(2024 ᠣᠨ᠎ᠤ 9 ᠳ᠋ᠦ᠍ᠭᠡᠷ ᠰᠠᠷ᠎ᠠ᠎ᠶᠢᠨ 11᠎ᠦ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ 271 ᠳ᠋ᠦ᠍ᠭᠡᠷ ᠲᠣᠭᠠᠲᠤ᠎ᠪᠠᠷ ᠨᠡᠢᠲᠡᠯᠡᠪᠡ)
ᠨᠢᠭᠡᠳᠦᠭᠡᠷ ᠵᠦᠢᠯ ᠬᠦᠨᠳᠦ ᠣᠨᠴᠠ ᠶᠡᠬᠡ ᠬᠡᠷᠡᠭ᠎ᠦᠨ ᠳᠠᠩᠰᠠ ᠡᠪᠬᠡᠮᠡᠯ᠎ᠦᠨ ᠬᠠᠮᠢᠶᠠᠷᠤᠯᠲᠠ᠎ᠶᠢ ᠴᠢᠩᠭᠠᠳᠭᠠᠨ᠂ ᠬᠦᠨᠳᠦ ᠣᠨᠴᠠ ᠶᠡᠬᠡ ᠬᠡᠷᠡᠭ᠎ᠦᠨ ᠳᠠᠩᠰᠠ ᠡᠪᠬᠡᠮᠡᠯ᠎ᠦᠨ ᠠᠵᠢᠯ᠎ᠤᠨ ᠵᠢᠷᠤᠮᠵᠢᠬᠤ᠂ ᠬᠠᠤᠯᠢᠵᠢᠬᠤ᠎ᠶᠢ ᠠᠬᠢᠭᠤᠯᠬᠤ᠎ᠶᠢᠨ ᠲᠤᠰᠠᠳᠠ᠂《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠳᠠᠩᠰᠠ ᠡᠪᠬᠡᠮᠡᠯ᠎ᠦᠨ ᠬᠠᠤᠯᠢ》᠂《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠭᠡᠨᠡᠳᠲᠡ᠎ᠶᠢᠨ ᠬᠡᠷᠡᠭ᠎ᠢ ᠠᠷᠭᠠᠴᠠᠭᠠᠬᠤ ᠬᠠᠤᠯᠢ》᠂《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠳᠠᠩᠰᠠ ᠡᠪᠬᠡᠮᠡᠯ᠎ᠦᠨ ᠬᠠᠤᠯᠢ᠎ᠶᠢ ᠬᠡᠷᠡᠭᠵᠢᠭᠦᠯᠬᠦ ᠳᠦᠷᠢᠮ》᠂《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠳᠠᠩᠰᠠ ᠡᠪᠬᠡᠮᠡᠯ᠎ᠦᠨ ᠳᠦᠷᠢᠮ》 ᠵᠡᠷᠭᠡ ᠬᠣᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠤ᠂ ᠲᠤᠰ ᠠᠷᠭ᠎ᠠ᠎ᠶᠢ ᠲᠣᠭᠲᠠᠭᠠᠪᠠ᠃
ᠬᠣᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭᠠᠨ᠎ᠤ ᠣᠷᠣᠨ ᠳᠣᠲᠣᠷᠠᠬᠢ ᠬᠦᠨᠳᠦ ᠣᠨᠴᠠ ᠶᠡᠬᠡ ᠬᠡᠷᠡᠭ᠎ᠦᠨ ᠳᠠᠩᠰᠠ ᠡᠪᠬᠡᠮᠡᠯ᠎ᠢ ᠴᠤᠭᠯᠠᠭᠤᠯᠬᠤ᠂ ᠡᠮᠬᠢᠯᠡᠬᠦ᠂ ᠬᠠᠮᠠᠭᠠᠯᠠᠬᠤ᠂ ᠠᠱᠢᠭᠯᠠᠬᠤ ᠵᠢᠴᠢ ᠲᠡᠭᠦᠨ᠎ᠳᠦ ᠬᠢᠨᠠᠯᠲᠠ ᠲᠠᠯᠪᠢᠵᠤ ᠬᠠᠮᠢᠶᠠᠷᠬᠤ ᠠᠵᠢᠯᠯᠠᠭ᠎ᠠ᠎ᠳᠤ ᠲᠤᠰ ᠠᠷᠭ᠎ᠠ᠎ᠶᠢ ᠲᠣᠬᠢᠷᠠᠭᠤᠯᠤᠨ ᠬᠡᠷᠡᠭᠯᠡᠨ᠎ᠡ᠃
ᠭᠤᠷᠪᠠᠳᠤᠭᠠᠷ ᠵᠦᠢᠯ ᠲᠤᠰ ᠠᠷᠭ᠎ᠠ᠎ᠳᠤ ᠬᠡᠯᠡᠵᠦ ᠪᠠᠢᠭ᠎ᠠ ᠬᠦᠨᠳᠦ ᠣᠨᠴᠠ ᠶᠡᠬᠡ ᠬᠡᠷᠡᠭ᠎ᠦᠨ ᠳᠠᠩᠰᠠ ᠡᠪᠬᠡᠮᠡᠯ ᠭᠡᠳᠡᠭ᠎ᠨᠢ ᠪᠠᠢᠭᠠᠯᠢ᠎ᠶᠢᠨ ᠭᠠᠮᠱᠢᠭ᠂ ᠠᠳᠠᠯ᠎ᠤᠨ ᠭᠠᠮᠱᠢᠭ᠂ ᠣᠯᠠᠨ ᠨᠡᠢᠲᠡ᠎ᠶᠢᠨ ᠡᠷᠡᠭᠦᠯ ᠬᠠᠮᠠᠭᠠᠯᠠᠯ᠎ᠤᠨ ᠬᠡᠷᠡᠭ᠂ ᠨᠡᠢᠭᠡᠮ᠎ᠦᠨ ᠠᠮᠤᠷ ᠲᠦᠪᠱᠢᠨ᠎ᠦ ᠬᠡᠷᠡᠭ ᠵᠡᠷᠭᠡ ᠭᠡᠨᠡᠳᠲᠡ᠎ᠶᠢᠨ ᠬᠡᠷᠡᠭ᠎ᠢ ᠠᠷᠭᠠᠴᠠᠭᠠᠬᠤ ᠶᠠᠪᠤᠴᠠ᠎ᠳᠤ ᠪᠦᠷᠢᠯᠳᠦᠭᠰᠡᠨ ᠬᠠᠳᠠᠭᠠᠯᠠᠬᠤ ᠦᠨ᠎ᠡ ᠥᠷᠲᠡᠭ᠎ᠲᠡᠢ ᠲᠡᠦᠬᠡ᠎ᠶᠢᠨ ᠲᠡᠮᠳᠡᠭᠯᠡᠯ᠎ᠢ ᠵᠢᠭᠠᠵᠤ ᠪᠤᠢ᠃
ᠳᠥᠷᠪᠡᠳᠦᠭᠡᠷ ᠵᠦᠢᠯ ᠬᠦᠨᠳᠦ ᠣᠨᠴᠠ ᠶᠡᠬᠡ ᠬᠡᠷᠡᠭ᠎ᠦᠨ ᠳᠠᠩᠰᠠ ᠡᠪᠬᠡᠮᠡᠯ᠎ᠦᠨ ᠠᠵᠢᠯ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶᠢ ᠪᠠᠷᠢᠮᠲᠠᠯᠠᠬᠤ ᠪᠠ ᠴᠢᠩᠭᠠᠳᠭᠠᠵᠤ᠂ ᠨᠠᠮ᠎ᠤᠨ ᠱᠤᠭᠤᠮ ᠴᠢᠭᠯᠡᠯᠲᠡ ᠪᠠ ᠱᠢᠢᠳᠪᠦᠷᠢᠲᠦ ᠪᠤᠳᠤᠯᠭ᠎ᠠ ᠪᠠᠢᠷᠢᠯᠠᠭᠤᠯᠤᠯᠲᠠ᠎ᠶᠢ ᠪᠦᠬᠦ ᠲᠠᠯ᠎ᠠ᠎ᠪᠠᠷ ᠲᠤᠭᠤᠱᠢᠯᠠᠭᠤᠯᠤᠨ᠂ ᠨᠠᠮ᠎ᠤᠨ ᠤᠳᠤᠷᠢᠳᠤᠯᠭ᠎ᠠ᠎ᠶᠢ ᠬᠦᠨᠳᠦ ᠣᠨᠴᠠ ᠶᠡᠬᠡ ᠬᠡᠷᠡᠭ᠎ᠦᠨ ᠳᠠᠩᠰᠠ ᠡᠪᠬᠡᠮᠡᠯ᠎ᠦᠨ ᠠᠵᠢᠯ᠎ᠤᠨ ᠡᠯ᠎ᠡ ᠲᠠᠯ᠎ᠠ ᠪᠠ ᠡᠯ᠎ᠡ ᠭᠣᠭᠴᠣᠭᠠᠨ᠎ᠳᠤ ᠲᠤᠭᠤᠱᠢᠯᠠᠭᠤᠯᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤᠳᠭᠠᠬᠤ᠎ᠪᠠᠷ ᠠᠵᠢᠯ᠎ᠤᠨ ᠭᠣᠣᠯ ᠱᠢᠵᠢᠮ ᠪᠣᠯᠭᠠᠵᠤ᠂ ᠨᠢᠭᠡᠳᠦᠯᠲᠡᠢ ᠤᠳᠤᠷᠢᠳᠬᠤ᠂ ᠱᠠᠲᠤ ᠬᠤᠪᠢᠶᠠᠨ ᠬᠠᠮᠢᠶᠠᠷᠬᠤ᠂ ᠲᠥᠷᠥᠯ ᠬᠤᠪᠢᠶᠠᠨ ᠬᠡᠷᠡᠭᠵᠢᠭᠦᠯᠬᠦ᠂ ᠨᠢᠭᠡᠳᠦᠯᠲᠡᠢ ᠲᠥᠯᠥᠪᠯᠡᠨ ᠬᠠᠮᠵᠢᠯᠴᠠᠬᠤ ᠵᠠᠷᠴᠢᠮ᠎ᠢ ᠵᠢᠷᠤᠮᠯᠠᠬᠤ ᠬᠡᠷᠡᠭᠲᠡᠢ᠃
