ᠲᠡᠷᠢᠭᠦᠨ ᠬᠠᠭᠤᠳᠠᠰᠤ
ᠠᠵᠢᠯ᠎ᠤᠨ ᠪᠠᠶ᠋ᠢᠳᠠᠯ
ᠢᠯᠡ ᠵᠠᠰᠠᠭ
ᠲᠤᠭ᠎ᠠ ᠪᠦᠷᠢᠳᠭᠡᠯ᠎ᠤᠨ ᠦᠢᠯᠡᠴᠢᠯᠡᠭᠡ
ᠢᠯᠡ ᠵᠠᠰᠠᠭ   -   ᠠᠯᠪᠠᠨ ᠮᠡᠳᠡᠭᠡ
《ᠬᠡᠦᠬᠡᠳ᠎ᠢ ᠦᠨᠳᠦᠰᠦᠨ ᠡᠮᠴᠢᠯᠡᠭᠡᠨ᠎ᠦ ᠳᠠᠭᠠᠳᠭᠠᠯ᠎ᠳᠤ ᠣᠷᠣᠭᠤᠯᠬᠤ ᠲᠤᠰᠭᠠᠢ ᠠᠵᠢᠯᠯᠠᠭ᠎ᠠ ᠥᠷᠨᠢᠭᠦᠯᠬᠦ ᠲᠤᠬᠠᠢ ᠮᠡᠳᠡᠭᠳᠡᠯ》᠎ᠦᠨ ᠲᠠᠢᠯᠤᠮᠵᠢ
ᠨᠡᠶ᠋ᠢᠲᠡᠯᠡᠭᠰᠡᠨ ᠴᠠᠭ᠄ 2024-06-30

   ᠨᠢᠭᠡ᠂ ᠨᠣᠣᠷᠠᠭᠯᠠᠭᠰᠠᠨ ᠠᠬᠤᠢ ᠪᠠᠢᠳᠠᠯ

   ᠬᠡᠦᠬᠡᠳ ᠪᠣᠯ ᠭᠡᠷ ᠪᠦᠯᠢ᠎ᠶᠢᠨ ᠬᠦᠰᠡᠯ ᠡᠷᠡᠮᠡᠯᠵᠡᠯ᠂ ᠤᠯᠤᠰ ᠪᠠ ᠦᠨᠳᠦᠰᠦᠲᠡᠨ᠎ᠦ ᠢᠷᠡᠭᠡᠳᠦᠢ ᠮᠥᠨ᠂ ᠬᠡᠦᠬᠡᠳ᠎ᠦᠳ ᠬᠠᠤᠯᠢ ᠶᠣᠰᠣᠭᠠᠷ ᠡᠮᠴᠢᠯᠡᠭᠡᠨ᠎ᠦ ᠦᠨᠳᠦᠰᠦᠨ ᠳᠠᠭᠠᠳᠭᠠᠯ᠎ᠳᠤ ᠣᠷᠣᠯᠴᠠᠬᠤ᠎ᠨᠢ ᠬᠡᠦᠬᠡᠳ᠎ᠦᠳ᠎ᠦᠨ ᠡᠷᠡᠭᠦᠯ᠎ᠢᠶᠡᠷ ᠥᠰᠦᠨ ᠪᠣᠢᠵᠢᠬᠤ᠎ᠶᠢ ᠪᠠᠲᠤᠯᠠᠬᠤ᠎ᠳᠤ ᠴᠢᠬᠤᠯᠠ ᠠᠴᠢ ᠬᠣᠯᠪᠣᠭᠳᠠᠯ᠎ᠲᠠᠢ ᠪᠥᠭᠡᠳ ᠲᠦᠭ ᠲᠦᠮᠡᠨ ᠭᠡᠷ ᠪᠦᠯᠢ᠎ᠶᠢᠨ ᠵᠣᠯ ᠵᠢᠷᠭᠠᠯᠲᠤ ᠠᠮᠢᠳᠤᠷᠠᠯ᠎ᠤᠨ ᠴᠢᠬᠤᠯᠠ ᠪᠠᠲᠤᠯᠠᠭ᠎ᠠ ᠶᠤᠮ᠃ ᠮᠠᠨ᠎ᠤ ᠤᠯᠤᠰ᠎ᠤᠨ ᠬᠣᠲᠠ ᠬᠥᠳᠡᠭᠡᠨ᠎ᠦ ᠰᠠᠭᠤᠭᠠᠯᠢ ᠠᠷᠠᠳ᠎ᠤᠨ ᠡᠮᠴᠢᠯᠡᠭᠡᠨ᠎ᠦ ᠳᠠᠭᠠᠳᠭᠠᠯ᠎ᠤᠨ ᠳᠦᠷᠢᠮ ᠪᠠᠢᠭᠤᠯᠤᠭᠳᠠᠭᠰᠠᠨ᠎ᠠᠴᠠ ᠨᠠᠭᠠᠱᠢ᠂ ᠳᠠᠭᠠᠳᠭᠠᠯ᠎ᠳᠤ ᠣᠷᠣᠯᠴᠠᠭᠰᠠᠨ ᠬᠡᠦᠬᠡᠳ᠎ᠦᠨ ᠲᠣᠭ᠎ᠠ ᠲᠣᠭᠲᠠᠭᠤᠨ᠎ᠤ ᠳᠤᠮᠳᠠ ᠨᠡᠮᠡᠭᠳᠡᠵᠦ᠂ 2023 ᠣᠨ᠎ᠳᠤ ᠳᠠᠭᠠᠳᠭᠠᠯ᠎ᠳᠤ ᠣᠷᠣᠯᠴᠠᠭᠰᠠᠨ ᠬᠡᠦᠬᠡᠳ 2.56 ᠳ᠋ᠦᠩᠱᠢᠭᠤᠷ ᠪᠣᠯᠵᠠᠢ᠃ ᠳᠠᠭᠠᠳᠭᠠᠯ᠎ᠳᠤ ᠣᠷᠣᠯᠴᠠᠭᠰᠠᠨ ᠬᠡᠦᠬᠡᠳ᠎ᠦᠨ ᠲᠣᠭ᠎ᠠ ᠲᠣᠭᠲᠠᠭᠤᠨ᠎ᠢᠶᠠᠷ ᠨᠡᠮᠡᠭᠳᠡᠭᠰᠡᠨ᠎ᠨᠢ ᠬᠡᠦᠬᠡᠳ᠎ᠦᠳ᠎ᠦᠨ ᠡᠷᠡᠭᠦᠯ ᠮᠡᠨᠳᠦ᠎ᠶᠢᠨ ᠡᠷᠬᠡ ᠠᠱᠢᠭ᠎ᠢ ᠪᠠᠲᠤᠯᠠᠬᠤ᠎ᠳᠤ ᠰᠠᠭᠤᠷᠢ ᠴᠢᠨᠠᠷᠲᠠᠢ᠂ ᠦᠨᠳᠦᠰᠦᠨ ᠵᠦᠢᠯ᠎ᠢ ᠪᠠᠲᠤᠯᠠᠬᠤ ᠴᠢᠨᠠᠷᠲᠠᠢ ᠦᠢᠯᠡᠳᠦᠯ ᠭᠠᠷᠭᠠᠭᠰᠠᠨ ᠪᠠᠢᠨ᠎ᠠ᠃ ᠭᠡᠪᠡᠴᠦ ᠡᠭᠦᠨ᠎ᠦ ᠬᠠᠮᠲᠤ ᠪᠠᠰᠠ ᠨᠢᠷᠠᠢ ᠬᠡᠦᠬᠡᠳ᠎ᠦᠨ ᠳᠠᠭᠠᠳᠭᠠᠯ᠎ᠳᠤ ᠣᠷᠣᠯᠴᠠᠬᠤ᠎ᠳᠤ ᠭᠠᠷ ᠭᠦᠢᠴᠡᠳᠬᠡᠯ ᠣᠯᠠᠨ᠂ ᠶᠠᠪᠤᠴᠠ ᠣᠷᠳᠣ᠂ ᠴᠥᠭᠡᠨ ᠲᠣᠭᠠᠨ᠎ᠤ ᠭᠡᠷ᠎ᠦᠨ ᠠᠬᠠᠮᠠᠳ᠎ᠤᠨ ᠳᠠᠭᠠᠳᠭᠠᠯ᠎ᠳᠤ ᠣᠷᠣᠯᠴᠠᠬᠤ ᠤᠬᠠᠮᠰᠠᠷ ᠳᠣᠷᠣᠢ᠂ ᠣᠨᠴᠠ ᠵᠠᠷᠢᠮ ᠬᠣᠲᠠ ᠪᠠᠢᠩᠭᠤ ᠰᠠᠭᠤᠭ᠎ᠠ ᠬᠡᠦᠬᠡᠳ᠎ᠦᠨ ᠳᠠᠭᠠᠳᠭᠠᠯ᠎ᠳᠤ ᠣᠷᠣᠯᠴᠠᠬᠤ ᠡᠷᠦᠬᠡ ᠠᠮᠠ᠎ᠶᠢᠨ ᠬᠢᠵᠠᠭᠠᠷᠯᠠᠯ᠎ᠢ ᠬᠠᠷᠠᠬᠠᠨ ᠪᠦᠷᠢᠮᠦᠰᠦᠨ ᠴᠢᠯᠥᠭᠡᠲᠡᠢ ᠪᠣᠯᠭᠠᠭᠠᠳᠤᠢ ᠵᠡᠷᠭᠡ ᠠᠰᠠᠭᠤᠳᠠᠯ᠎ᠤᠳ ᠣᠷᠣᠱᠢᠵᠤ ᠪᠠᠢᠭ᠎ᠠ ᠪᠣᠯᠬᠣᠷ ᠬᠠᠮᠲᠤ᠎ᠶᠢᠨ ᠲᠠᠨᠢᠯᠲᠠ᠎ᠪᠠᠨ ᠴᠢᠨᠠᠭᠱᠢᠳᠠ ᠤᠯᠠᠮ ᠨᠢᠭᠲᠠᠷᠠᠭᠤᠯᠵᠤ᠂ ᠰᠠᠯᠠᠭ᠎ᠠ ᠮᠥᠴᠢᠷ᠎ᠦᠳ᠎ᠦᠨ ᠨᠡᠢᠯᠡᠮᠡᠯ ᠬᠦᠴᠦᠨ᠎ᠢ ᠪᠣᠢ ᠪᠣᠯᠭᠠᠨ᠂ ᠬᠡᠦᠬᠡᠳ᠎ᠦᠨ ᠳᠠᠭᠠᠳᠭᠠᠯ᠎ᠳᠤ ᠣᠷᠣᠯᠴᠠᠬᠤ ᠲᠦᠪᠱᠢᠨ᠎ᠢ ᠴᠢᠨᠠᠭᠱᠢᠳᠠ ᠤᠯᠠᠮ ᠳᠡᠭᠡᠭᠱᠢᠯᠡᠭᠦᠯᠬᠦ᠎ᠶᠢ ᠠᠬᠢᠭᠤᠯᠬᠤ ᠴᠢᠬᠤᠯᠠᠲᠠᠢ ᠪᠠᠢᠨ᠎ᠠ᠃ ᠬᠡᠦᠬᠡᠳ᠎ᠦᠳ᠎ᠦᠨ ᠡᠮᠴᠢᠯᠡᠭᠡᠨ᠎ᠦ ᠪᠠᠲᠤᠯᠠᠭ᠎ᠠ᠎ᠶᠢᠨ ᠡᠷᠬᠡ ᠠᠱᠢᠭ᠎ᠢ ᠬᠠᠮᠠᠭᠠᠯᠠᠬᠤ᠎ᠶᠢᠨ ᠲᠥᠯᠥᠭᠡ᠂ ᠪᠢᠳᠡ ᠰᠤᠷᠭᠠᠨ ᠬᠥᠮᠦᠵᠢᠯ᠎ᠦᠨ ᠶᠠᠮᠤᠨ᠎ᠤ ᠠᠯᠪᠠᠨ ᠲᠢᠩᠬᠢᠮ᠂ ᠤᠯᠤᠰ᠎ᠤᠨ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠎ᠦᠨ ᠠᠯᠪᠠᠨ ᠲᠢᠩᠬᠢᠮ᠂ ᠲᠥᠷᠥ᠎ᠶᠢᠨ ᠶᠠᠪᠤᠳᠠᠯ᠎ᠤᠨ ᠬᠣᠷᠢᠶᠠᠨ᠎ᠤ ᠡᠮᠡᠭᠲᠡᠢᠴᠦᠳ ᠬᠡᠦᠬᠡᠳ᠎ᠦᠨ ᠠᠵᠢᠯ᠎ᠤᠨ ᠵᠥᠪᠯᠡᠯ᠎ᠦᠨ ᠠᠯᠪᠠᠨ ᠭᠡᠷ᠂ ᠪᠦᠬᠦ ᠤᠯᠤᠰ᠎ᠤᠨ ᠡᠮᠡᠭᠲᠡᠢᠴᠦᠳ᠎ᠦᠨ ᠬᠣᠯᠪᠣᠭᠠᠨ᠎ᠤ ᠠᠯᠪᠠᠨ ᠲᠢᠩᠬᠢᠮ᠎ᠲᠡᠢ ᠬᠠᠮᠲᠤᠷᠠᠨ 《ᠬᠡᠦᠬᠡᠳ᠎ᠢ ᠦᠨᠳᠦᠰᠦᠨ ᠡᠮᠴᠢᠯᠡᠭᠡᠨ᠎ᠦ ᠳᠠᠭᠠᠳᠭᠠᠯ᠎ᠳᠤ ᠣᠷᠣᠭᠤᠯᠬᠤ ᠲᠤᠰᠭᠠᠢ ᠠᠵᠢᠯᠯᠠᠭ᠎ᠠ ᠥᠷᠨᠢᠭᠦᠯᠬᠦ ᠲᠤᠬᠠᠢ ᠮᠡᠳᠡᠭᠳᠡᠯ》 (ᠳᠣᠷᠣᠭᠱᠢ 《ᠮᠡᠳᠡᠭᠳᠡᠯ》 ᠭᠡᠵᠦ ᠲᠣᠪᠴᠢᠯᠠᠪᠠ)᠎ᠢ ᠰᠤᠳᠤᠯᠤᠨ ᠲᠤᠭᠤᠷᠪᠢᠵᠠᠢ᠃

   ᠬᠣᠶᠠᠷ᠂ ᠶᠡᠷᠦᠩᠬᠡᠢ ᠰᠡᠳᠬᠢᠮᠵᠢ ᠪᠠ ᠭᠣᠣᠯ ᠠᠭᠤᠯᠭ᠎ᠠ

  《ᠮᠡᠳᠡᠭᠳᠡᠯ》᠎ᠳᠦ ᠳᠠᠷᠠᠭᠠᠬᠢ ᠰᠡᠳᠬᠢᠮᠵᠢ᠎ᠶᠢ ᠵᠢᠷᠤᠮᠯᠠᠪᠠ:ᠨᠢᠭᠡ᠎ᠳᠦ ᠬᠠᠷᠠᠯᠲᠠ᠎ᠪᠠᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠨ᠎ᠠ᠃ 《〈14.5〉᠎ᠶᠢᠨ ᠪᠦᠬᠦ ᠠᠷᠠᠳ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠥᠯᠥᠪᠯᠡᠭᠡ》᠎ᠳᠦ ᠳᠤᠷᠠᠳᠤᠭᠰᠠᠨ ᠵᠢᠯ ᠪᠦᠷᠢ 95%᠎ᠠᠴᠠ ᠳᠡᠭᠡᠭᠱᠢᠬᠢ᠎ᠶᠢ ᠳᠠᠭᠠᠳᠭᠠᠯ᠎ᠳᠤ ᠣᠷᠣᠭᠤᠯᠬᠤ ᠨᠣᠷᠮ᠎ᠠ᠎ᠶᠢᠨ ᠬᠠᠷᠠᠯᠲᠠ᠎ᠶᠢ ᠪᠡᠶᠡᠯᠡᠭᠦᠯᠬᠦ᠎ᠶᠢ ᠪᠣᠳᠣᠯᠬᠢᠯᠠᠵᠤ᠂ 