ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠪᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠦᠷ᠎ᠡ ᠳ᠋ᠦᠩ᠎ᠢ ᠦᠨᠳᠦᠰᠦᠯᠡᠨ᠂ ᠡᠳᠦᠭᠡ ᠮᠠᠨ᠎ᠤ ᠣᠷᠣᠨ᠎ᠤ ᠬᠣᠶᠠᠳᠤᠭ᠋ᠠᠷ ᠠᠵᠤ ᠦᠢ᠍ᠯᠡᠰ ᠪᠣᠯᠤᠨ ᠭᠤᠷᠪᠠᠳᠤᠭ᠋ᠠᠷ ᠠᠵᠤ ᠦᠢ᠍ᠯᠡᠰ᠎ᠤᠨ ᠨᠢᠭᠡᠴᠡ ᠵᠢᠨ ᠪᠠᠶ᠋ᠢᠳᠠᠯ᠂ ᠠᠵᠢᠯᠯᠠᠭᠰᠠᠳ᠂ ᠡᠳ᠋ ᠬᠥᠷᠥᠩᠭᠡ ᠵᠢᠨ ᠥᠷᠢᠲᠦᠯ᠎ᠤᠨ ᠪᠠᠶ᠋ᠢᠳᠠᠯ ᠪᠣᠯᠤᠨ ᠡᠵᠡᠩᠨᠡᠯᠲᠡ ᠵᠢᠨ ᠣᠷᠣᠯᠭ᠎ᠠ ᠵᠢ ᠳᠣᠣᠷᠠᠬᠢ ᠮᠡᠲᠦ
ᠨᠡᠶ᠋ᠢᠲᠡᠯᠡᠪᠡ᠄
ᠨᠢᠭᠡ᠂ ᠨᠢᠭᠡᠴᠡ ᠵᠢᠨ ᠪᠠᠶ᠋ᠢᠳᠠᠯ
2023 ᠣᠨ᠎ᠤ ᠡᠴᠦᠰ᠎ᠲᠤ᠂ ᠪᠥᠬᠥ ᠣᠷᠣᠨ᠎ᠳᠤ ᠬᠣᠶᠠᠳᠤᠭ᠋ᠠᠷ ᠠᠵᠤ ᠦᠢ᠍ᠯᠡᠰ ᠪᠠ ᠭᠤᠷᠪᠠᠳᠤᠭ᠋ᠠᠷ ᠠᠵᠤ ᠦᠢ᠍ᠯᠡᠰ᠎ᠤᠨ ᠠᠵᠢᠯᠯᠠᠭ᠎ᠠ ᠡᠷᠭᠢᠯᠡᠵᠦ ᠪᠠᠶ᠋ᠢᠭ᠎ᠠ ᠬᠠᠤᠯᠢ ᠵᠢᠨ ᠡᠷᠬᠡᠲᠡᠨ᠎ᠤ ᠨᠢᠭᠡᠴᠡ ᠨᠡᠶ᠋ᠢᠲᠡ 40.9 ᠲᠦᠮᠡ ᠪᠠᠶ᠋ᠢᠵᠤ᠂ 2018 ᠣᠨ᠎ᠤ ᠡᠴᠦᠰ᠎ᠤᠨ᠎ᠬᠢ᠎ᠠᠴᠠ 11.1 ᠲᠦᠮᠡ ᠨᠡᠮᠡᠭᠳᠡᠵᠦ᠂ 37.5%᠎ᠪᠠᠷ ᠨᠡᠮᠡᠭᠳᠡᠪᠡ; ᠠᠵᠤ ᠦᠢ᠍ᠯᠡᠰ᠎ᠤᠨ ᠠᠵᠢᠯᠯᠠᠭ᠋ᠠᠨ᠎ᠤ ᠨᠢᠭᠡᠴᠡ 46.2 ᠲᠦᠮᠡ ᠪᠣᠯᠵᠤ᠂ 11.2 ᠲᠦᠮᠡ ᠨᠡᠮᠡᠭᠳᠡᠵᠦ᠂ 32.1%᠎ᠪᠠᠷ ᠨᠡᠮᠡᠭᠳᠡᠪᠡ; ᠬᠤᠪᠢ ᠵᠢᠨ ᠡᠵᠡᠩᠨᠡᠯᠲᠡ ᠵᠢᠨ ᠡᠷᠦᠬᠡ 165.2 ᠲᠦᠮᠡ ᠪᠣᠯᠵᠣ᠂ 47.3 ᠲᠦᠮᠡ ᠨᠡᠮᠡᠭᠳᠡᠨ᠂ 40.1%᠎ᠪᠠᠷ ᠨᠡᠮᠡᠭᠳᠡᠵᠡᠶ (ᠨᠠᠷᠢᠨ ᠪᠠᠶ᠋ᠢᠳᠠᠯ᠎ᠢ ᠬᠦᠰᠦᠨᠦᠭᠲᠦ 2 - 1᠎ᠳᠤ ᠦᠵᠡ) ᠃
ᠬᠦᠰᠦᠨᠦᠭᠲᠦ 2 - 1 ᠨᠢᠭᠡᠴᠡ ᠵᠢᠨ ᠲᠤᠭ᠎ᠠ ᠪᠠ ᠬᠤᠪᠢ ᠵᠢᠨ ᠡᠵᠡᠩᠨᠡᠯᠲᠡ ᠵᠢᠨ ᠡᠷᠦᠬᠡ ᠵᠢᠨ ᠲᠤᠭ᠎ᠠ

ᠬᠣᠶᠠᠳᠤᠭ᠋ᠠᠷ ᠠᠵᠤ ᠦᠢ᠍ᠯᠡᠰ ᠪᠣᠯᠤᠨ ᠭᠤᠷᠪᠠᠳᠤᠭ᠋ᠠᠷ ᠠᠵᠤ ᠦᠢ᠍ᠯᠡᠰ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠳᠣᠲᠣᠷ᠎ᠠ᠂ ᠲᠦᠷᠦᠭᠦᠦ ᠭᠤᠷᠪᠠ᠎ᠳᠤ ᠵᠢᠭᠰᠠᠭ᠋ᠠᠭᠳᠠᠭᠰᠠᠨ ᠠᠵᠢᠯ ᠲᠥᠷᠥᠯ ᠭᠡᠪᠡᠯ᠄ ᠪᠥᠭᠡᠮ ᠵᠶ᠋ᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢ᠍ᠯᠡᠰ 11.7 ᠲᠦᠮᠡ ᠪᠠᠶ᠋ᠢᠵᠤ᠂ 28.6% ᠵᠢ ᠡᠵᠡᠯᠡᠪᠡ; ᠲᠦᠷᠢᠶᠡᠰᠦᠯᠡᠬᠦ ᠪᠠ ᠬᠤᠳᠠᠯᠳᠤᠭ᠋ᠠᠨ᠎ᠤ ᠶᠠᠪᠤᠳᠠᠯ᠎ᠤᠨ ᠦᠢ᠍ᠯᠡᠴᠢᠯᠡᠭᠡᠨ᠎ᠤ ᠦᠢ᠍ᠯᠡᠰ 5.6 ᠲᠦᠮᠡ ᠪᠠᠶ᠋ᠢᠵᠤ᠂ 13.8% ᠵᠢ ᠡᠵᠡᠯᠡᠪᠡ; ᠪᠠᠷᠢᠯᠭ᠎ᠠ ᠵᠢᠨ ᠦᠢ᠍ᠯᠡᠰ 4.7 ᠲᠦᠮᠡ ᠪᠠᠶ᠋ᠢᠵᠤ᠂ 11.5% ᠵᠢ ᠡᠵᠡᠯᠡᠪᠡ᠃ ᠬᠤᠪᠢ ᠵᠢᠨ ᠡᠵᠡᠩᠨᠡᠯᠲᠡ ᠵᠢᠨ ᠡᠷᠦᠬᠡ ᠵᠢᠨ ᠳᠣᠲᠣᠷ᠎ᠠ᠂ ᠲᠦᠷᠦᠭᠦᠦ ᠭᠤᠷᠪᠠ᠎ᠳᠤ ᠵᠢᠭᠰᠠᠭ᠋ᠠᠭᠳᠠᠭᠰᠠᠨ ᠠᠵᠢᠯ ᠲᠥᠷᠥᠯ ᠭᠡᠪᠡᠯ᠄ ᠪᠥᠭᠡᠮ ᠵᠶ᠋ᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢ᠍ᠯᠡᠰ 