ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ᠎ᠤᠨ ᠬᠠᠮᠢᠶᠠᠷᠤᠯᠲᠠ ᠵᠢᠨ ᠠᠷᠭ᠎ᠠ
(2017 ᠣᠨ᠎ᠤ 6 ᠰᠠᠷ᠎ᠠ ᠵᠢᠨ 26᠎ᠤ ᠡᠳᠦᠷ ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ
ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ 20 ᠳ᠋ᠤᠭ᠋ᠠᠷ ᠲᠣᠭ᠋ᠠᠲᠤ ᠵᠠᠷᠯᠢᠭ ᠵᠶ᠋ᠠᠷ
ᠨᠡᠶ᠋ᠢᠲᠡᠯᠡᠪᠡ
2019 ᠣᠨ᠎ᠤ 11 ᠰᠠᠷ᠎ᠠ ᠵᠢᠨ 14᠎ᠤ ᠡᠳᠦᠷ᠎ᠤᠨ 《ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ 〈ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ᠎ᠤᠨ ᠬᠠᠮᠢᠶᠠᠷᠤᠯᠲᠠ ᠵᠢᠨ ᠠᠷᠭ᠎ᠠ〉᠎ᠳᠤ ᠵᠠᠰᠠᠪᠤᠷᠢ ᠣᠷᠣᠭᠤᠯᠬᠤ ᠲᠤᠬᠠᠶ ᠲᠣᠭᠲᠠᠭ᠋ᠠᠯ》᠎ᠢ ᠦᠨᠳᠦᠰᠦᠯᠡᠨ ᠵᠠᠰᠠᠪᠤᠷᠢ ᠣᠷᠣᠭᠤᠯᠪᠠ)
ᠨᠢᠭᠡᠳᠦᠭᠡᠷ ᠪᠦᠯᠦᠭ ᠶᠡᠷᠦᠩᠬᠡᠢ ᠳᠦᠷᠢᠮ
ᠨᠢᠭᠡᠳᠦᠭᠡᠷ ᠵᠦᠢ᠍ᠯ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠠᠵᠢᠯ᠎ᠤᠨ ᠤᠷᠤᠭᠰᠢᠲᠠᠶ ᠶᠠᠪᠤᠭᠳᠠᠬᠤ ᠵᠢ ᠪᠠᠲᠤᠯᠠᠵᠤ᠂ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ ᠣᠯᠭᠣᠬᠤ ᠪᠠ ᠬᠠᠮᠢᠶᠠᠷᠬᠤ ᠠᠵᠢᠯ᠎ᠢ ᠵᠢᠷᠤᠮᠵᠢᠭᠤᠯᠬᠤ ᠵᠢᠨ ᠲᠤᠰᠠᠳᠠ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠬᠠᠤᠯᠢ》 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠣᠭ᠎ᠠ ᠪᠦᠷᠢᠳᠬᠡᠯ᠎ᠤᠨ ᠬᠠᠤᠯᠢ》 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠣᠭ᠎ᠠ ᠪᠦᠷᠢᠳᠬᠡᠯ᠎ᠤᠨ ᠬᠠᠤᠯᠢ ᠵᠢ ᠬᠡᠷᠡᠭᠵᠢᠭᠦᠯᠬᠦ ᠳᠦᠷᠢᠮ》 ᠵᠡᠷᠭᠡ ᠬᠣᠯᠪᠣᠭᠳᠠᠯ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠦᠨᠳᠦᠰᠦᠯᠡᠨ᠂ ᠲᠤᠰ ᠠᠷᠭ᠎ᠠ ᠵᠢ ᠲᠣᠭᠲᠠᠭ᠋ᠠᠪᠠ᠃
ᠬᠣᠶᠠᠳᠤᠭ᠋ᠠᠷ ᠵᠦᠢ᠍ᠯ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ ᠭᠤᠶᠤᠴᠢᠯᠠᠬᠤ᠂ ᠳᠠᠷᠤᠮᠠᠯᠯᠠᠨ ᠵᠣᠬᠢᠶᠠᠬᠤ᠂ ᠬᠢᠨᠠᠨ ᠣᠯᠭᠣᠬᠤ᠂ ᠬᠡᠷᠡᠭᠯᠡᠬᠦ ᠪᠠ ᠬᠢᠨᠠᠯᠲᠠ ᠲᠠᠯᠪᠢᠵᠤ ᠬᠠᠮᠢᠶᠠᠷᠬᠤ᠎ᠳᠤ ᠲᠤᠰ ᠠᠷᠭ᠎ᠠ ᠲᠣᠬᠢᠷᠠᠨ᠎ᠠ᠃
ᠭᠤᠷᠪᠠᠳᠤᠭ᠋ᠠᠷ ᠵᠦᠢ᠍ᠯ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ ᠪᠣᠯ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠠᠵᠢᠯᠲᠠᠳ᠎ᠤᠨ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠠᠵᠢᠯᠯᠠᠭ᠎ᠠ ᠵᠢ ᠬᠠᠤᠯᠢ ᠶᠣᠰᠣᠭ᠋ᠠᠷ ᠡᠷᠬᠢᠯᠡᠬᠦ᠎ᠳᠡᠭᠡᠨ ᠪᠡᠶ᠎ᠡ ᠭᠠᠷᠤᠯ ᠵᠶ᠋ᠠᠨ ᠭᠡᠷᠡᠴᠢᠯᠡᠬᠦ ᠬᠦᠴᠦᠨ ᠪᠦᠬᠦᠢ ᠦᠨᠡᠮᠯᠡᠯ ᠪᠣᠯᠬᠤ ᠪᠥᠭᠡᠳ ᠲᠣᠭ᠎ᠠ ᠪᠦᠷᠢᠳᠬᠡᠯ᠎ᠤᠨ ᠵᠠᠰᠠᠭ ᠵᠠᠬᠢᠷᠭ᠋ᠠᠨ᠎ᠤ ᠬᠠᠤᠯᠢ ᠬᠡᠷᠡᠭᠵᠢᠭᠦᠯᠬᠦ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠬᠦ ᠵᠢᠨ ᠭᠡᠷᠡᠴᠢ ᠪᠠᠷᠢᠮᠲᠠ ᠪᠣᠯᠤᠨ᠎ᠠ᠃
ᠳᠥᠷᠪᠡᠳᠦᠭᠡᠷ ᠵᠦᠢ᠍ᠯ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠠᠵᠢᠯ᠎ᠢ ᠬᠢᠵᠦ ᠪᠠᠶ᠋ᠢᠭ᠎ᠠ ᠠᠵᠢᠯᠲᠠᠨ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ᠎ᠲᠠᠢ ᠪᠠᠶ᠋ᠢᠬᠤ ᠬᠡᠷᠡᠭᠲᠡᠶ᠃ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ ᠣᠯᠤᠭᠰᠠᠨ ᠦᠭᠡᠶ ᠪᠣᠯ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠠᠵᠢᠯ ᠬᠢᠵᠦ ᠪᠣᠯᠬᠤ ᠦᠭᠡᠶ᠃
ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠠᠵᠢᠯᠲᠠᠨ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠠᠵᠢᠯ᠎ᠢ ᠬᠠᠤᠯᠢ ᠶᠣᠰᠣᠭ᠋ᠠᠷ ᠥᠷᠨᠢᠭᠦᠯᠬᠦ᠎ᠳᠡᠭᠡᠨ᠂ ᠲᠣᠭ᠎ᠠ ᠪᠦᠷᠢᠳᠬᠡᠯ᠎ᠤᠨ ᠪᠠᠶ᠋ᠢᠴᠠᠭ᠋ᠠᠭᠳᠠᠬᠤ ᠡᠲᠡᠭᠡᠳ᠎ᠲᠤ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ ᠵᠶ᠋ᠠᠨ ᠰᠠᠨᠠᠭ᠋ᠠᠴᠢᠯᠠᠭ᠎ᠠ᠎ᠠᠴᠠ᠎ᠪᠠᠨ ᠦᠵᠡᠭᠦᠯᠬᠦ ᠬᠡᠷᠡᠭᠲᠡᠶ᠃
ᠲᠠᠪᠤᠳᠤᠭ᠋ᠠᠷ ᠵᠦᠢ᠍ᠯ ᠤᠯᠤᠰ᠎ᠤᠨ ᠲᠣᠭ᠎ᠠ ᠪᠦᠷᠢᠳᠬᠡᠯ᠎ᠤᠨ ᠲᠤᠪᠴᠢᠶ᠎ᠠ᠎ᠠᠴᠠ ᠪᠦᠬᠦ ᠤᠯᠤᠰ᠎ᠤᠨ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ ᠣᠯᠭᠣᠬᠤ ᠪᠠ ᠬᠠᠮᠢᠶᠠᠷᠬᠤ ᠠᠵᠢᠯ᠎ᠢ ᠬᠠᠷᠢᠭᠤᠴᠠᠨ᠎ᠠ᠃
ᠮᠤᠵᠢ ᠵᠢᠨ ᠱᠠᠲᠤᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠨᠢ ᠲᠤᠰ ᠭᠠᠵᠠᠷ ᠣᠷᠣᠨ᠂ ᠲᠤᠰ ᠰᠢᠰᠲ᠋ᠧᠮ᠎ᠤᠨ ᠵᠶ᠋ᠠᠨ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ ᠭᠤᠶᠤᠴᠢᠯᠠᠬᠤ᠂ ᠬᠢᠨᠠᠬᠤ᠂ ᠬᠠᠮᠢᠶᠠᠷᠬᠤ ᠠᠵᠢᠯ᠎ᠢ ᠬᠠᠷᠢᠭᠤᠴᠠᠨ᠎ᠠ᠃
ᠵᠢᠷᠭᠤᠳᠤᠭ᠋ᠠᠷ ᠵᠦᠢ᠍ᠯ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ᠎ᠨᠢ ᠲᠤᠰᠬᠠᠶ ᠬᠡᠷᠡᠭᠯᠡᠬᠦ ᠠᠷᠠᠰᠤᠨ ᠬᠠᠪᠲᠠᠭ᠎ᠠ ᠪᠣᠯᠤᠨ ᠳᠣᠲᠣᠷ ᠺᠠᠷᠲ ᠵᠶ᠋ᠠᠷ ᠪᠦᠷᠢᠯᠳᠦᠨ᠎ᠡ᠃
