠᠢ᠂ ᠪᠦᠷᠢᠨ ᠪᠦᠲᠦᠨ ᠢᠲᠡᠭᠡᠮᠵᠢᠲᠡᠢ ᠪᠠᠶ᠋ᠢᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃ ᠡᠯ᠎ᠡ ᠱᠠᠲᠤᠨ᠎ᠤ ᠨᠡᠶ᠋ᠢᠳᠡᠮ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ᠎ᠨᠤᠭᠤᠳ ᠨᠡᠶ᠋ᠢᠳᠡᠮ ᠪᠠᠶ᠋ᠢᠴᠠᠭ᠋ᠠᠯᠲᠠ ᠵᠢᠨ ᠲᠣᠭ᠎ᠠ ᠪᠠᠷᠢᠮᠲᠠ ᠵᠢᠨ ᠶᠠᠰᠤ ᠴᠢᠨᠠᠷ᠎ᠢ ᠡᠵᠡᠮᠳᠡᠬᠦ ᠰᠢᠰᠲ᠋ᠧᠮᠵᠢ ᠪᠠ ᠠᠵᠢᠯ᠎ᠤᠨ ᠪᠠᠶ᠋ᠢᠷᠢ ᠵᠢᠨ ᠬᠠᠷᠢᠭᠤᠴᠠᠯᠭ᠎ᠠ ᠵᠢᠨ ᠲᠦᠷᠢᠮ᠎ᠢ ᠪᠠᠶ᠋ᠢᠭᠤᠯᠤᠨ ᠪᠦᠷᠢᠨᠰᠢᠭᠦᠯᠵᠦ᠂ ᠨᠡᠶ᠋ᠢᠳᠡᠮ ᠪᠠᠶ᠋ᠢᠴᠠᠭ᠋ᠠᠯᠲᠠ ᠵᠢᠨ ᠲᠣᠭ᠎ᠠ ᠪᠠᠷᠢᠮᠲᠠ ᠵᠢᠨ ᠶᠠᠰᠤ ᠴᠢᠨᠠᠷ᠎ᠢ ᠮᠥᠷᠳᠡᠬᠦ ᠪᠠ ᠬᠠᠷᠢᠭᠤᠴᠠᠯᠭ᠎ᠠ ᠬᠡᠯᠡᠯᠴᠡᠬᠦ ᠲᠣᠭᠲᠠᠴᠠ ᠵᠢ ᠲᠡᠭᠦᠯᠳᠡᠷᠵᠢᠭᠦᠯᠦᠨ᠂ ᠨᠡᠶ᠋ᠢᠳᠡᠮ ᠪᠠᠶ᠋ᠢᠴᠠᠭ᠋ᠠᠯᠲᠠ ᠵᠢᠨ ᠰᠠᠬᠢᠯᠭ᠎ᠠ ᠪᠠᠲᠤ ᠵᠢ ᠴᠢᠩᠳᠠᠯᠠᠵᠤ᠂ ᠨᠡᠶ᠋ᠢᠳᠡᠮ ᠪᠠᠶ᠋ᠢᠴᠠᠭ᠋ᠠᠯᠲᠠ ᠵᠢᠨ ᠲᠣᠭ᠎ᠠ ᠪᠠᠷᠢᠮᠲᠠ᠎ᠳᠤ ᠵᠣᠷᠢᠭᠤᠳᠠ ᠭᠠᠷ ᠲᠦᠷᠦᠭᠦ ᠡᠯ᠎ᠡ ᠵᠦᠢ᠍ᠯ᠎ᠤᠨ ᠦᠢ᠍ᠯᠡ ᠠᠵᠢᠯᠯᠠᠭ᠎ᠠ ᠵᠢ ᠡᠷᠡᠰ ᠬᠣᠷᠢᠭᠯᠠᠬᠤ ᠬᠡᠷᠡᠭᠲᠡᠶ᠃ ᠪᠦᠲᠦᠮᠵᠢᠲᠡᠶ ᠮᠡᠷᠭᠡᠵᠢᠯ᠎ᠤᠨ ᠠᠷᠭ᠎ᠠ ᠪᠠᠷᠢᠯ ᠪᠣᠯᠤᠨ ᠬᠠᠮᠢᠶᠠᠷᠤᠯᠲᠠ ᠵᠢᠨ ᠠᠷᠭ᠎ᠠ ᠬᠡᠮᠵᠢᠶ᠎ᠡ ᠵᠢ ᠠᠪᠴᠤ᠂ ᠨᠡᠶ᠋ᠢᠳᠡᠮ ᠪᠠᠶ᠋ᠢᠴᠠᠭ᠋ᠠᠯᠲᠠ ᠵᠢᠨ ᠲᠣᠭ᠎ᠠ ᠪᠠᠷᠢᠮᠲᠠ ᠵᠢ ᠴᠤᠭᠯᠠᠭᠤᠯᠬᠤ᠂ ᠳᠠᠮᠵᠢᠭᠤᠯᠬᠤ᠂ ᠬᠠᠳᠠᠭ᠋ᠠᠯᠠᠬᠤ ᠪᠠ ᠬᠡᠷᠡᠭᠯᠡᠬᠦ ᠵᠢᠨ ᠠᠶᠤᠯ ᠦᠭᠡᠶ ᠵᠢ ᠦᠨᠡᠨᠬᠦ ᠪᠠᠲᠤᠯᠠᠬᠤ ᠬᠡᠷᠡᠭᠲᠡᠶ᠃ ᠴᠠᠭᠲᠤᠨᠢ ᠲᠣᠬᠢᠷᠠᠭᠤᠯᠤᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ ᠥᠷᠨᠢᠭᠦᠯᠦᠭᠰᠡᠨ ᠪᠠᠶ᠋ᠢᠳᠠᠯ᠎ᠢ ᠲᠣᠭ᠎ᠠ ᠪᠦᠷᠢᠳᠬᠡᠯ᠎ᠤᠨ ᠰᠢᠮᠳᠠᠭᠤᠯᠤᠨ ᠪᠠᠶ᠋ᠢᠴᠠᠭ᠋ᠠᠯᠲᠠ᠎ᠳᠤ ᠣᠷᠣᠭᠤᠯᠬᠤ ᠬᠡᠷᠡᠭᠲᠡᠶ᠃
(ᠭᠤᠷᠪᠠ) ᠠᠷᠭ᠎ᠠ ᠪᠠᠷᠢᠯ᠎ᠤᠨ ᠰᠢᠨ᠎ᠡ ᠵᠢ ᠡᠭᠦᠳᠬᠦ ᠬᠡᠷᠡᠭᠳᠡᠢ᠃ ᠰᠠᠯᠠᠭ᠎ᠠ ᠮᠥᠴᠢᠷ᠎ᠤᠨ ᠵᠠᠰᠠᠭ ᠵᠠᠬᠢᠷᠭ᠋ᠠᠨ᠎ᠤ ᠲᠡᠮᠳᠡᠭᠯᠡᠯ᠎ᠢ ᠥᠷᠭᠡᠨ ᠵᠶ᠋ᠠᠷ ᠬᠡᠷᠡᠭᠯᠡᠵᠦ᠂ ᠡᠯᠧᠺᠲᠷᠣᠨ ᠭᠡᠷᠡᠴᠢ ᠦᠨᠡᠮᠯᠡᠯ᠎ᠤᠨ ᠮᠡᠳᠡᠭᠡ ᠵᠠᠩᠭᠢ ᠵᠡᠷᠭᠡ ᠵᠢᠨ ᠨᠡᠶ᠋ᠢᠳᠡᠮ ᠪᠠᠶ᠋ᠢᠴᠠᠭ᠋ᠠᠯᠲᠠ ᠳᠤᠮᠳᠠᠬᠢ ᠬᠡᠷᠡᠭᠯᠡᠯᠲᠡ ᠵᠢ ᠠᠬᠢᠭᠤᠯᠤᠨ᠂ ᠰᠦᠯᠵᠢᠶ᠎ᠡ᠎ᠪᠠᠷ ᠲᠠᠭᠯᠠᠨ ᠮᠡᠳᠡᠭᠦᠯᠬᠦ ᠵᠢ ᠡᠯᠧᠺᠲᠷᠣᠨ ᠦᠵᠦᠭᠦᠷ ᠵᠶ᠋ᠠᠷ ᠲᠤᠬᠠᠶ ᠵᠢᠨ ᠲᠠᠯᠠᠪᠤᠷ᠎ᠲᠤ ᠲᠣᠭ᠎ᠠ ᠪᠠᠷᠢᠮᠲᠠ ᠴᠤᠭᠯᠠᠭᠤᠯᠬᠤᠯᠤᠭᠠ ᠬᠠᠷᠢᠯᠴᠠᠨ ᠤᠶᠠᠯᠳᠤᠭᠤᠯᠬᠤ ᠠᠷᠭ᠎ᠠ ᠮᠠᠶᠢᠭ ᠵᠶ᠋ᠠᠷ ᠨᠡᠶ᠋ᠢᠳᠡᠮ ᠪᠠᠶ᠋ᠢᠴᠠᠭ᠋ᠠᠯᠲᠠ ᠵᠢ ᠥᠷᠨᠢᠭᠦᠯᠵᠦ᠂ ᠮᠡᠳᠡᠭᠡ ᠵᠠᠩᠭᠢᠵᠢᠯᠲᠠ ᠵᠢᠨ ᠠᠷᠭ᠎ᠠ ᠪᠠᠷᠢᠯ ᠵᠶ᠋ᠠᠷ ᠳᠠᠮᠵᠢᠭᠤᠯᠤᠨ ᠨᠡᠶ᠋ᠢᠳᠡᠮ ᠪᠠᠶ᠋ᠢᠴᠠᠭ᠋ᠠᠯᠲᠠ ᠵᠢᠨ ᠲᠣᠭ᠎ᠠ ᠪᠠᠷᠢᠮᠲᠠ ᠵᠢ ᠰᠢᠢ᠍ᠳᠪᠦᠷᠢᠯᠡᠬᠦ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠᠶ᠋ᠢᠩᠭᠤᠵᠢᠭᠰᠠᠨ ᠬᠡᠷᠡᠭᠴᠡᠭᠡ᠎ᠳᠤ ᠵᠣᠬᠢᠴᠠᠭᠤᠯᠤᠨ᠂ ᠰᠦᠯᠵᠢᠶᠡᠨ ᠳᠡᠭᠡᠷᠡᠬᠢ ᠪᠠ ᠰᠦᠯᠵᠢᠶᠡᠨ ᠭᠠᠳᠠᠨᠠᠬᠢ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠨᠡᠶ᠋ᠢᠳᠡᠮ ᠪᠠᠶ᠋ᠢᠴᠠᠭ᠋ᠠᠭᠳᠠᠬᠤ ᠡᠲᠡᠭᠡᠳ᠎ᠤᠨ ᠰᠦᠯᠵᠢᠶ᠎ᠡ᠎ᠪᠠᠷ ᠳᠠᠮᠵᠢᠭᠤᠯᠤᠨ ᠨᠡᠶ᠋ᠢᠳᠡᠮ ᠪᠠᠶ᠋ᠢᠴᠠᠭ᠋ᠠᠯᠲᠠ ᠵᠢᠨ ᠲᠣᠭ᠎ᠠ ᠪᠠᠷᠢᠮᠲᠠ᠎ᠪᠠᠨ ᠪᠡᠶ᠎ᠡ᠎ᠪᠠᠨ ᠳᠠᠭ᠋ᠠᠭ᠋ᠠᠵᠤ ᠮᠡᠳᠡᠭᠦᠯᠦᠨ ᠬᠦᠷᠭᠡᠬᠦ ᠵᠢ ᠳᠡᠮᠵᠢᠵᠦ᠂ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠢ ᠰᠢᠨᠵᠢᠯᠡᠬᠦ ᠤᠬᠠᠭ᠋ᠠᠨᠴᠢ᠂ ᠵᠢᠷᠤᠮᠵᠢᠯ᠎ᠲᠠᠢ᠂ ᠥᠨᠳᠥᠷ ᠪᠦᠲᠦᠮᠵᠢᠲᠡᠶ ᠠᠬᠢᠭᠤᠯᠤᠨ᠎ᠠ᠃
(ᠳᠥᠷᠪᠡ) ᠤᠬᠠᠭᠤᠯᠵᠤ ᠬᠥᠲᠥᠯᠥᠨ ᠵᠢᠯᠣᠭᠣᠳᠬᠤ ᠵᠢ ᠴᠢᠩᠭ᠋ᠠᠷᠠᠭᠤᠯᠤᠨ᠎ᠠ᠃ ᠡᠯ᠎ᠡ ᠱᠠᠲᠤᠨ᠎ᠤ ᠨᠡᠶ᠋ᠢᠳᠡᠮ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ᠎ᠨᠤᠭᠤᠳ ᠤᠬᠠᠭᠤᠯᠬᠤ ᠰᠠᠯᠠᠭ᠎ᠠ ᠮᠥᠴᠢᠷ᠎ᠲᠠᠢ ᠬᠠᠮᠲᠤᠷᠠᠨ ᠨᠡᠶ᠋ᠢᠳᠡᠮ ᠪᠠᠶ᠋ᠢᠴᠠᠭ᠋ᠠᠯᠲᠠ ᠵᠢᠨ ᠤᠬᠠᠭᠤᠯᠭ᠎ᠠ ᠵᠢᠨ ᠤᠬᠠᠭ᠋ᠠᠯᠠᠬᠤ ᠪᠠ ᠵᠣᠬᠢᠶᠠᠨ ᠪᠠᠶ᠋ᠢᠭᠤᠯᠬᠤ ᠠᠵᠢᠯ᠎ᠢ ᠬᠢᠨᠠᠮᠠᠭ᠋ᠠᠶ ᠰᠠᠶ᠋ᠢᠲᠤᠷ ᠬᠢᠬᠦ ᠬᠡᠷᠡᠭᠲᠡᠶ᠃ ᠡᠯ᠎ᠡ ᠲᠥᠷᠥᠯ᠎ᠤᠨ ᠰᠣᠨᠢᠨ ᠮᠡᠳᠡᠭᠡᠨ᠎ᠤ ᠵᠠᠭᠤᠴᠢᠯᠠᠭᠤᠷ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠦᠢ᠍ᠯᠡᠴᠢᠯᠡᠭᠡᠨ᠎ᠤ ᠲᠠᠪᠴᠠᠩ ᠵᠡᠷᠭᠡ ᠤᠬᠠᠭᠤᠯᠭ᠎ᠠ ᠵᠢᠨ ᠠᠷᠭ᠎ᠠ ᠵᠠᠮ᠎ᠤᠨ ᠦᠢ᠍ᠯᠡᠳᠦᠯ᠎ᠢ ᠭᠦᠢ᠍ᠴᠡᠳ ᠪᠠᠳᠠᠷᠠᠭᠤᠯᠤᠨ᠂ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠴᠢᠬᠤᠯᠠ ᠠᠴᠢ ᠬᠣᠯᠪᠣᠭᠳᠠᠯ ᠪᠠ ᠱᠠᠭ᠋ᠠᠷᠳᠠᠯᠭ᠎ᠠ ᠵᠢ ᠥᠷᠭᠡᠨ ᠳᠡᠯᠭᠡᠷ ᠭᠦᠨᠵᠡᠭᠡᠶ ᠤᠬᠠᠭᠤᠯᠵᠤ᠂ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠤᠨ ᠳᠤᠮᠳᠠ ᠴᠣᠯᠭᠣᠷᠠᠨ ᠭᠠᠷᠤᠭᠰᠠᠨ ᠨᠡᠶ᠋ᠢᠲᠡᠯᠢᠭ ᠦᠢ᠍ᠯᠡ ᠶᠠᠪᠤᠳᠠᠯ᠎ᠢ ᠤᠬᠠᠭᠤᠯᠤᠨ᠂ ᠬᠠᠤᠯᠢ ᠰᠠᠬᠢᠯᠭ᠎ᠠ᠎ᠠᠴᠠ ᠵᠥᠷᠢᠴᠡᠭᠰᠡᠨ ᠬᠡᠷᠡᠭ᠎ᠢ ᠪᠠᠶ᠋ᠢᠴᠠᠭ᠋ᠠᠨ ᠰᠢᠢ᠍ᠳᠪᠦᠷᠢᠯᠡᠭᠰᠡᠨ ᠪᠠᠶ᠋ᠢᠳᠠᠯ᠎ᠢ ᠢᠯᠡᠴᠢᠯᠡᠵᠦ᠂ ᠥᠷᠭᠡᠨ ᠣᠯᠠᠨ ᠨᠡᠶ᠋ᠢᠳᠡᠮ ᠪᠠᠶ᠋ᠢᠴᠠᠭ᠋ᠠᠭᠳᠠᠬᠤ ᠡᠲᠡᠭᠡᠳ᠎ᠢ ᠬᠥᠲᠥᠯᠥᠨ ᠵᠢᠯᠣᠭᠣᠳᠴᠤ ᠪᠠᠶ᠋ᠢᠭ᠋ᠠᠳ ᠨᠡᠶ᠋ᠢᠳᠡᠮ ᠪᠠᠶ᠋ᠢᠴᠠᠭ᠋ᠠᠯᠲᠠ᠎ᠳᠤ ᠬᠠᠤᠯᠢ ᠶᠣᠰᠣᠭ᠋ᠠᠷ
ᠬᠠᠮᠵᠢᠯᠴᠠᠭᠤᠯᠵᠤ᠂ ᠪᠦᠬᠦ ᠨᠡᠶ᠋ᠢᠭᠡᠮ ᠵᠶ᠋ᠠᠷ ᠵᠶ᠋ᠠᠨ ᠨᠡᠶ᠋ᠢᠳᠡᠮ ᠪᠠᠶ᠋ᠢᠴᠠᠭ᠋ᠠᠯᠲᠠ᠎ᠳᠤ ᠢᠳᠡᠪᠬᠢᠲᠡᠶ ᠣᠷᠣᠯᠴᠠᠭᠤᠯᠤᠨ᠂ ᠲᠠᠪᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠤᠷᠤᠭᠰᠢᠲᠠᠶ ᠬᠡᠷᠡᠭᠵᠢᠭᠦᠯᠦᠭᠳᠡᠬᠦ᠎ᠳᠤ ᠰᠠᠶ᠋ᠢᠨ ᠰᠠᠶ᠋ᠢᠬᠠᠨ ᠨᠡᠶ᠋ᠢᠭᠡᠮ᠎ᠤᠨ ᠠᠭᠤᠷ ᠠᠮᠢᠰᠬᠤᠯ᠎ᠢ ᠪᠤᠶ ᠪᠣᠯᠭ᠋ᠠᠨ᠎ᠠ᠃
