ᠲᠡᠷᠢᠭᠦᠨ ᠬᠠᠭᠤᠳᠠᠰᠤ
ᠠᠵᠢᠯ᠎ᠤᠨ ᠪᠠᠶ᠋ᠢᠳᠠᠯ
ᠢᠯᠡ ᠵᠠᠰᠠᠭ
ᠲᠤᠭ᠎ᠠ ᠪᠦᠷᠢᠳᠭᠡᠯ᠎ᠤᠨ ᠦᠢᠯᠡᠴᠢᠯᠡᠭᠡ
ᠢᠯᠡ ᠵᠠᠰᠠᠭ   -   ᠬᠠᠣᠯᠢ ᠴᠠᠭᠠᠵᠠ ᠲᠥᠷᠢᠮ ᠳᠣᠭᠲᠠᠭᠠᠯ
ᠪᠦᠬᠦ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠳᠦᠷᠢᠮ
ᠨᠡᠶ᠋ᠢᠲᠡᠯᠡᠭᠰᠡᠨ ᠴᠠᠭ᠄ 2024-01-05

          ᠪᠦᠬᠦ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠳᠦᠷᠢᠮ
    (2004 ᠣᠨ᠎ᠤ 9 ᠰᠠᠷ᠎ᠠ ᠵᠢᠨ 5᠎ᠤ ᠡᠳᠦᠷ ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠥᠷᠥ ᠵᠢᠨ ᠶᠠᠪᠤᠳᠠᠯ᠎ᠤᠨ ᠬᠣᠷᠢᠶᠠᠨ᠎ᠤ 415 ᠳ᠋ᠤᠭ᠋ᠠᠷ ᠵᠠᠷᠯᠢᠭ ᠵᠶ᠋ᠠᠷ ᠨᠡᠶ᠋ᠢᠲᠡᠯᠡᠪᠡ᠃ 2018 ᠣᠨ᠎ᠤ 8 ᠰᠠᠷ᠎ᠠ ᠵᠢᠨ 11᠎ᠤ ᠡᠳᠦᠷ᠎ᠤᠨ 《〈ᠪᠥᠬᠥ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠲᠦᠷᠢᠮ〉᠎ᠳᠤ ᠵᠠᠰᠠᠪᠤᠷᠢ ᠣᠷᠣᠭᠤᠯᠬᠤ ᠲᠤᠬᠠᠶ ᠲᠥᠷᠥ ᠵᠢᠨ ᠶᠠᠪᠤᠳᠠᠯ᠎ᠤᠨ ᠬᠣᠷᠢᠶᠠᠨ᠎ᠤ ᠲᠣᠭᠲᠠᠭ᠋ᠠᠯ》᠎ᠢ ᠦᠨᠳᠦᠰᠦᠯᠡᠨ ᠵᠠᠰᠠᠪᠤᠷᠢ ᠣᠷᠣᠭᠤᠯᠪᠠ)᠃

 

    ᠨᠢᠭᠡᠳᠦᠭᠡᠷ ᠪᠦᠯᠦᠭ    ᠶᠡᠷᠦᠩᠬᠡᠢ ᠳᠦᠷᠢᠮ
    ᠨᠢᠭᠡᠳᠦᠭᠡᠷ ᠵᠦᠢ᠍ᠯ    ᠪᠦᠬᠦ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢ ᠰᠢᠨᠵᠢᠯᠡᠬᠦ ᠤᠬᠠᠭ᠋ᠠᠨᠴᠢ᠂ ᠪᠦᠲᠦᠮᠵᠢᠲᠡᠶ᠎ᠪᠠᠷ ᠵᠣᠬᠢᠶᠠᠨ ᠪᠠᠶ᠋ᠢᠭᠤᠯᠤᠨ ᠶᠠᠪᠤᠭᠳᠠᠭᠤᠯᠵᠤ᠂ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠲᠣᠭ᠎ᠠ ᠪᠠᠷᠢᠮᠲᠠ ᠵᠢᠨ ᠣᠨᠣᠪᠴᠢᠲᠤ ᠴᠢᠨᠠᠷ ᠪᠣᠯᠤᠨ ᠴᠠᠭ ᠲᠤᠬᠠᠶ᠋ᠢᠲᠤ ᠴᠢᠨᠠᠷ᠎ᠢ ᠪᠠᠲᠤᠯᠠᠬᠤ ᠵᠢᠨ ᠲᠤᠰᠠᠳᠠ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠣᠭ᠎ᠠ ᠪᠦᠷᠢᠳᠬᠡᠯ᠎ᠤᠨ ᠬᠠᠤᠯᠢ》 ᠵᠢ ᠦᠨᠳᠦᠰᠦᠯᠡᠨ᠂ ᠲᠤᠰ ᠳᠦᠷᠢᠮ᠎ᠢ ᠲᠣᠭᠲᠠᠭ᠋ᠠᠪᠠ᠃
    ᠬᠣᠶᠠᠳᠤᠭ᠋ᠠᠷ ᠵᠦᠢ᠍ᠯ   ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠵᠣᠷᠢᠯᠭ᠎ᠠ ᠪᠣᠯ ᠮᠠᠨ᠎ᠤ ᠤᠯᠤᠰ᠎ᠤᠨ ᠬᠣᠶᠠᠳᠤᠭ᠋ᠠᠷ ᠠᠵᠤ ᠦᠢ᠍ᠯᠡᠰ᠂ ᠭᠤᠷᠪᠠᠳᠤᠭ᠋ᠠᠷ ᠠᠵᠤ ᠦᠢ᠍ᠯᠡᠰ᠎ᠤᠨ ᠬᠥᠭᠵᠢᠯᠲᠡ ᠵᠢᠨ ᠬᠡᠪᠴᠢᠶ᠎ᠡ᠂ ᠪᠦᠲᠦᠴᠡ ᠪᠣᠯᠤᠨ ᠦᠷ᠎ᠡ ᠠᠰᠢᠭ ᠵᠡᠷᠭᠡ ᠪᠠᠶ᠋ᠢᠳᠠᠯ᠎ᠢ ᠪᠦᠬᠦ ᠲᠠᠯ᠎ᠠ᠎ᠪᠠᠷ ᠡᠵᠡᠮᠰᠢᠨ᠂ ᠦᠨᠳᠦᠰᠦᠨ ᠨᠢᠭᠡᠴᠡ ᠵᠢᠨ ᠨᠡᠷᠡᠰ᠎ᠤᠨ ᠬᠥᠮᠥᠷᠭᠡ ᠵᠢᠴᠢ ᠳ᠋ᠠᠢ᠌ᠲ᠋ᠠ ᠬᠥᠮᠥᠷᠭᠡ ᠵᠢᠨ ᠰᠢᠰᠲᠸᠮ᠎ᠢ ᠪᠠᠶ᠋ᠢᠭᠤᠯᠤᠨ ᠪᠦᠷᠢᠨᠰᠢᠭᠦᠯᠵᠦ᠂ ᠤᠯᠤᠰ ᠠᠷᠠᠳ᠎ᠤᠨ ᠠᠵᠤ ᠠᠬᠤᠶ ᠪᠣᠯᠤᠨ ᠨᠡᠶ᠋ᠢᠭᠡᠮ᠎ᠤᠨ ᠬᠥᠭᠵᠢᠯᠲᠡ ᠵᠢᠨ ᠲᠥᠯᠥᠪᠵᠢᠭᠦᠯᠭᠡ ᠵᠢ ᠰᠤᠳᠤᠯᠤᠨ ᠲᠣᠭᠲᠠᠭ᠋ᠠᠬᠤ᠂ ᠰᠢᠢ᠍ᠳᠪᠦᠷᠢᠳᠦ ᠪᠣᠳᠣᠯᠭ᠎ᠠ ᠲᠣᠭᠲᠠᠭ᠋ᠠᠬᠤ ᠪᠠ ᠬᠠᠮᠢᠶᠠᠷᠤᠯᠲᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠬᠦ᠎ᠳᠤ ᠰᠠᠭᠤᠷᠢ ᠲᠠᠯᠪᠢᠬᠤ ᠵᠢᠨ ᠲᠥᠯᠥᠭᠡ ᠶᠤᠮ᠃
    ᠭᠤᠷᠪᠠᠳᠤᠭ᠋ᠠᠷ ᠵᠦᠢ᠍ᠯ    ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠢ ᠪᠦᠬᠦ ᠤᠯᠤᠰ᠎ᠲᠤ ᠨᠢᠭᠡᠳᠦᠯᠲᠡᠶ ᠤᠳᠤᠷᠢᠳᠬᠤ᠂ ᠰᠠᠯᠠᠭ᠎ᠠ ᠮᠥᠴᠢᠷ᠎ᠤᠳ ᠠᠵᠢᠯ ᠵᠶ᠋ᠠᠨ ᠬᠤᠪᠢᠳᠠᠨ ᠬᠠᠮᠵᠢᠯᠴᠠᠬᠤ᠂ ᠣᠷᠣᠨ ᠨᠤᠲᠤᠭ᠎ᠤᠨ᠎ᠬᠢᠨ ᠱᠠᠲᠤ ᠬᠤᠪᠢᠶᠠᠨ ᠬᠠᠷᠢᠭᠤᠴᠠᠬᠤ᠂ ᠡᠯ᠎ᠡ ᠲᠠᠯ᠎ᠠ ᠵᠢᠨ᠎ᠬᠢᠨ ᠬᠠᠮᠲᠤ᠎ᠪᠠᠷ ᠣᠷᠣᠯᠴᠠᠬᠤ ᠵᠠᠷᠴᠢᠮ᠎ᠤᠨ ᠶᠣᠰᠣᠭ᠋ᠠᠷ ᠵᠣᠬᠢᠶᠠᠨ ᠪᠠᠶ᠋ᠢᠭᠤᠯᠤᠨ ᠶᠠᠪᠤᠭᠳᠠᠭᠤᠯᠤᠨ᠎ᠠ᠃
    ᠳᠥᠷᠪᠡᠳᠦᠭᠡᠷ ᠵᠦᠢ᠍ᠯ   ᠲᠥᠷᠥ ᠵᠢᠨ ᠪᠠᠶ᠋ᠢᠭᠤᠯᠭ᠎ᠠ᠂ ᠨᠡᠶ᠋ᠢᠭᠡᠮ᠎ᠤᠨ ᠪᠦᠯᠬᠦᠮ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠡ᠂ ᠪᠤᠰᠤᠳ ᠵᠣᠬᠢᠶᠠᠨ ᠪᠠᠶ᠋ᠢᠭᠤᠯᠤᠯᠲᠠ ᠪᠣᠯᠤᠨ ᠬᠤᠪᠢ ᠵᠢᠨ ᠡᠵᠡᠩᠨᠡᠯᠲᠡ ᠵᠢᠨ ᠡᠷᠦᠬᠡ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠣᠭ᠎ᠠ ᠪᠦᠷᠢᠳᠬᠡᠯ᠎ᠤᠨ ᠬᠠᠤᠯᠢ》 ᠪᠣᠯᠤᠨ ᠲᠤᠰ ᠳᠦᠷᠢᠮ᠎ᠤᠨ ᠲᠣᠭᠲᠠᠭ᠋ᠠᠯ ᠶᠣᠰᠣᠭ᠋ᠠᠷ᠂ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠳᠤ ᠢᠳᠡᠪᠬᠢᠲᠡᠶ ᠣᠷᠣᠯᠴᠠᠬᠤ ᠵᠢᠨ ᠬᠠᠮᠲᠤ ᠨᠢᠭᠲᠠ ᠬᠠᠮᠵᠢᠯᠴᠠᠬᠤ ᠬᠡᠷᠡᠭᠲᠡᠶ᠃
    ᠲᠠᠪᠤᠳᠤᠭ᠋ᠠᠷ ᠵᠦᠢ᠍ᠯ    ᠡᠯ᠎ᠡ ᠱᠠᠲᠤᠨ᠎ᠤ ᠤᠬᠠᠭᠤᠯᠬᠤ ᠰᠠᠯᠠᠭ᠎ᠠ ᠮᠥᠴᠢᠷ᠎ᠤᠳ ᠰᠣᠨᠢᠨ ᠰᠡᠳᠬᠦᠯ᠂ ᠷᠠᠳᠢᠣ ᠨᠡᠪᠲᠡᠷᠡᠭᠦᠯᠭᠡ᠂ ᠲᠧᠯᠸᠢᠰ᠂ ᠢᠨᠲᠸᠷ ᠰᠦᠯᠵᠢᠶ᠎ᠡ ᠪᠣᠯᠤᠨ ᠭᠡᠷ᠎ᠤᠨ ᠭᠠᠳᠠᠨᠠᠬᠢ ᠵᠠᠷ ᠮᠡᠳᠡᠭᠡ ᠵᠡᠷᠭᠡ ᠵᠠᠭᠤᠴᠢ ᠵᠢ ᠭᠦᠢ᠍ᠴᠡᠳ ᠠᠰᠢᠭᠯᠠᠨ᠂ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠨᠡᠶ᠋ᠢᠭᠡᠮ᠎ᠤᠨ ᠤᠬᠠᠭᠤᠯᠭ᠎ᠠ᠂ ᠳᠠᠶ᠋ᠢᠴᠢᠯᠠᠬᠤ ᠠᠵᠢᠯ᠎ᠢ ᠬᠢᠨᠠᠮᠠᠭ᠋ᠠᠶ ᠰᠠᠶ᠋ᠢᠲᠤᠷ ᠬᠢᠬᠦ ᠬᠡᠷᠡᠭᠲᠡᠶ᠃