ᠠᠷᠠᠰᠤᠨ ᠬᠠᠪᠲᠠᠭ᠎ᠠ᠎ᠨᠢ ᠬᠥᠨᠳᠡᠯᠡᠨ ᠮᠠᠶᠢᠭ᠎ᠤᠨ ᠬᠠᠷ᠎ᠠ ᠥᠩᠭᠡᠲᠡᠶ ᠠᠷᠠᠰᠤᠨ ᠮᠠᠲᠸᠷᠢᠶᠠᠯ ᠪᠠᠶ᠋ᠢᠵᠤ᠂ ᠭᠠᠳᠠᠷ ᠲᠠᠯᠠᠳᠤᠨᠢ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ》 ᠭᠡᠬᠦ ᠥᠰᠥᠭ᠎ᠢ ᠰᠡᠶ᠋ᠢᠯᠵᠦ᠂ ᠳᠤᠮᠳᠠ᠎ᠪᠠᠨ ᠤᠯᠤᠰ᠎ᠤᠨ ᠰᠦᠯᠳᠡ ᠵᠢᠨ ᠵᠢᠷᠤᠭ᠎ᠢ ᠰᠡᠶ᠋ᠢᠯᠵᠦ᠂ ᠳᠤᠤᠷ᠎ᠠ ᠲᠠᠯᠠᠳᠤᠨᠢ 《ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ》 ᠭᠡᠬᠦ ᠥᠰᠥᠭ᠎ᠢ ᠰᠡᠶ᠋ᠢᠯᠵᠦ᠂ ᠠᠷᠤ ᠲᠠᠯᠠᠳᠤᠨᠢ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠲᠡᠮᠳᠡᠭ᠎ᠢ ᠰᠡᠶ᠋ᠢᠯᠵᠦ᠂ ᠳᠤᠤᠷ᠎ᠠ ᠲᠠᠯᠠᠳᠤᠨᠢ 《ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ᠎ᠠᠴᠠ ᠣᠯᠭᠣᠭᠰᠠᠨ》 ᠭᠡᠰᠡᠨ ᠥᠰᠥᠭ᠎ᠢ ᠰᠡᠶ᠋ᠢᠯᠦᠨᠡ; ᠲᠤᠳᠤᠷ᠎ᠨᠢ ᠺᠠᠷᠲ ᠵᠶ᠋ᠠᠨ ᠬᠢᠨ᠎ᠡ᠃
ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ᠎ᠤᠨ ᠵᠡᠭᠦᠨ ᠲᠠᠯ᠎ᠠ᠎ᠨᠢ ᠬᠠᠭᠤᠷᠮᠠᠭ᠎ᠢ ᠰᠡᠷᠭᠡᠶ᠋ᠢᠯᠡᠬᠦ ᠰᠦᠯᠢᠶᠣᠣ ᠭᠠᠳᠠᠷ ᠺᠠᠷᠲ ᠪᠠᠢ᠌ᠵᠤ᠂ 《ᠪᠥᠬᠥᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ》 ᠭᠡᠬᠦ ᠥᠰᠥᠭ ᠪᠠ ᠬᠠᠤᠯᠢ ᠬᠡᠷᠡᠭᠵᠢᠭᠦᠯᠬᠦ ᠦᠨᠡᠮᠯᠡᠯ᠎ᠤᠨ ᠨᠣᠮᠧᠷ᠂ ᠦᠨᠡᠮᠯᠡᠯ ᠭᠠᠷᠳᠠᠭᠴᠢ ᠵᠢᠨ ᠣᠪᠣᠭ ᠨᠡᠷ᠎ᠡ᠂ ᠴᠢᠨᠠᠷ᠎ᠤᠨ ᠢᠯᠭ᠋ᠠᠯ᠂ ᠬᠡᠷᠡᠯ ᠵᠢᠷᠤᠭ᠂ ᠪᠠᠶ᠋ᠢᠭ᠎ᠠ ᠨᠢᠭᠡᠴᠡ᠂ ᠦᠨᠡᠮᠯᠡᠯ ᠣᠯᠭᠣᠭᠰᠠᠨ ᠪᠠᠶ᠋ᠢᠭᠤᠯᠭ᠎ᠠ᠂ ᠬᠦᠴᠦᠨ᠎ᠲᠠᠢ ᠬᠤᠭᠤᠴᠠᠭ᠎ᠠ ᠵᠢᠴᠢ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠲᠠᠮᠠᠭ᠎ᠠ ᠵᠢ ᠲᠤᠳᠤᠷᠬᠠᠢ᠌ᠯᠠᠵᠤ᠂ ᠪᠠᠷᠠᠭᠤᠨ ᠲᠠᠯ᠎ᠠ᠎ᠨᠢ ᠴᠠᠭ᠋ᠠᠰᠤᠨ ᠺᠠᠷᠲ ᠪᠠᠢ᠌ᠵᠤ᠂ ᠬᠠᠤᠯᠢ ᠬᠡᠷᠡᠭᠵᠢᠭᠦᠯᠬᠦ ᠠᠵᠢᠯᠲᠠᠨ᠎ᠤ ᠡᠭᠦᠷᠭᠡ ᠬᠠᠷᠢᠭᠤᠴᠠᠯᠭ᠎ᠠ᠂ ᠡᠷᠬᠡ ᠵᠢᠨ ᠬᠡᠪᠴᠢᠶ᠎ᠡ ᠪᠠ ᠬᠢᠨᠠᠯᠲᠠ ᠲᠠᠯᠪᠢᠬᠤ ᠤᠲᠠᠰᠤ ᠵᠢ ᠲᠣᠳᠣᠷᠬᠠᠶ᠋ᠢᠯᠠᠨ᠎ᠠ᠃
ᠬᠠᠤᠯᠢ ᠬᠡᠷᠡᠭᠵᠢᠭᠦᠯᠬᠦ ᠦᠨᠡᠮᠯᠡᠯ᠎ᠤᠨ ᠬᠡᠪ ᠳᠦᠷᠢᠮ᠎ᠤᠨ ᠲᠤᠬᠠᠶ ᠤᠯᠤᠰ᠎ᠠᠴᠠ ᠤᠨᠴᠠᠭ᠋ᠠᠢ ᠲᠣᠭᠲᠠᠭ᠋ᠠᠯ᠎ᠲᠠᠢ ᠪᠣᠯ ᠲᠡᠷᠡ ᠲᠣᠭᠲᠠᠭ᠋ᠠᠯ ᠵᠶ᠋ᠠᠷ᠎ᠨᠢ ᠬᠡᠷᠡᠭᠵᠢᠭᠦᠯᠦᠨ᠎ᠡ᠃
ᠬᠣᠶᠠᠳᠤᠭ᠋ᠠᠷ ᠪᠦᠯᠦᠭ ᠦᠨᠡᠮᠯᠡᠯ ᠤᠯᠬᠤ ᠪᠠ ᠬᠢᠨᠠᠨ ᠣᠯᠭᠣᠬᠤ
ᠳᠣᠯᠣᠳᠤᠭ᠋ᠠᠷ ᠵᠦᠢ᠍ᠯ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ ᠣᠯᠬᠤ᠎ᠳᠤ ᠳᠣᠣᠷᠠᠬᠢ ᠨᠥᠬᠥᠴᠡᠯ᠎ᠳᠤ ᠨᠡᠶ᠋ᠢᠴᠡᠭᠰᠡᠨ ᠪᠠᠶ᠋ᠢᠬᠤ ᠬᠡᠷᠡᠭᠲᠡᠶ᠄
(ᠨᠢᠭᠡ) ᠬᠦᠰᠡᠯᠡᠩ ᠢᠲᠡᠭᠡᠯ ᠪᠢᠰᠢᠷᠡᠯ ᠪᠠᠲᠤ ᠴᠢᠩᠭ᠎ᠠ ᠪᠠᠶ᠋ᠢᠵᠤ᠂ ᠵᠣᠬᠢᠶᠠᠨ ᠪᠠᠶ᠋ᠢᠭᠤᠯᠤᠯᠲᠠ ᠵᠢᠨ ᠲᠣᠭᠲᠠᠭ᠋ᠠᠯ᠎ᠢ ᠡᠷᠡᠰ ᠬᠡᠷᠡᠭᠵᠢᠬᠦᠯᠬᠦ ᠬᠡᠷᠡᠭᠳᠡᠢ;
(ᠬᠣᠶᠠᠷ) ᠵᠠᠷᠴᠢᠮ᠎ᠢ ᠪᠠᠷᠢᠮᠲᠠᠯᠠᠨ᠂ ᠣᠪᠣᠷ ᠰᠤᠷᠲᠠᠯ ᠲᠥᠪ ᠴᠢᠬᠡᠴᠢ ᠪᠠᠶ᠋ᠢᠵᠤ᠂ ᠡᠭᠦᠷᠭᠡ ᠲᠤᠰᠢᠶᠠᠯ᠎ᠳᠠᠭᠠᠨ ᠦᠨᠡᠨᠴᠢ ᠰᠢᠳᠤᠷᠭᠤ ᠪᠠᠶ᠋ᠢᠵᠤ᠂ ᠬᠠᠤᠯᠢ ᠰᠠᠬᠢᠯᠭ᠎ᠠ ᠵᠢ ᠵᠢᠷᠤᠮᠯᠠᠨ ᠰᠠᠬᠢᠬᠤ ᠬᠡᠷᠡᠭᠲᠡᠢ;
(ᠭᠤᠷᠪᠠ ) ᠴᠢᠬᠤᠯᠠ ᠪᠦᠬᠦᠢ ᠬᠠᠤᠯᠢ ᠴᠠᠭ᠋ᠠᠵᠠ ᠵᠢᠨ ᠮᠡᠳᠡᠯᠭᠡ᠎ᠲᠠᠢ ᠪᠠᠶ᠋ᠢᠵᠤ᠂ ᠲᠣᠭ᠎ᠠ ᠪᠦᠷᠢᠳᠬᠡᠯ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠪᠣᠯᠤᠨ ᠬᠠᠮᠢᠶ᠎ᠠ ᠪᠦᠬᠦᠢ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠎ᠤᠨ ᠠᠭᠤᠯᠭ᠎ᠠ ᠵᠢ ᠪᠣᠯᠪᠠᠰᠤᠷᠠᠩᠭᠤᠶ ᠡᠵᠡᠮᠰᠢᠭᠰᠡᠨ ᠪᠠᠶ᠋ᠢᠬᠤ;
(ᠳᠥᠷᠪᠡ) ᠴᠢᠬᠤᠯᠠ ᠪᠦᠬᠦᠢ ᠲᠣᠭ᠎ᠠ ᠪᠦᠷᠢᠳᠬᠡᠯ᠎ᠤᠨ ᠲᠤᠬᠠᠶ᠋ᠢᠯᠠᠭᠰᠠᠨ ᠠᠵᠢᠯ᠎ᠤᠨ ᠮᠡᠳᠡᠯᠭᠡ᠎ᠲᠠᠢ ᠪᠠᠶ᠋ᠢᠵᠤ᠂ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠳᠦᠷᠢᠮ᠎ᠤᠨ ᠭᠣᠣᠯ ᠠᠭᠤᠯᠭ᠎ᠠ ᠵᠢ ᠰᠠᠶ᠋ᠢᠨ ᠮᠡᠳᠡᠬᠦ ᠬᠡᠷᠡᠭᠲᠡᠶ;
(ᠲᠠᠪᠤ ) ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠴᠤᠪᠤᠷᠠᠯ ᠪᠣᠯᠤᠨ ᠰᠠᠬᠢᠯᠭ᠎ᠠ ᠪᠠᠲᠤ ᠵᠢᠨ ᠲᠣᠭᠲᠠᠭ᠋ᠠᠯ᠎ᠢ ᠪᠣᠯᠪᠠᠰᠤᠷᠠᠩᠭᠤᠶ ᠡᠵᠡᠮᠰᠢᠬᠦ ᠬᠡᠷᠡᠭᠲᠡᠶ;
(ᠵᠢᠷᠭᠤᠭ᠎ᠠ) ᠬᠠᠤᠯᠢ ᠴᠠᠭ᠋ᠠᠵᠠ᠂ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ ᠪᠠ ᠳᠦᠷᠢᠮ ᠲᠣᠭᠲᠠᠭ᠋ᠠᠯ᠎ᠳᠤ ᠲᠣᠭᠲᠠᠭ᠋ᠠᠭᠰᠠᠨ ᠪᠤᠰᠤᠳ ᠨᠥᠬᠥᠴᠡᠯ᠃
ᠨᠠᠢ᠍ᠮᠠᠳᠤᠭ᠋ᠠᠷ ᠵᠦᠢ᠍ᠯ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ ᠣᠯᠬᠤ᠎ᠳᠤ ᠳᠣᠣᠷᠠᠬᠢ ᠮᠡᠲᠦ ᠬᠢᠷᠢ ᠬᠡᠮ᠎ᠢ ᠪᠦᠷᠢᠯᠳᠦᠭᠦᠯᠬᠦ ᠬᠡᠷᠡᠭᠲᠡᠶ᠄
(ᠨᠢᠭᠡ) ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠳᠠᠬᠢ ᠠᠯᠪᠠᠲᠠᠨ ᠪᠤᠶᠤ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠠᠯᠪᠠᠲᠠᠨ᠎ᠤ ᠬᠠᠤᠯᠢ》᠎ᠪᠠᠷ ᠯᠠᠪᠯᠠᠯᠲᠠ ᠪᠣᠯᠭ᠋ᠠᠨ ᠬᠠᠮᠢᠶᠠᠷᠴᠤ ᠪᠠᠶ᠋ᠢᠭ᠎ᠠ ᠠᠵᠢᠯᠲᠠᠨ ᠵᠢᠴᠢ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠠᠵᠢᠯ ᠬᠢᠬᠦ᠎ᠪᠠᠷ ᠪᠠᠶ᠋ᠢᠭ᠎ᠠ;
(ᠬᠣᠶᠠᠷ) ᠳᠡᠭᠡᠳᠦ ᠵᠡᠷᠭᠡ ᠵᠢᠨ ᠲᠤᠰᠬᠠᠢ ᠮᠡᠷᠭᠡᠵᠢᠯ᠎ᠠᠴᠠ ᠳᠡᠭᠡᠭᠰᠢ ᠰᠤᠷᠤᠯᠭ᠎ᠠ ᠵᠢᠨ ᠨᠠᠮᠲᠠᠷ᠎ᠲᠠᠢ ᠪᠠᠶ᠋ᠢᠬᠤ;
(ᠭᠤᠷᠪᠠ) 3 ᠵᠢᠯ᠎ᠠᠴᠠ ᠳᠡᠭᠡᠭᠰᠢ ᠲᠣᠭ᠎ᠠ ᠪᠦᠷᠢᠳᠬᠡᠯ᠎ᠤᠨ ᠠᠵᠢᠯ᠎ᠤᠨ ᠲᠤᠷᠰᠢᠯᠭ᠎ᠠ᠎ᠲᠠᠢ᠂ ᠡᠰᠡᠬᠦᠯ᠎ᠡ ᠬᠠᠤᠯᠢ ᠴᠠᠭ᠋ᠠᠵᠠ ᠵᠢᠨ ᠲᠤᠰᠬᠠᠶ ᠮᠡᠷᠭᠡᠵᠢᠯ᠎ᠤᠨ ᠵᠢᠩᠬᠢᠨᠢ ᠠᠩᠭᠢ᠎ᠠᠴᠠ ᠳᠡᠭᠡᠭᠰᠢ ᠰᠤᠷᠤᠯᠴᠠᠭᠰᠠᠨ ᠨᠠᠮᠲᠠᠷ᠎ᠲᠠᠢ ᠮᠥᠷᠲᠡᠭᠡᠨ 1 ᠵᠢᠯ᠎ᠠᠴᠠ ᠳᠡᠭᠡᠭᠰᠢ ᠲᠣᠭ᠎ᠠ ᠪᠦᠷᠢᠳᠬᠡᠯ᠎ᠤᠨ ᠠᠵᠢᠯ᠎ᠤᠨ ᠲᠤᠷᠰᠢᠯᠭ᠎ᠠ᠎ᠲᠠᠢ᠂ ᠡᠰᠡᠬᠦᠯ᠎ᠡ ᠲᠣᠭ᠎ᠠ ᠪᠦᠷᠢᠳᠬᠡᠯ᠎ᠤᠨ ᠬᠠᠤᠯᠢ᠎ᠪᠠᠷ ᠵᠠᠰᠠᠬᠤ ᠪᠠᠶ᠋ᠢᠭᠤᠯᠤᠮᠵᠢ᠎ᠳᠤ 1 ᠵᠢᠯ᠎ᠠᠴᠠ ᠳᠡᠭᠡᠭᠰᠢ ᠠᠵᠢᠯᠯᠠᠭᠰᠠᠨ;
