ᠲᠡᠷᠢᠭᠦᠨ ᠬᠠᠭᠤᠳᠠᠰᠤ
ᠠᠵᠢᠯ᠎ᠤᠨ ᠪᠠᠶ᠋ᠢᠳᠠᠯ
ᠢᠯᠡ ᠵᠠᠰᠠᠭ
ᠲᠤᠭ᠎ᠠ ᠪᠦᠷᠢᠳᠭᠡᠯ᠎ᠤᠨ ᠦᠢᠯᠡᠴᠢᠯᠡᠭᠡ
ᠢᠯᠡ ᠵᠠᠰᠠᠭ   -   ᠠᠯᠪᠠᠨ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2024 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠲᠤᠭ᠎ᠠ ᠪᠦᠷᠢᠳᠬᠡᠯ᠎ᠤᠨ ᠠᠯᠪᠠᠨ ᠮᠡᠳᠡᠭᠡ
ᠨᠡᠶ᠋ᠢᠲᠡᠯᠡᠭᠰᠡᠨ ᠴᠠᠭ᠄ 2025-04-02

           ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠲᠣᠭ᠎ᠠ ᠪᠦᠷᠢᠳᠬᠡᠯ᠎ᠤᠨ ᠲᠣᠪᠴᠢᠶ᠎ᠠ
               (2025 ᠣᠨ᠎ᠤ 4 ᠰᠠᠷ᠎ᠠ ᠵᠢᠨ 2᠎ᠤᠨ ᠡᠳᠦᠷ)
    2024 ᠣᠨ᠎ᠳᠤ᠂ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ ᠰᠢ ᠵᠢᠨ ᠫᠢᠩ᠎ᠤᠨ ᠰᠢᠨ᠎ᠡ ᠴᠠᠭ ᠦᠶ᠎ᠡ ᠵᠢᠨ ᠳᠤᠮᠳᠠᠳᠤ ᠤᠯᠤᠰ᠎ᠤᠨ ᠣᠨᠴᠠᠯᠢᠭ᠎ᠲᠠᠢ ᠨᠡᠶ᠋ᠢᠭᠡᠮ ᠵᠢᠷᠤᠮ᠎ᠤᠨ ᠦᠵᠡᠯ ᠰᠠᠨᠠᠭ᠎ᠠ᠎ᠪᠠᠷ ᠵᠢᠯᠣᠭᠣᠳᠣᠯᠭ᠎ᠠ ᠪᠣᠯᠭ᠋ᠠᠬᠤ ᠵᠢ ᠪᠠᠷᠢᠮᠲᠠᠯᠠᠵᠤ᠂ ᠨᠠᠮ᠎ᠤᠨ ᠬᠣᠷᠢᠳᠤᠭ᠋ᠠᠷ ᠶᠡᠬᠡ ᠬᠤᠷᠠᠯ ᠪᠣᠯᠤᠨ ᠬᠣᠷᠢᠳᠤᠭ᠋ᠠᠷ ᠬᠤᠭᠤᠴᠠᠭ᠋ᠠᠨ᠎ᠤ ᠲᠥᠪ ᠬᠣᠷᠢᠶᠠᠨ᠎ᠤ ᠬᠣᠶᠠᠳᠤᠭ᠋ᠠᠷ᠂ ᠭᠤᠷᠪᠠᠳᠤᠭ᠋ᠠᠷ ᠬᠤᠷᠠᠯ᠎ᠤᠨ ᠵᠣᠷᠢᠭ ᠰᠠᠨᠠᠭ᠎ᠠ ᠵᠢ ᠪᠥᠬᠥ ᠲᠠᠯ᠎ᠠ᠎ᠪᠠᠷ ᠲᠤᠭᠤᠰᠢᠯᠠᠭᠤᠯᠵᠤ᠂ ᠶᠡᠷᠦᠩᠬᠡᠶ ᠱᠦᠵᠢ ᠰᠢ ᠵᠢᠨ ᠫᠢᠩ᠎ᠤᠨ ᠥᠪᠥᠷ ᠮᠣᠩᠭᠣᠯ᠎ᠤᠨ ᠲᠤᠬᠠᠶ ᠴᠢᠬᠤᠯᠠ ᠵᠢᠭ᠋ᠠᠪᠤᠷᠢ ᠵᠢᠨ ᠵᠣᠷᠢᠭ ᠰᠠᠨᠠᠭ᠎ᠠ ᠵᠢ ᠭᠦᠨᠵᠡᠭᠡᠶ ᠲᠤᠭᠤᠰᠢᠯᠠᠭᠤᠯᠤᠨ ᠨᠠᠶ᠋ᠢᠳᠠᠪᠤᠷᠢᠵᠢᠭᠤᠯᠵᠤ᠂ ᠳᠤᠮᠳᠠᠳᠤ ᠵᠢᠨ ᠦᠨᠳᠦᠰᠦᠲᠡᠨ᠎ᠤ ᠬᠠᠮᠲᠤ ᠵᠢᠨ ᠴᠣᠭᠴᠠ ᠵᠢᠨ ᠤᠬᠠᠮᠰᠠᠷ᠎ᠢ ᠪᠠᠲᠤ ᠴᠣᠭᠴᠠᠯᠠᠬᠤ ᠠᠵᠢᠯ᠎ᠤᠨ ᠭᠤᠤᠯ ᠰᠢᠵᠢᠮ᠎ᠢ ᠴᠢᠩᠭ᠎ᠠ ᠡᠵᠡᠮᠳᠡᠵᠦ᠂ ᠰᠡᠳᠬᠢᠯ ᠵᠶ᠋ᠠᠨ ᠨᠢᠭᠡᠳᠬᠡᠨ ᠬᠦᠴᠦ᠎ᠪᠠᠨ ᠬᠠᠮᠲᠤᠳᠬᠠᠵᠤ 《ᠬᠣᠶᠠᠷ ᠶᠡᠬᠡ ᠶᠠᠪᠤᠳᠠᠯ》᠎ᠢ ᠰᠠᠶ᠋ᠢᠲᠤᠷ ᠬᠢᠵᠦ᠂ 《ᠵᠢᠷᠭᠤᠭ᠋ᠠᠨ ᠢᠨᠵᠧᠨᠧᠷᠢᠩ》᠎ᠢ ᠰᠠᠶ᠋ᠢᠲᠤᠷ ᠠᠳᠬᠤᠵᠤ᠂ ᠪᠥᠬᠥ ᠵᠢᠯ᠎ᠤᠨ ᠠᠵᠤ ᠠᠬᠤᠶ ᠵᠢᠨ ᠠᠵᠢᠯᠯᠠᠭ᠋ᠠᠨ ᠲᠣᠭᠲᠠᠭᠤᠨ᠎ᠤ ᠳᠤᠮᠳᠠ ᠤᠷᠤᠭᠰᠢᠯᠠᠨ ᠳᠡᠪᠰᠢᠵᠦ᠂ ᠡᠯ᠎ᠡ ᠬᠦᠷᠢᠶᠡᠨ᠎ᠤ ᠠᠵᠢᠯ ᠴᠢᠬᠤᠯᠠ ᠦᠷ᠎ᠡ ᠪᠦᠲᠦᠭᠡᠯ ᠪᠠ ᠢᠳᠡᠪᠬᠢᠲᠡᠶ ᠠᠬᠢᠴᠠ᠎ᠲᠠᠢ ᠪᠣᠯᠵᠣ᠂ ᠰᠢᠨ᠎ᠡ ᠵᠠᠮ ᠨᠡᠬᠡᠬᠡᠨ᠂ ᠳᠤᠮᠳᠠ ᠲᠦᠪᠰᠢᠨ᠎ᠳᠤ ᠤᠷᠤᠭᠰᠢᠯᠠᠬᠤ ᠬᠠᠷᠠᠯᠲᠠ ᠪᠤᠳᠠᠳᠠᠢ ᠠᠬᠢᠴᠠ᠎ᠲᠠᠢ

ᠪᠤᠯᠵᠠᠢ᠃
    ᠨᠢᠭᠡ᠂ ᠬᠤᠷᠢᠶᠠᠩᠭᠤᠶ᠋ᠢᠯᠠᠯ
    ᠠᠩᠬ᠎ᠠ ᠠᠯᠬᠤᠮ ᠬᠠᠷᠭᠤᠭᠤᠯᠤᠨ ᠪᠤᠳᠤᠭᠰᠠᠨ ᠵᠶ᠋ᠠᠷ᠂ ᠪᠥᠬᠥ ᠵᠢᠯ᠎ᠤᠨ ᠣᠷᠣᠨ ᠨᠤᠲᠤᠭ᠎ᠤᠨ ᠦᠢ᠍ᠯᠡᠳᠪᠦᠷᠢᠯᠡᠯ [2]᠎ᠤᠨ ᠶᠡᠷᠦᠩᠬᠡᠶ ᠥᠷᠲᠡᠭ 26314.6 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 5.8%᠎ᠪᠠᠷ ᠨᠡᠮᠡᠭᠳᠡᠪᠡ᠃ ᠡᠭᠦᠨ᠎ᠳᠤ᠂ ᠨᠢᠭᠡᠳᠦᠭᠡᠷ ᠠᠵᠤ ᠦᠢ᠍ᠯᠡᠰ᠎ᠤᠨ ᠨᠡᠮᠡᠭᠳᠡᠯ ᠥᠷᠲᠡᠭ 2872.6 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 5.6%᠎ᠪᠠᠷ ᠨᠡᠮᠡᠭᠳᠡᠪᠡ; ᠬᠣᠶᠠᠳᠤᠭ᠋ᠠᠷ ᠠᠵᠤ ᠦᠢ᠍ᠯᠡᠰ᠎ᠤᠨ ᠨᠡᠮᠡᠭᠳᠡᠯ ᠥᠷᠲᠡᠭ 11604.4 ᠳ᠋ᠦᠩᠰᠢᠭᠤᠷ ᠲᠥᠭᠥᠷᠢᠭ᠎ᠲᠤ ᠬᠦᠷᠴᠦ᠂ 7.0%᠎ᠪᠠᠷ ᠨᠡᠮᠡᠭᠳᠡᠪᠡ; ᠭᠤᠷᠪᠠᠳᠤᠭ᠋ᠠᠷ ᠠᠵᠤ ᠦᠢ᠍ᠯᠡᠰ᠎ᠤᠨ ᠨᠡᠮᠡᠭᠳᠡᠯ ᠥᠷᠲᠡᠭ11837.6 ᠳ᠋ᠦᠩᠰᠢᠭᠤᠷ ᠲᠥᠭᠥᠷᠢᠭ᠎ᠲᠤ ᠬᠦᠷᠴᠦ᠂ 4.9%᠎ᠪᠠᠷ ᠨᠡᠮᠡᠭᠳᠡᠪᠡ᠃ ᠭᠤᠷᠪᠠᠨ ᠠᠵᠤ ᠦᠢ᠍ᠯᠡᠰ᠎ᠤᠨ ᠬᠠᠷᠢᠴᠠᠯ᠎ᠨᠢ 10.9᠄ 44.1᠄ 45.0᠂ ᠨᠢᠭᠡᠳᠦᠭᠡᠷ᠂ ᠬᠣᠶᠠᠳᠤᠭ᠋ᠠᠷ᠂ ᠭᠤᠷᠪᠠᠳᠤᠭ᠋ᠠᠷ ᠠᠵᠤ  ᠦᠢ᠍ᠯᠡᠰ᠎ᠤᠨ ᠣᠷᠣᠨ ᠨᠤᠲᠤᠭ᠎ᠤᠨ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠎ᠤᠨ ᠨᠡᠮᠡᠭᠳᠡᠯ᠎ᠳᠤ ᠦᠵᠡᠭᠦᠯᠦᠭᠰᠡᠨ ᠬᠤᠪᠢ ᠨᠡᠮᠡᠷᠢ ᠵᠢᠨ ᠨᠣᠷᠮ᠎ᠠ᠎ᠨᠢ ᠲᠣᠰ ᠲᠣᠰ 10.7%᠂ 47.4% ᠪᠠ 41.9% ᠪᠣᠯᠤᠨ᠎ᠠ᠃ ᠪᠥᠬᠥ ᠵᠢᠯ᠎ᠤᠨ ᠬᠥᠮᠦᠨ ᠳᠤᠮᠳᠠᠴᠢ ᠵᠢᠨ ᠤᠷᠤᠨ ᠨᠤᠲᠤᠭ᠎ᠤᠨ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ 110011 ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 6.1%᠎ᠪᠠᠷ ᠨᠡᠮᠡᠭᠳᠡᠪᠡ᠃


1-1.jpg


    ᠵᠢᠯ᠎ᠤᠨ ᠡᠴᠦᠰ᠎ᠤᠨ ᠪᠠᠶ᠋ᠢᠩᠭᠤ ᠰᠠᠭᠤᠭ᠎ᠠ ᠬᠥᠮᠦᠨ ᠠᠮᠠ [3] 2388 ᠲᠦᠮᠡᠨ ᠬᠥᠮᠦᠨ᠃ ᠡᠭᠦᠨ᠎ᠳᠤ ᠬᠣᠲᠠ ᠪᠠᠯᠭ᠋ᠠᠰᠤᠨ᠎ᠤ ᠬᠥᠮᠦᠨ ᠠᠮᠠ 1689 ᠲᠦᠮᠡ᠂ ᠬᠥᠳᠡᠭᠡ ᠲᠣᠰᠬᠣᠨ᠎ᠤ ᠬᠥᠮᠦᠨ ᠠᠮᠠ 699 ᠲᠦᠮᠡ ᠪᠠᠶ᠋ᠢᠨ᠎ᠠ᠃ ᠡᠷᠡᠭᠲᠡᠶ ᠬᠥᠮᠦᠨ ᠠᠮᠠ 1221 ᠲᠦᠮᠡ᠂ ᠡᠮᠡᠭᠲᠡᠶ ᠬᠥᠮᠦᠨ ᠠᠮᠠ 1167 ᠲᠦᠮᠡ ᠪᠠᠶ᠋ᠢᠨ᠎ᠠ᠃ ᠪᠥᠬᠥ ᠵᠢᠯ᠎ᠤᠨ ᠲᠥᠷᠥᠭᠰᠡᠨ ᠬᠥᠮᠦᠨ ᠠᠮᠠ 13.2 ᠲᠦᠮᠡ ᠪᠠᠶ᠋ᠢᠵᠤ᠂ ᠲᠥᠷᠥᠭᠰᠡᠨ ᠨᠣᠷᠮ᠎ᠠ᠎ᠨᠢ 5.52‰ ᠪᠣᠯᠤᠨ᠎ᠠ; ᠥᠭᠦᠭᠰᠡᠨ ᠬᠥᠮᠦᠨ ᠠᠮᠠ 20.0 ᠲᠦᠮᠡ ᠪᠠᠶ᠋ᠢᠵᠤ᠂ ᠥᠭᠦᠭᠰᠡᠨ ᠨᠣᠷᠮ᠎ᠠ᠎ᠨᠢ 8.36 ‰ ᠪᠣᠯᠤᠨ᠎ᠠ᠃
    ᠪᠥᠬᠥ ᠵᠢᠯ᠎ᠳᠤ ᠬᠣᠲᠠ ᠪᠠᠯᠭ᠋ᠠᠰᠤᠨ᠎ᠤ 20.1 ᠲᠦᠮᠡᠨ ᠬᠥᠮᠦᠨ᠎ᠳᠤ ᠰᠢᠨ᠎ᠡ᠎ᠪᠠᠷ ᠠᠵᠢᠯ ᠣᠯᠭᠣᠪᠠ[4]᠃ ᠠᠵᠢᠯ ᠠᠯᠳᠠᠭᠰᠠᠳ 6.8 ᠲᠦᠮᠡᠨ ᠬᠥᠮᠦᠨ᠎ᠳᠤ ᠳᠠᠬᠢᠨ ᠠᠵᠢᠯ ᠣᠯᠭᠣᠪᠠ᠃

   ᠬᠦᠰᠦᠨᠦᠭᠲᠦ 1   2024 ᠤᠨ᠎ᠤ ᠵᠢᠯ᠎ᠤᠨ ᠰᠡᠭᠦᠯᠴᠢ ᠪᠠᠢ᠌ᠩᠭᠤ ᠰᠠᠭᠤᠭ᠎ᠠ ᠬᠦᠮᠦᠨ ᠠᠮᠠ ᠵᠢᠨ ᠲᠤᠭ᠎ᠠ ᠵᠢᠴᠢ ᠲᠡᠭᠦᠨ᠎ᠤ ᠪᠦᠷᠢᠯᠳᠦᠯ

5_00.jpg


    ᠪᠦᠬᠦ ᠵᠢᠯ᠎ᠤᠨ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠳᠡᠭᠡᠷ᠎ᠡ ᠵᠢᠯ᠎ᠤᠨ᠎ᠬᠢ᠎ᠠᠴᠠ 0.2%

ᠨᠡᠮᠡᠭᠳᠡᠪᠡ᠃ ᠪᠦᠬᠦ ᠵᠢᠯ᠎ᠤᠨ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢᠳ᠎ᠤᠨ ᠦᠢ᠍ᠯᠡᠳᠪᠦᠷᠢ᠎ᠠᠴᠠ ᠭᠠᠷᠭ᠋ᠠᠬᠤ ᠦᠨ᠎ᠡ ᠲᠦᠷᠦᠭᠦᠦ ᠵᠢᠯ᠎ᠤᠨ᠎ᠬᠢ᠎ᠠᠴᠠ 3.4%᠎ᠪᠠᠷ ᠪᠠᠭᠤᠷᠠᠵᠤ᠂ ᠠᠵᠤ ᠦᠢ᠍ᠯᠡᠳᠪᠦᠷᠢ ᠵᠢᠨ ᠦᠢ᠍ᠯᠡᠳᠪᠦᠷᠢᠯᠡᠭᠴᠢᠳ᠎ᠤᠨ ᠬᠤᠳᠠᠯᠳᠤᠨ ᠠᠪᠬᠤ ᠦᠨ᠎ᠡ ᠲᠦᠷᠦᠭᠦᠦ ᠵᠢᠯ᠎ᠤᠨ᠎ᠬᠢ᠎ᠠᠴᠠ 2.9%᠎ᠪᠠᠷ

ᠪᠠᠭᠤᠷᠠᠵᠠᠢ᠃

2-2.jpg




    ᠬᠦᠰᠦᠨᠦᠭᠲᠦ 2    2024 ᠤᠨ᠎ᠤ ᠰᠠᠭᠤᠭ᠋ᠠᠯᠢ ᠠᠷᠠᠳ᠎ᠤᠨ ᠬᠡᠷᠡᠭᠯᠡᠭᠡᠨ᠎ᠤ ᠦᠨ᠎ᠡ ᠵᠢᠨ ᠳᠡᠭᠡᠷ᠎ᠡ ᠵᠢᠯ᠎ᠤᠨ᠎ᠬᠢ᠎ᠠᠴᠠ ᠦᠰᠴᠦ ᠪᠠᠭᠤᠷᠠᠭᠰᠠᠨ ᠬᠡᠮᠵᠢᠶ᠎ᠡ

5_01.jpg


    ᠠᠵᠤ ᠦᠢ᠍ᠯᠡᠰ᠎ᠤᠨ ᠬᠡᠯᠪᠡᠷᠢ᠎ᠪᠠᠨ ᠬᠤᠪᠢᠷᠠᠭᠤᠯᠤᠨ ᠳᠡᠰ ᠳᠡᠪᠰᠢᠬᠦ ᠬᠠᠨᠳᠤᠰᠢ ᠨᠡᠯᠢᠶᠡᠳ ᠰᠠᠶ᠋ᠢᠨ ᠪᠠᠶ᠋ᠢᠨ᠎ᠠ᠃ ᠪᠦ᠍ᠬᠦ ᠵᠢᠯ᠎ᠤᠨ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ [7] ᠵᠢᠨ ᠳᠣᠲᠣᠷ᠎ᠠ᠂ ᠨᠡᠭᠦᠷᠡᠰᠦᠨ᠎ᠤ ᠪᠤᠰᠤ ᠠᠵᠤ ᠦᠢ᠍ᠯᠡᠰ᠎ᠤᠨ ᠨᠡᠮᠡᠭᠳᠡᠯ ᠦᠷᠳᠡᠭ ᠲᠦᠷᠦᠭᠦᠦ ᠵᠢᠯ᠎ᠤᠨ᠎ᠬᠢ᠎ᠠᠴᠠ 8.2% ᠵᠶ᠋ᠠᠷ ᠨᠡᠮᠡᠭᠳᠡᠵᠦ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠦᠷᠳᠡᠭ᠎ᠤᠨ ᠡᠵᠡᠯᠡᠬᠦ ᠬᠤᠪᠢ ᠵᠢᠨ ᠵᠢᠩ᠎ᠨᠢ 62.4% ᠪᠠᠶ᠋ᠢᠪᠠ; ᠪᠠᠶ᠋ᠢᠯᠳᠤᠬᠤ ᠪᠤᠳᠤᠯᠭ᠎ᠠ ᠵᠢᠨ ᠴᠢᠨᠠᠷᠲᠠᠢ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ [8]᠎ᠤᠨ ᠨᠡᠮᠡᠭᠳᠡᠯ ᠦᠷᠳᠡᠭ ᠲᠦᠷᠦᠭᠦᠦ ᠵᠢᠯ᠎ᠤᠨ᠎ᠬᠢ᠎ᠠᠴᠠ 11.3%᠎ᠪᠠᠷ ᠨᠡᠮᠡᠭᠳᠡᠪᠡ; ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ[9]᠎ᠤᠨ ᠨᠡᠮᠡᠭᠳᠡᠯ ᠦᠷᠳᠡᠭ 29.4%᠎ᠪᠠᠷ ᠨᠡᠮᠡᠭᠳᠡᠪᠡ; ᠲᠣᠨᠣᠭᠯᠠᠯ ᠦᠢ᠍ᠯᠡᠳᠬᠦ ᠦᠢ᠍ᠯᠡᠰ᠎ᠤᠨ [ 10 ] ᠨᠡᠮᠡᠭᠳᠡᠯ ᠦᠷᠳᠡᠭ 42.5%᠎ᠪᠠᠷ ᠨᠡᠮᠡᠭᠳᠡᠪᠡ᠃ ᠡᠭᠦᠨ᠎ᠳᠤ᠂ ᠰᠢᠨ᠎ᠡ ᠡᠨᠧᠷᠭᠢ ᠵᠢᠨ ᠲᠣᠨᠣᠭᠯᠠᠯ ᠦᠢ᠍ᠯᠡᠳᠬᠦ ᠦᠢ᠍ᠯᠡᠰ᠎ᠤᠨ ᠨᠡᠮᠡᠭᠳᠡᠯ ᠥᠷᠲᠡᠭ 42.4%᠎ᠪᠠᠷ ᠨᠡᠮᠡᠭᠳᠡᠪᠡ᠃
    ᠬᠤᠳᠠ ᠬᠥᠳᠡᠭᠡ ᠵᠢᠨ ᠠᠭᠤᠰᠤᠯᠴᠠᠯ ᠪᠠ ᠣᠷᠣᠨ ᠪᠦᠰᠡ ᠵᠢᠨ ᠵᠣᠬᠢᠴᠠᠩᠭᠤᠢ ᠬᠥᠭᠵᠢᠯᠲᠡ ᠯᠠᠪᠳᠠᠭᠤᠨ ᠵᠶ᠋ᠠᠷ ᠠᠬᠢᠪᠠ᠃ ᠵᠢᠯ᠎ᠤᠨ ᠡᠴᠦᠰ᠎ᠲᠤ ᠪᠠᠶ᠋ᠢᠩᠭᠤ ᠰᠠᠭᠤᠭ᠎ᠠ ᠬᠥᠮᠦᠨ ᠠᠮᠠ ᠵᠢᠨ ᠬᠣᠲᠠ ᠪᠠᠯᠭ᠋ᠠᠰᠤᠵᠢᠯᠲᠠ ᠵᠢᠨ ᠨᠣᠷᠮ᠎ᠠ 70.73% ᠬᠦᠷᠴᠦ᠂ ᠲᠦᠷᠦᠭᠦᠦ ᠵᠢᠯ᠎ᠤᠨ ᠡᠴᠦᠰ᠎ᠤᠨ᠎ᠬᠢ᠎ᠠᠴᠠ 1.15 ᠵᠠᠭᠤᠨ᠎ᠤ ᠬᠤᠪᠢ ᠵᠢᠨ ᠴᠡᠭ ᠳᠡᠭᠡᠭᠰᠢᠯᠡᠵᠡᠶ᠃ ᠣᠷᠣᠨ ᠪᠦᠰᠡ ᠬᠤᠪᠢᠶᠠᠨ ᠠᠪᠴᠤ ᠦᠵᠡᠪᠡᠯ [11]᠂ ᠪᠦᠬᠦ ᠵᠢᠯ᠎ᠤᠨ ᠵᠡᠭᠦᠨ ᠬᠡᠰᠡᠭ᠎ᠤᠨ ᠣᠷᠣᠨ ᠨᠤᠲᠤᠭ᠎ᠤᠨ ᠦᠢ᠍ᠯᠡᠳᠪᠦᠷᠢᠯᠡᠯ᠎ᠤᠨ ᠪᠦ᠍ᠬᠦ ᠦᠷᠳᠡᠭ 7782.6 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 4.1%᠎ᠪᠠᠷ ᠨᠡᠮᠡᠭᠳᠡᠵᠡᠢ; ᠳᠤᠮᠳᠠ ᠬᠡᠰᠡᠭ᠎ᠤᠨ  ᠣᠷᠣᠨ ᠨᠤᠲᠤᠭ᠎ᠤᠨ ᠦᠢ᠍ᠯᠡᠳᠪᠦᠷᠢᠯᠡᠯ᠎ᠤᠨ ᠪᠦᠬᠦ ᠦᠷᠳᠡᠭ 16259.4 ᠳ᠋ᠦᠩᠰᠢᠭᠤᠷ ᠲᠥᠭᠥᠷᠢᠭ᠎ᠲᠤ ᠬᠦᠷᠴᠦ᠂ 6.7%᠎ᠪᠠᠷ ᠨᠡᠮᠡᠭᠳᠡᠪᠡ; ᠪᠠᠷᠠᠭᠤᠨ ᠬᠡᠰᠡᠭ᠎ᠤᠨ ᠣᠷᠣᠨ ᠨᠤᠲᠤᠭ᠎ᠤᠨ ᠦᠢ᠍ᠯᠡᠳᠪᠦᠷᠢᠯᠡᠯ᠎ᠤᠨ ᠪᠦᠬᠦ ᠦᠷᠳᠡᠭ 2251.5 ᠳ᠋ᠦᠩᠰᠢᠭᠤᠷ ᠲᠥᠭᠥᠷᠢᠭ᠎ᠲᠤ ᠬᠦᠷᠴᠦ᠂ 5.3%᠎ᠪᠠᠷ ᠨᠡᠮᠡᠭᠳᠡᠪᠡ᠃


3-3.jpg 

    ᠬᠣᠶᠠᠷ᠂ ᠲᠠᠷᠢᠶᠠᠯᠠᠩ ᠮᠠᠯ ᠠᠵᠤ ᠠᠬᠤᠶ 
     ᠪᠥᠬᠥ ᠵᠢᠯ᠎ᠤᠨ ᠲᠠᠷᠢᠮᠠᠯ᠎ᠤᠨ ᠶᠡᠷᠦᠩᠬᠡᠶ ᠲᠠᠯᠠᠪᠠᠶ 893.5 ᠲᠦᠮᠡᠨ ᠾᠧᠺᠲ᠋ᠠᠷ᠎ᠲᠤ ᠬᠥᠷᠪᠡ᠃ ᠡᠭᠦᠨ᠎ᠳᠤ᠂ ᠠᠮᠤ ᠪᠤᠳᠠᠭ᠋ᠠᠨ᠎ᠤ ᠲᠠᠷᠢᠮᠠᠯ᠎ᠤᠨ ᠲᠠᠯᠠᠪᠠᠶ 701.2 ᠲᠦᠮᠡᠨ ᠾᠧᠺᠲ᠋ᠠᠷ᠎ᠲᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 0.4%᠎ᠪᠠᠷ ᠨᠡᠮᠡᠭᠳᠡᠪᠡ᠃ ᠠᠮᠤ ᠪᠤᠳᠠᠭ᠋ᠠᠨ᠎ᠤ ᠤᠨᠠᠯᠲᠠ 4100.5 ᠲᠦᠮᠡᠨ ᠲᠣᠨ᠎ᠳᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 3.6%᠎ᠪᠠᠷ ᠨᠡᠮᠡᠭᠳᠡᠪᠡ᠃ ᠡᠭᠦᠨ᠎ᠳᠤ᠂ ᠡᠷᠳᠡᠨᠢ ᠰᠢᠰᠢ ᠵᠢᠨ ᠭᠠᠷᠤᠯᠲᠠ 3276.2 ᠲᠦᠮᠡᠨ ᠲᠣᠨ᠎ᠳᠤ ᠬᠦᠷᠴᠦ᠂ 3.0% ᠵᠶ᠋ᠠᠷ ᠨᠡᠮᠡᠭᠳᠡᠪᠡ; ᠰᠢᠷ᠎ᠠ ᠪᠤᠷᠴᠠᠭ᠎ᠤᠨ ᠭᠠᠷᠤᠯᠲᠠ 248.1 ᠲᠦᠮᠡᠨ ᠲᠣᠨ᠎ᠳᠤ ᠬᠦᠷᠴᠦ᠂ 1.5%᠎ᠪᠠᠷ ᠨᠡᠮᠡᠭᠳᠡᠪᠡ; ᠲᠥᠮᠥᠰᠥᠨ᠎ᠤ ᠲᠥᠷᠥᠯ (ᠠᠮᠤ ᠪᠤᠳᠠᠭ᠎ᠠ᠎ᠪᠠᠷ ᠨᠤᠭᠤᠯᠵᠤ ᠪᠤᠳᠤᠪᠠᠯ) 169.8 ᠲᠦᠮᠡᠨ ᠲᠣᠨ᠎ᠳᠤ ᠬᠦᠷᠴᠦ᠂ 30.5%᠎ᠪᠠᠷ ᠨᠡᠮᠡᠭᠳᠡᠪᠡ᠃


4-4.jpg 

    ᠪᠥᠬᠥ ᠵᠢᠯ᠎ᠤᠨ ᠭᠠᠬᠠᠶ ᠦᠬᠡᠷ ᠬᠣᠨᠢ ᠵᠢᠭᠦᠷᠲᠡᠨ᠎ᠤ ᠮᠢᠬᠠᠨ᠎ᠤ ᠭᠠᠷᠤᠯᠲᠠ 300.8 ᠲᠦᠮᠡᠨ ᠲᠣᠨ᠎ᠳᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 5.4%᠎ᠪᠠᠷ ᠨᠡᠮᠡᠭᠳᠡᠪᠡ᠃ ᠡᠭᠦᠨ᠎ᠤ ᠳᠣᠲᠣᠷ᠎ᠠ ᠭᠠᠬᠠᠢ ᠵᠢᠨ ᠮᠢᠬᠠᠨ᠎ᠤ ᠭᠠᠷᠤᠯᠲᠠ 80.6 ᠲᠦᠮᠡᠨ ᠲᠣᠨ᠎ᠳᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 6.5%᠎ᠪᠠᠷ ᠨᠡᠮᠡᠭᠳᠡᠵᠡᠢ; ᠦᠬᠡᠷ᠎ᠤᠨ ᠮᠢᠬᠠᠨ᠎ᠤ ᠭᠠᠷᠤᠯᠲᠠ 89.1 ᠲᠦᠮᠡᠨ ᠲᠣᠨ᠎ᠳᠤ ᠬᠦᠷᠴᠦ᠂ 14.5%᠎ᠪᠠᠷ ᠨᠡᠮᠡᠭᠳᠡᠪᠡ; ᠬᠣᠨᠢᠨ ᠮᠢᠬᠠᠨ᠎ᠤ ᠭᠠᠷᠤᠯᠲᠠ 105.9 ᠲᠦᠮᠡᠨ ᠲᠣᠨ᠎ᠳᠤ ᠬᠦᠷᠴᠦ᠂ 2.7%᠎ᠪᠠᠷ ᠪᠠᠭᠤᠷᠠᠪᠠ; ᠵᠢᠭᠦᠷᠲᠡᠨ᠎ᠤ ᠮᠢᠬᠠᠨ᠎ᠤ ᠭᠠᠷᠤᠯᠲᠠ 25.3 ᠲᠦᠮᠡᠨ ᠲᠣᠨ᠎ᠳᠤ ᠬᠦᠷᠴᠦ᠂ 9.6%᠎ᠪᠠᠷ ᠨᠡᠮᠡᠭᠳᠡᠪᠡ᠃ ᠵᠢᠭᠦᠷᠲᠡᠨ᠎ᠤ ᠥᠨᠳᠡᠭᠡ ᠵᠢᠨ ᠭᠠᠷᠤᠯᠲᠠ 64.0 ᠲᠦᠮᠡᠨ ᠲᠣᠨ ᠪᠠᠶ᠋ᠢᠵᠤ᠂ 4.8%᠎ᠪᠠᠷ ᠪᠠᠭᠤᠷᠠᠪᠠ᠃ ᠦᠨᠢᠶᠡᠨ ᠰᠦ ᠵᠢᠨ ᠭᠠᠷᠤᠯᠲᠠ 776.7 ᠲᠦᠮᠡᠨ ᠲᠣᠨ᠎ᠳᠤ ᠬᠦᠷᠴᠦ᠂ 2.0% ᠵᠶ᠋ᠠᠷ ᠪᠠᠭᠤᠷᠠᠪᠠ᠃ ᠵᠢᠯ᠎ᠤᠨ ᠡᠴᠦᠰ᠎ᠤᠨ ᠭᠠᠬᠠᠶ ᠵᠢᠨ ᠲᠣᠭ᠎ᠠ 663.1 ᠲᠦᠮᠡ᠎ᠳᠤ ᠬᠦᠷᠴᠦ᠂ ᠲᠦᠷᠦᠭᠦᠦ ᠵᠢᠯ᠎ᠤᠨ ᠡᠴᠦᠰ᠎ᠤᠨ᠎ᠬᠢ᠎ᠠᠴᠠ 5.3%᠎ᠪᠠᠷ ᠨᠡᠮᠡᠭᠳᠡᠪᠡ; 938.3 ᠲᠦᠮᠡᠨ ᠦᠬᠡᠷ ᠲᠡᠵᠢᠭᠡᠵᠦ᠂ 1.0% ᠵᠶ᠋ᠠᠷ ᠪᠠᠭᠤᠷᠠᠪᠠ; 6108.2 ᠲᠦᠮᠡᠨ ᠬᠣᠨᠢ ᠲᠡᠵᠢᠭᠡᠵᠦ᠂ 1.2% ᠵᠶ᠋ᠠᠷ ᠪᠠᠭᠤᠷᠠᠪᠠ; ᠬᠡᠷ᠎ᠤᠨ ᠵᠢᠭᠦᠷᠲᠡᠨ᠎ᠤ ᠲᠣᠭ᠎ᠠ 5341.2 ᠲᠦᠮᠡ᠎ᠳᠤ ᠬᠦᠷᠴᠦ᠂ 9.9%᠎ᠪᠠᠷ ᠪᠠᠭᠤᠷᠠᠪᠠ᠃

    ᠬᠦᠰᠦᠨᠦᠭᠲᠦ 3    2024 ᠤᠨ᠎ᠤ ᠭᠤᠤᠯ ᠪᠤᠯᠬᠤ ᠬᠦᠳᠡᠭᠡ ᠠᠵᠤ ᠠᠬᠤᠢ ᠵᠢᠨ ᠪᠦᠳᠦᠭᠡᠭᠳᠡᠭᠦᠨ᠎ᠤ ᠭᠠᠷᠤᠯᠲᠠ ᠪᠠ ᠮᠠᠯ ᠤᠨᠤᠭ᠋ᠠᠨ᠎ᠤ ᠲᠤᠭ᠎ᠠ ᠵᠢᠴᠢ ᠲᠡᠭᠦᠨ᠎ᠤ ᠨᠡᠮᠡᠭᠳᠡᠯ᠎ᠤᠨ ᠬᠤᠷᠳᠤᠴᠠ

