ᠲᠡᠷᠢᠭᠦᠨ ᠬᠠᠭᠤᠳᠠᠰᠤ
ᠠᠵᠢᠯ᠎ᠤᠨ ᠪᠠᠶ᠋ᠢᠳᠠᠯ
ᠢᠯᠡ ᠵᠠᠰᠠᠭ
ᠲᠤᠭ᠎ᠠ ᠪᠦᠷᠢᠳᠭᠡᠯ᠎ᠤᠨ ᠦᠢᠯᠡᠴᠢᠯᠡᠭᠡ
ᠢᠯᠡ ᠵᠠᠰᠠᠭ   -   ᠠᠯᠪᠠᠨ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠪᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠯᠪᠠᠨ ᠮᠡᠳᠡᠭᠡ (ᠭᠤᠷᠪᠠ) —ᠬᠣᠶᠠᠳᠤᠭ᠋ᠠᠷ ᠠᠵᠤ ᠦᠢ᠍ᠯᠡᠰ᠎ᠤᠨ ᠦᠨᠳᠦᠰᠦᠨ ᠪᠠᠶ᠋ᠢᠳᠠᠯ
ᠨᠡᠶ᠋ᠢᠲᠡᠯᠡᠭᠰᠡᠨ ᠴᠠᠭ᠄ 2025-03-21

      ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠪᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠦᠷ᠎ᠡ ᠳ᠋ᠦᠩ᠎ᠢ ᠦᠨᠳᠦᠰᠦᠯᠡᠨ᠂ ᠡᠳᠦᠭᠡ ᠮᠠᠨ᠎ᠤ ᠣᠷᠣᠨ᠎ᠤ ᠬᠣᠶᠠᠳᠤᠭ᠋ᠠᠷ ᠠᠵᠤ ᠦᠢ᠍ᠯᠡᠰ (ᠠᠵᠤ ᠦᠢ᠍ᠯᠡᠳᠪᠦᠷᠢ ᠪᠣᠯᠤᠨ ᠪᠠᠷᠢᠯᠭ᠎ᠠ ᠵᠢᠨ ᠦᠢ᠍ᠯᠡᠰ ᠪᠠᠭᠲᠠᠨ᠎ᠠ)᠎ᠤᠨ ᠭᠣᠣᠯ ᠲᠣᠭ᠎ᠠ ᠪᠠᠷᠢᠮᠲᠠ ᠵᠢ ᠳᠣᠣᠷᠠᠬᠢ ᠮᠡᠲᠦ ᠨᠡᠶ᠋ᠢᠲᠡᠯᠡᠪᠡ᠄
    ᠨᠢᠭᠡ᠂ ᠠᠵᠤ ᠦᠢ᠍ᠯᠡᠳᠪᠦᠷᠢ
    (ᠨᠢᠭᠡ) ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠲᠣᠭ᠎ᠠ ᠪᠠ ᠠᠵᠢᠯᠯᠠᠭᠰᠠᠳ
    2023 ᠣᠨ᠎ᠤ ᠡᠴᠦᠰ᠎ᠲᠤ᠂ ᠪᠥᠬᠥ ᠣᠷᠣᠨ᠎ᠤ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠨᠢᠭᠡᠴᠡ ᠨᠡᠶ᠋ᠢᠲᠡ 3.1 ᠲᠦᠮᠡ ᠪᠠᠶ᠋ᠢᠵᠤ᠂ 2018 ᠣᠨ᠎ᠤ ᠡᠴᠦᠰ᠎ᠤᠨ᠎ᠬᠢ᠎ᠠᠴᠠ 8.8%᠎ᠪᠠᠷ ᠨᠡᠮᠡᠭᠳᠡᠪᠡ; ᠠᠵᠢᠯ ᠡᠷᠭᠢᠯᠡᠭᠰᠡᠳ 128.2 ᠲᠦᠮᠡ ᠪᠣᠯᠵᠣ᠂ 2018 ᠣᠨ᠎ᠤ ᠡᠴᠦᠰ᠎ᠤᠨ᠎ᠬᠢ᠎ᠠᠴᠠ 14.8%᠎ᠪᠠᠷ ᠨᠡᠮᠡᠭᠳᠡᠪᠡ᠃
    ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠨᠢᠭᠡᠴᠡ᠎ᠳᠤ᠂ ᠳᠣᠲᠣᠭ᠋ᠠᠳᠤ ᠪᠠᠯᠠ ᠵᠢᠨ ᠠᠵᠤ ᠠᠬᠤᠶ᠋ᠢᠯᠠᠯ 3.0 ᠲᠦᠮᠡ ᠪᠠᠶ᠋ᠢᠵᠤ᠂ 96.8% ᠵᠢ ᠡᠵᠡᠯᠡᠪᠡ; ᠰᠢᠶᠠᠩᠭ᠋ᠠᠩ ᠣᠣᠮᠧᠨ ᠲᠠᠶ᠋ᠢᠸᠠᠨ᠎ᠤ ᠪᠡᠯᠡ ᠣᠷᠣᠭᠤᠯᠤᠭᠰᠠᠨ ᠠᠵᠤ ᠠᠬᠤᠶ᠋ᠢᠯᠠᠯ 94 ᠪᠠᠶ᠋ᠢᠵᠤ᠂ 0.3% ᠵᠢ ᠡᠵᠡᠯᠡᠪᠡ; ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠠᠯᠠ ᠣᠷᠣᠭᠤᠯᠤᠭᠰᠠᠨ ᠠᠵᠤ ᠠᠬᠤᠶ᠋ᠢᠯᠠᠯ 102 ᠪᠣᠯᠵᠣ᠂ 0.3% ᠵᠢ ᠡᠵᠡᠯᠡᠪᠡ᠃
    ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠨᠢᠭᠡᠴᠡ᠎ᠳᠤ ᠠᠵᠢᠯᠯᠠᠵᠤ ᠪᠠᠶ᠋ᠢᠭ᠎ᠠ ᠬᠥᠮᠦᠰ᠎ᠤᠨ ᠳᠣᠲᠣᠷ᠎ᠠ᠂ ᠳᠣᠲᠣᠭ᠋ᠠᠳᠤ ᠪᠠᠯᠠ ᠵᠢᠨ ᠠᠵᠤ ᠠᠬᠤᠶ᠋ᠢᠯᠠᠯ᠎ᠳᠤ 122.6 ᠲᠦᠮᠡᠨ ᠬᠥᠮᠦᠨ ᠪᠠᠶ᠋ᠢᠵᠤ᠂ 95.6% ᠵᠢ ᠡᠵᠡᠯᠡᠪᠡ; ᠰᠢᠶᠠᠩᠭ᠋ᠠᠩ ᠣᠣᠮᠧᠨ ᠲᠠᠶ᠋ᠢᠸᠠᠨ᠎ᠤ ᠪᠡᠯᠡ ᠣᠷᠣᠭᠤᠯᠤᠭᠰᠠᠨ ᠠᠵᠤ ᠠᠬᠤᠶ᠋ᠢᠯᠠᠯ᠎ᠳᠤ 2.5 ᠲᠦᠮᠡᠨ ᠬᠥᠮᠦᠨ᠎ᠳᠤ ᠬᠦᠷᠴᠦ᠂ 2.0%᠎ᠢ ᠡᠵᠡᠯᠡᠪᠡ; ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠠᠯᠠ ᠣᠷᠣᠭᠤᠯᠤᠭᠰᠠᠨ ᠠᠵᠤ ᠠᠬᠤᠶ᠋ᠢᠯᠠᠯ᠎ᠳᠤ 2.7 ᠲᠦᠮᠡ ᠪᠠᠶ᠋ᠢᠵᠤ᠂ 2.1% ᠵᠢ ᠡᠵᠡᠯᠡᠪᠡ (ᠨᠠᠷᠢᠨ ᠪᠠᠶ᠋ᠢᠳᠠᠯ᠎ᠢ ᠬᠦᠰᠦᠨᠦᠭᠲᠦ 3 - 1᠎ᠳᠤ ᠦᠵᠡ)᠃
    ᠬᠦᠰᠦᠨᠦᠭᠲᠦ 3 - 1    ᠪᠦᠷᠢᠳᠬᠡᠨ ᠳᠠᠩᠰᠠᠯᠠᠬᠤ ᠶᠣᠰᠣᠭ᠋ᠠᠷ ᠲᠥᠷᠥᠯ ᠬᠤᠪᠢᠶᠠᠨ ᠳᠤᠭᠤᠶ᠋ᠢᠯᠠᠩ ᠬᠤᠪᠢᠶᠠᠭᠰᠠᠨ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠲᠣᠭ᠎ᠠ ᠪᠠ ᠠᠵᠢᠯᠯᠠᠭᠴᠢᠳ