    ᠵᠢᠷᠭᠤᠳᠤᠭ᠋ᠠᠷ ᠵᠦᠢ᠍ᠯ    ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ᠎ᠳᠤ ᠬᠡᠷᠡᠭᠰᠡᠬᠦ ᠵᠠᠷᠤᠳᠠᠯ᠎ᠢ ᠲᠥᠪ ᠪᠣᠯᠤᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠬᠠᠮᠲᠤᠪᠠᠷ ᠡᠭᠦᠷᠭᠡᠯᠡᠬᠦ ᠵᠢᠨ ᠬᠠᠮᠲᠤ ᠵᠣᠬᠢᠴᠠᠩᠭᠤᠶ ᠪᠦᠬᠦᠢ ᠣᠨ᠎ᠤ ᠡᠳ᠋᠎ᠤᠨ ᠵᠠᠰᠠᠭ᠎ᠤᠨ ᠲᠥᠰᠦᠪ᠎ᠲᠡᠭᠡᠨ ᠣᠷᠣᠭᠤᠯᠵᠤ᠂ ᠴᠠᠭ ᠬᠤᠭᠤᠴᠠᠭ᠎ᠠ ᠶᠣᠰᠣᠭ᠋ᠠᠷ ᠰᠠᠯᠭ᠋ᠠᠨ ᠥᠭᠴᠦ᠂ ᠪᠣᠳᠠᠲᠠᠶ᠋ᠢᠵᠢᠭᠤᠯᠬᠤ ᠵᠢ ᠦᠨᠡᠨᠬᠦ ᠪᠠᠲᠤᠯᠠᠬᠤ ᠬᠡᠷᠡᠭᠲᠡᠶ᠃
    ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠵᠠᠷᠤᠳᠠᠯ᠎ᠢ ᠨᠢᠭᠡᠳᠦᠯᠲᠡᠶ ᠬᠠᠮᠢᠶᠠᠷᠴᠤ᠂ ᠲᠤᠰᠬᠠᠶ ᠵᠣᠭᠣᠰ᠎ᠢ ᠲᠤᠰᠬᠠᠶ ᠵᠦᠢ᠍ᠯ᠎ᠳᠤᠨᠢ ᠬᠡᠷᠡᠭᠯᠡᠵᠦ᠂ ᠵᠠᠷᠤᠯᠭ᠎ᠠ ᠵᠢ ᠴᠢᠩᠭ᠎ᠠ ᠬᠢᠵᠠᠭ᠋ᠠᠷᠯᠠᠬᠤ ᠬᠡᠷᠡᠭᠲᠡᠶ᠃
    ᠳᠣᠯᠣᠳᠤᠭ᠋ᠠᠷ ᠵᠦᠢ᠍ᠯ    ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢ 5 ᠵᠢᠯ ᠪᠦᠷᠢ᠎ᠳᠤ ᠨᠢᠭᠡ ᠤᠳᠠᠭ᠎ᠠ ᠬᠢᠵᠦ᠂ ᠨᠡᠶ᠋ᠢᠳᠡᠮ ᠪᠠᠶ᠋ᠢᠴᠠᠭ᠋ᠠᠯᠲᠠ ᠵᠢᠨ ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ ᠪᠠᠷᠢᠮᠵᠢᠶ᠎ᠠ ᠴᠠᠭ

ᠪᠣᠯᠤᠨ᠎ᠠ᠃
    ᠬᠣᠶᠠᠳᠤᠭ᠋ᠠᠷ ᠪᠦᠯᠦᠭ    ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠡᠲᠡᠭᠡᠳ᠂ ᠬᠡᠪᠴᠢᠶ᠎ᠡ ᠪᠣᠯᠤᠨ ᠠᠷᠭ᠎ᠠ
     ᠨᠠᠢ᠍ᠮᠠᠳᠤᠭ᠋ᠠᠷ ᠵᠦᠢ᠍ᠯ    ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠡᠲᠡᠭᠡᠳ ᠪᠣᠯ ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠢᠯᠢ ᠳᠣᠲᠣᠷ᠎ᠠ ᠬᠣᠶᠠᠳᠤᠭ᠋ᠠᠷ ᠠᠵᠤ ᠦᠢ᠍ᠯᠡᠰ᠂ ᠭᠤᠷᠪᠠᠳᠤᠭ᠋ᠠᠷ ᠠᠵᠤ ᠦᠢ᠍ᠯᠡᠰ᠎ᠤᠨ ᠠᠵᠢᠯᠯᠠᠭ᠎ᠠ ᠬᠢᠵᠦ ᠪᠠᠶ᠋ᠢᠭ᠎ᠠ ᠪᠦᠬᠦ ᠬᠠᠤᠯᠢ ᠵᠢᠨ ᠡᠷᠬᠡᠲᠡᠨ᠎ᠤ ᠨᠢᠭᠡᠴᠡ᠂ ᠠᠵᠤ ᠦᠢ᠍ᠯᠡᠰ᠎ᠤᠨ ᠠᠵᠢᠯᠯᠠᠭ᠎ᠠ ᠵᠢᠨ ᠨᠢᠭᠡᠴᠡ ᠪᠣᠯᠤᠨ ᠬᠤᠪᠢ ᠵᠢᠨ ᠡᠵᠡᠩᠨᠡᠯᠲᠡ ᠵᠢᠨ ᠡᠷᠦᠬᠡ ᠪᠣᠯᠤᠨ᠎ᠠ᠃
    ᠶᠢᠰᠦᠳᠦᠭᠡᠷ ᠵᠦᠢ᠍ᠯ    ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠡᠲᠡᠭᠡᠳ᠎ᠨᠢ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ ᠪᠣᠯᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯᠲᠠᠨ᠎ᠤ ᠬᠠᠤᠯᠢ ᠶᠣᠰᠣᠭ᠋ᠠᠷ ᠬᠢᠬᠦ ᠪᠠᠶ᠋ᠢᠴᠠᠭ᠋ᠠᠯᠲᠠ ᠵᠢ ᠬᠦᠯᠢᠶᠡᠬᠦ ᠡᠭᠦᠷᠭᠡ᠎ᠲᠠᠢ᠃
    ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠭᠳᠠᠬᠤ ᠡᠲᠡᠭᠡᠳ᠎ᠨᠢ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠬᠦᠰᠦᠨᠦᠭᠲᠦ ᠵᠢ ᠴᠠᠭ ᠲᠤᠬᠠᠶ᠎ᠳᠤᠨᠢ ᠲᠠᠭᠯᠠᠨ ᠮᠡᠳᠡᠭᠦᠯᠬᠦ ᠬᠡᠷᠡᠭᠲᠡᠶ᠂ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠲᠣᠭ᠎ᠠ ᠪᠠᠷᠢᠮᠲᠠ ᠵᠢ ᠬᠤᠳᠠᠯ ᠵᠶ᠋ᠠᠷ ᠮᠡᠳᠡᠭᠦᠯᠬᠦ᠂ ᠳᠠᠷᠤᠭ᠋ᠠᠳ ᠮᠡᠳᠡᠭᠦᠯᠬᠦ ᠦᠭᠡᠶ᠂ ᠮᠡᠳᠡᠭᠦᠯᠬᠦ ᠦᠭᠡᠶ ᠪᠠᠶ᠋ᠢᠬᠤ ᠪᠠ ᠤᠳᠠᠭ᠋ᠠᠰᠢᠷᠠᠭᠤᠯᠤᠨ ᠮᠡᠳᠡᠭᠦᠯᠵᠦ ᠪᠣᠯᠬᠤ ᠦᠭᠡᠶ᠃
    ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠡᠲᠡᠭᠡᠳ᠎ᠨᠢ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ ᠪᠣᠯᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯᠲᠠᠨ᠎ᠤ ᠱᠠᠭ᠋ᠠᠷᠳᠠᠯᠭ᠎ᠠ ᠶᠣᠰᠣᠭ᠋ᠠᠷ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ᠎ᠯᠤᠭ᠎ᠠ ᠬᠣᠯᠪᠣᠭᠳᠠᠬᠤ ᠮᠠᠲᠸᠷᠢᠶᠠᠯ᠎ᠢ ᠴᠠᠭ ᠲᠤᠬᠠᠶ᠎ᠳᠤᠨᠢ ᠬᠠᠩᠭ᠋ᠠᠬᠤ ᠬᠡᠷᠡᠭᠲᠡᠶ᠃
    ᠠᠷᠪᠠᠳᠤᠭ᠋ᠠᠷ ᠵᠦᠢ᠍ᠯ    ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ ᠲᠥᠷᠥᠯ᠎ᠤᠨ ᠬᠡᠪᠴᠢᠶ᠎ᠡ᠎ᠨᠢ ᠬᠣᠶᠠᠳᠤᠭ᠋ᠠᠷ ᠠᠵᠤ ᠦᠢ᠍ᠯᠡᠰ᠂ ᠭᠤᠷᠪᠠᠳᠤᠭ᠋ᠠᠷ ᠠᠵᠤ ᠦᠢ᠍ᠯᠡᠰ᠎ᠲᠤ ᠬᠠᠮᠤᠷᠤᠭᠳᠠᠬᠤ ᠠᠵᠢᠯ ᠲᠥᠷᠥᠯ ᠪᠣᠯᠤᠨ᠎ᠠ᠂ ᠪᠣᠳᠠᠲᠠᠶ ᠠᠵᠢᠯ ᠲᠥᠷᠥᠯ᠎ᠤᠨ ᠬᠤᠪᠢᠶᠠᠷᠢᠯᠠᠯ᠎ᠢ ᠤᠯᠤᠰ᠎ᠤᠨ ᠪᠠᠷᠢᠮᠵᠢᠶ᠎ᠠ ᠵᠢᠨ ᠬᠡᠯᠪᠡᠷᠢ᠎ᠪᠠᠷ ᠨᠡᠶ᠋ᠢᠲᠡᠯᠡᠭᠰᠡᠨ 《ᠤᠯᠤᠰ ᠠᠷᠠᠳ᠎ᠤᠨ ᠠᠵᠤ ᠠᠬᠤᠶ ᠵᠢᠨ ᠠᠵᠢᠯ ᠲᠥᠷᠥᠯ᠎ᠤᠨ ᠬᠤᠪᠢᠶᠠᠷᠢᠯᠠᠯ》᠎ᠤᠨ ᠶᠣᠰᠣᠭ᠋ᠠᠷ ᠬᠡᠷᠡᠭᠵᠢᠭᠦᠯᠦᠨ᠎ᠡ᠃
    ᠠᠷᠪᠠᠨ ᠨᠢᠭᠡᠳᠦᠭᠡᠷ ᠵᠦᠢ᠍ᠯ    ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ᠎ᠳᠤ ᠪᠦᠬᠦ ᠲᠠᠯ᠎ᠠ᠎ᠪᠠᠷ ᠪᠠᠶ᠋ᠢᠴᠠᠭ᠋ᠠᠬᠤ ᠠᠷᠭ᠎ᠠ ᠵᠢ ᠬᠡᠷᠡᠭᠯᠡᠨ᠎ᠡ᠂ ᠭᠡᠬᠦ᠎ᠳᠡᠭᠡᠨ ᠵᠢᠵᠢᠭ ᠪᠢᠴᠢᠯ ᠠᠵᠤ ᠠᠬᠤᠶ᠋ᠢᠯᠠᠯ ᠪᠣᠯᠤᠨ ᠬᠤᠪᠢ ᠵᠢᠨ ᠡᠵᠡᠩᠨᠡᠯᠲᠡ ᠵᠢᠨ ᠡᠷᠦᠬᠡ ᠵᠢᠨ ᠦᠢ᠍ᠯᠡᠳᠪᠦᠷᠢᠯᠡᠯ ᠡᠵᠡᠩᠨᠡᠯᠲᠡ ᠵᠢᠨ ᠪᠠᠶ᠋ᠢᠳᠠᠯ ᠵᠡᠷᠭᠡ᠎ᠳᠤ ᠦᠯᠢᠭᠡᠷ ᠠᠪᠴᠤ ᠪᠠᠶ᠋ᠢᠴᠠᠭ᠋ᠠᠬᠤ ᠠᠷᠭ᠎ᠠ ᠵᠢ ᠠᠪᠴᠤ ᠪᠣᠯᠤᠨ᠎ᠠ᠃
    ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ᠎ᠳᠤ ᠵᠠᠰᠠᠭ ᠵᠠᠬᠢᠷᠭ᠋ᠠᠨ᠎ᠤ ᠲᠡᠮᠳᠡᠭᠯᠡᠯ ᠵᠡᠷᠭᠡ ᠮᠠᠲᠸᠷᠢᠶᠠᠯ᠎ᠢ ᠭᠦᠢ᠍ᠴᠡᠳ ᠠᠰᠢᠭᠯᠠᠬᠤ ᠬᠡᠷᠡᠭᠲᠡᠶ᠃