(ᠲᠠᠪᠤ) ᠦᠷ᠎ᠡ ᠪᠦᠲᠦᠭᠡᠯ᠎ᠤᠨ ᠬᠡᠷᠡᠭᠯᠡᠯᠲᠡ ᠵᠢ ᠰᠠᠶ᠋ᠢᠲᠤᠷ ᠠᠳᠬᠤᠨ᠎ᠠ᠃ ᠡᠯ᠎ᠡ ᠱᠠᠲᠤᠨ᠎ᠤ ᠨᠡᠶ᠋ᠢᠳᠡᠮ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ᠎ᠨᠤᠭᠤᠳ ᠨᠡᠶ᠋ᠢᠳᠡᠮ ᠪᠠᠶ᠋ᠢᠴᠠᠭ᠋ᠠᠯᠲᠠ ᠵᠢᠨ ᠦᠷ᠎ᠡ ᠪᠦᠲᠦᠭᠡᠯ᠎ᠢ ᠴᠠᠭ ᠲᠤᠬᠠᠶ᠎ᠳᠤᠨᠢ ᠨᠡᠶ᠋ᠢᠲᠡᠯᠡᠵᠦ᠂ ᠨᠡᠶ᠋ᠢᠳᠡᠮ ᠪᠠᠶ᠋ᠢᠴᠠᠭ᠋ᠠᠯᠲᠠ ᠵᠢᠨ ᠲᠣᠭ᠎ᠠ ᠪᠠᠷᠢᠮᠲᠠ ᠵᠢᠨ ᠦᠨ᠎ᠡ ᠥᠷᠲᠡᠭ᠎ᠢ ᠭᠦᠨᠵᠡᠭᠡᠶ ᠠᠭᠤᠳᠠᠯᠠᠨ᠂ ᠪᠦᠬᠦ ᠣᠷᠣᠨ᠎ᠤ ᠠᠵᠤ ᠠᠬᠤᠶ ᠵᠢᠨ ᠠᠵᠢᠯᠯᠠᠭ᠋ᠠᠨ᠎ᠤ ᠪᠠᠶ᠋ᠢᠳᠠᠯ ᠪᠣᠯᠤᠨ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠰᠢᠨ᠎ᠡ ᠬᠤᠪᠢᠷᠠᠯᠲᠠ ᠰᠢᠨ᠎ᠡ ᠣᠨᠴᠠᠯᠢᠭ᠎ᠢ ᠵᠠᠳᠠᠯᠤᠨ ᠰᠤᠳᠤᠯᠤᠨ ᠮᠠᠭ᠋ᠠᠳᠯᠠᠵᠤ᠂ ᠬᠣᠷᠸ᠎ᠠ ᠲᠠᠯ᠎ᠠ ᠵᠢᠨ ᠰᠢᠢ᠍ᠳᠪᠦᠷᠢᠳᠦ ᠪᠣᠳᠣᠯᠭ᠎ᠠ ᠲᠣᠭᠲᠠᠭ᠋ᠠᠬᠤ᠎ᠳᠤ ᠢᠳᠡᠪᠬᠢᠲᠡᠶ ᠪᠥᠭᠡᠳ ᠰᠠᠨᠠᠭ᠋ᠠᠴᠢᠯᠠᠭ᠎ᠠ᠎ᠠᠴᠠ᠎ᠪᠠᠨ ᠦᠢ᠍ᠯᠡᠴᠢᠯᠡᠵᠦ᠂ ᠲᠣᠭ᠎ᠠ ᠪᠦᠷᠢᠳᠬᠡᠯ᠎ᠤᠨ ᠵᠥᠪᠯᠡᠯᠭᠡ ᠥᠭᠬᠦ ᠵᠢᠨ ᠦᠢ᠍ᠯᠡᠳᠦᠯ᠎ᠢ ᠦᠨᠡᠨᠬᠦ ᠰᠠᠶ᠋ᠢᠲᠤᠷ ᠪᠠᠳᠠᠷᠠᠭᠤᠯᠬᠤ ᠬᠡᠷᠡᠭᠲᠡᠶ᠃
2023 ᠣᠨ᠎ᠤ 2 ᠰᠠᠷ᠎ᠠ ᠵᠢᠨ 13᠎ᠤ ᠡᠳᠦᠷ
(ᠲᠤᠰ ᠪᠢᠴᠢᠭ ᠮᠠᠲ᠋ᠧᠷᠢᠶᠠᠯ᠎ᠢ ᠢᠯᠡ᠎ᠪᠠᠷ ᠨᠡᠶ᠋ᠢᠲᠡᠯᠡᠨ᠎ᠡ)