ᠲᠡᠷᠢᠭᠦᠨ ᠬᠠᠭᠤᠳᠠᠰᠤ
ᠠᠵᠢᠯ᠎ᠤᠨ ᠪᠠᠶ᠋ᠢᠳᠠᠯ
ᠢᠯᠡ ᠵᠠᠰᠠᠭ
ᠲᠤᠭ᠎ᠠ ᠪᠦᠷᠢᠳᠭᠡᠯ᠎ᠤᠨ ᠦᠢᠯᠡᠴᠢᠯᠡᠭᠡ
ᠢᠯᠡ ᠵᠠᠰᠠᠭ   -   ᠬᠠᠣᠯᠢ ᠴᠠᠭᠠᠵᠠ ᠲᠥᠷᠢᠮ ᠳᠣᠭᠲᠠᠭᠠᠯ
ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠣᠭ᠎ᠠ ᠪᠦᠷᠢᠳᠬᠡᠯ᠎ᠤᠨ ᠬᠠᠤᠯᠢ ᠵᠢ ᠬᠡᠷᠡᠭᠵᠢᠭᠦᠯᠬᠦ ᠳᠦᠷᠢᠮ
ᠨᠡᠶ᠋ᠢᠲᠡᠯᠡᠭᠰᠡᠨ ᠴᠠᠭ᠄ 2024-01-05

        ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠣᠭ᠎ᠠ ᠪᠦᠷᠢᠳᠬᠡᠯ᠎ᠤᠨ

        ᠬᠠᠤᠯᠢ ᠵᠢ ᠬᠡᠷᠡᠭᠵᠢᠭᠦᠯᠬᠦ ᠳᠦᠷᠢᠮ
    ᠨᠢᠭᠡᠳᠦᠭᠡᠷ ᠪᠦᠯᠦᠭ     ᠶᠡᠷᠦᠩᠬᠡᠢ ᠳᠦᠷᠢᠮ
    ᠨᠢᠭᠡᠳᠦᠭᠡᠷ ᠵᠦᠢ᠍ᠯ    《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠣᠭ᠎ᠠ ᠪᠦᠷᠢᠳᠬᠡᠯ᠎ᠤᠨ ᠬᠠᠤᠯᠢ》 (ᠳᠣᠷᠣᠭᠰᠢ ᠲᠣᠭ᠎ᠠ ᠪᠦᠷᠢᠳᠬᠡᠯ᠎ᠤᠨ ᠬᠠᠤᠯᠢ ᠭᠡᠵᠦ ᠲᠣᠪᠴᠢᠯᠠᠨ᠎ᠠ) ᠵᠢ ᠦᠨᠳᠦᠰᠦᠯᠡᠨ ᠲᠤᠰ ᠳᠦᠷᠢᠮ᠎ᠢ ᠲᠣᠭᠲᠠᠭ᠋ᠠᠪᠠ᠃
    ᠬᠣᠶᠠᠳᠤᠭ᠋ᠠᠷ ᠵᠦᠢ᠍ᠯ    ᠲᠣᠭ᠎ᠠ ᠪᠦᠷᠢᠳᠬᠡᠯ᠎ᠤᠨ ᠮᠠᠲᠸᠷᠢᠶᠠᠯ᠎ᠢ ᠵᠠᠰᠠᠭ ᠵᠠᠬᠢᠷᠭ᠋ᠠᠨ᠎ᠤ ᠲᠡᠮᠳᠡᠭᠯᠡᠯ ᠵᠶ᠋ᠠᠷ ᠳᠠᠮᠵᠢᠵᠤ ᠣᠯᠤᠭᠰᠠᠨ ᠪᠣᠯ ᠪᠠᠶ᠋ᠢᠴᠠᠭ᠋ᠠᠯᠲᠠ ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ ᠪᠣᠯᠬᠤ ᠦᠭᠡᠶ᠃ ᠦᠯᠢᠭᠡᠷ ᠠᠪᠴᠤ ᠪᠠᠶ᠋ᠢᠴᠠᠭ᠋ᠠᠬᠤ᠎ᠪᠠᠷ ᠳᠠᠮᠵᠢᠨ᠂ ᠭᠤᠤᠯᠳᠠᠯᠭ᠎ᠠ᠎ᠲᠠᠢ ᠪᠠᠶ᠋ᠢᠴᠠᠭ᠋ᠠᠯᠲᠠ᠎ᠨᠢ ᠲᠣᠭ᠎ᠠ ᠪᠦᠷᠢᠳᠬᠡᠯ᠎ᠤᠨ ᠬᠡᠷᠡᠭᠴᠡᠭᠡ ᠵᠢ ᠬᠠᠩᠭ᠋ᠠᠵᠤ ᠳᠡᠶ᠋ᠢᠯᠪᠡᠯ᠂ ᠪᠦᠬᠦ ᠲᠠᠯ᠎ᠠ ᠵᠢᠨ ᠪᠠᠶ᠋ᠢᠴᠠᠭ᠋ᠠᠯᠲᠠ ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ ᠪᠣᠯᠬᠤ

ᠦᠭᠡᠶ᠃
    ᠭᠤᠷᠪᠠᠳᠤᠭ᠋ᠠᠷ ᠵᠦᠢ᠍ᠯ   ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠪᠣᠯᠤᠨ ᠬᠣᠯᠪᠣᠭᠳᠠᠯ ᠪᠦᠬᠥᠢ ᠰᠠᠯᠠᠭ᠎ᠠ ᠮᠥᠴᠢᠷ ᠲᠣᠭ᠎ᠠ ᠪᠦᠷᠢᠳᠬᠡᠯ᠎ᠤᠨ ᠵᠢᠮ᠎ᠡ ᠶᠣᠰᠣᠨ᠎ᠤ ᠰᠤᠳᠤᠯᠭ᠋ᠠᠨ᠎ᠢ ᠴᠢᠩᠭ᠋ᠠᠳᠬᠠᠵᠤ᠂ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ ᠵᠡᠷᠭᠡ ᠵᠢᠨ ᠲᠣᠭ᠎ᠠ ᠪᠦᠷᠢᠳᠬᠡᠯ᠎ᠢ ᠲᠡᠭᠦᠯᠳᠡᠷᠵᠢᠭᠦᠯᠦᠨ᠂ ᠠᠵᠤ ᠠᠬᠤᠢ᠂ ᠨᠡᠶ᠋ᠢᠭᠡᠮ᠂ ᠰᠢᠨᠵᠢᠯᠡᠬᠦ ᠤᠬᠠᠭ᠋ᠠᠨ ᠮᠡᠷᠭᠡᠵᠢᠯ᠂ ᠡᠬᠢ ᠪᠠᠶᠠᠯᠢᠭ ᠪᠣᠯᠤᠨ ᠣᠷᠴᠢᠨ ᠠᠬᠤᠢ ᠵᠢᠨ ᠲᠣᠭ᠎ᠠ ᠪᠦᠷᠢᠳᠬᠡᠯ᠎ᠢ ᠲᠡᠭᠦᠯᠳᠡᠷᠵᠢᠭᠦᠯᠵᠦ᠂ ᠢᠨᠲᠸᠷ ᠰᠦᠯᠵᠢᠶ᠎ᠡ᠂ ᠶᠡᠬᠡ ᠲᠣᠭ᠎ᠠ ᠪᠠᠷᠢᠮᠲᠠ᠂ ᠡᠭᠦᠯᠡᠨ ᠪᠤᠳᠤᠯᠳᠠ ᠵᠡᠷᠭᠡ ᠤᠳᠤ ᠦᠶ᠎ᠡ ᠵᠢᠨ ᠮᠡᠳᠡᠭᠡ ᠵᠠᠩᠭᠢ ᠵᠢᠨ ᠮᠡᠷᠭᠡᠵᠢᠯ᠎ᠤᠨ ᠲᠣᠭ᠎ᠠ ᠪᠦᠷᠢᠳᠬᠡᠯ᠎ᠤᠨ ᠠᠵᠢᠯ᠎ᠤᠨ ᠳᠤᠮᠳᠠᠬᠢ ᠬᠡᠷᠡᠭᠯᠡᠯᠲᠡ ᠵᠢ ᠠᠬᠢᠭᠤᠯᠵᠤ᠂ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠬᠡᠷᠡᠭᠴᠡᠭᠡ ᠵᠢ ᠬᠠᠩᠭ᠋ᠠᠬᠤ ᠬᠡᠷᠡᠭᠲᠡᠢ᠃
    ᠳᠥᠷᠪᠡᠳᠦᠭᠡᠷ ᠵᠦᠢ᠍ᠯ   ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠪᠣᠯᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ᠎ᠢ ᠦᠨᠳᠦᠰᠦᠯᠡᠨ᠂ ᠲᠤᠰ ᠨᠢᠭᠡᠴᠡ ᠵᠢᠨ ᠵᠶ᠋ᠠᠨ ᠲᠣᠭ᠎ᠠ ᠪᠦᠷᠢᠳᠬᠡᠯ᠎ᠢ ᠬᠤᠳᠠᠯ ᠬᠠᠭᠤᠷᠮᠠᠭ ᠵᠶ᠋ᠠᠷ ᠵᠣᠬᠢᠶᠠᠬᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠵᠢ ᠰᠡᠷᠭᠡᠶ᠋ᠢᠯᠡᠬᠦ ᠪᠠ ᠵᠠᠯᠬᠠᠭ᠋ᠠᠨ ᠰᠢᠢ᠍ᠳᠭᠡᠬᠦ ᠬᠠᠷᠢᠭᠤᠴᠠᠯᠭ᠎ᠠ ᠵᠢᠨ ᠭᠣᠣᠯ ᠴᠣᠭᠴᠠ ᠵᠢ ᠲᠣᠳᠣᠷᠬᠠᠶ᠋ᠢᠯᠠᠵᠤ᠂ ᠲᠣᠭ᠎ᠠ ᠪᠦᠷᠢᠳᠬᠡᠯ᠎ᠤᠨ ᠬᠠᠤᠯᠢ ᠪᠣᠯᠤᠨ ᠲᠤᠰ ᠳᠦᠷᠢᠮ᠎ᠤᠨ ᠲᠣᠭᠲᠠᠭ᠋ᠠᠯ᠎ᠢ ᠴᠢᠩᠭ᠎ᠠ ᠬᠡᠷᠡᠭᠵᠢᠭᠦᠯᠬᠦ ᠬᠡᠷᠡᠭᠲᠡᠶ᠃
    ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠪᠣᠯᠤᠨ ᠬᠣᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠬᠠᠷᠢᠭᠤᠴᠠᠯᠭ᠋ᠠᠲᠠᠨ ᠲᠣᠭ᠎ᠠ ᠪᠦᠷᠢᠳᠬᠡᠯ᠎ᠤᠨ ᠠᠵᠢᠯᠯᠠᠭ᠎ᠠ ᠵᠢᠨ ᠬᠠᠤᠯᠢ ᠶᠣᠰᠣᠭ᠋ᠠᠷ ᠶᠠᠪᠤᠭᠳᠠᠬᠤ ᠵᠢ ᠪᠠᠲᠤᠯᠠᠬᠤ ᠬᠡᠷᠡᠭᠲᠡᠶ᠂ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠂ ᠲᠣᠭ᠎ᠠ ᠪᠦᠷᠢᠳᠬᠡᠯ᠎ᠤᠨ ᠠᠵᠢᠯᠲᠠᠨ᠎ᠤ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ᠂ ᠲᠣᠭ᠎ᠠ ᠪᠦᠷᠢᠳᠬᠡᠯ᠎ᠤᠨ ᠮᠡᠳᠡᠭᠦᠯᠦᠯᠲᠡ᠂ ᠲᠣᠭ᠎ᠠ ᠪᠦᠷᠢᠳᠬᠡᠯ᠎ᠤᠨ ᠬᠢᠨᠠᠯᠲᠠ ᠲᠠᠯᠪᠢᠯᠲᠠ ᠵᠢᠨ ᠡᠷᠬᠡ ᠲᠤᠰᠢᠶᠠᠯ᠎ᠳᠤ ᠬᠠᠯᠳᠠᠵᠤ ᠪᠣᠯᠬᠤ ᠦᠭᠡᠶ᠂ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠡᠲᠡᠭᠡᠳ᠎ᠤᠨ ᠲᠣᠭ᠎ᠠ ᠪᠦᠷᠢᠳᠬᠡᠯ᠎ᠤᠨ ᠮᠠᠲᠸᠷᠢᠶᠠᠯ ᠬᠠᠩᠭ᠋ᠠᠬᠤ᠎ᠳᠤ ᠬᠠᠤᠯᠢ ᠪᠤᠰᠤ᠎ᠪᠠᠷ ᠭᠠᠷ ᠲᠥᠷᠥᠵᠦ ᠪᠣᠯᠬᠤ ᠦᠭᠡᠶ᠂ ᠲᠣᠭ᠎ᠠ ᠪᠦᠷᠢᠳᠬᠡᠯ᠎ᠢ ᠬᠠᠭᠤᠷᠮᠠᠭᠯᠠᠨ ᠵᠣᠬᠢᠶᠠᠬᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠵᠤ ᠪᠣᠯᠬᠤ ᠦᠭᠡᠶ᠃
    ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠡᠲᠡᠭᠡᠳ᠎ᠨᠢ ᠲᠣᠭ᠎ᠠ ᠪᠦᠷᠢᠳᠬᠡᠯ᠎ᠤᠨ ᠬᠠᠤᠯᠢ ᠪᠣᠯᠤᠨ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ᠂ ᠲᠣᠭ᠎ᠠ ᠪᠦᠷᠢᠳᠬᠡᠯ᠎ᠤᠨ ᠮᠠᠲᠸᠷᠢᠶᠠᠯ᠎ᠢ ᠦᠨᠡᠨ ᠪᠣᠳᠠᠲᠠᠶ᠂ ᠣᠨᠣᠪᠴᠢᠲᠠᠶ᠂ ᠪᠦᠷᠢᠨ ᠭᠦᠢ᠍ᠴᠡᠳ᠂ ᠴᠠᠭ ᠲᠤᠬᠠᠶ᠎ᠳᠤᠨᠢ ᠬᠠᠩᠭ᠋ᠠᠵᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠵᠡᠷᠭᠡ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠲᠡᠪᠴᠢᠵᠦ᠂ ᠬᠣᠷᠢᠭᠯᠠᠬᠤ ᠬᠡᠷᠡᠭᠲᠡᠶ᠃
    ᠲᠠᠪᠤᠳᠤᠭ᠋ᠠᠷ ᠵᠦᠢ᠍ᠯ   ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠪᠣᠯᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠠᠰᠢᠭ ᠬᠣᠨᠵᠢᠪᠣᠷᠢ ᠵᠢᠨ ᠴᠢᠨᠠᠷᠲᠠᠶ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ ᠪᠣᠯᠬᠤ ᠦᠭᠡᠶ᠃
    ᠤᠯᠤᠰ᠎ᠠᠴᠠ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠪᠠ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠨᠡᠶ᠋ᠢᠭᠡᠮ᠎ᠠᠴᠠ ᠦᠢ᠍ᠯᠡᠴᠢᠯᠡᠭᠡ ᠬᠤᠳᠠᠯᠳᠤᠨ ᠠᠪᠬᠤ᠎ᠪᠠᠷ ᠳᠠᠮᠵᠢᠭᠤᠯᠤᠨ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠪᠠ ᠮᠠᠲ᠋ᠧᠷᠢᠶᠠᠯ᠎ᠤᠨ ᠨᠡᠭᠡᠭᠡᠨ ᠬᠥᠭᠵᠢᠭᠦᠯᠦᠯᠲᠡ ᠵᠢ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠵᠢ ᠲᠥᠯᠥᠪᠯᠡᠭᠡ᠎ᠲᠠᠢ᠎ᠪᠠᠷ ᠠᠬᠢᠭᠤᠯᠤᠨ᠎ᠠ᠃
    ᠬᠣᠶᠠᠳᠤᠭ᠋ᠠᠷ ᠪᠦᠯᠦᠭ  ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠲᠥᠷᠥᠯ ᠵᠦᠢ᠍ᠯ
    ᠵᠢᠷᠭᠤᠳᠤᠭ᠋ᠠᠷ ᠵᠦᠢ᠍ᠯ   ᠰᠠᠯᠠᠭ᠎ᠠ ᠮᠥᠴᠢᠷ᠎ᠤᠨ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠲᠥᠷᠥᠯ ᠵᠦᠢ᠍ᠯ᠂ ᠣᠷᠣᠨ ᠨᠤᠲᠤᠭ᠎ᠤᠨ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠲᠥᠷᠥᠯ ᠵᠦᠢ᠍ᠯ᠎ᠤᠨ ᠭᠣᠣᠯ ᠠᠭᠤᠯᠭ᠎ᠠ᠎ᠨᠢ ᠤᠯᠤᠰ᠎ᠤᠨ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠲᠥᠷᠥᠯ ᠵᠦᠢ᠍ᠯ᠎ᠤᠨ ᠠᠭᠤᠯᠭ᠎ᠠ᠎ᠯᠤᠭ᠎ᠠ ᠳᠠᠪᠬᠤᠷᠳᠠᠵᠤ᠂ ᠵᠥᠷᠢᠴᠡᠯ᠎ᠲᠠᠢ ᠪᠠᠶ᠋ᠢᠵᠤ ᠪᠣᠯᠬᠤ ᠦᠭᠡᠶ᠃
    ᠳᠣᠯᠣᠳᠤᠭ᠋ᠠᠷ ᠵᠦᠢ᠍ᠯ   ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠲᠥᠷᠥᠯ ᠵᠦᠢ᠍ᠯ ᠲᠣᠭᠲᠠᠭ᠋ᠠᠬᠤ ᠪᠠᠶ᠋ᠢᠭᠤᠯᠭ᠎ᠠ (ᠳᠣᠷᠣᠭᠰᠢ ᠲᠣᠭᠲᠠᠭ᠋ᠠᠬᠤ ᠪᠠᠶ᠋ᠢᠭᠤᠯᠭ᠎ᠠ ᠭᠡᠵᠦ ᠲᠣᠪᠴᠢᠯᠠᠨ᠎ᠠ)᠎ᠠᠴᠠ ᠲᠥᠷᠥᠯ ᠵᠦᠢ᠍ᠯ᠎ᠤᠨ ᠴᠢᠬᠤᠯᠠ ᠴᠢᠨᠠᠷ᠂ ᠪᠣᠯᠤᠮᠵᠢᠲᠤ ᠴᠢᠨᠠᠷ᠂ ᠰᠢᠨᠵᠢᠯᠡᠬᠦ ᠤᠬᠠᠭ᠋ᠠᠨᠴᠢ ᠴᠢᠨᠠᠷ᠎ᠤᠨ ᠲᠤᠬᠠᠶ ᠨᠤᠲᠠᠯᠠᠯᠲᠠ ᠬᠢᠵᠦ᠂ ᠬᠣᠯᠪᠣᠭᠳᠠᠯ ᠪᠦᠬᠦᠢ ᠣᠷᠣᠨ ᠨᠤᠲᠤᠭ᠂ ᠰᠠᠯᠠᠭ᠎ᠠ ᠮᠥᠴᠢᠷ᠂ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠡᠲᠡᠭᠡᠳ ᠪᠣᠯᠤᠨ ᠲᠤᠰᠬᠠᠶ ᠮᠡᠷᠭᠡᠵᠢᠯᠲᠡᠨ᠎ᠤ ᠰᠠᠨᠠᠯ᠎ᠢ ᠬᠤᠷᠢᠶᠠᠬᠤ ᠵᠢᠨ ᠬᠠᠮᠲᠤ ᠲᠣᠭᠲᠠᠭ᠋ᠠᠬᠤ ᠪᠠᠶ᠋ᠢᠭᠤᠯᠭ᠎ᠠ᠎ᠠᠴᠠ ᠬᠤᠷᠠᠯ᠎ᠤᠨ ᠳᠦᠷᠢᠮ᠎ᠤᠨ ᠶᠣᠰᠣᠭ᠋ᠠᠷ ᠬᠠᠮᠲᠤ᠎ᠪᠠᠷ ᠶᠠᠷᠢᠯᠴᠠᠨ ᠲᠣᠭᠲᠠᠭ᠋ᠠᠬᠤ ᠬᠡᠷᠡᠭᠲᠡᠶ᠃