69.0 ᠲᠦᠮᠡ ᠪᠠᠶ᠋ᠢᠵᠤ᠂ 41.8% ᠵᠢ ᠡᠵᠡᠯᠡᠪᠡ; ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠯᠲᠡ ᠪᠠ ᠰᠢᠤᠳᠠᠨ᠎ᠤ ᠦᠢ᠍ᠯᠡᠰ 28.9 ᠲᠦᠮᠡ ᠪᠠᠶ᠋ᠢᠵᠤ᠂ 17.5% ᠵᠢ ᠡᠵᠡᠯᠡᠪᠡ; ᠰᠠᠭᠤᠭ᠋ᠠᠯᠢ ᠠᠷᠠᠳ᠎ᠤᠨ ᠦᠢ᠍ᠯᠡᠴᠢᠯᠡᠭᠡᠨ᠂ ᠰᠡᠯᠪᠢᠨ ᠵᠠᠰᠠᠬᠤ ᠪᠠ ᠪᠤᠰᠤᠳ ᠦᠢ᠍ᠯᠡᠴᠢᠯᠡᠭᠡᠨ᠎ᠤ ᠦᠢ᠍ᠯᠡᠰ 19.8 ᠲᠦᠮᠡ ᠪᠠᠶ᠋ᠢᠵᠤ᠂ 12.0% ᠵᠢ ᠡᠵᠡᠯᠡᠪᠡ (ᠨᠠᠷᠢᠨ ᠪᠠᠶ᠋ᠢᠳᠠᠯ᠎ᠢ ᠬᠦᠰᠦᠨᠦᠭᠲᠦ 2 - 2᠎ᠲᠤ ᠦᠵᠡ)᠃
ᠬᠦᠰᠦᠨᠦᠭᠲᠦ 2 - 2 ᠠᠵᠢᠯ ᠲᠦᠷᠦᠯ ᠬᠤᠪᠢᠶᠠᠭᠰᠠᠨ ᠬᠠᠤᠯᠢ ᠵᠢᠨ ᠡᠷᠬᠡᠲᠡᠨ᠎ᠤ ᠨᠢᠭᠡ ᠵᠢᠨ ᠲᠤᠭ᠎ᠠ ᠪᠠ ᠬᠤᠪᠢ ᠵᠢᠨ ᠡᠵᠡᠩᠨᠡᠯᠲᠡ ᠵᠢᠨ ᠡᠷᠦᠬᠡ ᠵᠢᠨ ᠲᠤᠭ᠎ᠠ

ᠬᠣᠶᠠᠷ᠂ ᠠᠵᠢᠯᠯᠠᠭᠰᠠᠳ
2023 ᠣᠨ᠎ᠤ ᠡᠴᠦᠰ᠎ᠲᠤ᠂ ᠪᠥᠬᠥ ᠣᠷᠣᠨ᠎ᠤ ᠬᠣᠶᠠᠳᠤᠭ᠋ᠠᠷ ᠠᠵᠤ ᠦᠢ᠍ᠯᠡᠰ ᠪᠠ ᠭᠤᠷᠪᠠᠳᠤᠭ᠋ᠠᠷ ᠠᠵᠤ ᠦᠢ᠍ᠯᠡᠰ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠠᠵᠢᠯᠯᠠᠭᠰᠠᠳ 549.0 ᠲᠦᠮᠡᠨ ᠬᠥᠮᠦᠨ ᠪᠣᠯᠵᠣ᠂ 2018 ᠣᠨ᠎ᠤ ᠡᠴᠦᠰ᠎ᠤᠨ᠎ᠬᠢ᠎ᠠᠴᠠ 71.5 ᠲᠦᠮᠡᠨ ᠬᠥᠮᠦᠨ ᠨᠡᠮᠡᠭᠳᠡᠵᠦ᠂ 15.0% ᠵᠶ᠋ᠠᠷ ᠨᠡᠮᠡᠭᠳᠡᠪᠡ᠂ ᠡᠭᠦᠨ᠎ᠳᠤ ᠡᠮᠡᠭᠲᠡᠶ ᠠᠵᠢᠯᠯᠠᠭᠰᠠᠳ 212.5 ᠲᠦᠮᠡᠨ ᠬᠥᠮᠦᠨ ᠪᠠᠶ᠋ᠢᠨ᠎ᠠ᠃ ᠬᠣᠶᠠᠳᠤᠭ᠋ᠠᠷ ᠠᠵᠤ ᠦᠢ᠍ᠯᠡᠰ᠎ᠲᠤ ᠠᠵᠢᠯᠯᠠᠭᠰᠠᠳ 168.4 ᠲᠦᠮᠡᠨ ᠬᠥᠮᠦᠨ ᠪᠠᠶ᠋ᠢᠵᠤ᠂ 22.8 ᠲᠦᠮᠡᠨ ᠬᠥᠮᠦᠨ ᠨᠡᠮᠡᠭᠳᠡᠵᠦ᠂ 15.6%᠎ᠪᠠᠷ ᠨᠡᠮᠡᠭᠳᠡᠪᠡ; ᠭᠤᠷᠪᠠᠳᠤᠭ᠋ᠠᠷ ᠠᠵᠤ ᠦᠢ᠍ᠯᠡᠰ᠎ᠲᠤ ᠠᠵᠢᠯᠯᠠᠭᠰᠠᠳ 380.6 ᠲᠦᠮᠡᠨ ᠬᠥᠮᠦᠨ ᠪᠠᠶ᠋ᠢᠵᠤ᠂ 48.7 ᠲᠦᠮᠡᠨ ᠬᠥᠮᠦᠨ ᠨᠡᠮᠡᠭᠳᠡᠵᠦ᠂ 14.7%᠎ᠪᠠᠷ ᠨᠡᠮᠡᠭᠳᠡᠪᠡ᠃ ᠬᠤᠪᠢ ᠵᠢᠨ ᠡᠵᠡᠩᠨᠡᠯᠲᠡ ᠵᠢᠨ ᠡᠷᠦᠬᠡ ᠵᠢᠨ ᠠᠵᠢᠯᠯᠠᠭᠴᠢ 262.0 ᠲᠦᠮᠡ ᠪᠠᠶ᠋ᠢᠵᠤ᠂ ᠡᠭᠦᠨ᠎ᠳᠤ ᠡᠮᠡᠭᠲᠡᠶ ᠠᠵᠢᠯᠯᠠᠭᠴᠢ 121.4 ᠲᠦᠮᠡ ᠪᠠᠶ᠋ᠢᠨ᠎ᠠ᠃
ᠬᠣᠶᠠᠳᠤᠭ᠋ᠠᠷ ᠠᠵᠤ ᠦᠢ᠍ᠯᠡᠰ ᠪᠣᠯᠤᠨ ᠭᠤᠷᠪᠠᠳᠤᠭ᠋ᠠᠷ ᠠᠵᠤ ᠦᠢ᠍ᠯᠡᠰ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠠᠵᠢᠯᠯᠠᠭᠰᠠᠳ᠎ᠤᠨ ᠳᠣᠲᠣᠷ᠎ᠠ᠂ ᠲᠦᠷᠦᠭᠦᠦ ᠭᠤᠷᠪᠠ᠎ᠳᠤ ᠵᠢᠭᠰᠠᠭ᠋ᠠᠭᠳᠠᠭᠰᠠᠨ ᠠᠵᠢᠯ ᠲᠥᠷᠥᠯ ᠭᠡᠪᠡᠯ᠄ ᠦᠢ᠍ᠯᠡᠳᠬᠦ ᠦᠢ᠍ᠯᠡᠰ᠎ᠲᠤ 83.1 ᠲᠦᠮᠡᠨ ᠬᠥᠮᠦᠨ᠎ᠳᠤ ᠬᠦᠷᠴᠦ᠂ 15.1% ᠵᠢ ᠡᠵᠡᠯᠡᠪᠡ; ᠣᠯᠠᠨ ᠨᠡᠶ᠋ᠢᠲᠡ ᠵᠢᠨ ᠬᠠᠮᠢᠶᠠᠷᠤᠯᠲᠠ᠂ ᠨᠡᠶ᠋ᠢᠭᠡᠮ᠎ᠤᠨ ᠪᠠᠲᠤᠯᠠᠭ᠎ᠠ ᠪᠠ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ᠎ᠳᠤ 76.1 ᠲᠦᠮᠡᠨ ᠬᠥᠮᠦᠨ ᠪᠠᠶ᠋ᠢᠵᠤ᠂ 