ᠲᠡᠷᠢᠭᠦᠨ ᠬᠠᠭᠤᠳᠠᠰᠤ
ᠠᠵᠢᠯ᠎ᠤᠨ ᠪᠠᠶ᠋ᠢᠳᠠᠯ
ᠢᠯᠡ ᠵᠠᠰᠠᠭ
ᠲᠤᠭ᠎ᠠ ᠪᠦᠷᠢᠳᠭᠡᠯ᠎ᠤᠨ ᠦᠢᠯᠡᠴᠢᠯᠡᠭᠡ
ᠢᠯᠡ ᠵᠠᠰᠠᠭ   -   ᠠᠯᠪᠠᠨ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠦᠨ ᠬᠠᠮᠢᠶᠠᠷᠤᠯᠲᠠ᠎ᠶᠢᠨ ᠠᠷᠭ᠎ᠠ
ᠨᠡᠶ᠋ᠢᠲᠡᠯᠡᠭᠰᠡᠨ ᠴᠠᠭ᠄ 2024-01-31

   ᠨᠢᠭᠡᠳᠦᠭᠡᠷ ᠵᠦᠢᠯ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠦᠨ ᠬᠠᠮᠢᠶᠠᠷᠤᠯᠲᠠ᠎ᠶᠢ ᠴᠢᠩᠭᠠᠳᠭᠠᠵᠤ᠂ ᠴᠢᠩᠭ᠎ᠠ ᠵᠢᠷᠤᠮᠵᠢᠭᠤᠨ ᠲᠥᠪ ᠭᠣᠣᠯᠴᠢ ᠪᠣᠯᠪᠠᠰᠤᠨ᠎ᠢᠶᠠᠷ ᠬᠠᠤᠯᠢ ᠬᠡᠷᠡᠭᠵᠢᠭᠦᠯᠬᠦ᠎ᠶᠢ ᠠᠬᠢᠭᠤᠯᠬᠤ᠎ᠶᠢᠨ ᠲᠤᠰᠠᠳᠠ᠂ ᠤᠯᠤᠰ᠎ᠤᠨ ᠬᠣᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠎ᠢ ᠦᠨᠳᠦᠰᠦᠯᠡᠵᠦ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠤ᠂ ᠲᠤᠰ ᠠᠷᠭ᠎ᠠ᠎ᠶᠢ ᠲᠣᠭᠲᠠᠭᠠᠪᠠ᠃

   ᠬᠣᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭᠠᠨ᠎ᠤ ᠣᠷᠣᠨ᠎ᠤ ᠳᠣᠲᠣᠷᠠᠬᠢ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠦᠨ ᠬᠠᠮᠢᠶᠠᠷᠤᠯᠲᠠ᠎ᠳᠤ ᠲᠤᠰ ᠠᠷᠭ᠎ᠠ᠎ᠶᠢ ᠲᠣᠬᠢᠷᠠᠭᠤᠯᠤᠨ ᠬᠡᠷᠡᠭᠯᠡᠨ᠎ᠡ᠃

   ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠪᠠᠢᠭᠤᠯᠭ᠎ᠠ᠎ᠨᠢ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠢ ᠭᠤᠶᠤᠴᠢᠯᠠᠨ ᠠᠪᠬᠤ᠎ᠳᠤ᠂ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠨ ᠲᠣᠭᠲᠠᠭᠠᠯ ᠶᠣᠰᠣᠭᠠᠷ ᠭᠦᠢᠴᠡᠳᠬᠡᠨ᠎ᠡ᠃

   ᠭᠤᠷᠪᠠᠳᠤᠭᠠᠷ ᠵᠦᠢᠯ ᠲᠤᠰ ᠠᠷᠭ᠎ᠠ᠎ᠳᠤ ᠬᠡᠯᠡᠵᠦ ᠪᠠᠢᠭ᠎ᠠ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠭᠡᠳᠡᠭ᠎ᠨᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠠᠴᠠ ᠨᠢᠭᠡᠳᠦᠯᠲᠡᠢ ᠦᠢ᠍ᠯᠡᠳᠦᠨ ᠲᠠᠷᠬᠠᠭᠠᠭᠰᠠᠨ᠂ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠤ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠠᠵᠢᠯᠯᠠᠭ᠎ᠠ ᠬᠡᠷᠡᠭᠵᠢᠭᠦᠯᠬᠦ ᠬᠢᠷᠢ ᠬᠡᠮ ᠪᠠᠢᠬᠤ᠎ᠶᠢ ᠭᠡᠷᠡᠴᠢᠯᠡᠬᠦ ᠭᠡᠷᠡᠴᠢ ᠲᠡᠮᠳᠡᠭ᠎ᠢ ᠵᠢᠭᠠᠵᠤ ᠪᠤᠢ᠃ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠲᠦ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠪᠠ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ᠎ᠳᠦ ᠬᠢᠨᠠᠯᠲᠠ ᠲᠠᠯᠪᠢᠬᠤ ᠭᠡᠷᠡᠴᠢ ᠲᠡᠮᠳᠡᠭ ᠪᠠᠭᠲᠠᠨ᠎ᠠ᠃

   ᠲᠤᠰ ᠠᠷᠭ᠎ᠠ᠎ᠳᠤ ᠬᠡᠯᠡᠵᠦ ᠪᠠᠢᠭ᠎ᠠ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠪᠠᠢᠭᠤᠯᠭ᠎ᠠ᠎ᠳᠤ᠂ ᠬᠠᠤᠯᠢ ᠶᠣᠰᠣᠭᠠᠷ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠡᠷᠬᠡ ᠲᠤᠱᠢᠶᠠᠯ᠎ᠢᠶᠠᠨ ᠬᠡᠷᠡᠭᠵᠢᠭᠦᠯᠬᠦ ᠵᠠᠰᠠᠭ ᠵᠠᠬᠢᠷᠭᠠᠨ᠎ᠤ ᠪᠠᠢᠭᠤᠯᠭ᠎ᠠ᠂ ᠬᠠᠤᠯᠢ ᠴᠠᠭᠠᠵᠠ᠂ ᠬᠠᠤᠯᠢ ᠲᠣᠭᠲᠠᠭᠠᠯ᠎ᠠᠴᠠ ᠡᠷᠬᠡ ᠣᠯᠭᠣᠭᠰᠠᠨ ᠣᠯᠠᠨ ᠨᠡᠢᠲᠡ᠎ᠶᠢᠨ ᠬᠡᠷᠡᠭ ᠶᠠᠪᠤᠳᠠᠯ᠎ᠢ ᠬᠠᠮᠢᠶᠠᠷᠬᠤ ᠡᠭᠦᠷᠭᠡ ᠴᠢᠳᠠᠪᠤᠷᠢ᠎ᠲᠠᠢ ᠵᠣᠬᠢᠶᠠᠨ ᠪᠠᠢᠭᠤᠯᠤᠯᠲᠠ᠂ ᠬᠠᠤᠯᠢ ᠶᠣᠰᠣᠭᠠᠷ ᠨᠠᠢᠳᠠᠯᠭ᠎ᠠ ᠬᠦᠯᠢᠶᠡᠵᠦ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠡᠷᠬᠡ ᠲᠤᠱᠢᠶᠠᠯ᠎ᠢ ᠬᠡᠷᠡᠭᠵᠢᠭᠦᠯᠬᠦ ᠵᠣᠬᠢᠶᠠᠨ ᠪᠠᠢᠭᠤᠯᠤᠯᠲᠠ ᠪᠠᠭᠲᠠᠨ᠎ᠠ᠃

   ᠳᠥᠷᠪᠡᠳᠦᠭᠡᠷ ᠵᠦᠢᠯ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠨᠢ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠠᠵᠢᠯᠯᠠᠭ᠎ᠠ᠎ᠶᠢ ᠬᠡᠷᠡᠭᠵᠢᠭᠦᠯᠬᠦ᠎ᠳᠦ᠂ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠡᠷᠡᠴᠢ ᠳᠡᠮᠳᠡᠭ ᠣᠯᠤᠭᠰᠠᠨ ᠪᠠᠢᠬᠤ ᠬᠡᠷᠡᠭᠲᠡᠢ᠃

   ᠲᠠᠪᠤᠳᠤᠭᠠᠷ ᠵᠦᠢᠯ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠦᠨ ᠬᠠᠮᠢᠶᠠᠷᠤᠯᠲᠠ᠎ᠳᠤ ᠨᠢᠭᠡᠳᠦᠯᠲᠡᠢ ᠵᠣᠬᠢᠶᠠᠨ ᠪᠠᠢᠭᠤᠯᠬᠤ᠂ ᠠᠵᠢᠯ᠎ᠤᠨ ᠬᠤᠪᠢᠶᠠᠷᠢᠯᠠᠯ᠎ᠢᠶᠠᠷ ᠬᠠᠷᠢᠭᠤᠴᠠᠬᠤ᠂ ᠱᠠᠲᠤ ᠬᠤᠪᠢᠶᠠᠨ ᠬᠢᠨᠠᠯᠲᠠ ᠲᠠᠯᠪᠢᠬᠤ ᠵᠠᠷᠴᠢᠮ᠎ᠢ ᠪᠠᠷᠢᠮᠲᠠᠯᠠᠨ᠎ᠠ᠃

