ᠨᠢᠭᠡᠳᠦᠭᠡᠷ ᠵᠦᠢᠯ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠪᠠ ᠪᠣᠬᠢᠷ ᠤᠰᠤ᠎ᠶᠢ ᠱᠢᠢᠳᠪᠦᠷᠢᠯᠡᠬᠦ ᠲᠠᠯ᠎ᠠ᠎ᠳᠠᠬᠢ ᠬᠠᠮᠢᠶᠠᠷᠤᠯᠲᠠ᠎ᠶᠢ ᠴᠢᠩᠭᠠᠳᠭᠠᠵᠤ᠂ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠪᠠ ᠪᠣᠬᠢᠷ ᠤᠰᠤ ᠱᠢᠢᠳᠪᠦᠷᠢᠯᠡᠬᠦ ᠪᠡᠯᠡᠳᠬᠡᠮᠵᠢ᠎ᠶᠢᠨ ᠠᠶᠤᠯ ᠦᠭᠡᠢ᠎ᠪᠡᠷ ᠠᠵᠢᠯᠯᠠᠬᠤ᠎ᠶᠢ ᠪᠠᠲᠤᠯᠠᠨ᠂ ᠬᠣᠲᠠ ᠪᠠᠯᠭᠠᠰᠤ᠎ᠶᠢᠨ ᠤᠰᠤᠨ᠎ᠤ ᠪᠣᠬᠢᠷᠲᠤᠯ ᠪᠠ ᠤᠰᠤᠲᠤᠯ᠎ᠤᠨ ᠭᠠᠮᠱᠢᠭ᠎ᠢ ᠰᠡᠷᠭᠡᠢᠯᠡᠨ ᠵᠠᠰᠠᠵᠤ᠂ ᠠᠷᠠᠳ ᠢᠷᠭᠡᠳ᠎ᠦᠨ ᠠᠮᠢ ᠨᠠᠰᠤ᠂ ᠡᠳ᠋ ᠬᠥᠷᠥᠩᠭᠡ᠎ᠶᠢᠨ ᠠᠮᠤᠷ ᠲᠦᠪᠱᠢᠨ ᠪᠠ ᠣᠯᠠᠨ ᠨᠡᠢᠲᠡ᠎ᠶᠢᠨ ᠠᠮᠤᠷ ᠲᠦᠪᠱᠢᠨ᠎ᠢ ᠪᠠᠲᠤᠯᠠᠨ᠂ ᠣᠷᠴᠢᠨ ᠲᠣᠭᠣᠷᠢᠨ᠎ᠢ ᠬᠠᠮᠠᠭᠠᠯᠠᠬᠤ᠎ᠶᠢᠨ ᠲᠤᠰᠠᠳᠠ᠂ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤᠨ᠎ᠤ ᠪᠣᠬᠢᠷᠲᠤᠯ᠎ᠢ ᠰᠡᠷᠭᠡᠢᠯᠡᠨ ᠵᠠᠰᠠᠬᠤ ᠬᠠᠤᠯᠢ》 ᠪᠠ ᠲᠥᠷᠥ᠎ᠶᠢᠨ ᠶᠠᠪᠤᠳᠠᠯ᠎ᠤᠨ ᠬᠣᠷᠢᠶᠠᠨ᠎ᠤ 《ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠪᠠ ᠪᠣᠬᠢᠷ ᠤᠰᠤ᠎ᠶᠢ ᠱᠢᠢᠳᠪᠦᠷᠢᠯᠡᠬᠦ ᠳᠦᠷᠢᠮ》 ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ᠎ᠢ ᠦᠨᠳᠦᠰᠦᠯᠡᠨ᠂ ᠥᠪᠡᠷᠲᠡᠭᠡᠨ ᠵᠠᠰᠠᠬᠤ ᠣᠷᠣᠨ᠎ᠤ ᠪᠣᠳᠠᠲᠠᠢ᠎ᠲᠠᠢ ᠤᠶᠠᠯᠳᠤᠭᠤᠯᠵᠤ᠂ ᠲᠤᠰ ᠠᠷᠭ᠎ᠠ᠎ᠶᠢ ᠲᠣᠭᠲᠠᠭᠠᠪᠠ᠃
ᠬᠣᠶᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ᠎ᠤ ᠵᠠᠰᠠᠭ ᠵᠠᠬᠢᠷᠭᠠᠨ᠎ᠤ ᠣᠷᠣᠨ ᠬᠡᠪᠴᠢᠶᠡᠨ᠎ᠳᠡᠬᠢ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠪᠠ ᠪᠣᠬᠢᠷ ᠤᠰᠤ᠎ᠶᠢ ᠱᠢᠢᠳᠪᠦᠷᠢᠯᠡᠬᠦ ᠲᠥᠯᠥᠪᠵᠢᠭᠦᠯᠭᠡ᠂ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠪᠠ ᠪᠣᠬᠢᠷ ᠤᠰᠤ ᠱᠢᠢᠳᠪᠦᠷᠢᠯᠡᠬᠦ ᠪᠡᠯᠡᠳᠬᠡᠮᠵᠢ᠎ᠶᠢᠨ ᠪᠦᠲᠦᠭᠡᠨ ᠪᠠᠢᠭᠤᠯᠤᠯᠲᠠ᠂ ᠠᠷᠠᠴᠢᠯᠠᠯᠲᠠ ᠬᠢᠭᠡᠳ ᠬᠠᠮᠠᠭᠠᠯᠠᠯᠲᠠ᠂ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠪᠡᠯᠡᠳᠬᠡᠮᠵᠢ᠎ᠪᠡᠷ ᠤᠰᠤ ᠲᠠᠲᠠᠷᠠᠭᠤᠯᠬᠤ ᠪᠠ ᠪᠣᠬᠢᠷ ᠤᠰᠤ ᠱᠢᠢᠳᠪᠦᠷᠢᠯᠡᠬᠦ ᠵᠢᠴᠢ ᠬᠣᠲᠠ ᠪᠠᠯᠭᠠᠰᠤ᠎ᠶᠢᠨ ᠤᠰᠤᠲᠤᠯ᠎ᠢ ᠰᠡᠷᠭᠡᠢᠯᠡᠨ ᠵᠠᠰᠠᠬᠤ᠎ᠳᠤ ᠲᠤᠰ ᠠᠷᠭ᠎ᠠ᠎ᠶᠢ ᠲᠣᠬᠢᠷᠠᠭᠤᠯᠤᠨ ᠬᠡᠷᠡᠭᠯᠡᠨ᠎ᠡ᠃
ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠪᠠ ᠪᠣᠬᠢᠷ ᠤᠰᠤ ᠱᠢᠢᠳᠪᠦᠷᠢᠯᠡᠬᠦ ᠪᠡᠯᠡᠳᠬᠡᠮᠵᠢ᠎ᠶᠢ ᠲᠠᠷᠢᠶᠠᠯᠠᠬᠤ ᠮᠠᠯᠵᠢᠬᠤ ᠣᠷᠣᠨ᠎ᠳᠤ ᠬᠦᠷᠲᠡᠯ᠎ᠡ ᠤᠷᠲᠤᠳᠭᠠᠬᠤ᠎ᠳᠤ ᠬᠦᠷᠪᠡᠯ᠂ ᠲᠡᠭᠦᠨ᠎ᠦ ᠪᠦᠲᠦᠭᠡᠨ ᠪᠠᠢᠭᠤᠯᠤᠯᠲᠠ᠂ ᠠᠷᠠᠴᠢᠯᠠᠯᠲᠠ᠂ ᠬᠠᠮᠠᠭᠠᠯᠠᠯᠲᠠ ᠵᠢᠴᠢ ᠬᠠᠮᠢᠶ᠎ᠠ ᠪᠦᠬᠦᠢ ᠬᠢᠨᠠᠯᠲᠠ ᠬᠠᠮᠢᠶᠠᠷᠤᠯᠲᠠ᠎ᠶᠢᠨ ᠠᠵᠢᠯᠯᠠᠭ᠎ᠠ᠎ᠶᠢ ᠲᠤᠰ ᠠᠷᠭ᠎ᠠ᠎ᠪᠠᠷ ᠯᠠᠪᠯᠠᠯᠲᠠ ᠪᠣᠯᠭᠠᠨ ᠬᠡᠷᠡᠭᠵᠢᠭᠦᠯᠦᠨ᠎ᠡ᠃
ᠠᠵᠤ ᠦᠢᠯᠡᠳᠪᠦᠷᠢ᠎ᠶᠢᠨ ᠬᠠᠶᠠᠭᠳᠠᠮᠠᠯ ᠤᠰᠤ ᠱᠢᠢᠳᠪᠦᠷᠢᠯᠡᠬᠦ ᠪᠡᠯᠡᠳᠬᠡᠮᠵᠢ ᠵᠢᠴᠢ ᠲᠡᠭᠦᠨ᠎ᠦ ᠲᠥᠬᠥᠷᠵᠢᠭᠦᠯᠦᠭᠰᠡᠨ ᠤᠰᠤ ᠲᠠᠲᠠᠷᠠᠭᠤᠯᠬᠤ ᠪᠡᠯᠡᠳᠬᠡᠮᠵᠢ᠎ᠶᠢᠨ ᠲᠥᠯᠥᠪᠵᠢᠭᠦᠯᠭᠡ᠂ ᠪᠦᠲᠦᠭᠡᠨ ᠪᠠᠢᠭᠤᠯᠤᠯᠲᠠ ᠪᠠ ᠬᠠᠮᠢᠶᠠᠷᠤᠯᠲᠠ᠎ᠶᠢ ᠤᠰᠤᠨ᠎ᠤ ᠪᠣᠬᠢᠷᠲᠤᠯ᠎ᠢ ᠰᠡᠷᠭᠡᠢᠯᠡᠨ ᠵᠠᠰᠠᠬᠤ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ᠎ᠤᠨ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃
ᠭᠤᠷᠪᠠᠳᠤᠭᠠᠷ ᠵᠦᠢᠯ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠪᠠ ᠪᠣᠬᠢᠷ ᠤᠰᠤ᠎ᠶᠢ ᠱᠢᠢᠳᠪᠦᠷᠢᠯᠡᠬᠦ ᠠᠵᠢᠯ᠎ᠳᠤ ᠳᠤᠮᠳᠠᠳᠤ ᠤᠯᠤᠰ᠎ᠤᠨ ᠡᠪ ᠬᠠᠮᠲᠤ ᠨᠠᠮ᠎ᠤᠨ ᠤᠳᠤᠷᠢᠳᠤᠯᠭ᠎ᠠ᠎ᠶᠢ ᠪᠠᠷᠢᠮᠲᠠᠯᠠᠵᠤ᠂ ᠳᠤᠮᠳᠠᠳᠤ᠎ᠶᠢᠨ ᠦᠨᠳᠦᠰᠦᠲᠡᠨ᠎ᠦ ᠬᠠᠮᠲᠤ᠎ᠶᠢᠨ ᠴᠣᠭᠴᠠ᠎ᠶᠢᠨ ᠤᠬᠠᠮᠰᠠᠷ᠎ᠢ ᠪᠠᠲᠤᠳᠭᠠᠬᠤ᠎ᠪᠠᠷ ᠠᠵᠢᠯ᠎ᠤᠨ ᠭᠣᠣᠯ ᠱᠢᠵᠢᠮ ᠪᠣᠯᠭᠠᠵᠤ᠂ ᠪᠠᠢᠭᠠᠯᠢ᠎ᠶᠢ ᠬᠦᠨᠳᠦᠳᠬᠡᠬᠦ᠂ ᠨᠢᠭᠡᠳᠦᠯᠲᠡᠢ ᠲᠥᠯᠥᠪᠵᠢᠭᠦᠯᠬᠦ᠂ ᠳᠦᠬᠦᠷᠵᠢᠭᠦᠯᠵᠦ ᠪᠦᠲᠦᠭᠡᠨ ᠪᠠᠢᠭᠤᠯᠬᠤ᠂ ᠠᠮᠤᠷ ᠲᠦᠪᠱᠢᠨ᠎ᠢ ᠪᠠᠲᠤᠯᠠᠬᠤ᠂ ᠶᠡᠷᠦᠩᠬᠡᠢᠯᠡᠨ ᠠᠱᠢᠭᠯᠠᠬᠤ ᠵᠠᠷᠴᠢᠮ᠎ᠢ ᠵᠢᠷᠤᠮᠯᠠᠬᠤ ᠬᠡᠷᠡᠭᠲᠡᠢ᠃
ᠳᠥᠷᠪᠡᠳᠦᠭᠡᠷ ᠵᠦᠢᠯ ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠪᠠ ᠪᠣᠬᠢᠷ ᠤᠰᠤ᠎ᠶᠢ ᠱᠢᠢᠳᠪᠦᠷᠢᠯᠡᠬᠦ ᠠᠵᠢᠯ᠎ᠳᠠᠬᠢ ᠨᠢᠭᠡᠳᠦᠯᠲᠡᠢ ᠤᠳᠤᠷᠢᠳᠤᠯᠭ᠎ᠠ᠎ᠪᠠᠨ ᠴᠢᠩᠭᠠᠳᠭᠠᠵᠤ᠂ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠪᠠ ᠪᠣᠬᠢᠷ ᠤᠰᠤ᠎ᠶᠢ ᠱᠢᠢᠳᠪᠦᠷᠢᠯᠡᠬᠦ ᠠᠵᠢᠯ᠎ᠢ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠲᠥᠯᠥᠪᠵᠢᠭᠦᠯᠭᠡ᠎ᠳᠦ ᠣᠷᠣᠭᠤᠯᠤᠨ᠂ ᠡᠳ᠋᠎ᠦᠨ ᠵᠠᠰᠠᠭ᠎ᠤᠨ ᠲᠥᠰᠦᠪ ᠪᠠ ᠪᠤᠰᠤᠳ ᠠᠷᠭ᠎ᠠ ᠵᠠᠮ᠎ᠢᠶᠠᠷ ᠳᠠᠮᠵᠢᠭᠤᠯᠤᠨ ᠪᠡᠯᠡ ᠮᠥᠩᠭᠥ ᠴᠤᠭᠯᠠᠭᠤᠯᠵᠤ᠂ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠪᠠ ᠪᠣᠬᠢᠷ ᠤᠰᠤ ᠱᠢᠢᠳᠪᠦᠷᠢᠯᠡᠬᠦ ᠪᠡᠯᠡᠳᠬᠡᠮᠵᠢ᠎ᠶᠢᠨ ᠪᠦᠲᠦᠭᠡᠨ ᠪᠠᠢᠭᠤᠯᠬᠤ᠂ ᠥᠭᠡᠷᠡᠴᠢᠯᠡᠨ ᠱᠢᠨᠡᠳᠬᠡᠬᠦ ᠠᠵᠢᠯ᠎ᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠤᠰᠤ ᠲᠠᠲᠠᠷᠠᠭᠤᠯᠬᠤ ᠪᠠ ᠪᠣᠬᠢᠷ ᠤᠰᠤ᠎ᠶᠢ ᠱᠢᠢᠳᠪᠦᠷᠢᠯᠡᠬᠦ ᠠᠵᠢᠯ᠎ᠤᠨ ᠴᠢᠬᠤᠯᠠ ᠶᠡᠬᠡ ᠵᠦᠢᠯᠡᠰ᠎ᠢ ᠵᠣᠬᠢᠴᠠᠭᠤᠯᠵᠤ ᠱᠢᠢᠳᠪᠦᠷᠢᠯᠡᠬᠦ ᠬᠡᠷᠡᠭᠲᠡᠢ᠃
ᠲᠠᠪᠤᠳᠤᠭᠠᠷ ᠵᠦᠢᠯ ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠣᠨ᠎ᠤ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠪᠠ ᠪᠣᠬᠢᠷ ᠤᠰᠤ ᠱᠢᠢᠳᠪᠦᠷᠢᠯᠡᠬᠦ ᠠᠵᠢᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ (ᠳᠣᠷᠣᠭᠱᠢ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠠᠵᠢᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠭᠡᠵᠦ ᠨᠡᠷᠡᠢᠳᠦᠨ᠎ᠡ)᠎ᠨᠢ ᠲᠤᠰ ᠵᠠᠰᠠᠭ ᠵᠠᠬᠢᠷᠭᠠᠨ᠎ᠤ ᠣᠷᠣᠨ ᠬᠡᠪᠴᠢᠶᠡᠨ᠎ᠳᠡᠬᠢ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠪᠠ ᠪᠣᠬᠢᠷ ᠤᠰᠤ᠎ᠶᠢ ᠱᠢᠢᠳᠪᠦᠷᠢᠯᠡᠬᠦ᠎ᠳᠦ ᠬᠢᠨᠠᠯᠲᠠ ᠬᠠᠮᠢᠶᠠᠷᠤᠯᠲᠠ ᠬᠢᠬᠦ ᠠᠵᠢᠯ᠎ᠢ ᠬᠠᠷᠢᠭᠤᠴᠠᠨ᠎ᠠ᠃
ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠣᠨ᠎ᠤ ᠬᠥᠭᠵᠢᠭᠦᠯᠦᠯᠲᠡ ᠪᠠ ᠥᠭᠡᠷᠡᠴᠢᠯᠡᠯᠲᠡ᠂ ᠠᠵᠤ ᠦᠢᠯᠡᠳᠪᠦᠷᠢ ᠪᠠ ᠮᠡᠳᠡᠭᠡ ᠵᠠᠩᠭᠢᠴᠢᠯᠠᠯᠲᠠ᠂ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ᠂ ᠡᠳ᠋᠎ᠦᠨ ᠵᠠᠰᠠᠭ᠂ ᠪᠠᠢᠭᠠᠯᠢ᠎ᠶᠢᠨ ᠡᠬᠢ ᠪᠠᠶᠠᠯᠢᠭ᠂ ᠠᠮᠢ ᠠᠬᠤᠢ ᠣᠷᠴᠢᠨ ᠲᠣᠭᠣᠷᠢᠨ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ᠎ᠤ ᠵᠠᠰᠠᠭ ᠵᠠᠬᠢᠷᠭᠠᠨ᠂ ᠪᠠᠴᠢᠮ ᠪᠠᠢᠳᠠᠯ᠎ᠢ ᠠᠷᠭᠠᠴᠠᠭᠠᠬᠤ ᠬᠠᠮᠢᠶᠠᠷᠤᠯᠲᠠ ᠵᠡᠷᠭᠡ ᠰᠠᠯᠠᠭ᠎ᠠ ᠮᠥᠴᠢᠷ᠎ᠦᠳ ᠲᠤᠰ ᠲᠤᠰ᠎ᠤᠨ ᠡᠭᠦᠷᠭᠡ ᠬᠠᠷᠢᠭᠤᠴᠠᠯᠭ᠎ᠠ᠎ᠶᠢᠨ᠎ᠢᠶᠠᠨ ᠶᠣᠰᠣᠭᠠᠷ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠪᠠ ᠪᠣᠬᠢᠷ ᠤᠰᠤ᠎ᠶᠢ ᠱᠢᠢᠳᠪᠦᠷᠢᠯᠡᠬᠦ᠎ᠳᠡᠬᠢ ᠬᠢᠨᠠᠯᠲᠠ ᠬᠠᠮᠢᠶᠠᠷᠤᠯᠲᠠ᠎ᠶᠢᠨ ᠬᠠᠮᠢᠶ᠎ᠠ ᠪᠦᠬᠦᠢ ᠠᠵᠢᠯ᠎ᠢ ᠬᠠᠷᠢᠭᠤᠴᠠᠨ᠎ᠠ᠃
ᠵᠢᠷᠭᠤᠳᠤᠭᠠᠷ ᠵᠦᠢᠯ ᠥᠪᠡᠷᠲᠡᠭᠡᠨ ᠵᠠᠰᠠᠬᠤ ᠣᠷᠣᠨ᠎ᠠᠴᠠ ᠣᠨᠴᠠ ᠵᠥᠪᠱᠢᠶᠡᠷᠡᠯᠲᠡᠢ ᠡᠵᠡᠩᠨᠡᠬᠦ᠂ ᠵᠠᠰᠠᠭ᠎ᠤᠨ ᠣᠷᠳᠣᠨ ᠦᠢᠯᠡᠴᠢᠯᠡᠭᠡ ᠬᠤᠳᠠᠯᠳᠤᠨ ᠠᠪᠬᠤ ᠵᠡᠷᠭᠡ ᠣᠯᠠᠨ ᠵᠦᠢᠯ᠎ᠦᠨ ᠬᠡᠯᠪᠡᠷᠢ ᠮᠠᠶᠢᠭ᠎ᠢᠶᠠᠷ ᠨᠡᠢᠭᠡᠮ᠎ᠦᠨ ᠪᠡᠯᠡ ᠮᠥᠩᠭᠥ᠎ᠶᠢ ᠲᠠᠲᠠᠵᠤ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠪᠠ ᠪᠣᠬᠢᠷ ᠤᠰᠤ ᠱᠢᠢᠳᠪᠦᠷᠢᠯᠡᠬᠦ ᠪᠡᠯᠡᠳᠬᠡᠮᠵᠢ᠎ᠶᠢᠨ ᠪᠡᠯᠡ ᠣᠷᠣᠭᠤᠯᠤᠯᠲᠠ᠂ ᠪᠦᠲᠦᠭᠡᠨ ᠪᠠᠢᠭᠤᠯᠤᠯᠲᠠ ᠪᠠ ᠡᠵᠡᠩᠨᠡᠬᠦ ᠠᠵᠢᠯᠯᠠᠭᠠᠨ᠎ᠳᠤ ᠣᠷᠣᠯᠴᠠᠭᠤᠯᠬᠤ᠎ᠶᠢ ᠵᠣᠷᠢᠭᠵᠢᠭᠤᠯᠤᠨ᠎ᠠ᠃
