ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠪᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠦᠷ᠎ᠡ ᠳ᠋ᠦᠩ᠎ᠢ ᠦᠨᠳᠦᠰᠦᠯᠡᠨ᠂ ᠮᠠᠨ᠎ᠤ ᠣᠷᠣᠨ᠎ᠤ ᠭᠤᠷᠪᠠᠳᠤᠭ᠋ᠠᠷ ᠠᠵᠤ ᠦᠢ᠍ᠯᠡᠰ᠎ᠲᠠᠬᠢ ᠰᠢᠨᠵᠢᠯᠡᠬᠦ ᠤᠬᠠᠭ᠋ᠠᠨ᠎ᠤ ᠰᠤᠳᠤᠯᠤᠯ ᠪᠣᠯᠤᠨ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠂ ᠤᠰᠤᠨ ᠠᠰᠢᠭᠯᠠᠯᠲᠠ᠂ ᠣᠷᠴᠢᠨ ᠲᠣᠭᠣᠷᠢᠨ ᠪᠣᠯᠤᠨ ᠣᠯᠠᠨ ᠨᠡᠶ᠋ᠢᠲᠡ ᠵᠢᠨ ᠪᠡᠯᠡᠳᠬᠡᠮᠵᠢ ᠵᠢᠨ ᠬᠠᠮᠢᠶᠠᠷᠤᠯᠲᠠ ᠵᠢᠨ ᠦᠢ᠍ᠯᠡᠰ᠂ ᠰᠠᠭᠤᠭ᠋ᠠᠯᠢ ᠠᠷᠠᠳ᠎ᠤᠨ ᠦᠢ᠍ᠯᠡᠴᠢᠯᠡᠭᠡᠨ᠂ ᠰᠡᠯᠪᠢᠨ ᠵᠠᠰᠠᠬᠤ ᠪᠠ ᠪᠤᠰᠤᠳ ᠦᠢ᠍ᠯᠡᠴᠢᠯᠡᠭᠡᠨ᠎ᠤ ᠦᠢ᠍ᠯᠡᠰ᠂ ᠰᠤᠷᠭ᠋ᠠᠨ ᠬᠥᠮᠦᠵᠢᠯ᠂ ᠡᠷᠡᠭᠦᠯ ᠬᠠᠮᠠᠭ᠋ᠠᠯᠠᠯ ᠪᠣᠯᠤᠨ ᠨᠡᠶ᠋ᠢᠭᠡᠮ᠎ᠤᠨ ᠠᠵᠢᠯ᠂ ᠰᠣᠶᠣᠯ᠂ ᠪᠡᠶ᠎ᠡ ᠵᠢᠨ ᠲᠠᠮᠢᠷ ᠪᠣᠯᠤᠨ ᠨᠠᠶ᠋ᠢᠷ ᠨᠠᠭ᠋ᠠᠳᠤᠮ᠎ᠤᠨ ᠦᠢ᠍ᠯᠡᠰ᠂ ᠣᠯᠠᠨ ᠨᠡᠶ᠋ᠢᠲᠡ ᠵᠢᠨ ᠬᠠᠮᠢᠶᠠᠷᠤᠯᠲᠠ᠂ ᠨᠡᠶ᠋ᠢᠭᠡᠮ᠎ᠤᠨ ᠪᠠᠲᠤᠯᠠᠭ᠎ᠠ ᠪᠣᠯᠤᠨ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠵᠢᠨ ᠭᠣᠣᠯ ᠲᠣᠭ᠎ᠠ ᠪᠠᠷᠢᠮᠲᠠ ᠵᠢ ᠡᠳᠦᠭᠡ ᠳᠣᠣᠷᠠᠬᠢ ᠮᠡᠲᠦ ᠨᠡᠶ᠋ᠢᠲᠡᠯᠡᠪᠡ᠄
ᠨᠢᠭᠡ᠂ ᠰᠢᠨᠵᠢᠯᠡᠬᠦ ᠤᠬᠠᠭ᠋ᠠᠨ᠎ᠤ ᠰᠤᠳᠤᠯᠤᠯ ᠪᠠ ᠲᠧᠭᠨᠢᠭ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ
(ᠨᠢᠭᠡ) ᠬᠠᠤᠯᠢ ᠵᠢᠨ ᠡᠷᠬᠡᠲᠡᠨ᠎ᠤ ᠨᠢᠭᠡᠴᠡ ᠵᠢᠨ ᠲᠣᠭ᠎ᠠ ᠪᠠ ᠠᠵᠢᠯᠯᠠᠭᠰᠠᠳ
2023 ᠣᠨ᠎ᠤ ᠡᠴᠦᠰ᠎ᠲᠤ᠂ ᠪᠥᠬᠥ ᠣᠷᠣᠨ᠎ᠳᠤ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠪᠠ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠬᠠᠤᠯᠢ ᠵᠢᠨ ᠡᠷᠬᠡᠲᠡᠨ᠎ᠤ ᠨᠢᠭᠡᠴᠡ ᠨᠡᠶ᠋ᠢᠲᠡ 2.2 ᠲᠦᠮᠡ ᠪᠠᠶ᠋ᠢᠵᠤ᠂ ᠠᠵᠢᠯ ᠡᠷᠭᠢᠯᠡᠭᠰᠡᠳ 18.5 ᠲᠦᠮᠡ ᠪᠠᠶ᠋ᠢᠵᠤ᠂ 2018 ᠣᠨ᠎ᠤ ᠡᠴᠦᠰ᠎ᠤᠨ᠎ᠬᠢ᠎ᠠᠴᠠ ᠲᠣᠰ ᠲᠣᠰ 67.8% ᠪᠠ 45.2% ᠵᠶ᠋ᠠᠷ ᠨᠡᠮᠡᠭᠳᠡᠪᠡ᠃ ᠡᠭᠦᠨ᠎ᠳᠤ᠂ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠨᠢᠭᠡᠴᠡ 2.0 ᠲᠦᠮᠡ᠂ ᠠᠵᠢᠯᠯᠠᠭᠰᠠᠳ 15.2 ᠲᠦᠮᠡᠨ ᠬᠥᠮᠦᠨ ᠪᠠᠶ᠋ᠢᠵᠤ᠂ 2018 ᠣᠨ᠎ᠤ ᠡᠴᠦᠰ᠎ᠤᠨ᠎ᠬᠢ᠎ᠠᠴᠠ ᠲᠣᠰ ᠲᠣᠰ 85.0% ᠪᠠ 62.1%᠎ᠪᠠᠷ ᠨᠡᠮᠡᠭᠳᠡᠪᠡ (ᠨᠠᠷᠢᠨ ᠠᠭᠤᠯᠭ᠎ᠠ ᠵᠢ ᠬᠦᠰᠦᠨᠦᠭᠲᠦ 5 - 1᠎ᠳᠤ ᠦᠵᠡ)᠃
ᠬᠦᠰᠦᠨᠦᠭᠲᠦ 5 - 1 ᠠᠵᠢᠯ ᠲᠥᠷᠥᠯ᠎ᠤᠨ ᠶᠡᠬᠡ ᠲᠥᠷᠥᠯ ᠵᠶ᠋ᠡᠷ ᠳᠤᠭᠤᠢ᠌ᠯᠠᠩ ᠬᠤᠪᠢᠶᠠᠭᠰᠠᠨ ᠰᠢᠨᠵᠢᠯᠡᠬᠦ ᠤᠬᠠᠭ᠋ᠠᠨ᠎ᠤ ᠰᠤᠳᠤᠯᠤᠯ ᠪᠠ ᠲᠧᠭᠨᠢᠭ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠲᠣᠭ᠎ᠠ ᠪᠠ ᠠᠵᠢᠯᠯᠠᠭᠰᠠᠳ

ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠪᠠ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠨᠢᠭᠡᠴᠡ᠎ᠳᠤ᠂ ᠳᠣᠲᠣᠭ᠋ᠠᠳᠤ ᠪᠠᠯᠠ ᠵᠢᠨ ᠠᠵᠤ ᠠᠬᠤᠶ᠋ᠢᠯᠠᠯ 99.2%᠎ᠢ ᠡᠵᠡᠯᠡᠵᠦ᠂ ᠪᠤᠰᠤᠳ ᠠᠵᠤ ᠠᠬᠤᠶ᠋ᠢᠯᠠᠯ 0.8% ᠵᠢ ᠡᠵᠡᠯᠡᠪᠡ᠃
ᠰᠢᠨᠵᠢᠯᠡᠬᠦ ᠤᠬᠠᠭ᠋ᠠᠨ᠎ᠤ ᠰᠤᠳᠤᠯᠤᠯ ᠪᠣᠯᠤᠨ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠠᠵᠢᠯᠯᠠᠭᠰᠠᠳ᠎ᠤᠨ ᠳᠣᠲᠣᠷ᠎ᠠ᠂ ᠳᠣᠲᠣᠭ᠋ᠠᠳᠤ ᠪᠡᠯᠡ ᠵᠢᠨ ᠠᠵᠤ ᠠᠬᠤᠶ᠋ᠢᠯᠠᠯ 99.8% ᠵᠢ ᠡᠵᠡᠯᠡᠵᠦ᠂ ᠪᠤᠰᠤᠳ ᠠᠵᠤ ᠠᠬᠤᠶ᠋ᠢᠯᠠᠯ 0.2%᠎ᠢ ᠡᠵᠡᠯᠡᠨ᠎ᠡ (ᠨᠠᠷᠢᠨ ᠪᠠᠶ᠋ᠢᠳᠠᠯ᠎ᠢ ᠬᠦᠰᠦᠨᠦᠭᠲᠦ 5 - 2᠎ᠲᠤ ᠦᠵᠡ)᠃
ᠬᠦᠰᠦᠨᠦᠭᠲᠦ 5 - 2 ᠳᠠᠩᠰᠠᠯᠠᠵᠤ ᠪᠦᠷᠢᠳᠭᠡᠬᠦ ᠲᠥᠷᠥᠯ ᠵᠶ᠋ᠡᠷ ᠳᠤᠭᠤᠢ᠌ᠯᠠᠩ ᠬᠤᠪᠢᠶᠠᠭᠰᠠᠨ ᠰᠢᠨᠵᠢᠯᠡᠬᠦ ᠤᠬᠠᠭ᠋ᠠᠨ᠎ᠤ ᠰᠤᠳᠤᠯᠤᠯ ᠪᠠ ᠲᠧᠭᠨᠢᠭ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠲᠣᠭ᠎ᠠ ᠪᠠ ᠠᠵᠢᠯᠯᠠᠭᠰᠠᠳ

(ᠬᠣᠶᠠᠷ) ᠭᠣᠣᠯ ᠪᠣᠯᠬᠤ ᠠᠵᠤ ᠠᠬᠤᠢ ᠵᠢᠨ ᠭᠦᠢ᠍ᠴᠡᠳᠬᠡᠬᠦ ᠲᠣᠭ᠎ᠠ
2023 ᠣᠨ᠎ᠤ ᠡᠴᠦᠰ᠎ᠲᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠪᠠ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠡᠳ᠋ ᠬᠥᠷᠥᠩᠭᠡ ᠨᠡᠶ᠋ᠢᠲᠡ 2482.9 ᠳ᠋ᠦᠩᠰᠢᠭᠤᠷ ᠲᠥᠭᠥᠷᠢᠭ᠎ᠲᠤ ᠬᠦᠷᠴᠦ᠂ 2018 ᠣᠨ᠎ᠤ ᠡᠴᠦᠰ᠎ᠤᠨ᠎ᠬᠢ᠎ᠠᠴᠠ 41.3%᠎ᠪᠠᠷ ᠨᠡᠮᠡᠭᠳᠡᠪᠡ; ᠥᠷᠢ ᠥᠭᠴᠡᠭᠡ ᠨᠡᠶ᠋ᠢᠲᠡ 1386.2 ᠳ᠋ᠦᠩᠰᠢᠭᠤᠷ ᠲᠥᠭᠥᠷᠢᠭ᠎ᠲᠤ ᠬᠦᠷᠴᠦ᠂ 2018 ᠣᠨ᠎ᠤ ᠡᠴᠦᠰ᠎ᠤᠨ᠎ᠬᠢ᠎ᠠᠴᠠ 52.2% ᠵᠶ᠋ᠠᠷ ᠨᠡᠮᠡᠭᠳᠡᠪᠡ᠃
2023 ᠣᠨ᠎ᠳᠤ᠂ ᠰᠢᠨᠵᠢᠯᠡᠬᠦ ᠤᠬᠠᠭ᠋ᠠᠨ᠎ᠤ ᠰᠤᠳᠤᠯᠭ᠋ᠠᠨ ᠪᠠ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠪᠥᠬᠥ ᠵᠢᠯ᠎ᠤᠨ ᠡᠵᠡᠩᠨᠡᠯᠲᠡ ᠵᠢᠨ ᠣᠷᠣᠯᠭ᠎ᠠ 493.8 ᠳ᠋ᠦᠩᠰᠢᠭᠤᠷ ᠲᠥᠭᠥᠷᠢᠭ᠎ᠲᠤ ᠬᠦᠷᠴᠦ᠂ 2018 ᠣᠨ᠎ᠤ᠎ᠬᠢ᠎ᠠᠴᠠ 116.7%᠎ᠪᠠᠷ ᠨᠡᠮᠡᠭᠳᠡᠪᠡ (ᠨᠠᠷᠢᠨ ᠪᠠᠢ᠌ᠳᠠᠯ᠎ᠢ ᠬᠦᠰᠦᠨᠦᠭᠲᠦ 5 - 3᠎ᠳᠤ ᠦᠵᠡ)᠃
ᠬᠦᠰᠦᠨᠦᠭᠲᠦ 5 - 3 ᠠᠵᠢᠯ ᠲᠥᠷᠥᠯ᠎ᠤᠨ ᠶᠡᠬᠡ ᠲᠥᠷᠥᠯ ᠵᠶ᠋ᠡᠷ ᠳᠤᠭᠤᠢ᠌ᠯᠠᠩ ᠬᠤᠪᠢᠶᠠᠭᠰᠠᠨ ᠰᠢᠨᠵᠢᠯᠡᠬᠦ ᠤᠬᠠᠭ᠋ᠠᠨ᠎ᠤ ᠰᠤᠳᠤᠯᠤᠯ ᠪᠠ ᠲᠧᠭᠨᠢᠭ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠭᠣᠣᠯ ᠪᠣᠯᠬᠤ ᠠᠵᠤ ᠠᠬᠤᠢ ᠵᠢᠨ ᠭᠦᠢ᠍ᠴᠡᠳᠬᠡᠬᠦ ᠲᠣᠭ᠎ᠠ

ᠬᠣᠶᠠᠷ᠂ ᠤᠰᠤᠨ ᠠᠰᠢᠭᠯᠠᠯᠲᠠ᠂ ᠣᠷᠴᠢᠨ ᠲᠣᠭᠣᠷᠢᠨ ᠪᠠ ᠣᠯᠠᠨ ᠨᠡᠶ᠋ᠢᠲᠡ ᠵᠢᠨ ᠪᠡᠯᠡᠳᠬᠡᠮᠵᠢ ᠵᠢᠨ ᠬᠠᠮᠢᠶᠠᠷᠤᠯᠲᠠ ᠵᠢᠨ ᠦᠢ᠍ᠯᠡᠰ
(ᠨᠢᠭᠡ) ᠬᠠᠤᠯᠢ ᠵᠢᠨ ᠡᠷᠬᠡᠲᠡᠨ᠎ᠤ ᠨᠢᠭᠡᠴᠡ ᠵᠢᠨ ᠲᠣᠭ᠎ᠠ ᠪᠠ ᠠᠵᠢᠯᠯᠠᠭᠰᠠᠳ