    ᠴᠢᠬᠤᠯᠠ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠲᠥᠷᠥᠯ ᠵᠦᠢ᠍ᠯ᠎ᠳᠤ ᠲᠤᠷᠰᠢᠯᠲᠠ ᠬᠢᠬᠦ ᠬᠡᠷᠡᠭᠲᠡᠶ᠃
    ᠨᠠᠢ᠍ᠮᠠᠳᠤᠭ᠋ᠠᠷ ᠵᠦᠢ᠍ᠯ   ᠲᠣᠭᠲᠠᠭ᠋ᠠᠬᠤ ᠪᠠᠶ᠋ᠢᠭᠤᠯᠭ᠎ᠠ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠲᠥᠷᠥᠯ ᠵᠦᠢ᠍ᠯ᠎ᠢ ᠬᠢᠨᠠᠨ ᠵᠥᠪᠰᠢᠶᠡᠷᠡᠭᠦᠯᠬᠦ᠎ᠪᠠᠷ ᠭᠤᠶᠤᠴᠢᠯᠠᠬᠤ᠎ᠳᠤ᠂ ᠠᠯᠪᠠᠨ ᠪᠢᠴᠢᠭ᠎ᠤᠨ ᠬᠡᠯᠪᠡᠷᠢ᠎ᠪᠠᠷ ᠬᠢᠨᠠᠨ ᠵᠥᠪᠰᠢᠶᠡᠷᠡᠬᠦ ᠪᠠᠶ᠋ᠢᠭᠤᠯᠭ᠎ᠠ᠎ᠳᠤ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠲᠥᠷᠥᠯ ᠵᠦᠢ᠍ᠯ᠎ᠢ ᠬᠢᠨᠠᠨ ᠵᠥᠪᠰᠢᠶᠡᠷᠡᠭᠦᠯᠬᠦ ᠭᠤᠶᠤᠴᠢᠯᠠᠯ᠎ᠤᠨ ᠬᠦᠰᠦᠨᠦᠭᠲᠦ᠂ ᠲᠥᠷᠥᠯ ᠵᠦᠢ᠍ᠯ᠎ᠤᠨ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠳᠦᠷᠢᠮ ᠪᠣᠯᠤᠨ ᠠᠵᠢᠯ᠎ᠤᠨ ᠵᠠᠷᠤᠳᠠᠯ᠎ᠤᠨ ᠢᠷᠡᠯᠲᠡ ᠵᠢᠨ ᠲᠣᠳᠣᠷᠬᠠᠶ᠋ᠢᠯᠠᠯᠲᠠ᠎ᠪᠠᠨ ᠲᠤᠰᠢᠶᠠᠬᠤ ᠬᠡᠷᠡᠭᠲᠡᠶ᠃
    ᠭᠤᠶᠤᠴᠢᠯᠠᠬᠤ ᠮᠠᠲ᠋ᠧᠷᠢᠶᠠᠯ᠎ᠨᠢ ᠪᠦᠷᠢᠨ ᠭᠦᠢ᠍ᠴᠡᠳ ᠦᠭᠡᠢ ᠪᠤᠶᠤ ᠬᠠᠤᠯᠢ᠎ᠪᠠᠷ ᠲᠣᠭᠲᠠᠭ᠋ᠠᠭᠰᠠᠨ ᠬᠡᠯᠪᠡᠷᠢ᠎ᠳᠤ ᠨᠡᠶ᠋ᠢᠴᠡᠬᠦ ᠦᠭᠡᠢ ᠪᠠᠶ᠋ᠢᠪᠠᠯ᠂ ᠬᠢᠨᠠᠨ ᠵᠥᠪᠰᠢᠶᠡᠷᠡᠬᠦ ᠪᠠᠶ᠋ᠢᠭᠤᠯᠭ᠎ᠠ᠎ᠠᠴᠠ ᠨᠥᠬᠥᠪᠥᠷᠢᠯᠡᠨ ᠵᠠᠯᠠᠷᠠᠭᠤᠯᠬᠤ ᠴᠢᠬᠤᠯᠠᠲᠠᠢ ᠪᠦᠬᠦ ᠠᠭᠤᠯᠭ᠎ᠠ ᠵᠢ ᠨᠢᠭᠡ ᠯᠡ ᠤᠳᠠᠭ᠎ᠠ ᠳᠡᠭᠡᠷ᠎ᠡ ᠮᠡᠳᠡᠭᠳᠡᠬᠦ ᠬᠡᠷᠡᠭᠲᠡᠢ᠂ ᠲᠣᠭᠲᠠᠭ᠋ᠠᠭᠰᠠᠨ ᠪᠠᠶ᠋ᠢᠭᠤᠯᠭ᠎ᠠ᠎ᠨᠢ ᠬᠢᠨᠠᠨ ᠵᠥᠪᠰᠢᠶᠡᠷᠡᠬᠦ ᠪᠠᠶ᠋ᠢᠭᠤᠯᠭ᠎ᠠ ᠵᠢᠨ ᠱᠠᠭ᠋ᠠᠷᠳᠠᠯᠭ᠎ᠠ ᠶᠣᠰᠣᠭ᠋ᠠᠷ ᠨᠥᠬᠥᠪᠥᠷᠢᠯᠡᠨ ᠵᠠᠯᠠᠷᠠᠭᠤᠯᠬᠤ ᠬᠡᠷᠡᠭᠲᠡᠢ᠃
    ᠭᠤᠶᠤᠴᠢᠯᠠᠬᠤ ᠮᠠᠲ᠋ᠧᠷᠢᠶᠠᠯ᠎ᠨᠢ ᠪᠦᠷᠢᠨ ᠭᠦᠢ᠍ᠴᠡᠳ᠂ ᠬᠠᠤᠯᠢ᠎ᠳᠤ ᠲᠣᠭᠲᠠᠭ᠋ᠠᠭᠰᠠᠨ ᠬᠡᠯᠪᠡᠷᠢ᠎ᠳᠤ ᠨᠡᠶ᠋ᠢᠴᠡᠵᠦ ᠪᠠᠶ᠋ᠢᠪᠠᠯ᠂ ᠬᠢᠨᠠᠨ ᠵᠥᠪᠰᠢᠶᠡᠷᠡᠬᠦ ᠪᠠᠶ᠋ᠢᠭᠤᠯᠭ᠎ᠠ ᠬᠦᠯᠢᠶᠡᠨ ᠠᠪᠴᠤ ᠰᠢᠢ᠍ᠳᠪᠦᠷᠢᠯᠡᠬᠦ ᠬᠡᠷᠡᠭᠲᠡᠢ᠃

    ᠶᠢᠰᠦᠳᠦᠭᠡᠷ ᠵᠦᠢ᠍ᠯ    ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠲᠥᠷᠥᠯ ᠵᠦᠢ᠍ᠯ᠎ᠨᠢ ᠳᠣᠣᠷᠠᠬᠢ ᠨᠥᠬᠥᠴᠡᠯ᠎ᠳᠤ ᠨᠡᠶ᠋ᠢᠴᠡᠪᠡᠯ᠂ ᠬᠢᠨᠠᠨ ᠵᠥᠪᠰᠢᠶᠡᠷᠡᠬᠦ ᠪᠠᠶ᠋ᠢᠭᠤᠯᠭ᠎ᠠ ᠵᠥᠪᠰᠢᠶᠡᠷᠡᠬᠦ ᠪᠢᠴᠢᠭᠯᠡᠭᠰᠡᠨ ᠲᠣᠭᠲᠠᠭ᠋ᠠᠯ ᠭᠠᠷᠭ᠋ᠠᠬᠤ ᠬᠡᠷᠡᠭᠲᠡᠶ᠄
    (ᠨᠢᠭᠡ) ᠬᠠᠤᠯᠢ᠎ᠪᠠᠷ ᠲᠣᠭᠲᠠᠭ᠋ᠠᠭᠰᠠᠨ ᠦᠨᠳᠦᠰᠦᠯᠡᠯ᠎ᠲᠠᠢ ᠪᠤᠶᠤ ᠣᠯᠠᠨ ᠨᠡᠶ᠋ᠢᠲᠡ ᠵᠢᠨ ᠬᠠᠮᠢᠶᠠᠷᠤᠯᠲᠠ ᠪᠣᠯᠤᠨ ᠦᠢ᠍ᠯᠡᠴᠢᠯᠡᠭᠡ᠎ᠳᠤ ᠵᠠᠪᠠᠯ ᠱᠠᠭ᠋ᠠᠷᠳᠠᠭᠳᠠᠬᠤ ᠵᠦᠢ᠍ᠯ;
    (ᠬᠣᠶᠠᠷ) ᠨᠢᠭᠡᠨᠲᠡ ᠵᠥᠪᠰᠢᠶᠡᠷᠡᠭᠰᠡᠨ ᠪᠤᠶᠤ ᠳᠠᠩᠰᠠᠯᠠᠭᠤᠯᠤᠭᠰᠠᠨ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠲᠥᠷᠥᠯ ᠵᠦᠢ᠍ᠯ᠎ᠤᠨ ᠭᠤᠤᠯ ᠠᠭᠤᠯᠭ᠎ᠠ᠎ᠯᠤᠭ᠎ᠠ ᠳᠠᠪᠬᠤᠴᠠᠬᠤ ᠦᠭᠡᠶ᠂ ᠵᠥᠷᠢᠴᠡᠯ ᠦᠭᠡᠶ;
    (ᠭᠤᠷᠪᠠ) ᠭᠣᠣᠯ ᠪᠣᠯᠬᠤ ᠲᠣᠭ᠎ᠠ ᠪᠦᠷᠢᠳᠬᠡᠯ᠎ᠤᠨ ᠭᠦᠢ᠍ᠴᠡᠳᠬᠡᠬᠦ ᠲᠣᠭ᠎ᠠ ᠵᠢ ᠵᠠᠰᠠᠭ ᠵᠠᠬᠢᠷᠭ᠋ᠠᠨ᠎ᠤ ᠲᠡᠮᠳᠡᠭᠯᠡᠯ ᠪᠤᠶᠤ ᠨᠢᠭᠡᠨᠲᠡ ᠪᠠᠶ᠋ᠢᠭ᠎ᠠ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠮᠠᠲᠸᠷᠢᠶᠠᠯ ᠵᠶ᠋ᠠᠷ ᠡᠳ ᠰᠢᠭᠦᠯᠦᠨ ᠡᠮᠬᠢᠯᠡᠵᠦ ᠣᠯᠬᠤ ᠵᠢᠨ ᠠᠷᠭ᠎ᠠ ᠦᠭᠡᠶ ᠪᠠᠶ᠋ᠢᠬᠤ;
    (ᠳᠥᠷᠪᠡ) ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠳᠦᠷᠢᠮ᠎ᠨᠢ ᠲᠣᠭ᠎ᠠ ᠪᠦᠷᠢᠳᠬᠡᠯ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠨᠡᠶ᠋ᠢᠴᠡᠵᠦ᠂ ᠰᠢᠨᠵᠢᠯᠡᠬᠦ ᠤᠬᠠᠭ᠋ᠠᠨᠴᠢ᠂ ᠵᠦᠢ ᠵᠣᠬᠢᠰᠲᠠᠶ᠂ ᠶᠠᠪᠤᠭᠳᠠᠭᠤᠰᠢᠲᠠᠶ ᠪᠠᠶ᠋ᠢᠬᠤ;
    (ᠲᠠᠪᠤ) ᠬᠡᠷᠡᠭᠯᠡᠭᠰᠡᠨ ᠲᠣᠭ᠎ᠠ ᠪᠦᠷᠢᠳᠬᠡᠯ᠎ᠤᠨ ᠪᠠᠷᠢᠮᠵᠢᠶ᠎ᠠ᠎ᠨᠢ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ᠎ᠳᠤ ᠨᠡᠶ᠋ᠢᠴᠡᠭᠰᠡᠨ ᠪᠠᠶ᠋ᠢᠬᠤ;
    (ᠵᠢᠷᠭᠤᠭ᠎ᠠ) ᠲᠣᠭᠲᠠᠭ᠋ᠠᠬᠤ ᠪᠠᠶ᠋ᠢᠭᠤᠯᠭ᠎ᠠ᠎ᠨᠢ ᠲᠥᠷᠥᠯ ᠵᠦᠢ᠍ᠯ᠎ᠢ ᠬᠡᠷᠡᠭᠵᠢᠭᠦᠯᠬᠦ ᠴᠢᠳᠠᠪᠤᠷᠢ᠎ᠲᠠᠢ ᠪᠠᠶ᠋ᠢᠬᠤ᠃
    ᠡᠮᠦᠨᠡᠬᠢ ᠪᠠᠳᠠᠭ᠎ᠲᠤ ᠲᠣᠭᠲᠠᠭ᠋ᠠᠭᠰᠠᠨ ᠨᠥᠬᠥᠴᠡᠯ᠎ᠳᠤ ᠨᠡᠶ᠋ᠢᠴᠡᠬᠦ ᠦᠭᠡᠢ ᠪᠠᠶ᠋ᠢᠪᠠᠯ᠂ ᠬᠢᠨᠠᠨ ᠵᠥᠪᠰᠢᠶᠡᠷᠡᠬᠦ ᠪᠠᠶ᠋ᠢᠭᠤᠯᠭ᠎ᠠ᠎ᠨᠢ ᠲᠣᠭᠲᠠᠭ᠋ᠠᠭᠰᠠᠨ ᠪᠠᠶ᠋ᠢᠭᠤᠯᠭ᠎ᠠ᠎ᠳᠤ ᠵᠠᠰᠠᠪᠤᠷᠢ ᠣᠷᠣᠭᠤᠯᠬᠤ ᠰᠠᠨᠠᠯ ᠳᠤᠷᠠᠳᠬᠤ ᠬᠡᠷᠡᠭᠲᠡᠢ; ᠵᠠᠰᠠᠪᠤᠷᠢ ᠣᠷᠣᠭᠤᠯᠤᠭᠰᠠᠨ᠎ᠤ ᠲᠠᠷᠠᠭ᠎ᠠ ᠮᠥᠨ ᠡᠮᠦᠨᠡᠬᠢ ᠪᠠᠳᠠᠭ᠎ᠲᠤ ᠲᠣᠭᠲᠠᠭ᠋ᠠᠭᠰᠠᠨ ᠨᠥᠬᠥᠴᠡᠯ᠎ᠳᠤ ᠨᠡᠶ᠋ᠢᠴᠡᠬᠦ ᠦᠭᠡᠢ

ᠪᠠᠶ᠋ᠢᠪᠠᠯ᠂ ᠬᠢᠨᠠᠨ ᠵᠥᠪᠰᠢᠶᠡᠷᠡᠬᠦ ᠪᠠᠶ᠋ᠢᠭᠤᠯᠭ᠎ᠠ ᠦᠯᠦ ᠵᠥᠪᠰᠢᠶᠡᠷᠡᠬᠦ ᠪᠢᠴᠢᠭ᠎ᠤᠨ ᠲᠣᠭᠲᠠᠭ᠋ᠠᠯ ᠭᠠᠷᠭ᠋ᠠᠬᠤ ᠵᠢᠨ ᠬᠠᠮᠲᠤ ᠰᠢᠯᠲᠠᠭ᠋ᠠᠨ ᠵᠶ᠋ᠠᠨ ᠲᠣᠳᠣᠷᠬᠠᠶ᠋ᠢᠯᠠᠬᠤ ᠬᠡᠷᠡᠭᠲᠡᠢ᠃
    ᠠᠷᠪᠠᠳᠤᠭ᠋ᠠᠷ ᠵᠦᠢ᠍ᠯ   ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠲᠥᠷᠥᠯ ᠵᠦᠢ᠍ᠯ᠎ᠨᠢ ᠪᠤᠰᠤᠳ ᠰᠠᠯᠠᠭ᠎ᠠ ᠮᠥᠴᠢᠷ᠎ᠤᠨ ᠡᠭᠦᠷᠭᠡ ᠬᠠᠷᠢᠭᠤᠴᠠᠯᠭ᠎ᠠ᠎ᠳᠤ ᠬᠣᠯᠪᠣᠭᠳᠠᠪᠠᠯ᠂ ᠬᠢᠨᠠᠨ ᠵᠥᠪᠰᠢᠶᠡᠷᠡᠬᠦ ᠪᠠᠶ᠋ᠢᠭᠤᠯᠭ᠎ᠠ ᠬᠢᠨᠠᠨ ᠵᠥᠪᠰᠢᠶᠡᠷᠡᠭᠰᠡᠨ ᠲᠣᠭᠲᠠᠭ᠋ᠠᠯ ᠭᠠᠷᠭ᠋ᠠᠬᠤ᠎ᠠᠴᠠ ᠡᠮᠦᠨ᠎ᠡ᠂ ᠬᠠᠮᠢᠶ᠎ᠠ ᠪᠦᠬᠦᠢ ᠰᠠᠯᠠᠭ᠎ᠠ ᠮᠥᠴᠢᠷ᠎ᠤᠨ ᠰᠠᠨᠠᠯ᠎ᠢ ᠬᠤᠷᠢᠶᠠᠬᠤ ᠬᠡᠷᠡᠭᠲᠡᠶ᠃
    ᠠᠷᠪᠠᠨ ᠨᠢᠭᠡᠳᠦᠭᠡᠷ ᠵᠦᠢ᠍ᠯ   ᠬᠢᠨᠠᠨ ᠵᠥᠪᠰᠢᠶᠡᠷᠡᠬᠦ ᠪᠠᠶ᠋ᠢᠭᠤᠯᠭ᠎ᠠ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠲᠥᠷᠥᠯ ᠵᠦᠢ᠍ᠯ᠎ᠢ ᠬᠢᠨᠠᠨ ᠵᠥᠪᠰᠢᠶᠡᠷᠡᠭᠦᠯᠬᠦ ᠭᠤᠶᠤᠴᠢᠯᠠᠯ᠎ᠢ ᠬᠦᠯᠢᠶᠡᠨ ᠠᠪᠤᠭᠰᠠᠨ ᠡᠳᠦᠷ᠎ᠠᠴᠠ ᠡᠬᠢᠯᠡᠨ 20 ᠡᠳᠦᠷ᠎ᠤᠨ ᠳᠣᠲᠣᠷ᠎ᠠ ᠲᠣᠭᠲᠠᠭ᠋ᠠᠯ ᠭᠠᠷᠭ᠋ᠠᠬᠤ ᠬᠡᠷᠡᠭᠲᠡᠶ᠃ 20 ᠡᠳᠦᠷ᠎ᠤᠨ ᠳᠣᠲᠣᠷ᠎ᠠ ᠲᠣᠭᠲᠠᠭ᠋ᠠᠯ ᠭᠠᠷᠭ᠋ᠠᠵᠤ ᠳᠡᠶ᠋ᠢᠯᠬᠦ ᠦᠭᠡᠶ ᠪᠣᠯ ᠬᠢᠨᠠᠨ ᠵᠥᠪᠰᠢᠶᠡᠷᠡᠬᠦ ᠪᠠᠶ᠋ᠢᠭᠤᠯᠭ᠎ᠠ ᠵᠢᠨ ᠬᠠᠷᠢᠭᠤᠴᠠᠯᠭ᠋ᠠᠲᠠᠨ ᠵᠶ᠋ᠠᠷ ᠵᠥᠪᠰᠢᠶᠡᠷᠡᠭᠦᠯᠦᠭᠡᠳ 10 ᠡᠳᠦᠷ ᠤᠷᠲᠤᠳᠬᠠᠵᠤ ᠪᠣᠯᠬᠤ ᠵᠢᠨ ᠬᠠᠮᠲᠤ ᠬᠢᠨᠠᠨ ᠵᠥᠪᠰᠢᠶᠡᠷᠡᠬᠦ ᠬᠤᠭᠤᠴᠠᠭ᠎ᠠ ᠵᠢ ᠤᠷᠲᠤᠳᠬᠠᠭᠰᠠᠨ ᠰᠢᠯᠲᠠᠭ᠋ᠠᠨ ᠵᠶ᠋ᠠᠨ ᠲᠣᠭᠲᠠᠭ᠋ᠠᠬᠤ ᠪᠠᠶ᠋ᠢᠭᠤᠯᠤᠯᠭ᠎ᠠ᠎ᠳᠤ ᠮᠡᠳᠡᠭᠳᠡᠬᠦ ᠬᠡᠷᠡᠭᠲᠡᠶ᠃
    ᠲᠣᠭᠲᠠᠭ᠋ᠠᠭᠰᠠᠨ ᠪᠠᠶ᠋ᠢᠭᠤᠯᠭ᠎ᠠ ᠵᠢᠨ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠲᠥᠷᠥᠯ ᠵᠦᠢ᠍ᠯ᠎ᠳᠤ ᠵᠠᠰᠠᠪᠤᠷᠢ ᠣᠷᠣᠭᠤᠯᠤᠭᠰᠠᠨ ᠴᠠᠭ᠎ᠢ ᠬᠢᠨᠠᠨ ᠵᠥᠪᠰᠢᠶᠡᠷᠡᠬᠦ ᠬᠤᠭᠤᠴᠠᠭ᠋ᠠᠨ᠎ᠳᠤ ᠣᠷᠣᠭᠤᠯᠵᠤ ᠪᠣᠳᠣᠬᠤ ᠦᠭᠡᠶ᠃
    ᠠᠷᠪᠠᠨ ᠬᠣᠶᠠᠳᠤᠭ᠋ᠠᠷ ᠵᠦᠢ᠍ᠯ    ᠲᠣᠭᠲᠠᠭ᠋ᠠᠬᠤ ᠪᠠᠶ᠋ᠢᠭᠤᠯᠭ᠎ᠠ ᠵᠢᠨ ᠭᠤᠶᠤᠴᠢᠯᠠᠨ ᠳᠠᠩᠰᠠᠯᠠᠭᠤᠯᠬᠤ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠲᠥᠷᠥᠯ ᠵᠦᠢ᠍ᠯ᠎ᠢ ᠪᠣᠯ ᠠᠯᠪᠠᠨ ᠪᠢᠴᠢᠭ᠎ᠤᠨ ᠬᠡᠯᠪᠡᠷᠢ᠎ᠪᠠᠷ ᠳᠠᠩᠰᠠᠯᠠᠭᠤᠯᠬᠤ ᠪᠠᠶ᠋ᠢᠭᠤᠯᠭ᠎ᠠ᠎ᠳᠤ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠲᠥᠷᠥᠯ ᠵᠦᠢ᠍ᠯ᠎ᠢ ᠳᠠᠩᠰᠠᠯᠠᠭᠤᠯᠬᠤ ᠭᠤᠶᠤᠴᠢᠯᠠᠯ᠎ᠤᠨ ᠬᠦᠰᠦᠨᠦᠭᠲᠦ ᠪᠣᠯᠤᠨ ᠲᠥᠷᠥᠯ ᠵᠦᠢ᠍ᠯ᠎ᠤᠨ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠳᠦᠷᠢᠮ ᠵᠶ᠋ᠠᠨ ᠲᠤᠰᠢᠶᠠᠬᠤ ᠬᠡᠷᠡᠭᠲᠡᠶ᠃
    ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠲᠥᠷᠥᠯ ᠵᠦᠢ᠍ᠯ᠎ᠤᠨ ᠪᠠᠶ᠋ᠢᠴᠠᠭ᠋ᠠᠭᠳᠠᠬᠤ ᠡᠲᠡᠭᠡᠳ᠎ᠨᠢ ᠲᠣᠭᠲᠠᠭ᠋ᠠᠬᠤ ᠪᠠᠶ᠋ᠢᠭᠤᠯᠤᠯᠭ᠎ᠠ ᠵᠢᠨ ᠬᠠᠷᠢᠶ᠎ᠠ ᠪᠦᠬᠦᠢ ᠰᠢᠰᠲᠸᠮ᠎ᠳᠤ ᠬᠠᠷᠢᠶᠠᠯᠠᠭᠳᠠᠬᠤ ᠮᠥᠷᠲᠡᠭᠡᠨ ᠭᠣᠣᠯ ᠠᠭᠤᠯᠭ᠎ᠠ᠎ᠨᠢ ᠨᠢᠭᠡᠨᠲᠡ ᠵᠥᠪᠰᠢᠶᠡᠷᠡᠭᠦᠯᠦᠭᠰᠡᠨ᠂ ᠳᠠᠩᠰᠠᠯᠠᠭᠤᠯᠤᠭᠰᠠᠨ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠲᠥᠷᠥᠯ ᠵᠦᠢ᠍ᠯ᠎ᠯᠦᠭᠡ ᠳᠠᠪᠬᠤᠷᠳᠠᠭᠰᠠᠨ ᠦᠭᠡᠶ᠂ ᠵᠥᠷᠢᠴᠡᠯ ᠦᠭᠡᠶ ᠪᠣᠯ᠂ ᠳᠠᠩᠰᠠᠯᠠᠬᠤ ᠪᠠᠶ᠋ᠢᠭᠤᠯᠤᠯᠭ᠎ᠠ ᠬᠠᠤᠯᠢ ᠶᠣᠰᠣᠭ᠋ᠠᠷ ᠳᠠᠩᠰᠠᠯᠠᠭᠤᠯᠬᠤ ᠪᠢᠴᠢᠭ᠎ᠤᠨ ᠳ᠋ᠤᠭ᠋ᠠᠷ ᠣᠯᠭᠣᠬᠤ ᠬᠡᠷᠡᠭᠲᠡᠶ᠃
