ᠲᠡᠷᠢᠭᠦᠨ ᠬᠠᠭᠤᠳᠠᠰᠤ
ᠠᠵᠢᠯ᠎ᠤᠨ ᠪᠠᠶ᠋ᠢᠳᠠᠯ
ᠢᠯᠡ ᠵᠠᠰᠠᠭ
ᠲᠤᠭ᠎ᠠ ᠪᠦᠷᠢᠳᠭᠡᠯ᠎ᠤᠨ ᠦᠢᠯᠡᠴᠢᠯᠡᠭᠡ
ᠢᠯᠡ ᠵᠠᠰᠠᠭ   -   ᠠᠯᠪᠠᠨ ᠮᠡᠳᠡᠭᠡ
ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠣᠯᠠᠨ ᠨᠡᠢᠲᠡ᠎ᠶᠢᠨ ᠭᠠᠯ ᠰᠡᠷᠭᠡᠢᠯᠡᠵᠦ ᠤᠨᠲᠠᠷᠠᠭᠠᠬᠤ ᠪᠡᠯᠡᠳᠬᠡᠮᠵᠢ᠎ᠶᠢᠨ ᠬᠠᠮᠢᠶᠠᠷᠤᠯᠲᠠ᠎ᠶᠢᠨ ᠠᠷᠭ᠎ᠠ
ᠨᠡᠶ᠋ᠢᠲᠡᠯᠡᠭᠰᠡᠨ ᠴᠠᠭ᠄ 2024-07-31

   ᠨᠢᠭᠡᠳᠦᠭᠡᠷ ᠵᠦᠢᠯ ᠣᠯᠠᠨ ᠨᠡᠢᠲᠡ᠎ᠶᠢᠨ ᠭᠠᠯ ᠰᠡᠷᠭᠡᠢᠯᠡᠵᠦ ᠤᠨᠲᠠᠷᠠᠭᠠᠬᠤ ᠪᠡᠯᠡᠳᠬᠡᠮᠵᠢ᠎ᠶᠢᠨ ᠬᠠᠮᠢᠶᠠᠷᠤᠯᠲᠠ᠎ᠶᠢ ᠴᠢᠩᠭᠠᠳᠭᠠᠨ᠂ ᠭᠠᠯ᠎ᠤᠨ ᠠᠶᠤᠯ᠎ᠢ ᠡᠰᠡᠷᠭᠦᠴᠡᠨ ᠬᠣᠷᠢᠭᠯᠠᠬᠤ ᠴᠢᠳᠠᠪᠤᠷᠢ᠎ᠪᠠᠨ ᠳᠡᠭᠡᠭᠱᠢᠯᠡᠭᠦᠯᠵᠦ᠂ ᠣᠯᠠᠨ ᠨᠡᠢᠲᠡ᠎ᠶᠢᠨ ᠠᠮᠤᠷ ᠲᠦᠪᠱᠢᠨ᠎ᠢ ᠬᠠᠮᠠᠭᠠᠯᠠᠬᠤ᠎ᠶᠢᠨ ᠲᠤᠰᠠᠳᠠ᠂《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠯ ᠰᠡᠷᠭᠡᠢᠯᠡᠵᠦ ᠤᠨᠲᠠᠷᠠᠭᠠᠬᠤ ᠬᠠᠤᠯᠢ》᠂ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠯ ᠰᠡᠷᠭᠡᠢᠯᠡᠵᠦ ᠤᠨᠲᠠᠷᠠᠭᠠᠬᠤ ᠳᠦᠷᠢᠮ》 ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠤ᠂ ᠲᠤᠰ ᠠᠷᠭ᠎ᠠ᠎ᠶᠢ ᠲᠣᠭᠲᠠᠭᠠᠪᠠ᠃

   ᠬᠣᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭᠠᠨ᠎ᠤ ᠣᠷᠣᠨ ᠳᠣᠲᠣᠷᠠᠬᠢ ᠣᠯᠠᠨ ᠨᠡᠢᠲᠡ᠎ᠶᠢᠨ ᠭᠠᠯ ᠰᠡᠷᠭᠡᠢᠯᠡᠵᠦ ᠤᠨᠲᠠᠷᠠᠭᠠᠬᠤ ᠪᠡᠯᠡᠳᠬᠡᠮᠵᠢ᠎ᠶᠢ ᠪᠠᠢᠭᠤᠯᠬᠤ᠂ ᠬᠡᠷᠡᠭᠯᠡᠬᠦ᠂ ᠠᠷᠠᠴᠢᠯᠠᠬᠤ ᠪᠠ ᠬᠢᠨᠠᠯᠲᠠ ᠲᠠᠯᠪᠢᠵᠤ ᠬᠠᠮᠢᠶᠠᠷᠬᠤ᠎ᠳᠤ ᠲᠤᠰ ᠠᠷᠭ᠎ᠠ᠎ᠶᠢ ᠲᠣᠬᠢᠷᠠᠭᠤᠯᠤᠨ ᠬᠡᠷᠡᠭᠯᠡᠨ᠎ᠡ᠃

   ᠭᠤᠷᠪᠠᠳᠤᠭᠠᠷ ᠵᠦᠢᠯ ᠣᠯᠠᠨ ᠨᠡᠢᠲᠡ᠎ᠶᠢᠨ ᠭᠠᠯ ᠰᠡᠷᠭᠡᠢᠯᠡᠵᠦ ᠤᠨᠲᠠᠷᠠᠭᠠᠬᠤ ᠪᠡᠯᠡᠳᠬᠡᠮᠵᠢ᠎ᠶᠢᠨ ᠬᠠᠮᠢᠶᠠᠷᠤᠯᠲᠠ᠎ᠶᠢᠨ ᠠᠵᠢᠯ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶᠢ ᠪᠠᠷᠢᠮᠲᠠᠯᠠᠨ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤᠳᠭᠠᠬᠤ᠎ᠪᠠᠷ ᠠᠵᠢᠯ᠎ᠤᠨ ᠭᠣᠣᠯ ᠱᠢᠵᠢᠮ ᠪᠣᠯᠭᠠᠬᠤ ᠬᠡᠷᠡᠭᠲᠡᠢ᠃

   ᠳᠥᠷᠪᠡᠳᠦᠭᠡᠷ ᠵᠦᠢᠯ ᠲᠤᠰ ᠠᠷᠭ᠎ᠠ᠎ᠳᠤ ᠬᠡᠯᠡᠵᠦ ᠪᠠᠢᠭ᠎ᠠ ᠣᠯᠠᠨ ᠨᠡᠢᠲᠡ᠎ᠶᠢᠨ ᠭᠠᠯ ᠰᠡᠷᠭᠡᠢᠯᠡᠵᠦ ᠤᠨᠲᠠᠷᠠᠭᠠᠬᠤ ᠪᠡᠯᠡᠳᠬᠡᠮᠵᠢ᠎ᠳᠦ ᠭᠠᠯ ᠰᠡᠷᠭᠡᠢᠯᠡᠵᠦ ᠤᠨᠲᠠᠷᠠᠭᠠᠬᠤ ᠥᠷᠲᠡᠭᠡ᠂ ᠭᠠᠯ ᠤᠨᠲᠠᠷᠠᠭᠠᠬᠤ᠎ᠳᠤ ᠤᠰᠤ ᠬᠠᠩᠭᠠᠬᠤ ᠪᠡᠯᠡᠳᠬᠡᠮᠵᠢ᠂ ᠭᠠᠯ ᠤᠨᠲᠠᠷᠠᠭᠠᠬᠤ ᠴᠢᠮᠡᠭᠡ ᠬᠣᠯᠪᠣᠭᠠᠨ᠎ᠤ ᠪᠡᠯᠡᠳᠬᠡᠮᠵᠢ᠂ ᠭᠠᠯ ᠤᠨᠲᠠᠷᠠᠭᠠᠬᠤ ᠲᠡᠷᠭᠡ ᠨᠡᠪᠲᠡᠷᠡᠬᠦ ᠵᠠᠮ᠂ ᠭᠠᠯ ᠤᠨᠲᠠᠷᠠᠭᠠᠬᠤ ᠪᠣᠯᠪᠠᠰᠤᠷᠠᠯ᠎ᠤᠨ ᠰᠠᠭᠤᠷᠢᠨ ᠭᠠᠵᠠᠷ᠂ ᠭᠠᠯ ᠤᠨᠲᠠᠷᠠᠭᠠᠬᠤ ᠲᠣᠨᠣᠭ ᠲᠥᠬᠥᠭᠡᠷᠦᠮᠵᠢ ᠨᠥᠭᠡᠴᠡᠯᠡᠬᠦ ᠰᠠᠭᠤᠷᠢᠨ ᠭᠠᠵᠠᠷ ᠵᠡᠷᠭᠡ ᠣᠯᠠᠨ ᠨᠡᠢᠲᠡ᠎ᠶᠢᠨ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠱᠢᠨ᠎ᠢ ᠪᠠᠲᠤᠯᠠᠬᠤ ᠨᠡᠢᠲᠡ᠎ᠶᠢᠨ ᠠᠰᠠᠷᠠᠮᠵᠢ᠎ᠶᠢᠨ ᠴᠢᠨᠠᠷᠲᠠᠢ ᠰᠠᠭᠤᠷᠢ ᠪᠡᠯᠡᠳᠬᠡᠮᠵᠢ ᠪᠠᠭᠲᠠᠨ᠎ᠠ᠃

   ᠲᠠᠪᠤᠳᠤᠭᠠᠷ ᠵᠦᠢᠯ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠲᠤᠰ ᠵᠠᠰᠠᠭ ᠵᠠᠬᠢᠷᠭᠠᠨ᠎ᠤ ᠣᠷᠣᠨ ᠳᠣᠲᠣᠷᠠᠬᠢ ᠣᠯᠠᠨ ᠨᠡᠢᠲᠡ᠎ᠶᠢᠨ ᠭᠠᠯ ᠰᠡᠷᠭᠡᠢᠯᠡᠵᠦ ᠤᠨᠲᠠᠷᠠᠭᠠᠬᠤ ᠪᠡᠯᠡᠳᠬᠡᠮᠵᠢ᠎ᠶᠢᠨ ᠬᠠᠮᠢᠶᠠᠷᠤᠯᠲᠠ᠎ᠶᠢᠨ ᠠᠵᠢᠯ᠎ᠤᠨ ᠤᠳᠤᠷᠢᠳᠤᠯᠭ᠎ᠠ᠎ᠪᠠᠨ ᠴᠢᠩᠭᠠᠳᠭᠠᠨ᠂ ᠣᠯᠠᠨ ᠨᠡᠢᠲᠡ᠎ᠶᠢᠨ ᠭᠠᠯ ᠰᠡᠷᠭᠡᠢᠯᠡᠵᠦ ᠤᠨᠲᠠᠷᠠᠭᠠᠬᠤ ᠪᠡᠯᠡᠳᠬᠡᠮᠵᠢ᠎ᠶᠢᠨ ᠪᠦᠲᠦᠭᠡᠨ ᠪᠠᠢᠭᠤᠯᠤᠯᠲᠠ᠎ᠶᠢ ᠲᠤᠰ ᠱᠠᠲᠤᠨ᠎ᠤ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠲᠥᠯᠥᠪᠵᠢᠭᠦᠯᠭᠡ᠎ᠳᠦ᠎ᠪᠡᠨ ᠣᠷᠣᠭᠤᠯᠵᠤ᠂ ᠣᠯᠠᠨ ᠨᠡᠢᠲᠡ᠎ᠶᠢᠨ ᠭᠠᠯ ᠰᠡᠷᠭᠡᠢᠯᠡᠵᠦ ᠤᠨᠲᠠᠷᠠᠭᠠᠬᠤ ᠪᠡᠯᠡᠳᠬᠡᠮᠵᠢ᠎ᠶᠢᠨ ᠬᠠᠮᠢᠶᠠᠷᠤᠯᠲᠠ᠎ᠶᠢᠨ ᠠᠵᠢᠯ ᠳᠤᠮᠳᠠᠬᠢ ᠴᠢᠬᠤᠯᠠ ᠶᠡᠬᠡ ᠠᠰᠠᠭᠤᠳᠠᠯ᠎ᠤᠳ᠎ᠢ ᠵᠣᠬᠢᠴᠠᠭᠤᠯᠤᠨ ᠱᠢᠢᠳᠪᠦᠷᠢᠯᠡᠬᠦ ᠬᠡᠷᠡᠭᠲᠡᠢ᠃

   ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠣᠨ᠎ᠨᠢ ᠵᠠᠰᠠᠭ᠎ᠤᠨ ᠣᠷᠳᠣᠨ᠎ᠠᠴᠠ ᠲᠥᠯᠥᠪᠵᠢᠭᠦᠯᠵᠦ ᠪᠦᠲᠦᠭᠡᠨ ᠪᠠᠢᠭᠤᠯᠤᠭᠰᠠᠨ ᠣᠯᠠᠨ ᠨᠡᠢᠲᠡ᠎ᠶᠢᠨ ᠭᠠᠯ ᠰᠡᠷᠭᠡᠢᠯᠡᠵᠦ ᠤᠨᠲᠠᠷᠠᠭᠠᠬᠤ ᠪᠡᠯᠡᠳᠬᠡᠮᠵᠢ᠎ᠶᠢᠨ ᠪᠦᠲᠦᠭᠡᠨ ᠪᠠᠢᠭᠤᠯᠬᠤ ᠪᠠ ᠠᠷᠠᠴᠢᠯᠠᠬᠤ ᠵᠠᠷᠤᠳᠠᠯ᠎ᠢ ᠲᠤᠰ ᠱᠠᠲᠤᠨ᠎ᠤ ᠡᠳ᠋᠎ᠦᠨ ᠵᠠᠰᠠᠭ᠎ᠤᠨ ᠲᠥᠰᠦᠪ᠎ᠲᠦ᠎ᠪᠡᠨ ᠣᠷᠣᠭᠤᠯᠵᠤ᠂ ᠲᠣᠭᠲᠠᠮᠠᠯ ᠬᠥᠷᠥᠩᠭᠡ᠎ᠶᠢᠨ ᠪᠡᠯᠡ ᠣᠷᠣᠭᠤᠯᠤᠯᠲᠠ᠎ᠶᠢᠨ ᠬᠡᠪᠴᠢᠶᠡᠨ᠎ᠳᠦ ᠬᠠᠷᠢᠶᠠᠯᠠᠭᠳᠠᠪᠠᠯ᠂ ᠲᠣᠭᠲᠠᠮᠠᠯ ᠬᠥᠷᠥᠩᠭᠡ᠎ᠶᠢᠨ ᠪᠡᠯᠡ ᠣᠷᠣᠭᠤᠯᠤᠯᠲᠠ᠎ᠶᠢᠨ ᠲᠥᠯᠥᠪᠯᠡᠭᠡ᠎ᠳᠦ᠎ᠪᠡᠨ ᠣᠷᠣᠭᠤᠯᠬᠤ ᠬᠡᠷᠡᠭᠲᠡᠢ᠃

   ᠵᠢᠷᠭᠤᠳᠤᠭᠠᠷ ᠵᠦᠢᠯ ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ᠂ ᠡᠳ᠋᠎ᠦᠨ ᠵᠠᠰᠠᠭ᠂ ᠪᠠᠢᠭᠠᠯᠢ᠎ᠶᠢᠨ ᠡᠬᠢ ᠪᠠᠶᠠᠯᠢᠭ᠂ ᠣᠷᠣᠨ ᠰᠠᠭᠤᠴᠠ ᠪᠠ ᠬᠣᠲᠠ ᠬᠥᠳᠡᠭᠡ᠎ᠶᠢᠨ ᠪᠦᠲᠦᠭᠡᠨ ᠪᠠᠢᠭᠤᠯᠤᠯᠲᠠ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ᠎ᠤ ᠵᠠᠰᠠᠭ ᠵᠠᠬᠢᠷᠭᠠᠨ᠂ ᠲᠠᠷᠢᠶᠠᠯᠠᠩ ᠮᠠᠯ ᠠᠵᠤ ᠠᠬᠤᠢ ᠪᠠ ᠬᠥᠳᠡᠭᠡ ᠲᠣᠰᠬᠣᠨ ᠮᠠᠯᠵᠢᠬᠤ ᠣᠷᠣᠨ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠂ ᠴᠢᠮᠡᠭᠡ ᠬᠣᠯᠪᠣᠭᠠᠨ᠎ᠤ ᠬᠠᠮᠢᠶᠠᠷᠤᠯᠲᠠ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ᠎ᠨᠢ ᠲᠤᠰ ᠲᠤᠰ᠎ᠤᠨ᠎ᠢᠶᠠᠨ ᠡᠭᠦᠷᠭᠡ ᠬᠠᠷᠢᠭᠤᠴᠠᠯᠭ᠎ᠠ ᠶᠣᠰᠣᠭᠠᠷ ᠣᠯᠠᠨ ᠨᠡᠢᠲᠡ᠎ᠶᠢᠨ ᠭᠠᠯ ᠰᠡᠷᠭᠡᠢᠯᠡᠵᠦ ᠤᠨᠲᠠᠷᠠᠭᠠᠬᠤ ᠪᠡᠯᠡᠳᠬᠡᠮᠵᠢ᠎ᠶᠢᠨ ᠬᠠᠮᠢᠶᠠᠷᠤᠯᠲᠠ᠎ᠶᠢᠨ ᠬᠠᠮᠢᠶ᠎ᠠ ᠪᠦᠬᠦᠢ ᠠᠵᠢᠯ᠎ᠤᠳ᠎ᠢ ᠰᠠᠢᠲᠤᠷ ᠬᠢᠬᠦ ᠬᠡᠷᠡᠭᠲᠡᠢ᠃

   ᠳᠣᠯᠣᠳᠤᠭᠠᠷ ᠵᠦᠢᠯ ᠤᠰᠤ ᠬᠠᠩᠭᠠᠬᠤ᠂ ᠴᠠᠬᠢᠯᠭᠠᠨ ᠬᠠᠩᠭᠠᠬᠤ᠂ ᠴᠢᠮᠡᠭᠡ ᠬᠣᠯᠪᠣᠭ᠎ᠠ ᠵᠡᠷᠭᠡ ᠨᠡᠢᠲᠡ᠎ᠶᠢᠨ ᠬᠡᠷᠡᠭᠯᠡᠭᠡᠨ᠎ᠦ ᠠᠵᠤ ᠠᠬᠤᠢᠯᠠᠯ᠎ᠨᠢ ᠲᠤᠬᠠᠢᠯᠠᠭᠰᠠᠨ ᠠᠵᠢᠯ᠎ᠤᠨ ᠬᠡᠪᠴᠢᠶᠡᠨ᠎ᠳᠦ᠎ᠪᠡᠨ ᠣᠯᠠᠨ ᠨᠡᠢᠲᠡ᠎ᠶᠢᠨ ᠭᠠᠯ ᠰᠡᠷᠭᠡᠢᠯᠡᠵᠦ ᠤᠨᠲᠠᠷᠠᠭᠠᠬᠤ ᠪᠡᠯᠡᠳᠬᠡᠮᠵᠢ᠎ᠶᠢᠨ ᠪᠦᠲᠦᠭᠡᠨ ᠪᠠᠢᠭᠤᠯᠬᠤ ᠪᠠ ᠠᠷᠠᠴᠢᠯᠠᠬᠤ ᠠᠵᠢᠯ᠎ᠢ ᠰᠠᠢᠲᠤᠷ ᠬᠢᠵᠦ᠂ ᠲᠡᠭᠦᠨ᠎ᠦ ᠪᠦᠷᠢᠨ ᠪᠦᠲᠦᠨ ᠪᠥᠭᠡᠳ ᠦᠢᠯᠡᠳᠦᠯ᠎ᠲᠡᠢ ᠪᠠᠢᠬᠤ᠎ᠶᠢ ᠦᠨᠡᠨ᠎ᠬᠦ ᠪᠠᠲᠤᠯᠠᠬᠤ ᠬᠡᠷᠡᠭᠲᠡᠢ᠃

   ᠨᠠᠢ᠍ᠮᠠᠳᠤᠭᠠᠷ ᠵᠦᠢᠯ ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠣᠨ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠳ ᠣᠯᠠᠨ ᠨᠡᠢᠲᠡ᠎ᠶᠢᠨ ᠭᠠᠯ ᠰᠡᠷᠭᠡᠢᠯᠡᠵᠦ ᠤᠨᠲᠠᠷᠠᠭᠠᠬᠤ ᠪᠡᠯᠡᠳᠬᠡᠮᠵᠢ᠎ᠶᠢ ᠬᠣᠲᠠ᠎ᠶᠢᠨ ᠲᠣᠭ᠋ᠠᠵᠢᠭᠤᠯᠤᠭᠰᠠᠨ ᠬᠠᠮᠢᠶᠠᠷᠤᠯᠲᠠ᠎ᠳᠤ ᠣᠷᠣᠭᠤᠯᠵᠤ᠂ ᠮᠡᠳᠡᠭᠡ ᠵᠠᠩᠭᠢ᠎ᠶᠢ ᠬᠠᠮᠲᠤ᠎ᠳᠤ᠎ᠪᠠᠨ ᠬᠦᠷᠲᠡᠬᠦ ᠲᠣᠭᠲᠠᠴᠠ᠎ᠶᠢ ᠪᠠᠢᠭᠤᠯᠬᠤ ᠬᠡᠷᠡᠭᠲᠡᠢ᠃ ᠣᠯᠠᠨ ᠨᠡᠢᠲᠡ᠎ᠶᠢᠨ ᠭᠠᠯ ᠰᠡᠷᠭᠡᠢᠯᠡᠵᠦ ᠤᠨᠲᠠᠷᠠᠭᠠᠬᠤ ᠪᠡᠯᠡᠳᠬᠡᠮᠵᠢ᠎ᠶᠢᠨ ᠱᠢᠨᠵᠢᠯᠡᠬᠦ ᠤᠬᠠᠭᠠᠨ᠎ᠤ ᠰᠤᠳᠤᠯᠤᠯ ᠪᠠ ᠱᠢᠨᠵᠢᠯᠡᠬᠦ ᠤᠬᠠᠭᠠᠨ ᠲᠧᠬᠨᠢᠭ ᠮᠡᠷᠭᠡᠵᠢᠯ᠎ᠦᠨ ᠱᠢᠨ᠎ᠡ ᠡᠭᠦᠳᠦᠯᠲᠡ᠎ᠶᠢ ᠵᠣᠷᠢᠭᠵᠢᠭᠤᠯᠤᠨ ᠳᠡᠮᠵᠢᠵᠦ᠂ ᠲᠡᠷᠢᠭᠦᠨ᠎ᠦ ᠮᠡᠷᠭᠡᠵᠢᠯ ᠪᠠ ᠦᠢᠯᠡᠳᠬᠦᠨ᠎ᠢ ᠳᠡᠯᠭᠡᠷᠡᠭᠦᠯᠦᠨ ᠬᠡᠷᠡᠭᠯᠡᠵᠦ᠂ ᠣᠯᠠᠨ ᠨᠡᠢᠲᠡ᠎ᠶᠢᠨ ᠭᠠᠯ ᠰᠡᠷᠭᠡᠢᠯᠡᠵᠦ ᠤᠨᠲᠠᠷᠠᠭᠠᠬᠤ ᠪᠡᠯᠡᠳᠬᠡᠮᠵᠢ᠎ᠶᠢᠨ ᠬᠠᠮᠢᠶᠠᠷᠤᠯᠲᠠ᠎ᠶᠢᠨ ᠠᠵᠢᠯ᠎ᠤᠨ ᠤᠶᠤᠨᠴᠢᠯᠠᠭᠰᠠᠨ ᠲᠦᠪᠱᠢᠨ᠎ᠢ ᠳᠡᠭᠡᠭᠱᠢᠯᠡᠭᠦᠯᠬᠦ ᠬᠡᠷᠡᠭᠲᠡᠢ᠃

   ᠶᠢᠰᠦᠳᠦᠭᠡᠷ ᠵᠦᠢᠯ ᠣᠯᠠᠨ ᠨᠡᠢᠲᠡ᠎ᠶᠢᠨ ᠭᠠᠯ ᠰᠡᠷᠭᠡᠢᠯᠡᠵᠦ ᠤᠨᠲᠠᠷᠠᠭᠠᠬᠤ ᠪᠡᠯᠡᠳᠬᠡᠮᠵᠢ᠎ᠶᠢᠨ ᠪᠦᠲᠦᠭᠡᠨ ᠪᠠᠢᠭᠤᠯᠤᠯᠲᠠ᠎ᠶᠢ ᠤᠯᠤᠰ᠎ᠤᠨ ᠨᠤᠲᠤᠭ ᠳᠡᠪᠢᠰᠬᠡᠷ᠎ᠦᠨ ᠣᠷᠣᠨ ᠵᠠᠢ᠎ᠶᠢᠨ ᠲᠥᠯᠥᠪᠵᠢᠭᠦᠯᠭᠡ᠎ᠳᠦ ᠣᠷᠣᠭᠤᠯᠵᠤ᠂ ᠬᠣᠲᠠ ᠬᠥᠳᠡᠭᠡ᠎ᠶᠢᠨ ᠰᠠᠭᠤᠷᠢ ᠪᠡᠯᠡᠳᠬᠡᠮᠵᠢ᠎ᠶᠢᠨ ᠪᠦᠲᠦᠭᠡᠨ ᠪᠠᠢᠭᠤᠯᠤᠯᠲᠠ᠎ᠯᠤᠭ᠎ᠠ ᠵᠡᠷᠭᠡ᠎ᠪᠡᠷ ᠬᠥᠭᠵᠢᠭᠦᠯᠦᠨ᠂ ᠤᠯᠤᠰ᠎ᠤᠨ ᠪᠠᠷᠢᠮᠵᠢᠶ᠎ᠠ᠎ᠳᠤ ᠨᠡᠢᠴᠡᠭᠦᠯᠬᠦ᠎ᠶᠢ ᠦᠨᠡᠨ᠎ᠬᠦ ᠪᠠᠲᠤᠯᠠᠬᠤ ᠬᠡᠷᠡᠭᠲᠡᠢ᠃

