ᠲᠡᠷᠢᠭᠦᠨ ᠬᠠᠭᠤᠳᠠᠰᠤ
ᠠᠵᠢᠯ᠎ᠤᠨ ᠪᠠᠶ᠋ᠢᠳᠠᠯ
ᠢᠯᠡ ᠵᠠᠰᠠᠭ
ᠲᠤᠭ᠎ᠠ ᠪᠦᠷᠢᠳᠭᠡᠯ᠎ᠤᠨ ᠦᠢᠯᠡᠴᠢᠯᠡᠭᠡ
ᠢᠯᠡ ᠵᠠᠰᠠᠭ   -   ᠬᠠᠣᠯᠢ ᠴᠠᠭᠠᠵᠠ ᠲᠥᠷᠢᠮ ᠳᠣᠭᠲᠠᠭᠠᠯ
ᠤᠰᠤ ᠵᠢ ᠠᠷᠪᠢᠯᠠᠨ ᠬᠡᠷᠡᠭᠯᠡᠬᠦ ᠳᠦᠷᠢᠮ
ᠨᠡᠶ᠋ᠢᠲᠡᠯᠡᠭᠰᠡᠨ ᠴᠠᠭ᠄ 2024-03-21

             ᠤᠰᠤ ᠵᠢ ᠠᠷᠪᠢᠯᠠᠨ ᠬᠡᠷᠡᠭᠯᠡᠬᠦ ᠳᠦᠷᠢᠮ


    ᠨᠢᠭᠡᠳᠦᠭᠡᠷ ᠪᠦᠯᠦᠭ      ᠶᠡᠷᠦᠩᠬᠡᠢ ᠳᠦᠷᠢᠮ
    ᠨᠢᠭᠡᠳᠦᠭᠡᠷ ᠵᠦᠢ᠍ᠯ ᠪᠥᠬᠥ ᠨᠡᠶ᠋ᠢᠭᠡᠮ᠎ᠤᠨ᠎ᠬᠢᠨ᠎ᠤ ᠤᠰᠤ ᠵᠢ ᠠᠷᠪᠢᠯᠠᠨ ᠬᠡᠷᠡᠭᠯᠡᠬᠦ ᠵᠢ ᠠᠬᠢᠭᠤᠯᠵᠤ᠂ ᠤᠯᠤᠰ᠎ᠤᠨ ᠤᠰᠤᠨ᠎ᠤ ᠠᠮᠤᠷ ᠲᠦᠪᠰᠢᠨ᠎ᠢ ᠪᠠᠲᠤᠯᠠᠨ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ ᠵᠢ ᠠᠬᠢᠭᠤᠯᠵᠤ᠂ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠵᠢᠨ ᠲᠤᠰᠠᠳᠠ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤᠨ᠎ᠤ ᠬᠠᠤᠯᠢ》 ᠵᠡᠷᠭᠡ ᠬᠣᠯᠪᠣᠭᠳᠠᠯ ᠪᠥᠬᠥᠶ ᠬᠠᠤᠯᠢ ᠴᠠᠭ᠋ᠠᠵᠠ ᠵᠢ ᠦᠨᠳᠦᠰᠦᠯᠡᠨ᠂ ᠲᠣᠰ ᠲᠦᠷᠢᠮ᠎ᠢ ᠲᠣᠭᠲᠠᠭ᠋ᠠᠪᠠ᠃
    ᠬᠣᠶᠠᠳᠤᠭ᠋ᠠᠷ ᠵᠦᠢ᠍ᠯ ᠲᠣᠰ ᠲᠦᠷᠢᠮ᠎ᠳᠤ ᠬᠡᠯᠡᠵᠦ ᠪᠠᠶ᠋ᠢᠭ᠎ᠠ ᠤᠰᠤ ᠵᠢ ᠠᠷᠪᠢᠯᠠᠵᠤ ᠬᠡᠷᠡᠭᠯᠡᠬᠦ (ᠳᠣᠷᠣᠭᠰᠢ ᠤᠰᠤ ᠠᠷᠪᠢᠯᠠᠬᠤ ᠭᠡᠵᠦ ᠲᠣᠪᠴᠢᠯᠠᠨ᠎ᠠ) ᠭᠡᠳᠡᠭ᠎ᠨᠢ ᠤᠰᠤ ᠬᠡᠷᠡᠭᠯᠡᠬᠦ ᠬᠠᠮᠢᠶᠠᠷᠤᠯᠲᠠ ᠵᠢ ᠴᠢᠩᠭ᠋ᠠᠳᠬᠠᠬᠤ᠂ ᠤᠰᠤ ᠬᠡᠷᠡᠭᠯᠡᠬᠦ ᠠᠷᠭ᠎ᠠ ᠮᠠᠶᠢᠭ᠎ᠢ ᠬᠤᠪᠢᠷᠠᠭᠤᠯᠬᠤ᠎ᠪᠠᠷ ᠳᠠᠮᠵᠢᠭᠤᠯᠤᠨ᠂ ᠮᠡᠷᠭᠡᠵᠢᠯ᠎ᠤᠨ ᠲᠠᠯ᠎ᠠ᠎ᠪᠠᠷ ᠪᠣᠯᠤᠮᠵᠢᠲᠠᠶ᠂ ᠠᠵᠤ ᠠᠬᠤᠶ ᠵᠢᠨ ᠲᠠᠯ᠎ᠠ᠎ᠪᠠᠷ ᠵᠦᠶ ᠵᠣᠬᠢᠰᠲᠠᠶ ᠠᠷᠭ᠎ᠠ ᠬᠡᠮᠵᠢᠶ᠎ᠡ ᠠᠪᠴᠤ᠂ ᠤᠰᠤᠨ᠎ᠤ ᠡᠬᠢ ᠪᠠᠶᠠᠯᠢᠭ᠎ᠤᠨ ᠬᠣᠷᠣᠭᠳᠠᠯ᠎ᠢ ᠪᠠᠭᠤᠷᠠᠭᠤᠯᠤᠨ᠂ ᠤᠰᠤᠨ᠎ᠤ ᠡᠬᠢ ᠪᠠᠶᠠᠯᠢᠭ᠎ᠤᠨ ᠬᠣᠬᠢᠷᠠᠯ᠎ᠢ ᠪᠠᠭ᠋ᠠᠰᠬᠠᠵᠤ᠂ ᠤᠰᠤᠨ᠎ᠤ ᠡᠬᠢ ᠪᠠᠶᠠᠯᠢᠭ᠎ᠢ ᠪᠦᠷᠢᠯᠭᠡᠨ ᠰᠦᠢ᠍ᠳᠭᠡᠬᠦ ᠵᠢ ᠰᠡᠷᠭᠡᠶ᠋ᠢᠯᠡᠨ᠂ ᠤᠰᠤᠨ᠎ᠤ ᠡᠬᠢ ᠪᠠᠶᠠᠯᠢᠭ᠎ᠢ ᠵᠦᠶ ᠵᠣᠬᠢᠰᠲᠠᠶ᠂ ᠪᠦᠲᠦᠮᠵᠢᠲᠡᠶ ᠠᠰᠢᠭᠯᠠᠬᠤ ᠠᠵᠢᠯᠯᠠᠭ᠎ᠠ ᠵᠢ ᠵᠢᠭ᠋ᠠᠵᠤ ᠪᠣᠶ᠃
    ᠭᠤᠷᠪᠠᠳᠤᠭ᠋ᠠᠷ ᠵᠦᠢ᠍ᠯ ᠤᠰᠤ ᠠᠷᠪᠢᠯᠠᠬᠤ ᠠᠵᠢᠯ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ ᠎ᠤᠨ ᠤᠳᠤᠷᠢᠳᠤᠯᠭ᠎ᠠ ᠵᠢ ᠪᠠᠷᠢᠮᠲᠠᠯᠠᠨ᠂ ᠤᠯᠤᠰ᠎ᠤᠨ ᠶᠡᠷᠦᠩᠬᠡᠢ ᠠᠮᠤᠷ ᠲᠦᠪᠰᠢᠨ᠎ᠤ ᠦᠵᠡᠯᠲᠡ ᠵᠢ ᠲᠤᠭᠤᠰᠢᠯᠠᠭᠤᠯᠵᠤ᠂ ᠬᠥᠭᠵᠢᠯᠲᠡ ᠪᠠ ᠠᠮᠤᠷ ᠲᠦᠪᠰᠢᠨ᠎ᠢ ᠨᠢᠭᠡᠳᠦᠯᠲᠡᠢ ᠲᠥᠯᠥᠪᠯᠡᠨ᠂ ᠨᠢᠭᠡᠳᠦᠯᠲᠡᠢ ᠲᠥᠯᠥᠪᠵᠢᠭᠦᠯᠬᠦ᠂ ᠶᠡᠷᠦᠩᠬᠡᠶ᠋ᠢᠯᠡᠭᠰᠡᠨ ᠠᠷᠭ᠎ᠠ ᠪᠤᠳᠤᠯᠭ᠎ᠠ ᠬᠡᠷᠡᠭᠵᠢᠭᠦᠯᠬᠦ᠂ ᠲᠤᠬᠠᠢ ᠵᠢᠨ ᠭᠠᠵᠠᠷ ᠣᠷᠣᠨ᠎ᠤ ᠪᠠᠶ᠋ᠢᠳᠠᠯ᠎ᠳᠤ᠎ᠨᠢ ᠲᠤᠬᠢᠷᠠᠭᠤᠯᠬᠤ᠂ ᠲᠥᠷᠥᠯ ᠬᠤᠪᠢᠶᠠᠨ ᠵᠢᠯᠣᠭᠣᠳᠬᠤ ᠵᠠᠷᠴᠢᠮ᠎ᠢ ᠵᠢᠷᠤᠮᠯᠠᠵᠤ᠂ ᠶᠡᠷᠦᠩᠬᠡᠢ ᠬᠡᠮᠵᠢᠶ᠎ᠡ ᠵᠢ ᠡᠵᠡᠮᠳᠡᠬᠦ᠂ ᠰᠢᠨᠵᠢᠯᠡᠬᠦ ᠤᠬᠠᠭ᠋ᠠᠨᠴᠢ᠎ᠪᠠᠷ ᠲᠤᠬᠢᠷᠠᠭᠤᠯᠬᠤ᠂ ᠥᠨᠳᠥᠷ ᠦᠷ᠎ᠡ ᠪᠦᠲᠦᠮᠵᠢᠲᠡᠢ ᠠᠰᠢᠭᠯᠠᠬᠤ ᠵᠢ ᠪᠠᠷᠢᠮᠲᠠᠯᠠᠨ᠂ ᠬᠢᠵᠠᠭ᠋ᠠᠷᠯᠠᠬᠤ ᠪᠠ ᠤᠷᠮᠠᠰᠢᠭᠤᠯᠬᠤ ᠵᠢ ᠤᠶᠠᠯᠳᠤᠭᠤᠯᠬᠤ ᠵᠢ ᠪᠠᠷᠢᠮᠲᠠᠯᠠᠵᠤ᠂ ᠵᠠᠰᠠᠭ᠎ᠤᠨ ᠣᠷᠳᠣᠨ ᠵᠶ᠋ᠠᠷ ᠭᠣᠣᠯᠯᠠᠭᠤᠯᠬᠤ᠂ ᠡᠯ᠎ᠡ ᠲᠠᠯ᠎ᠠ ᠵᠢᠨ᠎ᠬᠢᠨ ᠬᠠᠮᠵᠢᠯᠴᠠᠬᠤ᠂ ᠵᠠᠬ᠎ᠠ ᠳᠡᠯᠭᠡᠭᠦᠷ ᠵᠶ᠋ᠠᠷ ᠲᠤᠬᠢᠷᠠᠭᠤᠯᠬᠤ᠂ ᠨᠡᠢ᠍ᠢ᠍ᠳᠡ ᠤᠯᠠᠨ ᠣᠷᠣᠯᠴᠠᠬᠤ ᠤᠰᠤ ᠠᠷᠪᠢᠯᠠᠬᠤ ᠲᠣᠭᠲᠠᠴᠠ ᠵᠢ ᠪᠠᠶ᠋ᠢᠭᠤᠯᠬᠤ ᠬᠡᠷᠡᠭᠲᠡᠢ᠃
    ᠳᠥᠷᠪᠡᠳᠦᠭᠡᠷ ᠵᠦᠢ᠍ᠯ ᠤᠯᠤᠰ᠎ᠠᠴᠠ ᠤᠰᠤ ᠠᠷᠪᠢᠯᠠᠬᠤ ᠵᠢ ᠴᠢᠩᠭ᠎ᠠ ᠬᠡᠷᠡᠭᠵᠢᠭᠦᠯᠵᠦ᠂ ᠤᠰᠤ ᠠᠷᠪᠢᠯᠠᠬᠤ ᠵᠢ ᠲᠡᠷᠢᠭᠦᠨ᠎ᠳᠤ ᠲᠠᠯᠪᠢᠬᠤ ᠴᠢᠭᠯᠡᠯᠲᠡ ᠵᠢ ᠪᠠᠷᠢᠮᠲᠠᠯᠠᠨ ᠨᠠᠶ᠋ᠢᠳᠠᠪᠤᠷᠢᠵᠢᠭᠤᠯᠵᠤ᠂ ᠤᠯᠤᠰ᠎ᠤᠨ ᠤᠰᠤ ᠠᠷᠪᠢᠯᠠᠬᠤ ᠠᠵᠢᠯᠯᠠᠭ᠎ᠠ ᠵᠢ ᠭᠦᠨᠵᠡᠭᠡᠢ ᠬᠡᠷᠡᠭᠵᠢᠭᠦᠯᠵᠦ᠂ ᠤᠰᠤ ᠠᠷᠪᠢᠯᠠᠬᠤ ᠬᠡᠯᠪᠡᠷᠢ ᠵᠢᠨ ᠨᠡᠶ᠋ᠢᠭᠡᠮ᠎ᠢ ᠪᠦᠬᠦ ᠲᠠᠯ᠎ᠠ᠎ᠪᠠᠷ ᠪᠦᠲᠦᠭᠡᠨ ᠪᠠᠶ᠋ᠢᠭᠤᠯᠤᠨ᠎ᠠ᠃
    ᠶᠠᠮᠠᠷᠪᠠ ᠨᠢᠭᠡᠴᠡ ᠪᠣᠯᠤᠨ ᠬᠤᠪᠢ ᠬᠥᠮᠦᠨ ᠴᠥᠮ ᠤᠰᠤ ᠠᠷᠪᠢᠯᠠᠬᠤ ᠡᠭᠦᠷᠭᠡ᠎ᠪᠠᠨ ᠬᠠᠤᠯᠢ ᠶᠣᠰᠣᠭ᠋ᠠᠷ ᠭᠦᠢ᠍ᠴᠡᠳᠬᠡᠬᠦ ᠬᠡᠷᠡᠭᠲᠡᠶ᠃
    ᠲᠠᠪᠤᠳᠤᠭ᠋ᠠᠷ ᠵᠦᠢ᠍ᠯ ᠤᠯᠤᠰ᠎ᠠᠴᠠ ᠤᠰᠤᠨ᠎ᠤ ᠡᠬᠢ ᠪᠠᠶᠠᠯᠢᠭ᠎ᠤᠨ ᠬᠠᠲᠠᠭᠤ ᠬᠢᠵᠠᠭ᠋ᠠᠷᠯᠠᠬᠤ ᠲᠦᠷᠢᠮ᠎ᠢ ᠪᠠᠶ᠋ᠢᠭᠤᠯᠵᠤ᠂ ᠤᠰᠤ᠎ᠪᠠᠷ ᠬᠤᠳᠠ ᠵᠢ ᠲᠣᠭᠲᠠᠭ᠋ᠠᠬᠤ᠂ ᠤᠰᠤ᠎ᠪᠠᠷ ᠭᠠᠵᠠᠷ᠎ᠢ ᠲᠣᠭᠲᠠᠭ᠋ᠠᠬᠤ᠂ ᠤᠰᠤ᠎ᠪᠠᠷ ᠬᠥᠮᠦᠨ᠎ᠢ ᠲᠣᠭᠲᠠᠭ᠋ᠠᠬᠤ᠂ ᠤᠰᠤ᠎ᠪᠠᠷ ᠭᠠᠷᠤᠯᠲᠠ ᠵᠢ ᠲᠣᠭᠲᠠᠭ᠋ᠠᠬᠤ ᠵᠢ ᠪᠠᠷᠢᠮᠲᠠᠯᠠᠵᠤ᠂ ᠤᠯᠤᠰ᠎ᠤᠨ ᠨᠤᠲᠤᠭ ᠳᠡᠪᠢᠰᠬᠡᠷ᠎ᠤᠨ ᠣᠷᠣᠨ ᠵᠠᠢ ᠵᠢ ᠨᠡᠭᠡᠭᠡᠨ ᠬᠥᠭᠵᠢᠭᠦᠯᠵᠦ ᠬᠠᠮᠠᠭ᠋ᠠᠯᠠᠬᠤ ᠪᠠᠶ᠋ᠢᠷᠢᠰᠢᠯ᠎ᠢ ᠰᠢᠯᠢᠳᠡᠭᠵᠢᠭᠦᠯᠵᠦ᠂ ᠬᠥᠮᠦᠨ ᠠᠮᠠ ᠪᠠ ᠬᠤᠳᠠ ᠵᠢᠨ ᠰᠢᠨᠵᠢᠯᠡᠬᠦ ᠤᠬᠠᠭ᠋ᠠᠨᠴᠢ ᠵᠦᠢ ᠵᠣᠬᠢᠰᠲᠠᠢ ᠪᠠᠶ᠋ᠢᠷᠢᠰᠢᠯ᠎ᠢ ᠠᠬᠢᠭᠤᠯᠵᠤ᠂ ᠤᠰᠤᠨ᠎ᠤ ᠡᠬᠢ ᠪᠠᠶᠠᠯᠢᠭ᠎ᠤᠨ ᠳᠠᠭ᠋ᠠᠭ᠋ᠠᠴᠠ ᠵᠢᠨ ᠴᠢᠳᠠᠪᠤᠷᠢ᠎ᠯᠤᠭ᠎ᠠ ᠵᠣᠬᠢᠴᠠᠯᠳᠤᠭᠰᠠᠨ ᠤᠳᠤ ᠦᠶ᠎ᠡ ᠵᠢᠨ ᠠᠵᠤ ᠦᠢ᠍ᠯᠡᠰ᠎ᠤᠨ ᠰᠢᠰᠲ᠋ᠧᠮ᠎ᠢ ᠪᠠᠶ᠋ᠢᠭᠤᠯᠤᠨ᠎ᠠ᠃
    ᠵᠢᠷᠭᠤᠳᠤᠭ᠋ᠠᠷ ᠵᠦᠢ᠍ᠯ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠤᠰᠤ ᠠᠷᠪᠢᠯᠠᠬᠤ ᠠᠵᠢᠯ᠎ᠢ ᠤᠯᠤᠰ ᠠᠷᠠᠳ᠎ᠤᠨ ᠠᠵᠤ ᠠᠬᠤᠢ ᠪᠠ ᠨᠡᠶ᠋ᠢᠭᠡᠮ᠎ᠤᠨ ᠬᠥᠭᠵᠢᠯᠲᠡ ᠵᠢᠨ ᠬᠣᠯᠪᠣᠭᠳᠠᠯ ᠪᠦᠬᠥᠢ ᠲᠥᠯᠥᠪᠵᠢᠭᠦᠯᠭᠡ᠂ ᠣᠨ᠎ᠤ ᠲᠥᠯᠥᠪᠯᠡᠭᠡ᠎ᠳᠡᠭᠡᠨ ᠣᠷᠣᠭᠤᠯᠵᠤ᠂ ᠤᠰᠤ ᠠᠷᠪᠢᠯᠠᠬᠤ ᠠᠵᠢᠯ᠎ᠢ ᠵᠣᠬᠢᠶᠠᠨ ᠪᠠᠶ᠋ᠢᠭᠤᠯᠵᠤ ᠤᠳᠤᠷᠢᠳᠬᠤ᠎ᠪᠠᠨ ᠴᠢᠩᠭ᠋ᠠᠳᠬᠠᠨ᠂ ᠤᠰᠤ ᠠᠷᠪᠢᠯᠠᠬᠤ ᠲᠦᠷᠤ ᠵᠢᠨ ᠪᠤᠳᠤᠯᠭ᠎ᠠ ᠪᠠ ᠪᠠᠲᠤᠯᠠᠭ᠎ᠠ ᠵᠢᠨ ᠠᠷᠭ᠎ᠠ ᠬᠡᠮᠵᠢᠶ᠎ᠡ ᠵᠢ ᠨᠠᠶ᠋ᠢᠳᠠᠪᠤᠷᠢᠵᠢᠭᠤᠯᠬᠤ ᠵᠢ ᠲᠡᠭᠦᠯᠳᠡᠷᠵᠢᠭᠦᠯᠦᠨ ᠠᠬᠢᠭᠤᠯᠵᠤ᠂ ᠤᠰᠤ ᠠᠷᠪᠢᠯᠠᠬᠤ ᠠᠵᠢᠯ᠎ᠤᠨ ᠳᠤᠮᠳᠠᠬᠢ ᠴᠢᠬᠤᠯᠠ ᠶᠡᠬᠡ ᠠᠰᠠᠭᠤᠳᠠᠯ᠎ᠢ ᠨᠢᠭᠡᠳᠦᠯᠲᠡᠢ ᠲᠥᠯᠥᠪᠯᠡᠨ ᠰᠤᠳᠤᠯᠬᠤ ᠪᠠ ᠵᠣᠬᠢᠴᠠᠭᠤᠯᠤᠨ ᠰᠢᠢ᠍ᠳᠪᠦᠷᠢᠯᠡᠬᠦ

ᠬᠡᠷᠡᠭᠲᠡᠢ᠃
    ᠳᠣᠯᠣᠳᠤᠭ᠋ᠠᠷ ᠵᠦᠢ᠍ᠯ ᠲᠥᠷᠥ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠪᠥᠬᠥ ᠤᠯᠤᠰ᠎ᠤᠨ ᠤᠰᠤ ᠠᠷᠪᠢᠯᠠᠬᠤ ᠠᠵᠢᠯ᠎ᠢ ᠬᠠᠷᠢᠭᠤᠴᠠᠨ᠎ᠠ᠃ ᠲᠥᠷᠥ ᠵᠢᠨ ᠶᠠᠪᠤᠳᠠᠯ᠎ᠤᠨ ᠬᠣᠷᠢᠶᠠᠨ᠎ᠤ ᠣᠷᠣᠨ ᠰᠠᠭᠤᠴᠠ ᠬᠣᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠡᠭᠦᠷᠭᠡ ᠬᠠᠷᠢᠭᠤᠴᠠᠯᠭ᠎ᠠ ᠵᠢᠨ ᠵᠶ᠋ᠠᠨ ᠬᠤᠪᠢᠶᠠᠷᠢᠯᠠᠯ ᠶᠣᠰᠣᠭ᠋ᠠᠷ ᠬᠣᠲᠠ ᠵᠢᠨ ᠤᠰᠤ ᠠᠷᠪᠢᠯᠠᠬᠤ ᠠᠵᠢᠯ᠎ᠢ ᠵᠢᠯᠣᠭᠣᠳᠤᠨ᠎ᠠ᠃ ᠲᠥᠷᠥ ᠵᠢᠨ ᠶᠠᠪᠤᠳᠠᠯ᠎ᠤᠨ ᠬᠣᠷᠢᠶ᠎ᠠ ᠵᠢᠨ ᠬᠥᠭᠵᠢᠭᠦᠯᠦᠯᠲᠡ

ᠥᠭᠡᠷᠡᠴᠢᠯᠡᠯᠲᠡ᠂ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ᠂ ᠲᠠᠷᠢᠶᠠᠯᠠᠩ ᠬᠥᠳᠡᠭᠡ ᠲᠣᠰᠬᠣᠨ᠂ ᠪᠠᠶ᠋ᠢᠭ᠋ᠠᠯᠢ ᠵᠢᠨ ᠡᠬᠢ ᠪᠠᠶᠠᠯᠢᠭ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ᠂ ᠰᠢᠨᠵᠢᠯᠡᠬᠦ ᠤᠬᠠᠭ᠋ᠠᠨ ᠮᠡᠷᠭᠡᠵᠢᠯ᠂ ᠰᠤᠷᠭ᠋ᠠᠨ ᠬᠥᠮᠦᠵᠢᠯ᠂ ᠪᠠᠶ᠋ᠢᠭᠤᠯᠭ᠎ᠠ ᠵᠢᠨ ᠶᠠᠪᠤᠳᠠᠯ᠎ᠤᠨ ᠬᠠᠮᠢᠶᠠᠷᠤᠯᠲᠠ ᠵᠡᠷᠭᠡ ᠭᠤᠤᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠡᠭᠦᠷᠭᠡ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠤᠰᠤ ᠠᠷᠪᠢᠯᠠᠬᠤ ᠬᠣᠯᠪᠣᠭᠳᠠᠯ ᠪᠥᠬᠥᠶ ᠠᠵᠢᠯ᠎ᠢ ᠰᠠᠶ᠋ᠢᠲᠤᠷ ᠬᠢᠨ᠎ᠠ᠃
    ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠲᠤᠰᠢᠶᠠᠯ ᠬᠠᠷᠢᠭᠤᠴᠠᠯᠭ᠎ᠠ ᠵᠢᠨ ᠵᠶ᠋ᠠᠨ ᠬᠤᠪᠢᠶᠠᠷᠢᠯᠠᠯ ᠶᠣᠰᠣᠭ᠋ᠠᠷ ᠤᠰᠤ ᠠᠷᠪᠢᠯᠠᠬᠤ ᠠᠵᠢᠯ᠎ᠢ ᠰᠠᠶ᠋ᠢᠲᠤᠷ ᠬᠢᠨ᠎ᠡ᠃
