ᠨᠢᠭᠡᠳᠦᠭᠡᠷ ᠵᠦᠢᠯ ᠭᠠᠢᠯᠢ ᠰᠦᠢᠳᠬᠡᠯ᠎ᠦᠨ ᠲᠠᠲᠠᠪᠤᠷᠢᠯᠠᠵᠤ ᠬᠠᠮᠢᠶᠠᠷᠬᠤ ᠪᠠ ᠦᠢᠯᠡᠴᠢᠯᠡᠵᠦ ᠪᠠᠲᠤᠯᠠᠬᠤ᠎ᠶᠢ ᠴᠢᠩᠭᠠᠳᠭᠠᠵᠤ᠂ ᠭᠠᠢᠯᠢ ᠲᠤᠱᠢᠶᠠᠭᠴᠢ ᠰᠦᠢᠳᠬᠡᠯ ᠲᠤᠱᠢᠶᠠᠭᠴᠢᠶᠢᠨ ᠬᠠᠤᠯᠢ ᠶᠣᠰᠣᠨ᠎ᠤ ᠡᠷᠬᠡ ᠠᠱᠢᠭ᠎ᠢ ᠬᠠᠮᠠᠭᠠᠯᠠᠨ᠂ ᠠᠵᠤ ᠠᠬᠤᠢ ᠨᠡᠢᠭᠡᠮ᠎ᠦᠨ ᠴᠢᠨᠠᠷ ᠰᠠᠢᠲᠠᠢ ᠬᠥᠭᠵᠢᠯᠲᠡ᠎ᠶᠢ ᠠᠬᠢᠭᠤᠯᠬᠤ᠎ᠶᠢᠨ ᠲᠤᠰᠠᠳᠠ᠂《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠢᠯᠢ ᠲᠠᠲᠠᠪᠤᠷᠢᠯᠠᠨ ᠬᠤᠷᠢᠶᠠᠬᠤ ᠬᠠᠮᠢᠶᠠᠷᠤᠯᠲᠠ᠎ᠶᠢᠨ ᠬᠠᠤᠯᠢ》᠂《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠨᠡᠢᠭᠡᠮ᠎ᠦᠨ ᠳᠠᠭᠠᠳᠭᠠᠯ᠎ᠤᠨ ᠬᠠᠤᠯᠢ》 ᠵᠡᠷᠭᠡ ᠬᠣᠯᠪᠣᠭᠳᠠᠯ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠎ᠤᠳ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ᠎ᠪᠠᠨ ᠤᠶᠠᠯᠳᠤᠭᠤᠯᠵᠤ᠂ ᠲᠤᠰ ᠠᠷᠭ᠎ᠠ᠎ᠶᠢ ᠲᠣᠭᠲᠠᠭᠠᠪᠠ᠃
ᠬᠣᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭᠠᠨ᠎ᠤ ᠣᠷᠣᠨ᠎ᠳᠠᠬᠢ ᠭᠠᠢᠯᠢ ᠰᠦᠢᠳᠬᠡᠯ᠎ᠦᠨ ᠲᠠᠲᠠᠪᠤᠷᠢᠯᠠᠵᠤ ᠬᠠᠮᠢᠶᠠᠷᠬᠤ ᠪᠠ ᠦᠢᠯᠡᠴᠢᠯᠡᠵᠦ ᠪᠠᠲᠤᠯᠠᠬᠤ ᠠᠵᠢᠯ᠎ᠳᠤ ᠲᠤᠰ ᠠᠷᠭ᠎ᠠ᠎ᠶᠢ ᠲᠣᠬᠢᠷᠠᠭᠤᠯᠤᠨ ᠬᠡᠷᠡᠭᠯᠡᠨ᠎ᠡ᠃
ᠲᠤᠰ ᠠᠷᠭ᠎ᠠ᠎ᠳᠤ ᠬᠡᠯᠡᠵᠦ ᠪᠠᠢᠭ᠎ᠠ ᠭᠠᠢᠯᠢ ᠰᠦᠢᠳᠬᠡᠯ ᠭᠡᠳᠡᠭ᠎ᠲᠦ ᠭᠠᠢᠯᠢ᠎ᠶᠢᠨ ᠶᠠᠪᠤᠳᠠᠯ᠎ᠤᠨ ᠪᠠᠢᠭᠤᠯᠭ᠎ᠠ᠎ᠶᠢᠨ ᠲᠠᠲᠠᠪᠤᠷᠢᠯᠠᠭᠰᠠᠨ ᠭᠠᠢᠯᠢ ᠲᠠᠲᠠᠪᠤᠷᠢ᠂ ᠨᠡᠢᠭᠡᠮ᠎ᠦᠨ ᠳᠠᠭᠠᠳᠭᠠᠯ᠎ᠤᠨ ᠰᠦᠢᠳᠬᠡᠯ ᠪᠠ ᠭᠠᠢᠯᠢ᠎ᠶᠢᠨ ᠪᠤᠰᠤ ᠣᠷᠣᠯᠭ᠎ᠠ ᠪᠠᠭᠲᠠᠨ᠎ᠠ᠃
ᠭᠤᠷᠪᠠᠳᠤᠭᠠᠷ ᠵᠦᠢᠯ ᠭᠠᠢᠯᠢ ᠰᠦᠢᠳᠬᠡᠯ᠎ᠦᠨ ᠪᠠᠲᠤᠯᠠᠭ᠎ᠠ᠎ᠶᠢᠨ ᠠᠵᠢᠯ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶᠢ ᠪᠠᠷᠢᠮᠲᠠᠯᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤᠳᠭᠠᠬᠤ᠎ᠪᠠᠷ ᠠᠵᠢᠯ᠎ᠤᠨ ᠭᠣᠣᠯ ᠱᠢᠵᠢᠮ ᠪᠣᠯᠭᠠᠵᠤ᠂ ᠵᠠᠰᠠᠭ᠎ᠤᠨ ᠣᠷᠳᠣᠨ ᠨᠢᠭᠡᠳᠦᠯᠲᠡᠢ ᠲᠥᠯᠥᠪᠯᠡᠬᠦ᠂ ᠭᠠᠢᠯᠢ᠎ᠶᠢᠨ ᠶᠠᠪᠤᠳᠠᠯ ᠭᠣᠣᠯᠯᠠᠨ ᠬᠠᠷᠢᠭᠤᠴᠠᠬᠤ᠂ ᠰᠠᠯᠠᠭ᠎ᠠ ᠮᠥᠴᠢᠷ᠎ᠦᠳ ᠬᠠᠮᠵᠢᠯᠴᠠᠬᠤ᠂ ᠨᠡᠢᠭᠡᠮ ᠨᠡᠢᠲᠡ᠎ᠪᠡᠷ᠎ᠢᠶᠡᠨ ᠣᠷᠣᠯᠴᠠᠬᠤ ᠵᠠᠷᠴᠢᠮ᠎ᠢ ᠵᠢᠷᠤᠮᠯᠠᠬᠤ ᠬᠡᠷᠡᠭᠲᠡᠢ᠃
ᠳᠥᠷᠪᠡᠳᠦᠭᠡᠷ ᠵᠦᠢᠯ ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠭᠠᠢᠯᠢ ᠰᠦᠢᠳᠬᠡᠯ᠎ᠦᠨ ᠲᠠᠲᠠᠪᠤᠷᠢᠯᠠᠵᠤ ᠬᠠᠮᠢᠶᠠᠷᠬᠤ ᠪᠠ ᠦᠢᠯᠡᠴᠢᠯᠡᠵᠦ ᠪᠠᠲᠤᠯᠠᠬᠤ ᠠᠵᠢᠯ᠎ᠳᠠᠬᠢ ᠤᠳᠤᠷᠢᠳᠤᠯᠭ᠎ᠠ᠎ᠪᠠᠨ ᠴᠢᠩᠭᠠᠳᠭᠠᠵᠤ᠂ ᠭᠠᠢᠯᠢ ᠰᠦᠢᠳᠬᠡᠯ ᠲᠠᠲᠠᠪᠤᠷᠢᠯᠠᠵᠤ ᠬᠠᠮᠢᠶᠠᠷᠬᠤ ᠠᠵᠢᠯ᠎ᠤᠨ ᠬᠠᠮᠵᠢᠯᠴᠠᠬᠤ ᠲᠣᠭᠲᠠᠴᠠ᠎ᠶᠢ ᠪᠠᠢᠭᠤᠯᠤᠨ ᠪᠦᠷᠢᠨᠱᠢᠭᠦᠯᠵᠦ᠂ ᠭᠠᠢᠯᠢ ᠰᠦᠢᠳᠬᠡᠯ ᠲᠠᠲᠠᠪᠤᠷᠢᠯᠠᠵᠤ ᠬᠠᠮᠢᠶᠠᠷᠬᠤ ᠠᠵᠢᠯ᠎ᠤᠨ ᠶᠠᠪᠤᠴᠠ᠎ᠳᠠᠬᠢ ᠴᠢᠬᠤᠯᠠ ᠶᠡᠬᠡ ᠠᠰᠠᠭᠤᠳᠠᠯ᠎ᠤᠳ᠎ᠢ ᠵᠣᠬᠢᠴᠠᠭᠤᠯᠤᠨ ᠱᠢᠢᠳᠪᠦᠷᠢᠯᠡᠬᠦ ᠬᠡᠷᠡᠭᠲᠡᠢ᠃ ᠬᠡᠷᠡᠭᠰᠡᠬᠦ ᠵᠠᠷᠤᠳᠠᠯ᠎ᠢ ᠡᠳ᠋᠎ᠦᠨ ᠵᠠᠰᠠᠭ᠎ᠤᠨ ᠬᠠᠮᠢᠶᠠᠷᠤᠯᠲᠠ᠎ᠶᠢᠨ ᠳᠦᠷᠢᠮ ᠶᠣᠰᠣᠭᠠᠷ ᠪᠠᠲᠤᠯᠠᠨ᠎ᠠ᠃
ᠰᠤᠮᠤ ᠱᠢᠶᠠᠩ ᠪᠠᠯᠭᠠᠰᠤᠨ᠎ᠤ ᠠᠷᠠᠳ᠎ᠤᠨ ᠵᠠᠰᠠᠭ᠎ᠤᠨ ᠣᠷᠳᠣᠨ᠂ ᠵᠡᠭᠡᠯᠢ ᠭᠤᠳᠤᠮᠵᠢ᠎ᠶᠢᠨ ᠬᠡᠷᠡᠭ ᠡᠷᠬᠢᠯᠡᠬᠦ ᠭᠠᠵᠠᠷ᠎ᠤᠳ ᠭᠠᠢᠯᠢ᠎ᠶᠢᠨ ᠶᠠᠪᠤᠳᠠᠯ᠎ᠤᠨ ᠪᠠᠢᠭᠤᠯᠭ᠎ᠠ᠎ᠶᠢ ᠬᠠᠪᠰᠤᠷᠴᠤ ᠪᠠᠢᠭᠠᠳ ᠭᠠᠢᠯᠢ ᠰᠦᠢᠳᠬᠡᠯ᠎ᠦᠨ ᠲᠠᠲᠠᠪᠤᠷᠢᠯᠠᠵᠤ ᠬᠠᠮᠢᠶᠠᠷᠬᠤ ᠪᠠ ᠦᠢᠯᠡᠴᠢᠯᠡᠵᠦ ᠪᠠᠲᠤᠯᠠᠬᠤ᠎ᠶᠢᠨ ᠬᠠᠮᠢᠶ᠎ᠠ ᠪᠦᠬᠦᠢ ᠠᠵᠢᠯ᠎ᠢ ᠰᠠᠢᠲᠤᠷ ᠬᠢᠬᠦ ᠬᠡᠷᠡᠭᠲᠡᠢ᠃
