ᠲᠡᠷᠢᠭᠦᠨ ᠬᠠᠭᠤᠳᠠᠰᠤ
ᠠᠵᠢᠯ᠎ᠤᠨ ᠪᠠᠶ᠋ᠢᠳᠠᠯ
ᠢᠯᠡ ᠵᠠᠰᠠᠭ
ᠲᠤᠭ᠎ᠠ ᠪᠦᠷᠢᠳᠭᠡᠯ᠎ᠤᠨ ᠦᠢᠯᠡᠴᠢᠯᠡᠭᠡ
ᠢᠯᠡ ᠵᠠᠰᠠᠭ   -   ᠠᠯᠪᠠᠨ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠪᠤᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠯᠪᠠᠨ ᠮᠡᠳᠡᠭᠡ (ᠨᠢᠭᠡ) ---- ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠪᠤᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢ ᠤᠷᠤᠭᠰᠢᠲᠠᠶ ᠪᠡᠶᠡᠯᠡᠭᠦᠯᠪᠡ
ᠨᠡᠶ᠋ᠢᠲᠡᠯᠡᠭᠰᠡᠨ ᠴᠠᠭ᠄ 2025-03-20

    《ᠪᠦᠬᠦ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠳᠦᠷᠢᠮ》᠎ᠤᠨ ᠲᠣᠭᠲᠠᠭ᠋ᠠᠯ ᠪᠣᠯᠤᠨ 《ᠲᠠᠪᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢ ᠥᠷᠨᠢᠭᠦᠯᠬᠦ ᠲᠤᠬᠠᠶ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠮᠡᠳᠡᠭᠳᠡᠯ》 (ᠥᠪᠥᠷ ᠵᠠᠰᠠᠭ ᠲᠠᠷᠬᠠᠭ᠋ᠠᠭᠰᠠᠨ  [2023] 5 ᠳ᠋ᠤᠭ᠋ᠠᠷ ᠲᠣᠭ᠋ᠠᠲᠤ)᠎ᠤᠨ ᠱᠠᠭ᠋ᠠᠷᠳᠠᠯᠭ᠎ᠠ ᠵᠢ ᠦᠨᠳᠦᠰᠦᠯᠡᠨ᠂ ᠮᠠᠨ᠎ᠤ ᠣᠷᠣᠨ ᠲᠠᠪᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢ ᠵᠤᠬᠢᠶᠠᠨ ᠪᠠᠢ᠌ᠭᠤᠯᠤᠨ ᠦᠷᠨᠢᠭᠦᠯᠵᠦ᠂ ᠨᠡᠶ᠋ᠢᠳᠡᠮ ᠪᠠᠶ᠋ᠢᠴᠠᠭ᠋ᠠᠯᠲᠠ ᠵᠢᠨ ᠪᠠᠷᠢᠮᠵᠢᠶᠠᠲᠤ ᠴᠠᠭ᠎ᠨᠢ 2023 ᠣᠨ᠎ᠤ 12 ᠳ᠋ᠤᠭ᠋ᠠᠷ ᠰᠠᠷ᠎ᠠ ᠵᠢᠨ 31᠎ᠤ ᠡᠳᠦᠷ ᠪᠣᠯᠤᠨ᠎ᠠ᠂ ᠨᠡᠶ᠋ᠢᠳᠡᠮ ᠪᠠᠶ᠋ᠢᠴᠠᠭ᠋ᠠᠯᠲᠠ ᠵᠢᠨ ᠴᠠᠭ ᠬᠤᠭᠤᠴᠠᠭ᠋ᠠᠨ᠎ᠤ ᠮᠠᠲᠸᠷᠢᠶᠠᠯ᠎ᠨᠢ 2023 ᠣᠨ ᠪᠣᠯᠤᠨ᠎ᠠ᠂ ᠨᠡᠶ᠋ᠢᠳᠡᠮ ᠪᠠᠶ᠋ᠢᠴᠠᠭ᠋ᠠᠯᠲᠠ ᠵᠢᠨ ᠡᠲᠡᠭᠡᠳ ᠪᠣᠯ ᠪᠦᠬᠦ ᠣᠷᠣᠨ᠎ᠤ ᠬᠣᠶᠠᠳᠤᠭ᠋ᠠᠷ ᠠᠵᠤ ᠦᠢ᠍ᠯᠡᠰ ᠪᠣᠯᠤᠨ ᠭᠤᠷᠪᠠᠳᠤᠭ᠋ᠠᠷ ᠠᠵᠤ ᠦᠢ᠍ᠯᠡᠰ᠎ᠤᠨ ᠠᠵᠢᠯᠯᠠᠭ᠎ᠠ ᠬᠢᠬᠦ ᠪᠦᠬᠦ ᠬᠠᠤᠯᠢ ᠵᠢᠨ ᠡᠷᠬᠡᠲᠡᠨ᠎ᠤ ᠨᠢᠭᠡᠴᠡ᠂ ᠠᠵᠤ ᠦᠢ᠍ᠯᠡᠰ᠎ᠤᠨ ᠠᠵᠢᠯᠯᠠᠭ᠋ᠠᠨ᠎ᠤ ᠨᠢᠭᠡᠴᠡ ᠪᠣᠯᠤᠨ ᠬᠤᠪᠢ ᠵᠢᠨ ᠡᠵᠡᠩᠨᠡᠯᠲᠡ ᠵᠢᠨ ᠡᠷᠦᠬᠡ ᠪᠣᠯᠤᠨ᠎ᠠ᠃ ᠲᠥᠷᠥ ᠵᠢᠨ ᠶᠠᠪᠤᠳᠠᠯ᠎ᠤᠨ ᠬᠣᠷᠢᠶᠠᠨ᠎ᠤ ᠲᠠᠪᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠤᠳᠤᠷᠢᠳᠬᠤ ᠳᠤᠭᠤᠶ᠋ᠢᠯᠠᠩ᠎ᠤᠨ ᠵᠢᠯᠣᠭᠣᠳᠤᠯᠭ᠎ᠠ ᠳᠤᠤᠷ᠎ᠠ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶ᠎ᠠ ᠪᠣᠯᠤᠨ ᠵᠠᠰᠠᠭ᠎ᠤᠨ ᠣᠷᠳᠣᠨ᠎ᠤ ᠤᠳᠤᠷᠢᠳᠤᠯᠭ᠎ᠠ ᠵᠢᠨ ᠳᠤᠤᠷ᠎ᠠ᠂ ᠡᠯ᠎ᠡ ᠭᠠᠵᠠᠷ ᠣᠷᠣᠨ᠂ ᠡᠯ᠎ᠡ ᠰᠠᠯᠠᠭ᠎ᠠ ᠮᠥᠴᠢᠷ᠂ ᠡᠯ᠎ᠡ ᠱᠠᠲᠤᠨ᠎ᠤ ᠨᠡᠶ᠋ᠢᠳᠡᠮ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ ᠪᠣᠯᠤᠨ ᠥᠷᠭᠡᠨ ᠣᠯᠠᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯᠲᠠᠨ᠎ᠤ ᠬᠣᠶᠠᠷ ᠵᠢᠯ᠎ᠤᠨ ᠲᠤᠷᠰᠢᠬᠢ ᠬᠠᠮᠲᠤ ᠵᠢᠨ ᠴᠢᠷᠮᠠᠶ᠋ᠢᠯᠭ᠎ᠠ᠂ ᠨᠡᠶ᠋ᠢᠳᠡᠮ ᠪᠠᠶ᠋ᠢᠴᠠᠭ᠋ᠠᠯᠲᠠ ᠵᠢᠨ ᠡᠲᠡᠭᠡᠳ᠎ᠤᠨ ᠢᠳᠡᠪᠬᠢᠲᠡᠶ ᠬᠠᠮᠵᠢᠯᠴᠠᠭ᠎ᠠ ᠵᠢᠨ ᠳᠤᠤᠷ᠎ᠠ᠂ ᠮᠠᠨ᠎ᠤ ᠣᠷᠣᠨ᠎ᠤ ᠲᠠᠪᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠥᠨᠳᠥᠷ ᠪᠠᠷᠢᠮᠵᠢᠶ᠎ᠠ᠎ᠪᠠᠷ ᠬᠡᠷᠡᠭᠵᠢᠭᠦᠯᠬᠦ ᠲᠦᠰᠦᠪ ᠲᠣᠭᠲᠠᠭ᠋ᠠᠬᠤ᠂ ᠨᠢᠭᠡᠴᠡ ᠵᠢ ᠢᠯᠭ᠋ᠠᠷᠠᠭᠤᠯᠤᠨ ᠪᠠᠶ᠋ᠢᠴᠠᠭ᠋ᠠᠬᠤ᠂ ᠨᠡᠶ᠋ᠢᠳᠡᠮ ᠪᠠᠶ᠋ᠢᠴᠠᠭ᠋ᠠᠵᠤ ᠳᠠᠩᠰᠠᠯᠠᠬᠤ᠂ ᠲᠣᠭ᠎ᠠ ᠪᠠᠷᠢᠮᠲᠠ ᠵᠢᠨ ᠶᠠᠰᠤ ᠴᠢᠨᠠᠷ᠎ᠢ ᠪᠠᠶ᠋ᠢᠴᠠᠭ᠋ᠠᠬᠤ᠂ ᠲᠣᠭ᠎ᠠ ᠪᠠᠷᠢᠮᠲᠠ ᠵᠢ ᠬᠤᠷᠢᠶᠠᠩᠭᠤᠶ᠋ᠢᠯᠠᠵᠤ ᠦᠨᠡᠯᠡᠨ ᠵᠢᠱ᠌ᠢᠬᠦ ᠵᠡᠷᠭᠡ ᠡᠯ᠎ᠡ ᠵᠦᠢ᠍ᠯ᠎ᠤᠨ ᠡᠭᠦᠷᠭᠡ ᠵᠢ ᠪᠡᠶᠡᠯᠡᠭᠦᠯᠵᠦ᠂ ᠢᠯᠡᠷᠬᠡᠶ ᠠᠮᠵᠢᠯᠲᠠ ᠣᠯᠪᠠ᠃
    ᠨᠢᠭᠡ᠂ ᠵᠣᠬᠢᠶᠠᠨ ᠪᠠᠶ᠋ᠢᠭᠤᠯᠤᠯᠲᠠ ᠵᠢᠨ ᠤᠳᠤᠷᠢᠳᠤᠯᠭ᠎ᠠ᠎ᠪᠠᠨ ᠴᠢᠩᠭ᠋ᠠᠳᠬᠠᠪᠠ᠃
    2023 ᠣᠨ᠎ᠤ 4 ᠳ᠋ᠤᠭᠡᠷ ᠰᠠᠷ᠎ᠠ ᠵᠢᠨ 19᠎ᠤ ᠡᠳᠦᠷ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠪᠤᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠤᠳᠤᠷᠢᠳᠬᠤ ᠳᠤᠭᠤᠶ᠋ᠢᠯᠠᠩ ᠪᠠᠶ᠋ᠢᠭᠤᠯᠤᠭᠳᠠᠵᠤ᠂ ᠤᠳᠤᠷᠢᠳᠬᠤ ᠳᠤᠭᠤᠶ᠋ᠢᠯᠠᠩ᠎ᠤᠨ ᠠᠯᠪᠠᠨ ᠬᠡᠷ᠎ᠢ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ᠎ᠳᠤ ᠳᠣᠭᠢᠷᠠᠭᠤᠯᠵᠤ᠂ ᠪᠥᠬᠥ ᠣᠷᠣᠨ᠎ᠤ ᠲᠠᠪᠤᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠢ ᠨᠢᠭᠡᠳᠦᠯᠲᠡᠶ ᠲᠥᠯᠥᠪᠯᠡᠵᠡᠶ᠃ 《ᠪᠦᠬᠦ ᠤᠯᠤᠰ᠎ᠠᠴᠠ ᠨᠢᠭᠡᠳᠦᠯᠲᠡᠶ ᠤᠳᠤᠷᠢᠳᠬᠤ᠂ ᠰᠠᠯᠠᠭ᠎ᠠ ᠮᠥᠴᠢᠷ᠎ᠤᠳ ᠠᠵᠢᠯ ᠵᠶ᠋ᠠᠨ ᠬᠤᠪᠢᠳᠠᠨ ᠬᠠᠮᠵᠢᠯᠴᠠᠬᠤ᠂ ᠣᠷᠣᠨ ᠨᠤᠲᠤᠭ᠎ᠤᠨ᠎ᠬᠢᠨ ᠱᠠᠲᠤ ᠬᠤᠪᠢᠶᠠᠨ ᠬᠠᠷᠢᠭᠤᠴᠠᠬᠤ᠂ ᠡᠯ᠎ᠡ ᠲᠠᠯ᠎ᠠ ᠵᠢᠨ᠎ᠬᠢᠨ ᠬᠠᠮᠲᠤᠪᠠᠷ ᠣᠷᠣᠯᠴᠠᠬᠤ》 ᠨᠡᠶ᠋ᠢᠳᠡᠮ ᠪᠠᠶ᠋ᠢᠴᠠᠭ᠋ᠠᠯᠲᠠ ᠵᠢᠨ ᠵᠣᠬᠢᠶᠠᠨ ᠪᠠᠶ᠋ᠢᠭᠤᠯᠤᠨ ᠬᠡᠷᠡᠭᠵᠢᠭᠦᠯᠬᠦ ᠵᠠᠷᠴᠢᠮ ᠶᠣᠰᠣᠭ᠋ᠠᠷ᠂ ᠪᠦᠬᠦ ᠣᠷᠣᠨ᠎ᠤ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ ᠵᠢᠴᠢ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ ᠴᠥᠮ ᠨᠡᠶ᠋ᠢᠳᠡᠮ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ ᠪᠠᠶ᠋ᠢᠭᠤᠯᠵᠤ᠂ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ ᠥᠷᠨᠢᠭᠦᠯᠬᠦ᠎ᠳᠤ ᠪᠠᠲᠤ ᠪᠡᠬᠢ ᠵᠣᠬᠢᠶᠠᠨ ᠪᠠᠶ᠋ᠢᠭᠤᠯᠤᠯᠲᠠ ᠵᠢᠨ ᠪᠠᠲᠤᠯᠠᠭ᠎ᠠ ᠬᠠᠩᠭ᠋ᠠᠪᠠ᠃ ᠡᠯ᠎ᠡ ᠱᠠᠲᠤᠨ᠎ᠤ ᠨᠡᠶ᠋ᠢᠳᠡᠮ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ᠎ᠨᠤᠭᠤᠳ ᠤᠳᠤᠷᠢᠳᠤᠯᠭ᠎ᠠ᠎ᠪᠠᠨ ᠪᠦᠬᠦ ᠲᠠᠯ᠎ᠠ᠎ᠪᠠᠷ ᠴᠢᠩᠭ᠋ᠠᠳᠬᠠᠨ᠂ ᠨᠠᠷᠢᠨ ᠨᠢᠮᠪᠠᠶ ᠵᠣᠬᠢᠶᠠᠨ ᠪᠠᠶ᠋ᠢᠭᠤᠯᠤᠨ ᠶᠠᠪᠤᠭᠳᠠᠭᠤᠯᠵᠤ᠂ ᠠᠵᠢᠯᠲᠠᠨ᠎ᠢ ᠪᠣᠳᠠᠲᠠᠶ᠋ᠢᠵᠢᠭᠤᠯᠬᠤ᠂ ᠵᠠᠷᠤᠳᠠᠯ᠎ᠢ ᠪᠣᠳᠠᠲᠠᠶ᠋ᠢᠵᠢᠭᠤᠯᠬᠤ᠂ ᠠᠷᠭ᠎ᠠ ᠬᠡᠮᠵᠢᠶ᠎ᠡ ᠵᠢ ᠪᠤᠳᠠᠳᠠᠢ᠌ᠵᠢᠭᠤᠯᠪᠠ᠃ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠳᠤ ᠣᠷᠣᠯᠴᠠᠭᠰᠠᠨ ᠬᠠᠮᠢᠶ᠎ᠠ ᠪᠦᠬᠦᠢ ᠰᠠᠯᠠᠭ᠎ᠠ ᠮᠥᠴᠢᠷ᠎ᠤᠳ ᠢᠳᠡᠪᠬᠢᠲᠡᠶ ᠪᠥᠭᠡᠳ ᠰᠠᠨᠠᠭ᠋ᠠᠴᠢᠯᠠᠭ᠎ᠠ᠎ᠠᠴᠠ᠎ᠪᠠᠨ ᠬᠠᠷᠢᠭᠤᠴᠠᠯᠭ᠎ᠠ᠎ᠪᠠᠨ ᠭᠦᠢ᠍ᠴᠡᠳᠬᠡᠵᠦ᠂ ᠲᠤᠰ ᠲᠤᠰ᠎ᠤᠨ ᠡᠭᠦᠷᠭᠡ ᠴᠢᠳᠠᠪᠤᠷᠢ᠎ᠪᠠᠨ ᠭᠦᠢ᠍ᠴᠡᠳ ᠪᠠᠳᠠᠷᠠᠭᠤᠯᠤᠨ᠂ ᠮᠡᠳᠡᠭᠡ ᠵᠠᠩᠭᠢ ᠵᠢ ᠬᠠᠮᠲᠤᠪᠠᠷ ᠡᠳ᠋ᠯᠡᠬᠦ ᠵᠢ ᠴᠢᠩᠭ᠋ᠠᠷᠠᠭᠤᠯᠵᠤ᠂ ᠣᠯᠠᠨ ᠲᠠᠯ᠎ᠠ ᠵᠢᠨ ᠪᠠᠲᠤᠯᠠᠭ᠎ᠠ ᠬᠠᠩᠭ᠋ᠠᠨ᠂ ᠨᠡᠶ᠋ᠢᠳᠡᠮ ᠪᠠᠶ᠋ᠢᠴᠠᠭ᠋ᠠᠯᠲᠠ ᠵᠢᠨ ᠤᠷᠤᠭᠰᠢᠲᠠᠶ ᠬᠡᠷᠡᠭᠵᠢᠭᠦᠯᠦᠭᠳᠡᠬᠦ ᠵᠢ ᠬᠠᠮᠲᠤᠪᠠᠷ ᠲᠦᠯᠬᠢᠨ ᠠᠬᠢᠭᠤᠯᠪᠠ᠃
    ᠬᠣᠶᠠᠷ᠂ ᠪᠥᠬᠥ ᠲᠠᠯ᠎ᠠ᠎ᠪᠠᠷ ᠪᠠᠶ᠋ᠢᠳᠠᠯ᠎ᠢ ᠤᠢ᠌ᠯᠠᠭ᠋ᠠᠪᠠ᠃    
    2024 ᠣᠨ᠎ᠤ 1 ᠰᠠᠷ᠎ᠠ ᠵᠢᠨ 1᠎ᠤ ᠡᠳᠦᠷ᠎ᠠᠴᠠ 4 ᠰᠠᠷ᠎ᠠ ᠵᠢᠨ 30᠎ᠤ ᠡᠳᠦᠷ ᠪᠣᠯᠲᠠᠯ᠎ᠠ᠂ ᠪᠥᠬᠥ ᠣᠷᠣᠨ᠎ᠤ 3.7 ᠲᠦᠮᠡᠨ ᠨᠡᠶ᠋ᠢᠳᠡᠮ ᠪᠠᠶ᠋ᠢᠴᠠᠭ᠋ᠠᠭᠴᠢ ᠰᠡᠳᠬᠢᠯ ᠵᠶ᠋ᠠᠨ ᠨᠢᠭᠡᠳᠬᠡᠨ ᠬᠦᠴᠦ᠎ᠪᠠᠨ ᠬᠠᠮᠳᠤᠳᠬᠠᠵᠤ᠂ ᠬᠦᠴᠢᠷ ᠪᠡᠷᠬᠡᠰᠢᠶᠡᠯ᠎ᠢ ᠢᠯᠠᠨ ᠳᠠᠪᠠᠵᠤ᠂ ᠮᠠᠨ᠎ᠤ ᠣᠷᠣᠨ᠎ᠤ ᠬᠢᠯᠢ ᠳᠣᠲᠣᠷᠠᠬᠢ ᠬᠣᠶᠠᠳᠤᠭ᠋ᠠᠷ ᠠᠵᠤ ᠦᠢ᠍ᠯᠡᠰ ᠪᠣᠯᠤᠨ ᠭᠤᠷᠪᠠᠳᠤᠭ᠋ᠠᠷ ᠠᠵᠤ ᠦᠢ᠍ᠯᠡᠰ᠎ᠤᠨ ᠠᠵᠢᠯᠯᠠᠭ᠎ᠠ ᠬᠢᠵᠦ ᠪᠠᠶ᠋ᠢᠭ᠎ᠠ ᠬᠠᠤᠯᠢ ᠵᠢᠨ ᠡᠷᠬᠡᠲᠡᠨ᠎ᠤ ᠨᠢᠭᠡᠴᠡ᠂ ᠠᠵᠤ ᠦᠢ᠍ᠯᠡᠰ᠎ᠤᠨ ᠠᠵᠢᠯᠯᠠᠭ᠋ᠠᠨ᠎ᠤ ᠨᠢᠭᠡᠴᠡ ᠪᠠ ᠰᠣᠩᠭᠣᠨ ᠠᠪᠤᠭᠰᠠᠨ ᠬᠤᠪᠢ ᠵᠢᠨ ᠡᠵᠡᠩᠨᠡᠯᠲᠡ ᠵᠢᠨ ᠡᠷᠦᠬᠡ᠂ ᠵᠢᠴᠢ ᠰᠣᠩᠭᠣᠭᠰᠠᠨ ᠣᠷᠣᠭᠤᠯᠤᠯᠲᠠ ᠭᠠᠷᠭ᠋ᠠᠯᠲᠠ ᠵᠢᠨ ᠪᠠᠶ᠋ᠢᠴᠠᠭ᠋ᠠᠯᠲᠠ ᠵᠢᠨ ᠨᠢᠭᠡᠴᠡ᠎ᠳᠤ ᠨᠡᠶ᠋ᠢᠳᠡᠮ ᠪᠠᠶ᠋ᠢᠴᠠᠭ᠋ᠠᠯᠲᠠ ᠵᠢᠨ ᠳᠠᠩᠰᠠᠯᠠᠯ᠎ᠢ ᠠᠯᠬᠤᠮ ᠠᠯᠬᠤᠮ ᠵᠶ᠋ᠠᠷ ᠪᠡᠶᠡᠯᠡᠬᠦᠯᠵᠦ᠂ ᠨᠡᠶ᠋ᠢᠳᠡᠮ ᠪᠠᠶ᠋ᠢᠴᠠᠭ᠋ᠠᠭᠳᠠᠬᠤ ᠡᠲᠡᠭᠡᠳ᠎ᠤᠨ ᠠᠳᠠᠯᠢ ᠪᠤᠰᠤ ᠲᠥᠷᠥᠯ ᠵᠦᠢ᠍ᠯ᠎ᠢ ᠦᠨᠳᠦᠰᠦᠯᠡᠨ᠂ ᠲᠡᠭᠦᠨ᠎ᠤ ᠦᠨᠳᠦᠰᠦᠨ ᠪᠠᠶ᠋ᠢᠳᠠᠯ᠂ ᠵᠣᠬᠢᠶᠠᠨ ᠪᠠᠶ᠋ᠢᠭᠤᠯᠤᠯᠲᠠ ᠵᠢᠨ ᠪᠦᠲᠦᠴᠡ᠂ ᠠᠵᠢᠯᠲᠠᠨ᠎ᠤ ᠴᠠᠯᠢᠩ᠂ ᠡᠳ᠋᠎ᠤᠨ ᠶᠠᠪᠤᠳᠠᠯ᠎ᠤᠨ ᠪᠠᠶ᠋ᠢᠳᠠᠯ᠂ ᠦᠢ᠍ᠯᠡᠳᠪᠦᠷᠢᠯᠡᠯ ᠡᠵᠡᠩᠨᠡᠯᠲᠡ᠂ ᠡᠨᠧᠷᠭᠢ ᠵᠢᠨ ᠰᠤᠷᠪᠤᠯᠵᠢ ᠵᠢᠨ ᠦᠢ᠍ᠯᠡᠳᠪᠦᠷᠢᠯᠡᠯ ᠪᠠ ᠬᠡᠷᠡᠭᠯᠡᠭᠡ᠂ ᠲᠣᠭᠲᠠᠮᠠᠯ ᠬᠦ᠍ᠷᠦᠩᠭᠡ ᠵᠢᠨ ᠪᠡᠯᠡ ᠣᠷᠣᠭᠤᠯᠤᠯᠲᠠ᠂ ᠰᠤᠳᠤᠯᠤᠨ ᠨᠡᠭᠡᠭᠡᠬᠦ ᠠᠵᠢᠯᠯᠠᠭ᠎ᠠ᠂ ᠮᠡᠳᠡᠭᠡ ᠵᠠᠩᠭᠢ ᠬᠣᠯᠪᠣᠭ᠋ᠠᠨ᠎ᠤ ᠮᠡᠷᠭᠡᠵᠢᠯ᠎ᠤᠨ ᠬᠡᠷᠡᠭᠯᠡᠯᠲᠡ ᠪᠠ ᠲᠣᠭ᠋ᠠᠴᠢᠯᠠᠭᠰᠠᠨ ᠬᠡᠯᠪᠡᠷᠢ ᠬᠤᠪᠢᠷᠠᠭ᠋ᠠᠯᠲᠠ ᠵᠢᠨ ᠪᠠᠢ᠌ᠳᠠᠯ᠂ ᠲᠣᠭ᠋ᠠᠴᠢᠯᠠᠭᠰᠠᠨ ᠠᠵᠤ ᠠᠬᠤᠶ ᠵᠢᠨ ᠠᠵᠢᠯᠯᠠᠭ᠎ᠠ᠂ ᠣᠷᠣᠭᠤᠯᠤᠯᠲᠠ ᠭᠠᠷᠭ᠋ᠠᠯᠲᠠ ᠵᠢᠨ ᠪᠠᠶ᠋ᠢᠳᠠᠯ ᠵᠡᠷᠭᠡ ᠬᠣᠯᠪᠣᠭᠳᠠᠯ ᠪᠦᠬᠦᠢ ᠲᠣᠭ᠎ᠠ ᠪᠠᠷᠢᠮᠲᠠ ᠵᠢ ᠴᠤᠭᠯᠠᠭᠤᠯᠪᠠ᠃ ᠡᠨᠡ ᠤᠳᠠᠭ᠋ᠠᠨ᠎ᠤ ᠨᠡᠶ᠋ᠢᠳᠡᠮ ᠪᠠᠶ᠋ᠢᠴᠠᠭ᠋ᠠᠯᠲᠠ᠎ᠪᠠᠷ ᠳᠠᠮᠵᠢᠨ᠂ ᠮᠠᠨ᠎ᠤ ᠣᠷᠣᠨ᠎ᠤ ᠬᠣᠶᠠᠳᠤᠭ᠋ᠠᠷ ᠠᠵᠤ ᠦᠢ᠍ᠯᠡᠰ ᠪᠣᠯᠤᠨ ᠭᠤᠷᠪᠠᠳᠤᠭ᠋ᠠᠷ ᠠᠵᠤ ᠦᠢ᠍ᠯᠡᠰ᠎ᠤᠨ ᠬᠥᠭᠵᠢᠯᠲᠡ ᠵᠢᠨ ᠬᠡᠪᠴᠢᠶ᠎ᠡ᠂ ᠪᠠᠶ᠋ᠢᠷᠢᠰᠢᠭᠤᠯᠤᠯ ᠪᠣᠯᠤᠨ ᠦᠷ᠎ᠡ ᠠᠰᠢᠭ᠎ᠢ ᠪᠦᠬᠦ ᠲᠠᠯ᠎ᠠ᠎ᠪᠠᠷ ᠪᠠᠶ᠋ᠢᠴᠠᠭ᠋ᠠᠵᠤ᠂ ᠡᠯ᠎ᠡ ᠲᠥᠷᠥᠯ᠎ᠤᠨ ᠨᠢᠭᠡᠴᠡ ᠵᠢᠨ ᠦᠨᠳᠦᠰᠦᠨ ᠪᠠᠶ᠋ᠢᠳᠠᠯ᠎ᠢ ᠲᠣᠳᠣᠷᠬᠠᠶ ᠣᠶ᠋ᠢᠯᠠᠭ᠋ᠠᠵᠤ᠂ ᠤᠯᠤᠰ ᠠᠷᠠᠳ᠎ᠤᠨ ᠠᠵᠤ ᠠᠬᠤᠶ ᠵᠢᠨ ᠠᠵᠢᠯ ᠲᠥᠷᠥᠯ᠎ᠤᠨ ᠬᠣᠭᠣᠷᠣᠨᠳᠣᠬᠢ ᠠᠵᠤ ᠠᠬᠤᠶ ᠵᠢᠨ ᠬᠠᠷᠢᠴᠠᠭ᠎ᠠ ᠵᠢ

ᠡᠵᠡᠮᠰᠢᠪᠡ᠃ ᠨᠡᠶ᠋ᠢᠳᠡᠮ ᠪᠠᠶ᠋ᠢᠴᠠᠭ᠋ᠠᠯᠲᠠ ᠵᠢᠨ ᠦᠷ᠎ᠡ ᠳ᠋ᠦᠩ᠎ᠨᠢ ᠮᠠᠨ᠎ᠤ ᠣᠷᠣᠨ᠎ᠤ ᠴᠢᠨᠠᠷ ᠰᠠᠶ᠋ᠢᠲᠠᠶ ᠬᠥᠭᠵᠢᠯᠲᠡ ᠵᠢ ᠠᠬᠢᠭᠤᠯᠬᠤ᠂ ᠰᠢᠨ᠎ᠡ ᠬᠥᠭᠵᠢᠯᠲᠡ ᠵᠢᠨ ᠪᠠᠶ᠋ᠢᠷᠢᠰᠢᠯ᠎ᠢ ᠪᠠᠶ᠋ᠢᠭᠤᠯᠬᠤ᠂ ᠣᠳᠣᠬᠢᠴᠢᠯᠠᠭᠰᠠᠨ ᠠᠵᠤ ᠠᠬᠤᠶ ᠵᠢᠨ ᠰᠢᠰᠲ᠋ᠧᠮ᠎ᠢ ᠪᠠᠶ᠋ᠢᠭᠤᠯᠬᠤ᠂ ᠬᠠᠩᠭ᠋ᠠᠯᠭ᠎ᠠ ᠵᠢᠨ ᠲᠠᠯ᠎ᠠ ᠵᠢᠨ ᠪᠦᠲᠦᠴᠡ ᠵᠢᠨ ᠴᠢᠨᠠᠷᠲᠠᠶ ᠥᠭᠡᠷᠡᠴᠢᠯᠡᠯᠲᠡ ᠵᠢ ᠭᠦᠨᠵᠡᠭᠡᠶ᠋ᠢᠷᠡᠭᠦᠯᠬᠦ ᠵᠢᠴᠢ ᠰᠢᠨ᠎ᠡ ᠵᠢ ᠡᠭᠦᠳᠬᠦ᠎ᠪᠠᠷ ᠬᠥᠳᠡᠯᠭᠡᠭᠦᠷ ᠪᠣᠯᠭ᠋ᠠᠬᠤ ᠬᠥᠭᠵᠢᠯᠲᠡ᠂ ᠣᠷᠣᠨ ᠪᠦᠰᠡ ᠵᠢᠨ ᠵᠣᠬᠢᠴᠠᠩᠭᠤᠶ ᠬᠥᠭᠵᠢᠯᠲᠡ᠂ ᠠᠮᠢ ᠠᠬᠤᠶ ᠵᠢᠨ ᠪᠣᠯᠪᠠᠰᠤᠨ᠎ᠤ ᠪᠠᠶ᠋ᠢᠭᠤᠯᠤᠯᠲᠠ᠂ ᠥᠨᠳᠥᠷ ᠲᠦᠪᠰᠢᠨ ᠪᠥᠬᠥᠶ ᠭᠠᠳᠠᠭ᠋ᠠᠳᠤ ᠨᠡᠭᠡᠭᠡᠯᠲᠡ᠂ ᠣᠯᠠᠨ ᠨᠡᠶ᠋ᠢᠲᠡ ᠵᠢᠨ ᠦᠢ᠍ᠯᠡᠴᠢᠯᠡᠭᠡᠨ᠎ᠤ ᠰᠢᠰᠲ᠋ᠧᠮ᠎ᠤᠨ ᠪᠠᠶ᠋ᠢᠭᠤᠯᠤᠯᠲᠠ ᠵᠡᠷᠭᠡ ᠲᠠᠯ᠎ᠠ ᠵᠢᠨ ᠰᠢᠨ᠎ᠡ ᠠᠬᠢᠴᠠ ᠵᠢ ᠪᠤᠰᠤᠳᠴᠢ᠎ᠪᠠᠷ ᠲᠤᠰᠬᠠᠪᠠ᠃
     ᠭᠤᠷᠪᠠ᠂  ᠰᠢᠨᠵᠢᠯᠡᠬᠦ ᠤᠬᠠᠭ᠋ᠠᠨᠴᠢ ᠵᠢᠷᠤᠮᠵᠢᠭᠤᠨ ᠬᠡᠷᠡᠭᠵᠢᠬᠦᠯᠪᠡ᠃
    ᠤᠳᠠᠭ᠎ᠠ ᠪᠦᠷᠢ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠮᠵᠢᠯᠲᠠ᠎ᠲᠠᠢ ᠲᠤᠷᠰᠢᠯᠭ᠎ᠠ᠎ᠪᠠᠷ ᠭᠦᠢ᠍ᠴᠡᠳ ᠲᠣᠯᠢ ᠪᠣᠯᠭ᠋ᠠᠭᠰᠠᠨ ᠰᠠᠭᠤᠷᠢᠨ ᠳᠡᠭᠡᠷ᠎ᠡ᠂ ᠪᠦᠬᠦ ᠣᠷᠣᠨ᠎ᠤ ᠲᠠᠪᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠳᠡᠭᠡᠳᠦ ᠳᠠᠪᠬᠤᠷᠭ᠎ᠠ ᠵᠢᠨ ᠵᠢᠷᠤᠭ ᠲᠥᠯᠥᠪᠯᠡᠭᠡ ᠵᠢ ᠤᠯᠠᠮ ᠨᠢᠭᠡ ᠠᠯᠬᠤᠮ ᠰᠢᠯᠢᠳᠡᠭᠵᠢᠭᠦᠯᠵᠦ᠂ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠤᠨ ᠴᠤᠪᠤᠷᠠᠯ᠎ᠢ ᠨᠠᠷᠢᠯᠢᠭᠵᠢᠭᠤᠯᠤᠨ᠂ ᠨᠡᠶ᠋ᠢᠳᠡᠮ ᠪᠠᠶ᠋ᠢᠴᠠᠭ᠋ᠠᠯᠲᠠ ᠵᠢᠨ ᠰᠢᠨᠵᠢᠯᠡᠬᠦ ᠤᠬᠠᠭ᠋ᠠᠨᠴᠢ ᠴᠢᠨᠠᠷ ᠪᠣᠯᠤᠨ ᠵᠢᠷᠤᠮᠵᠢᠯ᠎ᠤᠨ ᠴᠢᠨᠠᠷ᠎ᠢ ᠬᠦᠴᠦᠯᠡᠨ ᠳᠡᠭᠡᠭᠰᠢᠯᠡᠬᠦᠯᠪᠡ᠃ ᠦᠪᠡᠷᠲᠡᠭᠡᠨ ᠵᠠᠰᠠᠬᠤ ᠣᠷᠣᠨ᠎ᠤ ᠲᠠᠪᠤᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠤᠳᠤᠷᠢᠳᠬᠤ ᠳᠤᠭᠤᠶ᠋ᠢᠯᠠᠩ᠎ᠤᠨ ᠠᠯᠪᠠᠨ ᠬᠡᠷ (ᠳᠣᠷᠣᠭᠰᠢ ᠥᠪᠡᠷᠲᠡᠭᠡᠨ ᠵᠠᠰᠠᠬᠤ ᠣᠷᠣᠨ᠎ᠤ ᠤᠳᠤᠷᠢᠳᠬᠤ ᠳᠤᠭᠤᠶ᠋ᠢᠯᠠᠩ᠎ᠤᠨ ᠠᠯᠪᠠᠨ ᠬᠡᠷ ᠭᠡᠵᠦ ᠲᠣᠪᠴᠢᠯᠠᠨ᠎ᠠ) ᠤᠷᠢᠳ ᠬᠣᠵᠢᠳ 《ᠲᠠᠪᠤᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠲᠥᠰᠦᠯ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠡᠷᠡᠭᠵᠢᠭᠦᠯᠬᠦ ᠲᠦᠰᠦᠪ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠪᠤᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠲᠣᠭ᠎ᠠ ᠪᠠᠷᠢᠮᠲᠠ ᠵᠢ ᠬᠢᠨᠠᠨ ᠬᠠᠷᠭᠤᠭᠤᠯᠵᠤ ᠰᠢᠯᠭ᠋ᠠᠨ ᠠᠪᠬᠤ ᠵᠢ ᠵᠣᠬᠢᠶᠠᠨ ᠪᠠᠶ᠋ᠢᠭᠤᠯᠵᠤ ᠬᠡᠷᠡᠭᠵᠢᠭᠦᠯᠬᠦ ᠲᠦᠰᠦᠪ》 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠪᠤᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠶᠤᠯ ᠲᠦᠭᠰᠢᠭᠦᠷᠢ ᠵᠢ ᠤᠷᠢᠳᠴᠢᠯᠠᠨ ᠰᠡᠷᠭᠡᠶ᠋ᠢᠯᠡᠬᠦ ᠠᠵᠢᠯ᠎ᠤᠨ ᠪᠡᠯᠡᠳᠬᠡᠯ ᠲᠦᠰᠦᠪ》 ᠵᠡᠷᠭᠡ ᠵᠢᠯᠣᠭᠣᠳᠬᠤ ᠴᠢᠨᠠᠷᠲᠠᠶ ᠪᠢᠴᠢᠭ ᠮᠠᠲ᠋ᠧᠷᠢᠶᠠᠯ᠎ᠢ ᠲᠣᠭᠲᠠᠭ᠋ᠠᠵᠤ᠂ ᠪᠥᠬᠥ ᠣᠷᠣᠨ᠎ᠤ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠡᠮᠬᠢ ᠵᠢᠷᠤᠮ᠎ᠲᠠᠢ ᠥᠷᠨᠢᠭᠦᠯᠬᠦ᠎ᠳᠤ ᠲᠦᠷᠢᠮ᠎ᠤᠨ ᠪᠠᠲᠤᠯᠠᠭ᠎ᠠ ᠬᠠᠩᠭ᠋ᠠᠪᠠ᠃ ᠠᠷᠭ᠎ᠠ ᠵᠢ ᠬᠡᠷᠡᠭᠯᠡᠬᠦ ᠲᠠᠯ᠎ᠠ᠎ᠪᠠᠷ᠂ ᠤᠷᠢᠳᠠᠪᠠᠷ ᠨᠢᠭᠡᠴᠡ ᠵᠢ ᠢᠯᠭ᠋ᠠᠷᠠᠭᠤᠯᠤᠨ ᠪᠠᠶ᠋ᠢᠴᠠᠭ᠋ᠠᠵᠤ ᠳᠠᠷᠠᠭ᠎ᠠ᠎ᠨᠢ ᠨᠡᠶ᠋ᠢᠳᠡᠮ ᠪᠠᠶ᠋ᠢᠴᠠᠭ᠋ᠠᠯᠲᠠ ᠵᠢᠨ ᠳᠠᠩᠰᠠᠯᠠᠯ ᠬᠢᠬᠦ ᠠᠷᠭ᠎ᠠ ᠮᠠᠶᠢᠭ᠎ᠢ ᠠᠪᠴᠤ᠂ ᠮᠠᠨ᠎ᠤ ᠣᠷᠣᠨ᠎ᠤ ᠬᠡᠪᠴᠢᠶᠡᠨ ᠳᠣᠲᠣᠷᠠᠬᠢ ᠪᠦᠬᠦ ᠬᠠᠤᠯᠢ ᠵᠢᠨ ᠡᠷᠬᠡᠲᠡᠨ᠎ᠤ ᠨᠢᠭᠡᠴᠡ᠂ ᠠᠵᠤ ᠦᠢ᠍ᠯᠡᠰ᠎ᠤᠨ ᠠᠵᠢᠯᠯᠠᠭ᠎ᠠ ᠵᠢᠨ ᠨᠢᠭᠡᠴᠡ ᠪᠣᠯᠤᠨ ᠬᠣᠶᠠᠳᠤᠭ᠋ᠠᠷ ᠠᠵᠤ ᠦᠢ᠍ᠯᠡᠰ᠂ ᠭᠤᠷᠪᠠᠳᠤᠭ᠋ᠠᠷ ᠠᠵᠤ ᠦᠢ᠍ᠯᠡᠰ᠎ᠤᠨ ᠠᠵᠢᠯᠯᠠᠭ᠎ᠠ ᠬᠢᠵᠦ ᠪᠠᠶ᠋ᠢᠭ᠎ᠠ ᠬᠤᠪᠢ ᠵᠢᠨ ᠡᠵᠡᠩᠨᠡᠯᠲᠡ ᠵᠢᠨ ᠡᠷᠦᠬᠡ᠎ᠳᠤ ᠲᠤᠢ᠌ᠯᠪᠤᠷᠢᠲᠡᠢ ᠢᠯᠭ᠋ᠠᠷᠠᠭᠤᠯᠤᠨ ᠪᠠᠶ᠋ᠢᠴᠠᠭ᠋ᠠᠯᠲᠠ ᠬᠢᠬᠦ᠎ᠪᠠᠷ ᠳᠠᠮᠵᠢᠭᠤᠯᠤᠨ᠂ ᠨᠡᠶ᠋ᠢᠳᠡᠮ ᠪᠠᠶ᠋ᠢᠴᠠᠭ᠋ᠠᠯᠲᠠ ᠵᠢᠨ ᠡᠲᠡᠭᠡᠳ᠎ᠤᠨ ᠲᠥᠷᠥᠯ ᠬᠡᠯᠪᠡᠷᠢ ᠵᠢ ᠵᠠᠭ᠋ᠠᠭᠯᠠᠨ ᠲᠣᠭᠲᠠᠭ᠋ᠠᠬᠤ᠎ᠳᠠᠭᠠᠨ ᠣᠨᠣᠪᠴᠢᠲᠠᠶ᠂ ᠨᠡᠶ᠋ᠢᠳᠡᠮ ᠪᠠᠶ᠋ᠢᠴᠠᠭ᠋ᠠᠯᠲᠠ ᠵᠢᠨ ᠨᠢᠭᠡᠴᠡ ᠵᠢ ᠳᠠᠪᠬᠤᠷᠳᠠᠭᠤᠯᠬᠤ ᠦᠭᠡᠶ ᠣᠷᠬᠢᠭᠳᠠᠭᠤᠯᠬᠤ ᠦᠭᠡᠶ ᠪᠠᠶ᠋ᠢᠬᠤ ᠵᠢ ᠦᠨᠡᠨᠬᠦ ᠪᠠᠲᠤᠯᠠᠪᠠ᠃ ᠨᠢᠭᠡᠴᠡ ᠵᠢ ᠢᠯᠭ᠋ᠠᠷᠠᠭᠤᠯᠤᠨ ᠪᠠᠶ᠋ᠢᠴᠠᠭ᠋ᠠᠭᠰᠠᠨ ᠰᠠᠭᠤᠷᠢᠨ ᠳᠡᠭᠡᠷ᠎ᠡ᠂ ᠬᠣᠶᠠᠳᠤᠭ᠋ᠠᠷ ᠠᠵᠤ ᠦᠢ᠍ᠯᠡᠰ᠂ ᠭᠤᠷᠪᠠᠳᠤᠭ᠋ᠠᠷ ᠠᠵᠤ ᠦᠢ᠍ᠯᠡᠰ᠎ᠤᠨ ᠠᠵᠢᠯᠯᠠᠭ᠎ᠠ ᠬᠢᠵᠦ ᠪᠠᠶ᠋ᠢᠭ᠎ᠠ ᠬᠠᠤᠯᠢ ᠵᠢᠨ ᠡᠷᠬᠡᠲᠡᠨ᠎ᠤ ᠨᠢᠭᠡᠴᠡ ᠪᠣᠯᠤᠨ ᠠᠵᠤ ᠦᠢ᠍ᠯᠡᠰ᠎ᠤᠨ ᠠᠵᠢᠯᠯᠠᠭ᠎ᠠ ᠵᠢᠨ ᠨᠢᠭᠡᠴᠡ᠎ᠳᠤ ᠪᠦᠬᠦ ᠲᠠᠯ᠎ᠠ ᠵᠢᠨ ᠪᠠᠶ᠋ᠢᠴᠠᠭ᠋ᠠᠯᠲᠠ ᠬᠢᠵᠦ᠂ ᠬᠤᠪᠢ ᠵᠢᠨ ᠡᠵᠡᠩᠨᠡᠯᠲᠡ ᠵᠢᠨ ᠡᠷᠦᠬᠡ᠎ᠳᠤ ᠦᠯᠢᠭᠡᠷ ᠠᠪᠴᠤ ᠪᠠᠶ᠋ᠢᠴᠠᠭ᠋ᠠᠯᠲᠠ ᠬᠢᠵᠦ᠂ ᠰᠣᠩᠭᠣᠭᠰᠠᠨ ᠣᠷᠣᠭᠤᠯᠤᠯᠲᠠ ᠭᠠᠷᠭ᠋ᠠᠯᠲᠠ ᠵᠢᠨ ᠪᠠᠶ᠋ᠢᠴᠠᠭ᠋ᠠᠯᠲᠠ ᠵᠢᠨ ᠨᠢᠭᠡᠴᠡ᠎ᠳᠤ ᠣᠷᠣᠭᠤᠯᠤᠯᠲᠠ ᠭᠠᠷᠭ᠋ᠠᠯᠲᠠ ᠵᠢᠨ ᠪᠠᠶ᠋ᠢᠴᠠᠭ᠋ᠠᠯᠲᠠ ᠵᠢ ᠵᠡᠷᠭᠡ᠎ᠳᠤᠨᠢ ᠦᠷᠨᠢᠬᠦᠯᠪᠡ᠃ ᠬᠣᠯᠪᠣᠭᠳᠠᠯ ᠪᠦᠬᠦᠢ ᠰᠠᠯᠠᠭ᠎ᠠ ᠮᠥᠴᠢᠷ᠎ᠤᠳ ᠲᠤᠰ ᠠᠵᠢᠯ ᠲᠥᠷᠥᠯ᠎ᠤᠨ ᠵᠶ᠋ᠠᠨ ᠬᠦᠷᠢᠶᠡᠨ᠎ᠳᠠᠬᠢ ᠨᠡᠶ᠋ᠢᠳᠡᠮ ᠪᠠᠶ᠋ᠢᠴᠠᠭ᠋ᠠᠭᠳᠠᠬᠤ ᠡᠲᠡᠭᠡᠳ᠎ᠲᠤ ᠪᠠᠶ᠋ᠢᠴᠠᠭ᠋ᠠᠯᠲᠠ ᠬᠢᠪᠡ᠃ ᠮᠡᠷᠭᠡᠵᠢᠯ᠎ᠤᠨ ᠠᠷᠭ᠎ᠠ ᠪᠠᠷᠢᠯ᠎ᠤᠨ ᠲᠠᠯ᠎ᠠ᠎ᠪᠠᠷ᠂ ᠪᠥᠬᠥ ᠤᠯᠤᠰ᠎ᠤᠨ ᠨᠢᠭᠡᠳᠦᠯᠲᠡᠶ᠂ ᠬᠤᠷᠠᠮᠠᠯ ᠥᠨᠳᠥᠷ ᠪᠦᠲᠦᠮᠵᠢᠲᠡᠶ᠂ ᠠᠮᠤᠷ ᠲᠦᠪᠰᠢᠨ ᠨᠠᠶ᠋ᠢᠳᠠᠪᠤᠷᠢᠲᠠᠶ ᠨᠡᠶ᠋ᠢᠳᠡᠮ ᠪᠠᠶ᠋ᠢᠴᠠᠭ᠋ᠠᠯᠲᠠ ᠵᠢᠨ ᠲᠣᠭ᠎ᠠ ᠪᠠᠷᠢᠮᠲᠠ ᠵᠢ ᠴᠤᠭᠯᠠᠭᠤᠯᠤᠨ ᠰᠢᠢ᠍ᠳᠪᠦᠷᠢᠯᠡᠬᠦ ᠲᠠᠪᠴᠠᠩ᠎ᠢ ᠠᠰᠢᠭᠯᠠᠨ᠂ ᠰᠢᠯᠵᠢᠮᠡᠯ ᠦᠵᠦᠭᠦᠷ ᠬᠡᠷᠡᠭᠯᠡᠭᠡᠨ᠎ᠤ ᠵᠢᠵᠢᠭ ᠫᠷᠤᠭ᠌ᠷᠠᠮ᠎ᠢ ᠬᠡᠷᠡᠭᠯᠡᠨ ᠦᠨᠳᠦᠰᠦᠨ ᠱᠠᠲᠤᠨ᠎ᠤ ᠨᠡᠶ᠋ᠢᠳᠡᠮ ᠪᠠᠶ᠋ᠢᠴᠠᠭ᠋ᠠᠯᠲᠠ ᠵᠢᠨ ᠲᠣᠭ᠎ᠠ ᠪᠠᠷᠢᠮᠲᠠ ᠵᠢ ᠴᠤᠭᠯᠠᠭᠤᠯᠵᠤ᠂ ᠨᠡᠶ᠋ᠢᠳᠡᠮ ᠪᠠᠶ᠋ᠢᠴᠠᠭ᠋ᠠᠯᠲᠠ ᠵᠢᠨ ᠡᠲᠡᠭᠡᠳ᠎ᠤᠨ ᠰᠦᠯᠵᠢᠶ᠎ᠡ᠎ᠪᠠᠷ ᠪᠡᠶ᠎ᠡ᠎ᠪᠠᠨ ᠳᠠᠭ᠋ᠠᠭ᠋ᠠᠵᠤ ᠲᠠᠭᠯᠠᠨ ᠮᠡᠳᠡᠭᠦᠯᠬᠦ ᠵᠢ ᠳᠡᠮᠵᠢᠵᠦ᠂ ᠣᠷᠣᠭᠤᠯᠤᠯᠲᠠ ᠭᠠᠷᠭ᠋ᠠᠯᠲᠠ ᠵᠢᠨ ᠪᠠᠶ᠋ᠢᠴᠠᠭ᠋ᠠᠯᠲᠠ ᠵᠢᠨ ᠡᠯᠧᠺᠲᠷᠣᠨ ᠲᠣᠭ᠎ᠠ ᠪᠦᠷᠢᠳᠬᠡᠯ᠎ᠤᠨ ᠡᠬᠡ ᠲᠠᠩᠰᠠ ᠵᠢᠨ ᠬᠡᠷᠡᠭᠯᠡᠯᠲᠡ ᠵᠢ ᠠᠬᠢᠭᠤᠯᠤᠨ᠂ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯᠲᠠᠨ᠎ᠤ ᠬᠠᠮᠢᠶᠠᠷᠤᠯᠲᠠ ᠬᠢᠭᠡᠳ ᠪᠣᠯᠪᠠᠰᠤᠷᠠᠯ᠎ᠤᠨ ᠮᠡᠳᠡᠭᠡ ᠵᠠᠩᠭᠢᠵᠢᠯᠲᠠ ᠵᠢᠨ ᠬᠢᠷᠢ ᠬᠡᠮᠵᠢᠶ᠎ᠡ ᠵᠢ ᠳᠡᠭᠡᠭᠰᠢᠯᠡᠬᠦᠯᠪᠡ᠃ ᠮᠠᠨ᠎ᠤ ᠣᠷᠣᠨ AI ᠤᠶᠤᠨᠲᠤ ᠠᠪᠢᠶ᠎ᠠ ᠵᠢᠨ ᠳᠠᠭᠤᠳᠠᠯᠲᠠ᠂ ᠶᠡᠬᠡ ᠲᠤᠭ᠎ᠠ ᠪᠠᠷᠢᠮᠲᠠ ᠵᠢᠨ ᠬᠠᠪᠰᠤᠷᠤᠮᠵᠢ ᠪᠠᠶ᠋ᠢᠴᠠᠭ᠋ᠠᠯᠲᠠ ᠵᠡᠷᠭᠡ ᠠᠷᠭ᠎ᠠ ᠮᠠᠶᠢᠭ᠎ᠢ ᠢᠳᠡᠪᠬᠢᠲᠡᠶ᠎ᠪᠠᠷ ᠰᠢᠨ᠎ᠡ ᠵᠢ ᠡᠭᠦᠳᠦᠨ ᠬᠡᠷᠡᠭᠯᠡᠵᠦ ᠨᠡᠶ᠋ᠢᠳᠡᠮ ᠪᠠᠶ᠋ᠢᠴᠠᠭ᠋ᠠᠯᠲᠠ ᠵᠢᠨ ᠠᠵᠢᠯ᠎ᠤᠨ ᠶᠠᠰᠤ ᠴᠢᠨᠠᠷ ᠦᠷ᠎ᠡ ᠪᠦᠲᠦᠮᠵᠢ ᠵᠢ ᠳᠡᠭᠡᠭᠰᠢᠯᠡᠭᠦᠯᠪᠡ᠃ ᠲᠣᠰ ᠤᠳᠠᠭ᠋ᠠᠨ᠎ᠤ ᠨᠡᠶ᠋ᠢᠳᠡᠮ ᠪᠠᠶ᠋ᠢᠴᠠᠭ᠋ᠠᠯᠲᠠ᠎ᠪᠠᠷ ᠳᠠᠮᠵᠢᠭᠤᠯᠤᠨ᠂ ᠲᠣᠭ᠎ᠠ ᠪᠦᠷᠢᠳᠬᠡᠯ᠎ᠤᠨ ᠪᠠᠶ᠋ᠢᠴᠠᠭ᠋ᠠᠯᠲᠠ ᠵᠢᠨ ᠲᠥᠷᠥᠯ ᠵᠦᠢ᠍ᠯ᠎ᠢ ᠡᠮᠬᠢᠯᠡᠨ ᠨᠡᠶ᠋ᠢᠯᠡᠭᠦᠯᠵᠦ ᠰᠢᠯᠢᠳᠡᠭᠵᠢᠭᠦᠯᠦᠨ᠂ ᠲᠣᠭ᠎ᠠ ᠪᠦᠷᠢᠳᠬᠡᠯ᠎ᠤᠨ ᠲᠦᠷᠢᠮ᠎ᠤᠨ ᠠᠷᠭ᠎ᠠ ᠵᠢ ᠰᠠᠶ᠋ᠢᠵᠢᠷᠠᠭᠤᠯᠵᠤ᠂ ᠭᠤᠤᠯᠳᠠᠯᠭ᠎ᠠ᠎ᠲᠠᠢ ᠬᠦᠷᠢᠶᠡᠨ᠎ᠳᠠᠬᠢ ᠲᠣᠭ᠎ᠠ ᠪᠦᠷᠢᠳᠬᠡᠯ᠎ᠤᠨ ᠬᠢᠨᠠᠨ ᠬᠡᠮᠵᠢᠯᠲᠡ ᠵᠢ ᠴᠢᠩᠭ᠋ᠠᠳᠬᠠᠨ᠂ ᠲᠣᠭ᠎ᠠ ᠪᠦᠷᠢᠳᠬᠡᠯ᠎ᠤᠨ ᠰᠠᠭᠤᠷᠢ ᠵᠢ ᠤᠯᠠᠮ ᠨᠢᠭᠡ ᠠᠯᠬᠤᠮ ᠪᠠᠲᠤᠳᠬᠠᠪᠠ᠃
    ᠳᠥᠷᠪᠡ᠂ ᠲᠣᠭ᠎ᠠ ᠪᠠᠷᠢᠮᠲᠠ ᠵᠢᠨ ᠶᠠᠰᠤ ᠴᠢᠨᠠᠷ᠎ᠢ ᠦᠨᠡᠨ ᠬᠦ᠌ ᠪᠠᠲᠤᠯᠠᠪᠠ᠃
