ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠨᠢᠭᠡᠳᠦᠯᠲᠡᠶ ᠪᠠᠶ᠋ᠢᠷᠢᠯᠠᠭᠤᠯᠤᠯᠲᠠ ᠶᠣᠰᠣᠭ᠋ᠠᠷ᠂ 2022 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠥᠮᠦᠨ ᠠᠮᠠ ᠵᠢᠨ ᠬᠤᠪᠢᠷᠠᠯᠲᠠ ᠵᠢᠨ ᠥᠯᠢᠭᠡᠷ ᠠᠪᠬᠤ ᠪᠠᠶ᠋ᠢᠴᠠᠭ᠋ᠠᠯᠲᠠ ᠵᠢ ᠪᠥᠬᠥ ᠣᠷᠣᠨ ᠵᠶ᠋ᠠᠷ ᠶᠡᠷᠦᠩᠬᠡᠶ ᠴᠣᠭᠴᠠ ᠪᠣᠯᠭ᠋ᠠᠵᠤ᠂ 108 ᠬᠣᠰᠢᠭᠤ ᠰᠢᠶᠠᠨ (ᠬᠣᠲᠠ᠂ ᠲᠣᠭᠣᠷᠢᠭ) (ᠡᠭᠦᠨ᠎ᠳᠤ᠂ ᠬᠣᠰᠢᠭᠤ ᠰᠢᠶᠠᠨ ᠲᠣᠭᠣᠷᠢᠭ 103᠂ ᠨᠡᠭᠡᠭᠡᠯᠲᠡ ᠵᠢᠨ ᠣᠷᠣᠨ 4᠂ ᠬᠠᠮᠢᠶᠠᠷᠤᠯᠲᠠ ᠵᠢᠨ ᠵᠥᠪᠯᠡᠯ 1) ᠵᠶ᠋ᠠᠷ ᠶᠡᠷᠦᠩᠬᠡᠶ ᠴᠣᠭᠴᠠ ᠪᠣᠯᠭ᠋ᠠᠵᠤ᠂ ᠳᠠᠪᠬᠤᠷᠭ᠎ᠠ ᠬᠤᠪᠢᠶᠠᠭᠰᠠᠨ᠂ ᠰᠦᠷᠦᠭᠯᠡᠭᠰᠡᠨ᠂ ᠲᠣᠬᠢᠶᠠᠯᠳᠤᠮᠵᠢ ᠵᠢᠨ ᠬᠠᠷᠢᠴᠠᠯ᠎ᠤᠨ ᠥᠯᠢᠭᠡᠷ ᠠᠪᠬᠤ ᠠᠷᠭ᠎ᠠ ᠵᠢ ᠠᠪᠴᠤ᠂ ᠨᠡᠶ᠋ᠢᠲᠡ 3432 ᠲᠣᠰᠬᠣᠨ᠎ᠤ ᠲᠠᠰ᠎ᠤᠨ ᠥᠯᠢᠭᠡᠷ ᠠᠪᠴᠤ᠂ 20 . 2 ᠲᠦᠮᠡᠨ ᠡᠷᠦᠬᠡ᠎ᠳᠤ ᠪᠠᠶ᠋ᠢᠴᠠᠭ᠋ᠠᠯᠲᠠ ᠬᠢᠨ᠎ᠠ᠃ ᠡᠳᠦᠭᠡ ᠬᠥᠮᠦᠨ ᠠᠮᠠ ᠵᠢᠨ ᠬᠤᠪᠢᠷᠠᠯᠲᠠ ᠵᠢ ᠦᠨᠳᠦᠰᠦᠯᠡᠨ ᠰᠤᠭᠤᠴᠢᠨ ᠪᠠᠶ᠋ᠢᠴᠠᠭ᠋ᠠᠭᠰᠠᠨ ᠲᠣᠭ᠎ᠠ ᠪᠠᠷᠢᠮᠲᠠ ᠵᠢ ᠲᠥᠰᠦᠭᠡᠯᠡᠨ ᠪᠤᠳᠤᠭᠰᠠᠨ ᠪᠥᠬᠥ ᠣᠷᠣᠨ᠎ᠤ 2022 ᠣᠨ᠎ᠤ ᠬᠥᠮᠦᠨ ᠠᠮᠠ ᠵᠢᠨ ᠭᠤᠤᠯ ᠪᠣᠯᠬᠤ ᠲᠣᠭ᠎ᠠ ᠪᠠᠷᠢᠮᠲᠠ ᠵᠢ ᠳᠤᠤᠷᠠᠬᠢ ᠮᠡᠲᠦ ᠨᠡᠶ᠋ᠢᠲᠡᠯᠡᠪᠡ᠄
ᠨᠢᠭᠡ᠂ ᠪᠠᠶ᠋ᠢᠩᠭᠤ ᠰᠠᠭᠤᠭ᠎ᠠ ᠬᠥᠮᠦᠨ ᠠᠮᠠ ᠵᠢᠨ ᠶᠡᠷᠦᠩᠬᠡᠢ ᠬᠡᠮᠵᠢᠶ᠎ᠡ
2022 ᠣᠨ᠎ᠤ ᠡᠴᠦᠰ᠎ᠲᠤ᠂ ᠪᠥᠬᠥ ᠣᠷᠣᠨ᠎ᠤ ᠪᠠᠶ᠋ᠢᠩᠭᠤ ᠰᠠᠭᠤᠭ᠎ᠠ ᠬᠥᠮᠦᠨ ᠠᠮᠠ 2401.17 ᠲᠦᠮᠡ ᠪᠣᠯᠵᠣ᠂ 2021 ᠣᠨ᠎ᠤ ᠡᠴᠦᠰ᠎ᠤᠨ᠎ᠬᠢ᠎ᠠᠴᠠ 1.17 ᠲᠦᠮᠡ ᠨᠡᠮᠡᠭᠳᠡᠨ᠂ ᠨᠡᠮᠡᠭᠳᠡᠯ᠎ᠤᠨ ᠬᠡᠮᠵᠢᠶ᠎ᠡ᠎ᠨᠢ 0.05 % ᠪᠣᠯᠪᠠ᠃
ᠬᠣᠶᠠᠷ᠂ ᠬᠤᠳᠠ ᠲᠣᠰᠬᠣᠨ᠎ᠤ ᠪᠦᠲᠦᠴᠡ
2022 ᠣᠨ᠎ᠤ ᠡᠴᠦᠰ᠎ᠲᠤ ᠪᠥᠬᠥ ᠣᠷᠣᠨ᠎ᠤ ᠪᠠᠶ᠋ᠢᠩᠭᠤ ᠰᠠᠭᠤᠭ᠎ᠠ ᠬᠥᠮᠦᠨ ᠠᠮᠠ ᠵᠢᠨ ᠳᠣᠲᠣᠷ᠎ᠠ᠂ ᠬᠣᠲᠠ ᠪᠠᠯᠭ᠋ᠠᠰᠤᠨ᠎ᠤ ᠪᠠᠶ᠋ᠢᠩᠭᠤ ᠰᠠᠭᠤᠭ᠎ᠠ ᠬᠥᠮᠦᠨ ᠠᠮᠠ 1647.20 ᠲᠦᠮᠡ ᠪᠠᠶ᠋ᠢᠵᠤ᠂ 2021 ᠣᠨ᠎ᠤ ᠡᠴᠦᠰ᠎ᠤᠨ᠎ᠬᠢ᠎ᠠᠴᠠ 10.16 ᠲᠦᠮᠡ ᠨᠡᠮᠡᠭᠳᠡᠵᠡᠶ; ᠬᠥᠳᠡᠭᠡ ᠲᠣᠰᠬᠣᠨ᠎ᠤ ᠪᠠᠶ᠋ᠢᠩᠭᠤ ᠰᠠᠭᠤᠭ᠎ᠠ ᠬᠥᠮᠦᠨ ᠠᠮᠠ 753.97 ᠲᠦᠮᠡ ᠪᠠᠶ᠋ᠢᠵᠤ᠂ 2021 ᠣᠨ᠎ᠤ ᠡᠴᠦᠰ᠎ᠤᠨ᠎ᠬᠢ᠎ᠠᠴᠠ 8.99 ᠲᠦᠮᠡ ᠪᠠᠭ᠋ᠠᠰᠪᠠ᠃ ᠪᠠᠶ᠋ᠢᠩᠭᠤ ᠰᠠᠭᠤᠭ᠎ᠠ ᠬᠥᠮᠦᠨ ᠠᠮᠠ ᠵᠢᠨ ᠬᠣᠲᠠ ᠪᠠᠯᠭ᠋ᠠᠰᠤᠵᠢᠯᠲᠠ ᠵᠢᠨ ᠨᠣᠷᠮ᠎ᠠ 68.60 % ᠬᠦᠷᠴᠦ᠂ 2021 ᠣᠨ᠎ᠤ᠎ᠬᠢ᠎ᠠᠴᠠ 0.39 ᠵᠠᠭᠤᠨ᠎ᠤ ᠬᠤᠪᠢ ᠵᠢᠨ ᠴᠡᠭ ᠳᠡᠭᠡᠭᠰᠢᠯᠡᠪᠡ᠃
ᠭᠤᠷᠪᠠ᠂ ᠨᠠᠰᠤᠨ᠎ᠤ ᠪᠦᠷᠢᠯᠳᠦᠯ
2022 ᠣᠨ᠎ᠤ ᠡᠴᠦᠰ ᠪᠣᠯᠬᠤ᠎ᠳᠤ ᠪᠥᠬᠥ ᠣᠷᠣᠨ᠎ᠤ ᠪᠠᠶ᠋ᠢᠩᠭᠤ ᠰᠠᠭᠤᠭ᠎ᠠ ᠬᠥᠮᠦᠨ ᠠᠮᠠ ᠵᠢᠨ
ᠳᠣᠲᠣᠷ᠎ᠠ᠂ 0-15 ᠨᠠᠰᠤᠨ᠎ᠤ ᠬᠥᠮᠦᠨ ᠠᠮᠠ 343.13 ᠲᠦᠮᠡ ᠪᠠᠶ᠋ᠢᠵᠤ᠂ ᠪᠥᠬᠥ ᠣᠷᠣᠨ᠎ᠤ ᠪᠠᠶ᠋ᠢᠩᠭᠤ ᠰᠠᠭᠤᠭ᠎ᠠ ᠬᠥᠮᠦᠨ ᠠᠮᠠ ᠵᠢᠨ 14.29 % ᠵᠢ ᠡᠵᠡᠯᠡᠪᠡ; 16 - 59 ᠨᠠᠰᠤᠨ᠎ᠤ ᠬᠥᠮᠦᠨ ᠠᠮᠠ 1542.99 ᠲᠦᠮᠡ ᠪᠠᠶ᠋ᠢᠵᠤ᠂ 64.26 % ᠵᠢ ᠡᠵᠡᠯᠡᠪᠡ; 60 ᠨᠠᠰᠤ ᠵᠢᠴᠢ ᠲᠡᠭᠦᠨ᠎ᠠᠴᠠ ᠳᠡᠭᠡᠭᠰᠢᠬᠢ ᠨᠠᠰᠤᠨ᠎ᠤ ᠬᠥᠮᠦᠨ ᠠᠮᠠ 515.05 ᠲᠦᠮᠡ ᠪᠠᠶ᠋ᠢᠵᠤ᠂ 21.45% ᠵᠢ ᠡᠵᠡᠯᠡᠪᠡ᠃ 2021 ᠣᠨ᠎ᠲᠠᠢ ᠬᠠᠷᠢᠴᠠᠭᠤᠯᠪᠠᠯ᠂ 0-15 ᠨᠠᠰᠤᠨ᠎ᠤ ᠬᠥᠮᠦᠨ ᠠᠮᠠ 9.87 ᠲᠦᠮᠡ ᠪᠠᠭ᠋ᠠᠰᠴᠤ᠂ ᠬᠤᠪᠢ ᠵᠢᠨ ᠵᠢᠩ᠎ᠨᠢ 0.42 ᠵᠠᠭᠤᠨ᠎ᠤ ᠬᠤᠪᠢ ᠵᠢᠨ ᠴᠡᠭ ᠪᠠᠭᠤᠷᠠᠪᠠ; 16 - 59 ᠨᠠᠰᠤᠨ᠎ᠤ ᠬᠥᠮᠦᠨ ᠠᠮᠠ 