ᠲᠡᠷᠢᠭᠦᠨ ᠬᠠᠭᠤᠳᠠᠰᠤ
ᠠᠵᠢᠯ᠎ᠤᠨ ᠪᠠᠶ᠋ᠢᠳᠠᠯ
ᠢᠯᠡ ᠵᠠᠰᠠᠭ
ᠲᠤᠭ᠎ᠠ ᠪᠦᠷᠢᠳᠭᠡᠯ᠎ᠤᠨ ᠦᠢᠯᠡᠴᠢᠯᠡᠭᠡ
ᠢᠯᠡ ᠵᠠᠰᠠᠭ   -   ᠪᠢᠴᠢᠭ ᠮᠠᠲ᠋ᠧᠷᠢᠶᠠᠯ
ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠭᠤᠣᠯ ᠰᠢᠵᠢᠮ᠎ᠢ ᠪᠦᠭᠦ ᠲᠠᠯ᠎ᠠ᠎ᠪᠠᠷ ᠲᠤᠭᠤᠰᠢᠯᠠᠭᠤᠯᠬᠤ ᠲᠤᠬᠠᠢ ᠠᠷᠭ᠎ᠠ ᠬᠡᠮᠵᠢᠶ᠎ᠡ᠎ᠨᠦᠭᠦᠳ》᠎ᠢ ᠳᠠᠷᠤᠮᠠᠯᠯᠠᠨ ᠲᠠᠷᠬᠠᠭ᠋ᠠᠪᠠ
ᠨᠡᠶ᠋ᠢᠲᠡᠯᠡᠭᠰᠡᠨ ᠴᠠᠭ᠄ 2024-01-05

    ᠣᠶ᠋ᠢᠷ᠎ᠠ᠎ᠳᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠭᠤᠣᠯ ᠰᠢᠵᠢᠮ᠎ᠢ ᠪᠦᠭᠦ ᠲᠠᠯ᠎ᠠ᠎ᠪᠠᠷ ᠲᠤᠭᠤᠰᠢᠯᠠᠭᠤᠯᠬᠤ ᠲᠤᠬᠠᠢ ᠠᠷᠭ᠎ᠠ ᠬᠡᠮᠵᠢᠶ᠎ᠡ᠎ᠨᠦᠭᠦᠳ》᠎ᠢ ᠳᠠᠷᠤᠮᠠᠯᠯᠠᠨ ᠲᠠᠷᠬᠠᠭ᠋ᠠᠪᠠ᠂ ᠭᠤᠣᠯ ᠠᠭᠤᠯᠭ᠎ᠠ᠎ᠨᠢ ᠳᠣᠣᠷᠠᠬᠢ ᠮᠡᠲᠦ᠄
    ᠶᠡᠷᠦᠩᠬᠡᠢ ᠱᠦᠵᠢ ᠰᠢ ᠵᠢᠨ ᠫᠢᠩ᠎ᠤᠨ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠪᠣᠯ ᠰᠢᠨ᠎ᠡ ᠴᠠᠭ ᠦᠶ᠎ᠡ ᠵᠢᠨ ᠨᠠᠮ᠎ᠤᠨ ᠦᠨᠳᠦᠰᠦᠲᠡᠨ᠎ᠤ ᠠᠵᠢᠯ᠎ᠤᠨ ᠭᠤᠣᠯ ᠰᠢᠵᠢᠮ ᠮᠥᠨ᠂ ᠪᠠᠰᠠ ᠴᠤ᠌ ᠦᠨᠳᠦᠰᠦᠲᠡᠨ᠎ᠤ ᠭᠠᠵᠠᠷ ᠣᠷᠣᠨ᠎ᠤ ᠡᠯ᠎ᠡ ᠵᠦᠢ᠍ᠯ᠎ᠤᠨ ᠠᠵᠢᠯ᠎ᠤᠨ ᠭᠤᠣᠯ ᠰᠢᠵᠢᠮ ᠮᠥᠨ》 ᠭᠡᠬᠦ ᠲᠤᠬᠠᠢ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠢ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠵᠢᠱ᠌ᠢᠶᠡᠴᠢ ᠥᠪᠡᠷᠲᠡᠭᠡᠨ ᠵᠠᠰᠠᠬᠤ ᠣᠷᠣᠨ᠎ᠢ ᠪᠦᠭᠦ ᠲᠠᠯ᠎ᠠ᠎ᠪᠠᠷ ᠪᠦᠲᠦᠭᠡᠨ ᠪᠠᠶ᠋ᠢᠭᠤᠯᠬᠤ ᠵᠢ ᠨᠠᠩ ᠰᠠᠶ᠋ᠢᠲᠤᠷ ᠠᠬᠢᠭᠤᠯᠬᠤ ᠵᠢᠨ ᠲᠥᠯᠥᠭᠡ᠂ ᠳᠣᠣᠷᠠᠬᠢ ᠠᠷᠭ᠎ᠠ ᠬᠡᠮᠵᠢᠶ᠎ᠡ᠎ᠨᠦᠭᠦᠳ᠎ᠢ ᠳᠤᠷᠠᠳᠪᠠ᠃
    1. ᠡᠯ᠎ᠡ ᠱᠠᠲᠤᠨ᠎ᠤ ᠨᠠᠮ᠎ᠤᠨ ᠬᠤᠷᠢᠶ᠎ᠠ ᠵᠢᠨ ᠠᠯᠪᠠᠨ ᠲᠢᠩᠬᠢᠮ (ᠠᠯᠪᠠᠨ ᠭᠡᠷ)᠎ᠳᠤ ᠡᠯ᠎ᠡ ᠵᠦᠢ᠍ᠯ᠎ᠤᠨ ᠠᠵᠢᠯ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠭᠤᠣᠯ ᠰᠢᠵᠢᠮ᠎ᠢ ᠲᠤᠭᠤᠰᠢᠯᠠᠭᠤᠯᠬᠤ ᠲᠤᠰᠢᠶᠠᠯ ᠬᠠᠷᠢᠭᠤᠴᠠᠯᠭ᠎ᠠ ᠣᠯᠭᠤᠵᠤ᠂ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ᠂ ᠬᠢᠨᠠᠨ ᠬᠠᠷᠭᠤᠭᠤᠯᠵᠤ ᠪᠣᠭᠤᠮᠲᠠ ᠰᠠᠬᠢᠵᠤ᠂ ᠰᠢᠢ᠍ᠳᠪᠦᠷᠢᠲᠦ ᠪᠣᠳᠣᠯᠭ᠎ᠠ ᠵᠢ ᠰᠤᠳᠤᠯᠵᠤ᠂ ᠱᠠᠯᠠᠪᠳᠠᠭᠤᠯᠤᠨ ᠨᠠᠶ᠋ᠢᠳᠠᠪᠤᠷᠢᠵᠢᠭᠤᠯᠵᠤ᠂ ᠵᠢᠯ᠎ᠤᠨ ᠡᠬᠢᠨ᠎ᠳᠤ ᠲᠣᠬᠢᠷᠠᠭᠤᠯᠤᠯᠲᠠ ᠬᠢᠵᠦ᠂ ᠲᠣᠭᠲᠠᠮᠠᠯ ᠬᠤᠭᠤᠴᠠᠭ᠎ᠠ᠎ᠲᠠᠢ᠎ᠪᠠᠷ ᠲᠣᠬᠢᠷᠠᠭᠤᠯᠤᠯᠲᠠ ᠬᠢᠵᠦ᠂ ᠵᠢᠯ᠎ᠤᠨ ᠡᠴᠦᠰ᠎ᠲᠤ ᠪᠠᠶ᠋ᠢᠴᠠᠭ᠋ᠠᠯᠲᠠ ᠬᠢᠨ᠎ᠡ᠃ ᠡᠯ᠎ᠡ ᠱᠠᠲᠤᠨ᠎ᠤ ᠨᠠᠮ᠎ᠤᠨ ᠬᠤᠷᠢᠶ᠎ᠠ ᠵᠢᠨ ᠨᠢᠭᠡᠳᠦᠮᠡᠯ ᠹᠷᠣᠨᠲ᠎ᠤᠨ ᠰᠠᠯᠠᠭ᠎ᠠ ᠮᠥᠴᠢᠷ᠎ᠲᠤ ᠦᠨᠳᠦᠰᠦᠲᠡᠨ᠎ᠤ ᠠᠵᠢᠯ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠭᠤᠣᠯ ᠰᠢᠵᠢᠮ᠎ᠢ ᠲᠤᠭᠤᠰᠢᠯᠠᠭᠤᠯᠬᠤ ᠲᠤᠰᠢᠶᠠᠯ ᠬᠠᠷᠢᠭᠤᠴᠠᠯᠭ᠎ᠠ ᠣᠯᠭᠤᠵᠤ᠂ ᠠᠵᠢᠯ᠎ᠢ ᠨᠢᠭᠡᠳᠦᠯᠲᠡᠢ ᠲᠥᠯᠥᠪᠵᠢᠭᠦᠯᠦᠨ ᠵᠣᠬᠢᠴᠠᠭᠤᠯᠵᠤ ᠰᠠᠶ᠋ᠢᠲᠤᠷ ᠬᠢᠨ᠎ᠡ᠃
    2. ᠡᠯ᠎ᠡ ᠰᠠᠯᠠᠭ᠎ᠠ ᠮᠥᠴᠢᠷ ᠡᠯ᠎ᠡ ᠨᠢᠭᠡᠴᠢ ᠵᠢᠨ᠎ᠬᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠭᠤᠣᠯ ᠰᠢᠵᠢᠮ᠎ᠢ ᠪᠦᠭᠦ ᠲᠠᠯ᠎ᠠ᠎ᠪᠠᠷ ᠲᠤᠭᠤᠰᠢᠯᠠᠭᠤᠯᠬᠤ ᠵᠢ 《ᠭᠤᠷᠪᠠ ᠵᠢ ᠲᠣᠭᠲᠠᠭ᠋ᠠᠬᠤ》 ᠲᠣᠭᠲᠠᠭ᠋ᠠᠯ᠎ᠳᠤ ᠪᠢᠴᠢᠨ ᠣᠷᠣᠭᠤᠯᠵᠤ᠂ ᠡᠭᠦᠷᠭᠡ ᠴᠢᠳᠠᠪᠬᠢ ᠲᠤᠰᠢᠶᠠᠯ ᠬᠠᠷᠢᠭᠤᠴᠠᠯᠭ᠎ᠠ ᠵᠢ ᠲᠣᠳᠣᠷᠬᠠᠶ᠋ᠢᠯᠠᠵᠤ᠂ ᠲᠤᠰᠬᠠᠶ᠋ᠢᠯᠠᠨ ᠬᠢᠬᠦ ᠪᠠᠶ᠋ᠢᠭᠤᠯᠤᠮᠵᠢ ᠵᠢ ᠲᠣᠳᠣᠷᠬᠠᠶ᠋ᠢᠯᠠᠵᠤ᠂ ᠣᠨ᠎ᠤ ᠠᠵᠢᠯ᠎ᠤᠨ ᠲᠥᠯᠥᠪᠯᠡᠭᠡ ᠪᠠ ᠭᠤᠣᠯᠳᠠᠯᠭ᠎ᠠ᠎ᠳᠤ ᠣᠷᠣᠭᠤᠯᠵᠤ᠂ ᠡᠳᠦᠷ ᠲᠤᠳᠤᠮ᠎ᠤᠨ ᠠᠵᠢᠯ᠎ᠳᠠᠭᠠᠨ ᠠᠭᠤᠰᠬᠠᠵᠤ᠂ ᠪᠠᠶ᠋ᠢᠩᠭᠤ ᠠᠳᠬᠤᠬᠤ ᠬᠡᠷᠡᠭᠲᠡᠢ᠃ ᠡᠯ᠎ᠡ ᠬᠡᠷᠡᠭ ᠵᠥᠪᠯᠡᠵᠦ ᠵᠣᠬᠢᠴᠠᠭᠤᠯᠬᠤ ᠪᠠᠶ᠋ᠢᠭᠤᠯᠤᠮᠵᠢ ᠬᠤᠯᠪᠣᠭᠳᠠᠯ ᠪᠦᠬᠦᠢ ᠱᠠᠭ᠋ᠠᠷᠳᠠᠯᠭ᠎ᠠ ᠵᠢ ᠠᠵᠢᠯ᠎ᠤᠨ ᠳᠦᠷᠢᠮ ᠵᠢᠴᠢ ᠲᠡᠭᠦᠨ᠎ᠤ ᠪᠠᠶ᠋ᠢᠩᠭᠤ ᠵᠢᠨ ᠲᠣᠬᠢᠷᠠᠭᠤᠯᠤᠭᠰᠠᠨ ᠬᠡᠷᠡᠭ ᠡᠷᠭᠢᠯᠡᠭᠦ ᠪᠠᠶ᠋ᠢᠭᠤᠯᠤᠮᠵᠢ ᠵᠢᠨ ᠠᠵᠢᠯ᠎ᠤᠨ ᠨᠠᠷᠢᠨ ᠳᠦᠷᠢᠮ᠎ᠳᠤ ᠪᠢᠴᠢᠵᠦ ᠣᠷᠣᠭᠤᠯᠬᠤ ᠬᠡᠷᠡᠭᠲᠡᠢ᠃ ᠡᠯ᠎ᠡ ᠪᠦᠯᠭᠦᠮ ᠨᠡᠶ᠋ᠢᠲᠡ ᠵᠢᠨ ᠵᠣᠬᠢᠶᠠᠨ ᠪᠠᠶ᠋ᠢᠭᠤᠯᠤᠯᠲᠠ ᠵᠢᠨ᠎ᠬᠢᠨ ᠬᠠᠷᠢᠯᠴᠠᠵᠤ ᠪᠠᠶ᠋ᠢᠭ᠎ᠠ ᠣᠯᠠᠨ ᠲᠦᠮᠡᠨ᠎ᠳᠡᠭᠡᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢ ᠵᠣᠬᠢᠶᠠᠨ ᠪᠠᠶ᠋ᠢᠭᠤᠯᠵᠤ ᠳᠠᠶ᠋ᠢᠴᠢᠯᠠᠬᠤ ᠪᠠ ᠬᠥᠮᠥᠵᠢᠭᠦᠯᠵᠦ ᠬᠥᠲᠥᠯᠥᠨ ᠵᠢᠯᠤᠭᠤᠳᠬᠤ ᠲᠤᠰᠢᠶᠠᠯ ᠬᠠᠷᠢᠭᠤᠴᠠᠯᠭ᠎ᠠ᠎ᠪᠠᠨ ᠴᠢᠩᠭ᠋ᠠᠳᠬᠠᠵᠤ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢ ᠡᠯ᠎ᠡ ᠠᠵᠢᠯ ᠲᠥᠷᠥᠯ᠎ᠤᠨ ᠳᠦᠷᠢᠮ ᠲᠣᠭᠲᠠᠭ᠋ᠠᠯ᠂ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠳᠦᠷᠢᠮ ᠪᠠ ᠲᠣᠰᠬᠤᠨ᠎ᠤ ᠲᠣᠭᠲᠠᠭ᠋ᠠᠯ ᠠᠷᠠᠳ᠎ᠤᠨ ᠭᠡᠷ᠎ᠡ᠂ ᠬᠤᠲᠠ ᠵᠢᠨ ᠠᠷᠠᠳ᠎ᠤᠨ ᠨᠡᠶ᠋ᠢᠲᠡ ᠵᠢᠨ ᠭᠡᠷ᠎ᠡ᠎ᠳᠤ ᠪᠢᠴᠢᠵᠦ ᠣᠷᠣᠭᠤᠯᠬᠤ ᠵᠢ ᠠᠬᠢᠭᠤᠯᠵᠤ᠂ ᠠᠵᠤ ᠠᠬᠤᠶ᠋ᠢᠯᠠᠯ᠎ᠤᠨ ᠰᠣᠶᠣᠯ᠎ᠤᠨ ᠪᠠᠶ᠋ᠢᠭᠤᠯᠤᠯᠲᠠ᠎ᠳᠤ ᠠᠭᠤᠰᠤᠯᠴᠠᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠠᠮᠢᠳᠤᠷᠠᠯ᠎ᠳᠤ ᠠᠭᠤᠰᠤᠯᠴᠠᠭᠤᠯᠵᠤ᠂ ᠠᠵᠢᠯᠯᠠᠭ᠋ᠠᠨ᠎ᠤ ᠪᠠᠷᠢᠮᠵᠢᠶ᠎ᠠ ᠪᠠ ᠡᠳᠦᠷ ᠲᠤᠲᠤᠮ᠎ᠤᠨ ᠳᠠᠳᠬᠠᠯ ᠪᠤᠯᠭ᠋ᠠᠬᠤ ᠬᠡᠷᠡᠭᠲᠡᠢ᠃
