ᠲᠡᠷᠢᠭᠦᠨ ᠬᠠᠭᠤᠳᠠᠰᠤ
ᠠᠵᠢᠯ᠎ᠤᠨ ᠪᠠᠶ᠋ᠢᠳᠠᠯ
ᠢᠯᠡ ᠵᠠᠰᠠᠭ
ᠲᠤᠭ᠎ᠠ ᠪᠦᠷᠢᠳᠭᠡᠯ᠎ᠤᠨ ᠦᠢᠯᠡᠴᠢᠯᠡᠭᠡ
ᠢᠯᠡ ᠵᠠᠰᠠᠭ   -   ᠲᠦᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
ᠭᠠᠳᠠᠭ᠋ᠠᠳᠤ ᠪᠠᠯᠠ ᠵᠢ ᠲᠣᠭᠲᠠᠪᠤᠷᠢᠵᠢᠭᠤᠯᠬᠤ 20 ᠵᠤᠷᠪᠤᠰ᠎ᠢ ᠨᠡᠶ᠋ᠢᠲᠡᠯᠡᠪᠡ
ᠨᠡᠶ᠋ᠢᠲᠡᠯᠡᠭᠰᠡᠨ ᠴᠠᠭ᠄ 2025-02-20

     ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠰᠢᠶᠸ ᠰᠢ ᠶᠣᠣ    ᠲᠠᠩ ᠱ᠌ᠢ ᠨᠢᠩ
     ᠪᠡᠶ᠎ᠡ᠎ᠪᠠᠨ ᠳᠠᠭ᠋ᠠᠭ᠋ᠠᠵᠤ ᠨᠡᠭᠡᠭᠡᠯᠲᠡ ᠬᠢᠬᠦ ᠵᠢ ᠡᠮᠬᠢ ᠵᠢᠷᠤᠮ᠎ᠲᠠᠢ ᠥᠷᠭᠡᠳᠬᠡᠵᠦ᠂ ᠪᠠᠯᠠ ᠣᠷᠣᠭᠤᠯᠤᠯᠲᠠ ᠵᠢ ᠠᠬᠢᠭᠤᠯᠬᠤ ᠲᠦᠪᠰᠢᠨ᠎ᠢ ᠳᠡᠭᠡᠭᠰᠢᠯᠡᠭᠦᠯᠦᠨ᠂ ᠨᠡᠭᠡᠭᠡᠯᠲᠡ ᠬᠢᠬᠦ ᠲᠠᠪᠴᠠᠩ᠎ᠤᠨ ᠦᠢ᠍ᠯᠡᠳᠦᠯ ᠴᠢᠳᠠᠪᠤᠷᠢ ᠵᠢ ᠴᠢᠩᠭ᠋ᠠᠷᠠᠭᠤᠯᠵᠤ᠂ ᠦᠢ᠍ᠯᠡᠴᠢᠯᠡᠭᠡᠨ᠎ᠤ ᠪᠠᠲᠤᠯᠠᠭ᠎ᠠ ᠵᠢᠨ ᠡᠷᠴᠢᠮ᠎ᠢ ᠴᠢᠩᠭ᠋ᠠᠷᠠᠭᠤᠯᠤᠨ᠂ 《2025 ᠣᠨ᠎ᠤ ᠭᠠᠳᠠᠭ᠋ᠠᠳᠤ ᠪᠠᠯᠠ ᠵᠢ ᠲᠣᠭᠲᠠᠪᠤᠷᠢᠵᠢᠭᠤᠯᠬᠤ ᠠᠵᠢᠯᠯᠠᠭ᠋ᠠᠨ᠎ᠤ ᠲᠥᠰᠥᠪ》᠎ᠢ 2 ᠰᠠᠷ᠎ᠠ ᠵᠢᠨ 19᠎ᠤ ᠡᠳᠦᠷ ᠨᠡᠶ᠋ᠢᠲᠡᠯᠡᠵᠦ᠂ 4 ᠲᠠᠯ᠎ᠠ᠎ᠪᠠᠷ 20 ᠵᠤᠷᠪᠤᠰ ᠠᠷᠭ᠎ᠠ ᠬᠡᠮᠵᠢᠶ᠎ᠡ ᠳᠤᠷᠠᠳᠪᠠ᠃
    ᠣᠳᠣᠬᠠᠨ᠎ᠳᠤ᠂ ᠭᠠᠳᠠᠭ᠋ᠠᠳᠤ ᠣᠷᠴᠢᠨ ᠨᠥᠬᠥᠴᠡᠯ᠎ᠤᠨ ᠲᠣᠭᠲᠠᠭ᠋ᠠᠯᠲᠤ ᠪᠤᠰᠤ ᠴᠢᠨᠠᠷ ᠨᠡᠮᠡᠭᠳᠡᠵᠦ᠂ ᠮᠠᠨ᠎ᠤ ᠤᠯᠤᠰ᠎ᠤᠨ ᠭᠠᠳᠠᠭ᠋ᠠᠳᠤ ᠪᠡᠯᠡ ᠵᠢ ᠲᠠᠲᠠᠬᠤ ᠠᠵᠢᠯ ᠤᠯᠠᠨ ᠳᠠᠪᠬᠤᠷ ᠬᠦᠴᠢᠷᠳᠡᠯ ᠪᠠ ᠥᠷᠢᠰᠥᠯᠳᠦᠭᠡᠨ᠎ᠳᠤ ᠲᠤᠯᠭ᠋ᠠᠷᠠᠵᠤ᠂ ᠠᠵᠢᠯᠯᠠᠭ᠋ᠠᠨ᠎ᠤ ᠲᠥᠰᠥᠪ᠎ᠨᠢ ᠪᠣᠳᠠᠲᠠᠢ ᠵᠢ ᠡᠷᠬᠢᠮᠯᠡᠬᠦ ᠠᠷᠭ᠎ᠠ ᠬᠡᠮᠵᠢᠶ᠎ᠡ᠎ᠪᠠᠷ ᠨᠡᠭᠡᠭᠡᠯᠳᠡ ᠵᠢ ᠤᠯᠠᠮ ᠨᠢᠭᠡ ᠠᠯᠬᠤᠮ ᠥᠷᠭᠡᠳᠬᠡᠬᠦ᠂ ᠭᠠᠳᠠᠭ᠋ᠠᠳᠤ ᠪᠡᠯᠡ ᠵᠢ ᠲᠠᠲᠠᠬᠤ ᠡᠷᠴᠢᠮ ᠵᠶ᠋ᠠᠨ ᠤᠯᠠᠮ ᠨᠢᠭᠡ ᠠᠯᠬᠤᠮ ᠴᠢᠩᠭ᠋ᠠᠷᠠᠭᠤᠯᠬᠤ ᠲᠣᠳᠣᠷᠬᠠᠢ ᠲᠤᠬᠢᠶ᠎ᠠ ᠭᠠᠷᠭ᠋ᠠᠭᠰᠠᠨ ᠪᠠᠶ᠋ᠢᠨ᠎ᠠ᠃
    ᠠᠯᠢ ᠣᠯᠠᠨ ᠠᠷᠭ᠎ᠠ ᠬᠡᠮᠵᠢᠶ᠎ᠡ᠎ᠳᠤ ᠭᠠᠳᠠᠭ᠋ᠠᠳᠤ ᠪᠠᠯᠠ ᠵᠢᠨ ᠣᠷᠣᠬᠤ ᠵᠢ ᠵᠥᠪᠰᠢᠶᠡᠷᠡᠬᠦ ᠬᠢᠵᠠᠭ᠋ᠠᠷᠯᠠᠯ ᠳᠡᠭᠡᠷ᠎ᠡ 《ᠬᠠᠰᠤᠬᠤ ᠠᠷᠭ᠎ᠠ》 ᠠᠪᠴᠠᠶ᠃ ᠲᠥᠰᠥᠪ᠎ᠲᠤ ᠳᠤᠷᠠᠳᠤᠭᠰᠠᠨ᠎ᠨᠢ᠂ ᠴᠠᠬᠢᠯᠭ᠋ᠠᠨ ᠬᠣᠯᠪᠣᠭ᠎ᠠ᠂ ᠡᠮᠴᠢᠯᠡᠭᠡᠨ᠎ᠤ ᠬᠦᠷᠢᠶᠡᠨ᠎ᠳᠠᠬᠢ ᠨᠡᠭᠡᠭᠡᠯᠲᠡ ᠬᠢᠬᠦ ᠲᠤᠷᠰᠢᠯᠲᠠ ᠵᠢ ᠴᠠᠭ᠎ᠲᠤᠨᠢ ᠲᠣᠬᠢᠷᠠᠭᠤᠯᠤᠨ ᠤᠯᠠᠮ ᠨᠢᠭᠡ ᠠᠯᠬᠤᠮ

ᠥᠷᠭᠡᠳᠬᠡᠨ᠎ᠡ; ᠰᠤᠷᠭ᠋ᠠᠨ ᠬᠥᠮᠦᠵᠢᠯ᠂ ᠰᠣᠶᠣᠯ᠎ᠤᠨ ᠬᠦᠷᠢᠶᠡᠨ᠎ᠤ ᠪᠡᠶ᠎ᠡ᠎ᠪᠠᠨ ᠳᠠᠭ᠋ᠠᠭ᠋ᠠᠵᠤ ᠨᠡᠭᠡᠭᠡᠯᠳᠡ ᠬᠢᠬᠦ ᠵᠢ ᠡᠮᠬᠢ ᠵᠢᠷᠤᠮ᠎ᠲᠠᠢ᠎ᠪᠠᠷ ᠥᠷᠭᠡᠳᠬᠡᠬᠦ ᠬᠡᠷᠡᠭᠵᠢᠭᠦᠯᠬᠦ ᠲᠥᠰᠥᠪ᠎ᠢ ᠰᠤᠳᠤᠯᠤᠨ ᠲᠣᠭᠲᠠᠭ᠋ᠠᠵᠤ᠂ ᠴᠠᠭ᠎ᠲᠤᠨᠢ ᠲᠤᠬᠢᠷᠠᠭᠤᠯᠤᠨ ᠭᠠᠳᠠᠭᠰᠢ ᠨᠡᠶ᠋ᠢᠲᠡᠯᠡᠬᠦ ᠵᠢᠨ ᠬᠠᠮᠲᠤ ᠯᠠᠪᠳᠠᠭᠤᠨ ᠵᠶ᠋ᠠᠷ ᠬᠡᠷᠡᠭᠵᠢᠭᠦᠯᠦᠨ᠎ᠡ; ᠰᠢᠨ᠎ᠡ ᠵᠢ ᠡᠭᠦᠳᠬᠦ ᠡᠮ᠎ᠤᠨ ᠵᠠᠬ᠎ᠠ ᠳᠡᠯᠭᠡᠭᠦᠷ᠎ᠲᠤ ᠭᠠᠷᠬᠤ ᠵᠢ ᠲᠦᠷᠭᠡᠳᠬᠡᠵᠦ᠂ ᠡᠮ᠎ᠤᠨ  ᠵᠦᠢ᠍ᠯᠡᠰ᠎ᠢ ᠬᠡᠮᠵᠢᠶ᠎ᠡ ᠲᠣᠭᠲᠠᠭ᠋ᠠᠨ ᠬᠤᠳᠠᠯᠳᠤᠨ ᠠᠪᠬᠤ ᠵᠢ ᠰᠢᠯᠢᠳᠡᠭᠵᠢᠭᠦᠯᠦᠨ᠎ᠡ; 《ᠭᠠᠳᠠᠭ᠋ᠠᠳᠤ ᠵᠢᠨ ᠪᠠᠯᠠ ᠣᠷᠣᠭᠤᠯᠤᠭᠴᠢ ᠵᠢᠨ ᠰᠲ᠋ᠣᠺ᠎ᠤᠨ ᠵᠠᠬ᠎ᠠ᠎ᠳᠤ ᠭᠠᠷᠤᠭᠰᠠᠨ ᠺᠣᠮᠫᠠᠨᠢ ᠵᠢᠨ ᠪᠠᠶ᠋ᠢᠯᠳᠤᠬᠤ ᠪᠣᠳᠣᠯᠭ᠎ᠠ ᠵᠢᠨ ᠪᠠᠯᠠ  ᠤᠷᠤᠭᠤᠯᠤᠯᠳᠠ ᠵᠢᠨ ᠬᠠᠮᠢᠶᠠᠷᠤᠯᠲᠠ ᠵᠢᠨ ᠠᠷᠭ᠎ᠠ》 ᠵᠢᠨ ᠨᠠᠶ᠋ᠢᠳᠠᠪᠤᠷᠢᠵᠢᠭᠤᠯᠤᠯᠲᠠ ᠵᠢ ᠰᠠᠶ᠋ᠢᠲᠤᠷ ᠠᠳᠬᠤᠬᠤ  ᠭᠡᠬᠦ ᠮᠡᠲᠦ᠎ᠪᠠᠷ ᠠᠵᠢᠯᠯᠠᠭ᠋ᠠᠨ᠎ᠤ ᠲᠥᠰᠥᠪ᠎ᠲᠤ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠠᠩᠬᠠᠷᠴᠤ ᠪᠠᠶ᠋ᠢᠭ᠎ᠠ ᠬᠦᠷᠢᠶᠡᠨ᠎ᠳᠤ 《ᠡᠭᠦᠷᠭᠡ ᠵᠢᠨ ᠪᠢᠴᠢᠭ》᠎ᠢ ᠲᠣᠳᠣᠷᠬᠠᠶ᠋ᠢᠯᠠᠪᠠ᠃