5_02.jpg


    ᠭᠤᠷᠪᠠ᠂ ᠠᠵᠤ ᠦᠢ᠍ᠯᠡᠳᠪᠦᠷᠢ ᠪᠠ ᠪᠠᠷᠢᠯᠭ᠎ᠠ ᠵᠢᠨ ᠦᠢ᠍ᠯᠡᠰ
    ᠪᠦᠬᠦ ᠵᠢᠯ᠎ᠤᠨ ᠠᠵᠤ ᠦᠢ᠍ᠯᠡᠳᠪᠦᠷᠢ ᠵᠢᠨ ᠪᠦᠬᠦ ᠨᠡᠮᠡᠭᠳᠡᠯ ᠦᠷᠳᠡᠭ ᠲᠦᠷᠦᠭᠦᠦ ᠵᠢᠯ᠎ᠤᠨ᠎ᠬᠢ᠎ᠠᠴᠠ 6.7%᠎ᠪᠠᠷ ᠨᠡᠮᠡᠭᠳᠡᠪᠡ᠃ ᠡᠭᠦᠨ᠎ᠳᠤ᠂ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ 6.8%᠎ᠪᠠᠷ ᠨᠡᠮᠡᠭᠳᠡᠪᠡ᠃ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ᠎ᠳᠤ᠂ ᠠᠵᠤ ᠠᠬᠤᠶ ᠵᠢᠨ ᠲᠥᠷᠥᠯ ᠬᠡᠯᠪᠡᠷᠢ᠎ᠠᠴᠠ ᠦᠵᠡᠪᠡᠯ᠂ ᠤᠯᠤᠰ᠎ᠤᠨ ᠥᠮᠴᠢᠯᠡᠯ᠎ᠤᠨ ᠬᠤᠪᠢ ᠡᠵᠡᠮᠳᠡᠭᠰᠡᠨ ᠠᠵᠤ ᠠᠬᠤᠶ᠋ᠢᠯᠠᠯ᠎ᠤᠨ ᠨᠡᠮᠡᠭᠳᠡᠯ ᠥᠷᠲᠡᠭ 5.8%᠎ᠪᠠᠷ ᠨᠡᠮᠡᠭᠳᠡᠵᠦ᠂ ᠬᠤᠪᠢ ᠣᠷᠣᠭᠤᠯᠬᠤ ᠳᠦᠷᠢᠮᠲᠦ ᠠᠵᠤ ᠠᠬᠤᠶ᠋ᠢᠯᠠᠯ 6.8%᠎ᠪᠠᠷ ᠨᠡᠮᠡᠭᠳᠡᠵᠦ᠂ ᠭᠠᠳᠠᠭ᠋ᠠᠳᠤ ᠵᠢᠨ ᠬᠤᠳᠠᠯᠳᠤᠭ᠋ᠠᠴᠢᠨ ᠵᠢᠴᠢ ᠰᠢᠶᠠᠩᠭ᠋ᠠᠩ ᠣᠣᠮᠧᠨ ᠲᠠᠶ᠋ᠢᠸᠠᠨ᠎ᠤ ᠪᠠᠯᠠ ᠣᠷᠣᠭᠤᠯᠤᠭᠰᠠᠨ ᠠᠵᠤ ᠠᠬᠤᠶ᠋ᠢᠯᠠᠯ 5.7%᠎ᠪᠠᠷ ᠨᠡᠮᠡᠭᠳᠡᠪᠡ᠃ ᠲᠥᠷᠥᠯ ᠬᠤᠪᠢᠶᠠᠵᠤ ᠦᠵᠡᠪᠡᠯ᠂ ᠠᠭᠤᠷᠬᠠᠶ ᠮᠠᠯᠲᠠᠬᠤ ᠦᠢ᠍ᠯᠡᠰ 4.7%᠎ᠪᠠᠷ ᠨᠡᠮᠡᠭᠳᠡᠵᠦ᠂ ᠦᠢ᠍ᠯᠡᠳᠬᠦ ᠦᠢ᠍ᠯᠡᠰ 9.3%᠎ᠪᠠᠷ ᠨᠡᠮᠡᠭᠳᠡᠵᠦ᠂ ᠴᠠᠬᠢᠯᠭ᠋ᠠᠨ ᠬᠦᠴᠦᠨ᠂ ᠢᠯᠴᠢ ᠵᠢᠨ ᠬᠦᠴᠦᠨ᠂ ᠰᠢᠲᠠᠮᠠᠬᠠᠶ ᠬᠡᠶ ᠵᠢᠴᠢ ᠤᠰᠤᠨ᠎ᠤ ᠦᠢ᠍ᠯᠡᠳᠪᠦᠷᠢᠯᠡᠯ ᠪᠠ ᠬᠠᠩᠭ᠋ᠠᠯᠭ᠎ᠠ ᠵᠢᠨ ᠦᠢ᠍ᠯᠡᠰ 8.1%᠎ᠪᠠᠷ ᠨᠡᠮᠡᠭᠳᠡᠪᠡ᠃
    ᠪᠦᠬᠦ ᠵᠢᠯ᠎ᠤᠨ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠳᠣᠲᠣᠷ᠎ᠠ᠂ ᠨᠡᠭᠦᠷᠡᠰᠦ ᠮᠠᠯᠲᠠᠬᠤ ᠪᠠ ᠤᠬᠢᠶᠠᠵᠤ ᠰᠢᠯᠢᠬᠦ ᠦᠢ᠍ᠯᠡᠰ ᠲᠦᠷᠦᠭᠦᠦ ᠵᠢᠯ᠎ᠤᠨ᠎ᠬᠢ᠎ᠠᠴᠠ 5.1%᠎ᠪᠠᠷ ᠨᠡᠮᠡᠭᠳᠡᠵᠦ᠂ ᠢᠳᠡᠭᠡᠨ᠎ᠤ ᠵᠦᠢ᠍ᠯ᠎ᠤᠨ ᠦᠢ᠍ᠯᠡᠳᠬᠦ ᠦᠢ᠍ᠯᠡᠰ 4.5%᠎ᠪᠠᠷ ᠨᠡᠮᠡᠭᠳᠡᠵᠦ᠂ ᠴᠢᠯᠠᠭᠤᠨ ᠲᠤᠰᠤ᠂ ᠨᠡᠭᠦᠷᠡᠰᠦ ᠵᠢᠴᠢ ᠪᠤᠰᠤᠳ ᠲᠦᠯᠡᠰᠢ ᠪᠣᠯᠪᠠᠰᠤᠷᠠᠭᠤᠯᠬᠤ ᠦᠢ᠍ᠯᠡᠰ 7.6%᠎ᠪᠠᠷ ᠨᠡᠮᠡᠭᠳᠡᠵᠦ᠂ ᠬᠢᠮᠢ ᠵᠢᠨ ᠲᠦᠭᠦᠬᠡᠢ ᠡᠳ᠋ ᠪᠠ ᠬᠢᠮᠢ ᠵᠢᠨ ᠦᠢ᠍ᠯᠡᠳᠬᠦᠨ᠎ᠤ ᠦᠢ᠍ᠯᠡᠳᠬᠦ ᠦᠢ᠍ᠯᠡᠰ 7.5%᠎ᠪᠠᠷ ᠨᠡᠮᠡᠭᠳᠡᠵᠦ᠂ ᠲᠡᠮᠦᠷᠯᠢᠭ ᠪᠤᠰᠤ ᠡᠷᠦᠳᠡᠰᠦ ᠵᠢᠨ ᠦᠢ᠍ᠯᠡᠳᠬᠦᠨ᠎ᠤ ᠦᠢ᠍ᠯᠡᠰ 1.3%᠎ᠪᠠᠷ ᠨᠡᠮᠡᠭᠳᠡᠵᠦ᠂ ᠥᠩᠭᠡᠲᠦ ᠲᠡᠮᠦᠷᠯᠢᠭ ᠪᠣᠯᠪᠠᠰᠤᠷᠠᠭᠤᠯᠬᠤ ᠪᠠ ᠳᠠᠷᠤᠵᠤ ᠰᠤᠩᠭ᠋ᠠᠬᠤ ᠪᠣᠯᠪᠠᠰᠤᠷᠠᠭᠤᠯᠬᠤ ᠦᠢ᠍ᠯᠡᠰ 12.8%᠎ᠪᠠᠷ ᠨᠡᠮᠡᠭᠳᠡᠵᠦ᠂ ᠲᠤᠰᠬᠠᠢ ᠬᠡᠷᠡᠭᠯᠡᠭᠡᠨ᠎ᠤ ᠲᠥᠬᠥᠭᠡᠷᠦᠮᠵᠢ ᠦᠢ᠍ᠯᠡᠳᠬᠦ ᠦᠢ᠍ᠯᠡᠰ 2.9%᠎ᠪᠠᠷ ᠪᠠᠭᠤᠷᠠᠵᠤ᠂ ᠴᠠᠬᠢᠯᠭ᠋ᠠᠨ ᠮᠧᠬᠠᠨᠢᠭ ᠪᠠ ᠪᠠᠭ᠋ᠠᠵᠢ ᠬᠡᠷᠡᠭᠰᠡᠯ ᠦᠢ᠍ᠯᠡᠳᠬᠦ ᠦᠢ᠍ᠯᠡᠰ 41.3%᠎ᠪᠠᠷ ᠨᠡᠮᠡᠭᠳᠡᠵᠦ᠂ ᠺᠣᠮᠫᠢᠦ᠋ᠲ᠋ᠧᠷ᠂ ᠮᠡᠳᠡᠭᠡ ᠬᠣᠯᠪᠣᠭ᠎ᠠ ᠪᠠ ᠪᠤᠰᠤᠳ ᠡᠯᠧᠺᠲᠷᠣᠨ ᠲᠥᠬᠥᠭᠡᠷᠦᠮᠵᠢ ᠦᠢ᠍ᠯᠡᠳᠬᠦ ᠦᠢ᠍ᠯᠡᠰ 58.6%᠎ᠪᠠᠷ ᠨᠡᠮᠡᠭᠳᠡᠵᠦ᠂ ᠴᠠᠬᠢᠯᠭ᠋ᠠᠨ ᠬᠦᠴᠦᠨ᠂ ᠢᠯᠴᠢ ᠵᠢᠨ ᠬᠦᠴᠦᠨ᠎ᠤ ᠦᠢ᠍ᠯᠡᠳᠪᠦᠷᠢᠯᠡᠯ ᠪᠠ ᠬᠠᠩᠭ᠋ᠠᠯᠭ᠎ᠠ ᠵᠢᠨ ᠦᠢ᠍ᠯᠡᠰ 8.2% ᠵᠶ᠋ᠠᠷ ᠨᠡᠮᠡᠭᠳᠡᠪᠡ᠃ 

    ᠬᠦᠰᠦᠨᠦᠭᠲᠦ 4   2024 ᠤᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠭᠤᠤᠯ ᠪᠤᠯᠬᠤ ᠠᠵᠢᠯ ᠲᠦᠷᠦᠯ᠎ᠤᠨ ᠨᠡᠮᠡᠭᠳᠡᠯ ᠦᠷᠲᠡᠭ᠎ᠤᠨ ᠨᠡᠮᠡᠭᠳᠡᠯ᠎ᠤᠨ ᠬᠤᠷᠳᠤᠴᠠ

5_03.jpg

5_04.jpg


    ᠪᠦᠬᠦ ᠵᠢᠯ᠎ᠤᠨ ᠨᠡᠭᠦᠷᠡᠰᠦᠨ᠎ᠤ ᠭᠠᠷᠤᠯᠲᠠ [12] 129991.1 ᠲᠦᠮᠡᠨ ᠲᠣᠨ᠎ᠳᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 4.7%᠎ᠪᠠᠷ ᠨᠡᠮᠡᠭᠳᠡᠵᠡᠢ; ᠴᠠᠬᠢᠯᠭ᠋ᠠᠨ ᠭᠠᠷᠭ᠋ᠠᠭᠰᠠᠨ ᠬᠡᠮᠵᠢᠶ᠎ᠡ 8344.0 ᠳ᠋ᠦᠩᠰᠢᠭᠤᠷ ᠺᠢᠯᠤᠸᠠᠲ ᠴᠠᠭ᠎ᠲᠤ ᠬᠦᠷᠴᠦ᠂ 9.4%᠎ᠪᠠᠷ ᠨᠡᠮᠡᠭᠳᠡᠪᠡ᠃ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠦᠢ᠍ᠯᠡᠳᠬᠦᠨ᠎ᠤ ᠳᠣᠲᠣᠷ᠎ᠠ᠂ ᠬᠡᠦᠷᠡᠰᠦ ᠵᠢᠨ ᠭᠠᠷᠤᠯᠲᠠ 5022.5 ᠲᠦᠮᠡᠨ ᠲᠣᠨ ᠪᠠᠶ᠋ᠢᠵᠤ᠂ 1.0% ᠵᠶ᠋ᠠᠷ ᠪᠠᠭᠤᠷᠠᠪᠠ; ᠲᠠᠩ ᠲᠠᠯᠠᠰᠲᠤ ᠴᠠᠬᠢᠭᠤᠷ᠎ᠤᠨ ᠭᠠᠷᠤᠯᠲᠠ 92.1 ᠲᠦᠮᠡᠨ ᠲᠣᠨ᠎ᠳᠤ ᠬᠦᠷᠴᠦ᠂ 55.2% ᠵᠶ᠋ᠠᠷ ᠨᠡᠮᠡᠭᠳᠡᠪᠡ; ᠪᠤᠯᠤᠳ ᠮᠠᠲ᠋ᠧᠷᠢᠶᠠᠯ᠎ᠤᠨ ᠭᠠᠷᠤᠯᠲᠠ 3442.4 ᠲᠦᠮᠡᠨ ᠲᠣᠨ᠎ᠳᠤ ᠬᠦᠷᠴᠦ᠂ 1.6%᠎ᠪᠠᠷ ᠨᠡᠮᠡᠭᠳᠡᠪᠡ; ᠬᠥᠩᠭᠡᠨ ᠴᠠᠭ᠋ᠠᠨ᠎ᠤ ᠭᠠᠷᠤᠯᠲᠠ 668.4 ᠲᠦᠮᠡᠨ ᠲᠣᠨ᠎ᠳᠤ ᠬᠦᠷᠴᠦ᠂ 5.5%᠎ᠪᠠᠷ ᠨᠡᠮᠡᠭᠳᠡᠪᠡ; ᠴᠠᠭ᠋ᠠᠨ ᠢᠳᠡᠭᠡᠨ᠎ᠤ ᠭᠠᠷᠤᠯᠲᠠ 461.9 ᠲᠦᠮᠡᠨ ᠲᠣᠨ᠎ᠳᠤ ᠬᠦᠷᠴᠦ᠂ 2.8%᠎ᠪᠠᠷ ᠪᠠᠭᠤᠷᠠᠪᠠ᠃

    ᠬᠦᠰᠦᠨᠦᠭᠲᠦ 5   2024 ᠤᠨ᠎ᠤ ᠭᠤᠤᠯ ᠪᠤᠯᠬᠤ ᠠᠵᠤ ᠦᠢ᠍ᠯᠡᠳᠪᠦᠷᠢ ᠵᠢᠨ ᠪᠦᠳᠦᠭᠡᠭᠳᠡᠭᠦᠨ᠎ᠤ ᠭᠠᠷᠤᠯᠲᠠ ᠵᠢᠴᠢ ᠲᠡᠭᠦᠨ᠎ᠤ ᠨᠡᠮᠡᠭᠳᠡᠯ᠎ᠤᠨ ᠬᠤᠷᠳᠤᠴᠠ


5_05.jpg


5_06.jpg 

    ᠪᠥᠬᠥ ᠵᠢᠯ᠎ᠤᠨ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠡᠵᠡᠩᠨᠡᠯᠲᠡ ᠵᠢᠨ ᠣᠷᠣᠯᠭ᠎ᠠ 29000.8 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 0.7%᠎ᠪᠠᠷ ᠨᠡᠮᠡᠭᠳᠡᠪᠡ᠃ ᠵᠠᠭᠤᠨ ᠲᠥᠭᠥᠷᠢᠭ ᠪᠦᠷᠢ ᠵᠢᠨ ᠡᠵᠡᠩᠨᠡᠯᠲᠡ ᠵᠢᠨ ᠣᠷᠣᠯᠭ᠎ᠠ᠎ᠳᠠᠬᠢ ᠵᠠᠷᠤᠳᠠᠯ᠎ᠨᠢ 7.3 ᠲᠥᠭᠥᠷᠢᠭ ᠪᠠᠶ᠋ᠢᠵᠤ᠂ ᠲᠦᠷᠦᠭᠦᠦ ᠵᠢᠯ᠎ᠤᠨ᠎ᠬᠢ᠎ᠠᠴᠠ 0.4 ᠲᠥᠭᠥᠷᠢᠭ ᠨᠡᠮᠡᠭᠳᠡᠪᠡ; ᠵᠠᠭᠤᠨ ᠲᠥᠭᠥᠷᠢᠭ ᠪᠦᠷᠢ ᠵᠢᠨ ᠡᠵᠡᠩᠨᠡᠯᠲᠡ ᠵᠢᠨ ᠣᠷᠣᠯᠭ᠎ᠠ᠎ᠳᠠᠬᠢ ᠥᠪᠡᠷ᠎ᠤᠨ ᠥᠷᠲᠡᠭ᠎ᠨᠢ 80.4 ᠲᠥᠭᠥᠷᠢᠭ ᠪᠠᠶ᠋ᠢᠵᠤ᠂ 0.9 ᠲᠥᠭᠥᠷᠢᠭ ᠨᠡᠮᠡᠭᠳᠡᠪᠡ᠃ ᠵᠢᠯ᠎ᠤᠨ ᠡᠴᠦᠰ᠎ᠤᠨ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠡᠳ᠋ ᠬᠥᠷᠥᠩᠭᠡ ᠵᠢᠨ ᠥᠷᠢᠲᠦᠯ᠎ᠤᠨ ᠨᠣᠷᠮ᠎ᠠ 57.5% ᠪᠠᠶ᠋ᠢᠵᠤ᠂ ᠲᠦᠷᠦᠭᠦᠦ ᠵᠢᠯ᠎ᠤᠨ ᠡᠴᠦᠰ᠎ᠤᠨ᠎ᠬᠢ᠎ᠠᠴᠠ 0.4 ᠵᠠᠭᠤᠨ᠎ᠤ ᠬᠤᠪᠢ ᠵᠢᠨ ᠴᠡᠭ ᠨᠡᠮᠡᠭᠳᠡᠪᠡ᠃ ᠪᠥᠬᠥ ᠵᠢᠯ᠎ᠤᠨ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ  ᠦᠢ᠍ᠯᠡᠳᠬᠦᠨ᠎ᠤ ᠪᠣᠷᠣᠯᠠᠭᠤᠯᠭ᠎ᠠ ᠵᠢᠨ ᠨᠣᠷᠮ᠎ᠠ 96.9% ᠪᠣᠯᠪᠠ᠃
    ᠵᠢᠯ᠎ᠤᠨ ᠡᠴᠦᠰ᠎ᠲᠤ ᠪᠥᠬᠥ ᠣᠷᠣᠨ᠎ᠤ 6000 ᠺᠢᠯᠤᠸᠠᠲ ᠵᠢᠴᠢ ᠲᠡᠭᠦᠨ᠎ᠠᠴᠠ ᠳᠡᠭᠡᠭᠰᠢᠬᠢ ᠴᠠᠬᠢᠯᠭ᠋ᠠᠨ᠎ᠤ ᠦᠢ᠍ᠯᠡᠳᠪᠦᠷᠢ ᠵᠢᠨ ᠴᠠᠬᠢᠯᠭ᠋ᠠᠨ ᠭᠠᠷᠭ᠋ᠠᠬᠤ ᠲᠥᠬᠥᠭᠡᠷᠦᠮᠵᠢ ᠵᠢᠨ ᠮᠠᠰᠢᠨ ᠴᠣᠭᠴᠠᠯᠠᠪᠤᠷᠢ ᠵᠢᠨ ᠪᠠᠭᠲᠠᠭ᠋ᠠᠮᠵᠢ 25975.4 ᠲᠦᠮᠡᠨ ᠺᠢᠯᠤᠸᠠᠲ᠎ᠲᠤ ᠬᠦᠷᠴᠦ᠂ ᠳᠡᠭᠡᠷ᠎ᠡ ᠵᠢᠯ᠎ᠤᠨ ᠡᠴᠦᠰ᠎ᠤᠨ᠎ᠬᠢ᠎ᠠᠴᠠ 21.2% ᠵᠶ᠋ᠠᠷ ᠨᠡᠮᠡᠭᠳᠡᠪᠡ᠃ ᠡᠭᠦᠨ᠎ᠳᠤ [13]᠂ ᠢᠯᠴᠢ ᠵᠢᠨ ᠴᠠᠬᠢᠯᠭ᠋ᠠᠨ᠎ᠤ ᠮᠠᠰᠢᠨ ᠴᠣᠭᠴᠠᠯᠠᠪᠤᠷᠢ ᠵᠢᠨ ᠪᠠᠭᠲᠠᠭ᠋ᠠᠮᠵᠢ 12100.8 ᠲᠦᠮᠡᠨ ᠺᠢᠯᠤᠸᠠᠲ᠎ᠲᠤ ᠬᠦᠷᠴᠦ᠂ 2.4%᠎ᠪᠠᠷ ᠨᠡᠮᠡᠭᠳᠡᠪᠡ; ᠤᠰᠤᠨ ᠴᠠᠬᠢᠯᠭ᠋ᠠᠨ᠎ᠤ ᠮᠠᠰᠢᠨ ᠴᠣᠭᠴᠠᠯᠠᠪᠤᠷᠢ ᠵᠢᠨ ᠪᠠᠭᠲᠠᠭ᠋ᠠᠮᠵᠢ 241.7 ᠲᠦᠮᠡᠨ ᠺᠢᠯᠤᠸᠠᠲ᠎ᠲᠤ ᠬᠦᠷᠴᠦ᠂ 1.5%᠎ᠪᠠᠷ ᠨᠡᠮᠡᠭᠳᠡᠪᠡ; ᠰᠠᠯᠬᠢᠨ ᠬᠦᠴᠦᠨ᠎ᠤ ᠴᠠᠬᠢᠯᠭ᠋ᠠᠨ᠎ᠤ ᠮᠠᠰᠢᠨ ᠴᠣᠭᠴᠠᠯᠠᠪᠤᠷᠢ ᠵᠢᠨ ᠪᠠᠭᠲᠠᠭ᠋ᠠᠮᠵᠢ 8588.0 ᠲᠦᠮᠡᠨ ᠺᠢᠯᠤᠸᠠᠲ᠎ᠲᠤ ᠬᠦᠷᠴᠦ᠂ 23.5%᠎ᠪᠠᠷ ᠨᠡᠮᠡᠭᠳᠡᠪᠡ; ᠨᠡᠷᠡᠨ ᠡᠨᠧᠷᠭᠢ᠎ᠪᠠᠷ ᠴᠠᠬᠢᠯᠭ᠋ᠠᠨ ᠭᠠᠷᠭ᠋ᠠᠬᠤ ᠮᠠᠰᠢᠨ ᠴᠣᠭᠴᠠᠯᠠᠪᠤᠷᠢ ᠵᠢᠨ ᠪᠠᠭᠲᠠᠭ᠋ᠠᠮᠵᠢ 4517.3 ᠲᠦᠮᠡᠨ ᠺᠢᠯᠤᠸᠠᠲ᠎ᠲᠤ ᠬᠦᠷᠴᠦ᠂ 106.2% ᠵᠶ᠋ᠠᠷ ᠨᠡᠮᠡᠭᠳᠡᠪᠡ᠃
    ᠪᠥᠬᠥ ᠵᠢᠯ᠎ᠤᠨ ᠪᠠᠷᠢᠯᠭ᠎ᠠ ᠵᠢᠨ ᠦᠢ᠍ᠯᠡᠰ᠎ᠤᠨ ᠨᠡᠮᠡᠭᠳᠡᠯ ᠥᠷᠲᠡᠭ ᠲᠦᠷᠦᠭᠦᠦ ᠵᠢᠯ᠎ᠤᠨ᠎ᠬᠢ᠎ᠠᠴᠠ 8.3%᠎ᠪᠠᠷ ᠨᠡᠮᠡᠭᠳᠡᠪᠡ᠃ ᠵᠢᠯ᠎ᠤᠨ ᠡᠴᠦᠰ᠎ᠲᠤ ᠪᠥᠬᠥ ᠣᠷᠣᠨ᠎ᠤ ᠬᠢᠷᠢ ᠬᠡᠮ᠎ᠤᠨ ᠵᠡᠷᠭᠡ ᠳᠡᠰ᠎ᠲᠠᠢ ᠶᠡᠷᠦᠩᠬᠡᠶ ᠳᠠᠭ᠋ᠠᠭ᠋ᠠᠴᠢᠯᠠᠯᠲᠠ ᠪᠠ ᠲᠤᠰᠬᠠᠶ ᠳᠠᠭ᠋ᠠᠭ᠋ᠠᠴᠢᠯᠠᠯᠲᠠ ᠵᠢᠨ ᠪᠠᠷᠢᠯᠭ᠎ᠠ ᠵᠢᠨ ᠦᠢ᠍ᠯᠡᠰ᠎ᠤᠨ ᠠᠵᠤ ᠠᠬᠤᠶ᠋ᠢᠯᠠᠯ 1496 ᠪᠠᠶ᠋ᠢᠵᠤ᠂ ᠬᠡᠷ ᠪᠠᠶ᠋ᠢᠰᠢᠩ᠎ᠤᠨ ᠪᠠᠷᠢᠯᠭ᠎ᠠ ᠵᠢᠨ ᠲᠠᠯᠠᠪᠠᠶ 6381 ᠲᠦᠮᠡᠨ ᠲᠡᠭᠰᠢ ᠳᠥᠷᠪᠡᠯᠵᠢᠨ ᠮᠧᠲᠷ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 7.1%᠎ᠪᠠᠷ ᠪᠠᠭᠤᠷᠠᠪᠠ; ᠬᠡᠷ ᠪᠠᠶ᠋ᠢᠰᠢᠩ᠎ᠤᠨ ᠪᠠᠷᠢᠯᠭ᠎ᠠ ᠳᠠᠭᠤᠰᠤᠭᠰᠠᠨ ᠲᠠᠯᠠᠪᠠᠶ 1212 ᠲᠦᠮᠡᠨ ᠲᠡᠭᠰᠢ ᠳᠥᠷᠪᠡᠯᠵᠢᠨ ᠮᠧᠲᠷ᠎ᠲᠤ ᠬᠦᠷᠴᠦ᠂ 9.3%᠎ᠪᠠᠷ ᠪᠠᠭᠤᠷᠠᠪᠠ; ᠭᠡᠷ ᠪᠠᠷᠢᠯᠭ᠎ᠠ ᠵᠢᠨ ᠠᠵᠢᠯ ᠳᠠᠭᠤᠰᠤᠭᠰᠠᠨ ᠨᠣᠷᠮ᠎ᠠ᠎ᠨᠢ 19.0%᠃
    ᠳᠥᠷᠪᠡ᠂ ᠦᠢ᠍ᠯᠡᠴᠢᠯᠡᠭᠡᠨ᠎ᠤ ᠦᠢ᠍ᠯᠡᠰ
    ᠪᠥᠬᠥ ᠵᠢᠯ᠎ᠤᠨ ᠪᠥᠭᠡᠮ ᠵᠶ᠋ᠠᠷ ᠬᠤᠳᠠᠯᠳᠤᠬᠤ ᠪᠠ ᠵᠢᠵᠢᠭᠯᠡᠨ ᠬᠤᠳᠠᠯᠳᠤᠬᠤ ᠦᠢ᠍ᠯᠡᠰ᠎ᠤᠨ ᠨᠡᠮᠡᠭᠳᠡᠯ ᠥᠷᠲᠡᠭ 2083.8 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 7.1%᠎ᠪᠠᠷ ᠨᠡᠮᠡᠭᠳᠡᠪᠡ; ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠨ ᠬᠠᠳᠠᠭ᠋ᠠᠯᠠᠬᠤ ᠪᠠ ᠰᠢᠤᠳᠠᠨ᠎ᠤ ᠦᠢ᠍ᠯᠡᠰ᠎ᠤᠨ ᠨᠡᠮᠡᠭᠳᠡᠯ ᠥᠷᠲᠡᠭ 1582.7 ᠳ᠋ᠦᠩᠰᠢᠭᠤᠷ ᠲᠥᠭᠥᠷᠢᠭ᠎ᠲᠤ ᠬᠦᠷᠴᠦ᠂ 5.5%᠎ᠪᠠᠷ ᠨᠡᠮᠡᠭᠳᠡᠪᠡ; ᠬᠣᠨᠣᠭ ᠪᠠᠭᠤᠳᠠᠯ ᠪᠠ ᠢᠳᠡᠭᠡᠨ ᠤᠮᠳᠠᠭ᠋ᠠᠨ᠎ᠤ ᠦᠢ᠍ᠯᠡᠰ᠎ᠤᠨ ᠨᠡᠮᠡᠭᠳᠡᠯ ᠥᠷᠲᠡᠭ 395.5 ᠳ᠋ᠦᠩᠰᠢᠭᠤᠷ ᠲᠥᠭᠥᠷᠢᠭ᠎ᠲᠤ ᠬᠦᠷᠴᠦ᠂ 4.0% ᠵᠶ᠋ᠠᠷ ᠨᠡᠮᠡᠭᠳᠡᠪᠡ; ᠮᠥᠩᠭᠥᠨ ᠭᠦᠢ᠍ᠯᠭᠡᠭᠡᠨ᠎ᠤ ᠦᠢ᠍ᠯᠡᠰ᠎ᠤᠨ ᠨᠡᠮᠡᠭᠳᠡᠯ ᠥᠷᠲᠡᠭ 946.6 ᠳ᠋ᠦᠩᠰᠢᠭᠤᠷ ᠲᠥᠭᠥᠷᠢᠭ᠎ᠲᠤ ᠬᠦᠷᠴᠦ᠂ 2.5%᠎ᠪᠠᠷ ᠨᠡᠮᠡᠭᠳᠡᠪᠡ; ᠭᠡᠷ ᠭᠠᠵᠠᠷ ᠬᠥᠷᠥᠩᠭᠡ ᠵᠢᠨ ᠦᠢ᠍ᠯᠡᠰ᠎ᠤᠨ ᠨᠡᠮᠡᠭᠳᠡᠯ ᠥᠷᠲᠡᠭ1031.7 ᠳ᠋ᠦᠩᠰᠢᠭᠤᠷ ᠲᠥᠭᠥᠷᠢᠭ᠎ᠲᠤ ᠬᠦᠷᠴᠦ᠂ 1.4%᠎ᠪᠠᠷ ᠨᠡᠮᠡᠭᠳᠡᠪᠡ᠃ ᠪᠦ᠍ᠬᠦ ᠵᠢᠯ᠎ᠤᠨ ᠬᠡᠪᠴᠢᠶᠡᠵᠢᠯ᠎ᠠᠴᠠ ᠳᠡᠭᠡᠭᠰᠢᠬᠢ ᠦᠢ᠍ᠯᠡᠴᠢᠯᠡᠭᠡᠨ᠎ᠤ ᠦᠢ᠍ᠯᠡᠰ [14]᠎ᠤᠨ ᠠᠵᠤ ᠠᠬᠤᠶ᠋ᠢᠯᠠᠯ᠎ᠤᠨ ᠡᠵᠡᠩᠨᠡᠯᠲᠡ ᠵᠢᠨ ᠣᠷᠣᠯᠭ᠎ᠠ ᠲᠦᠷᠦᠭᠦᠦ ᠵᠢᠯ᠎ᠤᠨ᠎ᠬᠢ᠎ᠠᠴᠠ 8.0% ᠨᠡᠮᠡᠭᠳᠡᠪᠡ᠃


5-5.jpg


   ᠪᠥᠬᠥ ᠵᠢᠯ᠎ᠤᠨ ᠡᠳ᠋ ᠪᠠᠷᠠᠭ᠋ᠠᠨ᠎ᠤ ᠲᠡᠭᠡᠭᠡᠪᠦᠷᠢ ᠵᠢᠨ ᠶᠡᠷᠦᠩᠬᠡᠶ ᠬᠡᠮᠵᠢᠶ᠎ᠡ [15] 25.1 ᠳ᠋ᠦᠩᠰᠢᠭᠤᠷ ᠲᠣᠨ᠎ᠳᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 6.0% ᠵᠶ᠋ᠠᠷ ᠨᠡᠮᠡᠭᠳᠡᠪᠡ᠃ ᠡᠳ᠋ ᠪᠠᠷᠠᠭ᠋ᠠᠨ᠎ᠤ ᠲᠡᠭᠡᠭᠡᠪᠦᠷᠢ ᠵᠢᠨ ᠡᠷᠭᠢᠯᠲᠡ ᠵᠢᠨ ᠬᠡᠮᠵᠢᠶ᠎ᠡ 5688.8 ᠳ᠋ᠦᠩᠰᠢᠭᠤᠷ ᠲᠣᠨ ᠺᠢᠯᠣᠮᠧᠲᠷ᠎ᠲᠤ ᠬᠦᠷᠴᠦ᠂ 5.9%᠎ᠪᠠᠷ ᠨᠡᠮᠡᠭᠳᠡᠪᠡ᠃

   ᠬᠦᠰᠦᠨᠦᠭᠲᠦ 6     2024 ᠤᠨ᠎ᠤ ᠡᠯ᠎ᠡ ᠲᠦᠷᠦᠯ᠎ᠤᠨ ᠵᠦᠭᠡᠭᠡᠪᠦᠷᠢ ᠵᠢᠨ ᠠᠷᠭ᠎ᠠ ᠮᠠᠶᠢᠭ᠎ᠤᠨ ᠪᠡᠶᠡᠯᠡᠬᠦᠯᠦᠭᠰᠡᠨ ᠪᠠᠷᠠᠭ᠋ᠠᠨ᠎ᠤ ᠵᠦᠭᠡᠭᠡᠪᠦᠷᠢ ᠵᠢᠨ ᠬᠡᠮᠵᠢᠶ᠎ᠡ ᠵᠢᠴᠢ ᠲᠡᠭᠦᠨ᠎ᠤ ᠨᠡᠮᠡᠭᠳᠡᠯ᠎ᠤᠨ ᠬᠤᠷᠳᠤᠴᠠ


5_07.jpg


    ᠪᠥᠬᠥ ᠵᠢᠯ᠎ᠤᠨ ᠠᠶᠠᠨᠴᠢᠳ᠎ᠤᠨ ᠲᠡᠭᠡᠭᠡᠪᠦᠷᠢ ᠵᠢᠨ ᠶᠡᠷᠦᠩᠬᠡᠶ ᠬᠡᠮᠵᠢᠶ᠎ᠡ [16] 25802.8 ᠲᠦᠮᠡᠨ ᠬᠥᠮᠦᠨ᠎ᠳᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 1.7%᠎ᠪᠠᠷ ᠪᠠᠭ᠋ᠠᠰᠪᠠ᠃ ᠠᠶᠠᠨᠴᠢᠳ᠎ᠤᠨ ᠲᠡᠭᠡᠭᠡᠪᠦᠷᠢ ᠵᠢᠨ ᠡᠷᠭᠢᠯᠲᠡ ᠵᠢᠨ ᠬᠡᠮᠵᠢᠶ᠎ᠡ 273.9 ᠳ᠋ᠦᠩᠰᠢᠭᠤᠷ ᠬᠥᠮᠦᠨ ᠺᠢᠯᠣᠮᠧᠲᠷ᠎ᠲᠤ ᠬᠦᠷᠴᠦ᠂ 8.3%᠎ᠪᠠᠷ ᠨᠡᠮᠡᠭᠳᠡᠪᠡ᠃

   ᠬᠦᠰᠦᠨᠦᠭᠲᠦ 7    2024 ᠤᠨ᠎ᠤ ᠡᠯ᠎ᠡ ᠲᠦᠷᠦᠯ᠎ᠤᠨ ᠵᠦᠭᠡᠭᠡᠪᠦᠷᠢ ᠵᠢᠨ ᠠᠷᠭ᠎ᠠ ᠮᠠᠶᠢᠭ᠎ᠤᠨ ᠪᠡᠶᠡᠯᠡᠬᠦᠯᠦᠭᠰᠡᠨ ᠠᠶᠠᠨᠴᠢᠨ᠎ᠤ ᠵᠦᠭᠡᠭᠡᠪᠦᠷᠢ ᠵᠢᠨ ᠬᠡᠮᠵᠢᠶ᠎ᠡ ᠵᠢᠴᠢ ᠲᠡᠭᠦᠨ᠎ᠤ ᠨᠡᠮᠡᠭᠳᠡᠯ᠎ᠤᠨ ᠬᠤᠷᠳᠤᠴᠠ 


