ᠶᠡᠷᠦᠩᠬᠡᠶ ᠱᠦᠵᠢ ᠰᠢ ᠵᠢᠨ ᠫᠢᠩ᠎ᠤᠨ ᠡᠷᠡᠭᠦᠯ ᠡᠩᠬᠡ ᠳᠤᠮᠳᠠᠳᠤ ᠤᠯᠤᠰ᠎ᠤᠨ ᠪᠥᠲᠥᠭᠡᠨ ᠪᠠᠶ᠋ᠢᠭᠤᠯᠤᠯᠲᠠ ᠪᠠ ᠬᠢᠲᠠᠳ ᠡᠮ ᠡᠮᠨᠡᠯᠭᠡ ᠵᠢᠨ ᠠᠵᠢᠯ᠎ᠤᠨ ᠲᠤᠬᠠᠶ ᠴᠢᠬᠤᠯᠠ ᠥᠭᠦᠯᠡᠯᠲᠡ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠬᠢᠲᠠᠳ ᠡᠮ᠎ᠤᠨ ᠶᠠᠰᠤ ᠴᠢᠨᠠᠷ᠎ᠤᠨ ᠳᠡᠭᠡᠭᠰᠢᠯᠡᠯᠲᠡ ᠵᠢ ᠬᠦᠴᠦᠯᠡᠨ ᠠᠬᠢᠭᠤᠯᠵᠤ᠂ ᠬᠢᠲᠠᠳ ᠡᠮ ᠡᠮᠨᠡᠯᠭᠡ ᠵᠢᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠵᠢᠨ ᠲᠥᠯᠥᠭᠡ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ ᠣᠶ᠋ᠢᠷ᠎ᠠ᠎ᠳᠤ 《ᠬᠢᠲᠠᠳ ᠡᠮ᠎ᠤᠨ ᠶᠠᠰᠤ ᠴᠢᠨᠠᠷ᠎ᠢ ᠳᠡᠭᠡᠭᠰᠢᠯᠡᠭᠦᠯᠵᠦ ᠬᠢᠲᠠᠳ ᠡᠮ ᠡᠮᠨᠡᠯᠭᠡ ᠵᠢᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠤᠬᠠᠶ ᠰᠠᠨᠠᠯ》 (ᠳᠣᠷᠣᠭᠰᠢ 《ᠰᠠᠨᠠᠯ》 ᠭᠡᠵᠦ ᠲᠣᠪᠴᠢᠯᠠᠨ᠎ᠠ)᠎ᠢ ᠳᠠᠷᠤᠮᠠᠯᠯᠠᠨ ᠲᠠᠷᠬᠠᠭ᠋ᠠᠪᠠ᠃ ᠡᠳᠦᠭᠡ ᠬᠣᠯᠪᠣᠭᠳᠠᠯ ᠪᠥᠬᠥᠶ ᠠᠭᠤᠯᠭ᠎ᠠ ᠵᠢᠨ ᠲᠤᠬᠠᠶ ᠳᠤᠤᠷᠠᠬᠢ ᠮᠡᠲᠦ ᠲᠠᠶ᠋ᠢᠯᠤᠮᠵᠢ ᠬᠢᠶ᠎ᠠ᠃
ᠨᠢᠭᠡ᠂ 《ᠰᠠᠨᠠᠯ》᠎ᠢ ᠲᠤᠭᠤᠷᠪᠢᠭᠰᠠᠨ ᠠᠬᠤᠶ ᠪᠠᠶ᠋ᠢᠳᠠᠯ
ᠨᠠᠮ᠎ᠤᠨ ᠠᠷᠪᠠᠨ ᠨᠠᠢ᠍ᠮᠠᠳᠤᠭ᠋ᠠᠷ ᠶᠡᠬᠡ ᠬᠤᠷᠠᠯ᠎ᠠᠴᠠ ᠨᠠᠰᠢ᠂ ᠰᠢ ᠵᠢᠨ ᠫᠢᠩ ᠨᠥᠬᠥᠷ ᠵᠶ᠋ᠠᠷ ᠭᠤᠤᠯᠯᠠᠭᠴᠢ ᠪᠤᠯᠭ᠋ᠠᠭᠰᠠᠨ ᠨᠠᠮ᠎ᠤᠨ ᠲᠥᠪ ᠬᠣᠷᠢᠶ᠎ᠠ ᠬᠢᠲᠠᠳ ᠡᠮ ᠡᠮᠨᠡᠯᠭᠡ ᠵᠢᠨ ᠠᠵᠢᠯ᠎ᠢ ᠨᠠᠩ ᠲᠣᠪᠣᠶ᠋ᠢᠮ᠎ᠠ ᠪᠠᠶ᠋ᠢᠷᠢᠨ᠎ᠳᠤ ᠲᠠᠯᠪᠢᠪᠠ᠃ ᠶᠡᠷᠦᠩᠬᠡᠢ ᠱᠦᠵᠢ ᠰᠢ ᠵᠢᠨ ᠫᠢᠩ᠂ ᠬᠢᠲᠠᠳ ᠡᠮ ᠡᠮᠨᠡᠯᠭᠡ ᠵᠢᠨ ᠬᠥᠭᠵᠢᠯᠲᠡ ᠵᠢᠨ ᠵᠢᠮ᠎ᠡ ᠶᠣᠰᠣ ᠵᠢ ᠵᠢᠷᠤᠮᠯᠠᠵᠤ᠂ ᠤᠬᠢ ᠰᠣᠳᠣ ᠵᠢ᠎ᠨᠢ ᠵᠠᠯᠭ᠋ᠠᠮᠵᠢᠯᠠᠵᠤ᠂ ᠲᠥᠪ ᠶᠣᠰᠣ ᠵᠢ ᠪᠠᠷᠢᠮᠲᠠᠯᠠᠨ ᠰᠢᠨ᠎ᠡ ᠵᠢ ᠡᠭᠦᠳᠴᠦ᠂ ᠬᠢᠲᠠᠳ ᠡᠮ ᠡᠮᠨᠡᠯᠭᠡ ᠵᠢᠨ ᠣᠳᠣᠬᠢᠴᠢᠯᠠᠯᠲᠠ᠂ ᠠᠵᠤ ᠦᠢ᠍ᠯᠡᠰᠵᠢᠯᠲᠡ ᠵᠢ ᠲᠦᠷᠭᠡᠳᠬᠡᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶ᠎ᠠ ᠠᠯᠢ ᠣᠯᠠᠨ ᠴᠢᠬᠤᠯᠠ ᠪᠠᠶ᠋ᠢᠷᠢᠯᠠᠭᠤᠯᠤᠯᠲᠠ ᠬᠢᠵᠦ᠂ 《ᠬᠢᠲᠠᠳ ᠡᠮ ᠡᠮᠨᠡᠯᠭᠡ ᠵᠢ ᠤᠯᠠᠮᠵᠢᠯᠠᠨ ᠵᠠᠯᠭ᠋ᠠᠮᠵᠢᠯᠠᠵᠤ ᠰᠢᠨ᠎ᠡ ᠵᠢ ᠡᠭᠦᠳᠦᠨ ᠬᠥᠭᠵᠢᠭᠦᠯᠬᠦ ᠵᠢ ᠠᠬᠢᠭᠤᠯᠬᠤ ᠲᠤᠬᠠᠶ ᠰᠠᠨᠠᠯ》᠎ᠢ ᠳᠠᠷᠤᠮᠠᠯᠯᠠᠨ ᠲᠠᠷᠬᠠᠭ᠋ᠠᠵᠤ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ ᠤᠷᠢᠳ ᠬᠣᠵᠢᠳ 《ᠬᠢᠲᠠᠳ ᠡᠮ ᠡᠮᠨᠡᠯᠭᠡ ᠵᠢᠨ ᠤᠨᠴᠠᠯᠢᠬᠳᠤ ᠬᠥᠭᠵᠢᠯᠲᠡ ᠵᠢ ᠲᠦᠷᠭᠡᠳᠬᠡᠬᠦ ᠲᠤᠬᠠᠶ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ᠎ᠨᠦᠭᠦᠳ》 《〈ᠠᠷᠪᠠᠨ ᠳᠥᠷᠪᠡᠳᠦᠭᠡᠷ ᠲᠠᠪᠤᠨ ᠵᠢᠯ〉᠎ᠤᠨ ᠬᠢᠲᠠᠳ ᠡᠮ ᠡᠮᠨᠡᠯᠭᠡ ᠵᠢᠨ ᠬᠥᠭᠵᠢᠯᠲᠡ ᠵᠢᠨ ᠲᠥᠯᠥᠪᠵᠢᠭᠦᠯᠭᠡ》 ᠪᠣᠯᠤᠨ 《ᠬᠢᠲᠠᠳ ᠡᠮ ᠡᠮᠨᠡᠯᠭᠡ ᠵᠢ ᠬᠥᠭᠵᠢᠭᠦᠯᠦᠨ ᠮᠠᠨᠳᠤᠭᠤᠯᠬᠤ ᠴᠢᠬᠤᠯᠠ ᠶᠡᠬᠡ ᠢᠨᠵᠧᠨᠧᠷᠢᠩ᠎ᠤᠨ ᠬᠡᠷᠡᠭᠵᠢᠭᠦᠯᠬᠦ ᠲᠥᠰᠦᠯ》᠎ᠢ ᠳᠠᠷᠤᠮᠠᠯᠯᠠᠨ ᠲᠠᠷᠬᠠᠭ᠋ᠠᠪᠠ᠃ ᠨᠠᠮ᠎ᠤᠨ ᠲᠥᠪ ᠬᠤᠷᠢᠶ᠎ᠠ᠂ ᠲᠦᠷᠦ ᠵᠢᠨ ᠶᠠᠪᠤᠳᠠᠯ᠎ᠤᠨ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠣᠣᠷ᠎ᠠ᠂ ᠬᠢᠲᠠᠳ ᠡᠮ ᠡᠮᠨᠡᠯᠭᠡ ᠵᠢᠨ ᠠᠵᠤ ᠦᠢ᠍ᠯᠡᠰ᠎ᠤᠨ ᠬᠡᠪᠴᠢᠶ᠎ᠡ ᠲᠠᠰᠤᠷᠠᠯᠲᠠ ᠦᠭᠡᠢ ᠥᠷᠭᠡᠳᠴᠦ᠂ ᠪᠦᠲᠦᠴᠡ ᠪᠠᠶ᠋ᠢᠷᠢᠰᠢᠯ ᠦᠷᠭᠦᠯᠵᠢᠯᠡᠨ ᠰᠢᠯᠢᠳᠡᠭᠵᠢᠵᠦ᠂ ᠳᠠᠪᠠᠭᠤᠯᠢᠭ ᠵᠶ᠋ᠠᠨ ᠲᠥᠪᠯᠡᠷᠡᠭᠦᠯᠬᠦ ᠪᠠᠶ᠋ᠢᠳᠠᠯ ᠠᠯᠬᠤᠮ ᠠᠯᠬᠤᠮ ᠵᠶ᠋ᠠᠷ ᠢᠯᠡᠷᠡᠵᠦ᠂ ᠨᠢᠭᠡᠨᠲᠡ ᠮᠠᠨ᠎ᠤ ᠤᠯᠤᠰ᠎ᠤᠨ ᠡᠮ ᠡᠮᠨᠡᠯᠭᠡ ᠵᠢᠨ ᠠᠵᠤ ᠦᠢ᠍ᠯᠡᠰ᠎ᠤᠨ ᠴᠢᠬᠤᠯᠠ ᠪᠦᠷᠢᠯᠳᠦᠬᠦᠨ ᠬᠡᠰᠡᠭ ᠪᠤᠯᠵᠤ᠂ ᠡᠷᠡᠭᠦᠯ ᠡᠩᠬᠡ ᠳᠤᠮᠳᠠᠳᠤ ᠤᠯᠤᠰ᠎ᠤᠨ ᠪᠦᠲᠦᠭᠡᠨ ᠪᠠᠶ᠋ᠢᠭᠤᠯᠤᠯᠲᠠ ᠪᠠ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢ ᠬᠦᠴᠦᠲᠡᠢ ᠠᠬᠢᠭᠤᠯᠪᠠ᠃
ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ 《ᠲᠣᠭᠲᠠᠭ᠋ᠠᠯ》᠎ᠳᠤ ᠬᠢᠲᠠᠳ ᠡᠮ ᠡᠮᠨᠡᠯᠭᠡ ᠵᠢ ᠤᠯᠠᠮᠵᠢᠯᠠᠨ ᠵᠠᠯᠭ᠋ᠠᠮᠵᠢᠯᠠᠵᠤ ᠰᠢᠨ᠎ᠡ ᠵᠢ ᠡᠭᠦᠳᠦᠨ ᠬᠥᠭᠵᠢᠭᠦᠯᠬᠦ ᠲᠣᠭᠲᠠᠴᠠ ᠵᠢ ᠲᠡᠭᠦᠯᠳᠡᠷᠵᠢᠭᠦᠯᠬᠦ ᠲᠤᠬᠠᠶ ᠴᠢᠬᠤᠯᠠ ᠪᠠᠶ᠋ᠢᠷᠢᠯᠠᠭᠤᠯᠤᠯᠲᠠ ᠬᠢᠵᠦ᠂ ᠡᠨᠡ ᠵᠢᠯ᠎ᠤᠨ 《ᠵᠠᠰᠠᠭ᠎ᠤᠨ ᠣᠷᠳᠣᠨ᠎ᠤ ᠠᠵᠢᠯ᠎ᠤᠨ ᠢᠯᠡᠳᠬᠡᠯ》᠎ᠳᠤ ᠬᠢᠲᠠᠳ ᠡᠮ ᠡᠮᠨᠡᠯᠭᠡ ᠵᠢ ᠤᠯᠠᠮᠵᠢᠯᠠᠨ ᠵᠠᠯᠭ᠋ᠠᠮᠵᠢᠯᠠᠵᠤ ᠰᠢᠨ᠎ᠡ ᠵᠢ ᠡᠭᠦᠳᠦᠨ ᠬᠥᠭᠵᠢᠭᠦᠯᠬᠦ ᠲᠣᠭᠲᠠᠴᠠ ᠵᠢ ᠲᠡᠭᠦᠯᠳᠡᠷᠵᠢᠭᠦᠯᠵᠦ᠂ ᠬᠢᠲᠠᠳ ᠡᠮ ᠡᠮᠨᠡᠯᠭᠡ ᠵᠢᠨ ᠦᠢ᠍ᠯᠡᠰ ᠪᠠ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠤᠨ᠎ᠠ ᠭᠡᠵᠦ ᠳᠤᠷᠠᠳᠴᠠᠶ᠃ ᠨᠠᠮ᠎ᠤᠨ ᠲᠥᠪ ᠬᠣᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠳᠦ ᠪᠣᠳᠣᠯᠭ᠎ᠠ ᠪᠠᠶ᠋ᠢᠷᠢᠯᠠᠭᠤᠯᠤᠯᠲᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠬᠤ ᠵᠢᠨ ᠲᠥᠯᠥᠭᠡ᠂ 《ᠰᠠᠨᠠᠯ》᠎ᠳᠤ ᠠᠯᠢ ᠣᠯᠠᠨ ᠲᠥᠷᠥ ᠵᠢᠨ ᠪᠣᠳᠣᠯᠭ᠎ᠠ ᠠᠷᠭ᠎ᠠ ᠬᠡᠮᠵᠢᠶ᠎ᠡ ᠵᠢ ᠳᠤᠷᠠᠳᠴᠤ᠂ ᠬᠢᠲᠠᠳ ᠡᠮ᠎ᠤᠨ ᠶᠠᠰᠤ ᠴᠢᠨᠠᠷ᠎ᠢ ᠳᠡᠭᠡᠭᠰᠢᠯᠡᠭᠦᠯᠬᠦ᠎ᠪᠠᠷ ᠰᠠᠭᠤᠷᠢ ᠪᠣᠯᠭ᠋ᠠᠨ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠰᠢᠨ᠎ᠡ ᠵᠢ ᠡᠭᠦᠳᠬᠦ᠎ᠪᠠᠷ ᠲᠤᠯᠭ᠋ᠠᠭᠤᠷᠢᠯᠠᠯ ᠪᠣᠯᠭ᠋ᠠᠵᠤ᠂ ᠪᠠᠶ᠋ᠢᠭᠤᠯᠤᠮᠵᠢ ᠲᠣᠭᠲᠠᠴᠠ ᠵᠢᠨ ᠥᠭᠡᠷᠡᠴᠢᠯᠡᠯᠲᠡ᠎ᠪᠠᠷ ᠪᠠᠲᠤᠯᠠᠭ᠎ᠠ ᠪᠣᠯᠭ᠋ᠠᠵᠤ᠂ ᠤᠯᠠᠮᠵᠢᠯᠠᠨ ᠵᠠᠯᠭ᠋ᠠᠮᠵᠢᠯᠠᠵᠤ ᠰᠢᠨ᠎ᠡ ᠵᠢ ᠡᠭᠦᠳᠬᠦ ᠵᠢ ᠵᠡᠷᠭᠡ᠎ᠪᠠᠷ ᠴᠢᠬᠤᠯᠠᠴᠢᠯᠠᠭᠰᠠᠨ᠂ ᠪᠠᠶ᠋ᠢᠷᠢᠰᠢᠭᠤᠯᠤᠯᠲᠠ ᠪᠦᠲᠦᠴᠡ᠎ᠨᠢ ᠵᠦᠶ ᠵᠣᠬᠢᠰᠲᠠᠶ᠂ ᠲᠣᠨᠣᠭ ᠲᠥᠬᠥᠭᠡᠷᠦᠮᠵᠢ ᠦᠢ᠍ᠯᠡᠳᠬᠦᠨ᠎ᠢ ᠲᠡᠷᠢᠭᠦᠨ᠎ᠤ᠂ ᠶᠠᠰᠤ ᠴᠢᠨᠠᠷ ᠠᠮᠤᠷ ᠲᠦᠪᠰᠢᠨ ᠨᠠᠶ᠋ᠢᠳᠠᠪᠤᠷᠢᠲᠠᠶ᠂ ᠥᠷᠢᠰᠥᠯᠳᠦᠬᠦ ᠴᠢᠳᠠᠪᠤᠷᠢ ᠴᠢᠩᠭ᠎ᠠ ᠬᠢᠲᠠᠳ ᠡᠮ ᠡᠮᠨᠡᠯᠭᠡ ᠵᠢᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢᠨ ᠪᠠᠶ᠋ᠢᠷᠢᠰᠢᠯ᠎ᠢ ᠪᠦᠷᠢᠯᠳᠦᠭᠦᠯᠬᠦ ᠵᠢ ᠠᠬᠢᠭᠤᠯᠵᠤ᠂ ᠠᠷᠠᠳ ᠲᠦᠮᠡᠨ᠎ᠤ ᠡᠷᠡᠭᠦᠯ ᠮᠡᠨᠳᠦ ᠠᠵᠠ ᠵᠢᠷᠭ᠋ᠠᠯ᠎ᠢ ᠨᠡᠮᠡᠭᠳᠡᠬᠦᠯᠬᠦ ᠪᠠ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ᠎ᠳᠤ ᠨᠠᠩ ᠰᠠᠶ᠋ᠢᠲᠤᠷ ᠦᠢ᠍ᠯᠡᠴᠢᠯᠡᠪᠡ᠃
ᠬᠣᠶᠠᠷ᠂ 《ᠰᠠᠨᠠᠯ》᠎ᠤᠨ ᠶᠡᠷᠦᠩᠬᠡᠶ ᠪᠣᠳᠣᠯᠬᠢᠯᠠᠯ ᠪᠠ ᠭᠤᠤᠯ ᠠᠭᠤᠯᠭ᠎ᠠ
《ᠰᠠᠨᠠᠯ》᠎ᠳᠤ ᠬᠢᠲᠠᠳ ᠡᠮ᠎ᠤᠨ ᠶᠠᠰᠤ ᠴᠢᠨᠠᠷ᠎ᠢ ᠳᠡᠭᠡᠭᠰᠢᠯᠡᠭᠦᠯᠬᠦ᠂ ᠬᠢᠲᠠᠳ ᠡᠮ ᠡᠮᠨᠡᠯᠭᠡ ᠵᠢᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ᠎ᠳᠤ ᠦᠵᠦ ᠲᠥᠯᠥᠪᠯᠡᠭᠡ ᠬᠢᠵᠦ᠂ ᠪᠥᠬᠥ ᠠᠵᠤ ᠦᠢ᠍ᠯᠡᠰ᠎ᠤᠨ ᠬᠡᠯᠬᠢᠶ᠎ᠡ ᠵᠢᠨ ᠵᠠᠩᠭᠢᠯᠠᠭ᠎ᠠ ᠵᠢᠨ ᠭᠣᠭᠴᠣᠭ᠎ᠠ᠎ᠠᠴᠠ ᠭᠠᠷᠳᠠᠵᠤ᠂ ᠠᠰᠠᠭᠤᠳᠠᠯ ᠵᠶ᠋ᠠᠷ ᠤᠳᠤᠷᠢᠳᠤᠮᠵᠢ ᠪᠣᠯᠭ᠋ᠠᠬᠤ ᠪᠠ ᠬᠠᠷᠠᠯᠲᠠ᠎ᠪᠠᠷ ᠤᠳᠤᠷᠢᠳᠤᠮᠵᠢ ᠪᠣᠯᠭ᠋ᠠᠬᠤ ᠵᠢ ᠤᠶᠠᠯᠳᠤᠭᠤᠯᠬᠤ ᠵᠢ ᠪᠠᠷᠢᠮᠲᠠᠯᠠᠵᠤ᠂ ᠠᠷᠠᠳ ᠣᠯᠠᠨ᠎ᠤ ᠡᠷᠡᠭᠦᠯ ᠮᠡᠨᠳᠦ ᠵᠢᠨ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠬᠤ᠂ ᠣᠳᠣᠬᠢᠴᠢᠯᠠᠭᠰᠠᠨ ᠬᠢᠲᠠᠳ ᠡᠮ ᠡᠮᠨᠡᠯᠭᠡ ᠵᠢᠨ ᠠᠵᠤ ᠦᠢ᠍ᠯᠡᠰ᠎ᠤᠨ ᠰᠢᠰᠲ᠋ᠧᠮ᠎ᠢ ᠪᠠᠶ᠋ᠢᠭᠤᠯᠬᠤ ᠲᠣᠭᠣᠷᠢᠨ᠎ᠳᠤ᠂ ᠨᠢᠭᠡ ᠪᠦᠯᠦᠭ ᠴᠢᠬᠤᠯᠠ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ᠂ ᠴᠢᠬᠤᠯᠠ ᠶᠡᠬᠡ ᠲᠦᠷᠢᠮ ᠲᠣᠭᠲᠠᠴᠠ᠂ ᠭᠤᠤᠯᠳᠠᠯᠭ᠎ᠠ᠎ᠲᠠᠢ ᠠᠵᠢᠯ᠎ᠤᠨ ᠡᠭᠦᠷᠭᠡ ᠵᠢ ᠰᠢᠰᠲ᠋ᠧᠮ᠎ᠲᠠᠢ ᠲᠥᠯᠥᠪᠵᠢᠭᠦᠯᠪᠡ᠃
《ᠰᠠᠨᠠᠯ》᠎ᠨᠢ ᠨᠡᠶ᠋ᠢᠲᠡ ᠭᠤᠷᠪᠠᠨ ᠬᠡᠰᠡᠭ 21 ᠵᠤᠷᠪᠤᠰ᠎ᠲᠠᠢ᠃ ᠨᠢᠭᠡ᠎ᠳᠤ ᠶᠡᠷᠦᠩᠬᠡᠶ ᠱᠠᠭ᠋ᠠᠷᠳᠠᠯᠭ᠎ᠠ᠂ ᠬᠢᠲᠠᠳ ᠡᠮ ᠡᠮᠨᠡᠯᠭᠡ ᠵᠢᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠵᠢᠯᠣᠭᠣᠳᠬᠤ ᠦᠵᠡᠯ ᠰᠠᠨᠠᠭ᠎ᠠ᠂ ᠶᠡᠷᠦᠩᠬᠡᠶ ᠰᠡᠳᠬᠢᠮᠵᠢ ᠵᠡᠷᠭᠡ ᠠᠭᠤᠯᠭ᠎ᠠ ᠵᠢ ᠲᠣᠳᠣᠷᠬᠠᠶ᠋ᠢᠯᠠᠨ ᠥᠭᠦᠯᠡᠪᠡ᠃ ᠬᠣᠶᠠᠷ᠎ᠲᠤ ᠭᠣᠣᠯ
ᠡᠭᠦᠷᠭᠡ᠂ ᠬᠢᠲᠠᠳ ᠡᠮ᠎ᠤᠨ ᠡᠬᠢ ᠪᠠᠶᠠᠯᠢᠭ᠎ᠢ ᠬᠠᠮᠠᠭ᠋ᠠᠯᠠᠬᠤ ᠡᠷᠴᠢᠮ᠎ᠢ ᠴᠢᠩᠭ᠋ᠠᠷᠠᠭᠤᠯᠬᠤ᠂ ᠬᠣᠪᠣᠷ ᠴᠤᠬᠠᠭ ᠬᠢᠲᠠᠳ ᠡᠮ᠎ᠤᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠵᠢ ᠵᠢᠷᠤᠮᠵᠢᠭᠤᠯᠬᠤ᠂ ᠬᠢᠲᠠᠳ ᠡᠮ᠎ᠤᠨ ᠡᠬᠢ ᠪᠠᠶᠠᠯᠢᠭ᠎ᠢ ᠪᠦᠷᠢᠳᠬᠡᠨ ᠬᠢᠨᠠᠨ ᠬᠡᠮᠵᠢᠬᠦ ᠵᠢ ᠠᠬᠢᠭᠤᠯᠬᠤ᠂ ᠬᠢᠲᠠᠳ ᠡᠮ᠎ᠤᠨ ᠮᠠᠲ᠋ᠧᠷᠢᠶᠠᠯ᠎ᠤᠨ ᠣᠳᠣ ᠦᠶ᠎ᠡ ᠵᠢᠨ ᠦᠷ᠎ᠡ ᠵᠢᠨ ᠦᠢ᠍ᠯᠡᠰ᠎ᠢ ᠬᠦᠭᠵᠢᠬᠦᠯᠬᠦ᠂ ᠬᠢᠲᠠᠳ ᠡᠮ᠎ᠤᠨ ᠮᠠᠲ᠋ᠧᠷᠢᠶᠠᠯ᠎ᠤᠨ ᠠᠮᠢ ᠠᠬᠤᠢ ᠵᠢᠨ ᠲᠠᠷᠢᠵᠤ ᠲᠡᠵᠢᠭᠡᠬᠦ ᠵᠢ
ᠠᠬᠢᠭᠤᠯᠬᠤ᠂ ᠬᠢᠲᠠᠳ ᠡᠮ᠎ᠤᠨ ᠮᠠᠲ᠋ᠧᠷᠢᠶᠠᠯ᠎ᠤᠨ ᠭᠦᠢ᠍ᠯᠭᠡᠭᠡ ᠪᠠ ᠨᠥᠭᠡᠴᠡᠯᠡᠬᠦ ᠰᠢᠰᠲ᠋ᠧᠮ᠎ᠤᠨ ᠪᠠᠶ᠋ᠢᠭᠤᠯᠤᠯᠲᠠ ᠵᠢ ᠴᠢᠩᠭ᠋ᠠᠳᠬᠠᠬᠤ᠂ ᠠᠵᠤ ᠦᠢ᠍ᠯᠡᠰ᠎ᠤᠨ ᠪᠦᠲᠦᠴᠡ ᠵᠢᠨ ᠪᠠᠶ᠋ᠢᠷᠢᠰᠢᠭᠤᠯᠤᠯᠲᠠ ᠵᠢ ᠰᠢᠯᠢᠳᠡᠭᠵᠢᠬᠦᠯᠬᠦ᠂ ᠬᠢᠲᠠᠳ ᠡᠮ ᠦᠢ᠍ᠯᠡᠳᠬᠦ ᠶᠠᠰᠤ ᠴᠢᠨᠠᠷ᠎ᠢ ᠳᠡᠭᠡᠭᠰᠢᠯᠡᠬᠦᠯᠬᠦ᠂ ᠨᠡᠷᠡᠲᠦ ᠰᠢᠯᠢᠳᠡᠭ ᠬᠢᠲᠠᠳ ᠡᠮ᠎ᠤᠨ ᠲᠥᠷᠥᠯ᠎ᠢ ᠪᠤᠢ᠌ᠵᠢᠭᠤᠯᠬᠤ᠂ ᠬᠢᠲᠠᠳ ᠡᠮ᠎ᠤᠨ ᠨᠠᠷᠠᠲᠤ ᠲᠡᠮᠳᠡᠭ᠎ᠢ ᠪᠣᠶ ᠪᠤᠯᠭ᠋ᠠᠬᠤ᠂ ᠡᠮᠴᠢᠯᠡᠭᠡᠨ᠎ᠤ ᠦᠨ᠎ᠡ ᠥᠷᠲᠡᠭ᠎ᠢ ᠦᠨᠡᠯᠡᠨ ᠵᠢᠱ᠌ᠢᠬᠦ ᠵᠢ ᠴᠢᠩᠭ᠋ᠠᠷᠠᠭᠤᠯᠬᠤ᠂ ᠬᠢᠲᠠᠳ ᠡᠮ᠎ᠤᠨ ᠲᠣᠬᠢᠷᠠᠭᠤᠯᠤᠯᠲᠠ ᠬᠡᠷᠡᠭᠯᠡᠯᠲᠡ ᠵᠢ ᠴᠢᠩᠭ᠋ᠠᠳᠬᠠᠬᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠳᠡᠭᠡᠭᠰᠢᠯᠡᠬᠦᠯᠬᠦ᠂ ᠬᠢᠲᠠᠳ ᠡᠮ᠎ᠤᠨ ᠰᠢᠨ᠎ᠡ ᠵᠢ ᠡᠭᠦᠳᠴᠦ ᠰᠤᠳᠤᠯᠤᠨ ᠨᠡᠭᠡᠭᠡᠬᠦ ᠵᠢ ᠴᠢᠩᠭ᠋ᠠᠳᠬᠠᠬᠤ᠂ ᠬᠢᠲᠠᠳ ᠡᠮ᠎ᠤᠨ ᠪᠠᠷᠢᠮᠵᠢᠶ᠎ᠠ ᠵᠢᠨ ᠰᠢᠰᠲ᠋ᠧᠮ᠎ᠢ ᠲᠡᠭᠦᠯᠳᠡᠷᠵᠢᠬᠦᠯᠬᠦ᠂ ᠬᠢᠲᠠᠳ ᠡᠮ᠎ᠤᠨ ᠬᠢᠨᠠᠯᠲᠠ ᠬᠠᠮᠢᠶᠠᠷᠤᠯᠲᠠ ᠵᠢᠨ ᠰᠢᠰᠲ᠋ᠧᠮ᠎ᠢ ᠲᠡᠭᠦᠯᠳᠡᠷᠵᠢᠬᠦᠯᠬᠦ᠂ ᠨᠠᠩ ᠥᠨᠳᠥᠷ ᠲᠦᠪᠰᠢᠨ ᠪᠦᠬᠦᠢ ᠨᠡᠭᠡᠭᠡᠯᠲᠡ ᠵᠢ ᠠᠬᠢᠭᠤᠯᠬᠤ᠂ ᠠᠵᠤ ᠦᠢ᠍ᠯᠡᠰ᠎ᠤᠨ ᠬᠥᠭᠵᠢᠯᠲᠡ ᠵᠢᠨ ᠠᠮᠤᠷ ᠲᠦᠪᠰᠢᠨ᠎ᠢ ᠬᠠᠮᠠᠭ᠋ᠠᠯᠠᠬᠤ ᠵᠡᠷᠭᠡ ᠲᠠᠯ᠎ᠠ᠎ᠪᠠᠷ ᠲᠤᠰ ᠲᠤᠰ ᠪᠠᠶ᠋ᠢᠷᠢᠯᠠᠭᠤᠯᠤᠯᠲᠠ ᠬᠢᠵᠦ᠂ ᠥᠭᠡᠷᠡᠴᠢᠯᠡᠯᠲᠡ ᠵᠢᠨ ᠠᠷᠭ᠎ᠠ ᠬᠡᠮᠵᠢᠶ᠎ᠡ ᠳᠤᠷᠠᠳᠴᠠᠢ᠃ ᠭᠤᠷᠪᠠ᠎ᠳᠤ ᠪᠠᠲᠤᠯᠠᠭ᠎ᠠ ᠵᠢᠨ ᠠᠷᠭ᠎ᠠ ᠬᠡᠮᠵᠢᠶ᠎ᠡ᠂ ᠨᠢᠭᠡᠳᠦᠯᠲᠡᠢ ᠲᠥᠯᠥᠪᠵᠢᠭᠦᠯᠦᠨ ᠤᠳᠤᠷᠢᠳᠬᠤ ᠵᠢ
ᠴᠢᠩᠭ᠋ᠠᠳᠬᠠᠬᠤ᠂ ᠴᠢᠳᠠᠪᠤᠷᠢᠲᠠᠨ᠎ᠤ ᠡᠩᠨᠡᠭᠡ ᠵᠢᠨ ᠪᠠᠶ᠋ᠢᠭᠤᠯᠤᠯᠲᠠ ᠵᠢ ᠠᠬᠢᠭᠤᠯᠬᠤ᠂ ᠪᠡᠯᠡ ᠮᠥᠩᠭᠥᠨ᠎ᠤ ᠳᠡᠮᠵᠢᠯᠭᠡ ᠵᠢ ᠴᠢᠩᠭ᠋ᠠᠳᠬᠠᠬᠤ ᠵᠡᠷᠭᠡ ᠲᠣᠭᠣᠷᠢᠨ᠎ᠳᠤ ᠪᠠᠶ᠋ᠢᠷᠢᠯᠠᠭᠤᠯᠤᠯᠲᠠ ᠬᠢᠪᠡ᠃
ᠭᠤᠷᠪᠠ᠂ ᠬᠢᠲᠠᠳ ᠡᠮ᠎ᠤᠨ ᠡᠬᠢ ᠪᠠᠶᠠᠯᠢᠭ᠎ᠢ ᠬᠠᠮᠠᠭ᠋ᠠᠯᠠᠨ ᠠᠰᠢᠭᠯᠠᠬᠤ ᠵᠢ ᠴᠢᠩᠭ᠋ᠠᠳᠬᠠᠬᠤ ᠲᠠᠯ᠎ᠠ᠎ᠪᠠᠷ ᠶᠠᠮᠠᠷ ᠶᠠᠮᠠᠷ ᠭᠤᠤᠯᠳᠠᠯᠭ᠎ᠠ᠎ᠲᠠᠢ ᠠᠷᠭ᠎ᠠ ᠬᠡᠮᠵᠢᠶ᠎ᠡ ᠪᠠᠶ᠋ᠢᠬᠤ ᠪᠣᠶ?
ᠬᠢᠲᠠᠳ ᠡᠮ᠎ᠤᠨ ᠡᠬᠢ ᠪᠠᠶᠠᠯᠢᠭ ᠪᠣᠯ ᠬᠢᠲᠠᠳ ᠡᠮ ᠡᠮᠨᠡᠯᠭᠡ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠴᠢᠬᠤᠯᠠ ᠪᠣᠳᠠᠰ᠎ᠤᠨ ᠰᠠᠭᠤᠷᠢ ᠮᠥᠨ᠃ ᠣᠶ᠋ᠢᠷ᠎ᠠ ᠵᠢᠨ ᠵᠢᠯ᠎ᠤᠳ᠎ᠲᠤ᠂ ᠬᠢᠲᠠᠳ ᠡᠮ ᠡᠮᠨᠡᠯᠭᠡ ᠵᠢᠨ ᠠᠵᠤ ᠦᠢ᠍ᠯᠡᠰ᠎ᠤᠨ ᠲᠦᠷᠭᠡᠨ ᠬᠥᠭᠵᠢᠯᠲᠡ ᠵᠢ ᠳᠠᠭ᠋ᠠᠯᠳᠤᠨ᠂ ᠬᠢᠲᠠᠳ ᠡᠮ᠎ᠤᠨ ᠡᠬᠢ ᠪᠠᠶᠠᠯᠢᠭ᠎ᠤᠨ ᠬᠡᠷᠡᠭᠴᠡᠭᠡᠨ᠎ᠤ ᠬᠡᠮᠵᠢᠶ᠎ᠡ ᠡᠳᠦᠷ ᠢᠷᠡᠬᠦᠶ᠎ᠡ ᠨᠡᠮᠡᠭᠳᠡᠵᠦ᠂ ᠪᠦᠲᠦᠮᠵᠢᠲᠡᠶ ᠠᠷᠭ᠎ᠠ ᠬᠡᠮᠵᠢᠶ᠎ᠡ ᠠᠪᠴᠤ ᠪᠠᠶ᠋ᠢᠭ᠋ᠠᠳ ᠬᠢᠲᠠᠳ ᠡᠮ᠎ᠤᠨ ᠡᠬᠢ ᠪᠠᠶᠠᠯᠢᠭ᠎ᠢ ᠦᠷᠭᠦᠯᠵᠢᠯᠡᠨ ᠠᠰᠢᠭᠯᠠᠬᠤ ᠵᠢ ᠪᠠᠲᠤᠯᠠᠬᠤ᠎ᠨᠢ ᠪᠣᠳᠠᠲᠤ ᠲᠤᠯᠭ᠋ᠠᠮ᠎ᠠ ᠴᠢᠨᠠᠷ ᠪᠣᠯᠤᠨ ᠠᠯᠤᠰ ᠬᠡᠳᠦ ᠵᠢᠨ ᠲᠡᠦᠬᠡᠲᠦ ᠠᠴᠢ ᠬᠣᠯᠪᠣᠭᠳᠠᠯ᠎ᠲᠠᠢ ᠶᠤᠮ᠃ 《ᠰᠠᠨᠠᠯ》᠎ᠳᠤ ᠬᠢᠲᠠᠳ ᠡᠮ᠎ᠤᠨ ᠡᠬᠢ ᠪᠠᠶᠠᠯᠢᠭ᠎ᠢ ᠬᠠᠮᠠᠭ᠋ᠠᠯᠠᠬᠤ ᠡᠷᠴᠢᠮ᠎ᠢ ᠴᠢᠩᠭ᠋ᠠᠷᠠᠭᠤᠯᠬᠤ᠂ ᠬᠣᠪᠣᠷ ᠴᠤᠬᠠᠭ ᠬᠢᠲᠠᠳ ᠡᠮ᠎ᠤᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠵᠢ ᠵᠢᠷᠤᠮᠵᠢᠭᠤᠯᠬᠤ᠂ ᠬᠢᠲᠠᠳ ᠡᠮ᠎ᠤᠨ ᠡᠬᠢ ᠪᠠᠶᠠᠯᠢᠭ᠎ᠢ ᠪᠦᠷᠢᠳᠬᠡᠵᠦ ᠬᠢᠨᠠᠨ ᠬᠡᠮᠵᠢᠬᠦ ᠵᠢ ᠠᠬᠢᠭᠤᠯᠬᠤ ᠵᠡᠷᠭᠡ ᠲᠠᠯ᠎ᠠ᠎ᠪᠠᠷ ᠬᠠᠮᠢᠶ᠎ᠠ ᠪᠥᠬᠥᠶ ᠠᠷᠭ᠎ᠠ ᠬᠡᠮᠵᠢᠶ᠎ᠡ ᠳᠤᠷᠠᠳᠴᠤ᠂ ᠬᠢᠲᠠᠳ ᠡᠮ᠎ᠤᠨ ᠡᠬᠢ ᠪᠠᠶᠠᠯᠢᠭ᠎ᠢ ᠦᠷᠭᠦᠯᠵᠢᠯᠡᠨ ᠠᠰᠢᠭᠯᠠᠬᠤ ᠵᠢ ᠠᠬᠢᠭᠤᠯᠪᠠ᠃
ᠨᠢᠭᠡ᠎ᠳᠤ᠂ ᠬᠢᠲᠠᠳ ᠡᠮ᠎ᠤᠨ ᠡᠬᠢ ᠪᠠᠶᠠᠯᠢᠭ᠎ᠢ ᠬᠠᠮᠠᠭ᠋ᠠᠯᠠᠬᠤ ᠲᠠᠯ᠎ᠠ᠎ᠪᠠᠷ᠂ ᠬᠢᠲᠠᠳ ᠡᠮ᠎ᠤᠨ ᠡᠬᠢ ᠪᠠᠶᠠᠯᠢᠭ᠎ᠢ ᠬᠠᠮᠠᠭ᠋ᠠᠯᠠᠬᠤ ᠪᠠ ᠬᠥᠭᠵᠢᠭᠦᠯᠬᠦ ᠲᠥᠯᠥᠪᠵᠢᠭᠦᠯᠭᠡ ᠵᠢ ᠨᠠᠶ᠋ᠢᠷᠠᠭᠤᠯᠤᠨ ᠵᠣᠬᠢᠶᠠᠵᠤ᠂ 《ᠬᠡᠭᠡᠷ᠎ᠡ ᠵᠢᠨ ᠡᠮ᠎ᠤᠨ ᠮᠠᠲ᠋ᠧᠷᠢᠶᠠᠯ᠎ᠤᠨ ᠡᠬᠢ ᠪᠠᠶᠠᠯᠢᠭ᠎ᠢ ᠬᠠᠮᠠᠭ᠋ᠠᠯᠠᠬᠤ ᠬᠠᠮᠢᠶᠠᠷᠤᠯᠲᠠ ᠵᠢᠨ ᠲᠦᠷᠢᠮ》 ᠵᠡᠷᠭᠡ ᠵᠢ ᠰᠤᠳᠤᠯᠤᠨ ᠵᠠᠰᠠᠪᠤᠷᠢ ᠣᠷᠣᠭᠤᠯᠵᠤ᠂ ᠬᠢᠲᠠᠳ ᠡᠮ᠎ᠤᠨ ᠡᠬᠢ ᠪᠠᠶᠠᠯᠢᠭ᠎ᠢ ᠬᠠᠮᠠᠭ᠋ᠠᠯᠠᠬᠤ ᠦᠵᠦ ᠲᠥᠯᠥᠪᠯᠡᠭᠡ ᠪᠠ ᠲᠦᠷᠢᠮ᠎ᠤᠨ ᠪᠠᠲᠤᠯᠠᠭ᠎ᠠ ᠵᠢ ᠴᠢᠩᠭ᠋ᠠᠳᠬᠠᠨ᠎ᠠ᠃ ᠡᠮ᠎ᠳᠤ ᠬᠡᠷᠡᠭᠯᠡᠬᠦ ᠬᠡᠭᠡᠷ᠎ᠡ ᠵᠢᠨ ᠠᠮᠢᠲᠠᠨ ᠤᠷᠭᠤᠮᠠᠯ᠎ᠤᠨ ᠳᠦᠷᠰᠦ ᠵᠢ ᠲᠤᠬᠠᠶ ᠵᠢᠨ ᠭᠠᠵᠠᠷ᠎ᠲᠤᠨᠢ ᠪᠠ ᠨᠡᠭᠦᠯᠭᠡᠨ ᠬᠠᠮᠠᠭ᠋ᠠᠯᠠᠬᠤ ᠵᠢ ᠴᠢᠩᠭ᠋ᠠᠳᠬᠠᠵᠤ᠂ ᠣᠯᠠᠨ ᠠᠷᠭ᠎ᠠ ᠬᠡᠮᠵᠢᠶ᠎ᠡ ᠵᠢ ᠵᠡᠷᠭᠡ᠎ᠳᠤ᠎ᠨᠢ ᠠᠪᠴᠤ ᠪᠠᠶ᠋ᠢᠭ᠋ᠠᠳ ᠬᠠᠮᠠᠭ᠋ᠠᠯᠠᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠦᠨ᠎ᠡ᠃
ᠬᠣᠶᠠᠷ᠎ᠲᠤ᠂ ᠬᠣᠪᠣᠷ ᠴᠤᠬᠠᠭ ᠬᠢᠲᠠᠳ ᠡᠮ᠎ᠤᠨ ᠡᠬᠢ ᠪᠠᠶᠠᠯᠢᠭ᠎ᠢ ᠨᠡᠭᠡᠭᠡᠨ ᠠᠰᠢᠭᠯᠠᠬᠤ ᠲᠠᠯ᠎ᠠ᠎ᠪᠠᠷ᠂ ᠬᠠᠤᠯᠢ ᠴᠠᠭ᠋ᠠᠵᠠ ᠬᠠᠤᠯᠢ ᠲᠣᠭᠲᠠᠭ᠋ᠠᠯ᠎ᠢ ᠴᠢᠩᠭ᠎ᠠ ᠵᠢᠷᠤᠮᠯᠠᠨ ᠬᠡᠭᠡᠷ᠎ᠡ ᠵᠢᠨ ᠠᠮᠢᠲᠠᠨ ᠤᠷᠭᠤᠮᠠᠯ᠎ᠢ ᠬᠠᠮᠠᠭ᠋ᠠᠯᠠᠵᠤ᠂ ᠬᠣᠪᠣᠷ ᠴᠤᠬᠠᠭ ᠬᠢᠲᠠᠳ ᠡᠮ᠎ᠤᠨ ᠡᠬᠢ ᠪᠠᠶᠠᠯᠢᠭ᠎ᠢ ᠪᠠᠶ᠋ᠢᠴᠠᠭ᠋ᠠᠬᠤ ᠲᠣᠭᠲᠠᠴᠠ ᠵᠢ ᠪᠠᠶ᠋ᠢᠭᠤᠯᠤᠨ᠂ ᠡᠬᠢ ᠪᠠᠶᠠᠯᠢᠭ᠎ᠤᠨ ᠮᠡᠳᠡᠭᠡ ᠵᠠᠩᠭᠢ ᠵᠢᠨ ᠬᠥᠳᠡᠯᠦᠩᠭᠦᠶ ᠡᠵᠡᠮᠰᠢᠯ᠎ᠢ ᠪᠡᠶᠡᠯᠡᠭᠦᠯᠬᠦ ᠬᠡᠷᠡᠭᠲᠡᠶ᠃ ᠵᠠᠩᠭᠢᠯᠠᠭ᠎ᠠ ᠵᠢᠨ ᠮᠡᠷᠭᠡᠵᠢᠯ᠎ᠤᠨ ᠪᠣᠭᠣᠮᠲᠠ ᠰᠢᠪᠲᠤᠯᠬᠤ ᠵᠢ ᠥᠷᠨᠢᠭᠦᠯᠵᠦ᠂ ᠨᠢᠭᠡ ᠪᠦᠯᠦᠭ ᠬᠣᠪᠣᠷ ᠴᠤᠬᠠᠭ ᠬᠢᠲᠠᠳ ᠡᠮ᠎ᠤᠨ ᠡᠬᠢ ᠪᠠᠶᠠᠯᠢᠭ᠎ᠢ ᠦᠷᠡᠵᠢᠭᠦᠯᠦᠨ ᠪᠣᠶ᠋ᠢᠵᠢᠭᠤᠯᠬᠤ᠂ ᠳᠠᠭᠤᠷᠢᠶᠠᠬᠤ᠂ ᠣᠷᠣᠯᠠᠭᠤᠯᠬᠤ ᠮᠡᠷᠭᠡᠵᠢᠯ᠎ᠳᠤ ᠰᠢᠪᠲᠤᠯᠤᠯᠲᠠ ᠬᠢᠵᠦ᠂ ᠬᠡᠭᠡᠷ᠎ᠡ ᠵᠢᠨ ᠡᠬᠢ ᠪᠠᠶᠠᠯᠢᠭ᠎ᠲᠤ ᠲᠦᠰᠢᠭᠯᠡᠬᠦ ᠬᠡᠮᠵᠢᠶ᠎ᠡ ᠵᠢ ᠤᠯᠠᠮ ᠨᠢᠭᠡ ᠠᠯᠬᠤᠮ ᠪᠠᠭᠤᠷᠠᠭᠤᠯᠬᠤ ᠬᠡᠷᠡᠭᠲᠡᠶ᠃
ᠭᠤᠷᠪᠠ᠎ᠳᠤ᠂ ᠬᠢᠲᠠᠳ ᠡᠮ᠎ᠤᠨ ᠡᠬᠢ ᠪᠠᠶᠠᠯᠢᠭ᠎ᠤᠨ ᠲᠣᠭ᠎ᠠ ᠪᠦᠷᠢᠳᠬᠡᠯ᠎ᠤᠨ ᠲᠣᠭ᠎ᠠ ᠪᠠᠷᠢᠮᠲᠠ ᠵᠢᠨ ᠲᠠᠯ᠎ᠠ
ᠪᠠᠷ᠂ ᠬᠢᠲᠠᠳ ᠡᠮ᠎ᠤᠨ ᠡᠬᠢ ᠪᠠᠶᠠᠯᠢᠭ᠎ᠤᠨ ᠲᠤᠭ᠎ᠠ ᠪᠠᠷᠢᠮᠳᠠ ᠵᠢᠨ ᠬᠥᠮᠥᠷᠭᠡ ᠵᠢᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠬᠢᠲᠠᠳ ᠡᠮ᠎ᠤᠨ ᠮᠠᠲ᠋ᠧᠷᠢᠶᠠᠯ᠎ᠤᠨ ᠦᠢ᠍ᠯᠡᠳᠪᠦᠷᠢᠯᠡᠯ᠎ᠤᠨ ᠬᠠᠮᠢᠶ᠎ᠠ ᠪᠥᠬᠥᠶ ᠲᠣᠭ᠎ᠠ ᠪᠦᠷᠢᠳᠬᠡᠯ᠎ᠢ ᠲᠡᠭᠦᠯᠳᠡᠷᠵᠢᠭᠦᠯᠵᠦ᠂ ᠰᠠᠯᠠᠭ᠎ᠠ ᠮᠥᠴᠢᠷ᠎ᠤᠨ ᠬᠣᠭᠣᠷᠣᠨᠳᠣᠬᠢ ᠲᠣᠭ᠎ᠠ ᠪᠠᠷᠢᠮᠲᠠ ᠵᠢ ᠬᠠᠷᠢᠯᠴᠠᠨ ᠨᠡᠪᠲᠡᠷᠡᠭᠦᠯᠵᠦ ᠬᠠᠮᠲᠤ᠎ᠪᠠᠷ ᠡᠳ᠋ᠯᠡᠬᠦ ᠵᠢ ᠴᠢᠩᠭ᠋ᠠᠳᠬᠠᠵᠤ᠂ ᠲᠣᠭ᠎ᠠ ᠪᠠᠷᠢᠮᠲᠠ ᠵᠢ ᠵᠠᠳᠠᠯᠬᠤ᠂ ᠬᠡᠷᠡᠭᠯᠡᠬᠦ᠂ ᠤᠷᠢᠳᠴᠢᠯᠠᠨ ᠰᠡᠷᠡᠮᠵᠢᠯᠡᠭᠦᠯᠬᠦ ᠵᠢ ᠠᠬᠢᠭᠤᠯᠵᠤ᠂ ᠠᠵᠤ ᠦᠢ᠍ᠯᠡᠰ᠎ᠤᠨ ᠬᠥᠭᠵᠢᠯᠲᠡ ᠪᠠ ᠰᠢᠨᠵᠢᠯᠡᠬᠦ ᠤᠬᠠᠭ᠋ᠠᠨᠴᠢ᠎ᠪᠠᠷ ᠰᠢᠢ᠍ᠳᠪᠦᠷᠢᠳᠦ ᠪᠣᠳᠣᠯᠭ᠎ᠠ ᠲᠣᠭᠲᠠᠭ᠋ᠠᠬᠤ᠎ᠳᠤ ᠲᠤᠯᠭ᠋ᠠᠭᠤᠷᠢᠯᠠᠯ ᠬᠠᠩᠭ᠋ᠠᠬᠤ ᠬᠡᠷᠡᠭᠲᠡᠶ᠃
ᠳᠥᠷᠪᠡ᠂ ᠬᠢᠲᠠᠳ ᠡᠮ᠎ᠤᠨ ᠮᠠᠲ᠋ᠧᠷᠢᠶᠠᠯ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠬᠢᠷᠢ ᠲᠦᠪᠰᠢᠨ᠎ᠢ ᠳᠡᠭᠡᠭᠰᠢᠯᠡᠭᠦᠯᠬᠦ ᠲᠠᠯ᠎ᠠ᠎ᠪᠠᠷ ᠶᠠᠮᠠᠷ ᠶᠠᠮᠠᠷ ᠭᠤᠤᠯ ᠠᠷᠭ᠎ᠠ ᠬᠡᠮᠵᠢᠶ᠎ᠡ ᠪᠠᠶ᠋ᠢᠬᠤ ᠪᠣᠶ?
ᠣᠶ᠋ᠢᠷ᠎ᠠ ᠵᠢᠨ ᠵᠢᠯ᠎ᠤᠳ᠎ᠲᠤ᠂ ᠵᠠᠬ᠎ᠠ ᠳᠡᠯᠭᠡᠭᠦᠷ᠎ᠤᠨ ᠬᠡᠷᠡᠭᠴᠡᠭᠡ ᠱᠠᠭ᠋ᠠᠷᠳᠠᠯᠭ᠎ᠠ ᠵᠢᠴᠢ ᠲᠥᠷᠥ ᠵᠢᠨ ᠪᠣᠳᠣᠯᠭ᠎ᠠ ᠵᠢᠨ ᠠᠬᠢᠭᠤᠯᠤᠯᠢ ᠳᠠᠭ᠋ᠠᠯᠳᠤᠨ᠂ ᠬᠢᠲᠠᠳ ᠡᠮ᠎ᠤᠨ ᠮᠠᠲ᠋ᠧᠷᠢᠶᠠᠯ᠎ᠤᠨ ᠠᠵᠤ ᠦᠢ᠍ᠯᠡᠰ ᠲᠣᠭᠲᠠᠭᠤᠨ ᠵᠶ᠋ᠠᠷ ᠬᠥᠭᠵᠢᠵᠦ᠂ ᠨᠢᠭᠡᠨᠲᠡ ᠣᠯᠠᠨ ᠲᠦᠮᠡᠨ᠎ᠤ ᠣᠷᠣᠯᠭ᠎ᠠ ᠵᠢ ᠨᠡᠮᠡᠭᠳᠡᠭᠦᠯᠦᠨ ᠪᠠᠶᠠᠵᠢᠭᠤᠯᠬᠤ ᠠᠷᠭ᠎ᠠ ᠵᠠᠮ᠎ᠢ ᠥᠷᠭᠡᠳᠬᠡᠬᠦ᠂ ᠬᠥᠳᠡᠭᠡ ᠲᠣᠰᠬᠣᠨ᠎ᠢ ᠬᠥᠭᠵᠢᠭᠦᠯᠦᠨ ᠮᠠᠨᠳᠤᠭᠤᠯᠬᠤ᠎ᠳᠤ ᠬᠦᠴᠦᠨ ᠨᠡᠮᠡᠷᠢᠯᠡᠬᠦ ᠴᠢᠬᠤᠯᠠ ᠬᠦᠴᠦᠨ ᠪᠣᠯᠤᠭᠰᠠᠨ ᠪᠠᠶ᠋ᠢᠨ᠎ᠠ᠃ ᠬᠢᠲᠠᠳ ᠡᠮ᠎ᠤᠨ ᠮᠠᠲ᠋ᠧᠷᠢᠶᠠᠯ᠎ᠤᠨ ᠠᠵᠤ ᠦᠢ᠍ᠯᠡᠰ᠎ᠤᠨ ᠬᠥᠭᠵᠢᠯᠲᠡ ᠵᠢᠨ ᠬᠢᠷᠢ ᠲᠦᠪᠰᠢᠨ᠎ᠢ ᠤᠯᠠᠮ ᠳᠡᠭᠡᠭᠰᠢᠯᠡᠭᠦᠯᠬᠦ ᠵᠢᠨ ᠲᠥᠯᠥᠭᠡ᠂ 《ᠰᠠᠨᠠᠯ》᠎ᠳᠤ ᠭᠤᠷᠪᠠᠨ ᠲᠠᠯ᠎ᠠ᠎ᠠᠴᠠ ᠬᠠᠮᠢᠶ᠎ᠠ ᠪᠥᠬᠥᠶ ᠠᠷᠭ᠎ᠠ ᠬᠡᠮᠵᠢᠶ᠎ᠡ ᠵᠢ ᠳᠤᠷᠠᠳᠪᠠ᠃
