ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2023 ᠣᠨ᠎ᠤ ᠤᠯᠤᠰ ᠠᠷᠠᠳ᠎ᠤᠨ
ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠪᠦᠷᠢᠳᠬᠡᠯ᠎ᠤᠨ ᠠᠯᠪᠠᠨ ᠮᠡᠳᠡᠭᠡ [1]
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ
(2024 ᠣᠨ᠎ᠤ 3 ᠰᠠᠷ᠎ᠠ ᠵᠢᠨ 21᠎ᠤ ᠡᠳᠦᠷ)
2023 ᠣᠨ᠎ᠳᠤ᠂ ᠲᠦᠪᠡᠭ ᠪᠤᠳᠤᠯᠢᠶᠠᠨᠲᠠᠶ ᠭᠠᠳᠠᠭ᠋ᠠᠳᠤ ᠣᠷᠴᠢᠨ ᠨᠥᠬᠥᠴᠡᠯ ᠪᠠ ᠠᠵᠤ ᠠᠬᠤᠶ ᠵᠢᠨ ᠰᠡᠷᠭᠦᠯᠲᠡ ᠵᠢᠨ ᠶᠠᠪᠤᠴᠠ᠎ᠳᠠᠬᠢ ᠬᠦᠴᠢᠷ ᠪᠡᠷᠬᠡᠰᠢᠶᠡᠯ ᠬᠠᠷᠰᠢ ᠰᠠᠭ᠋ᠠᠳ᠎ᠤᠨ ᠡᠮᠦᠨ᠎ᠡ᠂ ᠰᠢ ᠵᠢᠨ ᠫᠢᠩ ᠨᠥᠬᠥᠷ ᠵᠶ᠋ᠠᠷ ᠭᠤᠤᠯ ᠪᠣᠯᠭ᠋ᠠᠭᠰᠠᠨ ᠨᠠᠮ᠎ᠤᠨ ᠲᠥᠪ ᠬᠣᠷᠢᠶᠠᠨ᠎ᠤ ᠪᠠᠲᠤ ᠴᠢᠩᠭ᠎ᠠ ᠤᠳᠤᠷᠢᠳᠤᠯᠭ᠎ᠠ ᠳᠤᠤᠷ᠎ᠠ᠂ ᠣᠷᠣᠨ ᠳᠠᠶᠠᠭ᠋ᠠᠷ ᠵᠶ᠋ᠠᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ᠎ᠤᠨ ᠵᠣᠷᠢᠭ ᠰᠠᠨᠠᠭ᠎ᠠ ᠪᠣᠯᠤᠨ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠶ ᠴᠢᠬᠤᠯᠠ ᠵᠢᠭ᠋ᠠᠪᠤᠷᠢ ᠪᠣᠯᠤᠨ ᠴᠢᠬᠤᠯᠠ ᠶᠠᠷᠢᠶᠠᠨ᠎ᠤ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠲᠣᠭᠲᠠᠭᠤᠨ᠎ᠤ ᠳᠤᠮᠳᠠ ᠤᠷᠤᠭᠰᠢᠯᠠᠨ ᠲᠠᠪᠰᠢᠬᠤ ᠠᠵᠢᠯ᠎ᠤᠨ ᠶᠡᠷᠦᠩᠬᠡᠢ ᠬᠦᠭ ᠠᠶᠠᠰ᠎ᠢ ᠪᠠᠷᠢᠮᠳᠠᠯᠠᠨ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ᠎ᠪᠠᠷ ᠡᠯ᠎ᠡ ᠵᠦᠢ᠍ᠯ᠎ᠤᠨ ᠠᠵᠢᠯ᠎ᠤᠨ ᠭᠤᠤᠯ ᠰᠢᠵᠢᠮ ᠪᠤᠯᠭ᠋ᠠᠵᠤ᠂ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ ᠡᠨᠡ ᠬᠦ᠌ ᠲᠡᠷᠢᠭᠦᠨ ᠴᠢᠬᠤᠯᠠ ᠡᠭᠦᠷᠭᠡ ᠵᠢᠨ ᠲᠣᠭᠣᠷᠢᠨ᠎ᠳᠤ᠂ ᠲᠥᠷᠥ ᠵᠢᠨ ᠶᠠᠪᠤᠳᠠᠯ᠎ᠤᠨ ᠬᠣᠷᠢᠶᠠᠨ᠎ᠤ 《ᠥᠪᠥᠷ ᠮᠣᠩᠭᠣᠯ᠎ᠤᠨ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠵᠤ ᠳᠤᠮᠳᠠᠳᠤ ᠤᠯᠤᠰ᠎ᠤᠨ ᠮᠠᠶᠢᠭ᠎ᠤᠨ ᠣᠳᠣᠬᠢᠴᠢᠯᠠᠯᠲᠠ ᠵᠢᠨ ᠰᠢᠨ᠎ᠡ ᠬᠠᠭᠤᠳᠠᠰᠤ ᠵᠢ ᠴᠢᠷᠮᠠᠶ᠋ᠢᠨ ᠪᠢᠴᠢᠭᠯᠡᠬᠦ ᠲᠤᠬᠠᠶ ᠰᠠᠨᠠᠯ》᠎ᠢ ᠪᠥᠬᠥ ᠲᠠᠯ᠎ᠠ᠎ᠪᠠᠷ ᠨᠠᠢ᠌ᠳᠠᠪᠤᠷᠢᠵᠢᠭᠤᠯᠤᠨ᠂ 《ᠬᠣᠶᠠᠷ ᠶᠡᠬᠡ ᠶᠠᠪᠤᠳᠠᠯ》᠎ᠢ ᠪᠦᠬᠦ ᠬᠦᠴᠦᠨ ᠵᠶ᠋ᠠᠷ ᠵᠶ᠋ᠠᠨ ᠰᠠᠶ᠋ᠢᠲᠤᠷ ᠬᠢᠵᠦ᠂ ᠰᠡᠳᠬᠢᠯ ᠵᠶ᠋ᠠᠨ ᠨᠢᠭᠡᠳᠬᠡᠨ ᠬᠦᠴᠦ᠎ᠪᠠᠨ ᠬᠠᠮᠲᠤᠳᠬᠠᠵᠤ ᠰᠢᠨ᠎ᠡ ᠵᠠᠮ ᠨᠡᠭᠡᠭᠡᠨ᠂ ᠳᠤᠮᠳᠠ ᠲᠦᠪᠰᠢᠨ᠎ᠳᠤ ᠤᠷᠤᠭᠰᠢᠯᠠᠨ᠂ ᠠᠷᠭ᠎ᠠ ᠪᠦᠬᠦᠨ᠎ᠢ ᠰᠦᠪᠡᠭᠴᠢᠯᠡᠨ ᠥᠭᠡᠷᠡᠴᠢᠯᠡᠯᠲᠡ ᠬᠢᠵᠦ᠂ ᠬᠥᠭᠵᠢᠯᠲᠡ ᠵᠢ ᠠᠬᠢᠭᠤᠯᠤᠨ᠂ ᠢᠲᠡᠭᠡᠯ ᠵᠣᠷᠢᠭ ᠵᠶ᠋ᠠᠨ ᠬᠦᠪᠴᠢᠯᠡᠨ᠂ ᠣᠷᠴᠢᠨ ᠨᠦᠬᠦᠴᠡᠯ᠎ᠢ ᠰᠢᠯᠢᠳᠡᠭᠵᠢᠬᠦᠯᠵᠦ᠂ ᠪᠦᠬᠦ ᠣᠷᠣᠨ᠎ᠤ ᠠᠵᠤ ᠠᠬᠤᠶ ᠲᠣᠭᠲᠠᠭᠤᠨ ᠵᠶ᠋ᠠᠷ ᠠᠬᠢᠵᠤ ᠶᠠᠰᠤ ᠴᠢᠨᠠᠷ ᠳᠡᠭᠡᠭᠰᠢᠯᠡᠨ᠂ ᠴᠢᠨᠠᠷ ᠰᠠᠶ᠋ᠢᠲᠠᠶ ᠬᠥᠭᠵᠢᠯᠲᠡ ᠯᠠᠪᠳᠠᠭᠤᠨ ᠪᠠᠲᠤᠲᠠᠶ ᠠᠯᠬᠤᠮ᠎ᠢ ᠠᠯᠬᠤᠪᠠ᠃
ᠨᠢᠭᠡ᠂ ᠶᠡᠷᠦᠩᠬᠡᠢ᠌ᠯᠡᠯ
ᠠᠩᠬ᠎ᠠ ᠠᠯᠬᠤᠮ ᠬᠠᠷᠭᠤᠭᠤᠯᠤᠨ ᠪᠤᠳᠤᠭᠰᠠᠨ ᠵᠶ᠋ᠠᠷ᠂ ᠪᠥᠬᠥ ᠵᠢᠯ᠎ᠤᠨ ᠣᠷᠣᠨ ᠨᠤᠲᠤᠭ᠎ᠤᠨ ᠦᠢ᠍ᠯᠡᠳᠪᠦᠷᠢᠯᠡᠯ᠎ᠤᠨ ᠶᠡᠷᠦᠩᠬᠡᠢ ᠥᠷᠲᠡᠭ [2] 24627 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 7.3%᠎ᠪᠠᠷ ᠨᠡᠮᠡᠭᠳᠡᠪᠡ᠃ ᠡᠭᠦᠨ᠎ᠳᠤ᠂ ᠨᠢᠭᠡᠳᠦᠭᠡᠷ ᠠᠵᠤ ᠦᠢ᠍ᠯᠡᠰ᠎ᠤᠨ ᠨᠡᠮᠡᠭᠳᠡᠯ ᠥᠷᠲᠡᠭ 2737 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 5.5%᠎ᠪᠠᠷ ᠨᠡᠮᠡᠭᠳᠡᠪᠡ; ᠬᠣᠶᠠᠳᠤᠭ᠋ᠠᠷ ᠠᠵᠤ ᠦᠢ᠍ᠯᠡᠰ᠎ᠤᠨ ᠨᠡᠮᠡᠭᠳᠡᠯ ᠥᠷᠲᠡᠭ 11704 ᠳ᠋ᠦᠩᠰᠢᠭᠤᠷ ᠲᠥᠭᠥᠷᠢᠭ᠎ᠲᠤ ᠬᠦᠷᠴᠦ᠂ 8.1%᠎ᠪᠠᠷ ᠨᠡᠮᠡᠭᠳᠡᠪᠡ; ᠭᠤᠷᠪᠠᠳᠤᠭ᠋ᠠᠷ ᠠᠵᠤ ᠦᠢ᠍ᠯᠡᠰ᠎ᠤᠨ ᠨᠡᠮᠡᠭᠳᠡᠯ ᠥᠷᠲᠡᠭ 10186 ᠳ᠋ᠦᠩᠰᠢᠭᠤᠷ ᠲᠥᠭᠥᠷᠢᠭ᠎ᠲᠤ ᠬᠦᠷᠴᠦ᠂ 7.0%᠎ᠪᠠᠷ ᠨᠡᠮᠡᠭᠳᠡᠪᠡ᠃ ᠭᠤᠷᠪᠠᠨ ᠠᠵᠤ ᠦᠢ᠍ᠯᠡᠰ᠎ᠤᠨ ᠬᠠᠷᠢᠴᠠᠯ᠎ᠨᠢ 11.1᠄ 47.5᠄ 41.4 ᠪᠣᠯᠤᠨ᠎ᠠ᠃ ᠨᠢᠭᠡᠳᠦᠭᠡᠷ᠂ ᠬᠣᠶᠠᠳᠤᠭ᠋ᠠᠷ᠂ ᠭᠤᠷᠪᠠᠳᠤᠭ᠋ᠠᠷ ᠠᠵᠤ ᠦᠢ᠍ᠯᠡᠰ᠎ᠤᠨ ᠣᠷᠣᠨ ᠨᠤᠲᠤᠭ᠎ᠤᠨ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠎ᠤᠨ ᠨᠡᠮᠡᠭᠳᠡᠯ᠎ᠳᠤ ᠦᠵᠡᠭᠦᠯᠦᠭᠰᠡᠨ ᠬᠤᠪᠢ ᠨᠡᠮᠡᠷᠢ ᠵᠢᠨ ᠨᠣᠷᠮ᠎ᠠ᠎ᠨᠢ ᠲᠣᠰ ᠲᠣᠰ 8.7%᠂ 45.7% ᠪᠠ 45.6%᠎ᠳᠤ ᠬᠦᠷᠴᠡᠶ᠃ ᠬᠥᠮᠦᠨ ᠳᠤᠮᠳᠠᠴᠢ ᠵᠢᠨ ᠣᠷᠣᠨ ᠨᠤᠲᠤᠭ᠎ᠤᠨ ᠦᠢ᠍ᠯᠡᠳᠪᠦᠷᠢᠯᠡᠯ ᠶᠡᠷᠦᠩᠬᠡᠶ ᠥᠷᠲᠡᠭ 102677 ᠲᠥᠭᠥᠷᠢᠭ᠎ᠲᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 7.4%᠎ᠪᠠᠷ ᠨᠡᠮᠡᠭᠳᠡᠪᠡ᠃

ᠵᠢᠯ᠎ᠤᠨ ᠡᠴᠦᠰ ᠪᠣᠯᠲᠠᠯ᠎ᠠ ᠪᠥᠬᠥ ᠣᠷᠣᠨ᠎ᠤ ᠪᠠᠶ᠋ᠢᠩᠭᠤ ᠰᠠᠭᠤᠭ᠎ᠠ ᠬᠥᠮᠦᠨ ᠠᠮᠠ [3] 2396.0 ᠲᠦᠮᠡᠨ ᠬᠥᠮᠦᠨ᠃ ᠡᠭᠦᠨ᠎ᠳᠤ ᠬᠣᠲᠠ ᠪᠠᠯᠭ᠋ᠠᠰᠤᠨ᠎ᠤ ᠬᠥᠮᠦᠨ ᠠᠮᠠ 1667.1 ᠲᠦᠮᠡ᠎ᠳᠤ ᠬᠦᠷᠴᠦ᠂ ᠬᠥᠳᠡᠭᠡ ᠲᠣᠰᠬᠣᠨ᠎ᠤ ᠬᠥᠮᠦᠨ ᠠᠮᠠ 728.9 ᠲᠦᠮᠡ᠎ᠳᠤ ᠬᠦᠷᠴᠡᠶ᠃ ᠪᠠᠶ᠋ᠢᠩᠭᠤ ᠰᠠᠭᠤᠭ᠎ᠠ ᠬᠥᠮᠦᠨ ᠠᠮᠠ ᠵᠢᠨ ᠬᠣᠲᠠ ᠪᠠᠯᠭ᠋ᠠᠰᠤᠵᠢᠯᠲᠠ ᠵᠢᠨ ᠨᠣᠷᠮ᠎ᠠ 69.58% ᠬᠦᠷᠴᠦ᠂ ᠲᠦᠷᠦᠭᠦᠦ ᠵᠢᠯ᠎ᠤᠨ ᠡᠴᠦᠰ᠎ᠤᠨ᠎ᠬᠢ᠎ᠠᠴᠠ 0.98 ᠵᠠᠭᠤᠨ᠎ᠤ ᠬᠤᠪᠢ ᠵᠢᠨ ᠴᠡᠭ ᠳᠡᠭᠡᠭᠰᠢᠯᠡᠵᠡᠶ᠃ ᠡᠷᠡᠭᠲᠡᠶ ᠬᠥᠮᠦᠨ ᠠᠮᠠ 1227.1 ᠲᠦᠮᠡ ᠪᠣᠯᠵᠣ᠂ ᠡᠮᠡᠭᠲᠡᠶ ᠬᠥᠮᠦᠨ ᠠᠮᠠ 1168.9 ᠲᠦᠮᠡ ᠪᠣᠯᠵᠠᠶ᠃ ᠪᠥᠬᠥ ᠵᠢᠯ᠎ᠤᠨ ᠲᠥᠷᠥᠭᠰᠡᠨ ᠬᠥᠮᠦᠨ ᠠᠮᠠ᠎ᠨᠢ 12.0 ᠲᠦᠮᠡ ᠪᠠᠶ᠋ᠢᠵᠤ᠂ ᠲᠥᠷᠥᠭᠰᠡᠨ ᠨᠣᠷᠮ᠎ᠠ᠎ᠨᠢ 5.00‰ ᠪᠣᠯᠤᠨ᠎ᠠ; ᠨᠠᠰᠤ ᠪᠠᠷᠠᠭᠰᠠᠨ ᠬᠥᠮᠦᠨ ᠠᠮᠠ 20.2 ᠲᠦᠮᠡ ᠪᠠᠶ᠋ᠢᠵᠤ᠂ ᠨᠠᠰᠤ ᠪᠠᠷᠠᠭᠰᠠᠨ ᠨᠣᠷᠮ᠎ᠠ᠎ᠨᠢ 8.42‰ ᠪᠣᠯᠤᠨ᠎ᠠ᠃
ᠬᠦᠰᠦᠨᠦᠭᠳᠦ ᠨᠢᠭᠡ 2023 ᠤᠨ᠎ᠤ ᠵᠢᠯ᠎ᠤᠨ ᠡᠴᠦᠰ᠎ᠤᠨ ᠪᠠᠢ᠌ᠩᠭᠤ ᠰᠠᠭᠤᠭ᠎ᠠ ᠬᠦᠮᠦᠨ ᠠᠮᠠ ᠵᠢᠨ ᠲᠤᠭ᠎ᠠ ᠵᠢᠴᠢ ᠲᠡᠭᠦᠨ᠎ᠤ ᠪᠦᠷᠢᠯᠳᠦᠯ

ᠪᠥᠬᠥ ᠵᠢᠯ᠎ᠳᠤ ᠬᠣᠲᠠ ᠪᠠᠯᠭ᠋ᠠᠰᠤᠨ᠎ᠤ 21.9 ᠲᠦᠮᠡᠨ ᠬᠥᠮᠦᠨ᠎ᠳᠤ ᠰᠢᠨ᠎ᠡ᠎ᠪᠠᠷ ᠠᠵᠢᠯ ᠣᠯᠭᠣᠪᠠ [5]᠃ ᠠᠵᠢᠯ ᠠᠯᠳᠠᠭᠰᠠᠳ 13.1 ᠲᠦᠮᠡᠨ ᠬᠥᠮᠦᠨ᠎ᠳᠤ ᠳᠠᠬᠢᠨ ᠠᠵᠢᠯ ᠣᠯᠭᠣᠪᠠ᠃
ᠪᠦᠬᠦ ᠵᠢᠯ᠎ᠤᠨ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠳᠡᠭᠡᠷ᠎ᠡ ᠵᠢᠯ᠎ᠤᠨ᠎ᠬᠢ᠎ᠠᠴᠠ 0.6%
ᠨᠡᠮᠡᠭᠳᠡᠪᠡ᠃ ᠬᠣᠲᠠ ᠬᠥᠳᠡᠭᠡ ᠵᠢ ᠬᠤᠪᠢᠶᠠᠵᠤ ᠦᠵᠡᠪᠡᠯ᠂ ᠬᠣᠲᠠ ᠬᠥᠳᠡᠭᠡ ᠴᠥᠮ 0.6%᠎ᠪᠠᠷ ᠥᠰᠴᠡᠶ᠃ ᠪᠥᠬᠥ ᠣᠷᠣᠨ᠎ᠤ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢᠳ᠎ᠤᠨ ᠦᠢ᠍ᠯᠡᠳᠪᠦᠷᠢ᠎ᠠᠴᠠ ᠭᠠᠷᠭ᠋ᠠᠬᠤ ᠦᠨ᠎ᠡ ᠲᠦᠷᠦᠭᠦᠦ ᠵᠢᠯ᠎ᠤᠨ᠎ᠬᠢ᠎ᠠᠴᠠ᠎ᠪᠠᠨ 7.9%᠎ᠪᠠᠷ ᠪᠠᠭᠤᠷᠠᠵᠤ᠂ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢᠳ᠎ᠤᠨ ᠬᠤᠳᠠᠯᠳᠤᠨ ᠠᠪᠬᠤ ᠦᠨ᠎ᠡ ᠲᠦᠷᠦᠭᠦᠦ ᠵᠢᠯ᠎ᠤᠨ᠎ᠬᠢ᠎ᠠᠴᠠ᠎ᠪᠠᠨ 7.0% ᠵᠶ᠋ᠠᠷ ᠪᠠᠭᠤᠷᠠᠪᠠ᠃

ᠬᠦᠰᠦᠨᠦᠭᠳᠦ ᠬᠤᠶᠠᠷ 2023 ᠤᠨ᠎ᠤ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠵᠢᠨ ᠲᠡᠭᠡᠷ᠎ᠡ ᠵᠢᠯ᠎ᠤᠨ᠎ᠬᠢ᠎ᠠᠴᠠ ᠨᠡᠮᠡᠭᠳᠡᠵᠦ ᠬᠠᠰᠤᠭᠳᠠᠭᠰᠠᠨ ᠪᠠᠢ᠌ᠳᠠᠯ
ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ ᠠᠬᠢᠴᠠ ᠲᠦᠷᠭᠡᠳᠪᠡ᠃ ᠪᠦ᠍ᠬᠦ ᠵᠢᠯ᠎ᠤᠨ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ [6] ᠳᠣᠲᠣᠷ᠎ᠠ᠂ ᠪᠠᠶ᠋ᠢᠯᠳᠤᠬᠤ ᠪᠤᠳᠤᠯᠭ᠎ᠠ ᠵᠢᠨ ᠴᠢᠨᠠᠷᠲᠠᠢ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠤᠨ [7] ᠨᠡᠮᠡᠭᠳᠡᠯ ᠦᠷᠳᠡᠭ ᠲᠦᠷᠦᠭᠦᠦ ᠵᠢᠯ᠎ᠤᠨ᠎ᠬᠢ᠎ᠠᠴᠠ 13.5%᠎ᠪᠠᠷ ᠨᠡᠮᠡᠭᠳᠡᠪᠡ; ᠨᠡᠭᠦᠷᠡᠰᠦᠨ᠎ᠤ ᠪᠤᠰᠤ ᠠᠵᠤ ᠦᠢ᠍ᠯᠡᠰ᠎ᠤᠨ ᠨᠡᠮᠡᠭᠳᠡᠯ ᠥᠷᠲᠡᠭ ᠲᠦᠷᠦᠭᠦᠦ ᠵᠢᠯ᠎ᠤᠨ᠎ᠬᠢ᠎ᠠᠴᠠ 12.1%᠎ᠪᠠᠷ ᠨᠡᠮᠡᠭᠳᠡᠵᠦ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ᠎ᠲᠤ ᠡᠵᠡᠯᠡᠬᠦ ᠬᠤᠪᠢ ᠵᠢᠨ ᠵᠢᠩ᠎ᠨᠢ 60.7% ᠪᠠᠶ᠋ᠢᠪᠠ; ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ [8]᠎ᠤᠨ ᠨᠡᠮᠡᠭᠳᠡᠯ ᠦᠷᠳᠡᠭ 11.4%᠎ᠪᠠᠷ ᠨᠡᠮᠡᠭᠳᠡᠪᠡ; ᠰᠢᠨ᠎ᠡ ᠡᠨᠧᠷᠭᠢ ᠵᠢᠨ ᠰᠤᠷᠪᠤᠯᠵᠢ ᠲᠣᠨᠣᠭ ᠲᠥᠬᠥᠭᠡᠷᠦᠮᠵᠢ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ 11.4% ᠨᠡᠮᠡᠭᠳᠡᠪᠡ᠃ ᠬᠥᠭᠵᠢᠯᠲᠡ ᠵᠢᠨ ᠰᠡᠯᠭᠦᠬᠦ ᠬᠦᠴᠦᠨ ᠦᠷᠭᠦᠯᠵᠢᠯᠡᠨ ᠴᠢᠩᠭ᠋ᠠᠷᠠᠪᠠ᠃ ᠳᠡᠭᠡᠳᠦ ᠮᠡᠷᠭᠡᠵᠢᠯ᠎ᠤᠨ ᠠᠵᠤ ᠦᠢ᠍ᠯᠡᠰ᠎ᠤᠨ ᠪᠡᠯᠡ ᠣᠷᠣᠭᠤᠯᠤᠯᠲᠠ [9] ᠲᠦᠷᠦᠭᠦᠦ ᠵᠢᠯ᠎ᠤᠨ᠎ᠬᠢ᠎ᠠᠴᠠ 84.5%᠎ᠪᠠᠷ ᠨᠡᠮᠡᠭᠳᠡᠪᠡ᠃ ᠡᠭᠦᠨ᠎ᠳᠤ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ᠎ᠤᠨ ᠪᠡᠯᠡ ᠣᠷᠣᠭᠤᠯᠤᠯᠲᠠ 123.7%᠎ᠪᠠᠷ ᠨᠡᠮᠡᠭᠳᠡᠵᠦ᠂ ᠳᠡᠭᠡᠳᠦ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠪᠡᠯᠡ ᠣᠷᠣᠭᠤᠯᠤᠯᠲᠠ 36.6%᠎ᠪᠠᠷ ᠨᠡᠮᠡᠭᠳᠡᠪᠡ᠃ ᠰᠢᠨ᠎ᠡ ᠡᠨᠧᠷᠭᠢ ᠵᠢᠨ ᠠᠵᠤ ᠦᠢ᠍ᠯᠡᠰ᠎ᠤᠨ ᠪᠠᠯᠠ ᠣᠷᠣᠭᠤᠯᠤᠯᠲᠠ ᠲᠦᠷᠦᠭᠦᠦ ᠵᠢᠯ᠎ᠤᠨ᠎ᠬᠢ᠎ᠠᠴᠠ 70.1%᠎ᠪᠠᠷ ᠨᠡᠮᠡᠭᠳᠡᠪᠡ᠃
ᠣᠷᠣᠨ ᠪᠦᠰᠡ ᠵᠢᠨ ᠵᠣᠬᠢᠴᠠᠩᠭᠤᠢ ᠬᠥᠭᠵᠢᠯᠲᠡ [10] ᠯᠠᠪᠳᠠᠭᠤᠨ ᠪᠠᠲᠤᠲᠠᠢ ᠠᠬᠢᠪᠠ᠃ ᠵᠡᠭᠦᠨ ᠬᠡᠰᠡᠭ᠎ᠤᠨ ᠣᠷᠣᠨ ᠨᠤᠲᠤᠭ᠎ᠤᠨ ᠦᠢ᠍ᠯᠡᠳᠪᠦᠷᠢᠯᠡᠯ᠎ᠤᠨ ᠶᠡᠷᠦᠩᠬᠡᠢ ᠦᠷᠳᠡᠭ 7290 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 5.4%᠎ᠪᠠᠷ ᠨᠡᠮᠡᠭᠳᠡᠵᠡᠢ; ᠳᠤᠮᠳᠠ ᠬᠡᠰᠡᠭ᠎ᠤᠨ ᠣᠷᠣᠨ ᠨᠤᠲᠤᠭ᠎ᠤᠨ ᠦᠢ᠍ᠯᠡᠳᠪᠦᠷᠢᠯᠡᠯ᠎ᠤᠨ ᠶᠡᠷᠦᠩᠬᠡᠢ ᠦᠷᠳᠡᠭ 15000 ᠳ᠋ᠦᠩᠰᠢᠭᠤᠷ ᠲᠥᠭᠥᠷᠢᠭ᠎ᠲᠤ ᠬᠦᠷᠴᠦ᠂ 8.8%᠎ᠪᠠᠷ ᠨᠡᠮᠡᠭᠳᠡᠪᠡ; ᠪᠠᠷᠠᠭᠤᠨ ᠬᠡᠰᠡᠭ᠎ᠤᠨ ᠣᠷᠣᠨ ᠨᠤᠲᠤᠭ᠎ᠤᠨ ᠦᠢ᠍ᠯᠡᠳᠪᠦᠷᠢᠯᠡᠯ᠎ᠤᠨ ᠶᠡᠷᠦᠩᠬᠡᠢ ᠦᠷᠳᠡᠭ 2279 ᠳ᠋ᠦᠩᠰᠢᠭᠤᠷ ᠲᠥᠭᠥᠷᠢᠭ᠎ᠲᠤ ᠬᠦᠷᠴᠦ᠂ 4.8%᠎ᠪᠠᠷ ᠨᠡᠮᠡᠭᠳᠡᠵᠡᠢ᠃
ᠬᠣᠶᠠᠷ᠂ ᠲᠠᠷᠢᠶᠠᠯᠠᠩ ᠮᠠᠯ ᠠᠵᠤ ᠠᠬᠤᠶ
