ᠲᠡᠷᠢᠭᠦᠨ ᠬᠠᠭᠤᠳᠠᠰᠤ
ᠠᠵᠢᠯ᠎ᠤᠨ ᠪᠠᠶ᠋ᠢᠳᠠᠯ
ᠢᠯᠡ ᠵᠠᠰᠠᠭ
ᠲᠤᠭ᠎ᠠ ᠪᠦᠷᠢᠳᠭᠡᠯ᠎ᠤᠨ ᠦᠢᠯᠡᠴᠢᠯᠡᠭᠡ
ᠢᠯᠡ ᠵᠠᠰᠠᠭ   -   ᠠᠯᠪᠠᠨ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2022 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠪᠦᠷᠢᠳᠬᠡᠯ᠎ᠤᠨ ᠠᠯᠪᠠᠨ ᠮᠡᠳᠡᠭᠡ
ᠨᠡᠶ᠋ᠢᠲᠡᠯᠡᠭᠰᠡᠨ ᠴᠠᠭ᠄ 2023-03-18

        ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ 
              (2023 ᠣᠨ᠎ᠤ 3 ᠰᠠᠷ᠎ᠠ ᠵᠢᠨ 15᠎ᠤ ᠡᠳᠦᠷ)


      2022 ᠣᠨ᠎ᠳᠤ᠂ ᠨᠠᠷᠢᠨ ᠪᠤᠳᠤᠯᠢᠶᠠᠨᠲᠠᠶ ᠪᠥᠭᠡᠳ ᠬᠦᠨᠳᠦ ᠨᠣᠴᠢᠲᠠᠶ ᠭᠠᠳᠠᠭ᠋ᠠᠳᠤ ᠣᠷᠴᠢᠨ ᠨᠥᠬᠥᠴᠡᠯ ᠪᠠ ᠥᠭᠡᠷᠡᠴᠢᠯᠡᠯᠲᠡ ᠬᠢᠬᠦ ᠬᠥᠭᠵᠢᠭᠦᠯᠬᠦ ᠲᠣᠭᠲᠠᠭᠤᠨ ᠪᠠᠶ᠋ᠢᠯᠭ᠋ᠠᠬᠤ ᠵᠢᠨ ᠬᠠᠲᠠᠭᠤ ᠪᠡᠷᠬᠡ ᠪᠥᠭᠡᠳ ᠨᠦᠰᠡᠷ ᠬᠦᠨᠳᠦ ᠡᠭᠦᠷᠭᠡ ᠵᠢᠨ ᠡᠮᠦᠨ᠎ᠡ᠂ ᠰᠢ ᠵᠢᠨ ᠫᠢᠩ ᠨᠥᠬᠥᠷ ᠵᠶ᠋ᠠᠷ ᠭᠤᠤᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠣᠷᠣᠨ ᠳᠠᠶᠠᠭ᠋ᠠᠷ ᠵᠶ᠋ᠠᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠲᠥᠪ ᠬᠣᠷᠢᠶᠠᠨ᠎ᠤ 《ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠵᠦ᠂ ᠠᠵᠤ ᠠᠬᠤᠶ ᠵᠢ ᠲᠣᠭᠲᠠᠭᠤᠨ ᠪᠠᠢ᠌ᠯᠭ᠋ᠠᠵᠤ᠂ ᠠᠮᠤᠷ ᠲᠦᠪᠰᠢᠨ ᠬᠦᠭᠵᠢᠬᠦᠯᠬᠦ》 ᠴᠢᠬᠤᠯᠠ ᠱᠠᠭ᠋ᠠᠷᠳᠠᠯᠭ᠎ᠠ ᠵᠢ ᠡᠷᠡᠰ ᠨᠠᠢ᠌ᠳᠠᠪᠤᠷᠢᠵᠢᠭᠤᠯᠤᠨ᠂ 《ᠲᠠᠪᠤᠨ ᠶᠡᠬᠡ ᠡᠭᠦᠷᠭᠡ》᠎ᠳᠤ ᠠᠩᠬᠠᠷᠤᠯ ᠵᠶ᠋ᠠᠨ ᠲᠦᠪᠯᠡᠷᠡᠬᠦᠯᠵᠦ᠂ ᠬᠢᠵᠢᠭ᠎ᠤᠨ ᠪᠠᠶ᠋ᠢᠳᠠᠯ᠎ᠢ ᠰᠡᠷᠭᠡᠶ᠋ᠢᠯᠡᠨ ᠡᠵᠡᠮᠳᠡᠬᠦ ᠪᠠ ᠠᠵᠤ ᠠᠬᠤᠢ ᠨᠡᠶ᠋ᠢᠭᠡᠮ᠎ᠤᠨ ᠬᠥᠭᠵᠢᠯᠲᠡ ᠵᠢ ᠥᠨᠳᠥᠷ ᠪᠦᠲᠦᠮᠵᠢᠲᠡᠢ ᠨᠢᠭᠡᠳᠦᠯᠲᠡᠢ ᠲᠦᠯᠦᠪᠵᠢᠬᠦᠯᠵᠦ᠂ ᠠᠵᠤ ᠠᠬᠤᠢ ᠵᠢᠨ ᠪᠠᠭᠤᠷᠠᠯᠲᠠ ᠵᠢᠨ ᠳᠠᠷᠤᠯᠲᠠ ᠵᠢ ᠢᠳᠡᠪᠬᠢᠲᠡᠢ ᠠᠷᠭ᠋ᠠᠴᠠᠭ᠋ᠠᠵᠤ᠂ ᠲᠥᠷᠥ ᠵᠢᠨ ᠪᠣᠳᠣᠯᠭ᠎ᠠ ᠵᠢ ᠨᠠᠶ᠋ᠢᠳᠠᠪᠤᠷᠢᠵᠢᠭᠤᠯᠬᠤ ᠡᠷᠴᠢᠮ᠎ᠢ ᠦᠷᠭᠦᠯᠵᠢᠯᠡᠨ ᠴᠢᠩᠭ᠋ᠠᠷᠠᠭᠤᠯᠵᠤ᠂ ᠴᠢᠨᠠᠷ ᠰᠠᠶ᠋ᠢᠲᠠᠶ ᠬᠥᠭᠵᠢᠯᠲᠡ ᠵᠢ ᠲᠦᠷᠭᠡᠳᠬᠡᠨ ᠠᠬᠢᠭᠤᠯᠵᠤ᠂ ᠪᠥᠬᠥ ᠣᠷᠣᠨ᠎ᠤ ᠠᠵᠤ ᠠᠬᠤᠶ ᠲᠣᠭᠲᠠᠭᠤᠨ᠎ᠤ ᠳᠤᠮᠳᠠ ᠤᠷᠤᠭᠰᠢᠯᠠᠨ ᠳᠡᠪᠰᠢᠵᠠᠢ᠃
       ᠨᠢᠭᠡ᠂  ᠶᠡᠷᠦᠩᠬᠡᠢ ᠪᠠᠢ᠌ᠳᠠᠯ
       ᠠᠩᠬ᠎ᠠ ᠠᠯᠬᠤᠮ ᠬᠠᠷᠭᠤᠭᠤᠯᠤᠨ ᠪᠤᠳᠤᠭᠰᠠᠨ ᠵᠶ᠋ᠠᠷ᠂ 2022 ᠣᠨ᠎ᠳᠤ ᠪᠥᠬᠥ ᠣᠷᠣᠨ᠎ᠤ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ 23159 ᠳ᠋ᠦᠩᠰᠢᠭᠤᠷ ᠲᠥᠭᠥᠷᠢᠭ᠎ᠲᠤ ᠬᠦᠷᠴᠦ᠂ ᠬᠠᠷᠢᠴᠠᠭᠤᠯᠵᠤ ᠪᠣᠯᠬᠤ ᠦᠨ᠎ᠡ᠎ᠪᠠᠷ ᠪᠤᠳᠤᠪᠠᠯ᠂ ᠲᠦᠷᠦᠭᠦᠦ ᠵᠢᠯ᠎ᠤᠨ᠎ᠬᠢ᠎ᠠᠴᠠ 4.2% ᠵᠶ᠋ᠠᠷ ᠨᠡᠮᠡᠭᠳᠡᠪᠡ᠃ ᠡᠭᠦᠨ᠎ᠳᠤ᠂ ᠨᠢᠭᠡᠳᠦᠭᠡᠷ ᠠᠵᠤ ᠦᠢ᠍ᠯᠡᠰ᠎ᠤᠨ ᠨᠡᠮᠡᠭᠳᠡᠯ ᠥᠷᠲᠡᠭ 2654 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 4.3%᠎ᠪᠠᠷ ᠨᠡᠮᠡᠭᠳᠡᠪᠡ; ᠬᠣᠶᠠᠳᠤᠭ᠋ᠠᠷ ᠠᠵᠤ ᠦᠢ᠍ᠯᠡᠰ᠎ᠤᠨ ᠨᠡᠮᠡᠭᠳᠡᠯ ᠦᠷᠳᠡᠭ 11242 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 6.5%᠎ᠪᠠᠷ ᠨᠡᠮᠡᠭᠳᠡᠵᠡᠢ; ᠭᠤᠷᠪᠠᠳᠤᠭ᠋ᠠᠷ ᠠᠵᠤ ᠦᠢ᠍ᠯᠡᠰ᠎ᠤᠨ ᠨᠡᠮᠡᠭᠳᠡᠯ ᠦᠷᠳᠡᠭ 9263 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 2.2% ᠵᠶ᠋ᠠᠷ ᠨᠡᠮᠡᠭᠳᠡᠵᠡᠢ᠃ ᠭᠤᠷᠪᠠᠨ ᠠᠵᠤ ᠦᠢ᠍ᠯᠡᠰ᠎ᠤᠨ ᠬᠠᠷᠢᠴᠠᠯ᠎ᠨᠢ 11.5᠄ 48.5᠄ 40.0᠃ ᠨᠢᠭᠡᠳᠦᠭᠡᠷ᠂ ᠬᠣᠶᠠᠳᠤᠭ᠋ᠠᠷ᠂ ᠭᠤᠷᠪᠠᠳᠤᠭ᠋ᠠᠷ ᠠᠵᠤ   ᠦᠢ᠍ᠯᠡᠰ᠎ᠤᠨ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠎ᠤᠨ ᠨᠡᠮᠡᠭᠳᠡᠯ᠎ᠳᠤ ᠦᠵᠡᠭᠦᠯᠦᠭᠰᠡᠨ ᠬᠤᠪᠢ ᠨᠡᠮᠡᠷᠢ ᠵᠢᠨ ᠨᠣᠷᠮ᠎ᠠ᠎ᠨᠢ ᠲᠣᠰ ᠲᠣᠰ 11.9%᠂ 62.3%᠂ 25.8% ᠪᠣᠯᠤᠨ᠎ᠠ᠃ ᠬᠥᠮᠦᠨ ᠳᠤᠮᠳᠠᠴᠢ ᠵᠢᠨ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ 96474 ᠲᠥᠭᠥᠷᠢᠭ᠎ᠲᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 4.2% ᠵᠶ᠋ᠠᠷ ᠨᠡᠮᠡᠭᠳᠡᠪᠡ᠃
      ᠪᠥᠬᠥ ᠣᠷᠣᠨ᠎ᠤ ᠵᠢᠯ᠎ᠤᠨ ᠡᠴᠦᠰ᠎ᠲᠤ ᠪᠠᠶ᠋ᠢᠩᠭᠤ ᠰᠠᠭᠤᠭ᠎ᠠ ᠬᠥᠮᠦᠨ ᠠᠮᠠ 2401.17 ᠲᠦᠮᠡ ᠪᠠᠶ᠋ᠢᠵᠤ᠂ ᠳᠡᠭᠡᠷ᠎ᠡ ᠵᠢᠯ᠎ᠤᠨ ᠡᠴᠦᠰ᠎ᠤᠨ᠎ᠬᠢ᠎ᠠᠴᠠ 1.17 ᠲᠦᠮᠡᠨ ᠬᠥᠮᠦᠨ ᠨᠡᠮᠡᠭᠳᠡᠪᠡ᠃ ᠡᠭᠦᠨ᠎ᠳᠤ ᠬᠣᠲᠠ ᠪᠠᠯᠭ᠋ᠠᠰᠤᠨ᠎ᠤ ᠬᠥᠮᠦᠨ ᠠᠮᠠ 1647.20 ᠲᠦᠮᠡ ᠪᠠᠶ᠋ᠢᠵᠤ᠂ ᠬᠥᠳᠡᠭᠡ ᠲᠣᠰᠬᠣᠨ᠎ᠤ ᠬᠥᠮᠦᠨ ᠠᠮᠠ 753.97 ᠲᠦᠮᠡ

ᠪᠠᠶ᠋ᠢᠨ᠎ᠠ; ᠪᠠᠶ᠋ᠢᠩᠭᠤ ᠰᠠᠭᠤᠭ᠎ᠠ ᠬᠥᠮᠦᠨ ᠠᠮᠠ ᠵᠢᠨ ᠬᠣᠲᠠ ᠪᠠᠯᠭ᠋ᠠᠰᠤᠵᠢᠯᠲᠠ ᠵᠢᠨ ᠨᠣᠷᠮ᠎ᠠ 68.60 %᠎ᠳᠤ ᠬᠦᠷᠴᠦ᠂ ᠲᠦᠷᠦᠭᠦᠦ ᠵᠢᠯ᠎ᠤᠨ ᠡᠴᠦᠰ᠎ᠤᠨ᠎ᠬᠢ᠎ᠠᠴᠠ 0.39 ᠵᠠᠭᠤᠨ᠎ᠤ ᠬᠤᠪᠢ ᠵᠢᠨ ᠴᠡᠭ ᠳᠡᠭᠡᠭᠰᠢᠯᠡᠪᠡ᠃ ᠡᠷᠡᠭᠲᠡᠶ ᠬᠥᠮᠦᠨ ᠠᠮᠠ 1224.74 ᠲᠦᠮᠡ ᠪᠣᠯᠵᠣ᠂ ᠡᠮᠡᠭᠲᠡᠶ ᠬᠥᠮᠦᠨ ᠠᠮᠠ 1176.43 ᠲᠦᠮᠡ ᠪᠣᠯᠵᠠᠶ᠃ ᠪᠥᠬᠥ ᠵᠢᠯ᠎ᠤᠨ ᠲᠥᠷᠥᠭᠰᠡᠨ ᠬᠥᠮᠦᠨ ᠠᠮᠠ 13.40 ᠲᠦᠮᠡ ᠪᠠᠶ᠋ᠢᠵᠤ᠂ ᠲᠥᠷᠥᠭᠰᠡᠨ ᠨᠣᠷᠮ᠎ᠠ᠎ᠨᠢ 5.58 ‰ ᠪᠣᠯᠤᠨ᠎ᠠ; ᠦᠬᠦᠭᠰᠡᠨ ᠬᠥᠮᠦᠨ ᠠᠮᠠ 18.80 ᠲᠦᠮᠡ ᠪᠠᠶ᠋ᠢᠵᠤ᠂ ᠦᠬᠦᠭᠰᠡᠨ ᠨᠤᠷᠮ᠎ᠠ᠎ᠨᠢ 7.83 ‰

ᠪᠣᠯᠤᠨ᠎ᠠ᠃
      ᠪᠦᠬᠦ ᠵᠢᠯ᠎ᠳᠤ ᠬᠣᠲᠠ ᠪᠠᠯᠭ᠋ᠠᠰᠤᠨ᠎ᠤ 20.5 ᠲᠦᠮᠡᠨ ᠬᠥᠮᠦᠨ᠎ᠳᠤ ᠰᠢᠨ᠎ᠡ᠎ᠪᠠᠷ ᠠᠵᠢᠯ ᠣᠯᠭᠣᠪᠠ᠃ 10.8 ᠲᠦᠮᠡᠨ ᠠᠵᠢᠯ ᠠᠯᠳᠠᠭᠰᠠᠳ᠎ᠲᠤ ᠳᠠᠬᠢᠨ ᠠᠵᠢᠯ ᠣᠯᠭᠣᠪᠠ᠃
       ᠪᠦᠬᠦ ᠵᠢᠯ᠎ᠤᠨ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠳᠡᠭᠡᠷ᠎ᠡ ᠵᠢᠯ᠎ᠤᠨ᠎ᠬᠢ᠎ᠠᠴᠠ 1.8%᠎ᠪᠠᠷ ᠥᠰᠪᠡ᠃ ᠬᠣᠲᠠ ᠬᠥᠳᠡᠭᠡ ᠵᠢ ᠬᠤᠪᠢᠶᠠᠵᠤ ᠦᠵᠡᠪᠡᠯ᠂ ᠬᠣᠲᠠ ᠵᠢᠨ᠎ᠬᠢ 1.7% ᠥᠰᠴᠦ᠂ ᠬᠥᠳᠡᠭᠡ ᠲᠣᠰᠬᠣᠨ᠎ᠤ᠎ᠬᠢ 2.0% ᠥᠰᠴᠡᠶ᠃ ᠲᠥᠷᠥᠯ ᠬᠤᠪᠢᠶᠠᠵᠤ ᠦᠵᠡᠪᠡᠯ᠂ ᠢᠳᠡᠭᠡᠨ ᠲᠠᠮᠠᠬᠢ ᠠᠷᠢᠬᠢᠨ᠎ᠤ ᠲᠥᠷᠥᠯ 2.0% ᠵᠶ᠋ᠠᠷ ᠥᠰᠴᠦ᠂ ᠬᠤᠪᠴᠠᠰᠤ ᠬᠤᠨᠠᠷ᠎ᠤᠨ ᠲᠥᠷᠥᠯ 0.3%᠎ᠪᠠᠷ ᠥᠰᠴᠦ᠂ ᠣᠷᠣᠨ ᠰᠠᠭᠤᠴᠠ ᠵᠢᠨ ᠲᠥᠷᠥᠯ 0.5%᠎ᠪᠠᠷ ᠥᠰᠴᠦ᠂ ᠠᠮᠢᠳᠤᠷᠠᠯ᠎ᠤᠨ ᠬᠡᠷᠡᠭᠰᠡᠯ ᠵᠢᠴᠢ ᠦᠢ᠍ᠯᠡᠴᠢᠯᠡᠭᠡᠨ᠎ᠤ ᠲᠥᠷᠥᠯ 1.1%᠎ᠪᠠᠷ ᠥᠰᠴᠦ᠂ ᠵᠠᠮ ᠬᠠᠷᠢᠯᠴᠠᠭ᠎ᠠ ᠪᠠ ᠮᠡᠳᠡᠭᠡ ᠬᠣᠯᠪᠣᠭ᠋ᠠᠨ᠎ᠤ ᠲᠥᠷᠥᠯ 5.8%᠎ᠪᠠᠷ ᠥᠰᠴᠦ᠂ ᠰᠤᠷᠭ᠋ᠠᠨ ᠬᠥᠮᠦᠵᠢᠯ ᠰᠣᠶᠣᠯ ᠪᠠ ᠵᠤᠭ᠎ᠠ ᠴᠡᠩᠭᠡᠯ᠎ᠤᠨ ᠲᠥᠷᠥᠯ 1.2% ᠵᠶ᠋ᠠᠷ ᠥᠰᠴᠦ᠂ ᠡᠮᠴᠢᠯᠡᠭᠡ ᠡᠷᠡᠭᠦᠯᠵᠢᠯ᠎ᠤᠨ ᠲᠥᠷᠥᠯ 0.3%᠎ᠪᠠᠷ ᠥᠰᠴᠦ᠂ ᠪᠤᠰᠤᠳ ᠬᠡᠷᠡᠭᠰᠡᠯ ᠪᠠ ᠦᠢ᠍ᠯᠡᠴᠢᠯᠡᠭᠡᠨ᠎ᠤ ᠲᠥᠷᠥᠯ 1.8%᠎ᠪᠠᠷ ᠥᠰᠴᠡᠶ᠃ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠯ᠎ᠤᠨ ᠲᠠᠯ᠎ᠠ᠎ᠠᠴᠠ ᠠᠪᠴᠤ ᠦᠵᠡᠪᠡᠯ᠂ ᠪᠥᠬᠥ ᠣᠷᠣᠨ᠎ᠤ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢᠳ᠎ᠤᠨ ᠦᠢ᠍ᠯᠡᠳᠪᠦᠷᠢ᠎ᠠᠴᠠ ᠭᠠᠷᠭ᠋ᠠᠬᠤ ᠦᠨ᠎ᠡ ᠳᠡᠭᠡᠷ᠎ᠡ ᠵᠢᠯ᠎ᠤᠨ᠎ᠬᠢ᠎ᠠᠴᠠ 8.6%᠎ᠪᠠᠷ ᠥᠰᠴᠦ᠂ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢᠳ᠎ᠤᠨ ᠬᠤᠳᠠᠯᠳᠤᠨ ᠠᠪᠬᠤ ᠦᠨ᠎ᠡ ᠳᠡᠭᠡᠷ᠎ᠡ ᠵᠢᠯ᠎ᠤᠨ᠎ᠬᠢ᠎ᠠᠴᠠ 11.2% ᠵᠶ᠋ᠠᠷ ᠥᠰᠴᠡᠶ᠃
      ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ ᠠᠯᠬᠤᠴᠠ ᠦᠷᠭᠦᠯᠵᠢᠯᠡᠨ ᠲᠦᠷᠭᠡᠳᠪᠡ᠃ ᠪᠥᠬᠥ ᠣᠷᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠳᠣᠲᠣᠷ᠎ᠠ᠂ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠤᠨ ᠨᠡᠮᠡᠭᠳᠡᠯ ᠥᠷᠲᠡᠭ ᠲᠦᠷᠦᠭᠦᠦ ᠵᠢᠯ᠎ᠤᠨ᠎ᠬᠢ᠎ᠠᠴᠠ 19.9%᠎ᠪᠠᠷ ᠨᠡᠮᠡᠭᠳᠡᠪᠡ᠃ ᠨᠡᠭᠦᠷᠡᠰᠦᠨ᠎ᠤ ᠪᠤᠰᠤ ᠠᠵᠤ ᠦᠢ᠍ᠯᠡᠰ᠎ᠤᠨ ᠨᠡᠮᠡᠭᠳᠡᠯ ᠦᠷᠲᠡᠭ ᠲᠦᠷᠦᠭᠦᠦ ᠵᠢᠯ᠎ᠤᠨ᠎ᠬᠢ᠎ᠠᠴᠠ 8.3%᠎ᠪᠠᠷ ᠨᠡᠮᠡᠭᠳᠡᠵᠦ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠦᠷᠲᠡᠭ᠎ᠲᠤ ᠡᠵᠡᠯᠡᠬᠦ ᠬᠤᠪᠢ ᠵᠢᠨ ᠵᠢᠩ᠎ᠨᠢ 58.5% ᠪᠠᠶ᠋ᠢᠪᠠ᠃ ᠰᠢᠨ᠎ᠡ ᠠᠵᠤ ᠦᠢ᠍ᠯᠡᠰ ᠨᠡᠯᠢᠶᠡᠳ ᠲᠦᠷᠭᠡᠨ ᠨᠡᠮᠡᠭᠳᠡᠯ᠎ᠢ ᠪᠠᠲᠤᠯᠠᠵᠤ᠂ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ᠎ᠤᠨ ᠨᠡᠮᠡᠭᠳᠡᠯ ᠦᠷᠳᠡᠭ ᠲᠦᠷᠦᠭᠦᠦ ᠵᠢᠯ᠎ᠤᠨ᠎ᠬᠢ᠎ᠠᠴᠠ 33.6%᠎ᠪᠠᠷ ᠨᠡᠮᠡᠭᠳᠡᠵᠦ᠂ ᠰᠢᠨ᠎ᠡ ᠡᠨᠧᠷᠭᠢ ᠵᠢᠨ ᠰᠤᠷᠪᠤᠯᠵᠢ ᠲᠣᠨᠣᠭᠯᠠᠯ ᠦᠢ᠍ᠯᠡᠳᠬᠦ ᠦᠢ᠍ᠯᠡᠰ᠎ᠤᠨ ᠨᠡᠮᠡᠭᠳᠡᠯ ᠦᠷᠳᠡᠭ 75.3%᠎ᠪᠠᠷ ᠨᠡᠮᠡᠭᠳᠡᠪᠡ᠃ ᠰᠢᠨ᠎ᠡ ᠬᠥᠳᠡᠯᠭᠡᠭᠴᠢ ᠡᠨᠧᠷᠭᠢ ᠦᠷᠭᠦᠯᠵᠢᠯᠡᠨ ᠪᠤᠵᠠᠭ᠋ᠠᠶ᠋ᠢᠷᠠᠵᠤ᠂ ᠳᠡᠭᠡᠳᠦ ᠮᠡᠷᠭᠡᠵᠢᠯ᠎ᠤᠨ ᠠᠵᠤ ᠦᠢ᠍ᠯᠡᠰ᠎ᠤᠨ ᠪᠡᠯᠡ ᠣᠷᠣᠭᠤᠯᠤᠯᠲᠠ ᠲᠦᠷᠦᠭᠦᠦ ᠵᠢᠯ᠎ᠤᠨ᠎ᠬᠢ᠎ᠠᠴᠠ 49.2% ᠵᠶ᠋ᠠᠷ ᠨᠡᠮᠡᠭᠳᠡᠪᠡ᠃ ᠡᠭᠦᠨ᠎ᠳᠤ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ᠎ᠤᠨ ᠪᠡᠯᠡ ᠣᠷᠣᠭᠤᠯᠤᠯᠲᠠ 91.6%᠎ᠪᠠᠷ ᠨᠡᠮᠡᠭᠳᠡᠵᠦ᠂ ᠳᠡᠭᠡᠳᠦ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠪᠡᠯᠡ ᠣᠷᠣᠭᠤᠯᠤᠯᠲᠠ 17.5%᠎ᠪᠠᠷ ᠨᠡᠮᠡᠭᠳᠡᠪᠡ᠃ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠪᠠᠯᠠ ᠣᠷᠣᠭᠤᠯᠤᠯᠲᠠ ᠲᠦᠷᠦᠭᠦᠦ ᠵᠢᠯ᠎ᠤᠨ᠎ᠬᠢ᠎ᠠᠴᠠ 79.0% ᠵᠶ᠋ᠠᠷ

ᠨᠡᠮᠡᠭᠳᠡᠪᠡ᠃
      ᠣᠷᠣᠨ ᠪᠦᠰᠡ ᠵᠢᠨ ᠵᠣᠬᠢᠴᠠᠩᠭᠤᠢ ᠬᠥᠭᠵᠢᠯᠲᠡ ᠵᠢ ᠯᠠᠪᠳᠠᠭᠤᠨ ᠪᠠᠲᠤᠲᠠᠢ ᠠᠬᠢᠭᠤᠯᠪᠠ᠃ ᠣᠷᠣᠨ ᠪᠦᠰᠡ ᠬᠤᠪᠢᠶᠠᠵᠤ ᠦᠵᠡᠪᠡᠯ᠂ ᠵᠡᠭᠦᠨ ᠬᠡᠰᠡᠭ᠎ᠤᠨ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ 7076 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 3.3%᠎ᠪᠠᠷ ᠨᠡᠮᠡᠭᠳᠡᠵᠦ᠂ ᠠᠶ᠋ᠢᠮᠠᠭ ᠬᠣᠲᠠ ᠵᠢᠨ ᠨᠡᠶ᠋ᠢᠲᠡ 30.7% ᠵᠢ ᠡᠵᠡᠯᠡᠪᠡ; ᠳᠤᠮᠳᠠ ᠬᠡᠰᠡᠭ᠎ᠤᠨ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ 13710 ᠳ᠋ᠦᠩᠰᠢᠭᠤᠷ ᠲᠥᠭᠥᠷᠢᠭ᠎ᠲᠤ ᠬᠦᠷᠴᠦ᠂ 5.0% ᠵᠶ᠋ᠠᠷ ᠨᠡᠮᠡᠭᠳᠡᠨ᠂ ᠠᠶ᠋ᠢᠮᠠᠭ ᠬᠣᠲᠠ᠎ᠳᠤ ᠡᠵᠡᠯᠡᠬᠦ ᠬᠤᠪᠢ ᠵᠢᠨ ᠵᠢᠩ᠎ᠨᠢ 59.4% ᠪᠣᠯᠪᠠ; ᠪᠠᠷᠠᠭᠤᠨ ᠬᠡᠰᠡᠭ᠎ᠤᠨ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ 2295 ᠳ᠋ᠦᠩᠰᠢᠭᠤᠷ ᠲᠥᠭᠥᠷᠢᠭ᠎ᠲᠤ ᠬᠦᠷᠴᠦ᠂ 2.4%᠎ᠪᠠᠷ ᠨᠡᠮᠡᠭᠳᠡᠵᠦ᠂ ᠠᠶ᠋ᠢᠮᠠᠭ ᠬᠣᠲᠠ ᠵᠢᠨ ᠨᠡᠶ᠋ᠢᠲᠡ 9.9% ᠵᠢ ᠡᠵᠡᠯᠡᠪᠡ᠃
      ᠬᠣᠶᠠᠷ᠂ ᠲᠠᠷᠢᠶᠠᠯᠠᠩ ᠮᠠᠯ ᠠᠵᠤ ᠠᠬᠤᠶ

