2023 ᠣᠨ᠎ᠤ ᠥᠪᠥᠷ ᠮᠣᠩᠭᠣᠯ᠎ᠤᠨ ᠬᠥᠮᠦᠨ ᠠᠮᠠ ᠵᠢᠨ ᠬᠤᠪᠢᠷᠠᠯᠲᠠ ᠵᠢᠨ ᠪᠠᠶ᠋ᠢᠳᠠᠯ᠎ᠤᠨ ᠰᠤᠭᠤᠴᠢᠨ ᠪᠠᠶ᠋ᠢᠴᠠᠭ᠋ᠠᠯᠲᠠ ᠪᠣᠯ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠨᠢᠭᠡᠳᠦᠯᠲᠡᠶ ᠪᠠᠶ᠋ᠢᠷᠢᠯᠠᠭᠤᠯᠤᠯᠲᠠ
ᠳᠤᠤᠷ᠎ᠠ᠂ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ᠎ᠠᠴᠠ ᠵᠣᠬᠢᠶᠠᠨ ᠪᠠᠶ᠋ᠢᠭᠤᠯᠵᠤ ᠬᠡᠷᠡᠭᠵᠢᠭᠦᠯᠦᠭᠰᠡᠨ ᠨᠢᠭᠡ ᠵᠦᠢ᠍ᠯ᠎ᠤᠨ ᠴᠢᠬᠤᠯᠠ ᠶᠡᠬᠡ ᠣᠷᠣᠨ᠎ᠤ ᠪᠠᠶ᠋ᠢᠳᠠᠯ᠎ᠤᠨ ᠲᠤᠬᠠᠶ ᠪᠠᠶ᠋ᠢᠴᠠᠭ᠋ᠠᠯᠲᠠ ᠪᠣᠯᠤᠨ᠎ᠠ᠃ ᠲᠣᠰ ᠤᠳᠠᠭ᠋ᠠᠨ᠎ᠤ ᠪᠠᠶ᠋ᠢᠴᠠᠭ᠋ᠠᠯᠲᠠ᠎ᠳᠤ 2023 ᠣᠨ᠎ᠤ 11 ᠳ᠋ᠤᠭᠡᠷ ᠰᠠᠷ᠎ᠠ ᠵᠢᠨ 1᠎ᠤ ᠡᠳᠦᠷ᠎ᠤᠨ ᠲᠡᠭ ᠴᠠᠭ ᠵᠶ᠋ᠠᠷ ᠪᠠᠶ᠋ᠢᠴᠠᠭ᠋ᠠᠯᠲᠠ ᠵᠢᠨ ᠪᠠᠷᠢᠮᠵᠢᠶᠠᠲᠤ ᠴᠠᠭ ᠪᠣᠯᠭ᠋ᠠᠵᠤ᠂ ᠳᠠᠪᠬᠤᠷᠭ᠎ᠠ ᠬᠤᠪᠢᠶᠠᠭᠰᠠᠨ᠂ ᠰᠦᠷᠦᠭᠯᠡᠭᠰᠡᠨ᠂ ᠲᠣᠬᠢᠶᠠᠯᠳᠤᠮᠵᠢ ᠵᠢᠨ ᠬᠠᠷᠢᠴᠠᠯ᠎ᠤᠨ ᠥᠯᠢᠭᠡᠷ ᠠᠪᠬᠤ ᠠᠷᠭ᠎ᠠ ᠵᠢ ᠠᠪᠴᠤ᠂ ᠪᠥᠬᠥ ᠣᠷᠣᠨ᠎ᠠᠴᠠ ᠨᠡᠶ᠋ᠢᠲᠡ 862 ᠲᠣᠰᠬᠣᠨ᠎ᠤ ᠲᠠᠰ᠎ᠤᠨ ᠥᠯᠢᠭᠡᠷ ᠬᠡᠪ᠎ᠢ ᠰᠣᠩᠭᠣᠨ ᠠᠪᠴᠤ᠂ 4.6 ᠲᠦᠮᠡᠨ ᠰᠠᠭᠤᠭ᠋ᠠᠯᠢ ᠡᠷᠦᠬᠡ ᠵᠢ ᠪᠠᠶ᠋ᠢᠴᠠᠭ᠋ᠠᠨ ᠳᠠᠩᠰᠠᠯᠠᠪᠠ᠃ ᠣᠳᠣ ᠲᠤᠰ ᠤᠳᠠᠭ᠋ᠠᠨ᠎ᠤ ᠪᠠᠶ᠋ᠢᠴᠠᠭ᠋ᠠᠯᠲᠠ᠎ᠪᠠᠷ ᠲᠥᠰᠦᠭᠡᠯᠡᠨ ᠪᠣᠳᠣᠭᠰᠠᠨ ᠬᠥᠮᠦᠨ ᠠᠮᠠ ᠵᠢᠨ ᠭᠣᠣᠯ ᠲᠣᠭ᠎ᠠ ᠪᠠᠷᠢᠮᠲᠠ ᠵᠢ ᠦᠨᠳᠦᠰᠦᠯᠡᠨ ᠳᠣᠣᠷᠠᠬᠢ ᠮᠡᠲᠦ ᠨᠡᠶ᠋ᠢᠲᠡᠯᠡᠶ᠎ᠡ᠄
ᠨᠢᠭᠡ᠂ ᠪᠠᠶ᠋ᠢᠩᠭᠤ ᠰᠠᠭᠤᠭ᠎ᠠ ᠬᠥᠮᠦᠨ ᠠᠮᠠ ᠵᠢᠨ ᠶᠡᠷᠦᠩᠬᠡᠢ ᠬᠡᠮᠵᠢᠶ᠎ᠡ
2023 ᠣᠨ᠎ᠤ ᠡᠴᠦᠰ ᠪᠣᠯᠬᠤ᠎ᠳᠤ ᠪᠥᠬᠥ ᠣᠷᠣᠨ᠎ᠤ ᠪᠠᠶ᠋ᠢᠩᠭᠤ ᠰᠠᠭᠤᠭ᠎ᠠ ᠬᠥᠮᠦᠨ ᠠᠮᠠ 2396.0 ᠲᠦᠮᠡ ᠪᠣᠯᠵᠣ᠂ 2022 ᠣᠨ᠎ᠤ᠎ᠬᠢ᠎ᠠᠴᠠ 5.17 ᠲᠦᠮᠡ ᠪᠠᠭ᠋ᠠᠰᠴᠤ᠂ 0.22% ᠵᠶ᠋ᠠᠷ ᠪᠠᠭ᠋ᠠᠰᠪᠠ᠃
ᠬᠣᠶᠠᠷ᠂ ᠬᠤᠳᠠ ᠪᠠᠯᠭ᠋ᠠᠰᠤᠨ᠎ᠤ ᠪᠦᠲᠦᠴᠡ
2023 ᠣᠨ᠎ᠤ ᠡᠴᠦᠰ᠎ᠲᠤ ᠪᠥᠬᠥ ᠣᠷᠣᠨ᠎ᠤ ᠪᠠᠶ᠋ᠢᠩᠭᠤ ᠰᠠᠭᠤᠭ᠎ᠠ ᠬᠥᠮᠦᠨ ᠠᠮᠠ ᠵᠢᠨ ᠳᠣᠲᠣᠷ᠎ᠠ᠂ ᠬᠣᠲᠠ ᠪᠠᠯᠭ᠋ᠠᠰᠤᠨ᠎ᠤ ᠬᠥᠮᠦᠨ ᠠᠮᠠ 