5_08.jpg


   ᠵᠢᠯ᠎ᠤᠨ ᠡᠴᠦᠰ᠎ᠤᠨ ᠠᠷᠠᠳ᠎ᠤᠨ ᠬᠡᠷᠡᠭᠯᠡᠭᠡᠨ᠎ᠤ ᠮᠠᠰᠢᠨ ᠲᠡᠷᠭᠡᠨ᠎ᠤ ᠬᠠᠳᠠᠭ᠋ᠠᠯᠠᠯᠲᠠ ᠵᠢᠨ ᠬᠡᠮᠵᠢᠶ᠎ᠡ 798.7 ᠲᠦᠮᠡ᠎ᠳᠤ ᠬᠦᠷᠴᠦ (ᠭᠤᠷᠪᠠᠨ ᠬᠦᠷᠳᠦᠲᠦ ᠮᠠᠰᠢᠨ ᠲᠡᠷᠭᠡ ᠪᠠ ᠳᠣᠣᠷ᠎ᠠ ᠬᠤᠷᠳᠤᠴᠠᠲᠤ ᠪᠠᠷᠠᠭ᠋ᠠᠨ᠎ᠤ ᠲᠡᠷᠭᠡ 6.1 ᠲᠦᠮᠡ ᠪᠠᠭᠲᠠᠨ᠎ᠠ)᠂ ᠲᠦᠷᠦᠭᠦᠦ ᠵᠢᠯ᠎ᠤᠨ ᠡᠴᠦᠰ᠎ᠤᠨ᠎ᠬᠢ᠎ᠠᠴᠠ 5.5%᠎ᠪᠠᠷ ᠨᠡᠮᠡᠭᠳᠡᠪᠡ᠃ ᠡᠭᠦᠨ᠎ᠳᠤ᠂ ᠬᠤᠪᠢ ᠬᠥᠮᠦᠨ᠎ᠤ ᠮᠠᠰᠢᠨ ᠲᠡᠷᠭᠡᠨ᠎ᠤ ᠬᠠᠳᠠᠭ᠋ᠠᠯᠠᠯᠲᠠ ᠵᠢᠨ ᠬᠡᠮᠵᠢᠶ᠎ᠡ 732.6 ᠲᠦᠮᠡ᠎ᠳᠤ ᠬᠦᠷᠴᠦ᠂ 5.3%᠎ᠪᠠᠷ ᠨᠡᠮᠡᠭᠳᠡᠪᠡ; ᠰᠢᠨ᠎ᠡ ᠡᠨᠧᠷᠭᠢ ᠬᠡᠷᠡᠭᠯᠡᠬᠦ ᠮᠠᠰᠢᠨ ᠲᠡᠷᠭᠡᠨ᠎ᠤ ᠬᠠᠳᠠᠭ᠋ᠠᠯᠠᠯᠲᠠ ᠵᠢᠨ ᠬᠡᠮᠵᠢᠶ᠎ᠡ 32.1 ᠲᠦᠮᠡ᠎ᠳᠤ ᠬᠦᠷᠴᠦ᠂ 126.8%᠎ᠪᠠᠷ ᠨᠡᠮᠡᠭᠳᠡᠪᠡ᠃ ᠠᠷᠠᠳ᠎ᠤᠨ ᠬᠡᠷᠡᠭᠯᠡᠭᠡᠨ᠎ᠤ ᠰᠠᠭᠤᠳᠠᠯ᠎ᠤᠨ ᠮᠠᠰᠢᠨ 428.9 ᠲᠦᠮᠡ ᠪᠠᠶ᠋ᠢᠵᠤ᠂ 2.4%᠎ᠪᠠᠷ ᠨᠡᠮᠡᠭᠳᠡᠪᠡ᠃ ᠡᠭᠦᠨ᠎ᠳᠤ᠂ ᠬᠤᠪᠢ ᠬᠥᠮᠦᠨ᠎ᠤ ᠮᠠᠰᠢᠨ ᠲᠡᠷᠭᠡᠨ᠎ᠤ ᠬᠠᠳᠠᠭ᠋ᠠᠯᠠᠯᠲᠠ ᠵᠢᠨ ᠬᠡᠮᠵᠢᠶ᠎ᠡ 410.9 ᠲᠦᠮᠡ᠎ᠳᠤ ᠬᠦᠷᠴᠦ᠂ 2.1%᠎ᠪᠠᠷ ᠨᠡᠮᠡᠭᠳᠡᠪᠡ᠃
    ᠪᠥᠬᠥ ᠵᠢᠯ᠎ᠳᠤ ᠰᠢᠤᠳᠠᠨ᠎ᠤ ᠦᠢ᠍ᠯᠡᠰ᠎ᠤᠨ᠎ᠬᠢᠨ 335.0 ᠲᠦᠮᠡᠨ ᠬᠤᠪᠢ ᠵᠠᠬᠢᠳᠠᠯ ᠴᠢᠮᠡᠭᠡ᠂ 43.2 ᠲᠦᠮᠡᠨ ᠬᠤᠪᠢ ᠪᠣᠭᠣᠳᠠᠯ᠂ 57749.8 ᠲᠦᠮᠡᠨ ᠬᠤᠪᠢ ᠲᠦᠷᠭᠡᠨ ᠬᠦᠷᠭᠡᠯᠲᠡ ᠵᠢᠨ ᠲᠤᠬᠠᠶ᠋ᠢᠯᠠᠭᠰᠠᠨ ᠠᠵᠢᠯ᠎ᠢ ᠪᠡᠶᠡᠯᠡᠭᠦᠯᠵᠦ᠂ 79.3 ᠳ᠋ᠦᠩᠰᠢᠭᠤᠷ ᠲᠥᠭᠥᠷᠢᠭ᠎ᠤᠨ ᠲᠦᠷᠭᠡᠨ ᠬᠦᠷᠭᠡᠯᠲᠡ ᠵᠢᠨ ᠲᠤᠬᠠᠶ᠋ᠢᠯᠠᠭᠰᠠᠨ ᠠᠵᠢᠯ᠎ᠤᠨ ᠣᠷᠣᠯᠭ᠎ᠠ ᠤᠯᠪᠠ᠃ ᠪᠦ᠍ᠬᠦ ᠵᠢᠯ᠎ᠳᠤ ᠴᠠᠬᠢᠯᠭ᠋ᠠᠨ ᠬᠣᠯᠪᠣᠭ᠋ᠠᠨ᠎ᠤ ᠲᠤᠬᠠᠶ᠋ᠢᠯᠠᠭᠰᠠᠨ ᠠᠵᠢᠯ᠎ᠤᠨ ᠶᠡᠷᠦᠩᠬᠡᠢ ᠬᠡᠮᠵᠢᠶ᠎ᠡ [17] ᠵᠢ 315.0 ᠳ᠋ᠦᠩᠰᠢᠭᠤᠷ ᠲᠥᠭᠥᠷᠢᠭ ᠪᠡᠶᠡᠯᠡᠭᠦᠯᠵᠦ᠂ ᠲᠦᠷᠦᠭᠦᠦ ᠵᠢᠯ᠎ᠤᠨ᠎ᠬᠢ᠎ᠠᠴᠠ 10.7%᠎ᠪᠠᠷ ᠨᠡᠮᠡᠭᠳᠡᠪᠡ᠃ ᠵᠢᠯ᠎ᠤᠨ ᠡᠴᠦᠰ᠎ᠤᠨ ᠰᠢᠯᠵᠢᠮᠡᠯ ᠳ᠋ᠢᠶᠠᠩᠬᠤᠸᠠ ᠵᠢᠨ ᠬᠡᠷᠡᠭᠯᠡᠭᠴᠢ ᠵᠢᠨ ᠪᠦᠬᠦ ᠲᠣᠭ᠎ᠠ 3084.6 ᠲᠦᠮᠡᠨ ᠡᠷᠦᠬᠡ᠃ ᠡᠭᠦᠨ᠎ᠳᠤ᠂ 5G ᠰᠢᠯᠵᠢᠮᠡᠯ ᠤᠲᠠᠰᠤ ᠬᠡᠷᠡᠭᠯᠡᠭᠴᠢ 1762.8 ᠲᠦᠮᠡᠨ ᠡᠷᠦᠬᠡ ᠪᠣᠶ᠃ ᠲᠣᠭᠲᠠᠮᠠᠯ ᠢᠨᠲᠸᠷ ᠰᠦᠯᠵᠢᠶᠡᠨ᠎ᠤ ᠥᠷᠭᠡᠨ ᠪᠦᠰᠡ ᠵᠠᠯᠭ᠋ᠠᠭᠰᠠᠨ ᠬᠡᠷᠡᠭᠯᠡᠭᠴᠢ [18] 978.8 ᠲᠦᠮᠡᠨ ᠡᠷᠦᠬᠡ ᠪᠣᠯᠵᠣ᠂ ᠲᠦᠷᠦᠭᠦᠦ ᠵᠢᠯ᠎ᠤᠨ ᠡᠴᠦᠰ᠎ᠤᠨ᠎ᠬᠢ᠎ᠠᠴᠠ 30.3 ᠲᠦᠮᠡᠨ ᠡᠷᠦᠬᠡ ᠨᠡᠮᠡᠭᠳᠡᠵᠡᠶ; ᠰᠢᠯᠵᠢᠮᠡᠯ ᠢᠨᠲᠸᠷ ᠰᠦᠯᠵᠢᠶᠡᠨ᠎ᠤ ᠬᠡᠷᠡᠭᠯᠡᠭᠴᠢ 2661.2 ᠲᠦᠮᠡᠨ ᠡᠷᠦᠬᠡ ᠪᠠᠶ᠋ᠢᠵᠤ᠂ 0.3 ᠲᠦᠮᠡᠨ ᠡᠷᠦᠬᠡ ᠬᠠᠰᠤᠭᠳᠠᠪᠠ᠃ ᠪᠥᠬᠥ ᠵᠢᠯ᠎ᠤᠨ ᠰᠢᠯᠵᠢᠮᠡᠯ ᠢᠨᠲ᠋ᠧᠷ ᠰᠦᠯᠵᠢᠶᠡᠨ᠎ᠤ ᠤᠷᠤᠰᠴᠠ 537134.8 ᠲᠦᠮᠡᠨ GB᠎ᠳᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 6.6%᠎ᠪᠠᠷ ᠨᠡᠮᠡᠭᠳᠡᠪᠡ᠃


6-6.jpg

7-7.jpg


    ᠲᠠᠪᠤ᠂ ᠤᠯᠤᠰ᠎ᠤᠨ ᠳᠣᠲᠣᠭ᠋ᠠᠳᠤ ᠵᠢᠨ ᠠᠷᠠᠯᠵᠢᠶ᠎ᠠ
     ᠪᠦᠬᠦ ᠵᠢᠯ᠎ᠤᠨ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠪᠦᠬᠦ ᠲᠣᠭ᠎ᠠ 5615.3 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 4.5%᠎ᠪᠠᠷ ᠨᠡᠮᠡᠭᠳᠡᠵᠡᠢ᠃ ᠡᠵᠡᠩᠨᠡᠯᠲᠡ ᠵᠢᠨ ᠭᠠᠵᠠᠷ ᠵᠶ᠋ᠠᠷ ᠬᠤᠪᠢᠶᠠᠪᠠᠯ᠂ ᠬᠣᠲᠠ ᠪᠠᠯᠭ᠋ᠠᠰᠤᠨ᠎ᠤ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠲᠣᠭ᠎ᠠ 4949.9 ᠳ᠋ᠦᠩᠰᠢᠭᠤᠷ ᠲᠥᠭᠥᠷᠢᠭ᠎ᠲᠤ ᠬᠦᠷᠴᠦ᠂ 4.4%᠎ᠪᠠᠷ ᠨᠡᠮᠡᠭᠳᠡᠪᠡ; ᠬᠥᠳᠡᠭᠡ ᠲᠣᠰᠬᠣᠨ᠎ᠤ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠲᠣᠭ᠎ᠠ 665.4 ᠳ᠋ᠦᠩᠰᠢᠭᠤᠷ ᠲᠥᠭᠥᠷᠢᠭ᠎ᠲᠤ ᠬᠦᠷᠴᠦ᠂ 4.8%᠎ᠪᠠᠷ ᠨᠡᠮᠡᠭᠳᠡᠪᠡ᠃ ᠬᠡᠷᠡᠭᠯᠡᠭᠡᠨ᠎ᠤ ᠲᠥᠷᠥᠯ ᠵᠦᠢ᠍ᠯ ᠵᠶ᠋ᠠᠷ ᠬᠤᠪᠢᠶᠠᠪᠠᠯ᠂ ᠲᠠᠸᠠᠷ᠎ᠤᠨ ᠵᠢᠵᠢᠭᠯᠡᠨ ᠬᠤᠳᠠᠯᠳᠤᠭᠰᠠᠨ ᠲᠣᠭ᠎ᠠ 4907.2 ᠳ᠋ᠦᠩᠰᠢᠭᠤᠷ ᠲᠥᠭᠥᠷᠢᠭ᠎ᠲᠤ ᠬᠦᠷᠴᠦ᠂ 4.2% ᠵᠶ᠋ᠠᠷ ᠨᠡᠮᠡᠭᠳᠡᠪᠡ; ᠢᠳᠡᠭᠡᠨ ᠤᠮᠳᠠᠭ᠋ᠠᠨ᠎ᠤ ᠣᠷᠣᠯᠭ᠎ᠠ 708.1 ᠳ᠋ᠦᠩᠰᠢᠭᠤᠷ ᠲᠥᠭᠥᠷᠢᠭ᠎ᠲᠤ ᠬᠦᠷᠴᠦ᠂ 6.3%᠎ᠪᠠᠷ ᠨᠡᠮᠡᠭᠳᠡᠪᠡ᠃ ᠣᠷᠣᠨ ᠪᠦᠰᠡ ᠬᠤᠪᠢᠶᠠᠨ ᠦᠵᠡᠪᠡᠯ᠂ ᠵᠡᠭᠦᠨ ᠬᠡᠰᠡᠭ᠎ᠤᠨ ᠭᠠᠵᠠᠷ ᠣᠷᠣᠨ᠎ᠤ ᠨᠡᠶ᠋ᠢᠭᠡᠮ᠎ᠤᠨ ᠬᠡᠷᠡᠭᠯᠡᠭᠡᠨ᠎ᠤ ᠵᠦᠢ᠍ᠯ᠎ᠤᠨ ᠵᠢᠵᠢᠭᠯᠡᠨ ᠬᠤᠳᠠᠯᠳᠤᠭᠰᠠᠨ ᠲᠣᠭ᠎ᠠ 2.8%᠎ᠪᠠᠷ ᠨᠡᠮᠡᠭᠳᠡᠵᠦ᠂ ᠳᠤᠮᠳᠠ ᠬᠡᠰᠡᠭ᠎ᠤᠨ ᠭᠠᠵᠠᠷ ᠣᠷᠣᠨ 5.6%᠎ᠪᠠᠷ ᠨᠡᠮᠡᠭᠳᠡᠵᠦ᠂ ᠪᠠᠷᠠᠭᠤᠨ ᠬᠡᠰᠡᠭ᠎ᠤᠨ ᠭᠠᠵᠠᠷ ᠣᠷᠣᠨ 3.1%᠎ᠪᠠᠷ ᠨᠡᠮᠡᠭᠳᠡᠵᠡᠢ᠃
    ᠪᠥᠬᠥ ᠵᠢᠯ᠎ᠤᠨ ᠬᠢᠵᠠᠭ᠋ᠠᠷᠯᠠᠭᠰᠠᠨ ᠲᠣᠭ᠎ᠠ᠎ᠠᠴᠠ ᠳᠡᠭᠡᠭᠰᠢᠬᠢ ᠨᠢᠭᠡᠴᠢ ᠲᠠᠸᠠᠷ᠎ᠤᠨ ᠵᠢᠵᠢᠭᠯᠡᠨ ᠬᠤᠳᠠᠯᠳᠤᠭᠰᠠᠨ ᠲᠣᠭ᠎ᠠ ᠵᠢᠨ ᠳᠣᠲᠣᠷ᠎ᠠ᠂ ᠠᠮᠤ ᠲᠣᠰᠣ᠂ ᠢᠳᠡᠭᠡᠨ᠎ᠤ ᠲᠥᠷᠥᠯ᠎ᠤᠨ ᠵᠢᠵᠢᠭᠯᠡᠨ ᠬᠤᠳᠠᠯᠳᠤᠭᠰᠠᠨ ᠲᠣᠭ᠎ᠠ ᠲᠦᠷᠦᠭᠦᠦ ᠵᠢᠯ᠎ᠤᠨ᠎ᠬᠢ᠎ᠠᠴᠠ 14.0% ᠵᠶ᠋ᠠᠷ ᠨᠡᠮᠡᠭᠳᠡᠵᠦ᠂ ᠤᠮᠳᠠᠭ᠋ᠠᠨ᠎ᠤ ᠲᠥᠷᠥᠯ 21.9%᠎ᠪᠠᠷ ᠨᠡᠮᠡᠭᠳᠡᠵᠦ᠂ ᠠᠷᠢᠬᠢ ᠲᠠᠮᠠᠬᠢ ᠵᠢᠨ ᠲᠥᠷᠥᠯ 6.5%᠎ᠪᠠᠷ ᠨᠡᠮᠡᠭᠳᠡᠵᠦ᠂ ᠬᠤᠪᠴᠠᠰᠤ ᠬᠤᠨᠠᠷ᠂ ᠱᠠᠬᠠᠶ ᠮᠠᠯᠠᠭ᠋ᠠᠶ᠂ ᠨᠡᠬᠡᠮᠡᠯ᠎ᠤᠨ ᠵᠦᠢ᠍ᠯ᠎ᠤᠨ ᠲᠥᠷᠥᠯ 3.7%᠎ᠪᠠᠷ ᠪᠠᠭᠤᠷᠠᠵᠤ᠂ ᠵᠠᠰᠠᠯ ᠴᠢᠮᠡᠭ᠎ᠤᠨ ᠡᠳ᠋᠎ᠤᠨ ᠲᠥᠷᠥᠯ 12.7%᠎ᠪᠠᠷ ᠪᠠᠭᠤᠷᠠᠵᠤ᠂ ᠠᠯᠲᠠ ᠮᠥᠩᠭᠥ ᠰᠤᠪᠤᠳ ᠡᠷᠳᠡᠨᠢ ᠵᠢᠨ ᠲᠥᠷᠥᠯ 11.0%᠎ᠪᠠᠷ ᠪᠠᠭᠤᠷᠠᠵᠤ᠂ ᠡᠳᠦᠷ ᠲᠤᠲᠤᠮ᠎ᠤᠨ ᠬᠡᠷᠡᠭᠯᠡᠭᠡᠨ᠎ᠤ ᠵᠦᠢ᠍ᠯ᠎ᠤᠨ ᠲᠥᠷᠥᠯ 13.4%᠎ᠪᠠᠷ ᠨᠡᠮᠡᠭᠳᠡᠵᠦ᠂ ᠬᠡᠷ᠎ᠤᠨ ᠴᠠᠬᠢᠯᠭ᠋ᠠᠨ ᠬᠡᠷᠡᠭᠰᠡᠯ ᠪᠠ ᠲᠠᠭᠤ ᠳᠦᠷᠰᠦ ᠵᠢᠨ ᠪᠠᠭ᠋ᠠᠵᠢ ᠬᠡᠷᠡᠭᠰᠡᠯ᠎ᠤᠨ ᠲᠥᠷᠥᠯ 0.4%᠎ᠪᠠᠷ ᠪᠠᠭᠤᠷᠠᠵᠤ᠂ ᠬᠢᠲᠠᠳ ᠧᠦ᠋ᠷᠣᠫᠠ ᠡᠮ᠎ᠤᠨ ᠲᠥᠷᠥᠯ 1.0%᠎ᠪᠠᠷ ᠨᠡᠮᠡᠭᠳᠡᠨ᠂ ᠴᠢᠮᠡᠭᠡ ᠨᠡᠪᠲᠡᠷᠡᠯᠭᠡ ᠵᠢᠨ ᠪᠠᠭ᠋ᠠᠵᠢ ᠬᠡᠷᠡᠭᠰᠡᠯ᠎ᠤᠨ ᠲᠥᠷᠥᠯ 74.6%᠎ᠪᠠᠷ ᠨᠡᠮᠡᠭᠳᠡᠵᠦ᠂ ᠮᠠᠰᠢᠨ ᠲᠡᠷᠭᠡᠨ᠎ᠤ ᠲᠥᠷᠥᠯ 14.8%᠎ᠪᠠᠷ ᠨᠡᠮᠡᠭᠳᠡᠪᠡ᠃
    ᠵᠢᠷᠭᠤᠭ᠎ᠠ᠂ ᠲᠣᠭᠲᠠᠮᠠᠯ ᠬᠦᠷᠦᠨᠭᠭᠡ ᠵᠢᠨ ᠪᠡᠯᠡ ᠣᠷᠣᠭᠤᠯᠤᠯᠲᠠ
    ᠪᠥᠬᠥ ᠵᠢᠯ᠎ᠤᠨ ᠪᠥᠬᠥ ᠨᠡᠶ᠋ᠢᠭᠡᠮ᠎ᠤᠨ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ ᠲᠦᠷᠦᠭᠦᠦ ᠵᠢᠯ᠎ᠤᠨ᠎ᠬᠢ᠎ᠠᠴᠠ 13.0% ᠵᠶ᠋ᠠᠷ ᠨᠡᠮᠡᠭᠳᠡᠪᠡ᠃ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ (ᠲᠠᠷᠢᠶᠠᠴᠢᠨ ᠡᠷᠦᠬᠡ ᠵᠢ ᠪᠠᠭᠲᠠᠭ᠋ᠠᠬᠤ ᠥᠬᠡᠶ) 13.6% ᠨᠡᠮᠡᠭᠳᠡᠪᠡ᠃ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ (ᠲᠠᠷᠢᠶᠠᠴᠢᠨ ᠡᠷᠦᠬᠡ ᠵᠢ ᠪᠠᠭᠲᠠᠭ᠋ᠠᠬᠤ ᠥᠬᠡᠶ) ᠵᠢᠨ ᠳᠣᠲᠣᠷ᠎ᠠ᠂ ᠣᠷᠣᠨ ᠪᠦᠰᠡ ᠬᠤᠪᠢᠶᠠᠵᠤ ᠦᠵᠡᠪᠡᠯ᠂ ᠵᠡᠭᠦᠨ ᠬᠡᠰᠡᠭ᠎ᠤᠨ ᠭᠠᠵᠠᠷ ᠣᠷᠣᠨ᠎ᠤ ᠪᠠᠯᠠ ᠣᠷᠣᠭᠤᠯᠤᠯᠲᠠ ᠲᠦᠷᠦᠭᠦᠦ ᠵᠢᠯ᠎ᠤᠨ᠎ᠬᠢ᠎ᠠᠴᠠ 12.2% ᠵᠶ᠋ᠠᠷ ᠨᠡᠮᠡᠭᠳᠡᠵᠦ᠂ ᠳᠤᠮᠳᠠ ᠬᠡᠰᠡᠭ᠎ᠤᠨ ᠭᠠᠵᠠᠷ ᠣᠷᠣᠨ᠎ᠤ ᠪᠠᠯᠠ ᠣᠷᠣᠭᠤᠯᠤᠯᠲᠠ 18.3%᠎ᠪᠠᠷ

ᠨᠡᠮᠡᠭᠳᠡᠵᠦ᠂ ᠪᠠᠷᠠᠭᠤᠨ ᠬᠡᠰᠡᠭ᠎ᠤᠨ ᠭᠠᠵᠠᠷ ᠣᠷᠣᠨ᠎ᠤ ᠪᠠᠯᠠ ᠣᠷᠣᠭᠤᠯᠤᠯᠲᠠ 3.4%᠎ᠪᠠᠷ ᠨᠡᠮᠡᠭᠳᠡᠪᠡ᠃
    ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ (ᠲᠠᠷᠢᠶᠠᠴᠢᠨ ᠡᠷᠦᠬᠡ ᠵᠢ ᠪᠠᠭᠲᠠᠭ᠋ᠠᠬᠤ ᠥᠬᠡᠶ) ᠵᠢᠨ ᠳᠣᠲᠣᠷ᠎ᠠ᠂ ᠨᠢᠭᠡᠳᠦᠭᠡᠷ ᠠᠵᠤ ᠦᠢ᠍ᠯᠡᠰ᠎ᠤᠨ ᠪᠠᠯᠠ ᠣᠷᠣᠭᠤᠯᠤᠯᠲᠠ ᠲᠦᠷᠦᠭᠦᠦ ᠵᠢᠯ᠎ᠤᠨ᠎ᠬᠢ᠎ᠠᠴᠠ 73.6%᠎ᠪᠠᠷ ᠨᠡᠮᠡᠭᠳᠡᠵᠦ᠂ ᠬᠣᠶᠠᠳᠤᠭ᠋ᠠᠷ ᠠᠵᠤ ᠦᠢ᠍ᠯᠡᠰ᠎ᠤᠨ ᠪᠠᠯᠠ ᠣᠷᠣᠭᠤᠯᠤᠯᠲᠠ 15.4%᠎ᠪᠠᠷ ᠨᠡᠮᠡᠭᠳᠡᠵᠦ᠂ ᠭᠤᠷᠪᠠᠳᠤᠭ᠋ᠠᠷ ᠠᠵᠤ ᠦᠢ᠍ᠯᠡᠰ᠎ᠤᠨ ᠪᠠᠯᠠ ᠣᠷᠣᠭᠤᠯᠤᠯᠲᠠ 5.1%᠎ᠪᠠᠷ ᠨᠡᠮᠡᠭᠳᠡᠪᠡ᠃ ᠰᠠᠭᠤᠷᠢ ᠲᠥᠬᠥᠭᠡᠷᠦᠮᠵᠢ ᠵᠢᠨ ᠪᠡᠯᠡ ᠣᠷᠣᠭᠤᠯᠤᠯᠲᠠ [19] ᠲᠦᠷᠦᠭᠦᠦ ᠵᠢᠯ᠎ᠤᠨ᠎ᠬᠢ᠎ᠠᠴᠠ 23.8%᠎ᠪᠠᠷ ᠨᠡᠮᠡᠭᠳᠡᠪᠡ᠃ ᠦᠢ᠍ᠯᠡᠳᠬᠦ ᠦᠢ᠍ᠯᠡᠰ᠎ᠤᠨ ᠪᠠᠯᠠ ᠣᠷᠣᠭᠤᠯᠤᠯᠲᠠ ᠲᠦᠷᠦᠭᠦᠦ ᠵᠢᠯ᠎ᠤᠨ᠎ᠬᠢ᠎ᠠᠴᠠ᠎ᠪᠠᠨ 0.7%᠎ᠪᠠᠷ ᠪᠠᠭᠤᠷᠠᠪᠠ᠃ ᠠᠷᠠᠳ᠎ᠤᠨ ᠪᠡᠯᠡ ᠣᠷᠣᠭᠤᠯᠤᠯᠲᠠ [20] ᠲᠦᠷᠦᠭᠦᠦ ᠵᠢᠯ᠎ᠤᠨ᠎ᠬᠢ᠎ᠠᠴᠠ 1.6%᠎ᠪᠠᠷ ᠨᠡᠮᠡᠭᠳᠡᠵᠦ᠂ ᠭᠡᠷ ᠪᠠᠶ᠋ᠢᠰᠢᠩ ᠭᠠᠵᠠᠷ ᠰᠢᠷᠣᠢ ᠵᠢᠨ ᠬᠦ᠍ᠷᠦᠩᠭᠡ ᠵᠢᠨ ᠪᠡᠯᠡ ᠣᠷᠣᠭᠤᠯᠤᠯᠲᠠ᠂ ᠠᠷᠠᠳ᠎ᠤᠨ ᠪᠡᠯᠡ ᠣᠷᠣᠭᠤᠯᠤᠯᠲᠠ 6.6%᠎ᠪᠠᠷ

ᠨᠡᠮᠡᠭᠳᠡᠪᠡ᠃

   ᠬᠦᠰᠦᠨᠦᠭᠲᠦ 8    2024 ᠤᠨ᠎ᠤ ᠭᠤᠤᠯ ᠪᠤᠯᠬᠤ ᠠᠵᠢᠯ ᠲᠦᠷᠦᠯ᠎ᠤᠨ ᠲᠤᠭᠳᠠᠮᠠᠯ ᠬᠦᠷᠦᠩᠭᠡ ᠵᠢᠨ ᠪᠡᠯᠡ ᠤᠷᠤᠭᠤᠯᠤᠯᠳᠠ  (ᠲᠠᠷᠢᠶᠠᠴᠢᠨ ᠡᠷᠦᠬᠡ ᠵᠢ ᠪᠠᠭᠲᠠᠭ᠋ᠠᠬᠤ ᠦᠭᠡᠢ) ᠵᠢᠨ ᠨᠡᠮᠡᠭᠳᠡᠯ᠎ᠤᠨ ᠬᠤᠷᠳᠤᠴᠠ

5_09.jpg

5_10.jpg


   ᠪᠥᠬᠥ ᠵᠢᠯ᠎ᠳᠤ ᠬᠡᠷ ᠪᠠᠶ᠋ᠢᠰᠢᠩ ᠭᠠᠵᠠᠷ ᠰᠢᠷᠣᠶ ᠵᠢᠨ ᠬᠥᠷᠥᠩᠭᠡ ᠵᠢᠨ ᠨᠡᠭᠡᠭᠡᠨ ᠬᠥᠭᠵᠢᠭᠦᠯᠦᠯᠲᠡ᠎ᠳᠤ 937.4 ᠳ᠋ᠦᠩᠰᠢᠭᠤᠷ ᠲᠥᠭᠥᠷᠢᠭ᠎ᠤᠨ ᠪᠠᠯᠠ ᠣᠷᠣᠭᠤᠯᠵᠤ᠂ ᠲᠦᠷᠦᠭᠦᠦ ᠵᠢᠯ᠎ᠤᠨ᠎ᠬᠢ᠎ᠠᠴᠠ [22] 7.2% ᠵᠶ᠋ᠠᠷ ᠪᠠᠭᠤᠷᠠᠪᠠ᠃ ᠡᠭᠦᠨ᠎ᠳᠤ᠂ ᠣᠷᠣᠨ ᠰᠠᠭᠤᠴᠠ ᠵᠢᠨ ᠪᠠᠯᠠ ᠣᠷᠣᠭᠤᠯᠤᠯᠲᠠ 715.3 ᠳ᠋ᠦᠩᠰᠢᠭᠤᠷ ᠲᠥᠭᠥᠷᠢᠭ᠎ᠲᠤ ᠬᠦᠷᠴᠦ᠂ 9.2% ᠵᠶ᠋ᠠᠷ ᠪᠠᠭᠤᠷᠠᠪᠠ; ᠠᠯᠪᠠᠨ ᠠᠰᠠᠷ᠎ᠤᠨ ᠪᠡᠯᠡ ᠣᠷᠣᠭᠤᠯᠤᠯᠲᠠ 10.9 ᠳ᠋ᠦᠩᠰᠢᠭᠤᠷ ᠲᠥᠭᠥᠷᠢᠭ᠂ 2.5% ᠨᠡᠮᠡᠭᠳᠡᠪᠡ; ᠬᠤᠳᠠᠯᠳᠤᠭ᠋ᠠᠨ᠎ᠤ ᠡᠵᠡᠩᠨᠡᠯᠲᠡ᠎ᠳᠤ ᠬᠡᠷᠡᠭᠯᠡᠬᠦ ᠬᠡᠷ ᠪᠠᠶ᠋ᠢᠰᠢᠩ᠎ᠤᠨ ᠪᠠᠯᠠ ᠣᠷᠣᠭᠤᠯᠤᠯᠲᠠ 78.7 ᠳ᠋ᠦᠩᠰᠢᠭᠤᠷ ᠲᠥᠭᠥᠷᠢᠭ᠎ᠲᠤ ᠬᠦᠷᠴᠦ᠂ 0.6%᠎ᠪᠠᠷ ᠨᠡᠮᠡᠭᠳᠡᠪᠡ᠃ ᠲᠠᠸᠠᠷ᠎ᠤᠨ ᠭᠡᠷ ᠪᠠᠶ᠋ᠢᠰᠢᠩ᠎ᠤᠨ ᠪᠣᠷᠣᠯᠠᠭᠤᠯᠤᠭᠰᠠᠨ ᠲᠠᠯᠠᠪᠠᠢ [23] 1408.8 ᠲᠦᠮᠡᠨ ᠲᠡᠭᠰᠢ ᠳᠥᠷᠪᠡᠯᠵᠢᠨ ᠮᠧᠲᠷ᠎ᠲᠤ ᠬᠦᠷᠴᠦ᠂ 8.8%᠎ᠪᠠᠷ ᠪᠠᠭᠤᠷᠠᠪᠠ᠃ ᠲᠠᠸᠠᠷ᠎ᠤᠨ ᠣᠷᠣᠨ ᠰᠠᠭᠤᠴᠠ ᠵᠢᠨ ᠪᠣᠷᠣᠯᠠᠭᠤᠯᠤᠯᠲᠠ ᠵᠢᠨ ᠬᠡᠮᠵᠢᠶ᠎ᠡ 927.8 ᠳ᠋ᠦᠩᠰᠢᠭᠤᠷ ᠲᠥᠭᠥᠷᠢᠭ᠎ᠲᠤ ᠬᠦᠷᠴᠦ᠂ 9.0% ᠵᠶ᠋ᠠᠷ ᠪᠠᠭᠤᠷᠠᠪᠠ᠃
    ᠲᠤᠯᠤᠭ᠎ᠠ᠂ ᠭᠠᠳᠠᠭ᠋ᠠᠳᠤ ᠠᠵᠤ ᠠᠬᠤᠢ
    ᠪᠥᠬᠥ ᠵᠢᠯ᠎ᠤᠨ ᠭᠠᠳᠠᠭ᠋ᠠᠳᠤ ᠠᠷᠠᠯᠵᠢᠶᠠᠨ᠎ᠤ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠭᠰᠠᠨ ᠪᠥᠬᠥ ᠲᠣᠭ᠎ᠠ 2073.6 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 5.8%᠎ᠪᠠᠷ ᠨᠡᠮᠡᠭᠳᠡᠪᠡ᠃ ᠡᠭᠦᠨ᠎ᠳᠤ᠂ ᠭᠠᠳᠠᠭ᠋ᠠᠳᠤ ᠭᠠᠷᠭ᠋ᠠᠯᠲᠠ 852.8 ᠳ᠋ᠦᠩᠰᠢᠭᠤᠷ ᠲᠥᠭᠥᠷᠢᠭ᠎ᠲᠤ ᠬᠦᠷᠴᠦ᠂ 9.2% ᠵᠶ᠋ᠠᠷ ᠨᠡᠮᠡᠭᠳᠡᠪᠡ; ᠭᠠᠳᠠᠭ᠋ᠠᠳᠤ ᠣᠷᠣᠭᠤᠯᠤᠯᠲᠠ 1220.8 ᠳ᠋ᠦᠩᠰᠢᠭᠤᠷ ᠲᠥᠭᠥᠷᠢᠭ᠎ᠲᠤ ᠬᠦᠷᠴᠦ᠂ 3.6%᠎ᠪᠠᠷ ᠨᠡᠮᠡᠭᠳᠡᠪᠡ᠃ ᠭᠤᠤᠯ ᠪᠣᠯᠬᠤ ᠠᠷᠠᠯᠵᠢᠶᠠᠨ᠎ᠤ ᠠᠷᠭ᠎ᠠ ᠬᠡᠯᠪᠡᠷᠢ᠎ᠠᠴᠠ ᠦᠵᠡᠪᠡᠯ᠂ ᠡᠩ᠎ᠤᠨ ᠠᠷᠠᠯᠵᠢᠶᠠᠨ᠎ᠤ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠭᠰᠠᠨ ᠲᠣᠭ᠎ᠠ 1303.4 ᠳ᠋ᠦᠩᠰᠢᠭᠤᠷ ᠲᠥᠭᠥᠷᠢᠭ᠎ᠲᠤ ᠬᠦᠷᠴᠦ᠂ 7.0% ᠵᠶ᠋ᠠᠷ ᠨᠡᠮᠡᠭᠳᠡᠵᠦ᠂ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠭᠰᠠᠨ ᠶᠡᠷᠦᠩᠬᠡᠶ ᠲᠣᠭ᠎ᠠ᠎ᠳᠤ ᠡᠵᠡᠯᠡᠬᠦ ᠬᠤᠪᠢ ᠵᠢᠨ ᠵᠢᠩ᠎ᠨᠢ 62.9% ᠪᠣᠯᠵᠠᠶ; ᠬᠢᠯᠢ ᠵᠢᠨ ᠪᠠᠭ᠎ᠠ ᠬᠡᠮᠵᠢᠶᠡᠨ᠎ᠤ ᠠᠷᠠᠯᠵᠢᠶᠠᠨ᠎ᠤ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠭᠰᠠᠨ ᠲᠣᠭ᠎ᠠ 292.9 ᠳ᠋ᠦᠩᠰᠢᠭᠤᠷ ᠲᠥᠭᠥᠷᠢᠭ᠎ᠲᠤ ᠬᠦᠷᠴᠡᠶ; ᠪᠣᠯᠪᠠᠰᠤᠷᠠᠭᠤᠯᠬᠤ ᠠᠷᠠᠯᠵᠢᠶ᠎ᠠ ᠵᠢᠨ ᠭᠠᠳᠠᠭ᠋ᠠᠳᠤ᠎ᠠᠴᠠ ᠣᠷᠣᠭᠤᠯᠵᠤ ᠭᠠᠳᠠᠭ᠋ᠠᠳᠤ᠎ᠳᠤ ᠭᠠᠷᠭ᠋ᠠᠭᠰᠠᠨ ᠲᠣᠭ᠎ᠠ 64.2 ᠳ᠋ᠦᠩᠰᠢᠭᠤᠷ ᠲᠥᠭᠥᠷᠢᠭ᠎ᠲᠤ ᠬᠦᠷᠴᠡᠢ᠃ 《ᠨᠢᠭᠡ ᠪᠦᠰᠡ ᠨᠢᠭᠡ ᠵᠠᠮ》 [24]᠎ᠢ ᠬᠠᠮᠲᠤ᠎ᠪᠠᠷ ᠪᠦᠳᠦᠭᠡᠨ ᠪᠠᠶ᠋ᠢᠭᠤᠯᠬᠤ 1679.3 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 9.6%᠎ᠪᠠᠷ ᠨᠡᠮᠡᠭᠳᠡᠪᠡ᠃