(ᠳᠥᠷᠪᠡ) ᠮᠤᠵᠢ ᠵᠢᠨ ᠱᠠᠲᠤᠨ᠎ᠠᠴᠠ ᠳᠡᠭᠡᠭᠰᠢᠬᠢ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠵᠢᠨ ᠵᠣᠬᠢᠶᠠᠨ ᠪᠠᠶ᠋ᠢᠭᠤᠯᠤᠭᠰᠠᠨ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠪᠣᠯᠪᠠᠰᠤᠷᠠᠯ᠎ᠳᠤ ᠣᠷᠣᠯᠴᠠᠬᠤ ᠵᠢᠨ ᠬᠠᠮᠲᠤ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠠᠵᠢᠯᠲᠠᠨ᠎ᠤ ᠬᠢᠷᠢ ᠬᠡᠮ᠎ᠤᠨ ᠰᠢᠯᠭ᠋ᠠᠯᠲᠠ ᠵᠢ ᠥᠩᠭᠡᠷᠡᠭᠡᠬᠦ ᠬᠡᠷᠡᠭᠲᠡᠶ᠃
ᠶᠢᠰᠦᠳᠦᠭᠡᠷ ᠵᠦᠢ᠍ᠯ ᠳᠣᠣᠷᠠᠬᠢ ᠪᠠᠶ᠋ᠢᠳᠠᠯ᠎ᠲᠠᠢ ᠬᠥᠮᠦᠰ᠎ᠲᠤ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ ᠣᠯᠭᠣᠬᠤ ᠦᠭᠡᠶ᠄
(ᠨᠢᠭᠡ) 3 ᠵᠢᠯ᠎ᠤᠨ ᠳᠣᠲᠣᠷ᠎ᠠ ᠣᠨ᠎ᠤ ᠬᠢᠨᠠᠨ ᠰᠢᠯᠭ᠋ᠠᠭᠰᠠᠨ ᠦᠷ᠎ᠡ ᠳ᠋ᠦᠩ᠎ᠨᠢ ᠲᠤᠰᠢᠶᠠᠯ᠎ᠳᠠᠭᠠᠨ ᠦᠯᠦ ᠲᠡᠩᠴᠡᠭᠰᠡᠨ ᠵᠡᠷᠭᠡ ᠳᠡᠰ᠎ᠲᠠᠢ ᠪᠠᠶ᠋ᠢᠬᠤ;
(ᠬᠣᠶᠠᠷ ) ᠲᠣᠭ᠎ᠠ ᠪᠦᠷᠢᠳᠬᠡᠯ᠎ᠤᠨ ᠠᠵᠢᠯ᠎ᠤᠨ ᠳᠤᠮᠳᠠ ᠬᠠᠤᠯᠢ᠎ᠠᠴᠠ ᠵᠥᠷᠢᠴᠡᠭᠰᠡᠨ ᠲᠡᠮᠳᠡᠭᠯᠡᠯ᠎ᠲᠠᠢ ᠪᠠᠶ᠋ᠢᠬᠤ;
(ᠭᠤᠷᠪᠠ) ᠲᠣᠭ᠎ᠠ ᠪᠦᠷᠢᠳᠬᠡᠯ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠵᠥᠷᠢᠴᠡᠭᠰᠡᠨ᠎ᠠᠴᠠ ᠪᠣᠯᠵᠤ ᠰᠢᠢ᠍ᠳᠭᠡᠭᠳᠡᠭᠰᠡᠨ;
(ᠳᠥᠷᠪᠡ) ᠰᠠᠬᠢᠯᠭ᠎ᠠ ᠪᠠᠲᠤ ᠵᠢ ᠵᠥᠷᠢᠴᠡᠭᠰᠡᠨ᠎ᠠᠴᠠ ᠪᠣᠯᠵᠣ ᠨᠠᠮ᠎ᠤᠨ ᠰᠠᠬᠢᠯᠭ᠎ᠠ ᠪᠠᠲᠤ ᠵᠠᠰᠠᠭ᠎ᠤᠨ ᠶᠠᠪᠤᠳᠠᠯ᠎ᠤᠨ ᠬᠦᠨᠳᠦ ᠨᠣᠴᠢᠲᠠᠶ ᠰᠢᠢ᠍ᠳᠭᠡᠯ ᠣᠯᠤᠭᠰᠠᠨ ᠪᠥᠭᠡᠳ ᠰᠢᠢ᠍ᠳᠭᠡᠯ᠎ᠤᠨ ᠨᠥᠯᠥᠭᠡᠯᠡᠬᠦ ᠬᠤᠭᠤᠴᠠᠭ᠋ᠠᠨ᠎ᠳᠤ ᠪᠠᠶ᠋ᠢᠬᠤ᠃
ᠠᠷᠪᠠᠳᠤᠭ᠋ᠠᠷ ᠵᠦᠢ᠍ᠯ ᠮᠤᠵᠢ ᠵᠢᠨ ᠱᠠᠲᠤ᠂ ᠬᠣᠲᠠ ᠵᠢᠨ ᠱᠠᠲᠤ᠂ ᠰᠢᠶᠠᠨ᠎ᠤ ᠱᠠᠲᠤᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ ᠭᠤᠶᠤᠴᠢᠯᠠᠬᠤ᠎ᠳᠤ᠂ ᠮᠤᠵᠢ ᠵᠢᠨ ᠱᠠᠲᠤᠨ᠎ᠠᠴᠠ ᠳᠡᠭᠡᠭᠰᠢᠬᠢ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠪᠠᠶ᠋ᠢᠭᠤᠯᠤᠮᠵᠢ᠎ᠳᠤ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ ᠣᠯᠭᠣᠬᠤ᠎ᠪᠠᠷ ᠪᠠᠶ᠋ᠢᠭ᠎ᠠ ᠬᠥᠮᠦᠰ᠎ᠤᠨ ᠳᠣᠣᠷᠠᠬᠢ ᠮᠠᠲ᠋ᠧᠷᠢᠶᠠᠯ᠎ᠤᠳ᠎ᠢ ᠲᠤᠰᠢᠶᠠᠬᠤ ᠬᠡᠷᠡᠭᠳᠡᠢ᠄
(ᠨᠢᠭᠡ) ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ ᠭᠤᠶᠤᠴᠢᠯᠠᠬᠤ ᠬᠦᠰᠦᠨᠦᠭᠲᠦ;
(ᠬᠣᠶᠠᠷ) ᠺᠠᠳ᠋ᠷ᠎ᠢ ᠲᠣᠮᠢᠯᠠᠵᠤ ᠪᠠᠭᠤᠯᠭ᠋ᠠᠬᠤ ᠬᠦᠰᠦᠨᠦᠭᠲᠦ;
(ᠭᠤᠷᠪᠠ) ᠰᠤᠷᠤᠯᠭ᠎ᠠ ᠵᠢᠨ ᠨᠠᠮᠲᠠᠷ᠎ᠤᠨ ᠦᠨᠡᠮᠯᠡᠯ᠎ᠤᠨ ᠬᠠᠭᠤᠯᠪᠤᠷᠢ;
(ᠳᠥᠷᠪᠡ) ᠪᠠᠶ᠋ᠢᠭ᠎ᠠ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠵᠢᠨ ᠰᠤᠷᠤᠯᠴᠠᠭᠰᠠᠨ ᠨᠠᠮᠲᠠᠷ᠂ ᠣᠷᠣᠨ
ᠲᠣᠭ᠎ᠠ᠂ ᠲᠤᠰᠢᠶᠠᠯ᠂ ᠣᠨ᠎ᠤ ᠬᠢᠨᠠᠨ ᠰᠢᠯᠭ᠋ᠠᠭᠰᠠᠨ ᠦᠷ᠎ᠡ ᠳ᠋ᠦᠩ᠎ᠤᠨ ᠲᠤᠬᠠᠶ ᠭᠡᠷᠡᠴᠢ ᠮᠠᠲᠸᠷᠢᠶᠠᠯ;
(ᠲᠠᠪᠤ) ᠪᠠᠢ᠌ᠭ᠎ᠠ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠵᠢᠨ ᠬᠠᠤᠯᠢ ᠴᠠᠭ᠋ᠠᠵᠠ ᠵᠢᠨ ᠮᠡᠳᠡᠯᠭᠡ᠂ ᠲᠣᠭ᠎ᠠ ᠪᠦᠷᠢᠳᠬᠡᠯ᠎ᠤᠨ ᠲᠤᠬᠠᠶ᠋ᠢᠯᠠᠭᠰᠠᠨ ᠠᠵᠢᠯ᠎ᠤᠨ ᠮᠡᠳᠡᠯᠭᠡ᠂ ᠬᠠᠤᠯᠢ ᠬᠡᠷᠡᠭᠵᠢᠭᠦᠯᠬᠦ ᠴᠢᠳᠠᠪᠤᠷᠢ ᠵᠢᠨ ᠬᠢᠷᠢ ᠬᠡᠮᠵᠢᠶ᠎ᠡ ᠪᠣᠯᠤᠨ ᠲᠤᠰ ᠠᠷᠭ᠎ᠠ ᠵᠢᠨ ᠶᠢᠰᠦᠳᠦᠭᠡᠷ ᠵᠦᠢ᠍ᠯ᠎ᠳᠤ ᠵᠢᠭᠰᠠᠭ᠋ᠠᠭᠰᠠᠨ ᠪᠠᠶ᠋ᠢᠳᠠᠯ ᠦᠭᠡᠶ ᠵᠢ ᠭᠡᠷᠡᠴᠢᠯᠡᠬᠦ ᠭᠡᠷᠡᠴᠢ ᠮᠠᠲᠸᠷᠢᠶᠠᠯ᠃
ᠠᠷᠪᠠᠨ ᠨᠢᠭᠡᠳᠦᠭᠡᠷ ᠵᠦᠢ᠍ᠯ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠨᠢ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ ᠣᠯᠭᠣᠬᠤ᠎ᠪᠠᠷ ᠪᠠᠶ᠋ᠢᠭ᠎ᠠ ᠬᠥᠮᠦᠰ᠎ᠢ ᠲᠤᠰ ᠠᠷᠭ᠎ᠠ ᠵᠢᠨ ᠳᠣᠯᠣᠳᠤᠭ᠋ᠠᠷ ᠵᠦᠢ᠍ᠯ᠂ ᠨᠠᠢ᠍ᠮᠠᠳᠤᠭ᠋ᠠᠷ ᠵᠦᠢ᠍ᠯ᠂ ᠶᠢᠰᠦᠳᠦᠭᠡᠷ ᠵᠦᠢ᠍ᠯ᠎ᠤᠨ ᠲᠣᠭᠲᠠᠭ᠋ᠠᠯ᠎ᠢ ᠦᠨᠳᠦᠰᠦᠯᠡᠨ ᠠᠩᠬ᠎ᠠ ᠠᠯᠬᠤᠮ ᠬᠢᠨᠠᠨ ᠪᠠᠶ᠋ᠢᠴᠠᠭ᠋ᠠᠬᠤ ᠬᠡᠷᠡᠭᠲᠡᠶ᠃ ᠨᠥᠬᠥᠴᠡᠯ ᠪᠣᠯᠤᠨ ᠬᠢᠷᠢ ᠬᠡᠮ᠎ᠳᠤ ᠨᠡᠶ᠋ᠢᠴᠡᠵᠦ ᠪᠠᠶ᠋ᠢᠪᠠᠯ᠂ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠨᠢ ᠬᠤᠷᠠᠯ᠎ᠤᠨ ᠳᠦᠷᠢᠮ᠎ᠤᠨ ᠲᠣᠭᠲᠠᠭ᠋ᠠᠯ ᠶᠣᠰᠣᠭ᠋ᠠᠷ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ ᠣᠯᠭᠣᠬᠤ᠎ᠪᠠᠷ ᠪᠠᠶ᠋ᠢᠭ᠎ᠠ ᠬᠥᠮᠦᠰ᠎ᠤᠨ ᠨᠡᠷᠡᠰ᠎ᠢ ᠬᠠᠮᠲᠤ᠎ᠪᠠᠷ ᠰᠤᠳᠤᠯᠤᠨ ᠲᠣᠭᠲᠠᠭ᠋ᠠᠵᠤ᠂ 《ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ ᠭᠤᠶᠤᠴᠢᠯᠠᠬᠤ ᠬᠦᠰᠦᠨᠦᠭᠲᠦ》 ᠵᠢᠨ ᠵᠣᠬᠢᠴᠠᠩᠭᠤᠶ ᠪᠤᠯᠤᠩ᠎ᠳᠤ ᠬᠢᠨᠠᠨ ᠪᠠᠶ᠋ᠢᠴᠠᠭ᠋ᠠᠭᠰᠠᠨ ᠰᠠᠨᠠᠯ ᠵᠶ᠋ᠠᠨ ᠪᠢᠴᠢᠬᠦ ᠵᠢᠨ ᠬᠠᠮᠲᠤ ᠨᠢᠭᠡᠴᠡ ᠵᠢᠨ ᠲᠠᠮᠠᠭ᠎ᠠ᠎ᠪᠠᠨ ᠳᠠᠷᠤᠵᠤ᠂ ᠮᠤᠵᠢ ᠵᠢᠨ ᠱᠠᠲᠤᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠳᠤ ᠮᠡᠳᠡᠭᠦᠯᠦᠨ ᠬᠦᠷᠭᠡᠵᠦ ᠬᠢᠨᠠᠭᠤᠯᠤᠨ᠎ᠠ᠃