    ᠬᠤᠳᠠᠯᠳᠤᠭ᠎ᠠ ᠡᠵᠡᠩᠨᠡᠬᠦ ᠣᠷᠴᠢᠨ ᠲᠣᠭᠣᠷᠢᠨ᠎ᠤ ᠲᠠᠯ᠎ᠠ᠎ᠪᠠᠷ 《ᠨᠡᠮᠡᠬᠦ ᠠᠷᠭ᠎ᠠ》 ᠠᠪᠴᠠᠢ᠃  ᠲᠥᠰᠥᠪ᠎ᠲᠤ ᠳᠤᠷᠠᠳᠤᠭᠰᠠᠨ᠎ᠨᠢ᠂ ᠬᠤᠳᠠᠯᠳᠤᠭ᠎ᠠ ᠡᠵᠡᠩᠨᠡᠬᠦ ᠣᠷᠴᠢᠨ ᠨᠥᠬᠥᠴᠡᠯ᠎ᠢ ᠦᠷᠭᠦᠯᠵᠢᠯᠡᠨ ᠰᠢᠯᠢᠳᠡᠭᠵᠢᠭᠦᠯᠵᠦ᠂ ᠭᠠᠳᠠᠭ᠋ᠠᠳᠤ ᠪᠠᠯᠠ ᠵᠢᠨ ᠠᠵᠤ ᠠᠬᠤᠶ᠋ᠢᠯᠠᠯ᠎ᠤᠨ ᠢᠷᠭᠡᠨ᠎ᠤ ᠬᠠᠷᠠᠭ᠋ᠠᠯᠵᠠᠯ᠎ᠢ ᠦᠨᠡᠨ ᠬᠦ᠌ ᠪᠣᠳᠠᠲᠠᠶ᠎ᠳᠤ ᠨᠠᠶ᠋ᠢᠳᠠᠪᠤᠷᠢᠵᠢᠭᠤᠯᠤᠨ᠎ᠠ᠃ ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ᠎ᠤᠨ ᠬᠢᠯᠢ ᠵᠢᠨ ᠳᠣᠲᠣᠷ᠎ᠠ ᠲᠠᠬᠢᠨ ᠪᠡᠯᠡ ᠣᠷᠣᠭᠤᠯᠬᠤ ᠵᠢ ᠵᠣᠷᠢᠭᠵᠢᠭᠤᠯᠬᠤ ᠲᠦᠷᠦ ᠵᠢᠨ ᠪᠤᠳᠤᠯᠭ᠎ᠠ ᠠᠷᠭ᠎ᠠ ᠬᠡᠮᠵᠢᠶ᠎ᠡ ᠵᠢ ᠰᠤᠳᠤᠯᠤᠨ ᠲᠣᠭᠲᠠᠭ᠋ᠠᠵᠤ᠂ ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ᠎ᠤᠨ ᠳᠤᠮᠳᠠᠳᠤ ᠤᠯᠤᠰ᠎ᠲᠤ ᠣᠯᠤᠭᠰᠠᠨ ᠠᠰᠢᠭ ᠬᠣᠨᠵᠢᠪᠣᠷᠢ᠎ᠪᠠᠨ ᠲᠠᠬᠢᠨ ᠪᠡᠯᠡ ᠣᠷᠣᠭᠤᠯᠤᠯᠲᠠ᠎ᠳᠤ ᠨᠡᠩ ᠢᠯᠡᠭᠦᠦ ᠬᠡᠷᠡᠭᠯᠡᠬᠦ ᠵᠢ ᠠᠬᠢᠭᠤᠯᠤᠨ᠎ᠠ᠃ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠬᠤ ᠴᠢᠨᠠᠷᠲᠠᠶ ᠺᠣᠮᠫᠠᠨᠢ ᠵᠢᠨ ᠬᠢᠯᠢ ᠵᠢᠨ ᠳᠣᠲᠣᠷᠠᠬᠢ ᠵᠢᠭᠡᠯᠡᠯᠭᠡ ᠵᠢ ᠬᠡᠷᠡᠭᠯᠡᠨ ᠰᠲ᠋ᠣᠺ᠎ᠤᠨ ᠡᠷᠬᠡ ᠵᠢᠨ ᠪᠡᠯᠡ ᠣᠷᠣᠭᠤᠯᠤᠯᠲᠠ ᠬᠢᠬᠦ ᠵᠢ ᠵᠥᠪᠰᠢᠶᠡᠷᠡᠵᠦ᠂ ᠤᠯᠤᠰ ᠠᠯᠤᠰᠯᠠᠭᠰᠠᠨ ᠺᠣᠮᠫᠠᠨᠢ ᠵᠢᠨ ᠳᠤᠮᠳᠠᠳᠤ ᠤᠯᠤᠰ᠎ᠲᠤ ᠪᠡᠯᠡ ᠣᠷᠣᠭᠤᠯᠤᠨ ᠶᠡᠷᠦᠩᠬᠡᠶ ᠬᠡᠯᠲᠡᠰ᠎ᠤᠨ ᠬᠡᠯᠪᠡᠷᠢ ᠪᠦᠬᠦᠢ ᠪᠠᠶ᠋ᠢᠭᠤᠯᠤᠮᠵᠢ ᠪᠠᠶ᠋ᠢᠭᠤᠯᠬᠤ᠎ᠳᠤ ᠳᠥᠭᠥᠮ ᠦᠵᠡᠭᠦᠯᠦᠨ᠎ᠡ᠃ ᠭᠠᠳᠠᠭ᠋ᠠᠳᠤ ᠪᠡᠯᠡ ᠵᠢᠨ ᠨᠡᠶ᠋ᠢᠯᠡᠭᠦᠯᠦᠨ ᠬᠤᠳᠠᠯᠳᠤᠨ ᠠᠪᠬᠤ ᠲᠦᠷᠢᠮ ᠪᠠ ᠨᠡᠶ᠋ᠢᠯᠡᠭᠦᠯᠦᠨ ᠬᠤᠳᠠᠯᠳᠤᠨ ᠠᠪᠬᠤ ᠠᠷᠠᠯᠵᠢᠶᠠᠨ᠎ᠤ ᠵᠢᠷᠤᠮ᠎ᠢ ᠰᠢᠯᠢᠳᠡᠭᠵᠢᠭᠦᠯᠵᠦ᠂ ᠨᠡᠶ᠋ᠢᠯᠡᠭᠦᠯᠦᠨ ᠬᠤᠳᠠᠯᠳᠤᠨ ᠠᠪᠬᠤ ᠬᠠᠮᠢᠶᠠᠷᠤᠯᠲᠠ ᠵᠢᠨ ᠬᠡᠪᠴᠢᠶ᠎ᠡ ᠵᠢ ᠲᠡᠭᠦᠯᠳᠡᠷᠵᠢᠭᠦᠯᠦᠨ᠂ ᠬᠢᠯᠢ ᠠᠯᠤᠰᠯᠠᠨ ᠬᠤᠪᠢ ᠰᠣᠯᠢᠬᠤ ᠨᠥᠬᠥᠴᠡᠯ ᠵᠡᠷᠭᠡ ᠵᠢ ᠪᠠᠭᠤᠷᠠᠭᠤᠯᠤᠨ᠎ᠠ᠃
