ᠲᠡᠷᠢᠭᠦᠨ ᠬᠠᠭᠤᠳᠠᠰᠤ
ᠠᠵᠢᠯ᠎ᠤᠨ ᠪᠠᠶ᠋ᠢᠳᠠᠯ
ᠢᠯᠡ ᠵᠠᠰᠠᠭ
ᠲᠤᠭ᠎ᠠ ᠪᠦᠷᠢᠳᠭᠡᠯ᠎ᠤᠨ ᠦᠢᠯᠡᠴᠢᠯᠡᠭᠡ
ᠢᠯᠡ ᠵᠠᠰᠠᠭ   -   ᠠᠯᠪᠠᠨ ᠮᠡᠳᠡᠭᠡ
2024 ᠣᠨ᠎ᠤ ᠥᠪᠥᠷ ᠮᠣᠩᠭᠣᠯ᠎ᠤᠨ 《ᠮᠥᠩᠭᠥᠨ ᠭᠦᠢᠯᠭᠡᠭᠡᠨ᠎ᠦ ᠬᠦᠴᠦᠨ᠎ᠢ ᠬᠤᠷᠠᠮᠳᠤᠭᠤᠯᠵᠤ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ》 ᠵᠠᠰᠠᠭ᠎ᠤᠨ ᠣᠷᠳᠣᠨ ᠮᠥᠩᠭᠥᠨ ᠭᠦᠢᠯᠭᠡᠭᠡ ᠠᠵᠤ ᠠᠬᠤᠢᠯᠠᠯ᠎ᠤᠨ ᠵᠣᠯᠭᠠᠭᠤᠯᠬᠤ ᠬᠤᠷᠠᠯ
ᠨᠡᠶ᠋ᠢᠲᠡᠯᠡᠭᠰᠡᠨ ᠴᠠᠭ᠄ 2024-05-31

  2 ᠳ᠋ᠤᠭᠠᠷ ᠰᠠᠷ᠎ᠠ᠎ᠶᠢᠨ 21᠎ᠦ ᠡᠳᠦᠷ᠂ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ ᠭᠣᠣᠯᠯᠠᠨ ᠡᠷᠬᠢᠯᠡᠭᠰᠡᠨ 《2024 ᠣᠨ᠎ᠤ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ 〈ᠮᠥᠩᠭᠥᠨ ᠭᠦᠢᠯᠭᠡᠭᠡᠨ᠎ᠦ ᠬᠦᠴᠦᠨ᠎ᠢ ᠬᠤᠷᠠᠮᠳᠤᠭᠤᠯᠵᠤ ᠬᠣᠶᠠᠷ ᠶᠡᠬᠡ ᠶᠠᠪᠤᠳᠠᠯ᠎ᠢ ᠰᠠᠢᠲᠤᠷ ᠬᠢᠬᠦ〉 ᠵᠠᠰᠠᠭ᠎ᠤᠨ ᠣᠷᠳᠣᠨ ᠮᠥᠩᠭᠥᠨ ᠭᠦᠢᠯᠭᠡᠭᠡ ᠠᠵᠤ ᠠᠬᠤᠢᠯᠠᠯ᠎ᠤᠨ ᠵᠣᠯᠭᠠᠭᠤᠯᠬᠤ ᠬᠤᠷᠠᠯ》᠎ᠢ ᠬᠥᠬᠡᠬᠣᠲᠠᠨ᠎ᠠ ᠬᠤᠷᠠᠯᠳᠤᠭᠤᠯᠪᠠ᠃

   ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠪᠠᠢᠩᠭᠤ᠎ᠶᠢᠨ ᠭᠡᠱᠢᠭᠦᠨ᠂ ᠥᠪᠡᠷᠲᠡᠭᠡᠨ ᠵᠠᠰᠠᠬᠤ ᠣᠷᠣᠨ᠎ᠤ ᠪᠠᠢᠩᠭᠤ᠎ᠶᠢᠨ ᠳᠡᠳ᠋ ᠲᠡᠷᠢᠭᠦᠯᠡᠭᠴᠢ ᠬᠤᠸᠠᠩ ᡁᠢ ᠴᠢᠶᠠᠩ ᠬᠤᠷᠠᠯ᠎ᠳᠤ ᠣᠷᠣᠯᠴᠠᠵᠤ᠂ ᠥᠪᠡᠷᠲᠡᠭᠡᠨ ᠵᠠᠰᠠᠬᠤ ᠣᠷᠣᠨ᠎ᠤ ᠳᠡᠳ᠋ ᠲᠡᠷᠢᠭᠦᠯᠡᠭᠴᠢ ᠶᠠᠩ ᠵᠢᠨ ᠪᠠᠶᠠᠷ᠎ᠤᠨ ᠦᠭᠡ ᠬᠡᠯᠡᠪᠡ᠃

