ᠲᠡᠷᠢᠭᠦᠨ ᠬᠠᠭᠤᠳᠠᠰᠤ
ᠠᠵᠢᠯ᠎ᠤᠨ ᠪᠠᠶ᠋ᠢᠳᠠᠯ
ᠢᠯᠡ ᠵᠠᠰᠠᠭ
ᠲᠤᠭ᠎ᠠ ᠪᠦᠷᠢᠳᠭᠡᠯ᠎ᠤᠨ ᠦᠢᠯᠡᠴᠢᠯᠡᠭᠡ
ᠢᠯᠡ ᠵᠠᠰᠠᠭ   -   ᠠᠯᠪᠠᠨ ᠮᠡᠳᠡᠭᠡ
2022 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠠᠷᠤᠳᠠᠯ᠎ᠤᠨ ᠣᠷᠣᠭᠤᠯᠤᠯᠲᠠ ᠵᠢᠨ ᠲᠤᠭ᠎ᠠ ᠪᠦᠷᠢᠳᠬᠡᠯ᠎ᠤᠨ ᠠᠯᠪᠠᠨ ᠮᠡᠳᠡᠭᠡ
ᠨᠡᠶ᠋ᠢᠲᠡᠯᠡᠭᠰᠡᠨ ᠴᠠᠭ᠄ 2023-10-12

         ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ          

         ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ

         ᠡᠳ᠋᠎ᠤᠨ ᠵᠠᠰᠠᠭ᠎ᠤᠨ ᠲᠢᠩᠬᠢᠮ
              2023 ᠣᠨ᠎ᠤ 10 ᠰᠠᠷ᠎ᠠ ᠵᠢᠨ 9᠎ᠤ ᠡᠳᠦᠷ


     2022 ᠣᠨ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠠᠷ ᠥᠪᠥᠷ ᠮᠣᠩᠭᠣᠯ ᠵᠶ᠋ᠠᠨ ᠮᠠᠨᠳᠤᠭᠤᠯᠬᠤ》 ᠠᠵᠢᠯᠯᠠᠭ᠎ᠠ ᠵᠢ ᠭᠦᠨᠵᠡᠭᠡᠶ ᠬᠡᠷᠡᠭᠵᠢᠭᠦᠯᠵᠦ᠂ ᠰᠤᠳᠤᠯᠤᠨ ᠨᠡᠭᠡᠭᠡᠬᠦ ᠣᠷᠣᠭᠤᠯᠤᠯᠲᠠ ᠵᠢᠨ ᠰᠢᠪᠲᠤᠯᠤᠯᠳᠠ ᠵᠢ ᠶᠡᠬᠡ᠎ᠪᠠᠷ ᠠᠬᠢᠭᠤᠯᠵᠤ᠂ ᠰᠤᠳᠤᠯᠭ᠋ᠠᠨ ᠬᠢᠭᠡᠳ ᠲᠤᠷᠰᠢᠯᠲᠠ ᠵᠢᠨ ᠬᠥᠭᠵᠢᠯᠲᠡ (R&D) ᠵᠢᠨ ᠵᠠᠷᠤᠳᠠᠯ᠎ᠤᠨ ᠣᠷᠣᠭᠤᠯᠤᠯᠲᠠ ᠨᠡᠯᠢᠶᠡᠳ ᠲᠦᠷᠭᠡᠨ ᠨᠡᠮᠡᠭᠳᠡᠯ᠎ᠢ ᠪᠠᠲᠤᠯᠠᠵᠤ᠂ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠠᠷᠤᠯᠭ᠎ᠠ ᠲᠣᠭᠲᠠᠭᠤᠨ ᠵᠶ᠋ᠠᠷ ᠨᠡᠮᠡᠭᠳᠡᠪᠡ᠃