ᠲᠠᠪᠤᠳᠤᠭᠠᠷ ᠵᠦᠢᠯ ᠭᠠᠢᠯᠢ᠎ᠶᠢᠨ ᠶᠠᠪᠤᠳᠠᠯ᠎ᠤᠨ ᠪᠠᠢᠭᠤᠯᠭ᠎ᠠ᠎ᠨᠢ ᠭᠠᠢᠯᠢ ᠰᠦᠢᠳᠬᠡᠯ᠎ᠦᠨ ᠲᠠᠲᠠᠪᠤᠷᠢᠯᠠᠵᠤ ᠬᠠᠮᠢᠶᠠᠷᠬᠤ ᠪᠠ ᠦᠢᠯᠡᠴᠢᠯᠡᠵᠦ ᠪᠠᠲᠤᠯᠠᠬᠤ ᠠᠵᠢᠯ᠎ᠢ ᠬᠠᠷᠢᠭᠤᠴᠠᠨ ᠰᠠᠢᠲᠤᠷ ᠬᠢᠨ᠎ᠡ᠃
ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠣᠨ᠎ᠤ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ᠂ ᠠᠷᠠᠳ᠎ᠤᠨ ᠶᠠᠪᠤᠳᠠᠯ᠂ ᠡᠳ᠋᠎ᠦᠨ ᠵᠠᠰᠠᠭ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠂ ᠪᠠᠢᠭᠠᠯᠢ᠎ᠶᠢᠨ ᠡᠬᠢ ᠪᠠᠶᠠᠯᠢᠭ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠳ ᠥᠪᠡᠷ ᠥᠪᠡᠷ᠎ᠦᠨ᠎ᠢᠶᠡᠨ ᠡᠭᠦᠷᠭᠡ ᠬᠠᠷᠢᠭᠤᠴᠠᠯᠭ᠎ᠠ ᠶᠣᠰᠣᠭᠠᠷ ᠭᠠᠢᠯᠢ ᠰᠦᠢᠳᠬᠡᠯ᠎ᠦᠨ ᠪᠠᠲᠤᠯᠠᠭ᠎ᠠ᠎ᠶᠢᠨ ᠬᠠᠮᠢᠶ᠎ᠠ ᠪᠦᠬᠦᠢ ᠠᠵᠢᠯ᠎ᠢ ᠰᠠᠢᠲᠤᠷ ᠬᠢᠨ᠎ᠡ᠃
ᠵᠢᠷᠭᠤᠳᠤᠭᠠᠷ ᠵᠦᠢᠯ ᠭᠠᠢᠯᠢ᠎ᠶᠢᠨ ᠶᠠᠪᠤᠳᠠᠯ᠎ᠤᠨ ᠪᠠᠢᠭᠤᠯᠭ᠎ᠠ᠎ᠨᠢ ᠬᠣᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢᠨᠦᠭᠦᠳᠲᠡᠢ ᠬᠠᠮᠲᠤᠷᠠᠨ ᠣᠯᠠᠨ ᠵᠦᠢᠯ᠎ᠦᠨ ᠬᠡᠯᠪᠡᠷᠢ᠎ᠪᠡᠷ ᠳᠠᠮᠵᠢᠭᠤᠯᠤᠨ᠂ ᠭᠠᠢᠯᠢ ᠰᠦᠢᠳᠬᠡᠯ᠎ᠦᠨ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ᠎ᠶᠢᠨ ᠪᠣᠳᠣᠯᠭ᠎ᠠ᠎ᠶᠢ ᠥᠷᠭᠡᠨ᠎ᠢᠶᠡᠷ ᠤᠬᠠᠭᠤᠯᠵᠤ᠂ ᠭᠠᠢᠯᠢ ᠰᠦᠢᠳᠬᠡᠯ ᠲᠤᠱᠢᠶᠠᠬᠤ ᠮᠡᠳᠡᠯᠭᠡ᠎ᠶᠢ ᠲᠦᠭᠡᠮᠡᠯᠵᠢᠭᠦᠯᠬᠦ ᠬᠡᠷᠡᠭᠲᠡᠢ᠃
ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠬᠦᠯ᠂ ᠰᠦᠯᠵᠢᠶ᠎ᠡ ᠵᠡᠷᠭᠡ ᠰᠣᠨᠢᠨ ᠮᠡᠳᠡᠭᠡᠨ᠎ᠦ ᠵᠠᠭᠤᠴᠢᠯᠠᠭᠤᠷ᠎ᠤᠳ ᠭᠠᠢᠯᠢ ᠰᠦᠢᠳᠬᠡᠯ᠎ᠦᠨ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ᠎ᠶᠢᠨ ᠪᠣᠳᠣᠯᠭ᠎ᠠ᠎ᠶᠢᠨ ᠨᠡᠢᠲᠡ᠎ᠶᠢᠨ ᠠᠰᠠᠷᠠᠮᠵᠢᠲᠤ ᠤᠬᠠᠭᠤᠯᠭ᠎ᠠ᠎ᠶᠢ ᠥᠷᠨᠢᠭᠦᠯᠵᠦ᠂ ᠪᠦᠬᠦ ᠨᠡᠢᠭᠡᠮᠦᠨᠬᠢᠨᠦ ᠬᠠᠤᠯᠢ ᠶᠣᠰᠣᠭᠠᠷ ᠭᠠᠢᠯᠢ ᠰᠦᠢᠳᠬᠡᠯ ᠲᠤᠱᠢᠶᠠᠬᠤ ᠤᠬᠠᠮᠰᠠᠷ᠎ᠢ᠎ᠨᠢ ᠳᠡᠭᠡᠭᠱᠢᠯᠡᠭᠦᠯᠬᠦ ᠬᠡᠷᠡᠭᠲᠡᠢ᠃
ᠳᠣᠯᠣᠳᠤᠭᠠᠷ ᠵᠦᠢᠯ ᠭᠠᠢᠯᠢ᠎ᠶᠢᠨ ᠶᠠᠪᠤᠳᠠᠯ᠎ᠤᠨ ᠪᠠᠢᠭᠤᠯᠭ᠎ᠠ᠎ᠨᠢ ᠬᠣᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢᠨᠦᠭᠦᠳᠲᠡᠢ ᠬᠠᠮᠲᠤᠷᠠᠨ ᠭᠠᠢᠯᠢ ᠰᠦᠢᠳᠬᠡᠯ᠎ᠳᠦ ᠬᠣᠯᠪᠣᠭᠳᠠᠬᠤ ᠮᠡᠳᠡᠭᠡ ᠵᠠᠩᠭᠢ᠎ᠶᠢ ᠬᠠᠮᠲᠤ᠎ᠳᠤ᠎ᠪᠠᠨ ᠬᠦᠷᠲᠡᠵᠦ ᠰᠣᠯᠢᠯᠴᠠᠬᠤ ᠲᠣᠭᠲᠠᠴᠠ᠎ᠶᠢ ᠪᠠᠢᠭᠤᠯᠤᠨ ᠪᠦᠷᠢᠨᠱᠢᠭᠦᠯᠵᠦ᠂ ᠪᠦᠬᠦ ᠣᠷᠣᠨ᠎ᠤ ᠵᠠᠰᠠᠭ᠎ᠤᠨ ᠶᠠᠪᠤᠳᠠᠯ᠎ᠤᠨ ᠳ᠋ᠠᠢᠲ᠋ᠠ᠎ᠶᠢ ᠬᠠᠮᠲᠤ᠎ᠳᠤ᠎ᠪᠠᠨ ᠬᠦᠷᠲᠡᠵᠦ ᠰᠣᠯᠢᠯᠴᠠᠬᠤ ᠲᠠᠪᠴᠠᠩ᠎ᠢᠶᠠᠷ ᠳᠠᠮᠵᠢᠭᠤᠯᠤᠨ᠂ ᠮᠡᠳᠡᠭᠡ ᠵᠠᠩᠭᠢ᠎ᠶᠢᠨ ᠡᠬᠢ ᠪᠠᠶᠠᠯᠢᠭ᠎ᠢ ᠬᠠᠮᠲᠤ᠎ᠳᠤ᠎ᠪᠠᠨ ᠬᠦᠷᠲᠡᠵᠦ ᠬᠠᠮᠲᠤ᠎ᠪᠠᠷ ᠬᠡᠷᠡᠭᠯᠡᠬᠦ᠎ᠶᠢ ᠠᠬᠢᠭᠤᠯᠬᠤ ᠬᠡᠷᠡᠭᠲᠡᠢ᠃
ᠮᠡᠳᠡᠭᠡ ᠵᠠᠩᠭᠢ᠎ᠶᠢ ᠲᠠᠪᠴᠠᠩ᠎ᠢᠶᠠᠷ ᠬᠠᠮᠲᠤ᠎ᠳᠤ᠎ᠪᠠᠨ ᠬᠦᠷᠲᠡᠬᠦ᠎ᠶᠢᠨ ᠠᠷᠭ᠎ᠠ ᠦᠭᠡᠢ ᠪᠣᠯ᠂ ᠭᠠᠢᠯᠢ᠎ᠶᠢᠨ ᠶᠠᠪᠤᠳᠠᠯ᠎ᠤᠨ ᠪᠠᠢᠭᠤᠯᠭ᠎ᠠ ᠬᠣᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢᠨᠦᠭᠦᠳᠲᠡᠢ ᠬᠠᠮᠲᠤᠷᠠᠨ ᠮᠡᠳᠡᠭᠡ ᠵᠠᠩᠭᠢ᠎ᠶᠢ ᠬᠠᠮᠲᠤ᠎ᠳᠤ᠎ᠪᠠᠨ ᠬᠦᠷᠲᠡᠬᠦ ᠠᠷᠭ᠎ᠠ ᠮᠠᠶᠢᠭ᠎ᠢ ᠵᠥᠪᠳᠡᠯᠴᠡᠨ ᠲᠣᠭᠲᠠᠭᠠᠨ᠎ᠠ᠃
