ᠲᠡᠷᠢᠭᠦᠨ ᠬᠠᠭᠤᠳᠠᠰᠤ
ᠠᠵᠢᠯ᠎ᠤᠨ ᠪᠠᠶ᠋ᠢᠳᠠᠯ
ᠢᠯᠡ ᠵᠠᠰᠠᠭ
ᠲᠤᠭ᠎ᠠ ᠪᠦᠷᠢᠳᠭᠡᠯ᠎ᠤᠨ ᠦᠢᠯᠡᠴᠢᠯᠡᠭᠡ
ᠢᠯᠡ ᠵᠠᠰᠠᠭ   -   ᠠᠯᠪᠠᠨ ᠮᠡᠳᠡᠭᠡ
2023 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠵᠠᠷᠤᠳᠠᠯ᠎ᠤᠨ ᠣᠷᠣᠭᠤᠯᠤᠯᠲᠠ ᠵᠢᠨ ᠲᠤᠭ᠎ᠠ ᠪᠦᠷᠢᠳᠬᠡᠯ᠎ᠤᠨ ᠠᠯᠪᠠᠨ ᠮᠡᠳᠡᠭᠡ
ᠨᠡᠶ᠋ᠢᠲᠡᠯᠡᠭᠰᠡᠨ ᠴᠠᠭ᠄ 2024-10-12

     2023 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ

     ᠲᠧᠭᠨᠢᠭ ᠮᠡᠷᠭᠡᠵᠢᠯ᠎ᠤᠨ ᠵᠠᠷᠤᠳᠠᠯ᠎ᠤᠨ ᠣᠷᠣᠭᠤᠯᠤᠯᠲᠠ ᠵᠢᠨ ᠲᠤᠭ᠎ᠠ ᠪᠦᠷᠢᠳᠬᠡᠯ᠎ᠤᠨ ᠠᠯᠪᠠᠨ ᠮᠡᠳᠡᠭᠡ [1]


           ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ
            ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ
            ᠡᠳ᠋᠎ᠤᠨ ᠵᠠᠰᠠᠭ᠎ᠤᠨ ᠲᠢᠩᠬᠢᠮ
                  2024 ᠣᠨ᠎ᠤ 10 ᠰᠠᠷ᠎ᠠ ᠵᠢᠨ 12᠎ᠤᠨ ᠡᠳᠦᠷ