13.9% ᠵᠢ ᠡᠵᠡᠯᠡᠪᠡ; ᠪᠥᠭᠡᠮ ᠵᠶ᠋ᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢ᠍ᠯᠡᠰ᠎ᠲᠤ 50.8 ᠲᠦᠮᠡᠨ ᠬᠥᠮᠦᠨ᠎ᠳᠤ ᠬᠦᠷᠴᠦ᠂ 9.3% ᠵᠢ ᠡᠵᠡᠯᠡᠪᠡ᠃ ᠬᠤᠪᠢ ᠵᠢᠨ ᠡᠵᠡᠩᠨᠡᠯᠲᠡ ᠵᠢᠨ ᠡᠷᠦᠬᠡ ᠵᠢᠨ ᠠᠵᠢᠯᠲᠠᠨ᠎ᠤ ᠳᠣᠲᠣᠷ᠎ᠠ᠂ ᠲᠦᠷᠦᠭᠦᠦ ᠭᠤᠷᠪᠠ᠎ᠳᠤ ᠵᠢᠭᠰᠠᠭ᠋ᠠᠭᠳᠠᠭᠰᠠᠨ ᠠᠵᠢᠯ ᠲᠥᠷᠥᠯ ᠭᠡᠪᠡᠯ᠄ ᠪᠥᠭᠡᠮ ᠵᠶ᠋ᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢ᠍ᠯᠡᠰ᠎ᠲᠤ 104.9 ᠲᠦᠮᠡᠨ ᠬᠥᠮᠦᠨ᠎ᠳᠤ ᠬᠦᠷᠴᠦ᠂ 40% ᠵᠢ ᠡᠵᠡᠯᠡᠪᠡ; ᠬᠣᠨᠣᠭ ᠪᠠᠭᠤᠳᠠᠯ ᠪᠠ ᠢᠳᠡᠭᠡᠨ ᠤᠮᠳᠠᠭ᠋ᠠᠨ᠎ᠤ ᠦᠢ᠍ᠯᠡᠰ᠎ᠲᠤ 45.0 ᠲᠦᠮᠡᠨ ᠬᠥᠮᠦᠨ᠎ᠳᠤ ᠬᠦᠷᠴᠦ᠂ 17.2%᠎ᠢ ᠡᠵᠡᠯᠡᠪᠡ; ᠰᠠᠭᠤᠭ᠋ᠠᠯᠢ ᠠᠷᠠᠳ᠎ᠤᠨ ᠦᠢ᠍ᠯᠡᠴᠢᠯᠡᠭᠡᠨ᠂ ᠰᠡᠯᠪᠢᠨ ᠵᠠᠰᠠᠬᠤ ᠪᠠ ᠪᠤᠰᠤᠳ ᠦᠢ᠍ᠯᠡᠴᠢᠯᠡᠭᠡᠨ᠎ᠤ ᠦᠢ᠍ᠯᠡᠰ᠎ᠲᠤ 32.7 ᠲᠦᠮᠡᠨ ᠬᠥᠮᠦᠨ ᠪᠠᠶ᠋ᠢᠵᠤ᠂ 12.5% ᠵᠢ ᠡᠵᠡᠯᠡᠪᠡ (ᠨᠠᠷᠢᠨ ᠪᠠᠶ᠋ᠢᠳᠠᠯ᠎ᠢ ᠬᠦᠰᠦᠨᠦᠭᠲᠦ 2 - 3᠎ᠳᠤ ᠦᠵᠡ)᠃
ᠬᠦᠰᠦᠨᠦᠭᠲᠦ 2 - 3 ᠠᠵᠢᠯ ᠲᠦᠷᠦᠯ ᠬᠤᠪᠢᠶᠠᠭᠰᠠᠨ ᠬᠠᠤᠯᠢ ᠵᠢᠨ ᠡᠷᠬᠡᠲᠡᠨ᠎ᠤ ᠨᠢᠭᠡᠴᠡ ᠪᠠ ᠬᠤᠪᠢ ᠵᠢᠨ ᠡᠵᠡᠩᠨᠡᠯᠲᠡ ᠵᠢᠨ ᠡᠷᠦᠬᠡ ᠵᠢᠨ ᠠᠵᠢᠯᠯᠠᠭᠰᠠᠳ

ᠭᠤᠷᠪᠠ᠂ ᠬᠦᠷᠦᠨᠭᠭᠡ ᠥᠷᠢ ᠵᠢᠨ ᠪᠠᠶ᠋ᠢᠳᠠᠯ ᠪᠠ ᠡᠵᠡᠩᠨᠡᠯᠲᠡ ᠵᠢᠨ ᠣᠷᠣᠯᠭ᠎ᠠ
2023 ᠣᠨ᠎ᠤ ᠡᠴᠦᠰ᠎ᠲᠤ᠂ ᠪᠥᠬᠥ ᠣᠷᠣᠨ᠎ᠤ ᠬᠣᠶᠠᠳᠤᠭ᠋ᠠᠷ ᠠᠵᠤ ᠦᠢ᠍ᠯᠡᠰ ᠪᠠ ᠭᠤᠷᠪᠠᠳᠤᠭ᠋ᠠᠷ ᠠᠵᠤ ᠦᠢ᠍ᠯᠡᠰ᠎ᠤᠨ ᠬᠠᠤᠯᠢ ᠵᠢᠨ ᠡᠷᠬᠡᠲᠡᠨ ᠨᠢᠭᠡᠴᠡ ᠵᠢᠨ ᠡᠳ᠋ ᠬᠥᠷᠥᠩᠭᠡ ᠨᠡᠶ᠋ᠢᠲᠡ 194050.1 ᠳ᠋ᠦᠩᠰᠢᠭᠤᠷ ᠲᠥᠭᠥᠷᠢᠭ᠎ᠲᠤ ᠬᠦᠷᠴᠦ᠂ 2018 ᠣᠨ᠎ᠤ ᠡᠴᠦᠰ᠎ᠤᠨ᠎ᠬᠢ᠎ᠠᠴᠠ 55237.4 ᠳ᠋ᠦᠩᠰᠢᠭᠤᠷ ᠲᠥᠭᠥᠷᠢᠭ ᠨᠡᠮᠡᠭᠳᠡᠵᠦ᠂ 39.8%᠎ᠪᠠᠷ ᠨᠡᠮᠡᠭᠳᠡᠪᠡ᠃ ᠡᠭᠦᠨ᠎ᠳᠤ᠂ ᠬᠣᠶᠠᠳᠤᠭ᠋ᠠᠷ ᠠᠵᠤ ᠦᠢ᠍ᠯᠡᠰ᠎ᠤᠨ ᠬᠠᠤᠯᠢ ᠵᠢᠨ ᠡᠷᠬᠡᠲᠡᠨ ᠨᠢᠭᠡᠴᠡ ᠵᠢᠨ ᠡᠳ᠋ ᠬᠥᠷᠥᠩᠭᠡ ᠨᠡᠶ᠋ᠢᠲᠡ 63156.6 ᠳ᠋ᠦᠩᠰᠢᠭᠤᠷ ᠲᠥᠭᠥᠷᠢᠭ᠎ᠲᠤ ᠬᠦᠷᠴᠦ᠂ 20957.5 ᠳ᠋ᠦᠩᠰᠢᠭᠤᠷ ᠲᠥᠭᠥᠷᠢᠭ ᠨᠡᠮᠡᠭᠳᠡᠨ᠂ 49.7%᠎ᠪᠠᠷ ᠨᠡᠮᠡᠭᠳᠡᠵᠡᠶ; ᠭᠤᠷᠪᠠᠳᠤᠭ᠋ᠠᠷ ᠠᠵᠤ ᠦᠢ᠍ᠯᠡᠰ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠡᠳ᠋ ᠬᠥᠷᠥᠩᠭᠡ ᠨᠡᠶ᠋ᠢᠲᠡ 130893.6 ᠳ᠋ᠦᠩᠰᠢᠭᠤᠷ ᠲᠥᠭᠥᠷᠢᠭ᠎ᠲᠤ ᠬᠦᠷᠴᠦ᠂ 34279.9 ᠳ᠋ᠦᠩᠰᠢᠭᠤᠷ ᠲᠥᠭᠥᠷᠢᠭ ᠨᠡᠮᠡᠭᠳᠡᠨ᠂ 35.5%᠎ᠪᠠᠷ ᠨᠡᠮᠡᠭᠳᠡᠪᠡ᠃
2023 ᠣᠨ᠎ᠤ ᠡᠴᠦᠰ᠎ᠲᠤ᠂ ᠪᠥᠬᠥ ᠣᠷᠣᠨ᠎ᠤ ᠬᠣᠶᠠᠳᠤᠭ᠋ᠠᠷ ᠠᠵᠤ ᠦᠢ᠍ᠯᠡᠰ ᠪᠠ ᠭᠤᠷᠪᠠᠳᠤᠭ᠋ᠠᠷ ᠠᠵᠤ ᠦᠢ᠍ᠯᠡᠰ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠥᠷᠢ ᠥᠭᠴᠡᠭᠡ ᠨᠡᠶ᠋ᠢᠲᠡ 82334.2 ᠳ᠋ᠦᠩᠰᠢᠭᠤᠷ ᠲᠥᠭᠥᠷᠢᠭ᠎ᠲᠤ ᠬᠦᠷᠴᠦ᠂ 2018 ᠣᠨ᠎ᠤ ᠡᠴᠦᠰ᠎ᠤᠨ᠎ᠬᠢ᠎ᠠᠴᠠ 21063.6 ᠳ᠋ᠦᠩᠰᠢᠭᠤᠷ ᠲᠥᠭᠥᠷᠢᠭ ᠨᠡᠮᠡᠭᠳᠡᠵᠦ᠂ 34.4%᠎ᠪᠠᠷ ᠨᠡᠮᠡᠭᠳᠡᠪᠡ᠃ ᠡᠭᠦᠨ᠎ᠳᠤ᠂ ᠬᠣᠶᠠᠳᠤᠭ᠋ᠠᠷ ᠠᠵᠤ ᠦᠢ᠍ᠯᠡᠰ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠥᠷᠢ ᠥᠭᠴᠡᠭᠡ ᠨᠡᠶ᠋ᠢᠲᠡ 3799.0 ᠳ᠋ᠦᠩᠰᠢᠭᠤᠷ ᠲᠥᠭᠥᠷᠢᠭ᠎ᠲᠤ ᠬᠦᠷᠴᠦ᠂ 11955.5 ᠳ᠋ᠦᠩᠰᠢᠭᠤᠷ ᠲᠥᠭᠥᠷᠢᠭ ᠨᠡᠮᠡᠭᠳᠡᠨ᠂ 47.4%᠎ᠪᠠᠷ ᠨᠡᠮᠡᠭᠳᠡᠪᠡ; ᠭᠤᠷᠪᠠᠳᠤᠭ᠋ᠠᠷ ᠠᠵᠤ ᠦᠢ᠍ᠯᠡᠰ᠎ᠤᠨ ᠬᠠᠤᠯᠢ ᠵᠢᠨ ᠡᠷᠬᠡᠳᠡᠨ᠎ᠤ ᠨᠢᠭᠡᠴᠡ ᠵᠢᠨ ᠥᠷᠢ ᠥᠭᠴᠡᠭᠡ ᠨᠡᠢ᠍ᠢ᠍ᠳᠡ 45135.2 ᠳ᠋ᠦᠩᠰᠢᠭᠤᠷ ᠲᠥᠭᠥᠷᠢᠭ᠎ᠲᠤ ᠬᠦᠷᠴᠦ᠂ 9108.1 ᠳ᠋ᠦᠩᠰᠢᠭᠤᠷ ᠲᠥᠭᠥᠷᠢᠭ ᠨᠡᠮᠡᠭᠳᠡᠨ᠂ 25.3%᠎ᠪᠠᠷ ᠨᠡᠮᠡᠭᠳᠡᠪᠡ᠃
2023 ᠣᠨ᠎ᠳᠤ᠂ ᠪᠥᠬᠥ ᠣᠷᠣᠨ᠎ᠤ ᠬᠣᠶᠠᠳᠤᠭ᠋ᠠᠷ ᠠᠵᠤ ᠦᠢ᠍ᠯᠡᠰ ᠪᠠ ᠭᠤᠷᠪᠠᠳᠤᠭ᠋ᠠᠷ ᠠᠵᠤ ᠦᠢ᠍ᠯᠡᠰ᠎ᠤᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠡᠵᠡᠩᠨᠡᠯᠲᠡ ᠵᠢᠨ ᠣᠷᠣᠯᠭ᠎ᠠ 57833.1 ᠳ᠋ᠦᠩᠰᠢᠭᠤᠷ ᠲᠥᠭᠥᠷᠢᠭ᠎ᠢ ᠪᠡᠶᠡᠯᠡᠭᠦᠯᠵᠦ᠂ 2018 ᠣᠨ᠎ᠤ᠎ᠬᠢ᠎ᠠᠴᠠ 25807.4 ᠳ᠋ᠦᠩᠰᠢᠭᠤᠷ ᠲᠥᠭᠥᠷᠢᠭ ᠨᠡᠮᠡᠭᠳᠡᠵᠦ᠂ 80.6%᠎ᠪᠠᠷ ᠨᠡᠮᠡᠭᠳᠡᠪᠡ᠃ ᠡᠭᠦᠨ᠎ᠳᠤ᠂ ᠬᠣᠶᠠᠳᠤᠭ᠋ᠠᠷ ᠠᠵᠤ ᠦᠢ᠍ᠯᠡᠰ᠎ᠤᠨ ᠡᠵᠡᠩᠨᠡᠯᠲᠡ ᠵᠢᠨ ᠣᠷᠣᠯᠭ᠎ᠠ 34288.6 ᠳ᠋ᠦᠩᠰᠢᠭᠤᠷ ᠲᠥᠭᠥᠷᠢᠭ ᠬᠦᠷᠴᠦ᠂ 16258.1 ᠳ᠋ᠦᠩᠰᠢᠭᠤᠷ ᠲᠥᠭᠥᠷᠢᠭ ᠨᠡᠮᠡᠭᠳᠡᠨ᠂ 90.2% ᠵᠶ᠋ᠠᠷ ᠨᠡᠮᠡᠭᠳᠡᠪᠡ; ᠭᠤᠷᠪᠠᠳᠤᠭ᠋ᠠᠷ ᠠᠵᠤ ᠦᠢ᠍ᠯᠡᠰ᠎ᠤᠨ ᠡᠵᠡᠩᠨᠡᠯᠲᠡ ᠵᠢᠨ ᠣᠷᠣᠯᠭ᠎ᠠ 23544.5 ᠳ᠋ᠦᠩᠰᠢᠭᠤᠷ ᠲᠥᠭᠥᠷᠢᠭ᠎ᠲᠤ ᠬᠦᠷᠴᠦ᠂ 9549.3 ᠳ᠋ᠦᠩᠰᠢᠭᠤᠷ ᠲᠥᠭᠥᠷᠢᠭ ᠨᠡᠮᠡᠭᠳᠡᠨ᠂ 68.2% ᠵᠶ᠋ᠠᠷ ᠨᠡᠮᠡᠭᠳᠡᠪᠡ (ᠨᠠᠷᠢᠨ ᠪᠠᠢ᠌ᠳᠠᠯ᠎ᠢ ᠬᠦᠰᠦᠨᠦᠭᠲᠦ 2 - 4᠎ᠳᠤ ᠦᠵᠡ)᠃
ᠬᠦᠰᠦᠨᠦᠭᠲᠦ 2 - 4 ᠠᠵᠢᠯ ᠲᠦᠷᠦᠯ ᠬᠤᠪᠢᠶᠠᠭᠰᠠᠨ ᠨᠢᠭᠡᠴᠡ ᠵᠢᠨ ᠭᠤᠤᠯ ᠪᠤᠯᠬᠤ ᠵᠢᠭ᠋ᠠᠯᠲᠠ ᠲᠤᠭ᠎ᠠ

ᠲᠠᠶ᠋ᠢᠯᠪᠤᠷᠢ᠄ ᠬᠦᠰᠦᠨᠦᠭᠳᠦ᠎ᠳᠤ᠂ ᠲᠠᠷᠢᠶᠠᠯᠠᠩ᠂ ᠣᠶ ᠰᠢᠭᠤᠶ᠂ ᠮᠠᠯ ᠠᠵᠤ ᠠᠬᠤᠶ᠂ ᠵᠢᠭ᠋ᠠᠰᠤᠨ ᠠᠵᠤ ᠠᠬᠤᠶ᠎ᠳᠤ ᠵᠥᠪᠬᠡᠨ ᠲᠠᠷᠢᠶᠠᠯᠠᠩ᠂ ᠣᠶ ᠰᠢᠭᠤᠶ᠂ ᠮᠠᠯ ᠠᠵᠤ ᠠᠬᠤᠶ᠂ ᠵᠢᠭ᠋ᠠᠰᠤᠨ ᠠᠵᠤ ᠠᠬᠤᠶ ᠵᠢᠨ ᠲᠤᠰᠬᠠᠶ ᠮᠡᠷᠭᠡᠵᠢᠯ ᠵᠢᠴᠢ ᠲᠤᠰᠠᠯᠠᠬᠤ ᠴᠢᠨᠠᠷᠲᠠᠶ ᠠᠵᠢᠯᠯᠠᠭ᠎ᠠ ᠬᠢᠬᠦ ᠨᠢᠭᠡᠴᠡ ᠵᠢᠨ ᠲᠣᠭ᠎ᠠ ᠪᠠᠷᠢᠮᠲᠠ ᠪᠠᠭᠲᠠᠨ᠎ᠠ᠃ ᠬᠦᠰᠦᠨᠦᠭᠲᠦ᠎ᠳᠠᠬᠢ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠨᠢᠭᠡᠴᠡ᠎ᠳᠤ ᠪᠠᠶ᠋ᠢᠭᠤᠯᠤᠮᠵᠢ ᠵᠢᠨ ᠲᠦᠷᠦᠯ ᠵᠦᠢ᠍ᠯ᠎ᠨᠢ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠴᠢ ᠠᠵᠤ ᠠᠬᠤᠶ᠋ᠢᠯᠠᠯ᠎ᠤᠨ ᠨᠢᠭᠲᠠᠯᠠᠨ ᠪᠤᠳᠤᠬᠤ ᠲᠦᠷᠢᠮ᠎ᠢ ᠬᠡᠷᠡᠭᠵᠢᠭᠦᠯᠵᠦ ᠪᠠᠶ᠋ᠢᠭ᠎ᠠ ᠠᠵᠢᠯ ᠦᠢ᠍ᠯᠡᠰ᠎ᠤᠨ ᠬᠠᠤᠯᠢ ᠵᠢᠨ ᠡᠷᠬᠡᠲᠡᠨ᠎ᠤ ᠨᠢᠭᠡᠴᠡ᠂ ᠠᠷᠠᠳ᠎ᠠᠴᠠ ᠡᠷᠬᠢᠯᠡᠭᠰᠡᠨ ᠠᠵᠤ ᠠᠬᠤᠶ᠋ᠢᠯᠠᠯ᠎ᠤᠨ ᠪᠤᠰᠤ ᠬᠠᠤᠯᠢ ᠵᠢᠨ ᠡᠷᠬᠡᠲᠡᠨ᠎ᠤ ᠨᠢᠭᠡᠴᠡ ᠪᠠ ᠰᠠᠭᠤᠷᠢ ᠮᠥᠩᠭᠥᠨ᠎ᠤ ᠨᠡᠶ᠋ᠢᠭᠡᠮᠯᠢᠭ᠂ ᠲᠠᠷᠢᠶᠠᠴᠢᠨ᠎ᠤ ᠲᠤᠰᠬᠠᠢ ᠠᠵᠢᠯ᠎ᠤᠨ ᠬᠤᠷᠰᠢᠶ᠎ᠠ᠂ ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠢ ᠵᠢᠨ ᠵᠣᠬᠢᠶᠠᠨ ᠪᠠᠶ᠋ᠢᠭᠤᠯᠤᠯᠲᠠ ᠪᠠ ᠱᠠᠰᠢᠨ ᠰᠤᠷᠲᠠᠬᠤᠨ᠎ᠤ ᠠᠵᠢᠯᠯᠠᠭ᠋ᠠᠨ᠎ᠤ ᠲᠠᠯᠠᠪᠤᠷ᠎ᠠᠴᠠ ᠭᠠᠳᠠᠨᠠᠬᠢ ᠪᠠᠶ᠋ᠢᠭᠤᠯᠤᠮᠵᠢ ᠵᠢᠨ ᠲᠦᠷᠦᠯ ᠵᠦᠢ᠍ᠯ᠎ᠨᠢ ᠪᠤᠰᠤᠳ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠮᠵᠢ ᠵᠢᠨ ᠬᠠᠤᠯᠢ ᠵᠢᠨ ᠡᠷᠬᠡᠲᠡᠨ᠎ᠤ ᠨᠢᠭᠡᠴᠡ ᠪᠠᠭᠲᠠᠨ᠎ᠠ᠃ ᠬᠦᠰᠦᠨᠦᠭᠲᠦ᠎ᠳᠠᠬᠢ ᠭᠡᠷ ᠪᠠᠶ᠋ᠢᠰᠢᠩ ᠭᠠᠵᠠᠷ ᠰᠢᠷᠣᠢ ᠵᠢᠨ ᠬᠦᠷᠦᠩᠭᠡ ᠵᠢᠨ ᠦᠢ᠍ᠯᠡᠰ᠎ᠲᠤ ᠭᠡᠷ ᠪᠠᠶ᠋ᠢᠰᠢᠩ ᠭᠠᠵᠠᠷ ᠰᠢᠷᠣᠢ ᠵᠢᠨ ᠬᠦᠷᠦᠩᠭᠡ ᠵᠢ ᠨᠡᠭᠡᠭᠡᠨ ᠠᠰᠢᠭᠯᠠᠬᠤ ᠡᠵᠡᠩᠨᠡᠯᠲᠡ᠂ ᠠᠳᠠᠯ ᠠᠬᠤᠢ ᠵᠢᠨ ᠬᠠᠮᠢᠶᠠᠷᠤᠯᠲᠠ᠂ ᠭᠡᠷ ᠪᠠᠶ᠋ᠢᠰᠢᠩ ᠭᠠᠵᠠᠷ ᠰᠢᠷᠣᠢ ᠵᠢᠨ ᠬᠦᠷᠦᠩᠭᠡ ᠵᠢᠨ ᠵᠠᠭᠤᠴᠢ ᠦᠢ᠍ᠯᠡᠴᠢᠯᠡᠭᠡ᠂ ᠭᠡᠷ ᠪᠠᠶ᠋ᠢᠰᠢᠩ ᠭᠠᠵᠠᠷ ᠰᠢᠷᠣᠢ ᠵᠢᠨ ᠬᠦᠷᠦᠩᠭᠡ ᠵᠢ ᠲᠦᠷᠢᠶᠡᠰᠦᠯᠡᠨ ᠡᠵᠡᠩᠨᠡᠬᠦ ᠪᠠ ᠭᠡᠷ ᠪᠠᠶ᠋ᠢᠰᠢᠩ ᠭᠠᠵᠠᠷ ᠰᠢᠷᠣᠢ ᠵᠢᠨ ᠬᠦᠷᠦᠩᠭᠡ ᠵᠢᠨ ᠪᠤᠰᠤᠳ ᠦᠢ᠍ᠯᠡᠰ ᠪᠠᠭᠲᠠᠨ᠎ᠠ᠃ ᠬᠦᠰᠦᠨᠦᠭᠲᠦ᠎ᠳᠠᠬᠢ ᠮᠥᠩᠭᠥᠨ ᠭᠦᠢ᠍ᠯᠭᠡᠭᠡᠨ᠎ᠤ ᠦᠢ᠍ᠯᠡᠰ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠥᠷᠢᠲᠦᠯᠢ ᠮᠤᠵᠢ ᠵᠢᠨ ᠲᠣᠭ᠎ᠠ ᠪᠠᠷᠢᠮᠲᠠ ᠬᠤᠪᠢᠶᠠᠭᠰᠠᠨ ᠦᠭᠡᠢ᠃
ᠲᠠᠶ᠋ᠢᠯᠪᠤᠷᠢ᠄
[1] ᠭᠤᠷᠪᠠᠨ ᠠᠵᠤ ᠦᠢ᠍ᠯᠡᠰ᠎ᠤᠨ ᠬᠤᠪᠢᠶᠠᠷᠢᠯᠠᠯ
ᠨᠢᠭᠡᠳᠦᠭᠡᠷ ᠠᠵᠤ ᠦᠢ᠍ᠯᠡᠰ ᠭᠡᠳᠡᠭ᠎ᠨᠢ ᠲᠠᠷᠢᠶᠠᠯᠠᠩ᠂ ᠤᠢ ᠰᠢᠭᠤᠢ᠂ ᠮᠠᠯ ᠠᠵᠤ ᠠᠬᠤᠢ᠂ ᠵᠢᠭ᠋ᠠᠰᠤᠨ ᠠᠵᠤ ᠠᠬᠤᠢ (ᠲᠠᠷᠢᠶᠠᠯᠠᠩ᠂ ᠤᠢ ᠰᠢᠭᠤᠢ᠂ ᠮᠠᠯ ᠠᠵᠤ ᠠᠬᠤᠢ᠂ ᠵᠢᠭ᠋ᠠᠰᠤᠨ ᠠᠵᠤ ᠠᠬᠤᠢ ᠵᠢᠨ ᠲᠤᠰᠬᠠᠢ ᠮᠡᠷᠭᠡᠵᠢᠯ ᠵᠢᠴᠢ ᠲᠤᠰᠠᠯᠠᠬᠤ ᠴᠢᠨᠠᠷᠲᠠᠢ ᠠᠵᠢᠯᠯᠠᠭ᠎ᠠ ᠪᠠᠭᠲᠠᠬᠤ ᠦᠭᠡᠢ) ᠵᠢ ᠵᠢᠭ᠋ᠠᠵᠤ ᠪᠠᠶ᠋ᠢᠨ᠎ᠠ;