ᠲᠠᠪᠤᠳᠤᠭᠠᠷ ᠵᠦᠢᠯ ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠬᠠᠮᠢᠶ᠎ᠠ ᠪᠦᠬᠦᠢ ᠵᠠᠷᠤᠳᠠᠯ᠎ᠢ ᠨᠢᠭᠡᠳᠦᠯᠲᠡᠢ ᠲᠥᠯᠥᠪᠯᠡᠨ ᠠᠱᠢᠭᠯᠠᠵᠤ ᠬᠦᠨᠳᠦ ᠣᠨᠴᠠ ᠶᠡᠬᠡ ᠬᠡᠷᠡᠭ᠎ᠦᠨ ᠳᠠᠩᠰᠠ ᠡᠪᠬᠡᠮᠡᠯ᠎ᠦᠨ ᠠᠵᠢᠯ᠎ᠢ ᠰᠠᠢᠲᠤᠷ ᠬᠢᠬᠦ ᠬᠡᠷᠡᠭᠲᠡᠢ᠃ ᠬᠦᠨᠳᠦ ᠣᠨᠴᠠ ᠶᠡᠬᠡ ᠬᠡᠷᠡᠭ᠎ᠢ ᠠᠷᠭᠠᠴᠠᠭᠠᠨ ᠬᠠᠮᠢᠶᠠᠷᠬᠤ ᠲᠠᠯ᠎ᠠ᠎ᠶᠢᠨ ᠬᠡᠷᠡᠭ ᠵᠥᠪᠯᠡᠵᠦ ᠵᠣᠬᠢᠴᠠᠭᠤᠯᠬᠤ ᠲᠣᠭᠲᠠᠴᠠ᠎ᠶᠢ ᠪᠠᠢᠭᠤᠯᠤᠭᠰᠠᠨ ᠪᠠᠢᠪᠠᠯ᠂ ᠳᠠᠩᠰᠠ ᠡᠪᠬᠡᠮᠡᠯ᠎ᠦᠨ ᠰᠠᠯᠠᠭ᠎ᠠ ᠮᠥᠴᠢᠷ᠎ᠢ ᠪᠦᠷᠢᠯᠳᠦᠬᠦᠨ ᠨᠢᠭᠡᠴᠢ᠎ᠪᠡᠷ ᠵᠢᠭᠰᠠᠭᠠᠬᠤ ᠬᠡᠷᠡᠭᠲᠡᠢ᠃
ᠵᠢᠷᠭᠤᠳᠤᠭᠠᠷ ᠵᠦᠢᠯ ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠳᠠᠩᠰᠠ ᠡᠪᠬᠡᠮᠡᠯ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠦᠳ ᠲᠤᠰ ᠵᠠᠰᠠᠭ ᠵᠠᠬᠢᠷᠭᠠᠨ᠎ᠤ ᠣᠷᠣᠨ ᠳᠣᠲᠣᠷᠠᠬᠢ ᠬᠦᠨᠳᠦ ᠣᠨᠴᠠ ᠶᠡᠬᠡ ᠬᠡᠷᠡᠭ᠎ᠦᠨ ᠳᠠᠩᠰᠠ ᠡᠪᠬᠡᠮᠡᠯ᠎ᠦᠨ ᠠᠵᠢᠯ᠎ᠢ ᠨᠢᠭᠡᠳᠦᠯᠲᠡᠢ ᠲᠥᠯᠥᠪᠯᠡᠨ ᠵᠣᠬᠢᠴᠠᠭᠤᠯᠬᠤ᠂ ᠬᠢᠨᠠᠯᠲᠠ ᠲᠠᠯᠪᠢᠵᠤ ᠵᠢᠭᠠᠨ ᠵᠢᠯᠣᠭᠣᠳᠬᠤ᠎ᠶᠢ ᠬᠠᠷᠢᠭᠤᠴᠠᠨ᠎ᠠ᠃
ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠨᠢ ᠲᠤᠰ ᠲᠤᠰ᠎ᠤᠨ ᠡᠭᠦᠷᠭᠡ ᠬᠠᠷᠢᠭᠤᠴᠠᠯᠭ᠎ᠠ ᠶᠣᠰᠣᠭᠠᠷ ᠲᠤᠰ ᠱᠢᠰᠲ᠋ᠧᠮ᠎ᠦᠨ᠎ᠢᠶᠡᠨ ᠬᠦᠨᠳᠦ ᠣᠨᠴᠠ ᠶᠡᠬᠡ ᠬᠡᠷᠡᠭ᠎ᠦᠨ ᠳᠠᠩᠰᠠ ᠡᠪᠬᠡᠮᠡᠯ᠎ᠦᠨ ᠠᠵᠢᠯ᠎ᠢ ᠵᠢᠭᠠᠨ ᠵᠢᠯᠣᠭᠣᠳᠬᠤ ᠬᠡᠷᠡᠭᠲᠡᠢ᠃
ᠳᠣᠯᠣᠳᠤᠭᠠᠷ ᠵᠦᠢᠯ ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠪᠠ ᠲᠤᠰᠭᠠᠢ ᠪᠠᠢᠭᠤᠯᠤᠭᠰᠠᠨ ᠲᠥᠷ ᠴᠠᠭ᠎ᠤᠨ ᠪᠠᠢᠭᠤᠯᠤᠮᠵᠢ᠎ᠨᠤᠭᠤᠳ ᠬᠦᠨᠳᠦ ᠣᠨᠴᠠ ᠶᠡᠬᠡ ᠬᠡᠷᠡᠭ᠎ᠦᠨ ᠳᠠᠩᠰᠠ ᠡᠪᠬᠡᠮᠡᠯ᠎ᠢ ᠴᠤᠭᠯᠠᠭᠤᠯᠬᠤ᠂ ᠡᠮᠬᠢᠯᠡᠬᠦ᠂ ᠬᠠᠳᠠᠭᠠᠯᠠᠨ ᠬᠠᠮᠢᠶᠠᠷᠬᠤ ᠪᠠ ᠠᠱᠢᠭᠯᠠᠬᠤ ᠠᠵᠢᠯ᠎ᠢ ᠬᠠᠷᠢᠭᠤᠴᠠᠬᠤ᠎ᠶᠢᠨ ᠬᠠᠮᠲᠤ᠂ ᠲᠣᠭᠲᠠᠭᠠᠯ ᠶᠣᠰᠣᠭᠠᠷ ᠳᠠᠩᠰᠠ ᠡᠪᠬᠡᠮᠡᠯ᠎ᠦᠨ ᠰᠠᠩ᠎ᠳᠤ ᠱᠢᠯᠵᠢᠭᠦᠯᠦᠨ ᠲᠤᠱᠢᠶᠠᠬᠤ ᠬᠡᠷᠡᠭᠲᠡᠢ᠃
ᠨᠠᠢ᠍ᠮᠠᠳᠤᠭᠠᠷ ᠵᠦᠢᠯ ᠡᠯ᠎ᠡ ᠱᠠᠲᠤᠨ᠎ᠤ ᠡᠯ᠎ᠡ ᠲᠥᠷᠥᠯ᠎ᠦᠨ ᠳᠠᠩᠰᠠ ᠡᠪᠬᠡᠮᠡᠯ᠎ᠦᠨ ᠰᠠᠩ᠎ᠨᠢ ᠬᠤᠪᠢᠳᠠᠨ ᠬᠠᠮᠢᠶᠠᠷᠴᠤ ᠪᠦᠬᠦᠢ ᠬᠡᠪᠴᠢᠶᠡᠨ᠎ᠳᠡᠬᠢ ᠬᠦᠨᠳᠦ ᠣᠨᠴᠠ ᠶᠡᠬᠡ ᠬᠡᠷᠡᠭ᠎ᠦᠨ ᠳᠠᠩᠰᠠ ᠡᠪᠬᠡᠮᠡᠯ᠎ᠢ ᠬᠦᠯᠢᠶᠡᠨ ᠠᠪᠴᠤ ᠴᠤᠭᠯᠠᠭᠤᠯᠬᠤ᠂ ᠲᠥᠪᠯᠡᠷᠡᠭᠦᠯᠵᠦ ᠬᠠᠳᠠᠭᠠᠯᠠᠨ ᠬᠠᠮᠢᠶᠠᠷᠬᠤ᠂ ᠨᠠᠢᠷᠠᠭᠤᠯᠤᠨ ᠰᠤᠳᠤᠯᠵᠤ ᠨᠡᠭᠡᠭᠡᠨ ᠬᠥᠭᠵᠢᠭᠦᠯᠬᠦ ᠪᠠ ᠬᠠᠩᠭᠠᠨ ᠠᠱᠢᠭᠯᠠᠭᠤᠯᠬᠤ ᠵᠡᠷᠭᠡ ᠠᠵᠢᠯ᠎ᠢ ᠬᠠᠷᠢᠭᠤᠴᠠᠨ᠎ᠠ᠃