    ᠨᠠᠢ᠍ᠮᠠᠳᠤᠭ᠋ᠠᠷ ᠵᠦᠢ᠍ᠯ ᠤᠯᠤᠰ᠎ᠠᠴᠠ ᠤᠰᠤ ᠠᠷᠪᠢᠯᠠᠬᠤ ᠠᠵᠤ ᠦᠢ᠍ᠯᠡᠰ᠎ᠤᠨ ᠬᠥᠭᠵᠢᠯᠲᠡ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠵᠣᠷᠢᠭᠵᠢᠭᠤᠯᠤᠨ ᠳᠡᠮᠵᠢᠬᠦ ᠲᠦᠷᠦ ᠵᠢᠨ ᠪᠤᠳᠤᠯᠭ᠎ᠠ ᠠᠷᠭ᠎ᠠ ᠬᠡᠮᠵᠢᠶ᠎ᠡ ᠵᠢ ᠲᠡᠭᠦᠯᠳᠡᠷᠵᠢᠭᠦᠯᠵᠦ᠂ ᠤᠰᠤ ᠠᠷᠪᠢᠯᠠᠬᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢᠨ ᠪᠠᠶ᠋ᠢᠭᠤᠯᠤᠯᠲᠠ ᠪᠠ ᠠᠵᠤ ᠦᠢ᠍ᠯᠡᠰᠵᠢᠭᠦᠯᠦᠨ ᠬᠡᠷᠡᠭᠯᠡᠬᠦ ᠵᠢ ᠴᠢᠩᠭ᠋ᠠᠳᠬᠠᠵᠤ᠂ ᠤᠰᠤ ᠠᠷᠪᠢᠯᠠᠬᠤ ᠵᠢ ᠠᠬᠢᠭᠤᠯᠬᠤ᠎ᠳᠤ ᠦᠵᠡᠭᠦᠯᠬᠦ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢᠨ ᠲᠤᠯᠭ᠋ᠠᠭᠤᠷᠢᠯᠠᠬᠤ ᠦᠢ᠍ᠯᠡᠳᠦᠯ᠎ᠢ ᠴᠢᠩᠭ᠋ᠠᠳᠬᠠᠨ᠎ᠠ᠃
    ᠶᠢᠰᠦᠳᠦᠭᠡᠷ ᠵᠦᠢ᠍ᠯ ᠤᠯᠤᠰ᠎ᠠᠴᠠ ᠤᠰᠤ ᠠᠷᠪᠢᠯᠠᠬᠤ ᠤᠬᠠᠭᠤᠯᠭ᠎ᠠ ᠬᠥᠮᠦᠵᠢᠯ ᠪᠣᠯᠤᠨ ᠰᠢᠨᠵᠢᠯᠡᠬᠦ ᠤᠬᠠᠭ᠋ᠠᠨ᠎ᠢ ᠲᠦᠭᠡᠮᠡᠯᠵᠢᠭᠦᠯᠬᠦ ᠵᠢ ᠴᠢᠩᠭ᠋ᠠᠳᠬᠠᠵᠤ᠂ ᠪᠦᠬᠦ ᠠᠷᠠᠳ᠎ᠤᠨ ᠤᠰᠤ ᠠᠷᠪᠢᠯᠠᠬᠤ ᠤᠬᠠᠮᠰᠠᠷ ᠪᠣᠯᠤᠨ ᠤᠰᠤ ᠠᠷᠪᠢᠯᠠᠬᠤ ᠤᠷ᠎ᠠ ᠴᠢᠳᠠᠪᠤᠷᠢ ᠵᠢ ᠳᠡᠭᠡᠭᠰᠢᠯᠡᠭᠦᠯᠵᠦ᠂ ᠤᠬᠠᠮᠰᠠᠷ᠎ᠠᠴᠠ᠎ᠪᠠᠨ ᠤᠰᠤ ᠠᠷᠪᠢᠯᠠᠬᠤ ᠨᠡᠶ᠋ᠢᠭᠡᠮ᠎ᠤᠨ ᠬᠠᠮᠲᠤ ᠵᠢᠨ ᠲᠠᠨᠢᠯᠲᠠ ᠪᠣᠯᠤᠨ ᠰᠠᠢ᠍ᠢ᠍ᠨ ᠰᠠᠶ᠋ᠢᠬᠠᠨ ᠬᠡᠪ ᠰᠤᠷᠲᠠᠯ᠎ᠢ ᠪᠤᠢ ᠪᠣᠯᠭ᠋ᠠᠬᠤ ᠵᠢ ᠠᠬᠢᠭᠤᠯᠤᠨ᠎ᠠ᠃
    ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠥᠬᠥᠶ ᠰᠠᠯᠠᠭ᠎ᠠ ᠮᠥᠴᠢᠷ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠤ ᠬᠣᠯᠪᠣᠭᠳᠠᠯ ᠪᠥᠬᠥᠶ ᠰᠠᠯᠠᠭ᠎ᠠ ᠮᠥᠴᠢᠷ᠂ ᠰᠢᠶᠠᠩ ᠪᠠᠯᠭ᠋ᠠᠰᠤᠨ᠎ᠤ ᠠᠷᠠᠳ᠎ᠤᠨ ᠵᠠᠰᠠᠭ᠎ᠤᠨ ᠣᠷᠳᠣᠨ᠂ ᠵᠡᠭᠡᠯᠢ ᠭᠤᠳᠤᠮᠵᠢ ᠵᠢᠨ ᠬᠡᠷᠡᠭ ᠡᠷᠬᠢᠯᠡᠬᠦ ᠭᠠᠵᠠᠷ ᠤᠰᠤ ᠠᠷᠪᠢᠯᠠᠬᠤ ᠲᠤᠬᠠᠶ ᠣᠯᠠᠨ ᠵᠦᠢ᠍ᠯ᠎ᠤᠨ ᠬᠡᠯᠪᠡᠷᠢ ᠵᠢᠨ ᠤᠬᠠᠭᠤᠯᠭ᠎ᠠ ᠬᠥᠮᠦᠵᠢᠯ ᠪᠣᠯᠤᠨ ᠮᠡᠳᠡᠯᠭᠡ ᠵᠢ ᠲᠦᠭᠡᠮᠡᠯᠵᠢᠭᠦᠯᠬᠦ ᠠᠵᠢᠯᠯᠠᠭ᠎ᠠ ᠵᠢ ᠵᠣᠬᠢᠶᠠᠨ ᠪᠠᠶ᠋ᠢᠭᠤᠯᠤᠨ ᠥᠷᠨᠢᠭᠦᠯᠬᠦ ᠬᠡᠷᠡᠭᠲᠡᠶ᠃
    ᠰᠣᠨᠢᠨ ᠮᠡᠳᠡᠭᠡᠨ᠎ᠤ ᠵᠠᠭᠤᠴᠢᠯᠠᠭᠤᠷ᠎ᠤᠳ ᠤᠰᠤ ᠠᠷᠪᠢᠯᠠᠬᠤ ᠨᠡᠶ᠋ᠢᠲᠡ ᠵᠢᠨ ᠠᠰᠠᠷᠠᠮᠵᠢ ᠵᠢᠨ ᠤᠬᠠᠭᠤᠯᠭ᠎ᠠ ᠥᠷᠨᠢᠭᠦᠯᠵᠦ᠂ ᠤᠰᠤᠨ᠎ᠤ ᠡᠬᠢ ᠪᠠᠶᠠᠯᠢᠭ᠎ᠢ ᠪᠦᠷᠢᠯᠭᠡᠬᠦ ᠦᠢ᠍ᠯᠡ ᠠᠵᠢᠯᠯᠠᠭ᠎ᠠ᠎ᠳᠤ ᠶᠠᠷᠢᠶ᠎ᠠ ᠬᠡᠯᠡᠯᠴᠡᠭᠡᠨ᠎ᠤ ᠬᠢᠨᠠᠯᠲᠠ ᠲᠠᠯᠪᠢᠬᠤ ᠬᠡᠷᠡᠭᠲᠡᠶ᠃
    ᠬᠣᠶᠠᠳᠤᠭ᠋ᠠᠷ ᠪᠦᠯᠦᠭ    ᠤᠰᠤ ᠬᠡᠷᠡᠭᠯᠡᠬᠦ ᠵᠢ ᠬᠠᠮᠢᠶᠠᠷᠬᠤ
    ᠠᠷᠪᠠᠳᠤᠭ᠋ᠠᠷ ᠵᠦᠢ᠍ᠯ ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠲᠤᠰᠢᠶᠠᠯ ᠬᠠᠷᠢᠭᠤᠴᠠᠯᠭ᠎ᠠ ᠵᠢᠨ ᠵᠶ᠋ᠠᠨ ᠠᠵᠢᠯ᠎ᠤᠨ ᠬᠤᠪᠢᠶᠠᠷᠢᠯᠠᠯ ᠶᠣᠰᠣᠭ᠋ᠠᠷ᠂ ᠤᠯᠤᠰ ᠠᠷᠠᠳ᠎ᠤᠨ ᠠᠵᠤ ᠠᠬᠤᠢ ᠪᠠ ᠨᠡᠶ᠋ᠢᠭᠡᠮ᠎ᠤᠨ ᠬᠥᠭᠵᠢᠯᠲᠡ ᠵᠢᠨ ᠲᠥᠯᠥᠪᠵᠢᠭᠦᠯᠭᠡ᠂ ᠪᠦᠬᠦ ᠤᠯᠤᠰ᠎ᠤᠨ ᠤᠰᠤᠨ᠎ᠤ ᠡᠬᠢ ᠪᠠᠶᠠᠯᠢᠭ᠎ᠤᠨ ᠪᠠᠶ᠋ᠢᠯᠳᠤᠬᠤ ᠪᠤᠳᠤᠯᠭ᠎ᠠ ᠵᠢᠨ ᠲᠥᠯᠥᠪᠵᠢᠭᠦᠯᠭᠡ ᠵᠢ ᠦᠨᠳᠦᠰᠦᠯᠡᠨ ᠪᠦᠬᠦ ᠤᠯᠤᠰ᠎ᠤᠨ ᠤᠰᠤ ᠠᠷᠪᠢᠯᠠᠬᠤ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠨ᠎ᠠ᠃ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠬᠡᠷᠡᠭᠴᠡᠭᠡ᠂ ᠤᠰᠤᠨ᠎ᠤ ᠡᠬᠢ ᠪᠠᠶᠠᠯᠢᠭ᠎ᠤᠨ ᠪᠠᠶ᠋ᠢᠳᠠᠯ ᠪᠣᠯᠤᠨ ᠳᠡᠭᠡᠳᠦ ᠱᠠᠲᠤᠨ᠎ᠤ ᠤᠰᠤ ᠠᠷᠪᠢᠯᠠᠬᠤ ᠲᠥᠯᠥᠪᠵᠢᠭᠦᠯᠭᠡ᠎ᠪᠠᠨ ᠦᠨᠳᠦᠰᠦᠯᠡᠨ᠂ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠤᠰᠤ ᠠᠷᠪᠢᠯᠠᠬᠤ ᠲᠥᠯᠥᠪᠵᠢᠭᠦᠯᠭᠡ ᠵᠢ ᠵᠣᠬᠢᠶᠠᠨ ᠪᠠᠶ᠋ᠢᠭᠤᠯᠵᠤ ᠨᠠᠶ᠋ᠢᠷᠠᠭᠤᠯᠤᠨ ᠵᠣᠬᠢᠶᠠᠨ᠎ᠠ᠃
    ᠤᠰᠤ ᠠᠷᠪᠢᠯᠠᠬᠤ ᠲᠥᠯᠥᠪᠵᠢᠭᠦᠯᠭᠡ᠎ᠳᠤ ᠤᠰᠤᠨ᠎ᠤ ᠡᠬᠢ ᠪᠠᠶᠠᠯᠢᠭ᠎ᠤᠨ ᠪᠠᠶ᠋ᠢᠳᠠᠯ᠎ᠤᠨ ᠦᠨᠡᠯᠡᠯᠲᠡ᠂ ᠤᠰᠤ ᠠᠷᠪᠢᠯᠠᠬᠤ ᠳᠠᠯᠳᠠ ᠬᠦᠴᠦᠨ᠎ᠤ ᠵᠠᠳᠠᠯᠤᠯᠲᠠ᠂ ᠤᠰᠤ ᠠᠷᠪᠢᠯᠠᠬᠤ ᠬᠠᠷᠠᠯᠲᠠ᠂ ᠭᠣᠣᠯ ᠡᠭᠦᠷᠭᠡ ᠪᠠ ᠠᠷᠭ᠎ᠠ ᠬᠡᠮᠵᠢᠶ᠎ᠡ ᠵᠡᠷᠭᠡ ᠠᠭᠤᠯᠭ᠎ᠠ ᠵᠢ ᠪᠠᠭᠲᠠᠭ᠋ᠠᠬᠤ ᠬᠡᠷᠡᠭᠲᠡᠢ᠃
    ᠠᠷᠪᠠᠨ ᠨᠢᠭᠡᠳᠦᠭᠡᠷ ᠵᠦᠢ᠍ᠯ ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠵᠠᠰᠠᠭ ᠵᠠᠬᠢᠷᠭ᠎ᠠ᠂ ᠪᠠᠷᠢᠮᠵᠢᠶᠠᠵᠢᠭᠤᠯᠤᠯᠲᠠ ᠵᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠪᠦᠬᠦ ᠤᠯᠤᠰ᠎ᠤᠨ ᠭᠣᠣᠯ ᠪᠣᠯᠬᠤ ᠲᠠᠷᠢᠮᠠᠯ᠂ ᠭᠣᠣᠯᠳᠠᠯᠭ᠎ᠠ᠎ᠲᠠᠢ ᠠᠵᠤ ᠦᠢ᠍ᠯᠡᠳᠪᠦᠷᠢ ᠵᠢᠨ ᠦᠢ᠍ᠯᠡᠳᠬᠦᠨ ᠪᠠ ᠦᠢ᠍ᠯᠡᠴᠢᠯᠡᠭᠡᠨ᠎ᠤ ᠦᠢ᠍ᠯᠡᠰ ᠵᠡᠷᠭᠡ ᠵᠢᠨ ᠤᠰᠤ ᠬᠡᠷᠡᠭᠯᠡᠬᠦ ᠨᠤᠷᠮ᠎ᠠ (ᠳᠣᠷᠣᠭᠰᠢ ᠤᠯᠤᠰ᠎ᠤᠨ ᠤᠰᠤ ᠬᠡᠷᠡᠭᠯᠡᠬᠦ ᠨᠤᠷᠮ᠎ᠠ ᠭᠡᠵᠦ ᠨᠡᠷᠡᠶ᠋ᠢᠳᠦᠨ᠎ᠡ) ᠵᠢ ᠵᠣᠬᠢᠶᠠᠨ ᠪᠠᠶ᠋ᠢᠭᠤᠯᠵᠤ ᠲᠣᠭᠲᠠᠭ᠋ᠠᠨ᠎ᠠ᠃ ᠤᠯᠤᠰ᠎ᠤᠨ ᠤᠰᠤ ᠬᠡᠷᠡᠭᠯᠡᠬᠦ ᠨᠤᠷᠮ᠎ᠠ ᠵᠢ ᠵᠣᠬᠢᠶᠠᠨ ᠪᠠᠶ᠋ᠢᠭᠤᠯᠵᠤ ᠲᠣᠭᠲᠠᠭ᠋ᠠᠬᠤ᠎ᠳᠠᠭᠠᠨ ᠲᠤᠢ᠍ᠷᠦ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠰᠠᠨᠠᠯ᠎ᠢ ᠬᠤᠷᠢᠶᠠᠬᠤ ᠬᠡᠷᠡᠭᠲᠡᠢ᠃
    ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ ᠪᠣᠳᠠᠲᠠᠢ ᠬᠡᠷᠡᠭᠴᠡᠭᠡ᠎ᠪᠠᠨ ᠦᠨᠳᠦᠰᠦᠯᠡᠵᠦ᠂ ᠤᠯᠤᠰ᠎ᠤᠨ ᠤᠰᠤ ᠬᠡᠷᠡᠭᠯᠡᠬᠦ ᠨᠤᠷᠮ᠎ᠠ᠎ᠠᠴᠠ ᠴᠢᠩᠭ᠎ᠠ ᠣᠷᠣᠨ ᠨᠤᠲᠤᠭ᠎ᠤᠨ ᠤᠰᠤ ᠬᠡᠷᠡᠭᠯᠡᠬᠦ ᠨᠤᠷᠮ᠎ᠠ ᠵᠢ ᠲᠣᠭᠲᠠᠭ᠋ᠠᠵᠤ ᠪᠣᠯᠤᠨ᠎ᠠ; ᠤᠯᠤᠰ᠎ᠤᠨ ᠤᠰᠤ ᠬᠡᠷᠡᠭᠯᠡᠬᠦ ᠨᠤᠷᠮ᠎ᠠ ᠵᠢ ᠲᠣᠭᠲᠠᠭ᠋ᠠᠭᠰᠠᠨ ᠦᠭᠡᠢ ᠪᠠᠶ᠋ᠢᠪᠠᠯ᠂ ᠣᠷᠣᠨ ᠨᠤᠲᠤᠭ᠎ᠤᠨ ᠤᠰᠤ ᠬᠡᠷᠡᠭᠯᠡᠬᠦ ᠨᠤᠷᠮ᠎ᠠ ᠵᠢ ᠨᠥᠬᠥᠪᠥᠷᠢᠯᠡᠨ ᠲᠣᠭᠲᠠᠭ᠋ᠠᠵᠤ ᠪᠣᠯᠤᠨ᠎ᠠ᠃ ᠣᠷᠣᠨ ᠨᠤᠲᠤᠭ᠎ᠤᠨ ᠤᠰᠤ ᠬᠡᠷᠡᠭᠯᠡᠬᠦ ᠨᠤᠷᠮ᠎ᠠ ᠵᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠠᠵᠢᠯ ᠲᠦᠷᠦᠯ᠎ᠤᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠳᠤᠷᠠᠳᠴᠤ᠂ ᠠᠳᠠᠯᠢ ᠱᠠᠲᠤᠨ᠎ᠤ ᠤᠰᠤᠨ᠎ᠤ ᠵᠠᠰᠠᠭ ᠵᠠᠬᠢᠷᠭ᠎ᠠ᠂ ᠪᠠᠷᠢᠮᠵᠢᠶᠠᠵᠢᠭᠤᠯᠤᠯᠲᠠ ᠵᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠵᠶ᠋ᠠᠷ ᠬᠢᠨᠠᠨ ᠵᠥᠪᠰᠢᠶᠡᠷᠡᠭᠦᠯᠦᠭᠰᠡᠨ᠎ᠤ ᠳᠠᠷᠠᠭ᠎ᠠ᠂ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠨᠡᠶ᠋ᠢᠲᠡᠯᠡᠬᠦ ᠵᠢᠨ ᠬᠠᠮᠲᠤ ᠲᠦᠷᠦ ᠵᠢᠨ ᠶᠠᠪᠤᠳᠠᠯ᠎ᠤᠨ ᠬᠣᠷᠢᠶᠠᠨ᠎ᠤ ᠤᠰᠤᠨ᠎ᠤ ᠵᠠᠰᠠᠭ ᠵᠠᠬᠢᠷᠭ᠎ᠠ᠂ ᠪᠠᠷᠢᠮᠵᠢᠶᠠᠵᠢᠭᠤᠯᠤᠯᠲᠠ ᠵᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠲᠤ ᠮᠡᠳᠡᠭᠦᠯᠵᠦ ᠳᠠᠩᠰᠠᠯᠠᠭᠤᠯᠤᠨ᠎ᠠ᠃
    ᠤᠰᠤ ᠬᠡᠷᠡᠭᠯᠡᠬᠦ ᠲᠣᠭᠲᠠᠭᠰᠠᠨ ᠨᠣᠷᠮ᠎ᠠ ᠵᠢ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠬᠢᠷᠢ ᠬᠡᠮᠵᠢᠶ᠎ᠡ᠂ ᠤᠰᠤᠨ᠎ᠤ ᠡᠬᠢ ᠪᠠᠶᠠᠯᠢᠭ᠎ᠤᠨ ᠪᠠᠶ᠋ᠢᠳᠠᠯ᠂ ᠠᠵᠤ ᠦᠢ᠍ᠯᠡᠰ᠎ᠤᠨ ᠪᠦᠲᠦᠴᠡ ᠵᠢᠨ ᠬᠤᠪᠢᠷᠠᠯᠲᠠ ᠪᠣᠯᠤᠨ ᠮᠡᠷᠭᠡᠵᠢᠯ᠎ᠤᠨ ᠳᠠᠪᠰᠢᠯᠲᠠ ᠵᠡᠷᠭᠡ ᠪᠠᠶ᠋ᠢᠳᠠᠯ᠎ᠢ ᠦᠨᠳᠦᠰᠦᠯᠡᠨ ᠴᠠᠭ᠎ᠲᠤᠨᠢ ᠲᠣᠬᠢᠷᠠᠭᠤᠯᠤᠨ ᠵᠠᠰᠠᠪᠤᠷᠢ ᠣᠷᠣᠭᠤᠯᠬᠤ ᠬᠡᠷᠡᠭᠲᠡᠶ᠃
    ᠠᠷᠪᠠᠨ ᠬᠣᠶᠠᠳᠤᠭ᠋ᠠᠷ ᠵᠦᠢ᠍ᠯ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠤᠰᠦᠠ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠡᠷᠬᠢᠯᠡᠠ ᠬᠠᠮᠢᠶᠠᠷᠬᠤ ᠰᠠᠯᠠᠭ᠎ᠠ ᠮᠥᠴᠢᠷ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠤᠰᠤ ᠬᠡᠷᠡᠭᠯᠡᠬᠦ ᠲᠣᠭᠲᠠᠭᠰᠠᠨ ᠨᠤᠷᠮ᠎ᠠ᠂ ᠠᠵᠤ ᠠᠬᠤᠢ ᠮᠡᠷᠭᠡᠵᠢᠯ᠎ᠤᠨ ᠨᠥᠬᠥᠴᠡᠯ ᠵᠢᠴᠢ ᠤᠰᠦᠠ᠎ᠤ ᠬᠡᠮᠵᠢᠶ᠎ᠡ ᠵᠢ ᠬᠤᠪᠢᠶᠠᠷᠢᠯᠠᠬᠤ ᠲᠥᠰᠦᠯ᠂ ᠭᠠᠵᠠᠷ ᠳᠣᠣᠷᠠᠬᠢ ᠤᠰᠤ ᠵᠢ ᠬᠢᠵᠠᠭ᠋ᠠᠷᠯᠠᠬᠤ ᠭᠦᠢ᠍ᠴᠡᠳᠬᠡᠯ ᠲᠣᠭ᠎ᠠ ᠵᠡᠷᠭᠡ᠎ᠳᠤ ᠲᠣᠭᠲᠠᠭ᠋ᠠᠭᠰᠠᠨ ᠲᠤᠰ ᠵᠠᠰᠠᠭ ᠵᠠᠬᠢᠷᠭ᠋ᠠᠨ᠎ᠤ ᠣᠷᠣᠨ᠎ᠳᠤ ᠬᠠᠩᠭ᠋ᠠᠵᠤ ᠬᠡᠷᠡᠭᠯᠡᠭᠦᠯᠬᠦ ᠤᠰᠦᠠ᠎ᠤ ᠬᠡᠮᠵᠢᠶ᠎ᠡ ᠵᠢ ᠦᠨᠳᠦᠰᠦᠯᠡᠵᠦ᠂ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠣᠨ᠎ᠤ ᠤᠰᠤ ᠬᠡᠷᠡᠭᠯᠡᠬᠦ ᠲᠥᠯᠥᠪᠯᠡᠭᠡ ᠵᠢ ᠲᠣᠭᠲᠠᠭ᠋ᠠᠵᠤ᠂ ᠣᠨ᠎ᠤ ᠤᠰᠤ ᠬᠡᠷᠡᠭᠯᠡᠬᠦ ᠶᠡᠷᠦᠩᠬᠡᠢ ᠬᠡᠮᠵᠢᠶ᠎ᠡ ᠵᠢ ᠬᠢᠵᠠᠭ᠋ᠠᠷᠯᠠᠨ᠎ᠠ᠃