     ᠨᠢᠭᠡ᠂ ᠰᠤᠳᠤᠯᠭ᠋ᠠᠨ ᠪᠠ ᠲᠤᠷᠰᠢᠯᠲᠠ ᠵᠢᠨ ᠬᠥᠭᠵᠢᠯᠲᠡ (R&D) ᠵᠢᠨ ᠵᠠᠷᠤᠳᠠᠯ᠎ᠤᠨ ᠪᠠᠶ᠋ᠢᠳᠠᠯ
     2022 ᠣᠨ᠎ᠳᠤ᠂ ᠪᠥᠬᠥ ᠣᠷᠣᠨ ᠨᠡᠶ᠋ᠢᠲᠡ ᠰᠤᠳᠤᠯᠭ᠋ᠠᠨ ᠪᠠ ᠲᠤᠷᠰᠢᠯᠲᠠ ᠵᠢᠨ ᠬᠥᠭᠵᠢᠯᠲᠡ (R&D) ᠵᠢᠨ ᠵᠠᠷᠤᠳᠠᠯ 209.5 ᠳ᠋ᠦᠩᠰᠢᠭᠤᠷ ᠲᠥᠭᠥᠷᠢᠭ ᠣᠷᠣᠭᠤᠯᠵᠤ᠂ 2021 ᠣᠨ᠎ᠤ᠎ᠬᠢ᠎ᠠᠴᠠ 19.4 ᠳ᠋ᠦᠩᠰᠢᠭᠤᠷ ᠲᠥᠭᠥᠷᠢᠭ ᠨᠡᠮᠡᠭᠳᠡᠵᠦ᠂ 10.2% ᠵᠶ᠋ᠠᠷ ᠨᠡᠮᠡᠭᠳᠡᠪᠡ; ᠰᠤᠳᠤᠯᠭ᠋ᠠᠨ ᠪᠠ ᠲᠤᠷᠰᠢᠯᠲᠠ ᠵᠢᠨ ᠬᠥᠭᠵᠢᠯᠲᠡ (R&D) ᠵᠢᠨ ᠵᠠᠷᠤᠳᠠᠯ᠎ᠤᠨ ᠣᠷᠣᠭᠤᠯᠤᠯᠲᠠ ᠵᠢᠨ ᠡᠷᠴᠢᠮ (ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ (2)᠎ᠤᠨ ᠬᠠᠷᠢᠴᠠᠯ)᠎ᠨᠢ 0.90% ᠪᠠᠶ᠋ᠢᠵᠤ᠂ 2021 ᠣᠨ᠎ᠤ᠎ᠬᠢ᠎ᠲᠠᠢ ᠲᠡᠩᠴᠡᠪᠡ (3)᠃
     ᠠᠵᠢᠯᠯᠠᠭ᠎ᠠ ᠵᠢᠨ ᠲᠥᠷᠥᠯ ᠵᠶ᠋ᠠᠷ ᠬᠤᠪᠢᠶᠠᠪᠠᠯ᠂ ᠪᠥᠬᠥ ᠣᠷᠣᠨ᠎ᠤ ᠰᠠᠭᠤᠷᠢ ᠰᠤᠳᠤᠯᠭ᠋ᠠᠨ᠎ᠤ ᠵᠠᠷᠤᠳᠠᠯ 8.1 ᠳ᠋ᠦᠩᠰᠢᠭᠤᠷ ᠲᠥᠭᠥᠷᠢᠭ᠎ᠲᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 48.8%᠎ᠪᠠᠷ ᠨᠡᠮᠡᠭᠳᠡᠪᠡ; ᠬᠡᠷᠡᠭᠯᠡᠭᠡᠨ᠎ᠤ ᠰᠤᠳᠤᠯᠭ᠋ᠠᠨ᠎ᠤ ᠵᠠᠷᠤᠳᠠᠯ 16.8 ᠳ᠋ᠦᠩᠰᠢᠭᠤᠷ ᠲᠥᠭᠥᠷᠢᠭ᠎ᠲᠤ ᠬᠦᠷᠴᠦ᠂ 9.3%᠎ᠪᠠᠷ ᠪᠠᠭᠤᠷᠠᠪᠠ; ᠲᠤᠷᠰᠢᠯᠲᠠ ᠵᠢᠨ ᠬᠥᠭᠵᠢᠯᠲᠡ ᠵᠢᠨ ᠵᠠᠷᠤᠳᠠᠯ 184.7 ᠳ᠋ᠦᠩᠰᠢᠭᠤᠷ ᠲᠥᠭᠥᠷᠢᠭ᠎ᠲᠤ ᠬᠦᠷᠴᠦ᠂ 11.1%᠎ᠪᠠᠷ ᠨᠡᠮᠡᠭᠳᠡᠪᠡ᠃ ᠰᠠᠭᠤᠷᠢ ᠰᠤᠳᠤᠯᠭ᠋ᠠᠨ᠂ ᠬᠡᠷᠡᠭᠯᠡᠭᠡᠨ᠎ᠤ ᠰᠤᠳᠤᠯᠭ᠋ᠠᠨ ᠪᠠ ᠲᠤᠷᠰᠢᠯᠲᠠ ᠵᠢᠨ ᠬᠥᠭᠵᠢᠯᠲᠡ ᠵᠢᠨ ᠵᠠᠷᠤᠳᠠᠯ᠎ᠤᠨ ᠡᠵᠡᠯᠡᠬᠦ ᠬᠠᠷᠢᠴᠠᠯ᠎ᠨᠢ ᠲᠣᠰ ᠲᠣᠰ 3.9%᠂ 8.0% ᠪᠠ 88.1% ᠪᠣᠯᠪᠠ᠃
      ᠠᠵᠢᠯᠯᠠᠭ᠎ᠠ ᠵᠢᠨ ᠭᠤᠤᠯ ᠴᠣᠭᠴᠠ᠎ᠠᠴᠠ ᠦᠵᠡᠪᠡᠯ᠂ ᠡᠯ᠎ᠡ ᠲᠥᠷᠥᠯ᠎ᠤᠨ ᠠᠵᠤ ᠠᠬᠤᠶ᠋ᠢᠯᠠᠯ᠎ᠤᠨ ᠰᠤᠳᠤᠯᠭ᠋ᠠᠨ ᠪᠠ ᠲᠤᠷᠰᠢᠯᠲᠠ ᠵᠢᠨ ᠬᠥᠭᠵᠢᠯᠲᠡ (R&D) ᠵᠢᠨ ᠵᠠᠷᠤᠳᠠᠯ 182.2 ᠳ᠋ᠦᠩᠰᠢᠭᠤᠷ ᠲᠥᠭᠥᠷᠢᠭ ᠪᠠᠶ᠋ᠢᠵᠤ᠂ ᠲᠦᠷᠦᠭᠦᠦ ᠵᠢᠯ᠎ᠤᠨ᠎ᠬᠢ᠎ᠠᠴᠠ 11.7%᠎ᠪᠠᠷ ᠨᠡᠮᠡᠭᠳᠡᠪᠡ; ᠵᠠᠰᠠᠭ᠎ᠤᠨ ᠣᠷᠳᠣᠨ᠎ᠤ ᠬᠠᠷᠢᠶ᠎ᠠ ᠰᠤᠳᠤᠯᠭ᠋ᠠᠨ᠎ᠤ ᠪᠠᠶ᠋ᠢᠭᠤᠯᠤᠮᠵᠢ ᠵᠢᠨ ᠵᠠᠷᠤᠳᠠᠯ 14.5 ᠳ᠋ᠦᠩᠰᠢᠭᠤᠷ ᠲᠥᠭᠥᠷᠢᠭ᠎ᠲᠤ ᠬᠦᠷᠴᠦ᠂ 6.9%᠎ᠪᠠᠷ ᠨᠡᠮᠡᠭᠳᠡᠪᠡ; ᠳᠡᠭᠡᠳᠦ ᠵᠡᠷᠭᠡ ᠵᠢᠨ ᠰᠤᠷᠭ᠋ᠠᠭᠤᠯᠢ ᠵᠢᠨ ᠵᠠᠷᠤᠳᠠᠯ 8.6 ᠳ᠋ᠦᠩᠰᠢᠭᠤᠷ ᠲᠥᠭᠥᠷᠢᠭ ᠪᠠᠶ᠋ᠢᠵᠤ᠂ 5.4%᠎ᠪᠠᠷ ᠪᠠᠭᠤᠷᠠᠪᠠ᠃ ᠠᠵᠤ ᠠᠬᠤᠶ᠋ᠢᠯᠠᠯ᠂ ᠵᠠᠰᠠᠭ᠎ᠤᠨ ᠣᠷᠳᠣᠨ᠎ᠤ ᠬᠠᠷᠢᠶ᠎ᠠ ᠰᠤᠳᠤᠯᠭ᠋ᠠᠨ᠎ᠤ ᠪᠠᠶ᠋ᠢᠭᠤᠯᠤᠮᠵᠢ᠂ ᠳᠡᠭᠡᠳᠦ ᠵᠡᠷᠭᠡ ᠵᠢᠨ ᠰᠤᠷᠭ᠋ᠠᠭᠤᠯᠢ ᠵᠢᠨ ᠵᠠᠷᠤᠳᠠᠯ᠎ᠤᠨ ᠡᠵᠡᠯᠡᠬᠦ ᠬᠠᠷᠢᠴᠠᠯ᠎ᠨᠢ ᠲᠣᠰ ᠲᠣᠰ 87.0%᠂ 6.9% ᠪᠠ 4.1%᠎ᠳᠤ ᠬᠦᠷᠴᠡᠶ᠃
     ᠠᠵᠤ ᠦᠢ᠍ᠯᠡᠰ᠎ᠤᠨ ᠰᠠᠯᠠᠭ᠎ᠠ ᠮᠥᠴᠢᠷ ᠬᠤᠪᠢᠶᠠᠵᠤ ᠦᠵᠡᠪᠡᠯ᠂ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ᠎ᠤᠨ ᠰᠤᠳᠤᠯᠭ᠋ᠠᠨ ᠪᠠ ᠲᠤᠷᠰᠢᠯᠲᠠ ᠵᠢᠨ ᠬᠥᠭᠵᠢᠯᠲᠡ (R&D) ᠵᠢᠨ ᠵᠠᠷᠤᠳᠠᠯ 18.1 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 5.5 ᠳ᠋ᠦᠩᠰᠢᠭᠤᠷ ᠲᠥᠭᠥᠷᠢᠭ ᠨᠡᠮᠡᠭᠳᠡᠨ᠂ 44.1%᠎ᠪᠠᠷ ᠨᠡᠮᠡᠭᠳᠡᠵᠦ᠂ ᠣᠷᠣᠭᠤᠯᠤᠯᠲᠠ ᠵᠢᠨ ᠡᠷᠴᠢᠮ (ᠡᠵᠡᠩᠨᠡᠯᠲᠡ ᠵᠢᠨ ᠣᠷᠣᠯᠭ᠎ᠠ᠎ᠯᠤᠭ᠎ᠠ ᠵᠢᠨ ᠬᠠᠷᠢᠴᠠᠯ)᠎ᠨᠢ 2.60% ᠪᠠᠶ᠋ᠢᠵᠤ᠂ ᠲᠦᠷᠦᠭᠦᠦ ᠵᠢᠯ᠎ᠤᠨ᠎ᠬᠢ᠎ᠠᠴᠠ 0.13 ᠵᠠᠭᠤᠨ᠎ᠤ ᠬᠤᠪᠢ ᠵᠢᠨ ᠴᠡᠭ ᠳᠡᠭᠡᠭᠰᠢᠯᠡᠪᠡ; ᠲᠣᠨᠣᠭᠯᠠᠯ ᠦᠢ᠍ᠯᠡᠳᠬᠦ ᠦᠢ᠍ᠯᠡᠰ᠎ᠢ ᠰᠤᠳᠤᠯᠬᠤ ᠪᠠ ᠲᠤᠷᠰᠢᠯᠲᠠ ᠬᠢᠵᠦ ᠬᠥᠭᠵᠢᠭᠦᠯᠬᠦ (R&D) ᠵᠠᠷᠤᠳᠠᠯ 26.6 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 1.2 ᠳ᠋ᠦᠩᠰᠢᠭᠤᠷ ᠲᠥᠭᠥᠷᠢᠭ ᠨᠡᠮᠡᠭᠳᠡᠨ᠂ 4.7%᠎ᠪᠠᠷ ᠨᠡᠮᠡᠭᠳᠡᠵᠦ᠂ ᠣᠷᠣᠭᠤᠯᠤᠯᠲᠠ ᠵᠢᠨ ᠡᠷᠴᠢᠮ᠎ᠨᠢ 2.67% ᠪᠠᠶ᠋ᠢᠵᠤ᠂ ᠲᠦᠷᠦᠭᠦᠦ ᠵᠢᠯ᠎ᠤᠨ᠎ᠬᠢ᠎ᠠᠴᠠ 0.27 ᠵᠠᠭᠤᠨ᠎ᠤ  ᠬᠤᠪᠢ ᠵᠢᠨ ᠴᠡᠭ ᠳᠡᠭᠡᠭᠰᠢᠯᠡᠪᠡ᠃ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠳᠣᠲᠣᠷ᠎ᠠ᠂ ᠰᠤᠳᠤᠯᠭ᠋ᠠᠨ ᠪᠠ ᠲᠤᠷᠰᠢᠯᠲᠠ ᠵᠢᠨ ᠬᠥᠭᠵᠢᠯᠲᠡ (R&D) ᠵᠢᠨ ᠵᠠᠷᠤᠳᠠᠯ᠎ᠤᠨ ᠣᠷᠣᠭᠤᠯᠤᠯᠲᠠ᠎ᠨᠢ 10 ᠳ᠋ᠦᠩᠰᠢᠭᠤᠷ ᠲᠥᠭᠥᠷᠢᠭ᠎ᠢ ᠳᠠᠪᠠᠭᠰᠠᠨ ᠠᠵᠢᠯ ᠲᠥᠷᠥᠯ᠎ᠤᠨ ᠶᠡᠬᠡ ᠲᠥᠷᠥᠯ 7 ᠪᠠᠶ᠋ᠢᠵᠤ᠂ ᠡᠨᠡ 7 ᠠᠵᠢᠯ ᠲᠥᠷᠥᠯ᠎ᠤᠨ ᠵᠠᠷᠤᠳᠠᠯ᠎ᠤᠨ ᠪᠥᠬᠥ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠰᠤᠳᠤᠯᠭ᠋ᠠᠨ ᠪᠠ ᠲᠤᠷᠰᠢᠯᠲᠠ ᠵᠢᠨ ᠬᠥᠭᠵᠢᠯᠲᠡ (R&D) ᠵᠢᠨ ᠵᠠᠷᠤᠳᠠᠯ᠎ᠤᠨ ᠳᠣᠲᠣᠷ᠎ᠠ ᠡᠵᠡᠯᠡᠬᠦ ᠬᠤᠪᠢ ᠵᠢᠨ ᠵᠢᠩ᠎ᠨᠢ 76.3% ᠪᠣᠯᠤᠨ᠎ᠠ (ᠳᠠᠭ᠋ᠠᠯᠳᠤᠭᠤᠯᠤᠯ ᠬᠦᠰᠦᠨᠦᠭᠲᠦ 1 ᠵᠢ ᠦᠵᠡ)᠃
     ᠭᠠᠵᠠᠷ ᠣᠷᠣᠨ ᠬᠤᠪᠢᠶᠠᠵᠤ ᠦᠵᠡᠪᠡᠯ᠂ ᠰᠤᠳᠤᠯᠭ᠋ᠠᠨ ᠪᠠ ᠲᠤᠷᠰᠢᠯᠲᠠ ᠵᠢᠨ ᠬᠥᠭᠵᠢᠯᠲᠡ (R&D) ᠵᠢᠨ ᠵᠠᠷᠤᠳᠠᠯ᠎ᠨᠢ ᠲᠦᠷᠦᠭᠦᠦ ᠭᠤᠷᠪᠠ᠎ᠳᠤ ᠵᠢᠭᠰᠠᠭ᠋ᠠᠭᠳᠠᠭᠰᠠᠨ᠎ᠨᠢ ᠪᠤᠭᠤᠲᠤ ᠬᠣᠲᠠ (77.5 ᠳ᠋ᠦᠩᠰᠢᠭᠤᠷ