    ᠭᠤᠷᠪᠠᠳᠤᠭ᠋ᠠᠷ ᠪᠦᠯᠦᠭ   ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠬᠦᠰᠦᠨᠦᠭᠲᠦ ᠵᠢᠨ ᠬᠡᠯᠪᠡᠷᠢ᠂ ᠭᠣᠣᠯ ᠠᠭᠤᠯᠭ᠎ᠠ ᠪᠠ ᠪᠠᠷᠢᠮᠵᠢᠶ᠎ᠠ
    ᠠᠷᠪᠠᠨ ᠬᠣᠶᠠᠳᠤᠭ᠋ᠠᠷ ᠵᠦᠢ᠍ᠯ   ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢ ᠪᠠᠶ᠋ᠢᠴᠠᠭ᠋ᠠᠭᠳᠠᠭᠴᠢ ᠵᠢᠨ ᠠᠳᠠᠯᠢ ᠪᠤᠰᠤ ᠲᠥᠷᠥᠯ ᠵᠶ᠋ᠠᠷ᠎ᠨᠢ ᠬᠠᠤᠯᠢ ᠵᠢᠨ ᠡᠷᠬᠡᠲᠡᠨ᠎ᠤ ᠨᠢᠭᠡᠴᠡ ᠵᠢᠨ ᠪᠠᠶ᠋ᠢᠴᠠᠭ᠋ᠠᠯᠲᠠ ᠵᠢᠨ ᠬᠦᠰᠦᠨᠦᠭᠲᠦ᠂ ᠠᠵᠤ ᠦᠢ᠍ᠯᠡᠰ᠎ᠤᠨ ᠠᠵᠢᠯᠯᠠᠭ᠎ᠠ ᠵᠢᠨ ᠨᠢᠭᠡᠴᠡ ᠵᠢᠨ ᠪᠠᠶ᠋ᠢᠴᠠᠭ᠋ᠠᠯᠲᠠ ᠵᠢᠨ ᠬᠦᠰᠦᠨᠦᠭᠲᠦ ᠪᠣᠯᠤᠨ ᠬᠤᠪᠢ ᠵᠢᠨ ᠡᠵᠡᠩᠨᠡᠯᠲᠡ ᠵᠢᠨ ᠡᠷᠦᠬᠡ ᠵᠢᠨ ᠪᠠᠶ᠋ᠢᠴᠠᠭ᠋ᠠᠯᠲᠠ ᠵᠢᠨ ᠬᠦᠰᠦᠨᠦᠭᠲᠦ ᠭᠠᠷᠭ᠋ᠠᠬᠤ ᠬᠡᠷᠡᠭᠲᠡᠶ᠃
    ᠠᠷᠪᠠᠨ ᠭᠤᠷᠪᠠᠳᠤᠭ᠋ᠠᠷ ᠵᠦᠢ᠍ᠯ   ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠭᠣᠣᠯ ᠠᠭᠤᠯᠭ᠎ᠠ᠎ᠳᠤ᠄ ᠨᠢᠭᠡᠴᠡ ᠵᠢᠨ ᠦᠨᠳᠦᠰᠦᠨ ᠰᠢᠨᠵᠢ ᠴᠢᠨᠠᠷ᠂ ᠠᠵᠢᠯᠯᠠᠭᠰᠠᠳ᠂ ᠡᠳ᠋᠎ᠤᠨ ᠶᠠᠪᠤᠳᠠᠯ᠎ᠤᠨ ᠪᠠᠶ᠋ᠢᠳᠠᠯ᠂ ᠦᠢ᠍ᠯᠡᠳᠪᠦᠷᠢᠯᠡᠯ ᠡᠵᠡᠩᠨᠡᠯᠲᠡ ᠵᠢᠨ ᠪᠠᠶ᠋ᠢᠳᠠᠯ᠂ ᠦᠢ᠍ᠯᠡᠳᠪᠦᠷᠢᠯᠡᠯ᠎ᠤᠨ ᠴᠢᠳᠠᠪᠤᠷᠢ᠂ ᠲᠦᠭᠦᠬᠡᠶ ᠮᠠᠲ᠋ᠧᠷᠢᠶᠠᠯ ᠪᠣᠯᠤᠨ ᠡᠨᠧᠷᠭᠢ ᠵᠢᠨ ᠬᠣᠷᠣᠭᠳᠠᠭᠤᠯᠭ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠢᠯᠯᠠᠭ᠎ᠠ ᠵᠢᠨ ᠪᠠᠶ᠋ᠢᠳᠠᠯ ᠵᠡᠷᠭᠡ ᠪᠠᠭᠲᠠᠨ᠎ᠠ᠃
    ᠠᠷᠪᠠᠨ ᠳᠥᠷᠪᠡᠳᠦᠭᠡᠷ ᠵᠦᠢ᠍ᠯ   ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ᠎ᠳᠤ ᠤᠯᠤᠰ᠎ᠠᠴᠠ ᠲᠣᠭᠲᠠᠭ᠋ᠠᠭᠰᠠᠨ ᠲᠣᠭ᠎ᠠ ᠪᠦᠷᠢᠳᠬᠡᠯ᠎ᠤᠨ ᠲᠥᠷᠥᠯ ᠬᠤᠪᠢᠶᠠᠬᠤ ᠪᠠᠷᠢᠮᠵᠢᠶ᠎ᠠ ᠪᠣᠯᠤᠨ ᠭᠠᠷᠴᠠᠭ᠎ᠢ ᠬᠡᠷᠡᠭᠯᠡᠨ᠎ᠡ᠃ 
     ᠳᠥᠷᠪᠡᠳᠦᠭᠡᠷ ᠪᠦᠯᠦᠭ   ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢ ᠵᠣᠬᠢᠶᠠᠨ ᠪᠠᠶ᠋ᠢᠭᠤᠯᠤᠨ ᠶᠠᠪᠤᠭᠳᠠᠭᠤᠯᠬᠤ
    ᠠᠷᠪᠠᠨ ᠲᠠᠪᠤᠳᠤᠭ᠋ᠠᠷ ᠵᠦᠢ᠍ᠯ    ᠲᠥᠷᠥ ᠵᠢᠨ ᠶᠠᠪᠤᠳᠠᠯ᠎ᠤᠨ ᠬᠣᠷᠢᠶ᠎ᠠ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠤᠳᠤᠷᠢᠳᠬᠤ ᠳᠤᠭᠤᠶ᠋ᠢᠯᠠᠩ ᠵᠢᠴᠢ ᠠᠯᠪᠠᠨ ᠭᠡᠷ ᠭᠠᠷᠭ᠋ᠠᠨ᠎ᠠ᠃ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠤᠳᠤᠷᠢᠳᠬᠤ ᠳᠤᠭᠤᠶ᠋ᠢᠯᠠᠩ᠎ᠨᠢ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠵᠣᠬᠢᠶᠠᠨ ᠪᠠᠶ᠋ᠢᠭᠤᠯᠬᠤ ᠪᠠ ᠬᠡᠷᠡᠭᠵᠢᠭᠦᠯᠬᠦ ᠵᠢ ᠬᠠᠷᠢᠭᠤᠴᠠᠨ᠎ᠠ᠃ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ᠎ᠢ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ᠎ᠳᠤ ᠭᠠᠷᠭ᠋ᠠᠵᠤ᠂ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠡᠳᠦᠷ ᠲᠤᠲᠤᠮ᠎ᠤᠨ ᠵᠣᠬᠢᠶᠠᠨ ᠪᠠᠶ᠋ᠢᠭᠤᠯᠬᠤ ᠪᠠ ᠵᠣᠬᠢᠴᠠᠭᠤᠯᠬᠤ ᠵᠢ ᠪᠣᠳᠠᠲᠠᠶ ᠬᠠᠷᠢᠭᠤᠴᠠᠨ᠎ᠠ᠃
    ᠲᠦᠷᠦ ᠵᠢᠨ ᠶᠠᠪᠤᠳᠠᠯ᠎ᠤᠨ ᠬᠣᠷᠢᠶᠠᠨ᠎ᠤ ᠡᠯ᠎ᠡ ᠬᠣᠯᠪᠣᠭᠳᠠᠯ ᠪᠦᠬᠦᠢ ᠰᠠᠯᠠᠭ᠎ᠠ ᠮᠥᠴᠢᠷ ᠲᠤᠰ ᠲᠤᠰ᠎ᠤᠨ ᠬᠠᠷᠢᠭᠤᠴᠠᠯᠭ᠎ᠠ᠎ᠪᠠᠨ ᠡᠭᠦᠷᠭᠡᠯᠡᠵᠦ᠂ ᠨᠢᠭᠲᠠ ᠬᠠᠮᠵᠢᠯᠴᠠᠨ᠂ ᠬᠣᠯᠪᠣᠭᠳᠠᠯ ᠪᠦᠬᠦᠢ ᠠᠵᠢᠯ᠎ᠢ ᠬᠢᠨᠠᠮᠠᠭ᠋ᠠᠢ ᠰᠠᠶ᠋ᠢᠲᠤᠷ ᠬᠢᠬᠦ ᠬᠡᠷᠡᠭᠲᠡᠢ᠃
    ᠠᠷᠪᠠᠨ ᠵᠢᠷᠭᠤᠳᠤᠭ᠋ᠠᠷ ᠵᠦᠢ᠍ᠯ    ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠤᠳᠤᠷᠢᠳᠬᠤ ᠳᠤᠭᠤᠶ᠋ᠢᠯᠠᠩ ᠵᠢᠴᠢ ᠠᠯᠪᠠᠨ ᠭᠡᠷ ᠭᠠᠷᠭ᠋ᠠᠵᠤ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠤᠳᠤᠷᠢᠳᠬᠤ ᠳᠤᠭᠤᠶ᠋ᠢᠯᠠᠩ ᠵᠢᠴᠢ ᠠᠯᠪᠠᠨ ᠭᠡᠷ᠎ᠤᠨ ᠨᠢᠭᠡᠳᠦᠯᠲᠡᠶ ᠲᠣᠭᠲᠠᠭ᠋ᠠᠯ ᠪᠣᠯᠤᠨ ᠱᠠᠭ᠋ᠠᠷᠳᠠᠯᠭ᠎ᠠ ᠶᠣᠰᠣᠭ᠋ᠠᠷ᠂ ᠲᠤᠬᠠᠶ ᠵᠢᠨ ᠭᠠᠵᠠᠷ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠢ ᠪᠣᠳᠠᠲᠠᠶ ᠵᠣᠬᠢᠶᠠᠨ ᠪᠠᠶ᠋ᠢᠭᠤᠯᠤᠨ ᠶᠠᠪᠤᠭᠳᠠᠭᠤᠯᠬᠤ ᠬᠡᠷᠡᠭᠲᠡᠶ᠃
    ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ ᠪᠣᠯᠤᠨ ᠰᠠᠭᠤᠭ᠋ᠠᠯᠢ (ᠲᠣᠰᠬᠣᠨ) ᠠᠷᠠᠳ᠎ᠤᠨ ᠵᠥᠪᠯᠡᠯ᠎ᠨᠢ ᠨᠡᠶ᠋ᠢᠭᠡᠮ᠎ᠤᠨ ᠬᠦᠴᠦᠨ᠎ᠢ ᠥᠷᠭᠡᠨ ᠵᠶ᠋ᠠᠷ ᠳᠠᠶ᠋ᠢᠴᠢᠯᠠᠨ ᠵᠣᠬᠢᠶᠠᠨ ᠪᠠᠶ᠋ᠢᠭᠤᠯᠵᠤ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠳᠤ ᠢᠳᠡᠪᠬᠢᠲᠡᠶ ᠣᠷᠣᠯᠴᠠᠭᠤᠯᠬᠤ ᠵᠢᠨ ᠬᠠᠮᠲᠤ ᠬᠢᠨᠠᠮᠠᠭ᠋ᠠᠶ ᠰᠠᠶ᠋ᠢᠲᠤᠷ ᠬᠢᠬᠦ ᠬᠡᠷᠡᠭᠲᠡᠶ᠃
    ᠠᠷᠪᠠᠨ ᠳᠣᠯᠣᠳᠤᠭ᠋ᠠᠷ ᠵᠦᠢ᠍ᠯ   ᠲᠥᠷᠥ ᠵᠢᠨ ᠶᠠᠪᠤᠳᠠᠯ᠎ᠤᠨ ᠬᠣᠷᠢᠶ᠎ᠠ ᠪᠣᠯᠤᠨ ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ ᠪᠠᠶ᠋ᠢᠭᠤᠯᠵᠤ᠂ ᠲᠥᠷᠥ ᠵᠢᠨ ᠶᠠᠪᠤᠳᠠᠯ᠎ᠤᠨ ᠬᠣᠷᠢᠶ᠎ᠠ ᠪᠣᠯᠤᠨ ᠲᠤᠰ ᠱᠠᠲᠤᠨ᠎ᠤ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ᠎ᠤᠨ ᠵᠢᠭ᠋ᠠᠨ ᠲᠣᠭᠲᠠᠭ᠋ᠠᠭᠰᠠᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠡᠭᠦᠷᠭᠡ ᠵᠢ ᠬᠠᠷᠢᠭᠤᠴᠠᠨ ᠪᠡᠶᠡᠯᠡᠭᠦᠯᠦᠨ᠎ᠡ᠃
