ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠠᠪᠤᠳᠤᠭ᠋ᠠᠷ ᠤᠳᠠᠭ᠋ᠠᠨ᠎ᠤ ᠪᠦᠬᠦ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠦᠷ᠎ᠡ ᠳ᠋ᠦᠩ᠎ᠢ ᠦᠨᠳᠦᠰᠦᠯᠡᠨ᠂ ᠡᠳᠦᠭᠡ ᠮᠠᠨ᠎ᠤ ᠣᠷᠣᠨ᠎ᠤ ᠣᠷᠣᠨ ᠪᠦᠰᠡ ᠬᠤᠪᠢᠶᠠᠭᠰᠠᠨ ᠬᠣᠶᠠᠳᠤᠭ᠋ᠠᠷ ᠠᠵᠤ ᠦᠢ᠍ᠯᠡᠰ ᠪᠣᠯᠤᠨ ᠭᠤᠷᠪᠠᠳᠤᠭ᠋ᠠᠷ ᠠᠵᠤ ᠦᠢ᠍ᠯᠡᠰ᠎ᠤᠨ ᠨᠢᠭᠡᠴᠡ ᠵᠢᠴᠢ ᠠᠵᠢᠯᠯᠠᠭᠰᠠᠳ᠎ᠤᠨ ᠦᠨᠳᠦᠰᠦᠨ ᠪᠠᠶ᠋ᠢᠳᠠᠯ᠎ᠢ ᠳᠣᠣᠷᠠᠬᠢ ᠮᠡᠲᠦ ᠨᠡᠶ᠋ᠢᠲᠡᠯᠡᠪᠡ᠄
ᠨᠢᠭᠡ᠂ ᠨᠢᠭᠡᠴᠡ ᠵᠢᠨ ᠦᠨᠳᠦᠰᠦᠨ ᠪᠠᠶ᠋ᠢᠳᠠᠯ
2023 ᠣᠨ᠎ᠤ ᠡᠴᠦᠰ᠎ᠲᠤ᠂ ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ ᠣᠷᠣᠨ᠎ᠤ ᠬᠣᠶᠠᠳᠤᠭ᠋ᠠᠷ ᠠᠵᠤ ᠦᠢ᠍ᠯᠡᠰ ᠪᠠ ᠭᠤᠷᠪᠠᠳᠤᠭ᠋ᠠᠷ ᠠᠵᠤ ᠦᠢ᠍ᠯᠡᠰ ᠡᠷᠭᠢᠯᠡᠵᠦ ᠪᠠᠶ᠋ᠢᠭ᠎ᠠ ᠬᠠᠤᠯᠢ ᠵᠢᠨ ᠡᠷᠬᠡᠲᠡᠨ᠎ᠤ ᠨᠢᠭᠡᠴᠡ 21.5 ᠲᠦᠮᠡ ᠪᠠᠶ᠋ᠢᠵᠤ᠂ 52.6% ᠵᠢ ᠡᠵᠡᠯᠡᠵᠦ᠂ 2018 ᠣᠨ᠎ᠤ ᠡᠴᠦᠰ᠎ᠤᠨ᠎ᠬᠢ᠎ᠠᠴᠠ 56.6%᠎ᠪᠠᠷ ᠨᠡᠮᠡᠭᠳᠡᠪᠡ; ᠵᠡᠭᠦᠨ ᠬᠡᠰᠡᠭ᠎ᠤᠨ ᠭᠠᠵᠠᠷ ᠣᠷᠣᠨ᠎ᠳᠤ 15.3 ᠲᠦᠮᠡ ᠪᠠᠶ᠋ᠢᠵᠤ᠂ 37.5% ᠵᠢ ᠡᠵᠡᠯᠡᠨ᠂ 21.1%᠎ᠪᠠᠷ ᠨᠡᠮᠡᠭᠳᠡᠪᠡ; ᠪᠤᠰᠤᠳ ᠭᠠᠵᠠᠷ ᠣᠷᠣᠨ᠎ᠳᠤ 4.0 ᠲᠦᠮᠡ ᠪᠠᠶ᠋ᠢᠵᠤ᠂ 9.9% ᠵᠢ ᠡᠵᠡᠯᠡᠨ᠂ 21.0% ᠵᠶ᠋ᠠᠷ ᠨᠡᠮᠡᠭᠳᠡᠪᠡ᠃ ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ ᠭᠠᠵᠠᠷ ᠣᠷᠣᠨ᠎ᠤ ᠬᠣᠶᠠᠳᠤᠭ᠋ᠠᠷ ᠠᠵᠤ ᠦᠢ᠍ᠯᠡᠰ ᠪᠠ ᠭᠤᠷᠪᠠᠳᠤᠭ᠋ᠠᠷ ᠠᠵᠤ ᠦᠢ᠍ᠯᠡᠰ ᠡᠷᠭᠢᠯᠡᠵᠦ ᠪᠠᠶ᠋ᠢᠭ᠎ᠠ ᠠᠵᠤ ᠦᠢ᠍ᠯᠡᠰ᠎ᠤᠨ ᠠᠵᠢᠯᠯᠠᠭ᠋ᠠᠨ᠎ᠤ ᠨᠢᠭᠡᠴᠡ 23.9 ᠲᠦᠮᠡ ᠪᠠᠶ᠋ᠢᠵᠤ᠂ 51.7% ᠵᠢ ᠡᠵᠡᠯᠡᠵᠦ ᠪᠠᠶ᠋ᠢᠨ᠎ᠠ; ᠵᠡᠭᠦᠨ ᠬᠡᠰᠡᠭ᠎ᠤᠨ ᠭᠠᠵᠠᠷ ᠣᠷᠣᠨ᠎ᠳᠤ 17.7 ᠲᠦᠮᠡ ᠪᠠᠶ᠋ᠢᠵᠤ᠂ 38.3% ᠵᠢ ᠡᠵᠡᠯᠡᠵᠦ ᠪᠠᠶ᠋ᠢᠨ᠎ᠠ; ᠪᠤᠰᠤᠳ ᠭᠠᠵᠠᠷ ᠣᠷᠣᠨ᠎ᠳᠤ 4.6 ᠲᠦᠮᠡ ᠪᠠᠶ᠋ᠢᠵᠤ᠂ 10.0%᠎ᠢ ᠡᠵᠡᠯᠡᠪᠡ᠃
ᠬᠣᠶᠠᠳᠤᠭ᠋ᠠᠷ ᠠᠵᠤ ᠦᠢ᠍ᠯᠡᠰ ᠪᠠ ᠭᠤᠷᠪᠠᠳᠤᠭ᠋ᠠᠷ ᠠᠵᠤ ᠦᠢ᠍ᠯᠡᠰ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠳᠣᠲᠣᠷ᠎ᠠ᠂ ᠲᠦᠷᠦᠭᠦᠦ ᠭᠤᠷᠪᠠ᠎ᠳᠤ ᠵᠢᠭᠰᠠᠭ᠋ᠠᠭᠳᠠᠭᠰᠠᠨ ᠠᠶ᠋ᠢᠮᠠᠭ ᠬᠣᠲᠠ ᠪᠣᠯ᠄ ᠬᠥᠬᠡᠬᠣᠲᠠ᠎ᠳᠤ 8.0 ᠲᠦᠮᠡ ᠪᠠᠶ᠋ᠢᠵᠤ᠂ 19.5% ᠵᠢ ᠡᠵᠡᠯᠡᠨ᠎ᠡ; ᠪᠤᠭᠤᠲᠤ ᠬᠣᠲᠠ 5.7 ᠲᠦᠮᠡ ᠪᠠᠶ᠋ᠢᠵᠤ᠂ 14.0%᠎ᠢ ᠡᠵᠡᠯᠡᠪᠡ; ᠣᠷᠳᠣᠰ ᠬᠣᠲᠠ 5.3 ᠲᠦᠮᠡ ᠪᠣᠯᠵᠣ᠂ 13.0%᠎ᠢ ᠡᠵᠡᠯᠡᠪᠡ᠃ ᠭᠠᠵᠠᠷ ᠣᠷᠣᠨ ᠵᠶ᠋ᠠᠷ ᠬᠤᠪᠢᠶᠠᠭᠰᠠᠨ ᠨᠢᠭᠡᠴᠡ ᠵᠢᠨ ᠪᠠᠶ᠋ᠢᠳᠠᠯ᠎ᠢ ᠬᠦᠰᠦᠨᠦᠭᠲᠦ 7 - 1᠎ᠳᠤ ᠨᠠᠷᠢᠨ ᠦᠵᠡ᠃
ᠬᠦᠰᠦᠨᠦᠭᠲᠦ 7 - 1 ᠭᠠᠵᠠᠷ ᠣᠷᠣᠨ ᠵᠶ᠋ᠠᠷ ᠬᠤᠪᠢᠶᠠᠭᠰᠠᠨ ᠬᠠᠤᠯᠢ ᠵᠢᠨ ᠡᠷᠬᠡᠲᠡᠨ᠎ᠤ ᠨᠢᠭᠡᠴᠡ ᠪᠠ ᠠᠵᠤ ᠦᠢ᠍ᠯᠡᠰ᠎ᠤᠨ ᠠᠵᠢᠯᠯᠠᠭ᠋ᠠᠨ᠎ᠤ ᠨᠢᠭᠡᠴᠡ


ᠬᠣᠶᠠᠷ᠂ ᠠᠵᠢᠯᠯᠠᠭᠰᠠᠳ
2023 ᠣᠨ᠎ᠤ ᠡᠴᠦᠰ᠎ᠲᠤ᠂ ᠬᠥᠬᠡᠬᠣᠲᠠ ᠪᠤᠭᠤᠲᠤ ᠣᠷᠳᠣᠰ ᠤᠯᠠᠭ᠋ᠠᠨᠴᠠᠪ ᠭᠠᠵᠠᠷ ᠣᠷᠣᠨ᠎ᠤ ᠬᠣᠶᠠᠳᠤᠭ᠋ᠠᠷ ᠠᠵᠤ ᠦᠢ᠍ᠯᠡᠰ ᠪᠠ ᠭᠤᠷᠪᠠᠳᠤᠭ᠋ᠠᠷ ᠠᠵᠤ ᠦᠢ᠍ᠯᠡᠰ ᠡᠷᠭᠢᠯᠡᠵᠦ ᠪᠠᠶ᠋ᠢᠭ᠎ᠠ ᠬᠠᠤᠯᠢ ᠵᠢᠨ ᠡᠷᠬᠡᠲᠡᠨ᠎ᠤ ᠨᠢᠭᠡᠴᠡ᠎ᠳᠤ ᠠᠵᠢᠯᠯᠠᠵᠤ ᠪᠠᠶ᠋ᠢᠭ᠎ᠠ ᠬᠥᠮᠦᠨ 292.6 ᠲᠦᠮᠡ ᠪᠠᠶ᠋ᠢᠵᠤ᠂ 53.3% ᠵᠢ ᠡᠵᠡᠯᠡᠵᠦ ᠪᠠᠶ᠋ᠢᠨ᠎ᠠ; ᠵᠡᠭᠦᠨ ᠬᠡᠰᠡᠭ᠎ᠤᠨ ᠲᠠᠪᠤᠨ ᠠᠶ᠋ᠢᠮᠠᠭ ᠬᠣᠲᠠ ᠵᠢᠨ 184.9 ᠲᠦᠮᠡᠨ ᠬᠥᠮᠦᠨ ᠪᠠᠶ᠋ᠢᠵᠤ᠂ 33.7% ᠵᠢ ᠡᠵᠡᠯᠡᠪᠡ; ᠪᠤᠰᠤᠳ ᠠᠶ᠋ᠢᠮᠠᠭ ᠬᠣᠲᠠ 55.7 ᠲᠦᠮᠡᠨ ᠬᠥᠮᠦᠨ ᠪᠠᠶ᠋ᠢᠵᠤ᠂ 10.1% ᠵᠢ ᠡᠵᠡᠯᠡᠪᠡ᠃
ᠬᠠᠤᠯᠢ ᠵᠢᠨ ᠡᠷᠬᠡᠲᠡᠨ᠎ᠤ ᠨᠢᠭᠡᠴᠡ ᠵᠢᠨ ᠠᠵᠢᠯᠲᠠᠨ᠎ᠤ ᠳᠣᠲᠣᠷ᠎ᠠ᠂ ᠲᠦᠷᠦᠭᠦᠦ ᠭᠤᠷᠪᠠ᠎ᠳᠤ ᠵᠢᠭᠰᠠᠭ᠋ᠠᠭᠳᠠᠭᠰᠠᠨ ᠠᠶ᠋ᠢᠮᠠᠭ ᠬᠣᠲᠠ ᠪᠣᠯ᠄ ᠬᠥᠬᠡᠬᠣᠲᠠ ᠵᠢᠨ 107.4 ᠲᠦᠮᠡᠨ ᠬᠥᠮᠦᠨ ᠪᠠᠶ᠋ᠢᠵᠤ᠂ 19.6% ᠵᠢ ᠡᠵᠡᠯᠡᠪᠡ; ᠣᠷᠳᠣᠰ ᠬᠣᠲᠠ ᠵᠢᠨ 77.6 ᠲᠦᠮᠡᠨ ᠬᠥᠮᠦᠨ ᠪᠠᠶ᠋ᠢᠵᠤ᠂ 14.1% ᠵᠢ ᠡᠵᠡᠯᠡᠪᠡ; ᠪᠤᠭᠤᠲᠤ ᠬᠣᠲᠠ ᠵᠢᠨ 76.6 ᠲᠦᠮᠡᠨ ᠬᠥᠮᠦᠨ ᠪᠠᠶ᠋ᠢᠵᠤ᠂ 14.0%᠎ᠢ ᠡᠵᠡᠯᠡᠪᠡ᠃ ᠭᠠᠵᠠᠷ ᠣᠷᠣᠨ ᠵᠶ᠋ᠠᠷ ᠬᠤᠪᠢᠶᠠᠭᠰᠠᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠠᠵᠢᠯᠯᠠᠭᠰᠠᠳ᠎ᠤᠨ ᠪᠠᠶ᠋ᠢᠳᠠᠯ᠎ᠢ ᠬᠦᠰᠦᠨᠦᠭᠲᠦ 7 - 2᠎ᠲᠤ ᠦᠵᠡ᠃
ᠬᠦᠰᠦᠨᠦᠭᠲᠦ 7 - 2 ᠭᠠᠵᠠᠷ ᠣᠷᠣᠨ ᠵᠶ᠋ᠠᠷ ᠬᠤᠪᠢᠶᠠᠭᠰᠠᠨ ᠬᠠᠤᠯᠢ ᠵᠢᠨ ᠡᠷᠬᠡᠲᠡᠨ᠎ᠤ ᠨᠢᠭᠡᠴᠡ ᠵᠢᠨ ᠠᠵᠢᠯᠯᠠᠭᠰᠠᠳ