ᠨᠠᠢ᠍ᠮᠠᠳᠤᠭᠠᠷ ᠵᠦᠢᠯ ᠭᠠᠢᠯᠢ ᠰᠦᠢᠳᠬᠡᠯ᠎ᠳᠦ ᠬᠣᠯᠪᠣᠭᠳᠠᠬᠤ ᠮᠡᠳᠡᠭᠡ ᠵᠠᠩᠭᠢ᠎ᠶᠢ ᠬᠠᠮᠲᠤ᠎ᠳᠤ᠎ᠪᠠᠨ ᠬᠦᠷᠲᠡᠬᠦ᠎ᠳᠦ ᠭᠠᠷᠴᠠᠭ᠎ᠤᠨ ᠬᠠᠮᠢᠶᠠᠷᠤᠯᠲᠠ᠎ᠶᠢ ᠬᠡᠷᠡᠭᠵᠢᠭᠦᠯᠦᠨ᠎ᠡ᠃ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠡᠳ᠋᠎ᠦᠨ ᠵᠠᠰᠠᠭ᠎ᠤᠨ ᠰᠠᠯᠠᠭ᠎ᠠ ᠮᠥᠴᠢᠷ᠎ᠨᠢ ᠭᠠᠢᠯᠢ᠎ᠶᠢᠨ ᠶᠠᠪᠤᠳᠠᠯ᠎ᠤᠨ ᠪᠠᠢᠭᠤᠯᠭ᠎ᠠ᠎ᠲᠠᠢ ᠬᠠᠮᠲᠤᠷᠠᠨ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ᠂ ᠭᠠᠢᠯᠢ ᠰᠦᠢᠳᠬᠡᠯ᠎ᠳᠦ ᠬᠣᠯᠪᠣᠭᠳᠠᠬᠤ ᠮᠡᠳᠡᠭᠡ ᠵᠠᠩᠭᠢ᠎ᠶᠢ ᠬᠠᠮᠲᠤ᠎ᠳᠤ᠎ᠪᠠᠨ ᠬᠦᠷᠲᠡᠬᠦ ᠭᠠᠷᠴᠠᠭ᠎ᠢ ᠪᠠᠢᠭᠤᠯᠵᠤ᠂ ᠬᠠᠮᠲᠤ᠎ᠳᠤ᠎ᠪᠠᠨ ᠬᠦᠷᠲᠡᠬᠦ ᠬᠡᠪᠴᠢᠶ᠎ᠡ᠂ ᠬᠠᠮᠲᠤ᠎ᠳᠤ᠎ᠪᠠᠨ ᠬᠦᠷᠲᠡᠬᠦ ᠠᠭᠤᠯᠭ᠎ᠠ᠂ ᠳ᠋ᠠᠢᠲ᠋ᠠ᠎ᠶᠢᠨ ᠬᠡᠯᠪᠡᠷᠢ᠂ ᠱᠢᠨᠡᠳᠬᠡᠬᠦ ᠳᠠᠪᠲᠠᠮᠵᠢ ᠵᠡᠷᠭᠡ᠎ᠶᠢ ᠲᠣᠳᠣᠷᠬᠠᠢᠯᠠᠨ᠎ᠠ᠃
ᠶᠢᠰᠦᠳᠦᠭᠡᠷ ᠵᠦᠢᠯ ᠭᠠᠢᠯᠢ᠎ᠶᠢᠨ ᠶᠠᠪᠤᠳᠠᠯ᠎ᠤᠨ ᠪᠠᠢᠭᠤᠯᠭ᠎ᠠ ᠵᠢᠴᠢ ᠬᠣᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ᠎ᠨᠦᠭᠦᠳ ᠭᠠᠢᠯᠢ ᠲᠤᠱᠢᠶᠠᠭᠴᠢ ᠰᠦᠢᠳᠬᠡᠯ ᠲᠤᠱᠢᠶᠠᠭᠴᠢᠶᠢᠨᠬᠢᠨᠦ ᠭᠠᠢᠯᠢ ᠰᠦᠢᠳᠬᠡᠯ᠎ᠳᠦ ᠬᠣᠯᠪᠣᠭᠳᠠᠬᠤ ᠮᠡᠳᠡᠭᠡ ᠵᠠᠩᠭᠢ᠎ᠶᠢ ᠴᠤᠭᠯᠠᠭᠤᠯᠬᠤ᠂ ᠰᠣᠯᠢᠯᠴᠠᠬᠤ᠂ ᠬᠡᠷᠡᠭᠯᠡᠬᠦ ᠪᠠ ᠬᠠᠳᠠᠭᠠᠯᠠᠨ ᠬᠠᠮᠢᠶᠠᠷᠬᠤ᠎ᠳᠤ᠎ᠪᠠᠨ ᠭᠠᠢᠯᠢ ᠰᠦᠢᠳᠬᠡᠯ᠎ᠳᠦ ᠬᠣᠯᠪᠣᠭᠳᠠᠬᠤ ᠮᠡᠳᠡᠭᠡ ᠵᠠᠩᠭᠢ᠎ᠶᠢᠨ ᠬᠣᠯᠪᠣᠭᠳᠠᠭᠰᠠᠨ ᠤᠯᠤᠰ᠎ᠤᠨ ᠨᠢᠭᠤᠴᠠ᠂ ᠬᠤᠳᠠᠯᠳᠤᠭᠠᠨ᠎ᠤ ᠨᠢᠭᠤᠴᠠ᠂ ᠬᠤᠪᠢ ᠬᠥᠮᠦᠨ᠎ᠦ ᠨᠢᠭᠤᠴᠠ᠎ᠶᠢ ᠬᠠᠮᠠᠭᠠᠯᠠᠬᠤ ᠬᠡᠷᠡᠭᠲᠡᠢ᠂ ᠭᠠᠢᠯᠢ ᠰᠦᠢᠳᠬᠡᠯ᠎ᠳᠦ ᠬᠣᠯᠪᠣᠭᠳᠠᠬᠤ ᠮᠡᠳᠡᠭᠡ ᠵᠠᠩᠭᠢ᠎ᠶᠢ ᠬᠠᠤᠯᠢ᠎ᠪᠠᠷ ᠲᠣᠭᠲᠠᠭᠠᠭᠰᠠᠨ ᠡᠭᠦᠷᠭᠡ ᠬᠠᠷᠢᠭᠤᠴᠠᠯᠭ᠎ᠠ᠎ᠶᠢ ᠭᠦᠢᠴᠡᠳᠬᠡᠬᠦ᠎ᠡᠴᠡ ᠭᠠᠳᠠᠨᠠᠬᠢ ᠬᠡᠷᠡᠭᠯᠡᠯᠲᠡ᠎ᠳᠦ ᠬᠡᠷᠡᠭᠯᠡᠵᠦ ᠪᠣᠯᠬᠤ ᠦᠭᠡᠢ᠃
ᠠᠷᠪᠠᠳᠤᠭᠠᠷ ᠵᠦᠢᠯ ᠬᠣᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ᠎ᠨᠦᠭᠦᠳ ᠭᠠᠢᠯᠢ ᠰᠦᠢᠳᠬᠡᠯ ᠲᠠᠲᠠᠪᠤᠷᠢᠯᠠᠵᠤ ᠬᠠᠮᠢᠶᠠᠷᠬᠤ ᠵᠡᠷᠭᠡ ᠠᠵᠢᠯ᠎ᠤᠨ ᠬᠡᠷᠡᠭᠴᠡᠭᠡ᠎ᠪᠡᠨ ᠦᠨᠳᠦᠰᠦᠯᠡᠨ᠂ ᠭᠠᠢᠯᠢ᠎ᠶᠢᠨ ᠶᠠᠪᠤᠳᠠᠯ᠎ᠤᠨ ᠪᠠᠢᠭᠤᠯᠭ᠎ᠠ᠎ᠶᠢ ᠬᠠᠤᠯᠢ ᠶᠣᠰᠣᠭᠠᠷ ᠬᠠᠮᠵᠢᠯᠴᠠᠵᠤ ᠪᠠᠢᠭᠠᠳ ᠭᠠᠢᠯᠢ ᠰᠦᠢᠳᠬᠡᠯ᠎ᠦᠨ ᠢᠷᠡᠯᠲᠡ᠎ᠶᠢ ᠬᠢᠨᠠᠨ ᠪᠠᠢᠴᠠᠭᠠᠬᠤ᠎ᠶᠢᠨ ᠬᠠᠮᠲᠤ ᠬᠢᠨᠠᠨ ᠪᠠᠢᠴᠠᠭᠠᠭᠰᠠᠨ ᠪᠠᠢᠳᠠᠯ᠎ᠢᠶᠠᠨ ᠬᠠᠷᠢᠭᠤ ᠲᠤᠰᠭᠠᠬᠤ ᠬᠡᠷᠡᠭᠲᠡᠢ᠃
ᠭᠠᠢᠯᠢ᠎ᠶᠢᠨ ᠶᠠᠪᠤᠳᠠᠯ᠎ᠤᠨ ᠪᠠᠢᠭᠤᠯᠭ᠎ᠠ᠎ᠨᠢ ᠭᠠᠢᠯᠢ ᠰᠦᠢᠳᠬᠡᠯ᠎ᠦᠨ ᠬᠠᠷᠠᠭᠠᠯᠵᠠᠯ᠎ᠤᠨ ᠲᠥᠷᠥ᠎ᠶᠢᠨ ᠪᠣᠳᠣᠯᠭ᠎ᠠ᠎ᠶᠢ ᠨᠠᠢᠳᠠᠪᠤᠷᠢᠵᠢᠭᠤᠯᠬᠤ ᠶᠠᠪᠤᠴᠠ᠎ᠳᠤ ᠭᠠᠢᠯᠢ ᠲᠤᠱᠢᠶᠠᠭᠴᠢ ᠰᠦᠢᠳᠬᠡᠯ ᠲᠤᠱᠢᠶᠠᠭᠴᠢᠶᠢᠨ ᠮᠡᠳᠡᠭᠡ ᠵᠠᠩᠭᠢ᠎ᠳᠤᠨᠢ ᠬᠤᠪᠢᠷᠠᠯᠲᠠ ᠭᠠᠷᠤᠭᠰᠠᠨ᠂ ᠬᠢᠷᠢ ᠴᠢᠳᠠᠮᠵᠢ ᠬᠢᠷᠢ ᠭᠡᠮ᠎ᠨᠢ ᠲᠣᠳᠣᠷᠬᠠᠢ ᠪᠤᠰᠤ ᠪᠤᠶᠤ ᠭᠠᠢᠯᠢ ᠰᠦᠢᠳᠬᠡᠯ᠎ᠦᠨ ᠬᠠᠷᠠᠭᠠᠯᠵᠠᠯ᠎ᠤᠨ ᠲᠥᠷᠥ᠎ᠶᠢᠨ ᠪᠣᠳᠣᠯᠭ᠎ᠠ᠎ᠶᠢ ᠬᠦᠷᠲᠡᠬᠦ ᠨᠥᠬᠥᠴᠡᠯ᠎ᠨᠢ ᠪᠠᠯᠠᠷᠬᠠᠢ ᠪᠠᠢᠭ᠎ᠠ ᠵᠡᠷᠭᠡ ᠦᠢᠯᠡ ᠪᠠᠢᠳᠠᠯ ᠪᠠᠢᠬᠤ᠎ᠶᠢ ᠣᠯᠵᠤ ᠮᠡᠳᠡᠪᠡᠯ᠂ ᠬᠣᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ᠎ᠳᠦ ᠳᠡᠪᠱᠢᠭᠦᠯᠦᠭᠡᠳ ᠬᠢᠨᠠᠨ ᠪᠠᠢᠴᠠᠭᠠᠯᠭᠠᠵᠤ ᠪᠣᠯᠤᠨ᠎ᠠ᠂ ᠬᠣᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ᠎ᠨᠦᠭᠦᠳ ᠮᠡᠳᠡᠭᠡ ᠵᠠᠩᠭᠢ᠎ᠶᠢ ᠴᠠᠭ ᠲᠤᠬᠠᠢᠳᠤᠨᠢ ᠬᠢᠨᠠᠨ ᠬᠠᠷᠭᠤᠭᠤᠯᠤᠭᠠᠳ ᠬᠢᠨᠠᠨ ᠪᠠᠢᠴᠠᠭᠠᠭᠰᠠᠨ ᠰᠠᠨᠠᠯ ᠭᠠᠷᠭᠠᠬᠤ ᠬᠡᠷᠡᠭᠲᠡᠢ᠃