    ᠠᠷᠪᠠᠨ ᠭᠤᠷᠪᠠᠳᠤᠭ᠋ᠠᠷ ᠵᠦᠢ᠍ᠯ  ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠲᠥᠷᠥᠯ ᠵᠦᠢ᠍ᠯ᠎ᠢ ᠵᠥᠪᠰᠢᠶᠡᠷᠡᠭᠦᠯᠦᠭᠰᠡᠨ ᠪᠤᠶᠤ ᠳᠠᠩᠰᠠᠯᠠᠭᠤᠯᠤᠭᠰᠠᠨ ᠪᠣᠯ ᠬᠢᠨᠠᠨ ᠵᠥᠪᠰᠢᠶᠡᠷᠡᠭᠰᠡᠨ ᠪᠠᠶ᠋ᠢᠭᠤᠯᠭ᠎ᠠ ᠪᠤᠶᠤ ᠳᠠᠩᠰᠠᠯᠠᠭᠤᠯᠤᠭᠰᠠᠨ ᠪᠠᠶ᠋ᠢᠭᠤᠯᠭ᠎ᠠ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠲᠥᠷᠥᠯ ᠵᠦᠢ᠍ᠯ ᠵᠢᠴᠢ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠳᠦᠷᠢᠮ᠎ᠤᠨ ᠭᠣᠣᠯ ᠠᠭᠤᠯᠭ᠎ᠠ ᠵᠢ ᠴᠠᠭ ᠲᠤᠬᠠᠶ᠎ᠳᠤᠨᠢ ᠨᠡᠶ᠋ᠢᠲᠡᠯᠡᠬᠦ ᠬᠡᠷᠡᠭᠲᠡᠶ᠃ ᠤᠯᠤᠰ᠎ᠤᠨ ᠨᠢᠭᠤᠴᠠ᠎ᠳᠤ ᠬᠣᠯᠪᠣᠭᠳᠠᠬᠤ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠲᠥᠷᠥᠯ ᠵᠦᠢ᠍ᠯ ᠡᠭᠦᠨ᠎ᠳᠤ ᠪᠠᠭᠲᠠᠬᠤ ᠦᠭᠡᠶ᠃
    ᠠᠷᠪᠠᠨ ᠳᠥᠷᠪᠡᠳᠦᠭᠡᠷ ᠵᠦᠢ᠍ᠯ   ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠲᠥᠷᠥᠯ ᠵᠦᠢ᠍ᠯ᠎ᠳᠤ ᠳᠣᠣᠷᠠᠬᠢ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠬᠢᠨᠠᠨ ᠵᠥᠪᠰᠢᠶᠡᠷᠡᠬᠦ ᠪᠠᠶ᠋ᠢᠭᠤᠯᠭ᠎ᠠ ᠪᠤᠶᠤ ᠳᠠᠩᠰᠠᠯᠠᠬᠤ ᠪᠠᠶ᠋ᠢᠭᠤᠯᠭ᠎ᠠ ᠬᠢᠨᠠᠨ ᠵᠥᠪᠰᠢᠶᠡᠷᠡᠬᠦ ᠪᠤᠶᠤ ᠳᠠᠩᠰᠠᠯᠠᠭᠤᠯᠬᠤ ᠳᠡᠰ ᠳᠠᠷᠠᠭ᠋ᠠᠯᠠᠯ ᠵᠶ᠋ᠠᠨ ᠲᠣᠪᠴᠢᠯᠠᠵᠤ᠂ ᠬᠤᠭᠤᠴᠠᠭ᠎ᠠ ᠵᠢ᠎ᠨᠢ ᠪᠣᠭᠣᠨᠢᠰᠬᠠᠬᠤ ᠬᠡᠷᠡᠭᠲᠡᠶ᠄
    (ᠨᠢᠭᠡ) ᠭᠡᠨᠡᠳᠲᠡ ᠵᠢᠨ ᠬᠡᠷᠡᠭ ᠭᠠᠷᠪᠠᠯ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢ ᠪᠤᠰᠢᠭᠤ ᠲᠦᠷᠭᠡᠨ ᠶᠠᠪᠤᠭᠳᠠᠭᠤᠯᠬᠤ ᠬᠡᠷᠡᠭᠲᠡᠶ;
    (ᠬᠣᠶᠠᠷ) ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠳᠦᠷᠢᠮ᠎ᠤᠨ ᠠᠭᠤᠯᠭ᠎ᠠ᠎ᠳᠤ ᠬᠤᠪᠢᠷᠠᠯᠲᠠ ᠭᠠᠷᠤᠭᠰᠠᠨ ᠦᠭᠡᠶ᠂ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠲᠥᠷᠥᠯ ᠵᠦᠢ᠍ᠯ᠎ᠤᠨ ᠬᠦᠴᠦᠨ᠎ᠲᠠᠢ ᠬᠤᠭᠤᠴᠠᠭ᠎ᠠ᠎ᠨᠢ ᠳᠦᠭᠦᠷᠦᠭᠡᠳ ᠬᠤᠭᠤᠴᠠᠭ᠎ᠠ ᠬᠢᠵᠠᠭ᠋ᠠᠷ ᠵᠶ᠋ᠠᠨ ᠤᠷᠲᠤᠳᠬᠠᠬᠤ ᠴᠢᠬᠤᠯᠠ᠎ᠲᠠᠢ ᠪᠣᠯᠤᠭᠰᠠᠨ᠃
    ᠠᠷᠪᠠᠨ ᠲᠠᠪᠤᠳᠤᠭ᠋ᠠᠷ ᠵᠦᠢ᠍ᠯ    ᠲᠣᠭ᠎ᠠ ᠪᠦᠷᠢᠳᠬᠡᠯ᠎ᠤᠨ ᠬᠠᠤᠯᠢ ᠵᠢᠨ ᠠᠷᠪᠠᠨ ᠳᠣᠯᠣᠳᠤᠭ᠋ᠠᠷ ᠵᠦᠢ᠍ᠯ᠎ᠤᠨ ᠬᠣᠶᠠᠳᠤᠭ᠋ᠠᠷ ᠪᠠᠳᠠᠭ᠎ᠲᠤ ᠲᠣᠭᠲᠠᠭ᠋ᠠᠭᠰᠠᠨ ᠤᠯᠤᠰ᠎ᠤᠨ ᠲᠣᠭ᠎ᠠ ᠪᠦᠷᠢᠳᠬᠡᠯ᠎ᠤᠨ ᠪᠠᠷᠢᠮᠵᠢᠶ᠎ᠠ ᠪᠣᠯ ᠠᠯᠪᠠᠳᠠᠨ ᠭᠦᠢ᠍ᠴᠡᠳᠬᠡᠭᠦᠯᠬᠦ ᠪᠠᠷᠢᠮᠵᠢᠶ᠎ᠠ ᠪᠣᠯᠤᠨ᠎ᠠ᠃ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠪᠣᠯᠤᠨ ᠬᠣᠯᠪᠣᠭᠳᠠᠯ ᠪᠦᠬᠥᠢ ᠰᠠᠯᠠᠭ᠎ᠠ ᠮᠥᠴᠢᠷ᠎ᠤᠨ ᠵᠣᠬᠢᠶᠠᠨ ᠪᠠᠶ᠋ᠢᠭᠤᠯᠵᠤ ᠬᠡᠷᠡᠭᠵᠢᠭᠦᠯᠦᠭᠰᠡᠨ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠠᠵᠢᠯᠯᠠᠭ᠎ᠠ᠎ᠨᠢ ᠤᠯᠤᠰ᠎ᠤᠨ ᠲᠣᠭ᠎ᠠ ᠪᠦᠷᠢᠳᠬᠡᠯ᠎ᠤᠨ ᠪᠠᠷᠢᠮᠵᠢᠶ᠎ᠠ ᠵᠢ ᠬᠡᠷᠡᠭᠵᠢᠭᠦᠯᠬᠦ ᠬᠡᠷᠡᠭᠲᠡᠢ᠃
    ᠤᠯᠤᠰ᠎ᠤᠨ ᠲᠣᠭ᠎ᠠ ᠪᠦᠷᠢᠳᠬᠡᠯ᠎ᠤᠨ ᠪᠠᠷᠢᠮᠵᠢᠶ᠎ᠠ ᠵᠢ ᠲᠣᠭᠲᠠᠭ᠋ᠠᠬᠤ᠎ᠳᠤ ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠰᠠᠨᠠᠯ᠎ᠢ ᠬᠤᠷᠢᠶᠠᠬᠤ ᠬᠡᠷᠡᠭᠲᠡᠶ᠃
    ᠭᠤᠷᠪᠠᠳᠤᠭ᠋ᠠᠷ ᠪᠦᠯᠦᠭ   ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ
ᠠᠷᠪᠠᠨ ᠵᠢᠷᠭᠤᠳᠤᠭ᠋ᠠᠷ ᠵᠦᠢ᠍ᠯ   ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠂ ᠲᠣᠭ᠎ᠠ ᠪᠦᠷᠢᠳᠬᠡᠯ᠎ᠤᠨ ᠠᠵᠢᠯᠲᠠᠳ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ᠎ᠳᠡᠭᠡᠨ ᠲᠣᠭ᠎ᠠ ᠪᠦᠷᠢᠳᠬᠡᠯ᠎ᠤᠨ ᠪᠠᠶ᠋ᠢᠴᠠᠭ᠋ᠠᠭᠳᠠᠬᠤ ᠡᠲᠡᠭᠡᠳ᠎ᠤᠨ ᠬᠠᠤᠯᠢ᠎ᠪᠠᠷ ᠲᠣᠭᠲᠠᠭ᠋ᠠᠭᠰᠠᠨ ᠲᠠᠭᠯᠠᠨ ᠮᠡᠳᠡᠭᠦᠯᠬᠦ ᠡᠭᠦᠷᠭᠡ᠂ ᠭᠣᠣᠯ ᠭᠦᠢ᠍ᠴᠡᠳᠬᠡᠬᠦ ᠲᠣᠭ᠎ᠠ ᠵᠢᠨ ᠠᠭᠤᠯᠭ᠎ᠠ ᠪᠣᠯᠤᠨ ᠬᠣᠯᠪᠣᠭᠳᠠᠯ ᠪᠦᠬᠦᠢ ᠲᠠᠭᠯᠠᠨ ᠮᠡᠳᠡᠭᠦᠯᠬᠦ ᠱᠠᠭ᠋ᠠᠷᠳᠠᠯᠭ᠎ᠠ ᠵᠡᠷᠭᠡ ᠵᠢᠨ ᠲᠤᠬᠠᠶ ᠲᠣᠭ᠎ᠠ ᠪᠦᠷᠢᠳᠬᠡᠯ᠎ᠤᠨ ᠪᠠᠶ᠋ᠢᠴᠠᠭ᠋ᠠᠭᠳᠠᠬᠤ ᠡᠲᠡᠭᠡᠳ᠎ᠲᠤ ᠲᠣᠳᠣᠷᠬᠠᠶ᠋ᠢᠯᠠᠯᠲᠠ ᠬᠢᠬᠦ ᠬᠡᠷᠡᠭᠲᠡᠶ᠃
    ᠠᠷᠪᠠᠨ ᠳᠣᠯᠣᠳᠤᠭ᠋ᠠᠷ ᠵᠦᠢ᠍ᠯ    ᠲᠥᠷᠥ ᠵᠢᠨ ᠪᠠᠶ᠋ᠢᠭᠤᠯᠭ᠎ᠠ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠡ ᠪᠤᠶᠤ ᠪᠤᠰᠤᠳ ᠵᠣᠬᠢᠶᠠᠨ ᠪᠠᠶ᠋ᠢᠭᠤᠯᠤᠯᠲᠠ ᠵᠡᠷᠭᠡ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠡᠲᠡᠭᠡᠳ ᠲᠣᠭ᠎ᠠ ᠪᠦᠷᠢᠳᠬᠡᠯ᠎ᠤᠨ ᠮᠠᠲᠸᠷᠢᠶᠠᠯ ᠬᠠᠩᠭ᠋ᠠᠬᠤ᠎ᠳᠤ ᠲᠠᠭᠯᠠᠨ ᠮᠡᠳᠡᠭᠦᠯᠦᠭᠰᠡᠨ ᠠᠵᠢᠯᠲᠠᠨ ᠪᠣᠯᠤᠨ ᠨᠢᠭᠡᠴᠡ ᠵᠢᠨ ᠬᠠᠷᠢᠭᠤᠴᠠᠯᠭ᠋ᠠᠲᠠᠨ ᠭᠠᠷ᠎ᠤᠨ ᠦᠰᠦᠭ ᠵᠢᠷᠤᠬᠤ ᠵᠢᠨ ᠬᠠᠮᠲᠤ ᠠᠯᠪᠠᠨ ᠲᠠᠮᠠᠭ᠎ᠠ ᠳᠠᠷᠤᠬᠤ ᠬᠡᠷᠡᠭᠲᠡᠶ᠃ ᠬᠤᠪᠢ ᠬᠥᠮᠦᠨ ᠪᠦᠷᠢᠳᠬᠡᠭᠳᠡᠨ ᠪᠠᠶ᠋ᠢᠴᠠᠭ᠋ᠠᠭᠳᠠᠬᠤ ᠡᠲᠡᠭᠡᠳ᠎ᠤᠨ ᠬᠤᠪᠢ᠎ᠪᠠᠷ ᠲᠣᠭ᠎ᠠ ᠪᠦᠷᠢᠳᠬᠡᠯ᠎ᠤᠨ ᠮᠠᠲ᠋ᠧᠷᠢᠶᠠᠯ ᠬᠠᠩᠭ᠋ᠠᠬᠤ᠎ᠳᠠᠭᠠᠨ ᠲᠤᠰ ᠬᠥᠮᠦᠨ᠎ᠨᠢ ᠭᠠᠷ᠎ᠤᠨ ᠦᠰᠦᠭ ᠵᠢᠷᠤᠬᠤ ᠬᠡᠷᠡᠭᠲᠡᠢ᠃ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠳᠦᠷᠢᠮ᠎ᠳᠤ ᠭᠠᠷ᠎ᠤᠨ ᠦᠰᠦᠭ ᠵᠢᠷᠤᠬᠤ᠂ ᠠᠯᠪᠠᠨ ᠲᠠᠮᠠᠭ᠎ᠠ ᠳᠠᠷᠤᠬᠤ ᠴᠢᠬᠤᠯᠠ ᠦᠭᠡᠶ ᠭᠡᠵᠦ ᠲᠣᠭᠲᠠᠭ᠋ᠠᠭᠰᠠᠨ᠎ᠨᠢ ᠡᠭᠦᠨ᠎ᠳᠤ ᠪᠠᠭᠲᠠᠬᠤ ᠦᠭᠡᠶ᠃
    ᠲᠣᠭ᠎ᠠ ᠪᠦᠷᠢᠳᠬᠡᠯ᠎ᠤᠨ ᠪᠠᠶ᠋ᠢᠴᠠᠭ᠋ᠠᠭᠳᠠᠬᠤ ᠡᠲᠡᠭᠡᠳ ᠰᠦᠯᠵᠢᠶ᠎ᠡ ᠵᠢ ᠬᠡᠷᠡᠭᠯᠡᠨ ᠲᠣᠭ᠎ᠠ ᠪᠦᠷᠢᠳᠬᠡᠯ᠎ᠤᠨ ᠮᠠᠲ᠋ᠧᠷᠢᠶᠠᠯ ᠬᠠᠩᠭ᠋ᠠᠭᠰᠠᠨ ᠪᠠᠶ᠋ᠢᠪᠠᠯ᠂ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠡᠷᠡᠭᠵᠢᠭᠦᠯᠦᠨ᠎ᠡ᠃
    ᠠᠷᠪᠠᠨ ᠨᠠᠢ᠍ᠮᠠᠳᠤᠭ᠋ᠠᠷ ᠵᠦᠢ᠍ᠯ   ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠂ ᠬᠣᠯᠪᠣᠭᠳᠠᠯ ᠪᠦᠬᠦᠢ ᠰᠠᠯᠠᠭ᠎ᠠ ᠮᠥᠴᠢᠷ ᠲᠣᠭ᠎ᠠ ᠪᠦᠷᠢᠳᠬᠡᠯ᠎ᠤᠨ ᠮᠠᠲ᠋ᠧᠷᠢᠶᠠᠯ᠎ᠢ ᠰᠦᠯᠵᠢᠶ᠎ᠡ᠎ᠪᠠᠷ ᠮᠡᠳᠡᠭᠦᠯᠦᠨ ᠬᠦᠷᠭᠡᠬᠦ ᠵᠢ ᠳᠡᠯᠭᠡᠷᠡᠭᠦᠯᠦᠨ ᠬᠡᠷᠡᠭᠯᠡᠬᠦ᠎ᠳᠡᠭᠡᠨ ᠰᠦᠯᠵᠢᠶᠡᠨ᠎ᠤ ᠠᠮᠤᠷ ᠲᠦᠪᠰᠢᠨ᠎ᠢ ᠪᠠᠲᠤᠯᠠᠬᠤ ᠪᠦᠲᠦᠮᠵᠢᠲᠡᠢ ᠠᠷᠭ᠎ᠠ ᠬᠡᠮᠵᠢᠶ᠎ᠡ ᠠᠪᠬᠤ ᠬᠡᠷᠡᠭᠲᠡᠢ᠃
    ᠠᠷᠪᠠ ᠶᠢᠰᠦᠳᠦᠭᠡᠷ ᠵᠦᠢ᠍ᠯ   ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠂ ᠬᠣᠯᠪᠣᠭᠳᠠᠯ ᠪᠦᠬᠥᠢ ᠰᠠᠯᠠᠭ᠎ᠠ ᠮᠥᠴᠢᠷ ᠪᠣᠯᠤᠨ ᠰᠢᠶᠠᠩ᠂ ᠪᠠᠯᠭ᠋ᠠᠰᠤᠨ᠎ᠤ ᠲᠣᠭ᠎ᠠ ᠪᠦᠷᠢᠳᠬᠡᠯ᠎ᠤᠨ ᠠᠵᠢᠯᠳᠠᠨ ᠲᠣᠭ᠎ᠠ ᠪᠦᠷᠢᠳᠬᠡᠯ᠎ᠤᠨ ᠪᠠᠶ᠋ᠢᠴᠠᠭ᠋ᠠᠭᠳᠠᠬᠤ ᠡᠲᠡᠭᠡᠳ᠎ᠤᠨ ᠬᠠᠩᠭ᠋ᠠᠭᠰᠠᠨ ᠲᠣᠭ᠎ᠠ ᠪᠦᠷᠢᠳᠬᠡᠯ᠎ᠤᠨ ᠮᠠᠲ᠋ᠧᠷᠢᠶᠠᠯ᠎ᠢ ᠬᠢᠨᠠᠨ ᠬᠠᠷᠭᠤᠭᠤᠯᠬᠤ ᠬᠡᠷᠡᠭᠲᠡᠢ᠃ ᠲᠣᠭ᠎ᠠ ᠪᠦᠷᠢᠳᠬᠡᠯ᠎ᠤᠨ ᠮᠠᠲ᠋ᠧᠷᠢᠶᠠᠯ᠎ᠨᠢ ᠪᠦᠷᠢᠨ ᠪᠤᠰᠤ ᠪᠤᠶᠤ ᠢᠯᠡᠷᠬᠡᠶ ᠪᠤᠷᠤᠭᠤ᠎ᠲᠠᠢ ᠪᠠᠶ᠋ᠢᠪᠠᠯ᠂ ᠲᠣᠭ᠎ᠠ ᠪᠦᠷᠢᠳᠬᠡᠯ᠎ᠤᠨ ᠪᠠᠶ᠋ᠢᠴᠠᠭ᠋ᠠᠭᠳᠠᠬᠤ ᠡᠲᠡᠭᠡᠳ ᠬᠠᠤᠯᠢ ᠶᠣᠰᠣᠭ᠋ᠠᠷ ᠨᠥᠬᠥᠪᠥᠷᠢᠯᠡᠬᠦ ᠪᠤᠶᠤ ᠵᠠᠯᠠᠷᠠᠭᠤᠯᠬᠤ ᠬᠡᠷᠡᠭᠲᠡᠶ᠃
    ᠬᠣᠷᠢᠳᠤᠭ᠋ᠠᠷ ᠵᠦᠢ᠍ᠯ   ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ ᠲᠣᠭ᠎ᠠ ᠪᠦᠷᠢᠳᠬᠡᠯ᠎ᠤᠨ ᠲᠣᠭ᠎ᠠ ᠪᠠᠷᠢᠮᠲᠠ ᠵᠢᠨ ᠶᠠᠰᠤ ᠴᠢᠨᠠᠷ᠎ᠢ ᠬᠢᠨᠠᠨ ᠡᠵᠡᠮᠳᠡᠬᠦ ᠪᠠ ᠦᠨᠡᠯᠡᠨ ᠵᠢᠱ᠌ᠢᠬᠦ ᠲᠦᠷᠢᠮ᠎ᠢ ᠪᠠᠶ᠋ᠢᠭᠤᠯᠤᠨ ᠲᠡᠭᠦᠯᠳᠡᠷᠵᠢᠭᠦᠯᠵᠦ᠂ ᠡᠯ᠎ᠡ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠴᠢᠬᠤᠯᠠ ᠲᠣᠭ᠎ᠠ ᠪᠦᠷᠢᠳᠬᠡᠯ᠎ᠤᠨ ᠲᠣᠭ᠎ᠠ ᠪᠠᠷᠢᠮᠲᠠ ᠵᠢ ᠬᠢᠨᠠᠨ ᠡᠵᠡᠮᠳᠡᠬᠦ ᠪᠠ ᠦᠨᠡᠯᠡᠨ ᠵᠢᠱ᠌ᠢᠬᠦ ᠠᠵᠢᠯ᠎ᠢ ᠴᠢᠩᠭ᠋ᠠᠳᠬᠠᠬᠤ ᠬᠡᠷᠡᠭᠲᠡᠢ᠃
    ᠳᠥᠷᠪᠡᠳᠦᠭᠡᠷ ᠪᠦᠯᠦᠭ   ᠲᠣᠭ᠎ᠠ ᠪᠦᠷᠢᠳᠬᠡᠯ᠎ᠤᠨ ᠮᠠᠲ᠋ᠧᠷᠢᠶᠠᠯ᠎ᠢ ᠬᠠᠮᠢᠶᠠᠷᠬᠤ ᠪᠠ ᠨᠡᠶ᠋ᠢᠲᠡᠯᠡᠬᠦ
    ᠬᠣᠷᠢᠨ ᠨᠢᠭᠡᠳᠦᠭᠡᠷ ᠵᠦᠢ᠍ᠯ    ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠂ ᠬᠣᠯᠪᠣᠭᠳᠠᠯ ᠪᠦᠬᠥᠢ ᠰᠠᠯᠠᠭ᠎ᠠ ᠮᠥᠴᠢᠷ ᠪᠣᠯᠤᠨ ᠰᠢᠶᠠᠩ᠂ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠳᠤᠮᠳᠠ ᠣᠯᠤᠭᠰᠠᠨ ᠲᠣᠭ᠎ᠠ ᠪᠦᠷᠢᠳᠬᠡᠯ᠎ᠤᠨ ᠮᠠᠲ᠋ᠧᠷᠢᠶᠠᠯ᠎ᠢ ᠲᠣᠬᠢᠲᠠᠢ ᠬᠠᠳᠠᠭ᠋ᠠᠯᠠᠬᠤ ᠬᠡᠷᠡᠭᠲᠡᠢ᠃
    ᠤᠯᠤᠰ᠎ᠠᠴᠠ ᠲᠣᠭ᠎ᠠ ᠪᠦᠷᠢᠳᠬᠡᠯ᠎ᠤᠨ ᠮᠠᠲ᠋ᠧᠷᠢᠶᠠᠯ᠎ᠤᠨ ᠭᠠᠶ ᠭᠠᠮᠰᠢᠭ᠎ᠤᠨ ᠪᠡᠯᠡᠳᠬᠡᠯ ᠰᠢᠰᠲ᠋ᠧᠮ᠎ᠢ ᠪᠠᠶ᠋ᠢᠭᠤᠯᠤᠨ᠎ᠠ᠃
    ᠬᠣᠷᠢᠨ ᠬᠣᠶᠠᠳᠤᠭ᠋ᠠᠷ ᠵᠦᠢ᠍ᠯ   ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ᠎ᠳᠤ ᠣᠯᠤᠭᠰᠠᠨ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠡᠲᠡᠭᠡᠳ᠎ᠤᠨ ᠠᠩᠬᠠᠨ᠎ᠤ ᠮᠠᠲᠸᠷᠢᠶᠠᠯ᠎ᠢ ᠠᠳᠠᠭ᠎ᠲᠠᠭᠠᠨ 2 ᠵᠢᠯ ᠬᠠᠳᠠᠭ᠋ᠠᠯᠠᠬᠤ ᠬᠡᠷᠡᠭᠲᠡᠶ᠃
    ᠬᠤᠷᠢᠶᠠᠩᠭᠤᠶ᠋ᠢᠯᠠᠭᠰᠠᠨ ᠴᠢᠨᠠᠷᠲᠠᠶ ᠲᠣᠭ᠎ᠠ ᠪᠦᠷᠢᠳᠬᠡᠯ᠎ᠤᠨ ᠮᠠᠲᠸᠷᠢᠶᠠᠯ᠎ᠢ ᠠᠳᠠᠭ᠎ᠲᠠᠭᠠᠨ 10 ᠵᠢᠯ ᠬᠠᠳᠠᠭ᠋ᠠᠯᠠᠵᠤ᠂ ᠴᠢᠬᠤᠯᠠ ᠪᠦᠬᠦᠢ ᠬᠤᠷᠢᠶᠠᠩᠭᠤᠶ᠋ᠢᠯᠠᠭᠰᠠᠨ ᠴᠢᠨᠠᠷᠲᠠᠶ ᠲᠣᠭ᠎ᠠ ᠪᠦᠷᠢᠳᠬᠡᠯ᠎ᠤᠨ ᠮᠠᠲᠸᠷᠢᠶᠠᠯ᠎ᠢ ᠥᠨᠢ ᠡᠭᠦᠷᠢᠳᠡ ᠬᠠᠳᠠᠭ᠋ᠠᠯᠠᠬᠤ ᠬᠡᠷᠡᠭᠲᠡᠶ᠃ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠳᠤ ᠠᠰ᠎ᠲᠠᠭᠠᠨ ᠲᠣᠭᠲᠠᠭ᠋ᠠᠯ᠎ᠲᠠᠢ ᠪᠣᠯ ᠲᠡᠷᠡ ᠲᠣᠭᠲᠠᠭ᠋ᠠᠯ ᠵᠶ᠋ᠠᠷ᠎ᠨᠢ ᠬᠢᠬᠦ ᠬᠡᠷᠡᠭᠲᠡᠶ᠃
    ᠬᠣᠷᠢᠨ ᠭᠤᠷᠪᠠᠳᠤᠭ᠋ᠠᠷ ᠵᠦᠢ᠍ᠯ   ᠲᠣᠭ᠎ᠠ ᠪᠦᠷᠢᠳᠬᠡᠯ᠎ᠤᠨ ᠪᠠᠶ᠋ᠢᠴᠠᠭ᠋ᠠᠭᠳᠠᠬᠤ ᠡᠲᠡᠭᠡᠳ᠎ᠤᠨ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠪᠠᠶ᠋ᠢᠭᠤᠯᠤᠭᠰᠠᠨ ᠤᠭ ᠲᠡᠮᠳᠡᠭᠯᠡᠯ ᠪᠣᠯᠤᠨ ᠲᠣᠭ᠎ᠠ ᠪᠦᠷᠢᠳᠬᠡᠯ᠎ᠤᠨ ᠡᠬᠡ ᠳᠠᠩᠰᠠ ᠵᠢ ᠠᠳᠠᠭ᠎ᠲᠠᠭᠠᠨ 2 ᠵᠢᠯ ᠬᠠᠳᠠᠭ᠋ᠠᠯᠠᠬᠤ ᠬᠡᠷᠡᠭᠲᠡᠶ᠃
    ᠬᠣᠷᠢᠨ ᠳᠥᠷᠪᠡᠳᠦᠭᠡᠷ ᠵᠦᠢ᠍ᠯ  ᠤᠯᠤᠰ᠎ᠤᠨ ᠲᠣᠭ᠎ᠠ ᠪᠦᠷᠢᠳᠬᠡᠯ᠎ᠤᠨ ᠲᠤᠪᠴᠢᠶ᠎ᠠ ᠵᠢᠨ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ᠎ᠳᠤ ᠣᠯᠤᠭᠰᠠᠨ ᠪᠦᠬᠦ ᠤᠯᠤᠰ᠎ᠤᠨ ᠴᠢᠨᠠᠷᠲᠠᠢ ᠲᠣᠭ᠎ᠠ ᠪᠦᠷᠢᠳᠬᠡᠯ᠎ᠤᠨ ᠲᠣᠭ᠎ᠠ ᠪᠠᠷᠢᠮᠲᠠ ᠪᠣᠯᠤᠨ ᠬᠤᠪᠢᠶᠠᠷᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠲᠣᠭ᠎ᠠ ᠪᠦᠷᠢᠳᠬᠡᠯ᠎ᠤᠨ ᠲᠣᠭ᠎ᠠ ᠪᠠᠷᠢᠮᠲᠠ ᠵᠢ ᠤᠯᠤᠰ᠎ᠤᠨ ᠲᠣᠭ᠎ᠠ ᠪᠦᠷᠢᠳᠬᠡᠯ᠎ᠤᠨ ᠲᠤᠪᠴᠢᠶ᠎ᠠ᠎ᠠᠴᠠ ᠨᠡᠶ᠋ᠢᠲᠡᠯᠡᠬᠦ ᠪᠤᠶᠤ ᠤᠯᠤᠰ᠎ᠤᠨ ᠲᠣᠭ᠎ᠠ ᠪᠦᠷᠢᠳᠬᠡᠯ᠎ᠤᠨ ᠲᠤᠪᠴᠢᠶ᠎ᠠ᠎ᠠᠴᠠ ᠲᠡᠭᠦᠨ᠎ᠳᠤ ᠡᠷᠬᠡ ᠣᠯᠭᠣᠵᠤ ᠲᠣᠮᠢᠯᠠᠭᠰᠠᠨ ᠪᠠᠶ᠋ᠢᠴᠠᠭ᠋ᠠᠬᠤ ᠪᠠᠶ᠋ᠢᠭᠤᠯᠤᠮᠵᠢ ᠪᠤᠶᠤ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠳᠤ ᠨᠡᠶ᠋ᠢᠲᠡᠯᠡᠨ᠎ᠡ᠃
    ᠬᠣᠷᠢᠨ ᠲᠠᠪᠤᠳᠤᠭ᠋ᠠᠷ ᠵᠦᠢ᠍ᠯ  ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠬᠢᠵᠦ ᠣᠯᠤᠭᠰᠠᠨ ᠲᠣᠭ᠎ᠠ ᠪᠠᠷᠢᠮᠲᠠ ᠵᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠪᠠ ᠨᠢᠭᠡᠨᠲᠡ ᠵᠥᠪᠰᠢᠶᠡᠷᠡᠭᠰᠡᠨ ᠪᠤᠶᠤ ᠳᠠᠩᠰᠠᠯᠠᠭᠤᠯᠤᠭᠰᠠᠨ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠲᠦᠷᠢᠮ ᠶᠣᠰᠣᠭ᠋ᠠᠷ ᠨᠡᠶ᠋ᠢᠲᠡᠯᠡᠨ᠎ᠡ᠃
    ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠬᠢᠭᠡᠳ ᠣᠯᠤᠭᠰᠠᠨ ᠲᠣᠭ᠎ᠠ ᠪᠠᠷᠢᠮᠲᠠ᠎ᠪᠠᠨ ᠨᠡᠶ᠋ᠢᠲᠡᠯᠡᠬᠦ᠎ᠳᠤ ᠡᠮᠦᠨᠡᠬᠢ ᠵᠤᠷᠪᠤᠰ᠎ᠤᠨ ᠲᠣᠭᠲᠠᠭ᠋ᠠᠯ ᠶᠣᠰᠣᠭ᠋ᠠᠷ ᠬᠡᠷᠡᠭᠵᠢᠭᠦᠯᠬᠦ ᠬᠡᠷᠡᠭᠲᠡᠶ᠃
    ᠬᠣᠷᠢᠨ ᠵᠢᠷᠭᠤᠳᠤᠭ᠋ᠠᠷ ᠵᠦᠢ᠍ᠯ    ᠨᠢᠭᠡᠨᠲᠡ ᠨᠡᠶ᠋ᠢᠲᠡᠯᠡᠭᠰᠡᠨ ᠲᠣᠭ᠎ᠠ ᠪᠦᠷᠢᠳᠬᠡᠯ᠎ᠤᠨ ᠲᠣᠭ᠎ᠠ ᠪᠠᠷᠢᠮᠲᠠ᠎ᠳᠤ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠵᠠᠰᠠᠪᠤᠷᠢ ᠣᠷᠣᠭᠤᠯᠬᠤ ᠴᠢᠬᠤᠯᠠᠲᠠᠢ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠪᠣᠯᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠵᠠᠰᠠᠪᠤᠷᠢ ᠣᠷᠣᠭᠤᠯᠤᠭᠰᠠᠨ᠎ᠤ ᠳᠠᠷᠠᠭ᠋ᠠᠬᠢ ᠲᠣᠭ᠎ᠠ ᠪᠠᠷᠢᠮᠲᠠ ᠵᠢ ᠴᠠᠭ ᠲᠤᠬᠠᠢ᠎ᠳᠤᠨᠢ ᠨᠡᠶ᠋ᠢᠲᠡᠯᠡᠬᠦ ᠵᠢᠨ ᠬᠠᠮᠲᠤ ᠵᠠᠰᠠᠪᠤᠷᠢ ᠣᠷᠣᠭᠤᠯᠤᠭᠰᠠᠨ ᠦᠨᠳᠦᠰᠦᠯᠡᠯ ᠪᠣᠯᠤᠨ ᠪᠠᠶ᠋ᠢᠳᠠᠯ᠎ᠤᠨ ᠲᠤᠬᠠᠢ ᠲᠣᠳᠣᠷᠬᠠᠶ᠋ᠢᠯᠠᠯᠲᠠ ᠬᠢᠬᠦ ᠬᠡᠷᠡᠭᠲᠡᠢ᠃
    ᠬᠣᠷᠢᠨ ᠳᠣᠯᠣᠳᠤᠭ᠋ᠠᠷ ᠵᠦᠢ᠍ᠯ    ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠪᠣᠯᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠭᠣᠣᠯ ᠪᠣᠯᠬᠤ ᠲᠣᠭ᠎ᠠ ᠪᠦᠷᠢᠳᠬᠡᠯ᠎ᠤᠨ ᠭᠦᠢ᠍ᠴᠡᠳᠬᠡᠬᠦ ᠲᠣᠭ᠎ᠠ ᠵᠢᠨ ᠠᠭᠤᠯᠭ᠎ᠠ᠂ ᠪᠠᠶ᠋ᠢᠴᠠᠭ᠋ᠠᠬᠤ ᠬᠡᠪᠴᠢᠶ᠎ᠡ᠂ ᠪᠠᠶ᠋ᠢᠴᠠᠭ᠋ᠠᠬᠤ ᠠᠷᠭ᠎ᠠ᠂ ᠪᠣᠳᠣᠬᠤ ᠠᠷᠭ᠎ᠠ᠂ ᠦᠯᠢᠭᠡᠷ ᠠᠪᠴᠤ ᠪᠠᠶ᠋ᠢᠴᠠᠭ᠋ᠠᠭᠰᠠᠨ ᠦᠯᠢᠭᠡᠷ ᠶᠠᠩᠵᠤ ᠵᠡᠷᠭᠡ ᠮᠡᠳᠡᠭᠡ ᠵᠠᠩᠭᠢ ᠵᠢ ᠴᠠᠭ ᠲᠤᠬᠠᠶ᠎ᠳᠤᠨᠢ ᠨᠡᠶ᠋ᠢᠲᠡᠯᠡᠵᠦ᠂ ᠲᠣᠭ᠎ᠠ ᠪᠦᠷᠢᠳᠬᠡᠯ᠎ᠤᠨ ᠲᠣᠭ᠎ᠠ ᠪᠠᠷᠢᠮᠲᠠ᠎ᠳᠤ ᠲᠠᠶ᠋ᠢᠯᠪᠤᠷᠢ ᠲᠣᠳᠣᠷᠬᠠᠶ᠋ᠢᠯᠠᠯᠲᠠ ᠬᠢᠬᠦ ᠬᠡᠷᠡᠭᠲᠡᠶ᠃
    ᠬᠣᠷᠢᠨ ᠨᠠᠢ᠍ᠮᠠᠳᠤᠭ᠋ᠠᠷ ᠵᠦᠢ᠍ᠯ   ᠲᠣᠭ᠎ᠠ ᠪᠦᠷᠢᠳᠬᠡᠯ᠎ᠤᠨ ᠮᠠᠲ᠋ᠧᠷᠢᠶᠠᠯ᠎ᠢ ᠨᠡᠶ᠋ᠢᠲᠡᠯᠡᠬᠦ᠎ᠳᠤ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠶᠠᠪᠤᠭᠳᠠᠭᠤᠯᠬᠤ ᠬᠡᠷᠡᠭᠲᠡᠢ᠃ ᠨᠡᠶ᠋ᠢᠲᠡᠯᠡᠬᠦ᠎ᠠᠴᠠ ᠡᠮᠦᠨ᠎ᠡ᠂ ᠶᠠᠮᠠᠷᠪᠠ ᠨᠢᠭᠡᠴᠡ ᠪᠣᠯᠤᠨ ᠬᠤᠪᠢ ᠬᠥᠮᠦᠨ ᠭᠡᠳ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ᠎ᠠᠴᠠ ᠵᠥᠷᠢᠴᠡᠨ ᠭᠠᠳᠠᠭᠰᠢ ᠬᠠᠩᠭ᠋ᠠᠵᠤ ᠪᠣᠯᠬᠤ ᠦᠭᠡᠶ᠂ ᠨᠡᠶ᠋ᠢᠲᠡᠯᠡᠭᠡᠳᠦᠶ ᠲᠣᠭ᠎ᠠ ᠪᠦᠷᠢᠳᠬᠡᠯ᠎ᠤᠨ ᠮᠠᠲᠸᠷᠢᠶᠠᠯ᠎ᠢ ᠠᠰᠢᠭᠯᠠᠨ ᠵᠦᠢ ᠶᠣᠰᠣᠨ᠎ᠤ ᠪᠤᠰᠤ ᠠᠰᠢᠭ ᠲᠤᠰᠠ ᠣᠯᠵᠤ ᠪᠣᠯᠬᠤ ᠦᠭᠡᠶ᠃
    ᠬᠣᠷᠢ ᠶᠢᠰᠦᠳᠦᠭᠡᠷ ᠵᠦᠢ᠍ᠯ    ᠲᠣᠭ᠎ᠠ ᠪᠦᠷᠢᠳᠬᠡᠯ᠎ᠤᠨ ᠬᠠᠤᠯᠢ ᠵᠢᠨ ᠬᠣᠷᠢᠨ ᠲᠠᠪᠤᠳᠤᠭ᠋ᠠᠷ ᠵᠦᠢ᠍ᠯ᠎ᠳᠤ ᠲᠣᠭᠲᠠᠭ᠋ᠠᠭᠰᠠᠨ ᠳᠠᠩ ᠭᠠᠭᠴᠠ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠡᠲᠡᠭᠡᠳ᠎ᠤᠨ ᠪᠡᠶ᠎ᠡ ᠵᠢᠨ ᠭᠠᠷᠤᠯ᠎ᠢ ᠢᠯᠭ᠋ᠠᠨ ᠲᠠᠨᠢᠬᠤ ᠪᠤᠶᠤ ᠵᠦᠢ᠍ᠴᠢᠯᠡᠨ ᠮᠠᠭ᠋ᠠᠳᠯᠠᠵᠤ ᠳᠡᠶ᠋ᠢᠯᠬᠦ ᠮᠠᠲᠸᠷᠢᠶᠠᠯ᠎ᠳᠤ  ᠪᠠᠭᠳᠠᠬᠤ᠎ᠨᠢ᠄
    (ᠨᠢᠭᠡ) ᠳᠠᠩ ᠭᠠᠭᠴᠠ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠡᠲᠡᠭᠡᠳ᠎ᠤᠨ ᠪᠡᠶ᠎ᠡ ᠵᠢᠨ ᠭᠠᠷᠤᠯ᠎ᠢ ᠰᠢᠭᠤᠳ ᠲᠣᠳᠣᠷᠬᠠᠶ᠋ᠢᠯᠠᠭᠰᠠᠨ ᠮᠠᠲ᠋ᠧᠷᠢᠶᠠᠯ;
    (ᠬᠣᠶᠠᠷ) ᠬᠡᠳᠦᠶ᠋ᠢᠪᠡᠷ ᠳᠠᠩ ᠭᠠᠭᠴᠠ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠡᠲᠡᠭᠡᠳ᠎ᠤᠨ ᠪᠡᠶ᠎ᠡ ᠭᠠᠷᠤᠯ᠎ᠢ ᠰᠢᠭᠤᠳ ᠲᠣᠳᠣᠷᠬᠠᠶ᠋ᠢᠯᠠᠭᠰᠠᠨ ᠦᠭᠡᠶ ᠪᠣᠯᠪᠠᠴᠤ ᠨᠢᠭᠡᠨᠲᠡ ᠲᠣᠳᠣᠷᠬᠠᠶ᠋ᠢᠯᠠᠭᠰᠠᠨ ᠬᠠᠶ᠋ᠢᠭ᠂ ᠺᠣᠳ᠋ ᠵᠡᠷᠭᠡ ᠬᠠᠮᠢᠶ᠎ᠠ ᠪᠦᠬᠦᠢ ᠮᠡᠳᠡᠭᠡ ᠵᠠᠩᠭᠢ᠎ᠪᠠᠷ ᠳᠠᠮᠵᠢᠭᠤᠯᠤᠨ ᠳᠠᠩ ᠭᠠᠭᠴᠠ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠡᠲᠡᠭᠡᠳ᠎ᠤᠨ ᠪᠡᠶ᠎ᠡ ᠭᠠᠷᠤᠯ᠎ᠢ ᠢᠯᠭ᠋ᠠᠨ ᠲᠠᠨᠢᠬᠤ ᠪᠤᠶᠤ ᠮᠠᠭ᠋ᠠᠳᠯᠠᠵᠤ ᠪᠣᠯᠬᠤ ᠮᠠᠲ᠋ᠧᠷᠢᠶᠠᠯ;
    (ᠭᠤᠷᠪᠠ) ᠳᠠᠩ ᠭᠠᠭᠴᠠ ᠪᠦᠷᠢᠳᠬᠡᠭᠳᠡᠨ ᠪᠠᠶ᠋ᠢᠴᠠᠭ᠋ᠠᠭᠳᠠᠬᠤ ᠡᠲᠡᠭᠡᠳ᠎ᠤᠨ ᠪᠡᠶ᠎ᠡ ᠬᠡᠮ᠎ᠤᠨ ᠬᠤᠷᠢᠶᠠᠩᠭᠤᠶ᠋ᠢᠯᠠᠭᠰᠠᠨ ᠮᠠᠲ᠋ᠧᠷᠢᠶᠠᠯ᠎ᠢ ᠵᠦᠢ᠍ᠴᠢᠯᠡᠨ ᠮᠠᠭ᠋ᠠᠳᠯᠠᠵᠤ ᠪᠣᠯᠤᠨ᠎ᠠ᠃
    ᠭᠤᠴᠢᠳᠤᠭ᠋ᠠᠷ ᠵᠦᠢ᠍ᠯ    ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ᠎ᠳᠤ ᠣᠯᠤᠭᠰᠠᠨ ᠳᠠᠩ ᠭᠠᠭᠴᠠ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠡᠲᠡᠭᠡᠳ᠎ᠤᠨ ᠬᠢᠷᠢ ᠬᠡᠮ᠎ᠢ ᠢᠯᠭ᠋ᠠᠨ ᠲᠠᠨᠢᠬᠤ ᠪᠤᠶᠤ ᠮᠠᠭ᠋ᠠᠳᠯᠠᠬᠤ ᠮᠠᠲ᠋ᠧᠷᠢᠶᠠᠯ᠎ᠢ ᠬᠠᠤᠯᠢ ᠶᠣᠰᠣᠭ᠋ᠠᠷ ᠴᠢᠩᠭ᠎ᠠ ᠬᠠᠮᠢᠶᠠᠷᠴᠤ᠂ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠳᠦᠰᠦᠯᠡᠯ ᠪᠣᠯᠭ᠋ᠠᠬᠤ᠎ᠠᠴᠠ ᠭᠠᠳᠠᠨ᠎ᠠ᠂ ᠰᠢᠭᠤᠳ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠡᠲᠡᠭᠡᠳ᠎ᠲᠤ ᠵᠠᠰᠠᠭ ᠵᠠᠬᠢᠷᠭ᠋ᠠᠨ᠎ᠤ ᠵᠥᠪᠰᠢᠶᠡᠷᠡᠯ ᠣᠯᠭᠣᠬᠤ᠂ ᠵᠠᠰᠠᠭ ᠵᠠᠬᠢᠷᠭ᠋ᠠᠨ ᠵᠶ᠋ᠠᠷ ᠰᠢᠢ᠍ᠳᠭᠡᠨ ᠲᠣᠷᠭ᠋ᠠᠬᠤ ᠵᠡᠷᠭᠡ ᠵᠠᠰᠠᠭ ᠵᠠᠬᠢᠷᠭ᠋ᠠᠨ᠎ᠤ ᠪᠣᠳᠠᠲᠠᠶ ᠦᠢ᠍ᠯᠡ ᠠᠵᠢᠯᠯᠠᠭ᠎ᠠ ᠶᠠᠪᠤᠭᠤᠯᠬᠤ ᠵᠢᠨ ᠦᠨᠳᠦᠰᠦᠯᠡᠯ ᠪᠣᠯᠭ᠋ᠠᠵᠤ ᠪᠣᠯᠬᠤ ᠦᠭᠡᠶ᠂ ᠲᠣᠭ᠎ᠠ ᠪᠦᠷᠢᠳᠬᠡᠯ᠎ᠤᠨ ᠡᠭᠦᠷᠭᠡ ᠵᠢ ᠪᠡᠶᠡᠯᠡᠭᠦᠯᠬᠦ᠎ᠠᠴᠠ ᠪᠤᠰᠤᠳ ᠵᠣᠷᠢᠯᠭ᠎ᠠ᠎ᠳᠤ ᠬᠡᠷᠡᠭᠯᠡᠵᠦ ᠪᠣᠯᠬᠤ ᠦᠭᠡᠶ᠃
    ᠭᠤᠴᠢᠨ ᠨᠢᠭᠡᠳᠦᠭᠡᠷ ᠵᠦᠢ᠍ᠯ    ᠤᠯᠤᠰ᠎ᠠᠴᠠ ᠲᠣᠭ᠎ᠠ ᠪᠦᠷᠢᠳᠬᠡᠯ᠎ᠤᠨ ᠮᠡᠳᠡᠭᠡ ᠵᠠᠩᠭᠢ ᠵᠢ ᠬᠠᠮᠲᠤ᠎ᠪᠠᠷ ᠡᠳ᠋ᠯᠡᠬᠦ ᠲᠣᠭᠲᠠᠴᠠ ᠵᠢ ᠪᠠᠶ᠋ᠢᠭᠤᠯᠤᠨ ᠲᠡᠭᠦᠯᠳᠡᠷᠵᠢᠭᠦᠯᠵᠦ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠪᠣᠯᠤᠨ ᠬᠣᠯᠪᠣᠭᠳᠠᠯ ᠪᠦᠬᠥᠢ ᠰᠠᠯᠠᠭ᠎ᠠ ᠮᠥᠴᠢᠷ᠎ᠤᠨ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ᠎ᠳᠤ ᠣᠯᠤᠭᠰᠠᠨ ᠮᠠᠲ᠋ᠧᠷᠢᠶᠠᠯ᠎ᠢ ᠬᠠᠮᠲᠤ᠎ᠪᠠᠷ ᠡᠳ᠋ᠯᠡᠬᠦ ᠵᠢ ᠪᠡᠶᠡᠯᠡᠭᠦᠯᠦᠨ᠎ᠡ᠃ ᠲᠣᠭᠲᠠᠭ᠋ᠠᠭᠰᠠᠨ ᠪᠠᠶ᠋ᠢᠭᠤᠯᠤᠯᠭ᠎ᠠ ᠵᠢᠨ ᠬᠠᠮᠲᠤ᠎ᠪᠠᠷ ᠲᠣᠭᠲᠠᠭ᠋ᠠᠭᠰᠠᠨ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠲᠥᠷᠥᠯ ᠵᠦᠢ᠍ᠯ᠎ᠳᠤ ᠣᠯᠤᠭᠰᠠᠨ ᠲᠣᠭ᠎ᠠ ᠪᠦᠷᠢᠳᠬᠡᠯ᠎ᠤᠨ ᠮᠠᠲᠸᠷᠢᠶᠠᠯ᠎ᠢ ᠬᠠᠮᠲᠤ᠎ᠪᠠᠷ ᠬᠡᠷᠡᠭᠯᠡᠵᠦ ᠪᠣᠯᠤᠨ᠎ᠠ᠃
    ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠲᠦᠷᠢᠮ᠎ᠳᠤ ᠲᠣᠭ᠎ᠠ ᠪᠦᠷᠢᠳᠬᠡᠯ᠎ᠤᠨ ᠮᠡᠳᠡᠭᠡ ᠵᠠᠩᠭᠢ ᠵᠢ ᠬᠠᠮᠲᠤᠪᠠᠷ ᠡᠳ᠋ᠯᠡᠬᠦ ᠵᠢᠨ ᠠᠭᠤᠯᠭ᠎ᠠ᠂ ᠠᠷᠭ᠎ᠠ ᠮᠠᠶᠢᠭ᠂ ᠴᠠᠭ ᠬᠤᠭᠤᠴᠠᠭ᠎ᠠ᠂ ᠠᠷᠭ᠎ᠠ ᠵᠠᠮ ᠪᠣᠯᠤᠨ ᠬᠠᠷᠢᠭᠤᠴᠠᠯᠭ᠎ᠠ ᠵᠡᠷᠭᠡ᠎ᠳᠤ ᠲᠣᠭᠲᠠᠭ᠋ᠠᠯ ᠭᠠᠷᠭ᠋ᠠᠬᠤ ᠬᠡᠷᠡᠭᠲᠡᠶ᠃
    ᠲᠠᠪᠤᠳᠤᠭ᠋ᠠᠷ ᠪᠦᠯᠦᠭ   ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠪᠠ ᠲᠣᠭ᠎ᠠ ᠪᠦᠷᠢᠳᠬᠡᠯ᠎ᠤᠨ ᠠᠵᠢᠯᠳᠠᠨ
    ᠭᠤᠴᠢᠨ ᠬᠣᠶᠠᠳᠤᠭ᠋ᠠᠷ ᠵᠦᠢ᠍ᠯ    ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠨᠢ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠣᠯᠤᠨ ᠳᠡᠭᠡᠳᠦ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠵᠢᠨ ᠳᠠᠪᠬᠤᠷ ᠤᠳᠤᠷᠢᠳᠤᠯᠭ᠎ᠠ ᠵᠢ ᠬᠦᠯᠢᠶᠡᠵᠦ᠂ ᠲᠣᠭ᠎ᠠ ᠪᠦᠷᠢᠳᠬᠡᠯ᠎ᠤᠨ ᠲᠤᠬᠠᠶ᠋ᠢᠯᠠᠭᠰᠠᠨ ᠠᠵᠢᠯ᠎ᠤᠨ ᠲᠠᠯ᠎ᠠ᠎ᠪᠠᠷ ᠳᠡᠭᠡᠳᠦ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠵᠢᠨ ᠤᠳᠤᠷᠢᠳᠤᠯᠭ᠎ᠠ ᠵᠢ ᠬᠦᠯᠢᠶᠡᠬᠦ᠎ᠪᠠᠷ ᠭᠣᠣᠯ ᠪᠣᠯᠭ᠋ᠠᠨ᠎ᠠ᠃
    ᠰᠢᠶᠠᠩ᠂ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ᠎ᠨᠤᠭᠤᠳ ᠲᠣᠭ᠎ᠠ ᠪᠦᠷᠢᠳᠬᠡᠯ᠎ᠤᠨ ᠠᠵᠢᠯ᠎ᠤᠨ ᠪᠠᠶ᠋ᠢᠷᠢ ᠲᠣᠬᠢᠷᠠᠭᠤᠯᠵᠤ᠂ ᠲᠤᠰᠬᠠᠶ ᠲᠤᠰᠢᠶᠠᠯ᠎ᠤᠨ ᠪᠤᠶᠤ ᠲᠤᠰᠢᠶᠠᠯ ᠬᠠᠪᠰᠤᠷᠭ᠋ᠠᠭᠰᠠᠨ ᠲᠣᠭ᠎ᠠ ᠪᠦᠷᠢᠳᠬᠡᠯ᠎ᠤᠨ ᠠᠵᠢᠯᠲᠠᠨ ᠲᠣᠬᠢᠷᠠᠭᠤᠯᠵᠤ᠂ ᠲᠣᠭ᠎ᠠ ᠪᠦᠷᠢᠳᠬᠡᠯ᠎ᠤᠨ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠭᠡᠨ᠂ ᠲᠣᠭ᠎ᠠ ᠪᠦᠷᠢᠳᠬᠡᠯ᠎ᠤᠨ ᠲᠤᠬᠠᠶ᠋ᠢᠯᠠᠭᠰᠠᠨ ᠠᠵᠢᠯ᠎ᠤᠨ ᠲᠠᠯ᠎ᠠ᠎ᠪᠠᠷ ᠳᠡᠭᠡᠳᠦ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠵᠢᠨ ᠤᠳᠤᠷᠢᠳᠤᠯᠭ᠎ᠠ ᠵᠢ ᠬᠦᠯᠢᠶᠡᠬᠦ ᠬᠡᠷᠡᠭᠲᠡᠶ᠃ ᠰᠤᠮᠤ᠂ ᠪᠠᠯᠭ᠋ᠠᠰᠤᠨ᠎ᠤ ᠲᠣᠭ᠎ᠠ ᠪᠦᠷᠢᠳᠬᠡᠯ᠎ᠤᠨ ᠠᠵᠢᠯᠳᠡᠨ᠎ᠢ ᠰᠢᠯᠵᠢᠭᠦᠯᠬᠦ᠎ᠳᠤ ᠰᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠵᠢᠨ ᠵᠥᠪᠰᠢᠶᠡᠷᠡᠯ᠎ᠢ ᠤᠯᠬᠤ ᠬᠡᠷᠡᠭᠲᠡᠢ᠃
    ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠲᠣᠭ᠎ᠠ ᠪᠦᠷᠢᠳᠬᠡᠯ᠎ᠤᠨ ᠲᠤᠬᠠᠶ᠋ᠢᠯᠠᠭᠰᠠᠨ ᠠᠵᠢᠯ᠎ᠤᠨ ᠲᠠᠯ᠎ᠠ᠎ᠪᠠᠷ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠵᠢᠨ ᠵᠢᠯᠣᠭᠣᠳᠣᠯᠭ᠎ᠠ ᠵᠢ ᠬᠦᠯᠢᠶᠡᠨ᠎ᠡ᠃
    ᠭᠤᠴᠢᠨ ᠭᠤᠷᠪᠠᠳᠤᠭ᠋ᠠᠷ ᠵᠦᠢ᠍ᠯ   ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠪᠣᠯᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠤᠯᠤᠰ᠎ᠤᠨ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠡᠭᠦᠷᠭᠡ ᠵᠢ ᠪᠡᠶᠡᠯᠡᠭᠦᠯᠵᠦ᠂ ᠤᠯᠤᠰ᠎ᠤᠨ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠲᠥᠷᠥᠯ ᠵᠦᠢ᠍ᠯ᠎ᠤᠨ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠳᠦᠷᠢᠮ᠎ᠢ ᠬᠡᠷᠡᠭᠵᠢᠭᠦᠯᠵᠦ᠂ ᠲᠤᠰ ᠣᠷᠣᠨ ᠨᠤᠲᠤᠭ᠂ ᠲᠤᠰ ᠰᠠᠯᠠᠭ᠎ᠠ ᠮᠥᠴᠢᠷ᠎ᠤᠨ ᠵᠶ᠋ᠠᠨ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠬᠡᠷᠡᠭᠲᠡᠶ᠃
    ᠭᠤᠴᠢᠨ ᠳᠥᠷᠪᠡᠳᠦᠭᠡᠷ ᠵᠦᠢ᠍ᠯ   ᠲᠦᠷᠦ ᠵᠢᠨ ᠪᠠᠶ᠋ᠢᠭᠤᠯᠭ᠎ᠠ᠂ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠪᠣᠯᠤᠨ ᠪᠤᠰᠤᠳ ᠵᠣᠬᠢᠶᠠᠨ ᠪᠠᠶ᠋ᠢᠭᠤᠯᠤᠯᠲᠠ ᠲᠣᠭ᠎ᠠ ᠪᠦᠷᠢᠳᠬᠡᠯ᠎ᠤᠨ ᠰᠠᠭᠤᠷᠢ ᠠᠵᠢᠯ᠎ᠢ ᠴᠢᠩᠭ᠋ᠠᠳᠬᠠᠵᠤ᠂ ᠬᠠᠤᠯᠢ᠎ᠪᠠᠷ ᠲᠣᠭᠲᠠᠭ᠋ᠠᠭᠰᠠᠨ ᠲᠣᠭ᠎ᠠ ᠪᠦᠷᠢᠳᠬᠡᠯ᠎ᠤᠨ ᠮᠠᠲ᠋ᠧᠷᠢᠶᠠᠯ᠎ᠢ ᠮᠡᠳᠡᠭᠦᠯᠦᠨ ᠬᠦᠷᠭᠡᠬᠦ ᠡᠭᠦᠷᠭᠡ ᠭᠦᠢ᠍ᠴᠡᠳᠬᠡᠬᠦ᠎ᠳᠤ ᠵᠣᠬᠢᠶᠠᠨ ᠪᠠᠶ᠋ᠢᠭᠤᠯᠬᠤ᠂ ᠠᠵᠢᠯᠳᠠᠨ ᠪᠠ ᠠᠵᠢᠯᠯᠠᠬᠤ ᠨᠥᠬᠥᠴᠡᠯ᠎ᠤᠨ ᠪᠠᠲᠤᠯᠠᠭ᠎ᠠ ᠬᠠᠩᠭ᠋ᠠᠬᠤ ᠬᠡᠷᠡᠭᠲᠡᠢ᠃
    ᠭᠤᠴᠢᠨ ᠲᠠᠪᠤᠳᠤᠭ᠋ᠠᠷ ᠵᠦᠢ᠍ᠯ    ᠲᠣᠭ᠎ᠠ ᠪᠦᠷᠢᠳᠬᠡᠯ᠎ᠤᠨ ᠠᠵᠢᠯ᠎ᠤᠨ ᠳᠤᠮᠳᠠ ᠲᠣᠪᠣᠶ᠋ᠢᠮ᠎ᠠ ᠬᠤᠪᠢ ᠨᠡᠮᠡᠷᠢ ᠦᠵᠡᠭᠦᠯᠵᠦ᠂ ᠢᠯᠡᠳᠲᠡ ᠠᠮᠵᠢᠯᠲᠠ ᠣᠯᠤᠭᠰᠠᠨ ᠨᠢᠭᠡᠴᠡ ᠪᠣᠯᠤᠨ ᠬᠤᠪᠢ ᠬᠥᠮᠦᠨ᠎ᠢ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠥᠬᠢᠭᠦᠯᠦᠨ ᠱᠠᠩᠨᠠᠬᠤ ᠬᠡᠷᠡᠭᠲᠡᠶ᠃

    ᠵᠢᠷᠭᠤᠳᠤᠭ᠋ᠠᠷ ᠪᠦᠯᠦᠭ     ᠬᠢᠨᠠᠵᠤ ᠪᠠᠶ᠋ᠢᠴᠠᠭ᠋ᠠᠬᠤ
    ᠭᠤᠴᠢᠨ ᠵᠢᠷᠭᠤᠳᠤᠭ᠋ᠠᠷ ᠵᠦᠢ᠍ᠯ   ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠵᠢᠨ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠠᠵᠢᠯ ᠬᠢᠵᠦ ᠪᠠᠶ᠋ᠢᠭ᠎ᠠ ᠠᠵᠢᠯᠲᠠᠳ ᠴᠢᠬᠤᠯᠠ ᠪᠦᠬᠦᠢ ᠬᠠᠤᠯᠢ ᠴᠠᠭ᠋ᠠᠵᠠ ᠵᠢᠨ ᠮᠡᠳᠡᠯᠭᠡ ᠪᠣᠯᠤᠨ ᠲᠣᠭ᠎ᠠ ᠪᠦᠷᠢᠳᠬᠡᠯ᠎ᠤᠨ ᠲᠤᠬᠠᠶ᠋ᠢᠯᠠᠭᠰᠠᠨ ᠠᠵᠢᠯ᠎ᠤᠨ ᠮᠡᠳᠡᠯᠭᠡ᠎ᠲᠠᠢ ᠪᠠᠶ᠋ᠢᠵᠤ᠂ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠪᠣᠯᠪᠠᠰᠤᠷᠠᠯ᠎ᠳᠤ ᠣᠷᠣᠯᠴᠠᠬᠤ ᠵᠢᠨ ᠬᠠᠮᠲᠤ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠨᠢᠭᠡᠳᠦᠯᠲᠡᠶ ᠳᠠᠷᠤᠮᠠᠯᠯᠠᠨ ᠵᠣᠬᠢᠶᠠᠭᠰᠠᠨ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ ᠣᠯᠤᠭᠰᠠᠨ ᠪᠠᠶ᠋ᠢᠬᠤ ᠬᠡᠷᠡᠭᠲᠡᠶ᠃
    ᠭᠤᠴᠢᠨ ᠳᠣᠯᠣᠳᠤᠭ᠋ᠠᠷ ᠵᠦᠢ᠍ᠯ   ᠶᠠᠮᠠᠷᠪᠠ ᠨᠢᠭᠡᠴᠡ ᠪᠣᠯᠤᠨ ᠬᠤᠪᠢ ᠬᠥᠮᠦᠨ ᠭᠡᠳ ᠲᠣᠭ᠎ᠠ ᠪᠦᠷᠢᠳᠬᠡᠯ᠎ᠤᠨ ᠠᠵᠢᠯ᠎ᠤᠨ ᠬᠢᠨᠠᠯᠲᠠ ᠪᠠᠶ᠋ᠢᠴᠠᠭ᠋ᠠᠯᠲᠠ ᠪᠣᠯᠤᠨ ᠲᠣᠭ᠎ᠠ ᠪᠦᠷᠢᠳᠬᠡᠯ᠎ᠤᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠪᠠᠶ᠋ᠢᠴᠠᠭ᠋ᠠᠨ ᠰᠢᠢ᠍ᠳᠪᠦᠷᠢᠯᠡᠬᠦ ᠠᠵᠢᠯ᠎ᠢ ᠲᠡᠪᠴᠢᠵᠦ᠂ ᠬᠠᠷᠰᠢᠯᠠᠵᠤ ᠪᠣᠯᠬᠤ ᠦᠭᠡᠶ᠂ ᠲᠣᠭ᠎ᠠ ᠪᠦᠷᠢᠳᠬᠡᠯ᠎ᠤᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠥᠮᠥᠭᠯᠡᠵᠦ᠂ ᠳᠤᠷ᠎ᠠ᠎ᠪᠠᠷ᠎ᠨᠢ ᠲᠠᠯᠪᠢᠵᠤ ᠪᠣᠯᠬᠤ ᠦᠭᠡᠶ᠃
    ᠭᠤᠴᠢᠨ ᠨᠠᠢ᠍ᠮᠠᠳᠤᠭ᠋ᠠᠷ ᠵᠦᠢ᠍ᠯ   ᠶᠠᠮᠠᠷᠪᠠ ᠨᠢᠭᠡᠴᠡ ᠪᠣᠯᠤᠨ ᠬᠤᠪᠢ ᠬᠥᠮᠦᠨ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠳᠤ ᠲᠣᠭ᠎ᠠ ᠪᠦᠷᠢᠳᠬᠡᠯ᠎ᠤᠨ ᠬᠠᠤᠯᠢ ᠵᠢ ᠵᠥᠷᠢᠴᠡᠭᠰᠡᠨ ᠠᠵᠢᠯᠯᠠᠭ᠎ᠠ ᠵᠢ ᠢᠯᠡᠴᠢᠯᠡᠨ ᠮᠡᠳᠡᠭᠦᠯᠬᠦ ᠡᠷᠬᠡ᠎ᠲᠠᠢ᠃
    ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠨᠢ ᠲᠣᠭ᠎ᠠ ᠪᠦᠷᠢᠳᠬᠡᠯ᠎ᠤᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠢᠯᠡᠴᠢᠯᠡᠨ ᠮᠡᠳᠡᠭᠦᠯᠬᠦ ᠠᠷᠭ᠎ᠠ ᠮᠠᠶᠢᠭ ᠪᠣᠯᠤᠨ ᠠᠷᠭ᠎ᠠ ᠵᠠᠮ᠎ᠢ ᠨᠡᠶ᠋ᠢᠲᠡᠯᠡᠵᠦ᠂ ᠢᠯᠡᠴᠢᠯᠡᠨ ᠮᠡᠳᠡᠭᠦᠯᠦᠭᠰᠡᠨ᠎ᠢ ᠬᠠᠤᠯᠢ ᠶᠣᠰᠣᠭ᠋ᠠᠷ ᠬᠦᠯᠢᠶᠡᠨ ᠠᠪᠴᠤ᠂ ᠬᠢᠨᠠᠨ ᠬᠠᠷᠭᠤᠭᠤᠯᠵᠤ᠂   ᠰᠢᠢ᠍ᠳᠪᠦᠷᠢᠯᠡᠬᠦ ᠵᠢᠨ ᠬᠠᠮᠲᠤ ᠢᠯᠡᠴᠢᠯᠡᠨ ᠮᠡᠳᠡᠭᠦᠯᠦᠭᠴᠢ ᠵᠢᠨ ᠨᠢᠭᠤᠴᠠ ᠵᠢ ᠬᠠᠮᠠᠭ᠋ᠠᠯᠠᠬᠤ ᠬᠡᠷᠡᠭᠲᠡᠶ᠃