ᠨᠢᠭᠡ᠎ᠳᠤ᠂ ᠬᠢᠲᠠᠳ ᠡᠮ᠎ᠤᠨ ᠮᠠᠲ᠋ᠧᠷᠢᠶᠠᠯ᠎ᠤᠨ ᠦᠷ᠎ᠡ ᠵᠢᠨ ᠦᠢ᠍ᠯᠡᠰ᠎ᠤᠨ ᠲᠠᠯ᠎ᠠ᠎ᠪᠠᠷ᠂ ᠬᠢᠲᠠᠳ ᠡᠮ᠎ᠤᠨ ᠮᠠᠲ᠋ᠧᠷᠢᠶᠠᠯ᠎ᠤᠨ ᠦᠷ᠎ᠡ ᠵᠢᠨ ᠬᠠᠮᠢᠶᠠᠷᠤᠯᠲᠠ ᠵᠢᠨ ᠠᠷᠭ᠎ᠠ ᠵᠢ ᠲᠣᠭᠲᠠᠭ᠋ᠠᠵᠤ᠂ ᠬᠢᠲᠠᠳ ᠡᠮ᠎ᠤᠨ ᠮᠠᠲ᠋ᠧᠷᠢᠶᠠᠯ᠎ᠤᠨ ᠦᠷ᠎ᠡ ᠵᠢᠨ ᠶᠠᠰᠤ ᠴᠢᠨᠠᠷ᠎ᠢ ᠳᠡᠭᠡᠭᠰᠢᠯᠡᠭᠦᠯᠬᠦ ᠪᠠ ᠠᠵᠤ ᠦᠢ᠍ᠯᠡᠰ᠎ᠢ ᠬᠥᠭᠵᠢᠭᠦᠯᠬᠦ᠎ᠳᠤ ᠲᠦᠷᠢᠮ᠎ᠤᠨ ᠪᠠᠲᠤᠯᠠᠭ᠎ᠠ ᠬᠠᠩᠭ᠋ᠠᠬᠤ ᠬᠡᠷᠡᠭᠲᠡᠶ᠃ ᠬᠢᠲᠠᠳ ᠡᠮ᠎ᠤᠨ ᠮᠠᠲ᠋ᠧᠷᠢᠶᠠᠯ᠎ᠤᠨ ᠦᠷ᠎ᠡ ᠪᠣᠶ᠋ᠢᠵᠢᠭᠤᠯᠬᠤ ᠪᠣᠭᠣᠮᠲᠠ ᠰᠢᠪᠲᠤᠯᠬᠤ ᠵᠢ ᠵᠣᠷᠢᠭᠵᠢᠭᠤᠯᠤᠨ ᠥᠷᠨᠢᠭᠦᠯᠵᠦ᠂ ᠬᠢᠲᠠᠳ ᠡᠮ᠎ᠤᠨ ᠮᠠᠲ᠋ᠧᠷᠢᠶᠠᠯ᠎ᠤᠨ ᠦᠷ᠎ᠡ ᠵᠢᠨ ᠦᠢ᠍ᠯᠡᠰ᠎ᠤᠨ ᠰᠠᠭᠤᠷᠢᠨ ᠭᠠᠵᠠᠷ᠎ᠤᠨ ᠪᠠᠶ᠋ᠢᠷᠢᠰᠢᠭᠤᠯᠤᠯᠲᠠ ᠵᠢ ᠲᠡᠭᠦᠯᠳᠡᠷᠵᠢᠭᠦᠯᠦᠨ᠂ ᠴᠢᠨᠠᠷ ᠰᠠᠶ᠋ᠢᠲᠠᠶ ᠰᠠᠶ᠋ᠢᠨ ᠡᠭᠦᠯᠳᠡᠷ᠎ᠢ ᠦᠷᠡᠵᠢᠭᠦᠯᠦᠨ ᠪᠣᠶ᠋ᠢᠵᠢᠭᠤᠯᠬᠤ ᠰᠠᠭᠤᠷᠢᠨ ᠭᠠᠵᠠᠷ᠎ᠢ ᠪᠦᠲᠦᠭᠡᠨ ᠪᠠᠶ᠋ᠢᠭᠤᠯᠵᠤ᠂ ᠴᠢᠨᠠᠷ ᠰᠠᠶ᠋ᠢᠲᠠᠶ ᠦᠷ᠎ᠡ ᠴᠢᠬᠢ ᠵᠢᠨ ᠬᠠᠩᠭ᠋ᠠᠯᠭ᠎ᠠ ᠵᠢ ᠪᠠᠲᠤᠯᠠᠬᠤ ᠬᠢᠷᠢ ᠬᠡᠮᠵᠢᠶ᠎ᠡ ᠵᠢ ᠳᠡᠭᠡᠭᠰᠢᠯᠡᠭᠦᠯᠬᠦ ᠬᠡᠷᠡᠭᠲᠡᠶ᠃
ᠬᠣᠶᠠᠷ᠎ᠲᠤ᠂ ᠬᠢᠲᠠᠳ ᠡᠮ᠎ᠤᠨ ᠮᠠᠲ᠋ᠧᠷᠢᠶᠠᠯ᠎ᠢ ᠳᠠᠷᠢᠵᠤ ᠲᠡᠵᠢᠭᠡᠬᠦ ᠲᠠᠯ᠎ᠠ᠎ᠪᠠᠷ᠂ 《ᠬᠢᠲᠠᠳ ᠡᠮ᠎ᠤᠨ ᠮᠠᠲ᠋ᠧᠷᠢᠶᠠᠯ᠎ᠤᠨ ᠦᠢ᠍ᠯᠡᠳᠪᠦᠷᠢᠯᠡᠯ᠎ᠤᠨ ᠶᠠᠰᠤ ᠴᠢᠨᠠᠷ᠎ᠤᠨ ᠬᠠᠮᠢᠶᠠᠷᠤᠯᠲᠠ ᠵᠢᠨ ᠵᠢᠷᠤᠮᠵᠢᠯ》᠎ᠢ ᠦᠷᠭᠦᠯᠵᠢᠯᠡᠨ ᠬᠡᠷᠡᠭᠵᠢᠭᠦᠯᠵᠦ᠂ ᠲᠤᠬᠠᠶ ᠵᠢᠨ ᠭᠠᠵᠠᠷ ᠣᠷᠣᠨ᠎ᠤ ᠪᠠᠶ᠋ᠢᠳᠠᠯ᠎ᠳᠤᠨᠢ ᠳᠣᠭᠢᠷᠠᠭᠤᠯᠤᠨ ᠣᠶ ᠰᠢᠭᠤᠶ ᠡᠪᠡᠰᠦ ᠬᠢᠲᠠᠳ ᠡᠮ᠎ᠤᠨ ᠮᠠᠲ᠋ᠧᠷᠢᠶᠠᠯ᠎ᠢ ᠬᠥᠭᠵᠢᠭᠦᠯᠵᠦ᠂ ᠨᠥᠬᠥᠴᠡᠯ᠎ᠳᠤ ᠨᠡᠶ᠋ᠢᠴᠡᠭᠰᠡᠨ ᠣᠶ ᠰᠢᠭᠤᠶ ᠵᠢᠨ ᠲᠠᠯᠠᠪᠠᠶ᠎ᠳᠤ ᠲᠦᠰᠢᠭᠯᠡᠨ ᠡᠮ᠎ᠤᠨ ᠮᠠᠲ᠋ᠧᠷᠢᠶᠠᠯ᠎ᠤᠨ ᠠᠮᠢ ᠠᠬᠤᠶ ᠵᠢᠨ ᠲᠠᠷᠢᠮᠠᠯ᠂ ᠬᠡᠭᠡᠷ᠎ᠡ ᠵᠢᠨ ᠥᠰᠬᠡᠨ ᠪᠣᠶ᠋ᠢᠵᠢᠭᠤᠯᠬᠤ᠂ ᠬᠡᠭᠡᠷ᠎ᠡ ᠵᠢᠨ ᠳᠠᠭᠤᠷᠢᠶᠠᠮᠠᠯ ᠲᠠᠷᠢᠮᠠᠯ᠎ᠢ ᠬᠥᠭᠵᠢᠭᠦᠯᠵᠦ᠂ ᠡᠪᠡᠳᠴᠢᠨ ᠬᠣᠷᠣᠬᠠᠶ ᠵᠢᠨ ᠬᠥᠨᠥᠭᠡᠯ᠎ᠢ ᠪᠣᠬᠢᠷᠲᠤᠯ ᠥᠬᠡᠶ᠎ᠪᠠᠷ ᠰᠡᠷᠭᠡᠶ᠋ᠢᠯᠡᠨ ᠡᠵᠡᠮᠳᠡᠬᠦ ᠪᠠ ᠠᠮᠤᠷ ᠲᠦᠪᠰᠢᠨ ᠵᠶ᠋ᠠᠷ ᠡᠮ ᠬᠡᠷᠡᠭᠯᠡᠬᠦ ᠵᠢ ᠬᠡᠷᠡᠭᠵᠢᠭᠦᠯᠵᠦ᠂ ᠬᠢᠲᠠᠳ ᠡᠮ᠎ᠤᠨ ᠮᠠᠲ᠋ᠧᠷᠢᠶᠠᠯ᠎ᠢ ᠵᠢᠷᠤᠮᠵᠢᠭᠤᠯᠤᠨ ᠳᠠᠷᠢᠬᠤ ᠬᠢᠷᠢ ᠲᠦᠪᠰᠢᠨ᠎ᠢ ᠳᠡᠭᠡᠭᠰᠢᠯᠡᠭᠦᠯᠦᠨ᠎ᠡ᠃
ᠭᠤᠷᠪᠠ᠎ᠳᠤ᠂ ᠬᠢᠲᠠᠳ ᠡᠮ᠎ᠤᠨ ᠮᠠᠲ᠋ᠧᠷᠢᠶᠠᠯ᠎ᠤᠨ ᠭᠦᠢ᠍ᠯᠭᠡᠭᠡ ᠪᠠ ᠨᠥᠭᠡᠴᠡᠯᠡᠯᠲᠡ ᠵᠢᠨ ᠲᠠᠯ᠎ᠠ᠎ᠪᠠᠷ᠂ ᠨᠢᠭᠡ ᠪᠦᠯᠦᠭ ᠭᠠᠷᠤᠯᠲᠠ ᠵᠢᠨ ᠣᠷᠣᠨ᠎ᠤ ᠪᠣᠯᠪᠠᠰᠤᠷᠠᠭᠤᠯᠬᠤ ᠰᠠᠭᠤᠷᠢᠨ ᠭᠠᠵᠠᠷ᠎ᠢ ᠵᠢᠯᠣᠭᠣᠳᠤᠨ ᠪᠦᠲᠦᠭᠡᠨ ᠪᠠᠶ᠋ᠢᠭᠤᠯᠵᠤ᠂ ᠬᠢᠲᠠᠳ ᠡᠮ᠎ᠤᠨ ᠮᠠᠲ᠋ᠧᠷᠢᠶᠠᠯ᠎ᠤᠨ ᠵᠠᠬ᠎ᠠ ᠳᠡᠯᠭᠡᠭᠦᠷ᠎ᠤᠨ ᠬᠠᠮᠢᠶᠠᠷᠤᠯᠲᠠ ᠵᠢ ᠴᠢᠩᠭ᠋ᠠᠳᠬᠠᠨ᠂ ᠭᠤᠷᠪᠠᠳᠠᠬᠢ ᠡᠲᠡᠭᠡᠳ᠎ᠤᠨ ᠰᠢᠯᠭ᠋ᠠᠨ ᠪᠠᠶ᠋ᠢᠴᠠᠭ᠋ᠠᠬᠤ ᠲᠠᠪᠴᠠᠩ᠎ᠤᠨ ᠪᠠᠶ᠋ᠢᠭᠤᠯᠤᠯᠲᠠ ᠵᠢ ᠳᠡᠮᠵᠢᠵᠦ᠂ ᠬᠢᠲᠠᠳ ᠡᠮ᠎ᠤᠨ ᠮᠠᠲ᠋ᠧᠷᠢᠶᠠᠯ᠎ᠤᠨ ᠭᠦᠢ᠍ᠯᠭᠡᠭᠡᠨ᠎ᠤ ᠡᠮᠬᠢ ᠵᠢᠷᠤᠮ᠎ᠢ ᠵᠢᠷᠤᠮᠵᠢᠭᠤᠯᠤᠨ᠂ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ ᠵᠢᠨ ᠡᠷᠴᠢᠮ᠎ᠢ ᠴᠢᠩᠭ᠋ᠠᠷᠠᠭᠤᠯᠤᠨ᠎ᠠ᠃ ᠬᠢᠲᠠᠳ ᠡᠮ᠎ᠤᠨ ᠮᠠᠲ᠋ᠧᠷᠢᠶᠠᠯ᠎ᠤᠨ ᠦᠨ᠎ᠡ ᠬᠠᠩᠰᠢ ᠵᠢᠨ ᠬᠢᠨᠠᠯᠲᠠ ᠬᠠᠮᠢᠶᠠᠷᠤᠯᠲᠠ ᠵᠢᠨ ᠲᠣᠭᠲᠠᠴᠠ ᠵᠢ ᠲᠡᠭᠦᠯᠳᠡᠷᠵᠢᠭᠦᠯᠵᠦ᠂ ᠦᠨ᠎ᠡ ᠬᠠᠩᠰᠢ ᠵᠢ ᠲᠦᠷᠬᠢᠭᠦᠯᠦᠨ ᠥᠰᠬᠡᠬᠦ ᠵᠡᠷᠭᠡ ᠬᠠᠤᠯᠢ᠎ᠠᠴᠠ ᠵᠥᠷᠢᠴᠡᠭᠰᠡᠨ ᠦᠢ᠍ᠯᠡ ᠠᠵᠢᠯᠯᠠᠭ᠎ᠠ᠎ᠳᠤ ᠴᠢᠩᠭ᠎ᠠ ᠴᠣᠬᠢᠯᠲᠠ ᠥᠭᠴᠦ᠂ ᠬᠢᠲᠠᠳ ᠡᠮ᠎ᠤᠨ ᠮᠠᠲ᠋ᠧᠷᠢᠶᠠᠯ᠎ᠤᠨ ᠵᠠᠬ᠎ᠠ ᠳᠡᠯᠭᠡᠭᠦᠷ᠎ᠤᠨ ᠦᠨ᠎ᠡ ᠬᠠᠩᠰᠢ ᠵᠢᠨ ᠶᠡᠷᠦᠩᠬᠡᠶ᠎ᠳᠡᠭᠡᠨ ᠲᠣᠭᠲᠠᠭᠤᠨ ᠪᠠᠶ᠋ᠢᠬᠤ ᠵᠢ ᠬᠠᠮᠠᠭ᠋ᠠᠯᠠᠬᠤ ᠬᠡᠷᠡᠭᠲᠡᠶ᠃ ᠬᠢᠲᠠᠳ ᠡᠮ᠎ᠤᠨ ᠮᠠᠲ᠋ᠧᠷᠢᠶᠠᠯ᠎ᠤᠨ ᠨᠥᠭᠡᠴᠡᠯᠡᠬᠦ ᠪᠠ ᠬᠠᠩᠭ᠋ᠠᠯᠭ᠎ᠠ ᠵᠢ ᠪᠠᠲᠤᠯᠠᠬᠤ ᠴᠢᠳᠠᠪᠤᠷᠢ ᠵᠢ ᠳᠡᠭᠡᠭᠰᠢᠯᠡᠭᠦᠯᠵᠦ᠂ ᠠᠵᠤ ᠠᠬᠤᠶ᠋ᠢᠯᠠᠯ᠎ᠢ ᠵᠢᠯᠣᠭᠣᠳᠤᠨ ᠶᠡᠬᠡ ᠬᠡᠮᠵᠢᠶᠡᠨ᠎ᠤ ᠬᠢᠲᠠᠳ ᠡᠮ᠎ᠤᠨ ᠮᠠᠲ᠋ᠧᠷᠢᠶᠠᠯ᠎ᠤᠨ ᠭᠠᠷᠤᠯᠲᠠ ᠵᠢᠨ ᠣᠷᠣᠨ᠎ᠳᠤ ᠨᠢᠭᠡ ᠪᠦᠯᠦᠭ ᠨᠥᠭᠡᠴᠡᠯᠡᠬᠦ ᠬᠥᠮᠥᠷᠭᠡ ᠪᠠᠶ᠋ᠢᠭᠤᠯᠵᠤ᠂ ᠵᠠᠰᠠᠭ᠎ᠤᠨ ᠣᠷᠳᠣᠨ ᠬᠥᠲᠥᠯᠥᠨ ᠵᠢᠯᠣᠭᠣᠳᠬᠤ᠂ ᠵᠠᠬ᠎ᠠ ᠳᠡᠯᠭᠡᠭᠦᠷ ᠣᠷᠣᠯᠴᠠᠬᠤ ᠵᠡᠷᠭᠡ ᠠᠷᠭ᠎ᠠ ᠮᠠᠶᠢᠭ ᠵᠶ᠋ᠠᠷ ᠳᠠᠮᠵᠢᠭᠤᠯᠤᠨ ᠬᠢᠲᠠᠳ ᠡᠮ᠎ᠤᠨ ᠮᠠᠲ᠋ᠧᠷᠢᠶᠠᠯ᠎ᠤᠨ ᠨᠥᠭᠡᠴᠡᠯᠡᠬᠦ ᠰᠢᠰᠲ᠋ᠧᠮᠵᠢ ᠵᠢ ᠪᠠᠶ᠋ᠢᠭᠤᠯᠤᠨ ᠲᠡᠭᠦᠯᠳᠡᠷᠵᠢᠭᠦᠯᠬᠦ ᠬᠡᠷᠡᠭᠲᠡᠶ᠃
ᠲᠠᠪᠤ᠂ ᠬᠢᠲᠠᠳ ᠡᠮ᠎ᠤᠨ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠵᠢ ᠲᠦᠷᠭᠡᠳᠬᠡᠨ ᠠᠬᠢᠭᠤᠯᠬᠤ ᠲᠠᠯ᠎ᠠ᠎ᠪᠠᠷ ᠶᠠᠮᠠᠷ ᠶᠠᠮᠠᠷ ᠭᠤᠤᠯ ᠠᠷᠭ᠎ᠠ ᠬᠡᠮᠵᠢᠶ᠎ᠡ ᠪᠠᠶ᠋ᠢᠬᠤ ᠪᠣᠶ?
ᠨᠠᠮ᠎ᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠭᠤᠷᠪᠠᠳᠤᠭ᠋ᠠᠷ ᠪᠥᠬᠥᠳᠡ ᠬᠤᠷᠠᠯ᠎ᠤᠨ 《ᠲᠣᠭᠲᠠᠭ᠋ᠠᠯ》᠎ᠳᠤ᠂ ᠠᠵᠤ ᠠᠬᠤᠶ᠋ᠢᠯᠠᠯ᠎ᠤᠨ ᠲᠤᠭ᠋ᠠᠴᠢᠯᠠᠭᠰᠠᠨ ᠮᠡᠷᠭᠡᠵᠢᠯ᠂ ᠪᠣᠬᠢᠷᠲᠤᠯ ᠥᠬᠡᠶ ᠮᠡᠷᠭᠡᠵᠢᠯ ᠵᠶ᠋ᠠᠷ ᠤᠯᠠᠮᠵᠢᠯᠠᠯᠲᠤ ᠠᠵᠤ ᠦᠢ᠍ᠯᠡᠰ᠎ᠢ ᠥᠭᠡᠷᠡᠴᠢᠯᠡᠨ ᠳᠡᠭᠡᠭᠰᠢᠯᠡᠭᠦᠯᠬᠦ ᠵᠢ ᠳᠡᠮᠵᠢᠨ᠎ᠡ ᠭᠡᠵᠦ ᠳᠤᠷᠠᠳᠤᠨ ᠭᠠᠷᠭ᠋ᠠᠪᠠ᠃ ᠬᠢᠲᠠᠳ ᠡᠮ᠎ᠤᠨ ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠲᠠᠰ ᠳᠡᠪᠰᠢᠬᠦ ᠵᠢ ᠠᠬᠢᠭᠤᠯᠬᠤ ᠵᠢᠨ
