ᠲᠡᠷᠢᠭᠦᠨ ᠬᠠᠭᠤᠳᠠᠰᠤ
ᠠᠵᠢᠯ᠎ᠤᠨ ᠪᠠᠶ᠋ᠢᠳᠠᠯ
ᠢᠯᠡ ᠵᠠᠰᠠᠭ
ᠲᠤᠭ᠎ᠠ ᠪᠦᠷᠢᠳᠭᠡᠯ᠎ᠤᠨ ᠦᠢᠯᠡᠴᠢᠯᠡᠭᠡ
ᠢᠯᠡ ᠵᠠᠰᠠᠭ   -   ᠬᠠᠣᠯᠢ ᠴᠠᠭᠠᠵᠠ ᠲᠥᠷᠢᠮ ᠳᠣᠭᠲᠠᠭᠠᠯ
ᠲᠤᠭ᠎ᠠ ᠪᠦᠷᠢᠳᠬᠡᠯ᠎ᠤᠨ ᠬᠦᠨᠳᠦ ᠨᠣᠴᠢᠲᠠᠶ ᠢᠲᠡᠭᠡᠮᠵᠢ ᠠᠯᠳᠠᠭᠰᠠᠨ ᠠᠵᠤ ᠠᠬᠤᠶ᠋ᠢᠯᠠᠯ᠎ᠤᠨ ᠢᠲᠡᠭᠡᠮᠵᠢ ᠵᠢᠨ ᠬᠠᠮᠢᠶᠠᠷᠤᠯᠲᠠ ᠵᠢᠨ ᠠᠷᠭ᠎ᠠ
ᠨᠡᠶ᠋ᠢᠲᠡᠯᠡᠭᠰᠡᠨ ᠴᠠᠭ᠄ 2025-03-25

     ᠲᠤᠭ᠎ᠠ ᠪᠦᠷᠢᠳᠬᠡᠯ᠎ᠤᠨ ᠬᠦᠨᠳᠦ ᠨᠣᠴᠢᠲᠠᠶ ᠢᠲᠡᠭᠡᠮᠵᠢ ᠠᠯᠳᠠᠭᠰᠠᠨ ᠠᠵᠤ ᠠᠬᠤᠶ᠋ᠢᠯᠠᠯ᠎ᠤᠨ ᠢᠲᠡᠭᠡᠮᠵᠢ ᠵᠢᠨ ᠬᠠᠮᠢᠶᠠᠷᠤᠯᠲᠠ ᠵᠢᠨ ᠠᠷᠭ᠎ᠠ
            (2022 ᠣᠨ᠎ᠤ 4 ᠰᠠᠷ᠎ᠠ ᠵᠢᠨ 14᠎ᠤ ᠡᠳᠦᠷ ᠤᠯᠤᠰ᠎ᠤᠨ ᠲᠣᠭ᠎ᠠ ᠪᠦᠷᠢᠳᠬᠡᠯ᠎ᠤᠨ

            ᠲᠣᠪᠴᠢᠶᠠᠨ᠎ᠤ 35 ᠳ᠋ᠤᠭ᠋ᠠᠷ ᠵᠠᠷᠯᠢᠭ ᠵᠶ᠋ᠠᠷ ᠨᠡᠶ᠋ᠢᠲᠡᠯᠡᠨ ᠬᠡᠷᠡᠭᠵᠢᠭᠦᠯᠪᠡ)


    ᠨᠢᠭᠡᠳᠦᠭᠡᠷ ᠪᠦᠯᠦᠭ    ᠶᠡᠷᠦᠩᠬᠡᠢ ᠳᠦᠷᠢᠮ
    ᠨᠢᠭᠡᠳᠦᠭᠡᠷ ᠵᠦᠢ᠍ᠯ    ᠲᠣᠭ᠎ᠠ ᠪᠦᠷᠢᠳᠬᠡᠯ᠎ᠤᠨ ᠬᠦᠷᠢᠶᠡᠨ᠎ᠤ ᠢᠲᠡᠭᠡᠮᠵᠢ ᠵᠢᠨ ᠪᠠᠶ᠋ᠢᠭᠤᠯᠤᠯᠲᠠ ᠵᠢ ᠲᠦᠯᠬᠢᠨ ᠠᠬᠢᠭᠤᠯᠵᠤ᠂ ᠲᠣᠭ᠎ᠠ ᠪᠦᠷᠢᠳᠬᠡᠯ᠎ᠤᠨ ᠬᠦᠨᠳᠦ ᠨᠣᠴᠢᠲᠠᠶ ᠢᠲᠡᠭᠡᠯ ᠠᠯᠳᠠᠭᠰᠠᠨ ᠠᠵᠤ ᠠᠬᠤᠶ᠋ᠢᠯᠠᠯ᠎ᠤᠨ ᠢᠲᠡᠭᠡᠮᠵᠢ ᠵᠢᠨ ᠬᠠᠮᠢᠶᠠᠷᠤᠯᠲᠠ ᠵᠢ ᠵᠢᠷᠤᠮᠵᠢᠭᠤᠯᠬᠤ ᠵᠢᠨ ᠲᠤᠰᠠᠳᠠ᠂ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠦᠨᠡᠨᠴᠢ ᠢᠲᠡᠭᠡᠮᠵᠢ ᠵᠢᠨ ᠪᠠᠶ᠋ᠢᠭᠤᠯᠤᠯᠲᠠ ᠵᠢ ᠠᠬᠢᠭᠤᠯᠵᠤ᠂ ᠢᠲᠡᠭᠡᠯ ᠠᠯᠳᠠᠭᠰᠠᠨ᠎ᠢ ᠬᠢᠵᠠᠭ᠋ᠠᠷᠯᠠᠬᠤ ᠲᠤᠬᠠᠶ ᠰᠢᠢ᠍ᠳᠪᠦᠷᠢᠳᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠶᠣᠰᠣᠭ᠋ᠠᠷ᠂ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠣᠭ᠎ᠠ ᠪᠦᠷᠢᠳᠬᠡᠯ᠎ᠤᠨ ᠬᠠᠤᠯᠢ》 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠣᠭ᠎ᠠ ᠪᠦᠷᠢᠳᠬᠡᠯ᠎ᠤᠨ ᠬᠠᠤᠯᠢ ᠵᠢ ᠬᠡᠷᠡᠭᠵᠢᠭᠦᠯᠬᠦ ᠳᠦᠷᠢᠮ》 ᠵᠡᠷᠭᠡ ᠬᠠᠮᠢᠶ᠎ᠠ ᠪᠦᠬᠦᠢ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠦᠨᠳᠦᠰᠦᠯᠡᠨ᠂ ᠲᠤᠰ ᠠᠷᠭ᠎ᠠ ᠵᠢ ᠲᠣᠭᠲᠠᠭ᠋ᠠᠪᠠ᠃
    ᠬᠣᠶᠠᠳᠤᠭ᠋ᠠᠷ ᠵᠦᠢ᠍ᠯ   ᠲᠣᠰ ᠠᠷᠭ᠎ᠠ᠎ᠨᠢ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠵᠢᠨ ᠠᠵᠤ ᠠᠬᠤᠶ᠋ᠢᠯᠠᠯ᠎ᠤᠨ ᠲᠣᠭ᠎ᠠ ᠪᠦᠷᠢᠳᠬᠡᠯ᠎ᠤᠨ ᠬᠦᠨᠳᠦ ᠨᠣᠴᠢᠲᠠᠶ ᠢᠲᠡᠭᠡᠯ ᠠᠯᠳᠠᠭᠰᠠᠨ ᠦᠢ᠍ᠯᠡ ᠠᠵᠢᠯᠯᠠᠭ᠎ᠠ ᠵᠢᠴᠢ ᠮᠡᠳᠡᠭᠡ ᠵᠠᠩᠭᠢ ᠵᠢ ᠮᠠᠭ᠋ᠠᠳᠯᠠᠨ ᠲᠣᠭᠲᠠᠭ᠋ᠠᠬᠤ᠂ ᠲᠡᠮᠳᠡᠭᠯᠡᠬᠦ᠂ ᠴᠤᠭᠯᠠᠭᠤᠯᠤᠨ ᠨᠡᠶ᠋ᠢᠯᠡᠭᠦᠯᠬᠦ᠂ ᠬᠠᠮᠲᠤ᠎ᠳᠤ᠎ᠪᠠᠨ ᠡᠳ᠋ᠯᠡᠬᠦ᠂ ᠢᠯᠡ

ᠪᠣᠯᠭ᠋ᠠᠬᠤ᠂ ᠵᠠᠯᠬᠠᠭ᠋ᠠᠨ ᠴᠡᠭᠡᠷᠯᠡᠭᠦᠯᠬᠦ ᠪᠠ ᠢᠲᠡᠭᠡᠮᠵᠢ ᠵᠢ᠎ᠨᠢ ᠰᠡᠷᠭᠦᠭᠡᠬᠦ ᠵᠡᠷᠭᠡ ᠠᠵᠢᠯᠯᠠᠭ᠎ᠠ᠎ᠳᠤ ᠬᠡᠷᠡᠭᠯᠡᠭᠳᠡᠨ᠎ᠡ᠃
    ᠲᠤᠰ ᠠᠷᠭ᠎ᠠ᠎ᠳᠤ ᠬᠡᠯᠡᠵᠦ ᠪᠠᠶ᠋ᠢᠭ᠎ᠠ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠭᠡᠳᠡᠭ᠎ᠨᠢ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ ᠵᠢᠴᠢ ᠲᠣᠮᠢᠯᠠᠭᠰᠠᠨ ᠪᠠᠶ᠋ᠢᠴᠠᠭ᠋ᠠᠬᠤ ᠪᠠᠶ᠋ᠢᠭᠤᠯᠤᠮᠵᠢ᠂ ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠵᠢ ᠵᠢᠭ᠋ᠠᠵᠤ ᠪᠤᠶ᠃
    ᠲᠤᠰ ᠠᠷᠭ᠎ᠠ᠎ᠳᠤ ᠬᠡᠯᠡᠵᠦ ᠪᠠᠶ᠋ᠢᠭ᠎ᠠ ᠠᠵᠤ ᠠᠬᠤᠶ᠋ᠢᠯᠠᠯ ᠭᠡᠳᠡᠭ᠎ᠨᠢ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠂ ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠪᠣᠯᠤᠨ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠨ ᠵᠣᠬᠢᠶᠠᠨ ᠪᠠᠶ᠋ᠢᠭᠤᠯᠤᠨ ᠬᠡᠷᠡᠭᠵᠢᠭᠦᠯᠵᠦ ᠪᠠᠶ᠋ᠢᠭ᠎ᠠ ᠲᠣᠭ᠎ᠠ ᠪᠦᠷᠢᠳᠬᠡᠯ᠎ᠤᠨ ᠠᠵᠢᠯᠯᠠᠭ᠎ᠠ ᠵᠢᠨ ᠳᠤᠮᠳᠠ᠂ ᠲᠣᠭ᠎ᠠ ᠪᠦᠷᠢᠳᠬᠡᠯ᠎ᠤᠨ ᠮᠠᠲᠸᠷᠢᠶᠠᠯ ᠮᠡᠳᠡᠭᠦᠯᠦᠨ ᠬᠦᠷᠭᠡᠬᠦ ᠡᠭᠦᠷᠭᠡ ᠵᠢ ᠡᠭᠦᠷᠭᠡᠯᠡᠵᠦ ᠪᠠᠶ᠋ᠢᠭ᠎ᠠ ᠠᠵᠤ ᠠᠬᠤᠶ᠋ᠢᠯᠠᠯ᠎ᠢ ᠵᠢᠭ᠋ᠠᠵᠤ ᠪᠤᠶ᠃
    ᠭᠤᠷᠪᠠᠳᠤᠭ᠋ᠠᠷ ᠵᠦᠢ᠍ᠯ   ᠲᠣᠭ᠎ᠠ ᠪᠦᠷᠢᠳᠬᠡᠯ᠎ᠤᠨ ᠬᠦᠨᠳᠦ ᠨᠣᠴᠢᠲᠠᠶ ᠢᠲᠡᠭᠡᠯ ᠠᠯᠳᠠᠭᠰᠠᠨ ᠠᠵᠤ ᠠᠬᠤᠶ᠋ᠢᠯᠠᠯ᠎ᠤᠨ ᠢᠲᠡᠭᠡᠮᠵᠢ ᠵᠢᠨ ᠬᠠᠮᠢᠶᠠᠷᠤᠯᠲᠠ᠎ᠳᠤ 《ᠬᠡᠨ ᠮᠠᠭ᠋ᠠᠳᠯᠠᠨ ᠲᠤᠭᠳᠠᠭ᠋ᠠᠪᠠᠯ᠂ ᠬᠡᠨ ᠬᠠᠮᠢᠶᠠᠷᠴᠤ᠂ ᠬᠡᠨ ᠬᠠᠷᠢᠭᠤᠴᠠᠬᠤ》 ᠵᠠᠷᠴᠢᠮ᠎ᠢ ᠪᠠᠷᠢᠮᠲᠠᠯᠠᠨ᠂ ᠬᠠᠤᠯᠢ ᠲᠣᠭᠲᠠᠭ᠋ᠠᠯ ᠶᠣᠰᠣᠭ᠋ᠠᠷ᠂ ᠡᠷᠬᠡ ᠠᠰᠢᠭ ᠵᠶ᠋ᠠᠨ ᠬᠠᠮᠠᠭ᠋ᠠᠯᠠᠵᠤ᠂ ᠪᠣᠯᠭᠣᠮᠵᠢᠲᠠᠶ ᠪᠥᠭᠡᠳ ᠵᠣᠬᠢᠰᠲᠠᠶ ᠪᠠᠶ᠋ᠢᠬᠤ ᠶᠡᠷᠦᠩᠬᠡᠶ ᠰᠡᠳᠬᠢᠴᠡ ᠶᠣᠰᠣᠭ᠋ᠠᠷ ᠵᠣᠬᠢᠶᠠᠨ ᠪᠠᠶ᠋ᠢᠭᠤᠯᠤᠨ ᠬᠡᠷᠡᠭᠵᠢᠬᠦᠯᠦᠨ᠎ᠡ᠃