ᠳᠣᠯᠣᠳᠤᠭᠠᠷ ᠵᠦᠢᠯ ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠣᠨ ᠬᠢᠭᠡᠳ ᠬᠠᠮᠢᠶ᠎ᠠ ᠪᠦᠬᠦᠢ ᠰᠠᠯᠠᠭ᠎ᠠ ᠮᠥᠴᠢᠷ᠎ᠦᠳ ᠡᠬᠢ ᠡᠭᠦᠰᠦᠯ᠎ᠡᠴᠡ᠎ᠨᠢ ᠭᠠᠳᠠᠭᠱᠢᠯᠠᠭᠤᠯᠤᠯᠲᠠᠶᠢ ᠪᠠᠭᠠᠰᠭᠠᠬᠤ᠂ ᠤᠰᠤ ᠲᠠᠲᠠᠷᠠᠭᠤᠯᠬᠤ ᠪᠠ ᠪᠣᠬᠢᠷ ᠤᠰᠤ᠎ᠶᠢ ᠱᠢᠢᠳᠪᠦᠷᠢᠯᠡᠬᠦ᠂ ᠤᠰᠤᠲᠤᠯ᠎ᠢ ᠰᠡᠷᠭᠡᠢᠯᠡᠨ ᠵᠠᠰᠠᠬᠤ ᠵᠡᠷᠭᠡ ᠬᠠᠮᠢᠶ᠎ᠠ ᠪᠦᠬᠦᠢ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠱᠢᠨᠵᠢᠯᠡᠬᠦ ᠤᠬᠠᠭᠠᠨ᠎ᠤ ᠮᠡᠳᠡᠯᠭᠡ᠎ᠶᠢᠨ ᠤᠬᠠᠭᠤᠯᠭ᠎ᠠ ᠬᠢᠬᠦ᠎ᠪᠡᠨ ᠴᠢᠩᠭᠠᠳᠭᠠᠵᠤ᠂ ᠨᠡᠢᠭᠡᠮ ᠳᠠᠶᠠᠭᠠᠷ᠎ᠤᠨ ᠱᠢᠨᠵᠢᠯᠡᠬᠦ ᠤᠬᠠᠭᠠᠨᠴᠢ᠂ ᠠᠶᠤᠯ ᠦᠭᠡᠢ᠂ ᠵᠢᠷᠤᠮᠵᠢᠭᠤᠨ ᠵᠶ᠋ᠠᠷ ᠤᠰᠤ ᠬᠡᠷᠡᠭᠯᠡᠬᠦ ᠪᠠ ᠤᠰᠤ ᠲᠠᠲᠠᠷᠠᠭᠤᠯᠬᠤ ᠤᠬᠠᠮᠰᠠᠷ᠎ᠢ᠎ᠨᠢ ᠳᠡᠭᠡᠭᠱᠢᠯᠡᠭᠦᠯᠬᠦ ᠬᠡᠷᠡᠭᠲᠡᠢ᠃
ᠷᠠᠳᠢᠣ᠋ ᠨᠡᠪᠲᠡᠷᠡᠭᠦᠯᠭᠡ᠂ ᠲᠧᠯᠸᠢᠰ᠂ ᠰᠣᠨᠢᠨ ᠰᠡᠳᠬᠦᠯ᠂ ᠲᠣᠣᠷ ᠰᠦᠯᠵᠢᠶ᠎ᠡ ᠵᠡᠷᠭᠡ ᠰᠣᠨᠢᠨ ᠮᠡᠳᠡᠭᠡᠨ᠎ᠦ ᠵᠠᠭᠤᠴᠢᠯᠠᠭᠤᠷ᠎ᠨᠢ ᠤᠰᠤ ᠲᠠᠲᠠᠷᠠᠭᠤᠯᠬᠤ ᠪᠠ ᠪᠣᠬᠢᠷ ᠤᠰᠤ᠎ᠶᠢ ᠱᠢᠢᠳᠪᠦᠷᠢᠯᠡᠬᠦ ᠵᠢᠴᠢ ᠪᠣᠬᠢᠷ ᠤᠰᠤ᠂ ᠪᠤᠵᠠᠷ ᠱᠢᠪᠠᠷ᠎ᠢ ᠡᠬᠢ ᠪᠠᠶᠠᠯᠢᠭᠵᠢᠭᠤᠯᠤᠨ ᠠᠱᠢᠭᠯᠠᠬᠤ ᠵᠡᠷᠭᠡ ᠲᠠᠯ᠎ᠠ᠎ᠶᠢᠨ ᠨᠡᠢᠲᠡ᠎ᠶᠢᠨ ᠠᠰᠠᠷᠠᠮᠵᠢ᠎ᠶᠢᠨ ᠤᠬᠠᠭᠤᠯᠭ᠎ᠠ᠎ᠶᠢᠨ ᠠᠵᠢᠯ᠎ᠢ ᠥᠷᠨᠢᠭᠦᠯᠬᠦ ᠬᠡᠷᠡᠭᠲᠡᠢ᠃
ᠨᠠᠢ᠍ᠮᠠᠳᠤᠭᠠᠷ ᠵᠦᠢᠯ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠠᠵᠢᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠦᠳ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠪᠡᠯᠡᠳᠬᠡᠮᠵᠢ᠎ᠶᠢᠨ ᠭᠠᠵᠠᠷ ᠵᠦᠢ᠎ᠶᠢᠨ ᠮᠡᠳᠡᠭᠡ ᠵᠠᠩᠭᠢ᠎ᠶᠢᠨ ᠱᠢᠰᠲ᠋ᠧᠮ᠎ᠢ ᠪᠠᠢᠭᠤᠯᠵᠤ᠂ ᠮᠡᠳᠡᠭᠡ ᠵᠠᠩᠭᠢᠴᠢᠯᠠᠭᠰᠠᠨ ᠬᠠᠮᠢᠶᠠᠷᠤᠯᠲᠠ᠎ᠶᠢ ᠬᠡᠷᠡᠭᠵᠢᠭᠦᠯᠦᠨ᠂ ᠪᠣᠷᠣᠭᠠᠨ᠎ᠤ ᠤᠰᠤ᠂ ᠪᠣᠬᠢᠷ ᠤᠰᠤ ᠪᠠ ᠳᠠᠬᠢᠯᠲᠠ ᠤᠰᠤᠨ᠎ᠤ ᠬᠣᠭᠣᠯᠠᠢ ᠭᠤᠤᠷᠰᠤ᠎ᠶᠢᠨ ᠲᠣᠣᠷ ᠵᠡᠷᠭᠡ ᠪᠡᠯᠡᠳᠬᠡᠮᠵᠢ᠎ᠶᠢᠨ ᠲᠣᠭ᠎ᠠ ᠪᠠᠷᠢᠮᠲᠠ᠎ᠶᠢ ᠬᠥᠳᠡᠯᠦᠩᠭᠦᠢ᠎ᠪᠡᠷ ᠱᠢᠨᠡᠳᠬᠡᠬᠦ ᠲᠣᠭᠲᠠᠴᠠ᠎ᠪᠠᠨ ᠠᠯᠬᠤᠮ ᠠᠯᠬᠤᠮ᠎ᠢᠶᠠᠷ ᠲᠡᠭᠦᠯᠳᠡᠷᠵᠢᠭᠦᠯᠵᠦ᠂ ᠲᠣᠭ᠎ᠠ ᠪᠠᠷᠢᠮᠲᠠ᠎ᠶᠢᠨ ᠬᠤᠭᠤᠴᠠᠭᠠᠲᠤ ᠴᠢᠨᠠᠷ ᠪᠠ ᠣᠨᠣᠪᠴᠢᠲᠤ ᠴᠢᠨᠠᠷ᠎ᠢ ᠦᠨᠡᠨᠬᠦ ᠪᠠᠲᠤᠯᠠᠬᠤ ᠬᠡᠷᠡᠭᠲᠡᠢ᠃
ᠶᠢᠰᠦᠳᠦᠭᠡᠷ ᠵᠦᠢᠯ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠠᠵᠢᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠡᠢ ᠬᠠᠮᠲᠤᠷᠠᠨ᠂ ᠲᠤᠰ ᠭᠠᠵᠠᠷ ᠣᠷᠣᠨ᠎ᠤ᠎ᠪᠠᠨ ᠠᠵᠤ ᠠᠬᠤᠢ ᠨᠡᠢᠭᠡᠮ᠎ᠦᠨ ᠬᠥᠭᠵᠢᠯᠲᠡ᠎ᠶᠢᠨ ᠬᠢᠷᠢ ᠬᠡᠮᠵᠢᠶ᠎ᠡ ᠵᠢᠴᠢ ᠭᠠᠵᠠᠷ ᠵᠦᠢ᠂ ᠠᠭᠤᠷ ᠠᠮᠢᠰᠭᠤᠯ᠎ᠤᠨ ᠣᠨᠴᠠᠯᠢᠭ᠎ᠢ ᠦᠨᠳᠦᠰᠦᠯᠡᠵᠦ᠂ ᠤᠯᠤᠰ ᠠᠷᠠᠳ᠎ᠤᠨ ᠠᠵᠤ ᠠᠬᠤᠢ ᠪᠠ ᠨᠡᠢᠭᠡᠮ᠎ᠦᠨ ᠬᠥᠭᠵᠢᠯᠲᠡ᠎ᠶᠢᠨ ᠲᠥᠯᠥᠪᠵᠢᠭᠦᠯᠭᠡ᠂ ᠤᠯᠤᠰ᠎ᠤᠨ ᠨᠤᠲᠤᠭ ᠳᠡᠪᠢᠰᠬᠡᠷ᠎ᠦᠨ ᠣᠷᠣᠨ ᠵᠠᠢ᠎ᠶᠢᠨ ᠲᠥᠯᠥᠪᠵᠢᠭᠦᠯᠭᠡ᠂ ᠤᠰᠤᠨ᠎ᠤ ᠪᠣᠬᠢᠷᠲᠤᠯ᠎ᠢ ᠰᠡᠷᠭᠡᠢᠯᠡᠨ ᠵᠠᠰᠠᠬᠤ ᠲᠥᠯᠥᠪᠵᠢᠭᠦᠯᠭᠡ ᠪᠠ ᠦᠶᠡᠷ᠎ᠢ ᠰᠡᠷᠭᠡᠢᠯᠡᠬᠦ ᠲᠥᠯᠥᠪᠵᠢᠭᠦᠯᠭᠡ᠎ᠶᠢ ᠦᠨᠳᠦᠰᠦᠯᠡᠨ᠂ ᠲᠤᠰ ᠵᠠᠰᠠᠭ ᠵᠠᠬᠢᠷᠭᠠᠨ᠎ᠤ ᠣᠷᠣᠨ᠎ᠤ᠎ᠪᠠᠨ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠪᠠ ᠪᠣᠬᠢᠷ ᠤᠰᠤ᠎ᠶᠢ ᠱᠢᠢᠳᠪᠦᠷᠢᠯᠡᠬᠦ ᠲᠥᠯᠥᠪᠵᠢᠭᠦᠯᠭᠡ᠎ᠶᠢ ᠨᠠᠢᠷᠠᠭᠤᠯᠤᠨ ᠵᠣᠬᠢᠶᠠᠬᠤ ᠬᠡᠷᠡᠭᠲᠡᠢ᠃
ᠠᠮᠠᠷᠬᠠᠨ ᠤᠰᠤᠲᠤᠯ ᠡᠭᠦᠰᠬᠦ ᠬᠣᠲᠠ ᠪᠠᠯᠭᠠᠰᠤ᠎ᠨᠢ ᠪᠠᠰᠠ ᠬᠣᠲᠠ ᠪᠠᠯᠭᠠᠰᠤᠨ᠎ᠤ᠎ᠪᠠᠨ ᠤᠰᠤᠲᠤᠯ᠎ᠢ ᠰᠡᠷᠭᠡᠢᠯᠡᠨ ᠵᠠᠰᠠᠬᠤ ᠲᠤᠰᠭᠠᠢ ᠲᠥᠯᠥᠪᠵᠢᠭᠦᠯᠭᠡ᠎ᠶᠢ ᠨᠠᠢᠷᠠᠭᠤᠯᠤᠨ ᠵᠣᠬᠢᠶᠠᠬᠤ᠎ᠶᠢᠨ ᠬᠠᠮᠲᠤ᠂ ᠲᠤᠰ ᠵᠠᠰᠠᠭ ᠵᠠᠬᠢᠷᠭᠠᠨ᠎ᠤ ᠣᠷᠣᠨ᠎ᠤ ᠬᠣᠲᠠ ᠪᠠᠯᠭᠠᠰᠤᠨ᠎ᠤ ᠤᠰᠤ ᠲᠠᠲᠠᠷᠠᠭᠤᠯᠬᠤ ᠪᠠ ᠪᠣᠬᠢᠷ ᠤᠰᠤ᠎ᠶᠢ ᠱᠢᠢᠳᠪᠦᠷᠢᠯᠡᠬᠦ ᠲᠥᠯᠥᠪᠵᠢᠭᠦᠯᠭᠡ᠎ᠳᠦ᠎ᠪᠡᠨ ᠣᠷᠣᠭᠤᠯᠬᠤ ᠬᠡᠷᠡᠭᠲᠡᠢ᠃
ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠠᠵᠢᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠨᠠᠢᠷᠠᠭᠤᠯᠤᠨ ᠵᠣᠬᠢᠶᠠᠭᠰᠠᠨ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠪᠠ ᠪᠣᠬᠢᠷ ᠤᠰᠤ᠎ᠶᠢ ᠱᠢᠢᠳᠪᠦᠷᠢᠯᠡᠬᠦ ᠲᠥᠯᠥᠪᠵᠢᠭᠦᠯᠭᠡ᠎ᠪᠡᠨ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ᠎ᠪᠠᠨ ᠮᠡᠳᠡᠭᠦᠯᠵᠦ ᠵᠥᠪᠱᠢᠶᠡᠷᠡᠭᠦᠯᠦᠭᠰᠡᠨ᠎ᠦ ᠳᠠᠷᠠᠭ᠎ᠠ ᠵᠣᠬᠢᠶᠠᠨ ᠪᠠᠢᠭᠤᠯᠵᠤ ᠬᠡᠷᠡᠭᠵᠢᠭᠦᠯᠬᠦ᠎ᠶᠢᠨ ᠬᠠᠮᠲᠤ᠂ ᠳᠡᠭᠡᠷ᠎ᠡ ᠨᠢᠭᠡ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠤ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠠᠵᠢᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠦ ᠮᠡᠳᠡᠭᠦᠯᠵᠦ ᠪᠦᠷᠢᠳᠬᠡᠨ ᠳᠠᠩᠰᠠᠯᠠᠭᠤᠯᠬᠤ ᠬᠡᠷᠡᠭᠲᠡᠢ᠃
ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠪᠠ ᠪᠣᠬᠢᠷ ᠤᠰᠤ᠎ᠶᠢ ᠱᠢᠢᠳᠪᠦᠷᠢᠯᠡᠬᠦ ᠲᠥᠯᠥᠪᠵᠢᠭᠦᠯᠭᠡ᠎ᠪᠡᠨ ᠵᠥᠪᠱᠢᠶᠡᠷᠡᠭᠦᠯᠦᠭᠡᠳ ᠨᠡᠢᠲᠡᠯᠡᠮᠡᠭᠴᠡ ᠴᠢᠩᠭ᠎ᠠ ᠬᠡᠷᠡᠭᠵᠢᠭᠦᠯᠬᠦ ᠬᠡᠷᠡᠭᠲᠡᠢ; ᠠᠵᠤ ᠠᠬᠤᠢ ᠨᠡᠢᠭᠡᠮ᠎ᠦᠨ ᠬᠥᠭᠵᠢᠯᠲᠡ᠎ᠡᠴᠡ ᠪᠣᠯᠵᠤ ᠦᠨᠡᠬᠡᠷ ᠵᠠᠰᠠᠪᠤᠷᠢ ᠣᠷᠣᠭᠤᠯᠬᠤ ᠴᠢᠬᠤᠯᠠᠲᠠᠢ ᠪᠠᠢᠪᠠᠯ᠂ ᠤᠤᠯ᠎ᠤᠨ ᠬᠢᠨᠠᠨ ᠵᠥᠪᠱᠢᠶᠡᠷᠡᠭᠦᠯᠬᠦ ᠳᠡᠰ ᠳᠠᠷᠠᠭᠠᠯᠠᠯ᠎ᠤᠨ ᠶᠣᠰᠣᠭᠠᠷ ᠮᠡᠳᠡᠭᠦᠯᠦᠨ ᠬᠦᠷᠭᠡᠵᠦ ᠬᠢᠨᠠᠨ ᠵᠥᠪᠱᠢᠶᠡᠷᠡᠭᠦᠯᠬᠦ ᠬᠡᠷᠡᠭᠲᠡᠢ᠃
ᠠᠷᠪᠠᠳᠤᠭᠠᠷ ᠵᠦᠢᠯ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠪᠠ ᠪᠣᠬᠢᠷ ᠤᠰᠤ᠎ᠶᠢ ᠱᠢᠢᠳᠪᠦᠷᠢᠯᠡᠬᠦ ᠲᠥᠯᠥᠪᠵᠢᠭᠦᠯᠭᠡ᠎ᠪᠡᠨ ᠬᠣᠲᠠ ᠪᠠᠯᠭᠠᠰᠤ᠎ᠶᠢᠨ ᠨᠡᠭᠡᠭᠡᠨ ᠬᠥᠭᠵᠢᠭᠦᠯᠬᠦ ᠪᠦᠲᠦᠭᠡᠨ ᠪᠠᠢᠭᠤᠯᠤᠯᠲᠠ᠂ ᠵᠠᠮ ᠭᠤᠳᠤᠰ᠂ ᠵᠦᠯᠭᠡ ᠭᠠᠵᠠᠷ᠂ ᠤᠰᠤᠨ ᠱᠢᠰᠲ᠋ᠧᠮ᠂ ᠬᠠᠢᠮᠢᠶᠠᠨ ᠬᠤᠳᠠ᠂ ᠶᠡᠷᠦᠩᠬᠡᠢᠯᠡᠭᠰᠡᠨ ᠬᠣᠭᠣᠯᠠᠢ ᠭᠤᠤᠷᠰᠤ᠎ᠶᠢᠨ ᠬᠣᠩᠭᠢᠯ ᠵᠡᠷᠭᠡ ᠲᠤᠰᠭᠠᠢ ᠵᠦᠢᠯ᠎ᠦᠨ ᠲᠥᠯᠥᠪᠵᠢᠭᠦᠯᠭᠡ᠎ᠯᠦᠭᠡ ᠵᠣᠯᠭᠠᠭᠤᠯᠬᠤ᠎ᠶᠢᠨ ᠬᠠᠮᠲᠤ᠂ ᠲᠥᠯᠥᠪᠵᠢᠭᠦᠯᠭᠡ᠎ᠳᠦ ᠳᠣᠣᠷ᠎ᠠ ᠵᠢᠭᠰᠠᠭᠠᠭᠰᠠᠨ ᠠᠭᠤᠯᠭ᠎ᠠ᠎ᠨᠤᠭᠤᠳ᠎ᠢ ᠪᠠᠭᠲᠠᠭᠠᠬᠤ ᠬᠡᠷᠡᠭᠲᠡᠢ:
(ᠨᠢᠭᠡ) ᠤᠰᠤ ᠲᠠᠲᠠᠷᠠᠭᠤᠯᠬᠤ ᠪᠠ ᠪᠣᠬᠢᠷ ᠤᠰᠤ᠎ᠶᠢ ᠱᠢᠢᠳᠪᠦᠷᠢᠯᠡᠬᠦ ᠬᠠᠷᠠᠯᠲᠠ ᠬᠢᠭᠡᠳ ᠪᠠᠷᠢᠮᠵᠢᠶ᠎ᠠ;
(ᠬᠣᠶᠠᠷ) ᠤᠰᠤ ᠲᠠᠲᠠᠷᠠᠭᠤᠯᠬᠤ ᠬᠡᠮᠵᠢᠶ᠎ᠡ ᠬᠢᠭᠡᠳ ᠤᠰᠤ ᠲᠠᠲᠠᠷᠠᠭᠤᠯᠬᠤ ᠬᠡᠪ ᠵᠠᠭᠪᠤᠷ;
(ᠭᠤᠷᠪᠠ) ᠪᠣᠬᠢᠷ ᠤᠰᠤ᠎ᠶᠢ ᠱᠢᠢᠳᠪᠦᠷᠢᠯᠡᠬᠦ ᠪᠠ ᠳᠠᠬᠢᠨᠲᠠ ᠠᠱᠢᠭᠯᠠᠬᠤ᠂ ᠪᠤᠵᠠᠷ ᠱᠢᠪᠠᠷ᠎ᠢ ᠱᠢᠢᠳᠪᠦᠷᠢᠯᠡᠵᠦ ᠲᠣᠬᠢᠷᠠᠭᠤᠯᠬᠤ ᠱᠠᠭᠠᠷᠳᠠᠯᠭ᠎ᠠ;
(ᠳᠥᠷᠪᠡ) ᠤᠰᠤᠲᠤᠯ᠎ᠢ ᠲᠠᠲᠠᠷᠠᠭᠤᠯᠬᠤ ᠠᠷᠭ᠎ᠠ ᠬᠡᠮᠵᠢᠶ᠎ᠡ;
(ᠲᠠᠪᠤ) ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠪᠠ ᠪᠣᠬᠢᠷ ᠤᠰᠤ ᠱᠢᠢᠳᠪᠦᠷᠢᠯᠡᠬᠦ ᠪᠡᠯᠡᠳᠬᠡᠮᠵᠢ᠎ᠶᠢᠨ ᠬᠡᠪᠴᠢᠶᠡᠵᠢᠯ᠂ ᠪᠠᠢᠷᠢᠱᠢᠭᠤᠯᠤᠯᠲᠠ᠂ ᠪᠦᠲᠦᠭᠡᠨ ᠪᠠᠢᠭᠤᠯᠬᠤ ᠴᠠᠭ᠎ᠤᠨ ᠳᠠᠷᠠᠭᠠᠯᠠᠯ ᠪᠠ ᠪᠦᠲᠦᠭᠡᠨ ᠪᠠᠢᠭᠤᠯᠤᠯᠲᠠ᠎ᠳᠤ ᠬᠡᠷᠡᠭᠯᠡᠬᠦ ᠭᠠᠵᠠᠷ ᠵᠢᠴᠢ ᠪᠠᠲᠤᠯᠠᠭ᠎ᠠ᠎ᠶᠢᠨ ᠠᠷᠭ᠎ᠠ ᠬᠡᠮᠵᠢᠶ᠎ᠡ;
(ᠵᠢᠷᠭᠤᠭ᠎ᠠ) ᠬᠠᠤᠯᠢ ᠴᠠᠭᠠᠵᠠ᠂ ᠬᠠᠤᠯᠢ ᠲᠣᠭᠲᠠᠭᠠᠯ᠎ᠳᠤ ᠲᠣᠭᠲᠠᠭᠠᠭᠰᠠᠨ ᠪᠤᠰᠤᠳ ᠠᠭᠤᠯᠭ᠎ᠠ᠃
ᠠᠷᠪᠠᠨ ᠨᠢᠭᠡᠳᠦᠭᠡᠷ ᠵᠦᠢᠯ ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠤᠷᠢᠳ᠎ᠢᠶᠠᠷ ᠲᠥᠯᠥᠪᠵᠢᠭᠦᠯᠵᠦ ᠳᠠᠷᠠᠭ᠎ᠠ᠎ᠨᠢ ᠪᠦᠲᠦᠭᠡᠨ ᠪᠠᠢᠭᠤᠯᠬᠤ ᠵᠠᠷᠴᠢᠮ ᠶᠣᠰᠣᠭᠠᠷ᠂ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠪᠠ ᠪᠣᠬᠢᠷ ᠤᠰᠤ᠎ᠶᠢ ᠱᠢᠢᠳᠪᠦᠷᠢᠯᠡᠬᠦ ᠲᠥᠯᠥᠪᠵᠢᠭᠦᠯᠭᠡ᠎ᠪᠡᠨ ᠦᠨᠳᠦᠰᠦᠯᠡᠨ᠂ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠪᠠ ᠪᠣᠬᠢᠷ ᠤᠰᠤ ᠱᠢᠢᠳᠪᠦᠷᠢᠯᠡᠬᠦ ᠪᠡᠯᠡᠳᠬᠡᠮᠵᠢ᠎ᠶᠢᠨ ᠪᠦᠲᠦᠭᠡᠨ ᠪᠠᠢᠭᠤᠯᠤᠯᠲᠠ᠎ᠶᠢᠨ ᠪᠠᠷᠢᠮᠵᠢᠶ᠎ᠠ᠎ᠶᠢ ᠵᠦᠢ ᠵᠣᠬᠢᠰᠲᠠᠢ ᠲᠣᠭᠲᠠᠭᠠᠵᠤ᠂ ᠬᠣᠭᠣᠯᠠᠢ ᠭᠤᠤᠷᠰᠤ᠎ᠶᠢᠨ ᠲᠣᠣᠷ᠂ ᠬᠥᠭᠡᠷᠭᠡ᠎ᠶᠢᠨ ᠥᠷᠲᠡᠭᠡ᠂ ᠪᠣᠬᠢᠷ ᠤᠰᠤ᠎ᠶᠢ ᠱᠢᠢᠳᠪᠦᠷᠢᠯᠡᠬᠦ ᠦᠢᠯᠡᠳᠪᠦᠷᠢ ᠵᠢᠴᠢ ᠪᠤᠵᠠᠷ ᠱᠢᠪᠠᠷ᠎ᠢ ᠱᠢᠢᠳᠪᠦᠷᠢᠯᠡᠵᠦ ᠲᠣᠬᠢᠷᠠᠭᠤᠯᠬᠤ᠂ ᠳᠠᠬᠢᠯᠲᠠ ᠤᠰᠤ᠎ᠶᠢ ᠠᠱᠢᠭᠯᠠᠬᠤ᠂ ᠪᠣᠷᠣᠭᠠᠨ᠎ᠤ ᠤᠰᠤ᠎ᠶᠢ ᠲᠣᠬᠢᠷᠠᠭᠤᠯᠵᠤ ᠬᠠᠳᠠᠭᠠᠯᠠᠬᠤ ᠪᠠ ᠲᠠᠲᠠᠷᠠᠭᠤᠯᠬᠤ ᠵᠡᠷᠭᠡ ᠤᠰᠤ ᠲᠠᠲᠠᠷᠠᠭᠤᠯᠬᠤ ᠪᠠ ᠪᠣᠬᠢᠷ ᠤᠰᠤ ᠱᠢᠢᠳᠪᠦᠷᠢᠯᠡᠬᠦ ᠪᠡᠯᠡᠳᠬᠡᠮᠵᠢ᠎ᠶᠢᠨ ᠪᠦᠲᠦᠭᠡᠨ ᠪᠠᠢᠭᠤᠯᠬᠤ ᠪᠠ ᠥᠭᠡᠷᠡᠴᠢᠯᠡᠨ ᠱᠢᠨᠡᠳᠬᠡᠬᠦ ᠠᠵᠢᠯ᠎ᠢ ᠨᠢᠭᠡᠳᠦᠯᠲᠡᠢ ᠲᠥᠯᠥᠪᠯᠡᠨ ᠲᠣᠬᠢᠷᠠᠭᠤᠯᠤᠨ᠎ᠠ᠃