ᠬᠣᠶᠠᠳᠤᠭ᠋ᠠᠷ ᠠᠵᠤ ᠦᠢ᠍ᠯᠡᠰ ᠭᠡᠳᠡᠭ᠎ᠨᠢ ᠠᠭᠤᠷᠬᠠᠶ ᠮᠠᠯᠲᠠᠬᠤ ᠦᠢ᠍ᠯᠡᠰ (ᠨᠡᠭᠡᠭᠡᠨ ᠮᠠᠯᠲᠠᠬᠤ ᠲᠤᠰᠬᠠᠶ ᠠᠵᠢᠯ ᠵᠢᠴᠢ ᠲᠤᠰᠠᠯᠠᠬᠤ ᠴᠢᠨᠠᠷᠲᠠᠶ ᠠᠵᠢᠯᠯᠠᠭ᠎ᠠ ᠪᠠᠭᠲᠠᠬᠤ ᠦᠭᠡᠶ)᠂ ᠦᠢ᠍ᠯᠡᠳᠬᠦ ᠦᠢ᠍ᠯᠡᠰ (ᠲᠡᠮᠦᠷᠯᠢᠭ ᠦᠢ᠍ᠯᠡᠳᠬᠦᠨ᠂ ᠮᠠᠰᠢᠨ ᠪᠠ ᠲᠥᠬᠥᠭᠡᠷᠦᠮᠵᠢ ᠰᠡᠯᠪᠢᠨ ᠵᠠᠰᠠᠬᠤ ᠦᠢ᠍ᠯᠡᠰ ᠪᠠᠭᠲᠠᠬᠤ ᠦᠭᠡᠶ)᠂ ᠴᠠᠬᠢᠯᠭ᠋ᠠᠨ ᠬᠦᠴᠦᠨ᠂ ᠢᠯᠴᠢ᠂ ᠰᠢᠲᠠᠮᠠᠬᠠᠶ ᠬᠡᠢ ᠵᠢᠴᠢ ᠤᠰᠤᠨ᠎ᠤ ᠦᠢ᠍ᠯᠡᠳᠪᠦᠷᠢᠯᠡᠯ ᠪᠠ ᠬᠠᠩᠭ᠋ᠠᠯᠭ᠎ᠠ ᠵᠢᠨ ᠦᠢ᠍ᠯᠡᠰ᠂ ᠪᠠᠷᠢᠯᠭ᠎ᠠ ᠵᠢᠨ ᠦᠢ᠍ᠯᠡᠰ᠎ᠢ ᠵᠢᠭ᠋ᠠᠵᠤ ᠪᠤᠶ;
ᠭᠤᠷᠪᠠᠳᠤᠭ᠋ᠠᠷ ᠠᠵᠤ ᠦᠢ᠍ᠯᠡᠰ ᠪᠣᠯ ᠦᠢ᠍ᠯᠡᠴᠢᠯᠡᠭᠡᠨ᠎ᠤ ᠦᠢ᠍ᠯᠡᠰ᠎ᠢ ᠵᠢᠭ᠋ᠠᠵᠤ ᠪᠠᠢ᠌ᠨ᠎ᠠ᠂ ᠳᠠᠷᠤᠢ ᠨᠢᠭᠡᠳᠦᠭᠡᠷ ᠠᠵᠤ ᠦᠢ᠍ᠯᠡᠰ᠂ ᠬᠣᠶᠠᠳᠤᠭ᠋ᠠᠷ ᠠᠵᠤ ᠦᠢ᠍ᠯᠡᠰ᠎ᠠᠴᠠ ᠭᠠᠳᠠᠨᠠᠬᠢ ᠪᠤᠰᠤᠳ ᠠᠵᠢᠯ ᠲᠥᠷᠥᠯ᠎ᠢ ᠵᠢᠭ᠋ᠠᠵᠤ ᠪᠠᠢ᠌ᠨ᠎ᠠ᠂ ᠭᠤᠷᠪᠠᠳᠤᠭ᠋ᠠᠷ ᠠᠵᠤ ᠦᠢ᠍ᠯᠡᠰ᠎ᠲᠤ᠄ ᠪᠥᠭᠡᠮ ᠵᠶ᠋ᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢ᠍ᠯᠡᠰ᠂ ᠵᠠᠮ ᠲᠡᠭᠡᠭᠡᠪᠦᠷᠢ᠂ ᠬᠥᠮᠥᠷᠭᠡᠯᠡᠯᠲᠡ ᠪᠠ ᠰᠢᠦᠳᠠᠨ᠎ᠤ ᠦᠢ᠍ᠯᠡᠰ᠂ ᠬᠣᠨᠣᠭ ᠪᠠ ᠢᠳᠡᠭᠡᠨ ᠤᠮᠳᠠᠭ᠋ᠠᠨ᠎ᠤ ᠦᠢ᠍ᠯᠡᠰ᠂ ᠵᠠᠩᠭᠢ ᠳᠠᠮᠵᠢᠯᠭ᠋ᠠᠨ᠂ ᠵᠥᠭᠡᠯᠡᠨ ᠲᠣᠨᠣᠭ ᠪᠠ ᠮᠡᠳᠡᠭᠡ ᠵᠠᠩᠭᠢ ᠵᠢᠨ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠂ ᠮᠥᠩᠭᠥᠨ ᠭᠦᠢ᠍ᠯᠭᠡᠭᠡᠨ᠎ᠤ ᠦᠢ᠍ᠯᠡᠰ᠂ ᠭᠡᠷ ᠪᠠᠶ᠋ᠢᠰᠢᠩ ᠭᠠᠵᠠᠷ ᠬᠦ᠍ᠷᠦᠩᠭᠡ ᠵᠢᠨ ᠦᠢ᠍ᠯᠡᠰ᠂ ᠲᠦᠷᠢᠶᠡᠰᠦᠯᠡᠬᠦ ᠪᠠ ᠬᠤᠳᠠᠯᠳᠤᠭ᠋ᠠᠨ᠎ᠤ ᠶᠠᠪᠤᠳᠠᠯ᠎ᠤᠨ ᠦᠢ᠍ᠯᠡᠴᠢᠯᠡᠭᠡᠨ᠎ᠤ ᠦᠢ᠍ᠯᠡᠰ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠪᠠ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠂ ᠤᠰᠤᠨ ᠠᠰᠢᠭᠯᠠᠯᠲᠠ᠂ ᠣᠷᠴᠢᠨ ᠲᠣᠭᠣᠷᠢᠨ ᠪᠠ ᠣᠯᠠᠨ ᠨᠡᠶ᠋ᠢᠲᠡ ᠵᠢᠨ ᠲᠥᠬᠥᠭᠡᠷᠦᠮᠵᠢ ᠵᠢᠨ ᠬᠠᠮᠢᠶᠠᠷᠤᠯᠲᠠ ᠵᠢᠨ ᠦᠢ᠍ᠯᠡᠰ᠂ ᠰᠠᠭᠤᠭ᠋ᠠᠯᠢ ᠠᠷᠠᠳ᠎ᠤᠨ ᠦᠢ᠍ᠯᠡᠴᠢᠯᠡᠭᠡ᠂ ᠰᠡᠯᠪᠢᠨ ᠵᠠᠰᠠᠬᠤ ᠪᠠ ᠪᠤᠰᠤᠳ ᠦᠢ᠍ᠯᠡᠴᠢᠯᠡᠭᠡᠨ᠎ᠤ ᠦᠢ᠍ᠯᠡᠰ᠂ ᠰᠤᠷᠭ᠋ᠠᠬᠤ᠂ ᠡᠷᠡᠭᠦᠯ ᠬᠠᠮᠠᠭ᠋ᠠᠯᠠᠯ ᠪᠠ ᠨᠡᠶ᠋ᠢᠭᠡᠮ᠎ᠤᠨ ᠠᠵᠢᠯ᠂ ᠰᠣᠶᠣᠯ᠂ ᠪᠡᠶ᠎ᠡ ᠵᠢᠨ ᠲᠠᠮᠢᠷ ᠪᠠ ᠵᠤᠭ᠎ᠠ ᠴᠡᠩᠭᠡᠯ᠎ᠤᠨ ᠦᠢ᠍ᠯᠡᠰ᠂ ᠨᠡᠶ᠋ᠢᠲᠡ ᠵᠢᠨ ᠬᠠᠮᠢᠶᠠᠷᠤᠯᠲᠠ᠂ ᠨᠡᠶ᠋ᠢᠭᠡᠮ᠎ᠤᠨ ᠪᠠᠲᠤᠯᠠᠭ᠎ᠠ ᠪᠠ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ᠂ ᠤᠯᠡᠠ ᠤᠯᠤᠰ᠎ᠤᠨ ᠵᠣᠬᠢᠶᠠᠨ ᠪᠠᠶ᠋ᠢᠭᠤᠯᠤᠯᠲᠠ᠂ ᠵᠢᠴᠢ ᠲᠠᠷᠢᠶᠠᠴᠢᠨ᠂