ᠠᠷᠪᠠᠨ ᠬᠣᠶᠠᠳᠤᠭ᠋ᠠᠷ ᠵᠦᠢ᠍ᠯ ᠮᠤᠵᠢ ᠵᠢᠨ ᠱᠠᠲᠤᠨ᠎ᠤ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠪᠠᠶ᠋ᠢᠭᠤᠯᠤᠮᠵᠢ᠎ᠨᠢ 《ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ ᠭᠤᠶᠤᠴᠢᠯᠠᠬᠤ ᠬᠦᠰᠦᠨᠦᠭᠲᠦ》 ᠵᠢ ᠣᠯᠤᠭᠰᠠᠨ᠎ᠤ ᠳᠠᠷᠠᠭ᠎ᠠ᠂ ᠲᠤᠰ ᠠᠷᠭ᠎ᠠ ᠵᠢᠨ ᠲᠣᠭᠲᠠᠭ᠋ᠠᠯ ᠶᠣᠰᠣᠭ᠋ᠠᠷ ᠬᠢᠨᠠᠨ ᠬᠠᠷᠭᠤᠭᠤᠯᠵᠤ᠂ ᠨᠥᠬᠥᠴᠡᠯ᠎ᠳᠤ ᠨᠡᠶ᠋ᠢᠴᠡᠬᠦ ᠪᠠ ᠬᠢᠷᠢ ᠬᠡᠮ ᠪᠠᠶ᠋ᠢᠪᠠᠯ᠂ ᠮᠤᠵᠢ ᠵᠢᠨ ᠱᠠᠲᠤᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠳᠤ ᠲᠤᠰᠢᠶᠠᠵᠤ ᠬᠤᠷᠠᠯ᠎ᠤᠨ ᠳᠦᠷᠢᠮ᠎ᠤᠨ ᠲᠣᠭᠲᠠᠭ᠋ᠠᠯ ᠶᠣᠰᠣᠭ᠋ᠠᠷ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ ᠣᠯᠭᠣᠬᠤ᠎ᠪᠠᠷ ᠪᠠᠶ᠋ᠢᠭ᠎ᠠ ᠬᠥᠮᠦᠰ᠎ᠢ ᠬᠠᠮᠲᠤ᠎ᠪᠠᠷ ᠰᠤᠳᠤᠯᠤᠨ ᠲᠣᠭᠲᠠᠭ᠋ᠠᠬᠤ ᠵᠢᠨ ᠬᠠᠮᠲᠤ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠲᠣᠪᠴᠢᠶ᠎ᠠ᠎ᠳᠤ ᠮᠡᠳᠡᠭᠦᠯᠦᠨ ᠬᠢᠨᠠᠨ ᠲᠣᠭᠲᠠᠭ᠋ᠠᠯᠭ᠋ᠠᠵᠤ᠂ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ᠎ᠠᠴᠠ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ ᠣᠯᠭᠣᠨ᠎ᠠ᠃
ᠠᠷᠪᠠᠨ ᠭᠤᠷᠪᠠᠳᠤᠭ᠋ᠠᠷ ᠵᠦᠢ᠍ᠯ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠡᠯ᠎ᠡ ᠨᠢᠭᠡᠴᠡ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ ᠭᠤᠶᠤᠴᠢᠯᠠᠬᠤ᠎ᠳᠤ᠂ ᠵᠤᠷᠭ᠋ᠠᠨ᠎ᠤ ᠱᠠᠲᠤᠨ᠎ᠤ ᠪᠠᠶ᠋ᠢᠭᠤᠯᠤᠮᠵᠢ᠎ᠠᠴᠠ ᠲᠤᠰ ᠠᠷᠭ᠎ᠠ ᠵᠢᠨ ᠳᠣᠯᠣᠳᠤᠭ᠋ᠠᠷ ᠵᠦᠢ᠍ᠯ᠂ ᠨᠠᠢ᠍ᠮᠠᠳᠤᠭ᠋ᠠᠷ ᠵᠦᠢ᠍ᠯ᠂ ᠶᠢᠰᠦᠳᠦᠭᠡᠷ ᠵᠦᠢ᠍ᠯ᠎ᠤᠨ ᠲᠣᠭᠲᠠᠭ᠋ᠠᠯ᠎ᠢ ᠦᠨᠳᠦᠰᠦᠯᠡᠨ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ ᠣᠯᠭᠣᠬᠤ᠎ᠪᠠᠷ ᠪᠠᠶ᠋ᠢᠭ᠎ᠠ ᠬᠥᠮᠦᠰ᠎ᠢ ᠬᠢᠨᠠᠨ ᠬᠠᠷᠭᠤᠭᠤᠯᠵᠤ᠂ ᠨᠥᠬᠥᠴᠡᠯ ᠪᠣᠯᠤᠨ ᠬᠢᠷᠢ ᠬᠡᠮ᠎ᠳᠤ ᠨᠡᠶ᠋ᠢᠴᠡᠵᠦ ᠪᠠᠶ᠋ᠢᠪᠠᠯ᠂ 《ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ᠎ᠤᠨ ᠭᠤᠶᠤᠴᠢᠯᠠᠯ᠎ᠤᠨ ᠬᠦᠰᠦᠨᠦᠭᠲᠦ》 ᠵᠢᠨ ᠵᠣᠬᠢᠴᠠᠩᠭᠤᠶ ᠪᠤᠯᠤᠩ᠎ᠳᠤ ᠬᠢᠨᠠᠨ ᠬᠠᠷᠭᠤᠭᠤᠯᠤᠭᠰᠠᠨ ᠰᠠᠨᠠᠯ᠎ᠳᠤ ᠭᠠᠷᠤᠨ ᠦᠰᠦᠭ ᠵᠢᠷᠤᠬᠤ ᠵᠢᠨ ᠬᠠᠮᠲᠤ ᠨᠢᠭᠡᠴᠡ ᠵᠢᠨ ᠲᠠᠮᠠᠭ᠎ᠠ᠎ᠪᠠᠨ ᠳᠠᠷᠤᠵᠤ᠂ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠲᠣᠪᠴᠢᠶ᠎ᠠ᠎ᠳᠤ ᠮᠡᠳᠡᠭᠦᠯᠦᠨ ᠬᠦᠷᠭᠡᠬᠦ ᠬᠡᠷᠡᠭᠲᠡᠶ᠃ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠲᠣᠪᠴᠢᠶ᠎ᠠ᠎ᠨᠢ ᠲᠣᠰ ᠠᠷᠭ᠎ᠠ ᠵᠢᠨ ᠲᠣᠭᠲᠠᠭ᠋ᠠᠯ ᠶᠣᠰᠣᠭ᠋ᠠᠷ ᠬᠢᠨᠠᠨ ᠬᠠᠷᠭᠤᠭᠤᠯᠬᠤ ᠵᠢᠨ ᠬᠠᠮᠲᠤ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ ᠣᠯᠭᠣᠬᠤ᠎ᠪᠠᠷ ᠪᠠᠶ᠋ᠢᠭ᠎ᠠ ᠬᠥᠮᠦᠰ᠎ᠤᠨ ᠨᠡᠷᠡᠰ᠎ᠢ ᠬᠠᠮᠲᠤ᠎ᠪᠠᠷ ᠰᠤᠳᠤᠯᠤᠨ ᠲᠣᠭᠲᠠᠭ᠋ᠠᠵᠤ᠂ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠤᠳᠤᠷᠢᠳᠤᠯᠭ᠎ᠠ᠎ᠳᠤ ᠮᠡᠳᠡᠭᠦᠯᠦᠨ ᠬᠢᠨᠠᠨ ᠲᠣᠭᠲᠠᠭ᠋ᠠᠯᠭ᠋ᠠᠨ᠎ᠠ᠃
ᠭᠤᠷᠪᠠᠳᠤᠭ᠋ᠠᠷ ᠪᠦᠯᠦᠭ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠪᠣᠯᠪᠠᠰᠤᠷᠠᠯ ᠪᠠ ᠰᠢᠯᠭ᠋ᠠᠯᠲᠠ
ᠠᠷᠪᠠᠨ ᠳᠥᠷᠪᠡᠳᠦᠭᠡᠷ ᠵᠦᠢ᠍ᠯ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ᠎ᠠᠴᠠ ᠪᠦᠬᠦ ᠤᠯᠤᠰ᠎ᠤᠨ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠠᠵᠢᠯᠲᠠᠨ᠎ᠤ ᠪᠣᠯᠪᠠᠰᠤᠷᠠᠯ᠎ᠤᠨ ᠲᠥᠯᠥᠪᠵᠢᠭᠦᠯᠭᠡ ᠵᠢ ᠵᠣᠬᠢᠶᠠᠨ ᠪᠠᠶ᠋ᠢᠭᠤᠯᠤᠨ ᠨᠠᠶ᠋ᠢᠷᠠᠭᠤᠯᠤᠨ ᠵᠣᠬᠢᠶᠠᠬᠤ᠂ ᠪᠣᠯᠪᠠᠰᠤᠷᠠᠯ᠎ᠤᠨ ᠬᠥᠲᠥᠯᠪᠦᠷᠢ ᠵᠢ ᠲᠣᠭᠲᠠᠭ᠋ᠠᠬᠤ ᠵᠢ ᠬᠠᠷᠢᠭᠤᠴᠠᠨ᠎ᠠ᠃
ᠮᠤᠵᠢ ᠵᠢᠨ ᠱᠠᠲᠤᠨ᠎ᠠᠴᠠ ᠳᠡᠭᠡᠭᠰᠢᠬᠢ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠨᠤᠭᠤᠳ ᠪᠣᠯᠪᠠᠰᠤᠷᠠᠯ᠎ᠤᠨ ᠲᠥᠯᠥᠪᠵᠢᠭᠦᠯᠭᠡ ᠶᠣᠰᠣᠭ᠋ᠠᠷ᠂ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠠᠵᠢᠯᠲᠠᠨ᠎ᠤ ᠠᠵᠢᠯ᠎ᠤᠨ ᠪᠠᠶ᠋ᠢᠷᠢ ᠵᠢᠨ ᠪᠣᠯᠪᠠᠰᠤᠷᠠᠯ᠎ᠢ ᠵᠣᠬᠢᠶᠠᠨ ᠪᠠᠶ᠋ᠢᠭᠤᠯᠤᠨ ᠥᠷᠨᠢᠭᠦᠯᠬᠦ ᠬᠡᠷᠡᠭᠲᠡᠶ᠃
ᠠᠷᠪᠠᠨ ᠲᠠᠪᠤᠳᠤᠭ᠋ᠠᠷ ᠵᠦᠢ᠍ᠯ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠠᠵᠢᠯ᠎ᠤᠨ ᠪᠠᠶ᠋ᠢᠷᠢ ᠵᠢᠨ ᠪᠣᠯᠪᠠᠰᠤᠷᠠᠯ᠎ᠢ ᠬᠢᠷᠢ ᠬᠡᠮ᠎ᠤᠨ ᠪᠣᠯᠪᠠᠰᠤᠷᠠᠯ ᠪᠣᠯᠤᠨ ᠠᠵᠢᠯ᠎ᠤᠨ ᠪᠠᠶ᠋ᠢᠷᠢ ᠵᠢᠨ ᠪᠣᠯᠪᠠᠰᠤᠷᠠᠯ ᠭᠡᠵᠦ ᠬᠤᠪᠢᠶᠠᠵᠤ᠂ ᠪᠣᠯᠪᠠᠰᠤᠷᠠᠯ᠎ᠤᠨ ᠠᠭᠤᠯᠭ᠎ᠠ᠎ᠳᠤ ᠲᠣᠭ᠎ᠠ ᠪᠦᠷᠢᠳᠬᠡᠯ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ ᠳᠦᠷᠢᠮ ᠲᠣᠭᠲᠠᠭ᠋ᠠᠯ᠂ ᠬᠠᠮᠢᠶ᠎ᠠ ᠪᠦᠬᠦᠢ ᠵᠠᠰᠠᠭ ᠵᠠᠬᠢᠷᠭ᠋ᠠᠨ᠎ᠤ ᠬᠠᠤᠯᠢ ᠲᠣᠭᠲᠠᠭ᠋ᠠᠯ᠂ ᠲᠥᠷᠥ ᠵᠢᠨ ᠪᠣᠳᠣᠯᠭ᠎ᠠ ᠵᠢᠨ ᠣᠨᠣᠯ᠂ ᠲᠣᠭ᠎ᠠ ᠪᠦᠷᠢᠳᠬᠡᠯ᠎ᠤᠨ ᠲᠤᠰᠬᠠᠶ ᠮᠡᠷᠭᠡᠵᠢᠯ᠎ᠤᠨ ᠮᠡᠳᠡᠯᠭᠡ᠂ ᠲᠤᠬᠠᠶ ᠵᠢᠨ ᠲᠠᠯᠠᠪᠠᠶ ᠵᠢᠨ ᠬᠠᠤᠯᠢ ᠬᠡᠷᠡᠭᠵᠢᠭᠦᠯᠬᠦ ᠪᠣᠳᠠᠲᠤ ᠶᠠᠪᠤᠳᠠᠯ᠂ ᠨᠠᠮ᠎ᠤᠨ ᠰᠠᠬᠢᠯᠭ᠎ᠠ ᠨᠠᠮ᠎ᠤᠨ ᠲᠣᠭᠲᠠᠭ᠋ᠠᠯ ᠪᠣᠯᠤᠨ ᠠᠵᠢᠯ᠎ᠤᠨ ᠳᠦᠷᠢᠮ ᠵᠡᠷᠭᠡ ᠪᠠᠭᠲᠠᠨ᠎ᠠ᠃