    ᠠᠷᠪᠠᠨ ᠨᠠᠢ᠍ᠮᠠᠳᠤᠭ᠋ᠠᠷ ᠵᠦᠢ᠍ᠯ     ᠲᠣᠮᠣ ᠬᠡᠯᠪᠡᠷᠢ ᠵᠢᠨ ᠠᠵᠤ ᠠᠬᠤᠶ᠋ᠢᠯᠠᠯ᠎ᠤᠳ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ ᠪᠠᠶ᠋ᠢᠭᠤᠯᠵᠤ᠂ ᠲᠤᠰ ᠠᠵᠤ ᠠᠬᠤᠶ᠋ᠢᠯᠠᠯ᠎ᠤᠨ ᠵᠶ᠋ᠠᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠬᠦᠰᠦᠨᠦᠭᠲᠦ ᠵᠢ ᠲᠠᠭᠯᠠᠨ ᠮᠡᠳᠡᠭᠦᠯᠬᠦ ᠠᠵᠢᠯ᠎ᠢ ᠬᠠᠷᠢᠭᠤᠴᠠᠬᠤ ᠬᠡᠷᠡᠭᠲᠡᠶ᠃ ᠪᠤᠰᠤᠳ ᠡᠯ᠎ᠡ ᠲᠥᠷᠥᠯ᠎ᠤᠨ ᠬᠠᠤᠯᠢ ᠵᠢᠨ ᠡᠷᠬᠡᠲᠡᠨ ᠨᠢᠭᠡᠴᠡ᠎ᠨᠢ ᠬᠠᠮᠢᠶ᠎ᠠ ᠪᠦᠬᠦᠢ ᠬᠥᠮᠦᠰ᠎ᠢ ᠵᠢᠭ᠋ᠠᠨ ᠲᠣᠭᠲᠠᠭ᠋ᠠᠵᠤ ᠲᠤᠰ ᠨᠢᠭᠡᠴᠡ ᠵᠢᠨ ᠵᠶ᠋ᠠᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠬᠦᠰᠦᠨᠦᠭᠲᠦ ᠵᠢ ᠲᠠᠭᠯᠠᠨ ᠮᠡᠳᠡᠭᠦᠯᠬᠦ ᠠᠵᠢᠯ᠎ᠢ ᠬᠠᠷᠢᠭᠤᠴᠠᠭᠤᠯᠬᠤ ᠬᠡᠷᠡᠭᠲᠡᠶ᠃
    ᠠᠷᠪᠠ ᠶᠢᠰᠦᠳᠦᠭᠡᠷ ᠵᠦᠢ᠍ᠯ    ᠣᠷᠣᠨ ᠨᠤᠲᠤᠭ᠎ᠤᠨ ᠡᠯ᠎ᠡ ᠱᠠᠲᠤᠨ᠎ᠤ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ᠎ᠨᠤᠭᠤᠳ ᠠᠵᠢᠯ᠎ᠤᠨ ᠬᠡᠷᠡᠭᠴᠡᠭᠡ᠎ᠪᠠᠨ ᠦᠨᠳᠦᠰᠦᠯᠡᠨ᠂ ᠨᠡᠶ᠋ᠢᠳᠡᠮ ᠪᠠᠶ᠋ᠢᠴᠠᠭ᠋ᠠᠯᠲᠠ ᠵᠢᠨ ᠵᠢᠯᠣᠭᠣᠳᠣᠭᠴᠢ ᠪᠣᠯᠤᠨ ᠨᠡᠶ᠋ᠢᠳᠡᠮ ᠪᠠᠶ᠋ᠢᠴᠠᠭ᠋ᠠᠭᠴᠢ ᠵᠢ ᠤᠷᠢᠨ ᠬᠡᠷᠡᠭᠯᠡᠬᠦ ᠪᠤᠶᠤ ᠬᠣᠯᠪᠣᠭᠳᠠᠯ ᠪᠦᠬᠦᠢ ᠨᠢᠭᠡᠴᠡ᠎ᠠᠴᠠ ᠵᠥᠪᠳᠡᠯᠴᠡᠨ ᠰᠢᠯᠵᠢᠭᠦᠯᠬᠦ ᠬᠡᠷᠡᠭᠲᠡᠶ᠃ ᠡᠯ᠎ᠡ ᠬᠣᠯᠪᠣᠭᠳᠠᠯ ᠪᠦᠬᠦᠢ ᠨᠢᠭᠡᠴᠡ᠎ᠨᠢ ᠨᠥᠬᠥᠴᠡᠯ᠎ᠳᠤ ᠨᠡᠶ᠋ᠢᠴᠡᠬᠦ ᠬᠥᠮᠦᠰ᠎ᠢ ᠢᠳᠡᠪᠬᠢᠲᠡᠶ᠎ᠪᠠᠷ ᠪᠠᠲᠤᠯᠠᠨ ᠲᠠᠨᠢᠯᠴᠠᠭᠤᠯᠵᠤ ᠨᠡᠶ᠋ᠢᠳᠡᠮ ᠪᠠᠶ᠋ᠢᠴᠠᠭ᠋ᠠᠯᠲᠠ ᠵᠢᠨ ᠵᠢᠯᠣᠭᠣᠳᠣᠭᠴᠢ ᠪᠠ ᠨᠡᠶ᠋ᠢᠳᠡᠮ ᠪᠠᠶ᠋ᠢᠴᠠᠭ᠋ᠠᠭᠴᠢ ᠵᠢᠨ ᠲᠤᠰᠢᠶᠠᠯ ᠡᠭᠦᠷᠭᠡᠯᠡᠭᠦᠯᠬᠦ ᠬᠡᠷᠡᠭᠲᠡᠶ᠃
    ᠨᠡᠶ᠋ᠢᠳᠡᠮ ᠪᠠᠶ᠋ᠢᠴᠠᠭ᠋ᠠᠯᠲᠠ ᠵᠢᠨ ᠵᠢᠯᠣᠭᠣᠳᠣᠭᠴᠢ ᠪᠣᠯᠤᠨ ᠨᠡᠶ᠋ᠢᠳᠡᠮ ᠪᠠᠶ᠋ᠢᠴᠠᠭ᠋ᠠᠭᠴᠢ᠎ᠨᠢ ᠪᠡᠶ᠎ᠡ ᠵᠢᠨ ᠡᠷᠡᠭᠦᠯ ᠴᠢᠭᠢᠷᠠᠭ᠂ ᠬᠠᠷᠢᠭᠤᠴᠠᠯᠭ᠋ᠠᠲᠤ ᠰᠡᠳᠬᠢᠯᠭᠡ᠎ᠪᠠᠷ ᠴᠢᠩᠭ᠎ᠠ ᠪᠥᠭᠡᠳ ᠵᠣᠬᠢᠴᠠᠩᠭᠤᠶ ᠪᠦᠬᠦᠢ ᠲᠤᠰᠬᠠᠶ ᠮᠡᠷᠭᠡᠵᠢᠯ᠎ᠤᠨ ᠮᠡᠳᠡᠯᠭᠡ᠎ᠲᠠᠢ ᠪᠠᠶ᠋ᠢᠬᠤ ᠬᠡᠷᠡᠭᠲᠡᠶ᠃
    ᠬᠣᠷᠢᠳᠤᠭ᠋ᠠᠷ ᠵᠦᠢ᠍ᠯ    ᠤᠷᠢᠵᠤ ᠬᠡᠷᠡᠭᠯᠡᠭᠰᠡᠨ ᠬᠥᠮᠦᠰ᠎ᠲᠤ ᠲᠤᠬᠠᠶ ᠵᠢᠨ ᠭᠠᠵᠠᠷ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ᠎ᠠᠴᠠ ᠬᠥᠳᠡᠯᠮᠦᠷᠢ ᠵᠢᠨ ᠬᠥᠯᠥᠰᠥ ᠣᠯᠭᠣᠮᠵᠢ ᠥᠭᠬᠦ ᠬᠡᠷᠡᠭᠲᠡᠶ᠃ ᠵᠥᠪᠳᠡᠯᠴᠡᠨ ᠰᠢᠯᠵᠢᠭᠦᠯᠬᠦ ᠠᠵᠢᠯᠲᠠᠨ᠎ᠤ ᠴᠠᠯᠢᠩ᠎ᠢ ᠤᠤᠯ᠎ᠤᠨ ᠨᠢᠭᠡᠴᠡ᠎ᠠᠴᠠ᠎ᠨᠢ ᠥᠭᠴᠦ᠂ ᠠᠰᠠᠷᠠᠮᠵᠢ ᠣᠯᠭᠣᠮᠵᠢ ᠵᠢ᠎ᠨᠢ ᠬᠤᠪᠢᠷᠠᠭᠤᠯᠬᠤ ᠦᠭᠡᠶ᠃
    ᠬᠣᠷᠢᠨ ᠨᠢᠭᠡᠳᠦᠭᠡᠷ ᠵᠦᠢ᠍ᠯ    ᠣᠷᠣᠨ ᠨᠤᠲᠤᠭ᠎ᠤᠨ ᠡᠯ᠎ᠡ ᠱᠠᠲᠤᠨ᠎ᠤ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ᠎ᠨᠢ ᠨᠡᠶ᠋ᠢᠳᠡᠮ ᠪᠠᠶ᠋ᠢᠴᠠᠭ᠋ᠠᠯᠲᠠ ᠵᠢᠨ ᠵᠢᠯᠣᠭᠣᠳᠣᠭᠴᠢ ᠪᠣᠯᠤᠨ ᠨᠡᠶ᠋ᠢᠳᠡᠮ ᠪᠠᠶ᠋ᠢᠴᠠᠭ᠋ᠠᠭᠴᠢ᠎ᠳᠤ ᠲᠤᠬᠠᠶ᠋ᠢᠯᠠᠭᠰᠠᠨ ᠠᠵᠢᠯ᠎ᠤᠨ ᠪᠣᠯᠪᠠᠰᠤᠷᠠᠭᠤᠯᠤᠯ᠎ᠢ ᠨᠢᠭᠡᠳᠦᠯᠲᠡᠶ ᠬᠢᠬᠦ ᠵᠢᠨ ᠬᠠᠮᠲᠤ ᠬᠢᠨᠠᠨ ᠰᠢᠯᠭ᠋ᠠᠭ᠋ᠠᠳ ᠬᠢᠷᠢ ᠲᠡᠩᠴᠡᠭᠰᠡᠨ᠎ᠤ ᠳᠠᠷᠠᠭ᠎ᠠ ᠨᠡᠶ᠋ᠢᠳᠡᠮ ᠪᠠᠶ᠋ᠢᠴᠠᠭ᠋ᠠᠯᠲᠠ ᠵᠢᠨ ᠵᠢᠯᠣᠭᠣᠳᠣᠭᠴᠢ ᠵᠢᠨ ᠦᠨᠡᠮᠯᠡᠯ ᠪᠤᠶᠤ ᠨᠡᠶ᠋ᠢᠳᠡᠮ ᠪᠠᠶ᠋ᠢᠴᠠᠭ᠋ᠠᠭᠴᠢ ᠵᠢᠨ ᠦᠨᠡᠮᠯᠡᠯ ᠣᠯᠭᠣᠬᠤ ᠬᠡᠷᠡᠭᠲᠡᠶ᠃ ᠨᠡᠶ᠋ᠢᠳᠡᠮ ᠪᠠᠶ᠋ᠢᠴᠠᠭ᠋ᠠᠯᠲᠠ ᠵᠢᠨ ᠵᠢᠯᠣᠭᠣᠳᠣᠭᠴᠢ ᠪᠣᠯᠤᠨ ᠨᠡᠶ᠋ᠢᠳᠡᠮ ᠪᠠᠶ᠋ᠢᠴᠠᠭ᠋ᠠᠭᠴᠢ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠡᠭᠦᠷᠭᠡ᠎ᠪᠠᠨ ᠭᠦᠢ᠍ᠴᠡᠳᠭᠡᠬᠦ᠎ᠳᠡᠭᠡᠨ ᠰᠠᠨᠠᠭ᠋ᠠᠴᠢᠯᠠᠭ᠎ᠠ᠎ᠠᠴᠠ᠎ᠪᠠᠨ ᠦᠨᠡᠮᠯᠡᠯ ᠵᠶ᠋ᠠᠨ ᠭᠠᠷᠭ᠋ᠠᠵᠤ ᠦᠵᠡᠭᠦᠯᠬᠦ ᠬᠡᠷᠡᠭᠲᠡᠶ᠃
    ᠨᠡᠶ᠋ᠢᠳᠡᠮ ᠪᠠᠶ᠋ᠢᠴᠠᠭ᠋ᠠᠭᠴᠢ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠡᠲᠡᠭᠡᠳ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠬᠦᠰᠦᠨᠦᠭᠲᠦ ᠵᠢ ᠲᠠᠭᠯᠠᠨ ᠮᠡᠳᠡᠭᠦᠯᠬᠦ ᠵᠢ ᠬᠠᠷᠢᠭᠤᠴᠠᠨ ᠵᠣᠬᠢᠶᠠᠨ ᠪᠠᠶ᠋ᠢᠭᠤᠯᠤᠨ ᠵᠢᠯᠣᠭᠣᠳᠴᠤ᠂ ᠨᠡᠶ᠋ᠢᠳᠡᠮ ᠪᠠᠶ᠋ᠢᠴᠠᠭ᠋ᠠᠯᠲᠠ ᠵᠢᠨ ᠵᠢᠯᠣᠭᠣᠳᠣᠭᠴᠢ ᠨᠡᠶ᠋ᠢᠳᠡᠮ ᠪᠠᠶ᠋ᠢᠴᠠᠭ᠋ᠠᠭᠴᠢ ᠵᠢᠨ ᠠᠵᠢᠯ᠎ᠢ ᠬᠠᠷᠢᠭᠤᠴᠠᠨ ᠵᠢᠯᠣᠭᠣᠳᠴᠤ ᠪᠠᠶ᠋ᠢᠴᠠᠭ᠋ᠠᠨ᠎ᠠ᠃
    ᠬᠣᠷᠢᠨ ᠬᠣᠶᠠᠳᠤᠭ᠋ᠠᠷ ᠵᠦᠢ᠍ᠯ    ᠨᠡᠶ᠋ᠢᠳᠡᠮ ᠪᠠᠶ᠋ᠢᠴᠠᠭ᠋ᠠᠯᠲᠠ ᠵᠢᠨ ᠵᠢᠯᠣᠭᠣᠳᠣᠭᠴᠢ ᠪᠣᠯᠤᠨ ᠨᠡᠶ᠋ᠢᠳᠡᠮ ᠪᠠᠶ᠋ᠢᠴᠠᠭ᠋ᠠᠭᠴᠢ᠎ᠨᠢ ᠬᠠᠤᠯᠢ ᠵᠢᠨ ᠡᠷᠬᠡᠲᠡᠨ᠎ᠤ ᠨᠢᠭᠡᠴᠡ᠂ ᠠᠵᠤ ᠦᠢ᠍ᠯᠡᠰ᠎ᠤᠨ ᠠᠵᠢᠯᠯᠠᠭ᠋ᠠᠨ᠎ᠤ ᠨᠢᠭᠡᠴᠡ ᠪᠣᠯᠤᠨ ᠬᠤᠪᠢ ᠵᠢᠨ ᠡᠵᠡᠩᠨᠡᠯᠲᠡ ᠵᠢᠨ ᠡᠷᠦᠬᠡ ᠵᠢᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ᠎ᠯᠤᠭ᠎ᠠ ᠬᠣᠯᠪᠣᠭᠳᠠᠬᠤ ᠡᠳ᠋᠎ᠤᠨ ᠶᠠᠪᠤᠳᠠᠯ᠎ᠤᠨ ᠨᠢᠭᠲᠠᠯᠠᠨ ᠪᠣᠳᠣᠬᠤ᠂ ᠲᠣᠭ᠎ᠠ ᠪᠦᠷᠢᠳᠬᠡᠯ ᠪᠣᠯᠤᠨ ᠲᠤᠬᠠᠶ᠋ᠢᠯᠠᠭᠰᠠᠨ ᠠᠵᠢᠯ᠎ᠤᠨ ᠲᠣᠭ᠋ᠠᠴᠠᠭ᠎ᠠ ᠬᠢᠬᠦ ᠵᠡᠷᠭᠡ ᠬᠠᠮᠢᠶ᠎ᠠ ᠪᠦᠬᠦᠢ ᠠᠩᠬᠠᠨ᠎ᠤ ᠮᠠᠲᠸᠷᠢᠶᠠᠯ ᠵᠢᠴᠢ ᠬᠣᠯᠪᠣᠭᠳᠠᠯ ᠪᠦᠬᠦᠢ ᠡᠵᠡᠩᠨᠡᠯᠲᠡ ᠵᠢᠨ ᠦᠨᠡᠮᠯᠡᠯ᠎ᠢ ᠪᠠᠶ᠋ᠢᠴᠠᠭ᠋ᠠᠨ ᠦᠵᠡᠬᠦ ᠡᠷᠬᠡ᠎ᠲᠠᠢ᠂ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠡᠲᠡᠭᠡᠳ᠎ᠢ ᠱᠠᠭ᠋ᠠᠷᠳᠠᠵᠤ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠬᠦᠰᠦᠨᠦᠭᠲᠦ᠎ᠳᠠᠬᠢ ᠦᠨᠡᠨ ᠪᠣᠳᠠᠲᠠᠶ ᠪᠤᠰᠤ ᠠᠭᠤᠯᠭ᠎ᠠ ᠵᠢ᠎ᠨᠢ ᠵᠠᠯᠠᠷᠠᠭᠤᠯᠬᠤ ᠡᠷᠬᠡ᠎ᠲᠠᠢ᠃