    《  ᠴᠢᠨᠠᠷᠯᠢᠭ》 ᠪᠣᠯ ᠠᠵᠢᠯᠯᠠᠭ᠎ᠠ ᠵᠢᠨ ᠲᠥᠰᠥᠪ᠎ᠤᠨ ᠵᠠᠩᠭᠢᠯᠠᠭ᠎ᠠ ᠵᠢᠨ ᠦᠭᠡ ᠪᠣᠯᠤᠨ᠎ᠠ᠃ ᠠᠯᠢ ᠣᠯᠠᠨ ᠠᠷᠭ᠎ᠠ ᠬᠡᠮᠵᠢᠶ᠎ᠡ ᠠᠪᠴᠤ ᠭᠠᠳᠠᠭ᠋ᠠᠳᠤ ᠪᠠᠯᠠ ᠵᠢ ᠠᠰᠢᠭᠯᠠᠬᠤ ᠲᠠᠯ᠎ᠠ᠎ᠪᠠᠷ ᠬᠠᠳᠠᠭ᠋ᠠᠯᠠᠯᠲᠠ ᠬᠡᠮᠵᠢᠶ᠎ᠡ ᠵᠢ ᠲᠣᠭᠲᠠᠪᠤᠷᠢᠵᠢᠭᠤᠯᠵᠤ᠂ ᠨᠡᠮᠡᠭᠳᠡᠯ᠎ᠢ ᠠᠬᠢᠭᠤᠯᠵᠤ᠂ ᠶᠠᠰᠤ ᠴᠢᠨᠠᠷ᠎ᠢ ᠳᠡᠭᠡᠭᠰᠢᠯᠡᠭᠦᠯᠪᠡ᠃ ᠲᠥᠰᠥᠪ᠎ᠲᠤ᠂ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠠᠯᠠ ᠣᠷᠣᠭᠤᠯᠬᠤ ᠵᠢ ᠵᠣᠷᠢᠭᠵᠢᠭᠤᠯᠬᠤ ᠠᠵᠤ ᠦᠢ᠍ᠯᠡᠰ᠎ᠤᠨ ᠭᠠᠷᠴᠠᠭ᠎ᠲᠤ ᠵᠠᠰᠠᠪᠤᠷᠢ ᠣᠷᠣᠭᠤᠯᠤᠨ ᠥᠷᠭᠡᠳᠬᠡᠵᠦ᠂ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠠᠯᠠ ᠣᠷᠣᠭᠤᠯᠬᠤ ᠪᠦᠲᠦᠴᠡ ᠵᠢ ᠰᠢᠯᠢᠳᠡᠭᠵᠢᠭᠦᠯᠦᠨ᠂ ᠭᠠᠳᠠᠭ᠋ᠠᠳᠤ ᠪᠠᠯᠠ ᠵᠢᠨ ᠮᠠᠨ᠎ᠤ ᠤᠯᠤᠰ᠎ᠤᠨ ᠦᠢ᠍ᠯᠡᠳᠬᠦ ᠦᠢ᠍ᠯᠡᠰ᠎ᠤᠨ ᠴᠢᠨᠠᠷᠯᠢᠭ ᠬᠥᠭᠵᠢᠯᠲᠡ᠎ᠳᠤ ᠦᠢ᠍ᠯᠡᠴᠢᠯᠡᠬᠦ ᠵᠢ ᠠᠬᠢᠭᠤᠯᠵᠤ᠂ ᠭᠠᠳᠠᠭ᠋ᠠᠳᠤ ᠪᠠᠯᠠ ᠵᠢᠨ ᠣᠲᠣ ᠦᠶ᠎ᠡ ᠵᠢᠨ ᠦᠢ᠍ᠯᠡᠴᠢᠯᠡᠭᠡᠨ᠎ᠤ ᠦᠢ᠍ᠯᠡᠰ᠎ᠲᠤ ᠪᠠᠯᠠ ᠣᠷᠣᠭᠤᠯᠬᠤ ᠵᠢ ᠬᠥᠲᠥᠯᠥᠨ ᠵᠢᠯᠣᠭᠣᠳᠴᠤ᠂ ᠭᠠᠳᠠᠭ᠋ᠠᠳᠤ ᠪᠠᠯᠠ ᠵᠢᠨ ᠳᠤᠮᠳᠠ ᠪᠠᠷᠠᠭᠤᠨ ᠣᠷᠣᠨ ᠪᠠ ᠵᠡᠭᠦᠨ ᠬᠣᠶ᠋ᠢᠲᠤ ᠣᠷᠣᠨ᠎ᠳᠤ ᠨᠠᠩ ᠣᠯᠠᠨ ᠪᠠᠯᠠ ᠣᠷᠣᠭᠤᠯᠬᠤ ᠵᠢ ᠳᠡᠮᠵᠢᠨ᠎ᠡ ᠭᠡᠵᠦ

ᠲᠣᠳᠣᠷᠬᠠᠶ᠋ᠢᠯᠠᠪᠠ᠃
    ᠪᠡᠯᠡ ᠲᠠᠲᠠᠬᠤ ᠪᠦᠲᠦᠴᠡ ᠵᠢ ᠲᠠᠰᠤᠷᠠᠯᠲᠠ ᠦᠭᠡᠢ ᠰᠢᠯᠢᠳᠡᠭᠵᠢᠭᠦᠯᠬᠦ ᠪᠣᠯ ᠣᠳᠣᠬᠠᠨ᠎ᠤ ᠮᠠᠨ᠎ᠤ ᠤᠯᠤᠰ᠎ᠤᠨ ᠭᠠᠳᠠᠭ᠋ᠠᠳᠤ ᠪᠡᠯᠡ ᠵᠢ ᠲᠠᠲᠠᠬᠤ ᠴᠢᠬᠤᠯᠠ ᠣᠨᠴᠠᠯᠢᠭ ᠮᠥᠨ᠃ 2025 ᠣᠨ᠎ᠤ 1 ᠰᠠᠷ᠎ᠠ᠎ᠳᠤ᠂ ᠮᠠᠨ᠎ᠤ ᠤᠯᠤᠰ᠎ᠤᠨ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ᠎ᠤᠨ ᠪᠣᠳᠠᠲᠠᠶ ᠬᠡᠷᠡᠭᠯᠡᠭᠰᠡᠨ ᠭᠠᠳᠠᠭ᠋ᠠᠳᠤ ᠪᠠᠯᠠ᠎ᠨᠢ ᠪᠥᠬᠥ ᠤᠯᠤᠰ᠎ᠤᠨ ᠪᠣᠳᠠᠲᠠᠶ ᠬᠡᠷᠡᠭᠯᠡᠭᠰᠡᠨ ᠭᠠᠳᠠᠭ᠋ᠠᠳᠤ ᠪᠠᠯᠠ ᠵᠢᠨ 12.5% ᠵᠢ ᠡᠵᠡᠯᠡᠵᠦ᠂ 2024 ᠣᠨ᠎ᠤ ᠪᠥᠬᠥ ᠵᠢᠯ᠎ᠤᠨ᠎ᠬᠢ᠎ᠠᠴᠠ 0.8 ᠵᠠᠭᠤᠨ᠎ᠤ ᠬᠤᠪᠢ ᠵᠢᠨ ᠴᠡᠭ ᠳᠡᠭᠡᠭᠰᠢᠯᠡᠪᠡ᠃ ᠡᠮ ᠡᠮᠨᠡᠯᠭᠡ ᠵᠢᠨ ᠦᠢ᠍ᠯᠡᠳᠬᠦ ᠦᠢ᠍ᠯᠡᠰ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ  ᠦᠢ᠍ᠯᠡᠴᠢᠯᠡᠭᠡᠨ᠎ᠤ ᠪᠣᠳᠠᠲᠠᠶ ᠬᠡᠷᠡᠭᠯᠡᠭᠰᠡᠨ ᠭᠠᠳᠠᠭ᠋ᠠᠳᠤ ᠪᠠᠯᠠ ᠲᠣᠰ ᠲᠣᠰ 68.4% ᠪᠠ 23.9% ᠨᠡᠮᠡᠭᠳᠡᠪᠡ᠃