ᠲᠥᠯᠥᠭᠡ᠂ 《ᠰᠠᠨᠠᠯ》᠎ᠳᠤ ᠠᠵᠤ ᠦᠢ᠍ᠯᠡᠰ᠎ᠤᠨ ᠪᠦᠲᠦᠴᠡ ᠵᠢᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠬᠦ᠂ ᠬᠢᠲᠠᠳ ᠡᠮ ᠦᠢ᠍ᠯᠡᠳᠬᠦ ᠶᠠᠰᠤ ᠴᠢᠨᠠᠷ᠎ᠢ ᠳᠡᠭᠡᠭᠰᠢᠯᠡᠭᠦᠯᠬᠦ᠂ ᠨᠠᠷᠠᠲᠤ ᠰᠢᠯᠢᠳᠡᠭ ᠬᠢᠲᠠᠳ ᠡᠮ᠎ᠤᠨ ᠲᠥᠷᠥᠯ ᠵᠦᠢ᠍ᠯ᠎ᠢ ᠪᠣᠶ᠋ᠢᠵᠢᠭᠤᠯᠬᠤ᠂ ᠬᠢᠲᠠᠳ ᠡᠮ᠎ᠤᠨ ᠨᠠᠷᠠᠲᠤ ᠲᠥᠷᠥᠯ ᠲᠡᠮᠳᠡᠭᠲᠦ ᠵᠢ ᠡᠭᠦᠳᠬᠦ ᠵᠡᠷᠭᠡ ᠳᠥᠷᠪᠡᠨ ᠲᠠᠯ᠎ᠠ᠎ᠪᠠᠷ ᠬᠠᠮᠢᠶ᠎ᠠ ᠪᠥᠬᠥᠶ ᠠᠷᠭ᠎ᠠ ᠬᠡᠮᠵᠢᠶ᠎ᠡ ᠳᠤᠷᠠᠳᠪᠠ᠃
ᠨᠢᠭᠡ᠎ᠳᠤ᠂ ᠠᠵᠤ ᠦᠢ᠍ᠯᠡᠰ᠎ᠤᠨ ᠪᠦᠲᠦᠴᠡ ᠵᠢᠨ ᠪᠠᠶ᠋ᠢᠷᠢᠰᠢᠭᠤᠯᠤᠯᠲᠠ ᠵᠢ ᠰᠢᠯᠢᠳᠡᠭᠵᠢᠭᠦᠯᠬᠦ ᠲᠠᠯ᠎ᠠ᠎ᠪᠠᠷ᠂ ᠬᠢᠲᠠᠳ ᠡᠮ᠎ᠤᠨ ᠠᠵᠤ ᠦᠢ᠍ᠯᠡᠰ᠎ᠤᠨ ᠬᠡᠯᠬᠢᠶ᠎ᠡ ᠵᠢᠨ ᠵᠢᠷᠤᠭ ᠵᠢᠭᠰᠠᠯ᠎ᠢ ᠦᠷᠭᠦᠯᠵᠢᠯᠡᠨ ᠰᠢᠨᠡᠳᠬᠡᠵᠦ᠂ ᠬᠡᠯᠬᠢᠶ᠎ᠡ ᠵᠢ ᠴᠢᠩᠭ᠋ᠠᠳᠬᠠᠨ ᠬᠡᠯᠬᠢᠶ᠎ᠡ ᠵᠢ ᠨᠥᠬᠥᠪᠥᠷᠢᠯᠡᠬᠦ ᠵᠢ ᠠᠬᠢᠭᠤᠯᠵᠤ᠂ 《ᠬᠡᠯᠬᠢᠶ᠎ᠡ ᠭᠤᠤᠯ》 ᠪᠠ 《ᠬᠡᠯᠬᠢᠶ᠎ᠡ ᠣᠷᠳᠣ》 ᠠᠵᠤ ᠠᠬᠤᠶ᠋ᠢᠯᠠᠯ᠎ᠢ ᠴᠢᠬᠤᠯᠠᠴᠢᠯᠠᠨ ᠪᠤᠵᠠᠭ᠋ᠠᠶ᠋ᠢᠷᠠᠭᠤᠯᠵᠤ᠂ ᠳᠠᠪᠠᠭᠤᠯᠢᠭ ᠠᠵᠤ ᠦᠢ᠍ᠯᠡᠰ᠎ᠤᠨ ᠪᠦᠯᠦᠭᠵᠢᠯ᠎ᠢ ᠬᠥᠭᠵᠢᠭᠦᠯᠦᠨ᠂ ᠦᠨᠳᠦᠰᠦᠲᠡᠨ᠎ᠤ ᠡᠮ᠎ᠤᠨ ᠣᠨᠴᠠᠯᠢᠭᠲᠤ ᠠᠵᠤ ᠦᠢ᠍ᠯᠡᠰ᠎ᠤᠨ ᠥᠨᠳᠥᠷᠯᠢᠭ ᠭᠠᠵᠠᠷ᠎ᠢ ᠪᠣᠶ ᠪᠣᠯᠭ᠋ᠠᠨ᠎ᠠ; ᠪᠠᠰᠠ ᠲᠤᠰᠬᠠᠢ ᠨᠠᠷᠢᠯᠢᠭ ᠣᠨᠴᠠᠭ᠋ᠠᠢ ᠰᠢᠨ᠎ᠡ ᠳᠤᠮᠳᠠ ᠵᠢᠵᠢᠭ ᠠᠵᠤ ᠠᠬᠤᠶ᠋ᠢᠯᠠᠯ᠎ᠢ ᠪᠣᠶ᠋ᠢᠵᠢᠭᠤᠯᠤᠨ ᠬᠥᠭᠵᠢᠭᠦᠯᠬᠦ ᠵᠢ ᠴᠢᠬᠤᠯᠠᠴᠢᠯᠠᠵᠤ᠂ ᠨᠠᠷᠢᠨ ᠬᠤᠪᠢᠶᠠᠭᠰᠠᠨ ᠬᠦᠷᠢᠶᠡᠨ᠎ᠳᠠᠬᠢ ᠥᠪᠡᠷᠮᠢᠴᠡ ᠳᠠᠪᠠᠭᠤᠯᠢᠭ ᠵᠶ᠋ᠠᠨ ᠪᠠᠳᠠᠷᠠᠭᠤᠯᠵᠤ᠂ ᠠᠵᠤ ᠦᠢ᠍ᠯᠡᠰ᠎ᠤᠨ ᠪᠦᠲᠦᠴᠡ ᠵᠢ ᠰᠢᠯᠢᠳᠡᠭᠵᠢᠭᠦᠯᠦᠨ ᠳᠡᠰ ᠳᠡᠪᠰᠢᠭᠦᠯᠬᠦ ᠵᠢ ᠬᠠᠮᠲᠤ᠎ᠪᠠᠷ ᠠᠬᠢᠭᠤᠯᠤᠨ᠎ᠠ᠃
ᠬᠣᠶᠠᠷ᠎ᠲᠤ᠂ ᠬᠢᠲᠠᠳ ᠡᠮ ᠦᠢ᠍ᠯᠡᠳᠬᠦ ᠶᠠᠰᠤ ᠴᠢᠨᠠᠷ᠎ᠢ ᠳᠡᠭᠡᠭᠰᠢᠯᠡᠭᠦᠯᠬᠦ ᠲᠠᠯ᠎ᠠ᠎ᠪᠠᠷ᠂ ᠲᠣᠭ᠋ᠠᠴᠢᠯᠠᠭᠰᠠᠨ ᠮᠡᠷᠭᠡᠵᠢᠯ᠂ ᠪᠣᠬᠢᠷᠲᠤᠯ ᠥᠬᠡᠶ ᠮᠡᠷᠭᠡᠵᠢᠯ᠎ᠢ ᠬᠡᠷᠡᠭᠯᠡᠨ ᠪᠥᠬᠥ ᠠᠵᠤ ᠦᠢ᠍ᠯᠡᠰ᠎ᠤᠨ ᠬᠡᠯᠬᠢᠶ᠎ᠡ᠎ᠳᠤ ᠬᠦᠴᠦᠨ ᠨᠡᠮᠡᠷᠢᠯᠡᠵᠦ᠂ ᠥᠨᠳᠥᠷ ᠲᠦᠪᠰᠢᠨ ᠪᠥᠬᠥᠶ ᠲᠣᠭ᠋ᠠᠴᠢᠯᠠᠭᠰᠠᠨ ᠦᠢ᠍ᠯᠡᠳᠪᠦᠷᠢ ᠵᠢᠨ ᠲᠠᠰᠤᠭ ᠪᠠ ᠤᠶᠤᠨᠲᠤ ᠦᠢ᠍ᠯᠡᠳᠪᠦᠷᠢ᠂ ᠪᠣᠬᠢᠷᠲᠤᠯ ᠥᠬᠡᠶ ᠦᠢ᠍ᠯᠡᠳᠪᠦᠷᠢ ᠵᠢ ᠪᠠᠶ᠋ᠢᠭᠤᠯᠵᠤ᠂ ᠵᠢᠱ᠌ᠢᠶ᠎ᠡ ᠦᠵᠡᠭᠦᠯᠦᠨ ᠳᠠᠶ᠋ᠢᠴᠢᠯᠠᠬᠤ ᠦᠢ᠍ᠯᠡᠳᠦᠯ᠎ᠢ᠎ᠨᠢ ᠪᠠᠳᠠᠷᠠᠭᠤᠯᠤᠨ᠎ᠠ᠃ ᠬᠢᠲᠠᠳ ᠡᠮ᠎ᠤᠨ ᠠᠵᠤ ᠠᠬᠤᠶ᠋ᠢᠯᠠᠯ᠎ᠤᠨ ᠬᠢᠲᠠᠳ ᠡᠮ᠎ᠤᠨ ᠮᠠᠲ᠋ᠧᠷᠢᠶᠠᠯ᠎ᠤᠨ ᠭᠠᠷᠤᠯᠲᠠ ᠵᠢᠨ ᠣᠷᠣᠨ ᠳᠠᠰᠢ ᠠᠵᠤ ᠦᠢ᠍ᠯᠡᠰ᠎ᠤᠨ ᠬᠡᠯᠬᠢᠶ᠎ᠡ᠎ᠪᠠᠨ ᠤᠷᠲᠤᠳᠬᠠᠬᠤ ᠵᠢ ᠳᠡᠮᠵᠢᠵᠦ᠂ ᠪᠥᠬᠥ ᠠᠵᠤ ᠦᠢ᠍ᠯᠡᠰ᠎ᠤᠨ ᠬᠡᠯᠬᠢᠶ᠎ᠡ ᠵᠢᠨ ᠮᠦᠷᠳᠡᠬᠦ ᠰᠢᠰᠲ᠋ᠧᠮᠵᠢ ᠵᠢ ᠪᠦᠷᠢᠨᠰᠢᠬᠦᠯᠥᠨ᠂ ᠬᠢᠲᠠᠳ ᠡᠮ᠎ᠤᠨ ᠦᠢ᠍ᠯᠡᠳᠪᠦᠷᠢᠯᠡᠯ᠎ᠤᠨ ᠪᠥᠬᠥ ᠶᠠᠪᠤᠴᠠ ᠵᠢᠨ ᠶᠠᠰᠤ ᠴᠢᠨᠠᠷ᠎ᠢ ᠡᠵᠡᠮᠳᠡᠬᠦ ᠬᠢᠷᠢ ᠬᠡᠮᠵᠢᠶ᠎ᠡ ᠵᠢ ᠳᠡᠭᠡᠭᠰᠢᠯᠡᠭᠦᠯᠵᠦ᠂ ᠶᠠᠰᠤ ᠴᠢᠨᠠᠷ᠎ᠤᠨ ᠪᠠᠲᠤᠯᠠᠭ᠎ᠠ ᠵᠢᠨ ᠰᠢᠰᠲ᠋ᠧᠮᠵᠢ ᠵᠢ ᠲᠡᠭᠦᠯᠳᠡᠷᠵᠢᠭᠦᠯᠬᠦ ᠵᠢ ᠠᠬᠢᠭᠤᠯᠬᠤ ᠬᠡᠷᠡᠭᠲᠡᠶ᠃
ᠭᠤᠷᠪᠠ᠎ᠳᠤ᠂ ᠨᠡᠷᠡᠲᠦ ᠰᠢᠯᠢᠳᠡᠭ ᠬᠢᠲᠠᠳ ᠡᠮ᠎ᠤᠨ ᠲᠥᠷᠥᠯ᠎ᠢ ᠪᠣᠶ᠋ᠢᠵᠢᠭᠤᠯᠬᠤ ᠲᠠᠯ᠎ᠠ᠎ᠪᠠᠷ᠂ ᠬᠢᠲᠠᠳ ᠡᠮ ᠦᠢ᠍ᠯᠡᠳᠬᠦ ᠮᠡᠷᠭᠡᠵᠢᠯ᠎ᠢ ᠤᠯᠠᠮᠵᠢᠯᠠᠨ ᠵᠠᠯᠭ᠋ᠠᠮᠵᠢᠯᠠᠵᠤ ᠰᠢᠨ᠎ᠡ ᠵᠢ ᠡᠭᠦᠳᠬᠦ ᠵᠢ ᠴᠢᠩᠭ᠋ᠠᠳᠬᠠᠵᠤ᠂ ᠣᠨᠴᠠᠯᠢᠭᠲᠤ ᠮᠡᠷᠭᠡᠵᠢᠯ᠎ᠢ ᠠᠭᠤᠳᠠᠯᠬᠤ ᠪᠠ ᠬᠤᠪᠢᠷᠠᠭᠤᠯᠬᠤ ᠵᠢ ᠴᠢᠩᠭ᠋ᠠᠳᠬᠠᠨ᠎ᠠ᠃ ᠬᠢᠲᠠᠳ ᠡᠮ᠎ᠤᠨ ᠲᠣᠮᠣ ᠲᠥᠷᠥᠯ ᠵᠦᠢ᠍ᠯ᠎ᠤᠨ ᠰᠢᠨ᠎ᠡ ᠵᠢ ᠡᠭᠦᠳᠦᠨ ᠰᠠᠶ᠋ᠢᠵᠢᠷᠠᠭᠤᠯᠬᠤ ᠵᠢ ᠳᠡᠮᠵᠢᠵᠦ᠂ ᠡᠷᠲᠡᠨ᠎ᠤ ᠰᠣᠩᠭᠣᠳᠠᠭ ᠨᠠᠷᠠᠲᠤ ᠵᠣᠷ ᠬᠢᠲᠠᠳ ᠡᠮ᠎ᠤᠨ ᠬᠣᠯᠢᠮᠠᠭ ᠨᠠᠶ᠋ᠢᠷᠠᠯᠭ᠎ᠠ ᠵᠢ ᠵᠠᠬ᠎ᠠ ᠳᠡᠯᠭᠡᠭᠦᠷ᠎ᠲᠤ ᠭᠠᠷᠭ᠋ᠠᠬᠤ ᠵᠢᠨ ᠬᠠᠮᠲᠤ ᠵᠠᠬ᠎ᠠ ᠳᠡᠯᠭᠡᠭᠦᠷ᠎ᠲᠤ ᠭᠠᠷᠭ᠋ᠠᠭᠰᠠᠨ᠎ᠤ ᠳᠠᠷᠠᠭ᠋ᠠᠬᠢ ᠡᠮᠴᠢᠯᠡᠭᠡᠨ᠎ᠤ ᠰᠤᠳᠤᠯᠭ᠋ᠠᠨ᠎ᠢ ᠥᠷᠨᠢᠭᠦᠯᠵᠦ᠂ ᠡᠮᠴᠢᠯᠡᠭᠡᠨ᠎ᠤ ᠬᠡᠷᠡᠭᠴᠡᠭᠡ ᠱᠠᠭ᠋ᠠᠷᠳᠠᠯᠭ᠎ᠠ ᠵᠢ ᠨᠠᠩ ᠰᠠᠶ᠋ᠢᠨ ᠬᠠᠩᠭ᠋ᠠᠨ᠎ᠠ᠃
ᠳᠥᠷᠪᠡ᠎ᠳᠤ᠂ ᠨᠠᠷᠠᠲᠤ ᠬᠢᠲᠠᠳ ᠡᠮ᠎ᠤᠨ ᠨᠠᠷᠠᠲᠤ ᠲᠥᠷᠥᠯ ᠲᠡᠮᠳᠡᠭᠲᠦ ᠵᠢ ᠡᠭᠦᠳᠬᠦ ᠲᠠᠯ᠎ᠠ᠎ᠪᠠᠷ᠂ ᠬᠢᠲᠠᠳ ᠡᠮ᠎ᠤᠨ ᠬᠠᠭᠤᠴᠢᠨ ᠨᠠᠷᠠᠲᠤ ᠠᠵᠤ ᠠᠬᠤᠶ᠋ᠢᠯᠠᠯ᠎ᠤᠨ ᠰᠣᠶᠣᠯ᠎ᠤᠨ ᠤᠯᠠᠮᠵᠢᠯᠠᠯ ᠪᠠ ᠨᠠᠷᠠᠲᠤ ᠲᠥᠷᠥᠯ ᠲᠡᠮᠳᠡᠭᠲᠦ ᠵᠢᠨ ᠪᠠᠶ᠋ᠢᠭᠤᠯᠤᠯᠲᠠ ᠵᠢ ᠴᠢᠩᠭ᠋ᠠᠳᠬᠠᠬᠤ ᠵᠢ ᠠᠬᠢᠭᠤᠯᠵᠤ᠂ ᠬᠢᠲᠠᠳ ᠡᠮ᠎ᠤᠨ ᠲᠠᠸᠠᠷ᠎ᠤᠨ ᠲᠡᠮᠳᠡᠭ᠎ᠤᠨ ᠨᠠᠷᠠᠲᠤ ᠲᠥᠷᠥᠯ ᠲᠡᠮᠳᠡᠭᠲᠦ ᠵᠢᠨ ᠪᠠᠶ᠋ᠢᠯᠳᠤᠬᠤ ᠪᠣᠳᠣᠯᠭ᠎ᠠ ᠵᠢ ᠬᠡᠷᠡᠭᠵᠢᠭᠦᠯᠵᠦ᠂ ᠡᠯ᠎ᠡ ᠭᠠᠵᠠᠷ᠎ᠤᠨ᠎ᠬᠢᠨ᠎ᠤ ᠳᠠᠪᠠᠭᠤᠯᠢᠭ ᠣᠷᠣᠨ ᠪᠦᠰᠡ ᠵᠢᠨ ᠨᠠᠷᠠᠲᠤ ᠲᠥᠷᠥᠯ ᠲᠡᠮᠳᠡᠭᠲᠦ ᠵᠢ ᠡᠭᠦᠳᠬᠦ ᠵᠢ ᠵᠣᠷᠢᠭᠵᠢᠭᠤᠯᠵᠤ᠂ ᠬᠢᠲᠠᠳ ᠡᠮ᠎ᠤᠨ ᠨᠠᠷᠠᠲᠤ ᠲᠥᠷᠥᠯ ᠲᠡᠮᠳᠡᠭᠲᠦ ᠵᠢᠨ ᠥᠷᠲᠡᠭ᠎ᠤᠨ ᠳᠡᠭᠡᠭᠰᠢᠯᠡᠯᠲᠡ ᠵᠢ ᠠᠬᠢᠭᠤᠯᠵᠤ᠂ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ᠎ᠳᠤ ᠬᠦᠴᠦᠨ ᠨᠡᠮᠡᠷᠢᠯᠡᠨ᠎ᠡ᠃
ᠵᠢᠷᠭᠤᠭ᠎ᠠ᠂ ᠬᠢᠲᠠᠳ ᠡᠮ᠎ᠤᠨ ᠵᠦᠢ᠍ᠯ᠎ᠤᠨ ᠥᠷᠲᠡᠭ᠎ᠢ ᠦᠨᠡᠯᠡᠨ ᠵᠢᠱ᠌ᠢᠬᠦ ᠪᠠ ᠳᠣᠭᠢᠷᠠᠭᠤᠯᠤᠨ ᠬᠡᠷᠡᠭᠯᠡᠬᠦ ᠵᠢ ᠠᠬᠢᠭᠤᠯᠬᠤ ᠲᠠᠯ᠎ᠠ᠎ᠪᠠᠷ ᠭᠤᠤᠯᠳᠠᠭᠤ ᠶᠠᠮᠠᠷ ᠶᠠᠮᠠᠷ ᠠᠷᠭ᠎ᠠ ᠬᠡᠮᠵᠢᠶ᠎ᠡ ᠪᠠᠶ᠋ᠢᠬᠤ ᠪᠣᠶ?