1667.14 ᠲᠦᠮᠡ ᠪᠠᠶ᠋ᠢᠵᠤ᠂ 2022 ᠣᠨ᠎ᠤ᠎ᠬᠢ᠎ᠠᠴᠠ 19.94 ᠲᠦᠮᠡ ᠨᠡᠮᠡᠭᠳᠡᠵᠡᠶ; ᠬᠥᠳᠡᠭᠡ ᠲᠣᠰᠬᠣᠨ᠎ᠤ ᠬᠥᠮᠦᠨ ᠠᠮᠠ 728.85 ᠲᠦᠮᠡ ᠪᠠᠶ᠋ᠢᠵᠤ᠂ 2022 ᠣᠨ᠎ᠤ᠎ᠬᠢ᠎ᠠᠴᠠ 25.11 ᠲᠦᠮᠡ ᠪᠠᠭ᠋ᠠᠰᠪᠠ᠃ ᠪᠠᠶ᠋ᠢᠩᠭᠤ ᠰᠠᠭᠤᠭ᠎ᠠ ᠬᠥᠮᠦᠨ ᠠᠮᠠ ᠵᠢᠨ ᠬᠣᠲᠠ ᠪᠠᠯᠭ᠋ᠠᠰᠤᠵᠢᠯᠲᠠ ᠵᠢᠨ ᠨᠣᠷᠮ᠎ᠠ 69.58% ᠬᠦᠷᠴᠦ᠂ 2022 ᠣᠨ᠎ᠤ᠎ᠬᠢ᠎ᠠᠴᠠ 0.98 ᠵᠠᠭᠤᠨ᠎ᠤ ᠬᠤᠪᠢ ᠵᠢᠨ ᠴᠡᠭ ᠳᠡᠭᠡᠭᠰᠢᠯᠡᠪᠡ᠃
ᠭᠤᠷᠪᠠ᠂ ᠨᠠᠰᠤᠨ᠎ᠤ ᠪᠦᠷᠢᠯᠳᠦᠯ
2023 ᠣᠨ᠎ᠤ ᠵᠢᠯ᠎ᠤᠨ ᠡᠴᠦᠰ᠎ᠲᠤ ᠪᠥᠬᠥ ᠣᠷᠣᠨ᠎ᠤ ᠪᠠᠶ᠋ᠢᠩᠭᠤ ᠰᠠᠭᠤᠭ᠎ᠠ ᠬᠥᠮᠦᠨ ᠠᠮᠠ ᠵᠢᠨ ᠳᠣᠲᠣᠷ᠎ᠠ᠂ 0-15 ᠨᠠᠰᠤᠨ᠎ᠤ ᠬᠥᠮᠦᠨ ᠠᠮᠠ 331.07 ᠲᠦᠮᠡ ᠪᠠᠶ᠋ᠢᠵᠤ᠂ ᠪᠥᠬᠥ ᠣᠷᠣᠨ᠎ᠤ ᠪᠠᠶ᠋ᠢᠩᠭᠤ ᠰᠠᠭᠤᠭ᠎ᠠ ᠬᠥᠮᠦᠨ ᠠᠮᠠ ᠵᠢᠨ 13.82%᠎ᠢ ᠡᠵᠡᠯᠡᠪᠡ; 16 - 59 ᠨᠠᠰᠤᠨ᠎ᠤ ᠬᠥᠮᠦᠨ ᠠᠮᠠ 1518.54 ᠲᠦᠮᠡ ᠪᠠᠶ᠋ᠢᠵᠤ᠂ 63.38% ᠵᠢ ᠡᠵᠡᠯᠡᠪᠡ; 60 ᠨᠠᠰᠤ ᠵᠢᠴᠢ 60 ᠨᠠᠰᠤᠨ᠎ᠠᠴᠠ ᠳᠡᠭᠡᠭᠰᠢᠬᠢ ᠬᠥᠮᠦᠨ ᠠᠮᠠ 546.38 ᠲᠦᠮᠡ ᠪᠠᠶ᠋ᠢᠵᠤ᠂ 22.80% ᠵᠢ ᠡᠵᠡᠯᠡᠪᠡ᠃ ᠡᠭᠦᠨ᠎ᠳᠤ᠂ 65 ᠨᠠᠰᠤ ᠵᠢᠴᠢ ᠲᠡᠭᠦᠨ᠎ᠠᠴᠠ ᠳᠡᠭᠡᠭᠰᠢᠬᠢ ᠨᠠᠰᠤᠨ᠎ᠤ ᠬᠥᠮᠦᠨ ᠠᠮᠠ 370.29 ᠲᠦᠮᠡ ᠪᠠᠶ᠋ᠢᠵᠤ᠂ 15.45% ᠵᠢ ᠡᠵᠡᠯᠡᠪᠡ᠃ 2022 ᠣᠨ᠎ᠲᠠᠢ ᠬᠠᠷᠢᠴᠠᠭᠤᠯᠪᠠᠯ᠂ 0-15 ᠨᠠᠰᠤᠨ᠎ᠤ ᠬᠥᠮᠦᠨ ᠠᠮᠠ 12.06 ᠲᠦᠮᠡ ᠪᠠᠭ᠋ᠠᠰᠴᠤ᠂ ᠬᠤᠪᠢ ᠵᠢᠨ ᠵᠢᠩ᠎ᠨᠢ 0.47 ᠵᠠᠭᠤᠨ᠎ᠤ ᠬᠤᠪᠢ ᠵᠢᠨ ᠴᠡᠭ ᠪᠠᠭᠤᠷᠠᠪᠠ; 16 - 59 ᠨᠠᠰᠤᠨ᠎ᠤ ᠬᠥᠮᠦᠨ ᠠᠮᠠ 24.45 ᠲᠦᠮᠡ ᠪᠠᠭ᠋ᠠᠰᠴᠤ᠂ ᠬᠤᠪᠢ ᠵᠢᠨ ᠵᠢᠩ᠎ᠨᠢ 0.88 ᠵᠠᠭᠤᠨ᠎ᠤ ᠬᠤᠪᠢ ᠵᠢᠨ ᠴᠡᠭ ᠪᠠᠭᠤᠷᠠᠪᠠ; 60 ᠨᠠᠰᠤ ᠵᠢᠴᠢ ᠲᠡᠭᠦᠨ᠎ᠠᠴᠠ ᠳᠡᠭᠡᠭᠰᠢᠬᠢ ᠨᠠᠰᠤᠨ᠎ᠤ ᠬᠥᠮᠦᠨ ᠠᠮᠠ 3133 ᠲᠦᠮᠡ ᠨᠡᠮᠡᠭᠳᠡᠵᠦ᠂ ᠬᠤᠪᠢ ᠵᠢᠨ ᠵᠢᠩ᠎ᠨᠢ 1.35 ᠵᠠᠭᠤᠨ᠎ᠤ ᠬᠤᠪᠢ ᠵᠢᠨ ᠴᠡᠭ ᠳᠡᠭᠡᠭᠰᠢᠯᠡᠪᠡ; 65 ᠨᠠᠰᠤ ᠵᠢᠴᠢ ᠲᠡᠭᠦᠨ᠎ᠠᠴᠠ ᠳᠡᠭᠡᠭᠰᠢᠬᠢ ᠨᠠᠰᠤᠨ᠎ᠤ ᠬᠥᠮᠦᠨ ᠠᠮᠠ