   ᠵᠢᠷᠭᠤᠳᠤᠭᠠᠷ ᠵᠦᠢᠯ ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠣᠨ᠎ᠨᠢ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠦᠨ ᠵᠠᠷᠤᠳᠠᠯ᠎ᠤᠨ ᠪᠠᠲᠤᠯᠠᠭ᠎ᠠ᠎ᠶᠢ ᠴᠢᠩᠭᠠᠳᠭᠠᠬᠤ ᠬᠡᠷᠡᠭᠲᠡᠢ᠃ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠢ ᠦᠢᠯᠡᠳᠬᠦ᠎ᠳᠦ ᠬᠡᠷᠡᠭᠰᠡᠬᠦ ᠵᠠᠷᠤᠳᠠᠯ᠎ᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠳ᠋᠎ᠦᠨ ᠵᠠᠰᠠᠭ᠎ᠤᠨ ᠲᠥᠰᠦᠪ᠎ᠲᠦ ᠣᠷᠣᠭᠤᠯᠤᠨ᠎ᠠ᠃ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠬᠢᠷᠢ ᠭᠡᠮ᠎ᠢ ᠭᠡᠷᠡᠴᠢᠯᠡᠬᠦ ᠪᠣᠯᠪᠠᠰᠤᠷᠠᠯ᠂ ᠱᠢᠯᠭᠠᠯᠲᠠ ᠵᠡᠷᠭᠡ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠦᠨ ᠬᠠᠮᠢᠶᠠᠷᠤᠯᠲᠠ᠎ᠳᠤ ᠬᠡᠷᠡᠭᠰᠡᠬᠦ ᠵᠠᠷᠤᠳᠠᠯ᠎ᠢ ᠠᠳᠠᠯᠢ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠳ᠋᠎ᠦᠨ ᠵᠠᠰᠠᠭ᠎ᠤᠨ ᠲᠥᠰᠦᠪ᠎ᠲᠦ ᠣᠷᠣᠭᠤᠯᠤᠨ᠎ᠠ᠃

   ᠳᠣᠯᠣᠳᠤᠭᠠᠷ ᠵᠦᠢᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠨᠢ ᠪᠦᠬᠦ ᠣᠷᠣᠨ᠎ᠤ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠦᠨ ᠬᠠᠮᠢᠶᠠᠷᠤᠯᠲᠠ᠎ᠳᠤ ᠵᠢᠭᠠᠨ ᠵᠢᠯᠣᠭᠣᠳᠣᠯᠭ᠎ᠠ ᠬᠢᠬᠦ ᠪᠠ ᠬᠢᠨᠠᠯᠲᠠ ᠲᠠᠯᠪᠢᠬᠤ᠎ᠶᠢ ᠬᠠᠷᠢᠭᠤᠴᠠᠵᠤ᠂ ᠥᠪᠡᠷᠲᠡᠭᠡᠨ ᠵᠠᠰᠠᠬᠤ ᠣᠷᠣᠨ᠎ᠤ ᠲᠤᠰ ᠱᠠᠲᠤᠨ᠎ᠤ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠬᠢᠷᠢ ᠭᠡᠮ᠎ᠢ ᠭᠡᠷᠡᠴᠢᠯᠡᠬᠦ ᠪᠣᠯᠪᠠᠰᠤᠷᠠᠯ᠂ ᠱᠢᠯᠭᠠᠯᠲᠠ ᠪᠠ ᠪᠦᠬᠦ ᠣᠷᠣᠨ᠎ᠤ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠦᠨ ᠬᠠᠷᠭᠤᠭᠤᠯᠤᠨ ᠲᠠᠷᠬᠠᠭᠠᠬᠤ᠂ ᠬᠠᠮᠢᠶᠠᠷᠬᠤ ᠠᠵᠢᠯ᠎ᠢ ᠵᠣᠬᠢᠶᠠᠨ ᠪᠠᠢᠭᠤᠯᠤᠨ᠎ᠠ᠃

   ᠠᠢᠮᠠᠭ᠎ᠤᠨ ᠵᠠᠬᠢᠷᠭ᠎ᠠ᠂ ᠲᠣᠭᠣᠷᠢᠭ ᠪᠠᠢᠭᠤᠯᠤᠭᠰᠠᠨ ᠬᠣᠲᠠ᠎ᠶᠢᠨ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠨᠢ ᠲᠤᠰ ᠵᠠᠰᠠᠭ ᠵᠠᠬᠢᠷᠭᠠᠨ᠎ᠤ ᠣᠷᠣᠨ᠎ᠤ ᠳᠣᠲᠣᠷᠠᠬᠢ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠦᠨ ᠬᠠᠮᠢᠶᠠᠷᠤᠯᠲᠠ᠎ᠳᠤ ᠵᠢᠭᠠᠨ ᠵᠢᠯᠣᠭᠣᠳᠣᠯᠭ᠎ᠠ ᠬᠢᠬᠦ ᠪᠠ ᠬᠢᠨᠠᠯᠲᠠ ᠲᠠᠯᠪᠢᠬᠤ᠎ᠶᠢ ᠬᠠᠷᠢᠭᠤᠴᠠᠵᠤ᠂ ᠲᠤᠰ ᠱᠠᠲᠤᠨ᠎ᠤ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠬᠢᠷᠢ ᠭᠡᠮ᠎ᠢ ᠭᠡᠷᠡᠴᠢᠯᠡᠬᠦ ᠪᠣᠯᠪᠠᠰᠤᠷᠠᠯ᠂ ᠱᠢᠯᠭᠠᠯᠲᠠ ᠪᠠ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠦᠨ ᠠᠩᠬ᠎ᠠ ᠬᠠᠷᠭᠤᠭᠤᠯᠬᠤ᠂ ᠬᠠᠮᠢᠶᠠᠷᠬᠤ ᠠᠵᠢᠯ᠎ᠢ ᠵᠣᠬᠢᠶᠠᠨ ᠪᠠᠢᠭᠤᠯᠤᠨ᠎ᠠ᠃

   ᠬᠣᠱᠢᠭᠤ ᠱᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠨᠢ ᠲᠤᠰ ᠵᠠᠰᠠᠭ ᠵᠠᠬᠢᠷᠭᠠᠨ᠎ᠤ ᠣᠷᠣᠨ᠎ᠤ ᠳᠣᠲᠣᠷᠠᠬᠢ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠬᠢᠷᠢ ᠭᠡᠮ᠎ᠢ ᠭᠡᠷᠡᠴᠢᠯᠡᠬᠦ ᠪᠣᠯᠪᠠᠰᠤᠷᠠᠯ᠂ ᠱᠢᠯᠭᠠᠯᠲᠠ ᠪᠠ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠦᠨ ᠠᠩᠬ᠎ᠠ ᠬᠠᠷᠭᠤᠭᠤᠯᠬᠤ᠂ ᠬᠠᠮᠢᠶᠠᠷᠬᠤ ᠠᠵᠢᠯ᠎ᠢ ᠬᠠᠷᠢᠭᠤᠴᠠᠨ᠎ᠠ᠃

   ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠪᠠᠢᠭᠤᠯᠭ᠎ᠠ᠎ᠨᠢ ᠲᠤᠰ ᠨᠢᠭᠡᠴᠢ᠎ᠶᠢᠨ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠠᠵᠢᠯᠲᠠᠨ᠂ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ᠎ᠳᠦ ᠬᠢᠨᠠᠯᠲᠠ ᠲᠠᠯᠪᠢᠬᠤ ᠠᠵᠢᠯᠲᠠᠨ᠎ᠤ ᠬᠢᠷᠢ ᠭᠡᠮ᠎ᠢ ᠬᠢᠨᠠᠨ ᠪᠠᠢᠴᠠᠭᠠᠬᠤ ᠵᠢᠴᠢ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠢ ᠭᠤᠶᠤᠴᠢᠯᠠᠨ ᠠᠪᠬᠤ᠂ ᠲᠠᠷᠬᠠᠭᠠᠬᠤ ᠪᠠ ᠡᠳᠦᠷ ᠲᠤᠲᠤᠮ᠎ᠤᠨ ᠬᠠᠮᠢᠶᠠᠷᠤᠯᠲᠠ᠎ᠶᠢᠨ ᠠᠵᠢᠯ᠎ᠢ ᠬᠠᠷᠢᠭᠤᠴᠠᠨ᠎ᠠ᠃

   ᠨᠠᠢ᠍ᠮᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠨᠢ ᠪᠦᠬᠦ ᠣᠷᠣᠨ᠎ᠤ ᠨᠢᠭᠡᠳᠦᠯᠲᠡᠢ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠦᠨ ᠬᠠᠮᠢᠶᠠᠷᠤᠯᠲᠠ᠎ᠶᠢᠨ ᠲᠠᠪᠴᠠᠩ᠎ᠢ ᠪᠠᠢᠭᠤᠯᠬᠤ ᠬᠡᠷᠡᠭᠲᠡᠢ᠃ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠦᠨ ᠪᠥᠬᠦ ᠴᠤᠪᠤᠷᠠᠯ᠎ᠢᠶᠠᠷ ᠰᠦᠯᠵᠢᠶᠡᠨ ᠳᠡᠭᠡᠷ᠎ᠡ ᠭᠦᠢᠴᠡᠳᠬᠡᠬᠦ᠎ᠶᠢ ᠬᠡᠷᠡᠭᠵᠢᠭᠦᠯᠦᠨ᠎ᠡ᠃