     ᠲᠥᠰᠥᠪ᠎ᠲᠤ ᠪᠠᠰᠠ ᠳᠤᠷᠠᠳᠤᠭᠰᠠᠨ᠎ᠨᠢ᠂ ᠲᠡᠵᠢᠭᠡᠨ ᠦᠷᠡᠵᠢᠭᠦᠯᠬᠦ᠂ ᠲᠡᠵᠢᠭᠡᠨ ᠠᠷᠠᠴᠢᠯᠠᠬᠤ ᠲᠥᠬᠥᠭᠡᠷᠦᠮᠵᠢ ᠦᠢ᠍ᠯᠡᠳᠪᠦᠷᠢᠯᠡᠬᠦ᠂ ᠲᠡᠵᠢᠭᠡᠯ ᠪᠣᠷᠳᠣᠭ᠎ᠠ ᠮᠠᠯ᠎ᠤᠨ ᠡᠮ ᠦᠢ᠍ᠯᠡᠳᠪᠦᠷᠢᠯᠡᠬᠦ ᠵᠡᠷᠭᠡ ᠮᠠᠯ ᠠᠵᠤ ᠠᠬᠤᠶ ᠵᠢᠨ ᠬᠣᠯᠪᠣᠭᠳᠠᠯ ᠪᠥᠬᠥᠶ ᠬᠦᠷᠢᠶᠡᠨ᠎ᠳᠤ ᠪᠠᠯᠠ ᠣᠷᠣᠭᠤᠯᠬᠤ ᠵᠢᠨ ᠬᠠᠮᠲᠤ ᠤᠯᠤᠰ ᠠᠷᠠᠳ᠎ᠤᠨ ᠬᠠᠷᠠᠭ᠋ᠠᠯᠵᠠᠯ ᠭᠥᠷᠳᠡᠬᠦ ᠵᠢ ᠵᠣᠷᠢᠭᠵᠢᠭᠤᠯᠤᠨ᠎ᠠ᠃ ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ᠎ᠤᠨ ᠮᠠᠨ᠎ᠤ ᠤᠯᠤᠰ᠎ᠤᠨ ᠰᠢᠨ᠎ᠡ ᠮᠠᠶᠢᠭ᠎ᠤᠨ ᠠᠵᠤ ᠦᠢ᠍ᠯᠡᠳᠪᠦᠷᠢᠵᠢᠯᠲᠡ ᠵᠢᠨ ᠠᠬᠢᠴᠠ᠎ᠳᠤ ᠣᠷᠣᠯᠴᠠᠬᠤ ᠵᠢ ᠲᠡᠮᠵᠢᠵᠤ᠂ ᠳᠡᠭᠡᠳᠦ ᠮᠡᠷᠭᠡᠵᠢᠯ᠎ᠤᠨ ᠬᠦᠷᠢᠶᠡᠨ᠎ᠳᠠᠬᠢ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠯᠲᠠ ᠵᠢ ᠭᠣᠣᠯᠳᠠᠯᠭ᠎ᠠ᠎ᠲᠠᠢ᠎ᠪᠠᠷ ᠣᠷᠣᠭᠤᠯᠤᠨ ᠠᠪᠴᠢᠷᠠᠵᠤ᠂ ᠭᠠᠳᠠᠭ᠋ᠠᠳᠤ ᠪᠡᠯᠡ ᠵᠢᠨ ᠠᠵᠤ ᠠᠬᠤᠶ᠋ᠢᠯᠠᠯ᠎ᠳᠤ ᠨᠡᠩ ᠤᠯᠠᠨ ᠵᠠᠬ᠎ᠠ ᠳᠡᠯᠭᠡᠭᠦᠷ᠎ᠤᠨ ᠲᠣᠬᠢᠶᠠᠯ ᠪᠠ ᠬᠠᠮᠲᠤᠷᠠᠯᠴᠠᠭ᠋ᠠᠨ᠎ᠤ ᠣᠷᠣᠨ ᠵᠠᠢ ᠬᠠᠩᠭ᠋ᠠᠨ᠎ᠠ᠃ ᠨᠠᠰᠤᠵᠢᠯ᠎ᠤᠨ ᠦᠢ᠍ᠯᠡᠴᠢᠯᠡᠭᠡ᠂ ᠰᠣᠶᠣᠯ ᠪᠠ ᠵᠢᠭᠤᠯᠴᠢᠯᠠᠯ᠂ ᠪᠡᠶ᠎ᠡ ᠵᠢᠨ ᠲᠠᠮᠢᠷ᠂ ᠡᠮᠴᠢᠯᠡᠭᠡ᠂ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠂ ᠮᠥᠩᠭᠥᠨ ᠭᠦᠢ᠍ᠯᠭᠡᠭᠡᠨ ᠵᠡᠷᠭᠡ ᠦᠢ᠍ᠯᠡᠴᠢᠯᠡᠭᠡᠨ᠎ᠤ ᠦᠢ᠍ᠯᠡᠰ᠎ᠤᠨ ᠬᠦᠷᠢᠶ᠎ᠡ ᠴᠠᠷᠠᠭ᠎ᠠ ᠵᠢᠨ ᠭᠠᠳᠠᠭ᠋ᠠᠳᠤ ᠪᠠᠯᠠ ᠵᠢ ᠲᠡᠳᠡᠨ ᠣᠷᠣᠭᠤᠯᠤᠨ ᠠᠰᠢᠭᠯᠠᠵᠤ᠂ ᠣᠯᠠᠨ ᠲᠠᠰ ᠳᠠᠪᠬᠤᠷᠭ᠎ᠠ ᠵᠢᠨ ᠦᠢ᠍ᠯᠡᠴᠢᠯᠡᠭᠡᠨ᠎ᠤ ᠬᠡᠷᠡᠭᠯᠡᠭᠡ ᠵᠢᠨ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠬᠤ ᠵᠢ