17.34 ᠲᠦᠮᠡ ᠨᠡᠮᠡᠭᠳᠡᠵᠦ᠂ ᠬᠤᠪᠢ ᠵᠢᠨ ᠵᠢᠩ᠎ᠨᠢ 0.75 ᠵᠠᠭᠤᠨ᠎ᠤ ᠬᠤᠪᠢ ᠵᠢᠨ ᠴᠡᠭ ᠳᠡᠭᠡᠭᠰᠢᠯᠡᠪᠡ᠃
ᠳᠥᠷᠪᠡ᠂ ᠴᠢᠨᠠᠷ᠎ᠤᠨ ᠢᠯᠭ᠋ᠠᠯ᠎ᠤᠨ ᠪᠦᠷᠢᠯᠳᠦᠯ
2023 ᠣᠨ᠎ᠤ ᠡᠴᠦᠰ ᠪᠣᠯᠬᠤ᠎ᠳᠤ ᠪᠥᠬᠥ ᠣᠷᠣᠨ᠎ᠤ ᠪᠠᠶ᠋ᠢᠩᠭᠤ ᠰᠠᠭᠤᠭ᠎ᠠ ᠬᠥᠮᠦᠨ ᠠᠮᠠ ᠵᠢᠨ ᠳᠣᠲᠣᠷ᠎ᠠ᠂ ᠡᠷᠡᠭᠲᠡᠶ ᠬᠥᠮᠦᠨ ᠠᠮᠠ 1227.07 ᠲᠦᠮᠡ ᠪᠠᠶ᠋ᠢᠵᠤ᠂ ᠪᠥᠬᠥ ᠣᠷᠣᠨ᠎ᠤ ᠪᠠᠶ᠋ᠢᠩᠭᠤ ᠰᠠᠭᠤᠭ᠎ᠠ ᠬᠥᠮᠦᠨ ᠠᠮᠠ ᠵᠢᠨ 51.21% ᠵᠢ ᠡᠵᠡᠯᠡᠪᠡ; ᠡᠮᠡᠭᠲᠡᠶ ᠬᠥᠮᠦᠨ ᠠᠮᠠ 1168.93 ᠲᠦᠮᠡ ᠪᠠᠶ᠋ᠢᠵᠤ᠂ ᠪᠥᠬᠥ ᠣᠷᠣᠨ᠎ᠤ ᠪᠠᠶ᠋ᠢᠩᠭᠤ ᠰᠠᠭᠤᠭ᠎ᠠ ᠬᠥᠮᠦᠨ ᠠᠮᠠ ᠵᠢᠨ 48.79% ᠵᠢ ᠡᠵᠡᠯᠡᠪᠡ᠃ ᠴᠢᠨᠠᠷ᠎ᠤᠨ ᠢᠯᠭ᠋ᠠᠯ᠎ᠤᠨ ᠬᠠᠷᠢᠴᠠᠯ 104.97 ᠪᠣᠯᠵᠣ᠂ 2022 ᠣᠨ᠎ᠤ᠎ᠬᠢ᠎ᠠᠴᠠ 0.86 ᠳᠡᠭᠡᠭᠰᠢᠯᠡᠪᠡ᠃
ᠲᠠᠪᠤ᠂ ᠬᠥᠮᠦᠨ ᠠᠮᠠ ᠵᠢᠨ ᠠᠶᠠᠨᠳᠠᠭ᠋ᠠᠨ ᠨᠡᠮᠡᠭᠳᠡᠯ