    3. ᠡᠯ᠎ᠡ ᠱᠠᠲᠤᠨ᠎ᠤ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠶᠡᠷᠦᠩᠬᠡᠢ ᠱᠦᠵᠢ ᠰᠢ ᠵᠢᠨ ᠫᠢᠩ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠲᠤᠬᠠᠢ ᠴᠢᠬᠤᠯᠠ ᠥᠭᠦᠯᠡᠯᠲᠡ ᠵᠢ ᠨᠠᠮ᠎ᠤᠨ ᠭᠡᠰᠢᠭᠦᠨ ᠺᠠᠳ᠋ᠷ᠎ᠤᠨ ᠰᠤᠷᠤᠯᠴᠠᠬᠤ ᠲᠥᠯᠥᠪᠯᠡᠭᠡ ᠪᠠ ᠬᠥᠮᠦᠵᠢᠯ ᠪᠣᠯᠪᠠᠰᠤᠷᠠᠯ᠎ᠤᠨ ᠲᠥᠯᠥᠪᠯᠡᠭᠡ᠎ᠳᠤ ᠣᠷᠣᠭᠤᠯᠵᠤ᠂ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠵᠢᠨ ᠤᠨᠤᠯ ᠰᠤᠷᠤᠯᠴᠠᠬᠤ ᠭᠤᠣᠯ ᠳᠤᠭᠤᠶ᠋ᠢᠯᠠᠩ ᠵᠢᠯ ᠪᠦᠷᠢ ᠨᠠᠭ᠋ᠠᠲᠤ ᠵᠠᠬ᠎ᠠ᠎ᠨᠢ ᠨᠢᠭᠡ ᠤᠳᠠᠭ᠎ᠠ ᠲᠤᠰᠬᠠᠢ ᠰᠡᠳᠦᠪ ᠵᠶ᠋ᠠᠷ ᠰᠤᠷᠤᠯᠴᠠᠵᠦ ᠰᠤᠳᠤᠯᠤᠨ ᠶᠠᠷᠢᠯᠴᠠᠵᠤ᠂ ᠦᠨᠳᠦᠰᠦᠨ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠵᠢᠯ ᠪᠦᠷᠢ ᠨᠠᠭ᠋ᠠᠲᠤ ᠵᠠᠬ᠎ᠠ᠎ᠨᠢ ᠨᠢᠭᠡ ᠤᠳᠠᠭ᠎ᠠ ᠲᠤᠰᠬᠠᠢ ᠰᠡᠳᠦᠪ ᠵᠶ᠋ᠠᠷ ᠰᠤᠷᠤᠯᠴᠠᠨ ᠰᠣᠯᠢᠯᠴᠠᠬᠤ ᠵᠢ ᠵᠣᠬᠢᠶᠠᠨ ᠪᠠᠶ᠋ᠢᠭᠤᠯᠬᠤ ᠬᠡᠷᠡᠭᠲᠡᠢ᠃ ᠡᠯ᠎ᠡ ᠱᠠᠲᠤᠨ᠎ᠤ ᠨᠠᠮ᠎ᠤᠨ ᠰᠤᠷᠭ᠋ᠠᠭᠤᠯᠢ (ᠵᠠᠰᠠᠭ ᠵᠠᠬᠢᠷᠭ᠋ᠠᠨ᠎ᠤ ᠳᠡᠭᠡᠳᠦ ᠰᠤᠷᠭ᠋ᠠᠭᠤᠯᠢ)᠂ ᠺᠠᠳ᠋ᠷ᠎ᠤᠨ ᠳᠡᠭᠡᠳᠦ ᠰᠤᠷᠭ᠋ᠠᠭᠤᠯᠢ᠂ ᠨᠡᠶ᠋ᠢᠭᠡᠮ ᠵᠢᠷᠤᠮ᠎ᠤᠨ ᠳᠡᠭᠡᠳᠦ ᠰᠤᠷᠭ᠋ᠠᠭᠤᠯᠢ ᠵᠢᠨ ᠬᠤᠯᠪᠣᠭᠳᠠᠯ ᠪᠦᠬᠦᠢ ᠬᠢᠴᠢᠶᠡᠯ ᠵᠢᠴᠢ ᠪᠣᠯᠪᠠᠰᠤᠷᠠᠯ᠎ᠤᠨ ᠠᠭᠤᠯᠭ᠎ᠠ ᠵᠢᠨ ᠬᠤᠪᠢ ᠵᠢᠨ ᠵᠢᠩ᠎ᠢ ᠰᠤᠷᠤᠯᠭ᠎ᠠ ᠵᠢᠨ ᠬᠤᠭᠤᠴᠠᠭ᠎ᠠ ᠪᠦᠷᠢ ᠵᠢᠨ ᠶᠡᠷᠦᠩᠬᠡᠢ ᠬᠢᠴᠢᠶᠡᠯ᠎ᠤᠨ ᠴᠠᠭ᠎ᠤᠨ 20%᠎ᠠᠴᠠ ᠳᠣᠣᠷ᠎ᠠ ᠪᠠᠶ᠋ᠢᠯᠭ᠋ᠠᠵᠤ ᠪᠤᠯᠬᠤ ᠦᠭᠡᠢ᠃
    4. ᠡᠯ᠎ᠡ ᠱᠠᠲᠤᠨ᠎ᠤ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢᠨ ᠲᠣᠭᠤᠷᠢᠨ᠎ᠳᠤ ᠨᠠᠮ᠎ᠤᠨ ᠭᠡᠰᠢᠭᠦᠨ ᠤᠳᠤᠷᠢᠳᠬᠤ ᠺᠠᠳ᠋ᠷ᠎ᠤᠨ ᠨᠠᠮ᠎ᠤᠨ ᠬᠢᠴᠢᠶᠡᠯ ᠣᠷᠣᠬᠤ ᠪᠠ ᠦᠵᠡᠯ ᠰᠠᠨᠠᠭ᠎ᠠ ᠤᠯᠤᠰ ᠲᠥᠷᠥ ᠵᠢᠨ ᠬᠢᠴᠢᠶᠡᠯ ᠣᠷᠣᠬᠤ ᠳᠦᠷᠢᠮ᠎ᠢ ᠲᠡᠭᠦᠯᠳᠡᠷᠵᠢᠭᠦᠯᠦᠨ ᠴᠢᠩᠭ᠎ᠠ ᠨᠠᠶ᠋ᠢᠳᠠᠪᠤᠷᠢᠵᠢᠭᠤᠯᠬᠤ ᠬᠡᠷᠡᠭᠲᠡᠢ᠃ ᠡᠯ᠎ᠡ ᠱᠠᠲᠤᠨ᠎ᠤ ᠨᠠᠮ᠎ᠤᠨ ᠬᠤᠷᠢᠶ᠎ᠠ ᠵᠢᠨ ᠤᠬᠠᠭᠤᠯᠬᠤ ᠰᠠᠯᠠᠭ᠎ᠠ ᠮᠥᠴᠢᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠪᠠᠶ᠋ᠢᠩᠭᠤᠵᠢᠭᠰᠠᠨ ᠤᠬᠠᠭᠤᠯᠭ᠎ᠠ ᠬᠥᠮᠦᠵᠢᠯ᠎ᠤᠨ ᠲᠣᠭᠲᠠᠴᠠ ᠵᠢ ᠲᠡᠭᠦᠯᠳᠡᠷᠵᠢᠭᠦᠯᠵᠦ᠂ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠨ᠎ᠬᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠬᠥᠮᠦᠵᠢᠯ ᠦᠢ᠍ᠯᠡᠳᠦᠯᠭᠡ ᠵᠢᠨ ᠰᠠᠭᠤᠷᠢᠨ᠎ᠤ ᠪᠠᠶ᠋ᠢᠭᠤᠯᠤᠯᠲᠠ ᠵᠢ ᠴᠢᠩᠭ᠋ᠠᠳᠬᠠᠵᠤ᠂ 《ᠭᠤᠷᠪᠠᠨ ᠰᠠᠯᠵᠤ ᠴᠢᠳᠠᠬᠤ ᠦᠭᠡᠢ》᠂ 《ᠲᠦᠷᠪᠡᠨ ᠬᠠᠮᠲᠤ᠎ᠪᠠᠷ》᠂ 《ᠲᠦᠷᠪᠡᠨ ᠬᠠᠮᠲᠤᠳᠬᠠᠬᠤ》᠂ 《ᠲᠠᠪᠤᠨ ᠬᠠᠮᠲᠤ ᠵᠢᠨ ᠲᠠᠨᠢᠯᠲᠠ》᠂ 《ᠲᠠᠪᠤᠨ ᠦᠵᠡᠯᠲᠡ》 ᠪᠠ 《ᠲᠤᠯᠤᠭ᠋ᠠᠨ ᠲᠠᠯ᠎ᠠ᠎ᠪᠠᠷ ᠵᠢᠱ᠌ᠢᠶᠡᠴᠢ ᠪᠤᠯᠬᠤ》 ᠵᠡᠷᠭᠡ ᠣᠶ᠋ᠢᠯᠠᠭ᠋ᠠᠭᠳᠠᠬᠤᠨ ᠪᠠ ᠱᠠᠭ᠋ᠠᠷᠳᠠᠯᠭ᠎ᠠ ᠵᠢᠨ ᠲᠤᠬᠠᠢ ᠦᠷᠭᠦᠯᠵᠢᠯᠡᠨ ᠭᠦᠨᠵᠡᠭᠡᠢ ᠤᠬᠠᠭᠤᠯᠤᠨ ᠲᠠᠶ᠋ᠢᠯᠪᠤᠷᠢᠯᠠᠬᠤ ᠬᠡᠷᠡᠭᠲᠡᠢ᠃
    5. ᠡᠯ᠎ᠡ ᠱᠠᠲᠤᠨ᠎ᠤ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠶᠡᠷᠦᠩᠬᠡᠢ ᠱᠦᠵᠢ ᠰᠢ ᠵᠢᠨ ᠫᠢᠩ ᠪᠣᠯᠣᠨ ᠨᠠᠮ᠎ᠤᠨ ᠲᠥᠪ ᠬᠤᠷᠢᠶ᠎ᠠ᠎ᠠᠴᠠ ᠥᠪᠥᠷ ᠮᠣᠩᠭᠤᠯ᠎ᠤᠨ ᠠᠷᠠᠳ ᠲᠦᠮᠡᠨ᠎ᠢ ᠬᠠᠯᠠᠮᠵᠢᠯᠠᠵᠤ ᠪᠠᠶ᠋ᠢᠬᠤ ᠵᠢ ᠤᠬᠠᠭᠤᠯᠬᠤ᠂ ᠨᠠᠮ᠎ᠤᠨ ᠡᠨᠡᠷᠢᠯ ᠬᠠᠶ᠋ᠢᠷ᠎ᠠ ᠵᠢ ᠤᠬᠠᠭᠤᠯᠬᠤ ᠠᠵᠢᠯ᠎ᠤᠨ ᠲᠣᠭᠲᠠᠴᠠ ᠵᠢ ᠪᠠᠶ᠋ᠢᠭᠤᠯᠵᠤ᠂ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ ᠵᠢᠨ ᠰᠤᠷᠤᠯᠴᠠᠯᠭ᠎ᠠ ᠬᠥᠮᠦᠵᠢᠯ ᠪᠠ 《ᠨᠠᠮ᠎ᠤᠨ ᠠᠴᠢ᠎ᠳᠤ ᠲᠠᠯᠠᠷᠬᠠᠵᠤ᠂ ᠨᠠᠮ᠎ᠤᠨ ᠦᠭᠡ ᠵᠢ ᠰᠣᠨᠣᠰᠴᠤ᠂ ᠨᠠᠮ ᠵᠶ᠋ᠠᠨ ᠳᠠᠭ᠋ᠠᠬᠤ》 ᠣᠯᠠᠨ ᠲᠦᠮᠡᠨ᠎ᠤ ᠬᠥᠮᠦᠵᠢᠯ ᠦᠢ᠍ᠯᠡᠳᠦᠯᠭᠡ ᠵᠢᠨ ᠠᠵᠢᠯᠯᠠᠭ᠎ᠠ ᠵᠢ ᠪᠠᠶ᠋ᠢᠩᠭᠤᠵᠢᠭᠤᠯᠤᠨ ᠥᠷᠨᠢᠭᠦᠯᠵᠦ᠂ ᠦᠨᠳᠦᠰᠦᠲᠡᠨ᠎ᠨᠦᠭᠦᠳ᠎ᠤᠨ ᠺᠠᠳ᠋ᠷ ᠣᠯᠠᠨ ᠲᠦᠮᠡᠨ᠎ᠢ ᠬᠥᠮᠥᠵᠢᠭᠦᠯᠦᠨ ᠵᠢᠯᠤᠭᠤᠳᠴᠤ 《ᠵᠢᠷᠭᠤᠭ᠋ᠠᠨ ᠥᠭᠦᠯᠡᠪᠦᠷᠢ᠎ᠳᠠᠬᠢ ᠪᠣᠳᠠᠲᠤ ᠶᠠᠪᠤᠳᠠᠯ ᠪᠠ ᠶᠣᠰᠣ ᠤᠴᠢᠷ》᠎ᠢ ᠪᠠᠲᠤ ᠴᠡᠭᠡᠵᠢᠯᠡᠭᠦᠯᠵᠦ᠂ ᠨᠠᠩ ᠡᠷᠡᠰ ᠪᠠᠲᠤ ᠤᠬᠠᠮᠰᠠᠷ᠎ᠠᠴᠠ᠎ᠪᠠᠨ ᠶᠡᠷᠦᠩᠬᠡᠢ ᠱᠦᠵᠢ ᠰᠢ ᠵᠢᠨ ᠫᠢᠩ᠎ᠢ ᠲᠠᠭ᠋ᠠᠵᠤ ᠰᠢᠨ᠎ᠡ ᠠᠶᠠᠨ᠎ᠳᠤ ᠡᠷᠡᠯᠬᠡᠭᠯᠡᠨ ᠤᠷᠤᠭᠰᠢᠯᠠᠭᠤᠯᠬᠤ ᠬᠡᠷᠡᠭᠲᠡᠢ᠃
    6. ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ ᠵᠢᠴᠢ ᠲᠣᠭᠤᠷᠢᠭ ᠪᠠᠶ᠋ᠢᠭᠤᠯᠤᠭᠰᠠᠨ ᠬᠤᠲᠠ᠂ ᠥᠪᠡᠷᠲᠡᠭᠡᠨ ᠵᠠᠰᠠᠬᠤ ᠬᠤᠰᠢᠭᠤᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ ᠣᠲᠣ ᠵᠢᠨ ᠬᠡᠷᠡᠭᠵᠢᠭᠦᠯᠵᠦ ᠪᠠᠶ᠋ᠢᠭ᠎ᠠ ᠬᠦᠴᠦᠨ ᠪᠦᠬᠦᠢ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠂ ᠥᠪᠡᠷᠲᠡᠭᠡᠨ ᠵᠠᠰᠠᠬᠤ ᠳᠦᠷᠢᠮ ᠪᠠ ᠲᠤᠰᠬᠠᠢ ᠳᠦᠷᠢᠮ᠎ᠢ ᠪᠦᠭᠦ ᠲᠠᠯ᠎ᠠ᠎ᠪᠠᠷ ᠡᠮᠬᠢᠯᠡᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠳᠤ ᠨᠡᠶ᠋ᠢᠴᠡᠬᠦ ᠦᠭᠡᠢ ᠪᠠᠶ᠋ᠢᠪᠠᠯ ᠴᠠᠭ ᠲᠤᠬᠠᠢ᠎ᠳᠤᠨᠢ ᠵᠠᠰᠠᠪᠤᠷᠢ ᠣᠷᠣᠭᠤᠯᠬᠤ ᠪᠤᠶᠤ ᠬᠦᠴᠦᠨ ᠦᠭᠡᠢ ᠪᠤᠯᠭ᠋ᠠᠬᠤ ᠬᠡᠷᠡᠭᠲᠡᠢ᠃ ᠣᠷᠣᠨ ᠨᠤᠲᠤᠭ᠎ᠤᠨ ᠴᠢᠨᠠᠷᠲᠠᠢ ᠬᠠᠤᠯᠢ ᠲᠣᠭᠲᠠᠭ᠋ᠠᠯ᠎ᠢ ᠲᠣᠭᠲᠠᠭ᠋ᠠᠬᠤ᠎ᠳᠠᠭᠠᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢ ᠤᠷᠢᠳ ᠵᠶ᠋ᠠᠷ ᠬᠢᠨᠠᠨ ᠬᠠᠷᠭᠤᠭᠤᠯᠬᠤ ᠨᠥᠬᠦᠴᠡᠯ ᠪᠤᠯᠭ᠋ᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠪᠠᠶ᠋ᠢᠩᠭᠤ ᠵᠢᠨ ᠬᠤᠷᠢᠶ᠎ᠠ ᠣᠷᠴᠣᠨ᠎ᠤ ᠥᠪᠡᠷᠲᠡᠭᠡᠨ ᠵᠠᠰᠠᠬᠤ ᠬᠤᠰᠢᠭᠤ᠂ ᠡᠸᠡᠩᠬᠢ ᠦᠨᠳᠦᠰᠦᠲᠡᠨ᠎ᠤ ᠥᠪᠡᠷᠲᠡᠭᠡᠨ ᠵᠠᠰᠠᠬᠤ ᠬᠤᠰᠢᠭᠤ᠂ ᠮᠣᠷᠢᠨᠳᠠᠪᠠᠭ᠎ᠠ ᠵᠢᠨ ᠳᠠᠭᠤᠷ ᠦᠨᠳᠦᠰᠦᠲᠡᠨ᠎ᠤ ᠥᠪᠡᠷᠲᠡᠭᠡᠨ ᠵᠠᠰᠠᠬᠤ ᠬᠤᠰᠢᠭᠤ ᠵᠢᠨ ᠥᠪᠡᠷᠲᠡᠭᠡᠨ ᠵᠠᠰᠠᠬᠤ ᠳᠦᠷᠢᠮ᠎ᠳᠤ ᠵᠠᠰᠠᠪᠤᠷᠢ ᠣᠷᠣᠭᠤᠯᠬᠤ ᠠᠵᠢᠯ᠎ᠢ ᠵᠢᠭ᠋ᠠᠨ ᠵᠢᠯᠤᠭᠤᠳᠬᠤ ᠬᠡᠷᠡᠭᠲᠡᠢ᠃
    7. ᠥᠪᠡᠷᠲᠡᠭᠡᠨ ᠵᠠᠰᠠᠬᠤ ᠣᠷᠣᠨ᠎ᠤ ᠬᠠᠤᠯᠢ ᠴᠠᠭ᠋ᠠᠵᠠ ᠵᠢᠨ ᠲᠢᠩᠬᠢᠮ ᠣᠲᠣ ᠵᠢᠨ ᠬᠡᠷᠡᠭᠵᠢᠭᠦᠯᠵᠦ ᠪᠠᠶ᠋ᠢᠭ᠎ᠠ ᠬᠦᠴᠦᠨ ᠪᠦᠬᠦᠢ ᠵᠠᠰᠠᠭ᠎ᠤᠨ ᠣᠷᠳᠣᠨ᠎ᠤ ᠳᠦᠷᠢᠮ ᠲᠣᠭᠲᠠᠭ᠋ᠠᠯ᠎ᠢ ᠪᠦᠭᠦ ᠲᠠᠯ᠎ᠠ᠎ᠪᠠᠷ ᠡᠮᠬᠢᠯᠡᠨ ᠳᠢᠭᠯᠡᠵᠦ᠂ ᠳᠥᠷᠪᠡᠨ ᠱᠠᠲᠤᠨ᠎ᠤ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠢ ᠢᠯᠭ᠋ᠠᠷᠠᠭᠤᠯᠤᠨ ᠡᠮᠬᠢᠯᠡᠬᠦ ᠠᠵᠢᠯ᠎ᠢ ᠥᠷᠨᠢᠭᠦᠯᠦᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠭᠤᠣᠯ ᠰᠢᠵᠢᠮ ᠪᠤᠯᠭ᠋ᠠᠵᠤ ᠰᠢᠨᠵᠢᠯᠡᠬᠦ ᠤᠬᠠᠭ᠋ᠠᠨᠴᠢ ᠯᠠᠪᠳᠠᠭᠤᠨ ᠪᠣᠯᠭᠤᠮᠵᠢᠲᠠᠢ᠎ᠪᠠᠷ ᠬᠢᠨᠠᠨ ᠪᠠᠶ᠋ᠢᠴᠠᠭ᠋ᠠᠵᠤ᠂ ᠵᠣᠬᠢᠴᠠᠭᠤᠯᠤᠨ᠂ ᠬᠠᠤᠯᠢ ᠲᠣᠭᠲᠠᠭ᠋ᠠᠯ ᠳᠦᠷᠢᠮ ᠲᠣᠭᠲᠠᠭ᠋ᠠᠯ᠎ᠤᠨ ᠲᠥᠰᠥᠯ᠎ᠳᠤ ᠵᠠᠰᠠᠪᠤᠷᠢ ᠣᠷᠣᠭᠤᠯᠬᠤ ᠬᠡᠷᠡᠭᠲᠡᠢ᠃
    8. ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠠᠯᠪᠠᠨ ᠲᠢᠩᠬᠢᠮ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ᠎ᠢ ᠤᠷᠢᠳ ᠵᠶ᠋ᠠᠷ ᠬᠢᠨᠠᠨ ᠬᠠᠷᠭᠤᠭᠤᠯᠬᠤ᠂ ᠳᠡᠩᠰᠡᠯᠡᠵᠦ ᠬᠢᠨᠠᠨ ᠪᠠᠶ᠋ᠢᠴᠠᠭ᠋ᠠᠬᠤ ᠠᠵᠢᠯ᠎ᠤᠨ ᠲᠣᠭᠲᠠᠴᠠ ᠵᠢ ᠪᠦᠷᠢᠨᠰᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠳᠤ ᠨᠡᠶ᠋ᠢᠴᠡᠬᠦ ᠦᠭᠡᠢ ᠨᠠᠮ᠎ᠤᠨ ᠳᠣᠲᠣᠭ᠋ᠠᠳᠤ ᠵᠢᠨ ᠬᠠᠤᠯᠢ ᠲᠣᠭᠲᠠᠭ᠋ᠠᠯ ᠪᠠ ᠵᠢᠷᠤᠮᠵᠢᠯ᠎ᠤᠨ ᠴᠢᠨᠠᠷᠲᠠᠢ ᠪᠢᠴᠢᠭ ᠮᠠᠲ᠋ᠧᠷᠢᠶᠠᠯ᠎ᠳᠤ ᠴᠠᠭ ᠲᠤᠬᠠᠢ᠎ᠳᠤᠨᠢ ᠵᠠᠰᠠᠪᠤᠷᠢ ᠣᠷᠣᠭᠤᠯᠬᠤ ᠪᠤᠶᠤ ᠬᠦᠴᠦᠨ ᠦᠭᠡᠢ ᠪᠤᠯᠭ᠋ᠠᠬᠤ ᠬᠡᠷᠡᠭᠲᠡᠢ᠃
    9. ᠡᠯ᠎ᠡ ᠱᠠᠲᠤᠨ᠎ᠤ ᠵᠠᠰᠠᠭ᠎ᠤᠨ ᠣᠷᠳᠣᠨ᠎ᠤ ᠠᠯᠪᠠᠨ ᠲᠢᠩᠬᠢᠮ (ᠠᠯᠪᠠᠨ ᠭᠡᠷ) ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠴᠢᠬᠤᠯᠠ ᠶᠡᠭᠡ ᠲᠥᠷᠥ ᠵᠢᠨ ᠪᠣᠳᠣᠯᠭ᠎ᠠ ᠵᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠭᠤᠣᠯ ᠰᠢᠵᠢᠮ᠎ᠢ ᠲᠤᠭᠤᠰᠢᠯᠠᠭᠤᠯᠵᠤ᠂ ᠪᠤᠶ ᠪᠦᠬᠦᠢ ᠥᠭᠡᠷᠡᠴᠢᠯᠡᠯᠲᠡ ᠬᠥᠭᠵᠢᠯᠲᠡ᠎ᠳᠤ 《ᠭᠤᠷᠪᠠᠨ ᠠᠴᠢ ᠬᠤᠯᠪᠣᠭᠳᠠᠯ》᠎ᠢ ᠣᠯᠭᠤᠵᠤ ᠬᠢᠨᠠᠨ ᠬᠠᠷᠭᠤᠭᠤᠯᠬᠤ᠂ ᠦᠨᠡᠯᠡᠬᠦ᠂ ᠢᠯᠭ᠋ᠠᠷᠠᠭᠤᠯᠬᠤ ᠲᠣᠭᠲᠠᠴᠠ ᠵᠢ ᠪᠠᠶ᠋ᠢᠭᠤᠯᠵᠤ᠂ ᠡᠯ᠎ᠡ ᠵᠦᠢ᠍ᠯ᠎ᠤᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠪᠦᠭᠦ ᠲᠠᠯ᠎ᠠ᠎ᠪᠠᠷ ᠡᠮᠬᠢᠯᠡᠨ᠂ ᠴᠠᠭ ᠲᠤᠬᠠᠢ᠎ᠳᠤᠨᠢ ᠲᠣᠬᠢᠷᠠᠭᠤᠯᠤᠯᠲᠠ ᠬᠢᠵᠦ ᠲᠡᠭᠦᠯᠳᠡᠷᠵᠢᠭᠦᠯᠬᠦ

ᠬᠡᠷᠡᠭᠲᠡᠢ᠃
    10. ᠡᠯ᠎ᠡ ᠱᠠᠲᠤᠨ᠎ᠤ ᠬᠥᠭᠵᠢᠯᠲᠡ ᠵᠢᠨ ᠲᠥᠯᠦᠪᠵᠢᠭᠦᠯᠭᠡ ᠵᠢᠨ ᠵᠥᠪᠯᠡᠯ᠂ ᠬᠤᠲᠠ ᠵᠢᠨ ᠲᠥᠯᠦᠪᠵᠢᠭᠦᠯᠭᠡ ᠵᠢᠨ ᠵᠥᠪᠯᠡᠯ (ᠬᠤᠲᠠ ᠬᠥᠳᠡᠭᠡ ᠵᠢᠨ ᠲᠥᠯᠦᠪᠵᠢᠭᠦᠯᠭᠡ ᠵᠢᠨ ᠵᠥᠪᠯᠡᠯ) ᠠᠳᠠᠯᠢ ᠱᠠᠲᠤᠨ᠎ᠤ ᠦᠨᠳᠦᠰᠦᠲᠡᠨ᠎ᠤ ᠬᠡᠷᠡᠭ ᠡᠷᠭᠢᠯᠡᠭᠦ ᠵᠥᠪᠯᠡᠯ᠎ᠢ ᠪᠦᠷᠢᠯᠳᠦᠭᠦᠨ ᠨᠢᠭᠡᠴᠢ ᠪᠣᠯᠭ᠋ᠠᠨ ᠨᠡᠮᠡᠭᠳᠡᠭᠦᠯᠵᠦ᠂ ᠡᠯ᠎ᠡ ᠲᠥᠷᠥᠯ᠎ᠤᠨ ᠲᠥᠯᠦᠪᠵᠢᠭᠦᠯᠭᠡ ᠪᠠ ᠴᠢᠬᠤᠯᠠ ᠶᠡᠭᠡ ᠢᠨᠵᠧᠨᠧᠷᠢᠩ᠎ᠤᠨ ᠲᠥᠷᠥᠯ ᠵᠦᠢ᠍ᠯ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠭᠤᠣᠯ ᠰᠢᠵᠢᠮ᠎ᠢ ᠲᠤᠭᠤᠰᠢᠯᠠᠭᠤᠯᠬᠤ ᠵᠢ ᠬᠢᠨᠠᠨ ᠬᠠᠷᠭᠤᠭᠤᠯᠵᠤ ᠪᠣᠭᠤᠮᠲᠠ ᠵᠢ ᠰᠠᠬᠢᠬᠤ ᠵᠢ ᠴᠢᠩᠭ᠋ᠠᠳᠬᠠᠬᠤ ᠬᠡᠷᠡᠭᠲᠡᠢ᠃
    11. ᠡᠯ᠎ᠡ ᠱᠠᠲᠤᠨ᠎ᠤ ᠡᠳ᠋᠎ᠤᠨ ᠵᠠᠰᠠᠭ᠎ᠤᠨ ᠰᠠᠯᠠᠭ᠎ᠠ ᠮᠥᠴᠢᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠭᠤᠣᠯ ᠰᠢᠵᠢᠮ᠎ᠢ ᠲᠤᠭᠤᠰᠢᠯᠠᠭᠤᠯᠬᠤ ᠭᠤᠣᠯᠳᠠᠯᠭ᠎ᠠ᠎ᠲᠠᠢ ᠡᠭᠦᠷᠭᠡ ᠵᠢᠨ ᠡᠳ᠋᠎ᠤᠨ ᠵᠠᠰᠠᠭ᠎ᠤᠨ ᠪᠠᠲᠤᠯᠠᠭ᠎ᠠ ᠵᠢ ᠴᠢᠩᠭ᠋ᠠᠳᠬᠠᠵᠤ᠂ ᠴᠢᠬᠤᠯᠠ ᠶᠡᠭᠡ ᠪᠡᠯᠡ ᠮᠥᠩᠭᠦ ᠵᠢ ᠲᠣᠬᠢᠷᠠᠭᠤᠯᠤᠨ ᠬᠡᠷᠡᠭᠯᠡᠬᠦ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠭᠤᠣᠯ ᠰᠢᠵᠢᠮ᠎ᠢ ᠲᠤᠭᠤᠰᠢᠯᠠᠭᠤᠯᠬᠤ ᠬᠢᠨᠠᠨ ᠬᠠᠷᠭᠤᠭᠤᠯᠬᠤ ᠲᠣᠭᠲᠠᠴᠠ ᠵᠢ ᠪᠠᠶ᠋ᠢᠭᠤᠯᠬᠤ ᠬᠡᠷᠡᠭᠲᠡᠢ᠃
    12. ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠤᠷᠢᠶ᠎ᠠ ᠵᠢᠨ ᠨᠢᠭᠡᠳᠦᠮᠡᠯ ᠹᠷᠣᠨᠲ᠎ᠤᠨ ᠬᠡᠯᠲᠡᠰ᠎ᠤᠨ᠎ᠬᠢᠨ ᠨᠠᠮ᠎ᠤᠨ ᠬᠤᠷᠢᠶ᠎ᠠ ᠵᠢᠨ ᠤᠬᠠᠭᠤᠯᠬᠤ ᠬᠡᠯᠲᠡᠰ ᠵᠡᠷᠭᠡ ᠰᠠᠯᠠᠭ᠎ᠠ ᠮᠥᠴᠢᠷ ᠨᠢᠭᠡᠴᠢ᠎ᠲᠠᠢ ᠬᠠᠮᠲᠤᠷᠠᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠨᠤᠯ᠎ᠤᠨ ᠰᠤᠳᠤᠯᠭ᠋ᠠᠨ᠎ᠤ ᠰᠢᠰᠲ᠋ᠧᠮ᠎ᠤᠨ ᠪᠠᠶ᠋ᠢᠭᠤᠯᠤᠯᠲᠠ ᠵᠢ ᠠᠬᠢᠭᠤᠯᠵᠤ᠂ 《ᠳᠤᠮᠳᠠᠳᠤ ᠵᠢᠨ ᠦᠨᠳᠦᠰᠦᠲᠡᠨ᠎ᠤ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡᠨ ᠮᠠᠲ᠋ᠧᠷᠢᠶᠠᠯ᠎ᠤᠨ ᠡᠮᠬᠢᠳᠬᠡᠯ · ᠥᠪᠥᠷ ᠮᠣᠩᠭᠤᠯ᠎ᠤᠨ ᠪᠣᠳᠢ》 ᠵᠢ ᠨᠠᠶ᠋ᠢᠷᠠᠭᠤᠯᠬᠤ ᠠᠵᠢᠯ᠎ᠢ ᠰᠠᠶ᠋ᠢᠲᠤᠷ ᠠᠳᠬᠤᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠪᠠᠶ᠋ᠢᠭᠤᠯᠤᠯᠲᠠ ᠵᠢᠨ ᠰᠤᠳᠤᠯᠭ᠋ᠠᠨ᠎ᠤ ᠢᠨᠵᠧᠨᠧᠷᠢᠩ (2023 — 2027 ᠣᠨ)᠎ᠢ ᠰᠠᠶ᠋ᠢᠲᠤᠷ ᠬᠡᠷᠡᠭᠵᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠤᠨᠤᠯ᠎ᠤᠨ ᠰᠤᠳᠤᠯᠤᠨ ᠶᠠᠷᠢᠯᠴᠠᠬᠤ ᠬᠤᠷᠠᠯ᠂ ᠳᠡᠭᠡᠳᠦ ᠲᠡᠰ᠎ᠤᠨ ᠡᠷᠳᠡᠮ ᠰᠢᠨᠵᠢᠯᠡᠭᠡᠨ᠎ᠤ ᠶᠠᠷᠢᠶᠠᠨ᠎ᠤ ᠲᠠᠪᠴᠠᠩ᠎ᠢ ᠰᠠᠶ᠋ᠢᠲᠤᠷ ᠡᠷᠭᠢᠯᠡᠵᠦ᠂ ᠥᠪᠥᠷ ᠮᠣᠩᠭᠤᠯ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠭᠰᠠᠨ ᠣᠨ᠎ᠤ ᠬᠥᠬᠡ ᠭᠠᠳᠠᠷᠲᠤ ᠪᠢᠴᠢᠭ᠎ᠢ ᠨᠠᠶ᠋ᠢᠷᠠᠭᠤᠯᠤᠨ ᠪᠢᠴᠢᠬᠦ ᠬᠡᠷᠡᠭᠲᠡᠢ᠃