    ᠳᠥᠷᠪᠡᠳᠦᠭᠡᠷ ᠵᠦᠢ᠍ᠯ   ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ᠎ᠠᠴᠠ ᠪᠦᠬᠦ ᠤᠯᠤᠰ᠎ᠤᠨ ᠲᠣᠭ᠎ᠠ ᠪᠦᠷᠢᠳᠬᠡᠯ᠎ᠤᠨ ᠢᠲᠡᠭᠡᠯ ᠵᠶ᠋ᠠᠨ ᠬᠦᠨᠳᠦ ᠨᠣᠴᠢᠲᠠᠶ ᠠᠯᠳᠠᠭᠰᠠᠨ ᠠᠵᠤ ᠠᠬᠤᠶ᠋ᠢᠯᠠᠯ᠎ᠤᠨ ᠢᠲᠡᠭᠡᠮᠵᠢ ᠵᠢᠨ ᠬᠠᠮᠢᠶᠠᠷᠤᠯᠲᠠ ᠵᠢᠨ ᠠᠵᠢᠯ᠎ᠢ ᠨᠢᠭᠡᠳᠦᠯᠲᠡᠶ ᠤᠳᠤᠷᠢᠳᠤᠨ᠎ᠠ᠃
    ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠨᠢ ᠲᠤᠰ ᠵᠠᠰᠠᠭ ᠵᠠᠬᠢᠷᠭ᠋ᠠᠨ᠎ᠤ ᠣᠷᠣᠨ᠎ᠤ᠎ᠪᠠᠨ ᠳᠣᠲᠣᠷᠠᠬᠢ ᠲᠣᠭ᠎ᠠ ᠪᠦᠷᠢᠳᠬᠡᠯ᠎ᠤᠨ ᠲᠠᠯ᠎ᠠ᠎ᠪᠠᠷ ᠬᠦᠨᠳᠦ ᠨᠣᠴᠢᠲᠠᠶ ᠢᠲᠡᠭᠡᠯ ᠵᠶ᠋ᠠᠨ ᠠᠯᠳᠠᠭᠰᠠᠨ ᠠᠵᠤ ᠠᠬᠤᠶ᠋ᠢᠯᠠᠯ᠎ᠤᠨ ᠢᠲᠡᠭᠡᠮᠵᠢ ᠵᠢᠨ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠲᠣᠮᠢᠯᠠᠭᠰᠠᠨ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ ᠵᠢᠨ ᠵᠣᠬᠢᠶᠠᠨ ᠪᠠᠶ᠋ᠢᠭᠤᠯᠤᠨ ᠬᠡᠷᠡᠭᠵᠢᠭᠦᠯᠦᠭᠰᠡᠨ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠠᠵᠢᠯᠯᠠᠭ᠎ᠠ ᠳᠤᠮᠳᠠ ᠭᠠᠷᠤᠭᠰᠠᠨ ᠲᠣᠭ᠎ᠠ ᠪᠦᠷᠢᠳᠬᠡᠯ᠎ᠤᠨ ᠬᠦᠨᠳᠦ ᠨᠣᠴᠢᠲᠠᠶ ᠢᠲᠡᠭᠡᠯ ᠵᠶ᠋ᠠᠨ ᠠᠯᠳᠠᠭᠰᠠᠨ ᠦᠢ᠍ᠯᠡ ᠠᠵᠢᠯᠯᠠᠭ᠎ᠠ ᠵᠢ ᠲᠤᠰ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢ ᠵᠣᠬᠢᠶᠠᠨ ᠪᠠᠶ᠋ᠢᠭᠤᠯᠤᠨ ᠬᠡᠷᠡᠭᠵᠢᠭᠦᠯᠦᠭᠰᠡᠨ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ᠎ᠠᠴᠠ ᠬᠣᠯᠪᠣᠭᠳᠠᠯ ᠪᠦᠬᠦᠢ ᠠᠵᠤ ᠠᠬᠤᠶ᠋ᠢᠯᠠᠯ᠎ᠤᠨ ᠢᠲᠡᠭᠡᠮᠵᠢ ᠵᠢᠨ ᠬᠠᠮᠢᠶᠠᠷᠤᠯᠲᠠ ᠵᠢᠨ ᠠᠵᠢᠯ᠎ᠢ ᠬᠠᠷᠢᠭᠤᠴᠠᠨ᠎ᠠ᠃
    ᠰᠢᠶᠠᠨ᠎ᠤ ᠱᠠᠲᠤᠨ᠎ᠠᠴᠠ ᠳᠡᠭᠡᠭᠰᠢᠬᠢ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠵᠣᠬᠢᠶᠠᠨ ᠪᠠᠶ᠋ᠢᠭᠤᠯᠤᠨ ᠬᠡᠷᠡᠭᠵᠢᠭᠦᠯᠦᠭᠰᠡᠨ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠠᠵᠢᠯᠯᠠᠭ᠎ᠠ ᠳᠤᠮᠳᠠ ᠣᠯᠵᠤ ᠮᠡᠳᠡᠭᠰᠡᠨ ᠲᠣᠭ᠎ᠠ ᠪᠦᠷᠢᠳᠬᠡᠯ᠎ᠤᠨ ᠲᠠᠯ᠎ᠠ᠎ᠪᠠᠷ ᠬᠦᠨᠳᠦ ᠨᠣᠴᠢᠲᠠᠶ ᠢᠲᠡᠭᠡᠯ ᠠᠯᠳᠠᠭᠰᠠᠨ ᠦᠢ᠍ᠯᠡ ᠠᠵᠢᠯᠯᠠᠭ᠎ᠠ ᠵᠢᠨ ᠰᠦᠪᠡᠭᠴᠢ ᠵᠢ ᠠᠳᠠᠯᠢ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠳᠤ ᠰᠢᠯᠵᠢᠭᠦᠯᠦᠨ ᠬᠦᠷᠭᠡᠵᠦ ᠬᠠᠤᠯᠢ ᠶᠣᠰᠣᠭ᠋ᠠᠷ ᠰᠢᠢ᠍ᠳᠪᠦᠷᠢᠯᠡᠬᠦᠯᠦᠨ᠎ᠡ᠃
    ᠲᠠᠪᠤᠳᠤᠭ᠋ᠠᠷ ᠵᠦᠢ᠍ᠯ   ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠨᠢ ᠡᠭᠦᠷᠭᠡ ᠬᠠᠷᠢᠭᠤᠴᠠᠯᠭ᠎ᠠ᠎ᠪᠠᠨ  ᠭᠦᠢ᠍ᠴᠡᠳᠭᠡᠬᠦ ᠶᠠᠪᠤᠴᠠ᠎ᠳᠤ ᠴᠤᠭᠯᠠᠭᠤᠯᠤᠭᠰᠠᠨ ᠲᠣᠭ᠎ᠠ ᠪᠦᠷᠢᠳᠬᠡᠯ᠎ᠤᠨ ᠬᠦᠨᠳᠦ ᠨᠣᠴᠢᠲᠠᠶ ᠢᠲᠡᠭᠡᠮᠵᠢ ᠠᠯᠳᠠᠭᠰᠠᠨ ᠠᠵᠤ ᠠᠬᠤᠶ᠋ᠢᠯᠠᠯ᠎ᠤᠨ ᠮᠡᠳᠡᠭᠡ ᠵᠠᠩᠭᠢ ᠵᠢ ᠴᠤᠭᠯᠠᠭᠤᠯᠵᠤ᠂ ᠬᠠᠳᠠᠭ᠋ᠠᠯᠠᠵᠤ᠂ ᠤᠯᠤᠰ᠎ᠤᠨ ᠬᠣᠯᠪᠣᠭᠳᠠᠯ ᠪᠥᠬᠥᠶ ᠲᠣᠭᠲᠠᠭ᠋ᠠᠯ ᠶᠣᠰᠣᠭ᠋ᠠᠷ ᠬᠠᠮᠲᠤ᠎ᠳᠤ᠎ᠪᠠᠨ ᠡᠳ᠋ᠯᠡᠬᠦ ᠵᠢ ᠬᠡᠷᠡᠭᠵᠢᠭᠦᠯᠬᠦ ᠬᠡᠷᠡᠭᠲᠡᠶ᠃
    ᠬᠣᠶᠠᠳᠤᠭ᠋ᠠᠷ ᠪᠦᠯᠦᠭ   ᠦᠨᠡᠮᠰᠢᠬᠦ ᠨᠥᠬᠥᠴᠡᠯ ᠪᠠ ᠳᠡᠰ ᠳᠠᠷᠠᠭ᠋ᠠᠯᠠᠯ
    ᠵᠢᠷᠭᠤᠳᠤᠭ᠋ᠠᠷ ᠵᠦᠢ᠍ᠯ  ᠠᠵᠤ ᠠᠬᠤᠶ᠋ᠢᠯᠠᠯ᠎ᠳᠤ ᠳᠣᠣᠷᠠᠬᠢ ᠮᠡᠲᠦ ᠲᠣᠭ᠎ᠠ ᠪᠦᠷᠢᠳᠬᠡᠯ᠎ᠤᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢᠨ ᠨᠢᠭᠡ᠎ᠨᠢ ᠪᠠᠶ᠋ᠢᠬᠤ ᠮᠥᠷᠲᠡᠭᠡᠨ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠲᠣᠭ᠎ᠠ ᠪᠦᠷᠢᠳᠬᠡᠯ᠎ᠤᠨ ᠬᠠᠤᠯᠢ ᠵᠢ ᠬᠡᠷᠡᠭᠵᠢᠭᠦᠯᠬᠦ ᠳᠦᠷᠢᠮ》᠎ᠤᠨ ᠲᠠᠪᠢᠳᠤᠭ᠋ᠠᠷ ᠵᠦᠢ᠍ᠯ᠎ᠳᠤ ᠵᠢᠭᠰᠠᠭ᠋ᠠᠭᠰᠠᠨ ᠦᠢ᠍ᠯᠡ ᠪᠠᠶ᠋ᠢᠳᠠᠯ᠎ᠨᠢ ᠬᠦᠨᠳᠦ ᠨᠣᠴᠢᠲᠠᠶ᠎ᠳᠤ ᠲᠤᠭ᠋ᠠᠴᠠᠭᠳᠠᠪᠠᠯ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠠᠴᠠ ᠲᠡᠭᠦᠨ᠎ᠢ ᠲᠣᠭ᠎ᠠ ᠪᠦᠷᠢᠳᠬᠡᠯ᠎ᠤᠨ ᠲᠠᠯ᠎ᠠ᠎ᠪᠠᠷ ᠬᠦᠨᠳᠦ ᠨᠣᠴᠢᠲᠠᠶ ᠢᠲᠡᠭᠡᠯ ᠵᠶ᠋ᠠᠨ ᠠᠯᠳᠠᠭᠰᠠᠨ ᠠᠵᠤ ᠠᠬᠤᠶ᠋ᠢᠯᠠᠯ ᠵᠶ᠋ᠠᠷ ᠮᠠᠭ᠋ᠠᠳᠯᠠᠨ ᠲᠣᠭᠲᠠᠭ᠋ᠠᠬᠤ ᠬᠡᠷᠡᠭᠲᠡᠶ᠃
    ᠨᠢᠭᠡ᠂ ᠲᠣᠭ᠎ᠠ ᠪᠦᠷᠢᠳᠬᠡᠯ᠎ᠤᠨ ᠮᠠᠲᠸᠷᠢᠶᠠᠯ ᠬᠠᠩᠭ᠋ᠠᠬᠤ ᠵᠢ ᠲᠡᠪᠴᠢᠭᠰᠡᠨ ᠪᠤᠶᠤ ᠮᠡᠳᠡᠭᠦᠯᠬᠦ ᠵᠢ ᠰᠢᠮᠳᠠᠭᠤᠯᠤᠭᠰᠠᠨ ᠪᠠᠶ᠋ᠢᠲᠠᠯ᠎ᠠ ᠮᠥᠨ ᠬᠦ᠌ ᠲᠣᠭ᠎ᠠ ᠪᠦᠷᠢᠳᠬᠡᠯ᠎ᠤᠨ ᠮᠠᠲᠸᠷᠢᠶᠠᠯ ᠵᠶ᠋ᠠᠨ ᠴᠠᠭ᠎ᠲᠠᠭᠠᠨ ᠬᠠᠩᠭ᠋ᠠᠭᠰᠠᠨ ᠦᠭᠡᠶ;