ᠠᠷᠪᠠᠨ ᠨᠢᠭᠡᠳᠦᠭᠡᠷ ᠵᠦᠢᠯ ᠦᠯᠦ ᠬᠥᠳᠡᠯᠬᠦ ᠬᠥᠷᠥᠩᠭᠡ᠎ᠶᠢᠨ ᠳᠠᠩᠰᠠᠯᠠᠯᠲᠠ᠎ᠶᠢᠨ ᠪᠠᠢᠭᠤᠯᠤᠮᠵᠢ᠎ᠨᠢ ᠭᠠᠵᠠᠷ ᠱᠢᠷᠣᠢ᠂ ᠭᠡᠷ ᠪᠠᠢᠱᠢᠩ᠎ᠤᠨ ᠡᠷᠬᠡ᠎ᠶᠢᠨ ᠬᠠᠷᠢᠶ᠎ᠠ᠎ᠶᠢ ᠳᠠᠩᠰᠠᠯᠠᠬᠤ᠎ᠳᠤ᠎ᠪᠠᠨ ᠲᠤᠰ ᠭᠠᠵᠠᠷ ᠱᠢᠷᠣᠢ᠂ ᠭᠡᠷ ᠪᠠᠢᠱᠢᠩ᠎ᠤᠨ ᠡᠷᠬᠡ᠎ᠶᠢᠨ ᠬᠠᠷᠢᠶ᠎ᠠ᠎ᠶᠢᠨ ᠳᠠᠩᠰᠠᠯᠠᠯᠲᠠᠯᠤᠭᠠ ᠬᠠᠮᠢᠶᠠᠳᠠᠬᠤ ᠭᠠᠢᠯᠢ ᠲᠤᠱᠢᠶᠠᠭᠰᠠᠨ᠂ ᠭᠠᠢᠯᠢ᠎ᠶᠢ ᠬᠠᠰᠤᠵᠤ ᠭᠠᠢᠯᠢ᠎ᠠᠴᠠ ᠬᠡᠯᠲᠦᠷᠢᠭᠦᠯᠦᠭᠰᠡᠨ ᠵᠡᠷᠭᠡ ᠬᠣᠯᠪᠣᠭᠳᠠᠯ ᠪᠦᠬᠦᠢ ᠮᠡᠳᠡᠭᠡ ᠵᠠᠩᠭᠢ᠎ᠶᠢ ᠬᠠᠤᠯᠢ ᠶᠣᠰᠣᠭᠠᠷ ᠪᠠᠢᠴᠠᠭᠠᠨ ᠱᠢᠯᠭᠠᠬᠤ ᠬᠡᠷᠡᠭᠲᠡᠢ᠃ ᠭᠡᠷ᠎ᠡ᠎ᠶᠢᠨ ᠭᠠᠢᠯᠢ᠎ᠶᠢ ᠲᠣᠭᠲᠠᠭᠠᠯ ᠶᠣᠰᠣᠭᠠᠷ ᠲᠤᠱᠢᠶᠠᠭᠰᠠᠨ ᠦᠭᠡᠢ ᠪᠣᠯ ᠦᠯᠦ ᠬᠥᠳᠡᠯᠬᠦ ᠬᠥᠷᠥᠩᠭᠡ᠎ᠶᠢᠨ ᠳᠠᠩᠰᠠᠯᠠᠯᠲᠠ᠎ᠶᠢᠨ ᠪᠠᠢᠭᠤᠯᠤᠮᠵᠢ᠎ᠨᠢ ᠬᠠᠤᠯᠢ ᠶᠣᠰᠣᠭᠠᠷ ᠭᠠᠵᠠᠷ ᠱᠢᠷᠣᠢ᠂ ᠭᠡᠷ ᠪᠠᠢᠱᠢᠩ᠎ᠤᠨ ᠡᠷᠬᠡ᠎ᠶᠢᠨ ᠬᠠᠷᠢᠶ᠎ᠠ᠎ᠶᠢᠨ ᠳᠠᠩᠰᠠᠯᠠᠯᠲᠠ᠎ᠶᠢ ᠦᠯᠦ ᠬᠢᠵᠦ ᠥᠭᠬᠦ ᠬᠡᠷᠡᠭᠲᠡᠢ᠃
ᠭᠠᠢᠯᠢ᠎ᠶᠢᠨ ᠶᠠᠪᠤᠳᠠᠯ᠎ᠤᠨ ᠪᠠᠢᠭᠤᠯᠭ᠎ᠠ᠎ᠨᠢ ᠭᠠᠢᠯᠢ ᠲᠤᠱᠢᠶᠠᠭᠴᠢ᠂ ᠰᠠᠭᠤᠯᠭᠠᠨ ᠲᠤᠱᠢᠶᠠᠬᠤ ᠡᠭᠦᠷᠭᠡᠳᠡᠨᠤ ᠦᠯᠦ ᠬᠥᠳᠡᠯᠬᠦ ᠬᠥᠷᠥᠩᠭᠡ᠎ᠶᠢ ᠬᠠᠤᠯᠢ ᠶᠣᠰᠣᠭᠠᠷ ᠪᠠᠢᠴᠠᠭᠠᠨ ᠪᠢᠲᠡᠭᠦᠮᠵᠢᠯᠡᠬᠦ᠂ ᠦᠨ᠎ᠡ ᠬᠠᠶᠠᠨ ᠬᠤᠳᠠᠯᠳᠤᠬᠤ ᠪᠤᠶᠤ ᠬᠤᠪᠢᠷᠠᠭᠠᠨ ᠬᠤᠳᠠᠯᠳᠤᠬᠤ᠎ᠳᠤ ᠬᠦᠷᠪᠡᠯ᠂ ᠦᠯᠦ ᠬᠥᠳᠡᠯᠬᠦ ᠬᠥᠷᠥᠩᠭᠡ᠎ᠶᠢᠨ ᠳᠠᠩᠰᠠᠯᠠᠯᠲᠠ᠎ᠶᠢᠨ ᠪᠠᠢᠭᠤᠯᠤᠮᠵᠢ᠎ᠨᠢ ᠬᠠᠤᠯᠢ ᠶᠣᠰᠣᠭᠠᠷ ᠬᠠᠮᠵᠢᠯᠴᠠᠬᠤ ᠬᠡᠷᠡᠭᠲᠡᠢ᠃
ᠠᠷᠪᠠᠨ ᠬᠣᠶᠠᠳᠤᠭᠠᠷ ᠵᠦᠢᠯ ᠬᠤᠪᠢ ᠬᠥᠮᠦᠨ ᠰᠲ᠋ᠣᠺ᠎ᠤᠨ ᠡᠷᠬᠡ᠎ᠪᠡᠨ ᠱᠢᠯᠵᠢᠭᠦᠯᠦᠨ ᠥᠭᠬᠦ᠎ᠪᠡᠷ ᠬᠤᠪᠢᠷᠠᠭᠤᠯᠬᠤ ᠳᠠᠩᠰᠠᠯᠠᠯᠲᠠ᠎ᠪᠠᠨ ᠭᠦᠢᠴᠡᠳᠬᠡᠬᠦ᠎ᠳᠦ᠂ ᠵᠠᠬ᠎ᠠ ᠳᠡᠯᠭᠡᠭᠦᠷ᠎ᠦᠨ ᠭᠣᠣᠯ ᠴᠣᠭᠴᠠ᠎ᠶᠢᠨ ᠳᠠᠩᠰᠠᠯᠠᠯᠲᠠ᠎ᠶᠢᠨ ᠪᠠᠢᠭᠤᠯᠭ᠎ᠠ᠎ᠨᠢ ᠲᠤᠰ ᠰᠲ᠋ᠣᠺ᠎ᠤᠨ ᠡᠷᠬᠡ᠎ᠶᠢᠨ ᠠᠷᠠᠯᠵᠢᠶ᠎ᠠ᠎ᠯᠤᠭ᠎ᠠ ᠬᠠᠮᠢᠶᠠᠳᠠᠬᠤ ᠬᠤᠪᠢ ᠬᠥᠮᠦᠨ᠎ᠦ ᠠᠱᠢᠭ ᠣᠷᠣᠯᠭ᠎ᠠ᠎ᠶᠢᠨ ᠭᠠᠢᠯᠢ ᠲᠤᠱᠢᠶᠠᠭᠰᠠᠨ ᠪᠠᠷᠢᠮᠲᠠ᠎ᠶᠢ ᠪᠠᠢᠴᠠᠭᠠᠨ ᠱᠢᠯᠭᠠᠬᠤ ᠬᠡᠷᠡᠭᠲᠡᠢ᠃
ᠭᠠᠢᠯᠢ᠎ᠶᠢᠨ ᠶᠠᠪᠤᠳᠠᠯ᠎ᠤᠨ ᠪᠠᠢᠭᠤᠯᠭ᠎ᠠ᠎ᠨᠢ ᠵᠠᠬ᠎ᠠ ᠳᠡᠯᠭᠡᠭᠦᠷ᠎ᠦᠨ ᠭᠣᠣᠯ ᠴᠣᠭᠴᠠ᠎ᠶᠢᠨ ᠳᠠᠩᠰᠠᠯᠠᠯᠲᠠ᠎ᠶᠢᠨ ᠪᠠᠢᠭᠤᠯᠭ᠎ᠠ᠎ᠳᠤ ᠬᠤᠪᠢ ᠬᠥᠮᠦᠨ᠎ᠦ ᠰᠲ᠋ᠣᠺ᠎ᠤᠨ ᠡᠷᠬᠡ᠎ᠪᠡᠨ ᠱᠢᠯᠵᠢᠭᠦᠯᠦᠨ ᠥᠭᠬᠦ᠎ᠶᠢᠨ ᠬᠤᠪᠢ ᠬᠥᠮᠦᠨ᠎ᠦ ᠠᠱᠢᠭ ᠣᠷᠣᠯᠭ᠎ᠠ᠎ᠶᠢᠨ ᠭᠠᠢᠯᠢ ᠲᠤᠱᠢᠶᠠᠭᠰᠠᠨ ᠮᠡᠳᠡᠭᠡ ᠵᠠᠩᠭᠢ᠎ᠶᠢ ᠴᠠᠭ ᠲᠤᠬᠠᠢᠳᠤᠨᠢ ᠬᠠᠩᠭᠠᠬᠤ ᠬᠡᠷᠡᠭᠲᠡᠢ᠃
ᠠᠷᠪᠠᠨ ᠭᠤᠷᠪᠠᠳᠤᠭᠠᠷ ᠵᠦᠢᠯ ᠠᠷᠠᠳ᠎ᠤᠨ ᠶᠠᠪᠤᠳᠠᠯ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠨᠢ ᠳᠠᠩᠰᠠᠯᠠᠯᠲᠠ᠎ᠶᠢ ᠬᠦᠴᠦᠨ ᠦᠭᠡᠢ ᠪᠣᠯᠭᠠᠬᠤ ᠬᠠᠮᠢᠶ᠎ᠠ ᠪᠦᠬᠦᠢ ᠭᠤᠶᠤᠴᠢᠯᠠᠯ᠎ᠢ ᠬᠦᠯᠢᠶᠡᠨ ᠠᠪᠴᠤ ᠱᠢᠢᠳᠪᠦᠷᠢᠯᠡᠬᠦ᠎ᠳᠦ᠎ᠪᠡᠨ᠂ ᠭᠠᠢᠯᠢ᠎ᠪᠠᠨ ᠪᠦᠬᠦᠨ᠎ᠢ ᠲᠤᠱᠢᠶᠠᠭᠰᠠᠨ ᠭᠡᠷᠡᠴᠢ ᠪᠤᠶᠤ ᠭᠠᠢᠯᠢ᠎ᠶᠢᠨ ᠶᠠᠪᠤᠳᠠᠯ᠎ᠤᠨ ᠳᠠᠩᠰᠠᠯᠠᠯᠲᠠ᠎ᠶᠢ ᠬᠦᠴᠦᠨ ᠦᠭᠡᠢ ᠪᠣᠯᠭᠠᠭᠰᠠᠨ ᠪᠠᠢᠳᠠᠯ᠎ᠢ᠎ᠨᠢ ᠬᠠᠤᠯᠢ ᠶᠣᠰᠣᠭᠠᠷ ᠪᠠᠢᠴᠠᠭᠠᠨ ᠱᠢᠯᠭᠠᠬᠤ ᠬᠡᠷᠡᠭᠲᠡᠢ; ᠬᠠᠩᠭᠠᠵᠤ ᠳᠡᠢᠯᠬᠦ ᠦᠭᠡᠢ᠎ᠳᠦ᠎ᠨᠢ᠂ ᠤᠷᠢᠳ᠎ᠢᠶᠠᠷ ᠭᠠᠢᠯᠢ᠎ᠪᠠᠨ ᠪᠦᠬᠦᠨ᠎ᠢ ᠲᠤᠱᠢᠶᠠᠭᠰᠠᠨ ᠭᠡᠷᠡᠴᠢ᠎ᠶᠢ ᠣᠯᠬᠤ ᠪᠤᠶᠤ ᠭᠠᠢᠯᠢ᠎ᠶᠢᠨ ᠶᠠᠪᠤᠳᠠᠯ᠎ᠤᠨ ᠳᠠᠩᠰᠠᠯᠠᠯᠲᠠ᠎ᠶᠢ ᠬᠦᠴᠦᠨ ᠦᠭᠡᠢ ᠪᠣᠯᠭᠠᠬᠤ᠎ᠪᠠᠷ ᠮᠡᠳᠡᠭᠳᠡᠬᠦ ᠬᠡᠷᠡᠭᠲᠡᠢ᠃
ᠭᠠᠢᠯᠢ᠎ᠶᠢᠨ ᠶᠠᠪᠤᠳᠠᠯ᠎ᠤᠨ ᠪᠠᠢᠭᠤᠯᠭ᠎ᠠ᠎ᠨᠢ ᠠᠷᠠᠳ᠎ᠤᠨ ᠶᠠᠪᠤᠳᠠᠯ᠂ ᠵᠠᠬ᠎ᠠ ᠳᠡᠯᠭᠡᠭᠦᠷ᠎ᠦᠨ ᠬᠢᠨᠠᠯᠲᠠ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠲᠦ ᠭᠠᠢᠯᠢ᠎ᠶᠢᠨ ᠶᠠᠪᠤᠳᠠᠯ᠎ᠤᠨ ᠳᠠᠩᠰᠠᠯᠠᠯᠲᠠ᠎ᠶᠢ ᠬᠦᠴᠦᠨ ᠦᠭᠡᠢ ᠪᠣᠯᠭᠠᠭᠰᠠᠨ ᠮᠡᠳᠡᠭᠡ ᠵᠠᠩᠭᠢ ᠪᠠ ᠭᠠᠢᠯᠢ᠎ᠪᠠᠨ ᠪᠦᠬᠦᠨ᠎ᠢ ᠲᠤᠱᠢᠶᠠᠭᠰᠠᠨ ᠮᠡᠳᠡᠭᠡ ᠵᠠᠩᠭᠢ᠎ᠶᠢ ᠴᠠᠭ ᠲᠤᠬᠠᠢᠳᠤᠨᠢ ᠬᠠᠩᠭᠠᠬᠤ ᠬᠡᠷᠡᠭᠲᠡᠢ᠃