2023 ᠣᠨ᠎ᠤ ᠡᠴᠦᠰ᠎ᠲᠤ᠂ ᠪᠥᠬᠥ ᠣᠷᠣᠨ᠎ᠳᠤ ᠤᠰᠤᠨ ᠠᠰᠢᠭᠯᠠᠯᠲᠠ᠂ ᠣᠷᠴᠢᠨ ᠲᠣᠭᠣᠷᠢᠨ ᠪᠠ ᠣᠯᠠᠨ ᠨᠡᠶ᠋ᠢᠲᠡ ᠵᠢᠨ ᠪᠡᠯᠡᠳᠬᠡᠮᠵᠢ ᠵᠢᠨ ᠬᠠᠮᠢᠶᠠᠷᠤᠯᠲᠠ ᠵᠢᠨ ᠦᠢ᠍ᠯᠡᠰ᠎ᠤᠨ ᠬᠠᠤᠯᠢ ᠵᠢᠨ ᠡᠷᠬᠡᠲᠡᠨ᠎ᠤ ᠨᠢᠭᠡᠴᠡ ᠨᠡᠶ᠋ᠢᠲᠡ 4711 ᠪᠠᠶ᠋ᠢᠵᠤ᠂ 10.8 ᠲᠦᠮᠡᠨ ᠠᠵᠢᠯᠲᠠᠨ᠎ᠲᠠᠢ ᠪᠠᠶ᠋ᠢᠵᠤ᠂ 2018 ᠣᠨ᠎ᠤ ᠡᠴᠦᠰ᠎ᠤᠨ᠎ᠬᠢ᠎ᠠᠴᠠ ᠲᠣᠰ ᠲᠣᠰ 24.5% ᠪᠠ 89.2% ᠵᠶ᠋ᠠᠷ ᠨᠡᠮᠡᠭᠳᠡᠪᠡ᠃ ᠡᠭᠦᠨ᠎ᠳᠤ᠂ ᠵᠠᠰᠠᠭ ᠵᠠᠬᠢᠷᠭ᠎ᠠ ᠠᠵᠢᠯ ᠦᠢ᠍ᠯᠡᠰ ᠵᠢᠴᠢ ᠠᠵᠤ ᠠᠬᠤᠶ᠋ᠢᠯᠠᠯ᠎ᠤᠨ ᠪᠤᠰᠤ ᠬᠠᠤᠯᠢ ᠵᠢᠨ ᠡᠷᠬᠡᠲᠡᠨ᠎ᠤ ᠨᠢᠭᠡᠴᠡ 479 ᠪᠠᠶ᠋ᠢᠵᠤ᠂ 2018 ᠣᠨ᠎ᠤ ᠡᠴᠦᠰ᠎ᠤᠨ᠎ᠬᠢ᠎ᠠᠴᠠ 40.3%᠎ᠪᠠᠷ ᠪᠠᠭᠤᠷᠠᠪᠠ; ᠠᠵᠢᠯ ᠡᠷᠭᠢᠯᠡᠭᠰᠡᠳ 3.2 ᠲᠦᠮᠡᠨ ᠬᠥᠮᠦᠨ ᠪᠣᠯᠵᠣ᠂ 2018 ᠣᠨ᠎ᠤ ᠡᠴᠦᠰ᠎ᠤᠨ᠎ᠬᠢ᠎ᠠᠴᠠ 62.4%᠎ᠪᠠᠷ ᠨᠡᠮᠡᠭᠳᠡᠪᠡ᠃
(ᠬᠣᠶᠠᠷ) ᠭᠣᠣᠯ ᠪᠣᠯᠬᠤ ᠠᠵᠤ ᠠᠬᠤᠢ ᠵᠢᠨ ᠭᠦᠢ᠍ᠴᠡᠳᠬᠡᠬᠦ ᠲᠣᠭ᠎ᠠ
2023 ᠣᠨ᠎ᠤ ᠡᠴᠦᠰ᠎ᠲᠤ᠂ ᠤᠰᠤᠨ ᠠᠰᠢᠭᠯᠠᠯᠲᠠ᠂ ᠣᠷᠴᠢᠨ ᠲᠣᠭᠣᠷᠢᠨ ᠪᠠ ᠣᠯᠠᠨ ᠨᠡᠶ᠋ᠢᠲᠡ ᠵᠢᠨ ᠪᠡᠯᠡᠳᠬᠡᠮᠵᠢ ᠵᠢᠨ ᠬᠠᠮᠢᠶᠠᠷᠤᠯᠲᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠡᠳ᠋ ᠬᠥᠷᠥᠩᠭᠡ ᠨᠡᠶ᠋ᠢᠲᠡ 2381.2 ᠳ᠋ᠦᠩᠰᠢᠭᠤᠷ ᠲᠥᠭᠥᠷᠢᠭ᠎ᠲᠤ ᠬᠦᠷᠴᠦ᠂ 2018 ᠣᠨ᠎ᠤ ᠡᠴᠦᠰ᠎ᠤᠨ᠎ᠬᠢ᠎ᠠᠴᠠ 69.1%᠎ᠪᠠᠷ ᠨᠡᠮᠡᠭᠳᠡᠪᠡ; ᠥᠷᠢ ᠥᠭᠴᠡᠭᠡ ᠨᠡᠶ᠋ᠢᠲᠡ 1162.9 ᠳ᠋ᠦᠩᠰᠢᠭᠤᠷ ᠲᠥᠭᠥᠷᠢᠭ᠎ᠲᠤ ᠬᠦᠷᠴᠦ᠂ 2018 ᠣᠨ᠎ᠤ ᠡᠴᠦᠰ᠎ᠤᠨ᠎ᠬᠢ᠎ᠠᠴᠠ 46.7%᠎ᠪᠠᠷ ᠨᠡᠮᠡᠭᠳᠡᠪᠡ᠃ ᠪᠥᠬᠥ ᠵᠢᠯ᠎ᠤᠨ ᠡᠵᠡᠩᠨᠡᠯᠲᠡ ᠵᠢᠨ ᠣᠷᠣᠯᠭ᠎ᠠ 183.1 ᠳ᠋ᠦᠩᠰᠢᠭᠤᠷ ᠲᠥᠭᠥᠷᠢᠭ᠎ᠲᠤ ᠬᠦᠷᠴᠦ᠂ 2018 ᠣᠨ᠎ᠤ᠎ᠬᠢ᠎ᠠᠴᠠ 147.4%᠎ᠪᠠᠷ ᠨᠡᠮᠡᠭᠳᠡᠪᠡ᠃ ᠵᠠᠰᠠᠭ ᠵᠠᠬᠢᠷᠭ᠎ᠠ ᠠᠵᠢᠯ ᠦᠢ᠍ᠯᠡᠰ ᠵᠢᠴᠢ ᠠᠵᠤ ᠠᠬᠤᠶ᠋ᠢᠯᠠᠯ᠎ᠤᠨ ᠪᠤᠰᠤ ᠬᠠᠤᠯᠢ ᠵᠢᠨ ᠡᠷᠬᠡᠲᠡᠨ᠎ᠤ ᠨᠢᠭᠡᠴᠡ ᠵᠢᠨ ᠵᠢᠯ᠎ᠤᠨ ᠡᠴᠦᠰ᠎ᠤᠨ ᠡᠳ᠋ ᠬᠥᠷᠥᠩᠭᠡ 404.4 ᠳ᠋ᠦᠩᠰᠢᠭᠤᠷ ᠲᠥᠭᠥᠷᠢᠭ᠎ᠲᠤ ᠬᠦᠷᠴᠦ᠂ 2018 ᠣᠨ᠎ᠤ ᠡᠴᠦᠰ᠎ᠤᠨ᠎ᠬᠢ᠎ᠠᠴᠠ 3.0% ᠵᠶ᠋ᠠᠷ ᠪᠠᠭᠤᠷᠠᠪᠠ᠃ ᠲᠣᠰ ᠵᠢᠯ᠎ᠤᠨ ᠵᠠᠷᠤᠯᠭ᠎ᠠ (ᠵᠠᠷᠤᠳᠠᠯ) ᠨᠡᠶ᠋ᠢᠲᠡ 114.4 ᠳ᠋ᠦᠩᠰᠢᠭᠤᠷ ᠲᠥᠭᠥᠷᠢᠭ᠎ᠲᠤ ᠬᠦᠷᠴᠦ᠂ 2018 ᠣᠨ᠎ᠤ᠎ᠬᠢ᠎ᠠᠴᠠ 100.6%᠎ᠪᠠᠷ ᠨᠡᠮᠡᠭᠳᠡᠪᠡ᠃
ᠭᠤᠷᠪᠠ᠂ ᠰᠠᠭᠤᠭ᠋ᠠᠯᠢ ᠠᠷᠠᠳ᠎ᠤᠨ ᠦᠢ᠍ᠯᠡᠴᠢᠯᠡᠭᠡ᠂ ᠰᠡᠯᠪᠢᠨ ᠵᠠᠰᠠᠬᠤ ᠪᠠ ᠪᠤᠰᠤᠳ ᠦᠢ᠍ᠯᠡᠴᠢᠯᠡᠭᠡᠨ᠎ᠤ ᠦᠢ᠍ᠯᠡᠰ
(ᠨᠢᠭᠡ) ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠲᠣᠭ᠎ᠠ ᠪᠠ ᠠᠵᠢᠯᠯᠠᠭᠰᠠᠳ
2023 ᠣᠨ᠎ᠤ ᠵᠢᠯ᠎ᠤᠨ ᠡᠴᠦᠰ᠎ᠲᠤ᠂ ᠪᠥᠬᠥ ᠣᠷᠣᠨ᠎ᠳᠤ ᠰᠠᠭᠤᠭ᠋ᠠᠯᠢ ᠠᠷᠠᠳ᠎ᠤᠨ ᠦᠢ᠍ᠯᠡᠴᠢᠯᠡᠭᠡ᠂ ᠰᠡᠯᠪᠢᠨ ᠵᠠᠰᠠᠯᠲᠠ ᠪᠠ ᠪᠤᠰᠤᠳ ᠦᠢ᠍ᠯᠡᠴᠢᠯᠡᠭᠡᠨ᠎ᠤ ᠦᠢ᠍ᠯᠡᠰ᠎ᠤᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠨᠢᠭᠡᠴᠡ ᠨᠡᠶ᠋ᠢᠲᠡ 1.0 ᠲᠦᠮᠡ ᠪᠠᠶ᠋ᠢᠵᠤ᠂ ᠠᠵᠢᠯᠯᠠᠵᠤ ᠪᠠᠶ᠋ᠢᠭ᠎ᠠ ᠬᠥᠮᠦᠨ 5.9 ᠲᠦᠮᠡ ᠪᠠᠶ᠋ᠢᠵᠤ᠂ 2018 ᠣᠨ᠎ᠤ ᠵᠢᠯ᠎ᠤᠨ ᠡᠴᠦᠰ᠎ᠤᠨ᠎ᠬᠢ᠎ᠠᠴᠠ ᠲᠣᠰ ᠲᠣᠰ 55.0% ᠪᠠ 30.7%᠎ᠪᠠᠷ ᠨᠡᠮᠡᠭᠳᠡᠪᠡ (ᠨᠠᠷᠢᠨ ᠠᠭᠤᠯᠭ᠎ᠠ ᠵᠢ ᠬᠦᠰᠦᠨᠦᠭᠲᠦ 5 - 4᠎ᠳᠤ ᠦᠵᠡᠭᠡᠷᠡᠶ)᠃