ᠠᠷᠪᠠᠨ ᠵᠢᠷᠭᠤᠳᠤᠭ᠋ᠠᠷ ᠵᠦᠢ᠍ᠯ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠠᠵᠢᠯ᠎ᠤᠨ ᠪᠠᠶ᠋ᠢᠷᠢ ᠵᠢᠨ ᠪᠣᠯᠪᠠᠰᠤᠷᠠᠭᠤᠯᠬᠤ ᠪᠠᠭᠰᠢ᠎ᠨᠢ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ᠂ ᠮᠤᠵᠢ ᠵᠢᠨ ᠱᠠᠲᠤᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠂ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠬᠠᠤᠯᠢ ᠬᠡᠷᠡᠭᠵᠢᠭᠦᠯᠬᠦ ᠭᠤᠤᠯᠯᠠᠭᠴᠢ ᠴᠢᠳᠠᠪᠤᠷᠢᠲᠠᠨ᠎ᠤ ᠬᠥᠮᠥᠷᠭᠡ᠎ᠳᠠᠬᠢ ᠲᠣᠭ᠎ᠠ ᠪᠦᠷᠢᠳᠬᠡᠯ᠎ᠤᠨ ᠬᠠᠤᠯᠢ᠎ᠪᠠᠷ ᠵᠠᠰᠠᠬᠤ ᠠᠵᠢᠯᠲᠠᠨ᠂ ᠲᠣᠭ᠎ᠠ ᠪᠦᠷᠢᠳᠬᠡᠯ᠎ᠤᠨ ᠲᠤᠬᠠᠶ᠋ᠢᠯᠠᠭᠰᠠᠨ ᠠᠵᠢᠯ᠎ᠤᠨ ᠭᠤᠤᠯᠯᠠᠭᠴᠢ᠂ ᠬᠠᠤᠯᠢ ᠴᠠᠭ᠋ᠠᠵᠠ ᠵᠢᠨ ᠲᠤᠰᠬᠠᠶ ᠮᠡᠷᠭᠡᠵᠢᠯᠲᠡᠨ᠂ ᠬᠠᠤᠯᠢ ᠬᠡᠷᠡᠭᠵᠢᠭᠦᠯᠬᠦ ᠪᠠᠶᠠᠯᠢᠭ ᠲᠤᠷᠰᠢᠯᠭ᠎ᠠ᠎ᠲᠠᠢ᠂ ᠬᠠᠤᠯᠢ ᠬᠡᠷᠡᠭᠵᠢᠭᠦᠯᠬᠦ ᠪᠣᠯᠪᠠᠰᠤᠷᠠᠩᠭᠤᠶ ᠮᠡᠷᠭᠡᠵᠢᠯ ᠴᠢᠳᠠᠪᠤᠷᠢ᠎ᠲᠠᠢ ᠠᠵᠢᠯᠲᠠᠨ ᠪᠠᠶ᠋ᠢᠬᠤ ᠬᠡᠷᠡᠭᠲᠡᠶ᠃
ᠠᠷᠪᠠᠨ ᠳᠣᠯᠣᠳᠤᠭ᠋ᠠᠷ ᠵᠦᠢ᠍ᠯ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠲᠣᠪᠴᠢᠶ᠎ᠠ᠎ᠨᠢ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠠᠵᠢᠯᠲᠠᠨ᠎ᠤ ᠬᠢᠷᠢ ᠬᠡᠮ᠎ᠤᠨ ᠰᠢᠯᠭ᠋ᠠᠯᠲᠠ ᠵᠢᠨ ᠬᠥᠲᠥᠯᠪᠦᠷᠢ ᠵᠢ ᠬᠠᠷᠢᠭᠤᠴᠠᠨ ᠲᠣᠭᠲᠠᠭ᠋ᠠᠵᠤ᠂ ᠰᠢᠯᠭ᠋ᠠᠯᠲᠠ ᠵᠢᠨ ᠰᠡᠳᠦᠪ᠎ᠤᠨ ᠬᠥᠮᠥᠷᠭᠡ ᠵᠢ ᠪᠠᠶ᠋ᠢᠭᠤᠯᠤᠨ᠎ᠠ᠃
ᠮᠤᠵᠢ ᠵᠢᠨ ᠱᠠᠲᠤᠨ᠎ᠠᠴᠠ ᠳᠡᠭᠡᠭᠰᠢᠬᠢ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠨᠤᠭᠤᠳ ᠰᠢᠯᠭ᠋ᠠᠯᠲᠠ ᠵᠢᠨ ᠬᠥᠲᠥᠯᠪᠦᠷᠢ ᠶᠣᠰᠣᠭ᠋ᠠᠷ᠂ ᠲᠤᠰ ᠭᠠᠵᠠᠷ ᠣᠷᠣᠨ᠂ ᠲᠤᠰ ᠰᠢᠰᠲ᠋ᠧᠮ᠎ᠤᠨ ᠵᠶ᠋ᠠᠨ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠠᠵᠢᠯᠲᠠᠨ᠎ᠢ ᠬᠠᠷᠢᠭᠤᠴᠠᠨ ᠵᠣᠬᠢᠶᠠᠨ ᠪᠠᠶ᠋ᠢᠭᠤᠯᠵᠤ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠦᠯᠲᠡ᠎ᠳᠤ ᠬᠢᠨᠠᠯᠲᠠ ᠲᠠᠯᠪᠢᠬᠤ ᠲᠣᠪᠴᠢᠶ᠎ᠠ ᠵᠢᠨ ᠬᠠᠩᠭ᠋ᠠᠭᠰᠠᠨ ᠰᠢᠯᠭ᠋ᠠᠯᠲᠠ ᠵᠢᠨ ᠰᠡᠳᠦᠪ᠎ᠢ ᠦᠨᠳᠦᠰᠦᠯᠡᠨ ᠬᠢᠷᠢ ᠬᠡᠮ᠎ᠤᠨ ᠰᠢᠯᠭ᠋ᠠᠯᠲᠠ ᠬᠢᠵᠦ᠂ ᠨᠢᠭᠡᠳᠦᠯᠲᠡᠶ ᠰᠡᠳᠦᠪ ᠭᠠᠷᠭ᠋ᠠᠬᠤ᠂ ᠨᠢᠭᠡᠳᠦᠯᠲᠡᠶ ᠡᠪᠬᠡᠮᠡᠯ ᠵᠣᠬᠢᠶᠠᠬᠤ᠂ ᠨᠢᠭᠡᠳᠦᠯᠲᠡᠶ ᠡᠪᠬᠡᠮᠡᠯ ᠦᠵᠡᠬᠦ ᠵᠢ ᠬᠡᠷᠡᠭᠵᠢᠭᠦᠯᠦᠨ᠎ᠡ᠃
ᠠᠷᠪᠠᠨ ᠨᠠᠢ᠍ᠮᠠᠳᠤᠭ᠋ᠠᠷ ᠵᠦᠢ᠍ᠯ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠠᠵᠢᠯᠲᠠᠨ᠎ᠤ ᠬᠢᠷᠢ ᠬᠡᠮ᠎ᠤᠨ ᠰᠢᠯᠭ᠋ᠠᠯᠲᠠ᠎ᠳᠤ ᠬᠠᠤᠯᠢ ᠴᠠᠭ᠋ᠠᠵᠠ ᠵᠢᠨ ᠰᠠᠭᠤᠷᠢ ᠮᠡᠳᠡᠯᠭᠡ᠂ ᠲᠣᠭ᠎ᠠ ᠪᠦᠷᠢᠳᠬᠡᠯ᠎ᠤᠨ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠬᠠᠮᠢᠶ᠎ᠠ ᠪᠥᠬᠥᠶ ᠬᠠᠤᠯᠢ ᠴᠠᠭ᠋ᠠᠵᠠ ᠬᠠᠤᠯᠢ ᠲᠣᠭᠲᠠᠭ᠋ᠠᠯ᠂ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠲᠤᠰᠬᠠᠶ ᠮᠡᠷᠭᠡᠵᠢᠯ᠎ᠤᠨ ᠮᠡᠳᠡᠯᠭᠡ ᠪᠣᠯᠤᠨ ᠪᠤᠰᠤᠳ ᠬᠠᠮᠢᠶ᠎ᠠ ᠪᠥᠬᠥᠶ ᠮᠡᠳᠡᠯᠭᠡ ᠪᠠᠭᠲᠠᠨ᠎ᠠ᠃
ᠠᠷᠪᠠ ᠶᠢᠰᠦᠳᠦᠭᠡᠷ ᠵᠦᠢ᠍ᠯ ᠮᠤᠵᠢ ᠵᠢᠨ ᠱᠠᠲᠤᠨ᠎ᠠᠴᠠ ᠳᠡᠭᠡᠭᠰᠢᠬᠢ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶᠠᠨ᠎ᠤ ᠲᠣᠭᠲᠠᠭ᠋ᠠᠯ᠎ᠢ ᠴᠢᠩᠭ᠎ᠠ ᠵᠢᠷᠤᠮᠯᠠᠨ᠂ ᠬᠢᠷᠢ ᠬᠡᠮ᠎ᠤᠨ ᠰᠢᠯᠭ᠋ᠠᠯᠲᠠ ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ᠂ ᠰᠢᠯᠭ᠋ᠠᠭᠤᠯᠤᠭᠰᠠᠳ᠎ᠤᠨ ᠰᠢᠯᠭ᠋ᠠᠯᠲᠠ ᠵᠢᠨ ᠲᠠᠯᠠᠪᠤᠷ᠎ᠤᠨ ᠰᠠᠬᠢᠯᠭ᠎ᠠ ᠪᠠᠲᠤ ᠵᠢ ᠴᠢᠩᠭ᠎ᠠ ᠵᠢᠷᠤᠮᠯᠠᠬᠤ ᠵᠢ ᠦᠨᠡᠨ ᠬᠦ᠌ ᠪᠠᠲᠤᠯᠠᠬᠤ ᠬᠡᠷᠡᠭᠲᠡᠢ᠃
ᠬᠣᠷᠢᠳᠤᠭ᠋ᠠᠷ ᠵᠦᠢ᠍ᠯ ᠮᠤᠵᠢ ᠵᠢᠨ ᠱᠠᠲᠤᠨ᠎ᠠᠴᠠ ᠳᠡᠭᠡᠭᠰᠢᠬᠢ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠨᠤᠭᠤᠳ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠠᠵᠢᠯᠲᠠᠨ᠎ᠤ ᠠᠵᠢᠯ᠎ᠤᠨ ᠪᠠᠶ᠋ᠢᠷᠢ ᠵᠢᠨ ᠪᠣᠯᠪᠠᠰᠤᠷᠠᠯ ᠪᠣᠯᠤᠨ ᠬᠢᠷᠢ ᠬᠡᠮ᠎ᠤᠨ ᠰᠢᠯᠭ᠋ᠠᠯᠲᠠ ᠵᠢ ᠰᠦᠢ᠍ᠳᠬᠡᠯ ᠬᠤᠷᠢᠶᠠᠬᠤ ᠦᠭᠡᠶ᠎ᠪᠠᠷ ᠵᠣᠬᠢᠶᠠᠨ ᠪᠠᠶ᠋ᠢᠭᠤᠯᠤᠨ ᠥᠷᠨᠢᠭᠦᠯᠬᠦ ᠬᠡᠷᠡᠭᠲᠡᠶ᠃
ᠳᠥᠷᠪᠡᠳᠦᠭᠡᠷ ᠪᠦᠯᠦᠭ ᠦᠨᠡᠮᠯᠡᠯ᠎ᠢ ᠬᠠᠮᠢᠶᠠᠷᠬᠤ ᠪᠠ ᠬᠡᠷᠡᠭᠯᠡᠬᠦ
ᠬᠣᠷᠢᠨ ᠨᠢᠭᠡᠳᠦᠭᠡᠷ ᠵᠦᠢ᠍ᠯ ᠮᠤᠵᠢ ᠵᠢᠨ ᠱᠠᠲᠤᠨ᠎ᠠᠴᠠ ᠳᠡᠭᠡᠭᠰᠢᠬᠢ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠨᠢ ᠦᠨᠡᠮᠯᠡᠯ᠎ᠲᠠᠢ ᠠᠵᠢᠯᠲᠠᠨ᠎ᠤ ᠬᠠᠮᠢᠶᠠᠷᠤᠯᠲᠠ᠎ᠪᠠᠨ ᠴᠢᠩᠭ᠋ᠠᠳᠬᠠᠵᠤ᠂ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ᠎ᠤᠨ ᠲᠤᠭ᠎ᠠ ᠪᠠᠷᠢᠮᠲᠠ ᠵᠢᠨ ᠬᠥᠮᠥᠷᠭᠡ ᠪᠠᠶ᠋ᠢᠭᠤᠯᠬᠤ ᠵᠢᠨ ᠬᠠᠮᠲᠤ ᠬᠥᠳᠡᠯᠦᠯ ᠪᠠᠶ᠋ᠢᠳᠠᠯ᠎ᠤᠨ ᠬᠠᠮᠢᠶᠠᠷᠤᠯᠲᠠ ᠵᠢ ᠬᠡᠷᠡᠭᠵᠢᠭᠦᠯᠬᠦ ᠬᠡᠷᠡᠭᠲᠡᠶ᠃
ᠮᠤᠵᠢ ᠵᠢᠨ ᠱᠠᠲᠤᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠨᠢ ᠲᠤᠰ ᠭᠠᠵᠠᠷ ᠣᠷᠣᠨ᠂ ᠲᠤᠰ ᠰᠢᠰᠲ᠋ᠧᠮ᠎ᠤᠨ ᠵᠶ᠋ᠠᠨ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ᠎ᠢ ᠬᠡᠷᠡᠭᠯᠡᠭᠰᠡᠨ ᠪᠠᠶ᠋ᠢᠳᠠᠯ ᠵᠶ᠋ᠠᠨ ᠲᠣᠭᠲᠠᠮᠠᠯ ᠬᠤᠭᠤᠴᠠᠭ᠎ᠠ᠎ᠲᠠᠢ᠎ᠪᠠᠷ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ᠎ᠳᠤ ᠮᠡᠳᠡᠭᠦᠯᠦᠨ ᠬᠦᠷᠭᠡᠵᠦ ᠳᠠᠩᠰᠠᠯᠠᠭᠤᠯᠬᠤ ᠬᠡᠷᠡᠭᠲᠡᠶ᠃