ᠳᠠᠩᠰᠠ ᠡᠪᠬᠡᠮᠡᠯ᠎ᠦᠨ ᠰᠠᠩ᠎ᠨᠢ ᠠᠵᠢᠯ᠎ᠤᠨ ᠬᠡᠷᠡᠭᠴᠡᠭᠡ᠎ᠪᠡᠨ ᠦᠨᠳᠦᠰᠦᠯᠡᠨ᠂ ᠬᠦᠨᠳᠦ ᠣᠨᠴᠠ ᠶᠡᠬᠡ ᠬᠡᠷᠡᠭ᠎ᠦᠨ ᠳᠠᠩᠰᠠ ᠡᠪᠬᠡᠮᠡᠯ᠎ᠦᠨ ᠠᠵᠢᠯ᠎ᠳᠤ ᠤᠷᠢᠳᠴᠢᠯᠠᠨ ᠣᠷᠣᠯᠴᠠᠵᠤ᠂ ᠰᠡᠭᠦᠳᠡᠷᠯᠡᠬᠦ᠂ ᠳᠠᠭᠤ ᠱᠢᠩᠭᠡᠭᠡᠬᠦ᠂ ᠳᠦᠷᠰᠦ ᠱᠢᠩᠭᠡᠭᠡᠬᠦ ᠵᠡᠷᠭᠡ ᠠᠷᠭ᠎ᠠ ᠮᠠᠶᠢᠭ᠎ᠢᠶᠠᠷ ᠬᠦᠨᠳᠦ ᠣᠨᠴᠠ ᠶᠡᠬᠡ ᠬᠡᠷᠡᠭ᠎ᠦᠨ ᠳᠠᠩᠰᠠ ᠡᠪᠬᠡᠮᠡᠯ᠎ᠢ ᠱᠢᠭᠤᠳ ᠪᠦᠷᠢᠯᠳᠦᠭᠦᠯᠵᠦ ᠪᠣᠯᠤᠨ᠎ᠠ᠃
ᠶᠢᠰᠦᠳᠦᠭᠡᠷ ᠵᠦᠢᠯ ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠣᠨ ᠵᠢᠴᠢ ᠲᠡᠭᠦᠨ᠎ᠦ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠬᠣᠯᠪᠣᠭᠳᠠᠯ ᠪᠦᠬᠦᠢ ᠨᠢᠭᠡᠴᠢ᠎ᠨᠦᠭᠦᠳ ᠬᠦᠨᠳᠦ ᠣᠨᠴᠠ ᠶᠡᠬᠡ ᠬᠡᠷᠡᠭ᠎ᠦᠨ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠬᠡᠯ ᠲᠥᠰᠦᠯ᠎ᠢ ᠲᠣᠭᠲᠠᠭᠠᠬᠤ ᠪᠠ ᠵᠠᠰᠠᠪᠤᠷᠢᠯᠠᠬᠤᠳᠤᠪᠠᠨ ᠳᠠᠩᠰᠠ ᠡᠪᠬᠡᠮᠡᠯ᠎ᠦᠨ ᠠᠵᠢᠯ᠎ᠤᠨ ᠬᠠᠷᠢᠭᠤᠴᠠᠯᠭ᠎ᠠ᠎ᠶᠢ ᠲᠣᠳᠣᠷᠬᠠᠢᠯᠠᠵᠤ᠂ ᠳᠠᠩᠰᠠ ᠡᠪᠬᠡᠮᠡᠯ᠎ᠦᠨ ᠪᠦᠷᠢᠯᠳᠦᠬᠦ ᠪᠠ ᠬᠠᠮᠢᠶᠠᠷᠤᠯᠲᠠ᠎ᠶᠢᠨ ᠱᠠᠭᠠᠷᠳᠠᠯᠭ᠎ᠠ᠎ᠶᠢ ᠬᠦᠨᠳᠦ ᠣᠨᠴᠠ ᠶᠡᠬᠡ ᠬᠡᠷᠡᠭ᠎ᠢ ᠠᠷᠭᠠᠴᠠᠭᠠᠬᠤ ᠬᠠᠮᠢᠶᠠᠷᠬᠤ ᠠᠵᠢᠯ᠎ᠤᠨ ᠪᠦᠬᠦ ᠶᠠᠪᠤᠴᠠ᠎ᠳᠤ ᠨᠠᠢᠳᠠᠪᠤᠷᠢᠵᠢᠭᠤᠯᠬᠤ ᠬᠡᠷᠡᠭᠲᠡᠢ᠃
ᠠᠷᠪᠠᠳᠤᠭᠠᠷ ᠵᠦᠢᠯ ᠬᠦᠨᠳᠦ ᠣᠨᠴᠠ ᠶᠡᠬᠡ ᠬᠡᠷᠡᠭ ᠭᠠᠷᠤᠭᠰᠠᠨ᠎ᠤ ᠳᠠᠷᠠᠭ᠎ᠠ᠂ ᠬᠦᠨᠳᠦ ᠣᠨᠴᠠ ᠶᠡᠬᠡ ᠬᠡᠷᠡᠭ᠎ᠢ ᠠᠷᠭᠠᠴᠠᠭᠠᠬᠤ ᠬᠠᠮᠢᠶᠠᠷᠤᠯᠲᠠ᠎ᠶᠢᠨ ᠰᠠᠯᠠᠭ᠎ᠠ ᠮᠥᠴᠢᠷ᠂ ᠣᠷᠣᠯᠴᠠᠬᠤ ᠨᠢᠭᠡᠴᠢ ᠪᠠ ᠲᠤᠰᠭᠠᠢ ᠪᠠᠢᠭᠤᠯᠤᠭᠰᠠᠨ ᠲᠦᠷ ᠴᠠᠭ᠎ᠤᠨ ᠪᠠᠢᠭᠤᠯᠤᠮᠵᠢ᠎ᠨᠤᠭᠤᠳ ᠬᠦᠨᠳᠦ ᠣᠨᠴᠠ ᠶᠡᠬᠡ ᠬᠡᠷᠡᠭ᠎ᠦᠨ ᠳᠠᠩᠰᠠ ᠡᠪᠬᠡᠮᠡᠯ᠎ᠦᠨ ᠠᠵᠢᠯ᠎ᠢ ᠬᠦᠨᠳᠦ ᠣᠨᠴᠠ ᠶᠡᠬᠡ ᠬᠡᠷᠡᠭ᠎ᠢ ᠠᠷᠭᠠᠴᠠᠭᠠᠬᠤ ᠠᠵᠢᠯ᠎ᠯᠤᠭ᠎ᠠ ᠵᠡᠷᠭᠡ᠎ᠪᠡᠷ ᠠᠬᠢᠭᠤᠯᠵᠤ᠂ ᠳᠠᠩᠰᠠ ᠡᠪᠬᠡᠮᠡᠯ᠎ᠦᠨ ᠠᠵᠢᠯ᠎ᠤᠨ ᠲᠥᠰᠦᠯ᠎ᠢ ᠲᠣᠭᠲᠠᠭᠠᠵᠤ᠂ ᠳᠠᠩᠰᠠ ᠡᠪᠬᠡᠮᠡᠯ᠎ᠦᠨ ᠠᠵᠢᠯ᠎ᠤᠨ ᠡᠭᠦᠷᠭᠡ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ᠂ ᠪᠢᠴᠢᠭ ᠮᠠᠲ᠋ᠧᠷᠢᠶᠠᠯ᠎ᠢ ᠳᠠᠩᠰᠠ ᠡᠪᠬᠡᠮᠡᠯ᠎ᠳᠦ ᠣᠷᠣᠭᠤᠯᠬᠤ ᠱᠠᠭᠠᠷᠳᠠᠯᠭ᠎ᠠ᠂ ᠠᠵᠢᠯ᠎ᠤᠨ ᠳᠡᠰ ᠳᠠᠷᠠᠭᠠᠯᠠᠯ ᠪᠠ ᠳᠠᠩᠰᠠ ᠡᠪᠬᠡᠮᠡᠯ᠎ᠦᠨ ᠬᠠᠷᠢᠶᠠᠯᠠᠭᠳᠠᠯ ᠪᠠ ᠱᠢᠯᠵᠢᠯᠲᠡ᠎ᠶᠢᠨ ᠬᠠᠨᠳᠤᠱᠢ ᠵᠡᠷᠭᠡ᠎ᠶᠢ ᠲᠣᠳᠣᠷᠬᠠᠢᠯᠠᠬᠤ᠎ᠶᠢᠨ ᠬᠠᠮᠲᠤ ᠬᠠᠮᠢᠶ᠎ᠠ ᠪᠦᠬᠦᠢ ᠪᠠᠢᠳᠠᠯ᠎ᠢᠶᠠᠨ ᠴᠠᠭ ᠲᠤᠬᠠᠢᠳᠤᠨᠢ ᠠᠳᠠᠯᠢ ᠱᠠᠲᠤᠨ᠎ᠤ ᠳᠠᠩᠰᠠ ᠡᠪᠬᠡᠮᠡᠯ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠦ ᠨᠡᠪᠲᠡᠷᠡᠭᠦᠯᠦᠨ ᠮᠡᠳᠡᠭᠡᠯᠡᠬᠦ ᠬᠡᠷᠡᠭᠲᠡᠢ᠃ ᠳᠠᠩᠰᠠ ᠡᠪᠬᠡᠮᠡᠯ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠠᠮᠢᠶ᠎ᠠ ᠪᠦᠬᠦᠢ ᠠᠵᠢᠯ᠎ᠳᠤ ᠴᠠᠭ ᠲᠤᠬᠠᠢᠳᠤᠨᠢ ᠬᠢᠨᠠᠯᠲᠠ ᠲᠠᠯᠪᠢᠵᠤ᠂ ᠵᠢᠭᠠᠨ ᠵᠢᠯᠣᠭᠣᠳᠣᠯᠭ᠎ᠠ ᠬᠢᠬᠦ ᠬᠡᠷᠡᠭᠲᠡᠢ᠃