ᠬᠦᠰᠦᠨᠦᠭᠲᠦ 5 - 4 ᠠᠵᠢᠯ ᠲᠥᠷᠥᠯ᠎ᠤᠨ ᠶᠡᠬᠡ ᠲᠥᠷᠥᠯ ᠵᠶ᠋ᠡᠷ ᠳᠤᠭᠤᠢ᠌ᠯᠠᠩ ᠬᠤᠪᠢᠶᠠᠭᠰᠠᠨ ᠰᠠᠭᠤᠭ᠋ᠠᠯᠢ ᠠᠷᠠᠳ᠎ᠤᠨ ᠦᠢ᠍ᠯᠡᠴᠢᠯᠡᠭᠡ᠂ ᠰᠡᠯᠪᠢᠨ ᠵᠠᠰᠠᠬᠤ ᠪᠠ ᠪᠤᠰᠤᠳ ᠦᠢ᠍ᠯᠡᠴᠢᠯᠡᠭᠡᠨ᠎ᠤ ᠦᠢ᠍ᠯᠡᠰ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠲᠣᠭ᠎ᠠ ᠪᠠ ᠠᠵᠢᠯᠯᠠᠭᠰᠠᠳ

ᠰᠠᠭᠤᠭ᠋ᠠᠯᠢ ᠠᠷᠠᠳ᠎ᠤᠨ ᠦᠢ᠍ᠯᠡᠴᠢᠯᠡᠭᠡ᠂ ᠰᠡᠯᠪᠢᠨ ᠵᠠᠰᠠᠯᠲᠠ ᠪᠠ ᠪᠤᠰᠤᠳ ᠦᠢ᠍ᠯᠡᠴᠢᠯᠡᠭᠡᠨ᠎ᠤ ᠦᠢ᠍ᠯᠡᠰ᠎ᠤᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠨᠢᠭᠡᠴᠡ᠎ᠳᠤ᠂ ᠳᠣᠲᠣᠭ᠋ᠠᠳᠤ ᠪᠠᠯᠠ ᠵᠢᠨ ᠠᠵᠤ ᠠᠬᠤᠶ᠋ᠢᠯᠠᠯ 99.9% ᠵᠢ ᠡᠵᠡᠯᠡᠨ᠎ᠡ᠃
ᠰᠠᠭᠤᠭ᠋ᠠᠯᠢ ᠠᠷᠠᠳ᠎ᠤᠨ ᠦᠢ᠍ᠯᠡᠴᠢᠯᠡᠭᠡ᠂ ᠰᠡᠯᠪᠢᠨ ᠵᠠᠰᠠᠬᠤ ᠪᠠ ᠪᠤᠰᠤᠳ ᠦᠢ᠍ᠯᠡᠴᠢᠯᠡᠭᠡᠨ᠎ᠤ ᠦᠢ᠍ᠯᠡᠰ᠎ᠤᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠠᠵᠢᠯᠯᠠᠭᠰᠠᠳ᠎ᠤᠨ ᠳᠣᠲᠣᠷ᠎ᠠ᠂ ᠳᠣᠲᠣᠭ᠋ᠠᠳᠤ ᠪᠡᠯᠡ ᠵᠢᠨ ᠠᠵᠤ ᠠᠬᠤᠶ᠋ᠢᠯᠠᠯ 99.96% ᠵᠢ ᠡᠵᠡᠯᠡᠨ᠎ᠡ (ᠨᠠᠷᠢᠨ ᠪᠠᠶ᠋ᠢᠳᠠᠯ᠎ᠢ ᠬᠦᠰᠦᠨᠦᠭᠲᠦ 5 - 5᠎ᠳᠤ ᠦᠵᠡ)᠃
ᠬᠦᠰᠦᠨᠦᠭᠲᠦ 5 - 5 ᠳᠠᠩᠰᠠᠯᠠᠵᠤ ᠪᠦᠷᠢᠳᠭᠡᠬᠦ ᠲᠥᠷᠥᠯ ᠵᠶ᠋ᠡᠷ ᠳᠤᠭᠤᠢ᠌ᠯᠠᠩ ᠬᠤᠪᠢᠶᠠᠭᠰᠠᠨ ᠰᠠᠭᠤᠭ᠋ᠠᠯᠢ ᠠᠷᠠᠳ᠎ᠤᠨ ᠦᠢ᠍ᠯᠡᠴᠢᠯᠡᠭᠡ᠂ ᠰᠡᠯᠪᠢᠨ ᠵᠠᠰᠠᠬᠤ ᠪᠠ ᠪᠤᠰᠤᠳ ᠦᠢ᠍ᠯᠡᠴᠢᠯᠡᠭᠡᠨ᠎ᠤ ᠦᠢ᠍ᠯᠡᠰ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠲᠣᠭ᠎ᠠ ᠪᠠ ᠠᠵᠢᠯᠯᠠᠭᠰᠠᠳ

(ᠬᠣᠶᠠᠷ) ᠭᠣᠣᠯ ᠪᠣᠯᠬᠤ ᠠᠵᠤ ᠠᠬᠤᠢ ᠵᠢᠨ ᠭᠦᠢ᠍ᠴᠡᠳᠬᠡᠬᠦ ᠲᠣᠭ᠎ᠠ
2023 ᠣᠨ᠎ᠤ ᠡᠴᠦᠰ᠎ᠲᠤ᠂ ᠰᠠᠭᠤᠭ᠋ᠠᠯᠢ ᠠᠷᠠᠳ᠎ᠤᠨ ᠦᠢ᠍ᠯᠡᠴᠢᠯᠡᠭᠡ᠂ ᠰᠡᠯᠪᠢᠨ ᠵᠠᠰᠠᠬᠤ ᠪᠠ ᠪᠤᠰᠤᠳ ᠦᠢ᠍ᠯᠡᠴᠢᠯᠡᠭᠡᠨ᠎ᠤ ᠦᠢ᠍ᠯᠡᠰ᠎ᠤᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠡᠳ᠋ ᠬᠥᠷᠥᠩᠭᠡ ᠨᠡᠶ᠋ᠢᠲᠡ 176.9 ᠳ᠋ᠦᠩᠰᠢᠭᠤᠷ ᠲᠥᠭᠥᠷᠢᠭ᠎ᠲᠤ ᠬᠦᠷᠴᠦ᠂ 2018 ᠣᠨ᠎ᠤ ᠡᠴᠦᠰ᠎ᠤᠨ᠎ᠬᠢ᠎ᠠᠴᠠ 84.8%᠎ᠪᠠᠷ ᠨᠡᠮᠡᠭᠳᠡᠪᠡ; ᠥᠷᠢ ᠥᠭᠴᠡᠭᠡ ᠨᠡᠶ᠋ᠢᠲᠡ 105.8 ᠳ᠋ᠦᠩᠰᠢᠭᠤᠷ ᠲᠥᠭᠥᠷᠢᠭ᠎ᠲᠤ ᠬᠦᠷᠴᠦ᠂ 2018 ᠣᠨ᠎ᠤ ᠡᠴᠦᠰ᠎ᠤᠨ᠎ᠬᠢ᠎ᠠᠴᠠ 74.4%᠎ᠪᠠᠷ ᠨᠡᠮᠡᠭᠳᠡᠪᠡ᠃ ᠪᠥᠬᠥ ᠵᠢᠯ᠎ᠤᠨ ᠡᠵᠡᠩᠨᠡᠯᠲᠡ ᠵᠢᠨ ᠣᠷᠣᠯᠭ᠎ᠠ 92.0 ᠳ᠋ᠦᠩᠰᠢᠭᠤᠷ ᠲᠥᠭᠥᠷᠢᠭ᠎ᠲᠤ ᠬᠦᠷᠴᠦ᠂ 2018 ᠣᠨ᠎ᠤ᠎ᠬᠢ᠎ᠠᠴᠠ 83.7%᠎ᠪᠠᠷ ᠨᠡᠮᠡᠭᠳᠡᠪᠡ (ᠨᠠᠷᠢᠨ ᠪᠠᠢ᠌ᠳᠠᠯ᠎ᠢ ᠬᠦᠰᠦᠨᠦᠭᠲᠦ 5 - 6᠎ᠳᠤ ᠦᠵᠡ)᠃
ᠬᠦᠰᠦᠨᠦᠭᠲᠦ 5 - 6 ᠠᠵᠢᠯ ᠲᠥᠷᠥᠯ᠎ᠤᠨ ᠶᠡᠬᠡ ᠲᠥᠷᠥᠯ ᠵᠶ᠋ᠡᠷ ᠳᠤᠭᠤᠢ᠌ᠯᠠᠩ ᠬᠤᠪᠢᠶᠠᠭᠰᠠᠨ ᠰᠠᠭᠤᠭ᠋ᠠᠯᠢ ᠠᠷᠠᠳ᠎ᠤᠨ ᠦᠢ᠍ᠯᠡᠴᠢᠯᠡᠭᠡ᠂ ᠰᠡᠯᠪᠢᠨ ᠵᠠᠰᠠᠬᠤ ᠪᠠ ᠪᠤᠰᠤᠳ ᠦᠢ᠍ᠯᠡᠴᠢᠯᠡᠭᠡᠨ᠎ᠤ ᠦᠢ᠍ᠯᠡᠰ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠭᠣᠣᠯ ᠪᠣᠯᠬᠤ ᠠᠵᠤ ᠠᠬᠤᠢ ᠵᠢᠨ ᠭᠦᠢ᠍ᠴᠡᠳᠬᠡᠬᠦ ᠲᠣᠭ᠎ᠠ