    ᠭᠤᠴᠢ ᠶᠢᠰᠦᠳᠦᠭᠡᠷ ᠵᠦᠢ᠍ᠯ    ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠲᠣᠭ᠎ᠠ ᠪᠦᠷᠢᠳᠬᠡᠯ᠎ᠤᠨ ᠬᠠᠤᠯᠢ ᠵᠢ ᠵᠥᠷᠢᠴᠡᠭᠰᠡᠨ ᠠᠵᠢᠯᠯᠠᠭ᠎ᠠ ᠵᠢ ᠬᠠᠷᠢᠭᠤᠴᠠᠨ ᠪᠠᠶ᠋ᠢᠴᠠᠭ᠋ᠠᠨ ᠰᠢᠢ᠍ᠳᠪᠦᠷᠢᠯᠡᠨ᠎ᠡ; ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠬᠣᠯᠪᠣᠭᠳᠠᠯ ᠪᠦᠬᠥᠢ ᠰᠠᠯᠠᠭ᠎ᠠ ᠮᠥᠴᠢᠷ᠎ᠤᠨ ᠲᠣᠭ᠎ᠠ ᠪᠦᠷᠢᠳᠬᠡᠯ᠎ᠤᠨ ᠬᠠᠤᠯᠢ ᠵᠢ ᠵᠥᠷᠢᠴᠡᠭᠰᠡᠨ ᠠᠵᠢᠯᠯᠠᠭ᠎ᠠ ᠵᠢ ᠪᠠᠶ᠋ᠢᠴᠠᠭ᠋ᠠᠨ ᠰᠢᠢ᠍ᠳᠪᠦᠷᠢᠯᠡᠬᠦ ᠲᠤᠬᠠᠢ ᠠᠰᠲᠠᠭ᠋ᠠᠨ ᠲᠣᠭᠲᠠᠭ᠋ᠠᠯ᠎ᠲᠠᠢ ᠪᠠᠶ᠋ᠢᠪᠠᠯ᠂ ᠲᠡᠷᠡ ᠲᠣᠭᠲᠠᠭ᠋ᠠᠯ᠎ᠢ ᠵᠢᠷᠤᠮᠯᠠᠨ᠎ᠠ᠃
    ᠳᠣᠯᠣᠳᠤᠭ᠋ᠠᠷ ᠪᠦᠯᠦᠭ   ᠬᠠᠤᠯᠢ ᠵᠢᠨ ᠬᠠᠷᠢᠭᠤᠴᠠᠯᠭ᠎ᠠ
    ᠳᠥᠴᠢᠳᠦᠭᠡᠷ ᠵᠦᠢ᠍ᠯ    ᠳᠣᠣᠷᠠᠬᠢ ᠮᠡᠲᠦ ᠪᠠᠶ᠋ᠢᠳᠠᠯ᠎ᠨᠢ ᠲᠣᠭ᠎ᠠ ᠪᠦᠷᠢᠳᠬᠡᠯ᠎ᠤᠨ ᠬᠠᠤᠯᠢ ᠵᠢᠨ ᠭᠤᠴᠢᠨ ᠳᠣᠯᠣᠳᠤᠭ᠋ᠠᠷ ᠵᠦᠢ᠍ᠯ᠎ᠤᠨ ᠳᠥᠷᠪᠡᠳᠦᠭᠡᠷ ᠵᠤᠷᠪᠤᠰ᠎ᠲᠤ ᠲᠣᠭᠲᠠᠭ᠋ᠠᠭᠰᠠᠨ  ᠲᠣᠭ᠎ᠠ ᠪᠦᠷᠢᠳᠬᠡᠯ᠎ᠤᠨ ᠬᠠᠤᠯᠢ᠎ᠠᠴᠠ ᠵᠥᠷᠢᠴᠡᠭᠰᠡᠨ ᠬᠦᠨᠳᠦ ᠨᠣᠴᠢᠲᠠᠶ ᠦᠢ᠍ᠯᠡ ᠠᠵᠢᠯᠯᠠᠭ᠎ᠠ᠎ᠳᠤ ᠪᠠᠢ᠌ᠴᠠᠭ᠋ᠠᠯᠲᠠ ᠠᠯᠳᠠᠭᠰᠠᠨ᠎ᠳᠤ ᠲᠤᠭ᠋ᠠᠴᠠᠭᠳᠠᠵᠤ᠂ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠂ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠪᠤᠶᠤ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠡ ᠵᠢᠨ ᠬᠠᠷᠢᠭᠤᠴᠠᠯᠭ᠋ᠠᠲᠠᠨ᠎ᠳᠤ ᠲᠣᠮᠢᠯᠠᠬᠤ ᠪᠠᠭᠤᠯᠭ᠋ᠠᠬᠤ ᠪᠠᠶ᠋ᠢᠭᠤᠯᠭ᠎ᠠ ᠪᠤᠶᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ ᠬᠠᠤᠯᠢ ᠶᠣᠰᠣᠭ᠋ᠠᠷ ᠰᠢᠢ᠍ᠳᠭᠡᠯ ᠣᠯᠭᠣᠬᠤ ᠵᠢᠨ ᠬᠠᠮᠲᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠠᠴᠠ ᠢᠯᠡᠴᠢᠯᠡᠬᠦ ᠬᠡᠷᠡᠭᠲᠡᠶ᠄
    (ᠨᠢᠭᠡ) ᠲᠤᠰ ᠭᠠᠵᠠᠷ ᠣᠷᠣᠨ᠂ ᠲᠤᠰ ᠰᠠᠯᠠᠭ᠎ᠠ ᠮᠥᠴᠢᠷ᠂ ᠲᠤᠰ ᠨᠢᠭᠡᠴᠢ᠎ᠳᠤ ᠲᠣᠭ᠎ᠠ ᠪᠦᠷᠢᠳᠬᠡᠯ᠎ᠢ ᠬᠠᠭᠤᠷᠮᠠᠭᠯᠠᠨ ᠵᠣᠬᠢᠶᠠᠬᠤ᠂ ᠬᠤᠳᠠᠯ ᠬᠡᠯᠡᠵᠦ ᠬᠠᠭᠤᠷᠮᠠᠭᠯᠠᠨ ᠵᠣᠬᠢᠶᠠᠬᠤ ᠦᠵᠡᠭᠳᠡᠯ ᠶᠡᠬᠡ ᠬᠡᠪᠴᠢᠶ᠎ᠡ᠎ᠪᠠᠷ ᠭᠠᠷᠤᠭᠰᠠᠨ ᠪᠤᠶᠤ ᠵᠠᠯᠭ᠋ᠠᠭ᠎ᠠ᠎ᠪᠠᠷ ᠭᠠᠷᠤᠭᠰᠠᠨ;
    (ᠬᠣᠶᠠᠷ) ᠲᠤᠰ ᠭᠠᠵᠠᠷ ᠣᠷᠣᠨ᠂ ᠲᠤᠰ ᠰᠠᠯᠠᠭ᠎ᠠ ᠮᠥᠴᠢᠷ᠂ ᠲᠤᠰ ᠨᠢᠭᠡᠴᠡ ᠵᠢᠨ ᠲᠣᠭ᠎ᠠ ᠪᠦᠷᠢᠳᠬᠡᠯ᠎ᠤᠨ ᠲᠣᠭ᠎ᠠ ᠪᠠᠷᠢᠮᠲᠠ᠎ᠨᠢ ᠪᠣᠳᠠᠲᠤ ᠪᠠᠶ᠋ᠢᠳᠠᠯ᠎ᠠᠴᠠ ᠬᠦᠨᠳᠦ ᠨᠣᠴᠢᠲᠠᠶ ᠵᠥᠷᠢᠵᠦ᠂ ᠣᠯᠵᠤ ᠮᠡᠳᠡᠬᠦ ᠶᠣᠰᠣᠲᠠᠶ ᠪᠠᠶ᠋ᠢᠲᠠᠯ᠎ᠠ ᠣᠯᠵᠤ ᠮᠡᠳᠡᠭᠰᠡᠨ ᠦᠭᠡᠶ;
    (ᠭᠤᠷᠪᠠ) ᠲᠤᠰ ᠭᠠᠵᠠᠷ ᠣᠷᠣᠨ᠂ ᠲᠤᠰ ᠰᠠᠯᠠᠭ᠎ᠠ ᠮᠥᠴᠢᠷ᠂ ᠲᠤᠰ ᠨᠢᠭᠡᠴᠡ ᠵᠢᠨ ᠲᠣᠭ᠎ᠠ ᠪᠦᠷᠢᠳᠬᠡᠯ᠎ᠤᠨ ᠲᠣᠭ᠎ᠠ ᠪᠠᠷᠢᠮᠲᠠ᠎ᠨᠢ ᠪᠣᠳᠠᠲᠤ ᠪᠠᠶ᠋ᠢᠳᠠᠯ᠎ᠠᠴᠠ ᠬᠦᠨᠳᠦ ᠨᠣᠴᠢᠲᠠᠶ ᠵᠥᠷᠢᠵᠦ ᠪᠠᠶ᠋ᠢᠬᠤ ᠵᠢ ᠣᠯᠵᠤ ᠮᠡᠳᠡᠪᠡᠯ ᠵᠠᠯᠠᠷᠠᠭᠤᠯᠬᠤ ᠦᠭᠡᠶ᠃
    ᠳᠥᠴᠢᠨ ᠨᠢᠭᠡᠳᠦᠭᠡᠷ ᠵᠦᠢ᠍ᠯ    ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠪᠤᠶᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠠᠰᠢᠭ ᠬᠣᠨᠵᠢᠪᠣᠷᠢ ᠵᠢᠨ ᠴᠢᠨᠠᠷᠲᠠᠶ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠦᠭᠰᠡᠨ ᠪᠣᠯ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠂ ᠳᠡᠭᠡᠳᠦ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠪᠤᠶᠤ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠠᠴᠠ ᠵᠠᠷᠯᠢᠭᠳᠠᠨ ᠵᠠᠯᠠᠷᠠᠭᠤᠯᠵᠤ᠂ ᠨᠡᠪᠲᠡᠷᠡᠭᠦᠯᠬᠦ ᠬᠡᠷᠡᠭᠲᠡᠶ; ᠬᠠᠤᠯᠢ ᠵᠢ ᠵᠥᠷᠢᠴᠡᠵᠦ ᠣᠯᠵᠠ ᠠᠰᠢᠭ ᠣᠯᠤᠭᠰᠠᠨ ᠪᠠᠶ᠋ᠢᠪᠠᠯ᠂ ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ᠎ᠢ᠎ᠨᠢ ᠬᠤᠷᠢᠶᠠᠵᠤ ᠠᠪᠤᠨ᠎ᠠ᠃
    ᠳᠥᠴᠢᠨ ᠬᠣᠶᠠᠳᠤᠭ᠋ᠠᠷ ᠵᠦᠢ᠍ᠯ    ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠪᠤᠶᠤ ᠬᠣᠯᠪᠣᠭᠳᠠᠯ ᠪᠦᠬᠦᠢ ᠰᠠᠯᠠᠭ᠎ᠠ ᠮᠥᠴᠢᠷ ᠵᠢᠴᠢ ᠲᠡᠭᠦᠨ᠎ᠤ ᠬᠠᠷᠢᠭᠤᠴᠠᠯᠭ᠋ᠠᠲᠠᠨ᠂ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠂ ᠲᠣᠭ᠎ᠠ ᠪᠦᠷᠢᠳᠬᠡᠯ᠎ᠤᠨ ᠠᠵᠢᠯᠲᠠᠨ᠎ᠤ ᠪᠡᠶ᠎ᠡ᠎ᠪᠠᠨ ᠳᠠᠭ᠋ᠠᠭ᠋ᠠᠵᠤ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠬᠢᠬᠦ᠂  ᠲᠣᠭ᠎ᠠ ᠪᠦᠷᠢᠳᠬᠡᠯ᠎ᠤᠨ ᠮᠡᠳᠡᠭᠦᠯᠦᠯᠲᠡ ᠬᠢᠬᠦ᠂ ᠲᠣᠭ᠎ᠠ ᠪᠦᠷᠢᠳᠬᠡᠯ᠎ᠤᠨ ᠬᠢᠨᠠᠯᠲᠠ ᠲᠠᠯᠪᠢᠬᠤ ᠡᠷᠬᠡ ᠲᠤᠰᠢᠶᠠᠯ᠎ᠳᠤ ᠬᠠᠯᠳᠠᠭᠰᠠᠨ ᠪᠤᠶᠤ ᠪᠢᠴᠢᠭ ᠮᠠᠲ᠋ᠧᠷᠢᠶᠠᠯ ᠪᠠᠭᠤᠯᠭ᠋ᠠᠬᠤ᠂ ᠬᠤᠷᠠᠯ᠎ᠤᠨ ᠪᠠᠶ᠋ᠢᠷᠢᠯᠠᠭᠤᠯᠤᠯᠲᠠ ᠬᠢᠬᠦ ᠵᠢᠴᠢ ᠪᠤᠰᠤᠳ ᠠᠷᠭ᠎ᠠ ᠮᠠᠶᠢᠭ ᠵᠶ᠋ᠠᠷ ᠪᠦᠷᠢᠳᠬᠡᠭᠳᠡᠨ ᠪᠠᠶ᠋ᠢᠴᠠᠭ᠋ᠠᠭᠳᠠᠬᠤ ᠡᠲᠡᠭᠡᠳ ᠪᠤᠶᠤ ᠪᠤᠰᠤᠳ ᠨᠢᠭᠡᠴᠡ᠂ ᠠᠵᠢᠯᠳᠡᠠ᠎ᠢ ᠰᠠᠨᠠᠭᠤᠯᠬᠤ᠂ ᠳᠤᠬᠢᠬᠤ᠂ ᠠᠯᠪᠠᠳᠠᠨ  ᠵᠠᠷᠯᠢᠭᠳᠠᠵᠤ ᠪᠠᠢ᠌ᠭ᠋ᠠᠳ ᠬᠤᠳᠠᠯ ᠬᠠᠭᠤᠷᠮᠠᠭ ᠲᠣᠭ᠎ᠠ ᠪᠦᠷᠢᠳᠬᠡᠯ᠎ᠤᠨ ᠮᠠᠲ᠋ᠧᠷᠢᠶᠠᠯ ᠵᠣᠬᠢᠶᠠᠭᠰᠠᠨ ᠪᠠᠢ᠌ᠪᠠᠯ᠂ ᠳᠡᠭᠡᠳᠦ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠂ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠂ ᠳᠡᠭᠡᠳᠦ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠪᠤᠶᠤ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠠᠴᠠ ᠵᠠᠷᠯᠢᠭᠳᠠᠨ ᠵᠠᠯᠠᠷᠠᠭᠤᠯᠬᠤ ᠬᠡᠷᠡᠭᠲᠡᠶ᠂ ᠵᠠᠷᠯᠠᠨ  ᠢᠯᠡᠴᠢᠯᠡᠬᠦ ᠬᠡᠷᠡᠭᠳᠡᠢ᠃
    ᠳᠥᠴᠢᠨ ᠭᠤᠷᠪᠠᠳᠤᠭ᠋ᠠᠷ ᠵᠦᠢ᠍ᠯ    ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠪᠤᠶᠤ ᠬᠣᠯᠪᠣᠭᠳᠠᠯ ᠪᠦᠬᠥᠢ ᠰᠠᠯᠠᠭ᠎ᠠ ᠮᠥᠴᠢᠷ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠠᠵᠢᠯᠯᠠᠭ᠎ᠠ ᠵᠢᠨ ᠳᠤᠮᠳᠠ ᠳᠣᠣᠷ᠎ᠠ ᠵᠢᠭᠰᠠᠭ᠋ᠠᠭᠰᠠᠨ ᠠᠵᠢᠯᠯᠠᠭ᠎ᠠ ᠵᠢᠨ ᠨᠢᠭᠡ ᠵᠢ ᠬᠢᠭᠰᠡᠨ ᠪᠠᠶ᠋ᠢᠪᠠᠯ᠂ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠂ ᠳᠡᠭᠡᠳᠦ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠪᠤᠶᠤ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠠᠴᠠ ᠵᠠᠷᠯᠢᠭᠳᠠᠨ ᠵᠠᠯᠠᠷᠠᠭᠤᠯᠤᠭᠤᠯᠵᠤ᠂ ᠨᠡᠶ᠋ᠢᠲᠡ᠎ᠳᠤ ᠵᠠᠷᠯᠠᠨ᠎ᠠ᠄
    (ᠨᠢᠭᠡ) ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠲᠥᠷᠥᠯ ᠵᠦᠢ᠍ᠯ᠎ᠢ ᠬᠠᠤᠯᠢ᠎ᠠᠴᠠ ᠵᠥᠷᠢᠴᠡᠨ ᠲᠣᠭᠲᠠᠭ᠋ᠠᠬᠤ᠂ ᠬᠢᠨᠠᠨ ᠵᠥᠪᠰᠢᠶᠡᠷᠡᠬᠦ ᠪᠤᠶᠤ ᠳᠠᠩᠰᠠᠯᠠᠭᠤᠯᠬᠤ;
   (ᠬᠣᠶᠠᠷ) ᠵᠥᠪᠰᠢᠶᠡᠷᠡᠭᠦᠯᠦᠭᠰᠡᠨ ᠪᠤᠶᠤ ᠳᠠᠩᠰᠠᠯᠠᠭᠤᠯᠤᠭᠰᠠᠨ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠲᠥᠷᠥᠯ ᠵᠦᠢ᠍ᠯ ᠵᠢᠴᠢ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠳᠦᠷᠢᠮ᠎ᠤᠨ ᠭᠣᠣᠯ ᠠᠭᠤᠯᠭ᠎ᠠ ᠵᠢ ᠲᠣᠭᠲᠠᠭ᠋ᠠᠯ ᠶᠣᠰᠣᠭ᠋ᠠᠷ ᠨᠡᠶ᠋ᠢᠲᠡᠯᠡᠭᠰᠡᠨ ᠦᠭᠡᠶ;
    (ᠭᠤᠷᠪᠠ) ᠤᠯᠤᠰ᠎ᠤᠨ ᠲᠣᠭ᠎ᠠ ᠪᠦᠷᠢᠳᠬᠡᠯ᠎ᠤᠨ ᠪᠠᠷᠢᠮᠵᠢᠶ᠎ᠠ ᠵᠢ ᠬᠡᠷᠡᠭᠵᠢᠭᠦᠯᠦᠭᠰᠡᠨ ᠦᠭᠡᠶ;
    (ᠳᠥᠷᠪᠡ) ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠳᠦᠷᠢᠮ᠎ᠢ ᠬᠡᠷᠡᠭᠵᠢᠭᠦᠯᠦᠭᠰᠡᠨ ᠦᠭᠡᠶ;
    (ᠲᠠᠪᠤ) ᠳᠠᠩ ᠭᠠᠭᠴᠠ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠡᠲᠡᠭᠡᠳ᠎ᠤᠨ ᠲᠣᠭ᠎ᠠ ᠪᠦᠷᠢᠳᠬᠡᠯ᠎ᠤᠨ ᠮᠠᠲᠸᠷᠢᠶᠠᠯ᠎ᠳᠤ ᠥᠪᠡᠷ ᠵᠶ᠋ᠠᠨ ᠵᠠᠰᠠᠪᠤᠷᠢ ᠣᠷᠣᠭᠤᠯᠬᠤ᠃
    ᠰᠤᠮᠤ᠂ ᠪᠠᠯᠭ᠋ᠠᠰᠤᠨ᠎ᠤ ᠲᠣᠭ᠎ᠠ ᠪᠦᠷᠢᠳᠬᠡᠯ᠎ᠤᠨ ᠠᠵᠢᠯᠳᠠᠨ ᠡᠮᠦᠨᠡᠬᠢ ᠪᠠᠳᠠᠭ᠎ᠤᠨ ᠭᠤᠷᠪᠠᠳᠤᠭ᠋ᠠᠷ ᠵᠤᠷᠪᠤᠰ᠎ᠠᠴᠠ ᠲᠠᠪᠤᠳᠤᠭ᠋ᠠᠷ ᠵᠤᠷᠪᠤᠰ᠎ᠲᠤ ᠵᠢᠭᠰᠠᠭ᠋ᠠᠭᠰᠠᠨ ᠠᠵᠢᠯᠯᠠᠭ᠎ᠠ ᠵᠢ ᠬᠢᠭᠰᠡᠨ ᠪᠠᠶ᠋ᠢᠪᠠᠯ᠂ ᠵᠠᠷᠯᠢᠭᠳᠠᠨ ᠵᠠᠯᠠᠷᠠᠭᠤᠯᠤᠭᠤᠯᠵᠤ᠂ ᠬᠠᠤᠯᠢ ᠶᠣᠰᠣᠭ᠋ᠠᠷ ᠰᠢᠢ᠍ᠳᠭᠡᠯ ᠥᠭᠭᠦᠨ᠎ᠡ᠃