第三号表格1-3_00.jpg


     ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠨᠢᠭᠡᠴᠡ᠎ᠳᠤ᠂ ᠠᠭᠤᠷᠬᠠᠶ ᠮᠠᠯᠲᠠᠬᠤ ᠦᠢ᠍ᠯᠡᠰ 2998᠂ ᠦᠢ᠍ᠯᠡᠳᠬᠦ ᠦᠢ᠍ᠯᠡᠰ 24943᠂ ᠴᠠᠬᠢᠯᠭ᠋ᠠᠨ ᠬᠦᠴᠦᠨ᠂ ᠢᠯᠴᠢ᠂ ᠰᠢᠲᠠᠮᠠᠬᠠᠶ ᠬᠡᠶ ᠵᠢᠴᠢ ᠤᠰᠤᠨ᠎ᠤ ᠦᠢ᠍ᠯᠡᠳᠪᠦᠷᠢᠯᠡᠯ ᠪᠠ ᠬᠠᠩᠭ᠋ᠠᠯᠭ᠎ᠠ ᠵᠢᠨ ᠦᠢ᠍ᠯᠡᠰ 3550 ᠪᠠᠶ᠋ᠢᠵᠤ᠂ ᠲᠣᠰ ᠲᠣᠰ 9.5%᠂ 79.2% ᠪᠠ 11.3% ᠵᠢ ᠡᠵᠡᠯᠡᠪᠡ᠃ ᠠᠵᠤ ᠦᠢ᠍ᠯᠡᠳᠪᠦᠷᠢ ᠵᠢᠨ ᠠᠵᠢᠯ ᠲᠥᠷᠥᠯ᠎ᠤᠨ ᠲᠣᠮᠣ ᠲᠥᠷᠥᠯ᠎ᠤᠨ ᠳᠣᠲᠣᠷ᠎ᠠ᠂ ᠲᠡᠮᠦᠷᠯᠢᠭ ᠪᠤᠰᠤ ᠡᠷᠦᠳᠡᠰᠦ ᠵᠢᠨ ᠦᠢ᠍ᠯᠡᠳᠬᠦᠨ᠎ᠤ ᠦᠢ᠍ᠯᠡᠰ᠂ ᠲᠠᠷᠢᠶᠠᠯᠠᠩ ᠲᠤᠰᠠᠯᠠᠬᠤ ᠠᠵᠤ ᠠᠬᠤᠶ ᠵᠢᠨ ᠢᠳᠡᠭᠡᠨ ᠪᠣᠯᠪᠠᠰᠤᠷᠠᠭᠤᠯᠬᠤ ᠦᠢ᠍ᠯᠡᠰ᠂ ᠴᠠᠬᠢᠯᠭ᠋ᠠᠨ ᠬᠦᠴᠦᠨ᠂ ᠢᠯᠴᠢ ᠵᠢᠨ ᠬᠦᠴᠦᠨ᠎ᠤ ᠦᠢ᠍ᠯᠡᠳᠪᠦᠷᠢᠯᠡᠯ ᠪᠠ ᠬᠠᠩᠭ᠋ᠠᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠲᠣᠭ᠎ᠠ ᠲᠦᠷᠦᠭᠦᠦ ᠭᠤᠷᠪᠠ᠎ᠳᠤ ᠣᠷᠣᠵᠤ᠂ ᠲᠣᠰ ᠲᠣᠰ 13.0%᠂ 12.8% ᠪᠠ 8.3% ᠵᠢ ᠡᠵᠡᠯᠡᠪᠡ᠃
    ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠠᠵᠢᠯᠯᠠᠭᠰᠠᠳ᠎ᠤᠨ ᠳᠣᠲᠣᠷ᠎ᠠ᠂ ᠠᠭᠤᠷᠬᠠᠶ ᠮᠠᠯᠲᠠᠬᠤ ᠦᠢ᠍ᠯᠡᠰ᠎ᠲᠤ 25.8 ᠲᠦᠮᠡᠨ ᠬᠥᠮᠦᠨ᠂ ᠦᠢ᠍ᠯᠡᠳᠬᠦ ᠦᠢ᠍ᠯᠡᠰ᠎ᠲᠤ 83.1 ᠲᠦᠮᠡᠨ ᠬᠥᠮᠦᠨ᠂ ᠴᠠᠬᠢᠯᠭ᠋ᠠᠨ ᠬᠦᠴᠦᠨ᠂ ᠢᠯᠴᠢ ᠵᠢᠨ ᠬᠦᠴᠦᠨ᠂ ᠰᠢᠲᠠᠮᠠᠬᠠᠶ ᠬᠡᠢ ᠵᠢᠴᠢ ᠤᠰᠤᠨ᠎ᠤ ᠦᠢ᠍ᠯᠡᠳᠪᠦᠷᠢᠯᠡᠯ ᠪᠠ ᠬᠠᠩᠭ᠋ᠠᠯᠭ᠎ᠠ ᠵᠢᠨ ᠦᠢ᠍ᠯᠡᠰ᠎ᠲᠤ 19.3 ᠲᠦᠮᠡᠨ ᠬᠥᠮᠦᠨ ᠪᠠᠶ᠋ᠢᠵᠤ᠂ ᠲᠤᠰ ᠲᠤᠰ 20.1%᠂ 64.8% ᠪᠠ 15.0%᠎ᠢ ᠡᠵᠡᠯᠡᠪᠡ᠃ ᠠᠵᠤ ᠦᠢ᠍ᠯᠡᠳᠪᠦᠷᠢ ᠵᠢᠨ ᠠᠵᠢᠯ ᠲᠥᠷᠥᠯ᠎ᠤᠨ ᠲᠣᠮᠣ ᠲᠥᠷᠥᠯ᠎ᠤᠨ ᠳᠣᠲᠣᠷ᠎ᠠ᠂ ᠨᠡᠭᠦᠷᠡᠰᠦ ᠮᠠᠯᠲᠠᠬᠤ ᠪᠠ ᠤᠬᠢᠶᠠᠯᠭ᠎ᠠ ᠵᠢᠨ ᠦᠢ᠍ᠯᠡᠰ᠂ ᠴᠠᠬᠢᠯᠭ᠋ᠠᠨ ᠬᠦᠴᠦᠨ᠂ ᠢᠯᠴᠢ ᠵᠢᠨ ᠬᠦᠴᠦᠨ᠎ᠤ ᠦᠢ᠍ᠯᠡᠳᠪᠦᠷᠢᠯᠡᠯ ᠪᠠ ᠬᠠᠩᠭ᠋ᠠᠯᠭ᠎ᠠ ᠵᠢᠨ ᠦᠢ᠍ᠯᠡᠰ᠂ ᠬᠢᠮᠢ ᠵᠢᠨ ᠲᠦᠭᠦᠬᠡᠶ ᠮᠠᠲ᠋ᠧᠷᠢᠶᠠᠯ ᠪᠠ ᠬᠢᠮᠢ ᠵᠢᠨ ᠦᠢ᠍ᠯᠡᠳᠬᠦᠨ ᠦᠢ᠍ᠯᠡᠳᠬᠦ ᠦᠢ᠍ᠯᠡᠰ᠎ᠤᠨ ᠠᠵᠢᠯᠲᠠᠨ᠎ᠤ ᠲᠣᠭ᠎ᠠ ᠲᠦᠷᠦᠭᠦᠦ ᠭᠤᠷᠪᠠ᠎ᠳᠤ ᠣᠷᠣᠵᠤ᠂ ᠲᠣᠰ ᠲᠣᠰ 15.5%᠂ 12.0% ᠪᠠ 9.5% ᠵᠢ ᠡᠵᠡᠯᠡᠪᠡ (ᠨᠠᠷᠢᠨ ᠪᠠᠶ᠋ᠢᠳᠠᠯ᠎ᠢ ᠬᠦᠰᠦᠨᠦᠭᠲᠦ 3 - 2᠎ᠲᠤ ᠦᠵᠡ)᠃
    ᠬᠦᠰᠦᠨᠦᠭᠲᠦ 3 - 2   ᠠᠵᠢᠯ ᠲᠦᠷᠦᠯ᠎ᠤᠨ ᠶᠡᠬᠡ ᠲᠦᠷᠦᠯ ᠵᠶ᠋ᠡᠷ ᠳᠤᠭᠤᠢ᠌ᠯᠠᠩ ᠬᠤᠪᠢᠶᠠᠭᠰᠠᠨ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠲᠣᠭ᠎ᠠ ᠪᠠ ᠠᠵᠢᠯᠯᠠᠭᠴᠢᠳ


