ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ
ᠲᠣᠭ᠎ᠠ ᠪᠦᠷᠢᠳᠬᠡᠯ᠎ᠤᠨ ᠲᠣᠪᠴᠢᠶ᠎ᠠ
2022 ᠣᠨ᠎ᠤ 2 ᠳ᠋ᠤᠭ᠋ᠠᠷ ᠰᠠᠷ᠎ᠠ ᠵᠢᠨ 28᠎ᠤ ᠡᠳᠦᠷ
2021 ᠣᠨ᠎ᠳᠤ᠂ ᠨᠠᠷᠢᠨ ᠪᠤᠳᠤᠯᠢᠶᠠᠨᠲᠠᠶ ᠬᠦᠨᠳᠦ ᠨᠣᠴᠢᠲᠠᠶ ᠣᠯᠠᠨ ᠤᠯᠤᠰ᠎ᠤᠨ ᠣᠷᠴᠢᠨ ᠲᠣᠭᠣᠷᠢᠨ ᠪᠠ ᠤᠯᠤᠰ᠎ᠤᠨ ᠳᠣᠲᠣᠭ᠋ᠠᠳᠤ ᠵᠢᠨ ᠬᠢᠵᠢᠭ᠎ᠤᠨ ᠪᠠᠶ᠋ᠢᠳᠠᠯ ᠲᠠᠷᠬᠠᠭᠰᠠᠨ ᠵᠡᠷᠭᠡ ᠠᠶᠤᠯ ᠲᠦᠭᠰᠢᠭᠦᠷᠢ ᠥᠷᠢᠰᠥᠯᠳᠦᠭᠡᠨ᠎ᠳᠤ ᠬᠠᠨᠳᠤᠵᠤ᠂ ᠪᠦᠬᠦ ᠣᠷᠣᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠤᠭᠤᠳᠤᠯᠭ᠎ᠠ ᠪᠤᠯᠭ᠋ᠠᠵᠤ᠂ ᠨᠠᠮ᠎ᠤᠨ ᠠᠷᠪᠠ ᠶᠢᠰᠦᠳᠦᠭᠡᠷ ᠶᠡᠬᠡ ᠬᠤᠷᠠᠯ ᠪᠠ ᠠᠷᠪᠠ ᠶᠢᠰᠦᠳᠦᠭᠡᠷ ᠬᠤᠭᠤᠴᠠᠭ᠋ᠠᠨ᠎ᠤ ᠤᠳᠠᠭ᠎ᠠ ᠪᠦᠷᠢ ᠵᠢᠨ ᠪᠥᠬᠥᠳᠡ ᠬᠤᠷᠠᠯ᠎ᠤᠨ ᠵᠣᠷᠢᠭ ᠰᠠᠨᠠᠭ᠎ᠠ ᠵᠢ ᠪᠦᠬᠦ ᠲᠠᠯ᠎ᠠ᠎ᠪᠠᠷ ᠲᠤᠭᠤᠰᠢᠯᠠᠭᠤᠯᠵᠤ᠂ ᠨᠠᠮ᠎ᠤᠨ ᠲᠥᠪ ᠬᠤᠷᠢᠶ᠎ᠠ᠂ ᠲᠥᠷᠥ ᠵᠢᠨ ᠶᠠᠪᠤᠳᠠᠯ᠎ᠤᠨ ᠬᠣᠷᠢᠶᠠᠨ᠎ᠤ ᠰᠢᠢ᠍ᠳᠪᠦᠷᠢᠳᠦ ᠪᠣᠳᠣᠯᠭ᠎ᠠ ᠵᠢᠨ ᠪᠠᠶ᠋ᠢᠷᠢᠯᠠᠭᠤᠯᠤᠯᠲᠠ ᠵᠢ ᠨᠠᠷᠢᠨ ᠬᠢᠨᠠᠮᠠᠭ᠋ᠠᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠳᠠᠯᠠᠨ᠂ ᠠᠮᠢ ᠠᠬᠤᠶ ᠵᠢ ᠲᠡᠷᠢᠭᠦᠨ᠎ᠳᠤ ᠲᠠᠯᠪᠢᠵᠤ ᠂ ᠪᠣᠬᠢᠷᠲᠤᠯ ᠦᠭᠡᠢ ᠬᠥᠭᠵᠢᠯᠲᠡ ᠵᠢᠨ ᠤᠳᠤᠷᠢᠳᠤᠮᠵᠢ ᠵᠢ ᠭᠤᠶ᠋ᠢᠪᠢᠰᠢ ᠦᠭᠡᠢ ᠪᠠᠷᠢᠮᠳᠠᠯᠠᠵᠤ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ 《ᠵᠢᠷᠭᠤᠭ᠎ᠠ ᠵᠢ ᠲᠣᠭᠲᠠᠪᠤᠷᠢᠵᠢᠭᠤᠯᠬᠤ》 ᠠᠵᠢᠯ᠎ᠢ ᠯᠠᠪᠳᠠᠭᠤᠨ ᠪᠠᠲᠤᠲᠠᠶ ᠰᠠᠶ᠋ᠢᠲᠤᠷ ᠬᠢᠵᠦ᠂ 《ᠵᠢᠷᠭᠤᠭ᠎ᠠ ᠵᠢ ᠪᠠᠲᠤᠯᠠᠬᠤ》 ᠡᠭᠦᠷᠭᠡ ᠵᠢ ᠪᠦᠬᠦ ᠲᠠᠯ᠎ᠠ᠎ᠪᠠᠷ ᠨᠠᠢ᠌ᠳᠠᠪᠤᠷᠢᠵᠢᠭᠤᠯᠤᠨ᠂ ᠠᠵᠤ ᠠᠬᠤᠶ ᠦᠷᠭᠦᠯᠵᠢᠯᠡᠨ ᠲᠣᠭᠲᠠᠭᠤᠨ ᠵᠶ᠋ᠠᠷ ᠰᠡᠷᠭᠦᠵᠦ᠂ ᠴᠢᠨᠠᠷ ᠰᠠᠶ᠋ᠢᠲᠠᠢ ᠬᠥᠭᠵᠢᠯᠲᠡ ᠰᠢᠨ᠎ᠡ ᠦᠷ᠎ᠡ ᠪᠦᠲᠦᠮᠵᠢ ᠣᠯᠵᠤ᠂ ᠠᠷᠠᠳ᠎ᠤᠨ ᠦᠨᠳᠦᠰᠦᠨ ᠠᠮᠢᠳᠤᠷᠠᠯ᠎ᠢ ᠪᠦᠲᠦᠮᠵᠢᠲᠡᠢ ᠪᠠᠳᠤᠯᠠᠨ᠂ 《ᠠᠷᠪᠠᠨ ᠳᠥᠷᠪᠡᠳᠦᠭᠡᠷ ᠲᠠᠪᠤᠨ ᠵᠢᠯ》᠎ᠤᠨ ᠰᠠᠶ᠋ᠢᠨ ᠰᠠᠶ᠋ᠢᠬᠠᠨ ᠡᠬᠢᠯᠡᠯᠲᠡ ᠵᠢ ᠪᠡᠶᠡᠯᠡᠬᠦᠯᠵᠡᠢ᠃
ᠨᠢᠭᠡ᠂ ᠶᠡᠷᠦᠩᠬᠡᠶ᠋ᠢᠯᠡᠯ
ᠠᠩᠬ᠎ᠠ ᠠᠯᠬᠤᠮ ᠬᠠᠷᠭᠤᠭᠤᠯᠤᠨ ᠪᠤᠳᠤᠭᠰᠠᠨ ᠵᠶ᠋ᠠᠷ᠂ ᠪᠥᠬᠥ ᠵᠢᠯ᠎ᠤᠨ ᠣᠷᠣᠨ ᠨᠤᠲᠤᠭ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ 20514.2 ᠳ᠋ᠦᠩᠰᠢᠭᠤᠷ ᠲᠥᠭᠥᠷᠢᠭ᠎ᠢ ᠪᠡᠶᠡᠯᠡᠭᠦᠯᠵᠦ᠂ ᠬᠠᠷᠢᠴᠠᠭᠤᠯᠵᠤ ᠪᠣᠯᠬᠤ ᠦᠨ᠎ᠡ᠎ᠪᠠᠷ ᠪᠤᠳᠤᠪᠠᠯ᠂ ᠲᠦᠷᠦᠭᠦᠦ ᠵᠢᠯ᠎ᠤᠨ᠎ᠬᠢ᠎ᠠᠴᠠ 6.3%᠎ᠪᠠᠷ ᠨᠡᠮᠡᠭᠳᠡᠪᠡ᠃ ᠡᠭᠦᠨ᠎ᠳᠤ᠂ ᠨᠢᠭᠡᠳᠦᠭᠡᠷ ᠠᠵᠤ ᠦᠢ᠍ᠯᠡᠰ᠎ᠤᠨ ᠨᠡᠮᠡᠭᠳᠡᠯ ᠥᠷᠲᠡᠭ 2225.2 ᠳ᠋ᠦᠩᠰᠢᠭᠤᠷ ᠲᠥᠭᠥᠷᠢᠭ᠎ᠲᠤ ᠬᠦᠷᠴᠦ᠂ 4.8%᠎ᠪᠠᠷ ᠨᠡᠮᠡᠭᠳᠡᠪᠡ; ᠬᠣᠶᠠᠳᠤᠭ᠋ᠠᠷ ᠠᠵᠤ ᠦᠢ᠍ᠯᠡᠰ᠎ᠤᠨ ᠨᠡᠮᠡᠭᠳᠡᠯ ᠥᠷᠲᠡᠭ 9374.2 ᠳ᠋ᠦᠩᠰᠢᠭᠤᠷ ᠲᠥᠭᠥᠷᠢᠭ᠎ᠲᠤ ᠬᠦᠷᠴᠦ᠂ 6.1%᠎ᠪᠠᠷ ᠨᠡᠮᠡᠭᠳᠡᠪᠡ; ᠭᠤᠷᠪᠠᠳᠤᠭ᠋ᠠᠷ ᠠᠵᠤ ᠦᠢ᠍ᠯᠡᠰ᠎ᠤᠨ ᠨᠡᠮᠡᠭᠳᠡᠯ ᠥᠷᠲᠡᠭ 8914.8 ᠳ᠋ᠦᠩᠰᠢᠭᠤᠷ ᠲᠥᠭᠥᠷᠢᠭ᠎ᠲᠤ ᠬᠦᠷᠴᠦ᠂ 6.7%᠎ᠪᠠᠷ ᠨᠡᠮᠡᠭᠳᠡᠪᠡ᠃ ᠭᠤᠷᠪᠠᠨ ᠠᠵᠤ ᠦᠢ᠍ᠯᠡᠰ᠎ᠤᠨ ᠬᠠᠷᠢᠴᠠᠯ᠎ᠨᠢ 10.8᠄ 45.7᠄ 43.5 ᠪᠣᠯᠤᠨ᠎ᠠ᠃ ᠨᠢᠭᠡᠳᠦᠭᠡᠷ᠂ ᠬᠣᠶᠠᠳᠤᠭ᠋ᠠᠷ᠂ ᠭᠤᠷᠪᠠᠳᠤᠭ᠋ᠠᠷ ᠠᠵᠤ ᠦᠢ᠍ᠯᠡᠰ᠎ᠤᠨ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠎ᠤᠨ ᠨᠡᠮᠡᠭᠳᠡᠯ᠎ᠳᠤ ᠦᠵᠡᠭᠦᠯᠦᠭᠰᠡᠨ ᠬᠤᠪᠢ ᠨᠡᠮᠡᠷᠢ ᠵᠢᠨ ᠨᠣᠷᠮ᠎ᠠ᠎ᠨᠢ ᠲᠣᠰ ᠲᠣᠰ 9.0%᠂ 39.3% ᠪᠠ 51.7% ᠪᠣᠯᠤᠨ᠎ᠠ᠃ ᠬᠥᠮᠦᠨ ᠳᠤᠮᠳᠠᠴᠢ ᠵᠢᠨ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ 85422 ᠲᠥᠭᠥᠷᠢᠭ᠎ᠲᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 6.6%᠎ᠪᠠᠷ ᠨᠡᠮᠡᠭᠳᠡᠪᠡ᠃
ᠵᠢᠯ᠎ᠤᠨ ᠡᠴᠦᠰ᠎ᠲᠤ ᠪᠥᠬᠥ ᠣᠷᠣᠨ᠎ᠤ ᠪᠠᠶ᠋ᠢᠩᠭᠤ ᠰᠠᠭᠤᠭ᠎ᠠ ᠬᠥᠮᠦᠨ ᠠᠮᠠ 2400.0 ᠲᠦᠮᠡ ᠪᠠᠶ᠋ᠢᠵᠤ᠂ ᠳᠡᠭᠡᠷ᠎ᠡ ᠵᠢᠯ᠎ᠤᠨ ᠡᠴᠦᠰ᠎ᠤᠨ᠎ᠬᠢ᠎ᠠᠴᠠ 2.8 ᠲᠦᠮᠡ ᠪᠠᠭ᠋ᠠᠰᠪᠠ᠃ ᠡᠭᠦᠨ᠎ᠳᠤ ᠬᠣᠲᠠ ᠪᠠᠯᠭ᠋ᠠᠰᠤᠨ᠎ᠤ ᠬᠥᠮᠦᠨ ᠠᠮᠠ 1637.0 ᠲᠦᠮᠡ᠂ ᠬᠥᠳᠡᠭᠡ ᠲᠣᠰᠬᠣᠨ᠎ᠤ ᠬᠥᠮᠦᠨ ᠠᠮᠠ 763.0 ᠲᠦᠮᠡ ᠪᠠᠶ᠋ᠢᠨ᠎ᠠ; ᠪᠠᠶ᠋ᠢᠩᠭᠤ ᠰᠠᠭᠤᠭ᠎ᠠ ᠬᠥᠮᠦᠨ ᠠᠮᠠ ᠵᠢᠨ ᠬᠣᠲᠠ ᠪᠠᠯᠭ᠋ᠠᠰᠤᠵᠢᠯᠲᠠ ᠵᠢᠨ ᠨᠣᠷᠮ᠎ᠠ 68.2%᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 0.7 ᠵᠠᠭᠤᠨ᠎ᠤ ᠬᠤᠪᠢ ᠵᠢᠨ ᠴᠡᠭ ᠳᠡᠭᠡᠭᠰᠢᠯᠡᠪᠡ᠃ ᠡᠷᠡᠭᠲᠡᠶ ᠬᠥᠮᠦᠨ ᠠᠮᠠ 1226.0 ᠲᠦᠮᠡ ᠪᠣᠯᠵᠣ᠂ ᠡᠮᠡᠭᠲᠡᠶ ᠬᠥᠮᠦᠨ ᠠᠮᠠ 1174.0 ᠲᠦᠮᠡ ᠪᠣᠯᠵᠠᠶ᠃ ᠪᠥᠬᠥ ᠵᠢᠯ᠎ᠳᠤ ᠲᠥᠷᠥᠭᠰᠡᠨ ᠬᠥᠮᠦᠨ ᠠᠮᠠ 15.0 ᠲᠦᠮᠡ ᠪᠠᠶ᠋ᠢᠵᠤ᠂ ᠲᠥᠷᠥᠭᠰᠡᠨ ᠨᠣᠷᠮ᠎ᠠ᠎ᠨᠢ 6.26‰ ᠪᠣᠯᠤᠨ᠎ᠠ; ᠨᠠᠰᠤ ᠪᠠᠷᠠᠭᠰᠠᠨ ᠬᠥᠮᠦᠨ ᠠᠮᠠ 18.1 ᠲᠦᠮᠡ ᠪᠠᠶ᠋ᠢᠵᠤ᠂ ᠨᠠᠰᠤ ᠪᠠᠷᠠᠭᠰᠠᠨ ᠨᠣᠷᠮ᠎ᠠ᠎ᠨᠢ 7.54‰ ᠪᠣᠯᠤᠨ᠎ᠠ; ᠬᠥᠮᠦᠨ ᠠᠮᠠ ᠵᠢᠨ ᠠᠶᠠᠨᠳᠠᠭ᠋ᠠᠨ ᠨᠡᠮᠡᠭᠳᠡᠬᠦ ᠨᠤᠷᠮ᠎ᠠ - 1.28 ‰ ᠪᠣᠯᠤᠨ᠎ᠠ᠃
ᠬᠦᠰᠦᠨᠦᠭᠲᠦ 1 2021 ᠣᠨ᠎ᠤ ᠵᠢᠯ᠎ᠤᠨ ᠡᠴᠦᠰ᠎ᠤᠨ ᠬᠥᠮᠦᠨ ᠠᠮᠠ ᠵᠢᠨ ᠲᠣᠭ᠎ᠠ ᠵᠢᠴᠢ ᠲᠡᠭᠦᠨ᠎ᠤ ᠪᠦᠷᠢᠯᠳᠦᠯ

ᠪᠦᠬᠦ ᠵᠢᠯ᠎ᠳᠤ ᠬᠣᠲᠠ ᠪᠠᠯᠭ᠋ᠠᠰᠤᠨ᠎ᠤ 22.4 ᠲᠦᠮᠡᠨ ᠬᠥᠮᠦᠨ᠎ᠳᠤ ᠰᠢᠨ᠎ᠡ᠎ᠪᠠᠷ ᠠᠵᠢᠯ ᠣᠯᠭᠣᠪᠠ᠃ ᠠᠵᠢᠯ ᠠᠯᠳᠠᠭᠰᠠᠳ 11.4 ᠲᠦᠮᠡᠨ ᠬᠥᠮᠦᠨ᠎ᠳᠤ ᠳᠠᠬᠢᠨ ᠠᠵᠢᠯ ᠣᠯᠭᠣᠪᠠ᠃ ᠵᠢᠯ᠎ᠤᠨ ᠡᠴᠦᠰ᠎ᠤᠨ ᠬᠣᠲᠠ ᠪᠠᠯᠭ᠋ᠠᠰᠤᠨ᠎ᠤ ᠳᠠᠩᠰᠠᠯᠠᠭᠤᠯᠤᠭᠰᠠᠨ ᠠᠵᠢᠯ ᠠᠯᠳᠠᠯᠲᠠ ᠵᠢᠨ ᠨᠣᠷᠮ᠎ᠠ 3.84% ᠪᠣᠯᠪᠠ᠃
ᠪᠦᠬᠦ ᠵᠢᠯ᠎ᠤᠨ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠳᠡᠭᠡᠷ᠎ᠡ ᠵᠢᠯ᠎ᠤᠨ᠎ᠬᠢ᠎ᠠᠴᠠ 0.9%᠎ᠪᠠᠷ ᠨᠡᠮᠡᠭᠳᠡᠪᠡ᠃ ᠬᠣᠲᠠ ᠬᠥᠳᠡᠭᠡ ᠵᠢ ᠬᠤᠪᠢᠶᠠᠵᠤ ᠦᠵᠡᠪᠡᠯ᠂ ᠬᠣᠲᠠ ᠵᠢᠨ᠎ᠬᠢ 0.8%᠎ᠪᠠᠷ ᠥᠰᠴᠦ᠂ ᠬᠥᠳᠡᠭᠡ ᠲᠣᠰᠬᠣᠨ᠎ᠤ᠎ᠬᠢ 1.1%᠎ᠪᠠᠷ ᠥᠰᠴᠡᠶ᠃ ᠲᠥᠷᠥᠯ ᠬᠤᠪᠢᠶᠠᠵᠤ ᠦᠵᠡᠪᠡᠯ᠂ ᠢᠳᠡᠭᠡᠨ ᠲᠠᠮᠠᠬᠢ ᠠᠷᠢᠬᠢᠨ᠎ᠤ ᠲᠥᠷᠥᠯ 0.5%᠎ᠪᠠᠷ ᠥᠰᠴᠦ᠂ ᠬᠤᠪᠴᠠᠰᠤ ᠬᠤᠨᠠᠷ᠎ᠤᠨ ᠲᠥᠷᠥᠯ 0.8%᠎ᠪᠠᠷ ᠪᠠᠭᠤᠷᠠᠵᠤ᠂ ᠣᠷᠣᠨ ᠰᠠᠭᠤᠴᠠ ᠵᠢᠨ ᠲᠥᠷᠥᠯ 0.5%᠎ᠪᠠᠷ ᠥᠰᠴᠦ᠂ ᠠᠮᠢᠳᠤᠷᠠᠯ᠎ᠤᠨ ᠬᠡᠷᠡᠭᠰᠡᠯ ᠵᠢᠴᠢ ᠦᠢ᠍ᠯᠡᠴᠢᠯᠡᠭᠡᠨ᠎ᠤ ᠲᠥᠷᠥᠯ 0.2% ᠵᠶ᠋ᠠᠷ ᠪᠠᠭᠤᠷᠠᠵᠤ᠂ ᠵᠠᠮ ᠬᠠᠷᠢᠯᠴᠠᠭ᠎ᠠ ᠪᠠ ᠮᠡᠳᠡᠭᠡ ᠬᠣᠯᠪᠣᠭ᠋ᠠᠨ᠎ᠤ ᠲᠥᠷᠥᠯ 4.0%᠎ᠪᠠᠷ ᠥᠰᠴᠦ᠂ ᠰᠤᠷᠭ᠋ᠠᠨ ᠬᠥᠮᠦᠵᠢᠯ ᠰᠣᠶᠣᠯ ᠪᠠ ᠵᠤᠭ᠎ᠠ ᠴᠡᠩᠭᠡᠯ᠎ᠤᠨ ᠲᠥᠷᠥᠯ 1.0%᠎ᠪᠠᠷ ᠥᠰᠴᠦ᠂ ᠡᠮᠴᠢᠯᠡᠭᠡ ᠡᠷᠡᠭᠦᠯᠵᠢᠯ᠎ᠤᠨ ᠲᠥᠷᠥᠯ 0.3%᠎ᠪᠠᠷ ᠥᠰᠴᠦ᠂ ᠪᠤᠰᠤᠳ ᠬᠡᠷᠡᠭᠰᠡᠯ ᠪᠠ ᠦᠢ᠍ᠯᠡᠴᠢᠯᠡᠭᠡᠨ᠎ᠤ ᠲᠥᠷᠥᠯ 0.6%᠎ᠪᠠᠷ ᠪᠠᠭᠤᠷᠠᠪᠠ᠃ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ᠎ᠤᠨ ᠲᠠᠯ᠎ᠠ᠎ᠠᠴᠠ ᠦᠵᠡᠪᠡᠯ᠂ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢᠳ᠎ᠤᠨ ᠦᠢ᠍ᠯᠡᠳᠪᠦᠷᠢ᠎ᠠᠴᠠ ᠭᠠᠷᠭ᠋ᠠᠬᠤ ᠦᠨ᠎ᠡ ᠳᠡᠭᠡᠷ᠎ᠡ ᠵᠢᠯ᠎ᠤᠨ᠎ᠬᠢ᠎ᠠᠴᠠ 28.5%᠎ᠪᠠᠷ ᠥᠰᠴᠦ᠂ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢᠳ᠎ᠤᠨ ᠬᠤᠳᠠᠯᠳᠤᠨ ᠠᠪᠬᠤ ᠦᠨ᠎ᠡ ᠳᠡᠭᠡᠷ᠎ᠡ ᠵᠢᠯ᠎ᠤᠨ᠎ᠬᠢ᠎ᠠᠴᠠ 28.0%᠎ᠪᠠᠷ ᠥᠰᠴᠡᠶ᠃ ᠲᠠᠷᠢᠶᠠᠯᠠᠩ᠎ᠤᠨ ᠪᠦᠲᠦᠭᠡᠭᠳᠡᠬᠦᠨ᠎ᠤ ᠦᠢ᠍ᠯᠡᠳᠪᠦᠷᠢᠯᠡᠭᠴᠢ ᠵᠢᠨ ᠦᠨ᠎ᠡ 7.6%᠎ᠪᠠᠷ ᠥᠰᠴᠡᠶ᠃


ᠴᠢᠨᠠᠷ ᠰᠠᠶ᠋ᠢᠲᠠᠢ ᠬᠥᠭᠵᠢᠯᠲᠡ ᠯᠠᠪᠳᠠᠭᠤᠨ ᠵᠶ᠋ᠠᠷ ᠠᠬᠢᠪᠠ᠃ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠳᠣᠲᠣᠷ᠎ᠠ᠂ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠤᠨ ᠨᠡᠮᠡᠭᠳᠡᠯ ᠥᠷᠲᠡᠭ ᠲᠦᠷᠦᠭᠦᠦ ᠵᠢᠯ᠎ᠤᠨ᠎ᠬᠢ᠎ᠠᠴᠠ 10.4%᠎ᠪᠠᠷ ᠨᠡᠮᠡᠭᠳᠡᠪᠡ᠃ ᠨᠡᠭᠦᠷᠡᠰᠦᠨ᠎ᠤ ᠪᠤᠰᠤ ᠠᠵᠤ ᠦᠢ᠍ᠯᠡᠰ᠎ᠤᠨ ᠨᠡᠮᠡᠭᠳᠡᠯ ᠥᠷᠲᠡᠭ ᠲᠦᠷᠦᠭᠦᠦ ᠵᠢᠯ᠎ᠤᠨ᠎ᠬᠢ᠎ᠠᠴᠠ 8.0% ᠵᠶ᠋ᠠᠷ ᠨᠡᠮᠡᠭᠳᠡᠵᠦ᠂ ᠡᠵᠡᠯᠡᠬᠦ ᠬᠠᠷᠢᠴᠠᠯ᠎ᠨᠢ 57.7%᠎ᠳᠤ ᠬᠦᠷᠴᠡᠶ᠃ ᠰᠢᠨ᠎ᠡ ᠠᠵᠤ ᠦᠢ᠍ᠯᠡᠰ ᠨᠡᠯᠢᠶᠡᠳ ᠲᠦᠷᠭᠡᠨ ᠨᠡᠮᠡᠭᠳᠡᠵᠦ᠂ ᠳᠡᠭᠡᠳᠦ ᠮᠡᠷᠭᠡᠵᠢᠯ᠎ᠤᠨ ᠦᠢ᠍ᠯᠡᠳᠭᠡᠯ᠎ᠤᠨ ᠦᠢ᠍ᠯᠡᠰ᠎ᠤᠨ ᠨᠡᠮᠡᠭᠳᠡᠯ ᠥᠷᠲᠡᠭ 20.2% ᠵᠶ᠋ᠠᠷ
ᠨᠡᠮᠡᠭᠳᠡᠵᠦ᠂ ᠳᠡᠭᠡᠳᠦ ᠰᠢᠨ᠎ᠡ ᠮᠡᠷᠭᠡᠵᠢᠯ᠎ᠤᠨ ᠦᠢ᠍ᠯᠡᠰ 22.4%᠎ᠪᠠᠷ ᠨᠡᠮᠡᠭᠳᠡᠪᠡ᠃ ᠡᠮ ᠡᠮᠨᠡᠯᠭᠡ ᠵᠢᠨ ᠦᠢ᠍ᠯᠡᠳᠭᠡᠯ᠎ᠤᠨ ᠦᠢ᠍ᠯᠡᠰ᠎ᠤᠨ ᠨᠡᠮᠡᠭᠳᠡᠯ ᠥᠷᠲᠡᠭ 20%᠎ᠪᠠᠷ ᠨᠡᠮᠡᠭᠳᠡᠵᠦ᠂ ᠺᠣᠮᠫᠢᠦ᠋ᠲ᠋ᠧᠷ᠂ ᠴᠢᠮᠡᠭᠡ ᠬᠣᠯᠪᠣᠭ᠎ᠠ ᠪᠠ ᠪᠤᠰᠤᠳ ᠡᠯᠧᠺᠲᠷᠣᠨ ᠲᠥᠬᠥᠭᠡᠷᠦᠮᠵᠢ ᠦᠢ᠍ᠯᠡᠳᠬᠦ ᠦᠢ᠍ᠯᠡᠰ 21.3%᠎ᠪᠠᠷ ᠨᠡᠮᠡᠭᠳᠡᠪᠡ᠃
ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠡᠯᠪᠡᠷᠢ ᠵᠢᠨ ᠬᠤᠪᠢᠷᠠᠭᠤᠯᠤᠯᠲᠠ ᠵᠢ ᠲᠦᠷᠭᠡᠪᠴᠢᠯᠡᠨ ᠠᠬᠢᠭᠤᠯᠪᠠ᠃ ᠪᠥᠬᠥ ᠵᠢᠯ᠎ᠤᠨ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠶᠡᠷᠦᠩᠬᠡᠶ᠋ᠢᠯᠡᠭᠰᠡᠨ ᠡᠨᠧᠷᠭᠢ ᠵᠢᠨ ᠬᠡᠷᠡᠭᠯᠡᠭᠡᠨ᠎ᠤ ᠬᠡᠮᠵᠢᠶ᠎ᠡ ᠲᠦᠷᠦᠭᠦᠦ ᠵᠢᠯ᠎ᠤᠨ᠎ᠬᠢ᠎ᠠᠴᠠ 2.8%᠎ᠪᠠᠷ ᠪᠠᠭᠤᠷᠠᠵᠤ᠂ ᠡᠭᠦᠨ᠎ᠳᠤ ᠲᠤᠯᠤᠭ᠋ᠠᠨ ᠶᠡᠬᠡ ᠡᠨᠧᠷᠭᠢ ᠵᠢᠨ ᠬᠣᠷᠣᠭᠳᠠᠯ ᠶᠡᠬᠡᠲᠡᠶ ᠠᠵᠢᠯ ᠲᠥᠷᠥᠯ᠎ᠤᠨ ᠶᠡᠷᠦᠩᠬᠡᠶ᠋ᠢᠯᠡᠭᠰᠡᠨ ᠡᠨᠧᠷᠭᠢ ᠵᠢᠨ ᠬᠡᠷᠡᠭᠯᠡᠭᠡᠨ᠎ᠤ ᠬᠡᠮᠵᠢᠶ᠎ᠡ 3.4%᠎ᠪᠠᠷ ᠪᠠᠭᠤᠷᠠᠪᠠ᠃ ᠡᠨᠧᠷᠭᠢ ᠵᠢᠨ ᠠᠰᠢᠭᠯᠠᠮᠵᠢ ᠦᠷᠭᠦᠯᠵᠢᠯᠡᠨ ᠳᠡᠭᠡᠭᠰᠢᠯᠡᠪᠡ᠃ ᠰᠢᠨ᠎ᠡ ᠡᠨᠧᠷᠭᠢ ᠵᠢᠨ ᠴᠠᠬᠢᠯᠭ᠋ᠠᠨ ᠭᠠᠷᠭ᠋ᠠᠬᠤ ᠬᠡᠪᠴᠢᠶ᠎ᠡ 1050.2 ᠳ᠋ᠦᠩᠰᠢᠭᠤᠷ ᠺᠢᠯᠤᠸᠠᠲ ᠴᠠᠭ᠎ᠲᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 25.7%᠎ᠪᠠᠷ ᠨᠡᠮᠡᠭᠳᠡᠵᠦ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠴᠠᠬᠢᠯᠭ᠋ᠠᠨ ᠭᠠᠷᠭ᠋ᠠᠬᠤ ᠬᠡᠮᠵᠢᠶ᠎ᠡ ᠵᠢᠨ 17.6% ᠵᠢ ᠡᠵᠡᠯᠡᠵᠦ᠂ ᠳᠡᠭᠡᠷ᠎ᠡ ᠵᠢᠯ᠎ᠤᠨ᠎ᠬᠢ᠎ᠠᠴᠠ 3.1 ᠵᠠᠭᠤᠨ᠎ᠤ ᠬᠤᠪᠢ ᠵᠢᠨ ᠴᠡᠭ ᠳᠡᠭᠡᠭᠰᠢᠯᠡᠪᠡ᠃
ᠠᠵᠤ ᠠᠬᠤᠶ᠋ᠢᠯᠠᠯ᠎ᠢ ᠬᠠᠪᠰᠤᠷᠤᠨ ᠬᠦᠴᠢᠷᠳᠡᠯ᠎ᠢ᠎ᠨᠢ ᠰᠢᠢ᠍ᠳᠪᠦᠷᠢᠯᠡᠬᠦ ᠲᠥᠷᠥ ᠵᠢᠨ ᠪᠣᠳᠣᠯᠭ᠎ᠠ ᠢᠯᠡᠳᠲᠡ ᠦᠷ᠎ᠡ ᠪᠦᠲᠦᠮᠵᠢ ᠤᠯᠪᠠ᠃ ᠪᠥᠬᠥ ᠵᠢᠯ᠎ᠤᠨ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠵᠠᠭᠤᠨ ᠲᠥᠭᠥᠷᠢᠭ ᠪᠦᠷᠢ ᠵᠢᠨ ᠡᠵᠡᠩᠨᠡᠯᠲᠡ ᠵᠢᠨ ᠣᠷᠣᠯᠭ᠎ᠠ᠎ᠳᠠᠬᠢ ᠵᠠᠷᠤᠳᠠᠯ᠎ᠨᠢ 7.5 ᠲᠥᠭᠥᠷᠢᠭ ᠪᠠᠶ᠋ᠢᠵᠤ᠂ ᠳᠡᠭᠡᠷ᠎ᠡ ᠵᠢᠯ᠎ᠤᠨ᠎ᠬᠢ᠎ᠠᠴᠠ 1.7 ᠲᠥᠭᠥᠷᠢᠭ ᠪᠠᠭᠤᠷᠠᠪᠠ᠃ ᠵᠠᠭᠤᠨ ᠲᠥᠭᠥᠷᠢᠭ ᠪᠦᠷᠢ ᠵᠢᠨ ᠡᠵᠡᠩᠨᠡᠯᠲᠡ ᠵᠢᠨ ᠣᠷᠣᠯᠭ᠎ᠠ᠎ᠳᠠᠬᠢ ᠥᠪᠡᠷ᠎ᠤᠨ ᠥᠷᠲᠡᠭ᠎ᠨᠢ 76.3 ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 3.9 ᠲᠥᠭᠥᠷᠢᠭ ᠪᠠᠭᠤᠷᠠᠪᠠ᠃ ᠵᠢᠯ᠎ᠤᠨ ᠡᠴᠦᠰ᠎ᠲᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠡᠳ᠋ ᠬᠥᠷᠥᠩᠭᠡ ᠵᠢᠨ ᠥᠷᠢᠲᠦᠯ᠎ᠤᠨ ᠨᠣᠷᠮ᠎ᠠ 56.9% ᠪᠠᠶ᠋ᠢᠵᠤ᠂ ᠳᠡᠭᠡᠷ᠎ᠡ ᠵᠢᠯ᠎ᠤᠨ ᠡᠴᠦᠰ᠎ᠤᠨ᠎ᠬᠢ᠎ᠠᠴᠠ 2.0 ᠵᠠᠭᠤᠨ᠎ᠤ ᠬᠤᠪᠢ ᠵᠢᠨ ᠴᠡᠭ ᠪᠠᠭᠤᠷᠠᠪᠠ᠃ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠠᠰᠢᠭ ᠤᠷᠤᠯᠭ᠎ᠠ ᠵᠢᠨ ᠪᠥᠬᠥ ᠲᠣᠭ᠎ᠠ 1.5 ᠳᠠᠬᠢᠨ ᠨᠡᠮᠡᠭᠳᠡᠪᠡ᠃
ᠣᠷᠣᠨ ᠪᠦᠰᠡ ᠵᠢᠨ ᠵᠣᠬᠢᠴᠠᠩᠭᠤᠢ ᠬᠥᠭᠵᠢᠯᠲᠡ ᠵᠢ ᠯᠠᠪᠳᠠᠭᠤᠨ ᠪᠠᠲᠤᠲᠠᠢ ᠠᠬᠢᠭᠤᠯᠪᠠ᠃ ᠵᠡᠭᠦᠨ ᠬᠡᠰᠡᠭ᠎ᠤᠨ ᠣᠷᠣᠨ ᠨᠤᠲᠤᠭ᠎ᠤᠨ ᠦᠢ᠍ᠯᠡᠳᠪᠦᠷᠢᠯᠡᠯ᠎ᠤᠨ ᠶᠡᠷᠦᠩᠬᠡᠢ ᠦᠷᠳᠡᠭ 6357.9 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 5.2% ᠵᠢᠡᠷ ᠨᠡᠮᠡᠭᠳᠡᠵᠦ᠂ ᠠᠶ᠋ᠢᠮᠠᠭ ᠬᠤᠳᠠ ᠵᠢᠨ ᠨᠡᠢ᠌ᠯᠡᠪᠦᠷᠢ ᠵᠢᠨ 31.1% ᠵᠢ ᠡᠵᠡᠯᠡᠪᠡ; ᠳᠤᠮᠳᠠ ᠬᠡᠰᠡᠭ᠎ᠤᠨ ᠣᠷᠣᠨ ᠨᠤᠲᠤᠭ᠎ᠤᠨ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ 12033.7 ᠳ᠋ᠦᠩᠰᠢᠭᠤᠷ ᠲᠥᠭᠥᠷᠢᠭ᠎ᠲᠤ ᠬᠦᠷᠴᠦ᠂ 7.1%᠎ᠪᠠᠷ ᠨᠡᠮᠡᠭᠳᠡᠨ᠂ ᠠᠶ᠋ᠢᠮᠠᠭ ᠬᠣᠲᠠ ᠵᠢᠨ ᠨᠡᠶ᠋ᠢᠲᠡ 58.8% ᠵᠢ ᠡᠵᠡᠯᠡᠪᠡ; ᠪᠠᠷᠠᠭᠤᠨ ᠬᠡᠰᠡᠭ᠎ᠤᠨ ᠤᠷᠤᠨ ᠨᠤᠲᠤᠭ᠎ᠤᠨ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ 2065.0 ᠳ᠋ᠦᠩᠰᠢᠭᠤᠷ ᠲᠥᠭᠥᠷᠢᠭ᠎ᠲᠤ ᠬᠦᠷᠴᠦ᠂ 4.6%᠎ᠪᠠᠷ ᠨᠡᠮᠡᠭᠳᠡᠨ᠂ ᠠᠶ᠋ᠢᠮᠠᠭ ᠬᠣᠲᠠ ᠵᠢᠨ ᠨᠡᠢ᠌ᠯᠡᠪᠦᠷᠢ ᠵᠢᠨ 10.1% ᠵᠢ ᠡᠵᠡᠯᠡᠪᠡ᠃
ᠬᠣᠶᠠᠷ᠂ ᠲᠠᠷᠢᠶᠠᠯᠠᠩ ᠮᠠᠯ ᠠᠵᠤ ᠠᠬᠤᠶ
ᠪᠥᠬᠥ ᠵᠢᠯ᠎ᠤᠨ ᠲᠠᠷᠢᠮᠠᠯ᠎ᠤᠨ ᠶᠡᠷᠦᠩᠬᠡᠶ ᠲᠠᠯᠠᠪᠠᠶ 874.3 ᠲᠦᠮᠡᠨ ᠾᠧᠺᠲ᠋ᠠᠷ᠎ᠲᠤ ᠬᠥᠷᠪᠡ᠃ ᠡᠭᠦᠨ᠎ᠳᠤ ᠠᠮᠤ ᠪᠤᠳᠠᠭ᠋ᠠᠨ᠎ᠤ ᠲᠠᠷᠢᠮᠠᠯ᠎ᠤᠨ ᠲᠠᠯᠠᠪᠠᠶ 688.4 ᠲᠦᠮᠡᠨ ᠾᠧᠺᠲ᠋ᠠᠷ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 0.7%᠎ᠪᠠᠷ ᠨᠡᠮᠡᠭᠳᠡᠪᠡ᠃ ᠠᠮᠤ ᠪᠤᠳᠠᠭ᠋ᠠᠨ᠎ᠤ ᠭᠠᠷᠤᠯᠲᠠ 3840.3 ᠲᠦᠮᠡᠨ ᠲᠣᠨ᠎ᠳᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 4.8%᠎ᠪᠠᠷ ᠨᠡᠮᠡᠭᠳᠡᠪᠡ᠃