ᠠᠷᠪᠠᠨ ᠨᠢᠭᠡᠳᠦᠭᠡᠷ ᠵᠦᠢᠯ ᠬᠦ᠍ᠨᠳᠦ ᠣᠨᠴᠠ ᠶᠡᠬᠡ ᠬᠡᠷᠡᠭ᠎ᠢ ᠠᠷᠭᠠᠴᠠᠭᠠᠬᠤ ᠬᠠᠮᠢᠶᠠᠷᠤᠯᠲᠠ᠎ᠶᠢᠨ ᠰᠠᠯᠠᠭ᠎ᠠ ᠮᠥᠴᠢᠷ ᠪᠠ ᠣᠷᠣᠯᠴᠠᠬᠤ ᠨᠢᠭᠡᠴᠢ᠎ᠨᠢ ᠬᠦᠨᠳᠦ ᠣᠨᠴᠠ ᠶᠡᠬᠡ ᠬᠡᠷᠡᠭ᠎ᠦᠨ ᠪᠢᠴᠢᠭ ᠮᠠᠲ᠋ᠧᠷᠢᠶᠠᠯ᠎ᠢ ᠲᠤᠰ ᠨᠢᠭᠡᠴᠢ᠎ᠶᠢᠨ᠎ᠢᠶᠡᠨ ᠳᠠᠩᠰᠠ ᠡᠪᠬᠡᠮᠡᠯ᠎ᠳᠦ ᠣᠷᠣᠭᠤᠯᠬᠤ ᠬᠡᠪᠴᠢᠶ᠎ᠡ ᠪᠠ ᠳᠠᠩᠰᠠ ᠡᠪᠬᠡᠮᠡᠯ᠎ᠢ ᠬᠠᠳᠠᠭᠠᠯᠠᠨ ᠬᠠᠮᠢᠶᠠᠷᠬᠤ ᠬᠤᠭᠤᠴᠠᠭ᠎ᠠ ᠬᠢᠵᠠᠭᠠᠷ᠎ᠤᠨ ᠬᠦᠰᠦᠨᠦᠭᠲᠦ᠎ᠳᠦ ᠣᠷᠣᠭᠤᠯᠤᠨ ᠨᠢᠭᠡᠳᠦᠯᠲᠡᠢ ᠬᠠᠮᠢᠶᠠᠷᠬᠤ ᠬᠡᠷᠡᠭᠲᠡᠢ᠃ ᠲᠤᠰᠭᠠᠢ ᠪᠠᠢᠭᠤᠯᠤᠭᠰᠠᠨ ᠲᠦᠷ ᠴᠠᠭ᠎ᠤᠨ ᠪᠠᠢᠭᠤᠯᠤᠮᠵᠢ᠎ᠨᠢ ᠬᠦᠨᠳᠦ ᠣᠨᠴᠠ ᠶᠡᠬᠡ ᠬᠡᠷᠡᠭ᠎ᠦᠨ ᠪᠢᠴᠢᠭ ᠮᠠᠲ᠋ᠧᠷᠢᠶᠠᠯ᠎ᠤᠨ ᠳᠠᠩᠰᠠ ᠡᠪᠬᠡᠮᠡᠯ᠎ᠳᠦ ᠣᠷᠣᠭᠤᠯᠬᠤ ᠬᠡᠪᠴᠢᠶ᠎ᠡ ᠪᠠ ᠳᠠᠩᠰᠠ ᠡᠪᠬᠡᠮᠡᠯ᠎ᠢ ᠬᠠᠳᠠᠭᠠᠯᠠᠨ ᠬᠠᠮᠢᠶᠠᠷᠬᠤ ᠬᠤᠭᠤᠴᠠᠭ᠎ᠠ ᠬᠢᠵᠠᠭᠠᠷ᠎ᠤᠨ ᠬᠦᠰᠦᠨᠦᠭᠲᠦ᠎ᠶᠢ ᠲᠣᠭᠲᠠᠭᠠᠵᠤ᠂ ᠳᠠᠩᠰᠠ ᠡᠪᠬᠡᠮᠡᠯ᠎ᠦᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠢᠶᠡᠷ ᠬᠢᠨᠠᠨ ᠬᠠᠷᠭᠤᠭᠤᠯᠤᠭᠤᠯᠵᠤ ᠵᠥᠪᠱᠢᠶᠡᠷᠡᠭᠦᠯᠦᠭᠰᠡᠨ᠎ᠦ ᠳᠠᠷᠠᠭ᠎ᠠ ᠬᠡᠷᠡᠭᠵᠢᠭᠦᠯᠬᠦ ᠬᠡᠷᠡᠭᠲᠡᠢ᠃
ᠠᠷᠪᠠᠨ ᠬᠣᠶᠠᠳᠤᠭᠠᠷ ᠵᠦᠢᠯ ᠬᠦᠨᠳᠦ ᠣᠨᠴᠠ ᠶᠡᠬᠡ ᠬᠡᠷᠡᠭ᠎ᠢ ᠠᠷᠭᠠᠴᠠᠭᠠᠬᠤ ᠬᠠᠮᠢᠶᠠᠷᠤᠯᠲᠠ᠎ᠶᠢᠨ ᠰᠠᠯᠠᠭ᠎ᠠ ᠮᠥᠴᠢᠷ᠂ ᠣᠷᠣᠯᠴᠠᠬᠤ ᠨᠢᠭᠡᠴᠢ ᠪᠠ ᠲᠤᠰᠭᠠᠢ ᠪᠠᠢᠭᠤᠯᠤᠭᠰᠠᠨ ᠲᠦᠷ ᠴᠠᠭ᠎ᠤᠨ ᠪᠠᠢᠭᠤᠯᠤᠮᠵᠢ᠎ᠨᠤᠭᠤᠳ ᠬᠦᠨᠳᠦ ᠣᠨᠴᠠ ᠶᠡᠬᠡ ᠬᠡᠷᠡᠭ᠎ᠦᠨ ᠠᠵᠢᠯ᠎ᠤᠨ ᠡᠳᠦᠷ᠎ᠦᠨ ᠲᠡᠮᠳᠡᠭᠯᠡᠯ ᠭᠠᠷᠭᠠᠵᠤ᠂ ᠬᠦᠨᠳᠦ ᠣᠨᠴᠠ ᠶᠡᠬᠡ ᠬᠡᠷᠡᠭ᠎ᠢ ᠠᠷᠭᠠᠴᠠᠭᠠᠭᠰᠠᠨ ᠠᠵᠢᠯ᠎ᠤᠨ ᠪᠠᠢᠳᠠᠯ᠎ᠢ ᠦᠨᠡᠨ ᠪᠣᠳᠠᠲᠠᠢ᠂ ᠪᠦᠬᠦ ᠲᠠᠯ᠎ᠠ᠎ᠪᠠᠷ ᠲᠡᠮᠳᠡᠭᠯᠡᠬᠦ ᠬᠡᠷᠡᠭᠲᠡᠢ᠃
ᠬᠦᠨᠳᠦ ᠣᠨᠴᠠ ᠶᠡᠬᠡ ᠬᠡᠷᠡᠭ᠎ᠦᠨ ᠠᠵᠢᠯ᠎ᠤᠨ ᠡᠳᠦᠷ᠎ᠦᠨ ᠲᠡᠮᠳᠡᠭᠯᠡᠯ᠎ᠢ ᠡᠭᠦᠷᠢᠳᠡ ᠬᠠᠳᠠᠭᠠᠯᠠᠨ ᠬᠠᠮᠢᠶᠠᠷᠬᠤ ᠬᠡᠷᠡᠭᠲᠡᠢ᠃
ᠠᠷᠪᠠᠨ ᠭᠤᠷᠪᠠᠳᠤᠭᠠᠷ ᠵᠦᠢᠯ ᠬᠦ᠍ᠨᠳᠦ ᠣᠨᠴᠠ ᠶᠡᠬᠡ ᠬᠡᠷᠡᠭ᠎ᠢ ᠠᠷᠭᠠᠴᠠᠭᠠᠬᠤ ᠶᠠᠪᠤᠴᠠ᠎ᠳᠤ ᠪᠦᠷᠢᠯᠳᠦᠭᠰᠡᠨ ᠳᠣᠣᠷ᠎ᠠ ᠵᠢᠭᠰᠠᠭᠠᠭᠰᠠᠨ ᠪᠢᠴᠢᠭ ᠮᠠᠲ᠋ᠧᠷᠢᠶᠠᠯ᠎ᠢ ᠳᠠᠩᠰᠠ ᠡᠪᠬᠡᠮᠡᠯ᠎ᠳᠦ ᠣᠷᠣᠭᠤᠯᠬᠤ ᠬᠡᠪᠴᠢᠶᠡᠨ᠎ᠳᠦ ᠣᠷᠣᠭᠤᠯᠬᠤ ᠬᠡᠷᠡᠭᠲᠡᠢ:
(ᠨᠢᠭᠡ) ᠤᠳᠤᠷᠢᠳᠤᠯᠭ᠎ᠠ᠎ᠶᠢᠨ ᠵᠢᠭᠠᠪᠤᠷᠢ᠂ ᠴᠣᠬᠣᠯᠠᠪᠤᠷᠢ᠂ ᠪᠠᠢᠭᠤᠯᠤᠮᠵᠢ ᠪᠠᠢᠭᠤᠯᠤᠭᠰᠠᠨ ᠵᠢᠴᠢ ᠬᠠᠷᠢᠭᠤᠴᠠᠯᠭ᠎ᠠ ᠠᠵᠢᠯ᠎ᠤᠨ ᠬᠤᠪᠢᠶᠠᠷᠢᠯᠠᠯ ᠵᠡᠷᠭᠡ;
(ᠬᠣᠶᠠᠷ) ᠠᠵᠢᠯ᠎ᠤᠨ ᠳᠦᠷᠢᠮ᠂ ᠪᠡᠯᠡᠳᠬᠡᠯ ᠲᠥᠰᠦᠯ᠂ ᠲᠥᠰᠦᠯ᠂ ᠠᠵᠢᠯ᠎ᠤᠨ ᠡᠳᠦᠷ᠎ᠦᠨ ᠲᠡᠮᠳᠡᠭᠯᠡᠯ᠂ ᠮᠡᠳᠡᠭᠦᠯᠦᠯᠲᠡ᠂ ᠮᠡᠳᠡᠭᠦᠯᠦᠯᠲᠡ᠎ᠶᠢᠨ ᠬᠦᠰᠦᠨᠦᠭᠲᠦ᠂ ᠲᠣᠪᠴᠢ ᠮᠡᠳᠡᠭᠡ᠂ ᠳ᠋ᠦᠩᠨᠡᠯᠲᠡ᠂ ᠬᠤᠷᠠᠯ᠎ᠤᠨ ᠲᠡᠮᠳᠡᠭᠯᠡᠯ᠂ ᠲᠣᠮᠣ ᠠᠵᠢᠯ ᠶᠠᠪᠤᠳᠠᠯ᠎ᠤᠨ ᠲᠡᠮᠳᠡᠭᠯᠡᠯ᠂ ᠤᠬᠠᠭᠤᠯᠭ᠎ᠠ ᠮᠡᠳᠡᠭᠡᠯᠡᠯ ᠵᠡᠷᠭᠡ;