    ᠪᠥᠬᠥ ᠣᠷᠣᠨ᠎ᠤ ᠲᠠᠪᠤᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ᠎ᠳᠤ ᠪᠥᠬᠥ ᠶᠠᠪᠤᠴᠠ ᠵᠢᠨ ᠲᠣᠭ᠎ᠠ ᠪᠠᠷᠢᠮᠲᠠ ᠵᠢᠨ ᠶᠠᠰᠤ ᠴᠢᠨᠠᠷ᠎ᠢ ᠡᠵᠡᠮᠳᠡᠬᠦ ᠵᠢ ᠬᠡᠷᠡᠭᠵᠢᠬᠦᠯᠪᠡ᠃ ᠥᠪᠡᠷᠲᠡᠭᠡᠨ ᠵᠠᠰᠠᠬᠤ ᠣᠷᠣᠨ᠎ᠤ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠪᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠲᠣᠭ᠎ᠠ ᠪᠠᠷᠢᠮᠲᠠ ᠵᠢᠨ ᠶᠠᠰᠤ ᠴᠢᠨᠠᠷ᠎ᠤᠨ ᠪᠠᠶ᠋ᠢᠴᠠᠭ᠋ᠠᠯᠲᠠ ᠵᠢᠨ ᠠᠵᠢᠯ᠎ᠤᠨ ᠬᠡᠷᠡᠭᠵᠢᠭᠦᠯᠬᠦ ᠠᠷᠭ᠎ᠠ》 ᠵᠢ ᠲᠣᠭᠲᠠᠭ᠋ᠠᠵᠤ᠂ ᠲᠣᠭ᠎ᠠ ᠪᠠᠷᠢᠮᠲᠠ ᠵᠢᠨ ᠶᠠᠰᠤ ᠴᠢᠨᠠᠷ᠎ᠤᠨ ᠲᠤᠰᠬᠠᠶ ᠪᠠᠶ᠋ᠢᠴᠠᠭ᠋ᠠᠯᠲᠠ ᠵᠢ ᠱᠠᠲᠤ ᠦᠶ᠎ᠡ ᠬᠤᠪᠢᠶᠠᠨ ᠦᠷᠨᠢᠬᠦᠯᠪᠡ᠃ ᠡᠯ᠎ᠡ ᠱᠠᠲᠤᠨ᠎ᠤ ᠨᠡᠶ᠋ᠢᠳᠡᠮ ᠪᠠᠶ᠋ᠢᠴᠠᠭ᠋ᠠᠯᠲᠠ ᠵᠢᠨ ᠪᠠᠶ᠋ᠢᠭᠤᠯᠤᠮᠵᠢ᠎ᠨᠤᠭᠤᠳ ᠡᠬᠢ ᠢᠷᠡᠯᠲᠡ ᠵᠢᠨ ᠲᠣᠭ᠎ᠠ ᠪᠠᠷᠢᠮᠲᠠ ᠵᠢᠨ ᠶᠠᠰᠤ ᠴᠢᠨᠠᠷ᠎ᠢ ᠴᠢᠩᠭ᠎ᠠ ᠠᠳᠬᠤᠵᠤ᠂ ᠨᠡᠶ᠋ᠢᠳᠡᠮ ᠪᠠᠶ᠋ᠢᠴᠠᠭ᠋ᠠᠯᠲᠠ ᠵᠢᠨ ᠲᠣᠭ᠎ᠠ ᠪᠠᠷᠢᠮᠲᠠ ᠵᠢ ᠴᠤᠭᠯᠠᠭᠤᠯᠬᠤ᠂ ᠳᠡᠭᠡᠭᠰᠢ ᠮᠡᠳᠡᠭᠦᠯᠬᠦ ᠵᠢ ᠴᠠᠭ ᠲᠤᠬᠠᠶ᠎ᠳᠤᠨᠢ ᠬᠢᠨᠠᠨ ᠡᠵᠡᠮᠳᠡᠵᠦ᠂ ᠲᠣᠭ᠎ᠠ ᠪᠠᠷᠢᠮᠲᠠ ᠵᠢ ᠬᠢᠨᠠᠨ ᠬᠠᠷᠭᠤᠭᠤᠯᠬᠤ ᠪᠠ ᠲᠤᠬᠠᠶ᠋ᠢᠯᠠᠭᠰᠠᠨ ᠠᠵᠢᠯ᠎ᠤᠨ ᠵᠢᠯᠣᠭᠣᠳᠣᠯᠭ᠎ᠠ᠎ᠪᠠᠨ ᠴᠢᠩᠭ᠋ᠠᠳᠬᠠᠨ᠂ ᠡᠬᠢ ᠢᠷᠡᠯᠲᠡ ᠵᠢᠨ ᠲᠣᠭ᠎ᠠ ᠪᠠᠷᠢᠮᠲᠠ ᠵᠢ ᠥᠪᠡᠰᠦᠪᠡᠨ ᠪᠠᠶ᠋ᠢᠴᠠᠭ᠋ᠠᠬᠤ ᠪᠠ ᠰᠤᠭᠤᠴᠢᠨ ᠪᠠᠶ᠋ᠢᠴᠠᠭ᠋ᠠᠬᠤ ᠵᠢ ᠥᠷᠨᠢᠭᠦᠯᠵᠦ᠂ ᠬᠠᠮᠲᠤᠷᠠᠨ ᠬᠥᠳᠡᠯᠦᠯᠴᠡᠵᠦ ᠬᠢᠨᠠᠨ ᠬᠠᠷᠭᠤᠭᠤᠯᠬᠤ ᠵᠢ ᠪᠠᠷᠢᠮᠲᠠᠯᠠᠨ᠂ ᠨᠡᠶ᠋ᠢᠳᠡᠮ ᠪᠠᠶ᠋ᠢᠴᠠᠭ᠋ᠠᠯᠲᠠ ᠵᠢᠨ ᠳᠤᠮᠳᠠᠬᠢ ᠬᠠᠤᠯᠢ ᠰᠠᠬᠢᠯᠭ᠎ᠠ᠎ᠠᠴᠠ ᠵᠥᠷᠢᠴᠡᠭᠰᠡᠨ ᠡᠯ᠎ᠡ ᠲᠥᠷᠥᠯ᠎ᠤᠨ ᠦᠢ᠍ᠯᠡ ᠠᠵᠢᠯᠯᠠᠭ᠎ᠠ ᠵᠢ ᠬᠠᠤᠯᠢ ᠶᠣᠰᠣᠭ᠋ᠠᠷ ᠪᠠᠶ᠋ᠢᠴᠠᠭ᠋ᠠᠨ ᠰᠢᠢ᠍ᠳᠪᠦᠷᠢᠯᠡᠵᠦ᠂ ᠨᠡᠶ᠋ᠢᠳᠡᠮ ᠪᠠᠶ᠋ᠢᠴᠠᠭ᠋ᠠᠯᠲᠠ ᠵᠢᠨ ᠲᠣᠭ᠎ᠠ ᠪᠠᠷᠢᠮᠲᠠ ᠵᠢᠨ ᠦᠨᠡᠨ ᠪᠣᠳᠠᠲᠠᠶ ᠪᠥᠭᠡᠳ ᠨᠠᠶ᠋ᠢᠳᠠᠪᠤᠷᠢᠲᠠᠶ ᠪᠠᠶ᠋ᠢᠬᠤ ᠵᠢ ᠦᠨᠡᠨᠬᠦ

ᠪᠠᠲᠤᠯᠠᠪᠠ᠃ ᠲᠥᠷᠥ ᠵᠢᠨ ᠶᠠᠪᠤᠳᠠᠯ᠎ᠤᠨ ᠬᠣᠷᠢᠶᠠᠨ᠎ᠤ ᠲᠠᠪᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠤᠳᠤᠷᠢᠳᠬᠤ ᠳᠤᠭᠤᠶ᠋ᠢᠯᠠᠩ᠎ᠤᠨ ᠠᠯᠪᠠᠨ ᠭᠡᠷ᠎ᠤᠨ ᠵᠣᠬᠢᠶᠠᠨ ᠪᠠᠶ᠋ᠢᠭᠤᠯᠤᠭᠰᠠᠨ ᠪᠦᠬᠦ ᠤᠯᠤᠰ᠎ᠤᠨ ᠬᠡᠷᠡᠭ᠎ᠤᠨ ᠳᠠᠷᠠᠭ᠋ᠠᠬᠢ ᠶᠠᠰᠤ ᠴᠢᠨᠠᠷ᠎ᠤᠨ ᠰᠤᠭᠤᠴᠢᠨ ᠪᠠᠶ᠋ᠢᠴᠠᠭ᠋ᠠᠯᠲᠠ᠎ᠳᠤ᠂ ᠮᠠᠨ᠎ᠤ ᠣᠷᠣᠨ᠎ᠤ ᠨᠡᠶ᠋ᠢᠳᠡᠮ ᠪᠠᠶ᠋ᠢᠴᠠᠭ᠋ᠠᠯᠲᠠ ᠵᠢᠨ ᠲᠣᠭ᠎ᠠ ᠪᠠᠷᠢᠮᠲᠠ ᠵᠢᠨ ᠶᠠᠰᠤ ᠴᠢᠨᠠᠷ᠎ᠨᠢ ᠤᠯᠤᠰ᠎ᠤᠨ ᠶᠠᠰᠤ ᠴᠢᠨᠠᠷ᠎ᠢ ᠡᠵᠡᠮᠳᠡᠬᠦ ᠪᠠᠷᠢᠮᠵᠢᠶ᠎ᠠ᠎ᠳᠤ ᠨᠡᠶ᠋ᠢᠴᠡᠭᠰᠡᠨ ᠪᠠᠢ᠌ᠨ᠎ᠠ᠃
    ᠶᠡᠷᠦᠩᠬᠡᠶ᠎ᠳᠤᠨᠢ ᠠᠪᠴᠤ ᠦᠵᠡᠪᠡᠯ᠂ ᠪᠥᠬᠥ ᠣᠷᠣᠨ᠎ᠤ ᠲᠠᠪᠤᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠵᠣᠬᠢᠶᠠᠨ ᠪᠠᠶ᠋ᠢᠭᠤᠯᠤᠯᠲᠠ ᠵᠢᠨ ᠬᠡᠷᠡᠭᠵᠢᠭᠦᠯᠦᠯᠲᠡ᠎ᠨᠢ ᠵᠢᠷᠤᠮᠵᠢᠭᠤᠨ ᠪᠥᠭᠡᠳ ᠡᠮᠬᠢ ᠵᠢᠷᠤᠮ᠎ᠲᠠᠢ᠂ ᠨᠡᠶ᠋ᠢᠳᠡᠮ ᠪᠠᠶ᠋ᠢᠴᠠᠭ᠋ᠠᠯᠲᠠ ᠵᠢᠨ ᠶᠠᠪᠤᠴᠠ᠎ᠨᠢ ᠢᠯᠡ ᠲᠣᠳᠣ ᠪᠠᠶ᠋ᠢᠵᠤ᠂ ᠮᠠᠨ᠎ᠤ ᠣᠷᠣᠨ᠎ᠤ ᠬᠣᠶᠠᠳᠤᠭ᠋ᠠᠷ ᠠᠵᠤ ᠦᠢ᠍ᠯᠡᠰ ᠪᠠ ᠭᠤᠷᠪᠠᠳᠤᠭ᠋ᠠᠷ ᠠᠵᠤ ᠦᠢ᠍ᠯᠡᠰ᠎ᠤᠨ ᠪᠠᠶ᠋ᠢᠳᠠᠯ᠎ᠢ ᠪᠥᠬᠥ ᠲᠠᠯ᠎ᠠ᠎ᠪᠠᠷ ᠲᠣᠳᠣᠷᠬᠠᠶ ᠣᠶ᠋ᠢᠯᠠᠭ᠋ᠠᠵᠤ᠂ ᠮᠠᠨ᠎ᠤ ᠣᠷᠣᠨ᠎ᠤ ᠠᠵᠤ ᠠᠬᠤᠶ ᠨᠡᠶ᠋ᠢᠭᠡᠮ᠎ᠤᠨ ᠬᠥᠭᠵᠢᠯᠲᠡ ᠵᠢᠨ ᠪᠠᠶ᠋ᠢᠳᠠᠯ᠎ᠢ ᠦᠨᠡᠨ ᠪᠣᠳᠠᠲᠠᠶ᠎ᠪᠠᠷ ᠲᠤᠰᠬᠠᠵᠤ᠂ ᠵᠢᠱ᠌ᠢᠭᠰᠡᠨ ᠬᠠᠷᠠᠯᠲᠠ᠎ᠳᠤ ᠬᠥᠷᠪᠡ᠃ ᠨᠡᠶ᠋ᠢᠳᠡᠮ ᠪᠠᠶ᠋ᠢᠴᠠᠭ᠋ᠠᠯᠲᠠ ᠵᠢᠨ ᠦᠷ᠎ᠡ ᠳ᠋ᠦᠩ᠎ᠳᠤ ᠢᠯᠡᠷᠡᠭᠦᠯᠦᠭᠰᠡᠨ ᠵᠶ᠋ᠠᠷ᠂ 2023 ᠣᠨ᠎ᠤ ᠡᠴᠦᠰ᠎ᠲᠤ᠂ ᠪᠥᠬᠥ ᠣᠷᠣᠨ᠎ᠳᠤ ᠬᠣᠶᠠᠳᠤᠭ᠋ᠠᠷ ᠠᠵᠤ  ᠦᠢ᠍ᠯᠡᠰ ᠪᠠ ᠭᠤᠷᠪᠠᠳᠤᠭ᠋ᠠᠷ ᠠᠵᠤ ᠦᠢ᠍ᠯᠡᠰ᠎ᠤᠨ ᠠᠵᠢᠯᠯᠠᠭ᠎ᠠ ᠡᠷᠭᠢᠯᠡᠵᠦ ᠪᠠᠶ᠋ᠢᠭ᠎ᠠ ᠬᠠᠤᠯᠢ ᠵᠢᠨ ᠡᠷᠬᠡᠲᠡᠨ᠎ᠤ ᠨᠢᠭᠡᠴᠢ ᠨᠡᠶ᠋ᠢᠲᠡ

40.9 ᠲᠦᠮᠡ ᠪᠠᠶ᠋ᠢᠵᠤ᠂ 2018 ᠣᠨ᠎ᠤ ᠡᠴᠦᠰ (2018 ᠣᠨ ᠪᠣᠯ ᠳᠥᠷᠪᠡᠳᠦᠭᠡᠷ ᠤᠳᠠᠭ᠋ᠠᠨ᠎ᠤ ᠪᠥᠬᠥ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠣᠨ ᠪᠣᠯᠤᠨ᠎ᠠ᠂ ᠳᠣᠷᠣᠭᠰᠢ ᠠᠳᠠᠯᠢ)᠎ᠲᠠᠢ ᠬᠠᠷᠢᠴᠠᠭᠤᠯᠪᠠᠯ᠂ 37.5%᠎ᠪᠠᠷ ᠨᠡᠮᠡᠭᠳᠡᠵᠦ᠂ ᠠᠵᠢᠯᠯᠠᠵᠤ ᠪᠠᠶ᠋ᠢᠭ᠎ᠠ ᠬᠥᠮᠦᠨ 549.0 ᠲᠦᠮᠡ ᠪᠠᠶ᠋ᠢᠵᠤ᠂

15.0% ᠵᠶ᠋ᠠᠷ ᠨᠡᠮᠡᠭᠳᠡᠵᠡᠶ; ᠬᠤᠪᠢ ᠵᠢᠨ ᠡᠵᠡᠩᠨᠡᠯᠲᠡ ᠵᠢᠨ ᠡᠷᠦᠬᠡ 165.2 ᠲᠦᠮᠡ ᠪᠠᠶ᠋ᠢᠵᠤ᠂ ᠠᠵᠢᠯ ᠡᠷᠭᠢᠯᠡᠭᠰᠡᠳ 262.0 ᠲᠦᠮᠡ ᠪᠠᠶ᠋ᠢᠨ᠎ᠠ᠃

 

ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠤᠨ᠎ᠤ ᠲᠣᠭ᠎ᠠ ᠪᠦᠷᠢᠳᠭᠡᠯ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠪᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠯᠪᠠᠨ ᠮᠡᠳᠡᠭᠡ (ᠬᠤᠶᠠᠷ) ---- ᠨᠢᠭᠡᠴᠡ ᠵᠢᠨ ᠦᠨᠳᠦᠰᠦᠨ ᠪᠠᠶ᠋ᠢᠳᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠪᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠯᠪᠠᠨ ᠮᠡᠳᠡᠭᠡ (ᠭᠤᠷᠪᠠ) —ᠬᠣᠶᠠᠳᠤᠭ᠋ᠠᠷ ᠠᠵᠤ ᠦᠢ᠍ᠯᠡᠰ᠎ᠤᠨ ᠦᠨᠳᠦᠰᠦᠨ ᠪᠠᠶ᠋ᠢᠳᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠪᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠯᠪᠠᠨ ᠮᠡᠳᠡᠭᠡ (ᠳᠣᠯᠣᠭ᠎ᠠ) — ᠣᠷᠣᠨ ᠪᠦᠰᠡ ᠬᠤᠪᠢᠶᠠᠭᠰᠠᠨ ᠨᠢᠭᠡᠴᠡ ᠪᠣᠯᠤᠨ ᠠᠵᠢᠯᠯᠠᠭᠰᠠᠳ᠎ᠤᠨ ᠪᠠᠶ᠋ᠢᠳᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠪᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠯᠪᠠᠨ ᠮᠡᠳᠡᠭᠡ (ᠵᠢᠷᠭᠤᠭ᠎ᠠ) — ᠬᠡᠰᠡᠭ ᠰᠢᠨ᠎ᠡ᠎ᠪᠠᠷ ᠪᠤᠶ ᠪᠣᠯᠤᠭᠰᠠᠨ ᠠᠵᠤ ᠦᠢ᠍ᠯᠡᠰ᠎ᠤᠨ ᠬᠥᠭᠵᠢᠯᠲᠡ ᠵᠢᠨ ᠪᠠᠶ᠋ᠢᠳᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠪᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠯᠪᠠᠨ ᠮᠡᠳᠡᠭᠡ (ᠲᠠᠪᠤ) — ᠭᠤᠷᠪᠠᠳᠤᠭ᠋ᠠᠷ ᠠᠵᠤ ᠦᠢ᠍ᠯᠡᠰ᠎ᠤᠨ ᠦᠨᠳᠦᠰᠦᠨ ᠪᠠᠶ᠋ᠢᠳᠠᠯ᠎ᠤᠨ ᠬᠣᠶᠠᠷ
 
            