    2023 ᠣᠨ᠎ᠳᠤ᠂ ᠥᠪᠥᠷ ᠮᠣᠩᠭᠣᠯ ᠲᠥᠷᠥ ᠵᠢᠨ ᠶᠠᠪᠤᠳᠠᠯ᠎ᠤᠨ ᠬᠣᠷᠢᠶᠠᠨ᠎ᠤ 《ᠥᠪᠥᠷ ᠮᠣᠩᠭᠣᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠲᠤᠬᠠᠶ ᠰᠠᠨᠠᠯ》᠎ᠢ ᠭᠦᠨᠵᠡᠭᠡᠶ ᠨᠠᠶ᠋ᠢᠳᠠᠪᠤᠷᠢᠵᠢᠭᠤᠯᠵᠤ᠂ 《ᠬᠣᠶᠠᠷ ᠶᠡᠬᠡ ᠶᠠᠪᠤᠳᠠᠯ》᠎ᠢ ᠰᠠᠶ᠋ᠢᠲᠤᠷ ᠬᠢᠬᠦ᠎ᠳᠤ ᠪᠥᠬᠥ ᠲᠠᠯ᠎ᠠ᠎ᠪᠠᠷ ᠠᠩᠬᠠᠷᠤᠯ ᠵᠶ᠋ᠠᠨ ᠲᠥᠪᠯᠡᠷᠡᠭᠦᠯᠵᠦ᠂ 《ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠵᠶ᠋ᠠᠷ ᠥᠪᠥᠷ ᠮᠣᠩᠭᠣᠯ ᠵᠶ᠋ᠠᠨ ᠮᠠᠨᠳᠤᠭᠤᠯᠬᠤ》 ᠠᠵᠢᠯᠯᠠᠭ᠎ᠠ ᠵᠢ ᠦᠷᠭᠦᠯᠵᠢᠯᠡᠨ ᠭᠦᠨᠵᠡᠭᠡᠶ᠋ᠢᠷᠡᠭᠦᠯᠵᠦ᠂ ᠰᠤᠳᠤᠯᠭ᠋ᠠᠨ ᠪᠠ ᠲᠤᠷᠰᠢᠯᠲᠠ ᠵᠢᠨ ᠬᠥᠭᠵᠢᠯᠲᠡ (R&D) ᠵᠢᠨ ᠵᠠᠷᠤᠳᠠᠯ᠎ᠤᠨ ᠣᠷᠣᠭᠤᠯᠤᠯᠲᠠ ᠵᠢ ᠲᠣᠭᠲᠠᠭᠤᠨ ᠵᠶ᠋ᠠᠷ ᠨᠡᠮᠡᠭᠳᠡᠭᠦᠯᠵᠦ᠂ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠵᠠᠷᠤᠯᠭ᠎ᠠ ᠵᠢ ᠲᠦᠷᠭᠡᠳᠬᠡᠨ ᠳᠡᠭᠡᠭᠰᠢᠯᠡᠭᠦᠯᠵᠦ᠂ ᠠᠵᠤ ᠠᠬᠤᠶ᠋ᠢᠯᠠᠯ᠎ᠤᠨ ᠰᠢᠨ᠎ᠡ ᠵᠢ ᠡᠭᠦᠳᠬᠦ ᠭᠤᠤᠯ ᠴᠣᠭᠴᠠ ᠵᠢᠨ ᠪᠠᠶ᠋ᠢᠷᠢ ᠰᠠᠭᠤᠷᠢ ᠵᠢ ᠤᠯᠠᠮ ᠨᠢᠭᠡ ᠠᠯᠬᠤᠮ ᠳᠣᠪᠣᠶ᠋ᠢᠯᠭ᠋ᠠᠪᠠ᠃
    ᠨᠢᠭᠡ᠂ ᠰᠤᠳᠤᠯᠭ᠋ᠠᠨ ᠪᠠ ᠲᠤᠷᠰᠢᠯᠲᠠ ᠵᠢᠨ ᠬᠥᠭᠵᠢᠯᠲᠡ (R&D) ᠵᠢᠨ ᠵᠠᠷᠤᠳᠠᠯ᠎ᠤᠨ ᠪᠠᠶ᠋ᠢᠳᠠᠯ
    2023 ᠣᠨ᠎ᠳᠤ᠂ ᠪᠥᠬᠥ ᠣᠷᠣᠨ ᠨᠡᠶ᠋ᠢᠲᠡ ᠰᠤᠳᠤᠯᠭ᠋ᠠᠨ ᠪᠠ ᠲᠤᠷᠰᠢᠯᠲᠠ ᠵᠢᠨ ᠬᠥᠭᠵᠢᠯᠲᠡ (R& D) ᠵᠢᠨ ᠵᠠᠷᠤᠳᠠᠯ 228.1 ᠳ᠋ᠦᠩᠰᠢᠭᠤᠷ ᠲᠥᠭᠥᠷᠢᠭ ᠣᠷᠣᠭᠤᠯᠵᠤ᠂ ᠳᠡᠭᠡᠷ᠎ᠡ ᠵᠢᠯ᠎ᠤᠨ᠎ᠬᠢ᠎ᠠᠴᠠ 18.6 ᠳ᠋ᠦᠩᠰᠢᠭᠤᠷ ᠲᠥᠭᠥᠷᠢᠭ ᠨᠡᠮᠡᠭᠳᠡᠵᠦ᠂ 8.9%᠎ᠪᠠᠷ ᠨᠡᠮᠡᠭᠳᠡᠪᠡ; ᠰᠤᠳᠤᠯᠭ᠋ᠠᠨ ᠪᠠ ᠲᠤᠷᠰᠢᠯᠲᠠ ᠵᠢᠨ ᠬᠥᠭᠵᠢᠯᠲᠡ (R&D) ᠵᠢᠨ ᠵᠠᠷᠤᠳᠠᠯ᠎ᠤᠨ ᠣᠷᠣᠭᠤᠯᠤᠯᠲᠠ ᠵᠢᠨ ᠬᠦᠴᠦᠯᠡᠴᠡ (ᠣᠷᠣᠨ ᠨᠤᠲᠤᠭ᠎ᠤᠨ ᠦᠢ᠍ᠯᠡᠳᠪᠦᠷᠢᠯᠡᠯ᠎ᠤᠨ ᠶᠡᠷᠦᠩᠬᠡᠢ ᠦᠷᠳᠡᠭ᠎ᠯᠦᠭᠡ ᠵᠢᠨ ᠬᠠᠷᠢᠴᠠᠯ [2])᠎ᠨᠢ 0.93% ᠪᠠᠶ᠋ᠢᠵᠤ᠂ ᠲᠦᠷᠦᠭᠦᠦ ᠵᠢᠯ᠎ᠤᠨ᠎ᠬᠢ᠎ᠠᠴᠠ 0.03 ᠵᠠᠭᠤᠨ᠎ᠤ ᠬᠤᠪᠢ ᠵᠢᠨ ᠴᠡᠭ ᠳᠡᠭᠡᠭᠰᠢᠯᠡᠪᠡ᠃ ᠰᠤᠳᠤᠯᠭ᠋ᠠᠨ ᠪᠠ ᠲᠤᠷᠰᠢᠯᠲᠠ ᠵᠢᠨ ᠬᠥᠭᠵᠢᠯᠲᠡ (R&D) ᠵᠢᠨ ᠠᠵᠢᠯᠲᠠᠨ᠎ᠤ ᠪᠥᠬᠥ ᠴᠠᠭ᠎ᠤᠨ ᠠᠵᠢᠯ᠎ᠤᠨ ᠬᠡᠮᠵᠢᠶ᠎ᠡ᠎ᠪᠠᠷ ᠪᠤᠳᠤᠭᠰᠠᠨ ᠬᠥᠮᠦᠨ ᠳᠤᠮᠳᠠᠴᠢ ᠵᠢᠨ ᠵᠠᠷᠤᠳᠠᠯ᠎ᠨᠢ 56.4 ᠲᠦᠮᠡᠨ ᠲᠥᠭᠥᠷᠢᠭ ᠪᠠᠶ᠋ᠢᠵᠤ᠂ ᠲᠦᠷᠦᠭᠦᠦ ᠵᠢᠯ᠎ᠤᠨ᠎ᠬᠢ᠎ᠠᠴᠠ 0.8 ᠲᠦᠮᠡᠨ ᠲᠥᠭᠥᠷᠢᠭ ᠨᠡᠮᠡᠭᠳᠡᠪᠡ᠃
    ᠠᠵᠢᠯᠯᠠᠭ᠎ᠠ ᠵᠢᠨ ᠲᠥᠷᠥᠯ ᠬᠡᠯᠪᠡᠷᠢ᠎ᠠᠴᠠ ᠦᠵᠡᠪᠡᠯ᠂ ᠪᠥᠬᠥ ᠣᠷᠣᠨ᠎ᠤ ᠰᠠᠭᠤᠷᠢ ᠰᠤᠳᠤᠯᠭ᠋ᠠᠨ᠎ᠤ ᠵᠠᠷᠤᠳᠠᠯ 7.6 ᠳ᠋ᠦᠩᠰᠢᠭᠤᠷ ᠲᠥᠭᠥᠷᠢᠭ᠎ᠲᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 5.6%᠎ᠪᠠᠷ ᠪᠠᠭᠤᠷᠠᠪᠠ; ᠬᠡᠷᠡᠭᠯᠡᠭᠡᠨ᠎ᠤ ᠰᠤᠳᠤᠯᠤᠯ᠎ᠤᠨ ᠵᠠᠷᠤᠳᠠᠯ 17.0 ᠳ᠋ᠦᠩᠰᠢᠭᠤᠷ ᠲᠥᠭᠥᠷᠢᠭ ᠪᠠᠶ᠋ᠢᠵᠤ᠂ 1.3%᠎ᠪᠠᠷ ᠨᠡᠮᠡᠭᠳᠡᠪᠡ; ᠲᠤᠷᠰᠢᠯᠲᠠ ᠵᠢᠨ ᠬᠥᠭᠵᠢᠯᠲᠡ ᠵᠢᠨ ᠵᠠᠷᠤᠳᠠᠯ 203.5 ᠳ᠋ᠦᠩᠰᠢᠭᠤᠷ ᠲᠥᠭᠥᠷᠢᠭ᠎ᠲᠤ ᠬᠦᠷᠴᠦ᠂ 10.2% ᠵᠶ᠋ᠠᠷ ᠨᠡᠮᠡᠭᠳᠡᠪᠡ᠃ ᠰᠠᠭᠤᠷᠢ ᠰᠤᠳᠤᠯᠭ᠋ᠠᠨ᠂ ᠬᠡᠷᠡᠭᠯᠡᠭᠡᠨ᠎ᠤ ᠰᠤᠳᠤᠯᠭ᠋ᠠᠨ ᠪᠠ ᠲᠤᠷᠰᠢᠯᠲᠠ ᠵᠢᠨ ᠬᠥᠭᠵᠢᠯᠲᠡ ᠵᠢᠨ ᠵᠠᠷᠤᠳᠠᠯ᠎ᠤᠨ ᠡᠵᠡᠯᠡᠬᠦ ᠬᠠᠷᠢᠴᠠᠯ᠎ᠨᠢ ᠲᠣᠰ ᠲᠣᠰ 3.4%᠂ 7.4% ᠪᠠ 89.2% ᠪᠣᠯᠪᠠ᠃
    ᠠᠵᠢᠯᠯᠠᠭ᠎ᠠ ᠵᠢᠨ ᠭᠤᠤᠯ ᠴᠣᠭᠴᠠ᠎ᠠᠴᠠ ᠦᠵᠡᠪᠡᠯ᠂ ᠡᠯ᠎ᠡ ᠲᠥᠷᠥᠯ᠎ᠤᠨ ᠠᠵᠤ ᠠᠬᠤᠶ᠋ᠢᠯᠠᠯ᠎ᠤᠨ ᠰᠤᠳᠤᠯᠭ᠋ᠠᠨ ᠪᠠ ᠲᠤᠷᠰᠢᠯᠲᠠ ᠵᠢᠨ ᠬᠥᠭᠵᠢᠯᠲᠡ (R&D) ᠵᠢᠨ ᠵᠠᠷᠤᠳᠠᠯ 201.1 ᠳ᠋ᠦᠩᠰᠢᠭᠤᠷ ᠲᠥᠭᠥᠷᠢᠭ ᠪᠠᠶ᠋ᠢᠵᠤ᠂ ᠲᠦᠷᠦᠭᠦᠦ ᠵᠢᠯ᠎ᠤᠨ᠎ᠬᠢ᠎ᠠᠴᠠ 10.4%᠎ᠪᠠᠷ ᠨᠡᠮᠡᠭᠳᠡᠪᠡ; ᠵᠠᠰᠠᠭ᠎ᠤᠨ ᠣᠷᠳᠣᠨ᠎ᠤ ᠬᠠᠷᠢᠶ᠎ᠠ ᠰᠤᠳᠤᠯᠭ᠋ᠠᠨ᠎ᠤ ᠪᠠᠶ᠋ᠢᠭᠤᠯᠤᠮᠵᠢ ᠵᠢᠨ ᠵᠠᠷᠤᠳᠠᠯ 11.9 ᠳ᠋ᠦᠩᠰᠢᠭᠤᠷ ᠲᠥᠭᠥᠷᠢᠭ᠎ᠲᠤ ᠬᠦᠷᠴᠦ᠂ 18.1%᠎ᠪᠠᠷ ᠪᠠᠭᠤᠷᠠᠪᠠ; ᠳᠡᠭᠡᠳᠦ ᠵᠡᠷᠭᠡ ᠵᠢᠨ ᠰᠤᠷᠭ᠋ᠠᠭᠤᠯᠢ ᠵᠢᠨ ᠵᠠᠷᠤᠳᠠᠯ 10.8 ᠳ᠋ᠦᠩᠰᠢᠭᠤᠷ ᠲᠥᠭᠥᠷᠢᠭ ᠪᠠᠶ᠋ᠢᠵᠤ᠂ 25.0% ᠵᠶ᠋ᠠᠷ ᠨᠡᠮᠡᠭᠳᠡᠪᠡ᠃ ᠠᠵᠤ ᠠᠬᠤᠶ᠋ᠢᠯᠠᠯ᠂ ᠵᠠᠰᠠᠭ᠎ᠤᠨ ᠣᠷᠳᠣᠨ᠎ᠤ ᠬᠠᠷᠢᠶ᠎ᠠ ᠰᠤᠳᠤᠯᠭ᠋ᠠᠨ᠎ᠤ ᠪᠠᠶ᠋ᠢᠭᠤᠯᠤᠮᠵᠢ᠂ ᠳᠡᠭᠡᠳᠦ ᠵᠡᠷᠭᠡ ᠵᠢᠨ ᠰᠤᠷᠭ᠋ᠠᠭᠤᠯᠢ ᠵᠢᠨ ᠵᠠᠷᠤᠳᠠᠯ᠎ᠤᠨ ᠡᠵᠡᠯᠡᠬᠦ ᠬᠠᠷᠢᠴᠠᠯ᠎ᠨᠢ ᠲᠣᠰ ᠲᠣᠰ 88.2%᠂ 5.2% ᠪᠠ 4.7%᠎ᠳᠤ ᠬᠦᠷᠴᠡᠶ᠃
    ᠭᠠᠵᠠᠷ ᠣᠷᠣᠨ ᠬᠤᠪᠢᠶᠠᠵᠤ ᠦᠵᠡᠪᠡᠯ᠂ ᠰᠤᠳᠤᠯᠭ᠋ᠠᠨ ᠪᠠ ᠲᠤᠷᠰᠢᠯᠲᠠ ᠵᠢᠨ ᠬᠥᠭᠵᠢᠯᠲᠡ (R&D) ᠵᠢᠨ ᠵᠠᠷᠤᠳᠠᠯ᠎ᠨᠢ ᠲᠦᠷᠦᠭᠦᠦ ᠭᠤᠷᠪᠠ᠎ᠳᠤ ᠵᠢᠭᠰᠠᠭ᠋ᠠᠭᠳᠠᠭᠰᠠᠨ᠎ᠨᠢ ᠪᠤᠭᠤᠲᠤ ᠬᠣᠲᠠ (82.4 ᠳ᠋ᠦᠩᠰᠢᠭᠤᠷ