   ᠬᠣᠲᠠ᠎ᠶᠢᠨ ᠶᠠᠪᠤᠳᠠᠯ᠎ᠤᠨ ᠭᠠᠯ ᠤᠨᠲᠠᠷᠠᠭᠠᠭᠤᠯ᠂ ᠭᠠᠯ ᠰᠡᠷᠭᠡᠢᠯᠡᠵᠦ ᠤᠨᠲᠠᠷᠠᠭᠠᠬᠤ ᠤᠰᠤᠨ ᠳᠡᠭᠡᠯᠡᠢ᠎ᠶᠢ ᠬᠣᠲᠠ᠎ᠶᠢᠨ ᠶᠠᠪᠤᠳᠠᠯ᠎ᠤᠨ ᠤᠰᠤ ᠬᠠᠩᠭᠠᠬᠤ ᠬᠣᠭᠣᠯᠠᠢ ᠲᠣᠣᠷ᠎ᠯᠤᠭ᠎ᠠ ᠵᠡᠷᠭᠡ᠎ᠪᠡᠷ ᠲᠥᠯᠥᠪᠵᠢᠭᠦᠯᠵᠦ᠂ ᠵᠡᠷᠭᠡ᠎ᠪᠡᠷ ᠵᠢᠷᠤᠭᠯᠠᠵᠤ᠂ ᠵᠡᠷᠭᠡ᠎ᠪᠡᠷ ᠪᠠᠢᠭᠤᠯᠵᠤ᠂ ᠵᠡᠷᠭᠡ᠎ᠪᠡᠷ ᠬᠡᠷᠡᠭᠯᠡᠬᠦ ᠬᠡᠷᠡᠭᠲᠡᠢ᠃

   ᠠᠷᠪᠠᠳᠤᠭᠠᠷ ᠵᠦᠢᠯ ᠣᠯᠠᠨ ᠨᠡᠢᠲᠡ᠎ᠶᠢᠨ ᠭᠠᠯ ᠰᠡᠷᠭᠡᠢᠯᠡᠵᠦ ᠤᠨᠲᠠᠷᠠᠭᠠᠬᠤ ᠪᠡᠯᠡᠳᠬᠡᠮᠵᠢ ᠬᠦᠷᠦᠯᠴᠡᠬᠦ ᠦᠭᠡᠢ ᠪᠤᠶᠤ ᠪᠣᠳᠠᠲᠤ ᠬᠡᠷᠡᠭᠴᠡᠭᠡ᠎ᠳᠦ ᠲᠣᠬᠢᠷᠠᠬᠤ ᠦᠭᠡᠢ ᠪᠣᠯ ᠨᠡᠮᠡᠵᠦ ᠪᠠᠢᠭᠤᠯᠬᠤ᠂ ᠥᠭᠡᠷᠡᠴᠢᠯᠡᠵᠦ ᠪᠠᠢᠭᠤᠯᠬᠤ᠂ ᠲᠥᠬᠦᠷᠵᠢᠭᠦᠯᠬᠦ ᠪᠤᠶᠤ ᠬᠠᠷᠠᠭᠠᠯᠵᠠᠭᠰᠠᠨ ᠮᠡᠷᠭᠡᠵᠢᠯ᠎ᠦᠨ ᠥᠭᠡᠷᠡᠴᠢᠯᠡᠯᠲᠡ ᠬᠢᠬᠦ ᠬᠡᠷᠡᠭᠲᠡᠢ᠃

   ᠠᠷᠪᠠᠨ ᠨᠢᠭᠡᠳᠦᠭᠡᠷ ᠵᠦᠢᠯ ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠣᠨ᠎ᠨᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠭᠠᠯ ᠰᠡᠷᠭᠡᠢᠯᠡᠵᠦ ᠤᠨᠲᠠᠷᠠᠭᠠᠬᠤ ᠥᠷᠲᠡᠭᠡ ᠪᠠᠢᠭᠤᠯᠤᠨ᠂ ᠤᠯᠤᠰ᠎ᠤᠨ ᠪᠠᠷᠢᠮᠵᠢᠶ᠎ᠠ᠎ᠳᠤ ᠨᠡᠢᠴᠡᠭᠰᠡᠨ ᠭᠠᠯ ᠰᠡᠷᠭᠡᠢᠯᠡᠵᠦ ᠤᠨᠲᠠᠷᠠᠭᠠᠬᠤ ᠲᠣᠨᠣᠭ ᠲᠥᠬᠥᠭᠡᠷᠦᠮᠵᠢ ᠪᠠ ᠪᠣᠯᠪᠠᠰᠤᠷᠠᠯ᠎ᠤᠨ ᠪᠡᠯᠡᠳᠬᠡᠮᠵᠢ ᠲᠣᠬᠢᠷᠠᠭᠤᠯᠬᠤ ᠬᠡᠷᠡᠭᠲᠡᠢ᠃

   ᠠᠷᠪᠠᠨ ᠬᠣᠶᠠᠳᠤᠭᠠᠷ ᠵᠦᠢᠯ ᠬᠣᠲᠠ ᠪᠠ ᠠᠵᠤ ᠦᠢᠯᠡᠰ ᠲᠥᠪᠯᠡᠷᠡᠭᠰᠡᠨ ᠲᠣᠭᠣᠷᠢᠭ᠎ᠨᠢ ᠪᠠᠷᠢᠮᠵᠢᠶ᠎ᠠ ᠶᠣᠰᠣᠭᠠᠷ ᠬᠣᠲᠠ᠎ᠶᠢᠨ ᠶᠠᠪᠤᠳᠠᠯ᠎ᠤᠨ ᠭᠠᠯ ᠤᠨᠲᠠᠷᠠᠭᠠᠭᠤᠯ ᠲᠣᠬᠢᠷᠠᠭᠤᠯᠬᠤ ᠬᠡᠷᠡᠭᠲᠡᠢ᠃

   ᠲᠠᠷᠢᠶᠠᠯᠠᠬᠤ ᠮᠠᠯᠵᠢᠬᠤ ᠣᠷᠣᠨ᠎ᠳᠤ ᠦᠢᠯᠡᠳᠪᠦᠷᠢᠯᠡᠯ ᠠᠮᠢᠳᠤᠷᠠᠯ᠎ᠤᠨ ᠤᠰᠤ ᠬᠠᠩᠭᠠᠬᠤ ᠬᠣᠭᠣᠯᠠᠢ ᠲᠣᠣᠷ ᠲᠣᠬᠢᠷᠠᠭᠤᠯᠤᠭᠰᠠᠨ ᠪᠣᠯ ᠭᠡᠷ᠎ᠦᠨ ᠭᠠᠳᠠᠨᠠᠬᠢ ᠣᠯᠠᠨ ᠨᠡᠢᠲᠡ᠎ᠶᠢᠨ ᠭᠠᠯ ᠤᠨᠲᠠᠷᠠᠭᠠᠭᠤᠯ ᠪᠤᠶᠤ ᠭᠠᠯ ᠰᠡᠷᠭᠡᠢᠯᠡᠵᠦ ᠤᠨᠲᠠᠷᠠᠭᠠᠬᠤ ᠤᠰᠤᠨ ᠳᠡᠭᠡᠯᠡᠢ ᠲᠣᠬᠢᠷᠠᠭᠤᠯᠬᠤ ᠬᠡᠷᠡᠭᠲᠡᠢ; ᠦᠢᠯᠡᠳᠪᠦᠷᠢᠯᠡᠯ ᠠᠮᠢᠳᠤᠷᠠᠯ᠎ᠤᠨ ᠤᠰᠤ ᠬᠠᠩᠭᠠᠬᠤ ᠬᠣᠭᠣᠯᠠᠢ ᠲᠣᠣᠷ ᠲᠣᠬᠢᠷᠠᠭᠤᠯᠤᠭᠰᠠᠨ ᠦᠭᠡᠢ ᠪᠣᠯ ᠣᠯᠠᠨ ᠨᠡᠢᠲᠡ᠎ᠶᠢᠨ ᠭᠠᠯ ᠰᠡᠷᠭᠡᠢᠯᠡᠵᠦ ᠤᠨᠲᠠᠷᠠᠭᠠᠬᠤ ᠤᠰᠤᠨ ᠲᠠᠲᠠᠭᠠᠯ ᠪᠠᠢᠭᠤᠯᠬᠤ᠂ ᠮᠠᠱᠢᠨ ᠬᠤᠳᠳᠤᠭ᠎ᠢ ᠥᠭᠡᠷᠡᠴᠢᠯᠡᠬᠦ ᠪᠤᠶᠤ ᠪᠠᠢᠭᠠᠯᠢ᠎ᠶᠢᠨ ᠤᠰᠤᠨ ᠰᠤᠷᠪᠤᠯᠵᠢ᠎ᠶᠢ ᠠᠱᠢᠭᠯᠠᠬᠤ ᠵᠡᠷᠭᠡ ᠠᠷᠭ᠎ᠠ ᠮᠠᠶᠢᠭ᠎ᠢᠶᠠᠷ᠂ ᠭᠠᠯ ᠰᠡᠷᠭᠡᠢᠯᠡᠵᠦ ᠤᠨᠲᠠᠷᠠᠭᠠᠬᠤ᠎ᠳᠤ ᠤᠰᠤ ᠬᠡᠷᠡᠭᠯᠡᠬᠦ᠎ᠶᠢ ᠦᠨᠡᠨ᠎ᠬᠦ ᠪᠠᠲᠤᠯᠠᠬᠤ ᠬᠡᠷᠡᠭᠲᠡᠢ᠃

   ᠠᠷᠪᠠᠨ ᠭᠤᠷᠪᠠᠳᠤᠭᠠᠷ ᠵᠦᠢᠯ ᠤᠰᠤ ᠬᠠᠩᠭᠠᠬᠤ ᠬᠣᠭᠣᠯᠠᠢ ᠲᠣᠣᠷ᠎ᠢ ᠪᠦᠲᠦᠭᠡᠨ ᠪᠠᠢᠭᠤᠯᠬᠤ᠂ ᠥᠭᠡᠷᠡᠴᠢᠯᠡᠨ ᠱᠢᠨᠡᠳᠬᠡᠬᠦ᠎ᠳᠦ᠎ᠪᠡᠨ᠂ ᠪᠦᠲᠦᠭᠡᠨ ᠪᠠᠢᠭᠤᠯᠬᠤ ᠨᠢᠭᠡᠴᠢ᠎ᠨᠢ ᠤᠯᠤᠰ᠎ᠤᠨ ᠬᠣᠯᠪᠣᠭᠳᠠᠯ ᠪᠦᠬᠦᠢ ᠪᠠᠷᠢᠮᠵᠢᠶ᠎ᠠ ᠱᠠᠭᠠᠷᠳᠠᠯᠭ᠎ᠠ ᠶᠣᠰᠣᠭᠠᠷ᠂ ᠬᠣᠲᠠ᠎ᠶᠢᠨ ᠶᠠᠪᠤᠳᠠᠯ᠎ᠤᠨ ᠭᠠᠯ ᠤᠨᠲᠠᠷᠠᠭᠠᠭᠤᠯ᠂ ᠭᠠᠯ ᠰᠡᠷᠭᠡᠢᠯᠡᠵᠦ ᠤᠨᠲᠠᠷᠠᠭᠠᠬᠤ ᠤᠰᠤᠨ ᠳᠡᠭᠡᠯᠡᠢ ᠵᠡᠷᠭᠡ ᠭᠠᠯ ᠰᠡᠷᠭᠡᠢᠯᠡᠵᠦ ᠤᠨᠲᠠᠷᠠᠭᠠᠬᠤ᠎ᠳᠤ ᠤᠰᠤ ᠬᠠᠩᠭᠠᠬᠤ ᠪᠡᠯᠡᠳᠬᠡᠮᠵᠢ᠎ᠶᠢ ᠨᠢᠭᠡᠳᠦᠯᠲᠡᠢ ᠪᠠᠢᠭᠤᠯᠬᠤ ᠬᠡᠷᠡᠭᠲᠡᠢ᠃ ᠤᠰᠤ ᠬᠠᠩᠭᠠᠬᠤ ᠬᠣᠭᠣᠯᠠᠢ ᠲᠣᠣᠷ᠎ᠨᠢ ᠭᠠᠯ ᠰᠡᠷᠭᠡᠢᠯᠡᠵᠦ ᠤᠨᠲᠠᠷᠠᠭᠠᠬᠤ᠎ᠶᠢᠨ ᠤᠰᠤ ᠬᠡᠷᠡᠭᠯᠡᠬᠦ ᠱᠠᠭᠠᠷᠳᠠᠯᠭ᠎ᠠ᠎ᠶᠢ ᠬᠠᠩᠭᠠᠵᠤ ᠳᠡᠢᠯᠬᠦ ᠦᠭᠡᠢ ᠪᠣᠯ᠂ ᠭᠠᠯ ᠰᠡᠷᠭᠡᠢᠯᠡᠵᠦ ᠤᠨᠲᠠᠷᠠᠭᠠᠬᠤ ᠤᠰᠤᠨ ᠲᠠᠲᠠᠭᠠᠯ ᠵᠡᠷᠭᠡ ᠤᠰᠤ ᠬᠠᠳᠠᠭᠠᠯᠠᠬᠤ ᠪᠡᠯᠡᠳᠬᠡᠮᠵᠢ᠎ᠶᠢ ᠥᠭᠡᠷᠡᠴᠢᠯᠡᠨ ᠱᠢᠨᠡᠳᠬᠡᠬᠦ ᠪᠤᠶᠤ ᠪᠠᠢᠭᠤᠯᠬᠤ ᠬᠡᠷᠡᠭᠲᠡᠢ᠃