2024 ᠣᠨ᠎ᠤ ᠡᠴᠦᠰ ᠪᠣᠯᠲᠠᠯ᠎ᠠ᠂ 80%᠎ᠠᠴᠠ ᠳᠡᠭᠡᠭᠱᠢᠬᠢ ᠨᠢᠷᠠᠢ ᠬᠡᠦᠬᠡᠳ᠎ᠦᠳ᠎ᠢ ᠲᠥᠷᠥᠭᠰᠡᠨ ᠵᠢᠯ᠎ᠳᠦ᠎ᠨᠢ ᠳᠠᠭᠠᠳᠭᠠᠯ᠎ᠳᠤ ᠣᠷᠣᠭᠤᠯᠬᠤ᠎ᠪᠠᠷ ᠴᠢᠷᠮᠠᠢᠨ᠎ᠠ ᠭᠡᠵᠦ ᠲᠣᠳᠣᠷᠬᠠᠢ ᠳᠤᠷᠠᠳᠪᠠ᠃ 《14.5》᠎ᠶᠢᠨ ᠬᠤᠭᠤᠴᠠᠭᠠᠨ᠎ᠤ ᠡᠴᠦᠰ ᠪᠣᠯᠬᠤ᠎ᠳᠤ᠂ ᠬᠡᠦᠬᠡᠳ᠎ᠦᠨ ᠳᠠᠭᠠᠳᠭᠠᠯ᠎ᠳᠤ ᠣᠷᠣᠯᠴᠠᠬᠤ ᠨᠣᠷᠮ᠎ᠠ᠎ᠶᠢ ᠲᠣᠭᠲᠠᠭᠤᠨ ᠪᠠᠢᠯᠭᠠᠬᠤ᠎ᠶᠢᠨ ᠵᠡᠷᠭᠡ᠎ᠳᠦ ᠳᠡᠭᠡᠭᠱᠢᠯᠡᠭᠦᠯᠦᠨ᠎ᠡ᠃ ᠬᠣᠶᠠᠷ᠎ᠲᠤ ᠦᠢᠯᠡᠴᠢᠯᠡᠭᠡ᠎ᠪᠡᠷ ᠤᠳᠤᠷᠢᠳᠤᠮᠵᠢ ᠪᠣᠯᠭᠠᠬᠤ᠎ᠶᠢ ᠪᠠᠷᠢᠮᠲᠠᠯᠠᠨ᠎ᠠ᠃ ᠬᠡᠦᠬᠡᠳ᠎ᠦᠨ ᠳᠠᠭᠠᠳᠭᠠᠯ᠎ᠳᠤ ᠣᠷᠣᠯᠴᠠᠬᠤ ᠲᠥᠷᠥ᠎ᠶᠢᠨ ᠪᠣᠳᠣᠯᠭ᠎ᠠ᠎ᠶᠢ ᠬᠠᠷᠢᠴᠠᠩᠭᠤᠢ᠎ᠪᠠᠷ ᠲᠣᠭᠲᠠᠭᠤᠨ ᠪᠠᠢᠯᠭᠠᠬᠤ᠎ᠶᠢ ᠪᠠᠲᠤᠯᠠᠭᠰᠠᠨ ᠤᠷᠢᠲᠠᠯ᠎ᠳᠤ᠂ ᠨᠢᠷᠠᠢ ᠬᠡᠦᠬᠡᠳ᠎ᠦᠨ ᠳᠠᠭᠠᠳᠭᠠᠯ᠎ᠳᠤ ᠣᠷᠣᠯᠴᠠᠬᠤ ᠴᠤᠪᠤᠷᠠᠯ᠎ᠢ ᠭᠣᠣᠯᠳᠠᠯᠭ᠎ᠠ᠎ᠲᠠᠢ ᠱᠢᠯᠢᠳᠡᠭᠵᠢᠭᠦᠯᠵᠦ᠂ ᠳᠠᠭᠠᠳᠭᠠᠯ᠎ᠳᠤ ᠣᠷᠣᠯᠴᠠᠬᠤ ᠳᠠᠩᠰᠠᠯᠠᠯᠲᠠ᠎ᠶᠢᠨ ᠭᠣᠭᠴᠣᠭ᠎ᠠ᠎ᠶᠢ ᠴᠣᠮᠬᠠᠳᠭᠠᠨ᠂ ᠦᠢᠯᠡᠴᠢᠯᠡᠭᠡ᠎ᠪᠡᠨ ᠰᠠᠢᠵᠢᠷᠠᠭᠤᠯᠵᠤ᠂ ᠴᠢᠭᠯᠡᠯᠲᠡ ᠴᠢᠨᠠᠷᠲᠠᠢ᠎ᠪᠠᠷ ᠠᠵᠢᠯ᠎ᠤᠨ ᠱᠠᠭᠠᠷᠳᠠᠯᠭ᠎ᠠ ᠳᠤᠷᠠᠳᠤᠨ᠎ᠠ᠃ ᠭᠤᠷᠪᠠ᠎ᠳᠤ ᠲᠥᠪ ᠶᠣᠰᠣ᠎ᠶᠢ ᠵᠢᠷᠤᠮᠯᠠᠨ ᠱᠢᠨ᠎ᠡ᠎ᠶᠢ ᠡᠭᠦᠳᠬᠦ᠎ᠶᠢ ᠪᠠᠷᠢᠮᠲᠠᠯᠠᠨ᠎ᠠ᠃ 《ᠮᠡᠳᠡᠭᠳᠡᠯ》᠎ᠨᠢ 《ᠦᠨᠳᠦᠰᠦᠨ ᠡᠮᠴᠢᠯᠡᠭᠡᠨ᠎ᠦ ᠳᠠᠭᠠᠳᠭᠠᠯ᠎ᠳᠤ ᠣᠷᠣᠯᠴᠠᠬᠤ ᠠᠵᠢᠯ᠎ᠢ ᠴᠢᠩᠭᠠᠳᠭᠠᠬᠤ ᠪᠠ ᠰᠠᠢᠵᠢᠷᠠᠭᠤᠯᠬᠤ ᠲᠤᠬᠠᠢ ᠵᠢᠯᠣᠭᠣᠳᠬᠤ ᠰᠠᠨᠠᠯ》 《ᠦᠨᠳᠦᠰᠦᠨ ᠡᠮᠴᠢᠯᠡᠭᠡᠨ᠎ᠦ ᠳᠠᠭᠠᠳᠭᠠᠯ᠎ᠳᠤ ᠣᠷᠣᠯᠴᠠᠬᠤ ᠬᠠᠮᠢᠶᠠᠷᠤᠯᠲᠠ ᠭᠠᠷᠲᠠᠨ ᠭᠦᠢᠴᠡᠳᠬᠡᠬᠦ ᠳᠦᠷᠢᠮ》᠎ᠢ ᠴᠢᠨᠠᠭᠱᠢᠳᠠ ᠤᠯᠠᠮ ᠪᠡᠬᠢᠵᠢᠭᠦᠯᠦᠨ ᠲᠡᠭᠦᠯᠳᠡᠷᠵᠢᠭᠦᠯᠬᠦ᠎ᠶᠢᠨ ᠬᠠᠮᠲᠤ ᠣᠷᠣᠨ ᠨᠤᠲᠤᠭ᠎ᠤᠨ ᠬᠠᠢᠨ ᠰᠥᠪᠡᠭᠴᠢᠯᠡᠯᠲᠡ ᠪᠠ ᠱᠢᠨᠡᠴᠢᠯᠡᠯᠲᠡ᠎ᠶᠢ ᠵᠣᠷᠢᠭᠵᠢᠭᠤᠯᠤᠨ᠎ᠠ᠃

  《ᠮᠡᠳᠡᠭᠳᠡᠯ》᠎ᠨᠢ ᠬᠡᠦᠬᠡᠳ᠎ᠢ ᠳᠠᠭᠠᠳᠭᠠᠯ᠎ᠳᠤ ᠣᠷᠣᠭᠤᠯᠬᠤ ᠳᠠᠶ᠋ᠢᠴᠢᠯᠠᠯᠲᠠ᠎ᠶᠢ ᠡᠷᠴᠢᠮᠵᠢᠭᠦᠯᠬᠦ᠂ ᠨᠢᠷᠠᠢ ᠬᠡᠦᠬᠡᠳ᠎ᠦᠨ ᠳᠠᠭᠠᠳᠭᠠᠯ᠎ᠳᠤ ᠣᠷᠣᠯᠴᠠᠬᠤ ᠴᠤᠪᠤᠷᠠᠯ᠎ᠢ ᠱᠢᠯᠢᠳᠡᠭᠵᠢᠭᠦᠯᠬᠦ᠂ ᠳᠠᠭᠠᠳᠭᠠᠯ᠎ᠳᠤ ᠣᠷᠣᠯᠴᠠᠬᠤ ᠲᠥᠷᠥ᠎ᠶᠢᠨ ᠪᠣᠳᠣᠯᠭ᠎ᠠ ᠪᠠ ᠡᠮᠴᠢᠯᠡᠭᠡᠨ᠎ᠦ ᠦᠢᠯᠡᠴᠢᠯᠡᠭᠡ᠎ᠶᠢᠨ ᠬᠠᠩᠭᠠᠯᠭ᠎ᠠ᠎ᠶᠢ ᠬᠠᠮᠵᠢᠯᠴᠠᠭᠤᠯᠤᠨ ᠱᠢᠯᠢᠳᠡᠭᠵᠢᠭᠦᠯᠬᠦ᠂ ᠰᠠᠯᠠᠭ᠎ᠠ ᠮᠥᠴᠢᠷ᠎ᠦᠳ᠎ᠦᠨ ᠳ᠋ᠠᠢᠲ᠋ᠠ ᠬᠤᠪᠢᠶᠠᠯᠴᠠᠬᠤ᠎ᠶᠢ ᠴᠢᠩᠭᠠᠳᠭᠠᠬᠤ᠂ ᠱᠢᠮᠳᠠᠭᠤᠯᠤᠨ ᠵᠢᠯᠣᠭᠣᠳᠴᠤ ᠨᠠᠢᠳᠠᠪᠤᠷᠢᠵᠢᠭᠤᠯᠬᠤ᠎ᠶᠢ ᠴᠢᠩᠭᠠᠳᠭᠠᠬᠤ ᠵᠡᠷᠭᠡ ᠲᠠᠯ᠎ᠠ᠎ᠪᠠᠷ ᠲᠤᠰᠭᠠᠢ ᠠᠵᠢᠯᠯᠠᠭ᠎ᠠ᠎ᠳᠤ ᠪᠠᠢᠷᠢᠯᠠᠭᠤᠯᠤᠯᠲᠠ ᠬᠢᠪᠡ᠃ ᠨᠢᠭᠡ᠎ᠳᠦ ᠬᠡᠦᠬᠡᠳ᠎ᠢ ᠳᠠᠭᠠᠳᠭᠠᠯ᠎ᠳᠤ ᠣᠷᠣᠭᠤᠯᠬᠤ ᠳᠠᠶ᠋ᠢᠴᠢᠯᠠᠯᠲᠠ᠎ᠶᠢ ᠡᠷᠴᠢᠮᠵᠢᠭᠦᠯᠦᠨ᠎ᠡ᠃ ᠡᠯ᠎ᠡ ᠱᠠᠲᠤᠨ᠎ᠤ ᠡᠮᠴᠢᠯᠡᠭᠡᠨ᠎ᠦ ᠪᠠᠲᠤᠯᠠᠭ᠎ᠠ᠂ ᠰᠤᠷᠭᠠᠨ ᠬᠥᠮᠦᠵᠢᠯ᠂ ᠡᠷᠡᠭᠦᠯ ᠬᠠᠮᠠᠭᠠᠯᠠᠯ ᠡᠷᠡᠭᠦᠯ ᠮᠡᠨᠳᠦ᠂ ᠡᠮᠡᠭᠲᠡᠢᠴᠦᠳ᠎ᠦᠨ ᠬᠣᠯᠪᠣᠭᠠᠲᠤ ᠬᠤᠷᠠᠯ ᠵᠡᠷᠭᠡ ᠰᠠᠯᠠᠭ᠎ᠠ ᠮᠥᠴᠢᠷ ᠪᠠ ᠨᠢᠭᠡᠴᠢ᠎ᠨᠦᠭᠦᠳ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠶᠣᠰᠣᠭᠠᠷ᠂ ᠳᠠᠭᠠᠳᠭᠠᠯ᠎ᠳᠤ ᠣᠷᠣᠯᠴᠠᠬᠤ᠎ᠶᠢ ᠤᠬᠠᠭᠤᠯᠤᠨ ᠳᠠᠢᠴᠢᠯᠠᠬᠤ᠎ᠪᠠᠨ ᠦᠨᠡᠨ᠎ᠬᠦ ᠡᠷᠴᠢᠮᠵᠢᠭᠦᠯᠦᠨ᠎ᠡ᠃ ᠬᠣᠶᠠᠷ᠎ᠲᠤ ᠨᠢᠷᠠᠢ ᠬᠡᠦᠬᠡᠳ᠎ᠦᠨ ᠳᠠᠭᠠᠳᠭᠠᠯ᠎ᠳᠤ ᠣᠷᠣᠯᠴᠠᠬᠤ ᠴᠤᠪᠤᠷᠠᠯ᠎ᠢ ᠱᠢᠯᠢᠳᠡᠭᠵᠢᠭᠦᠯᠦᠨ᠎ᠡ᠃ ᠡᠯ᠎ᠡ ᠭᠠᠵᠠᠷ᠎ᠢ ᠱᠠᠭᠠᠷᠳᠠᠨ 《ᠲᠥᠷᠥᠭᠰᠡᠨ᠎ᠦ ᠳᠠᠷᠠᠭᠠᠬᠢ ᠠᠵᠢᠯ ᠶᠠᠪᠤᠳᠠᠯ᠎ᠤᠳ᠎ᠢ ᠨᠢᠭᠡ ᠯᠠ ᠠᠵᠢᠯ ᠶᠠᠪᠤᠳᠠᠯ ᠪᠣᠯᠭᠠᠨ》 ᠭᠦᠢᠴᠡᠳᠬᠡᠬᠦ᠎ᠶᠢ ᠨᠠᠢᠳᠠᠪᠤᠷᠢᠵᠢᠭᠤᠯᠬᠤ ᠬᠡᠷᠡᠭᠲᠡᠢ ᠭᠡᠵᠦ᠂ ᠣᠷᠣᠨ ᠨᠤᠲᠤᠭ᠎ᠤᠨ ᠲᠥᠷᠥᠭᠰᠡᠨ᠎ᠦ ᠠᠨᠠᠭᠠᠬᠤ᠎ᠶᠢᠨ ᠭᠡᠷᠡᠴᠢᠯᠡᠯ᠎ᠢᠶᠡᠷ᠎ᠨᠢ ᠨᠢᠷᠠᠢ ᠬᠡᠦᠬᠡᠳ᠎ᠢ ᠳᠠᠭᠠᠳᠭᠠᠯ᠎ᠳᠤ ᠣᠷᠣᠭᠤᠯᠬᠤ᠎ᠶᠢ ᠰᠦᠪᠡᠭᠴᠢᠯᠡᠬᠦ᠎ᠶᠢ ᠵᠣᠷᠢᠭᠵᠢᠭᠤᠯᠤᠨ᠎ᠠ᠃ ᠭᠤᠷᠪᠠ᠎ᠳᠤ ᠳᠠᠭᠠᠳᠭᠠᠯ᠎ᠳᠤ ᠣᠷᠣᠯᠴᠠᠬᠤ ᠲᠥᠷᠥ᠎ᠶᠢᠨ ᠪᠣᠳᠣᠯᠭ᠎ᠠ ᠪᠠ ᠡᠮᠴᠢᠯᠡᠭᠡᠨ᠎ᠦ ᠦᠢᠯᠡᠴᠢᠯᠡᠭᠡ᠎ᠶᠢᠨ ᠬᠠᠩᠭᠠᠯᠭ᠎ᠠ᠎ᠶᠢ ᠬᠠᠮᠵᠢᠯᠴᠠᠭᠤᠯᠤᠨ ᠱᠢᠯᠢᠳᠡᠭᠵᠢᠭᠦᠯᠦᠨ᠎ᠡ᠃ ᠭᠠᠳᠠᠷ ᠣᠷᠣᠨ᠎ᠤ ᠡᠷᠦᠬᠡ ᠠᠮᠠ᠎ᠲᠠᠢ ᠬᠡᠦᠬᠡᠳ᠎ᠦᠨ ᠪᠠᠢᠩᠭᠤ ᠰᠠᠭᠤᠭ᠎ᠠ ᠭᠠᠵᠠᠷ᠂ ᠰᠤᠷᠭᠠᠭᠤᠯᠢ᠎ᠶᠢᠨ ᠬᠠᠷᠢᠶ᠎ᠠ᠎ᠲᠠᠢ ᠭᠠᠵᠠᠷ᠎ᠲᠤ᠎ᠪᠠᠨ ᠳᠠᠭᠠᠳᠭᠠᠯ᠎ᠳᠤ ᠣᠷᠣᠯᠴᠠᠬᠤ᠎ᠶᠢ ᠠᠬᠢᠭᠤᠯᠤᠨ᠎ᠠ᠃ ᠳᠠᠭᠠᠳᠭᠠᠯ᠎ᠳᠤ ᠣᠷᠣᠯᠴᠠᠵᠤ ᠰᠦᠢᠳᠬᠡᠯ ᠲᠤᠱᠢᠶᠠᠬᠤ᠎ᠶᠢ ᠤᠷᠮᠠᠱᠢᠭᠤᠯᠵᠤ ᠬᠢᠵᠠᠭᠠᠷᠯᠠᠬᠤ ᠠᠷᠭ᠎ᠠ ᠬᠡᠮᠵᠢᠶ᠎ᠡ᠎ᠶᠢ ᠰᠤᠳᠤᠯᠤᠨ ᠲᠡᠭᠦᠯᠳᠡᠷᠵᠢᠭᠦᠯᠬᠦ ᠬᠡᠷᠡᠭᠲᠡᠢ᠃ ᠬᠡᠦᠬᠡᠳ᠎ᠦᠨ ᠰᠠᠯᠠᠭᠠᠨ᠎ᠤ ᠡᠮᠴᠢᠯᠡᠭᠡᠨ᠎ᠦ ᠦᠢᠯᠡᠴᠢᠯᠡᠭᠡ᠎ᠶᠢᠨ ᠬᠥᠭᠵᠢᠯᠲᠡ᠎ᠶᠢ ᠳᠡᠮᠵᠢᠵᠦ᠂ ᠬᠡᠦᠬᠡᠳ᠎ᠦᠳ᠎ᠦᠨ ᠡᠷᠡᠭᠦᠯ ᠮᠡᠨᠳᠦ᠎ᠶᠢᠨ ᠡᠷᠬᠡ ᠠᠱᠢᠭ᠎ᠢ ᠪᠠᠲᠤᠯᠠᠨ᠂ ᠡᠮᠴᠢᠯᠡᠭᠡᠨ᠎ᠦ ᠦᠢᠯᠡᠴᠢᠯᠡᠭᠡ᠎ᠶᠢᠨ ᠲᠦᠪᠱᠢᠨ᠎ᠢ ᠦᠨᠡᠨ᠎ᠬᠦ ᠳᠡᠭᠡᠭᠱᠢᠯᠡᠭᠦᠯᠦᠨ᠎ᠡ᠃ ᠳᠥᠷᠪᠡ᠎ᠳᠦ ᠰᠠᠯᠠᠭ᠎ᠠ ᠮᠥᠴᠢᠷ᠎ᠦᠳ᠎ᠦᠨ ᠳ᠋ᠠᠢᠲ᠋ᠠ ᠬᠤᠪᠢᠶᠠᠯᠴᠠᠬᠤ᠎ᠶᠢ ᠴᠢᠩᠭᠠᠳᠭᠠᠨ᠎ᠠ᠃ ᠰᠠᠯᠠᠭ᠎ᠠ ᠮᠥᠴᠢᠷ᠎ᠦᠳ ᠵᠣᠬᠢᠴᠠᠯᠳᠤᠨ ᠬᠠᠮᠵᠢᠯᠴᠠᠬᠤ᠎ᠪᠠᠷ ᠳᠠᠮᠵᠢᠭᠤᠯᠤᠨ᠂ ᠡᠯ᠎ᠡ ᠲᠥᠷᠥᠯ᠎ᠦᠨ ᠬᠡᠦᠬᠡᠳ᠎ᠦᠨ ᠳᠠᠭᠠᠳᠭᠠᠯ᠎ᠳᠤ ᠣᠷᠣᠯᠴᠠᠭᠰᠠᠨ ᠪᠠᠢᠳᠠᠯ᠎ᠢ ᠴᠠᠭ ᠲᠤᠬᠠᠢ᠎ᠳᠤ᠎ᠨᠢ ᠣᠨᠣᠪᠴᠢᠲᠠᠢ ᠡᠵᠡᠮᠱᠢᠵᠦ᠂ ᠳᠠᠭᠠᠳᠭᠠᠭᠤᠯᠬᠤ ᠶᠣᠰᠣᠲᠠᠢ᠎ᠶᠢ᠎ᠨᠢ ᠴᠥᠮ ᠳᠠᠭᠠᠳᠭᠠᠭᠤᠯᠬᠤ ᠬᠡᠷᠡᠭᠲᠡᠢ᠃ ᠲᠠᠪᠤ᠎ᠳᠤ ᠱᠢᠮᠳᠠᠭᠤᠯᠤᠨ ᠵᠢᠯᠣᠭᠣᠳᠴᠤ ᠨᠠᠢᠳᠠᠪᠤᠷᠢᠵᠢᠭᠤᠯᠤᠨ᠎ᠠ᠃ ᠡᠯ᠎ᠡ ᠰᠠᠯᠠᠭ᠎ᠠ ᠮᠥᠴᠢᠷ᠎ᠦᠳ ᠬᠠᠷᠢᠶ᠎ᠠ ᠭᠠᠵᠠᠷ ᠣᠷᠣᠨ᠎ᠤ᠎ᠪᠠᠨ ᠬᠡᠦᠬᠡᠳ᠎ᠢ ᠳᠠᠭᠠᠳᠭᠠᠯ᠎ᠳᠤ ᠣᠷᠣᠭᠤᠯᠬᠤ ᠲᠤᠰᠭᠠᠢ ᠠᠵᠢᠯᠯᠠᠭ᠎ᠠ᠎ᠶᠢ ᠬᠢᠨᠠᠨ ᠵᠢᠯᠣᠭᠣᠳᠬᠤ᠎ᠪᠠᠨ ᠴᠢᠩᠭᠠᠳᠭᠠᠵᠤ᠂ ᠠᠵᠢᠯ᠎ᠢ ᠲᠣᠬᠢᠷᠠᠭᠤᠯᠬᠤ ᠪᠠ ᠱᠢᠮᠳᠠᠭᠤᠯᠬᠤ᠎ᠶᠢ ᠰᠠᠢᠲᠤᠷ ᠬᠢᠵᠦ᠂ ᠬᠡᠦᠬᠡᠳ᠎ᠦᠨ ᠳᠠᠭᠠᠳᠭᠠᠯ᠎ᠳᠤ ᠣᠷᠣᠯᠴᠠᠭᠰᠠᠨ ᠪᠠᠢᠳᠠᠯ᠎ᠢ ᠲᠣᠭᠲᠠᠮᠠᠯ ᠬᠤᠭᠤᠴᠠᠭ᠎ᠠ᠎ᠲᠠᠢ᠎ᠪᠠᠷ ᠨᠡᠪᠲᠡᠷᠡᠭᠦᠯᠦᠨ᠎ᠡ᠃