ᠬᠣᠷᠢᠨ ᠬᠣᠶᠠᠳᠤᠭ᠋ᠠᠷ ᠵᠦᠢ᠍ᠯ ᠮᠤᠵᠢ ᠵᠢᠨ ᠱᠠᠲᠤᠨ᠎ᠠᠴᠠ ᠳᠡᠭᠡᠭᠰᠢᠬᠢ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠨᠢ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ᠎ᠤᠨ ᠡᠵᠡᠮᠰᠢᠭᠴᠢ ᠵᠢᠨ ᠣᠪᠣᠭ ᠨᠡᠷ᠎ᠡ ᠪᠣᠯᠤᠨ ᠪᠠᠶ᠋ᠢᠭ᠎ᠠ ᠨᠢᠭᠡᠴᠡ᠂ ᠬᠠᠤᠯᠢ ᠬᠡᠷᠡᠭᠵᠢᠭᠦᠯᠬᠦ ᠦᠨᠡᠮᠯᠡᠯ᠎ᠤᠨ ᠨᠣᠮᠧᠷ ᠵᠡᠷᠭᠡ ᠮᠡᠳᠡᠭᠡ ᠵᠠᠩᠭᠢ ᠵᠢ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ᠎ᠪᠠᠷ ᠳᠠᠮᠵᠢᠭᠤᠯᠤᠨ ᠨᠡᠶ᠋ᠢᠭᠡᠮ᠎ᠳᠤ ᠨᠡᠶ᠋ᠢᠲᠡᠯᠡᠵᠦ᠂ ᠨᠡᠶ᠋ᠢᠭᠡᠮ ᠨᠡᠶ᠋ᠢᠲᠡ ᠵᠢᠨ ᠪᠠᠶ᠋ᠢᠴᠠᠭ᠋ᠠᠨ ᠯᠠᠪᠯᠠᠬᠤ᠎ᠳᠤ ᠬᠠᠩᠭ᠋ᠠᠬᠤ ᠬᠡᠷᠡᠭᠲᠡᠶ᠃
ᠬᠣᠷᠢᠨ ᠭᠤᠷᠪᠠᠳᠤᠭ᠋ᠠᠷ ᠵᠦᠢ᠍ᠯ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ᠎ᠢ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ᠎ᠠᠴᠠ ᠨᠢᠭᠡᠳᠦᠯᠲᠡᠶ ᠳᠠᠷᠤᠮᠠᠯᠯᠠᠨ ᠵᠣᠬᠢᠶᠠᠵᠤ᠂ ᠪᠦᠬᠦ ᠤᠯᠤᠰ᠎ᠲᠤ ᠨᠢᠭᠡᠳᠦᠯᠲᠡᠶ ᠳ᠋ᠤᠭ᠋ᠠᠷᠯᠠᠬᠤ ᠵᠢ ᠬᠡᠷᠡᠭᠵᠢᠭᠦᠯᠦᠨ᠎ᠡ᠃
ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ᠎ᠢ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ᠎ᠠᠴᠠ ᠨᠢᠭᠡᠳᠦᠯᠲᠡᠶ ᠬᠢᠨᠠᠨ ᠣᠯᠭᠣᠨ᠎ᠠ᠃ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ᠎ᠢ ᠬᠢᠨᠠᠨ ᠣᠯᠭᠣᠭᠰᠠᠨ ᠡᠳᠦᠷ᠎ᠠᠴᠠ ᠡᠬᠢᠯᠡᠨ 5 ᠵᠢᠯ᠎ᠤᠨ ᠳᠣᠲᠣᠷ᠎ᠠ ᠬᠦᠴᠦᠨ᠎ᠲᠠᠢ᠃ ᠬᠦᠴᠦᠨ᠎ᠲᠠᠢ ᠬᠤᠭᠤᠴᠠᠭ᠎ᠠ᠎ᠨᠢ ᠳᠦᠭᠦᠷᠦᠭᠰᠡᠨ ᠪᠠᠶ᠋ᠢᠪᠠᠯ᠂ ᠲᠣᠰ ᠠᠷᠭ᠎ᠠ ᠵᠢ ᠦᠨᠳᠦᠰᠦᠯᠡᠨ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ᠎ᠢ ᠳᠠᠭᠢᠵᠤ ᠭᠤᠶᠤᠴᠢᠯᠠᠬᠤ ᠬᠡᠷᠡᠭᠲᠡᠶ᠃
ᠬᠣᠷᠢᠨ ᠳᠥᠷᠪᠡᠳᠦᠭᠡᠷ ᠵᠦᠢ᠍ᠯ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ᠎ᠢ ᠦᠨᠡᠮᠯᠡᠯ᠎ᠲᠠᠢ ᠬᠥᠮᠦᠰ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠠᠵᠢᠯ ᠬᠢᠬᠦ᠎ᠳᠤ ᠬᠡᠷᠡᠭᠯᠡᠨ᠎ᠡ᠃
ᠦᠨᠡᠮᠯᠡᠯ᠎ᠲᠠᠢ ᠬᠥᠮᠦᠰ ᠬᠠᠤᠯᠢ᠎ᠪᠠᠷ ᠲᠣᠭᠲᠠᠭ᠋ᠠᠭᠰᠠᠨ ᠡᠷᠬᠡ ᠲᠤᠰᠢᠶᠠᠯ᠎ᠤᠨ ᠶᠣᠰᠣᠭ᠋ᠠᠷ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ᠎ᠢ ᠬᠡᠷᠡᠭᠯᠡᠬᠦ ᠬᠡᠷᠡᠭᠲᠡᠶ᠂ ᠪᠠᠯᠠᠯᠤᠨ ᠵᠠᠰᠠᠬᠤ᠂ ᠪᠠᠭᠤᠯᠭ᠋ᠠᠬᠤ᠂ ᠰᠢᠯᠵᠢᠭᠦᠯᠦᠨ ᠵᠢᠭᠡᠯᠡᠭᠦᠯᠬᠦ᠂ ᠪᠠᠷᠢᠴᠠᠭ᠋ᠠᠯᠠᠬᠤ᠂ ᠪᠡᠯᠡᠭᠯᠡᠬᠦ᠂ ᠬᠤᠳᠠᠯᠳᠤᠭ᠋ᠠᠯᠠᠬᠤ ᠪᠤᠶᠤ ᠵᠣᠷᠢᠭᠤᠳᠠ ᠡᠪᠳᠡᠨ ᠰᠦᠢ᠍ᠳᠬᠡᠵᠦ ᠪᠣᠯᠬᠤ ᠦᠭᠡᠶ᠂ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ᠎ᠢ ᠬᠡᠷᠡᠭᠯᠡᠨ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠪᠤᠰᠤ ᠠᠵᠢᠯᠯᠠᠭ᠎ᠠ ᠬᠢᠵᠦ ᠪᠣᠯᠬᠤ ᠦᠭᠡᠶ᠃
ᠬᠣᠷᠢᠨ ᠲᠠᠪᠤᠳᠤᠭ᠋ᠠᠷ ᠵᠦᠢ᠍ᠯ ᠦᠨᠡᠮᠯᠡᠯ ᠠᠪᠴᠤ ᠪᠠᠶ᠋ᠢᠭ᠎ᠠ ᠬᠥᠮᠦᠰ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ ᠵᠶ᠋ᠠᠨ ᠲᠣᠬᠢᠲᠠᠶ ᠬᠠᠳᠠᠭ᠋ᠠᠯᠠᠵᠤ᠂ ᠭᠡᠭᠡᠭᠰᠡᠨ᠂ ᠬᠤᠯᠠᠭ᠋ᠠᠢ᠌ᠯᠠᠭᠳᠠᠬᠤ ᠪᠤᠶᠤ ᠰᠦᠢ᠍ᠳᠭᠡᠭᠳᠡᠬᠦᠠᠴᠠ ᠰᠡᠷᠭᠡᠶ᠋ᠢᠯᠡᠬᠦ ᠬᠡᠷᠡᠭᠲᠡᠶ᠃
ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ ᠵᠶ᠋ᠠᠨ ᠭᠡᠭᠡᠭᠰᠡᠨ᠂ ᠬᠤᠯᠠᠭ᠋ᠠᠶ᠋ᠢᠯᠠᠭᠳᠠᠭᠰᠠᠨ ᠪᠤᠶᠤ ᠡᠪᠳᠡᠨ ᠰᠦᠢ᠍ᠳᠬᠡᠭᠰᠡᠨ ᠪᠠᠶ᠋ᠢᠪᠠᠯ᠂ ᠦᠨᠡᠮᠯᠡᠯ ᠠᠪᠴᠤ ᠪᠠᠶ᠋ᠢᠭᠰᠠᠨ ᠬᠥᠮᠦᠨ᠎ᠨᠢ ᠴᠠᠭ ᠲᠤᠬᠠᠢᠳᠤᠨᠢ ᠠᠵᠢᠯᠯᠠᠵᠤ ᠪᠠᠶ᠋ᠢᠭ᠎ᠠ ᠨᠢᠭᠡᠴᠡ᠎ᠳᠡᠭᠡᠨ ᠮᠡᠳᠡᠭᠦᠯᠵᠦ᠂ ᠠᠵᠢᠯᠯᠠᠵᠤ ᠪᠠᠶ᠋ᠢᠭ᠎ᠠ ᠨᠢᠭᠡᠴᠡ᠎ᠨᠢ ᠭᠤᠶᠤᠴᠢᠯᠠᠬᠤ ᠵᠢᠷᠤᠮ ᠶᠣᠰᠣᠭ᠋ᠠᠷ ᠤᠤᠯ᠎ᠤᠨ ᠦᠨᠡᠮᠯᠡᠯ ᠣᠯᠭᠣᠭᠰᠠᠨ ᠪᠠᠶ᠋ᠢᠭᠤᠯᠭ᠎ᠠ᠎ᠳᠤ ᠨᠥᠬᠥᠨ ᠭᠦᠢ᠍ᠴᠡᠳᠬᠡᠭᠦᠯᠬᠦ᠎ᠪᠠᠷ ᠭᠤᠶᠤᠴᠢᠯᠠᠬᠤ ᠬᠡᠷᠡᠭᠲᠡᠢ᠃ ᠦᠨᠡᠮᠯᠡᠯ ᠠᠪᠴᠤ ᠪᠠᠶ᠋ᠢᠭ᠎ᠠ ᠬᠥᠮᠦᠰ᠎ᠤᠨ ᠪᠠᠶ᠋ᠢᠭ᠎ᠠ ᠨᠢᠭᠡᠴᠡ ᠪᠣᠯᠤᠨ ᠦᠨᠡᠮᠯᠡᠯ ᠣᠯᠭᠣᠬᠤ ᠪᠠᠶ᠋ᠢᠭᠤᠯᠭ᠎ᠠ᠎ᠨᠢ ᠭᠡᠭᠡᠭᠰᠡᠨ᠂ ᠬᠤᠯᠠᠭ᠋ᠠᠶ᠋ᠢᠯᠠᠭᠳᠠᠭᠰᠠᠨ᠂ ᠡᠪᠳᠡᠭᠳᠡᠭᠰᠡᠨ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ᠎ᠢ ᠴᠠᠭ ᠲᠤᠬᠠᠶ᠎ᠳᠤᠨᠢ ᠵᠠᠷᠯᠠᠵᠤ ᠬᠦᠴᠦᠨ ᠦᠭᠡᠶ ᠪᠣᠯᠭ᠋ᠠᠬᠤ ᠬᠡᠷᠡᠭᠲᠡᠶ᠃
ᠬᠣᠷᠢᠨ ᠵᠢᠷᠭᠤᠳᠤᠭ᠋ᠠᠷ ᠵᠦᠢ᠍ᠯ ᠦᠨᠡᠮᠯᠡᠯ ᠠᠪᠴᠤ ᠪᠠᠶ᠋ᠢᠭ᠎ᠠ ᠬᠥᠮᠦᠰ᠎ᠲᠤ ᠳᠣᠣᠷᠠᠬᠢ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠠᠵᠢᠯᠯᠠᠵᠤ ᠪᠠᠶ᠋ᠢᠭ᠎ᠠ ᠨᠢᠭᠡᠴᠡ᠎ᠠᠴᠠ᠎ᠨᠢ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ᠎ᠢ᠎ᠨᠢ ᠬᠤᠷᠢᠶᠠᠨ ᠠᠪᠬᠤ ᠵᠢᠨ ᠬᠠᠮᠲᠤ ᠮᠤᠵᠢ ᠵᠢᠨ ᠱᠠᠲᠤᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠪᠠᠷ ᠬᠢᠨᠠᠨ ᠬᠠᠷᠭᠤᠭᠤᠯᠤᠭᠰᠠᠨ᠎ᠤ ᠳᠠᠷᠠᠭ᠎ᠠ ᠦᠨᠡᠮᠯᠡᠯ ᠣᠯᠭᠣᠬᠤ ᠪᠠᠶ᠋ᠢᠭᠤᠯᠭ᠎ᠠ᠎ᠳᠤ ᠲᠤᠰᠢᠶᠠᠵᠤ ᠬᠦᠴᠦᠨ ᠦᠭᠡᠶ ᠪᠣᠯᠭ᠋ᠠᠨ᠎ᠠ᠄
(ᠨᠢᠭᠡ) ᠨᠠᠰᠤᠨ᠎ᠤ ᠠᠮᠠᠷᠠᠯᠲᠠ ᠠᠪᠤᠭᠰᠠᠨ;
(ᠬᠣᠶᠠᠷ) ᠲᠤᠰᠢᠶᠠᠯ᠎ᠠᠴᠠ᠎ᠪᠠᠨ ᠪᠠᠭᠤᠭᠰᠠᠨ᠂ ᠠᠵᠢᠯ᠎ᠠᠴᠠ᠎ᠨᠢ ᠪᠠᠭᠤᠯᠭ᠋ᠠᠭᠰᠠᠨ;
(ᠭᠤᠷᠪᠠ) ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠠᠵᠢᠯ᠎ᠢ ᠳᠠᠬᠢᠵᠤ ᠬᠢᠬᠦ ᠦᠭᠡᠶ;
(ᠳᠥᠷᠪᠡ) ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ᠎ᠤᠨ ᠬᠦᠴᠦᠨ᠎ᠲᠠᠢ ᠬᠤᠭᠤᠴᠠᠭ᠎ᠠ᠎ᠨᠢ ᠳᠦᠭᠦᠷᠦᠭᠰᠡᠨ;