   ᠠᠷᠪᠠᠨ ᠳᠥᠷᠪᠡᠳᠦᠭᠡᠷ ᠵᠦᠢᠯ ᠬᠣᠲᠠ᠎ᠶᠢᠨ ᠵᠠᠮ᠎ᠤᠨ ᠥᠷᠭᠡᠨ᠎ᠦ ᠬᠡᠮᠵᠢᠶ᠎ᠡ᠂ ᠮᠤᠷᠤᠢᠬᠤ ᠭᠠᠵᠠᠷ᠎ᠤᠨ ᠷᠠᠳᠢᠦ᠋ᠰ᠂ ᠴᠡᠪᠡᠷ ᠠᠭᠠᠷ ᠦ᠋᠊ᠨ ᠥᠨᠳᠥᠷ᠎ᠦᠨ ᠬᠡᠮᠵᠢᠶ᠎ᠡ᠂ ᠳᠠᠭᠠᠭᠠᠴᠠ ᠪᠠ ᠲᠡᠷᠭᠡ ᠪᠤᠴᠠᠬᠤ ᠲᠠᠯᠠᠪᠠᠶ ᠵᠡᠷᠭᠡ᠎ᠨᠢ ᠤᠯᠤᠰ᠎ᠤᠨ ᠬᠣᠯᠪᠣᠭᠳᠠᠯ ᠪᠦᠬᠦᠢ ᠪᠠᠷᠢᠮᠵᠢᠶ᠎ᠠ᠎ᠳᠤ ᠨᠡᠢᠴᠡᠵᠦ᠂ ᠭᠠᠯ ᠤᠨᠲᠠᠷᠠᠭᠠᠬᠤ ᠲᠡᠷᠭᠡ ᠨᠡᠪᠲᠡᠷᠡᠬᠦ᠎ᠶᠢ ᠪᠠᠲᠤᠯᠠᠬᠤ ᠬᠡᠷᠡᠭᠲᠡᠢ᠃ ᠵᠠᠮ᠎ᠤᠨ ᠬᠡᠷᠡᠰᠬᠡ ᠵᠡᠷᠭᠡ ᠬᠠᠷᠱᠢ ᠲᠣᠬᠢᠷᠠᠭᠤᠯᠤᠭᠰᠠᠨ ᠵᠠᠮ᠎ᠳᠤ ᠭᠠᠯ ᠤᠨᠲᠠᠷᠠᠭᠠᠬᠤ ᠲᠡᠷᠭᠡ ᠨᠡᠪᠲᠡᠷᠡᠬᠦ ᠵᠠᠮ᠎ᠢ ᠤᠷᠢᠳᠴᠢᠯᠠᠨ ᠦᠯᠡᠳᠡᠭᠡᠬᠦ ᠬᠡᠷᠡᠭᠲᠡᠢ᠃

   ᠣᠨᠴᠠᠭᠠᠢ ᠬᠡᠷᠡᠭᠴᠡᠭᠡ᠎ᠡᠴᠡ ᠪᠣᠯᠵᠤ ᠥᠨᠳᠥᠷ᠎ᠦᠨ ᠬᠡᠮᠵᠢᠶ᠎ᠡ᠎ᠶᠢ ᠬᠢᠵᠠᠭᠠᠷᠯᠠᠬᠤ᠂ ᠥᠷᠭᠡᠨ᠎ᠦ ᠬᠡᠮᠵᠢᠶ᠎ᠡ᠎ᠶᠢ ᠬᠢᠵᠠᠭᠠᠷᠯᠠᠬᠤ ᠵᠡᠷᠭᠡ ᠭᠠᠯ ᠤᠨᠲᠠᠷᠠᠭᠠᠬᠤ ᠲᠡᠷᠭᠡ᠎ᠶᠢᠨ ᠨᠡᠪᠲᠡᠷᠡᠬᠦ᠎ᠶᠢ ᠨᠥᠯᠥᠭᠡᠯᠡᠵᠦ ᠮᠡᠳᠡᠬᠦ ᠵᠠᠮ᠎ᠤᠨ ᠬᠡᠰᠡᠭ᠎ᠲᠦ᠂ ᠵᠠᠮ᠎ᠢ ᠪᠦᠲᠦᠭᠡᠨ ᠪᠠᠢᠭᠤᠯᠬᠤ ᠪᠠ ᠠᠷᠠᠴᠢᠯᠠᠵᠤ ᠬᠠᠮᠢᠶᠠᠷᠬᠤ ᠨᠢᠭᠡᠴᠢ᠎ᠨᠢ ᠪᠦᠲᠦᠮᠵᠢᠲᠡᠢ ᠠᠷᠭ᠎ᠠ ᠬᠡᠮᠵᠢᠶ᠎ᠡ ᠠᠪᠴᠤ᠂ ᠭᠠᠯ ᠤᠨᠲᠠᠷᠠᠭᠠᠬᠤ ᠲᠡᠷᠭᠡ᠎ᠶᠢᠨ ᠲᠦᠷᠭᠡᠨ ᠨᠡᠪᠲᠡᠷᠡᠬᠦ᠎ᠶᠢ ᠪᠠᠲᠤᠯᠠᠬᠤ ᠬᠡᠷᠡᠭᠲᠡᠢ᠃

   ᠠᠷᠪᠠᠨ ᠲᠠᠪᠤᠳᠤᠭᠠᠷ ᠵᠦᠢᠯ ᠬᠤᠳᠠᠯᠳᠤᠭᠠᠨ᠎ᠤ ᠶᠠᠪᠠᠭᠠᠨ ᠵᠡᠭᠡᠯᠢ᠂ ᠭᠡᠷ᠎ᠦᠨ ᠭᠠᠳᠠᠨᠠᠬᠢ ᠴᠤᠭᠯᠠᠭ᠎ᠠ ᠮᠠᠢᠮᠠᠢ᠎ᠶᠢᠨ ᠵᠠᠬ᠎ᠠ ᠵᠡᠷᠭᠡ ᠣᠯᠠᠨ ᠨᠡᠢᠲᠡ᠎ᠶᠢᠨ ᠲᠠᠯᠠᠪᠤᠷ ᠪᠠ ᠣᠷᠣᠨ ᠰᠠᠭᠤᠴᠠ᠎ᠶᠢᠨ ᠲᠣᠭᠣᠷᠢᠭ᠎ᠨᠢ ᠤᠯᠤᠰ᠎ᠤᠨ ᠬᠣᠯᠪᠣᠭᠳᠠᠯ ᠪᠦᠬᠦᠢ ᠪᠠᠷᠢᠮᠵᠢᠶ᠎ᠠ ᠶᠣᠰᠣᠭᠠᠷ ᠭᠠᠯ ᠤᠨᠲᠠᠷᠠᠭᠠᠬᠤ ᠲᠡᠷᠭᠡ ᠨᠡᠪᠲᠡᠷᠡᠬᠦ ᠵᠠᠮ ᠪᠠᠢᠭᠤᠯᠬᠤ᠎ᠶᠢᠨ ᠬᠠᠮᠲᠤ ᠰᠠᠭᠠᠳ ᠦᠭᠡᠢ ᠨᠡᠪᠲᠡᠷᠡᠬᠦ᠎ᠶᠢ ᠪᠠᠲᠤᠯᠠᠬᠤ ᠬᠡᠷᠡᠭᠲᠡᠢ᠃

   ᠠᠷᠪᠠᠨ ᠵᠢᠷᠭᠤᠳᠤᠭᠠᠷ ᠵᠦᠢᠯ ᠭᠠᠯ ᠰᠡᠷᠭᠡᠢᠯᠡᠵᠦ ᠤᠨᠲᠠᠷᠠᠭᠠᠬᠤ ᠴᠢᠮᠡᠭᠡ ᠬᠣᠯᠪᠣᠭᠠᠨ᠎ᠤ ᠪᠡᠯᠡᠳᠬᠡᠮᠵᠢ᠎ᠶᠢᠨ ᠪᠦᠲᠦᠭᠡᠨ ᠪᠠᠢᠭᠤᠯᠤᠯᠲᠠ᠎ᠨᠢ ᠤᠯᠤᠰ᠎ᠤᠨ ᠬᠣᠯᠪᠣᠭᠳᠠᠯ ᠪᠦᠬᠦᠢ ᠪᠠᠷᠢᠮᠵᠢᠶ᠎ᠠ᠎ᠳᠤ ᠨᠡᠢᠴᠡᠭᠰᠡᠨ ᠪᠠᠢᠬᠤ ᠬᠡᠷᠡᠭᠲᠡᠢ᠃

   ᠭᠠᠯ ᠰᠡᠷᠭᠡᠢᠯᠡᠵᠦ ᠤᠨᠲᠠᠷᠠᠭᠠᠬᠤ ᠠᠵᠢᠯ᠎ᠤᠨ ᠵᠢᠯᠣᠭᠣᠳᠬᠤ ᠲᠥᠪ᠎ᠨᠢ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ᠂ ᠠᠮᠢ ᠠᠬᠤᠢ ᠣᠷᠴᠢᠨ ᠲᠣᠭᠣᠷᠢᠨ᠂ ᠵᠠᠮ ᠬᠠᠷᠢᠯᠴᠠᠭ᠎ᠠ ᠲᠡᠭᠡᠭᠡᠪᠦᠷᠢ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ᠂ ᠣᠢ ᠱᠢᠭᠤᠢ ᠪᠠ ᠨᠤᠲᠤᠭ ᠪᠡᠯᠴᠢᠭᠡᠷ᠂ ᠴᠠᠭ ᠠᠭᠤᠷ᠂ ᠲᠡᠮᠦᠷ ᠵᠠᠮ᠂ ᠠᠷᠠᠳ᠎ᠤᠨ ᠠᠭᠠᠷ ᠠᠶᠠᠯᠠᠯ᠂ ᠤᠰᠤ ᠬᠠᠩᠭᠠᠬᠤ᠂ ᠴᠠᠬᠢᠯᠭᠠᠨ ᠬᠠᠩᠭᠠᠬᠤ᠂ ᠬᠡᠢ ᠬᠠᠩᠭᠠᠬᠤ᠂ ᠡᠮᠴᠢᠯᠡᠭᠡᠨ᠎ᠦ ᠲᠦᠷᠭᠡᠨ ᠠᠪᠤᠷᠠᠯᠲᠠ ᠬᠢᠬᠦ ᠵᠡᠷᠭᠡ ᠰᠠᠯᠠᠭ᠎ᠠ ᠮᠥᠴᠢᠷ ᠪᠠ ᠨᠢᠭᠡᠴᠢ᠎ᠯᠦᠭᠡ ᠪᠠᠴᠢᠮ ᠪᠠᠢᠳᠠᠯ᠎ᠢ ᠠᠷᠭᠠᠴᠠᠭᠠᠵᠤ ᠠᠪᠤᠷᠠᠨ ᠲᠤᠰᠠᠯᠠᠬᠤ ᠲᠣᠬᠢᠷᠠᠭᠤᠯᠤᠯᠲᠠ᠎ᠶᠢᠨ ᠴᠢᠮᠡᠭᠡ ᠬᠣᠯᠪᠣᠭᠠᠨ᠎ᠤ ᠲᠤᠰᠭᠠᠢ ᠱᠤᠭᠤᠮ ᠭᠠᠷᠭᠠᠬᠤ ᠬᠡᠷᠡᠭᠲᠡᠢ᠂ ᠬᠣᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ ᠬᠠᠮᠵᠢᠯᠴᠠᠬᠤ ᠬᠡᠷᠡᠭᠲᠡᠢ᠃