ᠪᠥᠬᠥ ᠵᠢᠯ᠎ᠤᠨ ᠲᠠᠷᠢᠮᠠᠯ᠎ᠤᠨ ᠶᠡᠷᠦᠩᠬᠡᠶ ᠲᠠᠯᠠᠪᠠᠶ 880.9 ᠲᠦᠮᠡᠨ ᠾᠧᠺᠲ᠋ᠠᠷ᠎ᠲᠤ ᠬᠥᠷᠪᠡ᠃ ᠡᠭᠦᠨ᠎ᠳᠤ ᠠᠮᠤ ᠪᠤᠳᠠᠭ᠋ᠠᠨ᠎ᠤ ᠲᠠᠷᠢᠮᠠᠯ᠎ᠤᠨ ᠲᠠᠯᠠᠪᠠᠶ 698.5 ᠲᠦᠮᠡᠨ ᠾᠧᠺᠲ᠋ᠠᠷ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 0.5%᠎ᠪᠠᠷ ᠨᠡᠮᠡᠭᠳᠡᠪᠡ᠃ ᠠᠮᠤ ᠪᠤᠳᠠᠭ᠋ᠠᠨ᠎ᠤ ᠭᠠᠷᠤᠯᠲᠠ 3957.8 ᠲᠦᠮᠡᠨ ᠲᠣᠨ᠎ᠳᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 1.5%᠎ᠪᠠᠷ ᠨᠡᠮᠡᠭᠳᠡᠪᠡ᠃

ᠪᠥᠬᠥ ᠵᠢᠯ᠎ᠤᠨ ᠭᠠᠬᠠᠶ ᠦᠬᠡᠷ ᠬᠣᠨᠢ ᠵᠢᠭᠦᠷᠲᠡᠨ᠎ᠤ ᠮᠢᠬᠠᠨ᠎ᠤ ᠭᠠᠷᠤᠯᠲᠠ 285.4 ᠲᠦᠮᠡᠨ ᠲᠣᠨ᠎ᠳᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 2.7%᠎ᠪᠠᠷ ᠨᠡᠮᠡᠭᠳᠡᠪᠡ᠃ ᠡᠭᠦᠨ᠎ᠳᠤ᠂ ᠭᠠᠬᠠᠶ ᠵᠢᠨ ᠮᠢᠬᠠᠨ᠎ᠤ ᠭᠠᠷᠤᠯᠲᠠ 75.7 ᠲᠦᠮᠡᠨ ᠲᠣᠨ᠎ᠳᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 2.7%᠎ᠪᠠᠷ ᠨᠡᠮᠡᠭᠳᠡᠪᠡ; ᠦᠬᠡᠷ᠎ᠤᠨ ᠮᠢᠬᠠᠨ᠎ᠤ ᠭᠠᠷᠤᠯᠲᠠ 77.8 ᠲᠦᠮᠡᠨ ᠲᠣᠨ᠎ᠳᠤ ᠬᠦᠷᠴᠦ᠂ 8.3%᠎ᠪᠠᠷ ᠨᠡᠮᠡᠭᠳᠡᠪᠡ; ᠬᠣᠨᠢᠨ ᠮᠢᠬᠠᠨ᠎ᠤ ᠭᠠᠷᠤᠯᠲᠠ 108.8 ᠲᠦᠮᠡᠨ ᠲᠣᠨ᠎ᠳᠤ ᠬᠦᠷᠴᠦ᠂ 1.3%᠎ᠪᠠᠷ ᠪᠠᠭᠤᠷᠠᠪᠠ; ᠵᠢᠭᠦᠷᠲᠡᠨ᠎ᠤ ᠮᠢᠬᠠᠨ᠎ᠤ ᠭᠠᠷᠤᠯᠲᠠ 23.0 ᠲᠦᠮᠡᠨ ᠲᠣᠨ᠎ᠳᠤ ᠬᠦᠷᠴᠦ᠂ 4.4%᠎ᠪᠠᠷ ᠨᠡᠮᠡᠭᠳᠡᠪᠡ᠃ ᠵᠢᠭᠦᠷᠲᠡᠨ᠎ᠤ ᠥᠨᠳᠡᠭᠡ ᠵᠢᠨ ᠭᠠᠷᠤᠯᠲᠠ 67.2 ᠲᠦᠮᠡᠨ ᠲᠣᠨ ᠪᠠᠶ᠋ᠢᠵᠤ᠂ 7.4%᠎ᠪᠠᠷ ᠨᠡᠮᠡᠭᠳᠡᠪᠡ᠃ ᠦᠨᠢᠶᠡᠨ ᠰᠦ ᠵᠢᠨ ᠭᠠᠷᠤᠯᠲᠠ 792.6 ᠲᠦᠮᠡᠨ ᠲᠣᠨ᠎ᠳᠤ ᠬᠦᠷᠴᠦ᠂ 8.0% ᠵᠶ᠋ᠠᠷ ᠨᠡᠮᠡᠭᠳᠡᠪᠡ᠃ ᠵᠢᠯ᠎ᠤᠨ ᠡᠴᠦᠰ᠎ᠤᠨ ᠭᠠᠬᠠᠶ ᠵᠢᠨ ᠲᠣᠭ᠎ᠠ 629.9 ᠲᠦᠮᠡ᠎ᠳᠤ ᠬᠦᠷᠴᠦ᠂ ᠲᠦᠷᠦᠭᠦᠦ ᠵᠢᠯ᠎ᠤᠨ ᠡᠴᠦᠰ᠎ᠤᠨ᠎ᠬᠢ᠎ᠠᠴᠠ 5.5%᠎ᠪᠠᠷ ᠨᠡᠮᠡᠭᠳᠡᠪᠡ; 947.7 ᠲᠦᠮᠡᠨ ᠦᠬᠡᠷ ᠲᠡᠵᠢᠭᠡᠵᠦ᠂ 15.5% ᠨᠡᠮᠡᠭᠳᠡᠪᠡ; 6180.6 ᠲᠦᠮᠡᠨ ᠬᠣᠨᠢ ᠲᠡᠵᠢᠭᠡᠵᠦ᠂ 0.9% ᠨᠡᠮᠡᠭᠳᠡᠪᠡ; ᠬᠡᠷ᠎ᠤᠨ ᠵᠢᠭᠦᠷᠲᠡᠨ᠎ᠤ ᠲᠣᠭ᠎ᠠ 5929.1 ᠲᠦᠮᠡ᠎ᠳᠤ ᠬᠦᠷᠴᠦ᠂ 7.9%᠎ᠪᠠᠷ ᠨᠡᠮᠡᠭᠳᠡᠪᠡ᠃
ᠬᠦᠰᠦᠨᠦᠭᠲᠦ ᠭᠤᠷᠪᠠ 2023 ᠤᠨ᠎ᠤ ᠭᠤᠤᠯ ᠬᠦᠳᠡᠭᠡ ᠠᠵᠤ ᠠᠬᠤᠢ ᠵᠢᠨ ᠪᠦᠳᠦᠭᠡᠭᠳᠡᠭᠦᠨ᠎ᠤ ᠭᠠᠷᠤᠯᠲᠠ ᠪᠠ ᠮᠠᠯ᠎ᠤᠨ ᠲᠤᠭ᠎ᠠ ᠲᠤᠯᠤᠭ᠋ᠠᠢ ᠵᠢᠴᠢ ᠲᠡᠭᠦᠨ᠎ᠤ ᠨᠡᠮᠡᠭᠳᠡᠯ᠎ᠤᠨ ᠬᠤᠷᠳᠤᠴᠠ
ᠭᠤᠷᠪᠠ᠂ ᠠᠵᠤ ᠦᠢ᠍ᠯᠡᠳᠪᠦᠷᠢ ᠪᠠ ᠪᠠᠷᠢᠯᠭ᠎ᠠ ᠵᠢᠨ ᠦᠢ᠍ᠯᠡᠰ
ᠪᠦᠬᠦ ᠵᠢᠯ᠎ᠤᠨ ᠠᠵᠤ ᠦᠢ᠍ᠯᠡᠳᠪᠦᠷᠢ ᠵᠢᠨ ᠪᠦ᠍ᠬᠦ ᠨᠡᠮᠡᠭᠳᠡᠯ ᠦᠷᠳᠡᠭ ᠲᠦᠷᠦᠭᠦᠦ ᠵᠢᠯ᠎ᠤᠨ᠎ᠬᠢ᠎ᠠᠴᠠ 7.2% ᠵᠶ᠋ᠠᠷ ᠨᠡᠮᠡᠭᠳᠡᠪᠡ᠃ ᠡᠭᠦᠨ᠎ᠳᠤ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ 7.4%᠎ᠪᠠᠷ ᠨᠡᠮᠡᠭᠳᠡᠪᠡ᠃ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ᠎ᠳᠤ᠂ ᠠᠵᠤ ᠠᠬᠤᠶ ᠵᠢᠨ ᠲᠥᠷᠥᠯ ᠬᠡᠯᠪᠡᠷᠢ᠎ᠠᠴᠠ ᠦᠵᠡᠪᠡᠯ᠂ ᠤᠯᠤᠰ᠎ᠤᠨ ᠥᠮᠴᠢᠯᠡᠯ᠎ᠤᠨ ᠬᠤᠪᠢ ᠡᠵᠡᠮᠳᠡᠭᠰᠡᠨ ᠠᠵᠤ ᠠᠬᠤᠶ᠋ᠢᠯᠠᠯ᠎ᠤᠨ ᠨᠡᠮᠡᠭᠳᠡᠯ ᠥᠷᠲᠡᠭ 8.0% ᠨᠡᠮᠡᠭᠳᠡᠵᠦ᠂ ᠬᠤᠪᠢ ᠣᠷᠣᠭᠤᠯᠬᠤ ᠳᠦᠷᠢᠮᠲᠦ ᠠᠵᠤ ᠠᠬᠤᠶ᠋ᠢᠯᠠᠯ 7.2% ᠨᠡᠮᠡᠭᠳᠡᠵᠦ᠂ ᠭᠠᠳᠠᠭ᠋ᠠᠳᠤ ᠵᠢᠨ ᠬᠤᠳᠠᠯᠳᠤᠭ᠋ᠠᠴᠢᠨ ᠵᠢᠴᠢ ᠰᠢᠶᠠᠩᠭ᠋ᠠᠩ ᠣᠣᠮᠧᠨ ᠲᠠᠶ᠋ᠢᠸᠠᠨ᠎ᠤ ᠬᠤᠳᠠᠯᠳᠤᠭ᠋ᠠᠴᠢᠨ᠎ᠤ ᠪᠠᠯᠠ ᠣᠷᠣᠭᠤᠯᠤᠭᠰᠠᠨ ᠠᠵᠤ ᠠᠬᠤᠶ᠋ᠢᠯᠠᠯ 17.7% ᠨᠡᠮᠡᠭᠳᠡᠪᠡ᠃ ᠲᠥᠷᠥᠯ ᠬᠤᠪᠢᠶᠠᠵᠤ ᠦᠵᠡᠪᠡᠯ᠂ ᠠᠭᠤᠷᠬᠠᠶ ᠮᠠᠯᠲᠠᠬᠤ ᠦᠢ᠍ᠯᠡᠰ 2.1%᠎ᠪᠠᠷ ᠨᠡᠮᠡᠭᠳᠡᠵᠦ᠂ ᠦᠢ᠍ᠯᠡᠳᠬᠦ ᠦᠢ᠍ᠯᠡᠰ 11.7%᠎ᠪᠠᠷ ᠨᠡᠮᠡᠭᠳᠡᠵᠦ᠂ ᠴᠠᠬᠢᠯᠭ᠋ᠠᠨ ᠬᠦᠴᠦᠨ᠂ ᠢᠯᠴᠢ᠂ ᠰᠢᠲᠠᠮᠠᠬᠠᠶ ᠬᠡᠶ ᠵᠢᠴᠢ ᠤᠰᠤᠨ᠎ᠤ ᠦᠢ᠍ᠯᠡᠳᠪᠦᠷᠢᠯᠡᠯ ᠪᠠ ᠬᠠᠩᠭ᠋ᠠᠯᠭ᠎ᠠ ᠵᠢᠨ ᠦᠢ᠍ᠯᠡᠰ 16.3%᠎ᠪᠠᠷ ᠨᠡᠮᠡᠭᠳᠡᠪᠡ᠃
ᠪᠦᠬᠦ ᠵᠢᠯ᠎ᠤᠨ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠳᠣᠲᠣᠷ᠎ᠠ᠂ ᠨᠡᠭᠦᠷᠡᠰᠦ ᠮᠠᠯᠲᠠᠬᠤ ᠪᠠ ᠤᠬᠢᠶᠠᠵᠤ ᠰᠢᠯᠢᠬᠦ ᠦᠢ᠍ᠯᠡᠰ ᠲᠦᠷᠦᠭᠦᠦ ᠵᠢᠯ᠎ᠤᠨ᠎ᠬᠢ᠎ᠠᠴᠠ 1.4%᠎ᠪᠠᠷ ᠨᠡᠮᠡᠭᠳᠡᠵᠦ᠂ ᠢᠳᠡᠭᠡᠨ ᠪᠣᠯᠪᠠᠰᠤᠷᠠᠭᠤᠯᠬᠤ ᠦᠢ᠍ᠯᠡᠰ 18.3%᠎ᠪᠠᠷ ᠨᠡᠮᠡᠭᠳᠡᠵᠦ᠂ ᠴᠢᠯᠠᠭᠤᠨ ᠲᠤᠰᠤ᠂ ᠨᠡᠭᠦᠷᠡᠰᠦ ᠵᠢᠴᠢ ᠪᠤᠰᠤᠳ ᠲᠦᠯᠡᠰᠢ ᠪᠣᠯᠪᠠᠰᠤᠷᠠᠭᠤᠯᠬᠤ ᠦᠢ᠍ᠯᠡᠰ 15.3 %᠎ᠪᠠᠷ ᠨᠡᠮᠡᠭᠳᠡᠵᠦ᠂ ᠬᠢᠮᠢ ᠵᠢᠨ ᠲᠦᠭᠦᠬᠡᠢ ᠡᠳ᠋ ᠪᠠ ᠬᠢᠮᠢ ᠵᠢᠨ ᠦᠢ᠍ᠯᠡᠳᠬᠦᠨ ᠦᠢ᠍ᠯᠡᠳᠬᠦ ᠦᠢ᠍ᠯᠡᠰ 2.5%᠎ᠪᠠᠷ ᠨᠡᠮᠡᠭᠳᠡᠵᠦ᠂ ᠲᠡᠮᠦᠷᠯᠢᠭ ᠪᠤᠰᠤ ᠡᠷᠦᠳᠡᠰᠦ ᠪᠣᠯᠪᠠᠰᠤᠷᠠᠭᠤᠯᠬᠤ ᠦᠢ᠍ᠯᠡᠰ 20.2% ᠵᠶ᠋ᠠᠷ ᠨᠡᠮᠡᠭᠳᠡᠵᠦ᠂ ᠥᠩᠭᠡᠲᠦ ᠲᠡᠮᠦᠷᠯᠢᠭ ᠪᠣᠯᠪᠠᠰᠤᠷᠠᠭᠤᠯᠬᠤ ᠪᠠ ᠳᠠᠷᠤᠵᠤ ᠰᠤᠩᠭ᠋ᠠᠨ ᠪᠣᠯᠪᠠᠰᠤᠷᠠᠭᠤᠯᠬᠤ ᠦᠢ᠍ᠯᠡᠰ 11.9%᠎ᠪᠠᠷ ᠨᠡᠮᠡᠭᠳᠡᠵᠦ᠂ ᠲᠤᠰᠬᠠᠢ ᠬᠡᠷᠡᠭᠯᠡᠭᠡᠨ᠎ᠤ ᠲᠥᠬᠥᠭᠡᠷᠦᠮᠵᠢ ᠦᠢ᠍ᠯᠡᠳᠬᠦ ᠦᠢ᠍ᠯᠡᠰ 13.1%᠎ᠪᠠᠷ ᠨᠡᠮᠡᠭᠳᠡᠵᠦ᠂ ᠴᠠᠬᠢᠯᠭ᠋ᠠᠨ ᠮᠧᠬᠠᠨᠢᠭ ᠪᠠ ᠪᠠᠭ᠋ᠠᠵᠢ ᠬᠡᠷᠡᠭᠰᠡᠯ ᠦᠢ᠍ᠯᠡᠳᠬᠦ ᠦᠢ᠍ᠯᠡᠰ 89.2% ᠵᠶ᠋ᠠᠷ ᠨᠡᠮᠡᠭᠳᠡᠵᠦ᠂ ᠺᠣᠮᠫᠢᠦ᠋ᠲ᠋ᠧᠷ᠂ ᠴᠢᠮᠡᠭᠡ ᠨᠡᠪᠲᠡᠷᠡᠯᠭᠡ ᠪᠠ ᠪᠤᠰᠤᠳ ᠡᠯᠸᠺᠲᠷᠤᠨ ᠲᠦᠭᠦᠭᠡᠷᠦᠮᠵᠢ ᠦᠢ᠍ᠯᠡᠳᠬᠦ ᠦᠢ᠍ᠯᠡᠰ 3.5%᠎ᠪᠠᠷ ᠨᠡᠮᠡᠭᠳᠡᠵᠦ᠂ ᠴᠠᠬᠢᠯᠭ᠋ᠠᠨ ᠬᠦᠴᠦ᠂ ᠢᠯᠴᠢ ᠵᠢᠨ ᠬᠦᠴᠦᠨ᠎ᠤ ᠦᠢ᠍ᠯᠡᠳᠪᠦᠷᠢᠯᠡᠯ ᠪᠠ ᠬᠠᠩᠭ᠋ᠠᠯᠭ᠎ᠠ ᠵᠢᠨ ᠦᠢ᠍ᠯᠡᠰ 15.5%᠎ᠪᠠᠷ ᠨᠡᠮᠡᠭᠳᠡᠪᠡ᠃
ᠬᠦᠰᠦᠨᠦᠭᠳᠦ ᠳᠦᠷᠪᠡ 2023 ᠤᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠭᠤᠤᠯ ᠠᠵᠢᠯ ᠲᠦᠷᠦᠯ᠎ᠤᠨ ᠨᠡᠮᠡᠭᠳᠡᠯ ᠦᠷᠲᠡᠭ᠎ᠤᠨ ᠨᠡᠮᠡᠭᠳᠡᠯ᠎ᠤᠨ ᠬᠤᠷᠳᠤᠴᠠ

ᠪᠦ᠍ᠬᠦ ᠵᠢᠯ᠎ᠤᠨ ᠨᠡᠭᠦᠷᠡᠰᠦᠨ᠎ᠤ ᠭᠠᠷᠤᠯᠲᠠ [11] 123366.3 ᠲᠦᠮᠡᠨ ᠲᠣᠨ᠎ᠳᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 1.7%᠎ᠪᠠᠷ ᠨᠡᠮᠡᠭᠳᠡᠪᠡ; ᠴᠠᠬᠢᠯᠭ᠋ᠠᠨ ᠭᠠᠷᠭ᠋ᠠᠭᠰᠠᠨ ᠬᠡᠮᠵᠢᠶ᠎ᠡ 7629.9 ᠳ᠋ᠦᠩᠰᠢᠭᠤᠷ ᠺᠢᠯᠤᠸᠠᠲ ᠴᠠᠭ᠎ᠲᠤ ᠬᠦᠷᠴᠦ᠂ 15.3%᠎ᠪᠠᠷ ᠨᠡᠮᠡᠭᠳᠡᠪᠡ᠃ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠦᠢ᠍ᠯᠡᠳᠬᠦᠨ᠎ᠤ ᠳᠣᠲᠣᠷ᠎ᠠ᠂ ᠬᠡᠦᠷᠡᠰᠦ ᠵᠢᠨ ᠭᠠᠷᠤᠯᠲᠠ 5069.3 ᠲᠦᠮᠡᠨ ᠲᠣᠨ ᠪᠠᠶ᠋ᠢᠵᠤ᠂ 8.0% ᠵᠶ᠋ᠠᠷ ᠨᠡᠮᠡᠭᠳᠡᠪᠡ; ᠲᠠᠩ ᠲᠠᠯᠠᠰᠲᠤ ᠴᠠᠬᠢᠭᠤᠷ᠎ᠤᠨ ᠭᠠᠷᠤᠯᠲᠠ 58.9 ᠲᠦᠮᠡᠨ ᠲᠣᠨ᠎ᠳᠤ ᠬᠦᠷᠴᠦ᠂ 42.3%᠎ᠪᠠᠷ ᠨᠡᠮᠡᠭᠳᠡᠪᠡ; ᠪᠤᠯᠤᠳ ᠮᠠᠲ᠋ᠧᠷᠢᠶᠠᠯ᠎ᠤᠨ ᠭᠠᠷᠤᠯᠲᠠ 3385.8 ᠲᠦᠮᠡᠨ ᠲᠣᠨ᠎ᠳᠤ ᠬᠦᠷᠴᠦ᠂ 11.1%᠎ᠪᠠᠷ ᠨᠡᠮᠡᠭᠳᠡᠪᠡ; ᠬᠥᠩᠭᠡᠨ ᠴᠠᠭ᠋ᠠᠨ᠎ᠤ ᠭᠠᠷᠤᠯᠲᠠ 633.8 ᠲᠦᠮᠡᠨ ᠲᠣᠨ᠎ᠳᠤ ᠬᠦᠷᠴᠦ᠂ 3.7%᠎ᠪᠠᠷ ᠨᠡᠮᠡᠭᠳᠡᠪᠡ; ᠴᠠᠭ᠋ᠠᠨ ᠢᠳᠡᠭᠡᠨ᠎ᠤ ᠭᠠᠷᠤᠯᠲᠠ 473.0 ᠲᠦᠮᠡᠨ ᠲᠣᠨ᠎ᠳᠤ ᠬᠦᠷᠴᠦ᠂ 13.2% ᠵᠶ᠋ᠠᠷ ᠨᠡᠮᠡᠭᠳᠡᠪᠡ᠃
ᠬᠦᠰᠦᠨᠦᠭᠳᠦ ᠲᠠᠪᠤ 2023 ᠤᠨ᠎ᠤ ᠭᠤᠤᠯ ᠠᠵᠤ ᠦᠢ᠍ᠯᠡᠳᠪᠦᠷᠢ ᠵᠢᠨ ᠪᠦᠳᠦᠭᠡᠭᠳᠡᠭᠦᠨ᠎ᠤ ᠭᠠᠷᠤᠯᠲᠠ ᠵᠢᠴᠢ ᠲᠡᠭᠦᠨ᠎ᠤ ᠨᠡᠮᠡᠭᠳᠡᠯ᠎ᠤᠨ ᠬᠤᠷᠳᠤᠴᠠ
ᠪᠥᠬᠥ ᠵᠢᠯ᠎ᠤᠨ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠡᠵᠡᠩᠨᠡᠯᠲᠡ ᠵᠢᠨ ᠣᠷᠣᠯᠭ᠎ᠠ 28466.0 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 0.7%᠎ᠪᠠᠷ ᠪᠠᠭᠤᠷᠠᠪᠠ᠃ ᠵᠠᠭᠤᠨ ᠲᠥᠭᠥᠷᠢᠭ ᠪᠦᠷᠢ ᠵᠢᠨ ᠡᠵᠡᠩᠨᠡᠯᠲᠡ ᠵᠢᠨ ᠣᠷᠣᠯᠭ᠎ᠠ᠎ᠳᠠᠬᠢ ᠵᠠᠷᠤᠳᠠᠯ᠎ᠨᠢ 69 ᠲᠥᠭᠥᠷᠢᠭ ᠪᠠᠶ᠋ᠢᠵᠤ᠂ ᠲᠦᠷᠦᠭᠦᠦ ᠵᠢᠯ᠎ᠤᠨ᠎ᠬᠢ᠎ᠠᠴᠠ 0.3 ᠲᠥᠭᠥᠷᠢᠭ ᠨᠡᠮᠡᠭᠳᠡᠵᠡᠢ; ᠵᠠᠭᠤᠨ ᠲᠥᠭᠥᠷᠢᠭ ᠪᠦᠷᠢ ᠵᠢᠨ ᠡᠵᠡᠩᠨᠡᠯᠲᠡ ᠵᠢᠨ ᠣᠷᠣᠯᠭ᠎ᠠ᠎ᠳᠠᠬᠢ ᠥᠪᠡᠷ᠎ᠤᠨ ᠥᠷᠲᠡᠭ᠎ᠨᠢ 79.5 ᠲᠥᠭᠥᠷᠢᠭ ᠪᠠᠶ᠋ᠢᠵᠤ᠂ 2.9 ᠲᠥᠭᠥᠷᠢᠭ ᠨᠡᠮᠡᠭᠳᠡᠪᠡ᠃ ᠵᠢᠯ᠎ᠤᠨ ᠡᠴᠦᠰ᠎ᠤᠨ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠡᠳ᠋ ᠬᠥᠷᠥᠩᠭᠡ ᠵᠢᠨ ᠥᠷᠢᠲᠦᠯ᠎ᠤᠨ ᠨᠣᠷᠮ᠎ᠠ 56.6% ᠪᠠᠶ᠋ᠢᠵᠤ᠂ ᠲᠦᠷᠦᠭᠦᠦ ᠵᠢᠯ᠎ᠤᠨ ᠡᠴᠦᠰ᠎ᠤᠨ᠎ᠬᠢ᠎ᠠᠴᠠ 0.7 ᠵᠠᠭᠤᠨ᠎ᠤ ᠬᠤᠪᠢ ᠵᠢᠨ ᠴᠡᠭ ᠨᠡᠮᠡᠭᠳᠡᠪᠡ᠃ ᠪᠥᠬᠥ ᠵᠢᠯ᠎ᠤᠨ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠦᠢ᠍ᠯᠡᠳᠬᠦᠨ᠎ᠤ ᠪᠣᠷᠣᠯᠠᠭᠤᠯᠭ᠎ᠠ ᠵᠢᠨ ᠨᠣᠷᠮ᠎ᠠ 98.8% ᠪᠣᠯᠪᠠ᠃
ᠵᠢᠯ᠎ᠤᠨ ᠡᠴᠦᠰ᠎ᠲᠤ ᠪᠥᠬᠥ ᠣᠷᠣᠨ᠎ᠤ 6000 ᠺᠢᠯᠤᠸᠠᠲ ᠵᠢᠴᠢ ᠲᠡᠭᠦᠨ᠎ᠠᠴᠠ ᠳᠡᠭᠡᠭᠰᠢᠬᠢ ᠴᠠᠬᠢᠯᠭ᠋ᠠᠨ᠎ᠤ ᠦᠢ᠍ᠯᠡᠳᠪᠦᠷᠢ ᠵᠢᠨ ᠴᠠᠬᠢᠯᠭ᠋ᠠᠨ ᠭᠠᠷᠭ᠋ᠠᠬᠤ ᠲᠥᠬᠥᠭᠡᠷᠦᠮᠵᠢ ᠵᠢᠨ ᠮᠠᠰᠢᠨ ᠴᠣᠭᠴᠠᠯᠠᠪᠤᠷᠢ ᠵᠢᠨ ᠪᠠᠭᠲᠠᠭ᠋ᠠᠮᠵᠢ 21432.1 ᠲᠦᠮᠡᠨ ᠺᠢᠯᠤᠸᠠᠲ᠎ᠲᠤ ᠬᠦᠷᠴᠦ᠂ ᠲᠦᠷᠦᠭᠦᠦ ᠵᠢᠯ᠎ᠤᠨ ᠡᠴᠦᠰ᠎ᠤᠨ᠎ᠬᠢ᠎ᠠᠴᠠ 26.0% ᠵᠶ᠋ᠠᠷ ᠨᠡᠮᠡᠭᠳᠡᠪᠡ᠃ ᠡᠭᠦᠨ᠎ᠳᠤ [12] ᠢᠯᠴᠢ ᠵᠢᠨ ᠴᠠᠬᠢᠯᠭ᠋ᠠᠨ᠎ᠤ ᠮᠠᠰᠢᠨ ᠴᠣᠭᠴᠠᠯᠠᠪᠤᠷᠢ ᠵᠢᠨ ᠪᠠᠭᠲᠠᠭ᠋ᠠᠮᠵᠢ 11820.5 ᠲᠦᠮᠡᠨ ᠺᠢᠯᠣᠸᠠᠲ᠎ᠲᠤ ᠬᠦᠷᠴᠦ᠂ 10.5%᠎ᠪᠠᠷ ᠨᠡᠮᠡᠭᠳᠡᠪᠡ; ᠤᠰᠤᠨ ᠴᠠᠬᠢᠯᠭ᠋ᠠᠨ᠎ᠤ ᠮᠠᠰᠢᠨ ᠴᠣᠭᠴᠠᠯᠠᠪᠤᠷᠢ ᠵᠢᠨ ᠪᠠᠭᠲᠠᠭ᠋ᠠᠮᠵᠢ 238.1 ᠲᠦᠮᠡᠨ ᠺᠢᠯᠤᠸᠠᠲ᠎ᠲᠤ ᠬᠦᠷᠴᠦ᠂ ᠳᠡᠭᠡᠷ᠎ᠡ ᠵᠢᠯ᠎ᠤᠨ᠎ᠬᠢ᠎ᠲᠠᠢ ᠲᠡᠩᠴᠡᠪᠡ; ᠰᠠᠯᠬᠢᠨ ᠬᠦᠴᠦᠨ᠎ᠤ ᠴᠠᠬᠢᠯᠭ᠋ᠠᠨ᠎ᠤ ᠮᠠᠰᠢᠨ ᠴᠣᠭᠴᠠᠯᠠᠪᠤᠷᠢ ᠵᠢᠨ ᠪᠠᠭᠲᠠᠭ᠋ᠠᠮᠵᠢ 6954.0 ᠲᠦᠮᠡᠨ ᠺᠢᠯᠤᠸᠠᠲ᠎ᠲᠤ ᠬᠦᠷᠴᠦ᠂ 52.4%᠎ᠪᠠᠷ ᠨᠡᠮᠡᠭᠳᠡᠪᠡ; ᠨᠡᠷᠡᠨ ᠡᠨᠧᠷᠭᠢ᠎ᠪᠠᠷ ᠴᠠᠬᠢᠯᠭ᠋ᠠᠨ ᠭᠠᠷᠭ᠋ᠠᠬᠤ ᠮᠠᠰᠢᠨ ᠴᠣᠭᠴᠠᠯᠠᠪᠤᠷᠢ ᠵᠢᠨ ᠪᠠᠭᠲᠠᠭ᠋ᠠᠮᠵᠢ 2190.3 ᠲᠦᠮᠡᠨ ᠺᠢᠯᠤᠸᠠᠲ᠎ᠲᠤ ᠬᠦᠷᠴᠦ᠂ 48.2% ᠵᠶ᠋ᠠᠷ ᠨᠡᠮᠡᠭᠳᠡᠪᠡ᠃
ᠪᠥᠬᠥ ᠵᠢᠯ᠎ᠤᠨ ᠪᠠᠷᠢᠯᠭ᠎ᠠ ᠵᠢᠨ ᠦᠢ᠍ᠯᠡᠰ᠎ᠤᠨ ᠨᠡᠮᠡᠭᠳᠡᠯ ᠥᠷᠲᠡᠭ ᠲᠦᠷᠦᠭᠦᠦ ᠵᠢᠯ᠎ᠤᠨ᠎ᠬᠢ᠎ᠠᠴᠠ 12.1%᠎ᠪᠠᠷ ᠨᠡᠮᠡᠭᠳᠡᠪᠡ᠃ ᠵᠢᠯ᠎ᠤᠨ ᠡᠴᠦᠰ᠎ᠲᠤ ᠪᠥᠬᠥ ᠣᠷᠣᠨ᠎ᠤ ᠬᠢᠷᠢ ᠬᠡᠮ᠎ᠤᠨ ᠵᠡᠷᠭᠡ ᠳᠡᠰ᠎ᠲᠠᠢ ᠶᠡᠷᠦᠩᠬᠡᠶ ᠳᠠᠭ᠋ᠠᠭ᠋ᠠᠴᠢᠯᠠᠯᠲᠠ ᠪᠠ ᠲᠤᠰᠬᠠᠶ ᠳᠠᠭ᠋ᠠᠭ᠋ᠠᠴᠢᠯᠠᠯᠲᠠ ᠵᠢᠨ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ 1335 ᠪᠠᠶ᠋ᠢᠵᠤ᠂ ᠲᠦᠷᠦᠭᠦᠦ ᠵᠢᠯ᠎ᠤᠨ ᠰᠡᠭᠦᠯᠴᠢ᠎ᠠᠴᠠ 96 ᠨᠡᠮᠡᠭᠳᠡᠵᠡᠶ᠃ ᠠᠵᠢᠯ᠎ᠤᠨ ᠬᠡᠮᠵᠢᠶ᠎ᠡ᠎ᠲᠠᠢ ᠠᠵᠤ ᠠᠬᠤᠶ᠋ᠢᠯᠠᠯ᠎ᠤᠨ ᠬᠡᠷ ᠪᠠᠶ᠋ᠢᠰᠢᠩ᠎ᠤᠨ ᠪᠠᠷᠢᠯᠭ᠎ᠠ ᠵᠢᠨ ᠲᠠᠯᠠᠪᠠᠶ 6667.9 ᠲᠦᠮᠡᠨ ᠲᠡᠭᠰᠢ ᠳᠥᠷᠪᠡᠯᠵᠢᠨ ᠮᠧᠲᠷ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 5.4%᠎ᠪᠠᠷ ᠪᠠᠭᠤᠷᠠᠪᠠ; ᠬᠡᠷ ᠪᠠᠶ᠋ᠢᠰᠢᠩ᠎ᠤᠨ ᠪᠠᠷᠢᠯᠭ᠎ᠠ ᠳᠠᠭᠤᠰᠤᠭᠰᠠᠨ ᠲᠠᠯᠠᠪᠠᠶ 1271.6 ᠲᠦᠮᠡᠨ ᠲᠡᠭᠰᠢ ᠳᠥᠷᠪᠡᠯᠵᠢᠨ ᠮᠧᠲᠷ᠎ᠲᠤ ᠬᠦᠷᠴᠦ᠂ 16.0% ᠵᠶ᠋ᠠᠷ ᠨᠡᠮᠡᠭᠳᠡᠪᠡ; ᠭᠡᠷ ᠪᠠᠶ᠋ᠢᠰᠢᠩ᠎ᠤᠨ ᠪᠠᠷᠢᠯᠭ᠎ᠠ ᠵᠢᠨ ᠠᠵᠢᠯ ᠳᠠᠭᠤᠰᠤᠭᠰᠠᠨ ᠨᠣᠷᠮ᠎ᠠ᠎ᠨᠢ 19.1% ᠪᠣᠯᠤᠨ᠎ᠠ᠃