    13. ᠥᠪᠡᠷᠲᠡᠭᠡᠨ ᠵᠠᠰᠠᠬᠤ ᠣᠷᠣᠨ᠎ᠤ ᠦᠨᠳᠦᠰᠦᠲᠡᠨ᠎ᠤ ᠬᠡᠷᠡᠭ ᠡᠷᠭᠢᠯᠡᠭᠦ ᠵᠥᠪᠯᠡᠯ᠎ᠨᠢ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠭᠦ ᠣᠷᠣᠨ ᠵᠢᠱ᠌ᠢᠶ᠎ᠡ ᠦᠵᠡᠭᠦᠯᠭᠦ ᠨᠢᠭᠡᠴᠢ ᠵᠢᠨ 《ᠵᠠᠭᠤ ᠮᠢᠩᠭ᠎ᠠ ᠲᠦᠮᠡ᠎ᠪᠠᠷ ᠵᠢᠱ᠌ᠢᠶ᠎ᠡ ᠦᠵᠡᠭᠦᠯᠦᠨ ᠬᠥᠲᠥᠯᠥᠨ ᠳᠠᠭ᠋ᠠᠭᠤᠯᠬᠤ》 ᠢᠨᠵᠧᠨᠧᠷᠢᠩ᠎ᠢ ᠲᠦᠷᠦᠭᠦᠯᠡᠨ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠦᠨᠳᠦᠰᠦᠨ ᠴᠢᠭᠯᠡᠯ ᠪᠣᠯᠭ᠋ᠠᠨ ᠠᠭᠤᠯᠤᠭᠳᠠᠬᠤᠨ ᠵᠶ᠋ᠠᠨ ᠭᠦᠨᠵᠡᠭᠡᠶ᠋ᠢᠷᠡᠭᠦᠯᠦᠨ᠂ ᠭᠡᠯᠪᠡᠷᠢ᠎ᠪᠠᠨ ᠪᠠᠶᠠᠯᠢᠭᠵᠢᠭᠤᠯᠵᠤ᠂ ᠠᠷᠭ᠎ᠠ ᠪᠠᠷᠢᠯ᠎ᠤᠨ ᠰᠢᠨ᠎ᠡ ᠵᠢ ᠡᠭᠦᠳᠦᠨ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠦᠢ᠍ᠯᠡᠳᠪᠦᠷᠢᠯᠡᠯ ᠠᠮᠢᠳᠤᠷᠠᠯ᠎ᠤᠨ ᠳᠤᠮᠳᠠ ᠬᠠᠷᠢᠯᠴᠠᠨ ᠰᠤᠷᠤᠯᠴᠠᠵᠤ ᠬᠠᠷᠢᠯᠴᠠᠨ ᠲᠣᠯᠢ ᠪᠤᠯᠭ᠋ᠠᠬᠤ᠂ ᠬᠠᠷᠢᠯᠴᠠᠨ ᠬᠠᠪᠰᠤᠷᠤᠯᠴᠠᠵᠤ ᠬᠠᠷᠢᠯᠴᠠᠨ ᠳᠡᠮᠵᠢᠬᠦ ᠵᠢ ᠠᠬᠢᠭᠤᠯᠵᠤ᠂ ᠰᠢᠨ᠎ᠡ ᠴᠠᠭ ᠦᠶ᠎ᠡ ᠵᠢᠨ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢ ᠡᠭᠦᠳᠦᠨ ᠪᠠᠶ᠋ᠢᠭᠤᠯᠵᠤ ᠳᠡᠰ ᠳᠡᠪᠰᠢᠭᠦᠯᠬᠦ ᠬᠡᠪ ᠵᠠᠭᠪᠤᠷ᠎ᠢ ᠪᠤᠶ ᠪᠤᠯᠭ᠋ᠠᠬᠤ ᠬᠡᠷᠡᠭᠲᠡᠢ᠃ ᠬᠢᠩᠭ᠋ᠠᠨ ᠠᠶ᠋ᠢᠮᠠᠭ᠎ᠤᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢᠱ᠌ᠢᠶ᠎ᠡ ᠦᠵᠡᠭᠦᠯᠭᠦ ᠣᠷᠣᠨ᠎ᠢ ᠡᠭᠦᠳᠦᠨ ᠪᠠᠶ᠋ᠢᠭᠤᠯᠬᠤ ᠵᠢ ᠵᠢᠯᠣᠭᠤᠳᠤᠨ ᠳᠡᠮᠵᠢᠬᠦ ᠬᠡᠷᠡᠭᠲᠡᠢ᠃
    14. ᠥᠪᠡᠷᠲᠡᠭᠡᠨ ᠵᠠᠰᠠᠬᠤ ᠣᠷᠣᠨ᠎ᠤ ᠰᠤᠷᠲᠠᠯ ᠤᠬᠠᠭᠤᠯᠭ᠎ᠠ ᠰᠣᠶᠣᠯ᠎ᠤᠨ ᠰᠠᠯᠠᠭ᠎ᠠ ᠮᠥᠴᠢᠷ᠎ᠤᠳ ᠤᠮᠠᠷᠠᠲᠤ ᠬᠢᠯᠢ ᠵᠢᠨ ᠰᠣᠶᠣᠯ᠎ᠤᠨ ᠲᠦᠷᠦᠯ ᠲᠡᠮᠳᠡᠭ᠎ᠢ ᠪᠦᠭᠦ ᠬᠦᠴᠦᠨ ᠵᠶ᠋ᠠᠷ ᠵᠶ᠋ᠠᠨ ᠡᠭᠦᠳᠴᠦ᠂ ᠰᠤᠳᠤᠯᠤᠨ ᠲᠠᠶ᠋ᠢᠯᠪᠤᠷᠢᠯᠠᠬᠤ᠂ ᠤᠯᠠᠮᠵᠢᠯᠠᠨ ᠳᠡᠯᠭᠡᠷᠡᠭᠦᠯᠬᠦ᠂ ᠵᠣᠬᠢᠶᠠᠨ ᠪᠦᠲᠦᠭᠡᠵᠦ ᠦᠢ᠍ᠯᠡᠳᠪᠦᠷᠢᠯᠡᠬᠦ᠂ ᠲᠤᠯᠭ᠋ᠠᠭᠤᠷᠢᠯᠠᠨ ᠪᠠᠲᠤᠯᠠᠬᠤ ᠲᠣᠭᠲᠠᠴᠠ ᠵᠢ ᠪᠦᠷᠢᠨᠰᠢᠭᠦᠯᠵᠦ᠂ 《ᠳᠤᠮᠳᠠᠳᠤ ᠤᠯᠤᠰ · ᠤᠮᠠᠷᠠᠲᠤ ᠬᠢᠯᠢ ᠵᠢᠨ ᠰᠣᠶᠣᠯ᠎ᠤᠨ ᠨᠠᠶ᠋ᠢᠷ》᠎ᠢ ᠪᠡᠯᠡᠳᠬᠡᠨ ᠡᠷᠭᠢᠯᠡᠭᠦ ᠬᠡᠷᠡᠭᠲᠡᠢ᠃ ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠳ ᠳᠤᠮᠳᠠᠳᠤ ᠵᠢᠨ ᠰᠣᠶᠣᠯ᠎ᠤᠨ ᠠᠭᠤᠯᠤᠭᠳᠠᠬᠤᠨ᠂ ᠤᠮᠠᠷᠠᠲᠤ ᠬᠢᠯᠢ ᠵᠢᠨ ᠰᠣᠶᠣᠯ᠎ᠤᠨ ᠣᠨᠴᠠ ᠰᠢᠨᠵᠢ ᠴᠢᠨᠠᠷ ᠪᠦᠬᠦᠢ ᠨᠠᠩ ᠣᠯᠠᠨ ᠰᠣᠶᠣᠯ᠎ᠤᠨ ᠲᠡᠮᠳᠡᠭ ᠪᠠ ᠳᠦᠷᠢ ᠲᠥᠷᠬᠦ ᠵᠢ ᠪᠤᠶ ᠪᠤᠯᠭ᠋ᠠᠬᠤ ᠵᠢ ᠠᠬᠢᠭᠤᠯᠬᠤ ᠵᠢᠨ ᠬᠠᠮᠲᠤ᠂ ᠲᠡᠭᠦᠨ᠎ᠢ ᠣᠯᠠᠨ ᠨᠡᠶ᠋ᠢᠲᠡ ᠵᠢᠨ ᠰᠣᠶᠣᠯ᠎ᠤᠨ ᠲᠤᠨᠤᠭ ᠲᠥᠬᠦᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ᠂ ᠬᠤᠲᠠ ᠵᠢᠨ ᠪᠡᠯᠭᠡ ᠲᠡᠮᠳᠡᠭ᠎ᠤᠨ ᠴᠢᠨᠠᠷᠲᠠᠢ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ᠂ ᠵᠢᠭᠤᠯᠴᠢᠯᠠᠯ᠎ᠤᠨ ᠦᠵᠡᠮᠵᠢ ᠵᠢᠨ ᠦᠵᠡᠭᠦᠯᠭᠡ ᠵᠡᠷᠭᠡ ᠲᠠᠯ᠎ᠠ᠎ᠳᠤ ᠠᠭᠤᠰᠬᠠᠨ ᠣᠷᠣᠭᠤᠯᠬᠤ ᠬᠡᠷᠡᠭᠲᠡᠢ᠃
    15. ᠡᠯ᠎ᠡ ᠱᠠᠲᠤᠨ᠎ᠤ ᠰᠤᠷᠲᠠᠯ ᠤᠬᠠᠭᠤᠯᠭ᠎ᠠ ᠰᠣᠶᠣᠯ᠎ᠤᠨ ᠰᠠᠯᠠᠭ᠎ᠠ ᠮᠥᠴᠢᠷ᠎ᠤᠳ ᠡᠯ᠎ᠡ ᠲᠥᠷᠥᠯ᠎ᠤᠨ ᠳᠤᠷᠠᠰᠬᠠᠯ᠎ᠤᠨ ᠣᠷᠳᠣᠨ᠂ ᠦᠵᠡᠰᠭᠦᠯᠡᠩ᠎ᠤᠨ ᠣᠷᠳᠣᠨ᠂ ᠮᠦᠽᠧᠢ (ᠬᠦᠷᠢᠶᠡᠯᠡᠩ) ᠵᠢᠨ ᠳᠡᠯᠭᠡᠨ ᠦᠵᠡᠭᠦᠯᠭᠦ ᠠᠭᠤᠯᠭ᠎ᠠ ᠵᠢᠨ ᠰᠤᠳᠤᠯᠤᠯ ᠪᠠ ᠬᠢᠨᠠᠨ ᠬᠠᠷᠭᠤᠭᠤᠯᠵᠤ ᠪᠣᠭᠤᠮᠲᠠ ᠵᠢ ᠰᠠᠬᠢᠬᠤ᠎ᠪᠠᠨ ᠴᠢᠩᠭ᠋ᠠᠳᠬᠠᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠳᠤ ᠨᠡᠶ᠋ᠢᠴᠡᠬᠦ ᠦᠭᠡᠢ ᠠᠭᠤᠯᠭ᠎ᠠ ᠵᠢ ᠭᠦᠨᠵᠡᠭᠡᠢ ᠢᠯᠭ᠋ᠠᠷᠠᠭᠤᠯᠤᠨ ᠴᠡᠪᠡᠷᠯᠡᠵᠦ᠂ ᠨᠠᠮ᠎ᠠᠴᠠ ᠦᠨᠳᠦᠰᠦᠲᠡᠨ᠎ᠨᠦᠭᠦᠳ᠎ᠤᠨ ᠠᠷᠠᠳ ᠲᠦᠮᠡᠨ᠎ᠢ ᠤᠳᠤᠷᠢᠳᠤᠨ ᠪᠦᠯᠬᠦᠮᠳᠡᠨ ᠡᠷᠡᠯᠬᠡᠭᠯᠡᠨ ᠤᠷᠤᠭᠰᠢᠯᠠᠭᠰᠠᠨ ᠪᠠ ᠦᠨᠳᠦᠰᠦᠲᠡᠨ᠎ᠨᠦᠭᠦᠳ᠎ᠤᠨ ᠥᠷᠭᠡᠨ ᠳᠡᠯᠭᠡᠷ ᠶᠠᠪᠤᠯᠴᠠᠭ᠎ᠠ ᠰᠣᠯᠢᠯᠴᠠᠭ᠎ᠠ ᠠᠭᠤᠰᠤᠯᠴᠠᠯ᠎ᠤᠨ ᠲᠡᠦᠬᠡᠨ ᠪᠣᠳᠠᠲᠤ ᠪᠠᠶ᠋ᠢᠳᠠᠯ᠎ᠤᠨ ᠳᠡᠯᠭᠡᠨ ᠦᠵᠡᠭᠦᠯᠭᠡ ᠵᠢ ᠲᠥᠪᠯᠡᠷᠡᠭᠦᠯᠦᠨ ᠨᠡᠶ᠋ᠢᠲᠡᠯᠡᠬᠦ ᠬᠡᠷᠡᠭᠲᠡᠢ᠃ ᠴᠥᠭᠡᠨ ᠲᠣᠭ᠋ᠠᠲᠤ ᠦᠨᠳᠦᠰᠦᠲᠡᠨ᠎ᠤ ᠦᠭᠡ ᠭᠡᠯᠡ ᠦᠰᠦᠭ ᠪᠢᠴᠢᠭ᠎ᠤᠨ ᠣᠷᠴᠢᠭᠤᠯᠭ᠎ᠠ ᠵᠢᠨ ᠠᠵᠢᠯ᠎ᠢ ᠴᠢᠩᠭ᠎ᠠ ᠵᠢᠷᠤᠮᠵᠢᠭᠤᠯᠬᠤ ᠬᠡᠷᠡᠭᠲᠡᠢ᠃ ᠦᠨᠳᠦᠰᠦᠲᠡᠨ᠎ᠤ ᠬᠦᠷᠢᠶᠡᠨ᠎ᠳᠠᠬᠢ ᠬᠡᠪᠯᠡᠭᠳᠡᠬᠦᠨ᠎ᠢ ᠬᠢᠨᠠᠨ ᠬᠠᠷᠭᠤᠭᠤᠯᠬᠤ ᠬᠠᠮᠢᠶᠠᠷᠤᠯᠲᠠ ᠵᠢ ᠴᠢᠩᠭ᠋ᠠᠳᠬᠠᠵᠤ᠂ ᠭᠦᠨ ᠤᠬᠠᠭ᠋ᠠᠨ ᠨᠡᠶ᠋ᠢᠭᠡᠮ᠎ᠤᠨ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠵᠢᠴᠢ ᠬᠠᠮᠢᠶ᠎ᠠ ᠪᠦᠬᠦᠢ ᠶᠠᠷᠢᠶᠠᠨ᠎ᠤ ᠲᠠᠪᠴᠠᠩ᠂ ᠲᠠᠶ᠋ᠢᠯᠤᠮᠵᠢ ᠵᠢ ᠬᠢᠨᠠᠨ ᠬᠠᠷᠭᠤᠭᠤᠯᠬᠤ ᠬᠠᠮᠢᠶᠠᠷᠤᠯᠲᠠ ᠵᠢ ᠴᠢᠩᠭ᠋ᠠᠳᠬᠠᠵᠤ᠂ ᠡᠯ᠎ᠡ ᠲᠥᠷᠥᠯ᠎ᠤᠨ ᠰᠣᠶᠣᠯ᠎ᠤᠨ ᠰᠣᠯᠢᠯᠴᠠᠭ᠋ᠠᠨ᠎ᠤ ᠠᠵᠢᠯᠯᠠᠭ᠎ᠠ ᠢᠯᠠᠩᠭᠤᠶ᠎ᠠ ᠬᠢᠯᠢ ᠵᠢᠨ ᠭᠠᠳᠠᠨᠠᠬᠢ ᠲᠣᠬᠯᠠᠯᠲᠠ ᠵᠢᠨ ᠪᠦᠯᠭᠦᠮ᠎ᠤᠨ ᠮᠠᠨ᠎ᠤ ᠣᠷᠣᠨ᠎ᠳᠤ ᠢᠷᠡᠵᠦ ᠲᠣᠬᠯᠠᠯᠲᠠ ᠵᠢᠨ ᠠᠵᠢᠯᠯᠠᠭ᠎ᠠ ᠥᠷᠨᠢᠭᠦᠯᠬᠦ ᠵᠢ ᠬᠢᠨᠠᠨ ᠬᠠᠷᠭᠤᠭᠤᠯᠬᠤ ᠬᠠᠮᠢᠶᠠᠷᠤᠯᠲᠠ ᠵᠢ ᠴᠢᠩᠭ᠋ᠠᠳᠬᠠᠵᠤ᠂ 《ᠠᠰᠠᠭᠤᠳᠠᠯ᠎ᠲᠠᠢ᠎ᠪᠠᠷ ᠬᠡᠪᠯᠡᠭᠦᠯᠬᠦ》 ᠪᠠ 《ᠠᠰᠠᠭᠤᠳᠠᠯ᠎ᠲᠠᠢ᠎ᠪᠠᠷ ᠲᠠᠶ᠋ᠢᠰᠠᠨ᠎ᠳᠤ ᠭᠠᠷᠬᠤ》 ᠵᠢ ᠰᠡᠷᠭᠡᠶ᠋ᠢᠯᠡᠬᠦ ᠬᠡᠷᠡᠭᠲᠡᠢ᠃
    16. ᠡᠯ᠎ᠡ ᠱᠠᠲᠤᠨ᠎ᠤ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠤᠳ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢ ᠡᠯ᠎ᠡ ᠱᠠᠲᠤᠨ᠎ᠤ ᠡᠯ᠎ᠡ ᠲᠥᠷᠥᠯ᠎ᠤᠨ ᠰᠤᠷᠭ᠋ᠠᠭᠤᠯᠢ ᠵᠢᠨ ᠰᠤᠷᠭ᠋ᠠᠭᠤᠯᠢ ᠡᠷᠭᠢᠯᠡᠵᠦ ᠰᠤᠷᠭ᠋ᠠᠭᠤᠯᠢ ᠵᠢ ᠵᠠᠰᠠᠬᠤ᠂ ᠪᠢᠴᠢᠭ ᠵᠢᠭ᠋ᠠᠵᠤ ᠬᠥᠮᠥᠨ ᠬᠥᠮᠥᠵᠢᠭᠦᠯᠬᠦ ᠪᠦᠭᠦ ᠶᠠᠪᠤᠴᠠ᠎ᠳᠤ ᠠᠭᠤᠰᠤᠯᠴᠠᠭᠤᠯᠬᠤ ᠵᠢ ᠠᠬᠢᠭᠤᠯᠵᠤ᠂ ᠰᠤᠷᠭ᠋ᠠᠭᠤᠯᠢ ᠵᠢᠨ ᠨᠠᠰᠤᠨ᠎ᠠᠴᠠ ᠡᠮᠦᠨᠡᠬᠢ ᠰᠤᠷᠭ᠋ᠠᠨ ᠬᠥᠮᠦᠵᠢᠯ᠎ᠤᠨ ᠱᠠᠲᠤ ᠦᠶ᠎ᠡ᠎ᠳᠤ 《ᠠᠳᠠᠯᠢ ᠦᠭᠡ ᠭᠡᠯᠡ ᠦᠰᠦᠭ ᠪᠢᠴᠢᠭ᠎ᠲᠠᠢ ᠪᠠᠶ᠋ᠢᠯᠭ᠋ᠠᠬᠤ》 ᠲᠥᠯᠥᠪᠯᠡᠭᠡ ᠵᠢ ᠬᠡᠷᠡᠭᠵᠢᠭᠦᠯᠦᠨ᠂ 《ᠶᠣᠰᠣ ᠰᠤᠷᠲᠠᠬᠤᠨ ᠵᠶ᠋ᠠᠷ ᠬᠡᠦᠬᠡᠳ ᠬᠥᠮᠥᠵᠢᠭᠦᠯᠬᠦ》 ᠬᠢᠴᠢᠶᠡᠯ᠎ᠤᠨ ᠲᠠᠩᠬᠢᠮ᠎ᠢ ᠪᠦᠭᠦ ᠲᠠᠯ᠎ᠠ᠎ᠪᠠᠷ ᠨᠡᠭᠡᠭᠡᠬᠦ ᠭᠡᠷᠡᠭᠲᠡᠶ; ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠤᠨ ᠱᠠᠲᠤᠨ᠎ᠳᠤ 《ᠳᠤᠮᠳᠠᠳᠤ ᠵᠢᠨ ᠦᠨᠳᠦᠰᠦᠲᠡᠨ᠎ᠤ ᠶᠡᠭᠡ ᠭᠡᠷ ᠪᠦᠯᠢ》 ᠵᠡᠷᠭᠡ ᠵᠢᠭ᠋ᠠᠬᠤ ᠮᠠᠲ᠋ᠧᠷᠢᠶᠠᠯ᠎ᠢ ᠰᠠᠶ᠋ᠢᠲᠤᠷ ᠬᠡᠷᠡᠭᠯᠡᠵᠦ᠂ 12 ᠬᠢᠴᠢᠶᠡᠯ᠎ᠤᠨ ᠴᠠᠭ᠎ᠠᠴᠠ ᠳᠤᠲᠠᠭᠤ ᠦᠭᠡᠢ᠎ᠪᠠᠷ ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠲᠤᠰᠬᠠᠢ ᠰᠡᠳᠦᠪᠲᠦ ᠬᠥᠮᠦᠵᠢᠯ᠎ᠢ ᠥᠷᠨᠢᠭᠦᠯᠬᠦ ᠭᠡᠷᠡᠭᠲᠡᠢ; ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠰᠤᠷᠭ᠋ᠠᠨ ᠬᠥᠮᠦᠵᠢᠯ᠎ᠤᠨ ᠱᠠᠲᠤᠨ᠎ᠳᠤ 《ᠡᠬᠡ ᠤᠯᠤᠰ᠎ᠲᠠᠭᠠᠨ ᠥᠴᠢᠬᠦ ᠮᠢᠨᠤ ᠭᠦᠨ ᠰᠡᠳᠬᠢᠯᠭᠡ ᠵᠢᠨ ᠴᠠᠭ᠋ᠠᠳᠬᠠᠯ》 ᠵᠡᠷᠭᠡ ᠠᠵᠢᠯᠯᠠᠭ᠎ᠠ ᠵᠢ ᠪᠦᠭᠦ ᠲᠠᠯ᠎ᠠ᠎ᠪᠠᠷ ᠥᠷᠨᠢᠭᠦᠯᠵᠦ᠂ 《ᠳᠤᠮᠳᠠᠳᠤ ᠤᠯᠤᠰ ᠵᠶ᠋ᠠᠨ ᠬᠠᠶ᠋ᠢᠷᠠᠯᠠᠬᠤ》 ᠵᠤᠰᠠᠯᠠᠩ᠂ ᠡᠪᠦᠯ᠎ᠤᠨ ᠠᠵᠢᠯᠯᠠᠭ᠎ᠠ ᠵᠡᠷᠭᠡ ᠨᠡᠶ᠋ᠢᠭᠡᠮ᠎ᠤᠨ ᠦᠢ᠍ᠯᠡᠳᠦᠯᠭᠡ ᠵᠢ ᠥᠷᠭᠡᠨ ᠵᠶ᠋ᠠᠷ ᠥᠷᠨᠢᠭᠦᠯᠬᠦ ᠭᠡᠷᠡᠭᠲᠡᠢ; ᠳᠡᠭᠡᠳᠦ ᠵᠡᠷᠭᠡ ᠵᠢᠨ ᠰᠤᠷᠭ᠋ᠠᠨ ᠬᠥᠮᠦᠵᠢᠯ᠎ᠤᠨ ᠱᠠᠲᠤᠨ᠎ᠳᠤ ᠪᠠᠭᠰᠢ ᠰᠤᠷᠤᠬ᠍ᠴᠢᠳ᠎ᠤᠨ 《ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠬᠤᠷᠢᠶᠠᠩᠭᠤᠢ》 ᠵᠡᠷᠭᠡ ᠵᠢᠭ᠋ᠠᠬᠤ ᠮᠠᠲ᠋ᠧᠷᠢᠶᠠᠯ᠎ᠢ ᠰᠠᠶ᠋ᠢᠲᠤᠷ ᠬᠡᠷᠡᠭᠯᠡᠵᠦ ᠰᠠᠶ᠋ᠢᠲᠤᠷ ᠰᠤᠷᠬᠤ ᠵᠢ ᠠᠬᠢᠭᠤᠯᠵᠤ᠂ ᠶᠡᠭᠡ ᠳᠡᠭᠡᠳᠦ ᠰᠤᠷᠭ᠋ᠠᠭᠤᠯᠢ ᠵᠢᠨ 《ᠳᠤᠮᠳᠠᠳᠤ ᠵᠢᠨ ᠰᠢᠯᠢᠳᠡᠭ ᠤᠯᠠᠮᠵᠢᠯᠠᠯᠲᠤ ᠰᠣᠶᠣᠯ ᠵᠶ᠋ᠠᠨ ᠬᠢᠴᠢᠶᠡᠩᠭᠦᠶ᠋ᠢᠯᠡᠨ ᠬᠦᠨᠳᠦᠳᠬᠡᠬᠦ》 ᠲᠦᠷᠦᠯ ᠵᠦᠢ᠍ᠯ᠎ᠢ ᠬᠡᠷᠡᠭᠵᠢᠭᠦᠯᠬᠦ ᠬᠡᠷᠡᠭᠲᠡᠢ᠃
    17. ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠨ᠎ᠬᠢᠨ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠭᠡᠯᠡ ᠦᠰᠦᠭ ᠪᠢᠴᠢᠭ᠎ᠢ ᠪᠦᠭᠦ ᠲᠠᠯ᠎ᠠ᠎ᠪᠠᠷ ᠳᠡᠯᠭᠡᠷᠡᠭᠦᠯᠦᠨ ᠲᠦᠭᠡᠮᠡᠯᠵᠢᠭᠦᠯᠵᠦ᠂ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠭᠡᠯᠡ ᠦᠰᠦᠭ ᠪᠢᠴᠢᠭ᠎ᠢ ᠲᠦᠭᠡᠮᠡᠯᠵᠢᠭᠦᠯᠦᠨ ᠳᠡᠭᠡᠭᠰᠢᠯᠡᠭᠦᠯᠭᠦ ᠢᠨᠵᠧᠨᠧᠷᠢᠩ ᠪᠣᠯᠣᠨ ᠬᠥᠳᠡᠭᠡ ᠲᠣᠰᠬᠤᠨ᠎ᠢ ᠬᠥᠭᠵᠢᠭᠦᠯᠦᠨ ᠮᠠᠨᠳᠤᠭᠤᠯᠬᠤ ᠲᠥᠯᠥᠪᠯᠡᠭᠡ ᠵᠢ ᠭᠦᠨᠵᠡᠭᠡᠢ ᠬᠡᠷᠡᠭᠵᠢᠭᠦᠯᠬᠦ ᠬᠡᠷᠡᠭᠲᠡᠢ᠃ ᠤᠯᠤᠰ᠎ᠤᠨ ᠨᠢᠭᠡᠳᠦᠯᠲᠡᠢ ᠨᠠᠶ᠋ᠢᠷᠠᠭᠤᠯᠤᠭᠰᠠᠨ ᠵᠢᠭ᠋ᠠᠬᠤ ᠮᠠᠲ᠋ᠧᠷᠢᠶᠠᠯ᠎ᠢ ᠡᠷᠡᠰ ᠭᠤᠶ᠋ᠢᠪᠢᠰᠢ ᠦᠭᠡᠢ ᠪᠦᠭᠦ ᠲᠠᠯ᠎ᠠ᠎ᠪᠠᠷ ᠳᠡᠯᠭᠡᠷᠡᠭᠦᠯᠦᠨ ᠬᠡᠷᠡᠭᠯᠡᠵᠦ᠂ ᠦᠨᠳᠦᠰᠦᠲᠡᠨ᠎ᠨᠦᠭᠦᠳ᠎ᠤᠨ ᠵᠠᠯᠠᠭᠤᠴᠤᠳ ᠪᠠᠭ᠋ᠠᠴᠤᠳ᠎ᠤᠨ ᠤᠯᠤᠰ᠎ᠤᠨ ᠨᠡᠶ᠋ᠢᠳᠡᠮ ᠬᠡᠷᠡᠭᠯᠡᠬᠦ ᠦᠭᠡ ᠭᠡᠯᠡ ᠦᠰᠦᠭ ᠪᠢᠴᠢᠭ᠎ᠢ ᠡᠵᠡᠮᠰᠢᠬᠦ ᠪᠠ ᠰᠠᠶ᠋ᠢᠲᠤᠷ ᠬᠡᠷᠡᠭᠯᠡᠬᠦ ᠵᠢ ᠦᠨᠡᠨ ᠬᠦ᠌ ᠪᠠᠲᠤᠯᠠᠬᠤ ᠬᠡᠷᠡᠭᠲᠡᠢ᠃
    18. ᠡᠯ᠎ᠡ ᠱᠠᠲᠤᠨ᠎ᠤ ᠨᠠᠮ᠎ᠤᠨ ᠬᠤᠷᠢᠶ᠎ᠠ ᠵᠢᠨ ᠤᠯᠤᠰ ᠲᠥᠷᠥ ᠬᠠᠤᠯᠢ ᠴᠠᠭ᠋ᠠᠵᠠ ᠵᠢᠨ ᠬᠤᠷᠢᠶ᠎ᠠ ᠪᠣᠯᠣᠨ ᠤᠯᠤᠰ ᠲᠥᠷᠥ ᠬᠠᠤᠯᠢ ᠴᠠᠭ᠋ᠠᠵᠠ ᠵᠢᠨ ᠨᠢᠭᠡᠴᠢ᠎ᠨᠦᠭᠦᠳ ᠦᠨᠳᠦᠰᠦᠲᠡᠨ᠎ᠤ ᠬᠦᠷᠢᠶᠡᠨ᠎ᠳᠠᠬᠢ ᠲᠦᠭᠰᠢᠭᠦᠷᠢ ᠵᠢᠨ ᠳᠠᠯᠳᠠ ᠭᠡᠮ᠎ᠢ ᠨᠢᠭᠲᠠ ᠠᠩᠬᠠᠷᠤᠨ᠂ ᠪᠦᠲᠦᠮᠵᠢᠲᠡᠶ ᠰᠡᠷᠭᠡᠶ᠋ᠢᠯᠡᠨ ᠠᠷᠢᠯᠭ᠋ᠠᠵᠤ᠂ ᠲᠦᠭᠰᠢᠭᠦᠷᠢ ᠵᠢᠨ ᠭᠡᠮ ᠰᠣᠭᠤᠭ᠎ᠢ ᠡᠷᠲᠡᠬᠡᠨ ᠰᠡᠷᠭᠡᠶ᠋ᠢᠯᠡᠬᠦ᠂ ᠣᠨᠣᠪᠴᠢᠲᠠᠶ᠎ᠪᠠᠷ ᠢᠯᠡᠷᠡᠭᠦᠯᠬᠦ᠂ ᠵᠥᠪᠳᠡᠯᠴᠡᠨ ᠰᠤᠳᠤᠯᠤᠨ ᠮᠠᠭ᠋ᠠᠳᠯᠠᠬᠤ᠂ ᠴᠠᠭ ᠲᠤᠬᠠᠢ᠎ᠳᠤᠨᠢ ᠰᠢᠢ᠍ᠳᠪᠦᠷᠢᠯᠡᠬᠦ ᠵᠡᠷᠭᠡ ᠳᠦᠷᠢᠮ ᠲᠣᠭᠲᠠᠴᠠ ᠵᠢ ᠪᠦᠷᠢᠨᠰᠢᠭᠦᠯᠵᠦ᠂ ᠳᠠᠶ᠋ᠢᠰᠤᠩᠨᠠᠭᠴᠢ ᠬᠦᠴᠦᠨ᠎ᠤ ᠨᠡᠪᠴᠢᠯᠲᠡ ᠬᠢᠬᠦ᠂ ᠡᠪᠳᠡᠯᠡᠭᠡ ᠬᠢᠬᠦ᠂ ᠨᠤᠷᠠᠭ᠋ᠠᠬᠤ ᠠᠵᠢᠯᠯᠠᠭ᠎ᠠ ᠵᠢ ᠴᠢᠩᠭ᠎ᠠ ᠰᠡᠷᠭᠡᠶ᠋ᠢᠯᠡᠬᠦ ᠪᠠ ᠬᠠᠤᠯᠢ ᠶᠣᠰᠣᠭ᠋ᠠᠷ ᠴᠣᠬᠢᠯᠲᠠ ᠥᠭᠬᠦ ᠬᠡᠷᠡᠭᠲᠡᠢ᠃ ᠦᠨᠳᠦᠰᠦᠲᠡᠨ᠎ᠤ ᠡᠯᠧᠮᠧᠨ᠋ᠲ᠎ᠲᠤ ᠬᠤᠯᠪᠣᠭᠳᠠᠭᠰᠠᠨ ᠬᠡᠷᠡᠭ᠎ᠢ ᠬᠠᠤᠯᠢ ᠶᠣᠰᠣᠭ᠋ᠠᠷ ᠲᠣᠬᠢᠲᠠᠢ ᠰᠢᠢ᠍ᠳᠪᠦᠷᠢᠯᠡᠵᠦ᠂ ᠶᠠᠮᠠᠷ ᠠᠰᠠᠭᠤᠳᠠᠯ ᠪᠠᠶ᠋ᠢᠪᠠᠯ ᠲᠡᠷᠡ ᠠᠰᠠᠭᠤᠳᠠᠯ ᠶᠣᠰᠣᠭ᠋ᠠᠷ᠎ᠨᠢ ᠰᠢᠢ᠍ᠳᠪᠦᠷᠢᠯᠡᠬᠦ ᠵᠢ ᠪᠠᠷᠢᠮᠲᠠᠯᠠᠬᠤ ᠬᠡᠷᠡᠭᠲᠡᠢ᠃
    19. ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠳ ᠠᠷᠠᠳ᠎ᠲᠤ ᠠᠰᠢᠭ ᠬᠦᠷᠲᠡᠭᠡᠬᠦ ᠨᠥᠬᠦᠪᠦᠷᠢ ᠵᠢᠨ ᠪᠡᠯᠡ ᠮᠥᠩᠭᠦ ᠵᠢᠨ 《ᠪᠦᠷᠢᠨ ᠴᠢᠳᠠᠮᠵᠢᠲᠤ ᠺᠠᠷᠲ》 ᠵᠶ᠋ᠠᠷ ᠰᠢᠭᠤᠳ ᠬᠦᠷᠬᠦ ᠲᠣᠭᠲᠠᠴᠠ ᠵᠢ ᠲᠡᠭᠦᠯᠳᠡᠷᠵᠢᠭᠦᠯᠵᠦ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠳᠤ ᠠᠰᠢᠭ ᠲᠤᠰᠠ ᠬᠠᠮᠢᠭ᠎ᠠ᠎ᠠᠴᠠ ᠢᠷᠡᠭᠰᠡᠨ᠂ ᠠᠰᠢᠭ ᠲᠤᠰᠠ ᠬᠠᠮᠢᠭ᠎ᠠ ᠪᠠᠶ᠋ᠢᠬᠤ᠂ ᠠᠰᠢᠭ ᠲᠤᠰᠠ ᠬᠡᠳᠦᠢ ᠪᠠᠶ᠋ᠢᠬᠤ ᠵᠢ ᠮᠡᠳᠡᠭᠦᠯᠵᠦ᠂ ᠦᠨᠡᠨ ᠰᠡᠳᠬᠢᠯ᠎ᠠᠴᠠ᠎ᠪᠠᠨ ᠡᠪ ᠬᠠᠮᠲᠤ ᠨᠠᠮ ᠰᠠᠶ᠋ᠢᠨ ᠪᠠᠶ᠋ᠢᠬᠤ᠂ ᠡᠬᠡ ᠤᠯᠤᠰ ᠰᠠᠶ᠋ᠢᠨ ᠪᠠᠶ᠋ᠢᠬᠤ ᠵᠢ ᠣᠶ᠋ᠢᠯᠠᠭ᠋ᠠᠭᠤᠯᠬᠤ ᠬᠡᠷᠡᠭᠲᠡᠢ᠃ ᠡᠬᠢ ᠪᠠᠶᠠᠯᠢᠭ᠎ᠤᠨ ᠨᠡᠭᠡᠭᠡᠯᠲᠡ᠂ ᠠᠵᠤ ᠦᠢ᠍ᠯᠡᠰ᠎ᠤᠨ ᠪᠦᠲᠦᠭᠡᠨ ᠪᠠᠶ᠋ᠢᠭᠤᠯᠤᠯᠲᠠ ᠵᠡᠷᠭᠡ ᠲᠠᠯ᠎ᠠ᠎ᠪᠠᠷ ᠣᠯᠠᠨ ᠲᠦᠮᠡᠨ᠎ᠤ ᠠᠰᠢᠭ ᠲᠤᠰᠠ ᠵᠢ ᠬᠠᠮᠠᠭ᠋ᠠᠯᠠᠬᠤ ᠵᠢ ᠦᠨᠡᠯᠡᠬᠦ ᠪᠠ ᠬᠤᠪᠢᠶᠠᠷᠢᠯᠠᠬᠤ ᠲᠣᠭᠲᠠᠴᠠ ᠵᠢ ᠪᠦᠷᠢᠨᠰᠢᠭᠦᠯᠵᠦ᠂ ᠭᠤᠣᠯᠳᠠᠯᠭ᠎ᠠ᠎ᠲᠠᠢ ᠠᠮᠢ ᠠᠬᠤᠢ ᠵᠢᠨ ᠢᠨᠵᠧᠨᠧᠷᠢᠩ᠎ᠤᠨ ᠪᠦᠲᠦᠭᠡᠨ ᠪᠠᠶ᠋ᠢᠭᠤᠯᠤᠯᠲᠠ᠂ ᠮᠠᠯ ᠠᠵᠤ ᠠᠬᠤᠢ ᠲᠠᠷᠢᠶᠠᠯᠠᠩ ᠬᠥᠳᠡᠭᠡ ᠲᠤᠰᠬᠤᠨ ᠮᠠᠯᠵᠢᠬᠤ ᠣᠷᠣᠨ᠎ᠤ ᠰᠠᠭᠤᠷᠢ ᠲᠥᠬᠦᠭᠡᠷᠦᠮᠵᠢ ᠵᠢᠨ ᠪᠦᠲᠦᠭᠡᠨ ᠪᠠᠶ᠋ᠢᠭᠤᠯᠤᠯᠲᠠ ᠵᠡᠷᠭᠡ ᠲᠥᠷᠥᠯ ᠵᠦᠢ᠍ᠯ᠎ᠳᠤ ᠠᠵᠢᠯ ᠣᠯᠭᠤᠬᠤ᠎ᠪᠠᠷ ᠲᠡᠳᠬᠦᠮᠵᠢ ᠵᠢ ᠣᠷᠣᠯᠠᠭᠤᠯᠬᠤ ᠵᠢ ᠬᠡᠷᠡᠭᠵᠢᠭᠦᠯᠬᠦ ᠬᠡᠪᠴᠢᠶ᠎ᠡ ᠵᠢ ᠥᠷᠭᠡᠳᠬᠡᠨ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠢ ᠬᠥᠲᠥᠯᠥᠨ ᠵᠢᠯᠤᠭᠤᠳᠴᠤ ᠡᠵᠡᠨ ᠬᠥᠮᠥᠨ᠎ᠤ ᠦᠵᠡᠯ ᠤᠬᠠᠮᠰᠠᠷ᠎ᠢ᠎ᠨᠢ ᠨᠡᠮᠡᠭᠳᠡᠭᠦᠯᠵᠦ᠂ ᠬᠠᠮᠲᠤ᠎ᠪᠠᠷ ᠲᠡᠮᠡᠴᠡᠬᠦ ᠶᠠᠪᠤᠴᠠ᠎ᠳᠤ ᠬᠠᠮᠲᠤ᠎ᠪᠠᠷ ᠪᠠᠶᠠᠵᠢᠬᠤ ᠵᠠᠮ ᠵᠶ᠋ᠠᠷ ᠵᠠᠮᠨᠠᠭᠤᠯᠬᠤ ᠬᠡᠷᠡᠭᠲᠡᠢ᠃