ᠬᠣᠲᠠ᠎ᠶᠢᠨ ᠶᠠᠪᠤᠳᠠᠯ᠎ᠤᠨ ᠵᠠᠮ ᠱᠤᠭᠤᠮ᠎ᠳᠤ ᠲᠦᠱᠢᠭᠯᠡᠨ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠪᠡᠯᠡᠳᠬᠡᠮᠵᠢ᠎ᠶᠢ ᠪᠦᠲᠦᠭᠡᠨ ᠪᠠᠢᠭᠤᠯᠬᠤ᠎ᠳᠤ᠂ ᠬᠣᠲᠠ᠎ᠶᠢᠨ ᠶᠡᠷᠦᠩᠬᠡᠢᠯᠡᠭᠰᠡᠨ ᠵᠠᠮ ᠬᠠᠷᠢᠯᠴᠠᠭᠠᠨ᠎ᠤ ᠲᠣᠭᠲᠠᠯᠴᠠᠭ᠎ᠠ᠎ᠶᠢᠨ ᠲᠥᠯᠥᠪᠵᠢᠭᠦᠯᠭᠡ ᠪᠠ ᠣᠨ᠎ᠤ ᠪᠦᠲᠦᠭᠡᠨ ᠪᠠᠢᠭᠤᠯᠤᠯᠲᠠ᠎ᠶᠢᠨ ᠲᠥᠯᠥᠪᠯᠡᠭᠡ᠎ᠯᠦᠭᠡ ᠵᠣᠬᠢᠴᠠᠭᠤᠯᠵᠤ᠂ ᠬᠣᠲᠠ᠎ᠶᠢᠨ ᠵᠠᠬᠢᠷᠭᠠᠨ᠎ᠤ ᠵᠠᠮ᠎ᠯᠤᠭ᠎ᠠ ᠵᠡᠷᠭᠡ᠎ᠳᠦᠨᠢ ᠪᠦᠲᠦᠭᠡᠨ ᠪᠠᠢᠭᠤᠯᠬᠤ ᠬᠡᠷᠡᠭᠲᠡᠢ᠃
ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠪᠡᠯᠡᠳᠬᠡᠮᠵᠢ᠎ᠶᠢ ᠬᠠᠮᠤᠷᠤᠭᠠᠳᠤᠢ ᠣᠷᠣᠨ ᠪᠦᠰᠡ᠎ᠨᠢ ᠬᠣᠲᠠ᠎ᠶᠢ ᠱᠢᠨᠡᠴᠢᠯᠡᠬᠦ᠂ ᠬᠣᠲᠠ᠎ᠶᠢᠨ ᠳᠤᠮᠳᠠᠬᠢ ᠲᠣᠰᠬᠣᠨ᠎ᠢ ᠥᠭᠡᠷᠡᠴᠢᠯᠡᠨ ᠱᠢᠨᠡᠳᠬᠡᠬᠦ ᠵᠡᠷᠭᠡᠲᠡᠢ ᠤᠶᠠᠯᠳᠤᠭᠤᠯᠤᠨ᠂ ᠪᠣᠷᠣᠭᠠᠨ᠎ᠤ ᠤᠰᠤ᠂ ᠪᠣᠬᠢᠷ ᠤᠰᠤᠨ᠎ᠤ ᠬᠣᠭᠣᠯᠠᠢ ᠭᠤᠤᠷᠰᠤ᠎ᠶᠢᠨ ᠲᠣᠣᠷ ᠵᠡᠷᠭᠡ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠪᠠ ᠪᠣᠬᠢᠷ ᠤᠰᠤ ᠱᠢᠢᠳᠪᠦᠷᠢᠯᠡᠬᠦ ᠪᠡᠯᠡᠳᠬᠡᠮᠵᠢ᠎ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ ᠪᠦᠲᠦᠭᠡᠨ ᠪᠠᠢᠭᠤᠯᠬᠤ ᠬᠡᠷᠡᠭᠲᠡᠢ᠃
ᠨᠥᠬᠥᠴᠡᠯᠲᠡᠢ ᠭᠠᠵᠠᠷ ᠣᠷᠣᠨᠤᠬᠢᠨᠦ ᠪᠣᠷᠣᠭᠠᠨ᠎ᠤ ᠤᠰᠤ᠎ᠶᠢ ᠲᠣᠬᠢᠷᠠᠭᠤᠯᠤᠨ ᠬᠠᠳᠠᠭᠠᠯᠠᠬᠤ᠂ ᠤᠰᠤ ᠲᠠᠲᠠᠷᠠᠭᠤᠯᠵᠤ ᠤᠰᠤᠲᠤᠯ᠎ᠢ ᠰᠡᠷᠭᠡᠢᠯᠡᠬᠦ᠂ ᠪᠣᠬᠢᠷ ᠤᠰᠤ᠎ᠶᠢ ᠱᠢᠢᠳᠪᠦᠷᠢᠯᠡᠬᠦ᠂ ᠪᠤᠵᠠᠷ ᠱᠢᠪᠠᠷ᠎ᠢ ᠱᠢᠢᠳᠪᠦᠷᠢᠯᠡᠵᠦ ᠲᠣᠬᠢᠷᠠᠭᠤᠯᠬᠤ ᠵᠢᠴᠢ ᠳᠠᠬᠢᠯᠲᠠ ᠤᠰᠤ᠎ᠶᠢ ᠠᠱᠢᠭᠯᠠᠬᠤ ᠵᠡᠷᠭᠡ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠪᠠ ᠪᠣᠬᠢᠷ ᠤᠰᠤ ᠱᠢᠢᠳᠪᠦᠷᠢᠯᠡᠬᠦ ᠪᠡᠯᠡᠳᠬᠡᠮᠵᠢ᠎ᠶᠢ ᠵᠣᠬᠢᠬᠤ ᠬᠡᠮᠵᠢᠶ᠎ᠡ᠎ᠪᠡᠷ ᠤᠷᠢᠳᠴᠢᠯᠠᠨ ᠲᠥᠯᠥᠪᠵᠢᠭᠦᠯᠵᠦ ᠪᠦᠲᠦᠭᠡᠨ ᠪᠠᠢᠭᠤᠯᠬᠤ᠎ᠶᠢ᠎ᠨᠢ ᠵᠣᠷᠢᠭᠵᠢᠭᠤᠯᠤᠨ᠎ᠠ᠃
ᠠᠷᠪᠠᠨ ᠬᠣᠶᠠᠳᠤᠭᠠᠷ ᠵᠦᠢᠯ ᠭᠠᠩ ᠬᠠᠭᠤᠷᠠᠢ ᠣᠷᠣᠨ᠎ᠠᠴᠠ ᠭᠠᠳᠠᠨ᠎ᠠ᠂ ᠱᠢᠨ᠎ᠡ ᠲᠣᠭᠣᠷᠢᠭ᠎ᠤᠨ ᠪᠦᠲᠦᠭᠡᠨ ᠪᠠᠢᠭᠤᠯᠤᠯᠲᠠ᠎ᠳᠤ ᠪᠣᠷᠣᠭᠠᠨ᠎ᠤ ᠤᠰᠤ ᠪᠠ ᠪᠣᠬᠢᠷ ᠤᠰᠤ᠎ᠶᠢ ᠰᠠᠯᠭᠠᠵᠤ ᠶᠠᠪᠤᠭᠤᠯᠬᠤ᠎ᠶᠢ ᠬᠡᠷᠡᠭᠵᠢᠭᠦᠯᠬᠦ ᠬᠡᠷᠡᠭᠲᠡᠢ; ᠪᠣᠷᠣᠭᠠᠨ᠎ᠤ ᠤᠰᠤ᠂ ᠪᠣᠬᠢᠷ ᠤᠰᠤ᠎ᠶᠢ ᠨᠡᠢᠯᠡᠭᠦᠯᠦᠨ ᠶᠠᠪᠤᠭᠤᠯᠵᠤ ᠪᠠᠢᠭ᠎ᠠ ᠭᠠᠵᠠᠷ ᠣᠷᠣᠨ᠎ᠳᠤ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠪᠠ ᠪᠣᠬᠢᠷ ᠤᠰᠤ᠎ᠶᠢ ᠱᠢᠢᠳᠪᠦᠷᠢᠯᠡᠬᠦ ᠲᠥᠯᠥᠪᠵᠢᠭᠦᠯᠭᠡ᠎ᠶᠢᠨ ᠱᠠᠭᠠᠷᠳᠠᠯᠭ᠎ᠠ ᠶᠣᠰᠣᠭᠠᠷ᠂ ᠳᠠᠪᠠᠷᠠᠯ ᠤᠷᠤᠰᠭᠠᠯ᠎ᠤᠨ ᠠᠮᠠᠰᠠᠷ᠎ᠢ ᠥᠭᠡᠷᠡᠴᠢᠯᠡᠨ ᠵᠠᠰᠠᠬᠤ᠂ ᠤᠷᠤᠰᠭᠠᠯ ᠲᠠᠰᠤᠯᠬᠤ ᠭᠣᠣᠯ ᠪᠣᠯᠬᠤ ᠬᠣᠭᠣᠯᠠᠢ᠎ᠶᠢ ᠳᠡᠪᠢᠰᠴᠦ ᠲᠠᠯᠪᠢᠬᠤ᠂ ᠲᠣᠬᠢᠷᠠᠭᠤᠯᠤᠨ ᠬᠠᠳᠠᠭᠠᠯᠠᠬᠤ ᠪᠡᠯᠡᠳᠬᠡᠮᠵᠢ ᠨᠡᠮᠡᠵᠦ ᠤᠭᠰᠠᠷᠠᠬᠤ᠂ ᠪᠣᠷᠣᠭᠠᠨ᠎ᠤ ᠤᠰᠤ ᠪᠠ ᠪᠣᠬᠢᠷ ᠤᠰᠤ᠎ᠶᠢ ᠰᠠᠯᠭᠠᠵᠤ ᠶᠠᠪᠤᠭᠤᠯᠬᠤ ᠪᠣᠯᠭᠠᠨ ᠥᠭᠡᠷᠡᠴᠢᠯᠡᠨ ᠵᠠᠰᠠᠬᠤ ᠵᠡᠷᠭᠡ ᠪᠠᠷᠢᠯᠭ᠎ᠠ᠎ᠶᠢᠨ ᠠᠷᠭ᠎ᠠ ᠬᠡᠮᠵᠢᠶ᠎ᠡ᠎ᠶᠢ ᠲᠤᠬᠠᠢ᠎ᠶᠢᠨ ᠭᠠᠵᠠᠷ ᠣᠷᠣᠨ᠎ᠤ ᠪᠠᠢᠳᠠᠯ᠎ᠳᠤᠨᠢ ᠲᠣᠬᠢᠷᠠᠭᠤᠯᠤᠨ ᠬᠡᠷᠡᠭᠯᠡᠵᠦ᠂ ᠨᠡᠢᠯᠡᠮᠡᠯ ᠤᠷᠤᠰᠭᠠᠯᠲᠤ ᠬᠣᠭᠣᠯᠠᠢ ᠭᠤᠤᠷᠰᠤ᠎ᠶᠢᠨ ᠲᠣᠣᠷ᠎ᠤᠨ ᠲᠡᠪᠡᠷᠡᠨ ᠤᠷᠤᠰᠬᠤ ᠪᠣᠬᠢᠷᠲᠤᠯ᠎ᠢ ᠪᠠᠭᠠᠰᠭᠠᠬᠤ ᠬᠡᠷᠡᠭᠲᠡᠢ᠃ ᠬᠠᠮᠢᠶ᠎ᠠ ᠪᠦᠬᠦᠢ ᠥᠭᠡᠷᠡᠴᠢᠯᠡᠨ ᠱᠢᠨᠡᠳᠬᠡᠬᠦ ᠠᠵᠢᠯ᠎ᠢ ᠬᠣᠲᠠ᠎ᠶᠢᠨ ᠱᠢᠨᠡᠴᠢᠯᠡᠯᠲᠡ ᠪᠠ ᠵᠠᠮ᠎ᠤᠨ ᠪᠦᠲᠦᠭᠡᠨ ᠪᠠᠢᠭᠤᠯᠤᠯᠲᠠ᠎ᠲᠠᠢ ᠤᠶᠠᠯᠳᠤᠭᠤᠯᠤᠨ ᠵᠡᠷᠭᠡ᠎ᠪᠡᠷ ᠶᠠᠪᠤᠭᠳᠠᠭᠤᠯᠵᠤ ᠪᠣᠯᠤᠨ᠎ᠠ᠃
ᠪᠣᠷᠣᠭᠠᠨ᠎ᠤ ᠤᠰᠤ᠂ ᠪᠣᠬᠢᠷ ᠤᠰᠤ᠎ᠶᠢ ᠰᠠᠯᠭᠠᠵᠤ ᠶᠠᠪᠤᠭᠤᠯᠤᠭᠰᠠᠨ ᠭᠠᠵᠠᠷ ᠣᠷᠣᠨ᠎ᠳᠤ᠂ ᠱᠢᠨ᠎ᠡ ᠲᠣᠭᠣᠷᠢᠭ ᠪᠦᠲᠦᠭᠡᠨ ᠪᠠᠢᠭᠤᠯᠬᠤ ᠪᠠ ᠬᠠᠭᠤᠴᠢᠨ ᠬᠣᠲᠠ᠎ᠶᠢᠨ ᠲᠣᠭᠣᠷᠢᠭ᠎ᠢ ᠥᠭᠡᠷᠡᠴᠢᠯᠡᠨ ᠪᠠᠢᠭᠤᠯᠬᠤ᠎ᠳᠤ ᠪᠣᠷᠣᠭᠠᠨ᠎ᠤ ᠤᠰᠤᠨ᠎ᠤ ᠬᠣᠭᠣᠯᠠᠢ ᠭᠤᠤᠷᠰᠤ᠎ᠶᠢᠨ ᠲᠣᠣᠷ᠂ ᠪᠣᠬᠢᠷ ᠤᠰᠤᠨ᠎ᠤ ᠬᠣᠭᠣᠯᠠᠢ ᠭᠤᠤᠷᠰᠤ᠎ᠶᠢᠨ ᠲᠣᠣᠷ᠎ᠢ ᠬᠠᠷᠢᠯᠴᠠᠨ ᠬᠣᠯᠢᠯᠳᠤᠭᠤᠯᠤᠨ ᠵᠠᠯᠭᠠᠵᠤ ᠪᠣᠯᠬᠤ ᠦᠭᠡᠢ᠃
ᠠᠷᠪᠠᠨ ᠭᠤᠷᠪᠠᠳᠤᠭᠠᠷ ᠵᠦᠢᠯ ᠬᠣᠲᠠ᠎ᠶᠢᠨ ᠶᠠᠪᠤᠳᠠᠯ᠎ᠤᠨ ᠰᠠᠭᠤᠷᠢ ᠪᠡᠯᠡᠳᠬᠡᠮᠵᠢ᠎ᠶᠢᠨ ᠪᠠᠷᠢᠯᠭ᠎ᠠ᠎ᠶᠢ ᠱᠢᠨ᠎ᠡ᠎ᠪᠡᠷ ᠪᠠᠢᠭᠤᠯᠬᠤ᠂ ᠥᠭᠡᠷᠡᠴᠢᠯᠡᠨ ᠪᠠᠢᠭᠤᠯᠬᠤ᠂ ᠥᠷᠭᠡᠳᠬᠡᠨ ᠪᠠᠢᠭᠤᠯᠬᠤ᠎ᠳᠤ ᠪᠣᠷᠣᠭᠠᠨ᠎ᠤ ᠤᠰᠤ ᠬᠤᠷᠢᠶᠠᠨ ᠴᠤᠭᠯᠠᠭᠤᠯᠵᠤ ᠠᠱᠢᠭᠯᠠᠬᠤ ᠪᠡᠯᠡᠳᠬᠡᠮᠵᠢ᠎ᠶᠢ ᠳᠦᠬᠦᠷᠵᠢᠭᠦᠯᠦᠨ ᠪᠦᠲᠦᠭᠡᠨ ᠪᠠᠢᠭᠤᠯᠵᠤ᠂ ᠵᠦᠯᠭᠡ ᠭᠠᠵᠠᠷ᠂ ᠬᠠᠢᠷ ᠴᠢᠯᠠᠭᠤᠨ ᠭᠠᠵᠠᠷ᠂ ᠤᠰᠤ ᠱᠢᠮᠡᠳᠴᠦ ᠪᠣᠯᠬᠤᠢᠴᠠ ᠵᠠᠮ᠎ᠤᠨ ᠭᠠᠳᠠᠷᠭᠤ ᠪᠠ ᠪᠠᠢᠭᠠᠯᠢᠯᠢᠭ ᠭᠠᠵᠠᠷ᠎ᠤᠨ ᠭᠠᠳᠠᠷᠭᠤ᠎ᠶᠢᠨ ᠪᠣᠷᠣᠭᠠᠨ᠎ᠤ ᠤᠰᠤ᠎ᠶᠢ ᠠᠯᠭᠤᠷ᠎ᠢᠶᠠᠷ ᠰᠢᠮᠡᠲᠦᠭᠦᠯᠵᠦ ᠱᠢᠩᠭᠡᠭᠡᠬᠦ ᠴᠢᠳᠠᠪᠤᠷᠢ᠎ᠶᠢ᠎ᠨᠢ ᠨᠡᠮᠡᠭᠳᠡᠭᠦᠯᠵᠦ᠂ ᠪᠠᠷᠢᠯᠭ᠎ᠠ᠂ ᠲᠡᠷᠭᠡᠨ ᠵᠣᠭᠰᠣᠭᠠᠯ᠂ ᠠᠭᠤᠳᠠᠮ ᠲᠠᠯᠠᠪᠠᠢ᠂ ᠵᠠᠮ᠂ ᠵᠦᠯᠭᠡ ᠭᠠᠵᠠᠷ ᠵᠡᠷᠭᠡ᠎ᠶᠢ ᠠᠱᠢᠭᠯᠠᠨ ᠪᠣᠷᠣᠭᠠᠨ᠎ᠤ ᠤᠰᠤ ᠬᠤᠷᠢᠶᠠᠨ ᠴᠤᠭᠯᠠᠭᠤᠯᠵᠤ ᠠᠱᠢᠭᠯᠠᠬᠤ ᠪᠡᠯᠡᠳᠬᠡᠮᠵᠢ᠎ᠶᠢ ᠪᠦᠲᠦᠭᠡᠨ ᠪᠠᠢᠭᠤᠯᠵᠤ᠂ ᠪᠣᠷᠣᠭᠠᠨ᠎ᠤ ᠤᠰᠤᠨ᠎ᠤ ᠤᠷᠤᠰᠭᠠᠯ᠎ᠢ ᠪᠠᠭᠠᠰᠭᠠᠵᠤ᠂ ᠬᠣᠲᠠ ᠪᠠᠯᠭᠠᠰᠤ᠎ᠶᠢᠨ ᠤᠰᠤᠲᠤᠯ᠎ᠢ ᠰᠡᠷᠭᠡᠢᠯᠡᠨ ᠵᠠᠰᠠᠬᠤ ᠴᠢᠳᠠᠪᠤᠷᠢ᠎ᠪᠠᠨ ᠳᠡᠭᠡᠭᠱᠢᠯᠡᠭᠦᠯᠦᠨ᠎ᠡ᠃
ᠬᠥᠮᠦᠨ ᠠᠮᠠ ᠨᠢᠭᠲᠠᠷᠠᠭᠰᠠᠨ᠂ ᠠᠮᠠᠷᠬᠠᠨ ᠤᠰᠤᠲᠤᠯ ᠡᠭᠦᠰᠬᠦ ᠭᠠᠵᠠᠷ ᠣᠷᠣᠨ ᠵᠢᠴᠢ ᠭᠠᠵᠠᠷ ᠳᠣᠣᠷᠠᠬᠢ ᠲᠡᠮᠦᠷ ᠵᠠᠮ᠂ ᠱᠢᠷᠭᠤᠯᠠᠭᠰᠠᠨ ᠨᠦᠬᠡᠨ ᠵᠠᠮ ᠵᠡᠷᠭᠡ ᠭᠠᠵᠠᠷ ᠳᠣᠣᠷᠠᠬᠢ ᠪᠠᠷᠢᠯᠭ᠎ᠠ᠂ ᠪᠠᠷᠢᠯᠭ᠎ᠠ᠎ᠶᠢᠨ ᠵᠦᠢᠯ᠎ᠢ ᠪᠦᠲᠦᠭᠡᠨ ᠪᠠᠢᠭᠤᠯᠬᠤ ᠶᠠᠪᠤᠴᠠ᠎ᠳᠤ᠂ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠪᠠ ᠪᠣᠬᠢᠷ ᠤᠰᠤ ᠱᠢᠢᠳᠪᠦᠷᠢᠯᠡᠬᠦ ᠪᠡᠯᠡᠳᠬᠡᠮᠵᠢ᠎ᠶᠢᠨ ᠪᠦᠲᠦᠭᠡᠨ ᠪᠠᠢᠭᠤᠯᠤᠯᠲᠠ᠎ᠶᠢᠨ ᠪᠠᠷᠢᠮᠵᠢᠶ᠎ᠠ᠎ᠶᠢ ᠳᠡᠭᠡᠭᠱᠢᠯᠡᠭᠦᠯᠵᠦ᠂ ᠠᠮᠠᠷᠬᠠᠨ ᠤᠰᠤᠲᠤᠯ ᠡᠭᠦᠰᠬᠦ ᠣᠷᠣᠨ᠎ᠳᠠᠬᠢ ᠤᠰᠤ ᠲᠠᠲᠠᠷᠠᠭᠤᠯᠬᠤ ᠪᠡᠯᠡᠳᠬᠡᠮᠵᠢ᠎ᠶᠢ ᠪᠦᠲᠦᠭᠡᠨ ᠪᠠᠢᠭᠤᠯᠬᠤ ᠪᠠ ᠥᠭᠡᠷᠡᠴᠢᠯᠡᠨ ᠱᠢᠨᠡᠳᠬᠡᠬᠦ ᠠᠵᠢᠯ᠎ᠢ ᠲᠡᠷᠢᠭᠦᠨ᠎ᠳᠦ᠎ᠨᠢ ᠲᠣᠬᠢᠷᠠᠭᠤᠯᠬᠤ ᠬᠡᠷᠡᠭᠲᠡᠢ᠃
ᠠᠷᠪᠠᠨ ᠳᠥᠷᠪᠡᠳᠦᠭᠡᠷ ᠵᠦᠢᠯ ᠬᠣᠲᠠ ᠪᠠᠯᠭᠠᠰᠤᠨ᠎ᠤ ᠤᠰᠤ ᠲᠠᠲᠠᠷᠠᠭᠤᠯᠬᠤ ᠪᠠ ᠪᠣᠬᠢᠷ ᠤᠰᠤ ᠱᠢᠢᠳᠪᠦᠷᠢᠯᠡᠬᠦ ᠪᠡᠯᠡᠳᠬᠡᠮᠵᠢ᠎ᠶᠢᠨ ᠪᠦᠲᠦᠭᠡᠨ ᠪᠠᠢᠭᠤᠯᠤᠯᠲᠠ᠎ᠨᠢ ᠤᠯᠤᠰ᠎ᠤᠨ ᠬᠣᠯᠪᠣᠭᠳᠠᠯ ᠪᠦᠬᠦᠢ ᠮᠡᠷᠭᠡᠵᠢᠯ᠎ᠦᠨ ᠵᠢᠷᠤᠮᠵᠢᠯ ᠪᠠ ᠪᠠᠷᠢᠮᠵᠢᠶ᠎ᠠ᠎ᠳᠤ ᠨᠡᠢᠴᠡᠭᠰᠡᠨ ᠪᠠᠢᠬᠤ ᠬᠡᠷᠡᠭᠲᠡᠢ᠃
ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠪᠠ ᠪᠣᠬᠢᠷ ᠤᠰᠤ ᠱᠢᠢᠳᠪᠦᠷᠢᠯᠡᠬᠦ ᠪᠡᠯᠡᠳᠬᠡᠮᠵᠢ᠎ᠶᠢᠨ ᠪᠦᠲᠦᠭᠡᠨ ᠪᠠᠢᠭᠤᠯᠤᠯᠲᠠ᠎ᠶᠢᠨ ᠪᠠᠷᠢᠯᠭ᠎ᠠ᠎ᠶᠢᠨ ᠬᠠᠢᠨ ᠪᠠᠢᠴᠠᠭᠠᠬᠤ᠂ ᠵᠢᠷᠤᠭᠯᠠᠨ ᠲᠥᠯᠥᠪᠯᠡᠬᠦ᠂ ᠪᠠᠷᠢᠯᠭ᠎ᠠ ᠪᠠᠷᠢᠬᠤ᠂ ᠬᠢᠨᠠᠨ ᠵᠠᠬᠢᠷᠬᠤ ᠠᠵᠢᠯ᠎ᠢ ᠡᠭᠦᠷᠭᠡᠯᠡᠬᠦ ᠨᠢᠭᠡᠴᠢ᠎ᠨᠦᠭᠦᠳ ᠤᠯᠤᠰ᠎ᠠᠴᠠ ᠲᠣᠭᠲᠠᠭᠠᠭᠰᠠᠨ ᠵᠣᠬᠢᠬᠤ ᠬᠢᠷᠢ ᠭᠡᠮ᠎ᠢ ᠪᠦᠷᠢᠳᠦᠭᠦᠯᠦᠭᠰᠡᠨ ᠪᠠᠢᠬᠤ ᠬᠡᠷᠡᠭᠲᠡᠢ᠃
ᠠᠷᠪᠠᠨ ᠲᠠᠪᠤᠳᠤᠭᠠᠷ ᠵᠦᠢᠯ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠪᠠ ᠪᠣᠬᠢᠷ ᠤᠰᠤ ᠱᠢᠢᠳᠪᠦᠷᠢᠯᠡᠬᠦ ᠪᠡᠯᠡᠳᠬᠡᠮᠵᠢ᠎ᠶᠢᠨ ᠪᠦᠲᠦᠭᠡᠨ ᠪᠠᠢᠭᠤᠯᠤᠯᠲᠠ᠎ᠶᠢᠨ ᠪᠠᠷᠢᠯᠭ᠎ᠠ᠎ᠶᠢᠨ ᠠᠵᠢᠯ ᠳᠠᠭᠤᠰᠤᠭᠰᠠᠨ᠎ᠤ ᠳᠠᠷᠠᠭ᠎ᠠ᠂ ᠪᠦᠲᠦᠭᠡᠨ ᠪᠠᠢᠭᠤᠯᠤᠭᠰᠠᠨ ᠨᠢᠭᠡᠴᠢ᠎ᠨᠢ ᠪᠠᠷᠢᠯᠭ᠎ᠠ ᠳᠠᠭᠤᠰᠤᠯᠲᠠᠶᠢ ᠱᠢᠯᠭᠠᠵᠤ ᠬᠤᠷᠢᠶᠠᠨ ᠠᠪᠬᠤ ᠠᠵᠢᠯ᠎ᠢᠶᠠᠨ ᠬᠠᠤᠯᠢ ᠶᠣᠰᠣᠭᠠᠷ ᠵᠣᠬᠢᠶᠠᠨ ᠪᠠᠢᠭᠤᠯᠬᠤ ᠬᠡᠷᠡᠭᠲᠡᠢ᠃ ᠪᠠᠷᠢᠯᠭ᠎ᠠ ᠳᠠᠭᠤᠰᠤᠯᠲᠠᠶᠢ ᠱᠢᠯᠭᠠᠵᠤ ᠬᠤᠷᠢᠶᠠᠨ ᠠᠪᠬᠤ᠎ᠳᠤ ᠬᠢᠷᠢ ᠲᠡᠩᠴᠡᠭᠰᠡᠨ ᠪᠠᠢᠪᠠᠯ ᠲᠤᠱᠢᠶᠠᠨ ᠥᠭᠴᠦ ᠬᠡᠷᠡᠭᠯᠡᠭᠦᠯᠵᠦ ᠪᠣᠯᠤᠨ᠎ᠠ᠂ ᠡᠭᠦᠨ᠎ᠦ ᠬᠠᠮᠲᠤ ᠪᠠᠷᠢᠯᠭ᠎ᠠ ᠳᠠᠭᠤᠰᠤᠯᠲᠠᠶᠢ ᠱᠢᠯᠭᠠᠵᠤ ᠬᠤᠷᠢᠶᠠᠨ ᠠᠪᠬᠤ᠎ᠳᠤ ᠬᠢᠷᠢ ᠲᠡᠩᠴᠡᠭᠰᠡᠨ ᠡᠳᠦᠷ᠎ᠡᠴᠡ ᠡᠬᠢᠯᠡᠵᠦ ᠠᠷᠪᠠᠨ ᠲᠠᠪᠤᠨ ᠡᠳᠦᠷ᠎ᠦᠨ ᠳᠣᠲᠣᠷ᠎ᠠ᠂ ᠪᠠᠷᠢᠯᠭ᠎ᠠ ᠳᠠᠭᠤᠰᠤᠯᠲᠠᠶᠢ ᠱᠢᠯᠭᠠᠵᠤ ᠬᠤᠷᠢᠶᠠᠨ ᠠᠪᠤᠭᠰᠠᠨ ᠮᠡᠳᠡᠭᠦᠯᠦᠯᠲᠡ ᠵᠢᠴᠢ ᠬᠠᠮᠢᠶ᠎ᠠ ᠪᠦᠬᠦᠢ ᠮᠠᠲ᠋ᠧᠷᠢᠶᠠᠯ᠎ᠢᠶᠠᠨ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠠᠵᠢᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠦ ᠮᠡᠳᠡᠭᠦᠯᠵᠦ ᠪᠦᠷᠢᠳᠬᠡᠨ ᠳᠠᠩᠰᠠᠯᠠᠭᠤᠯᠬᠤ ᠬᠡᠷᠡᠭᠲᠡᠢ᠃
ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠪᠠ ᠪᠣᠬᠢᠷ ᠤᠰᠤ ᠱᠢᠢᠳᠪᠦᠷᠢᠯᠡᠬᠦ ᠪᠡᠯᠡᠳᠬᠡᠮᠵᠢ᠎ᠶᠢᠨ ᠪᠦᠲᠦᠭᠡᠨ ᠪᠠᠢᠭᠤᠯᠤᠯᠲᠠ᠎ᠶᠢᠨ ᠪᠠᠷᠢᠯᠭ᠎ᠠ᠎ᠶᠢᠨ ᠠᠵᠢᠯ ᠳᠠᠭᠤᠰᠤᠭᠠᠳ ᠱᠢᠯᠭᠠᠵᠤ ᠬᠤᠷᠢᠶᠠᠨ ᠠᠪᠬᠤ᠎ᠳᠤ ᠬᠢᠷᠢ ᠲᠡᠩᠴᠡᠭᠰᠡᠨ᠎ᠦ ᠳᠠᠷᠠᠭ᠎ᠠ᠂ ᠪᠦᠲᠦᠭᠡᠨ ᠪᠠᠢᠭᠤᠯᠤᠭᠰᠠᠨ ᠨᠢᠭᠡᠴᠢ᠎ᠨᠢ ᠪᠡᠯᠡᠳᠬᠡᠮᠵᠢ᠎ᠪᠡᠨ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠠᠵᠢᠯ᠎ᠢ ᠭᠣᠣᠯᠴᠢᠯᠠᠨ ᠬᠠᠮᠢᠶᠠᠷᠴᠤ ᠪᠠᠢᠭ᠎ᠠ ᠰᠠᠯᠠᠭ᠎ᠠ ᠮᠥᠴᠢᠷ᠎ᠦᠨ ᠲᠣᠭᠲᠠᠭᠠᠭᠰᠠᠨ ᠬᠠᠮᠠᠭᠠᠯᠠᠵᠤ ᠡᠵᠡᠩᠨᠡᠨ ᠠᠵᠢᠯᠯᠠᠭᠤᠯᠬᠤ ᠨᠢᠭᠡᠴᠢ᠎ᠳᠦ ᠱᠢᠯᠵᠢᠭᠦᠯᠦᠨ ᠲᠤᠱᠢᠶᠠᠬᠤ ᠬᠡᠷᠡᠭᠲᠡᠢ᠃ ᠪᠡᠯᠡᠳᠬᠡᠮᠵᠢ᠎ᠶᠢ ᠬᠠᠮᠠᠭᠠᠯᠠᠵᠤ ᠡᠵᠡᠩᠨᠡᠨ ᠠᠵᠢᠯᠯᠠᠭᠤᠯᠬᠤ ᠨᠢᠭᠡᠴᠢ᠎ᠨᠢ ᠬᠦᠯᠢᠶᠡᠨ ᠠᠪᠬᠤ᠎ᠶᠢᠨ ᠬᠠᠮᠲᠤ᠂ ᠪᠡᠯᠡᠳᠬᠡᠮᠵᠢ᠎ᠶᠢᠨ ᠠᠵᠢᠯᠯᠠᠭᠤᠯᠵᠤ ᠠᠷᠠᠴᠢᠯᠠᠨ ᠬᠠᠮᠠᠭᠠᠯᠠᠬᠤ ᠠᠵᠢᠯ᠂ ᠠᠮᠤᠷ ᠲᠦᠪᠱᠢᠨ᠎ᠦ ᠬᠠᠮᠢᠶᠠᠷᠤᠯᠲᠠ᠎ᠶᠢᠨ ᠬᠠᠷᠢᠭᠤᠴᠠᠯᠭ᠎ᠠ᠎ᠶᠢ ᠡᠭᠦᠷᠭᠡᠯᠡᠬᠦ ᠬᠡᠷᠡᠭᠲᠡᠢ᠃
ᠱᠢᠯᠵᠢᠭᠦᠯᠦᠨ ᠲᠤᠱᠢᠶᠠᠬᠤ ᠬᠣᠶᠠᠷ ᠲᠠᠯ᠎ᠠ᠎ᠪᠠᠷ᠎ᠢᠶᠠᠨ ᠱᠢᠯᠵᠢᠭᠦᠯᠦᠨ ᠲᠤᠱᠢᠶᠠᠭᠰᠠᠨ ᠪᠡᠯᠡᠳᠬᠡᠮᠵᠢᠳᠦ ᠬᠠᠮᠲᠤ᠎ᠪᠠᠷ ᠪᠠᠢᠴᠠᠭᠠᠯᠲᠠ ᠬᠢᠵᠦ᠂ ᠱᠢᠯᠵᠢᠭᠦᠯᠦᠨ ᠲᠤᠱᠢᠶᠠᠬᠤ ᠵᠥᠪᠯᠡᠯᠴᠡᠬᠡᠷᠢ ᠲᠣᠭᠲᠠᠭᠠᠬᠤ ᠬᠡᠷᠡᠭᠲᠡᠢ᠂ ᠡᠭᠦᠨ᠎ᠦ ᠬᠠᠮᠲᠤ ᠪᠡᠯᠡᠳᠬᠡᠮᠵᠢ᠎ᠶᠢᠨ ᠳᠠᠩᠰᠠ ᠡᠪᠬᠡᠮᠡᠯ᠎ᠢ ᠱᠢᠯᠵᠢᠭᠦᠯᠦᠨ ᠲᠤᠱᠢᠶᠠᠬᠤ ᠭᠠᠷᠳᠠᠮ᠎ᠢᠶᠠᠨ ᠭᠦᠢᠴᠡᠳᠬᠡᠬᠦ ᠬᠡᠷᠡᠭᠲᠡᠢ᠃ ᠱᠢᠯᠵᠢᠭᠦᠯᠦᠨ ᠲᠤᠱᠢᠶᠠᠬᠤ ᠵᠥᠪᠯᠡᠯᠴᠡᠬᠡᠷ᠎ᠲᠦ ᠪᠡᠯᠡᠳᠬᠡᠮᠵᠢ᠎ᠶᠢ ᠪᠠᠢᠴᠠᠭᠠᠭᠰᠠᠨ ᠦᠷ᠎ᠡ ᠳ᠋ᠦᠩ ᠵᠡᠷᠭᠡ ᠠᠭᠤᠯᠭ᠎ᠠ᠎ᠶᠢ ᠪᠠᠭᠲᠠᠭᠠᠭᠰᠠᠨ ᠪᠠᠢᠬᠤ ᠬᠡᠷᠡᠭᠲᠡᠢ᠃
ᠠᠷᠪᠠᠨ ᠵᠢᠷᠭᠤᠳᠤᠭᠠᠷ ᠵᠦᠢᠯ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠪᠡᠯᠡᠳᠬᠡᠮᠵᠢ᠎ᠶᠢᠨ ᠬᠠᠮᠤᠷᠬᠤ ᠬᠡᠪᠴᠢᠶᠡᠨ᠎ᠳᠡᠬᠢ ᠤᠰᠤ ᠲᠠᠲᠠᠷᠠᠭᠤᠯᠬᠤ ᠨᠢᠭᠡᠴᠢ ᠪᠠ ᠬᠤᠪᠢ ᠬᠥᠮᠦᠨ᠎ᠨᠢ ᠤᠯᠤᠰ᠎ᠤᠨ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠪᠣᠬᠢᠷ ᠤᠰᠤ᠎ᠶᠢ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠪᠡᠯᠡᠳᠬᠡᠮᠵᠢᠳᠦ ᠭᠠᠳᠠᠭᠱᠢᠯᠠᠭᠤᠯᠬᠤ ᠬᠡᠷᠡᠭᠲᠡᠢ᠃
ᠬᠣᠲᠠ ᠪᠠᠯᠭᠠᠰᠤᠨ᠎ᠤ ᠤᠰᠤ ᠲᠠᠲᠠᠷᠠᠭᠤᠯᠬᠤ ᠪᠡᠯᠡᠳᠬᠡᠮᠵᠢ᠎ᠶᠢ ᠬᠠᠮᠤᠷᠤᠭᠠᠳᠤᠢ ᠣᠷᠣᠨ ᠪᠦᠰᠡᠨ᠎ᠳᠡᠬᠢ ᠤᠰᠤ ᠲᠠᠲᠠᠷᠠᠭᠤᠯᠬᠤ ᠨᠢᠭᠡᠴᠢ ᠪᠠ ᠬᠤᠪᠢ ᠬᠥᠮᠦᠨ᠎ᠨᠢ ᠤᠯᠤᠰ᠎ᠤᠨ ᠬᠣᠯᠪᠣᠭᠳᠠᠯ ᠪᠦᠬᠦᠢ ᠮᠡᠷᠭᠡᠵᠢᠯ᠎ᠦᠨ ᠵᠢᠷᠤᠮᠵᠢᠯ ᠪᠠ ᠪᠠᠷᠢᠮᠵᠢᠶ᠎ᠠ ᠶᠣᠰᠣᠭᠠᠷ ᠬᠠᠷᠠᠭᠠᠯᠵᠠᠭᠰᠠᠨ ᠪᠡᠯᠡᠳᠬᠡᠮᠵᠢ᠎ᠶᠢ ᠪᠦᠲᠦᠭᠡᠨ ᠪᠠᠢᠭᠤᠯᠬᠤ ᠪᠤᠶᠤ ᠪᠤᠰᠤᠳ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠢᠭᠠᠳ ᠪᠣᠬᠢᠷ ᠤᠰᠤ᠎ᠶᠢ ᠭᠠᠳᠠᠭᠱᠢᠯᠠᠭᠤᠯᠬᠤ ᠬᠡᠷᠡᠭᠲᠡᠢ᠂ ᠣᠷᠴᠢᠨ ᠠᠬᠤᠢ᠎ᠶᠢ ᠪᠣᠬᠢᠷᠲᠤᠭᠤᠯᠤᠨ ᠰᠦᠢᠳᠬᠡᠵᠦ ᠪᠣᠯᠬᠤ ᠦᠭᠡᠢ᠃
ᠠᠷᠪᠠᠨ ᠳᠣᠯᠣᠳᠤᠭᠠᠷ ᠵᠦᠢᠯ ᠠᠵᠤ ᠦᠢᠯᠡᠳᠪᠦᠷᠢ᠂ ᠪᠠᠷᠢᠯᠭ᠎ᠠ᠂ ᠢᠳᠡᠭᠡᠨ ᠤᠮᠳᠠᠭᠠᠨ᠂ ᠡᠮᠨᠡᠯᠭᠡ ᠵᠡᠷᠭᠡ ᠠᠵᠢᠯᠯᠠᠭ᠎ᠠ᠎ᠶᠢ ᠡᠷᠬᠢᠯᠡᠵᠦ ᠪᠠᠢᠭ᠎ᠠ ᠠᠵᠤ ᠠᠬᠤᠢᠯᠠᠯ ᠠᠵᠢᠯ ᠦᠢᠯᠡᠰ᠎ᠦᠨ ᠨᠢᠭᠡᠴᠢ᠂ ᠬᠤᠪᠢ᠎ᠶᠢᠨ ᠠᠵᠤ ᠦᠢᠯᠡᠳᠪᠦᠷᠢ ᠬᠤᠳᠠᠯᠳᠤᠭᠠᠨ᠎ᠤ ᠡᠷᠦᠬᠡ (ᠳᠣᠷᠣᠭᠱᠢ ᠤᠰᠤ ᠲᠠᠲᠠᠷᠠᠭᠤᠯᠬᠤ ᠡᠷᠦᠬᠡ ᠭᠡᠵᠦ ᠨᠡᠷᠡᠢᠳᠦᠨ᠎ᠡ)᠎ᠨᠦᠭᠦᠳ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠪᠡᠯᠡᠳᠬᠡᠮᠵᠢ᠎ᠪᠡᠷ ᠪᠣᠬᠢᠷ ᠤᠰᠤ ᠭᠠᠳᠠᠭᠱᠢᠯᠠᠭᠤᠯᠬᠤᠳᠤ᠂ ᠤᠰᠤ ᠲᠠᠲᠠᠷᠠᠭᠤᠯᠬᠤ ᠦᠢᠯᠡ ᠠᠵᠢᠯᠯᠠᠭ᠎ᠠ ᠡᠭᠦᠰᠦᠭᠰᠡᠨ ᠭᠠᠵᠠᠷ᠎ᠤᠨ᠎ᠢᠶᠠᠨ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠠᠵᠢᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠡᠴᠡ ᠤᠰᠤ ᠲᠠᠲᠠᠷᠠᠭᠤᠯᠬᠤ ᠬᠣᠭᠣᠯᠠᠢ ᠭᠤᠤᠷᠰᠤ᠎ᠶᠢᠨ ᠲᠣᠣᠷ᠎ᠢᠶᠠᠷ ᠪᠣᠬᠢᠷ ᠤᠰᠤ ᠭᠠᠳᠠᠭᠱᠢᠯᠠᠭᠤᠯᠬᠤ ᠵᠥᠪᠱᠢᠶᠡᠷᠡᠯ᠎ᠦᠨ ᠦᠨᠡᠮᠯᠡᠯ ᠭᠤᠶᠤᠴᠢᠯᠠᠨ ᠠᠪᠬᠤ ᠬᠡᠷᠡᠭᠲᠡᠢ᠃ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠠᠵᠢᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠦᠳ ᠭᠤᠶᠤᠴᠢᠯᠠᠯ᠎ᠢ ᠬᠦᠯᠢᠶᠡᠨ ᠠᠪᠤᠭᠰᠠᠨ ᠡᠳᠦᠷ᠎ᠡᠴᠡ ᠡᠬᠢᠯᠡᠵᠦ ᠠᠷᠪᠠᠨ ᠲᠠᠪᠤᠨ ᠡᠳᠦᠷ᠎ᠦᠨ ᠳᠣᠲᠣᠷ᠎ᠠ ᠲᠣᠭᠲᠠᠭᠠᠯ ᠭᠠᠷᠭᠠᠬᠤ ᠬᠡᠷᠡᠭᠲᠡᠢ᠃
ᠤᠰᠤ ᠲᠠᠲᠠᠷᠠᠭᠤᠯᠬᠤ ᠬᠣᠭᠣᠯᠠᠢ ᠭᠤᠤᠷᠰᠤ᠎ᠶᠢᠨ ᠲᠣᠣᠷ᠎ᠢᠶᠠᠷ ᠪᠣᠬᠢᠷ ᠤᠰᠤ ᠭᠠᠳᠠᠭᠱᠢᠯᠠᠭᠤᠯᠬᠤ ᠵᠥᠪᠱᠢᠶᠡᠷᠡᠯ ᠭᠤᠶᠤᠴᠢᠯᠠᠬᠤ ᠵᠢᠴᠢ ᠤᠰᠤ ᠲᠠᠲᠠᠷᠠᠭᠤᠯᠬᠤ ᠡᠷᠦᠬᠡ᠎ᠶᠢᠨ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠪᠡᠯᠡᠳᠬᠡᠮᠵᠢ᠎ᠪᠡᠷ ᠪᠣᠬᠢᠷ ᠤᠰᠤ ᠭᠠᠳᠠᠭᠱᠢᠯᠠᠭᠤᠯᠬᠤ ᠠᠵᠢᠯᠯᠠᠭ᠎ᠠ᠎ᠳᠤ ᠬᠢᠨᠠᠯᠲᠠ ᠬᠠᠮᠢᠶᠠᠷᠤᠯᠲᠠ ᠶᠠᠪᠤᠭᠤᠯᠬᠤ ᠵᠡᠷᠭᠡ ᠬᠠᠮᠢᠶ᠎ᠠ ᠪᠦᠬᠦᠢ ᠠᠵᠢᠯ᠎ᠤᠳ᠎ᠢ ᠤᠯᠤᠰ᠎ᠤᠨ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠬᠡᠷᠡᠭᠵᠢᠭᠦᠯᠦᠨ᠎ᠡ᠃
ᠠᠷᠪᠠᠨ ᠨᠠᠢ᠍ᠮᠠᠳᠤᠭᠠᠷ ᠵᠦᠢᠯ ᠤᠰᠤ ᠲᠠᠲᠠᠷᠠᠭᠤᠯᠬᠤ ᠡᠷᠦᠬᠡ᠎ᠨᠢ ᠤᠯᠤᠰ᠎ᠤᠨ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠵᠣᠬᠢᠬᠤ ᠤᠷᠢᠳᠴᠢᠯᠠᠨ ᠱᠢᠢᠳᠪᠦᠷᠢᠯᠡᠬᠦ ᠪᠡᠯᠡᠳᠬᠡᠮᠵᠢ ᠪᠠ ᠤᠰᠤᠨ᠎ᠤ ᠴᠢᠨᠠᠷ᠂ ᠤᠰᠤᠨ᠎ᠤ ᠬᠡᠮᠵᠢᠶ᠎ᠡ᠎ᠶᠢ ᠪᠠᠢᠴᠠᠭᠠᠨ ᠱᠢᠨᠵᠢᠬᠦ ᠪᠡᠯᠡᠳᠬᠡᠮᠵᠢ᠎ᠶᠢ ᠪᠠᠢᠭᠤᠯᠬᠤ᠎ᠶᠢᠨ ᠬᠠᠮᠲᠤ᠂ ᠤᠰᠤ ᠲᠠᠲᠠᠷᠠᠭᠤᠯᠬᠤ ᠬᠣᠭᠣᠯᠠᠢ ᠭᠤᠤᠷᠰᠤ᠎ᠶᠢᠨ ᠲᠣᠣᠷ᠎ᠢᠶᠠᠷ ᠪᠣᠬᠢᠷ ᠤᠰᠤ ᠭᠠᠳᠠᠭᠱᠢᠯᠠᠭᠤᠯᠬᠤ ᠵᠥᠪᠱᠢᠶᠡᠷᠡᠯ᠎ᠦᠨ ᠦᠨᠡᠮᠯᠡᠯ᠎ᠦᠨ ᠱᠠᠭᠠᠷᠳᠠᠯᠭ᠎ᠠ ᠶᠣᠰᠣᠭᠠᠷ ᠪᠣᠬᠢᠷ ᠤᠰᠤ᠎ᠶᠢ ᠭᠠᠳᠠᠭᠱᠢᠯᠠᠭᠤᠯᠬᠤ ᠬᠡᠷᠡᠭᠲᠡᠢ᠃
ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠪᠡᠯᠡᠳᠬᠡᠮᠵᠢ᠎ᠪᠡᠷ ᠠᠵᠤ ᠦᠢᠯᠡᠳᠪᠦᠷᠢ᠎ᠶᠢᠨ ᠬᠠᠶᠠᠭᠳᠠᠮᠠᠯ ᠤᠰᠤ᠎ᠶᠢ ᠭᠠᠳᠠᠭᠱᠢᠯᠠᠭᠤᠯᠬᠤᠳᠤ᠂ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠤᠷᠢᠳᠴᠢᠯᠠᠨ ᠱᠢᠢᠳᠪᠦᠷᠢᠯᠡᠵᠦ᠂ ᠬᠣᠲᠠ ᠪᠠᠯᠭᠠᠰᠤ᠎ᠶᠢᠨ ᠪᠣᠬᠢᠷ ᠤᠰᠤ ᠱᠢᠢᠳᠪᠦᠷᠢᠯᠡᠬᠦ ᠪᠡᠯᠡᠳᠬᠡᠮᠵᠢ᠎ᠪᠡᠷ ᠴᠡᠪᠡᠷᠱᠢᠭᠦᠯᠦᠨ ᠱᠢᠢᠳᠪᠦᠷᠢᠯᠡᠬᠦ ᠤᠷ᠎ᠠ ᠮᠡᠷᠭᠡᠱᠢᠯ᠎ᠦᠨ ᠱᠠᠭᠠᠷᠳᠠᠯᠭ᠎ᠠ᠎ᠳᠤ ᠬᠦᠷᠦᠭᠰᠡᠨ᠎ᠦ ᠳᠠᠷᠠᠭ᠎ᠠ ᠭᠠᠳᠠᠭᠱᠢᠯᠠᠭᠤᠯᠵᠤ ᠪᠣᠯᠤᠨ᠎ᠠ᠃
ᠠᠷᠪᠠ ᠶᠢᠰᠦᠳᠦᠭᠡᠷ ᠵᠦᠢᠯ ᠤᠰᠤ ᠲᠠᠲᠠᠷᠠᠭᠤᠯᠬᠤ ᠨᠢᠭᠡᠴᠢ ᠪᠤᠶᠤ ᠬᠤᠪᠢ ᠬᠥᠮᠦᠨ ᠪᠣᠬᠢᠷ ᠪᠣᠳᠠᠰ ᠰᠣᠷᠣᠬᠤ ᠲᠡᠷᠭᠡ᠂ ᠰᠠᠪᠠ᠎ᠲᠤ ᠲᠡᠷᠭᠡ᠂ ᠤᠰᠤ ᠬᠠᠳᠠᠭᠠᠯᠠᠬᠤ ᠰᠠᠪᠠ ᠵᠡᠷᠭᠡ ᠲᠡᠭᠡᠭᠡᠪᠦᠷᠢ᠎ᠶᠢᠨ ᠪᠠᠭᠠᠵᠢ ᠪᠤᠶᠤ ᠰᠠᠪᠠ ᠬᠡᠷᠡᠭᠰᠡᠯ᠎ᠢᠶᠡᠷ ᠳᠠᠮᠵᠢᠭᠤᠯᠤᠨ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠪᠡᠯᠡᠳᠬᠡᠮᠵᠢ᠎ᠪᠡᠷ ᠪᠣᠬᠢᠷ ᠤᠰᠤ ᠭᠠᠳᠠᠭᠱᠢᠯᠠᠭᠤᠯᠬᠤᠳᠤ᠂ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠠᠵᠢᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠦᠨ ᠲᠣᠭᠲᠠᠭᠠᠭᠰᠠᠨ ᠴᠠᠭ ᠬᠤᠭᠤᠴᠠᠭᠠᠨ᠎ᠳᠤ᠂ ᠵᠢᠭᠠᠨ ᠲᠣᠭᠲᠠᠭᠠᠭᠰᠠᠨ ᠭᠠᠳᠠᠭᠱᠢᠯᠠᠭᠤᠯᠬᠤ ᠠᠮᠠᠰᠠᠷ᠎ᠢᠶᠠᠷ ᠭᠠᠳᠠᠭᠱᠢᠯᠠᠭᠤᠯᠬᠤ ᠬᠡᠷᠡᠭᠲᠡᠢ᠂ ᠪᠣᠬᠢᠷ ᠤᠰᠤ᠎ᠶᠢ ᠳᠤᠷ᠎ᠠ᠎ᠪᠠᠷ᠎ᠢᠶᠠᠨ ᠴᠢᠳᠭᠤᠵᠤ᠂ ᠭᠠᠳᠠᠭᠱᠢᠯᠠᠭᠤᠯᠵᠤ ᠪᠣᠯᠬᠤ ᠦᠭᠡᠢ᠃
ᠪᠣᠬᠢᠷ ᠪᠣᠳᠠᠰ ᠰᠣᠷᠣᠬᠤ ᠲᠡᠷᠭᠡ᠂ ᠰᠠᠪᠠ᠎ᠲᠤ ᠲᠡᠷᠭᠡ᠂ ᠤᠰᠤ ᠬᠠᠳᠠᠭᠠᠯᠠᠬᠤ ᠰᠠᠪᠠ ᠵᠡᠷᠭᠡ ᠲᠡᠭᠡᠭᠡᠪᠦᠷᠢ᠎ᠶᠢᠨ ᠪᠠᠭᠠᠵᠢ ᠪᠤᠶᠤ ᠰᠠᠪᠠ ᠬᠡᠷᠡᠭᠰᠡᠯ᠎ᠢᠶᠡᠷ ᠳᠠᠮᠵᠢᠭᠤᠯᠤᠨ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠪᠡᠯᠡᠳᠬᠡᠮᠵᠢ᠎ᠪᠡᠷ ᠬᠣᠲᠠ ᠪᠠᠯᠭᠠᠰᠤ᠎ᠶᠢᠨ ᠪᠣᠬᠢᠷ ᠤᠰᠤ ᠱᠢᠢᠳᠪᠦᠷᠢᠯᠡᠬᠦ ᠪᠡᠯᠡᠳᠬᠡᠮᠵᠢ᠎ᠪᠡᠷ ᠴᠡᠪᠡᠷᠱᠢᠭᠦᠯᠦᠨ ᠱᠢᠢᠳᠪᠦᠷᠢᠯᠡᠬᠦ ᠤᠷ᠎ᠠ ᠮᠡᠷᠭᠡᠱᠢᠯ᠎ᠦᠨ ᠱᠠᠭᠠᠷᠳᠠᠯᠭ᠎ᠠ᠎ᠳᠤ ᠬᠦᠷᠦᠭᠡᠳᠦᠢ ᠠᠵᠤ ᠦᠢᠯᠡᠳᠪᠦᠷᠢ᠎ᠶᠢᠨ ᠬᠠᠶᠠᠭᠳᠠᠮᠠᠯ ᠤᠰᠤ ᠭᠠᠳᠠᠭᠱᠢᠯᠠᠭᠤᠯᠬᠤᠶᠢ ᠴᠠᠭᠠᠵᠠᠯᠠᠨ᠎ᠠ᠃