ᠵᠣᠷᠢᠭᠵᠢᠭᠤᠯᠤᠨ᠎ᠠ᠃
   ᠦᠢ᠍ᠯᠡᠴᠢᠯᠡᠭᠡᠨ᠎ᠤ ᠪᠠᠲᠤᠯᠠᠭ᠎ᠠ ᠵᠢᠨ ᠡᠷᠴᠢᠮ᠎ᠢ ᠴᠢᠩᠭ᠋ᠠᠷᠠᠭᠤᠯᠬᠤ ᠲᠠᠯ᠎ᠠ᠎ᠪᠠᠷ᠂ ᠠᠵᠢᠯᠯᠠᠭ᠋ᠠᠨ᠎ᠤ  ᠲᠥᠰᠥᠪ᠎ᠨᠢ ᠭᠠᠳᠠᠭ᠋ᠠᠳᠤ ᠵᠢᠨ ᠠᠷᠠᠯᠵᠢᠶᠠᠴᠢᠨ᠎ᠤ ᠪᠠᠯᠠ ᠣᠷᠣᠭᠤᠯᠤᠯᠲᠠ ᠵᠢᠨ ᠡᠷᠬᠡ ᠠᠰᠢᠭ᠎ᠢ ᠬᠠᠮᠠᠭ᠋ᠠᠯᠠᠬᠤ᠂ ᠭᠠᠳᠠᠭ᠋ᠠᠳᠤ ᠪᠠᠯᠠ ᠵᠢᠨ ᠠᠵᠤ ᠠᠬᠤᠶ᠋ᠢᠯᠠᠯ᠎ᠤᠨ ᠠᠷᠠᠯᠵᠢᠶᠠᠨ᠎ᠤ ᠳᠥᠭᠥᠮᠴᠢᠯᠡᠯᠲᠡ ᠵᠢᠨ ᠲᠦᠪᠰᠢᠨ᠎ᠢ ᠳᠡᠭᠡᠭᠰᠢᠯᠡᠭᠦᠯᠬᠦ᠎ᠳᠤ ᠰᠠᠭᠤᠷᠢᠯᠠᠵᠤ᠂ ᠭᠠᠳᠠᠭ᠋ᠠᠳᠤ ᠪᠠᠯᠠ ᠵᠢᠨ ᠠᠵᠤ ᠠᠬᠤᠶ᠋ᠢᠯᠠᠯ᠎ᠢ ᠰᠠᠨᠠᠭ᠎ᠠ ᠠᠮᠤᠷ᠂ ᠢᠲᠡᠭᠡᠯ᠎ᠲᠠᠢ ᠪᠣᠯᠭ᠋ᠠᠨ᠎ᠠ᠃
    ᠠᠵᠢᠯᠯᠠᠭ᠋ᠠᠨ᠎ᠤ ᠲᠥᠰᠥᠪ᠎ᠲᠤ᠂ ᠨᠠᠩ ᠣᠯᠠᠨ ᠭᠠᠳᠠᠭ᠋ᠠᠳᠤ ᠪᠠᠯᠠ ᠵᠢᠨ ᠲᠥᠷᠥᠯ ᠵᠦᠢ᠍ᠯ᠎ᠢ ᠴᠢᠬᠤᠯᠠ ᠶᠡᠬᠡ ᠭᠠᠳᠠᠭ᠋ᠠᠳᠤ ᠪᠠᠯᠠ ᠵᠢᠨ ᠲᠥᠷᠥᠯ ᠵᠦᠢ᠍ᠯ ᠪᠠ ᠭᠤᠤᠯᠳᠠᠯᠭ᠎ᠠ᠎ᠲᠠᠢ ᠭᠠᠳᠠᠭ᠋ᠠᠳᠤ ᠪᠠᠯᠠ ᠵᠢᠨ ᠲᠥᠷᠥᠯ  ᠵᠦᠢ᠍ᠯ᠎ᠤᠨ ᠨᠠᠷᠢᠨ ᠲᠠᠩᠰᠠᠨ᠎ᠳᠤ ᠣᠷᠣᠭᠤᠯᠬᠤ ᠵᠢ ᠳᠡᠮᠵᠢᠨ᠎ᠡ; ᠬᠠᠮᠢᠶ᠎ᠠ ᠪᠦᠬᠦᠢ ᠪᠢᠴᠢᠭ ᠮᠠᠲ᠋ᠧᠷᠢᠶᠠᠯ᠎ᠢ ᠲᠦᠷᠭᠡᠬᠡᠨ ᠲᠣᠭᠲᠠᠭ᠋ᠠᠨ ᠨᠡᠶ᠋ᠢᠲᠡᠯᠡᠵᠦ᠂ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠲᠤᠰ ᠤᠯᠤᠰ᠎ᠤᠨ ᠦᠢ᠍ᠯᠡᠳᠬᠦᠨ᠎ᠤ ᠪᠠᠷᠢᠮᠵᠢᠶ᠎ᠠ ᠵᠢ ᠲᠣᠳᠣᠷᠬᠠᠶ᠋ᠢᠯᠠᠵᠤ᠂ ᠠᠳᠠᠯᠢ ᠪᠤᠰᠤ ᠥᠮᠴᠢᠯᠡᠯᠲᠦ ᠠᠵᠤ ᠠᠬᠤᠶ᠋ᠢᠯᠠᠯ᠎ᠤᠨ ᠳᠤᠮᠳᠠᠳᠤ ᠤᠯᠤᠰ᠎ᠤᠨ ᠬᠢᠯᠢ ᠳᠣᠲᠣᠷ᠎ᠠ ᠦᠢ᠍ᠯᠡᠳᠪᠦᠷᠢᠯᠡᠭᠰᠡᠨ ᠦᠢ᠍ᠯᠡᠳᠬᠦᠨ᠎ᠢ ᠵᠠᠰᠠᠭ᠎ᠤᠨ ᠣᠷᠳᠣᠨ᠎ᠤ ᠬᠤᠳᠠᠯᠳᠤᠨ ᠠᠪᠬᠤ ᠠᠵᠢᠯᠯᠠᠭ᠎ᠠ᠎ᠳᠤ ᠡᠷᠬᠡ ᠲᠡᠭᠰᠢ᠎ᠪᠠᠷ ᠣᠷᠣᠯᠴᠠᠬᠤ ᠵᠢ ᠦᠨᠡᠨᠬᠦ ᠪᠠᠲᠤᠯᠠᠬᠤ ᠬᠡᠷᠡᠭᠲᠡᠶ; ᠬᠠᠷᠢᠯᠴᠠᠨ ᠸᠢᠰᠠᠯᠠᠬᠤ᠎ᠠᠴᠠ ᠬᠡᠯᠲᠦᠷᠢᠭᠦᠯᠬᠦ ᠵᠥᠪᠳᠡᠯᠴᠡᠬᠡᠷ᠎ᠤᠨ ᠵᠥᠪᠳᠡᠯᠴᠡᠭᠡ ᠵᠢ ᠲᠦᠷᠭᠡᠳᠬᠡᠵᠦ᠂ ᠭᠠᠭᠴᠠ ᠲᠠᠯ᠎ᠠ᠎ᠠᠴᠠ ᠸᠢᠰᠠᠯᠠᠬᠤ᠎ᠠᠴᠠ ᠬᠡᠯᠲᠦᠷᠢᠭᠦᠯᠬᠦ ᠤᠯᠤᠰ᠎ᠤᠨ ᠬᠡᠪᠴᠢᠶ᠎ᠡ ᠵᠢ ᠦᠷᠭᠦᠯᠵᠢᠯᠡᠨ ᠯᠠᠪᠳᠠᠭᠤᠨ ᠵᠶ᠋ᠠᠷ ᠥᠷᠭᠡᠳᠬᠡᠨ᠎ᠡ ᠭᠡᠵᠦ ᠲᠣᠳᠣᠷᠬᠠᠶ᠋ᠢᠯᠠᠪᠠ᠃
    ᠰᠢᠨ᠎ᠡ ᠵᠢᠯ ᠡᠬᠢᠯᠡᠮᠡᠭᠴᠡ᠂ ᠨᠡᠬᠡᠬᠡᠯᠳᠡ ᠬᠢᠭᠰᠡᠨ ᠤᠷᠢᠬᠠᠨ ᠰᠠᠯᠬᠢ ᠬᠥᠮᠦᠰ᠎ᠤᠨ ᠰᠡᠳᠬᠢᠯ᠎ᠢ ᠳᠤᠯᠠᠭ᠋ᠠᠴᠠᠭᠤᠯᠵᠤ᠂ ᠭᠠᠳᠠᠭ᠋ᠠᠳᠤ ᠵᠢᠨ ᠠᠷᠠᠯᠵᠢᠶᠠᠴᠢᠨ᠎ᠤ ᠪᠡᠯᠡ ᠣᠷᠣᠭᠤᠯᠤᠭᠰᠠᠨ ᠨᠢᠭᠡ ᠪᠦᠯᠦᠭ ᠲᠦᠷᠦᠯ ᠵᠦᠢ᠍ᠯ  ᠰᠢᠨ᠎ᠡ ᠠᠮᠢᠵᠢᠷᠠᠯ ᠪᠢᠯᠬᠠᠨ᠎ᠠ᠃
    ᠲᠧᠰᠯᠠ ᠵᠢᠨ ᠱᠠᠩᠬᠠᠢ ᠵᠢᠨ ᠡᠨᠧᠷᠭᠢ ᠬᠠᠳᠠᠭ᠋ᠠᠯᠠᠬᠤ ᠲᠡᠰ᠎ᠠᠴᠠ ᠳᠠᠪᠠᠭᠰᠠᠨ ᠦᠢ᠍ᠯᠡᠳᠪᠦᠷᠢ ᠵᠢᠩᠬᠢᠨᠢ᠎ᠪᠠᠷ ᠠᠰᠢᠭᠯᠠᠯᠲᠠ᠎ᠳᠤ ᠣᠷᠣᠵᠤ᠂ ᠤᠯᠤᠰ ᠠᠯᠤᠰᠯᠠᠭᠰᠠᠨ ᠡᠮ ᠦᠢ᠍ᠯᠡᠳᠬᠦ ᠠᠵᠤ ᠠᠬᠤᠶ᠋ᠢᠯᠠᠯ ᠰᠠᠶ᠋ᠢᠨᠤᠹᠸᠢ ᠵᠢᠨ ᠠᠮᠢᠳᠤ ᠪᠣᠳᠠᠰ᠎ᠤᠨ ᠲᠦᠭᠦᠬᠡᠢ ᠮᠠᠲ᠋ᠧᠷᠢᠶᠠᠯ᠎ᠤᠨ ᠡᠮ᠎ᠤᠨ ᠲᠦᠷᠦᠯ ᠵᠦᠢ᠍ᠯ ᠶᠠᠭ ᠪᠡᠭᠡᠵᠢᠩ᠎ᠳᠤ ᠲᠦᠷᠭᠡᠨ ᠠᠬᠢᠵᠤ ᠪᠤᠢ᠂ ᠰᠢᠮᠸᠨ᠋ᠽᠢ ᠡᠮ ᠡᠮᠨᠡᠯᠭᠡ ᠵᠢᠨ ᠴᠣ᠌ ᠰᠢᠨ᠎ᠡ ᠰᠤᠳᠤᠯᠤᠨ ᠨᠡᠭᠡᠭᠡᠵᠦ ᠦᠢ᠍ᠯᠡᠳᠬᠦ ᠰᠠᠭᠤᠷᠢᠨ᠎ᠤ ᠲᠦᠷᠦᠯ ᠵᠦᠢ᠍ᠯ ᠱᠧᠨᠵᠧᠨ᠎ᠳᠤ ᠰᠠᠭᠤᠷᠢ ᠲᠠᠯᠪᠢᠵᠤ ᠪᠠᠶ᠋ᠢᠨ᠎ᠠ᠃
    ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠲᠣᠰ ᠡᠳᠦᠷ᠎ᠤᠨ ᠨᠡᠶ᠋ᠢᠲᠡᠯᠡᠭᠰᠡᠨ ᠲᠣᠭ᠎ᠠ ᠪᠠᠷᠢᠮᠲᠠ᠎ᠳᠤ ᠢᠯᠡᠷᠡᠭᠦᠯᠦᠭᠰᠡᠨ ᠵᠶ᠋ᠠᠷ᠂ 2025 ᠣᠨ᠎ᠤ 1 ᠰᠠᠷ᠎ᠠ᠎ᠳᠤ᠂ ᠮᠠᠨ᠎ᠤ ᠤᠯᠤᠰ᠎ᠤᠨ ᠪᠣᠳᠠᠲᠠᠶ ᠬᠡᠷᠡᠭᠯᠡᠭᠰᠡᠨ ᠭᠠᠳᠠᠭ᠋ᠠᠳᠤ ᠪᠠᠯᠠ 975.9 ᠳ᠋ᠦᠩᠰᠢᠭᠤᠷ ᠲᠥᠭᠥᠷᠢᠭ᠎ᠲᠤ ᠬᠦᠷᠴᠦ᠂ ᠭᠠᠷᠠᠬᠠᠨ ᠬᠠᠷᠢᠴᠠᠯ ᠵᠶ᠋ᠠᠷ 27.5%᠎ᠪᠠᠷ ᠨᠡᠮᠡᠭᠳᠡᠪᠡ᠃ ᠠᠳᠠᠯᠢ ᠬᠤᠭᠤᠴᠠᠭ᠋ᠠᠨ᠎ᠳᠤ᠂ ᠠᠨᠭ᠌ᠭ᠍ᠯᠢ᠂ ᠺᠣᠷᠢᠶᠠ᠂ ᠬᠣᠯᠠᠨᠳ᠋᠂ ᠶᠠᠫᠣᠨ᠎ᠤ ᠳᠤᠮᠳᠠᠳᠤ ᠤᠯᠤᠰ᠎ᠲᠠᠬᠢ ᠪᠣᠳᠠᠲᠠᠶ ᠪᠠᠯᠠ ᠣᠷᠣᠭᠤᠯᠤᠯᠲᠠ ᠲᠣᠰ ᠲᠣᠰ 324.4%᠂ 104.3%᠂ 76.1%᠂ 40.7%᠎ᠪᠠᠷ ᠨᠡᠮᠡᠭᠳᠡᠪᠡ᠃