ᠳᠥᠷᠪᠡ᠂ ᠦᠢ᠍ᠯᠡᠴᠢᠯᠡᠭᠡᠨ᠎ᠤ ᠦᠢ᠍ᠯᠡᠰ
ᠪᠥᠬᠥ ᠵᠢᠯ᠎ᠤᠨ ᠪᠥᠭᠡᠮ ᠵᠶ᠋ᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢ᠍ᠯᠡᠰ᠎ᠤᠨ ᠨᠡᠮᠡᠭᠳᠡᠯ ᠥᠷᠲᠡᠭ 1647.6 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 4.8%᠎ᠪᠠᠷ ᠨᠡᠮᠡᠭᠳᠡᠪᠡ; ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠯᠲᠡ ᠪᠠ ᠰᠢᠦᠳᠠᠨ᠎ᠤ ᠦᠢ᠍ᠯᠡᠰ᠎ᠤᠨ ᠨᠡᠮᠡᠭᠳᠡᠯ ᠥᠷᠲᠡᠭ1512.5 ᠳ᠋ᠦᠩᠰᠢᠭᠤᠷ ᠲᠥᠭᠥᠷᠢᠭ᠎ᠲᠤ ᠬᠦᠷᠴᠦ᠂ 10.0%᠎ᠪᠠᠷ ᠨᠡᠮᠡᠭᠳᠡᠪᠡ; ᠬᠣᠨᠣᠭ ᠪᠠᠭᠤᠳᠠᠯ ᠪᠠ ᠢᠳᠡᠭᠡᠨ ᠤᠮᠳᠠᠭ᠋ᠠᠨ᠎ᠤ ᠦᠢ᠍ᠯᠡᠰ᠎ᠤᠨ ᠨᠡᠮᠡᠭᠳᠡᠯ ᠥᠷᠲᠡᠭ 368.2 ᠳ᠋ᠦᠩᠰᠢᠭᠤᠷ ᠲᠥᠭᠥᠷᠢᠭ᠎ᠲᠤ ᠬᠦᠷᠴᠦ᠂ 20.8%᠎ᠪᠠᠷ ᠨᠡᠮᠡᠭᠳᠡᠪᠡ; ᠮᠥᠩᠭᠥᠨ ᠭᠦᠢ᠍ᠯᠭᠡᠭᠡᠨ᠎ᠤ ᠦᠢ᠍ᠯᠡᠰ᠎ᠤᠨ ᠨᠡᠮᠡᠭᠳᠡᠯ ᠥᠷᠲᠡᠭ 1081.0 ᠳ᠋ᠦᠩᠰᠢᠭᠤᠷ ᠲᠥᠭᠥᠷᠢᠭ᠎ᠲᠤ ᠬᠦᠷᠴᠦ᠂ 9.0%᠎ᠪᠠᠷ ᠨᠡᠮᠡᠭᠳᠡᠪᠡ᠃ ᠪᠦ᠍ᠬᠦ ᠵᠢᠯ᠎ᠤᠨ ᠬᠡᠪᠴᠢᠶᠡᠵᠢᠯ᠎ᠠᠴᠠ ᠳᠡᠭᠡᠭᠰᠢᠬᠢ ᠦᠢ᠍ᠯᠡᠴᠢᠯᠡᠭᠡᠨ᠎ᠤ ᠦᠢ᠍ᠯᠡᠰ [13]᠎ᠤᠨ ᠠᠵᠤ ᠠᠬᠤᠶ᠋ᠢᠯᠠᠯ᠎ᠤᠨ ᠡᠵᠡᠩᠨᠡᠯᠲᠡ ᠵᠢᠨ ᠣᠷᠣᠯᠭ᠎ᠠ ᠲᠦᠷᠦᠭᠦᠦ ᠵᠢᠯ᠎ᠤᠨ᠎ᠬᠢ᠎ᠠᠴᠠ 7.7%᠎ᠪᠠᠷ ᠨᠡᠮᠡᠭᠳᠡᠪᠡ᠃

ᠪᠦ᠍ᠬᠦ ᠵᠢᠯ᠎ᠤᠨ ᠡᠳ᠋ ᠪᠠᠷᠠᠭ᠋ᠠᠨ᠎ᠤ ᠲᠡᠭᠡᠭᠡᠪᠦᠷᠢ ᠵᠢᠨ ᠪᠦ᠍ᠬᠦ ᠬᠡᠮᠵᠢᠶ᠎ᠡ [14] 23.4 ᠳ᠋ᠦᠩᠰᠢᠭᠤᠷ ᠲᠣᠨ᠎ᠳᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 12.8%᠎ᠪᠠᠷ ᠨᠡᠮᠡᠭᠳᠡᠵᠡᠢ᠃ ᠡᠳ᠋ ᠪᠠᠷᠠᠭ᠋ᠠᠨ᠎ᠤ ᠲᠡᠭᠡᠭᠡᠪᠦᠷᠢ ᠵᠢᠨ ᠡᠷᠭᠢᠯᠲᠡ ᠵᠢᠨ ᠬᠡᠮᠵᠢᠶ᠎ᠡ 5535.9 ᠳ᠋ᠦᠩᠰᠢᠭᠤᠷ ᠲᠣᠨ ᠺᠢᠯᠣᠮᠧᠲᠷ᠎ᠲᠤ ᠬᠦᠷᠴᠦ᠂ 6.7%᠎ᠪᠠᠷ ᠨᠡᠮᠡᠭᠳᠡᠪᠡ᠃ ᠠᠶᠠᠨᠴᠢᠳ᠎ᠤᠨ ᠲᠡᠭᠡᠭᠡᠪᠦᠷᠢ ᠵᠢᠨ ᠶᠡᠷᠦᠩᠬᠡᠶ ᠬᠡᠮᠵᠢᠶ᠎ᠡ 8904.2 ᠲᠦᠮᠡᠨ ᠬᠥᠮᠦᠨ ᠪᠠᠶ᠋ᠢᠵᠤ᠂ ᠳᠡᠭᠡᠷ᠎ᠡ ᠵᠢᠯ᠎ᠤᠨ᠎ᠬᠢ᠎ᠠᠴᠠ 117.0% ᠵᠶ᠋ᠠᠷ ᠨᠡᠮᠡᠭᠳᠡᠪᠡ᠃ ᠠᠶᠠᠨᠴᠢᠳ᠎ᠤᠨ ᠲᠡᠭᠡᠭᠡᠪᠦᠷᠢ ᠵᠢᠨ ᠡᠷᠭᠢᠯᠲᠡ ᠵᠢᠨ ᠬᠡᠮᠵᠢᠶ᠎ᠡ 216.5 ᠳ᠋ᠦᠩᠰᠢᠭᠤᠷ ᠬᠥᠮᠦᠨ ᠺᠢᠯᠣᠮᠧᠲᠷ᠎ᠲᠤ ᠬᠦᠷᠴᠦ᠂ 143.3%᠎ᠪᠠᠷ ᠨᠡᠮᠡᠭᠳᠡᠪᠡ᠃
ᠬᠦᠰᠦᠨᠦᠭᠲᠦ ᠵᠢᠷᠭᠤᠭ᠎ᠠ 2023 ᠤᠨ᠎ᠤ ᠡᠯ᠎ᠡ ᠲᠦᠷᠦᠯ᠎ᠤᠨ ᠲᠡᠭᠡᠭᠡᠪᠦᠷᠢ ᠵᠢᠨ ᠠᠷᠭ᠎ᠠ ᠪᠠᠷᠢᠯ᠎ᠤᠨ ᠪᠡᠶᠡᠯᠡᠬᠦᠯᠦᠭᠰᠡᠨ ᠪᠠᠷᠠᠭ᠋ᠠᠨ ᠲᠡᠭᠡᠭᠡᠪᠦᠷᠢ ᠵᠢᠨ ᠬᠡᠮᠵᠢᠶ᠎ᠡ ᠵᠢᠴᠢ ᠲᠡᠭᠦᠨ᠎ᠤ ᠨᠡᠮᠡᠭᠳᠡᠯ᠎ᠤᠨ ᠬᠤᠷᠳᠤᠴᠠ

ᠬᠦᠰᠦᠨᠦᠭᠲᠦ ᠲᠤᠯᠤᠭ᠎ᠠ 2023 ᠤᠨ᠎ᠤ ᠡᠯ᠎ᠡ ᠲᠦᠷᠦᠯ᠎ᠤᠨ ᠲᠡᠭᠡᠭᠡᠪᠦᠷᠢ ᠵᠢᠨ ᠠᠷᠭ᠎ᠠ ᠪᠠᠷᠢᠯ᠎ᠤᠨ ᠪᠡᠶᠡᠯᠡᠬᠦᠯᠦᠭᠰᠡᠨ ᠠᠶᠠᠨᠴᠢᠨ᠎ᠤ ᠲᠡᠭᠡᠭᠡᠪᠦᠷᠢ ᠵᠢᠨ ᠬᠡᠮᠵᠢᠶ᠎ᠡ ᠵᠢᠴᠢ ᠲᠡᠭᠦᠨ᠎ᠤ ᠨᠡᠮᠡᠭᠳᠡᠯ᠎ᠤᠨ ᠬᠤᠷᠳᠤᠴᠠ

ᠵᠢᠯ᠎ᠤᠨ ᠡᠴᠦᠰ᠎ᠤᠨ ᠠᠷᠠᠳ᠎ᠤᠨ ᠬᠡᠷᠡᠭᠯᠡᠭᠡᠨ᠎ᠤ ᠮᠠᠰᠢᠨ ᠲᠡᠷᠭᠡᠨ᠎ᠤ ᠬᠠᠳᠠᠭ᠋ᠠᠯᠠᠯᠲᠠ ᠵᠢᠨ ᠬᠡᠮᠵᠢᠶ᠎ᠡ 757.2 ᠲᠦᠮᠡ᠎ᠳᠤ ᠬᠦᠷᠴᠦ (ᠭᠤᠷᠪᠠᠨ ᠬᠦᠷᠳᠦᠲᠦ ᠮᠠᠰᠢᠨ ᠲᠡᠷᠭᠡ ᠪᠠ ᠳᠣᠣᠷ᠎ᠠ ᠬᠤᠷᠳᠤᠴᠠᠲᠤ ᠪᠠᠷᠠᠭ᠋ᠠᠨ᠎ᠤ ᠲᠡᠷᠭᠡ 7 . 9 ᠲᠦᠮᠡ ᠪᠠᠭᠲᠠᠨ᠎ᠠ)᠂ ᠲᠦᠷᠦᠭᠦᠦ ᠵᠢᠯ᠎ᠤᠨ ᠡᠴᠦᠰ᠎ᠤᠨ᠎ᠬᠢ᠎ᠠᠴᠠ 6.3%᠎ᠪᠠᠷ ᠨᠡᠮᠡᠭᠳᠡᠪᠡ᠃ ᠡᠭᠦᠨ᠎ᠳᠤ᠂ ᠬᠤᠪᠢ ᠬᠥᠮᠦᠨ᠎ᠤ ᠮᠠᠰᠢᠨ ᠲᠡᠷᠭᠡᠨ᠎ᠤ ᠬᠠᠳᠠᠭ᠋ᠠᠯᠠᠯᠲᠠ ᠵᠢᠨ ᠬᠡᠮᠵᠢᠶ᠎ᠡ 695.9 ᠲᠦᠮᠡ᠎ᠳᠤ ᠬᠦᠷᠴᠦ᠂ 6.0% ᠵᠶ᠋ᠠᠷ ᠨᠡᠮᠡᠭᠳᠡᠪᠡ᠃ ᠠᠷᠠᠳ᠎ᠤᠨ ᠬᠡᠷᠡᠭᠯᠡᠭᠡᠨ᠎ᠤ ᠰᠠᠭᠤᠳᠠᠯ᠎ᠤᠨ ᠮᠠᠰᠢᠨ 418.8 ᠲᠦᠮᠡ ᠪᠠᠶ᠋ᠢᠵᠤ᠂ 4.9%᠎ᠪᠠᠷ ᠨᠡᠮᠡᠭᠳᠡᠪᠡ᠃ ᠡᠭᠦᠨ᠎ᠳᠤ᠂ ᠬᠤᠪᠢ ᠬᠥᠮᠦᠨ᠎ᠤ ᠰᠠᠭᠤᠳᠠᠯ᠎ᠤᠨ ᠮᠠᠰᠢᠨ 402.3 ᠲᠦᠮᠡ ᠪᠠᠶ᠋ᠢᠵᠤ᠂ 4.4%᠎ᠪᠠᠷ ᠨᠡᠮᠡᠭᠳᠡᠪᠡ᠃
ᠪᠥᠬᠥ ᠵᠢᠯ᠎ᠳᠤ ᠰᠢᠤᠳᠠᠨ᠎ᠤ ᠠᠵᠢᠯ ᠲᠥᠷᠥᠯ᠎ᠤᠨ ᠬᠦᠷᠭᠡᠬᠦ ᠲᠤᠬᠠᠶ᠋ᠢᠯᠠᠭᠰᠠᠨ ᠠᠵᠢᠯ᠎ᠤᠨ ᠶᠡᠷᠦᠩᠬᠡᠶ ᠬᠡᠮᠵᠢᠶ᠎ᠡ [15] ᠵᠢ 7.1 ᠳ᠋ᠦᠩᠰᠢᠭᠤᠷ ᠬᠤᠪᠢ ᠪᠡᠶᠡᠯᠡᠭᠦᠯᠵᠦ᠂ ᠲᠦᠷᠦᠭᠦᠦ ᠵᠢᠯ᠎ᠤᠨ᠎ᠬᠢ᠎ᠠᠴᠠ 15.8%᠎ᠪᠠᠷ ᠨᠡᠮᠡᠭᠳᠡᠪᠡ᠃ ᠰᠢᠤᠳᠠᠨ᠎ᠤ ᠦᠢ᠍ᠯᠡᠰ᠎ᠨᠢ ᠰᠢᠤᠳᠠᠨ᠎ᠤ ᠵᠠᠬᠢᠳᠠᠯ᠎ᠤᠨ ᠵᠦᠢ᠍ᠯ᠎ᠤᠨ ᠲᠤᠬᠠᠶ᠋ᠢᠯᠠᠭᠰᠠᠨ ᠠᠵᠢᠯ᠎ᠢ 494.8 ᠲᠦᠮᠡᠨ ᠬᠤᠪᠢ᠂ ᠪᠣᠭᠣᠳᠠᠯ᠎ᠤᠨ ᠲᠤᠬᠠᠶ᠋ᠢᠯᠠᠭᠰᠠᠨ ᠠᠵᠢᠯ᠎ᠢ 26.8 ᠲᠦᠮᠡᠨ ᠬᠤᠪᠢ᠂ ᠲᠦᠷᠭᠡᠨ ᠬᠦᠷᠭᠡᠬᠦ ᠲᠤᠬᠠᠶ᠋ᠢᠯᠠᠭᠰᠠᠨ ᠠᠵᠢᠯ᠎ᠤᠨ ᠬᠡᠮᠵᠢᠶ᠎ᠡ 36570.5 ᠲᠦᠮᠡᠨ ᠬᠤᠪᠢ ᠵᠢ ᠪᠡᠶᠡᠯᠡᠭᠦᠯᠵᠦ᠂ ᠲᠦᠷᠭᠡᠨ ᠬᠦᠷᠭᠡᠬᠦ ᠲᠤᠬᠠᠶ᠋ᠢᠯᠠᠭᠰᠠᠨ ᠠᠵᠢᠯ᠎ᠤᠨ ᠣᠷᠣᠯᠭ᠎ᠠ 63.4 ᠳ᠋ᠦᠩᠰᠢᠭᠤᠷ ᠲᠥᠭᠥᠷᠢᠭ᠎ᠲᠤ ᠬᠥᠷᠪᠡ᠃ ᠪᠥᠬᠥ ᠵᠢᠯ᠎ᠳᠤ ᠴᠠᠬᠢᠯᠭ᠋ᠠᠨ ᠬᠣᠯᠪᠣᠭ᠋ᠠᠨ᠎ᠤ ᠲᠤᠬᠠᠶ᠋ᠢᠯᠠᠭᠰᠠᠨ ᠠᠵᠢᠯ᠎ᠤᠨ ᠶᠡᠷᠦᠩᠬᠡᠶ ᠬᠡᠮᠵᠢᠶ᠎ᠡ [16] ᠵᠢ 315 . 1 ᠳ᠋ᠦᠩᠰᠢᠭᠤᠷ ᠲᠥᠭᠥᠷᠢᠭ ᠪᠡᠶᠡᠯᠡᠭᠦᠯᠵᠦ᠂ ᠲᠦᠷᠦᠭᠦᠦ ᠵᠢᠯ᠎ᠤᠨ᠎ᠬᠢ᠎ᠠᠴᠠ 17.8%᠎ᠪᠠᠷ ᠨᠡᠮᠡᠭᠳᠡᠪᠡ᠃ ᠵᠢᠯ᠎ᠤᠨ ᠡᠴᠦᠰ᠎ᠲᠤ ᠪᠥᠬᠥ ᠣᠷᠣᠨ᠎ᠤ ᠰᠢᠯᠵᠢᠮᠡᠯ ᠳ᠋ᠢᠶᠠᠩᠬᠤᠸᠠ ᠵᠢᠨ ᠬᠡᠷᠡᠭᠯᠡᠭᠴᠢ ᠵᠢᠨ ᠶᠡᠷᠦᠩᠬᠡᠶ ᠲᠣᠭ᠎ᠠ 3026.2 ᠲᠦᠮᠡᠨ ᠡᠷᠦᠬᠡ ᠪᠣᠯᠤᠨ᠎ᠠ᠃ ᠡᠭᠦᠨ᠎ᠳᠤ᠂ 5G ᠰᠢᠯᠵᠢᠮᠡᠯ ᠤᠲᠠᠰᠤ ᠵᠢᠨ ᠬᠡᠷᠡᠭᠯᠡᠭᠴᠢ 1361.9 ᠲᠦᠮᠡᠨ ᠡᠷᠦᠬᠡ ᠪᠣᠶ᠃ ᠰᠢᠯᠵᠢᠮᠡᠯ ᠳ᠋ᠢᠶᠠᠩᠬᠤᠸᠠ ᠵᠢᠨ ᠲᠦᠭᠡᠮᠡᠯᠵᠢᠭᠰᠡᠨ ᠨᠣᠷᠮ᠎ᠠ 126.0/ ᠵᠠᠭᠤᠨ ᠬᠥᠮᠦᠨ᠃ ᠲᠣᠭᠲᠠᠮᠠᠯ ᠢᠨᠲᠸᠷ ᠰᠦᠯᠵᠢᠶᠡᠨ᠎ᠤ ᠥᠷᠭᠡᠨ ᠪᠦᠰᠡ ᠵᠢ ᠵᠠᠯᠭ᠋ᠠᠭᠰᠠᠨ ᠬᠡᠷᠡᠭᠯᠡᠭᠴᠢᠳ [17]948.5 ᠲᠦᠮᠡᠨ ᠡᠷᠦᠬᠡ ᠬᠦᠷᠴᠦ᠂ ᠲᠦᠷᠦᠭᠦᠦ ᠵᠢᠯ᠎ᠤᠨ ᠡᠴᠦᠰ᠎ᠤᠨ᠎ᠬᠢ᠎ᠠᠴᠠ 80.4 ᠲᠦᠮᠡᠨ ᠡᠷᠦᠬᠡ ᠨᠡᠮᠡᠭᠳᠡᠪᠡ; ᠰᠢᠯᠵᠢᠮᠡᠯ ᠢᠨᠲᠸᠷ ᠰᠦᠯᠵᠢᠶᠡᠨ᠎ᠤ ᠬᠡᠷᠡᠭᠯᠡᠭᠴᠢ 2650.4 ᠲᠦᠮᠡᠨ ᠡᠷᠦᠬᠡ ᠪᠣᠯᠵᠣ᠂ 73.4 ᠲᠦᠮᠡᠨ ᠡᠷᠦᠬᠡ ᠨᠡᠮᠡᠭᠳᠡᠪᠡ᠃ ᠪᠥᠬᠥ ᠵᠢᠯ᠎ᠤᠨ ᠰᠢᠯᠵᠢᠮᠡᠯ ᠢᠨᠲᠸᠷ ᠰᠦᠯᠵᠢᠶᠡᠨ᠎ᠤ ᠤᠷᠤᠰᠴᠠ 502406.4 ᠲᠦᠮᠡᠨ GB᠎ᠳᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 14.2% ᠵᠶ᠋ᠠᠷ ᠨᠡᠮᠡᠭᠳᠡᠪᠡ᠃


ᠲᠠᠪᠤ᠂ ᠤᠯᠤᠰ᠎ᠤᠨ ᠳᠣᠲᠣᠭ᠋ᠠᠳᠤ ᠵᠢᠨ ᠠᠷᠠᠯᠵᠢᠶ᠎ᠠ
ᠪᠦᠬᠦ ᠵᠢᠯ᠎ᠤᠨ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠪᠦᠬᠦ ᠲᠣᠭ᠎ᠠ 5374.3 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 8.1%᠎ᠪᠠᠷ ᠨᠡᠮᠡᠭᠳᠡᠵᠡᠢ᠃ ᠡᠵᠡᠩᠨᠡᠯᠲᠡ ᠵᠢᠨ ᠭᠠᠵᠠᠷ ᠵᠶ᠋ᠠᠷ ᠬᠤᠪᠢᠶᠠᠪᠠᠯ᠂ ᠬᠣᠲᠠ ᠪᠠᠯᠭ᠋ᠠᠰᠤᠨ᠎ᠤ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠲᠣᠭ᠎ᠠ 4739.6 ᠳ᠋ᠦᠩᠰᠢᠭᠤᠷ ᠲᠥᠭᠥᠷᠢᠭ᠎ᠲᠤ ᠬᠦᠷᠴᠦ᠂ 8.0% ᠵᠶ᠋ᠠᠷ ᠨᠡᠮᠡᠭᠳᠡᠪᠡ; ᠬᠥᠳᠡᠭᠡ ᠲᠣᠰᠬᠣᠨ᠎ᠤ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠲᠣᠭ᠎ᠠ 634.7 ᠳ᠋ᠦᠩᠰᠢᠭᠤᠷ ᠲᠥᠭᠥᠷᠢᠭ᠎ᠲᠤ ᠬᠦᠷᠴᠦ᠂ 9.2% ᠵᠶ᠋ᠠᠷ ᠨᠡᠮᠡᠭᠳᠡᠪᠡ᠃ ᠬᠡᠷᠡᠭᠯᠡᠭᠡᠨ᠎ᠤ ᠲᠥᠷᠥᠯ ᠵᠦᠢ᠍ᠯ ᠵᠶ᠋ᠠᠷ ᠬᠤᠪᠢᠶᠠᠪᠠᠯ᠂ ᠲᠠᠸᠠᠷ᠎ᠤᠨ ᠵᠢᠵᠢᠭᠯᠡᠨ ᠬᠤᠳᠠᠯᠳᠤᠭᠰᠠᠨ ᠲᠣᠭ᠎ᠠ 4707.9 ᠳ᠋ᠦᠩᠰᠢᠭᠤᠷ ᠲᠥᠭᠥᠷᠢᠭ᠎ᠲᠤ ᠬᠦᠷᠴᠦ᠂ 6.8%᠎ᠪᠠᠷ ᠨᠡᠮᠡᠭᠳᠡᠪᠡ; ᠢᠳᠡᠭᠡᠨ ᠤᠮᠳᠠᠭ᠋ᠠᠨ᠎ᠤ ᠣᠷᠣᠯᠭ᠎ᠠ 666.4 ᠳ᠋ᠦᠩᠰᠢᠭᠤᠷ ᠲᠥᠭᠥᠷᠢᠭ᠎ᠲᠤ ᠬᠦᠷᠴᠦ᠂ 18.4%᠎ᠪᠠᠷ ᠨᠡᠮᠡᠭᠳᠡᠪᠡ᠃ ᠣᠷᠣᠨ ᠪᠦᠰᠡ ᠬᠤᠪᠢᠶᠠᠨ ᠦᠵᠡᠪᠡᠯ᠂ ᠵᠡᠭᠦᠨ ᠬᠡᠰᠡᠭ᠎ᠤᠨ ᠭᠠᠵᠠᠷ ᠣᠷᠣᠨ᠎ᠤ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠲᠣᠭ᠎ᠠ 4.6%᠎ᠪᠠᠷ ᠨᠡᠮᠡᠭᠳᠡᠵᠦ᠂ ᠳᠤᠮᠳᠠ ᠬᠡᠰᠡᠭ᠎ᠤᠨ ᠭᠠᠵᠠᠷ ᠣᠷᠣᠨ 10.4%᠎ᠪᠠᠷ ᠨᠡᠮᠡᠭᠳᠡᠵᠦ᠂ ᠪᠠᠷᠠᠭᠤᠨ ᠬᠡᠰᠡᠭ᠎ᠤᠨ ᠭᠠᠵᠠᠷ ᠣᠷᠣᠨ 5.5%᠎ᠪᠠᠷ ᠨᠡᠮᠡᠭᠳᠡᠵᠡᠢ᠃
ᠪᠥᠬᠥ ᠵᠢᠯ᠎ᠤᠨ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠨᠢᠭᠡᠴᠢ ᠲᠠᠸᠠᠷ᠎ᠤᠨ ᠵᠢᠵᠢᠭᠯᠡᠨ ᠬᠤᠳᠠᠯᠳᠤᠭᠰᠠᠨ ᠲᠣᠭ᠎ᠠ ᠵᠢᠨ ᠳᠣᠲᠣᠷ᠎ᠠ᠂ ᠠᠮᠤ ᠲᠣᠰᠣ᠂ ᠢᠳᠡᠭᠡᠨ᠎ᠤ ᠲᠥᠷᠥᠯ᠎ᠤᠨ ᠵᠢᠵᠢᠭᠯᠡᠨ ᠬᠤᠳᠠᠯᠳᠤᠭᠰᠠᠨ ᠲᠣᠭ᠎ᠠ ᠲᠦᠷᠦᠭᠦᠦ ᠵᠢᠯ᠎ᠤᠨ᠎ᠬᠢ᠎ᠠᠴᠠ᠎ᠪᠠᠨ 27.4%᠎ᠪᠠᠷ ᠨᠡᠮᠡᠭᠳᠡᠵᠦ᠂ ᠤᠮᠳᠠᠭ᠋ᠠᠨ᠎ᠤ ᠲᠥᠷᠥᠯ 3.8%᠎ᠪᠠᠷ ᠨᠡᠮᠡᠭᠳᠡᠵᠦ᠂ ᠠᠷᠢᠬᠢ ᠲᠠᠮᠠᠬᠢᠨ᠎ᠤ ᠲᠥᠷᠥᠯ 21.3%᠎ᠪᠠᠷ ᠨᠡᠮᠡᠭᠳᠡᠵᠦ᠂ ᠬᠤᠪᠴᠠᠰᠤ ᠬᠤᠨᠠᠷ᠂ ᠱᠠᠬᠠᠶ ᠮᠠᠯᠠᠭ᠋ᠠᠶ᠂ ᠨᠡᠬᠡᠮᠡᠯ ᠪᠠᠷᠠᠭ᠋ᠠᠨ᠎ᠤ ᠲᠥᠷᠥᠯ 26.5%᠎ᠪᠠᠷ ᠨᠡᠮᠡᠭᠳᠡᠵᠦ᠂ ᠭᠣᠶᠣᠯᠠᠯ᠎ᠤᠨ ᠡᠳ᠋᠎ᠤᠨ ᠲᠥᠷᠥᠯ 5.4%᠎ᠪᠠᠷ ᠨᠡᠮᠡᠭᠳᠡᠵᠦ᠂ ᠠᠯᠲᠠ ᠮᠥᠩᠭᠥ ᠰᠤᠪᠤᠳ ᠡᠷᠳᠡᠨᠢ ᠵᠢᠨ ᠲᠥᠷᠥᠯ 28.5%᠎ᠪᠠᠷ ᠨᠡᠮᠡᠭᠳᠡᠵᠦ᠂ ᠡᠳᠦᠷ ᠲᠤᠲᠤᠮ᠎ᠤᠨ ᠬᠡᠷᠡᠭᠯᠡᠭᠡᠨ᠎ᠤ ᠵᠦᠢ᠍ᠯ᠎ᠤᠨ ᠲᠥᠷᠥᠯ 34.1%᠎ᠪᠠᠷ ᠨᠡᠮᠡᠭᠳᠡᠵᠦ᠂ ᠬᠡᠷ᠎ᠤᠨ ᠴᠠᠬᠢᠯᠭ᠋ᠠᠨ ᠬᠡᠷᠡᠭᠰᠡᠯ ᠪᠠ ᠲᠠᠭᠤ ᠳᠦᠷᠰᠦ ᠰᠢᠩᠭᠡᠭᠡᠯᠲᠡ ᠵᠢᠨ ᠪᠠᠭ᠋ᠠᠵᠢ ᠬᠡᠷᠡᠭᠰᠡᠯ᠎ᠤᠨ ᠲᠥᠷᠥᠯ 15.2 ᠵᠶ᠋ᠠᠷ ᠨᠡᠮᠡᠭᠳᠡᠵᠦ᠂ ᠬᠢᠲᠠᠳ ᠡᠸᠦ᠋ᠷᠦᠫᠡ ᠡᠮ᠎ᠤᠨ ᠲᠦᠷᠦᠯ 16.0% ᠵᠶ᠋ᠡᠷ ᠨᠡᠮᠡᠭᠳᠡᠵᠦ᠂ ᠴᠢᠮᠡᠭᠡ ᠨᠡᠪᠳᠡᠷᠡᠯᠭᠡ ᠵᠢᠨ ᠬᠡᠷᠡᠭᠰᠡᠯ᠎ᠤᠨ ᠲᠦᠷᠦᠯ13.1%᠎ᠪᠠᠷ ᠨᠡᠮᠡᠭᠳᠡᠨ᠂ ᠮᠠᠰᠢᠨ ᠲᠡᠷᠭᠡᠨ᠎ᠤ ᠲᠦᠷᠦᠯ 17.2% ᠵᠶ᠋ᠡᠷ ᠨᠡᠮᠡᠭᠳᠡᠪᠡ᠃

ᠪᠥᠬᠥ ᠵᠢᠯ᠎ᠤᠨ ᠪᠣᠳᠠᠲᠤ ᠲᠠᠸᠠᠷ᠎ᠤᠨ ᠰᠦᠯᠵᠢᠶᠡᠨ ᠳᠡᠭᠡᠷ᠎ᠡ ᠵᠢᠵᠢᠭᠯᠡᠨ ᠬᠤᠳᠠᠯᠳᠤᠭᠰᠠᠨ ᠲᠣᠭ᠎ᠠ 449.0 ᠳ᠋ᠦᠩᠰᠢᠭᠤᠷ ᠲᠥᠭᠥᠷᠢᠭ᠎ᠲᠤ ᠬᠦᠷᠴᠦ᠂ ᠬᠠᠷᠢᠴᠠᠭᠤᠯᠵᠤ ᠪᠣᠯᠬᠤ ᠪᠠᠷᠢᠮᠵᠢᠶ᠎ᠠ᠎ᠪᠠᠷ ᠪᠤᠳᠤᠪᠠᠯ᠂ ᠲᠦᠷᠦᠭᠦᠦ ᠵᠢᠯ᠎ᠤᠨ᠎ᠬᠢ᠎ᠠᠴᠠ 22.1%᠎ᠪᠠᠷ ᠨᠡᠮᠡᠭᠳᠡᠵᠦ᠂ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠶᠡᠷᠦᠩᠬᠡᠶ ᠲᠣᠭ᠎ᠠ᠎ᠳᠤ ᠡᠵᠡᠯᠡᠬᠦ ᠬᠤᠪᠢ ᠵᠢᠨ ᠵᠢᠩ᠎ᠨᠢ 8.4% ᠪᠠᠶ᠋ᠢᠵᠤ᠂ ᠲᠦᠷᠦᠭᠦᠦ ᠵᠢᠯ᠎ᠤᠨ᠎ᠬᠢ᠎ᠠᠴᠠ 1.5 ᠵᠠᠭᠤᠨ᠎ᠤ ᠬᠤᠪᠢ ᠵᠢᠨ ᠴᠡᠭ ᠳᠡᠭᠡᠭᠰᠢᠯᠡᠪᠡ᠃
ᠵᠢᠷᠭᠤᠭ᠎ᠠ᠂ ᠲᠣᠭᠲᠠᠮᠠᠯ ᠬᠦᠷᠦᠨᠭᠭᠡ ᠵᠢᠨ ᠪᠡᠯᠡ ᠣᠷᠣᠭᠤᠯᠤᠯᠲᠠ
ᠪᠦᠬᠦ ᠵᠢᠯ᠎ᠤᠨ ᠪᠦᠬᠦ ᠨᠡᠶ᠋ᠢᠭᠡᠮ᠎ᠤᠨ ᠲᠣᠭᠲᠠᠮᠠᠯ ᠬᠦᠷᠦᠨᠭᠭᠡ ᠵᠢᠨ ᠪᠡᠯᠡ ᠣᠷᠣᠭᠤᠯᠤᠯᠲᠠ ᠲᠦᠷᠦᠭᠦᠦ ᠵᠢᠯ᠎ᠤᠨ᠎ᠬᠢ᠎ᠠᠴᠠ 19.4%᠎ᠪᠠᠷ ᠨᠡᠮᠡᠭᠳᠡᠪᠡ᠃ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ (ᠲᠠᠷᠢᠶᠠᠴᠢᠨ ᠡᠷᠦᠬᠡ ᠵᠢ ᠪᠠᠭᠲᠠᠭ᠋ᠠᠬᠤ ᠥᠬᠡᠶ) 19.8% ᠨᠡᠮᠡᠭᠳᠡᠪᠡ᠃ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ (ᠲᠠᠷᠢᠶᠠᠴᠢᠨ ᠡᠷᠦᠬᠡ ᠵᠢ ᠪᠠᠭᠲᠠᠭ᠋ᠠᠬᠤ ᠥᠬᠡᠶ) ᠵᠢᠨ ᠳᠣᠲᠣᠷ᠎ᠠ᠂ ᠣᠷᠣᠨ ᠪᠦᠰᠡ ᠬᠤᠪᠢᠶᠠᠵᠤ ᠦᠵᠡᠪᠡᠯ᠂ ᠵᠡᠭᠦᠨ ᠬᠡᠰᠡᠭ᠎ᠤᠨ ᠭᠠᠵᠠᠷ ᠣᠷᠣᠨ᠎ᠤ ᠪᠠᠯᠠ ᠣᠷᠣᠭᠤᠯᠤᠯᠲᠠ ᠲᠦᠷᠦᠭᠦᠦ ᠵᠢᠯ᠎ᠤᠨ᠎ᠬᠢ᠎ᠠᠴᠠ 14.7%᠎ᠪᠠᠷ ᠨᠡᠮᠡᠭᠳᠡᠵᠦ᠂ ᠳᠤᠮᠳᠠ ᠬᠡᠰᠡᠭ᠎ᠤᠨ ᠭᠠᠵᠠᠷ ᠣᠷᠣᠨ᠎ᠤ ᠪᠠᠯᠠ ᠣᠷᠣᠭᠤᠯᠤᠯᠲᠠ 25.4%᠎ᠪᠠᠷ ᠨᠡᠮᠡᠭᠳᠡᠵᠦ᠂ ᠪᠠᠷᠠᠭᠤᠨ ᠬᠡᠰᠡᠭ᠎ᠤᠨ ᠭᠠᠵᠠᠷ ᠣᠷᠣᠨ᠎ᠤ ᠪᠠᠯᠠ ᠣᠷᠣᠭᠤᠯᠤᠯᠲᠠ 18.6%᠎ᠪᠠᠷ ᠨᠡᠮᠡᠭᠳᠡᠪᠡ᠃
ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ (ᠲᠠᠷᠢᠶᠠᠴᠢᠨ ᠡᠷᠦᠬᠡ ᠵᠢ ᠪᠠᠭᠲᠠᠭ᠋ᠠᠬᠤ ᠥᠬᠡᠶ) ᠵᠢᠨ ᠳᠣᠲᠣᠷ᠎ᠠ᠂ ᠨᠢᠭᠡᠳᠦᠭᠡᠷ ᠠᠵᠤ ᠦᠢ᠍ᠯᠡᠰ᠎ᠤᠨ ᠪᠠᠯᠠ ᠣᠷᠣᠭᠤᠯᠤᠯᠲᠠ ᠲᠦᠷᠦᠭᠦᠦ ᠵᠢᠯ᠎ᠤᠨ᠎ᠬᠢ᠎ᠠᠴᠠ 8.6%᠎ᠪᠠᠷ ᠨᠡᠮᠡᠭᠳᠡᠵᠦ᠂ ᠬᠣᠶᠠᠳᠤᠭ᠋ᠠᠷ ᠠᠵᠤ ᠦᠢ᠍ᠯᠡᠰ᠎ᠤᠨ ᠪᠠᠯᠠ ᠣᠷᠣᠭᠤᠯᠤᠯᠲᠠ 33.1%᠎ᠪᠠᠷ ᠨᠡᠮᠡᠭᠳᠡᠵᠦ᠂ ᠭᠤᠷᠪᠠᠳᠤᠭ᠋ᠠᠷ ᠠᠵᠤ ᠦᠢ᠍ᠯᠡᠰ᠎ᠤᠨ ᠪᠠᠯᠠ ᠣᠷᠣᠭᠤᠯᠤᠯᠲᠠ 4.4%᠎ᠪᠠᠷ ᠨᠡᠮᠡᠭᠳᠡᠪᠡ᠃ ᠰᠠᠭᠤᠷᠢ ᠲᠥᠬᠥᠭᠡᠷᠦᠮᠵᠢ ᠵᠢᠨ ᠪᠡᠯᠡ ᠣᠷᠣᠭᠤᠯᠤᠯᠲᠠ [18] ᠲᠦᠷᠦᠭᠦᠦ ᠵᠢᠯ᠎ᠤᠨ᠎ᠬᠢ᠎ᠠᠴᠠ 12.0% ᠨᠡᠮᠡᠭᠳᠡᠪᠡ᠃ ᠦᠢ᠍ᠯᠡᠳᠬᠦ ᠦᠢ᠍ᠯᠡᠰ᠎ᠤᠨ ᠪᠡᠯᠡ ᠣᠷᠣᠭᠤᠯᠤᠯᠲᠠ ᠲᠦᠷᠦᠭᠦᠦ ᠵᠢᠯ᠎ᠤᠨ᠎ᠬᠢ᠎ᠠᠴᠠ 46.4%᠎ᠪᠠᠷ ᠨᠡᠮᠡᠭᠳᠡᠪᠡ᠃ ᠠᠷᠠᠳ᠎ᠤᠨ ᠲᠣᠭᠲᠠᠮᠠᠯ ᠬᠦ᠍ᠷᠦᠡᠭᠭᠡ ᠵᠢᠨ ᠪᠡᠯᠡ ᠣᠷᠣᠭᠤᠯᠤᠯᠲᠠ [19] ᠲᠦᠷᠦᠭᠦᠦ ᠵᠢᠯ᠎ᠤᠨ᠎ᠬᠢ᠎ᠠᠴᠠ 14.2% ᠵᠶ᠋ᠠᠷ ᠨᠡᠮᠡᠭᠳᠡᠪᠡ᠃
ᠬᠦᠰᠦᠨᠦᠭᠳᠦ ᠨᠠᠢ᠍ᠮᠠ 2023 ᠤᠨ᠎ᠤ ᠭᠤᠤᠯ ᠠᠵᠢᠯ ᠲᠦᠷᠦᠯ᠎ᠤᠨ ᠲᠤᠭᠳᠠᠮᠠᠯ ᠬᠦᠷᠦᠩᠭᠡ ᠵᠢᠨ ᠪᠡᠯᠡ ᠤᠷᠤᠭᠤᠯᠤᠯᠳᠠ (ᠲᠠᠷᠢᠶᠠᠴᠢᠨ ᠡᠷᠦᠭᠡ ᠪᠠᠭᠲᠠᠬᠤ ᠦᠭᠡᠢ) ᠵᠢᠨ ᠨᠡᠮᠡᠭᠳᠡᠯ᠎ᠤᠨ ᠬᠤᠷᠳᠤᠴᠠ

ᠪᠥᠬᠥ ᠵᠢᠯ᠎ᠳᠤ ᠬᠡᠷ ᠪᠠᠶ᠋ᠢᠰᠢᠩ ᠭᠠᠵᠠᠷ ᠰᠢᠷᠣᠶ ᠵᠢᠨ ᠬᠥᠷᠥᠩᠭᠡ ᠵᠢᠨ ᠨᠡᠭᠡᠭᠡᠨ ᠬᠥᠭᠵᠢᠭᠦᠯᠦᠯᠲᠡ᠎ᠳᠤ 963.4 ᠳ᠋ᠦᠩᠰᠢᠭᠤᠷ ᠲᠥᠭᠥᠷᠢᠭ᠎ᠤᠨ ᠪᠠᠯᠠ ᠣᠷᠣᠭᠤᠯᠵᠤ᠂ ᠲᠦᠷᠦᠭᠦᠦ ᠵᠢᠯ᠎ᠤᠨ᠎ᠬᠢ᠎ᠠᠴᠠ 1.5%᠎ᠪᠠᠷ ᠪᠠᠭᠤᠷᠠᠪᠠ᠃ ᠡᠭᠦᠨ᠎ᠳᠤ᠂ ᠣᠷᠣᠨ ᠰᠠᠭᠤᠴᠠ ᠵᠢᠨ ᠪᠠᠯᠠ ᠣᠷᠣᠭᠤᠯᠤᠯᠲᠠ 753.0 ᠳ᠋ᠦᠩᠰᠢᠭᠤᠷ ᠲᠥᠭᠥᠷᠢᠭ᠎ᠲᠤ ᠬᠦᠷᠴᠦ᠂ 2.3%᠎ᠪᠠᠷ ᠪᠠᠭᠤᠷᠠᠪᠠ; ᠠᠯᠪᠠᠨ ᠠᠰᠠᠷ᠎ᠤᠨ ᠪᠡᠯᠡ ᠣᠷᠣᠭᠤᠯᠤᠯᠲᠠ 10.7 ᠳ᠋ᠦᠩᠰᠢᠭᠤᠷ ᠲᠥᠭᠥᠷᠢᠭ᠂ 45.2% ᠨᠡᠮᠡᠭᠳᠡᠪᠡ; ᠬᠤᠳᠠᠯᠳᠤᠭ᠋ᠠᠨ᠎ᠤ ᠡᠵᠡᠩᠨᠡᠯᠲᠡ᠎ᠳᠤ ᠬᠡᠷᠡᠭᠯᠡᠬᠦ ᠬᠡᠷ ᠪᠠᠶ᠋ᠢᠰᠢᠩ᠎ᠤᠨ ᠪᠠᠯᠠ ᠣᠷᠣᠭᠤᠯᠤᠯᠲᠠ 74.9 ᠳ᠋ᠦᠩᠰᠢᠭᠤᠷ ᠲᠥᠭᠥᠷᠢᠭ᠎ᠲᠤ ᠬᠦᠷᠴᠦ᠂ 6.4%᠎ᠪᠠᠷ ᠪᠠᠭᠤᠷᠠᠪᠠ᠃ ᠲᠠᠸᠠᠷ᠎ᠤᠨ ᠭᠡᠷ ᠪᠠᠶ᠋ᠢᠰᠢᠩ᠎ᠤᠨ ᠪᠣᠷᠣᠯᠠᠭᠤᠯᠤᠭᠰᠠᠨ ᠲᠠᠯᠠᠪᠠᠢ 1511.9 ᠲᠦᠮᠡᠨ ᠲᠡᠭᠰᠢ ᠳᠥᠷᠪᠡᠯᠵᠢᠨ ᠮᠧᠲᠷ᠎ᠲᠤ ᠬᠦᠷᠴᠦ᠂ 9.5%᠎ᠪᠠᠷ ᠨᠡᠮᠡᠭᠳᠡᠪᠡ᠃ ᠲᠠᠸᠠᠷ᠎ᠤᠨ ᠣᠷᠣᠨ ᠰᠠᠭᠤᠴᠠ ᠵᠢᠨ ᠪᠣᠷᠣᠯᠠᠭᠤᠯᠤᠯᠲᠠ ᠵᠢᠨ ᠬᠡᠮᠵᠢᠶ᠎ᠡ 993.1 ᠳ᠋ᠦᠩᠰᠢᠭᠤᠷ ᠲᠥᠭᠥᠷᠢᠭ᠎ᠲᠤ ᠬᠦᠷᠴᠦ᠂ 14.4%᠎ᠪᠠᠷ ᠨᠡᠮᠡᠭᠳᠡᠪᠡ᠃
ᠲᠤᠯᠤᠭ᠎ᠠ᠂ ᠭᠠᠳᠠᠭ᠋ᠠᠳᠤ ᠠᠵᠤ ᠠᠬᠤᠢ
ᠪᠥᠬᠥ ᠵᠢᠯ᠎ᠤᠨ ᠭᠠᠳᠠᠭ᠋ᠠᠳᠤ ᠠᠷᠠᠯᠵᠢᠶᠠᠨ᠎ᠤ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠭᠰᠠᠨ ᠪᠥᠬᠥ ᠲᠣᠭ᠎ᠠ 1965.3 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 30.4%᠎ᠪᠠᠷ ᠨᠡᠮᠡᠭᠳᠡᠪᠡ᠃ ᠡᠭᠦᠨ᠎ᠳᠤ᠂ ᠭᠠᠳᠠᠭ᠋ᠠᠳᠤ ᠭᠠᠷᠭ᠋ᠠᠯᠲᠠ 785.7 ᠳ᠋ᠦᠩᠰᠢᠭᠤᠷ ᠲᠥᠭᠥᠷᠢᠭ᠎ᠲᠤ ᠬᠦᠷᠴᠦ᠂ 28.1%᠎ᠪᠠᠷ ᠨᠡᠮᠡᠭᠳᠡᠪᠡ; ᠭᠠᠳᠠᠭ᠋ᠠᠳᠤ ᠣᠷᠣᠭᠤᠯᠤᠯᠲᠠ 1179.6 ᠳ᠋ᠦᠩᠰᠢᠭᠤᠷ ᠲᠥᠭᠥᠷᠢᠭ᠎ᠲᠤ ᠬᠦᠷᠴᠦ᠂ 32.0% ᠵᠶ᠋ᠠᠷ ᠨᠡᠮᠡᠭᠳᠡᠪᠡ᠃ ᠭᠤᠤᠯ ᠪᠣᠯᠬᠤ ᠠᠷᠠᠯᠵᠢᠶᠠᠨ᠎ᠤ ᠠᠷᠭ᠎ᠠ ᠬᠡᠯᠪᠡᠷᠢ᠎ᠠᠴᠠ ᠦᠵᠡᠪᠡᠯ᠂ ᠡᠩ᠎ᠤᠨ ᠠᠷᠠᠯᠵᠢᠶᠠᠨ᠎ᠤ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠭᠰᠠᠨ ᠲᠣᠭ᠎ᠠ 1222.0 ᠳ᠋ᠦᠩᠰᠢᠭᠤᠷ ᠲᠥᠭᠥᠷᠢᠭ᠎ᠲᠤ ᠬᠦᠷᠴᠦ᠂ 25.9%᠎ᠪᠠᠷ ᠨᠡᠮᠡᠭᠳᠡᠵᠦ᠂ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠭᠰᠠᠨ ᠶᠡᠷᠦᠩᠬᠡᠶ ᠲᠣᠭ᠎ᠠ᠎ᠳᠤ ᠡᠵᠡᠯᠡᠬᠦ ᠬᠤᠪᠢ ᠵᠢᠨ ᠵᠢᠩ᠎ᠨᠢ 62.2% ᠪᠣᠯᠵᠠᠶ; ᠬᠢᠯᠢ ᠵᠢᠨ ᠪᠠᠭ᠎ᠠ ᠬᠡᠮᠵᠢᠶᠡᠨ᠎ᠤ ᠠᠷᠠᠯᠵᠢᠶᠠᠨ᠎ᠤ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠭᠰᠠᠨ ᠲᠣᠭ᠎ᠠ 355.0 ᠳ᠋ᠦᠩᠰᠢᠭᠤᠷ ᠲᠥᠭᠥᠷᠢᠭ᠎ᠲᠤ ᠬᠦᠷᠴᠡᠶ; ᠪᠣᠯᠪᠠᠰᠤᠷᠠᠭᠤᠯᠬᠤ ᠠᠷᠠᠯᠵᠢᠶ᠎ᠠ ᠵᠢᠨ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠭᠰᠠᠨ ᠲᠣᠭ᠎ᠠ 111.8 ᠳ᠋ᠦᠩᠰᠢᠭᠤᠷ ᠲᠥᠭᠥᠷᠢᠭ᠎ᠲᠤ ᠬᠦᠷᠴᠡᠢ᠃ 《ᠨᠢᠭᠡ ᠪᠦᠰᠡ ᠨᠢᠭᠡ ᠵᠠᠮ》 [21]᠎ᠢ ᠬᠠᠮᠲᠤ᠎ᠪᠠᠷ ᠪᠦᠳᠦᠭᠡᠨ ᠪᠠᠶ᠋ᠢᠭᠤᠯᠬᠤ ᠤᠯᠤᠰ᠎ᠲᠠᠬᠢ ᠤᠷᠤᠭᠤᠯᠤᠯᠳᠠ ᠭᠠᠷᠭ᠋ᠠᠯᠲᠠ ᠵᠢᠨ ᠲᠤᠭ᠎ᠠ 1522.1 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 40.9%᠎ᠪᠠᠷ ᠨᠡᠮᠡᠭᠳᠡᠪᠡ᠃
ᠬᠦᠰᠦᠨᠦᠭᠲᠦ ᠶᠢᠰᠦ 2023 ᠤᠨ᠎ᠤ ᠭᠠᠳᠠᠭ᠋ᠠᠳᠤ ᠤᠷᠤᠭᠤᠯᠤᠯᠳᠠ ᠭᠠᠷᠭ᠋ᠠᠯᠲᠠ ᠵᠢᠨ ᠶᠡᠷᠦᠩᠭᠡᠢ ᠲᠤᠭ᠎ᠠ ᠵᠢᠴᠢ ᠲᠡᠭᠦᠨ᠎ᠤ ᠨᠡᠮᠡᠭᠳᠡᠯ᠎ᠤᠨ ᠬᠤᠷᠳᠤᠴᠠ
ᠪᠥᠬᠥ ᠵᠢᠯ᠎ᠳᠤ ᠪᠣᠳᠠᠲᠠᠶ ᠬᠡᠷᠡᠭᠯᠡᠭᠰᠡᠨ ᠭᠠᠳᠠᠭ᠋ᠠᠳᠤ ᠪᠠᠯᠠ ᠵᠢᠨ ᠵᠣᠭᠣᠰ᠎ᠤᠨ ᠲᠣᠭ᠎ᠠ 55.8 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 61.5%᠎ᠪᠠᠷ ᠨᠡᠮᠡᠭᠳᠡᠵᠦ᠂ 8.0 ᠳ᠋ᠦᠩᠰᠢᠭᠤᠷ ᠳ᠋ᠣᠯᠯᠠᠷ ᠵᠶ᠋ᠠᠷ ᠨᠤᠭᠤᠯᠵᠤ ᠪᠤᠳᠤᠪᠠᠯ᠂ 48.5%᠎ᠪᠠᠷ ᠨᠡᠮᠡᠭᠳᠡᠪᠡ᠃ ᠰᠢᠨ᠎ᠡ᠎ᠪᠠᠷ ᠪᠠᠶ᠋ᠢᠭᠤᠯᠤᠭᠰᠠᠨ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠠᠯᠠ ᠣᠷᠣᠭᠤᠯᠤᠭᠰᠠᠨ ᠠᠵᠤ ᠠᠬᠤᠶ᠋ᠢᠯᠠᠯ 167 ᠪᠣᠯᠵᠣ᠂ ᠲᠦᠷᠦᠭᠦᠦ ᠵᠢᠯ᠎ᠤᠨ᠎ᠬᠢ᠎ᠠᠴᠠ 3.2 ᠳᠠᠬᠢᠨ ᠨᠡᠮᠡᠭᠳᠡᠪᠡ᠃
ᠨᠠᠢ᠍ᠮᠠ᠂ ᠡᠳ᠋᠎ᠤᠨ ᠵᠠᠰᠠᠭ᠂ ᠮᠥᠩᠭᠥᠨ ᠭᠦᠢ᠍ᠯᠭᠡᠭᠡ ᠪᠠ ᠳᠠᠭ᠋ᠠᠳᠬᠠᠯ
ᠪᠥᠬᠥ ᠵᠢᠯ᠎ᠤᠨ ᠪᠥᠬᠥ ᠣᠷᠣᠨ᠎ᠤ ᠡᠩ᠎ᠤᠨ ᠣᠯᠠᠨ ᠨᠡᠶ᠋ᠢᠲᠡ ᠵᠢᠨ ᠲᠥᠰᠦᠪ᠎ᠤᠨ ᠣᠷᠣᠯᠭ᠎ᠠ 3083.4 ᠳ᠋ᠦᠩᠰᠢᠭᠤᠷ ᠲᠥᠭᠥᠷᠢᠭ᠎ᠲᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 9.2% ᠵᠶ᠋ᠠᠷ ᠨᠡᠮᠡᠭᠳᠡᠪᠡ᠃ ᠡᠭᠦᠨ᠎ᠳᠤ᠂ ᠭᠠᠶ᠋ᠢᠯᠢ ᠵᠢᠨ ᠣᠷᠣᠯᠭ᠎ᠠ 2331.0 ᠳ᠋ᠦᠩᠰᠢᠭᠤᠷ ᠲᠥᠭᠥᠷᠢᠭ᠎ᠲᠤ ᠬᠦᠷᠴᠦ᠂ 9.2% ᠵᠶ᠋ᠠᠷ ᠨᠡᠮᠡᠭᠳᠡᠨ᠂ ᠡᠩ᠎ᠤᠨ ᠣᠯᠠᠨ ᠨᠡᠶ᠋ᠢᠲᠡ ᠵᠢᠨ ᠲᠥᠰᠦᠪ᠎ᠤᠨ ᠣᠷᠣᠯᠭ᠎ᠠ᠎ᠳᠤ ᠡᠵᠡᠯᠡᠬᠦ ᠬᠤᠪᠢ ᠵᠢᠨ ᠵᠢᠩ᠎ᠨᠢ 75.6% ᠪᠣᠯᠪᠠ᠃ ᠡᠩ᠎ᠤᠨ ᠣᠯᠠᠨ ᠨᠡᠶ᠋ᠢᠲᠡ ᠵᠢᠨ ᠲᠥᠰᠦᠪ᠎ᠤᠨ ᠵᠠᠷᠤᠯᠭ᠎ᠠ 6817.5 ᠳ᠋ᠦᠩᠰᠢᠭᠤᠷ ᠲᠥᠭᠥᠷᠢᠭ᠎ᠲᠤ ᠬᠦᠷᠴᠦ᠂ 15.8%᠎ᠪᠠᠷ ᠨᠡᠮᠡᠭᠳᠡᠪᠡ᠃
ᠵᠢᠯ᠎ᠤᠨ ᠡᠴᠦᠰ᠎ᠲᠤ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠠᠷᠠᠳ᠎ᠤᠨ ᠵᠣᠭᠣᠰ᠎ᠤᠨ ᠬᠠᠳᠠᠭ᠋ᠠᠯᠠᠮᠵᠢ ᠵᠢᠨ ᠦᠯᠡᠳᠡᠪᠦᠷᠢ ᠲᠣᠭ᠎ᠠ 36317.6 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ ᠡᠴᠦᠰ᠎ᠤᠨ᠎ᠬᠢ᠎ᠠᠴᠠ 12.4%᠎ᠪᠠᠷ ᠨᠡᠮᠡᠭᠳᠡᠵᠡᠢ᠃ ᠡᠭᠦᠨ᠎ᠳᠤ᠂ ᠰᠠᠭᠤᠭ᠋ᠠᠯᠢ ᠡᠷᠦᠬᠡ ᠵᠢᠨ ᠬᠠᠳᠠᠭ᠋ᠠᠯᠠᠮᠵᠢ ᠵᠢᠨ ᠦᠯᠡᠳᠡᠪᠦᠷᠢ 22904.1 ᠳ᠋ᠦᠩᠰᠢᠭᠤᠷ ᠲᠥᠭᠥᠷᠢᠭ᠎ᠲᠤ ᠬᠦᠷᠴᠦ᠂ 13.4%᠎ᠪᠠᠷ
ᠨᠡᠮᠡᠭᠳᠡᠪᠡ; ᠮᠥᠩᠭᠥᠨ ᠭᠦᠢ᠍ᠯᠭᠡᠭᠡᠨ᠎ᠤ ᠪᠤᠰᠤ ᠠᠵᠤ ᠠᠬᠤᠶ᠋ᠢᠯᠠᠯ᠎ᠤᠨ ᠬᠠᠳᠠᠭ᠋ᠠᠯᠠᠮᠵᠢ ᠵᠢᠨ ᠦᠯᠡᠳᠡᠪᠦᠷᠢ 7522.3 ᠳ᠋ᠦᠩᠰᠢᠭᠤᠷ ᠲᠥᠭᠥᠷᠢᠭ᠎ᠲᠤ ᠬᠦᠷᠴᠦ᠂ 11.4%᠎ᠪᠠᠷ ᠨᠡᠮᠡᠭᠳᠡᠪᠡ; ᠪᠠᠶ᠋ᠢᠭᠤᠯᠭ᠎ᠠ ᠪᠦᠯᠬᠦᠮ᠎ᠤᠨ ᠬᠠᠳᠠᠭ᠋ᠠᠯᠠᠮᠵᠢ ᠵᠢᠨ ᠦᠯᠡᠳᠡᠪᠦᠷᠢ 4431.5 ᠳ᠋ᠦᠩᠰᠢᠭᠤᠷ ᠲᠥᠭᠥᠷᠢᠭ᠎ᠲᠤ ᠬᠦᠷᠴᠦ᠂ 10.2% ᠵᠶ᠋ᠠᠷ ᠨᠡᠮᠡᠭᠳᠡᠪᠡ᠃ ᠵᠢᠯ᠎ᠤᠨ ᠡᠴᠦᠰ᠎ᠲᠤ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠠᠷᠠᠳ᠎ᠤᠨ ᠵᠣᠭᠣᠰᠣᠨ᠎ᠤ ᠵᠢᠭᠡᠯᠡᠯᠭᠡ ᠵᠢᠨ ᠦᠯᠡᠳᠡᠪᠦᠷᠢ ᠲᠣᠭ᠎ᠠ 30064.0 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ ᠡᠴᠦᠰ᠎ᠤᠨ᠎ᠬᠢ᠎ᠠᠴᠠ 11.5%᠎ᠪᠠᠷ ᠨᠡᠮᠡᠭᠳᠡᠵᠡᠢ᠃ ᠡᠭᠦᠨ᠎ᠳᠤ᠂ ᠰᠠᠭᠤᠭ᠋ᠠᠯᠢ ᠡᠷᠦᠬᠡ ᠵᠢᠨ ᠵᠢᠭᠡᠯᠡᠯᠭᠡ ᠵᠢᠨ ᠦᠯᠡᠳᠡᠪᠦᠷᠢ ᠲᠣᠭ᠎ᠠ 9383.2 ᠳ᠋ᠦᠩᠰᠢᠭᠤᠷ ᠲᠥᠭᠥᠷᠢᠭ᠎ᠲᠤ ᠬᠦᠷᠴᠦ᠂ 11.8%᠎ᠪᠠᠷ ᠨᠡᠮᠡᠭᠳᠡᠪᠡ; ᠠᠵᠤ ᠠᠬᠤᠶ᠋ᠢᠯᠠᠯ (ᠠᠵᠢᠯ ᠦᠢ᠍ᠯᠡᠰ)᠎ᠤᠨ ᠨᠢᠭᠡᠴᠡ ᠵᠢᠨ ᠵᠢᠭᠡᠯᠡᠯᠭᠡ ᠵᠢᠨ ᠦᠯᠡᠳᠡᠪᠦᠷᠢ 20646.8 ᠳ᠋ᠦᠩᠰᠢᠭᠤᠷ ᠲᠥᠭᠥᠷᠢᠭ ᠪᠠᠶ᠋ᠢᠵᠤ᠂ 11.2% ᠵᠶ᠋ᠠᠷ ᠨᠡᠮᠡᠭᠳᠡᠪᠡ᠃
ᠪᠥᠬᠥ ᠵᠢᠯ᠎ᠤᠨ ᠳᠠᠭ᠋ᠠᠳᠬᠠᠯ᠎ᠤᠨ ᠦᠢ᠍ᠯᠡᠰ᠎ᠨᠢ ᠤᠤᠯ᠎ᠤᠨ ᠳᠠᠭ᠋ᠠᠳᠬᠠᠯ᠎ᠤᠨ ᠵᠠᠷᠤᠳᠠᠯ᠎ᠤᠨ ᠣᠷᠣᠯᠭ᠎ᠠ [ 22 ] 718.7 ᠳ᠋ᠦᠩᠰᠢᠭᠤᠷ ᠲᠥᠭᠥᠷᠢᠭ᠎ᠢ ᠪᠡᠶᠡᠯᠡᠭᠦᠯᠵᠦ᠂ ᠲᠦᠷᠦᠭᠦᠦ ᠵᠢᠯ᠎ᠤᠨ᠎ᠬᠢ᠎ᠠᠴᠠ 7.8%᠎ᠪᠠᠷ ᠨᠡᠮᠡᠭᠳᠡᠪᠡ; ᠲᠥᠯᠥᠪᠦᠷᠢ ᠵᠢᠨ ᠵᠠᠷᠤᠯᠭ᠎ᠠ ᠨᠡᠶ᠋ᠢᠲᠡ 304.9 ᠳ᠋ᠦᠩᠰᠢᠭᠤᠷ ᠲᠥᠭᠥᠷᠢᠭ᠎ᠲᠤ ᠬᠦᠷᠴᠦ᠂ 27.0% ᠵᠶ᠋ᠠᠷ ᠨᠡᠮᠡᠭᠳᠡᠪᠡ᠃ ᠡᠭᠦᠨ᠎ᠳᠤ᠂ ᠬᠥᠮᠦᠨ᠎ᠤ ᠪᠡᠶ᠎ᠡ ᠵᠢᠨ ᠳᠠᠭ᠋ᠠᠳᠬᠠᠯ᠎ᠤᠨ ᠤᠤᠯ᠎ᠤᠨ ᠳᠠᠭ᠋ᠠᠳᠬᠠᠯ᠎ᠤᠨ ᠵᠠᠷᠤᠳᠠᠯ᠎ᠤᠨ ᠣᠷᠣᠯᠭ᠎ᠠ 476.9 ᠳ᠋ᠦᠩᠰᠢᠭᠤᠷ ᠲᠥᠭᠥᠷᠢᠭ᠎ᠢ ᠪᠡᠶᠡᠯᠡᠭᠦᠯᠵᠦ᠂ ᠲᠥᠯᠥᠪᠦᠷᠢ ᠵᠢᠨ ᠵᠠᠷᠤᠯᠭ᠎ᠠ ᠨᠡᠶ᠋ᠢᠲᠡ 136.7 ᠳ᠋ᠦᠩᠰᠢᠭᠤᠷ ᠲᠥᠭᠥᠷᠢᠭ᠎ᠲᠤ ᠬᠥᠷᠪᠡ; ᠲᠠᠷᠢᠶᠠᠯᠠᠩ᠎ᠤᠨ ᠳᠠᠭ᠋ᠠᠳᠬᠠᠯ᠎ᠤᠨ ᠤᠤᠯ᠎ᠤᠨ ᠳᠠᠭ᠋ᠠᠳᠬᠠᠯ᠎ᠤᠨ ᠵᠠᠷᠤᠳᠠᠯ᠎ᠤᠨ ᠣᠷᠣᠯᠭ᠎ᠠ 74.7 ᠳ᠋ᠦᠩᠰᠢᠭᠤᠷ ᠲᠥᠭᠥᠷᠢᠭ᠎ᠢ ᠪᠡᠶᠡᠯᠡᠭᠦᠯᠵᠦ᠂ ᠲᠥᠯᠥᠪᠦᠷᠢ ᠵᠢᠨ ᠵᠠᠷᠤᠯᠭ᠎ᠠ ᠨᠡᠶ᠋ᠢᠲᠡ 52.1 ᠳ᠋ᠦᠩᠰᠢᠭᠤᠷ ᠲᠥᠭᠥᠷᠢᠭ᠎ᠲᠤ ᠬᠦᠷᠪᠡ᠃