第三号表格1-3_01.jpg

第三号表格1-3_02.jpg

第三号表格1-3_03.jpg

第三号表格1-3_04.jpg 

   (ᠬᠣᠶᠠᠷ) ᠭᠣᠣᠯ ᠪᠣᠯᠬᠤ ᠠᠵᠤ ᠠᠬᠤᠢ ᠵᠢᠨ ᠭᠦᠢ᠍ᠴᠡᠳᠬᠡᠬᠦ ᠲᠣᠭ᠎ᠠ
    2023 ᠣᠨ᠎ᠤ ᠡᠴᠦᠰ᠎ᠲᠤ᠂ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠡᠳ᠋ ᠬᠥᠷᠥᠩᠭᠡ ᠨᠡᠶ᠋ᠢᠲᠡ 5791.8 ᠳ᠋ᠦᠩᠰᠢᠭᠤᠷ ᠲᠥᠭᠥᠷᠢᠭ᠎ᠲᠤ ᠬᠦᠷᠴᠦ᠂ 2018 ᠣᠨ᠎ᠤ ᠡᠴᠦᠰ᠎ᠤᠨ᠎ᠬᠢ᠎ᠠᠴᠠ 51.2% ᠵᠶ᠋ᠠᠷ ᠨᠡᠮᠡᠭᠳᠡᠪᠡ; ᠥᠷᠢ ᠥᠭᠴᠡᠭᠡ ᠨᠡᠶ᠋ᠢᠲᠡ 33616.8 ᠳ᠋ᠦᠩᠰᠢᠭᠤᠷ ᠲᠥᠭᠥᠷᠢᠭ᠎ᠲᠤ ᠬᠦᠷᠴᠦ᠂ 2018 ᠣᠨ᠎ᠤ ᠡᠴᠦᠰ᠎ᠤᠨ᠎ᠬᠢ᠎ᠠᠴᠠ 40.2% ᠵᠶ᠋ᠠᠷ ᠨᠡᠮᠡᠭᠳᠡᠪᠡ᠃
    2023 ᠣᠨ᠎ᠳᠤ᠂ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠪᠥᠬᠥ ᠵᠢᠯ᠎ᠤᠨ ᠡᠵᠡᠩᠨᠡᠯᠲᠡ ᠵᠢᠨ ᠣᠷᠣᠯᠭ᠎ᠠ 31259.3 ᠳ᠋ᠦᠩᠰᠢᠭᠤᠷ ᠲᠥᠭᠥᠷᠢᠭ᠎ᠲᠤ ᠬᠦᠷᠴᠦ᠂ 2018 ᠣᠨ᠎ᠤ᠎ᠬᠢ᠎ᠠᠴᠠ 93.5%᠎ᠪᠠᠷ ᠨᠡᠮᠡᠭᠳᠡᠪᠡ (ᠨᠠᠷᠢᠨ ᠬᠦᠰᠦᠨᠦᠭᠲᠦ ᠵᠢ 3 - 3᠎ᠳᠤ ᠦᠵᠡ)᠃
    ᠬᠦᠰᠦᠨᠦᠭᠲᠦ 3 - 3      ᠠᠵᠢᠯ ᠲᠦᠷᠦᠯ᠎ᠤᠨ ᠲᠤᠮᠤ ᠲᠦᠷᠦᠯ ᠵᠶ᠋ᠠᠷ᠎ᠨᠢ ᠳᠤᠭᠤᠶ᠋ᠢᠯᠠᠩ ᠬᠤᠪᠢᠶᠠᠭᠰᠠᠨ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠠᠵᠤ ᠠᠬᠤᠢ ᠵᠢᠨ ᠭᠣᠣᠯ ᠭᠦᠢ᠍ᠴᠡᠳᠬᠡᠬᠦ ᠲᠣᠭ᠎ᠠ


第三号表格1-3_06.jpg

第三号表格1-3_03.jpg

第三号表格1-3_08.jpg


    (ᠭᠤᠷᠪᠠ) ᠭᠣᠣᠯ ᠪᠣᠯᠬᠤ ᠠᠵᠤ ᠦᠢ᠍ᠯᠡᠳᠪᠦᠷᠢ ᠵᠢᠨ ᠦᠢ᠍ᠯᠡᠳᠬᠦᠨ᠎ᠤ ᠭᠠᠷᠤᠯᠲᠠ
   2023 ᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠭᠤᠤᠯ ᠪᠣᠯᠬᠤ ᠦᠢ᠍ᠯᠡᠳᠬᠦᠨ᠎ᠤ ᠭᠠᠷᠤᠯᠲᠠ ᠵᠢ ᠬᠦᠰᠦᠨᠦᠭᠲᠦ 3 —4᠎ᠳᠤ ᠦᠵᠡ᠃
    ᠬᠦᠰᠦᠨᠦᠭᠲᠦ 3 —4      ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠭᠤᠤᠯ ᠪᠣᠯᠬᠤ ᠦᠢ᠍ᠯᠡᠳᠬᠦᠨ᠎ᠤ ᠭᠠᠷᠤᠯᠲᠠ

第三号表格4-8_00.jpg


第三号表格4-8_01.jpg


  (ᠳᠦᠷᠪᠡ) ᠭᠤᠤᠯ ᠪᠤᠯᠬᠤ ᠡᠨ᠋ᠸᠷᠬᠢ ᠵᠢᠨ ᠪᠦᠳᠦᠭᠡᠭᠳᠡᠭᠦᠨ᠎ᠤ ᠭᠠᠷᠤᠯᠲᠠ
 2023 ᠤᠨ᠎ᠤ ᠭᠤᠤᠯ ᠪᠤᠯᠬᠤ ᠡᠨ᠋ᠸᠷᠬᠢ ᠵᠢᠨ ᠪᠦᠳᠦᠭᠡᠭᠳᠡᠭᠦᠨ᠎ᠤ ᠭᠠᠷᠤᠯᠲᠠ ᠵᠢ ᠬᠦᠰᠦᠨᠦᠭᠲᠦ 3 —5᠎ᠳᠤ ᠦᠵᠡ᠃
   ᠬᠦᠰᠦᠨᠦᠭᠲᠦ 3 —5    ᠭᠤᠤᠯ ᠪᠤᠯᠬᠤ ᠡᠨ᠋ᠸᠷᠬᠢ ᠵᠢᠨ ᠪᠦᠳᠦᠭᠡᠭᠳᠡᠭᠦᠨ᠎ᠤ ᠭᠠᠷᠤᠯᠲᠠ



第三号表格4-8_02.jpg   

  