ᠪᠥᠬᠥ ᠵᠢᠯ᠎ᠤᠨ ᠭᠠᠬᠠᠶ ᠦᠬᠡᠷ ᠬᠣᠨᠢ ᠵᠢᠭᠦᠷᠲᠡᠨ ᠳᠥᠷᠪᠡᠨ ᠲᠦᠷᠦᠯ᠎ᠤᠨ ᠮᠢᠬᠠᠨ᠎ᠤ ᠭᠠᠷᠤᠯᠲᠠ 270.3 ᠲᠦᠮᠡᠨ ᠲᠣᠨ᠎ᠳᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 3.7%᠎ᠪᠠᠷ ᠨᠡᠮᠡᠭᠳᠡᠪᠡ᠃ ᠡᠭᠦᠨ᠎ᠳᠤ᠂ ᠭᠠᠬᠠᠶ ᠵᠢᠨ ᠮᠢᠬᠠᠨ᠎ᠤ ᠭᠠᠷᠤᠯᠲᠠ 67.4 ᠲᠦᠮᠡᠨ ᠲᠣᠨ᠎ᠳᠤ ᠬᠦᠷᠴᠦ᠂ 9.8%᠎ᠪᠠᠷ ᠨᠡᠮᠡᠭᠳᠡᠪᠡ; ᠦᠬᠡᠷ᠎ᠤᠨ ᠮᠢᠬᠠᠨ᠎ᠤ ᠭᠠᠷᠤᠯᠲᠠ 68.7 ᠲᠦᠮᠡᠨ ᠲᠣᠨ᠎ᠳᠤ ᠬᠦᠷᠴᠦ᠂ 3.7%᠎ᠪᠠᠷ ᠨᠡᠮᠡᠭᠳᠡᠪᠡ; ᠬᠣᠨᠢᠨ ᠮᠢᠬᠠᠨ᠎ᠤ ᠭᠠᠷᠤᠯᠲᠠ 113.7 ᠲᠦᠮᠡᠨ ᠲᠣᠨ᠎ᠳᠤ ᠬᠦᠷᠴᠦ᠂ 0.6%᠎ᠪᠠᠷ ᠨᠡᠮᠡᠭᠳᠡᠪᠡ; ᠵᠢᠭᠦᠷᠲᠡᠨ᠎ᠤ ᠮᠢᠬᠠᠨ᠎ᠤ ᠭᠠᠷᠤᠯᠲᠠ 20.5 ᠲᠦᠮᠡᠨ ᠲᠣᠨ᠎ᠳᠤ ᠬᠦᠷᠴᠦ᠂ 2.1%᠎ᠪᠠᠷ ᠨᠡᠮᠡᠭᠳᠡᠪᠡ᠃ ᠵᠢᠭᠦᠷᠲᠡᠨ᠎ᠤ ᠥᠨᠳᠡᠭᠡ ᠵᠢᠨ ᠭᠠᠷᠤᠯᠲᠠ 61.6 ᠲᠦᠮᠡᠨ ᠲᠣᠨ᠎ᠳᠤ ᠬᠦᠷᠴᠦ᠂ 1.9%᠎ᠪᠠᠷ ᠨᠡᠮᠡᠭᠳᠡᠪᠡ᠃ ᠦᠨᠢᠶᠡᠨ ᠰᠦ ᠵᠢᠨ ᠭᠠᠷᠤᠯᠲᠠ 673.2 ᠲᠦᠮᠡᠨ ᠲᠣᠨ᠎ᠳᠤ ᠬᠦᠷᠴᠦ᠂ 10.1%᠎ᠪᠠᠷ ᠨᠡᠮᠡᠭᠳᠡᠪᠡ᠃ ᠵᠢᠯ᠎ᠤᠨ ᠡᠴᠦᠰ᠎ᠲᠤ ᠭᠠᠬᠠᠶ ᠦᠬᠡᠷ ᠬᠣᠨᠢ ᠵᠢᠭᠦᠷᠲᠡᠨ᠎ᠤ ᠲᠣᠭ᠎ᠠ ᠲᠣᠯᠣᠭ᠋ᠠᠶ 12838.1 ᠲᠦᠮᠡ᠎ᠳᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 21.8 ᠲᠦᠮᠡ ᠨᠡᠮᠡᠭᠳᠡᠵᠦ᠂ 1.7%᠎ᠪᠠᠷ ᠨᠡᠮᠡᠭᠳᠡᠪᠡ᠃ ᠡᠭᠦᠨ᠎ᠳᠤ᠂ ᠠᠮᠢᠳᠤ ᠭᠠᠬᠠᠶ ᠵᠢᠨ ᠲᠣᠭ᠎ᠠ 565.2 ᠲᠦᠮᠡ᠎ᠳᠤ ᠬᠦᠷᠴᠦ᠂ 5.8%᠎ᠪᠠᠷ ᠨᠡᠮᠡᠭᠳᠡᠪᠡ; 732.5 ᠲᠦᠮᠡᠨ ᠦᠬᠡᠷ ᠲᠡᠵᠢᠭᠡᠵᠦ᠂ 9.1% ᠨᠡᠮᠡᠭᠳᠡᠪᠡ; ᠮᠠᠯ᠎ᠤᠨ ᠲᠣᠭ᠎ᠠ 6138.2 ᠲᠦᠮᠡ᠎ᠳᠤ ᠬᠦᠷᠴᠦ᠂ 1.1%᠎ᠪᠠᠷ ᠨᠡᠮᠡᠭᠳᠡᠪᠡ; ᠬᠡᠷ᠎ᠤᠨ ᠵᠢᠭᠦᠷᠲᠡᠨ᠎ᠤ ᠲᠣᠭ᠎ᠠ 5402.3 ᠲᠦᠮᠡ᠎ᠳᠤ ᠬᠦᠷᠴᠦ᠂ 1.0% ᠵᠶ᠋ᠠᠷ ᠨᠡᠮᠡᠭᠳᠡᠪᠡ᠃
ᠬᠦᠰᠦᠨᠦᠭᠲᠦ 3 2021 ᠣᠨ᠎ᠤ ᠭᠣᠣᠯ ᠪᠣᠯᠬᠤ ᠲᠠᠷᠢᠶᠠᠯᠠᠩ᠎ᠤᠨ ᠪᠦᠲᠦᠭᠡᠭᠳᠡᠬᠦᠨ ᠮᠠᠯ᠎ᠤᠨ ᠠᠰᠢᠭ ᠰᠢᠮ᠎ᠡ ᠵᠢᠨ ᠭᠠᠷᠤᠯᠲᠠ ᠪᠣᠯᠤᠨ ᠮᠠᠯ᠎ᠤᠨ ᠲᠣᠭ᠎ᠠ ᠲᠣᠯᠣᠭ᠋ᠠᠶ ᠵᠢᠴᠢ ᠨᠡᠮᠡᠭᠳᠡᠯ᠎ᠤᠨ ᠬᠤᠷᠳᠤᠴᠠ

ᠠᠩᠬ᠎ᠠ ᠠᠯᠬᠤᠮ ᠪᠦᠷᠢᠳᠬᠡᠭᠰᠡᠨ ᠵᠶ᠋ᠡᠷ᠂ 2021 ᠣᠨ᠎ᠤ ᠡᠴᠦᠰ᠎ᠲᠤ ᠪᠥᠬᠥ ᠣᠷᠣᠨ᠎ᠤ ᠲᠠᠷᠢᠶᠠᠯᠠᠩ ᠮᠠᠯ ᠠᠵᠤ ᠠᠬᠤᠶ ᠵᠢᠨ ᠮᠠᠰᠢᠨ᠎ᠤ ᠶᠡᠷᠦᠩᠬᠡᠶ ᠬᠥᠳᠡᠯᠭᠡᠬᠦ ᠬᠦᠴᠦᠨ 429.4 ᠲᠦᠮᠡᠨ ᠺᠢᠯᠤᠸᠠᠲ ᠪᠠᠶ᠋ᠢᠵᠤ᠂ ᠲᠦᠷᠦᠭᠦᠦ ᠵᠢᠯ᠎ᠤᠨ᠎ᠬᠢ᠎ᠠᠴᠠ 4.5%᠎ᠪᠠᠷ ᠨᠡᠮᠡᠭᠳᠡᠪᠡ᠃ ᠲᠠᠷᠢᠶᠠᠨ ᠭᠠᠵᠠᠷ᠎ᠤᠨ ᠤᠰᠤᠯᠠᠯᠲᠠ ᠵᠢᠨ ᠤᠰᠤᠨ᠎ᠤ ᠪᠦᠲᠦᠮᠵᠢᠲᠡᠶ ᠠᠰᠢᠭᠯᠠᠯᠲᠠ ᠵᠢᠨ ᠢᠯᠡᠳᠬᠡᠮᠵᠢ 0.568᠃
ᠭᠤᠷᠪᠠ᠂ ᠠᠵᠤ ᠦᠢ᠍ᠯᠡᠳᠪᠦᠷᠢ ᠪᠠ ᠪᠠᠷᠢᠯᠭ᠎ᠠ ᠵᠢᠨ ᠦᠢ᠍ᠯᠡᠰ
ᠪᠦᠬᠦ ᠵᠢᠯ᠎ᠤᠨ ᠠᠵᠤ ᠦᠢ᠍ᠯᠡᠳᠪᠦᠷᠢ ᠵᠢᠨ ᠪᠦᠬᠦ ᠨᠡᠮᠡᠭᠳᠡᠯ ᠦᠷᠳᠡᠭ ᠲᠦᠷᠦᠭᠦᠦ ᠵᠢᠯ᠎ᠤᠨ᠎ᠬᠢ᠎ᠠᠴᠠ 6.5%᠎ᠪᠠᠷ ᠨᠡᠮᠡᠭᠳᠡᠪᠡ᠃ ᠡᠭᠦᠨ᠎ᠳᠤ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ 6.0 % ᠵᠶ᠋ᠠᠷ ᠨᠡᠮᠡᠭᠳᠡᠪᠡ᠃ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ᠎ᠳᠤ᠂ ᠠᠵᠤ ᠠᠬᠤᠶ ᠵᠢᠨ ᠲᠥᠷᠥᠯ ᠬᠡᠯᠪᠡᠷᠢ᠎ᠠᠴᠠ ᠦᠵᠡᠪᠡᠯ᠂ ᠤᠯᠤᠰ᠎ᠤᠨ ᠥᠮᠴᠢᠯᠡᠯ᠎ᠤᠨ ᠬᠤᠪᠢ ᠡᠵᠡᠮᠳᠡᠭᠰᠡᠨ ᠠᠵᠤ ᠠᠬᠤᠶ᠋ᠢᠯᠠᠯ᠎ᠤᠨ ᠨᠡᠮᠡᠭᠳᠡᠯ ᠥᠷᠲᠡᠭ 4.8% ᠨᠡᠮᠡᠭᠳᠡᠵᠦ᠂ ᠬᠤᠪᠢ ᠣᠷᠣᠭᠤᠯᠬᠤ ᠳᠦᠷᠢᠮᠲᠦ ᠠᠵᠤ ᠠᠬᠤᠶ᠋ᠢᠯᠠᠯ 6.1%᠎ᠪᠠᠷ ᠨᠡᠮᠡᠭᠳᠡᠵᠦ᠂ ᠭᠠᠳᠠᠭ᠋ᠠᠳᠤ ᠵᠢᠨ ᠬᠤᠳᠠᠯᠳᠤᠭ᠋ᠠᠴᠢᠨ ᠵᠢᠴᠢ ᠰᠢᠶᠠᠩᠭ᠋ᠠᠩ ᠣᠣᠮᠧᠨ ᠲᠠᠶ᠋ᠢᠸᠠᠨ᠎ᠤ ᠬᠤᠳᠠᠯᠳᠤᠭ᠋ᠠᠴᠢᠨ᠎ᠤ ᠪᠠᠯᠠ ᠣᠷᠣᠭᠤᠯᠤᠭᠰᠠᠨ ᠠᠵᠤ ᠠᠬᠤᠶ᠋ᠢᠯᠠᠯ 5.3%᠎ᠪᠠᠷ ᠨᠡᠮᠡᠭᠳᠡᠪᠡ᠃ ᠲᠥᠷᠥᠯ ᠬᠤᠪᠢᠶᠠᠵᠤ ᠦᠵᠡᠪᠡᠯ᠂ ᠠᠭᠤᠷᠬᠠᠶ ᠮᠠᠯᠲᠠᠬᠤ ᠦᠢ᠍ᠯᠡᠰ 3.4%᠎ᠪᠠᠷ ᠨᠡᠮᠡᠭᠳᠡᠵᠦ᠂ ᠦᠢ᠍ᠯᠡᠳᠭᠡᠯ᠎ᠤᠨ ᠦᠢ᠍ᠯᠡᠰ 11.3%᠎ᠪᠠᠷ ᠨᠡᠮᠡᠭᠳᠡᠵᠦ᠂ ᠴᠠᠬᠢᠯᠭ᠋ᠠᠨ ᠬᠦᠴᠦᠨ᠂ ᠢᠯᠴᠢ᠂ ᠰᠢᠲᠠᠮᠠᠬᠠᠶ ᠬᠡᠶ ᠵᠢᠴᠢ ᠤᠰᠤᠨ᠎ᠤ ᠦᠢ᠍ᠯᠡᠳᠪᠦᠷᠢᠯᠡᠯ ᠪᠠ ᠬᠠᠩᠭ᠋ᠠᠯᠭ᠎ᠠ ᠵᠢᠨ ᠦᠢ᠍ᠯᠡᠰ 1.3%᠎ᠪᠠᠷ ᠨᠡᠮᠡᠭᠳᠡᠪᠡ᠃ ᠠᠵᠢᠯ ᠲᠥᠷᠥᠯ ᠵᠶ᠋ᠡᠷ ᠬᠤᠪᠢᠶᠠᠵᠤ ᠦᠵᠡᠪᠡᠯ᠂ ᠨᠡᠭᠦᠷᠡᠰᠦ ᠮᠠᠯᠲᠠᠬᠤ ᠪᠠ ᠤᠬᠢᠶᠠᠵᠤ ᠰᠢᠯᠢᠬᠦ ᠦᠢ᠍ᠯᠡᠰ 2.1%᠎ᠪᠠᠷ ᠨᠡᠮᠡᠭᠳᠡᠵᠦ᠂ ᠢᠳᠡᠭᠡᠨ ᠦᠢ᠍ᠯᠡᠳᠬᠦ ᠦᠢ᠍ᠯᠡᠰ 6.0%᠎ᠪᠠᠷ ᠨᠡᠮᠡᠭᠳᠡᠵᠦ᠂ ᠴᠢᠯᠠᠭᠤᠨ ᠲᠣᠰᠣ᠂ ᠨᠡᠭᠦᠷᠡᠰᠦ ᠵᠢᠴᠢ ᠪᠤᠰᠤᠳ ᠲᠦᠯᠡᠰᠢ ᠪᠣᠯᠪᠠᠰᠤᠷᠠᠭᠤᠯᠬᠤ ᠦᠢ᠍ᠯᠡᠰ14.2% ᠵᠶ᠋ᠠᠷ ᠨᠡᠮᠡᠭᠳᠡᠵᠦ᠂ ᠬᠢᠮᠢ ᠵᠢᠨ ᠲᠦᠭᠦᠬᠡᠶ ᠮᠠᠲ᠋ᠧᠷᠢᠶᠠᠯ ᠪᠠ ᠬᠢᠮᠢ ᠵᠢᠨ ᠦᠢ᠍ᠯᠡᠳᠬᠦᠨ ᠦᠢ᠍ᠯᠡᠳᠬᠦ ᠦᠢ᠍ᠯᠡᠰ 6.0%᠎ᠪᠠᠷ ᠨᠡᠮᠡᠭᠳᠡᠵᠦ᠂ ᠥᠩᠭᠡᠲᠦ ᠲᠡᠮᠦᠷᠯᠢᠭ ᠬᠠᠶ᠋ᠢᠯᠤᠭᠤᠯᠬᠤ ᠪᠠ ᠳᠠᠷᠤᠵᠤ ᠰᠤᠩᠭ᠋ᠠᠬᠤ ᠡᠳ᠋ᠰᠢᠭᠦᠯᠬᠦ ᠦᠢ᠍ᠯᠡᠰ 15.4%᠎ᠪᠠᠷ ᠨᠡᠮᠡᠭᠳᠡᠵᠦ᠂ ᠲᠤᠰᠬᠠᠶ ᠲᠥᠬᠥᠭᠡᠷᠦᠮᠵᠢ ᠦᠢ᠍ᠯᠡᠳᠬᠦ ᠦᠢ᠍ᠯᠡᠰ 5.8%᠎ᠪᠠᠷ ᠨᠡᠮᠡᠭᠳᠡᠵᠦ᠂ ᠴᠠᠬᠢᠯᠭ᠋ᠠᠨ ᠮᠠᠰᠢᠨ ᠪᠠ ᠪᠠᠭ᠋ᠠᠵᠢ ᠬᠡᠷᠡᠭᠰᠡᠯ ᠦᠢ᠍ᠯᠡᠳᠬᠦ ᠦᠢ᠍ᠯᠡᠰ 11.4%᠎ᠪᠠᠷ ᠨᠡᠮᠡᠭᠳᠡᠵᠦ᠂ ᠺᠣᠮᠫᠢᠦ᠋ᠲ᠋ᠧᠷ᠂ ᠴᠢᠮᠡᠭᠡ ᠬᠣᠯᠪᠣᠭ᠎ᠠ ᠪᠠ ᠪᠤᠰᠤᠳ ᠡᠯᠧᠺᠲᠷᠣᠨ ᠲᠥᠬᠥᠭᠡᠷᠦᠮᠵᠢ ᠦᠢ᠍ᠯᠡᠳᠬᠦ ᠦᠢ᠍ᠯᠡᠰ 21.3%᠎ᠪᠠᠷ ᠨᠡᠮᠡᠭᠳᠡᠵᠦ᠂ ᠴᠠᠬᠢᠯᠭ᠋ᠠᠨ ᠬᠦᠴᠦᠨ᠂ ᠢᠯᠴᠢ ᠵᠢᠨ ᠬᠦᠴᠦᠨ᠎ᠤ ᠦᠢ᠍ᠯᠡᠳᠪᠦᠷᠢᠯᠡᠯ ᠪᠠ ᠬᠠᠩᠭ᠋ᠠᠯᠭ᠎ᠠ ᠵᠢᠨ ᠦᠢ᠍ᠯᠡᠰ 0.2% ᠵᠶ᠋ᠡᠷ ᠨᠡᠮᠡᠭᠳᠡᠵᠡᠢ᠃
ᠬᠦᠰᠦᠨᠦᠭᠲᠦ 4 2021 ᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠭᠤᠤᠯ ᠪᠣᠯᠬᠤ ᠠᠵᠢᠯ ᠲᠥᠷᠥᠯ᠎ᠤᠨ ᠨᠡᠮᠡᠭᠳᠡᠯ ᠥᠷᠲᠡᠭ᠎ᠤᠨ ᠨᠡᠮᠡᠭᠳᠡᠯ᠎ᠤᠨ ᠬᠤᠷᠳᠤᠴᠠ

ᠭᠤᠤᠯ ᠪᠣᠯᠬᠤ ᠠᠵᠤ ᠦᠢ᠍ᠯᠡᠳᠪᠦᠷᠢ ᠵᠢᠨ ᠦᠢ᠍ᠯᠡᠳᠬᠦᠨ᠎ᠤ ᠭᠠᠷᠤᠯᠲᠠ᠎ᠠᠴᠠ ᠦᠵᠡᠪᠡᠯ᠂ ᠪᠥᠬᠥ ᠣᠷᠣᠨ᠎ᠤ ᠨᠡᠭᠦᠷᠡᠰᠦᠨ᠎ᠤ ᠭᠠᠷᠤᠯᠲᠠ 103896.1 ᠲᠦᠮᠡᠨ ᠲᠣᠨ᠎ᠳᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 2.7%᠎ᠪᠠᠷ ᠨᠡᠮᠡᠭᠳᠡᠪᠡ; ᠬᠡᠦᠷᠡᠰᠦ ᠵᠢᠨ ᠭᠠᠷᠤᠯᠲᠠ 4657.9 ᠲᠦᠮᠡᠨ ᠲᠣᠨ᠎ᠳᠤ ᠬᠦᠷᠴᠦ᠂ 9.8%᠎ᠪᠠᠷ ᠨᠡᠮᠡᠭᠳᠡᠪᠡ; ᠴᠠᠬᠢᠯᠭ᠋ᠠᠨ ᠭᠠᠷᠭ᠋ᠠᠭᠰᠠᠨ ᠬᠡᠮᠵᠢᠶ᠎ᠡ 5952.6 ᠳ᠋ᠦᠩᠰᠢᠭᠤᠷ ᠺᠢᠯᠤᠸᠠᠲ ᠴᠠᠭ᠎ᠲᠤ ᠬᠦᠷᠴᠦ᠂ 3.7%᠎ᠪᠠᠷ ᠨᠡᠮᠡᠭᠳᠡᠪᠡ᠃ ᠪᠤᠯᠤᠳ ᠮᠠᠲ᠋ᠧᠷᠢᠶᠠᠯ᠎ᠤᠨ ᠭᠠᠷᠤᠯᠲᠠ 2957.6 ᠲᠦᠮᠡᠨ ᠲᠣᠨ᠎ᠳᠤ ᠬᠦᠷᠴᠦ᠂ 0.9%᠎ᠪᠠᠷ ᠪᠠᠭᠤᠷᠠᠪᠠ; ᠬᠥᠩᠭᠡᠨ ᠴᠠᠭ᠋ᠠᠨ᠎ᠤ ᠮᠠᠲ᠋ᠧᠷᠢᠶᠠᠯ᠎ᠤᠨ ᠭᠠᠷᠤᠯᠲᠠ 240.1 ᠲᠦᠮᠡᠨ ᠲᠣᠨ᠎ᠳᠤ ᠬᠦᠷᠴᠦ᠂ 7.7%᠎ᠪᠠᠷ ᠨᠡᠮᠡᠭᠳᠡᠪᠡ; ᠴᠠᠭ᠋ᠠᠨ ᠢᠳᠡᠭᠡᠨ᠎ᠤ ᠭᠠᠷᠤᠯᠲᠠ 368.0 ᠲᠦᠮᠡᠨ ᠲᠣᠨ᠎ᠳᠤ ᠬᠦᠷᠴᠦ᠂ 9.3%᠎ᠪᠠᠷ ᠨᠡᠮᠡᠭᠳᠡᠪᠡ᠃
ᠬᠦᠰᠦᠨᠦᠭᠲᠦ 5 2021 ᠣᠨ᠎ᠤ ᠭᠣᠣᠯ ᠪᠣᠯᠬᠤ ᠠᠵᠤ ᠦᠢ᠍ᠯᠡᠳᠪᠦᠷᠢ ᠵᠢᠨ ᠦᠢ᠍ᠯᠡᠳᠬᠦᠨ᠎ᠤ ᠭᠠᠷᠤᠯᠲᠠ ᠵᠢᠴᠢ ᠲᠡᠭᠦᠨ᠎ᠤ ᠨᠡᠮᠡᠭᠳᠡᠯ᠎ᠤᠨ ᠬᠤᠷᠳᠤᠴᠠ