    ᠬᠣᠶᠠᠷ᠂ ᠦᠨᠡᠨ ᠪᠣᠳᠠᠲᠠᠶ ᠪᠤᠰᠤ ᠪᠤᠶᠤ ᠪᠦᠷᠢᠨ ᠪᠤᠰᠤ ᠲᠣᠭ᠎ᠠ ᠪᠦᠷᠢᠳᠬᠡᠯ᠎ᠤᠨ ᠮᠠᠲᠸᠷᠢᠶᠠᠯ ᠬᠠᠩᠭ᠋ᠠᠭᠰᠠᠨ;
     ᠭᠤᠷᠪᠠ᠂ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠪᠠᠶ᠋ᠢᠴᠠᠭ᠋ᠠᠨ ᠯᠠᠪᠯᠠᠬᠤ ᠪᠢᠴᠢᠭ᠎ᠲᠤ ᠬᠠᠷᠢᠭᠤᠯᠲᠠ ᠥᠭᠬᠦ ᠵᠢ ᠲᠡᠪᠴᠢᠭᠰᠡᠨ ᠪᠤᠶᠤ ᠦᠨᠡᠨ ᠪᠣᠳᠠᠲᠠᠶ᠎ᠪᠠᠷ ᠬᠠᠷᠢᠭᠤᠯᠲᠠ ᠥᠭᠭᠦᠭᠰᠡᠨ ᠦᠭᠡᠶ;
     ᠳᠥᠷᠪᠡ᠂ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ᠂ ᠲᠣᠭ᠎ᠠ ᠪᠦᠷᠢᠳᠬᠡᠯ᠎ᠤᠨ ᠪᠠᠢ᠌ᠴᠠᠭ᠋ᠠᠨ ᠦᠵᠡᠬᠦ ᠵᠢ ᠲᠡᠪᠴᠢᠵᠦ᠂ ᠬᠠᠷᠰᠢᠯᠠᠭᠰᠠᠨ;
    ᠲᠠᠪᠤ᠂ ᠤᠭ ᠲᠡᠮᠳᠡᠭᠯᠡᠯ ᠪᠣᠯᠤᠨ ᠭᠡᠷᠡᠴᠢ ᠪᠠᠷᠢᠮᠲᠠ᠂ ᠲᠣᠭ᠎ᠠ ᠪᠦᠷᠢᠳᠬᠡᠯ᠎ᠤᠨ ᠡᠬᠡ ᠳᠠᠩᠰᠠ᠂ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠬᠦᠰᠦᠨᠦᠭᠲᠦ ᠵᠢᠴᠢ ᠪᠤᠰᠤᠳ ᠬᠠᠮᠢᠶ᠎ᠠ ᠪᠦᠬᠦᠢ ᠭᠡᠷᠡᠴᠢ ᠪᠣᠯᠤᠨ ᠮᠠᠲᠸᠷᠢᠶᠠᠯ ᠵᠶ᠋ᠠᠨ ᠰᠢᠯᠵᠢᠭᠦᠯᠬᠦ᠂ ᠨᠢᠭᠤᠬᠤ᠂ ᠬᠤᠪᠢᠷᠠᠭᠤᠯᠬᠤ᠂ ᠰᠦᠢ᠍ᠳᠬᠡᠬᠦ ᠪᠤᠶᠤ ᠬᠠᠩᠭ᠋ᠠᠬᠤ ᠵᠢ ᠲᠡᠪᠴᠢᠭᠰᠡᠨ;
    ᠵᠢᠷᠭᠤᠭ᠎ᠠ᠂ ᠲᠣᠭ᠎ᠠ ᠪᠦᠷᠢᠳᠬᠡᠯ᠎ᠤᠨ ᠬᠦᠨᠳᠦ ᠨᠣᠴᠢᠲᠠᠶ ᠢᠲᠡᠭᠡᠯ ᠵᠶ᠋ᠠᠨ ᠠᠯᠳᠠᠭᠰᠠᠨ ᠪᠤᠰᠤᠳ ᠦᠢ᠍ᠯᠡ ᠠᠵᠢᠯᠯᠠᠭ᠎ᠠ᠃
    ᠳᠣᠯᠣᠳᠤᠭ᠋ᠠᠷ ᠵᠦᠢ᠍ᠯ    ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠨᠢ ᠲᠣᠭ᠎ᠠ ᠪᠦᠷᠢᠳᠬᠡᠯ᠎ᠤᠨ ᠲᠠᠯ᠎ᠠ᠎ᠪᠠᠷ ᠬᠦᠨᠳᠦ ᠨᠣᠴᠢᠲᠠᠶ ᠢᠲᠡᠭᠡᠯ ᠵᠶ᠋ᠠᠨ ᠠᠯᠳᠠᠭᠰᠠᠨ᠎ᠢ ᠮᠠᠭ᠋ᠠᠳᠯᠠᠨ ᠲᠣᠭᠲᠠᠭ᠋ᠠᠬᠤ ᠨᠥᠬᠥᠴᠡᠯ᠎ᠳᠤ ᠨᠡᠶ᠋ᠢᠴᠡᠬᠦ ᠠᠵᠤ ᠠᠬᠤᠶ᠋ᠢᠯᠠᠯ᠎ᠳᠤ ᠲᠤᠰ ᠠᠵᠤ ᠠᠬᠤᠶ᠋ᠢᠯᠠᠯ᠎ᠤᠨ ᠵᠠᠰᠠᠭ ᠵᠠᠬᠢᠷᠭ᠋ᠠᠨ᠎ᠤ ᠰᠢᠢ᠍ᠳᠬᠡᠯ ᠲᠣᠷᠭ᠋ᠠᠭᠤᠯᠢ ᠵᠢᠨ ᠲᠣᠭᠲᠠᠭ᠋ᠠᠯ ᠬᠦᠴᠦᠨ᠎ᠲᠠᠢ ᠪᠣᠯᠤᠭᠰᠠᠨ᠎ᠤ ᠳᠠᠷᠠᠭ᠎ᠠ 5 ᠠᠵᠢᠯᠯᠠᠬᠤ ᠡᠳᠦᠷ᠎ᠤᠨ ᠳᠣᠲᠣᠷ᠎ᠠ ᠲᠣᠭ᠎ᠠ ᠪᠦᠷᠢᠳᠬᠡᠯ᠎ᠤᠨ ᠲᠠᠯ᠎ᠠ᠎ᠪᠠᠷ ᠬᠦᠨᠳᠦ ᠨᠣᠴᠢᠲᠠᠶ ᠢᠲᠡᠭᠡᠯ ᠵᠶ᠋ᠠᠨ ᠠᠯᠳᠠᠭᠰᠠᠨ ᠠᠵᠤ ᠠᠬᠤᠶ᠋ᠢᠯᠠᠯ᠎ᠢ ᠮᠠᠭ᠋ᠠᠳᠯᠠᠨ ᠲᠤᠭᠳᠠᠭ᠋ᠠᠭᠰᠠᠨ᠎ᠢ ᠮᠡᠳᠡᠭᠳᠡᠬᠦ ᠪᠢᠴᠢᠭ ᠵᠣᠬᠢᠶᠠᠵᠤ᠂ ᠤᠴᠢᠷ ᠰᠢᠯᠲᠠᠭ᠋ᠠᠨ᠂ ᠦᠨᠳᠦᠰᠦᠯᠡᠯ᠂ ᠦᠷ᠎ᠡ ᠳ᠋ᠦᠩ ᠵᠢᠴᠢ ᠪᠤᠢ ᠪᠦᠬᠦᠢ ᠲᠤᠭ᠋ᠠᠴᠠᠯᠲᠠ ᠬᠢᠬᠦ᠂ ᠲᠣᠳᠣᠷᠬᠠᠶ᠋ᠢᠯᠠᠬᠤ ᠡᠷᠬᠡ ᠵᠢ ᠮᠡᠳᠡᠭᠳᠡᠬᠦ ᠵᠢᠨ ᠬᠠᠮᠲᠤ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠢᠷᠭᠡᠨ᠎ᠤ ᠵᠠᠷᠭᠤ ᠵᠢᠨ ᠬᠠᠤᠯᠢ》᠎ᠳᠤ ᠲᠣᠭᠲᠠᠭ᠋ᠠᠭᠰᠠᠨ ᠬᠦᠷᠭᠡᠬᠦ ᠠᠷᠭ᠎ᠠ ᠮᠠᠶᠢᠭ ᠵᠶ᠋ᠠᠷ ᠬᠦᠷᠭᠡᠬᠦ ᠬᠡᠷᠡᠭᠲᠡᠶ᠃
    ᠨᠠᠢ᠍ᠮᠠᠳᠤᠭ᠋ᠠᠷ ᠵᠦᠢ᠍ᠯ   ᠠᠵᠤ ᠠᠬᠤᠶ᠋ᠢᠯᠠᠯ᠎ᠨᠢ ᠲᠣᠭ᠎ᠠ ᠪᠦᠷᠢᠳᠬᠡᠯ᠎ᠤᠨ ᠬᠦᠨᠳᠦ ᠨᠣᠴᠢᠲᠠᠶ ᠢᠲᠡᠭᠡᠯ ᠵᠶ᠋ᠠᠨ ᠠᠯᠳᠠᠭᠰᠠᠨ᠎ᠢ ᠮᠠᠭ᠋ᠠᠳᠯᠠᠨ ᠲᠤᠭᠲᠠᠭ᠋ᠠᠭᠰᠠᠨ ᠮᠡᠳᠡᠭᠳᠡᠯ᠎ᠤᠨ ᠪᠢᠴᠢᠭ᠎ᠢ ᠭᠠᠷᠳᠠᠭᠰᠠᠨ ᠡᠳᠦᠷ᠎ᠠᠴᠠ ᠡᠬᠢᠯᠡᠨ 5 ᠠᠵᠢᠯᠯᠠᠬᠤ ᠡᠳᠦᠷ᠎ᠤᠨ ᠳᠣᠲᠣᠷ᠎ᠠ᠂ ᠮᠠᠭ᠋ᠠᠳᠯᠠᠨ ᠲᠤᠭᠲᠠᠭ᠋ᠠᠭᠰᠠᠨ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠳᠤ ᠲᠤᠭ᠋ᠠᠴᠠᠯᠲᠠ ᠬᠢᠬᠦ ᠪᠠ ᠵᠥᠪᠲᠦᠭᠡᠨ ᠲᠣᠳᠣᠷᠬᠠᠶ᠋ᠢᠯᠠᠵᠤ ᠪᠣᠯᠤᠨ᠎ᠠ᠃
    ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠠᠴᠠ ᠠᠵᠤ ᠠᠬᠤᠶ᠋ᠢᠯᠠᠯ᠎ᠤᠨ ᠲᠤᠰᠢᠶᠠᠭᠰᠠᠨ ᠲᠤᠭ᠋ᠠᠴᠠᠯᠲᠠ᠂ ᠵᠥᠪᠲᠦᠭᠡᠨ ᠲᠣᠳᠣᠷᠬᠠᠶ᠋ᠢᠯᠠᠬᠤ ᠮᠠᠲ᠋ᠧᠷᠢᠶᠠᠯ᠎ᠢ ᠪᠦᠷᠢᠨ ᠪᠤᠰᠤ ᠭᠡᠵᠦ ᠦᠵᠡᠪᠡᠯ᠂ ᠬᠠᠮᠢᠶ᠎ᠠ ᠪᠦᠬᠦᠢ ᠮᠠᠲ᠋ᠧᠷᠢᠶᠠᠯ᠎ᠢ ᠲᠣᠭᠲᠠᠭᠰᠠᠨ ᠴᠠᠭ ᠬᠤᠭᠤᠴᠠᠭ᠋ᠠᠨ ᠳᠣᠲᠣᠷ᠎ᠠ ᠨᠥᠬᠥᠪᠥᠷᠢᠯᠡᠬᠦ ᠵᠢ ᠠᠵᠤ ᠠᠬᠤᠶ᠋ᠢᠯᠠᠯ᠎ᠳᠤ ᠮᠡᠳᠡᠭᠳᠡᠬᠦ ᠬᠡᠷᠡᠭᠲᠡᠶ᠃
    ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠨᠢ ᠠᠵᠤ ᠠᠬᠤᠶ᠋ᠢᠯᠠᠯ᠎ᠤᠨ ᠰᠠᠨᠠᠯ᠎ᠢ ᠭᠦᠢ᠍ᠴᠡᠳ ᠰᠣᠨᠣᠰᠴᠤ᠂ ᠠᠵᠤ ᠠᠬᠤᠶ᠋ᠢᠯᠠᠯ᠎ᠤᠨ ᠳᠤᠷᠠᠳᠤᠭᠰᠠᠨ ᠪᠣᠳᠠᠲᠤ ᠬᠡᠷᠡᠭ᠂ ᠰᠢᠯᠲᠠᠭ᠋ᠠᠨ ᠪᠣᠯᠤᠨ ᠭᠡᠷᠡᠴᠢ ᠪᠠᠷᠢᠮᠲᠠ ᠵᠢ ᠳᠠᠬᠢᠨ ᠬᠢᠨᠠᠬᠤ

ᠬᠡᠷᠡᠭᠲᠡᠶ; ᠠᠵᠤ ᠠᠬᠤᠶ᠋ᠢᠯᠠᠯ᠎ᠤᠨ ᠳᠤᠷᠠᠳᠤᠭᠰᠠᠨ ᠪᠣᠳᠠᠲᠤ ᠬᠡᠷᠡᠭ᠂ ᠰᠢᠯᠲᠠᠭ᠋ᠠᠨ ᠪᠤᠶᠤ ᠭᠡᠷᠡᠴᠢ ᠪᠠᠷᠢᠮᠲᠠ᠎ᠨᠢ ᠲᠣᠭᠲᠠᠵᠤ ᠴᠢᠳᠠᠪᠠᠯ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠬᠦᠯᠢᠶᠡᠨ ᠠᠪᠬᠤ ᠬᠡᠷᠡᠭᠲᠡᠶ᠃