(ᠲᠠᠪᠤ) ᠪᠤᠰᠤᠳ ᠰᠢᠯᠲᠠᠭ᠋ᠠᠨ᠎ᠠᠴᠠ ᠪᠤᠯᠵᠤ ᠬᠤᠷᠢᠶᠠᠨ ᠠᠪᠬᠤ᠃
ᠲᠠᠪᠤᠳᠤᠭ᠋ᠠᠷ ᠪᠦᠯᠦᠭ ᠬᠢᠨᠠᠵᠤ ᠪᠠᠶ᠋ᠢᠴᠠᠭ᠋ᠠᠬᠤ
ᠬᠣᠷᠢᠨ ᠳᠣᠯᠣᠳᠤᠭ᠋ᠠᠷ ᠵᠦᠢ᠍ᠯ ᠤᠯᠤᠰ᠎ᠤᠨ ᠲᠣᠭ᠎ᠠ ᠪᠦᠷᠢᠳᠬᠡᠯ᠎ᠤᠨ ᠲᠤᠪᠴᠢᠶ᠎ᠠ᠎ᠨᠢ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ ᠭᠤᠶᠤᠴᠢᠯᠠᠬᠤ᠂ ᠬᠢᠨᠠᠨ ᠣᠯᠭᠣᠬᠤ᠂ ᠬᠠᠮᠢᠶᠠᠷᠬᠤ ᠪᠠ ᠬᠡᠷᠡᠭᠯᠡᠬᠦ ᠠᠵᠢᠯ᠎ᠢ ᠬᠢᠨᠠᠵᠤ ᠪᠠᠶ᠋ᠢᠴᠠᠭ᠋ᠠᠨ᠎ᠠ᠃
ᠮᠤᠵᠢ ᠵᠢᠨ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠂ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶᠠᠨ᠎ᠤ ᠪᠠᠶ᠋ᠢᠴᠠᠭ᠋ᠠᠯᠲᠠ ᠵᠢᠨ ᠶᠡᠷᠦᠩᠬᠡᠶ ᠠᠩᠭᠢ᠎ᠨᠢ ᠲᠤᠰ ᠭᠠᠵᠠᠷ ᠣᠷᠣᠨ᠂ ᠲᠤᠰ ᠰᠢᠰᠲ᠋ᠧᠮ᠎ᠤᠨ ᠵᠶ᠋ᠠᠨ ᠦᠨᠡᠮᠯᠡᠯ᠎ᠲᠠᠢ ᠬᠥᠮᠦᠰ᠎ᠤᠨ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ ᠬᠡᠷᠡᠭᠯᠡᠭᠰᠡᠨ ᠪᠠᠶ᠋ᠢᠳᠠᠯ᠎ᠳᠤ ᠬᠢᠨᠠᠯᠲᠠ ᠲᠠᠯᠪᠢᠵᠤ ᠪᠠᠶ᠋ᠢᠴᠠᠭ᠋ᠠᠯᠲᠠ ᠬᠢᠬᠦ ᠬᠡᠷᠡᠭᠲᠡᠶ᠃
ᠬᠣᠷᠢᠨ ᠨᠠᠢ᠍ᠮᠠᠳᠤᠭ᠋ᠠᠷ ᠵᠦᠢ᠍ᠯ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ᠎ᠤᠨ ᠬᠠᠮᠢᠶᠠᠷᠤᠯᠲᠠ ᠵᠢᠨ ᠠᠵᠢᠯ᠎ᠤᠨ ᠰᠢᠯᠭ᠋ᠠᠨ ᠬᠢᠨᠠᠬᠤ ᠳᠦᠷᠢᠮ᠎ᠢ ᠪᠠᠶ᠋ᠢᠭᠤᠯᠬᠤ ᠬᠡᠷᠡᠭᠲᠡᠶ᠃ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ᠎ᠤᠨ ᠬᠠᠮᠢᠶᠠᠷᠤᠯᠲᠠ ᠵᠢᠨ ᠠᠵᠢᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠵᠣᠬᠢᠶᠠᠨ ᠪᠠᠶ᠋ᠢᠭᠤᠯᠤᠨ ᠰᠤᠭᠤᠴᠢᠨ ᠪᠠᠶ᠋ᠢᠴᠠᠭ᠋ᠠᠵᠤ᠂ ᠵᠢᠯ ᠪᠦᠷᠢ ᠮᠤᠵᠢ ᠵᠢᠨ ᠱᠠᠲᠤᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠵᠢᠨ ᠬᠠᠮᠢᠶᠠᠷᠤᠯᠲᠠ ᠵᠢᠨ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ᠎ᠤᠨ ᠠᠵᠢᠯ᠎ᠤᠨ ᠪᠠᠶ᠋ᠢᠳᠠᠯ᠎ᠢ ᠬᠢᠨᠠᠨ ᠰᠢᠯᠭ᠋ᠠᠨ᠎ᠠ᠃
ᠬᠣᠷᠢ ᠶᠢᠰᠦᠳᠦᠭᠡᠷ ᠵᠦᠢ᠍ᠯ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ ᠣᠯᠤᠭᠰᠠᠳ᠎ᠢ ᠰᠤᠭᠤᠴᠢᠨ ᠪᠠᠶ᠋ᠢᠴᠠᠭ᠋ᠠᠬᠤ ᠲᠦᠷᠢᠮ᠎ᠢ ᠪᠠᠶ᠋ᠢᠭᠤᠯᠬᠤ ᠬᠡᠷᠡᠭᠲᠡᠶ᠃ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ᠎ᠠᠴᠠ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ᠎ᠲᠠᠢ ᠬᠡᠰᠡᠭ ᠬᠥᠮᠦᠰ᠎ᠢ ᠲᠣᠭᠲᠠᠮᠠᠯ ᠪᠤᠰᠤ ᠬᠤᠭᠤᠴᠠᠭ᠎ᠠ᠎ᠲᠠᠢ᠎ᠪᠠᠷ ᠰᠣᠩᠭᠣᠨ ᠭᠠᠷᠭ᠋ᠠᠵᠤ᠂ ᠬᠢᠷᠢ ᠬᠡᠮ᠎ᠤᠨ ᠰᠢᠯᠭ᠋ᠠᠯᠲᠠ ᠵᠢᠨ ᠰᠡᠳᠦᠪ᠎ᠤᠨ ᠬᠡᠪᠴᠢᠶ᠎ᠡ ᠵᠢᠨ ᠠᠭᠤᠯᠭ᠎ᠠ ᠵᠢ ᠳᠠᠬᠢᠨ ᠪᠠᠶ᠋ᠢᠴᠠᠭ᠋ᠠᠨ᠎ᠠ᠃
ᠵᠢᠷᠭᠤᠳᠤᠭ᠋ᠠᠷ ᠪᠦᠯᠦᠭ ᠬᠠᠤᠯᠢ ᠵᠢᠨ ᠬᠠᠷᠢᠭᠤᠴᠠᠯᠭ᠎ᠠ
ᠭᠤᠴᠢᠳᠤᠭ᠋ᠠᠷ ᠵᠦᠢ᠍ᠯ ᠦᠨᠡᠮᠯᠡᠯ ᠠᠪᠴᠤ ᠪᠠᠶ᠋ᠢᠭ᠎ᠠ ᠬᠥᠮᠦᠰ᠎ᠲᠤ ᠳᠣᠣᠷᠠᠬᠢ ᠪᠠᠶ᠋ᠢᠳᠠᠯ᠎ᠤᠨ ᠨᠢᠭᠡ᠎ᠨᠢ
ᠪᠠᠶ᠋ᠢᠪᠠᠯ᠂ ᠮᠤᠵᠢ ᠵᠢᠨ ᠱᠠᠲᠤᠨ᠎ᠠᠴᠠ ᠳᠡᠭᠡᠭᠰᠢᠬᠢ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠠᠴᠠ ᠰᠢᠭᠦᠮᠵᠢᠯᠡᠨ ᠰᠤᠷᠭ᠋ᠠᠵᠤ᠂ ᠵᠠᠷᠯᠢᠭᠳᠠᠨ ᠵᠠᠯᠠᠷᠠᠭᠤᠯᠬᠤ ᠬᠡᠷᠡᠭᠲᠡᠶ᠂ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ᠎ᠢ᠎ᠨᠢ ᠲᠦᠷ ᠦᠯᠡᠳᠡᠭᠡᠨ ᠠᠪᠴᠤ ᠪᠣᠯᠤᠨ᠎ᠠ᠄
(ᠨᠢᠭᠡ) ᠬᠠᠤᠯᠢ᠎ᠳᠤ ᠲᠣᠭᠲᠠᠭ᠋ᠠᠭᠰᠠᠨ ᠡᠷᠬᠡ ᠵᠢᠨ ᠬᠡᠪᠴᠢᠶ᠎ᠡ᠎ᠠᠴᠠ ᠳᠠᠪᠠᠵᠤ ᠬᠠᠤᠯᠢ ᠬᠡᠷᠡᠭᠵᠢᠭᠦᠯᠦᠭᠰᠡᠨ ᠪᠤᠶᠤ ᠬᠠᠤᠯᠢ᠎ᠳᠤ ᠲᠣᠭᠲᠠᠭ᠋ᠠᠭᠰᠠᠨ ᠳᠠᠷᠠᠭ᠋ᠠᠯᠠᠯ᠎ᠢ ᠵᠥᠷᠢᠴᠡᠵᠦ ᠬᠠᠤᠯᠢ ᠬᠡᠷᠡᠭᠵᠢᠬᠦᠯᠦᠭᠰᠡᠨ ᠪᠤᠯᠪᠠᠴᠤ ᠬᠦᠨᠳᠦ ᠨᠣᠴᠢᠲᠠᠢ ᠤᠷᠰᠢᠭ ᠲᠠᠲᠠᠭᠰᠠᠨ ᠦᠭᠡᠢ;
(ᠬᠣᠶᠠᠷ) ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ᠎ᠢ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠪᠤᠰᠤ ᠠᠵᠢᠯᠯᠠᠭ᠎ᠠ᠎ᠳᠤ ᠬᠡᠷᠡᠭᠯᠡᠭᠰᠡᠨ ᠪᠣᠯᠪᠠᠴᠤ ᠬᠦᠨᠳᠦ ᠨᠣᠴᠢᠲᠠᠶ ᠦᠷ᠎ᠡ ᠤᠷᠰᠢᠭ ᠭᠠᠷᠭ᠋ᠠᠭᠰᠠᠨ ᠦᠭᠡᠶ;
(ᠭᠤᠷᠪᠠ) ᠰᠠᠬᠢᠯᠭ᠎ᠠ ᠪᠠᠲᠤ ᠬᠠᠤᠯᠢ ᠴᠠᠭ᠋ᠠᠵᠠ ᠵᠢ ᠵᠥᠷᠢᠴᠡᠭᠰᠡᠨ ᠰᠡᠵᠢᠭᠯᠡᠯᠲᠡᠢ ᠪᠠᠶ᠋ᠢᠵᠤ ᠬᠡᠷᠡᠭ ᠪᠣᠯᠭ᠋ᠠᠨ ᠲᠠᠨᠭ᠌ᠰᠠᠯᠠᠵᠤ ᠬᠢᠨᠠᠨ ᠪᠠᠶ᠋ᠢᠴᠠᠭ᠋ᠠᠭᠳᠠᠭᠰᠠᠨ ᠪᠣᠯᠪᠠᠴᠤ ᠬᠠᠷᠠᠬᠠᠨ ᠳ᠋ᠦᠩᠨᠡᠯᠲᠡ ᠭᠠᠷᠭ᠋ᠠᠭ᠋ᠠᠳᠤᠢ ᠪᠠᠶ᠋ᠢᠬᠤ;
(ᠲᠤᠢ᠍ᠷᠪᠡ) ᠪᠤᠰᠤᠳ ᠰᠢᠯᠲᠠᠭ᠋ᠠᠨ᠎ᠠᠴᠠ ᠪᠤᠯᠵᠦ ᠲᠤᠢ᠍ᠷ ᠦᠯᠡᠳᠡᠭᠡᠵᠦ ᠠᠪᠬᠤ ᠶᠣᠰᠣᠲᠠᠢ᠃
ᠭᠤᠴᠢᠨ ᠨᠢᠭᠡᠳᠦᠭᠡᠷ ᠵᠦᠢ᠍ᠯ ᠦᠨᠡᠮᠯᠡᠯ ᠠᠪᠴᠤ ᠪᠠᠶ᠋ᠢᠭ᠎ᠠ ᠬᠥᠮᠦᠰ᠎ᠲᠤ ᠳᠣᠣᠷ᠎ᠠ ᠵᠢᠭᠰᠠᠭ᠋ᠠᠭᠰᠠᠨ ᠪᠠᠶ᠋ᠢᠳᠠᠯ᠎ᠤᠨ ᠨᠢᠭᠡ᠎ᠨᠢ ᠪᠠᠶ᠋ᠢᠪᠠᠯ᠂ ᠮᠤᠵᠢ ᠵᠢᠨ ᠱᠠᠲᠤᠨ᠎ᠠᠴᠠ ᠳᠡᠭᠡᠭᠰᠢᠬᠢ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠠᠴᠠ ᠲᠡᠭᠦᠨ᠎ᠤ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ᠎ᠢ ᠬᠤᠷᠢᠶᠠᠨ ᠠᠪᠤᠨ᠎ᠠ᠄
(ᠨᠢᠭᠡ) ᠬᠠᠤᠯᠢ᠎ᠳᠤ ᠲᠣᠭᠲᠠᠭ᠋ᠠᠭᠰᠠᠨ ᠡᠷᠬᠡ᠎ᠠᠴᠠ ᠳᠠᠪᠠᠭᠤᠯᠤᠨ ᠬᠠᠤᠯᠢ ᠬᠡᠷᠡᠭᠵᠢᠭᠦᠯᠦᠭᠰᠡᠨ ᠪᠤᠶᠤ ᠬᠠᠤᠯᠢ᠎ᠳᠤ ᠲᠣᠭᠲᠠᠭ᠋ᠠᠭᠰᠠᠨ ᠳᠠᠷᠠᠭ᠋ᠠᠯᠠᠯ᠎ᠠᠴᠠ ᠵᠥᠷᠢᠴᠡᠨ ᠬᠠᠤᠯᠢ ᠬᠡᠷᠡᠭᠵᠢᠭᠦᠯᠦᠭᠡᠳ ᠬᠦᠨᠳᠦ ᠨᠣᠴᠢᠲᠠᠶ ᠦᠷ᠎ᠡ ᠤᠷᠰᠢᠭ ᠭᠠᠷᠭ᠋ᠠᠭᠰᠠᠨ;