ᠠᠷᠪᠠᠨ ᠳᠥᠷᠪᠡᠳᠦᠭᠡᠷ ᠵᠦᠢᠯ ᠭᠠᠢᠯᠢ᠎ᠶᠢᠨ ᠶᠠᠪᠤᠳᠠᠯ᠎ᠤᠨ ᠪᠠᠢᠭᠤᠯᠭ᠎ᠠ᠂ ᠬᠥᠮᠦᠨ᠎ᠦ ᠬᠦᠴᠦᠨ᠎ᠦ ᠡᠬᠢ ᠪᠠᠶᠠᠯᠢᠭ ᠪᠠ ᠨᠡᠢᠭᠡᠮ᠎ᠦᠨ ᠪᠠᠲᠤᠯᠠᠭ᠎ᠠ᠂ ᠡᠮᠴᠢᠯᠡᠭᠡᠨ᠎ᠦ ᠪᠠᠲᠤᠯᠠᠭ᠎ᠠ ᠵᠡᠷᠭᠡ ᠰᠠᠯᠠᠭ᠎ᠠ ᠮᠥᠴᠢᠷ᠎ᠨᠢ ᠨᠡᠢᠭᠡᠮ᠎ᠦᠨ ᠳᠠᠭᠠᠳᠭᠠᠯ᠎ᠤᠨ ᠰᠦᠢᠳᠬᠡᠯ᠎ᠢ ᠲᠠᠲᠠᠪᠤᠷᠢᠯᠠᠵᠤ ᠬᠠᠮᠢᠶᠠᠷᠬᠤ ᠠᠵᠢᠯ᠎ᠤᠨ ᠬᠠᠮᠵᠢᠯᠴᠠᠬᠤ ᠲᠣᠭᠲᠠᠴᠠ᠎ᠶᠢ ᠲᠡᠭᠦᠯᠳᠡᠷᠵᠢᠭᠦᠯᠵᠦ᠂ ᠰᠠᠯᠠᠭ᠎ᠠ ᠮᠥᠴᠢᠷ ᠠᠯᠤᠰᠯᠠᠭᠰᠠᠨ ᠲᠤᠬᠠᠢᠯᠠᠭᠰᠠᠨ ᠠᠵᠢᠯ᠎ᠢ ᠬᠣᠯᠪᠣᠭᠠᠯᠠᠨ ᠭᠦᠢᠴᠡᠳᠬᠡᠬᠦ᠂ ᠮᠡᠳᠡᠭᠦᠯᠵᠦ ᠲᠤᠱᠢᠶᠠᠯᠭᠠᠬᠤᠪᠠᠷ ᠱᠢᠮᠳᠠᠭᠤᠯᠬᠤ᠂ ᠮᠡᠳᠡᠭᠡ ᠵᠠᠩᠭᠢᠴᠢᠯᠠᠯᠲᠠ᠎ᠶᠢᠨ ᠪᠠᠢᠭᠤᠯᠤᠯᠲᠠ ᠵᠡᠷᠭᠡ ᠲᠠᠯ᠎ᠠ᠎ᠶᠢᠨ ᠬᠠᠮᠵᠢᠯᠴᠠᠭ᠎ᠠ᠎ᠪᠠᠨ ᠴᠢᠩᠭᠠᠳᠭᠠᠬᠤ ᠬᠡᠷᠡᠭᠲᠡᠢ᠃
ᠠᠷᠪᠠᠨ ᠲᠠᠪᠤᠳᠤᠭᠠᠷ ᠵᠦᠢᠯ ᠭᠠᠢᠯᠢ᠎ᠶᠢᠨ ᠶᠠᠪᠤᠳᠠᠯ᠎ᠤᠨ ᠪᠠᠢᠭᠤᠯᠭ᠎ᠠ᠎ᠶᠢᠨ ᠲᠠᠲᠠᠪᠤᠷᠢᠯᠠᠭᠰᠠᠨ ᠭᠠᠢᠯᠢ᠎ᠶᠢᠨ ᠪᠤᠰᠤ ᠣᠷᠣᠯᠭ᠎ᠠ᠎ᠶᠢᠨ ᠵᠦᠢᠯᠡᠰ᠎ᠲᠦ᠂ ᠭᠠᠢᠯᠢ᠎ᠶᠢᠨ ᠪᠤᠰᠤ ᠣᠷᠣᠯᠭ᠎ᠠ᠎ᠶᠢᠨ ᠲᠤᠬᠠᠢᠯᠠᠭᠰᠠᠨ ᠠᠵᠢᠯ᠎ᠢ ᠭᠣᠣᠯᠴᠢᠯᠠᠨ ᠬᠠᠮᠢᠶᠠᠷᠴᠤ ᠪᠠᠢᠭ᠎ᠠ ᠰᠠᠯᠠᠭ᠎ᠠ ᠮᠥᠴᠢᠷ ᠪᠠ ᠨᠢᠭᠡᠴᠢ᠎ᠨᠢ ᠲᠣᠭᠲᠠᠭᠠᠯ ᠶᠣᠰᠣᠭᠠᠷ ᠭᠠᠢᠯᠢ᠎ᠶᠢᠨ ᠶᠠᠪᠤᠳᠠᠯ᠎ᠤᠨ ᠪᠠᠢᠭᠤᠯᠭ᠎ᠠ᠎ᠳᠤ ᠦᠨᠡᠨ ᠪᠣᠳᠠᠲᠠᠢ᠂ ᠣᠨᠣᠪᠴᠢᠲᠠᠢ ᠭᠠᠢᠯᠢ ᠰᠦᠢᠳᠬᠡᠯ᠎ᠦᠨ ᠢᠷᠡᠯᠲᠡ᠎ᠶᠢᠨ ᠮᠡᠳᠡᠭᠡ ᠵᠠᠩᠭᠢ ᠵᠢᠴᠢ ᠲᠠᠲᠠᠪᠤᠷᠢᠯᠠᠬᠤ ᠮᠠᠲ᠋ᠧᠷᠢᠶᠠᠯ ᠬᠠᠩᠭᠠᠵᠤ᠂ ᠭᠠᠢᠯᠢ᠎ᠶᠢᠨ ᠶᠠᠪᠤᠳᠠᠯ᠎ᠤᠨ ᠪᠠᠢᠭᠤᠯᠭ᠎ᠠ᠎ᠶᠢ ᠬᠠᠮᠵᠢᠯᠴᠠᠵᠤ ᠪᠠᠢᠭᠠᠳ ᠭᠠᠢᠯᠢ᠎ᠶᠢᠨ ᠪᠤᠰᠤ ᠣᠷᠣᠯᠭ᠎ᠠ᠎ᠶᠢ ᠲᠠᠲᠠᠪᠤᠷᠢᠯᠠᠨ ᠬᠠᠮᠢᠶᠠᠷᠬᠤ ᠠᠵᠢᠯ᠎ᠢ ᠰᠠᠢᠲᠤᠷ ᠬᠢᠬᠦ ᠬᠡᠷᠡᠭᠲᠡᠢ᠃
ᠭᠠᠢᠯᠢ᠎ᠶᠢᠨ ᠶᠠᠪᠤᠳᠠᠯ᠎ᠤᠨ ᠪᠠᠢᠭᠤᠯᠭ᠎ᠠ᠎ᠨᠢ ᠭᠠᠢᠯᠢ᠎ᠶᠢᠨ ᠪᠤᠰᠤ ᠣᠷᠣᠯᠭ᠎ᠠ᠎ᠶᠢᠨ ᠲᠤᠬᠠᠢᠯᠠᠭᠰᠠᠨ ᠠᠵᠢᠯ᠎ᠤᠨ ᠭᠣᠣᠯᠴᠢᠯᠠᠨ ᠬᠠᠮᠢᠶᠠᠷᠴᠤ ᠪᠠᠢᠭ᠎ᠠ ᠰᠠᠯᠠᠭ᠎ᠠ ᠮᠥᠴᠢᠷ ᠪᠠ ᠨᠢᠭᠡᠴᠢ ᠵᠢᠴᠢ ᠡᠳ᠋᠎ᠦᠨ ᠵᠠᠰᠠᠭ᠎ᠤᠨ ᠰᠠᠯᠠᠭ᠎ᠠ ᠮᠥᠴᠢᠷ᠂ ᠠᠷᠠᠳ᠎ᠤᠨ ᠪᠠᠩᠬᠢ᠎ᠳᠤ ᠬᠠᠮᠢᠶ᠎ᠠ ᠪᠦᠬᠦᠢ ᠭᠠᠢᠯᠢ᠎ᠶᠢᠨ ᠪᠤᠰᠤ ᠣᠷᠣᠯᠭ᠎ᠠ᠎ᠶᠢ ᠲᠠᠲᠠᠪᠤᠷᠢᠯᠠᠭᠰᠠᠨ ᠮᠡᠳᠡᠭᠡ ᠵᠠᠩᠭᠢ᠎ᠶᠢ ᠴᠠᠭ ᠲᠤᠬᠠᠢᠳᠤᠨᠢ ᠬᠠᠷᠢᠭᠤ ᠲᠤᠰᠭᠠᠬᠤ ᠬᠡᠷᠡᠭᠲᠡᠢ᠃
ᠠᠷᠪᠠᠨ ᠵᠢᠷᠭᠤᠳᠤᠭᠠᠷ ᠵᠦᠢᠯ ᠭᠠᠢᠯᠢ᠎ᠶᠢᠨ ᠶᠠᠪᠤᠳᠠᠯ᠎ᠤᠨ ᠪᠠᠢᠭᠤᠯᠭ᠎ᠠ᠎ᠨᠢ ᠠᠷᠠᠳ᠎ᠤᠨ ᠱᠢᠭᠦᠬᠦ ᠬᠤᠷᠢᠶ᠎ᠠ᠎ᠯᠤᠭ᠎ᠠ ᠬᠠᠮᠵᠢᠯᠴᠠᠬᠤ ᠲᠣᠭᠲᠠᠴᠠ ᠪᠠᠢᠭᠤᠯᠵᠤ᠂ ᠠᠷᠠᠳ᠎ᠤᠨ ᠱᠢᠭᠦᠬᠦ ᠬᠤᠷᠢᠶ᠎ᠠ ᠠᠯᠪᠠᠳᠠᠨ ᠭᠦᠢᠴᠡᠳᠬᠡᠭᠦᠯᠬᠦ᠂ ᠠᠵᠤ ᠠᠬᠤᠢᠯᠠᠯ ᠳᠠᠮᠫᠤᠷᠠᠵᠤ ᠨᠠᠷᠢᠪᠴᠢᠯᠠᠨ ᠲᠣᠭᠠᠴᠠᠭᠠᠯᠠᠬᠤ᠎ᠳᠤ ᠭᠠᠢᠯᠢ᠎ᠶᠢᠨ ᠶᠠᠪᠤᠳᠠᠯ᠎ᠤᠨ ᠪᠠᠢᠭᠤᠯᠭ᠎ᠠ᠎ᠨᠢ ᠲᠡᠭᠦᠨ᠎ᠦ ᠬᠠᠤᠯᠢ ᠶᠣᠰᠣᠭᠠᠷ ᠭᠠᠢᠯᠢ᠎ᠶᠢᠨ ᠮᠥᠩᠭᠥ᠎ᠶᠢ ᠬᠠᠮᠵᠢᠨ ᠲᠠᠲᠠᠪᠤᠷᠢᠯᠠᠬᠤ᠎ᠶᠢ ᠭᠤᠶᠤᠴᠢᠯᠠᠵᠤ ᠪᠣᠯᠤᠨ᠎ᠠ᠃
ᠠᠷᠪᠠᠨ ᠳᠣᠯᠣᠳᠤᠭᠠᠷ ᠵᠦᠢᠯ ᠭᠠᠢᠯᠢ᠎ᠶᠢᠨ ᠶᠠᠪᠤᠳᠠᠯ᠎ᠤᠨ ᠪᠠᠢᠭᠤᠯᠭ᠎ᠠ ᠬᠢᠭᠡᠳ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ᠎ᠨᠢ ᠵᠠᠰᠠᠭ ᠵᠠᠬᠢᠷᠭᠠᠨ᠎ᠤ ᠬᠠᠤᠯᠢ ᠬᠡᠷᠡᠭᠵᠢᠭᠦᠯᠬᠦ ᠬᠢᠭᠡᠳ ᠡᠷᠡᠭᠦᠦ᠎ᠶᠢᠨ ᠬᠠᠤᠯᠢ ᠬᠡᠷᠡᠭᠵᠢᠭᠦᠯᠬᠦ᠎ᠶᠢᠨ ᠵᠣᠯᠭᠠᠯᠳᠤᠭᠰᠠᠨ ᠠᠵᠢᠯ᠎ᠤᠨ ᠲᠣᠭᠲᠠᠴᠠ᠎ᠶᠢ ᠪᠦᠷᠢᠨᠱᠢᠭᠦᠯᠵᠦ᠂ ᠴᠠᠭᠳᠠᠭ᠎ᠠ ᠭᠠᠢᠯᠢ᠎ᠶᠢᠨ ᠠᠵᠢᠯᠲᠠᠨ ᠬᠣᠯᠪᠣᠭᠠᠯᠠᠨ ᠬᠡᠷᠡᠭ ᠱᠢᠢᠳᠪᠦᠷᠢᠯᠡᠬᠦ᠎ᠶᠢ ᠬᠡᠷᠡᠭᠵᠢᠭᠦᠯᠬᠦ ᠬᠡᠷᠡᠭᠲᠡᠢ᠃
ᠠᠷᠪᠠᠨ ᠨᠠᠢ᠍ᠮᠠᠳᠤᠭᠠᠷ ᠵᠦᠢᠯ ᠭᠠᠢᠯᠢ᠎ᠶᠢᠨ ᠶᠠᠪᠤᠳᠠᠯ᠎ᠤᠨ ᠪᠠᠢᠭᠤᠯᠭ᠎ᠠ᠎ᠨᠢ ᠦᠢᠯᠡᠳᠪᠦᠷᠢᠯᠡᠯ ᠡᠵᠡᠩᠨᠡᠯᠲᠡ ᠬᠢᠵᠦ ᠪᠠᠢᠭ᠎ᠠ ᠭᠠᠢᠯᠢ ᠲᠤᠱᠢᠶᠠᠭᠴᠢ᠂ ᠰᠠᠭᠤᠯᠭᠠᠨ ᠲᠤᠱᠢᠶᠠᠬᠤ ᠡᠭᠦᠷᠭᠡᠳᠡᠨᠤ ᠪᠠᠩᠬᠢ ᠪᠤᠶᠤ ᠪᠤᠰᠤᠳ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠳᠠᠬᠢ ᠬᠠᠳᠠᠭᠠᠯᠠᠮᠵᠢ᠎ᠶᠢᠨ ᠳᠠᠩᠰᠠᠨ ᠡᠷᠦᠬᠡ᠎ᠶᠢ᠎ᠨᠢ ᠬᠠᠤᠯᠢ ᠶᠣᠰᠣᠭᠠᠷ ᠪᠠᠢᠴᠠᠭᠠᠨ ᠯᠠᠪᠯᠠᠵᠤ ᠪᠣᠯᠤᠨ᠎ᠠ᠃