    ᠬᠦᠰᠦᠨᠦᠭᠳᠦ 9    2024 ᠤᠨ᠎ᠤ ᠭᠠᠳᠠᠭ᠋ᠠᠳᠤ ᠠᠷᠠᠯᠵᠢᠶᠠᠨ᠎ᠤ ᠤᠷᠤᠭᠤᠯᠤᠯᠳᠠ ᠭᠠᠷᠭ᠋ᠠᠯᠲᠠ ᠵᠢᠨ ᠶᠡᠷᠦᠩᠭᠡᠢ ᠲᠤᠭ᠎ᠠ ᠵᠢᠴᠢ ᠲᠡᠭᠦᠨ᠎ᠤ ᠨᠡᠮᠡᠭᠳᠡᠯ᠎ᠤᠨ ᠬᠤᠷᠳᠤᠴᠠ


5_11.jpg


   ᠪᠥᠬᠥ ᠵᠢᠯ᠎ᠳᠤ ᠪᠣᠳᠠᠲᠠᠶ ᠬᠡᠷᠡᠭᠯᠡᠭᠰᠡᠨ ᠭᠠᠳᠠᠭ᠋ᠠᠳᠤ ᠪᠠᠯᠠ ᠵᠢᠨ ᠵᠣᠭᠣᠰ᠎ᠤᠨ ᠲᠣᠭ᠎ᠠ 5.2 ᠳ᠋ᠦᠩᠰᠢᠭᠤᠷ ᠳ᠋ᠣᠯᠯᠠᠷ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 35.2% ᠵᠶ᠋ᠠᠷ ᠪᠠᠭᠤᠷᠠᠪᠠ᠃ ᠰᠢᠨ᠎ᠡ᠎ᠪᠠᠷ ᠪᠠᠶ᠋ᠢᠭᠤᠯᠤᠭᠰᠠᠨ ᠭᠠᠳᠠᠭ᠋ᠠᠳᠤ ᠵᠢᠨ ᠬᠤᠳᠠᠯᠳᠤᠭ᠋ᠠᠴᠢᠨ᠎ᠤ ᠪᠡᠯᠡ ᠣᠷᠣᠭᠤᠯᠤᠭᠰᠠᠨ ᠠᠵᠤ ᠠᠬᠤᠶ᠋ᠢᠯᠠᠯ 190 ᠪᠤᠯᠵᠤ᠂ ᠲᠦᠷᠦᠭᠦᠦ ᠵᠢᠯ᠎ᠤᠨ᠎ᠬᠢ᠎ᠠᠴᠠ 23 ᠨᠡᠮᠡᠭᠳᠡᠵᠡᠢ᠃
    ᠨᠠᠢ᠍ᠮᠠ᠂ ᠡᠳ᠋᠎ᠤᠨ ᠵᠠᠰᠠᠭ ᠮᠥᠩᠭᠥᠨ ᠭᠦᠢ᠍ᠯᠭᠡᠭᠡ
    ᠪᠥᠬᠥ ᠵᠢᠯ᠎ᠤᠨ ᠡᠩ᠎ᠤᠨ ᠣᠯᠠᠨ ᠨᠡᠶ᠋ᠢᠲᠡ ᠵᠢᠨ ᠲᠥᠰᠦᠪ᠎ᠤᠨ ᠣᠷᠣᠯᠭ᠎ᠠ 3150.3 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 2.2% ᠵᠶ᠋ᠠᠷ ᠨᠡᠮᠡᠭᠳᠡᠵᠦ᠂ ᠨᠢᠭᠡ ᠤᠳᠠᠭ᠎ᠠ ᠵᠢᠨ ᠴᠢᠨᠠᠷᠲᠠᠶ ᠣᠨᠴᠠᠭ᠋ᠠᠶ ᠬᠦᠴᠦᠨ ᠵᠦᠢ᠍ᠯ᠎ᠤᠨ ᠨᠥᠯᠥᠭᠡ ᠵᠢ ᠭᠠᠷᠭ᠋ᠠᠪᠠᠯ᠂ ᠠᠳᠠᠯᠢ ᠪᠠᠷᠢᠮᠵᠢᠶ᠎ᠠ᠎ᠪᠠᠷ 7.2% ᠵᠶ᠋ᠠᠷ ᠨᠡᠮᠡᠭᠳᠡᠪᠡ᠃ ᠡᠭᠦᠨ᠎ᠳᠤ᠂ ᠭᠠᠶ᠋ᠢᠯᠢ ᠵᠢᠨ ᠣᠷᠣᠯᠭ᠎ᠠ 2212.1 ᠳ᠋ᠦᠩᠰᠢᠭᠤᠷ ᠲᠥᠭᠥᠷᠢᠭ᠎ᠲᠤ ᠬᠦᠷᠴᠦ᠂ 5.1%᠎ᠪᠠᠷ ᠪᠠᠭᠤᠷᠠᠵᠤ᠂ ᠡᠩ᠎ᠤᠨ ᠣᠯᠠᠨ ᠨᠡᠶ᠋ᠢᠲᠡ ᠵᠢᠨ ᠲᠥᠰᠦᠪ᠎ᠤᠨ ᠣᠷᠣᠯᠭ᠎ᠠ᠎ᠳᠤ ᠡᠵᠡᠯᠡᠬᠦ ᠬᠤᠪᠢ ᠵᠢᠨ ᠵᠢᠩ᠎ᠨᠢ 70.2% ᠪᠣᠯᠵᠠᠶ᠃ ᠡᠩ᠎ᠤᠨ ᠤᠯᠠᠨ ᠨᠡᠶ᠋ᠢᠲᠡ ᠵᠢᠨ ᠲᠥᠰᠦᠪ᠎ᠤᠨ ᠵᠠᠷᠤᠯᠭ᠎ᠠ 6928.0 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 1.3%᠎ᠪᠠᠷ ᠨᠡᠮᠡᠭᠳᠡᠪᠡ᠃
    ᠵᠢᠯ᠎ᠤᠨ ᠡᠴᠦᠰ᠎ᠲᠤ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠠᠷᠠᠳ᠎ᠤᠨ ᠵᠣᠭᠣᠰᠣᠨ᠎ᠤ ᠬᠠᠳᠠᠭ᠋ᠠᠯᠠᠮᠵᠢ ᠵᠢᠨ ᠦᠯᠡᠳᠡᠪᠦᠷᠢ 39040.9 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ ᠡᠴᠦᠰ᠎ᠤᠨ᠎ᠬᠢ᠎ᠠᠴᠠ 7.5%᠎ᠪᠠᠷ ᠨᠡᠮᠡᠭᠳᠡᠵᠡᠢ᠃ ᠡᠭᠦᠨ᠎ᠳᠤ᠂ ᠰᠠᠭᠤᠭ᠋ᠠᠯᠢ ᠡᠷᠦᠬᠡ ᠵᠢᠨ ᠬᠠᠳᠠᠭ᠋ᠠᠯᠠᠮᠵᠢ ᠵᠢᠨ ᠦᠯᠡᠳᠡᠪᠦᠷᠢ ᠲᠣᠭ᠎ᠠ 25102.1 ᠳ᠋ᠦᠩᠰᠢᠭᠤᠷ ᠲᠥᠭᠥᠷᠢᠭ᠎ᠲᠤ ᠬᠦᠷᠴᠦ᠂ 9.6%᠎ᠪᠠᠷ ᠨᠡᠮᠡᠭᠳᠡᠪᠡ; ᠮᠥᠩᠭᠥᠨ ᠭᠦᠢ᠍ᠯᠭᠡᠭᠡᠨ᠎ᠤ ᠪᠤᠰᠤ ᠠᠵᠤ ᠠᠬᠤᠶ᠋ᠢᠯᠠᠯ᠎ᠤᠨ ᠬᠠᠳᠠᠭ᠋ᠠᠯᠠᠮᠵᠢ ᠵᠢᠨ ᠦᠯᠡᠳᠡᠪᠦᠷᠢ 7497.5 ᠳ᠋ᠦᠩᠰᠢᠭᠤᠷ ᠲᠥᠭᠥᠷᠢᠭ᠎ᠲᠤ ᠬᠦᠷᠴᠦ᠂ 0.3%᠎ᠪᠠᠷ ᠪᠠᠭᠤᠷᠠᠪᠠ; ᠪᠠᠶ᠋ᠢᠭᠤᠯᠭ᠎ᠠ ᠪᠦᠯᠬᠦᠮ᠎ᠤᠨ ᠬᠠᠳᠠᠭ᠋ᠠᠯᠠᠮᠵᠢ ᠵᠢᠨ ᠦᠯᠡᠳᠡᠪᠦᠷᠢ 4561.2 ᠳ᠋ᠦᠩᠰᠢᠭᠤᠷ ᠲᠥᠭᠥᠷᠢᠭ᠎ᠲᠤ ᠬᠦᠷᠴᠦ᠂ 2.9%᠎ᠪᠠᠷ ᠨᠡᠮᠡᠭᠳᠡᠪᠡ᠃ ᠵᠢᠯ᠎ᠤᠨ ᠡᠴᠦᠰ᠎ᠲᠤ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠠᠷᠠᠳ᠎ᠤᠨ ᠵᠣᠭᠣᠰ᠎ᠤᠨ ᠵᠢᠭᠡᠯᠡᠯᠭᠡ ᠵᠢᠨ ᠦᠯᠡᠳᠡᠪᠦᠷᠢ ᠲᠣᠭ᠎ᠠ 31794.1 ᠳ᠋ᠦᠩᠰᠢᠭᠤᠷ ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ ᠡᠴᠦᠰ᠎ᠤᠨ᠎ᠬᠢ᠎ᠠᠴᠠ 5.8%᠎ᠪᠠᠷ ᠨᠡᠮᠡᠭᠳᠡᠵᠦ᠂ ᠳᠤᠮᠳᠠ ᠵᠢᠵᠢᠭ ᠮᠥᠩᠭᠥᠨ ᠭᠦᠢ᠍ᠯᠭᠡᠭᠡᠨ᠎ᠤ ᠪᠠᠶ᠋ᠢᠭᠤᠯᠤᠮᠵᠢ ᠵᠢᠨ ᠥᠭᠡᠷᠡᠴᠢᠯᠡᠯᠲᠡ ᠵᠢᠨ ᠳᠠᠭ᠋ᠠᠳᠬᠠᠯ ᠵᠡᠷᠭᠡ ᠨᠢᠭᠡ ᠤᠳᠠᠭ᠎ᠠ ᠵᠢᠨ ᠴᠢᠨᠠᠷᠲᠠᠶ ᠣᠨᠴᠠᠭ᠋ᠠᠶ ᠨᠥᠯᠥᠭᠡᠯᠡᠬᠦ ᠬᠦᠴᠦᠨ ᠵᠦᠢ᠍ᠯ᠎ᠢ ᠬᠠᠰᠤᠭᠰᠠᠨ᠎ᠤ ᠳᠠᠷᠠᠭ᠎ᠠ᠂ ᠠᠳᠠᠯᠢ ᠪᠠᠷᠢᠮᠵᠢᠶ᠎ᠠ᠎ᠪᠠᠷ 8%᠎ᠪᠠᠷ ᠨᠡᠮᠡᠭᠳᠡᠪᠡ᠃ ᠡᠭᠦᠨ᠎ᠳᠤ᠂ ᠰᠠᠭᠤᠭ᠋ᠠᠯᠢ ᠡᠷᠦᠬᠡ ᠵᠢᠨ ᠵᠢᠭᠡᠯᠡᠯᠭᠡ ᠵᠢᠨ ᠦᠯᠡᠳᠡᠪᠦᠷᠢ ᠲᠣᠭ᠎ᠠ 10053.8 ᠳ᠋ᠦᠩᠰᠢᠭᠤᠷ ᠲᠥᠭᠥᠷᠢᠭ᠎ᠲᠤ ᠬᠦᠷᠴᠦ᠂ 7.1%᠎ᠪᠠᠷ ᠨᠡᠮᠡᠭᠳᠡᠪᠡ; ᠠᠵᠤ ᠠᠬᠤᠶ᠋ᠢᠯᠠᠯ (ᠠᠵᠢᠯ ᠦᠢ᠍ᠯᠡᠰ)᠎ᠤᠨ ᠨᠢᠭᠡᠴᠡ ᠵᠢᠨ ᠵᠢᠭᠡᠯᠡᠯᠭᠡ ᠵᠢᠨ ᠦᠯᠡᠳᠡᠪᠦᠷᠢ ᠲᠣᠭ᠎ᠠ 21664.4 ᠳ᠋ᠦᠩᠰᠢᠭᠤᠷ ᠲᠥᠭᠥᠷᠢᠭ

ᠪᠠᠶ᠋ᠢᠵᠤ᠂ 4.9%᠎ᠪᠠᠷ ᠨᠡᠮᠡᠭᠳᠡᠪᠡ᠃
    ᠪᠥᠬᠥ ᠵᠢᠯ᠎ᠤᠨ ᠳᠠᠭ᠋ᠠᠳᠬᠠᠯ᠎ᠤᠨ ᠦᠢ᠍ᠯᠡᠰ᠎ᠨᠢ ᠤᠤᠯ᠎ᠤᠨ ᠳᠠᠭ᠋ᠠᠳᠬᠠᠯ᠎ᠤᠨ ᠵᠠᠷᠤᠳᠠᠯ᠎ᠤᠨ ᠣᠷᠣᠯᠭ᠎ᠠ [25] 860.7 ᠳ᠋ᠦᠩᠰᠢᠭᠤᠷ ᠲᠥᠭᠥᠷᠢᠭ᠎ᠢ ᠪᠡᠶᠡᠯᠡᠭᠦᠯᠵᠦ᠂ ᠲᠦᠷᠦᠭᠦᠦ ᠵᠢᠯ᠎ᠤᠨ᠎ᠬᠢ᠎ᠠᠴᠠ 2.5%᠎ᠪᠠᠷ ᠨᠡᠮᠡᠭᠳᠡᠪᠡ; ᠲᠥᠯᠥᠪᠦᠷᠢ ᠵᠢᠨ ᠵᠠᠷᠤᠯᠭ᠎ᠠ 362.3 ᠳ᠋ᠦᠩᠰᠢᠭᠤᠷ ᠲᠥᠭᠥᠷᠢᠭ᠎ᠲᠤ ᠬᠦᠷᠴᠦ᠂ 14.0% ᠵᠶ᠋ᠠᠷ ᠨᠡᠮᠡᠭᠳᠡᠪᠡ᠃ ᠡᠭᠦᠨ᠎ᠳᠤ᠂ ᠬᠥᠮᠦᠨ᠎ᠤ ᠪᠡᠶ᠎ᠡ ᠵᠢᠨ ᠳᠠᠭ᠋ᠠᠳᠬᠠᠯ᠎ᠤᠨ ᠤᠤᠯ᠎ᠤᠨ ᠳᠠᠭ᠋ᠠᠳᠬᠠᠯ᠎ᠤᠨ ᠵᠠᠷᠤᠳᠠᠯ᠎ᠤᠨ ᠣᠷᠣᠯᠭ᠎ᠠ 606.2 ᠳ᠋ᠦᠩᠰᠢᠭᠤᠷ ᠲᠥᠭᠥᠷᠢᠭ᠎ᠢ ᠪᠡᠶᠡᠯᠡᠭᠦᠯᠵᠦ᠂ ᠲᠥᠯᠥᠪᠦᠷᠢ ᠵᠢᠨ ᠵᠠᠷᠤᠯᠭ᠎ᠠ 180.8 ᠳ᠋ᠦᠩᠰᠢᠭᠤᠷ ᠲᠥᠭᠥᠷᠢᠭ᠎ᠲᠤ ᠬᠦᠷᠴᠡᠶ; ᠡᠳ᠋ ᠬᠦᠷᠦᠨᠭᠭᠡ ᠵᠢᠨ ᠳᠠᠭ᠋ᠠᠳᠬᠠᠯ᠎ᠤᠨ ᠤᠤᠯ᠎ᠤᠨ ᠳᠠᠭ᠋ᠠᠳᠬᠠᠯ᠎ᠤᠨ ᠵᠠᠷᠤᠳᠠᠯ᠎ᠤᠨ ᠣᠷᠣᠯᠭ᠎ᠠ 254.5 ᠳ᠋ᠦᠩᠰᠢᠭᠤᠷ ᠲᠥᠭᠥᠷᠢᠭ᠂ ᠲᠥᠯᠥᠪᠦᠷᠢ ᠵᠢᠨ ᠵᠠᠷᠤᠯᠭ᠎ᠠ 181.6 ᠳ᠋ᠦᠩᠰᠢᠭᠤᠷ ᠲᠥᠭᠥᠷᠢᠭ᠎ᠲᠤ ᠬᠦᠷᠴᠡᠢ᠃
    ᠶᠢᠰᠦ᠂ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠬᠡᠷᠡᠭᠯᠡᠭᠡ ᠪᠠ ᠨᠡᠶ᠋ᠢᠭᠡᠮ᠎ᠤᠨ ᠪᠠᠲᠤᠯᠠᠭ᠎ᠠ
    ᠪᠦᠬᠦ ᠵᠢᠯ᠎ᠤᠨ ᠪᠦᠬᠦ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 40077 ᠲᠥᠭᠥᠷᠢᠭ᠎ᠲᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 5.1% ᠨᠡᠮᠡᠭᠳᠡᠪᠡ᠃ ᠪᠠᠶ᠋ᠢᠩᠭᠤ ᠰᠠᠭᠤᠭ᠎ᠠ ᠭᠠᠵᠠᠷ ᠵᠶ᠋ᠠᠷ ᠬᠤᠪᠢᠶᠠᠪᠠᠯ᠂ ᠬᠣᠲᠠ ᠪᠠᠯᠭ᠋ᠠᠰᠤᠨ᠎ᠤ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 50888 ᠲᠥᠭᠥᠷᠢᠭ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 4.5%᠎ᠪᠠᠷ ᠨᠡᠮᠡᠭᠳᠡᠪᠡ᠃ ᠭᠤᠤᠯ ᠣᠷᠣᠯᠭ᠎ᠠ ᠵᠢᠨ ᠪᠦᠲᠦᠴᠡ᠎ᠠᠴᠠ ᠦᠵᠡᠪᠡᠯ᠂ ᠴᠠᠯᠢᠩ᠎ᠤᠨ ᠴᠢᠨᠠᠷᠲᠠᠶ ᠣᠷᠣᠯᠭ᠎ᠠ 31384 ᠲᠥᠭᠥᠷᠢᠭ᠎ᠲᠤ ᠬᠦᠷᠴᠦ᠂ 5.5%᠎ᠪᠠᠷ ᠨᠡᠮᠡᠭᠳᠡᠪᠡ; ᠡᠵᠡᠩᠨᠡᠯᠲᠡ ᠵᠢᠨ ᠴᠡᠪᠡᠷ ᠣᠷᠣᠯᠭ᠎ᠠ 9542 ᠲᠥᠭᠥᠷᠢᠭ᠎ᠲᠤ ᠬᠦᠷᠴᠦ᠂ 2.9%᠎ᠪᠠᠷ ᠨᠡᠮᠡᠭᠳᠡᠪᠡ; ᠡᠳ᠋ ᠬᠥᠷᠥᠩᠭᠡ ᠵᠢᠨ ᠴᠡᠪᠡᠷ ᠣᠷᠣᠯᠭ᠎ᠠ 2583 ᠲᠥᠭᠥᠷᠢᠭ᠎ᠲᠤ ᠬᠦᠷᠴᠦ᠂ 2.1%᠎ᠪᠠᠷ ᠪᠠᠭᠤᠷᠠᠪᠠ; ᠰᠢᠯᠵᠢᠭᠦᠯᠦᠭᠰᠡᠨ ᠴᠡᠪᠡᠷ ᠣᠷᠣᠯᠭ᠎ᠠ 7379 ᠲᠥᠭᠥᠷᠢᠭ᠎ᠲᠤ ᠬᠦᠷᠴᠦ᠂ 5.3%᠎ᠪᠠᠷ ᠨᠡᠮᠡᠭᠳᠡᠪᠡ᠃ ᠮᠠᠯᠵᠢᠬᠤ ᠲᠠᠷᠢᠶᠠᠯᠠᠬᠤ ᠣᠷᠣᠨ᠎ᠤ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠡᠵᠡᠮᠳᠡᠵᠦ ᠪᠣᠯᠬᠤ ᠣᠷᠣᠯᠭ᠎ᠠ 22543 ᠲᠥᠭᠥᠷᠢᠭ᠎ᠲᠤ ᠬᠦᠷᠴᠦ᠂ 6.2% ᠵᠶ᠋ᠠᠷ ᠨᠡᠮᠡᠭᠳᠡᠪᠡ᠃ ᠭᠤᠤᠯ ᠪᠣᠯᠬᠤ ᠣᠷᠣᠯᠭ᠎ᠠ ᠵᠢᠨ ᠪᠦᠲᠦᠴᠡ᠎ᠠᠴᠠ ᠦᠵᠡᠪᠡᠯ᠂ ᠴᠠᠯᠢᠩ᠎ᠤᠨ ᠴᠢᠨᠠᠷᠲᠠᠶ ᠣᠷᠣᠯᠭ᠎ᠠ 4407 ᠲᠥᠭᠥᠷᠢᠭ᠎ᠲᠤ ᠬᠦᠷᠴᠦ᠂ 7.9%᠎ᠪᠠᠷ ᠨᠡᠮᠡᠭᠳᠡᠪᠡ; ᠡᠵᠡᠩᠨᠡᠯᠲᠡ ᠵᠢᠨ ᠴᠡᠪᠡᠷ ᠣᠷᠣᠯᠭ᠎ᠠ 12161 ᠲᠥᠭᠥᠷᠢᠭ᠎ᠲᠤ ᠬᠦᠷᠴᠦ᠂ 4.8%᠎ᠪᠠᠷ ᠨᠡᠮᠡᠭᠳᠡᠪᠡ; ᠡᠳ᠋ ᠬᠥᠷᠥᠩᠭᠡ ᠵᠢᠨ ᠴᠡᠪᠡᠷ ᠣᠷᠣᠯᠭ᠎ᠠ 664 ᠲᠥᠭᠥᠷᠢᠭ᠎ᠲᠤ ᠬᠦᠷᠴᠦ᠂ 14.6%᠎ᠪᠠᠷ ᠨᠡᠮᠡᠭᠳᠡᠪᠡ; ᠰᠢᠯᠵᠢᠭᠦᠯᠦᠭᠰᠡᠨ ᠴᠡᠪᠡᠷ ᠣᠷᠣᠯᠭ᠎ᠠ 5311 ᠲᠥᠭᠥᠷᠢᠭ᠎ᠲᠤ ᠬᠦᠷᠴᠦ᠂ 7.3%᠎ᠪᠠᠷ ᠨᠡᠮᠡᠭᠳᠡᠪᠡ᠃
   ᠪᠦᠬᠦ ᠵᠢᠯ᠎ᠤᠨ ᠪᠦᠬᠦ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠠᠮᠢᠳᠤᠷᠠᠯ᠎ᠤᠨ ᠬᠡᠷᠡᠭᠯᠡᠭᠡᠨ᠎ᠤ ᠵᠠᠷᠤᠯᠭ᠎ᠠ 28113 ᠲᠥᠭᠥᠷᠢᠭ᠎ᠲᠤ ᠬᠦᠷᠴᠦ᠂ ᠳᠡᠭᠡᠷ᠎ᠡ ᠵᠢᠯ᠎ᠤᠨ᠎ᠬᠢ᠎ᠠᠴᠠ 4.0% ᠨᠡᠮᠡᠭᠳᠡᠪᠡ᠃ ᠪᠠᠶ᠋ᠢᠩᠭᠤ ᠰᠠᠭᠤᠭ᠎ᠠ ᠭᠠᠵᠠᠷ ᠵᠶ᠋ᠠᠷ᠎ᠨᠢ ᠬᠤᠪᠢᠶᠠᠪᠠᠯ᠂ ᠬᠣᠲᠠ ᠪᠠᠯᠭ᠋ᠠᠰᠤᠨ᠎ᠤ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠠᠮᠢᠳᠤᠷᠠᠯ᠎ᠤᠨ ᠬᠡᠷᠡᠭᠯᠡᠭᠡᠨ᠎ᠤ ᠵᠠᠷᠤᠯᠭ᠎ᠠ 33342 ᠲᠥᠭᠥᠷᠢᠭ᠎ᠲᠤ ᠬᠦᠷᠴᠦ᠂ 3.4%᠎ᠪᠠᠷ ᠨᠡᠮᠡᠭᠳᠡᠪᠡ᠃ ᠮᠠᠯᠵᠢᠬᠤ ᠲᠠᠷᠢᠶᠠᠯᠠᠬᠤ ᠣᠷᠣᠨ᠎ᠤ ᠰᠠᠭᠤᠭ᠋ᠠᠯᠢ ᠠᠷᠠᠳ᠎ᠤᠨ ᠬᠥᠮᠦᠨ ᠳᠤᠮᠳᠠᠴᠢ ᠵᠢᠨ ᠠᠮᠢᠳᠤᠷᠠᠯ᠎ᠤᠨ ᠬᠡᠷᠡᠭᠯᠡᠭᠡᠨ᠎ᠤ ᠵᠠᠷᠤᠯᠭ᠎ᠠ 19631 ᠲᠥᠭᠥᠷᠢᠭ᠎ᠲᠤ ᠬᠦᠷᠴᠦ᠂ 5.3%᠎ᠪᠠᠷ ᠨᠡᠮᠡᠭᠳᠡᠪᠡ᠃ ᠪᠥᠬᠥ ᠰᠠᠭᠤᠭ᠋ᠠᠯᠢ ᠠᠷᠠᠳ᠎ᠤᠨ ᠡᠩᠭᠧᠯ᠎ᠤᠨ ᠢᠯᠡᠳᠬᠡᠮᠵᠢ᠎ᠨᠢ 28.7% ᠪᠣᠯᠤᠨ᠎ᠠ᠃ ᠡᠭᠦᠨ᠎ᠳᠤ᠂ ᠬᠣᠲᠠ ᠪᠠᠯᠭ᠋ᠠᠰᠤ 28.1%᠂ ᠮᠠᠯᠵᠢᠬᠤ ᠲᠠᠷᠢᠶᠠᠯᠠᠬᠤ ᠣᠷᠣᠨ 30.3% ᠪᠣᠯᠤᠨ᠎ᠠ᠃

