ᠲᠡᠷᠢᠭᠦᠨ ᠬᠠᠭᠤᠳᠠᠰᠤ
ᠠᠵᠢᠯ᠎ᠤᠨ ᠪᠠᠶ᠋ᠢᠳᠠᠯ
ᠢᠯᠡ ᠵᠠᠰᠠᠭ
ᠲᠤᠭ᠎ᠠ ᠪᠦᠷᠢᠳᠭᠡᠯ᠎ᠤᠨ ᠦᠢᠯᠡᠴᠢᠯᠡᠭᠡ
ᠢᠯᠡ ᠵᠠᠰᠠᠭ   -   ᠠᠯᠪᠠᠨ ᠮᠡᠳᠡᠭᠡ
2021 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠵᠠᠷᠤᠳᠠᠯ᠎ᠤᠨ ᠣᠷᠣᠭᠤᠯᠤᠯᠲᠠ ᠵᠢᠨ ᠲᠤᠭ᠎ᠠ ᠪᠦᠷᠢᠳᠬᠡᠯ᠎ᠤᠨ ᠠᠯᠪᠠᠨ ᠮᠡᠳᠡᠭᠡ
ᠨᠡᠶ᠋ᠢᠲᠡᠯᠡᠭᠰᠡᠨ ᠴᠠᠭ᠄ 2022-10-03

      2021 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ
      ᠲᠧᠭᠨᠢᠭ ᠮᠡᠷᠭᠡᠵᠢᠯ᠎ᠤᠨ ᠵᠠᠷᠤᠳᠠᠯ᠎ᠤᠨ ᠣᠷᠣᠭᠤᠯᠤᠯᠲᠠ ᠵᠢᠨ ᠲᠤᠭ᠎ᠠ ᠪᠦᠷᠢᠳᠬᠡᠯ᠎ᠤᠨ ᠠᠯᠪᠠᠨ ᠮᠡᠳᠡᠭᠡ [1]

              ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ
              ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ ᠡᠳ᠋᠎ᠤᠨ ᠵᠠᠰᠠᠭ᠎ᠤᠨ ᠲᠢᠩᠬᠢᠮ
                      2022 ᠤᠨ᠎ᠤ 9 ᠰᠠᠷ᠎ᠠ ᠵᠢᠨ 30᠎ᠤ ᠡᠳᠦᠷ


      2021 ᠣᠨ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠠᠷ ᠥᠪᠥᠷ ᠮᠣᠩᠭᠣᠯ ᠵᠶ᠋ᠠᠨ ᠮᠠᠨᠳᠤᠭᠤᠯᠬᠤ》 ᠠᠵᠢᠯᠯᠠᠭ᠎ᠠ ᠵᠢ ᠭᠦᠨᠵᠡᠭᠡᠶ ᠬᠡᠷᠡᠭᠵᠢᠭᠦᠯᠵᠦ᠂ ᠰᠤᠳᠤᠯᠤᠨ ᠨᠡᠭᠡᠭᠡᠬᠦ ᠣᠷᠣᠭᠤᠯᠤᠯᠲᠠ ᠵᠢᠨ ᠪᠣᠭᠣᠮᠲᠠ ᠰᠢᠪᠲᠤᠯᠬᠤ ᠵᠢ ᠶᠡᠬᠡ᠎ᠪᠠᠷ ᠠᠬᠢᠭᠤᠯᠵᠤ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠵᠠᠷᠤᠳᠠᠯ᠎ᠤᠨ ᠣᠷᠣᠭᠤᠯᠤᠯᠲᠠ ᠵᠢᠨ ᠡᠷᠴᠢᠮ ᠵᠶ᠋ᠠᠨ ᠤᠯᠠᠮ ᠨᠢᠭᠡ ᠠᠯᠬᠤᠮ ᠴᠢᠩᠭ᠋ᠠᠷᠠᠭᠤᠯᠵᠤ᠂ ᠰᠤᠳᠤᠯᠭ᠋ᠠᠨ ᠪᠠ ᠲᠤᠷᠰᠢᠯᠲᠠ ᠵᠢᠨ ᠬᠥᠭᠵᠢᠯᠲᠡ (R&D) ᠵᠢᠨ ᠵᠠᠷᠤᠳᠠᠯ᠎ᠤᠨ ᠣᠷᠣᠭᠤᠯᠤᠯᠲᠠ ᠵᠢᠴᠢ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠵᠠᠷᠤᠯᠭ᠎ᠠ ᠦᠷᠭᠦᠯᠵᠢᠯᠡᠨ ᠲᠣᠭᠲᠠᠭᠤᠨ ᠵᠶ᠋ᠠᠷ ᠨᠡᠮᠡᠭᠳᠡᠪᠡ᠃
      ᠨᠢᠭᠡ᠂ ᠰᠤᠳᠤᠯᠭ᠋ᠠᠨ ᠪᠠ ᠲᠤᠷᠰᠢᠯᠲᠠ ᠵᠢᠨ ᠬᠥᠭᠵᠢᠯᠲᠡ (R&D) ᠵᠢᠨ ᠵᠠᠷᠤᠳᠠᠯ᠎ᠤᠨ ᠪᠠᠶ᠋ᠢᠳᠠᠯ
     2021 ᠣᠨ᠎ᠳᠤ᠂ ᠪᠥᠬᠥ ᠣᠷᠣᠨ ᠨᠡᠶ᠋ᠢᠲᠡ ᠰᠤᠳᠤᠯᠭ᠋ᠠᠨ ᠪᠠ ᠲᠤᠷᠰᠢᠯᠲᠠ ᠵᠢᠨ ᠬᠥᠭᠵᠢᠯᠲᠡ (R&D) ᠵᠢᠨ ᠵᠠᠷᠤᠳᠠᠯ 190.1 ᠳ᠋ᠦᠩᠰᠢᠭᠤᠷ ᠲᠥᠭᠥᠷᠢᠭ ᠣᠷᠣᠭᠤᠯᠵᠤ᠂ 2020 ᠣᠨ᠎ᠤ᠎ᠬᠢ᠎ᠠᠴᠠ 29.0 ᠳ᠋ᠦᠩᠰᠢᠭᠤᠷ ᠲᠥᠭᠥᠷᠢᠭ ᠨᠡᠮᠡᠭᠳᠡᠨ᠂ 18.0% ᠨᠡᠮᠡᠭᠳᠡᠵᠦ᠂ ᠨᠡᠮᠡᠭᠳᠡᠯ᠎ᠤᠨ ᠬᠤᠷᠳᠤᠴᠠ᠎ᠨᠢ ᠲᠦᠷᠦᠭᠦᠦ ᠵᠢᠯ᠎ᠤᠨ᠎ᠬᠢ᠎ᠠᠴᠠ 9.0 ᠵᠠᠭᠤᠨ᠎ᠤ ᠬᠤᠪᠢ ᠵᠢᠨ ᠴᠡᠭ ᠲᠦᠷᠭᠡᠳᠪᠡ᠃ ᠰᠤᠳᠤᠯᠭ᠋ᠠᠨ ᠬᠢᠭᠡᠳ ᠲᠤᠷᠰᠢᠯᠲᠠ ᠵᠢᠨ ᠬᠥᠭᠵᠢᠯᠲᠡ (R&D) ᠵᠢᠨ ᠵᠠᠷᠤᠳᠠᠯ᠎ᠤᠨ ᠣᠷᠣᠭᠤᠯᠤᠯᠲᠠ ᠵᠢᠨ ᠡᠷᠴᠢᠮ (ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ [2]᠎ᠤᠨ ᠬᠠᠷᠢᠴᠠᠯ)᠎ᠨᠢ 0.93% ᠪᠠᠶ᠋ᠢᠵᠤ᠂ 2020 ᠣᠨ᠎ᠤ᠎ᠬᠢ᠎ᠲᠠᠢ ᠲᠡᠩᠴᠡᠪᠡ᠃ ᠰᠤᠳᠤᠯᠭ᠋ᠠᠨ ᠪᠠ ᠲᠤᠷᠰᠢᠯᠲᠠ ᠵᠢᠨ ᠬᠥᠭᠵᠢᠯᠲᠡ (R&D) ᠵᠢᠨ ᠠᠵᠢᠯᠲᠠᠨ᠎ᠤ ᠪᠥᠬᠥ ᠴᠠᠭ᠎ᠤᠨ ᠠᠵᠢᠯ᠎ᠤᠨ ᠬᠡᠮᠵᠢᠶ᠎ᠡ᠎ᠪᠠᠷ ᠪᠤᠳᠤᠭᠰᠠᠨ ᠬᠥᠮᠦᠨ ᠳᠤᠮᠳᠠᠴᠢ ᠵᠢᠨ ᠵᠠᠷᠤᠳᠠᠯ᠎ᠨᠢ 71.9 ᠲᠦᠮᠡᠨ ᠲᠥᠭᠥᠷᠢᠭ ᠪᠠᠶ᠋ᠢᠵᠤ᠂ ᠲᠦᠷᠦᠭᠦᠦ ᠵᠢᠯ᠎ᠤᠨ᠎ᠬᠢ᠎ᠠᠴᠠ 14.2 ᠲᠦᠮᠡᠨ ᠲᠥᠭᠥᠷᠢᠭ ᠨᠡᠮᠡᠭᠳᠡᠪᠡ᠃