       ᠪᠥᠬᠥ ᠵᠢᠯ᠎ᠤᠨ ᠲᠠᠷᠢᠮᠠᠯ᠎ᠤᠨ ᠶᠡᠷᠦᠩᠬᠡᠶ ᠲᠠᠯᠠᠪᠠᠶ 869.0 ᠲᠦᠮᠡᠨ ᠾᠧᠺᠲ᠋ᠠᠷ᠎ᠲᠤ ᠬᠥᠷᠪᠡ᠃ ᠡᠭᠦᠨ᠎ᠳᠤ᠂ ᠠᠮᠤ ᠪᠤᠳᠠᠭ᠋ᠠᠨ᠎ᠤ ᠲᠠᠷᠢᠮᠠᠯ᠎ᠤᠨ ᠲᠠᠯᠠᠪᠠᠶ 695.2 ᠲᠦᠮᠡᠨ ᠾᠧᠺᠲ᠋ᠠᠷ᠎ᠲᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 0.98%᠎ᠪᠠᠷ ᠨᠡᠮᠡᠭᠳᠡᠪᠡ᠃ ᠠᠮᠤ ᠪᠤᠳᠠᠭ᠋ᠠᠨ᠎ᠤ ᠭᠠᠷᠤᠯᠲᠠ 3900.6 ᠲᠦᠮᠡᠨ ᠲᠣᠨ᠎ᠳᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 1.6%᠎ᠪᠠᠷ ᠨᠡᠮᠡᠭᠳᠡᠪᠡ᠃
      ᠪᠥᠬᠥ ᠵᠢᠯ᠎ᠤᠨ ᠭᠠᠬᠠᠶ ᠦᠬᠡᠷ ᠬᠣᠨᠢ ᠵᠢᠭᠦᠷᠲᠡᠨ᠎ᠤ ᠮᠢᠬᠠᠨ᠎ᠤ ᠭᠠᠷᠤᠯᠲᠠ 277.8 ᠲᠦᠮᠡᠨ ᠲᠣᠨ᠎ᠳᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 2.8%᠎ᠪᠠᠷ ᠨᠡᠮᠡᠭᠳᠡᠪᠡ᠃ ᠡᠭᠦᠨ᠎ᠳᠤ᠂ ᠭᠠᠬᠠᠶ ᠵᠢᠨ ᠮᠢᠬᠠᠨ᠎ᠤ ᠭᠠᠷᠤᠯᠲᠠ 73.7 ᠲᠦᠮᠡᠨ ᠲᠣᠨ᠎ᠳᠤ ᠬᠦᠷᠴᠦ᠂ 9.3%᠎ᠪᠠᠷ ᠨᠡᠮᠡᠭᠳᠡᠪᠡ; ᠦᠬᠡᠷ᠎ᠤᠨ ᠮᠢᠬᠠᠨ᠎ᠤ ᠭᠠᠷᠤᠯᠲᠠ 71.9 ᠲᠦᠮᠡᠨ ᠲᠣᠨ᠎ᠳᠤ ᠬᠦᠷᠴᠦ᠂ 4.6%᠎ᠪᠠᠷ ᠨᠡᠮᠡᠭᠳᠡᠪᠡ; ᠬᠣᠨᠢᠨ ᠮᠢᠬᠠᠨ᠎ᠤ ᠭᠠᠷᠤᠯᠲᠠ 110.2 ᠲᠦᠮᠡᠨ ᠲᠣᠨ᠎ᠳᠤ ᠬᠦᠷᠴᠦ᠂ 3.0% ᠵᠶ᠋ᠠᠷ ᠪᠠᠭᠤᠷᠠᠪᠠ; ᠵᠢᠭᠦᠷᠲᠡᠨ᠎ᠤ ᠮᠢᠬᠠᠨ᠎ᠤ ᠭᠠᠷᠤᠯᠲᠠ 22.1 ᠲᠦᠮᠡᠨ ᠲᠣᠨ᠎ᠳᠤ ᠬᠦᠷᠴᠦ᠂ 7.6%᠎ᠪᠠᠷ ᠨᠡᠮᠡᠭᠳᠡᠪᠡ᠃ ᠵᠢᠭᠦᠷᠲᠡᠨ᠎ᠤ ᠥᠨᠳᠡᠭᠡᠨ᠎ᠤ ᠭᠠᠷᠤᠯᠲᠠ 62.6 ᠲᠦᠮᠡᠨ ᠲᠣᠨ᠎ᠳᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 1.7%᠎ᠪᠠᠷ ᠨᠡᠮᠡᠭᠳᠡᠪᠡ᠃ ᠦᠨᠢᠶᠡᠨ ᠰᠦ ᠵᠢᠨ ᠭᠠᠷᠤᠯᠲᠠ 733.8 ᠲᠦᠮᠡᠨ ᠲᠣᠨ᠎ᠳᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 9.0% ᠵᠶ᠋ᠠᠷ ᠨᠡᠮᠡᠭᠳᠡᠪᠡ᠃ ᠵᠢᠯ᠎ᠤᠨ ᠡᠴᠦᠰ᠎ᠤᠨ ᠭᠠᠬᠠᠶ ᠵᠢᠨ ᠲᠣᠭ᠎ᠠ 597.1 ᠲᠦᠮᠡ᠎ᠳᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 5.6%᠎ᠪᠠᠷ ᠨᠡᠮᠡᠭᠳᠡᠪᠡ; 820.4 ᠲᠦᠮᠡᠨ ᠦᠬᠡᠷ ᠲᠡᠵᠢᠭᠡᠵᠦ᠂ 12.0% ᠵᠶ᠋ᠠᠷ ᠨᠡᠮᠡᠭᠳᠡᠪᠡ; 6124.1 ᠲᠦᠮᠡᠨ ᠬᠣᠨᠢ ᠲᠡᠵᠢᠭᠡᠵᠦ᠂ 0.2% ᠵᠶ᠋ᠠᠷ ᠪᠠᠭᠤᠷᠠᠪᠠ; ᠬᠡᠷ᠎ᠤᠨ ᠵᠢᠭᠦᠷᠲᠡᠨ᠎ᠤ ᠲᠣᠭ᠎ᠠ 5496.8 ᠲᠦᠮᠡ᠎ᠳᠤ ᠬᠦᠷᠴᠦ᠂

1.8 %᠎ᠪᠠᠷ ᠨᠡᠮᠡᠭᠳᠡᠪᠡ᠃
      ᠭᠤᠷᠪᠠ᠂ ᠠᠵᠤ ᠦᠢ᠍ᠯᠡᠳᠪᠦᠷᠢ ᠪᠠ ᠪᠠᠷᠢᠯᠭ᠎ᠠ ᠵᠢᠨ ᠦᠢ᠍ᠯᠡᠰ
      ᠪᠦᠬᠦ ᠵᠢᠯ᠎ᠤᠨ ᠠᠵᠤ ᠦᠢ᠍ᠯᠡᠳᠪᠦᠷᠢ ᠵᠢᠨ ᠪᠦᠬᠦ ᠨᠡᠮᠡᠭᠳᠡᠯ ᠦᠷᠳᠡᠭ ᠲᠦᠷᠦᠭᠦᠦ ᠵᠢᠯ᠎ᠤᠨ᠎ᠬᠢ᠎ᠠᠴᠠ 6.6%᠎ᠪᠠᠷ ᠨᠡᠮᠡᠭᠳᠡᠪᠡ᠃ ᠡᠭᠦᠨ᠎ᠳᠤ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ 8.1%᠎ᠪᠠᠷ ᠨᠡᠮᠡᠭᠳᠡᠪᠡ᠃ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ᠎ᠳᠤ᠂ ᠠᠵᠤ ᠠᠬᠤᠶ ᠵᠢᠨ ᠲᠥᠷᠥᠯ ᠬᠡᠯᠪᠡᠷᠢ᠎ᠠᠴᠠ ᠦᠵᠡᠪᠡᠯ᠂ ᠤᠯᠤᠰ᠎ᠤᠨ ᠥᠮᠴᠢᠯᠡᠯ᠎ᠤᠨ ᠬᠤᠪᠢ ᠡᠵᠡᠮᠳᠡᠭᠰᠡᠨ ᠠᠵᠤ ᠠᠬᠤᠶ᠋ᠢᠯᠠᠯ᠎ᠤᠨ ᠨᠡᠮᠡᠭᠳᠡᠯ ᠥᠷᠲᠡᠭ 8.1% ᠨᠡᠮᠡᠭᠳᠡᠵᠦ᠂ ᠬᠤᠪᠢ ᠣᠷᠣᠭᠤᠯᠬᠤ ᠳᠦᠷᠢᠮᠲᠦ ᠠᠵᠤ ᠠᠬᠤᠶ᠋ᠢᠯᠠᠯ 8.4% ᠨᠡᠮᠡᠭᠳᠡᠵᠦ᠂ ᠭᠠᠳᠠᠭ᠋ᠠᠳᠤ ᠵᠢᠨ ᠬᠤᠳᠠᠯᠳᠤᠭ᠋ᠠᠴᠢᠨ ᠵᠢᠴᠢ ᠰᠢᠶᠠᠩᠭ᠋ᠠᠩ ᠣᠣᠮᠧᠨ ᠲᠠᠶ᠋ᠢᠸᠠᠨ᠎ᠤ ᠬᠤᠳᠠᠯᠳᠤᠭ᠋ᠠᠴᠢᠨ᠎ᠤ ᠪᠠᠯᠠ ᠣᠷᠣᠭᠤᠯᠤᠭᠰᠠᠨ ᠠᠵᠤ ᠠᠬᠤᠶ᠋ᠢᠯᠠᠯ 3.9% ᠨᠡᠮᠡᠭᠳᠡᠪᠡ᠃ ᠲᠥᠷᠥᠯ ᠬᠤᠪᠢᠶᠠᠵᠤ ᠦᠵᠡᠪᠡᠯ᠂ ᠠᠭᠤᠷᠬᠠᠶ ᠮᠠᠯᠲᠠᠬᠤ ᠦᠢ᠍ᠯᠡᠰ 6.8%᠎ᠪᠠᠷ ᠨᠡᠮᠡᠭᠳᠡᠵᠦ᠂ ᠦᠢ᠍ᠯᠡᠳᠬᠦ ᠦᠢ᠍ᠯᠡᠰ 10 . 9 %᠎ᠪᠠᠷ ᠨᠡᠮᠡᠭᠳᠡᠵᠦ᠂ ᠴᠠᠬᠢᠯᠭ᠋ᠠᠨ ᠬᠦᠴᠦᠨ᠂ ᠢᠯᠴᠢ᠂ ᠰᠢᠲᠠᠮᠠᠬᠠᠶ ᠬᠡᠶ ᠵᠢᠴᠢ ᠤᠰᠤᠨ᠎ᠤ  ᠦᠢ᠍ᠯᠡᠳᠪᠦᠷᠢᠯᠡᠯ ᠪᠠ ᠬᠠᠩᠭ᠋ᠠᠯᠭ᠎ᠠ ᠵᠢᠨ ᠦᠢ᠍ᠯᠡᠰ 5.5%᠎ᠪᠠᠷ ᠨᠡᠮᠡᠭᠳᠡᠪᠡ᠃ ᠠᠵᠢᠯ ᠲᠥᠷᠥᠯ ᠵᠶ᠋ᠠᠷ ᠬᠤᠪᠢᠶᠠᠵᠤ ᠦᠵᠡᠪᠡᠯ᠂ ᠨᠡᠭᠦᠷᠡᠰᠦ ᠮᠠᠯᠲᠠᠬᠤ ᠪᠠ ᠤᠬᠢᠶᠠᠵᠤ ᠰᠢᠯᠢᠬᠦ ᠦᠢ᠍ᠯᠡᠰ 8.0% ᠵᠶ᠋ᠠᠷ ᠨᠡᠮᠡᠭᠳᠡᠵᠦ᠂ ᠢᠳᠡᠭᠡᠨ ᠦᠢ᠍ᠯᠡᠳᠬᠦ ᠦᠢ᠍ᠯᠡᠰ 9.5%᠎ᠪᠠᠷ ᠨᠡᠮᠡᠭᠳᠡᠵᠦ᠂ ᠴᠢᠯᠠᠭᠤᠨ ᠲᠣᠰᠣ᠂ ᠨᠡᠭᠦᠷᠡᠰᠦ ᠵᠢᠴᠢ ᠪᠤᠰᠤᠳ ᠲᠦᠯᠡᠰᠢ ᠪᠣᠯᠪᠠᠰᠤᠷᠠᠭᠤᠯᠬᠤ ᠦᠢ᠍ᠯᠡᠰ 1.6%᠎ᠪᠠᠷ ᠨᠡᠮᠡᠭᠳᠡᠵᠦ᠂ ᠬᠢᠮᠢ ᠵᠢᠨ ᠲᠦᠭᠦᠬᠡᠶ ᠮᠠᠲ᠋ᠧᠷᠢᠶᠠᠯ ᠪᠠ ᠬᠢᠮᠢ ᠵᠢᠨ ᠦᠢ᠍ᠯᠡᠳᠬᠦᠨ᠎ᠤ ᠦᠢ᠍ᠯᠡᠳᠬᠦ ᠦᠢ᠍ᠯᠡᠰ 8.2% ᠵᠶ᠋ᠠᠷ ᠨᠡᠮᠡᠭᠳᠡᠵᠦ᠂ ᠲᠡᠮᠦᠷᠯᠢᠭ ᠪᠤᠰᠤ ᠡᠷᠦᠳᠡᠰᠦ ᠵᠢᠨ ᠦᠢ᠍ᠯᠡᠳᠬᠦᠨ᠎ᠤ ᠦᠢ᠍ᠯᠡᠰ 39.2 % ᠵᠶ᠋ᠠᠷ ᠨᠡᠮᠡᠭᠳᠡᠵᠦ᠂ ᠥᠩᠭᠡᠲᠦ ᠲᠡᠮᠦᠷᠯᠢᠭ ᠬᠠᠶ᠋ᠢᠯᠤᠭᠤᠯᠬᠤ ᠪᠠ ᠳᠠᠷᠤᠵᠤ ᠰᠤᠩᠭ᠋ᠠᠬᠤ ᠡᠳ᠋ᠰᠢᠭᠦᠯᠬᠦ ᠦᠢ᠍ᠯᠡᠰ 12.1%᠎ᠪᠠᠷ ᠨᠡᠮᠡᠭᠳᠡᠵᠦ᠂ ᠲᠤᠰᠬᠠᠶ ᠲᠥᠬᠥᠭᠡᠷᠦᠮᠵᠢ ᠦᠢ᠍ᠯᠡᠳᠬᠦ ᠦᠢ᠍ᠯᠡᠰ 14.1%᠎ᠪᠠᠷ ᠨᠡᠮᠡᠭᠳᠡᠵᠦ᠂ ᠴᠠᠬᠢᠯᠭ᠋ᠠᠨ ᠮᠠᠰᠢᠨ ᠪᠠ ᠪᠠᠭ᠋ᠠᠵᠢ ᠬᠡᠷᠡᠭᠰᠡᠯ  ᠦᠢ᠍ᠯᠡᠳᠬᠦ ᠦᠢ᠍ᠯᠡᠰ 32.1%᠎ᠪᠠᠷ ᠨᠡᠮᠡᠭᠳᠡᠵᠦ᠂ ᠺᠣᠮᠫᠢᠦ᠋ᠲ᠋ᠧᠷ᠂ ᠴᠢᠮᠡᠭᠡ ᠬᠤᠯᠪᠤᠭ᠎ᠠ  ᠪᠠ ᠪᠤᠰᠤᠳ ᠡᠯᠸᠺᠲᠷᠤᠨ ᠲᠦᠭᠦᠭᠡᠷᠦᠮᠵᠢ ᠦᠢ᠍ᠯᠡᠳᠬᠦ ᠦᠢ᠍ᠯᠡᠰ 54.8%᠎ᠪᠠᠷ ᠨᠡᠮᠡᠭᠳᠡᠵᠦ᠂ ᠴᠠᠬᠢᠯᠭ᠋ᠠᠨ ᠬᠦᠴᠦᠨ᠂ ᠢᠯᠴᠢ ᠵᠢᠨ ᠬᠦᠴᠦᠨ᠎ᠤ ᠦᠢ᠍ᠯᠡᠳᠪᠦᠷᠢᠯᠡᠯ ᠪᠠ ᠬᠠᠩᠭ᠋ᠠᠯᠭ᠎ᠠ ᠵᠢᠨ ᠦᠢ᠍ᠯᠡᠰ 5.3%᠎ᠪᠠᠷ ᠨᠡᠮᠡᠭᠳᠡᠪᠡ᠃
       ᠪᠦᠬᠦ ᠵᠢᠯ᠎ᠤᠨ ᠨᠡᠭᠦᠷᠡᠰᠦᠨ᠎ᠤ ᠭᠠᠷᠤᠯᠲᠠ 121354.3 ᠲᠦᠮᠡᠨ ᠲᠣᠨ᠎ᠳᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 13.4%᠎ᠪᠠᠷ ᠨᠡᠮᠡᠭᠳᠡᠪᠡ; ᠴᠠᠬᠢᠯᠭ᠋ᠠᠨ ᠭᠠᠷᠭ᠋ᠠᠭᠰᠠᠨ ᠬᠡᠮᠵᠢᠶ᠎ᠡ 6619.2 ᠳ᠋ᠦᠩᠰᠢᠭᠤᠷ ᠺᠢᠯᠤᠸᠠᠲ ᠴᠠᠭ᠎ᠲᠤ ᠬᠦᠷᠴᠦ᠂ 8.2% ᠵᠶ᠋ᠠᠷ ᠨᠡᠮᠡᠭᠳᠡᠪᠡ᠃ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠦᠢ᠍ᠯᠡᠳᠬᠦᠨ᠎ᠤ ᠳᠣᠲᠣᠷ᠎ᠠ ᠬᠡᠦᠷᠡᠰᠦ ᠵᠢᠨ ᠭᠠᠷᠤᠯᠲᠠ 4672.5 ᠲᠦᠮᠡᠨ ᠲᠣᠨ᠎ᠳᠤ ᠬᠦᠷᠴᠦ᠂ 0.3%᠎ᠪᠠᠷ ᠨᠡᠮᠡᠭᠳᠡᠪᠡ; ᠲᠠᠩ ᠲᠠᠯᠠᠰᠲᠤ ᠴᠠᠬᠢᠭᠤᠷ᠎ᠤᠨ ᠭᠠᠷᠤᠯᠲᠠ 41.2 ᠲᠦᠮᠡᠨ ᠲᠣᠨ᠎ᠳᠤ ᠬᠦᠷᠴᠦ᠂ 25.7%᠎ᠪᠠᠷ ᠨᠡᠮᠡᠭᠳᠡᠪᠡ; ᠪᠤᠯᠤᠳ ᠮᠠᠲ᠋ᠧᠷᠢᠶᠠᠯ᠎ᠤᠨ ᠭᠠᠷᠤᠯᠲᠠ 3041.9 ᠲᠦᠮᠡᠨ ᠲᠣᠨ᠎ᠳᠤ ᠬᠦᠷᠴᠦ᠂ 2.1%᠎ᠪᠠᠷ ᠨᠡᠮᠡᠭᠳᠡᠪᠡ; ᠬᠥᠩᠭᠡᠨ ᠴᠠᠭ᠋ᠠᠨ᠎ᠤ ᠭᠠᠷᠤᠯᠲᠠ 611.4 ᠲᠦᠮᠡᠨ ᠲᠣᠨ᠎ᠳᠤ ᠬᠦᠷᠴᠦ᠂ 2.9%᠎ᠪᠠᠷ ᠨᠡᠮᠡᠭᠳᠡᠪᠡ; ᠴᠠᠭ᠋ᠠᠨ ᠢᠳᠡᠭᠡᠨ᠎ᠤ ᠭᠠᠷᠤᠯᠲᠠ 415.2 ᠲᠦᠮᠡᠨ ᠲᠣᠨ᠎ᠳᠤ ᠬᠦᠷᠴᠦ᠂ 12.6%᠎ᠪᠠᠷ ᠨᠡᠮᠡᠭᠳᠡᠪᠡ᠃
       ᠵᠢᠯ᠎ᠤᠨ ᠡᠴᠦᠰ᠎ᠲᠤ ᠪᠥᠬᠥ ᠣᠷᠣᠨ᠎ᠤ 6000 ᠺᠢᠯᠤᠸᠠᠲ ᠵᠢᠴᠢ ᠲᠡᠭᠦᠨ᠎ᠠᠴᠠ ᠳᠡᠭᠡᠭᠰᠢᠬᠢ ᠴᠠᠬᠢᠯᠭ᠋ᠠᠨ᠎ᠤ ᠦᠢ᠍ᠯᠡᠳᠪᠦᠷᠢ ᠵᠢᠨ ᠴᠠᠬᠢᠯᠭ᠋ᠠᠨ ᠭᠠᠷᠭ᠋ᠠᠬᠤ ᠲᠥᠬᠥᠭᠡᠷᠦᠮᠵᠢ ᠵᠢᠨ ᠮᠠᠰᠢᠨ ᠴᠣᠭᠴᠠᠯᠠᠪᠤᠷᠢ ᠵᠢᠨ ᠪᠠᠭᠲᠠᠭ᠋ᠠᠮᠵᠢ 16811 ᠲᠦᠮᠡᠨ ᠺᠢᠯᠤᠸᠠᠲ᠎ᠲᠤ ᠬᠦᠷᠴᠦ᠂ ᠳᠡᠭᠡᠷ᠎ᠡ ᠵᠢᠯ᠎ᠤᠨ ᠡᠴᠦᠰ᠎ᠤᠨ᠎ᠬᠢ᠎ᠠᠴᠠ 9.1%᠎ᠪᠠᠷ ᠨᠡᠮᠡᠭᠳᠡᠪᠡ᠃ ᠡᠭᠦᠨ᠎ᠳᠤ ᠢᠯᠴᠢ ᠵᠢᠨ ᠴᠠᠬᠢᠯᠭ᠋ᠠᠨ᠎ᠤ ᠮᠠᠰᠢᠨ ᠴᠣᠭᠴᠠᠯᠠᠪᠤᠷᠢ ᠵᠢᠨ ᠪᠠᠭᠲᠠᠭ᠋ᠠᠮᠵᠢ 10496 ᠲᠦᠮᠡᠨ ᠺᠢᠯᠤᠸᠠᠲ᠎ᠲᠤ ᠬᠦᠷᠴᠦ᠂ 6.8%᠎ᠪᠠᠷ ᠨᠡᠮᠡᠭᠳᠡᠪᠡ; ᠤᠰᠤᠨ ᠴᠠᠬᠢᠯᠭ᠋ᠠᠨ᠎ᠤ ᠮᠠᠰᠢᠨ ᠴᠣᠭᠴᠠᠯᠠᠪᠤᠷᠢ ᠵᠢᠨ ᠪᠠᠭᠲᠠᠭ᠋ᠠᠮᠵᠢ 238 ᠲᠦᠮᠡᠨ ᠺᠢᠯᠤᠸᠠᠲ᠎ᠲᠤ ᠬᠦᠷᠴᠦ᠂ ᠳᠡᠭᠡᠷ᠎ᠡ ᠵᠢᠯ᠎ᠤᠨ᠎ᠬᠢ᠎ᠲᠠᠢ ᠲᠡᠩᠴᠡᠪᠡ; ᠰᠠᠯᠬᠢᠨ ᠬᠦᠴᠦᠨ᠎ᠤ ᠴᠠᠬᠢᠯᠭ᠋ᠠᠨ᠎ᠤ ᠮᠠᠰᠢᠨ ᠴᠣᠭᠴᠠᠯᠠᠪᠤᠷᠢ ᠵᠢᠨ ᠪᠠᠭᠲᠠᠭ᠋ᠠᠮᠵᠢ 4564 ᠲᠦᠮᠡᠨ  ᠺᠢᠯᠤᠸᠠᠲ᠎ᠲᠤ ᠬᠦᠷᠴᠦ᠂ 14.3%᠎ᠪᠠᠷ ᠨᠡᠮᠡᠭᠳᠡᠪᠡ; ᠨᠡᠷᠡᠨ ᠡᠨᠧᠷᠭᠢ᠎ᠪᠠᠷ ᠴᠠᠬᠢᠯᠭ᠋ᠠᠨ ᠭᠠᠷᠭ᠋ᠠᠬᠤ ᠮᠠᠰᠢᠨ ᠴᠣᠭᠴᠠᠯᠠᠪᠤᠷᠢ ᠵᠢᠨ ᠪᠠᠭᠲᠠᠭ᠋ᠠᠮᠵᠢ 1478 ᠲᠦᠮᠡᠨ ᠺᠢᠯᠤᠸᠠᠲ᠎ᠲᠤ ᠬᠦᠷᠴᠦ᠂ 10.2% ᠵᠶ᠋ᠠᠷ ᠨᠡᠮᠡᠭᠳᠡᠪᠡ᠃
      ᠪᠥᠬᠥ ᠵᠢᠯ᠎ᠤᠨ ᠬᠡᠪᠴᠢᠶᠡᠵᠢᠯ᠎ᠠᠴᠠ ᠳᠡᠭᠡᠭᠰᠢᠬᠢ ᠠᠵᠤ   ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠡᠵᠡᠩᠨᠡᠯᠲᠡ ᠵᠢᠨ ᠣᠷᠣᠯᠭ᠎ᠠ 28158.2 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 15.2% ᠵᠶ᠋ᠠᠷ ᠨᠡᠮᠡᠭᠳᠡᠪᠡ; 4060 ᠳ᠋ᠦᠩᠰᠢᠭᠤᠷ ᠲᠥᠭᠥᠷᠢᠭ᠎ᠤᠨ ᠠᠰᠢᠭ ᠬᠣᠨᠵᠢᠪᠣᠷᠢ ᠵᠢ ᠪᠡᠶᠡᠯᠡᠭᠦᠯᠵᠦ᠂ 183%᠎ᠪᠠᠷ ᠨᠡᠮᠡᠭᠳᠡᠪᠡ; ᠡᠵᠡᠩᠨᠡᠯᠲᠡ ᠵᠢᠨ ᠣᠷᠣᠯᠭ᠎ᠠ ᠵᠢᠨ ᠠᠰᠢᠭ ᠬᠣᠨᠵᠢᠪᠣᠷᠢ ᠵᠢᠨ ᠨᠣᠷᠮ᠎ᠠ᠎ᠨᠢ 14.4% ᠪᠣᠯᠤᠨ᠎ᠠ᠃ ᠵᠠᠭᠤᠨ ᠲᠥᠭᠥᠷᠢᠭ ᠪᠦᠷᠢ ᠵᠢᠨ ᠡᠵᠡᠩᠨᠡᠯᠲᠡ ᠵᠢᠨ ᠣᠷᠣᠯᠭ᠎ᠠ᠎ᠳᠠᠬᠢ ᠵᠠᠷᠤᠳᠠᠯ᠎ᠨᠢ 6.6 ᠲᠥᠭᠥᠷᠢᠭ ᠪᠠᠶ᠋ᠢᠵᠤ᠂ ᠳᠡᠭᠡᠷ᠎ᠡ ᠵᠢᠯ᠎ᠤᠨ᠎ᠬᠢ᠎ᠠᠴᠠ 1.0 ᠲᠥᠭᠥᠷᠢᠭ ᠪᠠᠭᠤᠷᠠᠪᠠ; ᠵᠠᠭᠤᠨ ᠲᠥᠭᠥᠷᠢᠭ ᠪᠦᠷᠢ ᠵᠢᠨ ᠡᠵᠡᠩᠨᠡᠯᠲᠡ ᠵᠢᠨ ᠣᠷᠣᠯᠭ᠎ᠠ᠎ᠳᠠᠬᠢ ᠥᠪᠡᠷ᠎ᠤᠨ ᠥᠷᠲᠡᠭ᠎ᠨᠢ 76.6 ᠲᠥᠭᠥᠷᠢᠭ᠂ 0.3 ᠲᠥᠭᠥᠷᠢᠭ ᠨᠡᠮᠡᠭᠳᠡᠪᠡ᠃ ᠵᠢᠯ᠎ᠤᠨ ᠡᠴᠦᠰ᠎ᠲᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠡᠳ᠋ ᠬᠥᠷᠥᠩᠭᠡ ᠵᠢᠨ ᠥᠷᠢᠲᠦᠯ᠎ᠤᠨ ᠨᠣᠷᠮ᠎ᠠ 55.3% ᠪᠠᠶ᠋ᠢᠵᠤ᠂ ᠲᠦᠷᠦᠭᠦᠦ ᠵᠢᠯ᠎ᠤᠨ ᠡᠴᠦᠰ᠎ᠤᠨ᠎ᠬᠢ᠎ᠠᠴᠠ 2.1 ᠵᠠᠭᠤᠨ᠎ᠤ ᠬᠤᠪᠢ ᠵᠢᠨ ᠴᠡᠭ ᠪᠠᠭᠤᠷᠠᠪᠠ᠃ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ   ᠦᠢ᠍ᠯᠡᠳᠬᠦᠨ᠎ᠤ ᠪᠣᠷᠣᠯᠠᠭᠤᠯᠭ᠎ᠠ ᠵᠢᠨ ᠨᠣᠷᠮ᠎ᠠ 98.6%᠎ᠳᠤ ᠬᠥᠷᠪᠡ᠃
       ᠪᠥᠬᠥ ᠵᠢᠯ᠎ᠤᠨ ᠪᠠᠷᠢᠯᠭ᠎ᠠ ᠵᠢᠨ ᠦᠢ᠍ᠯᠡᠰ᠎ᠤᠨ ᠨᠡᠮᠡᠭᠳᠡᠯ ᠥᠷᠲᠡᠭ ᠲᠦᠷᠦᠭᠦᠦ ᠵᠢᠯ᠎ᠤᠨ᠎ᠬᠢ᠎ᠠᠴᠠ 6.0% ᠵᠶ᠋ᠠᠷ ᠨᠡᠮᠡᠭᠳᠡᠪᠡ᠃ ᠪᠥᠬᠥ ᠣᠷᠣᠨ᠎ᠤ ᠬᠢᠷᠢ ᠬᠡᠮ᠎ᠤᠨ ᠵᠡᠷᠭᠡ ᠳᠡᠰ᠎ᠲᠠᠢ ᠶᠡᠷᠦᠩᠬᠡᠶ ᠳᠠᠭ᠋ᠠᠭ᠋ᠠᠴᠢᠯᠠᠭᠰᠠᠨ ᠪᠤᠶᠤ ᠲᠤᠰᠬᠠᠶ ᠳᠠᠭ᠋ᠠᠭ᠋ᠠᠴᠢᠯᠠᠭᠰᠠᠨ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ 1239 ᠪᠠᠶ᠋ᠢᠵᠤ᠂ ᠲᠦᠷᠦᠭᠦᠦ ᠵᠢᠯ᠎ᠤᠨ᠎ᠬᠢ᠎ᠠᠴᠠ 49 ᠨᠡᠮᠡᠭᠳᠡᠪᠡ᠃ ᠠᠵᠢᠯ᠎ᠤᠨ ᠬᠡᠮᠵᠢᠶ᠎ᠡ᠎ᠲᠠᠢ ᠠᠵᠤ ᠠᠬᠤᠶ᠋ᠢᠯᠠᠯ᠎ᠤᠨ ᠬᠡᠷ ᠪᠠᠶ᠋ᠢᠰᠢᠩ᠎ᠤᠨ ᠪᠠᠷᠢᠯᠭ᠎ᠠ ᠵᠢᠨ ᠲᠠᠯᠠᠪᠠᠶ 7046 ᠲᠦᠮᠡᠨ ᠲᠡᠭᠰᠢ ᠳᠥᠷᠪᠡᠯᠵᠢᠨ ᠮᠧᠲᠷ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 6.0% ᠵᠶ᠋ᠠᠷ ᠪᠠᠭᠤᠷᠠᠪᠠ; ᠬᠡᠷ ᠪᠠᠶ᠋ᠢᠰᠢᠩ᠎ᠤᠨ ᠪᠠᠷᠢᠯᠭ᠎ᠠ ᠳᠠᠭᠤᠰᠤᠭᠰᠠᠨ ᠲᠠᠯᠠᠪᠠᠶ 1096 ᠲᠦᠮᠡᠨ ᠲᠡᠭᠰᠢ ᠳᠥᠷᠪᠡᠯᠵᠢᠨ ᠮᠧᠲᠷ᠎ᠲᠤ ᠬᠦᠷᠴᠦ᠂ 17.0% ᠵᠶ᠋ᠠᠷ ᠪᠠᠭᠤᠷᠠᠪᠠ; ᠭᠡᠷ ᠪᠠᠶ᠋ᠢᠰᠢᠩ᠎ᠤᠨ ᠪᠠᠷᠢᠯᠭ᠎ᠠ ᠵᠢᠨ ᠠᠵᠢᠯ ᠳᠠᠭᠤᠰᠤᠭᠰᠠᠨ ᠨᠣᠷᠮ᠎ᠠ᠎ᠨᠢ 15.6% ᠪᠣᠯᠤᠨ᠎ᠠ᠃
       ᠳᠥᠷᠪᠡ᠂ ᠦᠢ᠍ᠯᠡᠴᠢᠯᠡᠭᠡᠨ᠎ᠤ ᠦᠢ᠍ᠯᠡᠰ
       ᠪᠥᠬᠥ ᠵᠢᠯ᠎ᠤᠨ ᠪᠥᠭᠡᠮ ᠵᠶ᠋ᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ᠂ ᠬᠣᠨᠣᠭ ᠢᠳᠡᠭᠡᠨ ᠤᠮᠳᠠᠭ᠋ᠠᠨ᠎ᠤ ᠦᠢ᠍ᠯᠡᠰ᠎ᠤᠨ ᠨᠡᠮᠡᠭᠳᠡᠯ ᠥᠷᠲᠡᠭ 1876.9 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 4.2% ᠵᠶ᠋ᠠᠷ ᠪᠠᠭᠤᠷᠠᠪᠠ; ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠯᠲᠡ ᠪᠠ ᠰᠢᠦᠳᠠᠨ᠎ᠤ ᠦᠢ᠍ᠯᠡᠰ᠎ᠤᠨ ᠨᠡᠮᠡᠭᠳᠡᠯ ᠥᠷᠲᠡᠭ᠎ᠢ 1317.9 ᠳ᠋ᠦᠩᠰᠢᠭᠤᠷ ᠲᠥᠭᠥᠷᠢᠭ᠎ᠲᠤ ᠬᠦᠷᠴᠦ᠂ 3.5%᠎ᠪᠠᠷ ᠨᠡᠮᠡᠭᠳᠡᠪᠡ; ᠮᠥᠩᠭᠥᠨ ᠭᠦᠢ᠍ᠯᠭᠡᠭᠡᠨ᠎ᠤ ᠦᠢ᠍ᠯᠡᠰ᠎ᠤᠨ ᠨᠡᠮᠡᠭᠳᠡᠯ ᠥᠷᠲᠡᠭ᠎ᠢ 981 . 7 ᠳ᠋ᠦᠩᠰᠢᠭᠤᠷ ᠲᠥᠭᠥᠷᠢᠭ᠎ᠲᠤ ᠬᠦᠷᠴᠦ᠂ 5.3%᠎ᠪᠠᠷ ᠨᠡᠮᠡᠭᠳᠡᠪᠡ; ᠬᠡᠷ ᠪᠠᠶ᠋ᠢᠰᠢᠩ ᠭᠠᠵᠠᠷ ᠰᠢᠷᠣᠶ ᠵᠢᠨ ᠬᠥᠷᠥᠩᠭᠡ ᠵᠢᠨ ᠦᠢ᠍ᠯᠡᠰ᠎ᠤᠨ ᠨᠡᠮᠡᠭᠳᠡᠯ ᠥᠷᠲᠡᠭ 830.3 ᠳ᠋ᠦᠩᠰᠢᠭᠤᠷ ᠲᠥᠭᠥᠷᠢᠭ᠎ᠲᠤ ᠬᠦᠷᠴᠦ᠂ 1.5%᠎ᠪᠠᠷ ᠪᠠᠭᠤᠷᠠᠪᠠ᠃ ᠪᠥᠬᠥ ᠵᠢᠯ᠎ᠤᠨ ᠬᠡᠪᠴᠢᠶᠡᠵᠢᠯ᠎ᠠᠴᠠ ᠳᠡᠭᠡᠭᠰᠢᠬᠢ ᠦᠢ᠍ᠯᠡᠴᠢᠯᠡᠭᠡᠨ᠎ᠤ ᠦᠢ᠍ᠯᠡᠰ᠎ᠤᠨ ᠠᠵᠤ ᠠᠬᠤᠶ᠋ᠢᠯᠠᠯ᠎ᠤᠨ ᠡᠵᠡᠩᠨᠡᠯᠲᠡ ᠵᠢᠨ ᠣᠷᠣᠯᠭ᠎ᠠ ᠲᠦᠷᠦᠭᠦᠦ ᠵᠢᠯ᠎ᠤᠨ᠎ᠬᠢ᠎ᠠᠴᠠ 7.3%᠎ᠪᠠᠷ ᠨᠡᠮᠡᠭᠳᠡᠵᠦ᠂ ᠠᠰᠢᠭ ᠬᠣᠨᠵᠢᠪᠣᠷᠢ ᠵᠢᠨ ᠶᠡᠷᠦᠩᠬᠡᠶ ᠲᠣᠭ᠎ᠠ 31.1%᠎ᠪᠠᠷ ᠨᠡᠮᠡᠭᠳᠡᠪᠡ᠃
       ᠪᠥᠬᠥ ᠵᠢᠯ᠎ᠤᠨ ᠡᠳ᠋ ᠪᠠᠷᠠᠭ᠋ᠠᠨ᠎ᠤ ᠲᠡᠭᠡᠭᠡᠪᠦᠷᠢ ᠵᠢᠨ ᠶᠡᠷᠦᠩᠬᠡᠶ ᠬᠡᠮᠵᠢᠶ᠎ᠡ 20.8 ᠳ᠋ᠦᠩᠰᠢᠭᠤᠷ ᠲᠣᠨ᠎ᠳᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 1.9%᠎ᠪᠠᠷ ᠪᠠᠭᠤᠷᠠᠪᠠ᠃ ᠡᠳ᠋ ᠪᠠᠷᠠᠭ᠋ᠠᠨ᠎ᠤ ᠲᠡᠭᠡᠭᠡᠪᠦᠷᠢ ᠵᠢᠨ ᠡᠷᠭᠢᠯᠲᠡ ᠵᠢᠨ ᠬᠡᠮᠵᠢᠶ᠎ᠡ 5187.0 ᠳ᠋ᠦᠩᠰᠢᠭᠤᠷ ᠲᠣᠨ ᠺᠢᠯᠣᠮᠧᠲᠷ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 6.0% ᠵᠶ᠋ᠠᠷ ᠨᠡᠮᠡᠭᠳᠡᠪᠡ᠃ ᠪᠥᠬᠥ ᠵᠢᠯ᠎ᠤᠨ ᠠᠶᠠᠨᠴᠢᠳ᠎ᠤᠨ ᠲᠡᠭᠡᠭᠡᠪᠦᠷᠢ ᠵᠢᠨ ᠶᠡᠷᠦᠩᠬᠡᠶ ᠬᠡᠮᠵᠢᠶ᠎ᠡ 4103.2 ᠲᠦᠮᠡᠨ ᠬᠥᠮᠦᠨ᠎ᠳᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 43.6%᠎ᠪᠠᠷ ᠪᠠᠭᠤᠷᠠᠪᠠ᠃ ᠠᠶᠠᠨᠴᠢᠳ᠎ᠤᠨ ᠲᠡᠭᠡᠭᠡᠪᠦᠷᠢ ᠵᠢᠨ ᠡᠷᠭᠢᠯᠲᠡ ᠵᠢᠨ ᠬᠡᠮᠵᠢᠶ᠎ᠡ 89.0 ᠳ᠋ᠦᠩᠰᠢᠭᠤᠷ ᠬᠥᠮᠦᠨ ᠺᠢᠯᠣᠮᠧᠲᠷ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 46.0% ᠵᠶ᠋ᠠᠷ ᠪᠠᠭᠤᠷᠠᠪᠠ᠃
       ᠵᠢᠯ᠎ᠤᠨ ᠡᠴᠦᠰ᠎ᠲᠤ ᠪᠥᠬᠥ ᠣᠷᠣᠨ᠎ᠤ ᠠᠷᠠᠳ᠎ᠤᠨ ᠬᠡᠷᠡᠭᠯᠡᠭᠡᠨ᠎ᠤ ᠮᠠᠰᠢᠨ ᠲᠡᠷᠭᠡᠨ᠎ᠤ ᠬᠠᠳᠠᠭ᠋ᠠᠯᠠᠯᠲᠠ ᠵᠢᠨ ᠬᠡᠮᠵᠢᠶ᠎ᠡ 712.3 ᠲᠦᠮᠡ᠎ᠳᠤ ᠬᠦᠷᠴᠦ (ᠭᠤᠷᠪᠠᠨ ᠬᠦᠷᠳᠦᠲᠦ ᠮᠠᠰᠢᠨ ᠲᠡᠷᠭᠡ ᠪᠠ ᠳᠤᠤᠷ᠎ᠠ ᠬᠤᠷᠳᠤᠴᠠᠲᠤ ᠪᠠᠷᠠᠭ᠋ᠠᠨ᠎ᠤ ᠲᠡᠷᠭᠡ 10.0 ᠲᠦᠮᠡ ᠪᠠᠭᠲᠠᠨ᠎ᠠ)᠂ ᠲᠦᠷᠦᠭᠦᠦ ᠵᠢᠯ᠎ᠤᠨ ᠡᠴᠦᠰ᠎ᠤᠨ᠎ᠬᠢ᠎ᠠᠴᠠ 5.7%᠎ᠪᠠᠷ ᠨᠡᠮᠡᠭᠳᠡᠪᠡ᠃ ᠡᠭᠦᠨ᠎ᠳᠤ᠂ ᠬᠤᠪᠢ ᠬᠥᠮᠦᠨ᠎ᠤ ᠮᠠᠰᠢᠨ ᠲᠡᠷᠭᠡᠨ᠎ᠤ ᠬᠠᠳᠠᠭ᠋ᠠᠯᠠᠯᠲᠠ ᠵᠢᠨ ᠬᠡᠮᠵᠢᠶ᠎ᠡ 656.7 ᠲᠦᠮᠡ᠎ᠳᠤ ᠬᠦᠷᠴᠦ᠂ 5.7%᠎ᠪᠠᠷ ᠨᠡᠮᠡᠭᠳᠡᠪᠡ᠃ ᠠᠷᠠᠳ᠎ᠤᠨ ᠬᠡᠷᠡᠭᠯᠡᠭᠡᠨ᠎ᠤ ᠰᠠᠭᠤᠳᠠᠯ᠎ᠤᠨ ᠮᠠᠰᠢᠨ 399.3 ᠲᠦᠮᠡ ᠪᠠᠶ᠋ᠢᠵᠤ᠂ 4.7%᠎ᠪᠠᠷ ᠨᠡᠮᠡᠭᠳᠡᠪᠡ᠃ ᠡᠭᠦᠨ᠎ᠳᠤ᠂ ᠬᠤᠪᠢ ᠬᠥᠮᠦᠨ᠎ᠤ ᠮᠠᠰᠢᠨ ᠲᠡᠷᠭᠡᠨ᠎ᠤ ᠲᠣᠭ᠎ᠠ 385.5 ᠲᠦᠮᠡ᠎ᠳᠤ ᠬᠦᠷᠴᠦ᠂ 4.5%᠎ᠪᠠᠷ ᠨᠡᠮᠡᠭᠳᠡᠪᠡ᠃
      ᠪᠥᠬᠥ ᠵᠢᠯ᠎ᠳᠤ ᠰᠢᠤᠳᠠᠨ᠎ᠤ ᠠᠵᠢᠯ ᠲᠥᠷᠥᠯ᠎ᠤᠨ ᠲᠤᠬᠠᠶ᠋ᠢᠯᠠᠭᠰᠠᠨ ᠠᠵᠢᠯ᠎ᠤᠨ ᠶᠡᠷᠦᠩᠬᠡᠶ ᠬᠡᠮᠵᠢᠶ᠎ᠡ ᠵᠢ 58.7 ᠳ᠋ᠦᠩᠰᠢᠭᠤᠷ ᠲᠥᠭᠥᠷᠢᠭ ᠪᠡᠶᠡᠯᠡᠭᠦᠯᠵᠦ᠂ ᠲᠦᠷᠦᠭᠦᠦ ᠵᠢᠯ᠎ᠤᠨ᠎ᠬᠢ᠎ᠠᠴᠠ 6.7%᠎ᠪᠠᠷ ᠪᠠᠭᠤᠷᠠᠪᠠ᠃ ᠰᠢᠦᠳᠠᠨ᠎ᠤ ᠦᠢ᠍ᠯᠡᠰ᠎ᠤᠨ᠎ᠬᠢᠨ ᠪᠦᠬᠦ ᠵᠢᠯ᠎ᠳᠤ 429.7 ᠲᠦᠮᠡᠨ ᠬᠤᠪᠢ ᠰᠢᠦᠳᠠᠨ᠎ᠤ ᠵᠠᠬᠢᠳᠠᠯ ᠴᠢᠮᠡᠭᠡ᠂ 10.1 ᠲᠦᠮᠡᠨ ᠬᠤᠪᠢ ᠪᠣᠭᠣᠳᠠᠯ᠂ 24213.5 ᠲᠦᠮᠡᠨ ᠬᠤᠪᠢ ᠲᠦᠷᠭᠡᠨ ᠬᠦᠷᠭᠡᠯᠲᠡ ᠵᠢᠨ ᠲᠤᠬᠠᠶ᠋ᠢᠯᠠᠭᠰᠠᠨ ᠠᠵᠢᠯ᠎ᠢ ᠪᠡᠶᠡᠯᠡᠭᠦᠯᠵᠦ᠂ ᠲᠦᠷᠭᠡᠨ ᠬᠦᠷᠭᠡᠯᠲᠡ ᠵᠢᠨ ᠲᠤᠬᠠᠶ᠋ᠢᠯᠠᠭᠰᠠᠨ ᠠᠵᠢᠯ᠎ᠤᠨ ᠣᠷᠣᠯᠭ᠎ᠠ 48.3 ᠳ᠋ᠦᠩᠰᠢᠭᠤᠷ ᠲᠥᠭᠥᠷᠢᠭ᠎ᠲᠤ ᠬᠦᠷᠴᠡᠢ᠃ ᠪᠥᠬᠥ ᠵᠢᠯ᠎ᠳᠤ ᠴᠠᠬᠢᠯᠭ᠋ᠠᠨ ᠬᠣᠯᠪᠣᠭ᠋ᠠᠨ᠎ᠤ ᠲᠤᠬᠠᠶ᠋ᠢᠯᠠᠭᠰᠠᠨ ᠠᠵᠢᠯ᠎ᠤᠨ ᠶᠡᠷᠦᠩᠬᠡᠶ ᠬᠡᠮᠵᠢᠶ᠎ᠡ ᠵᠢ 293.8 ᠳ᠋ᠦᠩᠰᠢᠭᠤᠷ ᠲᠥᠭᠥᠷᠢᠭ ᠪᠡᠶᠡᠯᠡᠭᠦᠯᠵᠦ᠂ ᠲᠦᠷᠦᠭᠦᠦ ᠵᠢᠯ᠎ᠤᠨ᠎ᠬᠢ᠎ᠠᠴᠠ 19.4%᠎ᠪᠠᠷ ᠨᠡᠮᠡᠭᠳᠡᠪᠡ᠃ ᠵᠢᠯ᠎ᠤᠨ ᠡᠴᠦᠰ᠎ᠲᠤ ᠪᠥᠬᠥ ᠣᠷᠣᠨ᠎ᠤ ᠰᠢᠯᠵᠢᠮᠡᠯ ᠳ᠋ᠢᠶᠠᠩᠬᠤᠸᠠ ᠵᠢᠨ ᠬᠡᠷᠡᠭᠯᠡᠭᠴᠢ ᠵᠢᠨ ᠶᠡᠷᠦᠩᠬᠡᠶ ᠲᠣᠭ᠎ᠠ 3013.1 ᠲᠦᠮᠡᠨ ᠡᠷᠦᠬᠡ ᠪᠣᠯᠤᠨ᠎ᠠ᠃ ᠡᠭᠦᠨ᠎ᠳᠤ᠂ 5G ᠰᠢᠯᠵᠢᠮᠡᠯ ᠤᠲᠠᠰᠤ ᠵᠢᠨ ᠬᠡᠷᠡᠭᠯᠡᠭᠴᠢ 901.0 ᠲᠦᠮᠡᠨ ᠡᠷᠦᠬᠡ ᠪᠣᠶ᠃ ᠰᠢᠯᠵᠢᠮᠡᠯ ᠳ᠋ᠢᠶᠠᠩᠬᠤᠸᠠ ᠵᠢᠨ ᠲᠦᠭᠡᠮᠡᠯᠵᠢᠭᠰᠡᠨ ᠨᠣᠷᠮ᠎ᠠ 125.5 / ᠵᠠᠭᠤᠨ ᠬᠥᠮᠦᠨ᠃ ᠲᠣᠭᠲᠠᠮᠠᠯ ᠢᠨᠲᠸᠷ ᠰᠦᠯᠵᠢᠶᠡᠨ᠎ᠤ ᠥᠷᠭᠡᠨ ᠪᠦᠰᠡ ᠵᠢᠨ ᠬᠡᠷᠡᠭᠯᠡᠭᠴᠢ 868.1 ᠲᠦᠮᠡᠨ ᠡᠷᠦᠬᠡ ᠪᠣᠯᠵᠣ᠂ ᠲᠦᠷᠦᠭᠦᠦ ᠵᠢᠯ᠎ᠤᠨ ᠡᠴᠦᠰ᠎ᠤᠨ᠎ᠬᠢ᠎ᠠᠴᠠ 71.9 ᠲᠦᠮᠡᠨ ᠡᠷᠦᠬᠡ ᠨᠡᠮᠡᠭᠳᠡᠵᠡᠶ; ᠰᠢᠯᠵᠢᠮᠡᠯ ᠢᠨᠲᠸᠷ ᠰᠦᠯᠵᠢᠶᠡᠨ᠎ᠤ ᠬᠡᠷᠡᠭᠯᠡᠭᠴᠢ 2577.0 ᠲᠦᠮᠡᠨ ᠡᠷᠦᠬᠡ ᠪᠠᠶ᠋ᠢᠵᠤ᠂ 88.2 ᠲᠦᠮᠡᠨ ᠡᠷᠦᠬᠡ ᠬᠠᠰᠤᠭᠳᠠᠪᠠ᠃ ᠪᠥᠬᠥ ᠵᠢᠯ᠎ᠤᠨ ᠰᠢᠯᠵᠢᠮᠡᠯ ᠢᠨᠲ᠋ᠧᠷ ᠰᠦᠯᠵᠢᠶᠡᠨ᠎ᠤ ᠤᠷᠤᠰᠴᠠ 439809.9 ᠲᠦᠮᠡᠨ GB᠎ᠳᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 8.6%᠎ᠪᠠᠷ ᠨᠡᠮᠡᠭᠳᠡᠪᠡ᠃
      ᠲᠠᠪᠤ᠂ ᠤᠯᠤᠰ᠎ᠤᠨ ᠳᠣᠲᠣᠭ᠋ᠠᠳᠤ ᠵᠢᠨ ᠠᠷᠠᠯᠵᠢᠶ᠎ᠠ

       ᠪᠦᠬᠦ ᠵᠢᠯ᠎ᠤᠨ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠪᠦᠬᠦ ᠲᠣᠭ᠎ᠠ 4971.4 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 1.8%᠎ᠪᠠᠷ ᠪᠠᠭᠤᠷᠠᠪᠠ᠃ ᠡᠵᠡᠩᠨᠡᠯᠲᠡ ᠵᠢᠨ ᠭᠠᠵᠠᠷ᠎ᠤᠨ ᠪᠦᠷᠢᠳᠬᠡᠯ ᠵᠶ᠋ᠠᠷ ᠦᠵᠡᠪᠡᠯ᠂ ᠬᠣᠲᠠ ᠪᠠᠯᠭ᠋ᠠᠰᠤᠨ᠎ᠤ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠲᠣᠭ᠎ᠠ 4390 . 0 ᠳ᠋ᠦᠩᠰᠢᠭᠤᠷ ᠲᠥᠭᠥᠷᠢᠭ᠎ᠲᠤ ᠬᠦᠷᠴᠦ᠂ 1.8%᠎ᠪᠠᠷ ᠪᠠᠭᠤᠷᠠᠪᠠ; ᠬᠥᠳᠡᠭᠡ ᠲᠣᠰᠬᠣᠨ᠎ᠤ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠲᠣᠭ᠎ᠠ 581.4 ᠳ᠋ᠦᠩᠰᠢᠭᠤᠷ ᠲᠥᠭᠥᠷᠢᠭ᠎ᠲᠤ ᠬᠦᠷᠴᠦ᠂ 1.3%᠎ᠪᠠᠷ ᠪᠠᠭᠤᠷᠠᠪᠠ᠃ ᠬᠡᠷᠡᠭᠯᠡᠭᠡᠨ᠎ᠤ ᠲᠥᠷᠥᠯ ᠵᠦᠢ᠍ᠯ ᠵᠶ᠋ᠠᠷ ᠪᠦᠷᠢᠳᠬᠡᠪᠡᠯ᠂ ᠲᠠᠸᠠᠷ᠎ᠤᠨ ᠵᠢᠵᠢᠭᠯᠡᠨ ᠬᠤᠳᠠᠯᠳᠤᠭᠰᠠᠨ ᠲᠣᠭ᠎ᠠ 4408.5 ᠳ᠋ᠦᠩᠰᠢᠭᠤᠷ ᠲᠥᠭᠥᠷᠢᠭ᠎ᠲᠤ