    ᠶᠢᠰᠦᠳᠦᠭᠡᠷ ᠵᠦᠢ᠍ᠯ   ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠨᠢ ᠠᠵᠤ ᠠᠬᠤᠶ᠋ᠢᠯᠠᠯ᠎ᠤᠨ ᠲᠤᠭ᠋ᠠᠴᠠᠯᠲᠠ᠂ ᠵᠥᠪᠲᠦᠭᠡᠨ ᠲᠣᠳᠣᠷᠬᠠᠶ᠋ᠢᠯᠠᠬᠤ ᠮᠠᠲ᠋ᠧᠷᠢᠶᠠᠯ ᠵᠶ᠋ᠠᠨ ᠲᠤᠰᠢᠶᠠᠬᠤ ᠴᠠᠭ ᠬᠤᠭᠤᠴᠠᠭ᠎ᠠ᠎ᠨᠢ ᠲᠤᠯᠤᠭᠰᠠᠨ ᠡᠳᠦᠷ᠎ᠠᠴᠠ ᠡᠬᠢᠯᠡᠨ 7 ᠠᠵᠢᠯᠯᠠᠬᠤ ᠡᠳᠦᠷ᠎ᠤᠨ ᠳᠣᠲᠣᠷ᠎ᠠ ᠲᠣᠭᠲᠠᠭ᠋ᠠᠯ ᠭᠠᠷᠭ᠋ᠠᠬᠤ ᠬᠡᠷᠡᠭᠲᠡᠶ᠃ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠠᠴᠠ ᠠᠵᠤ ᠠᠬᠤᠶ᠋ᠢᠯᠠᠯ᠎ᠢ ᠲᠣᠭ᠎ᠠ ᠪᠦᠷᠢᠳᠬᠡᠯ᠎ᠤᠨ ᠲᠠᠯ᠎ᠠ᠎ᠪᠠᠷ ᠬᠦᠨᠳᠦ ᠨᠣᠴᠢᠲᠠᠶ ᠢᠲᠡᠭᠡᠯ ᠠᠯᠳᠠᠭᠰᠠᠨ ᠠᠵᠤ ᠠᠬᠤᠶ᠋ᠢᠯᠠᠯ ᠵᠶ᠋ᠠᠷ ᠮᠠᠭ᠋ᠠᠳᠯᠠᠨ ᠲᠣᠭᠲᠠᠭ᠋ᠠᠭᠰᠠᠨ ᠪᠠᠶ᠋ᠢᠪᠠᠯ᠂ ᠲᠣᠭ᠎ᠠ ᠪᠦᠷᠢᠳᠬᠡᠯ᠎ᠤᠨ ᠲᠠᠯ᠎ᠠ᠎ᠪᠠᠷ ᠬᠦᠨᠳᠦ ᠨᠣᠴᠢᠲᠠᠶ ᠢᠲᠡᠭᠡᠯ ᠠᠯᠳᠠᠭᠰᠠᠨ ᠠᠵᠤ ᠠᠬᠤᠶ᠋ᠢᠯᠠᠯ᠎ᠢ ᠮᠠᠭ᠋ᠠᠳᠯᠠᠨ ᠲᠣᠭᠲᠠᠭ᠋ᠠᠭᠰᠠᠨ ᠲᠣᠭᠲᠠᠭ᠋ᠠᠯ᠎ᠤᠨ ᠪᠢᠴᠢᠭ ᠵᠣᠬᠢᠶᠠᠵᠤ᠂ ᠳᠤᠤᠷᠠᠬᠢ ᠵᠦᠢ᠍ᠯᠡᠰ᠎ᠢ ᠲᠣᠳᠣᠷᠬᠠᠶ ᠲᠡᠮᠳᠡᠭᠯᠡᠬᠦ ᠬᠡᠷᠡᠭᠲᠡᠶ᠄
    ᠠᠵᠤ ᠠᠬᠤᠶ᠋ᠢᠯᠠᠯ᠎ᠤᠨ ᠨᠡᠷᠡᠶ᠋ᠢᠳᠦᠯ ᠬᠢᠭᠡᠳ ᠲᠡᠭᠦᠨ᠎ᠤ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠪᠤᠶᠤ ᠬᠠᠷᠢᠭᠤᠴᠠᠯᠭ᠋ᠠᠲᠠᠨ;
    ᠨᠢᠭᠡᠳᠦᠯᠲᠡᠶ ᠨᠡᠶ᠋ᠢᠭᠡᠮ᠎ᠤᠨ ᠢᠲᠡᠭᠡᠮᠵᠢ ᠵᠢᠨ ᠺᠣᠳ᠋;
    ᠮᠠᠭ᠋ᠠᠳᠯᠠᠨ ᠲᠣᠭᠲᠠᠭ᠋ᠠᠭᠰᠠᠨ ᠤᠴᠢᠷ ᠰᠢᠯᠲᠠᠭ᠋ᠠᠨ᠂ ᠦᠨᠳᠦᠰᠦᠯᠡᠯ;
    ᠢᠯᠡ ᠨᠡᠶ᠋ᠢᠲᠡᠯᠡᠬᠦ ᠠᠷᠭ᠎ᠠ ᠵᠠᠮ᠂ ᠬᠤᠭᠤᠴᠠᠭ᠎ᠠ ᠬᠢᠵᠠᠭ᠋ᠠᠷ ᠪᠠ ᠪᠤᠰᠤᠳ ᠬᠦᠨᠳᠦ ᠨᠣᠴᠢᠲᠠᠶ ᠢᠲᠡᠭᠡᠯ ᠠᠯᠳᠠᠭᠰᠠᠳ᠎ᠢ ᠵᠠᠯᠬᠠᠭ᠋ᠠᠨ ᠴᠡᠭᠡᠷᠯᠡᠭᠦᠯᠬᠦ ᠠᠷᠭ᠎ᠠ ᠬᠡᠮᠵᠢᠶ᠎ᠡ;
    ᠢᠲᠡᠭᠡᠮᠵᠢ ᠰᠡᠷᠭᠦᠭᠡᠬᠦ ᠨᠥᠬᠥᠴᠡᠯ ᠪᠠ ᠠᠯᠬᠤᠮ ᠳᠠᠷᠠᠭ᠋ᠠᠯᠠᠯ;
    ᠵᠠᠰᠠᠭ ᠵᠠᠬᠢᠷᠭ᠋ᠠᠨ ᠵᠶ᠋ᠠᠷ ᠳᠠᠬᠢᠨ ᠵᠥᠪᠯᠡᠭᠦᠯᠬᠦ᠎ᠪᠠᠷ ᠭᠤᠶᠤᠴᠢᠯᠠᠬᠤ ᠪᠠ ᠵᠠᠰᠠᠭ ᠵᠠᠬᠢᠷᠭ᠋ᠠᠨ᠎ᠤ ᠵᠠᠷᠭᠤ ᠬᠢᠬᠦ ᠠᠷᠭ᠎ᠠ ᠵᠠᠮ ᠪᠠ ᠬᠤᠭᠤᠴᠠᠭ᠎ᠠ;
    ᠮᠠᠭ᠋ᠠᠳᠯᠠᠨ ᠲᠣᠭᠲᠠᠭ᠋ᠠᠭᠰᠠᠨ ᠲᠣᠭᠲᠠᠭ᠋ᠠᠯ ᠭᠠᠷᠭ᠋ᠠᠭᠰᠠᠨ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠵᠢᠨ ᠨᠡᠷᠡᠶ᠋ᠢᠳᠦᠯ ᠪᠠ ᠮᠠᠭ᠋ᠠᠳᠯᠠᠨ ᠲᠣᠭᠲᠠᠭ᠋ᠠᠭᠰᠠᠨ ᠡᠳᠦᠷ ᠬᠤᠭᠤᠴᠠᠭ᠎ᠠ᠃
    ᠲᠣᠭ᠎ᠠ ᠪᠦᠷᠢᠳᠬᠡᠯ᠎ᠨᠢ ᠬᠦᠨᠳᠦ ᠨᠣᠴᠢᠲᠠᠶ ᠢᠲᠡᠭᠡᠯ ᠵᠶ᠋ᠠᠨ ᠠᠯᠳᠠᠭᠰᠠᠨ ᠠᠵᠤ ᠠᠬᠤᠶ᠋ᠢᠯᠠᠯ᠎ᠢ ᠮᠠᠭ᠋ᠠᠳᠯᠠᠨ ᠲᠤᠭᠲᠠᠭ᠋ᠠᠭᠰᠠᠨ ᠲᠣᠭᠲᠠᠭ᠋ᠠᠯ᠎ᠤᠨ ᠪᠢᠴᠢᠭ᠎ᠢ 《ᠪᠦᠭᠦᠳᠡ ᠨᠠᠶ᠋ᠢᠷᠠᠮᠳᠠᠬᠤ ᠳᠤᠮᠳᠠᠳᠤ ᠠᠷᠠᠳ ᠤᠯᠤᠰ᠎ᠤᠨ ᠢᠷᠭᠡᠨ᠎ᠤ ᠵᠠᠷᠭᠤ ᠵᠢᠨ ᠬᠠᠤᠯᠢ》᠎ᠳᠤ ᠲᠣᠭᠲᠠᠭ᠋ᠠᠭᠰᠠᠨ ᠬᠦᠷᠭᠡᠬᠦ ᠠᠷᠭ᠎ᠠ ᠮᠠᠶᠢᠭ ᠵᠶ᠋ᠠᠷ ᠬᠦᠷᠭᠡᠬᠦ ᠬᠡᠷᠡᠭᠲᠡᠶ᠃
    ᠭᠤᠷᠪᠠᠳᠤᠭ᠋ᠠᠷ ᠪᠦᠯᠦᠭ     ᠢᠲᠡᠭᠡᠮᠵᠢ ᠵᠢᠨ ᠵᠠᠯᠬᠠᠭ᠋ᠠᠨ ᠴᠡᠭᠡᠷᠯᠡᠭᠦᠯᠬᠦ ᠪᠠ ᠰᠡᠷᠭᠦᠭᠡᠬᠦ
    ᠠᠷᠪᠠᠳᠤᠭ᠋ᠠᠷ ᠵᠦᠢ᠍ᠯ    ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠨᠢ ᠲᠣᠭ᠎ᠠ ᠪᠦᠷᠢᠳᠬᠡᠯ᠎ᠤᠨ ᠬᠦᠨᠳᠦ ᠨᠣᠴᠢᠲᠠᠶ ᠢᠲᠡᠭᠡᠯ ᠵᠶ᠋ᠠᠨ ᠠᠯᠳᠠᠭᠰᠠᠨ ᠠᠵᠤ ᠠᠬᠤᠶ᠋ᠢᠯᠠᠯ᠎ᠢ ᠮᠠᠭ᠋ᠠᠳᠯᠠᠨ ᠲᠣᠭᠲᠠᠭ᠋ᠠᠬᠤ ᠲᠣᠭᠲᠠᠭ᠋ᠠᠯ ᠭᠠᠷᠭ᠋ᠠᠭᠰᠠᠨ ᠡᠳᠦᠷ᠎ᠠᠴᠠ ᠡᠬᠢᠯᠡᠨ 10 ᠠᠵᠢᠯᠯᠠᠬᠤ ᠡᠳᠦᠷ᠎ᠤᠨ ᠳᠣᠲᠣᠷ᠎ᠠ ᠲᠣᠭ᠎ᠠ ᠪᠦᠷᠢᠳᠬᠡᠯ᠎ᠤᠨ ᠬᠦᠨᠳᠦ ᠨᠣᠴᠢᠲᠠᠶ ᠢᠲᠡᠭᠡᠯ ᠵᠶ᠋ᠠᠨ ᠠᠯᠳᠠᠭᠰᠠᠨ ᠮᠡᠳᠡᠭᠡ ᠵᠠᠩᠭᠢ ᠵᠢ ᠨᠡᠶ᠋ᠢᠭᠡᠮ᠎ᠳᠤ ᠨᠡᠶ᠋ᠢᠲᠡᠯᠡᠬᠦ ᠬᠡᠷᠡᠭᠲᠡᠶ᠂ ᠡᠭᠦᠨ᠎ᠳᠤ ᠳᠤᠤᠷᠠᠬᠢ ᠠᠭᠤᠯᠭ᠎ᠠ ᠪᠠᠭᠲᠠᠨ᠎ᠠ᠄
   (ᠨᠢᠭᠡ) ᠠᠵᠤ ᠠᠬᠤᠶ᠋ᠢᠯᠠᠯ᠎ᠤᠨ ᠦᠨᠳᠦᠰᠦᠨ ᠮᠡᠳᠡᠭᠡ ᠵᠠᠩᠭᠢ᠂ ᠡᠭᠦᠨ᠎ᠳᠤ ᠠᠵᠤ ᠠᠬᠤᠶ᠋ᠢᠯᠠᠯ᠎ᠤᠨ ᠨᠡᠷᠡᠶ᠋ᠢᠳᠦᠯ᠂ ᠬᠠᠶᠢᠭ᠂ ᠨᠡᠶ᠋ᠢᠭᠡᠮ᠎ᠤᠨ ᠢᠲᠡᠭᠡᠮᠵᠢ ᠵᠢᠨ ᠨᠢᠭᠡᠳᠦᠯᠲᠡᠶ ᠣᠷᠣᠯᠠᠬᠤ ᠨᠣᠮᠧᠷ᠂ ᠬᠠᠤᠯᠢ᠎ᠪᠠᠷ ᠲᠣᠭᠲᠠᠭ᠋ᠠᠭᠰᠠᠨ ᠲᠥᠯᠥᠭᠡᠯᠡᠭᠴᠢ ᠪᠤᠶᠤ ᠬᠠᠷᠢᠭᠤᠴᠠᠯᠭ᠋ᠠᠲᠠᠨ ᠵᠡᠷᠭᠡ ᠪᠠᠭᠲᠠᠨ᠎ᠠ;
    (ᠬᠣᠶᠠᠷ) ᠲᠣᠭ᠎ᠠ ᠪᠦᠷᠢᠳᠬᠡᠯ᠎ᠤᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ;
    (ᠭᠤᠷᠪᠠ) ᠬᠠᠤᠯᠢ ᠶᠣᠰᠣᠭ᠋ᠠᠷ ᠰᠢᠢ᠍ᠳᠪᠦᠷᠢᠯᠡᠭᠰᠡᠨ ᠪᠠᠶ᠋ᠢᠳᠠᠯ;
    (ᠳᠥᠷᠪᠡ) ᠪᠤᠰᠤᠳ ᠬᠠᠮᠢᠶ᠎ᠠ ᠪᠥᠬᠥᠶ ᠮᠡᠳᠡᠭᠡ ᠵᠠᠩᠭᠢ᠃
    ᠠᠷᠪᠠᠨ ᠨᠢᠭᠡᠳᠦᠭᠡᠷ ᠵᠦᠢ᠍ᠯ   ᠨᠡᠶ᠋ᠢᠲᠡ᠎ᠳᠤ ᠵᠠᠷᠯᠠᠬᠤ ᠲᠤᠭ᠎ᠠ ᠪᠦᠷᠢᠳᠬᠡᠯ᠎ᠤᠨ ᠬᠦᠨᠳᠦ ᠨᠣᠴᠢᠲᠠᠶ ᠢᠲᠡᠭᠡᠯ ᠵᠶ᠋ᠠᠨ ᠠᠯᠳᠠᠭᠰᠠᠨ ᠠᠵᠤ ᠠᠬᠤᠶ᠋ᠢᠯᠠᠯ᠎ᠤᠨ ᠮᠡᠳᠡᠭᠡ ᠵᠠᠩᠭᠢ᠎ᠨᠢ ᠤᠯᠤᠰ᠎ᠤᠨ ᠨᠢᠭᠤᠴᠠ᠂ ᠬᠤᠳᠠᠯᠳᠤᠭ᠋ᠠᠨ᠎ᠤ ᠨᠢᠭᠤᠴᠠ᠂ ᠬᠤᠪᠢ ᠬᠥᠮᠦᠨ᠎ᠤ ᠨᠢᠭᠤᠴᠠ ᠵᠢ ᠵᠠᠳᠠᠷᠠᠭᠤᠯᠵᠤ ᠪᠣᠯᠬᠤ ᠦᠭᠡᠶ᠂ ᠤᠯᠤᠰ᠎ᠤᠨ ᠠᠮᠤᠷ ᠲᠦᠪᠰᠢᠨ ᠪᠠ ᠨᠡᠶ᠋ᠢᠭᠡᠮ᠎ᠤᠨ ᠣᠯᠠᠨ ᠨᠡᠶ᠋ᠢᠲᠡ ᠵᠢᠨ ᠠᠰᠢᠭ ᠲᠤᠰᠠ ᠵᠢ ᠬᠣᠬᠢᠷᠠᠭᠤᠯᠵᠤ ᠪᠣᠯᠬᠤ ᠦᠭᠡᠶ᠃