   ᠠᠷᠪᠠᠨ ᠳᠣᠯᠣᠳᠤᠭᠠᠷ ᠵᠦᠢᠯ ᠴᠢᠮᠡᠭᠡ ᠬᠣᠯᠪᠣᠭᠠᠨ᠎ᠤ ᠠᠵᠢᠯᠯᠠᠬᠤ ᠨᠢᠭᠡᠴᠢ᠎ᠨᠢ ᠭᠠᠯ ᠰᠡᠷᠭᠡᠢᠯᠡᠵᠦ ᠤᠨᠲᠠᠷᠠᠭᠠᠬᠤ ᠴᠢᠮᠡᠭᠡ ᠬᠣᠯᠪᠣᠭᠠᠨ᠎ᠤ ᠲᠤᠰᠭᠠᠢ ᠬᠡᠷᠡᠭᠯᠡᠬᠦ ᠱᠤᠭᠤᠮ᠎ᠢ ᠪᠦᠲᠦᠭᠡᠨ ᠪᠠᠢᠭᠤᠯᠬᠤ ᠪᠠ ᠠᠷᠠᠴᠢᠯᠠᠵᠤ ᠬᠠᠮᠠᠭᠠᠯᠠᠬᠤ᠎ᠶᠢ ᠬᠠᠷᠢᠭᠤᠴᠠᠵᠤ᠂ ᠭᠠᠯ ᠰᠡᠷᠭᠡᠢᠯᠡᠵᠦ ᠤᠨᠲᠠᠷᠠᠭᠠᠬᠤ ᠴᠢᠮᠡᠭᠡ ᠬᠣᠯᠪᠣᠭᠠᠨ᠎ᠤ ᠰᠠᠭᠠᠳ ᠦᠭᠡᠢ ᠨᠡᠪᠲᠡᠷᠡᠬᠦ᠎ᠶᠢ ᠦᠨᠡᠨ᠎ᠬᠦ ᠪᠠᠲᠤᠯᠠᠵᠤ᠂ ᠭᠠᠯ ᠰᠡᠷᠭᠡᠢᠯᠡᠵᠦ ᠤᠨᠲᠠᠷᠠᠭᠠᠵᠤ ᠠᠪᠤᠷᠠᠨ ᠲᠤᠰᠠᠯᠠᠬᠤ ᠪᠠᠢᠭᠤᠯᠤᠮᠵᠢ᠎ᠳᠤ ᠬᠠᠮᠢᠶ᠎ᠠ ᠪᠦᠬᠦᠢ ᠮᠡᠷᠭᠡᠵᠢᠯ᠎ᠦᠨ ᠦᠢᠯᠡᠴᠢᠯᠡᠭᠡ ᠬᠠᠩᠭᠠᠬᠤ ᠬᠡᠷᠡᠭᠲᠡᠢ᠃

   ᠷᠠᠳᠢᠣ᠋᠎ᠶᠢᠨ ᠬᠠᠮᠢᠶᠠᠷᠤᠯᠲᠠ᠎ᠶᠢᠨ ᠪᠠᠢᠭᠤᠯᠤᠮᠵᠢ᠎ᠨᠢ ᠭᠠᠯ ᠰᠡᠷᠭᠡᠢᠯᠡᠵᠦ ᠤᠨᠲᠠᠷᠠᠭᠠᠵᠤ ᠠᠪᠤᠷᠠᠨ ᠲᠤᠰᠠᠯᠠᠬᠤ ᠪᠠᠢᠭᠤᠯᠤᠮᠵᠢ᠎ᠶᠢᠨ ᠬᠡᠷᠡᠭᠯᠡᠬᠦ ᠳᠠᠪᠲᠠᠮᠵᠢ᠎ᠶᠢᠨ ᠬᠡᠷᠡᠭᠴᠡᠭᠡ᠎ᠶᠢ ᠪᠠᠲᠤᠯᠠᠵᠤ᠂ ᠭᠠᠯ ᠰᠡᠷᠭᠡᠢᠯᠡᠵᠦ ᠤᠨᠲᠠᠷᠠᠭᠠᠬᠤ ᠷᠠᠳᠢᠣ᠋ ᠬᠣᠯᠪᠣᠭᠠᠨ᠎ᠤ ᠳᠠᠪᠲᠠᠮᠵᠢ᠎ᠶᠢ ᠬᠢᠨᠠᠨ ᠱᠢᠨᠵᠢᠵᠦ ᠬᠠᠮᠠᠭᠠᠯᠠᠬᠤ᠎ᠪᠠᠨ ᠴᠢᠩᠭᠠᠳᠭᠠᠨ᠂ ᠭᠠᠯ ᠰᠡᠷᠭᠡᠢᠯᠡᠵᠦ ᠤᠨᠲᠠᠷᠠᠭᠠᠬᠤ ᠳᠠᠪᠲᠠᠮᠵᠢ᠎ᠶᠢᠨ ᠬᠤᠳᠬᠤᠷᠠᠯ᠎ᠢ ᠵᠣᠬᠢᠴᠠᠭᠤᠯᠤᠨ ᠱᠢᠢᠳᠪᠦᠷᠢᠯᠡᠬᠦ ᠬᠡᠷᠡᠭᠲᠡᠢ᠃

   ᠠᠷᠪᠠᠨ ᠨᠠᠢ᠍ᠮᠠᠳᠤᠭᠠᠷ ᠵᠦᠢᠯ ᠣᠯᠠᠨ ᠨᠡᠢᠲᠡ᠎ᠶᠢᠨ ᠭᠠᠯ ᠰᠡᠷᠭᠡᠢᠯᠡᠵᠦ ᠤᠨᠲᠠᠷᠠᠭᠠᠬᠤ ᠪᠡᠯᠡᠳᠬᠡᠮᠵᠢ᠎ᠶᠢ ᠪᠦᠲᠦᠭᠡᠨ ᠪᠠᠢᠭᠤᠯᠬᠤ ᠪᠠ ᠠᠷᠠᠴᠢᠯᠠᠵᠤ ᠬᠠᠮᠢᠶᠠᠷᠬᠤ ᠨᠢᠭᠡᠴᠢ᠎ᠨᠢ ᠣᠯᠠᠨ ᠨᠡᠢᠲᠡ᠎ᠶᠢᠨ ᠭᠠᠯ ᠰᠡᠷᠭᠡᠢᠯᠡᠵᠦ ᠤᠨᠲᠠᠷᠠᠭᠠᠬᠤ ᠪᠡᠯᠡᠳᠬᠡᠮᠵᠢ᠎ᠳᠦ ᠢᠯᠡ ᠦᠵᠡᠭᠳᠡᠬᠦ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠱᠢᠨ᠎ᠦ ᠲᠡᠮᠳᠡᠭ ᠲᠠᠯᠪᠢᠬᠤ ᠬᠡᠷᠡᠭᠲᠡᠢ᠃

   ᠠᠷᠪᠠ ᠶᠢᠰᠦᠳᠦᠭᠡᠷ ᠵᠦᠢᠯ ᠶᠠᠮᠠᠷᠪᠠ ᠨᠢᠭᠡᠴᠢ ᠪᠠ ᠬᠤᠪᠢ ᠬᠥᠮᠦᠨ ᠭᠡᠳ ᠣᠯᠠᠨ ᠨᠡᠢᠲᠡ᠎ᠶᠢᠨ ᠭᠠᠯ ᠰᠡᠷᠭᠡᠢᠯᠡᠵᠦ ᠤᠨᠲᠠᠷᠠᠭᠠᠬᠤ ᠪᠡᠯᠡᠳᠬᠡᠮᠵᠢ᠎ᠶᠢ ᠡᠪᠳᠡᠬᠦ᠂ ᠱᠢᠯᠵᠢᠭᠦᠯᠵᠦ ᠬᠡᠷᠡᠭᠯᠡᠬᠦ ᠪᠤᠶᠤ ᠳᠤᠷ᠎ᠠ᠎ᠪᠠᠷ ᠡᠪᠳᠡᠯᠡᠵᠦ ᠬᠠᠶᠠᠬᠤ᠂ ᠬᠡᠷᠡᠭᠯᠡᠬᠦ᠎ᠶᠢ᠎ᠨᠢ ᠵᠣᠭᠰᠣᠭᠠᠵᠤ ᠪᠣᠯᠬᠤ ᠦᠭᠡᠢ᠂ ᠭᠠᠯ ᠤᠨᠲᠠᠷᠠᠭᠠᠭᠤᠯ᠂ ᠭᠠᠯ ᠰᠡᠷᠭᠡᠢᠯᠡᠵᠦ ᠤᠨᠲᠠᠷᠠᠭᠠᠬᠤ ᠤᠰᠤᠨ ᠳᠡᠭᠡᠯᠡᠢ᠎ᠶᠢ ᠳᠠᠷᠤᠵᠤ ᠪᠤᠯᠠᠬᠤ᠂ ᠬᠦᠷᠢᠶᠡᠯᠡᠨ ᠡᠵᠡᠯᠡᠬᠦ᠂ ᠬᠠᠯᠬᠠᠯᠠᠬᠤ ᠪᠤᠶᠤ ᠭᠠᠯ ᠰᠡᠷᠭᠡᠢᠯᠡᠬᠦ ᠣᠷᠣᠨ ᠵᠠᠢ᠎ᠶᠢ ᠡᠵᠡᠯᠡᠵᠦ ᠪᠣᠯᠬᠤ ᠦᠭᠡᠢ᠂ ᠲᠠᠷᠬᠠᠭᠠᠬᠤ ᠵᠠᠮ᠂ ᠠᠮᠤᠷ ᠲᠦᠪᠱᠢᠨ ᠭᠠᠷᠴᠠ᠂ ᠭᠠᠯ ᠤᠨᠲᠠᠷᠠᠭᠠᠬᠤ ᠲᠡᠷᠭᠡ ᠨᠡᠪᠲᠡᠷᠡᠬᠦ ᠵᠠᠮ᠎ᠢ ᠡᠵᠡᠯᠡᠵᠦ᠂ ᠪᠥᠭᠯᠡᠵᠦ᠂ ᠪᠢᠲᠡᠭᠦᠮᠵᠢᠯᠡᠵᠦ ᠪᠣᠯᠬᠤ ᠦᠭᠡᠢ᠂ ᠭᠠᠯ ᠰᠡᠷᠭᠡᠢᠯᠡᠵᠦ ᠤᠨᠲᠠᠷᠠᠭᠠᠬᠤ ᠴᠢᠮᠡᠭᠡ ᠬᠣᠯᠪᠣᠭ᠎ᠠ᠎ᠶᠢ ᠬᠠᠷᠱᠢᠯᠠᠵᠤ ᠪᠣᠯᠬᠤ ᠦᠭᠡᠢ᠃

   ᠵᠠᠮ ᠵᠠᠰᠠᠬᠤ᠂ ᠤᠰᠤ ᠬᠠᠩᠭᠠᠬᠤ ᠬᠣᠭᠣᠯᠠᠢ ᠲᠣᠣᠷ᠎ᠢ ᠥᠭᠡᠷᠡᠴᠢᠯᠡᠬᠦ ᠱᠢᠨᠡᠳᠬᠡᠬᠦ ᠵᠢᠴᠢ ᠴᠢᠮᠡᠭᠡ ᠬᠣᠯᠪᠣᠭ᠎ᠠ᠂ ᠴᠠᠬᠢᠯᠭᠠᠨ ᠬᠠᠩᠭᠠᠬᠤ ᠤᠲᠠᠰᠤ ᠱᠤᠭᠤᠮ᠎ᠢ ᠰᠡᠯᠪᠢᠨ ᠵᠠᠰᠠᠬᠤ ᠵᠡᠷᠭᠡ᠎ᠡᠴᠡ ᠪᠣᠯᠵᠤ ᠭᠠᠯ ᠤᠨᠲᠠᠷᠠᠭᠠᠵᠤ ᠠᠪᠤᠷᠠᠨ ᠲᠤᠰᠠᠯᠠᠬᠤ᠎ᠶᠢ ᠨᠥᠯᠥᠭᠡᠯᠡᠵᠦ ᠮᠡᠳᠡᠬᠦ᠎ᠳᠦ ᠬᠦᠷᠪᠡᠯ᠂ ᠬᠣᠯᠪᠣᠭᠳᠠᠯ ᠪᠦᠬᠦᠢ ᠨᠢᠭᠡᠴᠢ᠎ᠨᠢ 24 ᠴᠠᠭ᠎ᠤᠨ ᠡᠮᠦᠨ᠎ᠡ ᠲᠤᠬᠠᠢ᠎ᠶᠢᠨ ᠭᠠᠵᠠᠷ᠎ᠤᠨ ᠭᠠᠯ ᠰᠡᠷᠭᠡᠢᠯᠡᠵᠦ ᠤᠨᠲᠠᠷᠠᠭᠠᠵᠤ ᠠᠪᠤᠷᠠᠨ ᠲᠤᠰᠠᠯᠠᠬᠤ ᠪᠠᠢᠭᠤᠯᠤᠮᠵᠢ᠎ᠳᠤ ᠮᠡᠳᠡᠭᠳᠡᠬᠦ᠎ᠶᠢᠨ ᠬᠠᠮᠲᠤ ᠪᠠᠴᠢᠮ ᠪᠠᠢᠳᠠᠯ᠎ᠢ ᠠᠷᠭᠠᠴᠠᠭᠠᠬᠤ ᠬᠠᠷᠠᠭᠠᠯᠵᠠᠭᠰᠠᠨ ᠪᠠᠲᠤᠯᠠᠭ᠎ᠠ᠎ᠶᠢᠨ ᠠᠷᠭ᠎ᠠ ᠬᠡᠮᠵᠢᠶ᠎ᠡ᠎ᠶᠢ ᠨᠠᠢᠳᠠᠪᠤᠷᠢᠵᠢᠭᠤᠯᠬᠤ ᠬᠡᠷᠡᠭᠲᠡᠢ᠃