ᠬᠥᠮᠦᠨ ᠬᠡᠷᠡᠭᠯᠡᠬᠦ ᠨᠢᠭᠡᠴᠢ᠎ᠨᠢ ᠨᠡᠢᠭᠡᠮ᠎ᠦᠨ ᠳᠠᠭᠠᠳᠭᠠᠯ᠎ᠤᠨ ᠰᠦᠢᠳᠬᠡᠯ᠎ᠢ ᠬᠤᠭᠤᠴᠠᠭ᠎ᠠ ᠬᠡᠲᠦᠷᠡᠭᠰᠡᠨ ᠪᠠᠢᠲᠠᠯ᠎ᠠ ᠲᠤᠱᠢᠶᠠᠭᠰᠠᠨ ᠦᠭᠡᠢ ᠪᠤᠶᠤ ᠭᠦᠢᠴᠡᠳ ᠨᠥᠬᠥᠪᠥᠷᠢᠯᠡᠭᠰᠡᠨ ᠦᠭᠡᠢ ᠪᠠᠢᠪᠠᠯ ᠭᠠᠢᠯᠢ᠎ᠶᠢᠨ ᠶᠠᠪᠤᠳᠠᠯ᠎ᠤᠨ ᠪᠠᠢᠭᠤᠯᠭ᠎ᠠ᠎ᠨᠢ ᠪᠠᠩᠬᠢ ᠪᠠ ᠪᠤᠰᠤᠳ ᠮᠥᠩᠭᠥᠨ ᠭᠦᠢᠯᠭᠡᠭᠡᠨ᠎ᠦ ᠪᠠᠢᠭᠤᠯᠤᠮᠵᠢ᠎ᠠᠴᠠ ᠲᠡᠭᠦᠨ᠎ᠦ ᠬᠠᠳᠠᠭᠠᠯᠠᠮᠵᠢ᠎ᠶᠢᠨ ᠳᠠᠩᠰᠠᠨ ᠡᠷᠦᠬᠡ᠎ᠶᠢ᠎ᠨᠢ ᠬᠠᠤᠯᠢ ᠶᠣᠰᠣᠭᠠᠷ ᠪᠠᠢᠴᠠᠭᠠᠨ ᠯᠠᠪᠯᠠᠵᠤ ᠪᠣᠯᠤᠨ᠎ᠠ᠃
ᠠᠷᠪᠠ ᠶᠢᠰᠦᠳᠦᠭᠡᠷ ᠵᠦᠢᠯ ᠭᠠᠢᠯᠢ ᠲᠤᠱᠢᠶᠠᠭᠴᠢ ᠰᠦᠢᠳᠬᠡᠯ ᠲᠤᠱᠢᠶᠠᠭᠴᠢᠨᠢ ᠭᠠᠢᠯᠢ᠎ᠶᠢᠨ ᠶᠠᠪᠤᠳᠠᠯ᠎ᠤᠨ ᠪᠠᠢᠭᠤᠯᠭ᠎ᠠ᠎ᠠᠴᠠ ᠭᠠᠢᠯᠢ ᠰᠦᠢᠳᠬᠡᠯ᠎ᠦᠨ ᠬᠠᠤᠯᠢ ᠴᠠᠭᠠᠵᠠ ᠬᠠᠤᠯᠢ ᠲᠣᠭᠲᠠᠭᠠᠯ ᠪᠠ ᠲᠥᠷᠥ᠎ᠶᠢᠨ ᠪᠣᠳᠣᠯᠭ᠎ᠠ ᠵᠢᠴᠢ ᠭᠠᠢᠯᠢ ᠰᠦᠢᠳᠬᠡᠯ ᠲᠤᠱᠢᠶᠠᠬᠤ ᠳᠡᠰ ᠳᠠᠷᠠᠭᠠᠯᠠᠯ ᠪᠠ ᠱᠠᠭᠠᠷᠳᠠᠯᠭ᠎ᠠ᠎ᠶᠢ ᠣᠢᠯᠠᠭᠠᠬᠤ ᠡᠷᠬᠡ᠎ᠲᠡᠢ᠃ ᠭᠠᠢᠯᠢ᠎ᠶᠢᠨ ᠶᠠᠪᠤᠳᠠᠯ᠎ᠤᠨ ᠪᠠᠢᠭᠤᠯᠭ᠎ᠠ᠎ᠨᠢ ᠭᠠᠢᠯᠢ ᠲᠤᠱᠢᠶᠠᠭᠴᠢ ᠰᠦᠢᠳᠬᠡᠯ ᠲᠤᠱᠢᠶᠠᠭᠴᠢᠳᠤ ᠲᠥᠷᠥ᠎ᠶᠢᠨ ᠪᠣᠳᠣᠯᠭ᠎ᠠ᠎ᠶᠢᠨ ᠵᠥᠪᠯᠡᠯᠭᠡ ᠥᠭᠬᠦ᠂ ᠭᠠᠢᠯᠢ ᠰᠦᠢᠳᠬᠡᠯ ᠲᠤᠱᠢᠶᠠᠬᠤ᠎ᠶᠢ ᠬᠠᠪᠰᠤᠷᠤᠨ ᠵᠢᠯᠣᠭᠣᠳᠬᠤ ᠵᠡᠷᠭᠡ ᠦᠢᠯᠡᠴᠢᠯᠡᠭᠡ᠎ᠶᠢ ᠬᠠᠤᠯᠢ ᠶᠣᠰᠣᠭᠠᠷ ᠦᠨ᠎ᠡ ᠲᠥᠯᠥᠪᠦᠷᠢ ᠦᠭᠡᠢ᠎ᠪᠡᠷ ᠬᠠᠩᠭᠠᠬᠤ ᠬᠡᠷᠡᠭᠲᠡᠢ᠃
ᠬᠣᠷᠢᠳᠤᠭᠠᠷ ᠵᠦᠢᠯ ᠭᠠᠢᠯᠢ᠎ᠶᠢᠨ ᠶᠠᠪᠤᠳᠠᠯ᠎ᠤᠨ ᠪᠠᠢᠭᠤᠯᠭ᠎ᠠ᠎ᠨᠢ ᠭᠠᠢᠯᠢ ᠰᠦᠢᠳᠬᠡᠯ᠎ᠦᠨ ᠦᠢᠯᠡᠴᠢᠯᠡᠭᠡᠨ᠎ᠦ ᠠᠷᠭ᠎ᠠ᠎ᠪᠠᠨ ᠲᠡᠭᠦᠯᠳᠡᠷᠵᠢᠭᠦᠯᠵᠦ᠂ ᠭᠠᠢᠯᠢ ᠰᠦᠢᠳᠬᠡᠯ ᠲᠤᠱᠢᠶᠠᠬᠤ᠂ ᠭᠠᠢᠯᠢ ᠰᠦᠢᠳᠬᠡᠯ ᠪᠤᠴᠠᠭᠠᠬᠤ ᠵᠡᠷᠭᠡ ᠦᠢᠯᠡᠴᠢᠯᠡᠭᠡᠨ᠎ᠦ ᠴᠤᠪᠤᠷᠠᠯ᠎ᠢᠶᠠᠨ ᠱᠢᠯᠢᠳᠡᠭᠵᠢᠭᠦᠯᠵᠦ᠂ ᠭᠠᠢᠯᠢ ᠰᠦᠢᠳᠬᠡᠯ᠎ᠦᠨ ᠦᠢᠯᠡᠴᠢᠯᠡᠭᠡᠨ᠎ᠦ ᠵᠦᠢᠯᠡᠰ᠎ᠢ ᠰᠦᠯᠵᠢᠶ᠎ᠡ᠎ᠪᠡᠷ ᠭᠦᠢᠴᠡᠳᠬᠡᠬᠦ᠂ ᠠᠯᠠᠭᠠᠨ᠎ᠳᠤ᠎ᠪᠠᠨ ᠭᠦᠢᠴᠡᠳᠬᠡᠬᠦ᠂ ᠥᠪᠡᠰᠦᠪᠡᠨ ᠭᠦᠢᠴᠡᠳᠬᠡᠬᠦ᠂ ᠰᠠᠯᠠᠭ᠎ᠠ ᠮᠥᠴᠢᠷ ᠠᠯᠤᠰᠯᠠᠨ ᠬᠣᠯᠪᠣᠭᠠᠯᠠᠨ ᠭᠦᠢᠴᠡᠳᠬᠡᠬᠦ᠂ ᠣᠷᠣᠨ ᠪᠦᠰᠡ ᠠᠯᠤᠰᠯᠠᠨ ᠨᠡᠢᠳᠡᠮ ᠭᠦᠢᠴᠡᠳᠬᠡᠬᠦ ᠵᠡᠷᠭᠡ᠎ᠶᠢ ᠠᠬᠢᠭᠤᠯᠤᠨ᠂ ᠭᠠᠢᠯᠢ ᠰᠦᠢᠳᠬᠡᠯ ᠲᠤᠱᠢᠶᠠᠬᠤ ᠦᠢᠯᠡᠴᠢᠯᠡᠭᠡᠨ᠎ᠦ ᠨᠠᠷᠢᠯᠢᠬ᠍ᠵᠢᠭᠤᠯᠤᠭᠰᠠᠨ᠂ ᠳᠥᠭᠥᠮᠴᠢᠯᠡᠭᠰᠡᠨ᠂ ᠣᠶᠤᠨᠴᠢᠯᠠᠭᠰᠠᠨ ᠲᠦᠪᠱᠢᠨ᠎ᠢ ᠳᠡᠭᠡᠭᠱᠢᠯᠡᠭᠦᠯᠬᠦ ᠬᠡᠷᠡᠭᠲᠡᠢ᠃
ᠬᠣᠷᠢᠨ ᠨᠢᠭᠡᠳᠦᠭᠡᠷ ᠵᠦᠢᠯ ᠭᠠᠢᠯᠢ᠎ᠶᠢᠨ ᠶᠠᠪᠤᠳᠠᠯ᠎ᠤᠨ ᠪᠠᠢᠭᠤᠯᠭ᠎ᠠ᠎ᠨᠢ ᠡᠯᠸᠺᠲᠷᠤᠨ ᠪᠠᠷᠢᠮᠲᠠ᠎ᠶᠢᠨ ᠬᠡᠷᠡᠭᠯᠡᠯᠲᠡ᠎ᠶᠢ ᠳᠡᠯᠭᠡᠷᠡᠭᠦᠯᠵᠦ᠂ ᠡᠯᠸᠺᠲᠷᠤᠨ ᠪᠠᠷᠢᠮᠲᠠ᠎ᠯᠤᠭ᠎ᠠ ᠬᠠᠷᠢᠯᠴᠠᠨ ᠵᠣᠬᠢᠴᠠᠯᠳᠤᠭᠰᠠᠨ ᠦᠢᠯᠡᠴᠢᠯᠡᠭᠡᠨ᠎ᠦ ᠵᠠᠭᠪᠤᠷ᠎ᠢ ᠪᠠᠢᠭᠤᠯᠵᠤ᠂ ᠭᠠᠢᠯᠢ ᠲᠤᠱᠢᠶᠠᠭᠴᠢᠳᠤ ᠡᠯᠸᠺᠲᠷᠤᠨ ᠪᠠᠷᠢᠮᠲᠠ ᠭᠠᠷᠭᠠᠬᠤ᠂ ᠬᠡᠷᠡᠭᠯᠡᠬᠦ᠎ᠳᠦ᠎ᠨᠢ ᠳᠥᠭᠥᠮ ᠳᠥᠲᠡ᠂ ᠥᠨᠳᠥᠷ ᠪᠦᠲᠦᠮᠵᠢᠲᠡᠢ ᠦᠢᠯᠡᠴᠢᠯᠡᠭᠡ ᠬᠠᠩᠭᠠᠬᠤ ᠬᠡᠷᠡᠭᠲᠡᠢ᠃
ᠬᠣᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ᠎ᠨᠦᠭᠦᠳ ᠤᠯᠤᠰ᠎ᠤᠨ ᠲᠣᠭᠲᠠᠭᠠᠯ ᠶᠣᠰᠣᠭᠠᠷ ᠨᠢᠭᠲᠠᠯᠠᠨ ᠪᠣᠳᠣᠭᠴᠢ᠎ᠶᠢᠨ ᠪᠠᠷᠢᠮᠲᠠ᠎ᠶᠢ ᠡᠯᠸᠺᠲ᠋ᠷᠣᠨᠴᠢᠯᠡᠨ ᠳᠠᠩᠰᠠ ᠲᠠᠢᠯᠬᠤ᠂ ᠳᠠᠩᠰᠠᠯᠠᠬᠤ᠂ ᠳᠠᠩᠰᠠ ᠡᠪᠬᠡᠮᠡᠯ᠎ᠳᠦ ᠣᠷᠣᠭᠤᠯᠬᠤ ᠵᠡᠷᠭᠡ ᠠᠵᠢᠯ᠎ᠢ ᠠᠬᠢᠭᠤᠯᠵᠤ᠂ ᠵᠠᠬ᠎ᠠ ᠳᠡᠯᠭᠡᠭᠦᠷ᠎ᠦᠨ ᠭᠣᠣᠯ ᠴᠣᠭᠴᠠ᠎ᠶᠢ ᠬᠥᠲᠥᠯᠥᠨ ᠵᠢᠯᠣᠭᠣᠳᠴᠤ ᠪᠠᠢᠭᠠᠳ ᠡᠳ᠋᠎ᠦᠨ ᠶᠠᠪᠤᠳᠠᠯ᠎ᠤᠨ ᠬᠠᠮᠢᠶᠠᠷᠤᠯᠲᠠ ᠪᠠ ᠨᠢᠭᠲᠠᠯᠠᠨ ᠪᠣᠳᠣᠭᠴᠢ᠎ᠶᠢᠨ ᠳᠠᠩᠰᠠ ᠡᠪᠬᠡᠮᠡᠯ᠎ᠦᠨ ᠬᠠᠮᠢᠶᠠᠷᠤᠯᠲᠠ᠎ᠶᠢᠨ ᠡᠯᠸᠺᠲ᠋ᠷᠣᠨᠴᠢᠯᠠᠭᠰᠠᠨ ᠲᠦᠪᠱᠢᠨ᠎ᠢ ᠳᠡᠭᠡᠭᠱᠢᠯᠡᠭᠦᠯᠬᠦ ᠬᠡᠷᠡᠭᠲᠡᠢ᠃
ᠬᠣᠷᠢᠨ ᠬᠣᠶᠠᠳᠤᠭᠠᠷ ᠵᠦᠢᠯ ᠭᠠᠢᠯᠢ᠎ᠶᠢᠨ ᠶᠠᠪᠤᠳᠠᠯ᠎ᠤᠨ ᠪᠠᠢᠭᠤᠯᠭ᠎ᠠ᠎ᠨᠢ ᠬᠣᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢᠨᠦᠭᠦᠳᠲᠡᠢ ᠬᠠᠮᠲᠤᠷᠠᠨ ᠭᠠᠢᠯᠢ ᠲᠤᠱᠢᠶᠠᠭᠴᠢ ᠰᠦᠢᠳᠬᠡᠯ ᠲᠤᠱᠢᠶᠠᠭᠴᠢᠶᠢᠨ ᠭᠠᠢᠯᠢ ᠰᠦᠢᠳᠬᠡᠯ ᠲᠠᠲᠠᠪᠤᠷᠢᠯᠠᠨ ᠲᠤᠱᠢᠶᠠᠬᠤ ᠲᠤᠬᠠᠢ ᠬᠠᠮᠢᠶ᠎ᠠ ᠪᠦᠬᠦᠢ ᠮᠠᠷᠭᠤᠯᠳᠤᠭᠠᠨ᠎ᠢ ᠵᠣᠬᠢᠴᠠᠭᠤᠯᠤᠨ ᠱᠢᠢᠳᠪᠦᠷᠢᠯᠡᠬᠦ ᠲᠣᠭᠲᠠᠴᠠ᠎ᠶᠢ ᠪᠠᠢᠭᠤᠯᠤᠨ ᠪᠦᠷᠢᠨᠱᠢᠭᠦᠯᠵᠦ᠂ ᠮᠠᠷᠭᠤᠯᠳᠤᠭᠠᠨ ᠵᠢᠭᠤᠷᠠᠯᠳᠤᠭᠠᠨ᠎ᠢ ᠴᠠᠭ ᠲᠤᠬᠠᠢᠳᠤᠨᠢ ᠱᠢᠢᠳᠪᠦᠷᠢᠯᠡᠬᠦ ᠬᠡᠷᠡᠭᠲᠡᠢ᠃
ᠬᠣᠷᠢᠨ ᠭᠤᠷᠪᠠᠳᠤᠭᠠᠷ ᠵᠦᠢᠯ ᠭᠠᠢᠯᠢ ᠰᠦᠢᠳᠬᠡᠯ᠎ᠳᠦ ᠬᠣᠯᠪᠣᠭᠳᠠᠭᠰᠠᠨ ᠲᠤᠰᠭᠠᠢ ᠦᠢᠯᠡᠴᠢᠯᠡᠭᠡᠨ᠎ᠦ ᠪᠠᠢᠭᠤᠯᠤᠮᠵᠢ᠎ᠶᠢᠨ ᠲᠤᠰᠭᠠᠢ ᠦᠢᠯᠡᠴᠢᠯᠡᠭᠡᠨ᠎ᠦ ᠴᠢᠳᠠᠪᠤᠷᠢ᠎ᠪᠠᠨ ᠳᠡᠭᠡᠭᠱᠢᠯᠡᠭᠦᠯᠬᠦ᠎ᠶᠢ ᠵᠣᠷᠢᠭᠵᠢᠭᠤᠯᠤᠨ ᠳᠡᠮᠵᠢᠵᠦ᠂ ᠭᠠᠢᠯᠢ ᠲᠤᠱᠢᠶᠠᠭᠴᠢ ᠰᠦᠢᠳᠬᠡᠯ ᠲᠤᠱᠢᠶᠠᠭᠴᠢᠳᠤ ᠲᠤᠰᠭᠠᠢᠵᠢᠭᠰᠠᠨ᠂ ᠵᠢᠷᠤᠮᠵᠢᠭᠰᠠᠨ᠂ ᠥᠪᠡᠷᠮᠢᠴᠡ ᠭᠠᠢᠯᠢ ᠰᠦᠢᠳᠬᠡᠯ᠎ᠦᠨ ᠦᠢᠯᠡᠴᠢᠯᠡᠭᠡ ᠬᠠᠩᠭᠠᠬᠤ ᠬᠡᠷᠡᠭᠲᠡᠢ᠃
ᠭᠠᠢᠯᠢ᠎ᠶᠢᠨ ᠶᠠᠪᠤᠳᠠᠯ᠎ᠤᠨ ᠪᠠᠢᠭᠤᠯᠭ᠎ᠠ ᠬᠢᠭᠡᠳ ᠬᠣᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ᠎ᠨᠦᠭᠦᠳ ᠭᠠᠢᠯᠢ ᠰᠦᠢᠳᠬᠡᠯ᠎ᠳᠦ ᠬᠣᠯᠪᠣᠭᠳᠠᠭᠰᠠᠨ ᠲᠤᠰᠭᠠᠢ ᠦᠢᠯᠡᠴᠢᠯᠡᠭᠡᠨ᠎ᠦ ᠪᠠᠢᠭᠤᠯᠤᠮᠵᠢ᠎ᠳᠠᠬᠢ ᠠᠵᠢᠯ ᠡᠷᠬᠢᠯᠡᠯᠲᠡ᠎ᠶᠢᠨ ᠬᠢᠨᠠᠯᠲᠠ ᠬᠠᠮᠢᠶᠠᠷᠤᠯᠲᠠ ᠪᠠ ᠠᠵᠢᠯ ᠲᠥᠷᠥᠯ᠎ᠦᠨ ᠬᠢᠨᠠᠯᠲᠠ ᠬᠠᠮᠢᠶᠠᠷᠤᠯᠲᠠ᠎ᠶᠢ ᠴᠢᠩᠭᠠᠳᠭᠠᠬᠤ ᠬᠡᠷᠡᠭᠲᠡᠢ᠃
ᠬᠣᠷᠢᠨ ᠳᠥᠷᠪᠡᠳᠦᠭᠡᠷ ᠵᠦᠢᠯ ᠭᠠᠢᠯᠢ᠎ᠶᠢᠨ ᠶᠠᠪᠤᠳᠠᠯ᠎ᠤᠨ ᠪᠠᠢᠭᠤᠯᠭ᠎ᠠ᠎ᠨᠢ ᠬᠣᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢᠨᠦᠭᠦᠳᠲᠡᠢ ᠬᠠᠮᠲᠤᠷᠠᠨ ᠭᠠᠢᠯᠢ ᠰᠦᠢᠳᠬᠡᠯ ᠲᠤᠱᠢᠶᠠᠬᠤ᠎ᠶᠢᠨ ᠢᠲᠡᠭᠡᠮᠵᠢ᠎ᠶᠢ ᠦᠨᠡᠯᠡᠬᠦ ᠪᠠ ᠤᠷᠮᠠᠱᠢᠭᠤᠯᠬᠤ ᠵᠠᠯᠬᠠᠭᠠᠬᠤ ᠲᠣᠭᠲᠠᠴᠠ᠎ᠶᠢ ᠪᠠᠢᠭᠤᠯᠤᠨ ᠪᠦᠷᠢᠨᠱᠢᠭᠦᠯᠵᠦ᠂ ᠭᠠᠢᠯᠢ ᠲᠤᠱᠢᠶᠠᠭᠴᠢ ᠰᠦᠢᠳᠬᠡᠯ ᠲᠤᠱᠢᠶᠠᠭᠴᠢᠶᠢᠨ ᠢᠲᠡᠭᠡᠮᠵᠢ᠎ᠶᠢᠨ ᠬᠥᠳᠡᠯᠦᠩᠭᠦᠢ ᠵᠡᠷᠭᠡ ᠳᠡᠰ᠎ᠤᠨ ᠲᠥᠷᠥᠯ ᠠᠩᠭᠢᠯᠠᠭᠰᠠᠨ ᠬᠠᠮᠢᠶᠠᠷᠤᠯᠲᠠ᠎ᠶᠢ ᠬᠡᠷᠡᠭᠵᠢᠭᠦᠯᠬᠦ ᠬᠡᠷᠡᠭᠲᠡᠢ᠃
ᠬᠣᠷᠢᠨ ᠲᠠᠪᠤᠳᠤᠭᠠᠷ ᠵᠦᠢᠯ ᠶᠠᠮᠠᠷᠪᠠ ᠵᠣᠬᠢᠶᠠᠨ ᠪᠠᠢᠭᠤᠯᠤᠯᠲᠠ ᠪᠠ ᠬᠤᠪᠢ ᠬᠥᠮᠦᠨ ᠭᠡᠳ ᠴᠥᠮ ᠭᠠᠢᠯᠢ ᠰᠦᠢᠳᠬᠡᠯ᠎ᠦᠨ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠲᠤᠰ ᠠᠷᠭ᠎ᠠ᠎ᠶᠢ ᠵᠥᠷᠢᠴᠡᠭᠰᠡᠨ ᠦᠢᠯᠡ ᠠᠵᠢᠯᠯᠠᠭ᠎ᠠ᠎ᠨᠤᠭᠤᠳ᠎ᠢ ᠢᠯᠡᠴᠢᠯᠡᠨ ᠮᠡᠳᠡᠭᠦᠯᠬᠦ ᠡᠷᠬᠡ᠎ᠲᠡᠢ᠃
ᠭᠠᠢᠯᠢ᠎ᠶᠢᠨ ᠶᠠᠪᠤᠳᠠᠯ᠎ᠤᠨ ᠪᠠᠢᠭᠤᠯᠭ᠎ᠠ ᠬᠢᠭᠡᠳ ᠬᠣᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ᠎ᠨᠦᠭᠦᠳ ᠢᠯᠡᠴᠢᠯᠡᠨ ᠮᠡᠳᠡᠭᠦᠯᠦᠯᠲᠡ᠎ᠶᠢ ᠬᠦᠯᠢᠶᠡᠨ ᠠᠪᠤᠭᠰᠠᠨ᠎ᠤ ᠳᠠᠷᠠᠭ᠎ᠠ ᠬᠠᠤᠯᠢ ᠶᠣᠰᠣᠭᠠᠷ ᠴᠠᠭ ᠲᠤᠬᠠᠢᠳᠤᠨᠢ ᠱᠢᠢᠳᠪᠦᠷᠢᠯᠡᠬᠦ ᠬᠡᠷᠡᠭᠲᠡᠢ ᠪᠥᠭᠡᠳ ᠢᠯᠡᠴᠢᠯᠡᠨ ᠮᠡᠳᠡᠭᠦᠯᠦᠭᠴᠢ᠎ᠶᠢᠨ ᠬᠠᠮᠢᠶ᠎ᠠ ᠪᠦᠬᠦᠢ ᠮᠡᠳᠡᠭᠡ ᠵᠠᠩᠭᠢ᠎ᠶᠢᠨ ᠨᠢᠭᠤᠴᠠ᠎ᠶᠢ ᠬᠠᠮᠠᠭᠠᠯᠠᠬᠤ ᠬᠡᠷᠡᠭᠲᠡᠢ᠃
ᠬᠣᠷᠢᠨ ᠵᠢᠷᠭᠤᠳᠤᠭᠠᠷ ᠵᠦᠢᠯ ᠭᠠᠢᠯᠢ᠎ᠶᠢᠨ ᠶᠠᠪᠤᠳᠠᠯ᠎ᠤᠨ ᠪᠠᠢᠭᠤᠯᠭ᠎ᠠ ᠬᠢᠭᠡᠳ ᠬᠣᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ᠎ᠨᠦᠭᠦᠳ ᠭᠣᠣᠯᠳᠠᠯᠭ᠎ᠠ᠎ᠲᠠᠢ ᠲᠦᠭᠱᠢᠭᠦᠷᠢ᠎ᠶᠢᠨ ᠬᠦᠷᠢᠶᠡᠨ᠎ᠳᠡᠬᠢ ᠬᠢᠨᠠᠯᠲᠠ ᠬᠠᠮᠢᠶᠠᠷᠤᠯᠲᠠ᠎ᠪᠠᠨ ᠴᠢᠩᠭᠠᠳᠭᠠᠵᠤ᠂ ᠲᠦᠭᠱᠢᠭᠦᠷᠢ᠎ᠶᠢ ᠬᠥᠳᠡᠯᠦᠩᠭᠦᠢ ᠰᠡᠷᠭᠡᠢᠯᠡᠨ ᠡᠵᠡᠮᠳᠡᠬᠦ ᠲᠣᠭᠲᠠᠴᠠ᠎ᠶᠢ ᠪᠠᠢᠭᠤᠯᠵᠤ᠂ ᠴᠢᠬᠤᠯᠠ ᠶᠡᠬᠡ ᠭᠠᠢᠯᠢ ᠲᠠᠲᠠᠪᠤᠷᠢ᠎ᠶᠢᠨ ᠲᠦᠭᠱᠢᠭᠦᠷᠢ᠎ᠶᠢ ᠴᠠᠭ ᠲᠤᠬᠠᠢᠳᠤᠨᠢ ᠢᠯᠡᠷᠡᠭᠦᠯᠵᠦ᠂ ᠪᠦᠲᠦᠮᠵᠢᠲᠡᠢ ᠰᠡᠷᠭᠡᠢᠯᠡᠬᠦ ᠬᠡᠷᠡᠭᠲᠡᠢ᠃