ᠬᠦᠷᠴᠦ᠂ 0.1%᠎ᠪᠠᠷ ᠪᠠᠭᠤᠷᠠᠪᠠ; ᠢᠳᠡᠭᠡᠨ ᠤᠮᠳᠠᠭ᠋ᠠᠨ᠎ᠤ ᠣᠷᠣᠯᠭ᠎ᠠ 562.9 ᠳ᠋ᠦᠩᠰᠢᠭᠤᠷ ᠲᠥᠭᠥᠷᠢᠭ᠎ᠲᠤ ᠬᠦᠷᠴᠦ᠂ 12.8%᠎ᠪᠠᠷ ᠪᠠᠭᠤᠷᠠᠪᠠ᠃ ᠣᠷᠣᠨ ᠪᠦᠰᠡ ᠬᠤᠪᠢᠶᠠᠵᠤ ᠦᠵᠡᠪᠡᠯ᠂ ᠵᠡᠭᠦᠨ ᠬᠡᠰᠡᠭ᠎ᠤᠨ ᠭᠠᠵᠠᠷ ᠣᠷᠣᠨ᠎ᠤ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠲᠣᠭ᠎ᠠ 0.2% ᠪᠠᠭᠤᠷᠠᠵᠤ᠂ ᠳᠤᠮᠳᠠ ᠬᠡᠰᠡᠭ᠎ᠤᠨ ᠭᠠᠵᠠᠷ ᠣᠷᠣᠨ᠎ᠤ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠲᠣᠭ᠎ᠠ 2.5% ᠪᠠᠭᠤᠷᠠᠵᠤ᠂ ᠪᠠᠷᠠᠭᠤᠨ ᠬᠡᠰᠡᠭ᠎ᠤᠨ ᠭᠠᠵᠠᠷ ᠣᠷᠣᠨ᠎ᠤ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠲᠣᠭ᠎ᠠ 2.1% ᠪᠠᠭᠤᠷᠠᠪᠠ᠃
       ᠪᠥᠬᠥ ᠵᠢᠯ᠎ᠤᠨ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠨᠢᠭᠡᠴᠢ ᠲᠠᠸᠠᠷ᠎ᠤᠨ ᠵᠢᠵᠢᠭᠯᠡᠨ ᠬᠤᠳᠠᠯᠳᠤᠭᠰᠠᠨ ᠲᠣᠭ᠎ᠠ ᠵᠢᠨ ᠳᠣᠲᠣᠷ᠎ᠠ᠂ ᠠᠮᠤ ᠲᠣᠰᠣ᠂ ᠢᠳᠡᠭᠡᠨ᠎ᠤ ᠲᠥᠷᠥᠯ᠎ᠤᠨ ᠵᠢᠵᠢᠭᠯᠡᠨ ᠬᠤᠳᠠᠯᠳᠤᠭᠰᠠᠨ ᠲᠣᠭ᠎ᠠ ᠲᠦᠷᠦᠭᠦᠦ ᠵᠢᠯ᠎ᠤᠨ᠎ᠬᠢ᠎ᠠᠴᠠ 24.2% ᠵᠶ᠋ᠠᠷ ᠨᠡᠮᠡᠭᠳᠡᠵᠦ᠂ ᠤᠮᠳᠠᠭ᠋ᠠᠨ᠎ᠤ ᠲᠥᠷᠥᠯ 8.8%᠎ᠪᠠᠷ ᠨᠡᠮᠡᠭᠳᠡᠵᠦ᠂ ᠠᠷᠢᠬᠢ ᠲᠠᠮᠠᠬᠢᠨ᠎ᠤ ᠲᠥᠷᠥᠯ 4.8%᠎ᠪᠠᠷ ᠨᠡᠮᠡᠭᠳᠡᠵᠦ᠂ ᠡᠳᠦᠷ ᠲᠤᠲᠤᠮ᠎ᠤᠨ ᠬᠡᠷᠡᠭᠯᠡᠭᠡᠨ᠎ᠤ ᠲᠥᠷᠥᠯ 16.3%᠎ᠪᠠᠷ ᠨᠡᠮᠡᠭᠳᠡᠵᠦ᠂ ᠬᠢᠲᠠᠳ ᠧᠦ᠋ᠷᠣᠫᠠ ᠡᠮ᠎ᠤᠨ ᠲᠥᠷᠥᠯ 12.8%᠎ᠪᠠᠷ ᠨᠡᠮᠡᠭᠳᠡᠵᠦ᠂ ᠴᠢᠯᠠᠭᠤᠨ ᠲᠣᠰᠣ ᠵᠢᠴᠢ ᠦᠢ᠍ᠯᠡᠳᠬᠦᠨ᠎ᠤ ᠲᠥᠷᠥᠯ 18.8%᠎ᠪᠠᠷ ᠨᠡᠮᠡᠭᠳᠡᠵᠦ᠂ ᠮᠠᠰᠢᠨ ᠲᠡᠷᠭᠡᠨ᠎ᠤ ᠲᠥᠷᠥᠯ 8.8%᠎ᠪᠠᠷ ᠪᠠᠭᠤᠷᠠᠪᠠ᠃
       ᠪᠥᠬᠥ ᠵᠢᠯ᠎ᠤᠨ ᠪᠣᠳᠠᠲᠤ ᠲᠠᠸᠠᠷ᠎ᠤᠨ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠭᠰᠠᠨ ᠲᠣᠭ᠎ᠠ 344.4 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 1.2% ᠵᠶ᠋ᠠᠷ ᠪᠠᠭᠤᠷᠠᠵᠤ᠂ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠣᠭ᠎ᠠ᠎ᠳᠤ ᠡᠵᠡᠯᠡᠬᠦ ᠬᠤᠪᠢ ᠵᠢᠨ ᠵᠢᠩ᠎ᠨᠢ 6.9%᠎ᠳᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 0.9 ᠵᠠᠭᠤᠨ᠎ᠤ ᠬᠤᠪᠢ ᠵᠢᠨ ᠴᠡᠭ ᠳᠡᠭᠡᠭᠰᠢᠯᠡᠪᠡ᠃
    ᠵᠢᠷᠭᠤᠭ᠎ᠠ᠂ ᠲᠣᠭᠲᠠᠮᠠᠯ ᠬᠦᠷᠦᠨᠭᠭᠡ ᠵᠢᠨ ᠪᠡᠯᠡ ᠣᠷᠣᠭᠤᠯᠤᠯᠲᠠ
      ᠪᠦᠬᠦ ᠵᠢᠯ᠎ᠤᠨ ᠪᠦᠬᠦ ᠨᠡᠶ᠋ᠢᠭᠡᠮ᠎ᠤᠨ ᠲᠣᠭᠲᠠᠮᠠᠯ ᠬᠦᠷᠦᠨᠭᠭᠡ ᠵᠢᠨ ᠪᠡᠯᠡ ᠣᠷᠣᠭᠤᠯᠤᠯᠲᠠ ᠲᠦᠷᠦᠭᠦᠦ ᠵᠢᠯ᠎ᠤᠨ᠎ᠬᠢ᠎ᠠᠴᠠ 16.8%᠎ᠪᠠᠷ ᠨᠡᠮᠡᠭᠳᠡᠪᠡ᠃ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ (ᠲᠠᠷᠢᠶᠠᠴᠢᠨ ᠡᠷᠦᠬᠡ ᠵᠢ ᠪᠠᠭᠲᠠᠭ᠋ᠠᠬᠤ ᠥᠬᠡᠶ) 17.6% ᠨᠡᠮᠡᠭᠳᠡᠪᠡ᠃ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ (ᠲᠠᠷᠢᠶᠠᠴᠢᠨ ᠡᠷᠦᠬᠡ ᠵᠢ ᠪᠠᠭᠲᠠᠭ᠋ᠠᠬᠤ ᠥᠬᠡᠶ) ᠵᠢᠨ ᠳᠣᠲᠣᠷ᠎ᠠ᠂ ᠣᠷᠣᠨ ᠪᠦᠰᠡ ᠬᠤᠪᠢᠶᠠᠵᠤ ᠦᠵᠡᠪᠡᠯ᠂ ᠵᠡᠭᠦᠨ ᠬᠡᠰᠡᠭ᠎ᠤᠨ ᠭᠠᠵᠠᠷ ᠣᠷᠣᠨ᠎ᠤ ᠪᠠᠯᠠ ᠣᠷᠣᠭᠤᠯᠤᠯᠲᠠ ᠲᠦᠷᠦᠭᠦᠦ ᠵᠢᠯ᠎ᠤᠨ᠎ᠬᠢ᠎ᠠᠴᠠ 12.7 %᠎ᠪᠠᠷ ᠨᠡᠮᠡᠭᠳᠡᠵᠦ᠂ ᠳᠤᠮᠳᠠ ᠬᠡᠰᠡᠭ᠎ᠤᠨ ᠭᠠᠵᠠᠷ ᠣᠷᠣᠨ᠎ᠤ ᠪᠠᠯᠠ ᠣᠷᠣᠭᠤᠯᠤᠯᠲᠠ 19.1%᠎ᠪᠠᠷ ᠨᠡᠮᠡᠭᠳᠡᠵᠦ᠂ ᠪᠠᠷᠠᠭᠤᠨ ᠬᠡᠰᠡᠭ᠎ᠤᠨ ᠭᠠᠵᠠᠷ ᠣᠷᠣᠨ᠎ᠤ ᠪᠠᠯᠠ ᠣᠷᠣᠭᠤᠯᠤᠯᠲᠠ 26.2% ᠵᠶ᠋ᠠᠷ ᠨᠡᠮᠡᠭᠳᠡᠪᠡ᠃
      ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ (ᠲᠠᠷᠢᠶᠠᠴᠢᠨ ᠡᠷᠦᠬᠡ ᠵᠢ ᠪᠠᠭᠲᠠᠭ᠋ᠠᠬᠤ ᠥᠬᠡᠶ) ᠵᠢᠨ ᠳᠣᠲᠣᠷ᠎ᠠ᠂ ᠨᠢᠭᠡᠳᠦᠭᠡᠷ ᠠᠵᠤ ᠦᠢ᠍ᠯᠡᠰ᠎ᠤᠨ ᠪᠠᠯᠠ ᠣᠷᠣᠭᠤᠯᠤᠯᠲᠠ 13.6%᠎ᠪᠠᠷ ᠨᠡᠮᠡᠭᠳᠡᠵᠦ᠂ ᠬᠣᠶᠠᠳᠤᠭ᠋ᠠᠷ ᠠᠵᠤ ᠦᠢ᠍ᠯᠡᠰ᠎ᠤᠨ ᠪᠠᠯᠠ ᠣᠷᠣᠭᠤᠯᠤᠯᠲᠠ 44.8%᠎ᠪᠠᠷ ᠨᠡᠮᠡᠭᠳᠡᠵᠦ᠂ ᠭᠤᠷᠪᠠᠳᠤᠭ᠋ᠠᠷ ᠠᠵᠤ ᠦᠢ᠍ᠯᠡᠰ᠎ᠤᠨ ᠪᠠᠯᠠ ᠣᠷᠣᠭᠤᠯᠤᠯᠲᠠ 4.3%᠎ᠪᠠᠷ ᠪᠠᠭᠤᠷᠠᠪᠠ᠃ ᠠᠷᠠᠳ᠎ᠤᠨ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ ᠳᠡᠭᠡᠷ᠎ᠡ ᠵᠢᠯ᠎ᠤᠨ᠎ᠬᠢ᠎ᠠᠴᠠ 16.8%᠎ᠪᠠᠷ ᠨᠡᠮᠡᠭᠳᠡᠵᠦ᠂ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ (ᠲᠠᠷᠢᠶᠠᠴᠢᠨ ᠡᠷᠦᠬᠡ ᠵᠢ ᠪᠠᠭᠲᠠᠭ᠋ᠠᠬᠤ ᠥᠬᠡᠶ) ᠵᠢᠨ 54.0%᠎ᠢ ᠡᠵᠡᠯᠡᠪᠡ᠃ ᠰᠠᠭᠤᠷᠢ ᠲᠥᠬᠥᠭᠡᠷᠦᠮᠵᠢ ᠵᠢᠨ ᠪᠡᠯᠡ ᠣᠷᠣᠭᠤᠯᠤᠯᠲᠠ ᠲᠦᠷᠦᠭᠦᠦ ᠵᠢᠯ᠎ᠤᠨ᠎ᠬᠢ᠎ᠠᠴᠠ 35.3%᠎ᠪᠠᠷ ᠨᠡᠮᠡᠭᠳᠡᠪᠡ᠃ ᠲᠦᠷᠦᠯ ᠵᠦᠢ᠍ᠯ᠎ᠤᠨ ᠬᠠᠷᠢᠶᠠᠯᠠᠭᠳᠠᠬᠤ ᠬᠠᠷᠢᠴᠠᠭ᠎ᠠ᠎ᠪᠠᠷ ᠬᠤᠪᠢᠶᠠᠪᠠᠯ᠂ ᠣᠷᠣᠨ ᠨᠤᠲᠤᠭ᠎ᠤᠨ ᠲᠦᠷᠦᠯ ᠵᠦᠢ᠍ᠯ᠎ᠤᠨ ᠪᠡᠯᠡ ᠣᠷᠣᠭᠤᠯᠤᠯᠲᠠ ᠳᠡᠭᠡᠷ᠎ᠡ ᠵᠢᠯ᠎ᠤᠨ᠎ᠬᠢ᠎ᠠᠴᠠ 13.6% ᠨᠡᠮᠡᠭᠳᠡᠵᠦ᠂ ᠲᠥᠪ᠎ᠤᠨ ᠲᠦᠷᠦᠯ ᠵᠦᠢ᠍ᠯ᠎ᠤᠨ ᠪᠡᠯᠡ ᠣᠷᠣᠭᠤᠯᠤᠯᠲᠠ 57.5% ᠨᠡᠮᠡᠭᠳᠡᠪᠡ᠃
      ᠪᠥᠬᠥ ᠵᠢᠯ᠎ᠤᠨ ᠬᠡᠷ ᠭᠠᠵᠠᠷ ᠬᠥᠷᠥᠩᠭᠡ ᠵᠢᠨ ᠨᠡᠭᠡᠭᠡᠯᠲᠡ ᠵᠢᠨ ᠪᠠᠯᠠ ᠣᠷᠣᠭᠤᠯᠤᠯᠲᠠ 978.3 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 20.7%᠎ᠪᠠᠷ ᠪᠠᠭᠤᠷᠠᠪᠠ᠃ ᠡᠭᠦᠨ᠎ᠳᠤ᠂ ᠣᠷᠣᠨ ᠰᠠᠭᠤᠴᠠ ᠵᠢᠨ ᠪᠠᠯᠠ ᠣᠷᠣᠭᠤᠯᠤᠯᠲᠠ 771.0 ᠳ᠋ᠦᠩᠰᠢᠭᠤᠷ ᠲᠥᠭᠥᠷᠢᠭ᠎ᠲᠤ ᠬᠦᠷᠴᠦ᠂ 20.6%᠎ᠪᠠᠷ ᠪᠠᠭᠤᠷᠠᠪᠠ; ᠠᠯᠪᠠᠨ ᠠᠰᠠᠷ᠎ᠤᠨ ᠪᠠᠯᠠ ᠣᠷᠣᠭᠤᠯᠤᠯᠲᠠ 7.4 ᠳ᠋ᠦᠩᠰᠢᠭᠤᠷ ᠲᠥᠭᠥᠷᠢᠭ᠎ᠲᠤ ᠬᠦᠷᠴᠦ᠂ 6.3%᠎ᠪᠠᠷ ᠪᠠᠭᠤᠷᠠᠪᠠ; ᠬᠤᠳᠠᠯᠳᠤᠭ᠋ᠠᠨ᠎ᠤ ᠡᠵᠡᠩᠨᠡᠯᠲᠡ᠎ᠳᠤ ᠬᠡᠷᠡᠭᠯᠡᠬᠦ ᠬᠡᠷ ᠪᠠᠶ᠋ᠢᠰᠢᠩ᠎ᠤᠨ ᠪᠠᠯᠠ ᠣᠷᠣᠭᠤᠯᠤᠯᠲᠠ 80.0 ᠳ᠋ᠦᠩᠰᠢᠭᠤᠷ ᠲᠥᠭᠥᠷᠢᠭ᠎ᠲᠤ ᠬᠦᠷᠴᠦ᠂ 26.1%᠎ᠪᠠᠷ ᠪᠠᠭᠤᠷᠠᠪᠠ᠃ ᠲᠠᠸᠠᠷ᠎ᠤᠨ ᠬᠡᠷ ᠪᠠᠶ᠋ᠢᠰᠢᠩ᠎ᠤᠨ ᠪᠣᠷᠣᠯᠠᠭᠤᠯᠤᠭᠰᠠᠨ ᠲᠠᠯᠠᠪᠠᠶ 1380.5 ᠲᠦᠮᠡᠨ ᠲᠡᠭᠰᠢ ᠳᠥᠷᠪᠡᠯᠵᠢᠨ ᠮᠧᠲᠷ᠎ᠲᠤ ᠬᠦᠷᠴᠦ᠂ 25.7%᠎ᠪᠠᠷ ᠪᠠᠭᠤᠷᠠᠪᠠ; ᠲᠠᠸᠠᠷ᠎ᠤᠨ ᠣᠷᠣᠨ ᠰᠠᠭᠤᠴᠠ ᠵᠢᠨ ᠪᠣᠷᠣᠯᠠᠭᠤᠯᠤᠯᠲᠠ 868.0 ᠳ᠋ᠦᠩᠰᠢᠭᠤᠷ ᠲᠥᠭᠥᠷᠢᠭ᠎ᠲᠤ ᠬᠦᠷᠴᠦ᠂ 28.5%᠎ᠪᠠᠷ ᠪᠠᠭᠤᠷᠠᠪᠠ᠃
       ᠲᠤᠯᠤᠭ᠎ᠠ᠂ ᠭᠠᠳᠠᠭ᠋ᠠᠳᠤ ᠠᠵᠤ ᠠᠬᠤᠢ
      ᠪᠥᠬᠥ ᠵᠢᠯ᠎ᠤᠨ ᠭᠠᠳᠠᠭ᠋ᠠᠳᠤ ᠠᠷᠠᠯᠵᠢᠶᠠᠨ᠎ᠤ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠭᠰᠠᠨ ᠪᠥᠬᠥ ᠲᠣᠭ᠎ᠠ 1523.6 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 23.2% ᠵᠶ᠋ᠠᠷ ᠨᠡᠮᠡᠭᠳᠡᠪᠡ᠃ ᠡᠭᠦᠨ᠎ᠳᠤ᠂ ᠭᠠᠳᠠᠭ᠋ᠠᠳᠤ ᠭᠠᠷᠭ᠋ᠠᠯᠲᠠ ᠵᠢᠨ ᠶᠡᠷᠦᠩᠬᠡᠶ ᠲᠣᠭ᠎ᠠ 630.3 ᠳ᠋ᠦᠩᠰᠢᠭᠤᠷ ᠲᠥᠭᠥᠷᠢᠭ᠎ᠲᠤ ᠬᠦᠷᠴᠦ᠂ 31.9%᠎ᠪᠠᠷ ᠨᠡᠮᠡᠭᠳᠡᠪᠡ; ᠭᠠᠳᠠᠭ᠋ᠠᠳᠤ᠎ᠠᠴᠠ ᠣᠷᠣᠭᠤᠯᠤᠭᠰᠠᠨ ᠪᠦᠬᠦ ᠲᠣᠭ᠎ᠠ 893.3 ᠳ᠋ᠦᠩᠰᠢᠭᠤᠷ ᠲᠥᠭᠥᠷᠢᠭ᠎ᠲᠤ ᠬᠦᠷᠴᠦ᠂ 17.8%᠎ᠪᠠᠷ ᠨᠡᠮᠡᠭᠳᠡᠵᠡᠢ᠃ ᠭᠤᠤᠯ ᠪᠣᠯᠬᠤ ᠠᠷᠠᠯᠵᠢᠶᠠᠨ᠎ᠤ ᠠᠷᠭ᠎ᠠ ᠬᠡᠯᠪᠡᠷᠢ᠎ᠠᠴᠠ ᠦᠵᠡᠪᠡᠯ᠂ ᠡᠩ᠎ᠤᠨ ᠠᠷᠠᠯᠵᠢᠶᠠᠨ᠎ᠤ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠭᠰᠠᠨ ᠲᠣᠭ᠎ᠠ 982.4 ᠳ᠋ᠦᠩᠰᠢᠭᠤᠷ ᠲᠥᠭᠥᠷᠢᠭ᠎ᠲᠤ ᠬᠦᠷᠴᠦ᠂ 21.8%᠎ᠪᠠᠷ ᠨᠡᠮᠡᠭᠳᠡᠵᠦ᠂ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠭᠰᠠᠨ ᠶᠡᠷᠦᠩᠬᠡᠶ ᠲᠣᠭ᠎ᠠ᠎ᠳᠤ ᠡᠵᠡᠯᠡᠬᠦ ᠬᠤᠪᠢ ᠵᠢᠨ ᠵᠢᠩ᠎ᠨᠢ 64.5% ᠪᠣᠯᠵᠠᠶ; ᠬᠢᠯᠢ ᠵᠢᠨ ᠪᠠᠭ᠎ᠠ ᠬᠡᠮᠵᠢᠶᠡᠨ᠎ᠤ ᠠᠷᠠᠯᠵᠢᠶᠠᠨ᠎ᠤ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠭᠰᠠᠨ ᠲᠣᠭ᠎ᠠ 283.0 ᠳ᠋ᠦᠩᠰᠢᠭᠤᠷ ᠲᠥᠭᠥᠷᠢᠭ᠎ᠲᠤ ᠬᠦᠷᠴᠡᠶ; ᠪᠣᠯᠪᠠᠰᠤᠷᠠᠭᠤᠯᠬᠤ ᠠᠷᠠᠯᠵᠢᠶ᠎ᠠ ᠵᠢᠨ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠭᠰᠠᠨ ᠲᠣᠭ᠎ᠠ 116.8 ᠳ᠋ᠦᠩᠰᠢᠭᠤᠷ ᠲᠥᠭᠥᠷᠢᠭ᠎ᠲᠤ ᠬᠦᠷᠴᠡᠢ᠃ 《ᠨᠢᠭᠡ ᠪᠦᠰᠡ ᠨᠢᠭᠡ ᠵᠠᠮ》 ᠳᠠᠭ᠋ᠠᠤ ᠵᠢᠨ ᠤᠯᠤᠰ᠎ᠤᠳ᠎ᠯᠤᠭ᠎ᠠ ᠵᠢᠨ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠭᠰᠠᠨ ᠪᠥᠬᠥ ᠲᠣᠭ᠎ᠠ 935.5 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 29.6%᠎ᠪᠠᠷ ᠨᠡᠮᠡᠭᠳᠡᠪᠡ᠃
      ᠪᠥᠬᠥ ᠵᠢᠯ᠎ᠳᠤ ᠪᠣᠳᠠᠲᠠᠶ ᠬᠡᠷᠡᠭᠯᠡᠭᠰᠡᠨ ᠭᠠᠳᠠᠭ᠋ᠠᠳᠤ ᠪᠠᠯᠠ ᠵᠢᠨ ᠵᠣᠭᠣᠰ᠎ᠤᠨ ᠲᠣᠭ᠎ᠠ 34.5 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 58.6%᠎ᠪᠠᠷ ᠨᠡᠮᠡᠭᠳᠡᠵᠦ᠂ 5.4 ᠳ᠋ᠦᠩᠰᠢᠭᠤᠷ ᠳ᠋ᠣᠯᠯᠠᠷ ᠵᠶ᠋ᠠᠷ ᠨᠤᠭᠤᠯᠵᠤ ᠪᠤᠳᠤᠪᠠᠯ᠂ 70.6%᠎ᠪᠠᠷ ᠨᠡᠮᠡᠭᠳᠡᠪᠡ᠃ ᠵᠢᠯ᠎ᠤᠨ ᠡᠴᠦᠰ᠎ᠲᠤ ᠪᠥᠬᠥ ᠣᠷᠣᠨ᠎ᠤ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠰᠠᠯᠠᠭ᠎ᠠ ᠮᠥᠴᠢᠷ᠎ᠲᠤ ᠳᠠᠩᠰᠠᠯᠠᠭᠤᠯᠤᠭᠰᠠᠨ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠠᠯᠠ ᠣᠷᠣᠭᠤᠯᠤᠭᠰᠠᠨ ᠠᠵᠤ ᠠᠬᠤᠶ᠋ᠢᠯᠠᠯ 3289 ᠪᠠᠶ᠋ᠢᠨ᠎ᠠ᠃ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠭᠰᠠᠨ ᠠᠵᠤ ᠠᠬᠤᠶ᠋ᠢᠯᠠᠯ᠎ᠢ ᠰᠢᠨ᠎ᠡ᠎ᠪᠠᠷ 40 ᠪᠠᠶ᠋ᠢᠭᠤᠯᠪᠠ᠃
      ᠨᠠᠢ᠍ᠮᠠ᠂ ᠡᠳ᠋᠎ᠤᠨ ᠵᠠᠰᠠᠭ᠂ ᠮᠥᠩᠭᠥᠨ ᠭᠦᠢ᠍ᠯᠭᠡᠭᠡ ᠪᠠ ᠳᠠᠭ᠋ᠠᠳᠬᠠᠯ
      ᠪᠥᠬᠥ ᠵᠢᠯ᠎ᠤᠨ ᠪᠥᠬᠥ ᠣᠷᠣᠨ᠎ᠤ ᠡᠩ᠎ᠤᠨ ᠣᠯᠠᠨ ᠨᠡᠶ᠋ᠢᠲᠡ ᠵᠢᠨ ᠲᠥᠰᠦᠪ᠎ᠤᠨ ᠣᠷᠣᠯᠭ᠎ᠠ 2824.4 ᠳ᠋ᠦᠩᠰᠢᠭᠤᠷ ᠲᠥᠭᠥᠷᠢᠭ᠎ᠲᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 20.2% ᠵᠶ᠋ᠠᠷ ᠨᠡᠮᠡᠭᠳᠡᠵᠦ᠂ ᠭᠠᠶ᠋ᠢᠯᠢ ᠵᠢ ᠪᠤᠴᠠᠭ᠋ᠠᠬᠤ᠎ᠳᠤ ᠦᠯᠡᠳᠡᠭᠡᠵᠦ ᠲᠤᠯᠭ᠋ᠠᠨ ᠰᠠᠭᠤᠯᠭ᠋ᠠᠬᠤ ᠬᠦᠴᠦᠨ ᠵᠦᠢ᠍ᠯ᠎ᠢ ᠬᠠᠰᠤᠭᠰᠠᠨ᠎ᠤ ᠳᠠᠷᠠᠭ᠎ᠠ 27.0% ᠵᠶ᠋ᠠᠷ ᠨᠡᠮᠡᠭᠳᠡᠪᠡ᠃ ᠡᠭᠦᠨ᠎ᠳᠤ᠂ ᠭᠠᠶ᠋ᠢᠯᠢ ᠵᠢᠨ ᠣᠷᠣᠯᠭ᠎ᠠ 2134.4 ᠳ᠋ᠦᠩᠰᠢᠭᠤᠷ ᠲᠥᠭᠥᠷᠢᠭ᠎ᠲᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 27.7%᠎ᠪᠠᠷ ᠨᠡᠮᠡᠭᠳᠡᠵᠦ᠂ ᠭᠠᠶ᠋ᠢᠯᠢ ᠵᠢ ᠪᠤᠴᠠᠭ᠋ᠠᠬᠤ᠎ᠪᠠᠷ ᠦᠯᠡᠳᠡᠭᠡᠵᠦ ᠠᠪᠬᠤ ᠬᠦᠴᠦᠨ ᠵᠦᠢ᠍ᠯ᠎ᠢ ᠬᠠᠰᠤᠭᠰᠠᠨ᠎ᠤ ᠳᠠᠷᠠᠭ᠎ᠠ 37.1%᠎ᠪᠠᠷ ᠨᠡᠮᠡᠭᠳᠡᠵᠦ᠂ ᠡᠩ᠎ᠤᠨ ᠣᠯᠠᠨ ᠨᠡᠶ᠋ᠢᠲᠡ ᠵᠢᠨ ᠲᠥᠰᠦᠪ᠎ᠤᠨ ᠣᠷᠣᠯᠭ᠎ᠠ᠎ᠳᠠᠬᠢ ᠡᠵᠡᠯᠡᠬᠦ ᠬᠤᠪᠢ ᠵᠢᠨ ᠵᠢᠩ᠎ᠨᠢ 75.6% ᠪᠣᠯᠵᠠᠶ᠃ ᠡᠩ᠎ᠤᠨ ᠤᠯᠠᠨ ᠨᠡᠶ᠋ᠢᠲᠡ ᠵᠢᠨ ᠲᠥᠰᠦᠪ᠎ᠤᠨ ᠵᠠᠷᠤᠯᠭ᠎ᠠ 5885.1 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 12.3%᠎ᠪᠠᠷ ᠨᠡᠮᠡᠭᠳᠡᠪᠡ᠃
       ᠵᠢᠯ᠎ᠤᠨ ᠡᠴᠦᠰ᠎ᠲᠤ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠠᠷᠠᠳ᠎ᠤᠨ ᠵᠣᠭᠣᠰ᠎ᠤᠨ ᠬᠠᠳᠠᠭ᠋ᠠᠯᠠᠮᠵᠢ ᠵᠢᠨ ᠦᠯᠡᠳᠡᠪᠦᠷᠢ ᠲᠣᠭ᠎ᠠ 32313.6 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ ᠡᠴᠦᠰ᠎ᠤᠨ᠎ᠬᠢ᠎ᠠᠴᠠ 17.4%᠎ᠪᠠᠷ ᠨᠡᠮᠡᠭᠳᠡᠵᠡᠢ᠃ ᠡᠭᠦᠨ᠎ᠳᠤ᠂ ᠰᠠᠭᠤᠭ᠋ᠠᠯᠢ ᠡᠷᠦᠬᠡ ᠵᠢᠨ ᠬᠠᠳᠠᠭ᠋ᠠᠯᠠᠮᠵᠢ ᠵᠢᠨ ᠦᠯᠡᠳᠡᠪᠦᠷᠢ ᠲᠣᠭ᠎ᠠ 20195.3 ᠳ᠋ᠦᠩᠰᠢᠭᠤᠷ ᠲᠥᠭᠥᠷᠢᠭ᠎ᠲᠤ ᠬᠦᠷᠴᠦ᠂ 17.8%᠎ᠪᠠᠷ ᠨᠡᠮᠡᠭᠳᠡᠪᠡ; ᠮᠥᠩᠭᠥᠨ ᠭᠦᠢ᠍ᠯᠭᠡᠭᠡᠨ᠎ᠤ ᠪᠤᠰᠤ ᠠᠵᠤ ᠠᠬᠤᠶ᠋ᠢᠯᠠᠯ᠎ᠤᠨ ᠬᠠᠳᠠᠭ᠋ᠠᠯᠠᠮᠵᠢ ᠵᠢᠨ ᠦᠯᠡᠳᠡᠪᠦᠷᠢ 6753.9 ᠳ᠋ᠦᠩᠰᠢᠭᠤᠷ ᠲᠥᠭᠥᠷᠢᠭ᠎ᠲᠤ ᠬᠦᠷᠴᠦ᠂ 17.7%᠎ᠪᠠᠷ ᠨᠡᠮᠡᠭᠳᠡᠪᠡ; ᠪᠠᠶ᠋ᠢᠭᠤᠯᠭ᠎ᠠ ᠪᠦᠯᠬᠦᠮ᠎ᠤᠨ ᠬᠠᠳᠠᠭ᠋ᠠᠯᠠᠮᠵᠢ ᠵᠢᠨ ᠦᠯᠡᠳᠡᠪᠦᠷᠢ 4021.4 ᠳ᠋ᠦᠩᠰᠢᠭᠤᠷ ᠲᠥᠭᠥᠷᠢᠭ᠎ᠲᠤ ᠬᠦᠷᠴᠦ᠂ 10.9%᠎ᠪᠠᠷ ᠨᠡᠮᠡᠭᠳᠡᠪᠡ᠃ ᠵᠢᠯ᠎ᠤᠨ ᠡᠴᠦᠰ᠎ᠲᠤ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠠᠷᠠᠳ᠎ᠤᠨ ᠵᠣᠭᠣᠰ᠎ᠤᠨ ᠵᠢᠭᠡᠯᠡᠯᠭᠡ ᠵᠢᠨ ᠦᠯᠡᠳᠡᠪᠦᠷᠢ ᠲᠣᠭ᠎ᠠ 269919.0 ᠳ᠋ᠦᠩᠰᠢᠭᠤᠷ ᠲᠥᠭᠥᠷᠢᠭ᠎ᠲᠤ ᠬᠦᠷᠴᠦ᠂ ᠳᠡᠭᠡᠷ᠎ᠡ ᠵᠢᠯ᠎ᠤᠨ ᠡᠴᠦᠰ᠎ᠤᠨ᠎ᠬᠢ᠎ᠠᠴᠠ 7.8% ᠨᠡᠮᠡᠭᠳᠡᠪᠡ᠃ ᠡᠭᠦᠨ᠎ᠳᠤ᠂ ᠰᠠᠭᠤᠭ᠋ᠠᠯᠢ ᠡᠷᠦᠬᠡ ᠵᠢᠨ ᠵᠢᠭᠡᠯᠡᠯᠭᠡ ᠵᠢᠨ ᠦᠯᠡᠳᠡᠪᠦᠷᠢ 8344.4 ᠳ᠋ᠦᠩᠰᠢᠭᠤᠷ ᠲᠥᠭᠥᠷᠢᠭ ᠪᠠᠶ᠋ᠢᠵᠤ᠂ 6.8%᠎ᠪᠠᠷ ᠨᠡᠮᠡᠭᠳᠡᠪᠡ; ᠠᠵᠤ ᠠᠬᠤᠶ᠋ᠢᠯᠠᠯ (ᠠᠵᠢᠯ ᠦᠢ᠍ᠯᠡᠰ)᠎ᠤᠨ ᠨᠢᠭᠡᠴᠡ ᠵᠢᠨ ᠵᠢᠭᠡᠯᠡᠯᠭᠡ ᠵᠢᠨ ᠦᠯᠡᠳᠡᠪᠦᠷᠢ 18572.0 ᠳ᠋ᠦᠩᠰᠢᠭᠤᠷ ᠲᠥᠭᠥᠷᠢᠭ᠎ᠲᠤ ᠬᠦᠷᠴᠦ᠂ 8.3%᠎ᠪᠠᠷ ᠨᠡᠮᠡᠭᠳᠡᠪᠡ᠃
      ᠵᠢᠯ᠎ᠤᠨ ᠡᠴᠦᠰ᠎ᠲᠤ ᠪᠥᠬᠥ ᠣᠷᠣᠨ᠎ᠤ ᠳᠠᠭ᠋ᠠᠳᠬᠠᠯ᠎ᠤᠨ ᠪᠠᠶ᠋ᠢᠭᠤᠯᠤᠮᠵᠢ ᠨᠡᠶ᠋ᠢᠲᠡ 2934 ᠪᠠᠶ᠋ᠢᠵᠤ᠂ ᠳᠡᠭᠡᠷ᠎ᠡ ᠵᠢᠯ᠎ᠤᠨ᠎ᠬᠢ᠎ᠲᠠᠢ ᠲᠡᠩᠴᠡᠪᠡ᠃ ᠪᠥᠬᠥ ᠵᠢᠯ᠎ᠤᠨ ᠳᠠᠭ᠋ᠠᠳᠬᠠᠯ᠎ᠤᠨ ᠦᠢ᠍ᠯᠡᠰ᠎ᠤᠨ ᠤᠤᠯ᠎ᠤᠨ ᠳᠠᠭ᠋ᠠᠳᠬᠠᠯ᠎ᠤᠨ ᠵᠠᠷᠤᠳᠠᠯ᠎ᠤᠨ ᠣᠷᠣᠯᠭ᠎ᠠ 667.0 ᠳ᠋ᠦᠩᠰᠢᠭᠤᠷ ᠲᠥᠭᠥᠷᠢᠭ᠎ᠢ ᠪᠡᠶᠡᠯᠡᠭᠦᠯᠵᠦ᠂ ᠲᠦᠷᠦᠭᠦᠦ ᠵᠢᠯ᠎ᠤᠨ᠎ᠬᠢ᠎ᠠᠴᠠ 3.3%᠎ᠪᠠᠷ ᠨᠡᠮᠡᠭᠳᠡᠪᠡ᠃ ᠪᠥᠬᠥ ᠵᠢᠯ᠎ᠤᠨ ᠳᠠᠭ᠋ᠠᠳᠬᠠᠯ᠎ᠤᠨ ᠦᠢ᠍ᠯᠡᠰ᠎ᠤᠨ ᠲᠥᠯᠥᠪᠦᠷᠢ ᠵᠢᠨ ᠵᠠᠷᠤᠯᠭ᠎ᠠ ᠨᠡᠶ᠋ᠢᠲᠡ 240.1 ᠳ᠋ᠦᠩᠰᠢᠭᠤᠷ ᠲᠥᠭᠥᠷᠢᠭ᠎ᠲᠤ ᠬᠦᠷᠴᠦ᠂ 3.9%᠎ᠪᠠᠷ ᠨᠡᠮᠡᠭᠳᠡᠪᠡ᠃ ᠪᠥᠬᠥ ᠵᠢᠯ᠎ᠤᠨ ᠬᠥᠮᠦᠨ᠎ᠤ ᠪᠡᠶ᠎ᠡ ᠵᠢᠨ ᠳᠠᠭ᠋ᠠᠳᠬᠠᠯ᠎ᠤᠨ ᠤᠤᠯ᠎ᠤᠨ ᠳᠠᠭ᠋ᠠᠳᠬᠠᠯ᠎ᠤᠨ ᠵᠠᠷᠤᠳᠠᠯ᠎ᠤᠨ ᠣᠷᠣᠯᠭ᠎ᠠ 444.0 ᠳ᠋ᠦᠩᠰᠢᠭᠤᠷ ᠲᠥᠭᠥᠷᠢᠭ᠎ᠢ ᠪᠡᠶᠡᠯᠡᠭᠦᠯᠵᠦ᠂ ᠨᠡᠶ᠋ᠢᠲᠡ 100.4 ᠳ᠋ᠦᠩᠰᠢᠭᠤᠷ ᠲᠥᠭᠥᠷᠢᠭ᠎ᠤᠨ ᠲᠥᠯᠥᠪᠦᠷᠢ ᠥᠭᠪᠡ᠃ ᠪᠥᠬᠥ ᠵᠢᠯ᠎ᠤᠨ ᠲᠠᠷᠢᠶᠠᠯᠠᠩ᠎ᠤᠨ ᠳᠠᠭ᠋ᠠᠳᠬᠠᠯ᠎ᠤᠨ ᠤᠤᠯ᠎ᠤᠨ ᠳᠠᠭ᠋ᠠᠳᠬᠠᠯ᠎ᠤᠨ ᠵᠠᠷᠤᠳᠠᠯ᠎ᠤᠨ ᠣᠷᠣᠯᠭ᠎ᠠ 67.5 ᠳ᠋ᠦᠩᠰᠢᠭᠤᠷ ᠲᠥᠭᠥᠷᠢᠭ᠎ᠢ ᠪᠡᠶᠡᠯᠡᠭᠦᠯᠵᠦ᠂ ᠲᠥᠯᠥᠪᠦᠷᠢ ᠵᠢᠨ ᠵᠠᠷᠤᠯᠭ᠎ᠠ ᠨᠡᠶ᠋ᠢᠲᠡ 44.3 ᠳ᠋ᠦᠩᠰᠢᠭᠤᠷ ᠲᠥᠭᠥᠷᠢᠭ᠎ᠲᠤ