ᠲᠥᠭᠥᠷᠢᠭ)᠂ ᠣᠷᠳᠣᠰ ᠬᠣᠲᠠ (53.2 ᠳ᠋ᠦᠩᠰᠢᠭᠤᠷ ᠲᠥᠭᠥᠷᠢᠭ) ᠪᠠ ᠬᠥᠬᠡᠬᠣᠲᠠ (45.9 ᠳ᠋ᠦᠩᠰᠢᠭᠤᠷ ᠲᠥᠭᠥᠷᠢᠭ) ᠪᠣᠯᠤᠨ᠎ᠠ᠃ ᠰᠤᠳᠤᠯᠬᠤ ᠪᠠ ᠲᠤᠷᠰᠢᠯᠲᠠ ᠬᠢᠵᠦ ᠬᠥᠭᠵᠢᠭᠦᠯᠬᠦ (R&D) ᠵᠠᠷᠤᠳᠠᠯ᠎ᠤᠨ ᠣᠷᠣᠭᠤᠯᠤᠯᠲᠠ ᠵᠢᠨ ᠬᠦᠴᠦᠯᠡᠴᠡ (ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ [3]᠎ᠯᠤᠭ᠎ᠠ ᠵᠢᠨ ᠬᠠᠷᠢᠴᠠᠯ)᠎ᠨᠢ ᠪᠥᠬᠥ ᠣᠷᠣᠨ᠎ᠤ ᠳᠤᠮᠳᠠᠴᠢ ᠬᠢᠷᠢ ᠬᠡᠮᠵᠢᠶ᠎ᠡ᠎ᠠᠴᠠ ᠳᠠᠪᠠᠭᠰᠠᠨ ᠠᠶ᠋ᠢᠮᠠᠭ ᠬᠣᠲᠠ 3 ᠪᠠᠶ᠋ᠢᠵᠤ᠂ ᠳᠠᠷᠠᠭ᠋ᠠᠯᠠᠨ ᠪᠤᠭᠤᠲᠤ ᠬᠣᠲᠠ (1.93%)᠂ ᠬᠥᠬᠡᠬᠣᠲᠠ (1.21%) ᠪᠠ ᠦᠬᠠᠶ ᠬᠣᠲᠠ (1.12%) ᠪᠣᠯᠤᠨ᠎ᠠ᠃
    ᠬᠦᠰᠦᠨᠦᠭᠲᠦ ᠨᠢᠭᠡ   223 ᠣᠨ᠎ᠤ ᠡᠯ᠎ᠡ ᠠᠶ᠋ᠢᠮᠠᠭ ᠬᠣᠲᠠ ᠵᠢᠨ ᠰᠤᠳᠤᠯᠭ᠋ᠠᠨ ᠪᠠ ᠲᠤᠷᠰᠢᠯᠲᠠ ᠵᠢᠨ ᠬᠥᠭᠵᠢᠯᠲᠡ (R&D) ᠵᠢᠨ ᠵᠠᠷᠤᠳᠠᠯ᠎ᠤᠨ ᠪᠠᠶ᠋ᠢᠳᠠᠯ

微信截图_20241012173020.png 

   ᠬᠣᠶᠠᠷ᠂ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠵᠠᠷᠤᠯᠭ᠎ᠠ ᠵᠢᠨ ᠪᠠᠶ᠋ᠢᠳᠠᠯ
    2023 ᠣᠨ᠎ᠳᠤ᠂ ᠪᠥᠬᠥ ᠣᠷᠣᠨ᠎ᠤ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠠᠷᠤᠯᠭ᠎ᠠ 75.0 ᠳ᠋ᠦᠩᠰᠢᠭᠤᠷ ᠲᠥᠭᠥᠷᠢᠭ᠎ᠲᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 32.0 ᠳ᠋ᠦᠩᠰᠢᠭᠤᠷ ᠲᠥᠭᠥᠷᠢᠭ ᠨᠡᠮᠡᠭᠳᠡᠨ᠂ 74.4%᠎ᠪᠠᠷ ᠨᠡᠮᠡᠭᠳᠡᠵᠦ᠂ ᠡᠩ᠎ᠤᠨ ᠣᠯᠠᠨ ᠨᠡᠶ᠋ᠢᠲᠡ ᠵᠢᠨ ᠲᠥᠰᠦᠪ᠎ᠤᠨ ᠵᠠᠷᠤᠯᠭ᠎ᠠ᠎ᠳᠠᠬᠢ ᠡᠵᠡᠯᠡᠬᠦ ᠬᠤᠪᠢ ᠵᠢᠨ ᠵᠢᠩ᠎ᠨᠢ 1.1% ᠪᠣᠯᠵᠠᠶ᠃ ᠡᠭᠦᠨ᠎ᠳᠤ᠄ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠠᠷᠤᠯᠭ᠎ᠠ 21.4 ᠳ᠋ᠦᠩᠰᠢᠭᠤᠷ ᠲᠥᠭᠥᠷᠢᠭ ᠪᠠᠶ᠋ᠢᠵᠤ᠂ 163.4%᠎ᠪᠠᠷ ᠨᠡᠮᠡᠭᠳᠡᠨ᠂ ᠥᠪᠡᠷᠲᠡᠭᠡᠨ ᠵᠠᠰᠠᠬᠤ ᠣᠷᠣᠨ᠎ᠤ ᠲᠣᠰ ᠱᠠᠲᠤᠨ᠎ᠤ ᠡᠩ᠎ᠤᠨ ᠣᠯᠠᠨ ᠨᠡᠶ᠋ᠢᠲᠡ ᠵᠢᠨ ᠲᠥᠰᠦᠪ᠎ᠤᠨ ᠵᠠᠷᠤᠯᠭ᠎ᠠ᠎ᠳᠠᠬᠢ ᠡᠵᠡᠯᠡᠬᠦ ᠬᠤᠪᠢ ᠵᠢᠨ ᠵᠢᠩ᠎ᠨᠢ 2.0% ᠪᠣᠯᠪᠠ; ᠠᠶ᠋ᠢᠮᠠᠭ ᠬᠣᠲᠠ ᠵᠢᠨ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠠᠷᠤᠯᠭ᠎ᠠ [4] 53.6 ᠳ᠋ᠦᠩᠰᠢᠭᠤᠷ ᠲᠥᠭᠥᠷᠢᠭ᠎ᠲᠤ ᠬᠦᠷᠴᠦ᠂ 53.7%᠎ᠪᠠᠷ ᠨᠡᠮᠡᠭᠳᠡᠵᠦ᠂ ᠠᠶ᠋ᠢᠮᠠᠭ ᠬᠣᠲᠠ ᠵᠢᠨ ᠡᠩ᠎ᠤᠨ ᠣᠯᠠᠨ ᠨᠡᠶ᠋ᠢᠲᠡ ᠵᠢᠨ ᠲᠥᠰᠦᠪ᠎ᠤᠨ ᠵᠠᠷᠤᠯᠭ᠎ᠠ᠎ᠳᠤ ᠡᠵᠡᠯᠡᠬᠦ ᠬᠤᠪᠢ ᠵᠢᠨ ᠵᠢᠩ᠎ᠨᠢ 0.9% ᠪᠣᠯᠪᠠ᠃
    ᠪᠥᠬᠥ ᠣᠷᠣᠨ᠎ᠤ 12 ᠠᠶ᠋ᠢᠮᠠᠭ ᠬᠣᠲᠠ ᠵᠢᠨ ᠳᠣᠲᠣᠷ᠎ᠠ᠂ ᠣᠷᠳᠣᠰ ᠬᠣᠲᠠ᠂ ᠬᠥᠬᠡᠬᠣᠲᠠ᠂ ᠪᠤᠭᠤᠲᠤ