    ᠳᠥᠴᠢᠨ ᠳᠥᠷᠪᠡᠳᠦᠭᠡᠷ ᠵᠦᠢ᠍ᠯ    ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠪᠤᠶᠤ ᠬᠣᠯᠪᠣᠭᠳᠠᠯ ᠪᠦᠬᠦᠢ ᠰᠠᠯᠠᠭ᠎ᠠ ᠮᠥᠴᠢᠷ ᠲᠤᠰ ᠳᠦᠷᠢᠮ᠎ᠤᠨ ᠬᠣᠷᠢᠨ ᠳᠥᠷᠪᠡᠳᠦᠭᠡᠷ ᠵᠦᠢ᠍ᠯ᠂ ᠬᠣᠷᠢᠨ ᠲᠠᠪᠤᠳᠤᠭ᠋ᠠᠷ ᠵᠦᠢ᠍ᠯ᠎ᠤᠨ ᠲᠣᠭᠲᠠᠭ᠋ᠠᠯ᠎ᠠᠴᠠ ᠵᠥᠷᠢᠴᠡᠨ ᠲᠣᠭ᠎ᠠ ᠪᠦᠷᠢᠳᠬᠡᠯ᠎ᠤᠨ ᠲᠣᠭ᠎ᠠ ᠪᠠᠷᠢᠮᠲᠠ ᠵᠢ ᠨᠡᠶ᠋ᠢᠲᠡᠯᠡᠭᠰᠡᠨ ᠪᠣᠯ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠂ ᠳᠡᠭᠡᠳᠦ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠪᠤᠶᠤ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠠᠴᠠ ᠵᠠᠷᠯᠢᠭᠳᠠᠨ ᠵᠠᠯᠠᠷᠠᠭᠤᠯᠵᠤ᠂ ᠢᠯᠡᠴᠢᠯᠡᠬᠦ ᠬᠡᠷᠡᠭᠲᠡᠶ᠃
    ᠳᠥᠴᠢᠨ ᠲᠠᠪᠤᠳᠤᠭ᠋ᠠᠷ ᠵᠦᠢ᠍ᠯ    ᠬᠠᠷᠠᠬᠠᠨ ᠨᠡᠶ᠋ᠢᠲᠡᠯᠡᠭᠡᠳᠦᠢ ᠲᠣᠭ᠎ᠠ ᠪᠦᠷᠢᠳᠬᠡᠯ᠎ᠤᠨ ᠮᠠᠲ᠋ᠧᠷᠢᠶᠠᠯ᠎ᠢ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ᠎ᠢ ᠵᠥᠷᠢᠴᠡᠨ ᠭᠠᠳᠠᠭᠰᠢ ᠬᠠᠩᠭ᠋ᠠᠭᠰᠠᠨ ᠪᠤᠶᠤ ᠬᠠᠷᠠᠬᠠᠨ ᠨᠡᠶ᠋ᠢᠲᠡᠯᠡᠭᠡᠳᠦᠢ ᠲᠣᠭ᠎ᠠ ᠪᠦᠷᠢᠳᠬᠡᠯ᠎ᠤᠨ ᠮᠠᠲ᠋ᠧᠷᠢᠶᠠᠯ᠎ᠢ ᠠᠰᠢᠭᠯᠠᠨ ᠵᠦᠢ ᠪᠤᠰᠤ ᠠᠰᠢᠭ ᠲᠤᠰᠠ ᠣᠯᠤᠭᠰᠠᠨ

ᠪᠠᠶ᠋ᠢᠪᠠᠯ᠂ ᠲᠣᠮᠢᠯᠠᠵᠤ ᠪᠠᠭᠤᠯᠭ᠋ᠠᠬᠤ ᠪᠠᠶ᠋ᠢᠭᠤᠯᠭ᠎ᠠ ᠪᠤᠶᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ᠎ᠠᠴᠠ ᠬᠠᠤᠯᠢ ᠶᠣᠰᠣᠭ᠋ᠠᠷ ᠰᠢᠢ᠍ᠳᠭᠡᠯ ᠥᠭᠬᠦ ᠵᠢᠨ ᠬᠠᠮᠲᠤ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠠᠴᠠ ᠵᠠᠷᠯᠠᠨ ᠮᠡᠳᠡᠭᠳᠡᠨ᠎ᠡ᠃
    ᠳᠥᠴᠢᠨ ᠵᠢᠷᠭᠤᠳᠤᠭ᠋ᠠᠷ ᠵᠦᠢ᠍ᠯ    ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠵᠢᠴᠢ ᠠᠵᠢᠯᠲᠠᠳ᠎ᠲᠤ ᠳᠣᠣᠷᠠᠬᠢ ᠮᠡᠲᠦ ᠦᠢ᠍ᠯᠡ ᠠᠵᠢᠯᠯᠠᠭ᠎ᠠ ᠵᠢᠨ ᠨᠢᠭᠡ᠎ᠨᠢ ᠪᠠᠶ᠋ᠢᠪᠠᠯ᠂ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠪᠤᠶᠤ ᠳᠡᠭᠡᠳᠦ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠠᠴᠠ ᠵᠠᠷᠯᠢᠭᠳᠠᠨ ᠵᠠᠯᠠᠷᠠᠭᠤᠯᠵᠤ᠂ ᠢᠯᠡᠴᠢᠯᠡᠬᠦ ᠬᠡᠷᠡᠭᠲᠡᠶ᠄
  (ᠨᠢᠭᠡ) ᠲᠣᠭ᠎ᠠ ᠪᠦᠷᠢᠳᠬᠡᠯ᠎ᠤᠨ ᠠᠵᠢᠯ᠎ᠤᠨ ᠬᠢᠨᠠᠯᠲᠠ ᠪᠠᠶ᠋ᠢᠴᠠᠭ᠋ᠠᠯᠲᠠ ᠪᠣᠯᠤᠨ ᠲᠣᠭ᠎ᠠ ᠪᠦᠷᠢᠳᠬᠡᠯ᠎ᠤᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠪᠠᠶ᠋ᠢᠴᠠᠭ᠋ᠠᠨ  ᠰᠢᠢ᠍ᠳᠪᠦᠷᠢᠯᠡᠬᠦ ᠠᠵᠢᠯ᠎ᠢ ᠲᠡᠪᠴᠢᠵᠦ᠂ ᠬᠠᠷᠰᠢᠯᠠᠬᠤ;
     (ᠬᠣᠶᠠᠷ) ᠲᠣᠭ᠎ᠠ ᠪᠦᠷᠢᠳᠬᠡᠯ᠎ᠤᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠥᠮᠥᠭᠯᠡᠬᠦ᠂ ᠳᠤᠷ᠎ᠠ᠎ᠪᠠᠷ᠎ᠨᠢ ᠲᠠᠯᠪᠢᠬᠤ;
    (ᠭᠤᠷᠪᠠ) ᠲᠣᠭ᠎ᠠ ᠪᠦᠷᠢᠳᠬᠡᠯ᠎ᠤᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠲᠠᠢ ᠨᠢᠭᠡᠴᠡ ᠪᠤᠶᠤ ᠬᠤᠪᠢ ᠬᠥᠮᠦᠨ᠎ᠳᠤ ᠴᠢᠮᠡᠭᠡ ᠬᠦᠷᠭᠡᠵᠦ᠂ ᠲᠡᠭᠦᠨ᠎ᠢ ᠬᠠᠪᠰᠤᠷᠤᠨ ᠪᠠᠶ᠋ᠢᠴᠠᠭ᠋ᠠᠨ ᠰᠢᠢ᠍ᠳᠪᠦᠷᠢᠯᠡᠬᠦ᠎ᠠᠴᠠ

ᠵᠠᠶ᠋ᠢᠯᠠᠭᠤᠯᠤᠨ᠎ᠠ;
    (ᠳᠥᠷᠪᠡ) ᠲᠣᠭ᠎ᠠ ᠪᠦᠷᠢᠳᠬᠡᠯ᠎ᠤᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠢᠯᠡᠴᠢᠯᠡᠨ ᠮᠡᠳᠡᠭᠦᠯᠦᠭᠰᠡᠨ᠎ᠢ ᠬᠠᠤᠯᠢ ᠶᠣᠰᠣᠭ᠋ᠠᠷ ᠬᠦᠯᠢᠶᠡᠨ ᠠᠪᠴᠤ ᠰᠢᠢ᠍ᠳᠪᠦᠷᠢᠯᠡᠭᠰᠡᠨ ᠦᠭᠡᠶ;
    (ᠲᠠᠪᠤ) ᠲᠣᠭ᠎ᠠ ᠪᠦᠷᠢᠳᠬᠡᠯ᠎ᠤᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠢᠯᠡᠴᠢᠯᠡᠨ ᠮᠡᠳᠡᠭᠦᠯᠦᠭᠰᠡᠨ ᠪᠠᠶ᠋ᠢᠳᠠᠯ᠎ᠢ ᠵᠠᠳᠠᠷᠠᠭᠤᠯᠬᠤ᠃  
    ᠳᠥᠴᠢᠨ ᠳᠣᠯᠣᠳᠤᠭ᠋ᠠᠷ ᠵᠦᠢ᠍ᠯ   ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠲᠣᠭ᠎ᠠ ᠪᠦᠷᠢᠳᠬᠡᠯ᠎ᠤᠨ ᠬᠢᠨᠠᠯᠲᠠ ᠪᠠᠶ᠋ᠢᠴᠠᠭ᠋ᠠᠯᠲᠠ ᠵᠢ ᠲᠡᠪᠴᠢᠭᠰᠡᠨ᠂ ᠬᠠᠷᠰᠢᠯᠠᠭᠰᠠᠨ ᠪᠤᠶᠤ ᠤᠭ ᠲᠡᠮᠳᠡᠭᠯᠡᠯ ᠪᠠ ᠭᠡᠷᠡᠴᠢ ᠪᠠᠷᠢᠮᠲᠠ᠂ ᠲᠣᠭ᠎ᠠ ᠪᠦᠷᠢᠳᠬᠡᠯ᠎ᠤᠨ ᠡᠬᠡ ᠳᠠᠩᠰᠠ᠂ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠬᠦᠰᠦᠨᠦᠭᠲᠦ ᠵᠢᠴᠢ ᠪᠤᠰᠤᠳ ᠬᠣᠯᠪᠣᠭᠳᠠᠯ ᠪᠦᠬᠦᠢ ᠭᠡᠷᠡᠴᠢ ᠪᠠ ᠮᠠᠲ᠋ᠧᠷᠢᠶᠠᠯ᠎ᠢ

ᠰᠢᠯᠵᠢᠭᠦᠯᠦᠭᠰᠡᠨ᠂ ᠨᠢᠭᠤᠭᠰᠠᠨ᠂ ᠥᠭᠡᠷᠡᠲᠦᠭᠦᠯᠦᠭᠰᠡᠨ᠂ ᠰᠦᠢ᠍ᠳᠬᠡᠭᠰᠡᠨ ᠪᠠᠶ᠋ᠢᠪᠠᠯ᠂ ᠳᠡᠭᠡᠳᠦ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠂ ᠳᠡᠭᠡᠳᠦ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠪᠤᠶᠤ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠠᠴᠠ ᠵᠠᠷᠯᠢᠭᠳᠠᠨ ᠵᠠᠯᠠᠷᠠᠭᠤᠯᠤᠭᠤᠯᠵᠤ᠂ ᠨᠡᠶ᠋ᠢᠲᠡ᠎ᠳᠤ ᠵᠠᠷᠯᠠᠨ᠎ᠠ᠃
    ᠳᠥᠴᠢᠨ   ᠨᠠᠢ᠍ᠮᠠᠳᠤᠭ᠋ᠠᠷ ᠵᠦᠢ᠍ᠯ     ᠣᠷᠣᠨ ᠨᠤᠲᠤᠭ᠎ᠤᠨ ᠡᠯ᠎ᠡ ᠱᠠᠲᠤᠨ᠎ᠤ ᠠᠷᠠᠳ᠎ᠤᠨ ᠵᠠᠰᠠᠭ᠎ᠤᠨ

ᠣᠷᠳᠣᠨ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠪᠣᠯᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠲᠤᠰ ᠳᠦᠷᠢᠮ᠎ᠤᠨ ᠳᠥᠴᠢᠨ ᠨᠢᠭᠡᠳᠦᠭᠡᠷ ᠵᠦᠢ᠍ᠯ᠎ᠠᠴᠠ ᠳᠥᠴᠢᠨ ᠳᠣᠯᠣᠳᠤᠭ᠋ᠠᠷ ᠵᠦᠢ᠍ᠯ᠎ᠳᠤ ᠵᠢᠭᠰᠠᠭ᠋ᠠᠭᠰᠠᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢᠨ ᠨᠢᠭᠡ᠎ᠨᠢ ᠪᠠᠶ᠋ᠢᠪᠠᠯ᠂ ᠰᠢᠭᠤᠳ ᠬᠠᠷᠢᠭᠤᠴᠠᠵᠤ ᠪᠦᠬᠦᠢ ᠭᠣᠣᠯᠴᠢᠯᠠᠨ ᠬᠠᠮᠢᠶᠠᠷᠴᠤ ᠪᠦᠬᠦᠢ ᠬᠥᠮᠦᠰ ᠪᠣᠯᠤᠨ ᠪᠤᠰᠤᠳ ᠰᠢᠭᠤᠳ ᠬᠠᠷᠢᠭᠤᠴᠠᠯᠭ᠎ᠠ ᠡᠭᠦᠷᠭᠡᠯᠡᠭᠴᠢ᠎ᠳᠤ ᠲᠣᠮᠢᠯᠠᠬᠤ ᠪᠠᠭᠤᠯᠭ᠋ᠠᠬᠤ ᠪᠠᠶ᠋ᠢᠭᠤᠯᠭ᠎ᠠ ᠪᠤᠶᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ᠎ᠠᠴᠠ ᠬᠠᠤᠯᠢ ᠶᠣᠰᠣᠭ᠋ᠠᠷ ᠰᠢᠢ᠍ᠳᠭᠡᠯ ᠣᠯᠭᠣᠬᠤ ᠬᠡᠷᠡᠭᠲᠡᠶ᠃
    ᠳᠥᠴᠢ ᠶᠢᠰᠦᠳᠦᠭᠡᠷ ᠵᠦᠢ᠍ᠯ    ᠰᠤᠮᠤ᠂ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ ᠲᠣᠭ᠎ᠠ ᠪᠦᠷᠢᠳᠬᠡᠯ᠎ᠤᠨ ᠬᠠᠤᠯᠢ ᠵᠢᠨ ᠭᠤᠴᠢᠨ ᠨᠠᠢ᠍ᠮᠠᠳᠤᠭ᠋ᠠᠷ ᠵᠦᠢ᠍ᠯ᠎ᠤᠨ ᠨᠢᠭᠡᠳᠦᠭᠡᠷ ᠪᠠᠳᠠᠭ᠂ ᠭᠤᠴᠢ ᠶᠢᠰᠦᠳᠦᠭᠡᠷ ᠵᠦᠢ᠍ᠯ᠎ᠤᠨ ᠨᠢᠭᠡᠳᠦᠭᠡᠷ ᠪᠠᠳᠠᠭ᠎ᠲᠤ ᠵᠢᠭᠰᠠᠭ᠋ᠠᠭᠰᠠᠨ ᠠᠵᠢᠯᠯᠠᠭ᠎ᠠ ᠵᠢᠨ ᠨᠢᠭᠡ ᠵᠢ ᠬᠢᠭᠰᠡᠨ ᠪᠠᠶ᠋ᠢᠪᠠᠯ᠂ ᠲᠣᠭ᠎ᠠ ᠪᠦᠷᠢᠳᠬᠡᠯ᠎ᠤᠨ ᠬᠠᠤᠯᠢ ᠵᠢᠨ ᠭᠤᠴᠢᠨ ᠨᠠᠢ᠍ᠮᠠᠳᠤᠭ᠋ᠠᠷ ᠵᠦᠢ᠍ᠯ᠂ ᠭᠤᠴᠢ ᠶᠢᠰᠦᠳᠦᠭᠡᠷ ᠵᠦᠢ᠍ᠯ᠎ᠤᠨ ᠲᠣᠭᠲᠠᠭ᠋ᠠᠯ ᠶᠣᠰᠣᠭ᠋ᠠᠷ ᠬᠠᠤᠯᠢ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
    ᠲᠠᠪᠢᠳᠤᠭ᠋ᠠᠷ ᠵᠦᠢ᠍ᠯ    ᠳᠣᠣᠷ᠎ᠠ ᠵᠢᠭᠰᠠᠭ᠋ᠠᠭᠰᠠᠨ ᠪᠠᠶ᠋ᠢᠳᠠᠯ ᠪᠣᠯ ᠲᠣᠭ᠎ᠠ ᠪᠦᠷᠢᠳᠬᠡᠯ᠎ᠤᠨ ᠬᠠᠤᠯᠢ ᠵᠢᠨ ᠳᠥᠴᠢᠨ ᠨᠢᠭᠡᠳᠦᠭᠡᠷ ᠵᠦᠢ᠍ᠯ᠎ᠤᠨ ᠬᠣᠶᠠᠳᠤᠭ᠋ᠠᠷ ᠪᠠᠳᠠᠭ᠎ᠲᠤ ᠲᠣᠭᠲᠠᠭ᠋ᠠᠭᠰᠠᠨ ᠦᠢ᠍ᠯᠡ ᠪᠠᠶ᠋ᠢᠳᠠᠯ᠎ᠨᠢ ᠬᠦᠨᠳᠦ ᠨᠣᠴᠢᠲᠠᠢ ᠦᠢ᠍ᠯᠡ ᠠᠵᠢᠯᠯᠠᠭ᠎ᠠ᠎ᠳᠤ ᠲᠣᠭ᠋ᠠᠴᠠᠭᠳᠠᠨ᠎ᠠ᠄
     (ᠨᠢᠭᠡ) ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ᠂ ᠲᠣᠭ᠎ᠠ ᠪᠦᠷᠢᠳᠬᠡᠯ᠎ᠤᠨ ᠬᠢᠨᠠᠯᠲᠠ ᠪᠠᠶ᠋ᠢᠴᠠᠭ᠋ᠠᠯᠲᠠ ᠵᠢ ᠬᠦᠴᠦᠷᠬᠡᠭᠯᠡᠯ ᠪᠤᠶᠤ ᠰᠦᠷᠳᠡᠭᠦᠯᠦᠯ᠎ᠤᠨ ᠠᠷᠭ᠎ᠠ᠎ᠪᠠᠷ ᠲᠡᠪᠴᠢᠬᠦ᠂ ᠬᠠᠷᠰᠢᠯᠠᠬᠤ;
    (ᠬᠣᠶᠠᠷ) ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ᠂ ᠲᠣᠭ᠎ᠠ ᠪᠦᠷᠢᠳᠬᠡᠯ᠎ᠤᠨ ᠬᠢᠨᠠᠯᠲᠠ ᠪᠠᠶ᠋ᠢᠴᠠᠭ᠋ᠠᠯᠲᠠ ᠵᠢ ᠲᠡᠪᠴᠢᠵᠦ᠂ ᠬᠠᠷᠰᠢᠯᠠᠵᠤ᠂ ᠬᠠᠮᠢᠶ᠎ᠠ ᠪᠦᠬᠦᠢ ᠠᠵᠢᠯ᠎ᠤᠨ ᠬᠡᠪ᠎ᠤᠨ ᠶᠣᠰᠣᠭ᠋ᠠᠷ ᠥᠷᠨᠢᠬᠦ ᠵᠢ ᠬᠦᠨᠳᠦ ᠨᠣᠴᠢᠲᠠᠶ ᠨᠥᠯᠥᠭᠡᠯᠡᠬᠦ;
    (ᠭᠤᠷᠪᠠ) ᠦᠨᠡᠨ ᠪᠣᠳᠠᠲᠠᠶ ᠪᠤᠰᠤ᠂ ᠪᠦᠷᠢᠨ ᠪᠤᠰᠤ ᠲᠣᠭ᠎ᠠ ᠪᠦᠷᠢᠳᠬᠡᠯ᠎ᠤᠨ  ᠮᠠᠲᠸᠷᠢᠶᠠᠯ ᠬᠠᠩᠭ᠋ᠠᠵᠤ᠂ ᠬᠦᠨᠳᠦ ᠨᠣᠴᠢᠲᠠᠶ ᠦᠷ᠎ᠡ ᠤᠷᠰᠢᠭ ᠭᠠᠷᠭ᠋ᠠᠭᠰᠠᠨ ᠪᠤᠶᠤ ᠮᠠᠭᠤ ᠨᠥᠯᠥᠭᠡ ᠭᠠᠷᠭ᠋ᠠᠭᠰᠠᠨ;
    (ᠲᠦᠷᠪᠡ) ᠪᠦᠷᠢᠳᠬᠡᠯ᠎ᠤᠨ ᠬᠠᠤᠯᠢ ᠵᠢᠨ ᠳᠥᠴᠢᠨ ᠨᠢᠭᠡᠳᠦᠭᠡᠷ ᠵᠦᠢ᠍ᠯ᠎ᠤᠨ ᠨᠢᠭᠡᠳᠦᠭᠡᠷ ᠪᠠᠳᠠᠭ᠎ᠲᠤ ᠵᠢᠭᠰᠠᠭ᠋ᠠᠭᠰᠠᠨ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ ᠵᠢᠨ ᠨᠢᠭᠡ ᠵᠢ ᠬᠢᠭᠰᠡᠨ ᠪᠠᠶ᠋ᠢᠪᠠᠯ᠂ 1 ᠵᠢᠯ᠎ᠤᠨ ᠳᠣᠲᠣᠷ᠎ᠠ 3 ᠤᠳᠠᠭ᠎ᠠ᠎ᠠᠴᠠ ᠳᠡᠭᠡᠭᠰᠢ ᠵᠠᠷᠯᠢᠭᠳᠠᠨ ᠵᠠᠯᠠᠷᠠᠭᠤᠯᠤᠭᠤᠯᠤᠨ᠎ᠠ᠃