8-8.jpg


    ᠪᠥᠬᠥ ᠵᠢᠯ᠎ᠳᠤ ᠡᠯ᠎ᠡ ᠲᠥᠷᠥᠯ᠎ᠤᠨ ᠨᠡᠶ᠋ᠢᠭᠡᠮ᠎ᠤᠨ ᠠᠰᠠᠷᠠᠮᠵᠢ ᠵᠢᠨ ᠬᠦᠷᠢᠶᠡᠯᠡᠩ᠎ᠤᠨ ᠡᠷᠭᠦᠨ ᠲᠡᠵᠢᠭᠡᠭᠰᠡᠨ ᠬᠥᠮᠦᠨ᠎ᠤ ᠲᠣᠭ᠎ᠠ 1.8 ᠲᠦᠮᠡ᠎ᠳᠤ ᠬᠥᠷᠪᠡ᠃ ᠨᠡᠶ᠋ᠢᠲᠡ 160.2 ᠲᠦᠮᠡᠨ ᠬᠥᠮᠦᠨ ᠤᠯᠤᠰ᠎ᠤᠨ ᠨᠠᠭ᠋ᠠᠳᠤ ᠵᠠᠬ᠎ᠠ ᠵᠢᠨ ᠠᠮᠢᠳᠤᠷᠠᠯ᠎ᠤᠨ ᠪᠠᠲᠤᠯᠠᠭ᠎ᠠ ᠵᠢᠨ ᠲᠡᠳᠬᠦᠮᠵᠢ ᠭᠥᠷᠳᠡᠪᠡ᠃ ᠨᠡᠶ᠋ᠢᠭᠡᠮ᠎ᠤᠨ ᠠᠰᠠᠷᠠᠮᠵᠢ ᠵᠢᠨ ᠪᠠᠯᠠ ᠮᠥᠩᠭᠥ ᠵᠢ 13.5 ᠳ᠋ᠦᠩᠰᠢᠭᠤᠷ ᠲᠥᠭᠥᠷᠢᠭ ᠴᠤᠭᠯᠠᠭᠤᠯᠵᠤ᠂ ᠨᠡᠶ᠋ᠢᠭᠡᠮ᠎ᠤᠨ ᠠᠰᠠᠷᠠᠮᠵᠢ ᠵᠢᠨ ᠱᠠᠩᠨᠠᠯᠲᠤ ᠰᠤᠭᠤᠯᠤᠭ᠎ᠠ ᠵᠢ 44.0 ᠳ᠋ᠦᠩᠰᠢᠭᠤᠷ ᠲᠥᠭᠥᠷᠢᠭ ᠪᠣᠷᠣᠯᠠᠭᠤᠯᠪᠠ᠃
    ᠵᠢᠯ᠎ᠤᠨ ᠡᠴᠦᠰ᠎ᠲᠤ ᠬᠣᠲᠠ ᠪᠠᠯᠭ᠋ᠠᠰᠤᠨ᠎ᠤ ᠠᠵᠢᠯᠲᠠᠨ ᠠᠵᠢᠯᠴᠢᠨ᠎ᠤ ᠦᠨᠳᠦᠰᠦᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠳᠤ ᠣᠷᠣᠯᠴᠠᠭᠰᠠᠨ ᠬᠥᠮᠦᠨ᠎ᠤ ᠲᠣᠭ᠎ᠠ 958.4 ᠲᠦᠮᠡ᠎ᠳᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 2.8%᠎ᠪᠠᠷ ᠨᠡᠮᠡᠭᠳᠡᠵᠡᠶ᠃ ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠨᠡᠶ᠋ᠢᠭᠡᠮ᠎ᠤᠨ ᠨᠠᠰᠤᠵᠢᠯ᠎ᠤᠨ ᠠᠰᠠᠷᠠᠮᠵᠢ ᠵᠢᠨ ᠳᠠᠭ᠋ᠠᠳᠬᠠᠯ᠎ᠳᠤ ᠣᠷᠣᠯᠴᠠᠭᠰᠠᠨ ᠬᠥᠮᠦᠨ᠎ᠤ ᠲᠣᠭ᠎ᠠ 814.6 ᠲᠦᠮᠡ᠎ᠳᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 0.1%᠎ᠪᠠᠷ ᠪᠠᠭᠤᠷᠠᠪᠠ᠃ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠳᠤ ᠣᠷᠣᠯᠴᠠᠭᠰᠠᠨ ᠬᠥᠮᠦᠨ᠎ᠤ ᠲᠣᠭ᠎ᠠ 2164.0 ᠲᠦᠮᠡ᠎ᠳᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 0.2% ᠵᠶ᠋ᠠᠷ ᠨᠡᠮᠡᠭᠳᠡᠪᠡ᠃ ᠡᠭᠦᠨ᠎ᠳᠤ᠂ ᠬᠣᠲᠠ ᠪᠠᠯᠭ᠋ᠠᠰᠤᠨ᠎ᠤ ᠠᠵᠢᠯᠲᠠᠨ ᠠᠵᠢᠯᠴᠢᠨ᠎ᠤ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠳᠤ ᠣᠷᠣᠯᠴᠠᠭᠰᠠᠨ ᠬᠥᠮᠦᠨ᠎ᠤ ᠲᠣᠭ᠎ᠠ 626.0 ᠲᠦᠮᠡ᠎ᠳᠤ ᠬᠦᠷᠴᠦ᠂ 3.2% ᠵᠶ᠋ᠠᠷ ᠨᠡᠮᠡᠭᠳᠡᠪᠡ; ᠬᠣᠲᠠ ᠬᠥᠳᠡᠭᠡ ᠵᠢᠨ ᠰᠠᠭᠤᠭ᠋ᠠᠯᠢ ᠠᠷᠠᠳ᠎ᠤᠨ ᠦᠨᠳᠦᠰᠦᠨ ᠡᠮ ᠡᠮᠨᠡᠯᠭᠡ ᠵᠢᠨ ᠳᠠᠭ᠋ᠠᠳᠬᠠᠯ᠎ᠳᠤ ᠣᠷᠣᠯᠴᠠᠭᠰᠠᠨ ᠬᠥᠮᠦᠨ᠎ᠤ ᠲᠣᠭ᠎ᠠ 1538.0 ᠲᠦᠮᠡ᠎ᠳᠤ ᠬᠦᠷᠴᠦ᠂ 0.9%᠎ᠪᠠᠷ ᠪᠠᠭᠤᠷᠠᠪᠠ᠃ ᠠᠵᠢᠯ ᠠᠯᠳᠠᠯᠲᠠ ᠵᠢᠨ ᠳᠠᠭ᠋ᠠᠳᠬᠠᠯ᠎ᠳᠤ ᠣᠷᠣᠯᠴᠠᠭᠰᠠᠨ ᠬᠥᠮᠦᠨ᠎ᠤ ᠲᠣᠭ᠎ᠠ 333.8 ᠲᠦᠮᠡ᠎ᠳᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 1.4%᠎ᠪᠠᠷ ᠨᠡᠮᠡᠭᠳᠡᠪᠡ; ᠠᠵᠢᠯ ᠠᠯᠳᠠᠭᠰᠠᠳ᠎ᠤᠨ ᠳᠠᠭ᠋ᠠᠳᠬᠠᠯ᠎ᠤᠨ ᠮᠥᠩᠭᠥ ᠵᠢ ᠨᠡᠶ᠋ᠢᠲᠡ 8.0 ᠲᠦᠮᠡᠨ ᠬᠥᠮᠦᠨ ᠠᠪᠤᠭᠰᠠᠨ ᠪᠠᠶ᠋ᠢᠨ᠎ᠠ᠃
    ᠠᠷᠪᠠ᠂ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ ᠪᠠ ᠰᠤᠷᠭ᠋ᠠᠨ ᠬᠥᠮᠦᠵᠢᠯ
    ᠪᠥᠬᠥ ᠵᠢᠯ᠎ᠤᠨ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥᠯ ᠵᠦᠢ᠍ᠯ᠎ᠤᠨ ᠳᠣᠲᠣᠷ᠎ᠠ᠂ ᠰᠢᠨᠵᠢᠯᠡᠬᠦ ᠤᠬᠠᠭ᠋ᠠᠨ ᠮᠡᠷᠭᠡᠵᠢᠯ᠎ᠤᠨ ᠴᠢᠬᠤᠯᠠ ᠶᠡᠬᠡ ᠲᠤᠰᠬᠠᠶ ᠵᠦᠢ᠍ᠯ᠎ᠳᠤ 52 ᠵᠦᠢ᠍ᠯ᠎ᠢ ᠰᠢᠨ᠎ᠡ᠎ᠪᠠᠷ ᠲᠣᠭᠲᠠᠭ᠋ᠠᠵᠤ᠂ ᠪᠠᠶ᠋ᠢᠭ᠋ᠠᠯᠢ ᠵᠢᠨ ᠰᠢᠨᠵᠢᠯᠡᠬᠦ ᠤᠬᠠᠭ᠋ᠠᠨ᠎ᠤ ᠰᠠᠭᠤᠷᠢ ᠮᠥᠩᠭᠥ ᠵᠢ ᠨᠡᠶ᠋ᠢᠲᠡ 1117 ᠵᠦᠢ᠍ᠯ ᠲᠣᠬᠢᠷᠠᠭᠤᠯᠪᠠ᠃ ᠰᠢᠨᠵᠢᠯᠡᠬᠦ ᠤᠬᠠᠭ᠋ᠠᠨ ᠮᠡᠷᠭᠡᠵᠢᠯ᠎ᠤᠨ ᠦᠷ᠎ᠡ ᠪᠦᠲᠦᠭᠡᠯ᠎ᠤᠨ ᠬᠤᠪᠢᠷᠠᠭᠤᠯᠤᠯᠲᠠ ᠵᠢᠨ ᠲᠤᠰᠬᠠᠢ ᠪᠡᠯᠡ ᠮᠥᠩᠭᠥ ᠵᠢᠨ ᠶᠡᠷᠦᠩᠬᠡᠢ ᠬᠡᠪᠴᠢᠶ᠎ᠡ 6 4 ᠳ᠋ᠦᠩᠰᠢᠭᠤᠷ ᠲᠥᠭᠥᠷᠢᠭ᠃ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠠᠵᠤ ᠠᠬᠤᠶ᠋ᠢᠯᠠᠯ᠎ᠤᠨ ᠨᠡᠪᠴᠢᠭᠦᠯᠦᠭᠦᠷ 59᠃ ᠪᠥᠬᠥ ᠵᠢᠯ᠎ᠤᠨ ᠲᠤᠰᠬᠠᠶ ᠠᠰᠢᠭ᠎ᠤᠨ ᠡᠷᠬᠡ ᠣᠯᠭᠣᠭᠰᠠᠨ ᠬᠡᠮᠵᠢᠶ᠎ᠡ 25828 ᠬᠤᠪᠢ ᠪᠠᠶ᠋ᠢᠵᠤ᠂ ᠲᠦᠷᠦᠭᠦᠦ ᠵᠢᠯ᠎ᠤᠨ᠎ᠬᠢ᠎ᠠᠴᠠ 16.0% ᠵᠶ᠋ᠠᠷ ᠨᠡᠮᠡᠭᠳᠡᠪᠡ᠃ ᠲᠦᠮᠡᠨ ᠬᠥᠮᠦᠨ ᠠᠮᠠ ᠪᠦᠷᠢ᠎ᠳᠤ 6.7 ᠡᠭᠦᠳᠦᠯᠲᠡ ᠵᠢᠨ ᠲᠤᠰᠬᠠᠶ ᠠᠰᠢᠭ᠎ᠲᠠᠢ᠃ ᠪᠥᠬᠥ ᠵᠢᠯ᠎ᠳᠤ ᠪᠥᠬᠥ ᠣᠷᠣᠨ᠎ᠤ ᠮᠠᠭ᠋ᠠᠳᠯᠠᠨ ᠲᠣᠭᠲᠠᠭ᠋ᠠᠵᠤ ᠳᠡᠩᠰᠡᠯᠡᠨ ᠲᠡᠮᠳᠡᠭᠯᠡᠬᠦ ᠮᠡᠷᠭᠡᠵᠢᠯ᠎ᠤᠨ ᠭᠡᠷ᠎ᠡ 2412 ᠪᠣᠶ᠃ ᠡᠭᠦᠨ᠎ᠳᠤ᠂ ᠣᠷᠣᠨ᠎ᠤ ᠳᠣᠲᠣᠷᠠᠬᠢ ᠠᠷᠠᠯᠵᠢᠶ᠎ᠠ ᠪᠦᠲᠦᠭᠰᠡᠨ ᠮᠡᠷᠭᠡᠵᠢᠯ᠎ᠤᠨ ᠭᠡᠷ᠎ᠡ ᠵᠢ ᠳᠠᠩᠰᠠᠯᠠᠭᠰᠠᠨ᠎ᠨᠢ 1943 ᠪᠠᠶ᠋ᠢᠵᠤ᠂ 6.9%᠎ᠪᠠᠷ ᠨᠡᠮᠡᠭᠳᠡᠪᠡ᠃ ᠪᠥᠬᠥ ᠵᠢᠯ᠎ᠳᠤ ᠪᠥᠬᠥ ᠣᠷᠣᠨ᠎ᠤ ᠮᠡᠷᠭᠡᠵᠢᠯ᠎ᠤᠨ ᠭᠡᠷ᠎ᠡ ᠵᠢᠨ ᠠᠷᠠᠯᠵᠢᠶ᠎ᠠ ᠪᠦᠲᠦᠭᠰᠡᠨ ᠵᠣᠭᠣᠰ᠎ᠤᠨ ᠲᠣᠭ᠎ᠠ 82.5 ᠳ᠋ᠦᠩᠰᠢᠭᠤᠷ ᠲᠥᠭᠥᠷᠢᠭ᠎ᠲᠤ ᠬᠥᠷᠪᠡ᠃ ᠡᠭᠦᠨ᠎ᠳᠤ᠂ ᠣᠷᠣᠨ᠎ᠤ ᠳᠣᠲᠣᠷᠠᠬᠢ ᠠᠷᠠᠯᠵᠢᠶ᠎ᠠ ᠪᠦᠲᠦᠭᠰᠡᠨ ᠮᠡᠷᠭᠡᠵᠢᠯ᠎ᠤᠨ ᠭᠡᠷ᠎ᠡ ᠵᠢᠨ ᠵᠣᠭᠣᠰ᠎ᠤᠨ ᠲᠣᠭ᠎ᠠ 60.7 ᠳ᠋ᠦᠩᠰᠢᠭᠤᠷ ᠲᠥᠭᠥᠷᠢᠭ᠎ᠲᠤ ᠬᠦᠷᠴᠦ᠂ 7.7%᠎ᠪᠠᠷ ᠨᠡᠮᠡᠭᠳᠡᠪᠡ᠃
    ᠵᠢᠯ᠎ᠤᠨ ᠡᠴᠦᠰ᠎ᠲᠤ ᠪᠥᠬᠥ ᠣᠷᠣᠨ᠎ᠳᠤ ᠠᠰᠫᠢᠷᠠᠨᠲ ᠬᠥᠮᠦᠵᠢᠭᠦᠯᠬᠦ ᠨᠢᠭᠡᠴᠡ ᠨᠡᠶ᠋ᠢᠲᠡ 12᠂ ᠰᠣᠷᠣᠭᠴᠢ ᠡᠯᠰᠡᠬᠦ (ᠪᠦᠬᠦᠯᠢ ᠡᠳᠦᠷ᠎ᠤᠨ ᠪᠤᠰᠤ ᠲᠦᠷᠢᠮ ᠪᠠᠭᠲᠠᠨ᠎ᠠ) 1.5 ᠲᠦᠮᠡᠨ ᠬᠥᠮᠦᠨ᠂ ᠰᠤᠷᠤᠯᠴᠠᠵᠤ ᠪᠠᠶ᠋ᠢᠭ᠎ᠠ ᠠᠰᠫᠢᠷᠠᠨᠲ (ᠪᠦᠬᠦᠯᠢ ᠡᠳᠦᠷ᠎ᠤᠨ ᠪᠤᠰᠤ ᠲᠦᠷᠢᠮ ᠪᠠᠭᠲᠠᠨ᠎ᠠ) 4.3 ᠲᠦᠮᠡᠨ ᠬᠥᠮᠦᠨ ᠪᠠᠶ᠋ᠢᠵᠤ᠂ ᠲᠦᠷᠦᠭᠦᠦ ᠵᠢᠯ᠎ᠤᠨ᠎ᠬᠢ᠎ᠠᠴᠠ 6.6%᠎ᠪᠠᠷ ᠨᠡᠮᠡᠭᠳᠡᠪᠡ᠃ ᠡᠩ᠎ᠤᠨ ᠳᠡᠭᠡᠳᠦ ᠰᠤᠷᠭ᠋ᠠᠭᠤᠯᠢ 54 ᠪᠠᠶ᠋ᠢᠵᠤ᠂ 17.6 ᠲᠦᠮᠡᠨ ᠰᠣᠷᠣᠭᠴᠢ ᠡᠯᠰᠡᠨ᠂ ᠰᠤᠷᠭ᠋ᠠᠭᠤᠯᠢ᠎ᠳᠤ ᠪᠠᠶ᠋ᠢᠭ᠎ᠠ ᠰᠣᠷᠣᠭᠴᠢ 55.3 ᠲᠦᠮᠡ᠂ ᠲᠡᠭᠦᠰᠬᠦ ᠰᠣᠷᠣᠭᠴᠢ 15.4 ᠲᠦᠮᠡ ᠪᠠᠶ᠋ᠢᠨ᠎ᠠ᠃ ᠳᠤᠮᠳᠠ ᠵᠡᠷᠭᠡ ᠵᠢᠨ ᠠᠵᠢᠯ ᠮᠡᠷᠭᠡᠵᠢᠯ᠎ᠤᠨ ᠰᠤᠷᠭ᠋ᠠᠨ ᠬᠥᠮᠦᠵᠢᠯ᠎ᠤᠨ ᠰᠤᠷᠭ᠋ᠠᠭᠤᠯᠢ 171 ᠪᠠᠶ᠋ᠢᠵᠤ᠂ 5.9 ᠲᠦᠮᠡᠨ ᠰᠤᠷᠤᠭᠴᠢ ᠡᠯᠰᠡᠵᠦ᠂ ᠰᠤᠷᠭ᠋ᠠᠭᠤᠯᠢ᠎ᠳᠤ ᠪᠠᠶ᠋ᠢᠭ᠎ᠠ ᠰᠤᠷᠤᠭᠴᠢ 17.7 ᠲᠦᠮᠡᠨ ᠬᠥᠮᠦᠨ᠂ ᠲᠡᠭᠦᠰᠬᠦ ᠰᠤᠷᠤᠭᠴᠢ 6.1 ᠲᠦᠮᠡᠨ ᠬᠥᠮᠦᠨ ᠪᠠᠶ᠋ᠢᠨ᠎ᠠ᠃ ᠡᠩ᠎ᠤᠨ ᠥᠨᠳᠥᠷ ᠵᠡᠷᠭᠡ ᠵᠢᠨ ᠳᠤᠮᠳᠠᠳᠤ ᠰᠤᠷᠭ᠋ᠠᠭᠤᠯᠢ 323 ᠪᠠᠶ᠋ᠢᠵᠤ᠂ 14.9 ᠲᠦᠮᠡᠨ ᠰᠤᠷᠤᠭᠴᠢ ᠡᠯᠰᠡᠨ᠂ ᠰᠤᠷᠭ᠋ᠠᠭᠤᠯᠢ᠎ᠳᠤ ᠪᠠᠢ᠍ᠭ᠎ᠠ ᠰᠤᠷᠤᠭᠴᠢ 43.7 ᠲᠦᠮᠡᠨ ᠬᠥᠮᠦᠨ᠂ ᠲᠡᠭᠦᠰᠦᠭᠰᠡᠨ ᠰᠤᠷᠤᠭᠴᠢ 13.8 ᠲᠦᠮᠡᠨ ᠬᠥᠮᠦᠨ ᠪᠠᠶ᠋ᠢᠨ᠎ᠠ᠃ ᠠᠩᠬ᠎ᠠ ᠵᠡᠷᠭᠡ ᠵᠢᠨ ᠳᠤᠮᠳᠠᠳᠤ ᠰᠤᠷᠭ᠋ᠠᠭᠤᠯᠢ 709 ᠪᠠᠶ᠋ᠢᠵᠤ᠂ 23.4 ᠲᠦᠮᠡᠨ ᠰᠤᠷᠤᠭᠴᠢ ᠡᠯᠰᠡᠨ᠂ ᠰᠤᠷᠭ᠋ᠠᠭᠤᠯᠢ᠎ᠳᠤ ᠪᠠᠶ᠋ᠢᠭ᠎ᠠ ᠰᠤᠷᠤᠭᠴᠢ 67.7 ᠲᠦᠮᠡᠨ ᠬᠥᠮᠦᠨ᠂ ᠰᠤᠷᠭ᠋ᠠᠭᠤᠯᠢ ᠲᠡᠭᠦᠰᠦᠭᠰᠡᠳ 22.1 ᠲᠦᠮᠡᠨ ᠬᠥᠮᠦᠨ ᠪᠤᠶ᠃ ᠪᠠᠭ᠎ᠠ ᠰᠤᠷᠭ᠋ᠠᠭᠤᠯᠢ 1597 ᠪᠠᠶ᠋ᠢᠵᠤ᠂ 20.0 ᠲᠦᠮᠡᠨ ᠰᠤᠷᠤᠭᠴᠢ ᠡᠯᠰᠡᠵᠦ᠂ ᠰᠤᠷᠭ᠋ᠠᠭᠤᠯᠢ᠎ᠳᠤ ᠪᠠᠶ᠋ᠢᠭ᠎ᠠ ᠰᠤᠷᠤᠭᠴᠢ 137.4 ᠲᠦᠮᠡᠨ ᠬᠥᠮᠦᠨ᠂ ᠲᠡᠭᠦᠰᠦᠭᠰᠡᠨ ᠰᠤᠷᠤᠭᠴᠢ 23.4 ᠲᠦᠮᠡᠨ ᠬᠥᠮᠦᠨ ᠪᠠᠶ᠋ᠢᠨ᠎ᠠ᠃ ᠬᠡᠦᠬᠡᠳ᠎ᠤᠨ ᠴᠡᠴᠡᠷᠯᠢᠭ᠎ᠤᠨ ᠴᠡᠴᠡᠷᠯᠢᠭ᠎ᠲᠤ ᠪᠠᠶ᠋ᠢᠭ᠎ᠠ ᠬᠡᠦᠬᠡᠳ 50.0 ᠲᠦᠮᠡ ᠪᠣᠶ᠃


9-9.jpg


     ᠠᠷᠪᠠᠨ ᠨᠢᠭᠡ᠂ ᠰᠣᠶᠣᠯ ᠵᠢᠭᠤᠯᠴᠢᠯᠠᠯ᠂ ᠡᠷᠡᠭᠦᠯ ᠬᠠᠮᠠᠭ᠋ᠠᠯᠠᠯ ᠡᠷᠡᠭᠦᠯ ᠮᠡᠨᠳᠦ ᠪᠠ ᠪᠡᠶ᠎ᠡ ᠵᠢᠨ ᠲᠠᠮᠢᠷ
     ᠵᠢᠯ᠎ᠤᠨ ᠡᠴᠦᠰ᠎ᠲᠤ ᠪᠥᠬᠥ ᠣᠷᠣᠨ᠎ᠤ ᠤᠷᠠᠯᠢᠭ᠎ᠤᠨ ᠲᠣᠭᠯᠠᠯᠲᠠ ᠵᠢᠨ ᠪᠦᠯᠬᠦᠮ ᠨᠡᠶ᠋ᠢᠲᠡ 92 ᠪᠣᠶ᠃ ᠡᠭᠦᠨ᠎ᠳᠤ᠂ ᠤᠯᠠᠭ᠋ᠠᠨᠮᠥ᠋ᠴᠢᠷ 75 ᠪᠣᠶ᠃ ᠨᠡᠶ᠋ᠢᠲᠡ 118 ᠰᠣᠶᠣᠯ᠎ᠤᠨ ᠣᠷᠳᠣᠨ᠂ 117 ᠣᠯᠠᠨ ᠨᠡᠶ᠋ᠢᠲᠡ ᠵᠢᠨ ᠨᠣᠮ᠎ᠤᠨ ᠰᠠᠩ᠂ ᠮᠦᠽᠧᠶ [26] 118 ᠪᠣᠶ᠃ ᠵᠢᠯ᠎ᠤᠨ ᠡᠴᠦᠰ᠎ᠲᠤ ᠪᠥᠬᠥ ᠣᠷᠣᠨ᠎ᠤ ᠷᠠᠳᠢᠣ᠋ ᠨᠡᠪᠲᠡᠷᠡᠭᠦᠯᠭᠡ ᠵᠢᠨ ᠫᠷᠤᠭ᠌ᠷᠠᠮ᠎ᠤᠨ ᠶᠡᠷᠦᠩᠬᠡᠶ᠋ᠢᠯᠡᠭᠰᠡᠨ ᠬᠥᠮᠦᠨ ᠠᠮᠠ ᠵᠢᠨ ᠪᠦᠷᠬᠦᠴᠡ ᠵᠢᠨ ᠨᠣᠷᠮ᠎ᠠ 99.8% ᠪᠠᠶ᠋ᠢᠵᠤ᠂ ᠲᠧᠯᠸᠢᠰ ᠫᠷᠤᠭ᠌ᠷᠠᠮ᠎ᠤᠨ ᠶᠡᠷᠦᠩᠬᠡᠶ᠋ᠢᠯᠡᠭᠰᠡᠨ ᠬᠥᠮᠦᠨ ᠠᠮᠠ ᠵᠢᠨ ᠪᠦᠷᠬᠦᠴᠡ ᠵᠢᠨ ᠨᠣᠷᠮ᠎ᠠ 99.8% ᠪᠠᠶ᠋ᠢᠪᠠ᠃ ᠥᠪᠡᠷᠲᠡᠭᠡᠨ ᠵᠠᠰᠠᠬᠤ ᠣᠷᠣᠨ ᠪᠣᠯᠤᠨ ᠠᠶ᠋ᠢᠮᠠᠭ ᠬᠣᠲᠠ ᠬᠣᠶᠠᠷ ᠱᠠᠲᠤ᠎ᠪᠠᠷ ᠵᠶ᠋ᠠᠨ ᠡᠯ᠎ᠡ ᠲᠥᠷᠥᠯ᠎ᠤᠨ ᠰᠣᠨᠢᠨ᠎ᠢ 17939 ᠲᠦᠮᠡᠨ ᠬᠤᠪᠢ ᠬᠡᠪᠯᠡᠵᠦ᠂ ᠡᠯ᠎ᠡ ᠲᠥᠷᠥᠯ᠎ᠤᠨ ᠬᠤᠭᠤᠴᠠᠭ᠋ᠠᠲᠤ ᠰᠡᠳᠬᠦᠯ᠎ᠢ 828 ᠲᠦᠮᠡᠨ ᠳᠡᠪᠲᠡᠷ ᠬᠡᠪᠯᠡᠵᠦ᠂ ᠨᠣᠮ ᠪᠢᠴᠢᠭ᠎ᠢ 5786 ᠲᠦᠮᠡᠨ ᠳᠡᠪᠲᠡᠷ ᠬᠡᠪᠯᠡᠪᠡ᠃
    ᠪᠥᠬᠥ ᠵᠢᠯ᠎ᠳᠤ ᠤᠯᠤᠰ᠎ᠤᠨ ᠳᠣᠲᠣᠭ᠋ᠠᠳᠤ ᠵᠢᠨ ᠵᠢᠭᠤᠯᠴᠢᠯᠠᠭᠴᠢᠳ᠎ᠢ 2.73 ᠳ᠋ᠦᠩᠰᠢᠭᠤᠷ ᠬᠥᠮᠦᠨ ᠤᠳᠠᠭ᠎ᠠ ᠭᠥᠯᠢᠶᠡᠨ ᠠᠪᠴᠤ᠂ ᠲᠦᠷᠦᠭᠦᠦ ᠵᠢᠯ᠎ᠤᠨ᠎ᠬᠢ᠎ᠠᠴᠠ 18.6%᠎ᠪᠠᠷ ᠨᠡᠮᠡᠭᠳᠡᠪᠡ; ᠤᠯᠤᠰ᠎ᠤᠨ ᠳᠣᠲᠣᠭ᠋ᠠᠳᠤ ᠵᠢᠨ ᠵᠢᠭᠤᠯᠴᠢᠯᠠᠯ᠎ᠤᠨ ᠣᠷᠣᠯᠭ᠎ᠠ ᠵᠢ 4140 ᠳ᠋ᠦᠩᠰᠢᠭᠤᠷ ᠲᠥᠭᠥᠷᠢᠭ ᠪᠡᠶᠡᠯᠡᠭᠦᠯᠵᠦ᠂ 23.4%᠎ᠪᠠᠷ ᠨᠡᠮᠡᠭᠳᠡᠪᠡ᠃
    ᠵᠢᠯ᠎ᠤᠨ ᠡᠴᠦᠰ᠎ᠲᠤ ᠪᠥᠬᠥ ᠣᠷᠣᠨ᠎ᠳᠤ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠨᠡᠶ᠋ᠢᠲᠡ 26740 ᠪᠣᠶ᠃ ᠡᠭᠦᠨ᠎ᠳᠤ ᠡᠮᠨᠡᠯᠭᠡ ᠵᠢᠨ ᠬᠣᠷᠢᠶ᠎ᠠ 861 ᠪᠠᠶ᠋ᠢᠨ᠎ᠠ; ᠦᠨᠳᠦᠰᠦᠨ ᠱᠠᠲᠤᠨ᠎ᠤ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ 25480 ᠪᠠᠶ᠋ᠢᠵᠤ᠂ ᠡᠭᠦᠨ᠎ᠳᠤ ᠰᠢᠶᠠᠩ ᠪᠠᠯᠭ᠋ᠠᠰᠤᠨ᠎ᠤ ᠡᠷᠡᠭᠦᠯ ᠬᠠᠮᠠᠭ᠋ᠠᠯᠠᠯ᠎ᠤᠨ ᠬᠣᠷᠢᠶ᠎ᠠ 1217᠂ ᠨᠡᠶ᠋ᠢᠭᠡᠮ ᠲᠣᠭᠣᠷᠢᠭ᠎ᠤᠨ ᠡᠷᠡᠭᠦᠯ ᠬᠠᠮᠠᠭ᠋ᠠᠯᠠᠯ᠎ᠤᠨ ᠦᠢ᠍ᠯᠡᠴᠢᠯᠡᠭᠡᠨ᠎ᠤ ᠲᠥᠪ (ᠥᠷᠲᠡᠭᠡ) 1321᠂ ᠡᠭᠦᠳᠡᠨ ᠡᠮᠨᠡᠯᠭᠡ ᠵᠢᠨ ᠬᠡᠯᠲᠡᠰ 1190᠂ ᠲᠣᠰᠬᠣᠨ᠎ᠤ ᠡᠷᠡᠭᠦᠯ ᠬᠠᠮᠠᠭ᠋ᠠᠯᠠᠯ᠎ᠤᠨ ᠲᠠᠰᠤᠭ 12772 ᠪᠠᠶ᠋ᠢᠨ᠎ᠠ; ᠨᠡᠶ᠋ᠢᠲᠡ ᠵᠢᠨ ᠡᠷᠡᠭᠦᠯ ᠬᠠᠮᠠᠭ᠋ᠠᠯᠠᠯ᠎ᠤᠨ ᠲᠤᠰᠬᠠᠢ ᠪᠠᠶ᠋ᠢᠭᠤᠯᠤᠮᠵᠢ 323 ᠪᠤᠢ᠂ ᠡᠭᠦᠨ᠎ᠳᠤ ᠡᠪᠡᠳᠴᠢᠨ ᠡᠮᠭᠡᠭ᠎ᠢ ᠰᠡᠷᠭᠡᠶ᠋ᠢᠯᠡᠨ ᠬᠢᠵᠠᠭ᠋ᠠᠷᠯᠠᠬᠤ ᠲᠥᠪ 118 ᠪᠤᠢ᠃ ᠡᠷᠡᠭᠦᠯ ᠬᠠᠮᠠᠭ᠋ᠠᠯᠠᠯ᠎ᠤᠨ ᠮᠡᠷᠭᠡᠵᠢᠯ᠎ᠤᠨ ᠠᠵᠢᠯᠲᠠᠨ 249187 ᠬᠥᠮᠦᠨ ᠪᠠᠶ᠋ᠢᠵᠤ᠂ ᠡᠭᠦᠨ᠎ᠳᠤ ᠠᠵᠢᠯ ᠡᠷᠬᠢᠯᠡᠬᠦ ᠡᠮᠴᠢ ᠪᠠ ᠠᠵᠢᠯ ᠡᠷᠬᠢᠯᠡᠬᠦ ᠲᠤᠰᠠᠯᠠᠭᠴᠢ ᠡᠮᠴᠢ 100570 ᠬᠥᠮᠦᠨ᠂ ᠳᠠᠩᠰᠠᠯᠠᠭᠤᠯᠤᠭᠰᠠᠨ ᠰᠤᠪᠢᠯᠠᠭᠴᠢ 106855 ᠬᠥᠮᠦᠨ ᠪᠠᠶ᠋ᠢᠨ᠎ᠠ᠃ ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠪᠠᠶ᠋ᠢᠭᠤᠯᠤᠮᠵᠢ ᠵᠢᠨ ᠡᠪᠡᠳᠴᠢᠲᠡᠨ᠎ᠤ ᠣᠷᠣ 173628 ᠪᠠᠶ᠋ᠢᠨ᠎ᠠ᠃ ᠡᠭᠦᠨ᠎ᠤ ᠳᠣᠲᠣᠷ᠎ᠠ ᠡᠮᠨᠡᠯᠭᠡ ᠵᠢᠨ ᠬᠤᠷᠢᠶ᠎ᠠ 139133᠂ ᠰᠤᠮᠤ ᠪᠠᠯᠭ᠋ᠠᠰᠤᠨ᠎ᠤ ᠡᠷᠡᠭᠦᠯ ᠬᠠᠮᠠᠭ᠋ᠠᠯᠠᠯ᠎ᠤᠨ ᠬᠤᠷᠢᠶ᠎ᠠ 21581