    ᠠᠷᠪᠠᠨ ᠬᠣᠶᠠᠳᠤᠭ᠋ᠠᠷ ᠵᠦᠢ᠍ᠯ    ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠨᠢ ᠲᠣᠰ ᠪᠠᠶ᠋ᠢᠭᠤᠯᠤᠮᠵᠢ ᠵᠢᠨ ᠵᠶ᠋ᠠᠨ ᠫᠤᠷᠲ᠋ᠧᠯ ᠰᠦᠯᠵᠢᠶᠡᠨ ᠥᠷᠲᠡᠭᠡ᠎ᠳᠡᠭᠡᠨ ᠲᠣᠭ᠎ᠠ ᠪᠦᠷᠢᠳᠬᠡᠯ᠎ᠤᠨ ᠬᠦᠨᠳᠦ ᠨᠣᠴᠢᠲᠠᠶ ᠢᠲᠡᠭᠡᠯ ᠠᠯᠳᠠᠭᠰᠠᠨ ᠠᠵᠤ ᠠᠬᠤᠶ᠋ᠢᠯᠠᠯ᠎ᠤᠨ ᠮᠡᠳᠡᠭᠡ ᠵᠠᠩᠭᠢ ᠵᠢ ᠢᠯᠡ ᠨᠡᠶ᠋ᠢᠲᠡᠯᠡᠬᠦ ᠲᠤᠰᠬᠠᠶ ᠪᠤᠯᠤᠩ ᠪᠠᠶ᠋ᠢᠭᠤᠯᠵᠤ ᠲᠣᠭ᠎ᠠ ᠪᠦᠷᠢᠳᠬᠡᠯ᠎ᠤᠨ ᠬᠦᠨᠳᠦ ᠨᠣᠴᠢᠲᠠᠶ ᠢᠲᠡᠭᠡᠯ ᠠᠯᠳᠠᠭᠰᠠᠨ ᠠᠵᠤ ᠠᠬᠤᠶ᠋ᠢᠯᠠᠯ᠎ᠤᠨ ᠮᠡᠳᠡᠭᠡ ᠵᠠᠩᠭᠢ ᠵᠢ ᠢᠯᠡ ᠨᠡᠶ᠋ᠢᠲᠡᠯᠡᠬᠦ ᠵᠢᠨ ᠬᠠᠮᠲᠤ᠂ ᠢᠯᠡ ᠨᠡᠶ᠋ᠢᠲᠡᠯᠡᠬᠦ ᠮᠡᠳᠡᠭᠡ ᠵᠠᠩᠭᠢ ᠵᠢ ᠳᠡᠭᠡᠷ᠎ᠡ ᠨᠢᠭᠡ ᠱᠠᠲᠤᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠵᠢᠨ ᠢᠯᠡ ᠨᠡᠶ᠋ᠢᠲᠡᠯᠡᠬᠦ ᠲᠤᠰᠬᠠᠶ ᠪᠤᠯᠤᠩ᠎ᠳᠤ ᠬᠦᠷᠭᠡᠬᠦ ᠬᠡᠷᠡᠭᠲᠡᠶ᠃
      ᠫᠤᠷᠲᠸᠯ ᠰᠦᠯᠵᠢᠶ᠎ᠡ ᠨᠡᠭᠡᠭᠡᠭᠰᠡᠨ ᠦᠭᠡᠶ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠨᠢ ᠲᠤᠰ ᠪᠠᠶ᠋ᠢᠭᠤᠯᠤᠮᠵᠢ ᠵᠢᠨ ᠵᠶ᠋ᠠᠨ ᠮᠠᠭ᠋ᠠᠳᠯᠠᠨ ᠲᠤᠭᠳᠠᠭ᠋ᠠᠭᠰᠠᠨ ᠲᠣᠭ᠎ᠠ ᠪᠦᠷᠢᠳᠬᠡᠯ᠎ᠤᠨ ᠬᠦᠨᠳᠦ ᠨᠣᠴᠢᠲᠠᠶ ᠢᠲᠡᠭᠡᠯ ᠵᠶ᠋ᠠᠨ ᠠᠯᠳᠠᠭᠰᠠᠨ ᠠᠵᠤ ᠠᠬᠤᠶ᠋ᠢᠯᠠᠯ᠎ᠤᠨ ᠮᠡᠳᠡᠭᠡ ᠵᠠᠩᠭᠢ ᠵᠢ ᠳᠡᠭᠡᠷ᠎ᠡ ᠨᠢᠭᠡ ᠱᠠᠲᠤᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠵᠢᠨ ᠵᠠᠷᠯᠠᠨ ᠨᠡᠶ᠋ᠢᠲᠡᠯᠡᠬᠦ ᠲᠤᠰᠬᠠᠶ ᠪᠤᠯᠤᠩ᠎ᠳᠤ ᠵᠠᠷᠯᠠᠨ ᠨᠡᠶ᠋ᠢᠲᠡᠯᠡᠬᠦ ᠬᠡᠷᠡᠭᠲᠡᠶ᠃
    ᠮᠤᠵᠢ ᠵᠢᠨ ᠱᠠᠲᠤᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠨᠢ ᠲᠣᠰ ᠪᠠᠶ᠋ᠢᠭᠤᠯᠤᠮᠵᠢ ᠵᠢᠴᠢ ᠬᠣᠲᠠ᠂ ᠰᠢᠶᠠᠨ᠎ᠤ ᠱᠠᠲᠤᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠵᠢᠨ ᠮᠠᠭ᠋ᠠᠳᠯᠠᠨ ᠲᠣᠭᠲᠠᠭ᠋ᠠᠭᠰᠠᠨ ᠲᠣᠭ᠎ᠠ ᠪᠦᠷᠢᠳᠬᠡᠯ᠎ᠤᠨ ᠬᠦᠨᠳᠦ ᠨᠣᠴᠢᠲᠠᠶ ᠢᠲᠡᠭᠡᠮᠵᠢ ᠠᠯᠳᠠᠭᠰᠠᠨ ᠠᠵᠤ ᠠᠬᠤᠶ᠋ᠢᠯᠠᠯ᠎ᠤᠨ ᠮᠡᠳᠡᠭᠡ ᠵᠠᠩᠭᠢ ᠵᠢ ᠴᠠᠭ ᠲᠤᠬᠠᠶ᠎ᠳᠤᠨᠢ ᠴᠤᠭᠯᠠᠭᠤᠯᠵᠤ᠂ ᠱᠠᠭ᠋ᠠᠷᠳᠠᠯᠭ᠎ᠠ ᠶᠣᠰᠣᠭ᠋ᠠᠷ ᠮᠠᠭ᠋ᠠᠳᠯᠠᠨ ᠲᠣᠭᠲᠠᠭ᠋ᠠᠭᠰᠠᠨ᠎ᠤ ᠳᠠᠷᠠᠭ᠋ᠠᠬᠢ 10 ᠠᠵᠢᠯᠯᠠᠬᠤ ᠡᠳᠦᠷ᠎ᠤᠨ ᠳᠣᠲᠣᠷ᠎ᠠ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ᠎ᠳᠤ ᠮᠡᠳᠡᠭᠦᠯᠦᠨ ᠬᠦᠷᠭᠡᠵᠦ᠂ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ᠎ᠠᠴᠠ ᠲᠣᠭᠲᠠᠭ᠋ᠠᠯ ᠶᠣᠰᠣᠭ᠋ᠠᠷ ᠪᠥᠬᠥ ᠤᠯᠤᠰ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠲᠤᠪᠠᠷ ᠡᠳ᠋ᠯᠡᠬᠦ ᠲᠠᠪᠴᠠᠩ ᠪᠠ ᠤᠯᠤᠰ᠎ᠤᠨ ᠠᠵᠤ ᠠᠬᠤᠶ᠋ᠢᠯᠠᠯ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠨᠡᠶ᠋ᠢᠲᠡ᠎ᠳᠤ ᠵᠠᠷᠯᠠᠬᠤ ᠰᠢᠰᠲ᠋ᠧᠮ᠎ᠳᠤ ᠲᠠᠨᠢᠯᠴᠠᠭᠤᠯᠤᠨ ᠬᠦᠷᠭᠡᠬᠦ ᠵᠢᠨ ᠬᠠᠮᠲᠤ᠂ 《ᠢᠲᠡᠭᠡᠮᠵᠢᠲᠦ ᠳᠤᠮᠳᠠᠳᠤ ᠤᠯᠤᠰ》 ᠰᠦᠯᠵᠢᠶᠡᠨ ᠥᠷᠲᠡᠭᠡ᠎ᠳᠤ ᠨᠡᠶ᠋ᠢᠲᠡ᠎ᠳᠤ ᠵᠠᠷᠯᠠᠨ᠎ᠠ᠃
    ᠠᠷᠪᠠᠨ ᠭᠤᠷᠪᠠᠳᠤᠭ᠋ᠠᠷ ᠵᠦᠢ᠍ᠯ     ᠲᠣᠭ᠎ᠠ ᠪᠦᠷᠢᠳᠬᠡᠯ᠎ᠤᠨ ᠬᠦᠨᠳᠦ ᠨᠣᠴᠢᠲᠠᠶ ᠢᠲᠡᠭᠡᠯ ᠵᠶ᠋ᠠᠨ ᠠᠯᠳᠠᠭᠰᠠᠨ ᠠᠵᠤ ᠠᠬᠤᠶ᠋ᠢᠯᠠᠯ᠎ᠤᠨ ᠨᠡᠶ᠋ᠢᠲᠡ᠎ᠳᠤ ᠵᠠᠷᠯᠠᠬᠤ ᠬᠤᠭᠤᠴᠠᠭ᠎ᠠ᠎ᠨᠢ 1 ᠵᠢᠯ ᠪᠣᠯᠤᠨ᠎ᠠ᠃ ᠨᠡᠶ᠋ᠢᠲᠡᠯᠡᠬᠦ ᠬᠤᠭᠤᠴᠠᠭ᠎ᠠ᠎ᠨᠢ ᠳᠦᠭᠦᠷᠦᠭᠰᠡᠨ᠎ᠤ ᠳᠠᠷᠠᠭ᠎ᠠ 3 ᠡᠳᠦᠷ᠎ᠤᠨ ᠳᠣᠲᠣᠷ᠎ᠠ᠂ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠨᠢ ᠲᠣᠭ᠎ᠠ ᠪᠦᠷᠢᠳᠬᠡᠯ᠎ᠤᠨ ᠬᠦᠨᠳᠦ ᠨᠣᠴᠢᠲᠠᠶ ᠢᠲᠡᠭᠡᠮᠵᠢ ᠠᠯᠳᠠᠭᠰᠠᠨ ᠮᠡᠳᠡᠭᠡ ᠵᠠᠩᠭᠢ ᠵᠢ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠵᠢᠨ ᠫᠤᠷᠲ᠋ᠧᠯ ᠰᠦᠯᠵᠢᠶ᠎ᠡ᠎ᠠᠴᠠ ᠰᠢᠯᠵᠢᠭᠦᠯᠦᠨ ᠭᠠᠷᠭ᠋ᠠᠬᠤ ᠵᠢᠨ ᠬᠠᠮᠲᠤ ᠰᠢᠯᠵᠢᠭᠦᠯᠦᠨ ᠭᠠᠷᠭ᠋ᠠᠭᠰᠠᠨ ᠮᠡᠳᠡᠭᠡ ᠵᠠᠩᠭᠢ ᠵᠢ ᠪᠥᠬᠥ ᠤᠯᠤᠰ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠲᠤᠪᠠᠷ ᠡᠳ᠋ᠯᠡᠬᠦ ᠲᠠᠪᠴᠠᠩ ᠪᠠ ᠤᠯᠤᠰ᠎ᠤᠨ ᠠᠵᠤ ᠠᠬᠤᠶ᠋ᠢᠯᠠᠯ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠨᠡᠶ᠋ᠢᠲᠡ᠎ᠳᠤ ᠵᠠᠷᠯᠠᠬᠤ ᠰᠢᠰᠲ᠋ᠧᠮ᠎ᠳᠤ ᠵᠡᠷᠭᠡ᠎ᠳᠤ᠎ᠨᠢ ᠳᠠᠮᠵᠢᠭᠤᠯᠤᠨ ᠬᠦᠷᠭᠡᠬᠦ ᠬᠡᠷᠡᠭᠲᠡᠶ᠃