ᠬᠣᠲᠠ᠂ ᠦᠬᠠᠶ ᠬᠣᠲᠠ ᠵᠢᠨ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠠᠷᠤᠯᠭ᠎ᠠ ᠵᠢᠨ ᠣᠷᠣᠨ ᠨᠤᠲᠤᠭ᠎ᠤᠨ ᠡᠩ᠎ᠤᠨ ᠣᠯᠠᠨ ᠨᠡᠶ᠋ᠢᠲᠡ ᠵᠢᠨ ᠲᠥᠰᠦᠪ᠎ᠤᠨ ᠵᠠᠷᠤᠯᠭ᠎ᠠ᠎ᠳᠠᠬᠢ ᠡᠵᠡᠯᠡᠬᠦ ᠬᠤᠪᠢ ᠵᠢᠨ ᠵᠢᠩ᠎ᠨᠢ ᠪᠥᠬᠥ ᠣᠷᠣᠨ᠎ᠤ ᠳᠤᠮᠳᠠᠴᠢ ᠬᠢᠷᠢ ᠬᠡᠮᠵᠢᠶ᠎ᠡ᠎ᠠᠴᠠ ᠥᠨᠳᠥᠷ ᠪᠣᠯᠪᠠ᠃
   ᠬᠦᠰᠦᠨᠦᠭᠲᠦ ᠬᠤᠶᠠᠷ     2023 ᠣᠨ᠎ᠤ ᠡᠯ᠎ᠡ ᠠᠶ᠋ᠢᠮᠠᠭ ᠬᠣᠲᠠ ᠵᠢᠨ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠠᠷᠤᠯᠭ᠎ᠠ ᠵᠢᠨ ᠪᠠᠶ᠋ᠢᠳᠠᠯ

微信截图_20241012173035.png


    ᠲᠠᠶ᠋ᠢᠯᠪᠤᠷᠢ᠄
    [1] ᠲᠣᠰ ᠵᠢᠯ᠎ᠤᠨ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠪᠠ ᠳᠡᠭᠡᠳᠦ ᠮᠡᠷᠭᠡᠵᠢᠯ᠎ᠤᠨ  ᠦᠢ᠍ᠯᠡᠳᠬᠦ ᠦᠢ᠍ᠯᠡᠰ᠎ᠤᠨ ᠠᠵᠤ ᠠᠬᠤᠶ᠋ᠢᠯᠠᠯ᠎ᠤᠨ ᠰᠤᠳᠤᠯᠭ᠋ᠠᠨ ᠪᠠ ᠲᠤᠷᠰᠢᠯᠲᠠ ᠵᠢᠨ ᠬᠥᠭᠵᠢᠯᠲᠡ (R& D) ᠵᠢᠨ ᠵᠠᠷᠤᠳᠠᠯ᠎ᠤᠨ ᠲᠣᠭ᠎ᠠ ᠪᠠᠷᠢᠮᠲᠠ ᠵᠢ ᠲᠠᠪᠤᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠲᠣᠭ᠎ᠠ ᠪᠠᠷᠢᠮᠲᠠ᠎ᠳᠤ ᠨᠡᠶ᠋ᠢᠲᠡᠯᠡᠬᠦ ᠪᠣᠯᠤᠨ᠎ᠠ᠃ ᠬᠡᠰᠡᠭ ᠲᠣᠭ᠎ᠠ ᠪᠠᠷᠢᠮᠲᠠ᠎ᠨᠢ ᠳᠥᠷᠪᠡ ᠵᠢ ᠬᠠᠶᠠᠵᠤ ᠲᠠᠪᠤ ᠵᠢ ᠳᠡᠪᠰᠢᠭᠦᠯᠬᠦ ᠰᠢᠯᠲᠠᠭ᠋ᠠᠨ᠎ᠠᠴᠠ ᠪᠣᠯᠵᠣ᠂ ᠶᠡᠷᠦᠩᠬᠡᠶ ᠲᠣᠭ᠎ᠠ ᠪᠠ ᠬᠤᠪᠢᠶᠠᠷᠢ ᠵᠦᠢ᠍ᠯ᠎ᠨᠢ ᠨᠡᠶ᠋ᠢᠯᠡᠭᠡᠳ ᠠᠳᠠᠯᠢ ᠪᠤᠰᠤ ᠪᠠᠶ᠋ᠢᠳᠠᠯ ᠣᠷᠣᠰᠢᠵᠤ ᠪᠠᠶ᠋ᠢᠨ᠎ᠠ᠃
    [2] 2023 ᠣᠨ᠎ᠤ ᠤᠷᠤᠨ ᠨᠤᠲᠤᠭ᠎ᠤᠨ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠎ᠨᠢ ᠠᠩᠬ᠎ᠠ ᠠᠯᠬᠤᠮ᠎ᠤᠨ ᠬᠠᠷᠭᠤᠭᠤᠯᠤᠨ ᠪᠤᠳᠤᠭᠰᠠᠨ ᠲᠣᠭ᠎ᠠ ᠪᠣᠯᠤᠨ᠎ᠠ᠃
    [3] 2023 ᠣᠨ᠎ᠳᠤ ᠠᠶ᠋ᠢᠮᠠᠭ ᠬᠣᠲᠠ ᠬᠤᠪᠢᠶᠠᠭᠰᠠᠨ ᠤᠷᠤᠨ ᠨᠤᠲᠤᠭ᠎ᠤᠨ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠎ᠨᠢ ᠠᠩᠬ᠎ᠠ ᠠᠯᠬᠤᠮ᠎ᠤᠨ ᠬᠠᠷᠭᠤᠭᠤᠯᠤᠨ ᠪᠤᠳᠤᠭᠰᠠᠨ ᠲᠣᠭ᠎ᠠ ᠪᠣᠯᠤᠨ᠎ᠠ᠃
    [4] ᠠᠶ᠋ᠢᠮᠠᠭ ᠬᠤᠲᠠ ᠵᠢᠨ ᠡᠳ᠋᠎ᠤᠨ ᠵᠠᠰᠠᠭ᠎ᠤᠨ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠵᠠᠷᠤᠯᠭ᠎ᠠ᠎ᠳᠤ ᠲᠥᠪ᠎ᠤᠨ ᠪᠠ ᠥᠪᠡᠷᠲᠡᠭᠡᠨ ᠵᠠᠰᠠᠬᠤ ᠣᠷᠣᠨ᠎ᠤ ᠰᠢᠯᠵᠢᠭᠦᠯᠦᠨ ᠥᠭᠬᠦ ᠪᠡᠯᠡ ᠮᠥᠩᠭᠥ ᠪᠠᠭᠲᠠᠨ᠎ᠠ᠃
    ᠳᠠᠭ᠋ᠠᠯᠳᠤᠭᠤᠯᠤᠯ᠄
    1 . ᠭᠣᠣᠯ ᠭᠦᠢ᠍ᠴᠡᠳᠬᠡᠯ ᠲᠣᠭ᠎ᠠ ᠵᠢ ᠲᠠᠶ᠋ᠢᠯᠪᠤᠷᠢᠯᠠᠬᠤ
    ᠰᠤᠳᠤᠯᠭ᠋ᠠᠨ ᠬᠢᠭᠡᠳ ᠲᠤᠷᠰᠢᠯᠲᠠ ᠵᠢᠨ ᠬᠥᠭᠵᠢᠯᠲᠡ (R&D) ᠵᠢᠨ ᠵᠠᠷᠤᠳᠠᠯ ᠭᠡᠳᠡᠭ᠎ᠨᠢ ᠮᠡᠳᠡᠭᠦᠯᠦᠯᠲᠡ ᠵᠢᠨ ᠬᠤᠭᠤᠴᠠᠭ᠋ᠠᠨ᠎ᠳᠤ ᠰᠤᠳᠤᠯᠭ᠋ᠠᠨ ᠬᠢᠭᠡᠳ ᠲᠤᠷᠰᠢᠯᠲᠠ ᠵᠢᠨ ᠬᠥᠭᠵᠢᠯᠲᠡ (R&D) ᠵᠢᠨ ᠠᠵᠢᠯᠯᠠᠭ᠎ᠠ ᠵᠢ ᠬᠡᠷᠡᠭᠵᠢᠭᠦᠯᠬᠦ ᠵᠢᠨ ᠲᠥᠯᠥᠭᠡ ᠪᠣᠳᠠᠲᠠᠢ ᠡᠭᠦᠰᠦᠭᠰᠡᠨ ᠪᠦᠬᠦ ᠵᠠᠷᠤᠳᠠᠯ᠎ᠢ ᠵᠢᠭ᠋ᠠᠵᠤ ᠪᠠᠶ᠋ᠢᠨ᠎ᠠ᠃ ᠰᠤᠳᠤᠯᠭ᠋ᠠᠨ ᠪᠠ ᠲᠤᠷᠰᠢᠯᠲᠠ ᠵᠢᠨ ᠬᠥᠭᠵᠢᠯᠲᠡ (R&D) ᠭᠡᠳᠡᠭ᠎ᠨᠢ ᠮᠡᠳᠡᠯᠭᠡ ᠵᠢᠨ ᠬᠠᠳᠠᠭ᠋ᠠᠯᠠᠯᠲᠠ (ᠪᠠᠰᠠ ᠬᠥᠮᠦᠨ ᠲᠥᠷᠥᠯᠬᠢᠲᠡᠨ᠂ ᠰᠣᠶᠣᠯ ᠪᠠ ᠨᠡᠶ᠋ᠢᠭᠡᠮ᠎ᠤᠨ ᠬᠣᠯᠪᠣᠭᠳᠠᠯ ᠪᠦᠬᠦᠢ ᠮᠡᠳᠡᠯᠭᠡ ᠪᠠᠭᠲᠠᠨ᠎ᠠ) ᠵᠢ ᠨᠡᠮᠡᠭᠳᠡᠭᠦᠯᠬᠦ ᠵᠢᠴᠢ ᠤᠤᠯ᠎ᠤᠨ ᠪᠠᠶ᠋ᠢᠭᠰᠠᠨ ᠮᠡᠳᠡᠯᠭᠡ ᠵᠢᠨ ᠰᠢᠨ᠎ᠡ ᠬᠡᠷᠡᠭᠯᠡᠭᠡ ᠵᠢ ᠵᠢᠷᠤᠵᠤ ᠲᠥᠯᠥᠪᠯᠡᠬᠦ ᠵᠢᠨ ᠲᠥᠯᠥᠭᠡ ᠬᠢᠭᠰᠡᠨ ᠪᠦᠲᠦᠭᠡᠯᠴᠢ ᠴᠢᠨᠠᠷᠲᠠᠢ᠂ ᠰᠢᠰᠲ᠋ᠧᠮᠲᠦ ᠴᠢᠨᠠᠷᠲᠠᠢ ᠠᠵᠢᠯ᠎ᠢ ᠵᠢᠭ᠋ᠠᠵᠤ ᠪᠠᠶ᠋ᠢᠨ᠎ᠠ᠂ ᠡᠭᠦᠨ᠎ᠳᠤ ᠰᠠᠭᠤᠷᠢ ᠰᠤᠳᠤᠯᠭ᠋ᠠᠨ᠂ ᠬᠡᠷᠡᠭᠯᠡᠭᠡᠨ᠎ᠤ ᠰᠤᠳᠤᠯᠭ᠋ᠠᠨ ᠪᠠ ᠲᠤᠷᠰᠢᠯᠲᠠ ᠵᠢᠨ ᠬᠥᠭᠵᠢᠯᠲᠡ ᠵᠡᠷᠭᠡ ᠭᠤᠷᠪᠠᠨ ᠵᠦᠢ᠍ᠯ᠎ᠤᠨ ᠬᠡᠯᠪᠡᠷᠢ ᠪᠠᠭᠲᠠᠨ᠎ᠠ᠃ ᠳᠡᠯᠡᠬᠡᠢ ᠳᠡᠭᠡᠷ᠎ᠡ ᠶᠡᠷᠦ᠎ᠳᠡᠭᠡᠨ ᠰᠤᠳᠤᠯᠭ᠋ᠠᠨ ᠪᠠ ᠲᠤᠷᠰᠢᠯᠲᠠ ᠵᠢᠨ ᠬᠥᠭᠵᠢᠯᠲᠡ (R&D) ᠵᠢᠨ ᠠᠵᠢᠯᠯᠠᠭ᠎ᠠ ᠵᠢᠨ ᠬᠡᠪᠴᠢᠶ᠎ᠡ ᠪᠠ ᠡᠷᠴᠢᠮ᠎ᠤᠨ ᠭᠦᠢ᠍ᠴᠡᠳᠬᠡᠯ ᠲᠣᠭ᠎ᠠ᠎ᠨᠢ ᠨᠢᠭᠡ ᠤᠯᠤᠰ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠪᠣᠳᠠᠲᠤ ᠬᠦᠴᠦᠨ ᠪᠠ ᠭᠣᠣᠯᠯᠠᠬᠤ ᠦᠷᠢᠰᠦᠯᠳᠦᠬᠦ ᠬᠦᠴᠦᠨ᠎ᠢ ᠲᠤᠰᠬᠠᠳᠠᠭ᠃
    ᠰᠠᠭᠤᠷᠢ ᠰᠤᠳᠤᠯᠤᠯ ᠭᠡᠳᠡᠭ ᠪᠣᠯ ᠶᠠᠮᠠᠷ ᠴᠤ᠌ ᠣᠨᠴᠠ ᠲᠣᠭᠲᠠᠭᠰᠠᠨ ᠬᠡᠷᠡᠭᠯᠡᠯᠲᠡ ᠪᠤᠶᠤ ᠬᠡᠷᠡᠭᠯᠡᠯᠲᠡ ᠵᠢᠨ ᠵᠣᠷᠢᠯᠭ᠎ᠠ ᠦᠭᠡᠢ ᠨᠢᠭᠡ ᠵᠦᠢ᠍ᠯ᠎ᠤᠨ ᠲᠤᠷᠰᠢᠯᠲᠠ ᠵᠢᠨ ᠴᠢᠨᠠᠷᠲᠠᠢ ᠪᠤᠶᠤ ᠤᠨᠤᠯ᠎ᠤᠨ ᠴᠢᠨᠠᠷᠲᠠᠢ ᠠᠵᠢᠯ᠎ᠢ ᠵᠢᠭ᠋ᠠᠵᠤ