ᠵᠢᠯ᠎ᠤᠨ ᠡᠴᠦᠰ᠎ᠲᠤ ᠪᠥᠬᠥ ᠣᠷᠣᠨ᠎ᠤ ᠴᠠᠬᠢᠯᠭ᠋ᠠᠨ ᠭᠠᠷᠭ᠋ᠠᠬᠤ ᠮᠠᠰᠢᠨ ᠴᠣᠭᠴᠠᠯᠠᠪᠤᠷᠢ ᠵᠢᠨ ᠪᠠᠭᠲᠠᠭ᠋ᠠᠮᠵᠢ 15403 ᠲᠦᠮᠡᠨ ᠺᠢᠯᠣᠸᠠᠲ (6000 ᠺᠢᠯᠤᠸᠠᠲ ᠵᠢᠴᠢ ᠲᠡᠭᠦᠨ᠎ᠠᠴᠠ ᠳᠡᠭᠡᠭᠰᠢ) ᠪᠠᠶ᠋ᠢᠵᠤ᠂ ᠳᠡᠭᠡᠷ᠎ᠡ ᠵᠢᠯ᠎ᠤᠨ ᠡᠴᠦᠰ᠎ᠤᠨ᠎ᠬᠢ᠎ᠠᠴᠠ 5.8%᠎ᠪᠠᠷ ᠨᠡᠮᠡᠭᠳᠡᠪᠡ᠂ ᠡᠭᠦᠨ᠎ᠳᠤ ᠢᠯᠴᠢ ᠵᠢᠨ ᠴᠠᠬᠢᠯᠭ᠋ᠠᠨ᠎ᠤ ᠮᠠᠰᠢᠨ ᠴᠣᠭᠴᠠᠯᠠᠪᠤᠷᠢ ᠵᠢᠨ ᠪᠠᠭᠲᠠᠭ᠋ᠠᠮᠵᠢ 9828 ᠲᠦᠮᠡᠨ ᠺᠢᠯᠤᠸᠠᠲ ᠪᠠᠶ᠋ᠢᠵᠤ᠂ 5.0% ᠵᠶ᠋ᠠᠷ ᠨᠡᠮᠡᠭᠳᠡᠪᠡ; ᠤᠰᠤᠨ ᠴᠠᠬᠢᠯᠭ᠋ᠠᠨ᠎ᠤ ᠮᠠᠰᠢᠨ ᠴᠣᠭᠴᠠᠯᠠᠪᠤᠷᠢ ᠵᠢᠨ ᠪᠠᠭᠲᠠᠭ᠋ᠠᠮᠵᠢ 238 ᠲᠦᠮᠡᠨ ᠺᠢᠯᠤᠸᠠᠲ᠎ᠲᠤ ᠬᠦᠷᠴᠦ᠂ ᠳᠡᠭᠡᠷ᠎ᠡ ᠵᠢᠯ᠎ᠤᠨ᠎ᠬᠢ᠎ᠲᠠᠢ ᠲᠡᠩᠴᠡᠪᠡ; ᠰᠠᠯᠬᠢᠨ ᠬᠦᠴᠦᠨ᠎ᠤ ᠴᠠᠬᠢᠯᠭ᠋ᠠᠨ᠎ᠤ ᠮᠠᠰᠢᠨ ᠴᠣᠭᠴᠠᠯᠠᠪᠤᠷᠢ ᠵᠢᠨ ᠪᠠᠭᠲᠠᠭ᠋ᠠᠮᠵᠢ 3993 ᠲᠦᠮᠡᠨ ᠺᠢᠯᠤᠸᠠᠲ᠎ᠲᠤ ᠬᠦᠷᠴᠦ᠂ 5.5%᠎ᠪᠠᠷ ᠨᠡᠮᠡᠭᠳᠡᠪᠡ; ᠨᠡᠷᠡᠨ ᠡᠨᠧᠷᠭᠢ᠎ᠪᠠᠷ ᠴᠠᠬᠢᠯᠭ᠋ᠠᠨ ᠭᠠᠷᠭ᠋ᠠᠬᠤ ᠮᠠᠰᠢᠨ ᠴᠣᠭᠴᠠᠯᠠᠪᠤᠷᠢ ᠵᠢᠨ ᠪᠠᠭᠲᠠᠭ᠋ᠠᠮᠵᠢ 1341 ᠲᠦᠮᠡᠨ ᠺᠢᠯᠤᠸᠠᠲ᠎ᠲᠤ ᠬᠦᠷᠴᠦ᠂ 14.0% ᠵᠶ᠋ᠠᠷ ᠨᠡᠮᠡᠭᠳᠡᠪᠡ᠃
ᠪᠥᠬᠥ ᠵᠢᠯ᠎ᠤᠨ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠡᠵᠡᠩᠨᠡᠯᠲᠡ ᠵᠢᠨ ᠣᠷᠣᠯᠭ᠎ᠠ 23947.1 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 39.4%᠎ᠪᠠᠷ ᠨᠡᠮᠡᠭᠳᠡᠪᠡ; 3380.8 ᠳ᠋ᠦᠩᠰᠢᠭᠤᠷ ᠲᠥᠭᠥᠷᠢᠭ᠎ᠤᠨ ᠠᠰᠢᠭ ᠤᠷᠤᠯᠭ᠎ᠠ ᠵᠢ ᠪᠡᠶᠡᠯᠡᠭᠦᠯᠵᠦ᠂ 1.5 ᠳᠠᠬᠢᠨ ᠨᠡᠮᠡᠭᠳᠡᠪᠡ; ᠡᠵᠡᠩᠨᠡᠯᠲᠡ ᠵᠢᠨ ᠣᠷᠣᠯᠭ᠎ᠠ ᠵᠢᠨ ᠠᠰᠢᠭ ᠤᠷᠤᠯᠭ᠎ᠠ ᠵᠢᠨ ᠨᠣᠷᠮ᠎ᠠ᠎ᠨᠢ 14.1%
ᠪᠣᠯᠤᠨ᠎ᠠ᠃ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠦᠢ᠍ᠯᠡᠳᠬᠦᠨ᠎ᠤ ᠪᠣᠷᠣᠯᠠᠭᠤᠯᠭ᠎ᠠ ᠵᠢᠨ ᠨᠣᠷᠮ᠎ᠠ᠎ᠨᠢ 99.9% ᠪᠣᠯᠤᠨ᠎ᠠ᠃
ᠪᠥᠬᠥ ᠵᠢᠯ᠎ᠤᠨ ᠪᠠᠷᠢᠯᠭ᠎ᠠ ᠵᠢᠨ ᠦᠢ᠍ᠯᠡᠰ᠎ᠤᠨ ᠨᠡᠮᠡᠭᠳᠡᠯ ᠥᠷᠲᠡᠭ ᠲᠦᠷᠦᠭᠦᠦ ᠵᠢᠯ᠎ᠤᠨ᠎ᠬᠢ᠎ᠠᠴᠠ 4.5%᠎ᠪᠠᠷ ᠨᠡᠮᠡᠭᠳᠡᠪᠡ᠃ ᠪᠦᠬᠦ ᠣᠷᠣᠨ᠎ᠤ ᠬᠢᠷᠢ ᠬᠡᠮ᠎ᠤᠨ ᠵᠡᠷᠭᠡ ᠳᠡᠰ ᠪᠦᠬᠦᠢ ᠶᠡᠷᠦᠩᠬᠡᠶ ᠳᠠᠭ᠋ᠠᠭ᠋ᠠᠴᠢᠯᠠᠭᠰᠠᠨ ᠪᠤᠶᠤ ᠲᠤᠰᠬᠠᠶ ᠳᠠᠭ᠋ᠠᠭ᠋ᠠᠴᠢᠯᠠᠭᠰᠠᠨ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ 1190 ᠪᠠᠶ᠋ᠢᠵᠤ᠂ ᠳᠡᠭᠡᠷ᠎ᠡ ᠵᠢᠯ᠎ᠤᠨ᠎ᠬᠢ᠎ᠠᠴᠠ 19 ᠨᠡᠮᠡᠭᠳᠡᠪᠡ;
ᠠᠵᠢᠯ᠎ᠤᠨ ᠬᠡᠮᠵᠢᠶ᠎ᠡ᠎ᠲᠠᠢ ᠠᠵᠤ ᠠᠬᠤᠶ᠋ᠢᠯᠠᠯ᠎ᠤᠨ ᠬᠡᠷ ᠪᠠᠶ᠋ᠢᠰᠢᠩ᠎ᠤᠨ ᠪᠠᠷᠢᠯᠭ᠎ᠠ ᠵᠢᠨ ᠲᠠᠯᠠᠪᠠᠶ 7497.5 ᠲᠦᠮᠡᠨ ᠲᠡᠭᠰᠢ ᠳᠥᠷᠪᠡᠯᠵᠢᠨ ᠮᠧᠲᠷ ᠪᠠᠶ᠋ᠢᠵᠤ᠂ 6.9%᠎ᠪᠠᠷ ᠨᠡᠮᠡᠭᠳᠡᠪᠡ; ᠬᠡᠷ ᠪᠠᠶ᠋ᠢᠰᠢᠩ᠎ᠤᠨ ᠪᠠᠷᠢᠯᠭ᠎ᠠ ᠳᠠᠭᠤᠰᠤᠭᠰᠠᠨ ᠲᠠᠯᠠᠪᠠᠶ 1320.7 ᠲᠦᠮᠡᠨ ᠲᠡᠭᠰᠢ ᠳᠥᠷᠪᠡᠯᠵᠢᠨ ᠮᠧᠲᠷ᠎ᠲᠤ ᠬᠦᠷᠴᠦ᠂ 6.4%᠎ᠪᠠᠷ ᠪᠠᠭᠤᠷᠠᠪᠠ; ᠭᠡᠷ ᠪᠠᠶ᠋ᠢᠰᠢᠩ᠎ᠤᠨ ᠪᠠᠷᠢᠯᠭ᠎ᠠ ᠵᠢᠨ ᠠᠵᠢᠯ ᠳᠠᠭᠤᠰᠤᠭᠰᠠᠨ ᠨᠣᠷᠮ᠎ᠠ᠎ᠨᠢ 17.6% ᠪᠣᠯᠤᠨ᠎ᠠ᠃
ᠳᠥᠷᠪᠡ᠂ ᠦᠢ᠍ᠯᠡᠴᠢᠯᠡᠭᠡᠨ᠎ᠤ ᠦᠢ᠍ᠯᠡᠰ
ᠪᠥᠬᠥ ᠵᠢᠯ᠎ᠤᠨ ᠪᠥᠭᠡᠮ ᠵᠶ᠋ᠡᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ᠂ ᠬᠣᠨᠣᠭ ᠢᠳᠡᠭᠡᠨ ᠤᠮᠳᠠᠭ᠋ᠠᠨ᠎ᠤ ᠦᠢ᠍ᠯᠡᠰ᠎ᠤᠨ ᠨᠡᠮᠡᠭᠳᠡᠯ ᠥᠷᠲᠡᠭ 1874.6 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 4.9%᠎ᠪᠠᠷ ᠨᠡᠮᠡᠭᠳᠡᠪᠡ; ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠯᠲᠡ ᠪᠠ ᠰᠢᠦᠳᠠᠨ᠎ᠤ ᠦᠢ᠍ᠯᠡᠰ᠎ᠤᠨ ᠨᠡᠮᠡᠭᠳᠡᠯ ᠥᠷᠳᠡᠭ 1262.4 ᠳ᠋ᠦᠩᠰᠢᠭᠤᠷ ᠲᠥᠭᠥᠷᠢᠭ᠎ᠲᠤ ᠬᠦᠷᠴᠦ᠂ 9.3% ᠪᠠᠷ᠎ᠠ ᠨᠡᠮᠡᠭᠳᠡᠪᠡ; ᠮᠥᠩᠭᠥᠨ ᠭᠦᠢ᠍ᠯᠭᠡᠭᠡᠨ᠎ᠤ ᠦᠢ᠍ᠯᠡᠰ᠎ᠤᠨ ᠨᠡᠮᠡᠭᠳᠡᠯ ᠥᠷᠳᠡᠭ 898.4 ᠳ᠋ᠦᠩᠰᠢᠭᠤᠷ ᠲᠥᠭᠥᠷᠢᠭ᠎ᠲᠤ ᠬᠦᠷᠴᠦ᠂ 3.8%᠎ᠪᠠᠷ ᠨᠡᠮᠡᠭᠳᠡᠪᠡ; ᠭᠡᠷ ᠪᠠᠶ᠋ᠢᠰᠢᠩ ᠭᠠᠵᠠᠷ ᠰᠢᠷᠣᠢ ᠵᠢᠨ ᠬᠥᠷᠥᠩᠭᠡ ᠵᠢᠨ ᠦᠢ᠍ᠯᠡᠰ᠎ᠤᠨ ᠨᠡᠮᠡᠭᠳᠡᠯ ᠥᠷᠲᠡᠭ᠎ᠢ 860.5 ᠳ᠋ᠦᠩᠰᠢᠭᠤᠷ ᠲᠥᠭᠥᠷᠢᠭ᠎ᠲᠤ ᠬᠦᠷᠴᠦ᠂ 2.5%᠎ᠪᠠᠷ ᠨᠡᠮᠡᠭᠳᠡᠪᠡ᠃ ᠪᠥᠬᠥ ᠵᠢᠯ᠎ᠤᠨ ᠬᠡᠪᠴᠢᠶᠡᠵᠢᠯ᠎ᠠᠴᠠ ᠳᠡᠭᠡᠭᠰᠢᠬᠢ ᠦᠢ᠍ᠯᠡᠴᠢᠯᠡᠭᠡᠨ᠎ᠤ ᠦᠢ᠍ᠯᠡᠰ᠎ᠤᠨ ᠠᠵᠤ ᠠᠬᠤᠶ᠋ᠢᠯᠠᠯ᠎ᠤᠨ ᠡᠵᠡᠩᠨᠡᠯᠲᠡ ᠵᠢᠨ ᠣᠷᠣᠯᠭ᠎ᠠ ᠲᠦᠷᠦᠭᠦᠦ ᠵᠢᠯ᠎ᠤᠨ᠎ᠬᠢ᠎ᠠᠴᠠ 4.6%᠎ᠪᠠᠷ ᠨᠡᠮᠡᠭᠳᠡᠪᠡ᠃

ᠪᠥᠬᠥ ᠵᠢᠯ᠎ᠤᠨ ᠪᠠᠷᠠᠭ᠋ᠠᠨ᠎ᠤ ᠲᠡᠭᠡᠭᠡᠪᠦᠷᠢ ᠵᠢᠨ ᠶᠡᠷᠦᠩᠬᠡᠶ ᠬᠡᠮᠵᠢᠶ᠎ᠡ 211903.8 ᠲᠦᠮᠡᠨ ᠲᠣᠨ᠎ᠳᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 24.2% ᠵᠶ᠋ᠠᠷ ᠨᠡᠮᠡᠭᠳᠡᠪᠡ᠃ ᠪᠠᠷᠠᠭ᠋ᠠᠨ᠎ᠤ ᠲᠡᠭᠡᠭᠡᠪᠦᠷᠢ ᠵᠢᠨ ᠡᠷᠭᠢᠯᠲᠡ ᠵᠢᠨ ᠬᠡᠮᠵᠢᠶ᠎ᠡ 4891.7 ᠳ᠋ᠦᠩᠰᠢᠭᠤᠷ ᠲᠣᠨ ᠺᠢᠯᠣᠮᠧᠲᠷ᠎ᠲᠤ ᠬᠦᠷᠴᠦ᠂ 10.4%᠎ᠪᠠᠷ ᠨᠡᠮᠡᠭᠳᠡᠪᠡ᠃ ᠪᠥᠬᠥ ᠵᠢᠯ᠎ᠤᠨ ᠠᠶᠠᠨᠴᠢᠳ᠎ᠤᠨ ᠲᠡᠭᠡᠭᠡᠪᠦᠷᠢ ᠵᠢᠨ ᠶᠡᠷᠦᠩᠬᠡᠶ ᠬᠡᠮᠵᠢᠶ᠎ᠡ 7271.8 ᠲᠦᠮᠡᠨ ᠬᠥᠮᠦᠨ ᠪᠠᠶ᠋ᠢᠵᠤ᠂ ᠳᠡᠭᠡᠷ᠎ᠡ ᠵᠢᠯ᠎ᠤᠨ᠎ᠬᠢ᠎ᠠᠴᠠ 1.7%᠎ᠪᠠᠷ ᠪᠠᠭᠤᠷᠠᠪᠠ᠃ ᠠᠶᠠᠨᠴᠢᠳ᠎ᠤᠨ ᠲᠡᠭᠡᠭᠡᠪᠦᠷᠢ ᠵᠢᠨ ᠡᠷᠭᠢᠯᠲᠡ ᠵᠢᠨ ᠬᠡᠮᠵᠢᠶ᠎ᠡ 164.8 ᠳ᠋ᠦᠩᠰᠢᠭᠤᠷ ᠬᠥᠮᠦᠨ ᠺᠢᠯᠣᠮᠧᠲᠷ᠎ᠲᠤ ᠬᠦᠷᠴᠦ᠂ ᠳᠡᠭᠡᠷ᠎ᠡ ᠵᠢᠯ᠎ᠤᠨ᠎ᠬᠢ᠎ᠲᠠᠢ ᠲᠡᠩᠴᠡᠪᠡ᠃
ᠬᠦᠰᠦᠨᠦᠭᠲᠦ 6 2021 ᠣᠨ᠎ᠤ ᠡᠯ᠎ᠡ ᠵᠦᠢ᠍ᠯ᠎ᠤᠨ ᠲᠡᠭᠡᠭᠡᠪᠦᠷᠢ ᠵᠢᠨ ᠠᠷᠭ᠎ᠠ ᠮᠠᠶᠢᠭ᠎ᠤᠨ ᠪᠠᠷᠠᠭ᠎ᠠ ᠲᠡᠭᠡᠭᠡᠪᠦᠷᠢᠯᠡᠭᠰᠡᠨ ᠬᠡᠮᠵᠢᠶ᠎ᠡ ᠵᠢᠴᠢ ᠲᠡᠭᠦᠨ᠎ᠤ ᠨᠡᠮᠡᠭᠳᠡᠯ᠎ᠤᠨ ᠬᠤᠷᠳᠤᠴᠠ

ᠬᠦᠰᠦᠨᠦᠭᠲᠦ 7 2021 ᠣᠨ᠎ᠳᠤ ᠡᠯ᠎ᠡ ᠵᠦᠢ᠍ᠯ᠎ᠤᠨ ᠲᠡᠭᠡᠭᠡᠪᠦᠷᠢ ᠵᠢᠨ ᠠᠷᠭ᠎ᠠ ᠮᠠᠶᠢᠭ᠎ᠤᠨ ᠠᠶᠠᠨᠴᠢᠳ᠎ᠤᠨ ᠲᠡᠭᠡᠭᠡᠪᠦᠷᠢ ᠵᠢᠨ ᠬᠡᠮᠵᠢᠶ᠎ᠡ ᠵᠢᠴᠢ ᠨᠡᠮᠡᠭᠳᠡᠯ᠎ᠤᠨ ᠬᠤᠷᠳᠤᠴᠠ

ᠵᠢᠯ᠎ᠤᠨ ᠡᠴᠦᠰ᠎ᠲᠤ ᠪᠥᠬᠥ ᠣᠷᠣᠨ᠎ᠤ ᠠᠷᠠᠳ᠎ᠤᠨ ᠬᠡᠷᠡᠭᠯᠡᠭᠡᠨ᠎ᠤ ᠮᠠᠰᠢᠨ ᠲᠡᠷᠭᠡᠨ᠎ᠤ ᠬᠠᠳᠠᠭ᠋ᠠᠯᠠᠯᠲᠠ ᠵᠢᠨ ᠬᠡᠮᠵᠢᠶ᠎ᠡ 656.3 ᠲᠦᠮᠡ᠎ᠳᠤ ᠬᠦᠷᠴᠦ (ᠭᠤᠷᠪᠠᠨ ᠬᠦᠷᠳᠦᠲᠦ ᠮᠠᠰᠢᠨ ᠲᠡᠷᠭᠡ ᠪᠠ ᠳᠤᠤᠷ᠎ᠠ ᠬᠤᠷᠳᠤᠴᠠᠲᠤ ᠪᠠᠷᠠᠭ᠋ᠠᠨ᠎ᠤ ᠲᠡᠷᠭᠡ 11.4 ᠲᠦᠮᠡ ᠪᠠᠭᠲᠠᠨ᠎ᠠ)᠂ ᠲᠦᠷᠦᠭᠦᠦ ᠵᠢᠯ᠎ᠤᠨ ᠡᠴᠦᠰ᠎ᠤᠨ᠎ᠬᠢ᠎ᠠᠴᠠ 6.3%᠎ᠪᠠᠷ ᠨᠡᠮᠡᠭᠳᠡᠪᠡ᠂ ᠡᠭᠦᠨ᠎ᠳᠤ ᠬᠤᠪᠢ ᠬᠥᠮᠦᠨ᠎ᠤ ᠮᠠᠰᠢᠨ ᠲᠡᠷᠭᠡᠨ᠎ᠤ ᠬᠡᠮᠵᠢᠶ᠎ᠡ 625.8 ᠲᠦᠮᠡ᠎ᠳᠤ ᠬᠦᠷᠴᠦ᠂ 6.1%᠎ᠪᠠᠷ ᠨᠡᠮᠡᠭᠳᠡᠪᠡ᠃ ᠠᠷᠠᠳ᠎ᠤᠨ ᠬᠡᠷᠡᠭᠯᠡᠭᠡᠨ᠎ᠤ ᠰᠠᠭᠤᠳᠠᠯ᠎ᠤᠨ ᠮᠠᠰᠢᠨ 601.5 ᠲᠦᠮᠡ ᠪᠠᠶ᠋ᠢᠵᠤ᠂ 6.3%᠎ᠪᠠᠷ ᠨᠡᠮᠡᠭᠳᠡᠪᠡ᠂ ᠡᠭᠦᠨ᠎ᠤ ᠳᠣᠲᠣᠷ᠎ᠠ ᠬᠤᠪᠢ ᠵᠢᠨ ᠪᠠᠭ᠎ᠠ ᠮᠠᠰᠢᠨ 594.4 ᠲᠦᠮᠡ ᠪᠠᠶ᠋ᠢᠵᠤ᠂ 6.2% ᠵᠢᠡᠷ ᠨᠡᠮᠡᠭᠳᠡᠪᠡ᠃
ᠪᠥᠬᠥ ᠵᠢᠯ᠎ᠳᠤ ᠰᠢᠤᠳᠠᠨ᠎ᠤ ᠠᠵᠢᠯ ᠲᠥᠷᠥᠯ᠎ᠤᠨ ᠲᠤᠬᠠᠶ᠋ᠢᠯᠠᠭᠰᠠᠨ ᠠᠵᠢᠯ᠎ᠤᠨ ᠶᠡᠷᠦᠩᠬᠡᠶ ᠬᠡᠮᠵᠢᠶ᠎ᠡ ᠵᠢ 62.9 ᠳ᠋ᠦᠩᠰᠢᠭᠤᠷ ᠲᠥᠭᠥᠷᠢᠭ᠎ᠢ ᠪᠡᠶᠡᠯᠡᠭᠦᠯᠵᠦ᠂ ᠲᠦᠷᠦᠭᠦᠦ ᠵᠢᠯ᠎ᠤᠨ᠎ᠬᠢ᠎ᠠᠴᠠ 21.2% ᠵᠶ᠋ᠠᠷ ᠨᠡᠮᠡᠭᠳᠡᠪᠡ᠃ ᠰᠢᠤᠳᠠᠨ᠎ᠤ ᠦᠢ᠍ᠯᠡᠰ ᠪᠥᠬᠥ ᠵᠢᠯ᠎ᠳᠤ 672.1 ᠲᠦᠮᠡᠨ ᠬᠤᠪᠢ ᠰᠢᠤᠳᠠᠨ᠎ᠤ ᠵᠠᠬᠢᠳᠠᠯ᠎ᠤᠨ ᠲᠤᠬᠠᠶ᠋ᠢᠯᠠᠭᠰᠠᠨ ᠠᠵᠢᠯ᠂ 17.0 ᠲᠦᠮᠡᠨ ᠬᠤᠪᠢ ᠪᠣᠭᠣᠳᠠᠯ᠎ᠤᠨ ᠲᠤᠬᠠᠶ᠋ᠢᠯᠠᠭᠰᠠᠨ ᠠᠵᠢᠯ᠎ᠢ ᠪᠡᠶᠡᠯᠡᠭᠦᠯᠪᠡ; ᠲᠦᠷᠭᠡᠨ ᠬᠦᠷᠭᠡᠯᠲᠡ ᠵᠢᠨ ᠲᠤᠬᠠᠶ᠋ᠢᠯᠠᠭᠰᠠᠨ ᠠᠵᠢᠯ᠎ᠤᠨ ᠬᠡᠮᠵᠢᠶ᠎ᠡ 26086.0 ᠲᠦᠮᠡᠨ ᠬᠤᠪᠢ ᠪᠠᠶ᠋ᠢᠵᠤ᠂ 33.4%᠎ᠪᠠᠷ ᠨᠡᠮᠡᠭᠳᠡᠪᠡ; ᠲᠦᠷᠭᠡᠨ ᠬᠦᠷᠭᠡᠯᠲᠡ ᠵᠢᠨ ᠲᠤᠬᠠᠶ᠋ᠢᠯᠠᠭᠰᠠᠨ ᠠᠵᠢᠯ᠎ᠤᠨ ᠣᠷᠣᠯᠭ᠎ᠠ 51.9 ᠳ᠋ᠦᠩᠰᠢᠭᠤᠷ ᠲᠥᠭᠥᠷᠢᠭ᠎ᠲᠤ ᠬᠦᠷᠴᠦ᠂ 23.3%᠎ᠪᠠᠷ ᠨᠡᠮᠡᠭᠳᠡᠪᠡ᠃ ᠪᠥᠬᠥ ᠵᠢᠯ᠎ᠳᠤ ᠴᠠᠬᠢᠯᠭ᠋ᠠᠨ ᠬᠣᠯᠪᠣᠭ᠋ᠠᠨ᠎ᠤ ᠲᠤᠬᠠᠶ᠋ᠢᠯᠠᠭᠰᠠᠨ ᠠᠵᠢᠯ᠎ᠤᠨ ᠶᠡᠷᠦᠩᠬᠡᠶ ᠬᠡᠮᠵᠢᠶ᠎ᠡ 289.7 ᠳ᠋ᠦᠩᠰᠢᠭᠤᠷ ᠲᠥᠭᠥᠷᠢᠭ᠎ᠢ ᠪᠡᠶᠡᠯᠡᠭᠦᠯᠵᠦ᠂ ᠲᠦᠷᠦᠭᠦᠦ ᠵᠢᠯ᠎ᠤᠨ᠎ᠬᠢ᠎ᠠᠴᠠ 23.2% ᠵᠶ᠋ᠠᠷ ᠨᠡᠮᠡᠭᠳᠡᠪᠡ᠃ ᠵᠢᠯ᠎ᠤᠨ ᠡᠴᠦᠰ᠎ᠲᠤ ᠪᠥᠬᠥ ᠣᠷᠣᠨ᠎ᠤ ᠰᠢᠯᠵᠢᠮᠡᠯ ᠳ᠋ᠢᠶᠠᠩᠬᠤᠸᠠ ᠵᠢᠨ ᠬᠡᠷᠡᠭᠯᠡᠭᠴᠢ ᠵᠢᠨ ᠶᠡᠷᠦᠩᠬᠡᠶ ᠲᠣᠭ᠎ᠠ 3016.9 ᠲᠦᠮᠡᠨ ᠡᠷᠦᠬᠡ ᠪᠠᠶ᠋ᠢᠵᠤ᠂ ᠡᠭᠦᠨ᠎ᠳᠤ 4G ᠰᠢᠯᠵᠢᠮᠡᠯ ᠳ᠋ᠢᠶᠠᠩᠬᠤᠸᠠ ᠵᠢᠨ ᠬᠡᠷᠡᠭᠯᠡᠭᠴᠢ 2066.5 ᠲᠦᠮᠡᠨ ᠡᠷᠦᠬᠡ᠂ 5G ᠵᠢᠨ ᠦᠵᠦᠭᠦᠷᠯᠢᠭ ᠬᠡᠷᠡᠭᠯᠡᠭᠴᠢ 953.4 ᠲᠦᠮᠡᠨ ᠡᠷᠦᠬᠡ ᠪᠠᠶ᠋ᠢᠨ᠎ᠠ᠃ ᠰᠢᠯᠵᠢᠮᠡᠯ ᠳ᠋ᠢᠶᠠᠩᠬᠤᠸᠠ ᠵᠢᠨ ᠲᠦᠭᠡᠮᠡᠯᠵᠢᠭᠰᠡᠨ ᠨᠣᠷᠮ᠎ᠠ 125.5 / ᠵᠠᠭᠤᠨ ᠬᠥᠮᠦᠨ ᠬᠦᠷᠴᠠᠢ᠃ ᠲᠣᠭᠲᠠᠮᠠᠯ ᠢᠨᠲᠸᠷ ᠰᠦᠯᠵᠢᠶᠡᠨ᠎ᠤ ᠥᠷᠭᠡᠨ ᠪᠦᠰᠡ ᠵᠠᠯᠭ᠋ᠠᠬᠤ ᠬᠡᠷᠡᠭᠯᠡᠭᠴᠢ 796.2 ᠲᠦᠮᠡᠨ ᠡᠷᠦᠬᠡ ᠪᠣᠯᠵᠣ᠂ ᠲᠦᠷᠦᠭᠦᠦ ᠵᠢᠯ᠎ᠤᠨ ᠡᠴᠦᠰ᠎ᠤᠨ᠎ᠬᠢ᠎ᠠᠴᠠ 73.3 ᠲᠦᠮᠡᠨ ᠡᠷᠦᠬᠡ ᠨᠡᠮᠡᠭᠳᠡᠪᠡ; ᠰᠢᠯᠵᠢᠮᠡᠯ ᠢᠨᠲᠸᠷ ᠰᠦᠯᠵᠢᠶᠡᠨ᠎ᠤ ᠬᠡᠷᠡᠭᠯᠡᠭᠴᠢ 2665.2 ᠲᠦᠮᠡᠨ ᠡᠷᠦᠬᠡ ᠪᠣᠯᠵᠣ᠂ 90.9 ᠲᠦᠮᠡᠨ ᠡᠷᠦᠬᠡ ᠨᠡᠮᠡᠭᠳᠡᠪᠡ᠃ ᠪᠥᠬᠥ ᠵᠢᠯ᠎ᠤᠨ ᠰᠢᠯᠵᠢᠮᠡᠯ ᠢᠨᠲᠸᠷ ᠰᠦᠯᠵᠢᠶᠡᠨ᠎ᠤ ᠬᠡᠷᠡᠭᠯᠡᠭᠴᠢ ᠵᠢᠨ ᠲᠣᠭ᠎ᠠ 405069 ᠲᠦᠮᠡᠨ GB᠎ᠳᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 24.2% ᠵᠶ᠋ᠠᠷ ᠨᠡᠮᠡᠭᠳᠡᠪᠡ᠃


ᠲᠠᠪᠤ᠂ ᠤᠯᠤᠰ᠎ᠤᠨ ᠳᠣᠲᠣᠭ᠋ᠠᠳᠤ ᠵᠢᠨ ᠠᠷᠠᠯᠵᠢᠶ᠎ᠠ
ᠪᠦᠬᠦ ᠵᠢᠯ᠎ᠤᠨ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠪᠦᠬᠦ ᠲᠣᠭ᠎ᠠ 5060.3 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 6.3%᠎ᠪᠠᠷ ᠨᠡᠮᠡᠭᠳᠡᠵᠡᠢ᠃ ᠡᠵᠡᠩᠨᠡᠯᠲᠡ ᠵᠢᠨ ᠭᠠᠵᠠᠷ᠎ᠤᠨ ᠪᠦᠷᠢᠳᠬᠡᠯ ᠵᠶ᠋ᠡᠷ ᠦᠵᠡᠪᠡᠯ᠂ ᠬᠣᠲᠠ ᠪᠠᠯᠭ᠋ᠠᠰᠤᠨ᠎ᠤ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠲᠣᠭ᠎ᠠ 4471.3 ᠳ᠋ᠦᠩᠰᠢᠭᠤᠷ ᠲᠥᠭᠥᠷᠢᠭ᠎ᠲᠤ ᠬᠦᠷᠴᠦ᠂ 6.3%᠎ᠪᠠᠷ
ᠨᠡᠮᠡᠭᠳᠡᠪᠡ; ᠬᠥᠳᠡᠭᠡ ᠲᠣᠰᠬᠣᠨ᠎ᠤ ᠬᠡᠷᠡᠭᠯᠡᠭᠡᠨ᠎ᠤ ᠪᠣᠳᠠᠰ᠎ᠤᠨ ᠵᠢᠵᠢᠭᠯᠡᠨ ᠪᠣᠷᠣᠯᠠᠭᠤᠯᠤᠭᠰᠠᠨ ᠬᠡᠮᠵᠢᠶ᠎ᠡ 589.0 ᠳ᠋ᠦᠩᠰᠢᠭᠤᠷ ᠲᠥᠭᠥᠷᠢᠭ᠎ᠲᠤ ᠬᠦᠷᠴᠦ᠂ 6.2% ᠵᠶ᠋ᠠᠷ ᠨᠡᠮᠡᠭᠳᠡᠪᠡ᠃ ᠬᠡᠷᠡᠭᠯᠡᠭᠡᠨ᠎ᠤ ᠲᠦᠷᠦᠯ ᠵᠦᠢ᠍ᠯ ᠵᠶ᠋ᠡᠷ ᠪᠦᠷᠢᠳᠬᠡᠪᠡᠯ᠂ ᠲᠠᠸᠠᠷ᠎ᠤᠨ ᠵᠢᠵᠢᠭᠯᠡᠨ ᠬᠤᠳᠠᠯᠳᠤᠭᠰᠠᠨ ᠲᠣᠭ᠎ᠠ 4414.6 ᠳ᠋ᠦᠩᠰᠢᠭᠤᠷ ᠲᠥᠭᠥᠷᠢᠭ᠎ᠲᠤ
ᠬᠦᠷᠴᠦ᠂ 5.6%᠎ᠪᠠᠷ ᠨᠡᠮᠡᠭᠳᠡᠪᠡ; ᠢᠳᠡᠭᠡᠨ ᠤᠮᠳᠠᠭ᠋ᠠᠨ᠎ᠤ ᠣᠷᠣᠯᠭ᠎ᠠ ᠵᠢᠨ ᠲᠣᠭ᠎ᠠ 645.7 ᠳ᠋ᠦᠩᠰᠢᠭᠤᠷ ᠲᠥᠭᠥᠷᠢᠭ᠎ᠲᠤ ᠬᠦᠷᠴᠦ᠂ 11.2% ᠵᠶ᠋ᠠᠷ ᠨᠡᠮᠡᠭᠳᠡᠪᠡ᠃ ᠣᠷᠣᠨ ᠪᠦᠰᠡ ᠬᠤᠪᠢᠶᠠᠨ ᠦᠵᠡᠪᠡᠯ᠂ ᠵᠡᠭᠦᠨ ᠬᠡᠰᠡᠭ᠎ᠤᠨ ᠭᠠᠵᠠᠷ ᠣᠷᠣᠨ᠎ᠤ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠪᠦᠬᠦ ᠲᠣᠭ᠎ᠠ 5.6%᠎ᠪᠠᠷ ᠨᠡᠮᠡᠭᠳᠡᠵᠦ᠂ ᠳᠤᠮᠳᠠ ᠬᠡᠰᠡᠭ᠎ᠤᠨ ᠭᠠᠵᠠᠷ ᠣᠷᠣᠨ᠎ᠤ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠪᠦᠬᠦ ᠲᠣᠭ᠎ᠠ 7.0% ᠵᠢᠡᠷ ᠨᠡᠮᠡᠭᠳᠡᠵᠦ᠂ ᠪᠠᠷᠠᠭᠤᠨ ᠬᠡᠰᠡᠭ᠎ᠤᠨ ᠭᠠᠵᠠᠷ ᠣᠷᠣᠨ᠎ᠤ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠪᠦᠬᠦ ᠲᠣᠭ᠎ᠠ 4.2% ᠵᠢᠡᠷ ᠨᠡᠮᠡᠭᠳᠡᠵᠡᠢ᠃

ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠨᠢᠭᠡᠴᠢ ᠲᠠᠸᠠᠷ᠎ᠤᠨ ᠵᠢᠵᠢᠭᠯᠡᠨ ᠬᠤᠳᠠᠯᠳᠤᠭᠰᠠᠨ ᠲᠣᠭ᠎ᠠ ᠵᠢᠨ ᠳᠣᠲᠣᠷ᠎ᠠ᠂ ᠠᠮᠤ ᠲᠣᠰᠣ᠂ ᠢᠳᠡᠭᠡᠨ᠎ᠤ ᠲᠥᠷᠥᠯ᠎ᠤᠨ ᠵᠢᠵᠢᠭᠯᠡᠨ ᠬᠤᠳᠠᠯᠳᠤᠭᠰᠠᠨ ᠲᠣᠭ᠎ᠠ ᠲᠦᠷᠦᠭᠦᠦ ᠵᠢᠯ᠎ᠤᠨ᠎ᠬᠢ᠎ᠠᠴᠠ 10.8%᠎ᠪᠠᠷ ᠨᠡᠮᠡᠭᠳᠡᠵᠦ᠂ ᠤᠮᠳᠠᠭ᠋ᠠᠨ᠎ᠤ ᠲᠥᠷᠥᠯ 4.5%᠎ᠪᠠᠷ ᠨᠡᠮᠡᠭᠳᠡᠵᠦ᠂ ᠠᠷᠢᠬᠢ ᠲᠠᠮᠠᠬᠢᠨ᠎ᠤ ᠲᠥᠷᠥᠯ 21.5%᠎ᠪᠠᠷ ᠨᠡᠮᠡᠭᠳᠡᠵᠦ᠂ ᠬᠢᠲᠠᠳ ᠧᠦ᠋ᠷᠣᠫᠠ ᠡᠮ᠎ᠤᠨ ᠲᠥᠷᠥᠯ 5.1%᠎ᠪᠠᠷ ᠨᠡᠮᠡᠭᠳᠡᠵᠦ᠂ ᠴᠢᠯᠠᠭᠤᠨ ᠲᠣᠰᠣ ᠵᠢᠴᠢ ᠦᠢ᠍ᠯᠡᠳᠬᠦᠨ᠎ᠤ ᠲᠥᠷᠥᠯ 21.5%᠎ᠪᠠᠷ ᠨᠡᠮᠡᠭᠳᠡᠵᠦ᠂ ᠮᠠᠰᠢᠨ ᠲᠡᠷᠭᠡᠨ᠎ᠤ ᠲᠥᠷᠥᠯ 6.4%᠎ᠪᠠᠷ ᠨᠡᠮᠡᠭᠳᠡᠪᠡ᠃
ᠪᠥᠬᠥ ᠵᠢᠯ᠎ᠤᠨ ᠪᠣᠳᠠᠲᠤ ᠲᠠᠸᠠᠷ᠎ᠤᠨ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠭᠰᠠᠨ ᠲᠣᠭ᠎ᠠ 303.6 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 18.3%᠎ᠪᠠᠷ ᠨᠡᠮᠡᠭᠳᠡᠵᠦ᠂ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠣᠭ᠎ᠠ᠎ᠳᠤ ᠡᠵᠡᠯᠡᠬᠦ ᠬᠤᠪᠢ ᠵᠢᠨ ᠵᠢᠩ᠎ᠨᠢ 6.0% ᠪᠣᠯᠵᠣ᠂ ᠲᠦᠷᠦᠭᠦᠦ ᠵᠢᠯ᠎ᠤᠨ᠎ᠬᠢ᠎ᠠᠴᠠ 0.4 ᠵᠠᠭᠤᠨ᠎ᠤ ᠬᠤᠪᠢ ᠵᠢᠨ ᠴᠡᠭ ᠳᠡᠭᠡᠭᠰᠢᠯᠡᠪᠡ᠃
ᠵᠢᠷᠭᠤᠭ᠎ᠠ᠂ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ
ᠪᠦᠬᠦ ᠵᠢᠯ᠎ᠤᠨ ᠪᠦᠬᠦ ᠨᠡᠶ᠋ᠢᠭᠡᠮ᠎ᠤᠨ ᠲᠣᠭᠲᠠᠮᠠᠯ ᠬᠦᠷᠦᠨᠭᠭᠡ ᠵᠢᠨ ᠪᠡᠯᠡ ᠣᠷᠣᠭᠤᠯᠤᠯᠲᠠ ᠲᠦᠷᠦᠭᠦᠦ ᠵᠢᠯ᠎ᠤᠨ᠎ᠬᠢ᠎ᠠᠴᠠ 9.5%᠎ᠪᠠᠷ ᠨᠡᠮᠡᠭᠳᠡᠪᠡ᠃ ᠡᠭᠦᠨ᠎ᠳᠤ᠂ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ (ᠲᠠᠷᠢᠶᠠᠴᠢᠨ ᠡᠷᠦᠬᠡ ᠵᠢ ᠪᠠᠭᠲᠠᠭ᠋ᠠᠬᠤ ᠥᠬᠡᠶ) 9.8%᠎ᠪᠠᠷ ᠨᠡᠮᠡᠭᠳᠡᠪᠡ᠃ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ (ᠲᠠᠷᠢᠶᠠᠴᠢᠨ ᠡᠷᠦᠬᠡ ᠵᠢ ᠪᠠᠭᠲᠠᠭ᠋ᠠᠬᠤ ᠦᠭᠡᠶ) ᠵᠢᠨ ᠳᠣᠲᠣᠷ᠎ᠠ᠂ ᠨᠢᠭᠡᠳᠦᠭᠡᠷ ᠠᠵᠤ ᠦᠢ᠍ᠯᠡᠰ᠎ᠤᠨ ᠪᠡᠯᠡ ᠣᠷᠣᠭᠤᠯᠤᠯᠲᠠ 2.4%᠎ᠪᠠᠷ ᠨᠡᠮᠡᠭᠳᠡᠵᠦ᠂ ᠬᠣᠶᠠᠳᠤᠭ᠋ᠠᠷ ᠠᠵᠤ ᠦᠢ᠍ᠯᠡᠰ᠎ᠤᠨ ᠪᠡᠯᠡ ᠣᠷᠣᠭᠤᠯᠤᠯᠲᠠ 21.1%᠎ᠪᠠᠷ ᠨᠡᠮᠡᠭᠳᠡᠵᠦ᠂ ᠭᠤᠷᠪᠠᠳᠤᠭ᠋ᠠᠷ ᠠᠵᠤ ᠦᠢ᠍ᠯᠡᠰ᠎ᠤᠨ ᠪᠡᠯᠡ ᠣᠷᠣᠭᠤᠯᠤᠯᠲᠠ 2 4%᠎ᠪᠠᠷ ᠨᠡᠮᠡᠭᠳᠡᠪᠡ᠃ ᠠᠷᠠᠳ᠎ᠤᠨ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ ᠳᠡᠭᠡᠷ᠎ᠡ ᠵᠢᠯ᠎ᠤᠨ᠎ᠬᠢ᠎ᠠᠴᠠ 14.4%᠎ᠪᠠᠷ ᠨᠡᠮᠡᠭᠳᠡᠵᠦ᠂ ᠲᠣᠭᠲᠠᠮᠠᠯ ᠬᠥᠷᠥᠩᠭᠡ ᠵᠢᠨ ᠪᠡᠯᠡ ᠣᠷᠣᠭᠤᠯᠤᠯᠲᠠ (ᠲᠠᠷᠢᠶᠠᠴᠢᠨ ᠡᠷᠦᠬᠡ ᠵᠢ ᠪᠠᠭᠲᠠᠭ᠋ᠠᠬᠤ ᠦᠭᠡᠶ) ᠵᠢᠨ 54.4% ᠵᠢ ᠡᠵᠡᠯᠡᠪᠡ᠃ ᠰᠠᠭᠤᠷᠢ ᠲᠥᠬᠥᠭᠡᠷᠦᠮᠵᠢ ᠵᠢᠨ ᠪᠡᠯᠡ ᠣᠷᠣᠭᠤᠯᠤᠯᠲᠠ ᠲᠦᠷᠦᠭᠦᠦ ᠵᠢᠯ᠎ᠤᠨ᠎ᠬᠢ᠎ᠠᠴᠠ 0.2% ᠵᠢᠡᠷ ᠨᠡᠮᠡᠭᠳᠡᠪᠡ᠃ ᠲᠦᠷᠦᠯ ᠵᠦᠢ᠍ᠯ᠎ᠤᠨ ᠬᠠᠷᠢᠶᠠᠯᠠᠭᠳᠠᠬᠤ ᠬᠠᠷᠢᠴᠠᠭ᠎ᠠ᠎ᠪᠠᠷ ᠬᠤᠪᠢᠶᠠᠪᠠᠯ᠂ ᠣᠷᠣᠨ ᠨᠤᠲᠤᠭ᠎ᠤᠨ ᠲᠦᠷᠦᠯ ᠵᠦᠢ᠍ᠯ᠎ᠤᠨ ᠪᠡᠯᠡ ᠣᠷᠣᠭᠤᠯᠤᠯᠲᠠ 10.2% ᠵᠶ᠋ᠡᠷ ᠨᠡᠮᠡᠭᠳᠡᠵᠦ᠂ ᠲᠥᠪ᠎ᠤᠨ ᠲᠦᠷᠦᠯ ᠵᠦᠢ᠍ᠯ᠎ᠤᠨ ᠪᠡᠯᠡ ᠣᠷᠣᠭᠤᠯᠤᠯᠲᠠ 5.9%᠎ᠪᠠᠷ ᠨᠡᠮᠡᠭᠳᠡᠪᠡ᠃ ᠣᠷᠣᠨ ᠪᠦᠰᠡ ᠬᠤᠪᠢᠶᠠᠵᠤ ᠦᠵᠡᠪᠡᠯ᠂ ᠵᠡᠭᠦᠨ ᠬᠡᠰᠡᠭ᠎ᠤᠨ ᠭᠠᠵᠠᠷ ᠣᠷᠣᠨ᠎ᠤ ᠪᠠᠯᠠ ᠣᠷᠣᠭᠤᠯᠤᠯᠲᠠ ᠲᠦᠷᠦᠭᠦᠦ ᠵᠢᠯ᠎ᠤᠨ᠎ᠬᠢ᠎ᠠᠴᠠ 0.4%᠎ᠪᠠᠷ ᠨᠡᠮᠡᠭᠳᠡᠵᠦ᠂ ᠳᠤᠮᠳᠠ ᠬᠡᠰᠡᠭ᠎ᠤᠨ ᠭᠠᠵᠠᠷ ᠣᠷᠣᠨ᠎ᠤ ᠪᠠᠯᠠ ᠣᠷᠣᠭᠤᠯᠤᠯᠲᠠ 18.9%᠎ᠪᠠᠷ ᠨᠡᠮᠡᠭᠳᠡᠵᠦ᠂ ᠪᠠᠷᠠᠭᠤᠨ ᠬᠡᠰᠡᠭ᠎ᠤᠨ ᠭᠠᠵᠠᠷ ᠣᠷᠣᠨ᠎ᠤ ᠪᠠᠯᠠ ᠣᠷᠣᠭᠤᠯᠤᠯᠲᠠ 8.6%᠎ᠪᠠᠷ ᠨᠡᠮᠡᠭᠳᠡᠪᠡ᠃
ᠪᠥᠬᠥ ᠵᠢᠯ᠎ᠤᠨ ᠬᠡᠷ ᠪᠠᠶ᠋ᠢᠰᠢᠩ ᠭᠠᠵᠠᠷ ᠰᠢᠷᠣᠶ ᠵᠢᠨ ᠬᠥᠷᠥᠩᠭᠡ ᠵᠢᠨ ᠨᠡᠭᠡᠭᠡᠯᠲᠡ ᠵᠢᠨ ᠪᠠᠯᠠ ᠣᠷᠣᠭᠤᠯᠤᠯᠲᠠ 1234.1 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 4.9%᠎ᠪᠠᠷ ᠨᠡᠮᠡᠭᠳᠡᠪᠡ᠃ ᠡᠭᠦᠨ᠎ᠳᠤ᠂ ᠣᠷᠣᠨ ᠰᠠᠭᠤᠴᠠ ᠵᠢᠨ ᠪᠠᠯᠠ ᠣᠷᠣᠭᠤᠯᠤᠯᠲᠠ 971.4 ᠳ᠋ᠦᠩᠰᠢᠭᠤᠷ ᠲᠥᠭᠥᠷᠢᠭ᠎ᠲᠤ ᠬᠦᠷᠴᠦ᠂ 7.1%᠎ᠪᠠᠷ ᠨᠡᠮᠡᠭᠳᠡᠪᠡ; ᠠᠯᠪᠠᠨ ᠠᠰᠠᠷ᠎ᠤᠨ ᠪᠡᠯᠡ ᠣᠷᠣᠭᠤᠯᠤᠯᠲᠠ 7.9 ᠳ᠋ᠦᠩᠰᠢᠭᠤᠷ ᠲᠥᠭᠥᠷᠢᠭ᠂ 1.9%᠎ᠪᠠᠷ ᠨᠡᠮᠡᠭᠳᠡᠪᠡ; ᠬᠤᠳᠠᠯᠳᠤᠭ᠋ᠠᠨ᠎ᠤ ᠡᠵᠡᠩᠨᠡᠯᠲᠡ᠎ᠳᠤ ᠬᠡᠷᠡᠭᠯᠡᠬᠦ ᠬᠡᠷ ᠪᠠᠶ᠋ᠢᠰᠢᠩ᠎ᠤᠨ ᠪᠠᠯᠠ ᠣᠷᠣᠭᠤᠯᠤᠯᠲᠠ 108.3 ᠳ᠋ᠦᠩᠰᠢᠭᠤᠷ ᠲᠥᠭᠥᠷᠢᠭ᠎ᠲᠤ ᠬᠦᠷᠴᠦ᠂ 8.3%᠎ᠪᠠᠷ ᠪᠠᠭᠤᠷᠠᠪᠠ᠃ ᠲᠠᠸᠠᠷ᠎ᠤᠨ ᠬᠡᠷ ᠪᠠᠶ᠋ᠢᠰᠢᠩ᠎ᠤᠨ ᠪᠣᠷᠣᠯᠠᠭᠤᠯᠤᠭᠰᠠᠨ ᠲᠠᠯᠠᠪᠠᠶ 1858.9 ᠲᠦᠮᠡᠨ ᠲᠡᠭᠰᠢ ᠳᠥᠷᠪᠡᠯᠵᠢᠨ ᠮᠧᠲᠷ᠎ᠲᠤ ᠬᠦᠷᠴᠦ᠂ 9.1%
ᠪᠠᠭᠤᠷᠠᠪᠠ; ᠲᠠᠸᠠᠷ᠎ᠤᠨ ᠭᠡᠷ ᠪᠠᠶ᠋ᠢᠰᠢᠩ᠎ᠤᠨ ᠪᠣᠷᠣᠯᠠᠭᠤᠯᠭ᠎ᠠ ᠵᠢᠨ ᠬᠡᠮᠵᠢᠶ᠎ᠡ 1214.8 ᠳ᠋ᠦᠩᠰᠢᠭᠤᠷ ᠲᠥᠭᠥᠷᠢᠭ᠎ᠲᠤ ᠬᠦᠷᠴᠦ᠂ 11.0% ᠵᠶ᠋ᠠᠷ ᠪᠠᠭᠤᠷᠠᠪᠠ᠃
ᠬᠦᠰᠦᠨᠦᠭᠲᠦ 8 2021 ᠣᠨ᠎ᠳᠤ ᠠᠵᠢᠯ ᠲᠥᠷᠥᠯ ᠬᠤᠪᠢᠶᠠᠭᠰᠠᠨ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ (ᠲᠠᠷᠢᠶᠠᠴᠢᠨ ᠡᠷᠦᠬᠡ ᠵᠢ ᠪᠠᠭᠲᠠᠭ᠋ᠠᠬᠤ ᠥᠬᠡᠶ) ᠵᠢᠨ ᠨᠡᠮᠡᠭᠳᠡᠯ᠎ᠤᠨ ᠬᠤᠷᠳᠤᠴᠠ
ᠲᠤᠯᠤᠭ᠎ᠠ᠂ ᠭᠠᠳᠠᠭ᠋ᠠᠳᠤ ᠠᠵᠤ ᠠᠬᠤᠢ
ᠪᠥᠬᠥ ᠵᠢᠯ᠎ᠤᠨ ᠪᠣᠭᠣᠮᠲᠠ ᠵᠢᠨ ᠭᠠᠳᠠᠭ᠋ᠠᠳᠤ ᠤᠷᠤᠭᠤᠯᠤᠯᠳᠠ ᠭᠠᠷᠭ᠋ᠠᠯᠲᠠ ᠵᠢᠨ ᠪᠥᠬᠥ ᠲᠣᠭ᠎ᠠ 1235.6 ᠳ᠋ᠦᠩᠰᠢᠭᠤᠷ ᠲᠥᠭᠥᠷᠢᠭ (ᠠᠷᠠᠳ᠎ᠤᠨ ᠵᠣᠭᠣᠰ᠂ ᠳᠣᠷᠣᠭᠰᠢ ᠠᠳᠠᠯᠢ) ᠬᠦᠷᠴᠦ᠂ ᠲᠦᠷᠦᠭᠦᠦ ᠵᠢᠯ᠎ᠤᠨ᠎ᠬᠢ᠎ᠠᠴᠠ 17.2% ᠵᠶ᠋ᠠᠷ ᠨᠡᠮᠡᠭᠳᠡᠪᠡ᠃ ᠡᠭᠦᠨ᠎ᠳᠤ᠂ ᠭᠠᠳᠠᠭ᠋ᠠᠳᠤ ᠭᠠᠷᠭ᠋ᠠᠯᠲᠠ ᠵᠢᠨ ᠶᠡᠷᠦᠩᠬᠡᠶ ᠲᠣᠭ᠎ᠠ 478.4 ᠳ᠋ᠦᠩᠰᠢᠭᠤᠷ ᠲᠥᠭᠥᠷᠢᠭ᠎ᠲᠤ ᠬᠦᠷᠴᠦ᠂ 37.1%᠎ᠪᠠᠷ ᠨᠡᠮᠡᠭᠳᠡᠪᠡ; ᠭᠠᠳᠠᠭ᠋ᠠᠳᠤ ᠤᠷᠤᠭᠤᠯᠤᠯᠳᠠ ᠵᠢᠨ ᠪᠦᠬᠦ ᠲᠣᠭ᠎ᠠ 757.2 ᠳ᠋ᠦᠩᠰᠢᠭᠤᠷ ᠲᠥᠭᠥᠷᠢᠭ᠎ᠲᠤ ᠬᠦᠷᠴᠦ᠂ 7.4%᠎ᠪᠠᠷ ᠨᠡᠮᠡᠭᠳᠡᠪᠡ᠃ ᠭᠤᠤᠯ ᠪᠣᠯᠬᠤ ᠠᠷᠠᠯᠵᠢᠶᠠᠨ᠎ᠤ ᠠᠷᠭ᠎ᠠ ᠬᠡᠯᠪᠡᠷᠢ᠎ᠠᠴᠠ ᠦᠵᠡᠪᠡᠯ᠂ ᠡᠩ᠎ᠤᠨ ᠠᠷᠠᠯᠵᠢᠶᠠᠨ᠎ᠤ ᠤᠷᠤᠭᠤᠯᠤᠯᠳᠠ ᠭᠠᠷᠭ᠋ᠠᠯᠲᠠ ᠵᠢᠨ ᠲᠣᠭ᠎ᠠ 805.9 ᠳ᠋ᠦᠩᠰᠢᠭᠤᠷ ᠲᠥᠭᠥᠷᠢᠭ᠎ᠲᠤ ᠬᠦᠷᠴᠦ᠂ 16.8%᠎ᠪᠠᠷ ᠨᠡᠮᠡᠭᠳᠡᠵᠦ᠂ ᠭᠠᠳᠠᠭ᠋ᠠᠳᠤ ᠤᠷᠤᠭᠤᠯᠤᠯᠳᠠ ᠭᠠᠷᠭ᠋ᠠᠯᠲᠠ ᠵᠢᠨ ᠶᠡᠷᠦᠩᠬᠡᠶ ᠲᠣᠭ᠎ᠠ᠎ᠳᠤ ᠡᠵᠡᠯᠡᠬᠦ ᠬᠤᠪᠢ ᠵᠢᠨ ᠵᠢᠩ᠎ᠨᠢ 65.2% ᠪᠣᠯᠵᠠᠶ; ᠬᠢᠯᠢ ᠵᠢᠨ ᠪᠠᠭ᠎ᠠ ᠬᠡᠮᠵᠢᠶᠡᠨ᠎ᠤ ᠠᠷᠠᠯᠵᠢᠶᠠᠨ᠎ᠤ ᠭᠠᠳᠠᠭ᠋ᠠᠳᠤ ᠣᠷᠣᠭᠤᠯᠤᠯᠲᠠ ᠭᠠᠷᠭ᠋ᠠᠯᠲᠠ ᠵᠢᠨ ᠬᠡᠮᠵᠢᠶ᠎ᠡ 205.4 ᠳ᠋ᠦᠩᠰᠢᠭᠤᠷ ᠲᠥᠭᠥᠷᠢᠭ᠎ᠲᠤ ᠬᠥᠷᠪᠡ; ᠪᠣᠯᠪᠠᠰᠤᠷᠠᠭᠤᠯᠬᠤ ᠠᠷᠠᠯᠵᠢᠶ᠎ᠠ ᠵᠢᠨ ᠭᠠᠳᠠᠭ᠋ᠠᠳᠤ ᠤᠷᠤᠭᠤᠯᠤᠯᠳᠠ ᠭᠠᠷᠭ᠋ᠠᠯᠲᠠ ᠵᠢᠨ ᠲᠣᠭ᠎ᠠ 67.8 ᠳ᠋ᠦᠩᠰᠢᠭᠤᠷ ᠲᠥᠭᠥᠷᠢᠭ᠎ᠲᠤ ᠬᠦᠷᠴᠡᠢ᠃ 《ᠨᠢᠭᠡ ᠪᠦᠰᠡ ᠨᠢᠭᠡ ᠵᠠᠮ》ᠳᠠᠭ᠋ᠠᠤ ᠤᠯᠤᠰ᠎ᠯᠤᠭ᠎ᠠ ᠵᠢᠨ ᠭᠠᠳᠠᠭ᠋ᠠᠳᠤ ᠣᠷᠣᠭᠤᠯᠤᠯᠲᠠ ᠭᠠᠷᠭ᠋ᠠᠯᠲᠠ ᠵᠢᠨ ᠶᠡᠷᠦᠩᠬᠡᠶ ᠲᠣᠭ᠎ᠠ 717.3 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 13.2% ᠵᠶ᠋ᠠᠷ ᠨᠡᠮᠡᠭᠳᠡᠪᠡ᠃
ᠬᠦᠰᠦᠨᠦᠭᠲᠦ 9 2021 ᠣᠨ᠎ᠤ ᠪᠣᠭᠣᠮᠲᠠ ᠵᠢᠨ ᠭᠠᠳᠠᠭ᠋ᠠᠳᠤ ᠤᠷᠤᠭᠤᠯᠤᠯᠳᠠ ᠭᠠᠷᠭ᠋ᠠᠯᠲᠠ ᠵᠢᠨ ᠶᠡᠷᠦᠩᠬᠡᠶ ᠲᠣᠭ᠎ᠠ ᠵᠢᠴᠢ ᠲᠡᠭᠦᠨ᠎ᠤ ᠨᠡᠮᠡᠭᠳᠡᠯ᠎ᠤᠨ ᠬᠤᠷᠳᠤᠴᠠ