ᠲᠥᠭᠥᠷᠢᠭ)᠂ ᠬᠥᠬᠡᠬᠣᠲᠠ (44.5 ᠳ᠋ᠦᠩᠰᠢᠭᠤᠷ ᠲᠥᠭᠥᠷᠢᠭ) ᠪᠠ ᠣᠷᠳᠣᠰ ᠬᠣᠲᠠ (44.1 ᠳ᠋ᠦᠩᠰᠢᠭᠤᠷ ᠲᠥᠭᠥᠷᠢᠭ) ᠪᠣᠯᠤᠨ᠎ᠠ᠃ ᠰᠤᠳᠤᠯᠭ᠋ᠠᠨ ᠬᠢᠭᠡᠳ ᠲᠤᠷᠰᠢᠯᠲᠠ ᠵᠢᠨ ᠬᠥᠭᠵᠢᠯᠲᠡ (R&D) ᠵᠢᠨ ᠵᠠᠷᠤᠳᠠᠯ᠎ᠤᠨ ᠣᠷᠣᠭᠤᠯᠤᠯᠲᠠ ᠵᠢᠨ ᠬᠦᠴᠦᠯᠡᠴᠡ (ᠣᠷᠣᠨ ᠨᠤᠲᠤᠭ᠎ᠤᠨ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ (4)᠎ᠯᠤᠭ᠎ᠠ ᠵᠢᠨ ᠬᠠᠷᠢᠴᠠᠯ)᠎ᠨᠢ ᠪᠦᠬᠦ ᠣᠷᠣᠨ᠎ᠤ ᠳᠤᠮᠳᠠᠴᠢ ᠬᠢᠷᠢ ᠬᠡᠮᠵᠢᠶ᠎ᠡ᠎ᠠᠴᠠ ᠳᠠᠪᠠᠭᠰᠠᠨ ᠠᠶ᠋ᠢᠮᠠᠭ ᠬᠣᠲᠠ 3 ᠪᠠᠶ᠋ᠢᠵᠤ᠂ ᠪᠤᠭᠤᠲᠤ ᠬᠣᠲᠠ᠂ ᠬᠥᠬᠡᠬᠣᠲᠠ ᠪᠣᠯᠤᠨ ᠦᠬᠠᠶ ᠬᠣᠲᠠ (ᠨᠠᠷᠢᠨ ᠪᠠᠶ᠋ᠢᠳᠠᠯ᠎ᠢ ᠳᠠᠭ᠋ᠠᠯᠳᠤᠭᠤᠯᠤᠯ ᠬᠦᠰᠦᠨᠦᠭᠲᠦ 2᠎ᠲᠤ ᠦᠵᠡ) ᠵᠢ ᠳᠠᠷᠠᠭ᠋ᠠᠯᠠᠨ᠎ᠠ᠃

      ᠬᠣᠶᠠᠷ᠂ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠠᠷᠤᠯᠭ᠎ᠠ ᠵᠢᠨ ᠪᠠᠶ᠋ᠢᠳᠠᠯ
     2022 ᠣᠨ᠎ᠳᠤ᠂ ᠪᠥᠬᠥ ᠣᠷᠣᠨ᠎ᠤ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠵᠠᠷᠤᠯᠭ᠎ᠠ 43.0 ᠳ᠋ᠦᠩᠰᠢᠭᠤᠷ ᠲᠥᠭᠥᠷᠢᠭ᠎ᠲᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 7.7 ᠳ᠋ᠦᠩᠰᠢᠭᠤᠷ ᠲᠥᠭᠥᠷᠢᠭ ᠨᠡᠮᠡᠭᠳᠡᠨ᠂ ᠠᠳᠠᠯᠢ ᠬᠤᠭᠤᠴᠠᠭ᠋ᠠᠨ᠎ᠤ᠎ᠬᠢ᠎ᠠᠴᠠ 21.8% ᠨᠡᠮᠡᠭᠳᠡᠵᠦ᠂ ᠡᠩ᠎ᠤᠨ ᠣᠯᠠᠨ ᠨᠡᠶ᠋ᠢᠲᠡ ᠵᠢᠨ ᠲᠥᠰᠦᠪ᠎ᠤᠨ ᠵᠠᠷᠤᠯᠭ᠎ᠠ᠎ᠳᠤ ᠡᠵᠡᠯᠡᠬᠦ ᠬᠤᠪᠢ ᠵᠢᠨ ᠵᠢᠩ᠎ᠨᠢ 0.73% ᠪᠣᠯᠵᠠᠶ᠃ ᠡᠭᠦᠨ᠎ᠳᠤ᠄ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠠᠷᠤᠯᠭ᠎ᠠ 8.1 ᠳ᠋ᠦᠩᠰᠢᠭᠤᠷ ᠲᠥᠭᠥᠷᠢᠭ ᠪᠠᠶ᠋ᠢᠵᠤ᠂ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠡᠩ᠎ᠤᠨ ᠣᠯᠠᠨ ᠨᠡᠶ᠋ᠢᠲᠡ ᠵᠢᠨ ᠲᠥᠰᠦᠪ᠎ᠤᠨ ᠵᠠᠷᠤᠯᠭ᠎ᠠ᠎ᠳᠠᠬᠢ ᠡᠵᠡᠯᠡᠬᠦ ᠬᠤᠪᠢ ᠵᠢᠨ ᠵᠢᠩ᠎ᠨᠢ 0.75% (5) ᠪᠣᠯᠤᠨ᠎ᠠ; ᠠᠶ᠋ᠢᠮᠠᠭ ᠬᠣᠲᠠ ᠵᠢᠨ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠠᠷᠤᠯᠭ᠎ᠠ 34 . 9 ᠳ᠋ᠦᠩᠰᠢᠭᠤᠷ ᠲᠥᠭᠥᠷᠢᠭ ᠪᠠᠶ᠋ᠢᠵᠤ᠂ ᠠᠶ᠋ᠢᠮᠠᠭ ᠬᠣᠲᠠ ᠵᠢᠨ ᠡᠩ᠎ᠤᠨ ᠣᠯᠠᠨ ᠨᠡᠶ᠋ᠢᠲᠡ ᠵᠢᠨ ᠲᠥᠰᠦᠪ᠎ᠤᠨ ᠵᠠᠷᠤᠯᠭ᠎ᠠ᠎ᠳᠤ ᠡᠵᠡᠯᠡᠬᠦ ᠬᠤᠪᠢ ᠵᠢᠨ ᠵᠢᠩ᠎ᠨᠢ 0.73% ᠪᠣᠯᠤᠨ᠎ᠠ᠃

