ᠲᠡᠷᠢᠭᠦᠨ ᠬᠠᠭᠤᠳᠠᠰᠤ
ᠠᠵᠢᠯ᠎ᠤᠨ ᠪᠠᠶ᠋ᠢᠳᠠᠯ
ᠢᠯᠡ ᠵᠠᠰᠠᠭ
ᠲᠤᠭ᠎ᠠ ᠪᠦᠷᠢᠳᠭᠡᠯ᠎ᠤᠨ ᠦᠢᠯᠡᠴᠢᠯᠡᠭᠡ
ᠢᠯᠡ ᠵᠠᠰᠠᠭ   -   ᠲᠦᠷᠥ᠎ᠶᠢᠨ ᠪᠣᠳᠣᠯᠭ᠎ᠠ᠎ᠶᠢᠨ ᠲᠠᠶ᠋ᠢᠯᠤᠮᠵᠢ
《ᠬᠡᠷᠡᠭᠯᠡᠭᠡ ᠵᠢ ᠬᠥᠭᠵᠢᠭᠡᠬᠦ ᠲᠤᠰᠬᠠᠢ ᠠᠵᠢᠯᠯᠠᠭ᠎ᠠ ᠵᠢᠨ ᠲᠥᠰᠦᠯ》᠎ᠤᠨ ᠲᠤᠬᠠᠢ ᠲᠤᠰᠬᠠᠶ ᠮᠡᠷᠭᠡᠵᠢᠯᠲᠡᠨ᠎ᠤ ᠲᠠᠢ᠌ᠯᠤᠮᠵᠢ
ᠨᠡᠶ᠋ᠢᠲᠡᠯᠡᠭᠰᠡᠨ ᠴᠠᠭ᠄ 2025-03-23

     ᠣᠶ᠋ᠢᠷ᠎ᠠ᠎ᠳᠤ᠂ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠲᠥᠪ ᠬᠣᠷᠢᠶᠠᠨ᠎ᠤ ᠠᠯᠪᠠᠨ ᠲᠢᠩᠬᠢᠮ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠠᠯᠪᠠᠨ ᠲᠢᠩᠬᠢᠮ 《ᠬᠡᠷᠡᠭᠯᠡᠭᠡ ᠵᠢ ᠬᠥᠭᠵᠢᠭᠡᠬᠦ ᠲᠤᠰᠬᠠᠶ ᠠᠵᠢᠯᠯᠠᠭ᠎ᠠ ᠵᠢᠨ ᠲᠥᠰᠦᠯ》᠎ᠢ ᠳᠠᠷᠤᠮᠠᠯᠯᠠᠨ ᠲᠠᠷᠬᠠᠭ᠋ᠠᠵᠤ᠂ 8 ᠲᠠᠯ᠎ᠠ ᠵᠢᠨ 30 ᠵᠦᠢ᠍ᠯ᠎ᠤᠨ ᠭᠤᠤᠯᠳᠠᠯᠭ᠎ᠠ᠎ᠲᠠᠢ ᠡᠭᠦᠷᠭᠡ ᠵᠢ ᠪᠠᠶ᠋ᠢᠷᠢᠯᠠᠭᠤᠯᠪᠠ᠃ ᠬᠡᠷᠬᠢᠨ ᠬᠡᠷᠡᠭᠯᠡᠭᠡᠨ᠎ᠤ ᠢᠲᠡᠭᠡᠯ᠎ᠢ ᠪᠣᠶ ᠪᠣᠯᠭ᠋ᠠᠵᠤ᠂ ᠰᠠᠭᠤᠭ᠋ᠠᠯᠢ ᠠᠷᠠᠳ᠎ᠢ 《ᠵᠣᠷᠢᠭᠲᠠᠶ᠎ᠪᠠᠷ ᠬᠡᠷᠡᠭᠯᠡᠭᠡ ᠬᠢᠯᠭᠡᠬᠦ》 ᠪᠣᠶ? ᠬᠡᠷᠡᠭᠯᠡᠭᠡ ᠵᠢᠨ ᠰᠢᠨ᠎ᠡ ᠬᠥᠳᠡᠯᠭᠡᠭᠴᠢ ᠡᠨᠧᠷᠭᠢ ᠵᠢ ᠬᠡᠷᠬᠢᠨ ᠨᠠᠩ ᠰᠠᠶ᠋ᠢᠨ ᠪᠣᠶ᠋ᠢᠵᠢᠭᠤᠯᠵᠤ᠂ ᠰᠠᠭᠤᠭ᠋ᠠᠯᠢ ᠠᠷᠠᠳ᠎ᠢ 《ᠳᠤᠷᠠᠲᠠᠶ᠎ᠠ ᠬᠡᠷᠡᠭᠯᠡᠭᠡ ᠬᠢᠯᠭᠡᠬᠦ》 ᠪᠣᠶ? ᠬᠡᠷᠬᠢᠨ ᠬᠡᠷᠡᠭᠯᠡᠭᠡᠨ᠎ᠤ ᠵᠠᠬ᠎ᠠ ᠳᠡᠯᠭᠡᠭᠦᠷ᠎ᠤᠨ ᠣᠷᠴᠢᠨ ᠨᠥᠬᠥᠴᠡᠯ᠎ᠢ ᠵᠢᠷᠤᠮᠵᠢᠭᠤᠯᠤᠨ ᠬᠥᠲᠥᠯᠥᠨ ᠳᠠᠭ᠋ᠠᠭᠤᠯᠵᠤ ᠪᠠᠶ᠋ᠢᠭ᠋ᠠᠳ ᠰᠠᠭᠤᠭ᠋ᠠᠯᠢ ᠠᠷᠠᠳ᠎ᠢ 《ᠪᠠᠶᠠᠷ ᠬᠥᠷ᠎ᠲᠠᠢ ᠬᠡᠷᠡᠭᠯᠡᠭᠡ》 ᠬᠢᠯᠭᠡᠬᠦ ᠪᠤᠶ? ᠰᠢᠨᠬᠤᠸᠠ ᠬᠣᠷᠢᠶᠠᠨ᠎ᠤ ᠰᠤᠷᠪᠤᠯᠵᠢᠯᠠᠭᠴᠢ ᠪᠣᠯᠤᠨ ᠲᠤᠰᠬᠠᠢ ᠮᠡᠷᠭᠡᠵᠢᠯᠲᠡᠨ᠎ᠤ ᠶᠠᠷᠢᠯᠴᠠᠯᠭ᠎ᠠ᠎ᠠᠴᠠ ᠤᠢ᠌ᠯᠠᠭ᠋ᠠᠶ᠎ᠠ᠃
    ᠱᠠᠩᠬᠠᠶ ᠬᠣᠲᠠ ᠵᠢᠨ ᠬᠡᠷᠡᠭᠯᠡᠭᠴᠢᠳ᠎ᠤᠨ ᠡᠷᠬᠡ ᠠᠰᠢᠭ᠎ᠢ ᠬᠠᠮᠠᠭ᠋ᠠᠯᠠᠬᠤ ᠵᠥᠪᠯᠡᠯ᠎ᠤᠨ ᠳᠡᠳ᠋ ᠨᠠᠷᠢᠨ ᠪᠢᠴᠢᠭ᠎ᠤᠨ ᠳᠠᠷᠤᠭ᠎ᠠ ᠲᠠᠩ ᠵᠢᠶᠠᠨ ᠱᠧᠩ᠎ᠤᠨ ᠦᠵᠡᠬᠦ᠎ᠪᠠᠷ᠂ ᠲᠥᠰᠦᠯ᠎ᠨᠢ ᠬᠡᠷᠡᠭᠯᠡᠭᠡᠨ᠎ᠤ ᠪᠦᠲᠦᠴᠡ ᠵᠢᠨ ᠲᠣᠬᠢᠷᠠᠭᠤᠯᠤᠯᠲᠠ᠎ᠳᠤ ᠠᠯᠤᠰ ᠬᠡᠲᠦ ᠵᠢᠨ ᠨᠥᠯᠥᠭᠡ᠎ᠲᠠᠢ᠃ ᠲᠡᠷᠡ᠂ ᠬᠡᠷᠡᠭᠯᠡᠭᠡᠨ᠎ᠤ ᠢᠲᠡᠭᠡᠯ᠎ᠢ ᠳᠡᠭᠡᠭᠰᠢᠯᠡᠭᠦᠯᠬᠦ᠎ᠳᠤ ᠠᠮᠢ ᠠᠬᠤᠶ᠂ ᠬᠠᠨᠳᠤᠰᠢ ᠪᠠ ᠬᠥᠳᠡᠯᠭᠡᠬᠦ ᠬᠦᠴᠦᠨ᠎ᠢ ᠠᠩᠬᠠᠷᠴᠤ᠂ ᠵᠠᠯᠠᠭᠤ ᠬᠡᠷᠡᠭᠯᠡᠭᠡᠨ᠎ᠤ  ᠪᠦᠯᠬᠦᠮ ᠴᠤᠭᠴᠠ ᠵᠢᠨ ᠬᠤᠪᠢᠷᠠᠯᠲᠠ ᠵᠢ ᠳᠠᠭ᠋ᠠᠬᠤ ᠬᠡᠷᠡᠭᠲᠡᠶ ᠭᠡᠵᠦ ᠴᠢᠬᠤᠯᠠᠴᠢᠯᠠᠪᠠ᠃
    ᠳᠤᠮᠳᠠᠳᠤ ᠤᠯᠤᠰ᠎ᠤᠨ ᠬᠤᠳᠠᠯᠳᠤᠭ᠋ᠠᠨ᠎ᠤ ᠠᠵᠤ ᠠᠬᠤᠶ ᠵᠢᠨ ᠨᠡᠶ᠋ᠢᠭᠡᠮᠯᠢᠭ᠎ᠤᠨ ᠳᠡᠳ᠋ ᠳᠠᠷᠤᠭ᠎ᠠ ᠴᠢ ᠰᠢᠶᠤᠤ ᠵᠠᠶ ᠵᠢᠭ᠋ᠠᠵᠤ ᠭᠠᠷᠭ᠋ᠠᠭᠰᠠᠨ᠎ᠨᠢ᠂ ᠲᠥᠰᠦᠯ᠎ᠨᠢ ᠬᠠᠩᠭ᠋ᠠᠯᠭ᠎ᠠ ᠵᠢᠨ ᠲᠠᠯ᠎ᠠ ᠪᠠ ᠬᠡᠷᠡᠭᠴᠡᠭᠡ ᠵᠢᠨ ᠲᠠᠯ᠎ᠠ᠎ᠪᠠᠷ ᠬᠠᠮᠲᠤ᠎ᠪᠠᠷ ᠬᠦᠴᠦᠯᠡᠵᠦ᠂ ᠬᠡᠷᠡᠭᠯᠡᠭᠡ ᠵᠢ ᠠᠬᠢᠭᠤᠯᠬᠤ ᠪᠠ ᠠᠷᠠᠳ᠎ᠤᠨ ᠠᠮᠢᠳᠤᠷᠠᠯ᠎ᠳᠤ ᠠᠰᠢᠭ ᠬᠦᠷᠲᠡᠭᠡᠬᠦ ᠵᠢ