ᠲᠦᠷᠪᠡ᠂ ᠰᠤᠷᠭ᠋ᠠᠨ ᠬᠥᠮᠦᠵᠢᠯ
(ᠨᠢᠭᠡ) ᠬᠠᠤᠯᠢ ᠵᠢᠨ ᠡᠷᠬᠡᠲᠡᠨ᠎ᠤ ᠨᠢᠭᠡᠴᠡ ᠵᠢᠨ ᠲᠣᠭ᠎ᠠ ᠪᠠ ᠠᠵᠢᠯᠯᠠᠭᠰᠠᠳ
2023 ᠣᠨ᠎ᠤ ᠡᠴᠦᠰ᠎ᠲᠤ᠂ ᠪᠥᠬᠥ ᠣᠷᠣᠨ᠎ᠳᠤ ᠨᠡᠶ᠋ᠢᠲᠡ 1.3 ᠲᠦᠮᠡᠨ ᠰᠤᠷᠭ᠋ᠠᠨ ᠬᠥᠮᠦᠵᠢᠯ᠎ᠤᠨ ᠬᠠᠤᠯᠢ ᠵᠢᠨ ᠡᠷᠬᠡᠲᠡᠨ᠎ᠤ ᠨᠢᠭᠡᠴᠡ᠂ 46.2 ᠲᠦᠮᠡᠨ ᠠᠵᠢᠯᠲᠠᠨ᠎ᠲᠠᠢ ᠪᠠᠶ᠋ᠢᠵᠤ᠂ 2018 ᠣᠨ᠎ᠤ ᠡᠴᠦᠰ᠎ᠤᠨ᠎ᠬᠢ᠎ᠠᠴᠠ ᠲᠣᠰ ᠲᠣᠰ 18.4% ᠪᠠ 13.4%᠎ᠪᠠᠷ ᠨᠡᠮᠡᠭᠳᠡᠪᠡ᠃ ᠡᠭᠦᠨ᠎ᠳᠤ᠂ ᠵᠠᠰᠠᠭ ᠵᠠᠬᠢᠷᠭ᠎ᠠ ᠠᠵᠢᠯ ᠦᠢ᠍ᠯᠡᠰ ᠵᠢᠴᠢ ᠠᠵᠤ ᠠᠬᠤᠶ᠋ᠢᠯᠠᠯ᠎ᠤᠨ ᠪᠤᠰᠤ ᠬᠠᠤᠯᠢ ᠵᠢᠨ ᠡᠷᠬᠡᠲᠡᠨ᠎ᠤ ᠨᠢᠭᠡᠴᠡ 6551 ᠪᠠᠶ᠋ᠢᠵᠤ᠂ 41.6 ᠲᠦᠮᠡᠨ ᠠᠵᠢᠯᠲᠠᠨ᠎ᠲᠠᠢ ᠪᠠᠶ᠋ᠢᠵᠤ᠂ 2018 ᠣᠨ᠎ᠤ ᠡᠴᠦᠰ᠎ᠤᠨ᠎ᠬᠢ᠎ᠠᠴᠠ ᠲᠣᠰ ᠲᠣᠰ 3.1% ᠪᠠ 10.5%᠎ᠪᠠᠷ ᠪᠠᠭᠤᠷᠠᠪᠠ᠃
(ᠬᠣᠶᠠᠷ) ᠭᠣᠣᠯ ᠪᠣᠯᠬᠤ ᠠᠵᠤ ᠠᠬᠤᠢ ᠵᠢᠨ ᠭᠦᠢ᠍ᠴᠡᠳᠬᠡᠬᠦ ᠲᠣᠭ᠎ᠠ
2023 ᠣᠨ᠎ᠤ ᠡᠴᠦᠰ᠎ᠲᠤ᠂ ᠰᠤᠷᠭ᠋ᠠᠨ ᠬᠥᠮᠦᠵᠢᠯ᠎ᠤᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠡᠳ᠋ ᠬᠥᠷᠥᠩᠭᠡ ᠨᠡᠶ᠋ᠢᠲᠡ 88.2 ᠳ᠋ᠦᠩᠰᠢᠭᠤᠷ ᠲᠥᠭᠥᠷᠢᠭ᠎ᠲᠤ ᠬᠦᠷᠴᠦ᠂ 2018 ᠣᠨ᠎ᠤ ᠡᠴᠦᠰ᠎ᠤᠨ᠎ᠬᠢ᠎ᠠᠴᠠ 81.0% ᠵᠶ᠋ᠠᠷ ᠨᠡᠮᠡᠭᠳᠡᠪᠡ; ᠥᠷᠢ ᠥᠭᠴᠡᠭᠡ ᠨᠡᠶ᠋ᠢᠲᠡ 62.1 ᠳ᠋ᠦᠩᠰᠢᠭᠤᠷ ᠲᠥᠭᠥᠷᠢᠭ᠎ᠲᠤ ᠬᠦᠷᠴᠦ᠂ 2018 ᠣᠨ᠎ᠤ ᠡᠴᠦᠰ᠎ᠤᠨ᠎ᠬᠢ᠎ᠠᠴᠠ 156.1%᠎ᠪᠠᠷ ᠨᠡᠮᠡᠭᠳᠡᠪᠡ᠃ ᠪᠥᠬᠥ ᠵᠢᠯ᠎ᠤᠨ ᠡᠵᠡᠩᠨᠡᠯᠲᠡ ᠵᠢᠨ ᠣᠷᠣᠯᠭ᠎ᠠ 46.7 ᠳ᠋ᠦᠩᠰᠢᠭᠤᠷ ᠲᠥᠭᠥᠷᠢᠭ᠎ᠲᠤ ᠬᠦᠷᠴᠦ᠂ 2018 ᠣᠨ᠎ᠤ᠎ᠬᠢ᠎ᠠᠴᠠ 135.1%᠎ᠪᠠᠷ ᠨᠡᠮᠡᠭᠳᠡᠪᠡ᠃
ᠵᠠᠰᠠᠭ ᠵᠠᠬᠢᠷᠭ᠎ᠠ ᠠᠵᠢᠯ ᠦᠢ᠍ᠯᠡᠰ ᠵᠢᠴᠢ ᠠᠵᠤ ᠠᠬᠤᠶ᠋ᠢᠯᠠᠯ᠎ᠤᠨ ᠪᠤᠰᠤ ᠬᠠᠤᠯᠢ ᠵᠢᠨ ᠡᠷᠬᠡᠲᠡᠨ᠎ᠤ ᠨᠢᠭᠡᠴᠡ ᠵᠢᠨ ᠵᠢᠯ᠎ᠤᠨ ᠡᠴᠦᠰ᠎ᠤᠨ ᠪᠠᠯᠠ ᠬᠥᠷᠥᠩᠭᠡ 1640.5 ᠳ᠋ᠦᠩᠰᠢᠭᠤᠷ ᠲᠥᠭᠥᠷᠢᠭ᠎ᠲᠤ ᠬᠦᠷᠴᠦ᠂ 2018 ᠣᠨ᠎ᠤ ᠡᠴᠦᠰ᠎ᠤᠨ᠎ᠬᠢ᠎ᠠᠴᠠ 4.8%᠎ᠪᠠᠷ ᠪᠠᠭᠤᠷᠠᠪᠠ᠃ ᠲᠣᠰ ᠵᠢᠯ᠎ᠤᠨ ᠵᠠᠷᠤᠯᠭ᠎ᠠ (ᠵᠠᠷᠤᠳᠠᠯ) ᠨᠡᠶ᠋ᠢᠲᠡ 935.7 ᠳ᠋ᠦᠩᠰᠢᠭᠤᠷ ᠲᠥᠭᠥᠷᠢᠭ᠎ᠲᠤ ᠬᠦᠷᠴᠦ᠂ 2018 ᠣᠨ᠎ᠤ᠎ᠬᠢ᠎ᠠᠴᠠ 40.4%᠎ᠪᠠᠷ ᠨᠡᠮᠡᠭᠳᠡᠪᠡ᠃
ᠲᠠᠪᠤ᠂ ᠡᠷᠡᠭᠦᠯ ᠬᠠᠮᠠᠭ᠋ᠠᠯᠠᠯ ᠪᠠ ᠨᠡᠶ᠋ᠢᠭᠡᠮ᠎ᠤᠨ ᠠᠵᠢᠯ
(ᠨᠢᠭᠡ) ᠬᠠᠤᠯᠢ ᠵᠢᠨ ᠡᠷᠬᠡᠲᠡᠨ᠎ᠤ ᠨᠢᠭᠡᠴᠡ ᠵᠢᠨ ᠲᠣᠭ᠎ᠠ ᠪᠠ ᠠᠵᠢᠯᠯᠠᠭᠰᠠᠳ
2023 ᠣᠨ᠎ᠤ ᠡᠴᠦᠰ᠎ᠲᠤ᠂ ᠪᠥᠬᠥ ᠣᠷᠣᠨ᠎ᠳᠤ ᠡᠷᠡᠭᠦᠯ ᠬᠠᠮᠠᠭ᠋ᠠᠯᠠᠯ ᠪᠠ ᠨᠡᠶ᠋ᠢᠭᠡᠮ᠎ᠤᠨ ᠠᠵᠢᠯ᠎ᠤᠨ ᠬᠠᠤᠯᠢ ᠵᠢᠨ ᠡᠷᠬᠡᠲᠡᠨ᠎ᠤ ᠨᠢᠭᠡᠴᠡ ᠨᠡᠶ᠋ᠢᠲᠡ 5374 ᠪᠠᠶ᠋ᠢᠵᠤ᠂ 25.9 ᠲᠦᠮᠡᠨ ᠠᠵᠢᠯᠲᠠᠨ᠎ᠲᠠᠢ ᠪᠠᠶ᠋ᠢᠵᠤ᠂ 2018 ᠣᠨ᠎ᠤ ᠡᠴᠦᠰ᠎ᠤᠨ᠎ᠬᠢ᠎ᠠᠴᠠ ᠲᠣᠰ ᠲᠣᠰ 9.1% ᠪᠠ 24.0% ᠵᠶ᠋ᠠᠷ ᠨᠡᠮᠡᠭᠳᠡᠪᠡ᠃ ᠡᠭᠦᠨ᠎ᠳᠤ᠂ ᠵᠠᠰᠠᠭ ᠵᠠᠬᠢᠷᠭ᠎ᠠ ᠠᠵᠢᠯ ᠦᠢ᠍ᠯᠡᠰ ᠵᠢᠴᠢ ᠠᠵᠤ ᠠᠬᠤᠶ᠋ᠢᠯᠠᠯ᠎ᠤᠨ ᠪᠤᠰᠤ ᠬᠠᠤᠯᠢ ᠵᠢᠨ ᠡᠷᠬᠡᠲᠡᠨ᠎ᠤ ᠨᠢᠭᠡᠴᠡ 3482 ᠪᠠᠶ᠋ᠢᠵᠤ᠂ 2018 ᠣᠨ᠎ᠤ ᠡᠴᠦᠰ᠎ᠤᠨ᠎ᠬᠢ᠎ᠠᠴᠠ 3.3%᠎ᠪᠠᠷ ᠪᠠᠭᠤᠷᠠᠪᠠ; ᠠᠵᠢᠯ ᠡᠷᠭᠢᠯᠡᠭᠰᠡᠳ 22 . 7 ᠲᠦᠮᠡᠨ ᠬᠥᠮᠦᠨ ᠪᠣᠯᠵᠣ᠂ 26.1%᠎ᠪᠠᠷ ᠨᠡᠮᠡᠭᠳᠡᠪᠡ᠃