ᠬᠥᠷᠪᠡ᠃
      ᠶᠢᠰᠦ᠂ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠬᠡᠷᠡᠭᠯᠡᠭᠡ ᠪᠠ ᠨᠡᠶ᠋ᠢᠭᠡᠮ᠎ᠤᠨ ᠪᠠᠲᠤᠯᠠᠭ᠎ᠠ
      ᠪᠥᠬᠥ ᠵᠢᠯ᠎ᠤᠨ ᠪᠥᠬᠥ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 35921 ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 5.3%᠎ᠪᠠᠷ ᠨᠡᠮᠡᠭᠳᠡᠪᠡ᠃ ᠪᠠᠶ᠋ᠢᠩᠭᠤ ᠰᠠᠭᠤᠭ᠎ᠠ ᠭᠠᠵᠠᠷ ᠵᠶ᠋ᠠᠷ᠎ᠨᠢ ᠬᠤᠪᠢᠶᠠᠪᠠᠯ᠂ ᠬᠣᠲᠠ ᠪᠠᠯᠭ᠋ᠠᠰᠤᠨ᠎ᠤ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 46295 ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 4.3%᠎ᠪᠠᠷ ᠨᠡᠮᠡᠭᠳᠡᠪᠡ᠃ ᠭᠤᠤᠯ ᠪᠣᠯᠬᠤ ᠣᠷᠣᠯᠭ᠎ᠠ ᠵᠢᠨ ᠪᠦᠲᠦᠴᠡ᠎ᠠᠴᠠ ᠦᠵᠡᠪᠡᠯ᠂ ᠴᠠᠯᠢᠩ᠎ᠤᠨ ᠴᠢᠨᠠᠷᠲᠠᠶ ᠣᠷᠣᠯᠭ᠎ᠠ 28090 ᠲᠥᠭᠥᠷᠢᠭ᠎ᠲᠤ ᠬᠦᠷᠴᠦ᠂ 5.7%᠎ᠪᠠᠷ ᠨᠡᠮᠡᠭᠳᠡᠪᠡ; ᠡᠵᠡᠩᠨᠡᠯᠲᠡ ᠵᠢᠨ ᠴᠡᠪᠡᠷ ᠣᠷᠣᠯᠭ᠎ᠠ 8911 ᠲᠥᠭᠥᠷᠢᠭ᠎ᠲᠤ ᠬᠦᠷᠴᠦ᠂ 2.4%᠎ᠪᠠᠷ ᠨᠡᠮᠡᠭᠳᠡᠪᠡ; ᠡᠳ᠋ ᠬᠥᠷᠥᠩᠭᠡ ᠵᠢᠨ ᠴᠡᠪᠡᠷ ᠣᠷᠣᠯᠭ᠎ᠠ 2607 ᠲᠥᠭᠥᠷᠢᠭ᠎ᠲᠤ ᠬᠦᠷᠴᠦ᠂ 0.9%᠎ᠪᠠᠷ ᠪᠠᠭᠤᠷᠠᠪᠠ; ᠰᠢᠯᠵᠢᠭᠦᠯᠦᠭᠰᠡᠨ ᠴᠡᠪᠡᠷ ᠣᠷᠣᠯᠭ᠎ᠠ 6687 ᠲᠥᠭᠥᠷᠢᠭ᠎ᠲᠤ ᠬᠦᠷᠴᠦ᠂ 3.3%᠎ᠪᠠᠷ ᠨᠡᠮᠡᠭᠳᠡᠪᠡ᠃ ᠮᠠᠯᠵᠢᠬᠤ ᠲᠠᠷᠢᠶᠠᠯᠠᠬᠤ ᠣᠷᠣᠨ᠎ᠤ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 19641 ᠲᠥᠭᠥᠷᠢᠭ᠎ᠲᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 7.1%᠎ᠪᠠᠷ ᠨᠡᠮᠡᠭᠳᠡᠪᠡ᠃ ᠭᠤᠤᠯ ᠪᠣᠯᠬᠤ ᠣᠷᠣᠯᠭ᠎ᠠ ᠵᠢᠨ ᠪᠦᠲᠦᠴᠡ᠎ᠠᠴᠠ ᠦᠵᠡᠪᠡᠯ᠂ ᠴᠠᠯᠢᠩ᠎ᠤᠨ ᠴᠢᠨᠠᠷᠲᠠᠶ ᠣᠷᠣᠯᠭ᠎ᠠ 3795 ᠲᠥᠭᠥᠷᠢᠭ᠎ᠲᠤ ᠬᠦᠷᠴᠦ᠂ 5.3%᠎ᠪᠠᠷ ᠨᠡᠮᠡᠭᠳᠡᠪᠡ; ᠡᠵᠡᠩᠨᠡᠯᠲᠡ ᠵᠢᠨ ᠴᠡᠪᠡᠷ ᠣᠷᠣᠯᠭ᠎ᠠ 10718 ᠲᠥᠭᠥᠷᠢᠭ᠎ᠲᠤ ᠬᠦᠷᠴᠦ᠂ 7.4%᠎ᠪᠠᠷ ᠨᠡᠮᠡᠭᠳᠡᠪᠡ; ᠡᠳ᠋ ᠬᠥᠷᠥᠩᠭᠡ ᠵᠢᠨ ᠴᠡᠪᠡᠷ ᠣᠷᠣᠯᠭ᠎ᠠ 500 ᠲᠥᠭᠥᠷᠢᠭ᠎ᠲᠤ ᠬᠦᠷᠴᠦ᠂ 5.7%᠎ᠪᠠᠷ ᠨᠡᠮᠡᠭᠳᠡᠪᠡ; ᠰᠢᠯᠵᠢᠭᠦᠯᠦᠭᠰᠡᠨ ᠴᠡᠪᠡᠷ ᠣᠷᠣᠯᠭ᠎ᠠ 4628 ᠲᠥᠭᠥᠷᠢᠭ᠎ᠲᠤ ᠬᠦᠷᠴᠦ᠂ 8.1%᠎ᠪᠠᠷ ᠨᠡᠮᠡᠭᠳᠡᠪᠡ᠃
      ᠪᠥᠬᠥ ᠵᠢᠯ᠎ᠤᠨ ᠪᠥᠬᠥ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠠᠮᠢᠳᠤᠷᠠᠯ᠎ᠤᠨ ᠬᠡᠷᠡᠭᠯᠡᠭᠡᠨ᠎ᠤ ᠵᠠᠷᠤᠯᠭ᠎ᠠ 22298 ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 1.6%᠎ᠪᠠᠷ ᠪᠠᠭᠤᠷᠠᠪᠠ᠃ ᠪᠠᠶ᠋ᠢᠩᠭᠤ ᠰᠠᠭᠤᠭ᠎ᠠ ᠭᠠᠵᠠᠷ ᠵᠶ᠋ᠠᠷ ᠬᠤᠪᠢᠶᠠᠪᠠᠯ᠂ ᠬᠣᠲᠠ ᠪᠠᠯᠭ᠋ᠠᠰᠤᠨ᠎ᠤ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠠᠮᠢᠳᠤᠷᠠᠯ᠎ᠤᠨ ᠬᠡᠷᠡᠭᠯᠡᠭᠡᠨ᠎ᠤ ᠵᠠᠷᠤᠯᠭ᠎ᠠ 26667 ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 1.9%᠎ᠪᠠᠷ ᠪᠠᠭᠤᠷᠠᠪᠠ᠃ ᠮᠠᠯᠵᠢᠬᠤ ᠲᠠᠷᠢᠶᠠᠯᠠᠬᠤ ᠣᠷᠣᠨ᠎ᠤ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠠᠮᠢᠳᠤᠷᠠᠯ᠎ᠤᠨ ᠬᠡᠷᠡᠭᠯᠡᠭᠡᠨ᠎ᠤ ᠵᠠᠷᠤᠯᠭ᠎ᠠ 1544 ᠲᠥᠭᠥᠷᠢᠭ ᠪᠠᠶ᠋ᠢᠵᠤ᠂ ᠳᠡᠭᠡᠷ᠎ᠡ ᠵᠢᠯ᠎ᠤᠨ᠎ᠬᠢ᠎ᠠᠴᠠ 1.6%᠎ᠪᠠᠷ ᠪᠠᠭᠤᠷᠠᠪᠠ᠃ ᠪᠥᠬᠥ ᠰᠠᠭᠤᠭ᠋ᠠᠯᠢ ᠠᠷᠠᠳ᠎ᠤᠨ ᠡᠩᠭᠦᠯ᠎ᠤᠨ ᠢᠯᠡᠳᠬᠡᠮᠵᠢ᠎ᠨᠢ 28.1% ᠪᠣᠯᠤᠨ᠎ᠠ᠃ ᠡᠭᠦᠨ᠎ᠳᠤ᠂ ᠬᠣᠲᠠ ᠪᠠᠯᠭ᠋ᠠᠰᠤ 27.0%᠂ ᠮᠠᠯᠵᠢᠬᠤ ᠲᠠᠷᠢᠶᠠᠯᠠᠬᠤ ᠣᠷᠣᠨ 31.1% ᠪᠣᠯᠤᠨ᠎ᠠ᠃
      ᠵᠢᠯ᠎ᠤᠨ ᠡᠴᠦᠰ᠎ᠲᠤ ᠪᠦᠬᠦ ᠣᠷᠣᠨ᠎ᠤ ᠬᠣᠲᠠ ᠪᠠᠯᠭ᠋ᠠᠰᠤ᠎ᠳᠤ ᠨᠡᠶ᠋ᠢᠭᠡᠮ ᠲᠣᠭᠣᠷᠢᠭ᠎ᠤᠨ ᠡᠯ᠎ᠡ ᠵᠦᠢ᠍ᠯ᠎ᠤᠨ ᠦᠢ᠍ᠯᠡᠴᠢᠯᠡᠭᠡᠨ᠎ᠤ ᠪᠡᠯᠡᠳᠬᠡᠮᠵᠢ 3712 ᠪᠤᠶ᠃ ᠡᠭᠦᠨ᠎ᠳᠤ᠂ ᠨᠡᠶ᠋ᠢᠭᠡᠮ ᠲᠣᠭᠣᠷᠢᠭ᠎ᠤᠨ   ᠦᠢ᠍ᠯᠡᠴᠢᠯᠡᠭᠡᠨ᠎ᠤ ᠲᠥᠪ (ᠥᠷᠲᠡᠭᠡ) 2672 ᠪᠣᠶ᠃ ᠡᠯ᠎ᠡ ᠲᠥᠷᠥᠯ᠎ᠤᠨ ᠨᠡᠶ᠋ᠢᠭᠡᠮ᠎ᠤᠨ ᠠᠰᠠᠷᠠᠮᠵᠢ ᠵᠢᠨ ᠬᠦᠷᠢᠶᠡᠯᠡᠩ᠎ᠤᠨ ᠡᠷᠭᠦᠨ ᠲᠡᠵᠢᠭᠡᠭᠰᠡᠨ ᠬᠥᠮᠦᠨ᠎ᠤ ᠲᠣᠭ᠎ᠠ 1.4 ᠲᠦᠮᠡ᠎ᠳᠤ ᠬᠥᠷᠪᠡ᠃ ᠪᠥᠬᠥ ᠵᠢᠯ᠎ᠳᠤ ᠨᠡᠶ᠋ᠢᠲᠡ 154.3 ᠲᠦᠮᠡᠨ ᠬᠥᠮᠦᠨ ᠤᠯᠤᠰ᠎ᠤᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠲᠡᠳᠬᠦᠮᠵᠢ ᠵᠢ ᠭᠥᠷᠳᠡᠪᠡ᠃ ᠪᠦᠬᠦ ᠵᠢᠯ᠎ᠳᠤ ᠨᠡᠶ᠋ᠢᠭᠡᠮ᠎ᠤᠨ ᠠᠰᠠᠷᠠᠮᠵᠢ ᠵᠢᠨ ᠪᠡᠯᠡ ᠮᠥᠩᠭᠥ ᠵᠢ 10.2 ᠳ᠋ᠦᠩᠰᠢᠭᠤᠷ ᠲᠥᠭᠥᠷᠢᠭ ᠴᠤᠭᠯᠠᠭᠤᠯᠵᠤ᠂ ᠨᠡᠶ᠋ᠢᠭᠡᠮ᠎ᠤᠨ ᠠᠰᠠᠷᠠᠮᠵᠢ ᠵᠢᠨ ᠱᠠᠩᠨᠠᠯᠲᠤ ᠰᠤᠭᠤᠯᠤᠭ᠎ᠠ ᠵᠢ 32.0 ᠳ᠋ᠦᠩᠰᠢᠭᠤᠷ ᠲᠥᠭᠥᠷᠢᠭ ᠪᠣᠷᠣᠯᠠᠭᠤᠯᠤᠨ᠎ᠠ᠃
      ᠵᠢᠯ᠎ᠤᠨ ᠡᠴᠦᠰ᠎ᠲᠤ ᠬᠣᠲᠠ ᠪᠠᠯᠭ᠋ᠠᠰᠤᠨ᠎ᠤ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠳᠤ ᠣᠷᠣᠯᠴᠠᠭᠰᠠᠨ ᠬᠥᠮᠦᠨ᠎ᠤ ᠲᠣᠭ᠎ᠠ 895.2 ᠲᠦᠮᠡ᠎ᠳᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 8.8%᠎ᠪᠠᠷ ᠨᠡᠮᠡᠭᠳᠡᠵᠡᠶ᠃ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠨᠠᠰᠤᠵᠢᠯ᠎ᠤᠨ ᠳᠠᠭ᠋ᠠᠳᠬᠠᠯ᠎ᠳᠤ ᠣᠷᠣᠯᠴᠠᠭᠰᠠᠨ ᠬᠥᠮᠦᠨ᠎ᠤ ᠲᠣᠭ᠎ᠠ 798.7 ᠲᠦᠮᠡ᠎ᠳᠤ ᠬᠦᠷᠴᠦ᠂ 0.9%᠎ᠪᠠᠷ ᠨᠡᠮᠡᠭᠳᠡᠪᠡ᠃ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠳᠤ ᠣᠷᠣᠯᠴᠠᠭᠰᠠᠨ ᠬᠥᠮᠦᠨ᠎ᠤ ᠲᠣᠭ᠎ᠠ 2169.9 ᠲᠦᠮᠡ᠎ᠳᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 1.0% ᠵᠶ᠋ᠠᠷ ᠪᠠᠭᠤᠷᠠᠪᠠ᠃ ᠡᠭᠦᠨ᠎ᠳᠤ᠂ ᠠᠵᠢᠯᠲᠠᠨ ᠠᠵᠢᠯᠴᠢᠨ᠎ᠤ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠳᠤ ᠣᠷᠣᠯᠴᠠᠭᠰᠠᠨ ᠬᠥᠮᠦᠨ᠎ᠤ ᠲᠣᠭ᠎ᠠ 586.8 ᠲᠦᠮᠡ᠎ᠳᠤ ᠬᠦᠷᠴᠦ᠂ 3.9%᠎ᠪᠠᠷ ᠨᠡᠮᠡᠭᠳᠡᠪᠡ᠃ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠳᠤ ᠣᠷᠣᠯᠴᠠᠭᠰᠠᠨ ᠬᠥᠮᠦᠨ᠎ᠤ ᠲᠣᠭ᠎ᠠ 1583.1 ᠲᠦᠮᠡ᠎ᠳᠤ ᠬᠦᠷᠴᠦ᠂ 2.7%᠎ᠪᠠᠷ ᠪᠠᠭᠤᠷᠠᠪᠠ᠃ ᠠᠵᠢᠯ ᠠᠯᠳᠠᠯᠲᠠ ᠵᠢᠨ ᠳᠠᠭ᠋ᠠᠳᠬᠠᠯ᠎ᠳᠤ ᠣᠷᠣᠯᠴᠠᠭᠰᠠᠨ ᠬᠥᠮᠦᠨ᠎ᠤ ᠲᠣᠭ᠎ᠠ 308 . 4 ᠲᠦᠮᠡ᠎ᠳᠤ ᠬᠦᠷᠴᠦ᠂ 6.0% ᠵᠶ᠋ᠠᠷ ᠨᠡᠮᠡᠭᠳᠡᠪᠡ; ᠠᠵᠢᠯ ᠠᠯᠳᠠᠯᠲᠠ ᠵᠢᠨ ᠳᠠᠭ᠋ᠠᠳᠬᠠᠯ᠎ᠤᠨ ᠮᠥᠩᠭᠥ ᠠᠪᠤᠭᠰᠠᠨ ᠬᠥᠮᠦᠨ᠎ᠤ ᠲᠣᠭ᠎ᠠ ᠨᠡᠶ᠋ᠢᠲᠡ 6.2 ᠲᠦᠮᠡᠨ ᠬᠥᠮᠦᠨ ᠪᠠᠶ᠋ᠢᠵᠤ᠂ 8.9%᠎ᠪᠠᠷ ᠨᠡᠮᠡᠭᠳᠡᠪᠡ᠃
       ᠠᠷᠪᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠪᠠ ᠰᠤᠷᠭ᠋ᠠᠨ ᠬᠥᠮᠦᠵᠢᠯ
      ᠪᠥᠬᠥ ᠵᠢᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥᠯ   ᠵᠦᠢ᠍ᠯ᠎ᠳᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠬᠤᠯᠠ ᠶᠡᠬᠡ ᠲᠤᠰᠬᠠᠶ ᠵᠦᠢ᠍ᠯ᠎ᠢ ᠨᠡᠶ᠋ᠢᠲᠡ 37 ᠲᠣᠬᠢᠷᠠᠭᠤᠯᠵᠤ᠂ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠰᠠᠭᠤᠷᠢ ᠮᠥᠩᠭᠥ ᠵᠢ ᠨᠡᠶ᠋ᠢᠲᠡ 631 ᠲᠣᠬᠢᠷᠠᠭᠤᠯᠵᠤ᠂ ᠭᠤᠤᠯᠳᠠᠯᠭ᠎ᠠ᠎ᠲᠠᠢ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ᠎ᠢ ᠤᠯᠠᠷᠢᠭᠤᠯᠬᠤ ᠲᠥᠯᠥᠪᠯᠡᠭᠡ ᠵᠢ ᠨᠡᠶ᠋ᠢᠲᠡ 710 ᠲᠣᠬᠢᠷᠠᠭᠤᠯᠪᠠ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠲᠤᠰᠬᠠᠶ ᠵᠦᠢ᠍ᠯ᠎ᠤᠨ ᠪᠠᠯᠠ ᠮᠥᠩᠭᠥ ᠵᠢᠨ ᠶᠡᠷᠦᠩᠬᠡᠶ ᠬᠡᠪᠴᠢᠶ᠎ᠡ᠎ᠨᠢ 5.2 ᠳ᠋ᠦᠩᠰᠢᠭᠤᠷ ᠲᠥᠭᠥᠷᠢᠭ ᠪᠣᠯᠤᠨ᠎ᠠ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠤ ᠠᠬᠤᠶ᠋ᠢᠯᠠᠯ᠎ᠤᠨ ᠨᠡᠪᠴᠢᠭᠦᠯᠦᠭᠦᠷ 50᠂ ᠣᠯᠠᠨ ᠵᠶ᠋ᠠᠷ ᠵᠶ᠋ᠠᠨ ᠡᠭᠦᠳᠬᠦ ᠣᠷᠣᠨ ᠵᠠᠶ 179 ᠪᠠᠶ᠋ᠢᠨ᠎ᠠ᠃ ᠪᠥᠬᠥ ᠵᠢᠯ᠎ᠤᠨ ᠲᠤᠰᠬᠠᠶ ᠠᠰᠢᠭ᠎ᠤᠨ ᠡᠷᠬᠡ ᠣᠯᠭᠣᠭᠰᠠᠨ ᠬᠡᠮᠵᠢᠶ᠎ᠡ 24638 ᠬᠤᠪᠢ ᠪᠠᠶ᠋ᠢᠵᠤ᠂ ᠲᠦᠷᠦᠭᠦᠦ ᠵᠢᠯ᠎ᠤᠨ᠎ᠬᠢ᠎ᠠᠴᠠ 1.1%᠎ᠪᠠᠷ ᠨᠡᠮᠡᠭᠳᠡᠪᠡ᠃ ᠲᠦᠮᠡᠨ ᠬᠥᠮᠦᠨ ᠠᠮᠠ ᠪᠦᠷᠢ᠎ᠳᠤ 4.0 ᠡᠭᠦᠳᠦᠯᠲᠡ ᠵᠢᠨ ᠲᠤᠰᠬᠠᠶ ᠠᠰᠢᠭ᠎ᠲᠠᠢ᠃ ᠪᠥᠬᠥ ᠵᠢᠯ᠎ᠳᠤ ᠪᠥᠬᠥ ᠣᠷᠣᠨ᠎ᠤ ᠳᠠᠩᠰᠠᠯᠠᠭᠤᠯᠤᠭᠰᠠᠨ ᠮᠡᠷᠭᠡᠵᠢᠯ᠎ᠤᠨ ᠭᠡᠷ᠎ᠡ 1527 ᠵᠦᠢ᠍ᠯ ᠪᠠᠶ᠋ᠢᠨ᠎ᠠ᠃ ᠡᠭᠦᠨ᠎ᠳᠤ᠂ ᠣᠷᠣᠨ᠎ᠤ ᠳᠣᠲᠣᠷᠠᠬᠢ ᠮᠡᠷᠭᠡᠵᠢᠯ᠎ᠤᠨ ᠭᠡᠷ᠎ᠡ᠎ᠳᠤ ᠳᠠᠩᠰᠠᠯᠠᠭᠤᠯᠤᠭᠰᠠᠨ᠎ᠨᠢ 1296 ᠵᠦᠢ᠍ᠯ ᠪᠠᠶ᠋ᠢᠵᠤ᠂ 1.8%᠎ᠪᠠᠷ ᠪᠠᠭᠤᠷᠠᠪᠠ᠃ ᠪᠥᠬᠥ ᠣᠷᠣᠨ᠎ᠤ ᠮᠡᠷᠭᠡᠵᠢᠯ᠎ᠤᠨ ᠭᠡᠷ᠎ᠡ ᠵᠢᠨ ᠠᠷᠠᠯᠵᠢᠶ᠎ᠠ ᠪᠦᠲᠦᠭᠰᠡᠨ ᠵᠣᠭᠣᠰ᠎ᠤᠨ ᠲᠣᠭ᠎ᠠ 52.5 ᠳ᠋ᠦᠩᠰᠢᠭᠤᠷ ᠲᠥᠭᠥᠷᠢᠭ᠎ᠲᠤ ᠬᠥᠷᠪᠡ᠃ ᠡᠭᠦᠨ᠎ᠳᠤ᠂ ᠣᠷᠣᠨ᠎ᠤ ᠳᠣᠲᠣᠷᠠᠬᠢ ᠮᠡᠷᠭᠡᠵᠢᠯ᠎ᠤᠨ ᠭᠡᠷ᠎ᠡ ᠵᠢᠨ ᠠᠷᠠᠯᠵᠢᠶ᠎ᠠ ᠪᠦᠲᠦᠭᠰᠡᠨ ᠵᠣᠭᠣᠰ᠎ᠤᠨ ᠲᠣᠭ᠎ᠠ 46.0 ᠳ᠋ᠦᠩᠰᠢᠭᠤᠷ ᠲᠥᠭᠥᠷᠢᠭ᠎ᠲᠤ ᠬᠦᠷᠴᠦ᠂ 25.9%᠎ᠪᠠᠷ ᠨᠡᠮᠡᠭᠳᠡᠪᠡ᠃
       ᠵᠢᠯ᠎ᠤᠨ ᠡᠴᠦᠰ᠎ᠲᠤ ᠪᠥᠬᠥ ᠣᠷᠣᠨ᠎ᠳᠤ ᠰᠤᠳᠤᠯᠬᠤ ᠰᠣᠷᠣᠭᠴᠢ ᠬᠥᠮᠦᠵᠢᠭᠦᠯᠬᠦ ᠨᠢᠭᠡᠴᠡ ᠨᠡᠶ᠋ᠢᠲᠡ 11 ᠪᠠᠶ᠋ᠢᠵᠤ᠂ 1.4 ᠲᠦᠮᠡᠨ ᠰᠣᠷᠣᠭᠴᠢ (ᠪᠦᠬᠦᠯᠢ ᠡᠳᠦᠷ᠎ᠤᠨ ᠪᠤᠰᠤ ᠲᠦᠷᠢᠮ ᠪᠠᠭᠲᠠᠨ᠎ᠠ) ᠡᠯᠰᠡᠵᠦ᠂ ᠰᠤᠷᠤᠯᠴᠠᠵᠤ ᠪᠠᠶ᠋ᠢᠭ᠎ᠠ ᠰᠤᠳᠤᠯᠬᠤ ᠰᠣᠷᠣᠭᠴᠢ (ᠪᠦᠬᠦᠯᠢ ᠡᠳᠦᠷ᠎ᠤᠨ ᠪᠤᠰᠤ ᠲᠦᠷᠢᠮ ᠪᠠᠭᠲᠠᠨ᠎ᠠ) 3.8 ᠲᠦᠮᠡᠨ ᠬᠥᠮᠦᠨ ᠪᠠᠶ᠋ᠢᠵᠤ᠂ ᠲᠦᠷᠦᠭᠦᠦ ᠵᠢᠯ᠎ᠤᠨ᠎ᠬᠢ᠎ᠠᠴᠠ 10.9%᠎ᠪᠠᠷ ᠨᠡᠮᠡᠭᠳᠡᠪᠡ᠃ ᠡᠩ᠎ᠤᠨ ᠳᠡᠭᠡᠳᠦ ᠰᠤᠷᠭ᠋ᠠᠭᠤᠯᠢ 54 ᠪᠠᠶ᠋ᠢᠵᠤ᠂ 16.7 ᠲᠦᠮᠡᠨ ᠰᠣᠷᠣᠭᠴᠢ ᠡᠯᠰᠡᠨ᠂ ᠰᠤᠷᠭ᠋ᠠᠭᠤᠯᠢ᠎ᠳᠤ ᠪᠠᠶ᠋ᠢᠭ᠎ᠠ ᠰᠣᠷᠣᠭᠴᠢ 53.5 ᠲᠦᠮᠡ᠂ ᠲᠡᠭᠦᠰᠬᠦ ᠰᠣᠷᠣᠭᠴᠢ 14.0 ᠲᠦᠮᠡ ᠪᠠᠶ᠋ᠢᠨ᠎ᠠ᠃ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ 174 ᠪᠠᠶ᠋ᠢᠵᠤ᠂ 6.6 ᠲᠦᠮᠡᠨ ᠰᠤᠷᠤᠭᠴᠢ ᠡᠯᠰᠡᠵᠦ᠂ ᠰᠤᠷᠭ᠋ᠠᠭᠤᠯᠢ᠎ᠳᠤ ᠪᠠᠶ᠋ᠢᠭ᠎ᠠ ᠰᠤᠷᠤᠭᠴᠢ 18.7 ᠲᠦᠮᠡᠨ ᠬᠥᠮᠦᠨ᠂ ᠲᠡᠭᠦᠰᠦᠭᠰᠡᠨ ᠰᠤᠷᠤᠭᠴᠢ 5.1 ᠲᠦᠮᠡᠨ ᠬᠥᠮᠦᠨ ᠪᠠᠶ᠋ᠢᠨ᠎ᠠ᠃ ᠡᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ 311 ᠪᠠᠶ᠋ᠢᠵᠤ᠂ 14.4 ᠲᠦᠮᠡᠨ ᠰᠤᠷᠤᠭᠴᠢ ᠡᠯᠰᠡᠨ᠂ ᠰᠤᠷᠭ᠋ᠠᠭᠤᠯᠢ᠎ᠳᠤ ᠪᠠᠢ᠍ᠭ᠎ᠠ ᠰᠤᠷᠤᠭᠴᠢ 42.6 ᠲᠦᠮᠡᠨ ᠬᠥᠮᠦᠨ᠂ ᠲᠡᠭᠦᠰᠬᠦ ᠰᠤᠷᠤᠭᠴᠢ 12.9 ᠲᠦᠮᠡᠨ ᠬᠥᠮᠦᠨ ᠪᠠᠶ᠋ᠢᠨ᠎ᠠ᠃ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ 721 ᠪᠠᠶ᠋ᠢᠵᠤ᠂ 22.5 ᠲᠦᠮᠡᠨ ᠰᠤᠷᠤᠭᠴᠢ ᠡᠯᠰᠡᠨ᠂ ᠰᠤᠷᠭ᠋ᠠᠭᠤᠯᠢ᠎ᠳᠤ ᠪᠠᠶ᠋ᠢᠭ᠎ᠠ ᠰᠤᠷᠤᠭᠴᠢ 66.8 ᠲᠦᠮᠡᠨ ᠬᠥᠮᠦᠨ᠂ ᠰᠤᠷᠭ᠋ᠠᠭᠤᠯᠢ ᠲᠡᠭᠦᠰᠦᠭᠰᠡᠳ 22.2 ᠲᠦᠮᠡᠨ ᠬᠥᠮᠦᠨ ᠪᠤᠶ᠃ ᠪᠠᠭ᠎ᠠ ᠰᠤᠷᠭ᠋ᠠᠭᠤᠯᠢ 1651 ᠪᠠᠶ᠋ᠢᠵᠤ᠂ 20.1 ᠲᠦᠮᠡᠨ ᠰᠤᠷᠤᠭᠴᠢ ᠡᠯᠰᠡᠵᠦ᠂ ᠰᠤᠷᠭ᠋ᠠᠭᠤᠯᠢ᠎ᠳᠤ ᠪᠠᠶ᠋ᠢᠭ᠎ᠠ ᠰᠤᠷᠤᠭᠴᠢ 138.3 ᠲᠦᠮᠡᠨ ᠬᠥᠮᠦᠨ᠂ ᠲᠡᠭᠦᠰᠦᠭᠰᠡᠨ ᠰᠤᠷᠤᠭᠴᠢ 22.5 ᠲᠦᠮᠡᠨ ᠬᠥᠮᠦᠨ ᠪᠠᠶ᠋ᠢᠨ᠎ᠠ᠃ ᠬᠡᠦᠬᠡᠳ᠎ᠤᠨ ᠴᠡᠴᠡᠷᠯᠢᠭ᠎ᠤᠨ ᠴᠡᠴᠡᠷᠯᠢᠭ᠎ᠲᠤ 60.7 ᠲᠦᠮᠡᠨ ᠬᠡᠦᠬᠡᠳ ᠪᠣᠶ᠃ ᠶᠢᠰᠦᠨ ᠵᠢᠯ᠎ᠤᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠢ ᠪᠡᠬᠢᠵᠢᠭᠦᠯᠦᠭᠰᠡᠨ ᠨᠣᠷᠮ᠎ᠠ 98.3% ᠬᠦᠷᠴᠦ᠂ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠭᠤᠯᠢ᠎ᠳᠤ ᠤᠷᠤᠭᠰᠠᠨ ᠪᠥᠬᠥ ᠨᠣᠷᠮ᠎ᠠ 95.2% ᠬᠥᠷᠪᠡ᠃
      ᠠᠷᠪᠠᠨ ᠨᠢᠭᠡ᠂ ᠰᠣᠶᠣᠯ ᠵᠢᠭᠤᠯᠴᠢᠯᠠᠯ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠪᠠ ᠪᠡᠶ᠎ᠡ ᠵᠢᠨ ᠲᠠᠮᠢᠷ
     ᠵᠢᠯ᠎ᠤᠨ ᠡᠴᠦᠰ᠎ᠲᠤ ᠪᠥᠬᠥ ᠣᠷᠣᠨ᠎ᠤ ᠤᠷᠠᠯᠢᠭ᠎ᠤᠨ ᠲᠣᠭᠯᠠᠯᠲᠠ ᠵᠢᠨ ᠪᠦᠯᠬᠦᠮ ᠨᠡᠶ᠋ᠢᠲᠡ 93 ᠪᠠᠶ᠋ᠢᠵᠤ᠂ ᠡᠭᠦᠨ᠎ᠳᠤ ᠤᠯᠠᠭ᠋ᠠᠨᠮᠥ᠋ᠴᠢᠷ 75 ᠪᠠᠶ᠋ᠢᠨ᠎ᠠ᠃ ᠨᠡᠶ᠋ᠢᠲᠡ 118 ᠰᠣᠶᠣᠯ᠎ᠤᠨ ᠣᠷᠳᠣᠨ᠂ 117 ᠨᠡᠶ᠋ᠢᠲᠡ ᠵᠢᠨ ᠨᠣᠮ᠎ᠤᠨ ᠰᠠᠩ᠂ 173 ᠮᠦᠽᠧᠶ᠎ᠲᠠᠢ᠃ ᠵᠢᠯ᠎ᠤᠨ ᠡᠴᠦᠰ᠎ᠲᠤ ᠪᠥᠬᠥ ᠣᠷᠣᠨ᠎ᠤ ᠷᠠᠳᠢᠣ᠋ ᠨᠡᠪᠲᠡᠷᠡᠭᠦᠯᠭᠡ ᠵᠢᠨ ᠫᠷᠤᠭ᠌ᠷᠠᠮ᠎ᠤᠨ ᠬᠥᠮᠦᠨ ᠠᠮᠠ ᠵᠢᠨ ᠶᠡᠷᠦᠩᠬᠡᠶ ᠪᠦᠷᠬᠦᠴᠡ ᠵᠢᠨ ᠨᠣᠷᠮ᠎ᠠ 99.8% ᠪᠠᠶ᠋ᠢᠵᠤ᠂ ᠲᠧᠯᠸᠢᠰ᠎ᠤᠨ ᠫᠷᠤᠭ᠌ᠷᠠᠮ᠎ᠤᠨ ᠬᠥᠮᠦᠨ ᠠᠮᠠ ᠵᠢᠨ ᠶᠡᠷᠦᠩᠬᠡᠶ ᠪᠦᠷᠬᠦᠴᠡ ᠵᠢᠨ ᠨᠣᠷᠮ᠎ᠠ 99.8% ᠪᠠᠶ᠋ᠢᠪᠠ᠃ ᠥᠪᠡᠷᠲᠡᠭᠡᠨ ᠵᠠᠰᠠᠬᠤ ᠣᠷᠣᠨ ᠪᠣᠯᠤᠨ ᠠᠶ᠋ᠢᠮᠠᠭ ᠬᠣᠲᠠ ᠬᠣᠶᠠᠷ ᠱᠠᠲᠤ᠎ᠪᠠᠷ ᠵᠶ᠋ᠠᠨ ᠡᠯ᠎ᠡ ᠲᠥᠷᠥᠯ᠎ᠤᠨ ᠰᠣᠨᠢᠨ᠎ᠢ 22441 ᠲᠦᠮᠡᠨ ᠬᠤᠪᠢ᠂ ᠡᠯ᠎ᠡ ᠲᠥᠷᠥᠯ᠎ᠤᠨ ᠬᠤᠭᠤᠴᠠᠭ᠋ᠠᠲᠤ ᠰᠡᠳᠬᠦᠯ᠎ᠢ 1021 ᠲᠦᠮᠡᠨ ᠳᠡᠪᠲᠡᠷ᠂ ᠨᠣᠮ ᠪᠢᠴᠢᠭ᠎ᠢ 5961 ᠲᠦᠮᠡᠨ ᠳᠡᠪᠲᠡᠷ ᠬᠡᠪᠯᠡᠪᠡ᠃ ᠵᠢᠯ᠎ᠤᠨ ᠡᠴᠦᠰ᠎ᠲᠤ ᠪᠥᠬᠥ ᠣᠷᠣᠨ᠎ᠳᠤ ᠨᠡᠶ᠋ᠢᠲᠡ 120 ᠲᠠᠩᠰᠠ ᠡᠪᠬᠡᠮᠡᠯ᠎ᠤᠨ ᠣᠷᠳᠣᠨ᠎ᠲᠠᠢ ᠪᠠᠶ᠋ᠢᠵᠤ᠂ ᠨᠢᠭᠡᠨᠲᠡ ᠡᠯ᠎ᠡ ᠲᠥᠷᠥᠯ᠎ᠤᠨ ᠲᠠᠩᠰᠠ ᠡᠪᠬᠡᠮᠡᠯ᠎ᠢ 565 . 0 ᠲᠦᠮᠡᠨ ᠪᠣᠲᠢ ᠴᠢᠯᠥᠭᠡᠲᠡᠶ ᠪᠣᠯᠭ᠋ᠠᠪᠠ᠃
       ᠪᠥᠬᠥ ᠵᠢᠯ᠎ᠳᠤ ᠤᠯᠤᠰ᠎ᠤᠨ ᠳᠣᠲᠣᠭ᠋ᠠᠳᠤ ᠵᠢᠨ ᠵᠢᠭᠤᠯᠴᠢᠯᠠᠭᠴᠢᠳ᠎ᠢ 9249.1 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ ᠤᠯᠤᠰ᠎ᠤᠨ ᠳᠣᠲᠣᠭ᠋ᠠᠳᠤ ᠵᠢᠨ ᠵᠢᠭᠤᠯᠴᠢᠯᠠᠯ᠎ᠤᠨ ᠣᠷᠣᠯᠭ᠎ᠠ ᠵᠢ 1053.9 ᠳ᠋ᠦᠩᠰᠢᠭᠤᠷ ᠲᠥᠭᠥᠷᠢᠭ ᠪᠡᠶᠡᠯᠡᠭᠦᠯᠪᠡ᠃
       ᠵᠢᠯ᠎ᠤᠨ ᠡᠴᠦᠰ᠎ᠲᠤ ᠪᠦᠬᠦ ᠣᠷᠣᠨ᠎ᠤ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠨᠡᠶ᠋ᠢᠲᠡ 25062 ᠪᠠᠶ᠋ᠢᠨ᠎ᠠ᠃ ᠡᠭᠦᠨ᠎ᠳᠤ᠂ ᠡᠮᠨᠡᠯᠭᠡ ᠵᠢᠨ ᠬᠣᠷᠢᠶ᠎ᠠ 809᠂ ᠲᠠᠷᠢᠶᠠᠯᠠᠬᠤ ᠮᠠᠯᠵᠢᠬᠤ ᠣᠷᠣᠨ᠎ᠤ ᠡᠷᠡᠭᠦᠯ ᠬᠠᠮᠠᠭ᠋ᠠᠯᠠᠯ᠎ᠤᠨ ᠬᠣᠷᠢᠶ᠎ᠠ 1249᠂ ᠡᠪᠡᠳᠴᠢᠨ ᠡᠮᠭᠡᠭ᠎ᠢ ᠰᠡᠷᠭᠡᠶ᠋ᠢᠯᠡᠨ ᠬᠢᠵᠠᠭ᠋ᠠᠷᠯᠠᠬᠤ ᠲᠥᠪ 122᠂ ᠡᠬᠡ ᠨᠢᠯᠬᠠᠰ᠎ᠤᠨ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ 116᠂ ᠲᠤᠰᠬᠠᠶ ᠡᠮᠨᠡᠯᠭᠡ ᠵᠢᠨ ᠬᠣᠷᠢᠶ᠎ᠠ (ᠭᠠᠵᠠᠷ) 11 ᠪᠤᠶ᠃ ᠵᠢᠯ᠎ᠤᠨ ᠡᠴᠦᠰ᠎ᠲᠤ ᠪᠥᠬᠥ ᠣᠷᠣᠨ᠎ᠤ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠨᠢᠭᠡᠴᠡ ᠵᠢᠨ ᠡᠪᠡᠳᠴᠢᠲᠡᠨ᠎ᠤ ᠣᠷᠣ ᠨᠡᠶ᠋ᠢᠲᠡ 167692 ᠪᠠᠶ᠋ᠢᠵᠤ᠂ ᠲᠦᠷᠦᠭᠦᠦ ᠵᠢᠯ᠎ᠤᠨ᠎ᠬᠢ᠎ᠠᠴᠠ 0 . 7 %᠎ᠪᠠᠷ ᠨᠡᠮᠡᠭᠳᠡᠪᠡ᠃ ᠡᠭᠦᠨ᠎ᠳᠤ᠂ ᠡᠮᠨᠡᠯᠭᠡ ᠵᠢᠨ ᠬᠣᠷᠢᠶ᠎ᠠ᠎ᠳᠤ ᠨᠡᠶ᠋ᠢᠲᠡ 135193 ᠡᠪᠡᠳᠴᠢᠲᠡᠨ᠎ᠤ ᠣᠷᠣ᠂ ᠰᠢᠶᠠᠩ ᠪᠠᠯᠭ᠋ᠠᠰᠤᠨ᠎ᠤ ᠡᠷᠡᠭᠦᠯ ᠬᠠᠮᠠᠭ᠋ᠠᠯᠠᠯ᠎ᠤᠨ ᠬᠣᠷᠢᠶ᠎ᠠ᠎ᠳᠤ ᠨᠡᠶ᠋ᠢᠲᠡ 21205 ᠡᠪᠡᠳᠴᠢᠲᠡᠨ᠎ᠤ ᠣᠷᠣ᠂ ᠡᠬᠡ ᠨᠢᠯᠬᠠᠰ᠎ᠤᠨ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ᠎ᠳᠤ ᠨᠡᠶ᠋ᠢᠲᠡ 4542 ᠡᠪᠡᠳᠴᠢᠲᠡᠨ᠎ᠤ ᠣᠷᠣ ᠪᠠᠶ᠋ᠢᠨ᠎ᠠ᠃ ᠪᠥᠬᠥ ᠣᠷᠣᠨ᠎ᠳᠤ ᠡᠷᠡᠭᠦᠯ ᠬᠠᠮᠠᠭ᠋ᠠᠯᠠᠯ᠎ᠤᠨ ᠮᠡᠷᠭᠡᠵᠢᠯ᠎ᠤᠨ ᠠᠵᠢᠯᠲᠠᠨ ᠨᠡᠶ᠋ᠢᠲᠡ 21.7 ᠲᠦᠮᠡᠨ ᠬᠥᠮᠦᠨ ᠪᠠᠶ᠋ᠢᠵᠤ᠂ 2.5%᠎ᠪᠠᠷ ᠨᠡᠮᠡᠭᠳᠡᠪᠡ᠃ ᠡᠭᠦᠨ᠎ᠳᠤ᠂ ᠠᠵᠢᠯ ᠡᠷᠭᠢᠯᠡᠬᠦ ᠡᠮᠴᠢ᠂ ᠲᠤᠰᠠᠯᠠᠬᠤ ᠡᠮᠴᠢ 8.6 ᠲᠦᠮᠡ ᠪᠠᠶ᠋ᠢᠵᠤ᠂ ᠳᠠᠩᠰᠠᠯᠠᠭᠤᠯᠤᠭᠰᠠᠨ ᠰᠤᠪᠢᠯᠠᠭᠴᠢ 9.2 ᠲᠦᠮᠡ ᠪᠠᠶ᠋ᠢᠨ᠎ᠠ᠃ ᠮᠠᠯᠵᠢᠬᠤ ᠲᠠᠷᠢᠶᠠᠯᠠᠬᠤ ᠣᠷᠣᠨ᠎ᠳᠤ ᠨᠡᠶ᠋ᠢᠲᠡ 1.3 ᠲᠦᠮᠡᠨ ᠲᠣᠰᠬᠣᠨ᠎ᠤ ᠡᠷᠡᠭᠦᠯ ᠬᠠᠮᠠᠭ᠋ᠠᠯᠠᠯ᠎ᠤᠨ ᠲᠠᠰᠤᠭ᠂ 1.3 ᠲᠦᠮᠡᠨ ᠬᠥᠳᠡᠭᠡ ᠲᠣᠰᠬᠣᠨ᠎ᠤ ᠡᠮᠴᠢ ᠪᠣᠯᠤᠨ ᠡᠷᠡᠭᠦᠯ ᠬᠠᠮᠠᠭ᠋ᠠᠯᠠᠭᠴᠢ᠎ᠲᠠᠢ᠃
      ᠵᠢᠯ᠎ᠤᠨ ᠳᠣᠲᠣᠷ᠎ᠠ ᠪᠥᠬᠥ ᠣᠷᠣᠨ᠎ᠤ ᠲᠠᠮᠢᠷᠴᠢᠳ ᠤᠯᠤᠰ᠎ᠤᠨ ᠳᠣᠲᠣᠭ᠋ᠠᠳᠤ ᠭᠠᠳᠠᠭ᠋ᠠᠳᠤ ᠵᠢᠨ ᠴᠢᠬᠤᠯᠠ ᠶᠡᠬᠡ ᠤᠷᠤᠯᠳᠤᠭ᠋ᠠᠨ᠎ᠳᠤ 96 ᠱᠠᠩᠨᠠᠯ᠎ᠤᠨ ᠮᠧᠳᠠᠯ ᠣᠯᠵᠠᠶ᠃ ᠡᠭᠦᠨ᠎ᠳᠤ᠂ ᠭᠠᠳᠠᠭ᠋ᠠᠳᠤ᠎ᠳᠤ 14 ᠮᠧᠳᠠᠯ ᠣᠯᠵᠤ᠂ ᠤᠯᠤᠰ᠎ᠤᠨ ᠳᠣᠲᠣᠭ᠋ᠠᠳᠤ᠎ᠳᠤ 82 ᠮᠧᠳᠠᠯ ᠣᠯᠵᠠᠶ᠃
      ᠠᠷᠪᠠᠨ ᠬᠣᠶᠠᠷ᠂ ᠡᠬᠢ ᠪᠠᠶᠠᠯᠢᠭ᠂ ᠣᠷᠴᠢᠨ ᠲᠣᠭᠣᠷᠢᠨ ᠪᠣᠯᠤᠨ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ
       ᠠᠩᠬ᠎ᠠ ᠠᠯᠬᠤᠮ᠎ᠤᠨ ᠪᠦᠷᠢᠳᠬᠡᠯ ᠵᠶ᠋ᠠᠷ᠂ ᠪᠥᠬᠥ ᠵᠢᠯ᠎ᠤᠨ ᠤᠰᠤ ᠬᠡᠷᠡᠭᠯᠡᠭᠰᠡᠨ ᠶᠡᠷᠦᠩᠬᠡᠶ ᠬᠡᠮᠵᠢᠶ᠎ᠡ 191.5 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 0.1 %᠎ᠪᠠᠷ ᠪᠠᠭᠤᠷᠠᠪᠠ᠃ ᠡᠭᠦᠨ᠎ᠳᠤ᠂ ᠠᠮᠢᠳᠤᠷᠠᠯ᠎ᠳᠤ ᠬᠡᠷᠡᠭᠯᠡᠬᠦ ᠤᠰᠤ 3.4%᠎ᠪᠠᠷ ᠪᠠᠭᠤᠷᠠᠵᠤ᠂ ᠠᠵᠤ ᠦᠢ᠍ᠯᠡᠳᠪᠦᠷᠢ᠎ᠳᠤ ᠬᠡᠷᠡᠭᠯᠡᠬᠦ ᠤᠰᠤ 0.9%᠎ᠪᠠᠷ ᠪᠠᠭᠤᠷᠠᠵᠤ᠂ ᠲᠠᠷᠢᠶᠠᠯᠠᠩ᠎ᠳᠤ ᠬᠡᠷᠡᠭᠯᠡᠬᠦ ᠤᠰᠤ 4.3%᠎ᠪᠠᠷ ᠨᠡᠮᠡᠭᠳᠡᠵᠦ᠂ ᠠᠮᠢ ᠠᠬᠤᠶ᠎ᠳᠤ ᠬᠡᠷᠡᠭᠯᠡᠬᠦ ᠤᠰᠤ 19.3%᠎ᠪᠠᠷ ᠪᠠᠭᠤᠷᠠᠪᠠ᠃ ᠲᠦᠮᠡᠨ ᠲᠥᠭᠥᠷᠢᠭ᠎ᠤᠨ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠎ᠤᠨ ᠤᠰᠤ ᠬᠡᠷᠡᠭᠯᠡᠬᠦ ᠬᠡᠮᠵᠢᠶ᠎ᠡ 74.4 ᠪᠣᠰᠣᠭ᠎ᠠ ᠳᠥᠷᠪᠡᠯᠵᠢᠨ ᠮᠧᠲᠷ᠎ᠲᠤ ᠬᠦᠷᠴᠦ᠂ 8.3%᠎ᠪᠠᠷ ᠪᠠᠭᠤᠷᠠᠪᠠ; ᠲᠦᠮᠡᠨ ᠲᠥᠭᠥᠷᠢᠭ᠎ᠤᠨ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠤᠨ ᠤᠰᠤ ᠬᠡᠷᠡᠭᠯᠡᠬᠦ ᠬᠡᠮᠵᠢᠶ᠎ᠡ 13.9 ᠪᠣᠰᠣᠭ᠎ᠠ ᠳᠥᠷᠪᠡᠯᠵᠢᠨ ᠮᠧᠲᠷ᠎ᠲᠤ ᠬᠦᠷᠴᠦ᠂ 17.6%᠎ᠪᠠᠷ ᠪᠠᠭᠤᠷᠠᠪᠠ᠃
       ᠠᠩᠬ᠎ᠠ ᠠᠯᠬᠤᠮ᠎ᠤᠨ ᠪᠦᠷᠢᠳᠬᠡᠯ ᠵᠶ᠋ᠠᠷ᠂ ᠪᠥᠬᠥ ᠵᠢᠯ᠎ᠳᠤ ᠣᠶ᠋ᠢᠵᠢᠭᠤᠯᠤᠭᠰᠠᠨ ᠲᠠᠯᠠᠪᠠᠶ 38.2 ᠲᠦᠮᠡᠨ ᠾᠧᠺᠲ᠋ᠠᠷ᠎ᠲᠤ ᠬᠥᠷᠪᠡ᠃ ᠡᠭᠦᠨ᠎ᠳᠤ᠂ 14.5 ᠲᠦᠮᠡᠨ ᠾᠧᠺᠲ᠋ᠠᠷ ᠬᠥᠮᠦᠨ᠎ᠤ ᠬᠦᠴᠦ᠎ᠪᠠᠷ ᠣᠶ᠋ᠢᠵᠢᠭᠤᠯᠵᠤ᠂ ᠨᠢᠰᠬᠡᠯ ᠵᠶ᠋ᠠᠷ 2.4 ᠲᠦᠮᠡᠨ ᠾᠧᠺᠲ᠋ᠠᠷ ᠳᠠᠷᠢᠵᠤ ᠣᠶ᠋ᠢᠵᠢᠭᠤᠯᠤᠨ᠂ 3.6 ᠲᠦᠮᠡᠨ ᠾᠧᠺᠲ᠋ᠠᠷ ᠠᠭᠤᠯᠠ ᠵᠢ ᠪᠢᠲᠡᠭᠦᠮᠵᠢᠯᠡᠨ ᠣᠶ᠋ᠢᠵᠢᠭᠤᠯᠵᠤ᠂ 11.1 ᠲᠦᠮᠡᠨ ᠾᠧᠺᠲ᠋ᠠᠷ ᠮᠠᠭᠤᠵᠢᠷᠠᠭᠰᠠᠨ ᠣᠶ ᠵᠢ ᠵᠠᠰᠠᠨ ᠰᠡᠷᠭᠦᠭᠡᠵᠦ᠂ 6.6 ᠲᠦᠮᠡᠨ ᠾᠧᠺᠲ᠋ᠠᠷ ᠲᠠᠯᠠᠪᠠᠶ ᠵᠤᠯᠵᠠᠭ᠎ᠠ ᠮᠣᠳᠣ ᠵᠢ ᠠᠷᠠᠴᠢᠯᠠᠨ ᠪᠣᠶ᠋ᠢᠵᠢᠭᠤᠯᠤᠭᠰᠠᠨ (ᠠᠵᠢᠯ) ᠪᠠᠶ᠋ᠢᠨ᠎ᠠ᠃ ᠵᠢᠯ᠎ᠤᠨ ᠡᠴᠦᠰ᠎ᠲᠤ ᠪᠥᠬᠥ ᠣᠷᠣᠨ᠎ᠤ ᠣᠶ ᠰᠢᠭᠤᠶ ᠵᠢᠨ ᠲᠠᠯᠠᠪᠠᠶ 2720 ᠲᠦᠮᠡᠨ ᠾᠧᠺᠲ᠋ᠠᠷ᠎ᠲᠤ ᠬᠦᠷᠴᠦ᠂ ᠣᠶ ᠰᠢᠭᠤᠶ ᠵᠢᠨ ᠪᠦᠷᠬᠦᠴᠡ ᠵᠢᠨ ᠨᠣᠷᠮ᠎ᠠ 23.0% ᠪᠣᠯᠪᠠ᠃
       ᠪᠦᠬᠦ ᠣᠷᠣᠨ᠎ᠳᠤ ᠨᠡᠶ᠋ᠢᠲᠡ 216 ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠲᠠᠢ᠃ ᠡᠭᠦᠨ᠎ᠳᠤ᠂ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ 29᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ 64 ᠪᠣᠶ᠃ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠲᠠᠯᠠᠪᠠᠢ 1294.7 ᠲᠦᠮᠡᠨ ᠾᠧᠺᠲ᠋ᠠᠷ᠃ ᠡᠭᠦᠨ᠎ᠳᠤ᠂ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠲᠠᠯᠠᠪᠠᠶ 426.1 ᠲᠦᠮᠡᠨ ᠾᠧᠺᠲ᠋ᠠᠷ ᠪᠣᠶ᠃
      ᠪᠥᠬᠥ ᠵᠢᠯ᠎ᠤᠨ ᠣᠷᠴᠢᠨ ᠲᠣᠭᠣᠷᠢᠨ᠎ᠤ ᠠᠭ᠋ᠠᠷ᠎ᠤᠨ ᠴᠢᠨᠠᠷ ᠴᠢᠨᠰᠠᠭ᠎ᠠ ᠵᠢᠨ ᠳᠤᠮᠳᠠᠴᠢ ᠰᠢᠯᠢᠳᠡᠭ ᠰᠠᠶ᠋ᠢᠨ ᠡᠳᠦᠷ᠎ᠤᠨ ᠲᠣᠭ᠎ᠠ ᠵᠢᠨ ᠬᠠᠷᠢᠴᠠᠯ 92.9%᠎ᠳᠤ ᠬᠥᠷᠪᠡ᠃ ᠵᠢᠵᠢᠭ ᠮᠥᠬᠥᠯᠢᠭᠲᠦ ᠪᠣᠳᠠᠰ (PM 2.5)᠎ᠤᠨ ᠳᠤᠮᠳᠠᠴᠢ ᠥᠳᠬᠡᠴᠡ᠎ᠨᠢ 22 ᠮᠢᠺᠷᠥᠭᠷᠠᠮ / ᠪᠣᠰᠣᠭ᠎ᠠ ᠳᠥᠷᠪᠡᠯᠵᠢᠨ ᠮᠧᠲᠷ ᠪᠠᠶ᠋ᠢᠵᠤ᠂ ᠳᠡᠭᠡᠷ᠎ᠡ ᠵᠢᠯ᠎ᠤᠨ᠎ᠬᠢ᠎ᠠᠴᠠ 4.3%᠎ᠪᠠᠷ ᠪᠠᠭᠤᠷᠠᠪᠠ᠃
       ᠪᠥᠬᠥ ᠵᠢᠯ᠎ᠳᠤ ᠡᠯ᠎ᠡ ᠲᠥᠷᠥᠯ᠎ᠤᠨ ᠦᠢ᠍ᠯᠡᠳᠪᠦᠷᠢᠯᠡᠯ᠎ᠤᠨ ᠠᠮᠤᠷ ᠲᠦᠪᠰᠢᠨ᠎ᠤ ᠡᠨᠳᠡᠯ᠎ᠳᠤ 459 ᠬᠥᠮᠦᠨ ᠡᠨᠳᠡᠵᠦ᠂ ᠳᠡᠭᠡᠷ᠎ᠡ ᠵᠢᠯ᠎ᠤᠨ᠎ᠬᠢ᠎ᠠᠴᠠ 32.1 %᠎ᠪᠠᠷ ᠪᠠᠭᠤᠷᠠᠪᠠ᠂ ᠦᠢ᠍ᠯᠡᠳᠪᠦᠷᠢ ᠠᠭᠤᠷᠬᠠᠶ ᠠᠷᠠᠯᠵᠢᠶ᠎ᠠ ᠬᠤᠳᠠᠯᠳᠤᠭ᠋ᠠᠨ᠎ᠤ ᠠᠵᠤ ᠠᠬᠤᠶ᠋ᠢᠯᠠᠯ᠎ᠤᠨ ᠬᠥᠮᠦᠰ᠎ᠤᠨ ᠦᠢ᠍ᠯᠡᠳᠪᠦᠷᠢᠯᠡᠯ᠎ᠤᠨ ᠠᠮᠤᠷ ᠲᠦᠪᠰᠢᠨ᠎ᠤ ᠡᠨᠳᠡᠯ᠎ᠳᠤ 254 ᠬᠥᠮᠦᠨ ᠡᠨᠳᠡᠵᠦ᠂ ᠨᠡᠭᠦᠷᠡᠰᠦᠨ ᠠᠭᠤᠷᠬᠠᠶ ᠵᠢᠨ ᠵᠠᠭᠤᠨ ᠲᠦᠮᠡᠨ ᠲᠣᠨ᠎ᠤ ᠡᠨᠳᠡᠯ᠎ᠳᠤ 0.0085 ᠬᠥᠮᠦᠨ ᠡᠨᠳᠡᠵᠦ᠂ ᠵᠠᠮ ᠬᠠᠷᠢᠯᠴᠠᠭ᠋ᠠᠨ᠎ᠤ ᠡᠨᠳᠡᠯ᠎ᠳᠤ ᠲᠦᠮᠡᠨ ᠲᠡᠷᠭᠡ 1 . 13 ᠬᠥᠮᠦᠨ ᠡᠨᠳᠡᠵᠡᠢ᠃