ᠤᠢ᠂ ᠮᠠᠯ᠂ ᠵᠢᠭ᠋ᠠᠰᠤᠨ ᠠᠵᠤ ᠠᠬᠤᠶ᠎ᠳᠠᠬᠢ ᠲᠠᠷᠢᠶᠠᠯᠠᠩ᠂ ᠤᠢ᠂ ᠮᠠᠯ᠂ ᠵᠢᠭ᠋ᠠᠰᠤᠨ ᠠᠵᠤ ᠠᠬᠤᠶ ᠵᠢᠨ ᠲᠤᠰᠬᠠᠶ ᠮᠡᠷᠭᠡᠵᠢᠯ ᠵᠢᠴᠢ ᠲᠤᠰᠠᠯᠠᠬᠤ ᠴᠢᠨᠠᠷᠲᠠᠶ ᠠᠵᠢᠯᠯᠠᠭ᠎ᠠ᠂ ᠠᠭᠤᠷᠬᠠᠶ ᠮᠠᠯᠲᠠᠬᠤ ᠦᠢ᠍ᠯᠡᠰ᠎ᠲᠠᠬᠢ ᠠᠭᠤᠷᠬᠠᠶ ᠮᠠᠯᠲᠠᠬᠤ ᠲᠤᠰᠬᠠᠶ ᠮᠡᠷᠭᠡᠵᠢᠯ ᠵᠢᠴᠢ ᠲᠤᠰᠠᠯᠠᠬᠤ ᠴᠢᠨᠠᠷᠲᠠᠶ ᠠᠵᠢᠯᠯᠠᠭ᠎ᠠ᠂ ᠦᠢ᠍ᠯᠡᠳᠬᠦ ᠦᠢ᠍ᠯᠡᠰ᠎ᠲᠠᠬᠢ ᠲᠡᠮᠦᠷᠯᠢᠭ ᠦᠢ᠍ᠯᠡᠳᠬᠦᠨ᠂ ᠮᠠᠰᠢᠨ ᠪᠠ ᠲᠥᠬᠥᠭᠡᠷᠦᠮᠵᠢ ᠰᠡᠯᠪᠢᠨ ᠵᠠᠰᠠᠬᠤ ᠦᠢ᠍ᠯᠡᠰ ᠪᠠᠭᠳᠠᠨ᠎ᠠ᠃
[2] ᠨᠢᠭᠡᠴᠡ ᠵᠢᠨ ᠬᠤᠪᠢᠶᠠᠷᠢᠯᠠᠯ
ᠬᠠᠤᠯᠢ ᠵᠢᠨ ᠡᠷᠬᠡᠲᠡᠨ᠎ᠤ ᠨᠢᠭᠡᠴᠡ ᠭᠡᠳᠡᠭ᠎ᠨᠢ ᠡᠳ᠋ ᠭᠦᠷᠦᠨᠭᠭᠡ᠎ᠲᠠᠢ ᠪᠠᠶ᠋ᠢᠬᠤ᠂ ᠥᠷᠢ ᠰᠢᠷᠢ ᠵᠢ ᠡᠭᠦᠷᠭᠡᠯᠡᠬᠦ ᠡᠷᠬᠡ᠎ᠲᠠᠢ ᠪᠥᠭᠡᠳ ᠨᠡᠶ᠋ᠢᠭᠡᠮ᠎ᠤᠨ ᠠᠵᠤ ᠠᠬᠤᠢ ᠵᠢᠨ ᠠᠵᠢᠯᠯᠠᠭ᠎ᠠ (ᠡᠰᠡᠬᠦᠯ᠎ᠡ ᠪᠤᠰᠤᠳ ᠨᠢᠭᠡᠴᠡ᠎ᠲᠠᠢ ᠠᠷᠠᠯᠵᠢᠶ᠎ᠠ ᠬᠢᠬᠦ) ᠵᠢ ᠪᠡᠶ᠎ᠡ᠎ᠪᠠᠨ ᠳᠠᠭ᠋ᠠᠭ᠋ᠠᠵᠤ ᠬᠢᠬᠦ ᠵᠣᠬᠢᠶᠠᠨ ᠪᠠᠶ᠋ᠢᠭᠤᠯᠤᠯᠲᠠ ᠵᠢ ᠵᠢᠭ᠋ᠠᠵᠤ ᠪᠠᠶ᠋ᠢᠨ᠎ᠠ᠃ ᠬᠠᠤᠯᠢ ᠵᠢᠨ ᠡᠷᠬᠡᠲᠡᠨ᠎ᠤ ᠨᠢᠭᠡᠴᠡ᠎ᠨᠢ ᠳᠣᠣᠷᠠᠬᠢ ᠨᠥᠬᠥᠴᠡᠯ᠎ᠢ ᠬᠠᠮᠲᠤᠳᠤᠨᠢ ᠪᠦᠷᠢᠯᠳᠦᠭᠦᠯᠬᠦ ᠬᠡᠷᠡᠭᠲᠡᠶ᠄
(1) ᠬᠠᠤᠯᠢ ᠶᠣᠰᠣᠭ᠋ᠠᠷ ᠪᠠᠶ᠋ᠢᠭᠤᠯᠤᠭᠳᠠᠭᠰᠠᠨ᠂ ᠥᠪᠡᠷ᠎ᠤᠨ ᠨᠡᠷᠡᠶ᠋ᠢᠳᠦᠯ᠂ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠮᠵᠢ ᠪᠠ ᠲᠠᠯᠠᠪᠤᠷ᠎ᠲᠠᠢ ᠪᠠᠶ᠋ᠢᠵᠤ᠂ ᠥᠷᠢ ᠥᠭᠴᠡᠭᠡ ᠪᠠ ᠪᠤᠰᠤᠳ ᠢᠷᠭᠡᠨ᠎ᠤ ᠬᠡᠷᠡᠭ᠎ᠤᠨ ᠬᠠᠷᠢᠭᠤᠴᠠᠯᠭ᠎ᠠ ᠵᠢ ᠪᠡᠶ᠎ᠡ᠎ᠪᠠᠨ ᠳᠠᠭ᠋ᠠᠭ᠋ᠠᠵᠤ ᠡᠭᠦᠷᠭᠡᠯᠡᠵᠦ ᠴᠢᠳᠠᠬᠤ;
(2) ᠲᠤᠰᠠᠭ᠋ᠠᠷ ᠡᠵᠡᠮᠰᠢᠬᠦ ᠪᠠ ᠬᠡᠷᠡᠭᠯᠡᠬᠦ (ᠪᠤᠶᠤ ᠡᠷᠬᠡ ᠣᠯᠭᠣᠵᠤ ᠬᠡᠷᠡᠭᠯᠡᠭᠦᠯᠬᠦ) ᠡᠳ᠋ ᠬᠦᠷᠦᠨᠭᠭᠡ᠎ᠨᠢ ᠪᠤᠰᠤᠳ ᠨᠢᠭᠡᠴᠢ᠎ᠲᠠᠢ ᠭᠡᠷ᠎ᠡ ᠲᠣᠭᠲᠠᠭ᠋ᠠᠬᠤ ᠡᠷᠬᠡ᠎ᠲᠠᠢ;
(3) ᠨᠢᠭᠲᠠᠯᠠᠨ ᠪᠤᠳᠦᠬᠤ ᠲᠠᠯ᠎ᠠ᠎ᠪᠠᠷ ᠲᠤᠰᠠᠭ᠋ᠠᠷ ᠲᠣᠭ᠋ᠠᠴᠠᠭ᠎ᠠ ᠬᠢᠵᠦ᠂ ᠪᠡᠯᠠ ᠬᠦᠷᠦᠩᠭᠡ ᠥᠷᠢ ᠥᠭᠴᠡᠭᠡ ᠵᠢᠨ ᠬᠦᠰᠦᠨᠦᠭᠲᠦ ᠵᠡᠷᠭᠡ ᠨᠢᠭᠲᠠᠯᠠᠨ ᠪᠤᠳᠦᠭ᠍ᠰᠡᠠ ᠮᠡᠳᠡᠭᠦᠯᠦᠯᠲᠡ ᠵᠢᠨ ᠬᠦᠰᠦᠨᠦᠭᠲᠦ ᠵᠢ ᠨᠠᠶ᠋ᠢᠷᠠᠭᠤᠯᠤᠨ ᠵᠣᠬᠢᠶᠠᠵᠤ ᠴᠢᠳᠠᠬᠤ᠃
ᠬᠠᠤᠯᠢ ᠵᠢᠨ ᠡᠷᠬᠡᠲᠡᠨ᠎ᠤ ᠨᠢᠭᠡᠴᠡ᠎ᠳᠤ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠂ ᠠᠵᠢᠯ ᠦᠢ᠍ᠯᠡᠰ᠎ᠤᠨ ᠨᠢᠭᠡᠴᠡ ᠵᠢᠨ ᠬᠠᠤᠯᠢ ᠵᠢᠨ ᠡᠷᠬᠡᠲᠡᠨ᠂ ᠪᠠᠶ᠋ᠢᠭᠤᠯᠭ᠎ᠠ ᠵᠢᠨ ᠬᠠᠤᠯᠢ ᠵᠢᠨ ᠡᠷᠬᠡᠲᠡᠨ᠂ ᠨᠡᠶ᠋ᠢᠭᠡᠮ᠎ᠤᠨ ᠪᠦᠯᠬᠦᠮ᠎ᠤᠨ ᠬᠠᠤᠯᠢ ᠵᠢᠨ ᠡᠷᠬᠡᠲᠡᠨ᠂ ᠪᠤᠰᠤᠳ ᠬᠠᠤᠯᠢ ᠵᠢᠨ ᠡᠷᠬᠡᠲᠡᠨ ᠵᠡᠷᠭᠡ ᠪᠠᠭᠲᠠᠨ᠎ᠠ᠃