ᠣᠶ᠋ᠢᠷ᠎ᠠ ᠵᠢᠨ ᠵᠢᠯ᠎ᠳᠤ᠂ ᠬᠢᠲᠠᠳ ᠡᠮᠨᠡᠯᠭᠡ ᠵᠢᠨ ᠡᠮᠴᠢᠯᠡᠭᠡᠨ᠎ᠤ ᠦᠨᠡᠯᠡᠯᠲᠡ ᠵᠢᠨ ᠰᠤᠳᠤᠯᠭ᠋ᠠᠨ ᠴᠢᠬᠤᠯᠠ ᠠᠬᠢᠴᠠ᠎ᠲᠠᠢ ᠪᠣᠯᠵᠣ᠂ ᠵᠢᠷᠦᠬᠡ ᠲᠠᠷᠢᠬᠢᠨ᠎ᠤ ᠴᠢᠰᠤᠨ ᠰᠤᠳᠠᠯ᠂ ᠰᠣᠯᠢᠯᠴᠠᠭ᠎ᠠ᠂ ᠰᠢᠩᠭᠡᠭᠡᠯᠲᠡ ᠵᠡᠷᠭᠡ ᠣᠯᠠᠨ ᠡᠪᠡᠳᠴᠢᠨ ᠡᠮᠭᠡᠭ᠎ᠤᠨ ᠬᠦᠷᠢᠶᠡᠨ᠎ᠳᠤ ᠴᠢᠨᠠᠷ ᠰᠠᠶ᠋ᠢᠲᠠᠶ ᠭᠡᠷᠡᠴᠢᠯᠡᠯ᠎ᠤᠨ ᠰᠤᠳᠤᠯᠭ᠋ᠠᠨ ᠥᠷᠨᠢᠭᠦᠯᠵᠦ᠂ ᠠᠯᠢ ᠣᠯᠠᠨ ᠴᠢᠬᠤᠯᠠ ᠦᠷ᠎ᠡ ᠪᠦᠲᠦᠭᠡᠯ ᠤᠯᠪᠠ᠃ ᠬᠢᠲᠠᠳ ᠡᠮ ᠡᠮᠨᠡᠯᠭᠡ ᠵᠢᠨ ᠡᠮᠴᠢᠯᠡᠭᠡᠨ᠎ᠤ ᠳᠠᠪᠠᠭᠤᠯᠢᠭ᠎ᠢ ᠨᠠᠩ ᠰᠠᠶ᠋ᠢᠨ ᠪᠠᠳᠠᠷᠠᠭᠤᠯᠬᠤ ᠵᠢᠨ ᠲᠥᠯᠥᠭᠡ᠂ 《ᠰᠠᠨᠠᠯ》᠎ᠳᠤ ᠡᠮᠴᠢᠯᠡᠭᠡᠨ᠎ᠤ ᠥᠷᠲᠡᠭ᠎ᠢ ᠦᠨᠡᠯᠡᠨ ᠵᠢᠱ᠌ᠢᠬᠦ ᠵᠢ ᠴᠢᠩᠭ᠋ᠠᠳᠬᠠᠬᠤ᠂ ᠬᠢᠲᠠᠳ ᠡᠮ᠎ᠢ ᠳᠣᠭᠢᠷᠠᠭᠤᠯᠤᠨ ᠬᠡᠷᠡᠭᠯᠡᠬᠦ ᠵᠢ ᠴᠢᠩᠭ᠋ᠠᠳᠬᠠᠬᠤ ᠵᠡᠷᠭᠡ ᠲᠠᠯ᠎ᠠ᠎ᠪᠠᠷ ᠬᠣᠯᠪᠣᠭᠳᠠᠯ ᠪᠥᠬᠥᠶ ᠠᠷᠭ᠎ᠠ ᠬᠡᠮᠵᠢᠶ᠎ᠡ ᠳᠤᠷᠠᠳᠴᠠᠶ᠃
ᠨᠢᠭᠡ᠎ᠳᠤ᠂ ᠡᠮᠴᠢᠯᠡᠭᠡᠨ᠎ᠤ ᠦᠨ᠎ᠡ ᠥᠷᠲᠡᠭ᠎ᠢ ᠦᠨᠡᠯᠡᠨ ᠵᠢᠱ᠌ᠢᠬᠦ ᠲᠠᠯ᠎ᠠ᠎ᠪᠠᠷ᠂ ᠬᠢᠲᠠᠳ ᠡᠮ ᠡᠮᠨᠡᠯᠭᠡ ᠵᠢᠨ ᠡᠮᠴᠢᠯᠡᠭᠡᠨ᠎ᠤ ᠦᠷ᠎ᠡ ᠪᠦᠲᠦᠮᠵᠢ ᠵᠢ ᠦᠨᠡᠯᠡᠬᠦ ᠲᠣᠮᠣ ᠵᠠᠭᠪᠤᠷ᠎ᠢ ᠨᠡᠭᠡᠭᠡᠨ ᠬᠥᠭᠵᠢᠭᠦᠯᠵᠦ᠂ ᠬᠥᠮᠦᠨ᠎ᠤ ᠬᠡᠷᠡᠭᠯᠡᠭᠰᠡᠨ ᠲᠤᠷᠰᠢᠯᠭ᠎ᠠ ᠵᠢ ᠡᠮᠴᠢᠯᠡᠭᠡᠨ᠎ᠤ ᠭᠡᠷᠡᠴᠢ ᠪᠠᠷᠢᠮᠲᠠ ᠪᠣᠯᠭ᠋ᠠᠨ ᠬᠤᠪᠢᠷᠠᠭᠤᠯᠬᠤ ᠵᠢ ᠠᠬᠢᠭᠤᠯᠵᠤ᠂ ᠬᠢᠲᠠᠳ ᠡᠮ ᠡᠮᠨᠡᠯᠭᠡ ᠵᠢᠨ ᠡᠮᠴᠢᠯᠡᠭᠡᠨ᠎ᠤ ᠦᠷ᠎ᠡ ᠠᠰᠢᠭ᠎ᠲᠤ ᠬᠦᠴᠦᠲᠡᠶ ᠭᠡᠷᠡᠴᠢ ᠪᠠᠷᠢᠮᠲᠠ ᠵᠢᠨ ᠳᠡᠮᠵᠢᠯᠭᠡ ᠬᠠᠩᠭ᠋ᠠᠨ᠎ᠠ᠃ ᠬᠢᠲᠠᠳ ᠡᠮ᠎ᠤᠨ ᠡᠮᠴᠢᠯᠡᠭᠡᠨ᠎ᠤ ᠦᠨ᠎ᠡ ᠥᠷᠲᠡᠭ᠎ᠢ ᠳᠣᠪᠣᠶ᠋ᠢᠯᠭ᠋ᠠᠵᠤ᠂ ᠬᠢᠲᠠᠳ ᠪᠡᠯᠡᠨ ᠡᠮ᠎ᠤᠨ ᠡᠮᠴᠢᠯᠡᠭᠡᠨ᠎ᠤ ᠶᠡᠷᠦᠩᠬᠡᠶ᠋ᠢᠯᠡᠨ ᠦᠨᠡᠯᠡᠬᠦ ᠭᠦᠢ᠍ᠴᠡᠳᠭᠡᠯ ᠲᠣᠭ᠎ᠠ ᠵᠢᠨ ᠰᠢᠰᠲ᠋ᠧᠮᠵᠢ ᠪᠠ ᠦᠨᠡᠯᠡᠬᠦ ᠠᠷᠭ᠎ᠠ ᠵᠠᠮ᠎ᠢ ᠪᠠᠶ᠋ᠢᠭᠤᠯᠵᠤ᠂ ᠡᠮᠴᠢᠯᠡᠭᠡᠨ᠎ᠤ ᠦᠨ᠎ᠡ ᠥᠷᠲᠡᠭ᠎ᠢ ᠦᠨᠡᠯᠡᠨ ᠵᠢᠱ᠌ᠢᠬᠦ᠎ᠳᠤ ᠲᠤᠯᠭ᠋ᠠᠭᠤᠷᠢᠯᠠᠯ ᠬᠠᠩᠭ᠋ᠠᠨ᠎ᠠ᠃
ᠬᠣᠶᠠᠷ᠎ᠲᠤ᠂ ᠬᠢᠲᠠᠳ ᠡᠮ᠎ᠢ ᠲᠣᠬᠢᠷᠠᠭᠤᠯᠤᠨ ᠬᠡᠷᠡᠭᠯᠡᠬᠦ ᠲᠠᠯ᠎ᠠ᠎ᠪᠠᠷ᠂ ᠬᠢᠲᠠᠳ ᠧᠦ᠋ᠷᠣᠫᠠ ᠡᠮᠨᠡᠯᠭᠡ ᠵᠢ ᠤᠶᠠᠯᠳᠤᠭᠤᠯᠬᠤ᠂ ᠬᠢᠲᠠᠳ ᠧᠦ᠋ᠷᠣᠫᠠ ᠡᠮ᠎ᠢ ᠵᠡᠷᠭᠡ᠎ᠪᠠᠷ ᠬᠡᠷᠡᠭᠯᠡᠬᠦ ᠵᠢ ᠪᠠᠷᠢᠮᠲᠠᠯᠠᠵᠤ᠂ ᠬᠢᠲᠠᠳ ᠡᠮᠨᠡᠯᠭᠡ᠂ ᠬᠢᠲᠠᠳ ᠧᠦ᠋ᠷᠣᠫᠠ ᠡᠮᠨᠡᠯᠭᠡ ᠵᠢ ᠤᠶᠠᠯᠳᠤᠭᠤᠯᠬᠤ ᠡᠮᠴᠢᠯᠡᠭᠡᠨ᠎ᠤ ᠣᠨᠣᠰᠢᠯᠠᠨ ᠡᠮᠨᠡᠬᠦ ᠵᠢᠷᠤᠮᠵᠢᠯ ᠪᠠ ᠵᠦᠭᠯᠡᠭᠦᠷ᠎ᠤᠨ ᠬᠡᠷᠡᠭᠯᠡᠯᠲᠡ ᠵᠢ ᠴᠢᠩᠭ᠋ᠠᠳᠬᠠᠨ᠎ᠠ᠃ ᠬᠢᠲᠠᠳ ᠡᠮ᠎ᠢ ᠲᠥᠪᠯᠡᠷᠡᠭᠦᠯᠦᠨ ᠬᠤᠳᠠᠯᠳᠤᠨ ᠠᠪᠬᠤ᠂ ᠳᠠᠭ᠋ᠠᠭ᠋ᠠᠴᠢᠯᠠᠯᠲᠠ ᠵᠠᠷᠯᠠᠨ ᠬᠤᠳᠠᠯᠳᠤᠨ ᠠᠪᠬᠤ ᠲᠦᠷᠦ ᠵᠢᠨ ᠪᠤᠳᠤᠯᠭ᠎ᠠ ᠵᠢ ᠰᠢᠯᠢᠳᠡᠭᠵᠢᠭᠦᠯᠵᠦ᠂ ᠴᠢᠨᠠᠷ ᠰᠠᠶ᠋ᠢᠲᠠᠢ᠎ᠳᠤᠨᠢ ᠰᠠᠢ᠍ᠢ᠍ᠨ ᠦᠨ᠎ᠡ ᠥᠭᠬᠦ ᠵᠢ ᠪᠡᠶᠡᠯᠡᠭᠦᠯᠦᠨ᠎ᠡ᠃ ᠣᠨᠴᠠᠯᠢᠭᠲᠤ ᠳᠠᠪᠠᠭᠤᠯᠢᠭ ᠡᠮᠴᠢᠯᠡᠭᠡᠨ᠎ᠤ ᠪᠠᠶ᠋ᠢᠭᠤᠯᠤᠮᠵᠢ ᠵᠢᠨ ᠬᠢᠲᠠᠳ ᠡᠮ᠎ᠤᠨ ᠨᠠᠶ᠋ᠢᠷᠠᠯᠲᠠ ᠵᠢ ᠬᠠᠤᠯᠢ ᠶᠣᠰᠣᠭ᠋ᠠᠷ ᠲᠣᠬᠢᠷᠠᠭᠤᠯᠤᠨ ᠬᠡᠷᠡᠭᠯᠡᠬᠦ ᠵᠢ ᠳᠡᠮᠵᠢᠵᠦ᠂ ᠦᠨᠳᠦᠰᠦᠨ ᠱᠠᠲᠤᠨ᠎ᠤ ᠬᠢᠲᠠᠳ ᠡᠮ᠎ᠤᠨ ᠳᠡᠯᠭᠡᠭᠦᠷ᠎ᠢ ᠬᠠᠮᠲᠤ᠎ᠪᠠᠷ ᠭᠥᠷᠳᠡᠬᠦ ᠵᠢ ᠵᠣᠷᠢᠭᠵᠢᠭᠤᠯᠤᠨ᠂ ᠴᠢᠨᠠᠷ ᠰᠠᠶ᠋ᠢᠲᠠᠶ ᠡᠬᠢ ᠪᠠᠶᠠᠯᠢᠭ ᠵᠶ᠋ᠠᠷ ᠥᠷᠭᠡᠨ ᠣᠯᠠᠨ ᠡᠪᠡᠳᠴᠢᠲᠡᠨ᠎ᠳᠤ ᠨᠠᠩ ᠰᠠᠶ᠋ᠢᠨ ᠠᠰᠢᠭ ᠬᠦᠷᠲᠡᠭᠡᠬᠦ ᠵᠢ ᠠᠬᠢᠭᠤᠯᠤᠨ᠎ᠠ᠃
ᠲᠤᠯᠤᠭ᠎ᠠ᠂ ᠬᠢᠲᠠᠳ ᠡᠮ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠬᠡᠷᠬᠢᠨ ᠲᠦᠯᠬᠢᠨ ᠠᠬᠢᠭᠤᠯᠬᠤ ᠪᠤᠢ?
ᠶᠡᠷᠦᠩᠬᠡᠢ ᠱᠦᠵᠢ ᠰᠢ ᠵᠢᠨ ᠫᠢᠩ ᠪᠦᠬᠦ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠶᠡᠬᠡ ᠬᠤᠷᠠᠯ᠂ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠬᠥᠬᠢᠭᠦᠯᠦᠨ ᠰᠠᠶ᠋ᠢᠰᠢᠶᠠᠬᠤ ᠶᠡᠬᠡ ᠬᠤᠷᠠᠯ᠂ ᠬᠣᠶᠠᠷ ᠬᠦᠷᠢᠶᠡᠯᠡᠩ᠎ᠤᠨ ᠠᠺᠠᠳᠧᠮᠢᠴᠢ ᠵᠢᠨ ᠶᠡᠬᠡ ᠬᠤᠷᠠᠯ ᠳᠡᠭᠡᠷ᠎ᠡ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠠᠵᠤ ᠦᠢ᠍ᠯᠡᠰ᠎ᠤᠨ ᠰᠢᠨ᠎ᠡ ᠵᠢ ᠡᠭᠦᠳᠬᠦ ᠵᠢᠨ ᠭᠦᠨᠵᠡᠭᠡᠢ ᠠᠭᠤᠰᠤᠯᠴᠠᠯ᠎ᠢ ᠯᠠᠪᠳᠠᠭᠤᠨ ᠪᠠᠲᠤᠲᠠᠢ ᠠᠬᠢᠭᠤᠯᠵᠤ᠂ ᠰᠢᠨ᠎ᠡ ᠴᠢᠨᠠᠷ᠎ᠤᠨ ᠦᠢ᠍ᠯᠡᠳᠪᠦᠷᠢᠯᠡᠯ᠎ᠤᠨ ᠬᠦᠴᠦᠨ᠎ᠢ ᠬᠥᠭᠵᠢᠭᠦᠯᠬᠦ᠎ᠳᠤ ᠬᠦᠴᠦᠨ ᠨᠡᠮᠡᠷᠢᠯᠡᠬᠦ ᠬᠡᠷᠡᠭᠲᠡᠢ ᠭᠡᠵᠦ ᠵᠢᠭ᠋ᠠᠵᠤ ᠭᠠᠷᠭ᠋ᠠᠪᠠ᠃ ᠬᠢᠲᠠᠳ ᠡᠮ ᠡᠮᠨᠡᠯᠭᠡ ᠪᠣᠯ ᠮᠠᠨ᠎ᠤ ᠤᠯᠤᠰ᠎ᠤᠨ ᠤᠤᠭ᠋ᠠᠯ ᠡᠭᠦᠳᠦᠯᠲᠡ ᠵᠢᠨ ᠳᠠᠪᠠᠭᠤᠯᠢᠭ᠎ᠲᠠᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠡᠬᠢ ᠪᠠᠶᠠᠯᠢᠭ ᠮᠥᠨ᠂ ᠤᠢ᠍ᠢ᠍ᠷ᠎ᠠ ᠵᠢᠨ ᠵᠢᠯ᠎ᠳᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠪᠠ ᠠᠵᠤ ᠦᠢ᠍ᠯᠡᠰ᠎ᠤᠨ ᠰᠢᠨ᠎ᠡ ᠵᠢ ᠡᠭᠦᠳᠬᠦ ᠵᠢ ᠠᠭᠤᠰᠤᠯᠴᠠᠭᠤᠯᠤᠨ ᠬᠥᠭᠵᠢᠭᠦᠯᠬᠦ᠎ᠪᠠᠷ ᠳᠠᠮᠵᠢᠭᠤᠯᠤᠨ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠦᠢ᠍ᠯᠡᠳᠪᠦᠷᠢᠯᠡᠯ᠎ᠤᠨ ᠬᠦᠴᠦᠨ ᠪᠣᠯᠭ᠋ᠠᠨ ᠬᠤᠪᠢᠷᠠᠭᠤᠯᠬᠤ ᠵᠢ ᠲᠦᠷᠭᠡᠳᠬᠡᠵᠦ᠂ ᠬᠢᠲᠠᠳ ᠡᠮ ᠡᠮᠨᠡᠯᠭᠡ ᠵᠢᠨ ᠠᠵᠤ ᠦᠢ᠍ᠯᠡᠰ᠎ᠤᠨ ᠬᠥᠭᠵᠢᠯᠲᠡ ᠵᠢᠨ ᠪᠦᠬᠦᠯᠢ ᠴᠣᠭᠴᠠ ᠵᠢᠨ ᠲᠦᠪᠰᠢᠨ᠎ᠢ ᠲᠠᠰᠤᠷᠠᠯᠳᠠ ᠦᠭᠡᠢ ᠳᠡᠭᠡᠭᠰᠢᠯᠡᠭᠦᠯᠪᠡ᠃ 《ᠰᠠᠨᠠᠯ》᠎ᠨᠢ ᠡᠯ᠎ᠡ ᠲᠠᠯ᠎ᠠ ᠵᠢᠨ ᠬᠦᠴᠦᠨ᠎ᠢ ᠤᠯᠠᠮ ᠴᠢᠨᠠᠭᠰᠢᠳᠠ ᠨᠢᠭᠡᠳᠦᠯᠲᠡᠶ ᠲᠥᠯᠥᠪᠵᠢᠭᠦᠯᠵᠦ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠵᠢ ᠠᠵᠤ ᠦᠢ᠍ᠯᠡᠰ᠎ᠤᠨ ᠪᠥᠬᠥ ᠬᠡᠯᠬᠢᠶ᠎ᠡ ᠪᠥᠬᠥ ᠭᠣᠭᠴᠣᠭ᠎ᠠ᠎ᠳᠤ ᠲᠤᠭᠤᠰᠢᠯᠠᠭᠤᠯᠵᠤ᠂ ᠦᠢ᠍ᠯᠡᠳᠪᠦᠷᠢᠯᠡᠬᠦ ᠵᠢᠭ᠋ᠠᠬᠤ ᠰᠤᠳᠤᠯᠬᠤ ᠬᠡᠷᠡᠭᠯᠡᠬᠦ ᠵᠢ ᠭᠦᠨᠵᠡᠭᠡᠶ ᠠᠭᠤᠰᠤᠯᠴᠠᠭᠤᠯᠬᠤ ᠵᠢ ᠠᠬᠢᠭᠤᠯᠪᠠ᠃
ᠨᠢᠭᠡ᠎ᠳᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢ ᠳᠡᠭᠡᠭᠰᠢᠯᠡᠭᠦᠯᠬᠦ ᠲᠠᠯ᠎ᠠ
ᠪᠠᠷ᠂ ᠵᠣᠬᠢᠶᠠᠨ ᠪᠠᠶ᠋ᠢᠭᠤᠯᠤᠯᠲᠠ᠎ᠲᠠᠢ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠎ᠢ ᠴᠢᠩᠭ᠋ᠠᠳᠬᠠᠵᠤ᠂ ᠤᠯᠠᠨ ᠰᠢᠨᠵᠢᠯᠡᠭᠡᠨ᠎ᠤ ᠰᠠᠯᠠᠭ᠎ᠠ᠂ ᠤᠯᠠᠨ ᠰᠠᠯᠠᠭ᠎ᠠ ᠮᠥᠴᠢᠷ ᠬᠠᠮᠲᠤᠷᠠᠨ ᠪᠣᠭᠣᠮᠲᠠ ᠰᠢᠪᠲᠤᠯᠬᠤ ᠵᠢ ᠠᠬᠢᠭᠤᠯᠵᠤ᠂ ᠦᠢ᠍ᠯᠡᠳᠪᠦᠷᠢᠯᠡᠯ ᠵᠢᠭ᠋ᠠᠨ ᠰᠤᠷᠭ᠋ᠠᠯᠲᠠ ᠰᠤᠳᠤᠯᠭ᠋ᠠᠨ ᠬᠡᠷᠡᠭᠯᠡᠯᠲᠡ ᠵᠢᠨ ᠭᠦᠨᠵᠡᠭᠡᠢ ᠠᠭᠤᠰᠤᠯᠴᠠᠯ᠎ᠢ ᠠᠬᠢᠭᠤᠯᠤᠨ᠎ᠠ᠃ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠠᠪᠴᠠᠩ᠎ᠤᠨ ᠪᠠᠶ᠋ᠢᠭᠤᠯᠤᠯᠲᠠ ᠵᠢ ᠴᠢᠩᠭ᠋ᠠᠳᠬᠠᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠴᠢᠳᠠᠪᠤᠷᠢ ᠵᠢᠨ ᠬᠢᠷᠢ ᠲᠦᠪᠰᠢᠨ᠎ᠢ ᠲᠦᠷᠭᠡᠪᠴᠢᠯᠡᠨ ᠳᠡᠭᠡᠭᠰᠢᠯᠡᠭᠦᠯᠦᠨ᠎ᠡ᠃ ᠬᠢᠲᠠᠳ ᠡᠮ᠎ᠤᠨ ᠠᠵᠤ ᠠᠬᠤᠶ᠋ᠢᠯᠠᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠰᠢᠨ᠎ᠡ ᠵᠢ ᠡᠭᠦᠳᠬᠦ ᠪᠡᠶᠡᠴᠢ ᠴᠣᠭᠴᠠ ᠵᠢᠨ ᠪᠠᠶ᠋ᠢᠷᠢ ᠰᠠᠭᠤᠷᠢ ᠵᠢ ᠴᠢᠩᠭ᠋ᠠᠳᠬᠠᠵᠤ᠂ ᠲᠣᠯᠣᠭ᠋ᠠᠶ᠋ᠢᠯᠠᠭᠴᠢ ᠠᠵᠤ ᠠᠬᠤᠶ᠋ᠢᠯᠠᠯ᠎ᠤᠨ ᠵᠢᠱ᠌ᠢᠶ᠎ᠡ ᠦᠵᠡᠭᠦᠯᠵᠦ ᠬᠦᠲᠦᠯᠦᠨ ᠳᠠᠭ᠋ᠠᠭᠤᠯᠬᠤ ᠦᠢ᠍ᠯᠡᠳᠦᠯ᠎ᠢ ᠪᠠᠳᠠᠷᠠᠭᠤᠯᠵᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢ ᠠᠬᠢᠭᠤᠯᠤᠨ᠎ᠠ᠃
ᠬᠣᠶᠠᠷ᠎ᠲᠤ᠂ ᠬᠢᠲᠠᠳ ᠡᠮ᠎ᠤᠨ ᠰᠢᠨ᠎ᠡ ᠵᠢ ᠡᠭᠦᠳᠴᠦ ᠰᠤᠳᠤᠯᠤᠨ ᠨᠡᠭᠡᠭᠡᠬᠦ ᠵᠢ ᠴᠢᠩᠭ᠋ᠠᠳᠬᠠᠬᠤ ᠲᠠᠯ᠎ᠠ᠎ᠪᠠᠷ᠂ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠯᠥᠪᠯᠡᠭᠡ ᠵᠢᠨ ᠬᠢᠲᠠᠳ ᠡᠮ᠎ᠢ ᠳᠡᠮᠵᠢᠬᠦ ᠡᠷᠴᠢᠮ᠎ᠢ ᠴᠢᠩᠭ᠋ᠠᠷᠠᠭᠤᠯᠵᠤ᠂ ᠵᠠᠩᠭᠢᠯᠠᠭ᠎ᠠ ᠵᠢᠨ ᠮᠡᠷᠭᠡᠵᠢᠯ᠎ᠤᠨ ᠪᠡᠷᠬᠡ ᠰᠡᠳᠦᠪ᠎ᠢ ᠰᠢᠢ᠍ᠳᠪᠦᠷᠢᠯᠡᠬᠦ ᠵᠢ ᠠᠬᠢᠭᠤᠯᠤᠨ᠎ᠠ᠃ ᠬᠢᠲᠠᠳ ᠡᠮᠨᠡᠯᠭᠡ ᠵᠢᠨ ᠳᠠᠪᠠᠭᠤᠯᠢᠭ ᠡᠪᠡᠳᠴᠢᠨ᠎ᠤ ᠲᠥᠷᠥᠯ᠎ᠲᠠᠢ ᠤᠶᠠᠯᠳᠤᠭᠤᠯᠤᠨ᠂ ᠬᠦᠨᠳᠦ ᠶᠡᠬᠡ ᠤᠵᠢᠭ ᠡᠪᠡᠳᠴᠢᠨ᠂ ᠬᠦᠨᠳᠦ ᠶᠡᠬᠡ ᠬᠦᠴᠢᠷ ᠲᠦᠪᠡᠭᠲᠡᠶ ᠡᠪᠡᠳᠴᠢᠨ ᠡᠮᠭᠡᠭ᠂ ᠰᠢᠨ᠎ᠡ᠎ᠪᠠᠷ ᠡᠭᠦᠰᠬᠦ ᠭᠡᠨᠡᠳᠲᠡ ᠡᠭᠦᠰᠬᠦ ᠬᠠᠯᠳᠠᠪᠤᠷᠢᠲᠤ ᠡᠪᠡᠳᠴᠢᠨ᠂ ᠤᠨᠴᠠᠭ᠋ᠠᠢ ᠣᠷᠴᠢᠨ ᠲᠣᠭᠣᠷᠢᠨ᠎ᠤ ᠡᠪᠡᠳᠴᠢᠨ ᠡᠮᠭᠡᠭ ᠵᠡᠷᠭᠡ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠨᠢᠭᠡ ᠪᠦᠯᠦᠭ ᠡᠮᠴᠢᠯᠡᠭᠡᠨ᠎ᠤ ᠦᠷ᠎ᠡ ᠪᠦᠲᠦᠮᠵᠢ᠎ᠪᠠᠷ ᠲᠣᠪᠣᠶ᠋ᠢᠮ᠎ᠠ᠂ ᠥᠷᠢᠰᠥᠯᠳᠦᠭᠡᠨ᠎ᠤ ᠳᠠᠪᠠᠭᠤᠯᠢᠭ ᠵᠶ᠋ᠠᠷ ᠢᠯᠡᠷᠬᠡᠶ ᠬᠢᠲᠠᠳ ᠡᠮ᠎ᠤᠨ ᠰᠢᠨ᠎ᠡ ᠵᠢ ᠡᠭᠦᠳᠬᠦ ᠡᠮ᠎ᠢ ᠭᠠᠷᠭ᠋ᠠᠨ᠎ᠠ᠃ ᠡᠮᠴᠢᠯᠡᠭᠡᠨ᠎ᠤ ᠪᠠᠶ᠋ᠢᠭᠤᠯᠤᠮᠵᠢ ᠵᠢᠨ ᠬᠢᠲᠠᠳ ᠡᠮ᠎ᠤᠨ ᠨᠠᠶ᠋ᠢᠷᠠᠯᠲᠠ᠂ ᠬᠢᠲᠠᠳ ᠡᠮ᠎ᠤᠨ ᠰᠢᠨ᠎ᠡ ᠵᠢ ᠡᠭᠦᠳᠬᠦ ᠳᠤᠮᠳᠠᠬᠢ ᠨᠠᠷᠠᠲᠤ ᠡᠮᠴᠢ ᠵᠢᠨ ᠲᠤᠷᠰᠢᠯᠭ᠋ᠠᠲᠤ ᠵᠣᠷ᠎ᠤᠨ 《ᠨᠡᠪᠴᠢᠭᠦᠯᠦᠭᠦᠷ》᠎ᠤᠨ ᠦᠢ᠍ᠯᠡᠳᠦᠯ᠎ᠢ ᠪᠠᠳᠠᠷᠠᠭᠤᠯᠵᠤ᠂ ᠠᠭᠤᠳᠠᠯᠬᠤ ᠪᠠ ᠤᠯᠠᠷᠢᠭᠤᠯᠬᠤ ᠵᠢ ᠤᠯᠠᠮ ᠨᠢᠭᠡ ᠠᠯᠬᠤᠮ ᠴᠢᠩᠭ᠋ᠠᠳᠬᠠᠨ᠎ᠠ᠃
ᠨᠠᠢ᠍ᠮᠠ᠂ ᠬᠢᠲᠠᠳ ᠡᠮ᠎ᠤᠨ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠬᠤ ᠲᠠᠯ᠎ᠠ᠎ᠪᠠᠷ ᠶᠠᠮᠠᠷ ᠶᠠᠮᠠᠷ ᠭᠤᠤᠯᠳᠠᠯᠭ᠎ᠠ᠎ᠲᠠᠢ ᠠᠷᠭ᠎ᠠ ᠬᠡᠮᠵᠢᠶ᠎ᠡ ᠪᠠᠶ᠋ᠢᠬᠤ ᠪᠣᠶ?