ᠬᠣᠷᠢᠳᠤᠭᠠᠷ ᠵᠦᠢᠯ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠠᠵᠢᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠣᠲᠠ ᠪᠠᠯᠭᠠᠰᠤ᠎ᠶᠢᠨ ᠪᠣᠬᠢᠷ ᠤᠰᠤ ᠱᠢᠢᠳᠪᠦᠷᠢᠯᠡᠬᠦ ᠪᠡᠯᠡᠳᠬᠡᠮᠵᠢ᠎ᠶᠢ ᠬᠠᠮᠠᠭᠠᠯᠠᠵᠤ ᠡᠵᠡᠩᠨᠡᠨ ᠠᠵᠢᠯᠯᠠᠭᠤᠯᠬᠤ ᠨᠢᠭᠡᠴᠢ᠎ᠯᠦᠭᠡ ᠬᠠᠮᠠᠭᠠᠯᠠᠵᠤ ᠡᠵᠡᠩᠨᠡᠨ ᠠᠵᠢᠯᠯᠠᠭᠤᠯᠬᠤ ᠭᠡᠷ᠎ᠡ ᠲᠣᠭᠲᠠᠭᠠᠭᠠᠳ ᠬᠣᠶᠠᠷ ᠲᠠᠯ᠎ᠠ᠎ᠶᠢᠨ ᠡᠷᠬᠡ ᠡᠭᠦᠷᠭᠡ᠎ᠪᠡᠨ ᠲᠣᠳᠣᠷᠬᠠᠢᠯᠠᠬᠤ ᠬᠡᠷᠡᠭᠲᠡᠢ᠃
ᠬᠣᠲᠠ ᠪᠠᠯᠭᠠᠰᠤ᠎ᠶᠢᠨ ᠪᠣᠬᠢᠷ ᠤᠰᠤ ᠱᠢᠢᠳᠪᠦᠷᠢᠯᠡᠬᠦ ᠪᠡᠯᠡᠳᠬᠡᠮᠵᠢ᠎ᠶᠢ ᠬᠠᠮᠠᠭᠠᠯᠠᠵᠤ ᠡᠵᠡᠩᠨᠡᠨ ᠠᠵᠢᠯᠯᠠᠭᠤᠯᠬᠤ ᠨᠢᠭᠡᠴᠢ᠎ᠨᠢ ᠬᠠᠤᠯᠢ ᠴᠠᠭᠠᠵᠠ᠂ ᠬᠠᠤᠯᠢ ᠲᠣᠭᠲᠠᠭᠠᠯ ᠪᠠ ᠬᠣᠯᠪᠣᠭᠳᠠᠯ ᠪᠦᠬᠦᠢ ᠲᠣᠭᠲᠠᠭᠠᠯ ᠵᠢᠴᠢ ᠬᠠᠮᠠᠭᠠᠯᠠᠵᠤ ᠡᠵᠡᠩᠨᠡᠨ ᠠᠵᠢᠯᠯᠠᠭᠤᠯᠬᠤ ᠭᠡᠷ᠎ᠡ᠎ᠶᠢᠨ ᠶᠣᠰᠣᠭᠠᠷ ᠬᠠᠮᠠᠭᠠᠯᠠᠵᠤ ᠡᠵᠡᠩᠨᠡᠨ ᠠᠵᠢᠯᠯᠠᠭᠤᠯᠵᠤ᠂ ᠭᠠᠷᠭᠠᠭᠰᠠᠨ ᠤᠰᠤᠨ᠎ᠤ ᠴᠢᠨᠠᠷ᠎ᠨᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠲᠣᠭᠲᠠᠭᠠᠭᠰᠠᠨ ᠭᠠᠳᠠᠭᠱᠢᠯᠠᠭᠤᠯᠬᠤ ᠪᠠᠷᠢᠮᠵᠢᠶ᠎ᠠ᠎ᠳᠤ ᠨᠡᠢᠴᠡᠬᠦ᠎ᠶᠢ ᠪᠠᠲᠤᠯᠠᠵᠤ᠂ ᠪᠠᠷᠢᠮᠵᠢᠶ᠎ᠠ᠎ᠳᠤ ᠦᠯᠦ ᠬᠦᠷᠬᠦ ᠪᠣᠬᠢᠷ ᠤᠰᠤ᠎ᠶᠢ ᠭᠠᠳᠠᠭᠱᠢᠯᠠᠭᠤᠯᠵᠤ ᠪᠣᠯᠬᠤ ᠦᠭᠡᠢ᠃ ᠬᠣᠯᠪᠣᠭᠳᠠᠯ ᠪᠦᠬᠦᠢ ᠬᠠᠮᠠᠭᠠᠯᠠᠵᠤ ᠡᠵᠡᠩᠨᠡᠨ ᠠᠵᠢᠯᠯᠠᠭᠤᠯᠵᠤ ᠪᠠᠢᠭ᠎ᠠ ᠮᠡᠳᠡᠭᠡ ᠵᠠᠩᠭᠢ᠎ᠪᠠᠨ ᠲᠣᠭᠲᠠᠮᠠᠯ ᠬᠤᠭᠤᠴᠠᠭ᠎ᠠ᠎ᠲᠠᠢ᠎ᠪᠠᠷ ᠨᠡᠢᠭᠡᠮ᠎ᠳᠦ ᠢᠯᠡ ᠪᠣᠯᠭᠠᠬᠤ᠎ᠶᠢᠨ ᠬᠠᠮᠲᠤ᠂ ᠬᠠᠮᠢᠶ᠎ᠠ ᠪᠦᠬᠦᠢ ᠰᠠᠯᠠᠭ᠎ᠠ ᠮᠥᠴᠢᠷ ᠪᠠ ᠨᠡᠢᠭᠡᠮ ᠨᠡᠢᠲᠡ᠎ᠶᠢᠨ ᠬᠢᠨᠠᠯᠲᠠ ᠲᠠᠯᠪᠢᠯᠲᠠ᠎ᠶᠢ ᠬᠦᠯᠢᠶᠡᠬᠦ ᠬᠡᠷᠡᠭᠲᠡᠢ᠃
ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠠᠵᠢᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠣᠲᠠ ᠪᠠᠯᠭᠠᠰᠤ᠎ᠶᠢᠨ ᠪᠣᠬᠢᠷ ᠤᠰᠤ ᠱᠢᠢᠳᠪᠦᠷᠢᠯᠡᠬᠦ ᠪᠡᠯᠡᠳᠬᠡᠮᠵᠢ᠎ᠶᠢᠨ ᠠᠵᠢᠯᠯᠠᠭᠤᠯᠵᠤ ᠦᠢᠯᠡᠴᠢᠯᠡᠬᠦ ᠵᠠᠷᠤᠳᠠᠯ᠎ᠢ ᠪᠣᠬᠢᠷ ᠤᠰᠤ ᠱᠢᠢᠳᠪᠦᠷᠢᠯᠡᠬᠦ ᠦᠢᠯᠡᠳᠪᠦᠷᠢ᠎ᠶᠢᠨ ᠣᠷᠣᠭᠤᠯᠬᠤ ᠤᠰᠤᠨ᠎ᠳᠠᠬᠢ ᠪᠣᠬᠢᠷ ᠪᠣᠳᠠᠰ᠎ᠤᠨ ᠥᠳᠬᠡᠴᠡ᠂ ᠪᠣᠬᠢᠷ ᠪᠣᠳᠠᠰ᠎ᠢ ᠪᠠᠭᠤᠷᠠᠭᠤᠯᠤᠨ ᠪᠠᠭᠠᠰᠭᠠᠭᠰᠠᠨ ᠬᠡᠮᠵᠢᠶ᠎ᠡ᠂ ᠭᠠᠷᠭᠠᠬᠤ ᠤᠰᠤᠨ᠎ᠤ ᠴᠢᠨᠠᠷ ᠵᠢᠴᠢ ᠪᠤᠵᠠᠷ ᠱᠢᠪᠠᠷ᠎ᠢ ᠬᠣᠣᠷ ᠦᠭᠡᠢᠲᠦᠭᠦᠯᠬᠦ᠂ ᠲᠣᠭᠲᠠᠪᠤᠷᠢᠵᠢᠭᠤᠯᠤᠨ ᠱᠢᠢᠳᠪᠦᠷᠢᠯᠡᠭᠰᠡᠨ ᠦᠷ᠎ᠡ ᠴᠢᠳᠠᠮᠵᠢᠯᠤᠭᠠ ᠬᠠᠷᠢᠯᠴᠠᠨ ᠬᠣᠯᠪᠣᠭᠳᠠᠭᠤᠯᠤᠭᠰᠠᠨ ᠦᠷ᠎ᠡ ᠪᠦᠲᠦᠮᠵᠢ᠎ᠪᠡᠷ ᠵᠠᠷᠤᠳᠠᠯ ᠲᠤᠱᠢᠶᠠᠬᠤ ᠲᠣᠭᠲᠠᠴᠠ᠎ᠶᠢ ᠠᠬᠢᠭᠤᠯᠤᠨ ᠪᠠᠢᠭᠤᠯᠬᠤ ᠬᠡᠷᠡᠭᠲᠡᠢ᠃ ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠣᠨ᠎ᠤ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠳ ᠬᠣᠲᠠ ᠪᠠᠯᠭᠠᠰᠤ᠎ᠶᠢᠨ ᠪᠣᠬᠢᠷ ᠤᠰᠤ ᠱᠢᠢᠳᠪᠦᠷᠢᠯᠡᠬᠦ ᠪᠡᠯᠡᠳᠬᠡᠮᠵᠢ᠎ᠶᠢᠨ ᠠᠵᠢᠯᠯᠠᠭᠤᠯᠵᠤ ᠦᠢᠯᠡᠴᠢᠯᠡᠬᠦ ᠵᠠᠷᠤᠳᠠᠯ᠎ᠢ ᠴᠠᠭ ᠲᠤᠬᠠᠢᠳᠤᠨᠢ᠂ ᠲᠣᠭ᠎ᠠ ᠶᠣᠰᠣᠭᠠᠷ ᠭᠦᠢᠴᠡᠳ ᠰᠠᠯᠭᠠᠨ ᠥᠭᠬᠦ ᠬᠡᠷᠡᠭᠲᠡᠢ᠃
ᠬᠣᠷᠢᠨ ᠨᠢᠭᠡᠳᠦᠭᠡᠷ ᠵᠦᠢᠯ ᠬᠣᠲᠠ ᠪᠠᠯᠭᠠᠰᠤ᠎ᠶᠢᠨ ᠪᠣᠬᠢᠷ ᠤᠰᠤ ᠱᠢᠢᠳᠪᠦᠷᠢᠯᠡᠬᠦ ᠪᠡᠯᠡᠳᠬᠡᠮᠵᠢ᠎ᠶᠢ ᠬᠠᠮᠠᠭᠠᠯᠠᠵᠤ ᠡᠵᠡᠩᠨᠡᠨ ᠠᠵᠢᠯᠯᠠᠭᠤᠯᠬᠤ ᠨᠢᠭᠡᠴᠢᠶᠢᠨᠬᠢᠨᠦ ᠬᠠᠤᠯᠢ ᠶᠣᠰᠣᠭᠠᠷ ᠳᠡᠭᠡᠳᠦ ᠬᠡᠯᠬᠢᠶᠡᠨ᠎ᠦ ᠦᠢᠯᠡᠳᠪᠦᠷᠢᠯᠡᠯ᠎ᠦᠨ ᠠᠵᠤ ᠠᠬᠤᠢᠯᠠᠯ᠎ᠤᠨ ᠠᠮᠢᠳᠤ ᠪᠣᠳᠠᠰ᠎ᠤᠨ ᠬᠢᠮᠢ᠎ᠶᠢᠨ ᠴᠢᠨᠠᠷ᠎ᠢᠶᠠᠷ ᠴᠢᠩᠭ᠎ᠠ ᠬᠠᠶᠠᠭᠳᠠᠮᠠᠯ ᠤᠰᠤ᠎ᠶᠢ ᠳᠣᠣᠷᠠᠳᠤ ᠬᠡᠯᠬᠢᠶᠡᠨ᠎ᠦ ᠪᠣᠬᠢᠷ ᠤᠰᠤ ᠱᠢᠢᠳᠪᠦᠷᠢᠯᠡᠬᠦ ᠦᠢᠯᠡᠳᠪᠦᠷᠢ᠎ᠶᠢᠨ ᠨᠡᠭᠦᠷᠡᠰᠦᠲᠥ᠋ᠷᠥᠭᠴᠢ᠎ᠶᠢᠨ ᠰᠤᠷᠪᠤᠯᠵᠢ᠎ᠶᠢᠨ ᠨᠥᠬᠥᠪᠥᠷᠢ ᠪᠣᠯᠭᠠᠬᠤ᠎ᠶᠢ᠎ᠨᠢ ᠵᠣᠷᠢᠭᠵᠢᠭᠤᠯᠤᠨ᠎ᠠ᠃
ᠬᠣᠲᠠ ᠪᠠᠯᠭᠠᠰᠤ᠎ᠶᠢᠨ ᠪᠣᠬᠢᠷ ᠤᠰᠤ ᠱᠢᠢᠳᠪᠦᠷᠢᠯᠡᠬᠦ ᠪᠡᠯᠡᠳᠬᠡᠮᠵᠢ᠎ᠶᠢ ᠬᠠᠮᠠᠭᠠᠯᠠᠵᠤ ᠡᠵᠡᠩᠨᠡᠨ ᠠᠵᠢᠯᠯᠠᠭᠤᠯᠬᠤ ᠨᠢᠭᠡᠴᠢ᠎ᠶᠢ ᠵᠣᠷᠢᠭᠵᠢᠭᠤᠯᠵᠤ ᠪᠠᠢᠭᠠᠳ ᠭᠣᠣᠯᠳᠠᠯᠭ᠎ᠠ᠎ᠲᠠᠢ ᠡᠨᠧᠷᠭᠢ ᠬᠡᠷᠡᠭᠯᠡᠬᠦ ᠪᠡᠯᠡᠳᠬᠡᠮᠵᠢ᠎ᠶᠢ ᠡᠨᠧᠷᠭᠢ ᠠᠷᠪᠢᠯᠠᠨ ᠦᠷ᠎ᠡ ᠠᠱᠢᠭ᠎ᠢ ᠨᠡᠮᠡᠭᠳᠡᠭᠦᠯᠬᠦ᠎ᠪᠡᠷ ᠥᠭᠡᠷᠡᠴᠢᠯᠡᠨ ᠱᠢᠨᠡᠳᠬᠡᠬᠦ ᠠᠵᠢᠯ᠎ᠢ ᠥᠷᠨᠢᠭᠦᠯᠵᠦ᠂ ᠤᠷᠭᠤᠮᠠᠯ᠎ᠤᠨ ᠦᠨᠦᠷ ᠠᠷᠢᠯᠭᠠᠭᠴᠢ ᠡᠳ᠋᠂ ᠣᠷᠴᠢᠨ ᠲᠣᠭᠣᠷᠢᠨ᠎ᠢ ᠬᠠᠮᠠᠭᠠᠯᠠᠬᠤ ᠬᠡᠯᠪᠡᠷᠢ᠎ᠶᠢᠨ ᠬᠥᠪᠰᠥᠢ᠌ᠯᠭᠡᠨ ᠴᠠᠷᠴᠠᠭᠠᠬᠤ ᠡᠳ᠋ ᠵᠡᠷᠭᠡ ᠱᠢᠨ᠎ᠡ ᠬᠡᠯᠪᠡᠷᠢ᠎ᠶᠢᠨ ᠪᠣᠬᠢᠷᠲᠤᠯ ᠦᠭᠡᠢ ᠡᠮ᠎ᠢ ᠳᠡᠯᠭᠡᠷᠡᠭᠦᠯᠦᠨ ᠬᠡᠷᠡᠭᠯᠡᠭᠦᠯᠦᠨ᠎ᠡ᠃
ᠬᠣᠷᠢᠨ ᠬᠣᠶᠠᠳᠤᠭᠠᠷ ᠵᠦᠢᠯ ᠬᠣᠲᠠ ᠪᠠᠯᠭᠠᠰᠤ᠎ᠶᠢᠨ ᠪᠣᠬᠢᠷ ᠤᠰᠤ ᠱᠢᠢᠳᠪᠦᠷᠢᠯᠡᠬᠦ ᠪᠡᠯᠡᠳᠬᠡᠮᠵᠢ᠎ᠶᠢ ᠬᠠᠮᠠᠭᠠᠯᠠᠵᠤ ᠡᠵᠡᠩᠨᠡᠨ ᠠᠵᠢᠯᠯᠠᠭᠤᠯᠬᠤ ᠨᠢᠭᠡᠴᠢ ᠪᠠ ᠪᠤᠵᠠᠷ ᠱᠢᠪᠠᠷ᠎ᠢ ᠵᠥᠭᠡᠭᠡᠪᠦᠷᠢᠯᠡᠬᠦ᠂ ᠱᠢᠢᠳᠪᠦᠷᠢᠯᠡᠬᠦ᠎ᠶᠢ ᠬᠠᠷᠢᠭᠤᠴᠠᠬᠤ ᠨᠢᠭᠡᠴᠢ᠎ᠨᠦᠭᠦᠳ ᠡᠬᠢ ᠡᠭᠦᠰᠦᠯ᠎ᠡᠴᠡ᠎ᠨᠢ ᠪᠠᠭᠠᠰᠭᠠᠬᠤ ᠪᠠ ᠪᠥᠬᠦ ᠴᠤᠪᠤᠷᠠᠯ᠎ᠢ ᠡᠵᠡᠮᠳᠡᠬᠦ ᠱᠠᠭᠠᠷᠳᠠᠯᠭ᠎ᠠ ᠶᠣᠰᠣᠭᠠᠷ᠂ ᠪᠤᠵᠠᠷ ᠱᠢᠪᠠᠷ᠎ᠢ ᠠᠶᠤᠯ ᠦᠭᠡᠢ᠎ᠪᠡᠷ ᠱᠢᠢᠳᠪᠦᠷᠢᠯᠡᠵᠦ᠂ ᠱᠢᠢᠳᠪᠦᠷᠢᠯᠡᠭᠰᠡᠨᠦ ᠳᠠᠷᠠᠭᠠᠬᠢ ᠪᠤᠵᠠᠷ ᠱᠢᠪᠠᠷ᠎ᠨᠢ ᠤᠯᠤᠰ᠎ᠤᠨ ᠬᠣᠯᠪᠣᠭᠳᠠᠯ ᠪᠦᠬᠦᠢ ᠪᠠᠷᠢᠮᠵᠢᠶ᠎ᠠ᠎ᠳᠤ ᠨᠡᠢᠴᠡᠬᠦ᠎ᠶᠢ ᠪᠠᠲᠤᠯᠠᠬᠤ ᠬᠡᠷᠡᠭᠲᠡᠢ᠃
ᠬᠣᠲᠠ ᠪᠠᠯᠭᠠᠰᠤ᠎ᠶᠢᠨ ᠪᠣᠬᠢᠷ ᠤᠰᠤ ᠱᠢᠢᠳᠪᠦᠷᠢᠯᠡᠬᠦ ᠪᠡᠯᠡᠳᠬᠡᠮᠵᠢ᠎ᠶᠢ ᠬᠠᠮᠠᠭᠠᠯᠠᠵᠤ ᠡᠵᠡᠩᠨᠡᠨ ᠠᠵᠢᠯᠯᠠᠭᠤᠯᠬᠤ ᠨᠢᠭᠡᠴᠢ᠂ ᠪᠤᠵᠠᠷ ᠱᠢᠪᠠᠷ᠎ᠢ ᠵᠥᠭᠡᠭᠡᠪᠦᠷᠢᠯᠡᠬᠦ ᠨᠢᠭᠡᠴᠢ ᠪᠠ ᠪᠤᠵᠠᠷ ᠱᠢᠪᠠᠷ᠎ᠢ ᠱᠢᠢᠳᠪᠦᠷᠢᠯᠡᠬᠦ ᠨᠢᠭᠡᠴᠢ᠎ᠨᠢ ᠪᠤᠵᠠᠷ ᠱᠢᠪᠠᠷ᠎ᠢ ᠱᠢᠯᠵᠢᠭᠦᠯᠦᠨ ᠵᠥᠭᠡᠭᠡᠪᠦᠷᠢᠯᠡᠬᠦ ᠬᠣᠯᠪᠣᠭᠠᠯᠠᠨ ᠵᠥᠭᠡᠭᠡᠪᠦᠷᠢᠯᠡᠬᠦ ᠲᠣᠭᠲᠠᠴᠠ᠎ᠶᠢ ᠪᠠᠢᠭᠤᠯᠤᠨ ᠪᠦᠷᠢᠨᠱᠢᠭᠦᠯᠵᠦ᠂ ᠪᠤᠢ ᠪᠣᠯᠤᠭᠰᠠᠨ ᠪᠤᠵᠠᠷ ᠰᠢᠪᠡᠷ ᠵᠢᠴᠢ ᠱᠢᠢᠳᠪᠦᠷᠢᠯᠡᠭᠰᠡᠨᠦ ᠳᠠᠷᠠᠭᠠᠬᠢ ᠪᠤᠵᠠᠷ ᠱᠢᠪᠡᠷ᠎ᠤᠨ ᠬᠠᠨᠳᠤᠱᠢ᠂ ᠬᠡᠷᠡᠭᠴᠡᠭᠡ᠂ ᠬᠡᠷᠡᠭᠯᠡᠬᠦ ᠬᠡᠮᠵᠢᠶ᠎ᠡ ᠵᠡᠷᠭᠡ᠎ᠶᠢ ᠮᠥᠷᠳᠡᠵᠦ᠂ ᠲᠡᠮᠳᠡᠭᠯᠡᠬᠦ᠎ᠶᠢᠨ ᠬᠠᠮᠲᠤ᠂ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠠᠵᠢᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠂ ᠠᠮᠢ ᠠᠬᠤᠢ ᠣᠷᠴᠢᠨ ᠲᠣᠭᠣᠷᠢᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠲᠦ ᠬᠠᠤᠯᠢ ᠶᠣᠰᠣᠭᠠᠷ ᠮᠡᠳᠡᠭᠦᠯᠬᠦ ᠬᠡᠷᠡᠭᠲᠡᠢ᠃ ᠶᠠᠮᠠᠷᠪᠠ ᠨᠢᠭᠡᠴᠢ ᠪᠠ ᠬᠤᠪᠢ ᠬᠥᠮᠦᠨ ᠭᠡᠳ ᠪᠤᠵᠠᠷ ᠱᠢᠪᠠᠷ᠎ᠢ ᠳᠤᠷ᠎ᠠ᠎ᠪᠠᠷ᠎ᠢᠶᠠᠨ ᠴᠢᠳᠭᠤᠬᠤ᠂ ᠣᠪᠣᠭᠠᠯᠠᠬᠤ᠂ ᠬᠠᠶᠠᠬᠤ ᠪᠠ ᠠᠰᠭᠠᠵᠤ ᠪᠣᠯᠬᠤ ᠦᠭᠡᠢ᠃
ᠪᠤᠵᠠᠷ ᠱᠢᠪᠡᠷ᠎ᠤᠨ ᠵᠥᠭᠡᠭᠡᠪᠦᠷᠢ᠎ᠶᠢᠨ ᠲᠡᠷᠭᠡ ᠬᠥᠰᠬᠡ᠎ᠨᠢ ᠨᠢᠭᠲᠠ ᠪᠢᠲᠡᠭᠦᠮᠵᠢᠯᠡᠬᠦ᠂ ᠤᠰᠤ ᠦᠯᠦ ᠨᠡᠪᠴᠢᠭᠦᠯᠬᠦ᠂ ᠨᠡᠪᠴᠢᠵᠦ ᠭᠣᠭᠣᠵᠢᠬᠤ᠎ᠶᠢ ᠰᠡᠷᠭᠡᠢᠯᠡᠬᠦ ᠪᠠ ᠠᠰᠭᠠᠬᠤ᠎ᠶᠢ ᠰᠡᠷᠭᠡᠢᠯᠡᠬᠦ ᠪᠠᠷᠢᠮᠵᠢᠶ᠎ᠠ᠎ᠳᠤ ᠨᠡᠢᠴᠡᠭᠰᠡᠨ ᠪᠠᠢᠬᠤ ᠬᠡᠷᠡᠭᠲᠡᠢ᠃
ᠬᠣᠷᠢᠨ ᠭᠤᠷᠪᠠᠳᠤᠭᠠᠷ ᠵᠦᠢᠯ ᠥᠪᠡᠷᠲᠡᠭᠡᠨ ᠵᠠᠰᠠᠬᠤ ᠣᠷᠣᠨ᠎ᠠᠴᠠ ᠡᠬᠢ ᠪᠠᠶᠠᠯᠢᠭ᠎ᠤᠨ ᠢᠯᠴᠢ᠎ᠶᠢᠨ ᠬᠦᠴᠦ᠎ᠪᠡᠷ ᠴᠠᠬᠢᠯᠭᠠᠨ ᠭᠠᠷᠭᠠᠬᠤ ᠦᠢᠯᠡᠳᠪᠦᠷᠢ᠂ ᠱᠦᠢᠨᠢ᠎ᠶᠢᠨ ᠦᠢᠯᠡᠳᠪᠦᠷᠢ᠂ ᠨᠡᠭᠦᠷᠡᠰᠦ ᠲᠦᠯᠡᠵᠦ ᠴᠠᠬᠢᠯᠭᠠᠨ ᠭᠠᠷᠭᠠᠬᠤ ᠦᠢᠯᠡᠳᠪᠦᠷᠢᠶᠢᠨᠬᠢᠨᠦ ᠪᠠᠢᠭ᠎ᠠ ᠭᠠᠵᠠᠷ᠎ᠤᠨ᠎ᠢᠶᠠᠨ ᠪᠤᠵᠠᠷ ᠰᠢᠪᠠᠷ ᠱᠢᠢᠳᠪᠦᠷᠢᠯᠡᠬᠦ ᠬᠡᠷᠡᠭᠴᠡᠭᠡ ᠱᠠᠭᠠᠷᠳᠠᠯᠭ᠎ᠠ᠎ᠶᠢ ᠦᠨᠳᠦᠰᠦᠯᠡᠨ᠂ ᠪᠤᠵᠠᠷ ᠱᠢᠪᠠᠷ᠎ᠢ ᠱᠢᠲᠠᠭᠠᠵᠤ ᠱᠢᠢᠳᠪᠦᠷᠢᠯᠡᠬᠦ ᠪᠡᠯᠡᠳᠬᠡᠮᠵᠢ ᠲᠣᠬᠢᠷᠠᠭᠤᠯᠵᠤ᠂ ᠪᠤᠵᠠᠷ ᠱᠢᠪᠠᠷ᠎ᠢ ᠬᠠᠮᠵᠢᠯᠴᠠᠨ ᠱᠢᠲᠠᠭᠠᠵᠤ ᠱᠢᠢᠳᠪᠦᠷᠢᠯᠡᠬᠦ ᠴᠢᠳᠠᠪᠤᠷᠢ᠎ᠪᠠᠨ ᠳᠡᠭᠡᠭᠱᠢᠯᠡᠭᠦᠯᠬᠦ᠎ᠶᠢ᠎ᠨᠢ ᠵᠣᠷᠢᠭᠵᠢᠭᠤᠯᠤᠨ᠎ᠠ᠃
ᠪᠤᠵᠠᠷ ᠱᠢᠪᠠᠷ᠎ᠢ ᠬᠣᠣᠷ ᠦᠭᠡᠢᠲᠦᠭᠦᠯᠬᠦ᠂ ᠲᠣᠭᠲᠠᠪᠤᠷᠢᠵᠢᠭᠤᠯᠬᠤ᠎ᠶᠢ ᠪᠡᠶᠡᠯᠡᠭᠦᠯᠦᠭᠰᠡᠨ ᠤᠷᠢᠲᠠᠯ ᠳᠣᠣᠷ᠎ᠠ᠂ ᠪᠤᠵᠠᠷ ᠱᠢᠪᠠᠷ᠎ᠢ ᠡᠬᠢ ᠪᠠᠶᠠᠯᠢᠭᠵᠢᠭᠤᠯᠤᠨ ᠠᠱᠢᠭᠯᠠᠬᠤ᠎ᠶᠢ ᠵᠣᠷᠢᠭᠵᠢᠭᠤᠯᠤᠨ ᠠᠬᠢᠭᠤᠯᠵᠤ᠂ ᠬᠥᠷᠥᠰᠥ ᠱᠢᠷᠣᠢ᠎ᠶᠢᠨ ᠰᠠᠢᠵᠢᠷᠠᠭᠤᠯᠤᠯᠲᠠ᠂ ᠬᠣᠲᠠ ᠪᠠᠯᠭᠠᠰᠤ᠎ᠶᠢᠨ ᠨᠣᠭᠣᠭᠠᠷᠠᠭᠤᠯᠤᠯᠲᠠ᠂ ᠪᠠᠷᠢᠯᠭ᠎ᠠ᠎ᠶᠢᠨ ᠮᠠᠲ᠋ᠧᠷᠢᠶᠠᠯ᠂ ᠱᠢᠨ᠎ᠡ ᠡᠨᠧᠷᠭᠢ᠎ᠶᠢᠨ ᠠᠱᠢᠭᠯᠠᠯᠲᠠ ᠵᠡᠷᠭᠡ ᠲᠠᠯ᠎ᠠ᠎ᠳᠤ ᠪᠠᠷᠢᠮᠵᠢᠶ᠎ᠠ᠎ᠳᠤ ᠨᠡᠢᠴᠡᠬᠦ ᠪᠤᠵᠠᠷ ᠱᠢᠪᠡᠷ᠎ᠤᠨ ᠡᠭᠦᠰᠦᠮᠡᠯ ᠦᠢᠯᠡᠳᠬᠦᠨ᠎ᠢ ᠤᠷᠢᠳ᠎ᠢᠶᠠᠷ ᠬᠡᠷᠡᠭᠯᠡᠵᠦ᠂ ᠪᠤᠵᠠᠷ ᠱᠢᠪᠠᠷ᠎ᠢ ᠡᠬᠢ ᠪᠠᠶᠠᠯᠢᠭᠵᠢᠭᠤᠯᠤᠨ ᠠᠱᠢᠭᠯᠠᠬᠤ ᠨᠣᠷᠮ᠎ᠠ᠎ᠪᠠᠨ ᠠᠯᠬᠤᠮ ᠠᠯᠬᠤᠮ᠎ᠢᠶᠠᠷ ᠳᠡᠭᠡᠭᠱᠢᠯᠡᠭᠦᠯᠵᠦ᠂ ᠬᠠᠮᠢᠶ᠎ᠠ ᠪᠦᠬᠦᠢ ᠠᠵᠤ ᠦᠢᠯᠡᠰ᠎ᠦᠨ ᠬᠥᠭᠵᠢᠯᠲᠡ᠎ᠶᠢ ᠠᠬᠢᠭᠤᠯᠤᠨ᠎ᠠ᠃