ᠠᠵᠤ ᠦᠢ᠍ᠯᠡᠰ᠎ᠤᠨ ᠠᠵᠢᠯᠯᠠᠭ᠋ᠠᠨ᠎ᠤ ᠨᠢᠭᠡᠴᠡ ᠭᠡᠳᠡᠭ ᠪᠣᠯ ᠨᠢᠭᠡ ᠭᠠᠵᠠᠷ᠎ᠲᠤ ᠣᠷᠣᠰᠢᠵᠤ᠂ ᠨᠢᠭᠡ ᠵᠦᠢ᠍ᠯ᠎ᠤᠨ ᠪᠤᠶᠤ ᠭᠣᠣᠯᠳᠠᠭᠤ ᠨᠢᠭᠡ ᠵᠦᠢ᠍ᠯ᠎ᠤᠨ ᠨᠡᠶ᠋ᠢᠭᠡᠮ᠎ᠤᠨ ᠠᠵᠤ ᠠᠬᠤᠢ ᠵᠢᠨ ᠠᠵᠢᠯᠯᠠᠭ᠎ᠠ ᠬᠢᠵᠦ ᠪᠠᠶ᠋ᠢᠭ᠎ᠠ ᠵᠣᠬᠢᠶᠠᠨ ᠪᠠᠶ᠋ᠢᠭᠤᠯᠤᠯᠲᠠ ᠪᠤᠶᠤ ᠵᠣᠬᠢᠶᠠᠨ ᠪᠠᠶ᠋ᠢᠭᠤᠯᠤᠯᠲᠠ ᠵᠢᠨ ᠨᠢᠭᠡ ᠬᠡᠰᠡᠭ᠎ᠢ ᠵᠢᠭ᠋ᠠᠵᠤ ᠪᠠᠶ᠋ᠢᠨ᠎ᠠ᠃ ᠠᠵᠤ ᠦᠢ᠍ᠯᠡᠰ᠎ᠤᠨ ᠠᠵᠢᠯᠯᠠᠭ᠋ᠠᠨ᠎ᠤ ᠨᠢᠭᠡᠴᠡ᠎ᠨᠢ ᠳᠣᠣᠷᠠᠬᠢ ᠨᠥᠬᠥᠴᠡᠯ᠎ᠤᠳ᠎ᠢ ᠬᠠᠮᠲᠤᠳᠤᠨᠢ ᠪᠦᠷᠢᠯᠳᠦᠭᠦᠯᠬᠦ ᠬᠡᠷᠡᠭᠲᠡᠢ᠄
(1) ᠨᠢᠭᠡ ᠲᠠᠯᠠᠪᠤᠷ᠎ᠲᠤ ᠨᠢᠭᠡ ᠵᠦᠢ᠍ᠯ᠎ᠤᠨ ᠪᠤᠶᠤ ᠭᠣᠣᠯᠳᠠᠭᠤ ᠨᠢᠭᠡ ᠵᠦᠢ᠍ᠯ᠎ᠤᠨ ᠨᠡᠶ᠋ᠢᠭᠡᠮ᠎ᠤᠨ ᠠᠵᠤ ᠠᠬᠤᠢ ᠵᠢᠨ ᠠᠵᠢᠯᠯᠠᠭ᠎ᠠ ᠬᠢᠬᠦ;
(2) ᠦᠢ᠍ᠯᠡᠳᠪᠦᠷᠢᠯᠡᠯ᠎ᠤᠨ ᠠᠵᠢᠯᠯᠠᠭ᠎ᠠ ᠪᠤᠶᠤ ᠡᠵᠡᠩᠨᠡᠯᠲᠡ ᠵᠢᠨ ᠠᠵᠢᠯᠯᠠᠭ᠎ᠠ ᠵᠢ ᠬᠠᠷᠢᠴᠠᠩᠭᠤᠢ᠎ᠪᠠᠷ ᠪᠡᠶ᠎ᠡ᠎ᠪᠠᠨ ᠳᠠᠭ᠋ᠠᠭ᠋ᠠᠵᠤ ᠵᠣᠬᠢᠶᠠᠨ ᠪᠠᠶ᠋ᠢᠭᠤᠯᠤᠨ᠎ᠠ;
(3) ᠣᠷᠣᠯᠭ᠎ᠠ ᠪᠤᠶᠤ ᠵᠠᠷᠤᠯᠭ᠎ᠠ ᠵᠡᠷᠭᠡ ᠬᠣᠯᠪᠣᠭᠳᠠᠯ ᠪᠦᠬᠦᠢ ᠮᠠᠲ᠋ᠧᠷᠢᠶᠠᠯ᠎ᠢ ᠬᠠᠩᠭ᠋ᠠᠵᠤ ᠳᠡᠶ᠋ᠢᠯᠬᠦ᠃
ᠠᠵᠤ ᠦᠢ᠍ᠯᠡᠰ᠎ᠤᠨ ᠠᠵᠢᠯᠯᠠᠭ᠋ᠠᠨ᠎ᠤ ᠨᠢᠭᠡᠴᠢ ᠪᠣᠯ ᠬᠠᠤᠯᠢ ᠵᠢᠨ ᠡᠷᠬᠡᠲᠡᠨ᠎ᠤ ᠨᠢᠭᠡᠴᠡ ᠵᠢᠨ ᠪᠦᠷᠢᠯᠳᠦᠬᠦᠨ ᠬᠡᠰᠡᠭ ᠮᠥᠨ᠃ ᠵᠥᠪᠬᠡᠨ ᠨᠢᠭᠡ ᠯᠡ ᠠᠵᠤ ᠦᠢ᠍ᠯᠡᠰ᠎ᠤᠨ ᠠᠵᠢᠯᠯᠠᠭ᠋ᠠᠨ ᠤ ᠨᠢᠭᠡᠴᠡ ᠵᠢ ᠪᠠᠭᠲᠠᠭ᠋ᠠᠭᠰᠠᠨ ᠬᠠᠤᠯᠢ ᠵᠢᠨ ᠡᠷᠬᠡᠲᠡᠨ᠎ᠤ ᠨᠢᠭᠡᠴᠡ ᠵᠢ ᠭᠠᠭᠴᠠ ᠠᠵᠤ ᠦᠢ᠍ᠯᠡᠰ᠎ᠤᠨ ᠬᠠᠤᠯᠢ ᠵᠢᠨ ᠡᠷᠬᠡᠲᠡᠨ᠎ᠤ ᠨᠢᠭᠡᠴᠡ ᠭᠡᠳᠡᠭ᠂ ᠲᠤᠰ ᠬᠠᠤᠯᠢ ᠵᠢᠨ ᠡᠷᠬᠡᠲᠡᠨ᠎ᠤ ᠨᠢᠭᠡᠴᠡ ᠪᠣᠯ ᠮᠥᠨ ᠴᠦ᠍ ᠨᠢᠭᠡ ᠠᠵᠤ ᠦᠢ᠍ᠯᠡᠰ᠎ᠤᠨ ᠠᠵᠢᠯᠯᠠᠭ᠋ᠠᠨ᠎ᠤ ᠨᠢᠭᠡᠴᠡ ᠮᠥᠨ; ᠬᠣᠶᠠᠷ᠎ᠠᠴᠠ ᠳᠡᠭᠡᠭᠰᠢᠬᠢ ᠠᠵᠤ ᠦᠢ᠍ᠯᠡᠰ᠎ᠤᠨ ᠠᠵᠢᠯᠯᠠᠭ᠋ᠠᠨ᠎ᠤ ᠨᠢᠭᠡᠴᠡ᠎ᠪᠠᠷ ᠪᠦᠷᠢᠯᠳᠦᠭᠰᠡᠨ ᠬᠠᠤᠯᠢ ᠵᠢᠨ ᠡᠷᠬᠡᠲᠡᠨ᠎ᠤ ᠨᠢᠭᠡᠴᠡ ᠵᠢ ᠤᠯᠠᠨ ᠠᠵᠤ ᠦᠢ᠍ᠯᠡᠰ᠎ᠤᠨ ᠬᠠᠤᠯᠢ ᠵᠢᠨ ᠡᠷᠬᠡᠲᠡᠨ᠎ᠤ ᠨᠢᠭᠡᠴᠡ ᠭᠡᠨ᠎ᠡ᠃ ᠲᠤᠰ ᠠᠯᠪᠠᠨ ᠮᠡᠳᠡᠭᠡ᠎ᠳᠠᠬᠢ ᠠᠵᠤ ᠦᠢ᠍ᠯᠡᠰ᠎ᠤᠨ ᠠᠵᠢᠯᠯᠠᠭ᠋ᠠᠨ᠎ᠤ ᠨᠢᠭᠡᠴᠡ᠎ᠳᠤ ᠳᠠᠩ ᠠᠵᠤ ᠦᠢ᠍ᠯᠡᠰ᠎ᠤᠨ ᠬᠠᠤᠯᠢ ᠵᠢᠨ ᠡᠷᠬᠡᠲᠡᠨ᠎ᠤ ᠨᠢᠭᠡᠴᠡ ᠪᠠ ᠣᠯᠠᠨ ᠠᠵᠤ ᠦᠢ᠍ᠯᠡᠰ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠬᠠᠷᠢᠶ᠎ᠠ ᠪᠦᠬᠦᠢ ᠠᠵᠤ ᠦᠢ᠍ᠯᠡᠰ᠎ᠤᠨ ᠠᠵᠢᠯᠯᠠᠭ᠋ᠠᠨ᠎ᠤ ᠨᠢᠭᠡᠴᠡ ᠪᠠᠭᠲᠠᠨ᠎ᠠ᠃
[3] ᠲᠣᠭ᠎ᠠ ᠪᠠᠷᠢᠮᠲᠠ ᠵᠢᠨ ᠣᠨᠣᠪᠴᠢ ᠵᠢᠨ ᠬᠡᠮᠵᠢᠶ᠎ᠡ ᠵᠢ ᠪᠠᠲᠤᠯᠠᠬᠤ ᠵᠢᠨ ᠲᠥᠯᠥᠭᠡ᠂ ᠣᠨᠴᠠ ᠵᠠᠷᠢᠮ ᠲᠣᠭ᠎ᠠ ᠪᠠᠷᠢᠮᠲᠠ᠎ᠳᠤ 2 - 3 ᠣᠷᠣᠨᠲᠤ ᠠᠷᠪᠠᠲᠤ ᠵᠢᠨ ᠪᠤᠲᠠᠷᠬᠠᠶ ᠵᠢ ᠦᠯᠡᠳᠡᠭᠡᠵᠡᠶ᠃