ᠲᠡᠷᠢᠭᠦᠨ ᠬᠠᠭᠤᠳᠠᠰᠤ
ᠠᠵᠢᠯ᠎ᠤᠨ ᠪᠠᠶ᠋ᠢᠳᠠᠯ
ᠢᠯᠡ ᠵᠠᠰᠠᠭ
ᠲᠤᠭ᠎ᠠ ᠪᠦᠷᠢᠳᠭᠡᠯ᠎ᠤᠨ ᠦᠢᠯᠡᠴᠢᠯᠡᠭᠡ
ᠢᠯᠡ ᠵᠠᠰᠠᠭ   -   ᠠᠯᠪᠠᠨ ᠮᠡᠳᠡᠭᠡ
2024 ᠣᠨ᠎ᠳᠤ ᠥᠪᠥᠷ ᠮᠣᠩᠭᠤᠯ᠎ᠤᠨ ᠪᠠᠶ᠋ᠢᠩᠭᠤ ᠰᠠᠭᠤᠭ᠎ᠠ ᠬᠥᠮᠦᠨ ᠠᠮᠠ ᠦᠷᠬᠦᠯᠵᠢᠯᠡᠨ ᠪᠠᠭ᠋ᠠᠰᠴᠦ ᠲᠦᠷᠦᠭᠰᠡᠨ ᠬᠥᠮᠦᠨ ᠠᠮᠠ ᠳᠡᠭᠡᠭᠰᠢᠯᠡᠪᠠ
ᠨᠡᠶ᠋ᠢᠲᠡᠯᠡᠭᠰᠡᠨ ᠴᠠᠭ᠄ 2025-04-12

    2024 ᠣᠨ᠎ᠳᠤ᠂ ᠥᠪᠥᠷ ᠮᠣᠩᠭᠤᠯ᠎ᠤᠨ ᠥᠪᠡᠷᠲᠡᠭᠡᠨ ᠵᠠᠰᠠᠬᠤ ᠣᠷᠣᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠤᠳᠣᠯᠭ᠎ᠠ ᠪᠣᠯᠭ᠋ᠠᠬᠤ ᠵᠢ ᠢᠮᠠᠭᠲᠠ ᠪᠠᠷᠢᠮᠲᠠᠯᠠᠵᠤ᠂ ᠨᠠᠮ᠎ᠤᠨ ᠬᠤᠷᠢᠳᠤᠭ᠋ᠠᠷ ᠶᠡᠭᠡ ᠬᠤᠷᠠᠯ ᠪᠣᠯᠤᠨ ᠬᠤᠷᠢᠳᠤᠭ᠋ᠠᠷ ᠬᠤᠭᠤᠴᠠᠭ᠋ᠠᠨ᠎ᠤ ᠲᠥᠪ ᠬᠤᠷᠢᠶᠠᠨ᠎ᠤ ᠬᠤᠶᠠᠳᠤᠭ᠋ᠠᠷ᠂ ᠭᠤᠷᠪᠠᠳᠤᠭ᠋ᠠᠷ ᠪᠥᠬᠦᠳᠡ ᠬᠤᠷᠠᠯ᠎ᠤᠨ ᠵᠣᠷᠢᠭ ᠰᠠᠨᠠᠭ᠎ᠠ ᠵᠢ ᠪᠥᠬᠦ ᠲᠠᠯ᠎ᠠ᠎ᠪᠠᠷ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠬᠥᠮᠦᠨ ᠠᠮᠠ ᠵᠢᠨ ᠠᠵᠢᠯ᠎ᠤᠨ ᠲᠤᠬᠠᠶ ᠴᠢᠬᠤᠯᠠ ᠥᠭᠦᠯᠡᠯᠲᠡ ᠪᠣᠯᠤᠨ ᠥᠪᠥᠷ ᠮᠣᠩᠭᠤᠯ᠎ᠤᠨ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠤᠤᠯ ᠱᠤᠭᠤᠮ᠎ᠲᠠᠢ ᠨᠢᠭᠲᠠ ᠤᠶᠠᠯᠳᠤᠭᠤᠯᠤᠨ᠂ ᠬᠥᠮᠦᠨ ᠠᠮᠠ ᠵᠢᠨ ᠴᠢᠨᠠᠷ ᠰᠠᠶ᠋ᠢᠲᠠᠶ ᠬᠥᠭᠵᠢᠯᠲᠡ ᠵᠢ ᠡᠷᠡᠰ ᠭᠤᠶ᠋ᠢᠪᠢᠰᠢ ᠥᠬᠡᠶ ᠠᠬᠢᠭᠤᠯᠪᠠ᠃ ᠪᠥᠬᠦ ᠣᠷᠣᠨ᠎ᠤ ᠬᠥᠮᠦᠨ ᠠᠮᠠ ᠵᠢᠨ ᠬᠤᠪᠢᠷᠠᠯᠲᠠ ᠵᠢᠨ ᠪᠠᠶ᠋ᠢᠳᠠᠯ᠎ᠢ ᠥᠯᠢᠭᠡᠷ ᠠᠪᠴᠤ ᠪᠠᠶ᠋ᠢᠴᠠᠭ᠋ᠠᠭᠰᠠᠨ ᠦᠷ᠎ᠡ ᠳ᠋ᠦᠩ᠎ᠠᠴᠠ ᠦᠵᠡᠪᠡᠯ᠂ 2024 ᠣᠨ᠎ᠳᠤ ᠥᠪᠥᠷ ᠮᠣᠩᠭᠤᠯ᠎ᠤᠨ ᠪᠠᠶ᠋ᠢᠩᠭᠤ ᠰᠠᠭᠤᠭ᠎ᠠ ᠬᠥᠮᠦᠨ ᠠᠮᠠ ᠪᠠᠭ᠋ᠠᠰᠴᠤ᠂ ᠲᠥᠷᠥᠭᠰᠡᠨ ᠬᠥᠮᠦᠨ ᠠᠮᠠ ᠠᠳᠠᠯᠢ ᠬᠤᠭᠤᠴᠠᠭ᠋ᠠᠨ᠎ᠤ᠎ᠬᠢ᠎ᠠᠴᠠ ᠨᠡᠮᠡᠭᠳᠡᠨ᠂ ᠬᠤᠲᠠ ᠪᠠᠯᠭ᠋ᠠᠰᠤᠵᠢᠯᠲᠠ ᠵᠢᠨ ᠲᠦᠪᠰᠢᠨ ᠢᠯᠡᠳᠲᠡ

ᠳᠡᠭᠡᠭᠰᠢᠯᠡᠪᠡ᠃
    ᠨᠢᠬᠡ᠂ ᠬᠦᠮᠦᠨ ᠠᠮᠠ ᠵᠢᠨ ᠬᠡᠪᠴᠢᠶᠡᠵᠢᠯ ᠠᠳᠠᠯᠢ ᠬᠤᠭᠤᠴᠠᠭ᠋ᠠᠨ᠎ᠤ᠎ᠬᠢ᠎ᠠᠴᠠ ᠪᠠᠭ᠋ᠠᠰᠴᠤ᠂ ᠳᠦᠷᠦᠭᠰᠡᠨ ᠬᠦᠮᠦᠨ ᠠᠮᠠ ᠡᠳᠦᠢ ᠳᠡᠳᠦᠢ ᠳᠡᠬᠡᠭᠰᠢᠯᠡᠪᠡ 
    2024 ᠣᠨ᠎ᠤ ᠡᠴᠦᠰ᠎ᠲᠤ᠂ ᠪᠥᠬᠦ ᠣᠷᠣᠨ᠎ᠤ ᠪᠠᠶ᠋ᠢᠩᠭᠤ ᠰᠠᠭᠤᠭ᠎ᠠ ᠬᠥᠮᠦᠨ ᠠᠮᠠ 2388 ᠲᠦᠮᠡ ᠪᠠᠶ᠋ᠢᠵᠤ᠂ ᠳᠡᠭᠡᠷ᠎ᠡ ᠵᠢᠯ᠎ᠤᠨ᠎ᠬᠢ᠎ᠠᠴᠠ 8 ᠲᠦᠮᠡᠨ ᠬᠥᠮᠦᠨ ᠬᠠᠰᠤᠭᠳᠠᠵᠤ᠂ 0.33%᠎ᠪᠠᠷ ᠪᠠᠭᠤᠷᠠᠪᠠ᠃ ᠡᠭᠦᠨ᠎ᠤ ᠳᠣᠲᠣᠷ᠎ᠠ᠂ ᠬᠥᠮᠦᠨ ᠠᠮᠠ ᠠᠶᠠᠨᠳᠠᠭ᠋ᠠᠨ 6.8 ᠲᠦᠮᠡ ᠪᠠᠭ᠋ᠠᠰᠴᠤ᠂ ᠶᠡᠷᠦᠩᠬᠡᠶ ᠬᠥᠮᠦᠨ ᠠᠮᠠ ᠬᠠᠰᠤᠭᠳᠠᠭᠰᠠᠨ ᠭᠣᠤᠯ ᠰᠢᠯᠲᠠᠭ᠋ᠠᠨ ᠪᠣᠯᠤᠨ᠎ᠠ᠃ ᠢᠯᠠᠩᠭᠤᠶ᠎ᠠ ᠬᠥᠮᠦᠨ ᠠᠮᠠ ᠵᠢᠨ ᠨᠠᠰᠤᠵᠢᠯᠲᠠ ᠵᠢᠨ ᠦᠷᠭᠦᠯᠵᠢᠯᠡᠭᠰᠡᠨ ᠨᠥᠯᠥᠭᠡ᠎ᠪᠠᠷ 2024 ᠣᠨ᠎ᠳᠤ ᠪᠥᠬᠦ ᠣᠷᠣᠨ᠎ᠤ ᠦᠭᠦᠭᠰᠡᠨ ᠬᠥᠮᠦᠨ ᠠᠮᠠ 20.0 ᠲᠦᠮᠡ᠎ᠳᠤ ᠬᠦᠷᠴᠦ᠂ ᠦᠬᠦᠯᠲᠡ ᠵᠢᠨ ᠨᠣᠷᠮ᠎ᠠ 8.36‰᠎ᠳᠤ ᠬᠦᠷᠴᠡᠶ᠃ ᠭᠡᠪᠡᠴᠦ ᠬᠢᠵᠢᠭ᠎ᠤᠨ ᠪᠠᠶ᠋ᠢᠳᠠᠯ᠎ᠤᠨ ᠳᠠᠷᠠᠭ᠎ᠠ ᠬᠥᠩᠭᠡᠵᠢᠬᠦ ᠬᠦᠰᠡᠯ ᠡᠷᠡᠮᠡᠯᠵᠡᠯ᠎ᠲᠠᠢ ᠬᠦᠮᠦᠰ ᠤᠯᠠᠰᠢᠷᠠᠭᠰᠠᠨ ᠪᠠ ᠯᠤᠤ ᠵᠢᠯ᠎ᠤᠨ ᠲᠥᠷᠥᠭᠰᠡᠨ ᠬᠥᠮᠦᠨ ᠠᠮᠠ ᠤᠯᠠᠰᠢᠷᠠᠭᠰᠠᠨ ᠵᠡᠷᠭᠡ ᠬᠦᠴᠦᠨ ᠵᠦᠢ᠍ᠯ᠎ᠠᠴᠠ ᠪᠤᠯᠵᠤ ᠪᠦᠬᠦ ᠤᠷᠤᠨ᠎ᠤ ᠲᠦᠷᠦᠭᠰᠡᠨ ᠬᠦᠮᠦᠨ ᠠᠮᠠ ᠠᠳᠠᠯᠢ ᠬᠤᠭᠤᠴᠠᠭ᠋ᠠᠨ᠎ᠤ᠎ᠬᠢ᠎ᠠᠴᠠ 1.2 ᠲᠦᠮᠡᠨ ᠬᠥᠮᠦᠨ ᠨᠡᠮᠡᠭᠳᠡᠵᠦ᠂ 2017 ᠣᠨ᠎ᠠᠴᠠ ᠨᠠᠰᠢᠬᠢ ᠬᠥᠮᠦᠨ ᠠᠮᠠ ᠵᠢᠨ ᠦᠷᠭᠦᠯᠵᠢᠯᠡᠨ ᠪᠠᠭᠤᠷᠠᠬᠤ ᠬᠠᠨᠳᠤᠰᠢ ᠵᠢ ᠡᠴᠦᠰᠯᠡᠭᠦᠯᠪᠡ᠃ 2024 ᠣᠨ᠎ᠳᠤ ᠪᠥᠬᠦ ᠣᠷᠣᠨ᠎ᠳᠤ 13.2 ᠲᠦᠮᠡᠨ ᠬᠥᠮᠦᠨ ᠲᠦᠷᠦᠵᠦ᠂ ᠲᠥᠷᠥᠭᠰᠡᠨ ᠨᠣᠷᠮ᠎ᠠ᠎ᠨᠢ 5.52‰᠂ ᠠᠳᠠᠯᠢ ᠬᠤᠭᠤᠴᠠᠭ᠋ᠠᠨ᠎ᠤ᠎ᠬᠢ᠎ᠠᠴᠠ 0.52 ᠮᠢᠩᠭ᠋ᠠᠨ᠎ᠤ ᠬᠤᠪᠢ ᠵᠢᠨ ᠴᠡᠭ ᠳᠡᠭᠡᠭᠰᠢᠯᠡᠪᠡ᠃
    ᠬᠣᠶᠠᠷ᠂ ᠬᠣᠲᠠ ᠪᠠᠯᠭ᠋ᠠᠰᠤᠵᠢᠯᠠᠬᠤ ᠠᠬᠢᠴᠠ ᠢᠯᠡᠳᠲᠡ ᠲᠦᠷᠭᠡᠳᠴᠦ᠂ ᠳᠣᠯᠣᠭ᠋ᠠᠨ ᠬᠤᠪᠢ᠎ᠠᠴᠠ ᠳᠡᠭᠡᠭᠰᠢᠬᠢ ᠬᠥᠮᠦᠨ ᠠᠮᠠ ᠬᠣᠲᠠ ᠪᠠᠯᠭ᠋ᠠᠰᠤᠨ᠎ᠳᠤ ᠰᠠᠭᠤᠷᠢᠰᠢᠭᠰᠠᠨ ᠪᠠᠶ᠋ᠢᠨ᠎ᠠ
    ᠪᠦᠬᠦ ᠣᠷᠣᠨ᠎ᠤ ᠠᠵᠤ ᠦᠢ᠍ᠯᠡᠰ᠎ᠤᠨ ᠪᠦᠲᠦᠴᠡ᠎ᠳᠤ ᠲᠣᠬᠢᠷᠠᠭᠤᠯᠤᠯᠲᠠ ᠬᠢᠵᠦ ᠳᠡᠰ ᠳᠡᠪᠰᠢᠭᠦᠯᠬᠦ ᠪᠠ ᠰᠢᠨ᠎ᠡ ᠮᠠᠶᠢᠭ᠎ᠤᠨ ᠠᠵᠤ ᠦᠢ᠍ᠯᠡᠳᠪᠦᠷᠢᠵᠢᠯᠲᠡ ᠵᠢᠨ ᠠᠬᠢᠴᠠ ᠲᠦᠷᠭᠡᠳᠬᠦ ᠵᠢ ᠳᠠᠭ᠋ᠠᠯᠳᠤᠨ᠂ ᠬᠥᠮᠦᠨ ᠠᠮᠠ ᠦᠷᠭᠦᠯᠵᠢᠯᠡᠨ ᠲᠦᠷᠭᠡᠨ ᠬᠤᠷᠳᠤᠴᠠ᠎ᠪᠠᠷ ᠬᠣᠲᠠ ᠵᠢᠨ ᠴᠤᠭᠯᠠᠷᠠᠯ᠂ ᠲᠣᠮᠣ ᠬᠣᠲᠠ ᠲᠣᠭᠣᠷᠢᠭ ᠲᠡᠰᠢ ᠲᠥᠪᠯᠡᠷᠡᠵᠦ᠂ ᠬᠥᠮᠦᠨ ᠠᠮᠠ ᠵᠢᠨ ᠬᠣᠲᠠ ᠪᠠᠯᠭ᠋ᠠᠰᠤᠵᠢᠯᠲᠠ ᠵᠢᠨ ᠬᠡᠮᠵᠢᠶ᠎ᠡ ᠲᠠᠰᠤᠷᠠᠯᠲᠠ ᠤᠢ᠍ᠭᠡᠢ ᠳᠡᠭᠡᠭᠰᠢᠯᠡᠪᠡ᠃ 2024 ᠣᠨ᠎ᠤ ᠡᠴᠦᠰ᠎ᠲᠤ᠂ ᠪᠥᠬᠦ ᠣᠷᠣᠨ᠎ᠤ ᠬᠤᠲᠠ ᠪᠠᠯᠭ᠋ᠠᠰᠤᠨ᠎ᠤ ᠪᠠᠶ᠋ᠢᠩᠭᠤ ᠰᠠᠭᠤᠭ᠎ᠠ ᠬᠥᠮᠦᠨ ᠠᠮᠠ 1689 ᠲᠦᠮᠡ

ᠪᠠᠶ᠋ᠢᠵᠤ᠂ ᠳᠡᠭᠡᠷ᠎ᠡ ᠵᠢᠯ᠎ᠤᠨ᠎ᠬᠢ᠎ᠠᠴᠠ 21.9 ᠲᠦᠮᠡ ᠨᠡᠮᠡᠭᠳᠡᠪᠡ; ᠬᠥᠳᠡᠭᠡ ᠲᠣᠰᠬᠤᠨ᠎ᠤ ᠪᠠᠶ᠋ᠢᠩᠭᠤ ᠰᠠᠭᠤᠭ᠎ᠠ ᠬᠥᠮᠦᠨ ᠠᠮᠠ 699 ᠲᠦᠮᠡ ᠪᠠᠶ᠋ᠢᠵᠤ᠂ ᠳᠡᠭᠡᠷ᠎ᠡ ᠵᠢᠯ᠎ᠤᠨ᠎ᠬᠢ᠎ᠠᠴᠠ 29.9 ᠲᠦᠮᠡ ᠬᠠᠰᠤᠭᠳᠠᠪᠠ᠃ ᠪᠠᠶ᠋ᠢᠩᠭᠤ ᠰᠠᠭᠤᠭ᠎ᠠ ᠬᠥᠮᠦᠨ ᠠᠮᠠ ᠵᠢᠨ ᠬᠤᠲᠠ ᠪᠠᠯᠭ᠋ᠠᠰᠤᠵᠢᠯᠲᠠ ᠵᠢᠨ ᠨᠣᠷᠮ᠎ᠠ ᠠᠩᠬ᠎ᠠ ᠤᠳᠠᠭ᠎ᠠ 70%᠎ᠢ ᠳᠠᠪᠠᠵᠤ᠂ 70.73%᠎ᠳᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 1.15 ᠵᠠᠭᠤᠨ᠎ᠤ ᠬᠤᠪᠢ ᠵᠢᠨ ᠴᠡᠭ ᠳᠡᠭᠡᠭᠰᠢᠯᠡᠵᠦ᠂ ᠪᠥᠬᠦ ᠤᠯᠤᠰ᠎ᠤᠨ ᠳᠤᠮᠳᠠᠴᠢ ᠲᠦᠪᠰᠢᠨ᠎ᠠᠴᠠ 3.73 ᠵᠠᠭᠤᠨ᠎ᠤ ᠬᠤᠪᠢ ᠵᠢᠨ ᠴᠡᠭ ᠥᠨᠳᠥᠷ ᠪᠣᠯᠵᠤ᠂ ᠨᠡᠮᠡᠭᠳᠡᠯ᠎ᠤᠨ ᠬᠤᠷᠳᠤᠴᠠ᠎ᠨᠢ ᠪᠥᠬᠦ ᠤᠯᠤᠰ᠎ᠤᠨ ᠳᠤᠮᠳᠠᠴᠢ ᠬᠢᠷᠢ ᠲᠦᠪᠰᠢᠨ᠎ᠠᠴᠠ 0.31 ᠵᠠᠭᠤᠨ᠎ᠤ ᠬᠤᠪᠢ ᠵᠢᠨ ᠴᠡᠭ ᠲᠦᠷᠭᠡᠨ ᠪᠣᠯᠪᠠ᠃ ᠬᠣᠲᠠ ᠪᠠᠯᠭ᠋ᠠᠰᠤᠵᠢᠯᠲᠠ ᠵᠢᠨ ᠨᠣᠷᠮ᠎ᠠ ᠪᠦᠬᠦ ᠤᠯᠤᠰ᠎ᠲᠤ 10 ᠳ᠋ᠤᠭ᠋ᠠᠷ᠎ᠲᠤ ᠪᠠᠢ᠌ᠷᠢᠯᠠᠨ᠂ 5 ᠴᠦᠬᠡᠨ ᠲᠤᠭ᠋ᠠᠳᠤ ᠦᠨᠳᠦᠰᠦᠳᠡᠨ᠎ᠤ ᠦᠪᠡᠷᠳᠡᠭᠡᠨ ᠵᠠᠰᠠᠬᠤ ᠤᠷᠤᠨ᠎ᠳᠤ ᠲᠡᠷᠢᠬᠦᠨ᠎ᠳᠤ ᠪᠠᠢ᠌ᠷᠢᠯᠠᠪᠠ᠃