   ᠬᠣᠷᠢᠳᠤᠭᠠᠷ ᠵᠦᠢᠯ ᠣᠯᠠᠨ ᠨᠡᠢᠲᠡ᠎ᠶᠢᠨ ᠭᠠᠯ ᠰᠡᠷᠭᠡᠢᠯᠡᠵᠦ ᠤᠨᠲᠠᠷᠠᠭᠠᠬᠤ ᠪᠡᠯᠡᠳᠬᠡᠮᠵᠢ᠎ᠶᠢ ᠠᠷᠠᠴᠢᠯᠠᠵᠤ ᠬᠠᠮᠢᠶᠠᠷᠬᠤ ᠨᠢᠭᠡᠴᠢ᠎ᠨᠢ ᠳᠣᠲᠣᠭᠠᠳᠤ᠎ᠶᠢᠨ ᠠᠵᠢᠯ᠎ᠤᠨ ᠡᠭᠦᠷᠭᠡ ᠬᠠᠷᠢᠭᠤᠴᠠᠯᠭ᠎ᠠ᠎ᠪᠠᠨ ᠲᠣᠳᠣᠷᠬᠠᠢᠯᠠᠨ᠂ ᠬᠠᠷᠢᠭᠤᠴᠠᠯᠭᠠᠲᠠᠨ᠎ᠢᠶᠠᠨ ᠲᠣᠭᠲᠠᠭᠠᠵᠤ᠂ ᠣᠯᠠᠨ ᠨᠡᠢᠲᠡ᠎ᠶᠢᠨ ᠭᠠᠯ ᠤᠨᠲᠠᠷᠠᠭᠠᠬᠤ ᠪᠡᠯᠡᠳᠬᠡᠮᠵᠢ᠎ᠶᠢᠨ ᠪᠦᠷᠢᠨ ᠪᠦᠲᠦᠨ ᠪᠥᠭᠡᠳ ᠦᠢᠯᠡᠳᠦᠯ᠎ᠲᠡᠢ ᠪᠠᠢᠬᠤ᠎ᠶᠢ ᠦᠨᠡᠨ᠎ᠬᠦ ᠪᠠᠲᠤᠯᠠᠬᠤ ᠬᠡᠷᠡᠭᠲᠡᠢ᠃

   ᠬᠣᠷᠢᠨ ᠨᠢᠭᠡᠳᠦᠭᠡᠷ ᠵᠦᠢᠯ ᠰᠤᠮᠤ ᠱᠢᠶᠠᠩ ᠪᠠᠯᠭᠠᠰᠤᠨ᠎ᠤ ᠠᠷᠠᠳ᠎ᠤᠨ ᠵᠠᠰᠠᠭ᠎ᠤᠨ ᠣᠷᠳᠣᠨ᠂ ᠵᠡᠭᠡᠯᠢ ᠭᠤᠳᠤᠮᠵᠢ᠎ᠶᠢᠨ ᠬᠡᠷᠡᠭ ᠡᠷᠬᠢᠯᠡᠬᠦ ᠭᠠᠵᠠᠷ᠎ᠤᠳ ᠣᠯᠠᠨ ᠨᠡᠢᠲᠡ᠎ᠶᠢᠨ ᠭᠠᠯ ᠰᠡᠷᠭᠡᠢᠯᠡᠵᠦ ᠤᠨᠲᠠᠷᠠᠭᠠᠬᠤ ᠪᠡᠯᠡᠳᠬᠡᠮᠵᠢ᠎ᠶᠢ ᠭᠠᠯ ᠰᠡᠷᠭᠡᠢᠯᠡᠵᠦ ᠤᠨᠲᠠᠷᠠᠭᠠᠬᠤ ᠠᠮᠤᠷ ᠲᠦᠪᠱᠢᠨ᠎ᠦ ᠲᠤᠤᠷᠴᠢᠯᠠᠭᠰᠠᠨ ᠬᠠᠮᠢᠶᠠᠷᠤᠯᠲᠠ᠎ᠶᠢᠨ ᠬᠡᠪᠴᠢᠶᠡᠨ᠎ᠳᠦ᠎ᠪᠡᠨ ᠣᠷᠣᠭᠤᠯᠵᠤ᠂ ᠲᠤᠰ ᠬᠠᠷᠢᠶ᠎ᠠ ᠣᠷᠣᠨ᠎ᠤ᠎ᠪᠠᠨ ᠳᠣᠲᠣᠷᠠᠬᠢ ᠣᠯᠠᠨ ᠨᠡᠢᠲᠡ᠎ᠶᠢᠨ ᠭᠠᠯ ᠰᠡᠷᠭᠡᠢᠯᠡᠵᠦ ᠤᠨᠲᠠᠷᠠᠭᠠᠬᠤ ᠪᠡᠯᠡᠳᠬᠡᠮᠵᠢ ᠡᠪᠳᠡᠭᠳᠡᠭᠰᠡᠨ᠎ᠢ ᠣᠯᠵᠤ ᠮᠡᠳᠡᠪᠡᠯ᠂ ᠠᠷᠠᠴᠢᠯᠠᠵᠤ ᠬᠠᠮᠢᠶᠠᠷᠬᠤ ᠨᠢᠭᠡᠴᠢ᠎ᠳᠦ ᠮᠡᠳᠡᠭᠳᠡᠨ ᠵᠠᠰᠠᠭᠤᠯᠬᠤ ᠬᠡᠷᠡᠭᠲᠡᠢ᠃

   ᠭᠠᠴᠠᠭ᠎ᠠ ᠲᠣᠰᠬᠣᠨ᠎ᠤ ᠠᠷᠠᠳ᠎ᠤᠨ ᠵᠥᠪᠯᠡᠯ᠂ ᠰᠠᠭᠤᠭᠠᠯᠢ ᠠᠷᠠᠳ᠎ᠤᠨ ᠵᠥᠪᠯᠡᠯ᠎ᠨᠢ ᠰᠤᠮᠤ ᠱᠢᠶᠠᠩ ᠪᠠᠯᠭᠠᠰᠤᠨ᠎ᠤ ᠠᠷᠠᠳ᠎ᠤᠨ ᠵᠠᠰᠠᠭ᠎ᠤᠨ ᠣᠷᠳᠣᠨ᠂ ᠵᠡᠭᠡᠯᠢ ᠭᠤᠳᠤᠮᠵᠢ᠎ᠶᠢᠨ ᠬᠡᠷᠡᠭ ᠡᠷᠬᠢᠯᠡᠬᠦ ᠭᠠᠵᠠᠷ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠳ᠎ᠢ ᠬᠠᠮᠵᠢᠨ᠂ ᠣᠯᠠᠨ ᠨᠡᠢᠲᠡ᠎ᠶᠢᠨ ᠭᠠᠯ ᠰᠡᠷᠭᠡᠢᠯᠡᠵᠦ ᠤᠨᠲᠠᠷᠠᠭᠠᠬᠤ ᠪᠡᠯᠡᠳᠬᠡᠮᠵᠢ᠎ᠶᠢ ᠠᠷᠠᠴᠢᠯᠠᠵᠤ ᠬᠠᠮᠢᠶᠠᠷᠬᠤ ᠵᠡᠷᠭᠡ ᠬᠠᠮᠢᠶ᠎ᠠ ᠪᠦᠬᠦᠢ ᠠᠵᠢᠯ᠎ᠢ ᠰᠠᠢᠲᠤᠷ ᠬᠢᠵᠦ᠂ ᠣᠯᠠᠨ ᠨᠡᠢᠲᠡ᠎ᠶᠢᠨ ᠭᠠᠯ ᠰᠡᠷᠭᠡᠢᠯᠡᠵᠦ ᠤᠨᠲᠠᠷᠠᠭᠠᠬᠤ ᠪᠡᠯᠡᠳᠬᠡᠮᠵᠢ᠎ᠶᠢ ᠬᠠᠮᠠᠭᠠᠯᠠᠬᠤ᠎ᠶᠢ ᠭᠠᠯ᠎ᠠᠴᠠ ᠰᠡᠷᠭᠡᠢᠯᠡᠬᠦ ᠠᠮᠤᠷ ᠲᠦᠪᠱᠢᠨ᠎ᠦ ᠨᠡᠢᠲᠡ᠎ᠶᠢᠨ ᠭᠡᠷ᠎ᠡ᠎ᠳᠦ ᠣᠷᠣᠭᠤᠯᠬᠤ ᠬᠡᠷᠡᠭᠲᠡᠢ᠃

   ᠬᠣᠷᠢᠨ ᠬᠣᠶᠠᠳᠤᠭᠠᠷ ᠵᠦᠢᠯ ᠤᠰᠤ ᠬᠠᠩᠭᠠᠬᠤ ᠨᠢᠭᠡᠴᠢ᠎ᠨᠢ ᠬᠣᠲᠠ᠎ᠶᠢᠨ ᠶᠠᠪᠤᠳᠠᠯ᠎ᠤᠨ ᠭᠠᠯ ᠤᠨᠲᠠᠷᠠᠭᠠᠭᠤᠯ᠂ ᠭᠠᠯ ᠰᠡᠷᠭᠡᠢᠯᠡᠵᠦ ᠤᠨᠲᠠᠷᠠᠭᠠᠬᠤ ᠤᠰᠤᠨ ᠳᠡᠭᠡᠯᠡᠢ᠎ᠶᠢ ᠲᠣᠭᠲᠠᠮᠠᠯ ᠬᠤᠭᠤᠴᠠᠭ᠎ᠠ᠎ᠲᠠᠢ᠎ᠪᠠᠷ ᠪᠠᠢᠴᠠᠭᠠᠬᠤ ᠪᠠ ᠠᠷᠠᠴᠢᠯᠠᠵᠤ᠂ ᠠᠵᠢᠯᠯᠠᠭᠠᠨ᠎ᠢ ᠠᠷᠠᠴᠢᠯᠠᠭᠰᠠᠨ ᠲᠡᠮᠳᠡᠭᠯᠡᠯ ᠪᠠᠢᠭᠤᠯᠬᠤ ᠬᠡᠷᠡᠭᠲᠡᠢ᠃ ᠭᠠᠯ᠎ᠤᠨ ᠠᠶᠤᠯ ᠭᠠᠷᠤᠭᠰᠠᠨ ᠲᠤᠬᠠᠢ᠎ᠶᠢᠨ ᠭᠠᠵᠠᠷ᠎ᠲᠤ ᠲᠦᠷ ᠴᠠᠭ ᠳᠠᠷᠤᠯᠲᠠ ᠥᠭᠴᠦ ᠤᠰᠤ ᠬᠠᠩᠭᠠᠬᠤ ᠴᠢᠬᠤᠯᠠ᠎ᠲᠠᠢ ᠪᠣᠯ ᠬᠠᠮᠵᠢᠯᠴᠠᠬᠤ ᠬᠡᠷᠡᠭᠲᠡᠢ᠃

   ᠨᠢᠭᠡᠴᠢ᠎ᠶᠢᠨ ᠥᠪᠡᠷ᠎ᠢᠶᠡᠨ ᠪᠡᠯᠡ ᠣᠷᠣᠭᠤᠯᠵᠤ ᠪᠦᠲᠦᠭᠡᠨ ᠪᠠᠢᠭᠤᠯᠤᠭᠰᠠᠨ ᠭᠠᠯ ᠰᠡᠷᠭᠡᠢᠯᠡᠵᠦ ᠤᠨᠲᠠᠷᠠᠭᠠᠬᠤ ᠤᠰᠤ ᠬᠠᠩᠭᠠᠬᠤ ᠪᠡᠯᠡᠳᠬᠡᠮᠵᠢ᠎ᠶᠢ ᠪᠠᠷᠢᠭᠤᠯᠤᠭᠰᠠᠨ ᠨᠢᠭᠡᠴᠢ ᠪᠤᠶᠤ ᠬᠡᠷᠡᠭᠯᠡᠵᠦ ᠪᠠᠢᠭ᠎ᠠ ᠨᠢᠭᠡᠴᠢ᠎ᠡᠴᠡ ᠬᠠᠷᠢᠭᠤᠴᠠᠨ ᠠᠷᠠᠴᠢᠯᠠᠨ᠎ᠠ᠃

   ᠰᠤᠮᠤ ᠱᠢᠶᠠᠩ ᠪᠠᠯᠭᠠᠰᠤ᠂ ᠭᠠᠴᠠᠭ᠎ᠠ ᠲᠣᠰᠬᠣᠨ᠎ᠤ ᠥᠪᠡᠷ᠎ᠢᠶᠡᠨ ᠪᠠᠢᠭᠤᠯᠤᠭᠰᠠᠨ ᠭᠠᠯ ᠰᠡᠷᠭᠡᠢᠯᠡᠵᠦ ᠤᠨᠲᠠᠷᠠᠭᠠᠬᠤ ᠤᠰᠤ ᠬᠠᠩᠭᠠᠬᠤ ᠪᠡᠯᠡᠳᠬᠡᠮᠵᠢ᠎ᠶᠢ ᠰᠤᠮᠤ ᠱᠢᠶᠠᠩ ᠪᠠᠯᠭᠠᠰᠤᠨ᠎ᠤ ᠠᠷᠠᠳ᠎ᠤᠨ ᠵᠠᠰᠠᠭ᠎ᠤᠨ ᠣᠷᠳᠣᠨ᠂ ᠭᠠᠴᠠᠭ᠎ᠠ ᠲᠣᠰᠬᠣᠨ᠎ᠤ ᠠᠷᠠᠳ᠎ᠤᠨ ᠵᠥᠪᠯᠡᠯ᠎ᠡᠴᠡ ᠬᠠᠷᠢᠭᠤᠴᠠᠨ ᠠᠷᠠᠴᠢᠯᠠᠨ᠎ᠠ᠃