ᠤᠶᠠᠯᠳᠤᠭᠤᠯᠤᠨ᠎ᠠ᠃ 《ᠨᠠᠰᠤᠳᠠᠢ᠌ᠴᠦᠳ ᠬᠡᠦᠬᠡᠳ》᠎ᠢ ᠤᠨᠴᠠᠭ᠋ᠠᠢ᠌ᠯᠠᠨ ᠠᠩᠬᠠᠷᠴᠤ᠂ ᠨᠠᠰᠤᠲᠠᠶ᠋ᠢᠴᠤᠳ᠎ᠤᠨ ᠨᠡᠶ᠋ᠢᠭᠡᠮ ᠲᠣᠭᠣᠷᠢᠭ᠎ᠤᠨ ᠨᠠᠰᠤᠵᠢᠯ᠂ ᠵᠢᠭᠤᠯᠴᠢᠯᠠᠯ᠎ᠤᠨ ᠬᠡᠷᠡᠭᠴᠡᠭᠡ ᠱᠠᠭ᠋ᠠᠷᠳᠠᠯᠭ᠎ᠠ ᠵᠢ ᠬᠠᠩᠭ᠋ᠠᠵᠤ᠂ ᠨᠢᠯᠬ᠎ᠠ ᠬᠡᠦᠬᠡᠳ᠎ᠢ ᠨᠠᠶ᠋ᠢᠳᠠᠵᠤ ᠰᠠᠭ᠋ᠠᠲᠠᠭᠤᠯᠤᠨ ᠬᠥᠮᠦᠵᠢᠭᠦᠯᠬᠦ ᠦᠢ᠍ᠯᠡᠴᠢᠯᠡᠭᠡ ᠵᠢ ᠳᠡᠭᠡᠭᠰᠢᠯᠡᠭᠦᠯᠦᠨ᠂ ᠭᠡᠷ ᠪᠦᠯᠢ ᠵᠢᠨ ᠬᠡᠷᠡᠭᠯᠡᠭᠡ ᠵᠢ ᠠᠬᠢᠭᠤᠯᠤᠨ᠎ᠠ᠃
    ᠱᠠᠩᠬᠠᠶ ᠵᠢᠨ ᠡᠳ᠋᠎ᠤᠨ ᠵᠠᠰᠠᠭ ᠠᠵᠤ ᠠᠬᠤᠶ ᠵᠢᠨ ᠶᠡᠬᠡ ᠰᠤᠷᠭ᠋ᠠᠭᠤᠯᠢ ᠵᠢᠨ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠤᠳᠤᠯᠭ᠋ᠠᠨ᠎ᠤ ᠬᠦᠷᠢᠶᠡᠯᠡᠩ᠎ᠤᠨ ᠣᠨᠴᠠ ᠤᠷᠢᠭᠰᠠᠨ ᠰᠤᠳᠤᠯᠤᠭᠴᠢ ᠯᠤᠤ ᠭᠦᠸᠸ ᠯᠢᠩ ᠣᠯᠠᠨ ᠤᠯᠤᠰ᠎ᠤᠨ ᠬᠡᠷᠡᠭᠯᠡᠭᠡᠨ᠎ᠤ ᠲᠥᠪ ᠬᠣᠲᠠ ᠵᠢᠨ ᠪᠥᠲᠥᠭᠡᠨ ᠪᠠᠶ᠋ᠢᠭᠤᠯᠤᠯᠲᠠ᠎ᠳᠤ ᠬᠠᠨᠳᠤᠭᠤᠯᠵᠤ ᠬᠡᠯᠡᠬᠦ᠎ᠳᠡᠭᠡᠨ᠂ ᠲᠥᠰᠦᠯ᠎ᠳᠤ ᠲᠥᠷᠥ ᠵᠢᠨ ᠪᠣᠳᠣᠯᠭ᠎ᠠ ᠵᠢᠨ ᠳᠡᠮᠵᠢᠯᠭᠡ᠎ᠪᠠᠷ ᠳᠠᠮᠵᠢᠭᠤᠯᠤᠨ᠂ ᠮᠠᠨ᠎ᠤ ᠤᠯᠤᠰ᠎ᠤᠨ ᠬᠣᠲᠠ ᠵᠢᠨ ᠪᠥᠬᠥ ᠳᠡᠯᠡᠬᠡᠶ ᠵᠢᠨ ᠬᠡᠷᠡᠭᠯᠡᠭᠡᠨ᠎ᠤ ᠨᠤᠲᠤᠭ ᠳᠡᠪᠢᠰᠬᠡᠷ᠎ᠲᠤ ᠴᠢᠬᠤᠯᠠ ᠪᠠᠶ᠋ᠢᠷᠢ ᠰᠠᠭᠤᠷᠢ ᠡᠵᠡᠯᠡᠬᠦ ᠵᠢ ᠠᠬᠢᠭᠤᠯᠪᠠ ᠭᠡᠵᠡᠶ᠃ ᠡᠳᠡᠭᠡᠷ ᠬᠤᠳᠠ ᠬᠡᠷᠡᠭᠯᠡᠭᠡᠨ᠎ᠤ ᠣᠷᠴᠢᠨ ᠲᠣᠭᠣᠷᠢᠨ᠎ᠤ ᠰᠢᠨ᠎ᠡ ᠵᠢ ᠡᠭᠦᠳᠴᠦ᠂ ᠳᠡᠯᠡᠬᠡᠶ᠋ᠢᠵᠢᠭᠰᠡᠨ ᠨᠥᠬᠥᠷᠰᠡᠭ ᠬᠤᠳᠠᠯᠳᠤᠭ᠋ᠠᠨ᠎ᠤ ᠲᠣᠭᠣᠷᠢᠭ᠎ᠢ ᠪᠠᠶ᠋ᠢᠭᠤᠯᠵᠤ᠂ ᠰᠣᠶᠣᠯ᠎ᠤᠨ ᠣᠶ᠋ᠢᠯᠠᠭ᠋ᠠᠯᠲᠠ᠎ᠪᠠᠨ ᠳᠡᠭᠡᠭᠰᠢᠯᠡᠭᠦᠯᠵᠦ᠂ ᠪᠦᠬᠦ ᠪᠥᠮᠪᠥᠷᠴᠡᠭ᠎ᠤᠨ ᠬᠡᠷᠡᠭᠯᠡᠭᠴᠢᠳ᠎ᠢ ᠲᠠᠲᠠᠵᠤ᠂ ᠢᠷᠡᠭᠡᠳᠦᠢ᠎ᠳᠤ 《ᠳᠤᠮᠳᠠᠳᠤ ᠤᠯᠤᠰ᠎ᠤᠨ ᠰᠢᠨ᠎ᠡ

ᠦᠢ᠍ᠯᠡᠳᠬᠦᠨ》᠎ᠨᠢ 《ᠪᠦᠬᠦ ᠪᠥᠮᠪᠥᠷᠴᠡᠭ᠎ᠤᠨ ᠰᠢᠨ᠎ᠡ ᠦᠢ᠍ᠯᠡᠳᠬᠦᠨ》 ᠪᠣᠯᠬᠤ ᠪᠣᠯᠤᠨ᠎ᠠ᠃
    ᠲᠥᠰᠦᠯ᠎ᠤᠨ ᠬᠡᠷᠡᠭᠵᠢᠭᠦᠯᠦᠯᠲᠡ᠎ᠨᠢ ᠬᠡᠷᠡᠭᠯᠡᠭᠡᠨ᠎ᠤ ᠵᠠᠬ᠎ᠠ ᠳᠡᠯᠭᠡᠭᠦᠷ᠎ᠤᠨ ᠴᠡᠴᠡᠭᠯᠡᠯ ᠬᠥᠭᠵᠢᠯ᠎ᠢ ᠠᠬᠢᠭᠤᠯᠬᠤ ᠪᠣᠯᠤᠨ᠎ᠠ᠃ ᠢᠷᠡᠭᠡᠳᠦᠶ᠎ᠳᠤ᠂ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠬᠤ ᠪᠠ ᠵᠠᠬ᠎ᠠ ᠳᠡᠯᠭᠡᠭᠦᠷ᠎ᠤᠨ ᠰᠢᠨ᠎ᠡ ᠵᠢ ᠡᠭᠦᠳᠬᠦ ᠵᠢ ᠳᠠᠭ᠋ᠠᠯᠳᠤᠨ᠂ ᠬᠡᠷᠡᠭᠯᠡᠭᠡᠨ᠎ᠤ ᠵᠠᠬ᠎ᠠ ᠳᠡᠯᠭᠡᠭᠦᠷ ᠨᠠᠩ ᠥᠷᠨᠢᠨ ᠬᠥᠭᠵᠢᠵᠦ᠂ ᠰᠠᠭᠤᠭ᠋ᠠᠯᠢ ᠠᠷᠠᠳ᠎ᠤᠨ ᠠᠮᠢᠳᠤᠷᠠᠯ᠎ᠤᠨ ᠴᠢᠨᠠᠷ ᠴᠢᠨᠰᠠᠭ᠎ᠠ ᠵᠢ ᠳᠡᠭᠡᠭᠰᠢᠯᠡᠭᠦᠯᠦᠨ᠂ ᠰᠠᠶ᠋ᠢᠨ ᠰᠠᠶ᠋ᠢᠬᠠᠨ ᠠᠮᠢᠳᠤᠷᠠᠯ᠎ᠢ ᠨᠠᠩ ᠢᠯᠡᠭᠦᠦ ᠮᠡᠳᠡᠷᠡᠭᠦᠯᠬᠦ ᠪᠣᠯᠤᠨ᠎ᠠ᠃ ᠡᠯ᠎ᠡ ᠲᠠᠯ᠎ᠠ ᠵᠢᠨ᠎ᠬᠢᠨ ᠲᠥᠰᠦᠯ᠎ᠢ ᠨᠠᠶ᠋ᠢᠳᠠᠪᠤᠷᠢᠵᠢᠭᠤᠯᠵᠤ᠂ ᠬᠡᠷᠡᠭᠯᠡᠭᠡᠨ᠎ᠤ ᠰᠢᠨ᠎ᠡ ᠬᠠᠭᠤᠳᠠᠰᠤ ᠵᠢ ᠬᠠᠮᠲᠤ᠎ᠪᠠᠷ ᠪᠢᠴᠢᠭᠯᠡᠬᠦ ᠵᠢ ᠬᠦᠰᠡᠵᠦ ᠪᠠᠶ᠋ᠢᠨ᠎ᠠ᠃ (ᠰᠤᠷᠪᠤᠯᠵᠢᠯᠠᠭᠴᠢ ᠵᠧᠦ ᠷᠦᠢ    ᠵᠤᠤ ᠢ ᠾᠧ)

ᠢᠷᠡᠯᠲᠡ᠄ ᠳᠤᠮᠳᠠᠳᠤ ᠤᠯᠤᠰ᠎ᠤᠨ ᠵᠠᠰᠠᠭ᠎ᠤᠨ ᠤᠷᠳᠤᠨ᠎ᠤ ᠰᠦᠯᠵᠢᠶ᠎ᠡ
          
ᠬᠠᠮᠢᠶ᠎ᠡ ᠪᠦᠬᠦᠢ ᠰᠣᠨᠢᠨ
《ᠬᠢᠲᠠᠳ ᠡᠮ᠎ᠤᠨ ᠶᠠᠰᠤ ᠴᠢᠨᠠᠷ᠎ᠢ ᠳᠡᠭᠡᠭᠰᠢᠯᠡᠭᠦᠯᠵᠦ ᠬᠢᠲᠠᠳ ᠡᠮ ᠡᠮᠨᠡᠯᠭᠡ ᠵᠢᠨ ᠠᠵᠤ ᠦᠢ᠍ᠯᠡᠰ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠲᠤᠬᠠᠶ ᠰᠠᠨᠠᠯ》᠎ᠤᠨ ᠲᠥᠷᠥ ᠵᠢᠨ ᠪᠣᠳᠣᠯᠭ᠎ᠠ ᠵᠢᠨ ᠲᠠᠶ᠋ᠢᠯᠤᠮᠵᠢ