1.jpg


       ᠪᠦᠬᠦ ᠣᠷᠣᠨ᠎ᠤ 12 ᠠᠶ᠋ᠢᠮᠠᠭ ᠬᠣᠲᠠ ᠵᠢᠨ ᠳᠣᠲᠣᠷ᠎ᠠ᠂ ᠦᠬᠠᠶ ᠬᠣᠲᠠ᠂ ᠣᠷᠳᠣᠰ ᠬᠣᠲᠠ᠂ ᠬᠥᠬᠡᠬᠣᠲᠠ᠂ ᠪᠤᠭᠤᠲᠤ ᠬᠣᠲᠠ ᠵᠡᠷᠭᠡ 4 ᠠᠶ᠋ᠢᠮᠠᠭ ᠬᠣᠲᠠ ᠵᠢᠨ ᠣᠷᠣᠨ ᠨᠤᠲᠤᠭ᠎ᠤᠨ ᠡᠩ᠎ᠤᠨ ᠣᠯᠠᠨ ᠨᠡᠶ᠋ᠢᠲᠡ ᠵᠢᠨ ᠲᠥᠰᠦᠪ᠎ᠤᠨ ᠵᠠᠷᠤᠯᠭ᠎ᠠ᠎ᠳᠠᠬᠢ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠠᠷᠤᠯᠭ᠎ᠠ ᠵᠢᠨ ᠡᠵᠡᠯᠡᠬᠦ ᠬᠤᠪᠢ ᠵᠢᠨ ᠵᠢᠩ᠎ᠨᠢ ᠪᠦᠬᠦ ᠣᠷᠣᠨ᠎ᠤ ᠳᠤᠮᠳᠠᠴᠢ ᠬᠢᠷᠢ ᠬᠡᠮᠵᠢᠶ᠎ᠡ᠎ᠠᠴᠠ ᠳᠡᠭᠡᠭᠦᠷ ᠪᠠᠶ᠋ᠢᠨ᠎ᠠ (ᠳᠠᠭ᠋ᠠᠯᠳᠤᠭᠤᠯᠤᠯ ᠬᠦᠰᠦᠨᠦᠭᠲᠦ 3 ᠵᠢ ᠦᠵᠡ)᠃
      ᠳᠠᠭ᠋ᠠᠯᠳᠤᠭᠤᠯᠤᠯ ᠬᠦᠰᠦᠨᠦᠭᠲᠦ 1 2022 ᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠭᠤᠤᠯᠳᠠᠯᠭ᠎ᠠ᠎ᠲᠠᠢ ᠠᠵᠢᠯ ᠲᠥᠷᠥᠯ᠎ᠤᠨ ᠰᠤᠳᠤᠯᠭ᠋ᠠᠨ ᠪᠠ ᠲᠤᠷᠰᠢᠯᠲᠠ ᠵᠢᠨ ᠬᠥᠭᠵᠢᠯᠲᠡ (R&D) ᠵᠢᠨ ᠵᠠᠷᠤᠳᠠᠯ᠎ᠤᠨ ᠪᠠᠶ᠋ᠢᠳᠠᠯ

2.jpg

 

     ᠳᠠᠭ᠋ᠠᠯᠳᠤᠭᠤᠯᠤᠯ ᠬᠦᠰᠦᠨᠦᠭᠲᠦ 2  2022 ᠣᠨ᠎ᠤ ᠡᠯ᠎ᠡ ᠠᠶ᠋ᠢᠮᠠᠭ ᠬᠣᠲᠠ ᠵᠢᠨ ᠰᠤᠳᠤᠯᠤᠯ ᠬᠢᠭᠡᠳ ᠲᠤᠷᠰᠢᠯᠲᠠ ᠵᠢᠨ ᠬᠥᠭᠵᠢᠯᠲᠡ (R&D) ᠵᠢᠨ ᠵᠠᠷᠤᠳᠠᠯ᠎ᠤᠨ ᠪᠠᠶ᠋ᠢᠳᠠᠯ

3.jpg


     ᠳᠠᠭ᠋ᠠᠯᠳᠤᠭᠤᠯᠤᠯ ᠬᠦᠰᠦᠨᠦᠭᠲᠦ 3   2022 ᠣᠨ᠎ᠤ ᠡᠯ᠎ᠡ ᠠᠶ᠋ᠢᠮᠠᠭ ᠬᠣᠲᠠ ᠵᠢᠨ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠠᠷᠤᠯᠭ᠎ᠠ ᠵᠢᠨ ᠪᠠᠶ᠋ᠢᠳᠠᠯ

4.jpg 

    ᠲᠠᠶ᠋ᠢᠯᠪᠤᠷᠢ᠄
     (1) ᠲᠣᠰ ᠠᠯᠪᠠᠨ ᠮᠡᠳᠡᠭᠡ ᠵᠢᠨ ᠰᠤᠳᠤᠯᠭ᠋ᠠᠨ ᠪᠠ ᠲᠤᠷᠰᠢᠯᠲᠠ ᠵᠢᠨ ᠬᠥᠭᠵᠢᠯᠲᠡ (R&D) ᠵᠢᠨ ᠵᠠᠷᠤᠳᠠᠯ᠎ᠤᠨ ᠲᠣᠭ᠎ᠠ ᠪᠠᠷᠢᠮᠲᠠ ᠵᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ ᠪᠠ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠠᠴᠠ ᠬᠠᠩᠭ᠋ᠠᠵᠤ᠂ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠠᠷᠤᠯᠭ᠎ᠠ ᠵᠢᠨ ᠲᠣᠭ᠎ᠠ ᠪᠠᠷᠢᠮᠲᠠ ᠵᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠡᠳ᠋᠎ᠤᠨ ᠵᠠᠰᠠᠭ᠎ᠤᠨ ᠲᠢᠩᠬᠢᠮ᠎ᠠᠴᠠ ᠬᠠᠩᠭ᠋ᠠᠵᠤ᠂ ᠬᠡᠰᠡᠭ ᠲᠣᠭ᠎ᠠ ᠪᠠᠷᠢᠮᠲᠠ᠎ᠨᠢ ᠳᠥᠷᠪᠡ ᠵᠢ ᠬᠠᠶᠠᠵᠤ ᠲᠠᠪᠤ ᠵᠢ ᠳᠡᠪᠰᠢᠭᠦᠯᠦᠭᠰᠡᠨ ᠰᠢᠯᠲᠠᠭ᠋ᠠᠨ᠎ᠠᠴᠠ ᠪᠣᠯᠵᠣ᠂ ᠨᠡᠶ᠋ᠢᠲᠡ ᠲᠣᠭ᠎ᠠ ᠪᠠ ᠵᠦᠢ᠍ᠯ ᠬᠤᠪᠢᠶᠠᠭᠰᠠᠨ ᠨᠡᠶ᠋ᠢᠯᠡᠪᠦᠷᠢ᠎ᠨᠢ ᠠᠳᠠᠯᠢ ᠥᠬᠡᠶ ᠪᠠᠶ᠋ᠢᠬᠤ ᠪᠠᠶ᠋ᠢᠳᠠᠯ ᠣᠷᠣᠰᠢᠵᠤ ᠪᠠᠶ᠋ᠢᠨ᠎ᠠ᠃
     (2) 2022 ᠣᠨ᠎ᠤ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ ᠵᠶ᠋ᠠᠷ ᠠᠩᠬ᠎ᠠ ᠠᠯᠬᠤᠮ᠎ᠤᠨ ᠬᠠᠷᠭᠤᠭᠤᠯᠤᠨ ᠪᠤᠳᠤᠬᠤ ᠲᠣᠭ᠎ᠠ ᠪᠣᠯᠭ᠋ᠠᠨ᠎ᠠ᠃
     (3) 2021 ᠣᠨ᠎ᠤ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ (GDP)᠎ᠤᠨ ᠡᠴᠦᠰ᠎ᠤᠨ ᠬᠠᠷᠭᠤᠭᠤᠯᠤᠨ ᠪᠤᠳᠤᠭᠰᠠᠨ ᠲᠣᠭ᠎ᠠ ᠪᠠᠷᠢᠮᠲᠠ ᠵᠢ ᠦᠨᠳᠦᠰᠦᠯᠡᠪᠡᠯ᠂ 2021 ᠣᠨ᠎ᠤ ᠰᠤᠳᠤᠯᠭ᠋ᠠᠨ ᠪᠠ ᠲᠤᠷᠰᠢᠯᠲᠠ ᠵᠢᠨ ᠬᠥᠭᠵᠢᠯᠲᠡ (R&D) ᠵᠢᠨ ᠵᠠᠷᠤᠳᠠᠯ᠎ᠤᠨ ᠣᠷᠣᠭᠤᠯᠤᠯᠲᠠ ᠵᠢᠨ ᠬᠦᠴᠦᠯᠡᠴᠡ ᠵᠢ ᠨᠢᠭᠡᠨᠲᠡ 0.90% ᠪᠣᠯᠭ᠋ᠠᠨ ᠵᠠᠰᠠᠪᠤᠷᠢ ᠣᠷᠣᠭᠤᠯᠪᠠ᠃
     (4) 2022 ᠣᠨ᠎ᠳᠤ ᠠᠶ᠋ᠢᠮᠠᠭ ᠬᠣᠲᠠ ᠵᠢᠨ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ ᠵᠶ᠋ᠠᠷ ᠠᠩᠬ᠎ᠠ ᠠᠯᠬᠤᠮ᠎ᠤᠨ ᠬᠠᠷᠭᠤᠭᠤᠯᠤᠨ ᠪᠤᠳᠤᠬᠤ ᠲᠣᠭ᠎ᠠ ᠪᠣᠯᠭ᠋ᠠᠨ᠎ᠠ᠃
     (5) ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠠᠷᠤᠯᠭ᠎ᠠ᠎ᠳᠤ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠰᠢᠯᠵᠢᠭᠦᠯᠦᠨ ᠥᠭᠬᠦ ᠪᠡᠯᠡ ᠮᠥᠩᠭᠥ ᠪᠠᠭᠲᠠᠨ᠎ᠠ᠃
      ᠳᠠᠭ᠋ᠠᠯᠳᠤᠭᠤᠯᠤᠭᠰᠠᠨ ᠲᠠᠶ᠋ᠢᠯᠪᠤᠷᠢ᠄