ᠬᠢᠲᠠᠳ ᠡᠮ᠎ᠤᠨ ᠴᠢᠨᠠᠷ ᠴᠢᠨᠰᠠᠭ᠎ᠠ᠎ᠨᠢ ᠡᠮᠴᠢᠯᠡᠭᠡᠨ᠎ᠤ ᠠᠴᠢ ᠲᠤᠰᠠᠲᠠᠢ ᠰᠢᠭᠤᠳ ᠬᠣᠯᠪᠣᠭᠳᠠᠨ᠎ᠠ᠃ ᠣᠶ᠋ᠢᠷ᠎ᠠ ᠵᠢᠨ ᠵᠢᠯ᠎ᠤᠳ᠎ᠲᠤ᠂ ᠬᠢᠲᠠᠳ ᠡᠮ᠎ᠤᠨ ᠶᠠᠰᠤ ᠴᠢᠨᠠᠷ᠎ᠢ ᠳᠡᠭᠡᠭᠰᠢᠯᠡᠭᠦᠯᠬᠦ ᠭᠡᠬᠦ ᠡᠨᠡ ᠬᠦ᠌ ᠨᠡᠶ᠋ᠢᠭᠡᠮ ᠨᠡᠶ᠋ᠢᠲᠡ ᠵᠢᠨ ᠠᠩᠬᠠᠷᠴᠤ ᠪᠠᠶ᠋ᠢᠭ᠎ᠠ ᠬᠠᠯᠠᠮᠰᠢᠯ ᠴᠡᠭ ᠪᠠ ᠬᠦᠴᠢᠷᠲᠡᠶ ᠠᠰᠠᠭᠤᠳᠠᠯ᠎ᠳᠤ ᠠᠩᠬᠠᠷᠤᠯ ᠵᠶ᠋ᠠᠨ ᠲᠥᠪᠯᠡᠷᠡᠭᠦᠯᠵᠦ᠂ ᠡᠯ᠎ᠡ ᠰᠠᠯᠠᠭ᠎ᠠ ᠮᠥᠴᠢᠷ ᠬᠠᠮᠵᠢᠯᠴᠠᠨ ᠬᠥᠳᠡᠯᠦᠯᠴᠡᠵᠦ᠂ ᠣᠯᠠᠨ ᠠᠷᠭ᠎ᠠ ᠬᠡᠮᠵᠢᠶ᠎ᠡ ᠵᠢ ᠵᠡᠷᠭᠡ᠎ᠪᠠᠷ ᠬᠡᠷᠡᠭᠯᠡᠨ ᠬᠢᠲᠠᠳ ᠡᠮ᠎ᠤᠨ ᠶᠠᠰᠤ ᠴᠢᠨᠠᠷ᠎ᠤᠨ ᠦᠷᠭᠦᠯᠵᠢᠯᠡᠨ ᠰᠠᠶ᠋ᠢᠵᠢᠷᠠᠬᠤ ᠵᠢ ᠠᠬᠢᠭᠤᠯᠵᠤ ᠪᠠᠶ᠋ᠢᠨ᠎ᠠ᠃ ᠬᠢᠲᠠᠳ ᠡᠮ᠎ᠤᠨ ᠶᠠᠰᠤ ᠴᠢᠨᠠᠷ᠎ᠤᠨ ᠬᠢᠨᠠᠯᠲᠠ ᠬᠠᠮᠢᠶᠠᠷᠤᠯᠲᠠ ᠵᠢ ᠤᠯᠠᠮ ᠴᠢᠩᠭ᠋ᠠᠳᠬᠠᠬᠤ ᠵᠢᠨ ᠲᠥᠯᠥᠭᠡ᠂ 《ᠰᠠᠨᠠᠯ》᠎ᠳᠤ ᠥᠭᠡᠷᠡᠴᠢᠯᠡᠯᠲᠡ ᠵᠢ ᠤᠯᠠᠮ ᠨᠢᠭᠡ ᠠᠯᠬᠤᠮ ᠭᠦᠨᠵᠡᠭᠡᠶ᠋ᠢᠷᠡᠭᠦᠯᠬᠦ ᠠᠷᠭ᠎ᠠ ᠬᠡᠮᠵᠢᠶ᠎ᠡ ᠵᠢ ᠳᠤᠷᠠᠳᠤᠨ ᠭᠠᠷᠭ᠋ᠠᠪᠠ᠃
ᠨᠢᠭᠡ᠎ᠳᠤ᠂ ᠬᠢᠲᠠᠳ ᠡᠮ᠎ᠤᠨ ᠪᠠᠷᠢᠮᠵᠢᠶ᠎ᠠ ᠵᠢᠨ ᠰᠢᠰᠲ᠋ᠧᠮ᠎ᠢ ᠲᠡᠭᠦᠯᠳᠡᠷᠵᠢᠭᠦᠯᠬᠦ ᠲᠠᠯ᠎ᠠ᠎ᠪᠠᠷ᠂ ᠬᠢᠲᠠᠳ ᠡᠮ᠎ᠤᠨ ᠪᠠᠷᠢᠮᠵᠢᠶᠠᠵᠢᠭᠤᠯᠤᠯᠲᠠ ᠵᠢᠨ ᠠᠵᠢᠯᠯᠠᠭ᠎ᠠ ᠵᠢ ᠦᠷᠭᠦᠯᠵᠢᠯᠡᠨ ᠬᠡᠷᠡᠭᠵᠢᠭᠦᠯᠵᠦ᠂ ᠤᠯᠤᠰ᠎ᠤᠨ ᠬᠢᠲᠠᠳ ᠡᠮ᠎ᠤᠨ ᠮᠠᠲ᠋ᠧᠷᠢᠶᠠᠯ᠎ᠤᠨ ᠶᠠᠰᠤ ᠴᠢᠨᠠᠷ᠎ᠤᠨ ᠵᠢᠷᠤᠮᠵᠢᠯ᠂ ᠦᠷ᠎ᠡ ᠴᠢᠬᠢ ᠵᠢᠨ ᠪᠠᠷᠢᠮᠵᠢᠶ᠎ᠠ ᠵᠢ ᠲᠡᠭᠦᠯᠳᠡᠷᠵᠢᠭᠦᠯᠦᠨ᠂ 《ᠤᠯᠤᠰ᠎ᠤᠨ ᠬᠢᠲᠠᠳ ᠴᠢᠨᠠᠬᠤ ᠡᠮ᠎ᠤᠨ ᠨᠣᠮᠣᠬᠠᠳᠬᠠᠬᠤ ᠵᠢᠷᠤᠮᠵᠢᠯ》᠎ᠳᠤ ᠵᠠᠰᠠᠪᠤᠷᠢ ᠣᠷᠣᠭᠤᠯᠵᠤ᠂ ᠬᠢᠲᠠᠳ ᠡᠮ᠎ᠤᠨ ᠪᠠᠷᠢᠮᠵᠢᠶ᠎ᠠ ᠵᠢᠨ ᠶᠠᠰᠤ ᠴᠢᠨᠠᠷ ᠪᠠ ᠬᠢᠷᠢ ᠲᠦᠪᠰᠢᠨ᠎ᠢ ᠲᠠᠰᠤᠷᠠᠯᠲᠠ ᠦᠭᠡᠢ ᠳᠡᠭᠡᠭᠰᠢᠯᠡᠭᠦᠯᠦᠨ᠎ᠡ᠃ ᠬᠢᠲᠠᠳ ᠡᠮ᠎ᠤᠨ ᠤᠯᠤᠰ᠎ᠤᠨ ᠪᠠᠷᠢᠮᠵᠢᠶ᠎ᠠ᠂ ᠣᠷᠣᠨ ᠨᠤᠲᠤᠭ᠎ᠤᠨ ᠪᠠᠷᠢᠮᠵᠢᠶ᠎ᠠ ᠵᠢᠴᠢ ᠬᠢᠲᠠᠳ ᠡᠮ ᠡᠮᠨᠡᠯᠭᠡ ᠵᠢᠨ ᠠᠵᠢᠯ ᠲᠦᠷᠦᠯ᠎ᠤᠨ ᠪᠠᠷᠢᠮᠵᠢᠶ᠎ᠠ ᠵᠢ ᠨᠢᠭᠡᠳᠦᠯᠲᠡᠶ ᠲᠥᠯᠥᠪᠯᠡᠨ ᠬᠠᠮᠢᠶᠠᠷᠬᠤ ᠵᠢ ᠴᠢᠩᠭ᠋ᠠᠳᠬᠠᠨ᠎ᠠ᠃ ᠲᠤᠭ᠋ᠠᠴᠢᠯᠠᠯᠳᠠ᠎ᠪᠠᠷ ᠬᠦᠴᠦᠨ ᠨᠡᠮᠡᠷᠢᠯᠡᠬᠦ ᠵᠢ ᠴᠢᠩᠭ᠋ᠠᠷᠠᠭᠤᠯᠵᠤ᠂ ᠬᠢᠲᠠᠳ ᠡᠮ᠎ᠤᠨ ᠤᠯᠤᠰ᠎ᠤᠨ ᠪᠠᠷᠢᠮᠵᠢᠶ᠎ᠠ ᠵᠢᠨ ᠬᠥᠳᠡᠯᠦᠩᠭᠦᠶ ᠲᠤᠭ᠎ᠠ ᠪᠠᠷᠢᠮᠳᠠ ᠵᠢᠨ ᠬᠥᠮᠥᠷᠭᠡ ᠵᠢ ᠲᠡᠭᠦᠯᠳᠡᠷᠵᠢᠭᠦᠯᠵᠦ᠂ ᠬᠢᠲᠠᠳ ᠡᠮ᠎ᠤᠨ ᠲᠣᠭ᠋ᠠᠴᠢᠯᠠᠭᠰᠠᠨ ᠪᠠᠷᠢᠮᠵᠢᠶ᠎ᠠ ᠵᠢ ᠳᠡᠯᠭᠡᠷᠡᠭᠦᠯᠬᠦ ᠵᠢ ᠲᠦᠷᠭᠡᠳᠬᠡᠨ᠎ᠡ᠃
ᠬᠣᠶᠠᠷ᠎ᠲᠤ᠂ ᠬᠢᠲᠠᠳ ᠡᠮ᠎ᠤᠨ ᠬᠢᠨᠠᠯᠲᠠ ᠬᠠᠮᠢᠶᠠᠷᠤᠯᠲᠠ ᠵᠢᠨ ᠰᠢᠰᠲ᠋ᠧᠮ᠎ᠢ ᠪᠦᠷᠢᠨᠰᠢᠬᠦᠯᠬᠦ ᠲᠠᠯ᠎ᠠ᠎ᠪᠠᠷ᠂ ᠬᠢᠲᠠᠳ ᠡᠮ᠎ᠤᠨ ᠬᠢᠨᠠᠨ ᠦᠨᠡᠯᠡᠵᠦ ᠬᠢᠨᠠᠨ ᠵᠥᠪᠰᠢᠶᠡᠷᠡᠬᠦ ᠲᠦᠷᠢᠮ᠎ᠤᠨ ᠥᠭᠡᠷᠡᠴᠢᠯᠡᠯᠲᠡ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠬᠢᠨᠠᠨ ᠦᠨᠡᠯᠡᠵᠦ ᠬᠢᠨᠠᠨ ᠵᠥᠪᠰᠢᠶᠡᠷᠡᠬᠦ ᠶᠠᠪᠤᠴᠠ ᠵᠢ ᠰᠢᠯᠢᠳᠡᠭᠵᠢᠭᠦᠯᠦᠨ᠂ ᠬᠢᠲᠠᠳ ᠡᠮ᠎ᠤᠨ ᠰᠢᠨ᠎ᠡ ᠡᠮ᠎ᠤᠨ ᠵᠠᠬ᠎ᠠ ᠳᠡᠯᠭᠡᠭᠦᠷ᠎ᠲᠤ ᠭᠠᠷᠬᠤ ᠵᠢ ᠲᠦᠷᠭᠡᠳᠬᠡᠨ᠎ᠡ᠃ ᠬᠢᠲᠠᠳ ᠡᠮ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠯ ᠭᠦᠢ᠍ᠯᠭᠡᠭᠡᠨ ᠬᠡᠷᠡᠭᠯᠡᠯᠲᠡ ᠵᠢᠨ ᠪᠥᠬᠥ ᠠᠮᠢ ᠨᠠᠰᠤᠨ᠎ᠤ ᠦᠶᠡᠯᠡᠯ᠎ᠤᠨ ᠬᠢᠨᠠᠯᠲᠠ ᠬᠠᠮᠢᠶᠠᠷᠤᠯᠲᠠ ᠵᠢ ᠴᠢᠩᠭ᠋ᠠᠳᠬᠠᠵᠤ᠂ ᠬᠢᠲᠠᠳ ᠪᠡᠯᠡᠨ ᠡᠮ᠎ᠤᠨ ᠵᠥᠪᠰᠢᠶᠡᠷᠡᠯ᠎ᠤᠨ ᠪᠢᠴᠢᠭ ᠮᠠᠲ᠋ᠧᠷᠢᠶᠠᠯ᠎ᠤᠨ ᠳ᠋ᠤᠭ᠋ᠠᠷ ᠵᠶ᠋ᠠᠷ ᠪᠤᠴᠠᠭ᠋ᠠᠨ ᠭᠠᠷᠭ᠋ᠠᠬᠤ ᠲᠣᠭᠲᠠᠴᠠ ᠵᠢ ᠠᠯᠬᠤᠮ ᠠᠯᠬᠤᠮ ᠵᠶ᠋ᠠᠷ ᠲᠡᠭᠦᠯᠳᠡᠷᠵᠢᠭᠦᠯᠦᠨ᠂ ᠨᠢᠭᠡ ᠪᠦᠯᠦᠭ᠎ᠢ ᠵᠢᠯᠣᠭᠣᠳᠤᠨ ᠰᠠᠶ᠋ᠢᠵᠢᠷᠠᠭᠤᠯᠵᠤ᠂ ᠨᠢᠭᠡ ᠪᠦᠯᠦᠭ᠎ᠢ ᠬᠠᠤᠯᠢ ᠶᠣᠰᠣᠭ᠋ᠠᠷ ᠰᠢᠭᠰᠢᠭᠳᠡᠭᠦᠯᠦᠨ᠂ ᠬᠢᠲᠠᠳ ᠪᠡᠯᠡᠨ ᠡᠮ᠎ᠤᠨ ᠶᠠᠰᠤ ᠴᠢᠨᠠᠷ ᠪᠠ ᠡᠮᠴᠢᠯᠡᠭᠡᠨ᠎ᠤ ᠦᠢ᠍ᠯᠡᠳᠦᠯ᠎ᠤᠨ ᠳᠡᠭᠡᠭᠰᠢᠯᠡᠯᠲᠡ ᠵᠢ ᠤᠯᠠᠮ ᠠᠬᠢᠭᠤᠯᠬᠤ ᠬᠡᠷᠡᠭᠲᠡᠶ᠃
ᠶᠢᠰᠦ᠂ ᠬᠢᠲᠠᠳ ᠡᠮ᠎ᠤᠨ ᠨᠡᠭᠡᠭᠡᠯᠲᠡᠲᠦ ᠬᠥᠭᠵᠢᠯᠲᠡ ᠵᠢ ᠠᠬᠢᠭᠤᠯᠬᠤ ᠲᠠᠯ᠎ᠠ᠎ᠪᠠᠷ ᠶᠠᠮᠠᠷ ᠶᠠᠮᠠᠷ ᠭᠤᠤᠯᠳᠠᠯᠭ᠎ᠠ᠎ᠲᠠᠢ ᠠᠷᠭ᠎ᠠ ᠬᠡᠮᠵᠢᠶ᠎ᠡ ᠪᠠᠶ᠋ᠢᠬᠤ ᠪᠣᠶ?