ᠬᠤᠳᠠᠯᠳᠤᠭ᠋ᠠᠨ᠎ᠤ ᠶᠠᠪᠤᠳᠠᠯ᠎ᠤᠨ ᠶᠠᠮᠤᠨ᠎ᠤ ᠪᠦᠷᠢᠳᠬᠡᠯ᠎ᠠᠴᠠ ᠦᠵᠡᠪᠡᠯ᠂ ᠪᠥᠬᠥ ᠣᠷᠣᠨ᠎ᠤ ᠪᠣᠳᠠᠲᠠᠶ ᠬᠡᠷᠡᠭᠯᠡᠭᠰᠡᠨ ᠭᠠᠳᠠᠭ᠋ᠠᠳᠤ ᠪᠠᠯᠠ 3.2 ᠳ᠋ᠦᠩᠰᠢᠭᠤᠷ ᠳ᠋ᠣᠯᠯᠠᠷ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 4.4%᠎ᠪᠠᠷ ᠨᠡᠮᠡᠭᠳᠡᠪᠡ (21.8 ᠳ᠋ᠦᠩᠰᠢᠭᠤᠷ ᠲᠥᠭᠥᠷᠢᠭ ᠠᠷᠠᠳ᠎ᠤᠨ ᠵᠣᠭᠣᠰ ᠵᠶ᠋ᠠᠷ ᠨᠤᠭᠤᠯᠵᠤ ᠪᠤᠳᠤᠪᠠᠯ᠂ 2.3%᠎ᠪᠠᠷ ᠨᠡᠮᠡᠭᠳᠡᠪᠡ)᠃ ᠵᠢᠯ᠎ᠤᠨ ᠡᠴᠦᠰ᠎ᠲᠤ ᠪᠥᠬᠥ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠳᠠᠩᠰᠠᠯᠠᠭᠤᠯᠤᠭᠰᠠᠨ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠠᠯᠠ ᠣᠷᠣᠭᠤᠯᠤᠭᠰᠠᠨ ᠠᠵᠤ ᠠᠬᠤᠶ᠋ᠢᠯᠠᠯ 3248 ᠪᠠᠶ᠋ᠢᠨ᠎ᠠ᠃ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠭᠰᠠᠨ ᠠᠵᠤ ᠠᠬᠤᠶ᠋ᠢᠯᠠᠯ᠎ᠢ 44 ᠰᠢᠨ᠎ᠡ᠎ᠪᠠᠷ ᠪᠠᠶ᠋ᠢᠭᠤᠯᠪᠠ᠃
ᠨᠠᠢ᠍ᠮᠠ᠂ ᠡᠳ᠋᠎ᠤᠨ ᠵᠠᠰᠠᠭ᠂ ᠮᠥᠩᠭᠥᠨ ᠭᠦᠢ᠍ᠯᠭᠡᠭᠡ ᠪᠠ ᠳᠠᠭ᠋ᠠᠳᠬᠠᠯ
ᠪᠥᠬᠥ ᠵᠢᠯ᠎ᠤᠨ ᠪᠥᠬᠥ ᠣᠷᠣᠨ᠎ᠤ ᠡᠩ᠎ᠤᠨ ᠣᠯᠠᠨ ᠨᠡᠶ᠋ᠢᠲᠡ ᠵᠢᠨ ᠲᠥᠰᠦᠪ᠎ᠤᠨ ᠣᠷᠣᠯᠭ᠎ᠠ 2349.9 ᠳ᠋ᠦᠩᠰᠢᠭᠤᠷ ᠲᠥᠭᠥᠷᠢᠭ᠎ᠲᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 14.6%᠎ᠪᠠᠷ ᠨᠡᠮᠡᠭᠳᠡᠪᠡ᠃ ᠡᠭᠦᠨ᠎ᠳᠤ᠂ ᠭᠠᠶ᠋ᠢᠯᠢ ᠵᠢᠨ ᠣᠷᠣᠯᠭ᠎ᠠ 1671.0 ᠳ᠋ᠦᠩᠰᠢᠭᠤᠷ ᠲᠥᠭᠥᠷᠢᠭ᠎ᠲᠤ ᠬᠦᠷᠴᠦ᠂ 14.6%᠎ᠪᠠᠷ ᠨᠡᠮᠡᠭᠳᠡᠨ᠂ ᠡᠩ᠎ᠤᠨ ᠣᠯᠠᠨ ᠨᠡᠶ᠋ᠢᠲᠡ ᠵᠢᠨ ᠲᠥᠰᠦᠪ᠎ᠤᠨ ᠣᠷᠣᠯᠭ᠎ᠠ᠎ᠳᠤ ᠡᠵᠡᠯᠡᠬᠦ ᠬᠤᠪᠢ ᠵᠢᠨ ᠵᠢᠩ᠎ᠨᠢ 71.1%᠎ᠳᠤ ᠬᠦᠷᠴᠡᠶ᠃ ᠡᠩ᠎ᠤᠨ ᠣᠯᠠᠨ ᠨᠡᠶ᠋ᠢᠲᠡ ᠵᠢᠨ ᠲᠥᠰᠦᠪ᠎ᠤᠨ ᠵᠠᠷᠤᠯᠭ᠎ᠠ 5240.1 ᠳ᠋ᠦᠩᠰᠢᠭᠤᠷ ᠲᠥᠭᠥᠷᠢᠭ᠎ᠲᠤ ᠬᠦᠷᠴᠦ᠂ ᠠᠳᠠᠯᠢ ᠪᠠᠷᠢᠮᠵᠢᠶ᠎ᠠ᠎ᠪᠠᠷ ᠪᠤᠳᠤᠪᠠᠯ᠂ ᠳᠡᠭᠡᠷ᠎ᠡ ᠵᠢᠯ᠎ᠤᠨ᠎ᠬᠢ᠎ᠠᠴᠠ 5.2% ᠵᠶ᠋ᠠᠷ ᠨᠡᠮᠡᠭᠳᠡᠪᠡ᠃
ᠵᠢᠯ᠎ᠤᠨ ᠡᠴᠦᠰ᠎ᠲᠤ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠠᠷᠠᠳ᠎ᠤᠨ ᠵᠣᠭᠣᠰ᠎ᠤᠨ ᠬᠠᠳᠠᠭ᠋ᠠᠯᠠᠮᠵᠢ ᠵᠢᠨ ᠦᠯᠡᠳᠡᠪᠦᠷᠢ ᠲᠣᠭ᠎ᠠ 27534.0 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ ᠡᠴᠦᠰ᠎ᠤᠨ᠎ᠬᠢ᠎ᠠᠴᠠ 10.3%᠎ᠪᠠᠷ ᠨᠡᠮᠡᠭᠳᠡᠵᠦ᠂ ᠵᠢᠯ᠎ᠤᠨ ᠡᠬᠢᠨ᠎ᠤ᠎ᠬᠢ᠎ᠠᠴᠠ 2564.1 ᠳ᠋ᠦᠩᠰᠢᠭᠤᠷ ᠲᠥᠭᠥᠷᠢᠭ ᠨᠡᠮᠡᠭᠳᠡᠵᠡᠢ᠃ ᠡᠭᠦᠨ᠎ᠳᠤ᠂ ᠰᠠᠭᠤᠭ᠋ᠠᠯᠢ ᠡᠷᠦᠬᠡ ᠵᠢᠨ ᠬᠠᠳᠠᠭ᠋ᠠᠯᠠᠮᠵᠢ ᠵᠢᠨ ᠦᠯᠡᠳᠡᠪᠦᠷᠢ ᠲᠣᠭ᠎ᠠ 17145.2 ᠳ᠋ᠦᠩᠰᠢᠭᠤᠷ ᠲᠥᠭᠥᠷᠢᠭ᠎ᠲᠤ ᠬᠦᠷᠴᠦ᠂ 12.0% ᠵᠶ᠋ᠠᠷ ᠨᠡᠮᠡᠭᠳᠡᠨ᠂ ᠵᠢᠯ᠎ᠤᠨ ᠡᠬᠢᠨ᠎ᠤ᠎ᠬᠢ᠎ᠠᠴᠠ 1842.5 ᠳ᠋ᠦᠩᠰᠢᠭᠤᠷ ᠲᠥᠭᠥᠷᠢᠭ ᠨᠡᠮᠡᠭᠳᠡᠪᠡ; ᠮᠥᠩᠭᠥᠨ ᠭᠦᠢ᠍ᠯᠭᠡᠭᠡᠨ᠎ᠤ ᠪᠤᠰᠤ ᠠᠵᠤ ᠠᠬᠤᠶ᠋ᠢᠯᠠᠯ᠎ᠤᠨ ᠬᠠᠳᠠᠭ᠋ᠠᠯᠠᠮᠵᠢ ᠵᠢᠨ ᠦᠯᠡᠳᠡᠪᠦᠷᠢ 5737.9 ᠳ᠋ᠦᠩᠰᠢᠭᠤᠷ ᠲᠥᠭᠥᠷᠢᠭ᠎ᠲᠤ ᠬᠦᠷᠴᠦ᠂ 12.7%᠎ᠪᠠᠷ ᠨᠡᠮᠡᠭᠳᠡᠵᠦ᠂ ᠵᠢᠯ᠎ᠤᠨ ᠡᠬᠢᠨ᠎ᠤ᠎ᠬᠢ᠎ᠠᠴᠠ 648.6 ᠳ᠋ᠦᠩᠰᠢᠭᠤᠷ ᠲᠥᠭᠥᠷᠢᠭ ᠨᠡᠮᠡᠭᠳᠡᠵᠡᠢ; ᠪᠠᠶ᠋ᠢᠭᠤᠯᠭ᠎ᠠ ᠪᠦᠯᠬᠦᠮ᠎ᠤᠨ ᠬᠠᠳᠠᠭ᠋ᠠᠯᠠᠮᠵᠢ ᠵᠢᠨ ᠵᠣᠭᠣᠰᠣᠨ᠎ᠤ ᠦᠯᠡᠳᠡᠪᠦᠷᠢ ᠲᠣᠭ᠎ᠠ 3626.4 ᠳ᠋ᠦᠩᠰᠢᠭᠤᠷ ᠲᠥᠭᠥᠷᠢᠭ᠎ᠲᠤ ᠬᠦᠷᠴᠦ᠂ 0.7%᠎ᠪᠠᠷ ᠨᠡᠮᠡᠭᠳᠡᠵᠦ᠂ ᠵᠢᠯ᠎ᠤᠨ ᠡᠬᠢᠨ᠎ᠤ᠎ᠬᠢ᠎ᠠᠴᠠ 25.1 ᠳ᠋ᠦᠩᠰᠢᠭᠤᠷ ᠲᠥᠭᠥᠷᠢᠭ ᠨᠡᠮᠡᠭᠳᠡᠪᠡ᠃ ᠵᠢᠯ᠎ᠤᠨ ᠡᠴᠦᠰ᠎ᠲᠤ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠠᠷᠠᠳ᠎ᠤᠨ ᠵᠣᠭᠣᠰᠣᠨ᠎ᠤ ᠵᠢᠭᠡᠯᠡᠯᠭᠡ ᠵᠢᠨ ᠦᠯᠡᠳᠡᠪᠦᠷᠢ ᠲᠣᠭ᠎ᠠ 24965.0 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ ᠡᠴᠦᠰ᠎ᠤᠨ᠎ᠬᠢ᠎ᠠᠴᠠ 7.4 %᠎ᠪᠠᠷ ᠨᠡᠮᠡᠭᠳᠡᠵᠦ᠂ ᠵᠢᠯ᠎ᠤᠨ ᠡᠬᠢᠨ᠎ᠤ᠎ᠬᠢ᠎ᠠᠴᠠ 1715.8 ᠳ᠋ᠦᠩᠰᠢᠭᠤᠷ ᠲᠥᠭᠥᠷᠢᠭ ᠨᠡᠮᠡᠭᠳᠡᠵᠡᠢ᠃ ᠡᠭᠦᠨ᠎ᠳᠤ᠂ ᠰᠠᠭᠤᠭ᠋ᠠᠯᠢ ᠡᠷᠦᠬᠡ ᠵᠢᠨ ᠵᠢᠭᠡᠯᠡᠯᠭᠡ ᠵᠢᠨ ᠦᠯᠡᠳᠡᠪᠦᠷᠢ ᠲᠣᠭ᠎ᠠ 7813.7 ᠳ᠋ᠦᠩᠰᠢᠭᠤᠷ ᠲᠥᠭᠥᠷᠢᠭ᠎ᠲᠤ ᠬᠦᠷᠴᠦ᠂ 11.5%᠎ᠪᠠᠷ ᠨᠡᠮᠡᠭᠳᠡᠵᠦ᠂ ᠵᠢᠯ᠎ᠤᠨ ᠡᠬᠢᠨ᠎ᠤ᠎ᠬᠢ᠎ᠠᠴᠠ 808.6 ᠳ᠋ᠦᠩᠰᠢᠭᠤᠷ ᠲᠥᠭᠥᠷᠢᠭ ᠨᠡᠮᠡᠭᠳᠡᠪᠡ; ᠠᠵᠤ ᠠᠬᠤᠶ᠋ᠢᠯᠠᠯ (ᠠᠵᠢᠯ ᠦᠢ᠍ᠯᠡᠰ) ᠤᠨ ᠨᠢᠭᠡᠴᠢ ᠵᠢᠨ ᠵᠢᠭᠡᠯᠡᠯᠭᠡ ᠵᠢᠨ ᠦᠯᠡᠳᠡᠪᠦᠷᠢ 17150.1 ᠳ᠋ᠦᠩᠰᠢᠭᠤᠷ ᠲᠥᠭᠥᠷᠢᠭ᠎ᠲᠤ ᠬᠦᠷᠴᠦ᠂ 5.6%᠎ᠪᠠᠷ ᠨᠡᠮᠡᠭᠳᠡᠵᠦ᠂ ᠵᠢᠯ᠎ᠤᠨ ᠡᠬᠢᠨ᠎ᠤ᠎ᠬᠢ᠎ᠠᠴᠠ 906.4 ᠳ᠋ᠦᠩᠰᠢᠭᠤᠷ ᠲᠥᠭᠥᠷᠢᠭ ᠨᠡᠮᠡᠭᠳᠡᠪᠡ᠃
ᠵᠢᠯ᠎ᠤᠨ ᠡᠴᠦᠰ᠎ᠲᠤ ᠪᠥᠬᠥ ᠣᠷᠣᠨ᠎ᠤ ᠳᠠᠭ᠋ᠠᠳᠬᠠᠯ᠎ᠤᠨ ᠪᠠᠶ᠋ᠢᠭᠤᠯᠤᠮᠵᠢ ᠨᠡᠶ᠋ᠢᠲᠡ 2934 ᠪᠠᠶ᠋ᠢᠵᠤ᠂ ᠳᠡᠭᠡᠷ᠎ᠡ ᠵᠢᠯ᠎ᠤᠨ᠎ᠬᠢ᠎ᠠᠴᠠ 2 ᠨᠡᠮᠡᠭᠳᠡᠪᠡ᠃ ᠪᠥᠬᠥ ᠵᠢᠯ᠎ᠤᠨ ᠳᠠᠭ᠋ᠠᠳᠬᠠᠯ᠎ᠤᠨ ᠦᠢ᠍ᠯᠡᠰ᠎ᠤᠨ ᠤᠤᠯ᠎ᠤᠨ ᠳᠠᠭ᠋ᠠᠳᠬᠠᠯ᠎ᠤᠨ ᠵᠠᠷᠤᠳᠠᠯ᠎ᠤᠨ ᠣᠷᠣᠯᠭ᠎ᠠ 756.6 ᠳ᠋ᠦᠩᠰᠢᠭᠤᠷ ᠲᠥᠭᠥᠷᠢᠭ᠎ᠢ ᠪᠡᠶᠡᠯᠡᠭᠦᠯᠵᠦ᠂ ᠲᠦᠷᠦᠭᠦᠦ ᠵᠢᠯ᠎ᠤᠨ᠎ᠬᠢ᠎ᠠᠴᠠ 2.3%᠎ᠪᠠᠷ ᠨᠡᠮᠡᠭᠳᠡᠪᠡ᠃ ᠪᠥᠬᠥ ᠵᠢᠯ᠎ᠤᠨ ᠳᠠᠭ᠋ᠠᠳᠬᠠᠯ᠎ᠤᠨ ᠦᠢ᠍ᠯᠡᠰ᠎ᠤᠨ ᠲᠥᠯᠥᠪᠦᠷᠢ ᠵᠢᠨ ᠵᠠᠷᠤᠯᠭ᠎ᠠ ᠨᠡᠶ᠋ᠢᠲᠡ 258.5 ᠳ᠋ᠦᠩᠰᠢᠭᠤᠷ ᠲᠥᠭᠥᠷᠢᠭ᠎ᠲᠤ ᠬᠦᠷᠴᠦ᠂ 15.2% ᠵᠶ᠋ᠠᠷ ᠨᠡᠮᠡᠭᠳᠡᠪᠡ᠃ ᠪᠥᠬᠥ ᠵᠢᠯ᠎ᠳᠤ ᠠᠮᠢ ᠨᠠᠰᠤᠨ᠎ᠤ ᠳᠠᠭ᠋ᠠᠳᠬᠠᠯ᠎ᠤᠨ ᠤᠤᠯ᠎ᠤᠨ ᠳᠠᠭ᠋ᠠᠳᠬᠠᠯ᠎ᠤᠨ ᠵᠠᠷᠤᠳᠠᠯ᠎ᠤᠨ ᠣᠷᠣᠯᠭ᠎ᠠ 390.0 ᠳ᠋ᠦᠩᠰᠢᠭᠤᠷ ᠲᠥᠭᠥᠷᠢᠭ᠎ᠢ ᠪᠡᠶᠡᠯᠡᠭᠦᠯᠵᠦ᠂ ᠨᠡᠶ᠋ᠢᠲᠡ 73.2 ᠳ᠋ᠦᠩᠰᠢᠭᠤᠷ ᠲᠥᠭᠥᠷᠢᠭ᠎ᠤᠨ ᠲᠥᠯᠥᠪᠦᠷᠢ ᠥᠭᠪᠡ᠃ ᠪᠥᠬᠥ ᠵᠢᠯ᠎ᠳᠤ ᠲᠠᠷᠢᠶᠠᠯᠠᠩ᠎ᠤᠨ ᠳᠠᠭ᠋ᠠᠳᠬᠠᠯ᠎ᠤᠨ ᠤᠤᠯ᠎ᠤᠨ ᠳᠠᠭ᠋ᠠᠳᠬᠠᠯ᠎ᠤᠨ ᠵᠠᠷᠤᠳᠠᠯ᠎ᠤᠨ ᠣᠷᠣᠯᠭ᠎ᠠ 53.9 ᠳ᠋ᠦᠩᠰᠢᠭᠤᠷ ᠲᠥᠭᠥᠷᠢᠭ᠎ᠢ ᠪᠡᠶᠡᠯᠡᠭᠦᠯᠵᠦ᠂ ᠲᠥᠯᠥᠪᠦᠷᠢ ᠵᠢᠨ ᠵᠠᠷᠤᠯᠭ᠎ᠠ ᠨᠡᠶ᠋ᠢᠲᠡ 33.6 ᠳ᠋ᠦᠩᠰᠢᠭᠤᠷ ᠲᠥᠭᠥᠷᠢᠭ᠎ᠲᠤ ᠬᠥᠷᠪᠡ᠃
ᠶᠢᠰᠦ᠂ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠬᠡᠷᠡᠭᠯᠡᠭᠡ ᠪᠠ ᠨᠡᠶ᠋ᠢᠭᠡᠮ᠎ᠤᠨ ᠪᠠᠲᠤᠯᠠᠭ᠎ᠠ
ᠪᠥᠬᠥ ᠵᠢᠯ᠎ᠤᠨ ᠪᠥᠬᠥ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 34108 ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 8.3%᠎ᠪᠠᠷ ᠨᠡᠮᠡᠭᠳᠡᠪᠡ᠃ ᠪᠦᠬᠦ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠠᠮᠢᠳᠤᠷᠠᠯ᠎ᠤᠨ ᠬᠡᠷᠡᠭᠯᠡᠭᠡᠨ᠎ᠤ ᠵᠠᠷᠤᠯᠭ᠎ᠠ 22658 ᠲᠥᠭᠥᠷᠢᠭ᠎ᠲᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 14.5%᠎ᠪᠠᠷ ᠨᠡᠮᠡᠭᠳᠡᠪᠡ᠃
ᠪᠠᠶ᠋ᠢᠩᠭᠤ ᠰᠠᠭᠤᠭ᠎ᠠ ᠭᠠᠵᠠᠷ ᠵᠶ᠋ᠠᠷ᠎ᠨᠢ ᠬᠤᠪᠢᠶᠠᠪᠠᠯ᠂ ᠬᠣᠲᠠ ᠪᠠᠯᠭ᠋ᠠᠰᠤᠨ᠎ᠤ ᠪᠠᠶ᠋ᠢᠩᠭᠤ ᠰᠠᠭᠤᠭ᠎ᠠ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 44377 ᠲᠥᠭᠥᠷᠢᠭ᠎ᠲᠤ
ᠬᠦᠷᠴᠦ᠂ ᠳᠡᠭᠡᠷ᠎ᠡ ᠵᠢᠯ᠎ᠤᠨ᠎ᠬᠢ᠎ᠠᠴᠠ 7.3%᠎ᠪᠠᠷ ᠨᠡᠮᠡᠭᠳᠡᠪᠡ᠃ ᠭᠤᠤᠯ ᠪᠣᠯᠬᠤ ᠣᠷᠣᠯᠭ᠎ᠠ ᠵᠢᠨ ᠪᠦᠲᠦᠴᠡ᠎ᠠᠴᠠ ᠦᠵᠡᠪᠡᠯ᠂ ᠴᠠᠯᠢᠩ᠎ᠤᠨ ᠴᠢᠨᠠᠷᠲᠠᠶ ᠣᠷᠣᠯᠭ᠎ᠠ 26574 ᠲᠥᠭᠥᠷᠢᠭ᠎ᠲᠤ ᠬᠦᠷᠴᠦ᠂ 6.8%᠎ᠪᠠᠷ ᠨᠡᠮᠡᠭᠳᠡᠪᠡ; ᠡᠵᠡᠩᠨᠡᠯᠲᠡ ᠵᠢᠨ ᠴᠡᠪᠡᠷ ᠣᠷᠣᠯᠭ᠎ᠠ 8698 ᠲᠥᠭᠥᠷᠢᠭ᠎ᠲᠤ ᠬᠦᠷᠴᠦ᠂ 13.0% ᠵᠶ᠋ᠠᠷ ᠨᠡᠮᠡᠭᠳᠡᠪᠡ; ᠡᠳ᠋ ᠬᠥᠷᠥᠩᠭᠡ ᠵᠢᠨ ᠴᠡᠪᠡᠷ ᠣᠷᠣᠯᠭ᠎ᠠ 2631 ᠲᠥᠭᠥᠷᠢᠭ᠎ᠲᠤ ᠬᠦᠷᠴᠦ᠂ 11.2% ᠵᠶ᠋ᠠᠷ ᠨᠡᠮᠡᠭᠳᠡᠪᠡ; ᠰᠢᠯᠵᠢᠭᠦᠯᠦᠭᠰᠡᠨ ᠴᠡᠪᠡᠷ ᠣᠷᠣᠯᠭ᠎ᠠ 6474 ᠲᠥᠭᠥᠷᠢᠭ᠎ᠲᠤ ᠬᠦᠷᠴᠦ᠂ 1.1%᠎ᠪᠠᠷ ᠨᠡᠮᠡᠭᠳᠡᠪᠡ᠃ ᠬᠣᠲᠠ ᠪᠠᠯᠭ᠋ᠠᠰᠤᠨ᠎ᠤ ᠪᠠᠶ᠋ᠢᠩᠭᠤ ᠰᠠᠭᠤᠭ᠎ᠠ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠠᠮᠢᠳᠤᠷᠠᠯ᠎ᠤᠨ ᠬᠡᠷᠡᠭᠯᠡᠭᠡᠨ᠎ᠤ ᠵᠠᠷᠤᠯᠭ᠎ᠠ 27194 ᠲᠥᠭᠥᠷᠢᠭ᠎ᠲᠤ ᠬᠦᠷᠴᠦ᠂ 13.8%᠎ᠪᠠᠷ ᠨᠡᠮᠡᠭᠳᠡᠪᠡ᠃ ᠮᠠᠯᠵᠢᠬᠤ ᠲᠠᠷᠢᠶᠠᠯᠠᠬᠤ ᠣᠷᠣᠨ᠎ᠤ ᠪᠠᠶ᠋ᠢᠩᠭᠤ ᠰᠠᠭᠤᠭ᠎ᠠ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 18337 ᠲᠥᠭᠥᠷᠢᠭ᠎ᠲᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 10.7%᠎ᠪᠠᠷ ᠨᠡᠮᠡᠭᠳᠡᠪᠡ᠃ ᠭᠤᠤᠯ ᠪᠣᠯᠬᠤ ᠣᠷᠣᠯᠭ᠎ᠠ ᠵᠢᠨ ᠪᠦᠲᠦᠴᠡ᠎ᠠᠴᠠ ᠦᠵᠡᠪᠡᠯ᠂ ᠴᠠᠯᠢᠩ᠎ᠤᠨ ᠴᠢᠨᠠᠷᠲᠠᠶ ᠣᠷᠣᠯᠭ᠎ᠠ 3603 ᠲᠥᠭᠥᠷᠢᠭ᠎ᠲᠤ ᠬᠦᠷᠴᠦ᠂ 7.4%᠎ᠪᠠᠷ ᠨᠡᠮᠡᠭᠳᠡᠪᠡ; ᠡᠵᠡᠩᠨᠡᠯᠲᠡ ᠵᠢᠨ ᠴᠡᠪᠡᠷ ᠣᠷᠣᠯᠭ᠎ᠠ 9980 ᠲᠥᠭᠥᠷᠢᠭ᠎ᠲᠤ ᠬᠦᠷᠴᠦ᠂ 13.1% ᠪᠠᠷ ᠨᠡᠮᠡᠭᠳᠡᠪᠡ; ᠡᠳ᠋ ᠬᠥᠷᠥᠩᠭᠡ ᠵᠢᠨ ᠴᠡᠪᠡᠷ ᠣᠷᠣᠯᠭ᠎ᠠ 473 ᠲᠥᠭᠥᠷᠢᠭ᠎ᠲᠤ ᠬᠦᠷᠴᠦ᠂ 5.0% ᠵᠶ᠋ᠠᠷ ᠪᠠᠭᠤᠷᠠᠪᠠ; ᠰᠢᠯᠵᠢᠭᠦᠯᠦᠭᠰᠡᠨ ᠴᠡᠪᠡᠷ ᠣᠷᠣᠯᠭ᠎ᠠ 4281 ᠲᠥᠭᠥᠷᠢᠭ᠎ᠲᠤ ᠬᠦᠷᠴᠦ᠂ 10.1%᠎ᠪᠠᠷ ᠨᠡᠮᠡᠭᠳᠡᠪᠡ᠃ ᠮᠠᠯᠵᠢᠬᠤ ᠲᠠᠷᠢᠶᠠᠯᠠᠬᠤ ᠣᠷᠣᠨ᠎ᠤ ᠪᠠᠶ᠋ᠢᠩᠭᠤ ᠰᠠᠭᠤᠭ᠎ᠠ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠠᠮᠢᠳᠤᠷᠠᠯ᠎ᠤᠨ ᠬᠡᠷᠡᠭᠯᠡᠭᠡᠨ᠎ᠤ ᠵᠠᠷᠤᠯᠭ᠎ᠠ 15691 ᠲᠥᠭᠥᠷᠢᠭ᠎ᠲᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 15.4% ᠪᠠᠷ ᠨᠡᠮᠡᠭᠳᠡᠪᠡ᠃ ᠪᠥᠬᠥ ᠰᠠᠭᠤᠭ᠋ᠠᠯᠢ ᠠᠷᠠᠳ᠎ᠤᠨ ᠡᠩᠭᠸᠯᠤᠨ ᠢᠯᠡᠳᠬᠡᠮᠵᠢ 27.8% ᠪᠠᠶ᠋ᠢᠵᠤ᠂ ᠲᠦᠷᠦᠭᠦᠦ ᠵᠢᠯ᠎ᠤᠨ᠎ᠬᠢ᠎ᠠᠴᠠ 0.9 ᠵᠠᠭᠤᠨ᠎ᠤ ᠬᠤᠪᠢ ᠵᠢᠨ ᠴᠡᠭ ᠪᠠᠭᠤᠷᠠᠪᠠ᠃ ᠡᠭᠦᠨ᠎ᠳᠤ᠂ ᠬᠣᠲᠠ ᠪᠠᠯᠭ᠋ᠠᠰᠤᠨ᠎ᠤ ᠰᠠᠭᠤᠭ᠋ᠠᠯᠢ ᠠᠷᠠᠳ᠎ᠤᠨ ᠡᠩᠭᠧᠯ᠎ᠤᠨ ᠢᠯᠡᠳᠬᠡᠮᠵᠢ᠎ᠨᠢ 26.9%᠂ ᠮᠠᠯᠵᠢᠬᠤ ᠲᠠᠷᠢᠶᠠᠯᠠᠬᠤ ᠣᠷᠣᠨ᠎ᠤ ᠰᠠᠭᠤᠭ᠋ᠠᠯᠢ ᠠᠷᠠᠳ᠎ᠤᠨ ᠡᠩᠭᠧᠯ᠎ᠤᠨ ᠢᠯᠡᠳᠬᠡᠮᠵᠢ᠎ᠨᠢ 30.1% ᠪᠠᠶ᠋ᠢᠵᠤ᠂ ᠲᠣᠰ ᠲᠣᠰ ᠲᠦᠷᠦᠭᠦᠦ ᠵᠢᠯ᠎ᠤᠨ᠎ᠬᠢ᠎ᠠᠴᠠ 1.1 ᠪᠠ 0.5 ᠵᠠᠭᠤᠨ᠎ᠤ ᠬᠤᠪᠢ ᠵᠢᠨ ᠴᠡᠭ ᠪᠠᠭᠤᠷᠠᠪᠠ᠃

ᠵᠢᠯ᠎ᠤᠨ ᠡᠴᠦᠰ᠎ᠲᠤ ᠪᠥᠬᠥ ᠣᠷᠣᠨ᠎ᠤ ᠬᠣᠲᠠ ᠪᠠᠯᠭ᠋ᠠᠰᠤᠨ᠎ᠳᠤ ᠨᠡᠶ᠋ᠢᠭᠡᠮ ᠲᠣᠭᠣᠷᠢᠭ᠎ᠤᠨ ᠡᠯ᠎ᠡ ᠵᠦᠢ᠍ᠯ᠎ᠤᠨ ᠦᠢ᠍ᠯᠡᠴᠢᠯᠡᠭᠡᠨ᠎ᠤ ᠲᠥᠬᠥᠭᠡᠷᠦᠮᠵᠢ 4637 ᠪᠣᠶ᠃ ᠡᠭᠦᠨ᠎ᠳᠤ᠂ ᠨᠡᠶ᠋ᠢᠭᠡᠮ ᠲᠣᠭᠣᠷᠢᠭ᠎ᠤᠨ ᠦᠢ᠍ᠯᠡᠴᠢᠯᠡᠭᠡᠨ᠎ᠤ ᠲᠥᠪ᠂ ᠥᠷᠲᠡᠭᠡ 2135 ᠪᠣᠶ᠃ ᠡᠯ᠎ᠡ ᠲᠥᠷᠥᠯ᠎ᠤᠨ ᠨᠡᠶ᠋ᠢᠭᠡᠮ᠎ᠤᠨ ᠠᠰᠠᠷᠠᠮᠵᠢ ᠵᠢᠨ ᠬᠦᠷᠢᠶᠡᠯᠡᠩ᠎ᠤᠨ ᠡᠷᠭᠦᠨ ᠲᠡᠵᠢᠭᠡᠭᠰᠡᠨ ᠬᠥᠮᠦᠨ᠎ᠤ ᠲᠣᠭ᠎ᠠ 0.6 ᠲᠦᠮᠡ᠎ᠳᠤ ᠬᠦᠷᠴᠡᠶ᠃ ᠪᠥᠬᠥ ᠵᠢᠯ᠎ᠳᠤ ᠨᠡᠶ᠋ᠢᠲᠡ 158.9 ᠲᠦᠮᠡᠨ ᠬᠥᠮᠦᠨ ᠤᠯᠤᠰ᠎ᠤᠨ ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ ᠵᠢᠨ ᠲᠡᠳᠬᠦᠮᠵᠢ ᠵᠢ ᠭᠥᠷᠳᠡᠪᠡ᠃ ᠪᠦᠬᠦ ᠵᠢᠯ᠎ᠳᠤ ᠨᠡᠶ᠋ᠢᠭᠡᠮ᠎ᠤᠨ ᠠᠰᠠᠷᠠᠮᠵᠢ ᠵᠢᠨ ᠪᠡᠯᠡ ᠮᠥᠩᠭᠥ ᠵᠢ 9.7 ᠳ᠋ᠦᠩᠰᠢᠭᠤᠷ ᠲᠥᠭᠥᠷᠢᠭ ᠴᠤᠭᠯᠠᠭᠤᠯᠵᠤ᠂ ᠨᠡᠶ᠋ᠢᠭᠡᠮ᠎ᠤᠨ ᠠᠰᠠᠷᠠᠮᠵᠢ ᠵᠢᠨ ᠱᠠᠩᠨᠠᠯᠲᠤ ᠰᠤᠭᠤᠯᠤᠭ᠎ᠠ ᠵᠢ 30.6 ᠳ᠋ᠦᠩᠰᠢᠭᠤᠷ ᠲᠥᠭᠥᠷᠢᠭ ᠪᠤᠷᠤᠯᠠᠭᠤᠯᠪᠠ᠃
ᠵᠢᠯ᠎ᠤᠨ ᠡᠴᠦᠰ᠎ᠲᠤ ᠡᠮ ᠡᠮᠨᠡᠯᠭᠡ ᠵᠢᠨ ᠦᠨᠳᠦᠰᠦᠨ ᠳᠠᠭ᠋ᠠᠳᠬᠠᠯ᠎ᠳᠤ ᠤᠷᠤᠯᠴᠠᠭᠰᠠᠳ᠎ᠤᠨ ᠲᠣᠭ᠎ᠠ 2192.2 ᠲᠦᠮᠡ᠎ᠳᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 0.4%᠎ᠪᠠᠷ ᠨᠡᠮᠡᠭᠳᠡᠪᠡ᠃ ᠬᠣᠲᠠ ᠪᠠᠯᠭ᠋ᠠᠰᠤᠨ᠎ᠤ ᠠᠵᠢᠯᠲᠠᠨ ᠠᠵᠢᠯᠴᠢᠨ᠎ᠤ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠳᠤ ᠤᠷᠤᠯᠴᠠᠭᠰᠠᠳ᠎ᠤᠨ ᠲᠣᠭ᠎ᠠ 564.7 ᠲᠦᠮᠡ᠎ᠳᠤ ᠬᠦᠷᠴᠦ᠂ 2.1%᠎ᠪᠠᠷ ᠨᠡᠮᠡᠭᠳᠡᠪᠡ; ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠳᠤ ᠤᠷᠤᠯᠴᠠᠭᠰᠠᠳ᠎ᠤᠨ ᠲᠣᠭ᠎ᠠ 1627.5 ᠲᠦᠮᠡ᠎ᠳᠤ ᠬᠦᠷᠴᠡᠶ᠃ ᠬᠣᠲᠠ ᠪᠠᠯᠭ᠋ᠠᠰᠤᠨ᠎ᠤ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠳᠠᠭ᠋ᠠᠳᠬᠠᠯ᠎ᠳᠤ ᠤᠷᠤᠯᠴᠠᠭᠰᠠᠳ᠎ᠤᠨ ᠲᠣᠭ᠎ᠠ 823.1 ᠲᠦᠮᠡ᠎ᠳᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 4.7%᠎ᠪᠠᠷ ᠨᠡᠮᠡᠭᠳᠡᠪᠡ᠂ ᠡᠭᠦᠨ᠎ᠳᠤ᠂ ᠦᠨᠳᠦᠰᠦᠨ ᠨᠠᠰᠤᠵᠢᠯ᠎ᠤᠨ ᠳᠠᠭ᠋ᠠᠳᠬᠠᠯ᠎ᠳᠤ ᠣᠷᠣᠯᠴᠠᠭᠰᠠᠨ ᠠᠵᠢᠯ᠎ᠠᠴᠠ᠎ᠪᠠᠨ ᠠᠮᠠᠷᠠᠭᠰᠠᠳ ᠪᠠᠭᠤᠭᠰᠠᠳ 320 ᠲᠦᠮᠡ᠎ᠳᠤ ᠬᠦᠷᠴᠦ᠂ 2.8%᠎ᠪᠠᠷ ᠨᠡᠮᠡᠭᠳᠡᠪᠡ᠃ ᠠᠵᠢᠯ ᠠᠯᠳᠠᠯᠲᠠ ᠵᠢᠨ ᠳᠠᠭ᠋ᠠᠳᠬᠠᠯ᠎ᠳᠤ ᠤᠷᠤᠯᠴᠠᠭᠰᠠᠳ᠎ᠤᠨ ᠲᠣᠭ᠎ᠠ 290 . 9 ᠲᠦᠮᠡ᠎ᠳᠤ ᠬᠦᠷᠴᠦ᠂ 5.2% ᠵᠶ᠋ᠠᠷ ᠨᠡᠮᠡᠭᠳᠡᠪᠡ; ᠠᠵᠢᠯ ᠠᠯᠳᠠᠯᠲᠠ ᠵᠢᠨ ᠳᠠᠭ᠋ᠠᠳᠬᠠᠯ᠎ᠤᠨ ᠮᠥᠩᠭᠥ ᠠᠪᠤᠭᠰᠠᠳ᠎ᠤᠨ ᠲᠣᠭ᠎ᠠ ᠨᠡᠶ᠋ᠢᠲᠡ 5.7 ᠲᠦᠮᠡᠨ ᠬᠥᠮᠦᠨ
ᠪᠠᠶ᠋ᠢᠵᠤ᠂ 14.4%᠎ᠪᠠᠷ ᠨᠡᠮᠡᠭᠳᠡᠪᠡ᠃ ᠨᠠᠰᠤᠵᠢᠯ᠎ᠤᠨ ᠮᠥᠩᠭᠥ ᠵᠢ ᠨᠡᠶ᠋ᠢᠭᠡᠮᠴᠢᠯᠡᠨ ᠲᠠᠷᠬᠠᠭ᠋ᠠᠭᠰᠠᠨ ᠨᠤᠷᠮ᠎ᠠ 100%᠎ᠳᠤ ᠬᠦᠷᠴᠡᠢ᠃
ᠠᠷᠪᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠪᠠ ᠰᠤᠷᠭ᠋ᠠᠨ ᠬᠥᠮᠦᠵᠢᠯ
ᠪᠥᠬᠥ ᠵᠢᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥᠯ ᠵᠦᠢ᠍ᠯ᠎ᠤᠨ ᠳᠣᠲᠣᠷ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠬᠤᠯᠠ ᠶᠡᠬᠡ ᠲᠤᠰᠬᠠᠶ ᠵᠦᠢ᠍ᠯ᠎ᠳᠤ ᠨᠡᠶ᠋ᠢᠲᠡ 47 ᠵᠦᠢ᠍ᠯ᠎ᠢ ᠲᠣᠬᠢᠷᠠᠭᠤᠯᠵᠤ᠂ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠰᠠᠭᠤᠷᠢ ᠮᠥᠩᠭᠥ᠎ᠳᠤ ᠨᠡᠶ᠋ᠢᠲᠡ 832 ᠵᠦᠢ᠍ᠯ᠎ᠢ ᠲᠣᠬᠢᠷᠠᠭᠤᠯᠵᠤ᠂ ᠵᠠᠩᠭᠢᠯᠠᠭ᠎ᠠ ᠵᠢᠨ ᠮᠡᠷᠭᠡᠵᠢᠯ᠎ᠤᠨ ᠪᠡᠷᠬᠡ ᠰᠡᠳᠦᠪ᠎ᠢ ᠰᠢᠢ᠍ᠳᠪᠦᠷᠢᠯᠡᠬᠦ᠎ᠳᠤ ᠨᠡᠶ᠋ᠢᠲᠡ 445 ᠵᠦᠢ᠍ᠯ᠎ᠢ ᠲᠣᠬᠢᠷᠠᠭᠤᠯᠪᠠ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠲᠤᠰᠬᠠᠶ ᠵᠦᠢ᠍ᠯ᠎ᠤᠨ ᠪᠠᠯᠠ ᠮᠥᠩᠭᠥ ᠵᠢᠨ ᠶᠡᠷᠦᠩᠬᠡᠶ ᠬᠡᠪᠴᠢᠶ᠎ᠡ᠎ᠨᠢ 5.2 ᠳ᠋ᠦᠩᠰᠢᠭᠤᠷ ᠲᠥᠭᠥᠷᠢᠭ ᠪᠣᠯᠤᠨ᠎ᠠ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠤ ᠠᠬᠤᠶ᠋ᠢᠯᠠᠯ᠎ᠤᠨ ᠨᠡᠪᠴᠢᠭᠦᠯᠦᠭᠦᠷ 56᠂ ᠣᠯᠠᠨ ᠵᠶ᠋ᠠᠷ ᠵᠶ᠋ᠠᠨ ᠡᠭᠦᠳᠬᠦ ᠣᠷᠣᠨ ᠵᠠᠶ 192 ᠪᠠᠶ᠋ᠢᠨ᠎ᠠ᠃ ᠪᠥᠬᠥ ᠵᠢᠯ᠎ᠤᠨ ᠲᠤᠰᠬᠠᠶ ᠠᠰᠢᠭ᠎ᠤᠨ ᠡᠷᠬᠡ ᠣᠯᠭᠣᠭᠰᠠᠨ ᠬᠡᠮᠵᠢᠶ᠎ᠡ 24362 ᠬᠤᠪᠢ ᠪᠠᠶ᠋ᠢᠵᠤ᠂ ᠲᠦᠷᠦᠭᠦᠦ ᠵᠢᠯ᠎ᠤᠨ᠎ᠬᠢ᠎ᠠᠴᠠ 35.7%᠎ᠪᠠᠷ ᠨᠡᠮᠡᠭᠳᠡᠪᠡ᠃ ᠲᠦᠮᠡᠨ ᠬᠥᠮᠦᠨ ᠠᠮᠠ ᠪᠦᠷᠢ᠎ᠳᠤ ᠨᠣᠭᠳᠠᠬᠤ ᠡᠭᠦᠳᠦᠯᠲᠡ ᠵᠢᠨ ᠲᠤᠰᠬᠠᠢ ᠠᠰᠢᠭ᠎ᠤᠨ ᠲᠣᠭ᠎ᠠ 3.4 ᠬᠤᠪᠢ ᠪᠠᠶ᠋ᠢᠵᠤ᠂ ᠲᠦᠷᠦᠭᠦᠦ ᠵᠢᠯ᠎ᠤᠨ᠎ᠬᠢ᠎ᠠᠴᠠ 0.5 ᠬᠤᠪᠢ ᠨᠡᠮᠡᠭᠳᠡᠵᠡᠢ᠃ ᠵᠢᠯ᠎ᠤᠨ ᠳᠣᠲᠣᠷ᠎ᠠ ᠡᠯ᠎ᠡ ᠲᠥᠷᠥᠯ᠎ᠤᠨ ᠮᠡᠷᠭᠡᠵᠢᠯ᠎ᠤᠨ ᠭᠡᠷ᠎ᠡ ᠵᠢᠨ ᠲᠣᠭ᠎ᠠ ᠵᠢ 1534 ᠵᠢ ᠮᠠᠭ᠋ᠠᠳᠯᠠᠨ ᠲᠣᠭᠲᠠᠭ᠋ᠠᠵᠤ ᠳᠡᠩᠰᠡᠯᠡᠨ ᠲᠡᠮᠳᠡᠭᠯᠡᠨ᠎ᠡ᠂ ᠡᠭᠦᠨ᠎ᠳᠤ ᠣᠷᠣᠨ᠎ᠤ ᠳᠣᠲᠣᠷᠠᠬᠢ ᠠᠷᠠᠯᠵᠢᠶ᠎ᠠ ᠪᠦᠲᠦᠭᠰᠡᠨ ᠮᠡᠷᠭᠡᠵᠢᠯ᠎ᠤᠨ ᠭᠡᠷ᠎ᠡ ᠵᠢᠨ ᠲᠣᠭ᠎ᠠ 1320 ᠪᠠᠶ᠋ᠢᠵᠤ᠂ 6.6%᠎ᠪᠠᠷ ᠨᠡᠮᠡᠭᠳᠡᠪᠡ᠃ ᠭᠡᠷ᠎ᠡ ᠲᠣᠭᠲᠠᠭᠰᠠᠨ ᠵᠣᠭᠣᠰ᠎ᠤᠨ ᠲᠣᠭ᠎ᠠ 46.1 ᠳ᠋ᠦᠩᠰᠢᠭᠤᠷ ᠲᠥᠭᠥᠷᠢᠭ᠎ᠲᠤ ᠬᠦᠷᠴᠦ᠂ ᠡᠭᠦᠨ᠎ᠳᠤ ᠣᠷᠣᠨ᠎ᠤ ᠳᠣᠲᠣᠷᠠᠬᠢ ᠠᠷᠠᠯᠵᠢᠶ᠎ᠠ ᠪᠦᠲᠦᠭᠰᠡᠨ ᠮᠡᠷᠭᠡᠵᠢᠯ᠎ᠤᠨ ᠵᠣᠭᠣᠰ᠎ᠤᠨ ᠲᠣᠭ᠎ᠠ 36.5 ᠳ᠋ᠦᠩᠰᠢᠭᠤᠷ ᠲᠥᠭᠥᠷᠢᠭ᠎ᠲᠤ ᠬᠦᠷᠴᠦ᠂ 12.3%᠎ᠪᠠᠷ ᠨᠡᠮᠡᠭᠳᠡᠪᠡ᠃
ᠪᠦᠬᠦ ᠣᠷᠣᠨ᠎ᠳᠤ ᠨᠡᠶ᠋ᠢᠲᠡ 40 ᠦᠢ᠍ᠯᠡᠳᠬᠦᠨ᠎ᠤ ᠶᠠᠰᠤ ᠴᠢᠨᠠᠷ᠎ᠢ ᠰᠢᠯᠭ᠋ᠠᠨ ᠪᠠᠶ᠋ᠢᠴᠠᠭ᠋ᠠᠬᠤ ᠪᠠᠶ᠋ᠢᠭᠤᠯᠤᠮᠵᠢ᠎ᠲᠠᠢ ᠪᠠᠶ᠋ᠢᠵᠤ᠂ ᠡᠭᠦᠨ᠎ᠳᠤ ᠤᠯᠤᠰ᠎ᠤᠨ ᠰᠢᠯᠭ᠋ᠠᠨ ᠪᠠᠶ᠋ᠢᠴᠠᠭ᠋ᠠᠬᠤ ᠲᠥᠪ 9 ᠪᠤᠶ᠃
ᠵᠢᠯ᠎ᠤᠨ ᠡᠴᠦᠰ᠎ᠲᠤ ᠪᠥᠬᠥ ᠣᠷᠣᠨ᠎ᠳᠤ 11 ᠰᠤᠳᠤᠯᠬᠤ ᠰᠣᠷᠣᠭᠴᠢ ᠬᠥᠮᠦᠵᠢᠭᠦᠯᠬᠦ ᠨᠢᠭᠡᠴᠢ᠂ 1.3 ᠲᠦᠮᠡᠨ ᠰᠣᠷᠣᠭᠴᠢ (ᠪᠦᠬᠦᠯᠢ ᠡᠳᠦᠷ᠎ᠤᠨ ᠪᠤᠰᠤ ᠲᠦᠷᠢᠮ ᠪᠠᠭᠲᠠᠨ᠎ᠠ) ᠡᠯᠰᠡᠵᠦ᠂ ᠰᠤᠷᠤᠯᠴᠠᠵᠤ ᠪᠠᠶ᠋ᠢᠭ᠎ᠠ ᠰᠤᠳᠤᠯᠬᠤ ᠰᠣᠷᠣᠭᠴᠢ (ᠪᠦᠬᠦᠯᠢ ᠡᠳᠦᠷ᠎ᠤᠨ ᠪᠤᠰᠤ ᠲᠦᠷᠢᠮ ᠪᠠᠭᠲᠠᠨ᠎ᠠ) 3.4 ᠲᠦᠮᠡᠨ ᠬᠥᠮᠦᠨ ᠪᠠᠶ᠋ᠢᠵᠤ᠂ ᠲᠦᠷᠦᠭᠦᠦ ᠵᠢᠯ᠎ᠤᠨ᠎ᠬᠢ᠎ᠠᠴᠠ 5.9%᠎ᠪᠠᠷ ᠨᠡᠮᠡᠭᠳᠡᠪᠡ᠃ ᠡᠩ᠎ᠤᠨ ᠳᠡᠭᠡᠳᠦ ᠰᠤᠷᠭ᠋ᠠᠭᠤᠯᠢ 54 ᠪᠠᠶ᠋ᠢᠵᠤ᠂ 15.8 ᠲᠦᠮᠡᠨ ᠰᠤᠷᠤᠭᠴᠢ ᠡᠯᠰᠡᠨ᠂ ᠰᠤᠷᠭ᠋ᠠᠭᠤᠯᠢ᠎ᠳᠤ ᠪᠠᠶ᠋ᠢᠭ᠎ᠠ ᠰᠤᠷᠤᠭᠴᠢ 50.7 ᠲᠦᠮᠡᠨ ᠬᠥᠮᠦᠨ᠂ ᠰᠤᠷᠭ᠋ᠠᠭᠤᠯᠢ ᠲᠡᠭᠦᠰᠦᠭᠰᠡᠳ 13.0 ᠲᠦᠮᠡᠨ ᠬᠥᠮᠦᠨ ᠪᠤᠶ᠃ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ 200 ᠪᠠᠶ᠋ᠢᠵᠤ᠂ 6.7 ᠲᠦᠮᠡᠨ ᠰᠤᠷᠤᠭᠴᠢ ᠡᠯᠰᠡᠨ᠂ ᠰᠤᠷᠭ᠋ᠠᠭᠤᠯᠢ᠎ᠳᠤ ᠪᠠᠢ᠌ᠭ᠎ᠠ ᠰᠤᠷᠤᠭᠴᠢ 17.9 ᠲᠦᠮᠡᠨ ᠬᠥᠮᠦᠨ᠂ ᠲᠡᠭᠦᠰᠬᠦ ᠰᠤᠷᠤᠭᠴᠢ 4.9 ᠲᠦᠮᠡᠨ ᠬᠥᠮᠦᠨ ᠪᠠᠶ᠋ᠢᠨ᠎ᠠ᠃ ᠡᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ 307 ᠪᠠᠶ᠋ᠢᠵᠤ᠂ 13.8 ᠲᠦᠮᠡᠨ ᠰᠤᠷᠤᠭᠴᠢ ᠡᠯᠰᠡᠨ᠂ ᠰᠤᠷᠭ᠋ᠠᠭᠤᠯᠢ᠎ᠳᠤ ᠪᠠᠢ᠌ᠭ᠎ᠠ ᠰᠤᠷᠤᠭᠴᠢ 41.1 ᠲᠦᠮᠡᠨ ᠬᠥᠮᠦᠨ᠂ ᠲᠡᠭᠦᠰᠦᠭᠰᠡᠨ ᠰᠤᠷᠤᠭᠴᠢ 13.2 ᠲᠦᠮᠡᠨ ᠬᠥᠮᠦᠨ ᠪᠠᠶ᠋ᠢᠨ᠎ᠠ᠃ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ 719 ᠪᠠᠶ᠋ᠢᠵᠤ᠂ 22.0 ᠲᠦᠮᠡᠨ ᠰᠣᠷᠣᠭᠴᠢ ᠡᠯᠰᠡᠨ᠂ ᠰᠤᠷᠭ᠋ᠠᠭᠤᠯᠢ᠎ᠳᠤ ᠪᠠᠶ᠋ᠢᠭ᠎ᠠ ᠰᠣᠷᠣᠭᠴᠢ 66.6 ᠲᠦᠮᠡ᠂ ᠲᠡᠭᠦᠰᠬᠦ ᠰᠣᠷᠣᠭᠴᠢ 21.7 ᠲᠦᠮᠡ ᠪᠠᠶ᠋ᠢᠨ᠎ᠠ᠃ ᠪᠠᠭ᠎ᠠ ᠰᠤᠷᠭ᠋ᠠᠭᠤᠯᠢ 1661 ᠪᠠᠶ᠋ᠢᠵᠤ᠂ 24.9 ᠲᠦᠮᠡᠨ ᠰᠣᠷᠣᠭᠴᠢ ᠡᠯᠰᠡᠵᠦ᠂ ᠰᠤᠷᠭ᠋ᠠᠭᠤᠯᠢ᠎ᠳᠤ ᠪᠠᠶ᠋ᠢᠭ᠎ᠠ ᠰᠣᠷᠣᠭᠴᠢ 140.9 ᠲᠦᠮᠡ᠂ ᠲᠡᠭᠦᠰᠬᠦ ᠰᠣᠷᠣᠭᠴᠢ 22.1 ᠲᠦᠮᠡ ᠪᠠᠶ᠋ᠢᠨ᠎ᠠ᠃ ᠬᠡᠦᠬᠡᠳ᠎ᠤᠨ ᠴᠡᠴᠡᠷᠯᠢᠭ᠎ᠤᠨ ᠴᠡᠴᠡᠷᠯᠢᠭ᠎ᠲᠤ 60.4 ᠲᠦᠮᠡᠨ ᠬᠡᠦᠬᠡᠳ ᠪᠣᠶ᠃ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠭᠤᠯᠢ᠎ᠳᠤ ᠤᠷᠤᠭᠰᠠᠨ ᠪᠥᠬᠥ ᠨᠣᠷᠮ᠎ᠠ 96.5% ᠪᠠᠶ᠋ᠢᠵᠤ᠂ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠭᠤᠯᠢ᠎ᠳᠤ ᠤᠷᠤᠭᠰᠠᠨ ᠪᠥᠬᠥ ᠨᠣᠷᠮ᠎ᠠ 92.4% ᠪᠠᠶ᠋ᠢᠪᠠ᠃