2023 ᠣᠨ᠎ᠤ ᠡᠴᠦᠰ᠎ᠲᠤ ᠪᠥᠬᠥ ᠣᠷᠣᠨ᠎ᠤ ᠪᠠᠶ᠋ᠢᠩᠭᠤ ᠰᠠᠭᠤᠭ᠎ᠠ ᠬᠥᠮᠦᠨ ᠠᠮᠠ ᠵᠢᠨ ᠳᠣᠲᠣᠷ᠎ᠠ᠂ 12.0 ᠲᠦᠮᠡᠨ ᠬᠥᠮᠦᠨ ᠳᠦᠷᠦᠵᠦ᠂ 2022 ᠣᠨ᠎ᠤ᠎ᠬᠢ᠎ᠠᠴᠠ 1.4 ᠲᠦᠮᠡᠨ ᠬᠥᠮᠦᠨ ᠪᠠᠭ᠋ᠠᠰᠪᠠ; ᠬᠥᠮᠦᠨ ᠠᠮᠠ ᠵᠢᠨ ᠳᠦᠷᠦᠯᠲᠡ ᠵᠢᠨ ᠨᠣᠷᠮ᠎ᠠ 5.0‰ ᠪᠣᠯᠵᠣ᠂ 2022 ᠣᠨ᠎ᠤ᠎ᠬᠢ᠎ᠠᠴᠠ 0.58 ᠮᠢᠩᠭ᠋ᠠᠨ ᠬᠤᠪᠢ ᠵᠢᠨ ᠴᠡᠭ ᠪᠠᠭᠤᠷᠠᠪᠠ; 20.2 ᠲᠦᠮᠡᠨ ᠬᠥᠮᠦᠨ ᠡᠨᠳᠡᠵᠦ᠂ 2022 ᠣᠨ᠎ᠤ᠎ᠬᠢ᠎ᠠᠴᠠ 1.4 ᠲᠦᠮᠡᠨ ᠬᠥᠮᠦᠨ ᠨᠡᠮᠡᠭᠳᠡᠪᠡ; ᠬᠥᠮᠦᠨ ᠠᠮᠠ ᠵᠢᠨ ᠦᠬᠦᠯ᠎ᠤᠨ ᠨᠤᠷᠮ᠎ᠠ 8.42‰ᠳᠤ ᠬᠦᠷᠴᠦ᠂ 2022 ᠣᠨ᠎ᠤ᠎ᠬᠢ᠎ᠠᠴᠠ
0.59 ᠮᠢᠩᠭ᠋ᠠᠨ ᠬᠤᠪᠢ ᠵᠢᠨ ᠴᠡᠭ ᠳᠡᠭᠡᠭᠰᠢᠯᠡᠪᠡ; ᠬᠥᠮᠦᠨ ᠠᠮᠠ ᠵᠢᠨ ᠠᠶᠠᠨᠳᠠᠭ᠋ᠠᠨ ᠨᠡᠮᠡᠭᠳᠡᠬᠦ ᠨᠣᠷᠮ᠎ᠠ
- 3.42‰ ᠪᠣᠯᠵᠣ᠂ 2022 ᠣᠨ᠎ᠤ᠎ᠬᠢ᠎ᠠᠴᠠ 1.17 ᠮᠢᠩᠭ᠋ᠠᠨ᠎ᠤ ᠬᠤᠪᠢ ᠵᠢᠨ ᠴᠡᠭ ᠪᠠᠭᠤᠷᠠᠪᠠ᠃
ᠵᠢᠷᠭᠤᠭ᠎ᠠ᠂ ᠭᠠᠵᠠᠷ ᠣᠷᠣᠨ᠎ᠤ ᠲᠠᠷᠬᠠᠯᠲᠠ

ᠲᠠᠶ᠋ᠢᠯᠪᠤᠷᠢ᠄
ᠬᠡᠰᠡᠭ ᠲᠣᠭ᠎ᠠ ᠪᠠᠷᠢᠮᠲᠠ᠎ᠨᠢ ᠳᠥᠷᠪᠡ ᠵᠢ ᠬᠠᠶᠠᠵᠤ ᠲᠠᠪᠤ ᠵᠢ ᠳᠡᠪᠰᠢᠭᠦᠯᠦᠭᠰᠡᠨ ᠰᠢᠯᠲᠠᠭ᠋ᠠᠨ᠎ᠠᠴᠠ ᠪᠣᠯᠵᠣ᠂ ᠶᠡᠷᠦᠩᠬᠡᠶ ᠲᠣᠭ᠎ᠠ ᠪᠠ ᠬᠤᠪᠢᠶᠠᠷᠢ ᠵᠦᠢ᠍ᠯ᠎ᠤᠨ ᠨᠡᠢ᠌ᠯᠡᠪᠤᠷᠢ ᠠᠳᠠᠯᠢ ᠪᠤᠰᠤ ᠪᠠᠶ᠋ᠢᠳᠠᠯ ᠣᠷᠣᠰᠢᠵᠤ ᠪᠠᠶ᠋ᠢᠨ᠎ᠠ᠃