   ᠬᠤᠷᠠᠯ ᠳᠡᠭᠡᠷ᠎ᠡ᠂ ᠥᠪᠡᠷᠲᠡᠭᠡᠨ ᠵᠠᠰᠠᠬᠤ ᠣᠷᠣᠨ᠎ᠤ ᠨᠠᠮ᠎ᠤᠨ ᠬᠣᠷᠢᠶᠠᠨ᠎ᠤ ᠮᠥᠩᠭᠥᠨ ᠭᠦᠢᠯᠭᠡᠭᠡᠨ᠎ᠦ ᠠᠯᠪᠠᠨ ᠭᠡᠷ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠎ᠶᠢᠨ ᠲᠢᠩᠬᠢᠮ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠣᠨ ᠮᠠᠯᠵᠢᠬᠤ ᠣᠷᠣᠨ᠎ᠤ ᠲᠢᠩᠬᠢᠮ᠂ ᠬᠤᠳᠠᠯᠳᠤᠭᠠᠨ᠎ᠤ ᠶᠠᠪᠤᠳᠠᠯ᠎ᠤᠨ ᠲᠢᠩᠬᠢᠮ᠂ ᠡᠨᠧᠷᠭᠢ᠎ᠶᠢᠨ ᠲᠣᠪᠴᠢᠶᠠᠨ᠎ᠤ ᠬᠠᠮᠢᠶ᠎ᠠ ᠪᠦᠬᠦᠢ ᠬᠠᠷᠢᠭᠤᠴᠠᠯᠭᠠᠲᠠᠨ ᠲᠥᠷᠥ᠎ᠶᠢᠨ ᠪᠣᠳᠣᠯᠭ᠎ᠠ᠎ᠳᠤ ᠲᠠᠢᠯᠤᠮᠵᠢ ᠬᠢᠭᠰᠡᠨ ᠪᠥᠭᠡᠳ ᠠᠵᠢᠯ ᠲᠥᠷᠥᠯ᠎ᠦᠨ ᠬᠦᠷᠢᠶᠡᠨ᠎ᠳᠡᠬᠢ ᠪᠡᠯᠡ ᠲᠣᠬᠢᠷᠠᠭᠤᠯᠬᠤ ᠬᠡᠷᠡᠭᠴᠡᠭᠡ ᠱᠠᠭᠠᠷᠳᠠᠯᠭ᠎ᠠ᠎ᠶᠢ ᠨᠡᠢᠲᠡᠯᠡᠪᠡ᠃ 4 ᠮᠥᠩᠭᠥᠨ ᠭᠦᠢᠯᠭᠡᠭᠡᠨ᠎ᠦ ᠪᠠᠢᠭᠤᠯᠤᠮᠵᠢ 《ᠲᠠᠪᠤᠨ ᠶᠡᠬᠡ ᠡᠭᠦᠷᠭᠡ》᠎ᠶᠢ ᠨᠠᠢᠳᠠᠪᠤᠷᠢᠵᠢᠭᠤᠯᠬᠤ᠎ᠳᠤ ᠴᠢᠭᠯᠡᠭᠦᠯᠦᠨ ᠮᠥᠩᠭᠥᠨ ᠭᠦᠢᠯᠭᠡᠭᠡᠨ᠎ᠢᠶᠡᠷ ᠳᠡᠮᠵᠢᠬᠦ ᠠᠷᠭ᠎ᠠ ᠬᠡᠮᠵᠢᠶ᠎ᠡ᠎ᠶᠢ ᠳᠤᠷᠠᠳᠪᠠ᠃