ᠬᠣᠷᠢᠨ ᠳᠥᠷᠪᠡᠳᠦᠭᠡᠷ ᠵᠦᠢᠯ ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠣᠨ᠎ᠤ ᠤᠰᠤᠨ᠎ᠤ ᠵᠠᠰᠠᠭ ᠵᠠᠬᠢᠷᠭᠠᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠦᠳ ᠳᠠᠬᠢᠯᠲᠠ ᠤᠰᠤ᠎ᠶᠢ ᠲᠤᠰ ᠵᠠᠰᠠᠭ ᠵᠠᠬᠢᠷᠭᠠᠨ᠎ᠤ ᠣᠷᠣᠨ᠎ᠳᠠᠬᠢ ᠤᠰᠤᠨ᠎ᠤ ᠡᠬᠢ ᠪᠠᠶᠠᠯᠢᠭ᠎ᠤᠨ ᠨᠢᠭᠡᠳᠦᠯᠲᠡᠢ ᠲᠣᠬᠢᠷᠠᠭᠤᠯᠤᠯᠲᠠ᠎ᠳᠤ᠎ᠪᠠᠨ ᠣᠷᠣᠭᠤᠯᠵᠤ᠂ ᠵᠢᠭᠠᠨ ᠵᠢᠯᠣᠭᠣᠳᠣᠯᠭ᠎ᠠ᠎ᠪᠠᠨ ᠬᠠᠤᠯᠢ ᠶᠣᠰᠣᠭᠠᠷ ᠴᠢᠩᠭᠠᠳᠭᠠᠨ᠂ ᠳᠠᠬᠢᠯᠲᠠ ᠤᠰᠤ᠎ᠶᠢᠨ ᠠᠱᠢᠭᠯᠠᠯᠲᠠ᠎ᠶᠢ ᠠᠬᠢᠭᠤᠯᠵᠤ᠂ ᠤᠰᠤᠨ᠎ᠤ ᠡᠬᠢ ᠪᠠᠶᠠᠯᠢᠭ᠎ᠢ ᠠᠱᠢᠭᠯᠠᠬᠤ ᠦᠷ᠎ᠡ ᠪᠦᠲᠦᠮᠵᠢ᠎ᠪᠡᠨ ᠳᠡᠭᠡᠭᠱᠢᠯᠡᠭᠦᠯᠬᠦ ᠬᠡᠷᠡᠭᠲᠡᠢ᠃
ᠳᠠᠬᠢᠯᠲᠠ ᠤᠰᠤ ᠬᠠᠩᠭᠠᠬᠤ ᠨᠥᠬᠥᠴᠡᠯ᠎ᠢ ᠪᠦᠷᠢᠳᠦᠭᠦᠯᠦᠭᠰᠡᠨ ᠪᠥᠭᠡᠳ ᠤᠰᠤᠨ᠎ᠤ ᠴᠢᠨᠠᠷ᠎ᠨᠢ ᠤᠰᠤ ᠬᠡᠷᠡᠭᠯᠡᠬᠦ ᠪᠠᠷᠢᠮᠵᠢᠶ᠎ᠠ᠎ᠳᠤ ᠨᠡᠢᠴᠡᠭᠰᠡᠨ ᠪᠠᠢᠪᠠᠯ᠂ ᠳᠣᠣᠷ᠎ᠠ ᠵᠢᠭᠰᠠᠭᠠᠭᠰᠠᠨ ᠪᠠᠢᠳᠠᠯ᠎ᠳᠤ ᠤᠰᠤ ᠬᠡᠷᠡᠭᠯᠡᠬᠦ᠎ᠳᠦ ᠳᠠᠬᠢᠯᠲᠠ ᠤᠰᠤ᠎ᠶᠢ ᠲᠡᠷᠢᠭᠦᠨ᠎ᠳᠦ᠎ᠨᠢ ᠬᠡᠷᠡᠭᠯᠡᠬᠦ ᠬᠡᠷᠡᠭᠲᠡᠢ:
(ᠨᠢᠭᠡ) ᠭᠠᠯ ᠴᠠᠬᠢᠯᠭᠠᠨ᠂ ᠪᠣᠯᠣᠳ ᠲᠡᠮᠦᠷ᠂ ᠬᠢᠮᠢ᠎ᠶᠢᠨ ᠠᠵᠤ ᠦᠢᠯᠡᠳᠪᠦᠷᠢ ᠵᠡᠷᠭᠡ ᠤᠰᠤ ᠶᠡᠬᠡ ᠬᠣᠷᠣᠭᠳᠠᠭᠤᠯᠬᠤ ᠠᠵᠤ ᠦᠢᠯᠡᠳᠪᠦᠷᠢ᠎ᠶᠢᠨ ᠠᠵᠤ ᠠᠬᠤᠢᠯᠠᠯ᠎ᠤᠨ ᠬᠥᠷᠥᠭᠡᠯᠲᠡ᠎ᠳᠦ ᠬᠡᠷᠡᠭᠯᠡᠬᠦ ᠤᠰᠤ᠂ ᠴᠡᠪᠡᠷᠯᠡᠭᠡ ᠤᠬᠢᠶᠠᠯᠭ᠎ᠠ᠎ᠳᠤ ᠬᠡᠷᠡᠭᠯᠡᠬᠦ ᠤᠰᠤ᠂ ᠭᠦᠸᠧᠯᠦ᠎ᠳᠦ ᠬᠡᠷᠡᠭᠯᠡᠬᠦ ᠤᠰᠤ᠂ ᠤᠷᠠᠯᠠᠯ᠎ᠳᠤ ᠬᠡᠷᠡᠭᠯᠡᠬᠦ ᠤᠰᠤ᠂ ᠦᠢᠯᠡᠳᠬᠦᠨ᠎ᠳᠦ ᠬᠡᠷᠡᠭᠯᠡᠬᠦ ᠤᠰᠤ ᠵᠡᠷᠭᠡ ᠠᠵᠤ ᠦᠢᠯᠡᠳᠪᠦᠷᠢ᠎ᠶᠢᠨ ᠦᠢᠯᠡᠳᠪᠦᠷᠢᠯᠡᠯ᠎ᠳᠦ ᠬᠡᠷᠡᠭᠯᠡᠬᠦ ᠤᠰᠤ;
(ᠬᠣᠶᠠᠷ) ᠬᠣᠲᠠ ᠪᠠᠯᠭᠠᠰᠤ᠎ᠶᠢ ᠨᠣᠭᠣᠭᠠᠷᠠᠭᠤᠯᠬᠤ᠂ ᠵᠠᠮ᠎ᠢ ᠴᠡᠪᠡᠷᠯᠡᠬᠦ᠂ ᠲᠡᠷᠭᠡ ᠬᠥᠰᠬᠡ᠎ᠶᠢ ᠤᠬᠢᠶᠠᠬᠤ᠂ ᠪᠠᠷᠢᠯᠭ᠎ᠠ᠎ᠶᠢᠨ ᠠᠵᠢᠯ ᠬᠢᠬᠦ ᠵᠡᠷᠭᠡ ᠬᠣᠲᠠ᠎ᠶᠢᠨ ᠡᠯᠳᠡᠪ ᠵᠦᠢᠯ᠎ᠳᠦ ᠬᠡᠷᠡᠭᠯᠡᠬᠦ ᠤᠰᠤ;
(ᠭᠤᠷᠪᠠ) ᠦᠵᠡᠮᠦᠷᠢ᠎ᠶᠢᠨ ᠴᠢᠨᠠᠷᠲᠠᠢ ᠦᠵᠡᠮᠵᠢ᠎ᠶᠢᠨ ᠣᠷᠴᠢᠨ ᠲᠣᠭᠣᠷᠢᠨ᠎ᠳᠤ ᠬᠡᠷᠡᠭᠯᠡᠬᠦ ᠤᠰᠤ᠂ ᠭᠣᠣᠯ ᠮᠥᠷᠡᠨ᠎ᠦ ᠠᠮᠢ ᠠᠬᠤᠢ᠎ᠳᠤ ᠬᠡᠷᠡᠭᠯᠡᠬᠦ ᠤᠰᠤ᠂ ᠨᠤᠭᠤ ᠭᠠᠵᠠᠷ᠎ᠲᠤ ᠬᠡᠷᠡᠭᠯᠡᠬᠦ ᠤᠰᠤ ᠵᠡᠷᠭᠡ ᠣᠷᠴᠢᠨ ᠨᠥᠬᠥᠴᠡᠯ᠎ᠳᠦ ᠬᠡᠷᠡᠭᠯᠡᠬᠦ ᠤᠰᠤ;
(ᠳᠥᠷᠪᠡ) ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠲᠣᠭᠲᠠᠭᠠᠯ ᠶᠣᠰᠣᠭᠠᠷ ᠳᠠᠬᠢᠯᠲᠠ ᠤᠰᠤ᠎ᠶᠢ ᠡᠩ ᠲᠡᠷᠢᠭᠦᠨ᠎ᠳᠦ ᠬᠡᠷᠡᠭᠯᠡᠬᠦ ᠴᠢᠬᠤᠯᠠᠲᠠᠢ ᠪᠤᠰᠤᠳ ᠪᠠᠢᠳᠠᠯ᠃
ᠬᠣᠷᠢᠨ ᠲᠠᠪᠤᠳᠤᠭᠠᠷ ᠵᠦᠢᠯ ᠳᠠᠬᠢᠯᠲᠠ ᠤᠰᠤᠨ᠎ᠤ ᠡᠵᠡᠩᠨᠡᠯᠲᠡ᠎ᠶᠢᠨ ᠠᠵᠤ ᠠᠬᠤᠢᠯᠠᠯ᠎ᠨᠢ ᠳᠠᠬᠢᠯᠲᠠ ᠤᠰᠤᠨ᠎ᠤ ᠤᠰᠤᠨ᠎ᠤ ᠴᠢᠨᠠᠷ᠂ ᠤᠰᠤᠨ᠎ᠤ ᠳᠠᠷᠤᠯᠲᠠ᠎ᠶᠢ ᠤᠯᠤᠰ ᠪᠠ ᠥᠪᠡᠷᠲᠡᠭᠡᠨ ᠵᠠᠰᠠᠬᠤ ᠣᠷᠣᠨ᠎ᠤ ᠬᠠᠮᠢᠶ᠎ᠠ ᠪᠦᠬᠦᠢ ᠪᠠᠷᠢᠮᠵᠢᠶ᠎ᠠ ᠵᠢᠴᠢ ᠭᠡᠷ᠎ᠡ᠎ᠶᠢᠨ ᠪᠣᠯᠵᠣᠯᠳᠤ ᠨᠡᠢᠴᠡᠭᠦᠯᠬᠦ᠎ᠶᠢ ᠪᠠᠲᠤᠯᠠᠬᠤ ᠬᠡᠷᠡᠭᠲᠡᠢ᠃
ᠳᠠᠬᠢᠯᠲᠠ ᠤᠰᠤ᠎ᠶᠢ ᠠᠱᠢᠭᠯᠠᠬᠤ ᠪᠡᠯᠡᠳᠬᠡᠮᠵᠢᠳᠦ ᠢᠯᠡᠷᠬᠡᠢ ᠢᠯᠭᠠᠬᠤ ᠲᠡᠮᠳᠡᠭ ᠲᠠᠯᠪᠢᠬᠤ ᠬᠡᠷᠡᠭᠲᠡᠢ᠂ ᠳᠠᠬᠢᠯᠲᠠ ᠤᠰᠤᠨ᠎ᠤ ᠬᠣᠭᠣᠯᠠᠢ ᠭᠤᠤᠷᠰᠤ᠎ᠶᠢ ᠬᠣᠲᠠ ᠪᠠᠯᠭᠠᠰᠤ᠎ᠶᠢᠨ ᠣᠯᠠᠨ ᠨᠡᠢᠲᠡ᠎ᠶᠢᠨ ᠤᠰᠤ ᠬᠠᠩᠭᠠᠬᠤ ᠬᠣᠭᠣᠯᠠᠢ ᠭᠤᠤᠷᠰᠤ᠎ᠲᠠᠢ ᠵᠠᠯᠭᠠᠵᠤ ᠬᠣᠯᠪᠣᠬᠤ᠎ᠶᠢ ᠴᠠᠭᠠᠵᠠᠯᠠᠨ᠎ᠠ᠃
ᠳᠠᠬᠢᠯᠲᠠ ᠤᠰᠤ᠎ᠶᠢ ᠠᠮᠢᠳᠤᠷᠠᠯ᠎ᠤᠨ ᠤᠤᠭᠤᠬᠤ ᠤᠰᠤ᠂ ᠢᠳᠡᠭᠡᠨ᠎ᠦ ᠵᠦᠢᠯ ᠦᠢᠯᠡᠳᠪᠦᠷᠢᠯᠡᠬᠦ᠂ ᠤᠰᠤᠨ᠎ᠤ ᠭᠠᠷᠤᠯᠲᠠ ᠲᠡᠵᠢᠭᠡᠨ ᠦᠷᠡᠵᠢᠭᠦᠯᠬᠦ᠂ ᠤᠮᠪᠠᠵᠤ ᠪᠡᠶ᠎ᠡ ᠤᠬᠢᠶᠠᠬᠤ ᠵᠡᠷᠭᠡ ᠬᠥᠮᠦᠨ᠎ᠦ ᠪᠡᠶ᠎ᠡ ᠮᠠᠬᠠᠪᠣᠳ᠎ᠤᠨ ᠡᠷᠡᠭᠦᠯ ᠴᠢᠭᠢᠷᠠᠭ᠎ᠢ ᠨᠥᠯᠥᠭᠡᠯᠡᠬᠦ ᠬᠡᠷᠡᠭᠴᠡᠭᠡ᠎ᠳᠦ ᠬᠡᠷᠡᠭᠯᠡᠬᠦ᠎ᠶᠢ ᠴᠠᠭᠠᠵᠠᠯᠠᠨ᠎ᠠ᠃
ᠬᠣᠷᠢᠨ ᠵᠢᠷᠭᠤᠳᠤᠭᠠᠷ ᠵᠦᠢᠯ ᠤᠰᠤ ᠲᠠᠲᠠᠷᠠᠭᠤᠯᠬᠤ ᠨᠢᠭᠡᠴᠢ ᠪᠠ ᠬᠤᠪᠢ ᠬᠥᠮᠦᠨ ᠤᠯᠤᠰ᠎ᠤᠨ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠪᠣᠬᠢᠷ ᠤᠰᠤ ᠱᠢᠢᠳᠪᠦᠷᠢᠯᠡᠬᠦ ᠵᠠᠷᠤᠳᠠᠯ ᠲᠤᠱᠢᠶᠠᠬᠤ ᠬᠡᠷᠡᠭᠲᠡᠢ᠃
ᠪᠣᠬᠢᠷ ᠤᠰᠤ ᠱᠢᠢᠳᠪᠦᠷᠢᠯᠡᠬᠦ ᠵᠠᠷᠤᠳᠠᠯ ᠲᠠᠲᠠᠪᠤᠷᠢᠯᠠᠬᠤ ᠪᠠᠷᠢᠮᠵᠢᠶ᠎ᠠ᠎ᠶᠢ ᠬᠣᠲᠠ ᠪᠠᠯᠭᠠᠰᠤ᠎ᠶᠢᠨ ᠪᠣᠬᠢᠷ ᠤᠰᠤ ᠱᠢᠢᠳᠪᠦᠷᠢᠯᠡᠬᠦ ᠪᠡᠯᠡᠳᠬᠡᠮᠵᠢ᠎ᠶᠢᠨ ᠬᠡᠪ᠎ᠦᠨ ᠡᠵᠡᠩᠨᠡᠯᠲᠡ ᠪᠠ ᠪᠤᠵᠠᠷ ᠱᠢᠪᠠᠷ᠎ᠢ ᠱᠢᠢᠳᠪᠦᠷᠢᠯᠡᠬᠦ ᠥᠪᠡᠷ᠎ᠦᠨ ᠥᠷᠲᠡᠭ᠎ᠢ ᠬᠠᠮᠤᠷᠤᠭᠤᠯᠬᠤ᠎ᠶᠢᠨ ᠬᠠᠮᠲᠤ ᠵᠦᠢ ᠵᠣᠬᠢᠰᠲᠠᠢ ᠠᠱᠢᠭ ᠣᠷᠣᠯᠭ᠎ᠠ᠎ᠲᠠᠢ ᠪᠠᠢᠯᠭᠠᠬᠤ ᠵᠠᠷᠴᠢᠮ ᠶᠣᠰᠣᠭᠠᠷ ᠲᠣᠭᠲᠠᠭᠠᠨ᠎ᠠ᠂ ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠣᠨ᠎ᠤ ᠦᠨ᠎ᠡ ᠬᠠᠩᠱᠢ᠂ ᠡᠳ᠋᠎ᠦᠨ ᠵᠠᠰᠠᠭ ᠪᠠ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠠᠵᠢᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠦᠳ᠎ᠡᠴᠡ ᠰᠠᠨᠠᠯ ᠳᠤᠷᠠᠳᠴᠤ᠂ ᠲᠤᠰ ᠱᠠᠲᠤᠨ᠎ᠤ ᠠᠷᠠᠳ᠎ᠤᠨ ᠵᠠᠰᠠᠭ᠎ᠤᠨ ᠣᠷᠳᠣᠨ᠎ᠳᠤ ᠮᠡᠳᠡᠭᠦᠯᠵᠦ ᠵᠥᠪᠱᠢᠶᠡᠷᠡᠭᠦᠯᠦᠭᠰᠡᠨ᠎ᠦ ᠳᠠᠷᠠᠭ᠎ᠠ ᠬᠡᠷᠡᠭᠵᠢᠭᠦᠯᠦᠨ᠎ᠡ᠃
ᠬᠤᠷᠢᠶᠠᠭᠰᠠᠨ ᠪᠣᠬᠢᠷ ᠤᠰᠤ ᠱᠢᠢᠳᠪᠦᠷᠢᠯᠡᠬᠦ ᠵᠠᠷᠤᠳᠠᠯ᠎ᠢᠶᠠᠷ ᠬᠣᠲᠠ ᠪᠠᠯᠭᠠᠰᠤ᠎ᠶᠢᠨ ᠪᠣᠬᠢᠷ ᠤᠰᠤ ᠱᠢᠢᠳᠪᠦᠷᠢᠯᠡᠬᠦ ᠪᠡᠯᠡᠳᠬᠡᠮᠵᠢ᠎ᠶᠢᠨ ᠬᠡᠪ᠎ᠦᠨ ᠡᠵᠡᠩᠨᠡᠯᠲᠡ᠎ᠶᠢ ᠪᠠᠲᠤᠯᠠᠵᠤ ᠳᠡᠢᠯᠬᠦ ᠦᠭᠡᠢ᠎ᠳᠦ᠎ᠨᠢ᠂ ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠣᠨ᠎ᠠᠴᠠ ᠨᠡᠮᠡᠭᠦᠷᠢ ᠥᠭᠬᠦ ᠬᠡᠷᠡᠭᠲᠡᠢ᠃
ᠪᠣᠬᠢᠷ ᠤᠰᠤ ᠱᠢᠢᠳᠪᠦᠷᠢᠯᠡᠬᠦ ᠵᠠᠷᠤᠳᠠᠯ᠎ᠢ ᠡᠳ᠋᠎ᠦᠨ ᠵᠠᠰᠠᠭ᠎ᠤᠨ ᠲᠥᠰᠦᠪ᠎ᠦᠨ ᠬᠠᠮᠢᠶᠠᠷᠤᠯᠲᠠ᠎ᠳᠤ ᠣᠷᠣᠭᠤᠯᠵᠤ᠂ ᠬᠣᠲᠠ ᠪᠠᠯᠭᠠᠰᠤ᠎ᠶᠢᠨ ᠪᠣᠬᠢᠷ ᠤᠰᠤ ᠱᠢᠢᠳᠪᠦᠷᠢᠯᠡᠬᠦ ᠪᠡᠯᠡᠳᠬᠡᠮᠵᠢ᠎ᠶᠢᠨ ᠪᠦᠲᠦᠭᠡᠨ ᠪᠠᠢᠭᠤᠯᠤᠯᠲᠠ᠂ ᠠᠵᠢᠯᠯᠠᠭᠠᠨ ᠪᠠ ᠪᠤᠵᠠᠷ ᠱᠢᠪᠠᠷ᠎ᠢ ᠱᠢᠢᠳᠪᠦᠷᠢᠯᠡᠬᠦ ᠠᠵᠢᠯ᠎ᠳᠤ ᠲᠤᠰᠭᠠᠢ ᠵᠦᠢᠯ᠎ᠢᠶᠡᠷ ᠬᠡᠷᠡᠭᠯᠡᠬᠦ ᠬᠡᠷᠡᠭᠲᠡᠢ᠂ ᠪᠤᠰᠤᠳ ᠵᠦᠢᠯ᠎ᠳᠦ ᠨᠡᠭᠦᠯᠭᠡᠨ ᠬᠡᠷᠡᠭᠯᠡᠵᠦ ᠪᠣᠯᠬᠤ ᠦᠭᠡᠢ᠃
ᠪᠣᠬᠢᠷ ᠤᠰᠤ ᠱᠢᠢᠳᠪᠦᠷᠢᠯᠡᠬᠦ ᠵᠠᠷᠤᠳᠠᠯ᠎ᠢ ᠬᠤᠷᠢᠶᠠᠭᠰᠠᠨ᠂ ᠬᠡᠷᠡᠭᠯᠡᠭᠰᠡᠨ ᠪᠠᠢᠳᠠᠯ᠎ᠢᠶᠠᠨ ᠬᠠᠤᠯᠢ ᠶᠣᠰᠣᠭᠠᠷ ᠨᠡᠢᠭᠡᠮ ᠨᠡᠢᠲᠡ᠎ᠳᠦ ᠢᠯᠡ ᠪᠣᠯᠭᠠᠬᠤ ᠬᠡᠷᠡᠭᠲᠡᠢ᠃
ᠬᠣᠷᠢᠨ ᠳᠣᠯᠣᠳᠤᠭᠠᠷ ᠵᠦᠢᠯ ᠬᠣᠲᠠ ᠪᠠᠯᠭᠠᠰᠤ᠎ᠶᠢᠨ ᠪᠣᠬᠢᠷ ᠤᠰᠤ ᠱᠢᠢᠳᠪᠦᠷᠢᠯᠡᠬᠦ ᠪᠡᠯᠡᠳᠬᠡᠮᠵᠢ᠎ᠶᠢ ᠬᠠᠮᠠᠭᠠᠯᠠᠵᠤ ᠡᠵᠡᠩᠨᠡᠨ ᠠᠵᠢᠯᠯᠠᠭᠤᠯᠬᠤ ᠨᠢᠭᠡᠴᠢ᠎ᠨᠦᠭᠦᠳ ᠬᠣᠲᠠ ᠪᠠᠯᠭᠠᠰᠤ᠎ᠶᠢᠨ ᠪᠣᠬᠢᠷ ᠤᠰᠤ ᠱᠢᠢᠳᠪᠦᠷᠢᠯᠡᠬᠦ ᠪᠡᠯᠡᠳᠬᠡᠮᠵᠢ᠎ᠶᠢ ᠳᠤᠷ᠎ᠠ᠎ᠪᠠᠷ᠎ᠢᠶᠠᠨ ᠠᠵᠢᠯᠯᠠᠭᠤᠯᠬᠤ᠎ᠶᠢ ᠵᠣᠭᠰᠣᠭᠠᠵᠤ ᠪᠣᠯᠬᠤ ᠦᠭᠡᠢ᠂ ᠪᠠᠢᠴᠠᠭᠠᠨ ᠰᠡᠯᠪᠢᠬᠦ ᠵᠡᠷᠭᠡ ᠱᠢᠯᠲᠠᠭᠠᠨ᠎ᠠᠴᠠ ᠪᠣᠯᠣᠭᠠᠳ ᠬᠣᠲᠠ ᠪᠠᠯᠭᠠᠰᠤ᠎ᠶᠢᠨ ᠪᠣᠬᠢᠷ ᠤᠰᠤ ᠱᠢᠢᠳᠪᠦᠷᠢᠯᠡᠬᠦ ᠪᠡᠯᠡᠳᠬᠡᠮᠵᠢ᠎ᠶᠢ ᠠᠵᠢᠯᠯᠠᠭᠤᠯᠬᠤ᠎ᠶᠢ ᠵᠣᠭᠰᠣᠭᠠᠬᠤ ᠪᠤᠶᠤ ᠬᠡᠰᠡᠭ ᠵᠠᠭᠤᠷ᠎ᠠ ᠵᠣᠭᠰᠣᠭᠠᠬᠤ ᠴᠢᠬᠤᠯᠠᠲᠠᠢ ᠪᠣᠯ ᠶᠡᠷᠡᠨ ᠠᠵᠢᠯᠯᠠᠬᠤ ᠡᠳᠦᠷ᠎ᠡᠴᠡ ᠡᠮᠦᠨ᠎ᠡ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠠᠵᠢᠯ᠎ᠤᠨ ᠭᠣᠣᠯᠴᠢᠯᠠᠨ ᠬᠠᠮᠢᠶᠠᠷᠴᠤ ᠪᠠᠢᠭ᠎ᠠ ᠰᠠᠯᠠᠭ᠎ᠠ ᠮᠥᠴᠢᠷ᠂ ᠠᠮᠢ ᠠᠬᠤᠢ ᠣᠷᠴᠢᠨ ᠲᠣᠭᠣᠷᠢᠨ᠎ᠤ ᠭᠣᠣᠯᠴᠢᠯᠠᠨ ᠬᠠᠮᠢᠶᠠᠷᠴᠤ ᠪᠠᠢᠭ᠎ᠠ ᠰᠠᠯᠠᠭ᠎ᠠ ᠮᠥᠴᠢᠷ᠎ᠲᠦ ᠮᠡᠳᠡᠭᠦᠯᠬᠦ ᠬᠡᠷᠡᠭᠲᠡᠢ᠃
ᠬᠣᠲᠠ ᠪᠠᠯᠭᠠᠰᠤ᠎ᠶᠢᠨ ᠪᠣᠬᠢᠷ ᠤᠰᠤ ᠱᠢᠢᠳᠪᠦᠷᠢᠯᠡᠬᠦ ᠪᠡᠯᠡᠳᠬᠡᠮᠵᠢ᠎ᠶᠢ ᠬᠠᠮᠠᠭᠠᠯᠠᠵᠤ ᠡᠵᠡᠩᠨᠡᠨ ᠠᠵᠢᠯᠯᠠᠭᠤᠯᠬᠤ ᠨᠢᠭᠡᠴᠢ᠎ᠨᠢ ᠣᠷᠣᠭᠤᠯᠬᠤ ᠤᠰᠤᠨ᠎ᠤ ᠴᠢᠨᠠᠷ ᠪᠠ ᠤᠰᠤᠨ᠎ᠤ ᠬᠡᠮᠵᠢᠶ᠎ᠡ᠎ᠳᠦ ᠬᠡᠴᠡᠭᠦᠦ ᠶᠡᠬᠡ ᠬᠤᠪᠢᠷᠠᠯᠲᠠ ᠭᠠᠷᠤᠭᠰᠠᠨ᠎ᠠᠴᠠ ᠪᠣᠯᠵᠤ ᠭᠠᠷᠭᠠᠬᠤ ᠤᠰᠤᠨ᠎ᠤ ᠴᠢᠨᠠᠷ᠎ᠨᠢ ᠪᠠᠷᠢᠮᠵᠢᠶ᠎ᠠ᠎ᠠᠴᠠ ᠬᠡᠲᠦᠷᠡᠵᠦ ᠮᠡᠳᠡᠬᠦ ᠪᠤᠶᠤ ᠬᠣᠲᠠ ᠪᠠᠯᠭᠠᠰᠤ᠎ᠶᠢᠨ ᠪᠣᠬᠢᠷ ᠤᠰᠤ ᠱᠢᠢᠳᠪᠦᠷᠢᠯᠡᠬᠦ ᠪᠡᠯᠡᠳᠬᠡᠮᠵᠢ᠎ᠶᠢᠨ ᠠᠮᠤᠷ ᠲᠦᠪᠱᠢᠨ᠎ᠢᠶᠡᠷ ᠠᠵᠢᠯᠯᠠᠬᠤ᠎ᠶᠢ ᠨᠥᠯᠥᠭᠡᠯᠡᠬᠦ ᠭᠡᠨᠡᠳᠲᠡ᠎ᠶᠢᠨ ᠪᠠᠢᠳᠠᠯ ᠭᠠᠷᠪᠠᠯ᠂ ᠳᠠᠷᠤᠢᠬᠠᠨ ᠪᠠᠴᠢᠮ ᠪᠠᠢᠳᠠᠯ᠎ᠢ ᠠᠷᠭᠠᠴᠠᠭᠠᠵᠤ ᠱᠢᠢᠳᠪᠦᠷᠢᠯᠡᠬᠦ ᠠᠷᠭ᠎ᠠ ᠬᠡᠮᠵᠢᠶ᠎ᠡ ᠠᠪᠬᠤ᠎ᠶᠢᠨ ᠬᠠᠮᠲᠤ᠂ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠠᠵᠢᠯ᠎ᠤᠨ ᠭᠣᠣᠯᠴᠢᠯᠠᠨ ᠬᠠᠮᠢᠶᠠᠷᠴᠤ ᠪᠠᠢᠭ᠎ᠠ ᠰᠠᠯᠠᠭ᠎ᠠ ᠮᠥᠴᠢᠷ᠂ ᠠᠮᠢ ᠠᠬᠤᠢ ᠣᠷᠴᠢᠨ ᠲᠣᠭᠣᠷᠢᠨ᠎ᠤ ᠭᠣᠣᠯᠴᠢᠯᠠᠨ ᠬᠠᠮᠢᠶᠠᠷᠴᠤ ᠰᠠᠯᠠᠭ᠎ᠠ ᠮᠥᠴᠢᠷ᠎ᠲᠦ ᠮᠡᠳᠡᠭᠦᠯᠬᠦ ᠬᠡᠷᠡᠭᠲᠡᠢ᠃
ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠠᠵᠢᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠠᠮᠢ ᠠᠬᠤᠢ ᠣᠷᠴᠢᠨ ᠲᠣᠭᠣᠷᠢᠨ᠎ᠤ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠮᠡᠳᠡᠭᠦᠯᠦᠯᠲᠡ᠎ᠶᠢ ᠣᠯᠤᠭᠰᠠᠨ᠎ᠤ ᠳᠠᠷᠠᠭ᠎ᠠ᠂ ᠴᠠᠭ ᠲᠤᠬᠠᠢᠳᠤᠨᠢ ᠬᠠᠷᠭᠤᠭᠤᠯᠤᠨ ᠪᠠᠢᠴᠠᠭᠠᠵᠤ ᠱᠢᠢᠳᠪᠦᠷᠢᠯᠡᠬᠦ ᠬᠡᠷᠡᠭᠲᠡᠢ᠃
ᠬᠣᠷᠢᠨ ᠨᠠᠢ᠍ᠮᠠᠳᠤᠭᠠᠷ ᠵᠦᠢᠯ ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠣᠨ᠎ᠨᠤᠭᠤᠳ ᠪᠣᠳᠠᠲᠤ ᠪᠠᠢᠳᠠᠯ᠎ᠢᠶᠠᠨ ᠦᠨᠳᠦᠰᠦᠯᠡᠨ᠂ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠪᠠ ᠪᠣᠬᠢᠷ ᠤᠰᠤ᠎ᠶᠢ ᠱᠢᠢᠳᠪᠦᠷᠢᠯᠡᠬᠦ ᠠᠵᠢᠯ᠎ᠤᠨ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠬᠡᠯ ᠲᠥᠰᠦᠯ᠎ᠢᠶᠡᠨ ᠬᠠᠤᠯᠢ ᠶᠣᠰᠣᠭᠠᠷ ᠵᠣᠬᠢᠶᠠᠨ ᠪᠠᠢᠭᠤᠯᠤᠨ ᠨᠠᠢᠷᠠᠭᠤᠯᠤᠨ ᠵᠣᠬᠢᠶᠠᠵᠤ᠂ ᠭᠡᠨᠡᠳᠲᠡ᠎ᠶᠢᠨ ᠬᠡᠷᠡᠭ᠎ᠢ ᠠᠷᠭᠠᠴᠠᠭᠠᠬᠤ ᠵᠢᠴᠢ ᠬᠣᠲᠠ ᠪᠠᠯᠭᠠᠰᠤ᠎ᠶᠢᠨ ᠦᠶᠡᠷ ᠤᠰᠤᠲᠤᠯ᠎ᠢ ᠲᠠᠲᠠᠷᠠᠭᠤᠯᠬᠤ᠎ᠳᠤ ᠴᠢᠬᠤᠯᠠ ᠬᠡᠷᠡᠭᠴᠡᠭᠡ᠎ᠲᠡᠢ ᠡᠳ᠋ ᠪᠠᠷᠠᠭ᠎ᠠ᠎ᠶᠢ ᠨᠢᠭᠡᠳᠦᠯᠲᠡᠢ ᠲᠥᠯᠥᠪᠯᠡᠨ ᠲᠣᠬᠢᠷᠠᠭᠤᠯᠬᠤ ᠬᠡᠷᠡᠭᠲᠡᠢ᠃
ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠪᠠ ᠪᠣᠬᠢᠷ ᠤᠰᠤ ᠱᠢᠢᠳᠪᠦᠷᠢᠯᠡᠬᠦ ᠪᠡᠯᠡᠳᠬᠡᠮᠵᠢ᠎ᠶᠢ ᠬᠠᠮᠠᠭᠠᠯᠠᠵᠤ ᠡᠵᠡᠩᠨᠡᠨ ᠠᠵᠢᠯᠯᠠᠭᠤᠯᠬᠤ ᠨᠢᠭᠡᠴᠢ᠎ᠨᠦᠭᠦᠳ ᠲᠤᠰ ᠨᠢᠭᠡᠴᠢ᠎ᠶᠢᠨ᠎ᠢᠶᠡᠨ ᠪᠠᠴᠢᠮ ᠪᠠᠢᠳᠠᠯ᠎ᠢ ᠠᠷᠭᠠᠴᠠᠭᠠᠬᠤ ᠪᠡᠯᠡᠳᠬᠡᠯ ᠲᠥᠰᠦᠯ᠎ᠢ ᠲᠣᠭᠲᠠᠭᠠᠵᠤ᠂ ᠠᠶᠤᠯ᠎ᠠᠴᠠ ᠠᠪᠤᠷᠠᠬᠤ ᠴᠢᠬᠤᠯᠠ ᠪᠦᠬᠦᠢ ᠲᠣᠨᠣᠭ ᠲᠥᠬᠥᠭᠡᠷᠦᠮᠵᠢ᠂ ᠪᠠᠭᠠᠵᠢ ᠬᠡᠷᠡᠭᠰᠡᠯ᠎ᠢ ᠳᠦᠬᠦᠷᠵᠢᠭᠦᠯᠦᠨ ᠲᠣᠬᠢᠷᠠᠭᠤᠯᠬᠤ᠎ᠶᠢᠨ ᠬᠠᠮᠲᠤ᠂ ᠲᠣᠭᠲᠠᠮᠠᠯ ᠬᠤᠭᠤᠴᠠᠭ᠎ᠠ᠎ᠲᠠᠢ᠎ᠪᠠᠷ ᠰᠣᠷᠢᠯᠲᠠ ᠵᠣᠬᠢᠶᠠᠨ ᠪᠠᠢᠭᠤᠯᠬᠤ ᠬᠡᠷᠡᠭᠲᠡᠢ᠃
ᠬᠣᠷᠢ ᠶᠢᠰᠦᠳᠦᠭᠡᠷ ᠵᠦᠢᠯ ᠤᠰᠤ ᠲᠠᠲᠠᠷᠠᠭᠤᠯᠬᠤ ᠪᠡᠯᠡᠳᠬᠡᠮᠵᠢ᠎ᠶᠢ ᠬᠠᠮᠠᠭᠠᠯᠠᠬᠤ ᠬᠠᠷᠢᠭᠤᠴᠠᠯᠭ᠎ᠠ᠎ᠪᠠᠨ ᠳᠣᠣᠷ᠎ᠠ ᠵᠢᠭᠰᠠᠭᠠᠭᠰᠠᠨ ᠲᠣᠭᠲᠠᠭᠠᠯ ᠶᠣᠰᠣᠭᠠᠷ ᠬᠤᠪᠢᠶᠠᠷᠢᠯᠠᠨ᠎ᠠ:
(ᠨᠢᠭᠡ) ᠣᠯᠠᠨ ᠨᠡᠢᠲᠡ᠎ᠶᠢᠨ ᠤᠰᠤ ᠲᠠᠲᠠᠷᠠᠭᠤᠯᠬᠤ ᠬᠣᠭᠣᠯᠠᠢ ᠭᠤᠤᠷᠰᠤ᠎ᠶᠢᠨ ᠲᠣᠣᠷ᠂ ᠬᠥᠭᠡᠷᠭᠡ᠎ᠶᠢᠨ ᠥᠷᠲᠡᠭᠡ ᠪᠠ ᠲᠣᠬᠢᠷᠠᠭᠤᠯᠤᠨ ᠬᠠᠳᠠᠭᠠᠯᠠᠬᠤ ᠴᠥᠭᠥᠷᠥᠮ ᠵᠡᠷᠭᠡ ᠤᠰᠤ ᠲᠠᠲᠠᠷᠠᠭᠤᠯᠬᠤ ᠪᠡᠯᠡᠳᠬᠡᠮᠵᠢ᠎ᠶᠢ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠠᠵᠢᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠤᠶᠤ ᠲᠡᠭᠦᠨ᠎ᠦ ᠬᠠᠤᠯᠢ ᠶᠣᠰᠣᠭᠠᠷ ᠲᠣᠭᠲᠠᠭᠠᠭᠰᠠᠨ ᠬᠠᠮᠠᠭᠠᠯᠠᠵᠤ ᠡᠵᠡᠩᠨᠡᠨ ᠠᠵᠢᠯᠯᠠᠭᠤᠯᠬᠤ ᠨᠢᠭᠡᠴᠢ᠎ᠡᠴᠡ ᠬᠠᠷᠢᠭᠤᠴᠠᠵᠤ ᠬᠠᠮᠠᠭᠠᠯᠠᠨ ᠬᠠᠮᠢᠶᠠᠷᠤᠨ᠎ᠠ;
(ᠬᠣᠶᠠᠷ) ᠤᠰᠤ ᠲᠠᠲᠠᠷᠠᠭᠤᠯᠬᠤ ᠨᠢᠭᠡᠴᠢ ᠪᠤᠶᠤ ᠬᠤᠪᠢ ᠬᠥᠮᠦᠨ᠎ᠦ ᠥᠪᠡᠷ᠎ᠢᠶᠡᠨ ᠪᠠᠢᠭᠤᠯᠤᠭᠰᠠᠨ ᠤᠰᠤ ᠲᠠᠲᠠᠷᠠᠭᠤᠯᠬᠤ ᠪᠡᠯᠡᠳᠬᠡᠮᠵᠢ ᠪᠠ ᠲᠡᠭᠦᠨ᠎ᠦ ᠣᠯᠠᠨ ᠨᠡᠢᠲᠡ᠎ᠶᠢᠨ ᠤᠰᠤ ᠲᠠᠲᠠᠷᠠᠭᠤᠯᠬᠤ ᠬᠣᠭᠣᠯᠠᠢ ᠭᠤᠤᠷᠰᠤ᠎ᠶᠢᠨ ᠲᠣᠣᠷ᠎ᠲᠠᠢ ᠬᠣᠯᠪᠣᠭᠰᠠᠨ ᠰᠠᠯᠪᠤᠷᠢ ᠬᠣᠭᠣᠯᠠᠢ᠎ᠶᠢᠨ ᠬᠡᠪᠴᠢᠶᠡᠨ᠎ᠳᠡᠬᠢ ᠪᠡᠯᠡᠳᠬᠡᠮᠵᠢ᠎ᠶᠢ ᠥᠮᠴᠢᠯᠡᠯ᠎ᠦᠨ ᠡᠷᠬᠡ᠎ᠶᠢᠨ ᠥᠮᠴᠢᠯᠡᠭᠴᠢ ᠪᠤᠶᠤ ᠲᠡᠭᠦᠨ᠎ᠦ ᠨᠠᠢᠳᠠᠭᠰᠠᠨ ᠪᠡᠯᠡᠳᠬᠡᠮᠵᠢ᠎ᠶᠢᠨ ᠬᠠᠮᠢᠶᠠᠷᠤᠯᠲᠠ᠎ᠶᠢᠨ ᠨᠢᠭᠡᠴᠢ᠎ᠡᠴᠡ ᠬᠠᠷᠢᠭᠤᠴᠠᠵᠤ ᠬᠠᠮᠠᠭᠠᠯᠠᠨ ᠬᠠᠮᠢᠶᠠᠷᠤᠨ᠎ᠠ;
(ᠭᠤᠷᠪᠠ) ᠥᠮᠴᠢᠯᠡᠯ᠎ᠦᠨ ᠡᠷᠬᠡ᠎ᠨᠢ ᠲᠣᠳᠣᠷᠬᠠᠢ ᠦᠭᠡᠢ᠂ ᠣᠷᠣᠨ ᠪᠦᠰᠡ ᠠᠯᠤᠰᠯᠠᠭᠰᠠᠨ ᠪᠤᠶᠤ ᠬᠠᠮᠠᠭᠠᠯᠠᠬᠤ ᠬᠠᠷᠢᠭᠤᠴᠠᠯᠭ᠎ᠠ᠎ᠶᠢ ᠲᠣᠭᠲᠠᠭᠠᠬᠤ᠎ᠳᠤ ᠪᠡᠷᠬᠡᠲᠡᠢ ᠤᠰᠤ ᠲᠠᠲᠠᠷᠠᠭᠤᠯᠬᠤ ᠪᠡᠯᠡᠳᠬᠡᠮᠵᠢ᠎ᠶᠢ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠠᠵᠢᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠡᠴᠡ ᠬᠠᠷᠢᠶ᠎ᠠ ᠭᠠᠵᠠᠷ᠎ᠲᠤᠨᠢ ᠬᠠᠮᠢᠶᠠᠷᠤᠭᠤᠯᠬᠤ ᠵᠠᠷᠴᠢᠮ ᠶᠣᠰᠣᠭᠠᠷ ᠬᠠᠮᠠᠭᠠᠯᠠᠵᠤ ᠬᠠᠮᠢᠶᠠᠷᠬᠤ ᠬᠠᠷᠢᠭᠤᠴᠠᠯᠭ᠎ᠠ᠎ᠶᠢᠨ ᠭᠣᠣᠯ ᠴᠣᠭᠴᠠ᠎ᠶᠢ ᠲᠣᠭᠲᠠᠭᠠᠨ᠎ᠠ᠃
ᠭᠤᠴᠢᠳᠤᠭᠠᠷ ᠵᠦᠢᠯ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠠᠵᠢᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠦᠳ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠪᠡᠯᠡᠳᠬᠡᠮᠵᠢ᠎ᠶᠢ ᠵᠢᠭᠰᠠᠭᠠᠨ ᠪᠠᠢᠴᠠᠭᠠᠵᠤ ᠵᠠᠰᠠᠬᠤ ᠤᠷᠲᠤ ᠬᠤᠭᠤᠴᠠᠭᠠᠨ᠎ᠤ ᠪᠦᠲᠦᠮᠵᠢᠲᠡᠢ ᠲᠣᠭᠲᠠᠴᠠ᠎ᠶᠢ ᠪᠠᠢᠭᠤᠯᠵᠤ᠂ ᠱᠢᠨ᠎ᠡ᠎ᠪᠡᠷ ᠪᠠᠢᠭᠤᠯᠬᠤ ᠤᠰᠤ ᠲᠠᠲᠠᠷᠠᠭᠤᠯᠬᠤ ᠬᠣᠭᠣᠯᠠᠢ ᠭᠤᠤᠷᠰᠤ᠎ᠶᠢᠨ ᠲᠣᠣᠷ᠎ᠤᠨ ᠶᠠᠰᠤ ᠴᠢᠨᠠᠷ᠎ᠢ ᠪᠠᠢᠴᠠᠭᠠᠨ ᠱᠢᠨᠵᠢᠬᠦ ᠪᠠ ᠨᠢᠭᠡᠨᠲᠡ ᠪᠠᠢᠭ᠎ᠠ ᠤᠰᠤ ᠲᠠᠲᠠᠷᠠᠭᠤᠯᠬᠤ ᠬᠣᠭᠣᠯᠠᠢ ᠭᠤᠤᠷᠰᠤ᠎ᠶᠢᠨ ᠲᠣᠣᠷ᠎ᠤᠨ ᠣᠳᠣᠬᠢ ᠪᠠᠢᠳᠠᠯ᠎ᠢ ᠦᠨᠡᠯᠡᠨ ᠵᠢᠱ᠌ᠢᠬᠦ ᠠᠵᠢᠯ᠎ᠢᠶᠠᠨ ᠲᠣᠭᠲᠠᠮᠠᠯ ᠬᠤᠭᠤᠴᠠᠭ᠎ᠠ᠎ᠲᠠᠢ᠎ᠪᠠᠷ ᠥᠷᠨᠢᠭᠦᠯᠵᠦ᠂ ᠣᠨ ᠵᠢᠯ ᠤᠳᠠᠵᠤ ᠬᠠᠭᠤᠴᠢᠷᠠᠨ ᠡᠪᠳᠡᠷᠡᠭᠰᠡᠨ᠂ ᠬᠣᠯᠢᠯᠳᠤᠭᠤᠯᠤᠨ ᠬᠣᠯᠪᠣᠭᠰᠠᠨ ᠪᠤᠷᠤᠭᠤ ᠬᠣᠯᠪᠣᠭᠰᠠᠨ ᠬᠣᠯᠪᠣᠬᠤ᠎ᠠᠴᠠ ᠣᠷᠬᠢᠭᠳᠠᠭᠤᠯᠤᠭᠰᠠᠨ ᠵᠡᠷᠭᠡ ᠠᠰᠠᠭᠤᠳᠠᠯ᠎ᠲᠠᠢ ᠬᠣᠭᠣᠯᠠᠢ ᠭᠤᠤᠷᠰᠤ᠎ᠶᠢᠨ ᠲᠣᠣᠷ᠎ᠢ ᠱᠢᠨᠡᠳᠬᠡᠨ ᠥᠭᠡᠷᠡᠴᠢᠯᠡᠬᠦ ᠠᠵᠢᠯ᠎ᠢ ᠬᠣᠲᠠ᠎ᠶᠢᠨ ᠰᠠᠭᠤᠷᠢ ᠪᠡᠯᠡᠳᠬᠡᠮᠵᠢ᠎ᠶᠢᠨ ᠪᠦᠲᠦᠭᠡᠨ ᠪᠠᠢᠭᠤᠯᠤᠯᠲᠠ ᠪᠤᠶᠤ ᠥᠭᠡᠷᠡᠴᠢᠯᠡᠨ ᠱᠢᠨᠡᠳᠬᠡᠬᠦ ᠲᠥᠯᠥᠪᠯᠡᠭᠡ᠎ᠳᠦ᠎ᠪᠡᠨ ᠣᠷᠣᠭᠤᠯᠬᠤ ᠬᠡᠷᠡᠭᠲᠡᠢ᠃
ᠭᠤᠴᠢᠨ ᠨᠢᠭᠡᠳᠦᠭᠡᠷ ᠵᠦᠢᠯ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠠᠵᠢᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠡᠢ ᠬᠠᠮᠲᠤᠷᠠᠨ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠪᠠ ᠪᠣᠬᠢᠷ ᠤᠰᠤ ᠱᠢᠢᠳᠪᠦᠷᠢᠯᠡᠬᠦ ᠪᠡᠯᠡᠳᠬᠡᠮᠵᠢ᠎ᠶᠢᠨ ᠲᠤᠰᠭᠠᠢᠵᠢᠭᠰᠠᠨ ᠠᠵᠢᠯᠯᠠᠭᠤᠯᠵᠤ ᠬᠠᠮᠠᠭᠠᠯᠠᠬᠤ ᠲᠣᠭᠲᠠᠴᠠ᠎ᠶᠢ ᠪᠠᠢᠭᠤᠯᠵᠤ᠂ ᠪᠣᠬᠢᠷ ᠤᠰᠤ ᠱᠢᠢᠳᠪᠦᠷᠢᠯᠡᠬᠦ ᠦᠢᠯᠡᠳᠪᠦᠷᠢ᠂ ᠬᠣᠭᠣᠯᠠᠢ ᠭᠤᠤᠷᠰᠤ᠎ᠶᠢᠨ ᠲᠣᠣᠷ᠂ ᠬᠥᠭᠡᠷᠭᠡ᠎ᠶᠢᠨ ᠥᠷᠲᠡᠭᠡ᠂ ᠲᠣᠬᠢᠷᠠᠭᠤᠯᠤᠨ ᠬᠠᠳᠠᠭᠠᠯᠠᠬᠤ ᠴᠥᠭᠥᠷᠥᠮ᠎ᠢ ᠬᠣᠯᠪᠣᠭᠠᠯᠠᠨ ᠬᠠᠮᠠᠭᠠᠯᠠᠬᠤ᠎ᠶᠢ ᠬᠡᠷᠡᠭᠵᠢᠭᠦᠯᠵᠦ᠂ ᠨᠢᠭᠡ ᠴᠣᠭᠴᠠᠵᠢᠭᠤᠯᠤᠭᠰᠠᠨ ᠬᠠᠮᠢᠶᠠᠷᠤᠯᠲᠠ᠂ ᠲᠤᠰᠭᠠᠢᠵᠢᠭᠰᠠᠨ ᠠᠵᠢᠯᠯᠠᠭᠠᠨ᠎ᠤ ᠬᠠᠮᠠᠭᠠᠯᠠᠯᠲᠠ᠎ᠶᠢ ᠬᠡᠷᠡᠭᠵᠢᠭᠦᠯᠬᠦ᠎ᠶᠢ ᠵᠣᠷᠢᠭᠵᠢᠭᠤᠯᠵᠤ᠂ ᠪᠣᠬᠢᠷ ᠤᠰᠤ᠎ᠶᠢ ᠬᠤᠷᠢᠶᠠᠨ ᠴᠤᠭᠯᠠᠭᠤᠯᠵᠤ ᠱᠢᠢᠳᠪᠦᠷᠢᠯᠡᠬᠦ᠎ᠶᠢᠨ ᠱᠢᠰᠲ᠋ᠧᠮᠲᠦ ᠴᠢᠨᠠᠷ ᠪᠠ ᠪᠦᠷᠢᠨ ᠪᠦᠲᠦᠨ ᠴᠢᠨᠠᠷ᠎ᠢ ᠪᠠᠲᠤᠯᠠᠬᠤ ᠬᠡᠷᠡᠭᠲᠡᠢ᠃
ᠭᠤᠴᠢᠨ ᠬᠣᠶᠠᠳᠤᠭᠠᠷ ᠵᠦᠢᠯ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠪᠠ ᠪᠣᠬᠢᠷ ᠤᠰᠤ ᠱᠢᠢᠳᠪᠦᠷᠢᠯᠡᠬᠦ ᠪᠡᠯᠡᠳᠬᠡᠮᠵᠢ᠎ᠶᠢ ᠬᠠᠮᠠᠭᠠᠯᠠᠵᠤ ᠡᠵᠡᠩᠨᠡᠨ ᠠᠵᠢᠯᠯᠠᠭᠤᠯᠬᠤ ᠨᠢᠭᠡᠴᠢ᠎ᠨᠦᠭᠦᠳ ᠠᠶᠤᠯ ᠦᠭᠡᠢ ᠦᠢᠯᠡᠳᠪᠦᠷᠢᠯᠡᠯ᠎ᠦᠨ ᠬᠠᠮᠢᠶᠠᠷᠤᠯᠲᠠ᠎ᠶᠢᠨ ᠳᠦᠷᠢᠮ᠎ᠢ ᠪᠠᠢᠭᠤᠯᠤᠨ ᠪᠦᠷᠢᠨᠱᠢᠭᠦᠯᠵᠦ᠂ ᠬᠣᠭᠣᠯᠠᠢ ᠭᠤᠤᠷᠰᠤ ᠬᠤᠳᠳᠤᠭ᠎ᠤᠨ ᠬᠠᠪᠬᠠᠭᠠᠰᠤ ᠵᠡᠷᠭᠡ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠪᠠ ᠪᠣᠬᠢᠷ ᠤᠰᠤ ᠱᠢᠢᠳᠪᠦᠷᠢᠯᠡᠬᠦ ᠪᠡᠯᠡᠳᠬᠡᠮᠵᠢ᠎ᠶᠢᠨ ᠡᠳᠦᠷ ᠲᠤᠲᠤᠮ᠎ᠤᠨ ᠲᠣᠭᠣᠷᠢᠨ ᠪᠠᠢᠴᠠᠭᠠᠬᠤ᠂ ᠰᠡᠯᠪᠢᠨ ᠵᠠᠰᠠᠬᠤ ᠪᠠ ᠠᠷᠠᠴᠢᠯᠠᠨ ᠬᠠᠮᠠᠭᠠᠯᠠᠬᠤ᠎ᠶᠢ ᠴᠢᠩᠭᠠᠳᠭᠠᠵᠤ᠂ ᠪᠡᠯᠡᠳᠬᠡᠮᠵᠢ᠎ᠶᠢᠨ ᠠᠶᠤᠯ ᠦᠭᠡᠢ ᠠᠵᠢᠯᠯᠠᠭ᠎ᠠ᠎ᠨᠢ ᠪᠠᠲᠤᠯᠠᠬᠤ ᠬᠡᠷᠡᠭᠲᠡᠢ᠃
ᠬᠣᠭᠣᠯᠠᠢ ᠭᠤᠤᠷᠰᠤ᠎ᠶᠢᠨ ᠲᠣᠣᠷ᠎ᠢ ᠠᠷᠠᠴᠢᠯᠠᠨ ᠬᠠᠮᠠᠭᠠᠯᠠᠬᠤ᠂ ᠪᠠᠴᠢᠮ ᠪᠠᠢᠳᠠᠯ᠎ᠢ ᠠᠷᠭᠠᠴᠠᠭᠠᠵᠤ ᠤᠰᠤ ᠲᠠᠲᠠᠷᠠᠭᠤᠯᠬᠤ ᠠᠵᠢᠯ᠂ ᠬᠤᠳᠳᠤᠭ ᠳᠣᠲᠣᠷᠠᠬᠢ ᠵᠢᠴᠢ ᠬᠢᠵᠠᠭᠠᠷ᠎ᠲᠠᠢ ᠣᠷᠣᠨ ᠵᠠᠢ᠎ᠳᠠᠬᠢ ᠠᠵᠢᠯᠯᠠᠭᠠᠨ ᠥᠷᠨᠢᠭᠦᠯᠵᠦ ᠪᠠᠢᠪᠠᠯ᠂ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠪᠠ ᠪᠣᠬᠢᠷ ᠤᠰᠤ ᠱᠢᠢᠳᠪᠦᠷᠢᠯᠡᠬᠦ ᠪᠡᠯᠡᠳᠬᠡᠮᠵᠢ᠎ᠶᠢ ᠬᠠᠮᠠᠭᠠᠯᠠᠵᠤ ᠡᠵᠡᠩᠨᠡᠨ ᠠᠵᠢᠯᠯᠠᠭᠤᠯᠬᠤ ᠨᠢᠭᠡᠴᠢ᠎ᠨᠦᠭᠦᠳ ᠲᠤᠰᠭᠠᠢ ᠠᠵᠢᠯᠲᠠᠨ ᠲᠣᠬᠢᠷᠠᠭᠤᠯᠤᠨ ᠲᠤᠬᠠᠢ᠎ᠶᠢᠨ ᠭᠠᠵᠠᠷ᠎ᠲᠤᠨᠢ ᠠᠶᠤᠯ ᠦᠭᠡᠢ᠎ᠶᠢᠨ ᠬᠠᠮᠢᠶᠠᠷᠤᠯᠲᠠ ᠬᠢᠯᠭᠡᠵᠦ᠂ ᠢᠯᠡ ᠲᠣᠳᠣ ᠰᠡᠷᠡᠮᠵᠢ᠎ᠶᠢᠨ ᠲᠡᠮᠳᠡᠭ ᠲᠠᠯᠪᠢᠵᠤ᠂ ᠪᠦᠲᠦᠮᠵᠢᠲᠡᠢ ᠠᠷᠭ᠎ᠠ ᠬᠡᠮᠵᠢᠶ᠎ᠡ ᠠᠪᠴᠤ ᠪᠠᠢᠭᠠᠳ ᠬᠥᠮᠦᠨ ᠬᠠᠷ᠎ᠠ ᠤᠨᠠᠵᠤ ᠣᠢᠴᠢᠬᠤ᠂ ᠲᠡᠷᠭᠡ ᠤᠨᠤᠭ᠎ᠠ ᠱᠢᠭᠠᠵᠤ ᠤᠨᠠᠬᠤ᠎ᠠᠴᠠ ᠵᠠᠢᠯᠠᠰᠬᠢᠬᠦ᠎ᠶᠢᠨ ᠬᠠᠮᠲᠤ ᠬᠣᠭᠣᠯᠠᠢ ᠭᠤᠤᠷᠰᠤ ᠬᠤᠳᠳᠤᠭ᠎ᠤᠨ ᠬᠠᠪᠬᠠᠭᠠᠰᠤ᠎ᠶᠢ ᠴᠠᠭ ᠲᠤᠬᠠᠢᠳᠤᠨᠢ ᠣᠷᠣ ᠣᠷᠣᠨ᠎ᠳᠤᠨᠢ ᠣᠷᠣᠭᠤᠯᠵᠤ᠂ ᠠᠵᠢᠯᠯᠠᠬᠤ ᠳᠦᠷᠢᠮ᠎ᠢ ᠵᠢᠷᠤᠮᠯᠠᠬᠤ ᠪᠠ ᠠᠶᠤᠯ ᠦᠭᠡᠢ᠎ᠶᠢᠨ ᠠᠷᠭ᠎ᠠ ᠬᠡᠮᠵᠢᠶ᠎ᠡ᠎ᠶᠢ ᠨᠠᠢᠳᠠᠪᠤᠷᠢᠵᠢᠭᠤᠯᠬᠤ᠎ᠶᠢ ᠦᠨᠡᠨᠬᠦ ᠪᠠᠲᠤᠯᠠᠬᠤ ᠬᠡᠷᠡᠭᠲᠡᠢ᠃ ᠬᠠᠮᠢᠶ᠎ᠠ ᠪᠦᠬᠦᠢ ᠣᠨᠴᠠ ᠲᠥᠷᠥᠯ᠎ᠦᠨ ᠠᠵᠢᠯ ᠬᠢᠭᠰᠡᠳ ᠤᠯᠤᠰ᠎ᠤᠨ ᠬᠣᠯᠪᠣᠭᠳᠠᠯ ᠪᠦᠬᠦᠢ ᠲᠣᠭᠲᠠᠭᠠᠯ ᠶᠣᠰᠣᠭᠠᠷ ᠵᠣᠬᠢᠬᠤ ᠬᠢᠷᠢ ᠭᠡᠮ᠎ᠦᠨ ᠦᠨᠡᠮᠯᠡᠯ ᠣᠯᠤᠭᠰᠠᠨ ᠪᠠᠢᠬᠤ ᠬᠡᠷᠡᠭᠲᠡᠢ᠃
ᠭᠤᠴᠢᠨ ᠭᠤᠷᠪᠠᠳᠤᠭᠠᠷ ᠵᠦᠢᠯ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠪᠡᠯᠡᠳᠬᠡᠮᠵᠢ᠎ᠶᠢ ᠬᠠᠮᠠᠭᠠᠯᠠᠵᠤ ᠡᠵᠡᠩᠨᠡᠨ ᠠᠵᠢᠯᠯᠠᠭᠤᠯᠬᠤ ᠨᠢᠭᠡᠴᠢ᠎ᠨᠦᠭᠦᠳ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠪᠡᠯᠡᠳᠬᠡᠮᠵᠢ᠎ᠶᠢ ᠱᠠᠯᠠᠪᠳᠠᠨ ᠵᠠᠰᠠᠬᠤ᠎ᠳᠤ᠂ ᠳᠣᠲᠣᠭᠠᠳᠤ᠎ᠶᠢ ᠬᠠᠮᠠᠭᠠᠯᠠᠬᠤ ᠪᠠᠢᠭᠤᠯᠭ᠎ᠠ᠂ ᠵᠠᠮ ᠬᠠᠷᠢᠯᠴᠠᠭ᠎ᠠ ᠲᠡᠭᠡᠭᠡᠪᠦᠷᠢ᠂ ᠤᠰᠤᠨ᠎ᠤ ᠵᠠᠰᠠᠭ ᠵᠠᠬᠢᠷᠭᠠᠨ ᠪᠠ ᠴᠠᠬᠢᠯᠭᠠᠨ ᠬᠦᠴᠦᠨ᠂ ᠴᠢᠮᠡᠭᠡ ᠬᠣᠯᠪᠣᠭ᠎ᠠ᠂ ᠤᠰᠤ ᠬᠠᠩᠭᠠᠬᠤ᠂ ᠱᠢᠲᠠᠮᠠᠬᠠᠢ ᠬᠡᠢ ᠵᠡᠷᠭᠡ ᠬᠣᠯᠪᠣᠭᠳᠠᠯ ᠪᠦᠬᠦᠢ ᠰᠠᠯᠠᠭ᠎ᠠ ᠮᠥᠴᠢᠷ᠂ ᠨᠢᠭᠡᠴᠢ᠎ᠨᠦᠭᠦᠳ ᠢᠳᠡᠪᠬᠢᠲᠡᠢ᠎ᠪᠡᠷ ᠬᠠᠮᠵᠢᠯᠴᠠᠬᠤ ᠬᠡᠷᠡᠭᠲᠡᠢ; ᠬᠣᠯᠪᠣᠭᠳᠠᠯ ᠪᠦᠬᠦᠢ ᠨᠢᠭᠡᠴᠢ ᠪᠠ ᠬᠤᠪᠢ ᠬᠥᠮᠦᠨ ᠳᠡᠮᠵᠢᠯᠭᠡ ᠦᠵᠡᠭᠦᠯᠬᠦ ᠬᠡᠷᠡᠭᠲᠡᠢ᠂ ᠬᠠᠷᠱᠢᠯᠠᠨ ᠰᠠᠭᠠᠲᠠᠭᠠᠵᠤ ᠪᠣᠯᠬᠤ ᠦᠭᠡᠢ᠃
ᠭᠤᠴᠢᠨ ᠳᠥᠷᠪᠡᠳᠦᠭᠡᠷ ᠵᠦᠢᠯ ᠬᠣᠱᠢᠭᠤ ᠱᠢᠶᠠᠨ᠎ᠤ ᠱᠠᠲᠤᠨ᠎ᠠᠴᠠ ᠳᠡᠭᠡᠭᠱᠢᠬᠢ ᠠᠷᠠᠳ᠎ᠤᠨ ᠵᠠᠰᠠᠭ᠎ᠤᠨ ᠣᠷᠳᠣᠨ᠎ᠤ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠠᠵᠢᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠬᠣᠯᠪᠣᠭᠳᠠᠯ ᠪᠦᠬᠦᠢ ᠰᠠᠯᠠᠭ᠎ᠠ ᠮᠥᠴᠢᠷ᠎ᠲᠡᠢ ᠬᠠᠮᠲᠤᠷᠠᠨ᠂ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠪᠠ ᠪᠣᠬᠢᠷ ᠤᠰᠤ ᠱᠢᠢᠳᠪᠦᠷᠢᠯᠡᠬᠦ ᠪᠡᠯᠡᠳᠬᠡᠮᠵᠢ᠎ᠶᠢᠨ ᠠᠵᠢᠯᠯᠠᠭᠤᠯᠵᠤ ᠪᠠᠲᠤᠯᠠᠬᠤ ᠪᠠ ᠬᠠᠮᠠᠭᠠᠯᠠᠵᠤ ᠪᠠᠢᠭ᠎ᠠ ᠪᠠᠢᠳᠠᠯ᠎ᠳᠤ ᠬᠢᠨᠠᠯᠲᠠ ᠲᠠᠯᠪᠢᠵᠤ ᠪᠠᠢᠴᠠᠭᠠᠬᠤ᠎ᠪᠠᠨ ᠴᠢᠩᠭᠠᠳᠭᠠᠬᠤ᠎ᠶᠢᠨ ᠬᠠᠮᠲᠤ ᠪᠠᠢᠴᠠᠭᠠᠭᠰᠠᠨ ᠪᠠᠢᠳᠠᠯ ᠬᠢᠭᠡᠳ ᠦᠷ᠎ᠡ ᠳ᠋ᠦᠩ᠎ᠢᠶᠡᠨ ᠨᠡᠢᠭᠡᠮ᠎ᠳᠦ ᠢᠯᠡ ᠪᠣᠯᠭᠠᠬᠤ ᠬᠡᠷᠡᠭᠲᠡᠢ᠃ ᠬᠢᠨᠠᠯᠲᠠ ᠲᠠᠯᠪᠢᠵᠤ ᠪᠠᠢᠴᠠᠭᠠᠬᠤ᠎ᠳᠤ᠎ᠪᠠᠨ ᠳᠣᠣᠷ᠎ᠠ ᠵᠢᠭᠰᠠᠭᠠᠭᠰᠠᠨ ᠠᠷᠭ᠎ᠠ ᠬᠡᠮᠵᠢᠶ᠎ᠡ᠎ᠨᠦᠭᠦᠳ᠎ᠢ ᠠᠪᠬᠤ ᠡᠷᠬᠡ᠎ᠲᠡᠢ:
(ᠨᠢᠭᠡ) ᠲᠤᠬᠠᠢ᠎ᠶᠢᠨ ᠲᠠᠯᠠᠪᠤᠷ᠎ᠲᠤ ᠣᠷᠣᠵᠤ ᠪᠠᠢᠴᠠᠭᠠᠬᠤ᠂ ᠬᠢᠨᠠᠨ ᠱᠢᠨᠵᠢᠬᠦ;
(ᠬᠣᠶᠠᠷ) ᠬᠣᠯᠪᠣᠭᠳᠠᠯ ᠪᠦᠬᠦᠢ ᠪᠢᠴᠢᠭ ᠮᠠᠲ᠋ᠧᠷᠢᠶᠠᠯ ᠪᠠ ᠮᠠᠲ᠋ᠧᠷᠢᠶᠠᠯ᠎ᠢ ᠪᠠᠢᠴᠠᠭᠠᠨ ᠦᠵᠡᠬᠦ᠂ ᠬᠠᠭᠤᠯᠪᠤᠷᠢᠯᠠᠨ ᠠᠪᠬᠤ;
(ᠭᠤᠷᠪᠠ) ᠬᠢᠨᠠᠨ ᠪᠠᠢᠴᠠᠭᠠᠭᠳᠠᠵᠤ ᠪᠠᠢᠭ᠎ᠠ ᠨᠢᠭᠡᠴᠢ ᠪᠠ ᠬᠤᠪᠢ ᠬᠥᠮᠦᠨ᠎ᠢ ᠬᠣᠯᠪᠣᠭᠳᠠᠯ ᠪᠦᠬᠦᠢ ᠠᠰᠠᠭᠤᠳᠠᠯ᠎ᠤᠨ ᠲᠤᠬᠠᠢ ᠲᠣᠳᠣᠷᠬᠠᠢᠯᠠᠯᠲᠠ ᠬᠢᠯᠭᠡᠬᠦ᠎ᠪᠡᠷ ᠱᠠᠭᠠᠷᠳᠠᠬᠤ᠃
ᠬᠢᠨᠠᠨ ᠪᠠᠢᠴᠠᠭᠠᠭᠳᠠᠵᠤ ᠪᠠᠢᠭ᠎ᠠ ᠨᠢᠭᠡᠴᠢ ᠪᠠ ᠬᠤᠪᠢ ᠬᠥᠮᠦᠨ᠎ᠡᠴᠡ ᠬᠠᠮᠢᠶ᠎ᠠ ᠪᠦᠬᠦᠢ ᠠᠵᠢᠯ᠎ᠳᠤ ᠬᠠᠮᠵᠢᠯᠴᠠᠬᠤ ᠬᠡᠷᠡᠭᠲᠡᠢ᠂ ᠬᠠᠤᠯᠢ ᠶᠣᠰᠣᠭᠠᠷ ᠶᠠᠪᠤᠭᠳᠠᠵᠤ ᠪᠠᠢᠭ᠎ᠠ ᠬᠢᠨᠠᠨ ᠪᠠᠢᠴᠠᠭᠠᠬᠤ ᠠᠵᠢᠯᠯᠠᠭ᠎ᠠ᠎ᠶᠢ ᠬᠠᠷᠱᠢᠯᠠᠬᠤ ᠪᠠ ᠬᠣᠷᠢᠭᠯᠠᠵᠤ ᠪᠣᠯᠬᠤ ᠦᠭᠡᠢ᠃
ᠭᠤᠴᠢᠨ ᠲᠠᠪᠤᠳᠤᠭᠠᠷ ᠵᠦᠢᠯ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠠᠵᠢᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ ᠪᠠ ᠪᠤᠰᠤᠳ ᠬᠣᠯᠪᠣᠭᠳᠠᠯ ᠪᠦᠬᠦᠢ ᠰᠠᠯᠠᠭ᠎ᠠ ᠮᠥᠴᠢᠷ᠎ᠦᠳ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠪᠠ ᠪᠣᠬᠢᠷ ᠤᠰᠤ ᠱᠢᠢᠳᠪᠦᠷᠢᠯᠡᠬᠦ ᠢᠲᠡᠭᠡᠮᠵᠢ᠎ᠶᠢᠨ ᠳᠦᠷᠢᠮ᠎ᠢ ᠪᠠᠢᠭᠤᠯᠵᠤ᠂ ᠤᠰᠤ ᠲᠠᠲᠠᠷᠠᠭᠤᠯᠬᠤ ᠡᠷᠦᠬᠡ᠂ ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠪᠠ ᠪᠣᠬᠢᠷ ᠤᠰᠤ ᠱᠢᠢᠳᠪᠦᠷᠢᠯᠡᠬᠦ ᠪᠡᠯᠡᠳᠬᠡᠮᠵᠢ᠎ᠶᠢ ᠬᠠᠮᠠᠭᠠᠯᠠᠵᠤ ᠡᠵᠡᠩᠨᠡᠨ ᠠᠵᠢᠯᠯᠠᠭᠤᠯᠬᠤ ᠨᠢᠭᠡᠴᠢ ᠵᠡᠷᠭᠡ ᠬᠢᠨᠠᠯᠲᠠ ᠲᠠᠯᠪᠢᠵᠤ ᠬᠠᠮᠢᠶᠠᠷᠬᠤ ᠡᠲᠡᠭᠡᠳ᠎ᠲᠦ ᠢᠲᠡᠭᠡᠮᠵᠢ᠎ᠶᠢᠨ ᠬᠠᠮᠢᠶᠠᠷᠤᠯᠲᠠ᠎ᠶᠢ ᠬᠡᠷᠡᠭᠵᠢᠭᠦᠯᠵᠦ᠂ ᠢᠲᠡᠭᠡᠮᠵᠢ ᠵᠢᠷᠤᠮᠯᠠᠭᠰᠠᠳᠢ ᠤᠷᠮᠠᠱᠢᠭᠤᠯᠬᠤ᠂ ᠢᠲᠡᠭᠡᠮᠵᠢ ᠠᠯᠳᠠᠭᠰᠠᠳ᠎ᠢ ᠵᠠᠯᠬᠠᠭᠠᠨ ᠴᠡᠭᠡᠷᠯᠡᠭᠦᠯᠬᠦ ᠠᠷᠭ᠎ᠠ ᠬᠡᠮᠵᠢᠶ᠎ᠡ᠎ᠶᠢ ᠬᠠᠤᠯᠢ ᠶᠣᠰᠣᠭᠠᠷ ᠠᠪᠬᠤ ᠬᠡᠷᠡᠭᠲᠡᠢ᠃
ᠭᠤᠴᠢᠨ ᠵᠢᠷᠭᠤᠳᠤᠭᠠᠷ ᠵᠦᠢᠯ ᠶᠠᠮᠠᠷᠪᠠ ᠨᠢᠭᠡᠴᠢ ᠪᠠ ᠬᠤᠪᠢ ᠬᠥᠮᠦᠨ ᠭᠡᠳ ᠲᠤᠰ ᠠᠷᠭ᠎ᠠ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠶᠢ ᠵᠠᠭ᠋ᠠᠯᠳᠤᠬᠤ ᠪᠠ ᠢᠯᠡᠴᠢᠯᠡᠨ ᠮᠡᠳᠡᠭᠦᠯᠬᠦ ᠡᠷᠬᠡ᠎ᠲᠡᠢ᠃
ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠠᠵᠢᠯ᠎ᠤᠨ ᠭᠣᠣᠯᠴᠢᠯᠠᠨ ᠬᠠᠮᠢᠶᠠᠷᠬᠤ ᠰᠠᠯᠠᠭ᠎ᠠ ᠮᠥᠴᠢᠷ᠎ᠨᠢ ᠵᠠᠭᠠᠯᠳᠤᠵᠤ ᠢᠯᠡᠴᠢᠯᠡᠨ ᠮᠡᠳᠡᠭᠦᠯᠬᠦ ᠲᠣᠭᠲᠠᠴᠠ᠎ᠶᠢ ᠪᠦᠷᠢᠨᠱᠢᠭᠦᠯᠵᠦ᠂ ᠵᠠᠭᠠᠯᠳᠤᠵᠤ ᠢᠯᠡᠴᠢᠯᠡᠨ ᠮᠡᠳᠡᠭᠦᠯᠬᠦ ᠠᠷᠭ᠎ᠠ ᠮᠠᠶᠢᠭ᠎ᠢ ᠨᠡᠢᠲᠡᠯᠡᠬᠦ᠎ᠶᠢᠨ ᠬᠠᠮᠲᠤ᠂ ᠵᠠᠭᠠᠯᠳᠤᠵᠤ ᠢᠯᠡᠴᠢᠯᠡᠨ ᠮᠡᠳᠡᠭᠦᠯᠦᠭᠰᠡᠨ ᠠᠰᠠᠭᠤᠳᠠᠯ᠎ᠢ ᠬᠠᠤᠯᠢ ᠶᠣᠰᠣᠭᠠᠷ ᠪᠠᠢᠴᠠᠭᠠᠨ ᠱᠢᠢᠳᠪᠦᠷᠢᠯᠡᠬᠦ ᠬᠡᠷᠡᠭᠲᠡᠢ᠃
ᠭᠤᠴᠢᠨ ᠳᠣᠯᠣᠳᠤᠭᠠᠷ ᠵᠦᠢᠯ ᠲᠤᠰ ᠠᠷᠭ᠎ᠠ᠎ᠶᠢᠨ ᠲᠣᠭᠲᠠᠭᠠᠯ᠎ᠠᠴᠠ ᠵᠥᠷᠢᠴᠡᠭᠰᠡᠨ ᠦᠢᠯᠡ ᠠᠵᠢᠯᠯᠠᠭ᠎ᠠ᠎ᠶᠢ 《ᠪᠦᠭᠦᠳᠡ ᠨᠠᠢᠷᠠᠮᠳᠠᠬᠤ ᠳᠤᠮᠳᠠᠳᠤ ᠠᠷᠠᠳ ᠤᠯᠤᠰ᠎ᠤᠨ ᠤᠰᠤᠨ᠎ᠤ ᠪᠣᠬᠢᠷᠲᠤᠯ᠎ᠢ ᠰᠡᠷᠭᠡᠢᠯᠡᠨ ᠵᠠᠰᠠᠬᠤ ᠬᠠᠤᠯᠢ》 ᠪᠠ ᠲᠥᠷᠥ᠎ᠶᠢᠨ ᠶᠠᠪᠤᠳᠠᠯ᠎ᠤᠨ ᠬᠣᠷᠢᠶᠠᠨ᠎ᠤ 《ᠬᠣᠲᠠ ᠪᠠᠯᠭᠠᠰᠤ᠎ᠶᠢᠨ ᠤᠰᠤ ᠲᠠᠲᠠᠷᠠᠭᠤᠯᠬᠤ ᠪᠠ ᠪᠣᠬᠢᠷ ᠤᠰᠤ᠎ᠶᠢ ᠱᠢᠢᠳᠪᠦᠷᠢᠯᠡᠬᠦ ᠳᠦᠷᠢᠮ》 ᠵᠡᠷᠭᠡ ᠬᠠᠤᠯᠢ ᠴᠠᠭᠠᠵᠠ᠂ ᠬᠠᠤᠯᠢ ᠲᠣᠭᠲᠠᠭᠠᠯ᠎ᠳᠤ ᠨᠢᠭᠡᠨᠲᠡ ᠪᠣᠳᠠᠲᠠᠢ ᠱᠢᠢᠳᠬᠡᠨ ᠲᠣᠷᠭᠠᠬᠤ ᠲᠣᠭᠲᠠᠭᠠᠯ ᠭᠠᠷᠭᠠᠭᠰᠠᠨ ᠪᠠᠢᠪᠠᠯ ᠲᠡᠷᠡ᠎ᠬᠦ ᠲᠣᠭᠲᠠᠭᠠᠯ᠎ᠢᠶᠠᠷ ᠬᠡᠷᠡᠭᠵᠢᠭᠦᠯᠦᠨ᠎ᠡ᠃
ᠭᠤᠴᠢᠨ ᠨᠠᠢ᠍ᠮᠠᠳᠤᠭᠠᠷ ᠵᠦᠢᠯ ᠬᠣᠲᠠ ᠪᠠᠯᠭᠠᠰᠤᠨ᠎ᠤ ᠤᠰᠤ ᠲᠠᠲᠠᠷᠠᠭᠤᠯᠬᠤ ᠪᠠ ᠪᠣᠬᠢᠷ ᠤᠰᠤ᠎ᠶᠢ ᠱᠢᠢᠳᠪᠦᠷᠢᠯᠡᠬᠦ ᠠᠵᠢᠯ᠎ᠤᠨ ᠳᠤᠮᠳᠠ᠂ ᠠᠯᠪᠠᠨ ᠲᠤᠱᠢᠶᠠᠯ᠎ᠳᠤ ᠠᠯᠮᠠᠢᠷᠠᠨ ᠣᠰᠣᠯᠳᠠᠭᠰᠠᠨ᠂ ᠡᠷᠬᠡ ᠲᠤᠱᠢᠶᠠᠯ᠎ᠢᠶᠠᠨ ᠳᠤᠷ᠎ᠠ᠎ᠪᠠᠷ᠎ᠢᠶᠠᠨ ᠬᠡᠷᠡᠭᠯᠡᠭᠰᠡᠨ᠂ ᠬᠤᠪᠢ᠎ᠶᠢᠨ ᠨᠠᠢᠷ ᠲᠠᠯ᠎ᠠ ᠬᠠᠷᠠᠵᠤ ᠬᠠᠤᠯᠢ ᠶᠣᠰᠣ᠎ᠶᠢ ᠵᠥᠷᠢᠴᠡᠭᠰᠡᠨ ᠪᠠᠢᠪᠠᠯ᠂ ᠱᠢᠭᠤᠳ ᠬᠠᠷᠢᠭᠤᠴᠠᠵᠤ ᠪᠠᠢᠭ᠎ᠠ ᠭᠣᠣᠯᠴᠢᠯᠠᠨ ᠬᠠᠮᠢᠶᠠᠷᠤᠭᠴᠢ ᠪᠠ ᠪᠤᠰᠤᠳ ᠱᠢᠭᠤᠳ ᠬᠠᠷᠢᠭᠤᠴᠠᠯᠭ᠎ᠠ᠎ᠲᠠᠢ ᠬᠥᠮᠦᠨ᠎ᠳᠦ ᠬᠠᠤᠯᠢ ᠶᠣᠰᠣᠭᠠᠷ ᠱᠢᠢᠳᠬᠡᠯ ᠥᠭᠭᠦᠨ᠎ᠡ; ᠶᠠᠯᠠᠳᠤ ᠬᠦᠷᠦᠭᠰᠡᠨ ᠪᠠᠢᠪᠠᠯ ᠬᠠᠤᠯᠢ ᠶᠣᠰᠣᠭᠠᠷ ᠡᠷᠡᠭᠦᠦ᠎ᠶᠢᠨ ᠬᠠᠷᠢᠭᠤᠴᠠᠯᠭ᠎ᠠ ᠨᠡᠬᠡᠮᠵᠢᠯᠡᠨ᠎ᠡ᠃
ᠭᠤᠴᠢ ᠶᠢᠰᠦᠳᠦᠭᠡᠷ ᠵᠦᠢᠯ ᠲᠤᠰ ᠠᠷᠭ᠎ᠠ᠎ᠶᠢ 2024 ᠣᠨ᠎ᠤ 12 ᠳ᠋ᠤᠭᠠᠷ ᠰᠠᠷ᠎ᠠ᠎ᠶᠢᠨ 1᠎ᠦ ᠡᠳᠦᠷ᠎ᠡᠴᠡ ᠡᠬᠢᠯᠡᠵᠦ ᠬᠡᠷᠡᠭᠵᠢᠭᠦᠯᠦᠨ᠎ᠡ᠃ 2010 ᠣᠨ᠎ᠤ 9 ᠳ᠋ᠦ᠍ᠭᠡᠷ ᠰᠠᠷ᠎ᠠ᠎ᠶᠢᠨ 17᠎ᠤ ᠡᠳᠦᠷ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ 174 ᠳ᠋ᠦ᠍ᠭᠡᠷ ᠲᠣᠭᠠᠲᠤ᠎ᠪᠠᠷ ᠨᠡᠢᠲᠡᠯᠡᠵᠦ᠂ 2018 ᠣᠨ᠎ᠤ 1 ᠳ᠋ᠦ᠍ᠭᠡᠷ ᠰᠠᠷ᠎ᠠ᠎ᠶᠢᠨ 16᠎ᠤ ᠡᠳᠦᠷ᠎ᠦᠨ 《ᠵᠠᠰᠠᠭ᠎ᠤᠨ ᠣᠷᠳᠣᠨ᠎ᠤ ᠬᠡᠰᠡᠭ ᠲᠣᠭᠲᠠᠭᠠᠯ ᠳᠦᠷᠢᠮ᠎ᠳᠦ ᠵᠠᠰᠠᠪᠤᠷᠢ ᠣᠷᠣᠭᠤᠯᠬᠤ ᠲᠤᠬᠠᠢ ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠲᠣᠭᠲᠠᠭᠠᠯ》 (ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠠᠷᠠᠳ᠎ᠤᠨ ᠵᠠᠰᠠᠭ᠎ᠤᠨ ᠣᠷᠳᠣᠨ᠎ᠤ ᠵᠠᠷᠯᠢᠭ 230 ᠳ᠋ᠤᠭᠠᠷ ᠲᠣᠭᠠᠲᠤ)᠎ᠢ ᠦᠨᠳᠦᠰᠦᠯᠡᠨ ᠵᠠᠰᠠᠪᠤᠷᠢ ᠣᠷᠣᠭᠤᠯᠤᠭᠰᠠᠨ 《ᠥᠪᠥᠷ ᠮᠣᠩᠭᠣᠯ᠎ᠤᠨ ᠥᠪᠡᠷᠲᠡᠭᠡᠨ ᠵᠠᠰᠠᠬᠤ ᠣᠷᠣᠨ᠎ᠤ ᠬᠣᠲᠠ ᠪᠠᠯᠭᠠᠰᠤ᠎ᠶᠢᠨ ᠪᠣᠬᠢᠷ ᠤᠰᠤ ᠱᠢᠢᠳᠪᠦᠷᠢᠯᠡᠬᠦ ᠦᠢᠯᠡᠳᠪᠦᠷᠢ᠎ᠶᠢᠨ ᠠᠵᠢᠯᠯᠠᠭᠠᠨ᠎ᠤ ᠬᠢᠨᠠᠯᠲᠠ ᠬᠠᠮᠢᠶᠠᠷᠤᠯᠲᠠ᠎ᠶᠢᠨ ᠠᠷᠭ᠎ᠠ》᠎ᠶᠢ ᠬᠠᠮᠲᠤᠳᠤᠨᠢ ᠬᠦᠴᠦᠨ ᠦᠭᠡᠢ ᠪᠣᠯᠭᠠᠨ᠎ᠠ᠃