   ᠶᠢᠰᠦᠳᠦᠭᠡᠷ ᠵᠦᠢᠯ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠨᠢ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠦᠯᠲᠡ᠎ᠶᠢᠨ ᠵᠠᠷᠯᠠᠨ ᠨᠡᠢᠲᠡᠯᠡᠬᠦ ᠲᠠᠪᠴᠠᠩ᠎ᠢᠶᠠᠷ ᠳᠠᠮᠵᠢᠨ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠤ ᠮᠡᠳᠡᠭᠡ ᠵᠠᠩᠭᠢ᠎ᠶᠢ ᠵᠠᠷᠯᠠᠨ ᠨᠡᠢᠲᠡᠯᠡᠵᠦ᠂ ᠠᠰᠠᠭᠤᠨ ᠯᠠᠪᠯᠠᠬᠤ ᠦᠢᠯᠡᠴᠢᠯᠡᠭᠡ ᠬᠠᠩᠭᠠᠵᠤ᠂ ᠨᠡᠢᠭᠡᠮ᠎ᠦᠨ ᠬᠢᠨᠠᠯᠲᠠ ᠲᠠᠯᠪᠢᠯᠲᠠ᠎ᠶᠢ ᠬᠦᠯᠢᠶᠡᠬᠦ ᠬᠡᠷᠡᠭᠲᠡᠢ᠃ ᠤᠯᠤᠰ᠎ᠤᠨ ᠨᠢᠭᠤᠴᠠ᠎ᠲᠠᠢ ᠬᠣᠯᠪᠣᠭᠳᠠᠬᠤ ᠮᠡᠳᠡᠭᠡ ᠵᠠᠩᠭᠢ᠎ᠶᠢ ᠤᠯᠤᠰ᠎ᠤᠨ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠬᠠᠮᠢᠶᠠᠷᠤᠨ᠎ᠠ᠃

   ᠠᠷᠪᠠᠳᠤᠭᠠᠷ ᠵᠦᠢᠯ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠢ ᠭᠤᠶᠤᠴᠢᠯᠠᠨ ᠠᠪᠬᠤ ᠠᠵᠢᠯᠲᠠᠨ᠎ᠨᠢ ᠳᠣᠣᠷᠠᠬᠢ ᠨᠥᠬᠥᠴᠡᠯ᠎ᠳᠦ ᠨᠡᠢᠴᠡᠭᠰᠡᠨ ᠪᠠᠢᠬᠤ ᠬᠡᠷᠡᠭᠲᠡᠢ:

  (ᠨᠢᠭᠡ) ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶᠢ ᠬᠦᠷᠢᠶᠡᠯᠡᠵᠦ᠂ ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠦᠨᠳᠦᠰᠦᠨ ᠬᠠᠤᠯᠢ᠎ᠶᠢ ᠬᠦᠷᠢᠶᠡᠯᠡᠵᠦ᠂ ᠤᠯᠤᠰ ᠲᠥᠷᠥ᠎ᠶᠢᠨ ᠬᠡᠪ ᠴᠢᠨᠠᠷ ᠪᠠ ᠶᠣᠰᠣ ᠰᠤᠷᠲᠠᠬᠤᠨ ᠵᠠᠩ ᠮᠣᠷᠠᠯ ᠰᠠᠢᠨ᠂ ᠰᠠᠬᠢᠯᠭ᠎ᠠ ᠪᠠᠲᠤ ᠬᠠᠤᠯᠢ ᠴᠠᠭᠠᠵᠠ᠎ᠶᠢ ᠵᠢᠷᠤᠮᠯᠠᠨ ᠰᠠᠬᠢᠵᠤ᠂ ᠠᠷᠢᠭᠤᠨ ᠴᠢᠬᠡᠴᠢ᠂ ᠲᠥᠪ ᠭᠣᠣᠯᠴᠢ ᠪᠠᠢᠬᠤ ᠬᠡᠷᠡᠭᠲᠡᠢ;

  (ᠬᠣᠶᠠᠷ) ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠪᠠᠢᠭᠤᠯᠭ᠎ᠠ᠎ᠶᠢᠨ ᠣᠷᠣᠨ ᠲᠣᠭ᠎ᠠ ᠠᠵᠢᠯ᠎ᠤᠨ ᠪᠠᠢᠷᠢ᠎ᠳᠤ ᠪᠠᠢᠬᠤ ᠠᠵᠢᠯᠲᠠᠨ;

  (ᠭᠤᠷᠪᠠ) ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠬᠢᠷᠢ ᠭᠡᠮ᠎ᠢ ᠭᠡᠷᠡᠴᠢᠯᠡᠬᠦ ᠪᠣᠯᠪᠠᠰᠤᠷᠠᠯ᠎ᠢ ᠬᠦᠷᠲᠡᠭᠰᠡᠨ ᠮᠥᠷᠲᠡᠭᠡᠨ ᠱᠢᠯᠭᠠᠯᠲᠠ᠎ᠳᠤ ᠬᠢᠷᠢ ᠲᠡᠩᠴᠡᠭᠰᠡᠨ;

  (ᠳᠥᠷᠪᠡ) ᠡᠭᠦᠷᠭᠡ ᠬᠠᠷᠢᠭᠤᠴᠠᠯᠭ᠎ᠠ᠎ᠪᠠᠨ ᠬᠡᠪ᠎ᠢᠶᠡᠷ ᠭᠦᠢᠴᠡᠳᠬᠡᠬᠦ ᠪᠡᠶ᠎ᠡ ᠮᠠᠬᠠᠪᠣᠳ᠎ᠤᠨ ᠨᠥᠬᠥᠴᠡᠯ᠎ᠲᠡᠢ ᠪᠠᠢᠬᠤ ᠬᠡᠷᠡᠭᠲᠡᠢ᠃

   ᠤᠯᠤᠰ᠎ᠤᠨ ᠨᠢᠭᠡᠳᠦᠯᠲᠡᠢ ᠬᠠᠤᠯᠢ ᠴᠠᠭᠠᠵᠠ᠎ᠶᠢᠨ ᠠᠵᠢᠯ ᠮᠡᠷᠭᠡᠵᠢᠯ᠎ᠦᠨ ᠬᠢᠷᠢ ᠭᠡᠮ᠎ᠢ ᠣᠯᠤᠭᠰᠠᠨ ᠠᠵᠢᠯᠲᠠᠨ᠎ᠢ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠬᠢᠷᠢ ᠭᠡᠮ᠎ᠢ ᠭᠡᠷᠡᠴᠢᠯᠡᠬᠦ ᠱᠢᠯᠭᠠᠯᠲᠠ᠎ᠠᠴᠠ ᠬᠡᠯᠲᠦᠷᠢᠭᠦᠯᠵᠦ ᠪᠣᠯᠤᠨ᠎ᠠ᠃

   ᠠᠷᠪᠠᠨ ᠨᠢᠭᠡᠳᠦᠭᠡᠷ ᠵᠦᠢᠯ ᠳᠣᠣᠷᠠᠬᠢ ᠠᠵᠢᠯᠲᠠᠨ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠬᠢᠷᠢ ᠭᠡᠮ᠎ᠢ ᠭᠡᠷᠡᠴᠢᠯᠡᠬᠦ ᠪᠣᠯᠪᠠᠰᠤᠷᠠᠯ᠎ᠢ ᠥᠩᠭᠡᠷᠡᠭᠡᠭᠰᠡᠨ᠎ᠦ ᠳᠠᠷᠠᠭ᠎ᠠ᠂ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ᠎ᠳᠦ ᠬᠢᠨᠠᠯᠲᠠ ᠲᠠᠯᠪᠢᠬᠤ ᠭᠡᠷᠡᠴᠢ ᠲᠡᠮᠳᠡᠭ᠎ᠢ ᠭᠤᠶᠤᠴᠢᠯᠠᠨ ᠠᠪᠴᠤ ᠪᠣᠯᠤᠨ᠎ᠠ:

  (ᠨᠢᠭᠡ) ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠣᠨ᠎ᠤ ᠪᠦᠷᠢᠯᠳᠦᠬᠦᠨ;

  (ᠬᠣᠶᠠᠷ) ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠦᠨ ᠬᠠᠷᠢᠭᠤᠴᠠᠯᠭᠠᠲᠠᠨ ᠪᠠ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ᠎ᠳᠦ ᠬᠢᠨᠠᠯᠲᠠ ᠲᠠᠯᠪᠢᠬᠤ ᠠᠵᠢᠯ᠎ᠢ ᠬᠢᠵᠦ ᠪᠠᠢᠭ᠎ᠠ ᠣᠷᠣᠨ ᠲᠣᠭ᠎ᠠ ᠠᠵᠢᠯ᠎ᠤᠨ ᠪᠠᠢᠷᠢ᠎ᠳᠤ ᠪᠠᠢᠬᠤ ᠠᠵᠢᠯᠲᠠᠨ;

  (ᠭᠤᠷᠪᠠ) ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠪᠠᠢᠭᠤᠯᠭ᠎ᠠ᠎ᠶᠢᠨ ᠬᠠᠷᠢᠭᠤᠴᠠᠯᠭᠠᠲᠠᠨ ᠪᠠ ᠬᠠᠤᠯᠢ ᠳᠦᠷᠢᠮ᠎ᠦᠨ ᠠᠵᠢᠯ᠎ᠢ ᠬᠢᠵᠦ ᠪᠠᠢᠭ᠎ᠠ ᠣᠷᠣᠨ ᠲᠣᠭ᠎ᠠ ᠠᠵᠢᠯ᠎ᠤᠨ ᠪᠠᠢᠷᠢ᠎ᠳᠤ ᠪᠠᠢᠬᠤ ᠠᠵᠢᠯᠲᠠᠨ;