    ᠠᠷᠪᠠᠨ ᠭᠤᠷᠪᠠᠳᠤᠭ᠋ᠠᠷ ᠵᠦᠢ᠍ᠯ ᠤᠯᠤᠰ᠎ᠠᠴᠠ ᠬᠡᠷᠡᠭᠯᠡᠭᠰᠡᠨ ᠤᠰᠤ᠎ᠨᠢ ᠵᠣᠬᠢᠬᠤ ᠬᠡᠪᠴᠢᠶᠡᠨ᠎ᠳᠤ ᠬᠦᠷᠦᠭᠰᠡᠠ ᠨᠢᠭᠡᠴᠡ᠎ᠳᠤ ᠲᠥᠯᠥᠪᠯᠡᠭᠡ᠎ᠲᠠᠢ᠎ᠪᠠᠷ ᠤᠰᠤ ᠬᠡᠷᠡᠭᠯᠡᠬᠦ ᠬᠠᠮᠢᠶᠠᠷᠤᠯᠲᠠ ᠵᠢ ᠬᠡᠷᠡᠭᠵᠢᠭᠦᠯᠦᠨ᠎ᠡ᠃
    ᠤᠰᠤ ᠬᠡᠷᠡᠭᠯᠡᠬᠦ ᠨᠢᠭᠡᠴᠡ ᠵᠢᠨ ᠤᠰᠤ ᠬᠡᠷᠡᠭᠯᠡᠬᠦ ᠲᠥᠯᠥᠪᠯᠡᠭᠡ ᠵᠢ ᠤᠰᠤ ᠬᠡᠷᠡᠭᠯᠡᠬᠦ ᠲᠣᠭᠲᠠᠭᠰᠠᠨ ᠨᠣᠷᠮ᠎ᠠ᠂ ᠲᠣᠰ ᠵᠠᠰᠠᠭ ᠵᠠᠬᠢᠷᠭ᠋ᠠᠨ᠎ᠤ ᠣᠷᠣᠨ᠎ᠤ ᠣᠨ᠎ᠤ ᠤᠰᠤ ᠬᠡᠷᠡᠭᠯᠡᠬᠦ ᠲᠥᠯᠥᠪᠯᠡᠭᠡ ᠵᠢ ᠦᠨᠳᠦᠰᠦᠯᠡᠨ ᠲᠣᠭᠲᠠᠭ᠋ᠠᠨ᠎ᠠ᠃ ᠭᠠᠵᠠᠷ ᠳᠣᠣᠷᠠᠬᠢ ᠤᠰᠤ᠂ ᠭᠠᠵᠠᠷ ᠳᠡᠭᠡᠷᠡᠬᠢ ᠤᠰᠤ ᠵᠢ ᠰᠢᠭᠤᠳ ᠲᠠᠲᠠᠵᠤ ᠬᠡᠷᠡᠭᠯᠡᠬᠦ ᠤᠰᠤ ᠬᠡᠷᠡᠭᠯᠡᠬᠦ ᠨᠢᠭᠡᠴᠡ ᠵᠢᠨ ᠤᠰᠤ ᠬᠡᠷᠡᠭᠯᠡᠬᠦ ᠲᠥᠯᠥᠪᠯᠡᠭᠡ ᠵᠢ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠵᠣᠬᠢᠴᠠᠩᠭᠤᠢ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠠᠴᠠ ᠲᠣᠭᠲᠠᠭ᠋ᠠᠨ᠎ᠠ; ᠬᠣᠲᠠ ᠵᠢᠨ ᠣᠯᠠᠨ ᠨᠡᠶ᠋ᠢᠲᠡ ᠵᠢᠨ ᠤᠰᠤ ᠬᠠᠩᠭ᠋ᠠᠬᠤ ᠵᠢ ᠬᠡᠷᠡᠭᠯᠡᠵᠦ ᠪᠠᠶ᠋ᠢᠭ᠎ᠠ ᠤᠰᠤ ᠬᠡᠷᠡᠭᠯᠡᠬᠦ ᠨᠢᠭᠡᠴᠡ ᠵᠢᠨ ᠤᠰᠤ ᠬᠡᠷᠡᠭᠯᠡᠬᠦ ᠲᠥᠯᠥᠪᠯᠡᠭᠡ ᠵᠢ ᠬᠣᠲᠠ ᠵᠢᠨ ᠤᠰᠤ ᠠᠷᠪᠢᠯᠠᠬᠤ ᠵᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠠᠴᠠ ᠬᠣᠲᠠ ᠵᠢᠨ ᠤᠰᠤ ᠬᠠᠩᠭ᠋ᠠᠬᠤ ᠶᠠᠪᠤᠳᠠᠯ᠎ᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠠᠢ ᠬᠠᠮᠲᠤᠷᠠᠨ ᠲᠣᠭᠲᠠᠭ᠋ᠠᠨ᠎ᠠ᠃
    ᠤᠰᠤ ᠬᠡᠷᠡᠭᠯᠡᠬᠦ ᠨᠢᠭᠡᠴᠡ ᠵᠢᠨ ᠲᠥᠯᠥᠪᠯᠡᠭᠡ᠎ᠲᠠᠢ᠎ᠪᠠᠷ ᠤᠰᠤ ᠬᠡᠷᠡᠭᠯᠡᠬᠦ ᠬᠠᠮᠢᠶᠠᠷᠤᠯᠲᠠ ᠵᠢᠨ ᠪᠣᠳᠠᠲᠠᠢ ᠠᠷᠭ᠎ᠠ ᠵᠢ ᠮᠤᠵᠢ᠂ ᠥᠪᠡᠷᠲᠡᠭᠡᠨ ᠵᠠᠰᠠᠬᠤ ᠣᠷᠣᠨ᠂ ᠰᠢᠭᠤᠳ ᠬᠠᠷᠢᠶ᠎ᠠ ᠬᠣᠲᠠ ᠵᠢᠨ ᠠᠷᠠᠳ᠎ᠤᠨ ᠵᠠᠰᠠᠭ᠎ᠤᠨ ᠣᠷᠳᠣᠨ᠎ᠠᠴᠠ ᠲᠣᠭᠲᠠᠭ᠋ᠠᠨ᠎ᠠ᠃
    ᠠᠷᠪᠠᠨ ᠳᠥᠷᠪᠡᠳᠦᠭᠡᠷ ᠵᠦᠢ᠍ᠯ ᠤᠰᠤ ᠬᠡᠷᠡᠭᠯᠡᠬᠦ᠎ᠳᠡᠭᠡᠨ ᠬᠡᠮᠵᠢᠬᠦ ᠬᠡᠷᠡᠭᠲᠡᠢ᠃ ᠠᠳᠠᠯᠢ ᠪᠤᠰᠤ ᠤᠰᠦᠠ᠎ᠤ ᠰᠤᠷᠪᠤᠯᠵᠢ᠂ ᠠᠳᠠᠯᠢ ᠪᠤᠰᠤ ᠬᠡᠷᠡᠭᠴᠡᠭᠡᠲᠦ ᠤᠰᠤ ᠵᠢ ᠲᠤᠰ ᠲᠤᠰ᠎ᠲᠤᠨᠢ ᠬᠡᠮᠵᠢᠬᠦ ᠬᠡᠷᠡᠭᠲᠡᠢ᠃
    ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠲᠠᠷᠢᠶᠠᠯᠠᠩ᠎ᠤᠨ ᠤᠰᠤᠯᠠᠯᠲᠠ᠎ᠳᠤ ᠬᠡᠷᠡᠭᠯᠡᠬᠦ ᠤᠰᠤᠨ᠎ᠤ ᠬᠡᠮᠵᠢᠯᠲᠡ ᠵᠢᠨ ᠲᠥᠬᠥᠭᠡᠷᠦᠮᠵᠢ ᠵᠢᠨ ᠪᠥᠲᠥᠭᠡᠨ ᠪᠠᠶ᠋ᠢᠭᠤᠯᠤᠯᠲᠠ ᠵᠢ ᠴᠢᠩᠭ᠋ᠠᠳᠬᠠᠬᠤ ᠬᠡᠷᠡᠭᠲᠡᠶ᠃ ᠤᠰᠤᠨ᠎ᠤ ᠡᠬᠢ ᠪᠠᠶᠠᠯᠢᠭ ᠬᠦᠨᠳᠦ ᠨᠣᠴᠢᠲᠠᠶ ᠳᠤᠲᠠᠭᠳᠠᠵᠤ ᠪᠠᠶ᠋ᠢᠭ᠎ᠠ ᠭᠠᠵᠠᠷ ᠣᠷᠣᠨ᠂ ᠭᠠᠵᠠᠷ ᠳᠤᠤᠷᠠᠬᠢ ᠤᠰᠤ ᠵᠢ ᠬᠡᠲᠦ ᠮᠠᠯᠲᠠᠭᠰᠠᠨ ᠭᠠᠵᠠᠷ ᠣᠷᠣᠨ᠎ᠨᠢ ᠲᠣᠭᠲᠠᠭᠰᠠᠨ ᠬᠤᠭᠤᠴᠠᠭ᠋ᠠᠨ᠎ᠳᠤ ᠲᠠᠷᠢᠶᠠᠯᠠᠩ᠎ᠤᠨ ᠤᠰᠤᠯᠠᠯᠲᠠ ᠵᠢᠨ ᠤᠰᠤ ᠬᠡᠷᠡᠭᠯᠡᠬᠦ ᠬᠡᠮᠵᠢᠯᠲᠡ ᠵᠢᠨ ᠪᠡᠯᠡᠳᠬᠡᠮᠵᠢ ᠵᠢ ᠪᠥᠲᠥᠭᠡᠨ ᠪᠠᠶ᠋ᠢᠭᠤᠯᠬᠤ ᠬᠡᠷᠡᠭᠲᠡᠶ᠃ ᠲᠠᠷᠢᠶᠠᠯᠠᠩ᠎ᠤᠨ ᠤᠰᠤᠯᠠᠯᠲᠠ᠎ᠳᠤ ᠬᠡᠷᠡᠭᠯᠡᠬᠦ ᠤᠰᠤ ᠵᠢ ᠬᠡᠮᠵᠢᠬᠦ ᠨᠥᠬᠥᠴᠡᠯ᠎ᠢ ᠲᠦᠷ ᠪᠦᠷᠢᠯᠳᠦᠭᠦᠯᠦᠭᠡᠳᠦᠶ ᠪᠣᠯ ᠴᠠᠬᠢᠯᠭ᠋ᠠᠨ᠎ᠢ ᠤᠰᠤ ᠨᠤᠭᠤᠯᠤᠨ ᠪᠣᠳᠣᠬᠤ ᠵᠡᠷᠭᠡ ᠳᠠᠮ ᠠᠷᠭ᠎ᠠ ᠮᠠᠶᠢᠭ ᠵᠶ᠋ᠠᠷ ᠬᠡᠮᠵᠢᠵᠦ ᠪᠣᠯᠤᠨ᠎ᠠ᠃
    ᠶᠠᠮᠠᠷᠪᠠ ᠨᠢᠭᠡᠴᠡ ᠪᠠ ᠬᠤᠪᠢ ᠬᠥᠮᠦᠨ ᠭᠡᠳ ᠤᠰᠤ ᠬᠡᠷᠡᠭᠯᠡᠬᠦ ᠬᠡᠮᠵᠢᠯᠲᠡ ᠵᠢᠨ ᠪᠡᠯᠡᠳᠬᠡᠮᠵᠢ ᠵᠢ ᠡᠵᠡᠯᠡᠵᠦ᠂ ᠡᠪᠳᠡᠵᠦ᠂ ᠳᠤᠷ᠎ᠠ᠎ᠪᠠᠷ ᠵᠶ᠋ᠠᠨ ᠰᠢᠯᠵᠢᠭᠦᠯᠵᠦ ᠪᠣᠯᠬᠤ ᠥᠬᠡᠶ᠂ ᠤᠰᠤ ᠬᠡᠷᠡᠭᠯᠡᠬᠦ ᠬᠡᠮᠵᠢᠯᠲᠡ ᠵᠢ ᠬᠠᠷᠰᠢᠯᠠᠵᠤ ᠪᠣᠯᠬᠤ ᠥᠬᠡᠶ᠃
    ᠠᠷᠪᠠᠨ ᠲᠠᠪᠤᠳᠤᠭ᠋ᠠᠷ ᠵᠦᠢ᠍ᠯ ᠤᠰᠤ ᠬᠡᠷᠡᠭᠯᠡᠬᠦ᠎ᠳᠤ ᠬᠡᠮᠵᠢᠨ ᠰᠦᠢ᠍ᠳᠬᠡᠯ ᠬᠤᠷᠢᠶᠠᠬᠤ ᠵᠢ ᠬᠡᠷᠡᠭᠵᠢᠭᠦᠯᠦᠨ᠎ᠡ᠃ ᠤᠯᠤᠰ᠎ᠠᠴᠠ ᠤᠰᠤ ᠠᠷᠪᠢᠯᠠᠬᠤ ᠵᠢ ᠠᠬᠢᠭᠤᠯᠬᠤ ᠤᠰᠤᠨ᠎ᠤ ᠦᠨ᠎ᠡ ᠵᠢᠨ ᠰᠢᠰᠲᠸᠮᠵᠢ ᠵᠢ ᠪᠠᠶ᠋ᠢᠭᠤᠯᠵᠤ᠂ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠬᠢᠷᠢ ᠬᠡᠮᠵᠢᠶ᠎ᠡ᠂ ᠤᠰᠤᠨ᠎ᠤ ᠡᠬᠢ ᠪᠠᠶᠠᠯᠢᠭ᠎ᠤᠨ ᠪᠠᠶ᠋ᠢᠳᠠᠯ᠂ ᠤᠰᠤ ᠬᠡᠷᠡᠭᠯᠡᠬᠦ ᠲᠣᠭᠲᠠᠭᠰᠠᠨ ᠨᠣᠷᠮ᠎ᠠ᠂ ᠤᠰᠤ ᠬᠠᠩᠭ᠋ᠠᠬᠤ ᠥᠪᠡᠷ᠎ᠤᠨ ᠥᠷᠲᠡᠭ᠂ ᠤᠰᠤ ᠬᠡᠷᠡᠭᠯᠡᠬᠦ ᠡᠷᠦᠬᠡ ᠵᠢᠨ ᠳᠠᠭ᠋ᠠᠭ᠋ᠠᠬᠤ ᠴᠢᠳᠠᠪᠤᠷᠢ ᠪᠣᠯᠤᠨ ᠤᠰᠤ ᠠᠷᠪᠢᠯᠠᠬᠤ ᠱᠠᠭ᠋ᠠᠷᠳᠠᠯᠭ᠎ᠠ ᠵᠡᠷᠭᠡ᠎ᠯᠦᠭᠡ ᠬᠠᠷᠢᠯᠴᠠᠨ ᠲᠣᠬᠢᠷᠠᠯᠴᠠᠭᠰᠠᠨ ᠤᠰᠤᠨ᠎ᠤ ᠦᠨ᠎ᠡ ᠵᠢᠨ ᠪᠣᠶ ᠪᠣᠯᠬᠤ ᠲᠣᠭᠲᠠᠴᠠ ᠵᠢ ᠲᠡᠭᠦᠯᠳᠡᠷᠵᠢᠭᠦᠯᠦᠨ᠎ᠡ᠃
    ᠬᠣᠲᠠ ᠪᠠᠯᠭ᠋ᠠᠰᠤ ᠵᠢᠨ ᠰᠠᠭᠤᠭ᠋ᠠᠯᠢ ᠠᠷᠠᠳ᠎ᠤᠨ ᠠᠮᠢᠳᠤᠷᠠᠯ᠎ᠳᠤ ᠬᠡᠷᠡᠭᠯᠡᠬᠦ ᠤᠰᠤ ᠪᠣᠯᠤᠨ ᠨᠥᠬᠥᠴᠡᠯ ᠪᠦᠷᠢᠯᠳᠦᠭᠦᠯᠦᠭᠰᠡᠨ ᠬᠥᠳᠡᠭᠡ ᠲᠣᠰᠬᠣᠨ᠎ᠤ ᠰᠠᠭᠤᠭ᠋ᠠᠯᠢ ᠠᠷᠠᠳ᠎ᠤᠨ ᠠᠮᠢᠳᠤᠷᠠᠯ᠎ᠳᠤ ᠬᠡᠷᠡᠭᠯᠡᠬᠦ ᠤᠰᠤᠨ᠎ᠳᠤ ᠤᠰᠤᠨ᠎ᠤ ᠱᠠᠲᠤᠯᠢᠭ ᠦᠨ᠎ᠡ ᠵᠢ ᠬᠡᠷᠡᠭᠵᠢᠭᠦᠯᠵᠦ᠂ ᠰᠠᠭᠤᠭ᠋ᠠᠯᠢ ᠠᠷᠠᠳ᠎ᠤᠨ ᠪᠤᠰᠤ ᠬᠡᠷᠡᠭᠯᠡᠬᠦ ᠤᠰᠤᠨ᠎ᠳᠤ ᠲᠣᠭᠲᠠᠭᠰᠠᠨ ᠲᠣᠭ᠎ᠠ᠎ᠠᠴᠠ ᠬᠡᠲᠦᠷᠡᠭᠰᠡᠨ (ᠲᠥᠯᠥᠪᠯᠡᠭᠡ᠎ᠠᠴᠠ ᠬᠡᠲᠦᠷᠡᠭᠰᠡᠨ)᠎ᠢ ᠠᠬᠢᠭᠤᠯᠤᠨ ᠪᠣᠳᠣᠵᠤ ᠦᠨ᠎ᠡ ᠨᠡᠮᠡᠬᠦ ᠵᠢ ᠬᠡᠷᠡᠭᠵᠢᠭᠦᠯᠦᠨ᠎ᠡ᠃
    ᠲᠠᠷᠢᠶᠠᠯᠠᠩ᠎ᠳᠤ ᠬᠡᠷᠡᠭᠯᠡᠬᠦ ᠤᠰᠤᠨ᠎ᠤ ᠦᠨ᠎ᠡ ᠬᠠᠩᠰᠢ ᠵᠢ ᠤᠰᠤ ᠬᠠᠩᠭ᠋ᠠᠬᠤ ᠥᠪᠡᠷ᠎ᠤᠨ ᠥᠷᠲᠡᠭ᠂ ᠤᠰᠤᠨ᠎ᠤ ᠡᠬᠢ ᠪᠠᠶᠠᠯᠢᠭ᠎ᠤᠨ ᠬᠣᠮᠰᠠᠳᠠᠯ᠎ᠤᠨ ᠬᠡᠮᠵᠢᠶ᠎ᠡ ᠪᠣᠯᠤᠨ ᠲᠠᠷᠢᠶᠠᠯᠠᠩ᠎ᠳᠤ ᠬᠡᠷᠡᠭᠯᠡᠬᠦ ᠤᠰᠤᠨ᠎ᠤ ᠡᠷᠦᠬᠡ ᠵᠢᠨ ᠳᠠᠭ᠋ᠠᠭ᠋ᠠᠬᠤ ᠴᠢᠳᠠᠪᠤᠷᠢ ᠵᠡᠷᠭᠡ ᠬᠦᠴᠦᠨ ᠵᠦᠢ᠍ᠯ᠎ᠢ ᠬᠠᠤᠯᠢ ᠶᠣᠰᠣᠭ᠋ᠠᠷ ᠨᠢᠭᠡᠳᠦᠯᠲᠡᠶ ᠲᠥᠯᠥᠪᠯᠡᠨ ᠵᠦᠶ ᠵᠣᠬᠢᠰᠲᠠᠶ ᠲᠣᠭᠲᠠᠭ᠋ᠠᠵᠤ᠂ ᠵᠠᠷᠴᠢᠮ ᠳᠡᠭᠡᠷ᠎ᠡ᠎ᠪᠠᠨ ᠪᠠᠷᠢᠯᠭ᠎ᠠ ᠵᠢᠨ ᠠᠵᠢᠯᠯᠠᠭ᠋ᠠᠨ᠎ᠢ ᠬᠠᠮᠠᠭ᠋ᠠᠯᠠᠬᠤ ᠥᠪᠡᠷ᠎ᠤᠨ ᠥᠷᠲᠡᠭ᠎ᠠᠴᠠ ᠳᠤᠤᠷ᠎ᠠ ᠪᠠᠶ᠋ᠢᠯᠭ᠋ᠠᠵᠤ ᠪᠣᠯᠬᠤ ᠥᠬᠡᠶ᠃ ᠨᠥᠬᠥᠴᠡᠯ ᠪᠦᠷᠢᠯᠳᠦᠭᠦᠯᠦᠭᠰᠡᠨ ᠲᠠᠷᠢᠶᠠᠯᠠᠩ᠎ᠤᠨ ᠤᠰᠤᠯᠠᠯᠲᠠ᠎ᠳᠤ ᠬᠡᠷᠡᠭᠯᠡᠬᠦ ᠤᠰᠤᠨ᠎ᠤ ᠲᠣᠭᠲᠠᠭᠰᠠᠨ ᠨᠤᠷᠮ᠎ᠠ᠎ᠠᠴᠠ ᠬᠡᠲᠦᠷᠡᠭᠰᠡᠨ ᠬᠡᠰᠡᠭ᠎ᠲᠤ ᠠᠬᠢᠭᠤᠯᠤᠨ ᠪᠤᠳᠤᠵᠤ ᠦᠨ᠎ᠡ ᠨᠡᠮᠡᠬᠦ ᠵᠢ ᠬᠡᠷᠡᠭᠵᠢᠭᠦᠯᠦᠨ᠎ᠡ᠃
    ᠳᠠᠬᠢᠯᠲᠠ ᠤᠰᠤ᠂ ᠳᠠᠯᠠᠶ ᠵᠢᠨ ᠤᠰᠤ ᠵᠢ ᠴᠡᠩᠭᠡᠭᠵᠢᠭᠦᠯᠦᠭᠰᠡᠨ ᠤᠰᠤᠨ᠎ᠤ ᠦᠨ᠎ᠡ ᠵᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠨᠢᠭᠡᠳᠦᠯᠲᠡᠶ ᠲᠥᠯᠥᠪᠯᠡᠨ ᠵᠣᠬᠢᠴᠠᠭᠤᠯᠤᠭᠰᠠᠨ ᠳᠣᠣᠷ᠎ᠠ ᠬᠠᠩᠭ᠋ᠠᠬᠤ ᠬᠡᠷᠡᠭᠰᠡᠬᠦ ᠬᠣᠶᠠᠷ ᠲᠠᠯ᠎ᠠ᠎ᠪᠠᠷ ᠵᠶ᠋ᠠᠨ ᠵᠥᠪᠳᠡᠯᠴᠡᠨ ᠲᠣᠭᠲᠠᠭ᠋ᠠᠬᠤ ᠬᠡᠷᠡᠭᠲᠡᠶ᠃
    ᠠᠷᠪᠠᠨ ᠵᠢᠷᠭᠤᠳᠤᠭ᠋ᠠᠷ ᠵᠦᠢ᠍ᠯ ᠤᠰᠤᠨ᠎ᠤ ᠡᠬᠢ ᠪᠠᠶᠠᠯᠢᠭ ᠬᠦᠨᠳᠦ ᠨᠣᠴᠢᠲᠠᠶ ᠳᠤᠲᠠᠭᠳᠠᠵᠤ ᠪᠠᠶ᠋ᠢᠭ᠎ᠠ ᠭᠠᠵᠠᠷ ᠣᠷᠣᠨ᠂ ᠭᠠᠵᠠᠷ ᠳᠣᠣᠷᠠᠬᠢ ᠤᠰᠤ ᠵᠢ ᠬᠡᠳᠦ ᠮᠠᠯᠲᠠᠭᠰᠠᠨ ᠭᠠᠵᠠᠷ ᠣᠷᠣᠨ᠎ᠨᠢ ᠤᠰᠤ ᠶᠡᠬᠡ ᠬᠣᠷᠣᠭᠳᠠᠭᠤᠯᠬᠤ ᠠᠵᠤ ᠦᠢ᠍ᠯᠡᠰ᠎ᠤᠨ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠵᠢ ᠴᠢᠩᠭ᠎ᠠ ᠬᠢᠵᠠᠭ᠋ᠠᠷᠯᠠᠵᠤ᠂ ᠤᠯᠤᠰ᠎ᠤᠨ ᠠᠵᠤ ᠦᠢ᠍ᠯᠡᠰ᠎ᠤᠨ ᠲᠥᠷᠥ ᠵᠢᠨ ᠪᠣᠳᠣᠯᠭ᠎ᠠ᠎ᠳᠤ ᠨᠡᠶ᠋ᠢᠴᠡᠬᠦ ᠦᠭᠡᠶ ᠤᠰᠤ ᠶᠡᠬᠡ ᠬᠣᠷᠣᠭᠳᠠᠭᠤᠯᠬᠤ ᠠᠵᠤ ᠦᠢ᠍ᠯᠡᠰ᠎ᠤᠨ ᠲᠥᠷᠥᠯ ᠵᠦᠢ᠍ᠯ᠎ᠢ ᠰᠢᠨ᠎ᠡ᠎ᠪᠠᠷ ᠪᠠᠶ᠋ᠢᠭᠤᠯᠬᠤ ᠵᠢᠨ ᠬᠠᠮᠲᠤ ᠬᠤᠭᠤᠴᠠᠭ᠎ᠠ ᠬᠢᠵᠠᠭ᠋ᠠᠷᠯᠠᠨ ᠰᠢᠭᠰᠢᠭᠳᠡᠭᠦᠯᠬᠦ ᠵᠢ ᠴᠠᠭ᠋ᠠᠵᠠᠯᠠᠬᠤ ᠬᠡᠷᠡᠭᠲᠡᠶ᠃
    ᠠᠷᠪᠠᠨ ᠳᠣᠯᠣᠳᠤᠭ᠋ᠠᠷ ᠵᠦᠢ᠍ᠯ ᠤᠯᠤᠰ᠎ᠠᠴᠠ ᠤᠰᠤ ᠠᠷᠪᠢᠯᠠᠬᠤ ᠳᠠᠯᠳᠠ ᠬᠦᠴᠦᠨ ᠵᠶ᠋ᠠᠷ ᠶᠡᠬᠡ᠂ ᠬᠡᠷᠡᠭᠯᠡᠬᠦ ᠬᠡᠪᠴᠢᠶ᠎ᠡ᠎ᠪᠠᠷ ᠥᠷᠭᠡᠨ ᠤᠰᠤ ᠬᠡᠷᠡᠭᠯᠡᠬᠦ ᠦᠢ᠍ᠯᠡᠳᠬᠦᠨ᠎ᠳᠤ ᠤᠰᠤᠨ᠎ᠤ ᠠᠰᠢᠭᠯᠠᠮᠵᠢ ᠵᠢᠨ ᠢᠯᠡᠳᠬᠡᠮᠵᠢ ᠲᠡᠮᠳᠡᠭ᠎ᠤᠨ ᠬᠠᠮᠢᠶᠠᠷᠤᠯᠲᠠ ᠵᠢ ᠬᠡᠷᠡᠭᠵᠢᠭᠦᠯᠬᠦ ᠪᠥᠭᠡᠳ ᠤᠰᠤᠨ᠎ᠤ ᠠᠰᠢᠭᠯᠠᠮᠵᠢ ᠵᠢᠨ ᠵᠡᠷᠭᠡ ᠳᠡᠰ ᠵᠶ᠋ᠠᠷ ᠨᠡᠯᠢᠶᠡᠳ ᠳᠣᠣᠷ᠎ᠠ ᠤᠰᠤ ᠬᠡᠷᠡᠭᠯᠡᠬᠦ ᠦᠢ᠍ᠯᠡᠳᠬᠦᠨ᠎ᠢ ᠠᠯᠬᠤᠮ ᠠᠯᠬᠤᠮ ᠵᠶ᠋ᠠᠷ ᠭᠡᠭᠡᠭᠳᠡᠭᠦᠯᠦᠨ᠎ᠡ᠃ ᠤᠰᠤᠨ᠎ᠤ ᠬᠦᠴᠦᠨ᠎ᠤ ᠢᠯᠡᠳᠬᠡᠮᠵᠢ ᠲᠡᠮᠳᠡᠭ᠎ᠤᠨ ᠬᠠᠮᠢᠶᠠᠷᠤᠯᠲᠠ ᠵᠢᠨ ᠠᠷᠭ᠎ᠠ ᠵᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠲᠣᠭᠲᠠᠭ᠋ᠠᠨ᠎ᠠ᠃