ᠶᠢᠰᠦ᠂ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠬᠡᠷᠡᠭᠯᠡᠭᠡ ᠪᠠ ᠨᠡᠶ᠋ᠢᠭᠡᠮ᠎ᠤᠨ ᠪᠠᠲᠤᠯᠠᠭ᠎ᠠ
ᠪᠥᠬᠥ ᠵᠢᠯ᠎ᠤᠨ ᠪᠥᠬᠥ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 38130 ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 6.1%᠎ᠪᠠᠷ ᠨᠡᠮᠡᠭᠳᠡᠪᠡ᠃ ᠪᠠᠶ᠋ᠢᠩᠭᠤ ᠰᠠᠭᠤᠭ᠎ᠠ ᠭᠠᠵᠠᠷ ᠵᠶ᠋ᠠᠷ ᠬᠤᠪᠢᠶᠠᠪᠠᠯ᠂ ᠬᠣᠲᠠ ᠪᠠᠯᠭ᠋ᠠᠰᠤᠨ᠎ᠤ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 48676 ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 5.1%᠎ᠪᠠᠷ ᠨᠡᠮᠡᠭᠳᠡᠪᠡ᠃ ᠭᠣᠣᠯ ᠣᠷᠣᠯᠭ᠎ᠠ ᠵᠢᠨ ᠪᠦᠲᠦᠴᠡ᠎ᠠᠴᠠ ᠦᠵᠡᠪᠡᠯ᠂ ᠴᠠᠯᠢᠩ᠎ᠤᠨ ᠴᠢᠨᠠᠷᠲᠠᠢ ᠣᠷᠣᠯᠭ᠎ᠠ 29756 ᠲᠥᠭᠥᠷᠢᠭ᠎ᠲᠤ ᠬᠦᠷᠴᠦ᠂ 5.9%᠎ᠪᠠᠷ ᠨᠡᠮᠡᠭᠳᠡᠪᠡ; ᠡᠵᠡᠩᠨᠡᠯᠲᠡ ᠵᠢᠨ ᠴᠡᠪᠡᠷ ᠣᠷᠣᠯᠭ᠎ᠠ 9276 ᠲᠥᠭᠥᠷᠢᠭ᠎ᠲᠤ ᠬᠦᠷᠴᠦ᠂ 4.1%᠎ᠪᠠᠷ ᠨᠡᠮᠡᠭᠳᠡᠪᠡ; ᠡᠳ᠋ ᠬᠥᠷᠥᠩᠭᠡ ᠵᠢᠨ ᠴᠡᠪᠡᠷ ᠣᠷᠣᠯᠭ᠎ᠠ 2637 ᠲᠥᠭᠥᠷᠢᠭ᠎ᠲᠤ ᠬᠦᠷᠴᠦ᠂ 1.2% ᠵᠶ᠋ᠠᠷ ᠨᠡᠮᠡᠭᠳᠡᠪᠡ; ᠰᠢᠯᠵᠢᠭᠦᠯᠦᠭᠰᠡᠨ ᠴᠡᠪᠡᠷ ᠣᠷᠣᠯᠭ᠎ᠠ 7006 ᠲᠥᠭᠥᠷᠢᠭ᠎ᠲᠤ ᠬᠦᠷᠴᠦ᠂ 4.8%᠎ᠪᠠᠷ ᠨᠡᠮᠡᠭᠳᠡᠪᠡ᠃ ᠮᠠᠯᠵᠢᠬᠤ ᠲᠠᠷᠢᠶᠠᠯᠠᠬᠤ ᠣᠷᠣᠨ᠎ᠤ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 21221 ᠲᠥᠭᠥᠷᠢᠭ᠎ᠲᠤ ᠬᠦᠷᠴᠦ᠂ 8.0% ᠵᠶ᠋ᠠᠷ ᠨᠡᠮᠡᠭᠳᠡᠪᠡ᠃ ᠭᠤᠤᠯ ᠪᠣᠯᠬᠤ ᠣᠷᠣᠯᠭ᠎ᠠ ᠵᠢᠨ ᠪᠦᠲᠦᠴᠡ᠎ᠠᠴᠠ ᠦᠵᠡᠪᠡᠯ᠂ ᠴᠠᠯᠢᠩ᠎ᠤᠨ ᠴᠢᠨᠠᠷᠲᠠᠶ ᠣᠷᠣᠯᠭ᠎ᠠ 4086 ᠲᠥᠭᠥᠷᠢᠭ᠎ᠲᠤ ᠬᠦᠷᠴᠦ᠂ 7.7%᠎ᠪᠠᠷ ᠨᠡᠮᠡᠭᠳᠡᠪᠡ; ᠡᠵᠡᠩᠨᠡᠯᠲᠡ ᠵᠢᠨ ᠴᠡᠪᠡᠷ ᠣᠷᠣᠯᠭ᠎ᠠ 11607 ᠲᠥᠭᠥᠷᠢᠭ᠎ᠲᠤ ᠬᠦᠷᠴᠦ᠂ 8.3%᠎ᠪᠠᠷ ᠨᠡᠮᠡᠭᠳᠡᠪᠡ; ᠡᠳ᠋ ᠬᠥᠷᠥᠩᠭᠡ ᠵᠢᠨ ᠴᠡᠪᠡᠷ ᠣᠷᠣᠯᠭ᠎ᠠ 580 ᠲᠥᠭᠥᠷᠢᠭ᠎ᠲᠤ ᠬᠦᠷᠴᠦ᠂ 15.8%᠎ᠪᠠᠷ ᠨᠡᠮᠡᠭᠳᠡᠪᠡ; ᠰᠢᠯᠵᠢᠭᠦᠯᠦᠭᠰᠡᠨ ᠴᠡᠪᠡᠷ ᠣᠷᠣᠯᠭ᠎ᠠ 4948 ᠲᠥᠭᠥᠷᠢᠭ᠎ᠲᠤ ᠬᠦᠷᠴᠦ᠂ 6.9%᠎ᠪᠠᠷ ᠨᠡᠮᠡᠭᠳᠡᠪᠡ᠃
ᠪᠥᠬᠥ ᠵᠢᠯ᠎ᠳᠤ ᠪᠥᠬᠥ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠠᠮᠢᠳᠤᠷᠠᠯ᠎ᠤᠨ ᠬᠡᠷᠡᠭᠯᠡᠭᠡᠨ᠎ᠤ ᠵᠠᠷᠤᠯᠭ᠎ᠠ 27025 ᠲᠥᠭᠥᠷᠢᠭ᠎ᠲᠤ ᠬᠦᠷᠴᠦ᠂ ᠬᠣᠶᠠᠷ ᠵᠢᠯ᠎ᠳᠤ ᠳᠤᠮᠳᠠᠴᠢ᠎ᠪᠠᠷ [23] 9.2% ᠵᠶ᠋ᠠᠷ ᠨᠡᠮᠡᠭᠳᠡᠪᠡ᠃ ᠪᠠᠶ᠋ᠢᠩᠭᠤ ᠰᠠᠭᠤᠭ᠎ᠠ ᠭᠠᠵᠠᠷ ᠵᠶ᠋ᠠᠷ ᠬᠤᠪᠢᠶᠠᠪᠠᠯ᠂ ᠬᠣᠲᠠ ᠪᠠᠯᠭ᠋ᠠᠰᠤᠨ᠎ᠤ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠠᠮᠢᠳᠤᠷᠠᠯ᠎ᠤᠨ ᠬᠡᠷᠡᠭᠯᠡᠭᠡᠨ᠎ᠤ ᠵᠠᠷᠤᠯᠭ᠎ᠠ 32249 ᠲᠥᠭᠥᠷᠢᠭ᠎ᠲᠤ ᠬᠦᠷᠴᠦ᠂ ᠬᠣᠶᠠᠷ ᠵᠢᠯ᠎ᠳᠤ ᠳᠤᠮᠳᠠᠴᠢ᠎ᠪᠠᠷ 8.9% ᠨᠡᠮᠡᠭᠳᠡᠪᠡ᠃ ᠲᠠᠷᠢᠶᠠᠯᠠᠬᠤ ᠮᠠᠯᠵᠢᠬᠤ ᠣᠷᠣᠨ᠎ᠤ ᠰᠠᠭᠤᠭ᠋ᠠᠯᠢ ᠠᠷᠠᠳ᠎ᠤᠨ ᠬᠥᠮᠦᠨ ᠪᠦᠷᠢ ᠵᠢᠨ ᠳᠤᠮᠳᠠᠴᠢ ᠠᠮᠢᠳᠤᠷᠠᠯ᠎ᠤᠨ ᠬᠡᠷᠡᠭᠯᠡᠭᠡᠨ᠎ᠤ ᠵᠠᠷᠤᠯᠭ᠎ᠠ 18650 ᠲᠥᠭᠥᠷᠢᠭ ᠪᠠᠶ᠋ᠢᠵᠤ᠂ ᠬᠣᠶᠠᠷ ᠵᠢᠯ᠎ᠳᠤ ᠳᠤᠮᠳᠠᠴᠢ᠎ᠪᠠᠷ 9.0% ᠨᠡᠮᠡᠭᠳᠡᠪᠡ᠃ ᠪᠥᠬᠥ ᠰᠠᠭᠤᠭ᠋ᠠᠯᠢ ᠠᠷᠠᠳ᠎ᠤᠨ ᠡᠩᠭᠦᠯ᠎ᠤᠨ ᠢᠯᠡᠳᠬᠡᠮᠵᠢ᠎ᠨᠢ 27.6% ᠪᠣᠯᠤᠨ᠎ᠠ᠃ ᠡᠭᠦᠨ᠎ᠳᠤ᠂ ᠬᠣᠲᠠ ᠪᠠᠯᠭ᠋ᠠᠰᠤ 27.0%᠂ ᠮᠠᠯᠵᠢᠬᠤ ᠲᠠᠷᠢᠶᠠᠯᠠᠬᠤ ᠣᠷᠣᠨ 29.1% ᠪᠣᠯᠤᠨ᠎ᠠ᠃

ᠪᠥᠬᠥ ᠵᠢᠯ᠎ᠳᠤ ᠡᠯ᠎ᠡ ᠲᠥᠷᠥᠯ᠎ᠤᠨ ᠨᠡᠶ᠋ᠢᠭᠡᠮ᠎ᠤᠨ ᠠᠰᠠᠷᠠᠮᠵᠢ ᠵᠢᠨ ᠬᠦᠷᠢᠶᠡᠯᠡᠩ᠎ᠤᠨ ᠡᠷᠭᠦᠨ ᠲᠡᠵᠢᠭᠡᠭᠰᠡᠨ ᠬᠥᠮᠦᠨ᠎ᠤ ᠲᠣᠭ᠎ᠠ 1.6 ᠲᠦᠮᠡ᠎ᠳᠤ ᠬᠥᠷᠪᠡ᠃ ᠨᠡᠶ᠋ᠢᠲᠡ 156.7 ᠲᠦᠮᠡᠨ ᠬᠥᠮᠦᠨ ᠤᠯᠤᠰ᠎ᠤᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠲᠡᠳᠬᠦᠮᠵᠢ ᠭᠥᠷᠳᠡᠪᠡ᠃ ᠨᠡᠶ᠋ᠢᠭᠡᠮ᠎ᠤᠨ ᠠᠰᠠᠷᠠᠮᠵᠢ ᠵᠢᠨ ᠪᠡᠯᠡ ᠮᠥᠩᠭᠥ ᠵᠢ 12.1 ᠳ᠋ᠦᠩᠰᠢᠭᠤᠷ ᠲᠥᠭᠥᠷᠢᠭ ᠴᠤᠭᠯᠠᠭᠤᠯᠵᠤ᠂ ᠨᠡᠶ᠋ᠢᠭᠡᠮ᠎ᠤᠨ ᠠᠰᠠᠷᠠᠮᠵᠢ ᠵᠢᠨ ᠱᠠᠩᠨᠠᠯᠲᠤ ᠰᠤᠭᠤᠯᠤᠭ᠎ᠠ ᠵᠢ 38.8 ᠳ᠋ᠦᠩᠰᠢᠭᠤᠷ ᠲᠥᠭᠥᠷᠢᠭ ᠪᠤᠷᠤᠯᠠᠭᠤᠯᠪᠠ᠃
ᠵᠢᠯ᠎ᠤᠨ ᠡᠴᠦᠰ᠎ᠲᠤ ᠬᠣᠲᠠ ᠪᠠᠯᠭ᠋ᠠᠰᠤᠨ᠎ᠤ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠳᠤ ᠣᠷᠣᠯᠴᠠᠭᠰᠠᠨ ᠬᠥᠮᠦᠨ᠎ᠤ ᠲᠣᠭ᠎ᠠ 932.2 ᠲᠦᠮᠡ᠎ᠳᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 4.1%᠎ᠪᠠᠷ ᠨᠡᠮᠡᠭᠳᠡᠵᠡᠶ᠃ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠨᠠᠰᠤᠵᠢᠯ᠎ᠤᠨ ᠳᠠᠭ᠋ᠠᠳᠬᠠᠯ᠎ᠳᠤ ᠣᠷᠣᠯᠴᠠᠭᠰᠠᠨ ᠬᠥᠮᠦᠨ᠎ᠤ ᠲᠣᠭ᠎ᠠ 815.5 ᠲᠦᠮᠡ᠎ᠳᠤ ᠬᠦᠷᠴᠦ᠂ 2.1%᠎ᠪᠠᠷ ᠨᠡᠮᠡᠭᠳᠡᠪᠡ᠃ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠳᠤ ᠣᠷᠣᠯᠴᠠᠭᠰᠠᠨ ᠬᠥᠮᠦᠨ᠎ᠤ ᠲᠣᠭ᠎ᠠ 2158.7 ᠲᠦᠮᠡ᠎ᠳᠤ ᠬᠦᠷᠴᠦ᠂ 0.5%᠎ᠪᠠᠷ ᠪᠠᠭᠤᠷᠠᠪᠠ᠃ ᠡᠭᠦᠨ᠎ᠳᠤ᠂ ᠠᠵᠢᠯᠲᠠᠨ ᠠᠵᠢᠯᠴᠢᠨ᠎ᠤ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠳᠤ ᠣᠷᠣᠯᠴᠠᠭᠰᠠᠨ ᠬᠥᠮᠦᠨ᠎ᠤ ᠲᠣᠭ᠎ᠠ 606.6 ᠲᠦᠮᠡ᠎ᠳᠤ ᠬᠦᠷᠴᠦ᠂ 3.4%᠎ᠪᠠᠷ ᠨᠡᠮᠡᠭᠳᠡᠪᠡ᠃ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠳᠤ ᠣᠷᠣᠯᠴᠠᠭᠰᠠᠨ ᠬᠥᠮᠦᠨ᠎ᠤ ᠲᠣᠭ᠎ᠠ 1552.1 ᠲᠦᠮᠡ᠎ᠳᠤ ᠬᠦᠷᠴᠦ᠂ 2.0% ᠵᠶ᠋ᠠᠷ ᠪᠠᠭᠤᠷᠠᠪᠠ᠃ ᠠᠵᠢᠯ ᠠᠯᠳᠠᠯᠲᠠ ᠵᠢᠨ ᠳᠠᠭ᠋ᠠᠳᠬᠠᠯ᠎ᠳᠤ ᠣᠷᠣᠯᠴᠠᠭᠰᠠᠨ ᠬᠥᠮᠦᠨ᠎ᠤ ᠲᠣᠭ᠎ᠠ 329.3 ᠲᠦᠮᠡ᠎ᠳᠤ ᠬᠦᠷᠴᠦ᠂ 6.8%᠎ᠪᠠᠷ ᠨᠡᠮᠡᠭᠳᠡᠪᠡ; ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠥ ᠵᠢ ᠨᠡᠶ᠋ᠢᠲᠡ 7.3 ᠲᠦᠮᠡᠨ ᠬᠥᠮᠦᠨ ᠠᠪᠤᠭᠰᠠᠨ ᠪᠠᠶ᠋ᠢᠨ᠎ᠠ᠃
ᠠᠷᠪᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠪᠠ ᠰᠤᠷᠭ᠋ᠠᠨ ᠬᠥᠮᠦᠵᠢᠯ
ᠪᠥᠬᠥ ᠵᠢᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥᠯ ᠵᠦᠢ᠍ᠯ᠎ᠳᠤ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠬᠤᠯᠠ ᠶᠡᠬᠡ ᠲᠤᠰᠬᠠᠶ ᠵᠦᠢ᠍ᠯ᠎ᠳᠤ 26 ᠲᠥᠷᠥᠯ ᠵᠦᠢ᠍ᠯ ᠰᠢᠨ᠎ᠡ᠎ᠪᠠᠷ ᠲᠣᠭᠲᠠᠭ᠋ᠠᠵᠤ᠂ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠰᠠᠭᠤᠷᠢ ᠮᠥᠩᠭᠥ ᠵᠢ ᠨᠡᠶ᠋ᠢᠲᠡ 855 ᠲᠥᠷᠥᠯ ᠲᠣᠬᠢᠷᠠᠭᠤᠯᠵᠤ᠂ ᠭᠤᠤᠯᠳᠠᠯᠭ᠎ᠠ᠎ᠲᠠᠢ ᠰᠤᠳᠤᠯᠤᠨ ᠨᠡᠭᠡᠭᠡᠬᠦ ᠪᠠ ᠦᠷ᠎ᠡ ᠪᠦᠲᠦᠭᠡᠯ᠎ᠢ ᠤᠯᠠᠷᠢᠭᠤᠯᠬᠤ ᠲᠥᠯᠥᠪᠯᠡᠭᠡ ᠵᠢ ᠨᠡᠶ᠋ᠢᠲᠡ 582 ᠲᠥᠷᠥᠯ ᠲᠣᠬᠢᠷᠠᠭᠤᠯᠪᠠ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠢ ᠤᠯᠠᠷᠢᠭᠤᠯᠬᠤ ᠲᠤᠰᠬᠠᠶ ᠵᠦᠢ᠍ᠯ᠎ᠤᠨ ᠪᠠᠯᠠ ᠮᠥᠩᠭᠥ ᠵᠢᠨ ᠶᠡᠷᠦᠩᠬᠡᠶ ᠬᠡᠪᠴᠢᠶ᠎ᠡ᠎ᠨᠢ 5.2 ᠳ᠋ᠦᠩᠰᠢᠭᠤᠷ ᠲᠥᠭᠥᠷᠢᠭ ᠪᠣᠯᠤᠨ᠎ᠠ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠠᠵᠤ ᠠᠬᠤᠶ᠋ᠢᠯᠠᠯ᠎ᠤᠨ ᠨᠡᠪᠴᠢᠭᠦᠯᠦᠭᠦᠷ 53᠂ ᠣᠯᠠᠨ ᠵᠶ᠋ᠠᠷ ᠵᠶ᠋ᠠᠨ ᠡᠭᠦᠳᠬᠦ ᠣᠷᠣᠨ ᠵᠠᠶ 177 ᠪᠣᠶ᠃ ᠪᠥᠬᠥ ᠵᠢᠯ᠎ᠤᠨ ᠲᠤᠰᠬᠠᠶ ᠠᠰᠢᠭ᠎ᠤᠨ ᠡᠷᠬᠡ ᠣᠯᠭᠣᠭᠰᠠᠨ ᠬᠡᠮᠵᠢᠶ᠎ᠡ 22249 ᠬᠤᠪᠢ ᠪᠠᠶ᠋ᠢᠵᠤ᠂ ᠲᠦᠷᠦᠭᠦᠦ ᠵᠢᠯ᠎ᠤᠨ᠎ᠬᠢ᠎ᠠᠴᠠ 9.7%᠎ᠪᠠᠷ ᠪᠠᠭᠤᠷᠠᠪᠠ᠃ ᠲᠦᠮᠡᠨ ᠬᠥᠮᠦᠨ ᠠᠮᠠ ᠪᠦᠷᠢ᠎ᠳᠤ 5.2 ᠡᠭᠦᠳᠦᠯᠲᠡ ᠵᠢᠨ ᠲᠤᠰᠬᠠᠶ ᠠᠰᠢᠭᠲᠠᠢ᠃ ᠪᠥᠬᠥ ᠵᠢᠯ᠎ᠳᠤ ᠪᠥᠬᠥ ᠣᠷᠣᠨ᠎ᠤ ᠳᠠᠩᠰᠠᠯᠠᠭᠤᠯᠤᠭᠰᠠᠨ ᠮᠡᠷᠭᠡᠵᠢᠯ᠎ᠤᠨ ᠭᠡᠷ᠎ᠡ 2219 ᠵᠦᠢ᠍ᠯ ᠪᠠᠶ᠋ᠢᠨ᠎ᠠ᠃ ᠡᠭᠦᠨ᠎ᠳᠤ᠂ ᠣᠷᠣᠨ᠎ᠤ ᠳᠣᠲᠣᠷᠠᠬᠢ ᠮᠡᠷᠭᠡᠵᠢᠯ᠎ᠤᠨ ᠭᠡᠷ᠎ᠡ᠎ᠳᠤ ᠳᠠᠩᠰᠠᠯᠠᠭᠰᠠᠨ᠎ᠨᠢ 1817 ᠵᠦᠢ᠍ᠯ ᠪᠠᠶ᠋ᠢᠵᠤ᠂ 39.3%᠎ᠪᠠᠷ ᠨᠡᠮᠡᠭᠳᠡᠪᠡ᠃ ᠪᠥᠬᠥ ᠵᠢᠯ᠎ᠳᠤ ᠪᠥᠬᠥ ᠣᠷᠣᠨ᠎ᠤ ᠮᠡᠷᠭᠡᠵᠢᠯ᠎ᠤᠨ ᠭᠡᠷ᠎ᠡ ᠵᠢᠨ ᠠᠷᠠᠯᠵᠢᠶ᠎ᠠ ᠪᠦᠲᠦᠭᠰᠡᠨ ᠵᠣᠭᠣᠰ᠎ᠤᠨ ᠲᠣᠭ᠎ᠠ 61.7 ᠳ᠋ᠦᠩᠰᠢᠭᠤᠷ ᠲᠥᠭᠥᠷᠢᠭ᠎ᠲᠤ ᠬᠥᠷᠪᠡ᠃ ᠡᠭᠦᠨ᠎ᠳᠤ᠂ ᠣᠷᠣᠨ᠎ᠤ ᠳᠣᠲᠣᠷᠠᠬᠢ ᠮᠡᠷᠭᠡᠵᠢᠯ᠎ᠤᠨ ᠭᠡᠷ᠎ᠡ ᠵᠢᠨ ᠠᠷᠠᠯᠵᠢᠶ᠎ᠠ ᠪᠦᠲᠦᠭᠰᠡᠨ ᠵᠣᠭᠣᠰ᠎ᠤᠨ ᠲᠣᠭ᠎ᠠ 56.3 ᠳ᠋ᠦᠩᠰᠢᠭᠤᠷ ᠲᠥᠭᠥᠷᠢᠭ᠎ᠲᠤ ᠬᠦᠷᠴᠦ᠂ 19.3%᠎ᠪᠠᠷ ᠨᠡᠮᠡᠭᠳᠡᠪᠡ᠃
ᠵᠢᠯ᠎ᠤᠨ ᠡᠴᠦᠰ᠎ᠲᠤ ᠪᠥᠬᠥ ᠣᠷᠣᠨ᠎ᠳᠤ ᠠᠰᠫᠢᠷᠠᠨᠲ ᠬᠥᠮᠦᠵᠢᠭᠦᠯᠬᠦ ᠨᠢᠭᠡᠴᠡ ᠨᠡᠶ᠋ᠢᠲᠡ 12᠂ ᠰᠣᠷᠣᠭᠴᠢ ᠡᠯᠰᠡᠬᠦ (ᠪᠦᠬᠦᠯᠢ ᠡᠳᠦᠷ᠎ᠤᠨ ᠪᠤᠰᠤ ᠲᠦᠷᠢᠮ ᠪᠠᠭᠲᠠᠨ᠎ᠠ) 1.4 ᠲᠦᠮᠡᠨ ᠬᠥᠮᠦᠨ᠂ ᠰᠤᠷᠤᠯᠴᠠᠵᠤ ᠪᠠᠶ᠋ᠢᠭ᠎ᠠ ᠠᠰᠫᠢᠷᠠᠨᠲ (ᠪᠦᠬᠦᠯᠢ ᠡᠳᠦᠷ᠎ᠤᠨ ᠪᠤᠰᠤ ᠲᠦᠷᠢᠮ ᠪᠠᠭᠲᠠᠨ᠎ᠠ) 4.0 ᠲᠦᠮᠡᠨ ᠬᠥᠮᠦᠨ ᠪᠠᠶ᠋ᠢᠵᠤ᠂ ᠲᠦᠷᠦᠭᠦᠦ ᠵᠢᠯ᠎ᠤᠨ᠎ᠬᠢ᠎ᠠᠴᠠ 6.6%᠎ᠪᠠᠷ ᠨᠡᠮᠡᠭᠳᠡᠪᠡ᠃ ᠡᠩ᠎ᠤᠨ ᠶᠡᠬᠡ ᠳᠡᠭᠡᠳᠦ ᠰᠤᠷᠭ᠋ᠠᠭᠤᠯᠢ 54 ᠪᠠᠶ᠋ᠢᠵᠤ᠂ 16.4 ᠲᠦᠮᠡᠨ ᠰᠣᠷᠣᠭᠴᠢ ᠡᠯᠰᠡᠨ᠂ ᠰᠤᠷᠭ᠋ᠠᠭᠤᠯᠢ᠎ᠳᠤ ᠪᠠᠶ᠋ᠢᠭ᠎ᠠ ᠰᠣᠷᠣᠭᠴᠢ 54.0 ᠲᠦᠮᠡ᠂ ᠲᠡᠭᠦᠰᠬᠦ ᠰᠣᠷᠣᠭᠴᠢ 15.1 ᠲᠦᠮᠡ ᠪᠠᠶ᠋ᠢᠨ᠎ᠠ᠃ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ 170 ᠪᠠᠶ᠋ᠢᠵᠤ᠂ 6.5 ᠲᠦᠮᠡᠨ ᠰᠤᠷᠤᠭᠴᠢ ᠡᠯᠰᠡᠵᠦ᠂ ᠰᠤᠷᠭ᠋ᠠᠭᠤᠯᠢ᠎ᠳᠤ ᠪᠠᠶ᠋ᠢᠭ᠎ᠠ ᠰᠤᠷᠤᠭᠴᠢ 18.7 ᠲᠦᠮᠡᠨ ᠬᠥᠮᠦᠨ᠂ ᠰᠤᠷᠭ᠋ᠠᠭᠤᠯᠢ ᠲᠡᠭᠦᠰᠦᠭᠰᠡᠳ 5.8 ᠲᠦᠮᠡᠨ ᠬᠥᠮᠦᠨ ᠪᠤᠶ᠃ ᠡᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ 318 ᠪᠠᠶ᠋ᠢᠵᠤ᠂ 14.6 ᠲᠦᠮᠡᠨ ᠰᠤᠷᠤᠭᠴᠢ ᠡᠯᠰᠡᠨ᠂ ᠰᠤᠷᠭ᠋ᠠᠭᠤᠯᠢ᠎ᠳᠤ ᠪᠠᠢ᠍ᠭ᠎ᠠ ᠰᠤᠷᠤᠭᠴᠢ 42.8 ᠲᠦᠮᠡᠨ ᠬᠥᠮᠦᠨ᠂ ᠲᠡᠭᠦᠰᠦᠭᠰᠡᠨ ᠰᠤᠷᠤᠭᠴᠢ 14.3 ᠲᠦᠮᠡᠨ ᠬᠥᠮᠦᠨ ᠪᠠᠶ᠋ᠢᠨ᠎ᠠ᠃ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ 715 ᠪᠠᠶ᠋ᠢᠵᠤ᠂ 21.5 ᠲᠦᠮᠡᠨ ᠰᠣᠷᠣᠭᠴᠢ ᠡᠯᠰᠡᠨ᠂ ᠰᠤᠷᠭ᠋ᠠᠭᠤᠯᠢ᠎ᠳᠤ ᠪᠠᠶ᠋ᠢᠭ᠎ᠠ ᠰᠣᠷᠣᠭᠴᠢ 66.3 ᠲᠦᠮᠡᠨ ᠬᠥᠮᠦᠨ᠂ ᠲᠡᠭᠦᠰᠬᠦ ᠰᠣᠷᠣᠭᠴᠢ 22.1 ᠲᠦᠮᠡᠨ ᠬᠥᠮᠦᠨ ᠪᠣᠶ᠃ ᠪᠠᠭ᠎ᠠ ᠰᠤᠷᠭ᠋ᠠᠭᠤᠯᠢ 1635 ᠪᠠᠶ᠋ᠢᠵᠤ᠂ 24.0 ᠲᠦᠮᠡᠨ ᠰᠣᠷᠣᠭᠴᠢ ᠡᠯᠰᠡᠵᠦ᠂ ᠰᠤᠷᠭ᠋ᠠᠭᠤᠯᠢ᠎ᠳᠤ ᠪᠠᠶ᠋ᠢᠭ᠎ᠠ ᠰᠣᠷᠣᠭᠴᠢ 140.8 ᠲᠦᠮᠡ᠂ ᠲᠡᠭᠦᠰᠬᠦ ᠰᠣᠷᠣᠭᠴᠢ 21.5 ᠲᠦᠮᠡ ᠪᠠᠶ᠋ᠢᠨ᠎ᠠ᠃ ᠬᠡᠦᠬᠡᠳ᠎ᠤᠨ ᠴᠡᠴᠡᠷᠯᠢᠭ᠎ᠤᠨ ᠴᠡᠴᠡᠷᠯᠢᠭ᠎ᠲᠤ ᠪᠠᠶ᠋ᠢᠭ᠎ᠠ ᠬᠡᠦᠬᠡᠳ 55.4 ᠲᠦᠮᠡ ᠪᠣᠶ᠃ ᠶᠢᠰᠦᠨ ᠵᠢᠯ᠎ᠤᠨ ᠠᠯᠪᠠᠨ ᠵᠢᠷᠤᠮ᠎ᠤᠨ ᠰᠤᠷᠭ᠋ᠠᠨ ᠬᠥᠮᠦᠵᠢᠯ᠎ᠢ ᠪᠡᠬᠢᠵᠢᠭᠦᠯᠦᠭᠰᠡᠨ ᠨᠣᠷᠮ᠎ᠠ 98.8% ᠬᠦᠷᠴᠦ᠂ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ ᠵᠢᠨ ᠱᠠᠲᠤᠨ᠎ᠤ ᠰᠤᠷᠭ᠋ᠠᠭᠤᠯᠢ᠎ᠳᠤ ᠤᠷᠤᠭᠰᠠᠨ ᠪᠥᠬᠥ ᠨᠣᠷᠮ᠎ᠠ 93.5% ᠬᠥᠷᠪᠡ᠃