17.01 ᠲᠦᠮᠡ ᠪᠠᠭ᠋ᠠᠰᠴᠤ᠂ ᠬᠤᠪᠢ ᠵᠢᠨ ᠵᠢᠩ᠎ᠨᠢ 0.74 ᠵᠠᠭᠤᠨ᠎ᠤ ᠬᠤᠪᠢ ᠵᠢᠨ ᠴᠡᠭ ᠪᠠᠭᠤᠷᠠᠪᠠ; 60 ᠨᠠᠰᠤ ᠵᠢᠴᠢ ᠲᠡᠭᠦᠨ᠎ᠠᠴᠠ ᠳᠡᠭᠡᠭᠰᠢᠬᠢ ᠨᠠᠰᠤᠨ᠎ᠤ ᠬᠥᠮᠦᠨ ᠠᠮᠠ 28 . 05 ᠲᠦᠮᠡ ᠨᠡᠮᠡᠭᠳᠡᠵᠦ᠂ ᠬᠤᠪᠢ ᠵᠢᠨ ᠵᠢᠩ᠎ᠨᠢ 1.16 ᠵᠠᠭᠤᠨ᠎ᠤ ᠬᠤᠪᠢ ᠵᠢᠨ ᠴᠡᠭ ᠳᠡᠭᠡᠭᠰᠢᠯᠡᠪᠡ᠂ ᠡᠭᠦᠨ᠎ᠳᠤ 65 ᠨᠠᠰᠤ ᠵᠢᠴᠢ ᠲᠡᠭᠦᠨ᠎ᠠᠴᠠ ᠳᠡᠭᠡᠭᠰᠢᠬᠢ ᠨᠠᠰᠤᠨ᠎ᠤ ᠬᠥᠮᠦᠨ ᠠᠮᠠ 20.95 ᠲᠦᠮᠡ ᠨᠡᠮᠡᠭᠳᠡᠪᠡ᠃
ᠳᠥᠷᠪᠡ᠂ ᠴᠢᠨᠠᠷ᠎ᠤᠨ ᠢᠯᠭ᠋ᠠᠯ ᠪᠦᠷᠢᠯᠳᠦᠯ
2022 ᠣᠨ᠎ᠤ ᠡᠴᠦᠰ ᠪᠣᠯᠬᠤ᠎ᠳᠤ ᠪᠥᠬᠥ ᠣᠷᠣᠨ᠎ᠤ ᠪᠠᠶ᠋ᠢᠩᠭᠤ ᠰᠠᠭᠤᠭ᠎ᠠ ᠬᠥᠮᠦᠨ ᠠᠮᠠ ᠵᠢᠨ
ᠳᠣᠲᠣᠷ᠎ᠠ᠂ ᠡᠷᠡᠭᠲᠡᠶ ᠬᠥᠮᠦᠨ ᠠᠮᠠ 1224.74 ᠲᠦᠮᠡ ᠪᠠᠶ᠋ᠢᠵᠤ᠂ ᠪᠥᠬᠥ ᠣᠷᠣᠨ᠎ᠤ ᠪᠠᠶ᠋ᠢᠩᠭᠤ ᠰᠠᠭᠤᠭ᠎ᠠ ᠬᠥᠮᠦᠨ ᠠᠮᠠ ᠵᠢᠨ 51.01% ᠵᠢ ᠡᠵᠡᠯᠡᠪᠡ; ᠡᠮᠡᠭᠲᠡᠶ ᠬᠥᠮᠦᠨ ᠠᠮᠠ 1176.43 ᠲᠦᠮᠡ ᠪᠠᠶ᠋ᠢᠵᠤ᠂ ᠪᠥᠬᠥ ᠣᠷᠣᠨ᠎ᠤ ᠪᠠᠶ᠋ᠢᠩᠭᠤ ᠰᠠᠭᠤᠭ᠎ᠠ ᠬᠥᠮᠦᠨ ᠠᠮᠠ ᠵᠢᠨ 48.99% ᠵᠢ ᠡᠵᠡᠯᠡᠪᠡ᠃ ᠴᠢᠨᠠᠷ᠎ᠤᠨ ᠢᠯᠭ᠋ᠠᠯ᠎ᠤᠨ ᠬᠠᠷᠢᠴᠠᠯ (ᠡᠮᠡᠭᠲᠡᠶ᠋ᠢᠴᠦᠳ 100᠂ ᠡᠷᠡᠭᠲᠡᠶ ᠡᠮᠡᠭᠲᠡᠶ ᠵᠢᠨ ᠬᠠᠷᠢᠴᠠᠯ)᠎ᠨᠢ 104.11 ᠪᠠᠶ᠋ᠢᠵᠤ᠂ 2021 ᠣᠨ᠎ᠤ᠎ᠬᠢ᠎ᠠᠴᠠ 0.32 ᠪᠠᠭᠤᠷᠠᠪᠠ᠃