ᠭᠠᠢᠯᠢ᠎ᠶᠢᠨ ᠶᠠᠪᠤᠳᠠᠯ᠎ᠤᠨ ᠪᠠᠢᠭᠤᠯᠭ᠎ᠠ᠎ᠨᠢ ᠬᠣᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢᠨᠦᠭᠦᠳᠲᠡᠢ ᠬᠠᠮᠲᠤᠷᠠᠯᠴᠠᠨ ᠰᠠᠯᠠᠭ᠎ᠠ ᠮᠥᠴᠢᠷ ᠠᠯᠤᠰᠯᠠᠭᠰᠠᠨ᠂ ᠣᠷᠣᠨ ᠪᠦᠰᠡ ᠠᠯᠤᠰᠯᠠᠭᠰᠠᠨ ᠭᠠᠢᠯᠢ ᠰᠦᠢᠳᠬᠡᠯ᠎ᠳᠦ ᠬᠣᠯᠪᠣᠭᠳᠠᠬᠤ ᠬᠣᠯᠪᠣᠭᠠᠯᠠᠨ ᠬᠠᠤᠯᠢ ᠬᠡᠷᠡᠭᠵᠢᠭᠦᠯᠬᠦ ᠲᠣᠭᠲᠠᠴᠠ᠎ᠶᠢ ᠪᠠᠢᠭᠤᠯᠵᠤ᠂ ᠭᠠᠢᠯᠢ ᠰᠦᠢᠳᠬᠡᠯ᠎ᠳᠦ ᠬᠣᠯᠪᠣᠭᠳᠠᠭᠰᠠᠨ ᠬᠠᠤᠯᠢ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠨᠤᠭᠤᠳ᠎ᠢ ᠬᠠᠤᠯᠢ ᠶᠣᠰᠣᠭᠠᠷ ᠴᠠᠭ ᠲᠤᠬᠠᠢᠳᠤᠨᠢ ᠪᠠᠢᠴᠠᠭᠠᠨ ᠱᠢᠢᠳᠪᠦᠷᠢᠯᠡᠬᠦ ᠬᠡᠷᠡᠭᠲᠡᠢ᠃ ᠬᠣᠯᠪᠣᠭᠳᠠᠯ ᠪᠦᠬᠦᠢ ᠰᠠᠯᠠᠭ᠎ᠠ ᠮᠥᠴᠢᠷ ᠪᠠ ᠨᠢᠭᠡᠴᠢ᠎ᠨᠦᠭᠦᠳ ᠡᠭᠦᠷᠭᠡ ᠬᠠᠷᠢᠭᠤᠴᠠᠯᠭ᠎ᠠ᠎ᠪᠠᠨ ᠭᠦᠢᠴᠡᠳᠬᠡᠬᠦ ᠶᠠᠪᠤᠴᠠ᠎ᠳᠤ ᠭᠠᠢᠯᠢ ᠲᠤᠱᠢᠶᠠᠭᠴᠢ ᠰᠦᠢᠳᠬᠡᠯ ᠲᠤᠱᠢᠶᠠᠭᠴᠢᠶᠢᠨ ᠭᠠᠢᠯᠢ ᠰᠦᠢᠳᠬᠡᠯ᠎ᠳᠦ ᠬᠣᠯᠪᠣᠭᠳᠠᠭᠰᠠᠨ ᠬᠠᠤᠯᠢ᠎ᠠᠴᠠ ᠵᠥᠷᠢᠴᠡᠭᠰᠡᠨ ᠰᠦᠪᠡᠭᠴᠢ᠎ᠶᠢ ᠣᠯᠵᠤ ᠮᠡᠳᠡᠪᠡᠯ᠂ ᠭᠠᠢᠯᠢ᠎ᠶᠢᠨ ᠶᠠᠪᠤᠳᠠᠯ᠎ᠤᠨ ᠪᠠᠢᠭᠤᠯᠭ᠎ᠠ᠎ᠳᠤ ᠴᠠᠭ ᠲᠤᠬᠠᠢᠳᠤᠨᠢ ᠮᠡᠳᠡᠭᠳᠡᠬᠦ ᠬᠡᠷᠡᠭᠲᠡᠢ᠃
ᠬᠣᠷᠢᠨ ᠳᠣᠯᠣᠳᠤᠭᠠᠷ ᠵᠦᠢᠯ ᠲᠤᠰ ᠠᠷᠭ᠎ᠠ᠎ᠶᠢᠨ ᠲᠣᠭᠲᠠᠭᠠᠯ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠳᠤ᠂《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠭᠠᠢᠯᠢ ᠲᠠᠲᠠᠪᠤᠷᠢᠯᠠᠨ ᠬᠤᠷᠢᠶᠠᠬᠤ ᠬᠠᠮᠢᠶᠠᠷᠤᠯᠲᠠ᠎ᠶᠢᠨ ᠬᠠᠤᠯᠢ》᠂《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠨᠡᠢᠭᠡᠮ᠎ᠦᠨ ᠳᠠᠭᠠᠳᠭᠠᠯ᠎ᠤᠨ ᠬᠠᠤᠯᠢ》 ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ᠎ᠳᠤ ᠨᠢᠭᠡᠨᠲᠡ ᠪᠣᠳᠠᠲᠠᠢ ᠱᠢᠢᠳᠬᠡᠨ ᠲᠣᠷᠭᠠᠬᠤ ᠲᠣᠭᠲᠠᠭᠠᠯ ᠭᠠᠷᠭᠠᠭᠰᠠᠨ ᠪᠠᠢᠪᠠᠯ᠂ ᠲᠡᠷᠡ᠎ᠬᠦ ᠲᠣᠭᠲᠠᠭᠠᠯ᠎ᠢᠶᠠᠷ ᠬᠡᠷᠡᠭᠵᠢᠭᠦᠯᠦᠨ᠎ᠡ᠃
ᠬᠣᠷᠢᠨ ᠨᠠᠢ᠍ᠮᠠᠳᠤᠭᠠᠷ ᠵᠦᠢᠯ ᠭᠠᠢᠯᠢ ᠰᠦᠢᠳᠬᠡᠯ ᠲᠠᠲᠠᠪᠤᠷᠢᠯᠠᠵᠤ ᠬᠠᠮᠢᠶᠠᠷᠬᠤ ᠪᠠ ᠦᠢᠯᠡᠴᠢᠯᠡᠵᠦ ᠪᠠᠲᠤᠯᠠᠬᠤ ᠠᠵᠢᠯ᠎ᠤᠨ ᠶᠠᠪᠤᠴᠠ᠎ᠳᠤ ᠠᠯᠪᠠᠨ ᠲᠤᠱᠢᠶᠠᠯ᠎ᠳᠤ᠎ᠪᠠᠨ ᠠᠯᠮᠠᠢᠷᠠᠨ ᠣᠰᠣᠯᠳᠠᠭᠰᠠᠨ᠂ ᠡᠷᠬᠡ ᠲᠤᠱᠢᠶᠠᠯ᠎ᠢᠶᠠᠨ ᠳᠤᠷ᠎ᠠ᠎ᠪᠠᠷ ᠬᠡᠷᠡᠭᠯᠡᠭᠰᠡᠨ᠂ ᠬᠤᠪᠢ᠎ᠶᠢᠨ ᠨᠠᠢᠷ ᠲᠠᠯ᠎ᠠ ᠬᠠᠷᠠᠵᠤ ᠬᠠᠤᠯᠢ ᠶᠣᠰᠣ᠎ᠶᠢ ᠵᠥᠷᠢᠴᠡᠭᠰᠡᠨ ᠪᠣᠯ ᠱᠢᠭᠤᠳ ᠬᠠᠷᠢᠭᠤᠴᠠᠵᠤ ᠪᠠᠢᠭ᠎ᠠ ᠭᠣᠣᠯᠴᠢᠯᠠᠨ ᠬᠠᠮᠢᠶᠠᠷᠤᠭᠴᠢ ᠪᠠ ᠪᠤᠰᠤᠳ ᠱᠢᠭᠤᠳ ᠬᠠᠷᠢᠭᠤᠴᠠᠯᠭ᠎ᠠ ᠡᠭᠦᠷᠭᠡᠯᠡᠭᠴᠢ᠎ᠳᠦ ᠬᠠᠤᠯᠢ ᠶᠣᠰᠣᠭᠠᠷ ᠱᠢᠢᠳᠬᠡᠯ ᠣᠯᠭᠣᠨ᠎ᠠ; ᠶᠠᠯᠠᠳᠤ ᠬᠦᠷᠦᠭᠰᠡᠨ ᠪᠠᠢᠪᠠᠯ ᠬᠠᠤᠯᠢ ᠶᠣᠰᠣᠭᠠᠷ ᠡᠷᠡᠭᠦᠦ᠎ᠶᠢᠨ ᠬᠠᠷᠢᠭᠤᠴᠠᠯᠭ᠎ᠠ ᠨᠡᠬᠡᠮᠵᠢᠯᠡᠨ᠎ᠡ᠃
ᠬᠣᠷᠢ ᠶᠢᠰᠦᠳᠦᠭᠡᠷ ᠵᠦᠢᠯ ᠲᠤᠰ ᠠᠷᠭ᠎ᠠ᠎ᠶᠢ 2024 ᠣᠨ᠎ᠤ 8 ᠳ᠋ᠤᠭᠠᠷ ᠰᠠᠷ᠎ᠠ᠎ᠶᠢᠨ 1᠎ᠦ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ᠃ 2018 ᠣᠨ᠎ᠤ 8 ᠳ᠋ᠤᠭᠠᠷ ᠰᠠᠷ᠎ᠠ᠎ᠶᠢᠨ 31᠎ᠦ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ 235 ᠳ᠋ᠤᠭᠠᠷ ᠲᠣᠭᠠᠲᠤ᠎ᠪᠠᠷ ᠨᠡᠢᠲᠡᠯᠡᠭᠰᠡᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠭᠠᠢᠯᠢ ᠲᠠᠲᠠᠪᠤᠷᠢ᠎ᠶᠢᠨ ᠪᠠᠲᠤᠯᠠᠭ᠎ᠠ᠎ᠶᠢᠨ ᠠᠷᠭ᠎ᠠ》᠎ᠶᠢ ᠬᠠᠮᠲᠤᠳᠤᠨᠢ ᠬᠦᠴᠦᠨ ᠦᠭᠡᠢ ᠪᠣᠯᠭᠠᠨ᠎ᠠ᠃