ᠠᠷᠪᠠᠨ ᠨᠢᠭᠡ᠂ ᠰᠣᠶᠣᠯ ᠵᠢᠭᠤᠯᠴᠢᠯᠠᠯ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠪᠠ ᠪᠡᠶ᠎ᠡ ᠵᠢᠨ ᠲᠠᠮᠢᠷ
ᠵᠢᠯ᠎ᠤᠨ ᠡᠴᠦᠰ᠎ᠲᠤ ᠪᠥᠬᠥ ᠣᠷᠣᠨ᠎ᠤ ᠤᠷᠠᠯᠢᠭ᠎ᠤᠨ ᠲᠣᠭᠯᠠᠯᠲᠠ ᠵᠢᠨ ᠪᠦᠯᠬᠦᠮ ᠨᠡᠶ᠋ᠢᠲᠡ 92 ᠪᠣᠶ᠃ ᠡᠭᠦᠨ᠎ᠳᠤ᠂ ᠤᠯᠠᠭ᠋ᠠᠨᠮᠥ᠋ᠴᠢᠷ 75 ᠪᠣᠶ᠃ ᠨᠡᠶ᠋ᠢᠲᠡ 118 ᠰᠣᠶᠣᠯ᠎ᠤᠨ ᠣᠷᠳᠣᠨ᠂ 117 ᠨᠡᠶ᠋ᠢᠲᠡ ᠵᠢᠨ ᠨᠣᠮ᠎ᠤᠨ ᠰᠠᠩ᠂ 165 ᠮᠦᠽᠧᠶ᠎ᠲᠠᠢ᠃ ᠵᠢᠯ᠎ᠤᠨ ᠡᠴᠦᠰ᠎ᠲᠤ ᠪᠥᠬᠥ ᠣᠷᠣᠨ᠎ᠤ ᠷᠠᠳᠢᠣ᠋ ᠨᠡᠪᠲᠡᠷᠡᠭᠦᠯᠭᠡ ᠵᠢᠨ ᠫᠷᠤᠭ᠌ᠷᠠᠮ᠎ᠤᠨ ᠬᠥᠮᠦᠨ ᠠᠮᠠ ᠵᠢᠨ ᠶᠡᠷᠦᠩᠬᠡᠶ ᠪᠦᠷᠬᠦᠴᠡ ᠵᠢᠨ ᠨᠣᠷᠮ᠎ᠠ 99.8% ᠪᠠᠶ᠋ᠢᠵᠤ᠂ ᠲᠧᠯᠸᠢᠰ᠎ᠤᠨ ᠫᠷᠤᠭ᠌ᠷᠠᠮ᠎ᠤᠨ ᠬᠥᠮᠦᠨ ᠠᠮᠠ ᠵᠢᠨ ᠶᠡᠷᠦᠩᠬᠡᠶ ᠪᠦᠷᠬᠦᠴᠡ ᠵᠢᠨ ᠨᠣᠷᠮ᠎ᠠ 99.8% ᠪᠠᠶ᠋ᠢᠪᠠ᠃ ᠥᠪᠡᠷᠲᠡᠭᠡᠨ ᠵᠠᠰᠠᠬᠤ ᠣᠷᠣᠨ ᠪᠣᠯᠤᠨ ᠠᠶ᠋ᠢᠮᠠᠭ ᠬᠣᠲᠠ ᠬᠣᠶᠠᠷ ᠱᠠᠲᠤ᠎ᠪᠠᠷ ᠵᠶ᠋ᠠᠨ ᠡᠯ᠎ᠡ ᠲᠥᠷᠥᠯ᠎ᠤᠨ ᠰᠣᠨᠢᠨ᠎ᠢ 19494 ᠲᠦᠮᠡᠨ ᠬᠤᠪᠢ᠂ ᠡᠯ᠎ᠡ ᠲᠥᠷᠥᠯ᠎ᠤᠨ ᠬᠤᠭᠤᠴᠠᠭ᠋ᠠᠲᠤ ᠰᠡᠳᠬᠦᠯ᠎ᠢ 944 ᠲᠦᠮᠡᠨ ᠳᠡᠪᠲᠡᠷ᠂ ᠨᠣᠮ ᠪᠢᠴᠢᠭ᠎ᠢ 5775 ᠲᠦᠮᠡᠨ ᠳᠡᠪᠲᠡᠷ ᠬᠡᠪᠯᠡᠪᠡ᠃
ᠪᠥᠬᠥ ᠵᠢᠯ᠎ᠳᠤ ᠤᠯᠤᠰ᠎ᠤᠨ ᠳᠣᠲᠣᠭ᠋ᠠᠳᠤ ᠵᠢᠨ ᠵᠢᠭᠤᠯᠴᠢᠯᠠᠭᠰᠠᠳ᠎ᠢ 23045.0 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ ᠤᠯᠤᠰ᠎ᠤᠨ ᠳᠣᠲᠣᠭ᠋ᠠᠳᠤ ᠵᠢᠨ ᠵᠢᠭᠤᠯᠴᠢᠯᠠᠯ᠎ᠤᠨ ᠣᠷᠣᠯᠭ᠎ᠠ ᠵᠢ 3354.7 ᠳ᠋ᠦᠩᠰᠢᠭᠤᠷ ᠲᠥᠭᠥᠷᠢᠭ ᠪᠡᠶᠡᠯᠡᠭᠦᠯᠪᠡ᠃ ᠪᠥᠬᠥ ᠣᠷᠣᠨ᠎ᠤ 457A ᠲᠠᠰ᠎ᠤᠨ ᠦᠵᠡᠮᠵᠢ ᠵᠢᠨ ᠣᠷᠣᠨ ᠵᠤᠭ᠋ᠠᠴᠠᠭᠰᠠᠳ᠎ᠢ 9223.2 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ ᠡᠵᠡᠩᠨᠡᠯᠲᠡ ᠵᠢᠨ ᠣᠷᠣᠯᠭ᠎ᠠ᠎ᠨᠢ 60.0 ᠳ᠋ᠦᠩᠰᠢᠭᠤᠷ ᠲᠥᠭᠥᠷᠢᠭ᠎ᠲᠤ ᠬᠦᠷᠴᠡᠶ᠃
ᠵᠢᠯ᠎ᠤᠨ ᠡᠴᠦᠰ᠎ᠲᠤ ᠪᠥᠬᠥ ᠣᠷᠣᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠨᠡᠶ᠋ᠢᠲᠡ 25685 ᠪᠠᠶ᠋ᠢᠨ᠎ᠠ᠃ ᠡᠭᠦᠨ᠎ᠳᠤ᠂ ᠡᠮᠨᠡᠯᠭᠡ ᠵᠢᠨ ᠬᠣᠷᠢᠶ᠎ᠠ 851᠂ ᠰᠢᠶᠠᠩ ᠪᠠᠯᠭ᠋ᠠᠰᠤᠨ᠎ᠤ ᠡᠷᠡᠭᠦᠯ ᠬᠠᠮᠠᠭ᠋ᠠᠯᠠᠯ᠎ᠤᠨ ᠬᠣᠷᠢᠶ᠎ᠠ 1240᠂ ᠡᠪᠡᠳᠴᠢᠨ ᠡᠮᠭᠡᠭ᠎ᠢ ᠰᠡᠷᠭᠡᠶ᠋ᠢᠯᠡᠨ ᠬᠢᠵᠠᠭ᠋ᠠᠷᠯᠠᠬᠤ ᠲᠥᠪ 121᠂ ᠡᠬᠡ ᠨᠢᠯᠬᠠᠰ᠎ᠤᠨ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ 118᠂ ᠲᠤᠰᠬᠠᠶ ᠮᠡᠷᠭᠡᠵᠢᠯ᠎ᠤᠨ ᠡᠪᠡᠳᠴᠢᠨ ᠡᠮᠭᠡᠭ᠎ᠢ ᠰᠡᠷᠭᠡᠶ᠋ᠢᠯᠡᠨ ᠵᠠᠰᠠᠬᠤ ᠬᠣᠷᠢᠶ᠎ᠠ (ᠭᠠᠵᠠᠷ) 9 ᠪᠠᠶ᠋ᠢᠨ᠎ᠠ᠃ ᠵᠢᠯ᠎ᠤᠨ ᠡᠴᠦᠰ ᠪᠣᠯᠲᠠᠯ᠎ᠠ ᠪᠥᠬᠥ ᠣᠷᠣᠨ᠎ᠤ ᠡᠮᠴᠢᠯᠡᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ᠎ᠳᠤ ᠨᠡᠶ᠋ᠢᠲᠡ 173136 ᠣᠷᠣ ᠪᠠᠶ᠋ᠢᠵᠤ᠂ ᠳᠡᠭᠡᠷ᠎ᠡ ᠵᠢᠯ᠎ᠤᠨ ᠡᠴᠦᠰ᠎ᠤᠨ᠎ᠬᠢ᠎ᠠᠴᠠ 3.2% ᠵᠶ᠋ᠠᠷ ᠨᠡᠮᠡᠭᠳᠡᠪᠡ᠃ ᠡᠭᠦᠨ᠎ᠳᠤ᠂ ᠡᠮᠨᠡᠯᠭᠡ ᠵᠢᠨ ᠬᠣᠷᠢᠶ᠎ᠠ᠎ᠳᠤ ᠨᠡᠶ᠋ᠢᠲᠡ 139410 ᠡᠪᠡᠳᠴᠢᠲᠡᠨ᠎ᠤ ᠣᠷᠣ᠂ ᠰᠢᠶᠠᠩ ᠪᠠᠯᠭ᠋ᠠᠰᠤᠨ᠎ᠤ ᠡᠷᠡᠭᠦᠯ ᠬᠠᠮᠠᠭ᠋ᠠᠯᠠᠯ᠎ᠤᠨ ᠬᠣᠷᠢᠶ᠎ᠠ᠎ᠳᠤ ᠨᠡᠶ᠋ᠢᠲᠡ 21846 ᠡᠪᠡᠳᠴᠢᠲᠡᠨ᠎ᠤ ᠣᠷᠣ᠂ ᠡᠬᠡ ᠨᠢᠯᠬᠠᠰ᠎ᠤᠨ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ᠎ᠳᠤ ᠨᠡᠶ᠋ᠢᠲᠡ 4881 ᠡᠪᠡᠳᠴᠢᠲᠡᠨ᠎ᠤ ᠣᠷᠣ ᠪᠠᠶ᠋ᠢᠨ᠎ᠠ᠃ ᠪᠥᠬᠥ ᠣᠷᠣᠨ᠎ᠳᠤ ᠡᠷᠡᠭᠦᠯ ᠬᠠᠮᠠᠭ᠋ᠠᠯᠠᠯ᠎ᠤᠨ ᠮᠡᠷᠭᠡᠵᠢᠯ᠎ᠤᠨ ᠠᠵᠢᠯᠲᠠᠨ ᠨᠡᠶ᠋ᠢᠲᠡ 23.4 ᠲᠦᠮᠡᠨ ᠬᠥᠮᠦᠨ ᠪᠠᠶ᠋ᠢᠵᠤ᠂ 8.1%᠎ᠪᠠᠷ ᠨᠡᠮᠡᠭᠳᠡᠪᠡ᠃ ᠡᠭᠦᠨ᠎ᠳᠤ᠂ ᠠᠵᠢᠯ ᠡᠷᠭᠢᠯᠡᠬᠦ ᠡᠮᠴᠢ᠂ ᠲᠤᠰᠠᠯᠠᠭᠴᠢ ᠡᠮᠴᠢ 9.3 ᠲᠦᠮᠡᠨ ᠬᠥᠮᠦᠨ᠂ ᠳᠠᠩᠰᠠᠯᠠᠭᠤᠯᠤᠭᠰᠠᠨ ᠰᠤᠪᠢᠯᠠᠭᠴᠢ 10.1 ᠲᠦᠮᠡᠨ ᠬᠥᠮᠦᠨ ᠪᠣᠶ᠃ ᠮᠠᠯᠵᠢᠬᠤ ᠲᠠᠷᠢᠶᠠᠯᠠᠬᠤ ᠣᠷᠣᠨ᠎ᠳᠤ ᠨᠡᠶ᠋ᠢᠲᠡ 1.3 ᠲᠦᠮᠡᠨ ᠲᠣᠰᠬᠣᠨ᠎ᠤ ᠡᠷᠡᠭᠦᠯ ᠬᠠᠮᠠᠭ᠋ᠠᠯᠠᠯ᠎ᠤᠨ ᠲᠠᠰᠤᠭ᠂ 1.2 ᠲᠦᠮᠡᠨ ᠬᠥᠳᠡᠭᠡ ᠲᠣᠰᠬᠣᠨ᠎ᠤ ᠡᠮᠴᠢ ᠪᠣᠯᠤᠨ ᠡᠷᠡᠭᠦᠯ ᠬᠠᠮᠠᠭ᠋ᠠᠯᠠᠭᠴᠢ᠎ᠲᠠᠢ᠃
ᠪᠥᠬᠥ ᠵᠢᠯ᠎ᠳᠤ ᠪᠥᠬᠥ ᠣᠷᠣᠨ᠎ᠳᠤ ᠨᠡᠶ᠋ᠢᠲᠡ 3400 ᠬᠥᠮᠦᠨ ᠤᠳᠠᠭ᠎ᠠ 222 ᠲᠠᠯᠠᠪᠤᠷ ᠣᠯᠠᠨ ᠤᠯᠤᠰ᠎ᠤᠨ ᠪᠠ ᠤᠯᠤᠰ᠎ᠤᠨ ᠳᠣᠲᠣᠭ᠋ᠠᠳᠤ ᠵᠢᠨ ᠤᠷᠤᠯᠳᠤᠭ᠋ᠠᠨ᠎ᠳᠤ ᠣᠷᠣᠯᠴᠠᠵᠤ᠂ 125 ᠠᠯᠲᠠᠨ ᠮᠧᠳᠠᠯ᠂ 115 ᠮᠥᠩᠭᠥᠨ ᠮᠧᠳᠠᠯ᠂ 153 ᠬᠦᠷᠡᠯ ᠮᠧᠳᠠᠯ᠎ᠤᠨ ᠰᠢᠯᠢᠳᠡᠭ ᠬᠢᠷᠢ ᠪᠦᠲᠦᠮᠵᠢ ᠣᠯᠵᠠᠶ᠃
ᠠᠷᠪᠠᠨ ᠬᠣᠶᠠᠷ᠂ ᠡᠬᠢ ᠪᠠᠶᠠᠯᠢᠭ᠂ ᠣᠷᠴᠢᠨ ᠲᠣᠭᠣᠷᠢᠨ ᠪᠣᠯᠤᠨ ᠪᠠᠴᠢᠮ ᠪᠠᠶ᠋ᠢᠳᠠᠯ᠎ᠢ ᠠᠷᠭ᠋ᠠᠴᠠᠬᠤ ᠬᠠᠮᠢᠶᠠᠷᠤᠯᠲᠠ
ᠠᠩᠬ᠎ᠠ ᠠᠯᠬᠤᠮ᠎ᠤᠨ ᠪᠦᠷᠢᠳᠬᠡᠯ ᠵᠶ᠋ᠠᠷ᠂ ᠪᠥᠬᠥ ᠵᠢᠯ᠎ᠤᠨ ᠤᠰᠤ ᠬᠡᠷᠡᠭᠯᠡᠭᠰᠡᠨ ᠶᠡᠷᠦᠩᠬᠡᠶ ᠬᠡᠮᠵᠢᠶ᠎ᠡ 202.9 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 4.9%᠎ᠪᠠᠷ ᠨᠡᠮᠡᠭᠳᠡᠪᠡ᠃ ᠡᠭᠦᠨ᠎ᠳᠤ᠂ ᠠᠮᠢᠳᠤᠷᠠᠯ᠎ᠳᠤ ᠬᠡᠷᠡᠭᠯᠡᠬᠦ ᠤᠰᠤ 1.1% ᠪᠠᠭᠤᠷᠠᠵᠤ᠂ ᠠᠵᠤ ᠦᠢ᠍ᠯᠡᠳᠪᠦᠷᠢ᠎ᠳᠤ ᠬᠡᠷᠡᠭᠯᠡᠬᠦ ᠤᠰᠤ 11.7% ᠨᠡᠮᠡᠭᠳᠡᠵᠦ᠂ ᠲᠠᠷᠢᠶᠠᠯᠠᠩ᠎ᠳᠤ ᠬᠡᠷᠡᠭᠯᠡᠬᠦ ᠤᠰᠤ 5.9% ᠨᠡᠮᠡᠭᠳᠡᠵᠦ᠂ ᠠᠮᠢ ᠠᠬᠤᠶ᠎ᠳᠤ ᠬᠡᠷᠡᠭᠯᠡᠬᠦ ᠤᠰᠤ 2.9% ᠪᠠᠭᠤᠷᠠᠪᠠ᠃ ᠲᠦᠮᠡᠨ ᠲᠥᠭᠥᠷᠢᠭ᠎ᠤᠨ ᠭᠠᠵᠠᠷ ᠣᠷᠣᠨ᠎ᠤ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ (ᠲᠤᠰ ᠵᠢᠯ᠎ᠤᠨ ᠦᠨ᠎ᠡ)᠎ᠤᠨ ᠤᠰᠤ ᠬᠡᠷᠡᠭᠯᠡᠬᠦ ᠬᠡᠮᠵᠢᠶ᠎ᠡ 74.4 ᠪᠣᠰᠣᠭ᠎ᠠ ᠳᠥᠷᠪᠡᠯᠵᠢᠨ ᠮᠧᠲᠷ᠂ ᠲᠦᠮᠡᠨ ᠲᠥᠭᠥᠷᠢᠭ᠎ᠤᠨ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ (ᠲᠤᠰ ᠵᠢᠯ᠎ᠤᠨ ᠦᠨ᠎ᠡ)᠎ᠤᠨ ᠤᠰᠤ ᠬᠡᠷᠡᠭᠯᠡᠬᠦ ᠬᠡᠮᠵᠢᠶ᠎ᠡ 14.4 ᠪᠣᠰᠣᠭ᠎ᠠ ᠳᠥᠷᠪᠡᠯᠵᠢᠨ ᠮᠧᠲᠷ ᠪᠣᠯᠤᠨ᠎ᠠ᠃
ᠠᠩᠬ᠎ᠠ ᠠᠯᠬᠤᠮ᠎ᠤᠨ ᠪᠦᠷᠢᠳᠬᠡᠯ ᠵᠶ᠋ᠠᠷ᠂ ᠪᠥᠬᠥ ᠵᠢᠯ᠎ᠳᠤ ᠣᠶ᠋ᠢᠵᠢᠭᠤᠯᠤᠭᠰᠠᠨ ᠲᠠᠯᠠᠪᠠᠶ 51.1 ᠲᠦᠮᠡᠨ ᠾᠧᠺᠲ᠋ᠠᠷ᠎ᠲᠤ ᠬᠥᠷᠪᠡ᠃ ᠡᠭᠦᠨ᠎ᠳᠤ᠂ 13.4 ᠲᠦᠮᠡᠨ ᠾᠧᠺᠲ᠋ᠠᠷ ᠬᠥᠮᠦᠨ᠎ᠤ ᠬᠦᠴᠦ᠎ᠪᠠᠷ ᠣᠶ᠋ᠢᠵᠢᠭᠤᠯᠵᠤ᠂ ᠨᠢᠰᠬᠡᠯ ᠵᠶ᠋ᠠᠷ 1.1 ᠲᠦᠮᠡᠨ ᠾᠧᠺᠲ᠋ᠠᠷ ᠳᠠᠷᠢᠵᠤ ᠣᠶ᠋ᠢᠵᠢᠭᠤᠯᠤᠨ᠂ 2.0 ᠲᠦᠮᠡᠨ ᠾᠧᠺᠲ᠋ᠠᠷ ᠠᠭᠤᠯᠠ ᠵᠢ ᠪᠢᠲᠡᠭᠦᠮᠵᠢᠯᠡᠨ ᠣᠶ᠋ᠢᠵᠢᠭᠤᠯᠵᠤ᠂ 15.2 ᠲᠦᠮᠡᠨ ᠾᠧᠺᠲ᠋ᠠᠷ ᠮᠠᠭᠤᠳᠠᠭᠰᠠᠨ ᠣᠶ ᠵᠢ ᠵᠠᠰᠠᠨ ᠰᠡᠷᠭᠦᠭᠡᠵᠦ᠂ 19.3 ᠲᠦᠮᠡᠨ ᠾᠧᠺᠲ᠋ᠠᠷ ᠲᠠᠯᠠᠪᠠᠶ ᠵᠤᠯᠵᠠᠭ᠎ᠠ ᠮᠣᠳᠣ ᠪᠣᠶ᠋ᠢᠵᠢᠭᠤᠯᠬᠤ (ᠠᠵᠢᠯᠯᠠᠬᠤ) ᠲᠠᠯᠠᠪᠠᠶ ᠵᠢ ᠪᠡᠶᠡᠯᠡᠭᠦᠯᠪᠡ᠃ ᠵᠢᠯ᠎ᠤᠨ ᠡᠴᠦᠰ᠎ᠲᠤ ᠪᠥᠬᠥ ᠣᠷᠣᠨ᠎ᠤ ᠣᠶ ᠰᠢᠭᠤᠶ ᠵᠢᠨ ᠲᠠᠯᠠᠪᠠᠶ 2382 ᠲᠦᠮᠡᠨ ᠾᠧᠺᠲ᠋ᠠᠷ᠎ᠲᠤ ᠬᠦᠷᠴᠦ᠂ ᠣᠶ ᠰᠢᠭᠤᠶ ᠵᠢᠨ ᠪᠦᠷᠬᠦᠴᠡ 20.79%᠎ᠳᠤ ᠬᠦᠷᠴᠡᠶ᠃
ᠪᠦᠬᠦ ᠣᠷᠣᠨ᠎ᠳᠤ ᠨᠡᠶ᠋ᠢᠲᠡ 216 ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠲᠠᠢ᠃ ᠡᠭᠦᠨ᠎ᠳᠤ᠂ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ 29᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ 64 ᠪᠣᠶ᠃ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠲᠠᠯᠠᠪᠠᠢ 1294.7 ᠲᠦᠮᠡᠨ ᠾᠧᠺᠲ᠋ᠠᠷ᠃ ᠡᠭᠦᠨ᠎ᠳᠤ᠂ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠲᠠᠯᠠᠪᠠᠶ 426.1 ᠲᠦᠮᠡᠨ ᠾᠧᠺᠲ᠋ᠠᠷ ᠪᠣᠶ᠃
ᠪᠥᠬᠥ ᠵᠢᠯ᠎ᠳᠤ ᠡᠯ᠎ᠡ ᠲᠥᠷᠥᠯ᠎ᠤᠨ ᠦᠢ᠍ᠯᠡᠳᠪᠦᠷᠢᠯᠡᠯ᠎ᠤᠨ ᠠᠮᠤᠷ ᠲᠦᠪᠰᠢᠨ᠎ᠤ ᠡᠨᠳᠡᠯ᠎ᠳᠤ 540 ᠬᠥᠮᠦᠨ ᠡᠨᠳᠡᠵᠦ᠂ ᠳᠡᠭᠡᠷ᠎ᠡ ᠵᠢᠯ᠎ᠤᠨ᠎ᠬᠢ᠎ᠠᠴᠠ 12.9%᠎ᠪᠠᠷ ᠪᠠᠭᠤᠷᠠᠵᠤ᠂ ᠦᠢ᠍ᠯᠡᠳᠪᠦᠷᠢ ᠠᠭᠤᠷᠬᠠᠶ ᠠᠷᠠᠯᠵᠢᠶ᠎ᠠ ᠬᠤᠳᠠᠯᠳᠤᠭ᠋ᠠᠨ᠎ᠤ ᠠᠵᠤ ᠠᠬᠤᠶ᠋ᠢᠯᠠᠯ᠎ᠤᠨ ᠬᠥᠮᠦᠰ᠎ᠤᠨ ᠦᠢ᠍ᠯᠡᠳᠪᠦᠷᠢᠯᠡᠯ᠎ᠤᠨ ᠠᠮᠤᠷ ᠲᠦᠪᠰᠢᠨ᠎ᠤ ᠡᠨᠳᠡᠯ᠎ᠳᠤ 307 ᠬᠥᠮᠦᠨ ᠡᠨᠳᠡᠵᠦ᠂ ᠨᠡᠭᠦᠷᠡᠰᠦᠨ ᠠᠭᠤᠷᠬᠠᠶ ᠵᠢᠨ ᠵᠠᠭᠤᠨ ᠲᠦᠮᠡᠨ ᠲᠣᠨ᠎ᠤ ᠥᠭᠦᠯᠲᠡ ᠵᠢᠨ ᠨᠣᠷᠮ᠎ᠠ 0.0562 ᠪᠠᠶ᠋ᠢᠵᠤ᠂ ᠵᠠᠮ ᠬᠠᠷᠢᠯᠴᠠᠭ᠋ᠠᠨ᠎ᠤ ᠡᠨᠳᠡᠯ᠎ᠳᠤ ᠲᠦᠮᠡᠨ ᠲᠡᠷᠭᠡ ᠥᠭᠦᠵᠦ᠂ 0.97 ᠬᠥᠮᠦᠨ ᠡᠨᠳᠡᠵᠡᠶ᠃
ᠲᠠᠶ᠋ᠢᠯᠪᠤᠷᠢ᠄
[1] ᠲᠤᠰ ᠠᠯᠪᠠᠨ ᠮᠡᠳᠡᠭᠡ᠎ᠳᠠᠬᠢ ᠲᠣᠭ᠎ᠠ ᠪᠠᠷᠢᠮᠲᠠ᠎ᠨᠢ ᠴᠥᠮ ᠠᠩᠬ᠎ᠠ ᠠᠯᠬᠤᠮ᠎ᠤᠨ ᠪᠦᠷᠢᠳᠬᠡᠭᠰᠡᠨ ᠲᠣᠭ᠎ᠠ ᠪᠣᠯᠤᠨ᠎ᠠ᠃ ᠬᠡᠰᠡᠭ ᠲᠣᠭ᠎ᠠ ᠪᠠᠷᠢᠮᠲᠠ᠎ᠨᠢ ᠳᠥᠷᠪᠡ ᠵᠢ ᠬᠠᠶᠠᠵᠤ ᠲᠠᠪᠤ ᠵᠢ ᠳᠡᠪᠰᠢᠭᠦᠯᠦᠭᠰᠡᠨ ᠰᠢᠯᠲᠠᠭ᠋ᠠᠨ᠎ᠠᠴᠠ ᠪᠣᠯᠵᠣ᠂ ᠶᠡᠷᠦᠩᠬᠡᠶ ᠲᠣᠭ᠎ᠠ ᠪᠠ ᠬᠤᠪᠢᠶᠠᠷᠢ ᠵᠦᠢ᠍ᠯ᠎ᠤᠨ ᠨᠡᠢ᠌ᠯᠡᠪᠦᠷᠢ᠎ᠨᠢ ᠠᠳᠠᠯᠢ ᠪᠤᠰᠤ ᠪᠠᠶ᠋ᠢᠳᠠᠯ ᠣᠷᠣᠰᠢᠵᠤ ᠪᠠᠶ᠋ᠢᠨ᠎ᠠ᠃
[2] ᠤᠷᠤᠨ ᠨᠤᠲᠤᠭ᠎ᠤᠨ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠂ ᠭᠤᠷᠪᠠᠳᠤᠭ᠋ᠠᠷ ᠠᠵᠤ ᠦᠢ᠍ᠯᠡᠰ ᠵᠢᠴᠢ ᠬᠠᠮᠢᠶ᠎ᠠ ᠪᠥᠬᠥᠶ ᠠᠵᠢᠯ ᠲᠥᠷᠥᠯ᠎ᠤᠨ ᠨᠡᠮᠡᠭᠳᠡᠯ ᠥᠷᠲᠡᠭ᠂ ᠬᠥᠮᠦᠨ ᠳᠤᠮᠳᠠᠴᠢ ᠵᠢᠨ ᠤᠷᠤᠨ ᠨᠤᠲᠤᠭ᠎ᠤᠨ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠎ᠤᠨ ᠬᠠᠷᠢᠴᠠᠯᠠᠰᠢᠭᠦᠶ ᠲᠣᠭ᠎ᠠ ᠵᠢ ᠣᠲᠣ ᠵᠢᠨ ᠦᠨ᠎ᠡ ᠬᠠᠩᠰᠢ᠎ᠪᠠᠷ ᠪᠤᠳᠤᠵᠤ᠂ ᠨᠡᠮᠡᠭᠳᠡᠯ᠎ᠤᠨ ᠬᠤᠷᠳᠤᠴᠠ ᠵᠢ ᠥᠯᠥ ᠬᠤᠪᠢᠰᠬᠤ ᠦᠨ᠎ᠡ ᠬᠠᠩᠰᠢ᠎ᠪᠠᠷ ᠪᠤᠳᠤᠨ᠎ᠠ᠃
[3] ᠪᠠᠶ᠋ᠢᠩᠭᠤ ᠰᠠᠭᠤᠭ᠎ᠠ ᠬᠥᠮᠦᠨ ᠠᠮᠠ᠄ ᠲᠣᠰ ᠰᠢᠶᠠᠩ ᠪᠠᠯᠭ᠋ᠠᠰᠤᠨ᠎ᠤ ᠵᠡᠭᠡᠯᠢ ᠭᠤᠳᠤᠮᠵᠢ᠎ᠳᠤ ᠰᠠᠭᠤᠵᠤ ᠪᠠᠶ᠋ᠢᠭ᠎ᠠ ᠮᠥᠷᠲᠡᠭᠡᠨ ᠲᠣᠰ ᠰᠢᠶᠠᠩ ᠪᠠᠯᠭ᠋ᠠᠰᠤᠨ᠎ᠤ ᠵᠡᠭᠡᠯᠢ ᠭᠤᠳᠤᠮᠵᠢ᠎ᠳᠤ ᠪᠠᠶ᠋ᠢᠭ᠎ᠠ ᠪᠤᠶᠤ ᠡᠷᠦᠬᠡ ᠠᠮᠠ᠎ᠨᠢ ᠲᠣᠭᠲᠠᠭ᠋ᠠᠳᠤᠶ ᠬᠥᠮᠦᠨ; ᠲᠤᠰ ᠰᠢᠶᠠᠩ ᠪᠠᠯᠭ᠋ᠠᠰᠤ ᠵᠢᠨ ᠵᠡᠭᠡᠯᠢ ᠭᠤᠳᠤᠮᠵᠢ᠎ᠳᠤ ᠰᠠᠭᠤᠵᠤ ᠪᠠᠶ᠋ᠢᠭ᠎ᠠ ᠪᠥᠭᠡᠳ ᠡᠷᠦᠬᠡ ᠠᠮᠠ ᠳᠠᠩᠰᠠᠯᠠᠭᠤᠯᠤᠭᠰᠠᠨ ᠭᠠᠵᠠᠷ᠎ᠠᠴᠠ᠎ᠪᠠᠨ ᠰᠠᠯᠤᠭᠰᠠᠨ ᠰᠢᠶᠠᠩ ᠪᠠᠯᠭ᠋ᠠᠰᠤ ᠵᠢᠨ ᠵᠡᠭᠡᠯᠢ ᠭᠤᠳᠤᠮᠵᠢ ᠵᠢᠨ ᠬᠠᠭ᠋ᠠᠰ ᠵᠢᠯ᠎ᠠᠴᠠ ᠳᠡᠭᠡᠭᠰᠢ ᠬᠥᠮᠦᠨ; ᠡᠷᠦᠬᠡ ᠠᠮᠠ᠎ᠨᠢ ᠲᠣᠰ ᠰᠢᠶᠠᠩ ᠪᠠᠯᠭ᠋ᠠᠰᠤ ᠵᠡᠭᠡᠯᠢ ᠭᠤᠳᠤᠮᠵᠢ᠎ᠳᠤ ᠪᠠᠢ᠌ᠬᠤ ᠮᠥᠷᠲᠡᠭᠡᠨ ᠭᠠᠳᠠᠭᠰᠢ ᠭᠠᠷᠤᠭ᠋ᠠᠳ ᠬᠠᠭ᠋ᠠᠰ ᠵᠢᠯ ᠪᠣᠯᠤᠭ᠎ᠠ ᠦᠭᠡᠢ ᠪᠤᠶᠤ ᠬᠢᠯᠢ ᠵᠢᠨ ᠭᠠᠳᠠᠨ᠎ᠠ ᠠᠵᠢᠯᠯᠠᠵᠤ ᠰᠤᠷᠤᠯᠴᠠᠵᠤ ᠪᠠᠢ᠍ᠭ᠎ᠠ ᠬᠥᠮᠦᠨ᠃