    ᠠᠷᠪᠠᠨ ᠨᠠᠢ᠍ᠮᠠᠳᠤᠭ᠋ᠠᠷ ᠵᠦᠢ᠍ᠯ ᠤᠯᠤᠰ᠎ᠠᠴᠠ ᠤᠰᠤ ᠠᠷᠪᠢᠯᠠᠬᠤ ᠦᠢ᠍ᠯᠡᠳᠬᠦᠨ᠎ᠳᠤ ᠶᠠᠰᠤ ᠴᠢᠨᠠᠷ᠎ᠤᠨ ᠭᠡᠷᠡᠴᠢᠯᠡᠯ ᠬᠢᠬᠦ ᠵᠢ ᠵᠣᠷᠢᠭᠵᠢᠭᠤᠯᠤᠨ᠎ᠠ᠂ ᠭᠡᠷᠡᠴᠢᠯᠡᠯ᠎ᠢ ᠳᠠᠮᠵᠢᠭᠰᠠᠨ ᠤᠰᠤ ᠠᠷᠪᠢᠯᠠᠬᠤ ᠦᠢ᠍ᠯᠡᠳᠬᠦᠨ᠎ᠨᠢ ᠲᠣᠭᠲᠠᠭ᠋ᠠᠯ ᠶᠣᠰᠣᠭ᠋ᠠᠷ ᠭᠡᠷᠡᠴᠢᠯᠡᠯ᠎ᠤᠨ ᠲᠡᠮᠳᠡᠭ᠎ᠢ ᠬᠡᠷᠡᠭᠯᠡᠵᠦ ᠪᠣᠯᠤᠨ᠎ᠠ᠃ ᠭᠡᠷᠡᠴᠢᠯᠡᠯ᠎ᠤᠨ ᠦᠨᠳᠦᠰᠦᠨ ᠵᠢᠷᠤᠮᠵᠢᠯ᠂ ᠭᠡᠷᠡᠴᠢᠯᠡᠯ᠎ᠤᠨ ᠳᠦᠷᠢᠮ᠎ᠢ ᠲᠥᠷᠥ ᠵᠢᠨ ᠶᠠᠪᠤᠳᠠᠯ᠎ᠤᠨ ᠬᠣᠷᠢᠶᠠᠨ᠎ᠤ ᠭᠡᠷᠡᠴᠢᠯᠡᠯ ᠵᠥᠪᠰᠢᠶᠡᠷᠡᠯ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠠᠴᠠ ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠲᠣᠭᠲᠠᠭ᠋ᠠᠨ᠎ᠠ᠃
    ᠠᠷᠪᠠ ᠶᠢᠰᠦᠳᠦᠭᠡᠷ ᠵᠦᠢ᠍ᠯ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠢ ᠰᠢᠨ᠎ᠡ᠎ᠪᠠᠷ ᠪᠠᠶ᠋ᠢᠭᠤᠯᠬᠤ᠂ ᠥᠭᠡᠷᠡᠴᠢᠯᠡᠨ ᠪᠠᠶ᠋ᠢᠭᠤᠯᠬᠤ᠂ ᠥᠷᠭᠡᠳᠬᠡᠨ ᠪᠠᠶ᠋ᠢᠭᠤᠯᠬᠤ᠎ᠳᠤ᠂ ᠪᠠᠷᠢᠯᠭ᠎ᠠ ᠪᠠᠷᠢᠭᠤᠯᠬᠤ ᠨᠢᠭᠡᠴᠡ ᠪᠠᠷᠢᠯᠭ᠎ᠠ ᠵᠢᠨ ᠪᠦᠲᠦᠭᠡᠨ ᠪᠠᠶ᠋ᠢᠭᠤᠯᠤᠯᠲᠠ ᠵᠢᠨ ᠠᠭᠤᠯᠭ᠎ᠠ ᠵᠢ ᠦᠨᠳᠦᠰᠦᠯᠡᠨ ᠤᠰᠤ ᠠᠷᠪᠢᠯᠠᠬᠤ ᠠᠷᠭ᠎ᠠ ᠬᠡᠮᠵᠢᠶ᠎ᠡ ᠵᠢᠨ ᠲᠥᠰᠦᠯ ᠲᠣᠭᠲᠠᠭ᠋ᠠᠵᠤ᠂ ᠤᠰᠤ ᠠᠷᠪᠢᠯᠠᠬᠤ ᠪᠡᠯᠡᠳᠬᠡᠮᠵᠢ ᠵᠢ ᠢᠵᠢ ᠪᠦᠷᠢᠳᠦᠭᠦᠯᠦᠨ ᠪᠦᠲᠦᠭᠡᠨ ᠪᠠᠶ᠋ᠢᠭᠤᠯᠬᠤ ᠬᠡᠷᠡᠭᠲᠡᠶ᠃ ᠤᠰᠤ ᠠᠷᠪᠢᠯᠠᠬᠤ ᠪᠡᠯᠡᠳᠬᠡᠮᠵᠢ ᠵᠢ ᠭᠣᠣᠯ ᠴᠣᠭᠴᠠ ᠪᠠᠷᠢᠯᠭ᠎ᠠ᠎ᠯᠤᠭ᠎ᠠ ᠬᠠᠮᠲᠤ᠎ᠳᠤᠨᠢ ᠵᠢᠷᠤᠭᠯᠠᠨ ᠲᠥᠯᠥᠪᠯᠡᠵᠦ᠂ ᠬᠠᠮᠲᠤ᠎ᠳᠤᠨᠢ ᠪᠠᠶ᠋ᠢᠭᠤᠯᠵᠤ᠂ ᠬᠠᠮᠲᠤ᠎ᠳᠤᠨᠢ ᠠᠰᠢᠭᠯᠠᠯᠲᠠ᠎ᠳᠤ ᠣᠷᠣᠭᠤᠯᠤᠨ ᠬᠡᠷᠡᠭᠯᠡᠬᠦ ᠬᠡᠷᠡᠭᠲᠡᠶ᠃ ᠤᠰᠤ ᠠᠷᠪᠢᠯᠠᠬᠤ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠢᠨ ᠪᠡᠯᠡ ᠣᠷᠣᠭᠤᠯᠤᠯᠲᠠ ᠵᠢ ᠪᠦᠲᠦᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠶᠡᠷᠦᠩᠬᠡᠶ ᠪᠡᠯᠡ ᠣᠷᠣᠭᠤᠯᠤᠯᠲᠠ᠎ᠳᠤ ᠣᠷᠣᠭᠤᠯᠤᠨ᠎ᠠ᠃
    ᠬᠣᠷᠢᠳᠤᠭ᠋ᠠᠷ ᠵᠦᠢ᠍ᠯ ᠤᠯᠤᠰ᠎ᠠᠴᠠ ᠬᠣᠴᠣᠷᠤᠩᠭᠤᠢ᠂ ᠤᠰᠤ ᠶᠡᠬᠡ ᠬᠣᠷᠣᠭᠳᠠᠭᠤᠯᠬᠤ ᠮᠡᠷᠭᠡᠵᠢᠯ᠂ ᠤᠷᠠᠯᠠᠯ᠂ ᠪᠡᠯᠡᠳᠬᠡᠮᠵᠢ ᠪᠠ ᠦᠢ᠍ᠯᠡᠳᠬᠦᠨ᠎ᠢ ᠠᠯᠬᠤᠮ ᠠᠯᠬᠤᠮ ᠵᠶ᠋ᠠᠷ ᠵᠠᠭ᠋ᠠᠵᠠᠯᠠᠨ᠎ᠠ᠂ ᠪᠣᠳᠠᠲᠠᠢ ᠨᠡᠷᠡᠰ᠎ᠤᠨ ᠵᠢᠭᠰᠠᠭ᠋ᠠᠯᠲᠠ ᠵᠢ ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠥᠭᠵᠢᠭᠦᠯᠦᠯᠲᠡ ᠥᠭᠡᠷᠡᠴᠢᠯᠡᠯᠲᠡ ᠵᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠲᠦᠷᠦ ᠵᠢᠨ ᠶᠠᠪᠤᠳᠠᠯ᠎ᠤᠨ ᠬᠣᠷᠢᠶᠠᠨ᠎ᠤ ᠠᠵᠤ ᠦᠢ᠍ᠯᠡᠳᠪᠦᠷᠢ ᠪᠠ ᠮᠡᠳᠡᠭᠡ ᠵᠠᠩᠭᠢᠵᠢᠯᠲᠠ᠂ ᠤᠰᠤᠨ᠎ᠤ ᠵᠠᠰᠠᠭ ᠵᠠᠬᠢᠷᠭ᠎ᠠ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠠᠢ ᠬᠠᠮᠲᠤᠷᠠᠨ ᠲᠣᠭᠲᠠᠭ᠋ᠠᠵᠤ ᠨᠡᠶ᠋ᠢᠲᠡᠯᠡᠨ᠎ᠡ᠃
    ᠡᠮᠦᠨᠡᠬᠢ ᠪᠠᠳᠠᠭ᠎ᠲᠤ ᠲᠣᠭᠲᠠᠭ᠋ᠠᠭᠰᠠᠨ ᠨᠡᠷᠡᠰ᠎ᠤᠨ ᠵᠢᠭᠰᠠᠭ᠋ᠠᠯᠲᠠ᠎ᠳᠤ ᠣᠷᠣᠭᠤᠯᠤᠭᠰᠠᠨ ᠮᠡᠷᠭᠡᠵᠢᠯ᠂ ᠤᠷᠠᠯᠠᠯ᠂ ᠲᠤᠨᠤᠭ ᠲᠥᠬᠥᠭᠡᠷᠦᠮᠵᠢ ᠪᠠ ᠦᠢ᠍ᠯᠡᠳᠬᠦᠨ᠎ᠢ ᠦᠢ᠍ᠯᠡᠳᠪᠦᠷᠢᠯᠡᠬᠦ᠂ ᠪᠣᠷᠣᠯᠠᠭᠤᠯᠬᠤ ᠵᠢ ᠴᠠᠭ᠋ᠠᠵᠠᠯᠠᠨ᠎ᠠ᠃ ᠦᠢ᠍ᠯᠡᠳᠪᠦᠷᠢᠯᠡᠯ ᠡᠵᠡᠩᠨᠡᠯᠲᠡ ᠵᠢᠨ ᠠᠵᠢᠯᠯᠠᠭ᠎ᠠ ᠬᠢᠵᠦ ᠪᠠᠶ᠋ᠢᠭ᠎ᠠ ᠬᠡᠷᠡᠭᠯᠡᠭᠴᠢ ᠡᠮᠦᠨᠡᠬᠢ ᠪᠠᠳᠠᠭ᠎ᠲᠤ ᠲᠣᠭᠲᠠᠭ᠋ᠠᠭᠰᠠᠨ ᠨᠡᠷᠡᠰ᠎ᠤᠨ ᠵᠢᠭᠰᠠᠭ᠋ᠠᠯᠲᠠ᠎ᠳᠤ ᠣᠷᠣᠭᠤᠯᠤᠭᠰᠠᠨ ᠮᠡᠷᠭᠡᠵᠢᠯ᠂ ᠤᠷᠠᠯᠠᠯ᠂ ᠲᠤᠨᠤᠭ ᠲᠥᠬᠥᠭᠡᠷᠦᠮᠵᠢ ᠪᠠ ᠦᠢ᠍ᠯᠡᠳᠬᠦᠨ᠎ᠢ ᠬᠤᠭᠤᠴᠠᠭ᠎ᠠ ᠲᠣᠭᠲᠠᠭ᠋ᠠᠨ ᠬᠡᠷᠡᠭᠯᠡᠬᠦ᠎ᠪᠠᠨ ᠵᠣᠭᠰᠣᠭ᠋ᠠᠬᠤ ᠬᠡᠷᠡᠭᠲᠡᠢ᠃
    ᠬᠣᠷᠢᠨ ᠨᠢᠭᠡᠳᠦᠭᠡᠷ ᠵᠦᠢ᠍ᠯ ᠤᠯᠤᠰ᠎ᠠᠴᠠ ᠤᠰᠤ ᠠᠷᠪᠢᠯᠠᠬᠤ ᠪᠠᠷᠢᠮᠵᠢᠶ᠎ᠠ ᠵᠢᠨ ᠰᠢᠰᠲ᠋ᠧᠮ᠎ᠢ ᠪᠠᠶ᠋ᠢᠭᠤᠯᠤᠨ ᠲᠡᠭᠦᠯᠳᠡᠷᠵᠢᠭᠦᠯᠦᠨ᠎ᠡ᠃
    ᠲᠦᠷᠦ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠠᠴᠠ ᠤᠰᠤ ᠠᠷᠪᠢᠯᠠᠬᠤ ᠲᠤᠬᠠᠢ ᠤᠯᠤᠰ᠎ᠤᠨ ᠪᠠᠷᠢᠮᠵᠢᠶ᠎ᠠ᠂ ᠠᠵᠢᠯ ᠲᠦᠷᠦᠯ᠎ᠤᠨ ᠪᠠᠷᠢᠮᠵᠢᠶ᠎ᠠ ᠵᠢ ᠬᠠᠤᠯᠢ ᠶᠣᠰᠣᠭ᠋ᠠᠷ ᠵᠣᠬᠢᠶᠠᠨ ᠪᠠᠶ᠋ᠢᠭᠤᠯᠵᠤ ᠲᠣᠭᠲᠠᠭ᠋ᠠᠬᠤ ᠪᠥᠭᠡᠳ ᠴᠠᠭ᠎ᠲᠤᠨᠢ ᠲᠤᠬᠢᠷᠠᠭᠤᠯᠤᠨ ᠵᠠᠰᠠᠪᠤᠷᠢ ᠣᠷᠣᠭᠤᠯᠤᠨ᠎ᠠ᠃
    ᠤᠯᠤᠰ᠎ᠠᠴᠠ ᠬᠣᠯᠪᠣᠭᠳᠠᠯ ᠪᠦᠬᠦᠢ ᠨᠡᠶ᠋ᠢᠭᠡᠮ᠎ᠤᠨ ᠪᠦᠯᠬᠦᠮ᠂ ᠠᠵᠤ ᠠᠬᠤᠶ᠋ᠢᠯᠠᠯ᠎ᠤᠨ ᠤᠯᠤᠰ᠎ᠤᠨ ᠪᠠᠷᠢᠮᠵᠢᠶ᠎ᠠ᠂ ᠠᠵᠢᠯ ᠲᠦᠷᠦᠯ᠎ᠤᠨ ᠪᠠᠷᠢᠮᠵᠢᠶ᠎ᠠ᠎ᠠᠴᠠ ᠴᠢᠩᠭ᠎ᠠ ᠤᠰᠤ ᠠᠷᠪᠢᠯᠠᠬᠤ ᠪᠦᠯᠬᠦᠮ᠎ᠤᠨ ᠪᠠᠷᠢᠮᠵᠢᠶ᠎ᠠ᠂ ᠠᠵᠤ ᠠᠬᠤᠶ᠋ᠢᠯᠠᠯ᠎ᠤᠨ ᠪᠠᠷᠢᠮᠵᠢᠶ᠎ᠠ ᠲᠣᠭᠲᠠᠭ᠋ᠠᠬᠤ ᠵᠢ ᠵᠣᠷᠢᠭᠵᠢᠭᠤᠯᠤᠨ᠎ᠠ᠃
    ᠬᠣᠷᠢᠨ ᠬᠣᠶᠠᠳᠤᠭ᠋ᠠᠷ ᠵᠦᠢ᠍ᠯ ᠲᠥᠷᠥ ᠵᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠤᠰᠤ ᠠᠷᠪᠢᠯᠠᠬᠤ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠳᠦᠷᠢᠮ᠎ᠢ ᠬᠠᠤᠯᠢ ᠶᠣᠰᠣᠭ᠋ᠠᠷ ᠪᠠᠶ᠋ᠢᠭᠤᠯᠵᠤ᠂ ᠤᠰᠤ ᠠᠷᠪᠢᠯᠠᠬᠤ ᠲᠣᠭ᠎ᠠ ᠪᠦᠷᠢᠳᠬᠡᠯ᠎ᠤᠨ ᠮᠡᠳᠡᠭᠡ ᠵᠠᠩᠭᠢ ᠵᠢ ᠲᠣᠭᠲᠠᠮᠠᠯ ᠬᠤᠭᠤᠴᠠᠭ᠎ᠠ᠎ᠲᠠᠢ᠎ᠪᠠᠷ ᠨᠡᠶ᠋ᠢᠲᠡᠯᠡᠬᠦ ᠬᠡᠷᠡᠭᠲᠡᠶ᠃
    ᠭᠤᠷᠪᠠᠳᠤᠭ᠋ᠠᠷ ᠪᠦᠯᠦᠭ    ᠤᠰᠤ ᠠᠷᠪᠢᠯᠠᠬᠤ ᠠᠷᠭ᠎ᠠ ᠬᠡᠮᠵᠢᠶ᠎ᠡ
    ᠬᠣᠷᠢᠨ ᠭᠤᠷᠪᠠᠳᠤᠭ᠋ᠠᠷ ᠵᠦᠢ᠍ᠯ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢᠨ ᠬᠢᠷᠢ ᠬᠡᠮᠵᠢᠶ᠎ᠡ ᠪᠠ ᠤᠰᠦᠠ᠎ᠤ ᠡᠬᠢ ᠪᠠᠶᠠᠯᠢᠭ᠎ᠤᠨ ᠪᠠᠶ᠋ᠢᠳᠠᠯ᠎ᠢ ᠦᠨᠳᠦᠰᠦᠯᠡᠨ᠂ ᠲᠠᠷᠢᠶᠠᠯᠠᠩ᠎ᠤᠨ ᠦᠢ᠍ᠯᠡᠳᠪᠦᠷᠢᠯᠡᠯ ᠡᠵᠡᠩᠨᠡᠯᠲᠡ ᠵᠢᠨ ᠪᠡᠶᠡᠴᠢ ᠴᠣᠭᠴᠠ ᠵᠢ ᠬᠦᠳᠦᠯᠦᠠ ᠵᠢᠯᠣᠭᠣᠳᠴᠤ ᠪᠠᠶ᠋ᠢᠭ᠋ᠠᠳ ᠲᠡᠷᠢᠵᠦ ᠲᠡᠵᠢᠭᠡᠨ ᠦᠷᠡᠵᠢᠭᠦᠯᠬᠦ ᠪᠦᠲᠦᠴᠡ ᠪᠠ ᠲᠠᠷᠢᠶᠠᠯᠠᠩ᠎ᠤᠨ ᠤᠰᠤ ᠬᠡᠷᠡᠭᠯᠡᠬᠦ ᠪᠦᠲᠦᠴᠡ ᠵᠢ ᠵᠦᠢ ᠵᠣᠬᠢᠰᠲᠠᠢ ᠲᠤᠬᠢᠷᠡᠭᠤᠯᠦᠠ᠂ ᠤᠰᠤ ᠠᠷᠪᠢᠯᠠᠬᠤ ᠬᠡᠯᠪᠡᠷᠢ ᠵᠢᠨ ᠲᠠᠷᠢᠶᠠᠯᠠᠩ᠎ᠢ ᠢᠳᠡᠪᠬᠢᠲᠡᠢ ᠬᠥᠭᠵᠢᠭᠦᠯᠵᠦ᠂ ᠭᠠᠵᠠᠷ ᠣᠷᠣᠨ᠎ᠤ ᠪᠠᠶ᠋ᠢᠳᠠᠯ᠎ᠳᠤᠨᠢ ᠲᠤᠬᠢᠷᠡᠭᠤᠯᠦᠠ ᠬᠠᠭᠤᠷᠠᠢ ᠲᠠᠷᠢᠶᠠᠯᠠᠩ᠎ᠢ ᠬᠥᠭᠵᠢᠭᠦᠯᠬᠦ ᠬᠡᠷᠡᠭᠲᠡᠢ᠃
    ᠤᠯᠤᠰ᠎ᠠᠴᠠ ᠤᠰᠤᠨ᠎ᠤ ᠡᠬᠢ ᠪᠠᠶᠠᠯᠢᠭ ᠳᠤᠲᠠᠭᠳᠠᠵᠤ ᠪᠠᠶ᠋ᠢᠭ᠎ᠠ ᠭᠠᠵᠠᠷ ᠣᠷᠣᠨ᠎ᠤ ᠤᠰᠤ ᠠᠷᠪᠢᠯᠠᠬᠤ ᠬᠡᠯᠪᠡᠷᠢ ᠵᠢᠨ ᠲᠠᠷᠢᠶᠠᠯᠠᠩ᠎ᠢ ᠬᠥᠭᠵᠢᠭᠦᠯᠬᠦ ᠵᠢ ᠭᠣᠣᠯᠳᠠᠯᠭ᠎ᠠ᠎ᠲᠠᠢ᠎ᠪᠠᠷ ᠲᠡᠳᠬᠦᠨ ᠲᠡᠮᠵᠢᠨ᠎ᠠ᠃
    ᠬᠣᠷᠢᠨ ᠳᠥᠷᠪᠡᠳᠦᠭᠡᠷ ᠵᠦᠢ᠍ᠯ ᠤᠯᠤᠰ᠎ᠠᠴᠠ ᠭᠠᠩ᠎ᠳᠤ ᠲᠡᠰᠪᠦᠷᠢᠲᠡᠢ ᠲᠠᠷᠢᠮᠠᠯ᠎ᠤᠨ ᠰᠢᠨ᠎ᠡ ᠡᠭᠦᠯᠳᠡᠷ ᠵᠢᠴᠢ ᠬᠥᠷᠥᠰᠥ ᠰᠢᠷᠣᠢ ᠵᠢᠨ ᠴᠢᠭᠢᠭ᠎ᠢ ᠬᠠᠮᠠᠭ᠋ᠠᠯᠠᠬᠤ᠂ ᠤᠰᠤ ᠪᠤᠷᠳᠤᠭᠤᠷ᠎ᠢ ᠨᠢᠭᠡ ᠴᠤᠭᠴᠠᠵᠢᠭᠤᠯᠬᠤ᠂ ᠲᠡᠵᠢᠭᠡᠨ ᠦᠷᠡᠵᠢᠭᠦᠯᠬᠦ ᠦᠢ᠍ᠯᠡᠰ᠎ᠤᠨ ᠬᠠᠶᠠᠭᠳᠠᠮᠠᠯ ᠪᠣᠳᠠᠰ᠎ᠢ ᠤᠰᠤᠨ᠎ᠤ ᠰᠤᠷᠪᠤᠯᠵᠢ ᠪᠣᠯᠭ᠋ᠠᠨ ᠠᠰᠢᠭᠯᠠᠬᠤ ᠵᠡᠷᠭᠡ ᠲᠠᠷᠢᠮᠠᠯ᠎ᠤᠨ ᠦᠢ᠍ᠯᠡᠰ᠂ ᠲᠡᠵᠢᠭᠡᠨ ᠦᠷᠡᠵᠢᠭᠦᠯᠬᠦ ᠦᠢ᠍ᠯᠡᠰ᠎ᠤᠨ ᠤᠰᠤ ᠠᠷᠪᠢᠯᠠᠬᠤ ᠮᠡᠷᠭᠡᠵᠢᠯ᠎ᠢ ᠰᠤᠳᠤᠯᠬᠤ ᠪᠠ ᠳᠡᠯᠭᠡᠷᠡᠭᠦᠯᠬᠦ ᠵᠢ ᠳᠡᠮᠵᠢᠨ᠎ᠡ᠃
    ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠤᠰᠤ ᠠᠷᠪᠢᠯᠠᠬᠤ ᠲᠠᠷᠢᠶᠠᠯᠠᠩ᠎ᠤᠨ ᠲᠤᠷᠰᠢᠯᠲᠠ ᠵᠢᠨ ᠵᠢᠱ᠌ᠢᠶ᠎ᠡ ᠦᠵᠡᠭᠦᠯᠬᠦ ᠪᠠ ᠮᠡᠷᠭᠡᠵᠢᠯ᠎ᠤᠨ ᠪᠣᠯᠪᠠᠰᠤᠷᠠᠯ᠎ᠢ ᠵᠣᠬᠢᠶᠠᠨ ᠪᠠᠶ᠋ᠢᠭᠤᠯᠤᠨ ᠥᠷᠨᠢᠭᠦᠯᠵᠦ᠂ ᠲᠠᠷᠢᠶᠠᠯᠠᠩ᠎ᠤᠨ ᠦᠢ᠍ᠯᠡᠳᠪᠦᠷᠢᠯᠡᠯ ᠡᠵᠡᠩᠨᠡᠯᠲᠡ ᠵᠢᠨ ᠪᠡᠶᠡᠴᠢ ᠴᠣᠭᠴᠠ ᠵᠢᠨ ᠤᠰᠤ ᠠᠷᠪᠢᠯᠠᠬᠤ ᠮᠡᠷᠭᠡᠵᠢᠯ᠎ᠢ ᠬᠡᠷᠡᠭᠯᠡᠬᠦ ᠵᠢ ᠵᠢᠯᠣᠭᠣᠳᠬᠤ ᠬᠡᠷᠡᠭᠲᠡᠢ᠃
    ᠬᠣᠷᠢᠨ ᠲᠠᠪᠤᠳᠤᠭ᠋ᠠᠷ ᠵᠦᠢ᠍ᠯ ᠤᠯᠤᠰ᠎ᠠᠴᠠ ᠤᠰᠤ ᠠᠷᠪᠢᠯᠠᠬᠤ ᠤᠰᠤᠯᠠᠯᠲᠠ ᠵᠢ ᠬᠥᠭᠵᠢᠭᠦᠯᠵᠦ᠂ ᠰᠦᠷᠴᠢᠨ ᠤᠰᠤᠯᠠᠬᠤ᠂ ᠰᠡᠪᠡᠷᠡᠭᠦᠨ ᠤᠰᠤᠯᠠᠬᠤ᠂ ᠳᠠᠮᠵᠢᠭᠤᠯᠬᠤ ᠬᠣᠭᠣᠯᠠᠢ᠎ᠪᠠᠷ ᠤᠰᠤ ᠳᠠᠮᠵᠢᠭᠤᠯᠬᠤ ᠤᠰᠤᠯᠠᠯᠲᠠ᠂ ᠰᠤᠪᠠᠭ᠎ᠤᠨ ᠨᠡᠪᠴᠢᠬᠦ ᠵᠢ ᠰᠡᠷᠭᠡᠶ᠋ᠢᠯᠡᠬᠦ ᠤᠰᠤ ᠳᠠᠮᠵᠢᠭᠤᠯᠬᠤ ᠤᠰᠤᠯᠠᠯᠲᠠ᠂ ᠪᠣᠷᠣᠭ᠋ᠠᠨ᠎ᠢ ᠬᠤᠷᠠᠮᠳᠤᠭᠤᠯᠤᠨ ᠨᠥᠬᠥᠵᠦ ᠤᠰᠤᠯᠠᠬᠤ ᠵᠡᠷᠭᠡ ᠤᠰᠤ ᠠᠷᠪᠢᠯᠠᠬᠤ ᠤᠰᠤᠯᠠᠯᠲᠠ ᠵᠢᠨ ᠮᠡᠷᠭᠡᠵᠢᠯ᠎ᠢ ᠳᠡᠯᠭᠡᠷᠡᠭᠦᠯᠵᠦ᠂ ᠤᠰᠤᠯᠠᠯᠲᠠ ᠵᠢᠨ ᠤᠰᠤ ᠬᠡᠷᠡᠭᠯᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠦᠨ᠎ᠡ᠃ ᠤᠰᠤᠨ᠎ᠤ ᠡᠬᠢ ᠪᠠᠶᠠᠯᠢᠭ ᠳᠤᠲᠠᠭᠳᠠᠵᠤ ᠪᠠᠶ᠋ᠢᠭ᠎ᠠ ᠭᠠᠵᠠᠷ ᠣᠷᠣᠨ᠂ ᠭᠠᠵᠠᠷ ᠳᠤᠤᠷᠠᠬᠢ ᠤᠰᠤ ᠵᠢ ᠬᠡᠲᠦ ᠮᠠᠯᠲᠠᠭᠰᠠᠨ ᠭᠠᠵᠠᠷ ᠣᠷᠣᠨ ᠤᠰᠤ ᠠᠷᠪᠢᠯᠠᠬᠤ ᠤᠰᠤᠯᠠᠯᠲᠠ ᠵᠢ ᠡᠩ ᠲᠡᠷᠢᠭᠦᠨ᠎ᠳᠤ ᠬᠥᠭᠵᠢᠭᠦᠯᠬᠦ ᠬᠡᠷᠡᠭᠲᠡᠶ᠃
    ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠤ ᠬᠣᠯᠪᠣᠭᠳᠠᠯ ᠪᠥᠬᠥᠢ ᠰᠠᠯᠠᠭ᠎ᠠ ᠮᠥᠴᠢᠷ ᠤᠰᠤ ᠠᠷᠪᠢᠯᠠᠬᠤ ᠤᠰᠤᠯᠠᠯᠲᠠ ᠵᠢᠨ ᠪᠠᠷᠢᠯᠭ᠎ᠠ ᠵᠢᠨ ᠲᠥᠬᠥᠭᠡᠷᠦᠮᠵᠢ ᠵᠢᠨ ᠪᠥᠳᠥᠭᠡᠨ ᠪᠠᠶ᠋ᠢᠭᠤᠯᠤᠯᠲᠠ ᠵᠢ ᠲᠡᠮᠵᠢᠨ ᠠᠬᠢᠭᠤᠯᠬᠤ ᠬᠡᠷᠡᠭᠲᠡᠢ᠃ ᠰᠢᠨ᠎ᠡ᠎ᠪᠠᠷ ᠪᠠᠶ᠋ᠢᠭᠤᠯᠬᠤ ᠤᠰᠤᠯᠠᠯᠲᠠ ᠵᠢᠨ ᠢᠨᠵᠧᠨᠧᠷ᠎ᠤᠨ ᠪᠡᠯᠡᠳᠬᠡᠮᠵᠢ᠎ᠨᠢ ᠤᠰᠤ ᠠᠷᠪᠢᠯᠠᠬᠤ ᠤᠰᠤᠯᠠᠯᠲᠠ ᠵᠢᠨ ᠢᠨᠵᠧᠨᠧᠷ᠎ᠤᠨ ᠮᠡᠷᠭᠡᠵᠢᠯ᠎ᠤᠨ ᠪᠠᠷᠢᠮᠵᠢᠶ᠎ᠠ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠃ ᠨᠢᠭᠡᠨᠲᠡ ᠪᠠᠶ᠋ᠢᠭᠤᠯᠤᠭᠰᠠᠨ ᠤᠰᠤᠯᠠᠯᠲᠠ ᠵᠢᠨ ᠢᠨᠵᠧᠨᠧᠷ᠎ᠤᠨ ᠪᠡᠯᠡᠳᠬᠡᠮᠵᠢ᠎ᠨᠢ ᠤᠰᠤ ᠠᠷᠪᠢᠯᠠᠬᠤ ᠤᠰᠤᠯᠠᠯᠲᠠ ᠵᠢᠨ ᠢᠨᠵᠧᠨᠧᠷ᠎ᠤᠨ ᠮᠡᠷᠭᠡᠵᠢᠯ᠎ᠤᠨ ᠪᠠᠷᠢᠮᠵᠢᠶ᠎ᠠ᠎ᠳᠤ ᠨᠡᠶ᠋ᠢᠴᠡᠬᠦ ᠦᠭᠡᠶ ᠪᠣᠯ ᠬᠤᠭᠤᠴᠠᠭ᠎ᠠ ᠬᠢᠵᠠᠭ᠋ᠠᠷᠯᠠᠨ ᠤᠰᠤ ᠠᠷᠪᠢᠯᠠᠬᠤ ᠥᠭᠡᠷᠡᠴᠢᠯᠡᠯᠲᠡ ᠬᠢᠬᠦ ᠬᠡᠷᠡᠭᠲᠡᠶ᠃
    ᠬᠣᠷᠢᠨ ᠵᠢᠷᠭᠤᠳᠤᠭ᠋ᠠᠷ ᠵᠦᠢ᠍ᠯ ᠤᠯᠤᠰ᠎ᠠᠴᠠ ᠬᠥᠳᠡᠭᠡ ᠲᠣᠰᠬᠣᠨ᠎ᠤ ᠠᠮᠢᠳᠤᠷᠠᠯ᠎ᠳᠤ ᠤᠰᠤ ᠠᠷᠪᠢᠯᠠᠬᠤ ᠶᠠᠪᠤᠳᠠᠯ᠎ᠢ ᠲᠦᠷᠭᠡᠪᠴᠢᠯᠡᠨ ᠠᠬᠢᠭᠤᠯᠤᠨ᠎ᠠ᠃
    ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠤ ᠬᠣᠯᠪᠣᠭᠳᠠᠯ ᠪᠥᠬᠥᠢ ᠰᠠᠯᠠᠭ᠎ᠠ ᠮᠥᠴᠢᠷ ᠬᠥᠳᠡᠭᠡ ᠲᠣᠰᠬᠣᠨ᠎ᠤ ᠠᠮᠢᠳᠤᠷᠠᠯ᠎ᠳᠤ ᠤᠰᠤ ᠬᠠᠩᠭ᠋ᠠᠬᠤ ᠲᠥᠬᠥᠭᠡᠷᠦᠮᠵᠢ ᠵᠢᠴᠢ ᠢᠵᠢ ᠪᠥᠷᠢᠳᠥᠭᠥᠯᠬᠥ ᠬᠣᠭᠣᠯᠠᠢ ᠵᠢᠨ ᠲᠣᠣᠷ᠎ᠤᠨ ᠪᠥᠳᠥᠭᠡᠨ ᠪᠠᠶ᠋ᠢᠭᠤᠯᠤᠯᠲᠠ ᠪᠠ ᠥᠭᠡᠷᠡᠴᠢᠯᠡᠯᠲᠡ ᠵᠢ ᠴᠢᠩᠭ᠋ᠠᠳᠬᠠᠵᠤ᠂ ᠠᠮᠢᠳᠤᠷᠠᠯ᠎ᠤᠨ ᠤᠰᠤ ᠠᠷᠪᠢᠯᠠᠬᠤ ᠪᠠᠭ᠋ᠠᠵᠢ ᠬᠡᠷᠡᠭᠰᠡᠯ᠎ᠢ ᠬᠡᠷᠡᠭᠯᠡᠬᠦ ᠵᠢ ᠳᠡᠯᠭᠡᠷᠡᠭᠦᠯᠬᠦ ᠬᠡᠷᠡᠭᠲᠡᠢ᠃
    ᠬᠣᠷᠢᠨ ᠳᠣᠯᠣᠳᠤᠭ᠋ᠠᠷ ᠵᠦᠢ᠍ᠯ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠨᠢ ᠳᠣᠲᠣᠭ᠋ᠠᠳᠤ ᠵᠢᠨ ᠤᠰᠤ ᠬᠡᠷᠡᠭᠯᠡᠬᠦ ᠬᠠᠮᠢᠶᠠᠷᠤᠯᠲᠠ᠎ᠪᠠᠨ ᠴᠢᠩᠭ᠋ᠠᠳᠬᠠᠵᠤ᠂ ᠤᠰᠤ ᠠᠷᠪᠢᠯᠠᠬᠤ ᠬᠠᠮᠢᠶᠠᠷᠤᠯᠲᠠ ᠵᠢᠨ ᠲᠦᠷᠢᠮ᠎ᠢ ᠪᠠᠶ᠋ᠢᠭᠤᠯᠤᠨ᠂ ᠴᠢᠨᠠᠷ ᠬᠤᠪᠢᠶᠠᠨ ᠤᠰᠤ ᠬᠠᠩᠭ᠋ᠠᠬᠤ᠂ ᠥᠨᠳᠥᠷ ᠦᠷ᠎ᠡ ᠪᠦᠲᠦᠮᠵᠢᠲᠡᠶ᠎ᠪᠠᠷ ᠬᠥᠷᠥᠭᠡᠬᠦ ᠪᠠ ᠤᠬᠢᠶᠠᠬᠤ᠂ ᠤᠰᠤ ᠵᠢ ᠡᠷᠭᠢᠯᠳᠦᠭᠦᠯᠦᠨ ᠬᠡᠷᠡᠭᠯᠡᠬᠦ᠂ ᠬᠠᠶᠠᠭᠳᠠᠮᠠᠯ ᠤᠰᠤ ᠵᠢ ᠰᠢᠢ᠍ᠳᠪᠦᠷᠢᠯᠡᠨ ᠡᠭᠡᠭᠦᠯᠦᠨ ᠬᠡᠷᠡᠭᠯᠡᠬᠦ ᠵᠡᠷᠭᠡ ᠲᠡᠷᠢᠭᠦᠨ᠎ᠤ᠂ ᠤᠰᠤ ᠠᠷᠪᠢᠯᠠᠬᠤ᠎ᠳᠤ ᠳᠣᠭᠢᠷᠠᠬᠤ ᠮᠡᠷᠭᠡᠵᠢᠯ᠂ ᠤᠷᠠᠯᠠᠯ ᠪᠠ ᠲᠥᠬᠥᠭᠡᠷᠦᠮᠵᠢ ᠵᠢ ᠬᠡᠷᠡᠭᠯᠡᠵᠦ᠂ ᠨᠢᠭᠡᠴᠢ ᠦᠢ᠍ᠯᠡᠳᠬᠦᠨ (ᠦᠢ᠍ᠯᠡᠳᠬᠦᠨ᠎ᠤ ᠥᠷᠲᠡᠭ)᠎ᠤ ᠤᠰᠤ ᠬᠣᠷᠣᠭᠳᠠᠭᠤᠯᠬᠤ ᠬᠡᠮᠵᠢᠶ᠎ᠡ ᠵᠢ ᠪᠠᠭᠤᠷᠠᠭᠤᠯᠤᠨ᠂ ᠤᠰᠤᠨ᠎ᠤ ᠡᠬᠢ ᠪᠠᠶᠠᠯᠢᠭ᠎ᠢ ᠳᠠᠬᠢᠨ ᠳᠠᠪᠲᠠᠨ ᠠᠰᠢᠭᠯᠠᠬᠤ ᠨᠣᠷᠮ᠎ᠠ ᠵᠢ ᠳᠡᠭᠡᠭᠰᠢᠯᠡᠭᠦᠯᠬᠦ ᠬᠡᠷᠡᠭᠲᠡᠶ᠃ ᠤᠰᠤ ᠶᠡᠬᠡ ᠬᠣᠷᠣᠭᠳᠠᠭᠤᠯᠬᠤ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ ᠣᠨ ᠤᠰᠤ ᠬᠡᠷᠡᠭᠯᠡᠬᠦ ᠬᠢᠷᠢ ᠬᠡᠮᠵᠢᠶ᠎ᠡ᠎ᠨᠢ ᠤᠰᠤ ᠬᠡᠷᠡᠭᠯᠡᠬᠦ ᠲᠣᠭᠲᠠᠭᠰᠠᠨ ᠨᠤᠷᠮ᠎ᠠ᠎ᠠᠴᠠ ᠬᠡᠲᠦᠷᠡᠭᠰᠡᠨ ᠪᠣᠯ ᠬᠤᠭᠤᠴᠠᠭ᠎ᠠ ᠬᠢᠵᠠᠭ᠋ᠠᠷᠯᠠᠨ ᠤᠰᠤ ᠠᠷᠪᠢᠯᠠᠬᠤ ᠥᠭᠡᠷᠡᠴᠢᠯᠡᠯᠲᠡ ᠬᠢᠬᠦ ᠬᠡᠷᠡᠭᠲᠡᠢ᠃
    ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠦᠢ᠍ᠯᠡᠳᠪᠦᠷᠢᠯᠡᠯ᠎ᠤᠨ ᠲᠥᠬᠥᠭᠡᠷᠦᠮᠵᠢ ᠵᠢᠨ ᠬᠥᠷᠥᠭᠡᠬᠦ ᠤᠰᠤ᠂ ᠠᠭ᠋ᠠᠷ ᠲᠣᠬᠢᠷᠠᠭᠤᠯᠤᠭᠴᠢ ᠵᠢᠨ ᠬᠥᠷᠥᠭᠡᠬᠦ ᠤᠰᠤ᠂ ᠭᠦᠸᠧᠯᠦ ᠵᠢᠨ ᠴᠠᠷᠴᠠᠭ᠋ᠠᠬᠤ ᠤᠰᠤ ᠵᠢ ᠡᠭᠡᠭᠦᠯᠦᠨ ᠬᠤᠷᠢᠶᠠᠵᠤ ᠠᠰᠢᠭᠯᠠᠬᠤ ᠬᠡᠷᠡᠭᠲᠡᠶ᠃ ᠤᠰᠤ ᠶᠡᠬᠡ ᠬᠣᠷᠣᠭᠳᠠᠭᠤᠯᠬᠤ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠨᠢ ᠬᠠᠶᠠᠭᠳᠠᠮᠠᠯ ᠤᠰᠤ ᠵᠢ ᠭᠦᠨᠵᠡᠭᠡᠶ ᠰᠢᠢ᠍ᠳᠪᠦᠷᠢᠯᠡᠵᠦ ᠡᠭᠡᠭᠦᠯᠦᠨ ᠬᠡᠷᠡᠭᠯᠡᠬᠦ ᠮᠡᠷᠭᠡᠵᠢᠯ᠎ᠤᠨ ᠠᠷᠭ᠎ᠠ ᠬᠡᠮᠵᠢᠶ᠎ᠡ ᠵᠢ ᠠᠯᠬᠤᠮ ᠠᠯᠬᠤᠮ ᠵᠶ᠋ᠠᠷ ᠳᠡᠯᠭᠡᠷᠡᠭᠦᠯᠬᠦ ᠬᠡᠷᠡᠭᠲᠡᠶ᠃
    ᠬᠣᠷᠢᠨ ᠨᠠᠢ᠍ᠮᠠᠳᠤᠭ᠋ᠠᠷ ᠵᠦᠢ᠍ᠯ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ ᠲᠥᠪᠯᠡᠷᠡᠭᠰᠡᠨ ᠡᠯ᠎ᠡ ᠲᠥᠷᠥᠯ᠎ᠤᠨ ᠨᠡᠭᠡᠭᠡᠯᠲᠡ ᠵᠢᠨ ᠲᠣᠭᠣᠷᠢᠭ᠂ ᠬᠦᠷᠢᠶᠡᠯᠡᠩ ᠲᠣᠭᠣᠷᠢᠭ ᠵᠡᠷᠭᠡ ᠵᠢ ᠰᠢᠨ᠎ᠡ᠎ᠪᠠᠷ ᠪᠠᠶ᠋ᠢᠭᠤᠯᠬᠤ᠂ ᠥᠭᠡᠷᠡᠴᠢᠯᠡᠨ ᠪᠠᠶ᠋ᠢᠭᠤᠯᠬᠤ᠂ ᠥᠷᠭᠡᠳᠬᠡᠨ ᠪᠠᠶ᠋ᠢᠭᠤᠯᠬᠤ᠎ᠳᠠᠭᠠᠨ ᠤᠰᠤ ᠬᠠᠩᠭ᠋ᠠᠬᠤ᠂ ᠤᠰᠤ ᠲᠠᠲᠠᠷᠠᠭᠤᠯᠬᠤ᠂ ᠬᠠᠶᠠᠭᠳᠠᠮᠠᠯ ᠤᠰᠤ ᠵᠢ ᠰᠢᠢ᠍ᠳᠪᠦᠷᠢᠯᠡᠬᠦ ᠵᠢᠴᠢ ᠡᠷᠭᠢᠯᠳᠦᠭᠦᠯᠦᠨ ᠠᠰᠢᠭᠯᠠᠬᠤ ᠪᠡᠯᠡᠳᠬᠡᠮᠵᠢ ᠵᠢ ᠨᠢᠭᠡᠳᠦᠯᠲᠡᠶ ᠲᠥᠯᠥᠪᠯᠡᠨ ᠪᠦᠲᠦᠭᠡᠨ ᠪᠠᠶ᠋ᠢᠭᠤᠯᠵᠤ᠂ ᠠᠵᠤ ᠠᠬᠤᠶ᠋ᠢᠯᠠᠯ᠎ᠤᠨ ᠬᠣᠭᠣᠷᠣᠨᠳᠣ᠎ᠪᠠᠨ ᠰᠥᠯᠪᠡᠭᠡᠯᠳᠦᠨ ᠤᠰᠤ ᠬᠡᠷᠡᠭᠯᠡᠬᠦ᠂ ᠴᠢᠨᠠᠷ ᠬᠤᠪᠢᠶᠠᠨ ᠤᠰᠤ ᠬᠡᠷᠡᠭᠯᠡᠬᠦ ᠵᠢ ᠠᠬᠢᠭᠤᠯᠵᠤ᠂ ᠨᠢᠭᠡ ᠤᠰᠤ ᠵᠢ ᠣᠯᠠᠨ ᠲᠠᠯ᠎ᠠ᠎ᠪᠠᠷ ᠬᠡᠷᠡᠭᠯᠡᠬᠦ ᠪᠠ ᠡᠷᠭᠢᠯᠳᠦᠭᠦᠯᠦᠨ ᠠᠰᠢᠭᠯᠠᠬᠤ ᠵᠢ ᠪᠡᠶᠡᠯᠡᠭᠦᠯᠬᠦ ᠬᠡᠷᠡᠭᠲᠡᠶ᠃
    ᠤᠯᠤᠰ᠎ᠠᠴᠠ ᠨᠢᠭᠡᠨᠲᠡ ᠪᠠᠶ᠋ᠢᠭᠤᠯᠤᠭᠰᠠᠨ ᠠᠵᠤ ᠦᠢ᠍ᠯᠡᠳᠪᠦᠷᠢ ᠵᠢᠨ ᠪᠥᠭᠡᠮᠨᠡᠷᠡᠯ᠎ᠤᠨ ᠣᠷᠣᠨ᠎ᠤ ᠤᠰᠤ ᠠᠷᠪᠢᠯᠠᠬᠤ᠎ᠪᠠᠷ ᠭᠣᠣᠯ ᠠᠭᠤᠯᠭ᠎ᠠ ᠪᠣᠯᠭ᠋ᠠᠭᠰᠠᠨ ᠪᠣᠬᠢᠷᠲᠤᠯ ᠦᠭᠡᠢ ᠴᠢᠨᠠᠷ ᠰᠠᠶ᠋ᠢᠲᠠᠢ ᠬᠡᠯᠪᠡᠷᠢ ᠵᠢ ᠬᠤᠪᠢᠷᠠᠭᠤᠯᠤᠨ ᠲᠡᠰ ᠳᠡᠪᠰᠢᠭᠦᠯᠬᠦ ᠪᠠ ᠤᠷᠴᠢᠯᠵᠢᠭᠤᠯᠤᠨ ᠥᠭᠡᠷᠡᠴᠢᠯᠡᠬᠦ ᠠᠵᠢᠯ ᠥᠷᠨᠢᠭᠦᠯᠬᠦ ᠵᠢ ᠵᠣᠷᠢᠭᠵᠢᠭᠤᠯᠵᠤ᠂ ᠤᠰᠤ ᠠᠷᠪᠢᠯᠠᠬᠤ ᠵᠢᠴᠢ ᠤᠰᠤ ᠵᠢ ᠤᠷᠴᠢᠯᠵᠢᠭᠤᠯᠤᠨ ᠠᠰᠢᠭᠯᠠᠬᠤ ᠲᠥᠬᠥᠭᠡᠷᠦᠮᠵᠢ ᠵᠢᠨ ᠪᠦᠳᠦᠭᠡᠨ ᠪᠠᠶ᠋ᠢᠭᠤᠯᠤᠯᠲᠠ ᠵᠢ ᠲᠦᠷᠭᠡᠳᠬᠡᠨ᠎ᠡ᠃
    ᠬᠣᠷᠢ ᠶᠢᠰᠦᠳᠦᠭᠡᠷ ᠵᠦᠢ᠍ᠯ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠬᠤᠳᠠ ᠵᠢᠨ ᠪᠠᠶ᠋ᠢᠭᠤᠯᠤᠭᠰᠠᠨ ᠲᠣᠭᠣᠷᠢᠭ᠎ᠤᠨ ᠳᠣᠲᠣᠷᠠᠬᠢ ᠦᠢ᠍ᠯᠡᠳᠪᠦᠷᠢᠯᠡᠯ᠂ ᠠᠮᠢᠳᠤᠷᠠᠯ᠂ ᠠᠮᠢ ᠠᠬᠤᠢ᠎ᠳᠤ ᠬᠡᠷᠡᠭᠯᠡᠬᠦ ᠤᠰᠤ ᠵᠢ ᠨᠢᠭᠡᠳᠦᠯᠲᠡᠢ ᠲᠥᠯᠥᠪᠯᠡᠬᠦ᠎ᠪᠠᠨ ᠴᠢᠩᠭ᠋ᠠᠳᠬᠠᠵᠤ᠂ ᠤᠰᠤ ᠠᠷᠪᠢᠯᠠᠬᠤ ᠱᠠᠭ᠋ᠠᠷᠳᠠᠯᠭ᠎ᠠ ᠵᠢ ᠬᠤᠳᠠ ᠵᠢᠨ ᠲᠥᠯᠥᠪᠵᠢᠭᠦᠯᠭᠡ᠂ ᠪᠦᠳᠦᠭᠡᠨ ᠪᠠᠶ᠋ᠢᠭᠤᠯᠤᠯᠲᠠ᠂ ᠵᠠᠰᠠᠯᠲᠠ ᠵᠢᠨ ᠡᠯ᠎ᠡ ᠭᠣᠭᠴᠣᠭ᠎ᠠ᠎ᠳᠤ ᠨᠠᠶ᠋ᠢᠳᠠᠪᠤᠷᠢᠵᠢᠭᠤᠯᠵᠤ᠂ ᠤᠰᠤ ᠠᠷᠪᠢᠯᠠᠬᠤ ᠬᠡᠯᠪᠡᠷᠢ ᠵᠢᠨ ᠬᠤᠳᠠ ᠵᠢᠨ ᠪᠦᠳᠦᠭᠡᠨ ᠪᠠᠶ᠋ᠢᠭᠤᠯᠤᠯᠲᠠ ᠵᠢ ᠪᠦᠬᠦ ᠲᠠᠯ᠎ᠠ᠎ᠪᠠᠷ ᠠᠬᠢᠭᠤᠯᠬᠤ ᠬᠡᠷᠡᠭᠲᠡᠢ᠃
    ᠭᠤᠴᠢᠳᠤᠭ᠋ᠠᠷ ᠵᠦᠢ᠍ᠯ ᠣᠯᠠᠨ ᠨᠡᠶ᠋ᠢᠲᠡ ᠵᠢᠨ ᠤᠰᠤ ᠬᠠᠩᠭ᠋ᠠᠬᠤ ᠠᠵᠤ ᠠᠬᠤᠶ᠋ᠢᠯᠠᠯ ᠪᠣᠯᠤᠨ ᠤᠰᠤ ᠬᠡᠷᠡᠭᠯᠡᠬᠦ ᠬᠣᠭᠣᠯᠠᠶ ᠲᠤᠤᠷ᠎ᠤᠨ ᠪᠡᠯᠡᠳᠬᠡᠮᠵᠢ ᠵᠢ ᠥᠪᠡᠰᠦᠪᠡᠨ ᠪᠠᠶ᠋ᠢᠭᠤᠯᠤᠭᠰᠠᠨ ᠨᠢᠭᠡᠴᠡ᠎ᠨᠦᠭᠦᠳ ᠤᠰᠤ ᠬᠠᠩᠭ᠋ᠠᠬᠤ᠂ ᠤᠰᠤ ᠬᠡᠷᠡᠭᠯᠡᠬᠦ ᠬᠣᠭᠣᠯᠠᠶ ᠲᠤᠤᠷ᠎ᠤᠨ ᠪᠡᠯᠡᠳᠬᠡᠮᠵᠢ ᠵᠢᠨ ᠠᠵᠢᠯᠯᠠᠭ᠋ᠠᠨ ᠪᠠ ᠬᠠᠮᠠᠭ᠋ᠠᠯᠠᠯᠲᠠ ᠬᠠᠮᠢᠶᠠᠷᠤᠯᠲᠠ᠎ᠪᠠᠨ ᠴᠢᠩᠭ᠋ᠠᠳᠬᠠᠵᠤ᠂ ᠤᠰᠤ ᠬᠠᠩᠭ᠋ᠠᠬᠤ᠂ ᠤᠰᠤ ᠬᠡᠷᠡᠭᠯᠡᠬᠦ ᠬᠣᠭᠣᠯᠠᠶ ᠲᠤᠤᠷ᠎ᠤᠨ ᠪᠡᠯᠡᠳᠬᠡᠮᠵᠢ ᠵᠢᠨ ᠭᠣᠭᠣᠵᠢᠵᠤ ᠬᠣᠬᠢᠷᠠᠬᠤ ᠵᠢ ᠡᠵᠡᠮᠳᠡᠬᠦ ᠰᠢᠰᠲ᠋ᠧᠮᠵᠢ ᠵᠢ ᠪᠠᠶ᠋ᠢᠭᠤᠯᠵᠤ᠂ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠤᠰᠤ ᠭᠣᠭᠣᠵᠢᠵᠤ ᠬᠣᠬᠢᠷᠠᠬᠤ ᠵᠢ ᠡᠵᠡᠮᠳᠡᠬᠦ ᠬᠡᠷᠡᠭᠲᠡᠶ᠃ ᠤᠰᠤ ᠬᠠᠩᠭ᠋ᠠᠬᠤ ᠬᠣᠭᠣᠯᠠᠶ ᠲᠤᠤᠷ᠎ᠤᠨ ᠪᠡᠯᠡᠳᠬᠡᠮᠵᠢ ᠵᠢᠨ ᠭᠣᠭᠣᠵᠢᠵᠤ ᠬᠣᠬᠢᠷᠠᠬᠤ ᠵᠢ ᠡᠵᠡᠮᠳᠡᠬᠦ ᠤᠯᠤᠰ᠎ᠤᠨ ᠪᠠᠷᠢᠮᠵᠢᠶ᠎ᠠ᠎ᠠᠴᠠ ᠬᠡᠲᠦᠷᠡᠭᠰᠡᠨ ᠤᠰᠤ ᠭᠣᠭᠣᠵᠢᠬᠤ ᠬᠣᠬᠢᠷᠠᠯ᠎ᠢ ᠣᠯᠠᠨ ᠨᠡᠶ᠋ᠢᠲᠡ ᠵᠢᠨ ᠤᠰᠤ ᠬᠠᠩᠭ᠋ᠠᠬᠤ ᠠᠵᠤ ᠠᠬᠤᠶ᠋ᠢᠯᠠᠯ᠎ᠤᠨ ᠦᠨ᠎ᠡ ᠬᠠᠩᠰᠢ ᠲᠣᠭᠲᠠᠭ᠋ᠠᠬᠤ ᠥᠪᠡᠷ᠎ᠤᠨ ᠥᠷᠲᠡᠭ᠎ᠲᠤ ᠪᠣᠳᠣᠵᠤ ᠣᠷᠣᠭᠤᠯᠤᠨ᠎ᠠ᠃
    ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠤᠯᠠᠨ ᠨᠡᠶ᠋ᠢᠲᠡ ᠵᠢᠨ ᠤᠰᠤ ᠬᠠᠩᠭ᠋ᠠᠬᠤ ᠬᠣᠭᠣᠯᠠᠢ ᠲᠣᠣᠷ᠎ᠤᠨ ᠲᠥᠬᠥᠭᠡᠷᠦᠮᠵᠢ ᠵᠢᠨ ᠠᠵᠢᠯᠯᠠᠭ᠋ᠠᠨ᠎ᠳᠤ ᠶᠠᠪᠤᠭᠤᠯᠬᠤ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠵᠤ᠂ ᠤᠰᠤ ᠬᠠᠩᠭ᠋ᠠᠬᠤ ᠬᠠᠭᠤᠴᠢᠨ ᠬᠣᠭᠣᠯᠠᠢ ᠲᠣᠣᠷ᠎ᠤᠨ ᠲᠥᠬᠥᠭᠡᠷᠦᠮᠵᠢ ᠵᠢᠨ ᠥᠭᠡᠷᠡᠴᠢᠯᠡᠯᠲᠡ ᠵᠢ ᠲᠡᠮᠵᠢᠨ ᠠᠬᠢᠭᠤᠯᠬᠤ ᠬᠡᠷᠡᠭᠲᠡᠢ᠃
    ᠭᠤᠴᠢᠨ ᠨᠢᠭᠡᠳᠦᠭᠡᠷ ᠵᠦᠢ᠍ᠯ ᠤᠯᠤᠰ᠎ᠠᠴᠠ ᠤᠰᠤ ᠠᠷᠪᠢᠯᠠᠬᠤ ᠵᠢ ᠪᠣᠬᠢᠷᠲᠤᠯ ᠦᠭᠡᠶ ᠪᠠᠷᠢᠯᠭ᠎ᠠ ᠵᠢ ᠳᠡᠯᠭᠡᠷᠡᠭᠦᠯᠬᠦ ᠵᠢᠨ ᠴᠢᠬᠤᠯᠠ ᠠᠭᠤᠯᠭ᠎ᠠ ᠪᠣᠯᠭ᠋ᠠᠵᠤ᠂ ᠪᠠᠷᠢᠯᠭ᠎ᠠ ᠵᠢᠨ ᠠᠵᠢᠯᠯᠠᠭ᠋ᠠᠨ᠎ᠤ ᠤᠰᠤᠨ᠎ᠤ ᠬᠣᠷᠣᠭᠳᠠᠭᠤᠯᠭ᠎ᠠ ᠵᠢ ᠪᠠᠭᠤᠷᠠᠭᠤᠯᠬᠤ ᠵᠢ ᠠᠬᠢᠭᠤᠯᠤᠨ᠎ᠠ᠃
    ᠰᠢᠨ᠎ᠡ᠎ᠪᠠᠷ ᠪᠠᠶ᠋ᠢᠭᠤᠯᠬᠤ᠂ ᠥᠭᠡᠷᠡᠴᠢᠯᠡᠨ ᠪᠠᠶ᠋ᠢᠭᠤᠯᠬᠤ᠂ ᠥᠷᠭᠡᠳᠬᠡᠨ ᠪᠠᠶ᠋ᠢᠭᠤᠯᠬᠤ ᠣᠯᠠᠨ ᠨᠡᠶ᠋ᠢᠲᠡ ᠵᠢᠨ ᠪᠠᠷᠢᠯᠭ᠎ᠠ᠎ᠳᠤ ᠤᠰᠤ ᠠᠷᠪᠢᠯᠠᠬᠤ ᠪᠠᠭ᠋ᠠᠵᠢ ᠬᠡᠷᠡᠭᠰᠡᠯ᠎ᠢ ᠬᠡᠷᠡᠭᠯᠡᠬᠦ ᠬᠡᠷᠡᠭᠲᠡᠶ᠃
    ᠭᠤᠴᠢᠨ ᠬᠣᠶᠠᠳᠤᠭ᠋ᠠᠷ ᠵᠦᠢ᠍ᠯ ᠣᠯᠠᠨ ᠨᠡᠶ᠋ᠢᠲᠡ ᠵᠢᠨ ᠪᠠᠶ᠋ᠢᠭᠤᠯᠤᠮᠵᠢ᠎ᠨᠤᠭᠤᠳ ᠤᠰᠤ ᠠᠷᠪᠢᠯᠠᠬᠤ ᠳᠠᠭᠤᠷᠢᠶᠠᠯ᠎ᠤᠨ ᠦᠢ᠍ᠯᠡᠳᠦᠯ᠎ᠢ ᠪᠠᠳᠠᠷᠠᠭᠤᠯᠤᠨ᠂ ᠤᠰᠤ ᠠᠷᠪᠢᠯᠠᠬᠤ ᠬᠠᠮᠢᠶᠠᠷᠤᠯᠲᠠ ᠵᠢᠨ ᠳᠦᠷᠢᠮ᠎ᠢ ᠪᠠᠶ᠋ᠢᠭᠤᠯᠤᠨ ᠪᠦᠷᠢᠨᠰᠢᠭᠦᠯᠵᠦ᠂ ᠤᠰᠤ ᠠᠷᠪᠢᠯᠠᠬᠤ ᠲᠡᠷᠢᠭᠦᠨ᠎ᠤ ᠮᠡᠷᠭᠡᠵᠢᠯ᠂ ᠤᠷᠠᠨ ᠳᠠᠷᠬ᠎ᠠ᠂ ᠲᠥᠬᠥᠭᠡᠷᠦᠮᠵᠢ ᠪᠣᠯᠤᠨ ᠦᠢ᠍ᠯᠡᠳᠬᠦᠨ᠎ᠢ ᠡᠩ ᠲᠡᠷᠢᠭᠦᠨ᠎ᠳᠤ ᠬᠡᠷᠡᠭᠯᠡᠨ᠂ ᠤᠰᠤ ᠠᠷᠪᠢᠯᠠᠬᠤ ᠥᠭᠡᠷᠡᠴᠢᠯᠡᠯᠲᠡ ᠵᠢ ᠥᠷᠨᠢᠭᠦᠯᠵᠦ᠂ ᠤᠰᠤ ᠠᠷᠪᠢᠯᠠᠬᠤ ᠬᠡᠯᠪᠡᠷᠢ ᠵᠢᠨ ᠨᠢᠭᠡᠴᠡ ᠵᠢ ᠢᠳᠡᠪᠬᠢᠲᠡᠶ᠎ᠪᠠᠷ ᠪᠠᠶ᠋ᠢᠭᠤᠯᠬᠤ ᠬᠡᠷᠡᠭᠲᠡᠶ᠃
    ᠭᠤᠴᠢᠨ ᠭᠤᠷᠪᠠᠳᠤᠭ᠋ᠠᠷ ᠵᠦᠢ᠍ᠯ ᠬᠣᠲᠠ ᠪᠠᠯᠭ᠋ᠠᠰᠤ ᠵᠢᠨ ᠴᠡᠴᠡᠷᠯᠢᠭ᠎ᠤᠨ ᠨᠣᠭᠣᠭ᠋ᠠᠷᠠᠭᠤᠯᠤᠯᠲᠠ᠎ᠳᠤ ᠤᠰᠤ ᠬᠡᠷᠡᠭᠯᠡᠬᠦ ᠦᠷ᠎ᠡ ᠪᠦᠲᠦᠮᠵᠢ ᠵᠢ ᠳᠡᠭᠡᠭᠰᠢᠯᠡᠭᠦᠯᠬᠦ ᠬᠡᠷᠡᠭᠲᠡᠶ᠃
    ᠤᠰᠤᠨ᠎ᠤ ᠡᠬᠢ ᠪᠠᠶᠠᠯᠢᠭ ᠳᠤᠲᠠᠭᠳᠠᠵᠤ ᠪᠠᠶ᠋ᠢᠭ᠎ᠠ ᠭᠠᠵᠠᠷ ᠣᠷᠣᠨ᠎ᠤ ᠬᠣᠲᠠ ᠪᠠᠯᠭ᠋ᠠᠰᠤ ᠵᠢᠨ ᠴᠡᠴᠡᠷᠯᠢᠭ᠎ᠤᠨ ᠨᠣᠭᠣᠭ᠋ᠠᠷᠠᠭᠤᠯᠤᠯᠲᠠ᠎ᠳᠤ ᠲᠤᠰ ᠭᠠᠵᠠᠷ ᠣᠷᠣᠨ᠎ᠳᠠᠭᠠᠨ ᠳᠣᠭᠢᠷᠬᠠᠰᠠᠨ ᠤᠰᠤ ᠠᠷᠪᠢᠯᠠᠵᠤ ᠭᠠᠩ᠎ᠳᠤ ᠲᠡᠰᠪᠦᠷᠢᠲᠡᠶ ᠤᠷᠭᠤᠮᠠᠯ᠎ᠤᠨ ᠬᠤᠴᠢᠯᠭ᠎ᠠ ᠵᠢ ᠡᠩ ᠲᠡᠷᠢᠭᠦᠨ᠎ᠳᠤ ᠰᠣᠩᠭᠣᠨ ᠬᠡᠷᠡᠭᠯᠡᠵᠦ᠂ ᠰᠥᠷᠴᠢᠨ ᠤᠰᠤᠯᠠᠬᠤ᠂ ᠰᠡᠪᠡᠷᠡᠭᠦᠨ ᠤᠰᠤᠯᠠᠬᠤ ᠵᠡᠷᠭᠡ ᠤᠰᠤ ᠠᠷᠪᠢᠯᠠᠵᠤ ᠤᠰᠤᠯᠠᠬᠤ ᠠᠷᠭ᠎ᠠ ᠮᠠᠶᠢᠭ᠎ᠢ ᠬᠡᠷᠡᠭᠯᠡᠬᠦ ᠬᠡᠷᠡᠭᠲᠡᠶ᠃
    ᠤᠰᠤᠨ᠎ᠤ ᠡᠬᠢ ᠪᠠᠶᠠᠯᠢᠭ ᠵᠶ᠋ᠠᠷ ᠳᠤᠲᠠᠮᠠᠭ ᠭᠠᠵᠠᠷ ᠣᠷᠣᠨ᠎ᠨᠢ ᠬᠢᠮᠡᠯ ᠭᠤᠤᠯ ᠨᠠᠭᠤᠷ ᠵᠡᠷᠭᠡ ᠦᠵᠡᠮᠵᠢ ᠵᠢᠨ ᠬᠡᠷᠡᠭᠯᠡᠬᠦ ᠤᠰᠤ ᠵᠢ ᠴᠢᠩᠭ᠎ᠠ ᠬᠢᠵᠠᠭ᠋ᠠᠷᠯᠠᠬᠤ ᠬᠡᠷᠡᠭᠲᠡᠶ᠃
    ᠭᠤᠴᠢᠨ ᠳᠥᠷᠪᠡᠳᠦᠭᠡᠷ ᠵᠦᠢ᠍ᠯ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠨᠤᠭᠤᠳ ᠤᠰᠤᠨ᠎ᠤ ᠡᠬᠢ ᠪᠠᠶᠠᠯᠢᠭ᠎ᠤᠨ ᠪᠠᠶ᠋ᠢᠳᠠᠯ ᠵᠶ᠋ᠠᠨ ᠦᠨᠳᠦᠰᠦᠯᠡᠨ᠂ ᠳᠠᠬᠢᠯᠲᠠ ᠤᠰᠤ᠂ ᠬᠤᠷᠠᠭᠤᠯᠵᠤ ᠬᠠᠳᠠᠭ᠋ᠠᠯᠠᠭᠰᠠᠨ ᠪᠣᠷᠣᠭ᠋ᠠᠨ᠎ᠤ ᠤᠰᠤ᠂ ᠳᠠᠯᠠᠶ ᠵᠢᠨ ᠤᠰᠤ ᠵᠢᠴᠢ ᠳᠠᠯᠠᠶ ᠵᠢᠨ ᠤᠰᠤ ᠵᠢ ᠴᠡᠩᠭᠡᠭᠵᠢᠭᠦᠯᠬᠦ ᠤᠰᠤ᠂ ᠠᠭᠤᠷᠬᠠᠶ ᠵᠢᠨ ᠨᠦᠬᠡ (ᠬᠤᠳᠳᠤᠭ) ᠵᠢᠨ ᠤᠰᠤ᠂ ᠱᠣᠷᠪᠣᠭ ᠤᠰᠤ ᠵᠡᠷᠭᠡ ᠬᠡᠪ᠎ᠤᠨ ᠪᠤᠰᠤ ᠤᠰᠤ ᠵᠢ ᠤᠰᠤᠨ᠎ᠤ ᠡᠬᠢ ᠪᠠᠶᠠᠯᠢᠭ᠎ᠲᠤ ᠣᠷᠣᠭᠤᠯᠤᠨ ᠨᠢᠭᠡᠳᠦᠯᠲᠡᠶ ᠲᠣᠬᠢᠷᠠᠭᠤᠯᠬᠤ ᠬᠡᠷᠡᠭᠲᠡᠶ᠃
    ᠤᠰᠤᠨ᠎ᠤ ᠡᠬᠢ ᠪᠠᠶᠠᠯᠢᠭ ᠳᠤᠲᠠᠭᠳᠠᠵᠤ ᠪᠠᠶ᠋ᠢᠭ᠎ᠠ ᠭᠠᠵᠠᠷ ᠣᠷᠣᠨ᠎ᠤ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠬᠡᠪ᠎ᠤᠨ ᠪᠤᠰᠤ ᠤᠰᠤ ᠵᠢ ᠠᠰᠢᠭᠯᠠᠬᠤ ᠲᠥᠯᠥᠪᠯᠡᠭᠡ ᠲᠣᠭᠲᠠᠭ᠋ᠠᠵᠤ᠂ ᠬᠡᠪ᠎ᠤᠨ ᠪᠤᠰᠤ ᠤᠰᠤ ᠵᠢ ᠠᠰᠢᠭᠯᠠᠬᠤ ᠬᠠᠷᠢᠴᠠᠯ᠎ᠢ ᠳᠡᠭᠡᠭᠰᠢᠯᠡᠭᠦᠯᠬᠦ ᠬᠡᠷᠡᠭᠲᠡᠢ᠂ ᠬᠡᠪ᠎ᠤᠨ ᠪᠤᠰᠤ ᠤᠰᠤ ᠵᠢ ᠬᠡᠷᠡᠭᠯᠡᠬᠦ ᠨᠥᠬᠥᠴᠡᠯ᠎ᠲᠠᠢ ᠪᠣᠯᠪᠠᠴᠤ ᠵᠦᠢ ᠵᠣᠬᠢᠰᠲᠠᠢ ᠬᠡᠷᠡᠭᠯᠡᠭᠰᠡᠨ ᠦᠭᠡᠢ ᠪᠦᠳᠦᠭᠡᠨ ᠪᠠᠶ᠋ᠢᠭᠤᠯᠤᠯᠲᠠ ᠵᠢᠨ ᠵᠦᠢ᠍ᠯᠡᠰ᠎ᠤᠨ ᠤᠰᠤ ᠠᠪᠬᠤ ᠵᠥᠪᠰᠢᠶᠡᠷᠡᠯ᠎ᠢ᠎ᠨᠢ ᠰᠢᠨ᠎ᠡ᠎ᠪᠠᠷ ᠨᠡᠮᠡᠭᠳᠡᠭᠦᠯᠬᠦ ᠵᠢ ᠵᠥᠪᠰᠢᠶᠡᠷᠡᠵᠦ ᠪᠣᠯᠬᠤ ᠦᠭᠡᠢ᠃
    ᠭᠤᠴᠢᠨ ᠲᠠᠪᠤᠳᠤᠭ᠋ᠠᠷ ᠵᠦᠢ᠍ᠯ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠪᠣᠬᠢᠷ ᠤᠰᠤ ᠵᠢ ᠡᠬᠢ ᠪᠠᠶᠠᠯᠢᠭᠵᠢᠭᠤᠯᠤᠨ ᠠᠰᠢᠭᠯᠠᠬᠤ ᠰᠠᠭᠤᠷᠢ ᠲᠥᠬᠥᠭᠡᠷᠦᠮᠵᠢ ᠵᠢ ᠨᠢᠭᠡᠳᠦᠯᠲᠡᠢ ᠲᠥᠯᠥᠪᠵᠢᠭᠦᠯᠦᠨ᠂ ᠪᠦᠲᠦᠭᠡᠨ ᠪᠠᠶ᠋ᠢᠭᠤᠯᠵᠤ᠂ ᠪᠣᠬᠢᠷ ᠤᠰᠤ ᠵᠢ ᠡᠬᠢ ᠪᠠᠶᠠᠯᠢᠭᠵᠢᠭᠤᠯᠤᠨ ᠠᠰᠢᠭᠯᠠᠬᠤ ᠵᠢ ᠠᠬᠢᠭᠤᠯᠬᠤ ᠬᠡᠷᠡᠭᠲᠡᠢ᠃
    ᠬᠣᠲᠠ ᠵᠢᠨ ᠨᠣᠭᠣᠭ᠋ᠠᠷᠠᠭᠤᠯᠤᠯᠲᠠ᠂ ᠵᠠᠮ᠎ᠤᠨ ᠱᠦᠭᠦᠷᠳᠡᠯᠲᠡ᠂ ᠲᠡᠷᠭᠡ ᠬᠥᠰᠬᠡ ᠵᠢᠨ ᠤᠬᠢᠶᠠᠯᠲᠠ᠂ ᠪᠠᠷᠢᠯᠭ᠎ᠠ ᠵᠢᠨ ᠠᠵᠢᠯ ᠵᠢᠴᠢ ᠠᠮᠢ ᠠᠬᠤᠶ ᠵᠢᠨ ᠦᠵᠡᠮᠵᠢ ᠵᠡᠷᠭᠡ᠎ᠳᠤ ᠬᠡᠷᠡᠭᠯᠡᠬᠦ ᠤᠰᠤ᠎ᠳᠤ ᠪᠠᠷᠢᠮᠵᠢᠶ᠎ᠠ ᠵᠢᠨ ᠱᠠᠭ᠋ᠠᠷᠳᠠᠯᠭ᠎ᠠ᠎ᠳᠤ ᠨᠡᠶ᠋ᠢᠴᠡᠭᠰᠡᠨ ᠳᠠᠬᠢᠯᠲᠠ ᠤᠰᠤ ᠵᠢ ᠡᠩ ᠲᠡᠷᠢᠭᠦᠨ᠎ᠳᠤ ᠬᠡᠷᠡᠭᠯᠡᠬᠦ ᠬᠡᠷᠡᠭᠲᠡᠶ᠃
    ᠭᠤᠴᠢᠨ ᠵᠢᠷᠭᠤᠳᠤᠭ᠋ᠠᠷ ᠵᠦᠢ᠍ᠯ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠬᠠᠶ᠋ᠢᠮᠢᠶᠠᠨ ᠬᠤᠳᠠ ᠵᠢᠨ ᠪᠦᠳᠦᠭᠡᠨ ᠪᠠᠶ᠋ᠢᠭᠤᠯᠤᠯᠲᠠ ᠵᠢ ᠠᠬᠢᠭᠤᠯᠵᠤ᠂ ᠪᠣᠷᠣᠭ᠋ᠠᠨ᠎ᠤ ᠤᠰᠤ ᠵᠢ ᠡᠬᠢ ᠪᠠᠶᠠᠯᠢᠭᠵᠢᠭᠤᠯᠤᠨ ᠠᠰᠢᠭᠯᠠᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠬᠡᠷᠡᠭᠲᠡᠢ᠃
    ᠬᠣᠲᠠ ᠵᠢᠨ ᠰᠢᠨ᠎ᠡ ᠲᠣᠭᠣᠷᠢᠭ᠎ᠤᠨ ᠪᠦᠲᠦᠭᠡᠨ ᠪᠠᠶ᠋ᠢᠭᠤᠯᠤᠯᠲᠠ᠂ ᠬᠠᠭᠤᠴᠢᠨ ᠬᠣᠲᠠ ᠵᠢᠨ ᠲᠣᠭᠣᠷᠢᠭ᠎ᠤᠨ ᠥᠭᠡᠷᠡᠴᠢᠯᠡᠯᠲᠡ ᠪᠣᠯᠤᠨ ᠬᠣᠲᠠ ᠵᠢᠨ ᠶᠠᠪᠤᠳᠠᠯ᠎ᠤᠨ ᠰᠠᠭᠤᠷᠢ ᠪᠡᠯᠡᠳᠬᠡᠮᠵᠢ ᠵᠢᠨ ᠪᠦᠲᠦᠭᠡᠨ ᠪᠠᠶ᠋ᠢᠭᠤᠯᠤᠯᠲᠠ ᠵᠡᠷᠭᠡ ᠵᠢ ᠥᠷᠨᠢᠭᠦᠯᠬᠦ᠎ᠳᠤ ᠬᠠᠶ᠋ᠢᠮᠢᠶᠠᠨ ᠬᠣᠲᠠ ᠵᠢᠨ ᠪᠦᠲᠦᠭᠡᠨ ᠪᠠᠶ᠋ᠢᠭᠤᠯᠤᠯᠲᠠ ᠵᠢᠨ ᠱᠠᠭ᠋ᠠᠷᠳᠠᠯᠭ᠎ᠠ ᠶᠣᠰᠣᠭ᠋ᠠᠷ᠂ ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠤᠨᠢ ᠲᠣᠬᠢᠷᠠᠭᠤᠯᠤᠨ ᠲᠥᠯᠥᠪᠵᠢᠭᠦᠯᠵᠦ᠂ ᠪᠣᠷᠣᠭ᠋ᠠᠨ᠎ᠤ ᠤᠰᠤᠨ᠎ᠤ ᠨᠡᠪᠴᠢᠬᠦ ᠵᠢ ᠬᠣᠷᠢᠭᠯᠠᠬᠤ᠂ ᠴᠡᠪᠡᠷᠰᠢᠭᠦᠯᠬᠦ᠂ ᠠᠰᠢᠭᠯᠠᠬᠤ ᠪᠠ ᠲᠣᠬᠢᠷᠠᠭᠤᠯᠤᠨ ᠬᠠᠳᠠᠭ᠋ᠠᠯᠠᠬᠤ ᠪᠡᠯᠡᠳᠬᠡᠮᠵᠢ ᠵᠢ ᠪᠦᠲᠦᠭᠡᠨ ᠪᠠᠶ᠋ᠢᠭᠤᠯᠬᠤ ᠬᠡᠷᠡᠭᠲᠡᠶ᠃
    ᠭᠤᠴᠢᠨ ᠳᠣᠯᠣᠳᠤᠭ᠋ᠠᠷ ᠵᠦᠢ᠍ᠯ ᠲᠡᠯᠡᠢ ᠳᠠᠭ᠋ᠠᠤ ᠭᠠᠵᠠᠷ ᠣᠷᠣᠨ ᠲᠡᠯᠡᠢ ᠵᠢᠨ ᠤᠰᠦᠠ᠎ᠤ ᠡᠬᠢ ᠪᠠᠶᠠᠯᠢᠭ᠎ᠢ ᠢᠳᠡᠪᠬᠢᠲᠡᠢ᠎ᠪᠠᠷ ᠨᠡᠭᠡᠭᠡᠨ ᠠᠰᠢᠭᠯᠠᠬᠤ ᠬᠡᠷᠡᠭᠲᠡᠢ᠃
    ᠳᠠᠯᠠᠢ ᠳᠠᠭ᠋ᠠᠤ ᠪᠤᠶᠤ ᠳᠠᠯᠠᠢ ᠵᠢᠨ ᠠᠷᠠᠯ᠎ᠤᠨ ᠴᠡᠩᠭᠡᠭ ᠤᠰᠤᠨ᠎ᠤ ᠡᠬᠢ ᠪᠠᠶᠠᠯᠢᠭ ᠳᠤᠲᠠᠭᠳᠠᠵᠤ ᠪᠠᠶ᠋ᠢᠭ᠎ᠠ ᠭᠠᠵᠠᠷ ᠣᠷᠣᠨ᠎ᠳᠤ ᠰᠢᠨ᠎ᠡ᠎ᠪᠠᠷ ᠪᠠᠶ᠋ᠢᠭᠤᠯᠬᠤ᠂ ᠥᠭᠡᠷᠡᠴᠢᠯᠡᠨ ᠪᠠᠶ᠋ᠢᠭᠤᠯᠬᠤ᠂ ᠥᠷᠭᠡᠳᠬᠡᠨ ᠪᠠᠶ᠋ᠢᠭᠤᠯᠬᠤ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠵᠦᠢ᠍ᠯᠡᠰ᠎ᠲᠤ ᠡᠩ ᠲᠡᠷᠢᠭᠦᠨ᠎ᠳᠤ ᠳᠠᠯᠠᠢ ᠵᠢᠨ ᠤᠰᠤᠨ᠎ᠤ ᠴᠡᠩᠭᠡᠭᠵᠢᠭᠦᠯᠦᠭᠰᠡᠨ ᠤᠰᠤ ᠵᠢ ᠬᠡᠷᠡᠭᠯᠡᠬᠦ ᠬᠡᠷᠡᠭᠲᠡᠢ᠃ ᠨᠥᠬᠥᠴᠡᠯ ᠪᠦᠷᠢᠯᠳᠦᠭᠦᠯᠦᠭᠰᠡᠨ᠎ᠨᠢ᠂ ᠲᠡᠯᠡᠶ ᠵᠢᠨ ᠤᠰᠤ ᠵᠢ ᠴᠡᠩᠭᠡᠭᠵᠢᠭᠦᠯᠦᠭᠰᠡᠨ ᠤᠰᠤ ᠵᠢ ᠬᠣᠲᠠ ᠵᠢᠨ ᠶᠠᠪᠤᠳᠠᠯ᠎ᠤᠨ ᠰᠢᠨ᠎ᠡ᠎ᠪᠠᠷ ᠨᠡᠮᠡᠭᠰᠡᠨ ᠤᠰᠤ ᠬᠠᠩᠭ᠋ᠠᠬᠤ ᠵᠢᠴᠢ ᠪᠠᠴᠢᠮ ᠪᠠᠶ᠋ᠢᠳᠠᠯ᠎ᠢ ᠠᠷᠭ᠋ᠠᠴᠠᠬᠤ ᠪᠡᠯᠡᠳᠬᠡᠯ ᠤᠰᠤᠨ᠎ᠤ ᠡᠬᠢ ᠰᠤᠷᠪᠤᠯᠵᠢ ᠪᠣᠯᠭ᠋ᠠᠵᠤ ᠪᠣᠯᠤᠨ᠎ᠠ᠃
    ᠳᠥᠷᠪᠡᠳᠦᠭᠡᠷ ᠪᠦᠯᠦᠭ ᠪᠠᠲᠤᠯᠠᠬᠤ ᠪᠠ ᠬᠢᠨᠠᠯᠲᠠ ᠲᠠᠯᠪᠢᠬᠤ
    ᠭᠤᠴᠢᠨ ᠨᠠᠢ᠍ᠮᠠᠳᠤᠭ᠋ᠠᠷ ᠵᠦᠢ᠍ᠯ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠨᠢ ᠤᠰᠤ ᠠᠷᠪᠢᠯᠠᠬᠤ ᠦᠷ᠎ᠡ ᠪᠦᠲᠦᠮᠵᠢ᠂ ᠲᠠᠷᠢᠶᠠᠯᠠᠩ᠎ᠳᠤ ᠬᠡᠷᠡᠭᠯᠡᠬᠦ ᠤᠰᠤᠨ᠎ᠤ ᠦᠨ᠎ᠡ ᠬᠠᠩᠰᠢ ᠵᠢᠨ ᠬᠢᠷᠢ ᠬᠡᠮᠵᠢᠶ᠎ᠡ᠂ ᠡᠳ᠋᠎ᠤᠨ ᠬᠦᠴᠦᠨ᠎ᠤ ᠪᠠᠶ᠋ᠢᠳᠠᠯ᠎ᠲᠠᠢ ᠳᠣᠭᠢᠷᠠᠯᠴᠠᠭᠰᠠᠨ ᠲᠠᠷᠢᠶᠠᠯᠠᠩ᠎ᠳᠤ ᠬᠡᠷᠡᠭᠯᠡᠬᠦ ᠤᠰᠤᠨ᠎ᠤ ᠲᠤᠶ᠋ᠢᠯ᠎ᠤᠨ ᠣᠨᠣᠪᠴᠢᠲᠠᠶ᠎ᠪᠠᠷ ᠨᠡᠮᠡᠭᠦᠷᠢ ᠥᠭᠬᠦ ᠲᠣᠭᠲᠠᠴᠠ ᠪᠠ ᠤᠰᠤ ᠠᠷᠪᠢᠯᠠᠭᠰᠠᠨ᠎ᠢ ᠱᠠᠩᠨᠠᠨ ᠬᠥᠬᠢᠭᠦᠯᠬᠦ ᠲᠣᠭᠲᠠᠴᠠ ᠵᠢ ᠪᠦᠷᠢᠨᠰᠢᠭᠦᠯᠦᠨ᠎ᠡ᠃
    ᠨᠥᠬᠥᠴᠡᠯ᠎ᠳᠤ ᠨᠡᠶ᠋ᠢᠴᠡᠬᠦ ᠤᠰᠤ ᠠᠷᠪᠢᠯᠠᠬᠤ ᠲᠥᠷᠥᠯ ᠵᠦᠢ᠍ᠯ᠎ᠳᠤ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠲᠤᠰᠠᠯᠠᠮᠵᠢ ᠣᠯᠭᠣᠨ᠎ᠠ᠃
    ᠭᠤᠴᠢ ᠶᠢᠰᠦᠳᠦᠭᠡᠷ ᠵᠦᠢ᠍ᠯ ᠤᠯᠤᠰ᠎ᠠᠴᠠ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠣᠯᠠᠨ ᠵᠦᠢ᠍ᠯ᠎ᠤᠨ ᠬᠡᠯᠪᠡᠷᠢ ᠵᠢᠨ ᠤᠰᠤ ᠠᠷᠪᠢᠯᠠᠬᠤ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡ ᠬᠠᠩᠭ᠋ᠠᠬᠤ ᠵᠢ ᠵᠣᠷᠢᠭᠵᠢᠭᠤᠯᠵᠤ᠂ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢ ᠬᠥᠲᠥᠯᠥᠨ ᠵᠢᠯᠣᠭᠣᠳᠴᠤ ᠪᠠᠶ᠋ᠢᠭ᠋ᠠᠳ ᠤᠰᠤ ᠠᠷᠪᠢᠯᠠᠬᠤ ᠲᠥᠷᠥᠯ ᠵᠦᠢ᠍ᠯ᠎ᠤᠨ ᠪᠡᠯᠡ ᠲᠣᠬᠢᠷᠠᠭᠤᠯᠭ᠎ᠠ ᠵᠢ ᠳᠡᠮᠵᠢᠬᠦ ᠡᠷᠴᠢᠮ᠎ᠢ ᠨᠡᠮᠡᠭᠳᠡᠭᠦᠯᠦᠨ᠎ᠡ᠃
    ᠤᠯᠤᠰ᠎ᠠᠴᠠ ᠨᠡᠶ᠋ᠢᠭᠡᠮ᠎ᠤᠨ ᠬᠥᠷᠥᠩᠭᠡ ᠵᠢᠨ ᠵᠠᠬ᠎ᠠ ᠳᠡᠯᠭᠡᠭᠦᠷᠴᠢᠯᠡᠬᠦ ᠵᠠᠷᠴᠢᠮ᠎ᠤᠨ ᠶᠣᠰᠣᠭ᠋ᠠᠷ ᠤᠰᠤ ᠠᠷᠪᠢᠯᠠᠬᠤ ᠲᠥᠷᠥᠯ ᠵᠦᠢ᠍ᠯ᠎ᠤᠨ ᠪᠦᠲᠦᠭᠡᠨ ᠪᠠᠶ᠋ᠢᠭᠤᠯᠤᠯᠲᠠ ᠪᠣᠯᠤᠨ ᠡᠵᠡᠩᠨᠡᠯᠲᠡ᠎ᠳᠤ ᠬᠠᠤᠯᠢ ᠶᠣᠰᠣᠭ᠋ᠠᠷ ᠣᠷᠣᠯᠴᠠᠬᠤ ᠵᠢ ᠵᠣᠷᠢᠭᠵᠢᠭᠤᠯᠬᠤ ᠪᠠ ᠬᠥᠲᠥᠯᠥᠨ ᠵᠢᠯᠣᠭᠣᠳᠴᠤ᠂ ᠬᠠᠤᠯᠢ ᠶᠣᠰᠣᠨ᠎ᠤ ᠡᠷᠬᠡ ᠠᠰᠢᠭ᠎ᠢ᠎ᠨᠢ ᠬᠠᠮᠠᠭ᠋ᠠᠯᠠᠨ᠎ᠠ᠃
    ᠳᠥᠴᠢᠳᠦᠭᠡᠷ ᠵᠦᠢ᠍ᠯ ᠤᠯᠤᠰ᠎ᠠᠴᠠ ᠤᠰᠤ ᠠᠷᠪᠢᠯᠠᠬᠤ ᠨᠡᠶ᠋ᠢᠭᠡᠮᠴᠢᠯᠡᠭᠰᠡᠨ᠂ ᠲᠤᠰᠬᠠᠶ᠋ᠢᠵᠢᠭᠰᠠᠨ᠂ ᠵᠢᠷᠤᠮᠵᠢᠭᠰᠠᠨ ᠦᠢ᠍ᠯᠡᠴᠢᠯᠡᠭᠡᠨ᠎ᠤ ᠠᠵᠤ ᠦᠢ᠍ᠯᠡᠰ᠎ᠢ ᠵᠣᠷᠢᠭᠵᠢᠭᠤᠯᠤᠨ ᠬᠥᠭᠵᠢᠭᠦᠯᠵᠦ᠂ ᠤᠰᠤ ᠠᠷᠪᠢᠯᠠᠬᠤ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢᠨ ᠤᠰᠤ ᠠᠷᠪᠢᠯᠠᠬᠤ ᠦᠢ᠍ᠯᠡᠴᠢᠯᠡᠭᠡᠨ᠎ᠤ ᠵᠠᠭᠪᠤᠷ᠎ᠤᠨ ᠰᠢᠨ᠎ᠡ ᠵᠢ ᠡᠭᠦᠳᠬᠦ ᠵᠢ ᠳᠡᠮᠵᠢᠵᠦ᠂ ᠤᠰᠤ ᠠᠷᠪᠢᠯᠠᠬᠤ ᠯᠠᠪᠯᠠᠯᠭ᠎ᠠ᠂ ᠵᠢᠷᠤᠭ ᠲᠥᠯᠥᠪᠯᠡᠭᠡ᠂ ᠪᠠᠶ᠋ᠢᠴᠠᠭ᠋ᠠᠨ ᠬᠡᠮᠵᠢᠯᠲᠡ᠂ ᠬᠡᠮᠵᠢᠯᠲᠡ᠂ ᠮᠡᠷᠭᠡᠵᠢᠯ᠎ᠤᠨ ᠥᠭᠡᠷᠡᠴᠢᠯᠡᠯᠲᠡ᠂ ᠠᠵᠢᠯᠯᠠᠭ᠋ᠠᠨ᠎ᠤ ᠬᠠᠮᠢᠶᠠᠷᠤᠯᠲᠠ᠂ ᠦᠢ᠍ᠯᠡᠳᠬᠦᠨ᠎ᠤ ᠭᠡᠷᠡᠴᠢᠯᠡᠭᠡ ᠵᠡᠷᠭᠡ ᠦᠢ᠍ᠯᠡᠴᠢᠯᠡᠭᠡ

ᠥᠷᠨᠢᠭᠦᠯᠦᠨ᠂ ᠤᠰᠤ ᠠᠷᠪᠢᠯᠠᠬᠤ ᠦᠢ᠍ᠯᠡᠴᠢᠯᠡᠭᠡᠨ᠎ᠤ ᠪᠠᠶ᠋ᠢᠭᠤᠯᠤᠮᠵᠢ ᠵᠢ ᠬᠥᠲᠥᠯᠥᠨ ᠵᠢᠯᠣᠭᠣᠳᠬᠤ ᠪᠠ ᠲᠦᠯᠬᠢᠨ ᠠᠬᠢᠭᠤᠯᠵᠤ ᠪᠠᠶ᠋ᠢᠭ᠋ᠠᠳ ᠤᠰᠤ ᠬᠡᠷᠡᠭᠯᠡᠬᠦ ᠨᠢᠭᠡᠴᠡ ᠪᠤᠶᠤ ᠬᠤᠪᠢ ᠬᠥᠮᠦᠨ᠎ᠯᠦᠭᠡ ᠤᠰᠤ ᠠᠷᠪᠢᠯᠠᠬᠤ ᠬᠠᠮᠢᠶᠠᠷᠤᠯᠲᠠ ᠵᠢᠨ ᠭᠡᠷ᠎ᠡ ᠲᠣᠭᠲᠠᠵᠤ᠂ ᠤᠰᠤ ᠠᠷᠪᠢᠯᠠᠬᠤ ᠦᠢ᠍ᠯᠡᠴᠢᠯᠡᠭᠡ ᠬᠠᠩᠭ᠋ᠠᠬᠤ ᠵᠢᠨ ᠬᠠᠮᠲᠤ ᠤᠰᠤ ᠠᠷᠪᠢᠯᠠᠬᠤ ᠦᠷ᠎ᠡ ᠠᠰᠢᠭ᠎ᠢ ᠬᠤᠪᠢᠶᠠᠨ ᠡᠳ᠋ᠯᠡᠬᠦ ᠵᠡᠷᠭᠡ ᠠᠷᠭ᠎ᠠ ᠮᠠᠶᠢᠭ ᠵᠶ᠋ᠠᠷ ᠵᠦᠢ ᠵᠣᠬᠢᠰᠲᠠᠶ ᠠᠰᠢᠭ ᠲᠤᠰᠠ ᠣᠯᠭᠣᠨ᠎ᠠ᠃
    ᠤᠯᠤᠰ᠎ᠠᠴᠠ ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠶ᠋ᠢᠭᠤᠯᠤᠯᠲᠠ᠂ ᠲᠠᠷᠢᠶᠠᠴᠢᠳ᠎ᠤᠨ ᠲᠤᠰᠬᠠᠢ ᠠᠵᠢᠯ᠎ᠤᠨ ᠬᠣᠷᠰᠢᠶ᠎ᠠ᠂ ᠲᠠᠷᠢᠶᠠᠴᠢᠳ᠎ᠤᠨ ᠤᠰᠤ ᠬᠡᠷᠡᠭᠯᠡᠬᠦ ᠬᠣᠷᠰᠢᠭᠰᠠᠨ ᠵᠣᠬᠢᠶᠠᠨ ᠪᠠᠶ᠋ᠢᠭᠤᠯᠤᠯᠲᠠ ᠵᠢᠴᠢ ᠪᠤᠰᠤᠳ ᠲᠤᠰᠬᠠᠶ᠋ᠢᠵᠢᠭᠰᠠᠨ ᠦᠢ᠍ᠯᠡᠴᠢᠯᠡᠭᠡᠨ᠎ᠤ ᠵᠣᠬᠢᠶᠠᠨ ᠪᠠᠶ᠋ᠢᠭᠤᠯᠤᠯᠲᠠ ᠵᠢᠨ ᠲᠠᠷᠢᠶᠠᠯᠠᠩ᠎ᠤᠨ ᠤᠰᠤ ᠠᠷᠪᠢᠯᠠᠬᠤ ᠦᠢ᠍ᠯᠡᠴᠢᠯᠡᠭᠡ᠎ᠳᠤ ᠣᠷᠣᠯᠴᠠᠬᠤ ᠵᠢ ᠵᠣᠷᠢᠭᠵᠢᠭᠤᠯᠤᠨ᠎ᠠ᠃
    ᠳᠥᠴᠢᠨ ᠨᠢᠭᠡᠳᠦᠭᠡᠷ ᠵᠦᠢ᠍ᠯ ᠤᠯᠤᠰ᠎ᠠᠴᠠ ᠤᠰᠤᠨ᠎ᠤ ᠡᠷᠬᠡ ᠵᠢᠨ ᠵᠠᠬ᠎ᠠ ᠳᠡᠯᠭᠡᠭᠦᠷ᠎ᠢ ᠪᠣᠶ᠋ᠢᠵᠢᠭᠤᠯᠤᠨ ᠵᠢᠷᠤᠮᠵᠢᠭᠤᠯᠵᠤ᠂ ᠤᠯᠠᠨ ᠵᠦᠢ᠍ᠯ᠎ᠤᠨ ᠬᠡᠯᠪᠡᠷᠢ ᠵᠢᠨ ᠤᠰᠤᠨ᠎ᠤ ᠡᠷᠬᠡ ᠵᠢᠨ ᠠᠷᠠᠯᠵᠢᠶ᠎ᠠ ᠥᠷᠨᠢᠭᠦᠯᠬᠦ ᠵᠢ ᠳᠡᠮᠵᠢᠵᠦ᠂ ᠤᠰᠤᠨ᠎ᠤ ᠡᠷᠬᠡ ᠵᠢᠨ ᠠᠷᠠᠯᠵᠢᠶᠠᠨ᠎ᠤ ᠰᠢᠰᠲ᠋ᠧᠮ᠎ᠢ ᠲᠡᠭᠦᠯᠳᠡᠷᠵᠢᠭᠦᠯᠦᠨ᠂ ᠲᠥᠪᠯᠡᠷᠡᠩᠭᠦᠢ ᠠᠷᠠᠯᠵᠢᠶ᠎ᠠ ᠥᠷᠨᠢᠭᠦᠯᠬᠦ ᠵᠢ ᠬᠦᠳᠦᠯᠦᠨ ᠵᠢᠯᠣᠭᠣᠳᠴᠤ᠂ ᠤᠰᠤᠨ᠎ᠤ ᠡᠷᠬᠡ ᠵᠢᠨ ᠠᠷᠠᠯᠵᠢᠶᠠᠨ᠎ᠤ ᠳᠦᠷᠢᠮ᠎ᠢ ᠲᠡᠭᠦᠯᠳᠡᠷᠵᠢᠭᠦᠯᠬᠦ ᠵᠢᠨ ᠬᠠᠮᠲᠤ ᠤᠰᠤᠨ᠎ᠤ ᠡᠷᠬᠡ ᠵᠢᠨ ᠠᠷᠠᠯᠵᠢᠶ᠎ᠠ ᠵᠢ ᠤᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶᠠᠨ᠎ᠤ ᠲᠠᠪᠴᠠᠩ᠎ᠤᠨ ᠰᠢᠰᠲ᠋ᠧᠮ᠎ᠳᠤ ᠠᠯᠬᠤᠮ ᠠᠯᠬᠤᠮ ᠵᠶ᠋ᠠᠷ ᠣᠷᠣᠭᠤᠯᠤᠨ᠎ᠠ᠃
    ᠳᠥᠴᠢᠨ ᠬᠣᠶᠠᠳᠤᠭ᠋ᠠᠷ ᠵᠦᠢ᠍ᠯ ᠤᠰᠤ ᠠᠷᠪᠢᠯᠠᠬᠤ ᠲᠠᠯ᠎ᠠ᠎ᠪᠠᠷ ᠮᠡᠳᠡᠭᠳᠡᠬᠦᠶ᠋ᠢᠴᠡ ᠠᠮᠵᠢᠯᠲᠠ ᠣᠯᠤᠭᠰᠠᠨ ᠨᠢᠭᠡᠴᠡ ᠪᠣᠯᠤᠨ ᠬᠤᠪᠢ ᠬᠥᠮᠦᠨ᠎ᠢ ᠤᠯᠤᠰ᠎ᠤᠨ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠬᠥᠬᠢᠭᠦᠯᠦᠨ ᠱᠠᠩᠨᠠᠨ᠎ᠠ᠃
     ᠳᠥᠴᠢᠨ ᠭᠤᠷᠪᠠᠳᠤᠭ᠋ᠠᠷ ᠵᠦᠢ᠍ᠯ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠎ᠠ᠂ ᠣᠷᠣᠨ ᠰᠠᠭᠤᠴᠠ ᠬᠤᠳᠠ ᠬᠥᠳᠡᠭᠡ ᠵᠢᠨ ᠪᠦᠳᠦᠭᠡᠨ ᠪᠠᠶ᠋ᠢᠭᠤᠯᠤᠯᠲᠠ᠂ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠡᠷᠭᠡ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠤᠳ ᠲᠤᠰᠢᠶᠠᠯ ᠬᠠᠷᠢᠭᠤᠴᠠᠯᠭ᠎ᠠ ᠵᠢᠨ ᠠᠵᠢᠯ᠎ᠤᠨ ᠬᠤᠪᠢᠶᠠᠷᠢᠯᠠᠯ ᠶᠣᠰᠣᠭ᠋ᠠᠷ ᠤᠰᠤ ᠬᠡᠷᠡᠭᠯᠡᠬᠦ ᠠᠵᠢᠯᠯᠠᠭ᠎ᠠ ᠵᠢ ᠬᠢᠨᠠᠵᠤ ᠪᠠᠶ᠋ᠢᠴᠠᠭ᠋ᠠᠬᠤ᠎ᠪᠠᠨ ᠴᠢᠩᠭ᠋ᠠᠳᠬᠠᠵᠤ᠂ ᠬᠠᠤᠯᠢ ᠵᠢ ᠵᠥᠷᠢᠴᠡᠭᠰᠡᠨ ᠠᠵᠢᠯᠯᠠᠭ᠎ᠠ ᠵᠢ ᠬᠠᠤᠯᠢ ᠶᠣᠰᠣᠭ᠋ᠠᠷ ᠪᠠᠶ᠋ᠢᠴᠠᠭ᠋ᠠᠨ ᠰᠢᠢ᠍ᠳᠪᠦᠷᠢᠯᠡᠬᠦ ᠬᠡᠷᠡᠭᠲᠡᠢ᠃
    ᠬᠣᠯᠪᠣᠭᠳᠠᠯ ᠪᠦᠬᠦᠢ ᠰᠠᠯᠠᠭ᠎ᠠ ᠮᠥᠴᠢᠷ ᠬᠢᠨᠠᠵᠤ ᠪᠠᠶ᠋ᠢᠴᠠᠭ᠋ᠠᠬᠤ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ ᠦᠶ᠎ᠡ᠎ᠳᠤ ᠳᠣᠣᠷ᠎ᠠ ᠵᠢᠭᠰᠠᠭ᠋ᠠᠭᠰᠠᠨ ᠠᠷᠭ᠎ᠠ ᠬᠡᠮᠵᠢᠶ᠎ᠡ᠎ᠨᠦᠭᠦᠳ᠎ᠢ ᠠᠪᠬᠤ ᠡᠷᠬᠡ᠎ᠲᠠᠢ᠄
     (ᠨᠢᠭᠡ) ᠲᠤᠬᠠᠶ ᠵᠢᠨ ᠲᠠᠯᠠᠪᠠᠶ᠎ᠳᠤ ᠣᠷᠣᠵᠤ ᠪᠠᠶ᠋ᠢᠴᠠᠭ᠋ᠠᠯᠲᠠ ᠬᠢᠵᠦ᠂ ᠬᠣᠯᠪᠣᠭᠳᠠᠯ ᠪᠦᠬᠦᠢ ᠪᠠᠶ᠋ᠢᠳᠠᠯ᠎ᠢ ᠪᠠᠶ᠋ᠢᠴᠠᠭ᠋ᠠᠨ ᠣᠶ᠋ᠢᠯᠠᠭ᠋ᠠᠬᠤ;
    (ᠬᠣᠶᠠᠷ) ᠪᠠᠶ᠋ᠢᠴᠠᠭ᠋ᠠᠭᠳᠠᠬᠤ ᠨᠢᠭᠡᠴᠡ ᠪᠤᠶᠤ ᠬᠤᠪᠢ ᠬᠥᠮᠦᠨ᠎ᠢ ᠤᠰᠤ ᠠᠷᠪᠢᠯᠠᠬᠤ ᠬᠣᠯᠪᠣᠭᠳᠠᠯ ᠪᠥᠬᠥᠶ ᠠᠰᠠᠭᠤᠳᠠᠯ᠎ᠤᠨ ᠲᠤᠬᠠᠶ ᠲᠣᠳᠣᠷᠬᠠᠶ᠋ᠢᠯᠠᠯᠲᠠ ᠬᠢᠯᠭᠡᠬᠦ᠎ᠪᠠᠷ ᠱᠠᠭ᠋ᠠᠷᠳᠠᠬᠤ;
    (ᠭᠤᠷᠪᠠ) ᠪᠠᠶ᠋ᠢᠴᠠᠭ᠋ᠠᠭᠳᠠᠬᠤ ᠨᠢᠭᠡᠴᠢ ᠪᠤᠶᠤ ᠬᠤᠪᠢ ᠬᠥᠮᠦᠨ᠎ᠢ ᠬᠣᠯᠪᠣᠭᠳᠠᠯ ᠪᠦᠬᠦᠢ ᠪᠢᠴᠢᠭ ᠮᠠᠲ᠋ᠧᠷᠢᠶᠠᠯ᠂ ᠮᠠᠲ᠋ᠧᠷᠢᠶᠠᠯ᠎ᠢ ᠬᠠᠨᠭ᠌ᠭ᠋ᠠᠯᠭ᠋ᠠᠬᠤ᠎ᠪᠠᠷ ᠱᠠᠭ᠋ᠠᠷᠳᠠᠵᠤ᠂ ᠲᠡᠳᠡᠭᠡᠷ᠎ᠢ ᠪᠠᠶ᠋ᠢᠴᠠᠭ᠋ᠠᠨ ᠦᠵᠡᠬᠦ ᠪᠤᠶᠤ ᠪᠠᠭᠤᠯᠭ᠋ᠠᠨ ᠠᠪᠬᠤ;
    (ᠳᠥᠷᠪᠡ) ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠠᠷᠭ᠎ᠠ ᠬᠡᠮᠵᠢᠶ᠎ᠡ᠃
    ᠬᠢᠨᠠᠵᠤ ᠪᠠᠶ᠋ᠢᠴᠠᠭ᠋ᠠᠬᠤ ᠠᠵᠢᠯᠳᠡᠠ ᠬᠢᠨᠠᠵᠤ ᠪᠠᠶ᠋ᠢᠴᠠᠭ᠋ᠠᠬᠤ ᠲᠤᠰᠢᠶᠠᠯ ᠬᠠᠷᠢᠭᠤᠴᠠᠯᠭ᠎ᠠ᠎ᠪᠠᠨ ᠭᠦᠢ᠍ᠴᠡᠳᠬᠡᠬᠦ᠎ᠳᠡᠭᠡᠨ ᠬᠠᠤᠯᠢ ᠬᠡᠷᠡᠭᠵᠢᠭᠦᠯᠬᠦ ᠦᠨᠡᠮᠯᠡᠯ ᠵᠶ᠋ᠠᠨ ᠰᠠᠨᠠᠭ᠋ᠠᠴᠢᠯᠠᠭ᠎ᠠ᠎ᠠᠴᠠ᠎ᠪᠠᠨ ᠭᠠᠷᠭ᠋ᠠᠵᠤ ᠦᠵᠡᠭᠦᠯᠬᠦ ᠬᠡᠷᠡᠭᠲᠡᠢ᠃ ᠪᠠᠶ᠋ᠢᠴᠠᠭ᠋ᠠᠭᠳᠠᠬᠤ ᠨᠢᠭᠡᠴᠢ ᠪᠠ ᠬᠤᠪᠢ ᠬᠥᠮᠦᠨ ᠬᠠᠮᠵᠢᠯᠴᠠᠬᠤ ᠬᠡᠷᠡᠭᠲᠡᠢ᠂ ᠲᠡᠪᠴᠢᠵᠦ᠂ ᠬᠠᠷᠰᠢᠯᠠᠵᠤ ᠪᠣᠯᠬᠤ