     1. ᠭᠣᠣᠯ ᠭᠦᠢ᠍ᠴᠡᠳᠬᠡᠯ ᠲᠣᠭ᠎ᠠ ᠵᠢ ᠲᠠᠶ᠋ᠢᠯᠪᠤᠷᠢᠯᠠᠬᠤ   

     ᠰᠤᠳᠤᠯᠭ᠋ᠠᠨ ᠬᠢᠭᠡᠳ ᠲᠤᠷᠰᠢᠯᠲᠠ ᠵᠢᠨ ᠬᠥᠭᠵᠢᠯᠲᠡ (R&D) ᠵᠢᠨ ᠵᠠᠷᠤᠳᠠᠯ ᠭᠡᠳᠡᠭ᠎ᠨᠢ ᠮᠡᠳᠡᠭᠦᠯᠦᠯᠲᠡ ᠵᠢᠨ ᠬᠤᠭᠤᠴᠠᠭ᠋ᠠᠨ᠎ᠳᠤ ᠰᠤᠳᠤᠯᠭ᠋ᠠᠨ ᠬᠢᠭᠡᠳ ᠲᠤᠷᠰᠢᠯᠲᠠ ᠵᠢᠨ ᠬᠥᠭᠵᠢᠯᠲᠡ (R&D) ᠵᠢᠨ ᠠᠵᠢᠯᠯᠠᠭ᠎ᠠ ᠵᠢ ᠬᠡᠷᠡᠭᠵᠢᠭᠦᠯᠬᠦ ᠵᠢᠨ ᠲᠥᠯᠥᠭᠡ ᠪᠣᠳᠠᠲᠠᠢ ᠡᠭᠦᠰᠦᠭᠰᠡᠨ ᠪᠦᠬᠦ ᠵᠠᠷᠤᠳᠠᠯ᠎ᠢ ᠵᠢᠭ᠋ᠠᠵᠤ ᠪᠠᠶ᠋ᠢᠨ᠎ᠠ᠃ ᠰᠤᠳᠤᠯᠭ᠋ᠠᠨ ᠪᠠ ᠲᠤᠷᠰᠢᠯᠲᠠ ᠵᠢᠨ ᠬᠥᠭᠵᠢᠯᠲᠡ (R&D) ᠭᠡᠳᠡᠭ᠎ᠨᠢ ᠮᠡᠳᠡᠯᠭᠡ ᠵᠢᠨ ᠬᠠᠳᠠᠭ᠋ᠠᠯᠠᠯᠲᠠ (ᠪᠠᠰᠠ ᠬᠥᠮᠦᠨ ᠲᠥᠷᠥᠯᠬᠢᠲᠡᠨ᠂ ᠰᠣᠶᠣᠯ ᠪᠠ ᠨᠡᠶ᠋ᠢᠭᠡᠮ᠎ᠤᠨ ᠬᠣᠯᠪᠣᠭᠳᠠᠯ ᠪᠦᠬᠦᠢ ᠮᠡᠳᠡᠯᠭᠡ ᠪᠠᠭᠲᠠᠨ᠎ᠠ) ᠵᠢ ᠨᠡᠮᠡᠭᠳᠡᠭᠦᠯᠬᠦ ᠵᠢᠴᠢ ᠤᠤᠯ᠎ᠤᠨ ᠪᠠᠶ᠋ᠢᠭᠰᠠᠨ ᠮᠡᠳᠡᠯᠭᠡ ᠵᠢᠨ ᠰᠢᠨ᠎ᠡ ᠬᠡᠷᠡᠭᠯᠡᠭᠡ ᠵᠢ ᠵᠢᠷᠤᠵᠤ ᠲᠥᠯᠥᠪᠯᠡᠬᠦ ᠵᠢᠨ ᠲᠥᠯᠥᠭᠡ ᠬᠢᠭᠰᠡᠨ ᠪᠦᠲᠦᠭᠡᠯᠴᠢ ᠴᠢᠨᠠᠷᠲᠠᠢ᠂ ᠰᠢᠰᠲ᠋ᠧᠮᠲᠦ ᠴᠢᠨᠠᠷᠲᠠᠢ ᠠᠵᠢᠯ᠎ᠢ ᠵᠢᠭ᠋ᠠᠵᠤ ᠪᠠᠶ᠋ᠢᠨ᠎ᠠ᠂ ᠡᠭᠦᠨ᠎ᠳᠤ ᠰᠠᠭᠤᠷᠢ ᠰᠤᠳᠤᠯᠭ᠋ᠠᠨ᠂ ᠬᠡᠷᠡᠭᠯᠡᠭᠡᠨ᠎ᠤ ᠰᠤᠳᠤᠯᠭ᠋ᠠᠨ ᠪᠠ ᠲᠤᠷᠰᠢᠯᠲᠠ ᠵᠢᠨ ᠬᠥᠭᠵᠢᠯᠲᠡ ᠵᠡᠷᠭᠡ ᠭᠤᠷᠪᠠᠨ ᠵᠦᠢ᠍ᠯ᠎ᠤᠨ ᠬᠡᠯᠪᠡᠷᠢ ᠪᠠᠭᠲᠠᠨ᠎ᠠ᠃ ᠳᠡᠯᠡᠬᠡᠢ ᠳᠡᠭᠡᠷ᠎ᠡ ᠶᠡᠷᠦ᠎ᠳᠡᠭᠡᠨ ᠰᠤᠳᠤᠯᠭ᠋ᠠᠨ ᠪᠠ ᠲᠤᠷᠰᠢᠯᠲᠠ ᠵᠢᠨ ᠬᠥᠭᠵᠢᠯᠲᠡ (R&D) ᠵᠢᠨ ᠠᠵᠢᠯᠯᠠᠭ᠎ᠠ ᠵᠢᠨ ᠬᠡᠪᠴᠢᠶ᠎ᠡ ᠪᠠ ᠡᠷᠴᠢᠮ᠎ᠤᠨ ᠭᠦᠢ᠍ᠴᠡᠳᠬᠡᠯ ᠲᠣᠭ᠎ᠠ᠎ᠨᠢ ᠨᠢᠭᠡ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠣᠳᠠᠲᠤ ᠬᠦᠴᠦᠨ ᠪᠠ ᠭᠣᠣᠯᠯᠠᠬᠤ ᠦᠷᠢᠰᠦᠯᠳᠦᠬᠦ ᠬᠦᠴᠦᠨ᠎ᠢ ᠲᠤᠰᠬᠠᠳᠠᠭ᠃
     ᠰᠠᠭᠤᠷᠢ ᠰᠤᠳᠤᠯᠤᠯ ᠭᠡᠳᠡᠭ ᠪᠣᠯ ᠶᠠᠮᠠᠷ ᠴᠤ᠌ ᠣᠨᠴᠠ ᠲᠣᠭᠲᠠᠭᠰᠠᠨ ᠬᠡᠷᠡᠭᠯᠡᠯᠲᠡ ᠪᠤᠶᠤ ᠬᠡᠷᠡᠭᠯᠡᠯᠲᠡ ᠵᠢᠨ ᠵᠣᠷᠢᠯᠭ᠎ᠠ ᠦᠭᠡᠢ ᠨᠢᠭᠡ ᠵᠦᠢ᠍ᠯ᠎ᠤᠨ ᠲᠤᠷᠰᠢᠯᠲᠠ ᠵᠢᠨ ᠴᠢᠨᠠᠷᠲᠠᠢ ᠪᠤᠶᠤ ᠤᠨᠤᠯ᠎ᠤᠨ ᠴᠢᠨᠠᠷᠲᠠᠢ ᠠᠵᠢᠯ᠎ᠢ ᠵᠢᠭ᠋ᠠᠵᠤ