ᠲᠠᠶ᠋ᠢᠯᠪᠤᠷᠢ᠄
(1) ᠵᠡᠭᠦᠨ ᠬᠡᠰᠡᠭ᠎ᠤᠨ ᠭᠠᠵᠠᠷ ᠣᠷᠣᠨ᠎ᠳᠤ ᠬᠥᠯᠥᠨ ᠪᠣᠶ᠋ᠢᠷ ᠬᠣᠲᠠ᠂ ᠬᠢᠩᠭ᠋ᠠᠨ ᠠᠶ᠋ᠢᠮᠠᠭ᠂ ᠲᠦᠩᠯᠢᠶᠣᠤ ᠬᠣᠲᠠ᠂ ᠤᠯᠠᠭ᠋ᠠᠨᠬᠠᠳᠠ ᠬᠣᠲᠠ᠂ ᠰᠢᠯᠢ ᠵᠢᠨ ᠭᠤᠤᠯ ᠠᠶ᠋ᠢᠮᠠᠭ ᠪᠠᠭᠲᠠᠨ᠎ᠠ; ᠪᠤᠰᠤᠳ ᠭᠠᠵᠠᠷ ᠣᠷᠣᠨ᠎ᠳᠤ ᠪᠠᠶᠠᠨᠨᠠᠭᠤᠷ ᠬᠣᠲᠠ᠂ ᠦᠬᠠᠶ ᠬᠤᠳᠠ᠂ ᠠᠯᠠᠱ᠌ᠠ ᠠᠶ᠋ᠢᠮᠠᠭ ᠪᠠᠭᠲᠠᠨ᠎ᠠ᠃
(2) ᠬᠦᠰᠦᠨᠦᠭᠲᠦ᠎ᠳᠠᠬᠢ ᠠᠶ᠋ᠢᠮᠠᠭ ᠬᠣᠲᠠ ᠵᠢᠨ ᠲᠣᠭ᠎ᠠ ᠪᠠᠷᠢᠮᠲᠠ᠎ᠳᠤ ᠲᠡᠮᠦᠷ ᠵᠠᠮ᠎ᠤᠨ ᠲᠡᠭᠡᠭᠡᠪᠦᠷᠢ ᠵᠢᠨ ᠦᠢ᠍ᠯᠡᠰ᠎ᠤᠨ ᠬᠠᠤᠯᠢ ᠵᠢᠨ ᠡᠷᠬᠡᠲᠡᠨ᠎ᠤ ᠨᠢᠭᠡᠴᠡ ᠵᠢᠴᠢ ᠥᠪᠡᠷᠲᠡᠭᠡᠨ ᠵᠠᠰᠠᠬᠤ ᠣᠷᠣᠨ᠎ᠤ ᠰᠢᠭᠤᠳ ᠬᠠᠷᠢᠶ᠎ᠠ ᠬᠠᠮᠢᠶᠠᠷᠤᠯᠲᠠ ᠵᠢᠨ ᠨᠢᠭᠡᠴᠡ ᠵᠢᠨ ᠠᠵᠢᠯᠯᠠᠭᠰᠠᠳ ᠪᠠᠭᠲᠠᠬᠤ ᠥᠬᠡᠶ᠃
(3) ᠬᠦᠰᠦᠨᠦᠭᠲᠦ᠎ᠳᠠᠬᠢ ᠨᠡᠶ᠋ᠢᠯᠡᠪᠦᠷᠢ ᠲᠣᠭ᠎ᠠ ᠪᠣᠯᠤᠨ ᠬᠡᠰᠡᠭ ᠪᠤᠳᠤᠯᠭ᠎ᠠ ᠵᠢᠨ ᠲᠣᠭ᠎ᠠ ᠪᠠᠷᠢᠮᠲᠠ᠎ᠨᠢ ᠠᠷᠪᠠᠲᠤ ᠵᠢᠨ ᠪᠤᠲᠠᠷᠬᠠᠶ ᠵᠢᠨ ᠰᠢᠯᠢᠯᠲᠡ᠎ᠠᠴᠠ ᠪᠣᠯᠤᠭᠰᠠᠨ ᠠᠯᠳᠠᠪᠤᠷᠢ᠎ᠳᠤ ᠴᠥᠮ ᠮᠧᠬᠠᠨᠢᠭ ᠲᠤᠬᠢᠷᠠᠭᠤᠯᠤᠯᠳᠠ ᠬᠢᠭᠰᠡᠨ ᠦᠭᠡᠢ᠃