    2025 ᠣᠨ᠎ᠳᠤ ᠡᠯ᠎ᠡ ᠵᠦᠢ᠍ᠯ᠎ᠤᠨ ᠠᠷᠭ᠎ᠠ ᠬᠡᠮᠵᠢᠶ᠎ᠡ ᠵᠢ ᠪᠣᠳᠠᠲᠠᠢ᠎ᠳᠤ ᠨᠠᠶ᠋ᠢᠳᠠᠪᠤᠷᠢᠵᠢᠭᠤᠯᠤᠨ ᠦᠷ᠎ᠡ ᠪᠦᠲᠦᠮᠵᠢ ᠭᠠᠷᠭ᠋ᠠᠬᠤ ᠵᠢ ᠳᠠᠭ᠋ᠠᠯᠳᠤᠨ᠂ ᠴᠢᠨᠠᠷ ᠰᠠᠶ᠋ᠢᠲᠠᠢ ᠬᠥᠭᠵᠢᠯᠲᠡ ᠵᠢ ᠪᠡᠶᠡᠯᠡᠭᠦᠯᠬᠦ᠎ᠪᠠᠷ ᠬᠦᠴᠦᠯᠡᠨ ᠴᠢᠷᠮᠠᠶ᠋ᠢᠵᠤ᠂ ᠨᠡᠭᠡᠭᠡᠯᠲᠡ ᠬᠢᠵᠦ ᠬᠠᠮᠲᠤᠷᠠᠯᠴᠠᠬᠤ᠎ᠪᠠᠨ ᠪᠠᠲᠤᠳᠬᠠᠭᠰᠠᠨ ᠳᠤᠮᠳᠠᠳᠤ ᠤᠯᠤᠰ ᠯᠠᠪᠲᠠᠢ ᠳᠡᠯᠡᠬᠡᠢ ᠳ᠋ᠠᠬᠢᠨ᠎ᠳᠤ ᠨᠡᠩ ᠤᠯᠠᠨ ᠢᠲᠡᠭᠡᠯ ᠵᠣᠷᠢᠭ ᠪᠠ ᠬᠥᠳᠡᠯᠭᠡᠬᠦ ᠬᠦᠴᠦᠨ ᠨᠡᠮᠡᠷᠢᠯᠡᠵᠦ᠂ ᠨᠡᠩ ᠤᠯᠠᠨ ᠬᠠᠮᠲᠤᠷᠠᠯᠴᠠᠵᠤ ᠬᠠᠮᠲᠤ᠎ᠪᠠᠷ ᠠᠰᠢᠭ ᠬᠦᠷᠲᠡᠬᠦ ᠰᠢᠨ᠎ᠡ ᠠᠵᠠ ᠲᠣᠬᠢᠶᠠᠯ᠎ᠢ ᠠᠪᠴᠢᠷᠠᠬᠤ ᠪᠣᠯᠤᠨ᠎ᠠ᠃

ᠢᠷᠡᠯᠲᠡ᠄ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠤᠯᠤᠰ᠎ᠤᠨ ᠣᠯᠠᠨ ᠨᠡᠶ᠋ᠢᠲᠡ ᠵᠢᠨ ᠲᠣᠭ᠎ᠠ ᠪᠠᠷᠢᠮᠲᠠ ᠵᠢᠨ ᠡᠬᠢ ᠪᠠᠶᠠᠯᠢᠭ᠎ᠢ ᠳᠠᠩᠰᠠᠯᠠᠬᠤ ᠲᠠᠪᠴᠠᠩ᠎ᠢ 3 ᠰᠠᠷ᠎ᠠ ᠵᠢᠨ 1᠎ᠤ ᠡᠳᠦᠷ ᠰᠦᠯᠵᠢᠶᠡᠨ᠎ᠳᠤ ᠭᠠᠷᠭ᠋ᠠᠵᠤ ᠲᠤᠷᠰᠢᠨ ᠠᠵᠢᠯᠯᠠᠭᠤᠯᠤᠨ᠎ᠠ
ᠵᠢᠷᠤᠭᠲᠤ ᠲᠠᠢ᠌ᠯᠤᠮᠵᠢ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠶ᠋ᠢᠲᠡ ᠵᠢᠨ ᠡᠬᠢ ᠪᠠᠶᠠᠯᠢᠭ᠎ᠤᠨ ᠠᠷᠠᠯᠵᠢᠶ᠎ᠠ ᠵᠢᠨ ᠬᠠᠮᠢᠶᠠᠷᠤᠯᠲᠠ ᠵᠢᠨ ᠠᠷᠭ᠎ᠠ ᠵᠢᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
《ᠮᠠᠯ᠎ᠤᠨ ᠠᠰᠢᠭ ᠰᠢᠮ᠎ᠡ ᠲᠠᠷᠢᠶᠠᠯᠠᠩ᠎ᠤᠨ ᠪᠦᠲᠦᠭᠡᠭᠳᠡᠬᠦᠨ᠎ᠢ ᠨᠠᠷᠢᠯᠢᠭ ᠡᠳ᠋ᠰᠢᠭᠦᠯᠬᠦ ᠵᠢ ᠳᠡᠮᠵᠢᠬᠦ ᠲᠤᠬᠠᠶ ᠠᠷᠭ᠎ᠠ ᠬᠡᠮᠵᠢᠶ᠎ᠡ᠎ᠨᠦᠭᠦᠳ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠵᠢᠷᠤᠭᠲᠤ ᠲᠠᠢ᠌ᠯᠤᠮᠵᠢ᠄ ᠦᠪᠦᠷ ᠮᠤᠩᠭᠤᠯ᠎ᠤᠨ ᠦᠪᠡᠷᠳᠡᠭᠡᠨ ᠵᠠᠰᠠᠬᠤ ᠤᠷᠤᠨ᠎ᠤ ᠠᠵᠢᠯ ᠤᠯᠭᠤᠯᠲᠠ ᠵᠢ ᠠᠬᠢᠭᠤᠯᠬᠤ ᠠᠵᠢᠯᠯᠠᠭ᠎ᠠ ᠵᠢᠨ ᠬᠡᠷᠡᠭᠵᠢᠬᠦᠯᠬᠦ ᠲᠦᠰᠦᠪ
《ᠬᠡᠷᠡᠭᠯᠡᠭᠡ ᠵᠢ ᠬᠥᠭᠵᠢᠭᠡᠬᠦ ᠲᠤᠰᠬᠠᠢ ᠠᠵᠢᠯᠯᠠᠭ᠎ᠠ ᠵᠢᠨ ᠲᠥᠰᠦᠯ》᠎ᠤᠨ ᠲᠤᠬᠠᠢ ᠲᠤᠰᠬᠠᠶ ᠮᠡᠷᠭᠡᠵᠢᠯᠲᠡᠨ᠎ᠤ ᠲᠠᠢ᠌ᠯᠤᠮᠵᠢ
 
            