      ᠠᠵᠢᠯᠯᠠᠭ᠎ᠠ ᠵᠢᠨ ᠲᠥᠷᠥᠯ ᠵᠶ᠋ᠠᠷ ᠬᠤᠪᠢᠶᠠᠪᠠᠯ᠂ ᠪᠥᠬᠥ ᠣᠷᠣᠨ᠎ᠤ ᠰᠠᠭᠤᠷᠢ ᠰᠤᠳᠤᠯᠭ᠋ᠠᠨ᠎ᠤ ᠵᠠᠷᠤᠳᠠᠯ 5.4 ᠳ᠋ᠦᠩᠰᠢᠭᠤᠷ ᠲᠥᠭᠥᠷᠢᠭ᠎ᠲᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 58.7%᠎ᠪᠠᠷ ᠨᠡᠮᠡᠭᠳᠡᠪᠡ; ᠬᠡᠷᠡᠭᠯᠡᠭᠡᠨ᠎ᠤ ᠰᠤᠳᠤᠯᠭ᠋ᠠᠨ᠎ᠤ ᠵᠠᠷᠤᠳᠠᠯ 18.5 ᠳ᠋ᠦᠩᠰᠢᠭᠤᠷ ᠲᠥᠭᠥᠷᠢᠭ᠎ᠲᠤ ᠬᠦᠷᠴᠦ᠂ 7.8%᠎ᠪᠠᠷ ᠨᠡᠮᠡᠭᠳᠡᠪᠡ; ᠲᠤᠷᠰᠢᠯᠲᠠ ᠵᠢᠨ ᠬᠥᠭᠵᠢᠯᠲᠡ ᠵᠢᠨ ᠵᠠᠷᠤᠳᠠᠯ 166.2 ᠳ᠋ᠦᠩᠰᠢᠭᠤᠷ ᠲᠥᠭᠥᠷᠢᠭ᠎ᠲᠤ ᠬᠦᠷᠴᠦ᠂ 18.2% ᠵᠶ᠋ᠠᠷ ᠨᠡᠮᠡᠭᠳᠡᠪᠡ᠃ ᠰᠠᠭᠤᠷᠢ ᠰᠤᠳᠤᠯᠭ᠋ᠠᠨ᠂ ᠬᠡᠷᠡᠭᠯᠡᠭᠡᠨ᠎ᠤ ᠰᠤᠳᠤᠯᠭ᠋ᠠᠨ ᠪᠠ ᠲᠤᠷᠰᠢᠯᠲᠠ ᠵᠢᠨ ᠬᠥᠭᠵᠢᠯᠲᠡ ᠵᠢᠨ ᠵᠠᠷᠤᠳᠠᠯ᠎ᠤᠨ ᠡᠵᠡᠯᠡᠬᠦ ᠬᠠᠷᠢᠴᠠᠯ᠎ᠨᠢ ᠲᠣᠰ ᠲᠣᠰ 2.9%᠂ 9.7% ᠪᠠ 87.4 % ᠪᠣᠯᠪᠠ᠃
    ᠠᠵᠢᠯᠯᠠᠭ᠎ᠠ ᠵᠢᠨ ᠭᠤᠤᠯ ᠴᠣᠭᠴᠠ᠎ᠠᠴᠠ ᠦᠵᠡᠪᠡᠯ᠂ ᠡᠯ᠎ᠡ ᠲᠥᠷᠥᠯ᠎ᠤᠨ ᠠᠵᠤ ᠠᠬᠤᠶ᠋ᠢᠯᠠᠯ᠎ᠤᠨ ᠰᠤᠳᠤᠯᠭ᠋ᠠᠨ ᠪᠠ ᠲᠤᠷᠰᠢᠯᠲᠠ ᠵᠢᠨ ᠬᠥᠭᠵᠢᠯᠲᠡ (R&D) ᠵᠢᠨ ᠵᠠᠷᠤᠳᠠᠯ᠎ᠤᠨ ᠵᠠᠷᠤᠯᠭ᠎ᠠ 163.0 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 20.1%᠎ᠪᠠᠷ ᠨᠡᠮᠡᠭᠳᠡᠪᠡ; ᠵᠠᠰᠠᠭ᠎ᠤᠨ ᠣᠷᠳᠣᠨ᠎ᠤ ᠬᠠᠷᠢᠶ᠎ᠠ ᠰᠤᠳᠤᠯᠭ᠋ᠠᠨ᠎ᠤ ᠪᠠᠶ᠋ᠢᠭᠤᠯᠤᠮᠵᠢ ᠵᠢᠨ ᠵᠠᠷᠤᠳᠠᠯ᠎ᠤᠨ ᠵᠠᠷᠤᠯᠭ᠎ᠠ ᠵᠢ 13.6 ᠳ᠋ᠦᠩᠰᠢᠭᠤᠷ ᠲᠥᠭᠥᠷᠢᠭ ᠵᠶ᠋ᠠᠷ ᠲᠤᠬᠢᠷᠠᠭᠤᠯᠵᠤ᠂ 13.0%᠎ᠪᠠᠷ ᠪᠠᠭᠤᠷᠠᠪᠠ; ᠳᠡᠭᠡᠳᠦ ᠰᠤᠷᠭ᠋ᠠᠭᠤᠯᠢ ᠵᠢᠨ ᠵᠠᠷᠤᠳᠠᠯ᠎ᠤᠨ ᠵᠠᠷᠤᠯᠭ᠎ᠠ ᠵᠢ 9.1 ᠳ᠋ᠦᠩᠰᠢᠭᠤᠷ ᠲᠥᠭᠥᠷᠢᠭ ᠳᠤᠬᠢᠷᠠᠭᠤᠯᠵᠤ᠂ 29.3%᠎ᠪᠠᠷ ᠨᠡᠮᠡᠭᠳᠡᠪᠡ᠃ ᠠᠵᠤ ᠠᠬᠤᠶ᠋ᠢᠯᠠᠯ᠂ ᠵᠠᠰᠠᠭ᠎ᠤᠨ ᠣᠷᠳᠣᠨ᠎ᠤ ᠬᠠᠷᠢᠶ᠎ᠠ ᠰᠤᠳᠤᠯᠭ᠋ᠠᠨ᠎ᠤ ᠪᠠᠶ᠋ᠢᠭᠤᠯᠤᠮᠵᠢ᠂ ᠳᠡᠭᠡᠳᠦ ᠵᠡᠷᠭᠡ ᠵᠢᠨ ᠰᠤᠷᠭ᠋ᠠᠭᠤᠯᠢ ᠵᠢᠨ ᠵᠠᠷᠤᠳᠠᠯ᠎ᠤᠨ ᠵᠠᠷᠤᠯᠭ᠎ᠠ ᠵᠢᠨ ᠡᠵᠡᠯᠡᠬᠦ ᠬᠤᠪᠢ ᠵᠢᠨ ᠵᠢᠩ᠎ᠨᠢ ᠲᠣᠰ ᠲᠣᠰ 85.8%᠂ 7.1% ᠪᠠ 4.8% ᠪᠣᠯᠤᠨ᠎ᠠ᠃
      ᠠᠵᠤ ᠦᠢ᠍ᠯᠡᠰ᠎ᠤᠨ ᠰᠠᠯᠠᠭ᠎ᠠ ᠮᠥᠴᠢᠷ ᠬᠤᠪᠢᠶᠠᠵᠤ ᠦᠵᠡᠪᠡᠯ᠂ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ᠎ᠤᠨ ᠰᠤᠳᠤᠯᠭ᠋ᠠᠨ ᠪᠠ ᠲᠤᠷᠰᠢᠯᠲᠠ ᠵᠢᠨ ᠬᠥᠭᠵᠢᠯᠲᠡ (R&D) ᠵᠢᠨ ᠵᠠᠷᠤᠳᠠᠯ 12.6 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 5.1 ᠳ᠋ᠦᠩᠰᠢᠭᠤᠷ ᠲᠥᠭᠥᠷᠢᠭ ᠨᠡᠮᠡᠭᠳᠡᠨ᠂ 67.7%᠎ᠪᠠᠷ ᠨᠡᠮᠡᠭᠳᠡᠵᠦ᠂ ᠣᠷᠣᠭᠤᠯᠤᠯᠲᠠ ᠵᠢᠨ ᠡᠷᠴᠢᠮ (ᠡᠵᠡᠩᠨᠡᠯᠲᠡ ᠵᠢᠨ ᠣᠷᠣᠯᠭ᠎ᠠ ᠵᠢᠨ ᠬᠠᠷᠢᠴᠠᠯ)᠎ᠨᠢ 2.47% ᠪᠠᠶ᠋ᠢᠵᠤ᠂ ᠲᠦᠷᠦᠭᠦᠦ ᠵᠢᠯ᠎ᠤᠨ᠎ᠬᠢ᠎ᠠᠴᠠ 0.69 ᠵᠠᠭᠤᠨ᠎ᠤ ᠬᠤᠪᠢ ᠵᠢᠨ ᠴᠡᠭ ᠳᠡᠭᠡᠭᠰᠢᠯᠡᠪᠡ; ᠲᠣᠨᠣᠭᠯᠠᠯ ᠦᠢ᠍ᠯᠡᠳᠬᠦ ᠦᠢ᠍ᠯᠡᠰ᠎ᠢ ᠰᠤᠳᠤᠯᠬᠤ ᠪᠠ ᠲᠤᠷᠰᠢᠯᠲᠠ ᠬᠢᠵᠦ ᠬᠥᠭᠵᠢᠭᠦᠯᠬᠦ (R&D) ᠵᠠᠷᠤᠳᠠᠯ 25.4 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 4.4 ᠳ᠋ᠦᠩᠰᠢᠭᠤᠷ ᠲᠥᠭᠥᠷᠢᠭ ᠨᠡᠮᠡᠭᠳᠡᠨ᠂ 20.9%᠎ᠪᠠᠷ ᠨᠡᠮᠡᠭᠳᠡᠵᠦ᠂ ᠣᠷᠣᠭᠤᠯᠤᠯᠲᠠ ᠵᠢᠨ ᠡᠷᠴᠢᠮ᠎ᠨᠢ 2.40 % ᠪᠠᠶ᠋ᠢᠵᠤ᠂ ᠲᠦᠷᠦᠭᠦᠦ ᠵᠢᠯ᠎ᠤᠨ᠎ᠬᠢ᠎ᠠᠴᠠ 0.21 ᠵᠠᠭᠤᠨ᠎ᠤ ᠬᠤᠪᠢ ᠵᠢᠨ ᠴᠡᠭ ᠳᠡᠭᠡᠭᠰᠢᠯᠡᠪᠡ᠃ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ [3]᠎ᠤᠨ ᠳᠣᠲᠣᠷ᠎ᠠ᠂ ᠰᠤᠳᠤᠯᠭ᠋ᠠᠨ ᠪᠠ ᠲᠤᠷᠰᠢᠯᠲᠠ ᠵᠢᠨ ᠬᠥᠭᠵᠢᠯᠲᠡ (R&D) ᠵᠢᠨ ᠵᠠᠷᠤᠳᠠᠯ᠎ᠤᠨ ᠣᠷᠣᠭᠤᠯᠤᠯᠲᠠ 5 ᠳ᠋ᠦᠩᠰᠢᠭᠤᠷ ᠲᠥᠭᠥᠷᠢᠭ᠎ᠢ ᠳᠠᠪᠠᠭᠰᠠᠨ ᠠᠵᠢᠯ ᠲᠦᠷᠦᠯ 10 ᠪᠠᠶ᠋ᠢᠵᠤ᠂ ᠡᠨᠡ 10 ᠠᠵᠢᠯ ᠲᠦᠷᠦᠯ᠎ᠤᠨ ᠵᠠᠷᠤᠳᠠᠯ᠎ᠤᠨ ᠪᠦ᠍ᠬᠦ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠰᠤᠳᠤᠯᠭ᠋ᠠᠨ ᠪᠠ ᠲᠤᠷᠰᠢᠯᠲᠠ ᠵᠢᠨ ᠬᠥᠭᠵᠢᠯᠲᠡ (R&D) ᠵᠢᠨ ᠵᠠᠷᠤᠳᠠᠯ᠎ᠤᠨ ᠳᠣᠲᠣᠷ᠎ᠠ ᠡᠵᠡᠯᠡᠬᠦ ᠬᠤᠪᠢ ᠵᠢᠨ ᠵᠢᠩ᠎ᠨᠢ 89.6% ᠪᠤᠯᠤᠨ᠎ᠠ (ᠳᠠᠭ᠋ᠠᠯᠳᠤᠭᠤᠯᠤᠯ ᠬᠦᠰᠦᠨᠦᠭᠲᠦ 1᠎ᠳᠤ ᠦᠵᠡ)᠃
    ᠭᠠᠵᠠᠷ ᠣᠷᠣᠨ ᠬᠤᠪᠢᠶᠠᠵᠤ ᠦᠵᠡᠪᠡᠯ᠂ ᠰᠤᠳᠤᠯᠭ᠋ᠠᠨ ᠪᠠ ᠲᠤᠷᠰᠢᠯᠲᠠ ᠵᠢᠨ ᠬᠥᠭᠵᠢᠯᠲᠡ (R&D) ᠵᠢᠨ ᠵᠠᠷᠤᠳᠠᠯ᠎ᠨᠢ ᠲᠦᠷᠦᠭᠦᠦ ᠭᠤᠷᠪᠠ᠎ᠳᠤ ᠵᠢᠭᠰᠠᠭ᠋ᠠᠭᠳᠠᠭᠰᠠᠨ᠎ᠨᠢ ᠪᠤᠭᠤᠲᠤ ᠬᠣᠲᠠ (67.4 ᠳ᠋ᠦᠩᠰᠢᠭᠤᠷ

ᠲᠥᠭᠥᠷᠢᠭ)᠂ ᠬᠥᠬᠡᠬᠣᠲᠠ (52.4 ᠳ᠋ᠦᠩᠰᠢᠭᠤᠷ ᠲᠥᠭᠥᠷᠢᠭ) ᠪᠠ ᠣᠷᠳᠣᠰ ᠬᠣᠲᠠ (38.7 ᠳ᠋ᠦᠩᠰᠢᠭᠤᠷ ᠲᠥᠭᠥᠷᠢᠭ) ᠪᠣᠯᠤᠨ᠎ᠠ᠃ ᠰᠤᠳᠤᠯᠭ᠋ᠠᠨ ᠬᠢᠭᠡᠳ ᠲᠤᠷᠰᠢᠯᠲᠠ ᠵᠢᠨ ᠬᠥᠭᠵᠢᠯᠲᠡ (R&D) ᠵᠢᠨ ᠵᠠᠷᠤᠳᠠᠯ᠎ᠤᠨ ᠣᠷᠣᠭᠤᠯᠤᠯᠲᠠ ᠵᠢᠨ ᠬᠦᠴᠦᠯᠡᠴᠡ (ᠣᠷᠣᠨ ᠨᠤᠲᠤᠭ᠎ᠤᠨ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ[4]᠎ᠯᠤᠭ᠎ᠠ ᠵᠢᠨ ᠬᠠᠷᠢᠴᠠᠯ)᠎ᠨᠢ ᠪᠦᠬᠦ ᠣᠷᠣᠨ᠎ᠤ ᠳᠤᠮᠳᠠᠴᠢ ᠬᠢᠷᠢ ᠬᠡᠮᠵᠢᠶ᠎ᠡ᠎ᠠᠴᠠ ᠳᠠᠪᠠᠭᠰᠠᠨ ᠠᠶ᠋ᠢᠮᠠᠭ ᠬᠣᠲᠠ 3 ᠪᠠᠶ᠋ᠢᠵᠤ᠂ ᠲᠤᠰ ᠲᠤᠰ ᠪᠤᠭᠤᠲᠤ ᠬᠣᠲᠠ᠂ ᠬᠥᠬᠡᠬᠣᠲᠠ ᠪᠣᠯᠤᠨ ᠦᠬᠠᠶ ᠬᠣᠲᠠ ᠪᠣᠯᠤᠨ᠎ᠠ (ᠳᠠᠭ᠋ᠠᠯᠳᠤᠭᠤᠯᠤᠯ ᠬᠦᠰᠦᠨᠦᠭᠲᠦ 2᠎ᠲᠤ ᠦᠵᠡ)᠃
      ᠬᠣᠶᠠᠷ᠂ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠵᠠᠷᠤᠯᠭ᠎ᠠ ᠵᠢᠨ ᠪᠠᠶ᠋ᠢᠳᠠᠯ
   2021 ᠣᠨ᠎ᠳᠤ᠂ ᠪᠥᠬᠥ ᠣᠷᠣᠨ᠎ᠤ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠵᠠᠷᠤᠯᠭ᠎ᠠ 35.28 ᠳ᠋ᠦᠩᠰᠢᠭᠤᠷ ᠲᠥᠭᠥᠷᠢᠭ᠎ᠲᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 2 . 