ᠦᠭᠡᠢ᠃
    ᠳᠥᠴᠢᠨ ᠳᠥᠷᠪᠡᠳᠦᠭᠡᠷ ᠵᠦᠢ᠍ᠯ ᠤᠰᠤᠨ᠎ᠤ ᠡᠬᠢ ᠪᠠᠶᠠᠯᠢᠭ᠎ᠢ ᠪᠦᠷᠢᠯᠭᠡᠨ ᠰᠦᠢ᠍ᠳᠬᠡᠭᠰᠡᠨ ᠠᠵᠢᠯᠯᠠᠭ᠎ᠠ ᠵᠢ ᠶᠠᠮᠠᠷᠪᠠ ᠨᠢᠭᠡᠴᠢ ᠪᠠ ᠬᠤᠪᠢ ᠬᠥᠮᠦᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠤ ᠢᠯᠡᠴᠢᠯᠡᠨ ᠮᠡᠳᠡᠭᠦᠯᠬᠦ ᠡᠷᠬᠡ᠎ᠲᠠᠢ᠂ ᠢᠯᠡᠴᠢᠯᠡᠨ ᠮᠡᠳᠡᠭᠦᠯᠦᠭᠰᠡᠨ᠎ᠢ ᠬᠦᠯᠢᠶᠡᠨ ᠠᠪᠤᠭᠰᠠᠨ ᠰᠠᠯᠠᠭ᠎ᠠ ᠮᠥᠴᠢᠷ ᠬᠠᠤᠯᠢ ᠶᠣᠰᠣᠭ᠋ᠠᠷ ᠴᠠᠭ ᠲᠤᠬᠠᠢ᠎ᠳᠤᠨᠢ ᠰᠢᠢ᠍ᠳᠪᠦᠷᠢᠯᠡᠬᠦ ᠬᠡᠷᠡᠭᠲᠡᠢ᠃
    ᠳᠥᠴᠢᠨ ᠲᠠᠪᠤᠳᠤᠭ᠋ᠠᠷ ᠵᠦᠢ᠍ᠯ ᠤᠯᠤᠰ᠎ᠠᠴᠠ ᠤᠰᠤ ᠠᠷᠪᠢᠯᠠᠬᠤ ᠬᠠᠷᠢᠭᠤᠴᠠᠯᠭ᠎ᠠ ᠵᠢᠨ ᠲᠦᠷᠢᠮ ᠪᠣᠯᠤᠨ ᠤᠰᠤ ᠠᠷᠪᠢᠯᠠᠬᠤ ᠵᠢ ᠬᠢᠨᠠᠨ ᠰᠢᠯᠭ᠋ᠠᠵᠤ ᠦᠨᠡᠯᠡᠬᠦ ᠲᠦᠷᠢᠮ᠎ᠢ ᠬᠡᠷᠡᠭᠵᠢᠭᠦᠯᠵᠦ᠂ ᠤᠰᠤ ᠠᠷᠪᠢᠯᠠᠬᠤ ᠬᠠᠷᠠᠯᠲᠠ ᠵᠢ ᠪᠡᠶᠡᠯᠡᠭᠦᠯᠦᠭᠰᠡᠨ ᠪᠠᠶ᠋ᠢᠳᠠᠯ᠎ᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠤ ᠬᠠᠷᠢᠭᠤᠴᠠᠯᠭ᠋ᠠᠲᠠᠨ᠎ᠢ ᠬᠢᠨᠠᠨ ᠰᠢᠯᠭ᠋ᠠᠬᠤ ᠬᠡᠪᠴᠢᠶᠡᠨ᠎ᠳᠤ ᠣᠷᠣᠭᠤᠯᠤᠨ᠎ᠠ᠃
    ᠲᠠᠪᠤᠳᠤᠭ᠋ᠠᠷ ᠪᠦᠯᠦᠭ    ᠬᠠᠤᠯᠢ ᠴᠠᠭ᠋ᠠᠵᠠ ᠵᠢᠨ ᠬᠠᠷᠢᠭᠤᠴᠠᠯᠭ᠎ᠠ
    ᠳᠥᠴᠢᠨ ᠵᠢᠷᠭᠤᠳᠤᠭ᠋ᠠᠷ ᠵᠦᠢ᠍ᠯ ᠤᠰᠤ ᠬᠡᠷᠡᠭᠯᠡᠬᠦ ᠬᠡᠮᠵᠢᠯᠲᠡ ᠵᠢᠨ ᠲᠥᠬᠥᠭᠡᠷᠦᠮᠵᠢ ᠵᠢ ᠡᠵᠡᠯᠡᠭᠰᠡᠨ᠂ ᠡᠪᠳᠡᠨ ᠰᠦᠢ᠍ᠳᠬᠡᠭᠰᠡᠨ᠂ ᠳᠤᠷ᠎ᠠ᠎ᠪᠠᠷ ᠵᠶ᠋ᠠᠨ ᠰᠢᠯᠵᠢᠭᠦᠯᠦᠭᠰᠡᠨ ᠪᠤᠶᠤ ᠤᠰᠤ ᠬᠡᠷᠡᠭᠯᠡᠬᠦ ᠬᠡᠮᠵᠢᠯᠲᠡ ᠵᠢ ᠬᠠᠷᠰᠢᠯᠠᠭᠰᠠᠨ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠂ ᠣᠷᠣᠨ ᠰᠠᠭᠤᠴᠠ ᠪᠠ ᠬᠤᠲᠠ ᠬᠥᠳᠡᠭᠡ ᠵᠢᠨ ᠪᠦᠲᠦᠭᠡᠨ ᠪᠠᠶ᠋ᠢᠭᠤᠯᠤᠯᠲᠠ ᠵᠢᠨ ᠡᠷᠬᠢᠯᠡᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠠᠴᠠ ᠬᠠᠤᠯᠢ ᠵᠢ ᠵᠥᠷᠢᠴᠡᠭᠰᠡᠨ ᠠᠵᠢᠯᠯᠠᠭ᠎ᠠ ᠵᠢ᠎ᠨᠢ ᠵᠠᠷᠯᠢᠭᠳᠠᠨ ᠵᠣᠭᠰᠣᠭ᠋ᠠᠵᠤ᠂ ᠬᠤᠭᠤᠴᠠᠭ᠎ᠠ ᠲᠣᠭᠲᠠᠭ᠋ᠠᠨ ᠨᠥᠬᠥᠪᠥᠷᠢᠯᠡᠬᠦ ᠠᠷᠭ᠎ᠠ ᠬᠡᠮᠵᠢᠶ᠎ᠡ ᠠᠪᠤᠭᠤᠯᠵᠤ᠂ 1 ᠲᠦᠮᠡᠨ ᠲᠥᠭᠥᠷᠢᠭ᠎ᠠᠴᠠ ᠳᠡᠭᠡᠭᠰᠢ 10 ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠨ᠎ᠡ; ᠬᠣᠬᠢᠷᠠᠯ ᠤᠴᠠᠷᠠᠭᠤᠯᠤᠭᠰᠠᠨ ᠪᠠᠶ᠋ᠢᠪᠠᠯ᠂ ᠬᠠᠤᠯᠢ ᠶᠣᠰᠣᠭ᠋ᠠᠷ ᠲᠦᠯᠦᠬᠦ ᠬᠠᠷᠢᠭᠤᠴᠠᠯᠭ᠎ᠠ ᠡᠭᠦᠷᠭᠡᠯᠡᠭᠦᠯᠦᠨ᠎ᠡ᠃
    ᠳᠥᠴᠢᠨ ᠳᠣᠯᠣᠳᠤᠭ᠋ᠠᠷ ᠵᠦᠢ᠍ᠯ ᠪᠥᠳᠥᠭᠡᠨ ᠪᠠᠶ᠋ᠢᠭᠤᠯᠤᠯᠲᠠ ᠵᠢᠨ ᠲᠥᠷᠥᠯ ᠵᠦᠢ᠍ᠯ᠎ᠤᠨ ᠤᠰᠤ ᠠᠷᠪᠢᠯᠠᠬᠤ ᠪᠡᠯᠡᠳᠬᠡᠮᠵᠢ ᠵᠢ ᠪᠠᠶ᠋ᠢᠭᠤᠯᠤᠭᠰᠠᠨ ᠥᠭᠡᠢ ᠪᠤᠶᠤ ᠤᠯᠤᠰ᠎ᠤᠨ ᠲᠣᠭᠲᠠᠭ᠋ᠠᠯ᠎ᠤᠨ ᠱᠠᠭ᠋ᠠᠷᠳᠠᠯᠭ᠎ᠠ᠎ᠳᠤ ᠬᠥᠷᠥᠭᠰᠡᠨ ᠥᠭᠡᠢ᠎ᠪᠠᠷ ᠳᠤᠷ᠎ᠠ᠎ᠪᠠᠷ ᠵᠶ᠋ᠠᠨ ᠠᠰᠢᠭᠯᠠᠯᠲᠠ᠎ᠳᠤ ᠣᠷᠣᠭᠤᠯᠤᠭᠰᠠᠨ ᠵᠢᠴᠢ ᠦᠢ᠍ᠯᠡᠳᠪᠦᠷᠢᠯᠡᠵᠦ᠂ ᠪᠣᠷᠣᠯᠠᠭᠤᠯᠤᠨ ᠬᠤᠳᠠᠯᠳᠤᠭᠰᠠᠨ ᠪᠤᠶᠤ ᠦᠢ᠍ᠯᠡᠳᠪᠦᠷᠢᠯᠡᠯ ᠡᠵᠡᠩᠨᠡᠯᠲᠡ᠎ᠳᠤ ᠤᠯᠤᠰ᠎ᠠᠴᠠ ᠲᠣᠳᠣᠷᠬᠠᠢ ᠵᠠᠷᠯᠢᠭ ᠵᠶ᠋ᠠᠷ ᠰᠢᠭᠰᠢᠭᠳᠡᠭᠦᠯᠦᠭᠰᠡᠨ ᠬᠣᠴᠣᠷᠤᠩᠭᠤᠢ᠂ ᠤᠰᠤ ᠶᠡᠬᠡ ᠬᠣᠷᠣᠭᠳᠠᠭᠤᠯᠬᠤ ᠮᠡᠷᠭᠡᠵᠢᠯ᠂ ᠤᠷᠠᠨ ᠳᠠᠷᠬ᠎ᠠ᠂ ᠲᠥᠬᠥᠭᠡᠷᠦᠮᠵᠢ ᠪᠣᠯᠤᠨ ᠦᠢ᠍ᠯᠡᠳᠬᠦᠨ᠎ᠢ ᠬᠡᠷᠡᠭᠯᠡᠭᠰᠡᠨ ᠪᠣᠯ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ ᠎ᠤᠨ ᠤᠰᠤᠨ᠎ᠤ ᠬᠠᠤᠯᠢ》 ᠵᠢᠨ ᠬᠣᠯᠪᠣᠭᠳᠠᠯ ᠪᠥᠬᠥᠢ ᠲᠣᠭᠲᠠᠭ᠋ᠠᠯ ᠶᠣᠰᠣᠭ᠋ᠠᠷ ᠰᠢᠢ᠍ᠳᠭᠡᠨ᠎ᠡ ᠲᠣᠷᠭ᠋ᠠᠨ᠎ᠠ᠃
    ᠳᠥᠴᠢᠨ ᠨᠠᠢ᠍ᠮᠠᠳᠤᠭ᠋ᠠᠷ ᠵᠦᠢ᠍ᠯ ᠤᠰᠤ ᠶᠡᠬᠡ ᠬᠣᠷᠣᠭᠳᠠᠭᠤᠯᠬᠤ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠤᠰᠤ ᠬᠡᠷᠡᠭᠯᠡᠬᠦ ᠬᠢᠷᠢ ᠬᠡᠮᠵᠢᠶ᠎ᠡ᠎ᠨᠢ ᠤᠰᠤ ᠬᠡᠷᠡᠭᠯᠡᠬᠦ ᠲᠣᠭᠲᠠᠭᠰᠠᠨ ᠨᠣᠷᠮ᠎ᠠ᠎ᠠᠴᠠ ᠬᠡᠲᠦᠷᠡᠵᠦ᠂ ᠲᠣᠭᠲᠠᠭ᠋ᠠᠭᠰᠠᠨ ᠬᠤᠭᠤᠴᠠᠭ᠋ᠠᠨ ᠳᠣᠲᠣᠷ᠎ᠠ ᠤᠰᠤ ᠠᠷᠪᠢᠯᠠᠬᠤ ᠥᠭᠡᠷᠡᠴᠢᠯᠡᠯᠲᠡ ᠬᠢᠭᠰᠡᠨ ᠦᠭᠡᠶ ᠪᠣᠯ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭ᠋ᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠰᠠᠪᠠ ᠭᠠᠵᠠᠷ᠎ᠤᠨ ᠬᠠᠮᠢᠶᠠᠷᠤᠯᠲᠠ ᠵᠢᠨ ᠪᠠᠶ᠋ᠢᠭᠤᠯᠤᠮᠵᠢ᠎ᠠᠴᠠ ᠵᠠᠷᠯᠢᠭᠳᠠᠨ ᠵᠠᠯᠠᠷᠠᠭᠤᠯᠵᠤ᠂ 10 ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠵᠤ ᠪᠣᠯᠤᠨ᠎ᠠ; ᠵᠠᠯᠠᠷᠠᠭᠤᠯᠬᠤ ᠵᠢ ᠲᠡᠪᠴᠢᠭᠰᠡᠨ ᠪᠠᠶ᠋ᠢᠪᠠᠯ᠂ 10 ᠲᠦᠮᠡᠨ ᠲᠥᠭᠥᠷᠢᠭ᠎ᠠᠴᠠ ᠳᠡᠭᠡᠭᠰᠢ 50 ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠨ᠎ᠡ᠂ ᠦᠢ᠍ᠯᠡ ᠪᠠᠶ᠋ᠢᠳᠠᠯ᠎ᠨᠢ ᠬᠦᠨᠳᠦ ᠨᠣᠴᠢᠲᠠᠢ ᠪᠠᠶ᠋ᠢᠪᠠᠯ᠂ ᠤᠰᠤ ᠬᠡᠷᠡᠭᠯᠡᠬᠦ ᠵᠢ ᠬᠢᠵᠠᠭ᠋ᠠᠷᠯᠠᠬᠤ ᠠᠷᠭ᠎ᠠ ᠬᠡᠮᠵᠢᠶ᠎ᠡ ᠠᠪᠬᠤ ᠪᠤᠶᠤ ᠤᠰᠤ ᠠᠪᠬᠤ ᠵᠥᠪᠰᠢᠶᠡᠷᠡᠯ᠎ᠤᠨ ᠦᠨᠡᠮᠯᠡᠯ᠎ᠢ᠎ᠨᠢ ᠬᠤᠷᠢᠶᠠᠨ ᠠᠪᠴᠤ ᠬᠦᠴᠦᠨ ᠦᠭᠡᠢ ᠪᠣᠯᠭ᠋ᠠᠨ᠎ᠠ᠃
    ᠳᠥᠴᠢ ᠶᠢᠰᠦᠳᠦᠭᠡᠷ ᠵᠦᠢ᠍ᠯ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠦᠢ᠍ᠯᠡᠳᠪᠦᠷᠢᠯᠡᠯ᠎ᠤᠨ ᠲᠥᠬᠥᠭᠡᠷᠦᠮᠵᠢ ᠵᠢ ᠬᠥᠷᠥᠭᠡᠭᠰᠡᠨ ᠤᠰᠤ᠂ ᠠᠭ᠋ᠠᠷ ᠲᠣᠬᠢᠷᠠᠭᠤᠯᠤᠭᠤᠷ᠎ᠢ ᠬᠥᠷᠥᠭᠡᠭᠰᠡᠨ ᠤᠰᠤ᠂ ᠭᠦᠸᠸᠯᠤ ᠵᠢ ᠴᠠᠷᠴᠠᠭ᠋ᠠᠭᠰᠠᠨ ᠤᠰᠤ ᠵᠢ ᠬᠤᠷᠢᠶᠠᠨ ᠠᠪᠴᠤ ᠠᠰᠢᠭᠯᠠᠭᠰᠠᠨ ᠦᠭᠡᠢ ᠪᠠᠶ᠋ᠢᠪᠠᠯ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠶᠠᠪᠤᠳᠠᠯ᠎ᠤᠨ ᠵᠠᠰᠠᠭ ᠵᠠᠬᠢᠷᠭ᠋ᠠᠨ᠎ᠤ ᠡᠷᠬᠢᠯᠡᠨ ᠬᠠᠮᠢᠶᠠᠷᠬᠤ ᠰᠠᠯᠠᠭ᠎ᠠ ᠮᠥᠴᠢᠷ᠎ᠠᠴᠠ ᠵᠠᠷᠯᠢᠭᠳᠠᠨ ᠵᠠᠯᠠᠷᠠᠭᠤᠯᠤᠭᠤᠯᠬᠤ ᠪᠥᠭᠡᠳ 5 ᠲᠦᠮᠡᠨ ᠲᠥᠭᠥᠷᠢᠭ᠎ᠠᠴᠠ ᠳᠣᠭᠣᠭᠰᠢ ᠵᠣᠭᠣᠰ ᠵᠶ᠋ᠠᠷ ᠲᠣᠷᠭ᠋ᠠᠬᠤ᠎ᠪᠠᠷ ᠰᠢᠢ᠍ᠳᠭᠡᠵᠦ ᠪᠣᠯᠤᠨ᠎ᠠ; ᠵᠠᠯᠠᠷᠠᠭᠤᠯᠬᠤ ᠦᠭᠡᠶ ᠪᠣᠯ 5 ᠲᠦᠮᠡᠨ ᠲᠥᠭᠥᠷᠢᠭ᠎ᠠᠴᠠ ᠳᠡᠭᠡᠭᠰᠢ 10 ᠲᠦᠮᠡᠨ ᠲᠥᠭᠥᠷᠢᠭ᠎ᠠᠴᠠ ᠳᠣᠷᠣᠭᠰᠢ ᠵᠣᠭᠣᠰ ᠵᠶ᠋ᠠᠷ ᠲᠣᠷᠭ᠋ᠠᠨ᠎ᠠ᠃
    ᠲᠠᠪᠢᠳᠤᠭ᠋ᠠᠷ ᠵᠦᠢ᠍ᠯ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ ᠵᠢᠴᠢ ᠬᠣᠯᠪᠣᠭᠳᠠᠯ ᠪᠥᠬᠥᠢ ᠰᠠᠯᠠᠭ᠎ᠠ ᠮᠥᠴᠢᠷ᠎ᠤᠨ ᠠᠵᠢᠯᠳᠠᠨ ᠤᠰᠤ ᠠᠷᠪᠢᠯᠠᠬᠤ ᠠᠵᠢᠯ᠎ᠤᠨ ᠳᠤᠮᠳᠠ ᠡᠷᠬᠡ ᠲᠤᠰᠢᠶᠠᠯ ᠵᠶ᠋ᠠᠨ ᠳᠤᠷ᠎ᠠ᠎ᠪᠠᠷ ᠵᠶ᠋ᠠᠨ ᠬᠡᠷᠡᠭᠯᠡᠵᠦ᠂ ᠲᠤᠰᠢᠶᠠᠯ ᠬᠠᠷᠢᠭᠤᠴᠠᠯᠭ᠎ᠠ᠎ᠪᠠᠨ ᠣᠮᠲᠣᠭ᠋ᠠᠶ᠋ᠢᠯᠠᠵᠤ᠂ ᠬᠤᠪᠢ ᠵᠢᠨ ᠨᠠᠶ᠋ᠢᠷ ᠬᠠᠷᠠᠵᠤ ᠬᠠᠤᠯᠢ ᠶᠣᠰᠣ ᠵᠢ ᠵᠥᠷᠢᠴᠡᠭᠰᠡᠨ ᠪᠠᠶ᠋ᠢᠪᠠᠯ᠂ ᠬᠠᠤᠯᠢ ᠶᠣᠰᠣᠭ᠋ᠠᠷ ᠰᠢᠢ᠍ᠳᠭᠡᠯ ᠥᠭᠭᠦᠨ᠎ᠡ᠃
    ᠲᠠᠪᠢᠨ ᠨᠢᠭᠡᠳᠦᠭᠡᠷ ᠵᠦᠢ᠍ᠯ ᠲᠣᠰ ᠳᠦᠷᠢᠮ᠎ᠤᠨ ᠲᠣᠭᠲᠠᠭ᠋ᠠᠯ᠎ᠢ ᠵᠥᠷᠢᠴᠡᠵᠦ᠂ ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢ ᠵᠥᠷᠢᠴᠡᠭᠰᠡᠨ ᠦᠢ᠍ᠯᠡ ᠠᠵᠢᠯᠯᠠᠭ᠎ᠠ ᠪᠣᠯᠵᠤ ᠪᠦᠷᠢᠯᠳᠦᠭᠰᠡᠨ ᠪᠠᠢ᠌ᠪᠠᠯ᠂ ᠳᠣᠲᠣᠭ᠋ᠠᠳᠤ ᠵᠢ ᠬᠠᠮᠠᠭ᠋ᠠᠯᠠᠬᠤ ᠪᠠᠶ᠋ᠢᠭᠤᠯᠭ᠎ᠠ᠎ᠠᠴᠠ ᠬᠠᠤᠯᠢ ᠶᠣᠰᠣᠭ᠋ᠠᠷ ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢᠨ ᠰᠢᠢ᠍ᠳᠬᠡᠯ ᠥᠭᠭᠦᠨ᠎ᠡ; ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
    ᠵᠢᠷᠭᠤᠳᠤᠭ᠋ᠠᠷ ᠪᠦᠯᠦᠭ    ᠳᠠᠭ᠋ᠠᠯᠳᠤᠭᠤᠯᠤᠭᠰᠠᠨ ᠲᠤᠢ᠍ᠷᠢᠮ
    ᠲᠠᠪᠢᠨ ᠬᠣᠶᠠᠳᠤᠭ᠋ᠠᠷ ᠵᠦᠢ᠍ᠯ  ᠲᠣᠰ ᠲᠦᠷᠢᠮ᠎ᠢ 2024 ᠣᠨ᠎ᠤ 5 ᠳ᠋ᠤᠭ᠋ᠠᠷ ᠰᠠᠷ᠎ᠠ ᠵᠢᠨ 1᠎ᠤ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃

ᠢᠷᠡᠯᠲᠡ᠄ ᠰᠢᠨᠬᠤᠸᠠ ᠬᠣᠷᠢᠶ᠎ᠠ
          
ᠬᠠᠮᠢᠶ᠎ᠡ ᠪᠦᠬᠦᠢ ᠰᠣᠨᠢᠨ
ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠬᠡᠷᠡᠭᠯᠡᠭᠴᠢᠳ᠎ᠤᠨ ᠡᠷᠬᠡ ᠠᠰᠢᠭ᠎ᠢ ᠬᠠᠮᠠᠭ᠋ᠠᠯᠠᠬᠤ ᠬᠠᠤᠯᠢ ᠵᠢ ᠬᠡᠷᠡᠭᠵᠢᠭᠦᠯᠬᠦ ᠳᠦᠷᠢᠮ
 
            