(ᠬᠣᠶᠠᠷ) ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ᠎ᠢ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠪᠤᠰᠤ ᠠᠵᠢᠯᠯᠠᠭ᠎ᠠ᠎ᠳᠤ ᠬᠡᠷᠡᠭᠯᠡᠵᠦ᠂ ᠬᠦᠨᠳᠦ ᠨᠣᠴᠢᠲᠠᠶ ᠦᠷ᠎ᠡ ᠤᠷᠰᠢᠭ ᠭᠠᠷᠭ᠋ᠠᠭᠰᠠᠨ;
(ᠭᠤᠷᠪᠠ) ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ᠎ᠢ ᠪᠠᠯᠠᠯᠤᠨ ᠵᠠᠰᠠᠬᠤ᠂ ᠪᠠᠭᠤᠯᠭ᠋ᠠᠬᠤ᠂ ᠰᠢᠯᠵᠢᠭᠦᠯᠦᠨ ᠵᠢᠭᠡᠯᠡᠭᠦᠯᠬᠦ᠂ ᠪᠠᠷᠢᠴᠠᠭ᠋ᠠᠯᠠᠬᠤ᠂ ᠪᠡᠯᠡᠭᠯᠡᠨ ᠬᠦᠷᠭᠡᠬᠦ᠂ ᠬᠤᠳᠠᠯᠳᠤᠭ᠋ᠠᠯᠠᠬᠤ ᠪᠤᠶᠤ ᠵᠣᠷᠢᠭᠤᠳᠠ ᠡᠪᠳᠡᠵᠦ ᠰᠦᠢ᠍ᠳᠭᠡᠭᠰᠡᠨ;
(ᠲᠤᠢ᠍ᠷᠪᠡ) ᠡᠭᠦᠷᠭᠡ ᠲᠤᠰᠢᠶᠠᠯ᠎ᠤᠨ ᠵᠶ᠋ᠠᠨ ᠲᠤᠢ᠍ᠬᠦᠮᠢ ᠠᠰᠢᠭᠯᠠᠨ ᠪᠤᠰᠤᠳ᠎ᠤᠨ ᠵᠣᠭᠣᠰ ᠮᠥᠩᠭᠥ ᠡᠳ᠋ ᠪᠣᠳᠠᠰ᠎ᠢ ᠨᠡᠬᠡᠵᠦ ᠠᠪᠤᠭᠰᠠᠨ᠂ ᠬᠤᠷᠢᠶᠠᠵᠤ ᠠᠪᠤᠭᠰᠠᠨ ᠲᠣᠷᠭ᠋ᠠᠭᠤᠯᠢ ᠵᠢᠨ ᠵᠣᠭᠣᠰ᠎ᠢ ᠬᠤᠪᠢᠨ᠎ᠤ᠎ᠪᠠᠨ ᠪᠣᠯᠭ᠋ᠠᠵᠤ ᠠᠪᠤᠭᠰᠠᠨ ᠪᠤᠶᠤ ᠬᠠᠤᠯᠢ ᠵᠢ ᠵᠥᠷᠢᠴᠡᠭᠰᠡᠨ ᠪᠤᠰᠤᠳ ᠠᠵᠢᠯᠯᠠᠭ᠎ᠠ ᠬᠢᠭᠰᠡᠨ;
(ᠲᠠᠪᠤ) ᠬᠤᠪᠢ ᠵᠢᠨ ᠨᠠᠶ᠋ᠢᠷ ᠵᠶ᠋ᠠᠷ ᠬᠠᠤᠯᠢ ᠶᠣᠰᠣ ᠵᠢ ᠵᠥᠷᠢᠴᠡᠭᠰᠡᠨ᠂ ᠲᠤᠰᠢᠶᠠᠯ ᠬᠠᠷᠢᠭᠤᠴᠠᠯᠭ᠎ᠠ᠎ᠪᠠᠨ ᠣᠮᠲᠣᠭ᠋ᠠᠶ᠋ᠢᠯᠠᠭᠰᠠᠨ ᠵᠡᠷᠭᠡ ᠲᠤᠰᠢᠶᠠᠯ ᠵᠶ᠋ᠠᠨ ᠭᠤᠲᠤᠭ᠋ᠠᠭᠰᠠᠨ ᠦᠢ᠍ᠯᠡ ᠠᠵᠢᠯᠯᠠᠭ᠎ᠠ᠎ᠲᠠᠢ ᠪᠠᠶ᠋ᠢᠬᠤ;
(ᠵᠢᠷᠭᠤᠭ᠎ᠠ) ᠣᠨ᠎ᠤ ᠬᠢᠨᠠᠨ ᠰᠢᠯᠭ᠋ᠠᠭᠰᠠᠨ ᠦᠷ᠎ᠡ ᠳ᠋ᠦᠩ᠎ᠨᠢ ᠲᠤᠰᠢᠶᠠᠯ᠎ᠳᠠᠭᠠᠨ ᠲᠡᠩᠴᠡᠭᠰᠡᠨ ᠦᠭᠡᠶ;
(ᠲᠤᠯᠦᠭ᠎ᠠ) ᠵᠠᠰᠠᠭ ᠵᠠᠬᠢᠷᠭ᠋ᠠᠨ ᠵᠶ᠋ᠠᠷ ᠲᠤᠢ᠍ᠷ ᠬᠣᠷᠢᠬᠤ ᠰᠢᠢ᠍ᠳᠭᠡᠯ᠂ ᠡᠷᠡᠭᠦᠦ ᠵᠢᠨ ᠬᠡᠷᠡᠭ ᠵᠶ᠋ᠠᠷ ᠲᠤᠢ᠍ᠷ ᠬᠤᠷᠢᠬᠤ ᠪᠤᠶᠤ ᠡᠷᠡᠭᠦᠦ ᠰᠢᠢ᠍ᠳᠭᠡᠯ ᠵᠶ᠋ᠠᠷ ᠰᠢᠳᠬᠡᠭᠳᠡᠭᠰᠡᠨ;
(ᠨᠠᠢ᠍ᠮᠠ) ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠦᠯᠲᠡ ᠵᠢᠨ ᠪᠠᠶ᠋ᠢᠴᠠᠭ᠋ᠠᠯᠲᠠ ᠵᠢ ᠲᠡᠪᠴᠢᠵᠦ᠂ ᠬᠠᠷᠰᠢᠯᠠᠵᠤ᠂ ᠲᠣᠭ᠎ᠠ ᠪᠦᠷᠢᠳᠬᠡᠯ᠎ᠤᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠥᠮᠥᠭᠯᠡᠵᠦ᠂ ᠳᠤᠷ᠎ᠠ᠎ᠪᠠᠷ᠎ᠨᠢ ᠲᠠᠯᠪᠢᠬᠤ;
(ᠶᠢᠰᠦ) ᠨᠠᠮ᠎ᠤᠨ ᠰᠠᠬᠢᠯᠭ᠎ᠠ ᠪᠠᠲᠤ ᠵᠠᠰᠠᠭ᠎ᠤᠨ ᠶᠠᠪᠤᠳᠠᠯ᠎ᠤᠨ ᠰᠢᠢ᠍ᠳᠭᠡᠯ ᠣᠯᠤᠭᠰᠠᠨ;
(ᠠᠷᠪᠠ) ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ᠎ᠢ ᠬᠤᠷᠢᠶᠠᠨ ᠠᠪᠬᠤ ᠶᠣᠰᠣᠲᠠᠢ ᠪᠤᠰᠤᠳ ᠪᠠᠶ᠋ᠢᠳᠠᠯ᠃
ᠭᠤᠴᠢᠨ ᠬᠣᠶᠠᠳᠤᠭ᠋ᠠᠷ ᠵᠦᠢ᠍ᠯ ᠶᠠᠮᠠᠷᠪᠠ ᠨᠢᠭᠡᠴᠡ ᠲᠤᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠨ᠂ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ᠎ᠢ ᠬᠠᠭᠤᠷᠮᠠᠭ ᠵᠶ᠋ᠠᠷ ᠵᠣᠬᠢᠶᠠᠭᠰᠠᠨ᠂ ᠬᠤᠪᠢᠷᠠᠭᠤᠯᠤᠨ ᠵᠣᠬᠢᠶᠠᠭᠰᠠᠨ ᠪᠤᠶᠤ ᠬᠠᠭᠤᠷᠮᠠᠭᠯᠠᠨ ᠬᠡᠷᠡᠭᠯᠡᠭᠰᠡᠨ ᠪᠣᠯ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ ᠪᠤᠶᠤ ᠮᠤᠵᠢ ᠵᠢᠨ ᠱᠠᠲᠤᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠠᠴᠠ ᠵᠠᠷᠯᠢᠭᠳᠠᠨ ᠵᠠᠯᠠᠷᠠᠭᠤᠯᠵᠤ᠂ ᠳᠣᠩᠭᠣᠳᠴᠤ᠂ ᠢᠯᠡᠴᠢᠯᠡᠵᠦ ᠪᠣᠯᠤᠨ᠎ᠠ; ᠰᠢᠭᠤᠳ ᠬᠠᠷᠢᠭᠤᠴᠠᠵᠤ ᠪᠠᠶ᠋ᠢᠭ᠎ᠠ ᠡᠷᠬᠢᠯᠡᠠ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠨᠢ ᠲᠤᠢ᠍ᠷᠦ ᠵᠢᠨ ᠠᠵᠢᠯᠳᠡᠠ ᠪᠣᠯᠬᠤ᠎ᠳᠤ ᠬᠦᠷᠪᠡᠯ᠂ ᠲᠣᠮᠢᠯᠠᠵᠤ ᠪᠠᠭᠤᠯᠭ᠋ᠠᠬᠤ ᠪᠠᠶ᠋ᠢᠭᠤᠯᠭ᠎ᠠ ᠪᠤᠶᠤ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ᠎ᠠᠴᠠ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠰᠢᠢ᠍ᠳᠭᠡᠯ ᠥᠭᠭᠦᠨ᠎ᠡ᠃
ᠭᠤᠴᠢᠨ ᠭᠤᠷᠪᠠᠳᠤᠭ᠋ᠠᠷ ᠵᠦᠢ᠍ᠯ ᠲᠤᠰ ᠠᠷᠭ᠎ᠠ ᠵᠢ ᠵᠥᠷᠢᠴᠡᠵᠦ᠂ ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ᠎ᠢ ᠳᠤᠷ᠎ᠠ᠎ᠪᠠᠷ ᠵᠶ᠋ᠠᠨ ᠵᠣᠬᠢᠶᠠᠵᠤ᠂ ᠣᠯᠭᠣᠭᠰᠠᠨ ᠪᠠᠶ᠋ᠢᠪᠠᠯ᠂ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ᠎ᠠᠴᠠ ᠵᠠᠷᠯᠢᠭᠳᠠᠨ ᠵᠠᠯᠠᠷᠠᠭᠤᠯᠵᠤ᠂ ᠳᠣᠩᠭᠣᠳᠴᠤ᠂ ᠢᠯᠡᠴᠢᠯᠡᠵᠦ ᠪᠣᠯᠤᠨ᠎ᠠ; ᠰᠢᠭᠤᠳ ᠬᠠᠷᠢᠭᠤᠴᠠᠵᠤ ᠪᠠᠶ᠋ᠢᠭ᠎ᠠ ᠡᠷᠬᠢᠯᠡᠠ ᠬᠠᠮᠢᠶᠠᠷᠬᠤ ᠬᠥᠮᠦᠨ ᠪᠣᠯᠤᠨ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠨᠢ ᠲᠤᠢ᠍ᠷᠦ ᠵᠢᠨ ᠠᠵᠢᠯᠳᠡᠠ ᠪᠣᠯᠬᠤ᠎ᠳᠤ ᠬᠦᠷᠪᠡᠯ᠂ ᠲᠣᠮᠢᠯᠠᠵᠤ ᠪᠠᠭᠤᠯᠭ᠋ᠠᠬᠤ ᠪᠠᠶ᠋ᠢᠭᠤᠯᠭ᠎ᠠ ᠪᠤᠶᠤ ᠰᠠᠬᠢᠯᠭ᠎ᠠ ᠪᠠᠲᠤ ᠪᠠᠶ᠋ᠢᠴᠠᠭ᠋ᠠᠬᠤ ᠬᠢᠨᠠᠨ ᠪᠠᠶ᠋ᠢᠴᠠᠭ᠋ᠠᠬᠤ ᠪᠠᠶ᠋ᠢᠭᠤᠯᠭ᠎ᠠ᠎ᠠᠴᠠ ᠬᠣᠯᠪᠣᠭᠳᠠᠯ ᠪᠦᠬᠦᠢ ᠲᠣᠭᠲᠠᠭ᠋ᠠᠯ ᠶᠣᠰᠣᠭ᠋ᠠᠷ ᠰᠢᠢ᠍ᠳᠭᠡᠯ ᠥᠭᠭᠦᠨ᠎ᠡ᠃
ᠭᠤᠴᠢᠨ ᠳᠥᠷᠪᠡᠳᠦᠭᠡᠷ ᠵᠦᠢ᠍ᠯ ᠲᠤᠰ ᠠᠷᠭ᠎ᠠ ᠵᠢᠨ ᠲᠣᠭᠲᠠᠭ᠋ᠠᠯ᠎ᠠᠴᠠ ᠵᠥᠷᠢᠴᠡᠨ᠂ ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢ ᠵᠥᠷᠢᠴᠡᠭᠰᠡᠨ ᠦᠢ᠍ᠯᠡ ᠠᠵᠢᠯᠯᠠᠭ᠎ᠠ ᠪᠣᠯᠵᠤ ᠪᠦᠷᠢᠯᠳᠦᠭᠰᠡᠨ ᠪᠣᠯ ᠬᠠᠤᠯᠢ ᠶᠣᠰᠣᠭ᠋ᠠᠷ ᠠᠮᠤᠷ᠎ᠢ ᠬᠠᠮᠠᠭ᠋ᠠᠯᠠᠬᠤ ᠬᠠᠮᠢᠶᠠᠷᠤᠯᠲᠠ ᠵᠢᠨ ᠰᠢᠢ᠍ᠳᠭᠡᠯ ᠲᠣᠷᠭ᠋ᠠᠭᠤᠯᠢ ᠣᠯᠭᠣᠨ᠎ᠠ; ᠶᠠᠯ᠎ᠠ ᠪᠤᠯᠵᠦ ᠪᠦᠷᠢᠯᠳᠦᠭᠰᠡᠨ ᠪᠠᠶ᠋ᠢᠪᠠᠯ ᠬᠠᠤᠯᠢ ᠶᠣᠰᠣᠭ᠋ᠠᠷ ᠡᠷᠡᠭᠦᠦ ᠵᠢᠨ ᠬᠠᠷᠢᠭᠤᠴᠠᠯᠭ᠎ᠠ ᠨᠡᠬᠡᠮᠵᠢᠯᠡᠨ᠎ᠡ᠃
ᠳᠣᠯᠣᠳᠤᠭ᠋ᠠᠷ ᠪᠦᠯᠦᠭ ᠳᠠᠭ᠋ᠠᠯᠳᠤᠭᠤᠯᠤᠭᠰᠠᠨ ᠲᠤᠢ᠍ᠷᠢᠮ
ᠭᠤᠴᠢᠨ ᠲᠠᠪᠤᠳᠤᠭ᠋ᠠᠷ ᠵᠦᠢ᠍ᠯ ᠲᠣᠰ ᠠᠷᠭ᠎ᠠ ᠵᠢ ᠨᠡᠶ᠋ᠢᠲᠡᠯᠡᠭᠰᠡᠨ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