ᠪᠤᠢ᠂ ᠲᠡᠭᠦᠨ᠎ᠤ ᠭᠣᠣᠯ ᠵᠣᠷᠢᠯᠭ᠎ᠠ᠎ᠨᠢ ᠳᠠᠷᠤᠢ ᠦᠵᠡᠭᠳᠡᠯ ᠪᠠ ᠪᠣᠳᠠᠲᠤ ᠬᠡᠷᠡᠭ᠎ᠢ ᠠᠵᠢᠭᠯᠠᠵᠤ ᠪᠣᠯᠬᠤ ᠦᠨᠳᠦᠰᠦᠨ ᠤᠭ ᠶᠣᠰᠣ᠂ ᠵᠢᠮ᠎ᠡ ᠶᠣᠰᠣ ᠪᠠ ᠰᠢᠨ᠎ᠡ ᠮᠡᠳᠡᠯᠭᠡ ᠵᠢ ᠤᠯᠬᠤ ᠶᠠᠪᠤᠳᠠᠯ ᠪᠣᠯᠤᠨ᠎ᠠ᠃
    ᠬᠡᠷᠡᠭᠯᠡᠭᠡᠨ᠎ᠤ ᠰᠤᠳᠤᠯᠤᠯ ᠰᠢᠨ᠎ᠡ ᠮᠡᠳᠡᠯᠭᠡ ᠣᠯᠵᠤ ᠶᠠᠮᠠᠷ ᠨᠢᠭᠡᠨ ᠣᠨᠴᠠᠭ᠋ᠠᠢ ᠪᠣᠳᠠᠲᠤ ᠵᠣᠷᠢᠯᠭ᠎ᠠ ᠪᠤᠶᠤ ᠬᠠᠷᠠᠯᠲᠠ᠎ᠳᠠᠭᠠᠨ ᠬᠦᠷᠬᠦ ᠵᠢᠨ ᠲᠥᠯᠥᠭᠡ ᠥᠷᠨᠢᠭᠦᠯᠦᠭᠰᠡᠨ ᠠᠩᠬᠠᠨ᠎ᠤ ᠴᠢᠨᠠᠷᠲᠠᠢ ᠰᠤᠳᠤᠯᠤᠯ᠎ᠢ ᠵᠢᠭ᠋ᠠᠵᠤ ᠪᠠᠶ᠋ᠢᠨ᠎ᠠ᠃ ᠬᠡᠷᠡᠭᠯᠡᠭᠡᠨ᠎ᠤ ᠰᠤᠳᠤᠯᠭ᠋ᠠᠨ ᠪᠣᠯ ᠰᠠᠭᠤᠷᠢ ᠰᠤᠳᠤᠯᠭ᠋ᠠᠨ᠎ᠤ ᠦᠷ᠎ᠡ ᠪᠦᠲᠦᠭᠡᠯ᠎ᠤᠨ ᠪᠣᠯᠣᠯᠴᠠᠭ᠋ᠠᠲᠤ ᠬᠡᠷᠡᠭᠴᠡᠭᠡ ᠵᠢ ᠲᠣᠭᠲᠠᠭ᠋ᠠᠬᠤ ᠪᠤᠶᠤ ᠣᠨᠴᠠ ᠲᠣᠭᠲᠠᠭᠰᠠᠨ ᠬᠠᠷᠠᠯᠲᠠ ᠵᠢ ᠪᠡᠶᠡᠯᠡᠭᠦᠯᠬᠦ ᠪᠠ ᠤᠷᠢᠳᠴᠢᠯᠠᠨ ᠲᠣᠭᠲᠠᠭ᠋ᠠᠭᠰᠠᠨ ᠬᠠᠷᠠᠯᠲᠠ ᠵᠢ ᠲᠣᠭᠲᠠᠭ᠋ᠠᠬᠤ ᠰᠢᠨ᠎ᠡ ᠠᠷᠭ᠎ᠠ ᠪᠣᠯᠤᠨ᠎ᠠ᠃
    ᠲᠤᠷᠰᠢᠯᠲᠠ ᠵᠢᠨ ᠬᠥᠭᠵᠢᠯᠲᠡ ᠰᠢᠨᠵᠢᠯᠡᠬᠦ ᠤᠬᠠᠭ᠋ᠠᠨ᠎ᠤ ᠰᠤᠳᠤᠯᠭ᠋ᠠᠨ᠂ ᠪᠣᠳᠠᠲᠤ ᠲᠤᠷᠰᠢᠯᠭ᠎ᠠ᠎ᠠᠴᠠ ᠣᠯᠤᠭᠰᠠᠨ ᠮᠡᠳᠡᠯᠭᠡ ᠪᠠ ᠰᠤᠳᠤᠯᠭ᠋ᠠᠨ᠎ᠤ ᠶᠠᠪᠤᠴᠠ᠎ᠳᠤ ᠪᠤᠢ ᠪᠣᠯᠤᠭᠰᠠᠨ ᠪᠤᠰᠤᠳ ᠮᠡᠳᠡᠯᠭᠡ ᠵᠢ ᠠᠰᠢᠭᠯᠠᠨ᠂ ᠰᠢᠨ᠎ᠡ ᠦᠢ᠍ᠯᠡᠳᠬᠦᠨ᠂ ᠤᠷᠠᠯᠠᠯ᠎ᠢ ᠨᠡᠭᠡᠭᠡᠬᠦ ᠪᠤᠶᠤ ᠤᠳᠤ ᠪᠠᠶ᠋ᠢᠭ᠎ᠠ ᠦᠢ᠍ᠯᠡᠳᠬᠦᠨ᠂ ᠤᠷᠠᠯᠠᠯ᠎ᠢ ᠥᠭᠡᠷᠡᠴᠢᠯᠡᠨ ᠰᠠᠶ᠋ᠢᠵᠢᠷᠠᠭᠤᠯᠬᠤ᠎ᠪᠠᠷ ᠬᠢᠭᠰᠡᠨ ᠰᠢᠰᠲ᠋ᠧᠮᠲᠦ ᠴᠢᠨᠠᠷᠲᠠᠢ ᠰᠤᠳᠤᠯᠭ᠋ᠠᠨ᠎ᠢ ᠵᠢᠭ᠋ᠠᠵᠤ ᠪᠠᠶ᠋ᠢᠨ᠎ᠠ᠃
    2 . ᠪᠦᠷᠢᠳᠬᠡᠯ᠎ᠤᠨ ᠬᠡᠪᠴᠢᠶ᠎ᠡ
    ᠰᠤᠳᠤᠯᠬᠤ ᠪᠠ ᠲᠤᠷᠰᠢᠯᠲᠠ ᠬᠢᠵᠦ ᠬᠥᠭᠵᠢᠭᠦᠯᠬᠦ (R&D) ᠵᠠᠷᠤᠳᠠᠯ᠎ᠤᠨ ᠪᠦᠷᠢᠳᠬᠡᠬᠦ ᠬᠦᠷᠢᠶ᠎ᠡ ᠬᠡᠪᠴᠢᠶ᠎ᠡ᠎ᠨᠢ ᠪᠦᠬᠦ ᠨᠡᠶ᠋ᠢᠭᠡᠮ ᠵᠶ᠋ᠠᠷ ᠵᠶ᠋ᠠᠨ R&D ᠠᠵᠢᠯᠯᠠᠭ᠎ᠠ᠎ᠲᠠᠢ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠡ ᠪᠣᠯᠤᠨ᠎ᠠ᠂ ᠪᠣᠳᠠᠲᠠᠶ᠎ᠪᠠᠷ ᠵᠠᠰᠠᠭ᠎ᠤᠨ ᠣᠷᠳᠣᠨ᠎ᠤ ᠬᠠᠷᠢᠶ᠎ᠠ ᠰᠤᠳᠤᠯᠭ᠋ᠠᠨ᠎ᠤ ᠪᠠᠶ᠋ᠢᠭᠤᠯᠤᠮᠵᠢ᠂ ᠳᠡᠭᠡᠳᠦ ᠵᠡᠷᠭᠡ ᠵᠢᠨ ᠰᠤᠷᠭ᠋ᠠᠭᠤᠯᠢ ᠵᠢᠴᠢ R&D ᠠᠵᠢᠯᠯᠠᠭ᠎ᠠ ᠵᠢᠨ ᠬᠠᠷᠢᠴᠠᠩᠭᠤᠶ ᠨᠢᠭᠲᠠ ᠲᠥᠪᠯᠡᠷᠡᠭᠰᠡᠨ ᠠᠵᠢᠯ ᠲᠥᠷᠥᠯ (ᠲᠠᠷᠢᠶᠠᠯᠠᠩ᠂ ᠣᠶ ᠰᠢᠭᠤᠶ᠂ ᠮᠠᠯ ᠠᠵᠤ ᠠᠬᠤᠶ᠂ ᠵᠢᠭ᠋ᠠᠰᠤᠨ ᠠᠵᠤ ᠠᠬᠤᠶ᠂ ᠠᠭᠤᠷᠬᠠᠶ ᠮᠠᠯᠲᠠᠬᠤ ᠦᠢ᠍ᠯᠡᠰ᠂ ᠦᠢ᠍ᠯᠡᠳᠬᠦ ᠦᠢ᠍ᠯᠡᠰ᠂ ᠴᠠᠬᠢᠯᠭ᠋ᠠᠨ ᠬᠦᠴᠦᠨ᠂ ᠢᠯᠴᠢ ᠵᠢᠨ ᠬᠦᠴᠦᠨ᠂ ᠰᠢᠲᠠᠮᠠᠬᠠᠶ ᠬᠡᠢ ᠵᠢᠴᠢ ᠤᠰᠤᠨ᠎ᠤ ᠦᠢ᠍ᠯᠡᠳᠪᠦᠷᠢᠯᠡᠯ ᠪᠠ ᠬᠠᠩᠭ᠋ᠠᠯᠭ᠎ᠠ ᠵᠢᠨ ᠦᠢ᠍ᠯᠡᠰ᠂ ᠪᠠᠷᠢᠯᠭ᠎ᠠ ᠵᠢᠨ ᠦᠢ᠍ᠯᠡᠰ᠂ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠨ ᠬᠠᠳᠠᠭ᠋ᠠᠯᠠᠬᠤ ᠪᠠ ᠰᠢᠦᠳᠠᠨ᠎ᠤ ᠦᠢ᠍ᠯᠡᠰ᠂ ᠵᠠᠩᠭᠢ ᠳᠠᠮᠵᠢᠯᠭ᠋ᠠᠨ᠂ ᠵᠥᠭᠡᠯᠡᠨ ᠲᠣᠨᠣᠭ ᠪᠠ ᠮᠡᠳᠡᠭᠡ ᠵᠠᠩᠭᠢ ᠵᠢᠨ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠂ ᠮᠥᠩᠭᠥᠨ ᠭᠦᠢ᠍ᠯᠭᠡᠭᠡᠨ᠎ᠤ ᠦᠢ᠍ᠯᠡᠰ᠂ ᠲᠦᠷᠢᠶᠡᠰᠦᠯᠡᠬᠦ ᠪᠠ ᠬᠤᠳᠠᠯᠳᠤᠭ᠋ᠠᠨ᠎ᠤ ᠶᠠᠪᠤᠳᠠᠯ᠎ᠤᠨ ᠦᠢ᠍ᠯᠡᠴᠢᠯᠡᠭᠡᠨ᠎ᠤ ᠦᠢ᠍ᠯᠡᠰ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠪᠠ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠂ ᠤᠰᠤᠨ ᠠᠰᠢᠭᠯᠠᠯᠲᠠ᠂ ᠣᠷᠴᠢᠨ ᠲᠣᠭᠣᠷᠢᠨ ᠪᠠ ᠣᠯᠠᠨ ᠨᠡᠶ᠋ᠢᠲᠡ ᠵᠢᠨ ᠲᠥᠬᠥᠭᠡᠷᠦᠮᠵᠢ ᠵᠢᠨ ᠬᠠᠮᠢᠶᠠᠷᠤᠯᠲᠠ ᠵᠢᠨ ᠦᠢ᠍ᠯᠡᠰ᠂ ᠡᠷᠡᠭᠦᠯ ᠬᠠᠮᠠᠭ᠋ᠠᠯᠠᠯ ᠪᠠ ᠨᠡᠶ᠋ᠢᠭᠡᠮ᠎ᠤᠨ ᠠᠵᠢᠯ᠂ ᠰᠣᠶᠣᠯ᠂ ᠪᠡᠶ᠎ᠡ ᠵᠢᠨ ᠲᠠᠮᠢᠷ ᠪᠠ ᠵᠤᠭ᠎ᠠ ᠴᠡᠩᠭᠡᠯ᠎ᠤᠨ ᠦᠢ᠍ᠯᠡᠰ ᠵᠡᠷᠭᠡ) ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠢ ᠵᠡᠷᠭᠡ ᠪᠠᠭᠲᠠᠨ᠎ᠠ᠃
    3 . ᠪᠠᠶ᠋ᠢᠴᠠᠭ᠋ᠠᠬᠤ ᠠᠷᠭ᠎ᠠ
    ᠰᠤᠳᠤᠯᠬᠤ ᠪᠠ ᠲᠤᠷᠰᠢᠯᠲᠠ ᠬᠢᠵᠦ ᠬᠥᠭᠵᠢᠭᠦᠯᠬᠦ (R&D) ᠵᠠᠷᠤᠳᠠᠯ᠎ᠤᠨ ᠲᠤᠬᠠᠢ ᠪᠠᠶ᠋ᠢᠴᠠᠭ᠋ᠠᠬᠤ ᠠᠷᠭ᠎ᠠ ᠭᠡᠪᠡᠯ᠄ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ ᠪᠣᠯᠤᠨ᠎ᠠ᠂ ᠲᠤᠰᠬᠠᠶ᠂ ᠨᠢᠭᠡᠳᠦᠭᠡᠷ ᠳᠡᠰ᠎ᠤᠨ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠂ ᠬᠡᠪᠴᠢᠶ᠎ᠡ᠎ᠠᠴᠠ ᠳᠡᠭᠡᠭᠰᠢᠬᠢ ᠦᠢ᠍ᠯᠡᠴᠢᠯᠡᠭᠡᠨ᠎ᠤ ᠦᠢ᠍ᠯᠡᠰ ᠵᠠᠮ ᠬᠠᠷᠢᠯᠴᠠᠭ᠎ᠠ ᠲᠡᠭᠡᠭᠡᠪᠦᠷᠢ ᠪᠠᠭᠲᠠᠨ᠎ᠠ᠂ ᠬᠥᠮᠥᠷᠭᠡᠯᠡᠯᠲᠡ ᠪᠠ ᠰᠢᠦᠳᠠᠨ᠎ᠤ ᠦᠢ᠍ᠯᠡᠰ᠂ ᠵᠠᠩᠭᠢ ᠳᠠᠮᠵᠢᠯᠭ᠋ᠠᠨ᠂ ᠵᠥᠭᠡᠯᠡᠨ ᠲᠣᠨᠣᠭ ᠪᠠ ᠮᠡᠳᠡᠭᠡ ᠵᠠᠩᠭᠢ ᠵᠢᠨ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠂ ᠲᠦᠷᠢᠶᠡᠰᠦᠯᠡᠬᠦ ᠪᠠ ᠬᠤᠳᠠᠯᠳᠤᠭ᠋ᠠᠨ᠎ᠤ ᠶᠠᠪᠤᠳᠠᠯ᠎ᠤᠨ ᠦᠢ᠍ᠯᠡᠴᠢᠯᠡᠭᠡᠨ᠎ᠤ ᠦᠢ᠍ᠯᠡᠰ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠪᠠ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠂ ᠤᠰᠤᠨ ᠠᠰᠢᠭᠯᠠᠯᠲᠠ᠂ ᠣᠷᠴᠢᠨ ᠲᠣᠭᠣᠷᠢᠨ ᠪᠠ ᠣᠯᠠᠨ ᠨᠡᠶ᠋ᠢᠲᠡ ᠵᠢᠨ ᠲᠥᠬᠥᠭᠡᠷᠦᠮᠵᠢ ᠵᠢᠨ ᠬᠠᠮᠢᠶᠠᠷᠤᠯᠲᠠ ᠵᠢᠨ ᠦᠢ᠍ᠯᠡᠰ᠂ ᠡᠷᠡᠭᠦᠯ ᠬᠠᠮᠠᠭ᠋ᠠᠯᠠᠯ ᠪᠠ ᠨᠡᠶ᠋ᠢᠭᠡᠮ᠎ᠤᠨ ᠠᠵᠢᠯ᠂ ᠰᠣᠶᠣᠯ᠂ ᠪᠡᠶ᠎ᠡ ᠵᠢᠨ ᠲᠠᠮᠢᠷ ᠪᠠ ᠵᠤᠭ᠎ᠠ ᠴᠡᠩᠭᠡᠯ᠎ᠤᠨ ᠠᠵᠤ ᠠᠬᠤᠶ᠋ᠢᠯᠠᠯ᠂ ᠵᠠᠰᠠᠭ᠎ᠤᠨ ᠣᠷᠳᠣᠨ᠎ᠳᠤ ᠬᠠᠷᠢᠶᠠᠯᠠᠭᠳᠠᠬᠤ ᠰᠤᠳᠤᠯᠤᠯ᠎ᠤᠨ ᠪᠠᠶ᠋ᠢᠭᠤᠯᠤᠮᠵᠢ ᠵᠠᠰᠠᠭ᠎ᠤᠨ ᠣᠷᠳᠣᠨ᠎ᠳᠤ ᠪᠡᠶ᠎ᠡ᠎ᠪᠠᠨ ᠳᠠᠭ᠋ᠠᠭ᠋ᠠᠭᠰᠠᠨ ᠬᠠᠤᠯᠢ ᠵᠢᠨ ᠡᠷᠬᠡᠲᠡᠨ᠎ᠤ ᠰᠢᠨᠵᠢᠯᠡᠬᠦ ᠤᠬᠠᠭ᠋ᠠᠨ᠎ᠤ ᠰᠤᠳᠤᠯᠤᠯ ᠬᠢᠭᠡᠳ ᠮᠡᠷᠭᠡᠵᠢᠯ᠎ᠤᠨ ᠨᠡᠭᠡᠭᠡᠯᠲᠡ ᠵᠢᠨ ᠪᠠᠶ᠋ᠢᠭᠤᠯᠤᠮᠵᠢ᠎ᠳᠤ ᠬᠠᠷᠢᠶᠠᠯᠠᠭᠳᠠᠨ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠮᠡᠳᠡᠭᠡ ᠵᠠᠩᠭᠢ ᠬᠢᠭᠡᠳ ᠰᠤᠷᠪᠤᠯᠵᠢ ᠪᠢᠴᠢᠭ᠎ᠤᠨ ᠪᠠᠶ᠋ᠢᠭᠤᠯᠤᠮᠵᠢ ᠵᠡᠷᠭᠡ ᠨᠢᠭᠡᠴᠡ ᠵᠢᠴᠢ ᠰᠢᠨᠵᠢᠯᠡᠬᠦ ᠤᠬᠠᠭ᠋ᠠᠨ᠎ᠤ ᠰᠤᠳᠤᠯᠤᠯ ᠪᠣᠯᠤᠨ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠪᠤᠰᠤᠳ ᠠᠵᠤ ᠠᠬᠤᠶ᠋ᠢᠯᠠᠯ᠎ᠤᠨ ᠪᠤᠰᠤ ᠬᠠᠤᠯᠢ ᠵᠢᠨ ᠡᠷᠬᠡᠲᠡᠨ᠎ᠤ ᠨᠢᠭᠡᠴᠡ᠂ ᠳᠡᠭᠡᠳᠦ ᠰᠤᠷᠭ᠋ᠠᠭᠤᠯᠢ ᠵᠢᠴᠢ ᠬᠠᠷᠢᠶᠠᠲᠤ ᠡᠮᠨᠡᠯᠭᠡ ᠵᠢᠨ ᠬᠣᠷᠢᠶ᠎ᠠ᠎ᠳᠤ ᠪᠥᠬᠥ ᠲᠠᠯ᠎ᠠ ᠵᠢᠨ ᠪᠠᠶ᠋ᠢᠴᠠᠭ᠋ᠠᠯᠲᠠ ᠬᠢᠵᠦ ᠤᠯᠬᠤ ᠠᠷᠭ᠎ᠠ ᠵᠢ