   ᠭᠤᠷᠪᠠ᠂ ᠳᠠᠷᠠᠭᠠᠴᠢ᠎ᠶᠢᠨ ᠠᠵᠢᠯ

   ᠤᠯᠤᠰ᠎ᠤᠨ ᠡᠮᠴᠢᠯᠡᠭᠡᠨ᠎ᠦ ᠪᠠᠲᠤᠯᠠᠭ᠎ᠠ᠎ᠶᠢᠨ ᠲᠣᠪᠴᠢᠶ᠎ᠠ᠎ᠨᠢ ᠰᠤᠷᠭᠠᠨ ᠬᠥᠮᠦᠵᠢᠯ᠎ᠦᠨ ᠶᠠᠮᠤᠨ᠂ ᠡᠷᠡᠭᠦᠯ ᠬᠠᠮᠠᠭᠠᠯᠠᠯ ᠡᠷᠡᠭᠦᠯ ᠮᠡᠨᠳᠦ᠎ᠶᠢᠨ ᠵᠥᠪᠯᠡᠯ᠂ ᠡᠮᠡᠭᠲᠡᠢᠴᠦᠳ ᠬᠡᠦᠬᠡᠳ᠎ᠦᠨ ᠠᠵᠢᠯ᠎ᠤᠨ ᠵᠥᠪᠯᠡᠯ᠂ ᠡᠮᠡᠭᠲᠡᠢᠴᠦᠳ᠎ᠦᠨ ᠬᠣᠯᠪᠣᠭᠠᠲᠤ ᠬᠤᠷᠠᠯ ᠵᠡᠷᠭᠡ ᠰᠠᠯᠠᠭ᠎ᠠ ᠮᠥᠴᠢᠷ᠎ᠦᠳ᠎ᠲᠡᠢ ᠬᠠᠮᠲᠤ᠎ᠪᠠᠷ ᠡᠯ᠎ᠡ ᠭᠠᠵᠠᠷ᠎ᠤᠨ ᠬᠠᠮᠢᠶ᠎ᠠ ᠪᠦᠬᠦᠢ ᠰᠠᠯᠠᠭ᠎ᠠ ᠮᠥᠴᠢᠷ᠎ᠦᠳ᠎ᠢ ᠵᠢᠯᠣᠭᠣᠳᠤᠨ ᠱᠢᠮᠳᠠᠭᠤᠯᠵᠤ ᠪᠠᠢᠭᠠᠳ 《ᠮᠡᠳᠡᠭᠳᠡᠯ》᠎ᠦᠨ ᠱᠠᠭᠠᠷᠳᠠᠯᠭ᠎ᠠ ᠶᠣᠰᠣᠭᠠᠷ ᠬᠡᠦᠬᠡᠳ᠎ᠢ ᠦᠨᠳᠦᠰᠦᠨ ᠡᠮᠴᠢᠯᠡᠭᠡᠨ᠎ᠦ ᠳᠠᠭᠠᠳᠭᠠᠯ᠎ᠳᠤ ᠣᠷᠣᠭᠤᠯᠬᠤ ᠲᠤᠰᠭᠠᠢ ᠠᠵᠢᠯᠯᠠᠭ᠎ᠠ᠎ᠶᠢ ᠰᠠᠢᠲᠤᠷ ᠥᠷᠨᠢᠭᠦᠯᠵᠦ᠂ ᠬᠡᠦᠬᠡᠳ᠎ᠦᠨ ᠳᠠᠭᠠᠳᠭᠠᠯ᠎ᠳᠤ ᠣᠷᠣᠯᠴᠠᠭᠰᠠᠨ ᠲᠦᠪᠱᠢᠨ᠎ᠢ ᠦᠨᠡᠨ᠎ᠬᠦ ᠳᠡᠭᠡᠭᠱᠢᠯᠡᠭᠦᠯᠦᠨ᠂ ᠬᠡᠦᠬᠡᠳ᠎ᠦᠨ ᠳᠠᠭᠠᠳᠭᠠᠯ᠎ᠳᠤ ᠣᠷᠣᠯᠴᠠᠬᠤ ᠡᠷᠬᠡ ᠠᠱᠢᠭ᠎ᠢ ᠪᠠᠲᠤᠯᠠᠵᠤ᠂ ᠬᠡᠦᠬᠡᠳ᠎ᠦᠨ ᠡᠷᠡᠭᠦᠯ ᠮᠡᠨᠳᠦ᠎ᠶᠢ ᠬᠠᠮᠠᠭᠠᠯᠠᠨ᠎ᠠ᠃

ᠢᠷᠡᠯᠲᠡ᠄ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠵᠠᠰᠠᠭ᠎ᠤᠨ ᠣᠷᠳᠣᠨ
          
ᠬᠠᠮᠢᠶ᠎ᠡ ᠪᠦᠬᠦᠢ ᠰᠣᠨᠢᠨ
 
            