ᠠᠷᠪᠠᠨ ᠨᠢᠭᠡ᠂ ᠰᠣᠶᠣᠯ ᠵᠢᠭᠤᠯᠴᠢᠯᠠᠯ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠪᠠ ᠪᠡᠶ᠎ᠡ ᠵᠢᠨ ᠲᠠᠮᠢᠷ
ᠵᠢᠯ᠎ᠤᠨ ᠡᠴᠦᠰ᠎ᠲᠤ ᠪᠥᠬᠥ ᠣᠷᠣᠨ᠎ᠳᠤ ᠤᠷᠠᠯᠢᠭ᠎ᠤᠨ ᠲᠣᠭᠯᠠᠯᠲᠠ ᠵᠢᠨ ᠪᠦᠯᠬᠦᠮ 93 ᠪᠠᠶ᠋ᠢᠵᠤ᠂ ᠡᠭᠦᠨ᠎ᠳᠤ ᠤᠯᠠᠭ᠋ᠠᠨᠮᠥ᠋ᠴᠢᠷ 74 ᠪᠣᠶ᠃ 118 ᠰᠣᠶᠣᠯ᠎ᠤᠨ ᠣᠷᠳᠣᠨ᠂ 117 ᠣᠯᠠᠨ ᠨᠡᠶ᠋ᠢᠲᠡ ᠵᠢᠨ ᠨᠣᠮ᠎ᠤᠨ ᠰᠠᠩ᠂ 182 ᠮᠦᠽᠧᠶ᠎ᠲᠠᠢ᠃ ᠵᠢᠯ᠎ᠤᠨ ᠡᠴᠦᠰ᠎ᠲᠤ ᠪᠥᠬᠥ ᠣᠷᠣᠨ᠎ᠤ ᠷᠠᠳᠢᠣ᠋ ᠨᠡᠪᠲᠡᠷᠡᠭᠦᠯᠭᠡ ᠵᠢᠨ ᠫᠷᠤᠭ᠌ᠷᠠᠮ᠎ᠤᠨ ᠶᠡᠷᠦᠩᠬᠡᠶ᠋ᠢᠯᠡᠭᠰᠡᠨ ᠬᠥᠮᠦᠨ ᠠᠮᠠ ᠵᠢᠨ ᠪᠦᠷᠬᠦᠴᠡ ᠵᠢᠨ ᠨᠣᠷᠮ᠎ᠠ 99.7% ᠪᠠᠶ᠋ᠢᠵᠤ᠂ ᠲᠧᠯᠸᠢᠰ᠎ᠤᠨ ᠫᠷᠤᠭ᠌ᠷᠠᠮ᠎ᠤᠨ ᠶᠡᠷᠦᠩᠬᠡᠶ᠋ᠢᠯᠡᠭᠰᠡᠨ ᠬᠥᠮᠦᠨ ᠠᠮᠠ ᠵᠢᠨ ᠪᠦᠷᠬᠦᠴᠡ ᠵᠢᠨ ᠨᠣᠷᠮ᠎ᠠ 99.7% ᠪᠠᠶ᠋ᠢᠪᠠ᠃ ᠵᠢᠯ᠎ᠤᠨ ᠡᠴᠦᠰ᠎ᠲᠤ ᠪᠥᠬᠥ ᠣᠷᠣᠨ᠎ᠤ ᠤᠲᠠᠰᠤᠲᠤ ᠲᠧᠯᠸᠢᠰ 356.3 ᠲᠦᠮᠡᠨ ᠡᠷᠦᠬᠡ ᠵᠢ ᠬᠠᠮᠤᠷᠴᠠᠢ᠃ ᠪᠦᠬᠦ ᠵᠢᠯ᠎ᠳᠤ 5 ᠦᠯᠢᠭᠡᠷᠲᠦ ᠺᠢᠨᠣ᠋ ᠦᠢ᠍ᠯᠡᠳᠪᠦᠷᠢᠯᠡᠪᠡ᠃ ᠥᠪᠡᠷᠲᠡᠭᠡᠨ ᠵᠠᠰᠠᠬᠤ ᠣᠷᠣᠨ ᠪᠣᠯᠤᠨ ᠠᠶ᠋ᠢᠮᠠᠭ ᠬᠣᠲᠠ ᠬᠣᠶᠠᠷ ᠱᠠᠲᠤᠨ᠎ᠤ᠎ᠬᠢᠨ ᠡᠯ᠎ᠡ ᠲᠥᠷᠥᠯ᠎ᠤᠨ ᠰᠣᠨᠢᠨ᠎ᠢ 22964 ᠲᠦᠮᠡᠨ ᠬᠤᠪᠢ᠂ ᠡᠯ᠎ᠡ ᠲᠥᠷᠥᠯ᠎ᠤᠨ ᠬᠤᠭᠤᠴᠠᠭ᠋ᠠᠲᠤ ᠰᠡᠳᠬᠦᠯ᠎ᠢ 1055 ᠲᠦᠮᠡᠨ ᠳᠡᠪᠲᠡᠷ᠂ ᠨᠣᠮ ᠪᠢᠴᠢᠭ᠎ᠢ 6341 ᠲᠦᠮᠡᠨ ᠳᠡᠪᠲᠡᠷ ᠬᠡᠪᠯᠡᠪᠡ᠃ ᠵᠢᠯ᠎ᠤᠨ ᠡᠴᠦᠰ᠎ᠲᠤ ᠪᠥᠬᠥ ᠣᠷᠣᠨ᠎ᠳᠤ 134 ᠲᠠᠩᠰᠠ ᠡᠪᠬᠡᠮᠡᠯ᠎ᠤᠨ ᠣᠷᠳᠣᠨ᠎ᠲᠠᠢ ᠪᠠᠶ᠋ᠢᠵᠤ᠂ ᠨᠢᠭᠡᠨᠲᠡ ᠡᠯ᠎ᠡ ᠲᠥᠷᠥᠯ᠎ᠤᠨ ᠲᠠᠩᠰᠠ ᠡᠪᠬᠡᠮᠡᠯ᠎ᠢ 563.7 ᠲᠦᠮᠡᠨ ᠪᠣᠲᠢ (ᠬᠤᠪᠢ) ᠴᠢᠯᠥᠭᠡᠲᠡᠶ ᠨᠡᠭᠡᠭᠡᠪᠡ᠃
ᠪᠥᠬᠥ ᠵᠢᠯ᠎ᠳᠤ ᠤᠯᠤᠰ᠎ᠤᠨ ᠳᠣᠲᠣᠭ᠋ᠠᠳᠤ ᠵᠢᠨ ᠵᠢᠭᠤᠯᠴᠢᠯᠠᠭᠴᠢᠳ᠎ᠢ 13126.8 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ ᠤᠯᠤᠰ᠎ᠤᠨ ᠳᠣᠲᠣᠭ᠋ᠠᠳᠤ ᠵᠢᠨ ᠵᠢᠭᠤᠯᠴᠢᠯᠠᠯ᠎ᠤᠨ ᠣᠷᠣᠯᠭ᠎ᠠ ᠵᠢ 1460.5 ᠳ᠋ᠦᠩᠰᠢᠭᠤᠷ ᠲᠥᠭᠥᠷᠢᠭ ᠪᠡᠶᠡᠯᠡᠭᠦᠯᠪᠡ᠃
ᠵᠢᠯ᠎ᠤᠨ ᠡᠴᠦᠰ ᠪᠣᠯᠲᠠᠯ᠎ᠠ ᠪᠦᠬᠦ ᠣᠷᠣᠨ᠎ᠳᠤ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠨᠡᠶ᠋ᠢᠲᠡ 24951 ᠪᠠᠶ᠋ᠢᠵᠤ᠂ ᠡᠭᠦᠨ᠎ᠳᠤ ᠡᠮᠨᠡᠯᠭᠡ ᠵᠢᠨ ᠬᠣᠷᠢᠶ᠎ᠠ 806᠂ ᠲᠠᠷᠢᠶᠠᠯᠠᠬᠤ ᠮᠠᠯᠵᠢᠬᠤ ᠣᠷᠣᠨ᠎ᠤ ᠡᠷᠡᠭᠦᠯ ᠬᠠᠮᠠᠭ᠋ᠠᠯᠠᠯ᠎ᠤᠨ ᠬᠣᠷᠢᠶ᠎ᠠ 1251᠂ ᠡᠪᠡᠳᠴᠢᠨ ᠡᠮᠭᠡᠭ᠎ᠢ ᠰᠡᠷᠭᠡᠶ᠋ᠢᠯᠡᠨ ᠬᠢᠵᠠᠭ᠋ᠠᠷᠯᠠᠬᠤ ᠲᠥᠪ 122᠂ ᠡᠬᠡ ᠨᠢᠯᠬᠠᠰ᠎ᠤᠨ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ 114᠂ ᠲᠤᠰᠬᠠᠶ ᠮᠡᠷᠭᠡᠵᠢᠯ᠎ᠤᠨ ᠡᠪᠡᠳᠴᠢᠨ ᠡᠮᠭᠡᠭ᠎ᠢ ᠰᠡᠷᠭᠡᠶ᠋ᠢᠯᠡᠨ ᠵᠠᠰᠠᠬᠤ ᠬᠣᠷᠢᠶ᠎ᠠ (ᠭᠠᠵᠠᠷ) 14 ᠪᠤᠶ᠃ ᠵᠢᠯ᠎ᠤᠨ ᠡᠴᠦᠰ᠎ᠲᠤ ᠪᠥᠬᠥ ᠣᠷᠣᠨ᠎ᠤ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠨᠢᠭᠡᠴᠢ᠎ᠳᠤ 16.7 ᠲᠦᠮᠡᠨ ᠡᠪᠡᠳᠴᠢᠲᠡᠨ᠎ᠤ ᠣᠷᠣ᠎ᠲᠠᠢ ᠪᠣᠯᠵᠣ᠂ ᠳᠡᠭᠡᠷ᠎ᠡ ᠵᠢᠯ᠎ᠤᠨ᠎ᠬᠢ᠎ᠠᠴᠠ 2.8%᠎ᠪᠠᠷ ᠨᠡᠮᠡᠭᠳᠡᠪᠡ᠃ ᠡᠭᠦᠨ᠎ᠳᠤ᠂ ᠡᠮᠨᠡᠯᠭᠡ ᠵᠢᠨ ᠬᠣᠷᠢᠶ᠎ᠠ᠎ᠳᠤ 13.4 ᠲᠦᠮᠡᠨ ᠡᠪᠡᠳᠴᠢᠲᠡᠨ᠎ᠤ ᠣᠷᠣ᠂ ᠰᠢᠶᠠᠩ ᠪᠠᠯᠭ᠋ᠠᠰᠤᠨ᠎ᠤ ᠡᠷᠡᠭᠦᠯ ᠬᠠᠮᠠᠭ᠋ᠠᠯᠠᠯ᠎ᠤᠨ ᠬᠣᠷᠢᠶ᠎ᠠ᠎ᠳᠤ 2.1 ᠲᠦᠮᠡᠨ ᠡᠪᠡᠳᠴᠢᠲᠡᠨ᠎ᠤ ᠣᠷᠣ᠂ ᠡᠬᠡ ᠨᠢᠯᠬᠠᠰ᠎ᠤᠨ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ᠎ᠳᠤ 0.4 ᠲᠦᠮᠡᠨ ᠡᠪᠡᠳᠴᠢᠲᠡᠨ᠎ᠤ ᠣᠷᠣ᠎ᠲᠠᠢ᠃ ᠪᠥᠬᠥ ᠣᠷᠣᠨ᠎ᠤ ᠡᠷᠡᠭᠦᠯ ᠬᠠᠮᠠᠭ᠋ᠠᠯᠠᠯ᠎ᠤᠨ ᠮᠡᠷᠭᠡᠵᠢᠯ᠎ᠤᠨ ᠠᠵᠢᠯᠲᠠᠨ 21.1 ᠲᠦᠮᠡᠨ ᠬᠥᠮᠦᠨ ᠪᠠᠶ᠋ᠢᠵᠤ᠂ 4.4%᠎ᠪᠠᠷ ᠨᠡᠮᠡᠭᠳᠡᠪᠡ᠃ ᠡᠭᠦᠨ᠎ᠳᠤ᠂ ᠠᠵᠢᠯ ᠡᠷᠭᠢᠯᠡᠬᠦ ᠡᠮᠴᠢ᠂ ᠲᠤᠰᠠᠯᠠᠬᠤ ᠡᠮᠴᠢ 8.4 ᠲᠦᠮᠡᠨ ᠬᠥᠮᠦᠨ᠂ ᠳᠠᠩᠰᠠᠯᠠᠭᠤᠯᠤᠭᠰᠠᠨ ᠰᠤᠪᠢᠯᠠᠭᠴᠢ 8.9 ᠲᠦᠮᠡᠨ ᠬᠥᠮᠦᠨ ᠪᠠᠶ᠋ᠢᠨ᠎ᠠ᠃ ᠮᠠᠯᠵᠢᠬᠤ ᠲᠠᠷᠢᠶᠠᠯᠠᠬᠤ ᠣᠷᠣᠨ᠎ᠳᠤ 1.3 ᠲᠦᠮᠡᠨ ᠲᠣᠰᠬᠣᠨ᠎ᠤ ᠡᠷᠡᠭᠦᠯ ᠬᠠᠮᠠᠭ᠋ᠠᠯᠠᠯ᠎ᠤᠨ ᠲᠠᠰᠤᠭ᠎ᠲᠠᠢ᠂ 1.3 ᠲᠦᠮᠡᠨ ᠬᠥᠳᠡᠭᠡ ᠲᠣᠰᠬᠣᠨ᠎ᠤ ᠡᠮᠴᠢ ᠪᠠ ᠡᠷᠡᠭᠦᠯ ᠬᠠᠮᠠᠭ᠋ᠠᠯᠠᠭᠴᠢ᠎ᠲᠠᠢ᠃