    20. ᠬᠤᠯᠪᠣᠭᠳᠠᠯ ᠪᠦᠬᠦᠢ ᠭᠠᠵᠠᠷ ᠣᠷᠣᠨ ᠪᠣᠯᠣᠨ ᠰᠠᠯᠠᠭ᠎ᠠ ᠮᠥᠴᠢᠷ᠎ᠤᠳ ᠬᠢᠯᠢ ᠬᠢᠵᠠᠭ᠋ᠠᠷ ᠣᠷᠣᠨ᠎ᠢ ᠮᠠᠨᠳᠤᠭᠤᠯᠤᠨ ᠠᠷᠠᠳ᠎ᠢ ᠪᠠᠶᠠᠵᠢᠭᠤᠯᠬᠤ ᠠᠵᠢᠯᠯᠠᠭ᠎ᠠ ᠵᠢᠨ ᠭᠤᠣᠯ ᠬᠤᠲᠠ ᠪᠠᠯᠭ᠋ᠠᠰᠤ ᠵᠢᠨ ᠪᠦᠲᠦᠭᠡᠨ ᠪᠠᠶ᠋ᠢᠭᠤᠯᠤᠯᠲᠠ ᠵᠢᠨ ᠲᠤᠷᠰᠢᠯᠲᠠ ᠵᠢᠨ ᠴᠡᠭ᠎ᠢ ᠭᠦᠨᠵᠡᠭᠡᠢ ᠥᠷᠨᠢᠭᠦᠯᠵᠦ᠂ ᠬᠢᠯᠢ ᠳᠠᠭ᠋ᠠᠤ ᠭᠠᠵᠠᠷ ᠣᠷᠣᠨ᠎ᠤ ᠤᠰᠤ ᠴᠠᠭᠢᠯᠭ᠋ᠠᠨ ᠵᠠᠮ ᠴᠢᠮᠡᠭᠡ ᠬᠤᠯᠪᠤᠭ᠎ᠠ ᠵᠢ ᠨᠢᠭᠡ ᠴᠣᠭᠴᠠᠵᠢᠭᠤᠯᠬᠤ ᠪᠦᠲᠦᠭᠡᠨ ᠪᠠᠶ᠋ᠢᠭᠤᠯᠤᠯᠲᠠ ᠵᠢ ᠶᠡᠭᠡ᠎ᠪᠠᠷ ᠠᠬᠢᠭᠤᠯᠵᠤ᠂ ᠬᠢᠯᠢ ᠳᠠᠭ᠋ᠠᠤ ᠣᠷᠣᠨ᠎ᠤ ᠳᠠᠪᠠᠭᠤᠯᠢᠭ ᠣᠨᠴᠠᠯᠢᠭᠲᠤ ᠠᠵᠤ ᠦᠢ᠍ᠯᠡᠰ᠎ᠤᠨ ᠬᠥᠭᠵᠢᠯᠲᠡ ᠵᠢ ᠲᠡᠳᠬᠦᠵᠦ᠂ ᠬᠢᠯᠢ ᠬᠢᠵᠠᠭ᠋ᠠᠷ ᠣᠷᠣᠨ᠎ᠤ ᠵᠠᠬ᠎ᠠ ᠵᠢᠨ ᠠᠷᠠᠯᠵᠢᠶᠠᠨ᠎ᠤ ᠰᠢᠨ᠎ᠡ ᠵᠢ ᠡᠭᠦᠳᠦᠨ ᠬᠥᠭᠵᠢᠬᠦ ᠵᠢ ᠠᠬᠢᠭᠤᠯᠵᠤ᠂ ᠬᠢᠯᠢ ᠵᠢᠨ 《ᠳᠥᠷᠪᠡᠨ ᠬᠠᠮᠲᠤ᠎ᠪᠠᠷ》 ᠤᠷᠲᠤ ᠬᠤᠩᠭᠢᠯ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠋ᠠᠳᠬᠠᠨ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠬᠠᠮᠲᠤ᠎ᠪᠠᠷ ᠬᠢᠯᠢ ᠬᠢᠵᠠᠭ᠋ᠠᠷ ᠣᠷᠣᠨ ᠵᠶ᠋ᠠᠨ ᠰᠠᠬᠢᠨ ᠬᠢᠯᠢ ᠬᠢᠵᠠᠭ᠋ᠠᠷ ᠣᠷᠣᠨ ᠵᠶ᠋ᠠᠨ ᠪᠠᠬᠢᠵᠢᠭᠦᠯᠦᠨ ᠬᠢᠯᠢ ᠬᠢᠵᠠᠭ᠋ᠠᠷ ᠵᠶ᠋ᠠᠨ ᠮᠠᠨᠳᠤᠭᠤᠯᠬᠤ ᠵᠢ ᠠᠬᠢᠭᠤᠯᠬᠤ ᠬᠡᠷᠡᠭᠲᠡᠢ᠃
    21. ᠡᠯ᠎ᠡ ᠭᠠᠵᠠᠷ ᠣᠷᠣᠨ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ᠎ᠤᠳ ᠪᠦᠭᠦ ᠠᠷᠠᠳ᠎ᠤᠨ ᠤᠯᠤᠰ᠎ᠤᠨ ᠪᠠᠲᠤᠯᠠᠨ ᠬᠠᠮᠠᠭ᠋ᠠᠯᠠᠯᠲᠠ ᠵᠢᠨ ᠬᠥᠮᠦᠵᠢᠯ᠎ᠢ ᠴᠢᠩᠭ᠋ᠠᠳᠬᠠᠵᠤ᠂ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠴᠡᠷᠢᠭ ᠠᠩᠭᠢ᠎ᠯᠤᠭ᠎ᠠ ᠬᠤᠶᠠᠷ᠎ᠢ ᠬᠦᠷᠢᠶᠡᠯᠡᠵᠦ ᠬᠠᠮᠲᠤ᠎ᠪᠠᠷ ᠪᠠᠶ᠋ᠢᠭᠤᠯᠬᠤ᠎ᠪᠠᠨ ᠴᠢᠩᠭ᠋ᠠᠳᠬᠠᠨ᠂ ᠨᠡᠶ᠋ᠢᠭᠡᠮ ᠲᠣᠭᠤᠷᠢᠭ᠎ᠲᠤ ᠴᠡᠷᠢᠭ ᠵᠶ᠋ᠠᠨ ᠬᠦᠷᠢᠶᠡᠯᠡᠬᠦ᠂ ᠠᠵᠢᠯ ᠲᠥᠷᠥᠯ᠎ᠳᠤ ᠴᠡᠷᠢᠭ ᠵᠶ᠋ᠠᠨ ᠬᠦᠷᠢᠶᠡᠯᠡᠬᠦ ᠵᠡᠷᠭᠡ ᠠᠵᠢᠯᠯᠠᠭ᠎ᠠ ᠵᠢ ᠥᠷᠭᠡᠨ ᠳᠡᠯᠭᠡᠷ ᠥᠷᠨᠢᠭᠦᠯᠬᠦ ᠬᠡᠷᠡᠭᠲᠡᠢ᠃ ᠤᠯᠠᠭ᠋ᠠᠨᠮᠥ᠋ᠴᠢᠷ᠎ᠤᠨ ᠭᠡᠰᠢᠭᠦᠳ᠎ᠢ ᠦᠨᠳᠦᠰᠦᠨ ᠱᠠᠲᠤᠨ᠎ᠤ ᠭᠤᠣᠯᠯᠠᠬᠤ ᠡᠷᠦᠭᠡ ᠵᠢᠨ ᠴᠡᠷᠢᠭ᠎ᠤᠨ ᠬᠠᠮᠢᠶᠠᠷᠤᠯᠲᠠ᠎ᠳᠤ ᠣᠷᠣᠭᠤᠯᠵᠤ᠂ ᠵᠢᠯ ᠪᠦᠷᠢ ᠵᠢᠨ ᠪᠣᠯᠪᠠᠰᠤᠷᠠᠯ᠎ᠤᠨ ᠴᠠᠭ᠎ᠢ ᠠᠰᠢᠭᠯᠠᠨ ᠬᠢᠯᠢ ᠵᠢᠨ ᠬᠠᠮᠠᠭ᠋ᠠᠯᠠᠯᠲᠠ ᠵᠢᠨ ᠬᠠᠷᠠᠭᠤᠯ᠎ᠤᠨ ᠭᠠᠵᠠᠷ᠎ᠲᠤ ᠲᠣᠬᠤᠨᠢᠭᠤᠯᠬᠤ ᠲᠣᠬᠯᠠᠯᠲᠠ ᠭᠠᠷᠭ᠋ᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠳᠤ ᠰᠠᠭᠤᠭ᠎ᠠ ᠴᠡᠷᠢᠭ ᠠᠩᠭᠢ ᠵᠢᠨ᠎ᠬᠢᠨ ᠥᠪᠡᠷᠲᠡᠭᠡᠨ ᠵᠠᠰᠠᠬᠤ ᠣᠷᠣᠨ᠎ᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠳᠤ ᠢᠳᠡᠪᠬᠢᠲᠡᠢ ᠣᠷᠤᠯᠴᠠᠬᠤ ᠵᠢ ᠳᠡᠮᠵᠢᠬᠦ ᠬᠡᠷᠡᠭᠲᠡᠢ᠃
    22. ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ᠎ᠤᠳ ᠪᠦᠭᠦ ᠨᠡᠶ᠋ᠢᠭᠡᠮ᠎ᠳᠤ 《ᠲᠡᠰᠪᠦᠷᠢ ᠬᠠᠲᠠᠭᠤᠵᠢᠯᠲᠠᠢ᠂ ᠴᠤᠴᠠᠯᠲᠠ ᠦᠭᠡᠢ ᠤᠷᠤᠭᠰᠢᠯᠠᠨ᠂ ᠵᠣᠷᠢᠭᠰᠠᠨ᠎ᠳᠠᠭᠠᠨ ᠵᠠᠪᠠᠯ ᠬᠦᠷᠬᠦ》 ᠮᠣᠩᠭᠤᠯ ᠮᠣᠷᠢᠨ᠎ᠤ ᠵᠣᠷᠢᠭ ᠰᠠᠨᠠᠭ᠎ᠠ ᠪᠠ ᠲᠡᠰᠪᠦᠷᠢ ᠬᠠᠲᠠᠭᠤᠵᠢᠯᠲᠠᠢ᠎ᠪᠠᠷ ᠲᠡᠮᠡᠴᠡᠬᠦ᠂ ᠭᠤᠶᠠᠴᠢ ᠦᠭᠡᠢ ᠵᠢᠳᠬᠦᠬᠦ᠂ ᠰᠢᠨᠲᠠᠷᠠᠰᠢ ᠦᠭᠡᠢ ᠴᠢᠷᠮᠠᠶ᠋ᠢᠬᠤ᠂ ᠤᠳᠠᠭ᠋ᠠᠨ ᠳᠠᠭ᠋ᠠᠭ᠋ᠠᠮᠠᠭ᠋ᠠᠢ ᠴᠢᠷᠮᠠᠶ᠋ᠢᠬᠤ 《ᠤᠮᠠᠷᠠᠲᠤ ᠵᠢᠨ ᠭᠤᠷᠪᠠᠨ ᠣᠷᠣᠨ᠎ᠤ ᠵᠣᠷᠢᠭ ᠰᠠᠨᠠᠭ᠎ᠠ》 ᠵᠢ ᠶᠡᠭᠡ᠎ᠪᠠᠷ ᠪᠠᠳᠠᠷᠠᠭᠤᠯᠵᠤ᠂ ᠨᠢᠭᠡ ᠪᠦᠯᠦᠭ ᠰᠢᠯᠢᠳᠡᠭ ᠤᠳᠬ᠎ᠠ ᠤᠷᠠᠯᠢᠭ᠎ᠤᠨ ᠪᠦᠲᠦᠭᠡᠯ᠎ᠢ ᠵᠣᠬᠢᠶᠠᠨ ᠪᠠᠶ᠋ᠢᠭᠤᠯᠤᠨ ᠵᠣᠬᠢᠶᠠᠨ ᠪᠦᠲᠦᠭᠡᠵᠦ᠂ ᠨᠢᠭᠡ ᠪᠦᠯᠦᠭ ᠲᠡᠷᠢᠭᠦᠨ᠎ᠤ ᠨᠡᠶ᠋ᠢᠲᠡᠯᠢᠭ ᠵᠢᠱ᠌ᠢᠶ᠎ᠡ ᠵᠢ ᠰᠣᠩᠭᠤᠨ ᠪᠤᠶ ᠪᠤᠯᠭ᠋ᠠᠵᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠤ ᠠᠵᠢᠯ ᠬᠢᠵᠦ ᠦᠢ᠍ᠯᠡᠰ ᠪᠣᠰᠬᠠᠬᠤ ᠬᠠᠳᠠᠨ ᠵᠣᠷᠢᠭ᠂ ᠡᠷᠴᠢ ᠵᠣᠷᠢᠭ ᠪᠠ ᠰᠥᠰᠥ ᠵᠣᠷᠢᠭ ᠵᠶ᠋ᠠᠨ ᠢᠮᠠᠭᠲᠠ ᠪᠠᠷᠢᠮᠲᠠᠯᠠᠬᠤ ᠵᠢ ᠵᠣᠷᠢᠭᠵᠢᠭᠤᠯᠬᠤ ᠬᠡᠷᠡᠭᠲᠡᠢ᠃
    23. ᠡᠯ᠎ᠡ ᠱᠠᠲᠤᠨ᠎ᠤ ᠨᠠᠮ᠎ᠤᠨ ᠬᠤᠷᠢᠶ᠎ᠠ (ᠨᠠᠮ᠎ᠤᠨ ᠤᠳᠤᠷᠢᠳᠬᠤ ᠳᠤᠭᠤᠶ᠋ᠢᠯᠠᠩ) ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠭᠤᠣᠯ ᠰᠢᠵᠢᠮ᠎ᠢ ᠲᠤᠭᠤᠰᠢᠯᠠᠭᠤᠯᠬᠤ ᠵᠢ ᠨᠠᠮ᠎ᠤᠨ ᠪᠠᠶ᠋ᠢᠭᠤᠯᠤᠯᠲᠠ ᠪᠠ ᠦᠵᠡᠯ ᠤᠬᠠᠮᠰᠠᠷ᠎ᠤᠨ ᠭᠡᠯᠪᠡᠷᠢ ᠵᠢᠨ ᠠᠵᠢᠯ᠎ᠤᠨ ᠬᠠᠷᠢᠭᠤᠴᠠᠯᠭ᠎ᠠ ᠵᠢᠨ ᠳᠦᠷᠢᠮ᠎ᠳᠤ ᠣᠷᠣᠭᠤᠯᠵᠤ᠂ ᠤᠯᠤᠰ ᠲᠦᠷᠦ ᠵᠢᠨ ᠪᠠᠶ᠋ᠢᠭᠤᠯᠭ᠎ᠠ ᠵᠢᠨ ᠪᠠᠶ᠋ᠢᠭᠤᠯᠤᠯᠲᠠ᠂ ᠲᠣᠭᠤᠷᠢᠨ ᠦᠵᠡᠵᠦ ᠲᠣᠭᠤᠷᠢᠨ ᠪᠠᠶ᠋ᠢᠴᠠᠭ᠋ᠠᠬᠤ ᠠᠵᠢᠯ ᠪᠠ ᠵᠠᠰᠠᠭ᠎ᠤᠨ ᠠᠵᠢᠯ᠎ᠤᠨ ᠬᠢᠷᠢ ᠪᠦᠳᠦᠮᠵᠢ ᠵᠢ ᠬᠢᠨᠠᠨ ᠰᠢᠯᠭ᠋ᠠᠬᠤ᠎ᠳᠤ ᠣᠷᠣᠭᠤᠯᠵᠤ᠂ ᠦᠨᠳᠦᠰᠦᠨ ᠱᠠᠲᠤᠨ᠎ᠤ ᠨᠠᠮ᠎ᠤᠨ ᠪᠠᠶ᠋ᠢᠭᠤᠯᠤᠯᠲᠠ ᠵᠢᠨ ᠲᠤᠰᠢᠶᠠᠯ᠎ᠤᠨ ᠮᠡᠳᠡᠭᠦᠯᠦᠯᠲᠡ ᠬᠢᠵᠦ ᠦᠨᠡᠯᠡᠨ ᠰᠢᠯᠭ᠋ᠠᠬᠤ᠂ ᠣᠨ᠎ᠤ ᠠᠷᠠᠳᠴᠢᠯᠠᠯ᠎ᠤᠨ ᠠᠮᠢᠳᠤᠷᠠᠯ᠎ᠤᠨ ᠬᠤᠷᠠᠯ ᠪᠠ ᠵᠣᠬᠢᠶᠠᠨ ᠪᠠᠶ᠋ᠢᠭᠤᠯᠤᠯᠲᠠ ᠵᠢᠨ ᠠᠮᠢᠳᠤᠷᠠᠯ᠎ᠤᠨ ᠬᠤᠷᠠᠯ᠎ᠤᠨ ᠬᠠᠷᠭᠤᠭᠤᠯᠤᠨ ᠪᠠᠶ᠋ᠢᠴᠠᠭ᠋ᠠᠬᠤ ᠴᠢᠬᠤᠯᠠ ᠠᠭᠤᠯᠭ᠎ᠠ ᠪᠤᠯᠭ᠋ᠠᠬᠤ ᠬᠡᠷᠡᠭᠲᠡᠢ᠃
    24. ᠡᠯ᠎ᠡ ᠱᠠᠲᠤᠨ᠎ᠤ ᠵᠣᠬᠢᠶᠠᠨ ᠪᠠᠶ᠋ᠢᠭᠤᠯᠬᠤ ᠪᠠ ᠠᠵᠢᠯᠲᠠᠨ᠎ᠤ ᠶᠠᠪᠤᠳᠠᠯ᠎ᠤᠨ ᠰᠠᠯᠠᠭ᠎ᠠ ᠮᠥᠴᠢᠷ᠎ᠤᠳ ᠺᠠᠳ᠋ᠷ᠎ᠢ ᠰᠣᠩᠭᠤᠨ ᠬᠥᠮᠥᠵᠢᠭᠦᠯᠵᠦ ᠬᠠᠮᠢᠶᠠᠷᠤᠨ ᠬᠡᠷᠡᠭᠯᠡᠬᠦ ᠪᠦᠭᠦ ᠶᠠᠪᠤᠴᠠ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠭᠤᠣᠯ ᠰᠢᠵᠢᠮ᠎ᠤᠨ ᠱᠠᠭ᠋ᠠᠷᠳᠠᠯᠭ᠎ᠠ ᠵᠢ ᠲᠣᠪᠤᠶ᠋ᠢᠯᠭ᠋ᠠᠨ ᠲᠤᠭᠤᠰᠢᠯᠠᠭᠤᠯᠵᠤ᠂ ᠤᠯᠤᠰ ᠲᠥᠷᠥ ᠵᠢᠨ ᠬᠡᠪ ᠪᠣᠯᠪᠠᠰᠤᠷᠠᠯ᠎ᠤᠨ ᠰᠢᠯᠭ᠋ᠠᠨ ᠪᠠᠶ᠋ᠢᠴᠠᠭ᠋ᠠᠯᠲᠠ ᠵᠢ ᠴᠢᠩᠭ᠋ᠠᠳᠬᠠᠨ᠂ 《ᠳᠥᠷᠪᠡᠨ ᠣᠨᠴᠠᠭ᠋ᠠᠶ》 ᠴᠢᠬᠤᠯᠠ ᠱᠠᠭ᠋ᠠᠷᠳᠠᠯᠭ᠎ᠠ ᠵᠢ ᠺᠠᠳ᠋ᠷ᠎ᠤᠨ ᠳᠡᠪᠰᠢᠵᠦ ᠪᠠᠭᠤᠵᠤ ᠪᠦᠷ ᠪᠤᠯᠬᠤ᠂ 《ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶ᠋ᠢᠯᠭ᠎ᠠ ᠭᠠᠷᠭ᠋ᠠᠭᠰᠠᠨ ᠰᠠᠶ᠋ᠢᠨ ᠺᠠᠳ᠋ᠷ》᠎ᠢ ᠰᠢᠯᠭ᠋ᠠᠷᠠᠭᠤᠯᠬᠤ ᠵᠢᠨ ᠴᠢᠬᠤᠯᠠ ᠦᠨᠳᠦᠰᠦᠯᠡᠯ ᠪᠤᠯᠭ᠋ᠠᠬᠤ ᠬᠡᠷᠡᠭᠲᠡᠢ᠃