   ᠭᠠᠯ ᠰᠡᠷᠭᠡᠢᠯᠡᠵᠦ ᠤᠨᠲᠠᠷᠠᠭᠠᠵᠤ ᠠᠪᠤᠷᠠᠨ ᠲᠤᠰᠠᠯᠠᠬᠤ ᠪᠠᠢᠭᠤᠯᠤᠮᠵᠢ᠎ᠨᠢ ᠭᠠᠯ ᠰᠡᠷᠭᠡᠢᠯᠡᠵᠦ ᠤᠨᠲᠠᠷᠠᠭᠠᠬᠤ ᠤᠰᠤ ᠬᠠᠩᠭᠠᠬᠤ ᠪᠡᠯᠡᠳᠬᠡᠮᠵᠢ᠎ᠶᠢ ᠲᠣᠭᠲᠠᠮᠠᠯ ᠬᠤᠭᠤᠴᠠᠭ᠎ᠠ᠎ᠲᠠᠢ᠎ᠪᠠᠷ ᠲᠤᠷᠱᠢᠨ ᠱᠢᠯᠭᠠᠵᠤ᠂ ᠰᠠᠭᠠᠳ ᠭᠡᠮ᠎ᠢ᠎ᠨᠢ ᠣᠯᠵᠤ ᠮᠡᠳᠡᠪᠡᠯ ᠴᠠᠭ ᠲᠤᠬᠠᠢ᠎ᠳᠤ᠎ᠨᠢ ᠬᠣᠯᠪᠣᠭᠳᠠᠯ ᠪᠦᠬᠦᠢ ᠨᠢᠭᠡᠴᠢ᠎ᠳᠦ ᠮᠡᠳᠡᠭᠳᠡᠨ ᠠᠷᠢᠯᠭᠠᠬᠤ ᠬᠡᠷᠡᠭᠲᠡᠢ᠃

   ᠬᠣᠷᠢᠨ ᠭᠤᠷᠪᠠᠳᠤᠭᠠᠷ ᠵᠦᠢᠯ ᠤᠰᠤ ᠬᠠᠩᠭᠠᠬᠤ ᠨᠢᠭᠡᠴᠢ᠎ᠨᠢ ᠤᠰᠤ ᠬᠠᠩᠭᠠᠬᠤ ᠵᠠᠰᠠᠭ ᠵᠠᠬᠢᠷᠭᠠᠨ᠎ᠤ ᠭᠣᠣᠯᠯᠠᠨ ᠬᠠᠮᠢᠶᠠᠷᠬᠤ ᠰᠠᠯᠠᠭ᠎ᠠ ᠮᠥᠴᠢᠷ ᠪᠠ ᠭᠠᠯ ᠰᠡᠷᠭᠡᠢᠯᠡᠵᠦ ᠤᠨᠲᠠᠷᠠᠭᠠᠵᠤ ᠠᠪᠤᠷᠠᠨ ᠲᠤᠰᠠᠯᠠᠬᠤ ᠪᠠᠢᠭᠤᠯᠤᠮᠵᠢ᠎ᠳᠤ ᠬᠣᠲᠠ᠎ᠶᠢᠨ ᠶᠠᠪᠤᠳᠠᠯ᠎ᠤᠨ ᠭᠠᠯ ᠤᠨᠲᠠᠷᠠᠭᠠᠭᠤᠯ ᠪᠠ ᠭᠠᠯ ᠰᠡᠷᠭᠡᠢᠯᠡᠵᠦ ᠤᠨᠲᠠᠷᠠᠭᠠᠬᠤ ᠤᠰᠤᠨ ᠳᠡᠭᠡᠯᠡᠢ ᠪᠠᠢᠷᠢᠯᠠᠭᠤᠯᠤᠭᠰᠠᠨ ᠭᠠᠵᠠᠷ᠂ ᠲᠥᠷᠥᠯ ᠬᠡᠯᠪᠡᠷᠢ᠂ ᠲᠣᠭ᠎ᠠ ᠬᠡᠮᠵᠢᠶ᠎ᠡ᠂ ᠲᠠᠷᠬᠠᠯᠲᠠ᠎ᠶᠢᠨ ᠵᠢᠷᠤᠭ ᠪᠠ ᠪᠠᠷᠢᠮᠵᠢᠶ᠎ᠠ᠂ ᠤᠰᠤ ᠬᠠᠩᠭᠠᠬᠤ ᠬᠣᠭᠣᠯᠠᠢ᠎ᠶᠢᠨ ᠳ᠋ᠢᠶᠠᠮᠧᠳ᠋ᠷ᠂ ᠳᠠᠷᠤᠯᠲᠠ ᠵᠡᠷᠭᠡ ᠮᠠᠲ᠋ᠧᠷᠢᠶᠠᠯ᠎ᠢ ᠬᠠᠩᠭᠠᠬᠤ᠎ᠶᠢᠨ ᠬᠠᠮᠲᠤ ᠵᠢᠯ ᠪᠦᠷᠢ ᠨᠢᠭᠡ ᠤᠳᠠᠭ᠎ᠠ ᠱᠢᠨᠡᠳᠬᠡᠬᠦ ᠬᠡᠷᠡᠭᠲᠡᠢ᠃

   ᠬᠣᠷᠢᠨ ᠳᠥᠷᠪᠡᠳᠦᠭᠡᠷ ᠵᠦᠢᠯ ᠬᠥᠮᠦᠨ ᠬᠠᠷ᠎ᠠ ᠬᠤᠷᠠᠨ ᠴᠤᠭᠯᠠᠷᠠᠭᠰᠠᠨ ᠲᠠᠯᠠᠪᠤᠷ ᠭᠠᠵᠠᠷ᠎ᠤᠨ ᠬᠠᠮᠢᠶᠠᠷᠤᠯᠲᠠ᠎ᠶᠢᠨ ᠨᠢᠭᠡᠴᠢ᠎ᠨᠢ ᠭᠠᠯ ᠤᠨᠲᠠᠷᠠᠭᠠᠬᠤ ᠲᠡᠷᠭᠡ ᠨᠡᠪᠲᠡᠷᠡᠬᠦ ᠵᠠᠮ᠎ᠤᠨ ᠡᠵᠡᠯᠡᠵᠦ ᠬᠡᠷᠡᠭᠯᠡᠭᠳᠡᠬᠦ ᠦᠭᠡᠢ ᠪᠠᠢᠬᠤ᠎ᠶᠢ ᠦᠨᠡᠨ᠎ᠬᠦ ᠪᠠᠲᠤᠯᠠᠬᠤ ᠬᠡᠷᠡᠭᠲᠡᠢ᠂ ᠲᠡᠷᠭᠡ ᠵᠣᠭᠰᠣᠭᠠᠵᠤ ᠵᠠᠮ ᠡᠵᠡᠯᠡᠭᠡᠳ ᠭᠠᠯ ᠤᠨᠲᠠᠷᠠᠭᠠᠬᠤ ᠲᠡᠷᠭᠡ ᠨᠡᠪᠲᠡᠷᠡᠬᠦ᠎ᠶᠢ ᠬᠠᠷᠱᠢᠯᠠᠵᠤ ᠪᠠᠢᠬᠤ᠎ᠶᠢ ᠣᠯᠵᠤ ᠮᠡᠳᠡᠪᠡᠯ᠂ ᠴᠠᠭ ᠲᠤᠬᠠᠢ᠎ᠳᠤ᠎ᠨᠢ ᠨᠡᠪᠲᠡᠷᠡᠭᠦᠯᠬᠦ ᠪᠤᠶᠤ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ᠎ᠶᠢᠨ ᠵᠠᠮ ᠬᠠᠷᠢᠯᠴᠠᠭᠠᠨ᠎ᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠢ ᠬᠠᠪᠰᠤᠷᠤᠨ ᠵᠠᠮ᠎ᠢ ᠨᠡᠪᠲᠡᠷᠡᠭᠦᠯᠬᠦ ᠬᠡᠷᠡᠭᠲᠡᠢ᠃

   ᠬᠣᠷᠢᠨ ᠲᠠᠪᠤᠳᠤᠭᠠᠷ ᠵᠦᠢᠯ ᠣᠷᠣᠨ ᠰᠠᠭᠤᠴᠠ᠎ᠶᠢᠨ ᠠᠳᠠᠯ ᠠᠬᠤᠢ᠎ᠶᠢᠨ ᠦᠢᠯᠡᠴᠢᠯᠡᠭᠴᠢ᠎ᠨᠢ ᠬᠠᠮᠢᠶᠠᠷᠤᠯᠲᠠ᠎ᠶᠢᠨ ᠣᠷᠣᠨ ᠪᠦᠰᠡ᠎ᠳᠡᠬᠢ ᠭᠠᠯ ᠤᠨᠲᠠᠷᠠᠭᠠᠬᠤ ᠲᠡᠷᠭᠡ ᠨᠡᠪᠲᠡᠷᠡᠬᠦ ᠵᠠᠮ᠎ᠢ ᠪᠠᠢᠩᠭᠤ ᠲᠣᠭᠣᠷᠢᠨ ᠪᠠᠢᠴᠠᠭᠠᠵᠤ᠂ ᠭᠠᠯ ᠤᠨᠲᠠᠷᠠᠭᠠᠬᠤ ᠲᠡᠷᠭᠡ ᠨᠡᠪᠲᠡᠷᠡᠬᠦ ᠵᠠᠮ᠎ᠢ ᠡᠵᠡᠯᠡᠵᠦ ᠬᠡᠷᠡᠭᠯᠡᠭᠰᠡᠨ᠎ᠢ ᠣᠯᠵᠤ ᠮᠡᠳᠡᠪᠡᠯ᠂ ᠢᠳᠭᠠᠵᠤ᠂ ᠬᠣᠷᠢᠭᠯᠠᠬᠤ ᠬᠡᠷᠡᠭᠲᠡᠢ; ᠢᠳᠭᠠᠵᠤ᠂ ᠬᠣᠷᠢᠭᠯᠠᠭᠠᠳ ᠦᠢᠯᠡᠳᠦᠯ ᠭᠠᠷᠬᠤ ᠦᠭᠡᠢ ᠪᠣᠯ ᠴᠠᠭ ᠲᠤᠬᠠᠢ᠎ᠳᠤ᠎ᠨᠢ ᠬᠣᠯᠪᠣᠭᠳᠠᠯ ᠪᠦᠬᠦᠢ ᠬᠠᠮᠢᠶᠠᠷᠤᠯᠲᠠ᠎ᠶᠢᠨ ᠰᠠᠯᠠᠭ᠎ᠠ ᠮᠥᠴᠢᠷ᠎ᠲᠦ ᠮᠡᠳᠡᠭᠦᠯᠬᠦ ᠬᠡᠷᠡᠭᠲᠡᠢ᠃