ᠪᠠᠶ᠋ᠢᠩᠭᠤ ᠰᠠᠭᠤᠭ᠎ᠠ ᠬᠥᠮᠦᠨ ᠠᠮᠠ᠎ᠳᠤ ᠲᠤᠰ ᠰᠢᠶᠠᠩ ᠪᠠᠯᠭ᠋ᠠᠰᠤ ᠵᠢᠨ ᠵᠡᠭᠡᠯᠢ ᠭᠤᠳᠤᠮᠵᠢ᠎ᠳᠤ ᠰᠠᠭᠤᠵᠤ ᠪᠠᠶ᠋ᠢᠭ᠎ᠠ ᠪᠥᠭᠡᠳ ᠡᠷᠦᠬᠡ ᠠᠮᠠ᠎ᠨᠢ ᠲᠤᠰ ᠰᠢᠶᠠᠩ ᠪᠠᠯᠭ᠋ᠠᠰᠤ ᠵᠢᠨ ᠵᠡᠭᠡᠯᠢ ᠭᠤᠳᠤᠮᠵᠢ ᠪᠤᠶᠤ ᠡᠷᠦᠬᠡ ᠠᠮᠠ ᠵᠢᠨ ᠳᠠᠩᠰᠠ᠎ᠪᠠᠨ ᠲᠣᠭᠲᠠᠭ᠋ᠠᠭ᠋ᠠᠳᠤᠶ ᠬᠥᠮᠦᠨ ᠠᠮᠠ; ᠲᠤᠰ ᠰᠢᠶᠠᠩ ᠪᠠᠯᠭ᠋ᠠᠰᠤ ᠵᠢᠨ ᠵᠡᠭᠡᠯᠢ ᠭᠤᠳᠤᠮᠵᠢ᠎ᠳᠤ ᠰᠠᠭᠤᠵᠤ ᠪᠠᠶ᠋ᠢᠭ᠎ᠠ ᠪᠥᠭᠡᠳ ᠡᠷᠦᠬᠡ ᠠᠮᠠ ᠳᠠᠩᠰᠠᠯᠠᠭᠤᠯᠤᠭᠰᠠᠨ ᠭᠠᠵᠠᠷ᠎ᠠᠴᠠ᠎ᠪᠠᠨ ᠰᠠᠯᠤᠭᠰᠠᠨ ᠰᠢᠶᠠᠩ ᠪᠠᠯᠭ᠋ᠠᠰᠤ ᠵᠢᠨ ᠵᠡᠭᠡᠯᠢ ᠭᠤᠳᠤᠮᠵᠢ ᠵᠢᠨ ᠬᠠᠭ᠋ᠠᠰ ᠵᠢᠯ᠎ᠠᠴᠠ ᠳᠡᠭᠡᠭᠰᠢ ᠬᠥᠮᠦᠨ ᠠᠮᠠ; ᠡᠷᠦᠬᠡ ᠠᠮᠠ᠎ᠨᠢ ᠲᠣᠰ ᠰᠢᠶᠠᠩ ᠪᠠᠯᠭ᠋ᠠᠰᠤ ᠵᠡᠭᠡᠯᠢ ᠭᠤᠳᠤᠮᠵᠢ᠎ᠳᠤ ᠪᠠᠢ᠍ᠬᠤ ᠮᠥᠷᠲᠡᠭᠡᠨ ᠭᠠᠳᠠᠭᠰᠢ ᠭᠠᠷᠤᠭ᠋ᠠᠳ ᠬᠠᠭ᠋ᠠᠰ ᠵᠢᠯ ᠪᠣᠯᠤᠭ᠎ᠠ ᠦᠭᠡᠢ ᠪᠤᠶᠤ ᠬᠢᠯᠢ ᠵᠢᠨ ᠭᠠᠳᠠᠨ᠎ᠠ ᠠᠵᠢᠯᠯᠠᠵᠤ ᠰᠤᠷᠤᠯᠴᠠᠵᠤ ᠪᠠᠢ᠍ᠭ᠎ᠠ ᠬᠥᠮᠦᠨ ᠠᠮᠠ ᠪᠠᠭᠲᠠᠨ᠎ᠠ᠃