(ᠬᠣᠶᠠᠷ) ᠭᠣᠣᠯ ᠪᠣᠯᠬᠤ ᠠᠵᠤ ᠠᠬᠤᠢ ᠵᠢᠨ ᠭᠦᠢ᠍ᠴᠡᠳᠬᠡᠬᠦ ᠲᠣᠭ᠎ᠠ
2023 ᠣᠨ᠎ᠤ ᠡᠴᠦᠰ᠎ᠲᠤ᠂ ᠡᠷᠡᠭᠦᠯ ᠬᠠᠮᠠᠭ᠋ᠠᠯᠠᠯ ᠪᠠ ᠨᠡᠶ᠋ᠢᠭᠡᠮ᠎ᠤᠨ ᠠᠵᠢᠯ᠎ᠤᠨ ᠠᠵᠤ ᠠᠬᠤᠶ᠋ᠢᠯᠠᠯ᠎ᠤᠨ ᠬᠠᠤᠯᠢ ᠵᠢᠨ ᠬᠥᠮᠦᠨ ᠨᠢᠭᠡᠴᠢ ᠵᠢᠨ ᠡᠳ᠋ ᠬᠥᠷᠥᠩᠭᠡ ᠨᠡᠶ᠋ᠢᠲᠡ 111.2 ᠳ᠋ᠦᠩᠰᠢᠭᠤᠷ ᠲᠥᠭᠥᠷᠢᠭ᠎ᠲᠤ ᠬᠦᠷᠴᠦ᠂ 2018 ᠣᠨ᠎ᠤ ᠡᠴᠦᠰ᠎ᠤᠨ᠎ᠬᠢ᠎ᠠᠴᠠ 6.3%᠎ᠪᠠᠷ ᠪᠠᠭᠤᠷᠠᠪᠠ; ᠥᠷᠢ ᠥᠭᠴᠡᠭᠡ ᠨᠡᠶ᠋ᠢᠲᠡ 69.2 ᠳ᠋ᠦᠩᠰᠢᠭᠤᠷ ᠲᠥᠭᠥᠷᠢᠭ᠎ᠲᠤ ᠬᠦᠷᠴᠦ᠂ 2018 ᠣᠨ᠎ᠤ ᠡᠴᠦᠰ᠎ᠤᠨ᠎ᠬᠢ᠎ᠠᠴᠠ 0.8%᠎ᠪᠠᠷ ᠪᠠᠭᠤᠷᠠᠪᠠ᠃ ᠪᠥᠬᠥ ᠵᠢᠯ᠎ᠳᠤ ᠡᠵᠡᠩᠨᠡᠯᠲᠡ ᠵᠢᠨ ᠣᠷᠣᠯᠭ᠎ᠠ ᠵᠢ 71.1 ᠳ᠋ᠦᠩᠰᠢᠭᠤᠷ ᠲᠥᠭᠥᠷᠢᠭ ᠪᠡᠶᠡᠯᠡᠭᠦᠯᠵᠦ᠂ 2018 ᠣᠨ᠎ᠤ᠎ᠬᠢ᠎ᠠᠴᠠ 32.5%᠎ᠪᠠᠷ ᠨᠡᠮᠡᠭᠳᠡᠪᠡ᠃
ᠵᠠᠰᠠᠭ ᠵᠠᠬᠢᠷᠭ᠎ᠠ ᠠᠵᠢᠯ ᠦᠢ᠍ᠯᠡᠰ ᠵᠢᠴᠢ ᠠᠵᠤ ᠠᠬᠤᠶ᠋ᠢᠯᠠᠯ᠎ᠤᠨ ᠪᠤᠰᠤ ᠬᠠᠤᠯᠢ ᠵᠢᠨ ᠡᠷᠬᠡᠲᠡᠨ᠎ᠤ ᠨᠢᠭᠡᠴᠡ ᠵᠢᠨ ᠵᠢᠯ᠎ᠤᠨ ᠡᠴᠦᠰ᠎ᠤᠨ ᠪᠠᠯᠠ ᠬᠥᠷᠥᠩᠭᠡ 1079.0 ᠳ᠋ᠦᠩᠰᠢᠭᠤᠷ ᠲᠥᠭᠥᠷᠢᠭ᠎ᠲᠤ ᠬᠦᠷᠴᠦ᠂ 2018 ᠣᠨ᠎ᠤ ᠡᠴᠦᠰ᠎ᠤᠨ᠎ᠬᠢ᠎ᠠᠴᠠ 8.1%᠎ᠪᠠᠷ ᠨᠡᠮᠡᠭᠳᠡᠪᠡ᠃ ᠲᠣᠰ ᠵᠢᠯ᠎ᠤᠨ ᠵᠠᠷᠤᠯᠭ᠎ᠠ (ᠵᠠᠷᠤᠳᠠᠯ) ᠨᠡᠶ᠋ᠢᠲᠡ 798.7 ᠳ᠋ᠦᠩᠰᠢᠭᠤᠷ ᠲᠥᠭᠥᠷᠢᠭ᠎ᠲᠤ ᠬᠦᠷᠴᠦ᠂ 2018 ᠣᠨ᠎ᠤ᠎ᠬᠢ᠎ᠠᠴᠠ 45.8%᠎ᠪᠠᠷ ᠨᠡᠮᠡᠭᠳᠡᠪᠡ᠃
ᠵᠢᠷᠭᠤᠭ᠎ᠠ᠂ ᠰᠣᠶᠣᠯ᠂ ᠪᠡᠶ᠎ᠡ ᠵᠢᠨ ᠲᠠᠮᠢᠷ ᠪᠣᠯᠤᠨ ᠵᠤᠭ᠎ᠠ ᠴᠡᠩᠭᠡᠯ᠎ᠤᠨ ᠦᠢ᠍ᠯᠡᠰ
(ᠨᠢᠭᠡ) ᠬᠠᠤᠯᠢ ᠵᠢᠨ ᠡᠷᠬᠡᠲᠡᠨ᠎ᠤ ᠨᠢᠭᠡᠴᠡ ᠵᠢᠨ ᠲᠣᠭ᠎ᠠ ᠪᠠ ᠠᠵᠢᠯᠯᠠᠭᠰᠠᠳ
2023 ᠣᠨ᠎ᠤ ᠡᠴᠦᠰ᠎ᠲᠤ᠂ ᠪᠥᠬᠥ ᠣᠷᠣᠨ᠎ᠳᠤ ᠰᠣᠶᠣᠯ᠂ ᠪᠡᠶ᠎ᠡ ᠵᠢᠨ ᠲᠠᠮᠢᠷ ᠪᠠ ᠵᠤᠭ᠎ᠠ ᠴᠡᠩᠭᠡᠯ᠎ᠤᠨ ᠦᠢ᠍ᠯᠡᠰ᠎ᠤᠨ ᠬᠠᠤᠯᠢ ᠵᠢᠨ ᠡᠷᠬᠡᠲᠡᠨ᠎ᠤ ᠨᠢᠭᠡᠴᠡ ᠨᠡᠶ᠋ᠢᠲᠡ 7517 ᠪᠠᠶ᠋ᠢᠵᠤ᠂ ᠠᠵᠢᠯ ᠡᠷᠭᠢᠯᠡᠭᠰᠡᠳ 5.7 ᠲᠦᠮᠡ ᠪᠣᠯᠵᠣ᠂ 2018 ᠣᠨ᠎ᠤ ᠡᠴᠦᠰ᠎ᠤᠨ᠎ᠬᠢ᠎ᠠᠴᠠ ᠲᠣᠰ ᠲᠣᠰ 2.4% ᠪᠠ 8.0% ᠵᠶ᠋ᠠᠷ ᠨᠡᠮᠡᠭᠳᠡᠪᠡ᠃ ᠡᠭᠦᠨ᠎ᠳᠤ᠂ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠨᠢᠭᠡᠴᠡ 6311 ᠪᠠᠶ᠋ᠢᠵᠤ᠂ ᠠᠵᠢᠯ ᠡᠷᠭᠢᠯᠡᠭᠰᠡᠳ 2.8 ᠲᠦᠮᠡᠨ ᠬᠥᠮᠦᠨ᠎ᠳᠤ ᠬᠦᠷᠴᠦ᠂ 2018 ᠣᠨ᠎ᠤ ᠡᠴᠦᠰ᠎ᠤᠨ᠎ᠬᠢ᠎ᠠᠴᠠ ᠲᠣᠰ ᠲᠣᠰ 9.9% ᠪᠠ 10.8%᠎ᠪᠠᠷ ᠨᠡᠮᠡᠭᠳᠡᠪᠡ᠃
(ᠬᠣᠶᠠᠷ) ᠭᠣᠣᠯ ᠪᠣᠯᠬᠤ ᠠᠵᠤ ᠠᠬᠤᠢ ᠵᠢᠨ ᠭᠦᠢ᠍ᠴᠡᠳᠬᠡᠬᠦ ᠲᠣᠭ᠎ᠠ