ᠬᠡᠷᠡᠭᠯᠡᠨ᠎ᠡ; ᠬᠡᠪᠴᠢᠶᠡᠵᠢᠯ᠎ᠠᠴᠠ ᠳᠣᠷᠣᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ ᠪᠣᠯᠤᠨ ᠦᠢ᠍ᠯᠡᠴᠢᠯᠡᠭᠡᠨ᠎ᠤ ᠦᠢ᠍ᠯᠡᠰ᠎ᠤᠨ ᠠᠵᠤ ᠠᠬᠤᠶ᠋ᠢᠯᠠᠯ᠎ᠤᠳ ᠰᠤᠭᠤᠴᠢᠨ ᠪᠠᠶ᠋ᠢᠴᠠᠭ᠋ᠠᠵᠤ ᠲᠥᠰᠦᠭᠡᠯᠡᠨ ᠪᠤᠳᠤᠬᠤ ᠠᠷᠭ᠎ᠠ᠎ᠪᠠᠷ ᠣᠯᠤᠭᠰᠠᠨ; ᠰᠢᠨᠵᠢᠯᠡᠬᠦ ᠤᠬᠠᠭ᠋ᠠᠨ᠎ᠤ ᠰᠤᠳᠤᠯᠤᠯ᠎ᠤᠨ ᠦᠷ᠎ᠡ ᠪᠣᠶ᠋ᠢᠵᠢᠭᠤᠯᠬᠤ ᠬᠠᠮᠢᠶ᠎ᠠ ᠪᠦᠬᠦᠢ ᠠᠵᠤ ᠠᠬᠤᠶ᠋ᠢᠯᠠᠯ ᠪᠣᠯᠤᠨ ᠰᠢᠨᠵᠢᠯᠡᠬᠦ ᠤᠬᠠᠭ᠋ᠠᠨ ᠮᠡᠷᠭᠡᠵᠢᠯ᠂ ᠰᠤᠷᠭ᠋ᠠᠨ ᠬᠥᠮᠦᠵᠢᠯ᠎ᠤᠨ ᠰᠠᠯᠠᠭ᠎ᠠ ᠮᠥᠴᠢᠷ᠎ᠤᠨ ᠪᠦᠷᠢᠳᠬᠡᠯ᠎ᠤᠨ ᠬᠡᠪᠴᠢᠶᠡᠨ᠎ᠳᠠᠬᠢ ᠭᠤᠷᠪᠠᠳᠤᠭ᠋ᠠᠷ ᠳᠡᠰ᠎ᠤᠨ ᠬᠥᠬᠡ ᠵᠡᠷᠭᠡ ᠵᠢᠨ ᠡᠮᠨᠡᠯᠭᠡ ᠵᠢᠨ ᠬᠣᠷᠢᠶ᠎ᠠ᠎ᠳᠤ ᠭᠤᠤᠯᠳᠠᠯᠭ᠎ᠠ᠎ᠲᠠᠢ ᠪᠠᠶ᠋ᠢᠴᠠᠭ᠋ᠠᠯᠲᠠ ᠬᠢᠬᠦ ᠦᠭᠡᠶ᠎ᠪᠠᠷ ᠣᠯᠤᠭᠰᠠᠨ; ᠪᠤᠰᠤᠳ ᠠᠵᠢᠯ ᠲᠥᠷᠥᠯ᠎ᠤᠨ ᠠᠵᠤ ᠠᠬᠤᠶ᠋ᠢᠯᠠᠯ ᠠᠵᠢᠯ ᠦᠢ᠍ᠯᠡᠰ᠎ᠤᠨ ᠨᠢᠭᠡᠴᠡ ᠪᠣᠯ ᠬᠣᠶᠠᠳᠤᠭ᠋ᠠᠷ ᠤᠳᠠᠭ᠋ᠠᠨ᠎ᠤ ᠪᠥᠬᠥ ᠤᠯᠤᠰ᠎ᠤᠨ R&D ᠡᠬᠢ ᠪᠠᠶᠠᠯᠢᠭ᠎ᠢ ᠢᠯᠭ᠋ᠠᠷᠠᠭᠤᠯᠤᠨ ᠪᠠᠶ᠋ᠢᠴᠠᠭ᠋ᠠᠭᠰᠠᠨ ᠮᠠᠲ᠋ᠧᠷᠢᠶᠠᠯ᠎ᠢ ᠲᠥᠰᠦᠭᠡᠯᠡᠨ ᠪᠤᠳᠤᠬᠤ ᠵᠡᠷᠭᠡ ᠠᠷᠭ᠎ᠠ᠎ᠪᠠᠷ ᠤᠯᠪᠠ᠃