   ᠭᠤᠷᠪᠠ᠂ ᠬᠥᠮᠥᠨ ᠠᠮᠠ ᠵᠢᠨ ᠨᠠᠰᠤᠵᠢᠯᠲᠠ ᠵᠢᠨ ᠬᠡᠮᠵᠢᠶ᠎ᠡ ᠤᠯᠠᠮ ᠨᠢᠭᠡ ᠠᠯᠬᠤᠮ ᠭᠦᠨᠵᠡᠭᠡᠶ᠋ᠢᠷᠡᠵᠦ᠂ ᠬᠥᠳᠡᠯᠮᠦᠷᠢ ᠵᠢᠨ ᠬᠦᠴᠦᠨ᠎ᠤ ᠡᠬᠢ ᠪᠠᠶᠠᠯᠢᠭ ᠪᠠᠰᠠ ᠨᠡᠯᠢᠶᠡᠳ ᠪᠠᠶᠠᠯᠢᠭ ᠪᠠᠶ᠋ᠢᠭᠰᠠᠭ᠋ᠠᠷ 
    2022 ᠣᠨ᠎ᠳᠤ ᠥᠪᠥᠷ ᠮᠣᠩᠭᠤᠯ ᠳᠤᠮᠳᠠ ᠲᠦᠪᠰᠢᠨ᠎ᠤ ᠨᠠᠰᠤᠵᠢᠯᠳᠠ ᠵᠢᠨ ᠨᠡᠶ᠋ᠢᠭᠡᠮ᠎ᠳᠤ ᠣᠷᠣᠭᠰᠠᠨ᠎ᠠᠴᠠ ᠨᠠᠭ᠋ᠠᠰᠢ᠂ ᠪᠦᠬᠦ ᠣᠷᠣᠨ᠎ᠤ ᠨᠠᠰᠤᠵᠢᠯ᠎ᠤᠨ ᠠᠬᠢᠴᠠ ᠦᠷᠭᠦᠯᠵᠢᠯᠡᠨ ᠲᠦᠷᠭᠡᠳᠴᠦ᠂  ᠨᠠᠰᠤᠵᠢᠯ᠎ᠤᠨ ᠠᠰᠠᠭᠤᠳᠠᠯ ᠠᠯᠬᠤᠮ ᠠᠯᠬᠤᠮ ᠵᠶ᠋ᠠᠷ ᠲᠤᠪᠤᠶ᠋ᠢᠮ᠎ᠠ ᠪᠣᠯᠪᠠ᠃ 2024 ᠣᠨ᠎ᠤ ᠡᠴᠦᠰ᠎ᠲᠤ᠂ ᠪᠥᠬᠦ ᠣᠷᠣᠨ᠎ᠤ 0 - 14 ᠨᠠᠰᠤᠨ᠎ᠤ ᠬᠥᠮᠦᠨ ᠠᠮᠠ 298 ᠲᠦᠮᠡ ᠪᠠᠶ᠋ᠢᠵᠤ᠂ 12.48% ᠵᠢ ᠡᠵᠡᠯᠡᠪᠡ; 15-64 ᠨᠠᠰᠤᠨ᠎ᠤ ᠬᠥᠮᠦᠨ ᠠᠮᠠ 1707 ᠲᠦᠮᠡ ᠪᠠᠶ᠋ᠢᠵᠤ᠂ 71.48% ᠵᠢ ᠡᠵᠡᠯᠡᠪᠡ; 65 ᠨᠠᠰᠤ ᠵᠢᠴᠢ ᠲᠡᠭᠦᠨ᠎ᠠᠴᠠ ᠳᠡᠭᠡᠭᠰᠢᠬᠢ ᠬᠥᠮᠦᠨ ᠠᠮᠠ 383 ᠲᠦᠮᠡ ᠪᠠᠶ᠋ᠢᠵᠤ᠂ 16.04% ᠵᠢ ᠡᠵᠡᠯᠡᠪᠡ᠃ 2023 ᠣᠨ᠎ᠲᠠᠢ ᠬᠠᠷᠢᠴᠠᠭᠤᠯᠪᠠᠯ᠂ 0-14 ᠨᠠᠰᠣᠨ᠎ᠤ ᠬᠥᠮᠦᠨ ᠠᠮᠠ ᠵᠢᠨ ᠡᠵᠡᠯᠡᠬᠦ ᠬᠠᠷᠢᠴᠠᠯ ᠲᠣᠰ ᠲᠣᠰ 0.4 ᠪᠠ 0.19 ᠵᠠᠭᠤᠨ᠎ᠤ ᠬᠤᠪᠢ ᠵᠢᠨ ᠴᠡᠭ ᠪᠠᠭᠤᠷᠠᠵᠤ᠂ 65 ᠨᠠᠰᠤ ᠵᠢᠴᠢ ᠲᠡᠭᠦᠨ᠎ᠠᠴᠠ ᠳᠡᠭᠡᠭᠰᠢᠬᠢ ᠨᠠᠰᠤᠲᠠᠶ᠋ᠢᠴᠤᠳ᠎ᠤᠨ ᠬᠥᠮᠦᠨ ᠠᠮᠠ ᠵᠢᠨ ᠡᠵᠡᠯᠡᠬᠦ ᠬᠠᠷᠢᠴᠠᠯ 0.59 ᠵᠠᠭᠤᠨ᠎ᠤ ᠬᠤᠪᠢ ᠵᠢᠨ ᠴᠡᠭ ᠳᠡᠭᠡᠭᠰᠢᠯᠡᠪᠡ᠃ ᠬᠡᠳᠦᠶ᠋ᠢᠪᠡᠷ ᠬᠥᠮᠦᠨ ᠠᠮᠠ ᠵᠢᠨ ᠨᠠᠰᠤᠨ᠎ᠤ ᠪᠦᠲᠦᠴᠡ᠎ᠳᠤ 《ᠬᠤᠶᠠᠷ ᠪᠠᠭᠤᠷᠠᠵᠤ ᠨᠢᠭᠡ ᠨᠡᠮᠡᠭᠳᠡᠬᠦ》 ᠬᠠᠨᠳᠤᠰᠢ ᠢᠯᠡᠷᠡᠭᠰᠡᠨ ᠪᠣᠯᠪᠠᠴᠤ ᠮᠠᠨ᠎ᠤ ᠣᠷᠣᠨ᠎ᠤ ᠬᠥᠳᠡᠯᠮᠦᠷᠢᠯᠡᠬᠦ ᠨᠠᠰᠤᠨ᠎ᠤ ᠬᠥᠮᠦᠨ ᠠᠮᠠ ᠵᠢᠨ ᠡᠵᠡᠯᠡᠬᠦ ᠬᠠᠷᠢᠴᠠᠯ ᠮᠥᠨ ᠬᠦ᠌ 70% ᠵᠢ

ᠳᠠᠪᠠᠵᠤ᠂ ᠪᠥᠬᠦ ᠤᠯᠤᠰ᠎ᠤᠨ ᠳᠤᠮᠳᠠᠴᠢ ᠬᠢᠷᠢ ᠲᠦᠪᠰᠢᠨ᠎ᠠᠴᠠ 2.91 ᠵᠠᠭᠤᠨ᠎ᠤ ᠬᠤᠪᠢ ᠵᠢᠨ ᠴᠡᠭ ᠥᠨᠳᠥᠷ ᠪᠠᠶ᠋ᠢᠵᠤ᠂ ᠪᠥᠬᠦ ᠤᠯᠤᠰ᠎ᠤᠨ ᠵᠢᠷᠭᠤᠳᠤᠭ᠋ᠠᠷ᠎ᠲᠤ ᠣᠷᠣᠵᠤ᠂ ᠬᠥᠳᠡᠯᠮᠦᠷᠢᠯᠡᠬᠦ ᠨᠠᠰᠤᠨ᠎ᠤ ᠬᠥᠮᠦᠨ ᠠᠮᠠ ᠮᠥᠨ ᠬᠦ᠌ ᠨᠡᠯᠢᠶᠡᠳ ᠭᠦᠢ᠍ᠴᠡᠳ ᠪᠠᠶ᠋ᠢᠭᠰᠠᠭ᠋ᠠᠷ᠃
    ᠳᠦᠷᠪᠡ᠂ ᠪᠦᠬᠦ ᠤᠷᠤᠨ᠎ᠤ ᠬᠦᠮᠦᠨ ᠠᠮᠠ ᠪᠠᠭ᠎ᠠ ᠬᠡᠮᠵᠢᠶ᠎ᠡ᠎ᠪᠠᠷ ᠭᠠᠳᠠᠭᠰᠢ ᠭᠠᠷᠴᠦ᠂ ᠤᠷᠤᠨ᠎ᠤ ᠳᠤᠳᠤᠷᠠᠬᠢ ᠬᠦᠮᠦᠨ ᠠᠮᠠ᠎ᠨᠢ ᠬᠦᠬᠡᠬᠤᠳᠠ ᠪᠤᠭᠤᠳᠤ ᠤᠷᠳᠤᠰ᠎ᠲᠤ ᠴᠤᠭᠯᠠᠷᠠᠪᠠ
    2024 ᠣᠨ᠎ᠳᠤ᠂ ᠪᠦᠬᠦ ᠣᠷᠣᠨ᠎ᠤ ᠪᠠᠶ᠋ᠢᠩᠭᠤ ᠰᠠᠭᠤᠭ᠎ᠠ ᠬᠥᠮᠦᠨ ᠠᠮᠠ 1.2 ᠲᠦᠮᠡ ᠭᠠᠷᠴᠦ᠂ 2021 ᠣᠨ᠎ᠠᠴᠠ ᠨᠠᠭ᠋ᠠᠰᠢᠬᠢ ᠪᠦᠬᠦ ᠣᠷᠣᠨ᠎ᠤ ᠬᠥᠮᠦᠨ ᠠᠮᠠ ᠵᠢᠨ ᠪᠤᠴᠠᠵᠤ ᠢᠷᠡᠬᠦ ᠬᠠᠨᠳᠤᠰᠢ ᠵᠢ ᠦᠷᠭᠦᠯᠵᠢᠯᠡᠭᠦᠯᠦᠭᠡ ᠦᠭᠡᠢ᠃ ᠤᠷᠲᠤ ᠬᠤᠭᠤᠴᠠᠭ᠋ᠠᠨ᠎ᠤ ᠲᠤᠷᠰᠢ᠂ ᠬᠥᠮᠥᠨ ᠠᠮᠠ᠎ᠨᠢ ᠠᠵᠤ ᠠᠬᠤᠢ ᠨᠡᠩ ᠬᠥᠭᠵᠢᠭᠰᠡᠨ᠂ ᠠᠵᠢᠯ ᠣᠯᠬᠤ ᠲᠣᠬᠢᠶᠠᠯ ᠣᠯᠠᠨ᠂ ᠣᠷᠣᠰᠢᠨ ᠰᠠᠭᠤᠬᠤ᠎ᠳᠤ ᠲᠣᠬᠢᠷᠠᠮᠵᠢᠲᠠᠢ ᠭᠠᠵᠠᠷ ᠣᠷᠣᠨ ᠲᠡᠰᠢ ᠰᠢᠯᠵᠢᠬᠦ ᠬᠠᠨᠳᠤᠰᠢ ᠮᠥᠨ ᠦᠷᠭᠦᠯᠵᠢᠯᠡᠭᠰᠡᠭᠡᠷ ᠪᠠᠶ᠋ᠢᠨ᠎ᠠ᠃ ᠣᠷᠣᠨ᠎ᠤ ᠳᠣᠲᠣᠷᠠᠬᠢ ᠬᠥᠮᠦᠨ ᠠᠮᠠ ᠵᠢᠨ ᠲᠠᠷᠬᠠᠯᠲᠠ᠎ᠠᠴᠠ ᠦᠵᠡᠪᠡᠯ᠂ 2024 ᠣᠨ᠎ᠳᠤ ᠪᠥᠬᠦ ᠣᠷᠣᠨ᠎ᠤ ᠵᠡᠭᠦᠨ ᠬᠡᠰᠡᠭ᠎ᠤᠨ ᠭᠠᠵᠠᠷ ᠣᠷᠣᠨ᠂ ᠬᠥᠬᠡᠬᠤᠲᠠ ᠪᠤᠭᠤᠲᠤ ᠣᠷᠳᠣᠰ ᠤᠯᠠᠭ᠋ᠠᠨᠴᠠᠪ᠎ᠤᠨ ᠭᠠᠵᠠᠷ ᠣᠷᠣᠨ ᠪᠠ ᠪᠠᠷᠠᠭᠤᠨ ᠬᠡᠰᠡᠭ᠎ᠤᠨ ᠭᠠᠵᠠᠷ ᠣᠷᠣᠨ᠎ᠤ ᠬᠥᠮᠦᠨ ᠠᠮᠠ ᠵᠢᠨ ᠡᠵᠡᠯᠡᠬᠦ ᠬᠠᠷᠢᠴᠠᠯ᠎ᠨᠢ ᠲᠣᠰ ᠲᠣᠰ 47.45%᠂ 42.85% ᠪᠠ 9.7% ᠪᠠᠶ᠋ᠢᠵᠤ᠂ 2023 ᠣᠨ᠎ᠲᠠᠢ ᠬᠠᠷᠢᠴᠠᠭᠤᠯᠪᠠᠯ᠂ ᠵᠡᠭᠦᠨ ᠬᠡᠰᠡᠭ ᠪᠠ ᠪᠠᠷᠠᠭᠤᠨ ᠬᠡᠰᠡᠭ᠎ᠤᠨ ᠭᠠᠵᠠᠷ ᠣᠷᠣᠨ᠎ᠤ ᠬᠥᠮᠦᠨ ᠠᠮᠠ ᠵᠢᠨ ᠡᠵᠡᠯᠡᠬᠦ ᠬᠠᠷᠢᠴᠠᠯ ᠲᠣᠰ ᠲᠣᠰ 0.3 ᠪᠠ 0.02 ᠵᠠᠭᠤᠨ᠎ᠤ ᠬᠤᠪᠢ ᠵᠢᠨ ᠴᠡᠭ ᠪᠠᠭᠤᠷᠠᠵᠤ᠂ ᠬᠥᠬᠡᠬᠤᠲᠠ ᠪᠤᠭᠤᠲᠤ ᠣᠷᠳᠣᠰ ᠤᠯᠠᠭ᠋ᠠᠨᠴᠠᠪ᠎ᠤᠨ ᠬᠥᠮᠦᠨ ᠠᠮᠠ ᠵᠢᠨ ᠡᠵᠡᠯᠡᠬᠦ ᠬᠠᠷᠢᠴᠠᠯ 0.32 ᠵᠠᠭᠤᠨ᠎ᠤ ᠬᠤᠪᠢ ᠵᠢᠨ ᠴᠡᠭ ᠳᠡᠭᠡᠭᠰᠢᠯᠡᠪᠡ᠃ ᠡᠭᠦᠨ᠎ᠳᠤ᠂ ᠬᠥᠬᠡᠬᠤᠲᠠ ᠪᠤᠭᠤᠲᠤ ᠣᠷᠳᠣᠰ 3 ᠠᠶ᠋ᠢᠮᠠᠭ ᠬᠤᠲᠠ ᠵᠢᠨ ᠪᠠᠶ᠋ᠢᠩᠭᠤ ᠰᠠᠭᠤᠭ᠎ᠠ ᠬᠥᠮᠦᠨ ᠠᠮᠠ ᠠᠳᠠᠯᠢ ᠬᠤᠭᠤᠴᠠᠭ᠋ᠠᠨ᠎ᠤ᠎ᠬᠢ᠎ᠠᠴᠠ 6.59 ᠲᠦᠮᠡ ᠨᠡᠮᠡᠭᠳᠡᠵᠦ᠂ ᠪᠥᠬᠦ ᠣᠷᠣᠨ᠎ᠤ ᠪᠠᠶ᠋ᠢᠩᠭᠤ ᠰᠠᠭᠤᠭ᠎ᠠ ᠬᠥᠮᠦᠨ ᠠᠮᠠ ᠵᠢᠨ ᠡᠵᠡᠯᠡᠬᠦ ᠬᠤᠪᠢ ᠵᠢᠨ ᠵᠢᠩ᠎ᠨᠢ ᠳᠡᠭᠡᠷ᠎ᠡ ᠵᠢᠯ᠎ᠤᠨ᠎ᠬᠢ᠎ᠠᠴᠠ 0.39 ᠵᠠᠭᠤᠨ᠎ᠤ ᠬᠤᠪᠢ ᠵᠢᠨ ᠴᠡᠭ ᠣᠷᠴᠢᠮ ᠳᠡᠭᠡᠭᠰᠢᠯᠡᠵᠦ᠂ ᠬᠥᠮᠦᠨ ᠠᠮᠠ᠎ᠨᠢ ᠡᠬᠢ ᠪᠠᠶᠠᠯᠢᠭ᠎ᠤᠨ ᠡᠯᠧᠮᠧᠨ᠋ᠲ ᠲᠥᠪᠯᠡᠷᠡᠭᠰᠡᠨ ᠭᠠᠵᠠᠷ ᠣᠷᠣᠨ ᠲᠡᠶ᠋ᠢᠰᠢ ᠰᠢᠯᠵᠢᠬᠦ ᠬᠠᠨᠳᠤᠰᠢ ᠤᠯᠠᠮ ᠨᠢᠭᠡ ᠠᠯᠬᠤᠮ ᠲᠣᠪᠤᠶ᠋ᠢᠮ᠎ᠠ ᠪᠣᠯᠪᠠ᠃

ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠤᠨ᠎ᠤ ᠲᠣᠭ᠎ᠠ ᠪᠦᠷᠢᠳᠭᠡᠯ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2021 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠲᠣᠭ᠎ᠠ ᠪᠦᠷᠢᠳᠬᠡᠯ᠎ᠤᠨ ᠠᠯᠪᠠᠨ ᠮᠡᠳᠡᠭᠡ
2021 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠵᠠᠷᠤᠳᠠᠯ᠎ᠤᠨ ᠣᠷᠣᠭᠤᠯᠤᠯᠲᠠ ᠵᠢᠨ ᠲᠤᠭ᠎ᠠ ᠪᠦᠷᠢᠳᠬᠡᠯ᠎ᠤᠨ ᠠᠯᠪᠠᠨ ᠮᠡᠳᠡᠭᠡ
2022 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠩᠭᠤ ᠰᠠᠭᠤᠭ᠎ᠠ ᠬᠥᠮᠦᠨ ᠠᠮᠠ ᠵᠢᠨ ᠭᠤᠤᠯ ᠲᠣᠭ᠎ᠠ ᠪᠠᠷᠢᠮᠲᠠ ᠵᠢᠨ ᠠᠯᠪᠠᠨ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2022 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠪᠦᠷᠢᠳᠬᠡᠯ᠎ᠤᠨ ᠠᠯᠪᠠᠨ ᠮᠡᠳᠡᠭᠡ
2022 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠮᠡᠷᠭᠡᠵᠢᠯ᠎ᠤᠨ ᠵᠠᠷᠤᠳᠠᠯ᠎ᠤᠨ ᠣᠷᠣᠭᠤᠯᠤᠯᠲᠠ ᠵᠢᠨ ᠲᠤᠭ᠎ᠠ ᠪᠦᠷᠢᠳᠬᠡᠯ᠎ᠤᠨ ᠠᠯᠪᠠᠨ ᠮᠡᠳᠡᠭᠡ
 
            