    ᠲᠠᠪᠢᠨ ᠨᠢᠭᠡᠳᠦᠭᠡᠷ ᠵᠦᠢ᠍ᠯ   ᠲᠣᠭ᠎ᠠ ᠪᠦᠷᠢᠳᠬᠡᠯ᠎ᠤᠨ ᠬᠠᠤᠯᠢ ᠵᠢ ᠵᠥᠷᠢᠴᠡᠭᠰᠡᠨ ᠦᠢ᠍ᠯᠡ ᠠᠵᠢᠯᠯᠠᠭ᠎ᠠ᠎ᠨᠢ ᠶᠠᠯ᠎ᠠ ᠬᠢᠭᠰᠡᠨ ᠰᠡᠵᠢᠭᠯᠡᠯᠲᠡᠢ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠬᠡᠷᠡᠭ᠎ᠢ ᠬᠠᠤᠯᠢ ᠪᠠᠷᠢᠬᠤ ᠪᠠᠶ᠋ᠢᠭᠤᠯᠭ᠎ᠠ᠎ᠳᠤ ᠰᠢᠯᠵᠢᠭᠦᠯᠦᠨ ᠬᠦᠷᠭᠡᠵᠦ ᠰᠢᠢ᠍ᠳᠪᠦᠷᠢᠯᠡᠭᠦᠯᠬᠦ ᠬᠡᠷᠡᠭᠲᠡᠢ᠃
    ᠨᠠᠢ᠍ᠮᠠᠳᠤᠭ᠋ᠠᠷ ᠪᠦᠯᠦᠭ      ᠳᠠᠭ᠋ᠠᠯᠳᠤᠭᠤᠯᠤᠭᠰᠠᠨ ᠲᠤᠢ᠍ᠷᠢᠮ
    ᠲᠠᠪᠢᠨ ᠬᠣᠶᠠᠳᠤᠭ᠋ᠠᠷ ᠵᠦᠢ᠍ᠯ   ᠪᠦᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠢᠯᠢ ᠵᠢᠨ ᠭᠠᠳᠠᠨᠠᠬᠢ ᠵᠣᠬᠢᠶᠠᠨ ᠪᠠᠶ᠋ᠢᠭᠤᠯᠤᠯᠲᠠ᠂ ᠬᠤᠪᠢ ᠬᠥᠮᠦᠨ ᠪᠦᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠢᠯᠢ ᠵᠢᠨ ᠳᠣᠲᠣᠷ᠎ᠠ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠠᠵᠢᠯᠯᠠᠭ᠎ᠠ ᠬᠢᠬᠦ ᠴᠢᠬᠤᠯᠠᠲᠠᠢ ᠪᠠᠶ᠋ᠢᠪᠠᠯ᠂ ᠪᠦᠬᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠢᠯᠢ ᠵᠢᠨ ᠳᠣᠲᠣᠷᠠᠬᠢ ᠭᠠᠳᠠᠭ᠋ᠠᠳᠤ᠎ᠳᠤ ᠬᠣᠯᠪᠣᠭᠳᠠᠬᠤ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠬᠢᠷᠢ ᠬᠡᠮ ᠪᠦᠬᠦᠢ ᠪᠠᠶ᠋ᠢᠭᠤᠯᠤᠮᠵᠢ᠎ᠳᠤ ᠨᠠᠶ᠋ᠢᠳᠠᠵᠤ ᠬᠢᠯᠭᠡᠬᠦ ᠬᠡᠷᠡᠭᠲᠡᠢ᠃ ᠭᠠᠳᠠᠭ᠋ᠠᠳᠤ᠎ᠳᠤ ᠬᠣᠯᠪᠣᠭᠳᠠᠬᠤ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠬᠢᠷᠢ ᠬᠡᠮ᠎ᠢ ᠬᠠᠤᠯᠢ ᠶᠣᠰᠣᠭ᠋ᠠᠷ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠢ᠃ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠬᠦᠷᠢᠶ᠎ᠡ ᠬᠡᠪᠴᠢᠶ᠎ᠡ᠎ᠨᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠵᠠᠰᠠᠭ ᠵᠠᠬᠢᠷᠭ᠋ᠠᠨ᠎ᠤ ᠣᠷᠣᠨ᠎ᠤ ᠳᠣᠲᠣᠷ᠎ᠠ ᠪᠣᠯ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠠᠴᠠ ᠬᠢᠨᠠᠨ ᠵᠥᠪᠰᠢᠶᠡᠷᠡᠨ᠎ᠡ; ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠬᠡᠪᠴᠢᠶ᠎ᠡ᠎ᠨᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠵᠠᠰᠠᠭ ᠵᠠᠬᠢᠷᠭ᠋ᠠᠨ᠎ᠤ ᠣᠷᠣᠨ᠎ᠢ ᠠᠯᠤᠰᠯᠠᠭᠰᠠᠨ ᠪᠣᠯ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ᠎ᠠᠴᠠ ᠬᠢᠨᠠᠨ ᠵᠥᠪᠰᠢᠶᠡᠷᠡᠨ᠎ᠡ᠃
    ᠭᠠᠳᠠᠭ᠋ᠠᠳᠤ᠎ᠳᠤ ᠬᠣᠯᠪᠣᠭᠳᠠᠬᠤ ᠨᠡᠶ᠋ᠢᠭᠡᠮ᠎ᠤᠨ ᠪᠠᠶ᠋ᠢᠴᠠᠭ᠋ᠠᠯᠲᠠ ᠵᠢᠨ ᠲᠥᠷᠥᠯ ᠵᠦᠢ᠍ᠯ ᠵᠶ᠋ᠠᠨ ᠬᠠᠤᠯᠢ ᠶᠣᠰᠣᠭ᠋ᠠᠷ ᠮᠡᠳᠡᠭᠦᠯᠦᠨ ᠵᠥᠪᠰᠢᠶᠡᠷᠡᠭᠦᠯᠬᠦ ᠬᠡᠷᠡᠭᠲᠡᠶ᠃ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠬᠦᠷᠢᠶ᠎ᠡ ᠬᠡᠪᠴᠢᠶ᠎ᠡ᠎ᠨᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠵᠠᠰᠠᠭ ᠵᠠᠬᠢᠷᠭ᠋ᠠᠨ᠎ᠤ ᠣᠷᠣᠨ᠎ᠤ ᠳᠣᠲᠣᠷ᠎ᠠ ᠪᠣᠯ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠠᠴᠠ ᠬᠢᠨᠠᠨ ᠵᠥᠪᠰᠢᠶᠡᠷᠡᠨ᠎ᠡ; ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠬᠡᠪᠴᠢᠶ᠎ᠡ᠎ᠨᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠵᠠᠰᠠᠭ ᠵᠠᠬᠢᠷᠭ᠋ᠠᠨ᠎ᠤ ᠣᠷᠣᠨ᠎ᠢ ᠠᠯᠤᠰᠯᠠᠭᠰᠠᠨ ᠪᠣᠯ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ᠎ᠠᠴᠠ ᠬᠢᠨᠠᠨ ᠵᠥᠪᠰᠢᠶᠡᠷᠡᠨ᠎ᠡ᠃
    ᠲᠠᠪᠢᠨ ᠭᠤᠷᠪᠠᠳᠤᠭ᠋ᠠᠷ ᠵᠦᠢ᠍ᠯ    ᠤᠯᠤᠰ᠎ᠤᠨ ᠲᠣᠭ᠎ᠠ ᠪᠦᠷᠢᠳᠬᠡᠯ᠎ᠤᠨ ᠲᠤᠪᠴᠢᠶ᠎ᠠ ᠪᠤᠶᠤ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠭᠠᠳᠠᠭ᠋ᠠᠳᠤ᠎ᠳᠤ ᠬᠣᠯᠪᠣᠭᠳᠠᠬᠤ ᠲᠣᠭ᠎ᠠ ᠪᠦᠷᠢᠳᠬᠡᠯ᠎ᠤᠨ ᠬᠠᠤᠯᠢ ᠵᠢ ᠵᠥᠷᠢᠴᠡᠭᠰᠡᠨ ᠠᠵᠢᠯᠯᠠᠭ᠎ᠠ᠎ᠳᠤ ᠪᠠᠶ᠋ᠢᠴᠠᠭ᠋ᠠᠯᠲᠠ ᠬᠢᠬᠦ᠎ᠳᠤ ᠲᠣᠭ᠎ᠠ ᠪᠦᠷᠢᠳᠬᠡᠯ᠎ᠤᠨ ᠬᠠᠤᠯᠢ ᠵᠢᠨ ᠭᠤᠴᠢᠨ ᠲᠠᠪᠤᠳᠤᠭ᠋ᠠᠷ ᠵᠦᠢ᠍ᠯ᠎ᠳᠤ ᠲᠣᠭᠲᠠᠭ᠋ᠠᠭᠰᠠᠨ ᠠᠷᠭ᠎ᠠ ᠬᠡᠮᠵᠢᠶ᠎ᠡ ᠵᠢ ᠠᠪᠬᠤ ᠡᠷᠬᠡ᠎ᠲᠠᠢ᠃
    ᠲᠠᠪᠢᠨ ᠳᠥᠷᠪᠡᠳᠦᠭᠡᠷ ᠵᠦᠢ᠍ᠯ    ᠭᠠᠳᠠᠭ᠋ᠠᠳᠤ᠎ᠳᠤ ᠬᠣᠯᠪᠣᠭᠳᠠᠬᠤ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠠᠵᠢᠯᠯᠠᠭ᠎ᠠ ᠵᠢ ᠬᠠᠤᠯᠢ᠎ᠠᠴᠠ ᠵᠥᠷᠢᠴᠡᠨ ᠬᠢᠭᠰᠡᠨ ᠨᠢᠭᠡᠴᠡ᠂ ᠬᠤᠪᠢ ᠬᠥᠮᠦᠨ᠎ᠢ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ ᠪᠤᠶᠤ ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠠᠴᠠ ᠵᠠᠷᠯᠢᠭᠳᠠᠨ ᠵᠠᠯᠠᠷᠠᠭᠤᠯᠬᠤ ᠪᠤᠶᠤ ᠪᠠᠶ᠋ᠢᠴᠠᠭ᠋ᠠᠬᠤ ᠵᠢ᠎ᠨᠢ ᠵᠠᠷᠯᠢᠭᠳᠠᠨ

ᠵᠣᠭᠰᠣᠭ᠋ᠠᠵᠤ᠂ ᠬᠠᠤᠯᠢ᠎ᠠᠴᠠ ᠵᠥᠷᠢᠴᠡᠭᠰᠡᠨ ᠣᠯᠵᠠᠪᠤᠷᠢ᠎ᠲᠠᠢ ᠪᠣᠯ ᠬᠠᠤᠯᠢ᠎ᠠᠴᠠ ᠵᠥᠷᠢᠴᠡᠭᠰᠡᠨ ᠣᠯᠵᠠᠪᠤᠷᠢ ᠵᠢ᠎ᠨᠢ ᠬᠤᠷᠢᠶᠠᠮᠵᠢᠯᠠᠨ ᠠᠪᠤᠨ᠎ᠠ; ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ᠎ᠨᠢ 50 ᠲᠦᠮᠡᠨ ᠲᠥᠭᠥᠷᠢᠭ᠎ᠠᠴᠠ ᠳᠡᠭᠡᠭᠰᠢ ᠪᠠᠶ᠋ᠢᠪᠠᠯ᠂ ᠬᠠᠤᠯᠢ ᠵᠢ ᠵᠥᠷᠢᠴᠡᠵᠦ ᠣᠯᠤᠭᠰᠠᠨ ᠣᠯᠵᠠ ᠠᠰᠢᠭ᠎ᠤᠨ ᠬᠢᠨᠢ 1 ᠲᠠᠬᠢᠨ᠎ᠠᠴᠠ ᠳᠡᠭᠡᠭᠰᠢ 3 ᠲᠠᠬᠢᠨ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠨᠡᠶ᠋ᠢᠯᠡᠭᠦᠯᠦᠨ ᠰᠢᠢ᠍ᠳᠭᠡᠨ᠎ᠡ; ᠬᠠᠤᠯᠢ᠎ᠠᠴᠠ ᠵᠥᠷᠢᠴᠡᠭᠰᠡᠨ ᠣᠯᠵᠠᠪᠤᠷᠢ᠎ᠨᠢ 50 ᠲᠦᠮᠡᠨ ᠲᠥᠭᠥᠷᠢᠭ ᠬᠦᠷᠬᠦ ᠦᠭᠡᠶ ᠪᠤᠶᠤ ᠬᠠᠤᠯᠢ᠎ᠠᠴᠠ ᠵᠥᠷᠢᠴᠡᠭᠰᠡᠨ ᠣᠯᠵᠠᠪᠤᠷᠢ ᠦᠭᠡᠶ ᠪᠣᠯ 200 ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠨ᠎ᠠ; ᠦᠢ᠍ᠯᠡ ᠪᠠᠶ᠋ᠢᠳᠠᠯ᠎ᠨᠢ ᠬᠦᠨᠳᠦ ᠨᠣᠴᠢᠲᠠᠶ ᠪᠣᠯ ᠭᠠᠳᠠᠭ᠋ᠠᠳᠤ᠎ᠳᠤ ᠬᠣᠯᠪᠣᠭᠳᠠᠬᠤ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠬᠢᠷᠢ ᠬᠡᠮ᠎ᠢ᠎ᠨᠢ ᠲᠦᠷ ᠵᠣᠭᠰᠣᠭ᠋ᠠᠬᠤ ᠪᠤᠶᠤ ᠬᠦᠴᠦᠨ ᠦᠭᠡᠶ ᠪᠣᠯᠭ᠋ᠠᠵᠤ᠂ ᠭᠠᠳᠠᠭ᠋ᠠᠳᠤ᠎ᠳᠤ ᠬᠣᠯᠪᠣᠭᠳᠠᠬᠤ ᠨᠡᠶ᠋ᠢᠭᠡᠮ᠎ᠤᠨ ᠪᠠᠶ᠋ᠢᠴᠠᠭ᠋ᠠᠯᠲᠠ ᠵᠢᠨ ᠲᠥᠷᠥᠯ ᠵᠦᠢ᠍ᠯ᠎ᠢ ᠵᠥᠪᠰᠢᠶᠡᠷᠡᠭᠰᠡᠨ ᠲᠣᠭᠲᠠᠭ᠋ᠠᠯ᠎ᠢ᠎ᠨᠢ ᠬᠦᠴᠦᠨ ᠦᠭᠡᠶ ᠪᠣᠯᠭ᠋ᠠᠨ᠎ᠠ; ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
    ᠲᠠᠪᠢᠨ ᠲᠠᠪᠤᠳᠤᠭ᠋ᠠᠷ ᠵᠦᠢ᠍ᠯ    ᠲᠣᠰ ᠲᠦᠷᠢᠮ᠎ᠢ 2017 ᠣᠨ᠎ᠤ 8 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃ 1987 ᠣᠨ᠎ᠤ 1 ᠰᠠᠷ᠎ᠠ ᠵᠢᠨ 19᠎ᠤ ᠡᠳᠦᠷ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠵᠥᠪᠰᠢᠶᠡᠷᠡᠵᠦ᠂ 1987 ᠣᠨ᠎ᠤ 2 ᠰᠠᠷ᠎ᠠ ᠵᠢᠨ 15᠎ᠤ ᠡᠳᠦᠷ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ᠎ᠠᠴᠠ ᠨᠡᠶ᠋ᠢᠲᠡᠯᠡᠵᠦ᠂ 2000 ᠣᠨ᠎ᠤ 6 ᠰᠠᠷ᠎ᠠ ᠵᠢᠨ 2᠎ᠤᠨ ᠡᠳᠦᠷ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠵᠥᠪᠰᠢᠶᠡᠷᠡᠨ ᠵᠠᠰᠠᠪᠤᠷᠢ ᠣᠷᠣᠭᠤᠯᠵᠤ᠂ 2000 ᠣᠨ᠎ᠤ 6 ᠰᠠᠷ᠎ᠠ ᠵᠢᠨ 15᠎ᠤ ᠡᠳᠦᠷ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ᠎ᠠᠴᠠ ᠨᠡᠶ᠋ᠢᠲᠡᠯᠡᠵᠦ᠂ 2005 ᠣᠨ᠎ᠤ 12 ᠰᠠᠷ᠎ᠠ ᠵᠢᠨ 16᠎ᠤ ᠡᠳᠦᠷ ᠲᠥᠷᠥ ᠵᠢᠨ ᠶᠠᠪᠤᠳᠠᠯ᠎ᠤᠨ ᠬᠣᠷᠢᠶ᠎ᠠ᠎ᠠᠴᠠ ᠵᠠᠰᠠᠪᠤᠷᠢ ᠣᠷᠣᠭᠤᠯᠤᠭᠰᠠᠨ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠣᠭ᠎ᠠ ᠪᠦᠷᠢᠳᠬᠡᠯ᠎ᠤᠨ ᠬᠠᠤᠯᠢ ᠵᠢ ᠬᠡᠷᠡᠭᠵᠢᠭᠦᠯᠬᠦ ᠨᠠᠷᠢᠨ ᠳᠦᠷᠢᠮ》᠎ᠢ ᠳᠠᠭ᠋ᠠᠤ᠎ᠳᠤᠨᠢ ᠬᠦᠴᠦᠨ ᠦᠭᠡᠶ ᠪᠣᠯᠭ᠋ᠠᠨ᠎ᠠ᠃

 

ᠢᠷᠡᠯᠲᠡ᠄ ᠤᠯᠤᠰ᠎ᠤᠨ ᠲᠤᠭ᠎ᠠ ᠪᠦᠷᠢᠳᠭᠡᠯ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠤᠰᠤ ᠵᠢ ᠠᠷᠪᠢᠯᠠᠨ ᠬᠡᠷᠡᠭᠯᠡᠬᠦ ᠳᠦᠷᠢᠮ
ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠡᠷᠡᠭᠯᠡᠭᠴᠢᠳ᠎ᠤᠨ ᠡᠷᠬᠡ ᠠᠰᠢᠭ᠎ᠢ ᠬᠠᠮᠠᠭ᠋ᠠᠯᠠᠬᠤ ᠬᠠᠤᠯᠢ ᠵᠢ ᠬᠡᠷᠡᠭᠵᠢᠭᠦᠯᠬᠦ ᠳᠦᠷᠢᠮ
 
            