ᠪᠠᠶ᠋ᠢᠨ᠎ᠠ᠃


10-10.jpg


    ᠪᠥᠬᠥ ᠵᠢᠯ᠎ᠳᠤ ᠪᠥᠬᠥ ᠣᠷᠣᠨ᠎ᠳᠤ ᠨᠡᠶ᠋ᠢᠲᠡ 4080 ᠬᠥᠮᠦᠨ ᠤᠳᠠᠭ᠎ᠠ ᠣᠯᠠᠨ ᠤᠯᠤᠰ᠎ᠤᠨ ᠪᠠ ᠤᠯᠤᠰ᠎ᠤᠨ ᠳᠣᠲᠣᠭ᠋ᠠᠳᠤ ᠵᠢᠨ 231 ᠤᠷᠤᠯᠳᠤᠭ᠋ᠠᠨ᠎ᠳᠤ ᠣᠷᠣᠯᠴᠠᠵᠤ᠂ 154 ᠠᠯᠲᠠᠨ ᠮᠧᠳᠠᠯ᠂ 161 ᠮᠥᠩᠭᠥᠨ ᠮᠧᠳᠠᠯ᠂ 174 ᠬᠦᠷᠡᠯ ᠮᠧᠳᠠᠯ ᠣᠯᠵᠠᠶ᠃
    ᠠᠷᠪᠠᠨ ᠬᠣᠶᠠᠷ᠂ ᠡᠬᠢ ᠪᠠᠶᠠᠯᠢᠭ᠂ ᠣᠷᠴᠢᠨ ᠲᠣᠭᠣᠷᠢᠨ ᠪᠣᠯᠤᠨ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ
    ᠪᠥᠬᠥ ᠵᠢᠯ᠎ᠤᠨ ᠤᠰᠤ ᠬᠡᠷᠡᠭᠯᠡᠭᠰᠡᠨ ᠶᠡᠷᠦᠩᠬᠡᠶ ᠬᠡᠮᠵᠢᠶ᠎ᠡ 189.9 ᠳ᠋ᠦᠩᠰᠢᠭᠤᠷ ᠪᠣᠰᠣᠭ᠎ᠠ ᠳᠥᠷᠪᠡᠯᠵᠢᠨ ᠮᠧᠲᠷ᠎ᠲᠤ ᠬᠦᠷᠴᠦ᠂ ᠲᠦᠷᠦᠭᠦᠦ ᠵᠢᠯ᠎ᠤᠨ᠎ᠬᠢ᠎ᠠᠴᠠ 6.4%᠎ᠪᠠᠷ ᠪᠠᠭᠤᠷᠠᠪᠠ᠃ ᠡᠭᠦᠨ᠎ᠳᠤ ᠠᠮᠢᠳᠤᠷᠠᠯ᠎ᠤᠨ ᠬᠡᠷᠡᠭᠯᠡᠬᠦ ᠤᠰᠤ 0.6% ᠨᠡᠮᠡᠭᠳᠡᠵᠦ᠂ ᠠᠵᠤ ᠦᠢ᠍ᠯᠡᠳᠪᠦᠷᠢ ᠵᠢᠨ ᠬᠡᠷᠡᠭᠯᠡᠬᠦ ᠤᠰᠤ 13.1% ᠨᠡᠮᠡᠭᠳᠡᠵᠦ᠂ ᠲᠠᠷᠢᠶᠠᠯᠠᠩ᠎ᠤᠨ ᠬᠡᠷᠡᠭᠯᠡᠬᠦ ᠤᠰᠤ 10.1% ᠪᠠᠭᠤᠷᠠᠵᠤ᠂ ᠠᠮᠢ ᠠᠬᠤᠶ ᠵᠢᠨ ᠬᠡᠷᠡᠭᠯᠡᠬᠦ ᠤᠰᠤ 2.7% ᠨᠡᠮᠡᠭᠳᠡᠪᠡ᠃ ᠠᠩᠬ᠎ᠠ ᠠᠯᠬᠤᠮ ᠬᠠᠷᠭᠤᠭᠤᠯᠤᠨ ᠪᠤᠳᠤᠭᠰᠠᠨ ᠵᠶ᠋ᠠᠷ᠂ ᠲᠦᠮᠡᠨ ᠲᠥᠭᠥᠷᠢᠭ᠎ᠤᠨ ᠤᠷᠤᠨ ᠨᠤᠲᠤᠭ᠎ᠤᠨ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ (ᠲᠣᠰ ᠵᠢᠯ᠎ᠤᠨ ᠦᠨ᠎ᠡ)᠎ᠤᠨ ᠤᠰᠤ ᠬᠡᠷᠡᠭᠯᠡᠬᠦ ᠬᠡᠮᠵᠢᠶ᠎ᠡ 72.2 ᠪᠣᠰᠣᠭ᠎ᠠ ᠳᠥᠷᠪᠡᠯᠵᠢᠨ ᠮᠧᠲᠷ᠂ ᠲᠦᠮᠡᠨ ᠲᠥᠭᠥᠷᠢᠭ᠎ᠤᠨ ᠠᠵᠤ ᠦᠢ᠍ᠯᠡᠳᠪᠦᠷᠢ ᠵᠢᠨ ᠨᠡᠮᠡᠭᠳᠡᠯ ᠥᠷᠲᠡᠭ (ᠲᠣᠰ ᠵᠢᠯ᠎ᠤᠨ ᠦᠨ᠎ᠡ)᠎ᠤᠨ ᠤᠰᠤ ᠬᠡᠷᠡᠭᠯᠡᠬᠦ ᠬᠡᠮᠵᠢᠶ᠎ᠡ 16.7 ᠪᠣᠰᠣᠭ᠎ᠠ ᠳᠥᠷᠪᠡᠯᠵᠢᠨ ᠮᠧᠲᠷ ᠪᠣᠯᠤᠨ᠎ᠠ᠃
    ᠪᠥᠬᠥ ᠵᠢᠯ᠎ᠳᠤ ᠣᠶ᠋ᠢᠵᠢᠭᠤᠯᠤᠭᠰᠠᠨ ᠲᠠᠯᠠᠪᠠᠶ 57.6 ᠲᠦᠮᠡᠨ ᠾᠧᠺᠲ᠋ᠠᠷ᠎ᠲᠤ ᠬᠥᠷᠪᠡ᠃ ᠡᠭᠦᠨ᠎ᠳᠤ᠂ 17.2 ᠲᠦᠮᠡᠨ ᠾᠧᠺᠲ᠋ᠠᠷ ᠬᠥᠮᠦᠨ᠎ᠤ ᠬᠦᠴᠦ᠎ᠪᠠᠷ ᠣᠶ᠋ᠢᠵᠢᠭᠤᠯᠵᠤ᠂ 5.3 ᠲᠦᠮᠡᠨ ᠾᠧᠺᠲ᠋ᠠᠷ ᠠᠭᠤᠯᠠ ᠵᠢ ᠪᠢᠲᠡᠭᠦᠮᠵᠢᠯᠡᠨ ᠣᠶ᠋ᠢᠵᠢᠭᠤᠯᠵᠤ᠂ 21.4 ᠲᠦᠮᠡᠨ ᠾᠧᠺᠲ᠋ᠠᠷ ᠮᠠᠭᠤᠳᠠᠭᠰᠠᠨ ᠣᠶ ᠵᠢ ᠵᠠᠰᠠᠨ ᠰᠡᠷᠭᠦᠭᠡᠵᠦ᠂ 13.6 ᠲᠦᠮᠡᠨ ᠾᠧᠺᠲ᠋ᠠᠷ ᠵᠤᠯᠵᠠᠭ᠎ᠠ ᠮᠣᠳᠣ ᠪᠣᠶ᠋ᠢᠵᠢᠭᠤᠯᠬᠤ (ᠠᠵᠢᠯᠯᠠᠬᠤ) ᠲᠠᠯᠠᠪᠠᠶ ᠵᠢ ᠪᠠᠭᠲᠠᠭ᠋ᠠᠵᠠᠶ᠃
    ᠪᠥᠬᠥ ᠣᠷᠣᠨ᠎ᠳᠤ ᠨᠡᠶ᠋ᠢᠲᠡ 217 ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠲᠠᠢ᠃ ᠡᠭᠦᠨ᠎ᠳᠤ᠂ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ 29᠂ ᠥᠪᠡᠷᠲᠡᠭᠡᠨ ᠵᠠᠰᠠᠬᠤ ᠣᠷᠣᠨ᠎ᠤ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ 65 ᠪᠣᠶ᠃ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠲᠠᠯᠠᠪᠠᠢ 1294 . 8 ᠲᠦᠮᠡᠨ ᠾᠧᠺᠲ᠋ᠠᠷ᠃ ᠡᠭᠦᠨ᠎ᠳᠤ᠂ ᠤᠯᠤᠰ᠎ᠤᠨ ᠲᠠᠰ᠎ᠤᠨ ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠎ᠤ ᠲᠠᠯᠠᠪᠠᠶ 426.1 ᠲᠦᠮᠡᠨ ᠾᠧᠺᠲ᠋ᠠᠷ ᠪᠣᠶ᠃
    ᠪᠥᠬᠥ ᠣᠷᠣᠨ᠎ᠤ ᠣᠷᠴᠢᠨ ᠲᠣᠭᠣᠷᠢᠨ᠎ᠤ ᠠᠭ᠋ᠠᠷ᠎ᠤᠨ ᠴᠢᠨᠠᠷ ᠴᠢᠨᠰᠠᠭ᠎ᠠ ᠵᠢᠨ ᠳᠤᠮᠳᠠᠴᠢ ᠰᠢᠯᠢᠳᠡᠭ ᠰᠠᠶ᠋ᠢᠨ ᠡᠳᠦᠷ᠎ᠤᠨ ᠲᠣᠭ᠎ᠠ ᠵᠢᠨ ᠬᠠᠷᠢᠴᠠᠯ 89.6%᠎ᠳᠤ ᠬᠦᠷᠴᠡᠢ᠃ ᠵᠢᠵᠢᠭ ᠮᠥᠬᠥᠯᠢᠭᠲᠦ ᠪᠣᠳᠠᠰ (PM 2.5)᠎ᠤᠨ ᠳᠤᠮᠳᠠᠴᠢ ᠥᠳᠬᠡᠴᠡ᠎ᠨᠢ 23 ᠮᠢᠺᠷᠥᠭᠷᠠᠮ / ᠺᠦᠪ ᠮᠧᠲᠷ ᠪᠠᠶ᠋ᠢᠵᠤ᠂ ᠳᠡᠭᠡᠷ᠎ᠡ ᠵᠢᠯ᠎ᠤᠨ᠎ᠬᠢ᠎ᠲᠠᠢ ᠲᠡᠩᠴᠡᠭᠦᠦ ᠪᠠᠶ᠋ᠢᠳᠠᠭ᠃
    ᠪᠦᠬᠦ ᠵᠢᠯ᠎ᠳᠤ ᠡᠯ᠎ᠡ ᠲᠦᠷᠦᠯ᠎ᠤᠨ ᠦᠢ᠍ᠯᠡᠳᠪᠦᠷᠢᠯᠡᠯ᠎ᠤᠨ ᠠᠶᠤᠯᠭᠦᠢ ᠵᠢᠨ ᠡᠨᠳᠡᠯ᠎ᠳᠤ 471 ᠬᠥᠮᠦᠨ ᠦᠬᠦᠵᠦ᠂ ᠲᠦᠷᠦᠭᠦᠦ ᠵᠢᠯ᠎ᠤᠨ᠎ᠬᠢ᠎ᠠᠴᠠ [27] 25.4%᠎ᠪᠠᠷ ᠪᠠᠭᠤᠷᠠᠵᠤ᠂ ᠦᠢ᠍ᠯᠡᠳᠪᠦᠷᠢ ᠠᠭᠤᠷᠬᠠᠢ ᠠᠷᠠᠯᠵᠢᠶ᠎ᠠ ᠬᠤᠳᠠᠯᠳᠤᠭ᠋ᠠᠨ᠎ᠤ ᠠᠵᠤ ᠠᠬᠤᠶ᠋ᠢᠯᠠᠯ᠎ᠤᠨ ᠬᠥᠮᠦᠰ᠎ᠤᠨ ᠦᠢ᠍ᠯᠡᠳᠪᠦᠷᠢᠯᠡᠯ᠎ᠤᠨ ᠠᠶᠤᠯᠭᠦᠢ ᠵᠢᠨ ᠡᠨᠳᠡᠯ᠎ᠳᠤ 217 ᠬᠥᠮᠦᠨ ᠦᠬᠦᠵᠦ᠂ ᠲᠦᠷᠦᠭᠦᠦ ᠵᠢᠯ᠎ᠤᠨ᠎ᠬᠢ᠎ᠠᠴᠠ 29.3%᠎ᠪᠠᠷ ᠪᠠᠭᠤᠷᠠᠪᠠ᠃ ᠳ᠋ᠦᠩᠰᠢᠭᠤᠷ ᠲᠥᠭᠥᠷᠢᠭ᠎ᠤᠨ ᠤᠷᠤᠨ ᠨᠤᠲᠤᠭ᠎ᠤᠨ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠎ᠤᠨ ᠦᠢ᠍ᠯᠡᠳᠪᠦᠷᠢᠯᠡᠯ᠎ᠤᠨ ᠠᠶᠤᠯᠭᠦᠶ ᠵᠢᠨ ᠡᠨᠳᠡᠯ᠎ᠤᠨ ᠦᠬᠦᠯ᠎ᠤᠨ ᠨᠣᠷᠮ᠎ᠠ 0.0179 ᠪᠣᠯᠪᠠ᠃ ᠵᠠᠮ ᠬᠠᠷᠢᠯᠴᠠᠭ᠋ᠠᠨ᠎ᠤ ᠡᠨᠳᠡᠯ᠎ᠳᠤ ᠲᠦᠮᠡ ᠭᠠᠷᠤᠶ ᠬᠥᠮᠦᠨ ᠡᠨᠳᠡᠵᠦ᠂ ᠲᠦᠷᠦᠭᠦᠦ ᠵᠢᠯ᠎ᠤᠨ᠎ᠬᠢ᠎ᠠᠴᠠ 9.4%᠎ᠪᠠᠷ ᠪᠠᠭᠤᠷᠠᠪᠠ᠃
    ᠲᠠᠶ᠋ᠢᠯᠪᠤᠷᠢ᠄
    [1] ᠲᠤᠰ ᠠᠯᠪᠠᠨ ᠮᠡᠳᠡᠭᠡ᠎ᠳᠠᠬᠢ ᠲᠣᠭ᠎ᠠ ᠪᠠᠷᠢᠮᠲᠠ᠎ᠨᠢ ᠴᠥᠮ ᠠᠩᠬ᠎ᠠ ᠠᠯᠬᠤᠮ᠎ᠤᠨ ᠪᠦᠷᠢᠳᠬᠡᠭᠰᠡᠨ ᠲᠣᠭ᠎ᠠ ᠪᠣᠯᠤᠨ᠎ᠠ᠃ ᠬᠡᠰᠡᠭ ᠲᠣᠭ᠎ᠠ ᠪᠠᠷᠢᠮᠲᠠ᠎ᠨᠢ ᠳᠥᠷᠪᠡ ᠵᠢ ᠬᠠᠶᠠᠵᠤ ᠲᠠᠪᠤ ᠵᠢ ᠳᠡᠪᠰᠢᠭᠦᠯᠬᠦ ᠰᠢᠯᠲᠠᠭ᠋ᠠᠨ᠎ᠠᠴᠠ ᠪᠣᠯᠵᠣ᠂ ᠶᠡᠷᠦᠩᠬᠡᠶ ᠲᠣᠭ᠎ᠠ ᠪᠠ ᠬᠤᠪᠢᠶᠠᠷᠢ ᠵᠦᠢ᠍ᠯ᠎ᠨᠢ ᠨᠡᠶ᠋ᠢᠯᠡᠭᠡᠳ ᠠᠳᠠᠯᠢ ᠪᠤᠰᠤ ᠪᠠᠶ᠋ᠢᠳᠠᠯ ᠣᠷᠣᠰᠢᠵᠤ ᠪᠠᠶ᠋ᠢᠨ᠎ᠠ᠃
    [2]  ᠤᠷᠤᠨ ᠨᠤᠲᠤᠭ᠎ᠤᠨ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠂ ᠭᠤᠷᠪᠠᠳᠤᠭ᠋ᠠᠷ ᠠᠵᠤ ᠦᠢ᠍ᠯᠡᠰ ᠵᠢᠴᠢ ᠬᠠᠮᠢᠶ᠎ᠠ ᠪᠥᠬᠥᠶ ᠠᠵᠢᠯ ᠲᠥᠷᠥᠯ᠎ᠤᠨ ᠨᠡᠮᠡᠭᠳᠡᠯ ᠥᠷᠲᠡᠭ᠂ ᠬᠥᠮᠦᠨ ᠳᠤᠮᠳᠠᠴᠢ ᠵᠢᠨ ᠤᠷᠤᠨ ᠨᠤᠲᠤᠭ᠎ᠤᠨ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠎ᠤᠨ ᠬᠠᠷᠢᠴᠠᠯᠠᠰᠢᠭᠦᠶ ᠲᠣᠭ᠎ᠠ ᠵᠢ ᠣᠲᠣ ᠵᠢᠨ ᠦᠨ᠎ᠡ ᠬᠠᠩᠰᠢ᠎ᠪᠠᠷ ᠪᠤᠳᠤᠵᠤ᠂ ᠨᠡᠮᠡᠭᠳᠡᠯ᠎ᠤᠨ ᠬᠤᠷᠳᠤᠴᠠ ᠵᠢ ᠥᠯᠥ ᠬᠤᠪᠢᠰᠬᠤ ᠦᠨ᠎ᠡ ᠬᠠᠩᠰᠢ᠎ᠪᠠᠷ ᠪᠤᠳᠤᠪᠠ᠃ ᠲᠠᠪᠤᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠦᠷ᠎ᠡ ᠳ᠋ᠦᠩ᠎ᠢ ᠦᠨᠳᠦᠰᠦᠯᠡᠬᠦ ᠵᠢᠨ ᠬᠠᠮᠲᠤ᠂ ᠬᠣᠲᠠ ᠪᠠᠯᠭ᠋ᠠᠰᠤᠨ᠎ᠤ ᠰᠠᠭᠤᠭ᠋ᠠᠯᠢ ᠠᠷᠠᠳ᠎ᠤᠨ ᠥᠪᠡᠷ᠎ᠤᠨ ᠣᠷᠣᠨ ᠰᠠᠭᠤᠴᠠ ᠵᠢᠨ ᠦᠢ᠍ᠯᠡᠴᠢᠯᠡᠭᠡᠨ᠎ᠤ ᠬᠠᠷᠭᠤᠭᠤᠯᠤᠨ ᠪᠤᠳᠤᠬᠤ ᠠᠷᠭ᠎ᠠ ᠵᠢᠨ ᠥᠭᠡᠷᠡᠴᠢᠯᠡᠯᠲᠡ ᠵᠢ ᠵᠡᠷᠭᠡ᠎ᠳᠤᠨᠢ ᠬᠡᠷᠡᠭᠵᠢᠭᠦᠯᠵᠦ᠂ ᠤᠷᠤᠨ ᠨᠤᠲᠤᠭ᠎ᠤᠨ ᠦᠢ᠍ᠯᠡᠳᠪᠦᠷᠢᠯᠡᠯ᠎ᠤᠨ ᠶᠡᠷᠦᠩᠬᠡᠶ ᠥᠷᠲᠡᠭ᠂ ᠭᠤᠷᠪᠠᠳᠤᠭ᠋ᠠᠷ ᠠᠵᠤ ᠦᠢ᠍ᠯᠡᠰ ᠵᠢᠴᠢ ᠬᠠᠮᠢᠶ᠎ᠠ ᠪᠥᠬᠥᠶ ᠠᠵᠢᠯ ᠲᠥᠷᠥᠯ᠎ᠤᠨ ᠨᠡᠮᠡᠭᠳᠡᠯ ᠥᠷᠲᠡᠭ ᠵᠡᠷᠭᠡ ᠲᠡᠦᠬᠡᠨ ᠲᠣᠭ᠎ᠠ ᠪᠠᠷᠢᠮᠲᠠ᠎ᠳᠤ ᠵᠠᠰᠠᠪᠤᠷᠢ ᠣᠷᠣᠭᠤᠯᠪᠠ᠃
    [3] ᠪᠠᠶ᠋ᠢᠩᠭᠤ ᠰᠠᠭᠤᠭ᠎ᠠ ᠬᠥᠮᠦᠨ ᠠᠮᠠ᠄ ᠲᠣᠰ ᠰᠢᠶᠠᠩ ᠪᠠᠯᠭ᠋ᠠᠰᠤᠨ᠎ᠤ ᠵᠡᠭᠡᠯᠢ ᠭᠤᠳᠤᠮᠵᠢ᠎ᠳᠤ ᠰᠠᠭᠤᠵᠤ ᠪᠠᠶ᠋ᠢᠭ᠎ᠠ ᠮᠥᠷᠲᠡᠭᠡᠨ ᠲᠣᠰ ᠰᠢᠶᠠᠩ ᠪᠠᠯᠭ᠋ᠠᠰᠤᠨ᠎ᠤ ᠵᠡᠭᠡᠯᠢ ᠭᠤᠳᠤᠮᠵᠢ᠎ᠳᠤ ᠪᠠᠶ᠋ᠢᠭ᠎ᠠ ᠪᠤᠶᠤ ᠡᠷᠦᠬᠡ ᠠᠮᠠ᠎ᠨᠢ ᠲᠣᠭᠲᠠᠭ᠋ᠠᠳᠤᠶ ᠬᠥᠮᠦᠨ; ᠲᠤᠰ ᠰᠢᠶᠠᠩ ᠪᠠᠯᠭ᠋ᠠᠰᠤ ᠵᠢᠨ ᠵᠡᠭᠡᠯᠢ ᠭᠤᠳᠤᠮᠵᠢ᠎ᠳᠤ ᠰᠠᠭᠤᠵᠤ ᠪᠠᠶ᠋ᠢᠭ᠎ᠠ ᠪᠥᠭᠡᠳ ᠡᠷᠦᠬᠡ ᠠᠮᠠ ᠳᠠᠩᠰᠠᠯᠠᠭᠤᠯᠤᠭᠰᠠᠨ ᠭᠠᠵᠠᠷ᠎ᠠᠴᠠ᠎ᠪᠠᠨ ᠰᠠᠯᠤᠭᠰᠠᠨ ᠰᠢᠶᠠᠩ ᠪᠠᠯᠭ᠋ᠠᠰᠤ ᠵᠢᠨ ᠵᠡᠭᠡᠯᠢ ᠭᠤᠳᠤᠮᠵᠢ ᠵᠢᠨ ᠬᠠᠭ᠋ᠠᠰ ᠵᠢᠯ᠎ᠠᠴᠠ ᠳᠡᠭᠡᠭᠰᠢ ᠬᠥᠮᠦᠨ; ᠡᠷᠦᠬᠡ ᠠᠮᠠ᠎ᠨᠢ ᠲᠣᠰ ᠰᠢᠶᠠᠩ ᠪᠠᠯᠭ᠋ᠠᠰᠤ ᠵᠡᠭᠡᠯᠢ ᠭᠤᠳᠤᠮᠵᠢ᠎ᠳᠤ ᠪᠠᠢ᠍ᠬᠤ ᠮᠥᠷᠲᠡᠭᠡᠨ ᠭᠠᠳᠠᠭᠰᠢ ᠭᠠᠷᠤᠭ᠋ᠠᠳ ᠬᠠᠭ᠋ᠠᠰ ᠵᠢᠯ ᠪᠣᠯᠤᠭ᠎ᠠ ᠦᠭᠡᠢ ᠪᠤᠶᠤ ᠬᠢᠯᠢ ᠵᠢᠨ ᠭᠠᠳᠠᠨ᠎ᠠ ᠠᠵᠢᠯᠯᠠᠵᠤ ᠰᠤᠷᠤᠯᠴᠠᠵᠤ ᠪᠠᠢ᠍ᠭ᠎ᠠ ᠬᠥᠮᠦᠨ᠃
    [4] ᠬᠤᠲᠠ ᠪᠠᠯᠭ᠋ᠠᠰᠤᠨ᠎ᠤ ᠰᠢᠨ᠎ᠡ᠎ᠪᠠᠷ ᠠᠵᠢᠯ ᠣᠯᠤᠭᠰᠠᠨ ᠬᠥᠮᠦᠨ᠎ᠤ ᠲᠣᠭ᠎ᠠ ᠭᠡᠵᠦ ᠮᠡᠳᠡᠭᠦᠯᠦᠯᠲᠡ ᠵᠢᠨ ᠬᠤᠭᠤᠴᠠᠭ᠋ᠠᠨ᠎ᠳᠤ ᠬᠤᠲᠠ ᠪᠠᠯᠭ᠋ᠠᠰᠤᠨ᠎ᠤ ᠰᠢᠨ᠎ᠡ᠎ᠪᠠᠷ ᠠᠵᠢᠯ ᠣᠯᠤᠭᠰᠠᠨ ᠬᠥᠮᠦᠨ᠎ᠤ ᠲᠣᠭ᠎ᠠ ᠪᠣᠯᠤᠨ ᠠᠶᠠᠨᠳᠠᠭ᠋ᠠᠨ ᠬᠠᠰᠤᠭᠳᠠᠭᠰᠠᠨ ᠬᠥᠮᠦᠨ᠎ᠤ ᠲᠣᠭ᠋ᠠᠨ᠎ᠤ ᠵᠦᠷᠢᠶ᠎ᠡ ᠵᠢ ᠬᠡᠯᠡᠵᠦ ᠪᠠᠶ᠋ᠢᠨ᠎ᠠ᠃
    [5] 2024 ᠣᠨ᠎ᠤ ᠰᠡᠭᠦᠯᠴᠢ᠎ᠪᠠᠷ᠂ ᠪᠥᠬᠥ ᠣᠷᠣᠨ᠎ᠤ 0 -14 ᠨᠠᠰᠤ (ᠪᠦᠬᠦᠯᠢ 15 ᠨᠠᠰᠤ ᠬᠦᠷᠦᠭᠡᠳᠦᠢ ᠵᠢ ᠪᠠᠭᠲᠠᠭ᠋ᠠᠨ᠎ᠠ) ᠵᠢᠨ ᠬᠥᠮᠦᠨ ᠠᠮᠠ 298 ᠲᠦᠮᠡ ᠪᠠᠶ᠋ᠢᠵᠤ᠂ 15-64 ᠨᠠᠰᠤ (ᠪᠦᠬᠦᠯᠢ 65 ᠨᠠᠰᠤ ᠬᠦᠷᠦᠭᠡᠳᠦᠢ ᠵᠢ ᠪᠠᠭᠲᠠᠭ᠋ᠠᠨ᠎ᠠ) ᠵᠢᠨ ᠬᠥᠮᠦᠨ ᠠᠮᠠ 1707 ᠲᠦᠮᠡ ᠪᠣᠯᠤᠨ᠎ᠠ᠃
    [6] ᠣᠷᠣᠨ ᠰᠠᠭᠤᠴᠠ ᠵᠢᠨ ᠲᠥᠷᠥᠯ᠎ᠤᠨ ᠦᠨ᠎ᠡ ᠬᠠᠩᠰᠢ᠎ᠳᠤ ᠲᠦᠷᠢᠶᠡᠰᠦᠨ ᠬᠡᠷ᠎ᠤᠨ ᠲᠦᠷᠢᠶᠡᠰᠦ᠂ ᠣᠷᠣᠨ ᠰᠠᠭᠤᠴᠠ ᠵᠢ ᠠᠷᠠᠴᠢᠯᠠᠨ ᠬᠠᠮᠠᠭ᠋ᠠᠯᠠᠬᠤ ᠵᠢᠴᠢ ᠬᠠᠮᠢᠶᠠᠷᠤᠯᠲᠠ᠂ ᠤᠰᠤ ᠴᠠᠬᠢᠯᠭ᠋ᠠᠨ ᠲᠦᠯᠡᠰᠢ᠂ ᠥᠪᠡᠷ᠎ᠤᠨ ᠣᠷᠣᠨ ᠰᠠᠭᠤᠴᠠ ᠵᠢᠨ ᠦᠢ᠍ᠯᠡᠴᠢᠯᠡᠭᠡᠨ᠎ᠤ ᠦᠨ᠎ᠡ ᠬᠠᠩᠰᠢ ᠪᠠᠭᠲᠠᠨ᠎ᠠ᠃
     [7] 2024 ᠣᠨ᠎ᠤ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠬᠠᠮᠢᠶ᠎ᠠ ᠪᠥᠬᠥᠶ  ᠭᠦᠢ᠍ᠴᠡᠳᠭᠡᠯ ᠲᠣᠭ᠎ᠠ ᠵᠢᠨ ᠨᠡᠮᠡᠭᠳᠡᠯ᠎ᠤᠨ ᠬᠤᠷᠳᠤᠴᠠ ᠵᠢᠴᠢ ᠬᠤᠪᠢᠷᠠᠯᠲᠠ ᠵᠢ ᠬᠠᠷᠢᠴᠠᠭᠤᠯᠵᠤ ᠪᠣᠯᠬᠤ ᠪᠠᠷᠢᠮᠵᠢᠶ᠎ᠠ᠎ᠪᠠᠷ ᠪᠤᠳᠤᠨ᠎ᠠ᠃
     [8] ᠠᠵᠤ ᠦᠢ᠍ᠯᠡᠳᠪᠦᠷᠢ ᠵᠢᠨ ᠪᠠᠶ᠋ᠢᠯᠳᠤᠬᠤ ᠪᠣᠳᠣᠯᠭ᠎ᠠ ᠵᠢᠨ ᠴᠢᠨᠠᠷᠲᠠᠶ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠲᠤ ᠰᠢᠨ᠎ᠡ ᠨᠢᠭᠡ ᠦᠶ᠎ᠡ ᠵᠢᠨ ᠮᠡᠳᠡᠭᠡ ᠵᠠᠩᠭᠢ ᠵᠢᠨ ᠮᠡᠷᠭᠡᠵᠢᠯ᠎ᠤᠨ ᠠᠵᠤ ᠦᠢ᠍ᠯᠡᠰ᠂ ᠳᠡᠭᠡᠳᠦ ᠲᠠᠰ᠎ᠤᠨ ᠲᠣᠨᠣᠭᠯᠠᠯ ᠦᠢ᠍ᠯᠡᠳᠬᠦ ᠠᠵᠤ ᠦᠢ᠍ᠯᠡᠰ᠂ ᠰᠢᠨ᠎ᠡ ᠮᠠᠲ᠋ᠧᠷᠢᠶᠠᠯ᠎ᠤᠨ ᠠᠵᠤ ᠦᠢ᠍ᠯᠡᠰ᠂ ᠠᠮᠢᠳᠤ ᠪᠣᠳᠠᠰ᠎ᠤᠨ ᠠᠵᠤ ᠦᠢ᠍ᠯᠡᠰ᠂ ᠰᠢᠨ᠎ᠡ ᠡᠨᠧᠷᠭᠢ ᠵᠢᠨ ᠮᠠᠰᠢᠨ ᠲᠡᠷᠭᠡᠨ᠎ᠤ ᠠᠵᠤ ᠦᠢ᠍ᠯᠡᠰ᠂ ᠰᠢᠨ᠎ᠡ ᠡᠨᠧᠷᠭᠢ ᠵᠢᠨ ᠠᠵᠤ ᠦᠢ᠍ᠯᠡᠰ᠂ ᠪᠣᠬᠢᠷᠲᠤᠯ ᠥᠬᠡᠶ ᠣᠷᠴᠢᠨ ᠠᠬᠤᠶ ᠵᠢᠨ ᠬᠠᠮᠠᠭ᠋ᠠᠯᠠᠯᠲᠠ ᠵᠢᠨ ᠠᠵᠤ ᠦᠢ᠍ᠯᠡᠰ᠂ ᠠᠭ᠋ᠠᠷ ᠠᠶᠠᠯᠠᠯ ᠰᠠᠨᠰᠠᠷ ᠠᠶᠠᠯᠠᠯ᠎ᠤᠨ ᠠᠵᠤ ᠦᠢ᠍ᠯᠡᠰ᠂ ᠲᠡᠯᠡᠶ ᠲᠠᠩᠭᠢᠰ᠎ᠤᠨ ᠲᠣᠨᠣᠭᠯᠠᠯ᠎ᠤᠨ ᠠᠵᠤ ᠦᠢ᠍ᠯᠡᠰ᠎ᠲᠠᠬᠢ ᠠᠵᠤ  ᠦᠢ᠍ᠯᠡᠳᠪᠦᠷᠢ ᠵᠢᠨ ᠬᠠᠮᠢᠶ᠎ᠠ ᠪᠥᠬᠥᠶ ᠠᠵᠢᠯ ᠲᠥᠷᠥᠯ ᠪᠠᠭᠲᠠᠨ᠎ᠠ᠃ ᠠᠵᠤ ᠦᠢ᠍ᠯᠡᠳᠪᠦᠷᠢ ᠵᠢᠨ ᠪᠠᠶ᠋ᠢᠯᠳᠤᠬᠤ ᠪᠤᠳᠤᠯᠭ᠎ᠠ ᠵᠢᠨ ᠴᠢᠨᠠᠷᠲᠠᠢ ᠰᠢᠨ᠎ᠡ᠎ᠪᠠᠷ ᠬᠥᠭᠵᠢᠭᠰᠡᠨ ᠠᠵᠤ ᠦᠢ᠍ᠯᠡᠰ᠎ᠤᠨ ᠨᠡᠮᠡᠭᠳᠡᠯ ᠦᠷᠳᠡᠭ᠎ᠤᠨ ᠨᠡᠮᠡᠭᠳᠡᠯ᠎ᠤᠨ ᠬᠤᠷᠳᠤᠴᠠ ᠵᠢ ᠬᠠᠷᠢᠴᠠᠭᠤᠯᠵᠤ ᠪᠣᠯᠬᠤ ᠪᠠᠷᠢᠮᠵᠢᠶ᠎ᠠ᠎ᠪᠠᠷ ᠪᠤᠳᠤᠨ᠎ᠠ᠃
     [9] ᠳᠡᠭᠡᠳᠦ ᠮᠡᠷᠭᠡᠵᠢᠯ᠎ᠤᠨ ᠦᠢ᠍ᠯᠡᠳᠬᠦ ᠦᠢ᠍ᠯᠡᠰ᠎ᠲᠤ ᠡᠮ ᠡᠮᠨᠡᠯᠭᠡ ᠵᠢᠨ ᠦᠢ᠍ᠯᠡᠳᠬᠦ ᠦᠢ᠍ᠯᠡᠰ᠂ ᠠᠭ᠋ᠠᠷ᠎ᠤᠨ ᠠᠶᠠᠯᠠᠯ᠂ ᠰᠠᠨᠰᠠᠷ᠎ᠤᠨ ᠨᠢᠰᠦᠭᠦᠷ ᠵᠢᠴᠢ ᠲᠥᠬᠥᠭᠡᠷᠦᠮᠵᠢ ᠦᠢ᠍ᠯᠡᠳᠬᠦ ᠦᠢ᠍ᠯᠡᠰ᠂ ᠡᠯᠧᠺᠲᠷᠣᠨ ᠵᠢᠴᠢ ᠴᠢᠮᠡᠭᠡ ᠬᠣᠯᠪᠣᠭ᠋ᠠᠨ᠎ᠤ ᠲᠥᠬᠥᠭᠡᠷᠦᠮᠵᠢ ᠦᠢ᠍ᠯᠡᠳᠬᠦ ᠦᠢ᠍ᠯᠡᠰ᠂ ᠺᠣᠮᠫᠢᠦ᠋ᠲ᠋ᠧᠷ ᠵᠢᠴᠢ ᠠᠯᠪᠠᠯᠠᠬᠤ ᠲᠥᠬᠥᠭᠡᠷᠦᠮᠵᠢ ᠦᠢ᠍ᠯᠡᠳᠬᠦ ᠦᠢ᠍ᠯᠡᠰ᠂ ᠡᠮᠴᠢᠯᠡᠭᠡᠨ᠎ᠤ ᠬᠡᠮᠵᠢᠭᠦᠷᠯᠢᠭ ᠲᠥᠬᠥᠭᠡᠷᠦᠮᠵᠢ ᠵᠢᠴᠢ ᠬᠡᠮᠵᠢᠭᠦᠷᠯᠢᠭ᠎ᠤᠨ ᠦᠢ᠍ᠯᠡᠳᠬᠦ ᠦᠢ᠍ᠯᠡᠰ᠂ ᠮᠡᠳᠡᠭᠡ ᠵᠠᠩᠭᠢᠵᠢᠯᠲᠠ ᠵᠢᠨ ᠬᠢᠮᠢ ᠵᠢᠨ ᠦᠢ᠍ᠯᠡᠳᠬᠦᠨ ᠦᠢ᠍ᠯᠡᠳᠬᠦ ᠦᠢ᠍ᠯᠡᠰ ᠪᠠᠭᠲᠠᠨ᠎ᠠ᠃
     [10] ᠲᠣᠨᠣᠭ ᠲᠥᠬᠥᠭᠡᠷᠦᠮᠵᠢ ᠦᠢ᠍ᠯᠡᠳᠬᠦ ᠦᠢ᠍ᠯᠡᠰ᠎ᠲᠤ ᠲᠡᠮᠦᠷᠯᠢᠭ᠎ᠤᠨ ᠦᠢ᠍ᠯᠡᠳᠬᠦᠨ᠎ᠤ ᠦᠢ᠍ᠯᠡᠰ᠂ ᠨᠡᠶ᠋ᠢᠳᠡᠮ ᠬᠡᠷᠡᠭᠯᠡᠭᠡᠨ᠎ᠤ ᠲᠥᠬᠥᠭᠡᠷᠦᠮᠵᠢ ᠦᠢ᠍ᠯᠡᠳᠬᠦ ᠦᠢ᠍ᠯᠡᠰ᠂ ᠲᠤᠰᠬᠠᠶ ᠬᠡᠷᠡᠭᠯᠡᠭᠡᠨ᠎ᠤ ᠲᠥᠬᠥᠭᠡᠷᠦᠮᠵᠢ ᠦᠢ᠍ᠯᠡᠳᠬᠦ ᠦᠢ᠍ᠯᠡᠰ᠂ ᠮᠠᠰᠢᠨ ᠲᠡᠷᠭᠡ ᠦᠢ᠍ᠯᠡᠳᠬᠦ ᠦᠢ᠍ᠯᠡᠰ᠂ ᠲᠡᠮᠦᠷ ᠵᠠᠮ᠂ ᠣᠩᠭᠣᠴᠠ ᠰᠠᠯ᠂ ᠠᠭ᠋ᠠᠷ᠎ᠤᠨ ᠠᠶᠠᠯᠠᠯ ᠰᠠᠨᠰᠠᠷ᠎ᠤᠨ ᠠᠶᠠᠯᠠᠯ ᠪᠠ ᠪᠤᠰᠤᠳ ᠲᠡᠭᠡᠭᠡᠪᠦᠷᠢ ᠵᠢᠨ ᠲᠥᠬᠥᠭᠡᠷᠦᠮᠵᠢ ᠦᠢ᠍ᠯᠡᠳᠬᠦ ᠦᠢ᠍ᠯᠡᠰ᠂ ᠴᠠᠬᠢᠯᠭ᠋ᠠᠨ ᠮᠧᠬᠠᠨᠢᠭ ᠪᠠ ᠪᠠᠭ᠋ᠠᠵᠢ ᠬᠡᠷᠡᠭᠰᠡᠯ ᠦᠢ᠍ᠯᠡᠳᠬᠦ ᠦᠢ᠍ᠯᠡᠰ᠂ ᠺᠣᠮᠫᠢᠦ᠋ᠲ᠋ᠧᠷ᠂ ᠴᠢᠮᠡᠭᠡ ᠬᠣᠯᠪᠣᠭ᠎ᠠ ᠪᠠ ᠪᠤᠰᠤᠳ ᠡᠯᠧᠺᠲᠷᠣᠨ ᠲᠥᠬᠥᠭᠡᠷᠦᠮᠵᠢ ᠦᠢ᠍ᠯᠡᠳᠬᠦ ᠦᠢ᠍ᠯᠡᠰ᠂ ᠬᠡᠮᠵᠢᠭᠦᠷᠯᠢᠭ ᠦᠢ᠍ᠯᠡᠳᠬᠦ ᠦᠢ᠍ᠯᠡᠰ ᠪᠠᠭᠲᠠᠨ᠎ᠠ᠃
     [11] ᠵᠡᠭᠦᠨ ᠬᠡᠰᠡᠭ᠎ᠤᠨ ᠭᠠᠵᠠᠷ ᠣᠷᠣᠨ ᠭᠡᠳᠡᠭ᠎ᠨᠢ ᠬᠥᠯᠥᠨ ᠪᠣᠶ᠋ᠢᠷ ᠬᠣᠲᠠ᠂ ᠬᠢᠩᠭ᠋ᠠᠨ ᠠᠶ᠋ᠢᠮᠠᠭ᠂ ᠲᠦᠩᠯᠢᠶᠣᠤ ᠬᠣᠲᠠ᠂ ᠤᠯᠠᠭ᠋ᠠᠨᠬᠠᠳᠠ ᠬᠣᠲᠠ᠂ ᠰᠢᠯᠢ ᠵᠢᠨ ᠭᠤᠤᠯ ᠠᠶ᠋ᠢᠮᠠᠭ᠎ᠢ ᠵᠢᠭ᠋ᠠᠵᠤ ᠪᠣᠶ; ᠳᠤᠮᠳᠠ ᠬᠡᠰᠡᠭ ᠭᠠᠵᠠᠷ ᠣᠷᠣᠨ ᠭᠡᠳᠡᠭ᠎ᠨᠢ ᠬᠥᠬᠡᠬᠣᠲᠠ᠂ ᠪᠤᠭᠤᠲᠤ ᠬᠣᠲᠠ᠂ ᠣᠷᠳᠣᠰ ᠬᠤᠳᠠ᠂ ᠤᠯᠠᠭ᠋ᠠᠨᠴᠠᠪ ᠬᠣᠲᠠ ᠵᠢ ᠵᠢᠭ᠋ᠠᠵᠤ ᠪᠤᠶ; ᠪᠠᠷᠠᠭᠤᠨ ᠬᠡᠰᠡᠭ ᠣᠨ ᠭᠠᠵᠠᠷ ᠣᠷᠣᠨ ᠭᠡᠳᠡᠭ᠎ᠨᠢ ᠪᠠᠶᠠᠨᠨᠠᠭᠤᠷ ᠬᠤᠳᠠ᠂ ᠦᠬᠠᠢ ᠬᠤᠳᠠ᠂ ᠠᠯᠠᠱ᠌ᠠ ᠠᠶ᠋ᠢᠮᠠᠭ ᠢ ᠵᠢᠭ᠋ᠠᠵᠤ ᠪᠤᠢ᠃
     [12] ᠭᠣᠣᠯ ᠪᠣᠯᠬᠤ ᠠᠵᠤ ᠦᠢ᠍ᠯᠡᠳᠪᠦᠷᠢ ᠵᠢᠨ ᠦᠢ᠍ᠯᠡᠳᠬᠦᠨ᠎ᠤ ᠭᠠᠷᠤᠯᠲᠠ ᠵᠢᠨ ᠳᠣᠲᠣᠷ᠎ᠠ᠂ ᠨᠡᠭᠦᠷᠡᠰᠦᠨ᠎ᠤ ᠭᠠᠷᠤᠯᠲᠠ᠎ᠠᠴᠠ ᠭᠠᠳᠠᠨ᠎ᠠ᠂ ᠴᠠᠬᠢᠯᠭ᠋ᠠᠨ ᠭᠠᠷᠭ᠋ᠠᠭᠰᠠᠨ ᠬᠡᠮᠵᠢᠶ᠎ᠡ᠎ᠨᠢ ᠪᠦᠬᠦ ᠰᠢᠰᠲ᠋ᠧᠮ᠎ᠤᠨ ᠲᠣᠭ᠎ᠠ ᠪᠠᠷᠢᠮᠲᠠ ᠪᠠᠶ᠋ᠢᠵᠤ᠂ ᠪᠤᠰᠤᠳ᠎ᠨᠢ ᠬᠡᠪᠴᠢᠶᠡᠵᠢᠯ᠎ᠠᠴᠠ ᠳᠡᠭᠡᠭᠰᠢᠬᠢ ᠠᠵᠤ ᠦᠢ᠍ᠯᠡᠳᠪᠦᠷᠢ ᠵᠢᠨ ᠠᠵᠤ ᠠᠬᠤᠶ᠋ᠢᠯᠠᠯ᠎ᠤᠨ ᠰᠢᠰᠲ᠋ᠧᠮ᠎ᠤᠨ ᠲᠣᠭ᠎ᠠ ᠪᠠᠷᠢᠮᠲᠠ ᠪᠣᠯᠤᠨ᠎ᠠ᠃
     [13] ᠪᠠᠭ᠎ᠠ ᠬᠡᠮᠵᠢᠶᠡᠨ᠎ᠤ ᠴᠠᠬᠢᠯᠭ᠋ᠠᠨ ᠭᠠᠷᠭ᠋ᠠᠬᠤ ᠮᠠᠰᠢᠨ ᠴᠣᠭᠴᠠᠯᠠᠪᠤᠷᠢ ᠵᠢᠨ ᠪᠠᠭᠲᠠᠭ᠋ᠠᠮᠵᠢ (ᠵᠢᠱ᠌ᠢᠶᠡᠯᠡᠪᠡᠯ ᠭᠠᠵᠠᠷ᠎ᠤᠨ ᠢᠯᠴᠢ ᠵᠡᠷᠭᠡ) ᠵᠢ ᠠᠯᠪᠠᠨ ᠮᠡᠳᠡᠭᠡ᠎ᠳᠤ ᠵᠢᠭᠰᠠᠭ᠋ᠠᠭᠰᠠᠨ ᠦᠭᠡᠢ᠃
     [14] ᠬᠡᠪᠴᠢᠶᠡᠵᠢᠯ᠎ᠠᠴᠠ ᠳᠡᠭᠡᠭᠰᠢᠬᠢ ᠦᠢ᠍ᠯᠡᠴᠢᠯᠡᠭᠡᠨ᠎ᠤ ᠦᠢ᠍ᠯᠡᠰ᠎ᠤᠨ ᠪᠦᠷᠢᠳᠬᠡᠬᠦ ᠬᠡᠪᠴᠢᠶ᠎ᠡ᠎ᠳᠤ᠄ ᠣᠨ᠎ᠤ ᠡᠵᠡᠩᠨᠡᠯᠲᠡ ᠵᠢᠨ ᠣᠷᠣᠯᠭ᠎ᠠ᠎ᠨᠢ 2000 ᠲᠦᠮᠡᠨ ᠲᠥᠭᠥᠷᠢᠭ ᠵᠢᠴᠢ ᠲᠡᠭᠦᠨ᠎ᠠᠴᠠ ᠳᠡᠭᠡᠭᠰᠢᠬᠢ ᠵᠠᠮ ᠬᠠᠷᠢᠯᠴᠠᠭ᠎ᠠ ᠲᠡᠭᠡᠭᠡᠪᠦᠷᠢ᠂ ᠬᠥᠮᠥᠷᠭᠡᠯᠡᠨ ᠬᠠᠳᠠᠭ᠋ᠠᠯᠠᠬᠤ ᠪᠠ ᠰᠢᠤᠳᠠᠨ᠎ᠤ ᠦᠢ᠍ᠯᠡᠰ᠂ ᠮᠡᠳᠡᠭᠡ ᠵᠠᠩᠭᠢ ᠵᠢᠨ ᠳᠠᠮᠵᠢᠭᠤᠯᠭ᠎ᠠ᠂ ᠵᠥᠭᠡᠯᠡᠨ ᠲᠣᠨᠣᠭ ᠪᠠ ᠮᠡᠳᠡᠭᠡ ᠵᠠᠩᠭᠢ ᠵᠢᠨ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠂ ᠤᠰᠤᠨ ᠠᠰᠢᠭᠯᠠᠯᠲᠠ᠂ ᠣᠷᠴᠢᠨ ᠲᠣᠭᠣᠷᠢᠨ ᠪᠠ ᠣᠯᠠᠨ ᠨᠡᠶ᠋ᠢᠲᠡ ᠵᠢᠨ ᠪᠡᠯᠡᠳᠬᠡᠮᠵᠢ ᠵᠢᠨ ᠬᠠᠮᠢᠶᠠᠷᠤᠯᠲᠠ ᠵᠢᠨ ᠦᠢ᠍ᠯᠡᠰ᠂ ᠡᠷᠡᠭᠦᠯ ᠬᠠᠮᠠᠭ᠋ᠠᠯᠠᠯ᠎ᠤᠨ ᠠᠵᠢᠯ ᠲᠥᠷᠥᠯ᠎ᠤᠨ ᠬᠠᠤᠯᠢ ᠵᠢᠨ ᠡᠷᠬᠡᠲᠡᠨ᠎ᠤ ᠨᠢᠭᠡᠴᠡ ᠪᠠᠭᠲᠠᠨ᠎ᠠ; ᠣᠨ᠎ᠤ ᠡᠵᠡᠩᠨᠡᠯᠲᠡ ᠵᠢᠨ ᠣᠷᠣᠯᠭ᠎ᠠ᠎ᠨᠢ 1000 ᠲᠦᠮᠡᠨ ᠲᠥᠭᠥᠷᠢᠭ ᠵᠢᠴᠢ ᠲᠡᠭᠦᠨ᠎ᠠᠴᠠ ᠳᠡᠭᠡᠭᠰᠢᠬᠢ ᠭᠡᠷ ᠪᠠᠶ᠋ᠢᠰᠢᠩ ᠭᠠᠵᠠᠷ ᠬᠥᠷᠥᠩᠭᠡ ᠵᠢᠨ ᠦᠢ᠍ᠯᠡᠰ ᠭᠡᠷ ᠪᠠᠶ᠋ᠢᠰᠢᠩ ᠭᠠᠵᠠᠷ ᠬᠥᠷᠥᠩᠭᠡ ᠵᠢᠨ ᠨᠡᠭᠡᠭᠡᠯᠲᠡ ᠵᠢᠨ ᠡᠵᠡᠩᠨᠡᠯᠲᠡ ᠪᠠᠭᠲᠠᠬᠤ ᠦᠭᠡᠶ᠂ ᠲᠦᠷᠢᠶᠡᠰᠦᠯᠡᠬᠦ ᠪᠠ ᠬᠤᠳᠠᠯᠳᠤᠭ᠋ᠠᠨ᠎ᠤ ᠶᠠᠪᠤᠳᠠᠯ᠎ᠤᠨ ᠦᠢ᠍ᠯᠡᠴᠢᠯᠡᠭᠡᠨ᠎ᠤ ᠦᠢ᠍ᠯᠡᠰ᠂ ᠰᠢᠨᠵᠢᠯᠡᠬᠦ ᠤᠬᠠᠭ᠋ᠠᠨ᠎ᠤ ᠰᠤᠳᠤᠯᠤᠯ ᠪᠣᠯᠤᠨ ᠮᠡᠷᠭᠡᠵᠢᠯ᠎ᠤᠨ ᠦᠢ᠍ᠯᠡᠴᠢᠯᠡᠭᠡᠨ᠎ᠤ ᠦᠢ᠍ᠯᠡᠰ᠂ ᠰᠤᠷᠭ᠋ᠠᠨ ᠬᠥᠮᠦᠵᠢᠯ᠎ᠤᠨ ᠠᠵᠢᠯ ᠲᠥᠷᠥᠯ᠎ᠤᠨ ᠬᠠᠤᠯᠢ ᠵᠢᠨ ᠡᠷᠬᠡᠲᠡᠨ᠎ᠤ ᠨᠢᠭᠡᠴᠡ; ᠵᠢᠴᠢ ᠵᠢᠯ᠎ᠤᠨ ᠡᠵᠡᠩᠨᠡᠯᠲᠡ ᠵᠢᠨ ᠣᠷᠣᠯᠭ᠎ᠠ᠎ᠨᠢ 500 ᠲᠦᠮᠡᠨ ᠲᠥᠭᠥᠷᠢᠭ ᠵᠢᠴᠢ ᠲᠡᠭᠦᠨ᠎ᠠᠴᠠ ᠳᠡᠭᠡᠭᠰᠢᠬᠢ ᠰᠠᠭᠤᠭ᠋ᠠᠯᠢ ᠠᠷᠠᠳ᠎ᠤᠨ ᠦᠢ᠍ᠯᠡᠴᠢᠯᠡᠭᠡ᠂ ᠰᠡᠯᠪᠢᠨ ᠵᠠᠰᠠᠬᠤ ᠪᠠ ᠪᠤᠰᠤᠳ ᠦᠢ᠍ᠯᠡᠴᠢᠯᠡᠭᠡᠨ᠎ᠤ ᠦᠢ᠍ᠯᠡᠰ᠂ ᠰᠣᠶᠣᠯ᠂ ᠪᠡᠶ᠎ᠡ ᠵᠢᠨ ᠲᠠᠮᠢᠷ ᠪᠣᠯᠤᠨ ᠵᠤᠭ᠎ᠠ ᠴᠡᠩᠭᠡᠯ᠎ᠤᠨ ᠦᠢ᠍ᠯᠡᠰ᠂ ᠨᠡᠶ᠋ᠢᠭᠡᠮ᠎ᠤᠨ ᠠᠵᠢᠯ᠎ᠤᠨ ᠠᠵᠢᠯ ᠲᠥᠷᠥᠯ᠎ᠤᠨ ᠬᠠᠤᠯᠢ ᠵᠢᠨ ᠡᠷᠬᠡᠲᠡᠨ᠎ᠤ ᠨᠢᠭᠡᠴᠡ᠃ 2024 ᠣᠨ᠎ᠤ ᠬᠡᠪᠴᠢᠶᠡᠵᠢᠯ᠎ᠠᠴᠠ ᠳᠡᠭᠡᠭᠰᠢᠬᠢ ᠦᠢ᠍ᠯᠡᠴᠢᠯᠡᠭᠡᠨ᠎ᠤ ᠦᠢ᠍ᠯᠡᠰ᠎ᠤᠨ ᠠᠵᠤ ᠠᠬᠤᠶ᠋ᠢᠯᠠᠯ᠎ᠤᠨ ᠡᠳ᠋᠎ᠤᠨ ᠶᠠᠪᠤᠳᠠᠯ᠎ᠤᠨ ᠭᠦᠢ᠍ᠴᠡᠳᠭᠡᠯ ᠲᠣᠭ᠎ᠠ ᠵᠢᠨ ᠨᠡᠮᠡᠭᠳᠡᠯ᠎ᠤᠨ ᠬᠤᠷᠳᠤᠴᠠ ᠵᠢ ᠬᠠᠷᠢᠴᠠᠭᠤᠯᠵᠤ ᠪᠣᠯᠬᠤ ᠪᠠᠷᠢᠮᠵᠢᠶ᠎ᠠ᠎ᠪᠠᠷ ᠪᠤᠳᠤᠨ᠎ᠠ᠃