9 ᠳ᠋ᠦᠩᠰᠢᠭᠤᠷ ᠲᠥᠭᠥᠷᠢᠭ ᠨᠡᠮᠡᠭᠳᠡᠨ᠂ ᠠᠳᠠᠯᠢ ᠪᠠᠷᠢᠮᠵᠢᠶ᠎ᠠ᠎ᠪᠠᠷ 20.7% ᠨᠡᠮᠡᠭᠳᠡᠵᠦ᠂ ᠡᠩ᠎ᠤᠨ ᠣᠯᠠᠨ ᠨᠡᠶ᠋ᠢᠲᠡ ᠵᠢᠨ ᠲᠥᠰᠦᠪ᠎ᠤᠨ ᠵᠠᠷᠤᠯᠭ᠎ᠠ᠎ᠳᠤ ᠡᠵᠡᠯᠡᠬᠦ ᠬᠤᠪᠢ ᠵᠢᠨ ᠵᠢᠩ᠎ᠨᠢ 0.67% ᠪᠣᠯᠵᠠᠶ᠃ ᠠᠶ᠋ᠢᠮᠠᠭ ᠬᠣᠲᠠ ᠵᠢᠨ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠠᠷᠤᠯᠭ᠎ᠠ 28.75 ᠳ᠋ᠦᠩᠰᠢᠭᠤᠷ ᠲᠥᠭᠥᠷᠢᠭ᠎ᠲᠤ ᠬᠦᠷᠴᠦ᠂ ᠠᠶ᠋ᠢᠮᠠᠭ ᠬᠣᠲᠠ ᠵᠢᠨ ᠡᠩ᠎ᠤᠨ ᠣᠯᠠᠨ ᠨᠡᠶ᠋ᠢᠲᠡ ᠵᠢᠨ ᠲᠥᠰᠦᠪ᠎ᠤᠨ ᠵᠠᠷᠤᠯᠭ᠎ᠠ᠎ᠳᠠᠬᠢ ᠡᠵᠡᠯᠡᠬᠦ ᠬᠤᠪᠢ ᠵᠢᠨ ᠵᠢᠩ᠎ᠨᠢ 0.68% ᠪᠣᠯᠪᠠ᠃ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠠᠴᠠ 17.9 ᠳ᠋ᠦᠩᠰᠢᠭᠤᠷ ᠲᠥᠭᠥᠷᠢᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠠᠯᠠ ᠮᠥᠩᠭᠥ ᠪᠠᠭᠤᠯᠭ᠋ᠠᠵᠤ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠩ᠎ᠤᠨ ᠣᠯᠠᠨ ᠨᠡᠶ᠋ᠢᠲᠡ ᠵᠢᠨ ᠲᠥᠰᠦᠪ᠎ᠤᠨ ᠵᠠᠷᠤᠯᠭ᠎ᠠ᠎ᠳᠤ ᠡᠵᠡᠯᠡᠬᠦ ᠬᠤᠪᠢ ᠵᠢᠨ ᠵᠢᠩ᠎ᠨᠢ 2% [5] ᠪᠣᠯᠤᠨ᠎ᠠ᠃

     2021 ᠣᠨ᠎ᠤ ᠪᠦᠬᠦ ᠣᠷᠣᠨ᠎ᠤ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠵᠠᠷᠤᠯᠭ᠎ᠠ ᠵᠢᠨ ᠪᠠᠶ᠋ᠢᠳᠠᠯ



    ᠪᠦᠬᠦ ᠣᠷᠣᠨ᠎ᠤ 12 ᠠᠶ᠋ᠢᠮᠠᠭ ᠬᠣᠲᠠ ᠵᠢᠨ ᠳᠣᠲᠣᠷ᠎ᠠ᠂ ᠪᠤᠭᠤᠲᠤ ᠬᠣᠲᠠ᠂ ᠦᠬᠠᠶ ᠬᠣᠲᠠ᠂ ᠣᠷᠳᠣᠰ ᠬᠣᠲᠠ᠂ ᠬᠥᠬᠡᠬᠣᠲᠠ ᠵᠡᠷᠭᠡ 4 ᠠᠶ᠋ᠢᠮᠠᠭ ᠬᠣᠲᠠ ᠵᠢᠨ ᠣᠷᠣᠨ ᠨᠤᠲᠤᠭ᠎ᠤᠨ ᠡᠩ᠎ᠤᠨ ᠣᠯᠠᠨ ᠨᠡᠶ᠋ᠢᠲᠡ ᠵᠢᠨ ᠲᠥᠰᠦᠪ᠎ᠤᠨ ᠵᠠᠷᠤᠯᠭ᠎ᠠ᠎ᠳᠠᠬᠢ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠠᠷᠤᠯᠭ᠎ᠠ ᠵᠢᠨ ᠡᠵᠡᠯᠡᠬᠦ ᠬᠤᠪᠢ ᠵᠢᠨ ᠵᠢᠩ᠎ᠨᠢ ᠪᠦᠬᠦ ᠣᠷᠣᠨ᠎ᠤ ᠳᠤᠮᠳᠠᠴᠢ ᠬᠢᠷᠢ ᠬᠡᠮᠵᠢᠶ᠎ᠡ᠎ᠠᠴᠠ ᠳᠡᠭᠡᠭᠦᠷ ᠪᠠᠶ᠋ᠢᠨ᠎ᠠ (ᠳᠠᠭ᠋ᠠᠯᠳᠤᠭᠤᠯᠤᠯ ᠬᠦᠰᠦᠨᠦᠭᠲᠦ 3 ᠵᠢ ᠦᠵᠡ)᠃

    ᠳᠠᠭ᠋ᠠᠯᠳᠤᠭᠤᠯᠤᠯ ᠬᠦᠰᠦᠨᠦᠭᠲᠦ 1    2021 ᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠭᠤᠤᠯᠳᠠᠯᠭ᠎ᠠ᠎ᠲᠠᠢ ᠠᠵᠢᠯ ᠲᠥᠷᠥᠯ᠎ᠤᠨ ᠰᠤᠳᠤᠯᠭ᠋ᠠᠨ ᠬᠢᠭᠡᠳ ᠲᠤᠷᠰᠢᠯᠲᠠ ᠵᠢᠨ ᠬᠥᠭᠵᠢᠯᠲᠡ (R&D) ᠵᠢᠨ ᠵᠠᠷᠤᠳᠠᠯ᠎ᠤᠨ ᠪᠠᠶ᠋ᠢᠳᠠᠯ


    ᠳᠠᠭ᠋ᠠᠯᠳᠤᠭᠤᠯᠤᠯ ᠬᠦᠰᠦᠨᠦᠭᠲᠦ 2   2021 ᠣᠨ᠎ᠤ ᠡᠯ᠎ᠡ ᠠᠶ᠋ᠢᠮᠠᠭ ᠬᠣᠲᠠ ᠵᠢᠨ ᠰᠤᠳᠤᠯᠤᠯ ᠬᠢᠭᠡᠳ ᠲᠤᠷᠰᠢᠯᠲᠠ ᠵᠢᠨ ᠬᠥᠭᠵᠢᠯᠲᠡ (R&D) ᠵᠢᠨ ᠵᠠᠷᠤᠳᠠᠯ᠎ᠤᠨ ᠪᠠᠶ᠋ᠢᠳᠠᠯ


      ᠳᠠᠭ᠋ᠠᠯᠳᠤᠭᠤᠯᠤᠯ ᠬᠦᠰᠦᠨᠦᠭᠲᠦ 3᠂ 2021 ᠣᠨ᠎ᠤ ᠡᠯ᠎ᠡ ᠠᠶ᠋ᠢᠮᠠᠭ ᠬᠣᠲᠠ ᠵᠢᠨ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ ᠲᠸᠭᠨᠢᠭ ᠮᠡᠷᠭᠡᠵᠢᠯ᠎ᠤᠨ ᠵᠠᠷᠤᠯᠭ᠎ᠠ ᠵᠢᠨ ᠪᠠᠶ᠋ᠢᠳᠠᠯ



    ᠲᠠᠶ᠋ᠢᠯᠪᠤᠷᠢ᠄