  (ᠳᠥᠷᠪᠡ) ᠬᠠᠤᠯᠢ ᠴᠠᠭᠠᠵᠠ᠂ ᠬᠠᠤᠯᠢ ᠲᠣᠭᠲᠠᠭᠠᠯ᠎ᠳᠤ ᠲᠣᠭᠲᠠᠭᠠᠭᠰᠠᠨ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ᠎ᠳᠦ ᠬᠢᠨᠠᠯᠲᠠ ᠲᠠᠯᠪᠢᠬᠤ ᠭᠡᠷᠡᠴᠢ ᠲᠡᠮᠳᠡᠭ ᠭᠤᠶᠤᠴᠢᠯᠠᠨ ᠠᠪᠴᠤ ᠪᠣᠯᠬᠤ ᠪᠤᠰᠤᠳ ᠠᠵᠢᠯᠲᠠᠨ᠃

   ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ᠎ᠳᠦ ᠬᠢᠨᠠᠯᠲᠠ ᠲᠠᠯᠪᠢᠬᠤ ᠭᠡᠷᠡᠴᠢ ᠲᠡᠮᠳᠡᠭ ᠭᠤᠶᠤᠴᠢᠯᠠᠬᠤ᠎ᠪᠠᠷ ᠪᠠᠢᠭ᠎ᠠ ᠠᠵᠢᠯᠲᠠᠨ ᠵᠡᠷᠭᠡ᠎ᠳᠦ᠎ᠨᠢ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠠᠪᠬᠤ᠎ᠪᠠᠷ ᠭᠤᠶᠤᠴᠢᠯᠠᠵᠤ ᠪᠣᠯᠬᠤ ᠦᠭᠡᠢ᠃

   ᠠᠷᠪᠠᠨ ᠬᠣᠶᠠᠳᠤᠭᠠᠷ ᠵᠦᠢᠯ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠤ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠢ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠪᠠᠢᠭᠤᠯᠭ᠎ᠠ᠎ᠠᠴᠠ ᠨᠢᠭᠡᠳᠦᠯᠲᠡᠢ ᠭᠤᠶᠤᠴᠢᠯᠠᠨ᠎ᠠ᠃ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠪᠠᠢᠭᠤᠯᠭ᠎ᠠ᠎ᠨᠢ ᠠᠳᠠᠯᠢ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠲᠦ ᠭᠤᠶᠤᠴᠢᠯᠠᠯ ᠭᠠᠷᠭᠠᠵᠤ᠂ ᠬᠠᠮᠢᠶ᠎ᠠ ᠪᠦᠬᠦᠢ ᠮᠠᠲ᠋ᠧᠷᠢᠶᠠᠯ᠎ᠢ ᠮᠡᠳᠡᠭᠦᠯᠦᠨ ᠬᠦᠷᠭᠡᠬᠦ᠎ᠶᠢᠨ ᠬᠠᠮᠲᠤ᠂ ᠮᠠᠲ᠋ᠧᠷᠢᠶᠠᠯ᠎ᠤᠨ ᠦᠨᠡᠨ ᠪᠣᠳᠠᠲᠤ ᠴᠢᠨᠠᠷ᠎ᠲᠤ ᠬᠠᠷᠢᠭᠤᠴᠠᠬᠤ ᠬᠡᠷᠡᠭᠲᠡᠢ᠃

   ᠰᠤᠮᠤ ᠱᠢᠶᠠᠩ ᠪᠠᠯᠭᠠᠰᠤᠨ᠎ᠤ ᠠᠷᠠᠳ᠎ᠤᠨ ᠵᠠᠰᠠᠭ᠎ᠤᠨ ᠣᠷᠳᠣᠨ᠂ ᠵᠡᠭᠡᠯᠢ ᠭᠤᠳᠤᠮᠵᠢ᠎ᠶᠢᠨ ᠬᠡᠷᠡᠭ ᠡᠷᠬᠢᠯᠡᠬᠦ ᠭᠠᠵᠠᠷ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠠᠪᠬᠤ᠎ᠪᠠᠷ ᠭᠤᠶᠤᠴᠢᠯᠠᠬᠤ᠎ᠳᠤ ᠬᠣᠱᠢᠭᠤ ᠱᠢᠶᠠᠨ᠎ᠤ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠲᠦ ᠭᠤᠶᠤᠴᠢᠯᠠᠯ ᠭᠠᠷᠭᠠᠬᠤ ᠬᠡᠷᠡᠭᠲᠡᠢ᠃

   ᠠᠷᠪᠠᠨ ᠭᠤᠷᠪᠠᠳᠤᠭᠠᠷ ᠵᠦᠢᠯ ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠨᠢ ᠲᠤᠰ ᠠᠷᠭ᠎ᠠ᠎ᠶᠢᠨ ᠠᠷᠪᠠᠳᠤᠭᠠᠷ ᠵᠦᠢᠯ ᠪᠠ ᠠᠷᠪᠠᠨ ᠨᠢᠭᠡᠳᠦᠭᠡᠷ ᠵᠦᠢᠯ᠎ᠦᠨ ᠲᠣᠭᠲᠠᠭᠠᠯ ᠶᠣᠰᠣᠭᠠᠷ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠪᠠᠢᠭᠤᠯᠭ᠎ᠠ᠎ᠶᠢᠨ ᠮᠡᠳᠡᠭᠦᠯᠦᠨ ᠬᠦᠷᠭᠡᠭᠰᠡᠨ ᠮᠠᠲ᠋ᠧᠷᠢᠶᠠᠯ᠎ᠳᠤ ᠬᠢᠨᠠᠨ ᠪᠠᠢᠴᠠᠭᠠᠯᠲᠠ ᠬᠢᠵᠦ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠲᠦ ᠱᠠᠲᠤ ᠳᠠᠷᠠᠭᠠᠯᠠᠨ ᠮᠡᠳᠡᠭᠦᠯᠵᠦ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠢ ᠬᠠᠷᠭᠤᠭᠤᠯᠤᠨ ᠲᠠᠷᠬᠠᠭᠠᠬᠤ ᠬᠡᠷᠡᠭᠲᠡᠢ᠃

   ᠠᠷᠪᠠᠨ ᠳᠥᠷᠪᠡᠳᠦᠭᠡᠷ ᠵᠦᠢᠯ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠲᠦ ᠳᠣᠣᠷᠠᠬᠢ ᠮᠡᠳᠡᠭᠡ ᠵᠠᠩᠭᠢ ᠪᠠᠭᠲᠠᠬᠤ ᠬᠡᠷᠡᠭᠲᠡᠢ:

  (ᠨᠢᠭᠡ) ᠭᠡᠷᠡᠴᠢ ᠲᠡᠮᠳᠡᠭ ᠡᠵᠡᠮᠱᠢᠭᠴᠢ᠎ᠶᠢᠨ ᠨᠡᠷ᠎ᠡ ᠠᠯᠳᠠᠷ᠂ ᠰᠡᠭᠦᠳᠡᠷ ᠪᠠ ᠬᠣᠶᠠᠷ ᠬᠡᠮᠵᠢᠯᠳᠦ ᠺᠣᠳ᠋;

  (ᠬᠣᠶᠠᠷ) ᠬᠠᠷᠢᠶᠠᠯᠠᠭᠳᠠᠬᠤ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠪᠠᠢᠭᠤᠯᠭ᠎ᠠ᠎ᠶᠢᠨ ᠨᠡᠷᠡᠢᠳᠦᠯ ᠪᠠ ᠬᠠᠤᠯᠢ ᠬᠡᠷᠡᠭᠵᠢᠭᠦᠯᠬᠦ ᠲᠥᠷᠥᠯ ᠵᠦᠢᠯ;

  (ᠭᠤᠷᠪᠠ) ᠨᠣᠮᠧᠷ ᠳ᠋ᠤᠭᠠᠷ᠂ ᠬᠦᠴᠦᠨ᠎ᠲᠡᠢ ᠬᠤᠭᠤᠴᠠᠭ᠎ᠠ ᠪᠠ ᠦᠢ᠍ᠯᠡᠳᠦᠨ ᠲᠠᠷᠬᠠᠭᠠᠭᠰᠠᠨ ᠪᠠᠢᠭᠤᠯᠭ᠎ᠠ᠃

   ᠠᠷᠪᠠᠨ ᠲᠠᠪᠤᠳᠤᠭᠠᠷ ᠵᠦᠢᠯ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠠᠵᠢᠯᠲᠠᠨ ᠪᠠ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ᠎ᠳᠦ ᠬᠢᠨᠠᠯᠲᠠ ᠲᠠᠯᠪᠢᠬᠤ ᠠᠵᠢᠯᠲᠠᠨ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠠᠵᠢᠯᠯᠠᠭ᠎ᠠ᠎ᠶᠢ ᠬᠡᠷᠡᠭᠵᠢᠭᠦᠯᠬᠦ᠎ᠳᠦ᠂ ᠰᠠᠨᠠᠭᠠᠴᠢᠯᠠᠭ᠎ᠠ᠎ᠠᠴᠠ᠎ᠪᠠᠨ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠢᠶᠡᠨ ᠭᠠᠷᠭᠠᠵᠤ ᠦᠵᠡᠭᠦᠯᠬᠦ ᠬᠡᠷᠡᠭᠲᠡᠢ᠃ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠢᠶᠡᠨ ᠭᠠᠷᠭᠠᠵᠤ ᠦᠵᠡᠭᠦᠯᠦᠭᠰᠡᠨ ᠦᠭᠡᠢ ᠪᠤᠶᠤ ᠡᠭᠦᠷᠭᠡ ᠬᠠᠷᠢᠭᠤᠴᠠᠯᠭ᠎ᠠ ᠡᠷᠬᠡ᠎ᠶᠢᠨ ᠬᠢᠵᠠᠭᠠᠷ᠂ ᠣᠷᠣᠨ ᠪᠦᠰᠡ᠎ᠶᠢᠨ ᠬᠡᠪᠴᠢᠶᠡᠨ᠎ᠡᠴᠡ᠎ᠪᠡᠨ ᠳᠠᠪᠠᠵᠤ ᠬᠠᠤᠯᠢ ᠬᠡᠷᠡᠭᠵᠢᠭᠦᠯᠪᠡᠯ᠂ ᠲᠤᠬᠠᠢ᠎ᠶᠢᠨ ᠬᠥᠮᠦᠨ ᠲᠡᠭᠦᠨ᠎ᠦ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠠᠵᠢᠯᠯᠠᠭ᠎ᠠ᠎ᠶᠢ ᠲᠡᠪᠴᠢᠬᠦ ᠡᠷᠬᠡ᠎ᠲᠡᠢ᠃

   ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠦᠨ ᠬᠠᠮᠢᠶᠠᠷᠤᠯᠲᠠ᠎ᠶᠢᠨ ᠲᠠᠪᠴᠠᠩ᠎ᠳᠤ ᠪᠦᠷᠢᠯᠳᠦᠭᠰᠡᠨ ᠡᠯᠸᠺᠲᠷᠤᠨ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠨᠢ ᠪᠣᠳᠠᠲᠤ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠯᠦᠭᠡ ᠠᠳᠠᠯᠢᠬᠠᠨ ᠦᠢᠯᠡᠳᠦᠯ ᠬᠦᠴᠦᠨ᠎ᠲᠡᠢ᠃

   ᠠᠷᠪᠠᠨ ᠵᠢᠷᠭᠤᠳᠤᠭᠠᠷ ᠵᠦᠢᠯ ᠶᠠᠮᠠᠷᠪᠠ ᠨᠢᠭᠡᠴᠢ ᠪᠠ ᠬᠤᠪᠢ ᠬᠥᠮᠦᠨ ᠭᠡᠳ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠢ ᠪᠠᠯᠠᠯᠤᠨ ᠵᠠᠰᠠᠬᠤ᠂ ᠪᠤᠰᠤᠳ᠎ᠲᠤ ᠵᠢᠭᠡᠯᠡᠭᠦᠯᠦᠨ ᠬᠡᠷᠡᠭᠯᠡᠭᠦᠯᠬᠦ᠂ ᠬᠠᠭᠤᠷᠮᠠᠭ᠎ᠢᠶᠠᠷ ᠵᠣᠬᠢᠶᠠᠬᠤ ᠪᠠ ᠬᠠᠤᠯᠢ ᠪᠤᠰᠤ᠎ᠪᠠᠷ ᠳᠠᠷᠤᠮᠠᠯᠯᠠᠨ ᠦᠢᠯᠡᠳᠴᠦ ᠪᠣᠯᠬᠤ ᠦᠭᠡᠢ᠃

   ᠠᠷᠪᠠᠨ ᠳᠣᠯᠣᠳᠤᠭᠠᠷ ᠵᠦᠢᠯ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠦᠨ ᠬᠦᠴᠦᠨ᠎ᠲᠡᠢ ᠬᠤᠭᠤᠴᠠᠭ᠎ᠠ᠎ᠨᠢ ᠵᠢᠷᠭᠤᠭᠠᠨ ᠵᠢᠯ ᠪᠣᠯᠤᠨ᠎ᠠ᠃ ᠬᠦᠴᠦᠨ᠎ᠲᠡᠢ ᠬᠤᠭᠤᠴᠠᠭ᠎ᠠ᠎ᠨᠢ ᠭᠦᠢᠴᠡᠬᠦ᠎ᠡᠴᠡ ᠭᠤᠷᠪᠠᠨ ᠰᠠᠷ᠎ᠠ᠎ᠶᠢᠨ ᠡᠮᠦᠨ᠎ᠡ ᠪᠠᠢᠭ᠎ᠠ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠪᠠᠢᠭᠤᠯᠭ᠎ᠠ᠎ᠠᠴᠠ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠢ᠎ᠨᠢ ᠰᠣᠯᠢᠵᠤ ᠥᠭᠭᠦᠭᠦᠯᠬᠦ᠎ᠪᠡᠷ ᠭᠤᠶᠤᠴᠢᠯᠠᠨ᠎ᠠ᠃

   ᠠᠷᠪᠠᠨ ᠨᠠᠢ᠍ᠮᠠᠳᠤᠭᠠᠷ ᠵᠦᠢᠯ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠦᠨ ᠬᠦᠴᠦᠨ᠎ᠲᠡᠢ ᠬᠤᠭᠤᠴᠠᠭᠠᠨ ᠳᠣᠲᠣᠷ᠎ᠠ᠂ ᠭᠡᠷᠡᠴᠢ ᠲᠡᠮᠳᠡᠭ ᠡᠵᠡᠮᠱᠢᠭᠴᠢ᠎ᠶᠢᠨ ᠠᠵᠢᠯ᠎ᠤᠨ ᠪᠠᠢᠷᠢ ᠰᠣᠯᠢᠭᠳᠠᠭᠰᠠᠨ᠎ᠠᠴᠠ ᠪᠣᠯᠵᠤ ᠪᠠᠢᠭ᠎ᠠ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠪᠠᠢᠭᠤᠯᠭ᠎ᠠ᠎ᠨᠢ ᠬᠤᠪᠢᠷᠠᠯᠲᠠ ᠭᠠᠷᠤᠭᠰᠠᠨ ᠪᠣᠯ᠂ ᠠᠵᠢᠯ ᠱᠢᠯᠵᠢᠵᠦ ᠣᠴᠢᠭᠰᠠᠨ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠪᠠᠢᠭᠤᠯᠭ᠎ᠠ᠎ᠠᠴᠠ ᠬᠠᠤᠯᠢ ᠴᠠᠭᠠᠵᠠ᠎ᠶᠢᠨ ᠮᠡᠳᠡᠯᠭᠡ ᠪᠠ ᠲᠤᠬᠠᠢᠯᠠᠭᠰᠠᠨ ᠠᠵᠢᠯ᠎ᠤᠨ ᠮᠡᠳᠡᠯᠭᠡ᠎ᠶᠢᠨ ᠪᠣᠯᠪᠠᠰᠤᠷᠠᠯ᠎ᠢ ᠵᠣᠬᠢᠶᠠᠨ ᠪᠠᠢᠭᠤᠯᠤᠭᠰᠠᠨ᠎ᠤ ᠳᠠᠷᠠᠭ᠎ᠠ᠂ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠢ᠎ᠨᠢ ᠰᠣᠯᠢᠵᠤ ᠥᠭᠭᠦᠭᠦᠯᠬᠦ᠎ᠪᠡᠷ ᠭᠤᠶᠤᠴᠢᠯᠠᠨ᠎ᠠ᠃

   ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠲᠦ ᠲᠣᠳᠣᠷᠬᠠᠢᠯᠠᠭᠰᠠᠨ ᠵᠦᠢᠯᠡᠰ᠎ᠨᠢ ᠬᠤᠪᠢᠷᠠᠯᠲᠠ ᠭᠠᠷᠬᠤ ᠪᠤᠶᠤ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠨᠢ ᠬᠦᠨᠳᠦ ᠨᠣᠴᠢᠲᠠᠢ ᠡᠪᠳᠡᠭᠳᠡᠨ ᠰᠦᠢᠳᠬᠡᠭᠳᠡᠭᠰᠡᠨ ᠪᠠᠢᠪᠠᠯ᠂ ᠭᠡᠷᠡᠴᠢ ᠲᠡᠮᠳᠡᠭ ᠡᠵᠡᠮᠱᠢᠭᠴᠢ᠎ᠶᠢᠨ ᠪᠠᠢᠭ᠎ᠠ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠪᠠᠢᠭᠤᠯᠭ᠎ᠠ᠎ᠠᠴᠠ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠢ᠎ᠨᠢ ᠰᠣᠯᠢᠵᠤ ᠥᠭᠭᠦᠭᠦᠯᠬᠦ᠎ᠪᠡᠷ ᠭᠤᠶᠤᠴᠢᠯᠠᠨ᠎ᠠ᠃