(ᠭᠤᠷᠪᠠ) ᠳᠠᠢᠴᠢᠯᠠᠭᠰᠠᠨ᠂ ᠪᠠᠢᠷᠢᠯᠠᠭᠤᠯᠤᠭᠰᠠᠨ᠂ ᠲᠣᠬᠢᠷᠠᠭᠤᠯᠤᠯᠲᠠ ᠬᠢᠭᠰᠡᠨ᠂ ᠱᠠᠩᠨᠠᠵᠤ ᠲᠣᠷᠭᠠᠭᠰᠠᠨ ᠵᠡᠷᠭᠡ;
(ᠲᠦᠷᠪᠡ) ᠲᠤᠬᠠᠢ᠎ᠶᠢᠨ ᠲᠠᠯᠠᠪᠤᠷ᠎ᠲᠤ ᠬᠠᠢᠨ ᠪᠠᠢᠴᠠᠭᠠᠬᠤ ᠪᠠ ᠮᠡᠷᠭᠡᠵᠢᠯ᠎ᠦᠨ ᠵᠠᠳᠠᠯᠤᠯᠲᠠ ᠬᠢᠭᠰᠡᠨ᠂ ᠭᠡᠷᠡᠴᠢ ᠠᠪᠤᠭᠰᠠᠨ᠂ ᠱᠢᠯᠭᠠᠨ ᠲᠣᠭᠲᠠᠭᠠᠭᠰᠠᠨ ᠵᠡᠷᠭᠡ;
(ᠲᠠᠪᠤ) ᠭᠡᠷᠡᠯ ᠵᠢᠷᠤᠭ᠂ ᠳᠠᠭᠤ ᠱᠢᠩᠭᠡᠭᠡᠯᠲᠡ᠂ ᠳᠦᠷᠰᠦ ᠱᠢᠩᠭᠡᠭᠡᠯᠲᠡ ᠵᠡᠷᠭᠡ;
(ᠵᠢᠷᠭᠤᠭ᠎ᠠ) ᠲᠤᠬᠠᠢᠯᠠᠭᠰᠠᠨ ᠠᠵᠢᠯ᠎ᠤᠨ ᠲᠣᠭ᠎ᠠ ᠪᠠᠷᠢᠮᠲᠠ᠂ ᠠᠯᠪᠠᠨ ᠶᠠᠪᠤᠳᠠᠯ᠎ᠤᠨ ᠡᠯᠸᠺᠲᠷᠤᠨ ᠱᠢᠤᠳᠠᠨ᠎ᠤ ᠵᠦᠢᠯ᠂ ᠰᠦᠯᠵᠢᠶᠡᠨ ᠬᠠᠭᠤᠳᠠᠰᠤᠨ᠎ᠤ ᠮᠡᠳᠡᠭᠡ ᠵᠠᠩᠭᠢ᠂ ᠨᠡᠢᠭᠡᠮ᠎ᠦᠨ ᠬᠠᠷᠢᠯᠴᠠᠭᠠᠨ᠎ᠤ ᠵᠠᠭᠤᠴᠢᠯᠠᠭᠤᠷ᠎ᠤᠨ ᠮᠡᠳᠡᠭᠡ ᠵᠠᠩᠭᠢ᠂ ᠠᠮᠠᠨ ᠲᠣᠭᠠᠴᠢᠯᠲᠠ᠎ᠶᠢ ᠴᠤᠭᠯᠠᠭᠤᠯᠤᠭᠰᠠᠨ ᠮᠡᠳᠡᠭᠡ ᠵᠠᠩᠭᠢ ᠵᠡᠷᠭᠡ;
(ᠳᠣᠯᠣᠭ᠎ᠠ) ᠲᠠᠮᠠᠭ᠎ᠠ᠂ ᠲᠡᠮᠳᠡᠭ᠂ ᠭᠡᠷᠡᠴᠢ ᠪᠢᠴᠢᠭ᠂ ᠦᠨᠡᠮᠯᠡᠯ᠂ ᠳᠤᠷᠠᠰᠭᠠᠯ᠎ᠤᠨ ᠳᠡᠪᠲᠡᠷ᠂ ᠳᠤᠷᠠᠰᠭᠠᠯ᠎ᠤᠨ ᠲᠡᠮᠳᠡᠭ ᠵᠡᠷᠭᠡ;
(ᠨᠠᠢ᠍ᠮᠠ) ᠬᠠᠳᠠᠭᠠᠯᠠᠵᠤ ᠠᠱᠢᠭᠯᠠᠬᠤ ᠦᠨ᠎ᠡ ᠥᠷᠲᠡᠭ ᠪᠦᠬᠦᠢ ᠪᠤᠰᠤᠳ ᠪᠢᠴᠢᠭ ᠮᠠᠲ᠋ᠧᠷᠢᠶᠠᠯ᠃
ᠠᠷᠪᠠᠨ ᠳᠥᠷᠪᠡᠳᠦᠭᠡᠷ ᠵᠦᠢᠯ ᠬᠦ᠍ᠨᠳᠦ ᠣᠨᠴᠠ ᠶᠡᠬᠡ ᠬᠡᠷᠡᠭ᠎ᠢ ᠠᠷᠭᠠᠴᠠᠭᠠᠬᠤ ᠬᠠᠮᠢᠶᠠᠷᠤᠯᠲᠠ᠎ᠶᠢᠨ ᠰᠠᠯᠠᠭ᠎ᠠ ᠮᠥᠴᠢᠷ᠂ ᠣᠷᠣᠯᠴᠠᠬᠤ ᠨᠢᠭᠡᠴᠢ ᠪᠠ ᠲᠤᠰᠭᠠᠢ ᠪᠠᠢᠭᠤᠯᠤᠭᠰᠠᠨ ᠲᠦᠷ ᠴᠠᠭ᠎ᠤᠨ ᠪᠠᠢᠭᠤᠯᠤᠮᠵᠢ᠎ᠨᠤᠭᠤᠳ ᠬᠦᠨᠳᠦ ᠣᠨᠴᠠ ᠶᠡᠬᠡ ᠬᠡᠷᠡᠭ᠎ᠦᠨ ᠳᠠᠩᠰᠠ ᠡᠪᠬᠡᠮᠡᠯ᠎ᠢ ᠴᠤᠭᠯᠠᠭᠤᠯᠬᠤ ᠠᠵᠢᠯ᠎ᠢ ᠡᠬᠢ ᠡᠭᠦᠰᠦᠯ᠎ᠡᠴᠡ᠎ᠨᠢ ᠰᠠᠢᠲᠤᠷ ᠠᠳᠭᠤᠵᠤ᠂ ᠲᠣᠭᠲᠠᠭᠠᠯ ᠶᠣᠰᠣᠭᠠᠷ ᠡᠯ᠎ᠡ ᠲᠥᠷᠥᠯ᠎ᠦᠨ ᠪᠢᠴᠢᠭ ᠮᠠᠲ᠋ᠧᠷᠢᠶᠠᠯ᠎ᠢ ᠪᠦᠷᠢᠯᠳᠦᠭᠦᠯᠬᠦ ᠪᠠ ᠦᠯᠡᠳᠡᠭᠡᠨ ᠬᠠᠳᠠᠭᠠᠯᠠᠵᠤ᠂ ᠬᠤᠷᠢᠶᠠᠪᠠᠰᠤ ᠵᠣᠬᠢᠬᠤ ᠪᠦᠬᠦᠨ᠎ᠢ ᠬᠤᠷᠢᠶᠠᠵᠤ᠂ ᠣᠷᠣᠭᠤᠯᠪᠠᠰᠤ ᠵᠣᠬᠢᠬᠤ ᠪᠦᠬᠦᠨ᠎ᠢ ᠣᠷᠣᠭᠤᠯᠬᠤ ᠬᠡᠷᠡᠭᠲᠡᠢ᠃
ᠠᠷᠪᠠᠨ ᠲᠠᠪᠤᠳᠤᠭᠠᠷ ᠵᠦᠢᠯ ᠬᠦᠨᠳᠦ ᠣᠨᠴᠠ ᠶᠡᠬᠡ ᠬᠡᠷᠡᠭ᠎ᠢ ᠠᠷᠭᠠᠴᠠᠭᠠᠬᠤ ᠬᠠᠮᠢᠶᠠᠷᠤᠯᠲᠠ᠎ᠶᠢᠨ ᠰᠠᠯᠠᠭ᠎ᠠ ᠮᠥᠴᠢᠷ᠂ ᠣᠷᠣᠯᠴᠠᠬᠤ ᠨᠢᠭᠡᠴᠢ ᠪᠠ ᠲᠤᠰᠭᠠᠢ ᠪᠠᠢᠭᠤᠯᠤᠭᠰᠠᠨ ᠲᠦᠷ ᠴᠠᠭ᠎ᠤᠨ ᠪᠠᠢᠭᠤᠯᠤᠮᠵᠢ᠎ᠨᠤᠭᠤᠳ ᠳᠠᠭᠤ ᠱᠢᠩᠭᠡᠭᠡᠯᠲᠡ᠂ ᠳᠦᠷᠰᠦ ᠱᠢᠩᠭᠡᠭᠡᠯᠲᠡ ᠪᠠ ᠪᠣᠳᠠᠲᠤ ᠶᠠᠭᠤᠮ᠎ᠠ ᠵᠡᠷᠭᠡ᠎ᠶᠢᠨ ᠳᠠᠩᠰᠠ ᠡᠪᠬᠡᠮᠡᠯ᠎ᠢ ᠴᠤᠭᠯᠠᠭᠤᠯᠬᠤ᠎ᠪᠠᠨ ᠴᠢᠩᠭᠠᠳᠭᠠᠬᠤ ᠬᠡᠷᠡᠭᠲᠡᠢ᠃
ᠬᠦᠨᠳᠦ ᠣᠨᠴᠠ ᠶᠡᠬᠡ ᠬᠡᠷᠡᠭ᠎ᠢ ᠤᠬᠠᠭᠤᠯᠤᠨ ᠮᠡᠳᠡᠭᠡᠯᠡᠬᠦ᠎ᠶᠢ ᠬᠠᠷᠢᠭᠤᠴᠠᠭᠰᠠᠨ ᠰᠣᠨᠢᠨ ᠮᠡᠳᠡᠭᠡᠨ᠎ᠦ ᠵᠠᠭᠤᠴᠢᠯᠠᠭᠤᠷ᠎ᠨᠢ ᠮᠡᠳᠡᠭᠡᠯᠡᠬᠦ ᠠᠵᠢᠯᠯᠠᠭ᠎ᠠ᠎ᠶᠢᠨ ᠳᠠᠭᠤᠰᠤᠭᠰᠠᠨ ᠡᠳᠦᠷ᠎ᠡᠴᠡ ᠡᠬᠢᠯᠡᠨ ᠭᠤᠴᠢᠨ ᠡᠳᠦᠷ᠎ᠦᠨ ᠳᠣᠲᠣᠷ᠎ᠠ᠂ ᠪᠦᠷᠢᠯᠳᠦᠭᠰᠡᠨ ᠭᠡᠷᠡᠯ ᠵᠢᠷᠤᠭ᠂ ᠳᠠᠭᠤ ᠱᠢᠩᠭᠡᠭᠡᠯᠲᠡ᠂ ᠳᠦᠷᠰᠦ ᠱᠢᠩᠭᠡᠭᠡᠯᠲᠡ ᠵᠡᠷᠭᠡ᠎ᠪᠡᠨ ᠬᠠᠮᠢᠶ᠎ᠠ ᠪᠦᠬᠦᠢ ᠬᠦᠨᠳᠦ ᠣᠨᠴᠠ ᠶᠡᠬᠡ ᠬᠡᠷᠡᠭ᠎ᠢ ᠠᠷᠭᠠᠴᠠᠭᠠᠬᠤ ᠬᠠᠮᠢᠶᠠᠷᠤᠯᠲᠠ᠎ᠶᠢᠨ ᠰᠠᠯᠠᠭ᠎ᠠ ᠮᠥᠴᠢᠷ᠂ ᠣᠷᠣᠯᠴᠠᠬᠤ ᠨᠢᠭᠡᠴᠢ ᠪᠤᠶᠤ ᠲᠤᠰᠭᠠᠢ ᠪᠠᠢᠭᠤᠯᠤᠭᠰᠠᠨ ᠲᠦᠷ ᠴᠠᠭ᠎ᠤᠨ ᠪᠠᠢᠭᠤᠯᠤᠮᠵᠢ᠎ᠳᠤ ᠱᠢᠯᠵᠢᠭᠦᠯᠦᠨ ᠲᠤᠱᠢᠶᠠᠬᠤ ᠬᠡᠷᠡᠭᠲᠡᠢ᠃
ᠠᠷᠪᠠᠨ ᠵᠢᠷᠭᠤᠳᠤᠭᠠᠷ ᠵᠦᠢᠯ ᠬᠦᠨᠳᠦ ᠣᠨᠴᠠ ᠶᠡᠬᠡ ᠬᠡᠷᠡᠭ᠎ᠢ ᠠᠷᠭᠠᠴᠠᠭᠠᠬᠤ ᠬᠠᠮᠢᠶᠠᠷᠤᠯᠲᠠ᠎ᠶᠢᠨ ᠰᠠᠯᠠᠭ᠎ᠠ ᠮᠥᠴᠢᠷ᠂ ᠣᠷᠣᠯᠴᠠᠬᠤ ᠨᠢᠭᠡᠴᠢ᠂ ᠲᠤᠰᠭᠠᠢ ᠪᠠᠢᠭᠤᠯᠤᠭᠰᠠᠨ ᠲᠦᠷ ᠴᠠᠭ᠎ᠤᠨ ᠪᠠᠢᠭᠤᠯᠤᠮᠵᠢ ᠪᠠ ᠳᠠᠩᠰᠠ ᠡᠪᠬᠡᠮᠡᠯ᠎ᠦᠨ ᠰᠠᠩ ᠦ᠋᠎ᠤᠨ ᠬᠠᠨᠳᠢᠪᠯᠠᠬᠤ᠎ᠶᠢ ᠬᠦᠯᠢᠶᠡᠨ ᠠᠪᠬᠤ᠂ ᠬᠤᠳᠠᠯᠳᠤᠨ ᠠᠪᠬᠤ᠂ ᠣᠷᠣᠯᠠᠨ ᠬᠠᠳᠠᠭᠠᠯᠠᠬᠤ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ ᠬᠦᠨᠳᠦ ᠣᠨᠴᠠ ᠶᠡᠬᠡ ᠬᠡᠷᠡᠭ᠎ᠦᠨ ᠳᠠᠩᠰᠠ ᠡᠪᠬᠡᠮᠡᠯ᠎ᠢ ᠬᠤᠷᠢᠶᠠᠨ ᠴᠤᠭᠯᠠᠭᠤᠯᠵᠤ ᠪᠣᠯᠤᠨ᠎ᠠ᠃
ᠰᠠᠢᠨ ᠳᠤᠷ᠎ᠠ᠎ᠶᠢᠨ ᠦᠢᠯᠡᠴᠢᠯᠡᠭᠡᠨ᠎ᠳᠦ ᠣᠷᠣᠯᠴᠠᠭᠰᠠᠨ ᠵᠣᠬᠢᠶᠠᠨ ᠪᠠᠢᠭᠤᠯᠤᠯᠲᠠ ᠪᠠ ᠬᠤᠪᠢ ᠬᠥᠮᠦᠨ᠎ᠦ ᠬᠠᠮᠢᠶ᠎ᠠ ᠪᠦᠬᠦᠢ ᠲᠡᠮᠳᠡᠭᠯᠡᠯ᠎ᠢᠶᠡᠨ ᠦᠯᠡᠳᠡᠭᠡᠨ ᠬᠠᠳᠠᠭᠠᠯᠠᠬᠤ᠎ᠶᠢᠨ ᠬᠠᠮᠲᠤ ᠬᠠᠮᠢᠶ᠎ᠠ ᠪᠦᠬᠦᠢ ᠨᠢᠭᠡᠴᠢ᠎ᠳᠦ ᠬᠠᠨᠳᠢᠪᠯᠠᠬᠤᠶᠢᠨᠢ ᠵᠣᠷᠢᠭᠵᠢᠭᠤᠯᠤᠨ᠎ᠠ᠃
ᠠᠷᠪᠠᠨ ᠳᠣᠯᠣᠳᠤᠭᠠᠷ ᠵᠦᠢᠯ ᠬᠦᠨᠳᠦ ᠣᠨᠴᠠ ᠶᠡᠬᠡ ᠬᠡᠷᠡᠭ᠎ᠦᠨ ᠲᠡᠮᠳᠡᠭᠯᠡᠯ᠎ᠨᠢ ᠪᠦᠷᠢᠨ ᠪᠤᠰᠤ ᠪᠠᠢᠪᠠᠯ᠂ ᠬᠦᠨᠳᠦ ᠣᠨᠴᠠ ᠶᠡᠬᠡ ᠬᠡᠷᠡᠭ᠎ᠢ ᠠᠷᠭᠠᠴᠠᠭᠠᠬᠤ ᠬᠠᠮᠢᠶᠠᠷᠤᠯᠲᠠ᠎ᠶᠢᠨ ᠰᠠᠯᠠᠭ᠎ᠠ ᠮᠥᠴᠢᠷ᠂ ᠣᠷᠣᠯᠴᠠᠬᠤ ᠨᠢᠭᠡᠴᠢ ᠪᠠ ᠲᠤᠰᠭᠠᠢ ᠪᠠᠢᠭᠤᠯᠤᠭᠰᠠᠨ ᠲᠦᠷ ᠴᠠᠭ᠎ᠤᠨ ᠪᠠᠢᠭᠤᠯᠤᠮᠵᠢ᠎ᠨᠢ ᠵᠠᠭᠤᠴᠢᠯᠠᠭᠤᠷ᠎ᠤᠨ ᠮᠡᠳᠡᠭᠡ ᠵᠠᠩᠭᠢ᠎ᠶᠢ ᠴᠤᠭᠯᠠᠭᠤᠯᠬᠤ᠂ ᠠᠮᠠᠨ ᠲᠣᠭᠠᠴᠢᠯᠲᠠ᠎ᠶᠢᠨ ᠮᠡᠳᠡᠭᠡ ᠵᠠᠩᠭᠢ ᠬᠤᠷᠢᠶᠠᠨ ᠱᠢᠩᠭᠡᠭᠡᠬᠦ᠂ ᠨᠡᠢᠭᠡᠮ ᠳᠡᠭᠡᠷ᠎ᠡ᠎ᠡᠴᠡ ᠬᠤᠷᠢᠶᠠᠨ ᠴᠤᠭᠯᠠᠭᠤᠯᠬᠤ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ ᠴᠠᠭ ᠲᠤᠬᠠᠢᠳᠤᠨᠢ ᠨᠥᠬᠥᠪᠥᠷᠢᠯᠡᠵᠦ ᠪᠣᠯᠤᠨ᠎ᠠ᠃
ᠠᠷᠪᠠᠨ ᠨᠠᠢ᠍ᠮᠠᠳᠤᠭᠠᠷ ᠵᠦᠢᠯ ᠬᠦ᠍ᠨᠳᠦ ᠣᠨᠴᠠ ᠶᠡᠬᠡ ᠬᠡᠷᠡᠭ᠎ᠢ ᠠᠷᠭᠠᠴᠠᠭᠠᠬᠤ ᠬᠠᠮᠢᠶᠠᠷᠤᠯᠲᠠ᠎ᠶᠢᠨ ᠰᠠᠯᠠᠭ᠎ᠠ ᠮᠥᠴᠢᠷ᠂ ᠣᠷᠣᠯᠴᠠᠬᠤ ᠨᠢᠭᠡᠴᠢ ᠪᠠ ᠲᠤᠰᠭᠠᠢ ᠪᠠᠢᠭᠤᠯᠤᠭᠰᠠᠨ ᠲᠦᠷ ᠴᠠᠭ᠎ᠤᠨ ᠪᠠᠢᠭᠤᠯᠤᠮᠵᠢ᠎ᠨᠤᠭᠤᠳ ᠬᠠᠷᠠᠭᠠᠯᠵᠠᠭᠰᠠᠨ ᠲᠥᠷᠥᠯ᠎ᠦᠨ ᠳᠠᠩᠰᠠ ᠡᠪᠬᠡᠮᠡᠯ᠎ᠢ ᠡᠮᠬᠢᠯᠡᠬᠦ ᠳᠦᠷᠢᠮ ᠶᠣᠰᠣᠭᠠᠷ ᠬᠦᠨᠳᠦ ᠣᠨᠴᠠ ᠶᠡᠬᠡ ᠬᠡᠷᠡᠭ᠎ᠦᠨ ᠳᠠᠩᠰᠠ ᠡᠪᠬᠡᠮᠡᠯ᠎ᠢ ᠡᠮᠬᠢᠯᠡᠵᠦ᠂ ᠬᠦᠨᠳᠦ ᠣᠨᠴᠠ ᠶᠡᠬᠡ ᠬᠡᠷᠡᠭ᠎ᠢ ᠠᠷᠭᠠᠴᠠᠭᠠᠬᠤ ᠠᠵᠢᠯ ᠳᠠᠭᠤᠰᠤᠭᠰᠠᠨ᠎ᠤ ᠳᠠᠷᠠᠭ᠎ᠠ ᠵᠢᠷᠭᠤᠭᠠᠨ ᠰᠠᠷ᠎ᠠ᠎ᠶᠢᠨ ᠳᠣᠲᠣᠷ᠎ᠠ ᠳᠠᠩᠰᠠ ᠡᠪᠬᠡᠮᠡᠯ᠎ᠳᠦ ᠣᠷᠣᠭᠤᠯᠬᠤ ᠠᠵᠢᠯ᠎ᠢ ᠪᠡᠶᠡᠯᠡᠭᠦᠯᠬᠦ ᠬᠡᠷᠡᠭᠲᠡᠢ᠃
ᠲᠤᠰᠭᠠᠢ ᠪᠠᠢᠭᠤᠯᠤᠭᠰᠠᠨ ᠲᠦᠷ ᠴᠠᠭ᠎ᠤᠨ ᠪᠠᠢᠭᠤᠯᠤᠮᠵᠢ᠎ᠨᠢ ᠠᠵᠢᠯ᠎ᠢᠶᠠᠨ ᠵᠣᠭᠰᠣᠭᠠᠬᠤ᠎ᠠᠴᠠ ᠡᠮᠦᠨ᠎ᠡ ᠬᠣᠯᠪᠣᠭᠳᠠᠯ ᠪᠦᠬᠦᠢ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠳᠠᠩᠰᠠ ᠡᠪᠬᠡᠮᠡᠯ᠎ᠦᠨ ᠰᠠᠩ᠎ᠳᠤ ᠳᠠᠩᠰᠠ ᠡᠪᠬᠡᠮᠡᠯ᠎ᠢᠶᠡᠨ ᠱᠢᠯᠵᠢᠭᠦᠯᠦᠨ ᠲᠤᠱᠢᠶᠠᠬᠤ ᠬᠡᠷᠡᠭᠲᠡᠢ᠃
ᠠᠷᠪᠠ ᠶᠢᠰᠦᠳᠦᠭᠡᠷ ᠵᠦᠢᠯ ᠬᠦᠨᠳᠦ ᠣᠨᠴᠠ ᠶᠡᠬᠡ ᠬᠡᠷᠡᠭ᠎ᠢ ᠠᠷᠭᠠᠴᠠᠭᠠᠬᠤ ᠬᠠᠮᠢᠶᠠᠷᠤᠯᠲᠠ᠎ᠶᠢᠨ ᠰᠠᠯᠠᠭ᠎ᠠ ᠮᠥᠴᠢᠷ᠂ ᠣᠷᠣᠯᠴᠠᠬᠤ ᠨᠢᠭᠡᠴᠢ ᠪᠠ ᠲᠤᠰᠭᠠᠢ ᠪᠠᠢᠭᠤᠯᠤᠭᠰᠠᠨ ᠲᠥᠷ ᠴᠠᠭ᠎ᠤᠨ ᠪᠠᠢᠭᠤᠯᠤᠮᠵᠢ᠎ᠨᠤᠭᠤᠳ ᠳᠠᠩᠰᠠ ᠡᠪᠬᠡᠮᠡᠯ᠎ᠦᠨ ᠰᠠᠩ᠎ᠳᠤ ᠳᠠᠩᠰᠠ ᠡᠪᠬᠡᠮᠡᠯ᠎ᠢᠶᠡᠨ ᠱᠢᠯᠵᠢᠭᠦᠯᠦᠨ ᠲᠤᠱᠢᠶᠠᠬᠤ᠎ᠳᠤ᠎ᠪᠠᠨ ᠳᠠᠩᠰᠠ ᠡᠪᠬᠡᠮᠡᠯ᠎ᠦᠨ ᠳ᠋ᠢᠵᠢᠲ᠋ᠠᠯᠵᠢᠭᠤᠯᠤᠭᠰᠠᠨ ᠦᠷ᠎ᠡ ᠪᠦᠲᠦᠭᠡᠯ ᠪᠤᠶᠤ ᠡᠯᠸᠺᠲᠷᠤᠨ ᠳᠠᠩᠰᠠ ᠡᠪᠬᠡᠮᠡᠯ᠎ᠢᠶᠡᠨ ᠵᠡᠷᠭᠡ᠎ᠳᠦᠨᠢ ᠱᠢᠯᠵᠢᠭᠦᠯᠦᠨ ᠲᠤᠱᠢᠶᠠᠬᠤ ᠬᠡᠷᠡᠭᠲᠡᠢ᠃
ᠬᠦᠨᠳᠦ ᠣᠨᠴᠠ ᠶᠡᠬᠡ ᠬᠡᠷᠡᠭ᠎ᠢ ᠠᠷᠭᠠᠴᠠᠭᠠᠬᠤ ᠬᠠᠮᠢᠶᠠᠷᠤᠯᠲᠠ᠎ᠶᠢᠨ ᠰᠠᠯᠠᠭ᠎ᠠ ᠮᠥᠴᠢᠷ᠂ ᠣᠷᠣᠯᠴᠠᠬᠤ ᠨᠢᠭᠡᠴᠢ ᠪᠠ ᠲᠤᠰᠭᠠᠢ ᠪᠠᠢᠭᠤᠯᠤᠭᠰᠠᠨ ᠲᠦᠷ ᠴᠠᠭ᠎ᠤᠨ ᠪᠠᠢᠭᠤᠯᠤᠮᠵᠢ᠎ᠨᠤᠭᠤᠳ ᠳᠠᠩᠰᠠ ᠡᠪᠬᠡᠮᠡᠯ᠎ᠦᠨ ᠰᠠᠩ᠎ᠳᠤ ᠱᠢᠯᠵᠢᠭᠦᠯᠦᠨ ᠲᠤᠱᠢᠶᠠᠬᠤ ᠳᠠᠩᠰᠠ ᠡᠪᠬᠡᠮᠡᠯ᠎ᠢ ᠴᠢᠯᠥᠭᠡᠲᠡᠢ ᠬᠢᠨᠠᠨ ᠬᠠᠷᠭᠤᠭᠤᠯᠬᠤ᠎ᠶᠢᠨ ᠬᠠᠮᠲᠤ ᠱᠢᠯᠵᠢᠭᠦᠯᠦᠨ ᠲᠤᠱᠢᠶᠠᠬᠤ ᠦᠶ᠎ᠡ᠎ᠳᠦ ᠰᠠᠨᠠᠯ᠎ᠢᠶᠠᠨ ᠳᠠᠭᠠᠯᠳᠤᠭᠤᠯᠬᠤ ᠬᠡᠷᠡᠭᠲᠡᠢ᠃
ᠬᠣᠷᠢᠳᠤᠭᠠᠷ ᠵᠦᠢᠯ ᠬᠦ᠍ᠨᠳᠦ ᠣᠨᠴᠠ ᠶᠡᠬᠡ ᠬᠡᠷᠡᠭ᠎ᠢ ᠠᠷᠭᠠᠴᠠᠭᠠᠬᠤ ᠬᠠᠮᠢᠶᠠᠷᠤᠯᠲᠠ᠎ᠶᠢᠨ ᠰᠠᠯᠠᠭ᠎ᠠ ᠮᠥᠴᠢᠷ᠂ ᠣᠷᠣᠯᠴᠠᠬᠤ ᠨᠢᠭᠡᠴᠢ᠂ ᠳᠠᠩᠰᠠ ᠡᠪᠬᠡᠮᠡᠯ᠎ᠦᠨ ᠰᠠᠩ ᠪᠠ ᠲᠤᠰᠭᠠᠢ ᠪᠠᠢᠭᠤᠯᠤᠭᠰᠠᠨ ᠲᠦᠷ ᠴᠠᠭ᠎ᠤᠨ ᠪᠠᠢᠭᠤᠯᠤᠮᠵᠢ᠎ᠨᠤᠭᠤᠳ ᠬᠦᠨᠳᠦ ᠣᠨᠴᠠ ᠶᠡᠬᠡ ᠬᠡᠷᠡᠭ᠎ᠦᠨ ᠳᠠᠩᠰᠠ ᠡᠪᠬᠡᠮᠡᠯ᠎ᠳᠡᠬᠢ ᠠᠶᠤᠯ ᠦᠭᠡᠢ᠎ᠶᠢᠨ ᠬᠠᠮᠢᠶᠠᠷᠤᠯᠲᠠ᠎ᠪᠠᠨ ᠴᠢᠩᠭᠠᠳᠭᠠᠵᠤ᠂ ᠤᠯᠤᠰ᠎ᠤᠨ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠳᠠᠩᠰᠠ ᠡᠪᠬᠡᠮᠡᠯ᠎ᠢ ᠬᠠᠳᠠᠭᠠᠯᠠᠬᠤ᠎ᠳᠤ ᠲᠣᠬᠢᠷᠠᠮᠵᠢᠲᠠᠢ ᠬᠥᠮᠥᠷᠭᠡ ᠪᠠ ᠴᠢᠬᠤᠯᠠ ᠪᠦᠬᠦᠢ ᠪᠡᠯᠡᠳᠬᠡᠮᠵᠢ ᠲᠥᠬᠥᠭᠡᠷᠦᠮᠵᠢ ᠲᠣᠬᠢᠷᠠᠭᠤᠯᠵᠤ᠂ ᠠᠶᠤᠯ ᠦᠭᠡᠢ᠎ᠶᠢᠨ ᠪᠠᠢᠴᠠᠭᠠᠯᠲᠠ᠎ᠶᠢ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠬᠦ ᠬᠡᠷᠡᠭᠲᠡᠢ᠃
ᠬᠣᠷᠢᠨ ᠨᠢᠭᠡᠳᠦᠭᠡᠷ ᠵᠦᠢᠯ ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ ᠪᠠ ᠳᠠᠩᠰᠠ ᠡᠪᠬᠡᠮᠡᠯ᠎ᠦᠨ ᠰᠠᠩ᠎ᠤᠨ᠎ᠬᠢᠨ ᠬᠦᠨᠳᠦ ᠣᠨᠴᠠ ᠶᠡᠬᠡ ᠬᠡᠷᠡᠭ᠎ᠦᠨ ᠳᠠᠩᠰᠠ ᠡᠪᠬᠡᠮᠡᠯ᠎ᠢ ᠠᠱᠢᠭᠯᠠᠬᠤ ᠬᠡᠷᠡᠭᠴᠡᠭᠡ ᠱᠠᠭᠠᠷᠳᠠᠯᠭ᠎ᠠ᠎ᠶᠢ ᠰᠠᠨᠠᠭᠠᠴᠢᠯᠠᠭ᠎ᠠ᠎ᠠᠴᠠ᠎ᠪᠠᠨ ᠰᠤᠳᠤᠯᠤᠨ ᠮᠠᠭᠠᠳᠯᠠᠵᠤ᠂ ᠳᠠᠩᠰᠠ ᠡᠪᠬᠡᠮᠡᠯ᠎ᠢ ᠠᠱᠢᠭᠯᠠᠬᠤ ᠴᠤᠪᠤᠷᠠᠯ᠎ᠢ ᠳᠥᠭᠥᠮᠴᠢᠯᠡᠨ ᠱᠢᠯᠢᠳᠡᠭᠵᠢᠭᠦᠯᠵᠦ᠂ ᠬᠦᠨᠳᠦ ᠣᠨᠴᠠ ᠶᠡᠬᠡ ᠬᠡᠷᠡᠭ᠎ᠦᠨ ᠳᠠᠩᠰᠠ ᠡᠪᠬᠡᠮᠡᠯ᠎ᠢ ᠪᠠᠢᠴᠠᠭᠠᠨ ᠯᠠᠪᠯᠠᠵᠤ ᠠᠱᠢᠭᠯᠠᠬᠤ᠎ᠶᠢᠨ ᠲᠦᠷᠭᠡᠨ ᠳᠠᠭᠠᠬᠤ ᠲᠣᠭᠲᠠᠴᠠ᠎ᠶᠢ ᠪᠠᠢᠭᠤᠯᠤᠨ᠂ ᠣᠳᠣ ᠦᠶ᠎ᠡ᠎ᠶᠢᠨ ᠮᠡᠳᠡᠭᠡ ᠵᠠᠩᠭᠢ᠎ᠶᠢᠨ ᠮᠡᠷᠭᠡᠵᠢᠯ᠎ᠦᠨ ᠠᠷᠭ᠎ᠠ ᠪᠠᠷᠢᠯ᠎ᠢ ᠠᠱᠢᠭᠯᠠᠨ ᠬᠦᠨᠳᠦ ᠣᠨᠴᠠ ᠶᠡᠬᠡ ᠬᠡᠷᠡᠭ᠎ᠦᠨ ᠳᠠᠩᠰᠠ ᠡᠪᠬᠡᠮᠡᠯ᠎ᠦᠨ ᠮᠡᠳᠡᠭᠡ ᠵᠠᠩᠭᠢ᠎ᠶᠢ ᠬᠠᠮᠲᠤ᠎ᠪᠠᠷ ᠬᠦᠷᠲᠡᠵᠦ ᠬᠠᠮᠲᠤ᠎ᠪᠠᠷ ᠬᠡᠷᠡᠭᠯᠡᠬᠦ᠎ᠶᠢ ᠠᠬᠢᠭᠤᠯᠵᠤ᠂ ᠳᠠᠩᠰᠠ ᠡᠪᠬᠡᠮᠡᠯ᠎ᠢ ᠠᠱᠢᠭᠯᠠᠬᠤ ᠦᠢᠯᠡᠴᠢᠯᠡᠭᠡ᠎ᠶᠢ ᠬᠠᠤᠯᠢ ᠶᠣᠰᠣᠭᠠᠷ᠂ ᠥᠨᠳᠥᠷ ᠦᠷ᠎ᠡ ᠪᠦᠲᠦᠮᠵᠢᠲᠡᠢ᠎ᠪᠡᠷ ᠬᠠᠩᠭᠠᠬᠤ ᠬᠡᠷᠡᠭᠲᠡᠢ᠃
ᠬᠣᠷᠢᠨ ᠬᠣᠶᠠᠳᠤᠭᠠᠷ ᠵᠦᠢᠯ ᠡᠯ᠎ᠡ ᠱᠠᠲᠤᠨ᠎ᠤ ᠡᠯ᠎ᠡ ᠲᠥᠷᠥᠯ᠎ᠦᠨ ᠳᠠᠩᠰᠠ ᠡᠪᠬᠡᠮᠡᠯ᠎ᠦᠨ ᠰᠠᠩ ᠪᠠ ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠨᠢ ᠬᠦᠨᠳᠦ ᠣᠨᠴᠠ ᠶᠡᠬᠡ ᠬᠡᠷᠡᠭ᠎ᠦᠨ ᠳᠠᠩᠰᠠ ᠡᠪᠬᠡᠮᠡᠯ᠎ᠦᠨ ᠡᠬᠢ ᠪᠠᠶᠠᠯᠢᠭ᠎ᠢ ᠨᠡᠭᠡᠭᠡᠨ ᠠᠱᠢᠭᠯᠠᠬᠤ᠎ᠪᠠᠨ ᠴᠢᠩᠭᠠᠳᠭᠠᠵᠤ᠂ ᠲᠣᠭ᠎ᠠ ᠪᠠᠷᠢᠮᠲᠠ᠎ᠶᠢ ᠵᠠᠳᠠᠯᠤᠨ ᠬᠡᠷᠡᠭᠯᠡᠬᠦ᠎ᠪᠡᠨ ᠴᠢᠩᠭᠠᠷᠠᠭᠤᠯᠤᠨ᠂ ᠳᠠᠩᠰᠠ ᠡᠪᠬᠡᠮᠡᠯ᠎ᠢ ᠨᠠᠢᠷᠠᠭᠤᠯᠤᠨ ᠰᠤᠳᠤᠯᠬᠤ᠂ ᠬᠦᠨᠳᠦ ᠣᠨᠴᠠ ᠶᠡᠬᠡ ᠬᠡᠷᠡᠭ᠎ᠦᠨ ᠨᠡᠢᠲᠡᠯᠢᠭ ᠬᠡᠷᠡᠭ᠎ᠦᠨ ᠵᠢᠱ᠌ᠢᠶ᠎ᠡ᠎ᠶᠢᠨ ᠬᠥᠮᠥᠷᠭᠡ᠎ᠶᠢ ᠪᠠᠢᠭᠤᠯᠬᠤ ᠵᠡᠷᠭᠡ ᠠᠷᠭ᠎ᠠ ᠮᠠᠶᠢᠭ᠎ᠢᠶᠠᠷ ᠳᠠᠮᠵᠢᠭᠤᠯᠤᠨ᠂ ᠳᠠᠩᠰᠠ ᠡᠪᠬᠡᠮᠡᠯ᠎ᠦᠨ ᠠᠵᠢᠯ᠎ᠤᠨ ᠲᠡᠦᠬᠡ᠎ᠶᠢ ᠬᠠᠳᠠᠭᠠᠯᠠᠨ ᠵᠠᠰᠠᠭ᠎ᠲᠤ ᠲᠤᠰᠠᠯᠠᠵᠤ ᠬᠥᠮᠦᠨ᠎ᠢ ᠬᠥᠮᠦᠵᠢᠭᠦᠯᠬᠦ ᠦᠢᠯᠡᠳᠦᠯ᠎ᠢ᠎ᠨᠢ ᠪᠠᠳᠠᠷᠠᠭᠤᠯᠬᠤ ᠬᠡᠷᠡᠭᠲᠡᠢ᠃
ᠬᠣᠷᠢᠨ ᠭᠤᠷᠪᠠᠳᠤᠭᠠᠷ ᠵᠦᠢᠯ ᠬᠦ᠍ᠨᠳᠦ ᠣᠨᠴᠠ ᠶᠡᠬᠡ ᠬᠡᠷᠡᠭ᠎ᠦᠨ ᠳᠠᠩᠰᠠ ᠡᠪᠬᠡᠮᠡᠯ᠎ᠦᠨ ᠠᠵᠢᠯ᠎ᠳᠤ ᠠᠯᠪᠠᠨ ᠲᠤᠱᠢᠶᠠᠯ᠎ᠳᠤ᠎ᠪᠠᠨ ᠠᠯᠮᠠᠢᠷᠠᠨ ᠣᠰᠣᠯᠳᠠᠭᠰᠠᠨ᠂ ᠡᠷᠬᠡ ᠲᠤᠱᠢᠶᠠᠯ᠎ᠢᠶᠠᠨ ᠳᠤᠷ᠎ᠠ᠎ᠪᠠᠷ᠎ᠢᠶᠠᠨ ᠬᠡᠷᠡᠭᠯᠡᠭᠰᠡᠨ᠂ ᠬᠤᠪᠢ᠎ᠶᠢᠨ ᠨᠠᠢᠷ ᠬᠠᠷᠠᠵᠤ ᠬᠠᠤᠯᠢ ᠶᠣᠰᠣ᠎ᠶᠢ ᠵᠥᠷᠢᠴᠡᠭᠰᠡᠨ ᠪᠠᠢᠪᠠᠯ᠂ ᠱᠢᠭᠤᠳ ᠬᠠᠷᠢᠭᠤᠴᠠᠵᠤ ᠪᠠᠢᠭ᠎ᠠ ᠭᠣᠣᠯ ᠬᠠᠮᠢᠶᠠᠷᠤᠭᠴᠢ ᠪᠠ ᠪᠤᠰᠤᠳ ᠱᠢᠭᠤᠳ ᠬᠠᠷᠢᠭᠤᠴᠠᠯᠭᠠᠲᠠᠨ᠎ᠳᠤ ᠬᠠᠤᠯᠢ ᠶᠣᠰᠣᠭᠠᠷ ᠱᠢᠢᠳᠬᠡᠯ ᠥᠭᠭᠦᠨ᠎ᠡ; ᠶᠠᠯᠠᠳᠤ ᠭᠦᠷᠦᠭᠰᠡᠨ ᠪᠠᠢᠪᠠᠯ᠂ ᠬᠠᠤᠯᠢ ᠶᠣᠰᠣᠭᠠᠷ ᠡᠷᠡᠭᠦᠦ᠎ᠶᠢᠨ ᠬᠠᠷᠢᠭᠤᠴᠠᠯᠭ᠎ᠠ ᠨᠡᠬᠡᠮᠵᠢᠯᠡᠨ᠎ᠡ᠃
ᠬᠣᠷᠢᠨ ᠳᠥᠷᠪᠡᠳᠦᠭᠡᠷ ᠵᠦᠢᠯ ᠲᠤᠰ ᠠᠷᠭ᠎ᠠ᠎ᠶᠢᠨ ᠲᠣᠭᠲᠠᠭᠠᠯ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠶᠢ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠳᠠᠩᠰᠠ ᠡᠪᠬᠡᠮᠡᠯ᠎ᠦᠨ ᠬᠠᠤᠯᠢ》᠂《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠳᠠᠩᠰᠠ ᠡᠪᠬᠡᠮᠡᠯ᠎ᠦᠨ ᠬᠠᠤᠯᠢ᠎ᠶᠢ ᠬᠡᠷᠡᠭᠵᠢᠭᠦᠯᠬᠦ ᠳᠦᠷᠢᠮ》 ᠵᠡᠷᠭᠡ ᠬᠣᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠎ᠳᠤ ᠨᠢᠭᠡᠨᠲᠡ ᠪᠣᠳᠠᠲᠠᠢ ᠱᠢᠢᠳᠬᠡᠨ ᠲᠣᠷᠭᠠᠬᠤ ᠲᠣᠭᠲᠠᠭᠠᠯ ᠭᠠᠷᠭᠠᠭᠰᠠᠨ ᠪᠠᠢᠪᠠᠯ ᠲᠡᠷᠡ᠎ᠬᠦ ᠲᠣᠭᠲᠠᠭᠠᠯ᠎ᠢᠶᠠᠷ᠎ᠨᠢ ᠬᠡᠷᠡᠭᠵᠢᠭᠦᠯᠦᠨ᠎ᠡ᠃
ᠬᠣᠷᠢᠨ ᠲᠠᠪᠤᠳᠤᠭᠠᠷ ᠵᠦᠢᠯ ᠲᠤᠰ ᠠᠷᠭ᠎ᠠ᠎ᠶᠢ 2024 ᠣᠨ᠎ᠤ 11 ᠳ᠋ᠦ᠍ᠭᠡᠷ ᠰᠠᠷ᠎ᠠ᠎ᠶᠢᠨ 1᠎ᠦ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ᠃