    ᠲᠣᠭ᠎ᠠ ᠪᠦᠷᠢᠳᠬᠡᠯ᠎ᠤᠨ ᠬᠦᠨᠳᠦ ᠨᠣᠴᠢᠲᠠᠶ ᠢᠲᠡᠭᠡᠯ ᠵᠶ᠋ᠠᠨ ᠠᠯᠳᠠᠭᠰᠠᠨ ᠠᠵᠤ ᠠᠬᠤᠶ᠋ᠢᠯᠠᠯ ᠵᠶ᠋ᠠᠷ  ᠮᠠᠭ᠋ᠠᠳᠯᠠᠨ ᠲᠤᠭᠲᠠᠭ᠋ᠠᠭᠳᠠᠭᠰᠠᠨ ᠡᠳᠦᠷ᠎ᠠᠴᠠ ᠡᠬᠢᠯᠡᠨ 2 ᠵᠢᠯ᠎ᠤᠨ ᠳᠣᠲᠣᠷ᠎ᠠ᠂ ᠠᠵᠤ ᠠᠬᠤᠶ᠋ᠢᠯᠠᠯ᠎ᠨᠢ ᠲᠣᠭ᠎ᠠ ᠪᠦᠷᠢᠳᠬᠡᠯ ᠎ᠤᠨ ᠬᠦᠨᠳᠦ ᠨᠣᠴᠢᠲᠠᠶ ᠢᠲᠡᠭᠡᠯ ᠵᠶ᠋ᠠᠨ ᠠᠯᠳᠠᠭᠰᠠᠨ ᠠᠵᠤ ᠠᠬᠤᠶ᠋ᠢᠯᠠᠯ ᠵᠶ᠋ᠠᠷ ᠳᠠᠬᠢᠨᠲᠠ ᠮᠠᠭ᠋ᠠᠳᠯᠠᠨ ᠲᠤᠭᠲᠠᠭ᠋ᠠᠭᠳᠠᠭᠰᠠᠨ ᠪᠣᠯ ᠳᠠᠬᠢᠨᠲᠠ ᠮᠠᠭ᠋ᠠᠳᠯᠠᠨ ᠲᠤᠭᠲᠠᠭ᠋ᠠᠭᠰᠠᠨ ᠡᠳᠦᠷ᠎ᠠᠴᠠ ᠡᠬᠢᠯᠡᠨ 3 ᠵᠢᠯ ᠵᠠᠷᠯᠠᠨ ᠨᠡᠶ᠋ᠢᠲᠡᠯᠡᠬᠦ ᠬᠡᠷᠡᠭᠲᠡᠶ᠃
    ᠠᠷᠪᠠᠨ ᠳᠥᠷᠪᠡᠳᠦᠭᠡᠷ ᠵᠦᠢ᠍ᠯ    ᠨᠡᠶ᠋ᠢᠲᠡ᠎ᠳᠤ ᠵᠠᠷᠯᠠᠬᠤ ᠬᠤᠭᠤᠴᠠᠭ᠋ᠠᠨ᠎ᠳᠤ᠂ ᠮᠠᠭ᠋ᠠᠳᠯᠠᠨ ᠲᠤᠭᠲᠠᠭ᠋ᠠᠭᠰᠠᠨ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠨᠢ ᠲᠣᠭ᠎ᠠ ᠪᠦᠷᠢᠳᠬᠡᠯ᠎ᠤᠨ ᠬᠦᠨᠳᠦ ᠨᠣᠴᠢᠲᠠᠶ ᠢᠲᠡᠭᠡᠯ ᠵᠶ᠋ᠠᠨ ᠠᠯᠳᠠᠭᠰᠠᠨ ᠠᠵᠤ ᠠᠬᠤᠶ᠋ᠢᠯᠠᠯ᠎ᠤᠨ ᠡᠳᠦᠷ ᠲᠤᠲᠤᠮ᠎ᠤᠨ ᠬᠢᠨᠠᠯᠲᠠ ᠬᠠᠮᠢᠶᠠᠷᠤᠯᠲᠠ᠎ᠪᠠᠨ ᠴᠢᠩᠭ᠋ᠠᠳᠬᠠᠵᠤ᠂ ᠰᠤᠭᠤᠴᠢᠨ ᠪᠠᠶ᠋ᠢᠴᠠᠭ᠋ᠠᠬᠤ ᠳᠠᠪᠲᠠᠮᠵᠢ ᠤᠳᠠᠭ᠎ᠠ᠎ᠪᠠᠨ ᠵᠣᠬᠢᠰᠲᠠᠶ ᠳᠡᠭᠡᠭᠰᠢᠯᠡᠭᠦᠯᠵᠦ᠂ ᠠᠵᠤ ᠠᠬᠤᠶ᠋ᠢᠯᠠᠯ᠎ᠢ ᠵᠢᠯᠣᠭᠣᠳᠤᠨ ᠲᠣᠭ᠎ᠠ ᠪᠦᠷᠢᠳᠬᠡᠯ᠎ᠤᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠵᠠᠯᠠᠷᠠᠭᠤᠯᠬᠤ ᠬᠡᠷᠡᠭᠲᠡᠶ᠃
    ᠠᠷᠪᠠᠨ ᠲᠠᠪᠤᠳᠤᠭ᠋ᠠᠷ ᠵᠦᠢ᠍ᠯ     ᠲᠣᠭ᠎ᠠ ᠪᠦᠷᠢᠳᠬᠡᠯ᠎ᠤᠨ ᠬᠦᠨᠳᠦ ᠨᠣᠴᠢᠲᠠᠶ ᠢᠲᠡᠭᠡᠯ ᠵᠶ᠋ᠠᠨ ᠠᠯᠳᠠᠭᠰᠠᠨ ᠠᠵᠤ ᠠᠬᠤᠶ᠋ᠢᠯᠠᠯ᠎ᠢ ᠨᠡᠶ᠋ᠢᠲᠡ᠎ᠳᠤ ᠵᠠᠷᠯᠠᠭ᠋ᠠᠳ ᠪᠦᠬᠦᠯᠢ 6 ᠰᠠᠷ᠎ᠠ ᠪᠣᠯᠤᠭᠰᠠᠨ᠎ᠤ ᠳᠠᠷᠠᠭ᠎ᠠ᠂ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠲᠣᠭᠲᠠᠭ᠋ᠠᠯ᠎ᠢ ᠨᠢᠭᠡᠨᠲᠡ ᠭᠦᠢ᠍ᠴᠡᠳᠬᠡᠵᠦ᠂ ᠲᠣᠭ᠎ᠠ ᠪᠦᠷᠢᠳᠬᠡᠯ᠎ᠤᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠵᠠᠯᠠᠷᠠᠭᠤᠯᠤᠭᠰᠠᠨ ᠮᠥᠷᠲᠡᠭᠡᠨ ᠲᠣᠭ᠎ᠠ ᠪᠦᠷᠢᠳᠬᠡᠯ᠎ᠤᠨ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠳᠠᠬᠢᠵᠤ ᠭᠠᠷᠤᠭᠰᠠᠨ ᠦᠭᠡᠶ ᠪᠣᠯ ᠮᠠᠭ᠋ᠠᠳᠯᠠᠨ ᠲᠤᠭᠲᠠᠭ᠋ᠠᠭᠰᠠᠨ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠳᠤ ᠢᠲᠡᠭᠡᠮᠵᠢ᠎ᠪᠠᠨ ᠰᠡᠷᠭᠦᠭᠡᠬᠦ ᠭᠤᠶᠤᠴᠢᠯᠠᠯ ᠳᠤᠷᠠᠳᠴᠤ ᠪᠣᠯᠤᠨ᠎ᠠ᠃
    ᠠᠷᠪᠠᠨ ᠵᠢᠷᠭᠤᠳᠤᠭ᠋ᠠᠷ ᠵᠦᠢ᠍ᠯ    ᠢᠲᠡᠭᠡᠮᠵᠢ᠎ᠪᠠᠨ ᠰᠡᠷᠭᠦᠭᠡᠬᠦ᠎ᠪᠠᠷ ᠭᠤᠶᠤᠴᠢᠯᠠᠭᠰᠠᠨ ᠠᠵᠤ ᠠᠬᠤᠶ᠋ᠢᠯᠠᠯ᠎ᠨᠢ ᠮᠠᠭ᠋ᠠᠳᠯᠠᠨ ᠲᠤᠭᠲᠠᠭ᠋ᠠᠭᠰᠠᠨ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠳᠤ ᠢᠲᠡᠭᠡᠮᠵᠢ᠎ᠪᠠᠨ ᠰᠡᠷᠭᠦᠭᠡᠬᠦ ᠭᠤᠶᠤᠴᠢᠯᠠᠯ᠎ᠤᠨ ᠪᠢᠴᠢᠭ ᠲᠤᠰᠢᠶᠠᠬᠤ ᠬᠡᠷᠡᠭᠲᠡᠶ᠂ ᠡᠭᠦᠨ᠎ᠳᠤ ᠵᠠᠰᠠᠭ ᠵᠠᠬᠢᠷᠭ᠋ᠠᠨ᠎ᠤ ᠰᠢᠢ᠍ᠳᠭᠡᠯ ᠲᠣᠷᠭ᠋ᠠᠭᠤᠯᠢ ᠵᠢᠨ ᠲᠣᠭᠲᠠᠭ᠋ᠠᠯ᠎ᠢ ᠭᠦᠢ᠍ᠴᠡᠳᠭᠡᠬᠦ᠂ ᠴᠡᠭᠴᠡᠯᠡᠨ ᠰᠠᠶ᠋ᠢᠵᠢᠷᠠᠭᠤᠯᠬᠤ ᠵᠢ ᠪᠣᠳᠠᠲᠠᠶ᠋ᠢᠵᠢᠭᠤᠯᠤᠭᠰᠠᠨ ᠭᠡᠷᠡᠴᠢ ᠮᠠᠲ᠋ᠧᠷᠢᠶᠠᠯ ᠵᠢᠴᠢ ᠲᠣᠭ᠎ᠠ ᠪᠦᠷᠢᠳᠬᠡᠯ᠎ᠤᠨ ᠢᠲᠡᠭᠡᠮᠵᠢ᠎ᠪᠠᠨ ᠰᠠᠬᠢᠭᠰᠠᠨ ᠠᠮᠠᠯᠠᠯᠲᠠ ᠵᠡᠷᠭᠡ ᠠᠭᠤᠯᠭ᠎ᠠ ᠪᠠᠭᠲᠠᠨ᠎ᠠ᠃
    ᠠᠷᠪᠠᠨ ᠳᠣᠯᠣᠳᠤᠭ᠋ᠠᠷ ᠵᠦᠢ᠍ᠯ    ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠨᠢ ᠠᠵᠤ ᠠᠬᠤᠶ᠋ᠢᠯᠠᠯ᠎ᠤᠨ ᠢᠲᠡᠭᠡᠮᠵᠢ᠎ᠪᠠᠨ ᠰᠡᠷᠭᠦᠭᠡᠬᠦ ᠭᠤᠶᠤᠴᠢᠯᠠᠯ᠎ᠤᠨ ᠪᠢᠴᠢᠭ᠎ᠢ ᠭᠠᠷᠳᠠᠭᠰᠠᠨ ᠡᠳᠦᠷ᠎ᠠᠴᠠ ᠡᠬᠢᠯᠡᠨ 20 ᠠᠵᠢᠯᠯᠠᠬᠤ ᠡᠳᠦᠷ᠎ᠤᠨ ᠳᠣᠲᠣᠷ᠎ᠠ᠂ ᠲᠣᠭ᠎ᠠ ᠪᠦᠷᠢᠳᠬᠡᠯ᠎ᠤᠨ ᠬᠦᠨᠳᠦ ᠨᠣᠴᠢᠲᠠᠶ ᠢᠲᠡᠭᠡᠯ ᠠᠯᠳᠠᠭᠰᠠᠨ ᠠᠵᠤ ᠠᠬᠤᠶ᠋ᠢᠯᠠᠯ᠎ᠤᠨ ᠴᠡᠭᠴᠡᠯᠡᠨ ᠰᠠᠶ᠋ᠢᠵᠢᠷᠠᠭᠤᠯᠤᠭᠰᠠᠨ ᠪᠠᠶ᠋ᠢᠳᠠᠯ᠎ᠢ ᠬᠢᠨᠠᠨ ᠬᠠᠷᠭᠤᠭᠤᠯᠬᠤ ᠵᠢᠨ ᠬᠠᠮᠲᠤ ᠲᠣᠭᠲᠠᠭ᠋ᠠᠯ ᠭᠠᠷᠭ᠋ᠠᠬᠤ ᠬᠡᠷᠡᠭᠲᠡᠶ᠃
    ᠢᠲᠡᠭᠡᠮᠵᠢ᠎ᠪᠠᠨ ᠰᠡᠷᠭᠦᠭᠡᠬᠦ ᠵᠢ ᠵᠥᠪᠰᠢᠶᠡᠷᠡᠭᠰᠡᠨ ᠪᠠᠢ᠌ᠪᠠᠯ᠂ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠨᠢ ᠲᠣᠭ᠎ᠠ ᠪᠦᠷᠢᠳᠬᠡᠯ᠎ᠤᠨ ᠬᠦᠨᠳᠦ ᠨᠣᠴᠢᠲᠠᠶ ᠢᠲᠡᠭᠡᠮᠵᠢ ᠠᠯᠳᠠᠭᠰᠠᠨ ᠮᠡᠳᠡᠭᠡ ᠵᠠᠩᠭᠢ ᠵᠢ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠵᠢᠨ ᠫᠤᠷᠲ᠋ᠧᠯ ᠰᠦᠯᠵᠢᠶ᠎ᠡ᠎ᠠᠴᠠ ᠴᠠᠭ ᠲᠤᠬᠠᠶ᠎ᠳᠤᠨᠢ ᠰᠢᠯᠵᠢᠭᠦᠯᠦᠨ ᠭᠠᠷᠭ᠋ᠠᠬᠤ ᠵᠢᠨ ᠬᠠᠮᠲᠤ᠂ ᠰᠡᠷᠭᠦᠭᠡᠭᠰᠡᠨ ᠮᠡᠳᠡᠭᠡ ᠵᠠᠩᠭᠢ ᠵᠢ ᠪᠥᠬᠥ ᠤᠯᠤᠰ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠬᠠᠮᠲᠤᠪᠠᠷ ᠡᠳ᠋ᠯᠡᠬᠦ ᠲᠠᠪᠴᠠᠩ ᠪᠠ ᠤᠯᠤᠰ᠎ᠤᠨ ᠠᠵᠤ ᠠᠬᠤᠶ᠋ᠢᠯᠠᠯ᠎ᠤᠨ ᠢᠲᠡᠭᠡᠮᠵᠢ ᠵᠢᠨ ᠮᠡᠳᠡᠭᠡ ᠵᠠᠩᠭᠢ ᠵᠢᠨ ᠢᠯᠡ ᠨᠡᠶ᠋ᠢᠲᠡᠯᠡᠬᠦ ᠰᠢᠰᠲ᠋ᠧᠮ᠎ᠳᠤ ᠵᠡᠷᠭᠡ᠎ᠳᠤ᠎ᠨᠢ ᠳᠠᠮᠵᠢᠭᠤᠯᠤᠨ ᠬᠦᠷᠭᠡᠬᠦ ᠬᠡᠷᠡᠭᠲᠡᠶ᠃