      ᠲᠠᠶ᠋ᠢᠯᠪᠤᠷᠢ᠄
      (1) ᠲᠤᠰ ᠠᠯᠪᠠᠨ ᠮᠡᠳᠡᠭᠡ᠎ᠳᠠᠬᠢ ᠲᠣᠭ᠎ᠠ ᠪᠠᠷᠢᠮᠲᠠ᠎ᠨᠢ ᠴᠥᠮ ᠠᠩᠬ᠎ᠠ ᠠᠯᠬᠤᠮ᠎ᠤᠨ ᠪᠦᠷᠢᠳᠬᠡᠭᠰᠡᠨ ᠲᠣᠭ᠎ᠠ ᠪᠣᠯᠤᠨ᠎ᠠ᠃ ᠬᠡᠰᠡᠭ ᠲᠣᠭ᠎ᠠ ᠪᠠᠷᠢᠮᠲᠠ᠎ᠨᠢ ᠳᠥᠷᠪᠡ ᠵᠢ ᠬᠠᠶᠠᠵᠤ ᠲᠠᠪᠤ ᠵᠢ ᠳᠡᠪᠰᠢᠭᠦᠯᠬᠦ ᠰᠢᠯᠲᠠᠭ᠋ᠠᠨ᠎ᠠᠴᠠ ᠪᠣᠯᠵᠣ᠂ ᠶᠡᠷᠦᠩᠬᠡᠶ ᠲᠣᠭ᠎ᠠ ᠪᠠ ᠬᠤᠪᠢᠶᠠᠷᠢ ᠵᠦᠢ᠍ᠯ᠎ᠨᠢ ᠨᠡᠶ᠋ᠢᠯᠡᠭᠡᠳ ᠠᠳᠠᠯᠢ ᠪᠤᠰᠤ ᠪᠠᠶ᠋ᠢᠳᠠᠯ ᠣᠷᠣᠰᠢᠵᠤ ᠪᠠᠶ᠋ᠢᠨ᠎ᠠ᠃
      (2) ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠂ ᠭᠤᠷᠪᠠᠳᠤᠭ᠋ᠠᠷ ᠠᠵᠤ  ᠦᠢ᠍ᠯᠡᠰ ᠵᠢᠴᠢ ᠬᠠᠮᠢᠶ᠎ᠠ ᠪᠥᠬᠥᠶ ᠠᠵᠢᠯ ᠲᠥᠷᠥᠯ᠎ᠤᠨ ᠨᠡᠮᠡᠭᠳᠡᠯ ᠥᠷᠲᠡᠭ᠂ ᠬᠥᠮᠦᠨ ᠳᠤᠮᠳᠠᠴᠢ ᠵᠢᠨ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠎ᠢ ᠣᠲᠣ ᠵᠢᠨ ᠦᠨ᠎ᠡ᠎ᠪᠠᠷ ᠪᠤᠳᠤᠵᠤ᠂ ᠨᠡᠮᠡᠭᠳᠡᠯ᠎ᠤᠨ ᠬᠤᠷᠳᠤᠴᠠ ᠵᠢ ᠬᠠᠷᠢᠴᠠᠭᠤᠯᠵᠤ ᠪᠣᠯᠬᠤ ᠦᠨ᠎ᠡ᠎ᠪᠠᠷ ᠪᠤᠳᠤᠨ᠎ᠠ᠃
      (3) ᠵᠡᠭᠦᠨ ᠬᠡᠰᠡᠭ᠎ᠤᠨ ᠭᠠᠵᠠᠷ ᠣᠷᠣᠨ ᠭᠡᠳᠡᠭ᠎ᠨᠢ ᠬᠥᠯᠥᠨ ᠪᠣᠶ᠋ᠢᠷ ᠬᠣᠲᠠ᠂ ᠬᠢᠩᠭ᠋ᠠᠨ ᠠᠶ᠋ᠢᠮᠠᠭ᠂ ᠲᠦᠩᠯᠢᠶᠣᠤ ᠬᠣᠲᠠ᠂ ᠤᠯᠠᠭ᠋ᠠᠨᠬᠠᠳᠠ ᠬᠣᠲᠠ᠂ ᠰᠢᠯᠢ ᠵᠢᠨ ᠭᠤᠤᠯ ᠠᠶ᠋ᠢᠮᠠᠭ᠎ᠢ ᠵᠢᠭ᠋ᠠᠵᠤ ᠪᠣᠶ; ᠳᠤᠮᠳᠠ ᠬᠡᠰᠡᠭ ᠭᠠᠵᠠᠷ ᠣᠷᠣᠨ ᠭᠡᠳᠡᠭ᠎ᠨᠢ ᠬᠥᠬᠡᠬᠣᠲᠠ᠂ ᠪᠤᠭᠤᠲᠤ ᠬᠣᠲᠠ᠂ ᠣᠷᠳᠣᠰ ᠬᠤᠳᠠ᠂ ᠤᠯᠠᠭ᠋ᠠᠨᠴᠠᠪ ᠬᠣᠲᠠ ᠵᠢ ᠵᠢᠭ᠋ᠠᠵᠤ ᠪᠤᠶ; ᠪᠠᠷᠠᠭᠤᠨ ᠬᠡᠰᠡᠭ ᠣᠨ ᠭᠠᠵᠠᠷ ᠣᠷᠣᠨ ᠭᠡᠳᠡᠭ᠎ᠨᠢ ᠪᠠᠶᠠᠨᠨᠠᠭᠤᠷ ᠬᠤᠳᠠ᠂ ᠦᠬᠠᠢ ᠬᠤᠳᠠ᠂ ᠠᠯᠠᠱ᠌ᠠ ᠠᠶ᠋ᠢᠮᠠᠭ ᠢ ᠵᠢᠭ᠋ᠠᠵᠤ ᠪᠤᠢ᠃
      (4) ᠠᠵᠤ ᠦᠢ᠍ᠯᠡᠳᠪᠦᠷᠢ ᠵᠢᠨ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠲᠤ ᠰᠢᠨ᠎ᠡ ᠨᠢᠭᠡ ᠦᠶ᠎ᠡ ᠵᠢᠨ ᠮᠡᠳᠡᠭᠡ ᠵᠠᠩᠭᠢ ᠵᠢᠨ ᠮᠡᠷᠭᠡᠵᠢᠯ᠎ᠤᠨ ᠠᠵᠤ ᠦᠢ᠍ᠯᠡᠰ᠂ ᠳᠡᠭᠡᠳᠦ ᠲᠠᠰ᠎ᠤᠨ ᠲᠣᠨᠣᠭᠯᠠᠯ ᠦᠢ᠍ᠯᠡᠳᠬᠦ ᠠᠵᠤ ᠦᠢ᠍ᠯᠡᠰ᠂ ᠰᠢᠨ᠎ᠡ ᠮᠠᠲ᠋ᠧᠷᠢᠶᠠᠯ᠎ᠤᠨ ᠠᠵᠤ ᠦᠢ᠍ᠯᠡᠰ᠂ ᠠᠮᠢᠳᠤ ᠪᠣᠳᠠᠰ᠎ᠤᠨ ᠠᠵᠤ ᠦᠢ᠍ᠯᠡᠰ᠂ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠠᠵᠤ ᠦᠢ᠍ᠯᠡᠰ᠂ ᠰᠢᠨ᠎ᠡ ᠡᠨᠧᠷᠭᠢ ᠵᠢᠨ ᠠᠵᠤ ᠦᠢ᠍ᠯᠡᠰ᠂ ᠡᠨᠧᠷᠭᠢ ᠠᠷᠪᠢᠯᠠᠵᠤ ᠣᠷᠴᠢᠨ ᠠᠬᠤᠶ ᠵᠢ ᠬᠠᠮᠠᠭ᠋ᠠᠯᠠᠬᠤ ᠠᠵᠤ ᠦᠢ᠍ᠯᠡᠰ ᠪᠠ ᠲᠣᠭ᠋ᠠᠴᠢᠯᠠᠭᠰᠠᠨ ᠪᠦᠲᠦᠭᠡᠯᠴᠢ ᠠᠵᠤ ᠦᠢ᠍ᠯᠡᠰ ᠵᠡᠷᠭᠡ ᠨᠠᠢ᠍ᠮᠠᠨ ᠶᠡᠬᠡ ᠠᠵᠤ ᠦᠢ᠍ᠯᠡᠰ᠎ᠤᠨ ᠳᠣᠲᠣᠷᠠᠬᠢ ᠠᠵᠤ ᠦᠢ᠍ᠯᠡᠳᠪᠦᠷᠢ ᠵᠢᠨ ᠬᠣᠯᠪᠣᠭᠳᠠᠯ ᠪᠥᠬᠥᠶ ᠠᠵᠢᠯ ᠲᠥᠷᠥᠯ ᠪᠠᠭᠲᠠᠨ᠎ᠠ᠃ ᠠᠵᠤ ᠦᠢ᠍ᠯᠡᠳᠪᠦᠷᠢ ᠵᠢᠨ ᠪᠠᠶ᠋ᠢᠯᠳᠤᠬᠤ ᠪᠤᠳᠤᠯᠭ᠎ᠠ ᠵᠢᠨ ᠴᠢᠨᠠᠷᠲᠠᠢ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠤᠨ ᠨᠡᠮᠡᠭᠳᠡᠯ ᠦᠷᠳᠡᠭ᠎ᠤᠨ ᠨᠡᠮᠡᠭᠳᠡᠯ᠎ᠤᠨ ᠬᠤᠷᠳᠤᠴᠠ ᠵᠢ ᠬᠠᠷᠢᠴᠠᠭᠤᠯᠵᠤ ᠪᠣᠯᠬᠤ ᠪᠠᠷᠢᠮᠵᠢᠶ᠎ᠠ᠎ᠪᠠᠷ ᠪᠤᠳᠤᠨ᠎ᠠ᠃
      (5) ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ᠎ᠲᠤ ᠡᠮ ᠡᠮᠨᠡᠯᠭᠡ ᠵᠢᠨ ᠦᠢ᠍ᠯᠡᠳᠬᠦ ᠦᠢ᠍ᠯᠡᠰ᠂ ᠠᠭ᠋ᠠᠷ᠎ᠤᠨ ᠠᠶᠠᠯᠠᠯ᠂ ᠰᠠᠨᠰᠠᠷ᠎ᠤᠨ ᠨᠢᠰᠦᠭᠦᠷ ᠵᠢᠴᠢ ᠲᠥᠬᠥᠭᠡᠷᠦᠮᠵᠢ ᠦᠢ᠍ᠯᠡᠳᠬᠦ ᠦᠢ᠍ᠯᠡᠰ᠂ ᠡᠯᠧᠺᠲᠷᠣᠨ ᠵᠢᠴᠢ ᠴᠢᠮᠡᠭᠡ ᠬᠣᠯᠪᠣᠭ᠋ᠠᠨ᠎ᠤ ᠲᠥᠬᠥᠭᠡᠷᠦᠮᠵᠢ ᠦᠢ᠍ᠯᠡᠳᠬᠦ ᠦᠢ᠍ᠯᠡᠰ᠂ ᠺᠣᠮᠫᠢᠦ᠋ᠲ᠋ᠧᠷ ᠵᠢᠴᠢ ᠠᠯᠪᠠᠯᠠᠬᠤ ᠲᠥᠬᠥᠭᠡᠷᠦᠮᠵᠢ ᠦᠢ᠍ᠯᠡᠳᠬᠦ ᠦᠢ᠍ᠯᠡᠰ᠂ ᠡᠮᠴᠢᠯᠡᠭᠡᠨ᠎ᠤ ᠬᠡᠮᠵᠢᠭᠦᠷᠯᠢᠭ ᠲᠥᠬᠥᠭᠡᠷᠦᠮᠵᠢ ᠵᠢᠴᠢ ᠬᠡᠮᠵᠢᠭᠦᠷᠯᠢᠭ ᠦᠢ᠍ᠯᠡᠳᠬᠦ ᠦᠢ᠍ᠯᠡᠰ᠂ ᠮᠡᠳᠡᠭᠡ ᠵᠠᠩᠭᠢᠵᠢᠯᠲᠠ ᠵᠢᠨ ᠬᠢᠮᠢ ᠵᠢᠨ ᠦᠢ᠍ᠯᠡᠳᠬᠦᠨ ᠦᠢ᠍ᠯᠡᠳᠬᠦ ᠦᠢ᠍ᠯᠡᠰ ᠪᠠᠭᠲᠠᠨ᠎ᠠ᠃
      (6) ᠲᠣᠨᠣᠭᠯᠠᠯ ᠦᠢ᠍ᠯᠡᠳᠬᠦ ᠦᠢ᠍ᠯᠡᠰ᠎ᠲᠤ ᠲᠡᠮᠦᠷᠯᠢᠭ ᠪᠦᠲᠦᠭᠡᠭᠳᠡᠬᠦᠨ᠎ᠤ ᠦᠢ᠍ᠯᠡᠰ᠂ ᠨᠡᠶ᠋ᠢᠳᠡᠮ ᠬᠡᠷᠡᠭᠯᠡᠭᠡᠨ᠎ᠤ ᠲᠥᠬᠥᠭᠡᠷᠦᠮᠵᠢ ᠦᠢ᠍ᠯᠡᠳᠬᠦ ᠦᠢ᠍ᠯᠡᠰ᠂ ᠲᠤᠰᠬᠠᠶ ᠬᠡᠷᠡᠭᠯᠡᠭᠡᠨ᠎ᠤ ᠲᠥᠬᠥᠭᠡᠷᠦᠮᠵᠢ ᠦᠢ᠍ᠯᠡᠳᠬᠦ ᠦᠢ᠍ᠯᠡᠰ᠂ ᠮᠠᠰᠢᠨ ᠲᠡᠷᠭᠡ ᠦᠢ᠍ᠯᠡᠳᠬᠦ ᠦᠢ᠍ᠯᠡᠰ᠂ ᠲᠡᠮᠦᠷ ᠵᠠᠮ᠂ ᠣᠩᠭᠣᠴᠠ ᠰᠠᠯ᠂ ᠠᠭ᠋ᠠᠷ᠎ᠤᠨ ᠠᠶᠠᠯᠠᠯ ᠰᠠᠨᠰᠠᠷ᠎ᠤᠨ ᠠᠶᠠᠯᠠᠯ ᠪᠠ ᠪᠤᠰᠤᠳ ᠲᠡᠭᠡᠭᠡᠪᠦᠷᠢ ᠵᠢᠨ ᠲᠥᠬᠥᠭᠡᠷᠦᠮᠵᠢ ᠦᠢ᠍ᠯᠡᠳᠬᠦ ᠦᠢ᠍ᠯᠡᠰ᠂ ᠴᠠᠬᠢᠯᠭ᠋ᠠᠨ ᠮᠧᠬᠠᠨᠢᠭ ᠪᠠ ᠪᠠᠭ᠋ᠠᠵᠢ ᠬᠡᠷᠡᠭᠰᠡᠯ ᠦᠢ᠍ᠯᠡᠳᠬᠦ ᠦᠢ᠍ᠯᠡᠰ᠂ ᠺᠣᠮᠫᠢᠦ᠋ᠲ᠋ᠧᠷ᠂ ᠴᠢᠮᠡᠭᠡ ᠬᠣᠯᠪᠣᠭ᠎ᠠ ᠪᠠ ᠪᠤᠰᠤᠳ ᠡᠯᠧᠺᠲᠷᠣᠨ ᠲᠥᠬᠥᠭᠡᠷᠦᠮᠵᠢ ᠦᠢ᠍ᠯᠡᠳᠬᠦ ᠦᠢ᠍ᠯᠡᠰ᠂ ᠬᠡᠮᠵᠢᠭᠦᠷᠯᠢᠭ ᠦᠢ᠍ᠯᠡᠳᠬᠦ ᠦᠢ᠍ᠯᠡᠰ ᠪᠠᠭᠲᠠᠨ᠎ᠠ᠃
      (7) ᠳᠡᠭᠡᠳᠦ ᠮᠡᠷᠭᠡᠵᠢᠯ᠎ᠤᠨ ᠠᠵᠤ ᠦᠢ᠍ᠯᠡᠰ᠎ᠤᠨ ᠪᠠᠯᠠ ᠣᠷᠣᠭᠤᠯᠤᠯᠲᠠ᠎ᠳᠤ ᠡᠮ ᠡᠮᠨᠡᠯᠭᠡ ᠦᠢ᠍ᠯᠡᠳᠬᠦ᠂ ᠠᠭ᠋ᠠᠷ᠎ᠤᠨ ᠠᠶᠠᠯᠠᠯ ᠰᠠᠨᠰᠠᠷ᠎ᠤᠨ ᠨᠢᠰᠦᠭᠦᠷ ᠵᠢᠴᠢ ᠲᠥᠬᠥᠭᠡᠷᠦᠮᠵᠢ ᠦᠢ᠍ᠯᠡᠳᠬᠦ ᠵᠡᠷᠭᠡ ᠵᠢᠷᠭᠤᠭ᠋ᠠᠨ ᠶᠡᠬᠡ ᠲᠥᠷᠥᠯ᠎ᠤᠨ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ᠎ᠤᠨ ᠪᠠᠯᠠ ᠣᠷᠣᠭᠤᠯᠤᠯᠲᠠ ᠪᠠ ᠮᠡᠳᠡᠭᠡ ᠵᠠᠩᠭᠢ ᠵᠢᠨ ᠦᠢ᠍ᠯᠡᠴᠢᠯᠡᠭᠡ᠂ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠦᠢ᠍ᠯᠡᠴᠢᠯᠡᠭᠡ ᠵᠡᠷᠭᠡ ᠶᠢᠰᠦᠨ ᠶᠡᠬᠡ ᠲᠥᠷᠥᠯ᠎ᠤᠨ ᠳᠡᠭᠡᠳᠦ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠪᠠᠯᠠ ᠣᠷᠣᠭᠤᠯᠤᠯᠲᠠ ᠪᠠᠭᠲᠠᠨ᠎ᠠ᠃
      (8) ᠭᠣᠣᠯ ᠪᠣᠯᠬᠤ ᠠᠵᠤ ᠦᠢ᠍ᠯᠡᠳᠪᠦᠷᠢ ᠵᠢᠨ ᠦᠢ᠍ᠯᠡᠳᠬᠦᠨ᠎ᠤ ᠭᠠᠷᠤᠯᠲᠠ ᠵᠢᠨ ᠳᠣᠲᠣᠷ᠎ᠠ᠂ ᠨᠡᠭᠦᠷᠡᠰᠦᠨ᠎ᠤ ᠭᠠᠷᠤᠯᠲᠠ᠎ᠠᠴᠠ ᠭᠠᠳᠠᠨ᠎ᠠ᠂ ᠴᠠᠬᠢᠯᠭ᠋ᠠᠨ ᠭᠠᠷᠭ᠋ᠠᠭᠰᠠᠨ ᠬᠡᠮᠵᠢᠶ᠎ᠡ᠎ᠨᠢ ᠪᠦᠬᠦ ᠰᠢᠰᠲ᠋ᠧᠮ᠎ᠤᠨ ᠲᠣᠭ᠎ᠠ ᠪᠠᠷᠢᠮᠲᠠ ᠪᠠᠶ᠋ᠢᠵᠤ᠂ ᠪᠤᠰᠤᠳ᠎ᠨᠢ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠰᠢᠰᠲ᠋ᠧᠮ᠎ᠤᠨ ᠲᠣᠭ᠎ᠠ ᠪᠠᠷᠢᠮᠲᠠ ᠪᠣᠯᠤᠨ᠎ᠠ᠃
      (9) ᠠᠷᠠᠳ᠎ᠤᠨ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ ᠭᠡᠳᠡᠭ᠎ᠨᠢ ᠬᠠᠮᠲᠤ᠂ ᠬᠤᠪᠢ ᠵᠢᠨ ᠡᠵᠡᠩᠨᠡᠭᠰᠡᠨ᠂ ᠬᠤᠪᠢ ᠬᠥᠮᠦᠨ᠎ᠤ ᠰᠢᠨᠵᠢ ᠴᠢᠨᠠᠷ᠎ᠲᠠᠢ ᠳᠣᠲᠣᠭ᠋ᠠᠳᠤ ᠪᠠᠯᠠ ᠵᠢᠨ ᠠᠵᠤ ᠠᠬᠤᠶ᠋ᠢᠯᠠᠯ (ᠠᠵᠢᠯ

ᠦᠢ᠍ᠯᠡᠰ)᠎ᠤᠨ ᠨᠢᠭᠡᠴᠡ ᠵᠢᠴᠢ ᠲᠡᠭᠦᠨ᠎ᠤ ᠬᠤᠪᠢ ᠡᠵᠡᠮᠳᠡᠭᠰᠡᠨ (ᠬᠠᠷᠢᠴᠠᠯᠠᠰᠢ ᠥᠬᠡᠶ ᠬᠤᠪᠢ ᠡᠵᠡᠮᠳᠡᠭᠰᠡᠨ ᠪᠠ ᠬᠠᠷᠢᠴᠠᠩᠭᠤᠶ ᠬᠤᠪᠢ ᠡᠵᠡᠮᠳᠡᠭᠰᠡᠨ ᠪᠠᠭᠲᠠᠨ᠎ᠠ) ᠠᠵᠤ ᠠᠬᠤᠶ᠋ᠢᠯᠠᠯ᠎ᠤᠨ ᠨᠢᠭᠡᠴᠡ᠎ᠠᠴᠠ ᠪᠠᠶ᠋ᠢᠭᠤᠯᠤᠭᠰᠠᠨ ᠪᠤᠶᠤ ᠬᠤᠳᠠᠯᠳᠤᠨ ᠠᠪᠤᠭᠰᠠᠨ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ ᠵᠢ ᠵᠢᠭ᠋ᠠᠵᠤ ᠪᠣᠶ᠃
      (10) ᠬᠡᠷ ᠪᠠᠶ᠋ᠢᠰᠢᠩ ᠭᠠᠵᠠᠷ ᠬᠥᠷᠥᠩᠭᠡ ᠵᠢᠨ ᠦᠢ᠍ᠯᠡᠰ᠎ᠤᠨ ᠪᠠᠯᠠ ᠣᠷᠣᠭᠤᠯᠤᠯᠲᠠ᠎ᠳᠤ ᠬᠡᠷ ᠪᠠᠶ᠋ᠢᠰᠢᠩ ᠭᠠᠵᠠᠷ ᠬᠥᠷᠥᠩᠭᠡ ᠵᠢᠨ ᠨᠡᠭᠡᠭᠡᠨ ᠬᠥᠭᠵᠢᠭᠦᠯᠦᠯᠲᠡ ᠵᠢᠨ ᠪᠠᠯᠠ ᠣᠷᠣᠭᠤᠯᠤᠯᠲᠠ᠎ᠠᠴᠠ ᠭᠠᠳᠠᠨ᠎ᠠ᠂ ᠪᠠᠰᠠ ᠪᠥᠲᠥᠭᠡᠨ ᠪᠠᠶ᠋ᠢᠭᠤᠯᠬᠤ ᠨᠢᠭᠡᠴᠢ ᠵᠢᠨ ᠥᠪᠡᠷ ᠵᠶ᠋ᠠᠨ ᠪᠠᠷᠢᠭᠰᠠᠨ ᠬᠡᠷ ᠪᠠᠶ᠋ᠢᠰᠢᠩ ᠵᠢᠴᠢ ᠠᠳᠠᠯ ᠠᠬᠤᠶ ᠵᠢᠨ ᠬᠠᠮᠢᠶᠠᠷᠤᠯᠲᠠ᠂ ᠵᠠᠭᠤᠴᠢ ᠦᠢ᠍ᠯᠡᠴᠢᠯᠡᠭᠡ ᠪᠠ ᠪᠤᠰᠤᠳ ᠬᠡᠷ ᠪᠠᠶ᠋ᠢᠰᠢᠩ ᠭᠠᠵᠠᠷ ᠬᠥᠷᠥᠩᠭᠡ ᠵᠢᠨ ᠪᠠᠯᠠ ᠣᠷᠣᠭᠤᠯᠤᠯᠲᠠ ᠪᠠᠭᠲᠠᠨ᠎ᠠ᠃
      (11) 《ᠨᠢᠭᠡ ᠪᠦᠰᠡ ᠨᠢᠭᠡ ᠵᠠᠮ》 ᠭᠡᠳᠡᠭ᠎ᠨᠢ 《ᠲᠣᠷᠭ᠋ᠠᠨ ᠵᠠᠮ᠎ᠤᠨ ᠠᠵᠤ ᠠᠬᠤᠢ ᠵᠢᠨ ᠪᠦᠰᠡ》 ᠪᠠ 《21 ᠳ᠋ᠤᠭᠡᠷ ᠵᠠᠭᠤᠨ᠎ᠤ ᠲᠠᠯᠠᠢ ᠳᠡᠭᠡᠷᠡᠬᠢ ᠲᠣᠷᠭ᠋ᠠᠨ ᠵᠠᠮ》᠎ᠢ ᠵᠢᠭ᠋ᠠᠵᠤ ᠪᠠᠶ᠋ᠢᠨ᠎ᠠ᠃
     (12) 2022 ᠣᠨ᠎ᠤ ᠴᠠᠬᠢᠯᠭ᠋ᠠᠨ ᠬᠣᠯᠪᠣᠭ᠋ᠠᠨ᠎ᠤ ᠲᠤᠬᠠᠶ᠋ᠢᠯᠠᠭᠰᠠᠨ ᠠᠵᠢᠯ᠎ᠤᠨ ᠶᠡᠷᠦᠩᠬᠡᠶ ᠬᠡᠮᠵᠢᠶ᠎ᠡ ᠵᠢ ᠳᠡᠭᠡᠷ᠎ᠡ ᠵᠢᠯ᠎ᠤᠨ ᠦᠨ᠎ᠡ᠎ᠪᠠᠷ ᠪᠤᠳᠤᠨ᠎ᠠ᠃
     (13) 2022 ᠣᠨ᠎ᠤ ᠰᠢᠦᠳᠠᠨ᠎ᠤ ᠲᠤᠬᠠᠶ᠋ᠢᠯᠠᠭᠰᠠᠨ ᠠᠵᠢᠯ᠎ᠤᠨ ᠶᠡᠷᠦᠩᠬᠡᠢ ᠬᠡᠮᠵᠢᠶ᠎ᠡ ᠵᠢ 2020 ᠣᠨ᠎ᠤ ᠦᠨ᠎ᠡ᠎ᠪᠠᠷ ᠪᠤᠳᠤᠨ᠎ᠠ᠃
      (14) ᠲᠣᠭᠲᠠᠮᠠᠯ ᠢᠨᠲᠸᠷ ᠰᠦᠯᠵᠢᠶᠡᠨ᠎ᠤ ᠥᠷᠭᠡᠨ ᠪᠦᠰᠡᠲᠦ ᠬᠡᠷᠡᠭᠯᠡᠭᠴᠢ᠎ᠨᠢ ᠮᠡᠳᠡᠭᠦᠯᠦᠯᠲᠡ ᠵᠢᠨ ᠬᠤᠭᠤᠴᠠᠭ᠋ᠠᠨ ᠡᠴᠦᠰ᠎ᠲᠤ ᠴᠠᠬᠢᠯᠭ᠋ᠠᠨ ᠬᠣᠯᠪᠣᠭ᠋ᠠᠨ᠎ᠤ ᠠᠵᠤ ᠠᠬᠤᠶ᠋ᠢᠯᠠᠯ᠎ᠳᠤ ᠪᠦᠷᠢᠳᠬᠡᠭᠦᠯᠦᠨ ᠳᠠᠩᠰᠠᠯᠠᠭᠤᠯᠵᠤ᠂ xDSL᠂ FTTx + LAN᠂ FTTH / O ᠵᠢᠴᠢ ᠪᠤᠰᠤᠳ ᠥᠷᠭᠡᠨ ᠪᠦᠰᠡᠲᠦ ᠵᠠᠯᠭ᠋ᠠᠵᠤ ᠣᠷᠣᠭᠤᠯᠬᠤ ᠠᠷᠭ᠎ᠠ ᠮᠠᠶᠢᠭ ᠪᠠ ᠡᠩ᠎ᠤᠨ ᠲᠤᠰᠬᠠᠶ ᠤᠲᠠᠰᠤ᠎ᠪᠠᠷ ᠳᠠᠮᠵᠢᠭᠤᠯᠤᠨ ᠣᠯᠠᠨ ᠨᠡᠶ᠋ᠢᠲᠡ ᠵᠢᠨ ᠢᠨᠲᠸᠷ ᠰᠦᠯᠵᠢᠶᠡᠨ᠎ᠳᠤ ᠵᠠᠯᠭ᠋ᠠᠵᠤ ᠣᠷᠣᠭᠤᠯᠤᠭᠰᠠᠨ ᠬᠡᠷᠡᠭᠯᠡᠭᠴᠢ ᠵᠢ ᠵᠢᠭ᠋ᠠᠵᠤ ᠪᠠᠶ᠋ᠢᠨ᠎ᠠ᠃
      (15) 2021 ᠣᠨ᠎ᠤ᠎ᠬᠢ᠎ᠲᠠᠢ ᠬᠠᠷᠢᠴᠠᠭᠤᠯᠪᠠᠯ᠂ 2022 ᠣᠨ᠎ᠳᠤ ᠪᠠᠩᠬᠢ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ ᠵᠢᠨ ᠪᠦᠷᠢᠳᠬᠡᠯ᠎ᠤᠨ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠪᠠ᠃
       (16) ᠤᠤᠯ ᠳᠠᠭ᠋ᠠᠳᠬᠠᠯ᠎ᠤᠨ ᠵᠠᠷᠤᠳᠠᠯ᠎ᠤᠨ ᠣᠷᠣᠯᠭ᠎ᠠ ᠭᠡᠳᠡᠭ᠎ᠨᠢ ᠳᠠᠭ᠋ᠠᠳᠬᠠᠯ᠎ᠤᠨ ᠠᠵᠤ ᠠᠬᠤᠶ᠋ᠢᠯᠠᠯ᠎ᠤᠨ ᠨᠤᠲᠠᠯᠠᠨ ᠲᠣᠭᠲᠠᠭ᠋ᠠᠭᠰᠠᠨ ᠤᠤᠯ ᠳᠠᠭ᠋ᠠᠳᠬᠠᠯ᠎ᠤᠨ ᠭᠡᠷ᠎ᠡ ᠵᠢᠨ ᠳᠠᠭ᠋ᠠᠳᠬᠠᠯ᠎ᠤᠨ ᠵᠠᠷᠤᠳᠠᠯ᠎ᠤᠨ ᠣᠷᠣᠯᠭ᠎ᠠ ᠵᠢ ᠵᠢᠭ᠋ᠠᠵᠤ ᠪᠠᠶ᠋ᠢᠨ᠎ᠠ᠃
      (17) 2021 ᠣᠨ᠎ᠤ᠎ᠬᠢ᠎ᠲᠠᠢ ᠬᠠᠷᠢᠴᠠᠭᠤᠯᠪᠠᠯ᠂ ᠡᠯ᠎ᠡ ᠲᠥᠷᠥᠯ᠎ᠤᠨ ᠨᠡᠶ᠋ᠢᠭᠡᠮ᠎ᠤᠨ ᠠᠰᠠᠷᠠᠮᠵᠢ ᠵᠢᠨ ᠬᠦᠷᠢᠶᠡᠯᠡᠩ᠎ᠤᠨ ᠡᠷᠭᠦᠨ ᠲᠡᠵᠢᠭᠡᠭᠰᠡᠨ ᠬᠥᠮᠦᠨ᠎ᠤ ᠲᠣᠭ᠎ᠠ ᠵᠢ ᠪᠦᠷᠢᠳᠬᠡᠬᠦ ᠪᠠᠷᠢᠮᠵᠢᠶ᠎ᠠ᠎ᠳᠤ ᠬᠤᠪᠢᠷᠠᠯᠲᠠ ᠭᠠᠷᠴᠠᠶ᠂ ᠡᠭᠦᠨ᠎ᠳᠤ ᠨᠠᠰᠤᠲᠠᠶ᠋ᠢᠴᠤᠳ᠎ᠤᠨ ᠠᠰᠠᠷᠠᠮᠵᠢ ᠵᠢᠨ ᠬᠦᠷᠢᠶᠡᠯᠡᠩ᠂ ᠨᠠᠰᠤᠲᠠᠨ᠎ᠢ ᠠᠰᠠᠷᠠᠬᠤ ᠬᠦᠷᠢᠶᠡᠯᠡᠩ᠂ ᠬᠡᠦᠬᠡᠳ᠎ᠤᠨ ᠠᠰᠠᠷᠠᠮᠵᠢ ᠵᠢᠨ ᠬᠦᠷᠢᠶᠡᠯᠡᠩ᠎ᠤᠨ ᠲᠣᠭ᠎ᠠ ᠪᠠᠷᠢᠮᠲᠠ ᠪᠠᠭᠲᠠᠨ᠎ᠠ᠃
      ᠮᠠᠲ᠋ᠧᠷᠢᠶᠠᠯ᠎ᠤᠨ ᠢᠷᠡᠯᠲᠡ᠄
      ᠲᠤᠰ ᠠᠯᠪᠠᠨ ᠮᠡᠳᠡᠭᠡ᠎ᠳᠠᠬᠢ ᠬᠣᠲᠠ ᠪᠠᠯᠭ᠋ᠠᠰᠤᠨ᠎ᠤ ᠰᠢᠨ᠎ᠡ᠎ᠪᠠᠷ ᠨᠡᠮᠡᠭᠳᠡᠭᠰᠡᠨ ᠠᠵᠢᠯ ᠣᠯᠭᠣᠯᠲᠠ᠂ ᠨᠡᠶ᠋ᠢᠭᠡᠮ᠎ᠤᠨ ᠪᠠᠲᠤᠯᠠᠭ᠎ᠠ ᠵᠢᠨ ᠲᠣᠭ᠎ᠠ ᠪᠠᠷᠢᠮᠲᠠ᠎ᠨᠢ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠠᠴᠠ ᠢᠷᠡᠯᠲᠡ᠎ᠲᠠᠢ; ᠦᠨ᠎ᠡ ᠬᠠᠩᠰᠢ ᠵᠢᠨ ᠵᠢᠭ᠋ᠠᠯᠲᠠ ᠲᠣᠭ᠎ᠠ᠂ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠬᠡᠷᠡᠭᠯᠡᠭᠡ᠂ ᠠᠮᠤ ᠪᠤᠳᠠᠭ᠎ᠠ ᠳᠠᠷᠢᠬᠤ ᠲᠠᠯᠠᠪᠠᠶ᠂ ᠠᠮᠤ ᠪᠤᠳᠠᠭ᠋ᠠᠨ᠎ᠤ ᠤᠨᠠᠯᠲᠠ᠂ ᠭᠠᠬᠠᠶ ᠦᠬᠡᠷ ᠬᠣᠨᠢ ᠵᠢᠭᠦᠷᠲᠡᠨ᠎ᠤ ᠮᠢᠬᠠᠨ᠎ᠤ ᠭᠠᠷᠤᠯᠲᠠ᠂ ᠵᠢᠭᠦᠷᠲᠡᠨ᠎ᠤ ᠥᠨᠳᠡᠭᠡᠨ᠎ᠤ ᠭᠠᠷᠤᠯᠲᠠ᠂ ᠦᠨᠢᠶᠡᠨ ᠰᠦ ᠵᠢᠨ ᠭᠠᠷᠤᠯᠲᠠ᠂ ᠭᠠᠬᠠᠶ ᠦᠬᠡᠷ ᠬᠣᠨᠢ ᠵᠢᠭᠦᠷᠲᠡᠨ᠎ᠤ ᠲᠣᠭ᠎ᠠ ᠪᠠᠷᠢᠮᠲᠠ᠎ᠨᠢ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠥᠪᠥᠷ ᠮᠣᠩᠭᠣᠯ᠎ᠤᠨ ᠪᠠᠶ᠋ᠢᠴᠠᠭ᠋ᠠᠯᠲᠠ ᠵᠢᠨ ᠶᠡᠷᠦᠩᠬᠡᠶ ᠠᠩᠭᠢ᠎ᠠᠴᠠ ᠢᠷᠡᠯᠲᠡ᠎ᠲᠠᠢ; ᠴᠠᠬᠢᠯᠭ᠋ᠠᠨ ᠭᠠᠷᠭ᠋ᠠᠬᠤ ᠮᠠᠰᠢᠨ ᠴᠣᠭᠴᠠᠯᠠᠪᠤᠷᠢ ᠵᠢᠨ ᠪᠠᠭᠲᠠᠭ᠋ᠠᠮᠵᠢ ᠵᠢᠨ ᠲᠣᠭ᠎ᠠ ᠪᠠᠷᠢᠮᠲᠠ᠎ᠨᠢ ᠴᠠᠬᠢᠯᠭ᠋ᠠᠨ ᠬᠦᠴᠦᠨ᠎ᠤ ᠠᠵᠢᠯ ᠲᠥᠷᠥᠯ᠎ᠤᠨ ᠨᠡᠶ᠋ᠢᠭᠡᠮᠯᠢᠭ᠎ᠠᠴᠠ ᠢᠷᠡᠯᠲᠡ᠎ᠲᠠᠢ; ᠭᠠᠳᠠᠭ᠋ᠠᠳᠤ ᠠᠷᠠᠯᠵᠢᠶᠠᠨ᠎ᠤ ᠲᠣᠭ᠎ᠠ ᠪᠠᠷᠢᠮᠲᠠ᠎ᠨᠢ ᠬᠥᠬᠡᠬᠣᠲᠠ ᠪᠣᠭᠣᠮᠲᠠ᠎ᠠᠴᠠ ᠢᠷᠡᠯᠲᠡ᠎ᠲᠠᠢ; ᠪᠣᠳᠠᠲᠠᠶ ᠬᠡᠷᠡᠭᠯᠡᠭᠰᠡᠨ ᠭᠠᠳᠠᠭ᠋ᠠᠳᠤ ᠪᠠᠯᠠ ᠵᠢᠨ ᠲᠣᠭ᠎ᠠ ᠪᠠᠷᠢᠮᠲᠠ᠎ᠨᠢ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠠᠴᠠ ᠢᠷᠡᠯᠲᠡ᠎ᠲᠠᠢ; ᠳᠠᠩᠰᠠᠯᠠᠭᠤᠯᠤᠭᠰᠠᠨ ᠠᠵᠤ ᠠᠬᠤᠶ᠋ᠢᠯᠠᠯ᠎ᠤᠨ ᠲᠣᠭ᠎ᠠ᠂ ᠲᠤᠰᠬᠠᠶ ᠠᠰᠢᠭ᠎ᠤᠨ ᠲᠣᠭ᠎ᠠ ᠪᠠᠷᠢᠮᠲᠠ᠎ᠨᠢ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠠᠴᠠ ᠢᠷᠡᠯᠲᠡ᠎ᠲᠠᠢ; ᠠᠶᠠᠨᠴᠢᠳ ᠪᠠ ᠪᠠᠷᠠᠭ᠋ᠠᠨ᠎ᠤ ᠲᠡᠭᠡᠭᠡᠪᠦᠷᠢ ᠵᠢᠨ ᠬᠡᠮᠵᠢᠶ᠎ᠡ᠂ ᠠᠶᠠᠨᠴᠢᠳ ᠪᠠ ᠪᠠᠷᠠᠭ᠋ᠠᠨ᠎ᠤ ᠲᠡᠭᠡᠭᠡᠪᠦᠷᠢ ᠵᠢᠨ ᠡᠷᠭᠢᠯᠲᠡ ᠵᠢᠨ ᠬᠡᠮᠵᠢᠶ᠎ᠡ ᠵᠢᠨ ᠲᠣᠭ᠎ᠠ ᠪᠠᠷᠢᠮᠲᠠ᠎ᠨᠢ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠲᠡᠮᠦᠷ ᠵᠠᠮ᠎ᠤᠨ ᠰᠠᠯᠠᠭ᠎ᠠ ᠮᠥᠴᠢᠷ ᠪᠣᠯᠤᠨ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠰᠠᠯᠠᠭ᠎ᠠ ᠮᠥᠴᠢᠷ᠎ᠠᠴᠠ ᠢᠷᠡᠯᠲᠡ᠎ᠲᠠᠢ; ᠠᠷᠠᠳ᠎ᠤᠨ ᠬᠡᠷᠡᠭᠯᠡᠭᠡᠨ᠎ᠤ ᠮᠠᠰᠢᠨ ᠲᠡᠷᠭᠡ᠂ ᠵᠠᠮ ᠬᠠᠷᠢᠯᠴᠠᠭ᠋ᠠᠨ᠎ᠤ ᠡᠨᠳᠡᠯ᠎ᠤᠨ ᠲᠣᠭ᠎ᠠ ᠪᠠᠷᠢᠮᠲᠠ᠎ᠨᠢ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠠᠴᠠ ᠢᠷᠡᠯᠲᠡ᠎ᠲᠠᠢ; ᠴᠠᠬᠢᠯᠭ᠋ᠠᠨ ᠬᠣᠯᠪᠣᠭ᠋ᠠᠨ᠎ᠤ ᠲᠣᠭ᠎ᠠ᠂ ᠳ᠋ᠢᠶᠠᠩᠬᠤᠸᠠ ᠵᠢᠨ ᠲᠣᠭ᠎ᠠ᠂ ᠰᠢᠯᠵᠢᠮᠡᠯ ᠢᠨᠲ᠋ᠧᠷ ᠰᠦᠯᠵᠢᠶᠡᠨ᠎ᠤ ᠲᠣᠭ᠎ᠠ᠎ᠨᠢ ᠴᠢᠮᠡᠭᠡ ᠬᠣᠯᠪᠣᠭ᠋ᠠᠨ᠎ᠤ ᠬᠠᠮᠢᠶᠠᠷᠤᠯᠲᠠ ᠵᠢᠨ ᠲᠣᠪᠴᠢᠶ᠎ᠠ᠎ᠠᠴᠠ ᠢᠷᠡᠯᠲᠡ᠎ᠲᠠᠢ; ᠰᠢᠤᠳᠠᠨ᠎ᠤ ᠠᠵᠢᠯ᠎ᠤᠨ ᠬᠡᠮᠵᠢᠶ᠎ᠡ᠂ ᠲᠦᠷᠭᠡᠨ ᠬᠦᠷᠭᠡᠬᠦ ᠠᠵᠢᠯ᠎ᠤᠨ ᠬᠡᠮᠵᠢᠶ᠎ᠡ ᠵᠢᠨ ᠲᠣᠭ᠎ᠠ ᠪᠠᠷᠢᠮᠲᠠ᠎ᠨᠢ ᠰᠢᠤᠳᠠᠨ᠎ᠤ ᠬᠠᠮᠢᠶᠠᠷᠤᠯᠲᠠ ᠵᠢᠨ ᠲᠣᠪᠴᠢᠶ᠎ᠠ᠎ᠠᠴᠠ ᠢᠷᠡᠯᠲᠡ᠎ᠲᠠᠢ; ᠤᠷᠠᠯᠢᠭ᠎ᠤᠨ ᠲᠣᠭᠯᠠᠯᠲᠠ ᠵᠢᠨ ᠪᠦᠯᠬᠦᠮ᠂ ᠰᠣᠶᠣᠯ᠎ᠤᠨ ᠣᠷᠳᠣᠨ᠂ ᠣᠯᠠᠨ ᠨᠡᠶ᠋ᠢᠲᠡ ᠵᠢᠨ ᠨᠣᠮ᠎ᠤᠨ ᠰᠠᠩ᠂ ᠮᠦᠽᠧᠶ᠂ ᠵᠢᠭᠤᠯᠴᠢᠯᠠᠯ᠎ᠤᠨ ᠲᠣᠭ᠎ᠠ ᠪᠠᠷᠢᠮᠲᠠ᠎ᠨᠢ ᠰᠣᠶᠣᠯ ᠪᠠ ᠵᠢᠭᠤᠯᠴᠢᠯᠠᠯ᠎ᠤᠨ ᠲᠢᠩᠬᠢᠮ᠎ᠠᠴᠠ ᠢᠷᠡᠯᠲᠡ᠎ᠲᠠᠢ; ᠳᠠᠩᠰᠠ ᠡᠪᠬᠡᠮᠡᠯ᠎ᠤᠨ ᠲᠣᠭ᠎ᠠ ᠪᠠᠷᠢᠮᠲᠠ᠎ᠨᠢ ᠳᠠᠩᠰᠠ ᠡᠪᠬᠡᠮᠡᠯ᠎ᠤᠨ ᠲᠣᠪᠴᠢᠶ᠎ᠠ᠎ᠠᠴᠠ ᠢᠷᠡᠵᠡᠢ; ᠡᠳ᠋᠎ᠤᠨ ᠵᠠᠰᠠᠭ᠎ᠤᠨ ᠲᠣᠭ᠎ᠠ ᠪᠠᠷᠢᠮᠲᠠ᠎ᠨᠢ ᠡᠳ᠋᠎ᠤᠨ ᠵᠠᠰᠠᠭ᠎ᠤᠨ ᠲᠢᠩᠬᠢᠮ᠎ᠠᠴᠠ ᠢᠷᠡᠯᠲᠡ᠎ᠲᠠᠢ; ᠮᠥᠩᠭᠥᠨ ᠭᠦᠢ᠍ᠯᠭᠡᠭᠡᠨ᠎ᠤ ᠲᠣᠭ᠎ᠠ ᠪᠠᠷᠢᠮᠲᠠ᠎ᠨᠢ ᠠᠷᠠᠳ᠎ᠤᠨ ᠪᠠᠩᠬᠢ ᠵᠢᠨ ᠬᠥᠬᠡᠬᠣᠲᠠ ᠲᠥᠪ ᠰᠠᠯᠪᠤᠷᠢ ᠪᠠᠩᠬᠢ᠎ᠠᠴᠠ ᠢᠷᠡᠯᠲᠡ᠎ᠲᠠᠢ; ᠳᠠᠭ᠋ᠠᠳᠬᠠᠯ᠎ᠤᠨ ᠲᠣᠭ᠎ᠠ ᠪᠠᠷᠢᠮᠲᠠ᠎ᠨᠢ ᠪᠠᠩᠬᠢ ᠳᠠᠭ᠋ᠠᠳᠬᠠᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠠᠴᠠ ᠢᠷᠡᠯᠲᠡ᠎ᠲᠠᠢ; ᠡᠮᠴᠢᠯᠡᠭᠡᠨ᠎ᠤ ᠪᠠᠲᠤᠯᠠᠭ᠎ᠠ ᠵᠢᠨ ᠲᠣᠭ᠎ᠠ ᠪᠠᠷᠢᠮᠲᠠ᠎ᠨᠢ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠠᠴᠠ ᠢᠷᠡᠯᠲᠡ᠎ᠲᠠᠢ; ᠰᠤᠷᠭ᠋ᠠᠨ ᠬᠥᠮᠦᠵᠢᠯ᠎ᠤᠨ ᠲᠣᠭ᠎ᠠ ᠪᠠᠷᠢᠮᠲᠠ᠎ᠨᠢ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠢᠷᠡᠯᠲᠡ᠎ᠲᠠᠢ; ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥᠯ  ᠵᠦᠢ᠍ᠯ᠂ ᠭᠡᠷ᠎ᠡ ᠵᠢᠨ ᠠᠷᠠᠯᠵᠢᠶ᠎ᠠ ᠪᠦᠲᠦᠭᠰᠡᠨ ᠵᠣᠭᠣᠰ᠎ᠤᠨ ᠲᠣᠭ᠎ᠠ ᠪᠠᠷᠢᠮᠲᠠ᠎ᠨᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠠᠴᠠ ᠢᠷᠡᠯᠲᠡ᠎ᠲᠠᠢ; ᠲᠧᠯᠸᠢᠰ᠂ ᠷᠠᠳᠢᠣ᠋ ᠨᠡᠪᠲᠡᠷᠡᠭᠦᠯᠭᠡ ᠵᠢᠨ ᠲᠣᠭ᠎ᠠ ᠪᠠᠷᠢᠮᠲᠠ᠎ᠨᠢ ᠷᠠᠳᠢᠣ᠋ ᠲᠧᠯᠸᠢᠰ᠎ᠤᠨ ᠲᠣᠪᠴᠢᠶ᠎ᠠ᠎ᠠᠴᠠ ᠢᠷᠡᠯᠲᠡ