    25. ᠡᠯ᠎ᠡ ᠱᠠᠲᠤᠨ᠎ᠤ ᠨᠠᠮ᠎ᠤᠨ ᠵᠣᠬᠢᠶᠠᠨ ᠪᠠᠶ᠋ᠢᠭᠤᠯᠤᠯᠲᠠ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠭᠤᠣᠯ ᠰᠢᠵᠢᠮ᠎ᠢ ᠲᠤᠭᠤᠰᠢᠯᠠᠭᠤᠯᠬᠤ ᠵᠢ ᠪᠠᠲᠤ ᠴᠢᠩᠭ᠎ᠠ ᠪᠠᠬᠢᠯᠡᠯᠲᠡ 《ᠵᠢᠱ᠌ᠢᠶᠡᠴᠢ》 ᠨᠠᠮ᠎ᠤᠨ ᠡᠭᠦᠷ᠂ 《ᠤᠮᠠᠷᠠᠲᠤ ᠬᠢᠯᠢ ᠵᠢᠨ ᠵᠢᠱ᠌ᠢᠶᠡᠴᠢ ᠪᠠᠶ᠋ᠢᠭᠤᠯᠭ᠎ᠠ ᠵᠢᠨ ᠲᠡᠷᠢᠭᠦᠨ᠎ᠤ ᠨᠢᠭᠡᠴᠢ》 ᠵᠢ ᠡᠭᠦᠳᠦᠨ ᠪᠠᠶ᠋ᠢᠭᠤᠯᠬᠤ ᠠᠵᠢᠯ᠎ᠤᠨ ᠪᠦᠭᠦ ᠶᠠᠪᠤᠴᠠ ᠡᠯ᠎ᠡ ᠭᠤᠭᠴᠤᠭ᠎ᠠ᠎ᠳᠤ ᠨᠠᠶ᠋ᠢᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠵᠢ ᠨᠠᠮ᠎ᠤᠨ ᠭᠡᠰᠢᠭᠦᠨ᠎ᠢ ᠡᠯᠰᠡᠬᠦ ᠤᠯᠤᠰ ᠲᠦᠷᠦ ᠵᠢᠨ ᠬᠢᠨᠠᠨ ᠪᠠᠶ᠋ᠢᠴᠠᠭ᠋ᠠᠯᠲᠠ᠂ ᠨᠠᠮ᠎ᠤᠨ ᠭᠡᠰᠢᠭᠦᠨ᠎ᠢ ᠠᠷᠠᠳᠴᠢᠯᠠᠯ ᠵᠶ᠋ᠠᠷ ᠦᠨᠡᠯᠡᠬᠦ ᠵᠢᠨ ᠴᠢᠬᠤᠯᠠ ᠠᠭᠤᠯᠭ᠎ᠠ ᠪᠤᠯᠭ᠋ᠠᠬᠤ ᠬᠡᠷᠡᠭᠲᠡᠢ᠃
    26. ᠡᠯ᠎ᠡ ᠱᠠᠲᠤᠨ᠎ᠤ ᠤᠳᠤᠷᠢᠳᠬᠤ ᠪᠠᠭ ᠪᠣᠯᠣᠨ ᠤᠳᠤᠷᠢᠳᠬᠤ ᠺᠠᠳ᠋ᠷ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠭᠤᠣᠯ ᠰᠢᠵᠢᠮ᠎ᠢ ᠲᠤᠭᠤᠰᠢᠯᠠᠭᠤᠯᠬᠤ ᠤᠨᠤᠯ ᠪᠣᠯᠣᠨ ᠦᠢ᠍ᠯᠡᠳᠦᠯᠭᠡ ᠵᠢᠨ ᠠᠰᠠᠭᠤᠳᠠᠯ᠎ᠤᠨ ᠰᠤᠳᠤᠯᠭ᠋ᠠᠨ᠎ᠢ ᠴᠢᠩᠭ᠋ᠠᠳᠬᠠᠵᠤ᠂ ᠲᠡᠭᠦᠨ᠎ᠢ ᠣᠨ᠎ᠤ ᠪᠠᠶ᠋ᠢᠴᠠᠭ᠋ᠠᠨ ᠰᠤᠳᠤᠯᠬᠤ ᠲᠥᠯᠥᠪᠯᠡᠭᠡ᠎ᠳᠤ ᠣᠷᠣᠭᠤᠯᠬᠤ ᠬᠡᠷᠡᠭᠲᠡᠢ᠃ ᠮᠤᠵᠢ ᠵᠢᠨ ᠱᠠᠲᠤᠨ᠎ᠤ ᠤᠳᠤᠷᠢᠳᠬᠤ ᠺᠠᠳ᠋ᠷᠴᠤᠳ ᠲᠦᠷᠦᠭᠦᠯᠡᠨ ᠪᠠᠶ᠋ᠢᠴᠠᠭ᠋ᠠᠨ ᠰᠤᠳᠤᠯᠤᠯᠲᠠ ᠬᠢᠵᠦ᠂ ᠵᠢᠯ ᠪᠦᠷᠢ ᠨᠠᠭ᠋ᠠᠲᠤ ᠵᠠᠬ᠎ᠠ᠎ᠨᠢ ᠴᠢᠨᠠᠷ ᠰᠠᠶ᠋ᠢᠲᠠᠢ ᠪᠠᠶ᠋ᠢᠴᠠᠭ᠋ᠠᠨ ᠰᠤᠳᠤᠯᠤᠯᠲᠠ ᠵᠢᠨ ᠦᠷ᠎ᠡ ᠪᠦᠲᠦᠭᠡᠯ᠎ᠢ 1 ᠪᠦᠷᠢᠯᠳᠦᠭᠦᠯᠬᠦ ᠬᠡᠷᠡᠭᠲᠡᠢ᠃
    27. ᠡᠯ᠎ᠡ ᠱᠠᠲᠤᠨ᠎ᠤ ᠨᠠᠮ᠎ᠤᠨ ᠲᠥᠯᠥᠭᠡᠯᠡᠭᠴᠢ᠂ ᠠᠷᠠᠳ᠎ᠤᠨ ᠲᠥᠯᠥᠭᠡᠯᠡᠭᠴᠢᠳ᠎ᠤᠨ ᠶᠡᠭᠡ ᠬᠤᠷᠠᠯ᠎ᠤᠨ ᠲᠥᠯᠥᠭᠡᠯᠡᠭᠴᠢ᠂ ᠤᠯᠤᠰ ᠲᠦᠷᠦ ᠵᠢᠨ ᠵᠥᠪᠯᠡᠯᠭᠡᠨ᠎ᠤ ᠭᠡᠰᠢᠭᠦᠳ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠳᠤᠮᠳᠠᠬᠢ ᠵᠢᠱ᠌ᠢᠶ᠎ᠡ ᠦᠵᠡᠭᠦᠯᠦᠨ ᠳᠠᠶ᠋ᠢᠴᠢᠯᠠᠬᠤ ᠦᠢ᠍ᠯᠡᠳᠦᠯ ᠵᠶ᠋ᠠᠨ ᠭᠦᠢ᠍ᠴᠡᠳ ᠪᠠᠳᠠᠷᠠᠭᠤᠯᠵᠤ᠂ ᠭᠦᠨᠵᠡᠭᠡᠢ ᠪᠠᠶ᠋ᠢᠴᠠᠭ᠋ᠠᠨ ᠰᠤᠳᠤᠯᠤᠯᠲᠠ ᠬᠢᠵᠦ᠂ ᠬᠢᠨᠠᠯᠲᠠ ᠲᠠᠯᠪᠢᠬᠤ᠎ᠳᠤ ᠰᠠᠨᠠᠭ᠋ᠠᠴᠢᠯᠠᠭ᠎ᠠ᠎ᠠᠴᠠ᠎ᠪᠠᠨ ᠣᠷᠣᠯᠴᠠᠵᠤ᠂ ᠢᠳᠡᠪᠬᠢᠲᠡᠢ᠎ᠪᠠᠷ ᠰᠠᠨᠠᠯ ᠵᠥᠪᠯᠡᠯᠭᠡ ᠳᠤᠷᠠᠳᠤᠨ ᠠᠷᠭ᠎ᠠ ᠤᠬᠠᠭ᠋ᠠᠨ ᠭᠠᠷᠭ᠋ᠠᠬᠤ ᠬᠡᠷᠡᠭᠲᠡᠢ᠃ ᠡᠯ᠎ᠡ ᠱᠠᠲᠤᠨ᠎ᠤ 《ᠬᠤᠶᠠᠷ ᠲᠥᠯᠥᠭᠡᠯᠡᠭᠴᠢ ᠨᠢᠭᠡ ᠭᠡᠰᠢᠭᠦᠨ》᠎ᠤ ᠠᠵᠢᠯ᠎ᠤᠨ ᠪᠠᠶ᠋ᠢᠭᠤᠯᠤᠮᠵᠢ᠎ᠨᠢ ᠬᠤᠯᠪᠣᠭᠳᠠᠯ ᠪᠦᠬᠦᠢ ᠰᠠᠨᠠᠯ ᠰᠠᠨᠠᠭᠤᠯᠭ᠎ᠠ ᠵᠢ ᠴᠤᠭᠯᠠᠭᠤᠯᠤᠨ ᠡᠮᠬᠢᠯᠡᠬᠦ ᠪᠠ ᠣᠨᠳᠣᠣᠰᠢᠭᠤᠯᠬᠤ ᠵᠢ ᠠᠬᠢᠭᠤᠯᠬᠤ ᠠᠵᠢᠯ᠎ᠢ ᠰᠠᠶ᠋ᠢᠲᠤᠷ ᠬᠢᠬᠦ ᠬᠡᠷᠡᠭᠲᠡᠢ᠃
    28. ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠬᠢᠨᠠᠨ ᠪᠠᠶ᠋ᠢᠴᠠᠭ᠋ᠠᠬᠤ ᠵᠥᠪᠯᠡᠯ ᠡᠯ᠎ᠡ ᠭᠠᠵᠠᠷ ᠣᠷᠣᠨ ᠡᠯ᠎ᠡ ᠰᠠᠯᠠᠭ᠎ᠠ ᠮᠥᠴᠢᠷ ᠨᠢᠭᠡᠴᠢ ᠵᠢᠨ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠭᠤᠣᠯ ᠰᠢᠵᠢᠮ᠎ᠢ ᠲᠤᠭᠤᠰᠢᠯᠠᠭᠤᠯᠤᠭᠰᠠᠨ ᠪᠠᠶ᠋ᠢᠳᠠᠯ᠎ᠳᠤ ᠬᠢᠨᠠᠯᠲᠠ ᠲᠠᠯᠪᠢᠵᠤ ᠪᠠᠶ᠋ᠢᠴᠠᠭ᠋ᠠᠬᠤ᠎ᠪᠠᠨ ᠴᠢᠩᠭ᠋ᠠᠳᠬᠠᠵᠤ᠂ ᠲᠤᠭᠤᠰᠢᠯᠠᠭᠤᠯᠤᠨ ᠨᠠᠶ᠋ᠢᠳᠠᠪᠤᠷᠢᠵᠢᠭᠤᠯᠤᠭᠰᠠᠨ ᠵᠶ᠋ᠠᠷ ᠰᠤᠯᠠ ᠪᠠᠶ᠋ᠢᠭ᠎ᠠ ᠪᠠᠶ᠋ᠢᠳᠠᠯ᠎ᠠᠴᠠ ᠴᠢᠩᠭ᠎ᠠ ᠬᠠᠷᠢᠭᠤᠴᠠᠯᠭ᠎ᠠ ᠨᠡᠬᠡᠮᠵᠢᠯᠡᠨ ᠬᠠᠷᠢᠭᠤᠴᠠᠯᠭ᠎ᠠ ᠲᠤᠯᠭ᠋ᠠᠬᠤ ᠬᠡᠷᠡᠭᠲᠡᠢ᠃ ᠥᠪᠡᠷᠲᠡᠭᠡᠨ ᠵᠠᠰᠠᠬᠤ ᠣᠷᠣᠨ᠎ᠤ ᠰᠠᠬᠢᠯᠭ᠎ᠠ ᠪᠠᠲᠤ ᠪᠠᠶ᠋ᠢᠴᠠᠭ᠋ᠠᠬᠤ ᠬᠤᠷᠢᠶ᠎ᠠ ᠬᠢᠨᠠᠨ ᠪᠠᠶ᠋ᠢᠴᠠᠭ᠋ᠠᠬᠤ ᠵᠥᠪᠯᠡᠯ ᠬᠢᠨᠠᠯᠲᠠ ᠲᠠᠯᠪᠢᠵᠤ ᠨᠡᠪᠲᠡᠷᠡᠭᠦᠯᠦᠨ ᠵᠣᠬᠢᠴᠠᠭᠤᠯᠬᠤ ᠲᠣᠭᠲᠠᠴᠠ ᠪᠠ ᠲᠠᠪᠴᠠᠩ᠎ᠢ ᠰᠠᠶ᠋ᠢᠲᠤᠷ ᠬᠡᠷᠡᠭᠯᠡᠵᠦ᠂ ᠠᠰᠠᠭᠤᠳᠠᠯ᠎ᠢ ᠴᠠᠭ ᠲᠤᠬᠠᠢ᠎ᠳᠤᠨᠢ ᠢᠯᠡᠷᠡᠭᠦᠯᠵᠦ᠂ ᠠᠯᠳᠠᠭ᠎ᠠ ᠪᠤᠷᠤᠭᠤ ᠵᠢ ᠵᠠᠯᠠᠷᠠᠭᠤᠯᠬᠤ ᠬᠡᠷᠡᠭᠲᠡᠢ᠃
    ᠬᠤᠯᠪᠣᠭᠳᠠᠯ ᠪᠦᠬᠦᠢ ᠨᠡᠷ᠎ᠡ ᠦᠭᠡᠰ᠎ᠤᠨ ᠲᠠᠶ᠋ᠢᠯᠪᠤᠷᠢ
    1. 《ᠭᠤᠷᠪᠠᠨ ᠰᠠᠯᠵᠤ ᠴᠢᠳᠠᠬᠤ ᠦᠭᠡᠢ》᠄ ᠬᠢᠲᠠᠳ ᠦᠨᠳᠦᠰᠦᠲᠡᠨ ᠴᠥᠭᠡᠨ ᠲᠣᠭ᠋ᠠᠲᠤ ᠦᠨᠳᠦᠰᠦᠲᠡᠨ᠎ᠠᠴᠠ ᠰᠠᠯᠵᠤ ᠴᠢᠳᠠᠬᠤ ᠦᠭᠡᠢ᠂ ᠴᠥᠭᠡᠨ ᠲᠣᠭ᠋ᠠᠲᠤ ᠦᠨᠳᠦᠰᠦᠲᠡᠨ ᠬᠢᠲᠠᠳ ᠦᠨᠳᠦᠰᠦᠲᠡᠨ᠎ᠠᠴᠠ ᠰᠠᠯᠵᠤ ᠴᠢᠳᠠᠬᠤ ᠦᠭᠡᠢ᠂ ᠴᠥᠭᠡᠨ ᠲᠣᠭ᠋ᠠᠲᠤ ᠦᠨᠳᠦᠰᠦᠲᠡᠨ᠎ᠨᠦᠭᠦᠳ ᠴᠦ᠍ ᠬᠡᠨ ᠠᠯᠢᠨ᠎ᠠᠴᠠ᠎ᠪᠠᠨ ᠰᠠᠯᠵᠤ ᠴᠢᠳᠠᠬᠤ ᠦᠭᠡᠢ᠃
    2. 《ᠳᠥᠷᠪᠡᠨ ᠬᠠᠮᠲᠤ᠎ᠪᠠᠷ》᠄ ᠮᠠᠨ᠎ᠤ ᠥᠷᠭᠡᠨ ᠠᠭᠤᠳᠠᠮ ᠨᠤᠲᠤᠭ ᠳᠡᠪᠢᠰᠬᠡᠷ᠎ᠢ ᠦᠨᠳᠦᠰᠦᠲᠡᠨ᠎ᠨᠦᠭᠦᠳ ᠬᠠᠮᠲᠤ᠎ᠪᠠᠷ ᠨᠡᠭᠡᠭᠡᠭᠰᠡᠨ ᠶᠤᠮ᠂ ᠮᠠᠨ᠎ᠤ ᠥᠨᠢ ᠤᠳᠠᠭ᠋ᠠᠨ ᠲᠡᠦᠬᠡ ᠵᠢ ᠦᠨᠳᠦᠰᠦᠲᠡᠨ᠎ᠨᠦᠭᠦᠳ ᠬᠠᠮᠲᠤ᠎ᠪᠠᠷ ᠪᠢᠴᠢᠭᠯᠡᠭᠰᠡᠨ ᠶᠤᠮ᠂ ᠮᠠᠨ᠎ᠤ ᠭᠡᠷᠡᠯ ᠰᠠᠴᠤᠷᠠᠩᠭᠤᠢ ᠰᠣᠶᠣᠯ᠎ᠢ ᠦᠨᠳᠦᠰᠦᠲᠡᠨ᠎ᠨᠦᠭᠦᠳ ᠬᠠᠮᠲᠤ᠎ᠪᠠᠷ ᠡᠭᠦᠳᠦᠭᠰᠡᠨ ᠶᠤᠮ᠂ ᠮᠠᠨ᠎ᠤ ᠠᠭᠤᠤ ᠶᠡᠭᠡ ᠵᠣᠷᠢᠭ ᠰᠠᠨᠠᠭ᠎ᠠ ᠵᠢ ᠦᠨᠳᠦᠰᠦᠲᠡᠨ᠎ᠨᠦᠭᠦᠳ ᠬᠠᠮᠲᠤ᠎ᠪᠠᠷ ᠪᠣᠶ᠋ᠢᠵᠢᠭᠤᠯᠤᠭᠰᠠᠨ ᠶᠤᠮ᠃
    3. 《ᠳᠥᠷᠪᠡᠨ ᠬᠠᠮᠲᠤᠳᠬᠠᠬᠤ》᠄ ᠵᠢᠷᠭ᠋ᠠᠯ ᠵᠣᠪᠠᠯᠠᠩ ᠵᠶ᠋ᠠᠨ ᠬᠠᠮᠲᠤᠳᠬᠠᠬᠤ᠂ ᠢᠷᠠᠭᠤ ᠠᠯᠳᠠᠷ ᠢᠴᠢᠭᠦᠷᠢ ᠭᠤᠲᠤᠮᠰᠢᠭ ᠵᠶ᠋ᠠᠨ ᠬᠠᠮᠲᠤᠳᠬᠠᠬᠤ᠂ ᠦᠬᠦᠵᠦ ᠰᠡᠭᠡᠭᠦ᠎ᠪᠠᠨ ᠬᠠᠮᠲᠤᠳᠬᠠᠬᠤ᠂ ᠬᠤᠪᠢ ᠵᠠᠶᠠᠭ᠎ᠠ᠎ᠪᠠᠨ ᠬᠠᠮᠲᠤᠳᠬᠠᠬᠤ ᠬᠠᠮᠲᠤ ᠵᠢᠨ ᠴᠣᠭᠴᠠ ᠵᠢᠨ ᠣᠶ᠋ᠢᠯᠠᠭ᠋ᠠᠭᠳᠠᠬᠤᠨ᠎ᠢ ᠪᠠᠲᠤ ᠪᠤᠢ ᠪᠣᠯᠭ᠋ᠠᠨ᠎ᠠ᠃