 

ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠤᠨ᠎ᠤ ᠲᠣᠭ᠎ᠠ ᠪᠦᠷᠢᠳᠭᠡᠯ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠪᠤᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠯᠪᠠᠨ ᠮᠡᠳᠡᠭᠡ (ᠨᠢᠭᠡ) ---- ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠪᠤᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢ ᠤᠷᠤᠭᠰᠢᠲᠠᠶ ᠪᠡᠶᠡᠯᠡᠭᠦᠯᠪᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠪᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠯᠪᠠᠨ ᠮᠡᠳᠡᠭᠡ (ᠬᠤᠶᠠᠷ) ---- ᠨᠢᠭᠡᠴᠡ ᠵᠢᠨ ᠦᠨᠳᠦᠰᠦᠨ ᠪᠠᠶ᠋ᠢᠳᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠪᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠯᠪᠠᠨ ᠮᠡᠳᠡᠭᠡ (ᠭᠤᠷᠪᠠ) —ᠬᠣᠶᠠᠳᠤᠭ᠋ᠠᠷ ᠠᠵᠤ ᠦᠢ᠍ᠯᠡᠰ᠎ᠤᠨ ᠦᠨᠳᠦᠰᠦᠨ ᠪᠠᠶ᠋ᠢᠳᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠪᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠯᠪᠠᠨ ᠮᠡᠳᠡᠭᠡ (ᠳᠣᠯᠣᠭ᠎ᠠ) — ᠣᠷᠣᠨ ᠪᠦᠰᠡ ᠬᠤᠪᠢᠶᠠᠭᠰᠠᠨ ᠨᠢᠭᠡᠴᠡ ᠪᠣᠯᠤᠨ ᠠᠵᠢᠯᠯᠠᠭᠰᠠᠳ᠎ᠤᠨ ᠪᠠᠶ᠋ᠢᠳᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠪᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠯᠪᠠᠨ ᠮᠡᠳᠡᠭᠡ (ᠵᠢᠷᠭᠤᠭ᠎ᠠ) — ᠬᠡᠰᠡᠭ ᠰᠢᠨ᠎ᠡ᠎ᠪᠠᠷ ᠪᠤᠶ ᠪᠣᠯᠤᠭᠰᠠᠨ ᠠᠵᠤ ᠦᠢ᠍ᠯᠡᠰ᠎ᠤᠨ ᠬᠥᠭᠵᠢᠯᠲᠡ ᠵᠢᠨ ᠪᠠᠶ᠋ᠢᠳᠠᠯ
 
            