   ᠠᠷᠪᠠ ᠶᠢᠰᠦᠳᠦᠭᠡᠷ ᠵᠦᠢᠯ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠨᠢ ᠭᠡᠭᠡᠭᠳᠡᠭᠰᠡᠨ ᠪᠠᠢᠪᠠᠯ᠂ ᠭᠡᠷᠡᠴᠢ ᠲᠡᠮᠳᠡᠭ ᠡᠵᠡᠮᠱᠢᠭᠴᠢ ᠴᠠᠭ ᠲᠤᠬᠠᠢ᠎ᠳᠤ᠎ᠨᠢ ᠪᠠᠢᠭ᠎ᠠ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠪᠠᠢᠭᠤᠯᠭ᠎ᠠ᠎ᠳᠤ᠎ᠪᠠᠨ ᠮᠡᠳᠡᠭᠦᠯᠬᠦ ᠬᠡᠷᠡᠭᠲᠡᠢ᠃ ᠪᠠᠢᠭ᠎ᠠ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠪᠠᠢᠭᠤᠯᠭ᠎ᠠ᠎ᠨᠢ ᠲᠤᠬᠠᠢ᠎ᠶᠢᠨ ᠭᠠᠵᠠᠷ᠎ᠤᠨ ᠭᠣᠣᠯ ᠪᠣᠯᠬᠤ ᠰᠣᠨᠢᠨ ᠰᠡᠳᠬᠦᠯ᠂ ᠵᠠᠰᠠᠭ᠎ᠤᠨ ᠣᠷᠳᠣᠨ᠎ᠤ ᠰᠦᠯᠵᠢᠶᠡᠨ ᠥᠷᠲᠡᠭᠡ ᠪᠤᠶᠤ ᠪᠤᠰᠤᠳ ᠰᠦᠯᠵᠢᠶᠡᠨ ᠳᠡᠭᠡᠷᠡᠬᠢ ᠵᠠᠰᠠᠭ᠎ᠤᠨ ᠶᠠᠪᠤᠳᠠᠯ᠎ᠤᠨ ᠵᠠᠭᠤᠴᠢᠯᠠᠭᠤᠷ᠎ᠢᠶᠠᠷ ᠬᠦᠴᠦᠨ ᠦᠭᠡᠢ ᠪᠣᠯᠤᠭᠰᠠᠨ᠎ᠢ ᠨᠡᠢᠭᠡᠮ᠎ᠳᠦ ᠵᠠᠷᠯᠠᠨ ᠨᠡᠢᠲᠡᠯᠡᠵᠦ᠂ ᠵᠠᠷᠯᠠᠨ ᠨᠡᠢᠲᠡᠯᠡᠬᠦ ᠬᠤᠭᠤᠴᠠᠭ᠎ᠠ᠎ᠨᠢ ᠭᠤᠴᠢᠨ ᠡᠳᠦᠷ ᠪᠣᠯᠤᠨ᠎ᠠ᠃ ᠵᠠᠷᠯᠠᠨ ᠨᠡᠢᠲᠡᠯᠡᠬᠦ ᠬᠤᠭᠤᠴᠠᠭ᠎ᠠ ᠭᠦᠢᠴᠡᠭᠰᠡᠨ᠎ᠦ ᠳᠠᠷᠠᠭ᠎ᠠ ᠵᠠᠷᠯᠠᠯ᠎ᠢᠶᠠᠷ ᠪᠠᠷᠢᠮᠲᠠ ᠪᠣᠯᠭᠠᠵᠤ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠨᠥᠬᠥᠨ ᠠᠪᠬᠤ᠎ᠪᠠᠷ ᠭᠤᠶᠤᠴᠢᠯᠠᠨ᠎ᠠ᠃

   ᠬᠣᠷᠢᠳᠤᠭᠠᠷ ᠵᠦᠢᠯ ᠭᠡᠷᠡᠴᠢ ᠲᠡᠮᠳᠡᠭ ᠡᠵᠡᠮᠱᠢᠭᠴᠢ᠎ᠳᠦ ᠳᠣᠣᠷᠠᠬᠢ ᠪᠠᠢᠳᠠᠯ᠎ᠤᠨ ᠨᠢᠭᠡ᠎ᠨᠢ ᠪᠠᠢᠪᠠᠯ᠂ ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠨᠢ ᠲᠡᠭᠦᠨ᠎ᠦ ᠪᠠᠢᠭ᠎ᠠ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠪᠠᠢᠭᠤᠯᠭ᠎ᠠ᠎ᠳᠤ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ᠎ᠳᠦ ᠬᠢᠨᠠᠯᠲᠠ ᠲᠠᠯᠪᠢᠬᠤ ᠪᠢᠴᠢᠭ ᠬᠠᠷ᠎ᠠ᠎ᠶᠢ ᠵᠣᠬᠢᠶᠠᠨ ᠲᠠᠷᠬᠠᠭᠠᠵᠤ ᠪᠣᠯᠤᠨ᠎ᠠ:

  (ᠨᠢᠭᠡ) ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠠᠵᠢᠯᠯᠠᠭᠠᠨ᠎ᠤ ᠳᠤᠮᠳᠠ ᠲᠣᠭᠲᠠᠭᠠᠯ ᠶᠣᠰᠣᠭᠠᠷ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠢᠶᠡᠨ ᠭᠠᠷᠭᠠᠵᠤ ᠦᠵᠡᠭᠦᠯᠦᠭᠰᠡᠨ ᠦᠭᠡᠢ ᠪᠤᠶᠤ ᠡᠭᠦᠷᠭᠡ ᠬᠠᠷᠢᠭᠤᠴᠠᠯᠭ᠎ᠠ ᠡᠷᠬᠡ᠎ᠶᠢᠨ ᠬᠢᠵᠠᠭᠠᠷ᠂ ᠣᠷᠣᠨ ᠪᠦᠰᠡ᠎ᠶᠢᠨ ᠬᠡᠪᠴᠢᠶᠡᠨ᠎ᠡᠴᠡ᠎ᠪᠡᠨ ᠳᠠᠪᠠᠵᠤ ᠬᠠᠤᠯᠢ ᠬᠡᠷᠡᠭᠵᠢᠭᠦᠯᠦᠭᠰᠡᠨ;

  (ᠬᠣᠶᠠᠷ) ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠢᠶᠡᠨ ᠭᠡᠭᠡᠭᠳᠡᠭᠦᠯᠦᠭᠡᠳ ᠴᠠᠭ ᠲᠤᠬᠠᠢ᠎ᠳᠤ᠎ᠨᠢ ᠮᠡᠳᠡᠭᠦᠯᠦᠭᠰᠡᠨ ᠦᠭᠡᠢ ᠪᠤᠶᠤ ᠬᠦᠴᠦᠨ ᠦᠭᠡᠢ ᠪᠣᠯᠤᠭᠰᠠᠨ᠎ᠢ ᠵᠠᠷᠯᠠᠨ ᠨᠡᠢᠲᠡᠯᠡᠭᠰᠡᠨ ᠦᠭᠡᠢ᠎ᠡᠴᠡ ᠮᠠᠭᠤ ᠦᠷ᠎ᠡ ᠳ᠋ᠦᠩ ᠭᠠᠷᠤᠭᠰᠠᠨ;

  (ᠭᠤᠷᠪᠠ) ᠪᠠᠯᠠᠯᠤᠨ ᠵᠠᠰᠠᠭᠰᠠᠨ᠂ ᠬᠠᠭᠤᠷᠮᠠᠭ᠎ᠢᠶᠠᠷ ᠵᠣᠬᠢᠶᠠᠭᠰᠠᠨ ᠪᠠ ᠬᠠᠤᠯᠢ ᠪᠤᠰᠤ᠎ᠪᠠᠷ ᠳᠠᠷᠤᠮᠠᠯᠯᠠᠨ ᠵᠣᠬᠢᠶᠠᠭᠰᠠᠨ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠢ ᠬᠡᠷᠡᠭᠯᠡᠬᠦ ᠪᠤᠶᠤ ᠪᠤᠰᠤᠳ᠎ᠲᠤ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠢᠶᠡᠨ ᠵᠢᠭᠡᠯᠡᠭᠦᠯᠦᠨ ᠬᠡᠷᠡᠭᠯᠡᠭᠦᠯᠦᠭᠰᠡᠨ;

  (ᠳᠥᠷᠪᠡ) ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠦᠨ ᠬᠠᠮᠢᠶᠠᠷᠤᠯᠲᠠ᠎ᠶᠢᠨ ᠪᠤᠰᠤᠳ ᠲᠣᠭᠲᠠᠭᠠᠯ᠎ᠢ ᠵᠥᠷᠢᠴᠡᠭᠰᠡᠨ ᠪᠠᠢᠳᠠᠯ᠃

   ᠬᠣᠷᠢᠨ ᠨᠢᠭᠡᠳᠦᠭᠡᠷ ᠵᠦᠢᠯ ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠨᠢ ᠭᠡᠷᠡᠴᠢ ᠲᠡᠮᠳᠡᠭ ᠡᠵᠡᠮᠱᠢᠭᠴᠢ᠎ᠶᠢᠨ ᠬᠤᠳᠠᠯ ᠬᠡᠯᠡᠵᠦ ᠬᠠᠭᠤᠷᠮᠠᠭ᠎ᠢᠶᠠᠷ ᠵᠣᠬᠢᠶᠠᠬᠤ ᠪᠤᠶᠤ ᠪᠤᠰᠤᠳ ᠬᠠᠤᠯᠢ ᠪᠤᠰᠤ ᠠᠷᠭ᠎ᠠ ᠪᠠᠷᠢᠯ᠎ᠢᠶᠠᠷ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠡᠷᠡᠴᠢ ᠳᠡᠮᠳᠡᠭ ᠣᠯᠤᠭᠰᠠᠨ᠎ᠢ ᠮᠡᠳᠡᠪᠡᠯ᠂ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠲᠦ ᠱᠠᠲᠤ ᠳᠠᠷᠠᠭᠠᠯᠠᠨ ᠮᠡᠳᠡᠭᠦᠯᠵᠦ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠢ᠎ᠨᠢ ᠬᠦᠴᠦᠨ ᠦᠭᠡᠢ ᠪᠣᠯᠭᠠᠬᠤ ᠬᠡᠷᠡᠭᠲᠡᠢ᠃