    4. 《ᠲᠠᠪᠤᠨ ᠬᠠᠮᠲᠤ ᠵᠢᠨ ᠲᠠᠨᠢᠯᠲᠠ》᠄ ᠠᠭᠤᠤ ᠶᠡᠭᠡ ᠡᠬᠡ ᠤᠯᠤᠰ᠂ ᠳᠤᠮᠳᠠᠳᠤ ᠵᠢᠨ ᠦᠨᠳᠦᠰᠦᠲᠡᠨ᠂ ᠳᠤᠮᠳᠠᠳᠤ ᠵᠢᠨ ᠰᠣᠶᠣᠯ᠂ ᠳᠤᠮᠳᠠᠳᠤ ᠤᠯᠤᠰ᠎ᠤᠨ ᠡᠪ ᠬᠠᠮᠲᠤ ᠨᠠᠮ᠂ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠬᠠᠮᠲᠤ ᠵᠢᠨ ᠲᠠᠨᠢᠯᠲᠠ᠃
    5. 《ᠲᠠᠪᠤᠨ ᠦᠵᠡᠯᠲᠡ》᠄ ᠵᠥᠪ ᠣᠨᠣᠪᠴᠢᠲᠠᠶ ᠤᠯᠤᠰ᠎ᠤᠨ ᠦᠵᠡᠯᠲᠡ᠂ ᠲᠡᠦᠬᠡ ᠵᠢᠨ ᠦᠵᠡᠯᠲᠡ᠂ ᠦᠨᠳᠦᠰᠦᠲᠡᠨ᠎ᠤ ᠦᠵᠡᠯᠲᠡ᠂ ᠰᠣᠶᠣᠯ᠎ᠤᠨ ᠦᠵᠡᠯᠲᠡ᠂ ᠱᠠᠰᠢᠨ ᠰᠤᠷᠲᠠᠬᠤᠨ᠎ᠤ ᠦᠵᠡᠯᠲᠡ ᠵᠢ ᠪᠤᠶ ᠪᠣᠯᠭ᠋ᠠᠨ᠎ᠠ᠃
    6. 《ᠳᠣᠯᠣᠭ᠋ᠠᠨ ᠲᠠᠯ᠎ᠠ᠎ᠪᠠᠷ ᠵᠢᠱ᠌ᠢᠶᠡᠴᠢ ᠪᠤᠯᠬᠤ》᠄ ᠨᠠᠮ᠎ᠤᠨ ᠠᠴᠢ᠎ᠳᠤ ᠲᠠᠯᠠᠷᠬᠠᠵᠤ ᠨᠠᠮ᠎ᠤᠨ ᠦᠭᠡ ᠵᠢ ᠰᠣᠨᠣᠰᠴᠤ᠂ ᠶᠡᠷᠦᠩᠬᠡᠢ ᠱᠦᠵᠢ ᠰᠢ ᠵᠢᠨ ᠫᠢᠩ᠎ᠢ ᠨᠢᠭᠲᠠ ᠲᠠᠭ᠋ᠠᠵᠤ ᠰᠢᠨ᠎ᠡ ᠠᠶᠠᠨ᠎ᠳᠤ ᠡᠷᠡᠯᠬᠡᠭᠯᠡᠨ ᠤᠷᠤᠭᠰᠢᠯᠠᠬᠤ ᠲᠠᠯ᠎ᠠ᠎ᠪᠠᠷ ᠵᠢᠱ᠌ᠢᠶᠡᠴᠢ ᠪᠤᠯᠬᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠲᠠᠯ᠎ᠠ᠎ᠪᠠᠷ ᠵᠢᠱ᠌ᠢᠶᠡᠴᠢ ᠪᠤᠯᠬᠤ᠂ ᠦᠨᠳᠦᠰᠦᠲᠡᠨ᠎ᠤ ᠭᠠᠵᠠᠷ ᠣᠷᠣᠨ᠎ᠳᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠬᠤ ᠪᠦᠲᠦᠭᠡᠨ ᠪᠠᠶ᠋ᠢᠭᠤᠯᠤᠯᠲᠠ ᠵᠢ ᠠᠬᠢᠭᠤᠯᠬᠤ ᠳᠤᠮᠳᠠ ᠵᠢᠱ᠌ᠢᠶᠡᠴᠢ ᠪᠤᠯᠬᠤ᠂ ᠬᠢᠯᠢ ᠬᠢᠵᠠᠭ᠋ᠠᠷ᠎ᠤᠨ ᠦᠨᠳᠦᠰᠦᠲᠡᠨ᠎ᠤ ᠭᠠᠵᠠᠷ ᠣᠷᠣᠨ᠎ᠢ ᠬᠠᠮᠲᠤ᠎ᠪᠠᠷ ᠪᠠᠶᠠᠵᠢᠭᠤᠯᠬᠤ ᠵᠠᠮ ᠳᠡᠭᠡᠷ᠎ᠡ ᠵᠢᠱ᠌ᠢᠶᠡᠴᠢ ᠪᠤᠯᠬᠤ᠂ ᠬᠢᠯᠢ ᠬᠢᠵᠠᠭ᠋ᠠᠷ᠎ᠢ ᠮᠠᠨᠳᠤᠭᠤᠯᠵᠤ ᠬᠢᠯᠢ ᠬᠢᠵᠠᠭ᠋ᠠᠷ᠎ᠢ ᠲᠣᠭᠲᠠᠪᠤᠷᠢᠵᠢᠭᠤᠯᠤᠨ ᠬᠢᠯᠢ ᠬᠢᠵᠠᠭ᠋ᠠᠷ᠎ᠢ ᠪᠠᠬᠢᠵᠢᠭᠦᠯᠬᠦ ᠲᠠᠯ᠎ᠠ᠎ᠪᠠᠷ ᠵᠢᠱ᠌ᠢᠶᠡᠴᠢ ᠪᠤᠯᠬᠤ᠂ ᠬᠢᠯᠢ ᠬᠢᠵᠠᠭ᠋ᠠᠷ᠎ᠤᠨ ᠭᠠᠵᠠᠷ ᠣᠷᠣᠨ᠎ᠤ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠬᠤᠣᠰ ᠣᠷᠴᠢᠯ᠎ᠢ ᠬᠤᠯᠪᠣᠨ ᠨᠡᠪᠲᠡᠷᠡᠭᠦᠯᠬᠦ ᠲᠠᠯ᠎ᠠ᠎ᠪᠠᠷ ᠵᠢᠱ᠌ᠢᠶᠡᠴᠢ ᠪᠤᠯᠬᠤ᠂ ᠰᠢᠨ᠎ᠡ ᠰᠤᠷᠲᠠᠯ ᠲᠥᠪ ᠰᠤᠷᠲᠠᠯ᠎ᠢ ᠪᠠᠳᠠᠷᠠᠭᠤᠯᠬᠤ ᠲᠠᠯ᠎ᠠ᠎ᠪᠠᠷ ᠵᠢᠱ᠌ᠢᠶᠡᠴᠢ ᠪᠤᠯᠬᠤ᠃
    7. 《ᠵᠢᠷᠭᠤᠭ᠋ᠠᠨ ᠥᠭᠦᠯᠡᠪᠦᠷᠢ ᠦᠭᠡᠨ᠎ᠳᠠᠬᠢ ᠪᠣᠳᠠᠲᠤ ᠶᠠᠪᠤᠳᠠᠯ ᠪᠠ ᠶᠣᠰᠣ ᠤᠴᠢᠷ》᠄ ᠥᠪᠥᠷ ᠮᠣᠩᠭᠤᠯ ᠣᠷᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠬᠠᠮᠤᠭ᠎ᠤᠨ ᠡᠷᠲᠡ ᠨᠠᠮ᠎ᠤᠨ ᠵᠣᠬᠢᠶᠠᠨ ᠪᠠᠶ᠋ᠢᠭᠤᠯᠤᠯᠲᠠ ᠵᠢ ᠪᠠᠶ᠋ᠢᠭᠤᠯᠤᠭᠰᠠᠨ ᠦᠨᠳᠦᠰᠦᠲᠡᠨ᠎ᠤ ᠭᠠᠵᠠᠷ ᠣᠷᠣᠨ ᠪᠣᠯᠣᠨ᠎ᠠ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ ᠪᠣᠯ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠤᠷᠢᠶ᠎ᠠ ᠵᠢᠨ ᠰᠢᠭᠤᠳ ᠤᠳᠤᠷᠢᠳᠤᠯᠭ᠎ᠠ ᠳᠣᠣᠷ᠎ᠠ ᠪᠠᠶ᠋ᠢᠭᠤᠯᠤᠭᠳᠠᠭᠰᠠᠨ ᠶᠤᠮ᠂ ᠥᠪᠥᠷ ᠮᠣᠩᠭᠤᠯ ᠪᠣᠯ ᠨᠠᠮ᠎ᠤᠨ ᠲᠥᠪ ᠬᠤᠷᠢᠶ᠎ᠠ ᠵᠢᠨ ᠳᠡᠮᠵᠢᠯᠭᠡ ᠳᠣᠣᠷ᠎ᠠ ᠬᠥᠭᠵᠢᠭᠰᠡᠨ ᠶᠤᠮ᠂ ᠥᠪᠥᠷ ᠮᠣᠩᠭᠤᠯ᠎ᠤᠨ ᠠᠵᠢᠯ᠎ᠤᠨ ᠳᠤᠮᠳᠠ ᠢᠯᠡᠷᠡᠭᠰᠡᠨ ᠴᠢᠬᠤᠯᠠ ᠶᠡᠭᠡ ᠬᠡᠯᠪᠡᠷᠢᠯ ᠵᠥᠷᠢᠶ᠎ᠡ ᠵᠢ ᠴᠥᠮ ᠨᠠᠮ᠎ᠤᠨ ᠲᠥᠪ ᠬᠤᠷᠢᠶ᠎ᠠ᠎ᠠᠴᠠ ᠬᠠᠪᠰᠤᠷᠤᠨ ᠵᠠᠯᠠᠷᠠᠭᠤᠯᠤᠭᠰᠠᠨ ᠶᠤᠮ᠂ ᠥᠪᠥᠷ ᠮᠣᠩᠭᠤᠯ᠎ᠤᠨ ᠰᠢᠨ᠎ᠡ ᠴᠠᠭ ᠦᠶ᠎ᠡ ᠵᠢᠨ ᠬᠥᠭᠵᠢᠯᠲᠡ ᠵᠢᠨ ᠠᠮᠵᠢᠯᠲᠠ ᠪᠦᠲᠦᠮᠵᠢ ᠵᠢ ᠪᠣᠯ ᠶᠡᠷᠦᠩᠬᠡᠢ ᠱᠦᠵᠢ ᠰᠢ ᠵᠢᠨ ᠫᠢᠩ᠎ᠤᠨ ᠳᠣᠲᠣᠨᠣ ᠬᠠᠯᠠᠮᠵᠢᠯᠠᠯ ᠪᠠ ᠵᠢᠯᠣᠭᠤᠳᠤᠯᠭ᠎ᠠ ᠳᠣᠣᠷ᠎ᠠ ᠣᠯᠣᠭᠰᠠᠨ ᠶᠤᠮ᠂ ᠥᠪᠥᠷ ᠮᠣᠩᠭᠤᠯ ᠵᠢᠱ᠌ᠢᠶᠡᠴᠢ ᠥᠪᠡᠷᠲᠡᠭᠡᠨ ᠵᠠᠰᠠᠬᠤ ᠣᠷᠣᠨ ᠪᠣᠯᠤᠭᠰᠠᠨ᠎ᠤ ᠵᠢᠱ᠌ᠢᠶᠡᠴᠢ᠎ᠨᠢ ᠨᠠᠮ᠎ᠤᠨ ᠦᠭᠡ ᠵᠢ ᠰᠣᠨᠣᠰᠤᠭᠰᠠᠨ

᠎ᠳᠤ ᠪᠤᠢ᠃
    8. ᠪᠤᠶ ᠪᠦᠬᠦᠢ ᠥᠭᠡᠷᠡᠴᠢᠯᠡᠯᠲᠡ ᠬᠥᠭᠵᠢᠯᠲᠡ᠎ᠳᠤ 《ᠭᠤᠷᠪᠠᠨ ᠠᠴᠢ ᠬᠤᠯᠪᠣᠭᠳᠠᠯ》᠎ᠢ ᠣᠯᠭᠤᠪᠠ᠄ ᠪᠤᠶ ᠪᠦᠬᠦᠢ ᠥᠭᠡᠷᠡᠴᠢᠯᠡᠯᠲᠡ ᠬᠥᠭᠵᠢᠯᠲᠡ᠎ᠳᠤ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠢᠯᠡᠷᠡᠭᠦᠯᠬᠦ ᠠᠴᠢ ᠬᠤᠯᠪᠣᠭᠳᠠᠯ᠂ ᠨᠢᠭᠡᠳᠦᠯ᠎ᠢ ᠬᠠᠮᠠᠭ᠋ᠠᠯᠠᠬᠤ᠂ ᠬᠠᠭ᠋ᠠᠴᠠᠭᠤᠯᠤᠯ᠎ᠢ ᠡᠰᠡᠷᠭᠦᠴᠡᠬᠦ ᠠᠴᠢ ᠬᠤᠯᠪᠣᠭᠳᠠᠯ᠂ ᠠᠷᠠᠳ᠎ᠤᠨ ᠠᠮᠢᠳᠤᠷᠠᠯ᠎ᠢ ᠰᠠᠶ᠋ᠢᠵᠢᠷᠠᠭᠤᠯᠬᠤ᠂ ᠬᠥᠮᠥᠰ᠎ᠤᠨ ᠰᠡᠳᠬᠢᠯ᠎ᠢ ᠨᠢᠭᠲᠠᠷᠠᠭᠤᠯᠬᠤ ᠠᠴᠢ ᠬᠤᠯᠪᠣᠭᠳᠠᠯ ᠣᠯᠭᠤᠪᠠ᠃
    9. ᠦᠨᠳᠦᠰᠦᠲᠡᠨ᠎ᠤ ᠪᠦᠯᠬᠦᠮᠳᠡᠯ ᠳᠠᠪᠰᠢᠯᠲᠠ ᠵᠢᠨ ᠵᠢᠱ᠌ᠢᠶ᠎ᠡ ᠦᠵᠡᠭᠦᠯᠭᠦ ᠣᠷᠣᠨ ᠵᠢᠱ᠌ᠢᠶ᠎ᠡ ᠦᠵᠡᠭᠦᠯᠭᠦ ᠨᠢᠭᠡᠴᠢ ᠵᠢᠨ 《ᠵᠠᠭᠤ ᠮᠢᠩᠭ᠎ᠠ ᠲᠦᠮᠡ᠎ᠪᠠᠷ ᠵᠢᠱ᠌ᠢᠶ᠎ᠡ ᠦᠵᠡᠭᠦᠯᠦᠨ ᠬᠥᠲᠥᠯᠥᠨ ᠳᠠᠭ᠋ᠠᠭᠤᠯᠬᠤ》 ᠢᠨᠵᠧᠨᠧᠷᠢᠩ᠄ 2027 ᠣᠨ ᠪᠤᠯᠬᠤ᠎ᠳᠤ ᠤᠯᠤᠰ᠎ᠤᠨ ᠳᠡᠰ᠂ ᠥᠪᠡᠷᠲᠡᠭᠡᠨ ᠵᠠᠰᠠᠬᠤ ᠣᠷᠣᠨ᠎ᠤ ᠳᠡᠰ᠂ ᠠᠶ᠋ᠢᠮᠠᠭ ᠬᠤᠲᠠ ᠪᠠ ᠬᠤᠰᠢᠭᠤ ᠰᠢᠶᠠᠨ (ᠬᠤᠲᠠ᠂ ᠲᠣᠭᠤᠷᠢᠭ)᠎ᠤ ᠲᠠᠰ᠎ᠤᠨ ᠵᠢᠱ᠌ᠢᠶ᠎ᠡ ᠦᠵᠡᠭᠦᠯᠭᠦ ᠣᠷᠣᠨ ᠵᠢᠱ᠌ᠢᠶ᠎ᠡ ᠦᠵᠡᠭᠦᠯᠭᠦ ᠨᠢᠭᠡᠴᠢ ᠵᠢᠨ ᠲᠤᠭ᠎ᠠ ᠵᠢ 100᠎ᠠᠴᠠ ᠳᠡᠭᠡᠭᠰᠢ᠂ 1000᠎ᠠᠴᠠ ᠳᠡᠭᠡᠭᠰᠢ᠂ 10000᠎ᠠᠴᠠ ᠳᠡᠭᠡᠭᠰᠢ᠎ᠳᠤ ᠬᠦᠷᠭᠡᠬᠦ᠎ᠪᠠᠷ ᠴᠢᠷᠮᠠᠶ᠋ᠢᠨ᠎ᠠ᠃
    10. 《ᠳᠥᠷᠪᠡᠨ ᠣᠨᠴᠠᠭ᠋ᠠᠶ》᠄ ᠨᠠᠮ᠎ᠤᠨ ᠲᠥᠪᠯᠡᠷᠡᠩᠭᠦᠢ ᠨᠢᠭᠡᠳᠦᠯᠲᠡᠢ ᠤᠳᠤᠷᠢᠳᠤᠯᠭ᠎ᠠ ᠵᠢ ᠬᠠᠮᠠᠭ᠋ᠠᠯᠠᠬᠤ ᠣᠪᠣᠷ ᠣᠨᠴᠠᠭ᠋ᠠᠶ ᠡᠷᠡᠰ ᠰᠢᠭᠤᠷᠬᠠᠢ᠂ ᠵᠥᠪ ᠪᠤᠷᠤᠭᠤ ᠵᠢ ᠲᠣᠳᠣᠷᠬᠠᠢ ᠢᠯᠭ᠋ᠠᠬᠤ ᠵᠣᠭᠰᠣᠯᠲᠠ ᠣᠨᠴᠠᠭ᠋ᠠᠶ ᠰᠡᠷᠭᠡᠭ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯᠯᠠᠭ᠎ᠠ ᠣᠨᠴᠠᠭ᠋ᠠᠶ ᠡᠷᠡᠰ ᠪᠠᠲᠤ᠂ ᠦᠨᠳᠦᠰᠦᠲᠡᠨ᠎ᠨᠦᠭᠦᠳ᠎ᠤᠨ ᠣᠯᠠᠨ ᠲᠦᠮᠡᠨ᠎ᠢ ᠬᠠᠶ᠋ᠢᠷᠠᠯᠠᠬᠤ ᠰᠡᠳᠬᠢᠯᠭᠡ ᠣᠨᠴᠠᠭ᠋ᠠᠶ ᠦᠨᠡᠨᠴᠢ᠃
   

ᠢᠷᠡᠯᠲᠡ᠄ ᠥᠪᠦᠷ ᠮᠤᠩᠭᠤᠯ᠎ᠤᠨ ᠵᠠᠰᠠᠭ᠎ᠤᠨ ᠤᠷᠳᠤᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠷᠣᠨ ᠨᠤᠲᠤᠭ᠎ᠤᠨ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠲᠥᠷᠥᠯ ᠵᠦᠢ᠍ᠯ᠎ᠤᠨ ᠬᠠᠮᠢᠶᠠᠷᠤᠯᠲᠠ ᠵᠢᠨ ᠠᠷᠭ᠎ᠠ
 
            