2023 ᠣᠨ᠎ᠤ ᠡᠴᠦᠰ᠎ᠲᠤ᠂ ᠰᠣᠶᠣᠯ᠂ ᠪᠡᠶ᠎ᠡ ᠵᠢᠨ ᠲᠠᠮᠢᠷ ᠪᠣᠯᠤᠨ ᠵᠤᠭ᠎ᠠ ᠴᠡᠩᠭᠡᠯ᠎ᠤᠨ ᠦᠢ᠍ᠯᠡᠰ᠎ᠤᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠡᠳ᠋ ᠬᠥᠷᠥᠩᠭᠡ ᠨᠡᠶ᠋ᠢᠲᠡ 242.5 ᠳ᠋ᠦᠩᠰᠢᠭᠤᠷ ᠲᠥᠭᠥᠷᠢᠭ᠎ᠲᠤ ᠬᠦᠷᠴᠦ᠂ 2018 ᠣᠨ᠎ᠤ ᠡᠴᠦᠰ᠎ᠤᠨ᠎ᠬᠢ᠎ᠠᠴᠠ 18.0% ᠵᠶ᠋ᠠᠷ ᠪᠠᠭᠤᠷᠠᠪᠠ; ᠥᠷᠢ ᠥᠭᠴᠡᠭᠡ ᠨᠡᠶ᠋ᠢᠲᠡ 160.0 ᠳ᠋ᠦᠩᠰᠢᠭᠤᠷ ᠲᠥᠭᠥᠷᠢᠭ᠎ᠲᠤ ᠬᠦᠷᠴᠦ᠂ 2018 ᠣᠨ᠎ᠤ ᠡᠴᠦᠰ᠎ᠤᠨ᠎ᠬᠢ᠎ᠠᠴᠠ 5.4%᠎ᠪᠠᠷ ᠨᠡᠮᠡᠭᠳᠡᠪᠡ᠃ ᠪᠥᠬᠥ ᠵᠢᠯ᠎ᠳᠤ ᠡᠵᠡᠩᠨᠡᠯᠲᠡ ᠵᠢᠨ ᠣᠷᠣᠯᠭ᠎ᠠ ᠵᠢ 65.3 ᠳ᠋ᠦᠩᠰᠢᠭᠤᠷ ᠲᠥᠭᠥᠷᠢᠭ ᠪᠡᠶᠡᠯᠡᠭᠦᠯᠵᠦ᠂ 2018 ᠣᠨ᠎ᠤ᠎ᠬᠢ᠎ᠠᠴᠠ 68.4%᠎ᠪᠠᠷ ᠨᠡᠮᠡᠭᠳᠡᠪᠡ᠃
ᠵᠠᠰᠠᠭ ᠵᠠᠬᠢᠷᠭ᠎ᠠ ᠠᠵᠢᠯ ᠦᠢ᠍ᠯᠡᠰ ᠵᠢᠴᠢ ᠠᠵᠤ ᠠᠬᠤᠶ᠋ᠢᠯᠠᠯ᠎ᠤᠨ ᠪᠤᠰᠤ ᠬᠠᠤᠯᠢ ᠵᠢᠨ ᠡᠷᠬᠡᠲᠡᠨ᠎ᠤ ᠨᠢᠭᠡᠴᠡ ᠵᠢᠨ ᠵᠢᠯ᠎ᠤᠨ ᠡᠴᠦᠰ᠎ᠤᠨ ᠡᠳ᠋ ᠬᠥᠷᠥᠩᠭᠡ 148.2 ᠳ᠋ᠦᠩᠰᠢᠭᠤᠷ ᠲᠥᠭᠥᠷᠢᠭ᠎ᠲᠤ ᠬᠦᠷᠴᠦ᠂ 2018 ᠣᠨ᠎ᠤ ᠵᠢᠯ᠎ᠤᠨ ᠡᠴᠦᠰ᠎ᠤᠨ᠎ᠬᠢ᠎ᠠᠴᠠ 21.2% ᠵᠶ᠋ᠠᠷ ᠪᠠᠭᠤᠷᠠᠪᠠ᠃ ᠲᠣᠰ ᠵᠢᠯ᠎ᠤᠨ ᠵᠠᠷᠤᠯᠭ᠎ᠠ (ᠵᠠᠷᠤᠳᠠᠯ) ᠨᠡᠶ᠋ᠢᠲᠡ 66.9 ᠳ᠋ᠦᠩᠰᠢᠭᠤᠷ ᠲᠥᠭᠥᠷᠢᠭ᠎ᠲᠤ ᠬᠦᠷᠴᠦ᠂ 2018 ᠣᠨ᠎ᠤ᠎ᠬᠢ᠎ᠠᠴᠠ 8.3%᠎ᠪᠠᠷ ᠨᠡᠮᠡᠭᠳᠡᠪᠡ᠃
ᠳᠣᠯᠣᠭ᠎ᠠ᠂ ᠣᠯᠠᠨ ᠨᠡᠶ᠋ᠢᠲᠡ ᠵᠢᠨ ᠬᠠᠮᠢᠶᠠᠷᠤᠯᠲᠠ᠂ ᠨᠡᠶ᠋ᠢᠭᠡᠮ᠎ᠤᠨ ᠪᠠᠲᠤᠯᠠᠭ᠎ᠠ ᠪᠠ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ
2023 ᠣᠨ᠎ᠤ ᠡᠴᠦᠰ᠎ᠲᠤ᠂ ᠪᠥᠬᠥ ᠣᠷᠣᠨ᠎ᠳᠤ ᠣᠯᠠᠨ ᠨᠡᠶ᠋ᠢᠲᠡ ᠵᠢᠨ ᠬᠠᠮᠢᠶᠠᠷᠤᠯᠲᠠ᠂ ᠨᠡᠶ᠋ᠢᠭᠡᠮ᠎ᠤᠨ ᠪᠠᠲᠤᠯᠠᠭ᠎ᠠ ᠪᠠ ᠨᠡᠶ᠋ᠢᠭᠡᠮ᠎ᠤᠨ ᠵᠣᠬᠢᠶᠠᠨ ᠪᠠᠶ᠋ᠢᠭᠤᠯᠤᠯᠲᠠ ᠬᠠᠤᠯᠢ ᠵᠢᠨ ᠡᠷᠬᠡᠲᠡᠨ᠎ᠤ ᠨᠢᠭᠡᠴᠡ ᠨᠡᠶ᠋ᠢᠲᠡ 3.6 ᠲᠦᠮᠡ ᠪᠠᠶ᠋ᠢᠵᠤ᠂ 2018 ᠣᠨ᠎ᠤ ᠡᠴᠦᠰ᠎ᠤᠨ᠎ᠬᠢ᠎ᠠᠴᠠ 1.3%᠎ᠪᠠᠷ ᠪᠠᠭᠤᠷᠠᠪᠠ; ᠠᠵᠢᠯᠯᠠᠵᠤ ᠪᠠᠶ᠋ᠢᠭ᠎ᠠ ᠬᠥᠮᠦᠰ 76.1 ᠲᠦᠮᠡ ᠪᠣᠯᠵᠣ᠂ 4.1%᠎ᠪᠠᠷ ᠨᠡᠮᠡᠭᠳᠡᠪᠡ᠃ ᠵᠠᠰᠠᠭ ᠵᠠᠬᠢᠷᠭ᠎ᠠ ᠠᠵᠢᠯ ᠦᠢ᠍ᠯᠡᠰ ᠵᠢᠴᠢ ᠠᠵᠤ ᠠᠬᠤᠶ᠋ᠢᠯᠠᠯ᠎ᠤᠨ ᠪᠤᠰᠤ ᠬᠠᠤᠯᠢ ᠵᠢᠨ ᠡᠷᠬᠡᠲᠡᠨ᠎ᠤ ᠨᠢᠭᠡᠴᠡ ᠵᠢᠨ ᠲᠣᠰ ᠵᠢᠯ᠎ᠤᠨ ᠵᠠᠷᠤᠯᠭ᠎ᠠ (ᠵᠠᠷᠤᠳᠠᠯ) ᠨᠡᠶ᠋ᠢᠲᠡ 4394.2 ᠳ᠋ᠦᠩᠰᠢᠭᠤᠷ ᠲᠥᠭᠥᠷᠢᠭ᠎ᠲᠤ ᠬᠦᠷᠴᠦ᠂ 2018 ᠣᠨ᠎ᠤ᠎ᠬᠢ᠎ᠠᠴᠠ 54.4%᠎ᠪᠠᠷ ᠨᠡᠮᠡᠭᠳᠡᠪᠡ᠃
ᠲᠠᠶ᠋ᠢᠯᠪᠤᠷᠢ᠄
(1) ᠲᠣᠰ ᠠᠯᠪᠠᠨ ᠮᠡᠳᠡᠭᠡ᠎ᠳᠠᠬᠢ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠨᠢᠭᠡᠴᠡ᠂ ᠡᠭᠦᠨ᠎ᠳᠤ ᠪᠠᠶ᠋ᠢᠭᠤᠯᠤᠮᠵᠢ ᠵᠢᠨ ᠲᠥᠷᠥᠯ ᠵᠦᠢ᠍ᠯ᠎ᠨᠢ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠴᠢ ᠠᠵᠤ ᠠᠬᠤᠶ᠋ᠢᠯᠠᠯ᠎ᠤᠨ ᠨᠢᠭᠲᠠᠯᠠᠨ ᠪᠤᠳᠤᠬᠤ ᠲᠦᠷᠢᠮ᠎ᠢ ᠬᠡᠷᠡᠭᠵᠢᠭᠦᠯᠵᠦ ᠪᠠᠶ᠋ᠢᠭ᠎ᠠ ᠠᠵᠢᠯ ᠦᠢ᠍ᠯᠡᠰ᠎ᠤᠨ ᠬᠠᠤᠯᠢ ᠵᠢᠨ ᠡᠷᠬᠡᠲᠡᠨ᠎ᠤ ᠨᠢᠭᠡᠴᠡ᠂ ᠠᠷᠠᠳ᠎ᠠᠴᠠ ᠡᠷᠭᠢᠯᠡᠭᠰᠡᠨ ᠠᠵᠤ ᠠᠬᠤᠶ᠋ᠢᠯᠠᠯ᠎ᠤᠨ ᠪᠤᠰᠤ ᠬᠠᠤᠯᠢ ᠵᠢᠨ ᠡᠷᠬᠡᠲᠡᠨ᠎ᠤ ᠨᠢᠭᠡᠴᠡ ᠪᠠ ᠰᠠᠭᠤᠷᠢ ᠮᠥᠩᠭᠥᠨ᠎ᠤ ᠨᠡᠶ᠋ᠢᠭᠡᠮᠯᠢᠭ᠂ ᠲᠠᠷᠢᠶᠠᠴᠢᠨ᠎ᠤ ᠲᠤᠰᠬᠠᠶ ᠠᠵᠢᠯ᠎ᠤᠨ ᠬᠣᠷᠰᠢᠶ᠎ᠠ᠂ ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠶ ᠵᠢᠨ ᠵᠣᠬᠢᠶᠠᠨ ᠪᠠᠶ᠋ᠢᠭᠤᠯᠤᠯᠲᠠ ᠪᠠ ᠱᠠᠰᠢᠨ ᠰᠤᠷᠲᠠᠬᠤᠨ᠎ᠤ ᠠᠵᠢᠯᠯᠠᠭ᠋ᠠᠨ᠎ᠤ ᠲᠠᠯᠠᠪᠤᠷ᠎ᠠᠴᠠ ᠭᠠᠳᠠᠨᠠᠬᠢ ᠪᠠᠶ᠋ᠢᠭᠤᠯᠤᠮᠵᠢ ᠵᠢᠨ ᠲᠥᠷᠥᠯ ᠵᠦᠢ᠍ᠯ᠎ᠨᠢ ᠪᠤᠰᠤᠳ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠮᠵᠢ ᠵᠢᠨ ᠬᠠᠤᠯᠢ ᠵᠢᠨ ᠡᠷᠬᠡᠲᠡᠨ᠎ᠤ ᠨᠢᠭᠡᠴᠡ ᠪᠠᠭᠲᠠᠨ᠎ᠠ᠃
(2) ᠲᠣᠰ ᠠᠯᠪᠠᠨ ᠮᠡᠳᠡᠭᠡ᠎ᠳᠠᠬᠢ ᠵᠠᠰᠠᠭ ᠵᠠᠬᠢᠷᠭ᠎ᠠ ᠠᠵᠢᠯ ᠦᠢ᠍ᠯᠡᠰ ᠵᠢᠴᠢ ᠠᠵᠤ ᠠᠬᠤᠶ᠋ᠢᠯᠠᠯ᠎ᠤᠨ ᠪᠤᠰᠤ ᠬᠠᠤᠯᠢ ᠵᠢᠨ ᠡᠷᠬᠡᠲᠡᠨ᠎ᠤ ᠨᠢᠭᠡᠴᠡ᠎ᠳᠤ᠂ ᠠᠵᠤ ᠠᠬᠤᠶ᠋ᠢᠯᠠᠯ᠎ᠤᠨ ᠨᠢᠭᠲᠠᠯᠠᠨ ᠪᠤᠳᠤᠬᠤ ᠲᠦᠷᠢᠮ᠎ᠢ ᠬᠡᠷᠡᠭᠵᠢᠭᠦᠯᠵᠦ ᠪᠠᠶ᠋ᠢᠭ᠎ᠠ ᠠᠵᠢᠯ ᠦᠢ᠍ᠯᠡᠰ᠎ᠤᠨ ᠬᠠᠤᠯᠢ ᠵᠢᠨ ᠡᠷᠬᠡᠲᠡᠨ᠎ᠤ ᠨᠢᠭᠡᠴᠡ᠂ ᠠᠷᠠᠳ᠎ᠠᠴᠠ ᠡᠷᠭᠢᠯᠡᠭᠰᠡᠨ ᠠᠵᠤ ᠠᠬᠤᠶ᠋ᠢᠯᠠᠯ᠎ᠤᠨ ᠪᠤᠰᠤ ᠬᠠᠤᠯᠢ ᠵᠢᠨ ᠡᠷᠬᠡᠲᠡᠨ᠎ᠤ ᠨᠢᠭᠡᠴᠡ ᠪᠠ ᠰᠠᠭᠤᠷᠢ ᠮᠥᠩᠭᠥᠨ᠎ᠤ ᠨᠡᠶ᠋ᠢᠭᠡᠮᠯᠢᠭ᠂ ᠲᠠᠷᠢᠶᠠᠴᠢᠨ᠎ᠤ ᠲᠤᠰᠬᠠᠶ ᠠᠵᠢᠯ᠎ᠤᠨ ᠬᠣᠷᠰᠢᠶ᠎ᠠ᠂ ᠬᠥᠳᠡᠭᠡ ᠲᠣᠰᠬᠣᠨ᠎ᠤ ᠬᠠᠮᠲᠤ ᠵᠢᠨ ᠠᠵᠤ ᠠᠬᠤᠶ ᠵᠢᠨ ᠵᠣᠬᠢᠶᠠᠨ ᠪᠠᠶ᠋ᠢᠭᠤᠯᠤᠯᠲᠠ ᠪᠠ ᠱᠠᠰᠢᠨ ᠰᠤᠷᠲᠠᠬᠤᠨ᠎ᠤ ᠠᠵᠢᠯᠯᠠᠭ᠋ᠠᠨ᠎ᠤ ᠲᠠᠯᠠᠪᠤᠷ᠎ᠠᠴᠠ ᠭᠠᠳᠠᠨᠠᠬᠢ ᠪᠠᠶ᠋ᠢᠭᠤᠯᠤᠮᠵᠢ ᠵᠢᠨ ᠲᠥᠷᠥᠯ ᠬᠡᠯᠪᠡᠷᠢ᠎ᠨᠢ ᠪᠤᠰᠤᠳ ᠵᠣᠬᠢᠶᠠᠨ ᠪᠠᠶ᠋ᠢᠭᠤᠯᠤᠯᠲᠠ ᠵᠢᠨ ᠪᠠᠶ᠋ᠢᠭᠤᠯᠤᠮᠵᠢ ᠵᠢᠨ ᠬᠠᠤᠯᠢ ᠵᠢᠨ ᠡᠷᠬᠡᠲᠡᠨ᠎ᠤ ᠨᠢᠭᠡᠴᠡ ᠪᠠᠭᠲᠠᠬᠤ ᠥᠬᠡᠶ᠃
(3) ᠪᠦᠷᠢᠳᠬᠡᠨ ᠳᠠᠩᠰᠠᠯᠠᠬᠤ ᠲᠣᠭ᠎ᠠ ᠪᠦᠷᠢᠳᠬᠡᠯ᠎ᠤᠨ ᠲᠥᠷᠥᠯ ᠢᠯᠭ᠋ᠠᠯ᠄ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ᠂ ᠤᠯᠤᠰ᠎ᠤᠨ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ ᠵᠢᠨ 《ᠵᠠᠬ᠎ᠠ ᠳᠡᠯᠭᠡᠭᠦᠷ᠎ᠤᠨ ᠭᠤᠤᠯ ᠴᠣᠭᠴᠠ ᠵᠢᠨ ᠲᠣᠭ᠎ᠠ ᠪᠦᠷᠢᠳᠬᠡᠯ᠎ᠤᠨ ᠲᠥᠷᠥᠯ ᠬᠤᠪᠢᠶᠠᠬᠤ ᠲᠤᠬᠠᠶ ᠲᠣᠭᠲᠠᠭ᠋ᠠᠯ》 ( ᠤᠯᠤᠰ ᠲᠣᠭ᠎ᠠ ᠥᠰᠥᠭ [2023] 14 ᠳ᠋ᠤᠭᠡᠷ ᠲᠣᠭ᠋ᠠᠲᠤ)᠎ᠢ ᠦᠨᠳᠦᠰᠦᠯᠡᠨ᠂ ᠳᠣᠲᠣᠭ᠋ᠠᠳᠤ ᠪᠠᠯᠠ ᠵᠢᠨ ᠠᠵᠤ ᠠᠬᠤᠶ᠋ᠢᠯᠠᠯ᠂ ᠰᠢᠶᠠᠩᠭ᠋ᠠᠩ ᠣᠣᠮᠧᠨ ᠲᠠᠶ᠋ᠢᠸᠠᠨ᠎ᠤ ᠪᠠᠯᠠ ᠣᠷᠣᠭᠤᠯᠤᠭᠰᠠᠨ ᠠᠵᠤ ᠠᠬᠤᠶ᠋ᠢᠯᠠᠯ ᠪᠣᠯᠤᠨ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠠᠯᠠ ᠣᠷᠣᠭᠤᠯᠤᠭᠰᠠᠨ ᠠᠵᠤ ᠠᠬᠤᠶ᠋ᠢᠯᠠᠯ᠂ ᠵᠢᠴᠢ ᠲᠠᠷᠢᠶᠠᠴᠢᠳ᠎ᠤᠨ ᠲᠤᠰᠬᠠᠶ ᠬᠣᠷᠰᠢᠶ᠎ᠠ (ᠬᠣᠯᠪᠣᠭ᠋ᠠᠲᠤ ᠬᠣᠷᠰᠢᠶ᠎ᠠ) ᠵᠡᠷᠭᠡ ᠪᠤᠰᠤᠳ ᠲᠣᠭ᠎ᠠ ᠪᠦᠷᠢᠳᠬᠡᠯ᠎ᠤᠨ ᠲᠥᠷᠥᠯ ᠢᠯᠭ᠋ᠠᠯ᠎ᠢ ᠪᠠᠭᠲᠠᠭ᠋ᠠᠨ᠎ᠠ᠃
(3) ᠲᠣᠭ᠎ᠠ ᠪᠠᠷᠢᠮᠲᠠ ᠵᠢᠨ ᠣᠨᠣᠪᠴᠢ ᠵᠢᠨ ᠬᠡᠮᠵᠢᠶ᠎ᠡ ᠵᠢ ᠪᠠᠲᠤᠯᠠᠬᠤ ᠵᠢᠨ ᠲᠥᠯᠥᠭᠡ᠂ ᠣᠨᠴᠠ ᠵᠠᠷᠢᠮ ᠲᠣᠭ᠎ᠠ ᠪᠠᠷᠢᠮᠲᠠ᠎ᠳᠤ 2 - 3 ᠣᠷᠣᠨᠲᠤ ᠠᠷᠪᠠᠲᠤ ᠵᠢᠨ ᠪᠤᠲᠠᠷᠬᠠᠶ ᠵᠢ ᠦᠯᠡᠳᠡᠭᠡᠵᠡᠶ᠃