    ᠢᠲᠡᠭᠡᠮᠵᠢ᠎ᠪᠠᠨ ᠰᠡᠷᠭᠦᠭᠡᠬᠦ ᠵᠢ ᠵᠥᠪᠰᠢᠶᠡᠷᠡᠬᠦ ᠦᠭᠡᠶ ᠪᠣᠯ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠠᠴᠠ ᠪᠢᠴᠢᠭ ᠵᠶ᠋ᠠᠷ ᠠᠵᠤ ᠠᠬᠤᠶ᠋ᠢᠯᠠᠯ᠎ᠳᠤ ᠮᠡᠳᠡᠭᠳᠡᠬᠦ ᠵᠢᠨ ᠬᠠᠮᠲᠤ ᠰᠢᠯᠲᠠᠭ᠋ᠠᠨ ᠵᠶ᠋ᠠᠨ ᠲᠣᠳᠣᠷᠬᠠᠶ᠋ᠢᠯᠠᠬᠤ ᠬᠡᠷᠡᠭᠲᠡᠶ᠃
    ᠠᠷᠪᠠᠨ ᠨᠠᠢ᠍ᠮᠠᠳᠤᠭ᠋ᠠᠷ ᠵᠦᠢ᠍ᠯ     ᠲᠣᠭ᠎ᠠ ᠪᠦᠷᠢᠳᠬᠡᠯ᠎ᠤᠨ ᠬᠦᠨᠳᠦ ᠨᠣᠴᠢᠲᠠᠶ ᠢᠲᠡᠭᠡᠯ ᠠᠯᠳᠠᠭᠰᠠᠨ ᠠᠵᠤ ᠠᠬᠤᠶ᠋ᠢᠯᠠᠯ ᠬᠤᠳᠠᠯ ᠬᠡᠯᠡᠵᠦ ᠬᠠᠭᠤᠷᠮᠠᠭᠯᠠᠨ ᠵᠣᠬᠢᠶᠠᠵᠤ ᠪᠠᠶ᠋ᠢᠭ᠋ᠠᠳ ᠢᠲᠡᠭᠡᠮᠵᠢ᠎ᠪᠠᠨ ᠰᠡᠷᠭᠦᠭᠡᠭᠰᠡᠨ ᠪᠣᠯ ᠮᠠᠭ᠋ᠠᠳᠯᠠᠨ ᠲᠤᠭᠲᠠᠭ᠋ᠠᠭᠰᠠᠨ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠠᠴᠠ ᠢᠲᠡᠭᠡᠮᠵᠢ᠎ᠪᠠᠨ ᠰᠡᠷᠭᠦᠭᠡᠭᠰᠡᠨ ᠲᠣᠭᠲᠠᠭ᠋ᠠᠯ᠎ᠢ ᠬᠦᠴᠦᠨ ᠦᠭᠡᠶ ᠪᠣᠯᠭ᠋ᠠᠬᠤ ᠵᠢᠨ ᠬᠠᠮᠲᠤ ᠬᠦᠴᠦᠨ ᠦᠭᠡᠶ ᠪᠣᠯᠭ᠋ᠠᠭᠰᠠᠨ ᠡᠳᠦᠷ᠎ᠠᠴᠠ ᠡᠬᠢᠯᠡᠨ ᠳᠠᠬᠢᠨ 1 ᠵᠢᠯ ᠨᠡᠶ᠋ᠢᠲᠡᠯᠡᠬᠦ ᠬᠡᠷᠡᠭᠲᠡᠶ᠃
    ᠳᠥᠷᠪᠡᠳᠦᠭᠡᠷ ᠪᠦᠯᠦᠭ    ᠲᠡᠳᠬᠦᠮᠵᠢ ᠦᠵᠡᠭᠦᠯᠬᠦ ᠪᠠ ᠬᠢᠨᠠᠯᠲᠠ ᠲᠠᠯᠪᠢᠬᠤ
     ᠠᠷᠪᠠ ᠶᠢᠰᠦᠳᠦᠭᠡᠷ ᠵᠦᠢ᠍ᠯ     ᠮᠠᠭ᠋ᠠᠳᠯᠠᠨ ᠲᠤᠭᠲᠠᠭ᠋ᠠᠭᠰᠠᠨ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠨᠢ ᠲᠣᠭ᠎ᠠ ᠪᠦᠷᠢᠳᠬᠡᠯ ᠎ᠤᠨ ᠬᠦᠨᠳᠦ ᠨᠣᠴᠢᠲᠠᠶ ᠢᠲᠡᠭᠡᠯ ᠠᠯᠳᠠᠭᠰᠠᠨ ᠠᠵᠤ ᠠᠬᠤᠶ᠋ᠢᠯᠠᠯ᠎ᠢ ᠮᠠᠭ᠋ᠠᠳᠯᠠᠨ ᠲᠤᠭᠲᠠᠭ᠋ᠠᠭᠰᠠᠨ ᠦᠨᠳᠦᠰᠦᠯᠡᠯ ᠪᠤᠶᠤ ᠨᠡᠶ᠋ᠢᠲᠡᠯᠡᠭᠰᠡᠨ ᠮᠡᠳᠡᠭᠡ ᠵᠠᠩᠭᠢ᠎ᠨᠢ ᠣᠨᠣᠪᠴᠢ ᠦᠭᠡᠶ ᠪᠠᠶ᠋ᠢᠬᠤ ᠵᠢ ᠣᠯᠵᠤ ᠮᠡᠳᠡᠪᠡᠯ᠂ 2 ᠠᠵᠢᠯᠯᠠᠬᠤ ᠡᠳᠦᠷ᠎ᠤᠨ ᠳᠣᠲᠣᠷ᠎ᠠ ᠵᠠᠯᠠᠷᠠᠭᠤᠯᠬᠤ ᠬᠡᠷᠡᠭᠲᠡᠶ᠃
    ᠳᠡᠭᠡᠳᠦ ᠱᠠᠲᠤᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠨᠢ ᠳᠣᠤᠷᠠᠳᠤ ᠱᠠᠲᠤᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠵᠢᠨ ᠮᠠᠭ᠋ᠠᠳᠯᠠᠨ ᠲᠤᠭᠲᠠᠭ᠋ᠠᠭᠰᠠᠨ ᠦᠨᠳᠦᠰᠦᠯᠡᠯ ᠪᠤᠶᠤ ᠨᠡᠶ᠋ᠢᠲᠡᠯᠡᠭᠰᠡᠨ ᠮᠡᠳᠡᠭᠡ ᠵᠠᠩᠭᠢ᠎ᠨᠢ ᠣᠨᠣᠪᠴᠢ ᠦᠭᠡᠶ ᠪᠠᠶ᠋ᠢᠬᠤ ᠵᠢ ᠣᠯᠵᠤ ᠮᠡᠳᠡᠪᠡᠯ᠂ ᠳᠣᠤᠷᠠᠳᠤ ᠱᠠᠲᠤᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠵᠢ 2 ᠠᠵᠢᠯᠯᠠᠬᠤ ᠡᠳᠦᠷ᠎ᠤᠨ ᠳᠣᠲᠣᠷ᠎ᠠ ᠵᠠᠯᠠᠷᠠᠭᠤᠯᠬᠤ᠎ᠪᠠᠷ ᠱᠠᠭ᠋ᠠᠷᠳᠠᠬᠤ ᠬᠡᠷᠡᠭᠲᠡᠶ᠃
    ᠲᠣᠭ᠎ᠠ ᠪᠦᠷᠢᠳᠬᠡᠯ᠎ᠤᠨ ᠬᠦᠨᠳᠦ ᠨᠣᠴᠢᠲᠠᠢ ᠢᠲᠡᠭᠡᠯ ᠠᠯᠳᠠᠭᠰᠠᠨ ᠠᠵᠤ ᠠᠬᠤᠶ᠋ᠢᠯᠠᠯ᠎ᠨᠢ ᠲᠡᠭᠦᠨ᠎ᠤ ᠮᠠᠭ᠋ᠠᠳᠯᠠᠨ ᠲᠣᠭᠲᠠᠭ᠋ᠠᠭᠰᠠᠨ ᠦᠨᠳᠦᠰᠦᠯᠡᠯ ᠪᠤᠶᠤ ᠵᠠᠷᠯᠠᠨ ᠨᠡᠶ᠋ᠢᠲᠡᠯᠡᠭᠰᠡᠨ ᠮᠡᠳᠡᠭᠡ ᠵᠠᠩᠭᠢ᠎ᠨᠢ ᠣᠨᠣᠪᠴᠢ ᠦᠭᠡᠢ ᠪᠠᠶ᠋ᠢᠬᠤ ᠵᠢ ᠭᠡᠷᠡᠴᠢᠯᠡᠬᠦ ᠭᠡᠷᠡᠴᠢ ᠪᠠᠷᠢᠮᠲᠠ᠎ᠲᠠᠢ ᠪᠠᠶ᠋ᠢᠪᠠᠯ᠂ ᠮᠠᠭ᠋ᠠᠳᠯᠠᠨ ᠲᠣᠭᠲᠠᠭ᠋ᠠᠭᠰᠠᠨ ᠲᠣᠭᠲᠠᠭ᠋ᠠᠯ ᠭᠠᠷᠭ᠋ᠠᠭᠰᠠᠨ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠪᠠᠷ ᠵᠠᠯᠠᠷᠠᠭᠤᠯᠤᠭᠤᠯᠬᠤ᠎ᠪᠠᠷ ᠱᠠᠭ᠋ᠠᠷᠳᠠᠵᠤ ᠪᠣᠯᠤᠨ᠎ᠠ᠃ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠬᠢᠨᠠᠨ ᠬᠠᠷᠭᠤᠭᠤᠯᠤᠭ᠋ᠠᠳ ᠮᠡᠳᠡᠭᠡ ᠵᠠᠩᠭᠢ ᠵᠢ ᠣᠨᠣᠪᠴᠢ ᠦᠭᠡᠶ ᠭᠡᠵᠦ ᠨᠤᠲᠠᠯᠠᠭᠰᠠᠨ ᠪᠣᠯ 2 ᠠᠵᠢᠯᠯᠠᠬᠤ ᠡᠳᠦᠷ᠎ᠤᠨ ᠳᠣᠲᠣᠷ᠎ᠠ ᠵᠠᠯᠠᠷᠠᠭᠤᠯᠬᠤ ᠬᠡᠷᠡᠭᠲᠡᠶ᠃
    ᠬᠣᠷᠢᠳᠤᠭ᠋ᠠᠷ ᠵᠦᠢ᠍ᠯ    ᠲᠣᠭ᠎ᠠ ᠪᠦᠷᠢᠳᠬᠡᠯ᠎ᠤᠨ ᠬᠦᠨᠳᠦ ᠨᠣᠴᠢᠲᠠᠶ ᠢᠲᠡᠭᠡᠯ ᠠᠯᠳᠠᠭᠰᠠᠨ ᠠᠵᠤ ᠠᠬᠤᠶ᠋ᠢᠯᠠᠯ᠎ᠨᠢ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠵᠢᠨ ᠭᠠᠷᠭ᠋ᠠᠭᠰᠠᠨ ᠮᠠᠭ᠋ᠠᠳᠯᠠᠨ ᠲᠤᠭᠲᠠᠭ᠋ᠠᠭᠰᠠᠨ ᠲᠣᠭᠲᠠᠭ᠋ᠠᠯ ᠪᠤᠶᠤ ᠢᠲᠡᠭᠡᠮᠵᠢ᠎ᠪᠠᠨ ᠰᠡᠷᠭᠦᠭᠡᠬᠦ ᠲᠣᠭᠲᠠᠭ᠋ᠠᠯ᠎ᠢ ᠵᠥᠪᠰᠢᠶᠡᠷᠡᠬᠦ ᠦᠭᠡᠶ ᠪᠣᠯ ᠬᠠᠤᠯᠢ ᠶᠣᠰᠣᠭ᠋ᠠᠷ ᠵᠠᠰᠠᠭ ᠵᠠᠬᠢᠷᠭ᠋ᠠᠨ ᠵᠶ᠋ᠠᠷ ᠳᠠᠬᠢᠨ ᠵᠥᠪᠯᠡᠭᠦᠯᠬᠦ᠎ᠪᠠᠷ ᠭᠤᠶᠤᠴᠢᠯᠠᠬᠤ ᠪᠤᠶᠤ ᠵᠠᠰᠠᠭ ᠵᠠᠬᠢᠷᠭ᠋ᠠᠨ᠎ᠤ ᠵᠠᠷᠭᠤ ᠬᠢᠵᠦ ᠪᠣᠯᠤᠨ᠎ᠠ᠃
    ᠬᠣᠷᠢᠨ ᠨᠢᠭᠡᠳᠦᠭᠡᠷ ᠵᠦᠢ᠍ᠯ     ᠶᠠᠮᠠᠷᠪᠠ ᠨᠢᠭᠡᠴᠡ ᠪᠠ ᠬᠤᠪᠢ ᠬᠥᠮᠦᠨ ᠭᠡᠳ ᠠᠵᠤ ᠠᠬᠤᠶ᠋ᠢᠯᠠᠯ᠎ᠤᠨ ᠲᠣᠭ᠎ᠠ ᠪᠦᠷᠢᠳᠬᠡᠯ ᠎ᠤᠨ ᠬᠦᠨᠳᠦ ᠨᠣᠴᠢᠲᠠᠶ ᠢᠲᠡᠭᠡᠯ ᠵᠶ᠋ᠠᠨ ᠠᠯᠳᠠᠭᠰᠠᠨ ᠦᠢ᠍ᠯᠡ ᠠᠵᠢᠯᠯᠠᠭ᠎ᠠ ᠪᠠ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠵᠢᠨ ᠲᠣᠭ᠎ᠠ ᠪᠦᠷᠢᠳᠬᠡᠯ᠎ᠳᠠᠬᠢ ᠬᠦᠨᠳᠦ ᠨᠣᠴᠢᠲᠠᠶ ᠢᠲᠡᠭᠡᠯ ᠵᠶ᠋ᠠᠨ ᠠᠯᠳᠠᠭᠰᠠᠨ ᠠᠵᠤ ᠠᠬᠤᠶ᠋ᠢᠯᠠᠯ᠎ᠤᠨ ᠢᠲᠡᠭᠡᠮᠵᠢ ᠵᠢᠨ ᠬᠠᠮᠢᠶᠠᠷᠤᠯᠲᠠ ᠵᠢᠨ ᠠᠵᠢᠯ᠎ᠤᠨ ᠳᠤᠮᠳᠠᠬᠢ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ ᠵᠢ ᠢᠯᠡᠴᠢᠯᠡᠨ ᠮᠡᠳᠡᠭᠦᠯᠬᠦ ᠡᠷᠬᠡ᠎ᠲᠠᠢ᠃