   ᠣᠷᠣᠨ ᠰᠠᠭᠤᠴᠠ᠎ᠶᠢᠨ ᠠᠳᠠᠯ ᠠᠬᠤᠢ᠎ᠶᠢ ᠥᠮᠴᠢᠲᠡᠨ ᠥᠪᠡᠷᠲᠡᠭᠡᠨ ᠬᠠᠮᠢᠶᠠᠷᠴᠤ ᠪᠠᠢᠪᠠᠯ᠂ ᠥᠮᠴᠢᠲᠡᠨ᠎ᠦ ᠬᠤᠷᠠᠯ᠂ ᠥᠮᠴᠢᠲᠡᠨ᠎ᠦ ᠵᠥᠪᠯᠡᠯ᠎ᠨᠢ ᠡᠮᠦᠨᠡᠬᠢ ᠵᠤᠷᠪᠤᠰ᠎ᠤᠨ ᠲᠣᠭᠲᠠᠭᠠᠯ᠎ᠢᠶᠠᠷ ᠯᠠᠪᠯᠠᠯᠲᠠ ᠪᠣᠯᠭᠠᠨ ᠭᠠᠯ ᠤᠨᠲᠠᠷᠠᠭᠠᠬᠤ ᠲᠡᠷᠭᠡ ᠨᠡᠪᠲᠡᠷᠡᠬᠦ ᠵᠠᠮ᠎ᠢ ᠠᠷᠠᠴᠢᠯᠠᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ ᠬᠡᠷᠡᠭᠲᠡᠢ; ᠣᠷᠣᠨ ᠰᠠᠭᠤᠴᠠ᠎ᠶᠢᠨ ᠠᠳᠠᠯ ᠠᠬᠤᠢ᠎ᠶᠢᠨ ᠬᠠᠮᠢᠶᠠᠷᠤᠯᠲᠠ᠎ᠶᠢᠨ ᠭᠣᠣᠯ ᠴᠣᠭᠴᠠ ᠪᠠᠢᠬᠤ ᠦᠭᠡᠢ ᠪᠣᠯ᠂ ᠭᠠᠴᠠᠭ᠎ᠠ ᠲᠣᠰᠬᠣᠨ᠎ᠤ ᠠᠷᠠᠳ᠎ᠤᠨ ᠵᠥᠪᠯᠡᠯ᠂ ᠰᠠᠭᠤᠭᠠᠯᠢ ᠠᠷᠠᠳ᠎ᠤᠨ ᠵᠥᠪᠯᠡᠯ᠂ ᠠᠳᠠᠯ ᠠᠬᠤᠢ᠎ᠶᠢᠨ ᠬᠡᠷᠡᠭᠯᠡᠭᠴᠢ᠎ᠶᠢᠨ ᠬᠠᠤᠯᠢ ᠶᠣᠰᠣᠭᠠᠷ ᠵᠣᠬᠢᠶᠠᠨ ᠪᠠᠢᠭᠤᠯᠤᠭᠰᠠᠨ ᠠᠳᠠᠯ ᠠᠬᠤᠢ᠎ᠶᠢᠨ ᠬᠠᠮᠢᠶᠠᠷᠤᠯᠲᠠ᠎ᠶᠢᠨ ᠵᠥᠪᠯᠡᠯ᠎ᠨᠢ ᠡᠮᠦᠨᠡᠬᠢ ᠵᠤᠷᠪᠤᠰ᠎ᠤᠨ ᠲᠣᠭᠲᠠᠭᠠᠯ᠎ᠢᠶᠠᠷ ᠯᠠᠪᠯᠠᠯᠲᠠ ᠪᠣᠯᠭᠠᠵᠤ᠂ ᠭᠠᠯ ᠤᠨᠲᠠᠷᠠᠭᠠᠬᠤ ᠲᠡᠷᠭᠡ ᠨᠡᠪᠲᠡᠷᠡᠬᠦ ᠵᠠᠮ᠎ᠢ ᠠᠷᠠᠴᠢᠯᠠᠵᠤ ᠬᠠᠮᠢᠶᠠᠷᠬᠤ ᠡᠭᠦᠷᠭᠡ ᠬᠠᠷᠢᠭᠤᠴᠠᠯᠭ᠎ᠠ᠎ᠶᠢ ᠭᠦᠢᠴᠡᠳᠬᠡᠬᠦ ᠬᠡᠷᠡᠭᠲᠡᠢ᠃

   ᠬᠣᠷᠢᠨ ᠵᠢᠷᠭᠤᠳᠤᠭᠠᠷ ᠵᠦᠢᠯ ᠡᠯ᠎ᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠨᠢ ᠭᠠᠯ ᠰᠡᠷᠭᠡᠢᠯᠡᠵᠦ ᠤᠨᠲᠠᠷᠠᠭᠠᠬᠤ ᠠᠵᠢᠯ᠎ᠢ ᠱᠢᠯᠭᠠᠨ ᠬᠢᠨᠠᠵᠤ ᠦᠨᠡᠯᠡᠬᠦ ᠲᠣᠭᠲᠠᠯᠴᠠᠭ᠎ᠠ᠎ᠶᠢ ᠪᠠᠢᠭᠤᠯᠤᠨ ᠪᠦᠷᠢᠨᠱᠢᠭᠦᠯᠵᠦ᠂ ᠣᠯᠠᠨ ᠨᠡᠢᠲᠡ᠎ᠶᠢᠨ ᠭᠠᠯ ᠰᠡᠷᠭᠡᠢᠯᠡᠵᠦ ᠤᠨᠲᠠᠷᠠᠭᠠᠬᠤ ᠪᠡᠯᠡᠳᠬᠡᠮᠵᠢ᠎ᠶᠢᠨ ᠬᠠᠮᠢᠶᠠᠷᠤᠯᠲᠠ᠎ᠶᠢᠨ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠵᠦ ᠪᠠᠢᠭ᠎ᠠ ᠪᠠᠢᠳᠠᠯ᠎ᠢ ᠡᠳᠦᠷ ᠲᠤᠲᠤᠮ᠎ᠤᠨ ᠬᠢᠨᠠᠨ ᠪᠠᠢᠴᠠᠭᠠᠬᠤ ᠪᠠ ᠭᠠᠯ ᠰᠡᠷᠭᠡᠢᠯᠡᠵᠦ ᠤᠨᠲᠠᠷᠠᠭᠠᠬᠤ ᠠᠵᠢᠯ᠎ᠤᠨ ᠬᠠᠷᠢᠭᠤᠴᠠᠯᠭ᠎ᠠ᠎ᠶᠢᠨ ᠳᠦᠷᠢᠮ᠎ᠦᠨ ᠱᠢᠯᠭᠠᠨ ᠬᠢᠨᠠᠬᠤ ᠠᠭᠤᠯᠭ᠎ᠠ᠎ᠳᠤ ᠣᠷᠣᠭᠤᠯᠬᠤ ᠬᠡᠷᠡᠭᠲᠡᠢ᠃

   ᠬᠣᠷᠢᠨ ᠳᠣᠯᠣᠳᠤᠭᠠᠷ ᠵᠦᠢᠯ ᠶᠠᠮᠠᠷᠪᠠ ᠨᠢᠭᠡᠴᠢ ᠪᠠ ᠬᠤᠪᠢ ᠬᠥᠮᠦᠨ ᠭᠡᠳ ᠣᠯᠠᠨ ᠨᠡᠢᠲᠡ᠎ᠶᠢᠨ ᠭᠠᠯ ᠰᠡᠷᠭᠡᠢᠯᠡᠵᠦ ᠤᠨᠲᠠᠷᠠᠭᠠᠬᠤ ᠪᠡᠯᠡᠳᠬᠡᠮᠵᠢ᠎ᠶᠢ ᠡᠪᠳᠡᠬᠦ ᠦᠢᠯᠡ ᠠᠵᠢᠯᠯᠠᠭ᠎ᠠ᠎ᠶᠢ ᠬᠣᠷᠢᠭᠯᠠᠬᠤ ᠪᠤᠶᠤ ᠭᠠᠯ ᠰᠡᠷᠭᠡᠢᠯᠡᠵᠦ ᠤᠨᠲᠠᠷᠠᠭᠠᠬᠤ ᠠᠪᠤᠷᠠᠨ ᠲᠤᠰᠠᠯᠠᠬᠤ ᠪᠠᠢᠭᠤᠯᠤᠮᠵᠢ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠦ ᠵᠠᠭᠠᠯᠳᠤᠬᠤ᠂ ᠢᠯᠡᠴᠢᠯᠡᠨ ᠮᠡᠳᠡᠭᠦᠯᠬᠦ ᠡᠷᠬᠡ᠎ᠲᠡᠢ᠃ ᠭᠠᠯ ᠰᠡᠷᠭᠡᠢᠯᠡᠵᠦ ᠤᠨᠲᠠᠷᠠᠭᠠᠬᠤ ᠠᠪᠤᠷᠠᠨ ᠲᠤᠰᠠᠯᠠᠬᠤ ᠪᠠᠢᠭᠤᠯᠤᠮᠵᠢ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠨᠢ ᠵᠠᠭᠠᠯᠳᠤᠯᠭ᠎ᠠ᠂ ᠢᠯᠡᠴᠢᠯᠡᠵᠦ ᠮᠡᠳᠡᠭᠦᠯᠬᠦ᠎ᠶᠢ ᠬᠦᠯᠢᠶᠡᠨ ᠠᠪᠤᠭᠰᠠᠨ᠎ᠤ ᠳᠠᠷᠠᠭ᠎ᠠ ᠴᠠᠭ ᠲᠤᠬᠠᠢ᠎ᠳᠤ᠎ᠨᠢ ᠱᠢᠢᠳᠪᠦᠷᠢᠯᠡᠬᠦ ᠬᠡᠷᠡᠭᠲᠡᠢ᠃

   ᠬᠣᠷᠢᠨ ᠨᠠᠢ᠍ᠮᠠᠳᠤᠭᠠᠷ ᠵᠦᠢᠯ ᠲᠤᠰ ᠠᠷᠭ᠎ᠠ᠎ᠶᠢᠨ ᠲᠣᠭᠲᠠᠭᠠᠯ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠳᠤ᠂ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠯ ᠰᠡᠷᠭᠡᠢᠯᠡᠵᠦ ᠤᠨᠲᠠᠷᠠᠭᠠᠬᠤ ᠬᠠᠤᠯᠢ》᠂《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠯ ᠰᠡᠷᠭᠡᠢᠯᠡᠵᠦ ᠤᠨᠲᠠᠷᠠᠭᠠᠬᠤ ᠳᠦᠷᠢᠮ》 ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ᠎ᠳᠤ ᠪᠣᠳᠠᠲᠠᠢ ᠱᠢᠢᠳᠬᠡᠵᠦ ᠲᠣᠷᠭᠠᠬᠤ ᠲᠣᠭᠲᠠᠭᠠᠯ ᠭᠠᠷᠭᠠᠭᠰᠠᠨ ᠪᠣᠯ ᠲᠡᠷᠡ᠎ᠬᠦ ᠲᠣᠭᠲᠠᠭᠠᠯ᠎ᠢᠶᠠᠷ ᠬᠡᠷᠡᠭᠵᠢᠭᠦᠯᠦᠨ᠎ᠡ᠃

   ᠬᠣᠷᠢ ᠶᠢᠰᠦᠳᠦᠭᠡᠷ ᠵᠦᠢᠯ ᠣᠯᠠᠨ ᠨᠡᠢᠲᠡ᠎ᠶᠢᠨ ᠭᠠᠯ ᠰᠡᠷᠭᠡᠢᠯᠡᠵᠦ ᠤᠨᠲᠠᠷᠠᠭᠠᠬᠤ ᠪᠡᠯᠡᠳᠬᠡᠮᠵᠢ᠎ᠶᠢᠨ ᠪᠦᠲᠦᠭᠡᠨ ᠪᠠᠢᠭᠤᠯᠬᠤ᠂ ᠬᠡᠷᠡᠭᠯᠡᠬᠦ᠂ ᠠᠷᠠᠴᠢᠯᠠᠬᠤ ᠪᠠ ᠬᠢᠨᠠᠨ ᠬᠠᠮᠢᠶᠠᠷᠬᠤ ᠠᠵᠢᠯ᠎ᠤᠨ ᠳᠤᠮᠳᠠ ᠡᠷᠬᠡ ᠲᠤᠱᠢᠶᠠᠯ᠎ᠢᠶᠠᠨ ᠳᠤᠷ᠎ᠠ᠎ᠪᠠᠷ ᠬᠡᠷᠡᠭᠯᠡᠭᠰᠡᠨ᠂ ᠠᠯᠪᠠᠨ ᠲᠤᠱᠢᠶᠠᠯ᠎ᠳᠤ᠎ᠪᠠᠨ ᠠᠯᠮᠠᠢᠷᠠᠨ ᠣᠰᠣᠯᠳᠠᠭᠰᠠᠨ᠂ ᠬᠤᠪᠢ᠎ᠶᠢᠨ ᠨᠠᠢᠷ ᠲᠠᠯ᠎ᠠ ᠬᠠᠷᠠᠵᠤ ᠬᠠᠤᠯᠢ ᠶᠣᠰᠣ᠎ᠶᠢ ᠵᠥᠷᠢᠴᠡᠭᠰᠡᠨ ᠪᠠᠢᠪᠠᠯ ᠱᠢᠭᠤᠳ ᠬᠠᠷᠢᠭᠤᠴᠠᠵᠤ ᠪᠠᠢᠭ᠎ᠠ ᠭᠣᠣᠯᠯᠠᠨ ᠬᠠᠮᠢᠶᠠᠷᠤᠭᠴᠢ ᠪᠠ ᠪᠤᠰᠤᠳ ᠱᠢᠭᠤᠳ ᠬᠠᠷᠢᠭᠤᠴᠠᠯᠭᠠᠲᠠᠨ᠎ᠳᠤ ᠬᠠᠤᠯᠢ ᠶᠣᠰᠣᠭᠠᠷ ᠱᠢᠢᠳᠬᠡᠯ ᠣᠯᠭᠣᠨ᠎ᠠ; ᠶᠠᠯ᠎ᠠ᠎ᠳᠤ ᠬᠥᠷᠥᠭᠰᠡᠨ ᠪᠠᠢᠪᠠᠯ᠂ ᠬᠠᠤᠯᠢ ᠶᠣᠰᠣᠭᠠᠷ ᠡᠷᠡᠭᠦᠦ᠎ᠶᠢᠨ ᠬᠠᠷᠢᠭᠤᠴᠠᠯᠭ᠎ᠠ ᠨᠡᠬᠡᠮᠵᠢᠯᠡᠨ᠎ᠡ᠃

   ᠭᠤᠴᠢᠳᠤᠭᠠᠷ ᠵᠦᠢᠯ ᠲᠤᠰ ᠠᠷᠭ᠎ᠠ᠎ᠶᠢ 2024 ᠣᠨ᠎ᠤ 6 ᠳ᠋ᠤᠭᠠᠷ ᠰᠠᠷ᠎ᠠ᠎ᠶᠢᠨ 1᠎ᠦ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ᠃

 

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
 
            