     [15]  ᠡᠳ᠋ ᠪᠠᠷᠠᠭ᠋ᠠᠨ᠎ᠤ ᠲᠡᠭᠡᠭᠡᠪᠦᠷᠢ ᠵᠢᠨ ᠶᠡᠷᠦᠩᠬᠡᠶ ᠬᠡᠮᠵᠢᠶ᠎ᠡ ᠵᠢᠴᠢ ᠡᠷᠭᠢᠯᠲᠡ ᠵᠢᠨ ᠬᠡᠮᠵᠢᠶ᠎ᠡ᠎ᠳᠤ ᠲᠡᠮᠦᠷ ᠵᠠᠮ᠂ ᠵᠠᠰᠠᠮᠠᠯ ᠵᠠᠮ᠂ ᠠᠷᠠᠳ᠎ᠤᠨ ᠠᠭ᠋ᠠᠷ᠎ᠤᠨ ᠲᠡᠭᠡᠭᠡᠪᠦᠷᠢ ᠵᠡᠷᠭᠡ ᠭᠤᠷᠪᠠᠨ ᠵᠦᠢ᠍ᠯ᠎ᠤᠨ ᠲᠡᠭᠡᠭᠡᠪᠦᠷᠢ ᠵᠢᠨ ᠠᠷᠭ᠎ᠠ ᠮᠠᠶᠢᠭ᠎ᠤᠨ ᠪᠡᠶᠡᠯᠡᠭᠦᠯᠦᠭᠰᠡᠨ ᠬᠡᠮᠵᠢᠶ᠎ᠡ ᠪᠠᠭᠲᠠᠨ᠎ᠠ᠂ 2024 ᠣᠨ᠎ᠤ ᠨᠡᠮᠡᠭᠳᠡᠯ᠎ᠤᠨ ᠬᠤᠷᠳᠤᠴᠠ ᠵᠢ ᠬᠠᠷᠢᠴᠠᠭᠤᠯᠵᠤ ᠪᠣᠯᠬᠤ ᠪᠠᠷᠢᠮᠵᠢᠶ᠎ᠠ᠎ᠪᠠᠷ ᠪᠤᠳᠤᠨ᠎ᠠ᠃
     [16] 2024 ᠣᠨ᠎ᠤ 1 ᠳ᠋ᠤᠭᠡᠷ ᠰᠠᠷ᠎ᠠ᠎ᠠᠴᠠ ᠡᠬᠢᠯᠡᠨ᠂ ᠵᠠᠰᠠᠮᠠᠯ ᠵᠠᠮ᠎ᠤᠨ ᠠᠶᠠᠨᠴᠢᠳ᠎ᠤᠨ ᠲᠡᠭᠡᠭᠡᠪᠦᠷᠢ ᠵᠢᠨ ᠬᠡᠮᠵᠢᠶ᠎ᠡ᠂ ᠵᠠᠰᠠᠮᠠᠯ ᠵᠠᠮ᠎ᠤᠨ ᠠᠶᠠᠨᠴᠢᠳ᠎ᠤᠨ ᠲᠡᠭᠡᠭᠡᠪᠦᠷᠢ ᠵᠢᠨ ᠡᠷᠭᠢᠯᠲᠡ ᠵᠢᠨ ᠬᠡᠮᠵᠢᠶ᠎ᠡ ᠵᠢ ᠪᠦᠷᠢᠳᠬᠡᠬᠦ ᠪᠠᠷᠢᠮᠵᠢᠶ᠎ᠠ᠎ᠳᠤ ᠲᠣᠬᠢᠷᠠᠭᠤᠯᠤᠯᠲᠠ ᠬᠢᠵᠦ᠂ ᠡᠭᠡᠯᠵᠢ ᠵᠢᠨ ᠲᠡᠷᠭᠡ ᠳᠠᠭ᠋ᠠᠭ᠋ᠠᠴᠢᠯᠠᠭᠰᠠᠨ ᠠᠶᠠᠨᠴᠢᠳ᠎ᠤᠨ ᠲᠡᠭᠡᠭᠡᠪᠦᠷᠢ ᠵᠢᠨ ᠬᠡᠮᠵᠢᠶ᠎ᠡ᠂ ᠣᠯᠠᠨ ᠨᠡᠶ᠋ᠢᠲᠡ ᠵᠢᠨ ᠮᠠᠰᠢᠨ ᠲᠡᠷᠭᠡ ᠴᠠᠬᠢᠯᠭ᠋ᠠᠨ ᠲᠡᠷᠭᠡ ᠵᠢᠨ ᠬᠣᠲᠠ ᠬᠥᠳᠡᠭᠡ ᠵᠢᠨ ᠠᠶᠠᠨᠴᠢᠳ᠎ᠤᠨ ᠲᠡᠭᠡᠭᠡᠪᠦᠷᠢ ᠵᠢᠨ ᠬᠡᠮᠵᠢᠶ᠎ᠡ᠂ ᠲᠦᠷᠢᠶᠡᠰᠦᠨ ᠮᠠᠰᠢᠨ ᠲᠡᠷᠭᠡ (ᠲᠣᠭᠣᠷᠢᠨ ᠴᠠᠭᠳᠠᠬᠤ ᠲᠦᠷᠢᠶᠡᠰᠦᠨ ᠮᠠᠰᠢᠨ ᠲᠡᠷᠭᠡ᠂ ᠰᠦᠯᠵᠢᠶ᠎ᠡ᠎ᠪᠠᠷ ᠪᠣᠯᠵᠣᠭᠰᠠᠨ ᠲᠦᠷᠢᠶᠡᠰᠦᠨ ᠮᠠᠰᠢᠨ ᠲᠡᠷᠭᠡ ᠪᠠᠭᠲᠠᠨ᠎ᠠ) ᠵᠢᠨ ᠬᠣᠲᠠ ᠬᠥᠳᠡᠭᠡ ᠵᠢᠨ ᠠᠶᠠᠨᠴᠢᠳ᠎ᠤᠨ ᠲᠡᠭᠡᠭᠡᠪᠦᠷᠢ ᠵᠢᠨ ᠬᠡᠮᠵᠢᠶ᠎ᠡ ᠵᠢ ᠵᠠᠰᠠᠮᠠᠯ ᠵᠠᠮ᠎ᠤᠨ ᠠᠶᠠᠨᠴᠢᠳ᠎ᠤᠨ ᠲᠡᠭᠡᠭᠡᠪᠦᠷᠢ ᠵᠢᠨ ᠬᠡᠮᠵᠢᠶ᠎ᠡ ᠵᠢᠨ ᠪᠦᠷᠢᠳᠬᠡᠯ᠎ᠳᠤ ᠣᠷᠣᠭᠤᠯᠵᠤ᠂ ᠵᠠᠰᠠᠮᠠᠯ ᠵᠠᠮ᠎ᠤᠨ ᠠᠶᠠᠨᠴᠢᠳ᠎ᠤᠨ ᠲᠡᠭᠡᠭᠡᠪᠦᠷᠢ ᠵᠢᠨ ᠡᠷᠭᠢᠯᠲᠡ ᠵᠢᠨ ᠬᠡᠮᠵᠢᠶ᠎ᠡ ᠵᠢ ᠪᠦᠷᠢᠳᠬᠡᠬᠦ ᠲᠥᠷᠥᠯ᠎ᠳᠤ ᠵᠣᠬᠢᠴᠠᠩᠭᠤᠶ ᠲᠣᠬᠢᠷᠠᠭᠤᠯᠤᠯᠲᠠ ᠬᠢᠪᠡ᠃ 2024 ᠣᠨ᠎ᠤ ᠠᠶᠠᠨᠴᠢᠳ᠎ᠤᠨ ᠲᠡᠭᠡᠭᠡᠪᠦᠷᠢ ᠵᠢᠨ ᠶᠡᠷᠦᠩᠬᠡᠶ ᠬᠡᠮᠵᠢᠶ᠎ᠡ᠂ ᠠᠶᠠᠨᠴᠢᠳ᠎ᠤᠨ ᠲᠡᠭᠡᠭᠡᠪᠦᠷᠢ ᠵᠢᠨ ᠡᠷᠭᠢᠯᠲᠡ ᠵᠢᠨ ᠬᠡᠮᠵᠢᠶ᠎ᠡ᠂ ᠵᠠᠰᠠᠮᠠᠯ ᠵᠠᠮ᠎ᠤᠨ ᠠᠶᠠᠨᠴᠢᠳ᠎ᠤᠨ ᠲᠡᠭᠡᠭᠡᠪᠦᠷᠢ ᠵᠢᠨ ᠬᠡᠮᠵᠢᠶ᠎ᠡ᠂ ᠵᠠᠰᠠᠮᠠᠯ ᠵᠠᠮ᠎ᠤᠨ ᠠᠶᠠᠨᠴᠢᠳ᠎ᠤᠨ ᠲᠡᠭᠡᠭᠡᠪᠦᠷᠢ ᠵᠢᠨ ᠡᠷᠭᠢᠯᠲᠡ ᠵᠢᠨ ᠬᠡᠮᠵᠢᠶ᠎ᠡ ᠵᠢᠨ ᠨᠡᠮᠡᠭᠳᠡᠯ᠎ᠤᠨ ᠬᠤᠷᠳᠤᠴᠠ ᠵᠢ ᠬᠠᠷᠢᠴᠠᠭᠤᠯᠵᠤ ᠪᠣᠯᠬᠤ ᠪᠠᠷᠢᠮᠵᠢᠶ᠎ᠠ᠎ᠪᠠᠷ ᠪᠤᠳᠤᠨ᠎ᠠ᠃
     [17] ᠴᠠᠬᠢᠯᠭ᠋ᠠᠨ ᠬᠣᠯᠪᠣᠭ᠋ᠠᠨ᠎ᠤ ᠲᠤᠬᠠᠶ᠋ᠢᠯᠠᠭᠰᠠᠨ ᠠᠵᠢᠯ᠎ᠤᠨ ᠶᠡᠷᠦᠩᠬᠡᠢ ᠬᠡᠮᠵᠢᠶ᠎ᠡ ᠵᠢ ᠲᠦᠷᠦᠭᠦᠦ ᠵᠢᠯ᠎ᠤᠨ ᠦᠨ᠎ᠡ᠎ᠪᠠᠷ ᠪᠤᠳᠤᠨ᠎ᠠ᠃
     [18] ᠲᠣᠭᠲᠠᠮᠠᠯ ᠢᠨᠲᠸᠷ ᠰᠦᠯᠵᠢᠶᠡᠨ᠎ᠤ ᠥᠷᠭᠡᠨ ᠪᠦᠰᠡ ᠵᠠᠯᠭ᠋ᠠᠬᠤ ᠬᠡᠷᠡᠭᠯᠡᠭᠴᠢ ᠭᠡᠳᠡᠭ ᠪᠣᠯ ᠮᠡᠳᠡᠭᠦᠯᠦᠯᠲᠡ ᠵᠢᠨ ᠬᠤᠭᠤᠴᠠᠭ᠋ᠠᠨ ᠡᠴᠦᠰ᠎ᠲᠤ ᠴᠠᠬᠢᠯᠭ᠋ᠠᠨ ᠬᠣᠯᠪᠣᠭ᠋ᠠᠨ᠎ᠤ ᠠᠵᠤ ᠠᠬᠤᠶ᠋ᠢᠯᠠᠯ᠎ᠳᠤ ᠪᠦᠷᠢᠳᠬᠡᠭᠦᠯᠦᠨ ᠳᠠᠩᠰᠠᠯᠠᠭᠤᠯᠵᠤ᠂ xDSL᠂ FTTx + LAN᠂ FTTH / O ᠵᠢᠴᠢ ᠪᠤᠰᠤᠳ ᠥᠷᠭᠡᠨ ᠪᠦᠰᠡ ᠵᠠᠯᠭ᠋ᠠᠬᠤ ᠠᠷᠭ᠎ᠠ ᠮᠠᠶᠢᠭ ᠪᠠ ᠡᠩ᠎ᠤᠨ ᠲᠤᠰᠬᠠᠶ ᠤᠲᠠᠰᠤ᠎ᠪᠠᠷ ᠳᠠᠮᠵᠢᠭᠤᠯᠤᠨ ᠣᠯᠠᠨ ᠨᠡᠶ᠋ᠢᠲᠡ ᠵᠢᠨ  ᠢᠨᠲᠸᠷ ᠰᠦᠯᠵᠢᠶᠡᠨ᠎ᠤ ᠬᠡᠷᠡᠭᠯᠡᠭᠴᠢ ᠵᠢ ᠵᠢᠭ᠋ᠠᠵᠤ ᠪᠠᠶ᠋ᠢᠨ᠎ᠠ᠃
     [19 ] ᠰᠠᠭᠤᠷᠢ ᠪᠡᠯᠡᠳᠬᠡᠮᠵᠢ ᠵᠢᠨ ᠪᠠᠯᠠ ᠣᠷᠣᠭᠤᠯᠤᠯᠲᠠ᠎ᠳᠤ ᠴᠠᠬᠢᠯᠭ᠋ᠠᠨ ᠬᠦᠴᠦᠨ᠂ ᠢᠯᠴᠢ ᠵᠢᠨ ᠬᠦᠴᠦᠨ᠎ᠤ ᠦᠢ᠍ᠯᠡᠳᠪᠦᠷᠢᠯᠡᠯ ᠪᠠ ᠬᠠᠩᠭ᠋ᠠᠯᠭ᠎ᠠ ᠵᠢᠨ ᠦᠢ᠍ᠯᠡᠰ᠂ ᠰᠢᠲᠠᠮᠠᠬᠠᠶ ᠬᠡᠶ ᠵᠢᠨ ᠦᠢ᠍ᠯᠡᠳᠪᠦᠷᠢᠯᠡᠯ ᠪᠠ ᠬᠠᠩᠭ᠋ᠠᠯᠭ᠎ᠠ ᠵᠢᠨ ᠦᠢ᠍ᠯᠡᠰ᠂ ᠤᠰᠤᠨ᠎ᠤ ᠦᠢ᠍ᠯᠡᠳᠪᠦᠷᠢᠯᠡᠯ ᠪᠠ ᠬᠠᠩᠭ᠋ᠠᠯᠭ᠎ᠠ ᠵᠢᠨ ᠦᠢ᠍ᠯᠡᠰ᠂ ᠲᠡᠮᠦᠷ ᠵᠠᠮ᠎ᠤᠨ ᠲᠡᠭᠡᠭᠡᠪᠦᠷᠢ ᠵᠢᠨ ᠦᠢ᠍ᠯᠡᠰ᠂ ᠵᠠᠮ ᠲᠡᠭᠡᠭᠡᠪᠦᠷᠢ ᠵᠢᠨ ᠦᠢ᠍ᠯᠡᠰ᠂ ᠤᠰᠤᠨ ᠲᠡᠭᠡᠭᠡᠪᠦᠷᠢ ᠵᠢᠨ ᠦᠢ᠍ᠯᠡᠰ᠂ ᠠᠭ᠋ᠠᠷ᠎ᠤᠨ ᠲᠡᠭᠡᠭᠡᠪᠦᠷᠢ ᠵᠢᠨ ᠦᠢ᠍ᠯᠡᠰ᠂ ᠬᠣᠭᠣᠯᠠᠶ ᠵᠢᠨ ᠲᠡᠭᠡᠭᠡᠪᠦᠷᠢ ᠵᠢᠨ ᠦᠢ᠍ᠯᠡᠰ᠂ ᠣᠯᠠᠨ ᠬᠡᠯᠪᠡᠷᠢ ᠵᠢᠨ ᠬᠣᠯᠪᠣᠭ᠋ᠠᠯᠠᠨ ᠲᠡᠭᠡᠭᠡᠪᠦᠷᠢᠯᠡᠬᠦ ᠪᠠ ᠲᠡᠭᠡᠭᠡᠪᠦᠷᠢ ᠵᠢ ᠣᠷᠣᠯᠠᠨ ᠭᠦᠢ᠍ᠴᠡᠳᠭᠡᠬᠦ ᠦᠢ᠍ᠯᠡᠰ᠂ ᠠᠴᠢᠶᠠᠯᠠᠵᠤ ᠪᠠᠭᠤᠯᠭ᠋ᠠᠬᠤ ᠲᠡᠭᠡᠭᠡᠪᠦᠷᠢ ᠵᠢᠨ ᠦᠢ᠍ᠯᠡᠰ᠂ ᠰᠢᠤᠳᠠᠨ᠎ᠤ ᠦᠢ᠍ᠯᠡᠰ᠂ ᠴᠠᠬᠢᠯᠭ᠋ᠠᠨ ᠬᠣᠯᠪᠣᠭ᠎ᠠ ᠷᠠᠳᠢᠣ᠋ ᠲᠧᠯᠸᠢᠰ ᠪᠠ ᠳᠠᠭ᠋ᠠᠭᠤᠯᠢ ᠣᠳᠣᠨ᠎ᠤ ᠳᠠᠮᠵᠢᠭᠤᠯᠬᠤ ᠦᠢ᠍ᠯᠡᠴᠢᠯᠡᠭᠡᠨ᠎ᠤ ᠦᠢ᠍ᠯᠡᠰ᠂ ᠢᠨᠲ᠋ᠧᠷ ᠰᠦᠯᠵᠢᠶ᠎ᠡ ᠪᠠ ᠬᠠᠮᠢᠶ᠎ᠠ ᠪᠥᠬᠥᠶ ᠦᠢ᠍ᠯᠡᠴᠢᠯᠡᠭᠡᠨ᠎ᠤ ᠦᠢ᠍ᠯᠡᠰ᠂ ᠤᠰᠤᠨ ᠠᠰᠢᠭᠯᠠᠯᠲᠠ ᠵᠢᠨ ᠬᠠᠮᠢᠶᠠᠷᠤᠯᠲᠠ ᠵᠢᠨ ᠦᠢ᠍ᠯᠡᠰ᠂ ᠠᠮᠢ ᠠᠬᠤᠶ ᠵᠢᠨ ᠬᠠᠮᠠᠭ᠋ᠠᠯᠠᠯᠲᠠ ᠪᠠ ᠣᠷᠴᠢᠨ ᠲᠣᠭᠣᠷᠢᠨ᠎ᠤ ᠵᠠᠰᠠᠯᠲᠠ ᠵᠢᠨ ᠦᠢ᠍ᠯᠡᠰ᠂ ᠣᠯᠠᠨ ᠨᠡᠶ᠋ᠢᠲᠡ ᠵᠢᠨ ᠪᠡᠯᠡᠳᠬᠡᠮᠵᠢ ᠵᠢᠨ ᠬᠠᠮᠢᠶᠠᠷᠤᠯᠲᠠ ᠵᠢᠨ ᠦᠢ᠍ᠯᠡᠰ᠎ᠤᠨ ᠪᠠᠯᠠ ᠣᠷᠣᠭᠤᠯᠤᠯᠲᠠ ᠪᠠᠭᠲᠠᠨ᠎ᠠ᠃
    [20] ᠠᠷᠠᠳ᠎ᠤᠨ ᠪᠠᠯᠠ ᠣᠷᠣᠭᠤᠯᠤᠯᠲᠠ ᠭᠡᠳᠡᠭ᠎ᠨᠢ ᠬᠠᠮᠲᠤ ᠨᠡᠶ᠋ᠢᠲᠡ᠂ ᠬᠤᠪᠢ ᠵᠢᠨ ᠡᠵᠡᠩᠨᠡᠭᠰᠡᠨ᠂ ᠬᠤᠪᠢ ᠬᠥᠮᠦᠨ᠎ᠤ ᠰᠢᠨᠵᠢ ᠴᠢᠨᠠᠷ᠎ᠲᠠᠢ ᠳᠣᠲᠣᠭ᠋ᠠᠳᠤ ᠪᠠᠯᠠ ᠵᠢᠨ ᠠᠵᠤ ᠠᠬᠤᠶ᠋ᠢᠯᠠᠯ (ᠠᠵᠢᠯ ᠦᠢ᠍ᠯᠡᠰ)᠎ᠤᠨ ᠨᠢᠭᠡᠴᠡ ᠵᠢᠴᠢ ᠲᠡᠭᠦᠨ᠎ᠤ ᠬᠤᠪᠢ ᠡᠵᠡᠮᠳᠡᠭᠰᠡᠨ (ᠬᠠᠷᠢᠴᠠᠯᠠᠰᠢᠭᠦᠶ ᠬᠤᠪᠢ ᠡᠵᠡᠮᠳᠡᠭᠰᠡᠨ ᠪᠠ ᠬᠠᠷᠢᠴᠠᠩᠭᠤᠶ ᠬᠤᠪᠢ ᠡᠵᠡᠮᠳᠡᠭᠰᠡᠨ ᠪᠠᠭᠲᠠᠨ᠎ᠠ) ᠠᠵᠤ ᠠᠬᠤᠶ᠋ᠢᠯᠠᠯ᠎ᠤᠨ ᠨᠢᠭᠡᠴᠡ᠎ᠠᠴᠠ ᠪᠠᠶ᠋ᠢᠭᠤᠯᠤᠭᠰᠠᠨ ᠪᠤᠶᠤ ᠬᠤᠳᠠᠯᠳᠤᠨ ᠠᠪᠤᠭᠰᠠᠨ ᠲᠣᠭᠲᠠᠮᠠᠯ ᠬᠥᠷᠥᠩᠭᠡ ᠵᠢᠨ ᠪᠠᠯᠠ ᠣᠷᠣᠭᠤᠯᠤᠯᠲᠠ ᠵᠢ ᠵᠢᠭ᠋ᠠᠵᠤ ᠪᠣᠶ᠃
    [21] ᠭᠡᠷ ᠪᠠᠶ᠋ᠢᠰᠢᠩ ᠭᠠᠵᠠᠷ ᠰᠢᠷᠣᠢ ᠵᠢᠨ ᠬᠦ᠍ᠷᠦᠩᠭᠡ ᠵᠢᠨ ᠦᠢ᠍ᠯᠡᠰ᠎ᠤᠨ ᠪᠡᠯᠡ ᠣᠷᠣᠭᠤᠯᠤᠯᠲᠠ᠎ᠳᠤ ᠭᠡᠷ ᠪᠠᠶ᠋ᠢᠰᠢᠩ ᠭᠠᠵᠠᠷ ᠰᠢᠷᠣᠢ ᠵᠢᠨ ᠬᠦ᠍ᠷᠦᠩᠭᠡ ᠵᠢᠨ ᠪᠡᠯᠡ ᠣᠷᠣᠭᠤᠯᠤᠯᠲᠠ᠎ᠠᠴᠠ ᠭᠠᠳᠠᠨ᠎ᠠ᠂ ᠪᠠᠰᠠ ᠪᠦ᠍ᠲᠦᠭᠡᠨ ᠪᠠᠶ᠋ᠢᠭᠤᠯᠬᠤ ᠨᠢᠭᠡᠴᠢ ᠵᠢᠨ ᠥᠪᠡᠷ ᠵᠶ᠋ᠠᠨ ᠪᠠᠷᠢᠭᠰᠠᠨ ᠭᠡᠷ ᠪᠠᠶ᠋ᠢᠰᠢᠩ ᠵᠢᠴᠢ ᠠᠳᠠᠯ ᠠᠬᠤᠢ ᠵᠢᠨ ᠬᠠᠮᠢᠶᠠᠷᠤᠯᠲᠠ᠂ ᠵᠠᠭᠤᠴᠢ ᠦᠢ᠍ᠯᠡᠴᠢᠯᠡᠭᠡ ᠪᠠ ᠪᠤᠰᠤᠳ ᠭᠡᠷ ᠪᠠᠶ᠋ᠢᠰᠢᠩ ᠭᠠᠵᠠᠷ ᠰᠢᠷᠣᠢ ᠵᠢᠨ ᠬᠦ᠍ᠷᠦᠩᠭᠡ ᠵᠢᠨ ᠪᠡᠯᠡ ᠣᠷᠣᠭᠤᠯᠤᠯᠲᠠ ᠪᠠᠭᠲᠠᠨ᠎ᠠ᠃
    [22] ᠲᠠᠪᠤᠳᠤᠭ᠋ᠠᠷ ᠤᠳᠠᠭ᠋ᠠᠨ᠎ᠤ ᠪᠥᠬᠥ ᠤᠯᠤᠰ᠎ᠤᠨ ᠠᠵᠤ ᠠᠬᠤᠶ ᠵᠢᠨ ᠨᠡᠶ᠋ᠢᠳᠡᠮ ᠪᠠᠶ᠋ᠢᠴᠠᠭ᠋ᠠᠯᠲᠠ ᠵᠢᠨ ᠦᠷ᠎ᠡ ᠳ᠋ᠦᠩ᠎ᠢ ᠦᠨᠳᠦᠰᠦᠯᠡᠨ᠂ ᠬᠡᠷ ᠪᠠᠶ᠋ᠢᠰᠢᠩ ᠭᠠᠵᠠᠷ ᠰᠢᠷᠣᠶ ᠵᠢᠨ ᠬᠥᠷᠥᠩᠭᠡ ᠵᠢ ᠨᠡᠭᠡᠭᠡᠨ ᠬᠥᠭᠵᠢᠭᠦᠯᠬᠦ᠂ ᠰᠢᠨ᠎ᠡ᠎ᠪᠠᠷ ᠪᠠᠶ᠋ᠢᠭᠤᠯᠤᠭᠰᠠᠨ ᠲᠠᠸᠠᠷ᠎ᠤᠨ ᠬᠡᠷ ᠪᠠᠶ᠋ᠢᠰᠢᠩ᠎ᠢ ᠪᠣᠷᠣᠯᠠᠭᠤᠯᠬᠤ ᠵᠡᠷᠭᠡ ᠭᠦᠢ᠍ᠴᠡᠳᠭᠡᠯ ᠲᠣᠭ᠎ᠠ ᠵᠢᠨ ᠲᠡᠦᠬᠡᠨ ᠲᠣᠭ᠎ᠠ ᠪᠠᠷᠢᠮᠲᠠ᠎ᠳᠤ ᠵᠠᠰᠠᠪᠤᠷᠢ ᠣᠷᠣᠭᠤᠯᠵᠤ᠂ 2024 ᠣᠨ᠎ᠤ ᠨᠡᠮᠡᠭᠳᠡᠯ᠎ᠤᠨ ᠬᠤᠷᠳᠤᠴᠠ ᠵᠢ ᠬᠠᠷᠢᠴᠠᠭᠤᠯᠵᠤ ᠪᠣᠯᠬᠤ ᠪᠠᠷᠢᠮᠵᠢᠶ᠎ᠠ᠎ᠪᠠᠷ ᠪᠤᠳᠤᠨ᠎ᠠ᠃
    [23] ᠲᠠᠸᠠᠷ᠎ᠤᠨ ᠭᠡᠷ ᠪᠠᠶ᠋ᠢᠰᠢᠩ᠎ᠢ ᠪᠣᠷᠣᠯᠠᠭᠤᠯᠤᠭᠰᠠᠨ ᠲᠠᠯᠠᠪᠠᠢ ᠭᠡᠳᠡᠭ᠎ᠨᠢ ᠮᠡᠳᠡᠭᠦᠯᠦᠯᠲᠡ ᠵᠢᠨ ᠬᠤᠭᠤᠴᠠᠭ᠋ᠠᠨ᠎ᠳᠤ ᠭᠡᠷ ᠪᠠᠶ᠋ᠢᠰᠢᠩ ᠭᠠᠵᠠᠷ ᠰᠢᠷᠣᠢ ᠵᠢᠨ ᠭᠦᠷᠦᠨᠭᠭᠡ ᠵᠢ ᠨᠡᠭᠡᠭᠡᠨ ᠠᠰᠢᠭᠯᠠᠬᠤ ᠠᠵᠤ ᠠᠬᠤᠶ᠋ᠢᠯᠠᠯ᠎ᠤᠨ ᠬᠤᠳᠠᠯᠳᠤᠭᠰᠠᠨ ᠰᠢᠨ᠎ᠡ᠎ᠪᠠᠷ ᠪᠠᠶ᠋ᠢᠭᠤᠯᠤᠭᠰᠠᠨ ᠲᠠᠸᠠᠷ᠎ᠤᠨ ᠭᠡᠷ ᠪᠠᠶ᠋ᠢᠰᠢᠩ᠎ᠤᠨ ᠭᠡᠷ᠎ᠡ ᠵᠢᠨ ᠶᠡᠷᠦᠩᠬᠡᠢ ᠲᠠᠯᠠᠪᠠᠢ ᠵᠢ ᠵᠢᠭ᠋ᠠᠵᠤ ᠪᠠᠶ᠋ᠢᠨ᠎ᠠ᠃
     [24] 《ᠨᠢᠭᠡ ᠪᠦᠰᠡ ᠨᠢᠭᠡ ᠵᠠᠮ》 ᠭᠡᠳᠡᠭ᠎ᠨᠢ 《ᠲᠣᠷᠭ᠋ᠠᠨ ᠵᠠᠮ᠎ᠤᠨ ᠠᠵᠤ ᠠᠬᠤᠢ ᠵᠢᠨ ᠪᠦᠰᠡ》 ᠪᠠ 《21 ᠳ᠋ᠤᠭᠡᠷ ᠵᠠᠭᠤᠨ᠎ᠤ ᠲᠠᠯᠠᠢ ᠳᠡᠭᠡᠷᠡᠬᠢ ᠲᠣᠷᠭ᠋ᠠᠨ ᠵᠠᠮ》᠎ᠢ ᠵᠢᠭ᠋ᠠᠵᠤ ᠪᠠᠶ᠋ᠢᠨ᠎ᠠ᠃
     [25] ᠤᠤᠯ ᠳᠠᠭ᠋ᠠᠳᠬᠠᠯ᠎ᠤᠨ ᠵᠠᠷᠤᠳᠠᠯ᠎ᠤᠨ ᠣᠷᠣᠯᠭ᠎ᠠ ᠭᠡᠳᠡᠭ᠎ᠨᠢ ᠳᠠᠭ᠋ᠠᠳᠬᠠᠯ᠎ᠤᠨ ᠠᠵᠤ ᠠᠬᠤᠶ᠋ᠢᠯᠠᠯ᠎ᠤᠨ ᠨᠤᠲᠠᠯᠠᠨ ᠲᠣᠭᠲᠠᠭ᠋ᠠᠭᠰᠠᠨ ᠤᠤᠯ ᠳᠠᠭ᠋ᠠᠳᠬᠠᠯ᠎ᠤᠨ ᠭᠡᠷ᠎ᠡ ᠵᠢᠨ ᠳᠠᠭ᠋ᠠᠳᠬᠠᠯ᠎ᠤᠨ ᠵᠠᠷᠤᠳᠠᠯ᠎ᠤᠨ ᠣᠷᠣᠯᠭ᠎ᠠ ᠵᠢ ᠵᠢᠭ᠋ᠠᠵᠤ ᠪᠠᠶ᠋ᠢᠨ᠎ᠠ᠃
     [26] ᠤᠯᠤᠰ᠎ᠤᠨ ᠲᠡᠦᠬᠡ ᠵᠢᠨ ᠳᠤᠷᠠᠰᠬᠠᠯᠲᠤ ᠵᠦᠢ᠍ᠯ᠎ᠤᠨ ᠲᠣᠪᠴᠢᠶᠠᠨ᠎ᠤ ᠱᠠᠭ᠋ᠠᠷᠳᠠᠯᠭ᠎ᠠ ᠵᠢ ᠦᠨᠳᠦᠰᠦᠯᠡᠪᠡᠯ᠂ ᠮᠦᠽᠧᠢ ᠵᠢᠨ ᠪᠦᠷᠢᠳᠬᠡᠯ᠎ᠤᠨ ᠪᠠᠷᠢᠮᠵᠢᠶ᠎ᠠ ᠵᠢ ᠤᠤᠯ᠎ᠤᠨ ᠤᠯᠤᠰ᠎ᠤᠨ ᠥᠮᠴᠢᠯᠡᠯ᠎ᠤᠨ ᠮᠦᠽᠧᠢ᠂ ᠤᠯᠤᠰ᠎ᠤᠨ ᠥᠮᠴᠢᠯᠡᠯ᠎ᠤᠨ ᠪᠤᠰᠤ ᠮᠦᠽᠧᠢ ᠪᠠᠶ᠋ᠢᠭᠰᠠᠨ᠎ᠠᠴᠠ ᠠᠯᠬᠤᠮ ᠠᠯᠬᠤᠮ ᠵᠶ᠋ᠠᠷ ᠤᠯᠤᠰ᠎ᠤᠨ ᠥᠮᠴᠢᠯᠡᠯ᠎ᠤᠨ ᠮᠦᠽᠧᠢ ᠪᠣᠯᠭ᠋ᠠᠨ ᠬᠤᠪᠢᠷᠠᠭᠤᠯᠬᠤ ᠮᠥᠷᠲᠡᠭᠡᠨ ᠬᠡᠰᠡᠭ ᠮᠦᠽᠧᠢ ᠵᠢ ᠨᠡᠶ᠋ᠢᠯᠡᠭᠦᠯᠵᠦ᠂ ᠳᠠᠩᠰᠠᠯᠠᠭᠤᠯᠬᠤ ᠵᠢ ᠵᠣᠭᠰᠣᠭ᠋ᠠᠬᠤ ᠦᠵᠡᠭᠳᠡᠯ ᠣᠷᠣᠰᠢᠵᠤ ᠪᠠᠶ᠋ᠢᠨ᠎ᠠ᠃ 2024 ᠣᠨ᠎ᠳᠤ᠂ ᠪᠥᠬᠥ ᠣᠷᠣᠨ᠎ᠤ ᠮᠦᠽᠧᠶ ᠵᠢᠨ ᠲᠣᠭ᠎ᠠ ᠬᠡᠮᠵᠢᠶ᠎ᠡ ᠳᠡᠭᠡᠷ᠎ᠡ ᠵᠢᠯ᠎ᠤᠨ᠎ᠬᠢ᠎ᠠᠴᠠ ᠪᠠᠭᠤᠷᠠᠪᠠ᠃
     [27] 2023 ᠣᠨ᠎ᠳᠤ ᠡᠯ᠎ᠡ ᠲᠥᠷᠥᠯ᠎ᠤᠨ ᠦᠢ᠍ᠯᠡᠳᠪᠦᠷᠢᠯᠡᠯ᠎ᠤᠨ ᠠᠮᠤᠷ ᠲᠦᠪᠰᠢᠨ᠎ᠤ ᠡᠨᠳᠡᠯ ᠵᠶ᠋ᠠᠷ ᠥᠭᠦᠭᠰᠡᠨ ᠬᠥᠮᠦᠨ᠎ᠤ ᠲᠣᠭ᠎ᠠ ᠵᠢ 2024 ᠣᠨ᠎ᠳᠤ ᠳᠠᠬᠢᠨ ᠰᠢᠨ᠎ᠡ᠎ᠪᠠᠷ ᠵᠠᠰᠠᠵᠤ᠂ 540 ᠬᠥᠮᠦᠨ ᠪᠠᠶ᠋ᠢᠭᠰᠠᠨ᠎ᠠᠴᠠ 631 ᠬᠥᠮᠦᠨ ᠪᠣᠯᠭ᠋ᠠᠨ ᠲᠣᠬᠢᠷᠠᠭᠤᠯᠪᠠ᠃
    ᠮᠠᠲ᠋ᠧᠷᠢᠶᠠᠯ᠎ᠤᠨ ᠢᠷᠡᠯᠲᠡ᠄
    ᠲᠤᠰ ᠠᠯᠪᠠᠨ ᠮᠡᠳᠡᠭᠡ᠎ᠳᠠᠬᠢ ᠬᠣᠲᠠ ᠪᠠᠯᠭ᠋ᠠᠰᠤᠨ᠎ᠤ ᠰᠢᠨ᠎ᠡ᠎ᠪᠠᠷ ᠨᠡᠮᠡᠭᠳᠡᠭᠰᠡᠨ ᠠᠵᠢᠯ ᠣᠯᠭᠣᠯᠲᠠ᠂ ᠨᠡᠶ᠋ᠢᠭᠡᠮ᠎ᠤᠨ ᠪᠠᠲᠤᠯᠠᠭ᠎ᠠ ᠵᠢᠨ ᠲᠣᠭ᠎ᠠ ᠪᠠᠷᠢᠮᠲᠠ᠎ᠨᠢ ᠬᠥᠮᠦᠨ᠎ᠤ ᠬᠦᠴᠦᠨ᠎ᠤ ᠡᠬᠢ ᠪᠠᠶᠠᠯᠢᠭ ᠪᠠ ᠨᠡᠶ᠋ᠢᠭᠡᠮ᠎ᠤᠨ ᠪᠠᠲᠤᠯᠠᠭ᠎ᠠ ᠵᠢᠨ ᠲᠢᠩᠬᠢᠮ᠎ᠠᠴᠠ ᠢᠷᠡᠯᠲᠡ᠎ᠲᠠᠢ; ᠦᠨ᠎ᠡ ᠬᠠᠩᠰᠢ ᠵᠢᠨ ᠵᠢᠭ᠋ᠠᠯᠲᠠ ᠲᠣᠭ᠎ᠠ᠂ ᠰᠠᠭᠤᠭ᠋ᠠᠯᠢ ᠠᠷᠠᠳ᠎ᠤᠨ ᠣᠷᠣᠯᠭ᠎ᠠ ᠵᠢᠨ ᠬᠡᠷᠡᠭᠯᠡᠭᠡ᠂ ᠠᠮᠤ ᠪᠤᠳᠠᠭ᠎ᠠ ᠳᠠᠷᠢᠬᠤ ᠲᠠᠯᠠᠪᠠᠶ᠂ ᠠᠮᠤ ᠪᠤᠳᠠᠭ᠋ᠠᠨ᠎ᠤ ᠤᠨᠠᠯᠲᠠ᠂ ᠭᠠᠬᠠᠶ ᠦᠬᠡᠷ ᠬᠣᠨᠢ ᠵᠢᠭᠦᠷᠲᠡᠨ᠎ᠤ ᠮᠢᠬᠠᠨ᠎ᠤ ᠭᠠᠷᠤᠯᠲᠠ᠂ ᠵᠢᠭᠦᠷᠲᠡᠨ᠎ᠤ ᠥᠨᠳᠡᠭᠡᠨ᠎ᠤ ᠭᠠᠷᠤᠯᠲᠠ᠂ ᠦᠨᠢᠶᠡᠨ  ᠰᠦ ᠵᠢᠨ ᠭᠠᠷᠤᠯᠲᠠ᠂ ᠭᠠᠬᠠᠶ ᠦᠬᠡᠷ ᠬᠣᠨᠢ ᠵᠢᠭᠦᠷᠲᠡᠨ᠎ᠤ ᠲᠣᠭ᠎ᠠ ᠪᠠᠷᠢᠮᠲᠠ᠎ᠨᠢ ᠤᠯᠤᠰ᠎ᠤᠨ ᠲᠣᠭ᠎ᠠ ᠪᠦᠷᠢᠳᠬᠡᠯ᠎ᠤᠨ ᠲᠣᠪᠴᠢᠶ᠎ᠠ ᠵᠢᠨ ᠥᠪᠥᠷ ᠮᠣᠩᠭᠣᠯ᠎ᠤᠨ ᠪᠠᠶ᠋ᠢᠴᠠᠭ᠋ᠠᠯᠲᠠ ᠵᠢᠨ ᠶᠡᠷᠦᠩᠬᠡᠶ ᠠᠩᠭᠢ᠎ᠠᠴᠠ ᠢᠷᠡᠯᠲᠡ᠎ᠲᠠᠢ; ᠴᠠᠬᠢᠯᠭ᠋ᠠᠨ ᠭᠠᠷᠭ᠋ᠠᠬᠤ ᠮᠠᠰᠢᠨ ᠴᠣᠭᠴᠠᠯᠠᠪᠤᠷᠢ ᠵᠢᠨ ᠪᠠᠭᠲᠠᠭ᠋ᠠᠮᠵᠢ ᠵᠢᠨ ᠲᠣᠭ᠎ᠠ ᠪᠠᠷᠢᠮᠲᠠ᠎ᠨᠢ ᠴᠠᠬᠢᠯᠭ᠋ᠠᠨ ᠬᠦᠴᠦᠨ᠎ᠤ ᠠᠵᠢᠯ ᠲᠥᠷᠥᠯ᠎ᠤᠨ ᠨᠡᠶ᠋ᠢᠭᠡᠮᠯᠢᠭ᠎ᠠᠴᠠ ᠢᠷᠡᠯᠲᠡ᠎ᠲᠠᠢ; ᠭᠠᠳᠠᠭ᠋ᠠᠳᠤ ᠠᠷᠠᠯᠵᠢᠶᠠᠨ᠎ᠤ ᠲᠣᠭ᠎ᠠ ᠪᠠᠷᠢᠮᠲᠠ᠎ᠨᠢ ᠬᠥᠬᠡᠬᠣᠲᠠ ᠪᠣᠭᠣᠮᠲᠠ᠎ᠠᠴᠠ ᠢᠷᠡᠯᠲᠡ᠎ᠲᠠᠢ; ᠪᠣᠳᠠᠲᠠᠶ ᠬᠡᠷᠡᠭᠯᠡᠭᠰᠡᠨ ᠭᠠᠳᠠᠭ᠋ᠠᠳᠤ ᠪᠠᠯᠠ ᠵᠢᠨ ᠲᠣᠭ᠎ᠠ ᠪᠠᠷᠢᠮᠲᠠ᠎ᠨᠢ ᠬᠤᠳᠠᠯᠳᠤᠭ᠋ᠠᠨ᠎ᠤ ᠶᠠᠪᠤᠳᠠᠯ᠎ᠤᠨ ᠲᠢᠩᠬᠢᠮ᠎ᠠᠴᠠ ᠢᠷᠡᠯᠲᠡ᠎ᠲᠠᠢ; ᠲᠤᠰᠬᠠᠶ ᠠᠰᠢᠭ᠎ᠤᠨ ᠲᠣᠭ᠎ᠠ ᠪᠠᠷᠢᠮᠲᠠ᠎ᠨᠢ ᠵᠠᠬ᠎ᠠ ᠳᠡᠯᠭᠡᠭᠦᠷ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠠᠴᠠ ᠢᠷᠡᠯᠲᠡ᠎ᠲᠠᠢ; ᠠᠶᠠᠨᠴᠢᠳ ᠪᠠ ᠪᠠᠷᠠᠭ᠋ᠠᠨ᠎ᠤ ᠲᠡᠭᠡᠭᠡᠪᠦᠷᠢ ᠵᠢᠨ ᠬᠡᠮᠵᠢᠶ᠎ᠡ᠂ ᠠᠶᠠᠨᠴᠢᠳ ᠪᠠ ᠪᠠᠷᠠᠭ᠋ᠠᠨ᠎ᠤ ᠲᠡᠭᠡᠭᠡᠪᠦᠷᠢ ᠵᠢᠨ ᠡᠷᠭᠢᠯᠲᠡ ᠵᠢᠨ ᠬᠡᠮᠵᠢᠶ᠎ᠡ ᠵᠢᠨ ᠲᠣᠭ᠎ᠠ ᠪᠠᠷᠢᠮᠲᠠ᠎ᠨᠢ ᠵᠠᠮ ᠬᠠᠷᠢᠯᠴᠠᠭ᠎ᠠ ᠲᠡᠭᠡᠭᠡᠪᠦᠷᠢ ᠵᠢᠨ ᠲᠢᠩᠬᠢᠮ᠂ ᠲᠡᠮᠦᠷ ᠵᠠᠮ᠎ᠤᠨ ᠰᠠᠯᠠᠭ᠎ᠠ ᠮᠥᠴᠢᠷ ᠪᠣᠯᠤᠨ ᠠᠷᠠᠳ᠎ᠤᠨ ᠠᠭ᠋ᠠᠷ᠎ᠤᠨ ᠲᠡᠭᠡᠭᠡᠪᠦᠷᠢ ᠵᠢᠨ ᠰᠠᠯᠠᠭ᠎ᠠ ᠮᠥᠴᠢᠷ᠎ᠠᠴᠠ ᠢᠷᠡᠯᠲᠡ᠎ᠲᠠᠢ; ᠠᠷᠠᠳ᠎ᠤᠨ ᠬᠡᠷᠡᠭᠯᠡᠭᠡᠨ᠎ᠤ ᠮᠠᠰᠢᠨ ᠲᠡᠷᠭᠡ᠂ ᠵᠠᠮ ᠬᠠᠷᠢᠯᠴᠠᠭ᠋ᠠᠨ᠎ᠤ ᠡᠨᠳᠡᠯ᠎ᠤᠨ ᠲᠣᠭ᠎ᠠ ᠪᠠᠷᠢᠮᠲᠠ᠎ᠨᠢ ᠳᠣᠲᠣᠭ᠋ᠠᠳᠤ ᠵᠢ ᠬᠠᠮᠠᠭ᠋ᠠᠯᠠᠬᠤ ᠲᠢᠩᠬᠢᠮ᠎ᠠᠴᠠ ᠢᠷᠡᠯᠲᠡ᠎ᠲᠠᠢ; ᠴᠠᠬᠢᠯᠭ᠋ᠠᠨ ᠬᠣᠯᠪᠣᠭ᠋ᠠᠨ᠎ᠤ ᠲᠣᠭ᠎ᠠ᠂ ᠳ᠋ᠢᠶᠠᠩᠬᠤᠸᠠ ᠵᠢᠨ ᠲᠣᠭ᠎ᠠ᠂ ᠰᠢᠯᠵᠢᠮᠡᠯ ᠢᠨᠲ᠋ᠧᠷ ᠰᠦᠯᠵᠢᠶᠡᠨ᠎ᠤ ᠲᠣᠭ᠎ᠠ᠎ᠨᠢ ᠴᠢᠮᠡᠭᠡ ᠬᠣᠯᠪᠣᠭ᠋ᠠᠨ᠎ᠤ ᠬᠠᠮᠢᠶᠠᠷᠤᠯᠲᠠ ᠵᠢᠨ ᠲᠣᠪᠴᠢᠶ᠎ᠠ᠎ᠠᠴᠠ ᠢᠷᠡᠯᠲᠡ᠎ᠲᠠᠢ; ᠰᠢᠤᠳᠠᠨ᠎ᠤ ᠠᠵᠢᠯ᠂ ᠲᠦᠷᠭᠡᠨ ᠬᠦᠷᠭᠡᠬᠦ ᠠᠵᠢᠯ᠎ᠤᠨ ᠲᠣᠭ᠎ᠠ ᠪᠠᠷᠢᠮᠲᠠ᠎ᠨᠢ ᠰᠢᠤᠳᠠᠨ᠎ᠤ ᠬᠠᠮᠢᠶᠠᠷᠤᠯᠲᠠ ᠵᠢᠨ ᠲᠣᠪᠴᠢᠶ᠎ᠠ᠎ᠠᠴᠠ ᠢᠷᠡᠯᠲᠡ᠎ᠲᠠᠢ; ᠤᠷᠠᠯᠢᠭ᠎ᠤᠨ ᠲᠣᠭᠯᠠᠯᠲᠠ ᠵᠢᠨ ᠪᠦᠯᠬᠦᠮ᠂ ᠰᠣᠶᠣᠯ᠎ᠤᠨ ᠣᠷᠳᠣᠨ᠂ ᠣᠯᠠᠨ ᠨᠡᠶ᠋ᠢᠲᠡ ᠵᠢᠨ ᠨᠣᠮ᠎ᠤᠨ ᠰᠠᠩ᠂ ᠮᠦᠽᠧᠶ᠂ ᠵᠢᠭᠤᠯᠴᠢᠯᠠᠯ᠎ᠤᠨ ᠲᠣᠭ᠎ᠠ ᠪᠠᠷᠢᠮᠲᠠ᠎ᠨᠢ ᠰᠣᠶᠣᠯ ᠪᠠ ᠵᠢᠭᠤᠯᠴᠢᠯᠠᠯ᠎ᠤᠨ ᠲᠢᠩᠬᠢᠮ᠎ᠠᠴᠠ ᠢᠷᠡᠯᠲᠡ᠎ᠲᠠᠢ; ᠡᠳ᠋᠎ᠤᠨ ᠵᠠᠰᠠᠭ᠎ᠤᠨ ᠲᠣᠭ᠎ᠠ ᠪᠠᠷᠢᠮᠲᠠ᠎ᠨᠢ ᠡᠳ᠋᠎ᠤᠨ ᠵᠠᠰᠠᠭ᠎ᠤᠨ ᠲᠢᠩᠬᠢᠮ᠎ᠠᠴᠠ ᠢᠷᠡᠯᠲᠡ᠎ᠲᠠᠢ; ᠮᠥᠩᠭᠥᠨ ᠭᠦᠢ᠍ᠯᠭᠡᠭᠡᠨ᠎ᠤ ᠲᠣᠭ᠎ᠠ ᠪᠠᠷᠢᠮᠲᠠ᠎ᠨᠢ ᠳᠤᠮᠳᠠᠳᠤ ᠤᠯᠤᠰ᠎ᠤᠨ ᠠᠷᠠᠳ᠎ᠤᠨ ᠪᠠᠩᠬᠢ ᠵᠢᠨ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠤᠪᠢᠶᠠᠷᠢ ᠪᠠᠩᠬᠢ᠎ᠠᠴᠠ ᠢᠷᠡᠯᠲᠡ᠎ᠲᠠᠢ; ᠳᠠᠭ᠋ᠠᠳᠬᠠᠯ᠎ᠤᠨ ᠲᠣᠭ᠎ᠠ ᠪᠠᠷᠢᠮᠲᠠ᠎ᠨᠢ ᠤᠯᠤᠰ᠎ᠤᠨ ᠮᠥᠩᠭᠥᠨ ᠭᠦᠢ᠍ᠯᠭᠡᠭᠡᠨ᠎ᠤ ᠬᠢᠨᠠᠯᠲᠠ ᠬᠠᠮᠢᠶᠠᠷᠤᠯᠲᠠ ᠵᠢᠨ ᠶᠡᠷᠦᠩᠬᠡᠶ ᠲᠣᠪᠴᠢᠶ᠎ᠠ ᠵᠢᠨ ᠥᠪᠥᠷ ᠮᠣᠩᠭᠣᠯ᠎ᠤᠨ ᠬᠢᠨᠠᠯᠲᠠ ᠬᠠᠮᠢᠶᠠᠷᠤᠯᠲᠠ ᠵᠢᠨ ᠲᠣᠪᠴᠢᠶ᠎ᠠ᠎ᠠᠴᠠ ᠢᠷᠡᠯᠲᠡ᠎ᠲᠠᠢ; ᠡᠮᠴᠢᠯᠡᠭᠡᠨ᠎ᠤ ᠪᠠᠲᠤᠯᠠᠭ᠎ᠠ ᠵᠢᠨ ᠲᠣᠭ᠎ᠠ ᠪᠠᠷᠢᠮᠲᠠ᠎ᠨᠢ ᠡᠮᠴᠢᠯᠡᠭᠡᠨ᠎ᠤ ᠪᠠᠲᠤᠯᠠᠭ᠎ᠠ ᠵᠢᠨ ᠲᠣᠪᠴᠢᠶ᠎ᠠ᠎ᠠᠴᠠ ᠢᠷᠡᠯᠲᠡ᠎ᠲᠠᠢ; ᠰᠤᠷᠭ᠋ᠠᠨ ᠬᠥᠮᠦᠵᠢᠯ᠎ᠤᠨ ᠲᠣᠭ᠎ᠠ ᠪᠠᠷᠢᠮᠲᠠ᠎ᠨᠢ ᠰᠤᠷᠭ᠋ᠠᠨ ᠬᠥᠮᠦᠵᠢᠯ᠎ᠤᠨ ᠲᠢᠩᠬᠢᠮ᠎ᠠᠴᠠ ᠢᠷᠡᠯᠲᠡ᠎ᠲᠠᠢ; ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠥᠷᠥᠯ ᠵᠦᠢ᠍ᠯ᠂ ᠭᠡᠷ᠎ᠡ ᠵᠢᠨ ᠠᠷᠠᠯᠵᠢᠶ᠎ᠠ ᠪᠦᠲᠦᠭᠰᠡᠨ ᠵᠣᠭᠣᠰ᠎ᠤᠨ ᠲᠣᠭ᠎ᠠ ᠪᠠᠷᠢᠮᠲᠠ᠎ᠨᠢ ᠰᠢᠨᠵᠢᠯᠡᠬᠦ ᠤᠬᠠᠭ᠋ᠠᠨ ᠮᠡᠷᠭᠡᠵᠢᠯ᠎ᠤᠨ ᠲᠢᠩᠬᠢᠮ᠎ᠠᠴᠠ ᠢᠷᠡᠯᠲᠡ᠎ᠲᠠᠢ; ᠲᠧᠯᠸᠢᠰ᠂ ᠷᠠᠳᠢᠣ᠋ ᠨᠡᠪᠲᠡᠷᠡᠭᠦᠯᠭᠡ ᠵᠢᠨ ᠲᠣᠭ᠎ᠠ ᠪᠠᠷᠢᠮᠲᠠ᠎ᠨᠢ ᠷᠠᠳᠢᠣ᠋ ᠲᠧᠯᠸᠢᠰ᠎ᠤᠨ ᠲᠣᠪᠴᠢᠶ᠎ᠠ᠎ᠠᠴᠠ ᠢᠷᠡᠯᠲᠡ᠎ᠲᠠᠢ; ᠬᠡᠪᠯᠡᠯ᠎ᠤᠨ ᠲᠣᠭ᠎ᠠ ᠪᠠᠷᠢᠮᠲᠠ᠎ᠨᠢ ᠨᠠᠮ᠎ᠤᠨ ᠬᠣᠷᠢᠶᠠᠨ᠎ᠤ ᠤᠬᠠᠭᠤᠯᠬᠤ ᠬᠡᠯᠲᠡᠰ᠎ᠠᠴᠠ ᠢᠷᠡᠯᠲᠡ᠎ᠲᠠᠢ; ᠪᠡᠶ᠎ᠡ ᠵᠢᠨ ᠲᠠᠮᠢᠷ᠎ᠤᠨ ᠲᠣᠭ᠎ᠠ ᠪᠠᠷᠢᠮᠲᠠ᠎ᠨᠢ ᠪᠡᠶ᠎ᠡ ᠵᠢᠨ ᠲᠠᠮᠢᠷ᠎ᠤᠨ ᠲᠣᠪᠴᠢᠶ᠎ᠠ᠎ᠠᠴᠠ ᠢᠷᠡᠯᠲᠡ᠎ᠲᠠᠢ; ᠡᠮ ᠡᠮᠨᠡᠯᠭᠡ ᠡᠷᠡᠭᠦᠯ ᠬᠠᠮᠠᠭ᠋ᠠᠯᠠᠯ᠎ᠤᠨ ᠲᠣᠭ᠎ᠠ ᠪᠠᠷᠢᠮᠲᠠ᠎ᠨᠢ ᠡᠷᠡᠭᠦᠯ ᠬᠠᠮᠠᠭ᠋ᠠᠯᠠᠯ ᠡᠷᠡᠭᠦᠯ ᠮᠡᠨᠳᠦ ᠵᠢᠨ ᠵᠥᠪᠯᠡᠯ᠎ᠠᠴᠠ ᠢᠷᠡᠯᠲᠡ᠎ᠲᠠᠢ; ᠠᠰᠠᠷᠠᠮᠵᠢ ᠵᠢᠨ ᠬᠦᠷᠢᠶᠡᠯᠡᠩ᠂ ᠠᠮᠢᠳᠤᠷᠠᠯ᠎ᠤᠨ ᠨᠠᠭ᠋ᠠᠳᠤ ᠵᠠᠬ᠎ᠠ ᠵᠢᠨ ᠪᠠᠲᠤᠯᠠᠭ᠎ᠠ᠂ ᠠᠰᠠᠷᠠᠮᠵᠢ ᠵᠢᠨ ᠱᠠᠩᠨᠠᠯᠲᠤ ᠰᠤᠭᠤᠯᠤᠭ᠎ᠠ ᠵᠢᠨ ᠲᠣᠭ᠎ᠠ ᠪᠠᠷᠢᠮᠲᠠ᠎ᠨᠢ ᠠᠷᠠᠳ᠎ᠤᠨ ᠶᠠᠪᠤᠳᠠᠯ᠎ᠤᠨ ᠲᠢᠩᠬᠢᠮ᠎ᠠᠴᠠ ᠢᠷᠡᠯᠲᠡ᠎ᠲᠠᠢ; ᠤᠰᠤ ᠬᠡᠷᠡᠭᠯᠡᠬᠦ ᠬᠡᠮᠵᠢᠶ᠎ᠡ ᠵᠢᠨ ᠲᠣᠭ᠎ᠠ ᠪᠠᠷᠢᠮᠲᠠ᠎ᠨᠢ ᠤᠰᠤᠨ ᠠᠰᠢᠭᠯᠠᠯᠲᠠ ᠵᠢᠨ ᠲᠢᠩᠬᠢᠮ᠎ᠠᠴᠠ ᠢᠷᠡᠯᠲᠡ᠎ᠲᠠᠢ; ᠪᠠᠶ᠋ᠢᠭ᠋ᠠᠯᠢ ᠵᠢᠨ ᠬᠠᠮᠠᠭ᠋ᠠᠯᠠᠯᠲᠠ ᠵᠢᠨ ᠣᠷᠣᠨ᠂ ᠣᠶ ᠰᠢᠭᠤᠶ ᠵᠢᠨ ᠲᠣᠭ᠎ᠠ ᠪᠠᠷᠢᠮᠲᠠ᠎ᠨᠢ ᠣᠶ ᠰᠢᠭᠤᠶ ᠪᠠ ᠨᠤᠲᠤᠭ ᠪᠡᠯᠴᠢᠭᠡᠷ᠎ᠤᠨ ᠲᠣᠪᠴᠢᠶ᠎ᠠ᠎ᠠᠴᠠ ᠢᠷᠡᠯᠲᠡ᠎ᠲᠠᠢ; ᠦᠢ᠍ᠯᠡᠳᠪᠦᠷᠢᠯᠡᠯ᠎ᠤᠨ ᠠᠮᠤᠷ ᠲᠦᠪᠰᠢᠨ᠎ᠤ ᠡᠨᠳᠡᠯ᠎ᠤᠨ ᠲᠣᠭ᠎ᠠ ᠪᠠᠷᠢᠮᠲᠠ᠎ᠨᠢ ᠪᠠᠴᠢᠮ ᠪᠠᠶ᠋ᠢᠳᠠᠯ᠎ᠢ ᠠᠷᠭ᠋ᠠᠴᠠᠭ᠋ᠠᠬᠤ ᠬᠠᠮᠢᠶᠠᠷᠤᠯᠲᠠ ᠵᠢᠨ ᠲᠢᠩᠬᠢᠮ᠎ᠠᠴᠠ ᠢᠷᠡᠯᠲᠡ᠎ᠲᠠᠢ; ᠪᠤᠰᠤᠳ ᠲᠣᠭ᠎ᠠ ᠪᠠᠷᠢᠮᠲᠠ᠎ᠨᠢ ᠴᠥᠮ ᠲᠣᠭ᠎ᠠ ᠪᠦᠷᠢᠳᠬᠡᠯ᠎ᠤᠨ ᠲᠣᠪᠴᠢᠶ᠎ᠠ᠎ᠠᠴᠠ ᠢᠷᠡᠯᠲᠡ᠎ᠲᠠᠢ᠃