   ᠬᠣᠷᠢᠨ ᠬᠣᠶᠠᠳᠤᠭᠠᠷ ᠵᠦᠢᠯ ᠳᠣᠣᠷᠠᠬᠢ ᠪᠠᠢᠳᠠᠯ᠎ᠤᠨ ᠨᠢᠭᠡ᠎ᠨᠢ ᠪᠠᠢᠪᠠᠯ᠂ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠪᠠᠢᠭᠤᠯᠭ᠎ᠠ᠎ᠨᠢ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠲᠦ ᠱᠠᠲᠤ ᠳᠠᠷᠠᠭᠠᠯᠠᠨ ᠮᠡᠳᠡᠭᠦᠯᠵᠦ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠢ ᠬᠦᠴᠦᠨ ᠦᠭᠡᠢ ᠪᠣᠯᠭᠠᠬᠤ ᠬᠡᠷᠡᠭᠲᠡᠢ:

  (ᠨᠢᠭᠡ) ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠦᠨ ᠬᠦᠴᠦᠨ᠎ᠲᠡᠢ ᠬᠤᠭᠤᠴᠠᠭ᠎ᠠ ᠭᠦᠢᠴᠡᠭᠰᠡᠨ;

  (ᠬᠣᠶᠠᠷ) ᠭᠡᠷᠡᠴᠢ ᠲᠡᠮᠳᠡᠭ ᠡᠵᠡᠮᠱᠢᠭᠴᠢ᠎ᠶᠢᠨ ᠲᠤᠱᠢᠶᠠᠯ᠎ᠠᠴᠠ᠎ᠪᠠᠨ ᠪᠠᠭᠤᠬᠤ᠂ ᠠᠵᠢᠯ᠎ᠠᠴᠠ᠎ᠨᠢ ᠪᠠᠭᠤᠯᠭᠠᠬᠤ᠂ ᠠᠵᠢᠯ᠎ᠠᠴᠠ᠎ᠪᠠᠨ ᠠᠮᠠᠷᠠᠬᠤ᠂ ᠦᠬᠦᠬᠦ᠂ ᠱᠢᠯᠵᠢᠭᠦᠯᠦᠨ ᠶᠠᠪᠤᠭᠤᠯᠬᠤ ᠪᠤᠶᠤ ᠪᠤᠰᠤᠳ ᠱᠢᠯᠲᠠᠭᠠᠨ᠎ᠠᠴᠠ ᠪᠣᠯᠵᠤ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠠᠵᠢᠯ᠎ᠤᠨ ᠪᠠᠢᠷᠢ᠎ᠠᠴᠠ ᠰᠠᠯᠤᠭᠰᠠᠨ;

  (ᠭᠤᠷᠪᠠ) ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠢ᠎ᠨᠢ ᠬᠠᠤᠯᠢ ᠶᠣᠰᠣᠭᠠᠷ ᠬᠦᠴᠦᠨ ᠦᠭᠡᠢ ᠪᠣᠯᠭᠠᠭᠰᠠᠨ;

  (ᠳᠥᠷᠪᠡ) ᠬᠠᠤᠯᠢ ᠶᠣᠰᠣᠭᠠᠷ ᠬᠦᠴᠦᠨ ᠦᠭᠡᠢ ᠪᠣᠯᠭᠠᠪᠠᠰᠤ ᠵᠣᠬᠢᠬᠤ ᠪᠤᠰᠤᠳ ᠪᠠᠢᠳᠠᠯ᠃

   ᠬᠣᠷᠢᠨ ᠭᠤᠷᠪᠠᠳᠤᠭᠠᠷ ᠵᠦᠢᠯ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠢ᠎ᠨᠢ ᠰᠣᠯᠢᠵᠤ ᠥᠭᠭᠦᠭᠰᠡᠨ᠂ ᠬᠦᠴᠦᠨ ᠦᠭᠡᠢ ᠪᠣᠯᠭᠠᠭᠰᠠᠨ ᠪᠠᠢᠪᠠᠯ᠂ ᠭᠡᠷᠡᠴᠢ ᠲᠡᠮᠳᠡᠭ ᠡᠵᠡᠮᠱᠢᠭᠴᠢ᠎ᠶᠢᠨ ᠪᠠᠢᠭ᠎ᠠ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠪᠠᠢᠭᠤᠯᠭ᠎ᠠ᠎ᠨᠢ ᠴᠠᠭ ᠲᠤᠬᠠᠢ᠎ᠳᠤ᠎ᠨᠢ ᠤᠤᠯ᠎ᠤᠨ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠢ ᠬᠤᠷᠢᠶᠠᠨ ᠠᠪᠬᠤ᠎ᠶᠢᠨ ᠬᠠᠮᠲᠤ᠂ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠢ ᠠᠪᠬᠤ᠎ᠪᠠᠷ ᠭᠤᠶᠤᠴᠢᠯᠠᠭᠰᠠᠨ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠲᠦ ᠲᠤᠱᠢᠶᠠᠨ ᠤᠰᠠᠳᠬᠠᠯᠭ᠋ᠠᠵᠤ᠂ ᠤᠰᠠᠳᠭᠠᠭᠰᠠᠨ ᠪᠠᠢᠳᠠᠯ᠎ᠢᠶᠠᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠲᠦ ᠱᠠᠲᠤ ᠳᠠᠷᠠᠭᠠᠯᠠᠨ ᠮᠡᠳᠡᠭᠦᠯᠬᠦ ᠬᠡᠷᠡᠭᠲᠡᠢ᠃

   ᠬᠣᠷᠢᠨ ᠳᠥᠷᠪᠡᠳᠦᠭᠡᠷ ᠵᠦᠢᠯ ᠭᠡᠷᠡᠴᠢ ᠲᠡᠮᠳᠡᠭ ᠡᠵᠡᠮᠱᠢᠭᠴᠢ᠎ᠨᠢ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠢᠶᠡᠨ ᠬᠦᠴᠦᠨ ᠦᠭᠡᠢ ᠪᠣᠯᠭᠠᠭᠳᠠᠭᠰᠠᠨ ᠪᠠ ᠬᠠᠰᠤᠭᠤᠯᠤᠭᠰᠠᠨ ᠶᠠᠪᠤᠳᠠᠯ᠎ᠳᠤ ᠣᠨᠳᠣᠣ ᠰᠠᠨᠠᠯ᠎ᠲᠠᠢ ᠪᠠᠢᠪᠠᠯ᠂ ᠱᠢᠢᠳᠪᠦᠷᠢᠯᠡᠭᠰᠡᠨ ᠳ᠋ᠦᠩ᠎ᠢ ᠮᠡᠳᠡᠭᠰᠡᠨ ᠪᠤᠶᠤ ᠮᠡᠳᠡᠬᠦ ᠶᠣᠰᠣᠲᠠᠢ ᠡᠳᠦᠷ᠎ᠡᠴᠡ ᠡᠬᠢᠯᠡᠵᠦ ᠭᠤᠴᠢᠨ ᠡᠳᠦᠷ᠎ᠦᠨ ᠳᠣᠲᠣᠷ᠎ᠠ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠲᠦ ᠳᠠᠬᠢᠨ ᠬᠢᠨᠠᠭᠤᠯᠬᠤ᠎ᠪᠠᠷ ᠭᠤᠶᠤᠴᠢᠯᠠᠵᠤ ᠪᠣᠯᠤᠨ᠎ᠠ᠃

   ᠬᠣᠷᠢᠨ ᠲᠠᠪᠤᠳᠤᠭᠠᠷ ᠵᠦᠢᠯ ᠠᠷᠠᠳ ᠢᠷᠭᠡᠨ᠂ ᠬᠠᠤᠯᠢ᠎ᠶᠢᠨ ᠡᠷᠬᠡᠲᠡᠨ ᠪᠤᠶᠤ ᠪᠤᠰᠤᠳ ᠵᠣᠬᠢᠶᠠᠨ ᠪᠠᠢᠭᠤᠯᠤᠯᠲᠠ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠳᠤ ᠲᠤᠰ ᠠᠷᠭ᠎ᠠ᠎ᠶᠢᠨ ᠲᠣᠭᠲᠠᠭᠠᠯ᠎ᠢ ᠵᠥᠷᠢᠴᠡᠭᠰᠡᠨ ᠦᠢᠯᠡ ᠠᠵᠢᠯᠯᠠᠭ᠎ᠠ᠎ᠲᠠᠢ ᠪᠠᠢᠬᠤ᠎ᠶᠢ ᠣᠯᠵᠤ ᠮᠡᠳᠡᠪᠡᠯ᠂ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠠᠵᠢᠯᠲᠠᠨ᠎ᠤ ᠪᠠᠢᠭ᠎ᠠ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠪᠠᠢᠭᠤᠯᠭ᠎ᠠ ᠪᠤᠶᠤ ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠲᠦ ᠢᠯᠡᠴᠢᠯᠡᠨ ᠮᠡᠳᠡᠭᠦᠯᠵᠦ ᠪᠣᠯᠤᠨ᠎ᠠ᠃ ᠢᠯᠡᠴᠢᠯᠡᠨ ᠮᠡᠳᠡᠭᠦᠯᠦᠯᠲᠡ᠎ᠶᠢ ᠬᠦᠯᠢᠶᠡᠨ ᠠᠪᠴᠤ ᠱᠢᠢᠳᠪᠦᠷᠢᠯᠡᠬᠦ ᠪᠠᠢᠭᠤᠯᠭ᠎ᠠ᠎ᠨᠢ ᠭᠤᠴᠢᠨ ᠡᠳᠦᠷ᠎ᠦᠨ ᠳᠣᠲᠣᠷ᠎ᠠ ᠱᠢᠢᠳᠪᠦᠷᠢᠯᠡᠬᠦ ᠲᠣᠭᠲᠠᠭᠠᠯ ᠭᠠᠷᠭᠠᠬᠤ᠎ᠶᠢᠨ ᠬᠠᠮᠲᠤ ᠢᠯᠡᠴᠢᠯᠡᠨ ᠮᠡᠳᠡᠭᠦᠯᠦᠭᠴᠢ᠎ᠳᠦ ᠬᠠᠷᠢᠭᠤ ᠥᠭᠬᠦ ᠬᠡᠷᠡᠭᠲᠡᠢ᠃