    ᠬᠣᠶᠠᠷ᠂ ᠪᠠᠷᠢᠯᠭ᠎ᠠ ᠵᠢᠨ ᠦᠢ᠍ᠯᠡᠰ
    (ᠨᠢᠭᠡ) ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠲᠣᠭ᠎ᠠ ᠪᠠ ᠠᠵᠢᠯᠯᠠᠭᠰᠠᠳ
    2023 ᠣᠨ᠎ᠤ ᠡᠴᠦᠰ᠎ᠲᠤ᠂ ᠪᠥᠬᠥ ᠣᠷᠣᠨ᠎ᠤ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠨᠢᠭᠡᠴᠡ ᠨᠡᠶ᠋ᠢᠲᠡ 4.7 ᠲᠦᠮᠡ ᠪᠠᠶ᠋ᠢᠵᠤ᠂ 2018 ᠣᠨ᠎ᠤ ᠡᠴᠦᠰ᠎ᠤᠨ᠎ᠬᠢ᠎ᠠᠴᠠ 113.7%᠎ᠪᠠᠷ ᠨᠡᠮᠡᠭᠳᠡᠪᠡ; ᠠᠵᠢᠯᠯᠠᠵᠤ ᠪᠠᠶ᠋ᠢᠭ᠎ᠠ ᠬᠥᠮᠦᠨ 42.6 ᠲᠦᠮᠡ ᠪᠣᠯᠵᠣ᠂ 2018 ᠣᠨ᠎ᠤ ᠡᠴᠦᠰ᠎ᠤᠨ᠎ᠬᠢ᠎ᠠᠴᠠ 22.8%᠎ᠪᠠᠷ ᠨᠡᠮᠡᠭᠳᠡᠪᠡ᠃
    ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠳᠣᠲᠣᠷ᠎ᠠ᠂ ᠳᠣᠲᠣᠭ᠋ᠠᠳᠤ ᠪᠠᠯᠠ ᠵᠢᠨ ᠠᠵᠤ ᠠᠬᠤᠶ᠋ᠢᠯᠠᠯ 46987 ᠪᠠᠶ᠋ᠢᠵᠤ᠂ 99.99% ᠵᠢ ᠡᠵᠡᠯᠡᠵᠦ ᠪᠣᠶ᠃
    ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠠᠵᠢᠯᠯᠠᠭᠰᠠᠳ᠎ᠤᠨ ᠳᠣᠲᠣᠷ᠎ᠠ᠂ ᠳᠣᠲᠣᠭ᠋ᠠᠳᠤ ᠪᠡᠯᠡ ᠵᠢᠨ ᠠᠵᠤ ᠠᠬᠤᠶ᠋ᠢᠯᠠᠯ᠎ᠳᠤ 42.6 ᠲᠦᠮᠡᠨ ᠬᠥᠮᠦᠨ ᠪᠠᠶ᠋ᠢᠵᠤ᠂ 99.99 % ᠵᠢ ᠡᠵᠡᠯᠡᠨ᠎ᠡ (ᠨᠠᠷᠢᠨ ᠪᠠᠶ᠋ᠢᠳᠠᠯ᠎ᠢ ᠬᠦᠰᠦᠨᠦᠭᠲᠦ 3 - 6᠎ᠳᠤ ᠦᠵᠡ)᠃
     ᠬᠦᠰᠦᠨᠦᠭᠲᠦ 3 - 6     ᠪᠦᠷᠢᠳᠬᠡᠨ ᠳᠠᠩᠰᠠᠯᠠᠬᠤ ᠶᠣᠰᠣᠭ᠋ᠠᠷ ᠲᠥᠷᠥᠯ ᠬᠤᠪᠢᠶᠠᠨ ᠳᠤᠭᠤᠶ᠋ᠢᠯᠠᠩ ᠬᠤᠪᠢᠶᠠᠭᠰᠠᠨ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠲᠣᠭ᠎ᠠ ᠪᠠ ᠠᠵᠢᠯᠯᠠᠭᠴᠢᠳ