 

ᠢᠷᠡᠯᠲᠡ᠄ ᠦᠪᠦᠷ ᠮᠣᠩᠭᠣᠯ᠎ᠤᠨ ᠦᠪᠡᠷᠲᠡᠭᠡᠨ ᠵᠠᠰᠠᠬᠤ ᠣᠷᠤᠨ᠎ᠤ ᠲᠣᠭ᠎ᠠ ᠪᠦᠷᠢᠳᠭᠡᠯ᠎ᠤᠨ ᠲᠣᠪᠴᠢᠶ᠎ᠠ
          
ᠬᠠᠮᠢᠶ᠎ᠡ ᠪᠦᠬᠦᠢ ᠰᠣᠨᠢᠨ
2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠩᠭᠤ ᠰᠠᠭᠤᠭ᠎ᠠ ᠬᠥᠮᠦᠨ ᠠᠮᠠ ᠵᠢᠨ ᠭᠤᠤᠯ ᠲᠣᠭ᠎ᠠ ᠪᠠᠷᠢᠮᠲᠠ ᠵᠢᠨ ᠠᠯᠪᠠᠨ ᠮᠡᠳᠡᠭᠡ
2024 ᠣᠨ᠎ᠳᠤ ᠥᠪᠥᠷ ᠮᠣᠩᠭᠤᠯ᠎ᠤᠨ ᠪᠠᠶ᠋ᠢᠩᠭᠤ ᠰᠠᠭᠤᠭ᠎ᠠ ᠬᠥᠮᠦᠨ ᠠᠮᠠ ᠦᠷᠬᠦᠯᠵᠢᠯᠡᠨ ᠪᠠᠭ᠋ᠠᠰᠴᠦ ᠲᠦᠷᠦᠭᠰᠡᠨ ᠬᠥᠮᠦᠨ ᠠᠮᠠ ᠳᠡᠭᠡᠭᠰᠢᠯᠡᠪᠠ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 2021 ᠣᠨ᠎ᠤ ᠤᠯᠤᠰ ᠠᠷᠠᠳ᠎ᠤᠨ ᠠᠵᠤ ᠠᠬᠤᠶ ᠪᠠ ᠨᠡᠶ᠋ᠢᠭᠡᠮ᠎ᠤᠨ ᠬᠥᠭᠵᠢᠯᠲᠡ ᠵᠢᠨ ᠲᠣᠭ᠎ᠠ ᠪᠦᠷᠢᠳᠬᠡᠯ᠎ᠤᠨ ᠠᠯᠪᠠᠨ ᠮᠡᠳᠡᠭᠡ
2021 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠰᠢᠨᠵᠢᠯᠡᠬᠦ ᠤᠬᠠᠭ᠋ᠠᠨ ᠲᠧᠭᠨᠢᠭ ᠮᠡᠷᠭᠡᠵᠢᠯ᠎ᠤᠨ ᠵᠠᠷᠤᠳᠠᠯ᠎ᠤᠨ ᠣᠷᠣᠭᠤᠯᠤᠯᠲᠠ ᠵᠢᠨ ᠲᠤᠭ᠎ᠠ ᠪᠦᠷᠢᠳᠬᠡᠯ᠎ᠤᠨ ᠠᠯᠪᠠᠨ ᠮᠡᠳᠡᠭᠡ
2022 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠪᠠᠶ᠋ᠢᠩᠭᠤ ᠰᠠᠭᠤᠭ᠎ᠠ ᠬᠥᠮᠦᠨ ᠠᠮᠠ ᠵᠢᠨ ᠭᠤᠤᠯ ᠲᠣᠭ᠎ᠠ ᠪᠠᠷᠢᠮᠲᠠ ᠵᠢᠨ ᠠᠯᠪᠠᠨ ᠮᠡᠳᠡᠭᠡ
 
            