ᠪᠤᠢ᠂ ᠲᠡᠭᠦᠨ᠎ᠤ ᠭᠣᠣᠯ ᠵᠣᠷᠢᠯᠭ᠎ᠠ᠎ᠨᠢ ᠳᠠᠷᠤᠢ ᠦᠵᠡᠭᠳᠡᠯ ᠪᠠ ᠪᠣᠳᠠᠲᠤ ᠬᠡᠷᠡᠭ᠎ᠢ ᠠᠵᠢᠭᠯᠠᠵᠤ ᠪᠣᠯᠬᠤ ᠦᠨᠳᠦᠰᠦᠨ ᠤᠭ ᠶᠣᠰᠣ᠂ ᠵᠢᠮ᠎ᠡ ᠶᠣᠰᠣ ᠪᠠ ᠰᠢᠨ᠎ᠡ ᠮᠡᠳᠡᠯᠭᠡ ᠵᠢ ᠤᠯᠬᠤ ᠶᠠᠪᠤᠳᠠᠯ ᠪᠣᠯᠤᠨ᠎ᠠ᠃
      ᠬᠡᠷᠡᠭᠯᠡᠭᠡᠨ᠎ᠤ ᠰᠤᠳᠤᠯᠤᠯ ᠰᠢᠨ᠎ᠡ ᠮᠡᠳᠡᠯᠭᠡ ᠣᠯᠵᠤ ᠶᠠᠮᠠᠷ ᠨᠢᠭᠡᠨ ᠣᠨᠴᠠᠭ᠋ᠠᠢ ᠪᠣᠳᠠᠲᠤ ᠵᠣᠷᠢᠯᠭ᠎ᠠ ᠪᠤᠶᠤ ᠬᠠᠷᠠᠯᠲᠠ᠎ᠳᠠᠭᠠᠨ ᠬᠦᠷᠬᠦ ᠵᠢᠨ ᠲᠥᠯᠥᠭᠡ ᠥᠷᠨᠢᠭᠦᠯᠦᠭᠰᠡᠨ ᠠᠩᠬᠠᠨ᠎ᠤ ᠴᠢᠨᠠᠷᠲᠠᠢ ᠰᠤᠳᠤᠯᠤᠯ᠎ᠢ ᠵᠢᠭ᠋ᠠᠵᠤ ᠪᠠᠶ᠋ᠢᠨ᠎ᠠ᠃ ᠬᠡᠷᠡᠭᠯᠡᠭᠡᠨ᠎ᠤ ᠰᠤᠳᠤᠯᠭ᠋ᠠᠨ ᠪᠣᠯ ᠰᠠᠭᠤᠷᠢ ᠰᠤᠳᠤᠯᠭ᠋ᠠᠨ᠎ᠤ ᠦᠷ᠎ᠡ ᠪᠦᠲᠦᠭᠡᠯ᠎ᠤᠨ ᠪᠣᠯᠣᠯᠴᠠᠭ᠋ᠠᠲᠤ ᠬᠡᠷᠡᠭᠴᠡᠭᠡ ᠵᠢ ᠲᠣᠭᠲᠠᠭ᠋ᠠᠬᠤ ᠪᠤᠶᠤ ᠣᠨᠴᠠ ᠲᠣᠭᠲᠠᠭᠰᠠᠨ ᠬᠠᠷᠠᠯᠲᠠ ᠵᠢ ᠪᠡᠶᠡᠯᠡᠭᠦᠯᠬᠦ ᠪᠠ ᠤᠷᠢᠳᠴᠢᠯᠠᠨ ᠲᠣᠭᠲᠠᠭ᠋ᠠᠭᠰᠠᠨ ᠬᠠᠷᠠᠯᠲᠠ ᠵᠢ ᠲᠣᠭᠲᠠᠭ᠋ᠠᠬᠤ ᠰᠢᠨ᠎ᠡ ᠠᠷᠭ᠎ᠠ ᠪᠣᠯᠤᠨ᠎ᠠ᠃
      ᠲᠤᠷᠰᠢᠯᠲᠠ ᠵᠢᠨ ᠬᠥᠭᠵᠢᠯᠲᠡ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠂ ᠪᠣᠳᠠᠲᠤ ᠲᠤᠷᠰᠢᠯᠭ᠎ᠠ᠎ᠠᠴᠠ ᠣᠯᠤᠭᠰᠠᠨ ᠮᠡᠳᠡᠯᠭᠡ ᠪᠠ ᠰᠤᠳᠤᠯᠭ᠋ᠠᠨ᠎ᠤ ᠶᠠᠪᠤᠴᠠ᠎ᠳᠤ ᠪᠤᠢ ᠪᠣᠯᠤᠭᠰᠠᠨ ᠪᠤᠰᠤᠳ ᠮᠡᠳᠡᠯᠭᠡ ᠵᠢ ᠠᠰᠢᠭᠯᠠᠨ᠂ ᠰᠢᠨ᠎ᠡ ᠦᠢ᠍ᠯᠡᠳᠬᠦᠨ᠂ ᠤᠷᠠᠯᠠᠯ᠎ᠢ ᠨᠡᠭᠡᠭᠡᠬᠦ ᠪᠤᠶᠤ ᠤᠳᠤ ᠪᠠᠶ᠋ᠢᠭ᠎ᠠ ᠦᠢ᠍ᠯᠡᠳᠬᠦᠨ᠂ ᠤᠷᠠᠯᠠᠯ᠎ᠢ ᠥᠭᠡᠷᠡᠴᠢᠯᠡᠨ ᠰᠠᠶ᠋ᠢᠵᠢᠷᠠᠭᠤᠯᠬᠤ᠎ᠪᠠᠷ ᠬᠢᠭᠰᠡᠨ ᠰᠢᠰᠲ᠋ᠧᠮᠲᠦ ᠴᠢᠨᠠᠷᠲᠠᠢ ᠰᠤᠳᠤᠯᠭ᠋ᠠᠨ᠎ᠢ ᠵᠢᠭ᠋ᠠᠵᠤ ᠪᠠᠶ᠋ᠢᠨ᠎ᠠ᠃