第三号表格4-8_03.jpg 

   ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠨᠢᠭᠡᠴᠡ ᠳᠣᠲᠣᠷ᠎ᠠ᠂ ᠬᠡᠷ ᠪᠠᠶ᠋ᠢᠰᠢᠩ᠎ᠤᠨ ᠪᠠᠷᠢᠯᠭ᠎ᠠ ᠵᠢᠨ ᠦᠢ᠍ᠯᠡᠰ 29.2%᠎ᠢ ᠡᠵᠡᠯᠡᠵᠦ᠂ ᠰᠢᠷᠣᠶ ᠮᠣᠳᠣᠨ᠎ᠤ ᠪᠠᠷᠢᠯᠭ᠎ᠠ ᠵᠢᠨ  ᠦᠢ᠍ᠯᠡᠰ 25.2%᠎ᠢ ᠡᠵᠡᠯᠡᠵᠦ᠂ ᠪᠠᠷᠢᠯᠭ᠎ᠠ ᠵᠢᠨ ᠤᠭᠰᠠᠷᠠᠬᠤ ᠦᠢ᠍ᠯᠡᠰ 9.9% ᠵᠢ ᠡᠵᠡᠯᠡᠵᠦ᠂ ᠪᠠᠷᠢᠯᠭ᠎ᠠ ᠵᠢᠨ ᠵᠠᠰᠠᠯ ᠴᠢᠮᠡᠭᠯᠡᠯ᠂ ᠵᠠᠰᠠᠯ ᠴᠢᠮᠡᠭᠯᠡᠯ ᠪᠠ ᠪᠤᠰᠤᠳ ᠪᠠᠷᠢᠯᠭ᠎ᠠ ᠵᠢᠨ ᠦᠢ᠍ᠯᠡᠰ 35.6% ᠵᠢ ᠡᠵᠡᠯᠡᠵᠦ ᠪᠠᠶ᠋ᠢᠨ᠎ᠠ᠃
    ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠠᠵᠢᠯᠯᠠᠭᠰᠠᠳ᠎ᠤᠨ ᠳᠣᠲᠣᠷ᠎ᠠ᠂ ᠭᠡᠷ ᠪᠠᠶ᠋ᠢᠰᠢᠩ᠎ᠤᠨ ᠪᠠᠷᠢᠯᠭ᠎ᠠ ᠵᠢᠨ ᠦᠢ᠍ᠯᠡᠰ 36.8% ᠵᠢ ᠡᠵᠡᠯᠡᠵᠦ᠂ ᠰᠢᠷᠣᠶ ᠮᠣᠳᠣᠨ᠎ᠤ ᠪᠠᠷᠢᠯᠭ᠎ᠠ ᠵᠢᠨ ᠦᠢ᠍ᠯᠡᠰ 27.7% ᠵᠢ ᠡᠵᠡᠯᠡᠵᠦ᠂ ᠪᠠᠷᠢᠯᠭ᠎ᠠ ᠵᠢᠨ ᠤᠭᠰᠠᠷᠠᠬᠤ ᠦᠢ᠍ᠯᠡᠰ 9.1% ᠵᠢ ᠡᠵᠡᠯᠡᠵᠦ᠂ ᠪᠠᠷᠢᠯᠭ᠎ᠠ ᠵᠢᠨ ᠵᠠᠰᠠᠯ ᠴᠢᠮᠡᠭᠯᠡᠯ᠂ ᠵᠠᠰᠠᠯ ᠴᠢᠮᠡᠭᠯᠡᠯ ᠪᠣᠯᠤᠨ ᠪᠤᠰᠤᠳ ᠪᠠᠷᠢᠯᠭ᠎ᠠ ᠵᠢᠨ  ᠦᠢ᠍ᠯᠡᠰ 26.3% ᠵᠢ ᠡᠵᠡᠯᠡᠵᠦ ᠪᠤᠶ (ᠨᠠᠷᠢᠨ ᠪᠠᠶ᠋ᠢᠳᠠᠯ᠎ᠢ ᠬᠦᠰᠦᠨᠦᠭᠲᠦ 3 - 7᠎ᠳᠤ ᠦᠵᠡ)᠃
    ᠬᠦᠰᠦᠨᠦᠭᠲᠦ 3 - 7      ᠠᠵᠢᠯ ᠲᠦᠷᠦᠯ᠎ᠤᠨ ᠶᠡᠬᠡ ᠲᠦᠷᠦᠯ ᠵᠶ᠋ᠡᠷ ᠳᠤᠭᠤᠢ᠌ᠯᠠᠩ ᠬᠤᠪᠢᠶᠠᠭᠰᠠᠨ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠲᠣᠭ᠎ᠠ ᠪᠠ ᠠᠵᠢᠯᠯᠠᠭᠴᠢᠳ

第三号表格4-8_04.jpg


    (ᠬᠣᠶᠠᠷ) ᠭᠣᠣᠯ ᠪᠣᠯᠬᠤ ᠠᠵᠤ ᠠᠬᠤᠢ ᠵᠢᠨ ᠭᠦᠢ᠍ᠴᠡᠳᠬᠡᠬᠦ ᠲᠣᠭ᠎ᠠ
    2023 ᠣᠨ᠎ᠤ ᠡᠴᠦᠰ᠎ᠲᠤ᠂ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠡᠳ᠋ ᠬᠥᠷᠥᠩᠭᠡ ᠨᠡᠶ᠋ᠢᠲᠡ 5376.2 ᠳ᠋ᠦᠩᠰᠢᠭᠤᠷ ᠲᠥᠭᠥᠷᠢᠭ᠎ᠲᠤ ᠬᠦᠷᠴᠦ᠂ 2018 ᠣᠨ᠎ᠤ ᠡᠴᠦᠰ᠎ᠤᠨ᠎ᠬᠢ᠎ᠠᠴᠠ 38.5%᠎ᠪᠠᠷ ᠨᠡᠮᠡᠭᠳᠡᠪᠡ; ᠥᠷᠢ ᠥᠭᠴᠡᠭᠡ ᠨᠡᠶ᠋ᠢᠲᠡ 3673.4 ᠳ᠋ᠦᠩᠰᠢᠭᠤᠷ ᠲᠥᠭᠥᠷᠢᠭ᠎ᠲᠤ ᠬᠦᠷᠴᠦ᠂ 2018 ᠣᠨ᠎ᠤ ᠡᠴᠦᠰ᠎ᠤᠨ᠎ᠬᠢ᠎ᠠᠴᠠ 47.6%᠎ᠪᠠᠷ ᠨᠡᠮᠡᠭᠳᠡᠪᠡ᠃
    2023 ᠣᠨ᠎ᠳᠤ᠂ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠪᠥᠬᠥ ᠵᠢᠯ᠎ᠤᠨ ᠡᠵᠡᠩᠨᠡᠯᠲᠡ ᠵᠢᠨ ᠣᠷᠣᠯᠭ᠎ᠠ 3107.6 ᠳ᠋ᠦᠩᠰᠢᠭᠤᠷ ᠲᠥᠭᠥᠷᠢᠭ᠎ᠲᠤ ᠬᠦᠷᠴᠦ᠂ 2018 ᠣᠨ᠎ᠤ᠎ᠬᠢ᠎ᠠᠴᠠ 67.0% ᠵᠶ᠋ᠠᠷ ᠨᠡᠮᠡᠭᠳᠡᠪᠡ (ᠨᠠᠷᠢᠨ ᠪᠠᠢ᠌ᠳᠠᠯ᠎ᠢ ᠬᠦᠰᠦᠨᠦᠭᠲᠦ 3 —8᠎ᠳᠤ