ᠲᠥᠪ᠎ᠤᠨ ᠨᠠᠢ᠍ᠮᠠᠨ ᠵᠤᠷᠪᠤᠰ ᠲᠣᠭᠲᠠᠭ᠋ᠠᠯ᠎ᠢ ᠵᠢᠷᠤᠭ ᠵᠶ᠋ᠠᠷ ᠦᠵᠡᠬᠦᠢ
《2025 ᠣᠨ᠎ᠤ ᠪᠥᠬᠦ ᠣᠷᠣᠨ᠎ᠤ 〈ᠦᠨᠳᠦᠰᠦᠲᠡᠨ᠎ᠤ ᠲᠤᠬᠠᠢ ᠲᠥᠷᠥ ᠵᠢᠨ ᠪᠣᠳᠣᠯᠭ᠎ᠠ ᠵᠢᠨ ᠤᠬᠠᠭᠤᠯᠭ᠎ᠠ ᠵᠢᠨ ᠰᠠᠷ᠎ᠠ〉 〈ᠦᠨᠳᠦᠰᠦᠲᠡᠨ᠎ᠤ ᠲᠤᠬᠠᠢ ᠬᠠᠤᠯᠢ᠎ᠪᠠᠷ ᠵᠠᠰᠠᠬᠤ ᠤᠬᠠᠭᠤᠯᠭ᠎ᠠ ᠵᠢᠨ ᠭᠠᠷᠠᠭ〉᠎ᠤᠨ ᠠᠵᠢᠯ᠎ᠤᠨ ᠲᠥᠰᠥᠯ》᠎ᠤᠨ ᠲᠠᠶ᠋ᠢᠯᠤᠮᠵᠢ
《ᠦᠨᠳᠦᠰᠦᠨ ᠱᠠᠲᠤᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢᠨ ᠪᠠᠢ᠌ᠷᠢᠯᠠᠭᠤᠯᠤᠯᠳᠠ ᠵᠢᠨ ᠪᠠᠶ᠋ᠢᠭᠤᠯᠤᠯᠲᠠ ᠵᠢ ᠰᠢᠯᠢᠳᠡᠭᠵᠢᠭᠦᠯᠬᠦ ᠲᠤᠬᠠᠶ ᠵᠢᠯᠣᠭᠣᠳᠬᠤ ᠰᠠᠨᠠᠯ》᠎ᠤᠨ ᠲᠠᠶ᠋ᠢᠯᠤᠮᠵᠢ
《ᠡᠮ ᠡᠮᠨᠡᠯᠭᠡ ᠵᠢᠨ ᠠᠵᠤ ᠦᠢ᠍ᠯᠡᠳᠪᠦᠷᠢ ᠵᠢᠨ ᠲᠣᠭ᠋ᠠᠴᠢᠯᠠᠭᠰᠠᠨ ᠣᠶᠤᠨᠴᠢᠯᠠᠭᠰᠠᠨ ᠬᠡᠯᠪᠡᠷᠢ ᠬᠤᠪᠢᠷᠠᠭ᠋ᠠᠯᠲᠠ ᠵᠢᠨ ᠬᠡᠷᠡᠭᠵᠢᠭᠦᠯᠬᠦ ᠲᠥᠰᠦᠯ (2025--2030 ᠣᠨ)》᠎ᠤᠨ ᠲᠠᠶ᠋ᠢᠯᠤᠮᠵᠢ
 
            