     2. ᠪᠦᠷᠢᠳᠬᠡᠯ᠎ᠤᠨ ᠬᠡᠪᠴᠢᠶ᠎ᠡ
     ᠰᠤᠳᠤᠯᠬᠤ ᠪᠠ ᠲᠤᠷᠰᠢᠯᠲᠠ ᠬᠢᠵᠦ ᠬᠥᠭᠵᠢᠭᠦᠯᠬᠦ (R&D) ᠵᠠᠷᠤᠳᠠᠯ᠎ᠤᠨ ᠪᠦᠷᠢᠳᠬᠡᠬᠦ ᠬᠦᠷᠢᠶ᠎ᠡ ᠬᠡᠪᠴᠢᠶ᠎ᠡ᠎ᠨᠢ ᠪᠦᠬᠦ ᠨᠡᠶ᠋ᠢᠭᠡᠮ᠎ᠤᠨ R&D ᠠᠵᠢᠯᠯᠠᠭ᠎ᠠ᠎ᠲᠠᠢ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠡ ᠪᠣᠯᠤᠨ᠎ᠠ᠂ ᠪᠣᠳᠠᠲᠠᠶ᠎ᠪᠠᠷ ᠬᠡᠯᠡᠪᠡᠯ ᠵᠠᠰᠠᠭ᠎ᠤᠨ ᠣᠷᠳᠣᠨ᠎ᠤ ᠬᠠᠷᠢᠶ᠎ᠠ ᠰᠤᠳᠤᠯᠭ᠋ᠠᠨ᠎ᠤ ᠪᠠᠶ᠋ᠢᠭᠤᠯᠤᠮᠵᠢ᠂ ᠳᠡᠭᠡᠳᠦ ᠵᠡᠷᠭᠡ ᠵᠢᠨ ᠰᠤᠷᠭ᠋ᠠᠭᠤᠯᠢ ᠵᠢᠴᠢ R&D ᠠᠵᠢᠯᠯᠠᠭ᠎ᠠ ᠬᠠᠷᠢᠴᠠᠩᠭᠤᠶ ᠲᠥᠪᠯᠡᠷᠡᠭᠰᠡᠨ ᠠᠵᠢᠯ ᠲᠥᠷᠥᠯ (ᠲᠠᠷᠢᠶᠠᠯᠠᠩ᠎ᠢ ᠪᠠᠭᠲᠠᠭ᠋ᠠᠨ᠎ᠠ)᠂ ᠤᠢ᠂ ᠮᠠᠯ᠂ ᠵᠢᠭ᠋ᠠᠰᠤᠨ ᠠᠵᠤ ᠠᠬᠤᠶ᠂ ᠠᠭᠤᠷᠬᠠᠶ ᠮᠠᠯᠲᠠᠬᠤ ᠦᠢ᠍ᠯᠡᠰ᠂ ᠦᠢ᠍ᠯᠡᠳᠬᠦ ᠦᠢ᠍ᠯᠡᠰ᠂ ᠴᠠᠬᠢᠯᠭ᠋ᠠᠨ ᠬᠦᠴᠦ᠂ ᠢᠯᠴᠢ ᠵᠢᠨ ᠬᠦᠴᠦ᠂ ᠰᠢᠲᠠᠮᠠᠬᠠᠶ ᠬᠡᠢ ᠵᠢᠴᠢ ᠤᠰᠤᠨ᠎ᠤ ᠦᠢ᠍ᠯᠡᠳᠪᠦᠷᠢᠯᠡᠯ ᠪᠠ ᠬᠠᠩᠭ᠋ᠠᠯᠭ᠎ᠠ ᠵᠢᠨ ᠦᠢ᠍ᠯᠡᠰ᠂ ᠪᠠᠷᠢᠯᠭ᠎ᠠ ᠵᠢᠨ ᠦᠢ᠍ᠯᠡᠰ᠂ ᠵᠠᠮ ᠲᠡᠭᠡᠭᠡᠪᠦᠷᠢ᠂ ᠬᠥᠮᠥᠷᠭᠡᠯᠡᠯᠲᠡ ᠪᠠ ᠰᠢᠦᠳᠠᠨ᠎ᠤ

ᠦᠢ᠍ᠯᠡᠰ᠂ ᠵᠠᠩᠭᠢ ᠳᠠᠮᠵᠢᠯᠭ᠋ᠠᠨ᠂ ᠵᠥᠭᠡᠯᠡᠨ ᠲᠣᠨᠣᠭ ᠪᠠ ᠮᠡᠳᠡᠭᠡ ᠵᠠᠩᠭᠢ ᠵᠢᠨ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠂ ᠮᠥᠩᠭᠥᠨ ᠭᠦᠢ᠍ᠯᠭᠡᠭᠡᠨ᠎ᠤ ᠦᠢ᠍ᠯᠡᠰ᠂ ᠲᠦᠷᠢᠶᠡᠰᠦᠯᠡᠬᠦ ᠪᠠ ᠬᠤᠳᠠᠯᠳᠤᠭ᠋ᠠᠨ᠎ᠤ ᠶᠠᠪᠤᠳᠠᠯ᠎ᠤᠨ ᠦᠢ᠍ᠯᠡᠴᠢᠯᠡᠭᠡᠨ᠎ᠤ ᠦᠢ᠍ᠯᠡᠰ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠪᠠ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠂ ᠤᠰᠤᠨ ᠠᠰᠢᠭᠯᠠᠯᠲᠠ᠂ ᠣᠷᠴᠢᠨ ᠲᠣᠭᠣᠷᠢᠨ ᠪᠠ ᠣᠯᠠᠨ ᠨᠡᠶ᠋ᠢᠲᠡ ᠵᠢᠨ ᠲᠥᠬᠥᠭᠡᠷᠦᠮᠵᠢ ᠵᠢᠨ ᠬᠠᠮᠢᠶᠠᠷᠤᠯᠲᠠ ᠵᠢᠨ ᠦᠢ᠍ᠯᠡᠰ᠂ ᠡᠷᠡᠭᠦᠯ ᠬᠠᠮᠠᠭ᠋ᠠᠯᠠᠯ ᠪᠠ ᠨᠡᠶ᠋ᠢᠭᠡᠮ᠎ᠤᠨ ᠠᠵᠢᠯ᠂ ᠰᠣᠶᠣᠯ᠂ ᠪᠡᠶ᠎ᠡ ᠵᠢᠨ ᠲᠠᠮᠢᠷ ᠪᠠ ᠵᠤᠭ᠎ᠠ ᠴᠡᠩᠭᠡᠯ᠎ᠤᠨ ᠦᠢ᠍ᠯᠡᠰ ᠵᠡᠷᠭᠡ) ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠵᠡᠷᠭᠡ᠃
     3. ᠪᠠᠶ᠋ᠢᠴᠠᠭ᠋ᠠᠬᠤ ᠠᠷᠭ᠎ᠠ
      ᠰᠤᠳᠤᠯᠬᠤ ᠪᠠ ᠲᠤᠷᠰᠢᠯᠲᠠ ᠬᠢᠵᠦ ᠬᠥᠭᠵᠢᠭᠦᠯᠬᠦ (R&D) ᠵᠠᠷᠤᠳᠠᠯ᠎ᠤᠨ ᠲᠤᠬᠠᠢ ᠪᠠᠶ᠋ᠢᠴᠠᠭ᠋ᠠᠬᠤ ᠠᠷᠭ᠎ᠠ ᠭᠡᠪᠡᠯ᠄ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ ᠪᠣᠯᠤᠨ᠎ᠠ᠂ ᠲᠤᠰᠬᠠᠶ᠂ ᠨᠢᠭᠡᠳᠦᠭᠡᠷ ᠳᠡᠰ᠎ᠤᠨ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠂ ᠬᠡᠪᠴᠢᠶ᠎ᠡ᠎ᠠᠴᠠ ᠳᠡᠭᠡᠭᠰᠢᠬᠢ ᠦᠢ᠍ᠯᠡᠴᠢᠯᠡᠭᠡᠨ᠎ᠤ ᠦᠢ᠍ᠯᠡᠰ ᠵᠠᠮ ᠬᠠᠷᠢᠯᠴᠠᠭ᠎ᠠ ᠲᠡᠭᠡᠭᠡᠪᠦᠷᠢ ᠪᠠᠭᠲᠠᠨ᠎ᠠ᠂ ᠬᠥᠮᠥᠷᠭᠡᠯᠡᠯᠲᠡ ᠪᠠ ᠰᠢᠦᠳᠠᠨ᠎ᠤ ᠦᠢ᠍ᠯᠡᠰ᠂ ᠵᠠᠩᠭᠢ ᠳᠠᠮᠵᠢᠯᠭ᠋ᠠᠨ᠂ ᠵᠥᠭᠡᠯᠡᠨ ᠲᠣᠨᠣᠭ ᠪᠠ ᠮᠡᠳᠡᠭᠡ ᠵᠠᠩᠭᠢ ᠵᠢᠨ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠂ ᠲᠦᠷᠢᠶᠡᠰᠦᠯᠡᠬᠦ ᠪᠠ ᠬᠤᠳᠠᠯᠳᠤᠭ᠋ᠠᠨ᠎ᠤ ᠶᠠᠪᠤᠳᠠᠯ᠎ᠤᠨ ᠦᠢ᠍ᠯᠡᠴᠢᠯᠡᠭᠡᠨ᠎ᠤ ᠦᠢ᠍ᠯᠡᠰ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠪᠠ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠂ ᠤᠰᠤᠨ ᠠᠰᠢᠭᠯᠠᠯᠲᠠ᠂ ᠣᠷᠴᠢᠨ ᠲᠣᠭᠣᠷᠢᠨ ᠪᠠ ᠣᠯᠠᠨ ᠨᠡᠶ᠋ᠢᠲᠡ ᠵᠢᠨ ᠲᠥᠬᠥᠭᠡᠷᠦᠮᠵᠢ ᠵᠢᠨ ᠬᠠᠮᠢᠶᠠᠷᠤᠯᠲᠠ ᠵᠢᠨ ᠦᠢ᠍ᠯᠡᠰ᠂ ᠡᠷᠡᠭᠦᠯ ᠬᠠᠮᠠᠭ᠋ᠠᠯᠠᠯ ᠪᠠ ᠨᠡᠶ᠋ᠢᠭᠡᠮ᠎ᠤᠨ ᠠᠵᠢᠯ᠂ ᠰᠣᠶᠣᠯ᠂ ᠪᠡᠶ᠎ᠡ ᠵᠢᠨ ᠲᠠᠮᠢᠷ ᠪᠠ ᠵᠤᠭ᠎ᠠ ᠴᠡᠩᠭᠡᠯ᠎ᠤᠨ ᠠᠵᠤ ᠠᠬᠤᠶ᠋ᠢᠯᠠᠯ᠂ ᠵᠠᠰᠠᠭ᠎ᠤᠨ ᠣᠷᠳᠣᠨ᠎ᠳᠤ ᠬᠠᠷᠢᠶᠠᠯᠠᠭᠳᠠᠬᠤ ᠰᠤᠳᠤᠯᠤᠯ᠎ᠤᠨ ᠪᠠᠶ᠋ᠢᠭᠤᠯᠤᠮᠵᠢ ᠵᠠᠰᠠᠭ᠎ᠤᠨ ᠣᠷᠳᠣᠨ᠎ᠳᠤ ᠪᠡᠶ᠎ᠡ᠎ᠪᠠᠨ ᠳᠠᠭ᠋ᠠᠭ᠋ᠠᠭᠰᠠᠨ ᠬᠠᠤᠯᠢ ᠵᠢᠨ ᠡᠷᠬᠡᠲᠡᠨ᠎ᠤ ᠰᠢᠨᠵᠢᠯᠡᠬᠦ ᠤᠬᠠᠭ᠋ᠠᠨ᠎ᠤ ᠰᠤᠳᠤᠯᠤᠯ ᠬᠢᠭᠡᠳ ᠮᠡᠷᠭᠡᠵᠢᠯ᠎ᠤᠨ ᠨᠡᠭᠡᠭᠡᠯᠲᠡ ᠵᠢᠨ ᠪᠠᠶ᠋ᠢᠭᠤᠯᠤᠮᠵᠢ᠎ᠳᠤ ᠬᠠᠷᠢᠶᠠᠯᠠᠭᠳᠠᠨ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠮᠡᠳᠡᠭᠡ ᠵᠠᠩᠭᠢ ᠬᠢᠭᠡᠳ ᠰᠤᠷᠪᠤᠯᠵᠢ ᠪᠢᠴᠢᠭ᠎ᠤᠨ ᠪᠠᠶ᠋ᠢᠭᠤᠯᠤᠮᠵᠢ ᠵᠡᠷᠭᠡ ᠨᠢᠭᠡᠴᠡ ᠵᠢᠴᠢ ᠰᠢᠨᠵᠢᠯᠡᠬᠦ ᠤᠬᠠᠭ᠋ᠠᠨ᠎ᠤ ᠰᠤᠳᠤᠯᠤᠯ ᠪᠣᠯᠤᠨ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠪᠤᠰᠤᠳ ᠠᠵᠤ ᠠᠬᠤᠶ᠋ᠢᠯᠠᠯ᠎ᠤᠨ ᠪᠤᠰᠤ ᠬᠠᠤᠯᠢ ᠵᠢᠨ ᠡᠷᠬᠡᠲᠡᠨ᠎ᠤ ᠨᠢᠭᠡᠴᠡ᠂ ᠳᠡᠭᠡᠳᠦ ᠰᠤᠷᠭ᠋ᠠᠭᠤᠯᠢ ᠵᠢᠴᠢ ᠬᠠᠷᠢᠶᠠᠲᠤ ᠡᠮᠨᠡᠯᠭᠡ ᠵᠢᠨ ᠬᠣᠷᠢᠶ᠎ᠠ᠎ᠳᠤ ᠪᠥᠬᠥ ᠲᠠᠯ᠎ᠠ ᠵᠢᠨ ᠪᠠᠶ᠋ᠢᠴᠠᠭ᠋ᠠᠯᠲᠠ ᠬᠢᠵᠦ ᠤᠯᠬᠤ ᠠᠷᠭ᠎ᠠ ᠵᠢ