ᠦᠵᠡ)᠃
    ᠬᠦᠰᠦᠨᠦᠭᠲᠦ 3 —8    ᠠᠵᠢᠯ ᠲᠦᠷᠦᠯ᠎ᠤᠨ ᠲᠤᠮᠤ ᠲᠦᠷᠦᠯ ᠵᠶ᠋ᠠᠷ᠎ᠨᠢ ᠳᠤᠭᠤᠶ᠋ᠢᠯᠠᠩ ᠬᠤᠪᠢᠶᠠᠭᠰᠠᠨ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠠᠵᠤ ᠠᠬᠤᠢ ᠵᠢᠨ ᠭᠣᠣᠯ ᠭᠦᠢ᠍ᠴᠡᠳᠬᠡᠬᠦ ᠲᠣᠭ᠎ᠠ

第三号表格4-8_05.jpg

 

ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠤᠨ᠎ᠤ ᠲᠣᠭ᠎ᠠ ᠪᠦᠷᠢᠳᠭᠡᠯ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠪᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠯᠪᠠᠨ ᠮᠡᠳᠡᠭᠡ (ᠳᠣᠯᠣᠭ᠎ᠠ) — ᠣᠷᠣᠨ ᠪᠦᠰᠡ ᠬᠤᠪᠢᠶᠠᠭᠰᠠᠨ ᠨᠢᠭᠡᠴᠡ ᠪᠣᠯᠤᠨ ᠠᠵᠢᠯᠯᠠᠭᠰᠠᠳ᠎ᠤᠨ ᠪᠠᠶ᠋ᠢᠳᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠪᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠯᠪᠠᠨ ᠮᠡᠳᠡᠭᠡ (ᠵᠢᠷᠭᠤᠭ᠎ᠠ) — ᠬᠡᠰᠡᠭ ᠰᠢᠨ᠎ᠡ᠎ᠪᠠᠷ ᠪᠤᠶ ᠪᠣᠯᠤᠭᠰᠠᠨ ᠠᠵᠤ ᠦᠢ᠍ᠯᠡᠰ᠎ᠤᠨ ᠬᠥᠭᠵᠢᠯᠲᠡ ᠵᠢᠨ ᠪᠠᠶ᠋ᠢᠳᠠᠯ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠪᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠯᠪᠠᠨ ᠮᠡᠳᠡᠭᠡ (ᠲᠠᠪᠤ) — ᠭᠤᠷᠪᠠᠳᠤᠭ᠋ᠠᠷ ᠠᠵᠤ ᠦᠢ᠍ᠯᠡᠰ᠎ᠤᠨ ᠦᠨᠳᠦᠰᠦᠨ ᠪᠠᠶ᠋ᠢᠳᠠᠯ᠎ᠤᠨ ᠬᠣᠶᠠᠷ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠪᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠠᠯᠪᠠᠨ ᠮᠡᠳᠡᠭᠡ (ᠳᠥᠷᠪᠡ) — ᠭᠤᠷᠪᠠᠳᠤᠭ᠋ᠠᠷ ᠠᠵᠤ ᠦᠢ᠍ᠯᠡᠰ᠎ᠤᠨ ᠦᠨᠳᠦᠰᠦᠨ ᠪᠠᠶ᠋ᠢᠳᠠᠯ᠎ᠤᠨ ᠨᠢᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2024 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠲᠤᠭ᠎ᠠ ᠪᠦᠷᠢᠳᠬᠡᠯ᠎ᠤᠨ ᠠᠯᠪᠠᠨ ᠮᠡᠳᠡᠭᠡ
 
            