   ᠬᠤᠷᠠᠯ᠎ᠳᠤ᠂ ᠪᠡᠯᠡ ᠲᠣᠬᠢᠷᠠᠭᠤᠯᠬᠤ ᠬᠡᠷᠡᠭᠴᠡᠭᠡ ᠱᠠᠭᠠᠷᠳᠠᠯᠭ᠎ᠠ᠎ᠲᠠᠢ 3567 ᠲᠥᠰᠦᠯ᠎ᠢ ᠡᠮᠬᠢᠯᠡᠪᠡ᠃ ᠥᠪᠡᠷᠲᠡᠭᠡᠨ ᠵᠠᠰᠠᠬᠤ ᠣᠷᠣᠨ᠎ᠤ 17 ᠰᠠᠯᠠᠭ᠎ᠠ ᠮᠥᠴᠢᠷ᠂ 38 ᠮᠥᠩᠭᠥᠨ ᠭᠦᠢᠯᠭᠡᠭᠡᠨ᠎ᠦ ᠪᠠᠢᠭᠤᠯᠤᠮᠵᠢ ᠬᠢᠭᠡᠳ 95 ᠡᠯ᠎ᠡ ᠲᠥᠷᠥᠯ᠎ᠦᠨ ᠠᠵᠤ ᠠᠬᠤᠢᠯᠠᠯ᠎ᠤᠳ ᠬᠥᠬᠡᠬᠣᠲᠠ᠎ᠶᠢᠨ ᠭᠣᠣᠯ ᠬᠤᠷᠠᠯ᠎ᠤᠨ ᠲᠠᠯᠠᠪᠠᠢ᠎ᠳᠤ ᠣᠷᠣᠯᠴᠠᠪᠠ᠃ ᠡᠯ᠎ᠡ ᠠᠢᠮᠠᠭ ᠬᠣᠲᠠ᠎ᠨᠤᠭᠤᠳ ᠬᠤᠷᠠᠯ᠎ᠤᠨ ᠬᠤᠪᠢᠶᠠᠷᠢ ᠲᠠᠯᠠᠪᠠᠢ ᠭᠠᠷᠭᠠᠨ᠂ ᠰᠦᠯᠵᠢᠶᠡᠨ ᠳᠡᠭᠡᠷ᠎ᠡ ᠬᠣᠯᠪᠣᠭᠳᠠᠨ ᠬᠥᠳᠡᠯᠦᠯᠴᠡᠬᠦ ᠠᠷᠭ᠎ᠠ᠎ᠪᠠᠷ ᠭᠣᠣᠯ ᠬᠤᠷᠠᠯ᠎ᠤᠨ ᠲᠠᠯᠠᠪᠠᠢ᠎ᠲᠠᠢ ᠵᠡᠷᠭᠡᠳᠡ ᠨᠢᠭᠡᠳᠦᠯᠲᠡᠢ᠎ᠪᠡᠷ ᠭᠡᠷ᠎ᠡ ᠲᠣᠭᠲᠠᠭᠰᠠᠨ ᠪᠠᠢᠨ᠎ᠠ᠃ ᠪᠦᠬᠦ ᠣᠷᠣᠨ᠎ᠳᠤ ᠪᠡᠯᠡ ᠲᠣᠬᠢᠷᠠᠭᠤᠯᠬᠤ ᠬᠦᠰᠡᠯᠲᠡ᠎ᠲᠡᠢ ᠲᠥᠰᠦᠯ᠎ᠢ ᠨᠡᠶ᠋ᠢᠲᠡ 1067 ᠳᠣᠬᠢᠷᠠᠯᠴᠠᠵᠤ᠂ ᠳᠣᠬᠢᠷᠠᠭᠰᠠᠨ ᠵᠣᠭᠣᠰ᠎ᠤᠨ ᠲᠣᠭ᠎ᠠ᠎ᠨᠢ 3478 ᠳ᠋ᠦᠩᠱᠢᠭᠤᠷ ᠲᠥᠭᠥᠷᠢᠭ ᠪᠣᠯᠤᠨ᠎ᠠ᠃

   ᠬᠤᠷᠠᠯ᠎ᠳᠤ ᠪᠠᠰᠠ ᠲᠤᠬᠠᠢ᠎ᠶᠢᠨ ᠲᠠᠯᠠᠪᠠᠢ ᠪᠠ ᠰᠦᠯᠵᠢᠶᠡᠨ ᠳᠡᠭᠡᠷ᠎ᠡ ᠵᠡᠷᠭᠡ᠎ᠪᠡᠷ 《ᠮᠥᠩᠭᠥᠨ ᠭᠦᠢᠯᠭᠡᠭᠡᠨ᠎ᠦ ᠬᠡᠲᠦ ᠳᠡᠯᠭᠡᠭᠦᠷ》᠎ᠢ ᠪᠠᠢᠭᠤᠯᠪᠠ᠃

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
 
            