ᠬᠡᠷᠡᠭᠯᠡᠨ᠎ᠡ; ᠬᠡᠪᠴᠢᠶᠡᠵᠢᠯ᠎ᠠᠴᠠ ᠳᠣᠷᠣᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ ᠪᠣᠯᠤᠨ ᠦᠢ᠍ᠯᠡᠴᠢᠯᠡᠭᠡᠨ᠎ᠤ ᠦᠢ᠍ᠯᠡᠰ᠎ᠤᠨ ᠠᠵᠤ ᠠᠬᠤᠶ᠋ᠢᠯᠠᠯ᠎ᠤᠳ ᠰᠤᠭᠤᠴᠢᠨ ᠪᠠᠶ᠋ᠢᠴᠠᠭ᠋ᠠᠵᠤ ᠲᠥᠰᠦᠭᠡᠯᠡᠨ ᠪᠤᠳᠤᠬᠤ ᠠᠷᠭ᠎ᠠ᠎ᠪᠠᠷ ᠣᠯᠤᠭᠰᠠᠨ; ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠦᠷ᠎ᠡ ᠪᠣᠶ᠋ᠢᠵᠢᠭᠤᠯᠬᠤ ᠬᠠᠮᠢᠶ᠎ᠠ ᠪᠦᠬᠦᠢ ᠠᠵᠤ ᠠᠬᠤᠶ᠋ᠢᠯᠠᠯ ᠪᠣᠯᠤᠨ ᠰᠢᠨᠵᠢᠯᠡᠬᠦ ᠤᠬᠠᠭ᠋ᠠᠨ ᠮᠡᠷᠭᠡᠵᠢᠯ᠂ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠤᠨ ᠪᠦᠷᠢᠳᠬᠡᠯ᠎ᠤᠨ ᠬᠡᠪᠴᠢᠶᠡᠨ᠎ᠳᠠᠬᠢ ᠭᠤᠷᠪᠠᠳᠤᠭ᠋ᠠᠷ ᠳᠡᠰ᠎ᠤᠨ ᠬᠥᠬᠡ ᠵᠡᠷᠭᠡ ᠵᠢᠨ ᠡᠮᠨᠡᠯᠭᠡ ᠵᠢᠨ ᠬᠣᠷᠢᠶ᠎ᠠ᠎ᠳᠤ ᠭᠤᠤᠯᠳᠠᠯᠭ᠎ᠠ᠎ᠲᠠᠢ ᠪᠠᠶ᠋ᠢᠴᠠᠭ᠋ᠠᠯᠲᠠ ᠬᠢᠬᠦ ᠦᠭᠡᠶ᠎ᠪᠠᠷ ᠣᠯᠤᠭᠰᠠᠨ; ᠪᠤᠰᠤᠳ ᠠᠵᠢᠯ ᠲᠥᠷᠥᠯ᠎ᠤᠨ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠡ ᠪᠣᠯ ᠬᠣᠶᠠᠳᠤᠭ᠋ᠠᠷ ᠤᠳᠠᠭ᠋ᠠᠨ᠎ᠤ ᠪᠥᠬᠥ ᠤᠯᠤᠰ᠎ᠤᠨ R&D ᠡᠬᠢ ᠪᠠᠶᠠᠯᠢᠭ᠎ᠢ ᠢᠯᠭ᠋ᠠᠷᠠᠭᠤᠯᠤᠨ ᠪᠠᠶ᠋ᠢᠴᠠᠭ᠋ᠠᠭᠰᠠᠨ ᠮᠠᠲ᠋ᠧᠷᠢᠶᠠᠯ᠎ᠢ ᠲᠥᠰᠦᠭᠡᠯᠡᠨ ᠪᠤᠳᠤᠬᠤ ᠵᠡᠷᠭᠡ ᠠᠷᠭ᠎ᠠ᠎ᠪᠠᠷ ᠤᠯᠪᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
2023 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠩᠭᠤ ᠰᠠᠭᠤᠭ᠎ᠠ ᠬᠥᠮᠦᠨ ᠠᠮᠠ ᠵᠢᠨ ᠭᠤᠤᠯ ᠲᠣᠭ᠎ᠠ ᠪᠠᠷᠢᠮᠲᠠ ᠵᠢᠨ ᠠᠯᠪᠠᠨ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2023 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠪᠦᠷᠢᠳᠬᠡᠯ᠎ᠤᠨ ᠠᠯᠪᠠᠨ ᠮᠡᠳᠡᠭᠡ
 
            