ᠵᠢᠯ᠎ᠤᠨ ᠳᠣᠲᠣᠷ᠎ᠠ ᠪᠦᠬᠦ ᠣᠷᠣᠨ᠎ᠤ ᠲᠠᠮᠢᠷᠴᠢᠳ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠴᠢᠬᠤᠯᠠ ᠶᠡᠬᠡ ᠤᠷᠤᠯᠳᠤᠭ᠋ᠠᠨ᠎ᠳᠤ 237 ᠮᠧᠳᠠᠯ ᠣᠯᠵᠤ᠂ ᠡᠭᠦᠨ᠎ᠳᠤ ᠤᠯᠤᠰ᠎ᠤᠨ ᠭᠠᠳᠠᠭ᠋ᠠᠳᠤ᠎ᠳᠤ 11 ᠮᠧᠳᠠᠯ ᠣᠯᠵᠤ᠂ ᠤᠯᠤᠰ᠎ᠤᠨ ᠳᠣᠲᠣᠭ᠋ᠠᠳᠤ᠎ᠳᠤ 226 ᠮᠧᠳᠠᠯ ᠣᠯᠵᠠᠶ᠃
ᠠᠷᠪᠠᠨ ᠬᠣᠶᠠᠷ᠂ ᠡᠬᠢ ᠪᠠᠶᠠᠯᠢᠭ᠂ ᠣᠷᠴᠢᠨ ᠲᠣᠭᠣᠷᠢᠨ ᠪᠣᠯᠤᠨ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ
ᠠᠩᠬ᠎ᠠ ᠠᠯᠬᠤᠮ᠎ᠤᠨ ᠪᠦᠷᠢᠳᠬᠡᠯ ᠵᠶ᠋ᠡᠷ᠂ ᠪᠥᠬᠥ ᠵᠢᠯ᠎ᠤᠨ ᠤᠰᠤ ᠬᠡᠷᠡᠭᠯᠡᠭᠰᠡᠨ ᠶᠡᠷᠦᠩᠬᠡᠶ ᠬᠡᠮᠵᠢᠶ᠎ᠡ 191.7 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 1.4%᠎ᠪᠠᠷ ᠪᠠᠭᠤᠷᠠᠪᠠ᠃ ᠡᠭᠦᠨ᠎ᠳᠤ᠂ ᠠᠮᠢᠳᠤᠷᠠᠯ᠎ᠤᠨ ᠬᠡᠷᠡᠭᠯᠡᠬᠦ ᠤᠰᠤ 0.9% ᠨᠡᠮᠡᠭᠳᠡᠵᠦ᠂ ᠠᠵᠤ ᠦᠢ᠍ᠯᠡᠳᠪᠦᠷᠢ ᠵᠢᠨ ᠬᠡᠷᠡᠭᠯᠡᠬᠦ ᠤᠰᠤ 0.4%᠎ᠪᠠᠷ ᠪᠠᠭᠤᠷᠠᠵᠤ᠂ ᠲᠠᠷᠢᠶᠠᠯᠠᠩ ᠳᠤ ᠬᠡᠷᠡᠭᠯᠡᠬᠦ ᠤᠰᠤ 1.7% ᠪᠠᠭᠤᠷᠠᠵᠤ᠂ ᠠᠮᠢ ᠠᠬᠤᠶ ᠵᠢᠨ ᠬᠡᠷᠡᠭᠯᠡᠬᠦ ᠤᠰᠤ 1.0% ᠵᠶ᠋ᠠᠷ ᠪᠠᠭᠤᠷᠠᠪᠠ᠃ ᠲᠦᠮᠡᠨ ᠲᠥᠭᠥᠷᠢᠭ᠎ᠤᠨ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠎ᠤᠨ ᠤᠰᠤ ᠬᠡᠷᠡᠭᠯᠡᠬᠦ ᠬᠡᠮᠵᠢᠶ᠎ᠡ 90.5 ᠪᠣᠰᠣᠭ᠎ᠠ ᠳᠥᠷᠪᠡᠯᠵᠢᠨ ᠮᠧᠲᠷ᠎ᠲᠤ ᠬᠦᠷᠴᠦ᠂ 7.6%᠎ᠪᠠᠷ ᠪᠠᠭᠤᠷᠠᠵᠤ᠂ ᠲᠦᠮᠡᠨ ᠲᠥᠭᠥᠷᠢᠭ᠎ᠤᠨ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠤᠨ ᠤᠰᠤ ᠬᠡᠷᠡᠭᠯᠡᠬᠦ ᠬᠡᠮᠵᠢᠶ᠎ᠡ 22.6 ᠪᠣᠰᠣᠭ᠎ᠠ ᠳᠥᠷᠪᠡᠯᠵᠢᠨ ᠮᠧᠲᠷ᠎ᠲᠤ ᠬᠦᠷᠴᠦ᠂ 6.6%᠎ᠪᠠᠷ ᠪᠠᠭᠤᠷᠠᠪᠠ᠃
ᠠᠩᠬ᠎ᠠ ᠠᠯᠬᠤᠮ᠎ᠤᠨ ᠪᠦᠷᠢᠳᠬᠡᠯ ᠵᠶ᠋ᠡᠷ᠂ ᠪᠥᠬᠥ ᠵᠢᠯ᠎ᠳᠤ ᠣᠶ᠋ᠢᠵᠢᠭᠤᠯᠤᠭᠰᠠᠨ ᠲᠠᠯᠠᠪᠠᠶ 39.6 ᠲᠦᠮᠡᠨ ᠾᠧᠺᠲ᠋ᠠᠷ᠎ᠲᠤ ᠬᠥᠷᠪᠡ᠃ ᠡᠭᠦᠨ᠎ᠳᠤ᠂ 15.4 ᠲᠦᠮᠡᠨ ᠾᠧᠺᠲ᠋ᠠᠷ ᠬᠥᠮᠦᠨ᠎ᠤ ᠬᠦᠴᠦ᠎ᠪᠠᠷ ᠣᠶ᠋ᠢᠵᠢᠭᠤᠯᠵᠤ᠂ ᠨᠢᠰᠬᠡᠯ ᠵᠶ᠋ᠡᠷ 2.3 ᠲᠦᠮᠡᠨ ᠾᠧᠺᠲ᠋ᠠᠷ ᠳᠠᠷᠢᠵᠤ ᠣᠶ᠋ᠢᠵᠢᠭᠤᠯᠤᠨ᠂ 6.0 ᠲᠦᠮᠡᠨ ᠾᠧᠺᠲ᠋ᠠᠷ ᠠᠭᠤᠯᠠ ᠵᠢ ᠪᠢᠲᠡᠭᠦᠮᠵᠢᠯᠡᠨ ᠣᠶ᠋ᠢᠵᠢᠭᠤᠯᠵᠤ᠂ 5.6 ᠲᠦᠮᠡᠨ ᠾᠧᠺᠲ᠋ᠠᠷ ᠮᠠᠭᠤᠳᠠᠭᠰᠠᠨ ᠣᠶ ᠵᠢ ᠵᠠᠰᠠᠨ ᠰᠡᠷᠭᠦᠭᠡᠵᠦ᠂ ᠵᠤᠯᠵᠠᠭ᠎ᠠ ᠮᠣᠳᠣ ᠪᠤᠢ᠌ᠵᠢᠭᠤᠯᠤᠭᠰᠠᠨ (ᠠᠵᠢᠯᠯᠠᠬᠤ) ᠲᠠᠯᠠᠪᠠᠶ 10.4 ᠲᠦᠮᠡᠨ ᠾᠧᠺᠲ᠋ᠠᠷ ᠬᠦᠷᠴᠡᠢ᠃ ᠵᠢᠯ᠎ᠤᠨ ᠡᠴᠦᠰ᠎ᠲᠤ ᠪᠥᠬᠥ ᠣᠷᠣᠨ᠎ᠤ ᠣᠶ ᠰᠢᠭᠤᠶ ᠵᠢᠨ ᠲᠠᠯᠠᠪᠠᠶ 2615 ᠲᠦᠮᠡᠨ ᠾᠧᠺᠲ᠋ᠠᠷ᠎ᠲᠤ ᠬᠦᠷᠴᠦ᠂ ᠣᠶ ᠰᠢᠭᠤᠶ ᠵᠢᠨ ᠪᠦᠷᠬᠦᠴᠡ ᠵᠢᠨ ᠨᠣᠷᠮ᠎ᠠ 23.0% ᠪᠣᠯᠪᠠ᠃
ᠪᠦᠬᠦ ᠣᠷᠣᠨ᠎ᠤ ᠲᠣᠭᠲᠠᠭ᠋ᠠᠭᠰᠠᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ 182 ᠪᠠᠶ᠋ᠢᠨ᠎ᠠ᠃ ᠡᠭᠦᠨ᠎ᠳᠤ᠂ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ 29᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ 60 ᠪᠣᠶ᠃ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠲᠠᠯᠠᠪᠠᠶ 1267.0 ᠲᠦᠮᠡᠨ ᠾᠧᠺᠲ᠋ᠠᠷ᠃ ᠡᠭᠦᠨ᠎ᠳᠤ᠂ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠲᠠᠯᠠᠪᠠᠶ 426.2 ᠲᠦᠮᠡᠨ ᠾᠧᠺᠲ᠋ᠠᠷ ᠪᠣᠶ᠃
ᠪᠥᠬᠥ ᠣᠷᠣᠨ᠎ᠤ ᠣᠷᠴᠢᠨ ᠲᠣᠭᠣᠷᠢᠨ᠎ᠤ ᠠᠭ᠋ᠠᠷ᠎ᠤᠨ ᠴᠢᠨᠠᠷ ᠴᠢᠨᠰᠠᠭ᠎ᠠ ᠵᠢᠨ ᠳᠤᠮᠳᠠᠴᠢ ᠰᠢᠯᠢᠳᠡᠭ ᠰᠠᠶ᠋ᠢᠨ ᠡᠳᠦᠷ᠎ᠤᠨ ᠲᠣᠭ᠎ᠠ ᠵᠢᠨ ᠬᠠᠷᠢᠴᠠᠯ 89.6%᠎ᠳᠤ ᠬᠦᠷᠴᠡᠢ᠃ ᠵᠢᠵᠢᠭ ᠮᠥᠬᠥᠯᠢᠭᠲᠦ ᠪᠣᠳᠠᠰ (PM 2.5)᠎ᠤᠨ ᠳᠤᠮᠳᠠᠴᠢ ᠥᠳᠬᠡᠴᠡ᠎ᠨᠢ 23 ᠮᠢᠺᠷᠥᠭᠷᠠᠮ / ᠪᠣᠰᠣᠭ᠎ᠠ ᠳᠥᠷᠪᠡᠯᠵᠢᠨ ᠮᠧᠲᠷ ᠪᠠᠶ᠋ᠢᠵᠤ᠂ ᠳᠡᠭᠡᠷ᠎ᠡ ᠵᠢᠯ᠎ᠤᠨ᠎ᠬᠢ᠎ᠠᠴᠠ 17.9%᠎ᠪᠠᠷ ᠪᠠᠭᠤᠷᠠᠪᠠ᠃
ᠪᠦᠬᠦ ᠣᠷᠣᠨ᠎ᠤ ᠡᠯ᠎ᠡ ᠲᠥᠷᠥᠯ᠎ᠤᠨ ᠦᠢ᠍ᠯᠡᠳᠪᠦᠷᠢᠯᠡᠯ᠎ᠤᠨ ᠠᠮᠦᠷ ᠲᠦᠪᠰᠢᠨ᠎ᠤ ᠡᠨᠳᠡᠯ ᠵᠶ᠋ᠡᠷ ᠡᠨᠳᠡᠭᠰᠡᠳ᠎ᠤᠨ ᠲᠣᠭ᠎ᠠ 677 ᠪᠠᠶ᠋ᠢᠵᠤ᠂ ᠳᠡᠭᠡᠷ᠎ᠡ ᠵᠢᠯ᠎ᠤᠨ᠎ᠬᠢ᠎ᠠᠴᠠ 13.8%᠎ᠪᠠᠷ ᠪᠠᠭᠤᠷᠠᠵᠤ᠂ ᠦᠢ᠍ᠯᠡᠳᠪᠦᠷᠢ ᠠᠭᠤᠷᠬᠠᠶ ᠬᠤᠳᠠᠯᠳᠤᠭ᠎ᠠ ᠠᠷᠠᠯᠵᠢᠶᠠᠨ᠎ᠤ ᠠᠵᠤ ᠠᠬᠤᠶ᠋ᠢᠯᠠᠯ᠎ᠤᠨ ᠬᠥᠮᠦᠰ᠎ᠤᠨ ᠦᠢ᠍ᠯᠡᠳᠪᠦᠷᠢᠯᠡᠯ᠎ᠤᠨ ᠠᠮᠤᠷ ᠲᠦᠪᠰᠢᠨ᠎ᠤ ᠡᠨᠳᠡᠯ ᠵᠶ᠋ᠡᠷ ᠡᠨᠳᠡᠭᠰᠡᠳ᠎ᠤᠨ ᠲᠣᠭ᠎ᠠ 333 ᠪᠠᠶ᠋ᠢᠵᠤ᠂ ᠨᠡᠭᠦᠷᠡᠰᠦᠨ ᠠᠭᠤᠷᠬᠠᠶ ᠵᠢᠨ ᠵᠠᠭᠤᠨ ᠲᠦᠮᠡᠨ ᠲᠣᠨ᠎ᠳᠠᠬᠢ ᠡᠨᠳᠡᠯ᠎ᠤᠨ ᠨᠣᠷᠮ᠎ᠠ 0.014 ᠪᠠᠶ᠋ᠢᠵᠤ᠂ ᠵᠠᠮ ᠬᠠᠷᠢᠯᠴᠠᠭ᠋ᠠᠨ᠎ᠤ ᠲᠦᠮᠡᠨ ᠲᠡᠷᠭᠡᠨ᠎ᠳᠠᠬᠢ ᠡᠨᠳᠡᠯ᠎ᠤᠨ ᠨᠤᠷᠮ᠎ᠠ 1.22 ᠪᠠᠶ᠋ᠢᠪᠠ᠃
ᠲᠠᠶ᠋ᠢᠯᠪᠤᠷᠢ᠄
(1) ᠲᠤᠰ ᠠᠯᠪᠠᠨ ᠮᠡᠳᠡᠭᠡ᠎ᠳᠠᠬᠢ ᠲᠣᠭ᠎ᠠ ᠪᠠᠷᠢᠮᠲᠠ᠎ᠨᠢ ᠴᠥᠮ ᠠᠩᠬ᠎ᠠ ᠠᠯᠬᠤᠮ᠎ᠤᠨ ᠪᠦᠷᠢᠳᠬᠡᠭᠰᠡᠨ ᠲᠣᠭ᠎ᠠ ᠪᠣᠯᠤᠨ᠎ᠠ᠃ ᠬᠡᠰᠡᠭ ᠲᠣᠭ᠎ᠠ ᠪᠠᠷᠢᠮᠲᠠ᠎ᠨᠢ ᠳᠥᠷᠪᠡ ᠵᠢ ᠬᠠᠶᠠᠵᠤ ᠲᠠᠪᠤ ᠵᠢ ᠳᠡᠪᠰᠢᠭᠦᠯᠬᠦ ᠰᠢᠯᠲᠠᠭ᠋ᠠᠨ᠎ᠠᠴᠠ ᠪᠣᠯᠵᠣ᠂ ᠶᠡᠷᠦᠩᠬᠡᠶ ᠲᠣᠭ᠎ᠠ ᠪᠠ ᠬᠤᠪᠢᠶᠠᠷᠢ ᠵᠦᠢ᠍ᠯ᠎ᠨᠢ ᠨᠡᠶ᠋ᠢᠯᠡᠭᠡᠳ ᠠᠳᠠᠯᠢ ᠪᠤᠰᠤ ᠪᠠᠶ᠋ᠢᠳᠠᠯ ᠣᠷᠣᠰᠢᠵᠤ ᠪᠠᠶ᠋ᠢᠨ᠎ᠠ᠃
(2) ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠂ ᠡᠯ᠎ᠡ ᠠᠵᠤ ᠦᠢ᠍ᠯᠡᠰ᠎ᠤᠨ ᠨᠡᠮᠡᠭᠳᠡᠯ ᠥᠷᠲᠡᠭ᠎ᠤᠨ ᠬᠠᠷᠢᠴᠠᠯᠠᠰᠢᠭᠦᠶ ᠲᠣᠭ᠎ᠠ ᠵᠢ ᠣᠲᠣ ᠵᠢᠨ ᠦᠨ᠎ᠡ᠎ᠪᠠᠷ ᠪᠤᠳᠤᠵᠤ᠂ ᠨᠡᠮᠡᠭᠳᠡᠯ᠎ᠤᠨ ᠬᠤᠷᠳᠤᠴᠠ ᠵᠢ ᠬᠠᠷᠢᠴᠠᠭᠤᠯᠵᠤ ᠪᠣᠯᠬᠤ ᠦᠨ᠎ᠡ᠎ᠪᠠᠷ ᠪᠤᠳᠤᠪᠠ᠃
(3) ᠵᠡᠭᠦᠨ ᠬᠡᠰᠡᠭ᠎ᠤᠨ ᠭᠠᠵᠠᠷ ᠣᠷᠣᠨ ᠭᠡᠳᠡᠭ᠎ᠨᠢ ᠬᠥᠯᠥᠨ ᠪᠣᠶ᠋ᠢᠷ ᠬᠣᠲᠠ᠂ ᠬᠢᠩᠭ᠋ᠠᠨ ᠠᠶ᠋ᠢᠮᠠᠭ᠂ ᠲᠦᠩᠯᠢᠶᠣᠤ ᠬᠣᠲᠠ᠂ ᠤᠯᠠᠭ᠋ᠠᠨᠬᠠᠳᠠ ᠬᠣᠲᠠ᠂ ᠰᠢᠯᠢ ᠵᠢᠨ ᠭᠤᠤᠯ ᠠᠶ᠋ᠢᠮᠠᠭ᠎ᠢ ᠵᠢᠭ᠋ᠠᠵᠤ ᠪᠣᠶ; ᠳᠤᠮᠳᠠ ᠬᠡᠰᠡᠭ ᠭᠠᠵᠠᠷ ᠣᠷᠣᠨ ᠭᠡᠳᠡᠭ᠎ᠨᠢ ᠬᠥᠬᠡᠬᠣᠲᠠ᠂ ᠪᠤᠭᠤᠲᠤ ᠬᠣᠲᠠ᠂ ᠣᠷᠳᠣᠰ ᠬᠤᠳᠠ᠂ ᠤᠯᠠᠭ᠋ᠠᠨᠴᠠᠪ ᠬᠣᠲᠠ ᠵᠢ ᠵᠢᠭ᠋ᠠᠵᠤ ᠪᠤᠶ; ᠪᠠᠷᠠᠭᠤᠨ ᠬᠡᠰᠡᠭ ᠤᠨ ᠭᠠᠵᠠᠷ ᠣᠷᠣᠨ ᠭᠡᠳᠡᠭ᠎ᠨᠢ ᠪᠠᠶᠠᠨᠨᠠᠭᠤᠷ ᠬᠤᠳᠠ᠂ ᠦᠬᠠᠢ ᠬᠤᠳᠠ᠂ ᠠᠯᠠᠱ᠌ᠠ ᠠᠶ᠋ᠢᠮᠠᠭ᠎ᠢ ᠵᠢᠭ᠋ᠠᠵᠤ ᠪᠤᠢ᠃
(4) ᠲᠠᠷᠢᠶᠠᠯᠠᠩ᠎ᠤᠨ ᠪᠦᠲᠦᠭᠡᠭᠳᠡᠬᠦᠨ ᠦᠢ᠍ᠯᠡᠳᠪᠦᠷᠢᠯᠡᠭᠴᠢ ᠵᠢᠨ ᠦᠨ᠎ᠡ ᠬᠠᠩᠰᠢ ᠭᠡᠳᠡᠭ᠎ᠨᠢ ᠲᠠᠷᠢᠶᠠᠯᠠᠩ᠎ᠤᠨ ᠪᠦᠲᠦᠭᠡᠭᠳᠡᠬᠦᠨ ᠦᠢ᠍ᠯᠡᠳᠪᠦᠷᠢᠯᠡᠭᠴᠢ ᠵᠢᠨ ᠪᠦᠲᠦᠭᠡᠭᠳᠡᠬᠦᠨ ᠵᠶ᠋ᠡᠨ ᠰᠢᠭᠤᠳ ᠬᠤᠳᠠᠯᠳᠤᠬᠤ ᠦᠶ᠎ᠡ ᠵᠢᠨ ᠦᠨ᠎ᠡ ᠵᠢ ᠵᠢᠭ᠋ᠠᠵᠤ ᠪᠠᠶ᠋ᠢᠨ᠎ᠠ᠃
(5) ᠣᠷᠣᠨ ᠰᠠᠭᠤᠴᠠ ᠵᠢᠨ ᠲᠥᠷᠥᠯ᠎ᠤᠨ ᠦᠨ᠎ᠡ ᠬᠠᠩᠰᠢ᠎ᠳᠤ ᠲᠦᠷᠢᠶᠡᠰᠦᠨ ᠬᠡᠷ᠎ᠤᠨ ᠲᠦᠷᠢᠶᠡᠰᠦ᠂ ᠣᠷᠣᠨ ᠰᠠᠭᠤᠴᠠ ᠵᠢ ᠠᠷᠠᠴᠢᠯᠠᠨ ᠵᠠᠰᠠᠬᠤ ᠵᠢᠴᠢ ᠬᠠᠮᠢᠶᠠᠷᠬᠤ᠂ ᠤᠰᠤ ᠴᠠᠬᠢᠯᠭ᠋ᠠᠨ ᠲᠦᠯᠡᠰᠢ ᠵᠡᠷᠭᠡ ᠵᠢᠨ ᠦᠨ᠎ᠡ ᠬᠠᠩᠰᠢ ᠪᠠᠭᠲᠠᠨ᠎ᠠ᠃
(6) ᠠᠵᠤ ᠦᠢ᠍ᠯᠡᠳᠪᠦᠷᠢ ᠵᠢᠨ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠰᠢᠨ᠎ᠡ᠎ᠪᠠᠷ ᠪᠣᠶ ᠪᠣᠯᠤᠭᠰᠠᠨ ᠠᠵᠤ ᠦᠢ᠍ᠯᠡᠰ᠎ᠲᠤ ᠰᠢᠨ᠎ᠡ ᠨᠢᠭᠡ ᠦᠶ᠎ᠡ ᠵᠢᠨ ᠮᠡᠳᠡᠭᠡ ᠵᠠᠩᠭᠢ ᠵᠢᠨ ᠮᠡᠷᠭᠡᠵᠢᠯ᠎ᠤᠨ ᠠᠵᠤ ᠦᠢ᠍ᠯᠡᠰ᠂ ᠳᠡᠭᠡᠳᠦ ᠲᠠᠰ᠎ᠤᠨ ᠲᠣᠨᠣᠭ ᠲᠥᠬᠥᠭᠡᠷᠦᠮᠵᠢ ᠦᠢ᠍ᠯᠡᠳᠬᠦ ᠠᠵᠤ ᠦᠢ᠍ᠯᠡᠰ᠂ ᠰᠢᠨ᠎ᠡ ᠮᠠᠲ᠋ᠧᠷᠢᠶᠠᠯ᠎ᠤᠨ ᠠᠵᠤ ᠦᠢ᠍ᠯᠡᠰ᠂ ᠠᠮᠢᠳᠤ ᠪᠣᠳᠠᠰ᠎ᠤᠨ ᠠᠵᠤ ᠦᠢ᠍ᠯᠡᠰ᠂ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠠᠵᠤ ᠦᠢ᠍ᠯᠡᠰ᠂ ᠰᠢᠨ᠎ᠡ ᠡᠨᠧᠷᠭᠢ ᠵᠢᠨ ᠠᠵᠤ ᠦᠢ᠍ᠯᠡᠰ᠂ ᠡᠨᠧᠷᠭᠢ ᠠᠷᠪᠢᠯᠠᠨ ᠣᠷᠴᠢᠨ ᠲᠣᠭᠣᠷᠢᠨ᠎ᠢ ᠬᠠᠮᠠᠭ᠋ᠠᠯᠠᠬᠤ ᠠᠵᠤ ᠦᠢ᠍ᠯᠡᠰ ᠪᠠ ᠲᠣᠭ᠋ᠠᠴᠢᠯᠠᠭᠰᠠᠨ ᠪᠦᠲᠦᠭᠡᠯᠴᠢ ᠲᠥᠰᠦᠪᠯᠡᠯ᠎ᠤᠨ ᠠᠵᠤ ᠦᠢ᠍ᠯᠡᠰ ᠵᠡᠷᠭᠡ ᠨᠠᠢ᠍ᠮᠠᠨ ᠶᠡᠬᠡ ᠠᠵᠤ ᠦᠢ᠍ᠯᠡᠰ᠎ᠲᠠᠬᠢ ᠠᠵᠤ ᠦᠢ᠍ᠯᠡᠳᠪᠦᠷᠢ ᠵᠢᠨ ᠬᠠᠮᠢᠶ᠎ᠠ ᠪᠥᠬᠥᠶ ᠠᠵᠢᠯ ᠲᠥᠷᠥᠯ ᠪᠠᠭᠲᠠᠨ᠎ᠠ᠃ ᠠᠵᠤ ᠦᠢ᠍ᠯᠡᠳᠪᠦᠷᠢ ᠵᠢᠨ ᠪᠠᠶ᠋ᠢᠯᠳᠤᠬᠤ ᠪᠤᠳᠤᠯᠭ᠎ᠠ ᠵᠢᠨ ᠴᠢᠨᠠᠷᠲᠠᠢ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠤᠨ ᠨᠡᠮᠡᠭᠳᠡᠯ ᠦᠷᠳᠡᠭ᠎ᠤᠨ ᠨᠡᠮᠡᠭᠳᠡᠯ᠎ᠤᠨ ᠬᠤᠷᠳᠤᠴᠠ ᠵᠢ ᠬᠠᠷᠢᠴᠠᠭᠤᠯᠵᠤ ᠪᠣᠯᠬᠤ ᠪᠠᠷᠢᠮᠵᠢᠶ᠎ᠠ᠎ᠪᠠᠷ ᠪᠤᠳᠤᠪᠠ᠃
(7) ᠳᠡᠭᠡᠳᠦ ᠮᠡᠷᠭᠡᠵᠢᠯ᠎ᠤᠨ ᠦᠢ᠍ᠯᠡᠳᠭᠡᠯ᠎ᠤᠨ ᠦᠢ᠍ᠯᠡᠰ᠎ᠲᠤ ᠡᠮ ᠡᠮᠨᠡᠯᠭᠡ ᠵᠢᠨ ᠦᠢ᠍ᠯᠡᠳᠭᠡᠯ᠎ᠤᠨ ᠦᠢ᠍ᠯᠡᠰ᠂ ᠠᠭ᠋ᠠᠷ᠎ᠤᠨ ᠠᠶᠠᠯᠠᠯ᠂ ᠰᠠᠨᠰᠠᠷ᠎ᠤᠨ ᠨᠢᠰᠦᠭᠦᠷ ᠵᠢᠴᠢ ᠲᠥᠬᠥᠭᠡᠷᠦᠮᠵᠢ ᠵᠢᠨ ᠦᠢ᠍ᠯᠡᠳᠭᠡᠯ᠎ᠤᠨ ᠦᠢ᠍ᠯᠡᠰ᠂ ᠡᠯᠧᠺᠲᠷᠣᠨ ᠵᠢᠴᠢ ᠴᠢᠮᠡᠭᠡ ᠬᠣᠯᠪᠣᠭ᠎ᠠ ᠵᠢᠨ ᠲᠥᠬᠥᠭᠡᠷᠦᠮᠵᠢ ᠵᠢᠨ ᠦᠢ᠍ᠯᠡᠳᠭᠡᠯ᠎ᠤᠨ ᠦᠢ᠍ᠯᠡᠰ ᠂ ᠺᠣᠮᠫᠢᠦ᠋ᠲ᠋ᠧᠷ ᠵᠢᠴᠢ ᠠᠯᠪᠠᠯᠠᠬᠤ ᠲᠥᠬᠥᠭᠡᠷᠦᠮᠵᠢ ᠵᠢᠨ ᠦᠢ᠍ᠯᠡᠳᠭᠡᠯ᠎ᠤᠨ ᠦᠢ᠍ᠯᠡᠰ᠂ ᠡᠮᠴᠢᠯᠡᠭᠡᠨ᠎ᠤ ᠬᠡᠮᠵᠢᠭᠦᠷᠯᠢᠭ ᠲᠥᠬᠥᠭᠡᠷᠦᠮᠵᠢ ᠵᠢᠴᠢ ᠬᠡᠮᠵᠢᠭᠦᠷᠯᠢᠭ᠎ᠤᠨ ᠦᠢ᠍ᠯᠡᠳᠭᠡᠯ᠎ᠤᠨ ᠦᠢ᠍ᠯᠡᠰ᠂ ᠮᠡᠳᠡᠭᠡ ᠵᠠᠩᠭᠢᠵᠢᠯᠲᠠ ᠵᠢᠨ ᠬᠢᠮᠢ ᠵᠢᠨ ᠦᠢ᠍ᠯᠡᠳᠬᠦᠨ᠎ᠤ ᠦᠢ᠍ᠯᠡᠳᠭᠡᠯ᠎ᠤᠨ ᠦᠢ᠍ᠯᠡᠰ ᠪᠠᠭᠲᠠᠨ᠎ᠠ᠃
(8) ᠲᠣᠨᠣᠭᠯᠠᠯ᠎ᠤᠨ ᠦᠢ᠍ᠯᠡᠳᠭᠡᠯ᠎ᠤᠨ ᠦᠢ᠍ᠯᠡᠰ᠎ᠲᠤ ᠲᠡᠮᠦᠷᠯᠢᠭ ᠪᠦᠲᠦᠭᠡᠭᠳᠡᠬᠦᠨ᠎ᠤ ᠦᠢ᠍ᠯᠡᠰ᠂ ᠨᠡᠶ᠋ᠢᠳᠡᠮ ᠬᠡᠷᠡᠭᠯᠡᠭᠡᠨ᠎ᠤ ᠲᠥᠬᠥᠭᠡᠷᠦᠮᠵᠢ ᠵᠢᠨ ᠦᠢ᠍ᠯᠡᠳᠭᠡᠯ᠎ᠤᠨ ᠦᠢ᠍ᠯᠡᠰ ᠂ ᠲᠤᠰᠬᠠᠶ ᠬᠡᠷᠡᠭᠯᠡᠭᠡᠨ᠎ᠤ ᠲᠥᠬᠥᠭᠡᠷᠦᠮᠵᠢ ᠵᠢᠨ ᠦᠢ᠍ᠯᠡᠳᠭᠡᠯ᠎ᠤᠨ ᠦᠢ᠍ᠯᠡᠰ᠂ ᠮᠠᠰᠢᠨ ᠲᠡᠷᠭᠡᠨ᠎ᠤ ᠦᠢ᠍ᠯᠡᠳᠭᠡᠯ᠎ᠤᠨ ᠦᠢ᠍ᠯᠡᠰ᠂ ᠲᠡᠮᠦᠷ ᠵᠠᠮ᠂ ᠣᠩᠭᠣᠴᠠ ᠰᠠᠯ᠂ ᠠᠭ᠋ᠠᠷ᠎ᠤᠨ ᠠᠶᠠᠯᠠᠯ ᠰᠠᠨᠰᠠᠷ᠎ᠤᠨ ᠠᠶᠠᠯᠠᠯ ᠪᠠ ᠪᠤᠰᠤᠳ ᠲᠡᠭᠡᠭᠡᠪᠦᠷᠢ ᠵᠢᠨ ᠲᠥᠬᠥᠭᠡᠷᠦᠮᠵᠢ ᠵᠢᠨ ᠦᠢ᠍ᠯᠡᠳᠭᠡᠯ᠎ᠤᠨ ᠦᠢ᠍ᠯᠡᠰ ᠂ ᠴᠠᠬᠢᠯᠭ᠋ᠠᠨ ᠮᠧᠬᠠᠨᠢᠭ ᠪᠠ ᠪᠠᠭ᠋ᠠᠵᠢ ᠬᠡᠷᠡᠭᠰᠡᠯ᠎ᠤᠨ ᠦᠢ᠍ᠯᠡᠳᠭᠡᠯ᠎ᠤᠨ ᠦᠢ᠍ᠯᠡᠰ᠂ ᠺᠣᠮᠫᠢᠦ᠋ᠲ᠋ᠧᠷ᠂ ᠴᠢᠮᠡᠭᠡ ᠬᠣᠯᠪᠣᠭ᠎ᠠ ᠪᠠ ᠪᠤᠰᠤᠳ ᠡᠯᠧᠺᠲᠷᠣᠨ ᠲᠥᠬᠥᠭᠡᠷᠦᠮᠵᠢ ᠵᠢᠨ ᠦᠢ᠍ᠯᠡᠳᠭᠡᠯ᠎ᠤᠨ ᠦᠢ᠍ᠯᠡᠰ ᠂ ᠬᠡᠮᠵᠢᠭᠦᠷᠯᠢᠭ ᠤᠨ ᠦᠢ᠍ᠯᠡᠳᠭᠡᠯ᠎ᠤᠨ ᠦᠢ᠍ᠯᠡᠰ ᠪᠠᠭᠲᠠᠨ᠎ᠠ᠃
(9) ᠳᠡᠭᠡᠳᠦ ᠮᠡᠷᠭᠡᠵᠢᠯ᠎ᠤᠨ ᠠᠵᠤ ᠦᠢ᠍ᠯᠡᠰ᠎ᠤᠨ ᠪᠠᠯᠠ ᠣᠷᠣᠭᠤᠯᠤᠯᠲᠠ᠎ᠳᠤ ᠡᠮ ᠡᠮᠨᠡᠯᠭᠡ ᠦᠢ᠍ᠯᠡᠳᠬᠦ᠂ ᠠᠭ᠋ᠠᠷ᠎ᠤᠨ ᠠᠶᠠᠯᠠᠯ ᠰᠠᠨᠰᠠᠷ᠎ᠤᠨ ᠨᠢᠰᠦᠭᠦᠷ ᠵᠢᠴᠢ ᠲᠥᠬᠥᠭᠡᠷᠦᠮᠵᠢ ᠦᠢ᠍ᠯᠡᠳᠬᠦ ᠵᠡᠷᠭᠡ ᠵᠢᠷᠭᠤᠭ᠋ᠠᠨ ᠶᠡᠬᠡ ᠲᠥᠷᠥᠯ᠎ᠤᠨ ᠳᠡᠭᠡᠳᠦ ᠮᠡᠷᠭᠡᠵᠢᠯ᠎ᠤᠨ ᠦᠢ᠍ᠯᠡᠳᠭᠡᠯ᠎ᠤᠨ ᠦᠢ᠍ᠯᠡᠰ᠎ᠤᠨ ᠪᠠᠯᠠ ᠣᠷᠣᠭᠤᠯᠤᠯᠲᠠ ᠪᠠ ᠮᠡᠳᠡᠭᠡ ᠵᠠᠩᠭᠢ ᠵᠢᠨ ᠦᠢ᠍ᠯᠡᠴᠢᠯᠡᠭᠡ᠂ ᠡᠯᠧᠺᠲᠷᠣᠨ ᠬᠤᠳᠠᠯᠳᠤᠭ᠋ᠠᠨ᠎ᠤ ᠶᠠᠪᠤᠳᠠᠯ ᠵᠡᠷᠭᠡ ᠶᠢᠰᠦᠨ ᠶᠡᠬᠡ ᠲᠥᠷᠥᠯ᠎ᠤᠨ ᠳᠡᠭᠡᠳᠦ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠪᠠᠯᠠ ᠣᠷᠣᠭᠤᠯᠤᠯᠲᠠ ᠪᠠᠭᠲᠠᠨ᠎ᠠ᠃
(10) ᠭᠤᠤᠯ ᠪᠣᠯᠬᠤ ᠠᠵᠤ ᠦᠢ᠍ᠯᠡᠳᠪᠦᠷᠢ ᠵᠢᠨ ᠦᠢ᠍ᠯᠡᠳᠬᠦᠨ᠎ᠤ ᠭᠠᠷᠤᠯᠲᠠ᠎ᠨᠢ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠲᠥᠷᠥᠯ ᠵᠦᠢ᠍ᠯ ᠪᠣᠯᠤᠨ᠎ᠠ᠃
(11) ᠠᠷᠠᠳ᠎ᠤᠨ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ ᠭᠡᠳᠡᠭ᠎ᠨᠢ ᠬᠠᠮᠲᠤ᠂ ᠬᠤᠪᠢ ᠵᠢᠨ ᠡᠵᠡᠩᠨᠡᠭᠰᠡᠨ᠂ ᠬᠤᠪᠢ ᠬᠥᠮᠦᠨ᠎ᠤ ᠰᠢᠨᠵᠢ ᠴᠢᠨᠠᠷᠲᠠᠢ ᠳᠣᠲᠣᠭ᠋ᠠᠳᠤ ᠪᠠᠯᠠ ᠵᠢᠨ ᠠᠵᠤ ᠠᠬᠤᠶ᠋ᠢᠯᠠᠯ (ᠠᠵᠢᠯ ᠦᠢ᠍ᠯᠡᠰ)᠎ᠤᠨ ᠨᠢᠭᠡᠴᠢ ᠵᠢᠴᠢ ᠲᠡᠭᠦᠨ᠎ᠤ ᠬᠤᠪᠢ ᠡᠵᠡᠮᠳᠡᠭᠰᠡᠨ (ᠬᠠᠷᠢᠴᠠᠯᠠᠰᠢᠭᠦᠶ ᠬᠤᠪᠢ ᠡᠵᠡᠮᠳᠡᠭᠰᠡᠨ ᠪᠠ ᠬᠠᠷᠢᠴᠠᠩᠭᠤᠶ ᠬᠤᠪᠢ ᠡᠵᠡᠮᠳᠡᠭᠰᠡᠨ ᠪᠠᠭᠲᠠᠨ᠎ᠠ) ᠠᠵᠤ ᠠᠬᠤᠶ᠋ᠢᠯᠠᠯ᠎ᠤᠨ ᠨᠢᠭᠡᠴᠢ᠎ᠠᠴᠠ ᠪᠠᠶ᠋ᠢᠭᠤᠯᠤᠭᠰᠠᠨ ᠪᠤᠶᠤ ᠬᠤᠳᠠᠯᠳᠤᠨ ᠠᠪᠤᠭᠰᠠᠨ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ ᠵᠢ ᠵᠢᠭ᠋ᠠᠵᠤ ᠪᠣᠶ᠃