ᠤᠢ᠍ᠢ᠍ᠷ᠎ᠠ ᠵᠢᠨ ᠵᠢᠯ᠎ᠠᠴᠠ᠂ ᠬᠢᠲᠠᠳ ᠡᠮ ᠡᠮᠨᠡᠯᠭᠡ ᠵᠢᠨ ᠭᠠᠳᠠᠭ᠋ᠠᠳᠤ᠎ᠯᠤᠭ᠎ᠠ ᠵᠢᠨ ᠰᠣᠯᠢᠯᠴᠠᠭ᠎ᠠ ᠬᠠᠮᠲᠤᠷᠠᠯᠴᠠᠭ᠎ᠠ ᠡᠳᠦᠷ ᠢᠷᠡᠬᠦᠶ᠎ᠡ ᠬᠥᠭᠵᠢᠶᠡᠨᠲᠡᠢ ᠪᠤᠯᠵᠥ᠂ 《ᠨᠢᠭᠡ ᠪᠦᠰᠡ ᠨᠢᠭᠡ ᠵᠠᠮ》᠎ᠢ ᠬᠠᠮᠲᠤ᠎ᠪᠠᠷ ᠪᠦᠳᠦᠭᠡᠨ ᠪᠠᠶ᠋ᠢᠭᠤᠯᠬᠤ᠎ᠳᠤ ᠴᠢᠨᠠᠷ ᠰᠠᠶ᠋ᠢᠲᠠᠢ ᠠᠭᠤᠰᠤᠯᠴᠠᠵᠤ᠂ ᠨᠢᠭᠡᠨᠲᠡ 196 ᠤᠯᠤᠰ ᠪᠠ ᠭᠠᠵᠠᠷ ᠣᠷᠣᠨ᠎ᠳᠤ ᠤᠯᠠᠮᠵᠢᠯᠠᠭᠳᠠᠵᠤ᠂ ᠮᠠᠨ᠎ᠤ ᠤᠯᠤᠰ 40 ᠭᠠᠷᠤᠢ ᠭᠠᠳᠠᠭ᠋ᠠᠳᠤ ᠤᠯᠤᠰ᠎ᠤᠨ ᠵᠠᠰᠠᠭ᠎ᠤᠨ ᠣᠷᠳᠣᠨ᠂ ᠭᠠᠵᠠᠷ ᠣᠷᠣᠨ᠎ᠤ ᠭᠣᠣᠯᠯᠠᠨ ᠬᠠᠮᠢᠶᠠᠷᠬᠤ ᠪᠠᠶ᠋ᠢᠭᠤᠯᠤᠮᠵᠢ ᠪᠠ ᠤᠯᠠᠨ ᠤᠯᠤᠰ᠎ᠤᠨ ᠵᠣᠬᠢᠶᠠᠨ ᠪᠠᠶ᠋ᠢᠭᠤᠯᠤᠯᠲᠠ᠎ᠲᠠᠢ ᠲᠤᠰᠬᠠᠢ ᠬᠢᠲᠠᠳ ᠡᠮ ᠡᠮᠨᠡᠯᠭᠡ ᠵᠢᠨ ᠬᠠᠮᠲᠤᠷᠠᠯᠴᠠᠭ᠋ᠠᠨ᠎ᠤ ᠵᠥᠪᠯᠡᠯᠴᠡᠭᠡᠷ ᠲᠤᠬᠢᠷᠠᠯᠴᠠᠪᠠ᠃ 《ᠰᠠᠨᠠᠯ》᠎ᠳᠤ ᠬᠢᠲᠠᠳ ᠡᠮ᠎ᠤᠨ ᠨᠡᠭᠡᠭᠡᠯᠲᠡᠲᠦ ᠬᠥᠭᠵᠢᠯᠲᠡ ᠵᠢ ᠠᠬᠢᠭᠤᠯᠬᠤ ᠲᠤᠬᠠᠶ᠂ ᠨᠢᠭᠡ ᠲᠠᠯ᠎ᠠ᠎ᠪᠠᠷ᠂ ᠬᠢᠲᠠᠳ ᠡᠮ ᠡᠮᠨᠡᠯᠭᠡ ᠵᠢᠨ ᠣᠯᠠᠨ ᠤᠯᠤᠰ᠎ᠤᠨ ᠬᠠᠮᠲᠤᠷᠠᠯᠴᠠᠭ᠋ᠠᠨ᠎ᠤ ᠲᠣᠭᠲᠠᠴᠠ ᠵᠢ ᠲᠡᠭᠦᠯᠳᠡᠷᠵᠢᠭᠦᠯᠵᠦ᠂ ᠬᠢᠲᠠᠳ ᠡᠮ ᠡᠮᠨᠡᠯᠭᠡ ᠵᠢᠨ ᠦᠢ᠍ᠯᠡᠴᠢᠯᠡᠭᠡᠨ᠎ᠤ ᠠᠷᠠᠯᠵᠢᠶ᠎ᠠ ᠵᠢ ᠬᠥᠭᠵᠢᠭᠦᠯᠵᠦ᠂ ᠬᠢᠲᠠᠳ ᠡᠮ ᠡᠮᠨᠡᠯᠭᠡ ᠵᠢᠨ 《ᠭᠠᠳᠠᠭᠰᠢ ᠭᠠᠷᠬᠤ》 ᠵᠢ ᠴᠢᠨᠠᠷ ᠰᠠᠶ᠋ᠢᠲᠠᠶ ᠠᠬᠢᠭᠤᠯᠤᠨ᠎ᠠ; ᠨᠦᠬᠦᠭᠡ ᠲᠠᠯ᠎ᠠ᠎ᠪᠠᠷ᠂ ᠬᠢᠲᠠᠳ ᠡᠮ᠎ᠤᠨ ᠬᠦᠷᠢᠶᠡᠨ᠎ᠤ ᠬᠠᠮᠠᠭ᠋ᠠᠯᠠᠯᠲᠠ ᠵᠢᠨ ᠰᠢᠰᠲ᠋ᠧᠮ᠎ᠢ ᠲᠡᠭᠦᠯᠳᠡᠷᠵᠢᠭᠦᠯᠵᠦ᠂ ᠠᠵᠤ ᠦᠢ᠍ᠯᠡᠰ᠎ᠤᠨ ᠠᠮᠤᠷ ᠲᠦᠪᠰᠢᠨ᠎ᠤ ᠠᠶᠤᠯ ᠲᠦᠭᠰᠢᠭᠦᠷᠢ ᠵᠢ ᠦᠨᠡᠯᠡᠨ ᠵᠢᠱ᠌ᠢᠬᠦ ᠲᠣᠭᠲᠠᠴᠠ ᠵᠢ ᠪᠠᠶ᠋ᠢᠭᠤᠯᠤᠨ ᠪᠦᠷᠢᠨᠰᠢᠬᠦᠯᠵᠤ᠂ ᠠᠵᠤ ᠦᠢ᠍ᠯᠡᠰ᠎ᠤᠨ ᠡᠷᠡᠭᠦᠯ ᠪᠥᠭᠡᠳ ᠦᠷᠭᠦᠯᠵᠢᠯᠡᠬᠦ ᠬᠥᠭᠵᠢᠯᠲᠡ ᠵᠢ ᠠᠬᠢᠭᠤᠯᠤᠨ᠎ᠠ᠃
ᠠᠷᠪᠠ᠂ 《ᠰᠠᠨᠠᠯ》᠎ᠳᠤ ᠶᠠᠮᠠᠷ ᠶᠠᠮᠠᠷ ᠪᠠᠲᠤᠯᠠᠭ᠎ᠠ ᠵᠢᠨ ᠠᠷᠭ᠎ᠠ ᠬᠡᠮᠵᠢᠶ᠎ᠡ ᠪᠠᠶ᠋ᠢᠬᠤ ᠪᠣᠶ?
ᠬᠣᠯᠪᠣᠭᠳᠠᠯ ᠪᠦᠬᠦᠢ ᠰᠠᠯᠠᠭ᠎ᠠ ᠮᠥᠴᠢᠷ ᠪᠣᠯᠤᠨ ᠨᠡᠶ᠋ᠢᠭᠡᠮ᠎ᠤᠨ ᠡᠯ᠎ᠡ ᠲᠠᠯ᠎ᠠ ᠵᠢᠨ ᠬᠦᠴᠦᠨ᠎ᠢ ᠨᠡᠩ ᠰᠠᠶ᠋ᠢᠲᠤᠷ ᠳᠠᠶ᠋ᠢᠴᠢᠯᠠᠵᠤ᠂ ᠪᠦᠬᠦᠯᠢ ᠴᠣᠭᠴᠠ᠎ᠪᠠᠷ᠎ᠨᠢ ᠠᠬᠢᠭᠤᠯᠬᠤ ᠨᠡᠶ᠋ᠢᠯᠡᠮᠡᠯ ᠬᠦᠴᠦᠨ᠎ᠢ ᠪᠣᠶ ᠪᠣᠯᠭ᠋ᠠᠬᠤ ᠵᠢᠨ ᠲᠤᠰᠠᠳᠠ᠂ 《ᠰᠠᠨᠠᠯ》᠎ᠳᠤ ᠶᠡᠷᠦᠩᠬᠡᠶ᠋ᠢᠯᠡᠨ ᠵᠠᠰᠠᠬᠤ ᠴᠢᠳᠠᠪᠤᠷᠢ ᠪᠣᠯᠤᠨ ᠪᠠᠲᠤᠯᠠᠭ᠎ᠠ ᠵᠢᠨ ᠬᠢᠷᠢ ᠬᠡᠮᠵᠢᠶ᠎ᠡ ᠵᠢ ᠳᠡᠭᠡᠭᠰᠢᠯᠡᠭᠦᠯᠬᠦ᠎ᠠᠴᠠ ᠡᠭᠦᠰᠴᠦ᠂ ᠨᠢᠭᠡᠳᠦᠯᠲᠡᠶ ᠲᠥᠯᠥᠪᠯᠡᠨ ᠤᠳᠤᠷᠢᠳᠬᠤ ᠵᠢ ᠴᠢᠩᠭ᠋ᠠᠳᠬᠠᠬᠤ᠂ ᠴᠢᠳᠠᠪᠤᠷᠢᠲᠠᠨ᠎ᠤ ᠡᠩᠨᠡᠭᠡᠨ᠎ᠤ ᠪᠠᠶ᠋ᠢᠭᠤᠯᠤᠯᠲᠠ ᠵᠢ ᠠᠬᠢᠭᠤᠯᠬᠤ᠂ ᠪᠡᠯᠡ ᠮᠥᠩᠭᠥ ᠵᠢᠨ ᠳᠡᠮᠵᠢᠯᠭᠡ ᠵᠢ ᠴᠢᠩᠭ᠋ᠠᠳᠬᠠᠬᠤ ᠵᠡᠷᠭᠡ ᠭᠤᠷᠪᠠᠨ ᠲᠠᠯ᠎ᠠ᠎ᠪᠠᠷ ᠲᠥᠷᠥ ᠵᠢᠨ ᠪᠣᠳᠣᠯᠭ᠎ᠠ ᠵᠢᠨ ᠨᠠᠶ᠋ᠢᠳᠠᠪᠤᠷᠢᠵᠢᠭᠤᠯᠤᠯᠲᠠ ᠵᠢ ᠠᠬᠢᠭᠤᠯᠬᠤ ᠠᠵᠢᠯ᠎ᠤᠨ ᠠᠷᠭ᠎ᠠ ᠬᠡᠮᠵᠢᠶ᠎ᠡ ᠵᠢ
ᠳᠤᠷᠠᠳᠪᠠ᠃
ᠨᠢᠭᠡ᠎ᠳᠤ᠂ ᠨᠢᠭᠡᠳᠦᠯᠲᠡᠶ ᠲᠥᠯᠥᠪᠯᠡᠨ ᠤᠳᠤᠷᠢᠳᠬᠤ᠎ᠪᠠᠨ ᠴᠢᠩᠭ᠋ᠠᠳᠬᠠᠨ᠎ᠠ᠃ ᠬᠢᠲᠠᠳ ᠡᠮ᠎ᠤᠨ ᠬᠠᠮᠢᠶᠠᠷᠤᠯᠲᠠ ᠪᠠ ᠠᠵᠤ ᠦᠢ᠍ᠯᠡᠰ᠎ᠤᠨ ᠬᠥᠭᠵᠢᠯᠲᠡ ᠵᠢᠨ ᠴᠢᠬᠤᠯᠠ ᠶᠡᠬᠡ ᠪᠠᠶ᠋ᠢᠯᠳᠤᠬᠤ ᠪᠣᠳᠣᠯᠭ᠎ᠠ᠂ ᠲᠥᠯᠥᠪᠵᠢᠭᠦᠯᠭᠡ᠂ ᠲᠥᠷᠥ ᠵᠢᠨ ᠪᠣᠳᠣᠯᠭ᠎ᠠ ᠵᠢᠨ ᠦᠵᠦ ᠲᠥᠯᠥᠪᠯᠡᠭᠡ ᠪᠠ ᠰᠢᠰᠲ᠋ᠧᠮ᠎ᠤᠨ ᠬᠤᠷᠠᠮᠠᠯ᠎ᠢ ᠴᠢᠩᠭ᠋ᠠᠳᠬᠠᠵᠤ᠂ ᠡᠯ᠎ᠡ ᠭᠠᠵᠠᠷ᠎ᠤᠨ᠎ᠬᠢᠨ᠎ᠢ ᠵᠢᠭ᠋ᠠᠨ ᠵᠢᠯᠣᠭᠣᠳᠴᠤ ᠪᠠᠶ᠋ᠢᠭ᠋ᠠᠳ ᠬᠢᠲᠠᠳ ᠡᠮ ᠡᠮᠨᠡᠯᠭᠡ ᠵᠢᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠠᠵᠢᠯ᠎ᠤᠨ ᠲᠣᠭᠲᠠᠴᠠ ᠵᠢ ᠪᠦᠷᠢᠨᠰᠢᠭᠦᠯᠵᠦ᠂ ᠠᠵᠢᠯ ᠲᠥᠷᠥᠯ᠎ᠤᠨ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠬᠣᠯᠪᠣᠭ᠋ᠠᠰᠤ ᠪᠠ ᠠᠵᠢᠯ ᠲᠥᠷᠥᠯ᠎ᠤᠨ ᠥᠪᠡᠷ᠎ᠢ᠎ᠪᠠᠨ ᠱᠠᠭ᠋ᠠᠷᠳᠠᠬᠤ ᠦᠢ᠍ᠯᠡᠳᠦᠯ᠎ᠢ ᠪᠠᠳᠠᠷᠠᠭᠤᠯᠤᠨ᠎ᠠ᠃
ᠬᠣᠶᠠᠷ᠎ᠲᠤ᠂ ᠴᠢᠳᠠᠪᠤᠷᠢᠲᠠᠨ᠎ᠤ ᠡᠩᠨᠡᠭᠡ ᠵᠢᠨ ᠪᠠᠶ᠋ᠢᠭᠤᠯᠤᠯᠲᠠ ᠵᠢ ᠠᠬᠢᠭᠤᠯᠤᠨ᠎ᠠ᠃ ᠬᠢᠲᠠᠳ ᠡᠮ᠎ᠤᠨ ᠠᠵᠤ ᠦᠢ᠍ᠯᠡᠰ᠎ᠤᠨ ᠴᠢᠳᠠᠪᠤᠷᠢᠲᠠᠨ᠎ᠢ ᠬᠥᠮᠦᠵᠢᠭᠦᠯᠬᠦ ᠰᠢᠰᠲ᠋ᠧᠮ᠎ᠢ ᠲᠡᠭᠦᠯᠳᠡᠷᠵᠢᠭᠦᠯᠵᠦ᠂ ᠰᠤᠷᠭ᠋ᠠᠨ ᠬᠥᠮᠦᠵᠢᠯ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠴᠢᠳᠠᠪᠤᠷᠢᠲᠠᠨ᠎ᠢ ᠨᠢᠭᠡ ᠴᠤᠬ᠍ᠴᠠᠵᠢᠭᠤᠯᠤᠨ ᠬᠥᠭᠵᠢᠭᠦᠯᠬᠦ ᠵᠢ ᠠᠬᠢᠭᠤᠯᠵᠤ᠂ ᠨᠢᠭᠡ ᠪᠦᠯᠦᠭ ᠥᠨᠳᠥᠷ ᠬᠡᠪ ᠪᠣᠯᠪᠠᠰᠤᠷᠠᠯ᠎ᠲᠠᠢ᠂ ᠥᠨᠳᠥᠷ ᠤᠷ᠎ᠠ ᠮᠡᠷᠭᠡᠵᠢᠯ᠎ᠲᠠᠢ ᠬᠠᠮ ᠴᠢᠳᠠᠪᠤᠷᠢᠲᠠᠨ᠎ᠢ ᠬᠥᠮᠦᠵᠢᠭᠦᠯᠵᠦ᠂ ᠠᠵᠤ ᠦᠢ᠍ᠯᠡᠰ᠎ᠤᠨ ᠴᠢᠨᠠᠷ ᠰᠠᠶ᠋ᠢᠲᠠᠢ ᠬᠥᠭᠵᠢᠯᠲᠡ᠎ᠳᠤ ᠴᠢᠳᠠᠪᠤᠷᠢᠲᠠᠨ᠎ᠤ ᠲᠤᠯᠭ᠋ᠠᠭᠤᠷᠢᠯᠠᠯ ᠬᠠᠩᠭ᠋ᠠᠨ᠎ᠠ᠃
ᠭᠤᠷᠪᠠ᠎ᠳᠤ᠂ ᠪᠡᠯᠡ ᠮᠥᠩᠭᠥᠨ᠎ᠤ ᠳᠡᠮᠵᠢᠯᠭᠡ ᠵᠢ ᠴᠢᠩᠭ᠋ᠠᠳᠬᠠᠨ᠎ᠠ᠃ ᠣᠯᠠᠨ ᠠᠷᠭ᠎ᠠ ᠵᠠᠮ ᠪᠦᠬᠦᠢ ᠪᠡᠯᠡ ᠮᠥᠩᠭᠥ ᠵᠢ ᠨᠢᠭᠡᠳᠦᠯᠲᠡᠶ ᠲᠥᠯᠥᠪᠯᠡᠨ ᠬᠢᠲᠠᠳ ᠡᠮ᠎ᠤᠨ ᠠᠵᠤ ᠦᠢ᠍ᠯᠡᠰ᠎ᠤᠨ ᠬᠥᠭᠵᠢᠯᠲᠡ ᠵᠢ ᠳᠡᠮᠵᠢᠵᠦ᠂ ᠪᠠᠩᠬᠢ ᠵᠢᠨ ᠦᠢ᠍ᠯᠡᠰ᠎ᠤᠨ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠮᠥᠩᠭᠥᠨ ᠭᠦᠢ᠍ᠯᠭᠡᠭᠡᠨ᠎ᠤ ᠦᠢ᠍ᠯᠡᠴᠢᠯᠡᠭᠡᠨ᠎ᠳᠤ ᠰᠢᠨ᠎ᠡ ᠵᠢ ᠡᠭᠦᠳᠬᠦ ᠵᠢ ᠵᠣᠷᠢᠭᠵᠢᠭᠤᠯᠤᠨ᠂ ᠬᠢᠲᠠᠳ ᠡᠮ᠎ᠤᠨ ᠮᠠᠲᠸᠷᠢᠶᠠᠯ ᠲᠠᠷᠢᠬᠤ᠂ ᠰᠢᠨ᠎ᠡ ᠡᠮ ᠰᠤᠳᠤᠯᠤᠨ ᠨᠡᠭᠡᠭᠡᠬᠦ ᠵᠡᠷᠭᠡ ᠭᠣᠣᠯᠳᠠᠯᠭ᠎ᠠ᠎ᠲᠠᠢ ᠭᠣᠭᠴᠣᠭ᠎ᠠ ᠵᠢᠨ ᠳᠠᠭ᠋ᠠᠳᠬᠠᠯ᠎ᠤᠨ ᠪᠠᠲᠤᠯᠠᠭ᠎ᠠ ᠵᠢᠨ ᠡᠷᠴᠢᠮ᠎ᠢ ᠨᠡᠮᠡᠭᠳᠡᠭᠦᠯᠦᠨ᠎ᠡ᠃