ᠬᠣᠲᠠ ᠪᠠᠯᠭ᠋ᠠᠰᠤᠨ᠎ᠤ ᠬᠥᠮᠦᠨ ᠠᠮᠠ ᠪᠠ ᠬᠥᠳᠡᠭᠡ ᠲᠣᠰᠬᠣᠨ᠎ᠤ ᠬᠥᠮᠦᠨ ᠠᠮᠠ ᠬᠣᠲᠠ ᠪᠠᠯᠭ᠋ᠠᠰᠤᠨ᠎ᠤ ᠬᠥᠮᠦᠨ ᠠᠮᠠ ᠭᠡᠳᠡᠭ᠎ᠨᠢ ᠬᠣᠲᠠ ᠪᠠᠯᠭ᠋ᠠᠰᠤᠨ᠎ᠤ ᠬᠡᠪᠴᠢᠶᠡᠨ᠎ᠳᠤ ᠰᠠᠭᠤᠵᠤ ᠪᠠᠶ᠋ᠢᠭ᠎ᠠ ᠪᠦᠬᠦ ᠪᠠᠶ᠋ᠢᠩᠭᠤ ᠰᠠᠭᠤᠭ᠎ᠠ ᠬᠥᠮᠦᠨ ᠠᠮᠠ ᠵᠢ ᠵᠢᠭ᠋ᠠᠵᠤ ᠪᠤᠶ; ᠬᠥᠳᠡᠭᠡ ᠲᠣᠰᠬᠣᠨ᠎ᠤ ᠬᠥᠮᠦᠨ ᠠᠮᠠ ᠪᠣᠯ ᠳᠡᠭᠡᠷ᠎ᠡ ᠳᠤᠷᠠᠳᠤᠭᠰᠠᠨ ᠬᠥᠮᠦᠨ ᠠᠮᠠ᠎ᠠᠴᠠ ᠭᠠᠳᠠᠨᠠᠬᠢ ᠪᠦᠬᠦ ᠬᠥᠮᠦᠨ ᠠᠮᠠ ᠮᠥᠨ᠃
ᠴᠢᠨᠠᠷ᠎ᠤᠨ ᠢᠯᠭ᠋ᠠᠯ᠎ᠤᠨ ᠬᠠᠷᠢᠴᠠᠯ ᠡᠷᠡᠭᠲᠡᠶ ᠵᠢᠨ ᠬᠥᠮᠦᠨ ᠠᠮᠠ ᠵᠢᠨ ᠲᠣᠭ᠎ᠠ ᠪᠣᠯᠤᠨ ᠡᠮᠡᠭᠲᠡᠶ ᠵᠢᠨ ᠬᠥᠮᠦᠨ ᠠᠮᠠ ᠵᠢᠨ ᠲᠣᠭ᠋ᠠᠨ᠎ᠤ ᠬᠠᠷᠢᠴᠠᠯ᠎ᠢ ᠵᠢᠭ᠋ᠠᠵᠤ ᠪᠠᠶ᠋ᠢᠨ᠎ᠠ᠂ ᠶᠡᠷᠦ᠎ᠳᠡᠭᠡᠨ 100 ᠡᠮᠡᠭᠲᠡᠶ ᠬᠥᠮᠦᠨ ᠠᠮᠠ᠎ᠳᠤ ᠵᠣᠬᠢᠴᠠᠩᠭᠤᠶ᠎ᠪᠠᠷ ᠬᠡᠳᠦᠶ ᠡᠷᠡᠭᠲᠡᠶ ᠬᠥᠮᠦᠨ ᠠᠮᠠ ᠪᠠᠶ᠋ᠢᠬᠤ ᠵᠢ ᠢᠯᠡᠳᠬᠡᠳᠡᠭ᠃