[4] 2023 ᠣᠨ᠎ᠤ ᠵᠢᠯ᠎ᠤᠨ ᠰᠡᠭᠦᠯᠴᠢ᠎ᠪᠠᠷ᠂ ᠪᠥᠬᠥ ᠣᠷᠣᠨ᠎ᠤ 0-14 ᠨᠠᠰᠤ (ᠪᠦᠬᠦᠯᠢ 15 ᠨᠠᠰᠤ ᠬᠦᠷᠦᠭᠡᠳᠦᠢ ᠪᠠᠭᠲᠠᠨ᠎ᠠ) ᠵᠢᠨ ᠬᠥᠮᠦᠨ ᠠᠮᠠ 308.6 ᠲᠦᠮᠡ ᠪᠠᠶ᠋ᠢᠵᠤ᠂ 15-59 ᠨᠠᠰᠤ (ᠪᠦᠬᠦᠯᠢ 60 ᠨᠠᠰᠤ ᠬᠦᠷᠦᠭᠡᠳᠦᠢ ᠪᠠᠭᠲᠠᠨ᠎ᠠ) ᠵᠢᠨ ᠬᠥᠮᠦᠨ ᠠᠮᠠ 1541.0 ᠲᠦᠮᠡ ᠪᠣᠯᠤᠨ᠎ᠠ᠃
[5] ᠬᠤᠲᠠ ᠪᠠᠯᠭ᠋ᠠᠰᠤᠨ᠎ᠳᠤ ᠰᠢᠨ᠎ᠡ᠎ᠪᠠᠷ ᠠᠵᠢᠯ ᠣᠯᠤᠭᠰᠠᠨ ᠬᠥᠮᠦᠨ᠎ᠤ ᠲᠣᠭ᠎ᠠ ᠭᠡᠵᠦ ᠮᠡᠳᠡᠭᠦᠯᠦᠯᠲᠡ ᠵᠢᠨ ᠬᠤᠭᠤᠴᠠᠭ᠋ᠠᠨ᠎ᠳᠤ ᠬᠤᠲᠠ ᠪᠠᠯᠭ᠋ᠠᠰᠤᠨ᠎ᠤ ᠰᠢᠨ᠎ᠡ᠎ᠪᠠᠷ ᠠᠵᠢᠯ ᠣᠯᠤᠭᠰᠠᠨ ᠬᠥᠮᠦᠨ᠎ᠤ ᠲᠣᠭ᠎ᠠ ᠪᠣᠯᠤᠨ ᠠᠶᠠᠨᠳᠠᠭ᠋ᠠᠨ ᠬᠠᠰᠤᠭᠳᠠᠭᠰᠠᠨ ᠬᠥᠮᠦᠨ᠎ᠤ ᠲᠣᠭ᠋ᠠᠨ᠎ᠤ ᠵᠦᠷᠢᠶ᠎ᠡ ᠵᠢ ᠬᠡᠯᠡᠵᠦ ᠪᠠᠶ᠋ᠢᠨ᠎ᠠ᠃
[6] 2023 ᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠬᠠᠮᠢᠶ᠎ᠠ ᠪᠥᠬᠥᠶ ᠭᠦᠢ᠍ᠴᠡᠳᠭᠡᠯ ᠲᠣᠭ᠎ᠠ ᠵᠢᠨ ᠨᠡᠮᠡᠭᠳᠡᠯ᠎ᠤᠨ ᠬᠤᠷᠳᠤᠴᠠ ᠵᠢᠴᠢ ᠬᠤᠪᠢᠷᠠᠯᠲᠠ ᠵᠢ ᠬᠠᠷᠢᠴᠠᠭᠤᠯᠵᠤ ᠪᠣᠯᠬᠤ ᠪᠠᠷᠢᠮᠵᠢᠶ᠎ᠠ᠎ᠪᠠᠷ ᠪᠤᠳᠤᠨ᠎ᠠ᠃
[7] ᠠᠵᠤ ᠦᠢ᠍ᠯᠡᠳᠪᠦᠷᠢ ᠵᠢᠨ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠰᠢᠨ᠎ᠡ᠎ᠪᠠᠷ ᠪᠣᠶ ᠪᠣᠯᠤᠭᠰᠠᠨ ᠠᠵᠤ ᠦᠢ᠍ᠯᠡᠰ᠎ᠲᠤ ᠰᠢᠨ᠎ᠡ ᠨᠢᠭᠡ ᠦᠶ᠎ᠡ ᠵᠢᠨ ᠮᠡᠳᠡᠭᠡ ᠵᠠᠩᠭᠢ ᠵᠢᠨ ᠮᠡᠷᠭᠡᠵᠢᠯ᠎ᠤᠨ ᠠᠵᠤ ᠦᠢ᠍ᠯᠡᠰ᠂ ᠳᠡᠭᠡᠳᠦ ᠲᠠᠰ᠎ᠤᠨ ᠲᠣᠨᠣᠭ ᠲᠥᠬᠥᠭᠡᠷᠦᠮᠵᠢ ᠦᠢ᠍ᠯᠡᠳᠬᠦ ᠠᠵᠤ ᠦᠢ᠍ᠯᠡᠰ᠂ ᠰᠢᠨ᠎ᠡ ᠮᠠᠲ᠋ᠧᠷᠢᠶᠠᠯ᠎ᠤᠨ ᠠᠵᠤ ᠦᠢ᠍ᠯᠡᠰ᠂ ᠠᠮᠢᠳᠤ ᠪᠣᠳᠠᠰ᠎ᠤᠨ ᠠᠵᠤ ᠦᠢ᠍ᠯᠡᠰ᠂ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠠᠵᠤ ᠦᠢ᠍ᠯᠡᠰ᠂ ᠰᠢᠨ᠎ᠡ ᠡᠨᠧᠷᠭᠢ ᠵᠢᠨ ᠠᠵᠤ ᠦᠢ᠍ᠯᠡᠰ᠂ ᠡᠨᠧᠷᠭᠢ ᠠᠷᠪᠢᠯᠠᠵᠤ ᠣᠷᠴᠢᠨ ᠲᠣᠭᠣᠷᠢᠨ᠎ᠢ ᠬᠠᠮᠠᠭ᠋ᠠᠯᠠᠬᠤ ᠠᠵᠤ ᠦᠢ᠍ᠯᠡᠰ ᠪᠠ ᠲᠣᠭ᠋ᠠᠴᠢᠯᠠᠭᠰᠠᠨ ᠪᠦᠲᠦᠭᠡᠯᠴᠢ ᠠᠵᠤ ᠦᠢ᠍ᠯᠡᠰ ᠵᠡᠷᠭᠡ ᠨᠠᠢ᠍ᠮᠠᠨ ᠶᠡᠬᠡ ᠠᠵᠤ ᠦᠢ᠍ᠯᠡᠰ᠎ᠲᠠᠬᠢ ᠠᠵᠤ ᠦᠢ᠍ᠯᠡᠳᠪᠦᠷᠢ ᠵᠢᠨ ᠬᠠᠮᠢᠶ᠎ᠠ ᠪᠥᠬᠥᠶ ᠠᠵᠢᠯ ᠲᠥᠷᠥᠯ ᠪᠠᠭᠲᠠᠨ᠎ᠠ᠃ ᠠᠵᠤ ᠦᠢ᠍ᠯᠡᠳᠪᠦᠷᠢ ᠵᠢᠨ ᠪᠠᠶ᠋ᠢᠯᠳᠤᠬᠤ ᠪᠤᠳᠤᠯᠭ᠎ᠠ ᠵᠢᠨ ᠴᠢᠨᠠᠷᠲᠠᠢ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠤᠨ ᠨᠡᠮᠡᠭᠳᠡᠯ ᠦᠷᠳᠡᠭ᠎ᠤᠨ ᠨᠡᠮᠡᠭᠳᠡᠯ᠎ᠤᠨ ᠬᠤᠷᠳᠤᠴᠠ ᠵᠢ ᠬᠠᠷᠢᠴᠠᠭᠤᠯᠵᠤ ᠪᠣᠯᠬᠤ ᠪᠠᠷᠢᠮᠵᠢᠶ᠎ᠠ᠎ᠪᠠᠷ ᠪᠤᠳᠤᠨ᠎ᠠ᠃
[8] ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ᠎ᠲᠤ ᠡᠮ ᠡᠮᠨᠡᠯᠭᠡ ᠵᠢᠨ ᠦᠢ᠍ᠯᠡᠳᠬᠦ ᠦᠢ᠍ᠯᠡᠰ᠂ ᠠᠭ᠋ᠠᠷ᠎ᠤᠨ ᠠᠶᠠᠯᠠᠯ᠂ ᠰᠠᠨᠰᠠᠷ᠎ᠤᠨ ᠨᠢᠰᠦᠭᠦᠷ ᠵᠢᠴᠢ ᠲᠥᠬᠥᠭᠡᠷᠦᠮᠵᠢ ᠦᠢ᠍ᠯᠡᠳᠬᠦ ᠦᠢ᠍ᠯᠡᠰ᠂ ᠡᠯᠧᠺᠲᠷᠣᠨ ᠵᠢᠴᠢ ᠴᠢᠮᠡᠭᠡ ᠬᠣᠯᠪᠣᠭ᠎ᠠ ᠵᠢᠨ ᠲᠥᠬᠥᠭᠡᠷᠦᠮᠵᠢ ᠦᠢ᠍ᠯᠡᠳᠬᠦ ᠦᠢ᠍ᠯᠡᠰ᠂ ᠺᠣᠮᠫᠢᠦ᠋ᠲ᠋ᠧᠷ ᠵᠢᠴᠢ ᠠᠯᠪᠠᠯᠠᠬᠤ ᠲᠥᠬᠥᠭᠡᠷᠦᠮᠵᠢ ᠦᠢ᠍ᠯᠡᠳᠬᠦ ᠦᠢ᠍ᠯᠡᠰ᠂ ᠡᠮᠴᠢᠯᠡᠭᠡᠨ᠎ᠤ ᠬᠡᠮᠵᠢᠭᠦᠷᠯᠢᠭ ᠲᠥᠬᠥᠭᠡᠷᠦᠮᠵᠢ ᠵᠢᠴᠢ ᠬᠡᠮᠵᠢᠭᠦᠷᠯᠢᠭ᠎ᠤᠨ ᠦᠢ᠍ᠯᠡᠳᠬᠦ ᠦᠢ᠍ᠯᠡᠰ᠂ ᠮᠡᠳᠡᠭᠡ ᠵᠠᠩᠭᠢᠵᠢᠯᠲᠠ ᠵᠢᠨ ᠬᠢᠮᠢ ᠵᠢᠨ ᠦᠢ᠍ᠯᠡᠳᠬᠦᠨ ᠦᠢ᠍ᠯᠡᠳᠬᠦ ᠦᠢ᠍ᠯᠡᠰ ᠪᠠᠭᠲᠠᠨ᠎ᠠ᠃
[9] ᠳᠡᠭᠡᠳᠦ ᠮᠡᠷᠭᠡᠵᠢᠯ᠎ᠤᠨ ᠠᠵᠤ ᠦᠢ᠍ᠯᠡᠰ᠎ᠤᠨ ᠪᠠᠯᠠ ᠣᠷᠣᠭᠤᠯᠤᠯᠲᠠ᠎ᠳᠤ ᠡᠮ ᠡᠮᠨᠡᠯᠭᠡ ᠦᠢ᠍ᠯᠡᠳᠬᠦ᠂ ᠠᠭ᠋ᠠᠷ᠎ᠤᠨ ᠠᠶᠠᠯᠠᠯ ᠰᠠᠨᠰᠠᠷ᠎ᠤᠨ ᠨᠢᠰᠦᠭᠦᠷ ᠵᠢᠴᠢ ᠲᠥᠬᠥᠭᠡᠷᠦᠮᠵᠢ ᠦᠢ᠍ᠯᠡᠳᠬᠦ ᠵᠡᠷᠭᠡ ᠵᠢᠷᠭᠤᠭ᠋ᠠᠨ ᠶᠡᠬᠡ ᠲᠥᠷᠥᠯ᠎ᠤᠨ ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ᠎ᠤᠨ ᠪᠠᠯᠠ ᠣᠷᠣᠭᠤᠯᠤᠯᠲᠠ ᠪᠠ ᠮᠡᠳᠡᠭᠡ ᠵᠠᠩᠭᠢ ᠵᠢᠨ ᠦᠢ᠍ᠯᠡᠴᠢᠯᠡᠭᠡ᠂ ᠡᠯᠧᠺᠲᠷᠣᠨ ᠬᠤᠳᠠᠯᠳᠤᠭ᠋ᠠᠨ᠎ᠤ ᠶᠠᠪᠤᠳᠠᠯ᠎ᠤᠨ ᠦᠢ᠍ᠯᠡᠴᠢᠯᠡᠭᠡ ᠵᠡᠷᠭᠡ ᠶᠢᠰᠦᠨ ᠶᠡᠬᠡ ᠲᠥᠷᠥᠯ᠎ᠤᠨ ᠳᠡᠭᠡᠳᠦ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠪᠠᠯᠠ ᠣᠷᠣᠭᠤᠯᠤᠯᠲᠠ ᠪᠠᠭᠲᠠᠨ᠎ᠠ᠃
[10] ᠵᠡᠭᠦᠨ ᠬᠡᠰᠡᠭ᠎ᠤᠨ ᠭᠠᠵᠠᠷ ᠣᠷᠣᠨ ᠭᠡᠳᠡᠭ᠎ᠨᠢ ᠬᠥᠯᠥᠨ ᠪᠣᠶ᠋ᠢᠷ ᠬᠣᠲᠠ᠂ ᠬᠢᠩᠭ᠋ᠠᠨ ᠠᠶ᠋ᠢᠮᠠᠭ᠂ ᠲᠦᠩᠯᠢᠶᠣᠤ ᠬᠣᠲᠠ᠂ ᠤᠯᠠᠭ᠋ᠠᠨᠬᠠᠳᠠ ᠬᠣᠲᠠ᠂ ᠰᠢᠯᠢ ᠵᠢᠨ ᠭᠤᠤᠯ ᠠᠶ᠋ᠢᠮᠠᠭ᠎ᠢ ᠵᠢᠭ᠋ᠠᠵᠤ ᠪᠣᠶ; ᠳᠤᠮᠳᠠ ᠬᠡᠰᠡᠭ ᠭᠠᠵᠠᠷ ᠣᠷᠣᠨ ᠭᠡᠳᠡᠭ᠎ᠨᠢ ᠬᠥᠬᠡᠬᠣᠲᠠ᠂ ᠪᠤᠭᠤᠲᠤ ᠬᠣᠲᠠ᠂ ᠣᠷᠳᠣᠰ ᠬᠤᠳᠠ᠂ ᠤᠯᠠᠭ᠋ᠠᠨᠴᠠᠪ ᠬᠣᠲᠠ ᠵᠢ ᠵᠢᠭ᠋ᠠᠵᠤ ᠪᠤᠶ; ᠪᠠᠷᠠᠭᠤᠨ ᠬᠡᠰᠡᠭ᠎ᠤᠨ ᠭᠠᠵᠠᠷ ᠣᠷᠣᠨ ᠭᠡᠳᠡᠭ᠎ᠨᠢ ᠪᠠᠶᠠᠨᠨᠠᠭᠤᠷ ᠬᠤᠳᠠ᠂ ᠦᠬᠠᠢ ᠬᠤᠳᠠ᠂ ᠠᠯᠠᠱ᠌ᠠ ᠠᠶ᠋ᠢᠮᠠᠭ᠎ᠢ ᠵᠢᠭ᠋ᠠᠵᠤ ᠪᠤᠢ᠃
[11] ᠭᠣᠣᠯ ᠪᠣᠯᠬᠤ ᠠᠵᠤ ᠦᠢ᠍ᠯᠡᠳᠪᠦᠷᠢ ᠵᠢᠨ ᠦᠢ᠍ᠯᠡᠳᠬᠦᠨ᠎ᠤ ᠭᠠᠷᠤᠯᠲᠠ ᠵᠢᠨ ᠳᠣᠲᠣᠷ᠎ᠠ᠂ ᠨᠡᠭᠦᠷᠡᠰᠦᠨ᠎ᠤ ᠭᠠᠷᠤᠯᠲᠠ᠎ᠠᠴᠠ ᠭᠠᠳᠠᠨ᠎ᠠ᠂ ᠴᠠᠬᠢᠯᠭ᠋ᠠᠨ ᠭᠠᠷᠭ᠋ᠠᠭᠰᠠᠨ ᠬᠡᠮᠵᠢᠶ᠎ᠡ᠎ᠨᠢ ᠪᠦᠬᠦ ᠰᠢᠰᠲ᠋ᠧᠮ᠎ᠤᠨ ᠲᠣᠭ᠎ᠠ ᠪᠠᠷᠢᠮᠲᠠ ᠪᠠᠶ᠋ᠢᠵᠤ᠂ ᠪᠤᠰᠤᠳ᠎ᠨᠢ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠰᠢᠰᠲ᠋ᠧᠮ᠎ᠤᠨ ᠲᠣᠭ᠎ᠠ ᠪᠠᠷᠢᠮᠲᠠ ᠪᠣᠯᠤᠨ᠎ᠠ᠃
[12] ᠪᠠᠭ᠎ᠠ ᠬᠡᠮᠵᠢᠶᠡᠨ᠎ᠤ ᠴᠠᠬᠢᠯᠭ᠋ᠠᠨ ᠭᠠᠷᠭ᠋ᠠᠬᠤ ᠮᠠᠰᠢᠨ ᠴᠣᠭᠴᠠᠯᠠᠪᠤᠷᠢ ᠵᠢᠨ ᠪᠠᠭᠲᠠᠭ᠋ᠠᠮᠵᠢ (ᠵᠢᠱ᠌ᠢᠶᠡᠯᠡᠪᠡᠯ ᠭᠠᠵᠠᠷ᠎ᠤᠨ ᠢᠯᠴᠢ ᠵᠡᠷᠭᠡ) ᠵᠢᠨ ᠠᠯᠪᠠᠨ ᠮᠡᠳᠡᠭᠡ᠎ᠳᠤ ᠵᠢᠭᠰᠠᠭ᠋ᠠᠭᠰᠠᠨ ᠦᠭᠡᠢ᠃
[13] ᠬᠡᠪᠴᠢᠶᠡᠵᠢᠯ᠎ᠠᠴᠠ ᠳᠡᠭᠡᠭᠰᠢᠬᠢ ᠦᠢ᠍ᠯᠡᠴᠢᠯᠡᠭᠡᠨ᠎ᠤ ᠦᠢ᠍ᠯᠡᠰ᠎ᠤᠨ ᠪᠦᠷᠢᠳᠬᠡᠬᠦ ᠬᠡᠪᠴᠢᠶ᠎ᠡ᠎ᠳᠤ᠄ ᠣᠨ᠎ᠤ ᠡᠵᠡᠩᠨᠡᠯᠲᠡ ᠵᠢᠨ ᠣᠷᠣᠯᠭ᠎ᠠ᠎ᠨᠢ 2000 ᠲᠦᠮᠡᠨ ᠲᠥᠭᠥᠷᠢᠭ ᠵᠢᠴᠢ ᠲᠡᠭᠦᠨ᠎ᠠᠴᠠ ᠳᠡᠭᠡᠭᠰᠢᠬᠢ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠨ ᠬᠠᠳᠠᠭ᠋ᠠᠯᠠᠬᠤ ᠪᠠ ᠰᠢᠤᠳᠠᠨ᠎ᠤ ᠦᠢ᠍ᠯᠡᠰ᠂ ᠮᠡᠳᠡᠭᠡ ᠵᠠᠩᠭᠢ ᠵᠢᠨ ᠳᠠᠮᠵᠢᠭᠤᠯᠭ᠎ᠠ᠂ ᠵᠥᠭᠡᠯᠡᠨ ᠲᠣᠨᠣᠭ ᠪᠠ ᠮᠡᠳᠡᠭᠡ ᠵᠠᠩᠭᠢ ᠵᠢᠨ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠂ ᠤᠰᠤᠨ ᠠᠰᠢᠭᠯᠠᠯᠲᠠ᠂ ᠣᠷᠴᠢᠨ ᠲᠣᠭᠣᠷᠢᠨ ᠪᠠ ᠣᠯᠠᠨ ᠨᠡᠶ᠋ᠢᠲᠡ ᠵᠢᠨ ᠪᠡᠯᠡᠳᠬᠡᠮᠵᠢ ᠵᠢᠨ ᠬᠠᠮᠢᠶᠠᠷᠤᠯᠲᠠ ᠵᠢᠨ ᠦᠢ᠍ᠯᠡᠰ᠂ ᠡᠷᠡᠭᠦᠯ ᠬᠠᠮᠠᠭ᠋ᠠᠯᠠᠯ᠎ᠤᠨ ᠠᠵᠢᠯ ᠲᠥᠷᠥᠯ᠎ᠤᠨ ᠬᠠᠤᠯᠢ ᠵᠢᠨ ᠡᠷᠬᠡᠲᠡᠨ᠎ᠤ ᠨᠢᠭᠡᠴᠡ ᠪᠠᠭᠲᠠᠨ᠎ᠠ; ᠣᠨ᠎ᠤ ᠡᠵᠡᠩᠨᠡᠯᠲᠡ ᠵᠢᠨ ᠣᠷᠣᠯᠭ᠎ᠠ᠎ᠨᠢ 1000 ᠲᠦᠮᠡᠨ ᠲᠥᠭᠥᠷᠢᠭ ᠵᠢᠴᠢ ᠲᠡᠭᠦᠨ᠎ᠠᠴᠠ ᠳᠡᠭᠡᠭᠰᠢᠬᠢ ᠭᠡᠷ ᠪᠠᠶ᠋ᠢᠰᠢᠩ ᠭᠠᠵᠠᠷ ᠬᠥᠷᠥᠩᠭᠡ ᠵᠢᠨ ᠦᠢ᠍ᠯᠡᠰ (ᠭᠡᠷ ᠪᠠᠶ᠋ᠢᠰᠢᠩ ᠭᠠᠵᠠᠷ ᠬᠥᠷᠥᠩᠭᠡ ᠵᠢᠨ ᠨᠡᠭᠡᠭᠡᠯᠲᠡ ᠵᠢᠨ ᠡᠵᠡᠩᠨᠡᠯᠲᠡ ᠪᠠᠭᠲᠠᠬᠤ
ᠦᠭᠡᠶ)᠂ ᠲᠦᠷᠢᠶᠡᠰᠦᠯᠡᠬᠦ ᠪᠠ ᠬᠤᠳᠠᠯᠳᠤᠭ᠋ᠠᠨ᠎ᠤ ᠶᠠᠪᠤᠳᠠᠯ᠎ᠤᠨ ᠦᠢ᠍ᠯᠡᠴᠢᠯᠡᠭᠡᠨ᠎ᠤ ᠦᠢ᠍ᠯᠡᠰ᠂ ᠰᠢᠨᠵᠢᠯᠡᠬᠦ ᠤᠬᠠᠭ᠋ᠠᠨ᠎ᠤ ᠰᠤᠳᠤᠯᠤᠯ ᠪᠣᠯᠤᠨ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠂ ᠰᠤᠷᠭ᠋ᠠᠨ ᠬᠥᠮᠦᠵᠢᠯ᠎ᠤᠨ ᠠᠵᠢᠯ ᠲᠥᠷᠥᠯ᠎ᠤᠨ ᠬᠠᠤᠯᠢ ᠵᠢᠨ ᠡᠷᠬᠡᠲᠡᠨ᠎ᠤ ᠨᠢᠭᠡᠴᠡ; ᠵᠢᠴᠢ ᠵᠢᠯ᠎ᠤᠨ ᠡᠵᠡᠩᠨᠡᠯᠲᠡ ᠵᠢᠨ ᠣᠷᠣᠯᠭ᠎ᠠ᠎ᠨᠢ 500 ᠲᠦᠮᠡᠨ ᠲᠥᠭᠥᠷᠢᠭ ᠵᠢᠴᠢ ᠲᠡᠭᠦᠨ᠎ᠠᠴᠠ ᠳᠡᠭᠡᠭᠰᠢᠬᠢ ᠰᠠᠭᠤᠭ᠋ᠠᠯᠢ ᠠᠷᠠᠳ᠎ᠤᠨ ᠦᠢ᠍ᠯᠡᠴᠢᠯᠡᠭᠡ᠂ ᠰᠡᠯᠪᠢᠨ ᠵᠠᠰᠠᠬᠤ ᠪᠠ ᠪᠤᠰᠤᠳ ᠦᠢ᠍ᠯᠡᠴᠢᠯᠡᠭᠡᠨ᠎ᠤ ᠦᠢ᠍ᠯᠡᠰ᠂ ᠰᠣᠶᠣᠯ᠂ ᠪᠡᠶ᠎ᠡ ᠵᠢᠨ ᠲᠠᠮᠢᠷ ᠪᠣᠯᠤᠨ ᠵᠤᠭ᠎ᠠ ᠴᠡᠩᠭᠡᠯ᠎ᠤᠨ ᠦᠢ᠍ᠯᠡᠰ᠂ ᠨᠡᠶ᠋ᠢᠭᠡᠮ᠎ᠤᠨ ᠠᠵᠢᠯ᠎ᠤᠨ ᠠᠵᠢᠯ ᠲᠥᠷᠥᠯ᠎ᠤᠨ ᠬᠠᠤᠯᠢ ᠵᠢᠨ ᠡᠷᠬᠡᠲᠡᠨ᠎ᠤ ᠨᠢᠭᠡᠴᠡ᠃ 2023 ᠣᠨ᠎ᠤ ᠬᠡᠪᠴᠢᠶᠡᠵᠢᠯ᠎ᠠᠴᠠ ᠳᠡᠭᠡᠭᠰᠢᠬᠢ ᠦᠢ᠍ᠯᠡᠴᠢᠯᠡᠭᠡᠨ᠎ᠤ ᠦᠢ᠍ᠯᠡᠰ᠎ᠤᠨ ᠠᠵᠤ ᠠᠬᠤᠶ᠋ᠢᠯᠠᠯ᠎ᠤᠨ ᠡᠳ᠋᠎ᠤᠨ ᠶᠠᠪᠤᠳᠠᠯ᠎ᠤᠨ ᠭᠦᠢ᠍ᠴᠡᠳᠭᠡᠯ ᠲᠣᠭ᠎ᠠ ᠵᠢᠨ ᠨᠡᠮᠡᠭᠳᠡᠯ᠎ᠤᠨ ᠬᠤᠷᠳᠤᠴᠠ ᠵᠢ ᠬᠠᠷᠢᠴᠠᠭᠤᠯᠵᠤ ᠪᠣᠯᠬᠤ ᠪᠠᠷᠢᠮᠵᠢᠶ᠎ᠠ᠎ᠪᠠᠷ ᠪᠤᠳᠤᠨ᠎ᠠ᠃
[14] ᠡᠳ᠋ ᠪᠠᠷᠠᠭ᠋ᠠᠨ᠎ᠤ ᠲᠡᠭᠡᠭᠡᠪᠦᠷᠢ ᠵᠢᠨ ᠶᠡᠷᠦᠩᠬᠡᠶ ᠬᠡᠮᠵᠢᠶ᠎ᠡ ᠵᠢᠴᠢ ᠡᠷᠭᠢᠯᠲᠡ ᠵᠢᠨ ᠬᠡᠮᠵᠢᠶ᠎ᠡ᠎ᠳᠤ ᠲᠡᠮᠦᠷ ᠵᠠᠮ᠂ ᠵᠠᠰᠠᠮᠠᠯ ᠵᠠᠮ᠂ ᠠᠷᠠᠳ᠎ᠤᠨ ᠠᠭ᠋ᠠᠷ᠎ᠤᠨ ᠲᠡᠭᠡᠭᠡᠪᠦᠷᠢ ᠵᠡᠷᠭᠡ ᠭᠤᠷᠪᠠᠨ ᠵᠦᠢ᠍ᠯ᠎ᠤᠨ ᠲᠡᠭᠡᠭᠡᠪᠦᠷᠢ ᠵᠢᠨ ᠠᠷᠭ᠎ᠠ ᠮᠠᠶᠢᠭ᠎ᠤᠨ ᠪᠡᠶᠡᠯᠡᠭᠦᠯᠦᠭᠰᠡᠨ ᠬᠡᠮᠵᠢᠶ᠎ᠡ ᠪᠠᠭᠲᠠᠵᠤ᠂ 2023 ᠣᠨ᠎ᠤ ᠨᠡᠮᠡᠭᠳᠡᠯ᠎ᠤᠨ ᠬᠤᠷᠳᠤᠴᠠ ᠵᠢ ᠬᠠᠷᠢᠴᠠᠭᠤᠯᠵᠤ ᠪᠣᠯᠬᠤ ᠪᠠᠷᠢᠮᠵᠢᠶ᠎ᠠ᠎ᠪᠠᠷ ᠪᠤᠳᠤᠨ᠎ᠠ᠃
[15] ᠰᠢᠦᠳᠠᠨ᠎ᠤ ᠠᠵᠢᠯ ᠲᠦᠷᠦᠯ᠎ᠤᠨ ᠬᠦᠷᠭᠡᠬᠦ ᠲᠤᠬᠠᠶ᠋ᠢᠯᠠᠭᠰᠠᠨ ᠠᠵᠢᠯ᠎ᠤᠨ ᠶᠡᠷᠦᠩᠬᠡᠢ ᠬᠡᠮᠵᠢᠶ᠎ᠡ ᠭᠡᠳᠡᠭ ᠪᠣᠯ ᠠᠵᠤ ᠠᠬᠤᠶ᠋ᠢᠯᠠᠯ᠎ᠤᠨ ᠡᠯ᠎ᠡ ᠲᠦᠷᠦᠯ᠎ᠤᠨ ᠰᠢᠦᠳᠠᠨ᠎ᠤ ᠲᠦᠭᠡᠮᠡᠯ ᠦᠢ᠍ᠯᠡᠴᠢᠯᠡᠭᠡᠨ᠎ᠤ ᠲᠤᠬᠠᠶ᠋ᠢᠯᠠᠭᠰᠠᠨ ᠠᠵᠢᠯ᠂ ᠲᠦᠷᠭᠡᠨ ᠬᠦᠷᠭᠡᠬᠦ ᠲᠤᠬᠠᠶ᠋ᠢᠯᠠᠭᠰᠠᠨ ᠠᠵᠢᠯ᠎ᠢ ᠡᠷᠬᠢᠯᠡᠭᠰᠡᠨ ᠶᠡᠷᠦᠩᠬᠡᠢ ᠲᠣᠭ᠎ᠠ ᠬᠡᠮᠵᠢᠶ᠎ᠡ ᠵᠢ ᠵᠢᠭ᠋ᠠᠵᠤ ᠪᠠᠶ᠋ᠢᠨ᠎ᠠ᠃
[16] ᠴᠠᠬᠢᠯᠭ᠋ᠠᠨ ᠬᠣᠯᠪᠣᠭ᠋ᠠᠨ᠎ᠤ ᠲᠤᠬᠠᠶ᠋ᠢᠯᠠᠭᠰᠠᠨ ᠠᠵᠢᠯ᠎ᠤᠨ ᠶᠡᠷᠦᠩᠬᠡᠶ ᠬᠡᠮᠵᠢᠶ᠎ᠡ ᠵᠢ ᠳᠡᠭᠡᠷ᠎ᠡ ᠵᠢᠯ᠎ᠤᠨ ᠦᠨ᠎ᠡ᠎ᠪᠠᠷ ᠪᠤᠳᠤᠨ᠎ᠠ᠃
[17] ᠲᠣᠭᠲᠠᠮᠠᠯ ᠢᠨᠲᠸᠷ ᠰᠦᠯᠵᠢᠶᠡᠨ᠎ᠤ ᠥᠷᠭᠡᠨ ᠪᠦᠰᠡ ᠵᠠᠯᠭ᠋ᠠᠬᠤ ᠬᠡᠷᠡᠭᠯᠡᠭᠴᠢ ᠭᠡᠳᠡᠭ ᠪᠣᠯ ᠮᠡᠳᠡᠭᠦᠯᠦᠯᠲᠡ ᠵᠢᠨ ᠬᠤᠭᠤᠴᠠᠭ᠋ᠠᠨ ᠡᠴᠦᠰ᠎ᠲᠤ ᠴᠠᠬᠢᠯᠭ᠋ᠠᠨ ᠬᠣᠯᠪᠣᠭ᠋ᠠᠨ᠎ᠤ ᠠᠵᠤ ᠠᠬᠤᠶ᠋ᠢᠯᠠᠯ᠎ᠳᠤ ᠪᠦᠷᠢᠳᠬᠡᠭᠦᠯᠦᠨ ᠳᠠᠩᠰᠠᠯᠠᠭᠤᠯᠵᠤ᠂ xDSL᠂ FTTx + LAN᠂ FTTH / O ᠵᠢᠴᠢ ᠪᠤᠰᠤᠳ ᠥᠷᠭᠡᠨ ᠪᠦᠰᠡ ᠵᠠᠯᠭ᠋ᠠᠬᠤ ᠠᠷᠭ᠎ᠠ ᠮᠠᠶᠢᠭ ᠪᠠ ᠡᠩ᠎ᠤᠨ ᠲᠤᠰᠬᠠᠶ ᠤᠲᠠᠰᠤ᠎ᠪᠠᠷ ᠳᠠᠮᠵᠢᠭᠤᠯᠤᠨ ᠣᠯᠠᠨ ᠨᠡᠶ᠋ᠢᠲᠡ ᠵᠢᠨ ᠢᠨᠲᠸᠷ ᠰᠦᠯᠵᠢᠶᠡᠨ᠎ᠤ ᠬᠡᠷᠡᠭᠯᠡᠭᠴᠢ ᠵᠢ ᠵᠢᠭ᠋ᠠᠵᠤ ᠪᠠᠶ᠋ᠢᠨ᠎ᠠ᠃