    ᠬᠣᠷᠢᠨ ᠭᠤᠷᠪᠠᠳᠤᠭ᠋ᠠᠷ ᠵᠦᠢ᠍ᠯ    ᠡᠯ᠎ᠡ ᠱᠠᠲᠤᠨ᠎ᠤ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ᠎ᠨᠢ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠪᠡᠯᠡᠳᠬᠡᠯ᠎ᠤᠨ ᠱᠠᠲᠤ ᠦᠶ᠎ᠡ᠎ᠳᠤ ᠨᠢᠭᠡᠴᠡ ᠵᠢᠨ ᠢᠯᠭ᠋ᠠᠷᠠᠭᠤᠯᠤᠨ ᠪᠠᠶ᠋ᠢᠴᠠᠭ᠋ᠠᠯᠲᠠ ᠬᠢᠵᠦ᠂ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠬᠦᠰᠦᠨᠦᠭᠲᠦ ᠵᠢᠨ ᠲᠥᠷᠥᠯ ᠵᠦᠢ᠍ᠯ᠎ᠢ ᠣᠨᠣᠪᠴᠢᠲᠠᠶ ᠵᠠᠭ᠋ᠠᠭᠯᠠᠨ ᠲᠣᠭᠲᠠᠭ᠋ᠠᠬᠤ ᠬᠡᠷᠡᠭᠲᠡᠶ᠃
    ᠡᠯ᠎ᠡ ᠱᠠᠲᠤᠨ᠎ᠤ ᠣᠷᠣᠨ ᠲᠣᠭ᠎ᠠ᠂ ᠠᠷᠠᠳ᠎ᠤᠨ ᠶᠠᠪᠤᠳᠠᠯ᠂ ᠭᠠᠶ᠋ᠢᠯᠢ ᠵᠢᠨ ᠶᠠᠪᠤᠳᠠᠯ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠴᠢ ᠨᠢᠭᠡᠴᠡ ᠵᠢᠨ ᠬᠢᠨᠠᠨ ᠵᠥᠪᠰᠢᠶᠡᠷᠡᠬᠦ᠂ ᠳᠠᠩᠰᠠᠯᠠᠬᠤ ᠡᠭᠦᠷᠭᠡ ᠴᠢᠳᠠᠪᠤᠷᠢ᠎ᠲᠠᠢ ᠪᠤᠰᠤᠳ ᠰᠠᠯᠠᠭ᠎ᠠ ᠮᠥᠴᠢᠷ᠎ᠤᠳ ᠠᠳᠠᠯᠢ ᠱᠠᠲᠤᠨ᠎ᠤ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ᠎ᠳᠤ ᠬᠢᠨᠠᠨ ᠵᠥᠪᠰᠢᠶᠡᠷᠡᠭᠰᠡᠨ ᠪᠤᠶᠤ ᠳᠠᠩᠰᠠᠯᠠᠭᠤᠯᠤᠭᠰᠠᠨ ᠨᠢᠭᠡᠴᠡ ᠵᠢᠨ ᠵᠶ᠋ᠠᠨ ᠮᠠᠲ᠋ᠧᠷᠢᠶᠠᠯ᠎ᠢ ᠬᠠᠩᠭ᠋ᠠᠬᠤ ᠵᠢᠨ ᠬᠠᠮᠲᠤ ᠨᠢᠭᠡᠴᠡ ᠵᠢᠨ ᠢᠯᠭ᠋ᠠᠷᠠᠭᠤᠯᠤᠨ ᠪᠠᠶ᠋ᠢᠴᠠᠭ᠋ᠠᠬᠤ ᠠᠵᠢᠯ᠎ᠢ ᠬᠠᠮᠲᠤ᠎ᠪᠠᠷ ᠰᠠᠶ᠋ᠢᠲᠤᠷ ᠬᠢᠬᠦ ᠬᠡᠷᠡᠭᠲᠡᠶ᠃
    ᠰᠢᠶᠠᠨ᠎ᠤ ᠱᠠᠲᠤᠨ᠎ᠤ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ᠎ᠨᠢ ᠲᠤᠰ ᠭᠠᠵᠠᠷ ᠣᠷᠣᠨ᠎ᠤ᠎ᠪᠠᠨ ᠣᠳᠣ ᠪᠠᠶ᠋ᠢᠭ᠎ᠠ ᠦᠨᠳᠦᠰᠦᠨ ᠨᠢᠭᠡᠴᠡ ᠵᠢᠨ ᠨᠡᠷᠡᠰ᠎ᠤᠨ ᠬᠥᠮᠥᠷᠭᠡ᠎ᠪᠠᠷ ᠰᠠᠭᠤᠷᠢ ᠪᠣᠯᠭ᠋ᠠᠨ᠂ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠬᠠᠩᠭ᠋ᠠᠭᠰᠠᠨ ᠨᠢᠭᠡᠴᠡ ᠵᠢᠨ ᠮᠠᠲ᠋ᠧᠷᠢᠶᠠᠯ᠎ᠲᠠᠢ ᠤᠶᠠᠯᠳᠤᠭᠤᠯᠤᠨ᠂ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠪᠠᠭ᠎ᠠ ᠲᠣᠭᠣᠷᠢᠭ᠎ᠤᠨ ᠶᠣᠰᠣᠭ᠋ᠠᠷ ᠨᠢᠭᠡᠳ ᠨᠢᠭᠡ᠎ᠪᠠᠷ ᠬᠢᠨᠠᠨ ᠬᠠᠷᠭᠤᠭᠤᠯᠵᠤ ᠢᠯᠭ᠋ᠠᠷᠠᠭᠤᠯᠤᠨ ᠪᠠᠶ᠋ᠢᠴᠠᠭ᠋ᠠᠵᠤ᠂ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠨᠢᠭᠡᠴᠡ ᠵᠢᠨ ᠨᠡᠷᠡᠰ᠎ᠤᠨ ᠵᠢᠭᠰᠠᠭ᠋ᠠᠯᠲᠠ ᠵᠢ ᠪᠣᠶ ᠪᠣᠯᠭ᠋ᠠᠬᠤ ᠬᠡᠷᠡᠭᠲᠡᠶ᠃
    ᠬᠣᠷᠢᠨ ᠳᠥᠷᠪᠡᠳᠦᠭᠡᠷ ᠵᠦᠢ᠍ᠯ    ᠡᠯ᠎ᠡ ᠱᠠᠲᠤᠨ᠎ᠤ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ᠎ᠨᠤᠭᠤᠳ ᠢᠯᠭ᠋ᠠᠷᠠᠭᠤᠯᠤᠨ ᠪᠠᠶ᠋ᠢᠴᠠᠭ᠋ᠠᠭ᠋ᠠᠳ ᠪᠤᠶ ᠪᠣᠯᠤᠭᠰᠠᠨ ᠨᠢᠭᠡᠴᠡ ᠵᠢᠨ ᠨᠡᠷᠡᠰ᠎ᠤᠨ ᠲᠡᠭᠦᠪᠦᠷᠢ ᠵᠢᠨ ᠶᠣᠰᠣᠭ᠋ᠠᠷ᠂ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠲᠣᠭ᠎ᠠ ᠪᠠᠷᠢᠮᠲᠠ ᠵᠢ ᠴᠤᠭᠯᠠᠭᠤᠯᠬᠤ᠂ ᠬᠢᠨᠠᠬᠤ ᠪᠠ ᠳᠡᠭᠡᠭᠰᠢ ᠮᠡᠳᠡᠭᠦᠯᠬᠦ ᠵᠡᠷᠭᠡ ᠠᠵᠢᠯ᠎ᠢ ᠰᠠᠶ᠋ᠢᠲᠤᠷ ᠬᠢᠬᠦ ᠬᠡᠷᠡᠭᠲᠡᠶ᠃
    ᠬᠠᠤᠯᠢ ᠵᠢᠨ ᠡᠷᠬᠡᠲᠡᠨ᠎ᠤ ᠨᠢᠭᠡᠴᠡ᠎ᠨᠢ ᠬᠠᠤᠯᠢ ᠵᠢᠨ ᠡᠷᠬᠡᠲᠡᠨ᠎ᠤ ᠨᠢᠭᠡᠴᠡ ᠵᠢᠨ ᠪᠠᠶ᠋ᠢᠴᠠᠭ᠋ᠠᠯᠲᠠ ᠵᠢᠨ ᠬᠦᠰᠦᠨᠦᠭᠲᠦ ᠵᠢ ᠲᠠᠭᠯᠠᠨ ᠮᠡᠳᠡᠭᠦᠯᠬᠦ ᠵᠢᠨ ᠬᠠᠮᠲᠤ ᠲᠡᠭᠦᠨ᠎ᠤ ᠬᠠᠷᠢᠶ᠎ᠠ ᠪᠦᠬᠦᠢ ᠠᠵᠤ ᠦᠢ᠍ᠯᠡᠰ᠎ᠤᠨ ᠠᠵᠢᠯᠯᠠᠭ᠎ᠠ ᠵᠢᠨ ᠨᠢᠭᠡᠴᠡ ᠵᠢ ᠵᠣᠬᠢᠶᠠᠨ ᠪᠠᠶ᠋ᠢᠭᠤᠯᠤᠨ ᠠᠵᠤ ᠦᠢ᠍ᠯᠡᠰ᠎ᠤᠨ ᠠᠵᠢᠯᠯᠠᠭ᠎ᠠ ᠵᠢᠨ ᠨᠢᠭᠡᠴᠡ ᠵᠢᠨ ᠪᠠᠶ᠋ᠢᠴᠠᠭ᠋ᠠᠯᠲᠠ ᠵᠢᠨ ᠬᠦᠰᠦᠨᠦᠭᠲᠦ ᠵᠢ ᠲᠠᠭᠯᠠᠨ ᠮᠡᠳᠡᠭᠦᠯᠬᠦ ᠵᠢ ᠬᠠᠷᠢᠭᠤᠴᠠᠬᠤ ᠬᠡᠷᠡᠭᠲᠡᠶ᠃
    ᠬᠣᠷᠢᠨ ᠲᠠᠪᠤᠳᠤᠭ᠋ᠠᠷ ᠵᠦᠢ᠍ᠯ    ᠡᠯ᠎ᠡ ᠱᠠᠲᠤᠨ᠎ᠤ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ ᠪᠣᠯᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯᠲᠠᠨ ᠪᠠᠶ᠋ᠢᠴᠠᠭ᠋ᠠᠬᠤ᠂ ᠮᠡᠳᠡᠭᠦᠯᠬᠦ᠂ ᠬᠢᠨᠠᠯᠲᠠ ᠲᠠᠯᠪᠢᠬᠤ ᠡᠷᠬᠡ ᠲᠤᠰᠢᠶᠠᠯ ᠵᠶ᠋ᠠᠨ ᠬᠠᠤᠯᠢ ᠶᠣᠰᠣᠭ᠋ᠠᠷ ᠪᠡᠶ᠎ᠡ᠎ᠪᠠᠨ ᠳᠠᠭ᠋ᠠᠭ᠋ᠠᠨ ᠭᠦᠢ᠍ᠴᠡᠳᠬᠡᠬᠦ ᠬᠡᠷᠡᠭᠲᠡᠶ᠂ ᠶᠠᠮᠠᠷᠪᠠ ᠨᠢᠭᠡᠴᠡ ᠪᠣᠯᠤᠨ ᠬᠤᠪᠢ ᠬᠥᠮᠦᠨ ᠭᠡᠳ ᠭᠠᠷ ᠲᠥᠷᠥᠵᠦ ᠪᠣᠯᠬᠤ ᠦᠭᠡᠶ᠃
    ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠂ ᠡᠯ᠎ᠡ ᠨᠢᠭᠡᠴᠡ ᠵᠢᠨ ᠤᠳᠤᠷᠢᠳᠬᠤ ᠬᠥᠮᠦᠰ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ ᠪᠣᠯᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯᠲᠠᠨ᠎ᠤ ᠬᠠᠤᠯᠢ ᠶᠣᠰᠣᠭ᠋ᠠᠷ ᠬᠠᠩᠭ᠋ᠠᠭᠰᠠᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠮᠠᠲ᠋ᠧᠷᠢᠶᠠᠯ᠎ᠳᠤ ᠥᠪᠡᠷ ᠵᠶ᠋ᠠᠨ ᠵᠠᠰᠠᠪᠤᠷᠢ ᠣᠷᠣᠭᠤᠯᠵᠤ ᠪᠣᠯᠬᠤ ᠦᠭᠡᠶ᠂ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ᠂ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯᠲᠠᠨ᠎ᠢ ᠠᠯᠪᠠᠳᠠᠨ ᠵᠠᠷᠯᠢᠭᠳᠠᠬᠤ ᠪᠤᠶᠤ ᠰᠠᠨᠠᠭᠤᠯᠵᠤ ᠪᠠᠶ᠋ᠢᠭ᠋ᠠᠳ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠮᠠᠲ᠋ᠧᠷᠢᠶᠠᠯ᠎ᠢ ᠥᠭᠡᠷᠡᠲᠦᠭᠦᠯᠬᠦ ᠪᠤᠶᠤ ᠬᠤᠳᠠᠯ ᠬᠠᠭᠤᠷᠮᠠᠭ ᠲᠣᠭ᠎ᠠ ᠪᠠᠷᠢᠮᠲᠠ ᠨᠠᠶ᠋ᠢᠷᠠᠭᠤᠯᠤᠨ ᠵᠣᠬᠢᠶᠠᠯᠭ᠋ᠠᠵᠤ ᠪᠣᠯᠬᠤ ᠦᠭᠡᠶ᠃
    ᠲᠠᠪᠤᠳᠤᠭ᠋ᠠᠷ ᠪᠦᠯᠦᠭ   ᠲᠣᠭ᠎ᠠ ᠪᠠᠷᠢᠮᠲᠠ ᠵᠢ ᠰᠢᠢ᠍ᠳᠪᠦᠷᠢᠯᠡᠬᠦ ᠪᠠ ᠶᠠᠰᠤ ᠴᠢᠨᠠᠷ᠎ᠢ ᠡᠵᠡᠮᠳᠡᠬᠦ
    ᠬᠣᠷᠢᠨ ᠵᠢᠷᠭᠤᠳᠤᠭ᠋ᠠᠷ ᠵᠦᠢ᠍ᠯ   ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠲᠣᠭ᠎ᠠ ᠪᠠᠷᠢᠮᠲᠠ ᠵᠢ ᠰᠢᠢ᠍ᠳᠪᠦᠷᠢᠯᠡᠬᠦ ᠠᠵᠢᠯ᠎ᠢ ᠰᠢᠶᠠᠨ᠎ᠤ ᠱᠠᠲᠤᠨ᠎ᠠᠴᠠ ᠳᠡᠭᠡᠭᠰᠢᠬᠢ ᠡᠯ᠎ᠡ ᠱᠠᠲᠤᠨ᠎ᠤ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ᠎ᠠᠴᠠ ᠵᠣᠬᠢᠶᠠᠨ ᠪᠠᠶ᠋ᠢᠭᠤᠯᠤᠨ ᠶᠠᠪᠤᠭᠳᠠᠭᠤᠯᠤᠨ᠎ᠠ᠃
    ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ᠎ᠨᠢ ᠡᠯ᠎ᠡ ᠣᠷᠣᠨ ᠨᠤᠲᠤᠭ᠎ᠤᠨ ᠬᠡᠷᠡᠭᠯᠡᠵᠦ ᠪᠠᠶ᠋ᠢᠭ᠎ᠠ ᠲᠣᠭ᠎ᠠ ᠪᠠᠷᠢᠮᠲᠠ ᠰᠢᠢ᠍ᠳᠪᠦᠷᠢᠯᠡᠬᠦ ᠪᠠᠷᠢᠮᠵᠢᠶ᠎ᠠ ᠪᠣᠯᠤᠨ ᠳᠡᠰ ᠳᠠᠷᠠᠭ᠋ᠠᠯᠠᠯ ᠬᠠᠩᠭ᠋ᠠᠬᠤ ᠵᠢ ᠬᠠᠷᠢᠭᠤᠴᠠᠨ᠎ᠠ᠃
    ᠣᠷᠣᠨ ᠨᠤᠲᠤᠭ᠎ᠤᠨ ᠡᠯ᠎ᠡ ᠱᠠᠲᠤᠨ᠎ᠤ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ᠎ᠨᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ᠎ᠤᠨ ᠨᠢᠭᠡᠳᠦᠯᠲᠡᠶ ᠱᠠᠭ᠋ᠠᠷᠳᠠᠯᠭ᠎ᠠ ᠪᠣᠯᠤᠨ ᠪᠠᠷᠢᠮᠵᠢᠶ᠎ᠠ ᠶᠣᠰᠣᠭ᠋ᠠᠷ ᠲᠣᠭ᠎ᠠ ᠪᠠᠷᠢᠮᠲᠠ ᠵᠢᠨ ᠰᠢᠢ᠍ᠳᠪᠦᠷᠢᠯᠡᠯᠳᠡ ᠬᠢᠬᠦ ᠵᠢᠨ ᠬᠠᠮᠲᠤ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠲᠣᠭ᠎ᠠ ᠪᠠᠷᠢᠮᠲᠠ᠎ᠪᠠᠨ ᠳᠡᠭᠡᠭᠰᠢ ᠮᠡᠳᠡᠭᠦᠯᠬᠦ ᠬᠡᠷᠡᠭᠲᠡᠶ᠃
    ᠬᠣᠷᠢᠨ ᠳᠣᠯᠣᠳᠤᠭ᠋ᠠᠷ ᠵᠦᠢ᠍ᠯ   ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠲᠣᠭ᠎ᠠ ᠪᠠᠷᠢᠮᠲᠠ ᠵᠢ ᠰᠢᠢ᠍ᠳᠪᠦᠷᠢᠯᠡᠵᠦ ᠳᠠᠭᠤᠰᠤᠭᠰᠠᠨ᠎ᠤ ᠳᠠᠷᠠᠭ᠎ᠠ᠂ ᠡᠯ᠎ᠡ ᠱᠠᠲᠤᠨ᠎ᠤ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ᠎ᠨᠤᠭᠤᠳ ᠲᠣᠭ᠎ᠠ ᠪᠠᠷᠢᠮᠲᠠ ᠵᠢᠨ ᠪᠡᠯᠡᠳᠬᠡᠯ ᠪᠣᠯᠤᠨ ᠲᠣᠭ᠎ᠠ ᠪᠠᠷᠢᠮᠲᠠ ᠵᠢ ᠬᠥᠮᠥᠷᠭᠡ᠎ᠳᠤ ᠣᠷᠣᠭᠤᠯᠬᠤ ᠠᠵᠢᠯ᠎ᠢ ᠰᠠᠶ᠋ᠢᠲᠤᠷ ᠬᠢᠵᠦ᠂ ᠦᠨᠳᠦᠰᠦᠨ ᠨᠢᠭᠡᠴᠡ ᠵᠢᠨ ᠨᠡᠷᠡᠰ᠎ᠤᠨ ᠬᠥᠮᠥᠷᠭᠡ ᠵᠢᠴᠢ ᠲᠣᠭ᠎ᠠ ᠪᠠᠷᠢᠮᠲᠠ ᠵᠢᠨ ᠬᠥᠮᠥᠷᠭᠡ ᠵᠢᠨ ᠰᠢᠰᠲᠸᠮ᠎ᠢ ᠪᠠᠶ᠋ᠢᠭᠤᠯᠤᠨ ᠪᠦᠷᠢᠨᠰᠢᠭᠦᠯᠬᠦ ᠵᠢᠨ ᠬᠠᠮᠲᠤ ᠡᠳᠦᠷ ᠲᠤᠲᠤᠮ᠎ᠤᠨ ᠬᠠᠮᠢᠶᠠᠷᠤᠯᠲᠠ ᠪᠣᠯᠤᠨ ᠬᠠᠮᠠᠭ᠋ᠠᠯᠠᠵᠤ ᠰᠢᠨᠡᠳᠬᠡᠬᠦ᠎ᠪᠠᠨ ᠴᠢᠩᠭ᠋ᠠᠷᠠᠭᠤᠯᠬᠤ ᠬᠡᠷᠡᠭᠲᠡᠶ᠃
    ᠬᠣᠷᠢᠨ ᠨᠠᠢ᠍ᠮᠠᠳᠤᠭ᠋ᠠᠷ ᠵᠦᠢ᠍ᠯ   ᠣᠷᠣᠨ ᠨᠤᠲᠤᠭ᠎ᠤᠨ ᠡᠯ᠎ᠡ ᠱᠠᠲᠤᠨ᠎ᠤ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ᠎ᠨᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ᠎ᠤᠨ ᠨᠢᠭᠡᠳᠦᠯᠲᠡᠶ ᠲᠣᠭᠲᠠᠭ᠋ᠠᠯ᠎ᠢ ᠦᠨᠳᠦᠰᠦᠯᠡᠨ᠂ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠲᠣᠭ᠎ᠠ ᠪᠠᠷᠢᠮᠲᠠ ᠵᠢᠨ ᠶᠠᠰᠤ ᠴᠢᠨᠠᠷ᠎ᠢ ᠡᠵᠡᠮᠳᠡᠬᠦ ᠠᠵᠢᠯ᠎ᠤᠨ ᠪᠠᠶ᠋ᠢᠷᠢ ᠵᠢᠨ ᠬᠠᠷᠢᠭᠤᠴᠠᠯᠭ᠎ᠠ ᠵᠢᠨ ᠳᠦᠷᠢᠮ᠎ᠢ ᠪᠠᠶ᠋ᠢᠭᠤᠯᠬᠤ ᠵᠢᠨ ᠬᠠᠮᠲᠤ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢ ᠬᠡᠷᠡᠭᠵᠢᠭᠦᠯᠬᠦ ᠶᠠᠪᠤᠴᠠ᠎ᠳᠠᠬᠢ ᠭᠣᠭᠴᠣᠭ᠎ᠠ ᠨᠢᠭᠡᠪᠦᠷᠢ᠎ᠳᠤ ᠶᠠᠰᠤ ᠴᠢᠨᠠᠷ᠎ᠢ ᠡᠵᠡᠮᠳᠡᠬᠦ ᠪᠠ ᠪᠠᠶ᠋ᠢᠴᠠᠭ᠋ᠠᠵᠤ ᠰᠢᠯᠭ᠋ᠠᠨ ᠠᠪᠬᠤ ᠵᠢ ᠬᠡᠷᠡᠭᠵᠢᠭᠦᠯᠬᠦ ᠬᠡᠷᠡᠭᠲᠡᠶ᠃
    ᠬᠣᠷᠢ ᠶᠢᠰᠦᠳᠦᠭᠡᠷ ᠵᠦᠢ᠍ᠯ    ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ᠎ᠨᠢ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠲᠣᠭ᠎ᠠ ᠪᠠᠷᠢᠮᠲᠠ ᠵᠢᠨ ᠶᠠᠰᠤ ᠴᠢᠨᠠᠷ᠎ᠢ ᠰᠤᠭᠤᠴᠢᠨ ᠪᠠᠶ᠋ᠢᠴᠠᠭ᠋ᠠᠬᠤ ᠠᠵᠢᠯ᠎ᠢ ᠨᠢᠭᠡᠳᠦᠯᠲᠡᠶ ᠵᠣᠬᠢᠶᠠᠨ ᠪᠠᠶ᠋ᠢᠭᠤᠯᠵᠤ᠂ ᠰᠤᠭᠤᠴᠢᠨ ᠪᠠᠶ᠋ᠢᠴᠠᠭ᠋ᠠᠭᠰᠠᠨ ᠦᠷ᠎ᠡ ᠳ᠋ᠦᠩ᠎ᠢ ᠪᠦᠬᠦ ᠤᠯᠤᠰ ᠵᠢᠴᠢ ᠡᠯ᠎ᠡ ᠭᠠᠵᠠᠷ ᠣᠷᠣᠨ᠎ᠤ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠲᠣᠭ᠎ᠠ ᠪᠠᠷᠢᠮᠲᠠ ᠵᠢᠨ ᠶᠠᠰᠤ ᠴᠢᠨᠠᠷ᠎ᠢ ᠦᠨᠡᠯᠡᠨ ᠵᠢᠱ᠌ᠢᠬᠦ ᠭᠣᠣᠯ ᠦᠨᠳᠦᠰᠦᠯᠡᠯ ᠪᠣᠯᠭ᠋ᠠᠨ᠎ᠠ᠃