᠎ᠲᠠᠢ; ᠬᠡᠪᠯᠡᠯ᠎ᠤᠨ ᠲᠣᠭ᠎ᠠ ᠪᠠᠷᠢᠮᠲᠠ᠎ᠨᠢ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠠᠴᠠ ᠢᠷᠡᠯᠲᠡ᠎ᠲᠠᠢ; ᠪᠡᠶ᠎ᠡ ᠵᠢᠨ ᠲᠠᠮᠢᠷ᠎ᠤᠨ ᠲᠣᠭ᠎ᠠ ᠪᠠᠷᠢᠮᠲᠠ᠎ᠨᠢ ᠪᠡᠶ᠎ᠡ ᠵᠢᠨ ᠲᠠᠮᠢᠷ᠎ᠤᠨ ᠲᠣᠪᠴᠢᠶ᠎ᠠ᠎ᠠᠴᠠ ᠢᠷᠡᠯᠲᠡ᠎ᠲᠠᠢ; ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠲᠣᠭ᠎ᠠ ᠪᠠᠷᠢᠮᠲᠠ᠎ᠨᠢ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠠᠴᠠ ᠢᠷᠡᠯᠲᠡ᠎ᠲᠠᠢ; ᠨᠡᠶ᠋ᠢᠭᠡᠮ ᠲᠣᠭᠣᠷᠢᠭ᠎ᠤᠨ ᠦᠢ᠍ᠯᠡᠴᠢᠯᠡᠭᠡᠨ᠎ᠤ ᠪᠡᠯᠡᠳᠬᠡᠮᠵᠢ ᠵᠢᠨ ᠲᠣᠭ᠎ᠠ᠂ ᠠᠰᠠᠷᠠᠮᠵᠢ ᠵᠢᠨ ᠬᠦᠷᠢᠶᠡᠯᠡᠩ᠂ ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ᠂ ᠠᠰᠠᠷᠠᠮᠵᠢ ᠵᠢᠨ ᠱᠠᠩᠨᠠᠯᠲᠤ ᠰᠤᠭᠤᠯᠤᠭ᠎ᠠ ᠵᠢᠨ ᠲᠣᠭ᠎ᠠ ᠪᠠᠷᠢᠮᠲᠠ᠎ᠨᠢ ᠠᠷᠠᠳ᠎ᠤᠨ ᠶᠠᠪᠤᠳᠠᠯ᠎ᠤᠨ ᠲᠢᠩᠬᠢᠮ᠎ᠠᠴᠠ ᠢᠷᠡᠯᠲᠡ᠎ᠲᠠᠢ; ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ

ᠣᠷᠣᠨ᠂ ᠣᠶ ᠰᠢᠭᠤᠶ ᠵᠢᠨ ᠲᠣᠭ᠎ᠠ ᠪᠠᠷᠢᠮᠲᠠ᠎ᠨᠢ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠢᠷᠡᠯᠲᠡ᠎ᠲᠠᠢ; ᠠᠭ᠋ᠠᠷ᠎ᠤᠨ ᠶᠠᠰᠤ ᠴᠢᠨᠠᠷ᠎ᠤᠨ ᠲᠣᠭ᠎ᠠ ᠪᠠᠷᠢᠮᠲᠠ᠎ᠨᠢ ᠠᠮᠢ ᠠᠬᠤᠶ ᠣᠷᠴᠢᠨ ᠲᠣᠭᠣᠷᠢᠨ᠎ᠤ ᠲᠢᠩᠬᠢᠮ᠎ᠠᠴᠠ ᠢᠷᠡᠯᠲᠡ᠎ᠲᠠᠢ; ᠦᠢ᠍ᠯᠡᠳᠪᠦᠷᠢᠯᠡᠯ᠎ᠤᠨ ᠠᠮᠤᠷ ᠲᠦᠪᠰᠢᠨ᠎ᠤ ᠡᠨᠳᠡᠯ᠎ᠤᠨ ᠲᠣᠭ᠎ᠠ ᠪᠠᠷᠢᠮᠲᠠ᠎ᠨᠢ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ᠎ᠠᠴᠠ ᠢᠷᠡᠯᠲᠡ᠎ᠲᠠᠢ; ᠨᠡᠭᠦᠷᠡᠰᠦᠨ ᠠᠭᠤᠷᠬᠠᠶ ᠵᠢᠨ ᠵᠠᠭᠤᠨ ᠲᠦᠮᠡᠨ ᠲᠣᠨ᠎ᠤ ᠡᠨᠳᠡᠯ᠎ᠤᠨ ᠨᠣᠷᠮ᠎ᠠ ᠵᠢᠨ ᠲᠣᠭ᠎ᠠ ᠪᠠᠷᠢᠮᠲᠠ᠎ᠨᠢ ᠤᠯᠤᠰ᠎ᠤᠨ ᠠᠭᠤᠷᠬᠠᠶ ᠵᠢᠨ ᠠᠮᠤᠷ ᠲᠦᠪᠰᠢᠨ᠎ᠤ ᠬᠢᠨᠠᠨ ᠪᠠᠶ᠋ᠢᠴᠠᠭ᠋ᠠᠬᠤ ᠲᠣᠪᠴᠢᠶ᠎ᠠ ᠵᠢᠨ ᠥᠪᠥᠷ ᠮᠣᠩᠭᠣᠯ᠎ᠤᠨ ᠲᠣᠪᠴᠢᠶ᠎ᠠ᠎ᠠᠴᠠ ᠢᠷᠡᠯᠲᠡ᠎ᠲᠠᠢ; ᠪᠤᠰᠤᠳ ᠲᠣᠭ᠎ᠠ ᠪᠠᠷᠢᠮᠲᠠ᠎ᠨᠢ ᠴᠥᠮ ᠲᠣᠭ᠎ᠠ ᠪᠦᠷᠢᠳᠬᠡᠯ᠎ᠤᠨ ᠲᠣᠪᠴᠢᠶ᠎ᠠ᠎ᠠᠴᠠ ᠢᠷᠡᠯᠲᠡ᠎ᠲᠠᠢ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
2022 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠠᠷᠤᠳᠠᠯ᠎ᠤᠨ ᠣᠷᠣᠭᠤᠯᠤᠯᠲᠠ ᠵᠢᠨ ᠲᠤᠭ᠎ᠠ ᠪᠦᠷᠢᠳᠬᠡᠯ᠎ᠤᠨ ᠠᠯᠪᠠᠨ ᠮᠡᠳᠡᠭᠡ
2023 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠩᠭᠤ ᠰᠠᠭᠤᠭ᠎ᠠ ᠬᠥᠮᠦᠨ ᠠᠮᠠ ᠵᠢᠨ ᠭᠤᠤᠯ ᠲᠣᠭ᠎ᠠ ᠪᠠᠷᠢᠮᠲᠠ ᠵᠢᠨ ᠠᠯᠪᠠᠨ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2023 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠪᠦᠷᠢᠳᠬᠡᠯ᠎ᠤᠨ ᠠᠯᠪᠠᠨ ᠮᠡᠳᠡᠭᠡ
 
            