   [1] ᠲᠣᠰ ᠠᠯᠪᠠᠨ ᠮᠡᠳᠡᠭᠡ ᠵᠢᠨ ᠰᠤᠳᠤᠯᠭ᠋ᠠᠨ ᠪᠠ ᠲᠤᠷᠰᠢᠯᠲᠠ ᠵᠢᠨ ᠬᠥᠭᠵᠢᠯᠲᠡ (R&D) ᠵᠢᠨ ᠵᠠᠷᠤᠳᠠᠯ᠎ᠤᠨ ᠲᠣᠭ᠎ᠠ ᠪᠠᠷᠢᠮᠲᠠ ᠵᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠠᠴᠠ ᠬᠠᠩᠭ᠋ᠠᠵᠤ᠂ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠠᠷᠤᠯᠭ᠎ᠠ ᠵᠢᠨ ᠲᠣᠭ᠎ᠠ ᠪᠠᠷᠢᠮᠲᠠ ᠵᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠠᠴᠠ ᠬᠠᠩᠭ᠋ᠠᠵᠤ᠂ ᠬᠡᠰᠡᠭ ᠲᠣᠭ᠎ᠠ ᠪᠠᠷᠢᠮᠲᠠ᠎ᠨᠢ ᠳᠥᠷᠪᠡ ᠵᠢ ᠬᠠᠶᠠᠵᠤ ᠲᠠᠪᠤ ᠵᠢ ᠳᠡᠪᠰᠢᠭᠦᠯᠦᠭᠰᠡᠨ ᠰᠢᠯᠲᠠᠭ᠋ᠠᠨ᠎ᠠᠴᠠ ᠪᠣᠯᠵᠣ᠂ ᠨᠡᠶ᠋ᠢᠲᠡ ᠲᠣᠭ᠎ᠠ ᠪᠠ ᠵᠦᠢ᠍ᠯ ᠬᠤᠪᠢᠶᠠᠭᠰᠠᠨ ᠨᠡᠶ᠋ᠢᠯᠡᠪᠦᠷᠢ᠎ᠨᠢ ᠠᠳᠠᠯᠢ ᠥᠬᠡᠶ ᠪᠠᠶ᠋ᠢᠬᠤ ᠪᠠᠶ᠋ᠢᠳᠠᠯ ᠣᠷᠣᠰᠢᠵᠤ ᠪᠠᠶ᠋ᠢᠨ᠎ᠠ᠃
   [2] 2021 ᠣᠨ᠎ᠤ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠎ᠨᠢ ᠠᠩᠬ᠎ᠠ ᠠᠯᠬᠤᠮ᠎ᠤᠨ ᠬᠠᠷᠭᠤᠭᠤᠯᠤᠨ ᠪᠤᠳᠤᠭᠰᠠᠨ ᠲᠣᠭ᠎ᠠ ᠪᠣᠯᠤᠨ᠎ᠠ᠃
   [3] ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠲᠤᠭ᠎ᠠ ᠪᠦᠷᠢᠳᠬᠡᠯ᠎ᠤᠨ ᠬᠡᠪᠴᠢᠶ᠎ᠡ ᠪᠣᠯ ᠵᠢᠯ᠎ᠤᠨ ᠭᠤᠤᠯ ᠡᠵᠡᠩᠨᠡᠯᠲᠡ ᠵᠢᠨ ᠲᠤᠬᠠᠶ᠋ᠢᠯᠠᠭᠰᠠᠨ ᠠᠵᠢᠯ᠎ᠤᠨ ᠣᠷᠣᠯᠭ᠎ᠠ᠎ᠨᠢ 2000 ᠲᠦᠮᠡᠨ ᠲᠥᠭᠥᠷᠢᠭ ᠵᠢᠴᠢ ᠲᠡᠭᠦᠨ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠬᠠᠤᠯᠢ ᠵᠢᠨ ᠡᠷᠬᠡᠲᠡᠨ᠎ᠤ ᠨᠢᠭᠡᠴᠢ

ᠪᠣᠯᠤᠨ᠎ᠠ᠃
   [4] 2021 ᠣᠨ᠎ᠳᠤ ᠠᠶ᠋ᠢᠮᠠᠭ ᠬᠣᠲᠠ ᠬᠤᠪᠢᠶᠠᠭᠰᠠᠨ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠎ᠨᠢ ᠠᠩᠬ᠎ᠠ ᠠᠯᠬᠤᠮ᠎ᠤᠨ ᠬᠠᠷᠭᠤᠭᠤᠯᠤᠨ ᠪᠤᠳᠤᠭᠰᠠᠨ ᠲᠣᠭ᠎ᠠ ᠪᠣᠯᠤᠨ᠎ᠠ᠃
   [5] ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠵᠠᠷᠤᠯᠭ᠎ᠠ᠎ᠳᠤ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠰᠢᠯᠵᠢᠭᠦᠯᠦᠨ ᠥᠭᠬᠦ ᠪᠡᠯᠡ ᠮᠥᠩᠭᠥ ᠪᠠᠭᠲᠠᠨ᠎ᠠ᠃
    ᠳᠠᠭ᠋ᠠᠯᠳᠤᠭᠤᠯᠤᠯ᠄
   1 . ᠭᠣᠣᠯ ᠭᠦᠢ᠍ᠴᠡᠳᠬᠡᠯ ᠲᠣᠭ᠎ᠠ ᠵᠢ ᠲᠠᠶ᠋ᠢᠯᠪᠤᠷᠢᠯᠠᠬᠤ
    ᠰᠤᠳᠤᠯᠭ᠋ᠠᠨ ᠬᠢᠭᠡᠳ ᠲᠤᠷᠰᠢᠯᠲᠠ ᠵᠢᠨ ᠬᠥᠭᠵᠢᠯᠲᠡ (R&D) ᠵᠢᠨ ᠵᠠᠷᠤᠳᠠᠯ᠄ ᠮᠡᠳᠡᠭᠦᠯᠦᠯᠲᠡ ᠵᠢᠨ ᠬᠤᠭᠤᠴᠠᠭ᠋ᠠᠨ᠎ᠳᠤ ᠰᠤᠳᠤᠯᠭ᠋ᠠᠨ ᠬᠢᠭᠡᠳ ᠲᠤᠷᠰᠢᠯᠲᠠ ᠵᠢᠨ ᠬᠥᠭᠵᠢᠯᠲᠡ (R&D) ᠵᠢᠨ ᠠᠵᠢᠯᠯᠠᠭ᠎ᠠ ᠵᠢ ᠬᠡᠷᠡᠭᠵᠢᠭᠦᠯᠬᠦ ᠵᠢᠨ ᠲᠥᠯᠥᠭᠡ ᠪᠣᠳᠠᠲᠠᠢ ᠡᠭᠦᠰᠦᠭᠰᠡᠨ ᠪᠦᠬᠦ ᠵᠠᠷᠤᠳᠠᠯ᠎ᠢ ᠵᠢᠭ᠋ᠠᠵᠤ ᠪᠠᠶ᠋ᠢᠨ᠎ᠠ᠃ ᠰᠤᠳᠤᠯᠭ᠋ᠠᠨ ᠪᠠ ᠲᠤᠷᠰᠢᠯᠲᠠ ᠵᠢᠨ ᠬᠥᠭᠵᠢᠯᠲᠡ (R&D) ᠭᠡᠳᠡᠭ᠎ᠨᠢ ᠮᠡᠳᠡᠯᠭᠡ ᠵᠢᠨ ᠬᠠᠳᠠᠭ᠋ᠠᠯᠠᠯᠲᠠ (ᠪᠠᠰᠠ ᠬᠥᠮᠦᠨ ᠲᠥᠷᠥᠯᠬᠢᠲᠡᠨ᠂ ᠰᠣᠶᠣᠯ ᠪᠠ ᠨᠡᠶ᠋ᠢᠭᠡᠮ᠎ᠤᠨ ᠬᠣᠯᠪᠣᠭᠳᠠᠯ ᠪᠦᠬᠦᠢ ᠮᠡᠳᠡᠯᠭᠡ ᠪᠠᠭᠲᠠᠨ᠎ᠠ) ᠵᠢ ᠨᠡᠮᠡᠭᠳᠡᠭᠦᠯᠬᠦ ᠵᠢᠴᠢ ᠤᠤᠯ᠎ᠤᠨ ᠪᠠᠶ᠋ᠢᠭᠰᠠᠨ ᠮᠡᠳᠡᠯᠭᠡ ᠵᠢᠨ ᠰᠢᠨ᠎ᠡ ᠬᠡᠷᠡᠭᠯᠡᠭᠡ ᠵᠢ ᠵᠢᠷᠤᠵᠤ ᠲᠥᠯᠥᠪᠯᠡᠬᠦ ᠵᠢᠨ ᠲᠥᠯᠥᠭᠡ ᠬᠢᠭᠰᠡᠨ ᠪᠦᠲᠦᠭᠡᠯᠴᠢ ᠴᠢᠨᠠᠷᠲᠠᠢ᠂ ᠰᠢᠰᠲ᠋ᠧᠮᠲᠦ ᠴᠢᠨᠠᠷᠲᠠᠢ ᠠᠵᠢᠯ᠎ᠢ ᠵᠢᠭ᠋ᠠᠵᠤ ᠪᠠᠶ᠋ᠢᠨ᠎ᠠ᠂ ᠡᠭᠦᠨ᠎ᠳᠤ ᠰᠠᠭᠤᠷᠢ ᠰᠤᠳᠤᠯᠭ᠋ᠠᠨ᠂ ᠬᠡᠷᠡᠭᠯᠡᠭᠡᠨ᠎ᠤ ᠰᠤᠳᠤᠯᠭ᠋ᠠᠨ ᠪᠠ ᠲᠤᠷᠰᠢᠯᠲᠠ ᠵᠢᠨ ᠬᠥᠭᠵᠢᠯᠲᠡ ᠵᠡᠷᠭᠡ ᠭᠤᠷᠪᠠᠨ ᠵᠦᠢ᠍ᠯ᠎ᠤᠨ ᠬᠡᠯᠪᠡᠷᠢ ᠪᠠᠭᠲᠠᠨ᠎ᠠ᠃ ᠳᠡᠯᠡᠬᠡᠢ ᠳᠡᠭᠡᠷ᠎ᠡ ᠶᠡᠷᠦ᠎ᠳᠡᠭᠡᠨ ᠰᠤᠳᠤᠯᠭ᠋ᠠᠨ ᠪᠠ ᠲᠤᠷᠰᠢᠯᠲᠠ ᠵᠢᠨ ᠬᠥᠭᠵᠢᠯᠲᠡ (R&D) ᠵᠢᠨ ᠠᠵᠢᠯᠯᠠᠭ᠎ᠠ ᠵᠢᠨ ᠬᠡᠪᠴᠢᠶ᠎ᠡ ᠪᠠ ᠡᠷᠴᠢᠮ᠎ᠤᠨ ᠭᠦᠢ᠍ᠴᠡᠳᠬᠡᠯ ᠲᠣᠭ᠎ᠠ᠎ᠨᠢ ᠨᠢᠭᠡ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠣᠳᠠᠲᠤ ᠬᠦᠴᠦᠨ ᠪᠠ ᠭᠣᠣᠯᠯᠠᠬᠤ ᠦᠷᠢᠰᠦᠯᠳᠦᠬᠦ ᠬᠦᠴᠦᠨ᠎ᠢ ᠲᠤᠰᠬᠠᠳᠠᠭ᠃
    ᠰᠤᠳᠤᠯᠭ᠋ᠠᠨ ᠪᠠ ᠲᠤᠷᠰᠢᠯᠲᠠ ᠵᠢᠨ ᠬᠥᠭᠵᠢᠯᠲᠡ (R&D)᠄ ᠮᠡᠳᠡᠯᠭᠡ ᠵᠢᠨ ᠬᠠᠳᠠᠭ᠋ᠠᠯᠠᠯᠲᠠ (ᠪᠠᠰᠠ ᠬᠥᠮᠦᠨ ᠲᠥᠷᠥᠯᠬᠢᠲᠡᠨ᠂ ᠰᠣᠶᠣᠯ ᠪᠠ ᠨᠡᠶ᠋ᠢᠭᠡᠮ᠎ᠤᠨ ᠬᠣᠯᠪᠣᠭᠳᠠᠯ ᠪᠦᠬᠦᠢ ᠮᠡᠳᠡᠯᠭᠡ ᠪᠠᠭᠲᠠᠨ᠎ᠠ) ᠵᠢ ᠨᠡᠮᠡᠭᠳᠡᠭᠦᠯᠬᠦ ᠵᠢᠴᠢ ᠤᠤᠯ᠎ᠤᠨ ᠪᠠᠶ᠋ᠢᠭᠰᠠᠨ ᠮᠡᠳᠡᠯᠭᠡ ᠵᠢᠨ ᠰᠢᠨ᠎ᠡ ᠬᠡᠷᠡᠭᠯᠡᠭᠡ ᠵᠢ ᠵᠢᠷᠤᠵᠤ ᠲᠥᠯᠥᠪᠯᠡᠬᠦ ᠵᠢᠨ ᠲᠥᠯᠥᠭᠡ ᠬᠢᠭᠰᠡᠨ ᠪᠦᠲᠦᠭᠡᠯᠴᠢ ᠴᠢᠨᠠᠷᠲᠠᠢ᠂ ᠰᠢᠰᠲ᠋ᠧᠮᠲᠦ ᠴᠢᠨᠠᠷᠲᠠᠢ ᠠᠵᠢᠯ᠎ᠢ ᠵᠢᠭ᠋ᠠᠵᠤ ᠪᠠᠶ᠋ᠢᠨ᠎ᠠ᠂ ᠡᠭᠦᠨ᠎ᠳᠤ ᠰᠠᠭᠤᠷᠢ ᠰᠤᠳᠤᠯᠭ᠋ᠠᠨ᠂ ᠬᠡᠷᠡᠭᠯᠡᠭᠡᠨ᠎ᠤ ᠰᠤᠳᠤᠯᠭ᠋ᠠᠨ ᠪᠠ ᠲᠤᠷᠰᠢᠯᠲᠠ ᠵᠢᠨ ᠬᠥᠭᠵᠢᠯᠲᠡ ᠵᠡᠷᠭᠡ ᠭᠤᠷᠪᠠᠨ ᠵᠦᠢ᠍ᠯ᠎ᠤᠨ ᠬᠡᠯᠪᠡᠷᠢ ᠪᠠᠭᠲᠠᠨ᠎ᠠ᠃
    ᠰᠠᠭᠤᠷᠢ ᠰᠤᠳᠤᠯᠭ᠋ᠠᠨ᠄ ᠶᠠᠮᠠᠷ ᠴᠤ᠌ ᠣᠨᠴᠠ ᠲᠣᠭᠲᠠᠭᠰᠠᠨ ᠬᠡᠷᠡᠭᠯᠡᠯᠲᠡ ᠪᠤᠶᠤ ᠬᠡᠷᠡᠭᠯᠡᠯᠲᠡ ᠵᠢᠨ ᠵᠣᠷᠢᠯᠭ᠎ᠠ ᠦᠭᠡᠢ ᠨᠢᠭᠡ ᠵᠦᠢ᠍ᠯ᠎ᠤᠨ ᠲᠤᠷᠰᠢᠯᠲᠠ ᠵᠢᠨ ᠴᠢᠨᠠᠷᠲᠠᠢ ᠪᠤᠶᠤ ᠤᠨᠤᠯ᠎ᠤᠨ ᠴᠢᠨᠠᠷᠲᠠᠢ ᠠᠵᠢᠯ᠎ᠢ ᠵᠢᠭ᠋ᠠᠵᠤ ᠪᠤᠢ᠂ ᠲᠡᠭᠦᠨ᠎ᠤ ᠭᠣᠣᠯ ᠵᠣᠷᠢᠯᠭ᠎ᠠ ᠪᠣᠯ ᠦᠵᠡᠭᠳᠡᠯ ᠪᠠ ᠪᠣᠳᠠᠲᠤ ᠬᠡᠷᠡᠭ᠎ᠢ ᠠᠵᠢᠭᠯᠠᠵᠤ ᠪᠣᠯᠬᠤ ᠦᠨᠳᠦᠰᠦᠨ ᠤᠭ ᠶᠣᠰᠣ᠂ ᠵᠢᠮ᠎ᠡ ᠶᠣᠰᠣ ᠪᠠ ᠰᠢᠨ᠎ᠡ ᠮᠡᠳᠡᠯᠭᠡ ᠵᠢ ᠤᠯᠬᠤ ᠶᠠᠪᠤᠳᠠᠯ ᠪᠣᠯᠤᠨ᠎ᠠ᠃
    ᠬᠡᠷᠡᠭᠯᠡᠭᠡᠨ᠎ᠤ ᠰᠤᠳᠤᠯᠤᠯ᠄ ᠰᠢᠨ᠎ᠡ ᠮᠡᠳᠡᠯᠭᠡ ᠣᠯᠵᠤ ᠶᠠᠮᠠᠷ ᠨᠢᠭᠡᠨ ᠣᠨᠴᠠᠭ᠋ᠠᠢ ᠪᠣᠳᠠᠲᠤ ᠵᠣᠷᠢᠯᠭ᠎ᠠ ᠪᠤᠶᠤ ᠬᠠᠷᠠᠯᠲᠠ᠎ᠳᠤ ᠬᠦᠷᠬᠦ ᠵᠢᠨ ᠲᠥᠯᠥᠭᠡ ᠥᠷᠨᠢᠭᠦᠯᠦᠭᠰᠡᠨ ᠠᠩᠬᠠᠨ᠎ᠤ ᠴᠢᠨᠠᠷᠲᠠᠢ ᠰᠤᠳᠤᠯᠤᠯ᠎ᠢ ᠵᠢᠭ᠋ᠠᠵᠤ ᠪᠠᠶ᠋ᠢᠨ᠎ᠠ᠃ ᠬᠡᠷᠡᠭᠯᠡᠭᠡᠨ᠎ᠤ ᠰᠤᠳᠤᠯᠭ᠋ᠠᠨ ᠪᠣᠯ ᠰᠠᠭᠤᠷᠢ ᠰᠤᠳᠤᠯᠭ᠋ᠠᠨ᠎ᠤ ᠦᠷ᠎ᠡ ᠪᠦᠲᠦᠭᠡᠯ᠎ᠤᠨ ᠪᠣᠯᠣᠯᠴᠠᠭ᠋ᠠᠲᠤ ᠬᠡᠷᠡᠭᠴᠡᠭᠡ ᠵᠢ ᠲᠣᠭᠲᠠᠭ᠋ᠠᠬᠤ ᠪᠤᠶᠤ ᠣᠨᠴᠠ ᠲᠣᠭᠲᠠᠭᠰᠠᠨ ᠬᠠᠷᠠᠯᠲᠠ ᠵᠢ ᠪᠡᠶᠡᠯᠡᠭᠦᠯᠬᠦ ᠪᠠ ᠤᠷᠢᠳᠴᠢᠯᠠᠨ ᠲᠣᠭᠲᠠᠭ᠋ᠠᠭᠰᠠᠨ ᠬᠠᠷᠠᠯᠲᠠ ᠵᠢ ᠲᠣᠭᠲᠠᠭ᠋ᠠᠬᠤ ᠰᠢᠨ᠎ᠡ ᠠᠷᠭ᠎ᠠ ᠪᠣᠯᠤᠨ᠎ᠠ᠃
    ᠲᠤᠷᠰᠢᠯᠲᠠ ᠵᠢᠨ ᠬᠥᠭᠵᠢᠯᠲᠡ᠄ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠂ ᠪᠣᠳᠠᠲᠤ ᠲᠤᠷᠰᠢᠯᠭ᠎ᠠ᠎ᠠᠴᠠ ᠣᠯᠤᠭᠰᠠᠨ ᠮᠡᠳᠡᠯᠭᠡ ᠪᠠ ᠰᠤᠳᠤᠯᠭ᠋ᠠᠨ᠎ᠤ ᠶᠠᠪᠤᠴᠠ᠎ᠳᠤ ᠪᠤᠢ ᠪᠣᠯᠤᠭᠰᠠᠨ ᠪᠤᠰᠤᠳ ᠮᠡᠳᠡᠯᠭᠡ ᠵᠢ ᠠᠰᠢᠭᠯᠠᠨ ᠰᠢᠨ᠎ᠡ ᠦᠢ᠍ᠯᠡᠳᠬᠦᠨ᠂ ᠤᠷᠠᠯᠠᠯ᠎ᠢ ᠨᠡᠭᠡᠭᠡᠨ ᠠᠰᠢᠭᠯᠠᠬᠤ ᠪᠤᠶᠤ ᠤᠳᠤ ᠪᠠᠶ᠋ᠢᠭ᠎ᠠ ᠦᠢ᠍ᠯᠡᠳᠬᠦᠨ᠂ ᠤᠷᠠᠯᠠᠯ᠎ᠢ ᠥᠭᠡᠷᠡᠴᠢᠯᠡᠨ ᠰᠠᠶ᠋ᠢᠵᠢᠷᠠᠭᠤᠯᠬᠤ᠎ᠪᠠᠷ ᠬᠢᠭᠰᠡᠨ ᠰᠢᠰᠲ᠋ᠧᠮᠲᠦ ᠴᠢᠨᠠᠷᠲᠠᠢ ᠰᠤᠳᠤᠯᠭ᠋ᠠᠨ᠎ᠢ ᠵᠢᠭ᠋ᠠᠵᠤ ᠪᠠᠶ᠋ᠢᠨ᠎ᠠ᠃