ᠲᠠᠪᠤ᠂ ᠬᠥᠮᠦᠨ ᠠᠮᠠ ᠵᠢᠨ ᠠᠶᠠᠨᠳᠠᠭ᠋ᠠᠨ ᠨᠡᠮᠡᠭᠳᠡᠬᠦ
2022 ᠣᠨ᠎ᠤ ᠡᠴᠦᠰ᠎ᠲᠤ ᠪᠥᠬᠥ ᠣᠷᠣᠨ᠎ᠤ ᠪᠠᠶ᠋ᠢᠩᠭᠤ ᠰᠠᠭᠤᠭ᠎ᠠ ᠬᠥᠮᠦᠨ ᠠᠮᠠ ᠵᠢᠨ ᠳᠣᠲᠣᠷ᠎ᠠ᠂ ᠲᠥᠷᠥᠭᠰᠡᠨ ᠬᠥᠮᠦᠨ ᠠᠮᠠ 13.40 ᠲᠦᠮᠡ ᠪᠠᠶ᠋ᠢᠵᠤ᠂ 2021 ᠣᠨ᠎ᠤ᠎ᠬᠢ᠎ᠠᠴᠠ 1.63 ᠲᠦᠮᠡ ᠪᠠᠭ᠋ᠠᠰᠪᠠ; ᠬᠥᠮᠦᠨ ᠠᠮᠠ ᠵᠢᠨ ᠳᠦᠷᠦᠯᠲᠡ ᠵᠢᠨ ᠨᠣᠷᠮ᠎ᠠ 5.58 ‰ ᠪᠣᠯᠵᠣ᠂ 2021 ᠣᠨ᠎ᠤ᠎ᠬᠢ᠎ᠠᠴᠠ 0.68 ᠮᠢᠩᠭ᠋ᠠᠨ ᠬᠤᠪᠢ ᠵᠢᠨ ᠴᠡᠭ ᠪᠠᠭᠤᠷᠠᠪᠠ; 18.80 ᠲᠦᠮᠡᠨ ᠬᠥᠮᠦᠨ ᠨᠠᠰᠤ ᠪᠠᠷᠠᠵᠤ᠂ 2021 ᠣᠨ᠎ᠤ᠎ᠬᠢ᠎ᠠᠴᠠ 0.69 ᠲᠦᠮᠡᠨ ᠬᠥᠮᠦᠨ ᠨᠡᠮᠡᠭᠳᠡᠪᠡ; ᠬᠥᠮᠦᠨ ᠠᠮᠠ ᠵᠢᠨ ᠦᠬᠦᠯ᠎ᠤᠨ ᠨᠤᠷᠮ᠎ᠠ 7.83 ‰ᠳᠤ ᠬᠦᠷᠴᠦ᠂ 2021 ᠣᠨ᠎ᠤ᠎ᠬᠢ᠎ᠠᠴᠠ 0.29 ᠮᠢᠩᠭ᠋ᠠᠨ ᠬᠤᠪᠢ ᠵᠢᠨ ᠴᠡᠭ ᠳᠡᠭᠡᠭᠰᠢᠯᠡᠪᠡ; ᠬᠥᠮᠦᠨ ᠠᠮᠠ ᠵᠢᠨ ᠠᠶᠠᠨᠳᠠᠭ᠋ᠠᠨ ᠨᠡᠮᠡᠭᠳᠡᠬᠦ ᠨᠣᠷᠮ᠎ᠠ - 2.25 ‰ ᠪᠣᠯᠵᠣ᠂ 2021 ᠣᠨ᠎ᠤ᠎ᠬᠢ᠎ᠠᠴᠠ 0.97 ᠮᠢᠩᠭ᠋ᠠᠨ᠎ᠤ ᠬᠤᠪᠢ ᠵᠢᠨ ᠴᠡᠭ ᠪᠠᠭᠤᠷᠠᠪᠠ᠃