(12) ᠬᠡᠷ ᠪᠠᠶ᠋ᠢᠰᠢᠩ ᠭᠠᠵᠠᠷ ᠬᠥᠷᠥᠩᠭᠡ ᠵᠢᠨ ᠦᠢ᠍ᠯᠡᠰ᠎ᠤᠨ ᠪᠠᠯᠠ ᠣᠷᠣᠭᠤᠯᠤᠯᠲᠠ᠎ᠳᠤ ᠬᠡᠷ ᠪᠠᠶ᠋ᠢᠰᠢᠩ ᠭᠠᠵᠠᠷ ᠬᠥᠷᠥᠩᠭᠡ ᠵᠢᠨ ᠨᠡᠭᠡᠭᠡᠨ ᠬᠥᠭᠵᠢᠭᠦᠯᠦᠯᠲᠡ ᠵᠢᠨ ᠪᠠᠯᠠ ᠣᠷᠣᠭᠤᠯᠤᠯᠲᠠ᠎ᠠᠴᠠ ᠭᠠᠳᠠᠨ᠎ᠠ᠂ ᠪᠠᠰᠠ ᠪᠥᠲᠥᠭᠡᠨ ᠪᠠᠶ᠋ᠢᠭᠤᠯᠬᠤ ᠨᠢᠭᠡᠴᠢ ᠵᠢᠨ ᠥᠪᠡᠷ ᠵᠶ᠋ᠡᠨ ᠪᠠᠷᠢᠭᠰᠠᠨ ᠬᠡᠷ ᠪᠠᠶ᠋ᠢᠰᠢᠩ ᠵᠢᠴᠢ ᠠᠳᠠᠯ ᠠᠬᠤᠶ ᠵᠢᠨ ᠬᠠᠮᠢᠶᠠᠷᠤᠯᠲᠠ᠂ ᠵᠠᠭᠤᠴᠢ ᠦᠢ᠍ᠯᠡᠴᠢᠯᠡᠭᠡ ᠪᠠ ᠪᠤᠰᠤᠳ ᠬᠡᠷ ᠪᠠᠶ᠋ᠢᠰᠢᠩ ᠭᠠᠵᠠᠷ ᠬᠥᠷᠥᠩᠭᠡ ᠵᠢᠨ ᠪᠠᠯᠠ ᠣᠷᠣᠭᠤᠯᠤᠯᠲᠠ ᠪᠠᠭᠲᠠᠨ᠎ᠠ᠃
(13) 《ᠨᠢᠭᠡ ᠪᠦᠰᠡ ᠨᠢᠭᠡ ᠵᠠᠮ》 ᠭᠡᠳᠡᠭ᠎ᠨᠢ 《ᠲᠣᠷᠭ᠋ᠠᠨ ᠵᠠᠮ᠎ᠤᠨ ᠠᠵᠤ ᠠᠬᠤᠢ ᠵᠢᠨ ᠪᠦᠰᠡ》 ᠪᠠ 《21 ᠳ᠋ᠦᠭᠡᠷ ᠵᠠᠭᠤᠨ᠎ᠤ ᠳᠠᠯᠠᠢ ᠳᠡᠭᠡᠷᠡᠬᠢ ᠲᠣᠷᠭ᠋ᠠᠨ ᠵᠠᠮ》᠎ᠢ ᠵᠢᠭ᠋ᠠᠵᠤ ᠪᠠᠶ᠋ᠢᠨ᠎ᠠ ᠃
(14) 2021 ᠣᠨ᠎ᠤ ᠴᠠᠬᠢᠯᠭ᠋ᠠᠨ ᠬᠣᠯᠪᠣᠭ᠋ᠠᠨ᠎ᠤ ᠲᠤᠬᠠᠶ᠋ᠢᠯᠠᠭᠰᠠᠨ ᠠᠵᠢᠯ᠎ᠤᠨ ᠶᠡᠷᠦᠩᠬᠡᠶ ᠬᠡᠮᠵᠢᠶ᠎ᠡ ᠵᠢ ᠳᠡᠭᠡᠷ᠎ᠡ ᠵᠢᠯ᠎ᠤᠨ ᠥᠯᠥ ᠬᠤᠪᠢᠰᠬᠤ ᠦᠨ᠎ᠡ᠎ᠪᠠᠷ ᠪᠤᠳᠤᠵᠤ ᠣᠯᠤᠭᠰᠠᠨ ᠠᠰᠢᠭ ᠣᠷᠣᠯᠭ᠎ᠠ
ᠪᠣᠯᠤᠨ᠎ᠠ᠃
[ 15 ] 2021 ᠣᠨ᠎ᠤ ᠰᠢᠦᠳᠠᠨ᠎ᠤ ᠲᠤᠬᠠᠶ᠋ᠢᠯᠠᠭᠰᠠᠨ ᠠᠵᠢᠯ᠎ᠤᠨ ᠶᠡᠷᠦᠩᠬᠡᠢ ᠬᠡᠮᠵᠢᠶ᠎ᠡ ᠵᠢ ᠲᠦᠷᠦᠭᠦᠦ ᠵᠢᠯ᠎ᠤᠨ ᠦᠯᠦ ᠬᠤᠪᠢᠰᠬᠤ ᠦᠨ᠎ᠡ᠎ᠪᠠᠷ ᠪᠤᠳᠤᠪᠠ᠃
(16) ᠲᠣᠭᠲᠠᠮᠠᠯ ᠢᠨᠲᠸᠷ ᠰᠦᠯᠵᠢᠶᠡᠨ᠎ᠤ ᠥᠷᠭᠡᠨ ᠪᠦᠰᠡ ᠵᠠᠯᠭ᠋ᠠᠬᠤ ᠬᠡᠷᠡᠭᠯᠡᠭᠴᠢ ᠭᠡᠳᠡᠭ ᠪᠣᠯ ᠮᠡᠳᠡᠭᠦᠯᠦᠯᠲᠡ ᠵᠢᠨ ᠬᠤᠭᠤᠴᠠᠭ᠋ᠠᠨ ᠡᠴᠦᠰ᠎ᠲᠤ ᠴᠠᠬᠢᠯᠭ᠋ᠠᠨ ᠬᠣᠯᠪᠣᠭ᠋ᠠᠨ᠎ᠤ ᠠᠵᠤ ᠠᠬᠤᠶ᠋ᠢᠯᠠᠯ᠎ᠳᠤ ᠪᠦᠷᠢᠳᠬᠡᠭᠦᠯᠦᠨ ᠳᠠᠩᠰᠠᠯᠠᠭᠤᠯᠵᠤ᠂ xDSL᠂ FTTx + LAN᠂ FTTH / O ᠵᠢᠴᠢ ᠪᠤᠰᠤᠳ ᠥᠷᠭᠡᠨ ᠪᠦᠰᠡ ᠵᠠᠯᠭ᠋ᠠᠬᠤ ᠠᠷᠭ᠎ᠠ ᠮᠠᠶᠢᠭ ᠪᠠ ᠡᠩ᠎ᠤᠨ ᠲᠤᠰᠬᠠᠶ ᠤᠲᠠᠰᠤ᠎ᠪᠠᠷ ᠳᠠᠮᠵᠢᠭᠤᠯᠤᠨ ᠣᠯᠠᠨ ᠨᠡᠶ᠋ᠢᠲᠡ ᠵᠢᠨ ᠢᠨᠲᠸᠷ ᠰᠦᠯᠵᠢᠶᠡᠨ᠎ᠳᠤ ᠵᠠᠯᠭ᠋ᠠᠭᠰᠠᠨ ᠬᠡᠷᠡᠭᠯᠡᠭᠴᠢ ᠵᠢ ᠵᠢᠭ᠋ᠠᠵᠤ ᠪᠠᠶ᠋ᠢᠨ᠎ᠠ᠃
(17) ᠤᠤᠯ ᠳᠠᠭ᠋ᠠᠳᠬᠠᠯ᠎ᠤᠨ ᠵᠠᠷᠤᠳᠠᠯ᠎ᠤᠨ ᠣᠷᠣᠯᠭ᠎ᠠ ᠭᠡᠳᠡᠭ᠎ᠨᠢ ᠳᠠᠭ᠋ᠠᠳᠬᠠᠯ᠎ᠤᠨ ᠠᠵᠤ ᠠᠬᠤᠶ᠋ᠢᠯᠠᠯ᠎ᠤᠨ ᠨᠤᠲᠠᠯᠠᠨ ᠲᠣᠭᠲᠠᠭ᠋ᠠᠭᠰᠠᠨ ᠤᠤᠯ ᠳᠠᠭ᠋ᠠᠳᠬᠠᠯ᠎ᠤᠨ ᠭᠡᠷ᠎ᠡ ᠵᠢᠨ ᠳᠠᠭ᠋ᠠᠳᠬᠠᠯ᠎ᠤᠨ ᠵᠠᠷᠤᠳᠠᠯ᠎ᠤᠨ ᠣᠷᠣᠯᠭ᠎ᠠ ᠵᠢ ᠵᠢᠭ᠋ᠠᠵᠤ ᠪᠠᠶ᠋ᠢᠨ᠎ᠠ᠃
(18) ᠶᠡᠷᠦᠩᠬᠡᠶ᠋ᠢᠯᠡᠭᠰᠡᠨ ᠡᠨᠧᠷᠭᠢ ᠵᠢᠨ ᠰᠤᠷᠪᠤᠯᠵᠢ ᠵᠢᠨ ᠬᠡᠷᠡᠭᠯᠡᠭᠡᠨ᠎ᠤ ᠬᠡᠮᠵᠢᠶ᠎ᠡ ᠭᠡᠳᠡᠭ ᠪᠣᠯ ᠠᠵᠤ ᠠᠬᠤᠶ᠋ᠢᠯᠠᠯ (ᠨᠢᠭᠡᠴᠢ)᠎ᠤᠨ ᠮᠡᠳᠡᠭᠦᠯᠦᠯᠲᠡ ᠵᠢᠨ ᠬᠤᠭᠤᠴᠠᠭ᠋ᠠᠨ᠎ᠳᠤ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ᠎ᠤᠨ ᠪᠣᠳᠠᠲᠠᠢ ᠬᠡᠷᠡᠭᠯᠡᠭᠡᠨ᠎ᠤ ᠡᠯ᠎ᠡ ᠵᠦᠢ᠍ᠯ᠎ᠤᠨ ᠡᠨᠧᠷᠭᠢ ᠵᠢᠨ ᠰᠤᠷᠪᠤᠯᠵᠢ (ᠡᠨᠧᠷᠭᠢ ᠵᠢᠨ ᠰᠤᠷᠪᠤᠯᠵᠢ ᠵᠢ ᠪᠣᠯᠪᠠᠰᠤᠷᠠᠭᠤᠯᠤᠨ ᠰᠣᠯᠢᠬᠤ ᠪᠠ ᠡᠨᠧᠷᠭᠢ ᠵᠢᠨ ᠰᠤᠷᠪᠤᠯᠵᠢ ᠵᠢ ᠡᠭᠡᠭᠦᠯᠦᠨ ᠬᠤᠷᠢᠶᠠᠵᠤ ᠠᠰᠢᠭᠯᠠᠬᠤ ᠵᠡᠷᠭᠡ ᠳᠠᠪᠬᠤᠷᠳᠠᠭᠰᠠᠨ ᠬᠦᠴᠦᠨ ᠵᠦᠢ᠍ᠯ᠎ᠢ ᠬᠠᠰᠤᠨ᠎ᠠ) ᠵᠢᠨ ᠨᠡᠶ᠋ᠢᠯᠡᠪᠦᠷᠢ ᠵᠢ ᠵᠢᠭ᠋ᠠᠵᠤ ᠪᠠᠶ᠋ᠢᠨ᠎ᠠ᠃ ᠶᠡᠷᠦᠩᠬᠡᠢ ᠡᠨᠧᠷᠭᠢ ᠵᠢᠨ ᠰᠤᠷᠪᠤᠯᠵᠢ ᠵᠢᠨ ᠬᠡᠷᠡᠭᠯᠡᠭᠡᠨ᠎ᠤ ᠬᠡᠮᠵᠢᠶ᠎ᠡ ᠵᠢ ᠪᠤᠳᠤᠬᠤ ᠦᠶ᠎ᠡ᠎ᠳᠤ᠂ ᠡᠯ᠎ᠡ ᠵᠦᠢ᠍ᠯ᠎ᠤᠨ ᠡᠨᠧᠷᠭᠢ ᠵᠢᠨ ᠰᠤᠷᠪᠤᠯᠵᠢ ᠵᠢᠨ ᠲᠦᠷᠦᠯ ᠵᠦᠢ᠍ᠯ᠎ᠤᠨ ᠬᠡᠷᠡᠭᠯᠡᠭᠡᠨ᠎ᠤ ᠬᠡᠮᠵᠢᠶ᠎ᠡ ᠵᠢ ᠪᠠᠷᠢᠮᠵᠢᠶᠠᠲᠤ ᠬᠡᠮᠵᠢᠯᠲᠡ ᠵᠢᠨ ᠨᠢᠭᠡᠴᠢ (ᠵᠢᠱ᠌ᠢᠶᠡᠯᠡᠪᠡᠯ᠄ ᠲᠣᠨ ᠪᠠᠷᠢᠮᠵᠢᠶᠠᠲᠤ ᠨᠡᠭᠦᠷᠡᠰᠦ)᠎ᠪᠠᠷ ᠬᠡᠮᠵᠢᠭᠰᠡᠨ ᠬᠡᠷᠡᠭᠯᠡᠭᠡᠨ᠎ᠤ ᠬᠡᠮᠵᠢᠶ᠎ᠡ ᠪᠣᠯᠭ᠋ᠠᠨ ᠰᠣᠯᠢᠵᠤ ᠪᠤᠳᠤᠬᠤ ᠴᠢᠬᠤᠯᠠᠲᠠᠢ᠃ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠶᠡᠷᠦᠩᠬᠡᠶ᠋ᠢᠯᠡᠭᠰᠡᠨ ᠡᠨᠧᠷᠭᠢ ᠵᠢᠨ ᠬᠡᠷᠡᠭᠯᠡᠭᠡᠨ᠎ᠤ ᠬᠡᠮᠵᠢᠶ᠎ᠡ ᠵᠢᠨ ᠪᠠᠷᠢᠮᠵᠢᠶ᠎ᠠ ᠵᠢ ᠲᠡᠩᠴᠡᠯ ᠥᠷᠲᠡᠭ ᠵᠶ᠋ᠡᠷ ᠪᠤᠳᠤᠨ᠎ᠠ᠃
ᠮᠠᠲ᠋ᠧᠷᠢᠶᠠᠯ᠎ᠤᠨ ᠢᠷᠡᠯᠲᠡ᠄
ᠲᠤᠰ ᠠᠯᠪᠠᠨ ᠮᠡᠳᠡᠭᠡ᠎ᠳᠠᠬᠢ ᠬᠣᠲᠠ ᠪᠠᠯᠭ᠋ᠠᠰᠤᠨ᠎ᠤ ᠰᠢᠨ᠎ᠡ᠎ᠪᠠᠷ ᠨᠡᠮᠡᠭᠳᠡᠭᠰᠡᠨ ᠠᠵᠢᠯ ᠣᠯᠭᠣᠯᠲᠠ᠂ ᠳᠠᠩᠰᠠᠯᠠᠭᠤᠯᠤᠭᠰᠠᠨ ᠠᠵᠢᠯ ᠠᠯᠳᠠᠯᠲᠠ ᠵᠢᠨ ᠨᠣᠷᠮ᠎ᠠ᠂ ᠨᠡᠶ᠋ᠢᠭᠡᠮ᠎ᠤᠨ ᠪᠠᠲᠤᠯᠠᠭ᠎ᠠ ᠵᠢᠨ ᠲᠣᠭ᠎ᠠ ᠪᠠᠷᠢᠮᠲᠠ᠎ᠨᠢ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠠᠴᠠ ᠢᠷᠡᠯᠲᠡ᠎ᠲᠠᠢ; ᠦᠨ᠎ᠡ ᠬᠠᠩᠰᠢ ᠵᠢᠨ ᠵᠢᠭ᠋ᠠᠯᠲᠠ ᠲᠣᠭ᠎ᠠ᠂ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠬᠡᠷᠡᠭᠯᠡᠭᠡ᠂ ᠠᠮᠤ ᠪᠤᠳᠠᠭ᠋ᠠᠨ᠎ᠤ ᠲᠠᠷᠢᠮᠠᠯ᠎ᠤᠨ ᠲᠠᠯᠠᠪᠠᠶ᠂ ᠠᠮᠤ ᠪᠤᠳᠠᠭ᠋ᠠᠨ᠎ᠤ ᠤᠨᠠᠯᠲᠠ᠂ ᠭᠠᠬᠠᠶ ᠦᠬᠡᠷ ᠬᠣᠨᠢ ᠵᠢᠭᠦᠷᠲᠡᠨ᠎ᠤ ᠮᠢᠬᠠᠨ᠎ᠤ ᠭᠠᠷᠤᠯᠲᠠ᠂ ᠵᠢᠭᠦᠷᠲᠡᠨ᠎ᠤ ᠥᠨᠳᠡᠭᠡᠨ᠎ᠤ ᠭᠠᠷᠤᠯᠲᠠ᠂ ᠦᠨᠢᠶᠡᠨ ᠰᠦ ᠵᠢᠨ ᠭᠠᠷᠤᠯᠲᠠ᠂ ᠭᠠᠬᠠᠶ ᠦᠬᠡᠷ ᠬᠣᠨᠢ ᠵᠢᠨ ᠲᠣᠭ᠎ᠠ ᠪᠠᠷᠢᠮᠲᠠ᠎ᠨᠢ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠥᠪᠥᠷ ᠮᠣᠩᠭᠣᠯ᠎ᠤᠨ ᠪᠠᠶ᠋ᠢᠴᠠᠭ᠋ᠠᠯᠲᠠ ᠵᠢᠨ ᠶᠡᠷᠦᠩᠬᠡᠶ ᠠᠩᠭᠢ᠎ᠠᠴᠠ ᠢᠷᠡᠯᠲᠡ᠎ᠲᠠᠢ; ᠲᠠᠷᠢᠶᠠᠯᠠᠩ ᠮᠠᠯ ᠠᠵᠤ ᠠᠬᠤᠶ ᠵᠢᠨ ᠮᠠᠰᠢᠨ᠎ᠤ ᠶᠡᠷᠦᠩᠬᠡᠶ ᠬᠥᠳᠡᠯᠭᠡᠬᠦ ᠬᠦᠴᠦᠨ᠎ᠤ ᠲᠣᠭ᠎ᠠ ᠪᠠᠷᠢᠮᠲᠠ᠎ᠨᠢ ᠲᠠᠷᠢᠶᠠᠯᠠᠩ ᠮᠠᠯ ᠠᠵᠤ ᠠᠬᠤᠶ ᠵᠢᠨ ᠲᠢᠩᠬᠢᠮ᠎ᠠᠴᠠ ᠢᠷᠡᠯᠲᠡ᠎ᠲᠠᠢ; ᠴᠠᠬᠢᠯᠭ᠋ᠠᠨ ᠭᠠᠷᠭ᠋ᠠᠬᠤ ᠮᠠᠰᠢᠨ ᠴᠣᠭᠴᠠᠯᠠᠪᠤᠷᠢ ᠵᠢᠨ ᠪᠠᠭᠲᠠᠭ᠋ᠠᠮᠵᠢ ᠵᠢᠨ ᠲᠣᠭ᠎ᠠ ᠪᠠᠷᠢᠮᠲᠠ᠎ᠨᠢ ᠴᠠᠬᠢᠯᠭ᠋ᠠᠨ ᠬᠦᠴᠦᠨ᠎ᠤ ᠠᠵᠢᠯ ᠲᠥᠷᠥᠯ᠎ᠤᠨ ᠨᠡᠶ᠋ᠢᠭᠡᠮᠯᠢᠭ᠎ᠠᠴᠠ ᠢᠷᠡᠯᠲᠡ᠎ᠲᠠᠢ; ᠭᠠᠳᠠᠭ᠋ᠠᠳᠤ ᠠᠷᠠᠯᠵᠢᠶᠠᠨ᠎ᠤ ᠲᠣᠭ᠎ᠠ ᠪᠠᠷᠢᠮᠲᠠ᠎ᠨᠢ ᠬᠥᠬᠡᠬᠣᠲᠠ ᠪᠣᠭᠣᠮᠲᠠ᠎ᠠᠴᠠ ᠢᠷᠡᠯᠲᠡ᠎ᠲᠠᠢ; ᠭᠠᠳᠠᠭ᠋ᠠᠳᠤ ᠪᠠᠯᠠ ᠵᠢ ᠪᠣᠳᠠᠲᠠᠶ ᠠᠰᠢᠭᠯᠠᠭᠰᠠᠨ ᠲᠣᠭ᠎ᠠ ᠪᠠᠷᠢᠮᠲᠠ᠎ᠨᠢ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠠᠴᠠ ᠢᠷᠡᠯᠲᠡ᠎ᠲᠠᠢ; ᠳᠠᠩᠰᠠᠯᠠᠭᠤᠯᠤᠭᠰᠠᠨ ᠠᠵᠤ ᠠᠬᠤᠶ᠋ᠢᠯᠠᠯ᠎ᠤᠨ ᠲᠣᠭ᠎ᠠ᠂ ᠦᠢ᠍ᠯᠡᠳᠬᠦᠨ᠎ᠤ ᠶᠠᠰᠤ ᠴᠢᠨᠠᠷ᠎ᠢ ᠰᠢᠯᠭ᠋ᠠᠨ ᠪᠠᠶ᠋ᠢᠴᠠᠭ᠋ᠠᠬᠤ ᠪᠠᠶ᠋ᠢᠭᠤᠯᠤᠮᠵᠢ᠂ ᠲᠤᠰᠬᠠᠶ ᠠᠰᠢᠭ᠎ᠤᠨ ᠲᠣᠭ᠎ᠠ ᠪᠠᠷᠢᠮᠲᠠ᠎ᠨᠢ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠠᠴᠠ ᠢᠷᠡᠯᠲᠡ᠎ᠲᠠᠢ; ᠠᠶᠠᠨᠴᠢᠳ ᠪᠠ ᠪᠠᠷᠠᠭ᠋ᠠᠨ᠎ᠤ ᠲᠡᠭᠡᠭᠡᠪᠦᠷᠢ ᠵᠢᠨ ᠬᠡᠮᠵᠢᠶ᠎ᠡ᠂ ᠠᠶᠠᠨᠴᠢᠳ ᠪᠠ ᠪᠠᠷᠠᠭ᠋ᠠᠨ᠎ᠤ ᠲᠡᠭᠡᠭᠡᠪᠦᠷᠢ ᠵᠢᠨ ᠡᠷᠭᠢᠯᠲᠡ ᠵᠢᠨ ᠬᠡᠮᠵᠢᠶ᠎ᠡ ᠵᠢᠨ ᠲᠣᠭ᠎ᠠ ᠪᠠᠷᠢᠮᠲᠠ᠎ᠨᠢ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠲᠡᠮᠦᠷ ᠵᠠᠮ᠎ᠤᠨ ᠰᠠᠯᠠᠭ᠎ᠠ ᠮᠥᠴᠢᠷ ᠪᠣᠯᠤᠨ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠰᠠᠯᠠᠭ᠎ᠠ ᠮᠥᠴᠢᠷ᠎ᠠᠴᠠ ᠢᠷᠡᠯᠲᠡ᠎ᠲᠠᠢ; ᠠᠷᠠᠳ᠎ᠤᠨ ᠬᠡᠷᠡᠭᠯᠡᠭᠡᠨ᠎ᠤ ᠮᠠᠰᠢᠨ ᠲᠡᠷᠭᠡ᠂ ᠵᠠᠮ ᠬᠠᠷᠢᠯᠴᠠᠭ᠋ᠠᠨ᠎ᠤ ᠡᠨᠳᠡᠯ᠎ᠤᠨ ᠲᠣᠭ᠎ᠠ ᠪᠠᠷᠢᠮᠲᠠ᠎ᠨᠢ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠠᠴᠠ ᠢᠷᠡᠯᠲᠡ᠎ᠲᠠᠢ; ᠴᠠᠬᠢᠯᠭ᠋ᠠᠨ ᠬᠣᠯᠪᠣᠭ᠋ᠠᠨ᠎ᠤ ᠲᠣᠭ᠎ᠠ᠂ ᠳ᠋ᠢᠶᠠᠩᠬᠤᠸᠠ ᠵᠢᠨ ᠲᠣᠭ᠎ᠠ᠂ ᠰᠢᠯᠵᠢᠮᠡᠯ ᠢᠨᠲ᠋ᠧᠷ ᠰᠦᠯᠵᠢᠶᠡᠨ᠎ᠤ ᠲᠣᠭ᠎ᠠ᠎ᠨᠢ ᠴᠢᠮᠡᠭᠡ ᠬᠣᠯᠪᠣᠭ᠋ᠠᠨ᠎ᠤ ᠬᠠᠮᠢᠶᠠᠷᠤᠯᠲᠠ ᠵᠢᠨ ᠲᠣᠪᠴᠢᠶ᠎ᠠ᠎ᠠᠴᠠ ᠢᠷᠡᠯᠲᠡ᠎ᠲᠠᠢ; ᠰᠢᠤᠳᠠᠨ᠎ᠤ ᠠᠵᠢᠯ᠎ᠤᠨ ᠬᠡᠮᠵᠢᠶ᠎ᠡ᠂ ᠲᠦᠷᠭᠡᠨ ᠬᠦᠷᠭᠡᠯᠲᠡ ᠵᠢᠨ ᠠᠵᠢᠯ᠎ᠤᠨ ᠬᠡᠮᠵᠢᠶ᠎ᠡ ᠵᠢᠨ ᠲᠣᠭ᠎ᠠ ᠪᠠᠷᠢᠮᠲᠠ᠎ᠨᠢ ᠰᠢᠤᠳᠠᠨ᠎ᠤ ᠬᠠᠮᠢᠶᠠᠷᠤᠯᠲᠠ ᠵᠢᠨ ᠲᠣᠪᠴᠢᠶ᠎ᠠ᠎ᠠᠴᠠ ᠢᠷᠡᠯᠲᠡ᠎ᠲᠠᠢ; ᠤᠷᠠᠯᠢᠭ᠎ᠤᠨ ᠲᠣᠭᠯᠠᠯᠲᠠ ᠵᠢᠨ ᠪᠦᠯᠬᠦᠮ᠂ ᠰᠣᠶᠣᠯ᠎ᠤᠨ ᠣᠷᠳᠣᠨ᠂ ᠣᠯᠠᠨ ᠨᠡᠶ᠋ᠢᠲᠡ ᠵᠢᠨ ᠨᠣᠮ᠎ᠤᠨ ᠰᠠᠩ᠂ ᠮᠦᠽᠧᠶ᠂ ᠵᠢᠭᠤᠯᠴᠢᠯᠠᠯ᠎ᠤᠨ ᠲᠣᠭ᠎ᠠ ᠪᠠᠷᠢᠮᠲᠠ᠎ᠨᠢ ᠰᠣᠶᠣᠯ ᠪᠠ ᠵᠢᠭᠤᠯᠴᠢᠯᠠᠯ᠎ᠤᠨ ᠲᠢᠩᠬᠢᠮ᠎ᠠᠴᠠ ᠢᠷᠡᠯᠲᠡ᠎ᠲᠠᠢ; ᠳᠠᠩᠰᠠ ᠡᠪᠬᠡᠮᠡᠯ᠎ᠤᠨ ᠲᠣᠭ᠎ᠠ ᠪᠠᠷᠢᠮᠲᠠ᠎ᠨᠢ ᠳᠠᠩᠰᠠ ᠡᠪᠬᠡᠮᠡᠯ᠎ᠤᠨ ᠲᠣᠪᠴᠢᠶ᠎ᠠ᠎ᠠᠴᠠ ᠢᠷᠡᠵᠡᠢ; ᠡᠳ᠋᠎ᠤᠨ ᠵᠠᠰᠠᠭ᠎ᠤᠨ ᠲᠣᠭ᠎ᠠ ᠪᠠᠷᠢᠮᠲᠠ᠎ᠨᠢ ᠡᠳ᠋᠎ᠤᠨ ᠵᠠᠰᠠᠭ᠎ᠤᠨ ᠲᠢᠩᠬᠢᠮ᠎ᠠᠴᠠ ᠢᠷᠡᠯᠲᠡ᠎ᠲᠠᠢ; ᠮᠥᠩᠭᠥᠨ ᠭᠦᠢ᠍ᠯᠭᠡᠭᠡᠨ᠎ᠤ ᠲᠣᠭ᠎ᠠ ᠪᠠᠷᠢᠮᠲᠠ᠎ᠨᠢ ᠠᠷᠠᠳ᠎ᠤᠨ ᠪᠠᠩᠬᠢ ᠵᠢᠨ ᠬᠥᠬᠡᠬᠣᠲᠠ ᠲᠥᠪ ᠰᠠᠯᠪᠤᠷᠢ ᠪᠠᠩᠬᠢ᠎ᠠᠴᠠ ᠢᠷᠡᠯᠲᠡ᠎ᠲᠠᠢ; ᠳᠠᠭ᠋ᠠᠳᠬᠠᠯ᠎ᠤᠨ ᠲᠣᠭ᠎ᠠ ᠪᠠᠷᠢᠮᠲᠠ᠎ᠨᠢ ᠪᠠᠩᠬᠢ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠠᠴᠠ ᠢᠷᠡᠯᠲᠡ᠎ᠲᠠᠢ; ᠡᠮᠴᠢᠯᠡᠭᠡᠨ᠎ᠤ ᠪᠠᠲᠤᠯᠠᠭ᠎ᠠ ᠵᠢᠨ ᠲᠣᠭ᠎ᠠ ᠪᠠᠷᠢᠮᠲᠠ᠎ᠨᠢ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠠᠴᠠ ᠢᠷᠡᠯᠲᠡ᠎ᠲᠠᠢ; ᠰᠤᠷᠭ᠋ᠠᠨ ᠬᠥᠮᠦᠵᠢᠯ᠎ᠤᠨ ᠲᠣᠭ᠎ᠠ ᠪᠠᠷᠢᠮᠲᠠ᠎ᠨᠢ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠢᠷᠡᠯᠲᠡ᠎ᠲᠠᠢ; ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥᠯ ᠵᠦᠢ᠍ᠯ᠂ ᠭᠡᠷ᠎ᠡ ᠵᠢᠨ ᠠᠷᠠᠯᠵᠢᠶ᠎ᠠ ᠪᠦᠲᠦᠭᠰᠡᠨ ᠵᠣᠭᠣᠰ᠎ᠤᠨ ᠲᠣᠭ᠎ᠠ ᠪᠠᠷᠢᠮᠲᠠ᠎ᠨᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠠᠴᠠ ᠢᠷᠡᠯᠲᠡ᠎ᠲᠠᠢ; ᠲᠧᠯᠸᠢᠰ᠂ ᠷᠠᠳᠢᠣ᠋ ᠨᠡᠪᠲᠡᠷᠡᠭᠦᠯᠭᠡ ᠵᠢᠨ ᠲᠣᠭ᠎ᠠ ᠪᠠᠷᠢᠮᠲᠠ᠎ᠨᠢ ᠷᠠᠳᠢᠣ᠋ ᠲᠧᠯᠸᠢᠰ᠎ᠤᠨ ᠲᠣᠪᠴᠢᠶ᠎ᠠ᠎ᠠᠴᠠ ᠢᠷᠡᠯᠲᠡ᠎ᠲᠠᠢ; ᠬᠡᠪᠯᠡᠯ᠎ᠤᠨ ᠲᠣᠭ᠎ᠠ ᠪᠠᠷᠢᠮᠲᠠ᠎ᠨᠢ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠠᠴᠠ ᠢᠷᠡᠯᠲᠡ᠎ᠲᠠᠢ; ᠪᠡᠶ᠎ᠡ ᠵᠢᠨ ᠲᠠᠮᠢᠷ᠎ᠤᠨ ᠲᠣᠭ᠎ᠠ ᠪᠠᠷᠢᠮᠲᠠ᠎ᠨᠢ ᠪᠡᠶ᠎ᠡ ᠵᠢᠨ ᠲᠠᠮᠢᠷ᠎ᠤᠨ ᠲᠣᠪᠴᠢᠶ᠎ᠠ᠎ᠠᠴᠠ ᠢᠷᠡᠯᠲᠡ᠎ᠲᠠᠢ; ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠲᠣᠭ᠎ᠠ ᠪᠠᠷᠢᠮᠲᠠ᠎ᠨᠢ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠠᠴᠠ ᠢᠷᠡᠯᠲᠡ᠎ᠲᠠᠢ; ᠺᠢᠨᠣ᠋ ᠵᠢᠨ ᠲᠣᠭ᠎ᠠ ᠪᠠᠷᠢᠮᠲᠠ᠎ᠨᠢ ᠺᠢᠨᠣ᠋ ᠵᠢᠨ ᠪᠦᠯᠦᠭᠯᠡᠯ᠎ᠠᠴᠠ ᠢᠷᠡᠯᠲᠡ᠎ᠲᠠᠢ; ᠨᠡᠶ᠋ᠢᠭᠡᠮ ᠲᠣᠭᠣᠷᠢᠭ᠎ᠤᠨ ᠦᠢ᠍ᠯᠡᠴᠢᠯᠡᠭᠡᠨ᠎ᠤ ᠪᠡᠯᠡᠳᠬᠡᠮᠵᠢ ᠵᠢᠨ ᠲᠣᠭ᠎ᠠ᠂ ᠠᠰᠠᠷᠠᠮᠵᠢ ᠵᠢᠨ ᠬᠦᠷᠢᠶᠡᠯᠡᠩ᠂ ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ᠂ ᠠᠰᠠᠷᠠᠮᠵᠢ ᠵᠢᠨ ᠱᠠᠩᠨᠠᠯᠲᠤ ᠰᠤᠭᠤᠯᠤᠭ᠎ᠠ ᠵᠢᠨ ᠲᠣᠭ᠎ᠠ ᠪᠠᠷᠢᠮᠲᠠ᠎ᠨᠢ ᠠᠷᠠᠳ᠎ᠤᠨ ᠶᠠᠪᠤᠳᠠᠯ᠎ᠤᠨ ᠲᠢᠩᠬᠢᠮ᠎ᠠᠴᠠ ᠢᠷᠡᠯᠲᠡ᠎ᠲᠠᠢ; ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠂ ᠣᠶ ᠰᠢᠭᠤᠶ ᠵᠢᠨ ᠲᠣᠭ᠎ᠠ ᠪᠠᠷᠢᠮᠲᠠ᠎ᠨᠢ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠢᠷᠡᠯᠲᠡ᠎ᠲᠠᠢ; ᠠᠭ᠋ᠠᠷ᠎ᠤᠨ ᠶᠠᠰᠤ ᠴᠢᠨᠠᠷ᠎ᠤᠨ ᠲᠣᠭ᠎ᠠ ᠪᠠᠷᠢᠮᠲᠠ᠎ᠨᠢ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠠᠴᠠ ᠢᠷᠡᠯᠲᠡ᠎ᠲᠠᠢ; ᠦᠢ᠍ᠯᠡᠳᠪᠦᠷᠢᠯᠡᠯ᠎ᠤᠨ ᠠᠮᠤᠷ ᠲᠦᠪᠰᠢᠨ᠎ᠤ ᠡᠨᠳᠡᠯ ᠵᠶ᠋ᠡᠷ ᠡᠨᠳᠡᠭᠰᠡᠳ᠎ᠤᠨ ᠲᠣᠭ᠎ᠠ ᠵᠢᠨ ᠲᠣᠭ᠎ᠠ ᠪᠠᠷᠢᠮᠲᠠ᠎ᠨᠢ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ ᠵᠢᠨ ᠲᠢᠩᠬᠢᠮ᠎ᠠᠴᠠ ᠢᠷᠡᠯᠲᠡ᠎ᠲᠠᠢ; ᠨᠡᠭᠦᠷᠡᠰᠦᠨ ᠠᠭᠤᠷᠬᠠᠶ ᠵᠢᠨ ᠵᠠᠭᠤᠨ ᠲᠦᠮᠡᠨ ᠲᠣᠨ᠎ᠳᠠᠬᠢ ᠡᠨᠳᠡᠯ᠎ᠤᠨ ᠨᠣᠷᠮ᠎ᠠ ᠵᠢᠨ ᠲᠣᠭ᠎ᠠ ᠪᠠᠷᠢᠮᠲᠠ᠎ᠨᠢ ᠤᠯᠤᠰ᠎ᠤᠨ ᠠᠭᠤᠷᠬᠠᠶ ᠵᠢᠨ ᠠᠮᠤᠷ ᠲᠦᠪᠰᠢᠨ᠎ᠤ ᠬᠢᠨᠠᠨ ᠪᠠᠶ᠋ᠢᠴᠠᠭ᠋ᠠᠬᠤ ᠲᠣᠪᠴᠢᠶ᠎ᠠ ᠵᠢᠨ ᠥᠪᠥᠷ ᠮᠣᠩᠭᠣᠯ᠎ᠤᠨ ᠲᠣᠪᠴᠢᠶ᠎ᠠ᠎ᠠᠴᠠ ᠢᠷᠡᠯᠲᠡ᠎ᠲᠠᠢ; ᠪᠤᠰᠤᠳ ᠲᠣᠭ᠎ᠠ ᠪᠠᠷᠢᠮᠲᠠ᠎ᠨᠢ ᠴᠥᠮ ᠲᠣᠭ᠎ᠠ ᠪᠦᠷᠢᠳᠬᠡᠯ᠎ᠤᠨ ᠲᠣᠪᠴᠢᠶ᠎ᠠ᠎ᠠᠴᠠ ᠢᠷᠡᠯᠲᠡ᠎ᠲᠠᠢ᠃