[18] ᠰᠠᠭᠤᠷᠢ ᠪᠡᠯᠡᠳᠬᠡᠮᠵᠢ ᠵᠢᠨ ᠪᠠᠯᠠ ᠣᠷᠣᠭᠤᠯᠤᠯᠲᠠ᠎ᠳᠤ ᠲᠡᠮᠦᠷ ᠵᠠᠮ᠎ᠤᠨ ᠲᠡᠭᠡᠭᠡᠪᠦᠷᠢ ᠵᠢᠨ ᠦᠢ᠍ᠯᠡᠰ᠂ ᠵᠠᠮ ᠲᠡᠭᠡᠭᠡᠪᠦᠷᠢ ᠵᠢᠨ ᠦᠢ᠍ᠯᠡᠰ᠂ ᠤᠰᠤᠨ ᠲᠡᠭᠡᠭᠡᠪᠦᠷᠢ ᠵᠢᠨ ᠦᠢ᠍ᠯᠡᠰ᠂ ᠠᠭ᠋ᠠᠷ᠎ᠤᠨ ᠲᠡᠭᠡᠭᠡᠪᠦᠷᠢ ᠵᠢᠨ ᠦᠢ᠍ᠯᠡᠰ᠂ ᠬᠣᠭᠣᠯᠠᠶ ᠵᠢᠨ ᠲᠡᠭᠡᠭᠡᠪᠦᠷᠢ ᠵᠢᠨ ᠦᠢ᠍ᠯᠡᠰ᠂ ᠣᠯᠠᠨ ᠬᠡᠯᠪᠡᠷᠢ ᠵᠢᠨ ᠬᠣᠯᠪᠣᠭ᠋ᠠᠯᠠᠨ ᠲᠡᠭᠡᠭᠡᠪᠦᠷᠢᠯᠡᠬᠦ ᠪᠠ ᠲᠡᠭᠡᠭᠡᠪᠦᠷᠢ ᠵᠢ ᠣᠷᠣᠯᠠᠨ ᠭᠦᠢ᠍ᠴᠡᠳᠭᠡᠬᠦ ᠦᠢ᠍ᠯᠡᠰ᠂ ᠠᠴᠢᠬᠤ ᠪᠠᠭᠤᠯᠭ᠋ᠠᠬᠤ ᠵᠥᠭᠡᠭᠡᠪᠦᠷᠢᠯᠡᠬᠦ ᠦᠢ᠍ᠯᠡᠰ᠂ ᠰᠢᠤᠳᠠᠨ᠎ᠤ ᠦᠢ᠍ᠯᠡᠰ᠂ ᠴᠠᠬᠢᠯᠭ᠋ᠠᠨ ᠬᠣᠯᠪᠣᠭ᠎ᠠ ᠷᠠᠳᠢᠣ᠋ ᠨᠡᠪᠲᠡᠷᠡᠭᠦᠯᠭᠡ ᠲᠧᠯᠸᠢᠰ ᠪᠠ ᠳᠠᠭ᠋ᠠᠭᠤᠯᠢ ᠣᠳᠣᠨ᠎ᠤ ᠳᠠᠮᠵᠢᠭᠤᠯᠬᠤ ᠦᠢ᠍ᠯᠡᠴᠢᠯᠡᠭᠡᠨ᠎ᠤ ᠦᠢ᠍ᠯᠡᠰ᠂ ᠢᠨᠲᠸᠷ ᠰᠦᠯᠵᠢᠶ᠎ᠡ ᠪᠠ ᠬᠠᠮᠢᠶ᠎ᠠ ᠪᠥᠬᠥᠶ ᠦᠢ᠍ᠯᠡᠴᠢᠯᠡᠭᠡᠨ᠎ᠤ ᠦᠢ᠍ᠯᠡᠰ᠂ ᠤᠰᠤᠨ ᠠᠰᠢᠭᠯᠠᠯᠲᠠ ᠵᠢᠨ ᠬᠠᠮᠢᠶᠠᠷᠤᠯᠲᠠ ᠵᠢᠨ ᠦᠢ᠍ᠯᠡᠰ᠂ ᠠᠮᠢ ᠠᠬᠤᠶ ᠵᠢᠨ ᠬᠠᠮᠠᠭ᠋ᠠᠯᠠᠯᠲᠠ ᠪᠠ ᠣᠷᠴᠢᠨ ᠲᠣᠭᠣᠷᠢᠨ᠎ᠤ ᠵᠠᠰᠠᠯᠲᠠ ᠵᠢᠨ
ᠦᠢ᠍ᠯᠡᠰ᠂ ᠣᠯᠠᠨ ᠨᠡᠶ᠋ᠢᠲᠡ ᠵᠢᠨ ᠪᠡᠯᠡᠳᠬᠡᠮᠵᠢ ᠵᠢᠨ ᠬᠠᠮᠢᠶᠠᠷᠤᠯᠲᠠ ᠵᠢᠨ ᠦᠢ᠍ᠯᠡᠰ᠎ᠤᠨ ᠪᠠᠯᠠ ᠣᠷᠣᠭᠤᠯᠤᠯᠲᠠ ᠪᠠᠭᠲᠠᠨ᠎ᠠ᠃
[19] ᠠᠷᠠᠳ᠎ᠤᠨ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ ᠭᠡᠳᠡᠭ᠎ᠨᠢ ᠬᠠᠮᠲᠤ ᠨᠡᠶ᠋ᠢᠲᠡ᠂ ᠬᠤᠪᠢ ᠵᠢᠨ ᠡᠵᠡᠩᠨᠡᠭᠰᠡᠨ᠂ ᠬᠤᠪᠢ ᠬᠥᠮᠦᠨ᠎ᠤ ᠰᠢᠨᠵᠢ ᠴᠢᠨᠠᠷᠲᠠᠢ ᠳᠣᠲᠣᠭ᠋ᠠᠳᠤ ᠪᠠᠯᠠ ᠵᠢᠨ ᠠᠵᠤ ᠠᠬᠤᠶ᠋ᠢᠯᠠᠯ (ᠠᠵᠢᠯ ᠦᠢ᠍ᠯᠡᠰ)᠎ᠤᠨ ᠨᠢᠭᠡᠴᠡ ᠵᠢᠴᠢ ᠲᠡᠭᠦᠨ᠎ᠤ ᠬᠤᠪᠢ ᠡᠵᠡᠮᠳᠡᠭᠰᠡᠨ (ᠬᠠᠷᠢᠴᠠᠯᠠᠰᠢ ᠥᠬᠡᠶ ᠬᠤᠪᠢ ᠡᠵᠡᠮᠳᠡᠭᠰᠡᠨ ᠪᠠ ᠬᠠᠷᠢᠴᠠᠩᠭᠤᠶ ᠬᠤᠪᠢ ᠡᠵᠡᠮᠳᠡᠭᠰᠡᠨ ᠪᠠᠭᠲᠠᠨ᠎ᠠ) ᠠᠵᠤ ᠠᠬᠤᠶ᠋ᠢᠯᠠᠯ᠎ᠤᠨ ᠨᠢᠭᠡᠴᠡ᠎ᠠᠴᠠ ᠲᠣᠭᠲᠠᠮᠠᠯ ᠬᠥᠷᠥᠩᠭᠡ ᠪᠠᠶ᠋ᠢᠭᠤᠯᠬᠤ ᠪᠤᠶᠤ ᠬᠤᠳᠠᠯᠳᠤᠨ ᠠᠪᠬᠤ ᠵᠢ ᠵᠢᠭ᠋ᠠᠵᠤ ᠪᠣᠶ᠃
[20] ᠬᠡᠷ ᠪᠠᠶ᠋ᠢᠰᠢᠩ ᠭᠠᠵᠠᠷ ᠬᠥᠷᠥᠩᠭᠡ ᠵᠢᠨ ᠦᠢ᠍ᠯᠡᠰ᠎ᠤᠨ ᠪᠠᠯᠠ ᠣᠷᠣᠭᠤᠯᠤᠯᠲᠠ᠎ᠳᠤ ᠬᠡᠷ ᠪᠠᠶ᠋ᠢᠰᠢᠩ ᠭᠠᠵᠠᠷ ᠬᠥᠷᠥᠩᠭᠡ ᠵᠢᠨ ᠨᠡᠭᠡᠭᠡᠨ ᠬᠥᠭᠵᠢᠭᠦᠯᠦᠯᠲᠡ ᠵᠢᠨ ᠪᠠᠯᠠ ᠣᠷᠣᠭᠤᠯᠤᠯᠲᠠ᠎ᠠᠴᠠ ᠭᠠᠳᠠᠨ᠎ᠠ᠂ ᠪᠠᠰᠠ ᠪᠥᠲᠥᠭᠡᠨ ᠪᠠᠶ᠋ᠢᠭᠤᠯᠬᠤ ᠨᠢᠭᠡᠴᠢ ᠵᠢᠨ ᠥᠪᠡᠷ ᠵᠶ᠋ᠠᠨ ᠪᠠᠷᠢᠭᠰᠠᠨ ᠬᠡᠷ ᠪᠠᠶ᠋ᠢᠰᠢᠩ ᠵᠢᠴᠢ ᠠᠳᠠᠯ ᠠᠬᠤᠶ ᠵᠢᠨ ᠬᠠᠮᠢᠶᠠᠷᠤᠯᠲᠠ᠂ ᠵᠠᠭᠤᠴᠢ ᠦᠢ᠍ᠯᠡᠴᠢᠯᠡᠭᠡ ᠪᠠ ᠪᠤᠰᠤᠳ ᠬᠡᠷ ᠪᠠᠶ᠋ᠢᠰᠢᠩ ᠭᠠᠵᠠᠷ ᠬᠥᠷᠥᠩᠭᠡ ᠵᠢᠨ ᠪᠠᠯᠠ ᠣᠷᠣᠭᠤᠯᠤᠯᠲᠠ ᠪᠠᠭᠲᠠᠨ᠎ᠠ᠃
[21] 《ᠨᠢᠭᠡ ᠪᠦᠰᠡ ᠨᠢᠭᠡ ᠵᠠᠮ》 ᠭᠡᠵᠦ 《ᠲᠣᠷᠭ᠋ᠠᠨ ᠵᠠᠮ᠎ᠤᠨ ᠠᠵᠤ ᠠᠬᠤᠢ ᠵᠢᠨ ᠪᠦᠰᠡ》 ᠪᠠ 《21 ᠳ᠋ᠦᠭᠡᠷ ᠵᠠᠭᠤᠨ᠎ᠤ ᠲᠠᠯᠠᠢ ᠳᠡᠭᠡᠷᠡᠬᠢ ᠲᠣᠷᠭ᠋ᠠᠨ ᠵᠠᠮ》᠎ᠢ ᠬᠡᠯᠡᠵᠦ ᠪᠠᠶ᠋ᠢᠨ᠎ᠠ᠃
[22] ᠤᠤᠯ ᠳᠠᠭ᠋ᠠᠳᠬᠠᠯ᠎ᠤᠨ ᠵᠠᠷᠤᠳᠠᠯ᠎ᠤᠨ ᠣᠷᠣᠯᠭ᠎ᠠ ᠭᠡᠳᠡᠭ᠎ᠨᠢ ᠳᠠᠭ᠋ᠠᠳᠬᠠᠯ᠎ᠤᠨ ᠠᠵᠤ ᠠᠬᠤᠶ᠋ᠢᠯᠠᠯ᠎ᠤᠨ ᠨᠤᠲᠠᠯᠠᠨ ᠲᠣᠭᠲᠠᠭ᠋ᠠᠭᠰᠠᠨ ᠤᠤᠯ ᠳᠠᠭ᠋ᠠᠳᠬᠠᠯ᠎ᠤᠨ ᠭᠡᠷ᠎ᠡ ᠵᠢᠨ ᠳᠠᠭ᠋ᠠᠳᠬᠠᠯ᠎ᠤᠨ ᠵᠠᠷᠤᠳᠠᠯ᠎ᠤᠨ ᠣᠷᠣᠯᠭ᠎ᠠ ᠵᠢ ᠵᠢᠭ᠋ᠠᠵᠤ ᠪᠠᠶ᠋ᠢᠨ᠎ᠠ᠃
[23] ᠬᠣᠶᠠᠷ ᠵᠢᠯ᠎ᠤᠨ ᠳᠤᠮᠳᠠᠴᠢ ᠨᠡᠮᠡᠭᠳᠡᠯ᠎ᠤᠨ ᠬᠤᠷᠳᠤᠴᠠ ᠭᠡᠳᠡᠭ᠎ᠨᠢ 2021 ᠣᠨ᠎ᠤ ᠵᠣᠬᠢᠴᠠᠩᠭᠤᠢ ᠠᠳᠠᠯᠢ ᠬᠤᠭᠤᠴᠠᠭ᠋ᠠᠨ᠎ᠤ ᠲᠣᠭ᠎ᠠ᠎ᠪᠠᠷ ᠰᠠᠭᠤᠷᠢ ᠲᠣᠭ᠎ᠠ ᠪᠣᠯᠭ᠋ᠠᠵᠤ᠂ ᠭᠧᠣᠮᠧᠲᠷᠢ ᠵᠢᠨ ᠳᠤᠮᠳᠠᠴᠢ ᠠᠷᠭ᠎ᠠ᠎ᠪᠠᠷ ᠪᠤᠳᠤᠬᠤ ᠨᠡᠮᠡᠭᠳᠡᠯ᠎ᠤᠨ ᠬᠤᠷᠳᠤᠴᠠ ᠵᠢ ᠵᠢᠭ᠋ᠠᠵᠤ ᠪᠠᠶ᠋ᠢᠨ᠎ᠠ᠃
ᠮᠠᠲ᠋ᠧᠷᠢᠶᠠᠯ᠎ᠤᠨ ᠢᠷᠡᠯᠲᠡ᠄
ᠲᠤᠰ ᠠᠯᠪᠠᠨ ᠮᠡᠳᠡᠭᠡ᠎ᠳᠠᠬᠢ ᠬᠣᠲᠠ ᠪᠠᠯᠭ᠋ᠠᠰᠤᠨ᠎ᠤ ᠰᠢᠨ᠎ᠡ᠎ᠪᠠᠷ ᠨᠡᠮᠡᠭᠳᠡᠭᠰᠡᠨ ᠠᠵᠢᠯ ᠣᠯᠭᠣᠯᠲᠠ᠂ ᠨᠡᠶ᠋ᠢᠭᠡᠮ᠎ᠤᠨ ᠪᠠᠲᠤᠯᠠᠭ᠎ᠠ ᠵᠢᠨ ᠲᠣᠭ᠎ᠠ ᠪᠠᠷᠢᠮᠲᠠ᠎ᠨᠢ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠠᠴᠠ ᠢᠷᠡᠯᠲᠡ᠎ᠲᠠᠢ; ᠦᠨ᠎ᠡ ᠬᠠᠩᠰᠢ ᠵᠢᠨ ᠵᠢᠭ᠋ᠠᠯᠲᠠ ᠲᠣᠭ᠎ᠠ᠂ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠬᠡᠷᠡᠭᠯᠡᠭᠡ᠂ ᠠᠮᠤ ᠪᠤᠳᠠᠭ᠎ᠠ ᠳᠠᠷᠢᠬᠤ ᠲᠠᠯᠠᠪᠠᠶ᠂ ᠠᠮᠤ ᠪᠤᠳᠠᠭ᠋ᠠᠨ᠎ᠤ ᠤᠨᠠᠯᠲᠠ᠂ ᠭᠠᠬᠠᠶ ᠦᠬᠡᠷ ᠬᠣᠨᠢ ᠵᠢᠭᠦᠷᠲᠡᠨ᠎ᠤ ᠮᠢᠬᠠᠨ᠎ᠤ ᠭᠠᠷᠤᠯᠲᠠ᠂ ᠵᠢᠭᠦᠷᠲᠡᠨ᠎ᠤ ᠥᠨᠳᠡᠭᠡᠨ᠎ᠤ ᠭᠠᠷᠤᠯᠲᠠ᠂ ᠦᠨᠢᠶᠡᠨ ᠰᠦ ᠵᠢᠨ ᠭᠠᠷᠤᠯᠲᠠ᠂ ᠭᠠᠬᠠᠶ ᠦᠬᠡᠷ ᠬᠣᠨᠢ ᠵᠢᠭᠦᠷᠲᠡᠨ᠎ᠤ ᠲᠣᠭ᠎ᠠ ᠪᠠᠷᠢᠮᠲᠠ᠎ᠨᠢ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠥᠪᠥᠷ ᠮᠣᠩᠭᠣᠯ᠎ᠤᠨ ᠪᠠᠶ᠋ᠢᠴᠠᠭ᠋ᠠᠯᠲᠠ ᠵᠢᠨ ᠶᠡᠷᠦᠩᠬᠡᠶ ᠠᠩᠭᠢ᠎ᠠᠴᠠ ᠢᠷᠡᠯᠲᠡ᠎ᠲᠠᠢ; ᠴᠠᠬᠢᠯᠭ᠋ᠠᠨ ᠭᠠᠷᠭ᠋ᠠᠬᠤ ᠮᠠᠰᠢᠨ ᠴᠣᠭᠴᠠᠯᠠᠪᠤᠷᠢ ᠵᠢᠨ ᠪᠠᠭᠲᠠᠭ᠋ᠠᠮᠵᠢ ᠵᠢᠨ ᠲᠣᠭ᠎ᠠ ᠪᠠᠷᠢᠮᠲᠠ᠎ᠨᠢ ᠴᠠᠬᠢᠯᠭ᠋ᠠᠨ ᠬᠦᠴᠦᠨ᠎ᠤ ᠠᠵᠢᠯ ᠲᠥᠷᠥᠯ᠎ᠤᠨ ᠨᠡᠶ᠋ᠢᠭᠡᠮᠯᠢᠭ᠎ᠠᠴᠠ ᠢᠷᠡᠯᠲᠡ᠎ᠲᠠᠢ; ᠭᠠᠳᠠᠭ᠋ᠠᠳᠤ ᠠᠷᠠᠯᠵᠢᠶᠠᠨ᠎ᠤ ᠲᠣᠭ᠎ᠠ ᠪᠠᠷᠢᠮᠲᠠ᠎ᠨᠢ ᠬᠥᠬᠡᠬᠣᠲᠠ ᠪᠣᠭᠣᠮᠲᠠ᠎ᠠᠴᠠ ᠢᠷᠡᠯᠲᠡ᠎ᠲᠠᠢ; ᠪᠣᠳᠠᠲᠠᠶ ᠬᠡᠷᠡᠭᠯᠡᠭᠰᠡᠨ ᠭᠠᠳᠠᠭ᠋ᠠᠳᠤ ᠪᠠᠯᠠ ᠵᠢᠨ ᠲᠣᠭ᠎ᠠ ᠪᠠᠷᠢᠮᠲᠠ᠎ᠨᠢ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠠᠴᠠ ᠢᠷᠡᠯᠲᠡ᠎ᠲᠠᠢ; ᠳᠠᠩᠰᠠᠯᠠᠭᠤᠯᠤᠭᠰᠠᠨ ᠠᠵᠤ ᠠᠬᠤᠶ᠋ᠢᠯᠠᠯ᠎ᠤᠨ ᠲᠣᠭ᠎ᠠ᠂ ᠲᠤᠰᠬᠠᠶ ᠠᠰᠢᠭ᠎ᠤᠨ ᠲᠣᠭ᠎ᠠ ᠪᠠᠷᠢᠮᠲᠠ᠎ᠨᠢ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠠᠴᠠ ᠢᠷᠡᠯᠲᠡ᠎ᠲᠠᠢ; ᠠᠶᠠᠨᠴᠢᠳ ᠪᠠ ᠪᠠᠷᠠᠭ᠋ᠠᠨ᠎ᠤ ᠲᠡᠭᠡᠭᠡᠪᠦᠷᠢ ᠵᠢᠨ ᠬᠡᠮᠵᠢᠶ᠎ᠡ᠂ ᠠᠶᠠᠨᠴᠢᠳ ᠪᠠ ᠪᠠᠷᠠᠭ᠋ᠠᠨ᠎ᠤ ᠲᠡᠭᠡᠭᠡᠪᠦᠷᠢ ᠵᠢᠨ ᠡᠷᠭᠢᠯᠲᠡ ᠵᠢᠨ ᠬᠡᠮᠵᠢᠶ᠎ᠡ ᠵᠢᠨ ᠲᠣᠭ᠎ᠠ ᠪᠠᠷᠢᠮᠲᠠ᠎ᠨᠢ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠲᠡᠮᠦᠷ ᠵᠠᠮ᠎ᠤᠨ ᠰᠠᠯᠠᠭ᠎ᠠ ᠮᠥᠴᠢᠷ ᠪᠣᠯᠤᠨ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠰᠠᠯᠠᠭ᠎ᠠ ᠮᠥᠴᠢᠷ᠎ᠠᠴᠠ ᠢᠷᠡᠯᠲᠡ᠎ᠲᠠᠢ; ᠠᠷᠠᠳ᠎ᠤᠨ ᠬᠡᠷᠡᠭᠯᠡᠭᠡᠨ᠎ᠤ ᠮᠠᠰᠢᠨ ᠲᠡᠷᠭᠡ᠂ ᠵᠠᠮ ᠬᠠᠷᠢᠯᠴᠠᠭ᠋ᠠᠨ᠎ᠤ ᠡᠨᠳᠡᠯ᠎ᠤᠨ ᠲᠣᠭ᠎ᠠ ᠪᠠᠷᠢᠮᠲᠠ᠎ᠨᠢ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠠᠴᠠ ᠢᠷᠡᠯᠲᠡ᠎ᠲᠠᠢ; ᠴᠠᠬᠢᠯᠭ᠋ᠠᠨ ᠬᠣᠯᠪᠣᠭ᠋ᠠᠨ᠎ᠤ ᠲᠣᠭ᠎ᠠ᠂ ᠳ᠋ᠢᠶᠠᠩᠬᠤᠸᠠ ᠵᠢᠨ ᠲᠣᠭ᠎ᠠ᠂ ᠰᠢᠯᠵᠢᠮᠡᠯ ᠢᠨᠲ᠋ᠧᠷ ᠰᠦᠯᠵᠢᠶᠡᠨ᠎ᠤ ᠲᠣᠭ᠎ᠠ᠎ᠨᠢ ᠴᠢᠮᠡᠭᠡ ᠬᠣᠯᠪᠣᠭ᠋ᠠᠨ᠎ᠤ ᠬᠠᠮᠢᠶᠠᠷᠤᠯᠲᠠ ᠵᠢᠨ ᠲᠣᠪᠴᠢᠶ᠎ᠠ᠎ᠠᠴᠠ ᠢᠷᠡᠯᠲᠡ᠎ᠲᠠᠢ; ᠰᠢᠤᠳᠠᠨ᠎ᠤ ᠠᠵᠢᠯ᠂ ᠲᠦᠷᠭᠡᠨ ᠬᠦᠷᠭᠡᠬᠦ ᠠᠵᠢᠯ᠎ᠤᠨ ᠲᠣᠭ᠎ᠠ ᠪᠠᠷᠢᠮᠲᠠ᠎ᠨᠢ ᠰᠢᠤᠳᠠᠨ᠎ᠤ ᠬᠠᠮᠢᠶᠠᠷᠤᠯᠲᠠ ᠵᠢᠨ ᠲᠣᠪᠴᠢᠶ᠎ᠠ᠎ᠠᠴᠠ ᠢᠷᠡᠯᠲᠡ᠎ᠲᠠᠢ; ᠤᠷᠠᠯᠢᠭ᠎ᠤᠨ ᠲᠣᠭᠯᠠᠯᠲᠠ ᠵᠢᠨ ᠪᠦᠯᠬᠦᠮ᠂ ᠰᠣᠶᠣᠯ᠎ᠤᠨ ᠣᠷᠳᠣᠨ᠂ ᠣᠯᠠᠨ ᠨᠡᠶ᠋ᠢᠲᠡ ᠵᠢᠨ ᠨᠣᠮ᠎ᠤᠨ ᠰᠠᠩ᠂ ᠮᠦᠽᠧᠶ᠂ ᠵᠢᠭᠤᠯᠴᠢᠯᠠᠯ᠎ᠤᠨ ᠲᠣᠭ᠎ᠠ ᠪᠠᠷᠢᠮᠲᠠ᠎ᠨᠢ ᠰᠣᠶᠣᠯ ᠪᠠ ᠵᠢᠭᠤᠯᠴᠢᠯᠠᠯ᠎ᠤᠨ ᠲᠢᠩᠬᠢᠮ᠎ᠠᠴᠠ ᠢᠷᠡᠯᠲᠡ᠎ᠲᠠᠢ; ᠡᠳ᠋᠎ᠤᠨ ᠵᠠᠰᠠᠭ᠎ᠤᠨ ᠲᠣᠭ᠎ᠠ ᠪᠠᠷᠢᠮᠲᠠ᠎ᠨᠢ ᠡᠳ᠋᠎ᠤᠨ ᠵᠠᠰᠠᠭ᠎ᠤᠨ ᠲᠢᠩᠬᠢᠮ᠎ᠠᠴᠠ ᠢᠷᠡᠯᠲᠡ᠎ᠲᠠᠢ; ᠮᠥᠩᠭᠥᠨ ᠭᠦᠢ᠍ᠯᠭᠡᠭᠡᠨ᠎ᠤ ᠲᠣᠭ᠎ᠠ ᠪᠠᠷᠢᠮᠲᠠ᠎ᠨᠢ ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ᠎ᠠᠴᠠ ᠢᠷᠡᠯᠲᠡ᠎ᠲᠠᠢ; ᠳᠠᠭ᠋ᠠᠳᠬᠠᠯ᠎ᠤᠨ ᠲᠣᠭ᠎ᠠ ᠪᠠᠷᠢᠮᠲᠠ᠎ᠨᠢ ᠤᠯᠤᠰ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ ᠵᠢᠨ ᠥᠪᠥᠷ ᠮᠣᠩᠭᠣᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠠᠴᠠ ᠢᠷᠡᠯᠲᠡ᠎ᠲᠠᠢ; ᠡᠮᠴᠢᠯᠡᠭᠡᠨ᠎ᠤ ᠪᠠᠲᠤᠯᠠᠭ᠎ᠠ ᠵᠢᠨ ᠲᠣᠭ᠎ᠠ ᠪᠠᠷᠢᠮᠲᠠ᠎ᠨᠢ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠠᠴᠠ ᠢᠷᠡᠯᠲᠡ᠎ᠲᠠᠢ; ᠰᠤᠷᠭ᠋ᠠᠨ ᠬᠥᠮᠦᠵᠢᠯ᠎ᠤᠨ ᠲᠣᠭ᠎ᠠ ᠪᠠᠷᠢᠮᠲᠠ᠎ᠨᠢ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠢᠷᠡᠯᠲᠡ᠎ᠲᠠᠢ; ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥᠯ ᠵᠦᠢ᠍ᠯ᠂ ᠭᠡᠷ᠎ᠡ ᠵᠢᠨ ᠠᠷᠠᠯᠵᠢᠶ᠎ᠠ ᠪᠦᠲᠦᠭᠰᠡᠨ ᠵᠣᠭᠣᠰ᠎ᠤᠨ ᠲᠣᠭ᠎ᠠ ᠪᠠᠷᠢᠮᠲᠠ᠎ᠨᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠠᠴᠠ ᠢᠷᠡᠯᠲᠡ᠎ᠲᠠᠢ; ᠲᠧᠯᠸᠢᠰ᠂ ᠷᠠᠳᠢᠣ᠋ ᠨᠡᠪᠲᠡᠷᠡᠭᠦᠯᠭᠡ ᠵᠢᠨ ᠲᠣᠭ᠎ᠠ ᠪᠠᠷᠢᠮᠲᠠ᠎ᠨᠢ ᠷᠠᠳᠢᠣ᠋ ᠲᠧᠯᠸᠢᠰ᠎ᠤᠨ ᠲᠣᠪᠴᠢᠶ᠎ᠠ᠎ᠠᠴᠠ ᠢᠷᠡᠯᠲᠡ᠎ᠲᠠᠢ; ᠬᠡᠪᠯᠡᠯ᠎ᠤᠨ ᠲᠣᠭ᠎ᠠ ᠪᠠᠷᠢᠮᠲᠠ᠎ᠨᠢ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠠᠴᠠ ᠢᠷᠡᠯᠲᠡ᠎ᠲᠠᠢ; ᠪᠡᠶ᠎ᠡ ᠵᠢᠨ ᠲᠠᠮᠢᠷ᠎ᠤᠨ ᠲᠣᠭ᠎ᠠ ᠪᠠᠷᠢᠮᠲᠠ᠎ᠨᠢ ᠪᠡᠶ᠎ᠡ ᠵᠢᠨ ᠲᠠᠮᠢᠷ᠎ᠤᠨ ᠲᠣᠪᠴᠢᠶ᠎ᠠ᠎ᠠᠴᠠ ᠢᠷᠡᠯᠲᠡ᠎ᠲᠠᠢ; ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠲᠣᠭ᠎ᠠ ᠪᠠᠷᠢᠮᠲᠠ᠎ᠨᠢ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠠᠴᠠ ᠢᠷᠡᠯᠲᠡ᠎ᠲᠠᠢ; ᠠᠰᠠᠷᠠᠮᠵᠢ ᠵᠢᠨ ᠬᠦᠷᠢᠶᠡᠯᠡᠩ᠂ ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ᠂ ᠠᠰᠠᠷᠠᠮᠵᠢ ᠵᠢᠨ ᠱᠠᠩᠨᠠᠯᠲᠤ ᠰᠤᠭᠤᠯᠤᠭ᠎ᠠ ᠵᠢᠨ ᠲᠣᠭ᠎ᠠ ᠪᠠᠷᠢᠮᠲᠠ᠎ᠨᠢ ᠠᠷᠠᠳ᠎ᠤᠨ ᠶᠠᠪᠤᠳᠠᠯ᠎ᠤᠨ ᠲᠢᠩᠬᠢᠮ᠎ᠠᠴᠠ ᠢᠷᠡᠯᠲᠡ᠎ᠲᠠᠢ; ᠤᠰᠤ ᠬᠡᠷᠡᠭᠯᠡᠬᠦ ᠬᠡᠮᠵᠢᠶ᠎ᠡ ᠵᠢᠨ ᠲᠣᠭ᠎ᠠ ᠪᠠᠷᠢᠮᠲᠠ᠎ᠨᠢ ᠤᠰᠤᠨ ᠠᠰᠢᠭᠯᠠᠯᠲᠠ ᠵᠢᠨ ᠲᠢᠩᠬᠢᠮ᠎ᠠᠴᠠ ᠢᠷᠡᠯᠲᠡ᠎ᠲᠠᠢ; ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠂ ᠣᠶ ᠰᠢᠭᠤᠶ ᠵᠢᠨ ᠲᠣᠭ᠎ᠠ ᠪᠠᠷᠢᠮᠲᠠ᠎ᠨᠢ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠢᠷᠡᠯᠲᠡ᠎ᠲᠠᠢ; ᠦᠢ᠍ᠯᠡᠳᠪᠦᠷᠢᠯᠡᠯ᠎ᠤᠨ ᠠᠮᠤᠷ ᠲᠦᠪᠰᠢᠨ᠎ᠤ ᠡᠨᠳᠡᠯ᠂ ᠨᠡᠭᠦᠷᠡᠰᠦᠨ ᠠᠭᠤᠷᠬᠠᠶ ᠵᠢᠨ ᠵᠠᠭᠤᠨ ᠲᠦᠮᠡᠨ ᠲᠣᠨ᠎ᠤ ᠦᠬᠦᠯ᠎ᠤᠨ ᠨᠣᠷᠮ᠎ᠠ ᠵᠢᠨ ᠲᠣᠭ᠎ᠠ ᠪᠠᠷᠢᠮᠲᠠ᠎ᠨᠢ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ᠎ᠠᠴᠠ ᠢᠷᠡᠯᠲᠡ᠎ᠲᠠᠢ; ᠪᠤᠰᠤᠳ ᠲᠣᠭ᠎ᠠ ᠪᠠᠷᠢᠮᠲᠠ᠎ᠨᠢ ᠴᠥᠮ ᠲᠣᠭ᠎ᠠ ᠪᠦᠷᠢᠳᠬᠡᠯ᠎ᠤᠨ ᠲᠣᠪᠴᠢᠶ᠎ᠠ᠎ᠠᠴᠠ ᠢᠷᠡᠯᠲᠡ᠎ᠲᠠᠢ᠃