    ᠬᠣᠷᠢᠨ ᠬᠣᠶᠠᠳᠤᠭ᠋ᠠᠷ ᠵᠦᠢ᠍ᠯ    ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ ᠲᠤᠰ ᠠᠷᠭ᠎ᠠ ᠵᠢᠨ ᠶᠣᠰᠣᠭ᠋ᠠᠷ ᠡᠭᠦᠷᠭᠡ ᠬᠠᠷᠢᠭᠤᠴᠠᠯᠭ᠎ᠠ᠎ᠪᠠᠨ ᠭᠦᠢ᠍ᠴᠡᠳᠬᠡᠭᠰᠡᠨ ᠦᠭᠡᠶ ᠪᠣᠯ ᠳᠡᠭᠡᠷ᠎ᠡ ᠨᠢᠭᠡ ᠱᠠᠲᠤᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠎ᠠᠴᠠ ᠵᠠᠷᠯᠢᠭᠳᠠᠨ ᠵᠠᠯᠠᠷᠠᠭᠤᠯᠬᠤ ᠬᠡᠷᠡᠭᠲᠡᠶ; ᠦᠢ᠍ᠯᠡ ᠪᠠᠶ᠋ᠢᠳᠠᠯ᠎ᠨᠢ ᠬᠦᠨᠳᠦ ᠨᠣᠴᠢᠲᠠᠢ ᠪᠠᠶ᠋ᠢᠪᠠᠯ᠂ ᠬᠠᠷᠢᠭᠤᠴᠠᠯᠭ᠎ᠠ᠎ᠲᠠᠢ ᠡᠷᠬᠢᠯᠡᠨ ᠬᠠᠮᠢᠶᠠᠷᠬᠤ ᠬᠥᠮᠦᠨ ᠪᠠ ᠰᠢᠭᠤᠳ ᠬᠠᠷᠢᠭᠤᠴᠠᠯᠭ᠎ᠠ᠎ᠲᠠᠢ ᠪᠤᠰᠤᠳ ᠬᠥᠮᠦᠨ᠎ᠠᠴᠠ ᠬᠠᠤᠯᠢ ᠲᠣᠭᠲᠠᠭ᠋ᠠᠯ ᠶᠣᠰᠣᠭ᠋ᠠᠷ ᠬᠠᠷᠢᠭᠤᠴᠠᠯᠭ᠎ᠠ ᠨᠡᠬᠡᠮᠵᠢᠯᠡᠨ᠎ᠡ᠃
    ᠲᠠᠪᠤᠳᠤᠭ᠋ᠠᠷ ᠪᠦᠯᠦᠭ    ᠳᠠᠭ᠋ᠠᠯᠳᠤᠭᠤᠯᠤᠭᠰᠠᠨ ᠲᠤᠢ᠍ᠷᠢᠮ
    ᠬᠣᠷᠢᠨ ᠭᠤᠷᠪᠠᠳᠤᠭ᠋ᠠᠷ ᠵᠦᠢ᠍ᠯ   ᠰᠢᠶᠠᠨ᠎ᠤ ᠱᠠᠲᠤᠨ᠎ᠠᠴᠠ ᠳᠡᠭᠡᠭᠰᠢᠬᠢ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠂ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶᠠᠨ᠎ᠤ ᠲᠣᠮᠢᠯᠠᠭᠰᠠᠨ ᠪᠠᠶ᠋ᠢᠴᠠᠭ᠋ᠠᠬᠤ ᠪᠠᠶ᠋ᠢᠭᠤᠯᠤᠮᠵᠢ᠎ᠨᠤᠭᠤᠳ ᠠᠵᠢᠯ᠎ᠤᠨ ᠡᠭᠦᠷᠭᠡ ᠬᠠᠷᠢᠭᠤᠴᠠᠯᠭ᠎ᠠ᠎ᠪᠠᠨ ᠦᠨᠳᠦᠰᠦᠯᠡᠨ ᠲᠤᠰ ᠭᠠᠵᠠᠷ ᠣᠷᠣᠨ᠂ ᠲᠤᠰ ᠰᠢᠰᠲᠸᠮ᠎ᠤᠨ ᠵᠶ᠋ᠠᠨ ᠪᠣᠳᠠᠲᠤ ᠪᠠᠶ᠋ᠢᠳᠠᠯ᠎ᠲᠠᠢ ᠤᠶᠠᠯᠳᠤᠭᠤᠯᠤᠨ ᠠᠵᠤ ᠠᠬᠤᠶ᠋ᠢᠯᠠᠯ᠎ᠳᠤ ᠲᠣᠭ᠎ᠠ ᠪᠦᠷᠢᠳᠬᠡᠯ᠎ᠤᠨ ᠢᠲᠡᠭᠡᠮᠵᠢ ᠵᠢᠨ ᠦᠨᠡᠯᠡᠯᠲᠡ ᠬᠢᠵᠦ᠂ ᠢᠲᠡᠭᠡᠮᠵᠢ ᠵᠢᠨ ᠱᠠᠲᠤ ᠬᠤᠪᠢᠶᠠᠭᠰᠠᠨ ᠬᠠᠮᠢᠶᠠᠷᠤᠯᠲᠠ ᠵᠢ ᠬᠡᠷᠡᠭᠵᠢᠭᠦᠯᠵᠦ ᠪᠣᠯᠤᠨ᠎ᠠ᠃
    ᠬᠣᠷᠢᠨ ᠳᠥᠷᠪᠡᠳᠦᠭᠡᠷ ᠵᠦᠢ᠍ᠯ     ᠲᠤᠰ ᠠᠷᠭ᠎ᠠ ᠵᠢ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ᠎ᠠᠴᠠ ᠬᠠᠷᠢᠭᠤᠴᠠᠨ ᠲᠠᠶ᠋ᠢᠯᠪᠤᠷᠢᠯᠠᠨ᠎ᠠ᠃ ᠮᠤᠵᠢ ᠵᠢᠨ ᠱᠠᠲᠤᠨ᠎ᠤ ᠣᠷᠣᠨ ᠨᠤᠲᠤᠭ᠎ᠤᠨ ᠠᠷᠠᠳ᠎ᠤᠨ ᠵᠠᠰᠠᠭ᠎ᠤᠨ ᠣᠷᠳᠣᠨ᠎ᠤ ᠲᠣᠭ᠎ᠠ ᠪᠦᠷᠢᠳᠬᠡᠯ᠎ᠤᠨ ᠪᠠᠶ᠋ᠢᠭᠤᠯᠤᠮᠵᠢ᠂ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠪᠠᠶ᠋ᠢᠴᠠᠭ᠋ᠠᠯᠲᠠ ᠵᠢᠨ ᠶᠡᠷᠦᠩᠬᠡᠶ ᠠᠩᠭᠢ᠎ᠨᠢ ᠲᠤᠰ ᠠᠷᠭ᠎ᠠ ᠵᠢ ᠦᠨᠳᠦᠰᠦᠯᠡᠨ ᠲᠤᠰ ᠭᠠᠵᠠᠷ ᠣᠷᠣᠨ᠂ ᠲᠤᠰ ᠰᠢᠰᠲ᠋ᠧᠮ᠎ᠤᠨ ᠵᠶ᠋ᠠᠨ ᠲᠣᠭ᠎ᠠ ᠪᠦᠷᠢᠳᠬᠡᠯ᠎ᠤᠨ ᠬᠦᠨᠳᠦ ᠨᠣᠴᠢᠲᠠᠶ ᠢᠲᠡᠭᠡᠯ ᠵᠶ᠋ᠠᠨ ᠠᠯᠳᠠᠭᠰᠠᠨ ᠠᠵᠤ ᠠᠬᠤᠶ᠋ᠢᠯᠠᠯ᠎ᠤᠨ ᠢᠲᠡᠭᠡᠮᠵᠢ ᠵᠢᠨ ᠬᠠᠮᠢᠶᠠᠷᠤᠯᠲᠠ ᠵᠢᠨ ᠬᠡᠷᠡᠭᠵᠢᠭᠦᠯᠬᠦ ᠨᠠᠷᠢᠨ ᠳᠦᠷᠢᠮ᠎ᠢ ᠲᠣᠭᠲᠠᠭ᠋ᠠᠬᠤ ᠵᠢᠨ ᠬᠠᠮᠲᠤ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ᠎ᠳᠤ ᠮᠡᠳᠡᠭᠦᠯᠦᠨ ᠳᠠᠩᠰᠠᠯᠠᠭᠤᠯᠵᠤ ᠪᠣᠯᠤᠨ᠎ᠠ᠃
    ᠬᠣᠷᠢᠨ ᠲᠠᠪᠤᠳᠤᠭ᠋ᠠᠷ ᠵᠦᠢ᠍ᠯ    ᠲᠣᠰ ᠠᠷᠭ᠎ᠠ ᠵᠢ ᠨᠡᠶ᠋ᠢᠲᠡᠯᠡᠭᠰᠡᠨ ᠡᠳᠦᠷ᠎ᠠᠴᠠ ᠡᠬᠢᠯᠡᠨ ᠬᠡᠷᠡᠭᠵᠢᠭᠦᠯᠦᠨ᠎ᠡ᠃ 《ᠠᠵᠤ ᠠᠬᠤᠶ᠋ᠢᠯᠠᠯ᠎ᠤᠨ ᠲᠣᠭ᠎ᠠ ᠪᠦᠷᠢᠳᠬᠡᠯ᠎ᠤᠨ ᠢᠲᠡᠭᠡᠮᠵᠢ ᠵᠢᠨ ᠬᠠᠮᠢᠶᠠᠷᠤᠯᠲᠠ ᠵᠢᠨ ᠠᠷᠭ᠎ᠠ》 (ᠤᠯᠤᠰ ᠪᠦᠷᠢᠳᠬᠡᠯ ᠦᠰᠦᠭ  [2019] 33 ᠳ᠋ᠤᠭ᠋ᠠᠷ ᠲᠣᠭ᠋ᠠᠲᠤ)᠂ 《ᠲᠣᠭ᠎ᠠ ᠪᠦᠷᠢᠳᠬᠡᠯ᠎ᠤᠨ ᠠᠵᠢᠯ ᠡᠷᠬᠢᠯᠡᠭᠰᠡᠳ᠎ᠤᠨ ᠲᠣᠭ᠎ᠠ ᠪᠦᠷᠢᠳᠬᠡᠯ᠎ᠤᠨ ᠢᠲᠡᠭᠡᠮᠵᠢ ᠵᠢᠨ ᠳᠠᠩᠰᠠ ᠡᠪᠬᠡᠮᠡᠯ᠎ᠤᠨ ᠬᠠᠮᠢᠶᠠᠷᠤᠯᠲᠠ ᠵᠢᠨ ᠠᠷᠭ᠎ᠠ》 (ᠤᠯᠤᠰ ᠪᠦᠷᠢᠳᠬᠡᠯ ᠦᠰᠦᠭ  [2019] 34 ᠳ᠋ᠤᠭᠡᠷ ᠲᠣᠭ᠋ᠠᠲᠤ) ᠵᠢ ᠬᠠᠮᠲᠤ᠎ᠳᠤᠨᠢ ᠬᠦᠴᠦᠨ ᠦᠭᠡᠢ ᠪᠣᠯᠭ᠋ᠠᠨ᠎ᠠ᠃

ᠢᠷᠡᠯᠲᠡ᠄ ᠤᠯᠤᠰ᠎ᠤᠨ ᠲᠤᠭ᠎ᠠ ᠪᠦᠷᠢᠳᠭᠡᠯ᠎ᠤᠨ ᠲᠤᠪᠴᠢᠶ᠎ᠠ
          
ᠬᠠᠮᠢᠶ᠎ᠡ ᠪᠦᠬᠦᠢ ᠰᠣᠨᠢᠨ
ᠲᠣᠭ᠎ᠠ ᠪᠦᠷᠢᠳᠬᠡᠯ᠎ᠤᠨ ᠬᠠᠤᠯᠢ ᠬᠡᠷᠡᠭᠵᠢᠭᠦᠯᠬᠦ ᠦᠨᠡᠮᠯᠡᠯ᠎ᠤᠨ ᠬᠠᠮᠢᠶᠠᠷᠤᠯᠲᠠ ᠵᠢᠨ ᠠᠷᠭ᠎ᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠬᠠᠮᠢᠶᠠᠷᠤᠯᠲᠠ ᠵᠢᠨ ᠳᠦᠷᠢᠮ
ᠪᠦᠬᠦ ᠤᠯᠤᠰ᠎ᠤᠨ ᠬᠥᠮᠦᠨ ᠠᠮᠠ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠳᠦᠷᠢᠮ
ᠪᠦᠬᠦ ᠤᠯᠤᠰ᠎ᠤᠨ ᠲᠠᠷᠢᠶᠠᠯᠠᠩ᠎ᠤᠨ ᠨᠡᠶ᠋ᠢᠳᠡᠮ ᠪᠠᠶ᠋ᠢᠴᠠᠭ᠋ᠠᠯᠲᠠ ᠵᠢᠨ ᠳᠦᠷᠢᠮ
ᠥᠪᠦᠷ ᠮᠣᠩᠭᠣᠯ᠎ᠤᠨ ᠦᠪᠡᠷᠲᠡᠭᠡᠨ ᠵᠠᠰᠠᠬᠤ ᠤᠷᠤᠨ᠎ᠤ ᠲᠣᠭ᠎ᠠ ᠪᠦᠷᠢᠳᠬᠡᠯ᠎ᠤᠨ ᠬᠠᠣᠯᠢ᠎ᠠᠴᠠ ᠵᠦᠷᠢᠴᠡᠭᠰᠡᠨ ᠠᠵᠢᠯᠯᠠᠭ᠎ᠠ ᠵᠢ ᠪᠠᠢ᠌ᠴᠠᠭ᠋ᠠᠨ ᠰᠢᠢ᠍ᠳᠪᠦᠷᠢᠯᠡᠬᠦ ᠠᠷᠭ᠎ᠠ
 
            