   ᠬᠣᠷᠢᠨ ᠵᠢᠷᠭᠤᠳᠤᠭᠠᠷ ᠵᠦᠢᠯ ᠲᠤᠰ ᠠᠷᠭ᠎ᠠ᠎ᠶᠢᠨ ᠲᠣᠭᠲᠠᠭᠠᠯ᠎ᠢ ᠵᠥᠷᠢᠴᠡᠭᠰᠡᠨ ᠦᠢᠯᠡ ᠠᠵᠢᠯᠯᠠᠭ᠎ᠠ᠂ ᠬᠣᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠎ᠳᠤ ᠨᠢᠭᠡᠨᠲᠡ ᠪᠣᠳᠠᠲᠠᠢ ᠱᠢᠢᠳᠬᠡᠨ ᠲᠣᠷᠭᠠᠬᠤ ᠲᠣᠭᠲᠠᠭᠠᠯ ᠭᠠᠷᠭᠠᠭᠰᠠᠨ ᠪᠠᠢᠪᠠᠯ᠂ ᠲᠡᠷᠡ ᠲᠣᠭᠲᠠᠭᠠᠯ᠎ᠢᠶᠠᠷ ᠬᠡᠷᠡᠭᠵᠢᠭᠦᠯᠦᠨ᠎ᠡ᠃

   ᠬᠣᠷᠢᠨ ᠳᠣᠯᠣᠳᠤᠭᠠᠷ ᠵᠦᠢᠯ ᠲᠤᠰ ᠠᠷᠭ᠎ᠠ᠎ᠶᠢᠨ ᠲᠣᠭᠲᠠᠭᠠᠯ᠎ᠢ ᠵᠥᠷᠢᠴᠡᠵᠦ᠂ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠪᠠᠢᠭᠤᠯᠭ᠎ᠠ᠎ᠨᠢ ᠨᠥᠬᠥᠴᠡᠯ᠎ᠳᠦ ᠨᠡᠢᠴᠡᠬᠦ ᠦᠭᠡᠢ ᠠᠵᠢᠯᠲᠠᠨ᠎ᠳᠤ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ ᠭᠤᠶᠤᠴᠢᠯᠠᠨ ᠥᠭᠭᠦᠭᠰᠡᠨ ᠪᠠᠢᠪᠠᠯ᠂ ᠲᠡᠭᠦᠨ᠎ᠦ ᠳᠡᠭᠡᠷ᠎ᠡ ᠱᠠᠲᠤᠨ᠎ᠤ ᠭᠣᠣᠯᠴᠢᠯᠠᠨ ᠬᠠᠮᠢᠶᠠᠷᠬᠤ ᠪᠠᠢᠭᠤᠯᠭ᠎ᠠ ᠪᠤᠶᠤ ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠣᠨ᠎ᠤ ᠬᠠᠤᠯᠢ ᠴᠠᠭᠠᠵᠠ᠎ᠶᠢᠨ ᠵᠠᠰᠠᠭ ᠵᠠᠬᠢᠷᠭᠠᠨ᠎ᠤ ᠰᠠᠯᠠᠭ᠎ᠠ ᠮᠥᠴᠢᠷ᠎ᠡᠴᠡ ᠵᠠᠷᠯᠢᠭᠳᠠᠵᠤ ᠪᠠᠢᠭᠠᠳ ᠵᠠᠯᠠᠷᠠᠭᠤᠯᠤᠨ᠎ᠠ; ᠦᠢᠯᠡ ᠪᠠᠢᠳᠠᠯ᠎ᠨᠢ ᠬᠦᠨᠳᠦ ᠨᠣᠴᠢᠲᠠᠢ ᠪᠣᠯ᠂ ᠱᠢᠭᠤᠳ ᠬᠠᠷᠢᠭᠤᠴᠠᠵᠤ ᠪᠠᠢᠭ᠎ᠠ ᠭᠣᠣᠯᠴᠢᠯᠠᠨ ᠬᠠᠮᠢᠶᠠᠷᠤᠭᠴᠢ ᠪᠠ ᠪᠤᠰᠤᠳ ᠱᠢᠭᠤᠳ ᠬᠠᠷᠢᠭᠤᠴᠠᠯᠭᠠᠲᠠᠨ᠎ᠳᠤ ᠬᠠᠤᠯᠢ ᠶᠣᠰᠣᠭᠠᠷ ᠱᠢᠢᠳᠬᠡᠯ ᠥᠭᠭᠦᠨ᠎ᠡ᠃

   ᠬᠣᠷᠢᠨ ᠨᠠᠢ᠍ᠮᠠᠳᠤᠭᠠᠷ ᠵᠦᠢᠯ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠦᠨ ᠬᠠᠮᠢᠶᠠᠷᠤᠯᠲᠠ᠎ᠶᠢᠨ ᠠᠵᠢᠯ᠎ᠳᠤ ᠲᠤᠱᠢᠶᠠᠯ ᠬᠠᠷᠢᠭᠤᠴᠠᠯᠭ᠎ᠠ᠎ᠪᠠᠨ ᠣᠮᠲᠣᠭᠠᠢᠯᠠᠬᠤ᠂ ᠡᠷᠬᠡ ᠲᠤᠱᠢᠶᠠᠯ᠎ᠢᠶᠠᠨ ᠳᠤᠷ᠎ᠠ᠎ᠪᠠᠷ ᠬᠡᠷᠡᠭᠯᠡᠬᠦ᠂ ᠬᠤᠪᠢ᠎ᠶᠢᠨ ᠨᠡᠢ᠍ᠷ ᠲᠠᠯ᠎ᠠ ᠬᠠᠷᠠᠵᠤ ᠬᠠᠤᠯᠢ ᠶᠣᠰᠣ᠎ᠶᠢ ᠵᠥᠷᠢᠴᠡᠪᠡᠯ᠂ ᠱᠢᠭᠤᠳ ᠬᠠᠷᠢᠭᠤᠴᠠᠵᠤ ᠪᠠᠢᠭ᠎ᠠ ᠭᠣᠣᠯᠴᠢᠯᠠᠨ ᠬᠠᠮᠢᠶᠠᠷᠤᠭᠴᠢ ᠪᠠ ᠪᠤᠰᠤᠳ ᠱᠢᠭᠤᠳ ᠬᠠᠷᠢᠭᠤᠴᠠᠯᠭᠠᠲᠠᠨ᠎ᠳᠤ ᠬᠠᠤᠯᠢ ᠶᠣᠰᠣᠭᠠᠷ ᠱᠢᠢᠳᠬᠡᠯ ᠥᠭᠭᠦᠨ᠎ᠡ; ᠶᠠᠯ᠎ᠠ᠎ᠳᠤ ᠬᠥᠷᠥᠭᠰᠡᠨ ᠪᠠᠢᠪᠠᠯ᠂ ᠬᠠᠤᠯᠢ ᠶᠣᠰᠣᠭᠠᠷ ᠡᠷᠡᠭᠦᠦ᠎ᠶᠢᠨ ᠬᠠᠷᠢᠭᠤᠴᠠᠯᠭ᠎ᠠ ᠨᠡᠬᠡᠮᠵᠢᠯᠡᠨ᠎ᠡ᠃

   ᠬᠣᠷᠢ ᠶᠢᠰᠦᠳᠦᠭᠡᠷ ᠵᠦᠢᠯ ᠲᠤᠰ ᠠᠷᠭ᠎ᠠ᠎ᠶᠢ 2023 ᠣᠨ᠎ᠤ 12 ᠳ᠋ᠤᠭᠠᠷ ᠰᠠᠷ᠎ᠠ᠎ᠶᠢᠨ 1᠎ᠦ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ᠃ 2015 ᠣᠨ᠎ᠤ 9 ᠳ᠋ᠦ᠍ᠭᠡᠷ ᠰᠠᠷ᠎ᠠ᠎ᠶᠢᠨ 30᠎ᠤ ᠡᠳᠦᠷ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠨᠡᠢᠲᠡᠯᠡᠭᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠭᠡᠷᠡᠴᠢ ᠲᠡᠮᠳᠡᠭ᠎ᠦᠨ ᠬᠠᠮᠢᠶᠠᠷᠤᠯᠲᠠ᠎ᠶᠢᠨ ᠠᠷᠭ᠎ᠠ》 (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ 216 ᠳ᠋ᠤᠭᠠᠷ ᠲᠣᠭᠠᠲᠤ )᠎ᠶᠢ ᠬᠠᠮᠲᠤ᠎ᠳᠤ᠎ᠨᠢ ᠬᠦᠴᠦᠨ ᠦᠭᠡᠢ ᠪᠣᠯᠭᠠᠨ᠎ᠠ᠃

 

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
 
            