     2 . ᠲᠤᠭ᠎ᠠ ᠪᠦᠷᠢᠳᠬᠡᠯ᠎ᠤᠨ ᠬᠡᠪᠴᠢᠶ᠎ᠡ
    ᠰᠤᠳᠤᠯᠬᠤ ᠪᠠ ᠲᠤᠷᠰᠢᠯᠲᠠ ᠬᠢᠵᠦ ᠬᠥᠭᠵᠢᠭᠦᠯᠬᠦ (R&D) ᠵᠠᠷᠤᠳᠠᠯ᠎ᠤᠨ ᠪᠦᠷᠢᠳᠬᠡᠬᠦ ᠬᠦᠷᠢᠶ᠎ᠡ ᠬᠡᠪᠴᠢᠶ᠎ᠡ᠎ᠨᠢ ᠪᠦᠬᠦ ᠨᠡᠶ᠋ᠢᠭᠡᠮ᠎ᠤᠨ R&D ᠠᠵᠢᠯᠯᠠᠭ᠎ᠠ᠎ᠲᠠᠢ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠡ ᠪᠣᠯᠤᠨ᠎ᠠ᠂ ᠪᠣᠳᠠᠲᠠᠶ᠎ᠪᠠᠷ ᠬᠡᠯᠡᠪᠡᠯ ᠵᠠᠰᠠᠭ᠎ᠤᠨ ᠣᠷᠳᠣᠨ᠎ᠤ ᠬᠠᠷᠢᠶ᠎ᠠ ᠰᠤᠳᠤᠯᠭ᠋ᠠᠨ᠎ᠤ ᠪᠠᠶ᠋ᠢᠭᠤᠯᠤᠮᠵᠢ᠂ ᠳᠡᠭᠡᠳᠦ ᠵᠡᠷᠭᠡ ᠵᠢᠨ ᠰᠤᠷᠭ᠋ᠠᠭᠤᠯᠢ ᠵᠢᠴᠢ R&D ᠠᠵᠢᠯᠯᠠᠭ᠎ᠠ ᠬᠠᠷᠢᠴᠠᠩᠭᠤᠶ ᠲᠥᠪᠯᠡᠷᠡᠭᠰᠡᠨ ᠠᠵᠢᠯ ᠲᠥᠷᠥᠯ (ᠲᠠᠷᠢᠶᠠᠯᠠᠩ᠎ᠢ ᠪᠠᠭᠲᠠᠭ᠋ᠠᠨ᠎ᠠ)᠂ ᠤᠢ᠂ ᠮᠠᠯ᠂ ᠵᠢᠭ᠋ᠠᠰᠤᠨ ᠠᠵᠤ ᠠᠬᠤᠶ᠂ ᠠᠭᠤᠷᠬᠠᠶ ᠮᠠᠯᠲᠠᠬᠤ ᠦᠢ᠍ᠯᠡᠰ᠂ ᠦᠢ᠍ᠯᠡᠳᠬᠦ ᠦᠢ᠍ᠯᠡᠰ᠂ ᠴᠠᠬᠢᠯᠭ᠋ᠠᠨ ᠬᠦᠴᠦ᠂ ᠢᠯᠴᠢ ᠵᠢᠨ ᠬᠦᠴᠦ᠂ ᠰᠢᠲᠠᠮᠠᠬᠠᠶ ᠬᠡᠢ ᠵᠢᠴᠢ ᠤᠰᠤᠨ᠎ᠤ ᠦᠢ᠍ᠯᠡᠳᠪᠦᠷᠢᠯᠡᠯ ᠪᠠ ᠬᠠᠩᠭ᠋ᠠᠯᠭ᠎ᠠ ᠵᠢᠨ ᠦᠢ᠍ᠯᠡᠰ᠂ ᠪᠠᠷᠢᠯᠭ᠎ᠠ ᠵᠢᠨ ᠦᠢ᠍ᠯᠡᠰ᠂ ᠵᠠᠮ ᠲᠡᠭᠡᠭᠡᠪᠦᠷᠢ᠂ ᠬᠥᠮᠥᠷᠭᠡᠯᠡᠯᠲᠡ ᠪᠠ ᠰᠢᠦᠳᠠᠨ᠎ᠤ

ᠦᠢ᠍ᠯᠡᠰ᠂ ᠵᠠᠩᠭᠢ ᠳᠠᠮᠵᠢᠯᠭ᠋ᠠᠨ᠂ ᠵᠥᠭᠡᠯᠡᠨ ᠲᠣᠨᠣᠭ ᠪᠠ ᠮᠡᠳᠡᠭᠡ ᠵᠠᠩᠭᠢ ᠵᠢᠨ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠂ ᠮᠥᠩᠭᠥᠨ ᠭᠦᠢ᠍ᠯᠭᠡᠭᠡᠨ᠎ᠤ ᠦᠢ᠍ᠯᠡᠰ᠂ ᠲᠦᠷᠢᠶᠡᠰᠦᠯᠡᠬᠦ ᠪᠠ ᠬᠤᠳᠠᠯᠳᠤᠭ᠋ᠠᠨ᠎ᠤ ᠶᠠᠪᠤᠳᠠᠯ᠎ᠤᠨ ᠦᠢ᠍ᠯᠡᠴᠢᠯᠡᠭᠡᠨ᠎ᠤ ᠦᠢ᠍ᠯᠡᠰ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠪᠠ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠂ ᠤᠰᠤᠨ ᠠᠰᠢᠭᠯᠠᠯᠲᠠ᠂ ᠣᠷᠴᠢᠨ ᠲᠣᠭᠣᠷᠢᠨ ᠪᠠ ᠣᠯᠠᠨ ᠨᠡᠶ᠋ᠢᠲᠡ ᠵᠢᠨ ᠲᠥᠬᠥᠭᠡᠷᠦᠮᠵᠢ ᠵᠢᠨ ᠬᠠᠮᠢᠶᠠᠷᠤᠯᠲᠠ ᠵᠢᠨ ᠦᠢ᠍ᠯᠡᠰ᠂ ᠡᠷᠡᠭᠦᠯ ᠬᠠᠮᠠᠭ᠋ᠠᠯᠠᠯ ᠪᠠ ᠨᠡᠶ᠋ᠢᠭᠡᠮ᠎ᠤᠨ ᠠᠵᠢᠯ᠂ ᠰᠣᠶᠣᠯ᠂ ᠪᠡᠶ᠎ᠡ ᠵᠢᠨ ᠲᠠᠮᠢᠷ ᠪᠠ ᠵᠤᠭ᠎ᠠ ᠴᠡᠩᠭᠡᠯ᠎ᠤᠨ ᠦᠢ᠍ᠯᠡᠰ ᠵᠡᠷᠭᠡ) ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ᠃
   3 .   ᠪᠠᠶ᠋ᠢᠴᠠᠭ᠋ᠠᠬᠤ ᠠᠷᠭ᠎ᠠ
    ᠰᠤᠳᠤᠯᠬᠤ ᠪᠠ ᠲᠤᠷᠰᠢᠯᠲᠠ ᠬᠢᠵᠦ ᠬᠥᠭᠵᠢᠭᠦᠯᠬᠦ (R&D) ᠵᠠᠷᠤᠳᠠᠯ᠎ᠤᠨ ᠲᠤᠬᠠᠢ ᠪᠠᠶ᠋ᠢᠴᠠᠭ᠋ᠠᠬᠤ ᠠᠷᠭ᠎ᠠ ᠭᠡᠪᠡᠯ᠄ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ ᠪᠣᠯᠤᠨ᠎ᠠ᠂ ᠲᠤᠰᠬᠠᠶ᠂ ᠨᠢᠭᠡᠳᠦᠭᠡᠷ ᠳᠡᠰ᠎ᠤᠨ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠂ ᠬᠡᠪᠴᠢᠶ᠎ᠡ᠎ᠠᠴᠠ ᠳᠡᠭᠡᠭᠰᠢᠬᠢ ᠦᠢ᠍ᠯᠡᠴᠢᠯᠡᠭᠡᠨ᠎ᠤ ᠦᠢ᠍ᠯᠡᠰ ᠵᠠᠮ ᠬᠠᠷᠢᠯᠴᠠᠭ᠎ᠠ ᠲᠡᠭᠡᠭᠡᠪᠦᠷᠢ ᠪᠠᠭᠲᠠᠨ᠎ᠠ᠂ ᠬᠥᠮᠥᠷᠭᠡᠯᠡᠯᠲᠡ ᠪᠠ ᠰᠢᠦᠳᠠᠨ᠎ᠤ ᠦᠢ᠍ᠯᠡᠰ᠂ ᠵᠠᠩᠭᠢ ᠳᠠᠮᠵᠢᠯᠭ᠋ᠠᠨ᠂ ᠵᠥᠭᠡᠯᠡᠨ ᠲᠣᠨᠣᠭ ᠪᠠ ᠮᠡᠳᠡᠭᠡ ᠵᠠᠩᠭᠢ ᠵᠢᠨ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠂ ᠲᠦᠷᠢᠶᠡᠰᠦᠯᠡᠬᠦ ᠪᠠ ᠬᠤᠳᠠᠯᠳᠤᠭ᠋ᠠᠨ᠎ᠤ ᠶᠠᠪᠤᠳᠠᠯ᠎ᠤᠨ ᠦᠢ᠍ᠯᠡᠴᠢᠯᠡᠭᠡᠨ᠎ᠤ ᠦᠢ᠍ᠯᠡᠰ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠪᠠ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠂ ᠤᠰᠤᠨ ᠠᠰᠢᠭᠯᠠᠯᠲᠠ᠂ ᠣᠷᠴᠢᠨ ᠲᠣᠭᠣᠷᠢᠨ ᠪᠠ ᠣᠯᠠᠨ ᠨᠡᠶ᠋ᠢᠲᠡ ᠵᠢᠨ ᠲᠥᠬᠥᠭᠡᠷᠦᠮᠵᠢ ᠵᠢᠨ ᠬᠠᠮᠢᠶᠠᠷᠤᠯᠲᠠ ᠵᠢᠨ ᠦᠢ᠍ᠯᠡᠰ᠂ ᠡᠷᠡᠭᠦᠯ ᠬᠠᠮᠠᠭ᠋ᠠᠯᠠᠯ ᠪᠠ ᠨᠡᠶ᠋ᠢᠭᠡᠮ᠎ᠤᠨ ᠠᠵᠢᠯ᠂ ᠰᠣᠶᠣᠯ᠂ ᠪᠡᠶ᠎ᠡ ᠵᠢᠨ ᠲᠠᠮᠢᠷ ᠪᠠ ᠵᠤᠭ᠎ᠠ ᠴᠡᠩᠭᠡᠯ᠎ᠤᠨ ᠠᠵᠤ ᠠᠬᠤᠶ᠋ᠢᠯᠠᠯ᠂ ᠵᠠᠰᠠᠭ᠎ᠤᠨ ᠣᠷᠳᠣᠨ᠎ᠤ ᠬᠠᠷᠢᠶ᠎ᠠ ᠰᠤᠳᠤᠯᠭ᠋ᠠᠨ᠎ᠤ ᠪᠠᠶ᠋ᠢᠭᠤᠯᠤᠮᠵᠢ᠂ ᠳᠡᠭᠡᠳᠦ ᠵᠡᠷᠭᠡ ᠵᠢᠨ ᠰᠤᠷᠭ᠋ᠠᠭᠤᠯᠢ᠎ᠨᠤᠭᠤᠳ ᠪᠥᠬᠥ ᠲᠠᠯ᠎ᠠ᠎ᠪᠠᠷ ᠪᠠᠶ᠋ᠢᠴᠠᠭ᠋ᠠᠯᠲᠠ ᠬᠢᠵᠦ ᠪᠠᠶ᠋ᠢᠭ᠋ᠠᠳ ᠣᠯᠬᠤ ᠠᠷᠭ᠎ᠠ ᠵᠢ ᠬᠡᠷᠡᠭᠯᠡᠨ᠎ᠡ᠂ ᠬᠡᠪᠴᠢᠶᠡᠵᠢᠯ᠎ᠠᠴᠠ ᠳᠣᠷᠣᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ ᠪᠣᠯᠤᠨ ᠦᠢ᠍ᠯᠡᠴᠢᠯᠡᠭᠡᠨ᠎ᠤ ᠦᠢ᠍ᠯᠡᠰ᠎ᠤᠨ ᠠᠵᠤ ᠠᠬᠤᠶ᠋ᠢᠯᠠᠯ᠎ᠤᠳ ᠰᠤᠭᠤᠴᠢᠨ ᠪᠠᠶ᠋ᠢᠴᠠᠭ᠋ᠠᠵᠤ ᠲᠥᠰᠦᠭᠡᠯᠡᠨ ᠪᠤᠳᠤᠬᠤ ᠠᠷᠭ᠎ᠠ᠎ᠪᠠᠷ ᠣᠯᠤᠭᠰᠠᠨ ᠶᠤᠮ᠃ ᠪᠤᠰᠤᠳ ᠠᠵᠢᠯ ᠲᠥᠷᠥᠯ᠎ᠤᠨ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠡ ᠭᠤᠤᠯᠳᠠᠯᠭ᠎ᠠ᠎ᠲᠠᠢ ᠪᠠᠶ᠋ᠢᠴᠠᠭ᠋ᠠᠬᠤ ᠵᠢᠴᠢ ᠬᠣᠶᠠᠳᠤᠭ᠋ᠠᠷ ᠤᠳᠠᠭ᠋ᠠᠨ᠎ᠤ ᠪᠥᠬᠥ ᠣᠷᠣᠨ᠎ᠤ R&D ᠡᠬᠢ ᠪᠠᠶᠠᠯᠢᠭ᠎ᠢ ᠢᠯᠭ᠋ᠠᠷᠠᠭᠤᠯᠤᠨ ᠪᠠᠶ᠋ᠢᠴᠠᠭ᠋ᠠᠭᠰᠠᠨ ᠮᠠᠲ᠋ᠧᠷᠢᠶᠠᠯ᠎ᠢ ᠬᠡᠷᠡᠭᠯᠡᠨ ᠲᠥᠰᠦᠭᠡᠯᠡᠨ ᠪᠤᠳᠤᠬᠤ ᠵᠡᠷᠭᠡ ᠠᠷᠭ᠎ᠠ᠎ᠪᠠᠷ ᠤᠯᠤᠭᠰᠠᠨ ᠶᠤᠮ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
2022 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠩᠭᠤ ᠰᠠᠭᠤᠭ᠎ᠠ ᠬᠥᠮᠦᠨ ᠠᠮᠠ ᠵᠢᠨ ᠭᠤᠤᠯ ᠲᠣᠭ᠎ᠠ ᠪᠠᠷᠢᠮᠲᠠ ᠵᠢᠨ ᠠᠯᠪᠠᠨ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2022 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠪᠦᠷᠢᠳᠬᠡᠯ᠎ᠤᠨ ᠠᠯᠪᠠᠨ ᠮᠡᠳᠡᠭᠡ
2022 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠠᠷᠤᠳᠠᠯ᠎ᠤᠨ ᠣᠷᠣᠭᠤᠯᠤᠯᠲᠠ ᠵᠢᠨ ᠲᠤᠭ᠎ᠠ ᠪᠦᠷᠢᠳᠬᠡᠯ᠎ᠤᠨ ᠠᠯᠪᠠᠨ ᠮᠡᠳᠡᠭᠡ
2023 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠩᠭᠤ ᠰᠠᠭᠤᠭ᠎ᠠ ᠬᠥᠮᠦᠨ ᠠᠮᠠ ᠵᠢᠨ ᠭᠤᠤᠯ ᠲᠣᠭ᠎ᠠ ᠪᠠᠷᠢᠮᠲᠠ ᠵᠢᠨ ᠠᠯᠪᠠᠨ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2023 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠪᠦᠷᠢᠳᠬᠡᠯ᠎ᠤᠨ ᠠᠯᠪᠠᠨ ᠮᠡᠳᠡᠭᠡ
 
            