    ᠡᠯ᠎ᠡ ᠱᠠᠲᠤᠨ᠎ᠤ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ᠎ᠨᠤᠭᠤᠳ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠬᠤᠷᠢᠶᠠᠩᠭᠤᠶ᠋ᠢᠯᠠᠭᠰᠠᠨ ᠲᠣᠭ᠎ᠠ ᠪᠠᠷᠢᠮᠲᠠ᠎ᠳᠤ ᠬᠢᠨᠠᠮᠠᠭ᠋ᠠᠶ ᠵᠠᠳᠠᠯᠤᠯᠲᠠ ᠪᠠ ᠶᠡᠷᠦᠩᠬᠡᠶ᠋ᠢᠯᠡᠭᠰᠡᠨ ᠦᠨᠡᠯᠡᠨ ᠵᠢᠱ᠌ᠢᠯᠲᠡ ᠬᠢᠬᠦ ᠬᠡᠷᠡᠭᠲᠡᠶ᠃
    ᠵᠢᠷᠭᠤᠳᠤᠭ᠋ᠠᠷ ᠪᠦᠯᠦᠭ  ᠲᠣᠭ᠎ᠠ ᠪᠠᠷᠢᠮᠲᠠ ᠵᠢ ᠨᠡᠶ᠋ᠢᠲᠡᠯᠡᠬᠦ᠂ ᠮᠠᠲ᠋ᠧᠷᠢᠶᠠᠯ᠎ᠢ ᠬᠠᠮᠢᠶᠠᠷᠬᠤ ᠪᠠ ᠨᠡᠭᠡᠭᠡᠨ ᠠᠰᠢᠭᠯᠠᠬᠤ
    ᠭᠤᠴᠢᠳᠤᠭ᠋ᠠᠷ ᠵᠦᠢ᠍ᠯ    ᠡᠯ᠎ᠡ ᠱᠠᠲᠤᠨ᠎ᠤ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ᠎ᠨᠤᠭᠤᠳ ᠤᠯᠤᠰ᠎ᠤᠨ ᠲᠣᠭᠲᠠᠭ᠋ᠠᠯ ᠶᠣᠰᠣᠭ᠋ᠠᠷ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠯᠪᠠᠨ ᠮᠡᠳᠡᠭᠡ ᠨᠡᠶ᠋ᠢᠲᠡᠯᠡᠬᠦ ᠬᠡᠷᠡᠭᠲᠡᠶ᠃
    ᠣᠷᠣᠨ ᠨᠤᠲᠤᠭ᠎ᠤᠨ ᠡᠯ᠎ᠡ ᠱᠠᠲᠤᠨ᠎ᠤ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠯᠪᠠᠨ ᠮᠡᠳᠡᠭᠡ ᠨᠡᠶ᠋ᠢᠲᠡᠯᠡᠬᠦ᠎ᠳᠤ ᠳᠡᠭᠡᠷ᠎ᠡ ᠨᠢᠭᠡ ᠱᠠᠲᠤᠨ᠎ᠤ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ᠎ᠪᠠᠷ ᠬᠢᠨᠠᠨ ᠵᠥᠪᠰᠢᠶᠡᠷᠡᠭᠦᠯᠬᠦ ᠬᠡᠷᠡᠭᠲᠡᠶ᠃
    ᠭᠤᠴᠢᠨ ᠨᠢᠭᠡᠳᠦᠭᠡᠷ ᠵᠦᠢ᠍ᠯ    ᠡᠯ᠎ᠡ ᠱᠠᠲᠤᠨ᠎ᠤ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ᠎ᠨᠤᠭᠤᠳ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠮᠠᠲᠸᠷᠢᠶᠠᠯ᠎ᠢ ᠬᠠᠳᠠᠭ᠋ᠠᠯᠠᠬᠤ᠂ ᠬᠠᠮᠢᠶᠠᠷᠬᠤ ᠪᠠ ᠨᠡᠶ᠋ᠢᠭᠡᠮ ᠨᠡᠶ᠋ᠢᠲᠡ᠎ᠳᠤ ᠦᠢ᠍ᠯᠡᠴᠢᠯᠡᠭᠡᠨ ᠬᠠᠩᠭ᠋ᠠᠬᠤ ᠵᠡᠷᠭᠡ ᠠᠵᠢᠯ᠎ᠤᠳ᠎ᠢ ᠬᠢᠨᠠᠮᠠᠭ᠋ᠠᠶ ᠰᠠᠶ᠋ᠢᠲᠤᠷ ᠬᠢᠬᠦ ᠵᠢᠨ ᠬᠠᠮᠲᠤ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠮᠠᠲᠸᠷᠢᠶᠠᠯ᠎ᠳᠤ ᠨᠡᠭᠡᠭᠡᠯᠲᠡ ᠬᠢᠬᠦ ᠪᠠ ᠬᠡᠷᠡᠭᠯᠡᠯᠲᠡ ᠬᠢᠬᠦ ᠬᠡᠷᠡᠭᠲᠡᠶ᠃
    ᠭᠤᠴᠢᠨ ᠬᠣᠶᠠᠳᠤᠭ᠋ᠠᠷ ᠵᠦᠢ᠍ᠯ    ᠡᠯ᠎ᠡ ᠱᠠᠲᠤᠨ᠎ᠤ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ ᠵᠢᠴᠢ ᠠᠵᠢᠯᠲᠠᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠳᠤᠮᠳᠠ ᠣᠯᠵᠤ ᠮᠡᠳᠡᠭᠰᠡᠨ ᠤᠯᠤᠰ᠎ᠤᠨ ᠨᠢᠭᠤᠴᠠ ᠪᠣᠯᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠡᠲᠡᠭᠡᠳ᠎ᠤᠨ ᠬᠤᠳᠠᠯᠳᠤᠭ᠋ᠠᠨ᠎ᠤ ᠨᠢᠭᠤᠴᠠ᠂ ᠬᠤᠪᠢ ᠬᠥᠮᠦᠨ᠎ᠤ ᠮᠡᠳᠡᠭᠡ ᠵᠠᠩᠭᠢ ᠵᠢᠨ ᠨᠢᠭᠤᠴᠠ ᠵᠢ ᠬᠠᠮᠠᠭ᠋ᠠᠯᠠᠬᠤ ᠡᠭᠦᠷᠭᠡ᠎ᠪᠠᠨ ᠬᠠᠤᠯᠢ ᠶᠣᠰᠣᠭ᠋ᠠᠷ ᠭᠦᠢ᠍ᠴᠡᠳᠬᠡᠬᠦ ᠬᠡᠷᠡᠭᠲᠡᠶ᠃
    ᠭᠤᠴᠢᠨ ᠭᠤᠷᠪᠠᠳᠤᠭ᠋ᠠᠷ ᠵᠦᠢ᠍ᠯ   ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ᠎ᠳᠤ ᠣᠯᠤᠭᠰᠠᠨ ᠨᠢᠭᠡᠴᠡ ᠪᠣᠯᠤᠨ ᠬᠤᠪᠢ ᠬᠥᠮᠦᠨ᠎ᠤ ᠮᠠᠲᠸᠷᠢᠶᠠᠯ᠎ᠢ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ᠎ᠳᠤ ᠬᠡᠷᠡᠭᠯᠡᠬᠦ ᠵᠣᠷᠢᠯᠭ᠎ᠠ ᠵᠢ ᠴᠢᠩᠭ᠎ᠠ ᠬᠢᠵᠠᠭ᠋ᠠᠷᠯᠠᠨ ᠲᠣᠭᠲᠠᠭ᠋ᠠᠵᠤ᠂ ᠶᠠᠮᠠᠷᠪᠠ ᠨᠢᠭᠡᠴᠡ ᠵᠢᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠡᠲᠡᠭᠡᠳ᠎ᠲᠤ ᠰᠢᠢ᠍ᠳᠬᠡᠯ ᠲᠣᠷᠭ᠋ᠠᠭᠤᠯᠢ ᠬᠡᠷᠡᠭᠵᠢᠭᠦᠯᠬᠦ ᠵᠢᠨ ᠦᠨᠳᠦᠰᠦᠯᠡᠯ ᠪᠣᠯᠭ᠋ᠠᠬᠤ ᠦᠭᠡᠶ᠃
    ᠳᠣᠯᠣᠳᠤᠭ᠋ᠠᠷ ᠪᠦᠯᠦᠭ   ᠬᠥᠬᠢᠭᠦᠯᠦᠨ ᠰᠠᠶ᠋ᠢᠰᠢᠶᠠᠬᠤ ᠪᠠ ᠰᠢᠢ᠍ᠳᠭᠡᠬᠦ
    ᠭᠤᠴᠢᠨ ᠳᠥᠷᠪᠡᠳᠦᠭᠡᠷ ᠵᠦᠢ᠍ᠯ    ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠤᠨ ᠳᠤᠮᠳᠠ ᠲᠣᠪᠣᠶ᠋ᠢᠮ᠎ᠠ ᠬᠤᠪᠢ ᠨᠡᠮᠡᠷᠢ ᠦᠵᠡᠭᠦᠯᠦᠭᠰᠡᠨ ᠲᠡᠷᠢᠭᠦᠨ᠎ᠤ ᠬᠠᠮᠲᠤ ᠪᠣᠯᠤᠨ ᠲᠡᠷᠢᠭᠦᠨ᠎ᠤ ᠬᠤᠪᠢ ᠬᠥᠮᠦᠨ᠎ᠢ ᠡᠯ᠎ᠡ ᠱᠠᠲᠤᠨ᠎ᠤ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ᠎ᠠᠴᠠ ᠬᠥᠬᠢᠭᠦᠯᠦᠨ ᠱᠠᠩᠨᠠᠬᠤ

ᠬᠡᠷᠡᠭᠲᠡᠶ᠃
    ᠭᠤᠴᠢᠨ ᠲᠠᠪᠤᠳᠤᠭ᠋ᠠᠷ ᠵᠦᠢ᠍ᠯ    ᠣᠷᠣᠨ ᠨᠤᠲᠤᠭ᠂ ᠰᠠᠯᠠᠭ᠎ᠠ ᠮᠥᠴᠢᠷ᠂ ᠨᠢᠭᠡᠴᠡ ᠵᠢᠨ ᠤᠳᠤᠷᠢᠳᠤᠯᠭ᠎ᠠ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠮᠠᠲᠸᠷᠢᠶᠠᠯ᠎ᠳᠤ ᠥᠪᠡᠷ ᠵᠶ᠋ᠠᠨ ᠵᠠᠰᠠᠪᠤᠷᠢ ᠣᠷᠣᠭᠤᠯᠤᠭᠰᠠᠨ᠂ ᠬᠤᠳᠠᠯ ᠬᠠᠭᠤᠷᠮᠠᠭ ᠲᠣᠭ᠎ᠠ ᠪᠠᠷᠢᠮᠲᠠ ᠵᠣᠬᠢᠶᠠᠭᠰᠠᠨ ᠪᠤᠶᠤ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ᠂ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯᠲᠠᠨ᠎ᠢ ᠠᠯᠪᠠᠳᠠᠨ ᠵᠠᠷᠯᠢᠭᠳᠠᠵᠤ᠂ ᠰᠠᠨᠠᠭᠤᠯᠵᠤ ᠪᠠᠶ᠋ᠢᠭ᠋ᠠᠳ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠮᠠᠲᠸᠷᠢᠶᠠᠯ᠎ᠢ ᠥᠭᠡᠷᠡᠲᠦᠭᠦᠯᠦᠭᠰᠡᠨ ᠪᠤᠶᠤ ᠬᠤᠳᠠᠯ ᠬᠠᠭᠤᠷᠮᠠᠭ ᠲᠣᠭ᠎ᠠ ᠪᠠᠷᠢᠮᠲᠠ ᠵᠣᠬᠢᠶᠠᠭᠰᠠᠨ ᠪᠣᠯ ᠬᠠᠤᠯᠢ ᠶᠣᠰᠣᠭ᠋ᠠᠷ ᠰᠢᠢ᠍ᠳᠭᠡᠯ ᠣᠯᠭᠣᠬᠤ ᠵᠢᠨ ᠬᠠᠮᠲᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠠᠴᠠ   ᠢᠯᠡᠴᠢᠯᠡᠬᠦ ᠬᠡᠷᠡᠭᠲᠡᠶ᠃
    ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯᠲᠠᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠮᠠᠲᠸᠷᠢᠶᠠᠯ᠎ᠢ ᠥᠭᠡᠷᠡᠲᠦᠭᠦᠯᠬᠦ᠎ᠳᠤ ᠣᠷᠣᠯᠴᠠᠵᠤ᠂ ᠬᠤᠳᠠᠯ ᠬᠠᠭᠤᠷᠮᠠᠭ ᠲᠣᠭ᠎ᠠ ᠪᠠᠷᠢᠮᠲᠠ ᠵᠣᠬᠢᠶᠠᠭᠰᠠᠨ ᠪᠣᠯ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠠᠴᠠ ᠵᠠᠷᠯᠢᠭᠳᠠᠨ ᠵᠠᠯᠠᠷᠠᠭᠤᠯᠵᠤ᠂ ᠬᠠᠤᠯᠢ ᠶᠣᠰᠣᠭ᠋ᠠᠷ ᠰᠢᠢ᠍ᠳᠭᠡᠯ ᠣᠯᠭᠣᠬᠤ ᠪᠤᠶᠤ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠡ᠎ᠳᠤ ᠰᠠᠨᠠᠭᠤᠯᠤᠨ ᠬᠠᠤᠯᠢ ᠶᠣᠰᠣᠭ᠋ᠠᠷ ᠰᠢᠢ᠍ᠳᠭᠡᠯ ᠣᠯᠭᠣᠬᠤ ᠬᠡᠷᠡᠭᠲᠡᠶ᠃
    ᠭᠤᠴᠢᠨ ᠵᠢᠷᠭᠤᠳᠤᠭ᠋ᠠᠷ ᠵᠦᠢ᠍ᠯ    ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠡᠲᠡᠭᠡᠳ ᠬᠤᠪᠢ ᠵᠢᠨ ᠡᠵᠡᠩᠨᠡᠯᠲᠡ ᠵᠢᠨ ᠡᠷᠦᠬᠡ ᠪᠠᠭᠲᠠᠬᠤ ᠦᠭᠡᠶ᠎ᠳᠤ ᠳᠣᠣᠷᠠᠬᠢ ᠮᠡᠲᠦ ᠦᠢ᠍ᠯᠡ ᠠᠵᠢᠯᠯᠠᠭ᠎ᠠ ᠵᠢᠨ ᠨᠢᠭᠡ᠎ᠨᠢ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠠᠴᠠ ᠵᠠᠷᠯᠢᠭᠳᠠᠨ ᠵᠠᠯᠠᠷᠠᠭᠤᠯᠵᠤ᠂ ᠰᠡᠷᠡᠮᠵᠢ ᠥᠭᠬᠦ ᠵᠢᠨ ᠬᠠᠮᠲᠤ ᠢᠯᠡᠴᠢᠯᠡᠵᠦ ᠪᠣᠯᠤᠨ᠎ᠠ; ᠲᠡᠭᠦᠨ᠎ᠤ ᠰᠢᠭᠤᠳ ᠬᠠᠷᠢᠭᠤᠴᠠᠵᠤ ᠪᠠᠶ᠋ᠢᠭ᠎ᠠ ᠡᠷᠬᠢᠯᠡᠨ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠨᠢ ᠲᠦᠷᠦ ᠵᠢᠨ ᠠᠵᠢᠯᠳᠠᠨ ᠪᠣᠯᠬᠤ᠎ᠳᠤ ᠬᠦᠷᠪᠡᠯ᠂ ᠬᠠᠤᠯᠢ ᠶᠣᠰᠣᠭ᠋ᠠᠷ  ᠰᠢᠢ᠍ᠳᠭᠡᠯ ᠥᠭᠭᠦᠨ᠎ᠡ᠄
    (ᠨᠢᠭᠡ) ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ᠂ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯᠲᠠᠨ᠎ᠤ ᠬᠠᠤᠯᠢ ᠶᠣᠰᠣᠭ᠋ᠠᠷ ᠬᠢᠬᠦ ᠵᠢ ᠲᠡᠪᠴᠢᠭᠰᠡᠨ ᠪᠤᠶᠤ ᠬᠠᠷᠰᠢᠯᠠᠭᠰᠠᠨ;
    (ᠬᠣᠶᠠᠷ) ᠬᠤᠳᠠᠯ ᠬᠠᠭᠤᠷᠮᠠᠭ ᠪᠤᠶᠤ ᠪᠦᠷᠢᠨ ᠪᠤᠰᠤ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠮᠠᠲᠸᠷᠢᠶᠠᠯ ᠬᠠᠩᠭ᠋ᠠᠭᠰᠠᠨ;
    (ᠭᠤᠷᠪᠠ) ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ᠎ᠯᠤᠭ᠎ᠠ ᠬᠣᠯᠪᠣᠭᠳᠠᠬᠤ ᠮᠠᠲ᠋ᠧᠷᠢᠶᠠᠯ᠎ᠢ ᠴᠠᠭ ᠬᠤᠭᠤᠴᠠᠭ᠎ᠠ ᠶᠣᠰᠣᠭ᠋ᠠᠷ ᠬᠠᠩᠭ᠋ᠠᠭᠰᠠᠨ ᠦᠭᠡᠶ᠂ ᠮᠡᠳᠡᠭᠦᠯᠦᠭᠦᠯᠬᠦ᠎ᠪᠠᠷ ᠰᠢᠮᠳᠠᠭᠤᠯᠤᠭᠰᠠᠨ ᠪᠠᠶ᠋ᠢᠲᠠᠯ᠎ᠠ ᠮᠥᠨ ᠬᠦ᠌ ᠬᠠᠩᠭ᠋ᠠᠭᠰᠠᠨ ᠦᠭᠡᠶ᠃
    ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠡ ᠪᠤᠶᠤ ᠪᠤᠰᠤᠳ ᠵᠣᠬᠢᠶᠠᠨ ᠪᠠᠶ᠋ᠢᠭᠤᠯᠤᠯᠲᠠ ᠡᠮᠦᠨᠡᠬᠢ ᠪᠠᠳᠠᠭ᠎ᠲᠤ ᠵᠢᠭᠰᠠᠭ᠋ᠠᠭᠰᠠᠨ ᠦᠢ᠍ᠯᠡ ᠠᠵᠢᠯᠯᠠᠭ᠎ᠠ ᠵᠢᠨ ᠨᠢᠭᠡ ᠵᠢ ᠬᠢᠭᠰᠡᠨ ᠪᠠᠶ᠋ᠢᠪᠠᠯ᠂ 5 ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠨᠡᠶ᠋ᠢᠯᠡᠭᠦᠯᠦᠨ ᠰᠢᠢ᠍ᠳᠭᠡᠵᠦ ᠪᠣᠯᠤᠨ᠎ᠠ; ᠦᠢ᠍ᠯᠡ ᠪᠠᠶ᠋ᠢᠳᠠᠯ᠎ᠨᠢ ᠬᠦᠨᠳᠦ ᠨᠣᠴᠢᠲᠠᠢ ᠪᠠᠶ᠋ᠢᠪᠠᠯ᠂ 5 ᠲᠦᠮᠡᠨ ᠲᠥᠭᠥᠷᠢᠭ᠎ᠠᠴᠠ ᠳᠡᠭᠡᠭᠰᠢ 20 ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠨᠡᠶ᠋ᠢᠯᠡᠭᠦᠯᠦᠨ ᠰᠢᠢ᠍ᠳᠭᠡᠨ᠎ᠡ᠃
    ᠬᠤᠪᠢ ᠵᠢᠨ ᠡᠵᠡᠩᠨᠡᠯᠲᠡ ᠵᠢᠨ ᠡᠷᠦᠬᠡ᠎ᠳᠤ ᠲᠤᠰ ᠵᠦᠢ᠍ᠯ᠎ᠤᠨ ᠨᠢᠭᠡᠳᠦᠭᠡᠷ ᠵᠤᠷᠪᠤᠰ᠎ᠲᠤ ᠵᠢᠭᠰᠠᠭ᠋ᠠᠭᠰᠠᠨ ᠦᠢ᠍ᠯᠡ ᠠᠵᠢᠯᠯᠠᠭ᠎ᠠ ᠵᠢᠨ ᠨᠢᠭᠡ᠎ᠨᠢ ᠪᠠᠶ᠋ᠢᠪᠠᠯ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠠᠴᠠ ᠵᠠᠷᠯᠢᠭᠳᠠᠨ ᠵᠠᠯᠠᠷᠠᠭᠤᠯᠵᠤ᠂ ᠰᠡᠷᠡᠮᠵᠢ ᠥᠭᠬᠦ ᠵᠢᠨ ᠬᠠᠮᠲᠤ 1 ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠵᠤ ᠪᠣᠯᠤᠨ᠎ᠠ᠃
    ᠭᠤᠴᠢᠨ ᠳᠣᠯᠣᠳᠤᠭ᠋ᠠᠷ ᠵᠦᠢ᠍ᠯ   ᠡᠯ᠎ᠡ ᠱᠠᠲᠤᠨ᠎ᠤ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ᠎ᠨᠤᠭᠤᠳ ᠢᠯᠡᠴᠢᠯᠡᠨ ᠮᠡᠳᠡᠭᠦᠯᠬᠦ ᠳ᠋ᠢᠶᠠᠩᠬᠤᠸᠠ ᠭᠠᠷᠭ᠋ᠠᠵᠤ᠂ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠳᠤᠮᠳᠠᠬᠢ ᠨᠢᠭᠡᠴᠡ ᠪᠣᠯᠤᠨ ᠬᠤᠪᠢ ᠬᠥᠮᠦᠨ᠎ᠤ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠨᠡᠶ᠋ᠢᠭᠡᠮ᠎ᠤᠨ ᠡᠯ᠎ᠡ ᠡᠲᠡᠭᠡᠳ᠎ᠤᠨ᠎ᠬᠢᠨ᠎ᠤ ᠢᠯᠡᠴᠢᠯᠡᠨ ᠮᠡᠳᠡᠭᠦᠯᠬᠦ ᠪᠠ ᠬᠢᠨᠠᠯᠲᠠ ᠲᠠᠯᠪᠢᠬᠤ ᠵᠢ ᠬᠦᠯᠢᠶᠡᠬᠦ ᠵᠢᠨ ᠬᠠᠮᠲᠤ ᠢᠯᠡᠴᠢᠯᠡᠨ ᠮᠡᠳᠡᠭᠦᠯᠦᠭᠰᠡᠨ ᠭᠠᠪᠢᠶ᠎ᠠ᠎ᠲᠠᠢ ᠬᠥᠮᠦᠰ᠎ᠢ ᠱᠠᠩᠨᠠᠬᠤ ᠬᠡᠷᠡᠭᠲᠡᠶ᠃

 

ᠢᠷᠡᠯᠲᠡ᠄ ᠤᠯᠤᠰ᠎ᠤᠨ ᠲᠤᠭ᠎ᠠ ᠪᠦᠷᠢᠳᠭᠡᠯ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠣᠭ᠎ᠠ ᠪᠦᠷᠢᠳᠬᠡᠯ᠎ᠤᠨ ᠬᠠᠤᠯᠢ ᠵᠢ ᠬᠡᠷᠡᠭᠵᠢᠭᠦᠯᠬᠦ ᠳᠦᠷᠢᠮ
ᠤᠰᠤ ᠵᠢ ᠠᠷᠪᠢᠯᠠᠨ ᠬᠡᠷᠡᠭᠯᠡᠬᠦ ᠳᠦᠷᠢᠮ
ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠡᠷᠡᠭᠯᠡᠭᠴᠢᠳ᠎ᠤᠨ ᠡᠷᠬᠡ ᠠᠰᠢᠭ᠎ᠢ ᠬᠠᠮᠠᠭ᠋ᠠᠯᠠᠬᠤ ᠬᠠᠤᠯᠢ ᠵᠢ ᠬᠡᠷᠡᠭᠵᠢᠭᠦᠯᠬᠦ ᠳᠦᠷᠢᠮ
 
            